ᠬᠡᠯᠬᠢᠶᠡᠰᠦᠨ ᠨᠣᠮᠸᠷ᠄ 000014348/2025-04455
ᠭᠣᠣᠯ ᠰᠡᠳᠦᠪ᠎ᠦᠨ ᠠᠩᠭᠢᠯᠠᠯ᠄ ᠤᠰᠤᠨ ᠠᠱᠢᠭ᠍ᠯᠠᠯᠲᠠ
ᠨᠡᠢᠲᠡᠯᠡᠭ᠌ᠰᠡᠨ ᠪᠠᠢᠭᠤᠯᠤᠮᠵᠢ᠄ ᠦᠪᠡᠷᠳᠡᠭᠡᠨ ᠵᠠᠰᠠᠬᠤ ᠤᠷᠤᠨ᠎ᠤ ᠤᠰᠤᠨ ᠠᠱᠢᠬ᠍ᠯᠠᠯᠳᠠ᠎ᠶ᠋ᠢᠨ ᠲᠢᠩᠬᠢᠮ
ᠪᠢᠴᠢᠭ᠎ᠦᠨ ᠳ᠋ᠤᠭᠠᠷ᠄ ᠥᠪᠥᠷ ᠤᠰᠤᠨ ᠬᠠᠮᠠᠭᠠᠯᠠᠬᠤ ᠵᠥᠪᠱᠢᠶᠡᠷᠡᠯ ᠲᠣᠭ᠍ᠲᠠᠭᠠᠯ 〔 2025 〕 99 ᠳ᠋ᠤᠭᠡᠷ ᠲᠣᠭᠠᠲᠤ
ᠪᠢᠴᠢᠭ᠌ᠳᠡᠭ᠌ᠰᠡᠨ ᠡᠳᠦᠷ ᠬᠤᠭᠤᠴᠠᠭ᠎ᠠ᠄ 2025 ᠣᠨ᠎ᠤ 9 ᠳ᠋ᠤᠭᠡᠷ ᠰᠠᠷ᠎ᠠ᠎ᠶ᠋ᠢᠨ 1᠎ᠦ ᠡᠳᠦᠷ
ᠠᠯᠪᠠᠨ ᠪᠢᠴᠢᠭ ᠬᠦᠴᠦᠨ ᠲᠠᠢ ᠬᠤᠭᠤᠴᠠᠭ᠎ᠠ᠄ ᠬᠦᠴᠦᠨ ᠲᠠᠢ
ᠥᠪᠥᠷ ᠮᠣᠩᠭᠤᠯ᠎ᠤᠨ ᠴᠠᠬᠢᠯᠭᠠᠨ ᠬᠦᠴᠦᠨ (ᠪᠦᠯᠦᠭ᠌ᠯᠡᠯ)᠎ᠤ ᠬᠢᠵᠠᠭᠠᠷᠲᠤ ᠬᠠᠷᠢᠭᠤᠴᠠᠯᠭᠠᠲᠤ ᠺᠣᠮᠫᠠᠨᠢ᠎ᠶ᠋ᠢᠨ ᠱᠢᠯᠢ᠎ᠶ᠋ᠢᠨ ᠭᠤᠣᠯ᠎ᠤᠨ ᠬᠡᠲᠦ ᠥᠨᠳᠥᠷ ᠬᠦᠴᠦᠳᠡᠯᠲᠦ ᠴᠠᠬᠢᠯᠭᠠᠨ ᠬᠠᠩᠭᠠᠬᠤ ᠬᠤᠪᠢᠶᠠᠷᠢ ᠺᠣᠮᠫᠠᠨᠢ᠄
ᠮᠠᠨ᠎ᠤ ᠲᠢᠩᠬᠢᠮ᠎ᠨᠢ 2025 ᠣᠨ᠎ᠤ 7 ᠳ᠋ᠤᠭᠠᠷ ᠰᠠᠷ᠎ᠠ᠎ᠶ᠋ᠢᠨ 22 ᠤᠨ ᠡᠳᠦᠷ ᠲᠠᠨ᠎ᠤ ᠨᠢᠭᠡᠴᠢ᠎ᠶ᠋ᠢᠨ ᠳᠤᠷᠠᠳᠤᠭ᠍ᠰᠠᠨ ᠰᠥᠨᠢᠳ — ᠴᠠᠬᠠᠷ ᠪᠠᠷᠠᠭᠤᠨ ᠭᠠᠷᠤᠨ ᠳᠤᠮᠳᠠᠳᠤ ᠬᠤᠱᠢᠭᠤᠨ᠎ᠤ 3 ᠳ᠋ᠤᠭᠠᠷ ᠤᠳᠠᠭᠠᠨ᠎ᠤ 500 ᠺᠢᠯᠣᠸᠠᠲ᠎ᠤᠨ ᠵᠠᠮ ᠱᠤᠭᠤᠮ᠎ᠤᠨ ᠢᠨᠵᠧᠨᠧᠷᠢᠩ᠎ᠤᠨ ᠤᠰᠤ ᠬᠥᠷᠦᠰᠦ ᠶ᠋ᠢ ᠬᠠᠮᠠᠭᠠᠯᠠᠬᠤ ᠲᠥᠰᠦᠯ ᠤᠨ ᠮᠡᠳᠡᠭᠦᠯᠦᠯᠲᠡ᠎ᠶ᠋ᠢᠨ ᠬᠢᠨᠠᠨ ᠵᠥᠪᠱᠢᠶᠡᠷᠡᠵᠦ᠍ ᠭᠤᠶᠤᠴᠢᠯᠠᠬᠤ ᠪᠢᠴᠢᠭ᠎ᠢ ᠭᠥᠯᠢᠶᠡᠨ ᠠᠪᠴᠤ᠌ ᠱᠢᠶ᠋ᠳᠪᠦᠷᠢᠯᠡᠨ᠂ ᠲᠣᠰ ᠭᠤᠶᠤᠴᠢᠯᠠᠯ᠎ᠨᠢ ᠬᠠᠤᠯᠢ᠎ᠳᠤ ᠲᠣᠭ᠍ᠲᠠᠭᠠᠭ᠍ᠰᠠᠨ ᠨᠥᠬᠦᠴᠡᠯ᠎ᠳᠤ ᠨᠡᠢᠴᠡᠵᠦ᠍᠂ 《 ᠪᠥᠬᠦᠳᠡ ᠨᠠᠢᠷᠠᠮᠳᠠᠬᠤ ᠳᠤᠮᠳᠠᠳᠤ ᠠᠷᠠᠳ ᠤᠯᠤᠰ᠎ᠤᠨ ᠵᠠᠰᠠᠭ ᠵᠠᠬᠢᠷᠭᠠᠨ᠎ᠤ ᠵᠥᠪᠱᠢᠶᠡᠷᠡᠯ᠎ᠤᠨ ᠬᠠᠤᠯᠢ》᠎ᠶ᠋ᠢᠨ ᠭᠤᠴᠢᠨ ᠨᠠᠢ᠍ᠮᠠᠳᠤᠭᠠᠷ ᠵᠣᠷᠪᠣᠰ᠎ᠤᠨ ᠨᠢᠭᠡᠳᠦᠭᠡᠷ ᠪᠠᠳᠠᠭ᠂ 《ᠤᠰᠤᠨ᠎ᠤ ᠵᠠᠰᠠᠭ ᠵᠠᠬᠢᠷᠭᠠᠨ᠎ᠤ ᠵᠥᠪᠱᠢᠶᠡᠷᠡᠯ᠎ᠤᠨ ᠬᠡᠷᠡᠭ᠌ᠵᠢᠭᠦᠯᠬᠦ᠌ ᠠᠷᠭ᠎ᠠ》 ᠶ᠋ᠢᠨ ᠭᠤᠴᠢᠨ ᠬᠤᠶᠠᠳᠤᠭᠠᠷ ᠵᠤᠷᠪᠤᠰ᠎ᠤᠨ ᠨᠢᠭᠡᠳᠦᠭᠡᠷ ᠵᠦᠢᠯ᠎ᠢ ᠦᠨᠳᠦᠰᠦᠯᠡᠨ᠂ ᠵᠠᠰᠠᠭ ᠵᠠᠬᠢᠷᠭᠠᠨ᠎ᠤ ᠵᠥᠪᠱᠢᠶᠡᠷᠡᠯ᠎ᠢ ᠵᠥᠪᠱᠢᠶᠡᠷᠡᠬᠦ᠌ ᠪᠠᠷ ᠲᠣᠭ᠍ᠲᠠᠪᠠ᠃
ᠰᠦᠨᠢᠳ — ᠴᠠᠬᠠᠷ ᠪᠠᠷᠠᠭᠤᠨ ᠭᠠᠷᠤᠨ ᠳᠤᠮᠳᠠᠳᠤ ᠬᠤᠱᠢᠭᠤᠨ᠎ᠤ 3 ᠳ᠋ᠤᠭᠠᠷ ᠤᠳᠠᠭᠠᠨ᠎ᠤ 500 ᠺᠢᠯᠣᠸᠠᠲ᠎ᠤᠨ ᠵᠠᠮ ᠱᠤᠭᠤᠮ᠎ᠤᠨ ᠢᠨᠵᠧᠨᠧᠷᠢᠩ᠎ᠨᠢ ᠱᠢᠯᠢ᠎ᠶ᠋ᠢᠨ ᠭᠤᠤᠯ ᠠᠢᠮᠠᠭ᠎ᠤᠨ ᠰᠥᠨᠢᠳ ᠪᠠᠷᠠᠭᠤᠨ ᠬᠤᠱᠢᠭᠤ᠂ ᠤᠯᠠᠭᠠᠨᠴᠠᠪ ᠬᠤᠲᠠ᠎ᠶ᠋ᠢᠨ ᠳᠥᠷᠪᠡᠳ ᠬᠤᠱᠢᠭᠤ ᠪᠣᠯᠤᠨ ᠴᠠᠬᠠᠷ ᠪᠠᠷᠠᠭᠤᠨ ᠭᠠᠷᠤᠨ ᠳᠤᠮᠳᠠᠳᠤ ᠬᠤᠱᠢᠭᠤᠨ᠎ᠤ ᠬᠢᠯᠢ ᠲᠣᠲᠤᠷ᠎ᠠ ᠪᠠᠢᠷᠢᠯᠠᠵᠤ ᠪᠠᠢᠨ᠎ᠠ᠃ ᠢᠨᠵᠧᠨᠧᠷᠢᠩ᠎ᠤᠨ ᠶᠡᠷᠦᠩᠭᠡᠢ ᠭᠠᠵᠠᠷ ᠲᠠᠳᠠᠪᠤᠷᠢᠯᠠᠭ᠍ᠰᠠᠨ ᠳᠠᠯᠠᠪᠠᠢ᠎ᠨᠢ 174.80 ᠾᠧᠺᠲ᠋ᠠᠷ ᠪᠠᠢᠵᠦ᠍᠂ ᠱᠢᠷᠣᠢ ᠴᠢᠯᠠᠭᠤᠨ ᠭᠠᠵᠠᠷ ᠢ ᠬᠥᠳᠡᠯᠭᠡᠭᠡᠨ ᠬᠡᠷᠡᠭ᠌ᠯᠡᠭ᠌ᠰᠡᠨ ᠬᠡᠮᠵᠢᠶ᠎ᠡ᠎ᠨᠢ 52.48 ᠲᠦᠮᠡᠨ ᠪᠤᠰᠤᠭ᠎ᠠ ᠲᠦᠷᠪᠡᠯᠵᠢᠨ ᠮᠧᠲᠷ᠂ ᠶᠡᠷᠦᠩᠬᠡᠢ ᠪᠡᠯᠡ ᠤᠷᠤᠭᠤᠯᠤᠯᠳᠠ᠎ᠨᠢ 48726 ᠲᠦᠮᠡᠨ ᠲᠦᠬᠦᠷᠢᠭ ᠪᠣᠯᠣᠨ᠎ᠠ᠃ ᠢᠨᠵᠧᠨᠧᠷᠢᠩ᠎ᠨᠢ 2026 ᠣᠨ᠎ᠤ 4 ᠳ᠋ᠤᠭᠡᠷ ᠰᠠᠷ᠎ᠠ᠎ᠳᠤ ᠠᠵᠢᠯ᠎ᠢᠶᠠᠨ ᠡᠬᠢᠯᠡᠭᠦᠯᠵᠦ᠍᠂ 2027 ᠣᠨ᠎ᠤ 12 ᠳ᠋ᠤᠭᠠᠷ ᠰᠠᠷ᠎ᠠ᠎ᠳᠤ ᠠᠵᠢᠯ᠎ᠢᠶᠠᠨ ᠳᠠᠭᠤᠰᠭᠠᠵᠤ᠂ ᠶᠡᠷᠦᠩᠬᠡᠶ ᠠᠵᠢᠯ᠎ᠤᠨ ᠬᠤᠭᠤᠴᠠᠭ᠎ᠠ᠎ᠨᠢ 21 ᠰᠠᠷ᠎ᠠ ᠪᠣᠯᠤᠨ᠎ᠠ᠃
ᠨᠢᠭᠡ᠂ ᠤᠰᠤ ᠬᠥᠷᠥᠰᠥ᠍᠎ᠶ᠋ᠢ ᠬᠠᠮᠠᠭᠠᠯᠠᠬᠤ ᠲᠥᠰᠦᠯ᠎ᠤᠨ ᠶᠡᠷᠦᠩᠬᠡᠶ ᠰᠠᠨᠠᠯ᠄
(ᠨᠢᠭᠡ)ᠪᠦᠲᠦᠭᠡᠨ ᠪᠠᠢᠭᠤᠯᠬᠤ ᠬᠤᠭᠤᠴᠠᠭᠠᠨ᠎ᠳᠠᠬᠢ ᠤᠰᠤ ᠬᠥᠷᠥᠰᠦᠨᠦ ᠢᠳᠡᠭ᠌ᠳᠡᠯ᠎ᠢ ᠰᠡᠷᠭᠡᠢᠯᠡᠨ ᠵᠠᠰᠠᠬᠤ ᠬᠠᠷᠢᠭᠤᠴᠠᠯᠭ᠎ᠠ᠎ᠶ᠋ᠢᠨ ᠬᠦᠷᠢᠶ᠎ᠡ ᠬᠡᠪᠴᠢᠶ᠎ᠡ᠎ᠨᠢ 174.80 ᠾᠧᠺᠲ᠋ᠠᠷ ᠪᠣᠯᠬᠤ ᠶ᠋ᠢ ᠦᠨᠳᠦᠰᠦᠨ᠎ᠳᠦ᠎ᠪᠡᠨ ᠵᠥᠪᠱᠢᠶᠡᠷᠡᠨ᠎ᠡ᠃
(ᠬᠤᠶᠠᠷ)ᠤᠮᠠᠷᠠᠲᠤ᠎ᠶ᠋ᠢᠨ ᠡᠯᠡᠰᠦ ᠱᠢᠭᠤᠷᠭᠠᠨ ᠣᠷᠣᠨ᠎ᠤ ᠤᠰᠤ ᠬᠥᠷᠦᠰᠦ᠎ᠶ᠋ᠢᠨ ᠢᠳᠡᠭ᠌ᠳᠡᠯ᠎ᠢ ᠰᠡᠷᠭᠡᠢᠯᠡᠨ ᠵᠠᠰᠠᠬᠤ ᠨᠢᠭᠡᠳᠦᠭᠡᠷ ᠲᠠᠰ᠎ᠤᠨ ᠪᠠᠷᠢᠮᠵᠢᠶ᠎ᠠ᠎ᠶ᠋ᠢ ᠬᠡᠷᠡᠭ᠌ᠵᠢᠭᠦᠯᠬᠦ᠌᠎ᠶ᠋ᠢ ᠵᠥᠪᠱᠢᠶᠡᠷᠡᠨ᠎ᠡ᠃
(ᠭᠤᠷᠪᠠ) ᠤᠰᠤ ᠬᠥᠷᠦᠰᠦ᠎ᠶ᠋ᠢᠨ ᠢᠳᠡᠭ᠌ᠳᠡᠯ᠎ᠢ ᠰᠡᠷᠭᠡᠢᠯᠡᠨ ᠵᠠᠰᠠᠬᠤ ᠬᠠᠷᠠᠯᠲᠠ᠎ᠶ᠋ᠢᠨ ᠬᠡᠮᠵᠢᠭ᠌ᠳᠡᠯ᠄ ᠤᠰᠤ ᠬᠥᠷᠦᠰᠦ᠎ᠶ᠋ᠢᠨ ᠢᠳᠡᠭ᠌ᠳᠡᠯ᠎ᠢ ᠵᠠᠰᠠᠬᠤ ᠬᠡᠮᠵᠢᠶ᠎ᠡ 85%᠂ ᠤᠰᠤ ᠬᠥᠷᠦᠰᠦ ᠶ᠋ᠢᠨ ᠢᠳᠡᠭ᠌ᠳᠡᠯ᠎ᠢ ᠬᠢᠵᠠᠭᠠᠷᠯᠠᠬᠤ ᠬᠠᠷᠢᠴᠠᠯ ᠨᠢ 0.8᠂ ᠬᠤᠭ ᠱᠢᠷᠣᠶ ᠶ᠋ᠢ ᠰᠡᠷᠭᠡᠢᠯᠡᠨ ᠬᠠᠮᠠᠭᠠᠯᠠᠬᠤ ᠨᠣᠷᠮ᠎ᠠ 87%᠂ ᠥᠩᠭᠡᠨ ᠬᠥᠷᠦᠰᠦ᠎ᠶ᠋ᠢᠨ ᠬᠠᠮᠠᠭᠠᠯᠠᠯᠲᠠ᠎ᠶ᠋ᠢᠨ ᠨᠣᠷᠮ᠎ᠠ 90% ᠪᠠᠢᠵᠤ᠂ ᠣᠶ ᠱᠢᠭᠤᠶ ᠤᠷᠭᠤᠮᠠᠯ᠎ᠤᠨ ᠬᠤᠴᠢᠯᠭ᠎ᠠ᠎ᠶ᠋ᠢ ᠰᠡᠷᠭᠦᠭᠡᠬᠦ᠌ ᠨᠣᠷᠮ᠎ᠠ 93%᠂ ᠣᠶ ᠱᠢᠭᠤᠶ ᠡᠪᠡᠰᠦ᠎ᠶ᠋ᠢᠨ ᠪᠦᠷᠬᠦᠴᠡ᠎ᠶ᠋ᠢᠨ ᠨᠣᠷᠮ᠎ᠠ 22% ᠪᠣᠯᠬᠤ᠎ᠶ᠋ᠢ ᠦᠨᠳᠦᠰᠦᠨ᠎ᠳᠦ᠎ᠪᠡᠨ ᠵᠥᠪᠱᠢᠶᠡᠷᠡᠨ᠎ᠡ᠃
(ᠲᠦᠷᠪᠡ) ᠤᠰᠤ ᠬᠥᠷᠦᠰᠦ᠎ᠶ᠋ᠢᠨ ᠢᠳᠡᠭ᠌ᠳᠡᠯ᠎ᠢ ᠰᠡᠷᠭᠡᠢᠯᠡᠨ ᠵᠠᠰᠠᠬᠤ ᠣᠷᠣᠨ ᠲᠣᠭᠤᠷᠢᠭ ᠵᠢᠴᠢ ᠰᠡᠷᠭᠡᠢᠯᠡᠨ ᠵᠠᠰᠠᠬᠤ ᠠᠷᠭ᠎ᠠ ᠬᠡᠮᠵᠢᠶ᠎ᠡ᠎ᠶ᠋ᠢᠨ ᠲᠣᠬᠢᠷᠠᠭᠤᠯᠤᠯᠲᠠ᠎ᠶ᠋ᠢ ᠦᠨᠳᠦᠰᠦᠨ᠎ᠳᠦ ᠪᠡᠨ ᠵᠥᠪᠱᠢᠶᠡᠷᠡᠨ᠎ᠡ᠃
(ᠲᠠᠪᠤ)ᠲᠦᠷᠦᠯ ᠵᠦᠢᠯ᠎ᠤᠨ ᠪᠦᠲᠦᠭᠡᠨ ᠪᠠᠢᠭᠤᠯᠤᠯᠲᠠ᠎ᠶ᠋ᠢᠨ ᠬᠤᠭᠤᠴᠠᠭᠠᠨ᠎ᠳᠤ ᠤᠰᠤ ᠬᠦᠷᠦᠰᠦ᠎ᠶ᠋ᠢ ᠬᠠᠮᠠᠭᠠᠯᠠᠬᠤ ᠨᠦᠬᠦᠪᠦᠷᠢ ᠮᠦᠩᠭᠦ᠌ 297.160 ᠲᠦᠮᠡᠨ ᠲᠦᠭᠦᠷᠢᠭ (ᠰᠦᠨᠢᠳ ᠪᠠᠷᠠᠭᠤᠨ ᠬᠤᠰᠢᠭᠤ 171.377 ᠲᠦᠮᠡᠨ ᠲᠦᠭᠦᠷᠢᠭ᠂ ᠳᠥᠷᠪᠡᠳ ᠬᠤᠰᠢᠭᠤ 44.829 ᠲᠦᠮᠡᠨ ᠲᠦᠭᠦᠷᠢᠭ᠂ ᠴᠠᠬᠠᠷ ᠪᠠᠷᠠᠭᠤᠨ ᠭᠠᠷᠤᠨ ᠳᠤᠮᠳᠠᠳᠤ ᠬᠤᠰᠢᠭᠤ 80.954 ᠲᠦᠮᠡᠨ ᠲᠦᠭᠦᠷᠢᠭ) ᠪᠣᠯᠣᠨ᠎ᠠ᠃
ᠬᠤᠶᠠᠷ᠂ ᠪᠦᠲᠦᠭᠡᠨ ᠪᠠᠢᠭᠤᠯᠬᠤ ᠨᠢᠭᠡᠴᠢ᠎ᠨᠢ ᠲᠥᠷᠥᠯ ᠵᠦᠢᠯ᠎ᠤᠨ ᠪᠦᠲᠦᠭᠡᠨ ᠪᠠᠢᠭᠤᠯᠤᠯᠲᠠ ᠳᠤᠮᠳᠠ 《ᠪᠦᠭᠦᠳᠡ ᠨᠠᠢᠷᠠᠮᠳᠠᠬᠤ ᠳᠤᠮᠳᠠᠳᠤ ᠠᠷᠠᠳ ᠤᠯᠤᠰ᠎ᠤᠨ ᠤᠰᠤ ᠬᠥᠷᠥᠰᠥ᠍ ᠶ᠋ᠢ ᠬᠠᠮᠠᠭᠠᠯᠠᠬᠤ ᠬᠠᠤᠯᠢ》 ᠶ᠋ᠢᠨ ᠬᠠᠮᠢᠶ᠎ᠠ ᠪᠦᠬᠦᠢ ᠱᠠᠭᠠᠷᠳᠠᠯᠭ᠎ᠠ᠎ᠶ᠋ᠢ ᠪᠦᠬᠦ᠌ ᠲᠠᠯ᠎ᠠ᠎ᠪᠠᠷ ᠨᠠᠢᠳᠠᠪᠤᠷᠢᠵᠢᠭᠤᠯᠬᠤ᠎ᠶ᠋ᠢᠨ ᠬᠠᠮᠲᠤ᠌᠂ ᠳᠣᠣᠷᠠᠬᠢ ᠠᠵᠢᠯ᠎ᠤᠳ᠎ᠢ ᠭᠤᠣᠯᠳᠠᠯᠭ᠎ᠠ᠎ᠲᠠᠢ ᠰᠠᠢᠲᠤᠷ ᠬᠢᠬᠦ᠌ ᠬᠡᠷᠡᠭ᠌ᠲᠡᠢ᠄
(ᠨᠢᠭᠡ) ᠴᠣᠬᠣᠯᠠᠪᠤᠷᠢᠯᠠᠭ᠍ᠰᠠᠨ ᠤᠰᠤ ᠬᠥᠷᠦᠰᠦ᠎ᠶ᠋ᠢ ᠬᠠᠮᠠᠭᠠᠯᠠᠬᠤ ᠲᠥᠰᠦᠯ᠎ᠦᠨ ᠶᠣᠰᠣᠭᠠᠷ᠂ ᠤᠰᠤ ᠬᠥᠷᠦᠰᠦ᠎ᠶ᠋ᠢ ᠬᠠᠮᠠᠭᠠᠯᠠᠬᠤ ᠠᠩᠬ᠎ᠠ ᠠᠯᠬᠤᠮ᠎ᠤᠨ ᠵᠢᠷᠤᠭ ᠲᠥᠯᠥᠪᠯᠡᠭᠡ ᠵᠡᠷᠭᠡ ᠵᠠᠯᠭᠠᠮᠵᠢ ᠵᠢᠷᠤᠭ ᠲᠥᠯᠥᠪᠯᠡᠭᠡ᠎ᠶ᠋ᠢ ᠰᠠᠢᠲᠤᠷ ᠬᠢᠵᠦ᠍᠂ ᠪᠠᠷᠢᠯᠭ᠎ᠠ ᠪᠠᠷᠢᠬᠤ ᠵᠣᠬᠢᠶᠠᠨ ᠪᠠᠢᠭᠤᠯᠤᠯᠲᠠ᠎ᠶ᠋ᠢᠨ ᠬᠠᠮᠢᠶᠠᠷᠤᠯᠲᠠ᠎ᠶ᠋ᠢ ᠴᠢᠩᠭᠠᠳᠭᠠᠨ᠂ 《ᠭᠤᠷᠪᠠ᠎ᠶ᠋ᠢ ᠵᠡᠷᠭᠡ ᠪᠠᠷ ᠬᠢᠬᠦ᠌》 ᠳᠦᠷᠢᠮ᠎ᠢ ᠦᠨᠡᠨ ᠬᠦ᠌ ᠨᠠᠢᠳᠠᠪᠤᠷᠢᠵᠢᠭᠤᠯᠬᠤ ᠬᠡᠷᠡᠭ᠌ᠲᠡᠶ᠃
(ᠬᠤᠶᠠᠷ) ᠲᠥᠰᠦᠯ᠎ᠦᠨ ᠱᠠᠭᠠᠷᠳᠠᠯᠭ᠎ᠠ᠎ᠶ᠋ᠢ ᠴᠢᠩᠭ᠎ᠠ ᠵᠢᠷᠤᠮᠯᠠᠨ ᠤᠰᠤ ᠬᠥᠷᠦᠰᠦ ᠶ᠋ᠢ ᠬᠠᠮᠠᠭᠠᠯᠠᠬᠤ ᠡᠯ᠎ᠡ ᠵᠦᠢᠯ᠎ᠦᠨ ᠠᠷᠭ᠎ᠠ ᠬᠡᠮᠵᠢᠶ᠎ᠡ᠎ᠶ᠋ᠢ ᠨᠠᠢᠳᠠᠪᠤᠷᠢᠵᠢᠭᠤᠯᠬᠤ ᠬᠡᠷᠡᠭ᠌ᠲᠡᠶ᠃ ᠡᠯ᠎ᠡ ᠲᠥᠷᠥᠯ᠎ᠦᠨ ᠪᠠᠷᠢᠯᠭ᠎ᠠ ᠪᠠᠷᠢᠬᠤ ᠠᠵᠢᠯᠯᠠᠭ᠎ᠠ ᠶ᠋ᠢ ᠭᠠᠵᠠᠷ ᠬᠡᠷᠡᠭ᠌ᠯᠡᠬᠦ᠌ ᠬᠡᠪᠴᠢᠶᠡᠨ ᠳᠣᠲᠣᠷ᠎ᠠ ᠬᠢᠵᠠᠭᠠᠷᠯᠠᠵᠤ᠂ ᠳᠤᠷ᠎ᠠ᠎ᠪᠠᠷ᠎ᠢᠶᠠᠨ ᠡᠵᠡᠯᠡᠬᠦ᠂ ᠭᠠᠵᠠᠷ᠎ᠤᠨ ᠭᠠᠳᠠᠷᠭᠤ᠎ᠶ᠋ᠢᠨ ᠤᠷᠭᠤᠮᠠᠯ᠎ᠤᠨ ᠬᠤᠴᠢᠯᠭ᠎ᠠ᠎ᠶ᠋ᠢ ᠬᠤᠳᠭᠤᠯᠳᠤᠬᠤ ᠪᠠ ᠡᠪᠳᠡᠬᠦ᠌᠎ᠶ᠋ᠢ ᠴᠢᠩᠭ᠎ᠠ ᠴᠠᠭᠠᠵᠠᠯᠠᠵᠤ᠂ ᠥᠩᠭᠡᠨ ᠬᠥᠷᠦᠰᠦ᠎ᠶ᠋ᠢ ᠰᠠᠯᠭᠠᠬᠤ᠂ ᠬᠠᠳᠠᠭᠠᠯᠠᠬᠤ ᠪᠠ ᠠᠱᠢᠭ᠍ᠯᠠᠬᠤ᠎ᠶ᠋ᠢ ᠰᠠᠢᠲᠤᠷ ᠬᠢᠬᠦ᠌ ᠬᠡᠷᠡᠭ᠌ᠲᠡᠶ᠃ ᠲᠥᠰᠦᠯ᠎ᠤᠨ ᠱᠠᠭᠠᠷᠳᠠᠯᠭ᠎ᠠ᠎ᠶ᠋ᠢ ᠦᠨᠳᠦᠰᠦᠯᠡᠨ ᠪᠠᠷᠢᠯᠭ᠎ᠠ ᠪᠠᠷᠢᠬᠤ ᠴᠠᠭ᠎ᠤᠨ ᠳᠠᠷᠠᠭᠠᠯᠠᠯ ᠪᠠ ᠤᠰᠤ ᠬᠥᠷᠦᠰᠦ᠎ᠶ᠋ᠢ ᠬᠠᠮᠠᠭᠠᠯᠠᠬᠤ ᠠᠷᠭ᠎ᠠ ᠬᠡᠮᠵᠢᠶ᠎ᠡ᠎ᠶ᠋ᠢ ᠬᠡᠷᠡᠭ᠌ᠵᠢᠭᠦᠯᠬᠦ᠌ ᠠᠬᠢᠴᠠ᠎ᠶ᠋ᠢ ᠵᠦᠶ ᠵᠣᠬᠢᠰᠲᠠᠶ ᠲᠣᠬᠢᠷᠠᠭᠤᠯᠵᠤ᠂ ᠪᠠᠷᠢᠯᠭ᠎ᠠ ᠪᠠᠷᠢᠬᠤ ᠬᠤᠭᠤᠴᠠᠭᠠᠨ᠎ᠳᠤ ᠤᠰᠤ ᠬᠥᠷᠦᠰᠦ᠎ᠶ᠋ᠢᠨ ᠢᠳᠡᠭ᠌ᠳᠡᠯ᠎ᠢ ᠴᠢᠩᠭ᠎ᠠ ᠬᠢᠵᠠᠭᠠᠷᠯᠠᠬᠤ ᠬᠡᠷᠡᠭ᠌ᠲᠡᠶ᠃
(ᠭᠤᠷᠪᠠ) ᠤᠰᠤ ᠬᠥᠷᠦᠰᠦ᠎ᠶ᠋ᠢ ᠬᠠᠮᠠᠭᠠᠯᠠᠬᠤ ᠬᠢᠨᠠᠨ ᠱᠢᠨᠵᠢᠬᠦ᠌ ᠠᠵᠢᠯ᠎ᠢ ᠦᠨᠡᠨ ᠬᠦ᠌ ᠰᠠᠢᠲᠤᠷ ᠬᠢᠵᠦ᠍᠂ ᠤᠰᠤ ᠬᠥᠷᠦᠰᠦ᠎ᠶ᠋ᠢᠨ ᠢᠳᠡᠭ᠌ᠳᠡᠯ᠎ᠤᠨ ᠪᠠᠢᠳᠠᠯ᠎ᠢ ᠬᠢᠨᠠᠨ ᠡᠵᠡᠮᠳᠡᠬᠦ᠌᠎ᠶ᠋ᠢ ᠴᠢᠩᠭᠠᠳᠭᠠᠬᠤ᠎ᠶ᠋ᠢᠨ ᠬᠠᠮᠲᠤ ᠲᠣᠭ᠍ᠲᠠᠭᠠᠯ ᠶᠣᠰᠣᠭᠠᠷ ᠮᠠᠨ᠎ᠤ ᠲᠢᠩᠬᠢᠮ ᠵᠢᠴᠢ ᠱᠢᠯᠢ ᠶ᠋ᠢᠨ ᠭᠤᠤᠯ ᠠᠢᠮᠠᠭ᠎ᠤᠨ ᠤᠰᠤᠨ ᠠᠱᠢᠭ᠍ᠯᠠᠯᠲᠠ᠎ᠶ᠋ᠢᠨ ᠲᠣᠪᠴᠢᠶ᠎ᠠ᠂ ᠤᠯᠠᠭᠠᠨᠴᠠᠪ ᠬᠤᠲᠠ᠎ᠶ᠋ᠢᠨ ᠤᠰᠤᠨ ᠠᠱᠢᠭ᠍ᠯᠠᠯᠲᠠ᠎ᠶ᠋ᠢᠨ ᠲᠣᠪᠴᠢᠶ᠎ᠠ᠎ᠳᠤ ᠬᠢᠨᠠᠨ ᠱᠢᠨᠵᠢᠯᠲᠡ ᠶ᠋ᠢᠨ ᠤᠯᠠᠷᠢᠯ᠎ᠤᠨ ᠮᠡᠳᠡᠭᠦᠯᠦᠯᠲᠡ ᠵᠢᠴᠢ ᠳ᠋ᠦᠩᠨᠡᠯᠲᠡ᠎ᠶ᠋ᠢᠨ ᠮᠡᠳᠡᠭᠦᠯᠦᠯᠲᠡ ᠪᠠᠨ ᠲᠤᠱᠢᠶᠠᠨ᠎ᠠ᠃
(ᠲᠦᠷᠪᠡ)ᠤᠰᠤ ᠬᠥᠷᠦᠰᠦ᠎ᠶ᠋ᠢ ᠬᠠᠮᠠᠭᠠᠯᠠᠬᠤ ᠬᠢᠨᠠᠯᠲᠠ ᠬᠠᠮᠢᠶᠠᠷᠤᠯᠲᠠ ᠶ᠋ᠢᠨ ᠠᠵᠢᠯ᠎ᠢ ᠨᠠᠢᠳᠠᠪᠤᠷᠢᠵᠢᠭᠤᠯᠬᠤ᠎ᠶ᠋ᠢᠨ ᠬᠠᠮᠲᠤ ᠰᠠᠢᠲᠤᠷ ᠬᠢᠵᠦ᠍᠂ ᠤᠰᠤ ᠬᠥᠷᠦᠰᠦ᠎ᠶ᠋ᠢ ᠬᠠᠮᠠᠭᠠᠯᠠᠬᠤ ᠢᠨᠵᠸᠨ᠋ᠸᠷᠢᠩ᠎ᠦᠨ ᠪᠦᠲᠦᠭᠡᠨ ᠪᠠᠢᠭᠤᠯᠤᠯᠲᠠ᠎ᠶ᠋ᠢᠨ ᠶᠠᠰᠤ ᠴᠢᠨᠠᠷ ᠪᠣᠯᠤᠨ ᠠᠬᠢᠴᠠ᠎ᠶ᠋ᠢ ᠦᠨᠡᠨ ᠬᠦ᠌ ᠪᠠᠲᠤᠯᠠᠬᠤ ᠬᠡᠷᠡᠭ᠌ᠲᠡᠶ᠃
(ᠲᠠᠪᠤ) ᠤᠰᠤ ᠬᠥᠷᠦᠰᠦ᠎ᠶ᠋ᠢ ᠬᠠᠮᠠᠭᠠᠯᠠᠬᠤ ᠨᠥᠬᠦᠪᠥᠷᠢ ᠵᠠᠷᠤᠳᠠᠯ᠎ᠢ ᠬᠠᠤᠯᠢ ᠲᠣᠭ᠍ᠲᠠᠭᠠᠯ ᠶᠣᠰᠣᠭᠠᠷ ᠭᠦᠢᠴᠡᠳ ᠲᠤᠭ᠎ᠠ᠎ᠪᠠᠷ ᠲᠤᠱᠢᠶᠠᠨ᠎ᠠ᠃
ᠭᠤᠷᠪᠠ᠂ ᠲᠤᠰ ᠲᠥᠷᠥᠯ ᠵᠦᠢᠯ᠎ᠦᠨ ᠭᠠᠵᠠᠷ ᠣᠷᠣᠨ᠂ ᠬᠡᠪᠴᠢᠶ᠎ᠡ ᠨᠢ ᠴᠢᠬᠤᠯᠠ ᠶᠡᠬᠡ ᠬᠤᠪᠢᠷᠠᠯᠲᠠ ᠭᠠᠷᠤᠭ᠍ᠰᠠᠨ ᠪᠤᠶᠤ ᠤᠰᠤ ᠬᠥᠷᠦᠰᠦ᠎ᠶ᠋ᠢ ᠬᠠᠮᠠᠭᠠᠯᠠᠬᠤ ᠲᠥᠰᠦᠯ᠎ᠢ ᠬᠡᠷᠡᠭ᠌ᠵᠢᠭᠦᠯᠬᠦ᠌ ᠶᠠᠪᠤᠴᠠ᠎ᠳᠤ ᠤᠰᠤ ᠬᠥᠷᠦᠰᠦ᠎ᠶ᠋ᠢ ᠬᠠᠮᠠᠭᠠᠯᠠᠬᠤ ᠠᠷᠭ᠎ᠠ ᠬᠡᠮᠵᠢᠶ᠎ᠡ᠎ᠳᠦ ᠴᠢᠬᠤᠯᠠ ᠶᠡᠬᠡ ᠬᠤᠪᠢᠷᠠᠯᠲᠠ ᠭᠠᠷᠤᠭ᠍ᠰᠠᠨ ᠪᠣᠯ ᠤᠰᠤ ᠬᠥᠷᠦᠰᠦ᠎ᠶ᠋ᠢ ᠬᠠᠮᠠᠭᠠᠯᠠᠬᠤ ᠲᠥᠰᠦᠯ᠎ᠳᠦ ᠨᠥᠬᠥᠪᠥᠷᠢᠯᠡᠬᠦ᠌ ᠪᠤᠶᠤ ᠵᠠᠰᠠᠪᠤᠷᠢ ᠣᠷᠣᠭᠤᠯᠵᠤ᠂ ᠮᠠᠨ᠎ᠤ ᠲᠢᠩᠬᠢᠮ᠎ᠳᠦ ᠮᠡᠳᠡᠭᠦᠯᠦᠨ ᠬᠢᠨᠠᠨ ᠵᠥᠪᠱᠢᠶᠡᠷᠡᠭᠦᠯᠬᠦ᠌ ᠬᠡᠷᠡᠭ᠌ᠲᠡᠶ ;ᠱᠢᠭᠠᠷᠤ ᠬᠠᠶᠠᠬᠤ ᠲᠠᠯᠠᠪᠠᠶ᠎ᠶ᠋ᠢ ᠱᠢᠨ᠎ᠡ᠎ᠪᠡᠷ ᠭᠠᠷᠭᠠᠬᠤ ᠴᠢᠬᠤᠯᠠᠲᠠᠶ ᠪᠣᠯ ᠦᠢᠯᠡᠳᠪᠦᠷᠢᠯᠡᠯ ᠪᠦᠲᠦᠭᠡᠨ ᠪᠠᠢᠭᠤᠯᠤᠯᠲᠠ ᠶ᠋ᠢᠨ ᠨᠢᠭᠡᠴᠢ ᠨᠢ ᠱᠢᠭᠠᠷᠤ ᠬᠠᠶᠠᠬᠤ᠎ᠶ᠋ᠢ ᠬᠡᠮᠵᠢᠶᠡᠵᠢᠭᠦᠯᠬᠦ᠂ ᠡᠬᠢ ᠪᠠᠶᠠᠯᠢᠭ᠍ᠵᠢᠭᠤᠯᠤᠨ ᠨᠤᠲᠠᠯᠠᠬᠤ᠎ᠶ᠋ᠢ ᠥᠷᠨᠢᠭᠦᠯᠬᠦ᠌ ᠶ᠋ᠢᠨ ᠬᠠᠮᠲᠤ ᠱᠢᠭᠠᠷᠤ᠎ᠶ᠋ᠢ ᠬᠠᠶᠠᠬᠤ᠎ᠠᠴᠠ ᠡᠮᠦᠨ᠎ᠡ ᠤᠰᠤ ᠬᠥᠷᠦᠰᠦ ᠶ᠋ᠢ ᠬᠠᠮᠠᠭᠠᠯᠠᠬᠤ ᠲᠥᠰᠦᠯ᠎ᠦᠨ ᠨᠥᠬᠥᠪᠥᠷᠢ ᠮᠡᠳᠡᠭᠦᠯᠦᠯᠲᠡ᠎ᠶ᠋ᠢ ᠨᠠᠢᠷᠠᠭᠤᠯᠤᠨ ᠵᠣᠬᠢᠶᠠᠵᠤ᠂ ᠮᠠᠨ᠎ᠤ ᠲᠢᠩᠬᠢᠮ᠎ᠳᠦ ᠮᠡᠳᠡᠭᠦᠯᠦᠨ ᠬᠢᠨᠠᠨ ᠵᠥᠪᠱᠢᠶᠡᠷᠡᠭᠦᠯᠦᠨ᠎ᠡ᠃
ᠳᠥᠷᠪᠡ᠂ ᠲᠠᠨ᠎ᠤ ᠨᠢᠭᠡᠴᠢ ᠪᠣᠯ ᠲᠤᠰ ᠲᠥᠷᠥᠯ ᠵᠦᠢᠯ᠎ᠦᠨ ᠤᠰᠤ ᠬᠥᠷᠦᠰᠦ᠎ᠶ᠋ᠢ ᠬᠠᠮᠠᠭᠠᠯᠠᠬᠤ ᠲᠥᠬᠥᠭᠡᠷᠦᠮᠵᠢ ᠶ᠋ᠢ ᠱᠢᠯᠭᠠᠨ ᠠᠪᠬᠤ ᠬᠠᠷᠢᠭᠤᠴᠠᠯᠭ᠎ᠠ ᠶ᠋ᠢᠨ ᠭᠣᠤᠯ ᠴᠣᠭ᠍ᠴᠠ ᠪᠣᠯᠬᠤ ᠲᠤᠯᠠ᠂ ᠲᠤᠰ ᠲᠥᠷᠥᠯ ᠵᠦᠢᠯ᠎ᠢ ᠠᠱᠢᠭ᠍ᠯᠠᠯᠲᠠ᠎ᠳᠤ ᠣᠷᠣᠭᠤᠯᠬᠤ᠎ᠠᠴᠠ ᠡᠮᠦᠨ᠎ᠡ᠂ ᠤᠰᠤ ᠬᠥᠷᠦᠰᠦ ᠶ᠋ᠢ ᠬᠠᠮᠠᠭᠠᠯᠠᠬᠤ ᠲᠥᠬᠥᠭᠡᠷᠦᠮᠵᠢ᠎ᠶ᠋ᠢ ᠡᠵᠡᠨ ᠮᠡᠳᠡᠵᠦ᠍ ᠱᠢᠯᠭᠠᠨ ᠠᠪᠬᠤ᠎ᠶ᠋ᠢ ᠥᠩᠭᠡᠷᠡᠭᠡᠬᠦ᠌ ᠬᠡᠷᠡᠭ᠌ᠲᠡᠶ᠃ ᠡᠵᠡᠨ ᠮᠡᠳᠡᠨ ᠱᠢᠯᠭᠠᠨ ᠠᠪᠬᠤ᠎ᠳᠤ ᠤᠰᠤ ᠬᠥᠷᠦᠰᠦ᠎ᠶ᠋ᠢ ᠬᠠᠮᠠᠭᠠᠯᠠᠬᠤ ᠬᠠᠤᠯᠢ ᠴᠠᠭᠠᠵᠠ ᠬᠠᠤᠯᠢ ᠲᠣᠭ᠍ᠲᠠᠭᠠᠯ᠂ ᠪᠠᠷᠢᠮᠵᠢᠶ᠎ᠠ᠎ᠶ᠋ᠢᠨ ᠵᠢᠷᠤᠮᠵᠢᠯ᠂ ᠤᠰᠤ ᠬᠥᠷᠦᠰᠦ᠎ᠶ᠋ᠢ ᠬᠠᠮᠠᠭᠠᠯᠠᠬᠤ ᠲᠥᠰᠦᠯ ᠵᠢᠴᠢ ᠲᠤᠰ ᠬᠢᠨᠠᠨ ᠵᠥᠪᠱᠢᠶᠡᠷᠡᠭ᠌ᠰᠡᠨ ᠲᠣᠭ᠍ᠲᠠᠭᠠᠯ᠂ ᠤᠰᠤ ᠬᠥᠷᠦᠰᠦ᠎ᠶ᠋ᠢ ᠬᠠᠮᠠᠭᠠᠯᠠᠬᠤ ᠵᠠᠯᠭᠠᠮᠵᠢ ᠵᠢᠷᠤᠭ ᠲᠥᠯᠥᠪᠯᠡᠭᠡ ᠵᠡᠷᠭᠡ᠎ᠶ᠋ᠢ ᠦᠨᠳᠦᠰᠦᠯᠡᠨ ᠶᠠᠪᠤᠭ᠍ᠳᠠᠭᠤᠯᠵᠤ᠂ ᠤᠰᠤ ᠬᠥᠷᠦᠰᠦ ᠶ᠋ᠢ ᠬᠠᠮᠠᠭᠠᠯᠠᠬᠤ ᠲᠥᠬᠥᠭᠡᠷᠦᠮᠵᠢ᠎ᠶ᠋ᠢ ᠱᠢᠯᠭᠠᠨ ᠠᠪᠬᠤ ᠪᠠᠷᠢᠮᠵᠢᠶ᠎ᠠ ᠪᠠ ᠨᠥᠬᠥᠴᠡᠯ᠎ᠢ ᠴᠢᠩᠭ᠎ᠠ ᠬᠡᠷᠡᠭ᠌ᠵᠢᠭᠦᠯᠬᠦ᠌ ᠬᠡᠷᠡᠭ᠌ᠲᠡᠶ᠃ ᠤᠰᠤ ᠬᠥᠷᠦᠰᠦ᠎ᠶ᠋ᠢ ᠬᠠᠮᠠᠭᠠᠯᠠᠬᠤ ᠲᠥᠬᠥᠭᠡᠷᠦᠮᠵᠢ᠎ᠶ᠋ᠢ ᠡᠵᠡᠨ ᠮᠡᠳᠡᠵᠦ᠍ ᠱᠢᠯᠭᠠᠨ ᠠᠪᠬᠤ᠎ᠳᠤ ᠬᠢᠷᠢ ᠲᠡᠩᠴᠡᠭ᠌ᠰᠡᠨᠦ ᠳᠠᠷᠠᠭ᠎ᠠ᠂ ᠠᠯᠪᠠᠨ᠎ᠤ ᠰᠦᠯᠵᠢᠶ᠎ᠡ ᠪᠤᠶᠤ ᠪᠤᠰᠤᠳ ᠣᠯᠠᠨ ᠨᠡᠢᠲᠡ᠎ᠶ᠋ᠢᠨ ᠮᠡᠳᠡᠬᠦ᠌ ᠨᠧᠲ᠎ᠲᠦ ᠤᠰᠤ ᠬᠥᠷᠦᠰᠦ᠎ᠶ᠋ᠢ ᠬᠠᠮᠠᠭᠠᠯᠠᠬᠤ ᠲᠥᠬᠥᠭᠡᠷᠦᠮᠵᠢ᠎ᠶ᠋ᠢᠨ ᠱᠢᠯᠭᠠᠨ ᠠᠪᠬᠤ ᠮᠠᠲ᠋ᠧᠷᠢᠶᠠᠯ᠎ᠢ ᠴᠠᠭ ᠲᠤᠬᠠᠶ᠎ᠳᠤ ᠨᠢ ᠨᠡᠢᠲᠡᠯᠡᠵᠦ᠍᠂ ᠢᠯᠡ ᠨᠡᠢᠲᠡᠯᠡᠬᠦ᠌ ᠴᠠᠭ ᠬᠤᠭᠤᠴᠠᠭ᠎ᠠ᠎ᠶ᠋ᠢ ᠨᠢ 20 ᠠᠵᠢᠯᠯᠠᠬᠤ ᠡᠳᠦᠷ᠎ᠡᠴᠡ ᠳᠤᠲᠠᠭᠤ ᠪᠠᠢᠯᠭᠠᠵᠤ ᠪᠣᠯᠬᠤ ᠦᠭᠡᠶ ; ᠤᠰᠤ ᠬᠥᠷᠦᠰᠦ᠎ᠶ᠋ᠢ ᠬᠠᠮᠠᠭᠠᠯᠠᠬᠤ ᠲᠥᠬᠥᠭᠡᠷᠦᠮᠵᠢ ᠶ᠋ᠢ ᠡᠵᠡᠨ ᠮᠡᠳᠡᠨ ᠱᠢᠯᠭᠠᠨ ᠠᠪᠴᠤ᠌ ᠥᠩᠭᠡᠷᠡᠭ᠌ᠰᠡᠨ᠎ᠦ ᠳᠠᠷᠠᠭ᠎ᠠ 3 ᠰᠠᠷ᠎ᠠ᠎ᠶ᠋ᠢᠨ ᠳᠣᠲᠣᠷ᠎ᠠ ᠮᠠᠨ᠎ᠤ ᠲᠢᠩᠬᠢᠮ᠎ᠳᠦ ᠤᠰᠤ ᠬᠥᠷᠦᠰᠦ᠎ᠶ᠋ᠢ ᠬᠠᠮᠠᠭᠠᠯᠠᠬᠤ ᠲᠥᠬᠥᠭᠡᠷᠦᠮᠵᠢ᠎ᠶ᠋ᠢᠨ ᠱᠢᠯᠭᠠᠨ ᠠᠪᠬᠤ ᠮᠠᠲ᠋ᠧᠷᠢᠶᠠᠯ᠎ᠢᠶᠠᠨ ᠮᠡᠳᠡᠭᠦᠯᠦᠨ ᠳᠠᠩᠰᠠᠯᠠᠭᠤᠯᠬᠤ ᠬᠡᠷᠡᠭ᠌ᠲᠡᠶ; ᠤᠰᠤ ᠬᠥᠷᠦᠰᠦ᠎ᠶ᠋ᠢ ᠬᠠᠮᠠᠭᠠᠯᠠᠬᠤ ᠲᠥᠬᠥᠭᠡᠷᠦᠮᠵᠢ ᠨᠢ ᠱᠢᠯᠭᠠᠨ ᠠᠪᠬᠤ᠎ᠶ᠋ᠢ ᠳᠠᠮᠵᠢᠭ᠍ᠰᠠᠨ ᠦᠭᠡᠶ ᠪᠤᠶᠤ ᠱᠢᠯᠭᠠᠨ ᠠᠪᠬᠤ᠎ᠳᠤ ᠬᠢᠷᠢ ᠲᠡᠩᠴᠡᠭ᠌ᠰᠡᠨ ᠦᠭᠡᠶ ᠪᠣᠯ ᠠᠱᠢᠭ᠍ᠯᠠᠯᠲᠠ᠎ᠳᠤ ᠣᠷᠣᠭᠤᠯᠤᠨ ᠬᠡᠷᠡᠭ᠌ᠯᠡᠵᠦ᠍ ᠪᠣᠯᠬᠤ ᠦᠭᠡᠶ᠃
ᠲᠠᠪᠤ᠂ ᠲᠤᠰ ᠵᠥᠪᠱᠢᠶᠡᠷᠡᠯ᠎ᠦᠨ ᠪᠢᠴᠢᠭ ᠮᠠᠲ᠋ᠧᠷᠢᠶᠠᠯ᠎ᠢ ᠵᠥᠪᠱᠢᠶᠡᠷᠡᠭ᠌ᠰᠡᠨ ᠡᠳᠦᠷ᠎ᠡᠴᠡ ᠡᠬᠢᠯᠡᠨ ᠬᠦᠴᠦᠨ ᠪᠦᠬᠦᠢ ᠬᠤᠭᠤᠴᠠᠭ᠎ᠠ ᠨᠢ 3 ᠵᠢᠯ ᠪᠣᠯᠤᠨ᠎ᠠ᠃ ᠵᠥᠪᠱᠢᠶᠡᠷᠡᠭ᠌ᠰᠡᠨ ᠪᠢᠴᠢᠭ ᠮᠠᠲ᠋ᠧᠷᠢᠶᠠᠯ᠎ᠤᠨ ᠬᠦᠴᠦᠨ᠎ᠲᠡᠶ ᠬᠤᠭᠤᠴᠠᠭᠠᠨ ᠳᠣᠲᠣᠷ᠎ᠠ ᠠᠵᠢᠯ ᠡᠬᠢᠯᠡᠭᠦᠯᠦᠨ ᠪᠦᠲᠦᠭᠡᠨ ᠪᠠᠢᠭᠤᠯᠤᠭ᠍ᠰᠠᠨ ᠦᠭᠡᠶ ᠪᠣᠯ ᠦᠢᠯᠡᠳᠪᠦᠷᠢᠯᠡᠯ ᠪᠦᠲᠦᠭᠡᠨ ᠪᠠᠢᠭᠤᠯᠤᠯᠲᠠ ᠶ᠋ᠢᠨ ᠨᠢᠭᠡᠴᠢ ᠨᠢ ᠵᠥᠪᠱᠢᠶᠡᠷᠡᠭ᠌ᠰᠡᠨ ᠪᠢᠴᠢᠭ ᠮᠠᠲ᠋ᠧᠷᠢᠶᠠᠯ᠎ᠤᠨ ᠬᠦᠴᠦᠨ᠎ᠲᠡᠶ ᠬᠤᠭᠤᠴᠠᠭ᠎ᠠ ᠨᠢ ᠳᠦᠭᠦᠷᠬᠦ᠌᠎ᠡᠴᠡ 30 ᠠᠵᠢᠯᠯᠠᠬᠤ ᠡᠳᠦᠷ᠎ᠦᠨ ᠡᠮᠦᠨ᠎ᠡ ᠮᠠᠨ᠎ᠤ ᠲᠢᠩᠬᠢᠮ᠎ᠳᠦ ᠳᠠᠬᠢᠨ ᠬᠢᠨᠠᠭᠤᠯᠬᠤ᠎ᠪᠠᠷ ᠭᠤᠶᠤᠴᠢᠯᠠᠨ ᠬᠢᠨᠠᠨ ᠬᠠᠷᠭᠤᠭᠤᠯᠬᠤ ᠬᠡᠷᠡᠭ᠌ᠲᠡᠶ᠃ ᠲᠥᠷᠥᠯ ᠵᠦᠢᠯ᠎ᠢ ᠵᠥᠪᠱᠢᠶᠡᠷᠡᠭ᠌ᠰᠡᠨ ᠪᠢᠴᠢᠭ ᠮᠠᠲ᠋ᠧᠷᠢᠶᠠᠯ᠎ᠤᠨ ᠬᠦᠴᠦᠨ᠎ᠲᠡᠶ ᠬᠤᠭᠤᠴᠠᠭᠠᠨ ᠳᠣᠲᠣᠷ᠎ᠠ ᠠᠵᠢᠯ ᠡᠬᠢᠯᠡᠭᠦᠯᠦᠨ ᠪᠦᠲᠦᠭᠡᠨ ᠪᠠᠢᠭᠤᠯᠤᠭ᠍ᠰᠠᠨ ᠦᠭᠡᠶ ᠮᠥᠷᠲᠡᠭᠡᠨ ᠳᠠᠬᠢᠵᠤ ᠭᠤᠶᠤᠴᠢᠯᠠᠨ ᠬᠢᠨᠠᠨ ᠬᠠᠷᠭᠤᠭᠤᠯᠤᠭ᠍ᠰᠠᠨ ᠦᠭᠡᠶ ᠪᠤᠶᠤ ᠭᠤᠶᠤᠴᠢᠯᠠᠬᠤ ᠶ᠋ᠢ ᠳᠠᠬᠢᠵᠤ ᠬᠢᠨᠠᠨ ᠬᠠᠷᠭᠤᠭᠤᠯᠬᠤ᠎ᠪᠠᠷ ᠳᠤᠷᠠᠳᠤᠭ᠍ᠰᠠᠨ ᠪᠣᠯᠪᠠᠴᠤ᠌ ᠵᠥᠪᠱᠢᠶᠡᠷᠡᠭ᠌ᠳᠡᠭ᠌ᠰᠡᠨ ᠦᠭᠡᠶ ᠪᠣᠯ᠂ ᠲᠤᠰ ᠵᠥᠪᠱᠢᠶᠡᠷᠡᠭ᠌ᠰᠡᠨ ᠪᠢᠴᠢᠭ ᠮᠠᠲ᠋ᠧᠷᠢᠶᠠᠯ ᠨᠢ ᠠᠶᠠᠨ᠎ᠳᠠᠭᠠᠨ ᠬᠦᠴᠦᠨ ᠦᠭᠡᠶ ᠪᠣᠯᠤᠨ᠎ᠠ᠃
ᠳᠠᠭᠠᠯᠳᠤᠭᠤᠯᠤᠯ᠄
2025 ᠣᠨ᠎ᠤ 9 ᠳ᠋ᠤᠭᠡᠷ ᠰᠠᠷ᠎ᠠ᠎ᠶ᠋ᠢᠨ 1᠎ᠤ ᠡᠳᠦᠷ