ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠣᠨᠴᠠᠯᠢᠭᠲᠤ᠌ ᠳᠠᠪᠴᠠᠩ
ᠢᠯᠡ ᠵᠠᠰᠠᠭ   -   ᠪᠢᠴᠢᠭ ᠮᠠᠲ᠋ᠧᠷᠢᠶᠠᠯ
ᠽᠧᠦ ᠲᠦᠩ ᠢᠦᠢ᠎ᠶ᠋ᠢᠨ ᠵᠠᠬᠢᠳᠠᠯ ᠰᠤᠷᠪᠤᠯᠵᠢᠯᠠᠯ᠎ᠤᠨ ᠵᠦᠢᠯᠡᠰ᠎ᠢ ᠪᠠᠢᠴᠠᠭᠠᠭ᠍ᠰᠠᠨ ᠪᠠᠢᠳᠠᠯ᠎ᠤᠨ ᠲᠤᠬᠠᠢ ᠮᠡᠳᠡᠭᠦᠯᠦᠯᠲᠡ
ᠨᠡᠶ᠋ᠢᠲᠡᠯᠡᠭᠰᠡᠨ ᠴᠠᠭ᠄ 2025-07-15

ᠬᠡᠯᠬᠢᠶᠡᠰᠦᠨ ᠨᠣᠮᠧᠷ ᠄ 000014348/2025-03571

ᠭᠤᠣᠯ ᠰᠡᠳᠦᠪ᠎ᠤᠨ ᠠᠩᠭᠢᠯᠠᠯ ᠄ ᠤᠰᠤᠨ ᠠᠱᠢᠬ᠍ᠯᠠᠯᠳᠠ

ᠨᠡᠢᠲᠡᠯᠡᠭ᠌ᠰᠡᠨ ᠪᠠᠶᠢᠭᠤᠯᠤᠮᠵᠢ ᠄ ᠥᠪᠡᠷᠲᠡᠭᠡᠨ ᠵᠠᠰᠠᠬᠤ ᠣᠷᠣᠨ᠎ᠤ ᠤᠰᠤᠨ ᠠᠱᠢᠬ᠍ᠯᠠᠯᠳᠠ᠎ᠶ᠋ᠢᠨ ᠲᠢᠩᠬᠢᠮ

ᠪᠢᠴᠢᠭ᠎ᠤᠨ ᠳ᠋ᠤᠭᠠᠷ ᠄ ᠦᠪᠦᠷ ᠤᠰᠤᠨ ᠳᠡᠭᠡᠭᠡᠪᠦᠷᠢ ᠬᠠᠮᠢᠶᠠᠷᠤᠯᠲᠠ [2025] 49 ᠳ᠋ᠦ᠍ᠭᠡᠷ ᠲᠣᠭᠠᠲᠤ

ᠪᠢᠴᠢᠭ᠌ᠳᠡᠭ᠌ᠰᠡᠨ ᠡᠳᠦᠷ ᠬᠤᠭᠤᠴᠠᠭ᠎ᠠ ᠄ 2025 ᠣᠨ᠎ᠤ 7 ᠳ᠋ᠤᠭᠠᠷ ᠰᠠᠷ᠎ᠠ᠎ᠶ᠋ᠢᠨ 15᠎ᠦ ᠡᠳᠦᠷ

ᠠᠯᠪᠠᠨ ᠪᠢᠴᠢᠭ᠎ᠤᠨ ᠬᠦᠴᠦᠨ ᠲᠠᠢ ᠬᠤᠭᠤᠴᠠᠭ᠎ᠠ ᠄ ᠬᠦᠴᠦᠨ ᠲᠠᠢ

 

ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠵᠠᠬᠢᠳᠠᠯ ᠰᠤᠷᠪᠤᠯᠵᠢᠯᠠᠯ᠎ᠤᠨ ᠲᠣᠪᠴᠢᠶ᠎ᠠ᠎ᠳᠤ᠄

  《ᠲᠤᠱᠢᠶᠠᠨ ᠥᠭ᠌ᠴᠦ ᠱᠢᠢᠳᠪᠦᠷᠢᠯᠡᠭᠦᠯᠬᠦ᠌ ᠬᠠᠭᠤᠳᠠᠰᠤ》 (ᠥᠪᠥᠷ ᠵᠠᠬᠢᠳᠠᠯ ᠰᠤᠷᠪᠤᠯᠵᠢᠯᠠᠯ ᠱᠢᠯᠵᠢᠭᠦᠯᠦᠨ ᠲᠤᠱᠢᠶᠠᠬᠤ ᠬᠠᠭᠤᠳᠠᠰᠤ [2025]50914 ᠳ᠋ᠦ᠍ᠭᠡᠷ ᠲᠣᠭᠠᠲᠤ)᠎ᠶ᠋ᠢ ᠱᠢᠢᠳᠪᠦᠷᠢᠯᠡᠬᠦ᠌ ᠱᠠᠭᠠᠷᠳᠠᠯᠭ᠎ᠠ᠎ᠶ᠋ᠢ ᠦᠨᠳᠦᠰᠦᠯᠡᠨ᠂ ᠮᠠᠨ᠎ᠤ ᠲᠢᠩᠬᠢᠮ ᠽᠧᠦ ᠲᠦᠩ ᠢᠦᠶ᠎ᠶ᠋ᠢᠨ ᠲᠤᠰᠭᠠᠬ᠍ᠰᠠᠨ 《ᠤᠤᠯ᠎ᠤᠨ ᠬᠤᠩᠱᠠᠨ ᠤᠰᠤᠨ ᠴᠥᠭᠦᠷᠥᠮ᠎ᠤᠨ ᠬᠠᠮᠢᠶᠠᠷᠤᠯᠲᠠ᠎ᠶ᠋ᠢᠨ ᠲᠥᠪ᠎ᠤᠨ ᠬᠤᠯᠪᠣᠭ᠍ᠳᠠᠯ ᠪᠦᠬᠦᠢ ᠤᠳᠤᠷᠢᠳᠭᠤ ᠺᠠᠳ᠋ᠷ ᠬᠤᠩᠱᠠᠨ ᠤᠰᠤᠨ ᠴᠥᠭᠦᠷᠥᠮ᠎ᠤᠨ  ᠶᠡᠬᠡ ᠬᠠᠱᠢᠯᠭ᠎ᠠ᠎ᠶ᠋ᠢᠨ ᠡᠮᠦᠨ᠎ᠡ ᠲᠠᠯ᠎ᠠ᠎ᠶ᠋ᠢᠨ ᠲᠣᠭ᠍ᠲᠠᠭᠠᠯ᠎ᠠᠴᠠ ᠵᠥᠷᠢᠴᠡᠨ ᠪᠠᠢᠭᠤᠯᠤᠭ᠍ᠰᠠᠨ᠎ᠢ ᠳᠤᠷ᠎ᠠ ᠎ᠪᠠᠷ ᠨᠢ ᠲᠠᠯᠪᠢᠵᠦ᠍ ᠦᠮᠦᠭ᠌ᠯᠡᠭ᠌ᠰᠡᠨ》 ᠵᠠᠬᠢᠳᠠᠯ ᠰᠤᠷᠪᠤᠯᠵᠢᠯᠠᠯ᠎ᠤᠨ ᠵᠦᠢᠯᠡᠰ ᠵᠢᠴᠢ ᠪᠠᠢᠴᠠᠭᠠᠯᠲᠠ᠎ᠶᠢ ᠵᠣᠬᠢᠶᠠᠨ ᠪᠠᠢᠭᠤᠯᠤᠨ ᠥᠷᠨᠢᠭᠦᠯᠪᠡ᠃ ᠡᠳᠦᠭᠡ ᠬᠤᠯᠪᠣᠭ᠍ᠳᠠᠯ ᠪᠦᠬᠦᠢ ᠪᠠᠢᠳᠠᠯ᠎ᠢ ᠳᠣᠣᠷᠠᠬᠢ ᠮᠡᠲᠦ ᠮᠡᠳᠡᠭᠦᠯᠤᠶ᠎ᠠ᠄

  ᠨᠢᠭᠡ᠂ ᠵᠠᠬᠢᠳᠠᠯ ᠰᠣᠷᠪᠣᠯᠵᠢᠯᠠᠯ᠎ᠤᠨ ᠵᠦᠢᠯᠡᠰ ᠎ᠤᠨ ᠦᠨᠳᠦᠰᠦᠨ ᠪᠠᠢᠳᠠᠯ

  ᠵᠠᠬᠢᠳᠠᠯ ᠰᠤᠷᠪᠤᠯᠵᠢᠯᠠᠯ᠎ᠤᠨ ᠬᠦᠮᠦᠨ ᠽᠸᠦ ᠲᠦᠩ ᠢᠤᠢ᠂ ᠡᠷᠡᠭ᠌ᠲᠡᠢ᠂ ᠵᠠᠬᠢᠳᠠᠯ ᠰᠤᠷᠪᠤᠯᠵᠢᠯᠠᠯ᠎ᠤᠨ ᠲᠤᠰᠭᠠᠬ᠍ᠰᠠᠨ ᠠᠭᠤᠯᠭ᠎ᠠ ᠄ ᠦᠨᠡᠨ ᠨᠡᠷ᠎ᠡ᠎ᠪᠠᠷ᠎ᠢᠶᠠᠨ ᠤᠤᠯ᠎ᠤᠨ ᠬᠤᠩᠱᠠᠨ ᠴᠥᠭᠦᠷᠥᠮ᠎ᠤᠨ ᠬᠠᠮᠢᠶᠠᠷᠤᠯᠲᠠ᠎ᠶ᠋ᠢᠨ ᠲᠥᠪ᠎ᠤᠨ ᠡᠷᠬᠢᠯᠡᠭ᠌ᠴᠢ ᠴᠧᠩ ᠶᠠᠨ ᠹᠧᠩ᠂ ᠳᠡᠳ᠋ ᠡᠷᠬᠢᠯᠡᠭ᠌ᠴᠢ ᠯᠢᠨ ᠵᠢᠶᠦ᠋ᠨ ᠸᠧᠢ᠎ᠠᠴᠠ ᠶᠠᠩ ᠵᠢᠶᠦ᠋ᠨ ᠢ᠎ᠶ᠋ᠢᠨ ᠢᠤᠢ ᠹᠧᠩ ᠺᠤᠮᠫᠠᠨᠢ ᠨᠢ ᠬᠤᠩᠱᠠᠨ ᠴᠥᠭᠦᠷᠥᠮ᠎ᠤᠨ ᠬᠠᠱᠢᠯᠭ᠎ᠠ᠎ᠶ᠋ᠢᠨ ᠡᠮᠦᠨ᠎ᠡ ᠲᠠᠯ᠎ᠠ᠎ᠶ᠋ᠢᠨ ᠬᠠᠵᠠᠭᠤ᠎ᠶᠢᠨ ᠳᠡᠳ᠋ ᠬᠠᠰᠢᠯᠭ᠎ᠠ᠎ᠶᠢᠨ ᠪᠤᠯᠤᠩ᠎ᠳᠤ ( ᠤᠰᠤᠨ ᠴᠥᠭᠥᠷᠥᠮ᠎ᠦᠨ ᠡᠷᠭᠦᠭᠳᠡᠴᠡ᠎ᠶᠢᠨ ᠳᠣᠲᠣᠷ᠎ᠠ ) ᠶᠡᠭᠡ ᠬᠡᠮᠵᠢᠶ᠎ᠡ᠎ᠪᠠᠷ ᠬᠠᠥᠯᠢ᠎ᠶ᠋ᠢ ᠵᠦᠷᠢᠴᠡᠨ ᠪᠠᠢᠭᠤᠯᠵᠤ ( ᠨᠠᠨ ᠶᠤᠸᠠᠨ ᠵᠢᠭᠠᠰᠤᠨ ᠲᠣᠰᠭᠤᠨ᠎ᠦ ᠬᠤᠭᠤᠯᠠᠨ ᠭᠡᠷ ᠪᠠ ᠵᠢᠭᠠᠰᠤᠨ ᠲᠠᠯᠠᠪᠠᠢ ᠪᠠᠭ᠍ᠲᠠᠨ᠎ᠠ ) ᠣᠯᠠᠨ ᠵᠢᠯ᠎ᠦᠨ ᠲᠤᠷᠰᠢ ᠨᠤᠷᠠᠭᠠᠬᠤ᠎ᠶ᠋ᠢ ᠡᠰᠡᠷᠭᠦᠴᠡᠬᠦ᠌᠎ᠶ᠋ᠢ ᠳᠤᠷ᠎ᠠ᠎ᠪᠠᠷ ᠨᠢ ᠲᠠᠯᠪᠢᠵᠦ᠍ ᠦᠮᠦᠭ᠌ᠯᠡᠪᠡ᠃ 

  ᠬᠤᠶᠠᠷ᠂ ᠵᠠᠬᠢᠳᠠᠯ ᠰᠤᠷᠪᠤᠯᠵᠢᠯᠠᠯ᠎ᠤᠨ ᠵᠦᠢᠯᠡᠰ᠎ᠢ ᠪᠠᠢᠴᠠᠭᠠᠭ᠍ᠰᠠᠨ ᠪᠠᠢᠳᠠᠯ

  ᠪᠠᠢᠴᠠᠭᠠᠭ᠍ᠰᠠᠨ᠎ᠢᠶᠠᠷ ᠳᠠᠮᠵᠢᠨ᠂ ᠽᠧᠦ ᠲᠦᠩ ᠢᠦᠢ ᠵᠠᠬᠢᠳᠠᠯ ᠰᠤᠷᠪᠤᠯᠵᠢᠯᠠᠯ᠎ᠤᠨ ᠲᠤᠰᠭᠠᠭ᠍ᠰᠠᠨ ᠪᠠᠢᠳᠠᠯ᠎ᠤ᠋ᠨ ᠬᠡᠰᠡᠭ ᠨᠢ ᠦᠨᠡᠨ ᠪᠣᠳᠠᠲᠠᠢ ᠃

  《 ᠬᠤᠩᠱᠠᠨ ᠤᠰᠤᠨ ᠴᠥᠭᠥᠷᠥᠮ᠎ᠦ᠋ᠨ ᠶᠡᠬᠡ ᠬᠠᠱᠢᠯᠭ᠎ᠠ᠎ᠶᠢᠨ ᠡᠮᠦᠨ᠎ᠡ ᠲᠠᠯ᠎ᠠ᠎ᠳ᠋ᠤ ᠳᠦᠷᠢᠮ᠎ᠢ᠋ ᠵᠦᠷᠢᠴᠡᠨ ᠪᠠᠢᠭᠤᠯᠤᠭ᠍ᠰᠠᠨ 》 ᠪᠠᠢᠳᠠᠯ ᠨᠢ ᠦᠨᠡᠨ ᠪᠤᠲᠠᠲᠠᠢ᠃ 《ᠨᠠᠨ ᠶᠤᠸᠠᠨ ᠵᠢᠭᠠᠰᠤᠨ ᠲᠣᠰᠭᠤᠨ》᠎ᠤ ᠬᠠᠮᠢᠶ᠎ᠠ ᠪᠦᠬᠦᠢ ᠪᠠᠷᠢᠯᠭ᠎ᠠ᠎ᠶ᠋ᠢ ᠬᠤᠶᠠᠷ ᠬᠡᠰᠡᠭ᠎ᠲᠤ ᠬᠤᠪᠢᠶᠠᠵᠤ᠂ ᠨᠢᠭᠡ ᠬᠡᠰᠡᠭ᠎ᠨᠢ ᠵᠢᠭᠠᠰᠤᠨ ᠠᠵᠤ ᠠᠬᠤᠢ᠎ᠶ᠋ᠢᠨ ᠬᠠᠮᠢᠶᠠᠷᠤᠯᠲᠠ᠎ᠳᠤ ᠬᠡᠷᠡᠭ᠌ᠯᠡᠬᠦ᠌ ᠭᠡᠷ ᠵᠢᠴᠢ ᠢᠵᠢ ᠪᠦᠷᠢᠳᠦᠭᠦᠯᠬᠦ᠌᠎ᠳᠤ ᠬᠡᠷᠡᠭ᠌ᠯᠡᠬᠦ᠌ ᠭᠡᠷ ᠪᠠᠢᠵᠤ᠂ ᠲᠠᠯᠠᠪᠠᠢ᠎ᠨᠢ ᠪᠠᠷᠤᠭ 3440.69 ᠲᠡᠭ᠌ᠰᠢ ᠳᠥᠷᠪᠡᠯᠵᠢᠨ ᠮᠧᠲᠷ ᠪᠠᠢᠵᠤ᠂ 2002 ᠣᠨ᠎ᠳᠤ ᠪᠠᠢᠭᠤᠯᠤᠭ᠍ᠳᠠᠵᠤ᠂ ᠬᠤᠩᠱᠠᠨ ᠤᠰᠤᠨ ᠴᠥᠭᠦᠷᠥᠮ᠎ᠤᠨ ᠬᠠᠮᠢᠶᠠᠷᠤᠯᠲᠠ᠎ᠶ᠋ᠢᠨ ᠲᠣᠪᠴᠢᠶ᠎ᠠ ᠬᠢᠭᠡᠳ ᠤᠯᠠᠭᠠᠨᠬᠠᠳᠠ ᠬᠤᠳᠠ᠎ᠶ᠋ᠢᠨ ᠤᠰᠤᠨ ᠭᠠᠷᠤᠯᠲᠠ᠎ᠶ᠋ᠢᠨ ᠱᠢᠨᠵᠢᠯᠡᠬᠦ᠌ ᠤᠬᠠᠭᠠᠨ᠎ᠤ ᠰᠤᠳᠤᠯᠭᠠᠨ᠎ᠤ ᠭᠠᠵᠠᠷ᠎ᠲᠤ 《ᠤᠯᠠᠭᠠᠨᠬᠠᠳᠠ ᠬᠤᠳᠠ᠎ᠶ᠋ᠢᠨ ᠵᠢᠭᠠᠰᠤᠨ ᠠᠵᠤ ᠠᠬᠤᠢ᠎ᠶ᠋ᠢᠨ ᠶᠡᠷᠦᠩᠬᠡᠢᠯᠡᠭ᠌ᠰᠡᠨ ᠲᠡᠵᠢᠭᠡᠨ ᠦᠷᠡᠵᠢᠭᠦᠯᠬᠦ᠌ ᠱᠢᠨᠵᠢᠯᠡᠬᠦ᠌ ᠤᠬᠠᠭᠠᠨ ᠲᠸᠭ᠌ᠨᠢᠭ ᠮᠡᠷᠭᠡᠵᠢᠯ᠎ᠤᠨ ᠶᠠᠳᠠᠭᠤ᠎ᠶ᠋ᠢ ᠲᠡᠳᠬᠦᠬᠦ᠌ ᠵᠢᠱ᠌ᠢᠶ᠎ᠡ ᠦᠵᠡᠭᠦᠯᠬᠦ᠌ ᠬᠦᠷᠢᠶᠡᠯᠡᠩ ᠲᠣᠭᠤᠷᠢᠭ᠎ᠤᠨ ᠬᠤᠩᠱᠠᠨ ᠤᠰᠤᠨ ᠴᠥᠭᠦᠷᠥᠮ᠎ᠤᠨ ᠲᠣᠣᠷᠯᠢᠭ ᠬᠠᠢᠷᠴᠠᠭ᠎ᠲᠦ ᠲᠡᠵᠢᠭᠡᠨ ᠦᠷᠡᠵᠢᠭᠦᠯᠬᠦ᠌ ᠲᠤᠷᠱᠢᠯᠲᠠ᠎ᠶ᠋ᠢᠨ ᠲᠣᠭᠤᠷᠢᠭ ᠪᠠᠢᠭᠤᠯᠬᠤ ᠲᠤᠬᠠᠢ ᠭᠡᠷ᠎ᠡ》 ᠪᠠ 《ᠵᠢᠭᠠᠰᠤᠨ ᠠᠵᠤ ᠠᠬᠤᠢ᠎ᠶ᠋ᠢᠨ ᠶᠡᠷᠦᠩᠬᠡᠢᠯᠡᠭ᠌ᠰᠡᠨ ᠲᠡᠵᠢᠭᠡᠨ ᠦᠷᠡᠵᠢᠭᠦᠯᠬᠦ᠌ ᠲᠤᠷᠱᠢᠯᠲᠠ᠎ᠶ᠋ᠢᠨ ᠬᠦᠷᠢᠶᠡᠯᠡᠩ ᠲᠣᠭᠤᠷᠢᠭ᠎ᠲᠤ ᠬᠡᠷᠡᠭ᠌ᠯᠡᠬᠦ᠌ ᠬᠡᠯᠡᠯᠴᠡᠭᠡᠷ᠎ᠤᠨ ᠪᠢᠴᠢᠭ》᠎ᠲᠤ ᠪᠣᠯᠵᠣᠨ ᠲᠣᠭ᠍ᠲᠠᠭ᠍ᠰᠠᠨ ᠬᠡᠷᠡᠭ᠌ᠯᠡᠬᠦ᠌ ᠭᠠᠵᠠᠷ᠎ᠤᠨ ᠬᠡᠪᠴᠢᠶᠡᠨ᠎ᠳᠤ ᠪᠠᠢᠷᠢᠯᠠᠵᠤ ᠪᠠᠢᠨ᠎ᠠ᠃ ᠪᠠᠢᠴᠠᠭᠠᠯᠲᠠ᠎ᠪᠠᠷ ᠳᠠᠮᠵᠢᠨ ᠶᠠᠩ ᠵᠢᠶᠦ᠋ᠨ ᠢ ᠪᠣᠯ ᠤᠯᠠᠭᠠᠨᠬᠠᠳᠠ ᠬᠤᠲᠠ᠎ᠶ᠋ᠢᠨ ᠤᠰᠤᠨ ᠭᠠᠷᠤᠯᠲᠠ᠎ᠶ᠋ᠢᠨ ᠱᠢᠨᠵᠢᠯᠡᠬᠦ᠌ ᠤᠬᠠᠭᠠᠨ᠎ᠤ ᠰᠤᠳᠤᠯᠭᠠᠨ᠎ᠤ ᠭᠠᠵᠠᠷ᠎ᠤᠨ ᠠᠵᠢᠯᠲᠠᠨ ᠪᠠᠢᠵᠦ᠍᠂ ᠰᠡᠭᠦᠯᠡᠷ᠎ᠨᠢ ᠲᠤᠰ ᠰᠤᠳᠤᠯᠭᠠᠨ᠎ᠤ ᠭᠠᠵᠠᠷ᠎ᠢ ᠬᠠᠰᠤᠵᠤ᠂ ᠶᠠᠩ ᠵᠢᠶᠦ᠋ᠨ ᠢ ᠪᠤᠰᠤᠳ᠎ᠲᠠᠢ ᠬᠠᠮᠲᠤ ᠤᠯᠠᠭᠠᠨᠬᠠᠳᠠ᠎ᠶ᠋ᠢᠨ ᠢᠤᠢ ᠹᠧᠩ ᠤᠰᠤᠨ ᠭᠠᠷᠤᠯᠲᠠ᠎ᠶ᠋ᠢᠨ ᠱᠢᠨᠵᠢᠯᠡᠭᠡ ᠮᠡᠷᠭᠡᠵᠢᠯ᠎ᠤᠨ ᠬᠢᠵᠠᠭᠠᠷᠲᠤ ᠬᠠᠷᠢᠭᠤᠴᠠᠯᠭᠠᠲᠤ ᠺᠣᠮᠫᠠᠨᠢ᠎ᠶ᠋ᠢ ᠪᠠᠢᠭᠤᠯᠵᠤ᠂ ᠶᠠᠩ ᠵᠢᠶᠦ᠋ᠨ ᠢ ᠲᠤᠰ ᠺᠣᠮᠫᠠᠨᠢ᠎ᠶ᠋ᠢᠨ ᠬᠠᠷᠢᠭᠤᠴᠠᠯᠭᠠᠲᠠᠨ ᠪᠣᠯᠵᠠᠢ᠃ ᠲᠣᠰ ᠺᠣᠮᠫᠠᠨᠢ 2005 ᠣᠨ᠎ᠳᠤ ᠬᠤᠩᠱᠠᠨ ᠤᠰᠤᠨ ᠴᠥᠭᠦᠷᠥᠮ᠎ᠤᠨ ᠬᠠᠮᠢᠶᠠᠷᠤᠯᠲᠠ᠎ᠶ᠋ᠢᠨ ᠲᠣᠪᠴᠢᠶ᠎ᠠ᠎ᠲᠠᠢ ᠭᠠᠵᠠᠷ ᠱᠢᠷᠣᠶ ᠬᠡᠷᠡᠭ᠌ᠯᠡᠬᠦ᠌ ᠡᠷᠬᠡ᠎ᠶ᠋ᠢᠨ ᠳᠠᠭᠠᠭᠠᠴᠢᠯᠠᠯᠲᠠ᠎ᠶ᠋ᠢᠨ ᠭᠡᠷ᠎ᠡ ᠲᠣᠭ᠍ᠲᠠᠵᠤ᠂ ᠲᠦᠷᠢᠶᠡᠰᠦᠨ ᠬᠡᠷᠡᠭ᠌ᠯᠡᠬᠦ᠌ ᠭᠠᠵᠠᠷ᠎ᠢ ᠤᠤᠯ᠎ᠤᠨ ᠰᠠᠭᠤᠷᠢᠨ ᠳᠡᠭᠡᠷ᠎ᠡ 36 ᠮᠥ᠍ ᠪᠣᠯᠭᠠᠨ ᠥᠷᠭᠡᠳᠭᠡᠵᠦ᠍᠂ ᠭᠤᠤᠯᠳᠠᠭᠤ ᠵᠢᠱ᠌ᠢᠶ᠎ᠡ ᠦᠵᠡᠭᠦᠯᠬᠦ᠌ ᠬᠦᠷᠢᠶᠡᠯᠡᠩ ᠲᠣᠭᠤᠷᠢᠭ᠎ᠤᠨ ᠵᠢᠭᠠᠰᠤᠨ ᠠᠵᠤ ᠠᠬᠤᠶ᠎ᠶ᠋ᠢᠨ ᠶᠡᠷᠦᠩᠬᠡᠢᠯᠡᠭ᠌ᠰᠡᠨ ᠲᠡᠵᠢᠭᠡᠨ ᠦᠷᠡᠵᠢᠭᠦᠯᠬᠦ᠌᠎ᠳᠤ ᠬᠡᠷᠡᠭ᠌ᠯᠡᠬᠦ᠌᠎ᠶ᠋ᠢ ᠪᠣᠯᠵᠣᠨ ᠲᠣᠭ᠍ᠲᠠᠵᠠᠶ᠃ ᠡᠭᠦᠨ᠎ᠠᠴᠠ ᠭᠠᠳᠠᠨ᠎ᠠ ᠬᠡᠰᠡᠭ ᠪᠣᠯ ᠠᠮᠢ ᠠᠬᠤᠢ᠎ᠶ᠋ᠢᠨ ᠢᠳᠡᠭᠡᠨ ᠤᠮᠳᠠᠭᠠᠨ᠎ᠤ ᠠᠮᠠᠷᠠᠯᠲᠠ᠎ᠶ᠋ᠢᠨ ᠣᠷᠣᠨ᠎ᠤ ᠭᠡᠷ ᠪᠠᠢᠱᠢᠩ ᠪᠣᠯ ᠨᠠᠨ ᠶᠤᠸᠠᠨ ᠵᠢᠭᠠᠰᠤᠨ ᠲᠣᠰᠭᠤᠨ ᠪᠣᠯᠤᠨ᠎ᠠ᠂ ᠪᠦᠬᠦ᠌ ᠲᠠᠯᠠᠪᠠᠶ᠎ᠨᠢ ᠪᠠᠷᠤᠭ 1110.27 ᠲᠡᠭ᠌ᠰᠢ ᠳᠥᠷᠪᠡᠯᠵᠢᠨ ᠮᠧᠲᠷ ᠪᠠᠢᠵᠤ᠂ 2013 ᠣᠨ᠎ᠳᠤ ᠪᠠᠢᠭᠤᠯᠵᠤ᠂ 2012 ᠣᠨ᠎ᠳᠤ ᠤᠯᠠᠭᠠᠨᠬᠠᠳᠠ᠎ᠶ᠋ᠢᠨ ᠢᠤᠢ ᠹᠧᠩ ᠤᠰᠤᠨ ᠭᠠᠷᠤᠯᠲᠠ᠎ᠶ᠋ᠢᠨ ᠱᠢᠨᠵᠢᠯᠡᠬᠦ᠌ ᠤᠬᠠᠭᠠᠨ ᠲᠸᠭ᠌ᠨᠢᠭ ᠮᠡᠷᠭᠡᠵᠢᠯ᠎ᠤᠨ ᠬᠢᠵᠠᠭᠠᠷᠲᠤ ᠬᠠᠷᠢᠭᠤᠴᠠᠯᠭᠠᠲᠤ ᠺᠣᠮᠫᠠᠨᠢ ᠬᠢᠭᠡᠳ ᠬᠤᠩᠱᠠᠨ ᠤᠰᠤᠨ ᠴᠥᠭᠦᠷᠥᠮ᠎ᠤᠨ ᠬᠠᠮᠢᠶᠠᠷᠤᠯᠲᠠ᠎ᠶ᠋ᠢᠨ ᠲᠣᠪᠴᠢᠶ᠎ᠠ᠎ᠯᠤᠭ᠎ᠠ 《ᠳᠡᠳ᠋ ᠬᠠᠱᠢᠯᠭ᠎ᠠ᠎ᠶ᠋ᠢᠨ ᠪᠤᠯᠤᠩ᠎ᠤᠨ ᠵᠢᠭᠤᠯᠴᠢᠯᠠᠯ᠎ᠤᠨ ᠠᠮᠢ ᠠᠬᠤᠢ᠎ᠶ᠋ᠢᠨ ᠬᠦᠷᠢᠶᠡᠯᠡᠩ᠎ᠤᠨ ᠳᠠᠭᠠᠭᠠᠴᠢᠯᠠᠯᠲᠠ᠎ᠶ᠋ᠢᠨ ᠭᠡᠷ᠎ᠡ》 ᠲᠣᠭ᠍ᠲᠠᠭ᠍ᠰᠠᠨ ᠪᠥᠭᠡᠳ ᠬᠤᠩᠱᠠᠨ ᠤᠰᠤᠨ ᠴᠥᠭᠦᠷᠥᠮ᠎ᠤᠨ ᠬᠠᠮᠢᠶᠠᠷᠤᠯᠲᠠ᠎ᠶ᠋ᠢᠨ ᠲᠣᠪᠴᠢᠶ᠎ᠠ᠎ᠶ᠋ᠢᠨ 《ᠳᠡᠳ᠋ ᠬᠠᠱᠢᠯᠭ᠎ᠠ᠎ᠶ᠋ᠢᠨ ᠪᠤᠯᠤᠩ᠎ᠤᠨ ᠵᠢᠭᠤᠯᠴᠢᠯᠠᠯ᠎ᠤᠨ ᠠᠮᠢ ᠠᠬᠤᠢ᠎ᠶ᠋ᠢᠨ ᠢᠳᠡᠭᠡᠨ ᠤᠮᠳᠠᠭᠠᠨ᠎ᠤ ᠠᠮᠠᠷᠠᠯᠲᠠ᠎ᠶ᠋ᠢᠨ ᠣᠷᠣᠨ᠎ᠤ ᠭᠡᠷ ᠪᠠᠢᠱᠢᠩ᠎ᠤᠨ ᠪᠦᠲᠦᠭᠡᠨ ᠪᠠᠢᠭᠤᠯᠤᠯᠲᠠ᠎ᠶ᠋ᠢᠨ ᠲᠤᠬᠠᠶ ᠴᠣᠬᠤᠯᠠᠪᠤᠷᠢ》 ( ᠤᠯᠠᠭᠠᠨ ᠬᠠᠮᠢᠶᠠᠷᠤᠯᠲᠠ ᠲᠣᠪᠴᠢᠶ᠎ᠠ ᠲᠠᠷᠬᠠᠭᠠᠭ᠍ᠰᠠᠨ [2013] 6 ᠳ᠋ᠤᠭᠠᠷ ᠲᠣᠭᠠᠲᠤ )᠎ᠶ᠋ᠢ ᠣᠯᠪᠠ᠃ ᠳᠡᠭᠡᠷᠡᠬᠢ ᠬᠤᠶᠠᠷ ᠰᠠᠭᠤᠷᠢ ᠪᠠᠷᠢᠯᠭ᠎ᠠ ᠴᠥᠮ ᠴᠥᠭᠦᠷᠥᠮ᠎ᠤᠨ ᠣᠷᠣᠨ᠎ᠤ 442.50 ᠮᠧᠲᠷ ( ᠬᠤᠩᠱᠠᠨ ᠴᠥᠭᠦᠷᠥᠮ᠎ᠤᠨ ᠵᠢᠷᠤᠭ ᠲᠥᠯᠥᠪᠯᠡᠭᠡ᠎ᠶ᠋ᠢᠨ ᠦᠶᠡᠷ᠎ᠤᠨ ᠲᠦᠪᠱᠢᠨ )᠎ᠠᠴᠠ ᠳᠣᠷᠣᠭ᠍ᠰᠢ ᠪᠣᠯ ᠴᠥᠮ ᠴᠥᠭᠦᠷᠥᠮ᠎ᠤᠨ ᠣᠷᠣᠨ᠎ᠤ ᠬᠠᠮᠢᠶᠠᠷᠤᠯᠲᠠ᠎ᠶ᠋ᠢᠨ ᠬᠡᠪᠴᠢᠶᠡᠨ᠎ᠳᠤ ᠪᠠᠢᠳᠠᠭ᠃ 《ᠪᠥᠬᠦᠳᠡ ᠨᠠᠢᠷᠠᠮᠳᠠᠬᠤ ᠳᠤᠮᠳᠠᠳᠤ ᠠᠷᠠᠳ ᠤᠯᠤᠰ᠎ᠤᠨ ᠦᠶᠡᠷ᠎ᠢ ᠰᠡᠷᠭᠡᠢᠯᠡᠬᠦ᠌ ᠬᠠᠤᠯᠢ》᠂ 《ᠤᠰᠤᠨ ᠴᠥᠭᠦᠷᠥᠮ᠎ᠤᠨ ᠶᠡᠭᠡ ᠬᠠᠱᠢᠯᠭ᠎ᠠ᠎ᠶ᠋ᠢᠨ ᠠᠮᠤᠷ ᠲᠦᠪᠱᠢᠨ᠎ᠤ ᠬᠠᠮᠢᠶᠠᠷᠤᠯᠲᠠ᠎ᠶ᠋ᠢᠨ ᠳᠦᠷᠢᠮ》᠂ 《ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ 〈ᠪᠥᠬᠦᠳᠡ ᠨᠠᠢᠷᠠᠮᠳᠠᠬᠤ ᠳᠤᠮᠳᠠᠳᠤ ᠠᠷᠠᠳ ᠤᠯᠤᠰ᠎ᠤᠨ ᠦᠶᠡᠷ᠎ᠢ ᠰᠡᠷᠭᠡᠢᠯᠡᠬᠦ᠌ ᠬᠠᠤᠯᠢ〉᠎ᠶ᠋ᠢ ᠬᠡᠷᠡᠭ᠌ᠵᠢᠭᠦᠯᠬᠦ᠌ ᠠᠷᠭ᠎ᠠ》᠎ᠶ᠋ᠢᠨ ᠬᠠᠮᠢᠶ᠎ᠠ ᠪᠦᠬᠦᠢ ᠲᠣᠭ᠍ᠲᠠᠭᠠᠯ᠎ᠢ ᠦᠨᠳᠦᠰᠦᠯᠡᠪᠡᠯ᠂ ᠲᠣᠭ᠍ᠲᠠᠭᠠᠯ᠎ᠠᠴᠠ ᠵᠥᠷᠢᠴᠡᠭ᠌ᠰᠡᠨ ᠪᠠᠷᠢᠯᠭ᠎ᠠ᠎ᠳᠤ ᠬᠠᠷᠢᠶᠠᠯᠠᠭ᠍ᠳᠠᠨ᠎ᠠ᠃

  《ᠤᠤᠯ᠎ᠤᠨ ᠬᠤᠩᠱᠠᠨ ᠤᠰᠤᠨ ᠴᠥᠭᠦᠷᠥᠮ᠎ᠤᠨ ᠬᠠᠮᠢᠶᠠᠷᠤᠯᠲᠠ᠎ᠶ᠋ᠢᠨ ᠲᠥᠪ᠎ᠤᠨ ᠡᠷᠬᠢᠯᠡᠭ᠌ᠴᠢ ᠴᠧᠩ ᠶᠠᠨ ᠹᠧᠩ᠂ ᠳᠡᠳ᠋ ᠡᠷᠬᠢᠯᠡᠭ᠌ᠴᠢ ᠯᠢᠨ ᠵᠢᠶᠦ᠋ᠨ ᠸᠧᠶ᠎ᠠᠴᠠ ᠶᠠᠩ ᠵᠢᠶᠦ᠋ᠨ ᠢ᠎ᠶ᠋ᠢᠨ ᠢᠤᠢ ᠹᠸᠩ ᠺᠤᠮᠫᠠᠨᠢ᠎ᠶ᠋ᠢ ᠳᠤᠷ᠎ᠠ᠎ᠪᠠᠷ ᠨᠢ ᠲᠠᠯᠪᠢᠵᠤ  ᠦᠮᠦᠭ᠌ᠯᠡᠭ᠌ᠰᠡᠨ 》 ᠪᠠᠢᠳᠠᠯ᠎ᠨᠢ ᠦᠨᠡᠨ ᠪᠣᠳᠠᠲᠠᠶ ᠪᠢᠰᠢ᠂ ᠤᠤᠯ᠎ᠤᠨ ᠬᠤᠩᠱᠠᠨ ᠤᠰᠤᠨ ᠴᠥᠭᠦᠷᠥᠮ᠎ᠤᠨ ᠬᠠᠮᠢᠶᠠᠷᠤᠯᠲᠠ᠎ᠶ᠋ᠢᠨ ᠲᠥᠪ᠎ᠤᠨ ᠡᠷᠬᠢᠯᠡᠭ᠌ᠴᠢ ᠴᠧᠩ ᠶᠠᠨ ᠹᠧᠩ ᠪᠣᠯᠤᠨ ᠳᠡᠳ᠋ ᠱᠦᠵᠢ ᠯᠢᠨ ᠵᠢᠶᠦ᠋ᠨ ᠸᠧᠶ ᠳᠡᠭᠡᠷ᠎ᠡ ᠳᠤᠷᠠᠳᠤᠭ᠍ᠰᠠᠨ ᠭᠡᠷ᠎ᠡ ᠲᠣᠭ᠍ᠲᠠᠬᠤ ᠦᠶ᠎ᠡ᠎ᠶ᠋ᠢᠨ ᠤᠳᠤᠷᠢᠳᠤᠯᠭ᠎ᠠ ᠪᠢᠰᠢ᠂ ᠪᠠᠰᠠ ᠲᠤᠬᠠᠶ᠎ᠶ᠋ᠢᠨ ᠦᠶ᠎ᠡ᠎ᠶ᠋ᠢᠨ ᠱᠢᠢᠳᠪᠦᠷᠢᠲᠦ ᠪᠣᠳᠣᠯᠭ᠎ᠠ᠎ᠳᠤ ᠣᠷᠣᠯᠴᠠᠭ᠍ᠰᠠᠨ ᠦᠭᠡᠢ᠂ ᠲᠡᠭᠦᠨ᠎ᠦ ᠲᠤᠰᠢᠶᠠᠯ᠎ᠳᠤ ᠪᠠᠢᠬᠤ ᠬᠤᠭᠤᠴᠠᠭᠠᠨ᠎ᠳᠤ ᠳᠡᠭᠡᠷ᠎ᠡ ᠳᠤᠷᠠᠳᠤᠭᠰᠠᠨ ᠲᠣᠭᠲᠠᠭᠠᠯ᠎ᠠᠴᠠ ᠵᠥᠷᠢᠴᠡᠨ ᠪᠠᠢᠭᠤᠯᠤᠭᠰᠠᠨ ᠭᠡᠷ᠎ᠡ᠎ᠶᠢᠨ ᠬᠤᠭᠤᠴᠠᠭ᠎ᠠ ᠨᠢ ᠬᠠᠷᠠᠬᠠᠨ ᠲᠤᠯᠤᠭᠠᠳᠤᠢ ᠪᠥᠭᠡᠳ ᠲᠣᠭᠲᠠᠭᠠᠯ᠎ᠠᠴᠠ ᠵᠥᠷᠢᠴᠡᠨ ᠪᠠᠢᠭᠤᠯᠵᠤ ᠨᠤᠷᠠᠭᠠᠨ ᠠᠷᠢᠯᠭᠠᠬᠤ ᠠᠵᠢᠯ ᠨᠢ ᠳᠠᠭᠠᠭᠠᠴᠢᠯᠠᠭ᠍ᠴᠢ ᠶᠠᠩ ᠵᠢᠶᠦ᠋ᠨ ᠢ᠎ᠡᠴᠡ ᠬᠤᠩᠱᠠᠨ ᠤᠰᠤᠨ ᠴᠥᠭᠥᠷᠥᠮ᠎ᠦᠨ ᠬᠠᠮᠢᠶᠠᠷᠤᠯᠲᠠ᠎ᠶᠢᠨ ᠲᠥᠪ᠎ᠢ ᠵᠠᠭᠠᠯᠳᠤᠵᠤ᠂ ᠬᠡᠷᠡᠭ᠎ᠢ ᠰᠢᠭᠦᠨ ᠲᠠᠰᠤᠯᠬᠤ ᠪᠠᠢᠭᠤᠯᠭ᠎ᠠ᠎ᠶᠢᠨ ᠵᠠᠷᠭᠤ᠎ᠶᠢᠨ ᠵᠢᠷᠤᠮ᠎ᠳᠤ ᠣᠷᠣᠭᠰᠠᠨ᠎ᠠᠴᠠ ᠪᠣᠯᠵᠤ ᠭᠦᠢᠴᠡᠳᠬᠡᠬᠦ᠎ᠶᠢᠨ ᠠᠷᠭ᠎ᠠ ᠦᠭᠡᠢ ᠪᠠᠢᠵᠤ᠂ ᠬᠡᠷᠡᠭ᠎ᠢ ᠬᠠᠷᠠᠬᠠᠨ ᠬᠠᠤᠯᠢ ᠶᠣᠰᠣᠭᠠᠷ ᠳᠠᠭᠤᠰᠬᠠᠭᠠᠳᠤᠢ ᠪᠠᠢᠵᠤ᠂ ᠨᠤᠷᠠᠭᠠᠨ ᠠᠷᠢᠯᠭᠠᠬᠤ ᠠᠵᠢᠯ᠎ᠢ ᠵᠣᠭᠰᠣᠭᠠᠭᠰᠠᠨ ᠪᠣᠯᠬᠣᠷ ᠳᠤᠷ᠎ᠠ᠎ᠪᠠᠷ ᠨᠢ ᠲᠠᠯᠪᠢᠵᠤ ᠥᠮᠥᠭᠯᠡᠭᠰᠡᠨ ᠠᠵᠢᠯᠯᠠᠭ᠎ᠠ ᠣᠷᠣᠰᠢᠬᠤ ᠦᠭᠡᠢ ᠶᠤᠮ᠃ 

  ᠭᠤᠷᠪᠠ᠂ ᠱᠢᠢᠳᠪᠦᠷᠢᠯᠡᠭ᠌ᠰᠡᠨ ᠪᠠᠢᠳᠠᠯ

  ᠨᠢᠭᠡ᠎ᠳᠦ᠂ ᠵᠢᠭᠠᠰᠤᠨ ᠠᠵᠤ ᠠᠬᠤᠶ᠎ᠶ᠋ᠢᠨ ᠬᠠᠮᠢᠶᠠᠷᠤᠯᠲᠠ᠎ᠳᠤ ᠬᠡᠷᠡᠭ᠌ᠯᠡᠬᠦ᠌ ᠭᠡᠷ ᠪᠠᠢᠱᠢᠩ ᠵᠢᠴᠢ ᠢᠵᠢ ᠪᠦᠷᠢᠳᠦᠭᠦᠯᠦᠨ ᠬᠡᠷᠡᠭ᠌ᠯᠡᠬᠦ᠌ ᠭᠡᠷ ᠪᠠᠢᠱᠢᠩ 3440.69 ᠲᠡᠭ᠌ᠰᠢ ᠳᠥᠷᠪᠡᠯᠵᠢᠨ ᠮᠧᠲ᠋ᠷ᠎ᠦᠨ ᠲᠣᠭ᠍ᠲᠠᠭᠠᠯ᠎ᠠᠴᠠ ᠵᠥᠷᠢᠴᠡᠨ ᠪᠠᠢᠭᠤᠯᠤᠭ᠍ᠰᠠᠨ ᠭᠡᠷ ᠪᠠᠢᠱᠢᠩ᠎ᠢ ᠱᠢᠶ᠋ᠳᠪᠦᠷᠢᠯᠡᠭ᠌ᠰᠡᠨ ᠪᠠᠢᠳᠠᠯ᠎ᠤᠨ ᠲᠤᠬᠠᠶ᠃ ᠪᠠᠢᠴᠠᠭᠠᠭ᠍ᠰᠠᠨ᠎ᠢᠶᠠᠷ᠂ ᠲᠣᠰ ᠵᠠᠬᠢᠳᠠᠯ ᠰᠤᠷᠪᠤᠯᠵᠢᠯᠠᠯ᠎ᠤᠨ ᠶᠠᠪᠤᠳᠠᠯ ᠪᠠ 2023 ᠣᠨ᠎ᠤ 12345 ᠬᠠᠯᠠᠮᠱᠢᠯ ᠤᠲᠠᠰᠤ᠎ᠶ᠋ᠢ ᠬᠤᠷᠢᠶᠠᠨ ᠣᠯᠤᠭ᠍ᠰᠠᠨ ᠽᠸᠦ ᠪᠠᠶ ᠢᠦᠶ᠎ᠶ᠋ᠢᠨ ᠳᠤᠷᠠᠳᠤᠭ᠍ᠰᠠᠨ ᠭᠤᠷᠪᠠ ᠤᠳᠠᠭᠠᠨ᠎ᠤ ᠢᠯᠡᠴᠢᠯᠡᠨ ᠮᠡᠳᠡᠭᠦᠯᠦᠭ᠌ᠰᠡᠨ ᠠᠭᠤᠯᠭ᠎ᠠ᠎ᠨᠢ ᠦᠨᠳᠦᠰᠦᠨ᠎ᠳᠤ᠎ᠪᠠᠨ ᠨᠢᠭᠡᠳᠦᠯᠲᠡᠶ ᠪᠠᠢᠵᠤ᠂ ᠳᠠᠪᠬᠤᠷᠳᠠᠭ᠍ᠰᠠᠨ ᠵᠠᠬᠢᠳᠠᠯ ᠰᠤᠷᠪᠤᠯᠵᠢᠯᠠᠯ᠎ᠤᠨ ᠵᠦᠢᠯᠡᠰ᠎ᠲᠤ ᠬᠠᠷᠢᠶᠠᠯᠠᠭ᠍ᠳᠠᠨ᠎ᠠ᠂ 2023 ᠣᠨ᠎ᠤ 9 ᠳ᠋ᠦ᠍ᠭᠡᠷ ᠰᠠᠷ᠎ᠠ᠎ᠶ᠋ᠢᠨ 19 ᠎ᠤ ᠡᠳᠦᠷ᠂ ᠬᠤᠩᠱᠠᠨ ᠤᠰᠤᠨ ᠴᠥᠭᠦᠷᠥᠮ᠎ᠤᠨ ᠬᠠᠮᠢᠶᠠᠷᠤᠯᠲᠠ᠎ᠶ᠋ᠢᠨ ᠲᠥᠪ᠎ᠨᠢ ᠬᠠᠮᠢᠶ᠎ᠠ ᠪᠥᠬᠦᠶ ᠲᠣᠭ᠍ᠲᠠᠭᠠᠯ ᠶᠣᠰᠣᠭᠠᠷ ᠤᠯᠠᠭᠠᠨᠬᠠᠳᠠ᠎ᠶ᠋ᠢᠨ ᠢᠦᠶ ᠹᠧᠩ ᠤᠰᠤᠨ ᠭᠠᠷᠤᠯᠲᠠ᠎ᠶ᠋ᠢᠨ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠤᠨ ᠬᠢᠵᠠᠭᠠᠷᠲᠤ ᠬᠠᠷᠢᠭᠤᠴᠠᠯᠭᠠᠲᠤ ᠺᠣᠮᠫᠠᠨᠢ᠎ᠳᠤ 《ᠴᠠᠭ ᠬᠢᠵᠠᠭᠠᠷᠯᠠᠨ ᠨᠤᠷᠠᠭᠠᠬᠤ ᠮᠡᠳᠡᠭ᠌ᠳᠡᠯ᠎ᠤᠨ ᠪᠢᠴᠢᠭ》᠎ᠢ ᠬᠦᠷᠭᠡᠵᠦ᠍᠂ ᠲᠡᠭᠦᠨ᠎ᠢ 2023 ᠣᠨ᠎ᠤ 9  ᠳ᠋ᠦ᠍ᠭᠡᠷ ᠰᠠᠷ᠎ᠠ᠎ᠶ᠋ᠢᠨ 19 ᠎ᠤ ᠡᠳᠦᠷ᠎ᠠᠴᠠ 10 ᠳ᠋ᠤᠭᠠᠷ ᠰᠠᠷ᠎ᠠ᠎ᠶ᠋ᠢᠨ 19 ᠎ᠤ ᠡᠳᠦᠷ ᠪᠣᠯᠲᠠᠯᠠᠬᠢ ᠬᠤᠭᠤᠴᠠᠭᠠᠨ᠎ᠳᠤ ᠳᠡᠳ᠋ ᠬᠠᠱᠢᠯᠭ᠎ᠠ᠎ᠶ᠋ᠢᠨ ᠪᠤᠯᠤᠩ ᠬᠤᠶᠠᠷ ᠭᠠᠵᠠᠷ᠎ᠤᠨ ᠲᠣᠭ᠍ᠲᠠᠭᠠᠯ᠎ᠠᠴᠠ ᠵᠥᠷᠢᠴᠡᠭ᠌ᠰᠡᠨ ᠪᠠᠷᠢᠯᠭ᠎ᠠ᠎ᠶ᠋ᠢ ᠬᠤᠭᠤᠴᠠᠭ᠎ᠠ ᠬᠢᠵᠠᠭᠠᠷᠯᠠᠨ ᠨᠤᠷᠠᠭᠠᠬᠤ᠎ᠪᠠᠷ ᠵᠠᠷᠯᠢᠭ᠍ᠳᠠᠪᠠ᠃ ᠭᠡᠪᠡᠴᠦ᠍ ᠶᠠᠩ ᠵᠢᠶᠦ᠋ᠨ ᠢ᠎ᠶ᠋ᠢᠨ ᠦᠵᠡᠬᠦ᠌᠎ᠪᠠᠷ᠄ 《ᠲᠣᠰ ᠬᠥᠮᠦᠨ᠎ᠤ ᠪᠠᠢᠭ᠎ᠠ ᠺᠣᠮᠫᠠᠨᠢ ᠪᠣᠯᠤᠨ ᠬᠤᠩᠱᠠᠨ ᠤᠰᠤᠨ ᠴᠥᠭᠦᠷᠥᠮ᠎ᠤᠨ ᠬᠠᠮᠢᠶᠠᠷᠤᠯᠲᠠ᠎ᠶ᠋ᠢᠨ ᠲᠣᠪᠴᠢᠶ᠎ᠠ᠎ᠶ᠋ᠢᠨ ᠲᠣᠭ᠍ᠲᠠᠭ᠍ᠰᠠᠨ 〈ᠳᠡᠳ᠋ ᠪᠤᠯᠤᠩ᠎ᠤᠨ ᠵᠢᠭᠤᠯᠴᠢᠯᠠᠯ᠎ᠤᠨ ᠠᠮᠢ ᠠᠬᠤᠶ᠎ᠶ᠋ᠢᠨ ᠬᠦᠷᠢᠶᠡᠯᠡᠩ᠎ᠤᠨ ᠳᠠᠭᠠᠭᠠᠴᠢᠯᠠᠯᠲᠠ᠎ᠶ᠋ᠢᠨ ᠭᠡᠷ᠎ᠡ〉᠎ᠶ᠋ᠢᠨ ᠭᠡᠷ᠎ᠡ ᠬᠠᠷᠠᠬᠠᠨ ᠬᠤᠭᠤᠴᠠᠭ᠎ᠠ ᠲᠤᠯᠤᠭᠠᠳᠤᠶ ᠪᠠᠢᠵᠤ᠂ ᠭᠡᠷ᠎ᠡ᠎ᠳᠤ ᠪᠣᠯᠵᠣᠨ ᠲᠣᠭ᠍ᠲᠠᠭ᠍ᠰᠠᠨ ᠠᠭᠤᠯᠭ᠎ᠠ᠎ᠪᠠᠨ ᠦᠷᠭᠦᠯᠵᠢᠯᠡᠨ ᠭᠦᠢᠴᠡᠳᠭᠡᠬᠦ᠌ ᠬᠡᠷᠡᠭ᠌ᠲᠡᠶ》᠃ 2023 ᠣᠨ᠎ᠤ 9 ᠳ᠋ᠦ᠍ᠭᠡᠷ ᠰᠠᠷ᠎ᠠ᠎ᠶ᠋ᠢᠨ 26 ᠎ᠤ ᠡᠳᠦᠷ ᠤᠯᠠᠭᠠᠨᠬᠠᠳᠠ᠎ᠶ᠋ᠢᠨ ᠢᠤᠢ ᠹᠧᠩ ᠤᠰᠤᠨ ᠭᠠᠷᠤᠯᠲᠠ᠎ᠶ᠋ᠢᠨ ᠱᠢᠨᠵᠢᠯᠡᠬᠦ᠌ ᠤᠬᠠᠭᠠᠨ ᠲᠸᠭ᠌ᠨᠢᠭ ᠮᠡᠷᠭᠡᠵᠢᠯ᠎ᠤᠨ ᠬᠢᠵᠠᠭᠠᠷᠲᠤ ᠬᠠᠷᠢᠭᠤᠴᠠᠯᠭᠠᠲᠤ ᠺᠣᠮᠫᠠᠨᠢ ᠬᠤᠩᠱᠠᠨ ᠤᠰᠤᠨ ᠴᠥᠭᠦᠷᠥᠮ᠎ᠤᠨ ᠬᠠᠱᠢᠯᠭ᠎ᠠ᠎ᠶ᠋ᠢᠨ ᠡᠮᠦᠨ᠎ᠡ ᠲᠠᠯ᠎ᠠ᠎ᠶ᠋ᠢᠨ ᠬᠤᠶᠠᠷ ᠭᠠᠵᠠᠷ᠎ᠤᠨ ᠲᠣᠭ᠍ᠲᠠᠭᠠᠯ᠎ᠠᠴᠠ ᠵᠥᠷᠢᠴᠡᠭ᠌ᠰᠡᠨ ᠪᠠᠷᠢᠯᠭ᠎ᠠ ᠵᠢᠴᠢ ᠭᠡᠷ᠎ᠡ᠎ᠶ᠋ᠢᠨ ᠵᠢᠭᠤᠷᠠᠯᠳᠤᠭᠠᠨ᠎ᠤ ᠬᠡᠷᠡᠭ᠎ᠤᠨ ᠲᠤᠬᠠᠶ ᠣᠩᠨᠢᠭᠤᠳ ᠬᠤᠱᠢᠭᠤᠨ᠎ᠤ ᠠᠷᠠᠳ᠎ᠤᠨ ᠱᠢᠭᠦᠬᠦ᠌ ᠬᠤᠷᠢᠶ᠎ᠠ᠎ᠪᠠᠷ ᠳᠠᠮᠵᠢᠭᠤᠯᠤᠨ ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠬᠤᠩᠱᠠᠨ ᠴᠥᠭᠦᠷᠥᠮ᠎ᠤᠨ ᠬᠠᠮᠢᠶᠠᠷᠤᠯᠲᠠ᠎ᠶ᠋ᠢᠨ ᠲᠥᠪ᠎ᠢ ᠵᠠᠭᠠᠯᠳᠤᠵᠤ᠂ ᠣᠩᠨᠢᠭᠤᠳ ᠬᠤᠱᠢᠭᠤᠨ᠎ᠤ ᠠᠷᠠᠳ᠎ᠤᠨ ᠱᠢᠭᠦᠬᠦ᠌ ᠬᠤᠷᠢᠶ᠎ᠠ ᠬᠦᠯᠢᠶᠡᠨ ᠠᠪᠴᠤ᠌ ᠱᠢᠢᠳᠪᠦᠷᠢᠯᠡᠭ᠌ᠰᠡᠨ ᠪᠣᠯᠪᠠᠴᠤ᠌ ᠬᠡᠷᠡᠭ ᠪᠣᠯᠭᠠᠨ ᠳᠠᠩᠰᠠᠯᠠᠭ᠍ᠰᠠᠨ ᠦᠭᠡᠢ᠂ ᠡᠶᠡᠳᠡᠭᠦᠯᠦᠭ᠌ᠰᠡᠨ᠎ᠤ ᠳᠠᠷᠠᠭ᠎ᠠ ᠬᠤᠶᠠᠷ ᠲᠠᠯ᠎ᠠ᠎ᠪᠠᠷ᠎ᠢᠶᠠᠨ ᠰᠠᠨᠠᠯ ᠨᠢᠭᠡᠳᠴᠦ᠍ ᠴᠢᠳᠠᠭ᠍ᠰᠠᠨ ᠦᠭᠡᠢ᠃ 2024 ᠣᠨ᠎ᠤ 10 ᠳ᠋ᠤᠭᠠᠷ ᠰᠠᠷ᠎ᠠ᠎ᠶ᠋ᠢᠨ 29 ᠎ᠤ ᠡᠳᠦᠷ᠂ ᠥᠪᠡᠷᠲᠡᠭᠡᠨ ᠵᠠᠰᠠᠬᠤ ᠣᠷᠣᠨ᠎ᠤ ᠤᠰᠤᠨ ᠠᠱᠢᠭ᠍ᠯᠠᠯᠲᠠ᠎ᠶ᠋ᠢᠨ ᠲᠢᠩᠬᠢᠮ 《ᠵᠠᠬᠢᠳᠠᠯ ᠰᠤᠷᠪᠤᠯᠵᠢᠯᠠᠯ᠎ᠤᠨ ᠵᠦᠢᠯᠡᠰ᠎ᠢ ᠱᠢᠨ᠎ᠡ᠎ᠪᠠᠷ ᠱᠢᠢᠳᠪᠦᠷᠢᠯᠡᠵᠦ᠍ ᠬᠠᠷᠢᠭᠤᠯᠲᠠ ᠥᠭ᠌ᠬᠦ ᠮᠡᠳᠡᠭ᠌ᠳᠡᠯ᠎ᠤᠨ ᠪᠢᠴᠢᠭ》᠎ᠢᠶᠠᠷ ᠲᠤᠰ ᠵᠠᠬᠢᠳᠠᠯ ᠰᠤᠷᠪᠤᠯᠵᠢᠯᠠᠯ᠎ᠤᠨ ᠵᠦᠢᠯᠡᠰ᠎ᠤᠨ ᠲᠤᠬᠠᠢ ᠽᠸᠦ ᠪᠠᠢ ᠢᠦᠶ᠎ᠳᠤ ᠬᠠᠷᠢᠭᠤᠯᠲᠠ ᠥᠭ᠌ᠴᠦ᠂ ᠽᠧᠦ ᠪᠠᠢ ᠢᠦᠢ ᠳᠡᠭᠡᠷ᠎ᠡ ᠳᠤᠷᠠᠳᠤᠭ᠍ᠰᠠᠨ ᠬᠠᠷᠢᠭᠤᠯᠲᠠ ᠥᠭ᠌ᠭᠦᠭ᠌ᠰᠡᠨ᠎ᠨᠢ ᠬᠠᠨᠤᠮᠵᠢ ᠦᠭᠡᠢ ᠪᠠᠢᠵᠤ᠂ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠳᠤ ᠲᠠᠬᠢᠨ ᠵᠥᠪᠯᠡᠭᠦᠯᠬᠦ᠌᠎ᠪᠠᠷ ᠳᠤᠷᠠᠳᠴᠤ᠌᠂ 2025 ᠣᠨ᠎ᠤ 3 ᠳ᠋ᠤᠭᠠᠷ ᠰᠠᠷ᠎ᠠ᠎ᠶ᠋ᠢᠨ 21 ᠎ᠤ ᠡᠳᠦᠷ᠂ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ ᠭᠥᠯᠢᠶᠡᠨ ᠠᠪᠴᠤ᠌ ᠱᠢᠢᠳᠪᠦᠷᠢᠯᠡᠬᠦ᠌ ᠦᠭᠡᠢ ᠲᠣᠭ᠍ᠲᠠᠭᠠᠯ᠎ᠤᠨ ᠪᠢᠴᠢᠭ ᠭᠠᠷᠭᠠᠪᠠ᠃ 2025 ᠣᠨ᠎ᠤ 6 ᠳ᠋ᠤᠭᠠᠷ ᠰᠠᠷ᠎ᠠ᠎ᠶ᠋ᠢᠨ 19 ᠎ᠤ ᠡᠳᠦᠷ᠂ ᠽᠸᠦ ᠲᠦᠩ ᠢᠦᠢ ᠳᠠᠬᠢᠨᠲᠠ ᠲᠣᠰ ᠶᠠᠪᠤᠳᠠᠯ᠎ᠤᠨ ᠲᠤᠬᠠᠢ ᠬᠤᠷᠢᠳᠤᠭᠠᠷ ᠬᠤᠭᠤᠴᠠᠭᠠᠨ᠎ᠤ ᠲᠥᠪ ᠬᠤᠷᠢᠶᠠᠨ᠎ᠤ ᠲᠠᠪᠤᠳᠤᠭᠠᠷ ᠡᠭᠡᠯᠵᠢ᠎ᠶ᠋ᠢᠨ ᠲᠣᠭᠤᠷᠢᠨ ᠪᠠᠢᠴᠠᠭᠠᠬᠤ ᠠᠷᠪᠠᠳᠤᠭᠠᠷ ᠲᠣᠭᠤᠷᠢᠨ ᠪᠠᠢᠴᠠᠭᠠᠬᠤ ᠳᠤᠭᠤᠢᠯᠠᠩ᠎ᠳᠤ ᠵᠠᠬᠢᠳᠠᠯ ᠰᠤᠷᠪᠤᠯᠵᠢᠯᠠᠯ (ᠲᠣᠰ ᠤᠳᠠᠭᠠᠨ᠎ᠤ ᠭᠥᠯᠢᠶᠡᠨ ᠠᠪᠴᠤ᠌ ᠱᠢᠢᠳᠪᠦᠷᠢᠯᠡᠬᠦ᠌ ᠵᠦᠢᠯᠡᠰ) ᠬᠢᠪᠡ᠃

  2025 ᠣᠨ᠎ᠤ 7 ᠳ᠋ᠤᠭᠠᠷ ᠰᠠᠷ᠎ᠠ᠎ᠶ᠋ᠢᠨ 3 ᠎ᠤ ᠡᠳᠦᠷ᠂ ᠬᠤᠩᠱᠠᠨ ᠤᠰᠤᠨ ᠴᠥᠭᠦᠷᠥᠮ᠎ᠤᠨ ᠬᠠᠮᠢᠶᠠᠷᠤᠯᠲᠠ᠎ᠶ᠋ᠢᠨ ᠲᠥᠪ ᠤᠲᠠᠰᠤ᠎ᠪᠠᠷ ᠤᠯᠠᠭᠠᠨᠬᠠᠳᠠ᠎ᠶ᠋ᠢᠨ ᠢᠤᠢ ᠹᠧᠩ ᠤᠰᠤᠨ ᠭᠠᠷᠤᠯᠲᠠ᠎ᠶ᠋ᠢᠨ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠤᠨ ᠬᠢᠵᠠᠭᠠᠷᠲᠤ ᠬᠠᠷᠢᠭᠤᠴᠠᠯᠭᠠᠲᠤ ᠺᠣᠮᠫᠠᠨᠢ᠎ᠶ᠋ᠢᠨ ᠬᠠᠷᠢᠭᠤᠴᠠᠯᠭᠠᠲᠠᠨ ᠶᠠᠩ ᠵᠢᠶᠦ᠋ᠨ ᠢ᠂ 2005 ᠣᠨ᠎ᠤ 5 ᠳ᠋ᠤᠭᠠᠷ ᠰᠠᠷ᠎ᠠ᠎ᠶ᠋ᠢᠨ 15 ᠎ᠤ ᠡᠳᠦᠷ ᠤᠯᠠᠭᠠᠨᠬᠠᠳᠠ ᠬᠤᠲᠠ᠎ᠶ᠋ᠢᠨ ᠢᠤᠢ ᠹᠧᠩ ᠤᠰᠤᠨ ᠭᠠᠷᠤᠯᠲᠠ᠎ᠶ᠋ᠢᠨ ᠱᠢᠨᠵᠢᠯᠡᠬᠦ᠌ ᠤᠬᠠᠭᠠᠨ ᠲᠸᠭ᠌ᠨᠢᠭ ᠮᠡᠷᠭᠡᠵᠢᠯ᠎ᠤᠨ ᠬᠢᠵᠠᠭᠠᠷᠲᠤ ᠬᠠᠷᠢᠭᠤᠴᠠᠯᠭᠠᠲᠤ ᠺᠣᠮᠫᠠᠨᠢ ᠪᠣᠯᠣᠨ ᠬᠤᠩᠱᠠᠨ ᠤᠰᠤᠨ ᠴᠥᠭᠦᠷᠥᠮ᠎ᠤᠨ ᠬᠠᠮᠢᠶᠠᠷᠤᠯᠲᠠ᠎ᠶ᠋ᠢᠨ ᠲᠣᠪᠴᠢᠶ᠎ᠠ᠎ᠲᠠᠢ 36 ᠮᠦ᠍ ᠭᠠᠵᠠᠷ ᠱᠢᠷᠣᠢ ᠳᠠᠭᠠᠭᠠᠴᠢᠯᠠᠨ ᠬᠠᠷᠢᠭᠤᠴᠠᠬᠤ 《ᠳᠡᠳ᠋ ᠪᠤᠯᠤᠩ᠎ᠤᠨ ᠵᠢᠭᠤᠯᠴᠢᠯᠠᠯ᠎ᠤᠨ ᠠᠮᠢ ᠠᠬᠤᠶ᠎ᠶ᠋ᠢᠨ ᠬᠦᠷᠢᠶᠡᠯᠡᠩ᠎ᠤᠨ ᠳᠠᠭᠠᠭᠠᠴᠢᠯᠠᠯᠲᠠ᠎ᠶ᠋ᠢᠨ ᠭᠡᠷ᠎ᠡ》 ᠨᠢᠭᠡᠨᠲᠡ ᠬᠤᠭᠤᠴᠠᠭ᠎ᠠ᠎ᠨᠢ ᠲᠤᠯᠵᠠᠢ ᠭᠡᠵᠦ᠍ ᠮᠡᠳᠡᠭ᠌ᠳᠡᠪᠡ᠃ 7 ᠳ᠋ᠤᠭᠠᠷ ᠰᠠᠷ᠎ᠠ᠎ᠶ᠋ᠢᠨ 8 ᠎ᠤ ᠡᠳᠦᠷ ᠬᠤᠩᠱᠠᠨ ᠴᠥᠭᠦᠷᠥᠮ᠎ᠤᠨ ᠬᠠᠮᠢᠶᠠᠷᠤᠯᠲᠠ᠎ᠶ᠋ᠢᠨ ᠲᠥᠪ᠎ᠨᠢ ᠤᠯᠠᠭᠠᠨᠬᠠᠳᠠ ᠬᠤᠲᠠ᠎ᠶ᠋ᠢᠨ ᠢᠤᠢ ᠹᠧᠩ ᠤᠰᠤᠨ ᠭᠠᠷᠤᠯᠲᠠ᠎ᠶ᠋ᠢᠨ ᠱᠢᠨᠵᠢᠯᠡᠬᠦ᠌ ᠤᠬᠠᠭᠠᠨ ᠲᠸᠭ᠌ᠨᠢᠭ ᠮᠡᠷᠭᠡᠵᠢᠯ᠎ᠤᠨ ᠬᠢᠵᠠᠭᠠᠷᠲᠤ ᠬᠠᠷᠢᠭᠤᠴᠠᠯᠭᠠᠲᠤ ᠺᠣᠮᠫᠠᠨᠢ᠎ᠳᠤ 《ᠬᠤᠭᠤᠴᠠᠭ᠎ᠠ ᠲᠣᠭᠲᠠᠭᠠᠨ ᠨᠤᠷᠠᠭᠠᠯᠭᠠᠵᠤ ᠵᠠᠢᠯᠠᠭᠤᠯᠬᠤ ᠮᠡᠳᠡᠭᠳᠡᠯ᠎ᠦᠨ ᠪᠢᠴᠢᠭ》᠎ᠢ ᠬᠦᠷᠭᠡᠵᠦ᠍᠂ ᠤᠯᠠᠭᠠᠨᠬᠠᠳᠠ ᠤᠰᠤᠨ ᠴᠥᠭᠦᠷᠥᠮ᠎ᠤᠨ ᠬᠠᠮᠢᠶᠠᠷᠤᠯᠲᠠ᠎ᠶ᠋ᠢᠨ ᠲᠥᠪ᠎ᠲᠤ ᠭᠠᠵᠠᠷ ᠱᠢᠷᠣᠢ ᠲᠦᠷᠢᠶᠡᠰᠦᠯᠡᠬᠦ᠌᠎ᠪᠠᠷ ᠪᠣᠯᠵᠣᠨ ᠲᠣᠭ᠍ᠲᠠᠭ᠍ᠰᠠᠨ ᠭᠡᠷ᠎ᠡ᠎ᠪᠠᠨ ᠮᠡᠳᠡᠭ᠌ᠳᠡᠵᠦ᠍ 7 ᠳ᠋ᠤᠭᠠᠷ ᠰᠠᠷ᠎ᠠ᠎ᠶ᠋ᠢᠨ 31 ᠎ᠤ ᠡᠳᠦᠷ᠎ᠠᠴᠠ ᠡᠮᠦᠨ᠎ᠡ ᠭᠠᠵᠠᠷ ᠳᠡᠭᠡᠷᠡᠬᠢ ᠳᠠᠭᠠᠯᠲᠠ ᠪᠣᠳᠠᠰ᠎ᠢ ᠭᠡᠷ᠎ᠡ᠎ᠳᠤ ᠪᠣᠯᠵᠣᠨ ᠲᠣᠭ᠍ᠲᠠᠭ᠍ᠰᠠᠨ ᠶᠣᠰᠣᠭᠠᠷ ᠲᠦᠷᠭᠡᠬᠡᠨ ᠱᠢᠢᠳᠪᠦᠷᠢᠯᠡᠵᠦ᠍ ᠳᠠᠭᠤᠰᠭᠠᠬᠤ ᠬᠡᠷᠡᠭ᠌ᠲᠡᠶ ᠭᠡᠵᠦ᠍ ᠱᠠᠭᠠᠷᠳᠠᠪᠠ᠃ ᠶᠠᠩ ᠵᠢᠶᠦ᠋ᠨ ᠢ ᠭᠠᠵᠠᠷ ᠱᠢᠷᠣᠶ᠎ᠪᠠᠨ ᠪᠤᠴᠠᠭᠠᠬᠤ᠎ᠶ᠋ᠢ ᠵᠥᠪᠱᠢᠶᠡᠷᠡᠬᠦ᠌᠎ᠪᠠᠨ ᠢᠯᠡᠳᠭᠡᠵᠦ᠍᠂ ᠣᠳᠣᠬᠠᠨ᠎ᠳᠤ 36 ᠮᠥ᠍ ᠭᠠᠵᠠᠷ ᠱᠢᠷᠣᠶ᠎ᠶ᠋ᠢ ᠨᠢᠭᠡᠨᠲᠡ ᠬᠤᠷᠢᠶᠠᠨ ᠠᠪᠴᠤ᠌᠂ ᠭᠠᠵᠠᠷ ᠳᠡᠭᠡᠷᠡᠬᠢ ᠬᠡᠷ ᠪᠠᠢᠱᠢᠩ ᠵᠡᠷᠭᠡ ᠪᠠᠷᠢᠯᠭ᠎ᠠ᠎ᠶ᠋ᠢ ᠱᠢᠯᠵᠢᠭᠦᠯᠦᠨ ᠲᠤᠱᠢᠶᠠᠭ᠍ᠰᠠᠨ ᠶᠠᠪᠤᠳᠠᠯ᠎ᠤᠨ ᠲᠣᠭᠤᠷᠢᠨ᠎ᠳᠤ᠂ ᠬᠤᠩᠱᠠᠨ ᠤᠰᠤᠨ ᠴᠥᠭᠦᠷᠥᠮ᠎ᠤᠨ ᠬᠠᠮᠢᠶᠠᠷᠤᠯᠲᠠ᠎ᠶ᠋ᠢᠨ ᠲᠥᠪ᠎ᠠᠴᠠ 8 ᠳ᠋ᠤᠭᠠᠷ ᠰᠠᠷ᠎ᠠ᠎ᠶ᠋ᠢᠨ ᠡᠬᠢ᠎ᠪᠠᠷ ᠶᠠᠩ ᠵᠢᠶᠦ᠋ᠨ ᠢ᠎ᠲᠠᠢ ᠬᠡᠯᠡᠯᠴᠡᠭᠡᠷ ᠲᠣᠭ᠍ᠲᠠᠵᠤ᠂ ᠡᠳ᠋ ᠬᠥᠷᠥᠩᠭᠡ᠎ᠶ᠋ᠢ ᠲᠣᠭᠠᠯᠠᠨ ᠪᠦᠷᠢᠳᠭᠡᠬᠦ᠌᠎ᠶ᠋ᠢᠨ ᠬᠠᠮᠲᠤ ᠲᠤᠱᠢᠶᠠᠵᠤ ᠭᠥᠯᠢᠶᠡᠨ ᠠᠪᠬᠤ ᠠᠵᠢᠯ᠎ᠢ ᠳᠠᠭᠤᠰᠭᠠᠵᠤ᠂ ᠲᠡᠭᠦᠨ᠎ᠤ ᠭᠠᠵᠠᠷ ᠳᠡᠭᠡᠷᠡᠬᠢ ᠬᠡᠷ ᠪᠠᠢᠱᠢᠩ ᠵᠡᠷᠭᠡ ᠪᠠᠷᠢᠯᠭ᠎ᠠ᠎ᠶ᠋ᠢ ᠨᠤᠷᠠᠭᠠᠬᠤ ᠠᠵᠢᠯ᠎ᠢ ᠦᠶᠡᠷ᠎ᠢ ᠰᠡᠷᠭᠡᠢᠯᠡᠬᠦ᠌ ᠬᠡᠷᠡᠭ᠌ᠴᠡᠭᠡ ᠪᠠ ᠲᠥᠰᠦᠪ᠎ᠤᠨ ᠪᠠᠯᠠ ᠮᠥᠩᠭᠦ᠎ᠶ᠋ᠢᠨ ᠪᠠᠢᠳᠠᠯ᠎ᠢ ᠦᠵᠡᠵᠦ᠍ ᠪᠠᠢᠭᠠᠳ ᠳᠥᠯᠭᠢᠨ ᠠᠬᠢᠭᠤᠯᠬᠤ᠎ᠪᠠᠷ ᠪᠣᠶ᠃

  ᠬᠤᠶᠠᠷ᠎ᠲᠤ᠌᠂ ᠠᠮᠢ ᠠᠬᠤᠶ᠎ᠶ᠋ᠢᠨ ᠢᠳᠡᠭᠡᠨ ᠤᠮᠳᠠᠭᠠᠨ᠎ᠤ ᠠᠮᠠᠷᠠᠯᠲᠠ᠎ᠶ᠋ᠢᠨ ᠣᠷᠣᠨ᠎ᠤ ᠬᠡᠷ ᠪᠠᠢᠱᠢᠩ ᠲᠤᠬᠠᠢᠯᠠᠪᠠᠯ ᠨᠠᠨ ᠶᠤᠸᠠᠨ ᠵᠢᠭᠠᠰᠤᠨ ᠲᠣᠰᠭᠤᠨ ᠎ᠤ 1110.27 ᠲᠡᠭ᠌ᠰᠢ ᠳᠥᠷᠪᠡᠯᠵᠢᠨ ᠮᠧᠲᠷ ᠲᠣᠭ᠍ᠲᠠᠭᠠᠯ᠎ᠠᠴᠠ ᠵᠥᠷᠢᠴᠡᠨ ᠪᠠᠷᠢᠭ᠍ᠰᠠᠨ ᠬᠡᠷ ᠪᠠᠢᠱᠢᠩ᠎ᠢ ᠱᠢᠢᠳᠪᠦᠷᠢᠯᠡᠭ᠌ᠰᠡᠨ ᠪᠠᠢᠳᠠᠯ᠎ᠤᠨ ᠲᠤᠬᠠᠶ᠃ 2025 ᠣᠨ᠎ᠤ 7 ᠳ᠋ᠤᠭᠠᠷ ᠰᠠᠷ᠎ᠠ᠎ᠶ᠋ᠢᠨ 4 ᠎ᠤ ᠡᠳᠦᠷ᠂ ᠤᠯᠠᠭᠠᠨᠬᠠᠳᠠ ᠬᠤᠲᠠ᠎ᠶ᠋ᠢᠨ ᠢᠤᠢ ᠹᠧᠩ ᠤᠰᠤᠨ ᠭᠠᠷᠤᠯᠲᠠ᠎ᠶ᠋ᠢᠨ ᠱᠢᠨᠵᠢᠯᠡᠬᠦ᠌ ᠤᠬᠠᠭᠠᠨ ᠲᠸᠭ᠌ᠨᠢᠭ ᠮᠡᠷᠭᠡᠵᠢᠯ᠎ᠤᠨ ᠬᠢᠵᠠᠭᠠᠷᠲᠤ ᠬᠠᠷᠢᠭᠤᠴᠠᠯᠭᠠᠲᠤ ᠺᠣᠮᠫᠠᠨᠢ ᠲᠣᠰ ᠠᠰᠠᠭᠤᠳᠠᠯ᠎ᠤᠨ ᠲᠤᠬᠠᠶ ᠣᠩᠨᠢᠭᠤᠳ ᠬᠤᠱᠢᠭᠤᠨ᠎ᠤ ᠠᠷᠠᠳ᠎ᠤᠨ ᠱᠢᠭᠦᠬᠦ᠌ ᠬᠤᠷᠢᠶ᠎ᠠ᠎ᠪᠠᠷ ᠳᠠᠮᠵᠢᠭᠤᠯᠤᠨ ᠬᠤᠩᠱᠠᠨ ᠤᠰᠤᠨ ᠴᠥᠭᠦᠷᠥᠮ᠎ᠤᠨ ᠬᠠᠮᠢᠶᠠᠷᠤᠯᠲᠠ᠎ᠶ᠋ᠢᠨ ᠲᠥᠪ᠎ᠢ ᠵᠠᠭᠠᠯᠳᠤᠵᠤ᠂ ᠣᠩᠨᠢᠭᠤᠳ ᠬᠤᠱᠢᠭᠤᠨ᠎ᠤ ᠠᠷᠠᠳ᠎ᠤᠨ ᠱᠢᠭᠦᠬᠦ᠌ ᠬᠤᠷᠢᠶ᠎ᠠ ᠨᠢᠭᠡᠨᠲᠡ ᠲᠣᠰ ᠬᠡᠷᠡᠭ᠎ᠢ ᠭᠥᠯᠢᠶᠡᠨ ᠠᠪᠴᠤ᠌ ᠱᠢᠢᠳᠪᠦᠷᠢᠯᠡᠭ᠌ᠰᠡᠨ ᠪᠥᠭᠡᠳ ᠵᠢᠩᠬᠢᠨᠢ᠎ᠪᠠᠷ ᠬᠡᠷᠡᠭ ᠪᠣᠯᠭᠠᠨ ᠳᠡᠩᠰᠡᠯᠡᠵᠦ᠍᠂ ᠵᠢᠱ᠌ᠢᠯᠲᠡ᠎ᠪᠠᠷ ᠣᠢᠷ᠎ᠠ᠎ᠶ᠋ᠢᠨ ᠬᠤᠭᠤᠴᠠᠭᠠᠨ᠎ᠳᠤ ᠲᠢᠩᠬᠢᠮ ᠨᠡᠭᠡᠭᠡᠵᠦ᠍ ᠱᠢᠭᠦᠨ ᠱᠢᠢᠳᠪᠦᠷᠢᠯᠡᠬᠦ᠌ ᠪᠣᠯᠤᠨ᠎ᠠ᠃

  ᠳᠠᠷᠠᠭᠠᠴᠢ᠎ᠶ᠋ᠢᠨ ᠠᠯᠬᠤᠮ᠎ᠳᠤ᠂ ᠮᠠᠨ᠎ᠤ ᠲᠢᠩᠬᠢᠮ᠎ᠨᠢ ᠬᠤᠩᠱᠠᠨ ᠴᠥᠭᠦᠷᠥᠮ᠎ᠤᠨ ᠬᠠᠮᠢᠶᠠᠷᠤᠯᠲᠠ᠎ᠶ᠋ᠢᠨ ᠲᠥᠪ᠎ᠢ ᠢᠳᠡᠪᠬᠢᠲᠡᠢ ᠱᠢᠮᠳᠠᠭᠤᠯᠵᠤ ᠪᠠᠢᠭᠠᠳ ᠤᠯᠠᠭᠠᠨᠬᠠᠳᠠ ᠬᠤᠲᠠ᠎ᠶ᠋ᠢᠨ ᠢᠦᠢ ᠹᠧᠩ ᠤᠰᠤᠨ ᠭᠠᠷᠤᠯᠲᠠ᠎ᠶ᠋ᠢᠨ ᠱᠢᠨᠵᠢᠯᠡᠬᠦ᠌ ᠤᠬᠠᠭᠠᠨ ᠲᠸᠭ᠌ᠨᠢᠭ ᠮᠡᠷᠭᠡᠵᠢᠯ᠎ᠤᠨ ᠬᠢᠵᠠᠭᠠᠷᠲᠤ ᠬᠠᠷᠢᠭᠤᠴᠠᠯᠭᠠᠲᠤ ᠺᠣᠮᠫᠠᠨᠢ᠎ᠶ᠋ᠢᠨ 36 ᠮᠦ᠍ ᠭᠠᠵᠠᠷ ᠱᠢᠷᠣᠢ᠎ᠶ᠋ᠢ ᠳᠠᠭᠠᠭᠠᠴᠢᠯᠠᠨ ᠳᠠᠭᠠᠭᠠᠴᠢᠯᠠᠬᠤ᠎ᠶ᠋ᠢᠨ ᠬᠠᠮᠲᠤ ᠢᠳᠡᠪᠬᠢᠲᠡᠢ᠎ᠪᠠᠷ ᠵᠠᠷᠭᠤ ᠬᠦᠯᠢᠶᠡᠨ᠎ᠡ᠃ ᠣᠩᠨᠢᠭᠤᠳ ᠬᠤᠱᠢᠭᠤᠨ᠎ᠤ ᠠᠷᠠᠳ᠎ᠤᠨ ᠱᠢᠭᠦᠬᠦ᠌ ᠬᠤᠷᠢᠶ᠎ᠠ ᠬᠠᠤᠯᠢ ᠶᠣᠰᠣᠭᠠᠷ ᠱᠢᠭᠦᠨ ᠲᠠᠰᠤᠯᠤᠭ᠍ᠰᠠᠨ᠎ᠤ ᠳᠠᠷᠠᠭ᠎ᠠ᠂ ᠱᠢᠭᠦᠨ ᠲᠠᠰᠤᠯᠤᠭ᠍ᠰᠠᠨ ᠦᠷ᠎ᠡ ᠳ᠋ᠦᠩ ᠶᠣᠰᠣᠭᠠᠷ 1110.27 ᠲᠡᠭ᠌ᠰᠢ ᠳᠥᠷᠪᠡᠯᠵᠢᠨ ᠮᠧᠲᠷ᠎ᠤᠨ ᠨᠠᠨ ᠶᠤᠸᠠᠨ ᠵᠢᠭᠠᠰᠤᠨ ᠲᠣᠰᠭᠤᠨ᠎ᠤ ᠬᠡᠷ ᠪᠠᠢᠱᠢᠩ ᠲᠣᠭ᠍ᠲᠠᠭᠠᠯ᠎ᠠᠴᠠ ᠵᠥᠷᠢᠴᠡᠨ ᠪᠠᠢᠭᠤᠯᠤᠭ᠍ᠰᠠᠨ ᠠᠰᠠᠭᠤᠳᠠᠯ᠎ᠢ ᠲᠦᠷᠭᠡᠨ ᠱᠢᠢᠳᠪᠦᠷᠢᠯᠡᠨ᠎ᠡ᠃ ᠵᠠᠬᠢᠳᠠᠯ ᠰᠤᠷᠪᠤᠯᠵᠢᠯᠠᠯ᠎ᠤᠨ ᠵᠦᠢᠯᠡᠰ᠎ᠲᠦ ᠬᠣᠯᠪᠣᠭ᠍ᠳᠠᠭ᠍ᠰᠠᠨ 36 ᠮᠦ᠍ ᠭᠠᠵᠠᠷ ᠱᠢᠷᠣᠶ᠎ᠶ᠋ᠢ ᠨᠢᠭᠡᠨᠲᠡ ᠭᠡᠷ᠎ᠡ᠎ᠳᠦ ᠪᠣᠯᠵᠣᠵᠤ ᠲᠣᠭ᠍ᠲᠠᠭ᠍ᠰᠠᠨ ᠬᠤᠭᠤᠴᠠᠭ᠎ᠠ ᠨᠢ ᠲᠤᠯᠤᠭᠠᠳ ᠬᠤᠷᠢᠶᠠᠨ ᠠᠪᠴᠤ᠌᠂ ᠣᠷᠣᠨ ᠪᠦᠰᠡ᠎ᠶ᠋ᠢᠨ ᠳᠣᠲᠣᠷᠠᠬᠢ 1110.27 ᠲᠡᠭ᠌ᠰᠢ ᠳᠥᠷᠪᠡᠯᠵᠢᠨ ᠮᠧᠲ᠋ᠷ᠎ᠦᠨ ᠨᠠᠨ ᠶᠤᠸᠠᠨ ᠵᠢᠭᠠᠰᠤᠨ ᠲᠣᠰᠭᠤᠨ᠎ᠤ ᠭᠡᠷ ᠪᠠᠢᠱᠢᠩ᠎ᠤᠨ ᠵᠠᠷᠭᠤ᠎ᠳᠤ ᠬᠣᠯᠪᠣᠭ᠍ᠳᠠᠭ᠍ᠰᠠᠨ ᠨᠢ ᠨᠢᠭᠡᠨᠲᠡ ᠬᠠᠤᠯᠢ ᠴᠠᠭᠠᠵᠠ᠎ᠶ᠋ᠢᠨ ᠵᠢᠷᠤᠮ᠎ᠳᠤ ᠣᠷᠣᠵᠤ᠂ ᠥᠪᠡᠷᠲᠡᠭᠡᠨ ᠵᠠᠰᠠᠬᠤ ᠣᠷᠣᠨ᠎ᠤ ᠵᠠᠬᠢᠳᠠᠯ ᠰᠤᠷᠪᠤᠯᠵᠢᠯᠠᠯ᠎ᠤᠨ ᠲᠣᠪᠴᠢᠶ᠎ᠠ᠎ᠠᠴᠠ ᠲᠤᠰ ᠵᠠᠬᠢᠳᠠᠯ ᠰᠤᠷᠪᠤᠯᠵᠢᠯᠠᠯ᠎ᠤᠨ ᠵᠦᠢᠯ᠎ᠢ ᠬᠦᠴᠦᠨ ᠦᠭᠡᠶ ᠪᠣᠯᠭᠠᠨ ᠱᠢᠶ᠋ᠳᠪᠦᠷᠢᠯᠡᠬᠦ᠌᠎ᠶ᠋ᠢ ᠰᠠᠨᠠᠭᠤᠯᠪᠠ ᠃

  

  ᠦᠪᠦᠷ ᠮᠣᠩᠭᠤᠯ᠎ᠤᠨ ᠦᠪᠡᠷᠲᠡᠭᠡᠨ ᠵᠠᠰᠠᠬᠤ ᠤᠷᠤᠨ᠎ᠤ ᠤᠰᠤᠨ ᠠᠱᠢᠭ᠍ᠯᠠᠯᠲᠠ᠎ᠶ᠋ᠢᠨ ᠲᠢᠩᠬᠢᠮ

  2025 ᠣᠨ᠎ᠤ 7 ᠳ᠋ᠤᠭᠠᠷ ᠰᠠᠷ᠎ᠠ᠎ᠶ᠋ᠢᠨ 15 ᠎ᠤ ᠡᠳᠦᠷ

ᠢᠷᠡᠯᠲᠡ᠄ ᠦᠪᠡᠷᠳᠡᠭᠡᠨ ᠵᠠᠰᠠᠬᠤ ᠤᠷᠤᠨ᠎ᠤ ᠤᠰᠤᠨ ᠠᠱᠢᠬ᠍ᠯᠠᠯᠳᠠ᠎ᠶ᠋ᠢᠨ ᠲᠢᠩᠬᠢᠮ
          
ᠬᠠᠮᠢᠶ᠎ᠡ ᠪᠦᠬᠦᠢ ᠰᠣᠨᠢᠨ
 
            