ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠣᠨᠴᠠᠯᠢᠭᠲᠤ᠌ ᠳᠠᠪᠴᠠᠩ
ᠢᠯᠡ ᠵᠠᠰᠠᠭ   -   ᠪᠢᠴᠢᠭ ᠮᠠᠲ᠋ᠧᠷᠢᠶᠠᠯ
ᠲᠠᠷᠢᠶᠠᠯᠠᠩ᠎ᠤᠨ ᠤᠰᠤᠨ᠎ᠤ ᠦᠨ᠎ᠡ ᠬᠠᠩᠰᠢ᠎ᠶ᠋ᠢᠨ ᠶᠡᠷᠦᠩᠬᠡᠢᠯᠡᠭ᠌ᠰᠡᠨ ᠥᠭᠡᠷᠡᠴᠢᠯᠡᠯᠲᠡ᠎ᠶ᠋ᠢ ᠭᠦᠨᠵᠡᠭᠡᠢᠷᠡᠭᠦᠯᠬᠦ᠌ ᠵᠢᠴᠢ ᠬᠦᠳᠡᠭᠡ ᠲᠤᠰᠬᠤᠨ ᠮᠠᠯᠵᠢᠬᠤ ᠣᠷᠣᠨ᠎ᠤ ᠤᠰᠤ ᠬᠠᠩᠭᠠᠬᠤ ᠪᠠᠲᠤᠯᠠᠭ᠎ᠠ᠎ᠶ᠋ᠢᠨ ᠶᠠᠷᠢᠯᠴᠠᠬᠤ ᠬᠤᠷᠠᠯ᠎ᠢ ᠬᠤᠷᠠᠯᠳᠤᠭᠤᠯᠬᠤ ᠲᠤᠬᠠᠶ ᠮᠡᠳᠡᠭ᠌ᠳᠡᠯ
ᠨᠡᠶ᠋ᠢᠲᠡᠯᠡᠭᠰᠡᠨ ᠴᠠᠭ᠄ 2025-09-11

ᠬᠡᠯᠬᠢᠶᠡᠰᠦᠨ ᠨᠣᠮᠧᠷ ᠄ 000014348/2025-04618

ᠭᠤᠣᠯ ᠰᠡᠳᠦᠪ᠎ᠤᠨ ᠠᠩᠭᠢᠯᠠᠯ ᠄ ᠤᠰᠤᠨ ᠠᠰᠢᠭ᠍ᠯᠠᠯᠲᠠ

ᠨᠡᠢᠲᠡᠯᠡᠭᠰᠡᠨ ᠪᠠᠶ᠋ᠢᠭᠤᠯᠤᠮᠵᠢ ᠄ ᠥᠪᠡᠷᠲᠡᠭᠡᠨ ᠵᠠᠰᠠᠬᠤ ᠣᠷᠣᠨ᠎ᠤ ᠤᠰᠤᠨ ᠠᠰᠢᠭ᠍ᠯᠠᠯᠲᠠ᠎ᠶᠢᠨ ᠲᠢᠩᠬᠢᠮ

ᠪᠢᠴᠢᠭ᠎ᠤᠨ ᠳ᠋ᠤᠭᠠᠷ ᠄ ᠦᠪᠦᠷ ᠤᠰᠤᠨ ᠲᠠᠷᠢᠶᠠᠯᠠᠩ [ 2025 ] 39 ᠳ᠋ᠦ᠍ᠭᠡᠷ ᠲᠣᠭᠠᠲᠤ 

ᠪᠢᠴᠢᠭᠳᠡᠭᠰᠡᠨ ᠡᠳᠦᠷ ᠬᠤᠭᠤᠴᠠᠭ᠎ᠠ ᠄ 2025 ᠣᠨ᠎ᠤ 9 ᠳ᠋ᠦ᠍ᠭᠡᠷ ᠰᠠᠷ᠎ᠠ᠎ᠶᠢᠨ 11᠎ᠦ ᠡᠳᠦᠷ

ᠠᠯᠪᠠᠨ ᠪᠢᠴᠢᠭ᠎ᠤᠨ ᠬᠦᠴᠦᠨ ᠲᠠᠢ ᠬᠤᠭᠤᠴᠠᠭ᠎ᠠ ᠄ ᠬᠦᠴᠦᠨ ᠲᠠᠢ

 

ᠬᠠᠮᠢᠶ᠎ᠠ ᠪᠦᠬᠦᠢ ᠠᠢᠮᠠᠭ ᠬᠤᠲᠠ᠎ᠶ᠋ᠢᠨ ᠤᠰᠤᠨ ᠠᠱᠢᠭ᠍ᠯᠠᠯᠲᠠ (ᠤᠰᠤᠨ᠎ᠤ ᠶᠠᠪᠤᠳᠠᠯ) ᠎ᠶ᠋ᠢᠨ ᠲᠣᠪᠴᠢᠶ᠎ᠠ᠂ ᠥᠪᠡᠷᠲᠡᠭᠡᠨ ᠵᠠᠰᠠᠬᠤ ᠣᠷᠣᠨ᠎ᠤ ᠤᠰᠤᠨ ᠠᠱᠢᠭ᠍ᠯᠠᠯᠲᠠ᠎ᠶ᠋ᠢᠨ ᠦᠢᠯᠡᠰ᠎ᠤᠨ ᠬᠥᠭ᠌ᠵᠢᠯᠲᠡ᠎ᠶ᠋ᠢᠨ ᠲᠥᠪ᠎ᠲᠤ᠌᠄

  2025 ᠣᠨ᠎ᠤ 9 ᠳ᠋ᠤᠭᠡᠷ ᠰᠠᠷ᠎ᠠ᠎ᠶ᠋ᠢᠨ 16 ᠎ᠤ ᠡᠳᠦᠷ (ᠭᠠᠷᠠᠭ᠎ᠤᠨ ᠬᠤᠶᠠᠷ) ᠲᠠᠷᠢᠶᠠᠯᠠᠩ᠎ᠤᠨ ᠤᠰᠤᠨ᠎ᠤ ᠦᠨ᠎ᠡ᠎ᠶ᠋ᠢᠨ ᠶᠡᠷᠦᠩᠬᠡᠢᠯᠡᠭ᠌ᠰᠡᠨ ᠥᠭᠡᠷᠡᠴᠢᠯᠡᠯᠲᠡ᠎ᠶ᠋ᠢ ᠭᠦᠨᠵᠡᠭᠡᠢᠷᠡᠭᠦᠯᠬᠦ᠌ ᠵᠢᠴᠢ ᠮᠠᠯᠵᠢᠬᠤ ᠲᠠᠷᠢᠶᠠᠯᠠᠬᠤ ᠣᠷᠣᠨ᠎ᠤ ᠤᠰᠤ ᠬᠠᠩᠭᠠᠬᠤ ᠪᠠᠲᠤᠯᠠᠭ᠎ᠠ᠎ᠶ᠋ᠢᠨ ᠶᠠᠷᠢᠯᠴᠠᠬᠤ ᠬᠤᠷᠠᠯ ᠬᠤᠷᠠᠯᠳᠤᠭᠤᠯᠬᠤ᠎ᠪᠠᠷ ᠲᠣᠭ᠍ᠲᠠᠪᠠ᠃ ᠡᠳᠦᠭᠡ ᠬᠣᠯᠪᠣᠭ᠍ᠳᠠᠯ ᠪᠦᠬᠦᠢ ᠤᠴᠢᠷ᠎ᠢ ᠳᠣᠤᠷᠠᠬᠢ ᠮᠡᠲᠦ ᠮᠡᠳᠡᠭ᠌ᠳᠡᠶ᠎ᠡ᠃

  ᠨᠢᠭᠡ᠂ ᠬᠤᠷᠠᠯ᠎ᠤᠨ ᠠᠭᠤᠯᠭ᠎ᠠ

   ᠶᠡᠷᠦᠩᠬᠡᠶ ᠱᠦᠵᠢ ᠰᠢ᠎ᠶ᠋ᠢᠨ ᠫᠢᠩ᠎ᠶ᠋ᠢᠨ ᠤᠯᠤᠰ᠎ᠤᠨ ᠠᠮᠤ ᠪᠤᠳᠠᠭᠠᠨ᠎ᠤ ᠠᠮᠤᠷ ᠲᠦᠪᠱᠢᠨ᠂ ᠤᠰᠤᠨ᠎ᠤ ᠠᠮᠤᠷ ᠲᠦᠪᠱᠢᠨ ᠪᠠ ᠬᠥᠳᠡᠭᠡ ᠲᠣᠰᠭᠤᠨ᠎ᠤ ᠤᠤᠭᠤᠬᠤ ᠤᠰᠤᠨ᠎ᠤ ᠠᠮᠤᠷ ᠲᠦᠪᠱᠢᠨ᠎ᠢ ᠪᠠᠲᠤᠯᠠᠬᠤ ᠲᠤᠬᠠᠶ ᠴᠢᠬᠤᠯᠠ ᠵᠢᠭᠠᠪᠤᠷᠢ᠎ᠶ᠋ᠢᠨ ᠵᠣᠷᠢᠭ ᠰᠠᠨᠠᠭ᠎ᠠ᠎ᠶ᠋ᠢ ᠭᠦᠨᠵᠡᠭᠡᠶ ᠲᠤᠭᠤᠰᠢᠯᠠᠭᠤᠯᠵᠤ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠤᠷᠢᠶ᠎ᠠ᠂ ᠵᠠᠰᠠᠭ᠎ᠤᠨ ᠣᠷᠳᠣᠨ᠎ᠤ ᠬᠠᠮᠢᠶ᠎ᠠ ᠪᠥᠬᠦᠶ ᠠᠵᠢᠯ᠎ᠤᠨ ᠪᠠᠢᠷᠢᠯᠠᠭᠤᠯᠤᠯᠲᠠ ᠶᠣᠰᠣᠭᠠᠷ᠂ ᠲᠠᠷᠢᠶᠠᠯᠠᠩ᠎ᠤᠨ ᠤᠰᠤᠨ᠎ᠤ ᠦᠨ᠎ᠡ ᠬᠠᠩᠰᠢ᠎ᠶ᠋ᠢᠨ ᠶᠡᠷᠦᠩᠬᠡᠢᠯᠡᠭ᠌ᠰᠡᠨ ᠥᠭᠡᠷᠡᠴᠢᠯᠡᠯᠲᠡ᠎ᠶ᠋ᠢ ᠪᠥᠬᠦ᠌ ᠲᠠᠯ᠎ᠠ᠎ᠪᠠᠷ ᠪᠡᠶᠡᠯᠡᠭᠦᠯᠵᠦ᠍᠂ ᠮᠠᠯᠵᠢᠬᠤ ᠲᠠᠷᠢᠶᠠᠯᠠᠬᠤ ᠣᠷᠣᠨ᠎ᠤ ᠤᠤᠭᠤᠬᠤ ᠤᠰᠤᠨ᠎ᠤ ᠠᠮᠤᠷ ᠲᠦᠪᠱᠢᠨ᠎ᠤ ᠶᠠᠳᠠᠭᠤ᠎ᠠᠴᠠ ᠠᠩᠭᠢᠵᠢᠷᠠᠭᠤᠯᠬᠤ ᠱᠢᠪᠲᠤᠯᠤᠯᠲᠠ᠎ᠶ᠋ᠢᠨ ᠦᠷ᠎ᠡ ᠪᠦᠲᠦᠭᠡᠯ᠎ᠢ ᠪᠠᠬᠢᠵᠢᠭᠦᠯᠦᠨ ᠥᠷᠭᠡᠳᠭᠡᠬᠦ᠌᠎ᠶ᠋ᠢ ᠬᠥᠳᠡᠭᠡ ᠲᠣᠰᠭᠤᠨ᠎ᠢ ᠬᠥᠭ᠌ᠵᠢᠭᠦᠯᠦᠨ ᠮᠠᠨᠳᠤᠭᠤᠯᠬᠤ᠎ᠯᠤᠭ᠎ᠠ ᠪᠦᠲᠦᠮᠵᠢᠲᠡᠶ ᠵᠣᠯᠭᠠᠭᠤᠯᠬᠤ ᠲᠠᠪᠤᠨ ᠵᠢᠯ᠎ᠤᠨ ᠱᠢᠯᠵᠢᠯᠲᠡ᠎ᠶ᠋ᠢᠨ ᠬᠤᠭᠤᠴᠠᠭᠠᠨ᠎ᠤ ᠰᠡᠭᠦᠯ ᠬᠤᠷᠢᠶᠠᠬᠤ᠎ᠶ᠋ᠢ ᠪᠥᠬᠦ᠌ ᠬᠦᠴᠦᠨ᠎ᠢᠶᠠᠷ᠎ᠢᠶᠠᠨ ᠳᠥᠯᠭᠢᠨ ᠠᠬᠢᠭᠤᠯᠵᠤ᠂ ᠲᠤᠬᠠᠶ᠎ᠶ᠋ᠢᠨ ᠲᠠᠯᠠᠪᠠᠶ᠎ᠳᠤ ᠨᠡᠢᠲᠡᠯᠢᠭ ᠲᠥᠷᠥᠯ ᠵᠦᠢᠯ᠎ᠤᠨ ᠲᠣᠭᠤᠷᠢᠭ᠎ᠢ ᠲᠣᠭᠤᠷᠢᠨ ᠦᠵᠡᠵᠦ᠍᠂ ᠲᠤᠷᠱᠢᠯᠭ᠎ᠠ᠎ᠪᠠᠨ ᠰᠣᠯᠢᠯᠴᠠᠨ᠂ ᠬᠦᠴᠢᠷ ᠲᠦᠪᠡᠭ᠌ᠲᠡᠶ ᠠᠰᠠᠭᠤᠳᠠᠯ᠎ᠢ ᠰᠤᠳᠤᠯᠤᠨ ᠱᠢᠢᠳᠪᠦᠷᠢᠯᠡᠵᠦ᠍᠂ ᠡᠯ᠎ᠡ ᠵᠦᠢᠯ᠎ᠤᠨ ᠡᠭᠦᠷᠭᠡ᠎ᠶ᠋ᠢ ᠴᠠᠭ ᠲᠤᠬᠠᠶ᠎ᠳᠤᠨᠢ ᠴᠢᠨᠠᠷ ᠪᠠ ᠲᠤᠭ᠎ᠠ ᠬᠡᠮᠵᠢᠶ᠎ᠡ᠎ᠶ᠋ᠢ ᠪᠠᠲᠤᠯᠠᠨ ᠪᠡᠶᠡᠯᠡᠭᠦᠯᠬᠦ᠌᠎ᠶ᠋ᠢ ᠳᠥᠯᠭᠢᠨ ᠠᠬᠢᠭᠤᠯᠪᠠ᠃

  ᠬᠤᠶᠠᠷ᠂ ᠬᠤᠷᠠᠯ᠎ᠤᠨ ᠴᠠᠭ ᠪᠠ ᠭᠠᠵᠠᠷ

  ᠬᠤᠷᠠᠯ᠎ᠢ 2025 ᠣᠨ᠎ᠤ 9 ᠳ᠋ᠦ᠍ᠭᠡᠷ ᠰᠠᠷ᠎ᠠ᠎ᠶ᠋ᠢᠨ 16 ᠎ᠤ ᠡᠳᠦᠷ (ᠭᠠᠷᠠᠭ᠎ᠤᠨ ᠬᠤᠶᠠᠷ) ᠬᠥᠬᠡᠬᠤᠲᠠ᠎ᠳᠤ ᠬᠤᠷᠠᠯᠳᠤᠭᠤᠯᠬᠤ᠎ᠪᠠᠷ ᠲᠣᠭ᠍ᠲᠠᠵᠤ᠂ ᠬᠤᠷᠠᠯ᠎ᠤᠨ ᠬᠤᠭᠤᠴᠠᠭ᠎ᠠ᠎ᠨᠢ 1 ᠡᠳᠦᠷ ᠪᠣᠯᠣᠨ᠎ᠠ᠃ 9 ᠳ᠋ᠦ᠍ᠭᠡᠷ ᠰᠠᠷ᠎ᠠ᠎ᠶ᠋ᠢᠨ 15 ᠎ᠤ ᠡᠳᠦᠷ (ᠭᠠᠷᠠᠭ᠎ᠤᠨ ᠨᠢᠭᠡᠨ) ᠪᠦᠬᠦᠯᠢ ᠡᠳᠦᠷ᠎ᠢᠶᠠᠷ᠎ᠢᠶᠠᠨ ᠬᠥᠬᠡᠬᠤᠲᠠ᠎ᠶ᠋ᠢᠨ ᠱᠦᠢ ᠮᠦ᠍ ᠨᠢᠶᠠᠨ ᠬᠤᠸᠠ ᠪᠠᠭᠤᠳᠠᠯ᠎ᠳᠤ ᠨᠡᠷ᠎ᠡ  ᠮᠡᠳᠡᠭᠦᠯᠦᠨ᠎ᠡ᠃

  ᠭᠤᠷᠪᠠ᠂ ᠬᠤᠷᠠᠯ᠎ᠤᠨ ᠵᠥᠪᠯᠡᠬᠦ᠌ ᠵᠦᠢᠯ

   (ᠨᠢᠭᠡ) 9 ᠳ᠋ᠦ᠍ᠭᠡᠷ ᠰᠠᠷ᠎ᠠ᠎ᠶ᠋ᠢᠨ 16 ᠎ᠤ ᠡᠳᠦᠷ᠎ᠤᠨ ᠦᠳᠡ᠎ᠶ᠋ᠢᠨ ᠡᠮᠦᠨ᠎ᠡ 09᠄ 00  ᠴᠠᠭ᠂  ᠰᠠᠭᠤᠳᠠᠯ᠎ᠤᠨ ᠶᠠᠷᠢᠯᠴᠠᠬᠤ ᠬᠤᠷᠠᠯ ᠬᠤᠷᠠᠯᠳᠤᠨ᠎ᠠ᠃

  1. ᠤᠰᠤᠨ ᠠᠱᠢᠭ᠍ᠯᠠᠯᠲᠠ᠎ᠶ᠋ᠢᠨ ᠲᠢᠩᠬᠢᠮ᠎ᠤᠨ ᠲᠠᠷᠢᠶᠠᠯᠠᠩ ᠮᠠᠯ ᠠᠵᠤ ᠠᠬᠤᠶ ᠤᠰᠤᠨ ᠠᠱᠢᠭ᠍ᠯᠠᠯᠲᠠ᠎ᠶ᠋ᠢᠨ ᠭᠠᠵᠠᠷ᠎ᠠᠴᠠ ᠪᠥᠬᠦ᠌ ᠣᠷᠣᠨ᠎ᠤ ᠲᠠᠷᠢᠶᠠᠯᠠᠩ᠎ᠤᠨ ᠤᠰᠤᠨ᠎ᠤ ᠦᠨ᠎ᠡ᠎ᠶ᠋ᠢᠨ ᠶᠡᠷᠦᠩᠬᠡᠢᠯᠡᠭ᠌ᠰᠡᠨ ᠥᠭᠡᠷᠡᠴᠢᠯᠡᠯᠲᠡ ᠪᠠ  ᠬᠦᠳᠡᠭᠡ ᠲᠤᠰᠬᠤᠨ ᠮᠠᠯᠵᠢᠬᠤ ᠣᠷᠣᠨ᠎ᠤ ᠤᠰᠤ ᠬᠠᠩᠭᠠᠬᠤ ᠪᠠᠲᠤᠯᠠᠭ᠎ᠠ᠎ᠶ᠋ᠢᠨ ᠠᠵᠢᠯ᠎ᠢ ᠥᠷᠨᠢᠭᠦᠯᠦᠭ᠌ᠰᠡᠨ ᠪᠠᠢᠳᠠᠯ᠎ᠢ ᠮᠡᠳᠡᠭ᠌ᠳᠡᠨ᠎ᠡ;

  2 ᠬᠥᠬᠡᠬᠤᠲᠠ᠂ ᠪᠤᠭᠤᠲᠤ ᠬᠤᠲᠠ᠂ ᠬᠥᠯᠥᠨ ᠪᠤᠢᠷ ᠬᠤᠲᠠ᠂ ᠬᠢᠩᠭᠠᠨ ᠠᠢᠮᠠᠭ᠂ ᠲᠦᠩᠯᠢᠶᠣᠤ ᠬᠤᠲᠠ᠂ ᠤᠯᠠᠭᠠᠨᠬᠠᠳᠠ ᠬᠤᠲᠠ᠂ ᠱᠢᠯᠢ᠎ᠶ᠋ᠢᠨ ᠭᠤᠤᠯ ᠠᠢᠮᠠᠭ᠂ ᠤᠯᠠᠭᠠᠨᠴᠠᠪ ᠬᠤᠲᠠ᠂ ᠣᠷᠳᠣᠰ ᠬᠤᠲᠠ᠂ ᠪᠠᠶᠠᠨᠨᠠᠭᠤᠷ ᠬᠤᠲᠠ ᠰᠠᠨᠠᠯ᠎ᠢᠶᠠᠨ ᠰᠣᠯᠢᠯᠴᠠᠬᠤ ᠦᠭᠡ ᠬᠡᠯᠡᠪᠡ;

  3. ᠥᠪᠡᠷᠲᠡᠭᠡᠨ ᠵᠠᠰᠠᠬᠤ ᠣᠷᠣᠨ᠎ᠤ ᠤᠰᠤᠨ ᠠᠱᠢᠭ᠍ᠯᠠᠯᠲᠠ᠎ᠶ᠋ᠢᠨ ᠲᠢᠩᠬᠢᠮ᠎ᠦᠨ ᠨᠠᠮ᠎ᠤᠨ ᠤᠳᠤᠷᠢᠳᠭᠤ ᠳᠤᠭᠤᠢᠯᠠᠩ᠎ᠤᠨ ᠱᠦᠵᠢ᠂ ᠲᠢᠩᠬᠢᠮ᠎ᠦᠨ ᠳᠠᠷᠤᠭ᠎ᠠ ᠶᠠᠷᠢᠶ᠎ᠠ ᠲᠠᠯᠪᠢᠪᠠ᠃

  (ᠬᠤᠶᠠᠷ) 9 ᠳ᠋ᠦ᠍ᠭᠡᠷ ᠰᠠᠷ᠎ᠠ᠎ᠶ᠋ᠢᠨ 16 ᠎ᠤ ᠡᠳᠦᠷ᠎ᠤᠨ ᠦᠳᠡ᠎ᠶ᠋ᠢᠨ ᠬᠤᠢᠨᠠᠬᠢ 13᠄ 30 ᠴᠠᠭ᠂ ᠤᠯᠠᠭᠠᠨᠴᠠᠪ ᠬᠤᠲᠠ᠎ᠳᠤ ᠬᠦᠷᠴᠦ᠍ ᠲᠠᠷᠢᠶᠠᠯᠠᠩ᠎ᠤᠨ ᠤᠰᠤᠨ᠎ᠤ ᠦᠨ᠎ᠡ᠎ᠶ᠋ᠢᠨ ᠶᠡᠷᠦᠩᠬᠡᠢᠯᠡᠭ᠌ᠰᠡᠨ ᠥᠭᠡᠷᠡᠴᠢᠯᠡᠯᠲᠡ᠂ ᠬᠦᠳᠡᠭᠡ ᠲᠤᠰᠬᠤᠨ ᠮᠠᠯᠵᠢᠬᠤ ᠣᠷᠣᠨ᠎ᠤ ᠤᠰᠤ ᠬᠠᠩᠭᠠᠬᠤ ᠨᠡᠢᠲᠡᠯᠢᠭ ᠠᠷᠭ᠎ᠠ ᠬᠢᠳᠡᠯ ᠵᠢᠴᠢ ᠠᠵᠢᠯ᠎ᠤᠨ ᠦᠷ᠎ᠡ ᠪᠦᠲᠦᠮᠵᠢ᠎ᠶ᠋ᠢ ᠲᠣᠭᠤᠷᠢᠨ ᠦᠵᠡᠪᠡ᠃

  ᠳᠥᠷᠪᠡ᠂ ᠬᠤᠷᠠᠯ᠎ᠳᠤ ᠣᠷᠣᠯᠴᠠᠭ᠍ᠰᠠᠳ

  ᠥᠪᠡᠷᠲᠡᠭᠡᠨ ᠵᠠᠰᠠᠬᠤ ᠣᠷᠣᠨ᠎ᠤ ᠤᠰᠤᠨ ᠠᠱᠢᠭ᠍ᠯᠠᠯᠲᠠ᠎ᠶ᠋ᠢᠨ ᠲᠢᠩᠬᠢᠮ᠎ᠤᠨ ᠭᠤᠤᠯ ᠬᠠᠷᠢᠭᠤᠴᠠᠯᠭᠠᠲᠠᠨ᠂ ᠬᠤᠪᠢᠳᠠᠨ ᠬᠠᠮᠢᠶᠠᠷᠴᠤ᠌ ᠪᠥᠬᠦᠶ ᠬᠠᠷᠢᠭᠤᠴᠠᠯᠭᠠᠲᠠᠨ᠂ ᠬᠠᠮᠢᠶ᠎ᠠ ᠪᠥᠬᠦᠶ ᠭᠠᠵᠠᠷ ᠠᠯᠪᠠᠨ ᠲᠠᠰᠤᠭ᠎ᠤᠨ ᠬᠠᠷᠢᠭᠤᠴᠠᠯᠭᠠᠲᠠᠨ; ᠥᠪᠡᠷᠲᠡᠭᠡᠨ ᠵᠠᠰᠠᠬᠤ ᠣᠷᠣᠨ᠎ᠤ ᠤᠰᠤᠨ ᠠᠱᠢᠭ᠍ᠯᠠᠯᠲᠠ᠎ᠶ᠋ᠢᠨ ᠦᠢᠯᠡᠰ᠎ᠤᠨ ᠬᠥᠭ᠌ᠵᠢᠯᠲᠡ᠎ᠶ᠋ᠢᠨ ᠲᠥᠪ᠎ᠤᠨ ᠭᠤᠤᠯ ᠬᠠᠷᠢᠭᠤᠴᠠᠯᠭᠠᠲᠠᠨ᠂ ᠬᠠᠮᠢᠶ᠎ᠠ ᠪᠥᠬᠦᠶ ᠰᠠᠯᠠᠭ᠎ᠠ ᠮᠥᠴᠢᠷ᠎ᠤᠨ ᠬᠠᠷᠢᠭᠤᠴᠠᠯᠭᠠᠲᠠᠨ; ᠬᠠᠮᠢᠶ᠎ᠠ ᠪᠥᠬᠦᠶ ᠠᠢᠮᠠᠭ ᠬᠤᠲᠠ᠎ᠶ᠋ᠢᠨ ᠤᠰᠤᠨ ᠠᠱᠢᠭ᠍ᠯᠠᠯᠲᠠ (ᠤᠰᠤᠨ᠎ᠤ ᠶᠠᠪᠤᠳᠠᠯ) ᠎ᠶ᠋ᠢᠨ ᠲᠣᠪᠴᠢᠶ᠎ᠠ᠎ᠶ᠋ᠢᠨ ᠭᠤᠤᠯ ᠬᠠᠷᠢᠭᠤᠴᠠᠯᠭᠠᠲᠠᠨ᠂ ᠬᠤᠪᠢᠳᠠᠨ ᠬᠠᠮᠢᠶᠠᠷᠴᠤ᠌ ᠪᠥᠬᠦᠶ ᠬᠠᠷᠢᠭᠤᠴᠠᠯᠭᠠᠲᠠᠨ ᠪᠤᠶᠤ ᠬᠠᠮᠢᠶ᠎ᠠ ᠪᠥᠬᠦᠶ ᠰᠠᠯᠠᠭ᠎ᠠ ᠠᠯᠪᠠᠨ ᠲᠠᠰᠤᠭ᠎ᠤᠨ ᠬᠠᠷᠢᠭᠤᠴᠠᠯᠭᠠᠲᠠᠨ (ᠠᠯᠠᠱᠠ ᠠᠢᠮᠠᠭ᠎ᠤᠨ ᠤᠰᠤᠨ᠎ᠤ ᠶᠠᠪᠤᠳᠠᠯ᠎ᠤᠨ ᠲᠣᠪᠴᠢᠶ᠎ᠠ᠂ ᠦᠬᠠᠶ ᠬᠤᠲᠠ᠎ᠶ᠋ᠢᠨ ᠤᠰᠤᠨ᠎ᠤ ᠶᠠᠪᠤᠳᠠᠯ᠎ᠤᠨ ᠲᠣᠪᠴᠢᠶ᠎ᠠ ᠬᠤᠷᠠᠯ᠎ᠳᠤ ᠣᠷᠣᠯᠴᠠᠬᠤ ᠴᠢᠬᠤᠯᠠ ᠥᠬᠡᠶ)᠃

  ᠲᠠᠪᠤ᠂ ᠪᠤᠰᠤᠳ ᠵᠦᠢᠯ

  (ᠨᠢᠭᠡ)᠂ ᠬᠠᠮᠢᠶ᠎ᠠ ᠪᠦᠬᠦᠢ ᠠᠢᠮᠠᠭ ᠬᠤᠲᠠ᠎ᠶ᠋ᠢᠨ ᠤᠰᠤᠨ ᠠᠱᠢᠭ᠍ᠯᠠᠯᠲᠠ (ᠤᠰᠤᠨ᠎ᠤ ᠶᠠᠪᠤᠳᠠᠯ)ᠲᠣᠪᠴᠢᠶ᠎ᠠ 9 ᠳ᠋ᠦ᠍ᠭᠡᠷ ᠰᠠᠷ᠎ᠠ᠎ᠶ᠋ᠢᠨ 12 ᠎ᠤᠨ ᠡᠳᠦᠷ (ᠭᠠᠷᠠᠭ᠎ᠤᠨ ᠲᠠᠪᠤᠨ)

  ᠦᠳᠡ᠎ᠶᠢᠨ ᠡᠮᠦᠨ᠎ᠡ 12 ᠄ 00  ᠴᠠᠭ᠎ᠠ᠋ᠴᠠ ᠡᠮᠦᠨ᠎ᠡ ᠬᠤᠷᠠᠯ᠎ᠤ᠋ᠨ ᠪᠤᠴᠠᠬᠤ ᠪᠠᠷᠢᠮᠲᠠ᠎ᠶᠢᠨ ᠬᠠᠭᠤᠳᠠᠰᠤ᠎ᠶᠢ ᠥᠪᠡᠷᠲᠡᠭᠡᠨ ᠵᠠᠰᠠᠬᠤ ᠣᠷᠣᠨ᠎ᠤ᠋ ᠤᠰᠤᠨ ᠠᠰᠢᠭᠯᠠᠯᠲᠠ᠎ᠶᠢᠨ ᠲᠢᠩᠬᠢᠮ᠎ᠦ᠋ᠨ ᠲᠠᠷᠢᠶᠠᠯᠠᠩ ᠮᠠᠯ ᠠᠵᠤ ᠠᠬᠤᠢ ᠤᠰᠤᠨ  ᠠᠰᠢᠭᠯᠠᠯᠲᠠ᠎ᠶᠢᠨ ᠭᠠᠵᠠᠷ᠎ᠲᠤ᠌ ᠬᠠᠷᠢᠭᠤ ᠲᠤᠰᠭᠠᠨ᠎ᠠ᠃

  (ᠬᠤᠶᠠᠷ) ᠬᠤᠯᠪᠣᠭ᠍ᠳᠠᠯ ᠪᠦᠬᠦᠢ ᠠᠢᠮᠠᠭ ᠬᠤᠲᠠ᠎ᠶ᠋ᠢᠨ ᠤᠰᠤᠨ ᠠᠱᠢᠭ᠍ᠯᠠᠯᠲᠠ (ᠤᠰᠤᠨ᠎ᠤ ᠶᠠᠪᠤᠳᠠᠯ) ᠎ᠶ᠋ᠢᠨ ᠲᠣᠪᠴᠢᠶ᠎ᠠ᠎ᠶ᠋ᠢᠨ ᠶᠠᠷᠢᠶᠠᠨ᠎ᠤ ᠮᠠᠲ᠋ᠧᠷᠢᠶᠠᠯ᠎ᠢ 9 ᠳ᠋ᠦ᠍ᠭᠡᠷ ᠰᠠᠷ᠎ᠠ᠎ᠶ᠋ᠢᠨ 12 ᠎ᠤᠨ ᠡᠳᠦᠷ (ᠭᠠᠷᠠᠭ᠎ᠤᠨ ᠲᠠᠪᠤᠨ) ᠦᠳᠡ᠎ᠶ᠋ᠢᠨ ᠡᠮᠦᠨ᠎ᠡ 12᠄ 00 ᠴᠠᠭ᠎ᠠᠴᠠ ᠡᠮᠦᠨ᠎ᠡ᠂ ᠥᠪᠡᠷᠲᠡᠭᠡᠨ ᠵᠠᠰᠠᠬᠤ ᠣᠷᠣᠨ᠎ᠤ ᠤᠰᠤᠨ ᠠᠱᠢᠭ᠍ᠯᠠᠯᠲᠠ᠎ᠶ᠋ᠢᠨ ᠲᠢᠩᠬᠢᠮ᠎ᠤᠨ ᠲᠠᠷᠢᠶᠠᠯᠠᠩ ᠮᠠᠯ ᠠᠵᠤ ᠠᠬᠤᠶ ᠤᠰᠤᠨ ᠠᠱᠢᠭ᠍ᠯᠠᠯᠲᠠ᠎ᠶ᠋ᠢᠨ ᠭᠠᠵᠠᠷ᠎ᠲᠤ ᠮᠡᠳᠡᠭᠦᠯᠦᠨ ᠬᠢᠨᠠᠨ ᠬᠠᠷᠭᠤᠭᠤᠯᠵᠤ ᠡᠮᠬᠢᠳᠭᠡᠨ᠎ᠡ᠃

  (ᠭᠤᠷᠪᠠ) ᠥᠪᠡᠷᠲᠡᠭᠡᠨ ᠵᠠᠰᠠᠬᠤ ᠣᠷᠣᠨ᠎ᠤ ᠤᠰᠤᠨ ᠠᠱᠢᠭ᠍ᠯᠠᠯᠲᠠ᠎ᠶ᠋ᠢᠨ ᠦᠢᠯᠡᠰ᠎ᠤᠨ ᠬᠥᠭ᠌ᠵᠢᠯᠲᠡ᠎ᠶ᠋ᠢᠨ ᠲᠥᠪ᠎ᠠᠴᠠ ᠬᠤᠷᠠᠯ᠎ᠤᠨ ᠶᠠᠪᠤᠳᠠᠯ᠎ᠤᠨ ᠵᠣᠬᠢᠶᠠᠨ ᠪᠠᠢᠭᠤᠯᠤᠯᠲᠠ᠂ ᠵᠣᠬᠢᠴᠠᠭᠤᠯᠤᠨ ᠪᠠᠲᠤᠯᠠᠬᠤ ᠵᠡᠷᠭᠡ ᠠᠵᠢᠯ᠎ᠢ ᠰᠠᠢᠲᠤᠷ ᠬᠢᠬᠦ᠌ ᠬᠡᠷᠡᠭ᠌ᠲᠡᠢ᠃

  (ᠲᠦᠷᠪᠡ) ᠬᠤᠷᠠᠯ᠎ᠳᠤ ᠣᠷᠣᠯᠴᠠᠭ᠍ᠰᠠᠨ ᠪᠦᠬᠦ᠌ ᠬᠥᠮᠦᠰ ᠡᠩ᠎ᠤᠨ ᠬᠤᠪᠴᠠᠰᠤ ᠡᠮᠦᠰᠴᠦ᠍᠂ ᠬᠤᠷᠠᠯ᠎ᠳᠤ 15 ᠮᠢᠨᠦ᠋ᠲ ᠤᠷᠢᠳᠴᠢᠯᠠᠨ ᠲᠠᠯᠠᠪᠠᠶ᠎ᠳᠤ ᠣᠷᠣᠵᠤ᠂ ᠬᠤᠷᠠᠯ᠎ᠤᠨ ᠰᠠᠬᠢᠯᠭ᠎ᠠ ᠪᠠᠲᠤ᠎ᠶ᠋ᠢ ᠵᠢᠷᠤᠮᠯᠠᠵᠤ᠂ ᠬᠤᠷᠠᠯ᠎ᠤᠨ ᠲᠠᠯᠠᠪᠠᠶ᠎ᠶ᠋ᠢᠨ ᠡᠮᠬᠢ ᠳᠢᠭ᠌ᠯᠢᠮ᠎ᠢ ᠪᠠᠲᠤᠯᠠᠬᠤ ᠬᠡᠷᠡᠭ᠌ᠲᠡᠶ᠃

  (ᠲᠠᠪᠤ) ᠬᠤᠷᠠᠯ᠎ᠳᠤ ᠣᠷᠣᠯᠴᠠᠭ᠍ᠰᠠᠳ ᠲᠥᠪ᠎ᠤᠨ ᠨᠠᠢ᠍ᠮᠠᠨ ᠲᠣᠭ᠍ᠲᠠᠭᠠᠯ ᠵᠢᠴᠢ ᠬᠡᠷᠡᠭ᠌ᠵᠢᠭᠦᠯᠬᠦ᠌ ᠨᠠᠷᠢᠨ ᠲᠦᠷᠢᠮ᠎ᠤᠨ ᠵᠣᠷᠢᠭ ᠰᠠᠨᠠᠭ᠎ᠠ᠎ᠶ᠋ᠢ ᠴᠢᠩᠭ᠎ᠠ ᠲᠤᠭᠤᠰᠢᠯᠠᠭᠤᠯᠵᠤ᠂ ᠬᠤᠷᠠᠯ᠎ᠤᠨ ᠬᠤᠭᠤᠴᠠᠭᠠᠨ᠎ᠳᠤ ᠵᠣᠴᠢᠨ ᠳᠠᠢᠯᠠᠬᠤ ᠦᠭᠡᠢ ᠂ ᠬᠠᠷᠢᠯᠴᠠᠨ ᠳᠠᠶ᠋ᠢᠯᠠᠯᠴᠠᠬᠤ ᠦᠭᠡᠢ᠂ ᠬᠤᠷᠠᠯ᠎ᠤᠨ ᠭᠠᠳᠠᠨᠠᠬᠢ ᠳᠠᠶ᠋ᠢᠯᠠᠯᠭ᠎ᠠ᠎ᠶᠢᠨ ᠠᠵᠢᠯᠯᠠᠭ᠎ᠠ᠎ᠳᠤ ᠣᠷᠣᠯᠴᠠᠬᠤ ᠦᠭᠡᠢ᠃ 

  

  ᠬᠠᠷᠢᠯᠴᠠᠬᠤ ᠬᠥᠮᠦᠨ᠄ ᠥᠪᠡᠷᠲᠡᠭᠡᠨ ᠵᠠᠰᠠᠬᠤ ᠣᠷᠣᠨ᠎ᠤ ᠤᠰᠤᠨ ᠠᠱᠢᠭ᠍ᠯᠠᠯᠲᠠ᠎ᠶ᠋ᠢᠨ ᠲᠢᠩᠬᠢᠮ ᠸᠠᠩ ᠢᠦᠶ ᠱᠢᠶᠠᠩ 0471 - 5254576 15354827303

  ᠥᠪᠡᠷᠲᠡᠭᠡᠨ ᠵᠠᠰᠠᠬᠤ ᠣᠷᠣᠨ᠎ᠤ ᠤᠰᠤᠨ ᠠᠱᠢᠭ᠍ᠯᠠᠯᠲᠠ᠎ᠶ᠋ᠢᠨ ᠦᠢᠯᠡᠰ᠎ᠤᠨ ᠬᠥᠭ᠌ᠵᠢᠯᠲᠡ᠎ᠶ᠋ᠢᠨ ᠲᠥᠪ ᠯᠢ ᠵᠢᠩ ᠸᠧᠶ 0471 - 525934518504712009

  ᠢᠮᠧᠯ᠄ sltnmc@126.com

  ᠳᠠᠭᠠᠯᠳᠤᠭᠤᠯᠤᠯ᠄ ᠲᠠᠷᠢᠶᠠᠯᠠᠩ᠎ᠤᠨ ᠤᠰᠤᠨ᠎ᠤ ᠦᠨ᠎ᠡ ᠬᠠᠩᠰᠢ᠎ᠶ᠋ᠢᠨ ᠶᠡᠷᠦᠩᠬᠡᠢᠯᠡᠭ᠌ᠰᠡᠨ ᠥᠭᠡᠷᠡᠴᠢᠯᠡᠯᠲᠡ᠎ᠶ᠋ᠢ ᠭᠦᠨᠵᠡᠭᠡᠢᠷᠡᠭᠦᠯᠬᠦ᠌ ᠵᠢᠴᠢ ᠬᠦᠳᠡᠭᠡ ᠲᠤᠰᠬᠤᠨ ᠮᠠᠯᠵᠢᠬᠤ ᠣᠷᠣᠨ᠎ᠤ ᠤᠰᠤ ᠬᠠᠩᠭᠠᠬᠤ ᠪᠠᠲᠤᠯᠠᠭ᠎ᠠ᠎ᠶ᠋ᠢᠨ ᠶᠠᠷᠢᠯᠴᠠᠬᠤ ᠬᠤᠷᠠᠯ᠎ᠤᠨ ᠬᠤᠷᠠᠯ᠎ᠳᠤ ᠣᠷᠣᠯᠴᠠᠭ᠍ᠰᠠᠳ᠎ᠤᠨ ᠪᠤᠴᠠᠭ᠋ᠠᠯ ᠪᠠᠷᠢᠮᠳᠠ᠎ᠶᠢᠨ ᠬᠠᠭᠤᠳᠠᠰᠦ

  

  ᠦᠪᠦᠷ ᠮᠣᠩᠭᠤᠯ᠎ᠤᠨ ᠦᠪᠡᠷᠲᠡᠭᠡᠨ ᠵᠠᠰᠠᠬᠤ ᠤᠷᠤᠨ᠎ᠤ ᠤᠰᠤᠨ ᠠᠱᠢᠭ᠍ᠯᠠᠯᠲᠠ᠎ᠶ᠋ᠢᠨ ᠲᠢᠩᠬᠢᠮ

 

  2025 ᠣᠨ᠎ᠤ 9 ᠳ᠋ᠦ᠍ᠭᠡᠷ ᠰᠠᠷ᠎ᠠ᠎ᠶ᠋ᠢᠨ 11 ᠎ᠤ ᠡᠳᠦᠷ

ᠢᠷᠡᠯᠲᠡ᠄ ᠦᠪᠡᠷᠳᠡᠭᠡᠨ ᠵᠠᠰᠠᠬᠤ ᠤᠷᠤᠨ᠎ᠤ ᠤᠰᠤᠨ ᠠᠱᠢᠬ᠍ᠯᠠᠯᠳᠠ᠎ᠶ᠋ᠢᠨ ᠲᠢᠩᠬᠢᠮ
          
ᠬᠠᠮᠢᠶ᠎ᠡ ᠪᠦᠬᠦᠢ ᠰᠣᠨᠢᠨ
 
            