ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠣᠨᠴᠠᠯᠢᠭᠲᠤ᠌ ᠳᠠᠪᠴᠠᠩ
ᠢᠯᠡ ᠵᠠᠰᠠᠭ   -   ᠪᠢᠴᠢᠭ ᠮᠠᠲ᠋ᠧᠷᠢᠶᠠᠯ
ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠤᠰᠤ ᠠᠷᠪᠢᠯᠠᠬᠤ ᠮᠡᠷᠭᠡᠵᠢᠯ᠎ᠤᠨ ᠰᠣᠯᠢᠯᠴᠠᠭ᠋ᠠᠨ᠎ᠤ ᠠᠵᠢᠯᠯᠠᠭ᠎ᠠ ᠬᠢᠭᠡᠳ ᠥᠪᠡᠷᠲᠡᠭᠡᠨ ᠵᠠᠰᠠᠬᠤ ᠣᠷᠣᠨ᠎ᠤ ᠤᠰᠤ ᠠᠷᠪᠢᠯᠠᠬᠤ ᠠᠵᠤ ᠦᠢ᠍ᠯᠡᠰ᠎ᠤᠨ ᠬᠤᠯᠪᠣᠭ᠎ᠠ ᠵᠢᠨ ᠡᠬᠢᠯᠡᠯᠲᠡ ᠵᠢᠨ ᠶᠣᠰᠣᠯᠠᠯ᠎ᠢ ᠬᠤᠷᠠᠯᠳᠤᠭᠤᠯᠬᠤ ᠲᠤᠬᠠᠢ ᠮᠡᠳᠡᠭᠳᠡᠯ
ᠨᠡᠶ᠋ᠢᠲᠡᠯᠡᠭᠰᠡᠨ ᠴᠠᠭ᠄ 2025-05-15

ᠬᠡᠯᠬᠢᠶᠡᠰᠦᠨ ᠨᠣᠮᠧᠷ᠄000014348/2025 — 02306

ᠭᠤᠣᠯ ᠰᠡᠳᠦᠪ᠎ᠤᠨ ᠠᠩᠭᠢᠯᠠᠯ᠄ ᠤᠰᠤᠨ ᠠᠰᠢᠭᠯᠠᠯᠲᠠ

ᠨᠡᠢ᠌ᠲᠡᠯᠡᠭᠰᠡᠨ ᠪᠠᠶ᠋ᠢᠭᠤᠯᠤᠮᠵᠢ᠄ ᠥᠪᠡᠷᠲᠡᠭᠡᠨ ᠵᠠᠰᠠᠬᠤ ᠣᠷᠣᠨ᠎ᠤ ᠤᠰᠤᠨ ᠠᠰᠢᠭᠯᠠᠯᠲᠠ ᠵᠢᠨ ᠲᠢᠩᠬᠢᠮ

ᠪᠢᠴᠢᠭ᠎ᠤᠨ ᠳ᠋ᠤᠭ᠋ᠠᠷ᠄

ᠪᠢᠴᠢᠭᠳᠡᠭᠰᠡᠨ ᠡᠳᠦᠷ ᠬᠤᠭᠤᠴᠠᠭ᠎ᠠ᠄ 2025 ᠣᠨ᠎ᠤ 5 ᠳ᠋ᠤᠭ᠋ᠠᠷ ᠰᠠᠷ᠎ᠠ ᠵᠢᠨ 15᠎ᠤ ᠡᠳᠦᠷ

ᠠᠯᠪᠠᠨ ᠪᠢᠴᠢᠭ᠎ᠤᠨ ᠬᠦᠴᠦᠨ᠎ᠲᠠᠢ ᠬᠤᠭᠤᠴᠠᠭ᠎ᠠ᠄ ᠬᠦᠴᠦᠨ᠎ᠲᠠᠢ

 

ᠡᠯ᠎ᠡ ᠬᠤᠯᠪᠣᠭᠳᠠᠯ ᠪᠦᠬᠦᠢ ᠨᠢᠭᠡᠴᠢ᠄

   ᠶᠡᠷᠦᠩᠬᠡᠶ ᠱᠦᠵᠢ ᠰᠢ ᠵᠢᠨ ᠫᠢᠩ᠎ᠤᠨ 《ᠤᠰᠤ ᠠᠷᠪᠢᠯᠠᠬᠤ ᠵᠢ ᠲᠡᠷᠢᠭᠦᠨ᠎ᠳᠤ ᠲᠠᠯᠪᠢᠬᠤ᠂  ᠣᠷᠣᠨ ᠵᠠᠶ ᠵᠢ ᠲᠡᠩᠴᠡᠭᠦᠷᠢᠲᠡᠶ ᠪᠠᠶ᠋ᠢᠯᠭ᠋ᠠᠬᠤ᠂  ᠰᠢᠰᠲ᠋ᠧᠮ᠎ᠲᠠᠢ ᠵᠠᠰᠠᠬᠤ᠂  ᠬᠤᠶᠠᠷ ᠲᠠᠯ᠎ᠠ᠎ᠪᠠᠷ ᠬᠦᠴᠦᠯᠡᠬᠦ》 ᠤᠰᠤ ᠵᠠᠰᠠᠬᠤ ᠰᠡᠳᠬᠢᠴᠡ ᠪᠠ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠰᠢᠨ᠎ᠡ ᠵᠢ ᠡᠭᠦᠳᠬᠦ ᠲᠤᠬᠠᠶ ᠴᠢᠬᠤᠯᠠ ᠥᠭᠦᠯᠡᠯᠲᠡ ᠵᠢᠨ ᠵᠣᠷᠢᠭ ᠰᠠᠨᠠᠭ᠎ᠠ ᠵᠢ ᠭᠦᠨᠵᠡᠭᠡᠶ ᠲᠤᠭᠤᠰᠢᠯᠠᠭᠤᠯᠵᠤ᠂  ᠤᠯᠤᠰ᠎ᠤᠨ ᠤᠰᠤ ᠠᠷᠪᠢᠯᠠᠬᠤ ᠠᠵᠢᠯᠯᠠᠭ᠎ᠠ ᠵᠢᠨ ᠪᠠᠶ᠋ᠢᠯᠳᠤᠬᠤ ᠪᠣᠳᠣᠯᠭ᠎ᠠ ᠵᠢ ᠨᠠᠶ᠋ᠢᠳᠠᠪᠤᠷᠢᠵᠢᠭᠤᠯᠤᠨ᠂  ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ 《ᠤᠰᠤ ᠠᠷᠪᠢᠯᠠᠬᠤ ᠠᠵᠢᠯᠯᠠᠭ᠎ᠠ》 ᠵᠢ ᠭᠦᠨᠵᠡᠭᠡᠶ ᠬᠡᠷᠡᠭᠵᠢᠭᠦᠯᠵᠦ᠂  ᠤᠰᠤ ᠠᠷᠪᠢᠯᠠᠬᠤ ᠬᠦᠷᠢᠶᠡᠨ᠎ᠳᠠᠬᠢ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠦᠷ᠎ᠡ ᠪᠦᠲᠦᠭᠡᠯ᠎ᠢ ᠤᠯᠠᠷᠢᠭᠤᠯᠬᠤ ᠪᠠ ᠳᠡᠯᠭᠡᠷᠡᠭᠦᠯᠦᠨ ᠬᠡᠷᠡᠭᠯᠡᠬᠦ ᠵᠢ ᠠᠬᠢᠭᠤᠯᠵᠤ᠂  ᠤᠰᠤᠨ᠎ᠤ ᠡᠬᠢ ᠪᠠᠶᠠᠯᠢᠭ᠎ᠢ ᠠᠷᠪᠢᠯᠠᠨ ᠠᠰᠢᠭᠯᠠᠬᠤ ᠦᠷ᠎ᠡ ᠪᠦᠲᠦᠮᠵᠢ ᠵᠢ ᠳᠡᠭᠡᠭᠰᠢᠯᠡᠭᠦᠯᠬᠦ ᠵᠢᠨ ᠲᠥᠯᠥᠭᠡ᠂  ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠤᠰᠤᠨ ᠠᠰᠢᠭᠯᠠᠯᠲᠠ ᠵᠢᠨ ᠲᠢᠩᠬᠢᠮ ᠥᠪᠡᠷᠲᠡᠭᠡᠨ ᠵᠠᠰᠠᠬᠤ ᠣᠷᠣᠨ᠎ᠤ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠲᠢᠩᠬᠢᠮ᠂  ᠥᠪᠥᠷ ᠮᠣᠩᠭᠤᠯ᠎ᠤᠨ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠰᠤᠳᠤᠯᠭ᠋ᠠᠨ᠎ᠤ ᠬᠦᠷᠢᠶᠡᠯᠡᠩ᠎ᠲᠠᠢ ᠬᠤᠯᠪᠣᠭ᠋ᠠᠯᠠᠨ ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠤᠰᠤ ᠠᠷᠪᠢᠯᠠᠬᠤ ᠮᠡᠷᠭᠡᠵᠢᠯ᠎ᠤᠨ ᠰᠣᠯᠢᠯᠴᠠᠭ᠋ᠠᠨ᠎ᠤ ᠠᠵᠢᠯᠯᠠᠭ᠎ᠠ ᠬᠢᠭᠡᠳ ᠥᠪᠡᠷᠲᠡᠭᠡᠨ ᠵᠠᠰᠠᠬᠤ ᠣᠷᠣᠨ᠎ᠤ ᠤᠰᠤ ᠠᠷᠪᠢᠯᠠᠬᠤ ᠠᠵᠤ ᠦᠢ᠍ᠯᠡᠰ᠎ᠤᠨ ᠬᠤᠯᠪᠣᠭ᠎ᠠ ᠵᠢᠨ ᠡᠬᠢᠯᠡᠯᠲᠡ ᠵᠢᠨ ᠶᠣᠰᠣᠯᠠᠯ᠎ᠢ ᠡᠷᠭᠢᠯᠡᠪᠡ᠃

   ᠨᠢᠭᠡ᠂  ᠬᠦᠳᠡᠯᠭᠡᠭᠡᠨ᠎ᠤ ᠭᠤᠤᠯ ᠰᠡᠳᠦᠪ

   ᠰᠢᠨᠵᠢᠯᠡᠬᠦ ᠤᠬᠠᠭ᠋ᠠᠨ ᠲᠸᠭᠨᠢᠭ ᠮᠡᠷᠭᠡᠵᠢᠯ᠎ᠤᠨ ᠡᠨᠧᠷᠭᠢ ᠣᠯᠭᠤᠬᠤ   ᠤᠰᠤ ᠠᠷᠪᠢᠯᠠᠬᠤ᠎ᠳᠤ ᠪᠣᠬᠢᠷᠲᠤᠯ ᠦᠭᠡᠢ ᠤᠮᠠᠷᠠᠲᠤ ᠬᠢᠯᠢ ᠵᠢ ᠬᠠᠮᠲᠤ᠎ᠪᠠᠷ ᠴᠣᠭᠴᠠᠯᠠᠶ᠎ᠠ

   ᠬᠤᠶᠠᠷ᠂  ᠴᠠᠭ ᠬᠤᠭᠤᠴᠠᠭ᠎ᠠ ᠪᠠ ᠭᠠᠵᠠᠷ

   ᠴᠠᠭ᠄ 2025 ᠣᠨ᠎ᠤ 5 ᠳ᠋ᠤᠭ᠋ᠠᠷ ᠰᠠᠷ᠎ᠠ ᠵᠢᠨ 29᠎ᠤ ᠡᠳᠦᠷ

   ᠭᠠᠵᠠᠷ᠄ ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠬᠥᠬᠡᠬᠤᠲᠠ ᠵᠢᠨ ᠤᠯᠠᠭ᠋ᠠᠨ ᠶᠡᠭᠡ ᠪᠠᠭᠤᠳᠠᠯ (ᠬᠥᠬᠡᠬᠤᠲᠠ ᠵᠢᠨ ᠰᠠᠶ᠋ᠢᠬᠠᠨ ᠲᠣᠭᠤᠷᠢᠭ᠎ᠤᠨ ᠷᠦ᠋ ᠢ ᠨᠡᠭᠡᠭᠡᠯᠲᠡ ᠵᠢᠨ ᠲᠣᠭᠤᠷᠢᠭ᠎ᠤᠨ ᠷᠦ᠋ ᠢ ᠾᠧ ᠶᠡᠭᠡ ᠵᠡᠭᠡᠯᠢ ᠵᠢᠨ 58 ᠳ᠋ᠤᠭ᠋ᠠᠷ ᠲᠣᠭ᠋ᠠᠲᠦ ᠥᠪᠥᠷ ᠮᠣᠩᠭᠤᠯ᠎ᠤᠨ ᠣᠯᠠᠨ ᠤᠯᠤᠰ᠎ᠤᠨ ᠬᠤᠷᠠᠯ ᠦᠵᠡᠰᠬᠦᠯᠡᠩ᠎ᠤᠨ ᠲᠥᠪ᠎ᠤᠨ ᠬᠤᠶ᠋ᠢᠲᠤ ᠲᠠᠯ᠎ᠠ)

   ᠭᠤᠷᠪᠠ᠂  ᠠᠵᠢᠯᠯᠠᠭ᠋ᠠᠨ᠎ᠤ ᠭᠤᠣᠯ ᠠᠭᠤᠯᠭ᠎ᠠ

  (ᠨᠢᠭᠡ) ᠡᠬᠢᠯᠡᠯᠲᠡ ᠵᠢᠨ ᠶᠣᠰᠣᠯᠠᠯ᠄ ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠤᠰᠤ ᠠᠷᠪᠢᠯᠠᠬᠤ ᠠᠵᠤ ᠦᠢ᠍ᠯᠡᠰ᠎ᠤᠨ ᠬᠤᠯᠪᠣᠭ᠋ᠠᠨ᠎ᠤ ᠡᠬᠢᠯᠡᠯᠲᠡ ᠵᠢᠨ ᠶᠣᠰᠣᠯᠠᠯ ᠶᠠᠪᠤᠭᠤᠯᠪᠠ᠃

  (ᠬᠤᠶᠠᠷ) ᠤᠰᠤ ᠠᠷᠪᠢᠯᠠᠬᠤ ᠮᠡᠷᠭᠡᠵᠢᠯ᠎ᠤᠨ ᠰᠣᠯᠢᠯᠴᠠᠭ᠎ᠠ᠄ ᠥᠪᠥᠷ ᠮᠣᠩᠭᠤᠯ᠎ᠤᠨ ᠤᠰᠤ ᠠᠷᠪᠢᠯᠠᠬᠤ ᠠᠵᠢᠯᠯᠠᠭ᠎ᠠ ᠵᠢᠨ ᠬᠠᠮᠢᠶ᠎ᠠ ᠪᠥᠬᠦᠶ ᠲᠥᠷᠥ ᠵᠢᠨ ᠪᠣᠳᠣᠯᠭ᠎ᠠ ᠵᠢ ᠭᠦᠨᠵᠡᠭᠡᠶ ᠲᠠᠶ᠋ᠢᠯᠤᠮᠵᠢ ᠬᠢᠵᠦ᠂  ᠠᠵᠢᠯ᠎ᠤᠨ ᠳᠣᠲᠣᠷᠠᠬᠢ ᠡᠷᠬᠡ ᠰᠦᠷᠲᠦ ᠲᠤᠰᠬᠠᠶ ᠮᠡᠷᠭᠡᠵᠢᠯᠲᠡᠨ ᠪᠠ ᠠᠵᠤ ᠠᠬᠤᠶ᠋ᠢᠯᠠᠯ᠎ᠤᠨ ᠲᠥᠯᠥᠭᠡᠯᠡᠭᠴᠢ ᠵᠢ ᠤᠷᠢᠵᠤ᠂  ᠲᠠᠷᠢᠶᠠᠯᠠᠩ᠎ᠤᠨ ᠤᠰᠤ ᠠᠷᠪᠢᠯᠠᠵᠤ ᠦᠷ᠎ᠡ ᠠᠰᠢᠭ᠎ᠢ ᠨᠡᠮᠡᠭᠳᠡᠭᠦᠯᠬᠦ᠂  ᠠᠵᠤ ᠦᠢ᠍ᠯᠡᠳᠪᠦᠷᠢ ᠵᠢᠨ ᠤᠰᠤ ᠠᠷᠪᠢᠯᠠᠵᠤ ᠪᠣᠬᠢᠷᠲᠤᠯ᠎ᠢ ᠪᠠᠭ᠋ᠠᠰᠬᠠᠬᠤ᠂  ᠬᠤᠲᠠ ᠪᠠᠯᠭ᠋ᠠᠰᠤ ᠵᠢᠨ ᠤᠰᠤ ᠠᠷᠪᠢᠯᠠᠵᠤ ᠬᠤᠬᠢᠷᠠᠯ᠎ᠢ ᠪᠠᠭ᠋ᠠᠰᠬᠠᠬᠤ᠂  ᠤᠰᠤᠨ᠎ᠤ ᠡᠬᠢ ᠪᠠᠶᠠᠯᠢᠭ᠎ᠤᠨ ᠬᠠᠮᠢᠶᠠᠷᠤᠯᠲᠠ ᠵᠢᠴᠢ ᠭᠠᠵᠠᠷ ᠳᠣᠤᠷᠠᠬᠢ ᠤᠰᠤ ᠵᠢ ᠬᠡᠲᠦᠷᠡᠲᠡᠯ᠎ᠡ ᠲᠠᠲᠠᠭᠰᠠᠨ ᠣᠷᠣᠨ᠎ᠢ ᠶᠡᠷᠦᠩᠬᠡᠶ᠋ᠢᠯᠡᠨ ᠵᠠᠰᠠᠬᠤ ᠵᠡᠷᠭᠡ ᠲᠠᠯ᠎ᠠ ᠵᠢᠨ ᠲᠣᠭᠤᠷᠢᠨ᠎ᠳᠤ᠂  ᠭᠤᠤᠯᠳᠠᠯᠭ᠎ᠠ᠎ᠲᠠᠢ ᠭᠠᠵᠠᠷ ᠣᠷᠣᠨ᠎ᠤ ᠤᠰᠤᠨ᠎ᠤ ᠡᠬᠢ ᠪᠠᠶᠠᠯᠢᠭ᠎ᠢ ᠠᠷᠪᠢᠯᠠᠨ ᠭᠠᠮᠨᠠᠵᠤ ᠥᠨᠳᠥᠷ ᠪᠦᠲᠦᠮᠵᠢᠲᠡᠶ᠎ᠪᠠᠷ ᠠᠰᠢᠭᠯᠠᠬᠤ᠂  ᠰᠢᠨᠵᠢᠯᠡᠬᠦ ᠤᠬᠠᠭ᠋ᠠᠨ ᠲᠸᠭᠨᠢᠭ ᠮᠡᠷᠭᠡᠵᠢᠯ᠎ᠤᠨ ᠰᠢᠨ᠎ᠡ ᠵᠢ ᠡᠭᠦᠳᠬᠦ ᠵᠢ ᠬᠥᠲᠥᠯᠦᠨ ᠳᠠᠭ᠋ᠠᠭᠤᠯᠬᠤ᠂  ᠲᠡᠷᠢᠭᠦᠨ᠎ᠤ ᠮᠡᠷᠭᠡᠵᠢᠯ᠎ᠤᠨ ᠦᠷ᠎ᠡ ᠪᠦᠲᠦᠭᠡᠯ᠎ᠢ ᠬᠡᠷᠡᠭᠯᠡᠬᠦ᠂  ᠵᠠᠬ᠎ᠠ ᠳᠡᠯᠭᠡᠭᠦᠷ᠎ᠤᠨ ᠲᠣᠭᠲᠠᠴᠠ ᠵᠢᠨ ᠰᠢᠨ᠎ᠡ ᠵᠢ ᠡᠭᠦᠳᠬᠦ ᠭᠤᠤᠯ ᠰᠡᠳᠦᠪᠲᠦ ᠶᠠᠷᠢᠶ᠎ᠠ ᠢᠯᠡᠳᠬᠡᠯ ᠪᠠ ᠰᠣᠯᠢᠯᠴᠠᠭ᠎ᠠ ᠬᠢᠵᠦ ᠰᠤᠳᠤᠯᠤᠨ ᠶᠠᠷᠢᠯᠴᠠᠬᠤ ᠵᠢ ᠥᠷᠨᠢᠭᠦᠯᠦᠨ᠎ᠡ᠃

  (ᠭᠤᠷᠪᠠ) ᠤᠰᠤ ᠠᠷᠪᠢᠯᠠᠬᠤ ᠮᠡᠷᠭᠡᠵᠢᠯ᠎ᠤᠨ ᠦᠷ᠎ᠡ ᠪᠦᠲᠦᠭᠡᠯ᠎ᠤᠨ ᠦᠵᠡᠭᠦᠯᠭᠡ᠄ ᠲᠡᠷᠢᠭᠦᠨ᠎ᠤ ᠤᠰᠤ ᠠᠷᠪᠢᠯᠠᠬᠤ ᠲᠥᠬᠦᠭᠡᠷᠦᠮᠵᠢ᠂  ᠮᠡᠷᠭᠡᠵᠢᠯ ᠵᠢᠴᠢ ᠰᠢᠢ᠍ᠳᠪᠦᠷᠢᠯᠡᠬᠦ ᠲᠥᠰᠦᠯ᠎ᠢ ᠳᠡᠯᠭᠡᠨ ᠦᠵᠡᠭᠦᠯᠵᠡᠶ᠄ ᠲᠠᠷᠢᠶᠠᠯᠠᠩ᠎ᠤᠨ ᠤᠰᠤ ᠠᠷᠪᠢᠯᠠᠬᠤ ᠤᠰᠤᠯᠠᠯᠲᠠ ᠵᠢᠨ ᠲᠠᠯ᠎ᠠ᠄ ᠤᠰᠤᠯᠠᠯᠲᠠ ᠵᠢᠨ ᠣᠷᠣᠨ᠎ᠤ ᠣᠶᠤᠨᠴᠢ ᠤᠰᠤ ᠠᠷᠪᠢᠯᠠᠬᠤ ᠦᠢ᠍ᠯᠡᠴᠢᠯᠡᠭᠡᠨ᠎ᠤ ᠲᠠᠪᠴᠠᠩ᠂  ᠠᠭ᠋ᠠᠷ ᠣᠭᠲᠠᠷᠭᠤᠶ ᠭᠠᠵᠠᠷ᠎ᠢ ᠨᠢᠭᠡ ᠴᠣᠭᠴᠠᠵᠢᠭᠤᠯᠤᠨ ᠬᠢᠨᠠᠨ ᠬᠡᠮᠵᠢᠵᠦ ᠤᠰᠤᠯᠠᠬᠤ᠎ᠳᠤ ᠬᠡᠷᠡᠭᠯᠡᠬᠦ ᠤᠰᠤᠨ᠎ᠤ ᠬᠡᠮᠵᠢᠶ᠎ᠡ ᠵᠢ ᠲᠣᠭ᠋ᠠᠴᠠᠭ᠎ᠠ ᠬᠢᠬᠦ ᠮᠡᠷᠭᠡᠵᠢᠯ᠂  ᠡᠯᠡᠰᠦ ᠵᠢ ᠡᠰᠡᠷᠭᠦᠴᠡᠨ ᠤᠰᠤ ᠲᠠᠲᠠᠷᠠᠭᠤᠯᠬᠤ ᠰᠢᠨ᠎ᠡ ᠬᠡᠯᠪᠡᠷᠢ ᠵᠢᠨ ᠤᠰᠤ ᠭᠠᠳᠠᠭᠰᠢᠯᠠᠭᠤᠯᠬᠤ ᠪᠠᠭ᠋ᠠᠵᠢ ᠵᠡᠷᠭᠡ ᠮᠡᠷᠭᠡᠵᠢᠯ᠎ᠢ ᠪᠠᠭᠲᠠᠭ᠋ᠠᠨ᠎ᠠ; ᠠᠵᠤ ᠦᠢ᠍ᠯᠡᠳᠪᠦᠷᠢ ᠵᠢᠨ ᠤᠰᠤ ᠠᠷᠪᠢᠯᠠᠵᠤ ᠪᠣᠬᠢᠷᠲᠤᠯ ᠭᠠᠳᠠᠭᠰᠢᠯᠠᠭᠤᠯᠬᠤ ᠬᠡᠮᠵᠢᠶ᠎ᠡ ᠵᠢ ᠪᠠᠭ᠋ᠠᠰᠬᠠᠬᠤ ᠲᠠᠯ᠎ᠠ᠎ᠪᠠᠷ᠄ ᠬᠦᠷᠦᠭᠡᠯᠲᠡ ᠵᠢᠨ ᠰᠤᠪᠤᠷᠭ᠎ᠠ ᠵᠢᠨ ᠤᠰᠤ ᠠᠷᠪᠢᠯᠠᠬᠤ᠂  ᠪᠣᠬᠢᠷᠲᠤᠯ᠎ᠢ ᠡᠰᠡᠷᠭᠦᠴᠡᠨ ᠨᠡᠪᠴᠢᠬᠦ᠂  ᠳᠠᠪᠤᠰᠤ ᠶᠡᠬᠡ ᠪᠣᠬᠢᠷ ᠤᠰᠤᠨ᠎ᠤ ᠡᠬᠢ ᠪᠠᠶᠠᠯᠢᠭ᠎ᠢ ᠠᠰᠢᠭᠯᠠᠬᠤ ᠬᠤᠷᠠᠮᠠᠯ ᠮᠡᠷᠭᠡᠵᠢᠯ ᠵᠡᠷᠭᠡ; ᠬᠣᠲᠠ ᠪᠠᠯᠭ᠋ᠠᠰᠤᠨ᠎ᠤ ᠤᠰᠤ ᠠᠷᠪᠢᠯᠠᠬᠤ ᠬᠣᠬᠢᠷᠠᠯ᠎ᠢ ᠪᠠᠭ᠋ᠠᠰᠬᠠᠬᠤ ᠲᠠᠯ᠎ᠠ᠎ᠪᠠᠷ᠄ ᠬᠣᠲᠠ ᠪᠠᠯᠭ᠋ᠠᠰᠤᠨ᠎ᠤ ᠬᠣᠭᠣᠯᠠᠢ ᠵᠢᠨ ᠲᠣᠣᠷ ᠮᠠᠯᠲᠠᠵᠤ ᠰᠡᠷᠭᠦᠭᠡᠬᠦ ᠮᠡᠷᠭᠡᠵᠢᠯ᠂  ᠬᠤᠷᠠᠮᠠᠯ ᠬᠡᠯᠪᠡᠷᠢ ᠵᠢᠨ ᠨᠢᠭᠡ ᠴᠣᠭᠴᠠᠵᠢᠭᠤᠯᠤᠭᠰᠠᠨ ᠣᠯᠠᠨ ᠴᠢᠳᠠᠪᠬᠢᠲᠤ ᠤᠰᠤ ᠠᠷᠪᠢᠯᠠᠬᠤ ᠭᠤᠤᠷᠰᠤ ᠵᠡᠷᠭᠡ; ᠡᠩ᠎ᠤᠨ ᠪᠤᠰᠤ ᠤᠰᠤ ᠵᠢ ᠶᠡᠷᠦᠩᠬᠡᠢ᠌ᠯᠡᠨ ᠠᠰᠢᠭᠯᠠᠬᠤ ᠲᠠᠯ᠎ᠠ᠎ᠪᠠᠷ᠂  ᠪᠣᠷᠣᠭ᠋ᠠᠨ᠎ᠤ ᠤᠰᠤ ᠵᠢ ᠲᠦᠷᠭᠡᠨ ᠲᠣᠬᠢᠷᠠᠭᠤᠯᠵᠤ ᠠᠰᠢᠭᠯᠠᠬᠤ ᠰᠢᠰᠲᠸᠮ᠂  ᠬᠥᠳᠡᠯᠦᠩᠭᠦᠢ ᠬᠡᠯᠪᠡᠷᠢ ᠵᠢᠨ ᠪᠦᠷᠬᠦᠪᠴᠢ ᠵᠢᠨ ᠠᠮᠢᠳᠤ ᠪᠣᠳᠠᠰ᠎ᠤᠨ ᠤᠷᠪᠠᠯ᠎ᠤᠨ ᠬᠡᠷᠡᠭᠰᠡᠯ᠎ᠤᠨ ᠪᠣᠬᠢᠷ ᠤᠰᠤ ᠵᠢ ᠰᠢᠢ᠍ᠳᠪᠦᠷᠢᠯᠡᠬᠦ ᠵᠢ ᠨᠢᠭᠡ ᠴᠣᠭᠴᠠᠵᠢᠭᠤᠯᠤᠭᠰᠠᠨ ᠲᠥᠬᠥᠭᠡᠷᠦᠮᠵᠢ ᠵᠡᠷᠭᠡ ᠤᠰᠤ ᠠᠷᠪᠢᠯᠠᠬᠤ ᠰᠢᠯᠢᠳᠡᠭ ᠮᠡᠷᠭᠡᠵᠢᠯ᠎ᠤᠨ ᠦᠷ᠎ᠡ ᠪᠦᠲᠦᠭᠡᠯ᠎ᠢ ᠵᠣᠯᠭ᠋ᠠᠭᠤᠯᠬᠤ ᠠᠵᠢᠯᠯᠠᠭ᠎ᠠ ᠪᠣᠯᠤᠨ᠎ᠠ᠃

   ᠳᠥᠷᠪᠡ᠂  ᠬᠤᠷᠠᠯ᠎ᠳᠤ ᠣᠷᠣᠯᠴᠠᠭᠰᠠᠳ

  (ᠨᠢᠭᠡ) ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠬᠠᠷᠢᠭᠤᠴᠠᠯᠭ᠋ᠠᠲᠠᠨ᠂  ᠬᠠᠮᠢᠶ᠎ᠠ ᠪᠥᠬᠦᠶ ᠠᠵᠢᠯ ᠲᠥᠷᠥᠯ᠎ᠤᠨ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ ᠵᠢᠴᠢ ᠠᠶ᠋ᠢᠮᠠᠭ ᠬᠤᠲᠠ ᠵᠢᠨ ᠬᠠᠮᠢᠶ᠎ᠠ ᠪᠥᠬᠦᠶ ᠰᠠᠯᠠᠭ᠎ᠠ ᠮᠥᠴᠢᠷ᠎ᠤᠨ ᠬᠠᠷᠢᠭᠤᠴᠠᠯᠭ᠋ᠠᠲᠠᠨ ᠨᠥᠬᠦᠳ ᠣᠷᠣᠯᠴᠠᠵᠠᠶ;

  (ᠬᠤᠶᠠᠷ) ᠳᠡᠭᠡᠳᠦ ᠰᠤᠷᠭ᠋ᠠᠭᠤᠯᠢ᠂  ᠰᠢᠨᠵᠢᠯᠡᠬᠦ ᠤᠬᠠᠭ᠋ᠠᠨ᠎ᠤ ᠰᠤᠳᠤᠯᠭ᠋ᠠᠨ᠎ᠤ ᠬᠦᠷᠢᠶᠡᠯᠡᠩ ᠭᠠᠵᠠᠷ᠎ᠤᠨ ᠤᠰᠤ ᠠᠷᠪᠢᠯᠠᠬᠤ ᠰᠤᠳᠤᠯᠭ᠋ᠠᠨ᠎ᠤ ᠲᠤᠰᠬᠠᠢ ᠮᠡᠷᠭᠡᠵᠢᠯᠲᠡᠨ;

  (ᠭᠤᠷᠪᠠ) ᠪᠠᠩᠬᠢ ᠵᠡᠷᠭᠡ ᠮᠥᠩᠭᠥᠨ ᠭᠦᠢ᠍ᠯᠭᠡᠭᠡᠨ᠎ᠤ ᠪᠠᠢ᠌ᠭᠤᠯᠤᠮᠵᠢ ᠵᠢᠨ ᠲᠥᠯᠥᠭᠡᠯᠡᠭᠴᠢ;

  (ᠲᠦᠷᠪᠡ) ᠤᠰᠤ ᠠᠷᠪᠢᠯᠠᠬᠤ ᠲᠡᠷᠢᠭᠦᠨ᠎ᠤ ᠮᠡᠷᠭᠡᠵᠢᠯ᠂  ᠲᠥᠬᠦᠭᠡᠷᠦᠮᠵᠢ ᠦᠢ᠍ᠯᠡᠳᠬᠦ ᠬᠠᠮᠢᠶ᠎ᠠ ᠪᠥᠬᠦᠶ ᠨᠢᠭᠡᠴᠢ ᠵᠢᠨ ᠲᠥᠯᠥᠭᠡᠯᠡᠭᠴᠢ;

  (ᠲᠠᠪᠤ) ᠲᠠᠷᠢᠶᠠᠯᠠᠩ᠂  ᠬᠣᠲᠠ ᠪᠠᠯᠭ᠋ᠠᠰᠤ᠂  ᠠᠵᠤ ᠦᠢ᠍ᠯᠡᠳᠪᠦᠷᠢ ᠵᠢᠴᠢ ᠤᠰᠤ ᠶᠡᠬᠡ ᠬᠣᠷᠣᠭᠳᠠᠭᠤᠯᠬᠤ ᠠᠵᠢᠯ ᠲᠥᠷᠥᠯ ᠵᠡᠷᠭᠡ ᠬᠦᠷᠢᠶᠡᠨ᠎ᠤ ᠭᠣᠤᠯᠳᠠᠯᠭ᠎ᠠ᠎ᠲᠠᠢ ᠤᠰᠤ ᠬᠡᠷᠡᠭᠯᠡᠬᠦ ᠨᠢᠭᠡᠴᠢ ᠵᠢᠨ ᠲᠥᠯᠥᠭᠡᠯᠡᠭᠴᠢ᠃

   ᠲᠠᠪᠤ᠂  ᠠᠵᠢᠯᠯᠠᠭ᠋ᠠᠨ᠎ᠤ ᠲᠣᠬᠢᠷᠠᠭᠤᠯᠤᠯᠲᠠ

  2025 ᠣᠨ᠎ᠤ 5 ᠳ᠋ᠤᠭ᠋ᠠᠷ ᠰᠠᠷ᠎ᠠ ᠵᠢᠨ 28᠎ᠤ ᠡᠳᠦᠷ ᠨᠡᠷ᠎ᠡ ᠮᠡᠳᠡᠭᠦᠯᠵᠦ᠂ 29᠎ᠤ ᠡᠳᠦᠷ ᠰᠣᠯᠢᠯᠴᠠᠬᠤ ᠠᠵᠢᠯᠯᠠᠭ᠎ᠠ ᠦᠷᠨᠢᠭᠦᠯᠦᠨ᠎ᠡ᠃

  (ᠨᠢᠭᠡ) ᠭᠤᠣᠯ ᠬᠤᠷᠠᠯ᠎ᠤᠨ ᠲᠠᠯᠠᠪᠠᠢ ᠵᠢᠨ ᠡᠬᠢᠯᠡᠯᠲᠡ ᠵᠢᠨ ᠶᠣᠰᠣᠯᠠᠯ ᠪᠠ ᠣᠨᠴᠠ ᠤᠷᠢᠭᠰᠠᠨ ᠮᠡᠳᠡᠭᠦᠯᠦᠯᠲᠡ (29᠎ᠤ ᠡᠳᠦᠷ᠎ᠤᠨ ᠦᠳᠡ ᠵᠢᠨ ᠡᠮᠦᠨ᠎ᠡ)

  1. ᠡᠬᠢᠯᠡᠯᠲᠡ ᠵᠢᠨ ᠶᠣᠰᠣᠯᠠᠯ ᠵᠢᠴᠢ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠤᠰᠤ ᠠᠷᠪᠢᠯᠠᠬᠤ ᠠᠵᠤ ᠦᠢ᠍ᠯᠡᠰ᠎ᠤᠨ ᠬᠣᠯᠪᠣᠭ᠎ᠠ ᠪᠠᠢ᠌ᠭᠤᠯᠤᠭᠳᠠᠭᠰᠠᠨ ᠫᠠᠢ᠌ᠰᠠ ᠰᠡᠬᠦᠬᠦ ᠶᠣᠰᠣᠯᠠᠯ;

  2. ᠬᠤᠯᠪᠣᠭ᠋ᠠᠨ᠎ᠤ ᠭᠡᠰᠢᠭᠦᠨ ᠨᠢᠭᠡᠴᠢ ᠵᠢᠨ ᠬᠠᠮᠲᠤᠷᠠᠯᠴᠠᠭ᠋ᠠᠨ᠎ᠤ ᠲᠦᠷᠦᠯ ᠵᠦᠢ᠍ᠯ᠎ᠤᠨ ᠭᠡᠷ᠎ᠡ ᠲᠣᠭᠲᠠᠬᠤ ᠶᠣᠰᠣᠯᠠᠯ;

  3. ᠠᠺᠡᠳᠧᠮᠢᠴᠢ ᠲᠤᠰᠬᠠᠢ ᠮᠡᠷᠭᠡᠵᠢᠯᠲᠡᠨ ᠭᠣᠣᠯ ᠰᠡᠳᠦᠪ ᠵᠶ᠋ᠠᠷ ᠶᠠᠷᠢᠶ᠎ᠠ ᠲᠠᠯᠪᠢᠨ᠎ᠠ᠃

  (ᠬᠤᠶᠠᠷ) ᠬᠤᠪᠢᠶᠠᠷᠢ ᠲᠠᠯᠠᠪᠠᠢ ᠵᠢᠨ ᠮᠡᠳᠡᠭᠦᠯᠦᠯᠲᠡ (29᠎ᠤ ᠡᠳᠦᠷ᠎ᠤᠨ ᠦᠳᠡ ᠵᠢᠨ ᠬᠤᠶ᠋ᠢᠨ᠎ᠠ)

   ᠬᠤᠪᠢᠶᠠᠷᠢ ᠬᠤᠷᠠᠯ᠎ᠤᠨ ᠲᠠᠯᠠᠪᠠᠶ ᠨᠢᠭᠡ᠄ ᠲᠠᠷᠢᠶᠠᠯᠠᠩ᠎ᠤᠨ ᠤᠰᠤ ᠠᠷᠪᠢᠯᠠᠵᠤ ᠦᠷ᠎ᠡ ᠠᠰᠢᠭ᠎ᠢ ᠨᠡᠮᠡᠭᠳᠡᠭᠦᠯᠬᠦ ᠭᠤᠤᠯ ᠰᠡᠳᠦᠪᠲᠦ ᠶᠠᠷᠢᠶ᠎ᠠ ᠲᠠᠯᠪᠢᠨ᠎ᠠ;

   ᠬᠤᠪᠢᠶᠠᠷᠢ ᠬᠤᠷᠠᠯ᠎ᠤᠨ ᠲᠠᠯᠠᠪᠠᠶ ᠬᠤᠶᠠᠷ᠄ ᠠᠵᠤ ᠦᠢ᠍ᠯᠡᠳᠪᠦᠷᠢ ᠵᠢᠨ ᠤᠰᠤ ᠠᠷᠪᠢᠯᠠᠵᠤ ᠪᠣᠬᠢᠷᠲᠤᠯ ᠪᠣᠳᠠᠰ ᠭᠠᠳᠠᠭᠰᠢᠯᠠᠭᠤᠯᠬᠤ ᠬᠡᠮᠵᠢᠶ᠎ᠡ ᠵᠢ ᠪᠠᠭ᠋ᠠᠰᠬᠠᠬᠤ ᠪᠠ ᠬᠤᠲᠠ ᠬᠥᠳᠡᠭᠡ ᠵᠢᠨ ᠤᠰᠤ ᠠᠷᠪᠢᠯᠠᠵᠤ ᠬᠤᠬᠢᠷᠠᠯ᠎ᠢ ᠪᠠᠭ᠋ᠠᠰᠬᠠᠬᠤ ᠭᠤᠤᠯ ᠰᠡᠳᠦᠪᠲᠦ ᠶᠠᠷᠢᠶ᠎ᠠ ᠲᠠᠯᠪᠢᠨ᠎ᠠ;

   ᠬᠤᠪᠢᠶᠠᠷᠢ ᠬᠤᠷᠠᠯ᠎ᠤᠨ ᠲᠠᠯᠠᠪᠠᠶ ᠭᠤᠷᠪᠠ᠄ ᠠᠮᠢ ᠠᠬᠤᠢ ᠵᠢᠨ ᠰᠡᠷᠭᠦᠯᠲᠡ ᠬᠢᠭᠡᠳ ᠠᠮᠢ ᠠᠬᠤᠢ ᠵᠢᠨ ᠤᠰᠤ ᠠᠷᠪᠢᠯᠠᠬᠤ ᠭᠣᠣᠯ ᠰᠡᠳᠦᠪᠲᠦ ᠶᠠᠷᠢᠶ᠎ᠠ ᠢᠯᠡᠳᠭᠡᠯ ᠬᠢᠨ᠎ᠡ᠃

  (ᠭᠤᠷᠪᠠ) ᠦᠵᠡᠭᠦᠯᠭᠡ ᠵᠢᠨ ᠲᠣᠭᠤᠷᠢᠭ᠎ᠤᠨ ᠮᠡᠷᠭᠡᠵᠢᠯ᠎ᠤᠨ ᠦᠷ᠎ᠡ ᠪᠦᠲᠦᠭᠡᠯ᠎ᠤᠨ ᠦᠵᠡᠰᠬᠦᠯᠡᠩ

   ᠵᠢᠷᠭᠤᠭ᠎ᠠ᠂  ᠬᠤᠷᠠᠯ᠎ᠳᠤ ᠣᠷᠣᠯᠴᠠᠵᠤ ᠨᠡᠷ᠎ᠡ ᠮᠡᠳᠡᠭᠦᠯᠬᠦ

   ᠲᠣᠰ ᠤᠳᠠᠭ᠋ᠠᠨ᠎ᠤ ᠠᠵᠢᠯᠯᠠᠭ᠎ᠠ᠎ᠳᠤ ᠶᠠᠮᠠᠷᠪᠠ ᠰᠦᠢ᠍ᠳᠬᠡᠯ ᠬᠤᠷᠢᠶᠠᠬᠤ ᠥᠬᠡᠶ᠂  ᠵᠠᠮ ᠬᠠᠷᠢᠯᠴᠠᠭ᠎ᠠ ᠵᠢᠴᠢ ᠢᠳᠡᠵᠦ ᠤᠤᠭᠤᠬᠤ ᠬᠤᠨᠣᠵᠤ ᠬᠡᠪᠲᠡᠬᠦ ᠰᠦᠢ᠍ᠳᠬᠡᠯ ᠵᠶ᠋ᠠᠨ ᠥᠪᠡᠰᠦᠪᠡᠨ ᠠᠷᠭ᠋ᠠᠴᠠᠭ᠋ᠠᠨ᠎ᠠ᠃  ᠬᠤᠷᠠᠯ᠎ᠳᠤ ᠣᠷᠣᠯᠴᠠᠭᠰᠠᠨ ᠨᠢᠭᠡᠴᠢ 2025 ᠣᠨ᠎ᠤ 5 ᠳ᠋ᠤᠭ᠋ᠠᠷ ᠰᠠᠷ᠎ᠠ ᠵᠢᠨ 23᠎ᠤ ᠡᠳᠦᠷ᠎ᠠᠴᠠ ᠡᠮᠦᠨ᠎ᠡ ᠰᠢᠤᠳᠠᠨ᠎ᠤ ᠵᠦᠢ᠍ᠯ᠎ᠤᠨ ᠬᠡᠯᠪᠡᠷᠢ᠎ᠪᠠᠷ ᠨᠡᠷ᠎ᠡ ᠮᠡᠳᠡᠭᠦᠯᠦᠭᠰᠡᠨ ᠪᠤᠴᠠᠭ᠋ᠠᠯ ᠪᠠᠷᠢᠮᠲᠠ ᠵᠢᠨ ᠬᠠᠭᠤᠳᠠᠰᠤ ᠵᠢ ᠬᠠᠷᠢᠭᠤ ᠲᠤᠰᠬᠠᠨ᠎ᠠ (ᠳᠠᠭ᠋ᠠᠯᠳᠤᠭᠤᠯᠤᠯ᠎ᠳᠤ ᠦᠵᠡ)᠃

   ᠬᠠᠷᠢᠯᠴᠠᠬᠤ ᠬᠥᠮᠦᠨ᠄ ᠯᠢ ᠹᠧᠩ ᠶᠦᠨ ᠬᠠᠷᠢᠯᠴᠠᠬᠤ ᠤᠲᠠᠰᠤ᠄13804745549 ᠰᠢᠤᠳᠠᠨ᠎ᠤ ᠬᠠᠶ᠋ᠢᠷᠴᠠᠭ᠄ zds166@163.com

   ᠳᠣᠯᠤᠭ᠎ᠠ᠂  ᠪᠤᠰᠤᠳ ᠵᠦᠢ᠍ᠯ

   ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠤᠰᠤ ᠠᠷᠪᠢᠯᠠᠬᠤ ᠠᠵᠤ ᠦᠢ᠍ᠯᠡᠰ᠎ᠤᠨ ᠬᠤᠯᠪᠣᠭ᠋ᠠᠨ᠎ᠤ ᠨᠢᠭᠡᠴᠢ᠎ᠳᠤ ᠣᠷᠣᠵᠤ ᠰᠦᠯᠵᠢᠶᠡᠨ᠎ᠤ ᠬᠠᠶᠢᠭ ᠪᠤᠶᠤ ᠬᠤᠶᠠᠷ ᠬᠡᠮᠵᠢᠯᠳᠦ ᠺᠣᠳ᠋ ᠵᠶ᠋ᠠᠷ ᠬᠠᠮᠢᠶ᠎ᠠ ᠪᠥᠬᠦᠶ ᠮᠡᠳᠡᠭᠡ ᠵᠠᠩᠭᠢ ᠵᠢ ᠲᠠᠭᠯᠠᠨ᠎ᠠ᠃

  https://tcnfb9jbc1wt.feishu.cn/share/base/form/shrcn8bOKgkclbKDOixhCkQZ0Yd

   ᠤᠰᠤ ᠠᠷᠪᠢᠯᠠᠬᠤ ᠠᠵᠤ ᠦᠢ᠍ᠯᠡᠰ᠎ᠤᠨ ᠬᠤᠯᠪᠣᠭ᠋ᠠᠨ᠎ᠤ ᠭᠡᠰᠢᠭᠦᠳ᠎ᠤᠨ ᠰᠠᠭᠤᠷᠢ ᠮᠡᠳᠡᠭᠡ ᠵᠠᠩᠭᠢ ᠵᠢᠨ ᠬᠦᠰᠦᠨᠦᠭᠲᠦ


仪式的通知.jpg      

  

   ᠳᠠᠭ᠋ᠠᠯᠳᠤᠭᠤᠯᠤᠯ᠄ ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠤᠰᠤ ᠠᠷᠪᠢᠯᠠᠬᠤ ᠮᠡᠷᠭᠡᠵᠢᠯ᠎ᠤᠨ ᠰᠣᠯᠢᠯᠴᠠᠭ᠋ᠠᠨ᠎ᠤ ᠠᠵᠢᠯᠯᠠᠭ᠎ᠠ ᠬᠢᠭᠡᠳ ᠥᠪᠡᠷᠲᠡᠭᠡᠨ ᠵᠠᠰᠠᠬᠤ ᠣᠷᠣᠨ᠎ᠤ ᠤᠰᠤ ᠠᠷᠪᠢᠯᠠᠬᠤ ᠠᠵᠤ ᠦᠢ᠍ᠯᠡᠰ᠎ᠤᠨ ᠬᠤᠯᠪᠣᠭ᠎ᠠ ᠵᠢᠨ ᠡᠬᠢᠯᠡᠯᠲᠡ ᠵᠢᠨ ᠶᠣᠰᠣᠯᠠᠯ᠎ᠤᠨ ᠨᠡᠷ᠎ᠡ ᠮᠡᠳᠡᠭᠦᠯᠬᠦ ᠪᠤᠴᠠᠭ᠋ᠠᠯ ᠪᠠᠷᠢᠮᠲᠠ ᠵᠢᠨ ᠬᠦᠰᠦᠨᠦᠭᠲᠦ.docx

  

   ᠦᠪᠦᠷ ᠮᠣᠩᠭᠤᠯ᠎ᠤᠨ ᠦᠪᠡᠷᠲᠡᠭᠡᠨ ᠵᠠᠰᠠᠬᠤ ᠤᠷᠤᠨ᠎ᠤ ᠤᠰᠤᠨ ᠠᠰᠢᠭᠯᠠᠯᠲᠠ ᠵᠢᠨ ᠲᠢᠩᠬᠢᠮ

   ᠦᠪᠦᠷ ᠮᠣᠩᠭᠤᠯ᠎ᠤᠨ ᠦᠪᠡᠷᠲᠡᠭᠡᠨ ᠵᠠᠰᠠᠬᠤ ᠤᠷᠤᠨ᠎ᠤ ᠰᠢᠨᠵᠢᠯᠡᠬᠦ ᠤᠬᠠᠭ᠋ᠠᠨ ᠲᠸᠭᠨᠢᠭ ᠮᠡᠷᠭᠡᠵᠢᠯ᠎ᠤᠨ ᠲᠢᠩᠬᠢᠮ

   ᠥᠪᠥᠷ ᠮᠣᠩᠭᠤᠯ᠎ᠤᠨ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠰᠤᠳᠤᠯᠭ᠋ᠠᠨ᠎ᠤ ᠬᠦᠷᠢᠶᠡᠯᠡᠩ

                  2025 ᠣᠨ᠎ᠤ 5 ᠳ᠋ᠤᠭ᠋ᠠᠷ  ᠰᠠᠷ᠎ᠠ ᠵᠢᠨ 15᠎ᠤ ᠡᠳᠦᠷ

 

 

ᠢᠷᠡᠯᠲᠡ᠄ ᠦᠪᠡᠷᠳᠡᠭᠡᠨ ᠵᠠᠰᠠᠬᠤ ᠤᠷᠤᠨ᠎ᠤ ᠤᠰᠤᠨ ᠠᠰᠢᠬᠯᠠᠯᠳᠠ ᠵᠢᠨ ᠲᠢᠩᠬᠢᠮ
          
ᠬᠠᠮᠢᠶ᠎ᠡ ᠪᠦᠬᠦᠢ ᠰᠣᠨᠢᠨ
 
            