ᠬᠡᠯᠬᠢᠶᠡᠰᠦᠨ ᠨᠣᠮᠧᠷ᠄ 000014348/2025 — 03139
ᠭᠤᠣᠯ ᠰᠡᠳᠦᠪ᠎ᠤᠨ ᠠᠩᠭᠢᠯᠠᠯ᠄ ᠤᠰᠤᠨ ᠠᠰᠢᠭᠯᠠᠯᠲᠠ
ᠨᠡᠢ᠌ᠲᠡᠯᠡᠭᠰᠡᠨ ᠪᠠᠶ᠋ᠢᠭᠤᠯᠤᠮᠵᠢ᠄ ᠥᠪᠡᠷᠲᠡᠭᠡᠨ ᠵᠠᠰᠠᠬᠤ ᠣᠷᠣᠨ᠎ᠤ ᠤᠰᠤᠨ ᠠᠰᠢᠭᠯᠠᠯᠲᠠ ᠵᠢᠨ ᠲᠢᠩᠬᠢᠮ
ᠪᠢᠴᠢᠭ᠎ᠤᠨ ᠳ᠋ᠤᠭ᠋ᠠᠷ᠄ ᠦᠪᠦᠷ ᠤᠰᠤᠨ ᠬᠦᠮᠦᠨ ᠪᠠᠢ᠌ᠭᠤᠯᠤᠯᠲᠠ [2025] 24 ᠳ᠋ᠦ᠍ᠭᠡᠷ ᠲᠣᠭ᠋ᠠᠲᠤ
ᠪᠢᠴᠢᠭᠳᠡᠭᠰᠡᠨ ᠡᠳᠦᠷ ᠬᠤᠭᠤᠴᠠᠭ᠎ᠠ᠄ 2025 ᠣᠨ᠎ᠤ 6 ᠳ᠋ᠤᠭ᠋ᠠᠷ ᠰᠠᠷ᠎ᠠ ᠵᠢᠨ 25᠎ᠤ ᠡᠳᠦᠷ
ᠠᠯᠪᠠᠨ ᠪᠢᠴᠢᠭ᠎ᠤᠨ ᠬᠦᠴᠦᠨ᠎ᠲᠠᠢ ᠬᠤᠭᠤᠴᠠᠭ᠎ᠠ᠄ ᠬᠦᠴᠦᠨ᠎ᠲᠠᠢ
ᠯᠢᠦ ᠱ᠌ᠢ ᠷᠦᠩ ᠲᠥᠯᠥᠭᠡᠯᠡᠭᠴᠢ᠄
ᠲᠠᠨ᠎ᠤ ᠳᠤᠷᠠᠳᠤᠭᠰᠠᠨ 《ᠠᠷᠪᠠᠨ ᠶᠡᠬᠡ ᠬᠦᠨᠳᠡᠢ》 ᠪᠣᠯᠤᠨ ᠬᠠᠲᠤᠨ ᠭᠣᠤᠯ᠎ᠤᠨ ᠰᠠᠶ᠋ᠢᠷᠭ᠋ᠠᠯ ᠣᠷᠣᠨ᠎ᠢ ᠶᠡᠷᠦᠩᠬᠡᠶ᠋ᠢᠯᠡᠨ ᠵᠠᠰᠠᠬᠤ ᠵᠢ ᠴᠢᠩᠭ᠋ᠠᠳᠬᠠᠵᠤ ᠬᠠᠲᠤᠨ ᠭᠣᠤᠯ᠎ᠤᠨ 《ᠶᠡᠬᠡ ᠲᠤᠬᠤᠢ》 ᠪᠡᠷᠬᠡ ᠰᠡᠳᠦᠪ᠎ᠢ ᠰᠢᠢ᠍ᠳᠪᠦᠷᠢᠯᠡᠬᠦ ᠲᠠᠢ᠍ᠢ᠍ᠨ᠎ᠤ ᠲᠤᠬᠠᠢ ᠰᠠᠨᠠᠭᠤᠯᠭ᠎ᠠ ᠵᠢ ᠣᠯᠵᠤ ᠣᠢ᠌ᠯᠠᠭ᠋ᠠᠪᠠ᠂ ᠤᠳᠤ ᠳᠣᠣᠷᠠᠬᠢ ᠮᠡᠲᠦ ᠬᠠᠷᠢᠭᠤᠯᠲᠠ ᠥᠭᠭᠦᠶ᠎ᠡ᠄
ᠤᠢ᠍ᠢ᠍ᠷ᠎ᠠ ᠵᠢᠨ ᠵᠢᠯ᠎ᠠᠴᠠ ᠨᠠᠭ᠋ᠠᠰᠢ᠂ ᠥᠪᠡᠷᠲᠡᠭᠡᠨ ᠵᠠᠰᠠᠬᠤ ᠣᠷᠣᠨ᠎ᠤ ᠤᠰᠤᠨ ᠠᠰᠢᠭᠯᠠᠯᠲᠠ ᠵᠢᠨ ᠲᠢᠩᠬᠢᠮ᠎ᠨᠢ ᠰᠢ ᠵᠢᠨ ᠫᠢᠩ᠎ᠤᠨ ᠠᠮᠢ ᠠᠬᠤᠢ ᠵᠢᠨ ᠪᠣᠯᠪᠠᠰᠤᠨ᠎ᠤ ᠦᠵᠡᠯ ᠰᠠᠨᠠᠭ᠎ᠠ ᠵᠢ ᠭᠦᠨᠵᠡᠭᠡᠢ ᠦᠢ᠍ᠯᠡᠳᠦᠯᠭᠡᠵᠢᠭᠦᠯᠵᠦ᠂ ᠠᠭᠤᠯᠠ ᠤᠰᠤ ᠣᠢ ᠲᠠᠷᠢᠶ᠎ᠠ ᠨᠠᠭᠤᠷ ᠪᠡᠯᠴᠢᠭᠡᠷ ᠡᠯᠡᠰᠦ ᠵᠢ ᠨᠢᠭᠡ ᠴᠤᠭᠴᠠᠵᠢᠭᠤᠯᠤᠨ ᠬᠠᠮᠠᠭ᠋ᠠᠯᠠᠬᠤ ᠪᠠ ᠰᠢᠰᠲ᠋ᠧᠮ᠎ᠲᠠᠢ ᠵᠠᠰᠠᠬᠤ ᠵᠢ ᠨᠢᠭᠡᠳᠦᠯᠲᠡᠢ ᠲᠥᠯᠥᠪᠵᠢᠭᠦᠯᠦᠨ ᠠᠬᠢᠭᠤᠯᠵᠤ᠂ ᠬᠠᠳᠤᠨ ᠭᠤᠣᠯ᠎ᠤᠨ ᠰᠠᠪᠠ ᠭᠠᠵᠠᠷ᠎ᠤᠨ ᠴᠢᠨᠠᠷ ᠰᠠᠶ᠋ᠢᠲᠠᠢ ᠬᠥᠭᠵᠢᠯᠲᠡ᠎ᠳᠤ ᠠᠩᠬᠠᠷᠤᠯ ᠵᠶ᠋ᠠᠨ ᠲᠥᠪᠯᠡᠷᠡᠭᠦᠯᠬᠦ ᠪᠠ 《ᠤᠮᠠᠷᠠᠲᠦ ᠵᠢᠨ ᠭᠤᠷᠪᠠᠨ ᠤᠷᠤᠨ》᠎ᠤ ᠢᠨᠵᠧᠨᠧᠷᠢᠩ᠎ᠤᠨ ᠭᠤᠷᠪᠠᠨ ᠶᠡᠭᠡ ᠪᠡᠯᠭᠡ ᠲᠡᠮᠳᠡᠭ᠎ᠤᠨ ᠴᠢᠨᠠᠷᠲᠠᠢ ᠳᠠᠶ᠋ᠢᠯᠠᠯᠳᠤᠭ᠋ᠠᠨ᠎ᠢ ᠰᠠᠶ᠋ᠢᠲᠤᠷ ᠬᠢᠬᠦ᠎ᠳᠤ ᠬᠦᠴᠦ ᠨᠡᠮᠡᠷᠢᠯᠡᠵᠦ᠂ 《ᠠᠷᠪᠠᠨ ᠶᠡᠭᠡ ᠬᠦᠨᠳᠡᠢ》 ᠵᠡᠷᠭᠡ ᠭᠤᠣᠯᠳᠠᠯᠭ᠎ᠠ᠎ᠲᠠᠢ ᠣᠷᠣᠨ ᠪᠦᠰᠡ ᠵᠢᠨ ᠤᠰᠤ ᠬᠦᠷᠦᠰᠦ ᠵᠢᠨ ᠢᠳᠡᠭᠳᠡᠯ᠎ᠤᠨ ᠵᠠᠰᠠᠯᠲᠠ ᠵᠢ ᠦᠷᠭᠦᠯᠵᠢᠯᠡᠨ ᠠᠬᠢᠭᠤᠯᠪᠠ᠃ ᠠᠷᠪᠠᠨ ᠶᠡᠭᠡ ᠬᠦᠨᠳᠡᠢ ᠵᠢᠨ ᠤᠰᠤ ᠬᠦᠷᠦᠰᠦ ᠵᠢᠨ ᠢᠳᠡᠭᠳᠡᠯ᠎ᠤᠨ ᠲᠠᠯᠠᠪᠠᠶ ᠵᠢ 2011 ᠣᠨ᠎ᠳᠤ 8223km2 ᠪᠠᠶ᠋ᠢᠭᠰᠠᠨ᠎ᠠᠴᠠ 2024 ᠣᠨ ᠪᠣᠯᠬᠤ᠎ᠳᠤ 4251km2 ᠪᠣᠯᠭ᠋ᠠᠨ ᠪᠠᠭ᠋ᠠᠰᠬᠠᠵᠤ᠂ 48.3%᠎ᠪᠠᠷ ᠪᠠᠭ᠋ᠠᠰᠴᠠᠢ; ᠢᠳᠡᠭᠳᠡᠯ᠎ᠤᠨ ᠬᠦᠴᠦᠯᠡᠴᠡ᠎ᠨᠢ ᠳᠤᠮᠳᠠ ᠵᠡᠷᠭᠡ᠎ᠠᠴᠠ ᠳᠡᠭᠡᠭᠰᠢᠬᠢ ᠢᠳᠡᠭᠳᠡᠯ ᠵᠶ᠋ᠡᠷ ᠭᠣᠣᠯ ᠪᠣᠯᠭ᠋ᠠᠵᠤ ᠪᠠᠢ᠌ᠭᠰᠠᠨ᠎ᠠᠴᠠ᠎ᠪᠠᠨ ᠢᠯᠡᠳᠲᠡ ᠳᠣᠷᠣᠭᠰᠢᠯᠠᠭ᠋ᠠᠳ ᠳᠤᠮᠳᠠ ᠬᠥᠩᠭᠡᠨ ᠬᠡᠮᠵᠢᠶ᠎ᠡ᠎ᠪᠠᠷ ᠭᠣᠣᠯ ᠪᠣᠯᠭ᠋ᠠᠵᠠᠢ᠂ ᠤᠰᠤ ᠬᠦᠷᠦᠰᠦ ᠵᠢᠨ ᠢᠳᠡᠭᠳᠡᠯ᠎ᠤᠨ ᠲᠠᠯᠠᠪᠠᠢ ᠪᠠ ᠤᠰᠤ ᠬᠦᠷᠦᠰᠦ ᠵᠢᠨ ᠢᠳᠡᠭᠳᠡᠯ᠎ᠤᠨ ᠬᠦᠴᠦᠯᠡᠴᠡ ᠵᠢᠨ 《ᠬᠤᠣᠰ ᠪᠠᠭᠤᠷᠠᠯᠲᠠ》 ᠵᠢ ᠪᠡᠶᠡᠯᠡᠭᠦᠯᠵᠦ᠂ ᠠᠷᠪᠠᠨ ᠶᠡᠭᠡ ᠬᠦᠨᠳᠡᠢ ᠵᠢᠨ ᠣᠷᠣᠨ ᠪᠦᠰᠡ ᠵᠢᠨ ᠤᠰᠤ ᠬᠦᠷᠦᠰᠦ ᠵᠢ ᠬᠠᠮᠠᠭ᠋ᠠᠯᠠᠬᠤ ᠨᠣᠷᠮ᠎ᠠ᠎ᠨᠢ 60.51%᠎ᠳᠤ ᠬᠦᠷᠪᠡ᠃
ᠨᠢᠭᠡ᠂ ᠤᠯᠤᠰ᠎ᠤᠨ ᠳᠡᠰ ᠳᠠᠪᠬᠤᠷᠭ᠎ᠠ᠎ᠳᠤ ᠰᠢᠢ᠍ᠳᠪᠦᠷᠢᠯᠡᠬᠦ ᠴᠢᠬᠤᠯᠠᠲᠠᠢ ᠵᠦᠢ᠍ᠯᠡᠰ
ᠥᠪᠡᠷᠲᠡᠭᠡᠨ ᠵᠠᠰᠠᠬᠤ ᠣᠷᠣᠨ᠎ᠤ ᠤᠰᠤᠨ ᠠᠰᠢᠭᠯᠠᠯᠲᠠ ᠵᠢᠨ ᠲᠢᠩᠬᠢᠮ᠎ᠠᠴᠠ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ ᠪᠣᠯᠤᠨ ᠤᠰᠤᠨ ᠠᠰᠢᠭᠯᠠᠯᠲᠠ ᠵᠢᠨ ᠶᠠᠮᠤᠨ᠎ᠳᠤ ᠬᠠᠲᠤᠨ ᠭᠣᠤᠯ᠎ᠤᠨ ᠰᠠᠪᠠ ᠭᠠᠵᠠᠷ᠎ᠤᠨ ᠤᠰᠤ ᠬᠦᠷᠦᠰᠦ ᠵᠢᠨ ᠢᠳᠡᠭᠳᠡᠯ ᠪᠣᠯᠤᠨ 《ᠠᠷᠪᠠᠨ ᠶᠡᠬᠡ ᠬᠥᠨᠳᠡᠶ》 ᠵᠢ ᠶᠡᠷᠦᠩᠬᠡᠶ᠋ᠢᠯᠡᠨ ᠵᠠᠰᠠᠭᠰᠠᠨ ᠪᠠᠶ᠋ᠢᠳᠠᠯ ᠵᠶ᠋ᠠᠨ ᠢᠳᠡᠪᠬᠢᠲᠡᠶ ᠬᠠᠷᠢᠭᠤ ᠮᠡᠳᠡᠭᠦᠯᠵᠦ᠂ ᠤᠰᠤ ᠬᠦᠷᠦᠰᠦ ᠵᠢ ᠬᠠᠮᠠᠭ᠋ᠠᠯᠠᠬᠤ ᠲᠥᠷᠥᠯ ᠵᠦᠢ᠍ᠯ᠎ᠤᠨ ᠪᠡᠯᠡ ᠣᠷᠣᠭᠤᠯᠤᠯᠲᠠ ᠵᠢᠨ ᠪᠠᠷᠢᠮᠵᠢᠶ᠎ᠠ᠎ᠨᠢ ᠳᠣᠤᠷ᠎ᠠ᠂ ᠣᠷᠣᠨ ᠪᠦᠰᠡ ᠠᠯᠤᠰᠯᠠᠨ ᠬᠠᠮᠵᠢᠯᠴᠠᠨ ᠵᠠᠰᠠᠬᠤ ᠪᠠ ᠪᠡᠯᠡ ᠣᠷᠣᠭᠤᠯᠤᠯᠲᠠ ᠵᠢᠨ ᠡᠷᠴᠢᠮ ᠵᠶ᠋ᠠᠨ ᠨᠡᠮᠡᠭᠳᠡᠭᠦᠯᠬᠦ ᠵᠡᠷᠭᠡ ᠠᠰᠠᠭᠤᠳᠠᠯ᠎ᠢ ᠢᠳᠡᠪᠬᠢᠲᠡᠶ ᠵᠣᠬᠢᠴᠠᠭᠤᠯᠤᠨ ᠰᠦᠪᠡᠭᠴᠢᠯᠡᠵᠦ᠂ ᠤᠰᠤ ᠬᠦᠷᠦᠰᠦ ᠵᠢᠨ ᠢᠳᠡᠭᠳᠡᠯ᠎ᠢ ᠵᠠᠰᠠᠬᠤ ᠪᠠᠷᠢᠮᠵᠢᠶ᠎ᠠ ᠵᠢ ᠳᠡᠭᠡᠭᠰᠢᠯᠡᠭᠦᠯᠵᠦ᠂ 《ᠱᠠᠩᠨᠠᠬᠤ᠎ᠪᠠᠷ ᠲᠤᠰᠠᠯᠠᠬᠤ ᠵᠢ ᠣᠷᠣᠯᠠᠭᠤᠯᠬᠤ》 ᠪᠠ 《ᠬᠦᠳᠡᠯᠮᠦᠷᠢᠯᠡᠬᠦ᠎ᠪᠠᠷ ᠲᠡᠳᠬᠦᠮᠵᠢ ᠵᠢ ᠣᠷᠣᠯᠠᠭᠤᠯᠬᠤ》 ᠵᠡᠷᠭᠡ ᠣᠯᠠᠨ ᠵᠦᠢ᠍ᠯ᠎ᠤᠨ ᠵᠠᠰᠠᠬᠤ ᠵᠠᠭᠪᠤᠷ᠎ᠢ ᠰᠦᠪᠡᠭᠴᠢᠯᠡᠨ ᠥᠷᠨᠢᠭᠦᠯᠵᠦ᠂ ᠤᠰᠤ ᠬᠦᠷᠦᠰᠦ ᠵᠢᠨ ᠢᠳᠡᠭᠳᠡᠯ᠎ᠢ ᠵᠠᠰᠠᠬᠤ᠎ᠳᠤ ᠨᠡᠶ᠋ᠢᠭᠡᠮ᠎ᠤᠨ ᠬᠥᠷᠥᠩᠭᠡ ᠵᠢᠨ ᠣᠷᠣᠯᠴᠠᠬᠤ ᠵᠢ ᠵᠣᠷᠢᠭᠵᠢᠭᠤᠯᠤᠨ ᠳᠡᠮᠵᠢᠵᠦ᠂ ᠵᠠᠬ᠎ᠠ ᠳᠡᠯᠭᠡᠭᠦᠷᠴᠢᠯᠡᠭᠰᠡᠨ ᠣᠯᠠᠨ ᠡᠰᠢᠲᠦ ᠣᠷᠣᠭᠤᠯᠤᠯᠲᠠ ᠵᠢᠨ ᠲᠣᠭᠲᠠᠴᠠ ᠵᠢᠨ ᠰᠢᠨ᠎ᠡ ᠵᠢ ᠡᠭᠦᠳᠦᠨ᠎ᠡ᠃
ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ ᠨᠢᠩᠰᠢᠶᠠ ᠵᠢᠨ ᠬᠤᠲᠣᠩ ᠦᠨᠳᠦᠰᠦᠲᠡᠨ᠎ᠤ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠲᠠᠢ 2023 ᠣᠨ᠎ᠳᠤ 《ᠬᠠᠲᠤᠨ ᠭᠤᠤᠯ᠎ᠤᠨ ᠰᠠᠪᠠ ᠭᠠᠵᠠᠷ (ᠨᠢᠩᠰᠢᠶᠠ — ᠥᠪᠥᠷ ᠮᠣᠩᠭᠤᠯ᠎ᠤᠨ ᠬᠡᠰᠡᠭ)᠎ᠤᠨ ᠠᠮᠢ ᠠᠬᠤᠶ ᠵᠢᠨ ᠬᠥᠨᠳᠡᠯᠡᠨ ᠨᠥᠬᠦᠪᠥᠷᠢ ᠵᠢᠨ ᠵᠥᠪᠯᠡᠯᠴᠡᠭᠡᠷ》᠎ᠢ ᠲᠣᠭᠲᠠᠭ᠋ᠠᠵᠤ᠂ ᠬᠠᠲᠤᠨ ᠭᠤᠤᠯ᠎ᠤᠨ ᠰᠠᠪᠠ ᠭᠠᠵᠠᠷ᠎ᠤᠨ ᠳᠡᠭᠡᠳᠦ ᠳᠣᠤᠷᠠᠳᠤ ᠤᠷᠤᠰᠬᠠᠯ᠂ ᠵᠡᠭᠦᠨ ᠪᠠᠷᠠᠭᠤᠨ ᠡᠷᠭᠢ ᠵᠢᠨ ᠠᠮᠢ ᠠᠬᠤᠶ ᠵᠢ ᠬᠠᠮᠠᠭ᠋ᠠᠯᠠᠨ ᠰᠡᠷᠭᠦᠭᠡᠬᠦ ᠪᠠ ᠵᠠᠰᠠᠬᠤ ᠵᠢ ᠵᠡᠷᠭᠡ᠎ᠪᠠᠷ ᠠᠳᠬᠤᠵᠤ ᠬᠠᠮᠲᠤ᠎ᠪᠠᠷ ᠬᠠᠮᠢᠶᠠᠷᠬᠤ ᠪᠠᠶ᠋ᠢᠳᠠᠯ᠎ᠢ ᠪᠣᠶ ᠪᠣᠯᠭ᠋ᠠᠪᠠ᠃ 2025 ᠣᠨ᠎ᠤ 4 ᠳ᠋ᠦ᠍ᠭᠡᠷ ᠰᠠᠷ᠎ᠠ᠎ᠳᠤ ᠡᠳ᠋᠎ᠤᠨ ᠵᠠᠰᠠᠭ᠎ᠤᠨ ᠲᠢᠩᠬᠢᠮ᠎ᠲᠠᠢ ᠬᠠᠮᠵᠢᠯᠴᠠᠨ 《ᠰᠠᠪᠠ ᠭᠠᠵᠠᠷ᠎ᠤᠨ ᠳᠡᠭᠡᠳᠦ ᠳᠣᠤᠷᠠᠳᠤ ᠤᠷᠤᠰᠬᠠᠯ᠎ᠤᠨ ᠬᠥᠨᠳᠡᠯᠡᠨ ᠭᠤᠯᠳᠤ ᠴᠢᠭᠯᠡᠯ᠎ᠤᠨ ᠠᠮᠢ ᠠᠬᠤᠶ ᠵᠢᠨ ᠬᠠᠮᠠᠭ᠋ᠠᠯᠠᠯᠲᠠ ᠵᠢᠨ ᠨᠥᠬᠦᠪᠥᠷᠢ ᠵᠢᠨ ᠲᠣᠭᠲᠠᠴᠠ ᠵᠢ ᠪᠠᠶ᠋ᠢᠭᠤᠯᠬᠤ ᠵᠢᠨ ᠬᠡᠷᠡᠭᠵᠢᠭᠦᠯᠬᠦ ᠲᠥᠰᠦᠯ》᠎ᠢ ᠳᠠᠷᠤᠮᠠᠯᠯᠠᠨ ᠲᠠᠷᠬᠠᠭ᠋ᠠᠵᠤ᠂ ᠠᠮᠢ ᠠᠬᠤᠶ ᠵᠢᠨ ᠬᠠᠮᠠᠭ᠋ᠠᠯᠠᠯᠲᠠ ᠵᠢᠨ ᠨᠥᠬᠦᠪᠥᠷᠢ ᠵᠢᠨ ᠲᠣᠭᠲᠠᠴᠠ ᠵᠢᠨ ᠪᠦᠲᠦᠮᠵᠢᠲᠡᠶ ᠨᠠᠶ᠋ᠢᠳᠠᠪᠤᠷᠢᠵᠢᠭᠤᠯᠤᠯᠲᠠ ᠵᠢ ᠤᠯᠠᠮ ᠨᠢᠭᠡ ᠠᠯᠬᠤᠮ ᠠᠬᠢᠭᠤᠯᠪᠠ᠃
ᠬᠤᠶᠠᠷ᠂ ᠥᠪᠡᠷᠲᠡᠭᠡᠨ ᠵᠠᠰᠠᠬᠤ ᠣᠷᠣᠨ᠎ᠤ ᠲᠠᠯ᠎ᠠ᠎ᠠᠴᠠ ᠰᠢᠢ᠍ᠳᠪᠦᠷᠢᠯᠡᠬᠦ ᠴᠢᠬᠤᠯᠠᠲᠠᠢ ᠵᠦᠢ᠍ᠯᠡᠰ
(ᠨᠢᠭᠡ) ᠲᠥᠷᠥᠯ ᠵᠦᠢ᠍ᠯ᠎ᠤᠨ ᠪᠦᠲᠦᠭᠡᠨ ᠪᠠᠢ᠌ᠭᠤᠯᠤᠯᠲᠠ ᠵᠢᠨ ᠬᠢᠨᠠᠨ ᠵᠦᠪᠰᠢᠶᠡᠷᠡᠬᠦ ᠭᠠᠷᠳᠠᠮ᠎ᠢ ᠳᠥᠭᠥᠮᠴᠢᠯᠡᠵᠦ᠂ ᠲᠥᠷᠥᠯ ᠵᠦᠢ᠍ᠯ᠎ᠤᠨ ᠬᠡᠷᠡᠭᠵᠢᠭᠦᠯᠦᠯᠲᠡ ᠵᠢ ᠲᠦᠷᠭᠡᠳᠭᠡᠨ᠎ᠡ
ᠨᠢᠭᠡ᠎ᠳᠤ᠂ ᠣᠶ ᠰᠢᠭᠤᠶ ᠨᠤᠲᠤᠭ ᠪᠡᠯᠴᠢᠭᠡᠷ᠎ᠤᠨ ᠭᠠᠵᠠᠷ ᠡᠵᠡᠯᠡᠬᠦ ᠭᠠᠷ ᠭᠦᠢ᠍ᠴᠡᠳᠬᠡᠯ᠂ 《ᠪᠥᠬᠦᠳᠡ ᠨᠠᠶ᠋ᠢᠷᠠᠮᠳᠠᠬᠤ ᠳᠤᠮᠳᠠᠳᠤ ᠠᠷᠠᠳ ᠤᠯᠤᠰ᠎ᠤᠨ ᠣᠶ ᠰᠢᠭᠤᠶ ᠵᠢᠨ ᠬᠠᠤᠯᠢ ᠵᠢ ᠬᠡᠷᠡᠭᠵᠢᠭᠦᠯᠬᠦ ᠲᠦᠷᠢᠮ》 ᠪᠠ 《ᠤᠯᠤᠰ᠎ᠤᠨ ᠣᠶ ᠰᠢᠭᠤᠶ ᠨᠤᠲᠤᠭ ᠪᠡᠯᠴᠢᠭᠡᠷ᠎ᠤᠨ ᠲᠣᠪᠴᠢᠶ᠎ᠠ ᠨᠤᠲᠤᠭ ᠪᠡᠯᠴᠢᠭᠡᠷ᠎ᠢ ᠲᠠᠲᠠᠪᠤᠷᠢᠯᠠᠨ ᠡᠵᠡᠯᠡᠵᠦ ᠬᠡᠷᠡᠭᠯᠡᠬᠦ ᠵᠢ ᠬᠢᠨᠠᠨ ᠬᠠᠷᠭᠤᠭᠤᠯᠵᠤ ᠬᠢᠨᠠᠨ ᠵᠥᠪᠰᠢᠶᠡᠷᠡᠬᠦ ᠬᠠᠮᠢᠶᠠᠷᠤᠯᠲᠠ ᠵᠢᠨ ᠵᠢᠷᠤᠮᠵᠢᠯ》᠎ᠤᠨ ᠲᠣᠭᠲᠠᠭ᠋ᠠᠯ᠎ᠤᠨ ᠱᠠᠭ᠋ᠠᠷᠳᠠᠯᠭ᠎ᠠ ᠶᠣᠰᠣᠭ᠋ᠠᠷ᠂ ᠣᠶ ᠰᠢᠭᠤᠶ ᠨᠤᠲᠤᠭ ᠪᠡᠯᠴᠢᠭᠡᠷ᠎ᠤᠨ ᠰᠠᠯᠠᠭ᠎ᠠ ᠮᠥᠴᠢᠷ᠎ᠤᠳ ᠬᠢᠨᠠᠨ ᠬᠠᠷᠭᠤᠭᠤᠯᠬᠤ ᠡᠷᠬᠡ ᠮᠡᠳᠡᠯ᠎ᠤᠨ ᠬᠡᠪᠴᠢᠶ᠎ᠡ ᠶᠣᠰᠣᠭ᠋ᠠᠷ ᠠᠵᠢᠯ ᠵᠶ᠋ᠠᠨ ᠥᠷᠨᠢᠭᠦᠯᠵᠦ᠂ ᠣᠶ ᠰᠢᠭᠤᠶ ᠨᠤᠲᠤᠭ ᠪᠡᠯᠴᠢᠭᠡᠷ᠎ᠢ ᠬᠡᠷᠡᠭᠯᠡᠬᠦ᠎ᠳᠤ ᠳᠠᠩᠰᠠᠯᠠᠭᠤᠯᠬᠤ ᠲᠦᠷᠢᠮ᠎ᠢ ᠠᠪᠴᠤ ᠪᠠᠶ᠋ᠢᠭ᠋ᠠᠳ ᠬᠠᠮᠢᠶ᠎ᠠ ᠪᠥᠬᠦᠶ ᠬᠠᠤᠯᠢ ᠴᠠᠭ᠋ᠠᠵᠠ ᠬᠠᠤᠯᠢ ᠲᠣᠭᠲᠠᠭ᠋ᠠᠯ᠎ᠤᠨ ᠦᠨᠳᠦᠰᠦᠯᠡᠯ᠎ᠲᠠᠢ ᠪᠠᠶ᠋ᠢᠬᠤ ᠬᠡᠷᠡᠭᠲᠡᠶ᠃ ᠤᠯᠤᠰ᠎ᠤᠨ ᠣᠶ ᠰᠢᠭᠤᠶ ᠨᠤᠲᠤᠭ ᠪᠡᠯᠴᠢᠭᠡᠷ᠎ᠤᠨ ᠲᠣᠪᠴᠢᠶ᠎ᠠ ᠵᠢᠨ ᠠᠯᠪᠠᠨ ᠵᠠᠷ (2018 ᠣᠨ᠎ᠤ 12 ᠳ᠋ᠤᠭ᠋ᠠᠷ ᠲᠣᠭ᠋ᠠᠲᠤ) ᠶᠣᠰᠣᠭ᠋ᠠᠷ᠂ ᠥᠪᠡᠷᠲᠡᠭᠡᠨ ᠵᠠᠰᠠᠬᠤ ᠣᠷᠣᠨ᠎ᠤ ᠣᠶ ᠰᠢᠭᠤᠶ ᠨᠤᠲᠤᠭ ᠪᠡᠯᠴᠢᠭᠡᠷ᠎ᠤᠨ ᠲᠣᠪᠴᠢᠶ᠎ᠠ ᠣᠶ ᠰᠢᠭᠤᠶ ᠨᠤᠲᠤᠭ ᠪᠡᠯᠴᠢᠭᠡᠷ᠎ᠢ ᠬᠡᠷᠡᠭᠯᠡᠬᠦ ᠭᠠᠵᠠᠷ᠎ᠤᠨ ᠰᠡᠯᠪᠢᠭ ᠲᠣᠨᠤᠭ᠎ᠤᠨ ᠮᠠᠲ᠋ᠧᠷᠢᠶᠠᠯ᠎ᠢ ᠳᠥᠭᠦᠮᠴᠢᠯᠡᠪᠡ᠃ ᠣᠶ᠋ᠢᠲᠤ ᠭᠠᠵᠠᠷ᠎ᠤᠨ ᠲᠤᠨᠤᠭ᠎ᠤᠨ ᠲᠠᠯ᠎ᠠ᠎ᠪᠠᠷ᠂ ᠣᠶ᠋ᠢᠲᠤ ᠭᠠᠵᠠᠷ᠎ᠢ ᠬᠡᠷᠡᠭᠯᠡᠬᠦ ᠡᠷᠬᠡ ᠵᠢᠨ ᠬᠠᠷᠢᠶᠠᠯᠠᠯ᠎ᠤᠨ ᠭᠡᠷᠡᠴᠢ᠂ ᠨᠥᠬᠦᠪᠦᠷᠢᠯᠡᠬᠦ ᠬᠡᠯᠡᠯᠴᠡᠭᠡᠷ᠎ᠤᠨ ᠭᠡᠷᠡᠴᠢ᠂ ᠲᠥᠯᠦᠪᠵᠢᠭᠦᠯᠭᠡ᠎ᠳᠤ ᠨᠡᠶ᠋ᠢᠴᠡᠭᠰᠡᠨ ᠭᠡᠷᠡᠴᠢ ᠬᠠᠩᠭ᠋ᠠᠬᠤ ᠵᠢ ᠳᠠᠬᠢᠨ ᠱᠠᠭ᠋ᠠᠷᠳᠠᠬᠤ ᠦᠭᠡᠢ; ᠪᠡᠯᠴᠢᠭᠡᠷ᠎ᠤᠨ ᠰᠡᠯᠪᠢᠭ ᠲᠣᠨᠤᠭ᠎ᠤᠨ ᠲᠠᠯ᠎ᠠ᠎ᠪᠠᠷ᠂ 70 ᠾᠧᠺᠲ᠋ᠠᠷ᠎ᠠᠴᠠ ᠳᠡᠭᠡᠭᠰᠢᠬᠢ ᠤᠯᠤᠰ᠎ᠤᠨ ᠠᠵᠢᠯ ᠶᠠᠪᠤᠳᠠᠯ᠎ᠤᠨ ᠡᠷᠬᠡ ᠵᠢ ᠲᠠᠲᠠᠪᠤᠷᠢᠯᠠᠨ ᠡᠵᠡᠯᠡᠵᠦ ᠬᠡᠷᠡᠭᠯᠡᠭᠰᠡᠨ ᠨᠤᠲᠤᠭ ᠪᠡᠯᠴᠢᠭᠡᠷ᠎ᠤᠨ ᠲᠥᠷᠥᠯ ᠵᠦᠢ᠍ᠯ᠎ᠤᠨ ᠲᠣᠨᠣᠭ᠎ᠤᠨ ᠮᠠᠲ᠋ᠧᠷᠢᠶᠠᠯ᠎ᠢ 5 ᠵᠦᠢ᠍ᠯ (70 ᠾᠧᠺᠲ᠋ᠠᠷ᠎ᠠᠴᠠ ᠳᠣᠷᠣᠭᠰᠢᠬᠢ ᠥᠪᠡᠷᠲᠡᠭᠡᠨ ᠵᠠᠰᠠᠬᠤ ᠣᠷᠣᠨ᠎ᠤ ᠡᠷᠬᠡ ᠮᠡᠳᠡᠯ᠎ᠨᠢ 4 ᠵᠦᠢ᠍ᠯ ᠪᠤᠯᠤᠨ᠎ᠠ)᠂ ᠬᠠᠮᠢᠶ᠎ᠠ ᠪᠦᠬᠦᠢ ᠮᠠᠲ᠋ᠧᠷᠢᠶᠠᠯ᠎ᠤᠨ ᠮᠠᠲ᠋ᠧᠷᠢᠶᠠᠯ᠎ᠤᠨ ᠠᠭᠤᠯᠭ᠎ᠠ ᠵᠢ ᠳᠥᠭᠦᠮᠴᠢᠯᠡᠪᠡ᠃ ᠣᠶ ᠰᠢᠭᠤᠶ ᠨᠤᠲᠤᠭ ᠪᠡᠯᠴᠢᠭᠡᠷ᠎ᠢ ᠨᠡᠶ᠋ᠢᠯᠡᠭᠦᠯᠦᠨ ᠭᠦᠢ᠍ᠴᠡᠳᠬᠡᠬᠦ ᠵᠢ ᠪᠥᠬᠦ ᠲᠠᠯ᠎ᠠ᠎ᠪᠠᠷ ᠬᠡᠷᠡᠭᠵᠢᠭᠦᠯᠵᠦ᠂ 《ᠨᠢᠭᠡ ᠤᠳᠠᠭ᠎ᠠ᠎ᠳᠤ ᠭᠤᠶᠤᠴᠢᠯᠠᠬᠤ᠂ ᠨᠢᠭᠡ ᠪᠢᠴᠢᠭ ᠮᠠᠲ᠋ᠧᠷᠢᠶᠠᠯ ᠵᠶ᠋ᠠᠷ ᠴᠣᠬᠤᠯᠠᠪᠤᠷᠢᠯᠠᠬᠤ》 ᠵᠢ ᠪᠡᠶᠡᠯᠡᠭᠦᠯᠵᠦ᠂ ᠬᠤᠶᠠᠷ ᠲᠠᠰ ᠳᠠᠷᠠᠭ᠋ᠠᠯᠠᠯ᠎ᠢ ᠨᠢᠭᠡ ᠢᠵᠢ ᠲᠠᠰ ᠳᠠᠷᠠᠭ᠋ᠠᠯᠠᠯ ᠪᠣᠯᠭ᠋ᠠᠨ ᠳᠥᠭᠦᠮᠴᠢᠯᠡᠵᠦ᠂ ᠬᠢᠨᠠᠨ ᠵᠥᠪᠰᠢᠶᠡᠷᠡᠬᠦ ᠶᠠᠪᠤᠴᠠ ᠵᠢᠨ ᠳᠠᠷᠤᠭ᠋ᠠᠰᠤ ᠵᠢ ᠬᠥᠩᠭᠡᠷᠡᠭᠦᠯᠪᠡ; ᠭᠦᠢ᠍ᠴᠡᠳᠬᠡᠬᠦ ᠴᠠᠭ᠎ᠤᠨ ᠬᠢᠵᠠᠭ᠋ᠠᠷ᠎ᠢ ᠠᠯᠢ ᠴᠢᠳᠠᠬᠤ᠎ᠪᠠᠷ ᠪᠠᠭ᠋ᠠᠰᠬᠠᠵᠤ᠂ ᠤᠤᠯ᠎ᠤᠨ ᠡᠯ᠎ᠡ ᠱᠠᠲᠤᠨ᠎ᠤ ᠣᠶ ᠰᠢᠭᠤᠶ ᠨᠤᠲᠤᠭ ᠪᠡᠯᠴᠢᠭᠡᠷ᠎ᠢ ᠰᠠᠯᠠᠭ᠎ᠠ ᠮᠥᠴᠢᠷ ᠲᠠᠲᠠᠪᠤᠷᠢᠯᠠᠨ ᠬᠡᠷᠡᠭᠯᠡᠬᠦ 20 ᠠᠵᠢᠯᠯᠠᠬᠤ ᠡᠳᠦᠷ᠎ᠢ ᠣᠲᠣ ᠵᠢᠨ 10 ᠠᠵᠢᠯᠯᠠᠬᠤ ᠡᠳᠦᠷ ᠪᠣᠯᠭ᠋ᠠᠨ ᠪᠣᠭᠤᠨᠢᠰᠬᠠᠪᠠ᠃ 2025 ᠣᠨ᠎ᠤ 1 ᠳ᠋ᠦ᠍ᠭᠡᠷ ᠰᠠᠷ᠎ᠠ ᠵᠢᠨ 1᠎ᠤ ᠡᠳᠦᠷ᠎ᠠᠴᠠ ᠡᠬᠢᠯᠡᠨ᠂ ᠣᠶ ᠰᠢᠭᠤᠶ ᠨᠤᠲᠤᠭ ᠪᠡᠯᠴᠢᠭᠡᠷ᠎ᠤᠨ ᠲᠣᠪᠴᠢᠶ᠎ᠠ ᠨᠢᠭᠡᠨᠲᠡ ᠪᠥᠲᠥᠭᠡᠨ ᠪᠠᠶ᠋ᠢᠭᠤᠯᠤᠯᠲᠠ ᠵᠢᠨ ᠲᠥᠷᠥᠯ ᠵᠦᠢ᠍ᠯ᠎ᠳᠤ ᠬᠡᠷᠡᠭᠯᠡᠬᠦ ᠣᠶ᠋ᠢᠲᠤ ᠭᠠᠵᠠᠷ᠎ᠢ 5 ᠮᠦ᠍᠎ᠠᠴᠠ ᠳᠣᠷᠣᠭᠰᠢ ᠬᠡᠷᠡᠭᠯᠡᠬᠦ ᠵᠢ ᠬᠢᠨᠠᠨ ᠬᠠᠷᠭᠤᠭᠤᠯᠬᠤ ᠡᠷᠬᠡ ᠮᠡᠳᠡᠯ᠎ᠢ ᠠᠶ᠋ᠢᠮᠠᠭ ᠬᠤᠲᠠ ᠵᠢᠨ ᠣᠶ ᠰᠢᠭᠤᠶ ᠨᠤᠲᠤᠭ ᠪᠡᠯᠴᠢᠭᠡᠷ᠎ᠤᠨ ᠲᠣᠪᠴᠢᠶ᠎ᠠ᠎ᠳᠤ ᠪᠠᠭᠤᠯᠭ᠋ᠠᠵᠤ᠂ ᠬᠢᠨᠠᠨ ᠬᠠᠷᠭᠤᠭᠤᠯᠵᠤ ᠬᠢᠨᠠᠨ ᠵᠥᠪᠰᠢᠶᠡᠷᠡᠵᠦ᠂ ᠪᠡᠯᠴᠢᠭᠡᠷ᠎ᠢ ᠲᠠᠲᠠᠪᠤᠷᠢᠯᠠᠨ ᠡᠵᠡᠯᠡᠵᠦ ᠬᠡᠷᠡᠭᠯᠡᠬᠦ ᠵᠢ ᠲᠦᠷ ᠴᠠᠭ ᠦᠨᠳᠦᠰᠦ ᠪᠠᠷᠢᠮᠲᠠ ᠥᠬᠡᠶ ᠪᠣᠯᠭ᠋ᠠᠪᠠ᠃ ᠡᠶ᠋ᠢᠮᠦ᠎ᠠᠴᠠ᠂ ᠨᠦᠯᠦᠮᠡᠯ ᠭᠠᠵᠠᠷ᠎ᠤᠨ ᠬᠠᠰᠢᠯᠭ᠎ᠠ ᠵᠡᠷᠭᠡ ᠤᠰᠤᠨ ᠠᠰᠢᠭᠯᠠᠯᠲᠠ ᠵᠢᠨ ᠪᠠᠷᠢᠯᠭ᠎ᠠ᠎ᠳᠤ ᠬᠡᠷᠡᠭᠯᠡᠬᠦ ᠣᠶ᠋ᠢᠲᠤ ᠭᠠᠵᠠᠷ᠎ᠨᠢ 5 ᠮᠦ᠍᠎ᠠᠴᠠ ᠪᠠᠭ᠎ᠠ ᠪᠠᠶ᠋ᠢᠪᠠᠯ᠂ ᠠᠶ᠋ᠢᠮᠠᠭ ᠬᠤᠲᠠ ᠵᠢᠨ ᠣᠶ ᠰᠢᠭᠤᠶ ᠨᠤᠲᠤᠭ ᠪᠡᠯᠴᠢᠭᠡᠷ᠎ᠤᠨ ᠰᠠᠯᠠᠭ᠎ᠠ ᠮᠥᠴᠢᠷ᠎ᠠᠴᠠ ᠬᠢᠨᠠᠨ ᠬᠠᠷᠭᠤᠭᠤᠯᠵᠤ ᠬᠢᠨᠠᠨ ᠵᠥᠪᠰᠢᠶᠡᠷᠡᠵᠦ ᠪᠣᠯᠤᠨ᠎ᠠ᠃ ᠬᠤᠶᠠᠷ᠎ᠲᠤ᠂ ᠪᠠᠶ᠋ᠢᠭ᠋ᠠᠯᠢ ᠵᠢᠨ ᠡᠬᠢ ᠪᠠᠶᠠᠯᠢᠭ᠎ᠤᠨ ᠰᠠᠯᠠᠭ᠎ᠠ ᠮᠥᠴᠢᠷ ᠪᠥᠲᠥᠭᠡᠨ ᠪᠠᠶ᠋ᠢᠭᠤᠯᠤᠯᠲᠠ᠎ᠳᠤ ᠬᠡᠷᠡᠭᠯᠡᠬᠦ ᠭᠠᠵᠠᠷ᠎ᠢ ᠬᠢᠨᠠᠨ ᠵᠥᠪᠰᠢᠶᠡᠷᠡᠬᠦ ᠦᠷ᠎ᠡ ᠪᠦᠲᠦᠮᠵᠢ ᠵᠢ ᠳᠡᠭᠡᠭᠰᠢᠯᠡᠭᠦᠯᠵᠦ᠂ ᠭᠠᠵᠠᠷ ᠬᠡᠷᠡᠭᠯᠡᠬᠦ ᠵᠢ ᠬᠢᠨᠠᠨ ᠵᠥᠪᠰᠢᠶᠡᠷᠡᠬᠦ᠎ᠪᠠᠨ ᠲᠦᠷᠭᠡᠳᠬᠡᠬᠦ ᠵᠢᠨ ᠲᠥᠯᠥᠭᠡ᠂ ᠪᠦᠯᠦᠭ ᠤᠳᠠᠭ᠎ᠠ᠎ᠳᠤ ᠬᠡᠷᠡᠭᠯᠡᠬᠦ ᠭᠠᠵᠠᠷ᠎ᠤᠨ ᠬᠠᠮᠲᠤᠷᠠᠨ ᠭᠠᠷᠤᠨ ᠥᠰᠥᠭ ᠵᠢᠷᠤᠬᠤ ᠭᠠᠵᠠᠷ ᠠᠯᠪᠠᠨ ᠲᠠᠰᠤᠭ᠎ᠢ 11 ᠪᠠᠶ᠋ᠢᠭᠰᠠᠨ᠎ᠠᠴᠠ 6 ᠪᠣᠯᠭ᠋ᠠᠨ ᠪᠠᠭ᠋ᠠᠰᠬᠠᠵᠤ᠂ ᠲᠤᠰᠠᠭ᠋ᠠᠷ ᠭᠠᠵᠠᠷ ᠰᠣᠩᠭᠤᠬᠤ ᠲᠥᠷᠥᠯ ᠵᠦᠢ᠍ᠯ᠎ᠤᠨ ᠬᠠᠮᠲᠤᠷᠠᠨ ᠭᠠᠷᠤᠨ ᠥᠰᠥᠭ ᠵᠢᠷᠤᠬᠤ ᠭᠠᠵᠠᠷ ᠠᠯᠪᠠᠨ ᠲᠠᠰᠤᠭ᠎ᠢ 13 ᠪᠠᠶ᠋ᠢᠭᠰᠠᠨ᠎ᠠᠴᠠ 9 ᠪᠣᠯᠭ᠋ᠠᠨ ᠪᠠᠭ᠋ᠠᠰᠬᠠᠪᠠ; ᠭᠠᠵᠠᠷ ᠬᠡᠷᠡᠭᠯᠡᠬᠦ ᠵᠢ ᠤᠷᠢᠳᠴᠢᠯᠠᠨ ᠬᠢᠨᠠᠬᠤ ᠴᠠᠭ᠎ᠤᠨ ᠬᠢᠵᠠᠭ᠋ᠠᠷ᠎ᠢ 10 ᠠᠵᠢᠯᠯᠠᠬᠤ ᠡᠳᠦᠷ᠎ᠠᠴᠠ 8 ᠠᠵᠢᠯᠯᠠᠬᠤ ᠡᠳᠦᠷ ᠪᠣᠯᠭ᠋ᠠᠨ ᠪᠣᠭᠤᠨᠢᠰᠬᠠᠵᠤ᠂ ᠪᠥᠲᠥᠭᠡᠨ ᠪᠠᠶ᠋ᠢᠭᠤᠯᠤᠯᠲᠠ᠎ᠳᠤ ᠬᠡᠷᠡᠭᠯᠡᠬᠦ ᠭᠠᠵᠠᠷ᠎ᠢ ᠬᠢᠨᠠᠨ ᠵᠥᠪᠰᠢᠶᠡᠷᠡᠬᠦ ᠴᠠᠭ᠎ᠤᠨ ᠬᠢᠵᠠᠭ᠋ᠠᠷ᠎ᠢ 12 ᠠᠵᠢᠯᠯᠠᠬᠤ ᠡᠳᠦᠷ᠎ᠠᠴᠠ 10 ᠠᠵᠢᠯᠯᠠᠬᠤ ᠡᠳᠦᠷ ᠪᠣᠯᠭ᠋ᠠᠨ ᠪᠣᠭᠤᠨᠢᠰᠬᠠᠬᠤ ᠵᠢᠨ ᠬᠠᠮᠲᠤ ᠠᠶ᠋ᠢᠮᠠᠭ ᠬᠤᠲᠠ ᠵᠢᠨ ᠪᠠᠶ᠋ᠢᠭ᠋ᠠᠯᠢ ᠵᠢᠨ ᠡᠬᠢ ᠪᠠᠶᠠᠯᠢᠭ᠎ᠤᠨ ᠲᠣᠪᠴᠢᠶ᠎ᠠ ᠵᠢ ᠯᠠᠪᠯᠠᠯᠲᠠ ᠪᠣᠯᠭ᠋ᠠᠨ ᠬᠡᠷᠡᠭᠵᠢᠭᠦᠯᠬᠦ ᠵᠢ ᠱᠠᠭ᠋ᠠᠷᠳᠠᠪᠠ᠃ ᠥᠪᠡᠷᠲᠡᠭᠡᠨ ᠵᠠᠰᠠᠬᠤ ᠣᠷᠣᠨ᠎ᠤ ᠲᠥᠷᠥᠯ ᠵᠦᠢ᠍ᠯ ᠲᠣᠭᠲᠠᠭ᠋ᠠᠬᠤ ᠰᠠᠯᠠᠭ᠎ᠠ ᠮᠥᠴᠢᠷ᠎ᠯᠦᠭᠡ ᠵᠢᠨ ᠲᠥᠷᠥᠯ ᠵᠦᠢ᠍ᠯ ᠬᠦᠷᠭᠡᠬᠦ ᠠᠷᠭ᠎ᠠ ᠵᠠᠮ᠎ᠢ ᠰᠠᠭ᠋ᠠᠳ ᠥᠬᠡᠶ ᠨᠡᠪᠲᠡᠷᠡᠭᠦᠯᠵᠦ᠂ ᠥᠪᠡᠷᠲᠡᠭᠡᠨ ᠵᠠᠰᠠᠬᠤ ᠣᠷᠣᠨ᠎ᠤ ᠬᠥᠭᠵᠢᠭᠦᠯᠦᠯᠲᠡ ᠪᠠ ᠥᠭᠡᠷᠡᠴᠢᠯᠡᠯᠲᠡ ᠵᠢᠨ ᠵᠥᠪᠯᠡᠯ᠎ᠤᠨ ᠬᠦᠷᠭᠡᠭᠰᠡᠨ ᠴᠢᠬᠤᠯᠠ ᠶᠡᠭᠡ ᠲᠥᠷᠥᠯ ᠵᠦᠢ᠍ᠯ᠎ᠤᠨ ᠨᠠᠷᠢᠨ ᠬᠠᠭᠤᠳᠠᠰᠤ ᠵᠢ ᠴᠠᠭ ᠲᠤᠬᠠᠶ᠎ᠳᠤᠨᠢ ᠬᠡᠷᠡᠭᠴᠡᠭᠡ ᠵᠢ᠎ᠨᠢ ᠵᠠᠬᠢᠷᠤᠨ ᠬᠠᠮᠢᠶᠠᠷᠴᠤ ᠬᠢᠨᠠᠨ ᠬᠠᠮᠢᠶᠠᠷᠬᠤ ᠰᠢᠰᠲ᠋ᠧᠮ᠎ᠳᠤ ᠰᠢᠭᠢᠳᠬᠡᠨ ᠣᠷᠣᠭᠤᠯᠵᠤ᠂ ᠲᠥᠷᠥᠯ ᠵᠦᠢ᠍ᠯ᠎ᠳᠤ ᠭᠠᠵᠠᠷ ᠬᠡᠷᠡᠭᠯᠡᠬᠦ ᠭᠠᠷᠳᠠᠮ᠎ᠢ ᠭᠦᠢ᠍ᠴᠡᠳᠭᠡᠭᠰᠡᠨ ᠪᠠᠶ᠋ᠢᠳᠠᠯ᠎ᠳᠤ ᠬᠠᠭ᠋ᠠᠰ ᠰᠠᠷ᠎ᠠ ᠪᠦᠷᠢ ᠲᠣᠬᠢᠷᠠᠭᠤᠯᠤᠯᠲᠠ ᠬᠢᠨ᠎ᠠ᠃ ᠡᠭᠦᠨ᠎ᠤ ᠬᠠᠮᠲᠤ᠂ ᠨᠠᠷᠢᠨ ᠬᠠᠭᠤᠳᠠᠰᠤ᠎ᠳᠤ ᠥᠪᠡᠷᠲᠡᠭᠡᠨ ᠵᠠᠰᠠᠬᠤ ᠣᠷᠣᠨ᠎ᠤ ᠴᠢᠬᠤᠯᠠ ᠶᠡᠭᠡ ᠲᠥᠷᠥᠯ ᠵᠦᠢ᠍ᠯ ᠪᠣᠯᠭ᠋ᠠᠨ ᠲᠣᠳᠣᠷᠬᠠᠶ ᠲᠣᠭᠲᠠᠭ᠋ᠠᠭᠰᠠᠨ ᠪᠠᠶ᠋ᠢᠪᠠᠯ᠂ ᠨᠢᠭᠡᠨᠲᠡ ᠲᠥᠯᠥᠪᠵᠢᠭᠦᠯᠭᠡ ᠵᠢ ᠲᠣᠬᠢᠷᠠᠭᠤᠯᠬᠤ᠂ ᠭᠠᠵᠠᠷ ᠰᠢᠷᠣᠶ ᠬᠡᠷᠡᠭᠯᠡᠬᠦ ᠭᠦᠢ᠍ᠴᠡᠳᠭᠡᠯ ᠲᠤᠭ᠎ᠠ ᠵᠢ ᠪᠠᠲᠤᠯᠠᠬᠤ ᠦᠨᠳᠦᠰᠦᠯᠡᠯ ᠪᠣᠯᠭ᠋ᠠᠪᠠ᠃ 2025 ᠣᠨ᠎ᠤ 2 ᠳ᠋ᠤᠭ᠋ᠠᠷ ᠰᠠᠷ᠎ᠠ ᠵᠢᠨ 17᠎ᠤ ᠡᠳᠦᠷ᠂ 《ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠣᠷᠣᠨ ᠵᠠᠶ ᠵᠢᠨ ᠡᠯᠧᠮᠧᠨ᠋ᠲ᠎ᠢ ᠪᠠᠶ᠋ᠢᠴᠠᠭ᠋ᠠᠨ ᠯᠠᠪᠯᠠᠬᠤ ᠲᠠᠪᠴᠠᠩ》 ᠵᠢᠩᠬᠢᠨᠢ᠎ᠪᠠᠷ ᠰᠦᠯᠵᠢᠶᠡᠨ᠎ᠳᠤ ᠣᠷᠣᠭᠤᠯᠤᠨ ᠲᠤᠷᠰᠢᠨ ᠠᠵᠢᠯᠯᠠᠵᠤ᠂ ᠡᠭᠦᠷᠢᠳᠡ ᠵᠢᠨ ᠦᠨᠳᠦᠰᠦᠨ ᠲᠠᠷᠢᠶᠠᠨ ᠭᠠᠵᠠᠷ᠂ ᠠᠮᠢ ᠠᠬᠤᠶ ᠵᠢᠨ ᠬᠠᠮᠠᠭ᠋ᠠᠯᠠᠯᠲᠠ ᠵᠢᠨ ᠤᠯᠠᠭ᠋ᠠᠨ ᠱᠤᠭᠤᠮ᠂ ᠴᠢᠬᠤᠯᠠ ᠠᠭᠤᠷᠬᠠᠶ ᠵᠢᠨ ᠭᠠᠷᠤᠯᠲᠠ ᠵᠢᠨ ᠡᠬᠢ ᠪᠠᠶᠠᠯᠢᠭ ᠵᠢᠴᠢ ᠠᠭᠤᠷᠬᠠᠶ ᠵᠢᠨ ᠦᠢ᠍ᠯᠡᠰ᠎ᠤᠨ ᠡᠷᠬᠡ ᠵᠢ ᠳᠠᠷᠤᠬᠤ ᠵᠡᠷᠭᠡ ᠪᠠᠶ᠋ᠢᠭ᠋ᠠᠯᠢ ᠵᠢᠨ ᠡᠬᠢ ᠪᠠᠶᠠᠯᠢᠭ᠎ᠤᠨ ᠬᠠᠮᠢᠶᠠᠷᠤᠯᠲᠠ ᠵᠢᠨ ᠲᠤᠭ᠎ᠠ ᠪᠠᠷᠢᠮᠲᠠ ᠵᠢᠨ ᠪᠠᠶ᠋ᠢᠴᠠᠭ᠋ᠠᠨ ᠯᠠᠪᠯᠠᠬᠤ ᠦᠢ᠍ᠯᠡᠴᠢᠯᠡᠭᠡ ᠵᠢ ᠴᠠᠭ ᠲᠤᠬᠠᠶ᠎ᠳᠤᠨᠢ ᠬᠠᠩᠭ᠋ᠠᠵᠤ᠂ ᠲᠠᠪᠴᠠᠩ᠎ᠨᠢ ᠪᠠᠰᠠ ᠤᠯᠤᠰ᠂ ᠥᠪᠡᠷᠲᠡᠭᠡᠨ ᠵᠠᠰᠠᠬᠤ ᠣᠷᠣᠨ᠎ᠤ ᠡᠯ᠎ᠡ ᠪᠠᠶ᠋ᠢᠭ᠋ᠠᠯᠢ ᠵᠢᠨ ᠡᠬᠢ ᠪᠠᠶᠠᠯᠢᠭ᠎ᠤᠨ ᠡᠯᠧᠮᠧᠨ᠋ᠲ᠎ᠤᠨ ᠬᠠᠮᠢᠶᠠᠷᠤᠨ ᠡᠵᠡᠮᠳᠡᠬᠦ ᠲᠦᠷᠢᠮ᠎ᠢ ᠵᠡᠷᠭᠡ᠎ᠪᠠᠷ ᠢᠯᠡ ᠪᠣᠯᠭ᠋ᠠᠵᠤ᠂ ᠭᠠᠵᠠᠷ ᠬᠡᠷᠡᠭᠯᠡᠬᠦ ᠠᠵᠤ ᠠᠬᠤᠶ᠋ᠢᠯᠠᠯ᠎ᠤᠨ ᠰᠢᠨᠵᠢᠯᠡᠬᠦ ᠤᠬᠠᠭ᠋ᠠᠨᠴᠢ᠎ᠪᠠᠷ ᠭᠠᠵᠠᠷ ᠰᠣᠩᠭᠤᠬᠤ᠎ᠳᠤ ᠲᠥᠬᠦᠮ ᠪᠣᠯᠭ᠋ᠠᠵᠤ᠂ ᠡᠯ᠎ᠡ ᠲᠥᠷᠥᠯ᠎ᠤᠨ ᠬᠠᠮᠢᠶᠠᠷᠤᠨ ᠡᠵᠡᠮᠳᠡᠬᠦ ᠣᠷᠣᠨ ᠪᠦᠰᠡ ᠵᠢ ᠵᠦᠶ ᠵᠣᠬᠢᠰᠲᠠᠶ ᠵᠠᠶ᠋ᠢᠯᠠᠭᠤᠯᠵᠤ᠂ ᠡᠮᠦᠨᠡᠬᠢ ᠬᠤᠭᠤᠴᠠᠭ᠋ᠠᠨ᠎ᠤ ᠭᠠᠵᠠᠷ ᠰᠣᠩᠭᠤᠬᠤ ᠦᠶᠡᠯᠡᠯ᠎ᠤᠨ ᠬᠤᠭᠤᠴᠠᠭ᠎ᠠ ᠵᠢ ᠪᠠᠭ᠋ᠠᠰᠬᠠᠨ᠂ ᠭᠠᠵᠠᠷ ᠰᠣᠩᠭᠤᠬᠤ ᠦᠷ᠎ᠡ ᠪᠦᠲᠦᠮᠵᠢ ᠵᠢ ᠪᠦᠲᠦᠮᠵᠢᠲᠡᠶ ᠳᠡᠭᠡᠭᠰᠢᠯᠡᠭᠦᠯᠪᠡ᠃ ᠭᠤᠷᠪᠠ᠎ᠳᠤ᠂ ᠥᠪᠡᠷᠲᠡᠭᠡᠨ ᠵᠠᠰᠠᠬᠤ ᠣᠷᠣᠨ᠎ᠤ ᠤᠰᠤᠨ ᠠᠰᠢᠭᠯᠠᠯᠲᠠ ᠵᠢᠨ ᠲᠢᠩᠬᠢᠮ ᠪᠠ ᠣᠶ ᠰᠢᠭᠤᠶ ᠨᠤᠲᠤᠭ ᠪᠡᠯᠴᠢᠭᠡᠷ᠎ᠤᠨ ᠲᠣᠪᠴᠢᠶ᠎ᠠ ᠬᠠᠮᠵᠢᠯᠴᠠᠭ᠎ᠠ᠎ᠪᠠᠨ ᠴᠢᠩᠭ᠋ᠠᠳᠬᠠᠵᠤ᠂ ᠨᠦᠯᠦᠮᠡᠯ ᠭᠠᠵᠠᠷ᠎ᠤᠨ ᠬᠠᠰᠢᠯᠭ᠎ᠠ ᠵᠢᠨ ᠪᠥᠲᠥᠭᠡᠨ ᠪᠠᠶ᠋ᠢᠭᠤᠯᠤᠯᠲᠠ ᠵᠢᠨ ᠣᠶ ᠰᠢᠭᠤᠶ ᠨᠤᠲᠤᠭ ᠪᠡᠯᠴᠢᠭᠡᠷ᠎ᠤᠨ ᠡᠯᠧᠮᠧᠨ᠋ᠲ᠎ᠤᠨ ᠪᠠᠲᠤᠯᠠᠭ᠎ᠠ ᠵᠢ ᠴᠢᠩᠭ᠋ᠠᠳᠬᠠᠨ᠂ ᠤᠰᠤᠨ ᠠᠰᠢᠭᠯᠠᠯᠲᠠ ᠵᠢᠨ ᠶᠠᠮᠤᠨ ᠪᠠ ᠤᠯᠤᠰ᠎ᠤᠨ ᠣᠶ ᠰᠢᠭᠤᠶ ᠨᠤᠲᠤᠭ ᠪᠡᠯᠴᠢᠭᠡᠷ᠎ᠤᠨ ᠲᠣᠪᠴᠢᠶ᠎ᠠ ᠵᠢᠨ 《ᠨᠦᠯᠦᠮᠡᠯ ᠭᠠᠵᠠᠷ᠎ᠤᠨ ᠬᠠᠰᠢᠯᠭ᠎ᠠ ᠵᠢᠨ ᠪᠥᠲᠥᠭᠡᠨ ᠪᠠᠶ᠋ᠢᠭᠤᠯᠤᠯᠲᠠ ᠵᠢᠨ ᠣᠶ ᠰᠢᠭᠤᠶ ᠡᠪᠡᠰᠦᠲᠦ ᠭᠠᠵᠠᠷ᠎ᠢ ᠡᠵᠡᠯᠡᠨ ᠬᠡᠷᠡᠭᠯᠡᠬᠦ ᠬᠤᠯᠪᠣᠭᠳᠠᠯ ᠪᠥᠬᠦᠶ ᠠᠵᠢᠯ᠎ᠢ ᠰᠠᠶ᠋ᠢᠲᠤᠷ ᠬᠢᠬᠦ ᠲᠤᠬᠠᠶ ᠮᠡᠳᠡᠭᠳᠡᠯ》᠎ᠢ ᠴᠢᠩᠭ᠎ᠠ ᠨᠠᠶ᠋ᠢᠳᠠᠪᠤᠷᠢᠵᠢᠭᠤᠯᠵᠤ᠂ ᠨᠦᠯᠦᠮᠡᠯ ᠭᠠᠵᠠᠷ᠎ᠤᠨ ᠬᠠᠰᠢᠯᠭ᠎ᠠ᠂ ᠡᠯᠡᠰᠦ ᠵᠢ ᠬᠤᠷᠢᠭᠯᠠᠬᠤ ᠬᠠᠰᠢᠯᠭ᠎ᠠ ᠵᠢᠨ ᠣᠶ ᠰᠢᠭᠤᠶ ᠨᠤᠲᠤᠭ ᠪᠡᠯᠴᠢᠭᠡᠷ᠎ᠢ ᠪᠥᠲᠥᠭᠡᠨ ᠪᠠᠶ᠋ᠢᠭᠤᠯᠬᠤ ᠲᠣᠭᠲᠠᠭᠰᠠᠨ ᠨᠣᠷᠮ᠎ᠠ ᠵᠢᠨ ᠬᠡᠷᠡᠭᠴᠡᠭᠡ ᠱᠠᠭ᠋ᠠᠷᠳᠠᠯᠭ᠎ᠠ ᠵᠢ ᠦᠨᠡᠨ ᠬᠦ᠌ ᠪᠠᠲᠤᠯᠠᠵᠤ᠂ ᠭᠠᠷᠳᠠᠮ᠎ᠢ ᠰᠢᠯᠢᠳᠡᠭᠵᠢᠭᠦᠯᠬᠦ ᠵᠢ ᠨᠠᠶ᠋ᠢᠳᠠᠪᠤᠷᠢᠵᠢᠭᠤᠯᠤᠨ᠂ ᠬᠢᠨᠠᠨ ᠵᠥᠪᠰᠢᠶᠡᠷᠡᠬᠦ ᠴᠤᠪᠤᠷᠠᠯ᠎ᠢ ᠳᠥᠭᠦᠮᠴᠢᠯᠡᠵᠦ᠂ ᠳᠤᠲᠠᠭᠤ ᠵᠢ ᠭᠥᠯᠢᠶᠡᠨ ᠠᠪᠴᠤ ᠰᠢᠢ᠍ᠳᠪᠦᠷᠢᠯᠡᠬᠦ ᠵᠡᠷᠭᠡ ᠲᠥᠷᠥ ᠵᠢᠨ ᠪᠣᠳᠣᠯᠭ᠎ᠠ ᠵᠢ ᠬᠡᠷᠡᠭᠵᠢᠭᠦᠯᠵᠦ᠂ ᠡᠯᠡᠰᠦ ᠵᠢ ᠬᠠᠰᠢᠬᠤ ᠬᠠᠰᠢᠯᠭ᠎ᠠ᠂ ᠨᠦᠯᠦᠮᠡᠯ ᠭᠠᠵᠠᠷ᠎ᠤᠨ ᠬᠠᠰᠢᠯᠭ᠎ᠠ ᠵᠡᠷᠭᠡ ᠲᠥᠷᠥᠯ ᠵᠦᠢ᠍ᠯ᠎ᠢ ᠬᠠᠤᠯᠢ ᠲᠣᠭᠲᠠᠭ᠋ᠠᠯ ᠶᠣᠰᠣᠭ᠋ᠠᠷ ᠥᠨᠳᠥᠷ ᠪᠦᠲᠦᠮᠵᠢᠲᠡᠶ᠎ᠪᠠᠷ ᠨᠠᠶ᠋ᠢᠳᠠᠪᠤᠷᠢᠵᠢᠭᠤᠯᠬᠤ ᠵᠢ ᠠᠬᠢᠭᠤᠯᠪᠠ᠃
(ᠬᠤᠶᠠᠷ) ᠠᠮᠢ ᠠᠬᠤᠢ ᠵᠢᠨ ᠪᠦᠲᠦᠭᠡᠨ ᠪᠠᠶ᠋ᠢᠭᠤᠯᠤᠯᠲᠠ ᠵᠢᠨ ᠲᠦᠬᠦᠷ ᠲᠦᠷᠦᠯ ᠵᠦᠢ᠍ᠯ᠎ᠤᠨ ᠪᠡᠯᠡ ᠣᠷᠤᠭᠤᠯᠤᠯᠲᠠ ᠵᠢᠨ ᠡᠷᠴᠢᠮ᠎ᠢ ᠴᠢᠩᠭ᠋ᠠᠷᠠᠭᠤᠯᠵᠤ᠂ ᠤᠰᠤ ᠬᠦᠷᠦᠰᠦᠨ᠎ᠤ ᠬᠠᠮᠠᠭ᠋ᠠᠯᠠᠯᠲᠠ ᠵᠢᠨ ᠲᠦᠷᠦᠯ ᠵᠦᠢ᠍ᠯ᠎ᠤᠨ 《ᠱᠠᠩᠨᠠᠯ ᠵᠶ᠋ᠠᠷ ᠤᠷᠤᠯᠠᠬᠤ》 ᠲᠦᠷᠦᠯ ᠵᠦᠢ᠍ᠯ᠎ᠤᠨ ᠱᠠᠩᠨᠠᠵᠤ ᠨᠦᠬᠦᠪᠦᠷᠢᠯᠡᠬᠦ ᠪᠠᠷᠢᠮᠵᠢᠶ᠎ᠠ ᠵᠢ ᠳᠡᠭᠡᠭᠰᠢᠯᠡᠭᠦᠯᠦᠨ᠎ᠡ
ᠨᠢᠭᠡ᠎ᠳᠤ᠂ ᠤᠰᠤᠨ ᠠᠰᠢᠭᠯᠠᠯᠲᠠ ᠵᠢᠨ ᠶᠠᠮᠤᠨ᠎ᠤ 2023 ᠣᠨ᠎ᠳᠤ 《ᠠᠮᠢ ᠠᠬᠤᠶ ᠵᠢ ᠴᠡᠪᠡᠷᠰᠢᠭᠦᠯᠬᠦ ᠵᠢᠵᠢᠭ ᠰᠠᠪᠠ ᠭᠠᠵᠠᠷ᠎ᠤᠨ ᠪᠥᠲᠥᠭᠡᠨ ᠪᠠᠶ᠋ᠢᠭᠤᠯᠤᠯᠲᠠ ᠵᠢᠨ ᠮᠡᠷᠭᠡᠵᠢᠯ᠎ᠤᠨ ᠵᠢᠷᠤᠮᠵᠢᠯ》 ᠪᠠ 《ᠤᠰᠤ ᠬᠦᠷᠦᠰᠦ ᠵᠢ ᠬᠠᠮᠠᠭ᠋ᠠᠯᠠᠬᠤ ᠢᠨᠵᠧᠨᠧᠷᠢᠩ᠎ᠤᠨ ᠵᠢᠷᠤᠭ ᠲᠥᠯᠥᠪᠯᠡᠭᠡ ᠵᠢᠨ ᠵᠢᠷᠤᠮᠵᠢᠯ》 ᠵᠡᠷᠭᠡ ᠬᠠᠮᠢᠶ᠎ᠠ ᠪᠥᠬᠦᠶ ᠵᠢᠷᠤᠮᠵᠢᠯ ᠪᠠ ᠪᠢᠴᠢᠭ ᠮᠠᠲ᠋ᠧᠷᠢᠶᠠᠯ᠎ᠢ ᠳᠠᠷᠤᠮᠠᠯᠯᠠᠨ ᠲᠠᠷᠬᠠᠭ᠋ᠠᠵᠤ᠂ ᠣᠳᠣᠬᠠᠨ᠎ᠳᠤ ᠤᠯᠤᠰ᠎ᠤᠨ ᠤᠰᠤ ᠬᠦᠷᠦᠰᠦ ᠵᠢ ᠬᠠᠮᠠᠭ᠋ᠠᠯᠠᠬᠤ ᠭᠤᠤᠯᠳᠠᠯᠭ᠎ᠠ᠎ᠲᠠᠢ ᠢᠨᠵᠧᠨᠧᠷᠢᠩ᠎ᠤᠨ ᠵᠠᠰᠠᠬᠤ ᠣᠷᠣᠨ ᠪᠦᠰᠡ ᠵᠢᠨ ᠤᠰᠤ ᠬᠦᠷᠦᠰᠦ ᠵᠢᠨ ᠢᠳᠡᠭᠳᠡᠯ᠎ᠢ ᠵᠠᠰᠠᠬᠤ᠎ᠪᠠᠷ ᠵᠣᠷᠢᠯᠭ᠎ᠠ ᠪᠣᠯᠭ᠋ᠠᠵᠤ᠂ ᠨᠦᠯᠦᠮᠡᠯ ᠭᠠᠵᠠᠷ᠎ᠤᠨ ᠬᠠᠰᠢᠯᠭ᠎ᠠ᠂ ᠡᠯᠡᠰᠦ ᠬᠠᠰᠢᠬᠤ ᠬᠠᠰᠢᠯᠭ᠎ᠠ᠂ ᠭᠤᠤ ᠰᠤᠪᠠᠭ᠎ᠤᠨ ᠰᠠᠶ᠋ᠢᠷᠭ᠋ᠠᠯ᠎ᠤᠨ ᠰᠡᠷᠭᠡᠶ᠋ᠢᠯᠡᠯᠲᠡ᠂ ᠬᠠᠵᠠᠭᠤ ᠵᠢᠨ ᠤᠰᠤ ᠵᠢ ᠵᠠᠯᠠᠬᠤ᠂ ᠰᠠᠯᠪᠤᠷᠢ ᠭᠤᠤ ᠵᠢ ᠵᠠᠰᠠᠬᠤ᠂ ᠵᠢᠵᠢᠭ ᠬᠡᠯᠪᠡᠷᠢ ᠵᠢᠨ ᠤᠰᠤ ᠬᠠᠳᠠᠭ᠋ᠠᠯᠠᠬᠤ ᠢᠨᠵᠧᠨᠧᠷᠢᠩ᠂ ᠲᠠᠷᠢᠶᠠᠯᠠᠩ᠎ᠤᠨ ᠲᠠᠷᠢᠶᠠᠯᠠᠭ᠎ᠠ᠂ ᠰᠠᠯᠬᠢ ᠵᠢ ᠰᠡᠷᠭᠡᠶ᠋ᠢᠯᠡᠵᠦ ᠡᠯᠡᠰᠦ ᠵᠢ ᠲᠣᠭᠲᠠᠪᠤᠷᠢᠵᠢᠭᠤᠯᠬᠤ᠂ ᠣᠶ ᠰᠢᠭᠤᠶ ᠨᠤᠲᠤᠭ ᠪᠡᠯᠴᠢᠭᠡᠷ᠎ᠤᠨ ᠢᠨᠵᠧᠨᠧᠷᠢᠩ᠂ ᠪᠢᠲᠡᠭᠦᠮᠵᠢᠯᠡᠨ ᠪᠤᠶ᠋ᠢᠵᠢᠭᠤᠯᠬᠤ ᠢᠨᠵᠧᠨᠧᠷᠢᠩ ᠵᠡᠷᠭᠡ ᠠᠷᠭ᠎ᠠ ᠬᠡᠮᠵᠢᠶ᠎ᠡ ᠵᠢ ᠵᠣᠬᠢᠰᠲᠠᠶ ᠳᠣᠭᠢᠷᠠᠭᠤᠯᠵᠤ ᠤᠰᠤ ᠬᠦᠷᠦᠰᠦ ᠵᠢᠨ ᠢᠳᠡᠭᠳᠡᠯ᠎ᠢ ᠵᠠᠰᠠᠵᠤ᠂ ᠡᠪᠡᠰᠦᠨ᠎ᠤ ᠰᠠᠷᠠᠪᠴᠢ᠂ ᠬᠠᠰᠢᠶ᠎ᠠ ᠰᠠᠷᠠᠪᠴᠢ ᠵᠡᠷᠭᠡ ᠲᠡᠵᠢᠭᠡᠨ ᠦᠷᠡᠵᠢᠭᠦᠯᠬᠦ ᠲᠥᠬᠦᠭᠡᠷᠦᠮᠵᠢ᠎ᠨᠢ ᠣᠳᠣᠬᠠᠨ᠎ᠳᠤ ᠤᠰᠤ ᠬᠦᠷᠦᠰᠦ ᠵᠢ ᠬᠠᠮᠠᠭ᠋ᠠᠯᠠᠨ ᠵᠠᠰᠠᠬᠤ ᠲᠥᠷᠥᠯ ᠵᠦᠢ᠍ᠯ᠎ᠤᠨ ᠪᠠᠯᠠ ᠮᠥᠩᠭᠦ ᠵᠢᠨ ᠳᠡᠮᠵᠢᠯᠭᠡ ᠵᠢᠨ ᠬᠡᠪᠴᠢᠶᠡᠨ᠎ᠳᠤ ᠥᠬᠡᠶ᠃ ᠬᠤᠶᠠᠷ᠎ᠲᠤ᠂ ᠤᠰᠤᠨ ᠠᠰᠢᠭᠯᠠᠯᠲᠠ ᠵᠢᠨ ᠶᠠᠮᠤᠨ 2021 ᠣᠨ᠎ᠳᠤ 《ᠤᠰᠤ ᠬᠦᠷᠦᠰᠦ ᠵᠢ ᠬᠠᠮᠠᠭ᠋ᠠᠯᠠᠬᠤ ᠢᠨᠵᠧᠨᠧᠷᠢᠩ᠎ᠤᠨ ᠪᠥᠲᠥᠭᠡᠨ ᠪᠠᠶ᠋ᠢᠭᠤᠯᠤᠯᠲᠠ ᠵᠢ ᠤᠯᠠᠮ ᠨᠢᠭᠡ ᠠᠯᠬᠤᠮ ᠠᠬᠢᠭᠤᠯᠤᠨ ᠱᠠᠩᠨᠠᠬᠤ᠎ᠪᠠᠷ ᠨᠥᠬᠦᠪᠥᠷᠢ ᠵᠢ ᠣᠷᠣᠯᠠᠭᠤᠯᠬᠤ ᠲᠤᠬᠠᠶ ᠵᠢᠯᠣᠭᠤᠳᠬᠤ ᠰᠠᠨᠠᠯ》 ᠪᠠ ᠥᠪᠡᠷᠲᠡᠭᠡᠨ ᠵᠠᠰᠠᠬᠤ ᠣᠷᠣᠨ᠎ᠤ ᠢᠵᠢ ᠪᠥᠷᠢᠳᠦᠭᠦᠯᠬᠦ 《ᠤᠰᠤᠨ᠎ᠤ ᠬᠠᠮᠠᠭ᠋ᠠᠯᠠᠯᠲᠠ ᠵᠢᠨ ᠢᠨᠵᠧᠨᠧᠷᠢᠩ᠎ᠤᠨ ᠪᠥᠲᠥᠭᠡᠨ ᠪᠠᠶ᠋ᠢᠭᠤᠯᠤᠯᠲᠠ ᠵᠢᠨ ᠱᠠᠩᠨᠠᠬᠤ᠎ᠪᠠᠷ ᠨᠥᠬᠦᠪᠥᠷᠢ ᠵᠢ ᠣᠷᠣᠯᠠᠭᠤᠯᠬᠤ ᠵᠢ ᠠᠬᠢᠭᠤᠯᠬᠤ ᠬᠡᠷᠡᠭᠵᠢᠭᠦᠯᠬᠦ ᠰᠠᠨᠠᠯ》᠎ᠢ ᠳᠠᠷᠤᠮᠠᠯᠯᠠᠨ ᠲᠠᠷᠬᠠᠭ᠋ᠠᠵᠤ᠂ ᠤᠰᠤ ᠬᠦᠷᠦᠰᠦ ᠵᠢ ᠬᠠᠮᠠᠭ᠋ᠠᠯᠠᠬᠤ ᠢᠨᠵᠧᠨᠧᠷᠢᠩ᠎ᠤᠨ ᠲᠥᠷᠥᠯ ᠵᠦᠢ᠍ᠯ᠎ᠤᠨ ᠱᠠᠩᠨᠠᠬᠤ᠎ᠪᠠᠷ ᠨᠥᠬᠦᠪᠥᠷᠢ ᠵᠢ ᠣᠷᠣᠯᠠᠭᠤᠯᠬᠤ ᠪᠥᠲᠥᠭᠡᠨ ᠪᠠᠶ᠋ᠢᠭᠤᠯᠤᠯᠲᠠ ᠵᠢᠨ ᠵᠠᠭᠪᠤᠷ᠎ᠤᠨ ᠬᠡᠷᠡᠭᠯᠡᠬᠦ ᠬᠡᠪᠴᠢᠶ᠎ᠡ᠂ ᠱᠠᠩᠨᠠᠵᠤ ᠨᠥᠬᠦᠪᠥᠷᠢᠯᠡᠬᠦ ᠠᠭᠤᠯᠭ᠎ᠠ᠂ ᠱᠠᠩᠨᠠᠵᠤ ᠨᠥᠬᠦᠪᠥᠷᠢᠯᠡᠬᠦ ᠲᠠᠰ ᠳᠠᠷᠠᠭ᠋ᠠᠯᠠᠯ ᠵᠡᠷᠭᠡ ᠠᠭᠤᠯᠭ᠎ᠠ ᠵᠢ ᠲᠣᠳᠣᠷᠬᠠᠶ᠋ᠢᠯᠠᠪᠠ᠃ ᠡᠭᠦᠨ᠎ᠳᠤ ᠱᠠᠩᠨᠠᠵᠤ ᠨᠥᠬᠦᠪᠦᠷᠢᠯᠡᠬᠦ ᠪᠠᠷᠢᠮᠵᠢᠶ᠎ᠠ᠎ᠨᠢ 《ᠵᠠᠷᠴᠢᠮ ᠳᠡᠭᠡᠷ᠎ᠡ᠎ᠪᠠᠨ ᠠᠵᠤ ᠠᠬᠤᠢ ᠵᠢᠨ ᠦᠷ᠎ᠡ ᠠᠰᠢᠭ ᠦᠭᠡᠢ ᠠᠷᠭ᠎ᠠ ᠬᠡᠮᠵᠢᠶ᠎ᠡ᠎ᠳᠤ᠂ ᠱᠠᠩᠨᠠᠵᠤ ᠨᠥᠬᠦᠪᠦᠷᠢᠯᠡᠬᠦ ᠪᠠᠷᠢᠮᠵᠢᠶ᠎ᠠ᠎ᠨᠢ ᠢᠨᠵᠧᠨᠧᠷᠢᠩ᠎ᠤᠨ ᠳ᠋ᠦᠩᠨᠡᠨ ᠪᠣᠳᠣᠭᠰᠠᠨ ᠦᠨ᠎ᠡ ᠵᠢᠨ 70%᠎ᠠᠴᠠ ᠥᠨᠳᠥᠷ ᠪᠠᠶ᠋ᠢᠵᠤ ᠪᠣᠯᠬᠤ ᠦᠭᠡᠢ; ᠵᠣᠬᠢᠬᠤ ᠠᠵᠤ ᠠᠬᠤᠢ ᠵᠢᠨ ᠦᠷ᠎ᠡ ᠠᠰᠢᠭᠲᠠᠢ ᠠᠷᠭ᠎ᠠ ᠬᠡᠮᠵᠢᠶ᠎ᠡ᠎ᠳᠤ ᠱᠠᠩᠨᠠᠵᠤ ᠨᠥᠬᠦᠪᠦᠷᠢᠯᠡᠬᠦ ᠪᠠᠷᠢᠮᠵᠢᠶ᠎ᠠ ᠵᠢ ᠢᠨᠵᠧᠨᠧᠷᠢᠩ᠎ᠤᠨ ᠳ᠋ᠦᠩᠨᠡᠨ ᠪᠣᠳᠣᠭᠰᠠᠨ ᠦᠨ᠎ᠡ ᠵᠢᠨ 50%᠎ᠠᠴᠠ ᠥᠨᠳᠥᠷ ᠪᠠᠶ᠋ᠢᠯᠭ᠋ᠠᠵᠤ ᠪᠣᠯᠬᠤ ᠦᠭᠡᠢ》 ᠭᠡᠵᠦ ᠲᠣᠳᠣᠷᠬᠠᠢ ᠲᠣᠭᠲᠠᠭ᠋ᠠᠵᠠᠢ᠃ ᠥᠪᠡᠷᠲᠡᠭᠡᠨ ᠵᠠᠰᠠᠬᠤ ᠣᠷᠣᠨ᠎ᠤ ᠤᠰᠤᠨ ᠠᠰᠢᠭᠯᠠᠯᠲᠠ ᠵᠢᠨ ᠲᠢᠩᠬᠢᠮ ᠤᠰᠤ ᠬᠦᠷᠦᠰᠦ ᠵᠢ ᠬᠠᠮᠠᠭ᠋ᠠᠯᠠᠬᠤ ᠣᠷᠣᠭᠤᠯᠤᠯᠲᠠ ᠵᠢᠨ ᠡᠷᠬᠢᠯᠳᠡᠳᠦ ᠲᠣᠭᠲᠠᠴᠠ ᠵᠢᠨ ᠰᠢᠨ᠎ᠡ ᠵᠢ ᠡᠭᠦᠳᠬᠦ ᠵᠢ ᠢᠳᠡᠪᠬᠢᠲᠡᠶ᠎ᠪᠠᠷ ᠬᠠᠶ᠋ᠢᠨ ᠰᠦᠪᠡᠭᠴᠢᠯᠡᠵᠦ᠂ ᠤᠰᠤ ᠬᠦᠷᠦᠰᠦ ᠵᠢᠨ ᠢᠳᠡᠭᠳᠡᠯ᠎ᠢ ᠵᠠᠰᠠᠬᠤ᠎ᠳᠤ ᠨᠡᠶ᠋ᠢᠭᠡᠮ᠎ᠤᠨ ᠬᠥᠷᠥᠩᠭᠡ ᠵᠢᠨ ᠣᠷᠣᠯᠴᠠᠬᠤ ᠵᠢ ᠵᠣᠷᠢᠭᠵᠢᠭᠤᠯᠤᠨ ᠳᠠᠮᠵᠢᠵᠤ᠂ ᠪᠦᠬᠦ ᠠᠷᠠᠳ ᠵᠶ᠋ᠠᠷ ᠵᠶ᠋ᠠᠨ ᠤᠰᠤᠨ ᠠᠰᠢᠭᠯᠠᠯᠲᠠ ᠵᠢᠨ ᠢᠨᠵᠧᠨᠧᠷᠢᠩ᠎ᠤᠨ ᠪᠦᠲᠦᠭᠡᠨ ᠪᠠᠶ᠋ᠢᠭᠤᠯᠤᠯᠲᠠ ᠵᠢᠨ ᠱᠠᠩᠨᠠᠬᠤ᠎ᠪᠠᠷ ᠨᠥᠬᠦᠪᠥᠷᠢᠯᠡᠬᠦ ᠵᠢ ᠣᠷᠣᠯᠠᠭᠤᠯᠬᠤ ᠪᠠ ᠠᠵᠢᠯ ᠣᠯᠭᠤᠬᠤ᠎ᠪᠠᠷ ᠲᠡᠳᠬᠦᠮᠵᠢ ᠵᠢ ᠣᠷᠣᠯᠠᠭᠤᠯᠬᠤ ᠵᠠᠭᠪᠤᠷ᠎ᠤᠨ ᠬᠠᠷᠢᠴᠠᠯ᠎ᠢ ᠨᠡᠮᠡᠭᠳᠡᠭᠦᠯᠵᠦ᠂ ᠬᠢᠶ᠎ᠠ ᠪᠠᠭᠰᠢ ᠠᠪᠠᠭ᠋ᠠᠶ ᠭᠤᠤ (ᠨᠦᠬᠦᠬᠦ ᠭᠤᠤ ᠰᠤᠪᠠᠭ᠎ᠤᠨ ᠠᠭᠤᠯᠵᠠᠷ) ᠵᠢᠨ ᠠᠮᠢ ᠠᠬᠤᠶ ᠵᠢᠨ ᠴᠡᠪᠡᠷ ᠵᠢᠵᠢᠭ ᠰᠠᠪᠠ ᠭᠠᠵᠠᠷ᠎ᠤᠨ ᠤᠰᠤ ᠬᠦᠷᠦᠰᠦ ᠵᠢ ᠬᠠᠮᠠᠭ᠋ᠠᠯᠠᠬᠤ ᠠᠮᠢ ᠠᠬᠤᠶ ᠵᠢᠨ ᠪᠦᠲᠦᠭᠡᠭᠳᠡᠬᠦᠨ᠎ᠤ ᠥᠷᠲᠡᠭ᠎ᠢ ᠲᠣᠭ᠋ᠠᠴᠠᠭ᠎ᠠ ᠬᠢᠬᠦ ᠪᠠ ᠦᠨᠡᠯᠡᠨ ᠵᠢᠱ᠌ᠢᠬᠦ ᠵᠢ ᠠᠬᠢᠭᠤᠯᠵᠤ᠂ ᠬᠠᠩᠭᠢᠨ ᠬᠤᠰᠢᠭᠤᠨ᠎ᠤ ᠨᠦᠯᠦᠮᠡᠯ ᠭᠠᠵᠠᠷ᠎ᠤᠨ ᠬᠠᠰᠢᠯᠭ᠎ᠠ ᠵᠢᠨ ᠨᠦᠯᠦᠮᠡᠯ ᠭᠠᠵᠠᠷ᠎ᠤᠨ ᠲᠠᠷᠢᠶᠠᠨ ᠭᠠᠵᠠᠷ᠎ᠢ ᠡᠵᠡᠯᠡᠬᠦ ᠪᠠ ᠨᠥᠬᠦᠪᠥᠷᠢᠯᠡᠬᠦ ᠵᠢ ᠲᠡᠩᠴᠡᠭᠦᠷᠢᠰᠢᠭᠦᠯᠬᠦ᠎ᠳᠤ ᠣᠷᠣᠭᠤᠯᠵᠤ᠂ ᠤᠰᠤ ᠬᠦᠷᠦᠰᠦ ᠵᠢ ᠬᠠᠮᠠᠭ᠋ᠠᠯᠠᠬᠤ ᠠᠮᠢ ᠠᠬᠤᠶ ᠵᠢᠨ ᠥᠷᠲᠡᠭ᠎ᠤᠨ ᠬᠤᠪᠢᠷᠠᠭᠤᠯᠤᠯᠲᠠ ᠵᠢ ᠲᠦᠷᠭᠡᠳᠬᠡᠨ᠂ ᠲᠥᠷᠥᠯ ᠵᠦᠢ᠍ᠯ᠎ᠤᠨ ᠣᠷᠣᠨ᠎ᠤ ᠣᠯᠠᠨ ᠲᠦᠮᠡᠨ᠎ᠳᠤ ᠭᠦᠢ᠍ᠴᠡᠳ ᠠᠰᠢᠭ ᠬᠦᠷᠲᠡᠭᠡᠵᠦ᠂ ᠪᠥᠬᠦ ᠠᠷᠠᠳ ᠵᠶ᠋ᠠᠷ ᠵᠶ᠋ᠠᠨ ᠤᠰᠤᠨ ᠠᠰᠢᠭᠯᠠᠯᠲᠠ ᠵᠢᠨ ᠢᠨᠵᠧᠨᠧᠷᠢᠩ᠎ᠤᠨ ᠪᠥᠲᠥᠭᠡᠨ ᠪᠠᠶ᠋ᠢᠭᠤᠯᠤᠯᠲᠠ᠎ᠳᠤ ᠣᠷᠣᠯᠴᠠᠬᠤ ᠢᠳᠡᠪᠬᠢᠵᠢᠯ᠎ᠢ ᠳᠠᠶ᠋ᠢᠴᠢᠯᠠᠨ᠎ᠠ᠃
(ᠭᠤᠷᠪᠠ) ᠰᠢᠨ᠎ᠡ ᠡᠨ᠋ᠸᠷᠬᠢ ᠵᠢᠨ ᠰᠤᠷᠪᠤᠯᠵᠢ᠎ᠪᠠᠷ ᠤᠰᠤ ᠬᠡᠷᠡᠭᠯᠡᠬᠦ ᠲᠦᠷᠦ ᠵᠢᠨ ᠪᠤᠳᠤᠯᠭ᠎ᠠ ᠵᠢ ᠰᠦᠪᠡᠭᠴᠢᠯᠡᠨ ᠰᠢᠪᠳᠤᠯᠵᠤ᠂ ᠡᠯᠡᠰᠦ ᠵᠢ ᠵᠠᠰᠠᠵᠤ ᠦᠷ᠎ᠡ ᠪᠦᠳᠦᠮᠵᠢ᠎ᠪᠠᠨ ᠲᠡᠭᠡᠭᠰᠢᠯᠡᠭᠦᠯᠦᠨ᠎ᠡ
ᠣᠳᠣᠬᠠᠨ᠎ᠳᠤ ᠤᠯᠤᠰ᠎ᠠᠴᠠ ᠣᠳᠣᠬᠢ ᠪᠠᠶ᠋ᠢᠳᠠᠯ ᠰᠢᠨ᠎ᠡ ᠡᠨᠧᠷᠭᠢ ᠵᠢᠨ ᠤᠰᠤ ᠬᠡᠷᠡᠭᠯᠡᠬᠦ ᠲᠣᠭᠲᠠᠭ᠋ᠠᠯ᠎ᠢ ᠰᠢᠪᠲᠤᠯᠬᠤ ᠲᠤᠬᠠᠶ ᠬᠤᠯᠪᠣᠭᠳᠠᠯ ᠪᠥᠬᠦᠶ ᠣᠨᠴᠠᠭ᠋ᠠᠶ ᠲᠥᠷᠥ ᠵᠢᠨ ᠪᠣᠳᠣᠯᠭ᠎ᠠ ᠵᠢ ᠬᠠᠷᠠᠬᠠᠨ ᠨᠡᠶ᠋ᠢᠲᠡᠯᠡᠭᠡᠳᠦᠶ ᠪᠠᠶ᠋ᠢᠨ᠎ᠠ᠂ ᠭᠡᠪᠡᠴᠦ ᠥᠪᠡᠷᠲᠡᠭᠡᠨ ᠵᠠᠰᠠᠬᠤ ᠣᠷᠣᠨ ᠤᠯᠤᠰ᠎ᠤᠨ ᠤᠰᠤ ᠬᠡᠷᠡᠭᠯᠡᠬᠦ ᠬᠦᠢ᠍ᠴᠡᠳᠬᠡᠯ ᠲᠤᠭ᠎ᠠ ᠵᠢ ᠨᠢᠭᠡᠳᠦᠯᠲᠡᠶ ᠲᠥᠯᠥᠪᠯᠡᠨ ᠪᠣᠳᠣᠯᠬᠢᠯᠠᠬᠤ ᠵᠢ ᠢᠳᠡᠪᠬᠢᠲᠡᠶ ᠵᠣᠬᠢᠴᠠᠭᠤᠯᠵᠤ᠂ ᠮᠠᠨ᠎ᠤ ᠣᠷᠣᠨ᠎ᠤ 《ᠤᠮᠠᠷᠠᠲᠦ ᠵᠢᠨ ᠭᠤᠷᠪᠠᠨ ᠤᠷᠤᠨ》᠎ᠤ ᠢᠨᠵᠧᠨᠧᠷᠢᠩ᠎ᠤᠨ ᠪᠥᠲᠥᠭᠡᠨ ᠪᠠᠶ᠋ᠢᠭᠤᠯᠤᠯᠲᠠ ᠵᠢᠨ ᠠᠮᠢ ᠠᠬᠤᠶ ᠵᠢᠨ ᠤᠰᠤ ᠬᠡᠷᠡᠭᠯᠡᠬᠦ ᠲᠡᠶ᠋ᠢᠰᠢ ᠬᠡᠯᠪᠠᠶ᠋ᠢᠯᠭᠡᠬᠦ ᠡᠷᠴᠢᠮ᠎ᠢ ᠭᠤᠤᠯᠳᠠᠯᠭ᠎ᠠ᠎ᠲᠠᠢ ᠴᠢᠩᠭ᠋ᠠᠷᠠᠭᠤᠯᠪᠠ᠃ 2025 ᠣᠨ᠎ᠳᠤ ᠤᠯᠤᠰ᠎ᠠᠴᠠ ᠮᠠᠨ᠎ᠤ ᠣᠷᠣᠨ᠎ᠳᠤ ᠪᠠᠷᠤᠭ 5 ᠳ᠋ᠦᠩᠰᠢᠭᠤᠷ ᠪᠣᠰᠤᠭ᠎ᠠ ᠳᠥᠷᠪᠡᠯᠵᠢᠨ ᠮᠸᠲᠷ᠎ᠤᠨ ᠠᠮᠢ ᠠᠬᠤᠶ ᠵᠢᠨ ᠤᠰᠤ ᠬᠡᠷᠡᠭᠯᠡᠬᠦ ᠬᠦᠢ᠍ᠴᠡᠳᠬᠡᠯ ᠲᠤᠭ᠎ᠠ ᠵᠢ ᠨᠡᠮᠡᠭᠳᠡᠭᠦᠯᠵᠦ᠂ ᠤᠯᠠᠭ᠋ᠠᠨᠰᠤᠬᠠᠢ ᠨᠠᠭᠤᠷ ᠵᠡᠷᠭᠡ ᠭᠤᠤᠯᠳᠠᠯᠭ᠎ᠠ᠎ᠲᠠᠢ ᠨᠠᠭᠤᠷ ᠴᠥᠭᠦᠷᠥᠮ ᠪᠠ ᠬᠠᠲᠤᠨ ᠭᠤᠤᠯ᠎ᠤᠨ 《ᠶᠡᠬᠡ ᠲᠤᠬᠤᠢ》 ᠵᠢᠨ ᠰᠢᠪᠲᠤᠯᠤᠯᠲᠠ ᠵᠢᠨ ᠳᠠᠶ᠋ᠢᠯᠠᠯᠳᠤᠭ᠋ᠠᠨ ᠵᠡᠷᠭᠡ ᠭᠤᠤᠯᠳᠠᠯᠭ᠎ᠠ᠎ᠲᠠᠢ ᠠᠮᠢ ᠠᠬᠤᠶ ᠵᠢᠨ ᠪᠥᠲᠥᠭᠡᠨ ᠪᠠᠶ᠋ᠢᠭᠤᠯᠤᠯᠲᠠ ᠵᠢᠨ ᠲᠥᠷᠥᠯ ᠵᠦᠢ᠍ᠯ᠎ᠤᠨ ᠤᠰᠤ ᠬᠡᠷᠡᠭᠯᠡᠬᠦ ᠵᠢ ᠤᠷᠢᠳᠠᠪᠠᠷ ᠪᠠᠲᠤᠯᠠᠨ᠎ᠠ᠃ ᠣᠶ᠋ᠢᠷ᠎ᠠ ᠵᠢᠨ ᠬᠡᠳᠦᠨ ᠵᠢᠯ᠎ᠳᠤ᠂ ᠤᠰᠤᠨ ᠠᠰᠢᠭᠯᠠᠯᠲᠠ ᠵᠢᠨ ᠲᠢᠩᠬᠢᠮ ᠨᠢᠭᠡᠨᠲᠡ ᠠᠶ᠋ᠢᠮᠠᠭ ᠬᠤᠲᠠ ᠵᠢᠨ ᠳᠣᠲᠣᠷ᠎ᠠ ᠪᠠ ᠠᠶ᠋ᠢᠮᠠᠭ ᠬᠤᠲᠠ ᠵᠢᠨ ᠬᠤᠭᠤᠷᠣᠨᠳᠣᠬᠢ ᠤᠰᠤᠨ᠎ᠤ ᠡᠷᠬᠡ ᠵᠢ ᠰᠢᠯᠵᠢᠭᠦᠯᠦᠨ ᠥᠭᠬᠦ ᠲᠥᠷᠥᠯ ᠵᠦᠢ᠍ᠯ ᠵᠶ᠋ᠠᠷ ᠳᠠᠮᠵᠢᠭᠤᠯᠤᠨ ᠣᠷᠳᠣᠰ ᠬᠤᠲᠠ ᠵᠢᠨ 2.77 ᠳ᠋ᠦᠩᠰᠢᠭᠤᠷ ᠪᠣᠰᠤᠭ᠎ᠠ ᠳᠥᠷᠪᠡᠯᠵᠢᠨ ᠮᠸᠲᠷ᠎ᠤᠨ ᠠᠵᠤ ᠦᠢ᠍ᠯᠡᠳᠪᠦᠷᠢ ᠵᠢᠨ ᠤᠰᠤ ᠬᠡᠷᠡᠭᠯᠡᠬᠦ ᠭᠦᠢ᠍ᠴᠡᠳᠭᠡᠯ ᠲᠤᠭ᠎ᠠ ᠵᠢ ᠰᠢᠢ᠍ᠳᠪᠦᠷᠢᠯᠡᠭᠰᠡᠨ ᠪᠠᠶ᠋ᠢᠨ᠎ᠠ᠃ ᠣᠷᠳᠣᠰ ᠬᠤᠲᠠ ᠵᠢ ᠵᠢᠯᠣᠭᠤᠳᠤᠨ 《 ᠤᠰᠤᠨ᠎ᠤ ᠬᠡᠮᠵᠢᠶ᠎ᠡ᠎ᠪᠠᠷ ᠲᠦᠷᠪᠡ ᠵᠢ ᠲᠣᠭᠲᠠᠭ᠋ᠠᠬᠤ》 ᠵᠠᠷᠴᠢᠮ᠎ᠢ ᠴᠢᠩᠭ᠎ᠠ ᠨᠠᠶ᠋ᠢᠳᠠᠪᠤᠷᠢᠵᠢᠭᠤᠯᠵᠤ᠂ ᠡᠯ᠎ᠡ ᠬᠦᠷᠢᠶᠡᠨ᠎ᠤ ᠤᠰᠤ ᠠᠷᠪᠢᠯᠠᠬᠤ ᠳᠠᠯᠳᠠ ᠬᠦᠴᠦᠨ᠎ᠢ ᠭᠦᠨᠵᠡᠭᠡᠶ ᠠᠭᠤᠳᠠᠯᠵᠤ᠂ ᠤᠰᠤᠨ᠎ᠤ ᠡᠬᠢ ᠪᠠᠶᠠᠯᠢᠭ᠎ᠢ ᠰᠢᠯᠢᠳᠡᠭᠵᠢᠭᠦᠯᠦᠨ ᠲᠣᠬᠢᠷᠠᠭᠤᠯᠬᠤ ᠪᠠ ᠠᠷᠪᠢᠲᠠᠶ ᠡᠷᠴᠢᠮᠯᠢᠭ ᠠᠰᠢᠭᠯᠠᠬᠤ ᠬᠢᠷᠢ ᠲᠦᠪᠰᠢᠨ᠎ᠢ ᠦᠨᠡᠨ ᠬᠦ᠌ ᠳᠡᠭᠡᠭᠰᠢᠯᠡᠭᠦᠯᠦᠨ᠎ᠡ᠃
ᠲᠠᠷᠠᠭ᠋ᠠᠴᠢ ᠵᠢᠨ ᠠᠯᠬᠤᠮ᠎ᠳᠤ᠂ ᠮᠠᠨ᠎ᠤ ᠲᠢᠩᠬᠢᠮ 《ᠠᠷᠪᠠᠨ ᠶᠡᠭᠡ ᠬᠦᠨᠳᠡᠢ》 ᠵᠢᠨ ᠶᠡᠷᠦᠩᠬᠡᠶ᠋ᠢᠯᠡᠭᠰᠡᠨ ᠵᠠᠰᠠᠯᠲᠠ ᠵᠢ ᠦᠷᠭᠦᠯᠵᠢᠯᠡᠨ ᠴᠢᠩᠭ᠋ᠠᠳᠬᠠᠵᠤ᠂ ᠵᠠᠰᠠᠯᠲᠠ ᠵᠢᠨ ᠵᠠᠭᠪᠤᠷ᠎ᠤᠨ ᠰᠢᠨ᠎ᠡ ᠵᠢ ᠡᠭᠦᠳᠴᠦ᠂ ᠬᠠᠲᠤᠨ ᠭᠤᠤᠯ᠎ᠤᠨ 《ᠶᠡᠬᠡ ᠲᠤᠬᠤᠢ》 ᠵᠢᠨ ᠪᠣᠭᠤᠮᠲᠠ ᠰᠢᠪᠲᠤᠯᠬᠤ ᠳᠠᠶ᠋ᠢᠯᠠᠯᠳᠤᠭ᠋ᠠᠨ᠎ᠤ ᠢᠯᠠᠯᠲᠠ ᠵᠢ ᠤᠯᠬᠤ᠎ᠳᠤ ᠬᠦᠴᠦᠨ ᠨᠡᠮᠡᠷᠢᠯᠡᠵᠦ᠂ ᠡᠬᠡ ᠤᠯᠤᠰ᠎ᠤᠨ ᠤᠮᠠᠷᠠᠲᠤ ᠵᠢᠨ ᠴᠢᠬᠤᠯᠠ ᠠᠮᠢ ᠠᠬᠤᠶ ᠵᠢᠨ ᠠᠮᠤᠷ ᠲᠦᠪᠰᠢᠨ᠎ᠤ ᠬᠠᠯᠬᠠᠪᠴᠢ ᠵᠢ ᠪᠠᠲᠤ ᠴᠣᠭᠴᠠᠯᠠᠨ᠎ᠠ᠃ ᠤᠰᠤᠨ ᠠᠰᠢᠭᠯᠠᠯᠲᠠ ᠵᠢᠨ ᠦᠢ᠍ᠯᠡᠰ᠎ᠢ ᠬᠠᠯᠠᠮᠵᠢᠯᠠᠨ ᠳᠡᠮᠵᠢᠭᠰᠡᠨ᠎ᠳᠤ ᠴᠢᠨᠢ ᠲᠠᠯᠠᠷᠬᠠᠵᠤ ᠪᠠᠶ᠋ᠢᠨ᠎ᠠ᠂ ᠮᠠᠨ᠎ᠤ ᠠᠵᠢᠯ᠎ᠳᠤ ᠦᠷᠭᠦᠯᠵᠢᠯᠡᠨ ᠡᠷᠬᠢᠮ ᠨᠠᠨᠳᠢᠨ ᠰᠠᠨᠠᠯ ᠰᠠᠨᠠᠭᠤᠯᠭ᠎ᠠ ᠳᠤᠷᠠᠳᠬᠤ ᠵᠢ ᠬᠦᠰᠡᠵᠦ ᠪᠠᠶ᠋ᠢᠨ᠎ᠠ᠃
ᠦᠪᠦᠷ ᠮᠣᠩᠭᠤᠯ᠎ᠤᠨ ᠦᠪᠡᠷᠲᠡᠭᠡᠨ ᠵᠠᠰᠠᠬᠤ ᠤᠷᠤᠨ᠎ᠤ ᠤᠰᠤᠨ ᠠᠰᠢᠭᠯᠠᠯᠲᠠ ᠵᠢᠨ ᠲᠢᠩᠬᠢᠮ
2025 ᠣᠨ᠎ᠤ 6 ᠳ᠋ᠤᠭ᠋ᠠᠷ ᠰᠠᠷ᠎ᠠ ᠵᠢᠨ 25᠎ᠤ ᠡᠳᠦᠷ