ᠬᠡᠯᠬᠢᠶᠡᠰᠦᠨ ᠨᠣᠮᠧᠷ ᠄ 000014348/2025-03847
ᠭᠤᠣᠯ ᠰᠡᠳᠦᠪ᠎ᠤᠨ ᠠᠩᠭᠢᠯᠠᠯ ᠄ ᠤᠰᠤᠨ ᠠᠰᠢᠭ᠍ᠯᠠᠯᠲᠠ
ᠨᠡᠢᠲᠡᠯᠡᠭᠰᠡᠨ ᠪᠠᠶ᠋ᠢᠭᠤᠯᠤᠮᠵᠢ ᠄ ᠥᠪᠡᠷᠲᠡᠭᠡᠨ ᠵᠠᠰᠠᠬᠤ ᠣᠷᠣᠨ᠎ᠤ ᠤᠰᠤᠨ ᠠᠰᠢᠭ᠍ᠯᠠᠯᠲᠠ᠎ᠶᠢᠨ ᠲᠢᠩᠬᠢᠮ
ᠪᠢᠴᠢᠭ᠎ᠤᠨ ᠳ᠋ᠤᠭᠠᠷ ᠄ ᠦᠪᠦᠷ ᠤᠰᠤᠨ ᠬᠠᠮᠠᠭᠠᠯᠠᠬᠤ ᠵᠦᠪᠰᠢᠶᠡᠷᠡᠯ ᠲᠤᠭᠲᠠᠭᠠᠯ [2025] 85 ᠳ᠋ᠤᠭᠠᠷ ᠲᠣᠭᠠᠲᠤ
ᠪᠢᠴᠢᠭᠳᠡᠭᠰᠡᠨ ᠡᠳᠦᠷ ᠬᠤᠭᠤᠴᠠᠭ᠎ᠠ ᠄ 2025 ᠣᠨ᠎ᠤ 8 ᠳ᠋ᠤᠭᠠᠷ ᠰᠠᠷ᠎ᠠ᠎ᠶᠢᠨ 4᠎ᠦ ᠡᠳᠦᠷ
ᠠᠯᠪᠠᠨ ᠪᠢᠴᠢᠭ᠎ᠤᠨ ᠬᠦᠴᠦᠨ ᠲᠠᠢ ᠬᠤᠭᠤᠴᠠᠭ᠎ᠠ ᠄ ᠬᠦᠴᠦᠨ ᠲᠠᠢ
ᠳᠤᠮᠳᠠᠳᠤ ᠤᠯᠤᠰ᠎ᠤᠨ ᠴᠢᠯᠠᠭᠤᠨ ᠲᠣᠰᠣ ᠪᠠᠢᠭᠠᠯᠢ᠎ᠶ᠋ᠢᠨ ᠱᠢᠲᠠᠮᠠᠬᠠᠶ ᠬᠡᠶ᠎ᠶ᠋ᠢᠨ ᠬᠤᠪᠢ ᠣᠷᠣᠭᠤᠯᠤᠭ᠍ᠰᠠᠨ ᠬᠢᠵᠠᠭᠠᠷᠲᠤ ᠺᠣᠮᠫᠠᠨᠢ᠎ᠶ᠋ᠢᠨ ᠤᠮᠠᠷᠠᠲᠤ᠎ᠶ᠋ᠢᠨ ᠴᠢᠯᠠᠭᠤᠨ ᠲᠣᠰᠣᠨ᠎ᠤ ᠠᠭᠤᠷᠬᠠᠶ᠎ᠶ᠋ᠢᠨ ᠪᠠᠶᠠᠨ ᠨᠡᠭᠡᠭᠡᠨ ᠬᠥᠭ᠌ᠵᠢᠭᠦᠯᠬᠦ᠌ ᠬᠤᠪᠢᠶᠠᠷᠢ ᠺᠣᠮᠫᠠᠨᠢ᠄
ᠮᠠᠨ᠎ᠤ ᠲᠢᠩᠬᠢᠮ᠎ᠨᠢ 2025 ᠣᠨ᠎ᠤ 6 ᠳ᠋ᠤᠭᠠᠷ ᠰᠠᠷ᠎ᠠ᠎ᠶ᠋ᠢᠨ 23 ᠤ ᠡᠳᠦᠷ ᠲᠠᠨ᠎ᠤ ᠺᠣᠮᠫᠠᠨᠢ᠎ᠶ᠋ᠢᠨ ᠳᠤᠷᠠᠳᠤᠭ᠍ᠰᠠᠨ ᠪᠠᠶᠠᠨ ᠴᠢᠯᠠᠭᠤᠨ ᠲᠤᠰᠤᠨ᠎ᠤ ᠠᠢ ᠰᠠᠪᠠ᠎ᠶ᠋ᠢ ᠨᠡᠭᠡᠭᠡᠨ ᠬᠥᠭ᠌ᠵᠢᠭᠦᠯᠬᠦ᠌ ᠲᠥᠷᠥᠯ ᠵᠦᠢᠯ (2024 ᠣᠨ᠎ᠤ ᠬᠤᠶᠠᠳᠤᠭᠠᠷ ᠪᠦᠯᠦᠭ) ᠤᠮᠠᠷᠠᠲᠤ᠎ᠶ᠋ᠢᠨ ᠴᠢᠯᠠᠭᠤᠨ ᠲᠣᠰᠣᠨ᠎ᠤ ᠠᠭᠤᠷᠬᠠᠶ᠎ᠶ᠋ᠢᠨ ᠬᠤᠪᠢᠶᠠᠷᠢ ᠺᠣᠮᠫᠠᠨᠢ᠎ᠶ᠋ᠢᠨ ᠪᠠᠶᠠᠨ ᠴᠢᠯᠠᠭᠤᠨ ᠲᠤᠰᠤᠨ᠎ᠤ ᠠᠢ ᠰᠠᠪᠠ ᠶ᠋ᠢᠨ ᠱᠢᠩ ᠬᠤᠸᠠ 11 ᠣᠷᠣᠨ᠎ᠤ ᠬᠡᠰᠡᠭ ᠨᠡᠭᠡᠭᠡᠨ ᠬᠥᠭ᠌ᠵᠢᠭᠦᠯᠬᠦ᠌ ᠬᠤᠱᠢᠭᠤᠴᠢ ᠲᠤᠷᠱᠢᠯᠲᠠ᠎ᠶ᠋ᠢᠨ ᠲᠥᠷᠥᠯ ᠵᠦᠢᠯ᠎ᠤᠨ ᠤᠰᠤ ᠬᠦᠷᠦᠰᠦ᠎ᠶ᠋ᠢ ᠬᠠᠮᠠᠭᠠᠯᠠᠬᠤ ᠲᠥᠰᠦᠯ᠎ᠤᠨ ᠮᠡᠳᠡᠭᠦᠯᠦᠯᠲᠡ᠎ᠶ᠋ᠢᠨ ᠪᠢᠴᠢᠭ᠎ᠢ ᠭᠥᠯᠢᠶᠡᠨ ᠠᠪᠴᠤ᠌ ᠱᠢᠢᠳᠪᠦᠷᠢᠯᠡᠨ᠎ᠡ᠃ ᠬᠢᠨᠠᠨ ᠪᠠᠢᠴᠠᠭᠠᠭᠠᠳ᠂ ᠲᠤᠰ ᠭᠤᠶᠤᠴᠢᠯᠠᠯ ᠨᠢ ᠬᠠᠤᠯᠢ᠎ᠪᠠᠷ ᠲᠣᠭ᠍ᠲᠠᠭᠠᠭ᠍ᠰᠠᠨ ᠨᠥᠬᠥᠴᠡᠯ᠎ᠳᠦ ᠨᠡᠢᠴᠡᠵᠦ᠍᠂《ᠪᠦᠭᠦᠳᠡ ᠨᠠᠢᠷᠠᠮᠳᠠᠬᠤ ᠳᠤᠮᠳᠠᠳᠤ ᠠᠷᠠᠳ ᠤᠯᠤᠰ᠎ᠤᠨ ᠵᠠᠰᠠᠭ ᠵᠠᠬᠢᠷᠭᠠᠨ᠎ᠤ ᠵᠥᠪᠱᠢᠶᠡᠷᠡᠯ᠎ᠦᠨ ᠬᠠᠤᠯᠢ》᠎ᠶ᠋ᠢᠨ ᠭᠤᠴᠢᠨ ᠨᠠᠶ᠋ᠮᠠᠳᠤᠭᠠᠷ ᠵᠦᠢᠯ᠎ᠦᠨ ᠨᠢᠭᠡᠳᠦᠭᠡᠷ ᠵᠤᠷᠪᠤᠰ᠂ 《ᠤᠰᠤᠨ᠎ᠤ ᠵᠠᠰᠠᠭ ᠵᠠᠬᠢᠷᠭᠠᠨ᠎ᠤ ᠵᠥᠪᠱᠢᠶᠡᠷᠡᠯ᠎ᠦᠨ ᠬᠡᠷᠡᠭ᠌ᠵᠢᠭᠦᠯᠬᠦ᠌ ᠠᠷᠭ᠎ᠠ》᠎ᠶ᠋ᠢᠨ ᠭᠤᠴᠢᠨ ᠬᠣᠶᠠᠳᠤᠭᠠᠷ ᠵᠦᠢᠯ᠎ᠦᠨ ᠨᠢᠭᠡᠳᠦᠭᠡᠷ ᠵᠤᠷᠪᠤᠰ᠎ᠢ ᠦᠨᠳᠦᠰᠦᠯᠡᠨ᠂ ᠵᠠᠰᠠᠭ ᠵᠠᠬᠢᠷᠭᠠᠨ᠎ᠤ ᠵᠥᠪᠱᠢᠶᠡᠷᠡᠯ ᠣᠯᠭᠣᠬᠤ᠎ᠶ᠋ᠢ ᠵᠥᠪᠱᠢᠶᠡᠷᠡᠬᠦ᠌᠎ᠪᠡᠷ ᠲᠣᠭ᠍ᠲᠠᠪᠠ᠃
ᠪᠠᠶᠠᠨ ᠴᠢᠯᠠᠭᠤᠨ ᠲᠤᠰᠤᠨ᠎ᠤ ᠠᠢ ᠰᠠᠪᠠ᠎ᠶ᠋ᠢ ᠨᠡᠭᠡᠭᠡᠨ ᠬᠥᠭ᠌ᠵᠢᠭᠦᠯᠬᠦ᠌ ᠲᠥᠷᠥᠯ ᠵᠦᠢᠯ (2024 ᠣᠨ᠎ᠤ ᠬᠤᠶᠠᠳᠤᠭᠠᠷ ᠪᠦᠯᠦᠭ) ᠤᠮᠠᠷᠠᠲᠤ᠎ᠶ᠋ᠢᠨ ᠴᠢᠯᠠᠭᠤᠨ ᠲᠣᠰᠣᠨ᠎ᠤ ᠠᠭᠤᠷᠬᠠᠶ᠎ᠶ᠋ᠢᠨ ᠬᠤᠪᠢᠶᠠᠷᠢ ᠺᠣᠮᠫᠠᠨᠢ᠎ᠶ᠋ᠢᠨ ᠪᠠᠶᠠᠨ ᠴᠢᠯᠠᠭᠤᠨ ᠲᠣᠰᠣᠨ᠎ᠤ ᠠᠢ ᠰᠠᠪᠠ᠎ᠶ᠋ᠢᠨ ᠱᠢᠩ ᠬᠤᠸᠠ 11 ᠣᠷᠣᠨ᠎ᠤ ᠬᠡᠰᠡᠭ ᠨᠡᠭᠡᠭᠡᠨ ᠬᠥᠭ᠌ᠵᠢᠭᠦᠯᠬᠦ᠌ ᠬᠤᠱᠢᠭᠤᠴᠢ ᠲᠤᠷᠱᠢᠯᠲᠠ᠎ᠶ᠋ᠢᠨ ᠲᠥᠷᠥᠯ ᠵᠦᠢᠯ᠎ᠢ ᠳᠠᠩᠰᠠᠯᠠᠬᠤ᠎ᠨᠢ ᠪᠠᠶᠠᠨᠨᠠᠭᠤᠷ ᠬᠤᠲᠠ᠎ᠶ᠋ᠢᠨ ᠯᠢᠨ ᠾᠧ ᠲᠣᠭᠤᠷᠢᠭ᠎ᠤᠨ ᠬᠢᠯᠢ᠎ᠳᠤ ᠪᠠᠢᠷᠢᠯᠠᠵᠤ ᠪᠠᠢᠨ᠎ᠠ᠃ ᠪᠠᠷᠢᠯᠭ᠎ᠠ᠎ᠶ᠋ᠢᠨ ᠶᠡᠷᠦᠩᠭᠡᠢ ᠲᠠᠳᠠᠪᠤᠷᠢᠯᠠᠭ᠍ᠰᠠᠨ ᠳᠠᠯᠠᠪᠠᠢ᠎ᠨᠢ 22.64 ᠾᠧᠺᠲ᠋ᠠᠷ ᠪᠠᠢᠵᠦ᠍᠂ ᠱᠢᠷᠣᠢ᠎ᠶ᠋ᠢᠨ ᠴᠢᠯᠠᠭᠤᠨ᠎ᠤ ᠠᠵᠢᠯ᠎ᠤᠨ ᠶᠡᠷᠦᠩᠭᠡᠢ ᠬᠡᠮᠵᠢᠶ᠎ᠡ᠎ᠨᠢ 31.62 ᠲᠦᠮᠡᠨ ᠪᠤᠰᠤᠭ᠎ᠠ ᠲᠦᠷᠪᠡᠯᠵᠢᠨ ᠮᠧᠲᠷ᠂ ᠶᠡᠷᠦᠩᠭᠡᠢ ᠪᠡᠯᠡ ᠣᠷᠣᠭᠤᠯᠣᠯᠳᠠ᠎ᠨᠢ 73999 ᠲᠦᠮᠡᠨ ᠲᠦᠭᠦᠷᠢᠭ ᠬᠦᠷᠴᠠᠢ᠃ ᠪᠠᠷᠢᠯᠭ᠎ᠠ᠎ᠶ᠋ᠢ ᠨᠢᠭᠡᠨᠲᠡ 2025 ᠣᠨ᠎ᠤ 1 ᠳ᠋ᠦ᠍ᠭᠡᠷ ᠰᠠᠷ᠎ᠠ᠎ᠳᠤ ᠡᠬᠢᠯᠡᠭᠦᠯᠵᠦ᠍᠂ 2026 ᠣᠨ᠎ᠤ 12 ᠳ᠋ᠤᠭᠠᠷ ᠰᠠᠷ᠎ᠠ᠎ᠳᠤ ᠠᠵᠢᠯ ᠳᠠᠭᠤᠰᠭᠠᠬᠤ᠎ᠪᠠᠷ ᠲᠥᠯᠥᠪᠯᠡᠵᠦ᠍᠂ ᠶᠡᠷᠦᠩᠬᠡᠶ ᠠᠵᠢᠯ᠎ᠤᠨ ᠬᠤᠭᠤᠴᠠᠭ᠎ᠠ᠎ᠨᠢ 24 ᠰᠠᠷ᠎ᠠ ᠪᠣᠯᠤᠨ᠎ᠠ᠃
ᠨᠢᠭᠡ᠂ ᠤᠰᠤ ᠬᠦᠷᠦᠰᠦ᠎ᠶ᠋ᠢ ᠬᠠᠮᠠᠭᠠᠯᠠᠬᠤ ᠲᠥᠰᠦᠯ᠎ᠤᠨ ᠶᠡᠷᠦᠩᠬᠡᠶ ᠰᠠᠨᠠᠯ
(ᠨᠢᠭᠡ) ᠪᠦᠲᠦᠭᠡᠨ ᠪᠠᠢᠭᠤᠯᠬᠤ ᠬᠤᠭᠤᠴᠠᠭᠠᠨ᠎ᠳᠠᠬᠢ ᠤᠰᠤ ᠬᠦᠷᠦᠰᠦ᠎ᠶ᠋ᠢᠨ ᠢᠳᠡᠭ᠌ᠳᠡᠯ᠎ᠢ ᠰᠡᠷᠭᠡᠢᠯᠡᠨ ᠵᠠᠰᠠᠬᠤ ᠬᠠᠷᠢᠭᠤᠴᠠᠯᠭ᠎ᠠ᠎ᠶ᠋ᠢᠨ ᠬᠦᠷᠢᠶ᠎ᠡ ᠬᠡᠪᠴᠢᠶ᠎ᠡ᠎ᠨᠢ 22.64 ᠾᠧᠺᠲ᠋ᠠᠷ ᠪᠣᠯᠣᠨ᠎ᠠ᠃
(ᠬᠤᠶᠠᠷ) ᠤᠰᠤ ᠬᠦᠷᠦᠰᠦ᠎ᠶᠢᠨ ᠢᠳᠡᠭ᠌ᠳᠡᠯᠢ᠋ ᠰᠡᠷᠭᠡᠢᠯᠡᠨ ᠵᠠᠰᠠᠬᠤ ᠠᠵᠢᠯ᠎ᠳ᠋ᠤ ᠪᠠᠷᠠᠭᠤᠨ ᠬᠣᠢᠲᠤ᠎ᠶᠢᠨ ᠱᠢᠷ᠎ᠠ ᠬᠥᠷᠥᠰᠥᠲᠦ ᠥᠨᠳᠥᠷᠯᠢᠭᠦ᠋ᠨ ᠣᠷᠣᠨ᠎ᠤ᠋ ᠨᠢᠭᠡᠳᠦᠭᠡᠷ ᠳᠡᠰ᠎ᠦ᠋ᠨ ᠪᠠᠷᠢᠮᠵᠢᠶ᠎ᠠ᠎ᠶᠢ ᠬᠡᠷᠡᠭ᠌ᠵᠢᠭᠦᠯᠬᠦ᠌᠎ᠶᠢ ᠵᠦᠪᠱᠢᠶᠡᠷᠡᠨᠡ᠃
(ᠭᠤᠷᠪᠠ) ᠦᠨᠳᠦᠰᠦᠨ᠎ᠳᠡᠭᠡᠨ ᠵᠥᠪᠱᠢᠶᠡᠷᠡᠭ᠌ᠰᠡᠨ ᠤᠰᠤ ᠬᠦᠷᠦᠰᠦ᠎ᠶ᠋ᠢᠨ ᠢᠳᠡᠭ᠌ᠳᠡᠯ᠎ᠢ ᠶᠡᠷᠦᠩᠬᠡᠢᠯᠡᠨ ᠰᠡᠷᠭᠡᠢᠯᠡᠨ ᠵᠠᠰᠠᠬᠤ ᠬᠠᠷᠠᠯᠲᠠ ᠪᠣᠯ᠄ ᠤᠰᠤ ᠬᠦᠷᠦᠰᠦ᠎ᠶ᠋ᠢᠨ ᠢᠳᠡᠭ᠌ᠳᠡᠯ᠎ᠢ ᠵᠠᠰᠠᠬᠤ ᠬᠡᠮᠵᠢᠶ᠎ᠡ 90%᠂ ᠤᠰᠤ ᠬᠦᠷᠦᠰᠦ᠎ᠶ᠋ᠢᠨ ᠢᠳᠡᠭ᠌ᠳᠡᠯ᠎ᠢ ᠬᠢᠵᠠᠭᠠᠷᠯᠠᠬᠤ ᠬᠠᠷᠢᠴᠠᠯ 1.0᠂ ᠱᠢᠭᠠᠷᠤ ᠬᠥᠷᠥᠰᠥ᠎ᠶ᠋ᠢ ᠬᠠᠮᠠᠭᠠᠯᠠᠬᠤ ᠨᠣᠷᠮ᠎ᠠ 92%᠂ ᠬᠦᠷᠦᠰᠦ᠎ᠶ᠋ᠢᠨ ᠬᠠᠮᠠᠭᠠᠯᠠᠯᠲᠠ᠎ᠶ᠋ᠢᠨ ᠨᠣᠷᠮ᠎ᠠ 90%᠂ ᠣᠶ ᠱᠢᠭᠤᠶ ᠡᠪᠡᠰᠦ᠎ᠶ᠋ᠢᠨ ᠤᠷᠭᠤᠮᠠᠯ᠎ᠤᠨ ᠬᠤᠴᠢᠯᠭ᠎ᠠ᠎ᠶ᠋ᠢ ᠰᠡᠷᠭᠦᠭᠡᠬᠦ᠌ ᠨᠣᠷᠮ᠎ᠠ 95%᠂ ᠣᠶ ᠱᠢᠭᠤᠶ ᠡᠪᠡᠰᠦ᠎ᠶ᠋ᠢᠨ ᠪᠦᠷᠬᠦᠴᠡ᠎ᠶ᠋ᠢᠨ ᠨᠣᠷᠮ᠎ᠠ 7% ᠪᠣᠯᠤᠨ᠎ᠠ᠃
(ᠲᠦᠷᠪᠡ) ᠤᠰᠤ ᠬᠦᠷᠦᠰᠦ᠎ᠶ᠋ᠢᠨ ᠢᠳᠡᠭ᠌ᠳᠡᠯ᠎ᠢ ᠰᠡᠷᠭᠡᠢᠯᠡᠨ ᠵᠠᠰᠠᠬᠤ ᠣᠷᠣᠨ ᠲᠣᠭᠤᠷᠢᠭ ᠵᠢᠴᠢ ᠣᠷᠣᠨ ᠬᠤᠪᠢᠶᠠᠨ ᠰᠡᠷᠭᠡᠢᠯᠡᠨ ᠵᠠᠰᠠᠬᠤ ᠠᠷᠭ᠎ᠠ ᠬᠡᠮᠵᠢᠶ᠎ᠡ᠎ᠶ᠋ᠢᠨ ᠲᠣᠬᠢᠷᠠᠭᠤᠯᠤᠯᠲᠠ᠎ᠶ᠋ᠢ ᠦᠨᠳᠦᠰᠦᠨ᠎ᠳᠡᠭᠡᠨ ᠵᠥᠪᠱᠢᠶᠡᠷᠡᠨ᠎ᠡ᠃
(ᠲᠠᠪᠤ) ᠪᠦᠲᠦᠭᠡᠨ ᠪᠠᠢᠭᠤᠯᠤᠯᠲᠠ᠎ᠶ᠋ᠢᠨ ᠬᠤᠭᠤᠴᠠᠭᠠᠨ᠎ᠳᠠᠬᠢ ᠤᠰᠤ ᠬᠦᠷᠦᠰᠦ᠎ᠶ᠋ᠢ ᠬᠠᠮᠠᠭᠠᠯᠠᠬᠤ ᠨᠥᠬᠦᠪᠥᠷᠢ ᠮᠥᠩᠭᠦ᠌ ᠨᠢ 38.488 ᠲᠦᠮᠡᠨ ᠲᠥᠭᠦᠷᠢᠭ᠎ᠢ ᠦᠨᠳᠦᠰᠦᠨ᠎ᠳᠡᠭᠡᠨ ᠵᠥᠪᠱᠢᠶᠡᠷᠡᠨ᠎ᠡ᠃
ᠬᠤᠶᠠᠷ᠂ ᠦᠢᠯᠡᠳᠪᠦᠷᠢᠯᠡᠯ ᠪᠦᠲᠦᠭᠡᠨ ᠪᠠᠢᠭᠤᠯᠤᠯᠲᠠ᠎ᠶ᠋ᠢᠨ ᠨᠢᠭᠡᠴᠢ᠎ᠨᠢ ᠲᠥᠷᠥᠯ ᠵᠦᠢᠯ᠎ᠤᠨ ᠪᠦᠲᠦᠭᠡᠨ ᠪᠠᠢᠭᠤᠯᠤᠯᠲᠠ᠎ᠶ᠋ᠢᠨ ᠳᠤᠮᠳᠠ 《ᠪᠦᠭᠦᠳᠡ ᠨᠠᠢᠷᠠᠮᠳᠠᠬᠤ ᠳᠤᠮᠳᠠᠳᠤ ᠠᠷᠠᠳ ᠤᠯᠤᠰ᠎ᠤᠨ ᠤᠰᠤ ᠬᠦᠷᠦᠰᠦ᠎ᠶ᠋ᠢ ᠬᠠᠮᠠᠭᠠᠯᠠᠬᠤ ᠬᠠᠤᠯᠢ》 ᠶ᠋ᠢᠨ ᠡᠯ᠎ᠡ ᠵᠦᠢᠯ᠎ᠤᠨ ᠱᠠᠭᠠᠷᠳᠠᠯᠭ᠎ᠠ᠎ᠶ᠋ᠢ ᠪᠦᠬᠦ᠌ ᠲᠠᠯ᠎ᠠ᠎ᠪᠠᠷ ᠨᠠᠢᠳᠠᠪᠤᠷᠢᠵᠢᠭᠤᠯᠬᠤ᠎ᠶ᠋ᠢᠨ ᠬᠠᠮᠲᠤ᠌᠂ ᠳᠣᠣᠷᠠᠬᠢ ᠠᠵᠢᠯ᠎ᠤᠳ᠎ᠢ ᠭᠤᠣᠯᠳᠠᠯᠭ᠎ᠠ᠎ᠲᠠᠢ ᠰᠠᠢᠲᠤᠷ ᠬᠢᠬᠦ᠌ ᠬᠡᠷᠡᠭ᠌ᠲᠡᠢ᠄
(ᠨᠢᠭᠡ) ᠵᠥᠪᠱᠢᠶᠡᠷᠡᠭ᠌ᠰᠡᠨ ᠤᠰᠤ ᠬᠦᠷᠦᠰᠦ᠎ᠶ᠋ᠢ ᠬᠠᠮᠠᠭᠠᠯᠠᠬᠤ ᠲᠥᠰᠦᠯ᠎ᠦᠨ ᠶᠣᠰᠣᠭᠠᠷ᠂ ᠤᠰᠤ ᠬᠦᠷᠦᠰᠦ᠎ᠶ᠋ᠢ ᠬᠠᠮᠠᠭᠠᠯᠠᠬᠤ ᠠᠩᠬ᠎ᠠ ᠠᠯᠬᠤᠮ᠎ᠤᠨ ᠵᠢᠷᠤᠭ ᠲᠥᠯᠥᠪᠯᠡᠭᠡ ᠵᠡᠷᠭᠡ ᠵᠠᠯᠭᠠᠮᠵᠢ ᠵᠢᠷᠤᠭ ᠲᠥᠯᠥᠪᠯᠡᠭᠡ᠎ᠶ᠋ᠢ ᠰᠠᠢᠲᠤᠷ ᠬᠢᠵᠦ᠍᠂ ᠪᠠᠷᠢᠯᠭ᠎ᠠ ᠪᠠᠷᠢᠬᠤ ᠵᠣᠬᠢᠶᠠᠨ ᠪᠠᠢᠭᠤᠯᠤᠯᠲᠠ᠎ᠶ᠋ᠢᠨ ᠬᠠᠮᠢᠶᠠᠷᠤᠯᠲᠠ᠎ᠶ᠋ᠢᠨ ᠠᠵᠢᠯ᠎ᠢ ᠴᠢᠩᠭᠠᠳᠭᠠᠨ᠂ 《ᠭᠤᠷᠪᠠ᠎ᠶ᠋ᠢ ᠵᠡᠷᠭᠡ᠎ᠳᠦᠨᠢ ᠬᠢᠬᠦ᠌》 ᠳᠦᠷᠢᠮ᠎ᠢ ᠦᠨᠡᠨ ᠬᠦ᠌ ᠨᠠᠢᠳᠠᠪᠤᠷᠢᠵᠢᠭᠤᠯᠬᠤ ᠬᠡᠷᠡᠭ᠌ᠲᠡᠶ᠃
(ᠬᠤᠶᠠᠷ) ᠲᠥᠰᠦᠯ᠎ᠦᠨ ᠱᠠᠭᠠᠷᠳᠠᠯᠭ᠎ᠠ᠎ᠶ᠋ᠢ ᠴᠢᠩᠭ᠎ᠠ ᠵᠢᠷᠤᠮᠯᠠᠨ ᠤᠰᠤ ᠬᠦᠷᠦᠰᠦ᠎ᠶ᠋ᠢ ᠬᠠᠮᠠᠭᠠᠯᠠᠬᠤ ᠡᠯ᠎ᠡ ᠵᠦᠢᠯ᠎ᠦᠨ ᠠᠷᠭ᠎ᠠ ᠬᠡᠮᠵᠢᠶ᠎ᠡ᠎ᠶ᠋ᠢ ᠨᠠᠢᠳᠠᠪᠤᠷᠢᠵᠢᠭᠤᠯᠬᠤ ᠬᠡᠷᠡᠭ᠌ᠲᠡᠶ᠃ ᠡᠯ᠎ᠡ ᠲᠥᠷᠥᠯ᠎ᠦᠨ ᠪᠠᠷᠢᠯᠭ᠎ᠠ ᠪᠠᠷᠢᠬᠤ ᠠᠵᠢᠯᠯᠠᠭ᠎ᠠ ᠨᠢ ᠭᠠᠵᠠᠷ ᠬᠡᠷᠡᠭ᠌ᠯᠡᠬᠦ᠌ ᠬᠡᠪᠴᠢᠶᠡᠨ ᠳᠣᠲᠣᠷ᠎ᠠ ᠳᠤᠷ᠎ᠠ᠎ᠪᠠᠷ᠎ᠢᠶᠠᠨ ᠡᠵᠡᠯᠡᠬᠦ᠂ ᠭᠠᠵᠠᠷ᠎ᠤᠨ ᠭᠠᠳᠠᠷᠭᠤ᠎ᠶ᠋ᠢᠨ ᠤᠷᠭᠤᠮᠠᠯ᠎ᠤᠨ ᠬᠤᠴᠢᠯᠭ᠎ᠠ᠎ᠶ᠋ᠢ ᠰᠠᠮᠠᠭᠤᠷᠠᠭᠤᠯᠬᠤ ᠪᠠ ᠡᠪᠳᠡᠬᠦ᠌᠎ᠶ᠋ᠢ ᠴᠢᠩᠭ᠎ᠠ ᠴᠠᠭᠠᠵᠠᠯᠠᠵᠤ᠂ ᠤᠰᠤ ᠬᠦᠷᠦᠰᠦ᠎ᠶ᠋ᠢ ᠰᠠᠯᠭᠠᠬᠤ᠂ ᠬᠠᠳᠠᠭᠠᠯᠠᠬᠤ ᠪᠠ ᠠᠱᠢᠭ᠍ᠯᠠᠬᠤ᠎ᠶ᠋ᠢ ᠰᠠᠢᠲᠤᠷ ᠬᠢᠬᠦ᠌ ᠬᠡᠷᠡᠭ᠌ᠲᠡᠶ᠃ ᠲᠥᠰᠦᠯ᠎ᠤᠨ ᠱᠠᠭᠠᠷᠳᠠᠯᠭ᠎ᠠ᠎ᠶ᠋ᠢ ᠦᠨᠳᠦᠰᠦᠯᠡᠨ ᠪᠠᠷᠢᠯᠭ᠎ᠠ ᠪᠠᠷᠢᠬᠤ ᠴᠠᠭ᠎ᠤᠨ ᠳᠠᠷᠠᠭᠠᠯᠠᠯ ᠪᠠ ᠤᠰᠤ ᠬᠦᠷᠦᠰᠦ᠎ᠶ᠋ᠢ ᠬᠠᠮᠠᠭᠠᠯᠠᠬᠤ ᠠᠷᠭ᠎ᠠ ᠬᠡᠮᠵᠢᠶ᠎ᠡ᠎ᠶ᠋ᠢ ᠬᠡᠷᠡᠭ᠌ᠵᠢᠭᠦᠯᠬᠦ᠌ ᠠᠬᠢᠴᠠ᠎ᠶ᠋ᠢ ᠵᠦᠶ ᠵᠣᠬᠢᠰᠲᠠᠶ ᠲᠣᠬᠢᠷᠠᠭᠤᠯᠵᠤ᠂ ᠪᠠᠷᠢᠯᠭ᠎ᠠ ᠪᠠᠷᠢᠬᠤ ᠬᠤᠭᠤᠴᠠᠭᠠᠨ᠎ᠳᠤ ᠤᠰᠤ ᠬᠦᠷᠦᠰᠦ᠎ᠶ᠋ᠢᠨ ᠢᠳᠡᠭ᠌ᠳᠡᠯ᠎ᠢ ᠴᠢᠩᠭ᠎ᠠ ᠬᠢᠵᠠᠭᠠᠷᠯᠠᠬᠤ ᠬᠡᠷᠡᠭ᠌ᠲᠡᠶ᠃
(ᠭᠤᠷᠪᠠ) ᠤᠰᠤ ᠬᠦᠷᠦᠰᠦ᠎ᠶ᠋ᠢ ᠬᠠᠮᠠᠭᠠᠯᠠᠬᠤ ᠬᠢᠨᠠᠨ ᠬᠡᠮᠵᠢᠬᠦ᠌ ᠠᠵᠢᠯ᠎ᠢ ᠦᠨᠡᠨᠬᠦ᠌ ᠰᠠᠢᠲᠤᠷ ᠬᠢᠵᠦ᠍᠂ ᠤᠰᠤ ᠬᠦᠷᠦᠰᠦ᠎ᠶ᠋ᠢᠨ ᠢᠳᠡᠭ᠌ᠳᠡᠯ᠎ᠤᠨ ᠪᠠᠢᠳᠠᠯ᠎ᠢ ᠬᠢᠨᠠᠨ ᠡᠵᠡᠮᠳᠡᠬᠦ᠌᠎ᠶ᠋ᠢ ᠴᠢᠩᠭᠠᠳᠭᠠᠬᠤ᠎ᠶ᠋ᠢᠨ ᠬᠠᠮᠲᠤ ᠲᠣᠭ᠍ᠲᠠᠭᠠᠯ ᠶᠣᠰᠣᠭᠠᠷ ᠮᠠᠨ᠎ᠤ ᠲᠢᠩᠬᠢᠮ ᠵᠢᠴᠢ ᠪᠠᠶᠠᠨᠨᠠᠭᠤᠷ ᠬᠤᠲᠠ᠎ᠶ᠋ᠢᠨ ᠤᠰᠤᠨ ᠠᠱᠢᠭ᠍ᠯᠠᠯᠲᠠ᠎ᠶ᠋ᠢᠨ ᠲᠣᠪᠴᠢᠶ᠎ᠠ᠎ᠳᠤ ᠬᠢᠨᠠᠨ ᠬᠡᠮᠵᠢᠯᠲᠡ᠎ᠶ᠋ᠢᠨ ᠤᠯᠠᠷᠢᠯ᠎ᠤᠨ ᠮᠡᠳᠡᠭᠦᠯᠦᠯᠲᠡ ᠵᠢᠴᠢ ᠳ᠋ᠦᠩᠨᠡᠯᠲᠡ᠎ᠶ᠋ᠢᠨ ᠮᠡᠳᠡᠭᠦᠯᠦᠯᠲᠡ᠎ᠶ᠋ᠢ ᠲᠤᠱᠢᠶᠠᠨ᠎ᠠ᠃
(ᠲᠦᠷᠪᠡ) ᠤᠰᠤ ᠬᠦᠷᠦᠰᠦ᠎ᠶ᠋ᠢ ᠬᠠᠮᠠᠭᠠᠯᠠᠬᠤ ᠬᠢᠨᠠᠯᠲᠠ ᠬᠠᠮᠢᠶᠠᠷᠤᠯᠲᠠ᠎ᠶ᠋ᠢᠨ ᠠᠵᠢᠯ᠎ᠢ ᠨᠠᠢᠳᠠᠪᠤᠷᠢᠵᠢᠭᠤᠯᠬᠤ᠎ᠶ᠋ᠢᠨ ᠬᠠᠮᠲᠤ ᠰᠠᠢᠲᠤᠷ ᠬᠢᠵᠦ᠍᠂ ᠤᠰᠤ ᠬᠦᠷᠦᠰᠦ᠎ᠶ᠋ᠢ ᠬᠠᠮᠠᠭᠠᠯᠠᠬᠤ ᠢᠨᠵᠸᠨ᠋ᠸᠷᠢᠩ᠎ᠦᠨ ᠪᠦᠲᠦᠭᠡᠨ ᠪᠠᠢᠭᠤᠯᠤᠯᠲᠠ᠎ᠶ᠋ᠢᠨ ᠶᠠᠰᠤ ᠴᠢᠨᠠᠷ ᠪᠣᠯᠤᠨ ᠠᠬᠢᠴᠠ᠎ᠶ᠋ᠢ ᠦᠨᠡᠨᠬᠦ᠌ ᠪᠠᠲᠤᠯᠠᠬᠤ ᠬᠡᠷᠡᠭ᠌ᠲᠡᠶ᠃
(ᠲᠠᠪᠤ) ᠤᠰᠤ ᠬᠦᠷᠦᠰᠦ᠎ᠶ᠋ᠢ ᠬᠠᠮᠠᠭᠠᠯᠠᠬᠤ ᠨᠥᠬᠦᠪᠥᠷᠢ ᠵᠠᠷᠤᠳᠠᠯ᠎ᠢ ᠬᠠᠤᠯᠢ ᠲᠣᠭ᠍ᠲᠠᠭᠠᠯ ᠶᠣᠰᠣᠭᠠᠷ ᠭᠦᠢᠴᠡᠳ ᠲᠤᠭ᠎ᠠ᠎ᠪᠠᠷ ᠲᠤᠱᠢᠶᠠᠨ᠎ᠠ᠃
ᠭᠤᠷᠪᠠ᠂ ᠲᠤᠰ ᠵᠦᠢᠯ᠎ᠦᠨ ᠭᠠᠵᠠᠷ ᠣᠷᠣᠨ᠂ ᠬᠡᠪᠴᠢᠶ᠎ᠡ ᠨᠢ ᠴᠢᠬᠤᠯᠠ ᠶᠡᠬᠡ ᠬᠤᠪᠢᠷᠠᠯᠲᠠ ᠭᠠᠷᠤᠭ᠍ᠰᠠᠨ ᠪᠤᠶᠤ ᠤᠰᠤ ᠬᠦᠷᠦᠰᠦ᠎ᠶ᠋ᠢ ᠬᠠᠮᠠᠭᠠᠯᠠᠬᠤ ᠲᠥᠰᠦᠯ᠎ᠢ ᠬᠡᠷᠡᠭ᠌ᠵᠢᠭᠦᠯᠬᠦ᠌ ᠶᠠᠪᠤᠴᠠ᠎ᠳᠤ ᠤᠰᠤ ᠬᠦᠷᠦᠰᠦ᠎ᠶ᠋ᠢ ᠬᠠᠮᠠᠭᠠᠯᠠᠬᠤ ᠠᠷᠭ᠎ᠠ ᠬᠡᠮᠵᠢᠶ᠎ᠡ᠎ᠳᠦ ᠴᠢᠬᠤᠯᠠ ᠶᠡᠬᠡ ᠬᠤᠪᠢᠷᠠᠯᠲᠠ ᠭᠠᠷᠤᠭ᠍ᠰᠠᠨ ᠪᠣᠯ ᠤᠰᠤ ᠬᠦᠷᠦᠰᠦ᠎ᠶ᠋ᠢ ᠬᠠᠮᠠᠭᠠᠯᠠᠬᠤ ᠲᠥᠰᠦᠯ᠎ᠳᠦ ᠨᠥᠬᠥᠪᠥᠷᠢᠯᠡᠬᠦ᠌ ᠪᠤᠶᠤ ᠵᠠᠰᠠᠪᠤᠷᠢ ᠣᠷᠣᠭᠤᠯᠵᠤ᠂ ᠮᠠᠨ᠎ᠤ ᠲᠢᠩᠬᠢᠮ᠎ᠳᠦ ᠮᠡᠳᠡᠭᠦᠯᠦᠨ ᠬᠢᠨᠠᠨ ᠵᠥᠪᠱᠢᠶᠡᠷᠡᠭᠦᠯᠬᠦ᠌ ᠬᠡᠷᠡᠭ᠌ᠲᠡᠶ; ᠱᠢᠭᠠᠷᠤ ᠬᠠᠶᠠᠬᠤ ᠲᠠᠯᠠᠪᠠᠶ᠎ᠶ᠋ᠢ ᠱᠢᠨ᠎ᠡ᠎ᠪᠡᠷ ᠭᠠᠷᠭᠠᠬᠤ ᠴᠢᠬᠤᠯᠠᠲᠠᠶ ᠪᠣᠯ ᠦᠢᠯᠡᠳᠪᠦᠷᠢᠯᠡᠵᠦ᠍ ᠪᠦᠲᠦᠭᠡᠨ ᠪᠠᠢᠭᠤᠯᠬᠤ ᠨᠢᠭᠡᠴᠢ ᠨᠢ ᠱᠢᠭᠠᠷᠤ ᠬᠠᠶᠠᠬᠤ᠎ᠶ᠋ᠢ ᠬᠡᠮᠵᠢᠶᠡᠵᠢᠭᠦᠯᠬᠦ᠂ ᠡᠬᠢ ᠪᠠᠶᠠᠯᠢᠭ᠍ᠵᠢᠭᠤᠯᠤᠨ ᠨᠤᠲᠠᠯᠠᠬᠤ᠎ᠶ᠋ᠢ ᠥᠷᠨᠢᠭᠦᠯᠬᠦ᠌᠎ᠶ᠋ᠢᠨ ᠬᠠᠮᠲᠤ ᠱᠢᠭᠠᠷᠤ᠎ᠶ᠋ᠢ ᠲᠠᠶᠠᠭ᠍ᠳᠠᠬᠤ᠎ᠠᠴᠠ ᠡᠮᠦᠨ᠎ᠡ ᠤᠰᠤ ᠬᠦᠷᠦᠰᠦ᠎ᠶ᠋ᠢ ᠬᠠᠮᠠᠭᠠᠯᠠᠬᠤ ᠲᠥᠰᠦᠯ᠎ᠦᠨ ᠨᠥᠬᠥᠪᠥᠷᠢ ᠮᠡᠳᠡᠭᠦᠯᠦᠯᠲᠡ᠎ᠶ᠋ᠢ ᠨᠠᠢᠷᠠᠭᠤᠯᠤᠨ ᠵᠣᠬᠢᠶᠠᠵᠤ᠂ ᠮᠠᠨ᠎ᠤ ᠲᠢᠩᠬᠢᠮ᠎ᠳᠦ ᠮᠡᠳᠡᠭᠦᠯᠦᠨ ᠬᠢᠨᠠᠨ ᠵᠥᠪᠱᠢᠶᠡᠷᠡᠭᠦᠯᠦᠨ᠎ᠡ᠃
ᠳᠥᠷᠪᠡ᠂ ᠲᠠᠨ᠎ᠤ ᠨᠢᠭᠡᠴᠢ ᠪᠣᠯ ᠲᠤᠰ ᠲᠥᠷᠥᠯ ᠵᠦᠢᠯ᠎ᠦᠨ ᠤᠰᠤ ᠬᠦᠷᠦᠰᠦ᠎ᠶ᠋ᠢ ᠬᠠᠮᠠᠭᠠᠯᠠᠬᠤ ᠪᠡᠯᠡᠳᠭᠡᠮᠵᠢ᠎ᠶ᠋ᠢ ᠱᠢᠯᠭᠠᠨ ᠠᠪᠬᠤ ᠬᠠᠷᠢᠭᠤᠴᠠᠯᠭ᠎ᠠ᠎ᠶ᠋ᠢᠨ ᠭᠣᠤᠯ ᠴᠣᠭ᠍ᠴᠠ ᠪᠣᠯᠬᠤ ᠲᠤᠯᠠ᠂ ᠲᠤᠰ ᠲᠥᠷᠥᠯ ᠵᠦᠢᠯ᠎ᠢ ᠠᠱᠢᠭ᠍ᠯᠠᠯᠲᠠ᠎ᠳᠤ ᠣᠷᠣᠭᠤᠯᠬᠤ᠎ᠠᠴᠠ ᠡᠮᠦᠨ᠎ᠡ᠂ ᠤᠰᠤ ᠬᠦᠷᠦᠰᠦ᠎ᠶ᠋ᠢ ᠬᠠᠮᠠᠭᠠᠯᠠᠬᠤ ᠪᠡᠯᠡᠳᠭᠡᠮᠵᠢ᠎ᠶ᠋ᠢ ᠡᠵᠡᠨ ᠮᠡᠳᠡᠵᠦ᠍ ᠱᠢᠯᠭᠠᠨ ᠠᠪᠬᠤ᠎ᠶ᠋ᠢ ᠥᠩᠭᠡᠷᠡᠭᠡᠬᠦ᠌ ᠬᠡᠷᠡᠭ᠌ᠲᠡᠶ᠃ ᠡᠵᠡᠨ ᠮᠡᠳᠡᠨ ᠱᠢᠯᠭᠠᠨ ᠠᠪᠬᠤ᠎ᠳᠤ ᠤᠰᠤ ᠬᠦᠷᠦᠰᠦ᠎ᠶ᠋ᠢ ᠬᠠᠮᠠᠭᠠᠯᠠᠬᠤ ᠬᠠᠤᠯᠢ ᠴᠠᠭᠠᠵᠠ ᠬᠠᠤᠯᠢ ᠲᠣᠭ᠍ᠲᠠᠭᠠᠯ᠂ ᠪᠠᠷᠢᠮᠵᠢᠶ᠎ᠠ᠎ᠶ᠋ᠢᠨ ᠵᠢᠷᠤᠮᠵᠢᠯ᠂ ᠤᠰᠤ ᠬᠦᠷᠦᠰᠦ᠎ᠶ᠋ᠢ ᠬᠠᠮᠠᠭᠠᠯᠠᠬᠤ ᠲᠥᠰᠦᠯ ᠬᠢᠭᠡᠳ ᠲᠤᠰ ᠬᠢᠨᠠᠨ ᠵᠥᠪᠱᠢᠶᠡᠷᠡᠭ᠌ᠰᠡᠨ ᠲᠣᠭ᠍ᠲᠠᠭᠠᠯ᠂ ᠤᠰᠤ ᠬᠦᠷᠦᠰᠦ᠎ᠶ᠋ᠢ ᠬᠠᠮᠠᠭᠠᠯᠠᠬᠤ ᠵᠠᠯᠭᠠᠮᠵᠢ ᠵᠢᠷᠤᠭ ᠲᠥᠯᠥᠪᠯᠡᠭᠡ ᠵᠡᠷᠭᠡ᠎ᠶ᠋ᠢ ᠦᠨᠳᠦᠰᠦᠯᠡᠨ ᠶᠠᠪᠤᠭ᠍ᠳᠠᠭᠤᠯᠵᠤ᠂ ᠤᠰᠤ ᠬᠦᠷᠦᠰᠦ᠎ᠶ᠋ᠢ ᠬᠠᠮᠠᠭᠠᠯᠠᠬᠤ ᠪᠡᠯᠡᠳᠭᠡᠮᠵᠢ᠎ᠶ᠋ᠢ ᠱᠢᠯᠭᠠᠨ ᠠᠪᠬᠤ ᠪᠠᠷᠢᠮᠵᠢᠶ᠎ᠠ ᠪᠣᠯᠤᠨ ᠨᠥᠬᠥᠴᠡᠯ᠎ᠢ ᠴᠢᠩᠭ᠎ᠠ ᠬᠡᠷᠡᠭ᠌ᠵᠢᠭᠦᠯᠬᠦ᠌ ᠬᠡᠷᠡᠭ᠌ᠲᠡᠶ᠃ ᠤᠰᠤ ᠬᠦᠷᠦᠰᠦ᠎ᠶ᠋ᠢ ᠬᠠᠮᠠᠭᠠᠯᠠᠬᠤ ᠪᠡᠯᠡᠳᠭᠡᠮᠵᠢ᠎ᠶ᠋ᠢ ᠡᠵᠡᠨ ᠮᠡᠳᠡᠵᠦ᠍ ᠱᠢᠯᠭᠠᠨ ᠠᠪᠬᠤ᠎ᠳᠤ ᠬᠢᠷᠢ ᠲᠡᠩᠴᠡᠭ᠌ᠰᠡᠨᠦ ᠳᠠᠷᠠᠭ᠎ᠠ᠂ ᠠᠯᠪᠠᠨ᠎ᠤ ᠰᠦᠯᠵᠢᠶᠡᠨ ᠥᠷᠲᠡᠭᠡ ᠪᠤᠶᠤ ᠪᠤᠰᠤᠳ ᠣᠯᠠᠨ ᠨᠡᠢᠲᠡ᠎ᠶ᠋ᠢᠨ ᠣᠯᠵᠤ ᠮᠡᠳᠡᠭ᠌ᠰᠡᠨ ᠨᠧᠲ᠎ᠲᠦ ᠤᠰᠤ ᠬᠦᠷᠦᠰᠦ᠎ᠶ᠋ᠢ ᠬᠠᠮᠠᠭᠠᠯᠠᠬᠤ ᠪᠡᠯᠡᠳᠭᠡᠮᠵᠢ᠎ᠶ᠋ᠢᠨ ᠱᠢᠯᠭᠠᠨ ᠠᠪᠬᠤ ᠮᠠᠲ᠋ᠧᠷᠢᠶᠠᠯ᠎ᠢ ᠴᠠᠭ ᠲᠤᠬᠠᠶ᠎ᠳᠤᠨᠢ ᠨᠡᠢᠲᠡᠯᠡᠵᠦ᠍᠂ ᠢᠯᠡ ᠨᠡᠢᠲᠡᠯᠡᠬᠦ᠌ ᠴᠠᠭ ᠬᠤᠭᠤᠴᠠᠭ᠎ᠠ᠎ᠶ᠋ᠢ ᠨᠢ 20 ᠠᠵᠢᠯᠯᠠᠬᠤ ᠡᠳᠦᠷ᠎ᠡᠴᠡ ᠳᠤᠲᠠᠭᠤ ᠪᠠᠢᠯᠭᠠᠵᠤ ᠪᠣᠯᠬᠤ ᠦᠭᠡᠶ; ᠤᠰᠤ ᠬᠦᠷᠦᠰᠦ᠎ᠶ᠋ᠢ ᠬᠠᠮᠠᠭᠠᠯᠠᠬᠤ ᠪᠡᠯᠡᠳᠭᠡᠮᠵᠢ᠎ᠶ᠋ᠢ ᠡᠵᠡᠨ ᠮᠡᠳᠡᠨ ᠱᠢᠯᠭᠠᠨ ᠠᠪᠴᠤ᠌ ᠥᠩᠭᠡᠷᠡᠭ᠌ᠰᠡᠨ᠎ᠦ ᠳᠠᠷᠠᠭ᠎ᠠ 3 ᠰᠠᠷ᠎ᠠ᠎ᠶ᠋ᠢᠨ ᠳᠣᠲᠣᠷ᠎ᠠ ᠮᠠᠨ᠎ᠤ ᠲᠢᠩᠬᠢᠮ᠎ᠳᠦ ᠤᠰᠤ ᠬᠦᠷᠦᠰᠦ᠎ᠶ᠋ᠢ ᠬᠠᠮᠠᠭᠠᠯᠠᠬᠤ ᠪᠡᠯᠡᠳᠭᠡᠮᠵᠢ᠎ᠶ᠋ᠢᠨ ᠱᠢᠯᠭᠠᠨ ᠠᠪᠬᠤ ᠮᠠᠲ᠋ᠧᠷᠢᠶᠠᠯ᠎ᠢᠶᠠᠨ ᠮᠡᠳᠡᠭᠦᠯᠦᠨ ᠳᠠᠩᠰᠠᠯᠠᠭᠤᠯᠬᠤ ᠬᠡᠷᠡᠭ᠌ᠲᠡᠶ; ᠤᠰᠤ ᠬᠦᠷᠦᠰᠦ᠎ᠶ᠋ᠢ ᠬᠠᠮᠠᠭᠠᠯᠠᠬᠤ ᠪᠡᠯᠡᠳᠭᠡᠮᠵᠢ ᠨᠢ ᠱᠢᠯᠭᠠᠨ ᠠᠪᠬᠤ᠎ᠶ᠋ᠢ ᠳᠠᠮᠵᠢᠭ᠍ᠰᠠᠨ ᠦᠭᠡᠶ ᠪᠤᠶᠤ ᠱᠢᠯᠭᠠᠨ ᠠᠪᠬᠤ᠎ᠳᠤ ᠬᠢᠷᠢ ᠲᠡᠩᠴᠡᠭ᠌ᠰᠡᠨ ᠦᠭᠡᠶ ᠪᠣᠯ ᠠᠱᠢᠭ᠍ᠯᠠᠯᠲᠠ᠎ᠳᠤ ᠣᠷᠣᠭᠤᠯᠤᠨ ᠬᠡᠷᠡᠭ᠌ᠯᠡᠵᠦ᠍ ᠪᠣᠯᠬᠤ ᠦᠭᠡᠶ᠃
ᠲᠠᠪᠤ᠂ ᠲᠤᠰ ᠲᠥᠷᠥᠯ ᠵᠦᠢᠯ ᠨᠢ 《ᠤᠰᠤ ᠬᠦᠷᠦᠰᠦ᠎ᠶ᠋ᠢ ᠬᠠᠮᠠᠭᠠᠯᠠᠬᠤ ᠲᠥᠰᠦᠯ᠎ᠢ ᠵᠥᠪᠱᠢᠶᠡᠷᠡᠭᠦᠯᠦᠭᠡᠳᠦᠶᠪᠡᠷ ᠤᠷᠢᠳᠠᠪᠠᠷ ᠪᠠᠢᠭᠤᠯᠬᠤ》 ᠲᠥᠷᠥᠯ ᠵᠦᠢᠯ᠎ᠳᠦ ᠬᠠᠷᠢᠶᠠᠯᠠᠭ᠍ᠳᠠᠪᠠᠯ᠂ ᠦᠢᠯᠡᠳᠪᠦᠷᠢᠯᠡᠯ ᠪᠦᠲᠦᠭᠡᠨ ᠪᠠᠢᠭᠤᠯᠤᠯᠲᠠ᠎ᠶ᠋ᠢᠨ ᠨᠢᠭᠡᠴᠢ ᠨᠢ ᠰᠤᠷᠭᠠᠮᠵᠢ ᠠᠪᠴᠤ᠌᠂ ᠤᠰᠤ ᠬᠦᠷᠦᠰᠦ᠎ᠶ᠋ᠢ ᠬᠠᠮᠠᠭᠠᠯᠠᠬᠤ ᠠᠷᠭ᠎ᠠ᠎ᠶ᠋ᠢ ᠴᠢᠩᠭ᠎ᠠ ᠬᠡᠷᠡᠭ᠌ᠵᠢᠭᠦᠯᠵᠦ᠍᠂ ᠵᠠᠯᠭᠠᠮᠵᠢ ᠤᠰᠤ ᠬᠦᠷᠦᠰᠦ᠎ᠶ᠋ᠢ ᠬᠠᠮᠠᠭᠠᠯᠠᠬᠤ ᠠᠵᠢᠯ᠎ᠢ ᠰᠠᠢᠲᠤᠷ ᠬᠢᠬᠦ᠌ ᠬᠡᠷᠡᠭ᠌ᠲᠡᠶ᠃ ᠪᠠᠶᠠᠨᠨᠠᠭᠤᠷ ᠬᠤᠲᠠ᠎ᠶ᠋ᠢᠨ ᠤᠰᠤᠨ ᠠᠱᠢᠭ᠍ᠯᠠᠯᠲᠠ᠎ᠶ᠋ᠢᠨ ᠲᠣᠪᠴᠢᠶ᠎ᠠ᠂ ᠯᠢᠨ ᠾᠧ ᠲᠣᠭᠤᠷᠢᠭ᠎ᠤᠨ ᠤᠰᠤᠨ ᠠᠱᠢᠭ᠍ᠯᠠᠯᠲᠠ᠎ᠶ᠋ᠢᠨ ᠲᠣᠪᠴᠢᠶ᠎ᠠ᠎ᠨᠢ ᠲᠣᠰ ᠲᠥᠷᠥᠯ ᠵᠦᠢᠯ᠎ᠤᠨ ᠤᠰᠤ ᠬᠦᠷᠦᠰᠦ᠎ᠶ᠋ᠢᠨ ᠬᠠᠮᠠᠭᠠᠯᠠᠯᠲᠠ᠎ᠳᠤ ᠬᠢᠨᠠᠯᠲᠠ ᠲᠠᠯᠪᠢᠵᠤ ᠪᠠᠢᠴᠠᠭᠠᠬᠤ ᠠᠵᠢᠯ᠎ᠢᠶᠠᠨ ᠴᠢᠩᠭᠠᠳᠭᠠᠵᠤ᠂ ᠤᠰᠤ ᠬᠦᠷᠦᠰᠦ᠎ᠶ᠋ᠢᠨ ᠢᠳᠡᠭ᠌ᠳᠡᠯ᠎ᠤᠨ ᠠᠰᠠᠭᠤᠳᠠᠯ ᠣᠷᠣᠱᠢᠵᠤ ᠪᠠᠢᠭ᠎ᠠ ᠡᠰᠡᠬᠦ᠌᠎ᠶ᠋ᠢ ᠪᠠᠢᠴᠠᠭᠠᠵᠤ᠂ ᠬᠠᠤᠯᠢ ᠲᠣᠭ᠍ᠲᠠᠭᠠᠯ᠎ᠠᠴᠠ ᠵᠥᠷᠢᠴᠡᠭ᠌ᠰᠡᠨ ᠦᠢᠯᠡ ᠠᠵᠢᠯᠯᠠᠭ᠎ᠠ᠎ᠶ᠋ᠢ ᠬᠠᠤᠯᠢ ᠶᠣᠰᠣᠭᠠᠷ ᠪᠠᠢᠴᠠᠭᠠᠨ ᠱᠢᠢᠳᠪᠦᠷᠢᠯᠡᠬᠦ᠌ ᠬᠡᠷᠡᠭ᠌ᠲᠡᠶ᠃
ᠳᠠᠭᠠᠯᠳᠤᠭᠤᠯᠤᠯ᠄
ᠮᠡᠷᠭᠡᠵᠢᠯ᠎ᠤᠨ ᠬᠢᠨᠠᠨ ᠪᠠᠢᠴᠠᠭᠠᠯᠲᠠ᠎ᠳᠤ ᠵᠠᠰᠠᠪᠤᠷᠢ ᠣᠷᠣᠭᠤᠯᠤᠭ᠍ᠰᠠᠨ ᠰᠠᠨᠠᠯ . pdf
2025 ᠣᠨ᠎ᠤ 8 ᠳ᠋ᠤᠭᠠᠷ ᠰᠠᠷ᠎ᠠ᠎ᠶ᠋ᠢᠨ 4 ᠤ ᠡᠳᠦᠷ