ᠬᠡᠯᠬᠢᠶᠡᠰᠦᠨ ᠨᠣᠮᠧᠷ᠄ 000014348/2025 — 02830
ᠭᠤᠣᠯ ᠰᠡᠳᠦᠪ᠎ᠤᠨ ᠠᠩᠭᠢᠯᠠᠯ᠄ ᠤᠰᠤᠨ ᠠᠰᠢᠭᠯᠠᠯᠲᠠ
ᠨᠡᠢ᠌ᠲᠡᠯᠡᠭᠰᠡᠨ ᠪᠠᠶ᠋ᠢᠭᠤᠯᠤᠮᠵᠢ᠄ ᠥᠪᠡᠷᠲᠡᠭᠡᠨ ᠵᠠᠰᠠᠬᠤ ᠣᠷᠣᠨ᠎ᠤ ᠤᠰᠤᠨ ᠠᠰᠢᠭᠯᠠᠯᠲᠠ ᠵᠢᠨ ᠲᠢᠩᠬᠢᠮ
ᠪᠢᠴᠢᠭ᠎ᠤᠨ ᠳ᠋ᠤᠭ᠋ᠠᠷ᠄
ᠪᠢᠴᠢᠭᠳᠡᠭᠰᠡᠨ ᠡᠳᠦᠷ ᠬᠤᠭᠤᠴᠠᠭ᠎ᠠ᠄ 2025 ᠣᠨ᠎ᠤ 06 ᠳ᠋ᠤᠭ᠋ᠠᠷ ᠰᠠᠷ᠎ᠠ ᠵᠢᠨ 08᠎ᠤ ᠡᠳᠦᠷ
ᠠᠯᠪᠠᠨ ᠪᠢᠴᠢᠭ᠎ᠤᠨ ᠬᠦᠴᠦᠨ᠎ᠲᠠᠢ ᠬᠤᠭᠤᠴᠠᠭ᠎ᠠ᠄ ᠬᠦᠴᠦᠨ᠎ᠲᠠᠢ
ᠥᠪᠡᠷᠲᠡᠭᠡᠨ ᠵᠠᠰᠠᠬᠤ ᠣᠷᠣᠨ᠎ᠤ ᠵᠠᠰᠠᠭ᠎ᠤᠨ ᠣᠷᠳᠣᠨ᠎ᠤ ᠠᠯᠪᠠᠨ ᠲᠢᠩᠬᠢᠮ᠄
ᠣᠶ᠋ᠢᠷ᠎ᠠ᠎ᠳᠤ᠂ ᠮᠠᠨ᠎ᠤ ᠲᠢᠩᠬᠢᠮ 《ᠬᠠᠲᠤᠨ ᠭᠤᠤᠯ᠎ᠤᠨ ᠰᠠᠪᠠ ᠭᠠᠵᠠᠷ᠎ᠤᠨ ᠮᠤᠵᠢ ᠣᠷᠣᠨ ᠠᠯᠤᠰᠯᠠᠨ ᠤᠰᠤ ᠬᠡᠷᠡᠭᠯᠡᠬᠦ ᠡᠷᠬᠡ ᠵᠢᠨ ᠠᠷᠠᠯᠵᠢᠶ᠎ᠠ ᠵᠢ ᠢᠳᠡᠪᠬᠢᠲᠡᠶ᠎ᠪᠠᠷ ᠰᠦᠪᠡᠭᠴᠢᠯᠡᠬᠦ ᠪᠠ ᠵᠢᠷᠤᠮᠵᠢᠭᠤᠯᠤᠨ ᠠᠬᠢᠭᠤᠯᠬᠤ ᠲᠤᠬᠠᠶ ᠤᠰᠤᠨ ᠠᠰᠢᠭᠯᠠᠯᠲᠠ ᠵᠢᠨ ᠶᠠᠮᠤᠨ᠎ᠤ ᠰᠠᠨᠠᠯ》 (ᠤᠰᠤᠨ ᠡᠬᠢ ᠬᠠᠮᠢᠶᠠᠷᠤᠯᠲᠠ [2025] 137 ᠳ᠋ᠤᠭ᠋ᠠᠷ ᠲᠣᠭ᠋ᠠᠲᠤ) (ᠳᠣᠷᠣᠭᠰᠢ 《ᠰᠠᠨᠠᠯ》 ᠭᠡᠵᠦ ᠲᠣᠪᠴᠢᠯᠠᠨ᠎ᠠ)᠎ᠢ ᠣᠯᠤᠭᠰᠠᠨ ᠪᠠᠶ᠋ᠢᠨ᠎ᠠ᠃ ᠣᠲᠣ ᠪᠢᠴᠢᠭ᠎ᠤᠨ ᠬᠡᠯᠪᠡᠷᠢ᠎ᠪᠠᠷ ᠳᠡᠭᠡᠭᠰᠢ ᠮᠡᠳᠡᠭᠦᠯᠵᠦ᠂ ᠳᠡᠳ᠋ ᠲᠡᠷᠢᠭᠦᠯᠡᠭᠴᠢ ᠳᠠᠢ᠌ᠴᠢᠨ ᠣᠩᠰᠢᠬᠤ ᠵᠢ ᠬᠦᠰᠡᠵᠦ ᠪᠤᠢ᠃
ᠮᠠᠨ᠎ᠤ ᠲᠢᠩᠬᠢᠮ 《ᠰᠠᠨᠠᠯ》᠎ᠤᠨ ᠱᠠᠭ᠋ᠠᠷᠳᠠᠯᠭ᠎ᠠ ᠶᠣᠰᠣᠭ᠋ᠠᠷ᠂ ᠤᠰᠤᠨ᠎ᠤ ᠡᠬᠢ ᠪᠠᠶᠠᠯᠢᠭ᠎ᠤᠨ ᠬᠠᠲᠠᠭᠤ ᠬᠢᠵᠠᠭ᠋ᠠᠷᠯᠠᠯ᠎ᠤᠨ ᠲᠦᠷᠢᠮ᠎ᠢ ᠴᠢᠩᠭ᠎ᠠ ᠨᠠᠶ᠋ᠢᠳᠠᠪᠤᠷᠢᠵᠢᠭᠤᠯᠵᠤ᠂ ᠥᠪᠡᠷᠲᠡᠭᠡᠨ ᠵᠠᠰᠠᠬᠤ ᠣᠷᠣᠨ᠎ᠤ ᠤᠰᠤ ᠬᠡᠷᠡᠭᠯᠡᠬᠦ ᠡᠷᠬᠡ ᠵᠢᠨ ᠥᠭᠡᠷᠡᠴᠢᠯᠡᠯᠲᠡ ᠵᠢᠨ ᠲᠤᠷᠰᠢᠯᠭ᠎ᠠ᠎ᠲᠠᠢ ᠤᠶᠠᠯᠳᠤᠭᠤᠯᠤᠨ᠂ ᠤᠰᠤ ᠬᠡᠷᠡᠭᠯᠡᠬᠦ ᠡᠷᠬᠡ ᠵᠢᠨ ᠠᠩᠬᠠᠨ᠎ᠤ ᠬᠤᠪᠢᠶᠠᠷᠢᠯᠠᠯᠲᠠ ᠵᠢ ᠲᠦᠷᠭᠡᠳᠬᠡᠨ ᠠᠬᠢᠭᠤᠯᠵᠤ᠂ ᠤᠰᠤ ᠬᠡᠷᠡᠭᠯᠡᠬᠦ ᠡᠷᠬᠡ ᠵᠢᠨ ᠠᠷᠠᠯᠵᠢᠶᠠᠨ᠎ᠤ ᠵᠠᠬ᠎ᠠ ᠳᠡᠯᠭᠡᠭᠦᠷ᠎ᠢ ᠢᠳᠡᠪᠬᠢᠲᠡᠶ ᠪᠤᠶ᠋ᠢᠵᠢᠭᠤᠯᠤᠨ᠂ ᠤᠰᠤ ᠬᠡᠷᠡᠭᠯᠡᠬᠦ ᠡᠷᠬᠡ ᠵᠢᠨ ᠠᠷᠠᠯᠵᠢᠶᠠᠨ᠎ᠤ ᠲᠠᠪᠴᠠᠩ᠎ᠢ ᠲᠡᠭᠦᠯᠳᠡᠷᠵᠢᠭᠦᠯᠵᠦ᠂ ᠤᠰᠤᠨ᠎ᠤ ᠡᠬᠢ ᠪᠠᠶᠠᠯᠢᠭ᠎ᠢ ᠬᠢᠨᠠᠨ ᠬᠡᠮᠵᠢᠬᠦ ᠰᠢᠰᠲ᠋ᠧᠮ᠎ᠢ ᠲᠡᠭᠦᠯᠳᠡᠷᠵᠢᠭᠦᠯᠦᠨ᠂ ᠤᠰᠤ ᠬᠡᠷᠡᠭᠯᠡᠬᠦ ᠡᠷᠬᠡ ᠵᠢᠨ ᠠᠷᠠᠯᠵᠢᠶᠠᠨ᠎ᠤ ᠵᠠᠬ᠎ᠠ ᠳᠡᠯᠭᠡᠭᠦᠷ᠎ᠤᠨ ᠬᠢᠨᠠᠯᠲᠠ ᠬᠠᠮᠢᠶᠠᠷᠤᠯᠲᠠ ᠵᠢ ᠴᠢᠩᠭ᠋ᠠᠳᠬᠠᠵᠤ᠂ ᠬᠠᠲᠤᠨ ᠭᠤᠤᠯ᠎ᠤᠨ ᠰᠠᠪᠠ ᠭᠠᠵᠠᠷ᠎ᠤᠨ ᠮᠤᠵᠢ ᠣᠷᠣᠨ ᠠᠯᠤᠰᠯᠠᠭᠰᠠᠨ ᠤᠰᠤ ᠬᠡᠷᠡᠭᠯᠡᠬᠦ ᠡᠷᠬᠡ ᠵᠢᠨ ᠠᠷᠠᠯᠵᠢᠶ᠎ᠠ ᠵᠢ ᠢᠳᠡᠪᠬᠢᠲᠡᠶ᠎ᠪᠠᠷ ᠬᠠᠶ᠋ᠢᠨ ᠰᠦᠪᠡᠭᠴᠢᠯᠡᠬᠦ ᠪᠠ ᠵᠢᠷᠤᠮᠵᠢᠭᠤᠯᠤᠨ ᠠᠬᠢᠭᠤᠯᠵᠤ᠂ ᠤᠰᠤ ᠬᠡᠷᠡᠭᠯᠡᠬᠦ ᠡᠷᠬᠡ ᠵᠢᠨ ᠥᠭᠡᠷᠡᠴᠢᠯᠡᠯᠲᠡ᠎ᠪᠠᠷ ᠤᠰᠤᠨ᠎ᠤ ᠡᠬᠢ ᠪᠠᠶᠠᠯᠢᠭ᠎ᠢ ᠰᠢᠯᠢᠳᠡᠭᠵᠢᠭᠦᠯᠦᠨ ᠲᠣᠬᠢᠷᠠᠭᠤᠯᠬᠤ ᠪᠠ ᠠᠷᠪᠢᠯᠠᠨ ᠡᠷᠴᠢᠮᠵᠢᠭᠦᠯᠦᠨ ᠠᠰᠢᠭᠯᠠᠬᠤ ᠦᠢ᠍ᠯᠡᠳᠦᠯ᠎ᠢ ᠭᠦᠢ᠍ᠴᠡᠳ ᠪᠠᠳᠠᠷᠠᠭᠤᠯᠵᠤ᠂ ᠥᠪᠡᠷᠲᠡᠭᠡᠨ ᠵᠠᠰᠠᠬᠤ ᠣᠷᠣᠨ᠎ᠤ ᠴᠢᠨᠠᠷ ᠰᠠᠶ᠋ᠢᠲᠠᠶ ᠬᠥᠭᠵᠢᠯᠲᠡ᠎ᠳᠤ ᠤᠰᠤᠨ᠎ᠤ ᠠᠮᠤᠷ ᠲᠦᠪᠰᠢᠨ᠎ᠤ ᠪᠠᠲᠤᠯᠠᠭ᠎ᠠ ᠬᠠᠩᠭ᠋ᠠᠨ᠎ᠠ᠃
2025 ᠣᠨ᠎ᠤ 6 ᠳ᠋ᠤᠭ᠋ᠠᠷ ᠰᠠᠷ᠎ᠠ ᠵᠢᠨ 8᠎ᠤ ᠡᠳᠦᠷ