ᠬᠡᠯᠬᠢᠶᠡᠰᠦᠨ ᠨᠣᠮᠧᠷ ᠄ 000014348/2025-03863
ᠭᠤᠣᠯ ᠰᠡᠳᠦᠪ᠎ᠤᠨ ᠠᠩᠭᠢᠯᠠᠯ ᠄ ᠤᠰᠤᠨ ᠠᠰᠢᠭ᠍ᠯᠠᠯᠲᠠ
ᠨᠡᠢᠲᠡᠯᠡᠭᠰᠡᠨ ᠪᠠᠶ᠋ᠢᠭᠤᠯᠤᠮᠵᠢ ᠄ ᠥᠪᠡᠷᠲᠡᠭᠡᠨ ᠵᠠᠰᠠᠬᠤ ᠣᠷᠣᠨ᠎ᠤ ᠤᠰᠤᠨ ᠠᠰᠢᠭ᠍ᠯᠠᠯᠲᠠ᠎ᠶᠢᠨ ᠲᠢᠩᠬᠢᠮ
ᠪᠢᠴᠢᠭ᠎ᠤᠨ ᠳ᠋ᠤᠭᠠᠷ ᠄ ᠦᠪᠦᠷ ᠤᠰᠤᠨ ᠬᠠᠮᠠᠭᠠᠯᠠᠬᠤ ᠵᠦᠪᠰᠢᠶᠡᠷᠡᠯ ᠲᠤᠭᠲᠠᠭᠠᠯ [2025] 86 ᠳ᠋ᠤᠭᠠᠷ ᠲᠣᠭᠠᠲᠤ
ᠪᠢᠴᠢᠭᠳᠡᠭᠰᠡᠨ ᠡᠳᠦᠷ ᠬᠤᠭᠤᠴᠠᠭ᠎ᠠ ᠄ 2025 ᠣᠨ᠎ᠤ 8 ᠳ᠋ᠤᠭᠠᠷ ᠰᠠᠷ᠎ᠠ᠎ᠶᠢᠨ 5᠎ᠤ ᠡᠳᠦᠷ
ᠠᠯᠪᠠᠨ ᠪᠢᠴᠢᠭ᠎ᠤᠨ ᠬᠦᠴᠦᠨ ᠲᠠᠢ ᠬᠤᠭᠤᠴᠠᠭ᠎ᠠ ᠄ ᠬᠦᠴᠦᠨ ᠲᠠᠢ
ᠪᠠᠭᠠᠷᠢᠨ ᠵᠡᠭᠦᠨ ᠬᠤᠱᠢᠭᠤᠨ᠎ᠤ ᠺᠠᠢ ᠶᠤᠸᠠᠨ ᠠᠭᠤᠷᠬᠠᠢ᠎ᠶ᠋ᠢᠨ ᠦᠢᠯᠡᠰ᠎ᠤᠨ ᠬᠢᠵᠠᠭᠠᠷᠲᠤ ᠬᠠᠷᠢᠭᠤᠴᠠᠯᠭᠠᠲᠤ ᠺᠣᠮᠫᠠᠨᠢ᠄
ᠮᠠᠨ᠎ᠤ ᠲᠢᠩᠬᠢᠮ 2025 ᠣᠨ᠎ᠤ 7 ᠳ᠋ᠤᠭᠠᠷ ᠰᠠᠷ᠎ᠠ᠎ᠶ᠋ᠢᠨ 14 ᠤ ᠡᠳᠦᠷ ᠲᠠᠨ᠎ᠤ ᠨᠢᠭᠡᠴᠢ᠎ᠶ᠋ᠢᠨ ᠳᠤᠷᠠᠳᠤᠭ᠍ᠰᠠᠨ ᠪᠠᠭᠠᠷᠢᠨ ᠵᠡᠭᠦᠨ ᠬᠤᠱᠢᠭᠤᠨ᠎ᠤ ᠺᠠᠶ ᠶᠤᠸᠠᠨ ᠠᠭᠤᠷᠬᠠᠢ᠎ᠶ᠋ᠢᠨ ᠦᠢᠯᠡᠰ᠎ᠤᠨ ᠬᠢᠵᠠᠭᠠᠷᠲᠤ ᠬᠠᠷᠢᠭᠤᠴᠠᠯᠭᠠᠲᠤ ᠺᠣᠮᠫᠠᠨᠢ᠎ᠶ᠋ᠢᠨ ᠴᠠᠢᠷ᠎ᠤᠨ ᠣᠯᠠᠨ ᠲᠡᠮᠦᠷᠯᠢᠭ 165 ᠲᠦᠮᠡᠨ ᠲᠣᠨ / ᠵᠢᠯ᠎ᠤᠨ ᠠᠭᠤᠷᠬᠠᠶ ᠮᠠᠯᠲᠠᠬᠤ ᠱᠢᠰᠲ᠋ᠧᠮ᠎ᠤᠨ ᠪᠥᠲᠥᠭᠡᠨ ᠪᠠᠢᠭᠤᠯᠤᠯᠲᠠ᠎ᠶ᠋ᠢᠨ ᠲᠥᠷᠥᠯ ᠵᠦᠢᠯ᠎ᠤᠨ ᠤᠰᠤ ᠬᠦᠷᠦᠰᠦ᠎ᠶ᠋ᠢ ᠬᠠᠮᠠᠭᠠᠯᠠᠬᠤ ᠲᠥᠰᠦᠯ᠎ᠤᠨ ᠮᠡᠳᠡᠭᠦᠯᠦᠯᠲᠡ᠎ᠶ᠋ᠢᠨ ᠪᠢᠴᠢᠭ᠎ᠢ ᠬᠢᠨᠠᠨ ᠪᠠᠢᠴᠠᠭᠠᠯᠭᠠᠬᠤ ᠭᠤᠶᠤᠴᠢᠯᠠᠯ᠎ᠢ ᠭᠥᠯᠢᠶᠡᠨ ᠠᠪᠴᠤ᠌ ᠱᠢᠢᠳᠪᠦᠷᠢᠯᠡᠪᠡ᠃
ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠤᠰᠤᠨ ᠠᠱᠢᠭ᠍ᠯᠠᠯᠲᠠ᠎ᠶ᠋ᠢᠨ ᠦᠢᠯᠡᠰ᠎ᠤᠨ ᠬᠥᠭ᠌ᠵᠢᠯᠲᠡ᠎ᠶ᠋ᠢᠨ ᠲᠥᠪ᠎ᠤᠨ ᠮᠡᠷᠭᠡᠵᠢᠯ᠎ᠤᠨ ᠬᠢᠨᠠᠨ ᠲᠣᠭ᠍ᠲᠠᠭᠠᠯᠲᠠ᠎ᠪᠠᠷ ᠳᠠᠮᠵᠢᠭᠠᠳ᠂ ᠲᠠᠨ᠎ᠤ ᠨᠢᠭᠡᠴᠢ᠎ᠶ᠋ᠢᠨ ᠲᠤᠱᠢᠶᠠᠭ᠍ᠰᠠᠨ 《ᠪᠠᠭᠠᠷᠢᠨ ᠵᠡᠭᠦᠨ ᠬᠤᠱᠢᠭᠤᠨ᠎ᠤ ᠺᠠᠶ ᠶᠤᠸᠠᠨ ᠠᠭᠤᠷᠬᠠᠢ᠎ᠶ᠋ᠢᠨ ᠦᠢᠯᠡᠰ᠎ᠤᠨ ᠬᠢᠵᠠᠭᠠᠷᠲᠤ ᠬᠠᠷᠢᠭᠤᠴᠠᠯᠭᠠᠲᠤ ᠺᠣᠮᠫᠠᠨᠢ᠎ᠶ᠋ᠢᠨ ᠴᠠᠢᠷ᠎ᠤᠨ ᠣᠯᠠᠨ ᠲᠡᠮᠦᠷᠯᠢᠭ 165 ᠲᠦᠮᠡᠨ ᠲᠣᠨ / ᠵᠢᠯ᠎ᠤᠨ ᠠᠭᠤᠷᠬᠠᠶ ᠮᠠᠯᠲᠠᠬᠤ ᠱᠢᠰᠲ᠋ᠧᠮ᠎ᠤᠨ ᠪᠦᠲᠦᠭᠡᠨ ᠪᠠᠢᠭᠤᠯᠤᠯᠲᠠ᠎ᠶ᠋ᠢᠨ ᠲᠥᠷᠥᠯ ᠵᠦᠢᠯ᠎ᠤᠨ ᠤᠰᠤ ᠬᠦᠷᠦᠰᠦ᠎ᠶ᠋ᠢᠨ ᠢᠳᠡᠭ᠌ᠳᠡᠯ᠎ᠢ ᠰᠡᠷᠭᠡᠢᠯᠡᠨ ᠵᠠᠰᠠᠬᠤ ᠲᠥᠰᠦᠯ᠎ᠤᠨ ᠮᠡᠳᠡᠭᠦᠯᠦᠯᠲᠡ᠎ᠶ᠋ᠢᠨ ᠪᠢᠴᠢᠭ》 ᠲᠤ ᠤᠰᠤ ᠬᠦᠷᠦᠰᠦ᠎ᠶ᠋ᠢᠨ ᠢᠳᠡᠭ᠌ᠳᠡᠯ᠎ᠢ ᠰᠡᠷᠭᠡᠢᠯᠡᠨ ᠵᠠᠰᠠᠬᠤ ᠬᠠᠷᠢᠭᠤᠴᠠᠯᠭ᠎ᠠ᠎ᠶ᠋ᠢᠨ ᠬᠡᠪᠴᠢᠶ᠎ᠡ ᠵᠦᠢ ᠵᠣᠬᠢᠰ ᠦᠭᠡᠢ ᠪᠠᠢᠬᠤ᠂ ᠬᠠᠶᠠᠭ᠍ᠳᠠᠮᠠᠯ ᠴᠢᠯᠠᠭᠤᠨ᠎ᠤ ᠲᠠᠯᠠᠪᠠᠢ᠎ᠶ᠋ᠢᠨ ᠣᠷᠣᠨ ᠪᠠᠢᠷᠢ ᠲᠣᠳᠣᠷᠬᠠᠢ ᠪᠤᠰᠤ᠂ ᠭᠠᠵᠠᠷ ᠰᠣᠩᠭᠤᠭ᠍ᠰᠠᠨ ᠨᠢ ᠵᠤᠬᠢᠰ ᠦᠭᠡᠢ᠂ ᠤᠰᠤ ᠬᠦᠷᠦᠰᠦ᠎ᠶ᠋ᠢ ᠬᠠᠮᠠᠭᠠᠯᠠᠬᠤ ᠪᠠᠷᠢᠮᠵᠢᠶ᠎ᠠ᠂ ᠵᠢᠷᠤᠮᠵᠢᠯ ᠵᠡᠷᠭᠡ᠎ᠶ᠋ᠢᠨ ᠱᠠᠭᠠᠷᠳᠠᠯᠭ᠎ᠠ ᠶᠣᠰᠣᠭᠠᠷ ᠪᠦᠲᠦᠭᠡᠨ ᠪᠠᠢᠭᠤᠯᠤᠯᠲᠠ᠎ᠶ᠋ᠢᠨ ᠲᠥᠰᠥᠯ᠎ᠢᠶᠠᠨ ᠱᠢᠯᠢᠳᠡᠭ᠌ᠵᠢᠭᠦᠯᠵᠦ᠍᠂ ᠤᠰᠤ ᠬᠦᠷᠦᠰᠦ᠎ᠶ᠋ᠢ ᠬᠠᠮᠠᠭᠠᠯᠠᠬᠤ ᠠᠷᠭ᠎ᠠ ᠬᠡᠮᠵᠢᠶ᠎ᠡ᠎ᠶ᠋ᠢᠨ ᠳᠡᠰ᠎ᠢᠶᠠᠨ ᠳᠡᠭᠡᠭ᠌ᠰᠢᠯᠡᠭᠦᠯᠦᠭ᠌ᠰᠡᠨ ᠪᠠᠢᠳᠠᠯ ᠪᠠ 《ᠦᠢᠯᠡᠳᠪᠦᠷᠢᠯᠡᠯ ᠪᠦᠲᠦᠭᠡᠨ ᠪᠠᠢᠭᠤᠯᠤᠯᠲᠠ᠎ᠶ᠋ᠢᠨ ᠲᠥᠷᠥᠯ ᠵᠦᠢᠯ᠎ᠤᠨ ᠤᠰᠤ ᠬᠦᠷᠦᠰᠦ᠎ᠶ᠋ᠢ ᠬᠠᠮᠠᠭᠠᠯᠠᠬᠤ ᠲᠥᠰᠥᠯ᠎ᠤᠨ ᠬᠠᠮᠢᠶᠠᠷᠤᠯᠲᠠ᠎ᠶ᠋ᠢᠨ ᠠᠷᠭ᠎ᠠ》 (ᠤᠰᠤᠨ ᠠᠱᠢᠭ᠍ᠯᠠᠯᠲᠠ᠎ᠶ᠋ᠢᠨ ᠶᠠᠮᠤᠨ᠎ᠤ ᠵᠠᠷᠯᠢᠭ 53 ᠳ᠋ᠤᠭᠠᠷ ᠲᠣᠭᠠᠲᠤ) ᠶ᠋ᠢᠨ ᠠᠷᠪᠠᠨ ᠲᠠᠪᠤᠳᠤᠭᠠᠷ ᠵᠦᠢᠯ ᠤᠨ (ᠨᠢᠭᠡ)᠂ (ᠬᠤᠶᠠᠷ)᠂ (ᠳᠥᠷᠪᠡ)᠂ (ᠲᠠᠪᠤ) ᠳ᠋ᠤᠭᠠᠷ ᠵᠤᠷᠪᠤᠰ᠎ᠲᠤ ᠲᠣᠭ᠍ᠲᠠᠭᠠᠭ᠍ᠰᠠᠨ ᠵᠠᠰᠠᠭ ᠵᠠᠬᠢᠷᠭᠠᠨ᠎ᠤ ᠵᠥᠪᠰᠢᠶᠡᠷᠡᠯ᠎ᠦᠨ ᠲᠣᠭᠲᠠᠭᠠᠯ ᠥᠯᠥ ᠥᠭᠭᠦᠭᠰᠡᠨ ᠪᠠᠢᠳᠠᠯ᠃ ᠡᠭᠦᠨ᠎ᠤ ᠬᠠᠮᠲᠤ᠌᠂ ᠮᠡᠳᠡᠭᠦᠯᠦᠯᠲᠡ᠎ᠳᠤ ᠪᠠᠰᠠ ᠪᠤᠰᠤᠳ ᠮᠡᠷᠭᠡᠵᠢᠯ᠎ᠤᠨ ᠠᠰᠠᠭᠤᠳᠠᠯ ᠪᠠ ᠮᠡᠷᠭᠡᠵᠢᠯ᠎ᠤᠨ ᠪᠤᠰᠤ ᠴᠢᠨᠠᠷᠲᠠᠢ ᠠᠯᠳᠠᠭ᠎ᠠ ᠣᠷᠣᠱᠢᠵᠤ ᠪᠠᠢᠨ᠎ᠠ᠃
《ᠪᠦᠭᠦᠳᠡ ᠨᠠᠢᠷᠠᠮᠳᠠᠬᠤ ᠳᠤᠮᠳᠠᠳᠤ ᠠᠷᠠᠳ ᠤᠯᠤᠰ᠎ᠤᠨ ᠵᠠᠰᠠᠭ ᠵᠠᠬᠢᠷᠭᠠᠨ᠎ᠤ ᠵᠥᠪᠱᠢᠶᠡᠷᠡᠯ᠎ᠦᠨ ᠬᠠᠤᠯᠢ》 ᠶ᠋ᠢᠨ ᠭᠤᠴᠢᠨ ᠨᠠᠶ᠋ᠮᠠᠳᠤᠭᠠᠷ ᠵᠦᠢᠯ᠎ᠦᠨ ᠬᠣᠶᠠᠳᠤᠭᠠᠷ ᠵᠤᠷᠪᠤᠰ᠂ 《ᠤᠰᠤᠨ᠎ᠤ ᠵᠠᠰᠠᠭ ᠵᠠᠬᠢᠷᠭᠠᠨ᠎ᠤ ᠵᠥᠪᠱᠢᠶᠡᠷᠡᠯ᠎ᠦᠨ ᠬᠡᠷᠡᠭ᠌ᠵᠢᠭᠦᠯᠬᠦ᠌ ᠠᠷᠭ᠎ᠠ》 ᠶ᠋ᠢᠨ ᠭᠤᠴᠢᠨ ᠬᠣᠶᠠᠳᠤᠭᠠᠷ ᠵᠦᠢᠯ᠎ᠦᠨ ᠬᠣᠶᠠᠳᠤᠭᠠᠷ ᠵᠤᠷᠪᠤᠰ᠎ᠢ ᠦᠨᠳᠦᠰᠦᠯᠡᠨ᠂ ᠵᠠᠰᠠᠭ ᠵᠠᠬᠢᠷᠭᠠᠨ᠎ᠤ ᠵᠥᠪᠱᠢᠶᠡᠷᠡᠯ ᠣᠯᠭᠣᠬᠤ ᠦᠭᠡᠶ᠎ᠪᠡᠷ ᠲᠤᠭ᠍ᠲᠠᠭᠠᠪᠠ᠃
ᠬᠡᠷᠪᠡ ᠲᠤᠰ ᠲᠣᠭ᠍ᠲᠠᠭᠠᠯ᠎ᠢ ᠵᠥᠪᠱᠢᠶᠡᠷᠡᠬᠦ᠌ ᠦᠭᠡᠢ ᠪᠣᠯ ᠲᠤᠰ ᠲᠣᠭ᠍ᠲᠠᠭᠠᠯ᠎ᠢ ᠣᠯᠣᠭ᠍ᠰᠠᠨ ᠡᠳᠦᠷ᠎ᠠᠴᠠ ᠡᠬᠢᠯᠡᠨ ᠵᠢᠷᠠᠨ ᠡᠳᠦᠷ᠎ᠤᠨ ᠳᠣᠲᠣᠷ᠎ᠠ ᠬᠠᠤᠯᠢ ᠶᠣᠰᠣᠭᠠᠷ ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠳᠤ ᠵᠠᠰᠠᠭ ᠵᠠᠬᠢᠷᠭᠠᠨ᠎ᠢᠶᠠᠷ ᠳᠠᠬᠢᠨ ᠵᠥᠪᠯᠡᠭᠦᠯᠬᠦ᠌᠎ᠪᠠᠷ ᠭᠤᠶᠤᠴᠢᠯᠠᠬᠤ ᠪᠤᠶᠤ ᠵᠢᠷᠭᠤᠭᠠᠨ ᠰᠠᠷ᠎ᠠ᠎ᠶ᠋ᠢᠨ ᠳᠣᠲᠣᠷ᠎ᠠ ᠬᠥᠬᠡᠬᠤᠲᠠ᠎ᠶ᠋ᠢᠨ ᠰᠠᠢᠬᠠᠨ ᠲᠣᠭᠤᠷᠢᠭ᠎ᠤᠨ ᠠᠷᠠᠳ᠎ᠤᠨ ᠱᠢᠭᠦᠬᠦ᠌ ᠬᠤᠷᠢᠶᠠᠨ᠎ᠳᠤ ᠵᠠᠭᠠᠯᠳᠤᠵᠤ ᠪᠣᠯᠣᠨ᠎ᠠ᠃
ᠳᠠᠭᠠᠯᠳᠤᠭᠤᠯᠤᠯ᠄
2025 ᠣᠨ᠎ᠤ 8 ᠳ᠋ᠤᠭᠠᠷ ᠰᠠᠷ᠎ᠠ᠎ᠶ᠋ᠢᠨ 5 ᠤ ᠡᠳᠦᠷ