ᠬᠡᠯᠬᠢᠶᠡᠰᠦᠨ ᠨᠣᠮᠸᠷ᠄ 000014348/2025-04452
ᠭᠣᠣᠯ ᠰᠡᠳᠦᠪ᠎ᠦᠨ ᠠᠩᠭᠢᠯᠠᠯ᠄ ᠤᠰᠤᠨ ᠠᠱᠢᠭ᠍ᠯᠠᠯᠲᠠ
ᠨᠡᠢᠲᠡᠯᠡᠭ᠌ᠰᠡᠨ ᠪᠠᠢᠭᠤᠯᠤᠮᠵᠢ᠄ ᠦᠪᠡᠷᠳᠡᠭᠡᠨ ᠵᠠᠰᠠᠬᠤ ᠤᠷᠤᠨ᠎ᠤ ᠤᠰᠤᠨ ᠠᠱᠢᠬ᠍ᠯᠠᠯᠳᠠ᠎ᠶ᠋ᠢᠨ ᠲᠢᠩᠬᠢᠮ
ᠪᠢᠴᠢᠭ᠎ᠦᠨ ᠳ᠋ᠤᠭᠠᠷ᠄ ᠥᠪᠥᠷ ᠤᠰᠤᠨ ᠬᠠᠮᠠᠭᠠᠯᠠᠬᠤ ᠵᠥᠪᠱᠢᠶᠡᠷᠡᠯ ᠲᠣᠭ᠍ᠲᠠᠭᠠᠯ 〔 2025 〕 17 ᠳ᠋ᠤᠭᠠᠷ ᠲᠣᠭᠠᠲᠤ
ᠪᠢᠴᠢᠭ᠌ᠳᠡᠭ᠌ᠰᠡᠨ ᠡᠳᠦᠷ ᠬᠤᠭᠤᠴᠠᠭ᠎ᠠ᠄ 2025 ᠣᠨ᠎ᠤ 9 ᠳ᠋ᠤᠭᠡᠷ ᠰᠠᠷ᠎ᠠ᠎ᠶ᠋ᠢᠨ 1 ᠤ ᠡᠳᠦᠷ
ᠠᠯᠪᠠᠨ ᠪᠢᠴᠢᠭ ᠬᠦᠴᠦᠨ ᠲᠠᠢ ᠬᠤᠭᠤᠴᠠᠭ᠎ᠠ᠄ ᠬᠦᠴᠦᠨ ᠲᠠᠢ
ᠪᠤᠭᠤᠲᠤ᠎ᠶ᠋ᠢᠨ ᠲᠢᠶᠠᠨ ᠾᠧ ᠰᠣᠷᠢᠨᠵᠢᠨ ᠮᠠᠲ᠋ᠧᠷᠢᠶᠠᠯ᠎ᠤᠨ ᠱᠢᠨᠵᠢᠯᠡᠬᠦ᠌ ᠤᠬᠠᠭᠠᠨ ᠲᠸᠭᠨᠢᠭ ᠮᠡᠷᠭᠡᠵᠢᠯ᠎ᠤᠨ ᠬᠤᠪᠢ ᠣᠷᠣᠭᠤᠯᠤᠭ᠍ᠰᠠᠨ ᠬᠢᠵᠠᠭᠠᠷᠲᠤ ᠺᠣᠮᠫᠠᠨᠢ᠄
《ᠬᠠᠲᠤᠨ ᠭᠤᠤᠯ᠎ᠤᠨ ᠰᠠᠪᠠ ᠭᠠᠵᠠᠷ᠎ᠤᠨ ᠤᠰᠤᠨ᠎ᠤ ᠡᠬᠢ ᠪᠠᠶᠠᠯᠢᠭ᠎ᠤᠨ ᠳᠠᠭᠠᠭᠠᠴᠠ᠎ᠠᠴᠠ ᠬᠡᠲᠦᠷᠡᠭ᠌ᠰᠡᠨ ᠭᠠᠵᠠᠷ ᠣᠷᠣᠨ᠎ᠳᠤ ᠤᠰᠤ ᠠᠪᠬᠤ ᠵᠥᠪᠱᠢᠶᠡᠷᠡᠯ᠎ᠢ ᠱᠢᠨ᠎ᠡ᠎ᠪᠠᠷ ᠨᠡᠮᠡᠭ᠌ᠳᠡᠭᠦᠯᠬᠦ᠌᠎ᠶ᠋ᠢ ᠲᠦᠷ ᠵᠣᠭ᠍ᠰᠣᠭᠠᠬᠤ ᠲᠤᠬᠠᠶ ᠤᠰᠤᠨ ᠠᠱᠢᠭ᠍ᠯᠠᠯᠲᠠ᠎ᠶ᠋ᠢᠨ ᠶᠠᠮᠤᠨ᠎ᠤ ᠮᠡᠳᠡᠭ᠌ᠳᠡᠯ 》 (ᠤᠰᠤᠨ᠎ᠤ ᠡᠬᠢ ᠪᠠᠶᠠᠯᠢᠭ ᠬᠠᠮᠢᠶᠠᠷᠤᠯᠲᠠ 〔2020〕 280 ᠳ᠋ᠤᠭᠠᠷ ᠲᠣᠭᠠᠲᠤ)᠂ 《ᠬᠠᠲᠤᠨ ᠭᠤᠤᠯ᠎ᠤᠨ ᠤᠰᠤᠨ᠎ᠤ ᠡᠬᠢ ᠪᠠᠶᠠᠯᠢᠭ᠎ᠤᠨ ᠲᠣᠪᠴᠢᠶ᠎ᠠ᠎ᠶ᠋ᠢᠨ ᠬᠠᠲᠤᠨ ᠭᠤᠤᠯ᠎ᠤᠨ ᠭᠤᠤᠯ ᠤᠷᠤᠰᠭᠠᠯ᠎ᠤᠨ ᠤᠰᠤ ᠠᠪᠴᠤ᠌ ᠬᠡᠷᠡᠭ᠌ᠯᠡᠬᠦ᠌ ᠲᠥᠷᠥᠯ ᠵᠦᠢᠯ᠎ᠤᠨ ᠤᠰᠤ ᠠᠪᠬᠤ ᠵᠥᠪᠱᠢᠶᠡᠷᠡᠯ᠎ᠤᠨ ᠬᠠᠮᠢᠶᠠᠷᠤᠯᠲᠠ᠎ᠶ᠋ᠢ ᠱᠢᠯᠵᠢᠭᠦᠯᠦᠨ ᠲᠤᠱᠢᠶᠠᠬᠤ ᠲᠤᠬᠠᠶ ᠬᠠᠲᠤᠨ ᠭᠤᠤᠯ᠎ᠤᠨ ᠤᠰᠤᠨ᠎ᠤ ᠡᠬᠢ ᠪᠠᠶᠠᠯᠢᠭ᠎ᠤᠨ ᠲᠣᠪᠴᠢᠶ᠎ᠠ᠎ᠶ᠋ᠢᠨ ᠵᠠᠬᠢᠳᠠᠯ 》 (ᠤᠰᠤᠨ᠎ᠤ ᠡᠬᠢ ᠪᠠᠶᠠᠯᠢᠭ ᠬᠠᠮᠢᠶᠠᠷᠤᠯᠲᠠ 〔 2023 〕 33 ᠳ᠋ᠤᠭᠠᠷ ᠲᠣᠭᠠᠲᠤ)᠎ᠤᠨ ᠬᠤᠯᠪᠣᠭ᠍ᠳᠠᠯ ᠪᠥᠬᠦᠶ ᠱᠠᠭᠠᠷᠳᠠᠯᠭ᠎ᠠ ᠶ᠋ᠢ ᠦᠨᠳᠦᠰᠦᠯᠡᠨ᠂ ᠮᠠᠨ᠎ᠤ ᠲᠢᠩᠬᠢᠮ ᠲᠠᠨ᠎ᠤ ᠺᠣᠮᠫᠠᠨᠢ᠎ᠶ᠋ᠢᠨ ᠵᠢᠯ᠎ᠳᠤ 9000 ᠲᠣᠨ ᠨᠸᠤᠳᠢᠮ ᠲᠡᠮᠦᠷ᠎ᠦᠨ ᠲᠣᠭ᠍ᠲᠠᠮᠠᠯ ᠰᠣᠷᠢᠨᠵᠢᠨ ᠮᠠᠲ᠋ᠧᠷᠢᠶᠠᠯ᠎ᠤᠨ ᠱᠢᠲᠠᠭᠠᠬᠤ ᠲᠥᠷᠥᠯ ᠵᠦᠢᠯ ᠪᠠ ᠵᠢᠯ ᠳᠤ 500 ᠲᠣᠨ ᠰᠠᠮᠠᠷᠢ ᠺᠤᠪᠠᠯᠲ ᠲᠣᠭ᠍ᠲᠠᠮᠠᠯ ᠰᠣᠷᠢᠨᠵᠢᠨ ᠮᠠᠲᠸᠷᠢᠶᠠᠯ ᠤᠨ ᠦᠢᠯᠡᠳᠬᠦᠨ᠎ᠤ ᠲᠥᠷᠥᠯ ᠵᠦᠢᠯ ᠤᠨ ᠤᠰᠤ ᠠᠪᠬᠤ ᠵᠥᠪᠱᠢᠶᠡᠷᠡᠯ᠎ᠤᠨ ᠭᠤᠶᠤᠴᠢᠯᠠᠯ᠎ᠢ ᠭᠥᠯᠢᠶᠡᠨ ᠠᠪᠴᠤ᠌ ᠱᠢᠢᠳᠪᠦᠷᠢᠯᠡᠪᠡ᠃ ᠲᠤᠰ ᠲᠦᠷᠦᠯ ᠵᠦᠢᠯ ᠪᠣᠯ ᠬᠤᠶᠠᠳᠤᠭᠠᠷ ᠡᠭᠡᠯᠵᠢ᠎ᠶ᠋ᠢᠨ ᠲᠥᠪ᠎ᠤᠨ ᠣᠷᠴᠢᠨ ᠲᠣᠭᠤᠷᠢᠨ᠎ᠤ ᠬᠠᠮᠠᠭᠠᠯᠠᠯᠲᠠ᠎ᠶ᠋ᠢᠨ ᠱᠢᠪᠡᠳᠡᠨ ᠪᠠᠢᠴᠠᠭᠠᠯᠲᠠ᠎ᠠᠴᠠ ᠵᠢᠭᠠᠵᠤ ᠭᠠᠷᠭᠠᠭ᠍ᠰᠠᠨ ᠪᠤᠭᠤᠲᠤ ᠬᠣᠲᠠ᠎ᠶ᠋ᠢᠨ ᠱᠸᠦ ᠴᠤᠸᠠᠩ ᠤᠰᠤᠨ᠎ᠤ ᠶᠠᠪᠤᠳᠠᠯ᠎ᠤᠨ ᠬᠢᠵᠠᠭᠠᠷᠲᠤ ᠺᠣᠮᠫᠠᠨᠢ (ᠬᠤᠸᠠ ᠵᠢᠶᠠᠩ ᠶᠢᠩᠽᠢ ᠲᠣᠰᠭᠤᠨ᠎ᠤ ᠤᠰᠤ ᠠᠪᠬᠤ ᠠᠮᠠᠰᠠᠷ)12 ᠵᠢᠯ ᠳᠠᠷᠠᠭᠠᠯᠠᠨ ᠬᠠᠳᠤᠨ ᠭᠤᠣᠯ᠎ᠤᠨ ᠤᠰᠤ᠎ᠶ᠋ᠢ ᠬᠡᠲᠦᠷᠡᠲᠡᠯ᠎ᠡ ᠠᠪᠴᠤ᠌ ᠴᠡᠭ᠌ᠴᠡᠯᠡᠨ ᠰᠠᠢᠵᠢᠷᠠᠭᠤᠯᠤᠭ᠍ᠰᠠᠨ ᠲᠦᠷᠦᠯ ᠵᠦᠢᠯ᠎ᠤᠨ ᠨᠢᠭᠡ ᠪᠣᠯᠤᠨ᠎ᠠ ᠂ ᠲᠠᠨ᠎ᠤ ᠺᠣᠮᠫᠠᠨᠢ ᠵᠥᠪᠱᠢᠶᠡᠷᠡᠯ ᠦᠭᠡᠢ ᠪᠠᠷ ᠳᠤᠷ᠎ᠠ᠎ᠪᠠᠷ᠎ᠢᠶᠠᠨ ᠤᠰᠤ ᠠᠪᠤᠭ᠍ᠰᠠᠨ ᠬᠠᠤᠯᠢ᠎ᠶ᠋ᠢ ᠵᠥᠷᠢᠴᠡᠭ᠌ᠰᠡᠨ ᠦᠢᠯᠡ ᠠᠵᠢᠯᠯᠠᠭ᠎ᠠ᠎ᠶ᠋ᠢ ᠨᠢᠭᠡᠨᠲᠡ ᠪᠠᠢᠴᠠᠭᠠᠨ ᠱᠢᠢᠳᠪᠦᠷᠢᠯᠡᠪᠡ᠃ ᠬᠢᠨᠠᠨ ᠪᠠᠢᠴᠠᠭᠠᠭ᠍ᠰᠠᠨ᠎ᠢᠶᠠᠷ᠂ ᠲᠤᠰ ᠭᠤᠶᠤᠴᠢᠯᠠᠯ ᠨᠢ ᠬᠠᠤᠯᠢ᠎ᠳᠤ ᠲᠣᠭ᠍ᠲᠠᠭᠠᠭ᠍ᠰᠠᠨ ᠨᠥᠬᠥᠴᠡᠯ᠎ᠳᠦ ᠨᠡᠢᠴᠡᠨ᠎ᠡ᠃ 《ᠪᠦᠭᠦᠳᠡ ᠨᠠᠢᠷᠠᠮᠳᠠᠬᠤ ᠳᠤᠮᠳᠠᠳᠤ ᠠᠷᠠᠳ ᠤᠯᠤᠰ᠎ᠤᠨ ᠵᠠᠰᠠᠭ ᠵᠠᠬᠢᠷᠭᠠᠨ᠎ᠤ ᠵᠥᠪᠱᠢᠶᠡᠷᠡᠯ᠎ᠦᠨ ᠬᠠᠤᠯᠢ》᠎ᠶ᠋ᠢᠨ ᠭᠤᠴᠢᠨ ᠨᠠᠶ᠋ᠮᠠᠳᠤᠭᠠᠷ ᠵᠣᠷᠪᠣᠰ᠎ᠦᠨ ᠨᠢᠭᠡᠳᠦᠭᠡᠷ ᠪᠠᠳᠠᠭ᠂ 《ᠤᠰᠤᠨ᠎ᠤ ᠵᠠᠰᠠᠭ ᠵᠠᠬᠢᠷᠭᠠᠨ᠎ᠤ ᠵᠥᠪᠱᠢᠶᠡᠷᠡᠯ᠎ᠦᠨ ᠬᠡᠷᠡᠭ᠌ᠵᠢᠭᠦᠯᠬᠦ᠌ ᠠᠷᠭ᠎ᠠ 》᠎ᠶ᠋ᠢᠨ ᠭᠤᠴᠢᠨ ᠬᠣᠶᠠᠳᠤᠭᠠᠷ ᠵᠣᠷᠪᠣᠰ᠎ᠦᠨ (ᠨᠢᠭᠡᠳᠦᠭᠡᠷ) ᠵᠦᠢᠯ᠂ 《ᠤᠰᠤ ᠠᠪᠬᠤ ᠵᠥᠪᠱᠢᠶᠡᠷᠡᠯ ᠪᠠ ᠤᠰᠤᠨ᠎ᠤ ᠡᠬᠢ ᠪᠠᠶᠠᠯᠢᠭ᠎ᠤᠨ ᠵᠠᠷᠤᠳᠠᠯ ᠲᠠᠲᠠᠪᠤᠷᠢᠯᠠᠬᠤ ᠬᠠᠮᠢᠶᠠᠷᠤᠯᠲᠠ᠎ᠶ᠋ᠢᠨ ᠳᠦᠷᠢᠮ》 ᠪᠠ 《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠤᠰᠤ ᠠᠪᠬᠤ ᠵᠥᠪᠱᠢᠶᠡᠷᠡᠯ ᠪᠠ ᠤᠰᠤᠨ᠎ᠤ ᠡᠬᠢ ᠪᠠᠶᠠᠯᠢᠭ᠎ᠤᠨ ᠵᠠᠷᠤᠳᠠᠯ ᠲᠠᠲᠠᠪᠤᠷᠢᠯᠠᠬᠤ ᠬᠠᠮᠢᠶᠠᠷᠤᠯᠲᠠ ᠶ᠋ᠢᠨ ᠬᠡᠷᠡᠭ᠌ᠵᠢᠭᠦᠯᠬᠦ᠌ ᠠᠷᠭ᠎ᠠ 》 ᠶ᠋ᠢᠨ ᠬᠣᠯᠪᠣᠭ᠍ᠳᠠᠯ ᠪᠦᠬᠦᠢ ᠲᠣᠭ᠍ᠲᠠᠭᠠᠯ ᠢ ᠦᠨᠳᠦᠰᠦᠯᠡᠨ᠂ ᠤᠰᠤ ᠲᠠᠲᠠᠬᠤ ᠵᠥᠪᠱᠢᠶᠡᠷᠡᠯ᠎ᠦᠨ ᠭᠤᠶᠤᠴᠢᠯᠠᠯ ᠢ ᠵᠥᠪᠱᠢᠶᠡᠷᠡᠬᠦ᠌᠎ᠪᠡᠷ ᠲᠣᠭ᠍ᠲᠠᠪᠠ ᠃
ᠨᠢᠭᠡ᠂ ᠪᠤᠭᠤᠲᠤ ᠶ᠋ᠢᠨ ᠲᠢᠶᠠᠨ ᠾᠧ ᠰᠣᠷᠢᠨᠵᠢᠨ ᠮᠠᠲ᠋ᠧᠷᠢᠶᠠᠯ᠎ᠤᠨ ᠱᠢᠨᠵᠢᠯᠡᠬᠦ᠌ ᠤᠬᠠᠭᠠᠨ ᠲᠧᠭᠨᠢᠭ ᠮᠡᠷᠭᠡᠵᠢᠯ᠎ᠤᠨ ᠬᠤᠪᠢ ᠣᠷᠣᠭᠤᠯᠤᠭ᠍ᠰᠠᠨ ᠬᠢᠵᠠᠭᠠᠷᠲᠤ ᠺᠣᠮᠫᠠᠨᠢ ᠵᠢᠯ ᠳᠤ 9000 ᠲᠣᠨ ᠨᠸᠣᠳᠢᠮ ᠲᠡᠮᠦᠷ᠎ᠤᠨ ᠲᠣᠭ᠍ᠲᠠᠮᠠᠯ ᠰᠣᠷᠢᠨᠵᠢᠨ ᠮᠠᠲ᠋ᠧᠷᠢᠶᠠᠯ ᠱᠢᠲᠠᠭᠠᠬᠤ ᠲᠥᠷᠥᠯ ᠵᠦᠢᠯ ᠪᠠ ᠵᠢᠯ᠎ᠳᠤ 500 ᠲᠣᠨ ᠰᠠᠮᠠᠷᠢ ᠺᠤᠪᠠᠯᠲ ᠲᠣᠭ᠍ᠲᠠᠮᠠᠯ ᠰᠣᠷᠢᠨᠵᠢᠨ ᠮᠠᠲᠸᠷᠢᠶᠠᠯ᠎ᠤᠨ ᠦᠢᠯᠡᠳᠬᠦᠨ᠎ᠤ ᠲᠥᠷᠥᠯ ᠵᠦᠢᠯ ᠪᠤᠭᠤᠲᠤ ᠬᠣᠲᠠ ᠶ᠋ᠢᠨ ᠬᠤᠪᠣᠷ ᠱᠢᠷᠣᠶ᠎ᠶ᠋ᠢᠨ ᠳᠡᠭᠡᠳᠦ ᠱᠢᠨ᠎ᠡ ᠮᠡᠷᠭᠡᠵᠢᠯ᠎ᠤᠨ ᠠᠵᠤ ᠦᠢᠯᠡᠰ᠎ᠤᠨ ᠨᠡᠭᠡᠭᠡᠯᠲᠡ᠎ᠶ᠋ᠢᠨ ᠣᠷᠣᠨ᠎ᠤ ᠬᠤᠪᠣᠷ ᠱᠢᠷᠣᠶ᠎ᠶ᠋ᠢᠨ ᠠᠵᠤ ᠦᠢᠯᠡᠰ᠎ᠤᠨ ᠬᠦᠷᠢᠶᠡᠯᠡᠩ᠎ᠤᠨ ᠪᠠᠢᠭᠤᠯᠤᠨ ᠪᠥᠲᠦᠭᠡᠬᠦ᠌ ᠲᠣᠭᠤᠷᠢᠭ᠎ᠲᠤ ᠪᠠᠢᠷᠢᠯᠠᠳᠠᠭ᠃ 2009 ᠣᠨ᠎ᠤ 1 ᠳ᠋ᠤᠭᠡᠷ ᠰᠠᠷ᠎ᠠ᠎ᠳᠤ᠂ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠬᠥᠭ᠌ᠵᠢᠭᠦᠯᠦᠯᠲᠡ ᠪᠠ ᠥᠭᠡᠷᠡᠴᠢᠯᠡᠯᠲᠡ᠎ᠶ᠋ᠢᠨ ᠵᠥᠪᠯᠡᠯ ᠲᠤᠰ ᠲᠥᠷᠥᠯ ᠵᠦᠢᠯ᠎ᠦᠨ ᠨᠢᠭᠡᠳᠦᠭᠡᠷ ᠬᠤᠭᠤᠴᠠᠭᠠᠨ᠎ᠤ ᠢᠨᠵᠸᠨ᠋ᠸᠷᠢᠩ ᠢ ᠬᠢᠨᠠᠨ ᠵᠥᠪᠱᠢᠶᠡᠷᠡᠵᠦ᠍᠂ ᠬᠢᠨᠠᠨ ᠵᠥᠪᠱᠢᠶᠡᠷᠡᠭ᠌ᠰᠡᠨ ᠬᠡᠪᠴᠢᠶ᠎ᠡ ᠨᠢ ᠵᠢᠯ᠎ᠳᠤ ᠦᠢᠯᠡᠳᠪᠦᠷᠢᠯᠡᠬᠦ᠌ ᠬᠡᠪᠴᠢᠶ᠎ᠡ᠎ᠳᠦ ᠨᠸᠣᠳᠢᠮ ᠲᠡᠮᠦᠷ ᠤᠨ ᠲᠣᠭ᠍ᠲᠠᠮᠠᠯ ᠰᠣᠷᠢᠨᠵᠢᠨ ᠮᠠᠲ᠋ᠧᠷᠢᠶᠠᠯ 3000 ᠲᠣᠨ ᠪᠠᠢᠵᠤ᠂ 2012 ᠣᠨ᠎ᠤ 4 ᠳ᠋ᠤᠭᠡᠷ ᠰᠠᠷ᠎ᠠ᠎ᠳᠤ ᠪᠠᠢᠭᠤᠯᠵᠤ ᠳᠠᠭᠤᠰᠭᠠᠭᠠᠳ ᠠᠱᠢᠭ᠍ᠯᠠᠯᠲᠠ᠎ᠳᠤ ᠣᠷᠤᠭᠤᠯᠵᠠᠢ ; 2012 ᠣᠨ᠎ᠤ 7 ᠳ᠋ᠤᠭᠠᠷ ᠰᠠᠷ᠎ᠠ᠎ᠳᠤ ᠂ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠵᠤ ᠠᠬᠤᠶ ᠪᠠ ᠮᠡᠳᠡᠭᠡ ᠵᠠᠩᠭᠢᠵᠢᠯᠲᠠ᠎ᠶ᠋ᠢᠨ ᠵᠥᠪᠯᠡᠯ ᠲᠤᠰ ᠲᠥᠷᠥᠯ ᠵᠦᠢᠯ᠎ᠦᠨ ᠬᠣᠶᠠᠳᠤᠭᠠᠷ ᠬᠤᠭᠤᠴᠠᠭᠠᠨ᠎ᠤ ᠢᠨᠵᠧᠨᠧᠷᠢᠩ ᠢ ᠬᠢᠨᠠᠨ ᠵᠥᠪᠱᠢᠶᠡᠷᠡᠵᠦ᠍ ᠂ ᠬᠢᠨᠠᠨ ᠵᠥᠪᠱᠢᠶᠡᠷᠡᠭ᠌ᠰᠡᠨ ᠬᠡᠪᠴᠢᠶ᠎ᠡ ᠨᠢ ᠵᠢᠯ᠎ᠳᠤ 4000 ᠲᠣᠨ ᠨᠸᠣᠳᠢᠮ ᠲᠡᠮᠦᠷ ᠤᠨ ᠲᠣᠭ᠍ᠲᠠᠮᠠᠯ ᠰᠣᠷᠢᠨᠵᠢᠨ ᠮᠠᠲ᠋ᠧᠷᠢᠶᠠᠯ ᠱᠢᠲᠠᠭᠠᠵᠤ ᠂ 2015 ᠣᠨ᠎ᠤ 7 ᠳ᠋ᠤᠭᠠᠷ ᠰᠠᠷ᠎ᠠ᠎ᠳᠤ ᠪᠠᠢᠭᠤᠯᠵᠤ ᠳᠠᠭᠤᠰᠭᠠᠭᠠᠳ ᠠᠱᠢᠭ᠍ᠯᠠᠯᠲᠠ᠎ᠳᠤ ᠣᠷᠤᠭᠤᠯᠵᠠᠢ ; 2016 ᠣᠨ᠎ᠤ 3 ᠳ᠋ᠤᠭᠠᠷ ᠰᠠᠷ᠎ᠠ᠎ᠳᠤ᠂ ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠠᠵᠤ ᠠᠬᠤᠶ ᠪᠠ ᠮᠡᠳᠡᠭᠡ ᠵᠠᠩᠭᠢᠵᠢᠯᠲᠠ᠎ᠶ᠋ᠢᠨ ᠵᠥᠪᠯᠡᠯ ᠲᠣᠰ ᠲᠥᠷᠥᠯ ᠵᠦᠢᠯ᠎ᠤᠨ ᠵᠢᠯ᠎ᠳᠤ 500 ᠲᠣᠨ ᠰᠠᠮᠠᠷᠢ ᠺᠤᠪᠠᠯᠲ ᠲᠣᠭ᠍ᠲᠠᠮᠠᠯ ᠰᠣᠷᠢᠨᠵᠢᠨ ᠮᠠᠲ᠋ᠧᠷᠢᠶᠠᠯ᠎ᠤᠨ ᠲᠥᠷᠥᠯ ᠵᠦᠢᠯ᠎ᠢ ᠬᠢᠨᠠᠨ ᠵᠥᠪᠱᠢᠶᠡᠷᠡᠵᠦ᠍᠂ ᠬᠢᠨᠠᠨ ᠵᠥᠪᠱᠢᠶᠡᠷᠡᠬᠦ᠌ ᠬᠡᠪᠴᠢᠶ᠎ᠡ᠎ᠨᠢ ᠵᠢᠯ᠎ᠳᠤ 500 ᠲᠣᠨ ᠰᠠᠮᠠᠷᠢ ᠺᠤᠪᠠᠯᠲ ᠲᠣᠭ᠍ᠲᠠᠮᠠᠯ ᠰᠣᠷᠢᠨᠵᠢᠨ ᠮᠠᠲ᠋ᠧᠷᠢᠶᠠᠯ ᠦᠢᠯᠡᠳᠪᠦᠷᠢᠯᠡᠵᠦ᠍ ᠂ 2017 ᠣᠨ᠎ᠤ 4 ᠳ᠋ᠦ᠍ᠭᠡᠷ ᠰᠠᠷ᠎ᠠ᠎ᠳᠤ ᠪᠠᠢᠭᠤᠯᠵᠤ ᠳᠠᠭᠤᠰᠭᠠᠭᠠᠳ ᠠᠱᠢᠭ᠍ᠯᠠᠯᠲᠠ᠎ᠳᠤ ᠣᠷᠣᠭᠤᠯᠵᠠᠢ ; 2019 ᠣᠨ᠎ᠤ 12 ᠳ᠋ᠤᠭᠠᠷ ᠰᠠᠷ᠎ᠠ᠎ᠳᠤ᠂ ᠪᠤᠭᠤᠲᠤ ᠬᠤᠲᠠ᠎ᠶ᠋ᠢᠨ ᠬᠤᠪᠣᠷ ᠱᠢᠷᠣᠶ᠎ᠶ᠋ᠢᠨ ᠳᠡᠭᠡᠳᠦ ᠱᠢᠨ᠎ᠡ ᠮᠡᠷᠭᠡᠵᠢᠯ᠎ᠤᠨ ᠣᠷᠣᠨ᠎ᠤ ᠠᠵᠤ ᠠᠬᠤᠶ ᠪᠠ ᠮᠡᠳᠡᠭᠡ ᠵᠠᠩᠭᠢᠵᠢᠯᠲᠠ᠎ᠶ᠋ᠢᠨ ᠲᠣᠪᠴᠢᠶ᠎ᠠ ᠲᠣᠰ ᠲᠥᠷᠥᠯ ᠵᠦᠢᠯ᠎ᠤᠨ ᠭᠤᠷᠪᠠᠳᠤᠭᠠᠷ ᠬᠤᠭᠤᠴᠠᠭᠠᠨ᠎ᠤ ᠢᠨᠵᠧᠨᠧᠷᠢᠩ ᠳᠠᠩᠰᠠᠯᠠᠭᠤᠯᠵᠤ᠂ ᠳᠠᠩᠰᠠᠯᠠᠭᠤᠯᠬᠤ ᠬᠡᠪᠴᠢᠶ᠎ᠡ᠎ᠨᠢ ᠵᠢᠯ᠎ᠳᠤ ᠨᠸᠣᠳᠢᠮ ᠲᠡᠮᠦᠷ ᠤᠨ ᠲᠣᠭ᠍ᠲᠠᠮᠠᠯ ᠰᠣᠷᠢᠨᠵᠢᠨ ᠮᠠᠲ᠋ᠧᠷᠢᠶᠠᠯ ᠢ 2000 ᠲᠣᠨ ᠱᠢᠲᠠᠭᠠᠵᠤ ᠳᠠᠭᠤᠰᠭᠠᠨ᠂ 2022 ᠣᠨ᠎ᠤ 1 ᠳ᠋ᠤᠭᠡᠷ ᠰᠠᠷ᠎ᠠ᠎ᠳᠤ ᠪᠠᠢᠭᠤᠯᠵᠤ ᠳᠠᠭᠤᠰᠭᠠᠭᠠᠳ ᠠᠱᠢᠭ᠍ᠯᠠᠯᠲᠠ᠎ᠳᠤ ᠣᠷᠣᠭᠤᠯᠵᠠᠢ᠃
ᠬᠤᠶᠠᠷ᠂ ᠲᠥᠷᠥᠯ ᠵᠦᠢᠯ᠎ᠤᠨ ᠦᠢᠯᠡᠳᠪᠦᠷᠢᠯᠡᠯ᠂ ᠠᠮᠢᠳᠤᠷᠠᠯ᠎ᠤᠨ ᠤᠰᠤ ᠠᠪᠬᠤ ᠶ᠋ᠢ ᠵᠥᠪᠱᠢᠶᠡᠷᠡᠭ᠌ᠰᠡᠨ ᠤᠰᠤᠨ᠎ᠤ ᠡᠬᠢ ᠰᠤᠷᠪᠤᠯᠵᠢ᠎ᠨᠢ ᠴᠥᠮ ᠬᠠᠲᠤᠨ ᠭᠤᠣᠯ᠎ᠤᠨ ᠭᠠᠵᠠᠷ ᠳᠡᠭᠡᠷᠡᠬᠢ ᠤᠰᠤ (ᠪᠤᠭᠤᠲᠤ ᠬᠤᠲᠠ᠎ᠶ᠋ᠢᠨ ᠳᠠᠯᠠᠨ ᠬᠠᠷ᠎ᠠ ᠠᠭᠤᠯᠠ᠎ᠶ᠋ᠢᠨ ᠤᠰᠤᠨ ᠰᠤᠷᠪᠤᠯᠵᠢ᠎ᠶ᠋ᠢᠨ ᠢᠨᠵᠧᠨᠧᠷᠢᠩ᠎ᠤᠨ ᠤᠰᠤᠨ᠎ᠤ ᠡᠷᠬᠡ᠎ᠶ᠋ᠢ ᠱᠢᠯᠵᠢᠭᠦᠯᠦᠨ ᠥᠭ᠌ᠬᠦ ᠲᠥᠷᠥᠯ ᠵᠦᠢᠯ᠎ᠤᠨ ᠤᠰᠤ ᠠᠷᠪᠢᠯᠠᠬᠤ ᠭᠦᠢᠴᠡᠳᠭᠡᠯ ᠲᠤᠭ᠎ᠠ ᠪᠣᠯᠤᠨ᠎ᠠ᠂ ᠪᠤᠭᠤᠲᠤ ᠬᠤᠲᠠ᠎ᠶ᠋ᠢᠨ ᠤᠰᠤ ᠬᠠᠩᠭᠠᠬᠤ ᠬᠢᠵᠠᠭᠠᠷᠲᠤ ᠬᠠᠷᠢᠭᠤᠴᠠᠯᠭᠠᠲᠤ ᠺᠣᠮᠫᠠᠨᠢ᠎ᠠᠴᠠ ᠬᠠᠩᠭᠠᠨ᠎ᠠ)᠂ ᠤᠰᠤᠨ᠎ᠤ ᠡᠬᠢ ᠰᠤᠷᠪᠤᠯᠵᠢ᠎ᠶ᠋ᠢ ᠵᠠᠯᠭᠠᠨ ᠣᠷᠣᠭᠤᠯᠬᠤ ᠴᠡᠭ᠎ᠨᠢ ᠦᠢᠯᠡᠳᠪᠦᠷᠢ᠎ᠶ᠋ᠢᠨ ᠲᠣᠭᠤᠷᠢᠭ᠎ᠤᠨ ᠵᠡᠭᠦᠨ ᠡᠮᠦᠨ᠎ᠡ ᠲᠠᠯ᠎ᠠ᠎ᠶ᠋ᠢᠨ ᠬᠠᠲᠤᠨ ᠭᠤᠣᠯ᠎ᠤᠨ ᠭᠠᠵᠠᠷ ᠳᠡᠭᠡᠷᠡᠬᠢ ᠤᠰᠤᠨ᠎ᠤ ᠬᠤᠭᠤᠯᠠᠶ᠎ᠶ᠋ᠢᠨ ᠲᠣᠤᠷ᠎ᠤᠨ ᠵᠠᠯᠭᠠᠰᠤ ᠭᠠᠵᠠᠷ (ᠤᠮᠠᠷᠠᠲᠤ ᠥᠷᠭᠡᠷᠢᠭ᠎ᠤᠨ 40°36'29''᠂ ᠵᠡᠭᠦᠨ ᠤᠷᠲᠤᠷᠢᠭ᠎ᠤᠨ 109°53'2'') ᠪᠠ ᠦᠢᠯᠡᠳᠪᠦᠷᠢ᠎ᠶ᠋ᠢᠨ ᠲᠣᠭᠤᠷᠢᠭ᠎ᠤᠨ ᠬᠤᠢᠲᠤ ᠲᠠᠯ᠎ᠠ᠎ᠶ᠋ᠢᠨ ᠬᠠᠲᠤᠨ ᠭᠤᠣᠯ᠎ᠤᠨ ᠭᠠᠵᠠᠷ ᠳᠡᠭᠡᠷᠡᠬᠢ ᠤᠰᠤᠨ᠎ᠤ ᠬᠤᠭᠤᠯᠠᠶ᠎ᠶ᠋ᠢᠨ ᠲᠣᠤᠷ᠎ᠤᠨ ᠵᠠᠯᠭᠠᠰᠤ ᠭᠠᠵᠠᠷ (ᠤᠮᠠᠷᠠᠲᠤ ᠥᠷᠭᠡᠷᠢᠭ᠎ᠤᠨ 40°36'40''᠂ ᠵᠡᠭᠦᠨ ᠤᠷᠲᠤᠷᠢᠭ ᠤᠨ109°52'57'') ᠪᠣᠯᠣᠨ᠎ᠠ᠃
ᠭᠤᠷᠪᠠ᠂ ᠤᠰᠤ ᠳᠠᠮᠵᠢᠭᠤᠯᠬᠤ ᠪᠠ ᠴᠡᠪᠡᠷᠱᠢᠭᠦᠯᠦᠭ᠌ᠰᠡᠨ ᠬᠤᠬᠢᠷᠠᠯ᠎ᠢ ᠪᠣᠳᠣᠯᠬᠢᠯᠠᠭ᠍ᠰᠠᠨᠤ ᠳᠠᠷᠠᠭ᠎ᠠ᠂ ᠲᠣᠰ ᠲᠥᠷᠥᠯ ᠵᠦᠢᠯ᠎ᠤᠨ ᠶᠡᠷᠦᠩᠬᠡᠶ ᠤᠰᠤ ᠠᠪᠬᠤ ᠬᠡᠮᠵᠢᠶ᠎ᠡ᠎ᠶ᠋ᠢ 25.75 ᠲᠦᠮᠡᠨ m3/a ᠪᠠᠢᠯᠭᠠᠵᠤ᠂ ᠡᠭᠦᠨ᠎ᠳᠤ ᠦᠢᠯᠡᠳᠪᠦᠷᠢᠯᠡᠯ᠎ᠤᠨ ᠤᠰᠤ ᠠᠪᠬᠤ ᠬᠡᠮᠵᠢᠶ᠎ᠡ᠎ᠨᠢ 22.49 ᠲᠦᠮᠡᠨ m3/a᠂ ᠠᠮᠢᠳᠤᠷᠠᠯ᠎ᠤᠨ ᠤᠰᠤ ᠠᠪᠬᠤ ᠬᠡᠮᠵᠢᠶ᠎ᠡ᠎ᠨᠢ 3.26 ᠲᠦᠮᠡᠨ m3/a ᠪᠣᠯᠤᠨ᠎ᠠ᠃ ᠲᠤᠰ ᠲᠥᠷᠥᠯ ᠵᠦᠢᠯ᠎ᠤᠨ ᠨᠢᠭᠡᠴᠢ᠎ᠶ᠋ᠢᠨ ᠦᠢᠯᠡᠳᠬᠦᠨ᠎ᠤ ᠱᠢᠨ᠎ᠡ ᠤᠰᠤᠨ᠎ᠤ ᠬᠡᠮᠵᠢᠶ᠎ᠡ᠎ᠨᠢ 24.94 m3/t (ᠬᠤᠶᠠᠷ ᠵᠦᠢᠯ᠎ᠤᠨ ᠦᠢᠯᠡᠳᠬᠦᠨ᠎ᠤ ᠦᠢᠯᠡᠳᠪᠦᠷᠢᠯᠡᠯ᠎ᠤᠨ ᠤᠰᠤ ᠬᠡᠷᠡᠭ᠌ᠯᠡᠬᠦ᠌ ᠤᠷ᠎ᠠ ᠮᠡᠷᠭᠡᠵᠢᠯ᠎ᠨᠢ ᠦᠨᠳᠦᠰᠦᠨ᠎ᠳᠤ᠎ᠪᠠᠨ ᠨᠢᠭᠡᠳᠦᠯᠲᠡᠢ)᠂ ᠥᠪᠡᠷᠲᠡᠭᠡᠨ ᠵᠠᠰᠠᠬᠤ ᠣᠷᠣᠨ ᠵᠢᠴᠢ ᠤᠯᠤᠰ᠎ᠤᠨ ᠠᠵᠢᠯ ᠲᠥᠷᠥᠯ᠎ᠤᠨ ᠤᠰᠤ ᠬᠡᠷᠡᠭ᠌ᠯᠡᠬᠦ᠌ ᠲᠣᠭ᠍ᠲᠠᠭ᠍ᠰᠠᠨ ᠨᠤᠷᠮ᠎ᠠ ᠳᠤ ᠲᠤᠰ ᠦᠢᠯᠡᠳᠬᠦᠨ᠎ᠤ ᠤᠰᠤ ᠬᠡᠷᠡᠭ᠌ᠯᠡᠬᠦ᠌ ᠲᠣᠭ᠍ᠲᠠᠭ᠍ᠰᠠᠨ ᠨᠤᠷᠮ᠎ᠠ ᠪᠠᠢᠬᠤ ᠦᠭᠡᠢ᠎ᠠᠴᠠ ᠪᠣᠯᠵᠤ᠂ ᠤᠯᠤᠰ᠎ᠤᠨ ᠳᠣᠲᠣᠭᠠᠳᠤ᠎ᠶ᠋ᠢᠨ ᠠᠳᠠᠯᠢ ᠲᠥᠷᠥᠯ᠎ᠤᠨ ᠲᠥᠷᠥᠯ ᠵᠦᠢᠯ᠎ᠲᠠᠢ ᠬᠠᠷᠢᠴᠠᠭᠤᠯᠪᠠᠯ (ᠵᠢᠱ᠌ᠢᠶᠡᠯᠡᠪᠡᠯ ᠶ᠋ᠢᠨ ᠯᠢ ᠲᠣᠭ᠍ᠲᠠᠮᠠᠯ ᠰᠤᠷᠢᠨᠵᠢᠨ ᠺᠣᠮᠫᠠᠨᠢ᠎ᠶ᠋ᠢᠨ ᠲᠣᠭ᠍ᠲᠠᠮᠠᠯ ᠰᠣᠷᠢᠨᠵᠢᠨ ᠮᠠᠲ᠋ᠧᠷᠢᠶᠠᠯ᠎ᠤᠨ ᠲᠥᠷᠥᠯ ᠵᠦᠢᠯ)᠂ ᠲᠤᠰ ᠲᠥᠷᠥᠯ ᠵᠦᠢᠯ᠎ᠲᠠᠢ ᠬᠠᠷᠢᠴᠠᠭᠤᠯᠪᠠᠯ ᠲᠥᠷᠥᠯ ᠵᠦᠢᠯ᠎ᠤᠨ 3 ᠵᠠᠮ᠎ᠤᠨ ᠪᠣᠯᠪᠠᠰᠤᠷᠠᠭᠤᠯᠬᠤ ᠤᠰᠤ ᠬᠡᠷᠡᠭ᠌ᠯᠡᠬᠦ᠌ ᠠᠵᠢᠯ᠎ᠤᠨ ᠳᠡᠰ ᠳᠠᠷᠠᠭᠠᠯᠠᠯ ( ᠮᠠᠱᠢᠨ᠎ᠢᠶᠠᠷ ᠪᠣᠯᠪᠠᠰᠤᠷᠠᠭᠤᠯᠬᠤ᠂ ᠪᠤᠯᠠᠭ᠍ᠮᠠᠯ ᠬᠠᠯᠢᠰᠤ᠂ ᠲᠠᠷᠬᠠᠬᠤ) ᠪᠠᠢᠵᠤ᠂ ᠵᠥᠷᠢᠶ᠎ᠡ ᠶ᠋ᠢᠨ ᠤᠰᠤ ᠬᠡᠷᠡᠭ᠌ᠯᠡᠬᠦ᠌ ᠠᠵᠢᠯ᠎ᠤᠨ ᠳᠡᠰ ᠳᠠᠷᠠᠭᠠᠯᠠᠯ᠎ᠢ ᠬᠠᠰᠤᠭ᠍ᠰᠠᠨᠤ ᠳᠠᠷᠠᠭ᠎ᠠ᠂ ᠲᠤᠰ ᠲᠥᠷᠥᠯ ᠵᠦᠢᠯ ᠤᠨ ᠤᠰᠤ ᠬᠡᠷᠡᠭ᠌ᠯᠡᠬᠦ᠌ ᠬᠢᠷᠢ ᠬᠡᠮᠵᠢᠶ᠎ᠡ᠎ᠨᠢ ᠬᠠᠷᠢᠴᠠᠭᠤᠯᠬᠤ ᠲᠥᠷᠥᠯ ᠵᠦᠢᠯ᠎ᠠᠴᠠ ᠰᠠᠢᠨ ᠪᠤᠯᠵᠠᠢ ; ᠠᠳᠠᠯᠢ ᠠᠵᠢᠯ ᠲᠥᠷᠥᠯ᠎ᠤᠨ ᠬᠠᠷᠢᠴᠠᠭᠤᠯᠤᠯ᠎ᠢᠶᠠᠷ ᠳᠠᠮᠵᠢᠭᠤᠯᠤᠨ᠂ ᠲᠣᠰ ᠲᠥᠷᠥᠯ ᠵᠦᠢᠯ᠎ᠤᠨ ᠬᠠᠮᠤᠭ ᠰᠡᠭᠦᠯᠴᠢ᠎ᠶ᠋ᠢᠨ 3 ᠵᠠᠮ ᠤᠨ ᠠᠵᠢᠯ᠎ᠤᠨ ᠳᠠᠷᠠᠭᠠᠯᠠᠯ᠎ᠤᠨ ᠤᠰᠤ ᠬᠡᠷᠡᠭ᠌ᠯᠡᠬᠦ᠌ ᠤᠷ᠎ᠠ ᠮᠡᠷᠭᠡᠵᠢᠯ᠎ᠨᠢ ᠠᠳᠠᠯᠢ ᠠᠵᠢᠯ ᠲᠥᠷᠥᠯ᠎ᠲᠠᠢ ᠦᠨᠳᠦᠰᠦᠨ᠎ᠳᠤ ᠪᠠᠨ ᠨᠢᠭᠡᠳᠦᠯᠲᠡᠶ ᠪᠠᠢᠵᠤ᠂ ᠲᠣᠰ ᠲᠥᠷᠥᠯ ᠵᠦᠢᠯ᠎ᠤᠨ ᠤᠰᠤ ᠬᠡᠷᠡᠭ᠌ᠯᠡᠬᠦ᠌ ᠤᠷ᠎ᠠ ᠮᠡᠷᠭᠡᠵᠢᠯ᠎ᠢ ᠶᠡᠷᠦᠩᠬᠡᠢᠯᠡᠨ ᠵᠠᠳᠠᠯᠪᠠᠯ ᠨᠡᠯᠢᠶᠡᠳ ᠲᠡᠷᠢᠭᠦᠨ᠎ᠤ ᠪᠠᠢᠵᠤ᠂ ᠤᠰᠤ ᠬᠡᠷᠡᠭ᠌ᠯᠡᠬᠦ᠌ ᠬᠢᠷᠢ ᠬᠡᠮᠵᠢᠶ᠎ᠡ᠎ᠨᠢ ᠵᠦᠶ ᠵᠣᠬᠢᠰᠲᠠᠶ ᠪᠠᠢᠨ᠎ᠠ᠃ ᠠᠵᠢᠯᠲᠠᠨ ᠠᠵᠢᠯᠴᠢᠨ ᠤ ᠬᠥᠮᠦᠨ ᠳᠤᠮᠳᠠᠴᠢ ᠶ᠋ᠢᠨ ᠶᠡᠷᠦᠩᠬᠡᠢᠯᠡᠭ᠌ᠰᠡᠨ ᠠᠮᠢᠳᠤᠷᠠᠯ᠎ᠤᠨ ᠤᠰᠤ ᠬᠡᠷᠡᠭ᠌ᠯᠡᠬᠦ᠌ ᠭᠦᠶ᠋ᠴᠡᠳᠭᠡᠯ ᠲᠤᠭ᠎ᠠ ᠨᠢ ( 95.00L / cap• d)᠂ 《ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠣᠷᠣᠨ ᠨᠤᠲᠤᠭ᠎ᠤᠨ ᠪᠠᠷᠢᠮᠵᠢᠶᠠᠲᠤ ᠠᠵᠢᠯ ᠲᠥᠷᠥᠯ᠎ᠤᠨ ᠤᠰᠤ ᠬᠡᠷᠡᠭ᠌ᠯᠡᠬᠦ᠌ ᠲᠣᠭ᠍ᠲᠠᠭ᠍ᠰᠠᠨ ᠨᠣᠷᠮ᠎ᠠ》 (DB/T385-2020)᠎ᠤᠨ ᠤᠰᠤ ᠬᠡᠷᠡᠭ᠌ᠯᠡᠬᠦ᠌ ᠨᠣᠷᠮ᠎ᠠ᠎ᠶ᠋ᠢᠨ ᠱᠠᠭᠠᠷᠳᠠᠯᠭ᠎ᠠ᠎ᠳᠤ ᠨᠡᠢᠴᠡᠨ᠎ᠡ᠃ ᠲᠥᠷᠥᠯ ᠵᠦᠢᠯ ᠨᠢ ᠤᠰᠤ ᠠᠪᠴᠤ᠌ ᠬᠡᠷᠡᠭ᠌ᠯᠡᠬᠦ᠌ ᠣᠷᠣᠨ ᠪᠦᠰᠡ᠎ᠶ᠋ᠢᠨ ᠤᠰᠤᠨ᠎ᠤ ᠡᠬᠢ ᠪᠠᠶᠠᠯᠢᠭ᠎ᠤᠨ ᠲᠣᠬᠢᠷᠠᠭᠤᠯᠤᠯᠲᠠ ᠵᠢᠴᠢ 《ᠭᠤᠷᠪᠠᠨ ᠵᠤᠷᠪᠤᠰ ᠤᠯᠠᠭᠠᠨ ᠱᠤᠭᠤᠮ 》 ᠤᠨ ᠭᠦᠢ᠍ᠴᠡᠳᠭᠡᠯ ᠲᠣᠭ᠎ᠠ᠎ᠶ᠋ᠢᠨ ᠱᠠᠭᠠᠷᠳᠠᠯᠭ᠎ᠠ᠎ᠳᠤ ᠨᠡᠢᠴᠡᠨ᠎ᠡ ᠃
ᠲᠦᠷᠪᠡ᠂ ᠲᠥᠷᠥᠯ ᠵᠦᠢᠯ᠎ᠤᠨ ᠦᠢᠯᠡᠳᠪᠦᠷᠢᠯᠡᠯ᠂ ᠠᠮᠢᠳᠤᠷᠠᠯ᠎ᠤᠨ ᠪᠣᠬᠢᠷ ᠤᠰᠤ᠎ᠶ᠋ᠢ ᠦᠢᠯᠡᠳᠪᠦᠷᠢ ᠶ᠋ᠢᠨ ᠲᠣᠭᠤᠷᠢᠭ᠎ᠤᠨ ᠪᠠᠭᠠᠰᠤᠨ ᠲᠠᠲᠠᠭᠠᠯ ᠳᠤ ᠭᠠᠳᠠᠭ᠍ᠰᠢᠯᠠᠭᠤᠯᠵᠤ᠂ ᠬᠤᠲᠠ ᠶ᠋ᠢᠨ ᠶᠠᠪᠤᠳᠠᠯ᠎ᠤᠨ ᠪᠣᠬᠢᠷ ᠤᠰᠤᠨ᠎ᠤ ᠬᠤᠭᠤᠯᠠᠢ᠎ᠶ᠋ᠢᠨ ᠲᠣᠣᠷ᠎ᠢᠶᠠᠷ ᠳᠠᠮᠵᠢᠨ ᠡᠮᠦᠨ᠎ᠡ ᠲᠡᠭᠦᠷᠭᠡ᠎ᠶ᠋ᠢᠨ ᠪᠣᠬᠢᠷ ᠤᠰᠤ ᠱᠢᠢᠳᠪᠦᠷᠢᠯᠡᠬᠦ᠌ ᠦᠢᠯᠡᠳᠪᠦᠷᠢ᠎ᠳᠤ ᠭᠠᠳᠠᠭ᠍ᠰᠢᠯᠠᠭᠤᠯᠤᠨᠠ᠃
ᠲᠠᠪᠤ᠂ ᠲᠥᠷᠥᠯ ᠵᠦᠢᠯ᠎ᠳᠦ ᠳᠤᠷᠠᠳᠤᠭ᠍ᠰᠠᠨ ᠤᠰᠤ ᠠᠷᠪᠢᠯᠠᠬᠤ᠎ᠶ᠋ᠢ ᠦᠨᠡᠯᠡᠬᠦ᠌ ᠬᠠᠮᠢᠶ᠎ᠠ ᠪᠦᠬᠦᠢ ᠠᠭᠤᠯᠭ᠎ᠠ᠎ᠶ᠋ᠢ ᠦᠨᠳᠦᠰᠦᠨ᠎ᠳᠦ ᠪᠠᠨ ᠵᠥᠪᠱᠢᠶᠡᠷᠡᠨ᠎ᠡ᠃ ᠲᠠᠨ᠎ᠤ ᠺᠣᠮᠫᠠᠨᠢ ᠬᠠᠮᠢᠶ᠎ᠠ ᠪᠦᠬᠦᠢ ᠤᠰᠤ ᠠᠷᠪᠢᠯᠠᠬᠤ ᠠᠷᠭ᠎ᠠ ᠬᠡᠮᠵᠢᠶ᠎ᠡ᠎ᠶ᠋ᠢ ᠴᠢᠩᠭ᠎ᠠ ᠨᠠᠢᠳᠠᠪᠤᠷᠢᠵᠢᠭᠤᠯᠵᠤ᠂ ᠤᠰᠤ ᠠᠷᠪᠢᠯᠠᠬᠤ ᠮᠡᠷᠭᠡᠵᠢᠯ᠎ᠤᠨ ᠥᠭᠡᠷᠡᠴᠢᠯᠡᠯᠲᠡ᠎ᠶ᠋ᠢᠨ ᠠᠵᠢᠯ᠎ᠢ ᠢᠳᠡᠪᠬᠢᠲᠡᠢ ᠥᠷᠨᠢᠭᠦᠯᠵᠦ᠍᠂ ᠤᠯᠤᠰ᠎ᠠᠴᠠ ᠵᠣᠷᠢᠭ᠍ᠵᠢᠭᠤᠯᠵᠤ ᠪᠠᠢᠭ᠎ᠠ ᠤᠰᠤ ᠠᠷᠪᠢᠯᠠᠬᠤ ᠤᠷ᠎ᠠ ᠮᠡᠷᠭᠡᠵᠢᠯ᠂ ᠮᠡᠷᠭᠡᠵᠢᠯ ᠪᠣᠯᠤᠨ ᠲᠣᠨᠤᠭ ᠲᠥᠬᠦᠭᠡᠷᠦᠮᠵᠢ᠎ᠶ᠋ᠢ ᠡᠩ ᠲᠡᠷᠢᠭᠦᠨ᠎ᠳᠤ ᠬᠡᠷᠡᠭ᠌ᠯᠡᠵᠦ᠍᠂ ᠦᠢᠯᠡᠳᠪᠦᠷᠢᠯᠡᠯ ᠢ ᠶᠡᠬᠡᠰᠭᠡᠨ᠂ ᠠᠮᠢᠳᠤᠷᠠᠯ᠎ᠤᠨ ᠪᠣᠬᠢᠷ ᠤᠰᠤ ᠶ᠋ᠢ ᠡᠭᠡᠭᠦᠯᠦᠨ ᠬᠤᠷᠢᠶᠠᠵᠤ ᠠᠱᠢᠭ᠍ᠯᠠᠬᠤ᠎ᠶ᠋ᠢ ᠴᠢᠩᠭᠠᠳᠭᠠᠵᠤ᠂ ᠤᠰᠤ ᠬᠡᠷᠡᠭ᠌ᠯᠡᠬᠦ᠌ ᠬᠢᠷᠢ ᠬᠡᠮᠵᠢᠶ᠎ᠡ᠎ᠶ᠋ᠢ ᠠᠳᠠᠯᠢ ᠠᠵᠢᠯ ᠲᠥᠷᠥᠯ᠎ᠤᠨ ᠲᠡᠷᠢᠭᠦᠨ᠎ᠤ ᠬᠢᠷᠢ ᠲᠦᠪᠱᠢᠨ᠎ᠳᠤ ᠬᠦᠷᠭᠡᠬᠦ᠌᠎ᠪᠠᠷ ᠴᠢᠷᠮᠠᠢᠬᠤ ᠬᠡᠷᠡᠭ᠌ᠲᠡᠶ᠃
ᠵᠢᠷᠭᠤᠭ᠎ᠠ᠂ ᠲᠠᠨ᠎ᠤ ᠺᠣᠮᠫᠠᠨᠢ ᠤᠰᠤ ᠠᠪᠬᠤ ᠵᠥᠪᠱᠢᠶᠡᠷᠡᠯ᠎ᠤᠨ ᠬᠠᠮᠢᠶᠠᠷᠤᠯᠲᠠ᠎ᠶ᠋ᠢᠨ ᠬᠤᠯᠪᠣᠭ᠍ᠳᠠᠯ ᠪᠦᠬᠦᠢ ᠲᠣᠭ᠍ᠲᠠᠭᠠᠯ ᠪᠠ 《ᠤᠰᠤ ᠠᠪᠬᠤ ᠬᠡᠮᠵᠢᠯᠲᠡ᠎ᠶ᠋ᠢᠨ ᠮᠡᠷᠭᠡᠵᠢᠯ᠎ᠤᠨ ᠵᠢᠯᠣᠭᠤᠳᠭᠤ ᠳᠦᠷᠢᠮ 》 ᠤᠨ ᠶᠣᠰᠣᠭᠠᠷ (GB/T28714 - 2023) ᠬᠠᠮᠢᠶ᠎ᠠ ᠪᠥᠬᠦᠶ ᠱᠠᠭᠠᠷᠳᠠᠯᠭ᠎ᠠ ᠶ᠋ᠢ ᠦᠨᠳᠦᠰᠦᠯᠡᠨ᠂ ᠤᠰᠤ ᠠᠪᠬᠤ ᠬᠡᠮᠵᠢᠯᠲᠡ᠎ᠶ᠋ᠢᠨ ᠲᠥᠬᠥᠭᠡᠷᠦᠮᠵᠢ ᠪᠠ ᠰᠦᠯᠵᠢᠶᠡᠨ ᠳᠡᠭᠡᠷᠡᠬᠢ ᠬᠡᠮᠵᠢᠯᠲᠡ᠎ᠶ᠋ᠢᠨ ᠳᠠᠮᠵᠢᠭᠤᠯᠬᠤ ᠲᠥᠬᠦᠭᠡᠷᠦᠮᠵᠢ᠎ᠶ᠋ᠢ ᠤᠭ᠍ᠰᠠᠷᠠᠬᠤ᠎ᠶ᠋ᠢᠨ ᠬᠠᠮᠲᠤ ᠬᠡᠪ᠎ᠤᠨ ᠠᠵᠢᠯᠯᠠᠭ᠎ᠠ᠎ᠨᠢ ᠪᠠᠲᠤᠯᠠᠵᠤ᠂ ᠤᠰᠤᠨ᠎ᠤ ᠬᠡᠮᠵᠢᠶ᠎ᠡ᠎ᠶ᠋ᠢ ᠬᠢᠨᠠᠨ ᠬᠡᠮᠵᠢᠭ᠌ᠰᠡᠨ ᠲᠤᠭ᠎ᠠ ᠪᠠᠷᠢᠮᠲᠠ᠎ᠶ᠋ᠢ ᠥᠪᠡᠷᠲᠡᠭᠡᠨ ᠵᠠᠰᠠᠬᠤ ᠣᠷᠣᠨ᠎ᠤ ᠤᠰᠤ ᠲᠠᠲᠠᠵᠤ ᠬᠡᠷᠡᠭ᠌ᠯᠡᠬᠦ᠌ ᠬᠠᠮᠢᠶᠠᠷᠤᠯᠲᠠ᠎ᠶ᠋ᠢᠨ ᠲᠠᠪᠴᠠᠩ᠎ᠳᠤ ᠲᠣᠭ᠍ᠲᠠᠭᠤᠨ᠎ᠢᠶᠠᠷ ᠳᠠᠮᠵᠢᠭᠤᠯᠬᠤ᠎ᠶ᠋ᠢ ᠦᠨᠡᠨ ᠬᠦ᠌ ᠪᠠᠲᠤᠯᠠᠬᠤ ᠬᠡᠷᠡᠭ᠌ᠲᠡᠶ᠃ ᠲᠣᠰ ᠲᠥᠷᠥᠯ ᠵᠦᠢᠯ᠎ᠢ ᠨᠢᠭᠡᠨᠲᠡ ᠪᠠᠢᠭᠤᠯᠤᠭ᠍ᠰᠠᠨ ᠪᠥᠭᠡᠳ ᠠᠱᠢᠭ᠍ᠯᠠᠯᠲᠠ᠎ᠳᠤ ᠣᠷᠣᠭᠤᠯᠤᠭ᠍ᠰᠠᠨ ᠪᠠᠢᠳᠠᠯ᠎ᠢ ᠦᠨᠳᠦᠰᠦᠯᠡᠨ᠂ 《ᠤᠰᠤ ᠠᠪᠬᠤ ᠵᠥᠪᠱᠢᠶᠡᠷᠡᠯ ᠪᠠ ᠤᠰᠤᠨ᠎ᠤ ᠡᠬᠢ ᠪᠠᠶᠠᠯᠢᠭ᠎ᠤᠨ ᠵᠠᠷᠤᠳᠠᠯ᠎ᠢ ᠲᠠᠲᠠᠪᠤᠷᠢᠯᠠᠬᠤ ᠬᠠᠮᠢᠶᠠᠷᠤᠯᠲᠠ᠎ᠶ᠋ᠢᠨ ᠲᠦᠷᠢᠮ 》ᠪᠠ 《ᠤᠰᠤ ᠠᠪᠬᠤ ᠵᠥᠪᠱᠢᠶᠡᠷᠡᠯ᠎ᠤᠨ ᠬᠠᠮᠢᠶᠠᠷᠤᠯᠲᠠ᠎ᠶ᠋ᠢᠨ ᠠᠷᠭ᠎ᠠ 》 ᠶ᠋ᠢᠨ ᠬᠤᠯᠪᠣᠭ᠍ᠳᠠᠯ ᠪᠥᠬᠦᠶ ᠲᠣᠭ᠍ᠲᠠᠭᠠᠯ ᠶᠣᠰᠣᠭᠠᠷ᠂ ᠲᠣᠰ ᠴᠣᠬᠤᠯᠠᠪᠤᠷᠢ᠎ᠶ᠋ᠢ ᠣᠯᠤᠭ᠍ᠰᠠᠨ᠎ᠤ ᠳᠠᠷᠠᠭ᠎ᠠ ᠳᠠᠷᠤᠶ ᠲᠦᠷᠭᠡᠨ ᠮᠠᠨ᠎ᠤ ᠲᠢᠩᠬᠢᠮ᠎ᠳᠤ ᠬᠤᠯᠪᠣᠭ᠍ᠳᠠᠯ ᠪᠥᠬᠦᠶ ᠮᠠᠲ᠋ᠧᠷᠢᠶᠠᠯ᠎ᠢᠶᠠᠨ ᠮᠡᠳᠡᠭᠦᠯᠦᠨ ᠬᠦᠷᠭᠡᠵᠦ᠍᠂ ᠤᠰᠤ ᠠᠪᠬᠤ ᠵᠥᠪᠱᠢᠶᠡᠷᠡᠯ᠎ᠤᠨ ᠦᠨᠡᠮᠯᠡᠯ᠎ᠢ ᠬᠢᠨᠠᠨ ᠣᠯᠭᠤᠬᠤ᠎ᠪᠠᠷ ᠭᠤᠶᠤᠴᠢᠯᠠᠬᠤ ᠬᠡᠷᠡᠭ᠌ᠲᠡᠢ᠃
ᠳᠠᠭᠠᠯᠳᠤᠭᠤᠯᠤᠯ᠄
2025 ᠣᠨ᠎ᠤ 9 ᠳ᠋ᠤᠭᠡᠷ ᠰᠠᠷ᠎ᠠ ᠶ᠋ᠢᠨ 1᠎ᠤ ᠡᠳᠦᠷ