ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠣᠨᠴᠠᠯᠢᠭᠲᠤ᠌ ᠳᠠᠪᠴᠠᠩ
ᠢᠯᠡ ᠵᠠᠰᠠᠭ   -   ᠲᠦᠷᠥ᠎ᠶᠢᠨ ᠪᠣᠳᠣᠯᠭ᠎ᠠ᠎ᠶᠢᠨ ᠲᠠᠶ᠋ᠢᠯᠤᠮᠵᠢ
ᠬᠣᠶᠠᠷ ᠲᠠᠯ᠎ᠠ᠎ᠪᠠᠷ ᠬᠦᠴᠦᠯᠡᠨ ᠶᠡᠷᠦᠩᠬᠡᠶ᠋ᠢᠯᠡᠭᠰᠡᠨ ᠠᠷᠭ᠎ᠠ ᠪᠣᠳᠣᠯᠭ᠎ᠠ ᠬᠡᠷᠡᠭᠵᠢᠭᠦᠯᠵᠦ ᠲᠠᠷᠢᠶᠠᠯᠠᠩ᠎ᠤᠨ ᠤᠰᠤᠨ᠎ᠤ ᠦᠨ᠎ᠡ ᠬᠠᠩᠰᠢ ᠵᠢᠨ ᠥᠭᠡᠷᠡᠴᠢᠯᠡᠯᠲᠡ ᠵᠢ ᠠᠬᠢᠭᠤᠯᠤᠶ᠎ᠠ—— ᠤᠰᠤᠨ ᠠᠰᠢᠭᠯᠠᠯᠲᠠ ᠵᠢᠨ ᠶᠠᠮᠤᠨ᠎ᠤ ᠡᠳ᠋᠎ᠤᠨ ᠶᠠᠪᠤᠳᠠᠯ᠎ᠤᠨ ᠵᠤᠷᠭ᠋ᠠᠨ᠎ᠤ ᠳᠠᠷᠤᠭ᠎ᠠ ᠡᠦ ᠸᠸᠨ ᠴᠢᠩ 《ᠲᠠᠷᠢᠶᠠᠯᠠᠩ᠎ᠤᠨ ᠤᠰᠤᠨ᠎ᠤ ᠦᠨ᠎ᠡ ᠬᠠᠩᠰᠢ ᠵᠢᠨ ᠶᠡᠷᠦᠩᠬᠡᠶ᠋ᠢᠯᠡᠭᠰᠡᠨ ᠥᠭᠡᠷᠡᠴᠢᠯᠡᠯᠲᠡ ᠵᠢ ᠠᠬᠢᠭᠤᠯᠬᠤ ᠲᠤᠬᠠᠢ ᠲᠥᠷᠥ ᠵᠢᠨ ᠶᠠᠪᠤᠳᠠᠯ᠎ᠤᠨ ᠬᠣᠷᠢᠶᠠᠨ᠎ᠤ ᠠᠯᠪᠠᠨ ᠲᠢᠩᠬᠢᠮ᠎ᠤᠨ ᠰᠠᠨᠠᠯ》᠎ᠳᠤ ᠲᠠᠢ᠌ᠯᠤᠮᠵᠢ ᠬᠢᠪᠡ
ᠨᠡᠶ᠋ᠢᠲᠡᠯᠡᠭᠰᠡᠨ ᠴᠠᠭ᠄ 2020-12-24

      ᠬᠣᠶᠠᠷ ᠲᠠᠯ᠎ᠠ᠎ᠪᠠᠷ ᠬᠦᠴᠦᠯᠡᠨ ᠶᠡᠷᠦᠩᠬᠡᠶ᠋ᠢᠯᠡᠭᠰᠡᠨ ᠠᠷᠭ᠎ᠠ ᠪᠣᠳᠣᠯᠭ᠎ᠠ ᠬᠡᠷᠡᠭᠵᠢᠭᠦᠯᠵᠦ ᠲᠠᠷᠢᠶᠠᠯᠠᠩ᠎ᠤᠨ ᠤᠰᠤᠨ᠎ᠤ ᠦᠨ᠎ᠡ ᠬᠠᠩᠰᠢ ᠵᠢᠨ ᠥᠭᠡᠷᠡᠴᠢᠯᠡᠯᠲᠡ ᠵᠢ ᠠᠬᠢᠭᠤᠯᠤᠶ᠎ᠠ —— ᠤᠰᠤᠨ ᠠᠰᠢᠭᠯᠠᠯᠲᠠ ᠵᠢᠨ ᠶᠠᠮᠤᠨ᠎ᠤ ᠡᠳ᠋᠎ᠤᠨ ᠶᠠᠪᠤᠳᠠᠯ᠎ᠤᠨ ᠵᠤᠷᠭ᠋ᠠᠨ᠎ᠤ ᠳᠠᠷᠤᠭ᠎ᠠ ᠡᠦ ᠸᠸᠨ ᠴᠢᠩ 《ᠲᠠᠷᠢᠶᠠᠯᠠᠩ᠎ᠤᠨ ᠤᠰᠤᠨ᠎ᠤ ᠦᠨ᠎ᠡ ᠬᠠᠩᠰᠢ ᠵᠢᠨ ᠶᠡᠷᠦᠩᠬᠡᠶ᠋ᠢᠯᠡᠭᠰᠡᠨ ᠥᠭᠡᠷᠡᠴᠢᠯᠡᠯᠲᠡ ᠵᠢ ᠠᠬᠢᠭᠤᠯᠬᠤ ᠲᠤᠬᠠᠢ ᠲᠥᠷᠥ ᠵᠢᠨ ᠶᠠᠪᠤᠳᠠᠯ᠎ᠤᠨ ᠬᠣᠷᠢᠶᠠᠨ᠎ᠤ ᠠᠯᠪᠠᠨ ᠲᠢᠩᠬᠢᠮ᠎ᠤᠨ ᠰᠠᠨᠠᠯ》᠎ᠳᠤ ᠲᠠᠢ᠌ᠯᠤᠮᠵᠢ ᠬᠢᠪᠡ
    2016 ᠣᠨ᠎ᠤ 1 ᠰᠠᠷ᠎ᠠ᠎ᠳᠤ ᠲᠥᠷᠥ ᠵᠢᠨ ᠶᠠᠪᠤᠳᠠᠯ᠎ᠤᠨ ᠬᠣᠷᠢᠶ᠎ᠠ ᠵᠢᠨ ᠠᠯᠪᠠᠨ             ᠲᠢᠩᠬᠢᠮ᠎ᠠᠴᠠ 《ᠲᠠᠷᠢᠶᠠᠯᠠᠩ᠎ᠤᠨ ᠤᠰᠤᠨ᠎ᠤ ᠦᠨ᠎ᠡ ᠬᠠᠩᠰᠢ ᠵᠢᠨ ᠶᠡᠷᠦᠩᠬᠡᠢ᠌ᠯᠡᠭᠰᠡᠨ ᠥᠭᠡᠷᠡᠴᠢᠯᠡᠯᠲᠡ ᠵᠢ ᠠᠬᠢᠭᠤᠯᠬᠤ ᠲᠤᠬᠠᠢ ᠰᠠᠨᠠᠯ》 (ᠲᠦᠷᠦ ᠵᠢᠨ ᠶᠠᠪᠤᠳᠠᠯ᠎ᠤᠨ ᠬᠤᠷᠢᠶ᠎ᠠ ᠠᠯᠪᠠᠨ ᠲᠢᠩᠬᠢᠮ[2016]2 ᠲᠤᠭ᠋ᠠᠳᠤ᠂ ᠲᠤᠷᠤᠭᠰᠢ《ᠰᠠᠨᠠᠯ》 ᠭᠡᠵᠦ ᠲᠤᠪᠴᠢᠯᠠᠨ᠎ᠠ)᠎ᠢ ᠳᠠᠷᠤᠮᠠᠯᠯᠠᠨ ᠲᠠᠷᠬᠠᠭ᠋ᠠᠵᠤ᠂ ᠬᠤᠢ᠌ᠰᠢᠳᠠ ᠵᠢᠨ ᠬᠡᠰᠡᠭ ᠬᠤᠭᠤᠴᠠᠭ᠋ᠠᠨ᠎ᠤ ᠲᠡᠷᠢᠶᠠᠯᠠᠩ᠎ᠤᠨ ᠤᠰᠤᠨ᠎ᠤ ᠦᠨ᠎ᠡ ᠬᠠᠩᠰᠢ ᠵᠢᠨ ᠶᠡᠷᠦᠩᠬᠡᠢ᠌ᠯᠡᠭᠰᠡᠨ ᠦᠭᠡᠷᠡᠴᠢᠯᠡᠯᠳᠡ᠎ᠳᠤ ᠪᠦᠬᠦ ᠲᠠᠯ᠎ᠠ ᠵᠢᠨ ᠪᠠᠢ᠌ᠷᠢᠯᠠᠭᠤᠯᠤᠯᠳᠠ ᠬᠢᠪᠡ᠃ ᠣᠶ᠋ᠢᠷ᠎ᠠ᠎ᠳᠤ᠂ ᠠᠷᠠᠳ᠎ᠤᠨ ᠡᠳᠦᠷ᠎ᠤᠨ ᠰᠣᠨᠢᠨ᠎ᠤ ᠰᠤᠷᠪᠤᠯᠵᠢᠯᠠᠭᠴᠢ《ᠰᠠᠨᠠᠯ》᠎ᠤᠨ ᠨᠡᠢ᠌ᠳᠡᠯᠡᠭᠳᠡᠭᠰᠡᠨ ᠠᠬᠤᠢ ᠪᠠᠶ᠋ᠢᠳᠠᠯ᠂ ᠭᠣᠣᠯ ᠠᠭᠤᠯᠭ᠎ᠠ ᠵᠡᠷᠭᠡ ᠵᠢ ᠤᠢ᠌ᠯᠠᠭ᠋ᠠᠬᠤ ᠵᠤᠷᠢᠯᠭ᠎ᠠ᠎ᠪᠠᠷ ᠤᠰᠤᠨ ᠠᠰᠢᠭᠯᠠᠯᠲᠠ ᠵᠢᠨ ᠶᠠᠮᠤᠨ᠎ᠤ ᠡᠳ᠋᠎ᠤᠨ ᠶᠠᠪᠤᠳᠠᠯ᠎ᠤᠨ ᠵᠤᠷᠭ᠋ᠠᠨ᠎ᠤ ᠳᠠᠷᠤᠭ᠎ᠠ ᠡᠦ ᠸᠸᠨ ᠴᠢᠩ᠎ᠢ ᠰᠤᠷᠪᠤᠯᠵᠢᠯᠠᠪᠠ᠃
      ᠰᠤᠷᠪᠤᠯᠵᠢᠯᠠᠭᠴᠢ᠄ 《ᠰᠠᠨᠠᠯ》 ᠨᠡᠶ᠋ᠢᠲᠡᠯᠡᠭᠳᠡᠭᠰᠡᠨ᠎ᠤ ᠳᠠᠷᠠᠭ᠎ᠠ ᠬᠥᠮᠦᠰ᠎ᠤᠨ ᠠᠩᠬᠠᠷᠤᠯ᠎ᠢ ᠮᠠᠰᠢ ᠲᠠᠲᠠᠭᠰᠠᠨ ᠪᠠᠶ᠋ᠢᠨ᠎ᠠ᠂ ᠲᠠ ᠲᠡᠬᠦᠨ᠎ᠤ ᠨᠡᠢ᠌ᠳᠡᠯᠡᠭᠳᠡᠭᠰᠡᠨ ᠠᠬᠤᠢ ᠪᠠᠢ᠌ᠳᠠᠯ᠎ᠤᠨ ᠲᠤᠬᠠᠢ   ᠲᠠᠨᠢᠯᠴᠠᠭᠤᠯᠤᠭ᠋ᠠᠳ ᠦᠭᠬᠦ ᠪᠤᠯᠪᠠ ᠤᠤ?
      ᠡᠤ ᠸᠸᠨ ᠴᠢᠩ᠄ ᠲᠠᠷᠢᠶᠠᠯᠠᠩ ᠪᠣᠯ ᠤᠰᠤ ᠬᠡᠷᠡᠭᠯᠡᠬᠦ ᠲᠣᠮᠣ ᠡᠷᠦᠬᠡ ᠲᠡᠳᠦᠢ ᠦᠭᠡᠢ ᠮᠥᠨ ᠤᠰᠤ ᠠᠷᠪᠢᠯᠠᠬᠤ ᠨᠥᠭᠡᠴᠡ ᠪᠣᠯᠤᠯᠴᠠᠭ᠎ᠠ᠎ᠲᠠᠢ᠃ ᠤᠷᠲᠤ ᠬᠤᠭᠤᠴᠠᠭ᠋ᠠᠨ᠎ᠤ ᠲᠣᠷᠰᠢ ᠮᠠᠨ᠎ᠤ ᠤᠯᠤᠰ᠎ᠤᠨ ᠲᠠᠷᠢᠶᠠᠨ ᠭᠠᠵᠠᠷ᠎ᠤᠨ ᠤᠰᠤᠨ ᠠᠰᠢᠭᠯᠠᠯᠲᠠ ᠵᠢᠨ ᠰᠠᠭᠤᠷᠢ ᠲᠥᠬᠥᠭᠡᠷᠦᠮᠵᠢ ᠪᠠᠭᠤᠷᠠᠢ᠂ ᠠᠵᠢᠯᠯᠠᠵᠤ ᠬᠠᠮᠠᠭ᠋ᠠᠯᠠᠬᠤ ᠵᠠᠷᠤᠳᠠᠯ ᠬᠦᠷᠦᠯᠴᠡᠬᠦ ᠥᠬᠡᠢ᠂ ᠲᠠᠷᠢᠶᠠᠯᠠᠩ᠎ᠤᠨ ᠤᠰᠤ ᠬᠡᠷᠡᠭᠯᠡᠬᠦ ᠬᠠᠮᠢᠶᠠᠷᠤᠯᠲᠠ ᠮᠡᠬᠦᠰ᠂ ᠲᠠᠷᠢᠶᠠᠯᠠᠩ᠎ᠤᠨ ᠤᠰᠤᠨ᠎ᠤ ᠦᠨ᠎ᠡ ᠬᠠᠩᠰᠢ ᠵᠢᠨ ᠪᠦᠷᠢᠯᠳᠦᠬᠦ ᠲᠣᠭᠲᠠᠴᠠ ᠲᠡᠭᠦᠯᠳᠡᠷ ᠪᠤᠰᠤ᠂ ᠦᠨ᠎ᠡ ᠬᠠᠩᠰᠢ ᠵᠢᠨ ᠲᠦᠪᠰᠢᠨ ᠶᠡᠷᠦᠩᠬᠡᠢ᠎ᠳᠡᠭᠡᠨ ᠳᠣᠣᠷ᠎ᠠ ᠰᠢᠭ᠋ ᠪᠠᠶ᠋ᠢᠵᠤ᠂ ᠤᠰᠤᠨ᠎ᠤ ᠡᠬᠢ ᠪᠠᠶᠠᠯᠢᠭ᠎ᠤᠨ ᠳᠤᠲᠠᠮᠠᠭ ᠬᠡᠮᠵᠢᠶ᠎ᠡ ᠪᠣᠯᠤᠨ ᠠᠮᠢ ᠠᠬᠤᠢ ᠣᠷᠴᠢᠨ ᠲᠣᠭᠣᠷᠢᠨ᠎ᠤ ᠥᠪᠡᠷ᠎ᠤᠨ ᠥᠷᠲᠡᠭ᠎ᠢ ᠪᠦᠳᠦᠮᠵᠢᠳᠡᠢ ᠲᠤᠰᠬᠠᠵᠤ ᠲᠡᠢ᠌ᠯᠬᠦ ᠦᠭᠡᠢ᠂ ᠦᠨ᠎ᠡ ᠬᠠᠩᠰᠢ ᠵᠢᠨ ᠬᠥᠰᠢᠭᠦᠷᠭᠡ ᠵᠢᠨ ᠤᠰᠤ ᠠᠷᠪᠢᠯᠠᠬᠤ ᠦᠢ᠍ᠯᠡᠳᠦᠯ᠎ᠢ ᠪᠦᠲᠦᠮᠵᠢᠲᠡᠢ ᠪᠠᠳᠠᠷᠠᠭᠤᠯᠵᠤ ᠴᠢᠳᠠᠬᠤ ᠥᠬᠡᠢ ᠪᠠᠢ᠌ᠵᠤ᠂ ᠲᠠᠷᠢᠶᠠᠯᠠᠩ᠎ᠤᠨ ᠤᠰᠤ ᠬᠡᠷᠡᠭᠯᠡᠬᠦ ᠬᠡᠯᠪᠡᠷᠢ ᠵᠢ ᠪᠦᠳᠦᠬᠦᠯᠢᠭ ᠪᠤᠯᠭ᠋ᠠᠭᠰᠠᠨ ᠵᠶ᠋ᠡᠷ ᠪᠠᠷᠠᠬᠤ ᠦᠭᠡᠢ ᠮᠦᠨ ᠲᠠᠷᠢᠶᠠᠨ ᠭᠠᠵᠠᠷ᠎ᠤᠨ ᠤᠰᠤᠨ ᠠᠰᠢᠭᠯᠠᠯᠳᠠ ᠵᠢᠨ ᠢᠨᠵᠸᠨ᠋ᠸᠷᠢᠩ᠎ᠤᠨ ᠡᠷᠡᠬᠦᠯ ᠠᠵᠢᠯᠯᠠᠭ᠋ᠠᠨ᠎ᠢ ᠪᠠᠳᠤᠯᠠᠵᠤ ᠲᠡᠢ᠌ᠯᠬᠦ ᠦᠭᠡᠢ ᠪᠠᠢ᠌ᠵᠤ᠂ ᠤᠰᠤᠨ᠎ᠤ ᠡᠬᠢ ᠪᠠᠶᠠᠯᠢᠭ᠎ᠤᠨ ᠦᠷᠬᠦᠯᠵᠢᠯᠡᠬᠦᠢ᠌ᠴᠡ ᠠᠰᠢᠭᠯᠠᠯᠳᠠ ᠪᠠ ᠲᠠᠷᠢᠶᠠᠯᠠᠩ᠎ᠤᠨ ᠦᠷᠬᠦᠯᠵᠢᠯᠡᠬᠦᠢ᠌ᠴᠡ ᠬᠦᠭᠵᠢᠯᠳᠡ᠎ᠳᠤ ᠠᠰᠢᠭ ᠦᠭᠡᠢ ᠪᠠᠢ᠌ᠳᠠᠭ᠃ ᠨᠠᠮ᠎ᠤᠨ ᠲᠥᠪ ᠬᠣᠷᠢᠶ᠎ᠠ᠂ ᠲᠥᠷᠥ ᠵᠢᠨ ᠶᠠᠪᠤᠳᠠᠯ᠎ᠤᠨ ᠬᠣᠷᠢᠶ᠎ᠠ᠎ᠠᠴᠠ ᠲᠠᠷᠢᠶᠠᠯᠠᠩ᠎ᠤᠨ ᠤᠰᠤᠨ᠎ᠤ ᠦᠨ᠎ᠡ ᠵᠢᠨ ᠠᠰᠠᠭᠤᠳᠠᠯ᠎ᠢ ᠳᠡᠭᠡᠳᠦ ᠬᠡᠮᠵᠢᠶ᠎ᠡ᠎ᠪᠠᠷ ᠴᠢᠬᠤᠯᠠᠴᠢᠯᠠᠨ ᠦᠵᠡᠪᠡ᠃ ᠶᠡᠷᠦᠩᠬᠡᠢ ᠱᠦᠵᠢ ᠰᠢ ᠵᠢᠨ ᠫᠢᠩ᠂ ᠶᠡᠷᠦᠩᠬᠡᠢ ᠰᠠᠶ᠋ᠢᠳ ᠯᠢ ᠺᠧ ᠴᠢᠶᠠᠩ ᠲᠠᠷᠢᠶᠠᠯᠠᠩ᠎ᠤᠨ ᠤᠰᠤᠨ᠎ᠤ ᠦᠨ᠎ᠡ ᠬᠠᠩᠰᠢ ᠵᠢᠨ ᠥᠭᠡᠷᠡᠴᠢᠯᠡᠯᠲᠡ ᠵᠢᠨ ᠲᠤᠬᠠᠢ ᠣᠯᠠᠨᠲᠠ ᠵᠢᠭ᠋ᠠᠪᠤᠷᠢ ᠭᠠᠷᠭ᠋ᠠᠪᠠ᠃ 2014 ᠣᠨ᠎ᠤ 6 ᠰᠠᠷ᠎ᠠ᠎ᠳᠤ᠂ ᠸᠠᠩ ᠶᠠᠩ ᠳᠡᠳ᠋ ᠶᠡᠷᠦᠩᠬᠡᠢ ᠰᠠᠶ᠋ᠢᠳ ᠲᠠᠷᠢᠶᠠᠯᠠᠩ᠎ᠤᠨ ᠤᠰᠤᠨ᠎ᠤ ᠦᠨ᠎ᠡ ᠵᠢᠨ ᠶᠡᠷᠦᠩᠬᠡᠶ᠋ᠢᠯᠡᠭᠰᠡᠨ ᠥᠭᠡᠷᠡᠴᠢᠯᠡᠯᠲᠡ ᠵᠢᠨ ᠠᠵᠢᠯ᠎ᠢ ᠲᠤᠰᠬᠠᠢ ᠰᠡᠳᠦᠪ ᠵᠶ᠋ᠡᠷ ᠪᠠᠶ᠋ᠢᠷᠢᠯᠠᠭᠤᠯᠪᠠ᠃ ᠲᠥᠷᠥ ᠵᠢᠨ ᠶᠠᠪᠤᠳᠠᠯ᠎ᠤᠨ ᠬᠣᠷᠢᠶᠠᠨ᠎ᠤ ᠪᠠᠶ᠋ᠢᠷᠢᠯᠠᠭᠤᠯᠤᠯᠲᠠ᠎ᠪᠠᠷ᠂ 2014 ᠣᠨ᠎ᠤ 10 ᠰᠠᠷ᠎ᠠ᠎ᠳᠤ᠂ ᠤᠯᠤᠰ᠎ᠤᠨ ᠬᠥᠭᠵᠢᠭᠦᠯᠦᠯᠲᠡ ᠪᠠ ᠥᠭᠡᠷᠡᠴᠢᠯᠡᠯᠲᠡ ᠵᠢᠨ ᠵᠥᠪᠯᠡᠯ᠂ ᠡᠳ᠋᠎ᠤᠨ ᠵᠠᠰᠠᠭ᠎ᠤᠨ ᠶᠠᠮᠤᠨ᠂ ᠤᠰᠤᠨ ᠠᠰᠢᠭᠯᠠᠯᠲᠠ ᠵᠢᠨ ᠶᠠᠮᠤᠨ᠂ ᠲᠠᠷᠢᠶᠠᠯᠠᠩ᠎ᠤᠨ ᠶᠠᠮᠤᠨ ᠬᠣᠯᠪᠣᠭ᠋ᠠᠯᠠᠨ ᠪᠦᠬᠦ ᠤᠯᠤᠰ᠎ᠤᠨ 27 ᠮᠣᠵᠢ (ᠥᠪᠡᠷᠲᠡᠭᠡᠨ ᠵᠠᠰᠠᠬᠤ ᠣᠷᠣᠨ᠂ ᠰᠢᠭᠤᠳ ᠬᠠᠷᠢᠶ᠎ᠠ ᠬᠣᠲᠠ) ᠵᠢᠨ 80   ᠰᠢᠶᠠᠨ (ᠬᠣᠲᠠ᠂ ᠲᠣᠭᠣᠷᠢᠭ )᠎ᠳᠤ ᠲᠠᠷᠢᠶᠠᠯᠠᠩ᠎ᠤᠨ ᠤᠰᠤᠨ᠎ᠤ ᠦᠨ᠎ᠡ ᠬᠠᠩᠰᠢ ᠵᠢ ᠶᠡᠷᠦᠩᠬᠡᠶ᠋ᠢᠯᠡᠨ ᠥᠭᠡᠷᠡᠴᠢᠯᠡᠬᠦ ᠲᠤᠷᠰᠢᠯᠲᠠ ᠵᠢᠨ ᠠᠵᠢᠯ᠎ᠢ ᠡᠬᠢᠯᠡᠬᠦᠯᠵᠦ᠂   ᠲᠤᠷᠰᠢᠯᠳᠠ ᠵᠢᠨ ᠴᠢᠭ᠎ᠤᠨ ᠲᠤᠷᠰᠢᠯᠭ᠎ᠠ ᠵᠢ ᠪᠦᠬᠦ ᠲᠠᠯ᠎ᠠ᠎ᠪᠠᠷ ᠳ᠋ᠦᠩᠨᠡᠭᠰᠡᠨ᠎ᠤ ᠰᠠᠭᠤᠷᠢᠨ ᠲᠡᠭᠡᠷ᠎ᠡ《ᠰᠠᠨᠠᠯ》᠎ᠤᠨ ᠡᠬᠡ ᠨᠤᠤᠷᠠᠭ᠎ᠢ ᠡᠬᠢᠯᠡᠨ ᠨᠠᠢ᠌ᠷᠠᠭᠤᠯᠵᠤ᠂ ᠦᠷᠭᠡᠨ ᠵᠶ᠋ᠡᠷ ᠰᠠᠨᠠᠯ ᠬᠤᠷᠢᠶᠠᠵᠤ ᠵᠠᠰᠠᠪᠤᠷᠢ ᠤᠷᠤᠭᠤᠯᠤᠨ ᠲᠡᠬᠦᠯᠳᠡᠷᠵᠢᠬᠦᠯᠦᠭᠰᠡᠨ᠎ᠤ ᠲᠠᠷᠠᠭ᠎ᠠ ᠲᠦᠷᠦ ᠵᠢᠨ ᠶᠠᠪᠤᠳᠠᠯ᠎ᠤ ᠬᠤᠷᠢᠶᠠᠨ᠎ᠳᠤ ᠮᠡᠳᠡᠬᠦᠯᠦᠨ ᠬᠦᠷᠭᠡᠪᠡ᠃ 2016 ᠣᠨ᠎ᠤ 1 ᠳ᠋ᠦ᠍ᠭᠡᠷ ᠰᠠᠷ᠎ᠠ᠎ᠳᠤ ᠲᠥᠷᠥ ᠵᠢᠨ ᠶᠠᠪᠤᠳᠠᠯ᠎ᠤᠨ ᠬᠣᠷᠢᠶ᠎ᠠ ᠵᠢᠨ ᠠᠯᠪᠠᠨ ᠲᠢᠩᠬᠢᠮ᠎ᠠᠴᠠ ᠵᠢᠩᠬᠢᠨᠢ᠎ᠪᠠᠷ ᠳᠠᠷᠤᠮᠠᠯᠯᠠᠨ ᠲᠠᠷᠬᠠᠭ᠋ᠠᠵᠤ᠂ ᠬᠣᠶ᠋ᠢᠰᠢᠳᠠ ᠵᠢᠨ ᠨᠢᠭᠡᠨ ᠬᠤᠭᠤᠴᠠᠭ᠋ᠠᠨ᠎ᠤ ᠲᠠᠷᠢᠶᠠᠯᠠᠩ᠎ᠳᠤ ᠬᠡᠷᠡᠭᠯᠡᠬᠦ ᠤᠰᠤᠨ᠎ᠤ ᠦᠨ᠎ᠡ ᠬᠠᠩᠰᠢ ᠵᠢᠨ ᠶᠡᠷᠦᠩᠬᠡᠢ᠌ᠯᠡᠭᠰᠡᠨ ᠥᠭᠡᠷᠡᠴᠢᠯᠡᠯᠲᠡ ᠵᠢᠨ ᠠᠵᠢᠯ᠎ᠳᠤ ᠦᠨᠳᠦᠰᠦᠨ ᠵᠢᠷᠤᠮᠯᠠᠯ ᠬᠠᠩᠭ᠋ᠠᠪᠠ᠃
      ᠰᠤᠷᠪᠤᠯᠵᠢᠯᠠᠭᠴᠢ᠄ ᠲᠠᠷᠢᠶᠠᠯᠠᠩ᠎ᠤᠨ ᠤᠰᠤᠨ᠎ᠤ ᠦᠨ᠎ᠡ ᠬᠠᠩᠰᠢ ᠵᠢᠨ ᠶᠡᠷᠦᠩᠬᠡᠢ᠌ᠯᠡᠭᠰᠡᠨ ᠥᠭᠡᠷᠡᠴᠢᠯᠡᠯᠲᠡ ᠵᠢᠨ ᠶᠡᠷᠦᠩᠬᠡᠢ ᠰᠡᠳᠬᠢᠮᠵᠢ᠎ᠨᠢ ᠶᠠᠮᠠᠷ ᠪᠣᠢ?
      ᠡᠤ ᠸᠧᠨ ᠴᠢᠩ᠄ ᠲᠠᠷᠢᠶᠠᠯᠠᠩ᠎ᠤᠨ ᠤᠰᠤᠨ᠎ᠤ ᠦᠨ᠎ᠡ ᠬᠠᠩᠰᠢ ᠵᠢᠨ ᠶᠡᠷᠦᠩᠬᠡᠶ᠋ᠢᠯᠡᠭᠰᠡᠨ ᠥᠭᠡᠷᠡᠴᠢᠯᠡᠯᠲᠡ ᠵᠢ ᠠᠬᠢᠭᠤᠯᠬᠤ ᠵᠢᠯᠣᠭᠣᠳᠬᠤ ᠦᠵᠡᠯ ᠰᠠᠨᠠᠭ᠎ᠠ ᠪᠣᠯ ᠨᠠᠮ᠎ᠤᠨ ᠠᠷᠪᠠᠨ ᠨᠠᠢ᠍ᠮᠠᠳᠤᠭ᠋ᠠᠷ ᠶᠡᠬᠡ ᠬᠤᠷᠠᠯ ᠪᠠ ᠠᠷᠪᠠᠨ ᠨᠠᠢ᠍ᠮᠠᠳᠤᠭ᠋ᠠᠷ ᠬᠤᠭᠤᠴᠠᠭ᠋ᠠᠨ᠎ᠤ ᠲᠥᠪ ᠬᠣᠷᠢᠶᠠᠨ᠎ᠤ ᠭᠤᠷᠪᠠᠳᠤᠭ᠋ᠠᠷ ᠪᠦᠭᠦᠳᠡ ᠬᠤᠷᠠᠯ᠂ ᠳᠥᠷᠪᠡᠳᠦᠭᠡᠷ ᠪᠦᠭᠦᠳᠡ ᠬᠤᠷᠠᠯ᠂ ᠲᠠᠪᠤᠳᠤᠭ᠋ᠠᠷ ᠪᠦᠭᠦᠳᠡ ᠬᠤᠷᠠᠯ᠎ᠤᠨ ᠵᠣᠷᠢᠭ ᠰᠠᠨᠠᠭ᠎ᠠ ᠵᠢ ᠪᠦᠬᠦ ᠲᠠᠯ᠎ᠠ᠎ᠪᠠᠷ ᠲᠤᠤᠱᠯᠠᠭᠤᠯᠤᠨ ᠬᠡᠷᠡᠭᠵᠢᠭᠦᠯᠵᠦ᠂ 《ᠲᠠᠪᠤ ᠵᠢ ᠨᠢᠭᠡ ᠴᠣᠭᠴᠠᠵᠢᠭᠤᠯᠬᠤ》 ᠶᠡᠷᠦᠩᠬᠡᠢ ᠪᠠᠶ᠋ᠢᠷᠢᠰᠢᠭᠤᠯᠤᠯᠲᠠ ᠪᠠ 《ᠳᠥᠷᠪᠡᠨ ᠪᠦᠬᠦ ᠲᠠᠯ᠎ᠠ》 ᠵᠢᠨ ᠪᠠᠶ᠋ᠢᠯᠳᠤᠬᠤ ᠪᠣᠳᠣᠯᠭ᠎ᠠ ᠵᠢᠨ ᠪᠠᠶ᠋ᠢᠷᠢᠰᠢᠭᠤᠯᠤᠯᠲᠠ ᠶᠣᠰᠣᠭ᠋ᠠᠷ 《ᠲᠠᠪᠤᠨ ᠶᠡᠬᠡ》 ᠬᠥᠭᠵᠢᠯᠲᠡ ᠵᠢᠨ ᠦᠵᠡᠯᠲᠡ ᠵᠢ ᠪᠠᠲᠤ ᠪᠣᠢ ᠪᠤᠯᠭ᠋ᠠᠵᠤ᠂ ᠤᠯᠤᠰ᠎ᠤᠨ ᠠᠮᠤ ᠪᠤᠳᠠᠭ᠋ᠠᠨ᠎ᠤ ᠠᠮᠤᠷ ᠲᠦᠪᠰᠢᠨ ᠪᠠ ᠤᠰᠤᠨ᠎ᠤ ᠠᠮᠤᠷ ᠲᠦᠪᠰᠢᠨ᠎ᠢ ᠪᠠᠳᠤᠯᠬᠠᠤ ᠵᠢᠨ ᠨᠢᠭᠳᠠ ᠲᠤᠭᠤᠷᠢᠨ᠎ᠳᠤ᠂ ᠤᠰᠤ ᠠᠷᠪᠢᠯᠠᠬᠤ ᠵᠢ ᠲᠡᠷᠢᠬᠦᠨ᠎ᠳᠤ ᠲᠠᠯᠪᠢᠬᠤ ᠴᠢᠭᠯᠡᠯᠳᠡ ᠵᠢ ᠨᠠᠢ᠌ᠳᠠᠪᠤᠷᠢᠵᠢᠭᠤᠯᠵᠤ᠂ ᠬᠠᠩᠭ᠋ᠠᠯᠭ᠎ᠠ ᠬᠡᠷᠡᠭᠴᠡᠭᠡ ᠵᠢ ᠨᠢᠭᠡᠳᠦᠯᠳᠡᠢ ᠲᠦᠯᠦᠪᠯᠡᠨ᠂ ᠬᠤᠶᠠᠷ ᠲᠠᠯ᠎ᠠ᠎ᠪᠠᠷ       ᠬᠦᠴᠦᠯᠡᠨ᠂ ᠲᠠᠷᠢᠶᠠᠨ ᠭᠠᠵᠠᠷ᠎ᠤᠨ ᠤᠰᠤᠨ ᠠᠰᠢᠭᠯᠠᠯᠳᠠ ᠵᠢᠨ ᠢᠨᠵᠸᠨ᠋ᠸᠷᠢᠩ᠎ᠤᠨ ᠰᠢᠰᠲᠸᠮ᠎ᠢ ᠪᠦᠷᠢᠨᠰᠢᠬᠦᠯᠬᠦ᠎ᠪᠠᠷ ᠰᠠᠭᠤᠷᠢ ᠪᠤᠯᠭ᠋ᠠᠵᠤ᠂ ᠲᠠᠷᠢᠶᠠᠯᠠᠩ᠎ᠤᠨ ᠤᠰᠤᠨ᠎ᠤ ᠦᠨ᠎ᠡ ᠬᠠᠩᠰᠢ ᠵᠢ ᠪᠦᠷᠢᠯᠳᠦᠬᠦᠯᠬᠦ ᠲᠤᠭᠳᠠᠴᠠ ᠵᠢ ᠲᠡᠬᠦᠯᠳᠡᠷᠵᠢᠬᠦᠯᠬᠦ᠎ᠪᠠᠷ ᠭᠤᠤᠯ ᠪᠤᠯᠭ᠋ᠠᠵᠤ᠂ ᠪᠠᠢ᠌ᠭᠤᠯᠤᠮᠵᠢ ᠲᠤᠭᠳᠠᠴᠠ ᠵᠢ ᠰᠢᠨᠡᠴᠢᠯᠡᠬᠦ᠎ᠪᠠᠷ ᠬᠦᠳᠡᠯᠭᠡᠬᠦ ᠬᠦᠴᠦᠨ ᠪᠤᠯᠭ᠋ᠠᠨ᠂ ᠲᠠᠷᠢᠶᠠᠯᠠᠩ᠎ᠤᠨ ᠤᠰᠤ ᠬᠡᠷᠡᠭᠯᠡᠬᠦ ᠦᠷ᠎ᠡ ᠠᠰᠢᠭ᠎ᠢ ᠲᠡᠭᠡᠭᠰᠢᠯᠡᠬᠦᠯᠵᠦ᠂ ᠲᠡᠷᠢᠶᠠᠯᠠᠩ᠎ᠤᠨ ᠤᠳᠤᠬᠢᠴᠢᠯᠠᠯᠳᠠ ᠵᠢ ᠪᠡᠶᠡᠯᠡᠬᠦᠯᠬᠦ ᠵᠢ ᠠᠬᠢᠭᠤᠯᠤᠨ᠎ᠠ᠃
      ᠥᠭᠡᠷᠡᠴᠢᠯᠡᠯᠲᠡ ᠬᠢᠬᠦ᠎ᠳᠤ ᠳᠥᠷᠪᠡᠨ ᠦᠨᠳᠦᠰᠦᠨ ᠵᠠᠷᠴᠢᠮ᠎ᠢ ᠪᠠᠷᠢᠮᠲᠠᠯᠠᠬᠤ ᠬᠡᠷᠡᠭᠲᠡᠢ᠃ ᠨᠢᠭᠡ᠎ᠳᠤ ᠶᠡᠷᠦᠩᠬᠡᠶ᠋ᠢᠯᠡᠭᠰᠡᠨ ᠠᠷᠭ᠎ᠠ ᠪᠣᠳᠣᠯᠭ᠎ᠠ ᠬᠡᠷᠡᠭᠵᠢᠭᠦᠯᠬᠦ ᠵᠢ ᠪᠠᠷᠢᠮᠲᠠᠯᠠᠨ᠎ᠠ᠃ ᠲᠠᠷᠢᠶᠠᠯᠠᠩ᠎ᠤᠨ ᠤᠰᠤᠨ᠎ᠤ ᠦᠨ᠎ᠡ ᠵᠢᠨ ᠶᠡᠷᠦᠩᠬᠡᠶ᠋ᠢᠯᠡᠭᠰᠡᠨ ᠥᠭᠡᠷᠡᠴᠢᠯᠡᠯᠲᠡ᠎ᠨᠢ ᠡᠩ᠎ᠤᠨ ᠦᠨ᠎ᠡ ᠬᠠᠩᠰᠢ ᠵᠢᠨ ᠠᠰᠠᠭᠤᠳᠠᠯ ᠪᠢᠰᠢ᠂ ᠡᠷᠬᠡᠪᠰᠢ ᠢᠨᠵᠧᠨᠧᠷᠢᠩ᠎ᠢ ᠢᠵᠢ ᠪᠦᠷᠢᠳᠦᠭᠦᠯᠬᠦ᠂ ᠬᠠᠮᠢᠶᠠᠷᠤᠯᠲᠠ ᠵᠢᠨ ᠰᠢᠨ᠎ᠡ ᠵᠢ ᠡᠭᠦᠳᠬᠦ᠂ ᠦᠨ᠎ᠡ ᠬᠠᠩᠰᠢ ᠵᠢ ᠲᠣᠬᠢᠷᠠᠭᠤᠯᠬᠤ᠂ ᠡᠳ᠋᠎ᠤᠨ ᠵᠠᠰᠠᠭ᠎ᠠᠴᠠ ᠱᠠᠩᠨᠠᠵᠤ ᠨᠥᠬᠥᠪᠥᠷᠢᠯᠡᠬᠦ᠂ ᠮᠡᠷᠭᠡᠵᠢᠯ᠎ᠢ ᠳᠡᠯᠭᠡᠷᠡᠭᠦᠯᠬᠦ᠂ ᠪᠦᠲᠦᠴᠡ ᠵᠢ ᠰᠢᠯᠢᠳᠡᠭᠵᠢᠭᠦᠯᠬᠦ ᠵᠡᠷᠭᠡ ᠣᠯᠠᠨ ᠵᠦᠢ᠍ᠯ᠎ᠤᠨ ᠠᠷᠭ᠎ᠠ ᠬᠡᠮᠵᠢᠶ᠎ᠡ ᠵᠢ ᠶᠡᠷᠦᠩᠬᠡᠶ᠋ᠢᠯᠡᠨ ᠬᠡᠷᠡᠭᠯᠡᠵᠦ ᠥᠭᠡᠷᠡᠴᠢᠯᠡᠯᠲᠡ ᠵᠢ ᠨᠢᠭᠡᠳᠦᠯᠲᠡᠢ ᠲᠥᠯᠥᠪᠯᠡᠨ ᠠᠬᠢᠭᠤᠯᠬᠤ ᠬᠡᠷᠡᠭᠲᠡᠢ᠃ ᠬᠣᠶᠠᠷ᠎ᠲᠤ ᠬᠣᠶᠠᠷ ᠲᠠᠯ᠎ᠠ᠎ᠪᠠᠷ ᠬᠦᠴᠦᠯᠡᠬᠦ ᠵᠢ ᠪᠠᠷᠢᠮᠲᠠᠯᠠᠬᠤ ᠬᠡᠷᠡᠭᠲᠡᠢ᠃ ᠥᠭᠡᠷᠡᠴᠢᠯᠡᠯᠲᠡ᠎ᠨᠢ ᠤᠰᠤᠨ᠎ᠤ ᠡᠬᠢ ᠪᠠᠶᠠᠯᠢᠭ᠎ᠢ ᠰᠢᠯᠢᠳᠡᠭᠵᠢᠭᠦᠯᠦᠨ ᠲᠣᠬᠢᠷᠠᠭᠤᠯᠬᠤ᠎ᠳᠤ ᠬᠣᠯᠪᠣᠭᠳᠠᠬᠤ ᠮᠥᠷᠲᠡᠭᠡᠨ ᠥᠷᠭᠡᠨ ᠣᠯᠠᠨ ᠲᠠᠷᠢᠶᠠᠴᠢᠳ᠎ᠤᠨ ᠲᠤᠰ ᠪᠡᠶ᠎ᠡ ᠵᠢᠨ ᠠᠰᠢᠭ ᠲᠤᠰᠠ᠎ᠳᠤ           ᠬᠤᠯᠪᠤᠭᠳᠠᠨ᠎ᠠ᠃ ᠲᠠᠷᠢᠶᠠᠯᠠᠩ᠎ᠤᠨ ᠤᠰᠤᠨ᠎ᠤ ᠦᠨ᠎ᠡ ᠬᠠᠩᠰᠢ ᠪᠦᠷᠢᠯᠳᠦᠬᠦ ᠲᠣᠭᠲᠠᠴᠠ ᠵᠢ ᠲᠡᠬᠦᠯᠳᠡᠷᠵᠢᠬᠦᠯᠵᠦ᠂ ᠵᠠᠬ᠎ᠠ ᠲᠡᠯᠭᠡᠬᠦᠷ᠎ᠢ ᠡᠬᠢ ᠪᠠᠶᠠᠯᠢᠭ᠎ᠤᠨ ᠲᠣᠬᠢᠷᠠᠭᠤᠯᠤᠯᠲᠠ᠎ᠳᠤ ᠰᠢᠢ᠍ᠳᠪᠦᠷᠢᠯᠡᠬᠦ ᠴᠢᠨᠠᠷᠲᠠᠢ ᠦᠢ᠍ᠯᠡᠳᠦᠯ ᠭᠠᠷᠭ᠋ᠠᠯᠭ᠋ᠠᠬᠤ᠎ᠪᠠᠷ ᠦᠯᠦ ᠪᠠᠷᠠᠨ ᠪᠠᠰᠠ ᠣᠨᠣᠪᠴᠢᠲᠠᠢ ᠨᠥᠬᠥᠪᠥᠷᠢ ᠪᠣᠯᠤᠨ ᠤᠰᠤ ᠠᠷᠪᠢᠯᠠᠬᠤ ᠱᠠᠩᠨᠠᠨ ᠬᠥᠬᠢᠭᠦᠯᠬᠦ ᠲᠣᠭᠲᠠᠴᠠ ᠵᠢ ᠪᠠᠶ᠋ᠢᠭᠤᠯᠤᠨ᠂ ᠵᠠᠰᠠᠭ᠎ᠤᠨ ᠣᠷᠳᠣᠨ᠎ᠤ ᠦᠢ᠍ᠯᠡᠳᠦᠯ᠎ᠢ ᠨᠡᠩ ᠰᠠᠶ᠋ᠢᠨ ᠪᠠᠳᠠᠷᠠᠭᠤᠯᠵᠤ᠂ ᠠᠮᠤ ᠪᠤᠳᠠᠭ᠎ᠠ ᠵᠡᠷᠭᠡ ᠴᠢᠬᠤᠯᠠ ᠲᠠᠷᠢᠮᠠᠯ᠎ᠤᠨ ᠵᠦᠢ ᠵᠤᠬᠢᠰᠳᠠᠢ ᠤᠰᠤ ᠬᠡᠷᠡᠭᠯᠡᠬᠦ ᠱᠠᠭ᠋ᠠᠷᠳᠠᠯᠭ᠎ᠠ ᠵᠢ ᠪᠠᠳᠤᠯᠠᠬᠤ ᠬᠡᠷᠡᠭᠲᠡᠢ᠃ ᠭᠤᠷᠪᠠ᠎ᠳᠤ ᠬᠠᠩᠭ᠋ᠠᠯᠭ᠎ᠠ ᠬᠡᠷᠡᠭᠴᠡᠭᠡ ᠵᠢ ᠨᠢᠭᠡᠳᠦᠯᠲᠡᠢ ᠲᠥᠯᠥᠪᠯᠡᠬᠦ ᠵᠢ ᠪᠠᠷᠢᠮᠲᠠᠯᠠᠨ᠎ᠠ᠃ ᠨᠢᠭᠡ ᠲᠠᠯ᠎ᠠ᠎ᠪᠠᠷ ᠤᠰᠤ ᠬᠠᠩᠭ᠋ᠠᠬᠤ ᠬᠠᠮᠢᠶᠠᠷᠤᠯᠲᠠ ᠵᠢ ᠴᠢᠩᠭ᠋ᠠᠳᠬᠠᠵᠤ᠂ ᠤᠰᠤ ᠬᠠᠩᠭ᠋ᠠᠬᠤ ᠦᠢ᠍ᠯᠡᠴᠢᠯᠡᠭᠡᠨ᠎ᠤ ᠦᠷ᠎ᠡ ᠪᠦᠲᠦᠮᠵᠢ ᠵᠢ ᠲᠡᠭᠡᠭᠰᠢᠯᠡᠬᠦᠯᠦᠨ᠎ᠡ; ᠨᠥᠭᠦᠭᠡ ᠲᠠᠯ᠎ᠠ᠎ᠪᠠᠷ ᠬᠡᠷᠡᠭᠴᠡᠭᠡ ᠵᠢᠨ ᠬᠠᠮᠢᠶᠠᠷᠤᠯᠲᠠ ᠵᠢ ᠨᠡᠩ ᠳᠣᠪᠣᠶ᠋ᠢᠮ᠎ᠠ ᠪᠠᠶ᠋ᠢᠷᠢᠨ᠎ᠳᠤ ᠲᠠᠯᠪᠢᠵᠤ᠂ ᠲᠠᠷᠢᠶᠠᠯᠠᠩ᠎ᠤᠨ ᠤᠰᠤ ᠬᠡᠷᠡᠭᠯᠡᠬᠦ ᠵᠢᠨ ᠨᠠᠷᠢᠯᠢᠭᠵᠢᠭᠤᠯᠤᠭᠰᠠᠨ ᠬᠠᠮᠢᠶᠠᠷᠤᠯᠲᠠ ᠵᠢᠨ ᠬᠢᠷᠢ ᠬᠡᠮᠵᠢᠶ᠎ᠡ ᠵᠢ ᠪᠦᠬᠦ ᠲᠠᠯ᠎ᠠ᠎ᠪᠠᠷ ᠳᠡᠭᠡᠭᠰᠢᠯᠡᠭᠦᠯᠦᠨ᠂ 《ᠬᠣᠣᠰ ᠲᠠᠯ᠎ᠠ》᠎ᠠᠴᠠ ᠬᠦᠴᠦᠯᠡᠬᠦ᠎ᠪᠠᠷ ᠳᠠᠮᠵᠢᠭᠤᠯᠤᠨ᠂ ᠲᠠᠷᠢᠶᠠᠯᠠᠩ᠎ᠤᠨ ᠤᠰᠤ ᠬᠡᠷᠡᠭᠯᠡᠬᠦ ᠠᠷᠭ᠎ᠠ ᠮᠠᠶᠢᠭ᠎ᠢ ᠡᠷᠴᠢᠮᠵᠢᠭᠦᠯᠦᠨ ᠥᠨᠳᠥᠷ ᠪᠦᠲᠦᠮᠵᠢᠲᠡᠢ ᠪᠣᠯᠭ᠋ᠠᠨ᠎ᠠ᠃ ᠳᠥᠷᠪᠡ᠎ᠳᠤ ᠲᠤᠬᠠᠢ ᠵᠢᠨ ᠭᠠᠵᠠᠷ ᠣᠷᠣᠨ᠎ᠤ ᠪᠠᠶ᠋ᠢᠳᠠᠯ᠎ᠳᠤᠨᠢ ᠲᠣᠬᠢᠷᠠᠭᠤᠯᠬᠤ ᠵᠢ ᠪᠠᠷᠢᠮᠲᠠᠯᠠᠨ᠎ᠠ᠃ ᠮᠠᠨ᠎ᠤ ᠤᠯᠤᠰ᠎ᠤᠨ ᠨᠤᠲᠤᠭ ᠳᠡᠪᠢᠰᠬᠡᠷ ᠥᠷᠭᠡᠨ ᠠᠭᠤᠳᠠᠮ᠂ ᠡᠯ᠎ᠡ ᠭᠠᠵᠠᠷ᠎ᠤᠨ ᠤᠰᠤᠨ᠎ᠤ ᠡᠬᠢ ᠪᠠᠶᠠᠯᠢᠭ᠎ᠤᠨ ᠲᠥᠷᠥᠯᠬᠢ ᠴᠢᠳᠠᠪᠤᠷᠢ᠂ ᠤᠰᠤᠯᠠᠯᠲᠠ ᠵᠢᠨ ᠨᠥᠬᠥᠴᠡᠯ᠂ ᠠᠵᠤ ᠠᠬᠤᠢ ᠵᠢᠨ ᠬᠥᠭᠵᠢᠯᠲᠡ ᠵᠢᠨ ᠬᠢᠷᠢ ᠬᠡᠮᠵᠢᠶ᠎ᠡ᠂ ᠲᠠᠷᠢᠵᠤ ᠲᠡᠵᠢᠭᠡᠬᠦ ᠦᠢ᠍ᠯᠡᠰ᠎ᠤᠨ ᠪᠦᠲᠦᠴᠡ ᠵᠡᠷᠭᠡ ᠵᠥᠷᠢᠶ᠎ᠡ ᠨᠡᠯᠢᠶᠡᠳ ᠶᠡᠬᠡ ᠪᠠᠶ᠋ᠢᠳᠠᠭ ᠪᠣᠯᠬᠣᠷ ᠡᠯ᠎ᠡ ᠭᠠᠵᠠᠷ᠎ᠤᠨ᠎ᠬᠢᠨ ᠡᠷᠬᠡᠪᠰᠢ ᠪᠣᠳᠠᠲᠠᠢ᠎ᠳᠤ ᠨᠡᠶ᠋ᠢᠴᠡᠬᠦ᠂ ᠥᠪᠡᠷ ᠥᠪᠡᠷ᠎ᠤᠨ ᠣᠨᠴᠠᠯᠢᠭ᠎ᠲᠠᠢ ᠬᠢᠬᠦ ᠠᠷᠭ᠎ᠠ ᠵᠢ ᠬᠠᠶ᠋ᠢᠨ ᠰᠦᠪᠡᠭᠴᠢᠯᠡᠵᠦ᠂ ᠠᠯᠬᠤᠮ ᠳᠠᠷᠠᠭ᠎ᠠ᠎ᠲᠠᠢ᠎ᠪᠠᠷ ᠠᠬᠢᠭᠤᠯᠬᠤ ᠬᠡᠷᠡᠭᠲᠡᠢ᠃
      ᠥᠭᠡᠷᠡᠴᠢᠯᠡᠯᠲᠡ ᠵᠢᠨ ᠶᠡᠷᠦᠩᠬᠡᠢ ᠬᠠᠷᠠᠯᠲᠠ ᠪᠣᠯ 10 ᠵᠢᠯ ᠣᠷᠴᠢᠮ᠎ᠤᠨ ᠴᠠᠭ᠎ᠢ ᠬᠡᠷᠡᠭᠯᠡᠨ ᠤᠰᠤ ᠬᠠᠩᠭ᠋ᠠᠬᠤ ᠥᠪᠡᠷ᠎ᠤᠨ ᠥᠷᠲᠡᠭ᠎ᠢ ᠵᠦᠢ ᠵᠣᠬᠢᠰᠲᠠᠢ ᠲᠤᠰᠬᠠᠬᠤ᠂ ᠤᠰᠤ ᠠᠷᠪᠢᠯᠠᠬᠤ ᠪᠠ ᠲᠠᠷᠢᠶᠠᠨ ᠭᠠᠵᠠᠷ᠎ᠤᠨ ᠤᠰᠤᠨ ᠠᠰᠢᠭᠯᠠᠯᠲᠠ ᠵᠢᠨ ᠪᠠᠶ᠋ᠢᠭᠤᠯᠤᠯ ᠲᠣᠭᠲᠠᠴᠠ ᠵᠢᠨ ᠰᠢᠨ᠎ᠡ ᠵᠢ ᠡᠭᠦᠳᠬᠦ᠂ ᠪᠡᠯᠡ ᠣᠷᠣᠭᠤᠯᠵᠤ ᠪᠡᠯᠡ ᠲᠣᠬᠢᠷᠠᠭᠤᠯᠬᠤ ᠪᠠᠶ᠋ᠢᠭᠤᠯᠤᠯ᠎ᠲᠠᠢ ᠬᠠᠷᠢᠯᠴᠠᠨ ᠵᠣᠬᠢᠴᠠᠯᠳᠤᠭᠰᠠᠨ ᠲᠠᠷᠢᠶᠠᠯᠠᠩ᠎ᠤᠨ ᠤᠰᠤᠨ᠎ᠤ ᠦᠨ᠎ᠡ ᠪᠦᠷᠢᠯᠳᠦᠭᠦᠯᠬᠦ ᠲᠣᠭᠲᠠᠴᠠ ᠵᠢ ᠪᠠᠶ᠋ᠢᠭᠤᠯᠤᠨ ᠲᠡᠭᠦᠯᠳᠡᠷᠵᠢᠭᠦᠯᠵᠦ᠂ ᠲᠠᠷᠢᠶᠠᠯᠠᠩ᠎ᠤᠨ ᠤᠰᠤ ᠬᠡᠷᠡᠭᠯᠡᠬᠦ ᠠᠷᠭ᠎ᠠ ᠮᠠᠶᠢᠭ᠎ᠢ ᠪᠦᠳᠦᠭᠦᠯᠢᠭ ᠮᠠᠶᠢᠭ᠎ᠤᠨ ᠬᠡᠯᠪᠡᠷᠢ᠎ᠠᠴᠠ ᠡᠷᠴᠢᠮᠯᠢᠭ ᠬᠤᠪᠢᠷᠠᠭᠤᠯᠬᠤ ᠵᠢ ᠠᠬᠢᠭᠤᠯᠬᠤ ᠪᠣᠯᠤᠨ᠎ᠠ᠃ ᠡᠭᠦᠨ᠎ᠳᠤ ᠲᠠᠷᠢᠶᠠᠨ ᠭᠠᠵᠠᠷ᠎ᠤᠨ ᠤᠰᠤᠨ ᠠᠰᠢᠭᠯᠠᠯᠲᠠ ᠵᠢᠨ ᠪᠠᠷᠢᠯᠭ᠎ᠠ ᠵᠢᠨ   ᠲᠦᠬᠦᠭᠡᠷᠦᠮᠵᠢ᠎ᠨᠢ ᠪᠦᠷᠢᠨ ᠲᠡᠭᠦᠯᠳᠡᠷ ᠭᠠᠵᠠᠷ ᠣᠷᠣᠨ᠎ᠨᠤᠭᠤᠳ 3 — 5 ᠵᠢᠯ᠎ᠤᠨ ᠴᠢᠷᠮᠠᠶ᠋ᠢᠯᠭ᠎ᠠ᠎ᠪᠠᠷ ᠳᠠᠮᠵᠢᠭᠤᠯᠤᠨ ᠥᠭᠡᠷᠡᠴᠢᠯᠡᠯᠲᠡ ᠵᠢᠨ ᠬᠠᠷᠠᠯᠲᠠ᠎ᠪᠠᠨ ᠤᠷᠢᠳᠠᠪᠠᠷ ᠪᠡᠶᠡᠯᠡᠭᠦᠯᠬᠦ ᠬᠡᠷᠡᠭᠲᠡᠢ᠃ ᠭᠣᠣᠯ ᠭᠦᠢ᠍ᠴᠡᠳᠬᠡᠬᠦ ᠲᠣᠭ᠎ᠠ ᠵᠢᠨ ᠱᠠᠭ᠋ᠠᠷᠳᠠᠯᠭ᠎ᠠ᠎ᠨᠢ᠄ ᠲᠠᠷᠢᠶᠠᠯᠠᠩ᠎ᠳᠤ ᠬᠡᠷᠡᠭᠯᠡᠬᠦ ᠤᠰᠤᠨ᠎ᠤ ᠦᠨ᠎ᠡ ᠬᠠᠩᠰᠢ ᠵᠢᠨ ᠶᠡᠷᠦᠩᠬᠡᠢ ᠴᠣᠭᠴᠠ᠎ᠨᠢ ᠠᠵᠢᠯᠯᠠᠭ᠋ᠠᠨ᠎ᠤ ᠬᠠᠮᠠᠭ᠋ᠠᠯᠠᠯᠲᠠ ᠵᠢᠨ ᠥᠪᠡᠷ᠎ᠤᠨ ᠥᠷᠲᠡᠭ᠎ᠤᠨ ᠬᠢᠷᠢ ᠬᠡᠮᠵᠢᠶ᠎ᠡ᠎ᠳᠤ ᠬᠦᠷᠴᠦ᠂ ᠲᠠᠷᠢᠶᠠᠯᠠᠩ᠎ᠤᠨ ᠬᠡᠷᠡᠭᠯᠡᠬᠦ ᠤᠰᠤᠨ᠎ᠤ ᠶᠡᠷᠦᠩᠬᠡᠢ ᠬᠡᠮᠵᠢᠶ᠎ᠡ ᠵᠢ ᠬᠢᠵᠠᠭ᠋ᠠᠷᠯᠠᠬᠤ ᠪᠠ ᠲᠣᠭᠲᠠᠭᠰᠠᠨ ᠬᠡᠮᠵᠢᠶ᠎ᠡ᠎ᠪᠠᠷ ᠬᠠᠮᠢᠶᠠᠷᠬᠤ ᠵᠢ ᠨᠡᠢ᠌ᠳᠡᠮ ᠬᠡᠷᠡᠭᠵᠢᠬᠦᠯᠵᠦ᠂ ᠦᠷᠬᠦᠯᠵᠢᠯᠡᠬᠦᠢ᠌ᠴᠡ ᠣᠨᠣᠪᠴᠢᠲᠠᠢ ᠨᠥᠬᠥᠪᠥᠷᠢ ᠥᠭᠬᠦ ᠪᠠ ᠤᠰᠤ ᠠᠷᠪᠢᠯᠠᠬᠤ ᠵᠢ ᠱᠠᠩᠨᠠᠬᠤ ᠲᠣᠭᠲᠠᠴᠠ ᠵᠢ ᠦᠨᠳᠦᠰᠦᠨ᠎ᠳᠡᠭᠡᠨ ᠪᠠᠢ᠌ᠭᠤᠯᠵᠤ᠂ ᠲᠡᠷᠢᠭᠦᠨ᠎ᠤ ᠪᠥᠭᠡᠳ ᠬᠡᠷᠡᠭᠯᠡᠬᠦ᠎ᠳᠤ ᠲᠣᠬᠢᠷᠠᠮᠵᠢᠲᠠᠢ ᠲᠠᠷᠢᠶᠠᠯᠠᠩ᠎ᠤᠨ ᠤᠰᠤ ᠠᠷᠪᠢᠯᠠᠬᠤ ᠮᠡᠷᠭᠡᠵᠢᠯ᠎ᠤᠨ ᠠᠷᠭ᠎ᠠ ᠬᠡᠮᠵᠢᠶ᠎ᠡ ᠵᠢ ᠨᠡᠶ᠋ᠢᠳᠡᠮ ᠬᠡᠷᠡᠭᠵᠢᠭᠦᠯᠵᠦ᠂ ᠲᠠᠷᠢᠶᠠᠯᠠᠩ᠎ᠤᠨ ᠲᠠᠷᠢᠮᠠᠯ᠎ᠤᠨ ᠪᠦᠲᠦᠴᠡ ᠵᠢ ᠰᠢᠯᠢᠳᠡᠭᠵᠢᠭᠦᠯᠦᠨ ᠲᠣᠬᠢᠷᠠᠭᠤᠯᠬᠤ ᠵᠢ ᠪᠡᠶᠡᠯᠡᠬᠦᠯᠦᠨ᠎ᠡ᠃ ᠢᠩᠭᠢᠵᠦ ᠲᠣᠭᠲᠠᠭ᠋ᠠᠭᠰᠠᠨ ᠬᠠᠷᠠᠯᠲᠠ ᠱᠠᠭ᠋ᠠᠷᠳᠠᠯᠭ᠎ᠠ᠎ᠨᠢ ᠨᠢᠭᠡ ᠵᠦᠢ᠍ᠯ᠎ᠤᠨ ᠥᠭᠡᠷᠡᠴᠢᠯᠡᠯᠲᠡ ᠵᠢᠨ ᠬᠠᠲᠠᠭᠤ ᠡᠭᠦᠷᠭᠡ ᠪᠣᠯᠤᠭᠰᠠᠨ᠎ᠤ ᠬᠤᠪᠢ᠎ᠳᠤ ᠡᠷᠬᠡᠪᠰᠢ ᠲᠣᠳᠣᠷᠬᠠᠢ ᠴᠠᠭ᠎ᠤᠨ ᠬᠢᠵᠠᠭ᠋ᠠᠷ᠂ ᠬᠡᠮᠵᠢᠵᠦ ᠪᠣᠯᠬᠤᠶ᠋ᠢᠴᠠ ᠭᠦᠢ᠍ᠴᠡᠳᠬᠡᠬᠦ ᠲᠣᠭ᠎ᠠ᠎ᠲᠠᠢ ᠪᠠᠶ᠋ᠢᠬᠤ ᠵᠢ ᠪᠣᠳᠣᠯᠬᠢᠯᠠᠭᠰᠠᠨ ᠮᠥᠷᠲᠡᠭᠡᠨ ᠪᠠᠰᠠ ᠥᠭᠡᠷᠡᠴᠢᠯᠡᠯᠲᠡ ᠵᠢᠨ ᠬᠣᠯᠪᠣᠭᠳᠠᠬᠤ ᠬᠡᠪᠴᠢᠶ᠎ᠡ᠎ᠨᠢ ᠥᠷᠭᠡᠨ᠂ ᠠᠵᠢᠯ᠎ᠤᠨ ᠡᠭᠦᠷᠭᠡ ᠬᠦᠨᠳᠦ ᠪᠠᠢ᠌ᠵᠤ᠂ ᠪᠦᠬᠦᠳᠡ ᠵᠢ ᠨᠢᠭᠡᠨ ᠵᠢᠭᠳᠡ᠎ᠪᠠᠷ ᠠᠪᠤᠨ ᠲᠤᠤᠷ᠎ᠠ᠎ᠨᠢ ᠪᠦᠳᠦᠭᠡᠵᠦ ᠲᠡᠢ᠌ᠯᠬᠦ ᠪᠢᠰᠢ ᠭᠡᠳᠡᠭ᠎ᠢ ᠴᠤ᠌ ᠪᠣᠳᠣᠯᠬᠢᠯᠠᠭᠰᠠᠨ ᠶᠤᠮ᠃
      ᠰᠤᠷᠪᠤᠯᠵᠢᠯᠠᠭᠴᠢ᠄ ᠲᠥᠪ᠎ᠠᠴᠠ ᠬᠠᠩᠭ᠋ᠠᠯᠭ᠎ᠠ ᠵᠢᠨ ᠲᠠᠯ᠎ᠠ ᠵᠢᠨ ᠥᠭᠡᠷᠡᠴᠢᠯᠡᠯᠲᠡ ᠵᠢ ᠬᠦᠴᠦᠲᠡᠢ ᠠᠬᠢᠭᠤᠯᠬᠤ ᠬᠡᠷᠡᠭᠲᠡᠢ ᠱᠠᠭ᠋ᠠᠷᠳᠠᠵᠤ ᠪᠠᠢ᠌ᠳᠠᠭ᠃ ᠲᠠᠷᠢᠶᠠᠯᠠᠩ᠎ᠤᠨ ᠤᠰᠤᠨ᠎ᠤ ᠦᠨ᠎ᠡ ᠬᠠᠩᠰᠢ ᠵᠢᠨ ᠶᠡᠷᠦᠩᠬᠡᠶ᠋ᠢᠯᠡᠭᠰᠡᠨ ᠥᠭᠡᠷᠡᠴᠢᠯᠡᠯᠲᠡ᠎ᠨᠢ ᠬᠡᠷᠬᠢᠨ ᠬᠠᠩᠭ᠋ᠠᠯᠭ᠎ᠠ ᠵᠢᠨ ᠲᠠᠯ᠎ᠠ᠎ᠪᠠᠷ ᠬᠦᠴᠦᠯᠡᠨ ᠠᠬᠢᠭᠤᠯᠬᠤ ᠪᠤᠢ?
      ᠡᠤ ᠸᠸᠨ ᠴᠢᠩ᠄ ᠬᠠᠩᠭ᠋ᠠᠯᠭ᠎ᠠ ᠵᠢᠨ ᠲᠠᠯ᠎ᠠ ᠵᠢᠨ ᠪᠦᠲᠦᠴᠡ ᠵᠢᠨ ᠴᠢᠨᠠᠷᠲᠠᠢ ᠥᠭᠡᠷᠡᠴᠢᠯᠡᠯᠲᠡ ᠪᠣᠯ ᠭᠠᠵᠠᠷ ᠲᠠᠷᠢᠶᠠᠯᠠᠩ᠎ᠤᠨ ᠤᠰᠤᠨ᠎ᠤ ᠦᠨ᠎ᠡ ᠬᠠᠩᠰᠢ ᠵᠢᠨ ᠶᠡᠷᠦᠩᠬᠡᠢ᠌ᠯᠡᠭᠰᠡᠨ ᠥᠭᠡᠷᠡᠴᠢᠯᠡᠯᠲᠡ ᠵᠢᠨ ᠴᠢᠬᠤᠯᠠ ᠠᠭᠤᠯᠭ᠎ᠠ ᠪᠤᠯᠬᠤ ᠪᠥᠭᠡᠳ ᠭᠣᠣᠯᠳᠠᠭᠤ ᠭᠤᠷᠪᠠᠨ ᠲᠠᠯ᠎ᠠ ᠵᠢᠨ ᠠᠷᠭ᠎ᠠ ᠬᠡᠮᠵᠢᠶ᠎ᠡ ᠪᠤᠢ᠄ ᠨᠢᠭᠡ᠎ᠳᠤ ᠢᠨᠵᠸᠨ᠋ᠸᠷᠢᠩ᠎ᠤᠨ ᠰᠢᠰᠲ᠋ᠧᠮ᠎ᠢ ᠲᠡᠬᠦᠯᠳᠡᠷ ᠪᠣᠯᠭ᠋ᠠᠨ᠎ᠠ᠃ ᠮᠠᠨ᠎ᠤ ᠤᠯᠤᠰ᠎ᠤᠨ ᠣᠳᠣ ᠪᠠᠶ᠋ᠢᠭ᠎ᠠ ᠲᠠᠷᠢᠶᠠᠨ ᠭᠠᠵᠠᠷ᠎ᠤᠨ ᠤᠰᠤᠨ ᠠᠰᠢᠭᠯᠠᠯᠲᠠ ᠵᠢᠨ ᠢᠨᠵᠧᠨᠧᠷᠢᠩ᠎ᠤᠨ ᠣᠯᠠᠩᠬᠢ᠎ᠨᠢ ᠳᠡᠭᠡᠷ᠎ᠡ ᠵᠠᠭᠤᠨ᠎ᠤ ᠲᠠᠪᠢᠭ᠋ᠠᠳ ᠣᠨ᠎ᠠᠴᠠ ᠳᠠᠯᠠᠭ᠋ᠠᠳ ᠣᠨ᠎ᠳᠤ ᠪᠠᠢ᠌ᠭᠤᠯᠵᠤ᠂ ᠪᠠᠷᠢᠮᠵᠢᠶ᠎ᠠ᠎ᠨᠢ ᠳᠣᠣᠷ᠎ᠠ᠂ ᠢᠵᠢ ᠪᠦᠷᠢᠳᠦᠭᠦᠯᠦᠭᠰᠡᠨ᠎ᠨᠢ ᠪᠠᠷᠤᠭᠲᠠᠢ᠂ ᠬᠠᠭᠤᠴᠢᠷᠠᠵᠤ ᠰᠡᠯᠪᠢᠨ ᠵᠠᠰᠠᠭᠰᠠᠨ ᠥᠬᠡᠢ᠂ ᠦᠷ᠎ᠡ ᠠᠰᠢᠭ ᠪᠠᠭᠤᠷᠠᠵᠤ ᠪᠠᠶ᠋ᠢᠭ᠎ᠠ ᠵᠡᠷᠭᠡ ᠠᠰᠠᠭᠤᠳᠠᠯ ᠨᠡᠢ᠌ᠳᠡᠮ ᠣᠷᠣᠰᠢᠵᠤ᠂ ᠵᠢᠵᠢᠭ ᠬᠡᠯᠪᠡᠷᠢ ᠵᠢᠨ ᠤᠰᠤᠯᠠᠯᠲᠠ ᠵᠢᠨ ᠣᠷᠣᠨ ᠪᠣᠯᠤᠨ ᠲᠠᠯᠠᠪᠠᠢ᠎ᠪᠠᠷ ᠦᠷᠭᠡᠨ ᠬᠡᠮᠵᠢᠶ᠎ᠡ᠎ᠪᠠᠷ ᠶᠡᠬᠡ ᠲᠠᠷᠢᠶᠠᠨ ᠭᠠᠵᠠᠷ᠎ᠤᠨ ᠢᠨᠵᠸᠨ᠋ᠸᠷᠢᠩ᠎ᠢ ᠪᠠᠶ᠋ᠢᠭᠤᠯᠬᠤ ᠪᠤᠶᠤ ᠦᠭᠡᠷᠡᠴᠢᠯᠡᠬᠦ ᠴᠢᠬᠤᠯᠠᠲᠠᠢ ᠪᠠᠢ᠌ᠵᠤ᠂《  ᠬᠠᠮᠤᠭ ᠰᠡᠬᠦᠯᠴᠢ ᠵᠢᠨ ᠨᠢᠭᠡ ᠺᠢᠯᠤᠮᠸᠲᠷ》᠎ᠤᠨ ᠠᠰᠠᠭᠤᠳᠠᠯ ᠮᠦᠨ ᠯᠡ ᠲᠤᠪᠤᠢ᠌ᠮ᠎ᠠ ᠪᠠᠢ᠌ᠵᠤ᠂ ᠤᠨᠴᠠᠭ᠋ᠠᠢ᠌ᠯᠠᠨ ᠬᠡᠮᠵᠢᠬᠦᠷ᠎ᠤᠨ ᠲᠦᠬᠦᠭᠡᠷᠦᠮᠵᠢ ᠢᠵᠢ ᠪᠦᠷᠢᠨ ᠪᠤᠰᠤ᠂ ᠤᠯᠤᠰ᠎ᠤᠨ ᠦᠮᠴᠢᠯᠡᠯᠳᠦ ᠭᠤᠤᠯᠯᠠᠭᠴᠢ ᠢᠨᠵᠸᠨ᠋ᠸᠷᠢᠩ᠎ᠤᠨ ᠰᠠᠯᠪᠤᠷᠢ ᠰᠤᠪᠠᠭ᠎ᠠᠴᠠ ᠲᠡᠭᠡᠭᠰᠢᠬᠢ ᠬᠡᠮᠵᠢᠬᠦᠷ᠎ᠨᠢ ᠬᠠᠷᠠᠬᠠᠨ ᠪᠦᠬᠦᠨ᠎ᠢ ᠪᠦᠷᠬᠦᠬᠡ ᠦᠭᠡᠢ᠂ ᠰᠡᠬᠦᠯ᠎ᠤᠨ ᠲᠡᠰ᠎ᠤᠨ ᠰᠤᠪᠠᠭ᠎ᠤᠨ ᠰᠢᠰᠲᠸᠮ᠂ ᠵᠢᠵᠢᠭ ᠬᠡᠯᠪᠡᠷᠢ ᠵᠢᠨ ᠤᠰᠤᠯᠠᠯᠳᠠ ᠵᠢᠨ ᠤᠰᠤᠨ ᠪᠠ ᠭᠠᠵᠠᠷ ᠲᠤᠤᠷᠠᠬᠢ ᠤᠰᠤ ᠵᠢ ᠬᠡᠮᠵᠢᠬᠦ ᠲᠦᠬᠦᠭᠡᠷᠦᠮᠵᠢ ᠨᠡᠢ᠌ᠳᠡᠮ᠎ᠳᠡᠭᠡᠨ ᠲᠤᠳᠠᠭᠳᠠᠵᠤ᠂ ᠲᠠᠷᠢᠶᠠᠯᠠᠩ᠎ᠤᠨ ᠦᠨ᠎ᠡ ᠬᠠᠩᠰᠢ ᠵᠢᠨ ᠶᠡᠷᠦᠩᠬᠡᠢ᠌ᠯᠡᠭᠰᠡᠨ ᠦᠭᠡᠷᠡᠴᠢᠯᠡᠯᠳᠡ ᠵᠢᠨ ᠰᠠᠭ᠋ᠠᠳ ᠲᠤᠳᠬᠠᠷ ᠪᠤᠯᠤᠭᠰᠠᠨ ᠪᠠᠢ᠌ᠨ᠎ᠠ᠃ ᠡᠶ᠋ᠢᠮᠦ᠎ᠠᠴᠠ 《ᠰᠠᠨᠠᠯ》᠎ᠳᠤ ᠲᠣᠮᠣ᠂ ᠳᠤᠮᠳᠠ᠂ ᠵᠢᠵᠢᠭ᠂ ᠪᠢᠴᠢᠯ᠎ᠢ ᠵᠡᠷᠭᠡ᠎ᠪᠠᠷ   ᠬᠦᠭᠵᠢᠬᠦᠯᠬᠦ ᠲᠠᠷᠢᠶᠠᠨ ᠭᠠᠵᠠᠷ᠎ᠤᠨ ᠤᠰᠤᠨ ᠠᠰᠢᠭᠯᠠᠯᠳᠠ ᠵᠢᠨ ᠢᠨᠵᠸᠨ᠋ᠸᠷᠢᠩ᠎ᠤᠨ ᠰᠢᠰᠲ᠋ᠧᠮ᠎ᠢ ᠲᠦᠷᠭᠡᠳᠭᠡᠨ ᠲᠡᠬᠦᠯᠳᠡᠷᠵᠢᠬᠦᠯᠵᠦ᠂ ᠤᠰᠤ ᠬᠠᠩᠭ᠋ᠠᠬᠤ ᠬᠡᠮᠵᠢᠬᠦᠷ᠎ᠤᠨ ᠲᠦᠬᠦᠭᠡᠷᠦᠮᠵᠢ ᠵᠢ ᠪᠦᠷᠨᠰᠢᠬᠦᠯᠬᠦ ᠵᠢ ᠲᠤᠪᠤᠢ᠌ᠯᠭ᠋ᠠᠨ ᠴᠢᠬᠤᠯᠠᠴᠢᠯᠠᠵᠤ᠂ ᠢᠨᠵᠸᠨ᠋ᠸᠷᠢᠩ ᠪᠠ ᠤᠰᠤᠨ᠎ᠤ ᠰᠤᠷᠪᠤᠯᠵᠢ ᠵᠢᠨ ᠲᠦᠷᠦᠯ ᠵᠤᠢ᠌ᠯ᠎ᠪᠠᠷ ᠢᠯᠭ᠋ᠠᠨ ᠰᠠᠯᠭ᠋ᠠᠵᠤ᠂ ᠬᠡᠮᠵᠢᠬᠦᠷ᠎ᠤᠨ ᠲᠦᠬᠦᠭᠡᠷᠦᠮᠵᠢ ᠵᠢᠨ ᠪᠦᠳᠦᠭᠡᠨ ᠪᠠᠢ᠌ᠭᠤᠯᠤᠯᠳᠠ ᠵᠢᠨ ᠱᠠᠭ᠋ᠠᠷᠳᠠᠯᠭ᠎ᠠ ᠵᠢ ᠨᠠᠷᠢᠯᠢᠭᠵᠢᠭᠤᠯᠬᠤ ᠬᠡᠷᠡᠭᠲᠡᠢ ᠭᠡᠵᠦ ᠲᠤᠲᠤᠷᠬᠠᠢ ᠲᠤᠭᠳᠠᠭ᠋ᠠᠵᠠᠢ᠃ ᠬᠣᠶᠠᠷ᠎ᠲᠤ ᠲᠠᠷᠢᠶᠠᠯᠠᠩ᠎ᠤᠨ ᠤᠰᠤᠨ᠎ᠤ ᠡᠷᠬᠡ ᠵᠢᠨ ᠳᠦᠷᠢᠮ᠎ᠢ ᠪᠠᠶ᠋ᠢᠭᠤᠯᠤᠨ᠎ᠠ᠃ ᠤᠰᠤ ᠬᠡᠷᠡᠭᠯᠡᠬᠦ ᠶᠡᠷᠦᠩᠬᠡᠢ ᠬᠡᠮᠵᠢᠶ᠎ᠡ ᠵᠢ ᠡᠵᠡᠮᠳᠡᠬᠦ ᠭᠦᠢ᠍ᠴᠡᠳᠬᠡᠬᠦ ᠲᠣᠭ᠎ᠠ ᠵᠢ ᠰᠢᠶᠠᠨ᠎ᠤ ᠱᠠᠲᠤᠨ᠎ᠤ ᠵᠠᠰᠠᠭ ᠵᠠᠬᠢᠷᠭ᠋ᠠᠨ᠎ᠤ ᠣᠷᠣᠨ ᠪᠦᠰᠡ᠎ᠳᠤ ᠬᠦᠷᠲᠡᠯ᠎ᠡ ᠵᠠᠳᠠᠯᠤᠭᠰᠠᠨ᠎ᠤ ᠰᠠᠭᠤᠷᠢᠨ ᠳᠡᠭᠡᠷ᠎ᠡ᠂ ᠤᠰᠤᠯᠠᠯᠲᠠ ᠵᠢᠨ ᠤᠰᠤ ᠬᠡᠷᠡᠭᠯᠡᠬᠦ ᠲᠣᠭᠲᠠᠭᠰᠠᠨ ᠨᠣᠷᠮ᠎ᠠ ᠶᠣᠰᠣᠭ᠋ᠠᠷ ᠭᠦᠢ᠍ᠴᠡᠳᠬᠡᠬᠦ ᠲᠣᠭ᠎ᠠ ᠵᠢ ᠤᠯᠠᠮ ᠨᠢᠭᠡ ᠠᠯᠬᠤᠮ ᠨᠠᠷᠢᠯᠢᠭᠵᠢᠭᠤᠯᠤᠨ ᠡᠯ᠎ᠡ ᠲᠥᠷᠥᠯ᠎ᠤᠨ ᠤᠰᠤ ᠬᠡᠷᠡᠭᠯᠡᠬᠦ ᠭᠣᠣᠯ ᠴᠣᠭᠴᠠ᠎ᠳᠤ ᠬᠦᠷᠲᠡᠯ᠎ᠡ ᠵᠠᠳᠠᠯᠵᠤ᠂ ᠤᠰᠤᠨ᠎ᠤ ᠰᠤᠷᠪᠤᠯᠵᠢ᠎ᠳᠤ ᠬᠦᠷᠲᠡᠯ᠎ᠡ ᠨᠠᠢ᠌ᠳᠠᠪᠤᠷᠢᠵᠢᠭᠤᠯᠵᠤ᠂ ᠤᠰᠤᠨ᠎ᠤ ᠡᠷᠬᠡ ᠵᠢ ᠲᠤᠳᠤᠷᠬᠠᠢ᠌ᠯᠠᠨ᠂ ᠶᠡᠷᠦᠩᠬᠡᠢ ᠬᠡᠮᠵᠢᠶ᠎ᠡ ᠵᠢ ᠬᠢᠵᠠᠭ᠋ᠠᠷᠯᠠᠬᠤ ᠵᠢ ᠬᠡᠷᠡᠭᠵᠢᠭᠦᠯᠵᠦ᠂ ᠴᠢᠩᠭ᠎ᠠ ᠬᠦᠴᠦᠲᠡᠢ ᠭᠡᠳᠡᠷᠭᠦ ᠰᠢᠮᠳᠠᠭᠤᠯᠬᠤ ᠲᠣᠭᠲᠠᠴᠠ ᠵᠢ   ᠪᠦᠷᠢᠯᠳᠦᠬᠦᠯᠦᠨ᠂ ᠤᠰᠤ ᠠᠷᠪᠢᠯᠠᠨ ᠬᠡᠷᠡᠭᠯᠡᠬᠦ ᠵᠢ ᠠᠬᠢᠭᠤᠯᠵᠤ᠂ ᠲᠡᠷᠢᠶᠠᠯᠠᠩ᠎ᠤᠨ ᠤᠰᠤ ᠬᠡᠷᠡᠭᠯᠡᠬᠦ ᠪᠦᠳᠦᠴᠡ ᠵᠢᠨ ᠲᠤᠬᠢᠷᠠᠭᠤᠯᠤᠯᠳᠠ ᠵᠢ ᠲᠦᠯᠬᠢᠨ ᠠᠬᠢᠭᠤᠯᠤᠨ᠎ᠠ᠃ ᠡᠭᠦᠨ᠎ᠤ ᠬᠠᠮᠲᠤ᠂ ᠵᠠᠬ᠎ᠠ ᠳᠡᠯᠭᠡᠭᠦᠷ᠎ᠤᠨ ᠲᠣᠭᠲᠠᠴᠠ ᠵᠢᠨ ᠦᠢ᠍ᠯᠡᠳᠦᠯ᠎ᠢ ᠪᠠᠳᠠᠷᠠᠭᠤᠯᠵᠤ᠂ ᠤᠰᠤ ᠠᠷᠪᠢᠯᠠᠬᠤ ᠬᠡᠮᠵᠢᠶᠡᠨ᠎ᠤ ᠠᠷᠠᠯᠵᠢᠶ᠎ᠠ ᠥᠷᠨᠢᠭᠦᠯᠬᠦ ᠵᠢ ᠵᠣᠷᠢᠭᠵᠢᠭᠤᠯᠵᠤ᠂ ᠤᠰᠤ ᠠᠷᠪᠢᠯᠠᠭᠴᠢ᠎ᠳᠤ ᠠᠵᠤ ᠠᠬᠤᠢ ᠵᠢᠨ ᠠᠰᠢᠭ ᠬᠦᠷᠲᠡᠭᠡᠨ᠎ᠡ᠃ ᠭᠤᠷᠪᠠ᠎ᠳᠤ ᠲᠠᠷᠢᠶᠠᠯᠠᠩ᠎ᠤᠨ ᠤᠰᠤ ᠬᠠᠩᠭ᠋ᠠᠬᠤ ᠦᠷ᠎ᠡ ᠪᠦᠳᠦᠮᠵᠢ ᠪᠠ ᠦᠷ᠎ᠡ ᠠᠰᠢᠭ᠎ᠢ ᠳᠡᠭᠡᠭᠰᠢᠯᠡᠭᠦᠯᠦᠨ᠎ᠡ᠃ ᠲᠠᠷᠤᠢ ᠤᠰᠤ ᠬᠠᠩᠭ᠋ᠠᠬᠤ ᠲᠦᠯᠦᠪᠯᠡᠭᠡ ᠵᠢᠨ ᠬᠠᠮᠢᠶᠠᠷᠤᠯᠳᠠ ᠪᠠ ᠲᠤᠬᠢᠷᠠᠭᠤᠯᠭ᠎ᠠ ᠵᠢ ᠴᠢᠩᠭ᠋ᠠᠳᠬᠠᠵᠤ᠂ ᠬᠠᠮᠢᠶᠠᠷᠬᠤ ᠨᠢᠭᠡᠴᠢ ᠵᠢᠨ ᠠᠵᠢᠯᠯᠠᠭ᠋ᠠᠨ᠎ᠤ ᠦᠷ᠎ᠡ ᠪᠦᠳᠦᠮᠵᠢ ᠵᠢ ᠲᠡᠭᠡᠭᠰᠢᠯᠡᠬᠦᠯᠵᠦ᠂ ᠦᠪᠡᠷ᠎ᠤᠨ ᠦᠷᠳᠡᠭ᠎ᠢ ᠬᠢᠵᠠᠭ᠋ᠠᠷᠯᠠᠬᠤ ᠵᠢ             ᠴᠢᠩᠭ᠋ᠠᠳᠬᠠᠵᠤ᠂ ᠬᠠᠮᠢᠶᠠᠷᠤᠯᠳᠠ᠎ᠨᠢ ᠰᠢᠨᠵᠢᠯᠡᠬᠦ ᠤᠬᠠᠭ᠋ᠠᠨᠴᠢ᠂ ᠴᠣᠮᠬᠠᠨ ᠥᠨᠳᠥᠷ ᠪᠦᠲᠦᠮᠵᠢᠲᠡᠢ᠂ ᠦᠢ᠍ᠯᠡᠴᠢᠯᠡᠭᠡ ᠰᠠᠢ᠌ᠳᠠᠢ ᠪᠠᠶ᠋ᠢᠬᠤ ᠠᠵᠢᠯᠯᠠᠭ᠋ᠠᠨ᠎ᠤ ᠲᠣᠭᠲᠠᠴᠠ ᠵᠢ ᠪᠠᠶ᠋ᠢᠭᠤᠯᠵᠤ᠂ ᠦᠢ᠍ᠯᠡᠴᠢᠯᠡᠭᠡᠨ᠎ᠤ ᠴᠢᠨᠠᠷ ᠴᠢᠨᠰᠠᠭ᠎ᠠ ᠪᠣᠯᠤᠨ ᠬᠢᠷᠢ ᠲᠦᠪᠰᠢᠨ᠎ᠢ ᠲᠡᠭᠡᠭᠰᠢᠯᠡᠬᠦᠯᠵᠦ᠂ ᠤᠰᠤᠯᠠᠯᠳᠠ ᠵᠢᠨ ᠤᠰᠤ ᠬᠡᠷᠡᠭᠰᠡᠬᠦ ᠬᠡᠷᠡᠭᠴᠡᠭᠡ ᠵᠢ ᠵᠦᠢ ᠵᠣᠬᠢᠰᠲᠠᠢ ᠪᠠᠢ᠌ᠯᠭ᠋ᠠᠬᠤ ᠵᠢ ᠪᠠᠳᠤᠯᠠᠵᠤ᠂ ᠤᠰᠤ ᠬᠠᠩᠭ᠋ᠠᠯᠳᠠ ᠵᠢᠨ ᠦᠷ᠎ᠡ ᠪᠦᠳᠦᠮᠵᠢ ᠵᠢ ᠲᠡᠭᠡᠭᠰᠢᠯᠡᠬᠦᠯᠬᠦ ᠵᠢᠨ ᠬᠠᠮᠳᠤ ᠤᠰᠤᠨ᠎ᠤ ᠬᠠᠩᠭ᠋ᠠᠯᠭ᠎ᠠ ᠵᠢᠨ ᠦᠪᠡᠷ᠎ᠤᠨ ᠦᠷᠳᠡᠭ᠎ᠢ ᠪᠦᠳᠦᠮᠵᠢᠳᠡᠢ ᠪᠠᠭᠤᠷᠠᠭᠤᠯᠤᠨ᠎ᠠ᠃
      ᠰᠤᠷᠪᠤᠯᠵᠢᠯᠠᠭᠴᠢ᠄ ᠲᠠᠷᠢᠶᠠᠯᠠᠩ᠎ᠤᠨ ᠤᠰᠤᠨ᠎ᠤ ᠦᠨ᠎ᠡ ᠵᠢᠨ ᠶᠡᠷᠦᠩᠬᠡᠢ ᠥᠭᠡᠷᠡᠴᠢᠯᠡᠯᠲᠡ᠎ᠨᠢ ᠬᠡᠷᠡᠭᠴᠡᠭᠡ ᠵᠢᠨ ᠲᠠᠯ᠎ᠠ᠎ᠪᠠᠷ ᠶᠠᠮᠠᠷ ᠱᠠᠭ᠋ᠠᠷᠳᠠᠯᠭ᠎ᠠ᠎ᠲᠠᠢ ᠪᠣᠢ?
      ᠡᠤ ᠸᠸᠨ ᠴᠢᠩ᠄ ᠲᠠᠷᠢᠶᠠᠯᠠᠩ᠎ᠳᠤ ᠬᠡᠷᠡᠭᠯᠡᠬᠦ ᠤᠰᠤᠨ᠎ᠤ ᠬᠡᠷᠡᠭᠴᠡᠭᠡᠨ᠎ᠤ ᠲᠠᠯ᠎ᠠ ᠵᠢᠨ ᠥᠭᠡᠷᠡᠴᠢᠯᠡᠯᠲᠡ᠎ᠳᠤ ᠭᠤᠷᠪᠠᠨ ᠲᠠᠯ᠎ᠠ ᠵᠢᠨ ᠱᠠᠭ᠋ᠠᠷᠳᠠᠯᠭ᠎ᠠ᠎ᠲᠠᠢ᠃ ᠨᠢᠭᠡ᠎ᠳᠤ ᠲᠠᠷᠢᠮᠠᠯ᠎ᠤᠨ ᠪᠦᠲᠦᠴᠡ ᠵᠢ ᠲᠣᠬᠢᠷᠠᠭᠤᠯᠤᠨ ᠰᠢᠯᠢᠳᠡᠭᠵᠢᠬᠦᠯᠦᠨ᠎ᠡ᠃ ᠡᠬᠦᠨ᠎ᠳᠤ ᠭᠠᠵᠠᠷ ᠳᠡᠭᠡᠷᠡᠬᠢ ᠤᠰᠤ ᠵᠢ ᠬᠡᠲᠦᠷᠡᠲᠡᠯ᠎ᠡ ᠠᠰᠢᠭᠯᠠᠬᠤ᠂ ᠭᠠᠵᠠᠷ ᠳᠣᠣᠷᠠᠬᠢ ᠤᠰᠤ ᠵᠢ ᠬᠦᠨᠳᠦ ᠨᠣᠴᠢᠲᠠᠢ ᠬᠡᠲᠦᠷᠡᠲᠡᠯ᠎ᠡ ᠮᠠᠯᠲᠠᠬᠤ ᠭᠠᠵᠠᠷ ᠣᠷᠣᠨ᠎ᠤ ᠤᠰᠤ ᠶᠡᠬᠡ ᠬᠣᠷᠣᠭᠳᠠᠭᠤᠯᠬᠤ ᠲᠠᠷᠢᠮᠠᠯ᠎ᠤᠨ ᠲᠠᠯᠠᠪᠠᠢ ᠵᠢ ᠵᠤᠬᠢᠰᠳᠠᠢ ᠲᠤᠬᠢᠷᠠᠭᠤᠯᠤᠨ ᠪᠠᠭ᠋ᠠᠰᠬᠠᠬᠤ ᠵᠢ ᠪᠠᠭᠳᠠᠭ᠋ᠠᠵᠤ᠂ ᠤᠰᠤ ᠪᠠᠭ᠎ᠠ ᠬᠡᠷᠡᠭᠰᠡᠬᠦ ᠭᠠᠩ᠎ᠳᠤ ᠲᠡᠰᠪᠤᠷᠢᠳᠡᠢ ᠲᠠᠷᠢᠮᠠᠯ᠎ᠢ ᠰᠤᠩᠭᠤᠨ ᠪᠤᠢ᠌ᠵᠢᠭᠤᠯᠬᠤ ᠵᠢ ᠲᠡᠯᠭᠡᠷᠡᠬᠦᠯᠵᠦ᠂ ᠲᠠᠷᠢᠮᠠᠯ᠎ᠤᠨ ᠤᠷᠭᠤᠯᠲᠠ ᠵᠢᠨ ᠱᠠᠲᠤ ᠦᠶ᠎ᠡ ᠪᠣᠯᠤᠨ ᠬᠤᠷ᠎ᠠ ᠲᠤᠨᠳᠠᠰᠤ᠎ᠯᠤᠭ᠎ᠠ ᠵᠣᠬᠢᠴᠠᠭᠰᠠᠨ ᠲᠠᠷᠢᠶᠠᠯᠠᠩ᠎ᠤᠨ ᠲᠠᠷᠢᠮᠠᠯ᠎ᠤᠨ ᠪᠦᠲᠦᠴᠡ ᠪᠣᠯᠤᠨ ᠲᠠᠷᠢᠮᠠᠯ᠎ᠤᠨ ᠳᠦᠷᠢᠮ᠎ᠢ ᠪᠠᠢ᠌ᠭᠤᠯᠵᠤ᠂《  ᠬᠤᠷ᠎ᠠ ᠲᠤᠨᠳᠠᠰᠤ᠎ᠪᠠᠷ ᠲᠠᠷᠢᠶᠠᠯᠠᠩ᠎ᠢ ᠲᠡᠵᠢᠭᠡᠬᠦ》 ᠵᠢ ᠬᠦᠭᠵᠢᠬᠦᠯᠦᠨ᠎ᠡ᠃ ᠬᠣᠶᠠᠷ᠎ᠲᠤ ᠤᠰᠤ ᠠᠷᠪᠢᠯᠠᠬᠤ ᠮᠡᠷᠭᠡᠵᠢᠯ᠎ᠢ ᠲᠡᠯᠭᠡᠷᠡᠬᠦᠯᠵᠦ᠂ ᠭᠣᠣᠯᠳᠠᠯᠭ᠎ᠠ᠎ᠨᠢ ᠥᠨᠳᠥᠷ ᠦᠷ᠎ᠡ ᠠᠰᠢᠭᠲᠠᠢ ᠤᠰᠤ ᠠᠷᠪᠢᠯᠠᠬᠤ ᠤᠰᠤᠯᠠᠯᠲᠠ ᠵᠢ ᠬᠥᠭᠵᠢᠭᠦᠯᠵᠦ᠂ ᠤᠰᠤᠨ ᠬᠤᠭᠤᠯᠠᠢ᠎ᠪᠠᠷ ᠤᠰᠤᠯᠠᠬᠤ᠂ ᠲᠣᠰᠤᠯᠭ᠋ᠠᠨ ᠤᠰᠤᠯᠠᠬᠤ ᠵᠡᠷᠭᠡ ᠤᠰᠤ ᠠᠷᠪᠢᠯᠠᠬᠤ ᠮᠡᠷᠭᠡᠵᠢᠯ᠎ᠢ ᠶᠡᠬᠡᠪᠡᠷ ᠲᠡᠯᠭᠡᠷᠡᠬᠦᠯᠵᠦ᠂ ᠤᠰᠤ ᠪᠣᠷᠳᠣᠭᠤᠷ ᠵᠢ ᠨᠢᠭᠡ ᠴᠣᠭᠴᠠᠵᠢᠭᠤᠯᠬᠤ᠂ ᠤᠰᠤ ᠪᠣᠷᠳᠣᠭᠤᠷ ᠡᠮ᠎ᠢ ᠨᠢᠭᠡ ᠴᠣᠭᠴᠠᠵᠢᠭᠤᠯᠬᠤ ᠮᠡᠷᠭᠡᠵᠢᠯ᠎ᠢ ᠲᠥᠪᠯᠡᠷᠡᠭᠦᠯᠦᠨ ᠬᠦᠭᠵᠢᠬᠦᠯᠵᠦ᠂ ᠲᠠᠷᠢᠶᠠᠯᠠᠩ᠎ᠤᠨ ᠮᠠᠰᠢᠨ ᠲᠠᠷᠢᠶᠠᠯᠠᠩ᠎ᠤᠨ   ᠮᠡᠷᠭᠡᠵᠢᠯ᠎ᠢ ᠬᠠᠷᠢᠯᠴᠠᠨ ᠤᠶᠠᠯᠳᠤᠭᠤᠯᠤᠭᠰᠠᠨ ᠬᠦᠷᠦᠰᠦ ᠵᠢ ᠬᠦᠨ ᠲᠠᠯᠬᠠᠳᠠᠵᠤ ᠲᠡᠭᠰᠢᠯᠡᠬᠦ᠂ ᠪᠦᠷᠬᠦᠪᠴᠢ᠎ᠪᠠᠷ ᠴᠢᠬᠢᠭ ᠬᠠᠳᠠᠭ᠋ᠠᠯᠠᠬᠤ ᠵᠡᠷᠭᠡ ᠠᠷᠭ᠎ᠠ ᠬᠡᠮᠵᠢᠶ᠎ᠡ ᠵᠢ ᠢᠳᠡᠪᠬᠢᠲᠡᠢ᠎ᠪᠠᠷ   ᠲᠡᠯᠭᠡᠷᠡᠬᠦᠯᠵᠦ᠂ ᠬᠤᠷ᠎ᠠ ᠲᠤᠨᠳᠠᠰᠤ ᠵᠢᠨ ᠠᠰᠢᠭᠯᠠᠮᠵᠢ ᠵᠢ ᠲᠡᠭᠡᠭᠰᠢᠯᠡᠬᠦᠯᠦᠨ᠎ᠡ᠃ ᠭᠤᠷᠪᠠ᠎ᠳᠤ ᠤᠰᠤ ᠬᠡᠷᠡᠭᠯᠡᠬᠦ ᠦᠵᠦᠭᠦᠷ᠎ᠤᠨ ᠬᠠᠮᠢᠶᠠᠷᠤᠯᠲᠠ ᠵᠢᠨ ᠠᠷᠭ᠎ᠠ ᠮᠠᠶᠢᠭ᠎ᠢ ᠰᠦᠪᠡᠭᠴᠢᠯᠡᠨ ᠰᠢᠨ᠎ᠡ ᠵᠢ ᠡᠭᠦᠳᠦᠨ᠎ᠡ᠃ ᠨᠢᠭᠡ ᠲᠠᠯ᠎ᠠ᠎ᠪᠠᠷ ᠲᠠᠷᠢᠶᠠᠴᠢᠳ᠎ᠤᠨ ᠤᠰᠤ ᠬᠡᠷᠡᠭᠯᠡᠬᠦ ᠵᠢ ᠥᠪᠡᠷᠲᠡᠭᠡᠨ ᠵᠠᠰᠠᠬᠤ᠂ ᠲᠤᠰᠬᠠᠶ᠋ᠢᠵᠢᠭᠰᠠᠨ       ᠦᠢ᠍ᠯᠡᠴᠢᠯᠡᠭᠡᠨ᠂ ᠤᠰᠤᠨ᠎ᠤ ᠬᠠᠮᠢᠶᠠᠷᠤᠯᠲᠠ ᠵᠢᠨ   ᠨᠢᠭᠡᠴᠢ ᠵᠢᠨ ᠬᠠᠮᠢᠶᠠᠷᠤᠯᠲᠠ ᠪᠣᠯᠤᠨ ᠬᠡᠷᠡᠭᠯᠡᠭᠴᠢᠳ   ᠣᠷᠣᠯᠴᠠᠬᠤ ᠵᠡᠷᠭᠡ ᠣᠯᠠᠨ ᠵᠦᠢ᠍ᠯ᠎ᠤᠨ ᠬᠡᠯᠪᠡᠷᠢ ᠮᠠᠶᠢᠭ᠎ᠤᠨ ᠤᠰᠤ ᠬᠡᠷᠡᠭᠯᠡᠬᠦ ᠦᠵᠦᠭᠦᠷ᠎ᠤᠨ ᠬᠠᠮᠢᠶᠠᠷᠤᠯᠲᠠ ᠵᠢᠨ ᠵᠠᠭᠪᠤᠷ᠎ᠢ ᠬᠥᠭᠵᠢᠭᠦᠯᠬᠦ ᠵᠢ ᠵᠣᠷᠢᠭᠵᠢᠭᠤᠯᠤᠨ᠎ᠠ᠃ ᠲᠠᠷᠢᠶᠠᠴᠢᠳ᠎ᠤᠨ ᠤᠰᠤ ᠬᠡᠷᠡᠭᠯᠡᠬᠦ ᠬᠣᠷᠰᠢᠭᠰᠠᠨ ᠵᠣᠬᠢᠶᠠᠨ ᠪᠠᠶ᠋ᠢᠭᠤᠯᠤᠯᠲᠠ ᠵᠢ ᠵᠢᠷᠤᠮᠵᠢᠭᠤᠯᠤᠨ ᠵᠣᠬᠢᠶᠠᠨ ᠪᠠᠶ᠋ᠢᠭᠤᠯᠬᠤ᠂ ᠬᠥᠭᠵᠢᠯᠲᠡ ᠵᠢᠨ ᠰᠢᠨ᠎ᠡ ᠵᠢ ᠡᠭᠦᠳᠬᠦ ᠵᠢ ᠳᠡᠮᠵᠢᠬᠦ ᠵᠢᠨ ᠬᠠᠮᠲᠤ ᠤᠰᠤ ᠬᠠᠩᠭ᠋ᠠᠬᠤ ᠢᠨᠵᠸᠨ᠋ᠸᠷᠢᠩ᠎ᠤᠨ ᠪᠦᠲᠦᠭᠡᠨ ᠪᠠᠶ᠋ᠢᠭᠤᠯᠤᠯᠲᠠ ᠵᠢᠨ ᠬᠠᠮᠢᠶᠠᠷᠤᠯᠲᠠ᠂ ᠤᠰᠤ ᠬᠡᠷᠡᠭᠯᠡᠬᠦ ᠬᠠᠮᠢᠶᠠᠷᠤᠯᠲᠠ᠂ ᠤᠰᠤᠨ᠎ᠤ ᠰᠦᠢ᠍ᠳᠬᠡᠯ ᠪᠣᠳᠣᠵᠤ ᠬᠤᠷᠢᠶᠠᠬᠤ ᠵᠡᠷᠭᠡ ᠲᠠᠯ᠎ᠠ ᠵᠢᠨ ᠦᠢ᠍ᠯᠡᠳᠦᠯ᠎ᠢ ᠭᠦᠢ᠍ᠴᠡᠳ ᠪᠠᠳᠠᠷᠠᠭᠤᠯᠬᠤ ᠬᠡᠷᠡᠭᠲᠡᠢ᠃ ᠲᠠᠷᠢᠶᠠᠯᠠᠩ᠎ᠤᠨ ᠤᠰᠤᠨ ᠠᠰᠢᠭᠯᠠᠯᠲᠠ ᠵᠢᠨ ᠢᠨᠵᠸᠨ᠋ᠸᠷᠢᠩ᠎ᠤᠨ ᠪᠦᠲᠦᠭᠡᠨ ᠪᠠᠶ᠋ᠢᠭᠤᠯᠤᠯᠲᠠ ᠪᠣᠯᠤᠨ ᠬᠠᠮᠢᠶᠠᠷᠤᠯᠳᠠ ᠬᠠᠮᠠᠭ᠋ᠠᠯᠠᠯᠳᠠ᠎ᠳᠤ ᠨᠡᠶ᠋ᠢᠭᠡᠮ᠎ᠤᠨ ᠬᠥᠷᠥᠩᠭᠡ ᠵᠢᠨ ᠣᠷᠣᠯᠴᠠᠬᠤ ᠵᠢ ᠵᠣᠷᠢᠭᠵᠢᠭᠤᠯᠤᠨ᠎ᠠ᠃ ᠡᠭᠦᠨ᠎ᠠᠴᠠ 《ᠬᠡᠨ ᠬᠠᠮᠢᠶᠠᠷᠬᠤ ᠪᠣᠢ》 ᠭᠡᠬᠦ ᠭᠣᠣᠯ ᠴᠣᠭᠴᠠ ᠳᠤᠲᠠᠭᠳᠠᠬᠤ ᠠᠰᠠᠭᠤᠳᠠᠯ᠎ᠢ ᠰᠢᠢ᠍ᠳᠪᠤᠷᠢᠯᠡᠨ᠎ᠡ᠃ ᠨᠥᠭᠦᠭᠡ ᠲᠠᠯ᠎ᠠ᠎ᠪᠠᠷ ᠵᠢᠵᠢᠭ ᠬᠡᠯᠪᠡᠷᠢ ᠵᠢᠨ ᠤᠰᠤᠨ ᠠᠰᠢᠭᠯᠠᠯᠲᠠ ᠵᠢᠨ ᠢᠨᠵᠸᠨ᠋ᠸᠷᠢᠩ᠎ᠤᠨ ᠬᠠᠮᠢᠶᠠᠷᠤᠯᠲᠠ ᠵᠢᠨ ᠪᠠᠶ᠋ᠢᠭᠤᠯᠤᠮᠵᠢ ᠵᠢᠨ ᠥᠭᠡᠷᠡᠴᠢᠯᠡᠯᠲᠡ ᠵᠢ ᠠᠬᠢᠭᠤᠯᠵᠤ᠂ ᠬᠡᠷᠡᠭᠯᠡᠬᠦ ᠡᠷᠬᠡ᠂ ᠬᠠᠮᠢᠶᠠᠷᠤᠯᠲᠠ ᠵᠢᠨ ᠡᠷᠬᠡ ᠵᠢ ᠲᠠᠷᠢᠶᠠᠴᠢᠳ᠎ᠤᠨ ᠤᠰᠤ ᠬᠡᠷᠡᠭᠯᠡᠬᠦ ᠬᠣᠷᠰᠢᠶᠠᠵᠢᠯ᠎ᠤᠨ ᠵᠣᠬᠢᠶᠠᠨ ᠪᠠᠶ᠋ᠢᠭᠤᠯᠤᠯᠲᠠ᠂ ᠬᠥᠳᠡᠭᠡ ᠲᠣᠰᠬᠣᠨ᠎ᠤ ᠬᠠᠮᠲᠤ ᠵᠢᠨ ᠠᠵᠤ ᠠᠬᠤᠢ ᠵᠢᠨ ᠵᠣᠬᠢᠶᠠᠨ ᠪᠠᠶ᠋ᠢᠭᠤᠯᠤᠯᠲᠠ᠂ ᠠᠰᠢᠭ ᠬᠦᠷᠲᠡᠬᠦ ᠲᠠᠷᠢᠶᠠᠴᠢᠨ ᠡᠷᠦᠬᠡ ᠵᠢᠴᠢ ᠰᠢᠨ᠎ᠡ ᠬᠡᠯᠪᠡᠷᠢ ᠵᠢᠨ ᠲᠠᠷᠢᠶᠠᠯᠠᠩ᠎ᠤᠨ ᠡᠵᠡᠩᠨᠡᠯᠲᠡ ᠵᠢᠨ ᠭᠣᠣᠯ ᠴᠣᠭᠴᠠ᠎ᠳᠤ ᠰᠢᠯᠵᠢᠭᠦᠯᠦᠨ ᠲᠤᠰᠢᠶᠠᠵᠤ᠂ ᠬᠠᠮᠢᠶᠠᠷᠴᠤ ᠬᠠᠮᠠᠭ᠋ᠠᠯᠠᠬᠤ ᠬᠠᠷᠢᠭᠤᠴᠠᠯᠭ᠎ᠠ ᠵᠢ ᠲᠣᠳᠣᠷᠬᠠᠢ ᠪᠣᠯᠭ᠋ᠠᠵᠤ᠂ ᠠᠰᠢᠭ ᠬᠦᠷᠲᠡᠬᠦ ᠭᠣᠣᠯ ᠴᠣᠭᠴᠠ᠎ᠨᠢ ᠲᠠᠷᠢᠶᠠᠯᠠᠩ᠎ᠤᠨ ᠤᠰᠤᠨ ᠠᠰᠢᠭᠯᠠᠯᠲᠠ ᠵᠢᠨ   ᠢᠨᠵᠸᠨ᠋ᠸᠷᠢᠩ᠎ᠢ ᠦᠨᠡᠨ ᠬᠦ᠌ ᠲᠡᠳᠡᠨ᠎ᠤ           ᠦᠪᠡᠷ᠎ᠤᠨ 《ᠬᠠᠷᠢᠭᠤᠴᠠᠯᠭ᠎ᠠ ᠵᠢᠨ ᠲᠠᠷᠢᠶ᠎ᠠ》   ᠪᠤᠯᠭ᠋ᠠᠵᠤ᠂ ᠡᠬᠦᠨ᠎ᠠᠴᠠ ᠢᠨᠵᠸᠨ᠋ᠸᠷᠢᠩ᠎ᠤᠨ ᠦᠮᠴᠢᠯᠡᠬᠦ ᠡᠷᠬᠡ᠎ᠨᠢ ᠲᠤᠳᠤᠷᠬᠠᠢ ᠦᠭᠡᠢ᠂ ᠬᠢᠬᠦ ᠬᠦᠮᠦᠨ᠎ᠲᠠᠢ ᠭᠡᠳᠡᠯ᠎ᠡ ᠬᠠᠮᠢᠶᠠᠷᠬᠤ ᠬᠦᠮᠦᠨ ᠦᠭᠡᠢ ᠠᠰᠠᠭᠤᠳᠠᠯ᠎ᠢ ᠰᠢᠢ᠍ᠳᠪᠤᠷᠢᠯᠡᠨ᠎ᠡ᠃       ᠰᠤᠷᠪᠤᠯᠵᠢᠯᠠᠭᠴᠢ᠄ ᠥᠭᠡᠷᠡᠴᠢᠯᠡᠯᠲᠡ ᠵᠢᠨ ᠳᠤᠮᠳᠠ ᠲᠠᠷᠢᠶᠠᠯᠠᠩ᠎ᠤᠨ ᠤᠰᠤᠨ᠎ᠤ ᠦᠨ᠎ᠡ ᠬᠠᠩᠰᠢ ᠵᠢᠨ ᠪᠦᠷᠢᠯᠳᠦᠬᠦ ᠵᠣᠬᠢᠰᠲᠠᠢ ᠲᠣᠭᠲᠠᠴᠠ ᠵᠢ ᠬᠡᠷᠬᠢᠨ ᠪᠠᠶ᠋ᠢᠭᠤᠯᠬᠤ ᠪᠣᠢ?
      ᠡᠤ ᠸᠸᠨ ᠴᠢᠩ᠄ ᠡᠨᠡ ᠪᠣᠯ ᠭᠠᠵᠠᠷ ᠲᠠᠷᠢᠶᠠᠯᠠᠩ᠎ᠤᠨ ᠤᠰᠤᠨ᠎ᠤ ᠦᠨ᠎ᠡ ᠬᠠᠩᠰᠢ ᠵᠢᠨ ᠶᠡᠷᠦᠩᠬᠡᠢ᠌ᠯᠡᠭᠰᠡᠨ ᠦᠭᠡᠷᠡᠴᠢᠯᠡᠯᠳᠡ ᠵᠢᠨ ᠭᠣᠣᠯ ᠴᠥᠮ᠎ᠡ᠎ᠨᠢ ᠪᠠᠢ᠌ᠵᠤ᠂ ᠤᠰᠤᠨ᠎ᠤ ᠡᠬᠢ ᠪᠠᠶᠠᠯᠢᠭ ᠵᠢ ᠲᠣᠬᠢᠷᠠᠭᠤᠯᠬᠤ᠎ᠳᠤ ᠵᠠᠬ᠎ᠠ ᠲᠡᠯᠭᠡᠬᠦᠷ᠎ᠤᠨ ᠰᠢᠢ᠍ᠳᠪᠦᠷᠢᠯᠡᠬᠦ ᠴᠢᠨᠠᠷᠲᠠᠢ ᠦᠢ᠍ᠯᠡᠳᠦᠯ᠎ᠢ ᠪᠠᠳᠠᠷᠠᠭᠤᠯᠬᠤ᠎ᠳᠤ ᠡᠷᠬᠡᠪᠰᠢ ᠤᠰᠤᠨ᠎ᠤ ᠦᠨ᠎ᠡ ᠵᠢᠨ ᠪᠦᠷᠢᠯᠳᠦᠬᠦ   ᠲᠤᠭᠳᠠᠴᠠ ᠵᠢ ᠪᠠᠢ᠌ᠭᠤᠯᠤᠨ ᠲᠡᠭᠦᠯᠳᠡᠷᠵᠢᠬᠦᠯᠬᠦ ᠬᠡᠷᠡᠭᠲᠡᠢ᠃ 《ᠰᠠᠨᠠᠯ》᠎ᠳᠤ ᠳᠥᠷᠪᠡᠨ ᠲᠠᠯ᠎ᠠ ᠵᠢᠨ ᠱᠠᠭ᠋ᠠᠷᠳᠠᠯᠭ᠎ᠠ ᠳᠤᠷᠠᠳᠪᠠ᠄ ᠨᠢᠭᠡ᠎ᠳᠤ ᠦᠨ᠎ᠡ ᠬᠠᠩᠰᠢ ᠵᠢ《  ᠬᠡᠨ ᠲᠤᠭᠳᠠᠭ᠋ᠠᠬᠤ》ᠠᠰᠠᠭᠤᠳᠠᠯ᠎ᠢ ᠲᠤᠳᠤᠷᠬᠠᠢ᠌ᠯᠠᠨ᠎ᠠ᠃ ᠦᠨ᠎ᠡ ᠬᠠᠩᠰᠢ ᠵᠢᠨ ᠬᠠᠮᠢᠶᠠᠷᠤᠯᠲᠠ ᠵᠢᠨ ᠡᠷᠬᠡ ᠵᠢᠨ ᠬᠢᠵᠠᠭ᠋ᠠᠷ᠎ᠤᠨ ᠲᠣᠭᠲᠠᠭ᠋ᠠᠯ ᠪᠠ ᠵᠠᠰᠠᠭ᠎ᠢ ᠴᠣᠮᠬᠠᠳᠬᠠᠨ ᠡᠷᠬᠡ ᠵᠢ ᠳᠣᠷᠣᠭᠰᠢ ᠪᠠᠭᠤᠯᠭ᠋ᠠᠬᠤ ᠶᠡᠷᠦᠩᠬᠡᠢ ᠱᠠᠭ᠋ᠠᠷᠳᠠᠯᠭ᠎ᠠ ᠶᠣᠰᠣᠭ᠋ᠠᠷ᠂《ᠰᠠᠨᠠᠯ》᠎ᠳᠤ ᠲᠣᠮᠣ ᠳᠤᠮᠳᠠ ᠬᠡᠯᠪᠡᠷᠢ ᠵᠢᠨ ᠤᠰᠤᠯᠠᠯᠲᠠ ᠵᠢᠨ ᠣᠷᠣᠨ᠎ᠤ ᠭᠣᠣᠯᠯᠠᠬᠤ ᠢᠨᠵᠸᠨ᠋ᠸᠷᠢᠩ᠎ᠤᠨ ᠲᠠᠷᠢᠶᠠᠯᠠᠩ᠎ᠤᠨ ᠤᠰᠤᠨ᠎ᠤ ᠦᠨ᠎ᠡ ᠬᠠᠩᠰᠢ ᠵᠢ ᠵᠠᠷᠴᠢᠮ ᠳᠡᠭᠡᠷ᠎ᠡ᠎ᠪᠠᠨ ᠵᠠᠰᠠᠭ᠎ᠤᠨ ᠣᠷᠳᠣᠨ ᠲᠤᠭᠳᠠᠭ᠋ᠠᠵᠤ᠂ ᠨᠦᠬᠦᠴᠡᠯ ᠪᠦᠷᠢᠳᠦᠭᠰᠡᠨ᠎ᠨᠢ ᠬᠠᠩᠭ᠋ᠠᠬᠤ ᠬᠡᠷᠡᠭᠰᠡᠬᠦ ᠬᠣᠶᠠᠷ ᠲᠠᠯ᠎ᠠ᠎ᠪᠠᠷ ᠵᠶ᠋ᠠᠨ ᠡᠷᠬᠡ ᠲᠡᠭᠰᠢ ᠰᠠᠶ᠋ᠢᠨ ᠳᠤᠷ᠎ᠠ ᠵᠢᠨ ᠰᠠᠭᠤᠷᠢᠨ ᠳᠡᠭᠡᠷ᠎ᠡ ᠵᠥᠪᠳᠡᠯᠴᠡᠵᠦ ᠪᠠᠶ᠋ᠢᠭ᠋ᠠᠳ ᠦᠨ᠎ᠡ ᠬᠠᠩᠰᠢ ᠵᠢ ᠲᠣᠭᠲᠠᠭ᠋ᠠᠵᠤ ᠪᠣᠯᠤᠨ᠎ᠠ; ᠲᠣᠮᠣ ᠳᠤᠮᠳᠠ ᠬᠡᠯᠪᠡᠷᠢ ᠵᠢᠨ ᠤᠰᠤᠯᠠᠯᠲᠠ ᠵᠢᠨ ᠣᠷᠣᠨ᠎ᠤ ᠰᠡᠭᠦᠯᠴᠢ ᠵᠢᠨ ᠱᠠᠲᠤᠨ᠎ᠤ ᠰᠤᠪᠠᠭ᠎ᠤᠨ ᠰᠢᠰᠲ᠋ᠧᠮ ᠪᠠ ᠵᠢᠵᠢᠭ ᠬᠡᠯᠪᠡᠷᠢ ᠵᠢᠨ ᠤᠰᠤᠯᠠᠯᠲᠠ ᠵᠢᠨ ᠣᠷᠣᠨ᠎ᠤ ᠲᠠᠷᠢᠶᠠᠯᠠᠩ᠎ᠤᠨ ᠤᠰᠤᠨ᠎ᠤ ᠦᠨ᠎ᠡ ᠬᠠᠩᠰᠢ ᠵᠢ ᠵᠠᠰᠠᠭ᠎ᠤᠨ ᠣᠷᠳᠣᠨ᠎ᠠᠴᠠ ᠲᠣᠭᠲᠠᠭ᠋ᠠᠬᠤ ᠵᠢ ᠬᠡᠷᠡᠭᠵᠢᠭᠦᠯᠵᠦ ᠪᠣᠯᠤᠨ᠎ᠠ᠂ ᠤᠰᠤ ᠠᠷᠪᠢᠯᠠᠬᠤ ᠵᠢ ᠠᠬᠢᠭᠤᠯᠬᠤ᠂   ᠢᠨᠵᠸᠨ᠋ᠸᠷᠢᠩ᠎ᠤᠨ ᠡᠷᠡᠬᠦᠯ ᠠᠵᠢᠯᠯᠠᠭ᠋ᠠᠨ ᠪᠠ ᠲᠠᠷᠢᠶᠠᠯᠠᠩ᠎ᠤᠨ ᠦᠢ᠍ᠯᠡᠳᠪᠦᠷᠢᠯᠡᠯ᠎ᠤᠨ ᠬᠥᠭᠵᠢᠯᠲᠡ ᠵᠢ ᠪᠠᠲᠤᠯᠠᠬᠤ᠎ᠳᠤ ᠠᠰᠢᠭᠲᠠᠢ ᠵᠠᠷᠴᠢᠮ᠎ᠢ ᠪᠠᠷᠢᠮᠲᠠᠯᠠᠭᠰᠠᠨ ᠤᠷᠢᠳᠠᠯ ᠳᠣᠣᠷ᠎ᠠ ᠪᠠᠰᠠ ᠵᠥᠪᠳᠡᠯᠴᠡᠨ ᠦᠨ᠎ᠡ ᠲᠣᠭᠲᠠᠭ᠋ᠠᠬᠤ ᠵᠢ ᠬᠡᠷᠡᠭᠵᠢᠭᠦᠯᠵᠦ ᠪᠣᠯᠤᠨ᠎ᠠ᠃ ᠬᠣᠶᠠᠷ᠎ᠲᠤ ᠦᠨ᠎ᠡ ᠬᠠᠩᠰᠢ ᠵᠢ 《ᠶᠠᠭ᠋ᠠᠬᠢᠵᠤ ᠲᠣᠭᠲᠠᠭ᠋ᠠᠬᠤ》 ᠵᠢ ᠲᠤᠳᠤᠷᠬᠠᠢ᠌ᠯᠠᠨ᠎ᠠ᠃ ᠲᠠᠷᠢᠶᠠᠯᠠᠩ᠎ᠤᠨ ᠤᠰᠤᠨ᠎ᠤ ᠦᠨ᠎ᠡ ᠬᠠᠩᠰᠢ᠎ᠳᠤ ᠤᠰᠤ ᠬᠠᠩᠭ᠋ᠠᠬᠤ ᠥᠪᠡᠷ᠎ᠤᠨ ᠥᠷᠲᠡᠭ᠂ ᠤᠰᠤᠨ᠎ᠤ ᠡᠬᠢ ᠰᠤᠷᠪᠤᠯᠵᠢ ᠳᠤᠲᠠᠭᠳᠠᠬᠤ ᠬᠡᠮᠵᠢᠶ᠎ᠡ᠂ ᠬᠡᠷᠡᠭᠯᠡᠭᠴᠢᠳ᠎ᠤᠨ ᠳᠠᠭ᠋ᠠᠭ᠋ᠠᠬᠤ ᠴᠢᠳᠠᠪᠤᠷᠢ ᠵᠡᠷᠭᠡ ᠡᠯᠸᠮᠸᠨ᠋ᠲ᠎ᠤᠳ᠎ᠢ ᠶᠡᠷᠦᠩᠬᠡᠶ᠋ᠢᠯᠡᠨ ᠪᠣᠳᠣᠯᠬᠢᠯᠠᠵᠤ᠂ ᠡᠳᠡᠭᠡᠷ ᠡᠯᠸᠮᠸᠨ᠋ᠲ᠎ᠤᠳ᠎ᠨᠢ ᠬᠥᠳᠡᠯᠦᠩᠭᠦᠢ ᠬᠤᠪᠢᠷᠠᠯᠲᠠ᠎ᠲᠠᠢ ᠪᠠᠢ᠌ᠳᠠᠭ᠎ᠢ ᠪᠤᠳᠤᠯᠬᠢᠯᠠᠨ ᠤᠰᠤᠨ᠎ᠤ ᠦᠨ᠎ᠡ ᠬᠠᠩᠰᠢ ᠵᠢ ᠪᠠᠰᠠ ᠴᠠᠭ ᠲᠤᠬᠠᠢ᠎ᠳᠤ᠎ᠨᠢ ᠲᠣᠬᠢᠷᠠᠭᠤᠯᠤᠨ ᠲᠤᠭᠳᠠᠭ᠋ᠠᠬᠤ ᠬᠡᠷᠡᠭᠲᠡᠢ᠃ ᠭᠤᠷᠪᠠ᠎ᠳᠤ᠂ ᠦᠨ᠎ᠡ ᠬᠠᠩᠰᠢ ᠵᠢ 《ᠬᠡᠳᠦᠢ᠎ᠪᠠᠷ ᠲᠣᠭᠲᠠᠭ᠋ᠠᠬᠤ》 ᠵᠢ ᠲᠣᠳᠣᠷᠬᠠᠶ᠋ᠢᠯᠠᠨ᠎ᠠ᠃ ᠲᠠᠷᠢᠶᠠᠯᠠᠩ᠎ᠤᠨ ᠤᠰᠤᠨ᠎ᠤ ᠦᠨ᠎ᠡ ᠬᠠᠩᠰᠢ ᠵᠢ ᠵᠠᠷᠴᠢᠮ ᠳᠡᠭᠡᠷ᠎ᠡ᠎ᠪᠠᠨ ᠠᠵᠢᠯᠯᠠᠭᠤᠯᠬᠤ ᠪᠠ ᠬᠠᠮᠠᠭ᠋ᠠᠯᠠᠬᠤ ᠥᠪᠡᠷ᠎ᠤᠨ ᠥᠷᠲᠡᠭ᠎ᠤᠨ ᠬᠢᠷᠢ ᠬᠡᠮᠵᠢᠶ᠎ᠡ᠎ᠳᠤ ᠬᠦᠷᠭᠡᠬᠦ ᠪᠤᠶᠤ ᠠᠯᠬᠤᠮ ᠠᠯᠬᠤᠮ ᠵᠶ᠋ᠠᠷ ᠬᠦᠷᠭᠡᠨ᠎ᠡ᠂ ᠡᠨᠡ᠎ᠨᠢ ᠭᠣᠣᠯᠳᠠᠭᠤ ᠠᠵᠢᠯᠯᠠᠭᠤᠯᠬᠤ ᠪᠠ ᠬᠠᠮᠠᠭ᠋ᠠᠯᠠᠬᠤ ᠥᠪᠡᠷ᠎ᠤᠨ ᠥᠷᠲᠡᠭ᠎ᠤᠨ ᠬᠢᠷᠢ ᠬᠡᠮᠵᠢᠶ᠎ᠡ ᠪᠤᠯ ᠳᠣᠣᠷᠠᠲᠤ   ᠬᠢᠵᠠᠭ᠋ᠠᠷ ᠪᠠᠢ᠌ᠵᠤ᠂ ᠵᠦᠪᠬᠡᠨ ᠲᠤᠤᠷᠠᠳᠤ ᠬᠢᠵᠠᠭ᠋ᠠᠷ᠎ᠲᠤ ᠬᠦᠷᠭᠡᠪᠡᠯ ᠰᠠᠶᠢ ᠢᠨᠵᠸᠨ᠋ᠸᠷᠢᠩ᠎ᠤᠨ ᠬᠡᠪ᠎ᠤᠨ ᠶᠠᠪᠤᠭᠳᠠᠬᠤ ᠵᠢ ᠪᠠᠳᠤᠯᠠᠵᠤ ᠲᠡᠢ᠌ᠯᠦᠨ᠎ᠡ ᠭᠡᠳᠡᠭ᠎ᠢ ᠪᠤᠳᠤᠯᠬᠢᠯᠠᠵᠠᠢ᠃ ᠦᠭᠡᠢ ᠪᠤᠯ ᠡᠪᠳᠡᠷᠡᠵᠦ ᠬᠠᠭᠤᠴᠢᠷᠠᠵᠤ ᠵᠠᠰᠠᠵᠤ ᠰᠡᠯᠪᠢᠬᠦ᠂ ᠬᠣᠬᠢᠷᠠᠵᠤ ᠰᠦᠢ᠍ᠳᠦᠭᠰᠡᠨ᠎ᠨᠢ ᠬᠦᠨᠳᠦ ᠨᠣᠴᠢᠲᠠᠢ᠂ ᠦᠷ᠎ᠡ ᠠᠰᠢᠭ ᠮᠠᠭᠤᠳᠠᠬᠤ᠎ᠨᠢ ᠡᠴᠦᠰ᠎ᠲᠡᠭᠡᠨ ᠲᠠᠷᠢᠶᠠᠴᠢᠨ᠎ᠤ ᠠᠰᠢᠭ ᠲᠤᠰᠠ ᠵᠢ ᠬᠣᠬᠢᠷᠠᠭᠤᠯᠬᠤ ᠶᠠᠪᠤᠳᠠᠯ ᠪᠣᠯᠤᠨ᠎ᠠ᠃ ᠡᠭᠦᠨ᠎ᠤ ᠵᠡᠷᠭᠡᠴᠡᠭᠡᠪᠡᠷ ᠭᠠᠵᠠᠷ ᠣᠷᠣᠨ᠎ᠤ ᠵᠥᠷᠢᠶ᠎ᠡ ᠵᠢ ᠴᠤ᠌ ᠪᠤᠳᠤᠯᠬᠢᠯᠠᠵᠤ᠂ ᠦᠨᠡᠬᠡᠷ ᠬᠦᠴᠢᠷᠳᠡᠯᠲᠡᠢ ᠭᠠᠵᠠᠷ ᠣᠷᠣᠨ᠎ᠤ᠎ᠬᠢᠨ ᠴᠢᠳᠠᠬᠤ ᠵᠢᠨ ᠳᠣᠲᠣᠷ᠎ᠠ   ᠶᠡᠷᠦᠩᠬᠡᠶ᠋ᠢᠯᠡᠭᠰᠡᠨ ᠠᠷᠭ᠎ᠠ ᠬᠡᠮᠵᠢᠶ᠎ᠡ ᠠᠪᠴᠤ ᠪᠠᠶ᠋ᠢᠭ᠋ᠠᠳ ᠪᠠᠷᠢᠯᠭ᠎ᠠ ᠵᠢᠨ ᠡᠷᠡᠬᠦᠯ   ᠠᠵᠢᠯᠯᠠᠭ᠋ᠠᠨ᠎ᠢ ᠪᠠᠳᠤᠯᠠᠬᠤ ᠬᠡᠷᠡᠭᠲᠡᠢ; ᠤᠰᠤᠨ᠎ᠤ ᠡᠬᠢ ᠪᠠᠶᠠᠯᠢᠭ ᠵᠶ᠋ᠠᠷ ᠳᠤᠲᠠᠮᠠᠭ᠂ ᠬᠡᠷᠡᠭᠯᠡᠭᠴᠢᠳ᠎ᠤᠨ ᠳᠠᠭ᠋ᠠᠭ᠋ᠠᠬᠤ ᠴᠢᠳᠠᠪᠤᠷᠢ᠎ᠪᠠᠷ ᠴᠢᠩᠭ᠎ᠠ ᠭᠠᠵᠠᠷ ᠣᠷᠣᠨ ᠪᠣᠯ ᠦᠨ᠎ᠡ ᠬᠠᠩᠰᠢ ᠵᠢ ᠥᠪᠡᠷ᠎ᠤᠨ ᠥᠷᠲᠡᠭ᠎ᠤᠨ ᠬᠢᠷᠢ ᠬᠡᠮᠵᠢᠶ᠎ᠡ᠎ᠳᠤ ᠬᠦᠷᠲᠡᠯ᠎ᠡ ᠳᠡᠭᠡᠭᠰᠢᠯᠡᠭᠦᠯᠵᠦ ᠪᠣᠯᠤᠨ᠎ᠠ᠃ ᠳᠥᠷᠪᠡ᠎ᠳᠤ ᠦᠨ᠎ᠡ ᠪᠣᠳᠣᠬᠤ ᠠᠷᠭ᠎ᠠ ᠮᠠᠶᠢᠭ᠎ᠢ ᠲᠣᠳᠣᠷᠬᠠᠶ᠋ᠢᠯᠠᠨ᠎ᠠ᠃ ᠠᠮᠤ ᠪᠤᠳᠠᠭ᠋ᠠᠨ᠎ᠤ ᠲᠠᠷᠢᠮᠠᠯ᠂ ᠠᠵᠤ ᠠᠬᠤᠢ ᠵᠢᠨ ᠲᠠᠷᠢᠮᠠᠯ᠂ ᠲᠡᠵᠢᠭᠡᠨ ᠦᠷᠡᠵᠢᠬᠦᠯᠬᠦ ᠦᠢ᠍ᠯᠡᠰ ᠵᠡᠷᠭᠡ ᠵᠢᠨ ᠤᠰᠤ ᠬᠡᠷᠡᠭᠯᠡᠬᠦ ᠬᠡᠮᠵᠢᠶ᠎ᠡ᠂ ᠪᠠᠲᠤᠯᠠᠬᠤ ᠨᠣᠷᠮ᠎ᠠ᠂ ᠦᠢ᠍ᠯᠡᠳᠪᠦᠷᠢᠯᠡᠯ᠎ᠤᠨ ᠦᠷ᠎ᠡ ᠠᠰᠢᠭ ᠵᠡᠷᠭᠡ ᠲᠠᠯ᠎ᠠ᠎ᠪᠠᠷ᠎ᠬᠢ ᠵᠥᠷᠢᠶ᠎ᠡ ᠣᠷᠣᠰᠢᠵᠤ ᠪᠠᠶ᠋ᠢᠬᠤ ᠪᠠ ᠡᠯ᠎ᠡ ᠭᠠᠵᠠᠷ᠎ᠤᠨ ᠲᠠᠷᠢᠶᠠᠯᠠᠩ᠎ᠤᠨ ᠬᠥᠭᠵᠢᠯᠲᠡ ᠵᠢ ᠲᠥᠷᠥ ᠵᠢᠨ ᠪᠣᠳᠣᠯᠭ᠎ᠠ ᠵᠢᠨ ᠲᠠᠯ᠎ᠠ᠎ᠪᠠᠷ ᠳᠡᠮᠵᠢᠬᠦ ᠴᠢᠭᠯᠡᠯ᠎ᠤᠨ ᠠᠳᠠᠯᠢ ᠪᠤᠰᠤ ᠪᠠᠢ᠌ᠬᠤ ᠵᠢ ᠪᠤᠳᠤᠯᠬᠢᠯᠠᠵᠤ᠂ 《ᠰᠠᠨᠠᠯ》᠎ᠳᠤ ᠲᠥᠷᠥᠯ ᠲᠡᠰ   ᠬᠤᠪᠢᠶᠠᠭᠰᠠᠨ ᠤᠰᠤᠨ᠎ᠤ ᠦᠨ᠎ᠡ ᠬᠠᠩᠰᠢ ᠵᠢ ᠬᠡᠷᠡᠭᠵᠢᠭᠦᠯᠦᠨ᠎ᠡ ᠭᠡᠵᠦ ᠳᠤᠷᠠᠳᠪᠠ᠃ ᠡᠭᠦᠨ᠎ᠳᠤ ᠬᠡᠷᠡᠭᠯᠡᠬᠦ ᠤᠰᠤᠨ᠎ᠤ ᠬᠡᠮᠵᠢᠶ᠎ᠡ ᠶᠡᠬᠡ ᠪᠤᠶᠤ ᠨᠡᠮᠡᠯᠲᠡ ᠥᠷᠲᠡᠭ ᠥᠨᠳᠥᠷ ᠠᠵᠤ ᠠᠬᠤᠢ ᠵᠢᠨ ᠲᠠᠷᠢᠮᠠᠯ ᠪᠣᠯᠤᠨ ᠲᠡᠵᠢᠭᠡᠨ ᠦᠷᠡᠵᠢᠭᠦᠯᠬᠦ ᠦᠢ᠍ᠯᠡᠰ᠎ᠤᠨ ᠬᠡᠷᠡᠭᠯᠡᠬᠦ ᠤᠰᠤᠨ᠎ᠤ ᠦᠨ᠎ᠡ ᠬᠠᠩᠰᠢ᠎ᠨᠢ ᠪᠤᠰᠤᠳ ᠤᠰᠤ ᠬᠡᠷᠡᠭᠯᠡᠬᠦ ᠲᠥᠷᠥᠯ ᠵᠦᠢ᠍ᠯ᠎ᠠᠴᠠ ᠥᠨᠳᠥᠷ ᠪᠠᠶ᠋ᠢᠵᠤ ᠪᠣᠯᠤᠨ᠎ᠠ; ᠭᠠᠵᠠᠷ ᠳᠣᠣᠷᠠᠬᠢ ᠤᠰᠤ ᠵᠢ ᠬᠡᠲᠦᠷᠡᠲᠡᠯ᠎ᠡ ᠠᠪᠤᠭᠰᠠᠨ ᠣᠷᠣᠨ᠎ᠳᠤ ᠪᠦᠲᠦᠮᠵᠢᠲᠡᠢ ᠠᠷᠭ᠎ᠠ ᠬᠡᠮᠵᠢᠶ᠎ᠡ ᠠᠪᠴᠤ ᠪᠠᠶ᠋ᠢᠭ᠋ᠠᠳ ᠭᠠᠵᠠᠷ ᠳᠣᠣᠷᠠᠬᠢ ᠤᠰᠤᠨ᠎ᠤ ᠬᠡᠷᠡᠭᠯᠡᠬᠦ ᠥᠪᠡᠷ᠎ᠤᠨ ᠥᠷᠲᠡᠭ᠎ᠢ ᠲᠤᠬᠠᠢ ᠵᠢᠨ ᠭᠠᠵᠠᠷ᠎ᠤᠨ ᠬᠥᠷᠥᠰᠥᠨ ᠳᠡᠭᠡᠷᠡᠬᠢ ᠤᠰᠤᠨ᠎ᠠᠴᠠ ᠥᠨᠳᠥᠷ ᠪᠠᠶ᠋ᠢᠯᠭ᠋ᠠᠬᠤ ᠬᠡᠷᠡᠭᠲᠡᠢ᠃ ᠡᠭᠦᠨ᠎ᠤ ᠬᠠᠮᠲᠤ᠂ ᠤᠰᠤᠨ᠎ᠤ ᠦᠨ᠎ᠡ ᠵᠢᠨ ᠤᠷᠮᠠᠰᠢᠭᠤᠯᠵᠤ ᠬᠢᠵᠠᠭ᠋ᠠᠷᠯᠠᠬᠤ ᠦᠢ᠍ᠯᠡᠳᠦᠯ᠎ᠢ ᠤᠯᠠᠮ ᠨᠢᠭᠡ ᠠᠯᠬᠤᠮ ᠴᠢᠩᠭ᠋ᠠᠳᠬᠠᠬᠤ ᠵᠢᠨ ᠲᠥᠯᠥᠭᠡ᠂ ᠲᠣᠭᠲᠠᠭ᠋ᠠᠭᠰᠠᠨ ᠲᠣᠭ᠋ᠠᠨ᠎ᠠᠴᠠ ᠬᠡᠳᠦᠷᠡᠬᠦᠯᠪᠡᠯ ᠠᠬᠢᠭᠤᠯᠤᠨ ᠪᠣᠳᠣᠵᠤ ᠦᠨ᠎ᠡ ᠨᠡᠮᠡᠬᠦ ᠳᠦᠷᠢᠮ᠎ᠢ ᠬᠡᠷᠡᠭᠵᠢᠬᠦᠯᠵᠦ᠂ 《ᠢᠯᠡᠭᠦᠦ ᠤᠰᠤ ᠬᠡᠷᠡᠭᠯᠡᠪᠡᠯ ᠢᠯᠡᠭᠦᠦ ᠵᠣᠭᠣᠰ ᠲᠤᠰᠢᠶᠠᠬᠤ》 ᠵᠢ ᠢᠯᠡᠷᠡᠬᠦᠯᠦᠨ᠎ᠡ᠃ ᠵᠠᠷᠢᠮ ᠭᠠᠵᠠᠷ ᠣᠷᠣᠨ᠎ᠤ ᠤᠰᠤ ᠬᠡᠷᠡᠭᠯᠡᠬᠦ ᠬᠡᠮᠵᠢᠶᠡᠨ᠎ᠤ ᠵᠢᠯ᠎ᠤᠨ ᠬᠣᠭᠣᠷᠣᠨᠳᠣᠬᠢ ᠬᠤᠪᠢᠷᠠᠯᠲᠠ᠎ᠨᠢ ᠨᠡᠯᠢᠶᠡᠳ ᠶᠡᠬᠡ᠂ ᠪᠣᠷᠣᠭ᠋ᠠᠨ ᠬᠤᠷ᠎ᠠ ᠲᠡᠭᠰᠢ ᠪᠠᠶ᠋ᠢᠭ᠎ᠠ ᠵᠢᠯ᠎ᠤᠨ ᠦᠵᠡᠮᠵᠢ᠎ᠳᠤ ᠤᠰᠤ ᠬᠡᠷᠡᠭᠯᠡᠬᠦ᠎ᠨᠢ ᠪᠠᠭ᠎ᠠ᠂ ᠭᠠᠩ ᠬᠠᠭᠰᠠᠷᠭ᠋ᠠᠨ᠎ᠲᠠᠢ ᠵᠢᠯ᠎ᠳᠤ ᠤᠰᠤ ᠬᠡᠷᠡᠭᠯᠡᠬᠦ᠎ᠨᠢ ᠢᠯᠡᠬᠦᠦ ᠪᠠᠢ᠌ᠬᠤ ᠪᠠᠢ᠌ᠳᠠᠯ᠎ᠢ ᠪᠤᠳᠤᠯᠬᠢᠯᠠᠵᠤ᠂ ᠢᠨᠵᠧᠨᠧᠷᠢᠩ᠎ᠤᠨ ᠬᠡᠪ᠎ᠤᠨ ᠠᠵᠢᠯᠯᠠᠭ᠋ᠠᠨ᠎ᠢ ᠪᠠᠳᠤᠯᠠᠵᠤ᠂ ᠦᠷ᠎ᠡ ᠠᠰᠢᠭ᠎ᠢ ᠦᠷᠭᠦᠯᠵᠢᠯᠡᠨ ᠪᠠᠳᠠᠷᠠᠭᠤᠯᠬᠤ ᠵᠢᠨ ᠲᠤᠯᠠᠳᠠ᠂ 《ᠰᠠᠨᠠᠯ》᠎ᠳᠤ ᠡᠨᠡ ᠲᠥᠷᠥᠯ᠎ᠤᠨ ᠭᠠᠵᠠᠷ ᠣᠷᠣᠨ᠎ᠳᠤ ᠦᠨᠳᠦᠰᠦᠨ ᠤᠰᠤᠨ᠎ᠤ ᠦᠨ᠎ᠡ ᠪᠣᠯᠤᠨ ᠬᠡᠮᠵᠢᠯᠲᠡ ᠵᠢᠨ ᠤᠰᠤᠨ᠎ᠤ ᠦᠨ᠎ᠡ ᠵᠢ ᠬᠠᠷᠢᠯᠴᠠᠨ ᠤᠶᠠᠯᠳᠤᠭᠤᠯᠬᠤ ᠬᠣᠶᠠᠷ ᠵᠤᠢ᠌ᠯ᠎ᠤᠨ ᠤᠰᠤᠨ᠎ᠤ ᠦᠨ᠎ᠡ ᠬᠠᠩᠰᠢ ᠵᠢ ᠬᠡᠷᠡᠭᠵᠢᠬᠦᠯᠦᠨ᠎ᠡ ᠭᠡᠵᠦ ᠲᠣᠳᠣᠷᠬᠠᠶ᠋ᠢᠯᠠᠭᠰᠠᠨ ᠪᠠᠶ᠋ᠢᠨ᠎ᠠ᠃ ᠤᠰᠤ ᠬᠡᠷᠡᠭᠯᠡᠬᠦ ᠬᠡᠮᠵᠢᠶ᠎ᠡ᠎ᠨᠢ ᠤᠯᠠᠷᠢᠯ᠎ᠤᠨ ᠨᠥᠯᠥᠭᠡ ᠵᠢ ᠨᠡᠯᠢᠶᠡᠳ ᠶᠡᠬᠡ ᠬᠦᠷᠲᠡᠭᠰᠡᠨ ᠭᠠᠵᠠᠷ ᠣᠷᠣᠨ᠎ᠳᠤ ᠠᠳᠠᠯᠢ ᠪᠤᠰᠤ ᠤᠯᠠᠷᠢᠯ᠎ᠤᠨ ᠤᠰᠤᠨ᠎ᠤ ᠦᠨ᠎ᠡ ᠬᠠᠩᠰᠢ ᠵᠢ ᠬᠡᠷᠡᠭᠵᠢᠭᠦᠯᠵᠦ ᠪᠣᠯᠤᠨ᠎ᠠ᠃ ᠴᠤᠬᠤᠮ ᠶᠠᠮᠠᠷ ᠵᠦᠢ᠍ᠯ᠎ᠤᠨ ᠤᠰᠤᠨ᠎ᠤ ᠦᠨ᠎ᠡ ᠵᠢᠨ ᠳᠦᠷᠢᠮ᠎ᠢ ᠪᠣᠳᠠᠲᠠᠢ ᠬᠡᠷᠡᠭᠵᠢᠭᠦᠯᠬᠦ ᠲᠤᠬᠠᠢ ᠡᠯ᠎ᠡ ᠭᠠᠵᠠᠷ᠎ᠤᠨ᠎ᠬᠢᠨ᠎ᠨᠢ ᠭᠠᠵᠠᠷ ᠣᠷᠣᠨ᠎ᠤ ᠪᠠᠶ᠋ᠢᠳᠠᠯ᠎ᠳᠠᠭᠠᠨ ᠲᠣᠬᠢᠷᠠᠭᠤᠯᠤᠨ ᠬᠠᠶ᠋ᠢᠨ ᠰᠦᠪᠡᠭᠴᠢᠯᠡᠬᠦ ᠬᠡᠷᠡᠭᠲᠡᠢ᠃
      ᠰᠤᠷᠪᠤᠯᠵᠢᠯᠠᠭᠴᠢ᠄ ᠲᠠᠷᠢᠶᠠᠯᠠᠩ᠎ᠤᠨ ᠤᠰᠤᠨ᠎ᠤ ᠦᠨ᠎ᠡ ᠵᠢᠨ ᠶᠡᠷᠦᠩᠬᠡᠶ᠋ᠢᠯᠡᠭᠰᠡᠨ ᠥᠭᠡᠷᠡᠴᠢᠯᠡᠯᠲᠡ᠎ᠨᠢ ᠵᠠᠬ᠎ᠠ ᠳᠡᠯᠭᠡᠭᠦᠷ᠎ᠤᠨ ᠲᠣᠭᠲᠠᠴᠠ ᠵᠢᠨ ᠦᠢ᠍ᠯᠡᠳᠦᠯ᠎ᠢ ᠭᠦᠢ᠍ᠴᠡᠳ ᠪᠠᠳᠠᠷᠠᠭᠤᠯᠬᠤ ᠵᠢᠨ ᠬᠠᠮᠲᠤ ᠵᠠᠰᠠᠭ᠎ᠤᠨ ᠣᠷᠳᠣᠨ᠎ᠤ ᠦᠢ᠍ᠯᠡᠳᠦᠯ᠎ᠢ ᠬᠡᠷᠬᠢᠨ ᠨᠡᠩ ᠰᠠᠶ᠋ᠢᠨ ᠪᠠᠳᠠᠷᠠᠭᠤᠯᠬᠤ ᠪᠣᠢ?
      ᠡᠤ ᠸᠸᠨ ᠴᠢᠩ᠄ ᠲᠠᠷᠢᠶᠠᠯᠠᠩ᠎ᠤᠨ ᠤᠰᠤᠨ᠎ᠤ ᠦᠨ᠎ᠡ ᠵᠢᠨ ᠥᠭᠡᠷᠡᠴᠢᠯᠡᠯᠲᠡ᠎ᠨᠢ ᠲᠠᠷᠢᠶᠠᠴᠢᠨ ᠪᠣᠯᠤᠨ ᠠᠮᠤ ᠲᠠᠷᠢᠶᠠᠨ᠎ᠤ ᠠᠶᠤᠯᠬᠦᠢ ᠪᠠᠶ᠋ᠢᠳᠠᠯ᠎ᠢ ᠬᠤᠯᠪᠤᠭᠳᠠᠵᠤ ᠪᠠᠢ᠌ᠬᠤ ᠮᠦᠷᠲᠡᠭᠡᠨ ᠪᠠᠰᠠ ᠤᠰᠤᠨ᠎ᠤ ᠡᠬᠢ ᠪᠠᠶᠠᠯᠢᠭ ᠪᠣᠯᠤᠨ ᠤᠰᠤᠨ᠎ᠤ ᠠᠶᠤᠯᠬᠦᠢ ᠪᠠᠶ᠋ᠢᠳᠠᠯ᠎ᠲᠠᠢ ᠬᠤᠯᠪᠤᠭᠳᠠᠵᠤ ᠪᠠᠢ᠌ᠳᠠᠭ᠃ ᠪᠦᠳᠦᠬᠦᠯᠢᠭ ᠵᠶ᠋ᠡᠷ ᠦᠨ᠎ᠡ ᠬᠠᠩᠰᠢ ᠵᠢ ᠦᠰᠭᠡᠪᠡᠯ ᠲᠠᠷᠢᠶᠠᠴᠢᠳ ᠬᠦᠯᠢᠶᠡᠨ ᠠᠪᠴᠤ ᠲᠡᠢ᠌ᠯᠬᠦ ᠦᠭᠡᠢ᠂ ᠦᠨ᠎ᠡ ᠬᠠᠩᠰᠢ ᠵᠢ ᠦᠰᠭᠡᠬᠦ ᠦᠭᠡᠢ ᠪᠤᠯ ᠪᠠᠰᠠ ᠤᠰᠤ ᠠᠷᠪᠢᠯᠠᠬᠤ ᠪᠠ ᠢᠨᠵᠸᠨ᠋ᠸᠷᠢᠩ᠎ᠤᠨ ᠠᠵᠢᠯᠯᠠᠭ᠋ᠠᠨ᠎ᠳᠤ ᠠᠰᠢᠭ ᠦᠭᠡᠢ ᠪᠠᠢ᠌ᠳᠠᠭ᠃ ᠲᠠᠷᠢᠶᠠᠯᠠᠩ᠎ᠤᠨ ᠤᠰᠤᠨ᠎ᠤ ᠦᠨ᠎ᠡ ᠵᠢ ᠲᠤᠬᠢᠷᠠᠮᠵᠢᠳᠠᠢ ᠲᠡᠭᠡᠭᠰᠢᠯᠡᠬᠦᠯᠵᠦ ᠤᠰᠤ ᠠᠷᠪᠢᠯᠠᠬᠤ ᠵᠢ ᠠᠬᠢᠭᠤᠯᠬᠤ ᠵᠢᠨ ᠬᠠᠮᠳᠤ ᠡᠷᠬᠡᠪᠰᠢ ᠤᠨᠤᠪᠴᠢᠳᠠᠢ᠎ᠪᠠᠷ ᠨᠦᠬᠦᠪᠦᠷᠢ ᠤᠯᠭᠤᠬᠤ ᠪᠠ ᠤᠰᠤ ᠠᠷᠪᠢᠯᠠᠬᠤ ᠵᠢ ᠱᠠᠩᠨᠠᠬᠤ ᠵᠢ ᠬᠡᠷᠡᠭᠵᠢᠬᠦᠯᠵᠦ᠂ ᠲᠠᠷᠢᠶᠠᠴᠢᠳ᠎ᠤᠨ ᠵᠦᠢ ᠵᠣᠬᠢᠰᠲᠠᠢ ᠥᠨᠳᠥᠷ ᠦᠷ᠎ᠡ ᠪᠦᠲᠦᠮᠵᠢᠲᠡᠢ᠎ᠪᠠᠷ ᠤᠰᠤ ᠬᠡᠷᠡᠭᠯᠡᠬᠦ ᠵᠢ ᠪᠠᠲᠤᠯᠠᠬᠤ ᠪᠠᠶ᠋ᠢᠳᠠᠯ ᠳᠣᠣᠷ᠎ᠠ ᠤᠰᠤ ᠬᠡᠷᠡᠭᠯᠡᠵᠦ ᠲᠡᠢ᠌ᠯᠬᠦ   ᠪᠠᠢ᠌ᠯᠭ᠋ᠠᠵᠤ᠂ ᠲᠠᠷᠢᠶᠠᠴᠢᠳ᠎ᠤᠨ ᠠᠮᠤ ᠪᠤᠳᠠᠭ᠎ᠠ ᠲᠠᠷᠢᠬᠤ ᠢᠳᠡᠪᠬᠢᠵᠢᠯ᠎ᠢ ᠬᠠᠮᠠᠭ᠋ᠠᠯᠠᠵᠤ ᠴᠢᠳᠠᠬᠤ ᠬᠡᠷᠡᠭᠲᠡᠢ᠃ ᠡᠶ᠋ᠢᠮᠦ᠎ᠠᠴᠠ 《ᠰᠠᠨᠠᠯ》᠎ᠳᠤ ᠨᠠᠷᠢᠯᠢᠭ ᠣᠨᠣᠪᠴᠢᠲᠠᠢ ᠨᠥᠬᠥᠪᠥᠷᠢ ᠣᠯᠭᠣᠬᠤ ᠪᠣᠯᠤᠨ ᠤᠰᠤ   ᠠᠷᠪᠢᠯᠠᠬᠤ ᠱᠠᠩᠨᠠᠯ᠎ᠤᠨ ᠲᠤᠭᠳᠠᠴᠠ ᠵᠢ ᠪᠠᠶ᠋ᠢᠭᠤᠯᠬᠤ ᠵᠢ ᠳᠤᠷᠠᠳᠪᠠ᠃ ᠲᠠᠷᠢᠶᠠᠯᠠᠩ᠎ᠤᠨ ᠤᠰᠤ ᠬᠡᠷᠡᠭᠯᠡᠬᠦ᠎ᠳᠤ ᠨᠠᠷᠢᠯᠢᠭ ᠣᠨᠣᠪᠴᠢᠲᠠᠢ᠎ᠪᠠᠷ ᠨᠦᠬᠦᠪᠦᠷᠢ ᠤᠯᠭᠤᠬᠤ ᠲᠣᠭᠲᠠᠴᠠ ᠵᠢ ᠤᠰᠤ ᠠᠷᠪᠢᠯᠠᠬᠤ ᠦᠷ᠎ᠡ ᠪᠦᠲᠦᠮᠵᠢ᠂ ᠦᠨ᠎ᠡ ᠲᠣᠬᠢᠷᠠᠭᠤᠯᠬᠤ ᠬᠡᠮᠵᠢᠶ᠎ᠡ᠂ ᠡᠳ᠋᠎ᠤᠨ ᠬᠦᠴᠦᠨ᠎ᠤ ᠪᠠᠶ᠋ᠢᠳᠠᠯ᠎ᠯᠤᠭ᠎ᠠ ᠬᠠᠷᠢᠯᠴᠠᠨ ᠲᠦᠬᠦᠷᠵᠢᠬᠦᠯᠵᠦ᠂ ᠨᠥᠬᠥᠪᠥᠷᠢ ᠵᠢᠨ ᠪᠠᠷᠢᠮᠵᠢᠶ᠎ᠠ ᠵᠢ ᠲᠣᠭᠲᠠᠭ᠋ᠠᠭᠰᠠᠨ ᠨᠣᠷᠮ᠎ᠠ ᠵᠢᠨ ᠳᠣᠲᠣᠷᠠᠬᠢ ᠤᠰᠤ ᠬᠡᠷᠡᠭᠯᠡᠬᠦ ᠥᠪᠡᠷ᠎ᠤᠨ ᠥᠷᠲᠡᠭ ᠬᠢᠭᠡᠳ ᠠᠵᠢᠯᠯᠠᠭ᠋ᠠᠨ᠎ᠢ ᠬᠠᠮᠠᠭ᠋ᠠᠯᠠᠬᠤ ᠥᠪᠡᠷ᠎ᠤᠨ ᠥᠷᠲᠡᠭ᠎ᠤᠨ ᠵᠥᠷᠢᠶ᠎ᠡ ᠵᠢ ᠦᠨᠳᠦᠰᠦᠯᠡᠨ ᠲᠣᠭᠲᠠᠭ᠋ᠠᠨ᠎ᠠ᠃ ᠲᠤᠷᠰᠢᠯᠲᠠ ᠵᠢᠨ ᠴᠢᠭ᠎ᠤᠨ ᠦᠢ᠍ᠯᠡᠳᠦᠯᠭᠡ᠎ᠠᠴᠠ ᠦᠵᠡᠪᠡᠯ ᠭᠣᠣᠯᠳᠠᠭᠤ ᠬᠣᠶᠠᠷ ᠵᠦᠢ᠍ᠯ᠎ᠤᠨ ᠠᠷᠭ᠎ᠠ ᠪᠠᠶ᠋ᠢᠨ᠎ᠠ᠄ ᠨᠢᠭᠡᠳᠦᠭᠡᠷ ᠵᠦᠢ᠍ᠯ᠎ᠨᠢ   ᠢᠨᠵᠸᠨ᠋ᠸᠷᠢᠩ᠎ᠤᠨ ᠠᠵᠢᠯᠯᠠᠭ᠋ᠠᠨ᠎ᠢ ᠬᠠᠮᠠᠭ᠋ᠠᠯᠠᠬᠤ ᠥᠪᠡᠷ᠎ᠤᠨ ᠥᠷᠲᠡᠭ ᠳᠤᠲᠠᠬᠤ ᠪᠠᠶ᠋ᠢᠳᠠᠯ᠎ᠢ ᠦᠨᠳᠦᠰᠦᠯᠡᠵᠦ᠂ ᠤᠰᠤᠨ᠎ᠤ ᠬᠠᠮᠢᠶᠠᠷᠤᠯᠲᠠ ᠵᠢᠨ ᠨᠢᠭᠡᠴᠢ᠂ ᠤᠰᠤ ᠬᠡᠷᠡᠭᠯᠡᠬᠦ ᠬᠣᠷᠰᠢᠭᠰᠠᠨ ᠵᠣᠬᠢᠶᠠᠨ ᠪᠠᠶ᠋ᠢᠭᠤᠯᠤᠯᠲᠠ ᠵᠡᠷᠭᠡ᠎ᠳᠤ ᠨᠥᠬᠥᠪᠥᠷᠢ ᠥᠭᠴᠦ᠂ ᠲᠠᠷᠢᠶᠠᠴᠢᠨ ᠡᠷᠦᠬᠡ ᠵᠢᠨ ᠤᠰᠤ ᠬᠡᠷᠡᠭᠯᠡᠬᠦ ᠬᠡᠰᠡᠭ ᠥᠪᠡᠷ᠎ᠤᠨ ᠥᠷᠲᠡᠭ᠎ᠢ ᠬᠤᠪᠢᠶᠠᠨ ᠡᠬᠦᠷᠭᠡᠯᠡᠵᠦ᠂ ᠥᠰᠬᠡᠬᠦ ᠬᠡᠮᠵᠢᠶ᠎ᠡ ᠶᠡᠬᠡ ᠪᠢᠰᠢ ᠪᠠᠶ᠋ᠢᠳᠠᠯ ᠳᠣᠣᠷ᠎ᠠ᠂ ᠢᠨᠵᠸᠨ᠋ᠸᠷᠢᠩ᠎ᠤᠨ ᠬᠡᠪ᠎ᠤᠨ ᠶᠣᠰᠣᠭ᠋ᠠᠷ ᠠᠵᠢᠯᠯᠠᠬᠤ ᠵᠢ ᠪᠠᠲᠤᠯᠠᠬᠤ ᠬᠡᠷᠡᠭᠲᠡᠢ ᠡᠨᠡᠬᠦ ᠬᠡᠯᠪᠡᠷᠢ ᠵᠢ ᠬᠡᠷᠡᠭᠯᠡᠭᠴᠢᠳ᠎ᠳᠤ ᠠᠮᠠᠷᠬᠠᠨ ᠬᠦᠯᠢᠶᠡᠨ ᠠᠪᠴᠤ᠂ ᠪᠤᠳᠠᠳᠠᠢ ᠶᠠᠪᠤᠳᠠᠭᠤᠯᠬᠤ᠎ᠳᠤ ᠲᠦᠬᠦᠮ ᠪᠠᠢ᠌ᠳᠠᠭ᠃ ᠭᠡᠪᠡᠴᠦ ᠤᠰᠤ ᠠᠷᠪᠢᠯᠠᠬᠤ ᠵᠢ ᠤᠷᠮᠠᠰᠢᠭᠤᠯᠬᠤ ᠦᠢ᠍ᠯᠡᠳᠦᠯ᠎ᠨᠢ ᠲᠡᠢ᠌ᠮᠦ ᠰᠢᠭᠤᠳ ᠪᠤᠰᠤ ᠪᠤᠯᠤᠨ᠎ᠠ᠃ ᠬᠣᠶᠠᠳᠤᠭ᠋ᠠᠷ ᠵᠦᠢ᠍ᠯ᠎ᠨᠢ ᠤᠰᠤᠨ᠎ᠤ ᠦᠨ᠎ᠡ ᠵᠢ ᠦᠰᠭᠡᠭᠰᠡᠨ᠎ᠤ ᠳᠠᠷᠠᠭ᠎ᠠ᠂ ᠲᠠᠷᠢᠶᠠᠯᠠᠬᠤ ᠡᠷᠦᠬᠡ ᠲᠣᠭᠲᠠᠭᠰᠠᠨ ᠨᠣᠷᠮ᠎ᠠ ᠵᠢᠨ ᠳᠣᠲᠣᠷ᠎ᠠ ᠤᠰᠤ ᠬᠡᠷᠡᠭᠯᠡᠭᠰᠡᠨ ᠪᠠᠢ᠌ᠪᠠᠯ ᠨᠥᠬᠥᠪᠥᠷᠢ ᠦᠭᠴᠦ᠂ ᠠᠮᠤ ᠪᠤᠳᠠᠭ᠎ᠠ ᠲᠠᠷᠢᠬᠤ ᠢᠳᠡᠪᠬᠢᠵᠢᠯ᠎ᠢ ᠬᠠᠮᠠᠭ᠋ᠠᠯᠠᠬᠤ ᠵᠢᠨ ᠬᠠᠮᠲᠤ ᠲᠠᠷᠢᠶᠠᠴᠢᠨ ᠡᠷᠦᠬᠡ ᠵᠢᠨ ᠤᠰᠤ ᠠᠷᠪᠢᠯᠠᠬᠤ ᠠᠷᠭ᠎ᠠ ᠬᠡᠮᠵᠢᠶ᠎ᠡ ᠠᠪᠴᠤ ᠪᠠᠶ᠋ᠢᠭ᠋ᠠᠳ ᠤᠰᠤ ᠬᠡᠷᠡᠭᠯᠡᠬᠦ ᠬᠡᠮᠵᠢᠶ᠎ᠡ ᠵᠢ ᠲᠣᠭᠲᠠᠭᠰᠠᠨ   ᠨᠤᠷᠮ᠎ᠠ ᠵᠢᠨ ᠳᠣᠲᠣᠷ᠎ᠠ ᠬᠢᠵᠠᠭ᠋ᠠᠷᠯᠠᠬᠤ ᠵᠢ ᠵᠤᠷᠢᠭᠵᠢᠭᠤᠯᠤᠨ᠎ᠠ᠃ ᠡᠨᠡ ᠬᠦ᠌ ᠠᠷᠭ᠎ᠠ ᠮᠠᠶᠢᠭ᠎ᠨᠢ ᠤᠰᠤ ᠠᠷᠪᠢᠯᠠᠬᠤ ᠵᠢ ᠤᠷᠮᠠᠰᠢᠭᠤᠯᠬᠤ ᠦᠢ᠍ᠯᠡᠳᠦᠯ᠎ᠨᠢ ᠨᠡᠩ ᠰᠢᠭᠤᠳ ᠪᠣᠯᠪᠠᠴᠤ ᠬᠡᠮᠵᠢᠯᠲᠡ ᠵᠢᠨ ᠱᠠᠭ᠋ᠠᠷᠳᠠᠯᠭ᠎ᠠ᠎ᠨᠢ ᠥᠨᠳᠥᠷ᠂ ᠪᠤᠳᠤᠳᠠᠢ ᠬᠡᠷᠡᠭᠵᠢᠬᠦᠯᠬᠦ᠎ᠳᠤ ᠬᠠᠷᠢᠴᠠᠩᠭᠤᠢ ᠪᠤᠳᠤᠯᠢᠶᠠᠨᠳᠠᠢ ᠪᠠᠶ᠋ᠢᠳᠠᠭ᠃ ᠨᠠᠷᠢᠯᠢᠭ ᠣᠨᠣᠪᠴᠢᠲᠠᠢ᠎ᠪᠠᠷ ᠨᠥᠬᠥᠪᠥᠷᠢ ᠤᠯᠭᠤᠬᠤ ᠲᠣᠭᠲᠠᠴᠠ ᠪᠣᠯ ᠨᠢᠭᠡ ᠵᠦᠢ᠍ᠯ᠎ᠤᠨ ᠰᠢᠨ᠎ᠡ ᠵᠢ ᠡᠭᠦᠳᠬᠦ ᠴᠢᠨᠠᠷᠲᠠᠢ ᠠᠵᠢᠯ ᠪᠠᠢ᠌ᠵᠤ᠂ ᠡᠯ᠎ᠡ ᠭᠠᠵᠠᠷ᠎ᠤᠨ ᠢᠨᠵᠸᠨ᠋ᠸᠷᠢᠩ᠎ᠤᠨ ᠪᠡᠯᠡᠳᠬᠡᠮᠵᠢ᠂ ᠤᠰᠤ ᠬᠡᠷᠡᠭᠯᠡᠬᠦ ᠬᠠᠮᠢᠶᠠᠷᠤᠯᠲᠠ᠂ ᠡᠳ᠋᠎ᠤᠨ ᠬᠦᠴᠦᠨ᠎ᠤ ᠪᠠᠶ᠋ᠢᠳᠠᠯ ᠵᠡᠷᠭᠡ ᠵᠥᠷᠢᠶ᠎ᠡ ᠨᠡᠯᠢᠶᠡᠳ ᠶᠡᠬᠡ ᠪᠠᠶ᠋ᠢᠭ᠎ᠠ ᠪᠠᠢ᠌ᠳᠠᠯ᠎ᠢ ᠪᠤᠳᠤᠯᠬᠢᠯᠠᠵᠤ᠂ ᠨᠥᠬᠥᠪᠥᠷᠢ ᠵᠢᠨ ᠪᠣᠳᠠᠲᠠᠢ ᠶᠠᠪᠤᠳᠠᠯ᠎ᠢ ᠡᠯ᠎ᠡ ᠭᠠᠵᠠᠷ᠎ᠨᠢ ᠲᠤᠰ ᠲᠤᠰ᠎ᠤᠨ ᠪᠣᠳᠠᠲᠠᠢ᠎ᠲᠠᠢ᠎ᠪᠠᠨ ᠤᠶᠠᠯᠳᠤᠭᠤᠯᠤᠨ ᠲᠣᠭᠲᠠᠭ᠋ᠠᠵᠤ ᠪᠣᠯᠤᠨ᠎ᠠ᠃ 《ᠰᠠᠨᠠᠯ》᠎ᠳᠤ ᠪᠠᠰᠠ ᠤᠰᠤ ᠠᠷᠪᠢᠯᠠᠬᠤ ᠵᠢ ᠱᠠᠩᠨᠠᠬᠤ ᠲᠣᠭᠲᠠᠴᠠ ᠵᠢ ᠪᠠᠶ᠋ᠢᠭᠤᠯᠬᠤ᠎ᠪᠠᠷ ᠳᠤᠷᠠᠳᠪᠠ᠃ ᠤᠰᠤ ᠠᠷᠪᠢᠯᠠᠬᠤ ᠬᠡᠮᠵᠢᠶ᠎ᠡ ᠵᠢ ᠦᠨᠳᠦᠰᠦᠯᠡᠨ ᠤᠰᠤ ᠠᠷᠪᠢᠯᠠᠬᠤ ᠠᠷᠭ᠎ᠠ ᠬᠡᠮᠵᠢᠶ᠎ᠡ ᠠᠪᠬᠤ᠂ ᠲᠠᠷᠢᠮᠠᠯ᠎ᠤᠨ ᠪᠦᠲᠦᠴᠡ᠎ᠳᠤ ᠲᠣᠬᠢᠷᠠᠭᠤᠯᠤᠯᠲᠠ ᠬᠢᠵᠦ ᠤᠰᠤ ᠠᠷᠪᠢᠯᠠᠬᠤ ᠬᠡᠪᠴᠢᠶᠡᠵᠢᠯ᠎ᠤᠨ ᠡᠵᠡᠩᠨᠡᠯᠲᠡ ᠵᠢᠨ ᠭᠣᠣᠯ ᠴᠣᠭᠴᠠ᠂ ᠲᠠᠷᠢᠶᠠᠴᠢᠳ᠎ᠤᠨ ᠤᠰᠤ ᠬᠡᠷᠡᠭᠯᠡᠬᠦ ᠬᠤᠷᠰᠢᠶᠠᠵᠢᠯ᠎ᠤᠨ ᠵᠣᠬᠢᠶᠠᠨ ᠪᠠᠶ᠋ᠢᠭᠤᠯᠤᠯᠲᠠ ᠪᠠ ᠲᠠᠷᠢᠶᠠᠴᠢᠨ ᠡᠷᠦᠬᠡ᠎ᠳᠤ ᠱᠠᠩᠨᠠᠯ ᠣᠯᠭᠣᠬᠤ ᠪᠤᠶᠤ ᠦᠨ᠎ᠡ ᠨᠡᠮᠡᠵᠦ ᠪᠠᠶ᠋ᠢᠭ᠋ᠠᠳ ᠬᠡᠷᠡᠭᠯᠡᠭᠴᠢ ᠵᠢᠨ ᠠᠷᠪᠢᠯᠠᠭᠰᠠᠨ ᠤᠰᠤᠨ᠎ᠤ ᠬᠡᠮᠵᠢᠶ᠎ᠡ ᠵᠢ ᠪᠤᠴᠠᠭ᠋ᠠᠨ ᠬᠤᠳᠠᠯᠳᠤᠨ ᠠᠪᠴᠤ᠂ ᠤᠰᠤ ᠠᠷᠪᠢᠯᠠᠭᠴᠢ᠎ᠳᠤ ᠦᠷ᠎ᠡ ᠠᠰᠢᠭ   ᠬᠦᠷᠳᠡᠭᠡᠵᠦ᠂ ᠬᠡᠷᠡᠭᠯᠡᠭᠴᠢ ᠵᠢᠨ ᠰᠠᠨᠠᠭ᠋ᠠᠴᠢᠯᠠᠭ᠎ᠠ᠎ᠠᠴᠠ᠎ᠪᠠᠨ ᠤᠰᠤ ᠠᠷᠪᠢᠯᠠᠬᠤ ᠤᠬᠠᠮᠰᠠᠷ ᠪᠠ ᠢᠳᠡᠪᠬᠢᠵᠢᠯ᠎ᠢ ᠴᠢᠩᠭ᠋ᠠᠳᠬᠠᠨ᠎ᠠ᠃ ᠨᠠᠷᠢᠯᠢᠭ ᠣᠨᠣᠪᠴᠢᠲᠠᠢ ᠨᠥᠬᠥᠪᠥᠷᠢ ᠤᠯᠭᠤᠬᠤ ᠪᠣᠯᠤᠨ ᠤᠰᠤ ᠠᠷᠪᠢᠯᠠᠬᠤ ᠵᠢ ᠱᠠᠩᠨᠠᠨ ᠬᠥᠬᠢᠭᠦᠯᠬᠦ ᠲᠣᠭᠲᠠᠴᠠ᠎ᠨᠢ ᠦᠢ᠍ᠯᠡᠳᠦᠯ ᠵᠶ᠋ᠡᠨ ᠵᠢᠩᠬᠢᠨᠢ ᠪᠠᠳᠠᠷᠠᠭᠤᠯᠵᠤ ᠴᠢᠳᠠᠬᠤ ᠡᠰᠡᠬᠦ ᠵᠢᠨ ᠵᠠᠩᠭᠢᠯᠠᠭ᠎ᠠ᠎ᠨᠢ ᠪᠡᠯᠡ ᠮᠥᠩᠭᠥ ᠵᠢ ᠨᠠᠶ᠋ᠢᠳᠠᠪᠤᠷᠢᠵᠢᠭᠤᠯᠬᠤ ᠶᠠᠪᠤᠳᠠᠯ ᠪᠣᠯᠤᠨ᠎ᠠ᠃ 《ᠰᠠᠨᠠᠯ》᠎ᠳᠤ ᠡᠳ᠋᠎ᠤᠨ ᠵᠠᠰᠠᠭ᠎ᠠᠴᠠ ᠲᠣᠬᠢᠷᠠᠭᠤᠯᠤᠭᠰᠠᠨ ᠤᠰᠤᠨ᠎ᠤ ᠬᠠᠮᠢᠶᠠᠷᠤᠯᠲᠠ ᠵᠢᠨ ᠨᠢᠭᠡᠴᠢ ᠵᠢᠨ ᠨᠡᠶ᠋ᠢᠲᠡ ᠵᠢᠨ ᠠᠰᠠᠷᠠᠮᠵᠢ ᠵᠢᠨ ᠴᠢᠨᠠᠷᠲᠠᠢ ᠠᠵᠢᠯᠲᠠᠨ᠎ᠤ ᠦᠨᠳᠦᠰᠦᠨ ᠵᠠᠷᠤᠯᠭ᠎ᠠ ᠪᠠ ᠪᠠᠷᠢᠯᠭ᠎ᠠ ᠵᠢᠨ ᠨᠡᠶ᠋ᠢᠲᠡ ᠵᠢᠨ ᠠᠰᠠᠷᠠᠮᠵᠢ ᠵᠢᠨ ᠴᠢᠨᠠᠷᠲᠠᠢ ᠬᠡᠰᠡᠭ ᠰᠡᠯᠪᠢᠨ ᠵᠠᠰᠠᠵᠤ ᠠᠷᠠᠴᠢᠯᠠᠨ ᠬᠠᠮᠠᠭ᠋ᠠᠯᠠᠬᠤ ᠵᠠᠷᠤᠳᠠᠯ᠂ ᠲᠠᠷᠢᠶᠠᠯᠠᠩ᠎ᠤᠨ ᠤᠰᠤᠯᠠᠬᠤ ᠪᠠ ᠤᠰᠤ ᠵᠠᠯᠠᠬᠤ ᠪᠠᠷᠢᠯᠭ᠎ᠠ ᠵᠢᠨ ᠠᠵᠢᠯᠯᠠᠭ᠋ᠠᠨ᠎ᠤ ᠬᠠᠮᠢᠶᠠᠷᠤᠯᠲᠠ ᠵᠢᠨ ᠵᠠᠷᠤᠳᠠᠯ᠂ ᠲᠠᠷᠢᠶᠠᠨ ᠭᠠᠵᠠᠷ᠎ᠤᠨ ᠤᠰᠤᠨ ᠠᠰᠢᠭᠯᠠᠯᠲᠠ ᠵᠢᠨ ᠪᠠᠷᠢᠯᠭ᠎ᠠ ᠵᠢᠨ ᠲᠥᠬᠥᠭᠡᠷᠦᠮᠵᠢ ᠵᠢ ᠰᠡᠯᠪᠢᠨ ᠵᠠᠰᠠᠵᠤ ᠠᠷᠠᠴᠢᠯᠠᠨ ᠬᠠᠮᠠᠭ᠋ᠠᠯᠠᠬᠤ ᠨᠥᠬᠥᠪᠥᠷᠢ᠂ ᠤᠰᠤ ᠲᠣᠬᠢᠷᠠᠭᠤᠯᠬᠤ ᠵᠠᠷᠤᠳᠠᠯ᠎ᠤᠨ ᠨᠥᠬᠥᠪᠥᠷᠢ᠂ ᠤᠰᠤ ᠲᠠᠲᠠᠬᠤ ᠴᠠᠬᠢᠯᠭ᠋ᠠᠨ᠎ᠤ ᠰᠦᠢ᠍ᠳᠬᠡᠯ᠎ᠤᠨ ᠨᠥᠬᠥᠪᠥᠷᠢ᠂ ᠲᠠᠷᠢᠶᠠᠯᠠᠩ᠎ᠤᠨ ᠱᠠᠩᠨᠠᠯ ᠨᠥᠬᠥᠪᠥᠷᠢ ᠵᠢᠨ ᠪᠡᠯᠡ ᠮᠥᠩᠭᠥ ᠵᠡᠷᠭᠡ ᠵᠢ ᠴᠥᠮ ᠨᠠᠷᠢᠯᠢᠭ ᠤᠨᠤᠪᠴᠢᠳᠠᠢ ᠨᠦᠬᠦᠪᠦᠷᠢ ᠪᠠ ᠤᠰᠤ ᠠᠷᠪᠢᠯᠠᠬᠤ ᠱᠠᠩᠨᠠᠯ᠎ᠤᠨ ᠮᠦᠩᠬᠦ ᠵᠢᠨ ᠢᠷᠡᠯᠳᠡ ᠪᠤᠯᠭ᠋ᠠᠵᠤ ᠪᠤᠯᠤᠨ᠎ᠠ᠃
      ᠰᠤᠷᠪᠤᠯᠵᠢᠯᠠᠭᠴᠢ᠄ 《ᠰᠠᠨᠠᠯ》᠎ᠤᠨ ᠨᠠᠶ᠋ᠢᠳᠠᠪᠤᠷᠢᠵᠢᠭᠤᠯᠤᠯᠲᠠ ᠵᠢ ᠬᠡᠷᠬᠢᠨ ᠰᠠᠶ᠋ᠢᠲᠤᠷ ᠬᠢᠬᠦ ᠪᠣᠢ?
      ᠡᠤ ᠸᠸᠨ ᠴᠢᠩ᠄ ᠡᠯ᠎ᠡ ᠵᠤᠢ᠌ᠯ᠎ᠤᠨ ᠲᠦᠷᠦ ᠵᠢᠨ ᠪᠣᠳᠣᠯᠭ᠎ᠠ ᠵᠢᠨ ᠠᠷᠭ᠎ᠠ ᠬᠡᠮᠵᠢᠶᠡᠨ᠎ᠤ ᠬᠡᠷᠡᠭᠵᠢᠯᠲᠡ ᠵᠢ ᠠᠬᠢᠭᠤᠯᠬᠤ ᠵᠣᠷᠢᠯᠭ᠎ᠠ᠎ᠪᠠᠷ᠂ 《ᠰᠠᠨᠠᠯ》᠎ᠢ ᠭᠤᠷᠪᠠᠨ ᠲᠠᠯ᠎ᠠ᠎ᠪᠠᠷ ᠲᠤᠬᠢᠷᠠᠭᠤᠯᠤᠨ ᠪᠠᠢ᠌ᠷᠢᠯᠠᠭᠤᠯᠪᠠ᠄ ᠨᠢᠭᠡ᠎ᠳᠤ ᠣᠷᠣᠨ ᠨᠤᠲᠤᠭ᠎ᠤᠨ ᠬᠠᠷᠢᠭᠤᠴᠠᠯᠭ᠎ᠠ ᠵᠢ ᠨᠠᠢ᠌ᠳᠠᠪᠤᠷᠢᠵᠢᠭᠤᠯᠤᠨ᠎ᠠ᠃ ᠲᠠᠷᠢᠶᠠᠯᠠᠩ᠎ᠤᠨ ᠤᠰᠤᠨ᠎ᠤ ᠦᠨ᠎ᠡ ᠬᠠᠩᠰᠢ ᠵᠢᠨ ᠶᠡᠷᠦᠩᠬᠡᠢ᠌ᠯᠡᠭᠰᠡᠨ ᠥᠭᠡᠷᠡᠴᠢᠯᠡᠯᠲᠡ᠎ᠨᠢ ᠭᠣᠣᠯᠳᠠᠭᠤ ᠣᠷᠣᠨ ᠨᠤᠲᠤᠭ᠎ᠤᠨ ᠠᠵᠢᠯ ᠶᠠᠪᠤᠳᠠᠯ᠎ᠤᠨ ᠡᠷᠬᠡ ᠪᠤᠯᠬᠤ ᠵᠢ ᠪᠤᠳᠤᠯᠬᠢᠯᠠᠵᠤ᠂ 《ᠰᠠᠨᠠᠯ》᠎ᠳᠤ ᠮᠣᠵᠢ ᠵᠢᠨ ᠱᠠᠲᠤᠨ᠎ᠤ ᠠᠷᠠᠳ᠎ᠤᠨ ᠵᠠᠰᠠᠭ᠎ᠤᠨ ᠣᠷᠳᠣᠨ᠎ᠨᠢ ᠲᠤᠰ ᠵᠠᠰᠠᠭ ᠵᠠᠬᠢᠷᠭ᠋ᠠᠨ᠎ᠤ ᠣᠷᠣᠨ᠎ᠤ ᠲᠠᠷᠢᠶᠠᠯᠠᠩ᠎ᠤᠨ ᠤᠰᠤᠨ᠎ᠤ ᠦᠨ᠎ᠡ ᠬᠠᠩᠰᠢ ᠵᠢᠨ ᠶᠡᠷᠦᠩᠬᠡᠢ᠌ᠯᠡᠭᠰᠡᠨ ᠥᠭᠡᠷᠡᠴᠢᠯᠡᠯᠲᠡ ᠵᠢᠨ ᠠᠵᠢᠯ᠎ᠳᠤ ᠶᠡᠷᠦᠩᠬᠡᠢ ᠬᠠᠷᠢᠭᠤᠴᠠᠯᠭ᠎ᠠ ᠵᠢ ᠡᠬᠦᠷᠭᠡᠯᠡᠵᠦ᠂ ᠡᠯ᠎ᠡ ᠵᠤᠢ᠌ᠯ᠎ᠤᠨ ᠠᠷᠭ᠎ᠠ ᠬᠡᠮᠵᠢᠶ᠎ᠡ ᠵᠢ ᠨᠠᠢ᠌ᠳᠠᠪᠤᠷᠢᠵᠢᠭᠤᠯᠬᠤ ᠵᠢ ᠰᠠᠢ᠌ᠳᠤᠷ ᠠᠳᠬᠤᠬᠤ ᠬᠡᠷᠡᠭᠲᠡᠢ ᠭᠡᠵᠦ ᠲᠣᠳᠣᠷᠬᠠᠶ᠋ᠢᠯᠠᠪᠠ᠃ ᠡᠭᠦᠨ᠎ᠳᠤ᠂ ᠨᠢᠭᠡᠨᠳᠡ ᠲᠣᠭᠲᠠᠭ᠋ᠠᠭᠰᠠᠨ ᠬᠡᠷᠡᠭᠵᠢᠭᠦᠯᠬᠦ ᠲᠥᠰᠦᠯ ᠪᠣᠯᠤᠨ ᠣᠨ᠎ᠤ ᠲᠥᠯᠥᠪᠯᠡᠭᠡ᠎ᠨᠢ ᠨᠡᠩ ᠴᠤ᠌ ᠵᠠᠩᠭᠢᠯᠠᠭ᠎ᠠ ᠪᠣᠯᠤᠨ᠎ᠠ᠃ ᠡᠨᠡ ᠪᠣᠯ ᠡᠯ᠎ᠡ ᠭᠠᠵᠠᠷ᠎ᠤᠨ ᠲᠠᠷᠢᠶᠠᠯᠠᠩ᠎ᠤᠨ ᠤᠰᠤᠨ᠎ᠤ ᠦᠨ᠎ᠡ ᠵᠢᠨ ᠶᠡᠷᠦᠩᠬᠡᠶ᠋ᠢᠯᠡᠭᠰᠡᠨ ᠥᠭᠡᠷᠡᠴᠢᠯᠡᠯᠲᠡ ᠵᠢᠨ ᠦᠵᠦ ᠲᠥᠯᠥᠪᠯᠡᠭᠡ ᠪᠣᠯᠤᠨ ᠠᠵᠢᠯᠯᠠᠭ᠎ᠠ ᠵᠢᠨ ᠵᠦᠭᠯᠡᠭᠦᠷ ᠪᠤᠯᠬᠤ ᠮᠦᠷᠲᠡᠭᠡᠨ ᠮᠦᠨ ᠴᠤ᠌ ᠥᠭᠡᠷᠡᠴᠢᠯᠡᠯᠲᠡ ᠵᠢᠨ ᠠᠵᠢᠯ᠎ᠢ ᠬᠢᠨᠠᠨ ᠰᠢᠯᠭ᠋ᠠᠵᠤ ᠦᠨᠡᠯᠡᠬᠦ ᠦᠨᠳᠦᠰᠦᠨ ᠡᠰᠢ ᠪᠠᠷᠢᠮᠲᠠ ᠪᠣᠯᠬᠤ ᠪᠣᠯᠤᠨ᠎ᠠ᠃ ᠬᠣᠶᠠᠷ᠎ᠲᠤ ᠵᠢᠭ᠋ᠠᠨ ᠵᠢᠯᠣᠭᠣᠳᠴᠤ ᠵᠣᠬᠢᠴᠠᠭᠤᠯᠬᠤ ᠵᠢ ᠴᠢᠩᠭ᠋ᠠᠳᠬᠠᠨ᠎ᠠ᠃ ᠲᠠᠷᠢᠶᠠᠯᠠᠩ᠎ᠤᠨ ᠤᠰᠤᠨ᠎ᠤ ᠦᠨ᠎ᠡ ᠬᠠᠩᠰᠢ ᠵᠢᠨ ᠶᠡᠷᠦᠩᠬᠡᠢ᠌ᠯᠡᠭᠰᠡᠨ ᠥᠭᠡᠷᠡᠴᠢᠯᠡᠯᠲᠡ ᠵᠢᠨ ᠡᠭᠦᠷᠭᠡ᠎ᠨᠢ ᠬᠠᠲᠠᠭᠤ ᠪᠡᠷᠬᠡ ᠪᠥᠭᠡᠳ ᠬᠦᠨᠳᠦ ᠨᠦᠰᠡᠷ ᠪᠠᠢ᠌ᠵᠤ᠂ ᠡᠯ᠎ᠡ ᠭᠠᠵᠠᠷ᠎ᠤᠨ ᠪᠠᠶ᠋ᠢᠳᠠᠯ᠎ᠤᠨ ᠵᠥᠷᠢᠶ᠎ᠡ ᠶᠡᠬᠡ᠂ ᠥᠭᠡᠷᠡᠴᠢᠯᠡᠯᠲᠡ ᠵᠢᠨ ᠠᠬᠢᠴᠠ᠎ᠨᠢ ᠠᠳᠠᠯᠢ ᠪᠤᠰᠤ ᠪᠠᠶ᠋ᠢᠵᠤ᠂ ᠥᠭᠡᠷᠡᠴᠢᠯᠡᠯᠲᠡ ᠵᠢᠨ ᠪᠦᠬᠦᠢ᠍ᠯᠡ ᠴᠣᠭᠴᠠ ᠵᠢᠨ ᠬᠡᠷᠡᠭᠵᠢᠭᠦᠯᠦᠯᠲᠡ ᠵᠢ ᠨᠢᠭᠡᠳᠦᠯᠲᠡᠢ ᠲᠥᠯᠥᠪᠯᠡᠨ ᠠᠬᠢᠭᠤᠯᠬᠤ ᠵᠢᠨ ᠲᠤᠰᠠᠳᠠ᠂ 《ᠰᠠᠨᠠᠯ》᠎ᠳᠤ ᠳᠥᠷᠪᠡᠨ ᠰᠠᠯᠠᠭ᠎ᠠ ᠮᠥᠴᠢᠷ ᠡᠭᠦᠷᠭᠡ ᠬᠠᠷᠢᠭᠤᠴᠠᠯᠭ᠎ᠠ᠎ᠪᠠᠨ ᠬᠢᠨᠠᠮᠠᠭ᠋ᠠᠢ ᠬᠦᠢ᠍ᠴᠡᠳᠭᠡᠵᠦ᠂ ᠵᠤᠬᠢᠴᠠᠭᠤᠯᠭ᠎ᠠ ᠬᠠᠮᠵᠢᠯᠴᠠᠭ᠎ᠠ᠎ᠪᠠᠨ ᠴᠢᠩᠭ᠋ᠠᠷᠠᠭᠤᠯᠤᠨ᠂ ᠡᠯ᠎ᠡ ᠭᠠᠵᠠᠷ᠎ᠤᠨ ᠥᠭᠡᠷᠡᠴᠢᠯᠡᠯᠲᠡ ᠵᠢᠨ ᠠᠵᠢᠯ᠎ᠤᠨ ᠵᠢᠯᠣᠭᠣᠳᠤᠯᠭ᠎ᠠ ᠪᠠ ᠳᠡᠮᠵᠢᠯᠭᠡ ᠵᠢᠨ ᠡᠷᠴᠢᠮ᠎ᠢ ᠨᠡᠮᠡᠭᠳᠡᠬᠦᠯᠵᠦ᠂ ᠵᠢᠯ ᠪᠦᠷᠢ ᠲᠥᠷᠥ ᠵᠢᠨ ᠶᠠᠪᠤᠳᠠᠯ᠎ᠤᠨ ᠬᠣᠷᠢᠶ᠎ᠠ᠎ᠳᠤ ᠠᠬᠢᠴᠠ ᠵᠢᠨ ᠪᠠᠶ᠋ᠢᠳᠠᠯ ᠵᠶ᠋ᠠᠨ ᠮᠡᠳᠡᠬᠦᠯᠬᠦ ᠬᠡᠷᠡᠭᠲᠡᠢ ᠭᠡᠵᠦ ᠲᠤᠳᠤᠷᠬᠠᠢ᠌ᠯᠠᠪᠠ᠃ 2016 ᠣᠨ᠎ᠤ 5 ᠰᠠᠷ᠎ᠠ᠎ᠳᠤ ᠳᠥᠷᠪᠡᠨ ᠶᠠᠮᠤᠨ ᠵᠥᠪᠯᠡᠯ ᠬᠣᠯᠪᠣᠭ᠋ᠠᠯᠠᠨ ᠮᠣᠵᠢ ᠵᠢᠨ ᠱᠠᠲᠤᠨ᠎ᠤ ᠬᠠᠮᠢᠶ᠎ᠠ ᠪᠦᠬᠦᠢ ᠰᠠᠯᠠᠭ᠎ᠠ ᠮᠥᠴᠢᠷ᠎ᠲᠤ ᠮᠡᠳᠡᠭᠳᠡᠯ ᠪᠠᠭᠤᠯᠭ᠋ᠠᠵᠤ᠂ 《ᠰᠠᠨᠠᠯ》᠎ᠤᠨ ᠵᠣᠷᠢᠭ ᠰᠠᠨᠠᠭ᠎ᠠ ᠵᠢ ᠭᠦᠨᠵᠡᠭᠡᠢ ᠲᠤᠤᠱᠯᠠᠭᠤᠯᠤᠨ᠂ ᠡᠭᠦᠷᠭᠡ᠎ᠪᠠᠨ ᠨᠠᠷᠢᠯᠢᠭᠵᠢᠭᠤᠯᠬᠤ ᠵᠢᠨ ᠬᠠᠮᠲᠤ᠂ ᠮᠣᠵᠢ ᠵᠢᠨ ᠱᠠᠲᠤᠨ᠎ᠤ ᠠᠷᠠᠳ᠎ᠤᠨ ᠵᠠᠰᠠᠭ᠎ᠤᠨ ᠣᠷᠳᠣᠨ᠎ᠤ ᠨᠢᠭᠡᠳᠦᠯᠲᠡᠢ ᠤᠳᠤᠷᠢᠳᠤᠯᠭ᠎ᠠ ᠳᠣᠣᠷᠠᠬᠢ ᠡᠯ᠎ᠡ ᠰᠠᠯᠠᠭ᠎ᠠ ᠮᠥᠴᠢᠷ ᠬᠠᠮᠲᠤ᠎ᠪᠠᠷ ᠣᠷᠣᠯᠴᠠᠭᠰᠠᠨ ᠠᠵᠢᠯ᠎ᠤᠨ ᠲᠣᠭᠲᠠᠴᠠ ᠵᠢ ᠪᠠᠶ᠋ᠢᠭᠤᠯᠵᠤ᠂ ᠬᠡᠷᠡᠭᠵᠢᠭᠦᠯᠬᠦ ᠲᠥᠰᠦᠯ ᠪᠣᠯᠤᠨ ᠣᠨ᠎ᠤ ᠬᠡᠷᠡᠭᠵᠢᠭᠦᠯᠬᠦ ᠲᠥᠯᠥᠪᠯᠡᠭᠡ ᠵᠢ ᠰᠢᠨᠵᠢᠯᠡᠬᠦ ᠤᠬᠠᠭ᠋ᠠᠨᠴᠢ᠎ᠪᠠᠷ ᠵᠣᠬᠢᠰᠲᠠᠢ ᠨᠠᠶ᠋ᠢᠷᠠᠭᠤᠯᠤᠨ ᠵᠣᠬᠢᠶᠠᠬᠤ ᠬᠡᠷᠡᠭᠲᠡᠢ ᠭᠡᠵᠦ ᠱᠠᠭ᠋ᠠᠷᠳᠠᠪᠠ᠃ ᠭᠤᠷᠪᠠ᠎ᠳᠤ᠂ ᠤᠬᠠᠭᠤᠯᠭ᠎ᠠ᠎ᠪᠠᠷ ᠬᠥᠲᠥᠯᠦᠨ ᠵᠢᠯᠣᠭᠣᠳᠬᠤ ᠵᠢ ᠴᠢᠩᠭ᠋ᠠᠳᠬᠠᠨ᠎ᠠ᠃ ᠲᠠᠷᠢᠶᠠᠯᠠᠩ᠎ᠤᠨ ᠤᠰᠤᠨ᠎ᠤ ᠦᠨ᠎ᠡ ᠵᠢᠨ ᠶᠡᠷᠦᠩᠬᠡᠶ᠋ᠢᠯᠡᠭᠰᠡᠨ ᠥᠭᠡᠷᠡᠴᠢᠯᠡᠯᠲᠡ ᠪᠣᠯ ᠨᠢᠭᠡ ᠵᠦᠢ᠍ᠯ᠎ᠤᠨ ᠪᠤᠳᠤᠯᠢᠶᠠᠨᠲᠠᠢ ᠰᠢᠰᠲ᠋ᠧᠮᠲᠦ ᠢᠨᠵᠧᠨᠧᠷᠢᠩ ᠪᠠ ᠰᠢᠨ᠎ᠡ ᠡᠭᠦᠳᠦᠯᠲᠡ ᠵᠢᠨ ᠴᠢᠨᠠᠷᠳᠠᠢ ᠠᠵᠢᠯ ᠪᠤᠯᠤᠨ᠎ᠠ᠃ ᠡᠷᠬᠡᠪᠰᠢ ᠤᠬᠠᠭᠤᠯᠭ᠎ᠠ᠎ᠪᠠᠷ ᠬᠦᠳᠦᠯᠦᠨ ᠵᠢᠯᠤᠭᠤᠳᠬᠤ ᠵᠢ ᠴᠢᠩᠭ᠋ᠠᠳᠬᠠᠵᠤ᠂ ᠦᠵᠡᠯ ᠰᠠᠨᠠᠭ᠎ᠠ᠎ᠪᠠᠨ ᠨᠢᠭᠡᠳᠭᠡᠨ᠂ ᠬᠠᠮᠳᠤ ᠵᠢᠨ ᠲᠠᠨᠢᠯᠳᠠ ᠵᠢ ᠲᠦᠪᠯᠡᠷᠡᠬᠦᠯᠦᠨ᠂ ᠤᠨᠴᠠᠭ᠋ᠠᠢ᠌ᠯᠠᠨ ᠦᠷᠭᠡᠨ ᠤᠯᠠᠨ ᠲᠡᠷᠢᠶᠠᠴᠢᠨ ᠲᠦᠮᠡᠨ᠎ᠤ ᠤᠢ᠌ᠯᠠᠭ᠋ᠠᠯᠳᠠ ᠪᠠ ᠲᠡᠮᠵᠢᠯᠭᠡ ᠵᠢ ᠤᠯᠬᠤ ᠬᠡᠷᠡᠭᠲᠡᠢ᠃《ᠰᠠᠨᠠᠯ》᠎ᠳᠤ ᠪᠠᠰᠠ ᠡᠯ᠎ᠡ ᠬᠤᠯᠪᠤᠭᠳᠠᠯ ᠪᠦᠬᠦᠢ ᠰᠠᠯᠠᠭ᠎ᠠ ᠮᠦᠴᠢᠷ ᠪᠤᠯᠤᠨ ᠭᠠᠵᠠᠷ ᠤᠷᠤᠨ᠎ᠤ ᠡᠯ᠎ᠡ ᠱᠠᠳᠤᠨ᠎ᠤ ᠠᠷᠠᠳ᠎ᠤᠨ ᠵᠠᠰᠠᠭ᠎ᠤᠨ ᠤᠷᠳᠤᠨ ᠲᠠᠷᠢᠶᠠᠯᠠᠩ᠎ᠤᠨ ᠤᠰᠤᠨ᠎ᠤ ᠦᠨ᠎ᠡ ᠬᠠᠩᠰᠢ ᠵᠢᠨ ᠶᠡᠷᠦᠩᠬᠡᠢ᠌ᠯᠡᠭᠰᠡᠨ ᠦᠭᠡᠷᠡᠴᠢᠯᠡᠯᠳᠡ ᠵᠢᠨ ᠲᠦᠷᠦ ᠵᠢᠨ ᠪᠤᠳᠤᠯᠭ᠎ᠠ ᠵᠢᠨ ᠲᠠᠢ᠌ᠯᠤᠮᠵᠢ ᠬᠢᠵᠦ᠂ ᠵᠠᠭᠤᠴᠢᠯᠠᠭᠤᠷ ᠵᠶ᠋ᠡᠷ ᠬᠦᠳᠦᠯᠦᠨ ᠵᠢᠯᠤᠭᠤᠳᠬᠤ ᠵᠢ ᠴᠢᠩᠭ᠋ᠠᠳᠬᠠᠵᠤ᠂ ᠤᠰᠤᠨ᠎ᠤ ᠪᠠᠢ᠌ᠳᠠᠯ᠎ᠤᠨ ᠰᠤᠷᠭ᠋ᠠᠨ ᠬᠦᠮᠦᠵᠢᠯ᠎ᠢ ᠡᠷᠴᠢᠮᠵᠢᠬᠦᠯᠵᠦ᠂ ᠲᠠᠷᠢᠶᠠᠴᠢᠳ᠎ᠢ ᠤᠳᠤᠷᠢᠳᠤᠨ ᠵᠢᠯᠤᠭᠤᠳᠴᠤ ᠪᠠᠢ᠌ᠭ᠋ᠠᠳ ᠤᠰᠤ ᠠᠷᠪᠢᠯᠠᠬᠤ ᠦᠵᠡᠯ᠎ᠢ ᠪᠤᠢ ᠪᠤᠯᠭ᠋ᠠᠵᠤ᠂ ᠤᠰᠤ ᠠᠷᠪᠢᠯᠠᠬᠤ ᠤᠬᠠᠮᠰᠠᠷ ᠪᠠ ᠲᠦᠯᠦᠪᠤᠷᠢ᠎ᠲᠠᠢ᠎ᠪᠠᠷ ᠤᠰᠤ ᠬᠡᠷᠡᠭᠯᠡᠬᠦ ᠤᠬᠠᠮᠰᠠᠷ ᠵᠢ ᠴᠢᠩᠭ᠋ᠠᠷᠠᠭᠤᠯᠵᠤ᠂ ᠤᠰᠤ ᠵᠢ ᠠᠷᠪᠢᠯᠠᠨ ᠬᠡᠷᠡᠭᠯᠡᠬᠦ ᠦᠪᠡᠷ᠎ᠤᠨ ᠤᠬᠠᠮᠰᠠᠷ᠎ᠢ ᠲᠡᠭᠡᠭᠰᠢᠯᠡᠬᠦᠯᠵᠦ᠂ ᠲᠠᠷᠢᠶᠠᠯᠠᠩ᠎ᠤᠨ ᠤᠰᠤᠨ᠎ᠤ ᠦᠨ᠎ᠡ ᠬᠠᠩᠰᠢ ᠵᠢᠨ ᠶᠡᠷᠦᠩᠬᠡᠢ᠌ᠯᠡᠭᠰᠡᠨ ᠦᠭᠡᠷᠡᠴᠢᠯᠡᠯᠳᠡ ᠵᠢ ᠲᠦᠯᠬᠢᠨ ᠠᠬᠢᠭᠤᠯᠬᠤ᠎ᠳᠤ ᠰᠠᠢ᠌ᠨ ᠰᠠᠢ᠌ᠬᠠᠨ ᠨᠡᠢ᠌ᠭᠡᠮ᠎ᠤᠨ ᠤᠷᠴᠢᠨ ᠲᠤᠭᠤᠷᠢᠨ᠎ᠢ ᠪᠤᠢ ᠪᠤᠯᠭ᠋ᠠᠬᠤ ᠬᠡᠷᠡᠭᠲᠡᠢ ᠭᠡᠵᠦ ᠱᠠᠭ᠋ᠠᠷᠳᠠᠭᠰᠠᠨ ᠪᠠᠢ᠌ᠨ᠎ᠠ᠃

ᠢᠷᠡᠯᠲᠡ᠄
          
ᠬᠠᠮᠢᠶ᠎ᠡ ᠪᠦᠬᠦᠢ ᠰᠣᠨᠢᠨ
 
            