ᠲᠠᠷᠢᠶᠠᠯᠠᠩ᠎ᠤᠨ ᠤᠰᠤ ᠠᠷᠪᠢᠯᠠᠬᠤ ᠵᠢ ᠬᠦᠭᠵᠢᠬᠦᠯᠬᠦ ᠦᠵᠦ ᠲᠥᠯᠥᠪᠯᠡᠭᠡ ᠪᠤᠢ ᠪᠤᠯᠪᠠ —— ᠤᠰᠤᠨ ᠠᠰᠢᠭᠯᠠᠯᠲᠠ ᠵᠢᠨ ᠶᠠᠮᠤᠨ᠎ᠤ ᠠᠯᠪᠠᠨ ᠲᠢᠩᠬᠢᠮ᠎ᠤᠨ ᠪᠠᠶ᠋ᠢᠩᠭᠤ ᠵᠢᠨ ᠳᠡᠳ᠋ ᠡᠷᠬᠢᠯᠡᠭᠴᠢ ᠸᠠᠩ ᠬᠠᠨ ᠮᠢᠨ《ᠤᠯᠤᠰ᠎ᠤᠨ ᠲᠠᠷᠢᠶᠠᠯᠠᠩ᠎ᠤᠨ ᠤᠰᠤ ᠠᠷᠪᠢᠯᠠᠬᠤ ᠬᠦᠳᠦᠯᠪᠤᠷᠢ》 ᠵᠢ ᠲᠤᠭᠳᠠᠭ᠋ᠠᠭᠰᠠᠨ ᠠᠬᠤᠢ ᠪᠠᠶ᠋ᠢᠳᠠᠯ ᠪᠣᠯᠤᠨ ᠴᠢᠬᠤᠯᠠ ᠠᠴᠢ ᠬᠣᠯᠪᠣᠭᠳᠠᠯ᠎ᠳᠤ ᠲᠠᠢ᠌ᠯᠪᠤᠷᠢ ᠬᠢᠪᠡ᠃
ᠣᠷᠴᠢᠮᠬᠠᠨ ᠲᠥᠷᠥ ᠵᠢᠨ ᠶᠠᠪᠤᠳᠠᠯ᠎ᠤᠨ ᠬᠣᠷᠢᠶᠠᠨ᠎ᠤ ᠠᠯᠪᠠᠨ ᠲᠢᠩᠬᠢᠮ᠎ᠠᠴᠠ 《ᠤᠯᠤᠰ᠎ᠤᠨ ᠲᠠᠷᠢᠶᠠᠯᠠᠩ᠎ᠤᠨ ᠤᠰᠤ ᠠᠷᠪᠢᠯᠠᠬᠤ ᠬᠥᠲᠥᠯᠪᠦᠷᠢ (2012 — 2020 ᠣᠨ)》 (ᠲᠤᠷᠤᠭᠰᠢ 《ᠬᠦᠳᠦᠯᠪᠤᠷᠢ》 ᠭᠡᠵᠦ ᠲᠤᠪᠴᠢᠯᠠᠨ᠎ᠠ) ᠵᠢ ᠬᠡᠪᠯᠡᠨ ᠲᠠᠷᠬᠠᠭ᠋ᠠᠪᠠ᠃ 《ᠬᠥᠲᠥᠯᠪᠦᠷᠢ》 ᠵᠢ ᠨᠡᠢ᠌ᠳᠡᠯᠡᠭᠰᠡᠨ ᠠᠬᠤᠢ ᠪᠠᠢ᠌ᠳᠠᠯ ᠪᠤᠯᠤᠨ ᠠᠴᠢ ᠬᠣᠯᠪᠣᠭᠳᠠᠯ᠎ᠨᠢ ᠶᠠᠮᠠᠷ ᠪᠣᠢ? 《ᠬᠥᠲᠥᠯᠪᠦᠷᠢ》 ᠵᠢ ᠨᠠᠶ᠋ᠢᠷᠠᠭᠤᠯᠤᠨ ᠵᠣᠬᠢᠶᠠᠬᠤ᠎ᠳᠤ ᠣᠷᠣᠯᠴᠠᠭᠰᠠᠨ ᠤᠰᠤᠨ ᠠᠰᠢᠭᠯᠠᠯᠲᠠ ᠵᠢᠨ ᠶᠠᠮᠤᠨ᠎ᠤ ᠠᠯᠪᠠᠨ ᠲᠢᠩᠬᠢᠮ᠎ᠤᠨ ᠪᠠᠶ᠋ᠢᠩᠭᠤ ᠵᠢᠨ ᠳᠡᠳ᠋ ᠡᠷᠬᠢᠯᠡᠭᠴᠢ ᠸᠠᠩ ᠬᠠᠨ ᠮᠢᠨ ᠡᠭᠦᠨ᠎ᠤ ᠲᠤᠬᠠᠢ ᠲᠠᠶ᠋ᠢᠯᠪᠤᠷᠢᠯᠠᠯᠲᠠ ᠬᠢᠪᠡ᠃
ᠰᠤᠷᠪᠤᠯᠵᠢᠯᠠᠭᠴᠢ᠄《ᠬᠥᠲᠥᠯᠪᠦᠷᠢ》 ᠵᠢᠨ ᠨᠡᠶ᠋ᠢᠲᠡᠯᠡᠭᠳᠡᠭᠰᠡᠨ ᠠᠬᠤᠢ ᠪᠠᠶ᠋ᠢᠳᠠᠯ᠎ᠢ ᠲᠠ ᠶᠠᠷᠢᠭ᠋ᠠᠳ ᠦᠭᠬᠦ ᠪᠤᠯᠪᠠ ᠤᠤ?
ᠸᠠᠩ ᠬᠠᠨ ᠮᠢᠨ᠄《ᠬᠥᠲᠥᠯᠪᠦᠷᠢ》 ᠵᠢᠨ ᠨᠡᠢ᠌ᠳᠡᠯᠡᠭᠳᠡᠭᠰᠡᠨ ᠠᠬᠤᠢ ᠪᠠᠶ᠋ᠢᠳᠠᠯ᠎ᠢ ᠬᠣᠶᠠᠷ ᠲᠠᠯ᠎ᠠ᠎ᠪᠠᠷ ᠦᠵᠡᠵᠦ ᠪᠣᠯᠤᠨ᠎ᠠ᠄
ᠨᠢᠭᠡ ᠲᠠᠯ᠎ᠠ᠎ᠪᠠᠷ ᠨᠠᠮ᠎ᠤᠨ ᠲᠥᠪ ᠬᠣᠷᠢᠶ᠎ᠠ᠂ ᠲᠥᠷᠥ ᠵᠢᠨ ᠶᠠᠪᠤᠳᠠᠯ᠎ᠤᠨ ᠬᠣᠷᠢᠶ᠎ᠠ᠎ᠠᠴᠠ ᠲᠠᠷᠢᠶᠠᠯᠠᠩ᠎ᠤᠨ ᠤᠰᠤ ᠠᠷᠪᠢᠯᠠᠬᠤ ᠠᠵᠢᠯ᠎ᠢ ᠳᠡᠭᠡᠳᠦ ᠬᠡᠮᠵᠢᠶ᠎ᠡ᠎ᠪᠠᠷ ᠴᠢᠬᠤᠯᠠᠴᠢᠯᠠᠵᠤ ᠪᠣᠢ᠃ ᠨᠠᠮ᠎ᠤᠨ ᠠᠷᠪᠠᠨ ᠲᠠᠪᠤᠳᠤᠭ᠋ᠠᠷ ᠬᠤᠭᠤᠴᠠᠭ᠋ᠠᠨ᠎ᠤ ᠲᠥᠪ ᠬᠣᠷᠢᠶᠠᠨ᠎ᠤ ᠭᠤᠷᠪᠠᠳᠤᠭ᠋ᠠᠷ ᠪᠦᠭᠦᠳᠡ ᠬᠤᠷᠠᠯ᠎ᠠᠴᠠ 《ᠤᠰᠤ ᠠᠷᠪᠢᠯᠠᠵᠤ ᠤᠰᠤᠯᠠᠬᠤ ᠵᠢ ᠳᠡᠯᠭᠡᠷᠡᠭᠦᠯᠬᠦ ᠶᠠᠪᠤᠳᠠᠯ᠎ᠢ ᠨᠢᠭᠡᠨ ᠬᠤᠪᠢᠰᠬᠠᠯᠲᠤ ᠴᠢᠨᠠᠷᠲᠠᠢ ᠠᠷᠭ᠎ᠠ ᠬᠡᠮᠵᠢᠶ᠎ᠡ ᠪᠣᠯᠭ᠋ᠠᠨ ᠠᠳᠬᠤᠬᠤ ᠬᠡᠷᠡᠭᠲᠡᠢ》 ᠭᠡᠵᠦ ᠲᠣᠳᠣᠷᠬᠠᠢ ᠳᠤᠷᠠᠳᠤᠨ ᠭᠠᠷᠭ᠋ᠠᠭᠰᠠᠨ ᠶᠤᠮ᠃ 2011 ᠣᠨ᠎ᠤ ᠲᠥᠪ᠎ᠤᠨ ᠨᠢᠭᠡᠳᠦᠭᠡᠷ ᠲᠣᠭ᠋ᠠᠲᠤ ᠪᠢᠴᠢᠭ ᠮᠠᠲ᠋ᠧᠷᠢᠶᠠᠯ ᠪᠠ ᠲᠥᠪ᠎ᠤᠨ ᠤᠰᠤᠨ ᠠᠰᠢᠭᠯᠠᠯᠲᠠ ᠵᠢᠨ ᠠᠵᠢᠯ᠎ᠤᠨ ᠬᠤᠷᠠᠯ᠎ᠠᠴᠠ ᠤᠰᠤ ᠠᠷᠪᠢᠯᠠᠬᠤ ᠤᠰᠤᠯᠠᠯᠲᠠ ᠵᠢ ᠬᠥᠭᠵᠢᠭᠦᠯᠬᠦ ᠶᠠᠪᠤᠳᠠᠯ᠎ᠢ ᠨᠢᠭᠡ ᠵᠦᠢ᠍ᠯ᠎ᠤᠨ ᠴᠢᠬᠤᠯᠠ ᠶᠡᠬᠡ ᠪᠠᠶ᠋ᠢᠯᠳᠤᠬᠤ ᠪᠣᠳᠣᠯᠭ᠎ᠠ ᠪᠠ ᠦᠨᠳᠦᠰᠦᠨ ᠴᠢᠨᠠᠷᠲᠠᠢ ᠠᠷᠭ᠎ᠠ ᠬᠡᠮᠵᠢᠶ᠎ᠡ ᠪᠣᠯᠭ᠋ᠠᠵᠤ᠂ ᠲᠠᠷᠢᠶᠠᠯᠠᠩ᠎ᠤᠨ ᠤᠰᠤ ᠬᠡᠷᠡᠭᠯᠡᠬᠦ ᠦᠷ᠎ᠡ ᠪᠦᠲᠦᠭᠡᠯ᠎ᠢ ᠪᠦᠬᠦ ᠲᠠᠯ᠎ᠠ᠎ᠪᠠᠷ ᠳᠡᠭᠡᠭᠰᠢᠯᠡᠭᠦᠯᠬᠦ ᠬᠡᠷᠡᠭᠲᠡᠢ ᠭᠡᠵᠦ ᠴᠢᠬᠤᠯᠠᠴᠢᠯᠠᠵᠠᠢ᠃
ᠨᠠᠮ᠎ᠤᠨ ᠲᠥᠪ ᠬᠣᠷᠢᠶ᠎ᠠ᠂ ᠲᠥᠷᠥ ᠵᠢᠨ ᠶᠠᠪᠤᠳᠠᠯ᠎ᠤᠨ ᠬᠣᠷᠢᠶ᠎ᠠ ᠲᠠᠷᠢᠶᠠᠯᠠᠩ᠎ᠤᠨ ᠤᠰᠤ ᠠᠷᠪᠢᠯᠠᠬᠤ ᠵᠢ ᠢᠩᠭᠢᠵᠦ ᠴᠢᠬᠤᠯᠠᠴᠢᠯᠠᠵᠤ ᠪᠠᠶ᠋ᠢᠭ᠎ᠠ ᠵᠢᠨ ᠤᠴᠢᠷ᠎ᠨᠢ ᠭᠣᠣᠯᠳᠠᠭᠤ ᠳᠣᠣᠷᠠᠬᠢ ᠮᠡᠲᠦ ᠳᠥᠷᠪᠡᠨ ᠰᠢᠯᠲᠠᠭ᠋ᠠᠨ᠎ᠠᠴᠠ ᠪᠤᠯᠤᠭᠰᠠᠨ ᠶᠤᠮ᠄
ᠶᠠᠭᠤᠨ᠎ᠤ ᠡᠮᠦᠨ᠎ᠡ ᠭᠠᠵᠠᠷ ᠲᠠᠷᠢᠶᠠᠯᠠᠩ᠎ᠤᠨ ᠤᠰᠤ ᠵᠢ ᠠᠷᠪᠢᠯᠠᠬᠤ ᠪᠣᠯ ᠤᠰᠤᠨ᠎ᠤ ᠡᠬᠢ ᠪᠠᠶᠠᠯᠢᠭ᠎ᠤᠨ ᠬᠠᠩᠭ᠋ᠠᠯᠭ᠎ᠠ ᠬᠡᠷᠡᠭᠴᠡᠭᠡᠨ᠎ᠤ ᠵᠥᠷᠢᠴᠡᠯ᠎ᠢ ᠨᠠᠮᠳᠠᠭᠤᠯᠬᠤ ᠦᠨᠳᠦᠰᠦᠨ ᠠᠷᠭ᠎ᠠ ᠵᠠᠮ ᠮᠥᠨ᠃ ᠬᠥᠮᠦᠨ ᠣᠯᠠᠨ ᠭᠠᠵᠠᠷ ᠤᠰᠤ ᠬᠣᠪᠣᠷ ᠪᠠᠶ᠋ᠢᠬᠤ ᠪᠣᠯ ᠮᠠᠨ᠎ᠤ ᠤᠯᠤᠰ᠎ᠤᠨ ᠦᠨᠳᠦᠰᠦᠨ ᠪᠠᠶ᠋ᠢᠳᠠᠯ ᠮᠥᠨ᠃ ᠮᠠᠨ᠎ᠤ ᠤᠯᠤᠰ᠎ᠤᠨ ᠬᠥᠮᠦᠨ ᠳᠤᠮᠳᠠᠴᠢ ᠵᠢᠨ ᠤᠰᠤᠨ᠎ᠤ ᠡᠬᠢ ᠪᠠᠶᠠᠯᠢᠭ᠎ᠤᠨ ᠬᠡᠮᠵᠢᠶ᠎ᠡ ᠵᠥᠪᠬᠡᠨ 2100 ᠺᠦᠪ ᠮᠸᠲᠷ ᠪᠠᠶ᠋ᠢᠵᠤ᠂ ᠳᠡᠯᠡᠬᠡᠢ ᠵᠢᠨ ᠬᠥᠮᠦᠨ ᠳᠤᠮᠳᠠᠴᠢ ᠵᠢᠨ ᠲᠦᠪᠰᠢᠨ᠎ᠤ 28% ᠪᠣᠯᠤᠨ᠎ᠠ᠃ ᠤᠰᠤᠨ᠎ᠤ ᠡᠬᠢ ᠪᠠᠶᠠᠯᠢᠭ᠎ᠤᠨ ᠬᠠᠩᠭ᠋ᠠᠯᠭ᠎ᠠ ᠬᠡᠷᠡᠭᠴᠡᠭᠡᠨ᠎ᠤ ᠵᠥᠷᠢᠴᠡᠯ ᠲᠤᠪᠤᠢ᠌ᠮ᠎ᠠ ᠪᠠᠢ᠌ᠵᠤ᠂ ᠪᠦᠬᠦ ᠤᠯᠤᠰ᠎ᠤᠨ ᠵᠢᠯ᠎ᠤᠨ ᠲᠤᠳᠠᠭᠳᠠᠵᠤ ᠪᠠᠢ᠌ᠭ᠎ᠠ ᠳᠤᠮᠳᠠᠴᠢ ᠤᠰᠤᠨ᠎ᠤ ᠬᠡᠮᠵᠢᠶ᠎ᠡ 5 ᠳ᠋ᠦᠩᠰᠢᠭᠤᠷ ᠺᠦᠪ ᠮᠸᠲᠷ ᠪᠠᠢ᠌ᠵᠤ᠂ 2 / 3 ᠵᠢᠨ ᠬᠤᠳᠠ ᠴᠦᠮ ᠤᠰᠤ ᠳᠤᠲᠠᠭᠳᠠᠵᠤ ᠪᠠᠶ᠋ᠢᠨ᠎ᠠ᠃ ᠤᠰᠤᠨ᠎ᠤ ᠡᠬᠢ ᠪᠠᠶᠠᠯᠢᠭ᠎ᠤᠨ ᠬᠠᠩᠭ᠋ᠠᠯᠭ᠎ᠠ ᠬᠡᠷᠡᠭᠴᠡᠭᠡᠨ᠎ᠤ ᠵᠥᠷᠢᠴᠡᠯ ᠬᠤᠷᠴᠠᠳᠠᠵᠤ᠂ ᠦᠷᠬᠦᠯᠵᠢᠯᠡᠬᠦᠢ᠌ᠴᠡ ᠬᠦᠭᠵᠢᠯᠳᠡ ᠵᠢᠨ ᠭᠣᠣᠯ ᠰᠠᠭ᠋ᠠᠳ ᠲᠣᠳᠬᠠᠷ ᠪᠣᠯᠤᠭᠰᠠᠭ᠋ᠠᠷ ᠪᠠᠶ᠋ᠢᠨ᠎ᠠ᠃ ᠬᠠᠷᠢᠨ ᠲᠠᠷᠢᠶᠠᠯᠠᠩ᠎ᠤᠨ ᠠᠵᠤ ᠠᠬᠤᠢ ᠪᠣᠯ ᠤᠰᠤ ᠬᠡᠷᠡᠭᠯᠡᠳᠡᠭ ᠲᠣᠮᠣ ᠡᠷᠦᠬᠡ ᠪᠠᠢ᠌ᠵᠤ᠂ ᠤᠢ᠌ᠷ᠎ᠠ ᠵᠢᠨ ᠵᠢᠯ᠎ᠤᠳ᠎ᠲᠤ ᠲᠠᠷᠢᠶᠠᠯᠠᠩ᠎ᠤᠨ ᠠᠵᠤ ᠠᠬᠤᠢ᠎ᠳᠤ ᠬᠡᠷᠡᠭᠯᠡᠬᠦ ᠤᠰᠤ᠎ᠨᠢ ᠪᠦᠬᠦ ᠤᠯᠤᠰ᠎ᠤᠨ ᠨᠡᠶ᠋ᠢᠲᠡ ᠬᠡᠷᠡᠭᠯᠡᠬᠦ ᠤᠰᠤᠨ᠎ᠤ 62%᠎ᠢ ᠡᠵᠡᠯᠡᠵᠦ᠂ ᠵᠠᠷᠢᠮ ᠭᠠᠵᠠᠷ ᠨᠤᠲᠤᠭ᠎ᠨᠢ 90%᠎ᠠᠴᠠ ᠳᠡᠭᠡᠭᠰᠢ ᠵᠢ ᠡᠵᠡᠯᠡᠵᠦ ᠪᠠᠢ᠌ᠳᠠᠭ ᠪᠥᠭᠡᠳ ᠲᠠᠷᠢᠶᠠᠯᠠᠩ ᠠᠵᠤ ᠠᠬᠤᠢ᠎ᠳᠤ ᠬᠡᠷᠡᠭᠯᠡᠬᠦ ᠤᠰᠤᠨ᠎ᠤ ᠦᠷ᠎ᠡ ᠠᠰᠢᠭ᠎ᠨᠢ ᠦᠨᠳᠦᠷ ᠪᠢᠰᠢ ᠪᠠᠢ᠌ᠵᠤ᠂ ᠤᠰᠤ ᠠᠷᠪᠢᠯᠠᠬᠤ ᠲᠠᠯᠳᠠ ᠬᠦᠴᠦᠨ ᠮᠠᠰᠢ ᠶᠡᠬᠡ ᠪᠠᠢ᠌ᠨ᠎ᠠ᠃
ᠳᠠᠷᠠᠭ᠎ᠠ᠎ᠨᠢ ᠲᠠᠷᠢᠶᠠᠯᠠᠩ᠎ᠤᠨ ᠤᠰᠤ ᠠᠷᠪᠢᠯᠠᠬᠤ ᠵᠢ ᠬᠦᠭᠵᠢᠬᠦᠯᠬᠦ ᠪᠣᠯ ᠤᠯᠤᠰ᠎ᠤᠨ ᠠᠮᠤ ᠪᠤᠳᠠᠭ᠋ᠠᠨ᠎ᠤ ᠠᠶᠤᠯ ᠦᠭᠡᠢ ᠪᠠᠶ᠋ᠢᠳᠠᠯ᠎ᠢ ᠪᠠᠲᠤᠯᠠᠬᠤ ᠴᠢᠬᠤᠯᠠ ᠰᠠᠭᠤᠷᠢ ᠪᠣᠯᠤᠨ᠎ᠠ᠃ ᠮᠠᠨ᠎ᠤ ᠤᠯᠤᠰ᠎ᠤᠨ ᠠᠷᠪᠠᠨ ᠬᠡᠳᠦᠨ ᠳ᠋ᠦᠩᠰᠢᠭᠤᠷ ᠬᠥᠮᠦᠨ ᠠᠮᠠ ᠵᠢᠨ ᠢᠳᠡᠬᠦ ᠠᠰᠠᠭᠤᠳᠠᠯ᠎ᠢ ᠠᠯᠤᠰ ᠬᠡᠳᠦ ᠵᠢᠨ ᠪᠥᠭᠡᠳ ᠲᠣᠭᠲᠠᠭᠤᠨ ᠵᠶ᠋ᠠᠷ ᠰᠢᠢ᠍ᠳᠪᠦᠷᠢᠯᠡᠬᠦ ᠶᠠᠪᠤᠳᠠᠯ ᠪᠣᠯ ᠢᠮᠠᠭᠲᠠ ᠤᠯᠤᠰ᠎ᠢ ᠵᠠᠰᠠᠵᠤ ᠲᠥᠷᠥ ᠵᠢ ᠲᠣᠭᠲᠠᠪᠤᠷᠢᠵᠢᠭᠤᠯᠬᠤ ᠲᠡᠷᠢᠭᠦᠨ ᠵᠡᠷᠭᠡ ᠵᠢᠨ ᠶᠡᠬᠡ ᠶᠠᠪᠤᠳᠠᠯ ᠮᠥᠨ᠃ ᠮᠠᠨ᠎ᠤ ᠤᠯᠤᠰ᠎ᠤᠨ ᠬᠥᠮᠦᠨ ᠠᠮᠠ ᠵᠢᠨ ᠲᠠᠰᠤᠷᠠᠯᠲᠠ ᠦᠭᠡᠢ ᠨᠡᠮᠡᠭᠳᠡᠵᠦ ᠪᠠᠶ᠋ᠢᠭ᠎ᠠ ᠪᠠ ᠠᠵᠤ ᠠᠬᠤᠢ ᠨᠡᠶ᠋ᠢᠭᠡᠮ᠎ᠤᠨ ᠦᠷᠭᠦᠯᠵᠢᠯᠡᠨ ᠬᠥᠭᠵᠢᠬᠦ ᠵᠢ ᠳᠠᠭ᠋ᠠᠯᠳᠤᠨ ᠬᠥᠷᠥᠰᠥ ᠰᠢᠷᠣᠢ ᠵᠢᠨ ᠡᠬᠢ ᠪᠠᠶᠠᠯᠢᠭ᠎ᠤᠨ ᠬᠣᠮᠰᠠᠳᠠᠯ᠎ᠨᠢ ᠲᠠᠷᠢᠶᠠᠯᠠᠩ᠎ᠤᠨ ᠬᠥᠭᠵᠢᠯᠲᠡ᠎ᠳᠤ ᠦᠵᠡᠭᠦᠯᠬᠦ ᠬᠢᠵᠠᠭ᠋ᠠᠷᠯᠠᠯ᠎ᠨᠢ ᠤᠯᠠᠮ᠎ᠠᠴᠠ ᠤᠯᠠᠮ ᠶᠡᠬᠡ ᠪᠣᠯᠵᠤ ᠪᠠᠶ᠋ᠢᠨ᠎ᠠ᠃ ᠤᠯᠤᠰ᠎ᠠᠴᠠ 1000 ᠳ᠋ᠦᠩᠰᠢᠭᠤᠷ ᠵᠢᠩ ᠠᠮᠤ ᠪᠤᠳᠠᠭ᠋ᠠᠨ᠎ᠤ ᠦᠢ᠍ᠯᠡᠳᠪᠦᠷᠢᠯᠡᠯ᠎ᠤᠨ ᠴᠢᠳᠠᠪᠤᠷᠢ ᠵᠢ ᠰᠢᠨ᠎ᠡ᠎ᠪᠠᠷ ᠨᠡᠮᠡᠭᠳᠡᠭᠦᠯᠬᠦ ᠵᠢ ᠪᠡᠶᠡᠯᠡᠭᠦᠯᠬᠦ ᠵᠢᠨ ᠵᠠᠩᠭᠢᠯᠠᠭ᠎ᠠ᠎ᠨᠢ ᠤᠰᠤ ᠪᠠᠢ᠌ᠵᠤ᠂ ᠬᠠᠮᠤᠭ᠎ᠤᠨ ᠦᠨᠳᠦᠰᠦᠨ ᠭᠠᠷᠬᠤ ᠵᠠᠮ ᠪᠣᠯ ᠤᠰᠤ ᠠᠷᠪᠢᠯᠠᠬᠤ ᠶᠠᠪᠤᠳᠠᠯ ᠪᠣᠯᠤᠨ᠎ᠠ᠃
ᠭᠤᠷᠪᠠᠳᠤᠭ᠋ᠠᠷ᠎ᠲᠤ᠂ ᠲᠠᠷᠢᠶᠠᠯᠠᠩ ᠠᠵᠤ ᠠᠬᠤᠢ ᠵᠢᠨ ᠤᠰᠤ ᠠᠷᠪᠢᠯᠠᠬᠤ ᠵᠢ ᠬᠦᠭᠵᠢᠬᠦᠯᠬᠦ ᠪᠣᠯ ᠠᠵᠤ ᠠᠬᠤᠢ ᠵᠢᠨ ᠬᠦᠭᠵᠢᠯᠳᠡ ᠵᠢᠨ ᠬᠡᠯᠪᠡᠷᠢ ᠵᠢ ᠬᠤᠪᠢᠷᠠᠭᠤᠯᠬᠤ ᠵᠢ ᠲᠦᠷᠭᠡᠳᠭᠡᠬᠦ ᠵᠢᠨ ᠵᠠᠶ᠋ᠢᠯᠠᠰᠢ ᠦᠭᠡᠢ ᠱᠠᠭ᠋ᠠᠷᠳᠠᠯᠭ᠎ᠠ ᠮᠥᠨ᠃ ᠨᠠᠮ᠎ᠤᠨ ᠠᠷᠪᠠᠨ ᠨᠠᠢ᠍ᠮᠠᠳᠤᠭ᠋ᠠᠷ ᠶᠡᠬᠡ ᠬᠤᠷᠠᠯ᠎ᠠᠴᠠ ᠡᠬᠢ ᠪᠠᠶᠠᠯᠢᠭ᠎ᠢ ᠠᠷᠪᠢᠯᠠᠨ ᠡᠷᠴᠢᠮᠵᠢᠭᠦᠯᠦᠨ ᠠᠰᠢᠭᠯᠠᠵᠤ᠂ ᠡᠬᠢ ᠪᠠᠶᠠᠯᠢᠭ᠎ᠢ ᠠᠰᠢᠭᠯᠠᠬᠤ ᠠᠷᠭ᠎ᠠ ᠬᠡᠯᠪᠡᠷᠢ ᠵᠢ ᠦᠨᠳᠦᠰᠦᠨ᠎ᠠᠴᠠ᠎ᠨᠢ ᠬᠤᠪᠢᠷᠠᠭᠤᠯᠬᠤ ᠵᠢ ᠲᠦᠯᠬᠢᠨ ᠠᠬᠢᠭᠤᠯᠵᠤ᠂ ᠡᠨ᠋ᠸᠷᠬᠢ᠂ ᠤᠰᠤ᠂ ᠭᠠᠵᠠᠷ ᠰᠢᠷᠣᠢ ᠵᠢᠨ ᠬᠤᠷᠤᠭᠳᠠᠯ᠎ᠢ ᠶᠡᠬᠡᠬᠡᠨ ᠪᠠᠭᠤᠷᠠᠭᠤᠯᠬᠤ ᠬᠡᠷᠡᠭᠲᠡᠢ ᠭᠡᠵᠦ ᠳᠤᠷᠠᠳᠪᠠ᠃ ᠲᠡᠷᠢᠭᠦᠨ᠎ᠤ ᠬᠡᠷᠡᠭᠯᠡᠭᠡᠨ᠎ᠤ ᠲᠠᠷᠢᠶᠠᠯᠠᠩ ᠠᠵᠤ ᠠᠬᠤᠢ ᠵᠢᠨ ᠤᠰᠤ ᠠᠷᠪᠢᠯᠠᠬᠤ ᠮᠡᠷᠭᠡᠵᠢᠯ᠎ᠢ ᠲᠦᠷᠭᠡᠨ ᠳᠡᠯᠭᠡᠷᠡᠭᠦᠯᠬᠦ᠎ᠨᠢ ᠤᠰᠤ ᠬᠥᠷᠥᠰᠥᠨ᠎ᠤ ᠡᠬᠢ ᠪᠠᠶᠠᠯᠢᠭ᠎ᠤᠨ ᠠᠰᠢᠭᠯᠠᠯᠲᠠ ᠵᠢᠨ ᠬᠡᠮᠵᠢᠶ᠎ᠡ᠂ ᠲᠠᠷᠢᠶᠠᠯᠠᠩ ᠠᠵᠤ ᠠᠬᠤᠢ ᠵᠢᠨ ᠦᠢ᠍ᠯᠡᠳᠪᠦᠷᠢᠯᠡᠯ᠎ᠤᠨ ᠬᠡᠷᠡᠭᠰᠡᠯ᠎ᠢ ᠠᠰᠢᠭᠯᠠᠬᠤ ᠦᠷ᠎ᠡ ᠪᠦᠲᠦᠮᠵᠢ ᠪᠣᠯᠤᠨ ᠬᠥᠳᠡᠯᠮᠦᠷᠢ ᠦᠢ᠍ᠯᠡᠳᠪᠦᠷᠢᠯᠡᠯ᠎ᠤᠨ ᠪᠦᠲᠦᠭᠡᠮᠵᠢ ᠵᠢ ᠲᠡᠭᠡᠭᠰᠢᠯᠡᠬᠦᠯᠵᠦ᠂ ᠤᠰᠤ᠂ ᠭᠠᠵᠠᠷ᠂ ᠡᠨ᠋ᠸᠷᠬᠢ᠂ ᠪᠤᠷᠳᠤᠭᠤᠷ᠎ᠢ ᠠᠷᠪᠢᠯᠠᠨ ᠬᠡᠮᠨᠡᠵᠦ᠂ ᠭᠠᠳᠠᠭᠰᠢᠭᠤᠯᠤᠯᠳᠠ ᠵᠢ ᠪᠠᠭ᠋ᠠᠰᠬᠠᠨ᠂ ᠬᠦᠳᠡᠯᠮᠤᠷᠢ ᠬᠦᠴᠦ ᠵᠢ ᠠᠷᠪᠢᠯᠠᠬᠤ ᠵᠡᠷᠭᠡ ᠶᠡᠷᠦᠩᠬᠡᠢ᠌ᠯᠡᠭᠰᠡᠨᠨ ᠦᠷ᠎ᠡ ᠠᠰᠢᠭ ᠤᠯᠵᠤ᠂ ᠲᠡᠷᠢᠶᠠᠯᠠᠩ ᠠᠵᠤ ᠠᠬᠤᠢ ᠵᠢᠨ ᠰᠢᠨᠵᠢᠯᠡᠬᠦ ᠤᠬᠠᠭ᠋ᠠᠨᠴᠢ ᠬᠦᠭᠵᠢᠯᠳᠡ ᠵᠢ ᠠᠬᠢᠭᠤᠯᠤᠨ᠎ᠠ᠃
ᠳᠥᠷᠪᠡᠳᠦᠭᠡᠷ᠎ᠲᠤ ᠲᠠᠷᠢᠶᠠᠯᠠᠩ ᠠᠵᠤ ᠠᠬᠤᠢ ᠵᠢᠨ ᠤᠰᠤ ᠠᠷᠪᠢᠯᠠᠬᠤ ᠵᠢ ᠬᠥᠭᠵᠢᠭᠦᠯᠬᠦ ᠪᠣᠯ ᠲᠠᠷᠢᠶᠠᠯᠠᠩ᠎ᠤᠨ ᠭᠠᠮᠰᠢᠭ᠎ᠢ ᠰᠡᠷᠭᠡᠶ᠋ᠢᠯᠡᠨ ᠭᠠᠮᠰᠢᠭ᠎ᠲᠠᠢ ᠲᠡᠮᠡᠴᠡᠬᠦ ᠴᠢᠳᠠᠪᠤᠷᠢ ᠵᠢ ᠳᠡᠭᠡᠭᠰᠢᠯᠡᠭᠦᠯᠬᠦ ᠲᠤᠯᠭ᠋ᠠᠮ᠎ᠠ ᠬᠡᠷᠡᠭᠴᠡᠭᠡ ᠪᠣᠯᠤᠨ᠎ᠠ᠃ ᠲᠤᠶ᠋ᠢᠯ᠎ᠤᠨ ᠭᠠᠢ ᠭᠠᠮᠰᠢᠭ᠎ᠤᠨ ᠴᠢᠨᠠᠷᠲᠠᠢ ᠴᠠᠭ ᠠᠭᠤᠷ᠎ᠤᠨ ᠲᠠᠷᠢᠶᠠᠯᠠᠩ ᠦᠢ᠍ᠯᠡᠳᠪᠦᠷᠢᠯᠡᠯ᠎ᠳᠤ ᠦᠵᠡᠭᠦᠯᠬᠦ ᠨᠥᠯᠥᠭᠡ ᠰᠢᠷᠦᠬᠦᠰᠴᠦ᠂ ᠣᠳᠣ ᠦᠶ᠎ᠡ ᠵᠢᠨ ᠲᠠᠷᠢᠶᠠᠯᠠᠩ᠎ᠤᠨ ᠬᠥᠭᠵᠢᠯᠲᠡ ᠵᠢᠨ ᠤᠰᠤᠨ᠎ᠳᠤ ᠲᠦᠰᠢᠭᠯᠡᠬᠦ ᠪᠣᠯᠤᠨ ᠰᠣᠷᠭᠣᠭ᠎ᠤᠨ ᠬᠡᠮᠵᠢᠶ᠎ᠡ ᠵᠢᠨ ᠳᠡᠭᠡᠭᠰᠢᠯᠡᠭᠦᠯᠬᠦ ᠵᠢ ᠳᠠᠭ᠋ᠠᠯᠳᠤᠨ᠂ ᠤᠰᠤ ᠠᠷᠪᠢᠯᠠᠬᠤ ᠤᠰᠤᠯᠠᠯᠲᠠ᠎ᠪᠠᠷ ᠭᠣᠣᠯ ᠪᠣᠯᠭ᠋ᠠᠭᠰᠠᠨ ᠲᠠᠷᠢᠶᠠᠨ ᠭᠠᠵᠠᠷ᠎ᠤᠨ ᠤᠰᠤᠨ ᠠᠰᠢᠭᠯᠠᠯᠲᠠ ᠵᠢᠨ ᠪᠦᠲᠦᠭᠡᠨ ᠪᠠᠶ᠋ᠢᠭᠤᠯᠤᠯᠲᠠ ᠵᠢ ᠴᠢᠩᠭ᠋ᠠᠳᠬᠠᠬᠤ᠎ᠨᠢ ᠲᠤᠶ᠋ᠢᠯ᠎ᠤᠨ ᠴᠢᠬᠤᠯᠠ ᠪᠥᠭᠡᠳ ᠲᠤᠶ᠋ᠢᠯ᠎ᠤᠨ ᠲᠤᠯᠭ᠋ᠠᠮ᠎ᠠ ᠪᠣᠯᠵᠠᠢ᠃
ᠨᠥᠭᠦᠭᠡ ᠲᠠᠯ᠎ᠠ᠎ᠪᠠᠷ ᠬᠡᠳᠦᠢ᠌ᠪᠡᠷ ᠲᠠᠷᠢᠶᠠᠯᠠᠩ ᠠᠵᠤ ᠠᠬᠤᠢ ᠵᠢᠨ ᠤᠰᠤ ᠠᠷᠪᠢᠯᠠᠬᠤ ᠵᠢ ᠬᠦᠭᠵᠢᠬᠦᠯᠬᠦ᠎ᠨᠢ ᠮᠠᠰᠢ ᠴᠢᠬᠤᠯᠠ ᠪᠥᠭᠡᠳ ᠲᠤᠯᠭ᠋ᠠᠮ᠎ᠠ ᠪᠠᠢ᠌ᠭ᠎ᠠ ᠪᠣᠯᠪᠠᠴᠤ᠂ ᠲᠤᠰᠬᠠᠢ᠌ᠯᠠᠭᠰᠠᠨ ᠲᠦᠷᠦ ᠵᠢᠨ ᠪᠣᠳᠣᠯᠭ᠎ᠠ ᠵᠢᠨ ᠴᠢᠨᠠᠷᠲᠠᠢ ᠵᠢᠯᠤᠭᠤᠳᠬᠤ ᠪᠢᠴᠢᠭ ᠮᠠᠲᠸᠷᠢᠶᠠᠯ ᠳᠤᠲᠠᠭᠳᠠᠵᠤ ᠪᠠᠶ᠋ᠢᠨ᠎ᠠ᠃ ᠣᠳᠣᠬᠠᠨ᠎ᠳᠤ ᠮᠠᠨ᠎ᠤ ᠤᠯᠤᠰ᠎ᠤᠨ ᠪᠦᠲᠦᠮᠵᠢᠲᠡᠢ ᠤᠰᠤᠯᠠᠯᠲᠠ ᠵᠢᠨ ᠲᠠᠯᠠᠪᠠᠢ 9.25 ᠳ᠋ᠦᠩᠰᠢᠭᠤᠷ ᠮᠦ᠍ ᠪᠠᠢ᠌ᠵᠤ᠂ ᠤᠰᠤ ᠠᠷᠪᠢᠯᠠᠬᠤ ᠤᠰᠤᠯᠠᠯᠲᠠ ᠵᠢᠨ ᠪᠠᠷᠢᠯᠭ᠎ᠠ ᠵᠢᠨ ᠲᠠᠯᠠᠪᠠᠢ 4.38 ᠳ᠋ᠦᠩᠰᠢᠭᠤᠷ ᠮᠦ᠍ ᠪᠠᠶ᠋ᠢᠵᠤ᠂ ᠡᠭᠦᠨ᠎ᠳᠤ ᠥᠨᠳᠥᠷ ᠦᠷ᠎ᠡ ᠠᠰᠢᠭ᠎ᠲᠤ ᠤᠰᠤ ᠠᠷᠪᠢᠯᠠᠬᠤ ᠤᠰᠤᠯᠠᠯᠲᠠ ᠵᠢᠨ ᠪᠠᠷᠢᠯᠭ᠎ᠠ ᠵᠢᠨ ᠲᠠᠯᠠᠪᠠᠢ 1.87 ᠳ᠋ᠦᠩᠰᠢᠭᠤᠷ ᠮᠦ᠍ ᠲᠤᠯᠵᠤ᠂ ᠤᠰᠤ ᠠᠷᠪᠢᠯᠠᠬᠤ ᠤᠰᠤᠯᠠᠯᠲᠠ ᠵᠢᠨ ᠬᠥᠭᠵᠢᠯᠲᠡ᠎ᠨᠢ ᠦᠷ᠎ᠡ ᠪᠦᠲᠦᠮᠵᠢ ᠢᠯᠡᠳᠲᠡ ᠪᠣᠯᠪᠠᠴᠤ ᠶᠡᠷᠦᠩᠬᠡᠢ ᠳᠡᠭᠡᠷ᠎ᠡ᠎ᠪᠠᠨ ᠣᠳᠣ ᠦᠶ᠎ᠡ ᠵᠢᠨ ᠲᠠᠷᠢᠶᠠᠯᠠᠩ᠎ᠤᠨ ᠬᠥᠭᠵᠢᠯᠲᠡ ᠪᠠ ᠲᠠᠷᠢᠶᠠᠯᠠᠩ᠎ᠤᠨ ᠣᠳᠣᠬᠢᠴᠢᠯᠠᠯᠲᠠ ᠵᠢ ᠠᠬᠢᠭᠤᠯᠬᠤ ᠬᠡᠷᠡᠭᠴᠡᠭᠡ᠎ᠳᠤ ᠬᠦᠷᠬᠦ ᠦᠭᠡᠢ ᠪᠠᠢ᠌ᠵᠤ᠂ ᠲᠤᠰᠬᠠᠢ ᠲᠥᠷᠥ ᠵᠢᠨ ᠪᠣᠳᠣᠯᠭ᠎ᠠ ᠵᠢᠨ ᠴᠢᠨᠠᠷᠲᠠᠢ ᠪᠢᠴᠢᠭ ᠮᠠᠲ᠋ᠧᠷᠢᠶᠠᠯ᠎ᠤᠨ ᠵᠢᠯᠤᠭᠤᠳᠤᠯᠭ᠎ᠠ ᠲᠤᠳᠠᠭᠳᠠᠵᠤ ᠪᠠᠶ᠋ᠢᠨ᠎ᠠ᠃ ᠬᠠᠮᠢᠶ᠎ᠠ ᠪᠦᠬᠦᠢ ᠲᠥᠯᠥᠪᠵᠢᠭᠦᠯᠭᠡ ᠵᠢ ᠦᠨᠳᠦᠰᠦᠯᠡᠪᠡᠯ᠂《ᠠᠷᠪᠠᠨ ᠬᠤᠶᠠᠳᠤᠭ᠋ᠠᠷ ᠲᠠᠪᠤᠨ ᠵᠢᠯ》᠎ᠤᠨ ᠲᠥᠯᠥᠪᠵᠢᠭᠦᠯᠭᠡ ᠵᠢᠨ ᠬᠤᠭᠤᠴᠠᠭ᠋ᠠᠨ᠎ᠳᠤ ᠪᠦᠬᠦ ᠤᠯᠤᠰ᠎ᠠᠴᠠ ᠤᠰᠤ ᠠᠷᠪᠢᠯᠠᠬᠤ ᠤᠰᠤᠯᠠᠯᠲᠠ ᠵᠢᠨ ᠢᠨᠵᠸᠨ᠋ᠸᠷᠢᠩ᠎ᠤᠨ ᠲᠠᠯᠠᠪᠠᠢ ᠵᠢ 1.95 ᠳ᠋ᠦᠩᠰᠢᠭᠤᠷ ᠮᠦ᠍ ᠰᠢᠨ᠎ᠡ᠎ᠪᠠᠷ ᠨᠡᠮᠡᠭᠳᠡᠭᠦᠯᠬᠦ᠎ᠪᠠᠷ ᠴᠢᠷᠮᠠᠢ᠌ᠵᠤ᠂ ᠡᠬᠦᠨ᠎ᠳᠤ ᠦᠨᠳᠦᠷ ᠪᠦᠳᠦᠮᠵᠢᠳᠦ ᠤᠰᠤ ᠠᠷᠪᠢᠯᠠᠬᠤ ᠤᠰᠤᠯᠠᠯᠳᠠ ᠵᠢᠨ ᠢᠨᠵᠸᠨ᠋ᠸᠷᠢᠩ᠎ᠤᠨ ᠲᠠᠯᠠᠪᠠᠢ ᠵᠢ 5000 ᠬᠦᠷᠭᠡᠬᠦ ᠵᠢ ᠪᠠᠳᠤᠯᠠᠵᠤ᠂ 1 ᠳ᠋ᠦᠩᠰᠢᠭᠤᠷ ᠮᠤ᠌ ᠰᠢᠨ᠎ᠡ᠎ᠪᠠᠷ ᠨᠡᠮᠡᠭᠳᠡᠬᠦᠯᠬᠦ᠎ᠪᠠᠷ ᠴᠢᠷᠮᠠᠢ᠌ᠨ᠎ᠠ᠃ 2020 ᠣᠨ ᠪᠣᠯᠬᠤ᠎ᠳᠤ ᠪᠦᠬᠦ ᠤᠯᠤᠰ᠎ᠤᠨ ᠤᠰᠤ ᠠᠷᠪᠢᠯᠠᠬᠤ ᠤᠰᠤᠯᠠᠯᠲᠠ ᠵᠢᠨ ᠢᠨᠵᠸᠨ᠋ᠸᠷᠢᠩ᠎ᠤᠨ ᠲᠠᠯᠠᠪᠠᠢ ᠵᠢ 7.6 ᠳ᠋ᠦᠩᠰᠢᠭᠤᠷ ᠮᠦ᠍᠎ᠳᠤ ᠬᠦᠷᠭᠡᠬᠦ᠎ᠪᠠᠷ ᠴᠢᠷᠮᠠᠢ᠌ᠨ᠎ᠠ᠃ ᠤᠰᠤ ᠠᠷᠪᠢᠯᠠᠬᠤ ᠤᠰᠤᠯᠠᠯᠲᠠ᠎ᠪᠠᠷ ᠲᠠᠷᠢᠶᠠᠯᠠᠩ ᠠᠵᠤ ᠠᠬᠤᠢ ᠵᠢᠨ ᠤᠰᠤ ᠠᠷᠪᠢᠯᠠᠬᠤ ᠬᠦᠭᠵᠢᠯᠳᠡ ᠵᠢ ᠶᠡᠬᠡᠪᠡᠷ ᠲᠦᠯᠬᠢᠨ ᠠᠬᠢᠭᠤᠯᠬᠤ᠎ᠳᠤ ᠡᠷᠬᠡᠪᠰᠢ ᠦᠵᠦ ᠲᠦᠯᠦᠪᠯᠡᠭᠡ ᠵᠢ ᠴᠢᠩᠭ᠋ᠠᠳᠬᠠᠵᠤ᠂ ᠲᠦᠯᠦᠪᠵᠢᠬᠦᠯᠭᠡ ᠵᠢ ᠨᠠᠶ᠋ᠢᠷᠠᠭᠤᠯᠤᠨ ᠵᠣᠬᠢᠶᠠᠬᠤ᠂ ᠲᠥᠷᠥ ᠵᠢᠨ ᠪᠣᠳᠣᠯᠭ᠎ᠠ ᠵᠢ ᠲᠡᠭᠦᠯᠳᠡᠷᠵᠢᠭᠦᠯᠬᠦ᠂ ᠢᠨᠵᠸᠨ᠋ᠸᠷᠢᠩ᠎ᠤᠨ ᠪᠦᠲᠦᠭᠡᠨ ᠪᠠᠶ᠋ᠢᠭᠤᠯᠤᠯᠲᠠ᠂ ᠬᠠᠮᠢᠶᠠᠷᠤᠯᠲᠠ ᠵᠢᠨ ᠦᠭᠡᠷᠡᠴᠢᠯᠡᠯᠳᠡ᠎ᠳᠤ ᠵᠢᠯᠣᠭᠣᠳᠤᠯᠭ᠎ᠠ ᠬᠠᠩᠭ᠋ᠠᠬᠤ ᠬᠡᠷᠡᠭᠲᠡᠢ᠃
2001 ᠣᠨ᠎ᠳᠤ ᠲᠥᠪ᠎ᠤᠨ ᠭᠠᠵᠠᠷ ᠲᠠᠷᠢᠶᠠᠯᠠᠩ᠎ᠤᠨ ᠠᠯᠪᠠᠨ ᠭᠡᠷ ᠲᠠᠷᠢᠶᠠᠯᠠᠩ ᠠᠵᠤ ᠠᠬᠤᠢ ᠵᠢᠨ ᠤᠰᠤ ᠠᠷᠪᠢᠯᠠᠬᠤ ᠠᠵᠢᠯ᠎ᠢ ᠭᠣᠣᠯ ᠴᠢᠬᠤᠯᠠ ᠲᠥᠰᠦᠯ ᠪᠣᠯᠭ᠋ᠠᠨ ᠰᠤᠳᠤᠯᠤᠯ᠎ᠤᠨ ᠲᠥᠯᠦᠪᠯᠡᠭᠡᠨ᠎ᠳᠤ ᠣᠷᠣᠭᠤᠯᠵᠤ᠂ ᠲᠥᠪ᠎ᠤᠨ ᠭᠠᠵᠠᠷ ᠲᠠᠷᠢᠶᠠᠯᠠᠩ᠎ᠤᠨ ᠠᠯᠪᠠᠨ ᠭᠡᠷ᠂ ᠤᠰᠤᠨ ᠠᠰᠢᠭᠯᠠᠯᠳᠠ ᠵᠢᠨ ᠶᠠᠮᠤᠨ ᠵᠶ᠋ᠡᠷ ᠲᠦᠷᠦᠬᠦᠯᠡᠬᠦᠯᠦᠭᠰᠡᠨ᠂ ᠤᠤᠯ᠎ᠤᠨ ᠤᠯᠤᠰ᠎ᠤᠨ ᠲᠦᠯᠦᠪᠯᠡᠭᠡᠨ᠎ᠤ ᠵᠦᠪᠯᠡᠯ᠂ ᠡᠳ᠋᠎ᠤᠨ ᠵᠠᠰᠠᠭ᠎ᠤᠨ ᠶᠠᠮᠤᠨ᠂ ᠲᠠᠷᠢᠶᠠᠯᠠᠩ ᠠᠵᠤ ᠠᠬᠤᠢ ᠵᠢᠨ ᠶᠠᠮᠤᠨ᠂ ᠲᠦᠷᠦ ᠵᠢᠨ ᠶᠠᠪᠤᠳᠠᠯ᠎ᠤᠨ ᠬᠤᠷᠢᠶᠠᠨ᠎ᠤ ᠰᠤᠳᠤᠯᠭ᠋ᠠᠨ᠎ᠤ ᠲᠠᠰᠤᠭ᠂ ᠤᠯᠤᠰ᠎ᠤᠨ ᠲᠠᠷᠢᠶᠠᠯᠠᠩ ᠠᠵᠤ ᠠᠬᠤᠢ ᠵᠢᠨ ᠶᠡᠷᠦᠩᠬᠡᠢ᠌ᠯᠡᠭᠰᠡᠨ ᠨᠡᠭᠡᠭᠡᠨ ᠠᠰᠢᠭᠯᠠᠯᠳᠠ ᠵᠢᠨ ᠠᠯᠪᠠᠨ ᠭᠡᠷ ᠵᠡᠷᠭᠡ ᠪᠠᠢ᠌ᠭᠤᠯᠭ᠎ᠠ ᠨᠢᠭᠡᠴᠢ ᠤᠷᠤᠯᠴᠠᠭᠰᠠᠨ ᠰᠤᠳᠤᠯᠭ᠋ᠠᠨ᠎ᠤ ᠰᠡᠳᠦᠪ᠎ᠤᠨ ᠲᠤᠭᠤᠢ᠌ᠯᠠᠩ᠎ᠢ ᠪᠠᠢ᠌ᠭᠤᠯᠵᠤ᠂《ᠪᠦᠬᠦ ᠤᠯᠤᠰ᠎ᠤᠨ ᠲᠠᠷᠢᠶᠠᠯᠠᠩ᠎ᠤᠨ ᠤᠰᠤ ᠠᠷᠪᠢᠯᠠᠬᠤ ᠬᠦᠭᠵᠢᠯᠳᠡ ᠵᠢᠨ ᠬᠦᠳᠦᠯᠪᠤᠷᠢ (2001-2010 ᠤᠨ)》 ᠵᠢ ᠡᠬᠢᠯᠠᠨ ᠨᠠᠢ᠌ᠷᠠᠭᠤᠯᠪᠠ᠃
2011 ᠤᠨ᠎ᠤ ᠲᠦᠪ᠎ᠤᠨ ᠨᠢᠭᠡᠳᠦᠭᠡᠷ ᠲᠤᠭ᠋ᠠᠳᠤ ᠪᠢᠴᠢᠭ ᠮᠠᠲᠸᠷᠢᠶᠠᠯ ᠪᠠ ᠲᠦᠪ᠎ᠤᠨ ᠤᠰᠤᠨ ᠠᠰᠢᠭᠯᠠᠯᠳᠠ ᠵᠢᠨ ᠠᠵᠢᠯ᠎ᠤᠨ ᠬᠤᠷᠠᠯ᠎ᠤᠨ ᠰᠢᠢ᠍ᠳᠪᠤᠷᠢᠳᠦ ᠪᠤᠳᠤᠯᠭ᠎ᠠ ᠪᠠᠢ᠌ᠷᠢᠭᠤᠯᠤᠯᠳᠠ ᠵᠢ ᠲᠤᠭᠤᠰᠢᠯᠠᠭᠤᠯᠤᠨ ᠨᠠᠢ᠌ᠳᠠᠪᠤᠷᠢᠵᠢᠭᠤᠯᠵᠤ᠂ ᠤᠰᠤ ᠠᠷᠪᠢᠯᠠᠬᠤ ᠤᠰᠤᠯᠠᠯᠳᠠ ᠵᠢ ᠤᠳᠤᠬᠢᠴᠢᠯᠠᠭᠰᠠᠨ ᠲᠠᠷᠢᠶᠠᠯᠠᠩ᠎ᠢ ᠬᠦᠭᠵᠢᠬᠦᠯᠬᠦ ᠨᠢᠭᠡᠨ ᠦᠨᠳᠦᠰᠦᠨ ᠴᠢᠨᠠᠷᠳᠠᠢ ᠠᠷᠭ᠎ᠠ ᠠᠪᠴᠠᠯ ᠪᠤᠯᠭ᠋ᠠᠵᠤ᠂ ᠲᠠᠷᠢᠶᠠᠯᠠᠩ᠎ᠤᠨ ᠤᠰᠤ ᠠᠷᠪᠢᠯᠠᠬᠤ ᠬᠠᠷᠠᠯᠳᠠ ᠡᠬᠦᠷᠭᠡ ᠪᠠ ᠲᠦᠷᠦ ᠵᠢᠨ ᠪᠤᠳᠤᠯᠭ᠎ᠠ ᠵᠢᠨ ᠠᠷᠭ᠎ᠠ ᠬᠡᠮᠵᠢᠶ᠎ᠡ ᠵᠢ ᠤᠯᠠᠮ ᠨᠢᠭᠡ ᠠᠯᠬᠤᠮ ᠲᠤᠲᠤᠷᠬᠠᠢ᠌ᠯᠠᠵᠤ᠂ ᠲᠠᠷᠢᠶᠠᠯᠠᠩ᠎ᠤᠨ ᠤᠰᠤ ᠠᠷᠪᠢᠯᠠᠬᠤ ᠠᠵᠢᠯ᠎ᠢ ᠠᠢ᠌ᠪᠳᠤᠯᠤᠯᠳᠠ ᠵᠢᠨ ᠴᠢᠨᠠᠷᠳᠠᠢ ᠠᠬᠢᠯᠳᠠ᠎ᠲᠠᠢ ᠪᠤᠯᠭ᠋ᠠᠵᠤ᠂ ᠤᠰᠤᠨ᠎ᠤ ᠡᠬᠢ ᠪᠠᠶᠠᠯᠢᠭ᠎ᠤᠨ ᠬᠠᠩᠭ᠋ᠠᠯᠭ᠎ᠠ ᠬᠡᠷᠡᠭᠴᠡᠭᠡᠨ᠎ᠤ ᠵᠦᠷᠢᠴᠡᠯ᠎ᠢ ᠨᠠᠮᠳᠠᠭᠤᠯᠵᠤ᠂ ᠤᠯᠤᠰ᠎ᠤᠨ ᠠᠮᠤ ᠪᠤᠳᠠᠭ᠋ᠠᠨ᠎ᠤ ᠠᠮᠤᠷ ᠲᠦᠪᠰᠢᠨ ᠪᠠ ᠲᠠᠷᠢᠶᠠᠯᠠᠩ ᠬᠦᠳᠡᠭᠡ ᠲᠤᠰᠬᠤᠨ᠎ᠤ ᠬᠦᠭᠵᠢᠯᠳᠡ᠎ᠳᠤ ᠬᠡᠷᠡᠭᠰᠡᠬᠦ ᠤᠰᠤᠨ᠎ᠤ ᠱᠠᠭ᠋ᠠᠷᠳᠠᠯᠭ᠎ᠠ ᠵᠢ ᠦᠨᠡᠨ ᠬᠦ᠌ ᠪᠠᠳᠤᠯᠠᠬᠤ ᠵᠢᠨ ᠲᠤᠰᠠᠳᠠ᠂ ᠤᠰᠤᠨ ᠠᠰᠢᠭᠯᠠᠯᠳᠠ ᠵᠢᠨ ᠶᠠᠮᠤᠨ᠎ᠠᠴᠠ 2011 ᠤᠨ᠎ᠤ 7 ᠰᠠᠷ᠎ᠠ᠎ᠳᠤ ᠲᠠᠬᠢᠨ《ᠬᠥᠲᠥᠯᠪᠦᠷᠢ》 ᠵᠢ ᠨᠠᠢ᠌ᠷᠠᠭᠤᠯᠬᠤ ᠠᠵᠢᠯ᠎ᠤᠨ ᠤᠳᠤᠷᠢᠳᠬᠤ ᠲᠤᠭᠤᠢ᠌ᠯᠠᠩ ᠪᠠ ᠲᠤᠰᠬᠠᠢ ᠠᠵᠢᠯ᠎ᠤᠨ ᠪᠠᠭ᠎ᠢ ᠪᠠᠢ᠌ᠭᠤᠯᠵᠤ᠂《ᠪᠦᠬᠦ ᠤᠯᠤᠰ᠎ᠤᠨ ᠲᠠᠷᠢᠶᠠᠯᠠᠩ᠎ᠤᠨ ᠤᠰᠤ ᠠᠷᠪᠢᠯᠠᠬᠤ ᠬᠦᠭᠵᠢᠯᠳᠡ ᠵᠢᠨ ᠬᠦᠳᠦᠯᠪᠤᠷᠢ (2001-2010 ᠤᠨ)》 ᠪᠠ ᠤᠢ᠌ᠷ᠎ᠠ ᠵᠢᠨ ᠵᠢᠯ᠎ᠳᠤ ᠪᠡᠶᠡᠯᠡᠬᠦᠯᠦᠭᠰᠡᠨ ᠬᠠᠮᠢᠶ᠎ᠠ ᠪᠦᠬᠦᠢ ᠲᠦᠯᠦᠪᠵᠢᠬᠦᠯᠭᠡ᠎ᠪᠠᠷ ᠰᠠᠭᠤᠷᠢ ᠪᠤᠯᠭ᠋ᠠᠵᠤ᠂ ᠬᠠᠷᠠᠮᠦ᠋ᠷᠡᠨ᠂ ᠬᠢᠷᠢᠨ᠂ ᠦᠪᠦᠷ ᠮᠤᠩᠭᠤᠯ᠂ ᠵᠢᠶᠠᠩᠰᠤ᠂ ᠰᠢᠨᠵᠢᠶᠠᠩ ᠵᠡᠷᠭᠡ ᠤᠷᠤᠨ᠎ᠤ ᠤᠰᠤ ᠠᠷᠪᠢᠯᠠᠬᠤ ᠤᠰᠤᠯᠠᠯᠳᠠ ᠵᠢ ᠬᠦᠭᠵᠢᠬᠦᠯᠦᠭᠰᠡᠨ ᠪᠠᠢ᠌ᠳᠠᠯ᠎ᠳᠤ ᠲᠤᠰᠬᠠᠢ ᠰᠡᠳᠦᠪᠳᠦ ᠪᠠᠢ᠌ᠴᠠᠭ᠋ᠠᠨ ᠰᠤᠳᠤᠯᠤᠯᠳᠠ ᠬᠢᠵᠦ᠂ ᠭᠠᠵᠠᠷ ᠤᠷᠤᠨ᠎ᠤ ᠰᠠᠨᠠᠯ ᠰᠠᠨᠠᠭᠤᠯᠭ᠎ᠠ ᠵᠢ ᠦᠷᠭᠡᠨ ᠵᠶ᠋ᠡᠷ ᠬᠦᠯᠢᠶᠡᠨ ᠠᠪᠴᠤ ᠰᠤᠨᠤᠰᠴᠤ ᠬᠤᠯᠪᠤᠭᠳᠠᠯ ᠪᠦᠬᠦᠢ ᠬᠦᠮᠦᠰ᠎ᠢ ᠵᠤᠬᠢᠶᠠᠨ ᠪᠠᠢ᠌ᠭᠤᠯᠤᠨ ᠲᠦᠪᠯᠡᠷᠡᠬᠦᠯᠦᠨ ᠶᠠᠷᠢᠯᠴᠠᠨ ᠰᠤᠳᠤᠯᠵᠤ᠂ ᠲᠦᠪ᠎ᠤᠨ ᠭᠠᠵᠠᠷ ᠲᠠᠷᠢᠶᠠᠯᠠᠩ᠎ᠤᠨ ᠠᠯᠪᠠᠨ ᠭᠡᠷ᠂ ᠤᠯᠤᠰ᠎ᠤᠨ ᠬᠦᠭᠵᠢᠬᠦᠯᠦᠯᠳᠡ ᠪᠠ ᠦᠭᠡᠷᠡᠴᠢᠯᠡᠯᠳᠡ ᠵᠢᠨ ᠵᠦᠪᠯᠡᠯ᠂ ᠡᠳ᠋᠎ᠤᠨ ᠵᠠᠰᠠᠭ᠎ᠤᠨ ᠶᠠᠮᠤᠨ᠂ ᠲᠠᠷᠢᠶᠠᠯᠠᠩ ᠠᠵᠤ ᠠᠬᠤᠢ ᠵᠢᠨ ᠶᠠᠮᠤᠨ᠂ ᠤᠯᠤᠰ᠎ᠤᠨ ᠬᠦᠷᠦᠰᠦ ᠰᠢᠷᠤᠢ ᠵᠢᠨ ᠡᠬᠢ ᠪᠠᠶᠠᠯᠢᠭ᠎ᠤᠨ ᠶᠠᠮᠤᠨ᠂ ᠰᠢᠨᠵᠢᠯᠡᠬᠦ ᠤᠬᠠᠭ᠋ᠠᠨ ᠮᠡᠷᠭᠡᠵᠢᠯ᠎ᠤᠨ ᠶᠠᠮᠤᠨ᠂ ᠤᠯᠤᠰ᠎ᠤᠨ ᠤᠢ ᠰᠢᠭᠤᠢ ᠵᠢᠨ ᠲᠤᠪᠴᠢᠶ᠎ᠠ᠂ ᠤᠯᠤᠰ᠎ᠤᠨ ᠴᠠᠭ ᠠᠭᠤᠷ᠎ᠤᠨ ᠲᠤᠪᠴᠢᠶ᠎ᠠ ᠵᠡᠷᠭᠡ ᠰᠠᠯᠠᠭ᠎ᠠ ᠮᠦᠴᠢᠷ᠎ᠠᠴᠠ ᠵᠢᠩᠬᠢᠨᠢ᠎ᠪᠠᠷ ᠰᠠᠨᠠᠯ ᠬᠤᠷᠢᠶᠠᠵᠤ᠂ ᠤᠯᠠᠨ ᠤᠳᠠᠭ᠎ᠠ ᠵᠠᠰᠠᠪᠤᠷᠢ ᠤᠷᠤᠭᠤᠯᠤᠨ ᠲᠡᠬᠦᠯᠳᠡᠷᠵᠢᠬᠦᠯᠦᠭᠰᠡᠨᠤ ᠲᠠᠷᠠᠭ᠎ᠠ ᠰᠠᠶᠢ ᠡᠨᠡᠬᠦ《ᠬᠥᠲᠥᠯᠪᠦᠷᠢ》 ᠵᠢ ᠨᠠᠢ᠌ᠷᠠᠭᠤᠯᠤᠨ ᠲᠠᠭᠤᠰᠬᠠᠵᠠᠢ᠃
ᠰᠤᠷᠪᠤᠯᠵᠢᠯᠠᠭᠴᠢ᠄《ᠬᠥᠲᠥᠯᠪᠦᠷᠢ》 ᠵᠢ ᠨᠡᠢ᠌ᠳᠡᠯᠡᠭᠰᠡᠨ᠎ᠨᠢ ᠶᠠᠮᠠᠷ ᠴᠢᠬᠤᠯᠠ ᠠᠴᠢ ᠬᠣᠯᠪᠣᠭᠳᠠᠯ᠎ᠲᠠᠢ ᠪᠣᠢ?
ᠸᠠᠩ ᠬᠠᠨ ᠮᠢᠨ᠄ ᠭᠠᠵᠠᠷ ᠲᠠᠷᠢᠶᠠᠯᠠᠩ᠎ᠤᠨ ᠤᠰᠤ ᠠᠷᠪᠢᠯᠠᠬᠤ ᠵᠢ ᠶᠡᠬᠡᠪᠡᠷ ᠠᠬᠢᠭᠤᠯᠬᠤ᠎ᠨᠢ ᠤᠳᠤᠬᠢᠴᠢᠯᠠᠭᠰᠠᠨ ᠲᠠᠷᠢᠶᠠᠯᠠᠩ ᠠᠵᠤ ᠠᠬᠤᠢ ᠪᠣᠯᠤᠨ ᠠᠵᠤ ᠠᠬᠤᠢ ᠨᠡᠶ᠋ᠢᠭᠡᠮ᠎ᠤᠨ ᠦᠷᠬᠦᠯᠵᠢᠯᠡᠬᠦᠢ᠌ᠴᠡ ᠬᠦᠭᠵᠢᠯᠳᠡ ᠵᠢ ᠠᠬᠢᠭᠤᠯᠬᠤ᠎ᠳᠤ ᠮᠠᠰᠢ ᠴᠢᠬᠤᠯᠠ ᠠᠴᠢ ᠬᠣᠯᠪᠣᠭᠳᠠᠯ᠎ᠲᠠᠢ ᠶᠤᠮ᠂ ᠮᠦᠨ ᠴᠤ᠌ ᠨᠢᠭᠡᠨ ᠤᠯᠤᠰ ᠪᠠ ᠠᠷᠠᠳ ᠲᠦᠮᠡᠨ᠎ᠳᠤ ᠠᠰᠢᠭ ᠬᠦᠷᠳᠡᠭᠡᠬᠦ ᠪᠠᠢ᠌ᠯᠳᠤᠬᠤ ᠪᠤᠳᠤᠯᠭ᠎ᠠ ᠵᠢᠨ ᠴᠢᠨᠠᠷᠳᠠᠢ ᠢᠨᠵᠸᠨ᠋ᠸᠷᠢᠩ ᠮᠦᠨ᠃
《ᠬᠥᠲᠥᠯᠪᠦᠷᠢ》᠎ᠳᠤ 2012 ᠣᠨ᠎ᠠᠴᠠ 2020 ᠣᠨ ᠪᠤᠯᠳᠠᠯᠠᠬᠢ ᠮᠠᠨ᠎ᠤ ᠤᠯᠤᠰ᠎ᠤᠨ ᠲᠠᠷᠢᠶᠠᠯᠠᠩ᠎ᠤᠨ ᠤᠰᠤ ᠠᠷᠪᠢᠯᠠᠬᠤ ᠬᠥᠭᠵᠢᠯᠲᠡ ᠵᠢᠨ ᠵᠢᠯᠣᠭᠣᠳᠬᠤ ᠦᠵᠡᠯ ᠰᠠᠨᠠᠭ᠎ᠠ ᠪᠣᠯᠤᠨ ᠠᠵᠢᠯ᠎ᠤᠨ ᠴᠢᠭᠯᠡᠯᠲᠡ᠂ ᠬᠠᠷᠠᠯᠲᠠ ᠡᠭᠦᠷᠭᠡ ᠪᠣᠯᠤᠨ ᠲᠥᠷᠥ ᠵᠢᠨ ᠪᠣᠳᠣᠯᠭ᠎ᠠ ᠵᠢᠨ ᠤᠳᠤᠷᠢᠳᠤᠮᠵᠢ᠂ ᠤᠷᠤᠨ ᠲᠣᠭᠣᠷᠢᠭ ᠬᠤᠪᠢᠶᠠᠬᠤ ᠪᠠ ᠲᠥᠷᠥᠯ ᠬᠤᠪᠢᠶᠠᠨ ᠵᠢᠯᠣᠭᠣᠳᠬᠤ᠂ ᠢᠨᠵᠧᠨᠧᠷᠢᠩ᠎ᠤᠨ ᠠᠷᠭ᠎ᠠ ᠬᠡᠮᠵᠢᠶ᠎ᠡ ᠪᠣᠯᠤᠨ ᠲᠤᠯᠭ᠋ᠠᠭᠤᠷᠢᠯᠠᠬᠤ ᠰᠢᠰᠲ᠋ᠧᠮᠵᠢ᠂ ᠪᠠᠶ᠋ᠢᠭᠤᠯᠤᠯ ᠪᠣᠯᠤᠨ ᠲᠣᠭᠲᠠᠴᠠ ᠵᠢᠨ ᠰᠢᠨ᠎ᠡ ᠵᠢ ᠡᠭᠦᠳᠬᠦ ᠵᠢᠴᠢ ᠵᠣᠬᠢᠶᠠᠨ ᠪᠠᠶ᠋ᠢᠭᠤᠯᠤᠨ ᠤᠳᠤᠷᠢᠳᠬᠤ ᠪᠠ ᠬᠡᠷᠡᠭᠵᠢᠭᠦᠯᠬᠦ ᠵᠡᠷᠭᠡ ᠠᠭᠤᠯᠭ᠎ᠠ ᠵᠢ ᠲᠤᠳᠤᠷᠬᠠᠢ ᠲᠤᠭᠳᠠᠭ᠋ᠠᠵᠤ᠂ ᠤᠰᠤ ᠠᠷᠪᠢᠯᠠᠬᠤ ᠤᠰᠤᠯᠠᠯᠲᠠ᠎ᠪᠠᠷ ᠲᠠᠷᠢᠶᠠᠯᠠᠩ᠎ᠤᠨ ᠤᠰᠤ ᠠᠷᠪᠢᠯᠠᠬᠤ ᠵᠢ ᠬᠦᠭᠵᠢᠬᠦᠯᠬᠦ ᠵᠢ ᠲᠦᠯᠬᠢᠨ ᠠᠬᠢᠭᠤᠯᠬᠤ᠎ᠳᠤ ᠦᠵᠦ ᠲᠦᠯᠦᠪᠯᠡᠭᠡ ᠲᠤᠭᠳᠠᠭ᠋ᠠᠵᠤ᠂ ᠲᠦᠯᠦᠪᠵᠢᠬᠦᠯᠭᠡ ᠵᠢ ᠨᠠᠢ᠌ᠷᠠᠭᠤᠯᠤᠨ ᠵᠤᠬᠢᠶᠠᠬᠤ᠂ ᠲᠦᠷᠦ ᠵᠢᠨ ᠪᠤᠳᠤᠯᠭ᠎ᠠ ᠵᠢ ᠲᠡᠬᠦᠯᠳᠡᠷᠵᠢᠬᠦᠯᠬᠦ᠂ ᠢᠨᠵᠸᠨ᠋ᠸᠷᠢᠩ᠎ᠤᠨ ᠪᠠᠢ᠌ᠭᠤᠯᠤᠯᠳᠠ᠂ ᠬᠠᠮᠢᠶᠠᠷᠤᠯᠳᠠ ᠵᠢᠨ ᠦᠭᠡᠷᠡᠴᠢᠯᠡᠯᠳᠡ᠎ᠳᠤ ᠵᠢᠯᠤᠭᠤᠳᠤᠯᠭ᠎ᠠ ᠬᠠᠩᠭ᠋ᠠᠵᠠᠢ᠃
ᠪᠤᠳᠠᠳᠠᠢ᠎ᠪᠠᠷ ᠬᠡᠯᠡᠪᠡᠯ᠂《ᠬᠥᠲᠥᠯᠪᠦᠷᠢ》 ᠵᠢ ᠨᠡᠢ᠌ᠳᠡᠯᠡᠭᠰᠡᠨ ᠠᠴᠢ ᠬᠣᠯᠪᠣᠭᠳᠠᠯ᠎ᠨᠢ ᠳᠠᠷᠠᠭ᠋ᠠᠬᠢ ᠲᠠᠪᠤᠨ ᠲᠠᠯ᠎ᠠ ᠪᠣᠢ᠄
ᠶᠠᠭᠤᠨ᠎ᠤ ᠡᠮᠦᠨ᠎ᠡ᠂ 《ᠬᠥᠲᠥᠯᠪᠦᠷᠢ》 ᠵᠢ ᠨᠡᠢ᠌ᠳᠡᠯᠡᠭᠰᠡᠨ᠎ᠨᠢ ᠲᠠᠷᠢᠶᠠᠯᠠᠩ᠎ᠤᠨ ᠤᠰᠤ ᠠᠷᠪᠢᠯᠠᠬᠤ ᠠᠵᠢᠯ᠎ᠢ ᠪᠦᠬᠦᠯᠢ ᠴᠤᠭᠴᠠ᠎ᠪᠠᠷ᠎ᠨᠢ ᠪᠦᠬᠦ ᠲᠠᠯ᠎ᠠ᠎ᠪᠠᠷ ᠠᠬᠢᠭᠤᠯᠬᠤ᠎ᠳᠤ ᠠᠰᠢᠭᠲᠠᠢ᠃ 《ᠬᠥᠲᠥᠯᠪᠦᠷᠢ》᠎ᠨᠢ ᠶᠡᠷᠦᠩᠬᠡᠢ᠌ᠯᠡᠭᠰᠡᠨ ᠠᠷᠭ᠎ᠠ ᠬᠡᠮᠵᠢᠶ᠎ᠡ ᠵᠢ ᠬᠡᠷᠡᠭᠯᠡᠬᠦ ᠵᠢ ᠴᠢᠩᠭ᠋ᠠᠳᠬᠠᠵᠤ᠂ ᠠᠵᠤ ᠠᠬᠤᠢ᠂ ᠵᠠᠰᠠᠭ ᠵᠠᠬᠢᠷᠭ᠋ᠠᠨ᠂ ᠬᠠᠤᠯᠢ ᠴᠠᠭ᠋ᠠᠵᠠ᠂ ᠰᠢᠨᠵᠢᠯᠡᠬᠦ ᠤᠬᠠᠭ᠋ᠠᠨ ᠮᠡᠷᠭᠡᠵᠢᠯ᠂ ᠢᠨᠵᠸᠨ᠋ᠸᠷᠢᠩ ᠵᠡᠷᠭᠡ ᠣᠯᠠᠨ ᠵᠦᠢ᠍ᠯ᠎ᠤᠨ ᠠᠷᠭ᠎ᠠ ᠪᠠᠷᠢᠯ ᠵᠢ ᠬᠡᠷᠡᠭᠯᠡᠨ᠂ 2020 ᠣᠨ ᠪᠤᠯᠬᠤ᠎ᠳᠤ᠂ ᠪᠦᠬᠦ ᠤᠯᠤᠰ᠎ᠤᠨ ᠬᠡᠪᠴᠢᠶᠡᠨ᠎ᠳᠤ ᠲᠠᠷᠢᠶᠠᠯᠠᠩ ᠠᠵᠤ ᠠᠬᠤᠢ ᠵᠢᠨ ᠦᠢ᠍ᠯᠡᠳᠪᠦᠷᠢᠯᠡᠯ᠎ᠤᠨ ᠪᠠᠶ᠋ᠢᠷᠢᠰᠢᠭᠤᠯᠤᠯᠲᠠ ᠪᠣᠯᠤᠨ ᠤᠰᠤᠨ᠎ᠤ ᠡᠬᠢ ᠪᠠᠶᠠᠯᠢᠭ᠎ᠤᠨ ᠨᠥᠬᠥᠴᠡᠯ ᠬᠠᠷᠢᠯᠴᠠᠨ ᠢᠵᠢ ᠪᠦᠷᠢᠳᠦᠭᠰᠡᠨ᠂ ᠲᠠᠷᠢᠶᠠᠯᠠᠩ᠎ᠳᠤ ᠬᠡᠷᠡᠭᠯᠡᠬᠦ ᠤᠰᠤᠨ᠎ᠤ ᠬᠡᠮᠵᠢᠶ᠎ᠡ ᠪᠤᠯᠤᠨ ᠤᠰᠤ ᠬᠡᠷᠡᠭᠯᠡᠬᠦ ᠦᠷ᠎ᠡ ᠪᠦᠳᠦᠮᠵᠢ᠎ᠨᠢ ᠬᠠᠷᠢᠯᠴᠠᠨ ᠵᠤᠬᠢᠴᠠᠭᠰᠠᠨ᠂ ᠢᠨᠵᠸᠨ᠋ᠸᠷᠢᠩ᠎ᠤᠨ ᠠᠷᠭ᠎ᠠ ᠬᠡᠮᠵᠢᠶ᠎ᠡ ᠪᠤᠯᠤᠨ ᠢᠨᠵᠸᠨ᠋ᠸᠷᠢᠩ᠎ᠤᠨ ᠪᠤᠰᠤ ᠠᠷᠭ᠎ᠠ ᠬᠡᠮᠵᠢᠶ᠎ᠡ ᠵᠢ ᠬᠠᠷᠢᠯᠴᠠᠨ ᠤᠶᠠᠯᠳᠤᠭᠤᠯᠤᠭᠰᠠᠨ ᠲᠤᠮᠳᠠᠳᠤ ᠤᠯᠤᠰ᠎ᠤᠨ ᠤᠨᠴᠠᠯᠢᠭ᠎ᠲᠠᠢ ᠲᠠᠷᠢᠶᠠᠯᠠᠩ᠎ᠤᠨ ᠤᠰᠤ ᠠᠷᠪᠢᠯᠠᠬᠤ ᠰᠢᠰᠲᠸᠮ ᠵᠢ ᠠᠩᠬ᠎ᠠ ᠠᠯᠬᠤᠮ ᠪᠠᠢ᠌ᠭᠤᠯᠤᠨ᠎ᠠ᠃ ᠵᠢᠯᠤᠭᠤᠳᠬᠤ ᠦᠵᠡᠯ ᠰᠠᠨᠠᠭ᠋ᠠᠨ᠎ᠤ ᠲᠠᠯ᠎ᠠ᠎ᠪᠠᠷ 《ᠳᠥᠷᠪᠡ ᠵᠢ ᠬᠦᠴᠦᠯᠡᠨ ᠴᠢᠩᠭ᠋ᠠᠳᠬᠠᠬᠤ》 ᠵᠢ ᠴᠢᠬᠤᠯᠠᠴᠢᠯᠠᠨ᠎ᠠ᠂ ᠳᠠᠷᠤᠢ ᠢᠨᠵᠧᠨᠧᠷᠢᠩ᠂ ᠲᠠᠷᠢᠶᠠᠯᠠᠩ᠎ᠤᠨ ᠮᠡᠷᠭᠡᠵᠢᠯ᠂ ᠲᠠᠷᠢᠶᠠᠯᠠᠩ᠎ᠤᠨ ᠮᠠᠰᠢᠨ ᠵᠡᠷᠭᠡ ᠤᠰᠤ ᠠᠷᠪᠢᠯᠠᠬᠤ ᠠᠷᠭ᠎ᠠ ᠬᠡᠮᠵᠢᠶᠡᠨ᠎ᠤ ᠶᠡᠷᠦᠩᠬᠡᠶ᠋ᠢᠯᠡᠭᠰᠡᠨ ᠬᠡᠷᠡᠭᠯᠡᠯᠲᠡ ᠵᠢ ᠬᠦᠴᠦᠯᠡᠨ ᠴᠢᠩᠭ᠋ᠠᠳᠬᠠᠵᠤ᠂ ᠲᠠᠷᠢᠶᠠᠯᠠᠩ᠎ᠤᠨ ᠤᠰᠤ ᠠᠷᠪᠢᠯᠠᠬᠤ ᠰᠢᠨᠵᠢᠯᠡᠬᠦ ᠤᠬᠠᠭ᠋ᠠᠨ ᠮᠡᠷᠭᠡᠵᠢᠯ᠎ᠤᠨ ᠲᠤᠯᠭ᠋ᠠᠭᠤᠷᠢᠯᠠᠯ᠎ᠢ ᠬᠦᠴᠦᠯᠡᠨ ᠴᠢᠩᠭ᠋ᠠᠳᠬᠠᠵᠤ᠂ ᠲᠠᠷᠢᠶᠠᠯᠠᠩ᠎ᠤᠨ ᠤᠰᠤ ᠠᠷᠪᠢᠯᠠᠬᠤ ᠢᠨᠵᠸᠨ᠋ᠸᠷᠢᠩ᠎ᠤᠨ ᠬᠠᠮᠢᠶᠠᠷᠤᠯᠳᠠ ᠵᠢᠨ ᠰᠢᠰᠲᠸᠮ ᠵᠢ ᠰᠢᠨᠡᠴᠢᠯᠡᠬᠦ ᠵᠢ ᠴᠢᠩᠭ᠋ᠠᠳᠬᠠᠵᠤ᠂ ᠦᠨᠳᠦᠰᠦᠨ ᠱᠠᠳᠤᠨ᠎ᠤ ᠤᠰᠤᠨ ᠠᠰᠢᠭᠯᠠᠯᠳᠠ ᠵᠢᠨ ᠦᠢ᠍ᠯᠡᠴᠢᠯᠡᠬᠡᠨ ᠪᠠ ᠲᠠᠷᠢᠶᠠᠯᠠᠩ᠎ᠤᠨ ᠮᠡᠷᠭᠡᠵᠢᠯ ᠵᠢ ᠲᠡᠯᠭᠡᠷᠡᠬᠦᠯᠬᠦ ᠰᠢᠰᠲᠸᠮ᠎ᠢ ᠲᠡᠬᠦᠯᠳᠡᠷᠵᠢᠬᠦᠯᠬᠦ ᠵᠢ ᠴᠢᠩᠭ᠋ᠠᠳᠬᠠᠨ᠎ᠠ᠃
ᠳᠠᠷᠠᠭ᠎ᠠ᠎ᠨᠢ᠂ 《ᠬᠥᠲᠥᠯᠪᠦᠷᠢ》 ᠵᠢ ᠨᠡᠢ᠌ᠳᠡᠯᠡᠭᠰᠡᠨ᠎ᠨᠢ ᠪᠦᠬᠦ ᠲᠠᠯ᠎ᠠ ᠪᠣᠯᠤᠨ ᠪᠠᠢ᠌ᠯᠳᠤᠬᠤ ᠪᠤᠳᠤᠯᠭ᠎ᠠ ᠵᠢᠨ ᠦᠨᠳᠦᠷᠴᠡ᠎ᠠᠴᠠ ᠲᠠᠷᠢᠶᠠᠯᠠᠩ ᠠᠵᠤ ᠠᠬᠤᠢ ᠵᠢᠨ ᠤᠰᠤ ᠠᠷᠪᠢᠯᠠᠬᠤ ᠠᠵᠢᠯ᠎ᠢ ᠨᠢᠭᠡᠳᠦᠯᠲᠡᠢ ᠲᠦᠯᠦᠪᠯᠡᠬᠦ᠎ᠳᠤ ᠠᠰᠢᠭᠳᠠᠢ᠃ 《 ᠬᠦᠳᠦᠯᠪᠤᠷᠢ》 ᠵᠢ ᠨᠠᠶ᠋ᠢᠷᠠᠭᠤᠯᠤᠨ ᠵᠣᠬᠢᠶᠠᠬᠤ ᠶᠠᠪᠤᠴᠠ᠎ᠳᠤ 《ᠪᠦᠬᠦ ᠤᠯᠤᠰ᠎ᠤᠨ ᠤᠰᠤᠨ᠎ᠤ ᠡᠬᠢ ᠪᠠᠶᠠᠯᠢᠭ᠎ᠤᠨ ᠶᠡᠷᠦᠩᠬᠡᠢ ᠲᠥᠯᠥᠪᠵᠢᠭᠦᠯᠭᠡ》᠂ 《ᠪᠦᠬᠦ ᠤᠯᠤᠰ᠎ᠲᠤ 1000 ᠳ᠋ᠦᠩᠰᠢᠭᠤᠷ ᠵᠢᠩ ᠠᠮᠤ ᠪᠤᠳᠠᠭ᠎ᠠ ᠦᠢ᠍ᠯᠡᠳᠪᠦᠷᠢᠯᠡᠬᠦ ᠴᠢᠳᠠᠪᠤᠷᠢ ᠵᠢ ᠰᠢᠨ᠎ᠡ᠎ᠪᠠᠷ ᠨᠡᠮᠡᠭᠳᠡᠭᠦᠯᠬᠦ ᠲᠥᠯᠥᠪᠵᠢᠭᠦᠯᠭᠡ(2009-2020 ᠤᠨ)》᠂ 《 ᠪᠦᠬᠦ ᠤᠯᠤᠰ᠎ᠤᠨ ᠭᠠᠩ ᠬᠠᠭᠰᠠᠷᠭ᠋ᠠᠨ᠎ᠲᠠᠢ ᠲᠡᠮᠡᠴᠡᠬᠦ ᠲᠥᠯᠥᠪᠵᠢᠭᠦᠯᠭᠡ》᠂ 《ᠤᠯᠤᠰ ᠠᠷᠠᠳ᠎ᠤᠨ ᠠᠵᠤ ᠠᠬᠤᠢ ᠪᠠ ᠨᠡᠶ᠋ᠢᠭᠡᠮ᠎ᠤᠨ ᠬᠥᠭᠵᠢᠯᠲᠡ ᠵᠢᠨ 〈ᠠᠷᠪᠠᠨ ᠬᠣᠶᠠᠳᠤᠭ᠋ᠠᠷ ᠲᠠᠪᠤᠨ ᠵᠢᠯ〉᠎ᠤᠨ ᠲᠥᠯᠥᠪᠵᠢᠭᠦᠯᠭᠡ ᠵᠢᠨ ᠬᠦᠳᠦᠯᠪᠤᠢ》᠂ 《ᠤᠰᠤᠨ ᠠᠰᠢᠭᠯᠠᠯᠲᠠ ᠵᠢᠨ ᠬᠥᠭᠵᠢᠯᠲᠡ ᠵᠢᠨ ᠲᠥᠯᠥᠪᠵᠢᠭᠦᠯᠭᠡ(2011 — 2015 ᠤᠨ)》᠂《ᠪᠦᠬᠦ ᠤᠯᠤᠰ᠎ᠤᠨ ᠲᠠᠷᠢᠶᠠᠯᠠᠩ ᠪᠠ ᠬᠦᠳᠡᠭᠡ ᠲᠤᠰᠬᠤᠨ ᠠᠵᠤ ᠠᠬᠤᠢ ᠵᠢᠨ ᠬᠥᠭᠵᠢᠯᠲᠡ ᠵᠢᠨ 〈ᠠᠷᠪᠠᠨ ᠬᠣᠶᠠᠳᠤᠭ᠋ᠠᠷ ᠲᠠᠪᠤᠨ ᠵᠢᠯ〉᠎ᠤᠨ ᠲᠥᠯᠥᠪᠵᠢᠭᠦᠯᠭᠡ》᠂《ᠪᠦᠬᠦ ᠤᠯᠤᠰ᠎ᠤᠨ ᠤᠰᠤ ᠠᠷᠪᠢᠯᠠᠬᠤ ᠤᠰᠤᠯᠠᠯᠳᠠ ᠵᠢᠨ ᠲᠦᠯᠦᠪᠵᠢᠬᠦᠯᠭᠡ》 ᠵᠢᠴᠢ ᠲᠤᠮᠤ ᠲᠤᠮᠳᠠ ᠬᠡᠯᠪᠡᠷᠢ ᠵᠢᠨ ᠤᠰᠤᠯᠠᠯᠳᠠ ᠵᠢᠨ ᠲᠤᠭᠤᠷᠢᠭ᠎ᠤᠨ ᠢᠵᠢ ᠪᠦᠷᠢᠳᠦᠭᠰᠡᠨ ᠰᠠᠢ᠌ᠵᠢᠷᠠᠭᠤᠯᠤᠯᠳᠠ᠂ ᠲᠤᠮᠤ ᠬᠡᠯᠪᠡᠷᠢ ᠵᠢᠨ ᠤᠰᠤᠯᠠᠯᠳᠠ ᠲᠠᠳᠠᠷᠠᠭᠤᠯᠤᠯᠳᠠ ᠵᠢᠨ ᠬᠦᠭᠡᠷᠭᠡ ᠵᠢᠨ ᠦᠷᠲᠡᠭᠡ ᠵᠢ ᠰᠢᠨᠡᠴᠢᠯᠡᠨ ᠰᠠᠢ᠌ᠵᠢᠷᠠᠭᠤᠯᠬᠤ ᠵᠡᠷᠭᠡ ᠲᠦᠯᠦᠪᠵᠢᠬᠦᠯᠭᠡ᠎ᠲᠠᠢ ᠵᠤᠬᠢᠴᠠᠭᠤᠯᠤᠨ ᠠᠪᠴᠠᠯᠳᠤᠭᠤᠯᠵᠤ᠂ ᠬᠠᠷᠠᠯᠳᠠ ᠡᠬᠦᠷᠭᠡ ᠪᠤᠯᠤᠨ ᠲᠦᠷᠦ ᠵᠢᠨ ᠪᠤᠳᠤᠯᠭ᠎ᠠ ᠠᠷᠭ᠎ᠠ ᠬᠡᠮᠵᠢᠶ᠎ᠡ ᠵᠢ ᠴᠦᠮ ᠨᠢᠭᠡᠳᠦᠯᠳᠡᠢ ᠪᠠᠢ᠌ᠯᠭ᠋ᠠᠭᠰᠠᠨ ᠪᠠᠢ᠌ᠨ᠎ᠠ᠃
ᠭᠤᠷᠪᠠᠳᠤᠭ᠋ᠠᠷ᠎ᠲᠤ᠂ 《ᠬᠥᠲᠥᠯᠪᠦᠷᠢ》 ᠵᠢ ᠨᠡᠢ᠌ᠳᠡᠯᠡᠭᠰᠡᠨ᠎ᠨᠢ ᠲᠠᠷᠢᠶᠠᠯᠠᠩ᠎ᠤᠨ ᠤᠰᠤ ᠠᠷᠪᠢᠯᠠᠬᠤ ᠵᠢ ᠤᠷᠤᠨ ᠲᠤᠭᠤᠷᠢᠭ ᠬᠤᠪᠢᠶᠠᠨ ᠲᠦᠷᠦᠯ ᠠᠩᠭᠢᠯᠠᠯ ᠬᠢᠵᠦ ᠵᠢᠯᠤᠭᠤᠳᠬᠤ ᠵᠢ ᠡᠷᠴᠢᠮᠵᠢᠬᠦᠯᠬᠦ᠎ᠳᠤ ᠠᠰᠢᠭᠳᠠᠢ᠃ 《ᠬᠥᠲᠥᠯᠪᠦᠷᠢ》᠎ᠳᠤ᠂ ᠪᠣᠳᠠᠲᠤ ᠪᠠᠶ᠋ᠢᠳᠠᠯ᠎ᠲᠠᠢ᠎ᠪᠠᠨ ᠤᠶᠠᠯᠳᠤᠭᠤᠯᠤᠨ ᠭᠠᠵᠠᠷ ᠣᠷᠣᠨ᠎ᠤ ᠪᠠᠶ᠋ᠢᠳᠠᠯ᠎ᠳᠠᠭᠠᠨ ᠲᠣᠬᠢᠷᠠᠭᠤᠯᠤᠨ ᠲᠠᠷᠢᠶᠠᠯᠠᠩ᠎ᠤᠨ ᠤᠰᠤ ᠠᠷᠪᠢᠯᠠᠬᠤ ᠠᠵᠢᠯ᠎ᠢ ᠣᠷᠣᠨ ᠲᠤᠭᠤᠷᠢᠭ᠂ ᠲᠥᠷᠥᠯ ᠠᠩᠬᠢᠯᠠᠯ ᠬᠤᠪᠢᠶᠠᠨ ᠵᠢᠯᠣᠭᠣᠳᠬᠤ ᠵᠢ ᠴᠢᠬᠤᠯᠠᠴᠢᠯᠠᠵᠠᠢ᠃ ᠡᠯ᠎ᠡ ᠭᠠᠵᠠᠷ ᠣᠷᠣᠨ᠎ᠤ ᠠᠳᠠᠯᠢ ᠪᠤᠰᠤ ᠪᠠᠶ᠋ᠢᠭ᠋ᠠᠯᠢ ᠵᠢᠨ ᠭᠠᠵᠠᠷ ᠵᠦᠢ ᠬᠢᠭᠡᠳ ᠠᠭᠤᠷ ᠠᠮᠢᠰᠬᠤᠯ᠎ᠤᠨ ᠨᠥᠬᠥᠴᠡᠯ᠂ ᠬᠥᠷᠥᠰᠥ ᠰᠢᠷᠣᠢ ᠵᠢᠨ ᠡᠬᠢ ᠪᠠᠶᠠᠯᠢᠭ᠎ᠤᠨ ᠪᠠᠶ᠋ᠢᠳᠠᠯ᠂ ᠠᠮᠢ ᠠᠬᠤᠢ ᠣᠷᠴᠢᠨ ᠲᠣᠭᠣᠷᠢᠨ᠂ ᠤᠰᠤᠨ ᠠᠰᠢᠭᠯᠠᠯᠲᠠ ᠵᠢᠨ ᠪᠠᠷᠢᠯᠭ᠎ᠠ ᠵᠢᠨ ᠰᠠᠭᠤᠷᠢ᠂ ᠲᠠᠷᠢᠮᠠᠯ᠎ᠤᠨ ᠲᠠᠷᠢᠵᠤ ᠤᠷᠭᠤᠭᠤᠯᠬᠤ ᠪᠦᠲᠦᠴᠡ ᠵᠢᠴᠢ ᠲᠠᠷᠢᠶᠠᠯᠠᠩ ᠬᠥᠳᠡᠭᠡ ᠲᠣᠰᠬᠣᠨ᠎ᠤ ᠬᠥᠭᠵᠢᠯᠲᠡ ᠵᠢᠨ ᠬᠡᠷᠡᠭᠴᠡᠭᠡ ᠱᠠᠭ᠋ᠠᠷᠳᠠᠯᠭ᠎ᠠ ᠵᠢ ᠶᠡᠷᠦᠩᠬᠡᠢ᠌ᠯᠡᠨ ᠪᠤᠳᠤᠯᠬᠢᠯᠠᠵᠤ᠂ ᠲᠤᠬᠠᠢ ᠵᠢᠨ ᠭᠠᠵᠠᠷ ᠣᠷᠣᠨ᠎ᠤ ᠪᠠᠶ᠋ᠢᠳᠠᠯ᠎ᠳᠤᠨᠢ ᠲᠣᠬᠢᠷᠠᠭᠤᠯᠤᠨ᠂ ᠵᠡᠭᠦᠨ ᠬᠣᠶ᠋ᠢᠲᠤ ᠣᠷᠣᠨ᠂ ᠪᠠᠷᠠᠭᠤᠨ ᠬᠣᠶ᠋ᠢᠲᠤ ᠣᠷᠣᠨ᠂ ᠬᠠᠲᠤᠨ ᠭᠣᠣᠯ ᠬᠤᠸᠠᠶ᠋ᠢᠾᠧ ᠭᠣᠣᠯ ᠪᠣᠯᠤᠨ ᠡᠮᠦᠨᠡᠲᠦ ᠣᠷᠣᠨ ᠵᠡᠷᠭᠡ ᠭᠠᠵᠠᠷ ᠣᠷᠣᠨ᠎ᠤ ᠲᠠᠷᠢᠶᠠᠯᠠᠩ᠎ᠤᠨ ᠤᠰᠤ ᠠᠷᠪᠢᠯᠠᠬᠤ ᠬᠥᠭᠵᠢᠯᠲᠡ᠎ᠳᠤ ᠬᠠᠨᠳᠤᠯᠭ᠋ᠠᠳᠤ ᠴᠢᠨᠠᠷᠳᠠᠢ᠎ᠪᠠᠷ ᠲᠥᠷᠥᠯ ᠬᠤᠪᠢᠶᠠᠨ ᠵᠢᠯᠣᠭᠣᠳᠬᠤ ᠰᠠᠨᠠᠯ ᠳᠤᠷᠠᠳᠪᠠ᠃
ᠲᠦᠷᠪᠡᠳᠦᠭᠡᠷ᠎ᠲᠤ᠂《ᠬᠥᠲᠥᠯᠪᠦᠷᠢ》 ᠵᠢᠨ ᠨᠡᠶ᠋ᠢᠲᠡᠯᠡᠭᠳᠡᠭᠰᠡᠨ᠎ᠨᠢ ᠲᠠᠷᠢᠶᠠᠯᠠᠩ᠎ᠤᠨ ᠤᠰᠤ ᠠᠷᠪᠢᠯᠠᠬᠤ ᠬᠥᠭᠵᠢᠯᠲᠡ ᠵᠢᠨ ᠪᠠᠶ᠋ᠢᠭᠤᠯᠤᠯ ᠲᠣᠭᠲᠠᠴᠠ ᠵᠢᠨ ᠰᠢᠨ᠎ᠡ ᠵᠢ ᠡᠭᠦᠳᠬᠦ ᠵᠢ ᠠᠬᠢᠭᠤᠯᠬᠤ᠎ᠳᠤ ᠠᠰᠢᠭᠲᠠᠢ ᠶᠤᠮ᠃ 《ᠬᠥᠲᠥᠯᠪᠦᠷᠢ》᠎ᠳᠤ ᠬᠠᠲᠠᠭᠤ ᠲᠣᠨᠣᠭ ᠲᠥᠬᠥᠭᠡᠷᠦᠮᠵᠢ ᠵᠢᠨ ᠪᠦᠲᠦᠭᠡᠨ ᠪᠠᠶ᠋ᠢᠭᠤᠯᠤᠯᠲᠠ ᠵᠢ ᠴᠢᠩᠭ᠋ᠠᠳᠬᠠᠬᠤ ᠵᠢ ᠴᠢᠬᠤᠯᠠᠴᠢᠯᠠᠬᠤ ᠵᠢᠨ ᠬᠠᠮᠲᠤ ᠪᠠᠰᠠ ᠲᠠᠷᠢᠶᠠᠯᠠᠩ᠎ᠤᠨ ᠤᠰᠤ ᠠᠷᠪᠢᠯᠠᠬᠤ ᠬᠥᠭᠵᠢᠯ᠎ᠤᠨ ᠲᠣᠭᠲᠠᠯᠴᠠᠭ᠎ᠠ ᠮᠧᠬᠠᠨᠢᠰᠮ᠎ᠳᠤ ᠰᠢᠨ᠎ᠡ ᠵᠢ ᠡᠬᠦᠳᠬᠦ ᠵᠢ ᠴᠢᠬᠤᠯᠠᠴᠢᠯᠠᠭᠰᠠᠨ ᠪᠠᠢ᠌ᠨ᠎ᠠ᠃ ᠲᠠᠷᠢᠶᠠᠯᠠᠩ᠎ᠤᠨ ᠤᠰᠤ ᠠᠷᠪᠢᠯᠠᠬᠤ ᠲᠦᠷᠦ ᠵᠢᠨ ᠪᠣᠳᠣᠯᠭ᠎ᠠ ᠬᠠᠤᠯᠢ ᠲᠣᠭᠲᠠᠭ᠋ᠠᠯ᠎ᠢ ᠲᠡᠬᠦᠯᠳᠡᠷᠵᠢᠬᠦᠯᠦᠨ᠂ ᠲᠠᠷᠢᠶᠠᠯᠠᠩ᠎ᠤᠨ ᠤᠰᠤ ᠠᠷᠪᠢᠯᠠᠬᠤ ᠵᠢ ᠬᠠᠮᠢᠶᠠᠷᠬᠤ ᠬᠠᠲᠠᠭᠤ ᠳᠦᠷᠢᠮ᠎ᠢ ᠪᠠᠢ᠌ᠭᠤᠯᠤᠨ᠂ ᠲᠠᠷᠢᠶᠠᠯᠠᠩ᠎ᠤᠨ ᠤᠰᠤ ᠠᠷᠪᠢᠯᠠᠬᠤ ᠪᠡᠯᠡ ᠣᠷᠣᠭᠤᠯᠤᠯᠲᠠ ᠵᠢ ᠨᠡᠮᠡᠭᠳᠡᠭᠦᠯᠵᠦ᠂ ᠵᠠᠰᠠᠭ᠎ᠤᠨ ᠤᠷᠳᠤᠨ᠎ᠠᠴᠠ ᠳᠡᠮᠵᠢᠬᠦ ᠪᠣᠯᠤᠨ ᠲᠠᠷᠢᠶᠠᠴᠢᠳ᠎ᠤᠨ ᠣᠷᠣᠯᠴᠠᠬᠤ ᠲᠠᠷᠢᠶᠠᠯᠠᠩ᠎ᠤᠨ ᠤᠰᠤ ᠠᠷᠪᠢᠯᠠᠬᠤ ᠬᠦᠭᠵᠢᠯᠳᠡ ᠵᠢᠨ ᠲᠤᠭᠳᠠᠴᠠ ᠵᠢ ᠪᠠᠢ᠌ᠭᠤᠯᠤᠨ᠂ ᠲᠠᠷᠢᠶᠠᠯᠠᠩ᠎ᠤᠨ ᠣᠰᠣ ᠠᠷᠪᠢᠯᠠᠬᠤ ᠮᠡᠷᠭᠡᠵᠢᠯ᠎ᠤᠨ ᠦᠢ᠍ᠯᠡᠴᠢᠯᠡᠭᠡᠨ᠎ᠤ ᠰᠢᠰᠲᠸᠮ᠎ᠢ ᠲᠡᠬᠦᠯᠳᠡᠷᠵᠢᠬᠦᠯᠦᠨ᠂ ᠲᠠᠷᠢᠶᠠᠯᠠᠩ᠎ᠤᠨ ᠤᠰᠣ ᠠᠷᠪᠢᠯᠠᠬᠤ ᠢᠨᠵᠸᠨ᠋ᠸᠷᠢᠩ᠎ᠤᠨ ᠬᠠᠮᠢᠶᠠᠷᠤᠯᠳᠠ ᠵᠢᠨ ᠪᠠᠢ᠌ᠭᠤᠯᠤᠮᠵᠢ ᠵᠢᠨ ᠦᠭᠡᠷᠡᠴᠢᠯᠡᠯᠳᠡ ᠵᠢ ᠬᠦᠨᠵᠡᠭᠡᠢ᠌ᠷᠡᠬᠦᠯᠦᠨ᠂ ᠲᠠᠷᠢᠶᠠᠯᠠᠩ᠎ᠤᠨ ᠤᠰᠤᠨ᠎ᠤ ᠦᠨ᠎ᠡ ᠬᠠᠩᠰᠢ ᠵᠢᠨ ᠦᠭᠡᠷᠡᠴᠢᠯᠡᠯᠳᠡ ᠵᠢ ᠲᠦᠯᠬᠢᠨ ᠠᠬᠢᠭᠤᠯᠵᠤ᠂ ᠲᠠᠷᠢᠶᠠᠯᠠᠩ᠎ᠤᠨ ᠤᠰᠤ ᠠᠷᠪᠢᠯᠠᠬᠤ ᠬᠦᠭᠵᠢᠯᠳᠡ ᠵᠢᠨ ᠬᠦᠳᠡᠯᠭᠡᠬᠦ ᠬᠦᠴᠦᠨ ᠪᠤᠯᠤᠨ ᠡᠷᠴᠢ ᠬᠦᠴᠦᠨ᠎ᠢ ᠤᠯᠠᠮ ᠨᠢᠭᠡ ᠠᠯᠬᠤᠮ ᠴᠢᠩᠭ᠋ᠠᠳᠬᠠᠬᠤ ᠬᠡᠷᠡᠭᠲᠡᠢ ᠭᠡᠵᠦ ᠲᠤᠷᠠᠳᠤᠭᠰᠠᠨ ᠪᠠᠢ᠌ᠨ᠎ᠠ᠃
ᠲᠠᠪᠤᠳᠤᠭ᠋ᠠᠷ᠎ᠲᠤ᠂ 《ᠬᠥᠲᠥᠯᠪᠦᠷᠢ》 ᠵᠢ ᠨᠡᠢ᠌ᠳᠡᠯᠡᠭᠰᠡᠨ᠎ᠨᠢ ᠤᠰᠤ ᠠᠷᠪᠢᠯᠠᠬᠤ ᠨᠡᠶ᠋ᠢᠲᠡ ᠵᠢᠨ ᠠᠰᠠᠷᠠᠮᠵᠢ ᠵᠢᠨ ᠴᠢᠨᠠᠷ᠎ᠢ ᠴᠢᠩᠭ᠋ᠠᠳᠬᠠᠵᠤ᠂ ᠵᠠᠰᠠᠭ᠎ᠤᠨ ᠣᠷᠳᠣᠨ᠎ᠤ ᠲᠠᠷᠢᠶᠠᠯᠠᠩ᠎ᠤᠨ ᠤᠰᠤ ᠠᠷᠪᠢᠯᠠᠬᠤ ᠬᠥᠭᠵᠢᠯᠲᠡ ᠵᠢᠨ ᠳᠤᠮᠳᠠᠬᠢ ᠬᠠᠷᠢᠭᠤᠴᠠᠯᠭ᠎ᠠ ᠵᠢᠨ ᠭᠣᠣᠯ ᠴᠣᠭᠴᠠ ᠵᠢᠨ ᠪᠠᠶ᠋ᠢᠷᠢ ᠰᠠᠭᠤᠷᠢ ᠵᠢ ᠲᠤᠳᠤᠷᠬᠠᠢ᠌ᠯᠠᠬᠤ᠎ᠳᠤ ᠠᠰᠢᠭᠳᠠᠢ᠃ 《ᠬᠥᠲᠥᠯᠪᠦᠷᠢ》 ᠳᠤ ᠠᠵᠢᠯ᠎ᠤᠨ ᠴᠢᠭᠯᠡᠯᠳᠡ᠎ᠨᠢ ᠵᠠᠰᠠᠭ᠎ᠤᠨ ᠤᠷᠳᠤᠨ᠎ᠠᠴᠠ ᠭᠤᠤᠯᠴᠢᠯᠠᠨ ᠤᠳᠤᠷᠢᠳᠴᠤ᠂ ᠣᠯᠠᠨ ᠲᠠᠯ᠎ᠠ ᠵᠢᠨ ᠣᠷᠣᠯᠴᠠᠭ᠎ᠠ᠎ᠲᠠᠢ ᠪᠠᠶ᠋ᠢᠬᠤ ᠵᠢ ᠪᠠᠷᠢᠮᠲᠠᠯᠠᠬᠤ ᠵᠢ ᠲᠤᠷᠠᠳᠴᠠᠢ᠃ ᠣᠯᠠᠨ ᠨᠡᠶ᠋ᠢᠲᠡ ᠵᠢᠨ ᠡᠳ᠋᠎ᠤᠨ ᠵᠠᠰᠠᠭ᠎ᠤᠨ ᠲᠠᠷᠢᠶᠠᠯᠠᠩ᠎ᠤᠨ ᠤᠰᠤᠨ ᠠᠰᠢᠭᠯᠠᠯᠲᠠ ᠵᠢᠨ ᠣᠷᠣᠭᠤᠯᠤᠯᠲᠠ ᠵᠢ ᠨᠡᠮᠡᠭᠳᠡᠬᠦᠯᠵᠦ᠂ ᠣᠷᠣᠨ ᠨᠤᠲᠤᠭ᠎ᠤᠨ ᠵᠠᠰᠠᠭ᠎ᠤᠨ ᠣᠷᠳᠣᠨ᠎ᠤ ᠡᠭᠦᠷᠭᠡ ᠬᠠᠷᠢᠭᠤᠴᠠᠯᠭ᠎ᠠ ᠵᠢ ᠲᠤᠳᠤᠷᠬᠠᠢ᠌ᠯᠠᠨ᠂ ᠥᠷᠭᠡᠨ ᠣᠯᠠᠨ ᠲᠠᠷᠢᠶᠠᠴᠢᠳ ᠵᠢᠴᠢ ᠨᠡᠶ᠋ᠢᠭᠡᠮ᠎ᠤᠨ ᠬᠦᠴᠦᠨ᠎ᠤ ᠲᠠᠷᠢᠶᠠᠯᠠᠩ᠎ᠤᠨ ᠤᠰᠤ ᠠᠷᠪᠢᠯᠠᠬᠤ ᠢᠨᠵᠧᠨᠧᠷᠢᠩ᠎ᠤᠨ ᠪᠦᠲᠦᠭᠡᠨ ᠪᠠᠶ᠋ᠢᠭᠤᠯᠤᠯᠲᠠ ᠬᠢᠭᠡᠳ ᠬᠠᠮᠢᠶᠠᠷᠤᠯᠲᠠ᠎ᠳᠤ ᠣᠷᠣᠯᠴᠠᠬᠤ ᠢᠳᠡᠪᠬᠢᠵᠢᠯ᠎ᠢ ᠳᠠᠶ᠋ᠢᠴᠢᠯᠠᠬᠤ ᠪᠠ ᠪᠠᠳᠠᠷᠠᠭᠤᠯᠵᠤ᠂ ᠵᠠᠰᠠᠭ᠎ᠤᠨ ᠣᠷᠳᠣᠨ᠎ᠠᠴᠠ ᠲᠣᠬᠢᠷᠠᠭᠤᠯᠤᠨ ᠡᠵᠡᠮᠳᠡᠬᠦ᠂ ᠵᠠᠬ᠎ᠠ ᠳᠡᠯᠭᠡᠭᠦᠷ ᠵᠶ᠋ᠡᠷ ᠬᠥᠲᠥᠯᠦᠨ ᠵᠢᠯᠣᠭᠣᠳᠬᠤ᠂ ᠣᠯᠠᠨ ᠨᠡᠶ᠋ᠢᠲᠡ᠎ᠪᠠᠷ ᠵᠶ᠋ᠡᠨ ᠣᠷᠣᠯᠴᠠᠬᠤ ᠲᠠᠷᠢᠶᠠᠯᠠᠩ᠎ᠤᠨ ᠤᠰᠤ ᠬᠡᠷᠡᠭᠯᠡᠬᠦ ᠰᠢᠨ᠎ᠡ ᠲᠣᠭᠲᠠᠴᠠ ᠵᠢ ᠪᠠᠢ᠌ᠭᠤᠯᠤᠨ᠎ᠠ᠃
ᠶᠡᠷᠦᠩᠬᠡᠢ᠌ᠯᠡᠪᠡᠯ᠂《ᠬᠥᠲᠥᠯᠪᠦᠷᠢ》 ᠵᠢᠨ ᠨᠡᠢ᠌ᠳᠡᠯᠡᠭᠳᠡᠭᠰᠡᠨ᠎ᠨᠢ ᠲᠠᠷᠢᠶᠠᠯᠠᠩ᠎ᠤᠨ ᠤᠰᠤ ᠠᠷᠪᠢᠯᠠᠬᠤ ᠠᠵᠢᠯ ᠪᠣᠯᠤᠨ ᠤᠰᠤ ᠠᠷᠪᠢᠯᠠᠬᠤ ᠨᠡᠶ᠋ᠢᠭᠡᠮ᠎ᠤᠨ ᠪᠦᠲᠦᠭᠡᠨ ᠪᠠᠶ᠋ᠢᠭᠤᠯᠤᠯᠲᠠ ᠵᠢ ᠶᠡᠬᠡᠬᠡᠨ ᠠᠬᠢᠭᠤᠯᠵᠤ᠂ ᠮᠠᠨ᠎ᠤ ᠤᠯᠤᠰ᠎ᠤᠨ ᠤᠰᠤᠨ᠎ᠤ ᠡᠬᠢ ᠪᠠᠶᠠᠯᠢᠭ᠎ᠢ ᠦᠷᠬᠦᠯᠵᠢᠯᠡᠬᠦᠢ᠌ᠴᠡ ᠠᠰᠢᠭᠯᠠᠬᠤ᠂ ᠠᠮᠤ ᠪᠤᠳᠠᠭ᠋ᠠᠨ᠎ᠤ ᠶᠡᠷᠦᠩᠬᠡᠢ᠌ᠯᠡᠭᠰᠡᠨ ᠦᠢ᠍ᠯᠡᠳᠪᠦᠷᠢᠯᠡᠯ᠎ᠤᠨ ᠴᠢᠳᠠᠪᠤᠷᠢ ᠵᠢ ᠳᠡᠭᠡᠭᠰᠢᠯᠡᠭᠦᠯᠬᠦ᠂ ᠲᠠᠷᠢᠶᠠᠯᠠᠩ ᠠᠵᠤ ᠠᠬᠤᠢ ᠵᠢᠨ ᠬᠦᠭᠵᠢᠯᠳᠡ ᠵᠢᠨ ᠬᠡᠯᠪᠡᠷᠢ ᠵᠢ ᠬᠤᠪᠢᠷᠠᠭᠤᠯᠬᠤ᠂ ᠲᠠᠷᠢᠶᠠᠯᠠᠩ ᠠᠵᠤ ᠠᠬᠤᠢ ᠵᠢᠨ ᠦᠢ᠍ᠯᠡᠳᠪᠦᠷᠢᠯᠡᠯ᠎ᠤᠨ ᠪᠠᠢ᠌ᠭ᠋ᠠᠯᠢ ᠵᠢᠨ ᠡᠷᠦᠰᠳᠡᠯᠢ ᠪᠠᠭᠤᠷᠠᠭᠤᠯᠬᠤ᠎ᠳᠤ ᠠᠰᠤᠷᠤ ᠶᠡᠬᠡ ᠠᠬᠢᠭᠤᠯᠬᠤ ᠡᠭᠦᠷᠭᠡ ᠭᠦᠢ᠍ᠴᠡᠳᠬᠡᠬᠦ ᠪᠣᠯᠤᠨ᠎ᠠ᠃
《ᠤᠯᠤᠰ᠎ᠤᠨ ᠲᠠᠷᠢᠶᠠᠯᠠᠩ᠎ᠤᠨ ᠤᠰᠤ ᠠᠷᠪᠢᠯᠠᠬᠤ ᠬᠥᠲᠥᠯᠪᠦᠷᠢ》 ᠵᠢ ᠰᠤᠷᠤᠯᠴᠠᠨ ᠨᠠᠢ᠌ᠳᠠᠪᠤᠷᠢᠵᠢᠭᠤᠯᠵᠤ᠂ ᠤᠰᠤ ᠠᠷᠪᠢᠯᠠᠬᠤ ᠤᠰᠤᠯᠠᠯᠲᠠ ᠵᠢᠨ ᠶᠡᠬᠡ ᠬᠥᠭᠵᠢᠯᠲᠡ ᠵᠢ ᠲᠦᠯᠬᠢᠨ ᠠᠬᠢᠭᠤᠯᠤᠨ᠎ᠠ—— ᠤᠰᠤᠨ ᠠᠰᠢᠭᠯᠠᠯᠲᠠ ᠵᠢᠨ ᠶᠠᠮᠤᠨ᠎ᠤ ᠬᠥᠳᠡᠭᠡ ᠲᠣᠰᠬᠣᠨ᠎ᠤ ᠤᠰᠤᠨ ᠠᠰᠢᠭᠯᠠᠯᠲᠠ ᠵᠢᠨ ᠵᠤᠷᠭ᠋ᠠᠨ᠎ᠤ ᠳᠠᠷᠤᠭ᠎ᠠ ᠸᠠᠩ ᠠᠢ ᠭᠦᠸᠧ 《ᠤᠯᠤᠰ᠎ᠤᠨ ᠲᠠᠷᠢᠶᠠᠯᠠᠩ᠎ᠤᠨ ᠤᠰᠤ ᠠᠷᠪᠢᠯᠠᠬᠤ ᠬᠥᠲᠥᠯᠪᠦᠷᠢ》 ᠵᠢ ᠲᠠᠶ᠋ᠢᠯᠪᠤᠷᠢᠯᠠᠭᠰᠠᠨ᠎ᠨᠢ 2012 ᠣᠨ᠎ᠤ 11 ᠳ᠋ᠦ᠍ᠭᠡᠷ ᠰᠠᠷ᠎ᠠ᠎ᠳᠤ᠂ ᠲᠥᠷᠥ ᠵᠢᠨ ᠶᠠᠪᠤᠳᠠᠯ᠎ᠤᠨ ᠬᠤᠷᠢᠶᠠᠨ᠎ᠤ ᠠᠯᠪᠠᠨ ᠲᠢᠩᠬᠢᠮ᠎ᠠᠴᠠ 《ᠤᠯᠤᠰ᠎ᠤᠨ ᠲᠠᠷᠢᠶᠠᠯᠠᠩ᠎ᠤᠨ ᠤᠰᠤ ᠠᠷᠪᠢᠯᠠᠬᠤ ᠬᠥᠲᠥᠯᠪᠦᠷᠢ (2012 — 2020 ᠣᠨ)》 ( ᠲᠤᠷᠤᠭᠰᠢ《ᠬᠥᠲᠥᠯᠪᠦᠷᠢ》 ᠭᠡᠵᠦ ᠲᠤᠪᠴᠢᠯᠠᠨ᠎ᠠ) ᠵᠢ ᠨᠡᠢ᠌ᠳᠡᠯᠡᠪᠡ᠃ ᠡᠨᠡ ᠪᠤᠯ 2011 ᠤᠨ᠎ᠤ ᠲᠦᠪ᠎ᠤᠨ 1 ᠳ᠋ᠤᠭᠡᠷ ᠲᠤᠭ᠋ᠠᠳᠤ ᠪᠢᠴᠢᠭ ᠮᠠᠲᠸᠷᠢᠶᠠᠯ᠂ ᠲᠦᠪ᠎ᠤᠨ ᠤᠰᠤᠨ ᠠᠰᠢᠭᠯᠠᠯᠳᠠ ᠵᠢᠨ ᠠᠵᠢᠯ᠎ᠤᠨ ᠬᠤᠷᠠᠯ᠎ᠤᠨ ᠵᠤᠷᠢᠭ ᠰᠠᠨᠠᠭ᠎ᠠ ᠪᠠ ᠲᠦᠷᠦ ᠵᠢᠨ ᠶᠠᠪᠤᠳᠠᠯ᠎ᠤᠨ ᠬᠤᠷᠢᠶᠠᠨ᠎ᠤ ᠬᠠᠮᠤᠭ ᠴᠢᠩᠭ᠎ᠠ ᠤᠰᠤᠨ᠎ᠤ ᠡᠬᠢ ᠪᠠᠶᠠᠯᠢᠭ᠎ᠤᠨ ᠬᠠᠮᠢᠶᠠᠷᠤᠯᠳᠠ ᠵᠢᠨ ᠲᠦᠷᠢᠮ᠎ᠢ ᠬᠡᠷᠡᠭᠵᠢᠬᠦᠯᠬᠦ ᠲᠤᠬᠠᠢ ᠪᠠᠢ᠌ᠷᠢᠭᠤᠯᠤᠯᠳᠠ ᠵᠢ ᠬᠦᠨᠵᠡᠭᠡᠢ ᠲᠤᠭᠤᠰᠢᠯᠠᠭᠤᠯᠤᠨ ᠨᠠᠢ᠌ᠳᠠᠪᠤᠷᠢᠵᠢᠭᠤᠯᠵᠤ᠂ ᠤᠰᠤ ᠠᠷᠪᠢᠯᠠᠬᠤ ᠤᠰᠤᠯᠠᠯᠳᠠ ᠵᠢ ᠦᠨᠡᠨ ᠬᠦ᠌ ᠠᠵᠤ ᠠᠬᠤᠢ ᠨᠡᠢ᠌ᠭᠡᠮ᠎ᠤᠨ ᠦᠷᠬᠦᠯᠵᠢᠯᠡᠬᠦᠢ᠌ᠴᠡ ᠬᠦᠭᠵᠢᠯᠳᠡ ᠵᠢᠨ ᠨᠢᠭᠡ ᠴᠢᠬᠤᠯᠠ ᠪᠠᠢ᠌ᠯᠳᠤᠬᠤ ᠪᠤᠳᠤᠯᠭ᠎ᠠ ᠪᠤᠯᠤᠨ ᠤᠳᠤᠬᠢᠴᠢᠯᠠᠭᠰᠠᠨ ᠲᠠᠷᠢᠶᠠᠯᠠᠩ ᠠᠵᠤ ᠠᠬᠤᠢ ᠵᠢ ᠬᠦᠭᠵᠢᠬᠦᠯᠬᠦ ᠨᠢᠭᠡᠨ ᠦᠨᠳᠦᠰᠦᠨ ᠴᠢᠨᠠᠷᠳᠠᠢ ᠠᠷᠭ᠎ᠠ ᠬᠡᠮᠵᠢᠶ᠎ᠡ ᠪᠤᠯᠭ᠋ᠠᠨ ᠠᠳᠬᠤᠬᠤ ᠵᠢᠨ ᠪᠤᠳᠠᠳᠠᠢ ᠢᠯᠡᠷᠡᠯ ᠪᠤᠯᠤᠨ᠎ᠠ᠃《ᠬᠥᠲᠥᠯᠪᠦᠷᠢ》᠎ᠨᠢ ᠬᠤᠷᠸ᠎ᠠ ᠲᠠᠪᠬᠤᠷᠭ᠎ᠠ ᠪᠠ ᠤᠷᠤᠨ ᠵᠠᠢ ᠵᠢᠨ ᠪᠠᠢ᠌ᠷᠢᠰᠢᠯ᠎ᠠᠴᠠ ᠲᠠᠷᠢᠶᠠᠯᠠᠩ᠎ᠤᠨ ᠤᠰᠤ ᠠᠷᠪᠢᠯᠠᠬᠤ ᠵᠢ ᠲᠦᠯᠬᠢᠨ ᠠᠬᠢᠭᠤᠯᠬᠤ᠎ᠳᠤ ᠪᠦᠬᠦ ᠲᠠᠯ᠎ᠠ ᠵᠢᠨ ᠪᠠᠢ᠌ᠷᠢᠯᠠᠭᠤᠯᠤᠯᠳᠠ ᠪᠠ ᠨᠢᠭᠡᠳᠦᠯᠳᠡᠢ ᠲᠤᠬᠢᠷᠠᠭᠤᠯᠤᠯᠳᠠ ᠬᠢᠵᠦ᠂ ᠶᠡᠷᠦᠩᠬᠡᠢ ᠱᠠᠭ᠋ᠠᠷᠳᠠᠯᠭ᠎ᠠ᠂ ᠰᠢᠰᠲᠸᠮ᠎ᠤᠨ ᠪᠦᠷᠢᠯᠳᠦᠯ᠂ ᠤᠷᠤᠨ ᠲᠤᠭᠤᠷᠢᠭ ᠬᠤᠪᠢᠶᠠᠨ ᠵᠢᠯᠤᠭᠤᠳᠬᠤ᠂ ᠭᠤᠤᠯᠳᠠᠯᠭ᠎ᠠ᠎ᠲᠠᠢ ᠢᠨᠵᠸᠨ᠋ᠸᠷᠢᠩ᠎ᠤᠨ ᠪᠠᠢ᠌ᠭᠤᠯᠤᠳᠠ᠂ ᠪᠠᠢ᠌ᠭᠤᠯᠤᠮᠵᠢ ᠲᠤᠭᠳᠠᠴᠠ ᠵᠢᠨ ᠰᠢᠨᠡᠴᠢᠯᠡᠯᠳᠡ ᠪᠤᠯᠤᠨ ᠵᠤᠬᠢᠶᠠᠨ ᠪᠠᠢ᠌ᠭᠤᠯᠤᠨ ᠬᠡᠷᠡᠭᠵᠢᠬᠦᠯᠬᠦ ᠰᠠᠨᠠᠯ᠎ᠢ ᠤᠯᠠᠮ ᠨᠢᠭᠡ ᠠᠯᠬᠤᠮ ᠲᠤᠳᠤᠷᠬᠠᠢ᠌ᠯᠠᠵᠤ᠂ ᠲᠠᠷᠢᠶᠠᠯᠠᠩ᠎ᠤᠨ ᠤᠰᠤ ᠬᠡᠷᠡᠭᠯᠡᠬᠦ ᠦᠷ᠎ᠡ ᠪᠦᠳᠦᠮᠵᠢ᠂ ᠤᠰᠤᠨ᠎ᠤ ᠡᠬᠢ ᠪᠠᠶᠠᠯᠢᠭ ᠲᠤᠳᠠᠭᠳᠠᠵᠤ ᠪᠠᠢ᠌ᠭ᠎ᠠ ᠵᠦᠷᠢᠴᠡᠯ᠎ᠢ ᠨᠠᠮᠳᠠᠭᠤᠯᠬᠤ᠂ ᠤᠯᠤᠰ᠎ᠤᠨ ᠠᠮᠤ ᠪᠤᠳᠠᠭ᠋ᠠᠨ᠎ᠤ ᠠᠮᠤᠷ ᠲᠦᠪᠰᠢᠨ᠎ᠢ ᠪᠠᠳᠤᠯᠠᠬᠤ᠂ ᠠᠵᠤ ᠠᠬᠤᠢ ᠵᠢᠨ ᠬᠦᠭᠵᠢᠯᠳᠡ ᠵᠢᠨ ᠬᠡᠯᠪᠡᠷᠢ ᠵᠢᠨ ᠬᠤᠪᠢᠷᠠᠯᠳᠠ ᠵᠢ ᠲᠦᠷᠭᠡᠳᠭᠡᠬᠦ ᠪᠠ ᠠᠵᠤ ᠠᠬᠤᠢ ᠨᠡᠢ᠌ᠭᠡᠮ᠎ᠤᠨ ᠦᠷᠬᠦᠯᠵᠢᠯᠡᠬᠦᠢ᠌ᠴᠡ ᠬᠦᠭᠵᠢᠯᠳᠡ ᠵᠢ ᠪᠡᠶᠡᠯᠡᠬᠦᠯᠬᠦ᠎ᠳᠤ ᠴᠢᠬᠤᠯᠠ ᠠᠴᠢ ᠬᠤᠯᠪᠤᠭᠳᠠᠯ ᠪᠠ ᠠᠯᠤᠰ ᠬᠦᠨᠵᠡᠭᠡᠢ ᠨᠦᠯᠦᠬᠡ᠎ᠲᠠᠢ ᠪᠠᠢ᠌ᠳᠠᠭ᠃ 《ᠬᠥᠲᠥᠯᠪᠦᠷᠢ》 ᠵᠢᠨ ᠠᠭᠤᠯᠭ᠎ᠠ ᠵᠢ ᠬᠡᠷᠬᠢᠨ ᠤᠨᠤᠪᠴᠢᠳᠠᠢ ᠡᠵᠡᠮᠳᠡᠬᠦ᠂ ᠵᠢᠴᠢ ᠣᠳᠣ ᠪᠣᠯᠤᠨ ᠬᠣᠶ᠋ᠢᠰᠢᠳᠠ ᠵᠢᠨ ᠨᠢᠭᠡ ᠬᠤᠭᠤᠴᠠᠭ᠋ᠠᠨ᠎ᠳᠤ 《ᠬᠥᠲᠥᠯᠪᠦᠷᠢ》 ᠵᠢᠨ ᠵᠣᠷᠢᠭ ᠰᠠᠨᠠᠭ᠎ᠠ ᠵᠢ ᠬᠡᠷᠬᠢᠨ ᠳᠣᠭᠣᠭᠰᠢᠯᠠᠭᠤᠯᠤᠨ ᠨᠠᠶ᠋ᠢᠳᠠᠪᠤᠷᠢᠵᠢᠭᠤᠯᠬᠤ ᠲᠤᠬᠠᠢ ᠰᠤᠷᠪᠤᠯᠵᠢᠯᠠᠭᠴᠢ ᠤᠰᠤᠨ ᠠᠰᠢᠭᠯᠠᠯᠲᠠ ᠵᠢᠨ ᠶᠠᠮᠤᠨ᠎ᠤ ᠬᠥᠳᠡᠭᠡ ᠲᠣᠰᠬᠣᠨ᠎ᠤ ᠤᠰᠤᠨ ᠠᠰᠢᠭᠯᠠᠯᠲᠠ ᠵᠢᠨ ᠵᠤᠷᠭ᠋ᠠᠨ᠎ᠤ ᠳᠠᠷᠤᠭ᠎ᠠ ᠸᠠᠩ ᠠᠢ ᠭᠦᠸᠸ ᠵᠢ ᠰᠤᠷᠪᠤᠯᠵᠢᠯᠠᠪᠠ᠃
ᠰᠤᠷᠪᠤᠯᠵᠢᠯᠠᠭᠴᠢ᠄ 《ᠬᠥᠲᠥᠯᠪᠦᠷᠢ》 ᠵᠢᠨ ᠭᠣᠣᠯ ᠠᠭᠤᠯᠭ᠎ᠠ ᠵᠢ ᠬᠡᠷᠬᠢᠨ ᠪᠦᠬᠦ ᠲᠠᠯ᠎ᠠ᠎ᠪᠠᠷ ᠵᠥᠪ ᠡᠵᠡᠮᠰᠢᠬᠦ ᠪᠤᠢ?
ᠸᠠᠩ ᠠᠢ ᠭᠦᠸᠧ᠄ 《ᠬᠥᠲᠥᠯᠪᠦᠷᠢ》᠎ᠢ ᠨᠡᠶ᠋ᠢᠲᠡ 6 ᠪᠦᠯᠦᠭ 28 ᠵᠤᠢ᠌ᠯ ᠬᠤᠪᠢᠶᠠᠵᠤ᠂ ᠲᠠᠷᠢᠶᠠᠯᠠᠩ᠎ᠤᠨ ᠤᠰᠤ ᠠᠷᠪᠢᠯᠠᠬᠤ ᠶᠡᠷᠦᠩᠬᠡᠢ ᠱᠠᠭ᠋ᠠᠷᠳᠠᠯᠭ᠎ᠠ᠂ ᠰᠢᠰᠲ᠋ᠧᠮ᠎ᠤᠨ ᠪᠦᠲᠦᠴᠡ᠂ ᠤᠷᠤᠨ ᠲᠤᠭᠤᠷᠢᠭ ᠬᠤᠪᠢᠶᠠᠨ ᠵᠢᠯᠤᠭᠤᠳᠬᠤ᠂ ᠭᠣᠣᠯᠳᠠᠯᠭ᠎ᠠ᠎ᠲᠠᠢ ᠢᠨᠵᠸᠨ᠋ᠸᠷᠢᠩ᠎ᠤᠨ ᠪᠦᠲᠦᠭᠡᠨ ᠪᠠᠶ᠋ᠢᠭᠤᠯᠤᠯᠲᠠ᠂ ᠪᠠᠶ᠋ᠢᠭᠤᠯᠤᠮᠵᠢ ᠲᠣᠭᠲᠠᠴᠠ ᠵᠢᠨ ᠥᠭᠡᠷᠡᠴᠢᠯᠡᠯᠲᠡ ᠪᠣᠯᠤᠨ ᠵᠣᠬᠢᠶᠠᠨ ᠪᠠᠶ᠋ᠢᠭᠤᠯᠵᠤ ᠬᠡᠷᠡᠭᠵᠢᠭᠦᠯᠬᠦ ᠰᠠᠨᠠᠯ᠎ᠢ ᠲᠣᠳᠣᠷᠬᠠᠢ ᠳᠤᠷᠠᠳᠪᠠ᠃ ᠪᠢᠳᠡ ᠲᠤᠭᠤᠰᠢᠯᠠᠭᠤᠯᠤᠨ ᠨᠠᠶ᠋ᠢᠳᠠᠪᠤᠷᠢᠵᠢᠭᠤᠯᠬᠤ ᠳᠤᠮᠳᠠ᠎ᠪᠠᠨ ᠳᠣᠣᠷᠠᠬᠢ ᠬᠡᠳᠦᠨ ᠲᠠᠯ᠎ᠠ ᠵᠢᠨ ᠭᠣᠣᠯᠳᠠᠯᠭ᠎ᠠ ᠵᠢ ᠡᠵᠡᠮᠰᠢᠬᠦ ᠬᠡᠷᠡᠭᠲᠡᠢ᠄
ᠨᠢᠭᠡ᠎ᠳᠤ 《ᠬᠦᠳᠦᠯᠪᠤᠷᠢ》᠎ᠳᠤ ᠲᠠᠷᠢᠶᠠᠯᠠᠩ᠎ᠤᠨ ᠤᠰᠤ ᠠᠷᠪᠢᠯᠠᠬᠤ ᠵᠢ ᠬᠥᠭᠵᠢᠭᠦᠯᠬᠦ᠎ᠳᠤ ᠳᠤᠷᠠᠳᠤᠭᠰᠠᠨ ᠶᠡᠷᠦᠩᠬᠡᠢ ᠱᠠᠭ᠋ᠠᠷᠳᠠᠯᠭ᠎ᠠ ᠵᠢ ᠣᠨᠣᠪᠴᠢᠲᠠᠢ ᠰᠠᠶ᠋ᠢᠲᠤᠷ ᠡᠵᠡᠮᠰᠢᠬᠦ ᠬᠡᠷᠡᠭᠲᠡᠢ᠃ 《ᠬᠦᠳᠦᠯᠪᠤᠷᠢ》᠎ᠳᠤ ᠲᠠᠷᠢᠶᠠᠯᠠᠩ᠎ᠤᠨ ᠤᠰᠤ ᠠᠷᠪᠢᠯᠠᠬᠤ ᠬᠥᠭᠵᠢᠯᠲᠡ ᠵᠢᠨ ᠰᠡᠳᠬᠢᠮᠵᠢ ᠪᠣᠯᠤᠨ ᠱᠠᠭ᠋ᠠᠷᠳᠠᠯᠭ᠎ᠠ ᠵᠢ ᠤᠯᠠᠮ ᠨᠢᠭᠡ ᠠᠯᠬᠤᠮ ᠲᠤᠳᠤᠷᠬᠠᠢ᠌ᠯᠠᠪᠠ᠃ ᠪᠠᠭᠴᠠᠯᠠᠪᠠᠯ ᠳᠠᠷᠤᠢ 《ᠨᠢᠭᠡ ᠵᠢᠯᠣᠭᠣᠳᠬᠤ ᠦᠵᠡᠯ ᠰᠠᠨᠠᠭ᠎ᠠ》᠂ 《ᠲᠠᠪᠤᠨ ᠦᠨᠳᠦᠰᠦᠨ ᠵᠠᠷᠴᠢᠮ》 ᠪᠣᠯᠤᠨ 《ᠨᠢᠭᠡ ᠬᠥᠭᠵᠢᠯᠲᠡ ᠵᠢᠨ ᠬᠠᠷᠠᠯᠲᠠ》 ᠪᠣᠯᠤᠨ᠎ᠠ᠃ 《ᠨᠢᠭᠡ ᠵᠢᠯᠣᠭᠣᠳᠬᠤ ᠦᠵᠡᠯ ᠰᠠᠨᠠᠭ᠎ᠠ》᠎ᠨᠢ ᠰᠢᠨᠵᠢᠯᠡᠬᠦ ᠤᠬᠠᠭ᠋ᠠᠨᠴᠢ ᠬᠥᠭᠵᠢᠯᠲᠡ ᠵᠢᠨ ᠭᠣᠣᠯ ᠰᠡᠳᠦᠪ ᠪᠠ ᠠᠵᠤ ᠠᠬᠤᠢ ᠵᠢᠨ ᠬᠥᠭᠵᠢᠯᠲᠡ ᠵᠢᠨ ᠠᠷᠭ᠎ᠠ ᠮᠠᠶᠢᠭ᠎ᠢ ᠲᠦᠷᠭᠡᠳᠬᠡᠨ ᠬᠤᠪᠢᠷᠠᠭᠤᠯᠬᠤ ᠭᠣᠣᠯ ᠱᠤᠭᠤᠮ᠎ᠢ ᠳᠣᠪᠣᠶ᠋ᠢᠯᠭ᠋ᠠᠵᠤ᠂ ᠬᠥᠮᠦᠨ ᠵᠶ᠋ᠡᠷ ᠦᠨᠳᠦᠰᠦ ᠪᠣᠯᠭ᠋ᠠᠨ᠂ ᠠᠷᠠᠳ᠎ᠤᠨ ᠠᠮᠢᠳᠤᠷᠠᠯ᠎ᠢ ᠲᠡᠷᠢᠭᠦᠨ ᠪᠠᠶ᠋ᠢᠷᠢᠨ᠎ᠳᠤ ᠲᠠᠯᠪᠢᠬᠤ ᠤᠰᠤ ᠵᠢ ᠬᠦᠭᠵᠢᠬᠦᠯᠦᠨ ᠤᠰᠤ ᠵᠠᠰᠠᠬᠤ ᠣᠶ᠋ᠢᠯᠠᠭ᠋ᠠᠭᠳᠠᠬᠤᠨ᠎ᠢ ᠢᠯᠡᠷᠡᠬᠦᠯᠵᠦ᠂ ᠲᠠᠷᠢᠶᠠᠯᠠᠩ᠎ᠤᠨ ᠶᠡᠷᠦᠩᠬᠡᠶ᠋ᠢᠯᠡᠭᠰᠡᠨ ᠦᠢ᠍ᠯᠡᠳᠪᠦᠷᠢᠯᠡᠯ᠎ᠤᠨ ᠴᠢᠳᠠᠪᠤᠷᠢ ᠵᠢ ᠳᠡᠭᠡᠭᠰᠢᠯᠡᠬᠦ ᠪᠠ ᠤᠰᠤᠨ᠎ᠤ ᠡᠬᠢ ᠰᠤᠷᠪᠤᠯᠵᠢ ᠵᠢ ᠥᠨᠳᠥᠷ ᠪᠦᠲᠦᠮᠵᠢᠲᠡᠢ ᠠᠰᠢᠭᠯᠠᠬᠤ ᠵᠢᠨ ᠲᠤᠭᠤᠷᠢᠨ᠎ᠳᠤ ᠤᠰᠤᠨ᠎ᠤ ᠡᠬᠢ ᠪᠠᠶᠠᠯᠢᠭ᠎ᠤᠨ ᠴᠢᠩᠭ᠎ᠠ ᠬᠠᠮᠢᠶᠠᠷᠤᠯᠳᠠ ᠵᠢ ᠱᠠᠭ᠋ᠠᠷᠳᠠᠵᠤ᠂ ᠲᠠᠷᠢᠶᠠᠯᠠᠩ᠎ᠤᠨ ᠦᠢ᠍ᠯᠡᠳᠪᠤᠷᠢᠯᠡᠯ᠎ᠤᠨ ᠪᠠᠢ᠌ᠷᠢᠰᠢᠯ᠎ᠢ ᠰᠢᠯᠢᠳᠡᠭᠵᠢᠬᠦᠯᠦᠨ᠂ ᠲᠠᠷᠢᠶᠠᠯᠠᠩ᠎ᠤᠨ ᠤᠰᠤ ᠬᠡᠷᠡᠭᠯᠡᠬᠦ ᠬᠡᠯᠪᠡᠷᠢ ᠵᠢ ᠬᠤᠪᠢᠷᠠᠭᠤᠯᠵᠤ᠂ ᠲᠠᠷᠢᠶᠠᠯᠠᠩ᠎ᠤᠨ ᠤᠰᠤ ᠠᠷᠪᠢᠯᠠᠬᠤ ᠲᠤᠭᠳᠠᠴᠠ ᠵᠢ ᠲᠡᠬᠦᠯᠳᠡᠷᠵᠢᠬᠦᠯᠵᠦ᠂ ᠲᠠᠷᠢᠶᠠᠯᠠᠩ᠎ᠤᠨ ᠤᠰᠤ ᠠᠷᠪᠢᠯᠠᠬᠤ ᠶᠡᠷᠦᠩᠬᠡᠢ᠌ᠯᠡᠭᠰᠡᠨ ᠠᠷᠭ᠎ᠠ ᠬᠡᠮᠵᠢᠶ᠎ᠡ ᠵᠢ ᠬᠦᠴᠦᠯᠡᠨ ᠴᠢᠩᠭ᠋ᠠᠳᠬᠠᠵᠤ᠂ ᠰᠢᠨᠵᠢᠯᠡᠬᠦ ᠮᠡᠷᠭᠡᠵᠢᠯ᠎ᠤᠨ ᠲᠤᠯᠭ᠋ᠠᠭᠤᠷᠢᠯᠠᠯ᠎ᠢ ᠡᠷᠴᠢᠮᠵᠢᠬᠦᠯᠦᠨ᠂ ᠢᠨᠵᠸᠨ᠋ᠸᠷᠢᠩ᠎ᠤᠨ ᠬᠠᠮᠢᠶᠠᠷᠤᠯᠳᠠ ᠵᠢᠨ ᠰᠢᠰᠲᠸᠮ᠎ᠢ ᠰᠢᠨᠡᠴᠢᠯᠡᠨ᠂ ᠦᠨᠳᠦᠰᠦᠨ ᠱᠠᠳᠤᠨ᠎ᠤ ᠤᠰᠤᠨ ᠠᠰᠢᠭᠯᠠᠯᠳᠠ ᠵᠢᠨ ᠦᠢ᠍ᠯᠡᠴᠢᠯᠡᠭᠡ ᠪᠠ ᠲᠠᠷᠢᠶᠠᠯᠠᠩ᠎ᠤᠨ ᠮᠡᠷᠭᠡᠵᠢᠯ᠎ᠢ ᠲᠡᠯᠭᠡᠷᠡᠬᠦᠯᠬᠦ ᠰᠢᠰᠲᠸᠮ᠎ᠢ ᠪᠦᠷᠢᠨᠰᠢᠬᠦᠯᠵᠦ᠂ ᠤᠰᠤᠨ᠎ᠤ ᠡᠬᠢ ᠪᠠᠶᠠᠯᠢᠭ᠎ᠤᠨ ᠦᠷᠬᠦᠯᠵᠢᠯᠡᠬᠦᠢ᠌ᠴᠡ ᠠᠰᠢᠭᠯᠠᠯᠳᠠ᠎ᠪᠠᠷ ᠲᠠᠷᠢᠶᠠᠯᠠᠩ ᠠᠵᠤ ᠠᠬᠤᠢ ᠪᠤᠯᠤᠨ ᠠᠵᠤ ᠠᠬᠤᠢ ᠨᠡᠢ᠌ᠭᠡᠮ᠎ᠤᠨ ᠦᠷᠬᠦᠯᠵᠢᠯᠡᠬᠦᠢ᠌ᠴᠡ ᠬᠦᠭᠵᠢᠯᠳᠡ ᠵᠢ ᠪᠠᠳᠤᠯᠠᠨ᠎ᠠ᠃ 《ᠲᠠᠪᠤᠨ ᠦᠨᠳᠦᠰᠦᠨ ᠵᠠᠷᠴᠢᠮ》 ᠭᠡᠳᠡᠭ᠎ᠨᠢ ᠰᠢᠨᠵᠢᠯᠡᠬᠦ ᠤᠬᠠᠭ᠋ᠠᠨᠴᠢ᠎ᠪᠠᠷ ᠪᠦᠬᠦ ᠲᠠᠯ᠎ᠠ᠎ᠪᠠᠷ ᠨᠢᠭᠡᠳᠭᠡᠨ ᠲᠦᠯᠦᠪᠵᠢᠬᠦᠯᠬᠦ ᠵᠢ ᠪᠠᠷᠢᠮᠲᠠᠯᠠᠨ᠎ᠠ; ᠭᠠᠵᠠᠷ ᠣᠷᠣᠨ᠎ᠤ ᠪᠠᠶ᠋ᠢᠳᠠᠯ᠎ᠳᠠᠭᠠᠨ ᠲᠣᠬᠢᠷᠠᠭᠤᠯᠤᠨ ᠣᠷᠣᠨ ᠲᠤᠭᠤᠷᠢᠭ ᠬᠤᠪᠢᠶᠠᠨ ᠬᠡᠷᠡᠭᠵᠢᠭᠦᠯᠬᠦ ᠵᠢ ᠪᠠᠷᠢᠮᠲᠠᠯᠠᠨ᠎ᠠ; ᠭᠣᠣᠯᠳᠠᠯᠭ᠎ᠠ ᠵᠢ᠎ᠨᠢ ᠲᠤᠪᠤᠢ᠌ᠯᠭ᠋ᠠᠨ᠂ ᠵᠢᠱ᠌ᠢᠶ᠎ᠡ ᠦᠵᠡᠭᠦᠯᠦᠨ ᠳᠡᠯᠭᠡᠷᠡᠭᠦᠯᠬᠦ ᠵᠢ ᠪᠠᠷᠢᠮᠳᠠᠯᠠᠨ᠎ᠠ; ᠵᠠᠰᠠᠭ᠎ᠤᠨ ᠣᠷᠳᠣᠨ ᠵᠶ᠋ᠠᠷ ᠭᠣᠣᠯᠯᠠᠭᠤᠯᠵᠤ᠂ ᠣᠯᠠᠨ ᠲᠠᠯ᠎ᠠ ᠵᠢᠨ᠎ᠬᠢᠨ ᠣᠷᠣᠯᠴᠠᠬᠤ ᠵᠢ ᠪᠠᠷᠢᠮᠲᠠᠯᠠᠨ᠎ᠠ; ᠪᠠᠶ᠋ᠢᠭᠤᠯᠬᠤ ᠪᠠ ᠬᠠᠮᠢᠶᠠᠷᠬᠤ ᠵᠢ ᠵᠡᠷᠭᠡ᠎ᠪᠠᠷ ᠴᠢᠬᠤᠯᠠᠴᠢᠯᠠᠨ᠂ ᠥᠭᠡᠷᠡᠴᠢᠯᠡᠯᠲᠡ ᠵᠢ ᠬᠦᠨᠵᠡᠭᠡᠢ᠌ᠷᠡᠬᠦᠯᠬᠦ ᠵᠢ ᠪᠠᠷᠢᠮᠳᠠᠯᠠᠨ᠎ᠠ᠃ 《ᠨᠢᠭᠡ ᠬᠦᠭᠵᠢᠯᠳᠡ ᠵᠢᠨ ᠬᠠᠷᠠᠯᠲᠠ》 ᠭᠡᠳᠡᠭ᠎ᠨᠢ ᠲᠠᠷᠤᠢ 2020 ᠣᠨ ᠪᠣᠯᠬᠤ᠎ᠳᠤ ᠲᠣᠮᠣ ᠬᠡᠯᠪᠡᠷᠢ ᠵᠢᠨ ᠤᠰᠤᠯᠠᠯᠲᠠ ᠵᠢᠨ ᠣᠷᠣᠨ᠂ ᠭᠣᠣᠯᠳᠠᠯᠭ᠎ᠠ᠎ᠲᠠᠢ ᠳᠤᠮᠳᠠ ᠬᠡᠯᠪᠡᠷᠢ ᠵᠢᠨ ᠤᠰᠤᠯᠠᠯᠲᠠ ᠵᠢᠨ ᠣᠷᠣᠨ᠎ᠢ ᠦᠷᠭᠦᠯᠵᠢᠯᠡᠨ ᠪᠠᠶ᠋ᠢᠭᠤᠯᠵᠤ ᠢᠵᠢ ᠪᠦᠷᠢᠳᠦᠭᠦᠯᠬᠦ ᠪᠠ ᠤᠰᠤ ᠠᠷᠪᠢᠯᠠᠬᠤ ᠥᠭᠡᠷᠡᠴᠢᠯᠡᠯᠲᠡ ᠪᠠ ᠲᠣᠮᠣ ᠳᠤᠮᠳᠠ ᠬᠡᠯᠪᠡᠷᠢ ᠵᠢᠨ ᠤᠰᠤᠯᠠᠯᠳᠠ ᠲᠠᠳᠠᠷᠠᠭᠤᠯᠤᠯᠳᠠ ᠵᠢᠨ ᠬᠥᠭᠡᠷᠭᠡ ᠵᠢᠨ ᠥᠷᠲᠡᠭᠡ ᠵᠢ ᠰᠢᠨᠡᠳᠬᠡᠨ ᠦᠭᠡᠷᠡᠴᠢᠯᠡᠵᠦ᠂ ᠵᠢᠵᠢᠭ ᠬᠡᠯᠪᠡᠷᠢ ᠵᠢᠨ ᠲᠠᠷᠢᠶᠠᠨ ᠭᠠᠵᠠᠷ᠎ᠤᠨ ᠤᠰᠤᠨ ᠠᠰᠢᠭᠯᠠᠯᠲᠠ ᠵᠢᠨ ᠭᠣᠣᠯᠳᠠᠯᠭ᠎ᠠ᠎ᠲᠠᠢ ᠰᠢᠶᠠᠨ᠎ᠤ ᠪᠦᠲᠦᠭᠡᠨ ᠪᠠᠶ᠋ᠢᠭᠤᠯᠤᠯᠲᠠ ᠵᠢ ᠲᠠᠷᠢᠶᠠᠯᠠᠩ᠎ᠤᠨ ᠲᠤᠮᠤ ᠰᠢᠶᠠᠨ᠎ᠳᠤ ᠦᠨᠳᠦᠰᠦᠨ᠎ᠳᠡᠭᠡᠨ ᠪᠡᠶᠡᠯᠡᠭᠦᠯᠦᠨ᠎ᠡ; ᠪᠦᠬᠦ ᠤᠯᠤᠰ᠎ᠤᠨ ᠲᠠᠷᠢᠶᠠᠨ ᠭᠠᠵᠠᠷ᠎ᠤᠨ ᠪᠦᠲᠦᠮᠵᠢᠲᠡᠢ ᠤᠰᠤᠯᠠᠯᠲᠠ ᠵᠢᠨ ᠲᠠᠯᠠᠪᠠᠢ ᠵᠢ 10 ᠳ᠋ᠦᠩᠰᠢᠭᠤᠷ ᠮᠦ᠍᠎ᠳᠤ ᠬᠦᠷᠭᠡᠵᠦ᠂ ᠤᠰᠤ ᠠᠷᠪᠢᠯᠠᠵᠤ ᠤᠰᠤᠯᠠᠬᠤ ᠢᠨᠵᠸᠨ᠋ᠸᠷᠢᠩ᠎ᠤᠨ ᠲᠠᠯᠠᠪᠠᠢ ᠵᠢ 3 ᠳ᠋ᠦᠩᠰᠢᠭᠤᠷ ᠮᠦ᠍ ᠰᠢᠨ᠎ᠡ᠎ᠪᠠᠷ ᠨᠡᠮᠡᠭᠳᠡᠬᠦᠯᠦᠨ᠎ᠡ᠃ ᠡᠭᠦᠨ᠎ᠳᠤ ᠥᠨᠳᠥᠷ ᠦᠷ᠎ᠡ ᠠᠰᠢᠭ᠎ᠲᠤ ᠤᠰᠤ ᠠᠷᠪᠢᠯᠠᠵᠤ ᠤᠰᠤᠯᠠᠬᠤ ᠢᠨᠵᠸᠨ᠋ᠸᠷᠢᠩ᠎ᠤᠨ ᠲᠠᠯᠠᠪᠠᠢ ᠵᠢ 1.5 ᠳ᠋ᠦᠩᠰᠢᠭᠤᠷ ᠮᠦ᠍᠎ᠠᠴᠠ ᠳᠡᠭᠡᠭᠰᠢ ᠰᠢᠨ᠎ᠡ᠎ᠪᠠᠷ ᠨᠡᠮᠡᠭᠳᠡᠬᠦᠯᠦᠨ᠎ᠡ; ᠪᠦᠬᠦ ᠤᠯᠤᠰ᠎ᠤᠨ ᠲᠠᠷᠢᠶᠠᠯᠠᠩ᠎ᠳᠤ ᠬᠡᠷᠡᠭᠯᠡᠬᠦ ᠤᠰᠤᠨ᠎ᠤ ᠬᠡᠮᠵᠢᠶ᠎ᠡ ᠵᠢ ᠦᠨᠳᠦᠰᠦᠨ᠎ᠳᠡᠭᠡᠨ ᠲᠣᠭᠲᠠᠭᠤᠨ ᠪᠠᠢ᠌ᠯᠭ᠋ᠠᠵᠤ᠂ ᠲᠠᠷᠢᠶᠠᠨ ᠭᠠᠵᠠᠷ᠎ᠤᠨ ᠤᠰᠤᠯᠠᠯᠲᠠ ᠵᠢᠨ ᠤᠰᠤ ᠵᠢ ᠪᠦᠲᠦᠮᠵᠢᠲᠡᠢ ᠠᠰᠢᠭᠯᠠᠬᠤ ᠢᠯᠡᠳᠬᠡᠮᠵᠢ ᠵᠢ 0.55᠎ᠠᠴᠠ ᠳᠡᠭᠡᠭᠰᠢ ᠪᠤᠯᠭ᠋ᠠᠨ᠎ᠠ; ᠪᠦᠬᠦ ᠤᠯᠤᠰ᠎ᠤᠨ ᠬᠠᠭᠤᠷᠠᠢ ᠲᠠᠷᠢᠮᠠᠯ᠎ᠤᠨ ᠤᠰᠤ ᠠᠷᠪᠢᠯᠠᠬᠤ ᠲᠠᠷᠢᠶᠠᠯᠠᠩ᠎ᠤᠨ ᠮᠡᠷᠭᠡᠵᠢᠯ ᠳᠡᠯᠭᠡᠷᠡᠭᠦᠯᠬᠦ ᠲᠠᠯᠠᠪᠠᠢ ᠵᠢ 5 ᠳ᠋ᠦᠩᠰᠢᠭᠤᠷ ᠮᠦ᠍᠎ᠠᠴᠠ ᠳᠡᠭᠡᠭᠰᠢ ᠪᠤᠯᠭ᠋ᠠᠵᠤ᠂ ᠥᠨᠳᠥᠷ ᠪᠦᠲᠦᠮᠵᠢᠲᠡᠢ ᠤᠰᠤ ᠬᠡᠷᠡᠭᠯᠡᠬᠦ ᠮᠡᠷᠭᠡᠵᠢᠯ᠎ᠤᠨ ᠬᠠᠮᠤᠷᠬᠤ ᠨᠣᠷᠮ᠎ᠠ ᠵᠢ 50%᠎ᠠᠴᠠ ᠳᠡᠭᠡᠭᠰᠢ᠎ᠳᠤ ᠬᠦᠷᠦᠭᠦᠯᠦᠨ᠎ᠡ᠃ ᠡᠳᠡᠭᠡᠷ ᠰᠡᠳᠬᠢᠮᠵᠢ ᠪᠣᠯᠤᠨ ᠱᠠᠭ᠋ᠠᠷᠳᠠᠯᠭ᠎ᠠ ᠪᠣᠯ ᠲᠥᠪ᠎ᠤᠨ ᠤᠰᠤᠨ ᠠᠰᠢᠭᠯᠠᠯᠲᠠ ᠵᠢᠨ ᠥᠭᠡᠷᠡᠴᠢᠯᠡᠯᠲᠡ ᠬᠥᠭᠵᠢᠭᠦᠯᠦᠯᠲᠡ ᠵᠢᠨ ᠪᠠᠶ᠋ᠢᠯᠳᠤᠬᠤ ᠪᠣᠳᠣᠯᠭ᠎ᠠ ᠵᠢᠨ ᠪᠠᠶ᠋ᠢᠷᠢᠯᠠᠭᠤᠯᠤᠯᠲᠠ ᠵᠢ ᠲᠦᠷᠭᠡᠳᠭᠡᠬᠦ ᠵᠢ ᠨᠠᠷᠢᠯᠢᠭᠵᠢᠭᠤᠯᠤᠨ ᠪᠣᠳᠠᠲᠠᠶ᠋ᠢᠵᠢᠭᠤᠯᠤᠭᠰᠠᠨ ᠶᠠᠪᠤᠳᠠᠯ ᠪᠤᠯᠬᠤ ᠪᠦᠭᠡᠳ ᠡᠨᠡ᠎ᠨᠢ ᠲᠠᠷᠢᠶᠠᠯᠠᠩ᠎ᠤᠨ ᠤᠰᠤ ᠠᠷᠪᠢᠯᠠᠬᠤ ᠬᠥᠭᠵᠢᠯᠲᠡ ᠵᠢᠨ ᠬᠠᠷᠠᠯᠲᠠ ᠪᠣᠯ ᠤᠳᠤᠬᠢᠴᠢᠯᠠᠭᠰᠠᠨ ᠲᠠᠷᠢᠶᠠᠯᠠᠩ᠎ᠤᠨ ᠬᠥᠭᠵᠢᠯᠲᠡ ᠵᠢᠨ ᠬᠡᠷᠡᠭᠴᠡᠭᠡ ᠱᠠᠭ᠋ᠠᠷᠳᠠᠯᠭ᠎ᠠ᠂ ᠤᠰᠤ ᠠᠷᠪᠢᠯᠠᠬᠤ ᠱᠠᠭ᠋ᠠᠷᠳᠠᠯᠭ᠎ᠠ ᠪᠣᠯᠤᠨ ᠪᠡᠯᠡ ᠮᠥᠩᠭᠥ ᠵᠢᠨ ᠬᠠᠩᠭ᠋ᠠᠯᠭ᠎ᠠ ᠵᠡᠷᠭᠡ ᠪᠣᠳᠠᠲᠤ ᠪᠠᠢ᠌ᠳᠠᠯ᠎ᠢ ᠶᠡᠷᠦᠩᠬᠡᠶ᠋ᠢᠯᠡᠨ ᠪᠣᠳᠣᠯᠬᠢᠯᠠᠵᠤ ᠪᠠᠶ᠋ᠢᠭ᠋ᠠᠳ ᠳᠤᠷᠠᠳᠤᠭᠰᠠᠨ ᠮᠠᠰᠢ ᠴᠢᠩᠭ᠎ᠠ ᠵᠢᠯᠣᠭᠣᠳᠬᠤ ᠴᠢᠨᠠᠷᠲᠠᠢ᠂ ᠬᠠᠨᠳᠤᠯᠭ᠋ᠠᠲᠤ ᠴᠢᠨᠠᠷᠲᠠᠢ ᠪᠣᠯᠤᠨ ᠬᠡᠷᠡᠭᠵᠢᠭᠦᠯᠭᠡᠲᠦ ᠴᠢᠨᠠᠷᠲᠠᠢ ᠶᠤᠮ᠃ ᠪᠢᠳᠡ ᠵᠠᠪᠠᠯ ᠲᠠᠷᠢᠶᠠᠯᠠᠩ᠎ᠤᠨ ᠤᠰᠤ ᠠᠷᠪᠢᠯᠠᠬᠤ ᠠᠵᠢᠯ᠎ᠤᠨ ᠪᠦᠬᠦ ᠶᠠᠪᠤᠴᠠ᠎ᠳᠤ ᠭᠦᠨᠵᠡᠭᠡᠢ ᠣᠶ᠋ᠢᠯᠠᠭ᠋ᠠᠬᠤ ᠵᠢᠨ ᠬᠠᠮᠲᠤ ᠲᠠᠷᠢᠶᠠᠯᠠᠩ᠎ᠤᠨ ᠤᠰᠤ ᠠᠷᠪᠢᠯᠠᠬᠤ ᠠᠵᠢᠯ᠎ᠤᠨ ᠰᠢᠨᠵᠢᠯᠡᠬᠦ ᠤᠬᠠᠭ᠋ᠠᠨᠴᠢ ᠬᠥᠭᠵᠢᠯᠲᠡ᠂ ᠡᠶ᠎ᠡ ᠵᠣᠬᠢᠴᠠᠩᠭᠤᠢ ᠬᠥᠭᠵᠢᠯᠲᠡ᠂ ᠳᠠᠪᠠᠯᠲᠠ ᠵᠢᠨ ᠬᠥᠭᠵᠢᠯᠲᠡ ᠵᠢ ᠪᠡᠶᠡᠯᠡᠭᠦᠯᠬᠦ ᠵᠢ ᠠᠬᠢᠭᠤᠯᠬᠤ ᠬᠡᠷᠡᠭᠲᠡᠢ᠃
ᠬᠣᠶᠠᠷ᠎ᠲᠤ 《ᠬᠦᠳᠦᠯᠪᠤᠷᠢ》 ᠵᠢᠨ ᠲᠠᠷᠢᠶᠠᠯᠠᠩ᠎ᠤᠨ ᠤᠰᠤ ᠠᠷᠪᠢᠯᠠᠬᠤ ᠰᠢᠰᠲ᠋ᠧᠮᠵᠢ ᠵᠢ ᠪᠠᠶ᠋ᠢᠭᠤᠯᠬᠤ᠎ᠳᠤ ᠲᠣᠳᠣᠷᠬᠠᠶ᠋ᠢᠯᠠᠭᠰᠠᠨ ᠭᠣᠣᠯ ᠠᠭᠤᠯᠭ᠎ᠠ ᠵᠢ ᠣᠨᠣᠪᠴᠢᠲᠠᠢ ᠰᠠᠶ᠋ᠢᠲᠤᠷ ᠡᠵᠡᠮᠰᠢᠬᠦ ᠬᠡᠷᠡᠭᠲᠡᠢ᠃ ᠲᠠᠷᠢᠶᠠᠯᠠᠩ᠎ᠤᠨ ᠤᠰᠤ ᠠᠷᠪᠢᠯᠠᠬᠤ ᠪᠣᠯ ᠨᠢᠭᠡᠨ ᠰᠢᠰᠲ᠋ᠧᠮᠲᠦ ᠢᠨᠵᠧᠨᠧᠷᠢᠩ ᠪᠠᠢ᠌ᠵᠤ᠂ ᠢᠨᠵᠸᠨ᠋ᠸᠷᠢᠩ᠂ ᠮᠡᠷᠭᠡᠵᠢᠯ᠂ ᠵᠠᠰᠠᠭ ᠵᠠᠬᠢᠷᠭ᠋ᠠᠨ᠂ ᠬᠠᠮᠢᠶᠠᠷᠤᠯᠲᠠ᠂ ᠬᠠᠤᠯᠢ ᠴᠠᠭ᠋ᠠᠵᠠ ᠵᠡᠷᠭᠡ ᠣᠯᠠᠨ ᠵᠦᠢ᠍ᠯ᠎ᠤᠨ ᠠᠷᠭ᠎ᠠ ᠬᠡᠮᠵᠢᠶ᠎ᠡ ᠵᠢᠨ ᠨᠢᠭᠡᠳᠦᠭᠰᠡᠨ ᠴᠣᠭᠴᠠ ᠪᠣᠯᠤᠨ᠎ᠠ᠃ ᠲᠠᠷᠢᠶᠠᠯᠠᠩ᠎ᠤᠨ ᠦᠢ᠍ᠯᠡᠳᠪᠦᠷᠢᠯᠡᠯ᠎ᠤᠨ ᠪᠠᠶ᠋ᠢᠷᠢᠰᠢᠭᠤᠯᠤᠯ᠂ ᠲᠠᠷᠢᠮᠠᠯ᠎ᠤᠨ ᠪᠦᠲᠦᠴᠡ᠂ ᠤᠰᠤᠨ᠎ᠤ ᠡᠬᠢ ᠪᠠᠶᠠᠯᠢᠭ᠎ᠢ ᠲᠣᠬᠢᠷᠠᠭᠤᠯᠬᠤ᠎ᠠᠴᠠ ᠢᠨᠵᠧᠨᠧᠷᠢᠩ᠂ ᠲᠠᠷᠢᠶᠠᠯᠠᠩ᠎ᠤᠨ ᠮᠠᠰᠢᠨ᠂ ᠲᠠᠷᠢᠶᠠᠯᠠᠩ᠎ᠤᠨ ᠮᠡᠷᠭᠡᠵᠢᠯ᠂ ᠬᠠᠮᠢᠶᠠᠷᠤᠯᠲᠠ ᠵᠡᠷᠭᠡ ᠠᠷᠭ᠎ᠠ ᠬᠡᠮᠵᠢᠶ᠎ᠡ ᠵᠢᠨ ᠣᠷᠭ᠋ᠠᠨᠢᠭ ᠤᠶᠠᠯᠳᠤᠯ ᠵᠡᠷᠭᠡ᠎ᠨᠢ ᠴᠦᠮ ᠣᠯᠠᠨ ᠬᠦᠷᠢᠶ᠎ᠡ ᠪᠠ ᠣᠯᠠᠨ ᠭᠤᠭᠴᠤᠭ᠎ᠠ᠎ᠳᠤ ᠬᠣᠯᠪᠣᠭᠳᠠᠬᠤ ᠪᠣᠯᠤᠨ᠎ᠠ᠃ 《ᠬᠥᠲᠥᠯᠪᠦᠷᠢ》᠎ᠳᠤ ᠲᠠᠷᠢᠶᠠᠯᠠᠩ᠎ᠳᠤ ᠬᠡᠷᠡᠭᠯᠡᠬᠦ ᠤᠰᠤ ᠵᠢ ᠰᠢᠯᠢᠳᠡᠭᠵᠢᠬᠦᠯᠦᠨ ᠵᠤᠬᠢᠴᠠᠭᠤᠯᠬᠤ᠂ ᠲᠠᠷᠢᠶᠠᠯᠠᠩ᠎ᠤᠨ ᠦᠢ᠍ᠯᠡᠳᠪᠦᠷᠢᠯᠡᠯ ᠪᠣᠯᠤᠨ ᠤᠰᠤ ᠬᠡᠷᠡᠭᠯᠡᠬᠦ ᠪᠦᠲᠦᠴᠡ᠎ᠳᠤ ᠲᠣᠬᠢᠷᠠᠭᠤᠯᠤᠯᠲᠠ ᠬᠢᠵᠦ᠂ ᠲᠠᠷᠢᠶᠠᠯᠠᠩ᠎ᠤᠨ ᠤᠰᠤ ᠠᠷᠪᠢᠯᠠᠬᠤ ᠢᠨᠵᠸᠨ᠋ᠸᠷᠢᠩ᠎ᠤᠨ ᠠᠷᠭ᠎ᠠ ᠬᠡᠮᠵᠢᠶ᠎ᠡ ᠵᠢ ᠲᠡᠬᠦᠯᠳᠡᠷᠵᠢᠬᠦᠯᠦᠨ᠂ ᠲᠠᠷᠢᠶᠠᠯᠠᠩ᠎ᠤᠨ ᠮᠠᠰᠢᠨ᠂ ᠲᠠᠷᠢᠶᠠᠯᠠᠩ᠎ᠤᠨ ᠮᠡᠷᠭᠡᠵᠢᠯ ᠪᠠ ᠠᠮᠢᠳᠤ ᠪᠤᠳᠠᠰ᠎ᠤᠨ ᠮᠡᠷᠭᠡᠵᠢᠯ᠎ᠤᠨ ᠤᠰᠤ ᠠᠷᠪᠢᠯᠠᠬᠤ ᠠᠷᠭ᠎ᠠ ᠬᠡᠮᠵᠢᠶ᠎ᠡ ᠵᠢ ᠲᠡᠯᠭᠡᠷᠡᠬᠦᠯᠵᠦ᠂ ᠲᠠᠷᠢᠶᠠᠯᠠᠩ᠎ᠤᠨ ᠤᠰᠤ ᠠᠷᠪᠢᠯᠠᠬᠤ ᠬᠠᠮᠢᠶᠠᠷᠤᠯᠳᠠ ᠵᠢᠨ ᠠᠷᠭ᠎ᠠ ᠵᠢ ᠪᠦᠷᠢᠨᠰᠢᠬᠦᠯᠬᠦ ᠵᠡᠷᠭᠡ ᠲᠠᠪᠤᠨ ᠲᠠᠯ᠎ᠠ ᠵᠢᠨ ᠠᠵᠢᠯ᠎ᠢ ᠲᠤᠪᠤᠢ᠌ᠯᠭ᠋ᠠᠨ ᠠᠳᠬᠤᠬᠤ ᠬᠡᠷᠡᠭᠳᠡᠢ ᠭᠡᠵᠦ ᠴᠢᠬᠤᠯᠠᠴᠢᠯᠠᠭᠰᠠᠨ ᠪᠠᠢ᠌ᠨ᠎ᠠ᠃ 2020 ᠤᠨ ᠪᠤᠯᠬᠤ᠎ᠳᠤ᠂ ᠪᠦᠬᠦ ᠤᠯᠤᠰ᠎ᠲᠤ ᠲᠠᠷᠢᠶᠠᠯᠠᠩ᠎ᠤᠨ ᠦᠢ᠍ᠯᠡᠳᠪᠤᠷᠢᠯᠡᠯ᠎ᠤᠨ ᠪᠠᠢ᠌ᠷᠢᠰᠢᠭᠤᠯᠤᠯ ᠪᠤᠯᠤᠨ ᠬᠦᠷᠦᠰᠦ ᠰᠢᠷᠤᠢ ᠵᠢᠨ ᠡᠬᠢ ᠪᠠᠶᠠᠯᠢᠭ᠎ᠤᠨ ᠨᠦᠬᠦᠴᠡᠯ ᠬᠠᠷᠢᠯᠴᠠᠨ ᠵᠤᠬᠢᠴᠠᠭᠰᠠᠨ᠂ ᠲᠠᠷᠢᠶᠠᠯᠠᠩ᠎ᠳᠤ ᠬᠡᠷᠡᠭᠯᠡᠬᠦ ᠤᠰᠤᠨ᠎ᠤ ᠬᠡᠮᠵᠢᠶ᠎ᠡ ᠪᠤᠯᠤᠨ ᠤᠰᠤ ᠬᠡᠷᠡᠭᠯᠡᠬᠦ ᠦᠷ᠎ᠡ ᠪᠦᠳᠦᠮᠵᠢ᠎ᠨᠢ ᠬᠠᠷᠢᠯᠴᠠᠨ ᠲᠤᠬᠢᠷᠠᠭᠰᠠᠨ᠂ ᠢᠨᠵᠸᠨ᠋ᠸᠷᠢᠩ᠎ᠤᠨ ᠠᠷᠭ᠎ᠠ ᠬᠡᠮᠵᠢᠶ᠎ᠡ ᠪᠤᠯᠤᠨ ᠢᠨᠵᠸᠨ᠋ᠸᠷᠢᠩ᠎ᠤᠨ ᠪᠤᠰᠤ ᠠᠷᠭ᠎ᠠ ᠬᠡᠮᠵᠢᠶ᠎ᠡ ᠬᠠᠷᠢᠯᠴᠠᠨ ᠤᠶᠠᠯᠳᠤᠭᠰᠠᠨ ᠲᠠᠷᠢᠶᠠᠯᠠᠩ᠎ᠤᠨ ᠤᠰᠤ ᠠᠷᠪᠢᠯᠠᠬᠤ ᠰᠢᠰᠲᠸᠮ᠎ᠢ ᠠᠩᠬ᠎ᠠ ᠠᠯᠬᠤᠮ ᠪᠠᠢ᠌ᠭᠤᠯᠤᠨ᠎ᠠ᠃ ᠡᠳᠡᠭᠡᠷ᠎ᠨᠢ ᠴᠥᠮ ᠲᠠᠷᠢᠶᠠᠯᠠᠩ᠎ᠤᠨ ᠤᠰᠤ ᠠᠷᠪᠢᠯᠠᠬᠤ ᠦᠷᠭᠦᠯᠵᠢᠯᠡᠨ ᠬᠥᠭᠵᠢᠵᠦ ᠴᠢᠳᠠᠬᠤ ᠡᠰᠡᠬᠦ᠎ᠲᠠᠢ ᠬᠣᠯᠪᠣᠭᠳᠠᠬᠤ ᠴᠢᠬᠤᠯᠠ ᠵᠠᠩᠭᠢᠯᠠᠭ᠎ᠠ ᠪᠠ ᠭᠣᠣᠯ ᠠᠷᠭ᠎ᠠ ᠪᠠᠷᠢᠯ ᠪᠣᠯᠬᠤ ᠶᠤᠮ᠂ ᠪᠠᠰᠠ ᠴᠤ᠌ ᠤᠷᠲᠤ ᠬᠤᠭᠤᠴᠠᠭ᠋ᠠᠨ᠎ᠤ ᠲᠤᠷᠰᠢᠬᠢ ᠲᠠᠷᠢᠶᠠᠯᠠᠩ᠎ᠤᠨ ᠤᠰᠤ ᠠᠷᠪᠢᠯᠠᠬᠤ ᠪᠤᠳᠠᠳᠤ ᠦᠢ᠍ᠯᠡᠳᠦᠯᠭᠡ ᠵᠢᠨ ᠲᠤᠷᠰᠢᠯᠭ᠎ᠠ ᠵᠢᠨ ᠳ᠋ᠦᠩᠨᠡᠯᠳᠡ ᠪᠤᠯᠪᠠᠰᠤᠷᠠᠭᠤᠯᠤᠯᠳᠠ ᠪᠠᠢ᠌ᠵᠤ᠂ ᠤᠰᠤ ᠠᠷᠪᠢᠯᠠᠬᠤ ᠤᠰᠤᠯᠠᠯᠲᠠ ᠵᠢᠨ ᠲᠥᠯᠥᠪᠵᠢᠭᠦᠯᠭᠡ ᠵᠢ ᠨᠠᠶ᠋ᠢᠷᠠᠭᠤᠯᠤᠨ ᠵᠣᠬᠢᠶᠠᠬᠤ᠂ ᠪᠡᠯᠡᠳᠭᠡᠯ ᠠᠵᠢᠯ᠂ ᠢᠨᠵᠸᠨ᠋ᠸᠷᠢᠩ᠎ᠤᠨ ᠪᠦᠲᠦᠭᠡᠨ ᠪᠠᠶ᠋ᠢᠭᠤᠯᠤᠯᠲᠠ ᠪᠣᠯᠤᠨ ᠠᠵᠢᠯᠯᠠᠭ᠋ᠠᠨ᠎ᠤ ᠬᠠᠮᠢᠶᠠᠷᠤᠯᠲᠠ ᠬᠠᠮᠠᠭ᠋ᠠᠯᠠᠯᠳᠠ ᠵᠡᠷᠭᠡ ᠭᠤᠭᠴᠤᠭ᠎ᠠ᠎ᠳᠤ ᠭᠦᠢ᠍ᠴᠡᠳ ᠢᠯᠡᠷᠡᠭᠰᠡᠨ ᠪᠠᠢ᠌ᠬᠤ ᠬᠡᠷᠡᠭᠲᠡᠢ᠃
ᠭᠤᠷᠪᠠ᠎ᠳᠤ 《ᠬᠥᠲᠥᠯᠪᠦᠷᠢ》 ᠵᠢᠨ ᠲᠠᠷᠢᠶᠠᠯᠠᠩ᠎ᠤᠨ ᠤᠰᠤ ᠠᠷᠪᠢᠯᠠᠬᠤ᠎ᠳᠤ ᠬᠡᠷᠡᠭᠵᠢᠭᠦᠯᠬᠦ ᠣᠷᠣᠨ ᠲᠤᠭᠤᠷᠢᠭ ᠬᠤᠪᠢᠶᠠᠨ ᠵᠢᠯᠣᠭᠣᠳᠬᠤ ᠵᠠᠷᠴᠢᠮ᠎ᠢ ᠣᠨᠣᠪᠴᠢᠲᠠᠢ ᠰᠠᠶ᠋ᠢᠲᠤᠷ ᠡᠵᠡᠮᠳᠡᠬᠦ ᠬᠡᠷᠡᠭᠲᠡᠢ᠃ 《 ᠬᠥᠲᠥᠯᠪᠦᠷᠢ》᠎ᠳᠤ ᠲᠠᠷᠢᠮᠠᠯ᠎ᠤᠨ ᠪᠦᠲᠦᠴᠡ᠂ ᠬᠦᠷᠢᠶ᠎ᠡ ᠬᠡᠪᠴᠢᠶ᠎ᠡ᠂ ᠴᠠᠭ ᠠᠭ᠋ᠠᠷ᠎ᠤᠨ ᠣᠨᠴᠠᠯᠢᠭ᠂ ᠤᠰᠤᠨ᠎ᠤ ᠡᠬᠢ ᠪᠠᠶᠠᠯᠢᠭ᠎ᠤᠨ ᠨᠥᠬᠥᠴᠡᠯ᠂ ᠭᠠᠵᠠᠷ ᠲᠠᠷᠢᠶᠠᠯᠠᠩ᠎ᠤᠨ ᠦᠢ᠍ᠯᠡᠳᠪᠦᠷᠢᠯᠡᠯ᠎ᠤᠨ ᠠᠷᠭ᠎ᠠ ᠬᠡᠯᠪᠡᠷᠢ᠂ ᠠᠵᠤ ᠠᠬᠤᠢ ᠵᠢᠨ ᠨᠥᠬᠥᠴᠡᠯ ᠪᠣᠯᠤᠨ ᠣᠷᠣᠨ ᠨᠤᠲᠤᠭ᠎ᠤᠨ ᠢᠳᠡᠪᠬᠢᠵᠢᠯ ᠵᠡᠷᠭᠡ ᠬᠦᠴᠦᠨ ᠵᠦᠢ᠍ᠯ᠎ᠢ ᠨᠢᠭᠡᠳᠦᠯᠳᠡᠢ ᠬᠠᠷᠠᠭ᠋ᠠᠯᠵᠠᠨ᠂ ᠲᠠᠷᠢᠶᠠᠯᠠᠩ᠎ᠤᠨ ᠤᠰᠤ ᠠᠷᠪᠢᠯᠠᠬᠤ ᠬᠦᠭᠵᠢᠯᠳᠡ ᠵᠢᠨ ᠤᠷᠤᠨ ᠪᠦᠰᠡ ᠵᠢ ᠵᠡᠭᠦᠨ ᠬᠤᠢ᠌ᠳᠤ᠂ ᠪᠠᠷᠠᠭᠤᠨ ᠬᠤᠢ᠌ᠳᠤ᠂ ᠬᠠᠳᠤᠨ ᠭᠤᠤᠯ ᠬᠤᠸᠠᠢ᠌ᠾᠸ ᠭᠤᠤᠯ ᠬᠠᠢ᠌ᠾᠸ ᠭᠤᠤᠯ᠎ᠤᠨ ᠰᠠᠪᠠ ᠭᠠᠵᠠᠷ ᠪᠤᠯᠤᠨ ᠡᠮᠦᠨᠡᠳᠦ ᠤᠷᠤᠨ ᠭᠡᠬᠦ ᠲᠦᠷᠪᠡᠨ ᠤᠷᠤᠨ ᠬᠤᠪᠢᠶᠠᠵᠤ᠂ ᠲᠤᠬᠠᠢ ᠵᠢᠨ ᠭᠠᠵᠠᠷ᠎ᠳᠤᠨᠢ ᠲᠤᠬᠢᠷᠠᠭᠤᠯᠤᠨ ᠲᠦᠷᠦᠯ ᠬᠤᠪᠢᠶᠠᠨ ᠵᠢᠯᠤᠭᠤᠳᠬᠤ ᠵᠠᠷᠴᠢᠮ ᠶᠤᠰᠤᠭ᠋ᠠᠷ ᠲᠦᠷᠪᠡᠨ ᠭᠠᠵᠠᠷ ᠤᠷᠤᠨ᠎ᠤ ᠬᠦᠭᠵᠢᠯᠳᠡ ᠵᠢᠨ ᠭᠤᠤᠯᠳᠠᠯᠭ᠎ᠠ᠂ ᠬᠠᠷᠠᠯᠳᠠ ᠡᠬᠦᠷᠭᠡ ᠵᠢᠴᠢ ᠲᠤᠬᠢᠷᠠᠮᠵᠢᠳᠠᠢ ᠮᠡᠷᠭᠡᠵᠢᠯ᠎ᠤᠨ ᠴᠢᠭ ᠱᠤᠭᠤᠮ᠂ ᠲᠠᠷᠢᠬᠤ ᠬᠡᠪ ᠵᠠᠭᠪᠤᠷ ᠪᠤᠯᠤᠨ ᠤᠰᠤ ᠠᠷᠪᠢᠯᠠᠬᠤ ᠠᠷᠭ᠎ᠠ ᠬᠡᠮᠵᠢᠶ᠎ᠡ ᠵᠢ ᠲᠤᠳᠤᠷᠬᠠᠢ᠌ᠯᠠᠪᠠ᠃ ᠵᠡᠭᠦᠨ ᠬᠣᠶ᠋ᠢᠲᠤ ᠣᠷᠣᠨ᠎ᠤ ᠪᠠᠷᠠᠭᠤᠨ ᠬᠡᠰᠡᠭ᠎ᠲᠤ ᠤᠰᠤᠨ᠎ᠤ ᠡᠬᠢ ᠪᠠᠶᠠᠯᠢᠭ᠎ᠤᠨ ᠳᠠᠭ᠋ᠠᠭ᠋ᠠᠴᠠ ᠵᠢ ᠦᠨᠳᠦᠰᠦᠯᠡᠨ᠂ ᠥᠨᠳᠥᠷ ᠪᠦᠲᠦᠮᠵᠢᠲᠡᠢ ᠤᠰᠤ ᠠᠷᠪᠢᠯᠠᠵᠤ ᠤᠰᠤᠯᠠᠬᠤ ᠮᠡᠷᠭᠡᠵᠢᠯ᠎ᠢ ᠶᠡᠬᠡᠪᠡᠷ ᠳᠡᠯᠭᠡᠷᠡᠭᠦᠯᠦᠨ᠎ᠡ; ᠵᠡᠭᠦᠨ ᠬᠡᠰᠡᠭ᠎ᠲᠤ ᠣᠳᠣ ᠪᠠᠶ᠋ᠢᠭ᠎ᠠ ᠤᠰᠤᠯᠠᠯᠲᠠ ᠵᠢᠨ ᠣᠷᠣᠨ᠎ᠤ ᠤᠰᠤ ᠠᠷᠪᠢᠯᠠᠬᠤ ᠥᠭᠡᠷᠡᠴᠢᠯᠡᠯᠲᠡ ᠪᠣᠯᠤᠨ ᠰᠢᠨ᠎ᠡ ᠤᠰᠤᠯᠠᠯᠲᠠ ᠵᠢᠨ ᠣᠷᠣᠨ᠎ᠤ ᠪᠦᠲᠦᠭᠡᠨ ᠪᠠᠶ᠋ᠢᠭᠤᠯᠤᠯᠲᠠ ᠵᠢᠨ ᠡᠷᠴᠢᠮ ᠵᠶ᠋ᠡᠨ ᠨᠡᠮᠡᠭᠳᠡᠬᠦᠯᠦᠨ᠎ᠡ᠃ ᠪᠠᠷᠠᠭᠤᠨ ᠬᠣᠶ᠋ᠢᠲᠤ ᠵᠢᠨ ᠭᠠᠵᠠᠷ ᠣᠷᠣᠨ᠎ᠳᠤ ᠤᠰᠤᠨ᠎ᠤ ᠡᠬᠢ ᠪᠠᠶᠠᠯᠢᠭ᠎ᠤᠨ ᠲᠣᠬᠢᠷᠠᠭᠤᠯᠤᠯᠲᠠ ᠵᠢᠨ ᠶᠡᠷᠦᠩᠬᠡᠢ ᠬᠡᠮᠵᠢᠶ᠎ᠡ ᠵᠢ ᠴᠢᠩᠭ᠎ᠠ ᠵᠢᠷᠤᠮᠯᠠᠨ ᠤᠰᠤᠯᠠᠯᠲᠠ ᠵᠢᠨ ᠬᠥᠭᠵᠢᠯᠲᠡ ᠵᠢᠨ ᠬᠡᠪᠴᠢᠶ᠎ᠡ ᠵᠢ ᠡᠵᠡᠮᠳᠡᠵᠦ᠂ ᠲᠣᠬᠢᠷᠠᠮᠵᠢᠲᠠᠢ ᠭᠠᠵᠠᠷ ᠣᠷᠣᠨ᠎ᠳᠤ ᠲᠣᠰᠤᠯᠭ᠋ᠠᠨ ᠤᠰᠤᠯᠠᠬᠤ᠂ ᠰᠦᠷᠴᠢᠨ ᠤᠰᠤᠯᠠᠬᠤ ᠮᠡᠷᠭᠡᠵᠢᠯ᠎ᠢ ᠶᠡᠬᠡᠪᠡᠷ ᠲᠡᠯᠭᠡᠷᠡᠬᠦᠯᠦᠨ᠎ᠡ᠃ ᠳᠣᠲᠣᠭ᠋ᠠᠳᠤ ᠬᠠᠭᠤᠷᠠᠢ ᠵᠢᠨ ᠭᠣᠣᠯ᠎ᠤᠨ ᠤᠷᠤᠨ ᠲᠣᠭᠣᠷᠢᠭ᠎ᠲᠤ ᠥᠨᠳᠥᠷ ᠦᠷ᠎ᠡ ᠠᠰᠢᠭ᠎ᠲᠤ ᠤᠰᠤ ᠠᠷᠪᠢᠯᠠᠬᠤ ᠤᠰᠤᠯᠠᠯᠲᠠ ᠵᠢ ᠡᠩ ᠲᠡᠷᠢᠭᠦᠨ᠎ᠳᠤ ᠬᠥᠭᠵᠢᠭᠦᠯᠵᠦ᠂ ᠠᠮᠢ ᠠᠬᠤᠢ ᠵᠢᠨ ᠠᠮᠤᠷ ᠲᠦᠪᠰᠢᠨ᠎ᠢ ᠬᠠᠮᠠᠭ᠋ᠠᠯᠠᠨ᠎ᠠ᠃ ᠬᠠᠲᠤᠨ ᠭᠣᠣᠯ᠂ ᠬᠤᠸᠠᠢ ᠾᠧ ᠭᠣᠣᠯ᠂ ᠬᠠᠢ ᠾᠧ ᠭᠣᠣᠯ ᠳᠠᠭ᠋ᠠᠤ ᠣᠷᠣᠨ᠎ᠤ ᠬᠤᠳᠳᠤᠭ᠎ᠤᠨ ᠤᠰᠤᠯᠠᠯᠲᠠ ᠵᠢᠨ ᠣᠷᠣᠨ᠎ᠳᠤ ᠳᠠᠮᠵᠢᠭᠤᠯᠬᠤ ᠬᠣᠭᠣᠯᠠᠢ ᠵᠢᠨ ᠤᠰᠤ ᠳᠠᠮᠵᠢᠭᠤᠯᠬᠤ ᠤᠰᠤᠯᠠᠯᠲᠠ ᠵᠢ ᠢᠳᠡᠪᠬᠢᠲᠡᠢ ᠬᠥᠭᠵᠢᠭᠦᠯᠵᠦ᠂ ᠰᠦᠷᠴᠢᠨ ᠤᠰᠤᠯᠠᠬᠤ ᠪᠠ ᠤᠰᠤ ᠪᠣᠷᠳᠣᠭᠤᠷ᠎ᠢ ᠨᠢᠭᠡ ᠴᠣᠭᠴᠠᠵᠢᠭᠤᠯᠬᠤ ᠵᠢ ᠢᠳᠡᠪᠬᠢᠲᠡᠢ ᠬᠥᠭᠵᠢᠭᠦᠯᠵᠦ᠂ ᠤᠰᠤ ᠬᠡᠷᠡᠭᠯᠡᠬᠦ ᠬᠡᠮᠵᠢᠯᠲᠡ ᠪᠠ ᠣᠶᠤᠨᠴᠢ ᠡᠵᠡᠮᠰᠢᠯ᠎ᠤᠨ ᠮᠡᠷᠭᠡᠵᠢᠯ᠎ᠢ ᠳᠡᠯᠭᠡᠷᠡᠭᠦᠯᠦᠨ᠎ᠡ; ᠰᠤᠪᠠᠭ᠎ᠤᠨ ᠤᠰᠤᠯᠠᠯᠲᠠ ᠵᠢᠨ ᠣᠷᠣᠨ᠂ ᠬᠤᠳᠳᠤᠭ ᠰᠤᠪᠠᠭ᠎ᠢ ᠤᠶᠠᠯᠳᠤᠭᠤᠯᠤᠭᠰᠠᠨ ᠤᠰᠤᠯᠠᠯᠲᠠ ᠵᠢᠨ ᠣᠷᠣᠨ᠎ᠳᠤ ᠰᠤᠪᠠᠭ᠎ᠤᠨ ᠨᠡᠪᠴᠢᠯᠳᠡ ᠵᠢ ᠰᠡᠷᠭᠡᠶ᠋ᠢᠯᠡᠬᠦ ᠵᠢ ᠭᠣᠣᠯᠳᠠᠯᠭ᠎ᠠ᠎ᠲᠠᠢ ᠬᠦᠭᠵᠢᠬᠦᠯᠵᠦ᠂ ᠲᠤᠬᠠᠢ ᠵᠢᠨ ᠭᠠᠵᠠᠷ᠎ᠤᠨ ᠪᠠᠶ᠋ᠢᠳᠠᠯ᠎ᠳᠤᠨᠢ ᠲᠣᠬᠢᠷᠠᠭᠤᠯᠤᠨ᠂ ᠳᠣᠣᠷ᠎ᠠ ᠳᠠᠷᠤᠯᠲᠠᠲᠤ ᠬᠣᠭᠣᠯᠠᠢ ᠵᠢᠨ ᠤᠰᠤ ᠳᠠᠮᠵᠢᠭᠤᠯᠬᠤ ᠤᠰᠤᠯᠠᠯᠲᠠ ᠵᠢ ᠬᠥᠭᠵᠢᠭᠦᠯᠦᠨ᠎ᠡ᠃ ᠭᠠᠵᠠᠷ ᠳᠣᠣᠷᠠᠬᠢ ᠤᠰᠤ ᠵᠢ ᠬᠡᠲᠦᠷᠡᠲᠡᠯ᠎ᠡ ᠠᠪᠤᠭᠰᠠᠨ ᠣᠷᠣᠨ᠎ᠳᠤ ᠤᠰᠤᠯᠠᠯᠲᠠ ᠵᠢᠨ ᠲᠠᠯᠠᠪᠠᠢ ᠵᠢ ᠰᠢᠨ᠎ᠡ᠎ᠪᠠᠷ ᠨᠡᠮᠡᠭᠳᠡᠭᠦᠯᠬᠦ ᠵᠢ ᠴᠢᠩᠭ᠎ᠠ ᠬᠢᠵᠠᠭ᠋ᠠᠷᠯᠠᠨ᠎ᠠ᠃ ᠡᠮᠦᠨᠡᠲᠦ ᠵᠢᠨ ᠭᠠᠵᠠᠷ ᠣᠷᠣᠨ᠎ᠳᠤ ᠤᠰᠤᠨ ᠰᠤᠪᠠᠭ᠎ᠤᠨ ᠨᠡᠪᠴᠢᠯᠳᠡ ᠵᠢ ᠰᠡᠷᠭᠡᠶ᠋ᠢᠯᠡᠬᠦ᠎ᠪᠠᠷ ᠭᠣᠣᠯ ᠪᠣᠯᠭ᠋ᠠᠵᠤ᠂ ᠤᠰᠤᠨ ᠬᠣᠭᠣᠯᠠᠢ᠎ᠪᠠᠷ ᠤᠰᠤᠯᠠᠬᠤ ᠤᠰᠤᠯᠠᠯᠲᠠ ᠵᠢ ᠵᠣᠬᠢᠰᠲᠠᠢ ᠬᠦᠭᠵᠢᠬᠦᠯᠦᠨ᠂ ᠤᠰᠤᠨ ᠲᠤᠳᠤᠷᠭ᠎ᠠ ᠵᠢ ᠶᠡᠬᠡᠪᠡᠷ ᠬᠦᠭᠵᠢᠬᠦᠯᠦᠨ ᠤᠰᠤᠯᠠᠯᠳᠠ ᠵᠢ ᠵᠤᠬᠢᠰᠳᠠᠢ ᠬᠢᠵᠠᠭ᠋ᠠᠷᠯᠠᠨ᠎ᠠ; ᠳᠣᠪᠣᠴᠠᠭ ᠠᠭᠤᠯᠠᠷᠬᠠᠭ ᠣᠷᠣᠨ᠎ᠳᠤ 《ᠲᠠᠪᠤᠨ ᠵᠢᠵᠢᠭ ᠤᠰᠤᠨ ᠠᠰᠢᠭᠯᠠᠯᠲᠠ》 ᠵᠢᠨ ᠢᠨᠵᠧᠨᠧᠷᠢᠩ᠎ᠢ ᠪᠠᠶ᠋ᠢᠭᠤᠯᠵᠤ᠂ ᠤᠰᠤ ᠠᠷᠪᠢᠯᠠᠵᠤ ᠤᠰᠤᠯᠠᠬᠤ ᠮᠡᠷᠭᠡᠵᠢᠯ᠎ᠢ ᠢᠳᠡᠪᠬᠢᠲᠡᠢ ᠲᠡᠯᠭᠡᠷᠡᠬᠦᠯᠦᠨ᠎ᠡ; ᠵᠡᠭᠦᠨ ᠡᠮᠦᠨᠡᠲᠦ ᠳᠠᠯᠠᠢ ᠳᠠᠭ᠋ᠠᠤ ᠵᠢᠨ ᠠᠵᠤ ᠠᠬᠤᠢ ᠬᠦᠭᠵᠢᠭᠰᠡᠨ ᠪᠦᠰᠡ ᠨᠤᠲᠤᠭ᠎ᠲᠤ ᠤᠳᠤᠬᠢᠴᠢᠯᠠᠭᠰᠠᠨ ᠲᠠᠷᠢᠶᠠᠯᠠᠩ᠎ᠤᠨ ᠤᠰᠤᠨ ᠠᠰᠢᠭᠯᠠᠯᠲᠠ ᠵᠢ ᠶᠠᠭᠤᠨ᠎ᠤ ᠡᠮᠦᠨ᠎ᠡ ᠪᠡᠶᠡᠯᠡᠬᠦᠯᠦᠨ᠎ᠡ᠃ ᠡᠯ᠎ᠡ ᠭᠠᠵᠠᠷ ᠤᠷᠤᠨ᠎ᠨᠢ ᠲᠤᠰ ᠲᠤᠰ᠎ᠤᠨ ᠪᠣᠳᠠᠲᠠᠢ᠎ᠲᠠᠢ᠎ᠪᠠᠨ ᠤᠶᠠᠯᠳᠤᠭᠤᠯᠤᠨ᠂ ᠦᠵᠦ ᠲᠦᠯᠦᠪᠯᠡᠭᠡ ᠵᠢ ᠤᠯᠠᠮ ᠨᠢᠭᠡ ᠠᠯᠬᠤᠮ ᠰᠠᠢ᠌ᠳᠤᠷ ᠬᠢᠵᠦ᠂ ᠬᠦᠭᠵᠢᠯᠳᠡ ᠵᠢᠨ ᠰᠡᠳᠬᠢᠮᠵᠢ᠎ᠪᠠᠨ ᠲᠡᠬᠦᠯᠳᠡᠷᠵᠢᠬᠦᠯᠵᠦ᠂ ᠬᠦᠭᠵᠢᠯᠳᠡ ᠵᠢᠨ ᠬᠠᠷᠠᠯᠳᠠ᠎ᠪᠠᠨ ᠲᠤᠳᠤᠷᠬᠠᠢ᠌ᠯᠠᠨ᠂ ᠭᠤᠤᠯᠳᠠᠯᠭ᠎ᠠ᠎ᠲᠠᠢ ᠡᠬᠦᠷᠭᠡ᠎ᠪᠠᠨ ᠲᠤᠪᠤᠢ᠌ᠯᠭ᠋ᠠᠨ᠂ ᠲᠠᠷᠢᠶᠠᠯᠠᠩ᠎ᠤᠨ ᠤᠰᠤ ᠠᠷᠪᠢᠯᠠᠬᠤ ᠰᠢᠨᠵᠢᠯᠡᠬᠦ ᠤᠬᠠᠭ᠋ᠠᠨᠴᠢ ᠬᠦᠭᠵᠢᠯᠳᠡ ᠵᠢ ᠲᠦᠯᠬᠢᠨ ᠠᠬᠢᠭᠤᠯᠬᠤ ᠬᠡᠷᠡᠭᠲᠡᠢ᠃
ᠳᠥᠷᠪᠡ᠎ᠳᠤ《ᠬᠥᠲᠥᠯᠪᠦᠷᠢ》 ᠵᠢᠨ ᠲᠠᠷᠢᠶᠠᠯᠠᠩ᠎ᠤᠨ ᠤᠰᠤ ᠠᠷᠪᠢᠯᠠᠬᠤ ᠬᠥᠭᠵᠢᠯᠲᠡ ᠵᠢ ᠠᠬᠢᠭᠤᠯᠬᠤ ᠭᠣᠣᠯᠳᠠᠯᠭ᠎ᠠ᠎ᠲᠠᠢ ᠢᠨᠵᠧᠨᠧᠷᠢᠩ᠎ᠢ ᠣᠨᠣᠪᠴᠢᠲᠠᠢ ᠡᠵᠡᠮᠳᠡᠬᠦ ᠬᠡᠷᠡᠭᠲᠡᠢ᠃ 《ᠬᠥᠲᠥᠯᠪᠦᠷᠢ》᠎ᠳᠤ ᠲᠠᠷᠢᠶᠠᠯᠠᠩ᠎ᠤᠨ ᠤᠰᠤ ᠠᠷᠪᠢᠯᠠᠬᠤ ᠭᠣᠣᠯ ᠴᠢᠬᠤᠯᠠ ᠢᠨᠵᠸᠨ᠋ᠸᠷᠢᠩ᠎ᠤᠨ ᠪᠦᠲᠦᠭᠡᠨ ᠪᠠᠶ᠋ᠢᠭᠤᠯᠤᠯᠲᠠ ᠵᠢ ᠠᠬᠢᠭᠤᠯᠬᠤ ᠲᠠᠯ᠎ᠠ᠎ᠪᠠᠷ ᠲᠣᠳᠣᠷᠬᠠᠢ ᠱᠠᠭ᠋ᠠᠷᠳᠠᠯᠭ᠎ᠠ ᠳᠤᠷᠠᠳᠴᠠᠢ᠃ ᠲᠣᠮᠣ ᠳᠤᠮᠳᠠ ᠬᠡᠯᠪᠡᠷᠢ ᠵᠢᠨ ᠤᠰᠤᠯᠠᠯᠲᠠ ᠵᠢᠨ ᠣᠷᠣᠨ᠎ᠤ ᠤᠰᠤ ᠠᠷᠪᠢᠯᠠᠬᠤ ᠥᠭᠡᠷᠡᠴᠢᠯᠡᠯᠲᠡ ᠵᠢᠨ ᠢᠨᠵᠧᠨᠧᠷᠢᠩ᠎ᠳᠤ ᠭᠣᠣᠯ ᠪᠣᠯᠬᠤ ᠢᠨᠵᠸᠨ᠋ᠸᠷᠢᠩ ᠪᠣᠯᠤᠨ ᠲᠠᠷᠢᠶᠠᠨ ᠭᠠᠵᠠᠷ᠎ᠤᠨ ᠢᠨᠵᠸᠨ᠋ᠸᠷᠢᠩ᠎ᠢ ᠵᠡᠷᠭᠡ᠎ᠳᠤ᠎ᠨᠢ ᠥᠭᠡᠷᠡᠴᠢᠯᠡᠬᠦ᠎ᠳᠤ ᠠᠮᠤ ᠪᠤᠳᠠᠭ᠋ᠠᠨ᠎ᠤ ᠭᠣᠣᠯ ᠭᠠᠷᠤᠯᠲᠠ ᠵᠢᠨ ᠣᠷᠣᠨ᠂ ᠬᠦᠨᠳᠦ ᠨᠣᠴᠢᠲᠠᠢ ᠤᠰᠤ ᠳᠤᠲᠠᠭᠳᠠᠵᠤ ᠪᠠᠶ᠋ᠢᠭ᠎ᠠ ᠪᠠ ᠠᠮᠢ ᠠᠬᠤᠢ ᠵᠢᠨ ᠣᠷᠴᠢᠨ ᠲᠣᠭᠣᠷᠢᠨ ᠬᠡᠪᠡᠷᠡᠭ ᠭᠠᠵᠠᠷ ᠣᠷᠣᠨ᠎ᠤ ᠤᠰᠤᠯᠠᠯᠲᠠ ᠵᠢᠨ ᠣᠷᠣᠨ᠎ᠢ ᠦᠷᠭᠦᠯᠵᠢᠯᠡᠨ ᠪᠠᠶ᠋ᠢᠭᠤᠯᠵᠤ ᠢᠵᠢ ᠪᠦᠷᠢᠳᠦᠭᠦᠯᠬᠦ ᠪᠠ ᠤᠰᠤ ᠠᠷᠪᠢᠯᠠᠬᠤ ᠥᠭᠡᠷᠡᠴᠢᠯᠡᠯᠲᠡ ᠵᠢ ᠡᠩ ᠲᠡᠷᠢᠭᠦᠨ᠎ᠳᠤ ᠲᠣᠬᠢᠷᠠᠭᠤᠯᠬᠤ ᠬᠡᠷᠡᠭᠲᠡᠢ᠃ ᠥᠨᠳᠥᠷ ᠦᠷ᠎ᠡ ᠠᠰᠢᠭᠲᠠᠢ ᠤᠰᠤ ᠠᠷᠪᠢᠯᠠᠵᠤ ᠤᠰᠤᠯᠠᠬᠤ ᠮᠡᠷᠭᠡᠵᠢᠯ᠎ᠢ ᠬᠡᠪᠴᠢᠶᠡᠵᠢᠭᠦᠯᠦᠨ ᠳᠡᠯᠭᠡᠷᠡᠭᠦᠯᠬᠦ ᠢᠨᠵᠧᠨᠧᠷᠢᠩ ᠪᠣᠯ ᠳᠠᠷᠤᠢ ᠵᠡᠭᠦᠨ ᠬᠣᠶ᠋ᠢᠲᠤ ᠣᠷᠣᠨ᠂ ᠪᠠᠷᠠᠭᠤᠨ ᠬᠣᠶ᠋ᠢᠲᠤ ᠣᠷᠣᠨ᠂ ᠬᠠᠲᠤᠨ ᠭᠣᠣᠯ ᠬᠤᠸᠠᠶ᠋ᠢᠾᠧ ᠭᠣᠣᠯ ᠬᠠᠢ᠌ᠾᠸ ᠭᠤᠤᠯ᠎ᠤᠨ ᠣᠷᠣᠨ ᠵᠶ᠋ᠠᠷ ᠭᠣᠣᠯᠳᠠᠯᠭ᠎ᠠ ᠪᠣᠯᠭ᠋ᠠᠭᠰᠠᠨ ᠢᠨᠵᠸᠨ᠋ᠸᠷᠢᠩ᠂ ᠲᠠᠷᠢᠶᠠᠯᠠᠩ᠎ᠤᠨ ᠮᠡᠷᠭᠡᠰᠢᠯ᠂ ᠲᠠᠷᠢᠶᠠᠯᠠᠩ᠎ᠤᠨ ᠮᠠᠰᠢᠨ ᠪᠣᠯᠤᠨ ᠬᠠᠮᠢᠶᠠᠷᠤᠯᠲᠠ ᠵᠡᠷᠭᠡ ᠠᠷᠭ᠎ᠠ ᠬᠡᠮᠵᠢᠶ᠎ᠡ ᠵᠢ ᠨᠢᠭᠡ ᠴᠤᠭᠴᠠᠵᠢᠭᠤᠯᠤᠨ᠂ ᠥᠨᠳᠥᠷ ᠦᠷ᠎ᠡ ᠠᠰᠢᠭ᠎ᠲᠤ ᠤᠰᠤ ᠠᠷᠪᠢᠯᠠᠵᠤ ᠤᠰᠤᠯᠠᠬᠤ ᠮᠡᠷᠭᠡᠵᠢᠯ᠎ᠢ ᠬᠡᠪᠴᠢᠶᠡᠵᠢᠭᠦᠯᠦᠨ ᠳᠡᠯᠭᠡᠷᠡᠭᠦᠯᠬᠦ ᠨᠢᠭᠡ ᠪᠦᠯᠦᠭ ᠢᠨᠵᠧᠨᠧᠷᠢᠩ᠎ᠢ ᠪᠠᠶ᠋ᠢᠭᠤᠯᠤᠨ᠎ᠠ᠃ ᠬᠠᠭᠤᠷᠠᠢ ᠲᠠᠷᠢᠮᠠᠯ᠎ᠤᠨ ᠤᠰᠤ ᠠᠷᠪᠢᠯᠠᠬᠤ ᠲᠠᠷᠢᠶᠠᠯᠠᠩ᠎ᠤᠨ ᠮᠡᠷᠭᠡᠵᠢᠯ᠎ᠢ ᠳᠡᠯᠭᠡᠷᠡᠭᠦᠯᠬᠦ ᠵᠢᠱ᠌ᠢᠶ᠎ᠡ ᠦᠵᠡᠭᠦᠯᠬᠦ ᠢᠨᠵᠧᠨᠧᠷᠢᠩ᠎ᠤᠨ ᠭᠣᠣᠯᠳᠠᠯᠭ᠎ᠠ ᠪᠣᠯ ᠬᠠᠭᠤᠷᠠᠢ ᠲᠠᠷᠢᠮᠠᠯ᠎ᠤᠨ ᠤᠰᠤ ᠠᠷᠪᠢᠯᠠᠬᠤ ᠲᠠᠷᠢᠶᠠᠯᠠᠩ᠎ᠤᠨ ᠵᠢᠱ᠌ᠢᠶ᠎ᠡ ᠦᠵᠡᠭᠦᠯᠬᠦ ᠰᠢᠶᠠᠨ᠎ᠢ ᠪᠦᠲᠦᠭᠡᠨ ᠪᠠᠢ᠌ᠭᠤᠯᠵᠤ᠂ ᠲᠠᠷᠢᠶᠠᠨ ᠭᠠᠵᠠᠷ᠎ᠤᠨ ᠰᠠᠭᠤᠷᠢ ᠪᠡᠯᠡᠳᠬᠡᠮᠵᠢ ᠵᠢ ᠲᠡᠬᠦᠯᠳᠡᠷᠵᠢᠬᠦᠯᠵᠦ᠂ ᠬᠦᠷᠦᠰᠦ ᠵᠢ ᠦᠭᠡᠷᠡᠴᠢᠯᠡᠬᠦ᠂ ᠪᠦᠷᠬᠦᠴᠡ᠂ ᠭᠤᠤᠷᠰᠤ ᠪᠤᠴᠠᠭ᠋ᠠᠬᠤ᠂ ᠲᠠᠷᠢᠶᠠᠨ ᠭᠠᠵᠠᠷ᠎ᠢ ᠲᠡᠭᠰᠢᠯᠡᠬᠦ ᠪᠣᠯᠤᠨ ᠡᠰᠢ ᠰᠦᠷᠡᠯ᠎ᠢ ᠲᠠᠷᠢᠶᠠᠨ᠎ᠳᠤ ᠪᠤᠴᠠᠭ᠋ᠠᠬᠤ᠂ ᠬᠥᠷᠥᠰᠥ ᠰᠢᠷᠣᠢ ᠵᠢᠨ ᠴᠢᠭᠢᠭ᠎ᠤᠨ ᠪᠠᠶ᠋ᠢᠳᠠᠯ᠎ᠢ ᠬᠢᠨᠠᠨ ᠬᠡᠮᠵᠢᠬᠦ ᠵᠡᠷᠭᠡ ᠮᠡᠷᠭᠡᠵᠢᠯ᠎ᠢ ᠲᠦᠭᠡᠮᠡᠯᠵᠢᠬᠦᠯᠦᠨ᠎ᠡ᠃ ᠲᠠᠷᠢᠶᠠᠯᠠᠩ᠎ᠤᠨ ᠤᠰᠤ ᠠᠷᠪᠢᠯᠠᠬᠤ ᠮᠡᠷᠭᠡᠵᠢᠯ᠎ᠤᠨ ᠰᠢᠨ᠎ᠡ ᠵᠢ ᠡᠭᠦᠳᠬᠦ ᠢᠨᠵᠧᠨᠧᠷᠢᠩ᠎ᠳᠤ ᠤᠰᠤ ᠠᠷᠪᠢᠯᠠᠬᠤ ᠤᠰᠤᠯᠠᠯᠲᠠ ᠵᠢᠨ ᠮᠡᠷᠭᠡᠵᠢᠯ᠎ᠤᠨ ᠪᠠᠷᠢᠮᠵᠢᠶ᠎ᠠ᠂ ᠤᠰᠤᠯᠠᠯᠲᠠ ᠵᠢᠨ ᠳᠦᠷᠢᠮ᠂ ᠰᠢᠨ᠎ᠡ ᠦᠢ᠍ᠯᠡᠳᠬᠦᠨ ᠪᠣᠯᠤᠨ ᠰᠢᠨ᠎ᠡ ᠮᠡᠷᠭᠡᠵᠢᠯ᠎ᠢ ᠰᠤᠳᠤᠯᠤᠨ ᠨᠡᠭᠡᠭᠡᠬᠦ ᠪᠠ ᠶᠡᠷᠦᠩᠬᠡᠶ᠋ᠢᠯᠡᠭᠰᠡᠨ ᠤᠰᠤ ᠠᠷᠪᠢᠯᠠᠬᠤ ᠮᠡᠷᠭᠡᠵᠢᠯ᠎ᠤᠨ ᠬᠤᠷᠠᠮᠠᠯ ᠵᠠᠭᠪᠤᠷ ᠵᠡᠷᠭᠡ ᠲᠠᠯ᠎ᠠ᠎ᠪᠠᠷ ᠬᠣᠯᠪᠣᠭ᠋ᠠᠯᠠᠨ ᠪᠣᠭᠣᠮᠲᠠ ᠰᠢᠪᠳᠤᠯᠵᠤ᠂ ᠬᠤᠷᠠᠮᠠᠯ ᠪᠠ ᠳᠠᠬᠢᠨ ᠰᠢᠨ᠎ᠡ ᠵᠢ ᠡᠭᠦᠳᠦᠨ ᠮᠠᠨ᠎ᠤ ᠤᠯᠤᠰ᠎ᠤᠨ ᠠᠳᠠᠯᠢ ᠪᠤᠰᠤ ᠭᠠᠵᠠᠷ ᠣᠷᠣᠨ᠎ᠳᠤ ᠵᠣᠬᠢᠴᠠᠭᠰᠠᠨ ᠲᠠᠷᠢᠶᠠᠯᠠᠩ᠎ᠤᠨ ᠤᠰᠤ ᠠᠷᠪᠢᠯᠠᠬᠤ ᠵᠠᠭᠪᠤᠷ᠎ᠢ ᠪᠣᠢ ᠪᠣᠯᠭ᠋ᠠᠬᠤ ᠵᠢᠨ ᠬᠠᠮᠲᠤ ᠮᠡᠷᠭᠡᠵᠢᠯ ᠳᠡᠯᠭᠡᠷᠡᠭᠦᠯᠬᠦ ᠡᠷᠴᠢᠮ ᠵᠶ᠋ᠡᠨ ᠨᠡᠮᠡᠭᠳᠡᠭᠦᠯᠬᠦ ᠬᠡᠷᠡᠭᠲᠡᠢ᠃ ᠠᠭᠤᠯᠠᠷᠬᠠᠭ ᠳᠣᠪᠣᠷᠬᠠᠭ ᠨᠤᠲᠤᠭ᠎ᠤᠨ 《ᠲᠠᠪᠤᠨ ᠵᠢᠵᠢᠭ ᠤᠰᠤᠨ ᠠᠰᠢᠭᠯᠠᠯᠲᠠ》 ᠵᠢᠨ ᠢᠨᠵᠸᠨ᠋ᠸᠷᠢᠩ᠎ᠨᠢ ᠪᠠᠷᠠᠭᠤᠨ ᠡᠮᠦᠨᠡᠲᠦ ᠣᠷᠣᠨ ᠵᠶ᠋ᠠᠷ ᠭᠣᠣᠯ ᠪᠣᠯᠭ᠋ᠠᠵᠤ᠂ ᠵᠣᠬᠢᠬᠤ ᠬᠤᠷ᠎ᠠ ᠲᠤᠨᠳᠠᠰᠤ ᠪᠠᠭᠤᠬᠤ ᠨᠥᠬᠥᠴᠡᠯ᠎ᠲᠠᠢ ᠭᠠᠵᠠᠷ ᠣᠷᠣᠨ᠎ᠳᠤ 《ᠲᠠᠪᠤᠨ ᠵᠢᠵᠢᠭ ᠤᠰᠤᠨ ᠠᠰᠢᠭᠯᠠᠯᠲᠠ》 ᠵᠢᠨ ᠢᠨᠵᠧᠨᠧᠷᠢᠩ᠎ᠤᠨ ᠪᠦᠲᠦᠭᠡᠨ ᠪᠠᠶ᠋ᠢᠭᠤᠯᠤᠯᠲᠠ ᠵᠢ ᠶᠡᠬᠡᠪᠡᠷ ᠲᠦᠯᠬᠢᠨ ᠠᠬᠢᠭᠤᠯᠵᠤ᠂ ᠲᠠᠷᠢᠶᠠᠯᠠᠩ᠎ᠤᠨ ᠦᠢ᠍ᠯᠡᠳᠪᠦᠷᠢᠯᠡᠯ ᠪᠣᠯᠤᠨ ᠲᠠᠷᠢᠶᠠᠴᠢᠳ᠎ᠤᠨ ᠠᠮᠢᠳᠤᠷᠠᠯ᠎ᠤᠨ ᠨᠥᠬᠥᠴᠡᠯ᠎ᠢ ᠰᠠᠶ᠋ᠢᠵᠢᠷᠠᠭᠤᠯᠬᠤ ᠬᠡᠷᠡᠭᠲᠡᠢ᠃ ᠡᠳᠡᠭᠡᠷ᠎ᠨᠢ ᠴᠦᠮ ᠤᠯᠤᠰ᠎ᠤᠨ ᠡᠳ᠋᠎ᠤᠨ ᠵᠠᠰᠠᠭ ᠠᠷᠠᠳ᠎ᠤᠨ ᠠᠵᠤ ᠠᠮᠢᠳᠤᠷᠠᠯ᠎ᠲᠠᠢ ᠬᠣᠯᠪᠣᠭᠳᠠᠬᠤ ᠰᠠᠭᠤᠷᠢ ᠢᠨᠵᠸᠨ᠋ᠸᠷᠢᠩ ᠮᠥᠨ ᠪᠥᠭᠡᠳ ᠮᠥᠨ ᠴᠦ᠍ ᠠᠷᠠᠳ ᠲᠦᠮᠡᠨ᠎ᠤ ᠬᠦᠰᠡᠯ ᠲᠡᠮᠡᠦᠯᠡᠯ ᠪᠦᠬᠦᠢ ᠠᠷᠠᠳ᠎ᠤᠨ ᠠᠮᠢᠳᠤᠷᠠᠯ᠎ᠤᠨ ᠢᠨᠵᠸᠨᠸᠷᠢᠩ ᠪᠠᠢ᠌ᠵᠤ᠂ ᠵᠠᠷᠢᠮ᠎ᠨᠢ ᠣᠯᠠᠨ ᠵᠢᠯ᠎ᠤᠨ ᠲᠤᠷᠰᠢ ᠶᠡᠬᠡᠬᠡᠨ ᠳᠠᠪᠠᠯᠲᠠ ᠤᠯᠤᠭᠰᠠᠨ ᠢᠨᠵᠸᠨ᠋ᠸᠷᠢᠩ ᠪᠠᠢ᠌ᠵᠤ᠂ ᠵᠠᠷᠢᠮ᠎ᠨᠢ ᠤᠢ᠌ᠷ᠎ᠠ ᠵᠢᠨ ᠵᠢᠯ᠎ᠤᠳ᠎ᠲᠤ ᠬᠦᠴᠦᠯᠡᠴᠡ᠎ᠪᠠᠨ ᠡᠷᠴᠢᠮᠵᠢᠬᠦᠯᠦᠨ ᠶᠠᠪᠤᠭᠳᠠᠭᠤᠯᠵᠤ ᠪᠦᠬᠦᠢ ᠢᠨᠵᠸᠨ᠋ᠸᠷᠢᠩ ᠪᠤᠯᠤᠨ᠎ᠠ᠃ ᠡᠨᠡ ᠲᠠᠪᠤᠨ ᠲᠤᠮᠤ ᠢᠨᠵᠧᠨᠧᠷᠢᠩ᠎ᠢ ᠰᠠᠶ᠋ᠢᠲᠤᠷ ᠬᠡᠷᠡᠭᠵᠢᠭᠦᠯᠬᠦ᠎ᠳᠤ ᠨᠢᠭᠡᠨᠲᠡ ᠨᠡᠯᠢᠶᠡᠳ ᠰᠠᠶ᠋ᠢᠨ ᠰᠠᠭᠤᠷᠢ᠎ᠲᠠᠢ ᠪᠣᠯᠵᠠᠢ᠃ ᠡᠯ᠎ᠡ ᠭᠠᠵᠠᠷ᠂ ᠡᠯ᠎ᠡ ᠬᠣᠯᠪᠣᠭᠳᠠᠯ ᠪᠦᠬᠦᠢ ᠰᠠᠯᠠᠭ᠎ᠠ ᠮᠥᠴᠢᠷ 《ᠠᠷᠪᠠᠨ ᠬᠣᠶᠠᠳᠤᠭ᠋ᠠᠷ ᠲᠠᠪᠤᠨ ᠵᠢᠯ》᠎ᠤᠨ ᠲᠥᠯᠥᠪᠵᠢᠭᠦᠯᠭᠡ ᠵᠢᠨ ᠬᠡᠷᠡᠭᠵᠢᠭᠦᠯᠦᠯᠲᠡ᠎ᠲᠠᠢ ᠤᠶᠠᠯᠳᠤᠭᠤᠯᠤᠨ᠂ ᠣᠶ᠋ᠢᠷ᠎ᠠ ᠵᠢᠨ ᠵᠢᠯ᠎ᠤᠨ ᠲᠤᠷᠰᠢᠬᠢ ᠠᠵᠢᠯ᠎ᠤᠨ ᠦᠢ᠍ᠯᠡᠳᠦᠯᠭᠡ ᠵᠢᠨ ᠳᠤᠮᠳᠠᠬᠢ ᠲᠤᠷᠰᠢᠯᠭ᠎ᠠ᠎ᠪᠠᠨ ᠳ᠋ᠦᠩᠨᠡᠵᠦ᠂ ᠲᠦᠷᠢᠮ ᠲᠤᠭᠳᠠᠭ᠋ᠠᠯ ᠵᠶ᠋ᠡᠨ ᠲᠠᠰᠤᠷᠠᠯᠳᠠ ᠦᠭᠡᠢ ᠲᠡᠭᠦᠯᠳᠡᠷᠵᠢᠬᠦᠯᠦᠨ᠂ ᠪᠠᠶ᠋ᠢᠭᠤᠯᠤᠯ ᠲᠣᠭᠲᠠᠴᠠ᠎ᠪᠠᠨ ᠰᠢᠨᠡᠴᠢᠯᠡᠨ᠂ ᠲᠦᠯᠬᠢᠨ ᠠᠬᠢᠭᠤᠯᠬᠤ ᠠᠵᠢᠯ ᠵᠶ᠋ᠡᠨ ᠯᠠᠪᠳᠠᠭᠤᠨ ᠰᠠᠢ᠌ᠳᠤᠷ ᠦᠷᠨᠢᠬᠦᠯᠬᠦ ᠬᠡᠷᠡᠭᠲᠡᠢ᠃
ᠲᠠᠪᠤ᠎ᠳᠤ 《ᠬᠥᠲᠥᠯᠪᠦᠷᠢ》 ᠵᠢᠨ ᠲᠠᠷᠢᠶᠠᠯᠠᠩ᠎ᠤᠨ ᠤᠰᠤ ᠠᠷᠪᠢᠯᠠᠬᠤ ᠠᠵᠢᠯ᠎ᠢ ᠬᠥᠭᠵᠢᠭᠦᠯᠬᠦ᠎ᠳᠤ ᠪᠦᠷᠢᠨ ᠲᠡᠭᠦᠯᠳᠡᠷ ᠪᠠᠶ᠋ᠢᠭᠤᠯᠤᠯ ᠲᠣᠭᠲᠠᠴᠠ ᠵᠢ ᠵᠥᠪ ᠣᠨᠣᠪᠴᠢᠲᠠᠢ ᠰᠠᠶ᠋ᠢᠲᠤᠷ ᠡᠵᠡᠮᠰᠢᠬᠦ ᠬᠡᠷᠡᠭᠲᠡᠢ᠃ ᠲᠠᠷᠢᠶᠠᠯᠠᠩ᠎ᠤᠨ ᠤᠰᠤ ᠠᠷᠪᠢᠯᠠᠬᠤ ᠢᠨᠵᠧᠨᠧᠷᠢᠩ᠎ᠤᠨ ᠪᠦᠲᠦᠭᠡᠨ ᠪᠠᠶ᠋ᠢᠭᠤᠯᠤᠯᠲᠠ ᠵᠢᠨ ᠬᠠᠮᠢᠶᠠᠷᠤᠯᠲᠠ ᠵᠢᠨ ᠡᠭᠦᠷᠭᠡ ᠬᠦᠨᠳᠦ᠂ ᠬᠦᠴᠢᠷᠳᠡᠯ ᠶᠡᠬᠡ ᠮᠥᠷᠲᠡᠭᠡᠨ ᠬᠡᠪᠴᠢᠶ᠎ᠡ ᠥᠷᠭᠡᠨ᠂ ᠲᠦᠭ ᠲᠦᠮᠡᠨ ᠡᠷᠦᠬᠡ᠎ᠳᠤ ᠦᠢ᠍ᠯᠡᠴᠢᠯᠡᠬᠦ ᠪᠣᠯᠬᠣᠷ ᠤᠷᠲᠤ ᠬᠤᠭᠤᠴᠠᠭ᠋ᠠᠨ᠎ᠤ ᠪᠦᠲᠦᠮᠵᠢᠲᠡᠢ ᠬᠥᠭᠵᠢᠯᠲᠡ ᠵᠢᠨ ᠪᠠᠶ᠋ᠢᠭᠤᠯᠤᠯ᠎ᠤᠨ ᠲᠣᠭᠲᠠᠴᠠ ᠵᠢ ᠡᠷᠬᠡᠪᠰᠢ ᠰᠢᠨᠡᠴᠢᠯᠡᠬᠦ ᠬᠡᠷᠡᠭᠲᠡᠢ᠃ 《ᠬᠥᠲᠥᠯᠪᠦᠷᠢ》᠎ᠳᠤ᠂ ᠬᠠᠤᠯᠢ ᠲᠤᠭᠳᠠᠭ᠋ᠠᠯ ᠲᠦᠷᠦ ᠵᠢᠨ ᠪᠤᠳᠤᠯᠭ᠎ᠠ ᠵᠢ ᠲᠡᠭᠦᠯᠳᠡᠷᠵᠢᠭᠦᠯᠬᠦ᠂ ᠤᠰᠤ ᠠᠷᠪᠢᠯᠠᠬᠤ ᠤᠰᠤᠯᠠᠯᠲᠠ ᠵᠢᠨ ᠳᠦᠷᠢᠮ᠎ᠢ ᠬᠡᠷᠡᠭᠵᠢᠭᠦᠯᠬᠦ᠂ ᠲᠠᠷᠢᠶᠠᠯᠠᠩ᠎ᠤᠨ ᠤᠰᠤ ᠠᠷᠪᠢᠯᠠᠬᠤ ᠪᠡᠯᠡ ᠣᠷᠣᠭᠤᠯᠤᠯᠲᠠ ᠵᠢ ᠨᠡᠮᠡᠭᠳᠡᠭᠦᠯᠬᠦ᠂ ᠲᠠᠷᠢᠶᠠᠴᠢᠳ᠎ᠤᠨ ᠭᠣᠣᠯ ᠴᠣᠭᠴᠠ ᠵᠢᠨ ᠦᠢ᠍ᠯᠡᠳᠦᠯ᠎ᠢ ᠪᠠᠳᠠᠷᠠᠭᠤᠯᠬᠤ᠂ ᠮᠡᠷᠭᠡᠵᠢᠯ᠎ᠤᠨ ᠦᠢ᠍ᠯᠡᠴᠢᠯᠡᠭᠡᠨ᠎ᠤ ᠰᠢᠰᠲ᠋ᠧᠮ᠎ᠢ ᠲᠡᠭᠦᠯᠳᠡᠷᠵᠢᠭᠦᠯᠬᠦ᠂ ᠢᠨᠵᠧᠨᠧᠷᠢᠩ᠎ᠤᠨ ᠬᠠᠮᠢᠶᠠᠷᠤᠯᠲᠠ ᠵᠢᠨ ᠪᠠᠶ᠋ᠢᠭᠤᠯᠤᠮᠵᠢ ᠵᠢᠨ ᠥᠭᠡᠷᠡᠴᠢᠯᠡᠯᠲᠡ ᠵᠢ ᠭᠦᠨᠵᠡᠭᠡᠶ᠋ᠢᠷᠡᠭᠦᠯᠬᠦ᠂ ᠲᠠᠷᠢᠶᠠᠯᠠᠩ᠎ᠤᠨ ᠤᠰᠤᠨ᠎ᠤ ᠦᠨ᠎ᠡ ᠬᠠᠩᠰᠢ ᠵᠢᠨ ᠶᠡᠷᠦᠩᠬᠡᠶ᠋ᠢᠯᠡᠭᠰᠡᠨ ᠥᠭᠡᠷᠡᠴᠢᠯᠡᠯᠲᠡ ᠵᠢ ᠠᠬᠢᠭᠤᠯᠬᠤ ᠵᠡᠷᠭᠡ ᠳᠣᠯᠣᠭ᠋ᠠᠨ ᠲᠠᠯ᠎ᠠ ᠵᠢᠨ ᠬᠠᠮᠢᠶᠠᠷᠤᠯᠲᠠ ᠵᠢᠨ ᠥᠭᠡᠷᠡᠴᠢᠯᠡᠯᠲᠡ ᠵᠢ ᠴᠢᠬᠤᠯᠠᠴᠢᠯᠠᠪᠠ᠃ ᠬᠠᠤᠯᠢ ᠲᠣᠭᠲᠠᠭ᠋ᠠᠯ ᠲᠥᠷᠥ ᠵᠢᠨ ᠪᠣᠳᠣᠯᠭ᠎ᠠ ᠵᠢ ᠲᠡᠬᠦᠯᠳᠡᠷᠵᠢᠬᠦᠯᠬᠦ᠎ᠳᠤ ᠤᠳᠤᠬᠠᠨ᠎ᠤ ᠲᠡᠷᠢᠭᠦᠨ ᠴᠢᠬᠤᠯᠠ ᠡᠭᠦᠷᠭᠡ ᠪᠣᠯ ᠳᠠᠷᠤᠢ 《ᠲᠠᠷᠢᠶᠠᠨ ᠭᠠᠵᠠᠷ᠎ᠤᠨ ᠤᠰᠤᠨ ᠠᠰᠢᠭᠯᠠᠯᠲᠠ ᠵᠢᠨ ᠳᠦᠷᠢᠮ》᠎ᠢ ᠡᠷᠲᠡᠬᠡᠨ ᠨᠡᠶ᠋ᠢᠲᠡᠯᠡᠵᠦ᠂ ᠲᠠᠷᠢᠶᠠᠨ ᠭᠠᠵᠠᠷ᠎ᠤᠨ ᠤᠰᠤᠨ ᠠᠰᠢᠭᠯᠠᠯᠲᠠ᠂ ᠣᠨᠴᠠᠭ᠋ᠠᠶ᠋ᠢᠯᠠᠨ ᠤᠰᠤ ᠠᠷᠪᠢᠯᠠᠬᠤ ᠤᠰᠤᠯᠠᠯᠲᠠ ᠵᠢ ᠬᠥᠭᠵᠢᠭᠦᠯᠬᠦ ᠵᠢ ᠰᠤᠳᠤᠯᠤᠨ ᠳᠡᠮᠵᠢᠬᠦ ᠤᠷᠲᠤ ᠬᠤᠭᠤᠴᠠᠭ᠋ᠠᠨ᠎ᠤ ᠪᠦᠲᠦᠮᠵᠢᠲᠦ ᠲᠣᠭᠲᠠᠴᠠ ᠵᠢ ᠰᠤᠳᠤᠯᠤᠨ ᠲᠤᠭᠳᠠᠭ᠋ᠠᠬᠤ ᠬᠡᠷᠡᠭᠲᠡᠢ᠃ ᠤᠰᠤ ᠠᠷᠪᠢᠯᠠᠵᠤ ᠤᠰᠤᠯᠠᠬᠤ ᠳᠦᠷᠢᠮ᠎ᠢ ᠬᠡᠷᠡᠭᠵᠢᠭᠦᠯᠬᠦ᠎ᠨᠢ ᠳᠠᠷᠤᠢ ᠤᠰᠤᠨ᠎ᠤ ᠡᠬᠢ ᠪᠠᠶᠠᠯᠢᠭ᠎ᠤᠨ ᠬᠠᠮᠤᠭ᠎ᠤᠨ ᠴᠢᠩᠭ᠎ᠠ ᠬᠠᠮᠢᠶᠠᠷᠤᠯᠲᠠ ᠵᠢᠨ ᠳᠦᠷᠢᠮ᠎ᠢ ᠬᠡᠷᠡᠭᠵᠢᠭᠦᠯᠬᠦ᠎ᠲᠠᠢ ᠤᠶᠠᠯᠳᠤᠭᠤᠯᠤᠨ᠂ ᠤᠰᠤᠯᠠᠯᠲᠠ ᠵᠢᠨ ᠤᠰᠤ ᠬᠡᠷᠡᠭᠯᠡᠬᠦ ᠶᠡᠷᠦᠩᠬᠡᠢ ᠬᠡᠮᠵᠢᠶ᠎ᠡ ᠵᠢ ᠬᠢᠵᠠᠭ᠋ᠠᠷᠯᠠᠨ ᠲᠣᠭᠲᠠᠭ᠋ᠠᠭᠰᠠᠨ ᠲᠣᠭ᠋ᠠᠨ᠎ᠤ ᠬᠠᠮᠢᠶᠠᠷᠤᠯᠲᠠ ᠵᠢ ᠬᠡᠷᠡᠭᠵᠢᠭᠦᠯᠵᠦ᠂ ᠰᠢᠨᠵᠢᠯᠡᠬᠦ ᠤᠬᠠᠭ᠋ᠠᠨᠴᠢ᠎ᠪᠠᠷ ᠤᠰᠤᠯᠠᠬᠤ ᠳᠦᠷᠢᠮ᠎ᠢ ᠶᠡᠬᠡᠪᠡᠷ ᠳᠡᠯᠭᠡᠷᠡᠭᠦᠯᠦᠨ᠂ ᠤᠰᠤ ᠬᠡᠷᠡᠭᠯᠡᠬᠦ ᠵᠢ ᠠᠷᠪᠢᠯᠠᠨ᠂ ᠰᠢᠨᠵᠢᠯᠡᠬᠦ ᠤᠬᠠᠭ᠋ᠠᠨᠴᠢ᠎ᠪᠠᠷ ᠤᠰᠤ ᠬᠡᠷᠡᠭᠯᠡᠬᠦ ᠶᠠᠪᠤᠳᠠᠯ ᠪᠣᠯᠤᠨ᠎ᠠ᠃ ᠲᠠᠷᠢᠶᠠᠯᠠᠩ᠎ᠤᠨ ᠤᠰᠤ ᠠᠷᠪᠢᠯᠠᠬᠤ ᠪᠡᠯᠡ ᠣᠷᠣᠭᠤᠯᠤᠯᠲᠠ ᠵᠢ ᠨᠡᠮᠡᠭᠳᠡᠭᠦᠯᠬᠦ ᠪᠣᠯ ᠲᠥᠪ᠎ᠤᠨ ᠲᠠᠷᠢᠶᠠᠯᠠᠩ᠎ᠢ ᠬᠦᠴᠦᠷᠬᠡᠭᠵᠢᠭᠦᠯᠦᠨ ᠲᠠᠷᠢᠶᠠᠴᠢᠳ᠎ᠲᠤ ᠠᠰᠢᠭ ᠬᠦᠷᠲᠡᠭᠡᠵᠦ ᠲᠠᠷᠢᠶᠠᠴᠢᠳ᠎ᠢ ᠪᠠᠶᠠᠵᠢᠭᠤᠯᠬᠤ᠂ ᠢᠯᠠᠩᠭᠤᠶ᠎ᠠ ᠲᠣᠮᠣ ᠬᠡᠯᠪᠡᠷᠢ ᠵᠢᠨ ᠲᠠᠷᠢᠶᠠᠯᠠᠩ᠎ᠤᠨ ᠤᠰᠤᠨ ᠠᠰᠢᠭᠯᠠᠯᠲᠠ ᠵᠢᠨ ᠪᠦᠲᠦᠭᠡᠨ ᠪᠠᠶ᠋ᠢᠭᠤᠯᠤᠯᠲᠠ ᠵᠢᠨ ᠬᠣᠯᠪᠣᠭᠳᠠᠯ ᠪᠦᠬᠦᠢ ᠲᠥᠷᠥ ᠵᠢᠨ ᠪᠣᠳᠣᠯᠭ᠎ᠠ ᠵᠢ ᠤᠯᠠᠮ ᠨᠢᠭᠡ ᠠᠯᠬᠤᠮ ᠰᠠᠶ᠋ᠢᠲᠤᠷ ᠨᠠᠶ᠋ᠢᠳᠠᠪᠤᠷᠢᠵᠢᠭᠤᠯᠵᠤ᠂ ᠲᠥᠪ᠎ᠤᠨ ᠪᠠ ᠮᠣᠵᠢ ᠵᠢᠨ ᠱᠠᠲᠤᠨ᠎ᠤ ᠡᠳ᠋᠎ᠤᠨ ᠵᠠᠰᠠᠭ᠎ᠠᠴᠠ ᠲᠠᠷᠢᠶᠠᠯᠠᠩ᠎ᠤᠨ ᠤᠰᠤ ᠠᠷᠪᠢᠯᠠᠬᠤ ᠠᠵᠢᠯ᠎ᠢ ᠳᠡᠮᠵᠢᠬᠦ ᠡᠷᠴᠢᠮ ᠵᠶ᠋ᠡᠨ ᠲᠠᠰᠤᠷᠠᠯᠲᠠ ᠦᠭᠡᠢ ᠨᠡᠮᠡᠭᠳᠡᠭᠦᠯᠵᠦ᠂ ᠲᠠᠷᠢᠶᠠᠯᠠᠩ᠎ᠤᠨ ᠤᠰᠤ ᠠᠷᠪᠢᠯᠠᠬᠤ ᠡᠯ᠎ᠡ ᠵᠦᠢ᠍ᠯ᠎ᠤᠨ ᠠᠵᠢᠯ᠎ᠢ ᠲᠦᠷᠭᠡᠳᠬᠡᠨ ᠠᠬᠢᠭᠤᠯᠬᠤ ᠶᠠᠪᠤᠳᠠᠯ ᠪᠣᠯᠤᠨ᠎ᠠ᠃ ᠲᠠᠷᠢᠶᠠᠴᠢᠳ᠎ᠤᠨ ᠭᠣᠣᠯ ᠴᠣᠭᠴᠠ ᠵᠢᠨ ᠦᠢ᠍ᠯᠡᠳᠦᠯ᠎ᠢ ᠪᠠᠳᠠᠷᠠᠭᠤᠯᠬᠤ᠎ᠨᠢ ᠳᠠᠷᠤᠢ ᠲᠠᠷᠢᠶᠠᠴᠢᠳ᠎ᠤᠨ ᠬᠦᠰᠡᠯ ᠰᠠᠨᠠᠭ᠎ᠠ ᠪᠠ ᠡᠭᠦᠳᠦᠨ ᠪᠦᠲᠦᠭᠡᠬᠦ ᠵᠣᠷᠢᠭ ᠰᠠᠨᠠᠭ᠎ᠠ ᠵᠢ ᠭᠦᠢ᠍ᠴᠡᠳ ᠬᠦᠨᠳᠦᠳᠬᠡᠵᠦ᠂ ᠲᠠᠷᠢᠶᠠᠴᠢᠳ᠎ᠤᠨ ᠲᠠᠷᠢᠶᠠᠯᠠᠩ᠎ᠤᠨ ᠤᠰᠤ ᠠᠷᠪᠢᠯᠠᠬᠤ ᠢᠨᠵᠧᠨᠧᠷᠢᠩ᠎ᠤᠨ ᠪᠦᠲᠦᠭᠡᠨ ᠪᠠᠶ᠋ᠢᠭᠤᠯᠤᠯᠲᠠ ᠪᠣᠯᠤᠨ ᠬᠠᠮᠢᠶᠠᠷᠤᠯᠲᠠ᠎ᠳᠤ ᠥᠷᠭᠡᠨ ᠵᠶ᠋ᠡᠷ ᠣᠷᠣᠯᠴᠠᠬᠤ ᠵᠢ ᠵᠣᠷᠢᠭᠵᠢᠭᠤᠯᠵᠤ᠂ ᠲᠠᠷᠢᠶᠠᠴᠢᠳ᠎ᠲᠤ ᠦᠨᠡᠨ ᠪᠣᠳᠠᠲᠠᠢ ᠠᠵᠤ ᠠᠬᠤᠢ ᠵᠢᠨ ᠠᠰᠢᠭ ᠲᠤᠰᠠ ᠬᠦᠷᠲᠡᠭᠡᠬᠦ ᠶᠠᠪᠤᠳᠠᠯ ᠪᠣᠯᠤᠨ᠎ᠠ᠃ ᠮᠡᠷᠭᠡᠵᠢᠯ᠎ᠤᠨ ᠦᠢ᠍ᠯᠡᠴᠢᠯᠡᠭᠡᠨ᠎ᠤ ᠰᠢᠰᠲ᠋ᠧᠮᠵᠢ ᠵᠢ ᠲᠡᠭᠦᠯᠳᠡᠷᠵᠢᠭᠦᠯᠬᠦ᠎ᠨᠢ ᠳᠠᠷᠤᠢ ᠰᠢᠶᠠᠩ ᠪᠠᠯᠭ᠋ᠠᠰᠤ ᠪᠤᠶᠤ ᠵᠢᠵᠢᠭ ᠰᠠᠪᠠ ᠭᠠᠵᠠᠷ ᠵᠶ᠋ᠠᠷ ᠨᠢᠭᠡᠴᠢ ᠪᠣᠯᠭ᠋ᠠᠭᠰᠠᠨ ᠦᠨᠳᠦᠰᠦᠨ ᠱᠠᠲᠤᠨ᠎ᠤ ᠤᠰᠤᠨ ᠠᠰᠢᠭᠯᠠᠯᠲᠠ ᠵᠢᠨ ᠦᠢ᠍ᠯᠡᠴᠢᠯᠡᠭᠡᠨ᠎ᠤ ᠪᠠᠶ᠋ᠢᠭᠤᠯᠤᠮᠵᠢ᠂ ᠲᠤᠰᠬᠠᠶ᠋ᠢᠵᠢᠭᠰᠠᠨ ᠦᠢ᠍ᠯᠡᠴᠢᠯᠡᠭᠡᠨ᠎ᠤ ᠡᠩᠨᠡᠭᠡ ᠪᠣᠯᠤᠨ ᠲᠠᠷᠢᠶᠠᠴᠢᠳ᠎ᠤᠨ ᠤᠰᠤ ᠬᠡᠷᠡᠭᠯᠡᠬᠦ ᠬᠣᠷᠰᠢᠭᠰᠠᠨ ᠵᠣᠬᠢᠶᠠᠨ ᠪᠠᠶ᠋ᠢᠭᠤᠯᠤᠯᠲᠠ ᠵᠢᠨ 《ᠭᠤᠷᠪᠠ ᠵᠢ ᠨᠢᠭᠡ ᠴᠣᠭᠴᠠᠵᠢᠭᠤᠯᠤᠭᠰᠠᠨ》ᠦᠨᠳᠦᠰᠦᠨ ᠱᠠᠲᠤᠨ᠎ᠤ ᠤᠰᠤᠨ ᠠᠰᠢᠭᠯᠠᠯᠲᠠ ᠵᠢᠨ ᠦᠢ᠍ᠯᠡᠴᠢᠯᠡᠭᠡᠨ᠎ᠤ ᠰᠢᠰᠲ᠋ᠧᠮᠵᠢ ᠵᠢ ᠲᠦᠷᠭᠡᠳᠬᠡᠨ ᠪᠠᠶ᠋ᠢᠭᠤᠯᠤᠨ ᠪᠦᠷᠢᠨᠰᠢᠭᠦᠯᠵᠦ᠂ ᠲᠠᠷᠢᠶᠠᠴᠢᠳ᠎ᠲᠤ ᠮᠡᠷᠭᠡᠵᠢᠯ᠎ᠤᠨ ᠵᠢᠯᠣᠭᠣᠳᠤᠯᠭ᠎ᠠ ᠪᠠ ᠦᠢ᠍ᠯᠡᠴᠢᠯᠡᠭᠡᠨ ᠬᠠᠩᠭ᠋ᠠᠬᠤ ᠬᠡᠷᠡᠭᠲᠡᠢ᠃ ᠢᠨᠵᠸᠨ᠋ᠸᠷᠢᠩ᠎ᠤᠨ ᠬᠠᠮᠢᠶᠠᠷᠤᠯᠲᠠ ᠵᠢᠨ ᠪᠠᠶ᠋ᠢᠭᠤᠯᠤᠯ᠎ᠤᠨ ᠥᠭᠡᠷᠡᠴᠢᠯᠡᠯᠲᠡ ᠵᠢ ᠭᠦᠨᠵᠡᠭᠡᠶ᠋ᠢᠷᠡᠭᠦᠯᠬᠦ᠎ᠨᠢ ᠳᠠᠷᠤᠢ ᠲᠠᠷᠢᠶᠠᠯᠠᠩ᠎ᠤᠨ ᠤᠰᠤ ᠠᠷᠪᠢᠯᠠᠬᠤ ᠪᠠᠷᠢᠯᠭ᠎ᠠ ᠵᠢᠨ ᠥᠮᠴᠢᠯᠡᠬᠦ ᠡᠷᠬᠡ ᠵᠢ ᠲᠣᠳᠣᠷᠬᠠᠢ ᠪᠤᠯᠭ᠋ᠠᠵᠤ᠂ ᠬᠠᠮᠢᠶᠠᠷᠴᠤ ᠬᠠᠮᠠᠭ᠋ᠠᠯᠠᠬᠤ ᠭᠣᠣᠯ ᠴᠣᠭᠴᠠ ᠵᠢᠨ ᠬᠠᠷᠢᠭᠤᠴᠠᠯᠭ᠎ᠠ ᠪᠣᠯᠤᠨ ᠬᠠᠮᠢᠶᠠᠷᠴᠤ ᠬᠠᠮᠠᠭ᠋ᠠᠯᠠᠬᠤ ᠵᠠᠷᠤᠳᠠᠯ᠎ᠢ ᠨᠠᠶ᠋ᠢᠳᠠᠪᠤᠷᠢᠵᠢᠭᠤᠯᠬᠤ ᠶᠠᠪᠤᠳᠠᠯ ᠪᠣᠯᠤᠨ᠎ᠠ᠃ ᠨᠡᠶ᠋ᠢᠲᠡ ᠵᠢᠨ ᠠᠰᠠᠷᠠᠮᠵᠢ ᠵᠢᠨ ᠴᠢᠨᠠᠷᠲᠠᠢ ᠤᠰᠤᠨ᠎ᠤ ᠬᠠᠮᠢᠶᠠᠷᠤᠯᠲᠠ ᠵᠢᠨ ᠨᠢᠭᠡᠴᠢ ᠵᠢᠨ ᠦᠨᠳᠦᠰᠦᠨ ᠵᠠᠷᠤᠯᠭ᠎ᠠ ᠪᠠ ᠰᠡᠯᠪᠢᠨ ᠵᠠᠰᠠᠵᠤ ᠠᠷᠠᠴᠢᠯᠠᠨ ᠬᠠᠮᠠᠭ᠋ᠠᠯᠠᠬᠤ ᠵᠠᠷᠤᠳᠠᠯ᠎ᠢ ᠭᠦᠢ᠍ᠴᠡᠳ ᠲᠣᠭ᠎ᠠ᠎ᠪᠠᠷ ᠨᠠᠶ᠋ᠢᠳᠠᠪᠤᠷᠢᠵᠢᠭᠤᠯᠵᠤ᠂ ᠲᠠᠷᠢᠶᠠᠯᠠᠩ᠎ᠤᠨ ᠤᠰᠤᠯᠠᠯᠳᠠ ᠲᠠᠳᠠᠷᠠᠭᠤᠯᠤᠯᠳᠠ ᠵᠢᠨ ᠢᠨᠵᠸᠨ᠋ᠸᠷᠢᠩ᠎ᠤᠨ ᠠᠵᠢᠯᠯᠠᠭ᠋ᠠᠨ᠎ᠤ ᠬᠠᠮᠢᠶᠠᠷᠤᠯᠲᠠ ᠵᠢᠨ ᠵᠠᠷᠤᠳᠠᠯ᠎ᠢ ᠡᠳ᠋᠎ᠤᠨ ᠵᠠᠰᠠᠭ᠎ᠠᠴᠠ ᠵᠣᠬᠢᠰᠲᠠᠢ ᠨᠥᠬᠥᠪᠥᠷᠢᠯᠡᠬᠦ ᠲᠥᠷᠥ ᠵᠢᠨ ᠪᠣᠳᠣᠯᠭ᠎ᠠ ᠵᠢ ᠲᠦᠷᠭᠡᠳᠬᠡᠨ ᠨᠠᠶ᠋ᠢᠳᠠᠪᠤᠷᠢᠵᠢᠭᠤᠯᠬᠤ ᠬᠡᠷᠡᠭᠲᠡᠢ᠃ ᠲᠠᠷᠢᠶᠠᠯᠠᠩ᠎ᠳᠤ ᠬᠡᠷᠡᠭᠯᠡᠬᠦ ᠤᠰᠤᠨ᠎ᠤ ᠦᠨ᠎ᠡ ᠬᠠᠩᠰᠢ ᠵᠢᠨ ᠶᠡᠷᠦᠩᠬᠡᠶ᠋ᠢᠯᠡᠭᠰᠡᠨ ᠥᠭᠡᠷᠡᠴᠢᠯᠡᠯᠲᠡ ᠵᠢ ᠲᠦᠯᠬᠢᠨ ᠠᠬᠢᠭᠤᠯᠬᠤ᠎ᠨᠢ ᠳᠠᠷᠤᠢ ᠰᠢᠨᠵᠢᠯᠡᠬᠦ ᠤᠬᠠᠭ᠋ᠠᠨᠴᠢ ᠵᠦᠢ ᠵᠣᠬᠢᠰᠲᠠᠢ ᠲᠠᠷᠢᠶᠠᠯᠠᠩ᠎ᠳᠤ ᠬᠡᠷᠡᠭᠯᠡᠬᠦ ᠤᠰᠤᠨ᠎ᠤ ᠦᠨ᠎ᠡ ᠬᠠᠩᠰᠢ ᠵᠢᠨ ᠪᠦᠷᠢᠯᠳᠦᠬᠦ ᠲᠣᠭᠲᠠᠴᠠ ᠪᠣᠯᠤᠨ ᠤᠰᠤᠨ᠎ᠤ ᠰᠦᠢ᠍ᠳᠬᠡᠯ᠎ᠢ ᠪᠣᠳᠣᠵᠤ ᠬᠤᠷᠢᠶᠠᠬᠤ ᠲᠣᠭᠲᠠᠴᠠ ᠵᠢ ᠪᠠᠶ᠋ᠢᠭᠤᠯᠤᠨ ᠬᠢᠨᠠᠨ ᠬᠠᠮᠢᠶᠠᠷᠤᠯᠲᠠ᠎ᠪᠠᠨ ᠴᠢᠩᠭ᠋ᠠᠳᠬᠠᠵᠤ᠂ ᠠᠵᠢᠯ᠎ᠤᠨ ᠲᠣᠩᠭ᠋ᠠᠴᠠ ᠵᠢ ᠨᠡᠮᠡᠭᠳᠡᠭᠦᠯᠬᠦ ᠬᠡᠷᠡᠭᠲᠡᠢ᠃ ᠡᠳᠡᠭᠡᠷ ᠥᠭᠡᠷᠡᠴᠢᠯᠡᠯᠲᠡ ᠵᠢᠨ ᠴᠢᠭᠯᠡᠯ ᠪᠣᠯᠤᠨ ᠭᠣᠣᠯ ᠠᠭᠤᠯᠭ᠎ᠠ ᠵᠢ ᠪᠦᠷ ᠦᠢ᠍ᠯᠡᠳᠦᠯᠭᠡ᠎ᠪᠠᠷ ᠭᠡᠷᠡᠴᠢᠯᠡᠭᠳᠡᠭᠰᠡᠨ ᠬᠡᠷᠡᠭᠵᠢᠵᠦ ᠪᠤᠯᠬᠤ ᠪᠦᠭᠡᠳ ᠥᠷᠭᠡᠨ ᠣᠯᠠᠨ ᠲᠠᠷᠢᠶᠠᠴᠢᠳ ᠪᠣᠯᠤᠨ ᠦᠨᠳᠦᠰᠦᠨ ᠱᠠᠲᠤᠨ᠎ᠤ ᠤᠰᠤᠨ ᠠᠰᠢᠭᠯᠠᠯᠲᠠ ᠵᠢᠨ ᠠᠵᠢᠯᠲᠠᠳ᠎ᠲᠤ ᠵᠦᠪᠰᠢᠶᠡᠷᠡᠭᠳᠡᠭᠰᠡᠨ ᠪᠠᠢ᠌ᠵᠤ᠂ ᠬᠣᠶ᠋ᠢᠰᠢᠳᠠ ᠵᠢᠨ ᠠᠵᠢᠯ᠎ᠤᠨ ᠳᠤᠮᠳᠠ᠎ᠪᠠᠨ ᠨᠠᠶ᠋ᠢᠳᠠᠪᠤᠷᠢᠵᠢᠭᠤᠯᠤᠯᠲᠠ ᠵᠢ ᠰᠠᠶ᠋ᠢᠲᠤᠷ ᠠᠳᠬᠤᠨ᠂ ᠬᠠᠮᠢᠶᠠᠷᠤᠯᠲᠠ᠎ᠪᠠᠨ ᠴᠢᠩᠭ᠋ᠠᠳᠬᠠᠵᠤ ᠦᠷ᠎ᠡ ᠠᠰᠢᠭ ᠵᠶ᠋ᠠᠨ ᠭᠦᠨᠵᠡᠭᠡᠶ᠋ᠢᠷᠡᠭᠦᠯᠵᠦ᠂ ᠦᠭᠡᠷᠡᠴᠢᠯᠡᠯᠳᠡ ᠵᠢ ᠬᠦᠨᠵᠡᠭᠡᠢ᠌ᠷᠡᠬᠦᠯᠬᠦ᠎ᠳᠤ ᠡᠷᠴᠢ ᠬᠦᠴᠦᠨ ᠨᠡᠮᠡᠷᠢᠯᠡᠵᠦ᠂ ᠢᠨᠵᠧᠨᠧᠷᠢᠩ᠎ᠤᠨ ᠪᠠᠶ᠋ᠢᠭᠤᠯᠤᠯᠲᠠ ᠵᠢ ᠪᠠᠢ᠌ᠭᠤᠯᠵᠤ ᠲᠡᠢ᠌ᠯᠬᠦ᠂ ᠬᠠᠮᠢᠶᠠᠷᠴᠤ ᠳᠡᠶ᠋ᠢᠯᠬᠦ᠂ ᠬᠡᠷᠡᠭᠯᠡᠵᠦ ᠲᠡᠢ᠌ᠯᠬᠦ᠂ ᠤᠷᠳᠤ ᠬᠤᠭᠤᠴᠠᠭ᠎ᠠ᠎ᠪᠠᠷ ᠠᠰᠢᠭ ᠬᠦᠷᠳᠡᠵᠦ ᠲᠡᠢ᠌ᠯᠬᠦ ᠵᠢ ᠦᠨᠡᠨ ᠬᠦ᠌ ᠪᠠᠲᠤᠯᠠᠬᠤ ᠬᠡᠷᠡᠭᠲᠡᠢ᠃
ᠰᠤᠷᠪᠤᠯᠵᠢᠯᠠᠭᠴᠢ᠄ 《ᠬᠥᠲᠥᠯᠪᠦᠷᠢ》 ᠵᠢ ᠬᠡᠷᠬᠢᠨ ᠰᠠᠶ᠋ᠢᠲᠤᠷ ᠲᠤᠭᠤᠰᠢᠯᠠᠭᠤᠯᠤᠨ ᠨᠠᠶ᠋ᠢᠳᠠᠪᠤᠷᠢᠵᠢᠭᠤᠯᠵᠤ᠂ ᠤᠰᠤ ᠠᠷᠪᠢᠯᠠᠬᠤ ᠤᠰᠤᠯᠠᠯᠲᠠ ᠵᠢᠨ ᠬᠥᠭᠵᠢᠯᠲᠡ ᠵᠢ ᠬᠦᠴᠦᠲᠡᠢ ᠠᠬᠢᠭᠤᠯᠤᠨ ᠰᠢᠨ᠎ᠡ ᠦᠰᠦᠷᠦᠯᠲᠡ ᠵᠢ ᠪᠡᠶᠡᠯᠡᠬᠦᠯᠬᠦ ᠪᠤᠢ?
ᠸᠠᠩ ᠠᠢ ᠭᠦᠸᠸ᠄ 《ᠬᠥᠲᠥᠯᠪᠦᠷᠢ》 ᠵᠢ ᠰᠠᠢ᠌ᠳᠤᠷ ᠲᠤᠭᠤᠰᠢᠯᠠᠭᠤᠯᠤᠨ ᠨᠠᠢ᠌ᠳᠠᠪᠤᠷᠢᠵᠢᠭᠤᠯᠬᠤ᠎ᠳᠤ ᠨᠠᠷᠢᠨ ᠬᠢᠨᠠᠮᠠᠭ᠋ᠠᠢ ᠰᠤᠷᠤᠯᠴᠠᠨ᠂ ᠭᠦᠨᠵᠡᠭᠡᠢ ᠣᠶ᠋ᠢᠯᠠᠭ᠋ᠠᠵᠤ᠂ 《ᠬᠥᠲᠥᠯᠪᠦᠷᠢ》 ᠵᠢᠨ ᠠᠭᠤᠯᠭ᠎ᠠ ᠪᠣᠯᠤᠨ ᠱᠠᠭ᠋ᠠᠷᠳᠠᠯᠭ᠎ᠠ ᠵᠢ ᠣᠨᠣᠪᠴᠢᠲᠠᠢ ᠡᠵᠡᠮᠰᠢᠬᠦ᠎ᠪᠠᠷ ᠪᠠᠷᠠᠬᠤ ᠦᠭᠡᠢ᠂ ᠨᠡᠩ ᠴᠢᠬᠤᠯᠠ᠎ᠨᠢ ᠪᠣᠳᠠᠲᠠᠢ᠎ᠳᠤ ᠨᠠᠢ᠌ᠳᠠᠪᠤᠷᠢᠵᠢᠭᠤᠯᠤᠨ ᠪᠤᠳᠠᠳᠤ ᠦᠷ᠎ᠡ ᠪᠦᠲᠦᠮᠵᠢ ᠣᠯᠬᠤ ᠬᠡᠷᠡᠭᠲᠡᠢ᠃ ᠬᠣᠭᠣᠰᠣᠨ ᠦᠭᠡ ᠶᠡᠬᠡ ᠶᠠᠪᠤᠳᠠᠯ᠎ᠢ ᠰᠠᠭ᠋ᠠᠲᠠᠭ᠋ᠠᠵᠤ᠂ ᠪᠣᠳᠠᠲᠠᠢ ᠵᠢ ᠡᠷᠬᠢᠮᠯᠡᠪᠡᠯ ᠤᠯᠤᠰ ᠤᠷᠤᠨ ᠬᠦᠭᠵᠢᠨ ᠮᠠᠨᠳᠤᠨ᠎ᠠ᠃ ᠪᠤᠳᠠᠳᠠᠢ᠎ᠳᠤ ᠨᠠᠢ᠌ᠳᠠᠪᠤᠷᠢᠵᠢᠭᠤᠯᠵᠤ ᠲᠡᠢ᠌ᠯᠬᠦ ᠡᠰᠡᠬᠦ᠂ ᠴᠢᠳᠠᠮᠠᠭ᠋ᠠᠢ᠎ᠪᠠᠷ ᠨᠠᠢ᠌ᠳᠠᠪᠤᠷᠢᠵᠢᠭᠤᠯᠵᠤ ᠲᠡᠢ᠌ᠯᠬᠦ ᠡᠰᠡᠬᠦ᠎ᠨᠢ 《ᠬᠥᠲᠥᠯᠪᠦᠷᠢ》᠎ᠳᠤ ᠲᠣᠭᠲᠠᠭ᠋ᠠᠭᠰᠠᠨ ᠬᠠᠷᠠᠯᠲᠠ ᠡᠭᠦᠷᠭᠡ ᠵᠢᠨ ᠪᠡᠶᠡᠯᠡᠭᠦᠯᠬᠦ᠎ᠲᠠᠢ ᠰᠢᠭᠤᠳ ᠬᠣᠯᠪᠣᠭᠳᠠᠬᠤ ᠶᠤᠮ᠃ ᠪᠢᠳᠡ ᠡᠷᠬᠡᠪᠰᠢ ᠠᠷᠠᠳ᠎ᠤᠨ ᠲᠥᠯᠥᠭᠡ ᠵᠠᠰᠠᠭ ᠪᠠᠷᠢᠬᠤ ᠣᠶ᠋ᠢᠯᠠᠭ᠋ᠠᠭᠳᠠᠬᠤᠨ᠂ ᠳᠡᠭᠡᠳᠦ ᠬᠡᠮᠵᠢᠶ᠎ᠡ᠎ᠪᠠᠷ ᠬᠠᠷᠢᠭᠤᠴᠠᠬᠤ ᠵᠣᠷᠢᠭ ᠰᠠᠨᠠᠭ᠎ᠠ᠂ ᠰᠢᠨᠵᠢᠯᠡᠬᠦ ᠤᠬᠠᠭ᠋ᠠᠨᠴᠢ ᠲᠥᠪ ᠴᠢᠩᠬ᠎ᠠ ᠣᠪᠣᠷ᠂ ᠥᠭᠡᠷᠡᠴᠢᠯᠡᠯᠲᠡ ᠬᠢᠵᠦ ᠰᠢᠨ᠎ᠡ ᠵᠢ ᠡᠭᠦᠳᠬᠦ ᠰᠥᠰᠥ ᠵᠣᠷᠢᠭ᠂ ᠦᠨᠡᠨ᠎ᠢ ᠪᠠᠷᠢᠮᠲᠠᠯᠠᠨ ᠪᠣᠳᠠᠲᠠᠢ ᠵᠢ ᠡᠷᠬᠢᠮᠯᠡᠬᠦ ᠣᠪᠣᠷ ᠰᠤᠷᠲᠠᠯ ᠵᠶ᠋ᠠᠷ ᠰᠡᠳᠬᠢᠯ ᠨᠢᠭᠡᠳᠦᠨ ᠬᠦᠴᠦ᠎ᠪᠠᠨ ᠬᠠᠮᠲᠤᠳᠬᠠᠵᠤ᠂ ᠯᠠᠪᠳᠠᠭᠤᠨ ᠪᠠᠲᠤᠲᠠᠢ ᠠᠵᠢᠯᠯᠠᠨ ᠲᠠᠷᠢᠶᠠᠯᠠᠩ᠎ᠤᠨ ᠤᠰᠤ ᠠᠷᠪᠢᠯᠠᠬᠤ ᠡᠨᠡᠬᠦ ᠲᠦᠭ ᠲᠦᠮᠡᠨ ᠠᠷᠠᠳ᠎ᠤᠨ ᠠᠮᠢᠳᠤᠷᠠᠯ᠎ᠳᠤ ᠠᠰᠢᠭ ᠬᠦᠷᠲᠡᠭᠡᠬᠦ ᠲᠣᠮᠣ ᠶᠠᠪᠤᠳᠠᠯ᠎ᠢ ᠭᠤᠢ᠌ᠪᠢᠰᠢ ᠦᠭᠡᠢ ᠰᠠᠶ᠋ᠢᠲᠤᠷ ᠬᠢᠵᠦ᠂ ᠰᠠᠶ᠋ᠢᠨ ᠶᠠᠪᠤᠳᠠᠯ᠎ᠢ ᠪᠣᠳᠠᠲᠠᠢ ᠬᠢᠵᠦ᠂ ᠤᠯᠤᠰ᠎ᠤᠨ ᠠᠮᠤ ᠪᠤᠳᠠᠭ᠋ᠠᠨ᠎ᠤ ᠠᠮᠤᠷ ᠲᠦᠪᠰᠢᠨ᠎ᠢ ᠪᠠᠳᠤᠯᠠᠬᠤ᠂ ᠪᠦᠬᠦ ᠲᠠᠯ᠎ᠠ᠎ᠪᠠᠷ ᠴᠢᠨᠡᠭᠡᠯᠢᠭ ᠨᠡᠶ᠋ᠢᠭᠡᠮ᠎ᠢ ᠪᠦᠲᠦᠭᠡᠨ ᠪᠠᠶ᠋ᠢᠭᠤᠯᠬᠤ᠂ ᠬᠤᠳᠠ ᠪᠠᠯᠭ᠋ᠠᠰᠤ ᠬᠦᠳᠡᠭᠡ ᠲᠤᠰᠬᠤᠨ᠎ᠢ ᠵᠡᠷᠭᠡ᠎ᠪᠡᠷ ᠬᠦᠭᠵᠢᠬᠦᠯᠬᠦ ᠪᠠ ᠦᠵᠡᠰᠬᠦᠯᠡᠩᠳᠦ ᠰᠠᠢ᠌ᠬᠠᠨ ᠲᠤᠮᠳᠠᠳᠤ ᠤᠯᠤᠰ᠎ᠢ ᠪᠦᠳᠦᠭᠡᠨ ᠪᠠᠢ᠌ᠭᠤᠯᠬᠤ᠎ᠳᠤ ᠨᠡᠩ ᠶᠡᠬᠡ ᠰᠢᠨ᠎ᠡ ᠬᠤᠪᠢ ᠵᠢᠳᠬᠦᠯ ᠭᠠᠷᠭ᠋ᠠᠬᠤ ᠬᠡᠷᠡᠭᠲᠡᠢ᠃
ᠨᠢᠭᠡ᠎ᠳᠤ ᠬᠣᠯᠪᠣᠭᠳᠠᠯ ᠪᠦᠬᠦᠢ ᠲᠥᠯᠥᠪᠵᠢᠭᠦᠯᠭᠡ ᠵᠢ ᠨᠠᠶ᠋ᠢᠷᠠᠭᠤᠯᠤᠨ ᠵᠣᠬᠢᠶᠠᠬᠤ ᠪᠠ ᠪᠡᠯᠡᠳᠭᠡᠯ ᠠᠵᠢᠯ᠎ᠢ ᠱᠠᠯᠠᠪᠳᠠᠨ ᠰᠠᠶ᠋ᠢᠲᠤᠷ ᠬᠢᠬᠦ ᠬᠡᠷᠡᠭᠲᠡᠢ᠃ 《 ᠬᠦᠳᠦᠯᠪᠤᠷᠢ》᠎ᠳᠤ ᠲᠣᠭᠲᠠᠭ᠋ᠠᠭᠰᠠᠨ ᠬᠠᠷᠠᠯᠲᠠ ᠡᠭᠦᠷᠭᠡ ᠵᠢ ᠦᠨᠳᠦᠰᠦᠯᠡᠨ᠂ ᠲᠠᠷᠢᠶᠠᠨ ᠭᠠᠵᠠᠷ᠎ᠤᠨ ᠤᠰᠤᠨ ᠠᠰᠢᠭᠯᠠᠯᠲᠠ ᠵᠢᠨ ᠦᠵᠦ ᠲᠥᠯᠥᠪᠯᠡᠭᠡ ᠵᠢᠨ ᠶᠡᠷᠦᠩᠬᠡᠢ ᠲᠥᠯᠥᠪᠵᠢᠭᠦᠯᠭᠡ ᠵᠢ ᠤᠯᠠᠮ ᠨᠢᠭᠡ ᠠᠯᠬᠤᠮ ᠴᠢᠩᠭ᠋ᠠᠳᠬᠠᠵᠤ᠂ 《ᠪᠦᠬᠦ ᠤᠯᠤᠰ᠎ᠤᠨ ᠤᠰᠤᠯᠠᠯᠲᠠ ᠵᠢᠨ ᠬᠥᠭᠵᠢᠭᠦᠯᠦᠯᠲᠡ ᠵᠢᠨ ᠶᠡᠷᠦᠩᠬᠡᠢ ᠲᠥᠯᠥᠪᠵᠢᠭᠦᠯᠭᠡ》᠂ 《ᠪᠦᠬᠦ ᠤᠯᠤᠰ᠎ᠤᠨ ᠮᠠᠯᠵᠢᠬᠤ ᠣᠷᠣᠨ᠎ᠤ ᠤᠰᠤᠨ ᠠᠰᠢᠭᠯᠠᠯᠲᠠ ᠵᠢᠨ ᠬᠥᠭᠵᠢᠯᠲᠡ》᠂ ᠬᠠᠭᠤᠷᠠᠢ ᠲᠠᠷᠢᠮᠠᠯ᠎ᠤᠨ ᠤᠰᠤ ᠠᠷᠪᠢᠯᠠᠬᠤ ᠲᠠᠷᠢᠶᠠᠯᠠᠩ ᠵᠡᠷᠭᠡ ᠲᠥᠯᠥᠪᠵᠢᠭᠦᠯᠭᠡ ᠵᠢ ᠲᠦᠷᠭᠡᠬᠡᠨ ᠨᠠᠶ᠋ᠢᠷᠠᠭᠤᠯᠤᠨ ᠵᠣᠬᠢᠶᠠᠵᠤ ᠲᠠᠭᠤᠰᠬᠠᠵᠤ᠂ ᠲᠦᠯᠦᠨᠪᠵᠢᠬᠦᠯᠭᠡ ᠵᠢ《ᠪᠦᠬᠦ ᠤᠯᠤᠰ᠎ᠤᠨ ᠮᠢᠩᠭ᠋ᠠᠨ ᠳ᠋ᠦᠩᠰᠢᠭᠤᠷ ᠵᠢᠩ ᠠᠮᠤ ᠪᠤᠳᠠᠭ᠋ᠠᠨ᠎ᠤ ᠦᠢ᠍ᠯᠡᠳᠪᠦᠷᠢᠯᠡᠯ᠎ᠤᠨ ᠴᠢᠳᠠᠮᠵᠢ ᠵᠢ ᠰᠢᠨ᠎ᠡ᠎ᠪᠠᠷ ᠨᠡᠮᠡᠭᠳᠡᠬᠦᠯᠬᠦ ᠲᠥᠯᠥᠪᠵᠢᠭᠦᠯᠭᠡ》᠂ 《ᠪᠦᠬᠦ ᠤᠯᠤᠰ᠎ᠤᠨ ᠥᠨᠳᠥᠷ ᠪᠠᠷᠢᠮᠵᠢᠶ᠎ᠠ᠎ᠳᠤ ᠲᠠᠷᠢᠶᠠᠨ ᠭᠠᠵᠠᠷ᠎ᠤᠨ ᠪᠦᠳᠦᠭᠡᠨ ᠪᠠᠢ᠌ᠭᠤᠯᠤᠯᠳᠠ ᠵᠢᠨ ᠲᠦᠯᠦᠪᠵᠢᠬᠦᠯᠭᠡ》᠂ 《ᠪᠦᠬᠦ ᠤᠯᠤᠰ᠎ᠤᠨ ᠤᠰᠤ ᠠᠷᠪᠢᠯᠠᠬᠤ ᠤᠰᠤᠯᠠᠯᠲᠠ ᠲᠥᠯᠥᠪᠵᠢᠭᠦᠯᠭᠡ》 ᠵᠡᠷᠭᠡ᠎ᠲᠠᠢ ᠵᠤᠯᠭ᠋ᠠᠯᠳᠤᠭᠤᠯᠬᠤ ᠠᠵᠢᠯ᠎ᠢ ᠰᠠᠢ᠌ᠳᠤᠷ ᠬᠢᠬᠦ ᠬᠡᠷᠡᠭᠲᠡᠢ᠃ ᠰᠢᠶᠠᠨ᠎ᠤ ᠱᠠᠲᠤᠨ᠎ᠤ ᠲᠠᠷᠢᠶᠠᠨ ᠭᠠᠵᠠᠷ᠎ᠤᠨ ᠤᠰᠤᠨ ᠠᠰᠢᠭᠯᠠᠯᠲᠠ ᠵᠢᠨ ᠪᠦᠲᠦᠭᠡᠨ ᠪᠠᠶ᠋ᠢᠭᠤᠯᠤᠯᠲᠠ ᠵᠢᠨ ᠲᠥᠯᠥᠪᠵᠢᠭᠦᠯᠭᠡ ᠵᠢ ᠤᠯᠠᠮ ᠨᠢᠭᠡ ᠠᠯᠬᠤᠮ ᠲᠡᠭᠦᠯᠳᠡᠷᠵᠢᠭᠦᠯᠦᠨ᠂ ᠬᠢᠨᠠᠨ ᠪᠠᠶ᠋ᠢᠴᠠᠭ᠋ᠠᠬᠤ ᠪᠠ ᠬᠢᠨᠠᠨ ᠵᠥᠪᠰᠢᠶᠡᠷᠡᠭᠰᠡᠨ᠎ᠤ ᠳᠠᠷᠠᠭ᠎ᠠ ᠲᠠᠷᠢᠶᠠᠯᠠᠩ᠎ᠤᠨ ᠤᠰᠤ ᠠᠷᠪᠢᠯᠠᠬᠤ ᠨᠦᠬᠦᠪᠦᠷᠢ ᠵᠢᠨ ᠪᠡᠯᠡ ᠮᠥᠩᠭᠥ ᠲᠣᠬᠢᠷᠠᠭᠤᠯᠬᠤ ᠪᠠ ᠬᠠᠮᠢᠶ᠎ᠠ ᠪᠦᠬᠦᠢ ᠪᠡᠯᠡ ᠮᠥᠩᠭᠥ ᠵᠢ ᠡᠮᠬᠢᠯᠡᠨ ᠨᠡᠶ᠋ᠢᠯᠡᠭᠦᠯᠬᠦ ᠴᠢᠬᠤᠯᠠ ᠦᠨᠳᠦᠰᠦᠯᠡᠯ ᠪᠣᠯᠭ᠋ᠠᠨ᠎ᠠ᠃ ᠵᠣᠬᠢᠬᠤ ᠬᠢᠷᠢ ᠭᠡᠮ᠎ᠲᠠᠢ ᠨᠢᠭᠡᠴᠢ ᠵᠢ ᠰᠣᠩᠭᠣᠵᠤ ᠲᠥᠷᠥᠯ ᠵᠦᠢ᠍ᠯ᠎ᠤᠨ ᠪᠡᠯᠡᠳᠭᠡᠯ ᠬᠤᠭᠤᠴᠠᠭ᠋ᠠᠨ᠎ᠤ ᠠᠵᠢᠯ᠎ᠢ ᠥᠷᠨᠢᠭᠦᠯᠵᠦ᠂ ᠤᠰᠤᠨ᠎ᠤ ᠡᠬᠢ ᠪᠠᠶᠠᠯᠢᠭ᠎ᠢ ᠨᠤᠲᠠᠯᠠᠬᠤ ᠪᠠ ᠮᠡᠷᠭᠡᠵᠢᠯ᠎ᠤᠨ ᠲᠥᠰᠦᠯ᠎ᠢ ᠬᠠᠷᠢᠴᠠᠭᠤᠯᠤᠨ ᠰᠣᠩᠭᠣᠬᠤ ᠵᠢ ᠴᠢᠩᠭ᠋ᠠᠳᠬᠠᠵᠤ᠂ ᠲᠥᠷᠥᠯ ᠵᠦᠢ᠍ᠯ᠎ᠢ ᠬᠢᠨᠠᠨ ᠪᠠᠶ᠋ᠢᠴᠠᠭ᠋ᠠᠵᠤ ᠬᠢᠨᠠᠨ ᠵᠥᠪᠰᠢᠶᠡᠷᠡᠬᠦ ᠵᠢ ᠴᠢᠩᠳᠠᠯᠠᠵᠤ᠂ ᠪᠠᠷᠢᠯᠭ᠎ᠠ ᠵᠢᠨ ᠪᠡᠯᠡᠳᠭᠡᠯ ᠬᠤᠭᠤᠴᠠᠭ᠋ᠠᠨ᠎ᠤ ᠠᠵᠢᠯ᠎ᠤᠨ ᠶᠠᠰᠤ ᠴᠢᠨᠠᠷ᠎ᠢ ᠦᠨᠡᠨ ᠬᠦ᠌ ᠪᠠᠲᠤᠯᠠᠬᠤ ᠬᠡᠷᠡᠭᠲᠡᠢ᠃ ᠤᠰᠤᠨ ᠠᠰᠢᠭᠯᠠᠯᠲᠠ ᠵᠢᠨ ᠶᠠᠮᠤᠨ᠎ᠤ ᠬᠠᠷᠢᠶ᠎ᠠ ᠰᠠᠪᠠ ᠭᠠᠵᠠᠷ᠎ᠤᠨ ᠪᠠᠶ᠋ᠢᠭᠤᠯᠤᠮᠵᠢ᠂ ᠬᠠᠮᠢᠶ᠎ᠠ ᠪᠦᠬᠦᠢ ᠠᠵᠢᠯ ᠦᠢ᠍ᠯᠡᠰ᠎ᠤᠨ ᠨᠢᠭᠡᠴᠢ᠎ᠠᠴᠠ ᠤᠰᠤ ᠠᠷᠪᠢᠯᠠᠬᠤ ᠤᠰᠤᠯᠠᠯᠲᠠ ᠵᠢᠨ ᠪᠡᠯᠡᠳᠭᠡᠯ ᠬᠤᠭᠤᠴᠠᠭ᠋ᠠᠨ᠎ᠤ ᠠᠵᠢᠯ᠎ᠳᠤ ᠮᠡᠷᠭᠡᠵᠢᠯ᠎ᠤᠨ ᠵᠢᠯᠣᠭᠣᠳᠤᠯᠭ᠎ᠠ ᠬᠠᠩᠭ᠋ᠠᠵᠤ᠂ ᠴᠢᠬᠤᠯᠠᠲᠠᠢ ᠦᠶ᠎ᠡ᠎ᠳᠤ ᠮᠡᠷᠭᠡᠵᠢᠯ᠎ᠤᠨ ᠬᠢᠨᠠᠨ ᠪᠠᠶ᠋ᠢᠴᠠᠭ᠋ᠠᠯᠲᠠ ᠪᠠ ᠤᠰᠤᠨ᠎ᠤ ᠡᠬᠢ ᠪᠠᠶᠠᠯᠢᠭ᠎ᠤᠨ ᠨᠤᠲᠠᠯᠠᠯᠲᠠ ᠬᠢᠬᠦ ᠬᠡᠷᠡᠭᠲᠡᠢ᠃ ᠬᠡᠰᠡᠭ ᠭᠠᠵᠠᠷ ᠣᠷᠣᠨ᠎ᠤ ᠬᠠᠭᠤᠷᠠᠢ ᠲᠠᠷᠢᠶ᠎ᠠ ᠵᠢ ᠤᠰᠤᠨ ᠲᠠᠷᠢᠶ᠎ᠠ ᠪᠤᠯᠭ᠋ᠠᠬᠤ ᠥᠭᠡᠷᠡᠴᠢᠯᠡᠯᠲᠡ ᠵᠢᠨ ᠭᠠᠵᠠᠷ ᠳᠣᠣᠷᠠᠬᠢ ᠤᠰᠤ ᠵᠢ ᠨᠡᠭᠡᠭᠡᠨ ᠮᠠᠯᠲᠠᠬᠤ ᠵᠢ ᠨᠡᠮᠡᠭᠳᠡᠬᠦᠯᠦᠭᠰᠡᠨ᠎ᠠᠴᠠ ᠪᠣᠯᠤᠭᠰᠠᠨ ᠠᠮᠢ ᠠᠬᠤᠢ ᠣᠷᠴᠢᠨ ᠲᠣᠭᠣᠷᠢᠨ᠎ᠢ ᠨᠥᠯᠥᠭᠡᠯᠡᠬᠦ ᠠᠰᠠᠭᠤᠳᠠᠯ᠎ᠢ ᠳᠡᠭᠡᠳᠦ ᠬᠡᠮᠵᠢᠶ᠎ᠡ᠎ᠪᠠᠷ ᠴᠢᠬᠤᠯᠠᠴᠢᠯᠠᠵᠤ᠂ ᠤᠰᠤᠨ᠎ᠤ ᠡᠬᠢ ᠪᠠᠶᠠᠯᠢᠭ ᠳᠤᠲᠠᠭᠳᠠᠬᠤ ᠪᠠ ᠠᠮᠢ ᠠᠬᠤᠢ ᠬᠡᠪᠡᠷᠡᠭ ᠭᠠᠵᠠᠷ ᠣᠷᠣᠨ᠎ᠳᠤ ᠭᠠᠵᠠᠷ ᠳᠣᠣᠷᠠᠬᠢ ᠤᠰᠤ ᠵᠢ ᠬᠡᠲᠦᠷᠡᠲᠡᠯ᠎ᠡ ᠠᠪᠴᠤ ᠤᠰᠤᠯᠠᠯᠳᠠ ᠵᠢᠨ ᠲᠠᠯᠠᠪᠠᠢ ᠵᠢ ᠦᠷᠭᠡᠳᠭᠡᠬᠦ ᠵᠢ ᠴᠢᠩᠭ᠎ᠠ ᠴᠠᠭ᠋ᠠᠵᠠᠯᠠᠵᠤ᠂ ᠶᠡᠬᠡ ᠬᠡᠪᠴᠢᠶᠡᠨ᠎ᠤ ᠰᠤᠪᠠᠭ᠎ᠤᠨ ᠨᠡᠪᠴᠢᠯᠳᠡ ᠵᠢ ᠰᠡᠷᠭᠡᠶ᠋ᠢᠯᠡᠬᠦ ᠵᠢᠴᠢ ᠤᠰᠤ ᠠᠷᠪᠢᠯᠠᠭᠰᠠᠨᠤ ᠳᠠᠷᠠᠭ᠋ᠠᠬᠢ ᠣᠷᠣᠨ ᠪᠦᠰᠡ ᠵᠢᠨ ᠠᠮᠢ ᠠᠬᠤᠢ ᠣᠷᠴᠢᠨ ᠲᠣᠭᠣᠷᠢᠨ᠎ᠤ ᠨᠥᠯᠥᠭᠡ᠂ ᠬᠤᠪᠠᠨᠴᠠᠷ ᠪᠦᠷᠬᠦᠪᠴᠢ ᠵᠢᠨ ᠨᠢᠮᠭᠡᠨ ᠪᠦᠷᠬᠦᠪᠴᠢ ᠵᠢ ᠬᠣᠷᠢᠶᠠᠨ ᠠᠪᠬᠤ ᠪᠠ ᠦᠯᠡᠳᠡᠭᠳᠡᠯ᠎ᠢ ᠵᠠᠳᠠᠯᠬᠤ ᠵᠡᠷᠭᠡ ᠰᠠᠭᠤᠷᠢ ᠰᠤᠳᠤᠯᠭ᠋ᠠᠨ ᠵᠢᠴᠢ ᠬᠢᠨᠠᠨ ᠬᠡᠮᠵᠢᠬᠦ ᠠᠵᠢᠯ᠎ᠢ ᠴᠢᠩᠭ᠋ᠠᠳᠬᠠᠵᠤ᠂ ᠠᠮᠢ ᠠᠬᠤᠢ ᠵᠢᠨ ᠰᠢᠰᠲᠸᠮ᠎ᠤᠨ ᠰᠠᠢ᠌ᠨ ᠤᠷᠴᠢᠯ᠎ᠢ ᠠᠬᠢᠭᠤᠯᠬᠤ ᠬᠡᠷᠡᠭᠲᠡᠢ᠃
ᠬᠣᠶᠠᠷ᠎ᠲᠤ ᠤᠰᠤ ᠠᠷᠪᠢᠯᠠᠬᠤ ᠤᠰᠤᠯᠠᠯᠳᠠ ᠵᠢᠨ ᠪᠡᠯᠡ ᠣᠷᠣᠭᠤᠯᠤᠯᠲᠠ ᠵᠢ ᠦᠨᠡᠨ ᠬᠦ᠌ ᠨᠡᠮᠡᠭᠳᠡᠭᠦᠯᠬᠦ ᠬᠡᠷᠡᠭᠲᠡᠢ᠃ ᠡᠳ᠋᠎ᠤᠨ ᠵᠠᠰᠠᠭ᠎ᠤᠨ ᠪᠡᠯᠡ ᠮᠥᠩᠭᠥ ᠵᠢᠨ ᠭᠣᠣᠯᠯᠠᠬᠤ ᠦᠢ᠍ᠯᠡᠳᠦᠯ᠎ᠢ ᠭᠦᠢ᠍ᠴᠡᠳ ᠪᠠᠳᠠᠷᠠᠭᠤᠯᠵᠤ ᠰᠠᠯᠠᠭ᠎ᠠ ᠮᠥᠴᠢᠷ᠎ᠤᠨ ᠵᠣᠬᠢᠴᠠᠯᠳᠤᠨ ᠬᠠᠮᠵᠢᠯᠴᠠᠬᠤ ᠪᠠ ᠡᠬᠢ ᠪᠠᠶᠠᠯᠢᠭ᠎ᠢ ᠡᠮᠬᠢᠯᠡᠨ ᠨᠡᠶ᠋ᠢᠯᠡᠭᠦᠯᠬᠦ ᠵᠢ ᠴᠢᠩᠭ᠋ᠠᠳᠬᠠᠵᠤ᠂ ᠲᠠᠷᠢᠶᠠᠯᠠᠩ᠎ᠤᠨ ᠤᠰᠤ ᠠᠷᠪᠢᠯᠠᠬᠤ ᠤᠰᠤᠯᠠᠯᠲᠠ ᠵᠢᠨ ᠪᠡᠯᠡ ᠣᠷᠣᠭᠤᠯᠤᠯᠲᠠ ᠵᠢᠨ ᠡᠷᠴᠢᠮ᠎ᠢ ᠤᠯᠠᠮ ᠨᠢᠭᠡ ᠠᠯᠬᠤᠮ ᠨᠡᠮᠡᠭᠳᠡᠬᠦᠯᠦᠨ᠎ᠡ᠃ ᠲᠣᠮᠣ ᠳᠤᠮᠳᠠ ᠬᠡᠯᠪᠡᠷᠢ ᠵᠢᠨ ᠤᠰᠤᠯᠠᠯᠲᠠ ᠵᠢᠨ ᠣᠷᠣᠨ᠎ᠤ ᠤᠰᠤ ᠠᠷᠪᠢᠯᠠᠬᠤ ᠥᠭᠡᠷᠡᠴᠢᠯᠡᠯᠲᠡ᠂ ᠵᠢᠵᠢᠭ ᠬᠡᠯᠪᠡᠷᠢ ᠵᠢᠨ ᠲᠠᠷᠢᠶᠠᠯᠠᠩ᠎ᠤᠨ ᠤᠰᠤᠨ ᠠᠰᠢᠭᠯᠠᠯᠲᠠ ᠵᠢᠨ ᠭᠣᠣᠯᠳᠠᠯᠭ᠋ᠠᠲᠤ ᠰᠢᠶᠠᠨ᠂ ᠬᠡᠪᠴᠢᠶᠡᠵᠢᠭᠦᠯᠦᠭᠰᠡᠨ ᠤᠰᠤ ᠠᠷᠪᠢᠯᠠᠬᠤ ᠤᠰᠤᠯᠠᠯᠲᠠ ᠵᠢᠨ ᠦᠷ᠎ᠡ ᠠᠰᠢᠭ᠎ᠢ ᠨᠡᠮᠡᠭᠳᠡᠭᠦᠯᠬᠦ ᠵᠢᠱ᠌ᠢᠶ᠎ᠡ ᠦᠵᠡᠭᠦᠯᠬᠦ ᠲᠥᠷᠥᠯ ᠵᠦᠢ᠍ᠯ ᠵᠡᠷᠭᠡ ᠲᠥᠷᠥᠯ ᠵᠦᠢ᠍ᠯ᠎ᠤᠨ ᠪᠡᠯᠡ ᠮᠥᠩᠭᠥ ᠵᠢᠨ ᠬᠡᠪᠴᠢᠶ᠎ᠡ ᠵᠢ ᠨᠡᠮᠡᠭᠳᠡᠬᠦᠯᠵᠦ᠂ ᠪᠦᠲᠦᠭᠡᠨ ᠪᠠᠶ᠋ᠢᠭᠤᠯᠬᠤ ᠪᠠᠷᠢᠮᠵᠢᠶ᠎ᠠ ᠪᠠ ᠨᠥᠬᠥᠪᠥᠷᠢ ᠵᠢᠨ ᠬᠠᠷᠢᠴᠠᠯ᠎ᠢ ᠳᠡᠭᠡᠭᠰᠢᠯᠡᠭᠦᠯᠦᠨ᠎ᠡ; ᠭᠠᠵᠠᠷ ᠰᠢᠷᠣᠢ ᠵᠢ ᠰᠢᠯᠵᠢᠭᠦᠯᠦᠨ ᠬᠤᠳᠠᠯᠳᠤᠭᠰᠠᠨ ᠠᠰᠢᠭ ᠣᠯᠵᠠᠪᠤᠷᠢ ᠵᠢᠨ 10% ᠵᠢ ᠭᠦᠢ᠍ᠴᠡᠳ ᠲᠣᠭ᠎ᠠ᠎ᠪᠠᠷ ᠭᠠᠷᠭ᠋ᠠᠨ ᠠᠪᠴᠤ ᠲᠠᠷᠢᠶᠠᠨ ᠭᠠᠵᠠᠷ᠎ᠤᠨ ᠤᠰᠤᠨ ᠠᠰᠢᠭᠯᠠᠯᠲᠠ ᠵᠢᠨ ᠪᠦᠲᠦᠭᠡᠨ ᠪᠠᠶ᠋ᠢᠭᠤᠯᠤᠯᠲᠠ᠎ᠳᠤ ᠬᠡᠷᠡᠭᠯᠡᠵᠦ᠂ ᠲᠥᠪ᠎ᠤᠨ ᠪᠠ ᠮᠣᠵᠢ ᠵᠢᠨ ᠱᠠᠲᠤᠨ᠎ᠤ ᠨᠢᠭᠡᠳᠦᠯᠲᠡᠢ ᠲᠥᠯᠥᠪᠯᠡᠬᠦ ᠬᠡᠰᠡᠭ᠎ᠲᠤ ᠮᠦᠨ ᠤᠰᠤ ᠠᠷᠪᠢᠯᠠᠬᠤ ᠤᠰᠤᠯᠠᠯᠲᠠ ᠵᠢ ᠳᠡᠮᠵᠢᠬᠦ ᠡᠷᠴᠢᠮ ᠵᠶ᠋ᠡᠨ ᠨᠡᠮᠡᠭᠳᠡᠭᠦᠯᠬᠦ ᠬᠡᠷᠡᠭᠲᠡᠢ; ᠭᠠᠩ ᠬᠠᠭᠰᠠᠷᠭ᠋ᠠᠨ᠎ᠢ ᠡᠰᠡᠷᠭᠦᠴᠡᠬᠦ ᠪᠠ ᠤᠰᠤ ᠠᠷᠪᠢᠯᠠᠬᠤ ᠲᠥᠬᠥᠭᠡᠷᠦᠮᠵᠢ ᠵᠢ ᠲᠠᠷᠢᠶᠠᠯᠠᠩ᠎ᠤᠨ ᠮᠠᠰᠢᠨ ᠪᠠᠭ᠋ᠠᠵᠢ ᠬᠤᠳᠠᠯᠳᠤᠨ ᠠᠪᠬᠤ ᠨᠥᠬᠥᠪᠥᠷᠢ ᠵᠢᠨ ᠬᠦᠷᠢᠶ᠎ᠡ ᠬᠡᠪᠴᠢᠶ᠎ᠡ᠎ᠳᠤ ᠣᠷᠣᠭᠤᠯᠬᠤ ᠲᠥᠷᠥ ᠵᠢᠨ ᠪᠣᠳᠣᠯᠭ᠎ᠠ ᠵᠢ ᠰᠠᠶ᠋ᠢᠲᠤᠷ ᠬᠡᠷᠡᠭᠵᠢᠭᠦᠯᠵᠦ᠂ ᠲᠠᠷᠢᠶᠠᠯᠠᠩ᠎ᠤᠨ ᠤᠰᠤ ᠠᠷᠪᠢᠯᠠᠬᠤ ᠨᠡᠮᠡᠭᠳᠡᠯ ᠥᠷᠲᠡᠭ᠎ᠤᠨ ᠭᠠᠶ᠋ᠢᠯᠢ᠂ ᠠᠵᠤ ᠠᠬᠤᠶ᠋ᠢᠯᠠᠯ᠎ᠤᠨ ᠠᠰᠢᠭ ᠣᠷᠣᠯᠭ᠎ᠠ ᠵᠢᠨ ᠭᠠᠶ᠋ᠢᠯᠢ ᠵᠡᠷᠭᠡ ᠬᠠᠷᠠᠭ᠋ᠠᠯᠵᠠᠯ᠎ᠤᠨ ᠲᠥᠷᠥ ᠵᠢᠨ ᠪᠣᠳᠣᠯᠭ᠎ᠠ ᠵᠢ ᠦᠷᠭᠦᠯᠵᠢᠯᠡᠨ ᠰᠠᠶ᠋ᠢᠲᠤᠷ ᠨᠠᠶ᠋ᠢᠳᠠᠪᠤᠷᠢᠵᠢᠭᠤᠯᠵᠤ᠂ ᠤᠰᠤ ᠠᠷᠪᠢᠯᠠᠬᠤ ᠤᠰᠤᠯᠠᠯᠲᠠ ᠵᠢᠨ ᠲᠥᠬᠥᠭᠡᠷᠦᠮᠵᠢ ᠵᠢ ᠦᠢ᠍ᠯᠡᠳᠪᠦᠷᠢᠯᠡᠬᠦ ᠪᠠ ᠰᠡᠯᠪᠢᠨ ᠵᠠᠰᠠᠬᠤ᠎ᠳᠤ ᠬᠡᠷᠡᠭᠰᠡᠬᠦ ᠤᠯᠤᠰ᠎ᠤᠨ ᠳᠣᠲᠣᠭ᠋ᠠᠳᠤ᠎ᠳᠤ ᠦᠢ᠍ᠯᠡᠳᠪᠦᠷᠢᠯᠡᠵᠦ ᠳᠡᠶ᠋ᠢᠯᠬᠦ ᠦᠭᠡᠢ ᠬᠡᠰᠡᠭ ᠵᠠᠩᠭᠢᠯᠠᠭ᠎ᠠ ᠵᠢᠨ ᠰᠡᠯᠪᠢᠭ ᠲᠣᠨᠣᠭ᠎ᠢ ᠭᠠᠳᠠᠭ᠋ᠠᠳᠤ᠎ᠠᠴᠠ ᠣᠷᠣᠭᠤᠯᠬᠤ ᠪᠣᠭᠣᠮᠲᠠ ᠵᠢᠨ ᠭᠠᠶ᠋ᠢᠯᠢ ᠵᠢᠨ ᠬᠠᠷᠠᠭ᠋ᠠᠯᠵᠠᠯ᠎ᠤᠨ ᠭᠠᠶ᠋ᠢᠯᠢ ᠵᠢᠨ ᠨᠣᠷᠮ᠎ᠠ ᠵᠢ ᠬᠡᠷᠡᠭᠵᠢᠭᠦᠯᠬᠦ ᠬᠡᠷᠡᠭᠲᠡᠢ᠃ ᠠᠵᠤ ᠠᠬᠤᠢ ᠵᠢᠨ ᠲᠠᠷᠢᠮᠠᠯ ᠲᠠᠷᠢᠬᠤ ᠣᠷᠣᠨ᠂ ᠬᠡᠪᠴᠢᠶᠡᠵᠢᠭᠰᠡᠨ ᠲᠠᠷᠢᠶᠠᠯᠠᠩ᠎ᠤᠨ ᠬᠦᠷᠢᠶᠡᠯᠡᠩ ᠲᠣᠭᠣᠷᠢᠭ᠎ᠲᠤ ᠮᠥᠩᠭᠥᠨ ᠭᠦᠢ᠍ᠯᠭᠡᠭᠡᠨ᠎ᠤ ᠪᠡᠯᠡ ᠮᠥᠩᠭᠥ ᠬᠡᠷᠡᠭᠯᠡᠨ ᠤᠰᠤ ᠠᠷᠪᠢᠯᠠᠬᠤ ᠤᠰᠤᠯᠠᠯᠲᠠ ᠵᠢ ᠬᠥᠭᠵᠢᠭᠦᠯᠬᠦ ᠵᠢ ᠵᠣᠷᠢᠭᠵᠢᠭᠤᠯᠵᠤ᠂ ᠣᠯᠠᠨ ᠵᠦᠢ᠍ᠯ᠎ᠤᠨ ᠬᠡᠯᠪᠡᠷᠢ ᠵᠢᠨ ᠡᠳ᠋᠎ᠤᠨ ᠵᠠᠰᠠᠭ᠎ᠤᠨ ᠳᠠᠮ ᠬᠦᠦ ᠥᠭᠬᠦ ᠠᠷᠭ᠎ᠠ ᠵᠢ ᠰᠦᠪᠡᠭᠴᠢᠯᠡᠨ᠎ᠡ᠃ ᠤᠰᠤᠨ ᠠᠰᠢᠭᠯᠠᠯᠲᠠ ᠵᠢᠨ ᠶᠠᠮᠤᠨ᠎ᠤ 《ᠠᠷᠠᠳ᠎ᠤᠨ ᠬᠥᠷᠥᠩᠭᠡ ᠵᠢᠨ ᠲᠠᠷᠢᠶᠠᠨ ᠭᠠᠵᠠᠷ᠎ᠤᠨ ᠤᠰᠤᠨ ᠠᠰᠢᠭᠯᠠᠯᠲᠠ ᠵᠢᠨ ᠪᠦᠲᠦᠭᠡᠨ ᠪᠠᠶ᠋ᠢᠭᠤᠯᠤᠯᠲᠠ᠎ᠳᠤ ᠣᠷᠣᠯᠴᠠᠬᠤ ᠵᠢ ᠵᠣᠷᠢᠭᠵᠢᠭᠤᠯᠬᠤ ᠪᠠ ᠬᠥᠲᠥᠯᠦᠨ ᠵᠢᠯᠣᠭᠣᠳᠬᠤ ᠨᠠᠷᠢᠨ ᠳᠦᠷᠢᠮ》᠎ᠢ ᠰᠠᠶ᠋ᠢᠲᠤᠷ ᠨᠠᠢ᠌ᠳᠠᠪᠤᠷᠢᠵᠢᠭᠤᠯᠵᠤ᠂ ᠨᠡᠶ᠋ᠢᠭᠡᠮ᠎ᠤᠨ ᠬᠦᠴᠦᠨ ᠣᠨᠴᠠᠭ᠋ᠠᠶ᠋ᠢᠯᠠᠨ ᠲᠠᠷᠢᠶᠠᠴᠢᠳ᠎ᠢ ᠢᠳᠡᠪᠬᠢᠲᠡᠢ ᠵᠣᠷᠢᠭᠵᠢᠭᠤᠯᠤᠨ ᠬᠥᠲᠥᠯᠦᠨ ᠵᠢᠯᠣᠭᠣᠳᠴᠤ ᠪᠠᠶ᠋ᠢᠭ᠋ᠠᠳ ᠥᠨᠳᠥᠷ ᠪᠦᠲᠦᠮᠵᠢᠲᠦ ᠤᠰᠤ ᠠᠷᠪᠢᠯᠠᠬᠤ ᠤᠰᠤᠯᠠᠯᠲᠠ ᠵᠢᠨ ᠢᠨᠵᠸᠨ᠋ᠸᠷᠢᠩ᠎ᠤᠨ ᠪᠦᠲᠦᠭᠡᠨ ᠪᠠᠶ᠋ᠢᠭᠤᠯᠤᠯᠲᠠ᠎ᠳᠤ ᠢᠳᠡᠪᠬᠢᠲᠡᠢ ᠣᠷᠣᠯᠴᠠᠭᠤᠯᠤᠨ᠎ᠠ᠃ ᠤᠰᠤᠯᠠᠯᠲᠠ ᠵᠢᠨ ᠲᠠᠯᠠᠪᠠᠢ᠂ ᠤᠰᠤᠯᠠᠯᠲᠠ ᠵᠢ ᠪᠠᠲᠤᠯᠠᠬᠤ ᠨᠣᠷᠮ᠎ᠠ ᠪᠠ ᠲᠠᠷᠢᠶᠠᠴᠢᠳ᠎ᠤᠨ ᠠᠰᠢᠭ ᠲᠤᠰᠠ ᠵᠢ ᠪᠠᠲᠤᠯᠠᠭᠰᠠᠨ ᠤᠷᠢᠳᠠᠯ ᠳᠣᠣᠷ᠎ᠠ᠂ ᠠᠵᠤ ᠦᠢ᠍ᠯᠡᠳᠪᠦᠷᠢ ᠲᠠᠷᠢᠶᠠᠯᠠᠩ᠎ᠳᠤ ᠬᠡᠷᠡᠭᠯᠡᠬᠦ ᠤᠰᠤᠨ᠎ᠤ ᠡᠷᠬᠡ ᠵᠢ ᠬᠤᠪᠢᠷᠠᠭᠤᠯᠬᠤ ᠲᠣᠭᠲᠠᠴᠠ ᠵᠢ ᠪᠠᠶ᠋ᠢᠭᠤᠯᠤᠨ ᠪᠦᠷᠢᠨᠰᠢᠬᠦᠯᠵᠦ᠂ ᠣᠯᠠᠨ ᠠᠷᠭ᠎ᠠ ᠵᠠᠮ ᠵᠶ᠋ᠠᠷ ᠪᠡᠯᠡ ᠮᠥᠩᠭᠥ ᠵᠢᠨ ᠤᠷᠤᠭᠤᠯᠤᠯᠳᠠ ᠵᠢ ᠨᠡᠮᠡᠭᠳᠡᠭᠦᠯᠵᠦ᠂ ᠲᠠᠷᠢᠶᠠᠯᠠᠩ᠎ᠳᠤ ᠬᠡᠷᠡᠭᠯᠡᠬᠦ ᠤᠰᠤᠨ᠎ᠤ ᠡᠷᠬᠡ ᠵᠢ ᠰᠢᠯᠵᠢᠭᠦᠯᠦᠨ ᠥᠭᠬᠦ ᠪᠡᠯᠡ ᠮᠥᠩᠭᠥ ᠵᠢ ᠪᠦᠬᠦ ᠲᠣᠭ᠎ᠠ᠎ᠪᠠᠷ᠎ᠨᠢ ᠤᠰᠤ ᠠᠷᠪᠢᠯᠠᠬᠤ ᠤᠰᠤᠯᠠᠯᠲᠠ ᠵᠢᠨ ᠬᠥᠭᠵᠢᠯᠲᠡ ᠵᠢ ᠳᠡᠮᠵᠢᠬᠦ᠎ᠳᠤ ᠬᠡᠷᠡᠭᠯᠡᠬᠦ ᠬᠡᠷᠡᠭᠲᠡᠢ᠃
ᠭᠤᠷᠪᠠ᠎ᠳᠤ ᠤᠰᠤ ᠠᠷᠪᠢᠯᠠᠬᠤ ᠤᠰᠤᠯᠠᠯᠲᠠ ᠵᠢᠨ ᠢᠨᠵᠸᠨ᠋ᠸᠷᠢᠩ᠎ᠤᠨ ᠪᠦᠲᠦᠭᠡᠨ ᠪᠠᠶ᠋ᠢᠭᠤᠯᠤᠯᠲᠠ ᠵᠢᠨ ᠡᠷᠴᠢᠮ ᠵᠶ᠋ᠡᠨ ᠨᠡᠮᠡᠭᠳᠡᠭᠦᠯᠬᠦ ᠬᠡᠷᠡᠭᠲᠡᠢ᠃ 《2020 ᠣᠨ᠎ᠳᠤ ᠲᠣᠮᠣ ᠬᠡᠯᠪᠡᠷᠢ ᠵᠢᠨ ᠤᠰᠤᠯᠠᠯᠲᠠ ᠵᠢᠨ ᠣᠷᠣᠨ᠂ ᠭᠣᠣᠯᠳᠠᠯᠭ᠎ᠠ᠎ᠲᠠᠢ ᠳᠤᠮᠳᠠ ᠬᠡᠯᠪᠡᠷᠢ ᠵᠢᠨ ᠤᠰᠤᠯᠠᠯᠲᠠ ᠵᠢᠨ ᠣᠷᠣᠨ᠎ᠢ ᠦᠷᠭᠦᠯᠵᠢᠯᠡᠨ ᠪᠠᠶ᠋ᠢᠭᠤᠯᠵᠤ ᠢᠵᠢ ᠪᠦᠷᠢᠳᠦᠭᠦᠯᠬᠦ ᠪᠠ ᠤᠰᠤ ᠠᠷᠪᠢᠯᠠᠬᠤ ᠥᠭᠡᠷᠡᠴᠢᠯᠡᠯᠲᠡ ᠵᠢᠨ ᠡᠭᠦᠷᠭᠡ ᠵᠢ ᠦᠨᠳᠦᠰᠦᠨ᠎ᠳᠡᠭᠡᠨ ᠪᠡᠶᠡᠯᠡᠬᠦᠯᠬᠦ》 ᠱᠠᠭ᠋ᠠᠷᠳᠠᠯᠭ᠎ᠠ ᠶᠣᠰᠣᠭ᠋ᠠᠷ ᠲᠣᠮᠣ ᠳᠤᠮᠳᠠ ᠬᠡᠯᠪᠡᠷᠢ ᠵᠢᠨ ᠤᠰᠤᠯᠠᠯᠲᠠ ᠵᠢᠨ ᠣᠷᠣᠨ᠎ᠢ ᠦᠷᠭᠦᠯᠵᠢᠯᠡᠨ ᠪᠠᠶ᠋ᠢᠭᠤᠯᠵᠤ ᠢᠵᠢ ᠪᠦᠷᠢᠳᠦᠭᠦᠯᠬᠦ ᠪᠠ ᠤᠰᠤ ᠠᠷᠪᠢᠯᠠᠬᠤ ᠥᠭᠡᠷᠡᠴᠢᠯᠡᠯᠲᠡ ᠵᠢᠨ ᠲᠥᠯᠥᠪᠵᠢᠭᠦᠯᠭᠡ ᠵᠢ ᠲᠦᠷᠭᠡᠳᠬᠡᠨ ᠬᠡᠷᠡᠭᠵᠢᠭᠦᠯᠦᠨ᠎ᠡ᠃ 《ᠠᠷᠪᠠᠨ ᠬᠣᠶᠠᠳᠤᠭ᠋ᠠᠷ ᠲᠠᠪᠤᠨ ᠵᠢᠯ》᠎ᠤᠨ ᠬᠤᠭᠤᠴᠠᠭ᠋ᠠᠨ᠎ᠳᠤ ᠪᠦᠬᠦ ᠤᠯᠤᠰ᠎ᠤᠨ 251 ᠰᠠᠭᠤᠷᠢ ᠲᠣᠮᠣ ᠬᠡᠯᠪᠡᠷᠢ ᠵᠢᠨ ᠤᠰᠤᠯᠠᠯᠳᠠ ᠲᠠᠳᠠᠷᠠᠭᠤᠯᠤᠯᠳᠠ ᠵᠢᠨ ᠬᠥᠭᠡᠷᠭᠡ ᠵᠢᠨ ᠥᠷᠲᠡᠭᠡ ᠵᠢ ᠰᠢᠨᠡᠳᠬᠡᠨ ᠥᠭᠡᠷᠡᠴᠢᠯᠡᠬᠦ ᠡᠭᠦᠷᠭᠡ ᠵᠢ ᠦᠨᠳᠦᠰᠦᠨ᠎ᠳᠡᠭᠡᠨ ᠪᠡᠶᠡᠯᠡᠭᠦᠯᠵᠦ᠂ ᠳᠤᠮᠳᠠ ᠬᠡᠯᠪᠡᠷᠢ ᠵᠢᠨ ᠤᠰᠤᠯᠠᠯᠳᠠ ᠲᠠᠳᠠᠷᠠᠭᠤᠯᠤᠯᠳᠠ ᠵᠢᠨ ᠬᠥᠭᠡᠷᠭᠡ ᠵᠢᠨ ᠥᠷᠲᠡᠭᠡ ᠵᠢ ᠰᠢᠨᠡᠳᠬᠡᠨ ᠥᠭᠡᠷᠡᠴᠢᠯᠡᠬᠦ ᠠᠵᠢᠯ᠎ᠢ ᠲᠣᠬᠢᠷᠠᠮᠵᠢᠲᠠᠢ ᠴᠠᠭ᠎ᠲᠤ ᠡᠬᠢᠯᠡᠭᠦᠯᠵᠦ᠂ ᠲᠠᠷᠢᠶᠠᠨ ᠭᠠᠵᠠᠷ᠎ᠤᠨ ᠤᠰᠤᠲᠤᠯ᠎ᠢ ᠵᠠᠯᠠᠬᠤ ᠴᠢᠳᠠᠪᠤᠷᠢ ᠵᠢ ᠳᠡᠭᠡᠭᠰᠢᠯᠡᠭᠦᠯᠬᠦ ᠬᠡᠷᠡᠭᠲᠡᠢ᠃ ᠲᠦᠪ᠎ᠤᠨ ᠡᠳ᠋᠎ᠤᠨ ᠵᠠᠰᠠᠭ᠎ᠤᠨ ᠵᠢᠵᠢᠭ ᠬᠡᠯᠪᠡᠷᠢ ᠵᠢᠨ ᠲᠠᠷᠢᠶᠠᠨ ᠭᠠᠵᠠᠷ᠎ᠤᠨ ᠤᠰᠤᠨ ᠠᠰᠢᠭᠯᠠᠯᠲᠠ ᠵᠢᠨ ᠪᠦᠲᠦᠭᠡᠨ ᠪᠠᠶ᠋ᠢᠭᠤᠯᠤᠯᠲᠠ ᠵᠢᠨ ᠲᠤᠰᠬᠠᠢ ᠲᠥᠷᠥᠯ᠎ᠤᠨ ᠨᠥᠬᠥᠪᠥᠷᠢ᠎ᠪᠠᠷ ᠤᠳᠤᠷᠢᠳᠤᠮᠵᠢ ᠪᠤᠯᠭ᠋ᠠᠵᠤ᠂ ᠰᠢᠶᠠᠨ᠎ᠤ ᠱᠠᠲᠤᠨ᠎ᠤ ᠲᠠᠷᠢᠶᠠᠨ ᠭᠠᠵᠠᠷ᠎ᠤᠨ ᠤᠰᠤᠨ ᠠᠰᠢᠭᠯᠠᠯᠲᠠ ᠵᠢᠨ ᠪᠦᠲᠦᠭᠡᠨ ᠪᠠᠶ᠋ᠢᠭᠤᠯᠤᠯᠲᠠ ᠵᠢᠨ ᠲᠥᠯᠥᠪᠵᠢᠭᠦᠯᠭᠡ᠎ᠪᠠᠷ ᠲᠦᠰᠢᠭ ᠪᠤᠯᠭ᠋ᠠᠵᠤ᠂ ᠵᠢᠵᠢᠭ ᠬᠡᠯᠪᠡᠷᠢ ᠵᠢᠨ ᠲᠠᠷᠢᠶᠠᠨ ᠭᠠᠵᠠᠷ᠎ᠤᠨ ᠤᠰᠤᠨ ᠠᠰᠢᠭᠯᠠᠯᠲᠠ ᠵᠢᠨ ᠭᠣᠣᠯᠳᠠᠯᠭ᠎ᠠ᠎ᠲᠠᠢ ᠰᠢᠶᠠᠨ᠎ᠢ ᠪᠦᠲᠦᠭᠡᠨ ᠪᠠᠢ᠌ᠭᠤᠯᠬᠤ᠎ᠪᠠᠷ ᠭᠣᠣᠯ ᠲᠠᠪᠴᠠᠩ ᠪᠣᠯᠭ᠋ᠠᠵᠤ᠂ ᠬᠥᠳᠡᠭᠡ ᠲᠣᠰᠬᠣᠨ᠎ᠤ ᠭᠠᠵᠠᠷ ᠰᠢᠷᠣᠢ ᠵᠢ ᠴᠡᠭᠴᠡᠯᠡᠨ ᠵᠠᠰᠠᠬᠤ᠂ ᠲᠠᠷᠢᠶᠠᠯᠠᠩ᠎ᠤᠨ ᠶᠡᠷᠦᠩᠬᠡᠶ᠋ᠢᠯᠡᠭᠰᠡᠨ ᠨᠡᠭᠡᠭᠡᠯᠲᠡ᠂ ᠤᠳᠤᠬᠢᠴᠢᠯᠠᠭᠰᠠᠨ ᠲᠠᠷᠢᠶᠠᠯᠠᠩ ᠵᠡᠷᠭᠡ ᠪᠡᠯᠡ ᠮᠥᠩᠭᠥ ᠵᠢᠨ ᠨᠡᠶ᠋ᠢᠯᠡᠮᠡᠯ ᠬᠦᠴᠦᠨ᠎ᠢ ᠪᠠᠳᠠᠷᠠᠭᠤᠯᠵᠤ᠂ ᠤᠰᠤ ᠠᠷᠪᠢᠯᠠᠬᠤ᠎ᠪᠠᠷ ᠭᠣᠣᠯ ᠪᠣᠯᠭ᠋ᠠᠭᠰᠠᠨ ᠵᠢᠵᠢᠭ ᠬᠡᠯᠪᠡᠷᠢ ᠵᠢᠨ ᠲᠠᠷᠢᠶᠠᠨ ᠭᠠᠵᠠᠷ᠎ᠤᠨ ᠤᠰᠤᠨ ᠠᠰᠢᠭᠯᠠᠯᠲᠠ ᠵᠢᠨ ᠪᠦᠲᠦᠭᠡᠨ ᠪᠠᠶ᠋ᠢᠭᠤᠯᠤᠯᠲᠠ ᠵᠢ ᠪᠦᠬᠦ ᠬᠦᠴᠦᠨ ᠵᠶ᠋ᠡᠷ ᠵᠶ᠋ᠡᠨ ᠲᠦᠯᠬᠢᠨ ᠠᠬᠢᠭᠤᠯᠵᠤ᠂ ᠲᠤᠮᠤ ᠳᠤᠮᠳᠠ ᠬᠡᠯᠪᠡᠷᠢ ᠵᠢᠨ ᠤᠰᠤᠯᠠᠯᠳᠠ ᠵᠢᠨ ᠲᠤᠭᠤᠷᠢᠭ᠎ᠤᠨ ᠲᠠᠷᠢᠶᠠᠨ ᠭᠠᠵᠠᠷ᠎ᠤᠨ ᠢᠨᠵᠸᠨ᠋ᠸᠷᠢᠩ᠂ ᠵᠢᠵᠢᠭ ᠬᠡᠯᠪᠡᠷᠢ ᠵᠢᠨ ᠤᠰᠤᠯᠠᠯᠳᠠ ᠵᠢᠨ ᠲᠤᠭᠤᠷᠢᠭ᠎ᠤᠨ ᠤᠰᠤ ᠠᠷᠪᠢᠯᠠᠬᠤ ᠦᠭᠡᠷᠡᠴᠢᠯᠡᠯᠳᠡ ᠪᠠ ᠠᠭᠤᠯᠠᠷᠬᠠᠭ ᠲᠤᠪᠤᠷᠬᠠᠭ ᠤᠷᠤᠨ᠎ᠤ《ᠲᠠᠪᠤᠨ ᠵᠢᠵᠢᠭ ᠤᠰᠤᠨ ᠠᠰᠢᠭᠯᠠᠯᠳᠠ》 ᠵᠢᠨ ᠢᠨᠵᠸᠨ᠋ᠸᠷᠢᠩ᠎ᠤᠨ ᠪᠠᠢ᠌ᠭᠤᠯᠤᠯᠳᠠ ᠵᠢ ᠲᠤᠪᠤᠢ᠌ᠯᠭ᠋ᠠᠨ᠎ᠠ᠃ ᠪᠠᠷᠠᠭᠤᠨ ᠬᠣᠶ᠋ᠢᠲᠤ ᠣᠷᠣᠨ᠂ ᠵᠡᠭᠦᠨ ᠬᠣᠶ᠋ᠢᠲᠤ ᠣᠷᠣᠨ᠂ ᠬᠠᠲᠤᠨ ᠭᠣᠣᠯ ᠬᠤᠸᠠᠢ᠌ᠾᠸ ᠭᠣᠣᠯ ᠬᠠᠢ᠌ᠾᠸ ᠭᠤᠤᠯ ᠵᠡᠷᠭᠡ ᠭᠠᠵᠠᠷ ᠣᠷᠣᠨ ᠵᠶ᠋ᠠᠷ ᠭᠣᠣᠯᠳᠠᠯᠭ᠎ᠠ ᠪᠣᠯᠭ᠋ᠠᠨ ᠤᠰᠤ ᠠᠷᠪᠢᠯᠠᠬᠤ ᠤᠰᠤᠯᠠᠯᠲᠠ ᠵᠢ ᠶᠡᠬᠡᠪᠡᠷ ᠬᠥᠭᠵᠢᠭᠦᠯᠵᠦ᠂ ᠵᠡᠭᠦᠨ ᠬᠣᠶ᠋ᠢᠲᠤ ᠵᠢᠨ ᠳᠥᠷᠪᠡᠨ ᠮᠣᠵᠢ ᠣᠷᠣᠨ᠎ᠤ ᠤᠰᠤ ᠠᠷᠪᠢᠯᠠᠨ ᠠᠮᠤ ᠪᠤᠳᠠᠭ᠎ᠠ ᠵᠢᠨ ᠤᠨᠠᠯᠳᠠ ᠵᠢ ᠨᠡᠮᠡᠭᠳᠡᠭᠦᠯᠬᠦ ᠠᠵᠢᠯᠯᠠᠭ᠎ᠠ ᠵᠢ ᠪᠦᠬᠦ ᠲᠠᠯ᠎ᠠ᠎ᠪᠠᠷ ᠰᠠᠶ᠋ᠢᠲᠤᠷ ᠠᠳᠬᠤᠵᠤ᠂ ᠪᠠᠷᠠᠭᠤᠨ ᠬᠣᠶ᠋ᠢᠲᠤ ᠣᠷᠣᠨ᠂ᠬᠠᠲᠤᠨ ᠭᠣᠣᠯ ᠬᠤᠸᠠᠢ᠌ᠾᠸ ᠭᠣᠣᠯ ᠬᠠᠢ᠌ᠾᠸ ᠭᠤᠤᠯ᠎ᠤᠨ ᠬᠡᠪᠴᠢᠶᠡᠵᠢᠭᠦᠯᠦᠭᠰᠡᠨ ᠥᠨᠳᠥᠷ ᠦᠷ᠎ᠡ ᠠᠰᠢᠭ᠎ᠲᠤ ᠤᠰᠤ ᠠᠷᠪᠢᠯᠠᠬᠤ ᠤᠰᠤᠯᠠᠯᠲᠠ ᠵᠢᠨ ᠵᠢᠱ᠌ᠢᠶ᠎ᠡ ᠦᠵᠡᠭᠦᠯᠬᠦ ᠣᠷᠣᠨ᠎ᠤ ᠪᠦᠲᠦᠭᠡᠨ ᠪᠠᠶ᠋ᠢᠭᠤᠯᠤᠯᠲᠠ ᠵᠢ ᠢᠳᠡᠪᠬᠢᠲᠡᠢ᠎ᠪᠠᠷ ᠲᠦᠯᠬᠢᠨ ᠠᠬᠢᠭᠤᠯᠤᠨ᠎ᠠ᠃ ᠮᠠᠯᠵᠢᠬᠤ ᠣᠷᠣᠨ᠎ᠤ ᠤᠰᠤᠨ ᠠᠰᠢᠭᠯᠠᠯᠲᠠ ᠵᠢᠨ ᠲᠤᠷᠰᠢᠯᠲᠠ ᠵᠢᠨ ᠴᠢᠭ᠎ᠤᠨ ᠲᠥᠷᠥᠯ ᠵᠦᠢ᠍ᠯ᠎ᠤᠨ ᠪᠦᠲᠦᠭᠡᠨ ᠪᠠᠶ᠋ᠢᠭᠤᠯᠤᠯᠲᠠ᠎ᠪᠠᠷ ᠵᠢᠯᠣᠭᠣᠳᠤᠯᠭ᠎ᠠ ᠪᠣᠯᠭ᠋ᠠᠨ᠂ ᠮᠠᠯᠵᠢᠬᠤ ᠵᠢ ᠵᠣᠭᠰᠣᠭ᠋ᠠᠨ ᠡᠪᠡᠰᠦ ᠪᠡᠯᠴᠢᠭᠡᠷ᠎ᠢ ᠰᠡᠷᠭᠦᠭᠡᠬᠦ᠂ ᠬᠠᠳᠤᠯᠠᠩ ᠪᠡᠯᠴᠢᠭᠡᠷ᠎ᠢ ᠬᠦᠷᠢᠶᠡᠯᠡᠨ ᠬᠠᠰᠢᠬᠤ᠂ ᠪᠡᠭᠡᠵᠢᠩ ᠲᠢᠶᠠᠨᠵᠢᠨ᠎ᠤ ᠰᠠᠯᠬᠢ ᠡᠯᠡᠰᠦᠨ᠎ᠤ ᠡᠬᠢ ᠵᠢ ᠵᠠᠰᠠᠬᠤ᠂ ᠮᠠᠯᠴᠢᠳ᠎ᠢ ᠰᠠᠭᠤᠷᠢᠰᠢᠭᠤᠯᠬᠤ ᠵᠡᠷᠭᠡ ᠲᠥᠷᠥᠯ ᠵᠦᠢ᠍ᠯ᠎ᠤᠨ ᠪᠦᠲᠦᠭᠡᠨ ᠪᠠᠶ᠋ᠢᠭᠤᠯᠤᠯᠲᠠ᠎ᠲᠠᠢ ᠤᠶᠠᠯᠳᠤᠭᠤᠯᠵᠤ ᠪᠠᠶ᠋ᠢᠭ᠋ᠠᠳ ᠮᠠᠯᠵᠢᠬᠤ ᠣᠷᠣᠨ᠎ᠤ ᠤᠰᠤᠨ᠎ᠤ ᠡᠬᠢ ᠪᠠᠶᠠᠯᠢᠭ᠎ᠤᠨ ᠳᠠᠭ᠋ᠠᠭ᠋ᠠᠴᠠ ᠵᠢᠨ ᠴᠢᠳᠠᠪᠤᠷᠢ ᠵᠢ ᠦᠨᠳᠦᠰᠦᠯᠡᠨ ᠥᠪᠥᠷ ᠮᠣᠩᠭᠣᠯ᠂ ᠰᠢᠨᠵᠢᠶᠠᠩ᠂ ᠲᠥᠪᠡᠳ᠂ ᠬᠥᠬᠡᠨᠠᠭᠤᠷ᠂ ᠰᠧᠴᠤᠸᠠᠨ᠂ ᠭᠠᠨᠰᠦ ᠵᠡᠷᠭᠡ ᠭᠣᠣᠯ ᠪᠣᠯᠬᠤ ᠮᠠᠯᠵᠢᠬᠤ ᠣᠷᠣᠨ᠎ᠳᠤ ᠲᠤᠬᠠᠢ ᠵᠢᠨ ᠭᠠᠵᠠᠷ ᠣᠷᠣᠨ᠎ᠤ ᠪᠠᠶ᠋ᠢᠳᠠᠯ᠎ᠳᠠᠭᠠᠨ ᠲᠣᠬᠢᠷᠠᠭᠤᠯᠤᠨ ᠤᠰᠤ ᠠᠷᠪᠢᠯᠠᠬᠤ ᠤᠰᠤᠯᠠᠯᠲᠠ ᠵᠢᠨ ᠲᠡᠵᠢᠭᠡᠯ ᠪᠣᠷᠳᠣᠭ᠋ᠠᠨ᠎ᠤ ᠭᠠᠵᠠᠷ᠎ᠢ ᠬᠦᠭᠵᠢᠬᠦᠯᠵᠦ᠂ 2020 ᠤᠨ ᠪᠤᠯᠬᠤ᠎ᠳᠤ ᠤᠰᠤ ᠠᠷᠪᠢᠯᠠᠨ ᠤᠰᠤᠯᠠᠬᠤ ᠲᠡᠵᠢᠭᠡᠯ ᠪᠤᠷᠳᠤᠭ᠋ᠠᠨ᠎ᠤ ᠭᠠᠵᠠᠷ᠎ᠢ 2000 ᠲᠦᠮᠡᠨ ᠮᠤ᠌ ᠰᠢᠨ᠎ᠡ᠎ᠪᠠᠷ ᠨᠡᠮᠡᠭᠳᠡᠬᠦᠯᠦᠨ᠎ᠡ᠃ ᠡᠭᠦᠨ᠎ᠤ ᠬᠠᠮᠲᠤ᠂ ᠤᠰᠤᠨ ᠲᠤᠲᠤᠷᠭ᠎ᠠ ᠵᠢᠨ ᠤᠰᠤᠯᠠᠯᠳᠠ ᠵᠢ ᠬᠢᠵᠠᠭ᠋ᠠᠷᠯᠠᠬᠤ᠂ ᠤᠰᠤᠯᠠᠨ ᠲᠠᠷᠢᠬᠤ᠂ ᠡᠰᠢ ᠰᠦᠷᠡᠯ ᠵᠶ᠋ᠡᠷ ᠪᠦᠷᠬᠦᠬᠦ᠂ ᠬᠠᠮᠠᠭ᠋ᠠᠯᠠᠯᠲᠠ ᠵᠢᠨ ᠴᠢᠨᠠᠷᠲᠠᠢ ᠲᠠᠷᠢᠶᠠᠯᠠᠬᠤ ᠵᠡᠷᠭᠡ ᠤᠰᠤ ᠠᠷᠪᠢᠯᠠᠬᠤ ᠠᠷᠭ᠎ᠠ ᠬᠡᠮᠵᠢᠶ᠎ᠡ ᠵᠢ ᠢᠳᠡᠪᠬᠢᠲᠡᠢ ᠳᠡᠯᠭᠡᠷᠡᠭᠦᠯᠵᠦ᠂ ᠵᠢᠯ ᠪᠦᠷᠢ ᠤᠰᠤ ᠠᠷᠪᠢᠯᠠᠬᠤ ᠤᠰᠤᠯᠠᠯᠲᠠ ᠵᠢᠨ ᠠᠷᠭ᠎ᠠ ᠬᠡᠮᠵᠢᠶᠡᠨ᠎ᠤ ᠲᠠᠯᠠᠪᠠᠢ ᠵᠢ 2 ᠳ᠋ᠦᠩᠰᠢᠭᠤᠷ ᠮᠦ᠍ ᠨᠠᠶ᠋ᠢᠳᠠᠪᠤᠷᠢᠵᠢᠭᠤᠯᠬᠤ᠎ᠪᠠᠷ ᠴᠢᠷᠮᠠᠶ᠋ᠢᠨ᠎ᠠ᠃
ᠳᠥᠷᠪᠡ᠎ᠳᠤ ᠢᠨᠵᠸᠨ᠋ᠸᠷᠢᠩ᠎ᠤᠨ ᠪᠦᠲᠦᠭᠡᠨ ᠪᠠᠶ᠋ᠢᠭᠤᠯᠤᠯᠲᠠ ᠵᠢᠨ ᠬᠠᠮᠢᠶᠠᠷᠤᠯᠲᠠ ᠪᠣᠯᠤᠨ ᠠᠵᠢᠯᠯᠠᠭ᠋ᠠᠨ᠎ᠤ ᠬᠠᠮᠢᠶᠠᠷᠤᠯᠲᠠ ᠬᠠᠮᠠᠭ᠋ᠠᠯᠠᠯᠲᠠ ᠵᠢ ᠴᠢᠩᠭ᠋ᠠᠷᠠᠭᠤᠯᠬᠤ ᠬᠡᠷᠡᠭᠲᠡᠢ᠃ ᠥᠨᠳᠥᠷ ᠦᠷ᠎ᠡ ᠠᠰᠢᠭ᠎ᠲᠤ ᠤᠰᠤ ᠠᠷᠪᠢᠯᠠᠬᠤ ᠤᠰᠤᠯᠠᠯᠲᠠ ᠪᠣᠯᠤᠨ ᠲᠠᠷᠢᠶᠠᠯᠠᠩ᠎ᠤᠨ ᠤᠰᠤ ᠠᠷᠪᠢᠯᠠᠬᠤ ᠲᠥᠷᠥᠯ ᠵᠦᠢ᠍ᠯ᠎ᠤᠨ ᠬᠠᠮᠢᠶᠠᠷᠤᠯᠲᠠ ᠵᠢᠨ ᠠᠷᠭ᠎ᠠ ᠵᠢᠨ ᠬᠡᠪᠴᠢᠶ᠎ᠡ᠎ᠠᠴᠠ ᠳᠡᠭᠡᠭᠰᠢᠬᠢ ᠲᠥᠷᠥᠯ ᠵᠦᠢ᠍ᠯ᠎ᠢ ᠲᠣᠭᠲᠠᠭ᠋ᠠᠯ ᠶᠣᠰᠣᠭ᠋ᠠᠷ ᠲᠥᠷᠥᠯ ᠵᠦᠢ᠍ᠯ᠎ᠤᠨ ᠬᠠᠤᠯᠢ ᠵᠢᠨ ᠡᠷᠬᠡᠲᠡᠨ᠎ᠤ ᠬᠠᠷᠢᠭᠤᠴᠠᠯᠭ᠎ᠠ ᠵᠢᠨ ᠳᠦᠷᠢᠮ᠂ ᠳᠠᠭ᠋ᠠᠭ᠋ᠠᠴᠢᠯᠠᠯᠲᠠ ᠵᠠᠷᠯᠠᠵᠤ ᠳᠠᠭ᠋ᠠᠭ᠋ᠠᠴᠢᠯᠠᠬᠤ ᠳᠦᠷᠢᠮ᠂ ᠪᠦᠲᠦᠭᠡᠨ ᠪᠠᠶ᠋ᠢᠭᠤᠯᠤᠯᠲᠠ ᠵᠢ ᠬᠢᠨᠠᠨ ᠬᠠᠮᠢᠶᠠᠷᠬᠤ ᠳᠦᠷᠢᠮ᠂ ᠭᠡᠷ᠎ᠡ ᠵᠢᠨ ᠬᠠᠮᠢᠶᠠᠷᠤᠯᠲᠠ ᠵᠢᠨ ᠳᠦᠷᠢᠮ ᠪᠣᠯᠤᠨ ᠢᠨᠵᠸᠨ᠋ᠸᠷᠢᠩ ᠳᠠᠭᠤᠰᠤᠭᠰᠠᠨ᠎ᠢ ᠰᠢᠯᠭ᠋ᠠᠨ ᠠᠪᠬᠤ ᠳᠦᠷᠢᠮ ᠪᠣᠯᠤᠨ ᠢᠨᠵᠸᠨ᠋ᠸᠷᠢᠩ᠎ᠤᠨ ᠶᠠᠰᠤ ᠴᠢᠨᠠᠷ ᠪᠣᠯᠤᠨ ᠪᠡᠯᠡ ᠮᠥᠩᠭᠥ ᠵᠢᠨ ᠬᠡᠷᠡᠭᠯᠡᠯᠲᠡ ᠵᠢᠨ ᠬᠢᠨᠠᠯᠲᠠ ᠬᠠᠮᠢᠶᠠᠷᠤᠯᠲᠠ ᠵᠢ ᠴᠢᠩᠭ᠋ᠠᠷᠠᠭᠤᠯᠬᠤ ᠬᠡᠷᠡᠭᠲᠡᠢ᠃ ᠠᠰᠢᠭ ᠬᠦᠷᠲᠡᠬᠦ ᠲᠠᠷᠢᠶᠠᠴᠢᠨ ᠡᠷᠦᠬᠡ ᠵᠢ ᠵᠣᠷᠢᠭᠵᠢᠭᠤᠯᠤᠨ ᠵᠢᠯᠣᠭᠣᠳᠴᠤ ᠪᠠᠶ᠋ᠢᠭ᠋ᠠᠳ ᠵᠢᠵᠢᠭ ᠬᠡᠯᠪᠡᠷᠢ ᠵᠢᠨ ᠪᠠᠷᠢᠯᠭ᠎ᠠ ᠵᠢᠨ ᠪᠦᠲᠦᠭᠡᠨ ᠪᠠᠶ᠋ᠢᠭᠤᠯᠤᠯᠲᠠ ᠵᠢᠨ ᠬᠠᠮᠢᠶᠠᠷᠤᠯᠲᠠ᠎ᠳᠤ ᠰᠢᠭᠤᠳ ᠣᠷᠣᠯᠴᠠᠭᠤᠯᠵᠤ ᠬᠢᠨᠠᠯᠲᠠ ᠲᠠᠯᠪᠢᠬᠤ ᠦᠢ᠍ᠯᠡᠳᠦᠯ᠎ᠢ᠎ᠨᠢ ᠪᠠᠳᠠᠷᠠᠭᠤᠯᠬᠤ ᠬᠡᠷᠡᠭᠲᠡᠢ᠃ ᠲᠣᠮᠣ ᠳᠤᠮᠳᠠ ᠬᠡᠯᠪᠡᠷᠢ ᠵᠢᠨ ᠤᠰᠤᠯᠠᠯᠲᠠ ᠵᠢᠨ ᠣᠷᠣᠨ᠂ ᠬᠥᠭᠡᠷᠭᠡ ᠵᠢᠨ ᠥᠷᠲᠡᠭᠡ ᠵᠢᠨ ᠭᠣᠣᠯᠯᠠᠬᠤ ᠢᠨᠵᠸᠨ᠋ᠸᠷᠢᠩ᠎ᠤᠨ ᠬᠠᠮᠢᠶᠠᠷᠤᠯᠲᠠ ᠵᠢᠨ ᠪᠠᠶ᠋ᠢᠭᠤᠯᠤᠯ᠎ᠤᠨ ᠥᠭᠡᠷᠡᠴᠢᠯᠡᠯᠲᠡ ᠵᠢ ᠦᠷᠭᠦᠯᠵᠢᠯᠡᠨ ᠭᠦᠨᠵᠡᠭᠡᠶ᠋ᠢᠷᠡᠭᠦᠯᠵᠦ᠂ ᠨᠡᠶ᠋ᠢᠲᠡ ᠵᠢᠨ ᠠᠰᠠᠷᠠᠮᠵᠢ ᠵᠢᠨ ᠴᠢᠨᠠᠷᠲᠠᠢ ᠢᠨᠵᠸᠨ᠋ᠸᠷᠢᠩ᠎ᠤᠨ ᠬᠠᠮᠢᠶᠠᠷᠤᠯᠲᠠ ᠵᠢᠨ ᠠᠵᠢᠯᠲᠠᠨ᠎ᠤ ᠵᠠᠷᠤᠳᠠᠯ ᠪᠣᠯᠤᠨ ᠢᠨᠵᠸᠨ᠋ᠸᠷᠢᠩ᠎ᠤᠨ ᠰᠡᠯᠪᠢᠨ ᠵᠠᠰᠠᠵᠤ ᠬᠠᠮᠠᠭ᠋ᠠᠯᠠᠬᠤ ᠵᠠᠷᠤᠳᠠᠯ᠎ᠢ ᠭᠦᠢ᠍ᠴᠡᠳ ᠲᠣᠭ᠎ᠠ᠎ᠪᠠᠷ ᠨᠠᠶ᠋ᠢᠳᠠᠪᠤᠷᠢᠵᠢᠭᠤᠯᠬᠤ ᠬᠡᠷᠡᠭᠲᠡᠢ᠃ ᠬᠠᠮᠢᠶᠠᠷᠤᠯᠲᠠ ᠵᠢᠨ ᠬᠠᠷᠢᠭᠤᠴᠠᠯᠭ᠎ᠠ ᠵᠢᠨ ᠭᠣᠣᠯ ᠴᠣᠭᠴᠠ᠂ ᠬᠠᠮᠢᠶᠠᠷᠴᠤ ᠬᠠᠮᠠᠭ᠋ᠠᠯᠠᠬᠤ ᠠᠷᠭ᠎ᠠ ᠬᠡᠮᠵᠢᠶ᠎ᠡ ᠪᠠ ᠬᠠᠮᠢᠶᠠᠷᠴᠤ ᠬᠠᠮᠠᠭ᠋ᠠᠯᠠᠬᠤ ᠵᠠᠷᠤᠳᠠᠯ᠎ᠢ ᠨᠠᠶ᠋ᠢᠳᠠᠪᠤᠷᠢᠵᠢᠭᠤᠯᠬᠤ᠎ᠪᠠᠷ ᠭᠣᠣᠯ ᠪᠣᠯᠭ᠋ᠠᠨ᠂ ᠵᠢᠵᠢᠭ ᠬᠡᠯᠪᠡᠷᠢ ᠵᠢᠨ ᠲᠠᠷᠢᠶᠠᠯᠠᠩ᠎ᠤᠨ ᠤᠰᠤ ᠠᠷᠪᠢᠯᠠᠬᠤ ᠤᠰᠤᠯᠠᠯᠲᠠ ᠵᠢᠨ ᠢᠨᠵᠸᠨ᠋ᠸᠷᠢᠩ᠎ᠤᠨ ᠥᠮᠴᠢᠯᠡᠬᠦ ᠡᠷᠬᠡ ᠵᠢᠨ ᠳᠦᠷᠢᠮ᠎ᠤᠨ ᠥᠭᠡᠷᠡᠴᠢᠯᠡᠯᠲᠡ ᠵᠢ ᠲᠦᠷᠭᠡᠳᠭᠡᠵᠦ᠂ ᠲᠠᠷᠢᠶᠠᠨ ᠭᠠᠵᠠᠷ᠎ᠤᠨ ᠤᠰᠤᠯᠠᠯᠳᠠ ᠲᠠᠳᠠᠷᠠᠭᠤᠯᠤᠯᠳᠠ ᠵᠢᠨ ᠢᠨᠵᠧᠨᠧᠷᠢᠩ᠎ᠤᠨ ᠠᠵᠢᠯᠯᠠᠭ᠋ᠠᠨ᠎ᠤ ᠬᠠᠮᠢᠶᠠᠷᠤᠯᠲᠠ ᠵᠢᠨ ᠵᠠᠷᠤᠳᠠᠯ᠎ᠳᠤ ᠡᠳ᠋᠎ᠤᠨ ᠵᠠᠰᠠᠭ᠎ᠠᠴᠠ ᠵᠣᠬᠢᠰᠲᠠᠢ᠎ᠪᠠᠷ ᠲᠤᠰᠠᠯᠠᠬᠤ ᠲᠥᠷᠥ ᠵᠢᠨ ᠪᠣᠳᠣᠯᠭ᠎ᠠ ᠵᠢ ᠦᠨᠡᠨ ᠬᠦ᠌ ᠨᠠᠶ᠋ᠢᠳᠠᠪᠤᠷᠢᠵᠢᠭᠤᠯᠬᠤ ᠬᠡᠷᠡᠭᠲᠡᠢ᠃ ᠤᠰᠤ ᠠᠷᠪᠢᠯᠠᠨ ᠬᠡᠷᠡᠭᠯᠡᠬᠦ᠂ ᠤᠰᠤᠨ᠎ᠤ ᠰᠦᠢ᠍ᠳᠬᠡᠯ᠎ᠤᠨ ᠵᠠᠷᠤᠯᠭ᠎ᠠ ᠵᠢ ᠪᠠᠭᠤᠷᠠᠭᠤᠯᠬᠤ᠂ ᠤᠰᠤᠯᠠᠯᠳᠠ ᠲᠠᠳᠠᠷᠠᠭᠤᠯᠤᠯᠳᠠ ᠵᠢᠨ ᠢᠨᠵᠸᠨ᠋ᠸᠷᠢᠩ᠎ᠤᠨ ᠰᠠᠶ᠋ᠢᠨ ᠰᠠᠶ᠋ᠢᠬᠠᠨ ᠠᠵᠢᠯᠯᠠᠭ᠋ᠠᠨ᠎ᠢ ᠪᠠᠲᠤᠯᠠᠬᠤ ᠵᠠᠷᠴᠢᠮ ᠶᠣᠰᠣᠭ᠋ᠠᠷ ᠲᠠᠷᠢᠶᠠᠯᠠᠩ᠎ᠳᠤ ᠬᠡᠷᠡᠭᠯᠡᠬᠦ ᠤᠰᠤᠨ᠎ᠤ ᠦᠨ᠎ᠡ ᠬᠠᠩᠰᠢ ᠵᠢᠨ ᠶᠡᠷᠦᠩᠬᠡᠶ᠋ᠢᠯᠡᠭᠰᠡᠨ ᠥᠭᠡᠷᠡᠴᠢᠯᠡᠯᠲᠡ ᠵᠢ ᠲᠦᠯᠬᠢᠨ ᠠᠬᠢᠭᠤᠯᠵᠤ᠂ ᠤᠰᠤ ᠬᠡᠷᠡᠭᠯᠡᠬᠦ ᠬᠡᠮᠵᠢᠶ᠎ᠡ᠎ᠪᠠᠷ ᠪᠣᠳᠣᠵᠤ ᠰᠦᠢ᠍ᠳᠭᠡᠯ ᠬᠤᠷᠢᠶᠠᠬᠤ ᠬᠢᠭᠡᠳ ᠬᠡᠷᠡᠭᠯᠡᠬᠦ ᠬᠠᠮᠢᠶᠠᠷᠤᠯᠲᠠ ᠵᠢ ᠲᠡᠭᠦᠯᠳᠡᠷᠵᠢᠭᠦᠯᠦᠨ᠎ᠡ᠃ 《ᠠᠷᠪᠠᠨ ᠬᠣᠶᠠᠳᠤᠭ᠋ᠠᠷ ᠲᠠᠪᠤᠨ ᠵᠢᠯ》᠎ᠤᠨ ᠰᠡᠭᠦᠯᠴᠢ ᠪᠣᠯᠬᠤ᠎ᠳᠤ ᠭᠠᠵᠠᠷ᠎ᠤᠨ ᠭᠠᠳᠠᠷᠭᠤ ᠵᠢᠨ ᠤᠰᠤᠨ᠎ᠤ ᠤᠰᠤᠯᠠᠯᠲᠠ ᠵᠢᠨ ᠣᠷᠣᠨ᠎ᠨᠢ ᠡᠷᠬᠢᠬᠦᠯᠭᠡ ᠰᠤᠪᠠᠭ ᠬᠦᠷᠲᠡᠯ᠎ᠡ ᠬᠡᠮᠵᠢᠬᠦ ᠵᠢ ᠠᠭ᠋ᠠᠵᠢᠮ ᠵᠶ᠋ᠡᠷ ᠪᠡᠶᠡᠯᠡᠬᠦᠯᠵᠦ᠂ ᠨᠥᠬᠥᠴᠡᠯ᠎ᠲᠠᠢ ᠭᠠᠵᠠᠷ ᠣᠷᠣᠨ᠎ᠨᠢ ᠲᠠᠷᠢᠶᠠᠨ ᠵᠠᠬ᠎ᠠ ᠬᠦᠷᠲᠡᠯ᠎ᠡ ᠬᠡᠮᠵᠢᠬᠦ ᠵᠢ ᠪᠡᠶᠡᠯᠡᠬᠦᠯᠦᠨ᠎ᠡ; ᠬᠤᠳᠳᠤᠭ ᠵᠶ᠋ᠠᠷ ᠤᠰᠤᠯᠠᠬᠤ ᠣᠷᠣᠨ᠎ᠳᠤ ᠭᠠᠵᠠᠷ ᠳᠣᠣᠷᠠᠬᠢ ᠤᠰᠤ ᠲᠠᠲᠠᠬᠤ ᠬᠡᠮᠵᠢᠯᠲᠡ ᠪᠠ ᠣᠶᠤᠨᠴᠢ ᠬᠢᠨᠠᠨ ᠡᠵᠡᠮᠳᠡᠬᠦ ᠰᠢᠰᠲ᠋ᠧᠮ᠎ᠢ ᠪᠦᠬᠦ ᠲᠠᠯ᠎ᠠ᠎ᠪᠠᠷ ᠳᠡᠯᠭᠡᠷᠡᠭᠦᠯᠬᠦ ᠬᠡᠷᠡᠭᠲᠡᠢ᠃ ᠤᠰᠤ ᠠᠷᠪᠢᠯᠠᠬᠤ ᠤᠰᠤᠯᠠᠯᠲᠠ ᠵᠢᠨ ᠢᠨᠵᠸᠨ᠋ᠸᠷᠢᠩ᠎ᠤᠨ ᠮᠡᠳᠡᠭᠡ ᠵᠠᠩᠭᠢᠴᠢᠯᠠᠭᠰᠠᠨ ᠬᠠᠮᠢᠶᠠᠷᠤᠯᠲᠠ ᠵᠢᠨ ᠬᠢᠷᠢ ᠬᠡᠮᠵᠢᠶ᠎ᠡ ᠵᠢ ᠳᠡᠭᠡᠭᠰᠢᠯᠡᠭᠦᠯᠬᠦ ᠬᠡᠷᠡᠭᠲᠡᠢ᠃ ᠲᠣᠭᠲᠠᠭᠰᠠᠨ ᠨᠣᠷᠮ᠎ᠠ ᠵᠢᠨ ᠳᠣᠲᠣᠷ᠎ᠠ ᠤᠰᠤ ᠬᠡᠷᠡᠭᠯᠡᠬᠦ᠎ᠳᠤ ᠬᠠᠷᠠᠭ᠋ᠠᠯᠵᠠᠯ᠎ᠲᠠᠢ ᠤᠰᠤᠨ᠎ᠤ ᠦᠨ᠎ᠡ ᠬᠠᠩᠰᠢ ᠪᠠ ᠬᠡᠮᠵᠢᠶ᠎ᠡ᠎ᠠᠴᠠ ᠬᠡᠲᠦᠷᠡᠭᠦᠯᠦᠨ ᠤᠰᠤ ᠬᠡᠷᠡᠭᠯᠡᠬᠦ᠎ᠳᠤ ᠠᠬᠢᠭᠤᠯᠤᠨ ᠪᠣᠳᠣᠵᠤ ᠦᠨ᠎ᠡ ᠨᠡᠮᠡᠬᠦ ᠠᠷᠭ᠎ᠠ ᠵᠢ ᠬᠡᠷᠡᠭᠵᠢᠭᠦᠯᠵᠦ᠂ ᠠᠵᠤ ᠠᠬᠤᠢ ᠵᠢᠨ ᠬᠥᠰᠢᠭᠦᠷᠭᠡ᠎ᠪᠠᠷ ᠤᠰᠤ ᠠᠷᠪᠢᠯᠠᠬᠤ ᠵᠢ ᠠᠬᠢᠭᠤᠯᠬᠤ ᠬᠡᠷᠡᠭᠲᠡᠢ᠃ ᠤᠰᠤᠨ ᠠᠰᠢᠭᠯᠠᠯᠲᠠ ᠵᠢᠨ ᠦᠨᠳᠦᠰᠦᠨ ᠱᠠᠲᠤᠨ᠎ᠤ ᠦᠢ᠍ᠯᠡᠴᠢᠯᠡᠭᠡᠨ᠎ᠤ ᠰᠢᠰᠲ᠋ᠧᠮᠵᠢ ᠵᠢᠨ ᠪᠠᠶ᠋ᠢᠭᠤᠯᠤᠯᠲᠠ ᠵᠢ ᠴᠢᠩᠭ᠋ᠠᠳᠬᠠᠵᠤ᠂ 2013 ᠣᠨ᠎ᠤ ᠵᠢᠯ᠎ᠤᠨ ᠡᠴᠦᠰ᠎ᠠᠴᠠ ᠡᠮᠦᠨ᠎ᠡ ᠦᠨᠳᠦᠰᠦᠨ ᠱᠠᠲᠤᠨ᠎ᠤ ᠤᠰᠤᠨ ᠠᠰᠢᠭᠯᠠᠯᠲᠠ ᠵᠢᠨ ᠦᠢ᠍ᠯᠡᠴᠢᠯᠡᠭᠡᠨ᠎ᠤ ᠪᠠᠶ᠋ᠢᠭᠤᠯᠤᠮᠵᠢ ᠵᠢᠨ ᠪᠠᠶ᠋ᠢᠭᠤᠯᠤᠯᠲᠠ ᠵᠢᠨ ᠡᠭᠦᠷᠭᠡ ᠵᠢ ᠪᠡᠶᠡᠯᠡᠭᠦᠯᠬᠦ ᠬᠡᠷᠡᠭᠲᠡᠢ; ᠲᠥᠷᠥ ᠵᠢᠨ ᠪᠣᠳᠣᠯᠭ᠎ᠠ ᠵᠢ ᠢᠳᠡᠪᠬᠢᠲᠡᠢ ᠰᠤᠳᠤᠯᠵᠤ᠂ ᠲᠠᠷᠢᠶᠠᠴᠢᠳ᠎ᠤᠨ ᠤᠰᠤ ᠬᠡᠷᠡᠭᠯᠡᠬᠦ ᠬᠣᠷᠰᠢᠭᠰᠠᠨ ᠵᠣᠬᠢᠶᠠᠨ ᠪᠠᠶ᠋ᠢᠭᠤᠯᠤᠯᠲᠠ ᠪᠣᠯᠤᠨ ᠲᠤᠰᠬᠠᠶ᠋ᠢᠵᠢᠭᠰᠠᠨ ᠦᠢ᠍ᠯᠡᠴᠢᠯᠡᠭᠡᠨ᠎ᠤ ᠡᠩᠨᠡᠭᠡᠨ᠎ᠤ ᠪᠠᠶ᠋ᠢᠭᠤᠯᠤᠯᠲᠠ ᠵᠢ ᠳᠡᠮᠵᠢᠬᠦ ᠬᠦᠴᠦᠯᠡᠴᠡ᠎ᠪᠠᠨ ᠨᠡᠮᠡᠭᠳᠡᠬᠦᠯᠵᠦ᠂ ᠲᠠᠷᠢᠶᠠᠴᠢᠳ᠎ᠤᠨ ᠤᠰᠤ ᠠᠷᠪᠢᠯᠠᠬᠤ ᠤᠰᠤᠯᠠᠯᠳᠠ ᠵᠢ ᠬᠦᠭᠵᠢᠬᠦᠯᠬᠦ ᠵᠢᠯᠤᠭᠤᠳᠤᠯᠭ᠎ᠠ ᠪᠠ ᠦᠢ᠍ᠯᠡᠴᠢᠯᠡᠭᠡᠨ᠎ᠤ ᠬᠢᠷᠢ ᠲᠦᠪᠰᠢᠨ ᠵᠶ᠋ᠡᠨ ᠲᠡᠭᠡᠭᠰᠢᠯᠡᠬᠦᠯᠦᠨ᠎ᠡ᠃
ᠲᠠᠪᠤ᠎ᠳᠤ ᠮᠡᠷᠭᠡᠵᠢᠯ᠎ᠤᠨ ᠲᠤᠯᠭ᠋ᠠᠭᠤᠷᠢᠯᠠᠯ᠎ᠢ ᠴᠢᠩᠭ᠋ᠠᠷᠠᠭᠤᠯᠬᠤ ᠬᠡᠷᠡᠭᠲᠡᠢ᠃ ᠦᠢ᠍ᠯᠡᠳᠪᠦᠷᠢᠯᠡᠯ ᠰᠤᠷᠭ᠋ᠠᠯᠲᠠ ᠡᠷᠳᠡᠮ ᠰᠢᠨᠵᠢᠯᠡᠭᠡ ᠵᠢ ᠤᠶᠠᠯᠳᠤᠭᠤᠯᠵᠤ᠂ ᠵᠠᠩᠭᠢᠯᠠᠭ᠎ᠠ ᠵᠢᠨ ᠮᠡᠷᠭᠡᠵᠢᠯ᠂ ᠵᠠᠩᠭᠢᠯᠠᠭ᠎ᠠ ᠵᠢᠨ ᠲᠣᠨᠣᠭ ᠲᠥᠬᠥᠭᠡᠷᠦᠮᠵᠢ ᠪᠣᠯᠤᠨ ᠮᠡᠷᠭᠡᠵᠢᠯ᠎ᠤᠨ ᠬᠤᠷᠠᠮᠳᠤᠯ᠎ᠤᠨ ᠬᠣᠯᠪᠣᠭ᠋ᠠᠯᠠᠨ ᠰᠢᠪᠳᠤᠯᠤᠯᠳᠠ ᠬᠢᠬᠦ ᠵᠢ ᠴᠢᠩᠭ᠋ᠠᠳᠬᠠᠵᠤ᠂ ᠦᠷ᠎ᠡ ᠪᠦᠳᠦᠮᠵᠢ ᠪᠤᠯᠭ᠋ᠠᠨ ᠬᠤᠪᠢᠷᠠᠭᠤᠯᠬᠤ ᠵᠢ ᠲᠦᠷᠭᠡᠳᠭᠡᠨ᠎ᠡ᠃ ᠤᠰᠤᠯᠠᠯᠲᠠ ᠵᠢᠨ ᠲᠤᠷᠰᠢᠯᠲᠠ ᠵᠢᠨ ᠰᠦᠯᠵᠢᠶᠡᠨ᠎ᠤ ᠪᠦᠲᠦᠭᠡᠨ ᠪᠠᠶ᠋ᠢᠭᠤᠯᠤᠯᠲᠠ ᠪᠣᠯᠤᠨ ᠤᠰᠤ ᠠᠷᠪᠢᠯᠠᠬᠤ ᠤᠰᠤᠵᠢᠭᠤᠯᠤᠯᠲᠠ ᠵᠢᠨ ᠳᠦᠷᠢᠮ᠎ᠤᠨ ᠲᠤᠷᠰᠢᠯᠲᠠ ᠵᠢ ᠡᠷᠴᠢᠮᠵᠢᠭᠦᠯᠵᠦ᠂ ᠥᠨᠳᠥᠷ ᠦᠷ᠎ᠡ ᠠᠰᠢᠭᠲᠠᠢ ᠤᠰᠤ ᠠᠷᠪᠢᠯᠠᠬᠤ ᠤᠰᠤᠵᠢᠭᠤᠯᠤᠯᠲᠠ ᠵᠢᠨ ᠮᠡᠷᠭᠡᠵᠢᠯ᠎ᠤᠨ ᠪᠠᠷᠢᠮᠵᠢᠶᠠᠨ᠎ᠤ ᠰᠢᠰᠲ᠋ᠧᠮ᠎ᠢ ᠪᠣᠯᠪᠠᠰᠤᠷᠠᠩᠭᠤᠢ ᠪᠤᠯᠭ᠋ᠠᠵᠤ᠂ ᠬᠢᠨᠡᠨ ᠬᠡᠮᠵᠢᠵᠦ ᠦᠨᠡᠯᠡᠬᠦ ᠵᠢ ᠴᠢᠩᠭ᠋ᠠᠳᠬᠠᠨ᠎ᠠ᠃ ᠲᠥᠷᠥᠯ ᠵᠦᠢ᠍ᠯ᠎ᠤᠨ ᠬᠡᠷᠡᠭᠵᠢᠭᠦᠯᠦᠯᠲᠡ ᠵᠢᠨ ᠲᠤᠰᠬᠠᠢ ᠮᠡᠷᠭᠡᠵᠢᠯᠲᠡᠨ᠎ᠤ ᠠᠵᠢᠯ ᠲᠥᠷᠥᠯ ᠵᠶ᠋ᠡᠷ ᠵᠶ᠋ᠡᠨ ᠲᠤᠰᠠᠯᠠᠬᠤ ᠲᠣᠭᠲᠠᠴᠠ ᠵᠢ ᠪᠠᠶ᠋ᠢᠭᠤᠯᠬᠤ᠎ᠳᠤ ᠰᠢᠨᠵᠢᠯᠡᠬᠦ ᠤᠬᠠᠭ᠋ᠠᠨᠴᠢ ᠵᠢᠯᠣᠭᠣᠳᠤᠯᠭ᠎ᠠ ᠪᠠ ᠮᠡᠷᠭᠡᠵᠢᠯ᠎ᠤᠨ ᠳᠡᠮᠵᠢᠯᠭᠡ ᠦᠵᠡᠭᠦᠯᠬᠦ ᠬᠡᠷᠡᠭᠲᠡᠢ᠃ ᠲᠠᠷᠢᠶᠠᠯᠠᠩ᠎ᠤᠨ ᠮᠠᠰᠢᠨ᠂ ᠲᠠᠷᠢᠶᠠᠯᠠᠩ᠎ᠤᠨ ᠮᠡᠷᠭᠡᠵᠢᠯ᠎ᠤᠨ ᠦᠢ᠍ᠯᠡᠴᠢᠯᠡᠭᠡᠨ᠎ᠤ ᠪᠠᠶ᠋ᠢᠭᠤᠯᠤᠮᠵᠢ ᠵᠡᠷᠭᠡ ᠵᠢᠨ ᠬᠣᠷᠰᠢᠯᠴᠠᠭ᠎ᠠ᠎ᠪᠠᠨ ᠴᠢᠩᠭ᠋ᠠᠳᠬᠠᠵᠤ᠂ ᠤᠰᠤ ᠠᠷᠪᠢᠯᠠᠬᠤ ᠤᠰᠤᠯᠠᠯᠲᠠ ᠵᠢᠨ ᠮᠡᠷᠭᠡᠵᠢᠯ᠎ᠤᠨ ᠵᠠᠭᠪᠤᠷ᠂ ᠲᠥᠬᠥᠭᠡᠷᠦᠮᠵᠢ ᠵᠢ ᠰᠣᠩᠭᠣᠬᠤ ᠪᠠ ᠠᠵᠢᠯᠯᠠᠭ᠋ᠠᠨ᠎ᠢ ᠬᠠᠮᠠᠭ᠋ᠠᠯᠠᠬᠤ ᠵᠡᠷᠭᠡ ᠲᠠᠯ᠎ᠠ᠎ᠪᠠᠷ ᠲᠠᠷᠢᠶᠠᠴᠢᠳ᠎ᠲᠤ ᠵᠢᠯᠣᠭᠣᠳᠤᠯᠭ᠎ᠠ ᠬᠠᠩᠭ᠋ᠠᠬᠤ ᠬᠡᠷᠡᠭᠲᠡᠢ᠃ ᠤᠰᠤᠯᠠᠯᠲᠠ ᠵᠢᠨ ᠲᠤᠷᠰᠢᠯᠲᠠ ᠵᠢᠨ ᠥᠷᠲᠡᠭᠡ᠂ ᠭᠠᠩ᠎ᠲᠠᠢ ᠲᠡᠮᠡᠴᠡᠬᠦ ᠦᠢ᠍ᠯᠡᠴᠢᠯᠡᠭᠡᠨ᠎ᠤ ᠵᠣᠬᠢᠶᠠᠨ ᠪᠠᠶ᠋ᠢᠭᠤᠯᠤᠯᠲᠠ᠂ ᠤᠰᠤ ᠠᠷᠪᠢᠯᠠᠬᠤ ᠤᠰᠤᠯᠠᠯᠲᠠ ᠵᠢᠨ ᠺᠣᠮᠫᠠᠨᠢ ᠵᠡᠷᠭᠡ ᠲᠤᠰᠬᠠᠶ᠋ᠢᠵᠢᠭᠰᠠᠨ ᠦᠢ᠍ᠯᠡᠴᠢᠯᠡᠭᠡᠨ᠎ᠤ ᠡᠩᠨᠡᠭᠡ ᠵᠢᠨ ᠤᠰᠤ ᠠᠷᠪᠢᠯᠠᠬᠤ ᠤᠰᠤᠯᠠᠯᠲᠠ᠂ ᠭᠠᠩ᠎ᠲᠠᠢ ᠲᠡᠮᠡᠴᠡᠵᠦ ᠭᠠᠮᠰᠢᠭ᠎ᠢ ᠪᠠᠭ᠋ᠠᠰᠬᠠᠬᠤ᠂ ᠲᠥᠬᠥᠭᠡᠷᠦᠮᠵᠢ ᠵᠢ ᠰᠡᠯᠪᠢᠨ ᠵᠠᠰᠠᠬᠤ᠂ ᠮᠡᠷᠭᠡᠵᠢᠯ ᠳᠡᠯᠭᠡᠷᠡᠭᠦᠯᠬᠦ ᠵᠡᠷᠭᠡ ᠲᠠᠯ᠎ᠠ᠎ᠪᠠᠷ᠎ᠬᠢ ᠦᠢ᠍ᠯᠡᠳᠦᠯ᠎ᠢ ᠭᠦᠢ᠍ᠴᠡᠳ ᠪᠠᠳᠠᠷᠠᠭᠤᠯᠬᠤ ᠬᠡᠷᠡᠭᠲᠡᠢ᠃ ᠬᠣᠯᠪᠣᠭᠳᠠᠯ ᠪᠦᠬᠦᠢ ᠭᠣᠣᠯᠯᠠᠬᠤ ᠠᠵᠤ ᠠᠬᠤᠶ᠋ᠢᠯᠠᠯ᠎ᠢ ᠵᠣᠷᠢᠭᠵᠢᠭᠤᠯᠤᠨ ᠣᠷᠣᠨ ᠪᠦᠰᠡ ᠵᠢᠨ ᠲᠠᠷᠢᠶᠠᠯᠠᠩ᠎ᠤᠨ ᠤᠰᠤ ᠠᠷᠪᠢᠯᠠᠬᠤ ᠪᠠᠷᠢᠯᠭ᠎ᠠ ᠵᠢᠨ ᠲᠥᠯᠥᠪᠵᠢᠭᠦᠯᠭᠡ ᠵᠢ ᠵᠢᠷᠤᠭᠯᠠᠨ ᠲᠥᠯᠥᠪᠯᠡᠬᠦ᠂ ᠲᠥᠬᠥᠭᠡᠷᠦᠮᠵᠢ ᠬᠠᠩᠭ᠋ᠠᠬᠤ᠂ ᠪᠠᠷᠢᠯᠭ᠎ᠠ ᠪᠠᠷᠢᠬᠤ ᠵᠣᠬᠢᠶᠠᠨ ᠪᠠᠶ᠋ᠢᠭᠤᠯᠤᠯᠲᠠ᠂ ᠮᠡᠷᠭᠡᠵᠢᠯ᠎ᠤᠨ ᠵᠢᠯᠣᠭᠣᠳᠤᠯᠭ᠎ᠠ ᠪᠣᠯᠤᠨ ᠠᠵᠢᠯᠲᠠᠨ᠎ᠤ ᠪᠣᠯᠪᠠᠰᠣᠷᠠᠭᠤᠯᠤᠯ ᠵᠡᠷᠭᠡ ᠪᠦᠬᠦ ᠶᠠᠪᠤᠴᠠ ᠵᠢᠨ ᠦᠢ᠍ᠯᠡᠴᠢᠯᠡᠭᠡᠨ᠎ᠢ ᠥᠷᠨᠢᠭᠦᠯᠦᠨ᠎ᠡ᠃ ᠡᠯ᠎ᠡ ᠱᠠᠲᠤᠨ᠎ᠤ ᠵᠠᠰᠠᠭ᠎ᠤᠨ ᠣᠷᠳᠣᠨ᠎ᠨᠤᠭᠤᠳ ᠦᠨᠳᠦᠰᠦᠨ ᠱᠠᠲᠤᠨ᠎ᠤ ᠤᠰᠤᠨ ᠠᠰᠢᠭᠯᠠᠯᠲᠠ ᠵᠢᠨ ᠮᠡᠷᠭᠡᠵᠢᠯ᠎ᠤᠨ ᠠᠵᠢᠯᠲᠠᠨ᠂ ᠲᠠᠷᠢᠶᠠᠯᠠᠩ᠎ᠤᠨ ᠮᠡᠷᠭᠡᠵᠢᠯ ᠳᠡᠯᠭᠡᠷᠡᠭᠦᠯᠬᠦ ᠠᠵᠢᠯᠲᠠᠨ᠂ ᠲᠠᠷᠢᠶᠠᠴᠢᠳ᠎ᠲᠤ ᠬᠠᠨᠳᠤᠭᠤᠯᠤᠭᠰᠠᠨ ᠮᠡᠷᠭᠡᠵᠢᠯ᠎ᠤᠨ ᠪᠣᠯᠪᠠᠰᠣᠷᠠᠭᠤᠯᠤᠯᠢ ᠵᠣᠬᠢᠶᠠᠨ ᠪᠠᠶ᠋ᠢᠭᠤᠯᠤᠨ ᠦᠷᠨᠢᠬᠦᠯᠵᠦ᠂ ᠦᠨᠳᠦᠰᠦᠨ ᠱᠠᠳᠤᠨ᠎ᠤ ᠠᠵᠢᠯᠳᠠᠳ᠎ᠤᠨ ᠤᠰᠤ ᠵᠢ ᠬᠠᠮᠢᠶᠠᠷᠬᠤ᠂ ᠤᠰᠤ ᠬᠡᠷᠡᠭᠯᠡᠬᠦ ᠴᠢᠳᠠᠪᠤᠷᠢ ᠵᠢ ᠲᠡᠭᠡᠭᠰᠢᠯᠡᠬᠦᠯᠦᠨ᠎ᠡ᠃
ᠵᠢᠷᠭᠤᠭ᠎ᠠ᠎ᠳᠤ ᠵᠠᠬ᠎ᠠ ᠳᠡᠯᠭᠡᠭᠦᠷ᠎ᠤᠨ ᠬᠢᠨᠠᠯᠲᠠ ᠬᠠᠮᠢᠶᠠᠷᠤᠯᠲᠠ ᠵᠢ ᠴᠢᠩᠳᠠᠯᠠᠨ᠎ᠠ᠃ ᠤᠰᠤ ᠠᠷᠪᠢᠯᠠᠵᠤ ᠤᠰᠤᠵᠢᠭᠤᠯᠬᠤ ᠲᠣᠨᠣᠭ ᠲᠥᠬᠥᠭᠡᠷᠦᠮᠵᠢ ᠪᠣᠯᠤᠨ ᠪᠦᠲᠦᠭᠡᠭᠳᠡᠬᠦᠨ᠎ᠤ ᠪᠠᠷᠢᠮᠵᠢᠶ᠎ᠠ ᠵᠢᠨ ᠰᠢᠰᠲ᠋ᠧᠮ᠎ᠢ ᠲᠡᠬᠦᠯᠳᠡᠷ ᠪᠣᠯᠭ᠋ᠠᠵᠤ᠂ ᠵᠠᠬ᠎ᠠ ᠲᠡᠯᠭᠡᠬᠦᠷ᠎ᠲᠤ ᠣᠷᠣᠬᠤ ᠵᠢ ᠵᠥᠪᠰᠢᠶᠡᠷᠡᠬᠦ ᠳᠦᠷᠢᠮ᠎ᠢ ᠪᠦᠷᠢᠨᠰᠢᠬᠦᠯᠵᠦ᠂ ᠭᠤᠤᠯᠯᠠᠭᠴᠢ ᠠᠵᠤ ᠠᠬᠤᠢ᠌ᠯᠠᠯ᠎ᠢ ᠬᠦᠮᠦᠵᠢᠬᠦᠯᠦᠨ᠂ ᠲᠣᠨᠣᠭ ᠲᠥᠬᠥᠭᠡᠷᠦᠮᠵᠢ ᠵᠢᠨ ᠶᠠᠰᠤ ᠴᠢᠨᠠᠷ ᠪᠣᠯᠤᠨ ᠠᠵᠤ ᠦᠢ᠍ᠯᠡᠳᠪᠦᠷᠢᠵᠢᠬᠦ ᠬᠡᠮᠵᠢᠶ᠎ᠡ ᠵᠢᠴᠢ ᠠᠵᠢᠯ ᠲᠥᠷᠥᠯ᠎ᠤᠨ ᠪᠦᠬᠦᠯᠢ ᠴᠤᠭᠴᠠ ᠵᠢᠨ ᠬᠢᠷᠢ ᠲᠦᠪᠰᠢᠨ᠎ᠢ ᠳᠡᠭᠡᠭᠰᠢᠯᠡᠭᠦᠯᠦᠨ᠎ᠡ᠃ ᠵᠠᠬ᠎ᠠ ᠳᠡᠯᠭᠡᠭᠦᠷ᠎ᠤᠨ ᠬᠢᠨᠠᠨ ᠬᠠᠮᠢᠶᠠᠷᠤᠯᠲᠠ ᠵᠢ ᠴᠢᠩᠳᠠᠯᠠᠨ᠂ ᠬᠢᠨᠠᠨ ᠪᠠᠢ᠌ᠴᠠᠭ᠋ᠠᠯᠳᠠ ᠵᠢ ᠴᠢᠩᠭ᠋ᠠᠳᠬᠠᠵᠤ᠂ ᠦᠢ᠍ᠯᠡᠳᠬᠦᠨ᠎ᠤ ᠭᠡᠷᠡᠴᠢᠯᠡᠯ ᠪᠠ ᠶᠠᠰᠤ ᠴᠢᠨᠠᠷ᠎ᠤᠨ ᠬᠢᠨᠠᠯᠲᠠ ᠲᠠᠯᠪᠢᠵᠤ ᠰᠤᠭᠤᠴᠢᠨ ᠪᠠᠢ᠌ᠴᠠᠭ᠋ᠠᠭᠰᠠᠨ ᠮᠡᠳᠡᠭᠡ ᠵᠠᠩᠭᠢ ᠵᠢ ᠲᠣᠭᠲᠠᠮᠠᠯ ᠬᠤᠭᠤᠴᠠᠭ᠎ᠠ᠎ᠲᠠᠢ᠎ᠪᠠᠷ ᠨᠡᠢ᠌ᠳᠡᠯᠡᠵᠦ᠂ ᠶᠠᠰᠤ ᠴᠢᠨᠠᠷ᠎ᠤᠨ ᠬᠢᠨᠠᠯᠲᠠ ᠲᠠᠯᠪᠢᠵᠤ ᠪᠠᠶ᠋ᠢᠴᠠᠭ᠋ᠠᠯᠲᠠ ᠬᠢᠭᠰᠡᠨ ᠦᠷ᠎ᠡ ᠳ᠋ᠦᠩ᠎ᠢ ᠴᠠᠭ ᠲᠤᠬᠠᠢᠳᠤᠨᠢ ᠨᠡᠶ᠋ᠢᠲᠡᠯᠡᠵᠦ᠂ ᠬᠢᠷᠢ ᠲᠡᠩᠴᠡᠬᠦ ᠥᠬᠡᠢ ᠦᠢ᠍ᠯᠡᠳᠬᠦᠨ ᠵᠢᠴᠢ ᠠᠵᠤ ᠠᠬᠤᠶ᠋ᠢᠯᠠᠯ᠎ᠢ ᠪᠤᠴᠠᠭ᠋ᠠᠬᠤ ᠲᠣᠭᠲᠠᠴᠠ ᠵᠢ ᠬᠡᠷᠡᠭᠵᠢᠬᠦᠯᠦᠨ᠂ ᠵᠠᠬ᠎ᠠ ᠳᠡᠯᠭᠡᠭᠦᠷ᠎ᠤᠨ ᠡᠮᠬᠢ ᠳᠢᠭᠯᠢᠮ᠎ᠢ ᠳᠦᠷᠢᠮᠵᠢᠭᠦᠯᠦᠨ᠎ᠡ᠃ ᠲᠥᠬᠥᠭᠡᠷᠦᠮᠵᠢ ᠵᠢᠨ ᠦᠢ᠍ᠯᠡᠳᠬᠦᠨ᠎ᠤ ᠦᠢ᠍ᠯᠡᠳᠪᠦᠷᠢᠯᠡᠯ᠎ᠤᠨ ᠥᠪᠡᠷ᠎ᠤᠨ ᠥᠷᠲᠡᠭ᠎ᠢ ᠲᠣᠭᠲᠠᠮᠠᠯ ᠬᠤᠭᠤᠴᠠᠭ᠎ᠠ᠎ᠲᠠᠢ᠎ᠪᠠᠷ ᠲᠣᠭ᠋ᠠᠴᠠᠭ᠎ᠠ ᠬᠢᠬᠦ᠂ ᠥᠪᠡᠷ᠎ᠤᠨ ᠥᠷᠲᠡᠭ᠎ᠤᠨ ᠬᠠᠮᠤᠭ᠎ᠤᠨ ᠳᠣᠣᠷ᠎ᠠ ᠵᠢᠯᠣᠭᠣᠳᠬᠤ ᠦᠨ᠎ᠡ ᠵᠢ ᠨᠡᠶ᠋ᠢᠲᠡᠯᠡᠬᠦ ᠳᠦᠷᠢᠮ᠎ᠢ ᠬᠡᠷᠡᠭᠵᠢᠬᠦᠯᠵᠦ᠂ ᠳᠠᠭ᠋ᠠᠭ᠋ᠠᠴᠢᠯᠠᠯᠲᠠ ᠵᠠᠷᠯᠠᠬᠤ᠂ ᠳᠠᠭ᠋ᠠᠭ᠋ᠠᠴᠢᠯᠠᠯᠲᠠ ᠬᠦᠯᠢᠶᠡᠬᠦ ᠵᠢᠷᠤᠮ᠎ᠢ ᠲᠦᠷᠢᠮᠵᠢᠬᠦᠯᠵᠦ᠂ ᠮᠠᠭᠤ ᠰᠠᠨᠠᠭ᠎ᠠ᠎ᠪᠠᠷ ᠦᠨ᠎ᠡ ᠵᠢᠨ ᠥᠷᠢᠰᠦᠯᠳᠦᠭᠡᠨ ᠬᠢᠬᠦ ᠵᠢ ᠬᠣᠷᠢᠭᠯᠠᠬᠤ ᠬᠡᠷᠡᠭᠲᠡᠢ᠃ ᠤᠰᠤ ᠠᠷᠪᠢᠯᠠᠵᠤ ᠤᠰᠤᠯᠠᠬᠤ ᠲᠥᠬᠥᠭᠡᠷᠦᠮᠵᠢ ᠦᠢ᠍ᠯᠡᠳᠪᠦᠷᠢᠯᠡᠬᠦ ᠪᠠ ᠪᠣᠷᠣᠯᠠᠭᠤᠯᠬᠤ ᠠᠵᠤ ᠠᠬᠤᠶ᠋ᠢᠯᠠᠯ᠎ᠤᠨ ᠪᠣᠷᠣᠯᠠᠭᠤᠯᠤᠭᠰᠠᠨ᠎ᠤ ᠳᠠᠷᠠᠭ᠋ᠠᠬᠢ ᠦᠢ᠍ᠯᠡᠴᠢᠯᠡᠭᠡᠨ᠎ᠤ ᠬᠢᠨᠠᠯᠲᠠ ᠬᠠᠮᠢᠶᠠᠷᠤᠯᠲᠠ ᠵᠢ ᠴᠢᠩᠭ᠋ᠠᠳᠬᠠᠵᠤ᠂ ᠪᠤᠷᠤᠯᠠᠭᠤᠯᠤᠯᠳᠠ ᠵᠢᠨ ᠲᠠᠷᠠᠭ᠋ᠠᠬᠢ ᠦᠢ᠍ᠯᠡᠴᠢᠯᠡᠭᠡᠨ᠎ᠤ ᠬᠢᠷᠢ ᠲᠦᠪᠰᠢᠨ᠎ᠢ ᠲᠡᠭᠡᠭᠰᠢᠯᠡᠬᠦᠯᠦᠨ᠎ᠡ᠃
ᠳᠣᠯᠣᠭ᠎ᠠ᠂ ᠤᠬᠠᠭᠤᠯᠭ᠎ᠠ ᠪᠣᠯᠪᠠᠰᠤᠷᠠᠯ᠎ᠢ ᠡᠷᠴᠢᠮᠵᠢᠭᠦᠯᠦᠨ᠎ᠡ᠃ ᠡᠯ᠎ᠡ ᠵᠦᠢ᠍ᠯ᠎ᠤᠨ ᠵᠠᠭᠤᠴᠢᠯᠠᠭᠤᠷ ᠵᠶ᠋ᠠᠷ ᠳᠠᠮᠵᠢᠨ ᠣᠯᠠᠨ ᠵᠦᠢ᠍ᠯ᠎ᠤᠨ ᠠᠷᠭ᠎ᠠ ᠮᠠᠶᠢᠭ᠎ᠢ ᠠᠪᠴᠤ᠂ ᠤᠰᠤ ᠠᠷᠪᠢᠯᠠᠬᠤ ᠤᠰᠤᠯᠠᠯᠲᠠ ᠪᠠ ᠲᠠᠷᠢᠶᠠᠯᠠᠩ᠎ᠤᠨ ᠤᠰᠤ ᠠᠷᠪᠢᠯᠠᠬᠤ ᠰᠢᠨᠵᠢᠯᠡᠬᠦ ᠤᠬᠠᠭ᠋ᠠᠨ᠎ᠢ ᠲᠦᠭᠡᠮᠡᠯᠵᠢᠭᠦᠯᠬᠦ ᠬᠥᠮᠦᠵᠢᠯ᠎ᠢ ᠢᠳᠡᠪᠬᠢᠲᠡᠢ ᠥᠷᠨᠢᠭᠦᠯᠬᠦ᠎ᠪᠠᠷ ᠳᠠᠮᠵᠢᠭᠤᠯᠤᠨ᠂ ᠤᠰᠤ ᠠᠷᠪᠢᠯᠠᠬᠤ ᠤᠰᠤᠯᠠᠯᠲᠠ ᠵᠢ ᠬᠥᠭᠵᠢᠭᠦᠯᠬᠦ ᠵᠢᠨ ᠠᠴᠢ ᠬᠣᠯᠪᠣᠭᠳᠠᠯ᠂ ᠦᠷ᠎ᠡ ᠠᠰᠢᠭ ᠪᠣᠯᠤᠨ ᠲᠤᠷᠰᠢᠯᠭ᠎ᠠ ᠵᠢ ᠥᠷᠭᠡᠨ ᠵᠶ᠋ᠡᠷ ᠤᠬᠠᠭᠤᠯᠤᠨ᠂ ᠪᠦᠬᠦ ᠠᠷᠠᠳ᠎ᠤᠨ ᠤᠰᠤ ᠠᠷᠪᠢᠯᠠᠨ ᠬᠡᠷᠡᠭᠯᠡᠬᠦ ᠪᠠ ᠤᠳᠤᠬᠢᠴᠢᠯᠠᠭᠰᠠᠨ ᠲᠠᠷᠢᠶᠠᠯᠠᠩ᠎ᠢ ᠪᠦᠲᠦᠭᠡᠨ ᠪᠠᠶ᠋ᠢᠭᠤᠯᠵᠤ ᠬᠥᠭᠵᠢᠭᠦᠯᠬᠦ ᠦᠵᠡᠯ ᠤᠬᠠᠮᠰᠠᠷ᠎ᠢ ᠳᠡᠭᠡᠭᠰᠢᠯᠡᠭᠦᠯᠵᠦ᠂ ᠨᠡᠶ᠋ᠢᠭᠡᠮ᠎ᠤᠨ᠎ᠬᠢᠨ ᠥᠷᠭᠡᠨ ᠵᠶ᠋ᠡᠷ ᠳᠡᠮᠵᠢᠬᠦ᠂ ᠤᠰᠤ ᠠᠷᠪᠢᠯᠠᠬᠤ ᠤᠰᠤᠯᠠᠯᠲᠠ ᠵᠢᠨ ᠬᠥᠭᠵᠢᠯᠲᠡ᠎ᠳᠤ ᠰᠡᠳᠬᠢᠯ ᠲᠠᠯᠪᠢᠬᠤ᠂ ᠣᠷᠣᠯᠴᠠᠬᠤ ᠰᠠᠶ᠋ᠢᠨ ᠰᠠᠶ᠋ᠢᠬᠠᠨ ᠣᠷᠴᠢᠨ ᠠᠬᠤᠢ ᠵᠢ ᠪᠣᠢ ᠪᠣᠯᠭ᠋ᠠᠬᠤ ᠬᠡᠷᠡᠭᠲᠡᠢ᠃ ᠤᠰᠤ ᠠᠷᠪᠢᠯᠠᠬᠤ ᠤᠰᠤᠯᠠᠯᠲᠠ ᠵᠢᠨ ᠦᠷ᠎ᠡ ᠠᠰᠢᠭ᠎ᠢ ᠨᠡᠮᠡᠭᠳᠡᠭᠦᠯᠦᠭᠰᠡᠨ ᠵᠢᠱ᠌ᠢᠶ᠎ᠡ ᠦᠵᠡᠭᠦᠯᠬᠦ ᠵᠡᠷᠭᠡ ᠬᠠᠮᠢᠶ᠎ᠠ ᠪᠦᠬᠦᠢ ᠲᠥᠷᠥᠯ ᠵᠦᠢ᠍ᠯ᠎ᠤᠨ ᠪᠦᠲᠦᠭᠡᠨ ᠪᠠᠶ᠋ᠢᠭᠤᠯᠤᠯᠲᠠ᠎ᠳᠤ ᠲᠦᠰᠢᠭᠯᠡᠨ ᠳᠡᠭᠡᠳᠦ ᠰᠤᠷᠭ᠋ᠠᠭᠤᠯᠢ᠂ ᠰᠢᠨᠵᠢᠯᠡᠬᠦ ᠤᠬᠠᠭ᠋ᠠᠨ᠎ᠤ ᠰᠤᠳᠤᠯᠤᠯ᠎ᠤᠨ ᠨᠢᠭᠡᠴᠢ᠂ ᠨᠡᠶ᠋ᠢᠭᠡᠮ᠎ᠤᠨ ᠪᠦᠯᠬᠦᠮ ᠵᠡᠷᠭᠡ ᠡᠯ᠎ᠡ ᠲᠠᠯ᠎ᠠ ᠵᠢᠨ ᠮᠡᠷᠭᠡᠵᠢᠯ᠎ᠤᠨ ᠬᠦᠴᠦᠨ᠎ᠢ ᠭᠦᠢ᠍ᠴᠡᠳ ᠠᠰᠢᠭᠯᠠᠨ᠂ ᠠᠳᠠᠯᠢ ᠪᠤᠰᠤ ᠳᠡᠰ ᠳᠠᠪᠬᠤᠷᠭ᠎ᠠ᠂ ᠠᠳᠠᠯᠢ ᠪᠤᠰᠤ ᠡᠲᠡᠭᠡᠳ᠎ᠲᠤ ᠴᠢᠭᠯᠡᠭᠦᠯᠦᠭᠰᠡᠨ ᠮᠡᠷᠭᠡᠵᠢᠯ᠎ᠤᠨ ᠪᠣᠯᠪᠠᠰᠣᠷᠠᠭᠤᠯᠤᠯᠢ ᠥᠷᠨᠢᠭᠦᠯᠵᠦ᠂ ᠲᠤᠰᠬᠠᠢ ᠮᠡᠷᠭᠡᠵᠢᠯ᠎ᠤᠨ ᠬᠠᠮᠢᠶᠠᠷᠤᠯᠲᠠ ᠪᠣᠯᠤᠨ ᠮᠡᠷᠭᠡᠵᠢᠯ᠎ᠤᠨ ᠠᠵᠢᠯᠲᠠᠨ᠎ᠤ ᠬᠢᠷᠢ ᠬᠡᠮᠵᠢᠶ᠎ᠡ ᠵᠢ ᠳᠡᠭᠡᠭᠰᠢᠯᠡᠭᠦᠯᠬᠦ ᠬᠡᠷᠡᠭᠲᠡᠢ᠃