ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠣᠨᠴᠠᠯᠢᠭᠲᠤ᠌ ᠳᠠᠪᠴᠠᠩ
ᠢᠯᠡ ᠵᠠᠰᠠᠭ   -   ᠪᠢᠴᠢᠭ ᠮᠠᠲ᠋ᠧᠷᠢᠶᠠᠯ
《ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ 〈ᠶᠡᠭᠡ ᠤᠰᠤ᠎ᠪᠠᠷ ᠨᠠᠯᠠᠢ᠌ᠲᠠᠯ᠎ᠠ ᠤᠰᠤᠯᠠᠬᠤ〉 ᠠᠰᠠᠭᠤᠳᠠᠯ᠎ᠢ ᠰᠢᠢ᠍ᠳᠪᠦᠷᠢᠯᠡᠵᠦ ᠲᠠᠷᠢᠶᠠᠯᠠᠩ᠎ᠤᠨ ᠤᠰᠤ ᠠᠷᠪᠢᠯᠠᠵᠤ ᠦᠷ᠎ᠡ ᠠᠰᠢᠭ᠎ᠢ ᠨᠡᠮᠡᠭᠳᠡᠭᠦᠯᠬᠦ ᠵᠢ ᠠᠬᠢᠭᠤᠯᠬᠤ ᠠᠵᠢᠯ᠎ᠤᠨ ᠲᠥᠰᠥᠯ (2023 — 2025 ᠣᠨ)》᠎ᠢ ᠨᠠᠶ᠋ᠢᠳᠠᠪᠤᠷᠢᠵᠢᠭᠤᠯᠤᠭᠰᠠᠨ ᠪᠠᠶ᠋ᠢᠳᠠᠯ᠎ᠢ ᠮᠡᠳᠡᠭᠦᠯᠦᠨ ᠬᠦᠷᠭᠡᠬᠦ ᠲᠤᠬᠠᠢ ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠤᠰᠤᠨ ᠠᠰᠢᠭᠯᠠᠯᠲᠠ ᠵᠢᠨ ᠲᠢᠩᠬᠢᠮ᠎ᠤᠨ ᠮᠡᠳᠡᠭᠳᠡᠯ
ᠨᠡᠶ᠋ᠢᠲᠡᠯᠡᠭᠰᠡᠨ ᠴᠠᠭ᠄ 2025-06-06

ᠬᠡᠯᠬᠢᠶᠡᠰᠦᠨ ᠨᠣᠮᠧᠷ᠄ 000014348/2025 — 02773

ᠭᠤᠣᠯ ᠰᠡᠳᠦᠪ᠎ᠤᠨ ᠠᠩᠭᠢᠯᠠᠯ᠄ ᠤᠰᠤᠨ ᠠᠰᠢᠭᠯᠠᠯᠲᠠ

ᠨᠡᠢ᠌ᠲᠡᠯᠡᠭᠰᠡᠨ ᠪᠠᠶ᠋ᠢᠭᠤᠯᠤᠮᠵᠢ᠄ ᠥᠪᠡᠷᠲᠡᠭᠡᠨ ᠵᠠᠰᠠᠬᠤ ᠣᠷᠣᠨ᠎ᠤ ᠤᠰᠤᠨ ᠠᠰᠢᠭᠯᠠᠯᠲᠠ ᠵᠢᠨ ᠲᠢᠩᠬᠢᠮ

ᠪᠢᠴᠢᠭ᠎ᠤᠨ ᠳ᠋ᠤᠭ᠋ᠠᠷ᠄ ᠦᠪᠦᠷ ᠤᠰᠤᠨ ᠳᠦᠭᠦᠮ ᠵᠠᠬᠢᠳᠠᠯ [2025] 293 ᠳ᠋ᠤᠭ᠋ᠠᠷ ᠲᠣᠭ᠋ᠠᠲᠤ

ᠪᠢᠴᠢᠭᠳᠡᠭᠰᠡᠨ ᠡᠳᠦᠷ ᠬᠤᠭᠤᠴᠠᠭ᠎ᠠ᠄ 2025 ᠣᠨ᠎ᠤ 06 ᠳ᠋ᠤᠭ᠋ᠠᠷ ᠰᠠᠷ᠎ᠠ ᠵᠢᠨ 06᠎ᠤ ᠡᠳᠦᠷ

ᠠᠯᠪᠠᠨ ᠪᠢᠴᠢᠭ᠎ᠤᠨ ᠬᠦᠴᠦᠨ᠎ᠲᠠᠢ ᠬᠤᠭᠤᠴᠠᠭ᠎ᠠ᠄ ᠬᠦᠴᠦᠨ᠎ᠲᠠᠢ

 

ᠡᠯ᠎ᠡ ᠠᠶ᠋ᠢᠮᠠᠭ᠎ᠤᠨ ᠵᠠᠬᠢᠷᠭ᠎ᠠ᠂ ᠬᠣᠲᠠ ᠵᠢᠨ ᠠᠷᠠᠳ᠎ᠤᠨ ᠵᠠᠰᠠᠭ᠎ᠤᠨ ᠣᠷᠳᠣᠨ᠂ ᠥᠪᠡᠷᠲᠡᠭᠡᠨ ᠵᠠᠰᠠᠬᠤ ᠣᠷᠣᠨ᠎ᠤ ᠡᠯ᠎ᠡ ᠬᠣᠯᠪᠣᠭᠳᠠᠯ ᠪᠦᠬᠦᠢ ᠵᠥᠪᠯᠡᠯ᠂ ᠠᠯᠪᠠᠨ ᠭᠡᠷ᠂ ᠲᠢᠩᠬᠢᠮ᠂ ᠲᠣᠪᠴᠢᠶ᠎ᠠ᠂ ᠡᠯ᠎ᠡ ᠬᠣᠯᠪᠣᠭᠳᠠᠯ ᠪᠦᠬᠦᠢ ᠠᠵᠤ ᠠᠬᠤᠶ᠋ᠢᠯᠠᠯ᠎ᠳᠤ᠄

  2023 ᠣᠨ᠎ᠤ 10 ᠳ᠋ᠤᠭ᠋ᠠᠷ ᠰᠠᠷ᠎ᠠ᠎ᠳᠤ᠂ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠠᠯᠪᠠᠨ ᠲᠢᠩᠬᠢᠮ 《〈ᠶᠡᠭᠡ ᠤᠰᠤ᠎ᠪᠠᠷ ᠨᠠᠯᠠᠢ᠌ᠲᠠᠯ᠎ᠠ ᠤᠰᠤᠯᠠᠬᠤ〉 ᠠᠰᠠᠭᠤᠳᠠᠯ᠎ᠢ ᠰᠢᠢ᠍ᠳᠪᠦᠷᠢᠯᠡᠵᠦ ᠲᠠᠷᠢᠶᠠᠯᠠᠩ᠎ᠤᠨ ᠤᠰᠤ ᠠᠷᠪᠢᠯᠠᠵᠤ ᠦᠷ᠎ᠡ ᠠᠰᠢᠭ᠎ᠢ ᠨᠡᠮᠡᠭᠳᠡᠭᠦᠯᠬᠦ ᠵᠢ ᠠᠬᠢᠭᠤᠯᠬᠤ ᠠᠵᠢᠯ᠎ᠤᠨ ᠲᠥᠰᠥᠯ (2023 — 2025 ᠣᠨ)᠎ᠤᠨ ᠮᠡᠳᠡᠭᠳᠡᠯ》 (ᠥᠪᠥᠷ ᠵᠠᠰᠠᠭ ᠠᠯᠪᠠᠨ ᠲᠠᠷᠬᠠᠭ᠋ᠠᠭᠰᠠᠨ [2023] 64 ᠳ᠋ᠤᠭᠡᠷ ᠲᠣᠭ᠋ᠠᠲᠤ)᠂ ᠳᠣᠷᠣᠭᠰᠢ 《ᠠᠵᠢᠯ᠎ᠤᠨ ᠲᠥᠰᠥᠯ》 ᠭᠡᠵᠦ ᠲᠣᠪᠴᠢᠯᠠᠨ᠎ᠠ)᠎ᠢ ᠳᠠᠷᠤᠮᠠᠯᠯᠠᠨ ᠲᠠᠷᠬᠠᠭ᠋ᠠᠪᠠ᠃ 《ᠠᠵᠢᠯ᠎ᠤᠨ ᠲᠥᠰᠦᠯ》᠎ᠢ ᠬᠡᠷᠡᠭᠵᠢᠭᠦᠯᠬᠦ ᠠᠵᠢᠯ ᠨᠢᠭᠡᠨᠲᠡ ᠡᠴᠦᠰ᠎ᠤᠨ ᠱᠠᠲᠤᠨ᠎ᠳᠤ ᠣᠷᠣᠵᠤ᠂ ᠡᠯ᠎ᠡ ᠵᠦᠢ᠍ᠯ᠎ᠤᠨ ᠬᠠᠷᠠᠯᠲᠠ ᠡᠭᠦᠷᠭᠡ ᠵᠢ ᠴᠠᠭ ᠲᠤᠬᠠᠶ᠎ᠳᠤᠨᠢ ᠴᠢᠨᠠᠷ ᠰᠠᠶ᠋ᠢᠲᠠᠶ ᠪᠡᠶᠡᠯᠡᠭᠦᠯᠬᠦ ᠵᠢ ᠪᠠᠲᠤᠯᠠᠬᠤ ᠵᠢᠨ ᠲᠥᠯᠥᠭᠡ᠂ ᠡᠯ᠎ᠡ ᠠᠶ᠋ᠢᠮᠠᠭ ᠬᠤᠲᠠ᠂ ᠥᠪᠡᠷᠲᠡᠭᠡᠨ ᠵᠠᠰᠠᠬᠤ ᠣᠷᠣᠨ᠎ᠤ ᠡᠯ᠎ᠡ ᠬᠤᠯᠪᠣᠭᠳᠠᠯ ᠪᠥᠬᠦᠶ ᠰᠠᠯᠠᠭ᠎ᠠ ᠮᠥᠴᠢᠷ᠎ᠤᠳ ᠡᠭᠦᠷᠭᠡ ᠬᠠᠷᠢᠭᠤᠴᠠᠯᠭ᠎ᠠ ᠵᠢᠨ ᠠᠵᠢᠯ᠎ᠤᠨ ᠬᠤᠪᠢᠶᠠᠷᠢᠯᠠᠯ ᠶᠣᠰᠣᠭ᠋ᠠᠷ᠂ ᠡᠯ᠎ᠡ ᠵᠦᠢ᠍ᠯ᠎ᠤᠨ ᠡᠭᠦᠷᠭᠡ ᠵᠢ ᠪᠡᠶᠡᠯᠡᠭᠦᠯᠦᠭᠰᠡᠨ ᠠᠬᠢᠴᠠ ᠵᠢᠴᠢ ᠬᠡᠷᠡᠭᠵᠢᠭᠦᠯᠦᠭᠰᠡᠨ ᠦᠷ᠎ᠡ ᠪᠦᠲᠦᠮᠵᠢ ᠵᠢ ᠪᠥᠬᠦ ᠲᠠᠯ᠎ᠠ᠎ᠪᠠᠷ ᠡᠮᠬᠢᠯᠡᠨ ᠳᠢᠭᠯᠡᠵᠦ᠂ ᠬᠠᠷᠢᠭᠤᠴᠠᠯᠭ᠋ᠠᠲᠤ ᠨᠢᠭᠡᠴᠢ᠎ᠨᠢ ᠡᠯ᠎ᠡ ᠬᠤᠰᠢᠭᠤ ᠰᠢᠶᠠᠨ (ᠬᠤᠲᠠ᠂ ᠲᠣᠭᠤᠷᠢᠭ)᠎ᠤ ᠠᠷᠠᠳ᠎ᠤᠨ ᠵᠠᠰᠠᠭ᠎ᠤᠨ ᠣᠷᠳᠣᠨ ᠪᠠᠶ᠋ᠢᠪᠠᠯ᠂ ᠡᠭᠦᠷᠭᠡ ᠵᠢ ᠪᠡᠶᠡᠯᠡᠭᠦᠯᠦᠭᠰᠡᠨ ᠪᠠᠶ᠋ᠢᠳᠠᠯ᠎ᠢ ᠡᠯ᠎ᠡ ᠬᠠᠮᠢᠶ᠎ᠠ ᠪᠥᠬᠦᠶ ᠠᠶ᠋ᠢᠮᠠᠭ ᠬᠤᠲᠠ᠎ᠠᠴᠠ ᠨᠢᠭᠡᠳᠦᠯᠲᠡᠶ ᠬᠤᠷᠢᠶᠠᠩᠭᠤᠶ᠋ᠢᠯᠠᠵᠤ᠂ ᠲᠤᠭ᠎ᠠ ᠪᠠᠷᠢᠮᠲᠠ ᠵᠢᠨ ᠵᠥᠪ ᠣᠨᠣᠪᠴᠢᠲᠠᠶ᠂ ᠠᠭᠤᠯᠭ᠎ᠠ᠎ᠨᠢ ᠨᠠᠷᠢᠨ ᠪᠣᠳᠠᠲᠠᠶ ᠪᠥᠭᠡᠳ ᠨᠠᠶ᠋ᠢᠳᠠᠪᠤᠷᠢᠲᠠᠶ ᠪᠠᠶ᠋ᠢᠬᠤ ᠵᠢ ᠡᠷᠬᠡᠪᠰᠢ ᠪᠠᠲᠤᠯᠠᠬᠤ ᠬᠡᠷᠡᠭᠲᠡᠶ᠃ ᠨᠢᠭᠡᠨᠲᠡ ᠪᠡᠶᠡᠯᠡᠭᠦᠯᠦᠭᠰᠡᠨ ᠠᠵᠢᠯ᠎ᠤᠨ ᠡᠭᠦᠷᠭᠡ ᠵᠢᠨ ᠲᠤᠬᠠᠶ ᠬᠠᠮᠢᠶ᠎ᠠ ᠪᠥᠬᠦᠶ ᠭᠡᠷᠡᠴᠢ ᠮᠠᠲ᠋ᠧᠷᠢᠶᠠᠯ᠎ᠢ ᠴᠠᠭ ᠲᠤᠬᠠᠶ᠎ᠳᠤᠨᠢ ᠴᠤᠭᠯᠠᠭᠤᠯᠤᠨ ᠡᠮᠬᠢᠳᠬᠡᠬᠦ ᠬᠡᠷᠡᠭᠲᠡᠶ; ᠬᠠᠷᠠᠬᠠᠨ ᠪᠡᠶᠡᠯᠡᠭᠦᠯᠦᠭᠡᠳᠦᠶ ᠠᠵᠢᠯ᠎ᠤᠨ ᠡᠭᠦᠷᠭᠡ ᠵᠢ ᠠᠬᠢᠭᠤᠯᠬᠤ ᠡᠷᠴᠢᠮ ᠵᠶ᠋ᠠᠨ ᠴᠢᠩᠭ᠋ᠠᠷᠠᠭᠤᠯᠵᠤ᠂ ᠵᠢᠯ᠎ᠤᠨ ᠡᠴᠦᠰ᠎ᠠᠴᠠ ᠡᠮᠦᠨ᠎ᠡ ᠲᠡᠭᠦᠰ ᠠᠮᠵᠢᠯᠲᠠ᠎ᠲᠠᠢ ᠪᠡᠶᠡᠯᠡᠭᠦᠯᠬᠦ ᠵᠢ ᠦᠨᠡᠨ ᠬᠦ᠌ ᠪᠠᠲᠤᠯᠠᠬᠤ ᠬᠡᠷᠡᠭᠲᠡᠶ᠃

   ᠡᠯ᠎ᠡ ᠠᠶ᠋ᠢᠮᠠᠭ ᠬᠤᠲᠠ᠂ ᠥᠪᠡᠷᠲᠡᠭᠡᠨ ᠵᠠᠰᠠᠬᠤ ᠣᠷᠣᠨ᠎ᠤ ᠡᠯ᠎ᠡ ᠬᠤᠯᠪᠣᠭᠳᠠᠯ ᠪᠥᠬᠦᠶ ᠰᠠᠯᠠᠭ᠎ᠠ ᠮᠥᠴᠢᠷ 《ᠪᠥᠬᠦ ᠣᠷᠣᠨ᠎ᠤ 〈ᠶᠡᠭᠡ ᠤᠰᠤ᠎ᠪᠠᠷ ᠨᠡᠯᠦᠶ᠋ᠢᠲᠡᠯ᠎ᠡ ᠤᠰᠤᠯᠠᠬᠤ〉 ᠠᠰᠠᠭᠤᠳᠠᠯ᠎ᠢ ᠰᠢᠢ᠍ᠳᠪᠦᠷᠢᠯᠡᠬᠦ ᠠᠵᠢᠯ᠎ᠤᠨ ᠲᠥᠰᠦᠯ᠎ᠢ ᠨᠠᠶ᠋ᠢᠳᠠᠪᠤᠷᠢᠵᠢᠭᠤᠯᠤᠭᠰᠠᠨ ᠪᠠᠶ᠋ᠢᠳᠠᠯ᠎ᠤᠨ ᠲᠤᠬᠠᠶ ᠮᠡᠳᠡᠭᠳᠡᠯ》᠎ᠤᠨ ᠱᠠᠭ᠋ᠠᠷᠳᠠᠯᠭ᠎ᠠ ᠶᠣᠰᠣᠭ᠋ᠠᠷ᠂ ᠤᠯᠠᠷᠢᠯ ᠪᠦᠷᠢ ᠵᠢᠨ ᠬᠠᠮᠤᠭ ᠰᠡᠭᠦᠯᠴᠢ ᠵᠢᠨ ᠨᠢᠭᠡ ᠰᠠᠷ᠎ᠠ ᠵᠢᠨ 25᠎ᠤ ᠡᠳᠦᠷ᠎ᠠᠴᠠ ᠡᠮᠦᠨ᠎ᠡ 《ᠠᠵᠢᠯ᠎ᠤᠨ ᠲᠥᠰᠦᠯ》᠎ᠳᠠᠬᠢ ᠡᠯ᠎ᠡ ᠵᠦᠢ᠍ᠯ᠎ᠤᠨ ᠡᠭᠦᠷᠭᠡ ᠵᠢᠨ ᠠᠬᠢᠴᠠ ᠵᠢᠨ ᠪᠠᠶ᠋ᠢᠳᠠᠯ᠂ ᠣᠷᠣᠰᠢᠵᠤ ᠪᠠᠶ᠋ᠢᠭ᠎ᠠ ᠠᠰᠠᠭᠤᠳᠠᠯ ᠪᠠ ᠲᠠᠷᠠᠭ᠋ᠠᠴᠢ ᠵᠢᠨ ᠠᠯᠬᠤᠮ᠎ᠤᠨ ᠠᠵᠢᠯ᠎ᠤᠨ ᠲᠥᠯᠥᠪᠯᠡᠭᠡ᠎ᠪᠠᠨ ᠮᠡᠳᠡᠭᠦᠯᠦᠨ ᠬᠦᠷᠭᠡᠵᠦ᠂ 《ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ 〈ᠶᠡᠭᠡ ᠤᠰᠤ᠎ᠪᠠᠷ ᠨᠡᠯᠦᠶ᠋ᠢᠲᠡᠯ᠎ᠡ ᠤᠰᠤᠯᠠᠬᠤ〉 ᠠᠰᠠᠭᠤᠳᠠᠯ᠎ᠢ ᠰᠢᠢ᠍ᠳᠪᠦᠷᠢᠯᠡᠵᠦ ᠲᠠᠷᠢᠶᠠᠯᠠᠩ᠎ᠤᠨ ᠤᠰᠤ ᠠᠷᠪᠢᠯᠠᠵᠤ ᠦᠷ᠎ᠡ ᠠᠰᠢᠭ᠎ᠢ ᠨᠡᠮᠡᠭᠳᠡᠭᠦᠯᠬᠦ ᠵᠢ ᠠᠬᠢᠭᠤᠯᠬᠤ ᠠᠵᠢᠯ᠎ᠤᠨ ᠲᠥᠰᠦᠯ᠎ᠤᠨ ᠨᠠᠶ᠋ᠢᠳᠠᠪᠤᠷᠢᠵᠢᠭᠤᠯᠤᠭᠰᠠᠨ ᠪᠠᠶ᠋ᠢᠳᠠᠯ᠎ᠤᠨ ᠡᠬᠡ ᠲᠠᠩᠰᠠ》 (ᠳᠠᠭ᠋ᠠᠯᠳᠤᠭᠤᠯᠤᠯ᠎ᠳᠤ ᠦᠵᠡ) ᠵᠢ ᠲᠠᠭᠯᠠᠨ ᠮᠡᠳᠡᠭᠦᠯᠵᠦ᠂ ᠪᠣᠳᠠᠲᠠᠶ ᠵᠦᠢ᠍ᠯᠡᠰ᠂ ᠪᠣᠳᠠᠲᠠᠶ ᠲᠤᠭ᠎ᠠ ᠪᠠᠷᠢᠮᠲᠠ᠎ᠲᠠᠢ ᠪᠠᠶ᠋ᠢᠵᠤ᠂ ᠠᠭᠤᠯᠭ᠎ᠠ ᠵᠤᠷᠪᠤᠰ᠎ᠨᠢ ᠲᠣᠳᠣᠷᠬᠠᠶ᠂ ᠲᠣᠪᠴᠢ ᠠᠪᠰᠠᠷᠬᠠᠨ ᠪᠠᠢ᠌ᠬᠤ ᠬᠡᠷᠡᠭᠲᠡᠢ᠃ 2025 ᠣᠨ᠎ᠤ 12 ᠳ᠋ᠤᠭ᠋ᠠᠷ ᠰᠠᠷ᠎ᠠ ᠵᠢᠨ 20᠎ᠤ ᠡᠳᠦᠷ᠎ᠠᠴᠠ ᠡᠮᠦᠨ᠎ᠡ ᠵᠢᠩᠬᠢᠨᠢ ᠪᠢᠴᠢᠭ ᠮᠠᠲ᠋ᠧᠷᠢᠶᠠᠯ ᠵᠶ᠋ᠠᠷ 《ᠠᠵᠢᠯ᠎ᠤᠨ ᠲᠥᠰᠥᠯ》᠎ᠢ ᠨᠠᠶ᠋ᠢᠳᠠᠪᠤᠷᠢᠵᠢᠭᠤᠯᠤᠭᠰᠠᠨ ᠳ᠋ᠦᠩᠨᠡᠯᠲᠡ ᠵᠢᠨ ᠮᠡᠳᠡᠭᠦᠯᠦᠯᠲᠡ ᠵᠢ ᠮᠡᠳᠡᠭᠦᠯᠦᠨ ᠬᠦᠷᠭᠡᠬᠦ ᠬᠡᠷᠡᠭᠲᠡᠢ᠃ ᠮᠠᠨ᠎ᠤ ᠲᠢᠩᠬᠢᠮ᠎ᠨᠢ ᠡᠯ᠎ᠡ ᠨᠢᠭᠡᠴᠢ ᠵᠢᠨ ᠮᠡᠳᠡᠭᠦᠯᠦᠨ ᠬᠦᠷᠭᠡᠭᠰᠡᠨ ᠠᠵᠢᠯ᠎ᠤᠨ ᠨᠠᠶ᠋ᠢᠳᠠᠪᠤᠷᠢᠵᠢᠭᠤᠯᠤᠭᠰᠠᠨ ᠪᠠᠶ᠋ᠢᠳᠠᠯ᠎ᠲᠠᠢ ᠤᠶᠠᠯᠳᠤᠭᠤᠯᠤᠨ᠂ ᠳ᠋ᠦᠩᠨᠡᠯᠲᠡ ᠵᠢᠨ ᠮᠡᠳᠡᠭᠦᠯᠦᠯᠲᠡ ᠵᠢ ᠬᠤᠷᠢᠶᠠᠩᠭᠤᠶ᠋ᠢᠯᠠᠨ ᠪᠦᠷᠢᠯᠳᠦᠭᠦᠯᠵᠦ ᠥᠪᠡᠷᠲᠡᠭᠡᠨ ᠵᠠᠰᠠᠬᠤ ᠣᠷᠣᠨ᠎ᠤ ᠵᠠᠰᠠᠭ᠎ᠤᠨ ᠣᠷᠳᠣᠨ᠎ᠳᠤ ᠮᠡᠳᠡᠭᠦᠯᠦᠨ᠎ᠡ᠃

   ᠬᠠᠮᠢᠶ᠎ᠠ ᠪᠥᠬᠦᠶ ᠮᠠᠲ᠋ᠧᠷᠢᠶᠠᠯ᠎ᠢ ᠵᠠᠰᠠᠭ᠎ᠤᠨ ᠶᠠᠪᠤᠳᠠᠯ᠎ᠤᠨ ᠵᠢᠢ ᠱ᠌ᠢ ᠲᠦᠩ 《ᠤᠰᠤᠨ ᠠᠰᠢᠭᠯᠠᠯᠲᠠ ᠵᠢᠨ ᠲᠢᠩᠬᠢᠮ — ᠰᠤᠷᠤᠨ᠎ᠠ》 ᠲᠠᠩᠰᠠᠨ ᠨᠣᠮᠧᠷ ᠵᠶ᠋ᠠᠷ ᠳᠠᠮᠵᠢᠭᠤᠯᠤᠨ ᠮᠡᠳᠡᠭᠦᠯᠦᠨ ᠬᠦᠷᠭᠡᠵᠦ ᠪᠣᠯᠤᠨ᠎ᠠ᠂ ᠪᠠᠰᠠ ᠡᠯᠸᠺᠲᠷᠣᠨ ᠰᠢᠤᠳᠠᠨ᠎ᠤ ᠬᠠᠶ᠋ᠢᠷᠴᠠᠭ sltnmc@126.com᠎ᠳᠤ ᠶᠠᠪᠤᠭᠤᠯᠵᠤ ᠪᠣᠯᠤᠨ᠎ᠠ᠃

   ᠬᠠᠷᠢᠯᠴᠠᠬᠤ ᠬᠥᠮᠦᠨ᠄ ᠸᠠᠩ ᠢᠦᠶ ᠰᠢᠶᠠᠩ

   ᠬᠠᠷᠢᠯᠴᠠᠬᠤ ᠤᠲᠠᠰᠤ᠄ 0471 — 5254576/15354827303

  

   ᠳᠠᠭ᠋ᠠᠯᠳᠤᠭᠤᠯᠤᠯ᠄ ᠠᠵᠢᠯ᠎ᠤᠨ ᠲᠥᠰᠦᠯ᠎ᠢ ᠨᠠᠶ᠋ᠢᠳᠠᠪᠤᠷᠢᠵᠢᠭᠤᠯᠤᠭᠰᠠᠨ ᠪᠠᠶ᠋ᠢᠳᠠᠯ᠎ᠤᠨ ᠡᠬᠡ ᠲᠠᠩᠰᠠ.et

  

   ᠦᠪᠦᠷ ᠮᠣᠩᠭᠤᠯ᠎ᠤᠨ ᠦᠪᠡᠷᠲᠡᠭᠡᠨ ᠵᠠᠰᠠᠬᠤ ᠤᠷᠤᠨ᠎ᠤ ᠤᠰᠤᠨ ᠠᠰᠢᠭᠯᠠᠯᠲᠠ ᠵᠢᠨ ᠲᠢᠩᠬᠢᠮ

  2025 ᠣᠨ᠎ᠤ 6 ᠳ᠋ᠤᠭ᠋ᠠᠷ ᠰᠠᠷ᠎ᠠ ᠵᠢᠨ 6᠎ᠤ ᠡᠳᠦᠷ

 

 

ᠢᠷᠡᠯᠲᠡ᠄ ᠦᠪᠡᠷᠳᠡᠭᠡᠨ ᠵᠠᠰᠠᠬᠤ ᠤᠷᠤᠨ᠎ᠤ ᠤᠰᠤᠨ ᠠᠰᠢᠬᠯᠠᠯᠳᠠ ᠵᠢᠨ ᠲᠢᠩᠬᠢᠮ
          
ᠬᠠᠮᠢᠶ᠎ᠡ ᠪᠦᠬᠦᠢ ᠰᠣᠨᠢᠨ
 
            