ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠣᠨᠴᠠᠯᠢᠭᠲᠤ᠌ ᠳᠠᠪᠴᠠᠩ
ᠢᠯᠡ ᠵᠠᠰᠠᠭ   -   ᠲᠦᠷᠥ᠎ᠶᠢᠨ ᠪᠣᠳᠣᠯᠭ᠎ᠠ᠎ᠶᠢᠨ ᠲᠠᠶ᠋ᠢᠯᠤᠮᠵᠢ
ᠲᠠᠶ᠋ᠢᠯᠤᠮᠵᠢ᠄ ᠵᠠᠬ᠎ᠠ ᠳᠡᠯᠭᠡᠭᠦᠷ᠎ᠤᠨ ᠠᠮᠢᠵᠢᠷᠠᠯ᠎ᠤᠨ ᠬᠦᠴᠦᠨ᠎ᠢ ᠬᠥᠭᠵᠢᠭᠡᠵᠦ ᠴᠢᠬᠤᠯᠠ ᠶᠡᠬᠡ ᠤᠰᠤᠨ ᠠᠰᠢᠭᠯᠠᠯᠲᠠ ᠵᠢᠨ ᠢᠨᠵᠸᠨ᠋ᠸᠷᠢᠩ᠎ᠤᠨ ᠪᠦᠲᠦᠭᠡᠨ ᠪᠠᠶ᠋ᠢᠭᠤᠯᠤᠯᠲᠠ ᠵᠢ ᠲᠦᠷᠭᠡᠳᠬᠡᠶ᠎ᠡ
ᠨᠡᠶ᠋ᠢᠲᠡᠯᠡᠭᠰᠡᠨ ᠴᠠᠭ᠄ 2020-12-24

      ᠰᠠᠶᠢᠬᠠᠨ ᠤᠯᠤᠰ᠎ᠤᠨ ᠬᠦᠭᠵᠢᠬᠦᠯᠦᠯᠳᠡ ᠪᠠ ᠦᠭᠡᠷᠡᠴᠢᠯᠡᠯᠳᠡ ᠵᠢᠨ ᠵᠥᠪᠯᠡᠯ᠂   ᠡᠳ᠋᠎ᠤᠨ ᠵᠠᠰᠠᠭ᠎ᠤᠨ ᠶᠠᠮᠤᠨ ᠪᠣᠯᠤᠨ ᠤᠰᠤᠨ ᠠᠰᠢᠭᠯᠠᠯᠳᠠ ᠵᠢᠨ ᠶᠠᠮᠤᠨ ᠬᠠᠮᠲᠤᠷᠠᠨ 《ᠨᠡᠶ᠋ᠢᠭᠡᠮ᠎ᠤᠨ ᠬᠥᠷᠥᠩᠭᠡ ᠵᠢ ᠴᠢᠬᠤᠯᠠ ᠶᠡᠬᠡ ᠤᠰᠤᠨ ᠠᠰᠢᠭᠯᠠᠯᠳᠠ ᠵᠢᠨ ᠢᠨᠵᠸᠨ᠋ᠸᠷᠢᠩ᠎ᠤᠨ ᠪᠦᠳᠦᠭᠡᠨ ᠪᠠᠢ᠌ᠭᠤᠯᠤᠯᠳᠠ ᠵᠢᠨ ᠡᠵᠡᠩᠨᠡᠯᠳᠡ᠎ᠳᠤ ᠤᠷᠤᠯᠴᠠᠭᠤᠯᠬᠤ ᠵᠢ ᠤᠷᠮᠠᠰᠢᠭᠤᠯᠬᠤ ᠪᠠ ᠬᠦᠳᠦᠯᠦᠨ ᠵᠢᠯᠤᠭᠤᠳᠬᠤ ᠵᠢ ᠬᠡᠷᠡᠭᠵᠢᠬᠦᠯᠬᠦ ᠲᠤᠬᠠᠢ ᠰᠠᠨᠠᠯ》 (ᠲᠤᠷᠤᠭᠰᠢ 《ᠰᠠᠨᠠᠯ》 ᠭᠡᠵᠦ ᠲᠤᠪᠴᠢᠯᠠᠨ᠎ᠠ)᠎ᠢ ᠵᠠᠷᠯᠠᠪᠠ᠃ 《ᠰᠠᠨᠠᠯ》᠎ᠤᠨ ᠶᠠᠮᠠᠷ ᠠᠬᠤᠢ ᠪᠠᠶ᠋ᠢᠳᠠᠯ ᠲᠤᠤᠷ᠎ᠠ ᠨᠡᠢ᠌ᠳᠡᠯᠡᠭᠳᠡᠭᠰᠡᠨ ᠪᠣᠢ? ᠶᠠᠮᠠᠷ ᠶᠠᠮᠠᠷ ᠬᠠᠷᠠᠭ᠋ᠠᠯᠵᠠᠨ ᠲᠡᠳᠬᠦᠬᠦ ᠲᠥᠷᠥ ᠵᠢᠨ ᠪᠣᠳᠣᠯᠭ᠎ᠠ ᠵᠢ ᠲᠣᠳᠣᠷᠬᠠᠢ ᠪᠤᠯᠭ᠋ᠠᠭᠰᠠᠨ ᠪᠤᠢ? ᠦᠶᠡᠷ᠎ᠢ ᠰᠡᠷᠭᠡᠶ᠋ᠢᠯᠡᠬᠦ᠂ ᠤᠰᠤ ᠬᠠᠩᠭ᠋ᠠᠬᠤ᠂ ᠠᠮᠤ ᠪᠤᠳᠠᠭ᠋ᠠᠨ᠎ᠤ ᠠᠮᠤᠷ ᠲᠦᠪᠰᠢᠨ ᠵᠡᠷᠭᠡ ᠨᠡᠶ᠋ᠢᠲᠡ ᠵᠢᠨ ᠠᠰᠠᠷᠠᠮᠵᠢ ᠵᠢᠨ ᠴᠢᠨᠠᠷᠲᠠᠢ ᠬᠠᠷᠠᠯᠲᠠ ᠵᠢ ᠬᠡᠷᠬᠢᠨ ᠪᠠᠲᠤᠯᠠᠬᠤ ᠪᠣᠢ? ᠡᠨᠡ ᠲᠤᠬᠠᠢ ᠰᠤᠷᠪᠤᠯᠵᠢᠯᠠᠭᠴᠢ ᠣᠶ᠋ᠢᠷ᠎ᠠ᠎ᠳᠤ ᠤᠰᠤᠨ ᠠᠰᠢᠭᠯᠠᠯᠲᠠ ᠵᠢᠨ ᠶᠠᠮᠤᠨ᠎ᠤ ᠲᠥᠯᠥᠪᠵᠢᠭᠦᠯᠭᠡ ᠲᠥᠯᠦᠪᠯᠡᠭᠡᠨ᠎ᠤ ᠵᠤᠷᠭ᠋ᠠᠨ᠎ᠤ ᠪᠠᠶ᠋ᠢᠩᠭᠤ ᠵᠢᠨ ᠳᠡᠳ᠋ ᠳᠠᠷᠤᠭ᠎ᠠ ᠸᠠᠩ ᠠᠨ ᠨᠠᠨ᠎ᠢ ᠰᠤᠷᠪᠤᠯᠵᠢᠯᠠᠪᠠ᠃
      ᠠᠰᠠᠭᠤᠯᠳᠠ᠄ ᠲᠠ 《ᠰᠠᠨᠠᠯ》᠎ᠤᠨ ᠨᠡᠶ᠋ᠢᠲᠡᠯᠡᠭᠳᠡᠭᠰᠡᠨ ᠠᠬᠤᠢ ᠪᠠᠶ᠋ᠢᠳᠠᠯ ᠪᠣᠯᠤᠨ ᠠᠴᠢ ᠬᠣᠯᠪᠣᠭᠳᠠᠯ᠎ᠢ ᠲᠠᠨᠢᠯᠴᠠᠭᠤᠯᠤᠭ᠋ᠠᠳ ᠥᠭᠭᠦᠨ᠎ᠡ ᠦᠦ?
      ᠬᠠᠷᠢᠭᠤᠯᠳᠠ᠄ ᠤᠰᠤᠨ ᠠᠰᠢᠭᠯᠠᠯᠲᠠ ᠪᠣᠯ ᠤᠯᠤᠰ ᠠᠷᠠᠳ᠎ᠤᠨ ᠠᠵᠤ ᠠᠬᠤᠢ ᠪᠣᠯᠤᠨ ᠨᠡᠶ᠋ᠢᠭᠡᠮ᠎ᠤᠨ ᠬᠥᠭᠵᠢᠯᠲᠡ ᠵᠢᠨ ᠴᠢᠬᠤᠯᠠ ᠰᠠᠭᠤᠷᠢ ᠪᠡᠯᠡᠳᠬᠡᠮᠵᠢ ᠪᠠᠢ᠌ᠵᠤ᠂ ᠲᠣᠩ ᠴᠢᠩᠭ᠎ᠠ ᠨᠡᠶ᠋ᠢᠲᠡ ᠵᠢᠨ ᠠᠰᠠᠷᠠᠮᠵᠢ ᠵᠢᠨ ᠴᠢᠨᠠᠷᠲᠠᠢ ᠮᠥᠷᠲᠡᠭᠡᠨ ᠪᠡᠯᠡ ᠣᠷᠣᠭᠤᠯᠤᠯᠲᠠ ᠵᠢᠨ ᠬᠡᠪᠴᠢᠶ᠎ᠡ᠎ᠪᠠᠷ ᠶᠡᠬᠡ᠂ ᠪᠦᠲᠦᠭᠡᠨ ᠪᠠᠶ᠋ᠢᠭᠤᠯᠤᠯᠲᠠ ᠵᠢᠨ ᠦᠶᠡᠯᠡᠬᠦ ᠬᠤᠭᠤᠴᠠᠭ᠎ᠠ᠎ᠨᠢ ᠤᠷᠲᠤ᠂ ᠠᠰᠢᠭ ᠬᠣᠨᠵᠢᠪᠤᠷᠢ ᠵᠢᠨ ᠴᠢᠳᠠᠪᠤᠷᠢ᠎ᠨᠢ ᠳᠣᠷᠣᠢ ᠪᠠᠢ᠌ᠵᠤ᠂ ᠭᠣᠣᠯᠳᠠᠭᠤ ᠵᠠᠰᠠᠭ᠎ᠤᠨ ᠣᠷᠳᠣᠨ᠎ᠤ ᠪᠡᠯᠡ ᠣᠷᠣᠭᠤᠯᠤᠯᠲᠠ᠎ᠪᠠᠷ ᠭᠣᠣᠯ ᠪᠤᠯᠭ᠋ᠠᠵᠤ᠂ ᠨᠡᠶ᠋ᠢᠭᠡᠮ᠎ᠤᠨ ᠬᠥᠷᠥᠩᠭᠡ ᠵᠢᠨ ᠣᠷᠣᠯᠴᠠᠬᠤ ᠬᠡᠮᠵᠢᠶ᠎ᠡ᠎ᠨᠢ ᠨᠡᠯᠢᠶᠡᠳ ᠳᠣᠣᠷ᠎ᠠ ᠪᠠᠶ᠋ᠢᠬᠤ ᠪᠥᠭᠡᠳ ᠣᠳᠣᠬᠠᠨ᠎ᠳᠤ ᠤᠰᠤᠨ ᠠᠰᠢᠭᠯᠠᠯᠲᠠ ᠵᠢᠨ ᠶᠡᠷᠦᠩᠬᠡᠢ ᠪᠡᠯᠡ ᠣᠷᠣᠭᠤᠯᠤᠯᠲᠠ ᠵᠢᠨ 20% ᠵᠢ ᠬᠦᠷᠬᠦ ᠥᠬᠡᠢ ᠪᠠᠶ᠋ᠢᠨ᠎ᠠ᠃ ᠤᠢ᠌ᠷ᠎ᠠ ᠵᠢᠨ ᠵᠢᠯ᠎ᠤᠳ᠎ᠲᠤ ᠤᠰᠤᠨ ᠠᠰᠢᠭᠯᠠᠯᠲᠠ ᠵᠢᠨ ᠥᠭᠡᠷᠡᠴᠢᠯᠡᠯᠲᠡ ᠬᠥᠭᠵᠢᠯ᠎ᠢ ᠲᠦᠷᠭᠡᠰᠭᠡᠵᠦ᠂ ᠤᠰᠤᠨ ᠠᠰᠢᠭᠯᠠᠯᠲᠠ ᠵᠢᠨ ᠬᠥᠷᠥᠩᠭᠡ ᠣᠷᠣᠭᠤᠯᠤᠯᠲᠠ ᠪᠠ ᠬᠤᠷᠠᠮᠳᠠᠯ᠎ᠤᠨ ᠠᠷᠭ᠎ᠠ ᠵᠠᠮ᠎ᠢ ᠥᠷᠭᠡᠳᠬᠡᠵᠦ᠂ ᠠᠵᠤ ᠠᠬᠤᠢ ᠵᠢᠨ ᠦᠷᠬᠦᠯᠵᠢᠯᠡᠬᠦᠢ᠌ᠴᠡ ᠡᠷᠡᠭᠦᠯ ᠬᠥᠭᠵᠢᠯ᠎ᠢ ᠠᠬᠢᠭᠤᠯᠬᠤ ᠵᠢᠨ ᠲᠤᠯᠠᠳᠠ᠂ ᠤᠯᠤᠰ᠎ᠠᠴᠠ ᠨᠢᠭᠡ ᠪᠦᠯᠦᠭ ᠤᠰᠤᠨ ᠠᠰᠢᠭᠯᠠᠯᠲᠠ ᠵᠢᠨ ᠪᠦᠲᠦᠭᠡᠨ ᠪᠠᠶ᠋ᠢᠭᠤᠯᠤᠯᠲᠠ᠎ᠳᠤ ᠨᠡᠶ᠋ᠢᠭᠡᠮ᠎ᠤᠨ ᠬᠥᠷᠥᠩᠭᠡ ᠵᠢᠨ ᠣᠷᠣᠯᠴᠠᠬᠤ ᠵᠢ ᠤᠷᠮᠠᠰᠢᠭᠤᠯᠬᠤ ᠲᠦᠷᠦ ᠵᠢᠨ ᠪᠣᠳᠣᠯᠭ᠎ᠠ ᠵᠢᠨ ᠠᠷᠭ᠎ᠠ ᠬᠡᠮᠵᠢᠶ᠎ᠡ ᠵᠢ ᠲᠤᠭᠳᠠᠭ᠋ᠠᠭᠰᠠᠨ ᠪᠠᠢ᠌ᠨ᠎ᠠ᠃ 2010 ᠣᠨ᠎ᠳᠤ᠂ ᠲᠥᠷᠥ ᠵᠢᠨ ᠶᠠᠪᠤᠳᠠᠯ᠎ᠤᠨ ᠬᠤᠷᠢᠶ᠎ᠠ᠎ᠠᠴᠠ 《  ᠠᠷᠠᠳ᠎ᠤᠨ ᠬᠥᠷᠥᠩᠭᠡ ᠣᠷᠣᠭᠤᠯᠤᠯᠲᠠ ᠵᠢ ᠡᠷᠡᠭᠦᠯ ᠵᠶ᠋ᠡᠷ ᠬᠥᠭᠵᠢᠭᠦᠯᠬᠦ ᠵᠢ ᠤᠷᠮᠠᠰᠢᠭᠤᠯᠤᠨ ᠬᠥᠲᠥᠯᠬᠦ ᠲᠤᠬᠠᠢ ᠰᠠᠨᠠᠯ᠎ᠤᠳ》᠎ᠢ ᠨᠡᠶ᠋ᠢᠲᠡᠯᠡᠵᠦ᠂ ᠠᠷᠠᠳ᠎ᠤᠨ ᠬᠥᠷᠥᠩᠭᠡ ᠵᠢ ᠲᠠᠷᠢᠶᠠᠨ ᠭᠠᠵᠠᠷ᠎ᠤᠨ ᠤᠰᠤᠵᠢᠭᠤᠯᠤᠯᠲᠠ᠂ ᠰᠠᠪᠠ ᠭᠠᠵᠠᠷ ᠠᠯᠤᠰᠯᠠᠨ ᠤᠰᠤ ᠲᠠᠲᠠᠬᠤ᠂ ᠤᠰᠤᠨ᠎ᠤ ᠪᠠᠶᠠᠯᠢᠭ᠎ᠢ ᠶᠡᠷᠦᠩᠬᠡᠢ᠌ᠯᠡᠨ ᠠᠰᠢᠭᠯᠠᠬᠤ᠂ ᠬᠦᠷᠦᠰᠦ ᠰᠢᠷᠤᠢ ᠵᠢ ᠬᠠᠮᠠᠭ᠋ᠠᠯᠠᠬᠤ ᠵᠡᠷᠭᠡ ᠤᠰᠤᠨ ᠠᠰᠢᠭᠯᠠᠯᠳᠠ ᠵᠢᠨ ᠲᠦᠷᠦᠯ ᠵᠤᠢ᠌ᠯ᠎ᠳᠤ ᠲᠠᠳᠠᠨ ᠤᠷᠤᠭᠤᠯᠬᠤ ᠵᠢ ᠲᠤᠳᠤᠷᠬᠠᠢ ᠲᠤᠷᠠᠳᠴᠠᠢ᠃ 2012 ᠣᠨ᠎ᠳᠤ᠂ ᠤᠰᠤᠨ ᠠᠰᠢᠭᠯᠠᠯᠲᠠ ᠵᠢᠨ ᠶᠠᠮᠤᠨ᠎ᠠᠴᠠ ᠲᠠᠷᠢᠶᠠᠯᠠᠩ᠎ᠤᠨ ᠤᠰᠤᠨ ᠠᠰᠢᠭᠯᠠᠯᠲᠠ ᠪᠣᠯᠤᠨ ᠬᠦᠷᠦᠰᠦ ᠰᠢᠷᠣᠢ ᠵᠢ ᠬᠠᠮᠠᠭ᠋ᠠᠯᠠᠬᠤ ᠢᠨᠵᠸᠨᠸᠷᠢᠩ᠎ᠤᠨ ᠪᠦᠲᠦᠭᠡᠨ ᠪᠠᠶ᠋ᠢᠭᠤᠯᠤᠯᠲᠠ᠎ᠳᠤ ᠠᠷᠠᠳ᠎ᠤᠨ ᠬᠥᠷᠥᠩᠭᠡ ᠵᠢᠨ ᠣᠷᠣᠯᠴᠠᠬᠤ ᠵᠢ ᠵᠣᠷᠢᠭᠵᠢᠭᠤᠯᠬᠤ ᠪᠠ ᠬᠥᠲᠥᠯᠦᠨ ᠵᠢᠯᠣᠭᠣᠳᠬᠤ ᠬᠣᠶᠠᠷ ᠬᠡᠷᠡᠭᠵᠢᠭᠦᠯᠬᠦ ᠨᠠᠷᠢᠨ ᠳᠦᠷᠢᠮ᠎ᠢ ᠳᠠᠷᠤᠮᠠᠯᠯᠠᠨ ᠲᠠᠷᠬᠠᠭ᠋ᠠᠪᠠ᠃ ᠭᠡᠪᠡᠴᠦ ᠡᠳᠡᠭᠡᠷ ᠲᠥᠷᠥ ᠵᠢᠨ ᠪᠣᠳᠣᠯᠭ᠎ᠠ ᠵᠢᠨ ᠪᠢᠴᠢᠭ ᠮᠠᠲ᠋ᠧᠷᠢᠶᠠᠯ᠎ᠳᠤ ᠵᠠᠷᠴᠢᠮᠲᠤ ᠴᠢᠨᠠᠷ᠎ᠲᠠᠢ ᠲᠤᠭ᠋ᠠᠴᠢᠯᠳᠠ ᠨᠡᠯᠢᠶᠡᠳ ᠣᠯᠠᠨ᠂ ᠢᠯᠠᠩᠭᠤᠶ᠎ᠠ ᠪᠡᠯᠡ ᠣᠷᠣᠭᠤᠯᠤᠯᠲᠠ ᠵᠢᠨ ᠨᠥᠬᠥᠪᠥᠷᠢ᠂ ᠡᠳ᠋᠎ᠤᠨ ᠵᠠᠰᠠᠭ᠎ᠤᠨ ᠳᠠᠮ ᠬᠦᠦ ᠮᠦᠩᠬᠦ᠂ ᠦᠨ᠎ᠡ ᠬᠠᠩᠰᠢ ᠵᠢᠨ ᠲᠣᠭᠲᠠᠴᠠ ᠵᠡᠷᠭᠡ ᠢᠵᠢ ᠪᠦᠷᠢᠳᠦᠭᠦᠯᠬᠦ ᠲᠥᠷᠥ ᠵᠢᠨ ᠪᠣᠳᠣᠯᠭ᠎ᠠ᠎ᠨᠢ ᠬᠠᠷᠠᠬᠠᠨ ᠨᠠᠷᠢᠯᠢᠭ ᠪᠢᠰᠢ ᠪᠠᠢ᠌ᠵᠤ᠂ ᠪᠣᠳᠠᠲᠠᠢ ᠬᠡᠷᠡᠭᠵᠢᠭᠦᠯᠬᠦ ᠳᠤᠮᠳᠠ ᠨᠡᠶ᠋ᠢᠭᠡᠮ᠎ᠤᠨ ᠬᠥᠷᠥᠩᠭᠡ᠎ᠨᠢ ᠲᠤᠳᠤᠷᠬᠠᠢ ᠵᠢᠱ᠌ᠢᠭᠰᠡᠨ ᠠᠰᠢᠭ ᠣᠷᠣᠯᠭ᠎ᠠ ᠤᠯᠬᠤ᠎ᠳᠤ ᠬᠦᠴᠢᠷ ᠪᠠᠢ᠌ᠵᠤ᠂ ᠨᠡᠶ᠋ᠢᠭᠡᠮ᠎ᠤᠨ ᠬᠥᠷᠥᠩᠭᠡ ᠵᠢᠨ ᠤᠰᠤᠨ ᠠᠰᠢᠭᠯᠠᠯᠲᠠ ᠵᠢᠨ ᠬᠦᠷᠢᠶᠡᠨ᠎ᠳᠤ ᠣᠷᠣᠬᠤ ᠬᠦᠰᠡᠯ ᠡᠷᠡᠮᠡᠯᠵᠡᠯ᠎ᠢ ᠶᠡᠷᠦᠨᠢ ᠴᠢᠩᠭ᠎ᠠ ᠪᠢᠰᠢ ᠪᠠᠶ᠋ᠢᠨ᠎ᠠ᠃
      ᠨᠠᠮ᠎ᠤᠨ ᠠᠷᠪᠠᠨ ᠨᠠᠢ᠍ᠮᠠᠳᠤᠭ᠋ᠠᠷ ᠬᠤᠭᠤᠴᠠᠭ᠋ᠠᠨ᠎ᠤ ᠲᠥᠪ ᠬᠣᠷᠢᠶᠠᠨ᠎ᠤ ᠭᠤᠷᠪᠠᠳᠤᠭ᠋ᠠᠷ ᠪᠥᠬᠥᠳᠡ ᠬᠤᠷᠠᠯ᠎ᠠᠴᠠ ᠨᠡᠰᠢ᠂ ᠨᠠᠮ᠎ᠤᠨ ᠲᠥᠪ ᠬᠣᠷᠢᠶ᠎ᠠ᠂ ᠲᠥᠷᠥ ᠵᠢᠨ ᠶᠠᠪᠤᠳᠠᠯ᠎ᠤᠨ ᠬᠣᠷᠢᠶ᠎ᠠ᠎ᠠᠴᠠ ᠪᠡᠯᠡ ᠣᠷᠣᠭᠤᠯᠤᠯᠲᠠ ᠵᠢᠨ ᠪᠠᠶ᠋ᠢᠭᠤᠯᠤᠯ᠎ᠤᠨ ᠥᠭᠡᠷᠡᠴᠢᠯᠡᠯᠲᠡ ᠵᠢ ᠭᠦᠨᠵᠡᠭᠡᠶ᠋ᠢᠷᠡᠭᠦᠯᠬᠦ᠂ ᠨᠡᠶ᠋ᠢᠭᠡᠮ᠎ᠤᠨ ᠬᠥᠷᠥᠩᠭᠡ ᠵᠢᠨ ᠬᠥᠭᠵᠢᠯᠲᠡ ᠵᠢ ᠵᠣᠷᠢᠭᠵᠢᠭᠤᠯᠬᠤ ᠲᠤᠬᠠᠢ ᠰᠢᠨ᠎ᠡ ᠪᠠᠶ᠋ᠢᠷᠢᠯᠠᠭᠤᠯᠤᠯᠲᠠ ᠬᠢᠭᠰᠡᠨ᠎ᠨᠢ ᠨᠡᠶ᠋ᠢᠭᠡᠮ᠎ᠤᠨ ᠬᠥᠷᠥᠩᠭᠡ ᠵᠢ ᠤᠰᠤᠨ ᠠᠰᠢᠭᠯᠠᠯᠲᠠ ᠵᠢᠨ ᠪᠦᠲᠦᠭᠡᠨ ᠪᠠᠶ᠋ᠢᠭᠤᠯᠤᠯᠲᠠ᠎ᠳᠤ ᠣᠷᠣᠯᠴᠠᠭᠤᠯᠬᠤ ᠲᠤᠬᠠᠢ ᠰᠢᠨ᠎ᠡ ᠱᠠᠭ᠋ᠠᠷᠳᠠᠯᠭ᠎ᠠ ᠳᠤᠷᠠᠳᠤᠭᠰᠠᠨ ᠪᠠᠶ᠋ᠢᠨ᠎ᠠ᠃ 2014 ᠣᠨ᠎ᠤ 3 ᠰᠠᠷ᠎ᠠ᠎ᠳᠤ᠂ ᠶᠡᠷᠦᠩᠬᠡᠢ ᠱᠦᠵᠢ   ᠰᠢ ᠵᠢᠨ ᠫᠢᠩ ᠲᠥᠪ᠎ᠤᠨ ᠡᠳ᠋᠎ᠤᠨ ᠵᠠᠰᠠᠭ ᠠᠵᠤ ᠠᠬᠤᠢ ᠵᠢᠨ ᠤᠳᠤᠷᠢᠳᠬᠤ ᠳᠤᠭᠤᠶ᠋ᠢᠯᠠᠩ᠎ᠤᠨ ᠲᠠᠪᠤᠳᠤᠭ᠋ᠠᠷ ᠤᠳᠠᠭ᠋ᠠᠨ᠎ᠤ ᠬᠤᠷᠠᠯ ᠳᠡᠭᠡᠷ᠎ᠡ ᠤᠰᠤᠨ᠎ᠤ ᠠᠮᠤᠷ ᠲᠦᠪᠰᠢᠨ᠎ᠢ ᠪᠠᠲᠤᠯᠠᠬᠤ ᠲᠤᠬᠠᠢ ᠴᠢᠬᠤᠯᠠ ᠶᠠᠷᠢᠶ᠎ᠠ ᠲᠠᠯᠪᠢᠵᠤ᠂ 《ᠤᠰᠤ ᠠᠷᠪᠢᠯᠠᠬᠤ ᠵᠢ ᠲᠡᠷᠢᠭᠦᠨ᠎ᠳᠤ ᠲᠠᠯᠪᠢᠵᠤ᠂ ᠣᠷᠣᠨ ᠵᠠᠢ᠎ᠨᠢ ᠲᠡᠩᠴᠡᠭᠦᠷᠢᠲᠡᠢ᠂ ᠰᠢᠰᠲ᠋ᠧᠮ᠎ᠲᠠᠢ ᠵᠠᠰᠠᠵᠤ᠂ ᠬᠣᠶᠠᠷ ᠲᠠᠯ᠎ᠠ᠎ᠠᠴᠠ ᠬᠦᠴᠦᠯᠡᠨ ᠠᠰᠢᠭᠯᠠᠬᠤ》 ᠰᠢᠨ᠎ᠡ ᠴᠠᠭ ᠦᠶ᠎ᠡ ᠵᠢᠨ ᠤᠰᠤᠨ ᠠᠰᠢᠭᠯᠠᠯᠲᠠ ᠵᠢᠨ ᠠᠵᠢᠯ᠎ᠤᠨ ᠴᠢᠭᠯᠡᠯᠲᠡ ᠵᠢ ᠳᠤᠷᠠᠳᠴᠤ᠂ ᠤᠰᠤᠨ᠎ᠤ ᠠᠮᠤᠷ ᠲᠦᠪᠰᠢᠨ᠎ᠢ ᠪᠠᠲᠤᠯᠠᠬᠤ᠎ᠳᠤ ᠵᠠᠰᠠᠭ᠎ᠤᠨ ᠣᠷᠳᠣᠨ᠎ᠤ ᠦᠢ᠍ᠯᠡᠳᠦᠯ ᠪᠠ ᠵᠠᠬ᠎ᠠ ᠳᠡᠯᠭᠡᠭᠦᠷ᠎ᠤᠨ ᠲᠣᠭᠲᠠᠴᠠ ᠬᠣᠶᠠᠷ ᠲᠠᠯ᠎ᠠ ᠵᠢ ᠪᠠᠷᠢᠮᠲᠠᠯᠠᠬᠤ ᠬᠡᠷᠡᠭᠲᠡᠢ ᠭᠡᠵᠦ ᠣᠨᠴᠠᠭ᠋ᠠᠶ᠋ᠢᠯᠠᠨ ᠴᠢᠬᠤᠯᠠᠴᠢᠯᠠᠵᠠᠢ᠃ 5 ᠰᠠᠷ᠎ᠠ᠎ᠳᠤ᠂ ᠶᠡᠷᠦᠩᠬᠡᠢ ᠰᠠᠶ᠋ᠢᠳ ᠯᠢ ᠺᠧ ᠴᠢᠶᠠᠩ ᠲᠥᠷᠥ ᠵᠢᠨ ᠶᠠᠪᠤᠳᠠᠯ᠎ᠤᠨ ᠬᠣᠷᠢᠶᠠᠨ᠎ᠤ 48 ᠳ᠋ᠤᠭ᠋ᠠᠷ ᠤᠳᠠᠭ᠎ᠠ ᠵᠢᠨ ᠪᠠᠶ᠋ᠢᠩᠭᠤ ᠵᠢᠨ ᠬᠤᠷᠠᠯ᠎ᠢ ᠡᠷᠬᠢᠯᠡᠨ ᠬᠤᠷᠠᠯᠳᠤᠭᠤᠯᠵᠤ᠂ ᠤᠰᠤ ᠠᠷᠪᠢᠯᠠᠵᠤ ᠤᠰᠤ ᠬᠠᠩᠭ᠋ᠠᠬᠤ ᠴᠢᠬᠤᠯᠠ ᠶᠡᠬᠡ ᠤᠰᠤᠨ ᠠᠰᠢᠭᠯᠠᠯᠲᠠ ᠵᠢᠨ ᠢᠨᠵᠧᠨᠧᠷᠢᠩ᠎ᠤᠨ ᠪᠦᠲᠦᠭᠡᠨ ᠪᠠᠶ᠋ᠢᠭᠤᠯᠤᠯᠲᠠ ᠵᠢ ᠲᠦᠷᠭᠡᠳᠬᠡᠨ ᠠᠬᠢᠭᠤᠯᠬᠤ ᠵᠠᠰᠠᠭ᠎ᠤᠨ ᠣᠷᠳᠣᠨ ᠪᠠ ᠵᠠᠬ᠎ᠠ ᠳᠡᠯᠭᠡᠭᠦᠷ᠎ᠢ ᠣᠷᠭ᠋ᠠᠨᠢᠭ ᠵᠶ᠋ᠠᠷ ᠤᠶᠠᠯᠳᠤᠭᠤᠯᠬᠤ ᠲᠣᠭᠲᠠᠴᠠ ᠵᠢ ᠪᠠᠢ᠌ᠭᠤᠯᠵᠤ᠂ ᠨᠡᠶ᠋ᠢᠭᠡᠮ᠎ᠤᠨ ᠬᠥᠷᠥᠩᠭᠡ ᠵᠢᠨ   ᠢᠨᠵᠧᠨᠧᠷᠢᠩ᠎ᠤᠨ ᠪᠦᠲᠦᠭᠡᠨ ᠪᠠᠶ᠋ᠢᠭᠤᠯᠤᠯᠲᠠ ᠪᠠ ᠬᠠᠮᠢᠶᠠᠷᠤᠯᠲᠠ᠎ᠳᠤ ᠤᠷᠤᠯᠴᠠᠬᠤ ᠵᠢ ᠵᠤᠷᠢᠭᠵᠢᠭᠤᠯᠬᠤ ᠬᠡᠷᠡᠭᠲᠡᠢ ᠭᠡᠵᠦ ᠳᠤᠷᠠᠳᠴᠠᠢ᠃ 11 ᠰᠠᠷ᠎ᠠ᠎ᠳᠤ᠂ ᠲᠥᠷᠥ ᠵᠢᠨ ᠶᠠᠪᠤᠳᠠᠯ᠎ᠤᠨ ᠬᠣᠷᠢᠶ᠎ᠠ 《ᠭᠣᠣᠯᠳᠠᠯᠭ᠎ᠠ᠎ᠲᠠᠢ ᠬᠦᠷᠢᠶᠡᠨ᠎ᠳᠠᠬᠢ ᠪᠡᠯᠡ ᠣᠷᠣᠭᠤᠯᠵᠤ ᠪᠡᠯᠡ ᠲᠣᠬᠢᠷᠠᠭᠤᠯᠬᠤ ᠲᠣᠭᠲᠠᠴᠠ ᠵᠢᠨ ᠲᠠᠯ᠎ᠠ᠎ᠪᠠᠷ ᠰᠢᠨ᠎ᠡ ᠵᠢ ᠡᠭᠦᠳᠴᠦ ᠨᠡᠶ᠋ᠢᠭᠡᠮ᠎ᠤᠨ ᠪᠡᠯᠡ ᠣᠷᠣᠭᠤᠯᠤᠯᠲᠠ ᠵᠢ ᠵᠣᠷᠢᠭᠵᠢᠭᠤᠯᠬᠤ ᠲᠤᠬᠠᠢ ᠵᠢᠯᠣᠭᠣᠳᠬᠤ ᠰᠠᠨᠠᠯ》᠎ᠢ ᠳᠠᠷᠤᠮᠠᠯᠯᠠᠨ ᠲᠠᠷᠬᠠᠭ᠋ᠠᠵᠤ᠂ ᠠᠮᠢ ᠠᠬᠤᠢ ᠣᠷᠴᠢᠨ ᠠᠬᠤᠢ ᠵᠢᠨ ᠬᠠᠮᠠᠭ᠋ᠠᠯᠠᠯᠲᠠ᠂ ᠲᠠᠷᠢᠶᠠᠯᠠᠩ᠎ᠤᠨ ᠤᠰᠤᠨ ᠠᠰᠢᠭᠯᠠᠯᠲᠠ᠂ ᠬᠣᠲᠠ ᠵᠢᠨ ᠵᠠᠰᠠᠭ᠎ᠤᠨ ᠶᠠᠪᠤᠳᠠᠯ᠂ ᠵᠠᠮ ᠬᠠᠷᠢᠯᠴᠠᠭ᠎ᠠ᠂ ᠡᠨᠧᠷᠭᠢ ᠵᠢᠨ ᠰᠤᠷᠪᠤᠯᠵᠢ᠂ ᠮᠡᠳᠡᠭᠡ ᠵᠠᠩᠭᠢ᠂ ᠨᠡᠶ᠋ᠢᠭᠡᠮ᠎ᠤᠨ ᠦᠢ᠍ᠯᠡᠰ ᠵᠡᠷᠭᠡ ᠬᠦᠷᠢᠶᠡᠨ᠎ᠳᠤ ᠭᠣᠣᠯᠳᠠᠯᠭ᠎ᠠ᠎ᠲᠠᠢ᠎ᠪᠠᠷ ᠨᠡᠶ᠋ᠢᠭᠡᠮ᠎ᠤᠨ ᠬᠥᠷᠥᠩᠭᠡ ᠵᠢ ᠲᠠᠲᠠᠵᠤ᠂ ᠣᠨᠴᠠᠭ᠋ᠠᠶ᠋ᠢᠯᠠᠨ ᠠᠷᠠᠳ᠎ᠤᠨ ᠬᠥᠷᠥᠩᠭᠡ ᠵᠢ ᠣᠷᠣᠯᠴᠠᠭᠤᠯᠵᠤ ᠠᠯᠢ ᠣᠯᠠᠨ ᠥᠭᠡᠷᠡᠴᠢᠯᠡᠯᠲᠡ ᠵᠢᠨ ᠠᠷᠭ᠎ᠠ ᠬᠡᠮᠵᠢᠶ᠎ᠡ ᠵᠢ ᠳᠤᠷᠠᠳᠤᠭᠰᠠᠨ ᠪᠠᠶ᠋ᠢᠨ᠎ᠠ᠃
      ᠨᠠᠮ᠎ᠤᠨ ᠲᠥᠪ ᠬᠣᠷᠢᠶ᠎ᠠ᠂ ᠲᠥᠷᠥ ᠵᠢᠨ ᠶᠠᠪᠤᠳᠠᠯ᠎ᠤᠨ ᠬᠣᠷᠢᠶᠠᠨ᠎ᠤ ᠪᠠᠶ᠋ᠢᠷᠢᠯᠠᠭᠤᠯᠤᠯᠲᠠ ᠪᠠ ᠱᠠᠭ᠋ᠠᠷᠳᠠᠯᠭ᠎ᠠ ᠶᠣᠰᠣᠭ᠋ᠠᠷ᠂ ᠡᠨᠡ ᠵᠢᠯ᠎ᠤᠨ 3 ᠰᠠᠷ᠎ᠠ᠎ᠳᠤ ᠤᠯᠤᠰ᠎ᠤᠨ ᠬᠥᠭᠵᠢᠭᠦᠯᠦᠯᠲᠡ ᠪᠠ ᠥᠭᠡᠷᠡᠴᠢᠯᠡᠯᠲᠡ ᠵᠢᠨ ᠵᠥᠪᠯᠡᠯ᠂ ᠡᠳ᠋᠎ᠤᠨ ᠵᠠᠰᠠᠭ᠎ᠤᠨ ᠶᠠᠮᠤᠨ ᠪᠠ ᠤᠰᠤᠨ ᠠᠰᠢᠭᠯᠠᠯᠲᠠ ᠵᠢᠨ ᠶᠠᠮᠤᠨ 《ᠴᠢᠬᠤᠯᠠ ᠶᠡᠬᠡ ᠤᠰᠤᠨ ᠠᠰᠢᠭᠯᠠᠯᠲᠠ ᠵᠢᠨ   ᠢᠨᠵᠸᠨ᠋ᠸᠷᠢᠩ᠎ᠤᠨ ᠪᠦᠲᠦᠭᠡᠨ ᠪᠠᠶ᠋ᠢᠭᠤᠯᠤᠯᠲᠠ ᠡᠵᠡᠩᠨᠡᠯᠲᠡ᠎ᠳᠤ ᠨᠡᠶ᠋ᠢᠭᠡᠮ᠎ᠤᠨ ᠬᠥᠷᠥᠩᠭᠡ ᠵᠢᠨ ᠣᠷᠣᠯᠴᠠᠬᠤ ᠵᠢ ᠵᠣᠷᠢᠭᠵᠢᠭᠤᠯᠬᠤ ᠪᠠ ᠬᠥᠲᠥᠯᠦᠨ ᠵᠢᠯᠣᠭᠣᠳᠬᠤ ᠲᠤᠬᠠᠢ ᠬᠡᠷᠡᠭᠵᠢᠭᠦᠯᠬᠦ ᠰᠠᠨᠠᠯ》᠎ᠢ ᠲᠣᠭᠲᠠᠭ᠋ᠠᠵᠤ ᠳᠠᠷᠤᠮᠠᠯᠯᠠᠨ ᠲᠠᠷᠬᠠᠭ᠋ᠠᠪᠠ᠃ 《ᠰᠠᠨᠠᠯ》᠎ᠢ ᠳᠠᠷᠤᠮᠠᠯᠯᠠᠨ ᠲᠠᠷᠬᠠᠭ᠋ᠠᠵᠤ ᠬᠡᠷᠡᠭᠵᠢᠬᠦᠯᠦᠭᠰᠡᠨ᠎ᠨᠢ ᠲᠥᠪ ᠭᠣᠣᠯᠴᠢ ᠢᠯᠡ ᠲᠣᠳᠣ ᠵᠠᠬ᠎ᠠ ᠳᠡᠯᠭᠡᠭᠦᠷ᠎ᠤᠨ ᠳᠦᠷᠢᠮ᠎ᠢ ᠪᠠᠢ᠌ᠭᠤᠯᠵᠤ᠂ ᠡᠷᠬᠡ ᠮᠡᠳᠡᠯ ᠡᠷᠬᠡ ᠲᠡᠭᠰᠢ᠂ ᠠᠵᠠ ᠲᠣᠬᠢᠶᠠᠯ ᠡᠷᠬᠡ ᠲᠡᠭᠰᠢ᠂ ᠳᠦᠷᠢᠮ ᠲᠤᠭᠳᠠᠭ᠋ᠠᠯ ᠡᠷᠬᠡ ᠲᠡᠭᠰᠢ ᠪᠡᠯᠡ ᠣᠷᠣᠭᠤᠯᠤᠯᠲᠠ ᠵᠢᠨ ᠣᠷᠴᠢᠨ ᠲᠣᠭᠣᠷᠢᠨ᠎ᠢ ᠪᠣᠢ ᠪᠣᠯᠭ᠋ᠠᠵᠤ᠂ ᠵᠠᠬ᠎ᠠ ᠳᠡᠯᠭᠡᠭᠦᠷ᠎ᠤᠨ ᠭᠣᠣᠯ ᠴᠣᠭᠴᠠ ᠵᠢᠨ ᠠᠮᠢᠵᠢᠷᠠᠯ᠎ᠤᠨ ᠬᠦᠴᠦᠨ ᠪᠠ ᠳᠠᠯᠳᠠ ᠬᠦᠴᠦᠨ᠎ᠢ ᠬᠥᠭᠵᠢᠭᠡᠵᠦ᠂ ᠤᠰᠤᠨ ᠠᠰᠢᠭᠯᠠᠯᠲᠠ ᠵᠢᠨ ᠪᠡᠯᠡ ᠣᠷᠣᠭᠤᠯᠤᠯᠲᠠ ᠵᠢᠨ ᠪᠡᠯᠡ ᠮᠥᠩᠭᠥ ᠵᠢ ᠣᠯᠠᠨ ᠠᠷᠭ᠎ᠠ ᠵᠠᠮ ᠵᠶ᠋ᠠᠷ ᠴᠤᠭᠯᠠᠭᠤᠯᠬᠤ ᠲᠣᠭᠲᠠᠴᠠ ᠵᠢ ᠪᠠᠶ᠋ᠢᠭᠤᠯᠤᠨ ᠲᠡᠬᠦᠯᠳᠡᠷᠵᠢᠬᠦᠯᠵᠦ᠂ ᠴᠢᠬᠤᠯᠠ ᠶᠡᠬᠡ ᠤᠰᠤᠨ ᠠᠰᠢᠭᠯᠠᠯᠲᠠ ᠵᠢᠨ ᠢᠨᠵᠸᠨ᠋ᠸᠷᠢᠩ᠎ᠤᠨ ᠪᠦᠲᠦᠭᠡᠨ ᠪᠠᠶ᠋ᠢᠭᠤᠯᠤᠯᠲᠠ ᠵᠢ ᠲᠦᠷᠭᠡᠳᠭᠡᠨ᠂ ᠤᠰᠤᠨ ᠠᠰᠢᠭᠯᠠᠯᠳᠠ ᠵᠢᠨ ᠬᠠᠮᠢᠶᠠᠷᠤᠯᠳᠠ ᠵᠢᠨ ᠦᠷ᠎ᠡ ᠠᠰᠢᠭ ᠪᠠ ᠦᠢ᠍ᠯᠡᠴᠢᠯᠡᠭᠡ ᠵᠢ ᠲᠡᠭᠡᠭᠰᠢᠯᠡᠬᠦᠯᠵᠤ᠂ ᠤᠰᠤᠨ᠎ᠤ ᠠᠶᠤᠯᠬᠦᠢ ᠵᠢ ᠪᠠᠳᠤᠯᠠᠬᠤ ᠰᠢᠰᠲᠸᠮ᠎ᠢ ᠲᠡᠬᠦᠯᠳᠡᠷᠵᠢᠬᠦᠯᠬᠦ ᠵᠢ ᠲᠦᠷᠭᠡᠳᠭᠡᠨ᠂ ᠠᠵ ᠤᠠᠬᠤᠢ ᠨᠡᠢ᠌ᠬᠡᠮ᠎ᠤᠨ ᠦᠷᠬᠦᠯᠵᠢᠯᠡᠬᠦᠢ᠌ᠴᠡ ᠬᠦᠭᠵᠢᠯᠳᠡ᠎ᠳᠤ ᠲᠤᠯᠭ᠋ᠠᠭᠤᠷᠢᠯᠠᠯ ᠬᠠᠩᠭ᠋ᠠᠬᠤ᠎ᠳᠤ ᠴᠢᠬᠤᠯᠠ ᠪᠦᠬᠦᠢ ᠠᠴᠢ ᠬᠤᠯᠪᠤᠭᠳᠠᠯ᠎ᠲᠠᠢ ᠶᠤᠮ᠃
      ᠠᠰᠠᠭᠤᠯᠳᠠ᠄ 《ᠰᠠᠨᠠᠯ》᠎ᠳᠤ ᠨᠡᠶ᠋ᠢᠭᠡᠮ᠎ᠤᠨ ᠬᠥᠷᠥᠩᠭᠡ᠎ᠨᠢ ᠪᠦᠲᠦᠭᠡᠨ ᠪᠠᠶ᠋ᠢᠭᠤᠯᠤᠯᠲᠠ ᠵᠢᠨ ᠡᠵᠡᠩᠨᠡᠯᠲᠡ᠎ᠳᠤ ᠤᠷᠤᠯᠴᠠᠬᠤ᠎ᠳᠤ ᠤᠰᠤᠨ ᠠᠰᠢᠭᠯᠠᠯᠲᠠ ᠵᠢᠨ ᠢᠨᠵᠸᠨ᠋ᠸᠷᠢᠩ᠎ᠤᠨ ᠬᠦᠷᠢᠶ᠎ᠡ ᠬᠡᠪᠴᠢᠶ᠎ᠡ ᠵᠢᠨ ᠬᠢᠵᠠᠭ᠋ᠠᠷᠯᠠᠯ ᠪᠠᠶ᠋ᠢᠨ᠎ᠠ ᠤᠤ? ᠶᠠᠮᠠᠷ ᠶᠠᠮᠠᠷ ᠣᠷᠣᠯᠴᠠᠬᠤ ᠬᠡᠯᠪᠡᠷᠢ ᠪᠠᠶ᠋ᠢᠬᠤ ᠪᠣᠢ?
      ᠬᠠᠷᠢᠭᠤᠯᠲᠠ᠄ 《ᠰᠠᠨᠠᠯ》᠎ᠳᠤ ᠨᠡᠶ᠋ᠢᠭᠡᠮ᠎ᠤᠨ ᠬᠥᠷᠥᠩᠭᠡ ᠵᠢᠨ ᠣᠷᠣᠯᠴᠠᠬᠤ ᠬᠦᠷᠢᠶ᠎ᠡ ᠴᠠᠷ᠎ᠠ ᠪᠣᠯᠤᠨ ᠠᠷᠭ᠎ᠠ ᠬᠡᠯᠪᠡᠷᠢ ᠵᠢ ᠲᠣᠳᠣᠷᠬᠠᠶ᠋ᠢᠯᠠᠵᠠᠢ᠃ ᠨᠢᠭᠡ᠎ᠳᠤ ᠨᠡᠶ᠋ᠢᠭᠡᠮ᠎ᠤᠨ ᠬᠥᠷᠥᠩᠭᠡ ᠵᠢᠨ ᠤᠷᠤᠬᠤ ᠬᠦᠷᠢᠶ᠎ᠡ ᠬᠡᠪᠴᠢᠶ᠎ᠡ ᠵᠢ ᠥᠷᠭᠡᠳᠬᠡᠨ᠎ᠡ᠃ ᠣᠳᠣ᠎ᠪᠠᠷ ᠬᠡᠷᠡᠭᠵᠢᠭᠦᠯᠵᠦ ᠪᠠᠶ᠋ᠢᠭ᠎ᠠ ᠤᠯᠤᠰ᠎ᠤᠨ ᠬᠠᠤᠯᠢ ᠲᠤᠭᠳᠠᠭ᠋ᠠᠯ ᠪᠣᠯᠤᠨ ᠲᠦᠷᠦ ᠵᠢᠨ ᠪᠣᠳᠣᠯᠭ᠎ᠠ ᠵᠢᠨ   ᠪᠢᠴᠢᠭ ᠮᠠᠲᠸᠷᠢᠶᠠᠯ᠎ᠨᠢ ᠨᠡᠶ᠋ᠢᠭᠡᠮ᠎ᠤᠨ ᠬᠥᠷᠥᠩᠭᠡ ᠵᠢᠨ ᠤᠰᠤᠨ ᠠᠰᠢᠭᠯᠠᠯᠲᠠ ᠵᠢᠨ   ᠬᠦᠷᠢᠶ᠎ᠡ ᠴᠡᠷ᠎ᠡ᠎ᠳᠤ ᠣᠷᠣᠬᠤ᠎ᠳᠤ ᠲᠣᠳᠣᠷᠬᠠᠢ ᠬᠢᠵᠠᠭ᠋ᠠᠷᠯᠠᠯ ᠦᠭᠡᠢ᠃ ᠵᠥᠪᠬᠡᠨ ᠭᠠᠳᠠᠭ᠋ᠠᠳᠤ ᠵᠢᠨ ᠬᠤᠳᠠᠯᠳᠤᠭ᠋ᠠᠴᠢᠨ᠎ᠤ ᠬᠥᠷᠥᠩᠭᠡ ᠣᠷᠣᠭᠤᠯᠤᠯᠲᠠ ᠵᠢᠨ ᠠᠵᠤ ᠦᠢ᠍ᠯᠡᠳᠪᠦᠷᠢ ᠵᠢᠨ ᠭᠠᠷᠴᠠᠭ ᠳᠣᠲᠣᠷ᠎ᠠ ᠭᠠᠳᠠᠭ᠋ᠠᠳᠤ ᠵᠢᠨ ᠬᠤᠳᠠᠯᠳᠤᠭ᠋ᠠᠴᠢᠨ᠎ᠤ ᠬᠥᠷᠥᠩᠭᠡ ᠣᠷᠣᠭᠤᠯᠤᠯᠲᠠ ᠵᠢᠨ ᠰᠠᠪᠠ ᠭᠠᠵᠠᠷ᠎ᠲᠤ ᠬᠢᠵᠠᠭ᠋ᠠᠷᠯᠠᠬᠤ ᠴᠢᠨᠠᠷᠳᠠᠢ ᠬᠦᠢ᠍ᠰᠦ ᠪᠠᠷᠢᠯᠭ᠎ᠠ᠎ᠨᠢ ᠡᠷᠬᠡᠪᠰᠢ ᠲᠤᠮᠳᠠᠳᠤ ᠵᠢᠨ ᠲᠠᠯ᠎ᠠ ᠵᠢᠨ ᠬᠤᠪᠢᠴᠠᠭ᠎ᠠ ᠡᠵᠡᠮᠰᠢᠭᠰᠡᠨ ᠪᠠᠢ᠌ᠬᠤ ᠬᠡᠷᠡᠭᠲᠡᠢ ᠭᠡᠬᠦ ᠬᠢᠵᠠᠭ᠋ᠠᠷᠯᠠᠯ ᠪᠠᠢ᠌ᠳᠠᠭ᠃ 《ᠬᠠᠤᠯᠢ᠎ᠪᠠᠷ ᠦᠯᠦ ᠴᠠᠭ᠋ᠠᠵᠠᠯᠠᠭᠰᠠᠨ ᠵᠠᠬ᠎ᠠ ᠳᠡᠯᠭᠡᠭᠦᠷ᠎ᠢ ᠪᠣᠯ ᠬᠢᠵᠦ ᠪᠣᠯᠤᠨ᠎ᠠ》 ᠭᠡᠬᠦ ᠵᠠᠷᠴᠢᠮ᠎ᠤᠨ ᠶᠣᠰᠣᠭ᠋ᠠᠷ 《ᠰᠠᠨᠠᠯ》᠎ᠳᠤ ᠬᠠᠤᠯᠢ ᠴᠠᠭ᠋ᠠᠵᠠ᠂ ᠬᠠᠤᠯᠢ ᠲᠣᠭᠲᠠᠭ᠋ᠠᠯ᠂ ᠳᠦᠷᠢᠮ ᠲᠣᠭᠲᠠᠭ᠋ᠠᠯ᠎ᠳᠤ ᠤᠨᠴᠠᠭ᠋ᠠᠢ ᠲᠣᠭᠲᠠᠭ᠋ᠠᠭᠰᠠᠨ ᠪᠠᠶ᠋ᠢᠳᠠᠯ᠎ᠢ ᠭᠠᠷᠭ᠋ᠠᠪᠠᠯ ᠪᠤᠰᠤᠳ ᠴᠢᠬᠤᠯᠠ ᠶᠡᠬᠡ ᠤᠰᠤᠨ ᠠᠰᠢᠭᠯᠠᠯᠲᠠ ᠵᠢᠨ ᠢᠨᠵᠸᠨ᠋ᠸᠷᠢᠩ᠎ᠤᠨ ᠪᠦᠲᠦᠭᠡᠨ ᠪᠠᠶ᠋ᠢᠭᠤᠯᠤᠯᠲᠠ ᠡᠵᠡᠩᠨᠡᠯᠲᠡ ᠵᠢ ᠴᠥᠮ ᠨᠡᠶ᠋ᠢᠭᠡᠮ᠎ᠤᠨ ᠬᠥᠷᠥᠩᠭᠡ᠎ᠳᠤ ᠨᠡᠭᠡᠭᠡᠯᠳᠡᠢ ᠪᠠᠢ᠌ᠳᠠᠭ᠃ ᠨᠥᠬᠥᠴᠡᠯ᠎ᠳᠤ ᠨᠡᠶ᠋ᠢᠴᠡᠭᠰᠡᠨ ᠡᠯ᠎ᠡ ᠲᠥᠷᠥᠯ᠎ᠤᠨ ᠤᠯᠤᠰ᠎ᠤᠨ ᠥᠮᠴᠢᠯᠡᠯ᠎ᠤᠨ ᠠᠵᠤ ᠠᠬᠤᠶ᠋ᠢᠯᠠᠯ᠂ ᠠᠷᠠᠳ᠎ᠠᠴᠠ ᠡᠵᠡᠩᠨᠡᠭᠰᠡᠨ ᠠᠵᠤ ᠠᠬᠤᠶ᠋ᠢᠯᠠᠯ᠂ ᠭᠠᠳᠠᠭ᠋ᠠᠳᠤ ᠵᠢᠨ ᠬᠤᠳᠠᠯᠳᠤᠭ᠋ᠠᠴᠢᠨ᠎ᠤ ᠪᠡᠯᠡ ᠣᠷᠣᠭᠤᠯᠤᠭᠰᠠᠨ ᠠᠵᠤ ᠠᠬᠤᠶ᠋ᠢᠯᠠᠯ᠂ ᠬᠣᠯᠢᠮᠠᠭ ᠥᠮᠴᠢᠯᠡᠯ᠎ᠤᠨ ᠠᠵᠤ ᠠᠬᠤᠶ᠋ᠢᠯᠠᠯ ᠵᠢᠴᠢ ᠪᠤᠰᠤᠳ ᠪᠡᠯᠡ ᠣᠷᠣᠭᠤᠯᠤᠯᠲᠠ᠂ ᠡᠵᠡᠩᠨᠡᠯᠲᠡ ᠵᠢᠨ ᠭᠣᠣᠯ ᠴᠣᠭᠴᠠ ᠵᠢᠨ ᠳᠤᠷᠠᠲᠠᠶ᠎ᠠ ᠪᠡᠯᠡ ᠣᠷᠣᠭᠤᠯᠬᠤ ᠴᠢᠬᠤᠯᠠ ᠶᠡᠬᠡ ᠤᠰᠤᠨ ᠠᠰᠢᠭᠯᠠᠯᠲᠠ ᠵᠢᠨ ᠢᠨᠵᠸᠨ᠋ᠸᠷᠢᠩ᠎ᠢ ᠪᠠᠭᠲᠠᠭ᠋ᠠᠭᠰᠠᠨ ᠨᠡᠶ᠋ᠢᠭᠡᠮ᠎ᠤᠨ ᠬᠥᠷᠥᠩᠭᠡ ᠮᠥᠩᠭᠥ ᠯᠡ ᠶᠤᠮ ᠪᠣᠯ ᠵᠠᠷᠴᠢᠮ ᠲᠡᠭᠡᠷ᠎ᠡ᠎ᠪᠠᠨ ᠤᠷᠢᠳᠠᠪᠠᠷ ᠪᠦᠲᠦᠭᠡᠨ ᠪᠠᠶ᠋ᠢᠭᠤᠯᠤᠯᠲᠠ ᠪᠠ ᠡᠵᠡᠩᠨᠡᠯᠲᠡ᠎ᠳᠤ ᠣᠷᠣᠯᠴᠠᠬᠤ ᠵᠢ ᠵᠦᠪᠰᠢᠶᠡᠷᠡᠨ᠎ᠡ᠃ ᠭᠡᠪᠡᠴᠦ ᠶᠡᠷᠦᠩᠬᠡᠶ᠋ᠢᠯᠡᠭᠰᠡᠨ ᠤᠰᠤᠨ ᠠᠰᠢᠭᠯᠠᠯᠲᠠ ᠵᠢᠨ ᠬᠦᠢ᠍ᠰᠦ᠂ ᠲᠤᠮᠤ ᠬᠣᠲᠠ ᠵᠢᠨ ᠲᠦᠭᠡᠭᠡᠯ ᠤᠰᠤᠨ ᠬᠣᠭᠣᠯᠠᠢ ᠵᠢᠨ ᠲᠣᠣᠷ᠎ᠤᠨ ᠪᠦᠲᠦᠭᠡᠨ ᠪᠠᠢ᠌ᠭᠤᠯᠤᠯᠳᠠ ᠵᠢᠨ ᠡᠵᠡᠩᠨᠡᠯᠳᠡ᠎ᠳᠤ ᠲᠣᠭᠲᠠᠭ᠋ᠠᠯ ᠶᠣᠰᠣᠭ᠋ᠠᠷ ᠳᠤᠮᠳᠠᠳᠤ ᠤᠯᠤᠰ᠎ᠤᠨ ᠲᠠᠯ᠎ᠠ᠎ᠠᠴᠠ ᠬᠤᠪᠢ ᠡᠵᠡᠮᠳᠡᠭᠰᠡᠨ ᠪᠠᠢ᠌ᠬᠤ ᠬᠡᠷᠡᠭᠲᠡᠢ᠃ ᠬᠣᠶᠠᠷ᠎ᠲᠤ ᠲᠥᠷᠥᠯ ᠵᠦᠢ᠍ᠯ᠎ᠳᠤ ᠣᠷᠣᠯᠴᠠᠬᠤ ᠠᠷᠭ᠎ᠠ ᠮᠠᠶᠢᠭ᠎ᠢ ᠵᠦᠢ ᠵᠣᠬᠢᠰᠲᠠᠢ ᠲᠣᠭᠲᠠᠭ᠋ᠠᠬᠤ ᠬᠡᠷᠡᠭᠲᠡᠢ᠃ ᠤᠰᠤᠨ ᠠᠰᠢᠭᠯᠠᠯᠲᠠ ᠪᠣᠯ ᠣᠯᠠᠨ ᠨᠡᠶ᠋ᠢᠲᠡ ᠵᠢᠨ ᠰᠠᠭᠤᠷᠢ ᠪᠡᠯᠡᠳᠬᠡᠮᠵᠢ ᠪᠣᠯᠬᠤ ᠪᠥᠭᠡᠳ ᠵᠠᠰᠠᠭ᠎ᠤᠨ ᠣᠷᠳᠣᠨ᠎ᠠᠴᠠ ᠰᠢᠭᠤᠳ ᠬᠠᠩᠭ᠋ᠠᠵᠤ ᠪᠤᠯᠬᠤ ᠮᠥᠷᠲᠡᠭᠡᠨ ᠪᠠᠰᠠ ᠨᠡᠶ᠋ᠢᠭᠡᠮ᠎ᠠᠴᠠ ᠦᠢ᠍ᠯᠡᠴᠢᠯᠡᠭᠡ ᠬᠤᠳᠠᠯᠳᠤᠨ ᠠᠪᠬᠤ ᠠᠷᠭ᠎ᠠ ᠮᠠᠶᠢᠭ ᠵᠶ᠋ᠠᠷ ᠳᠠᠮᠵᠢᠨ ᠬᠠᠩᠭ᠋ᠠᠵᠤ ᠪᠣᠯᠤᠨ᠎ᠠ᠃ 《      ᠰᠠᠨᠠᠯ》᠎ᠳᠤ ᠵᠠᠰᠠᠭ᠎ᠤᠨ ᠣᠷᠳᠣᠨ ᠪᠣᠯᠤᠨ ᠨᠡᠶ᠋ᠢᠭᠡᠮ᠎ᠤᠨ ᠬᠥᠷᠥᠩᠭᠡ ᠵᠢᠨ ᠬᠠᠮᠲᠤᠷᠠᠯᠴᠠᠭ᠎ᠠ (PPP) ᠵᠢᠨ ᠲᠣᠭᠲᠠᠴᠠ ᠵᠢ ᠪᠠᠶ᠋ᠢᠭᠤᠯᠤᠨ ᠲᠡᠬᠦᠯᠳᠡᠷᠵᠢᠬᠦᠯᠬᠦ ᠵᠢ ᠲᠤᠷᠠᠳᠴᠤ᠂ ᠨᠡᠶ᠋ᠢᠭᠡᠮ᠎ᠤᠨ ᠬᠥᠷᠥᠩᠭᠡ ᠵᠢᠨ ᠣᠨᠴᠠᠭ᠋ᠠᠢ ᠵᠥᠪᠰᠢᠶᠡᠷᠡᠯ ᠵᠶ᠋ᠡᠷ ᠡᠵᠡᠩᠨᠡᠬᠦ᠂ ᠬᠤᠪᠢ ᠣᠷᠣᠭᠤᠯᠤᠯᠲᠠ ᠵᠢ ᠡᠷᠬᠡᠰᠢᠶᠡᠬᠦ ᠵᠡᠷᠭᠡ ᠣᠯᠠᠨ ᠵᠦᠢ᠍ᠯ᠎ᠤᠨ ᠬᠡᠯᠪᠡᠷᠢ᠎ᠪᠠᠷ ᠴᠢᠬᠤᠯᠠ ᠶᠡᠬᠡ ᠤᠰᠤᠨ ᠠᠰᠢᠭᠯᠠᠯᠲᠠ ᠵᠢᠨ ᠪᠠᠷᠢᠯᠭ᠎ᠠ ᠵᠢᠨ ᠪᠦᠲᠦᠭᠡᠨ ᠪᠠᠶ᠋ᠢᠭᠤᠯᠤᠯᠲᠠ ᠵᠢᠨ ᠡᠵᠡᠩᠨᠡᠯᠲᠡ᠎ᠳᠤ ᠣᠷᠣᠯᠴᠠᠬᠤ ᠵᠢ ᠵᠣᠷᠢᠭᠵᠢᠭᠤᠯᠤᠨ᠎ᠠ᠃ ᠨᠡᠶ᠋ᠢᠲᠡ ᠵᠢᠨ ᠠᠰᠠᠷᠠᠮᠵᠢ ᠵᠢᠨ ᠴᠢᠨᠠᠷ ᠵᠶ᠋ᠠᠷ ᠨᠡᠯᠢᠶᠡᠳ ᠴᠢᠩᠭ᠎ᠠ᠂ ᠰᠢᠭᠤᠳ ᠠᠰᠢᠭ ᠣᠷᠣᠯᠭ᠎ᠠ ᠦᠭᠡᠢ ᠨᠠᠭᠤᠷ ᠴᠥᠭᠥᠷᠥᠮ᠎ᠤᠨ ᠬᠠᠰᠢᠯᠭ᠎ᠠ ᠰᠡᠷᠭᠡᠢ᠌ᠯᠡᠯᠳᠡ ᠵᠢ ᠴᠡᠭᠴᠡᠯᠡᠨ ᠵᠠᠰᠠᠬᠤ ᠵᠡᠷᠭᠡ ᠤᠰᠤᠨ ᠠᠰᠢᠭᠯᠠᠯᠲᠠ ᠵᠢᠨ ᠪᠠᠷᠢᠯᠭ᠎ᠠ ᠵᠢᠨ ᠪᠦᠲᠦᠭᠡᠨ ᠪᠠᠶ᠋ᠢᠭᠤᠯᠤᠯᠲᠠ ᠵᠢᠨ ᠲᠥᠷᠥᠯ ᠵᠦᠢ᠍ᠯ᠎ᠳᠤ ᠡᠵᠡᠩᠨᠡᠯᠲᠡ ᠵᠢᠨ ᠴᠢᠨᠠᠷ ᠵᠶ᠋ᠠᠷ ᠨᠡᠯᠢᠶᠡᠳ ᠴᠢᠩᠭ᠎ᠠ ᠲᠥᠷᠥᠯ ᠵᠦᠢ᠍ᠯ᠎ᠲᠠᠢ ᠨᠡᠶ᠋ᠢᠯᠡᠭᠦᠯᠦᠨ ᠨᠡᠭᠡᠭᠡᠨ ᠬᠥᠭᠵᠢᠭᠦᠯᠬᠦ᠂ ᠰᠠᠪᠠ ᠭᠠᠵᠠᠷ᠎ᠢ ᠨᠢᠭᠡᠳᠦᠯᠲᠡᠢ ᠲᠥᠯᠥᠪᠵᠢᠭᠦᠯᠦᠨ ᠬᠡᠷᠡᠭᠵᠢᠭᠦᠯᠬᠦ ᠵᠡᠷᠭᠡ ᠠᠷᠭ᠎ᠠ ᠮᠠᠶᠢᠭ ᠵᠶ᠋ᠠᠷ ᠳᠠᠮᠵᠢᠭᠤᠯᠤᠨ ᠨᠡᠶ᠋ᠢᠭᠡᠮ᠎ᠤᠨ ᠬᠥᠷᠥᠩᠭᠡ ᠵᠢ ᠲᠡᠳᠡᠨ ᠣᠷᠣᠯᠴᠠᠭᠤᠯᠵᠤ ᠪᠣᠯᠤᠨ᠎ᠠ᠃
      ᠠᠰᠠᠭᠤᠯᠳᠠ᠄ 《ᠰᠠᠨᠠᠯ》᠎ᠳᠤ ᠠᠯᠢ ᠬᠡᠳᠦᠨ ᠬᠠᠷᠠᠭ᠋ᠠᠯᠵᠠᠯ ᠪᠠ ᠲᠡᠳᠬᠦᠬᠦ ᠲᠥᠷᠥ ᠵᠢᠨ ᠪᠣᠳᠣᠯᠭ᠎ᠠ ᠵᠢ ᠲᠤᠳᠤᠷᠬᠠᠢ ᠲᠤᠭᠳᠠᠭ᠋ᠠᠭᠰᠠᠨ ᠪᠤᠢ?
      ᠬᠠᠷᠢᠭᠤᠯᠳᠠ᠄ ᠤᠰᠤᠨ ᠠᠰᠢᠭᠯᠠᠯᠲᠠ᠎ᠨᠢ ᠨᠡᠶ᠋ᠢᠲᠡ ᠵᠢᠨ ᠠᠰᠠᠷᠠᠮᠵᠢ ᠵᠢᠨ ᠴᠢᠨᠠᠷᠲᠠᠢ ᠪᠠ ᠪᠡᠯᠡ ᠣᠷᠣᠭᠤᠯᠤᠯᠲᠠ ᠵᠢᠨ ᠬᠡᠪᠴᠢᠶ᠎ᠡ᠎ᠪᠠᠷ ᠶᠡᠬᠡ᠂ ᠪᠦᠲᠦᠭᠡᠨ ᠪᠠᠶ᠋ᠢᠭᠤᠯᠤᠯᠲᠠ ᠵᠢᠨ ᠦᠶᠡᠯᠡᠬᠦ ᠬᠤᠭᠤᠴᠠᠭ᠎ᠠ᠎ᠨᠢ ᠤᠷᠲᠤ᠂ ᠠᠰᠢᠭ ᠣᠯᠵᠠᠪᠤᠷᠢ ᠵᠢᠨ ᠴᠢᠳᠠᠪᠤᠷᠢ ᠳᠣᠷᠣᠢ ᠵᠡᠷᠭᠡ ᠣᠨᠴᠠᠯᠢᠭ᠎ᠲᠠᠢ ᠪᠠᠶ᠋ᠢᠳᠠᠭ᠂ ᠳᠠᠩ ᠭᠠᠭᠴᠠ ᠥᠪᠡᠷ᠎ᠤᠨ ᠠᠰᠢᠭ ᠣᠯᠵᠠᠪᠤᠷᠢ᠎ᠳᠤ ᠲᠦᠰᠢᠭᠯᠡᠵᠦ ᠨᠡᠶ᠋ᠢᠭᠡᠮ᠎ᠤᠨ ᠬᠥᠷᠥᠩᠭᠡ ᠵᠢ ᠲᠡᠳᠡᠨ ᠣᠷᠣᠭᠤᠯᠵᠤ ᠴᠢᠳᠠᠬᠤ ᠥᠬᠡᠢ ᠶᠦ᠍ᠮ᠃ ᠡᠨᠡᠬᠦ ᠠᠰᠠᠭᠤᠳᠠᠯ᠎ᠳᠤ ᠴᠢᠭᠯᠡᠭᠦᠯᠦᠨ 《ᠰᠠᠨᠠᠯ》᠎ᠳᠤ ᠵᠠᠰᠠᠭ᠎ᠤᠨ ᠣᠷᠳᠣᠨ᠎ᠠᠴᠠ ᠪᠡᠯᠡ ᠣᠷᠣᠭᠤᠯᠤᠯᠲᠠ ᠵᠢ ᠬᠥᠲᠥᠯᠦᠨ ᠵᠢᠯᠣᠭᠣᠳᠬᠤ᠂ ᠡᠳ᠋᠎ᠤᠨ ᠵᠠᠰᠠᠭ᠎ᠠᠴᠠ ᠨᠥᠬᠥᠪᠥᠷᠢ ᠥᠭᠬᠦ᠂ ᠦᠨ᠎ᠡ ᠬᠠᠩᠰᠢ ᠵᠢᠨ ᠲᠣᠭᠲᠠᠴᠠ ᠵᠡᠷᠭᠡ ᠲᠠᠯ᠎ᠠ᠎ᠪᠠᠷ ᠭᠣᠣᠯᠳᠠᠯᠭ᠎ᠠ᠎ᠲᠠᠢ᠎ᠪᠠᠷ ᠬᠠᠷᠠᠭ᠋ᠠᠯᠵᠠᠯ ᠪᠠ ᠲᠡᠳᠬᠦᠨ ᠳᠡᠮᠵᠢᠬᠦ ᠠᠷᠭ᠎ᠠ ᠬᠡᠮᠵᠢᠶ᠎ᠡ ᠳᠤᠷᠠᠳᠤᠨ ᠭᠠᠷᠭ᠋ᠠᠪᠠ᠃ ᠨᠢᠭᠡ᠎ᠳᠤ ᠵᠠᠰᠠᠭ᠎ᠤᠨ ᠣᠷᠳᠣᠨ᠎ᠤ ᠪᠡᠯᠡ ᠣᠷᠣᠭᠤᠯᠤᠯᠲᠠ ᠵᠢᠨ ᠬᠥᠲᠥᠯᠦᠨ ᠵᠢᠯᠣᠭᠣᠳᠴᠤ ᠳᠠᠶ᠋ᠢᠴᠢᠯᠠᠬᠤ ᠦᠢ᠍ᠯᠡᠳᠦᠯ᠎ᠢ ᠭᠦᠢ᠍ᠴᠡᠳ ᠪᠠᠳᠠᠷᠠᠭᠤᠯᠤᠨ᠎ᠠ᠃ ᠰᠠᠨᠠᠯ᠎ᠳᠤ ᠴᠢᠬᠤᠯᠠ ᠶᠡᠬᠡ ᠤᠰᠤᠨ ᠠᠰᠢᠭᠯᠠᠯᠲᠠ ᠵᠢᠨ   ᠢᠨᠵᠸᠨ᠋ᠸᠷᠢᠩ᠎ᠤᠨ ᠪᠦᠲᠦᠭᠡᠨ ᠪᠠᠶ᠋ᠢᠭᠤᠯᠤᠯᠲᠠ ᠵᠢᠨ ᠪᠡᠯᠡ ᠣᠷᠣᠭᠤᠯᠤᠯᠲᠠ ᠵᠢ ᠵᠠᠷᠴᠢᠮ ᠳᠡᠭᠡᠷ᠎ᠡ᠎ᠪᠠᠨ ᠴᠢᠳᠠᠪᠤᠷᠢ᠂ ᠦᠷ᠎ᠡ ᠠᠰᠢᠭ ᠵᠶ᠋ᠠᠷ ᠵᠣᠬᠢᠰᠲᠠᠢ ᠬᠤᠪᠢᠶᠠᠷᠢᠯᠠᠬᠤ ᠪᠠ ᠠᠷᠭ᠎ᠠ ᠬᠡᠮᠵᠢᠶ᠎ᠡ ᠠᠪᠴᠤ᠂ ᠵᠠᠰᠠᠭ᠎ᠤᠨ ᠣᠷᠳᠣᠨ᠎ᠤ ᠪᠡᠯᠡ ᠣᠷᠣᠭᠤᠯᠤᠯᠲᠠ ᠵᠢ ᠲᠣᠭᠲᠠᠭ᠋ᠠᠯ ᠶᠣᠰᠣᠭ᠋ᠠᠷ ᠲᠣᠬᠢᠷᠠᠭᠤᠯᠤᠨ᠎ᠠ ᠭᠡᠵᠡᠢ᠃ ᠵᠠᠰᠠᠭ᠎ᠤᠨ ᠣᠷᠳᠣᠨ᠎ᠤ ᠨᠡᠶ᠋ᠢᠲᠡ ᠵᠢᠨ ᠠᠰᠠᠷᠠᠮᠵᠢ ᠵᠢᠨ ᠴᠢᠨᠠᠷᠲᠠᠢ ᠬᠡᠰᠡᠭ ᠪᠡᠯᠡ ᠣᠷᠣᠭᠤᠯᠤᠯᠲᠠ᠎ᠪᠠᠷ ᠪᠦᠷᠢᠯᠳᠦᠭᠰᠡᠨ ᠡᠳ᠋ ᠬᠥᠷᠥᠩᠭᠡ᠎ᠨᠢ ᠵᠠᠰᠠᠭ᠎ᠤᠨ ᠣᠷᠳᠣᠨ᠎ᠳᠤ ᠥᠮᠴᠢᠯᠡᠭᠳᠡᠬᠦ ᠵᠢᠨ ᠵᠡᠷᠭᠡᠴᠡᠭᠡᠪᠡᠷ ᠦᠢ᠍ᠯᠡᠳᠪᠦᠷᠢᠯᠡᠯ ᠡᠵᠡᠩᠨᠡᠯᠲᠡ ᠵᠢᠨ ᠠᠰᠢᠭ ᠣᠯᠵᠠᠪᠤᠷᠢ ᠵᠢᠨ ᠬᠤᠪᠢᠶᠠᠷᠢᠯᠠᠯᠲᠠ᠎ᠳᠤ ᠲᠣᠭᠲᠠᠭ᠋ᠠᠯ ᠶᠣᠰᠣᠭ᠋ᠠᠷ ᠣᠷᠣᠯᠴᠠᠬᠤ ᠥᠬᠡᠢ ᠪᠠᠶ᠋ᠢᠵᠤ ᠪᠣᠯᠤᠨ᠎ᠠ᠃ ᠠᠷᠠᠳ᠎ᠤᠨ ᠬᠥᠷᠥᠩᠭᠡ᠂ ᠮᠦᠩᠬᠦᠨ ᠬᠦᠢ᠍ᠯᠭᠡᠭᠡᠨ᠎ᠤ ᠪᠠᠢ᠌ᠭᠤᠯᠤᠮᠵᠢ ᠪᠣᠯᠤᠨ   ᠤᠯᠤᠰ᠎ᠤᠨ ᠦᠮᠴᠢᠯᠡᠯᠳᠦ ᠲᠣᠮᠣᠬᠠᠨ ᠠᠵᠤ ᠠᠬᠤᠢ ᠵᠢᠨ ᠨᠢᠭᠡᠴᠢ ᠤᠰᠤᠨ ᠠᠰᠢᠭᠯᠠᠯᠲᠠ ᠵᠢᠨ ᠪᠦᠲᠦᠭᠡᠨ ᠪᠠᠶ᠋ᠢᠭᠤᠯᠤᠯᠲᠠ᠎ᠳᠤ ᠣᠷᠣᠯᠴᠠᠬᠤ ᠵᠢ ᠨᠡᠩ ᠰᠠᠶ᠋ᠢᠨ ᠳᠠᠶ᠋ᠢᠴᠢᠯᠠᠬᠤ ᠵᠣᠷᠢᠯᠭ᠎ᠠ᠎ᠪᠠᠷ 《ᠰᠠᠨᠠᠯ》᠎ᠳᠤ ᠤᠰᠤᠨ ᠠᠰᠢᠭᠯᠠᠯᠲᠠ ᠵᠢᠨ ᠴᠢᠬᠤᠯᠠ ᠶᠡᠬᠡ ᠢᠨᠵᠸᠨ᠋ᠸᠷᠢᠩ᠎ᠤᠨ ᠪᠡᠯᠡ ᠤᠷᠤᠭᠤᠯᠤᠯᠳᠠ ᠵᠢᠨ ᠰᠠᠭᠤᠷᠢ ᠮᠦᠩᠬᠦ ᠵᠢ ᠵᠤᠷᠢᠭᠵᠢᠭᠤᠯᠤᠨ ᠬᠦᠭᠵᠢᠬᠦᠯᠬᠦ ᠪᠠ ᠲᠡᠮᠵᠢᠬᠦ ᠵᠢ ᠲᠤᠷᠠᠳᠴᠤ᠂ ᠵᠠᠰᠠᠭ᠎ᠤᠨ ᠤᠷᠳᠤᠨ᠎ᠠᠴᠠ ᠰᠠᠭᠤᠷᠢ ᠮᠦᠩᠬᠦ ᠵᠢᠨ ᠬᠤᠪᠢ ᠵᠢ ᠬᠤᠳᠠᠯᠳᠤᠨ ᠠᠪᠬᠤ᠂ ᠰᠢᠭᠤᠳ ᠬᠦᠷᠦᠩᠭᠡ ᠤᠷᠤᠭᠤᠯᠬᠤ ᠵᠡᠷᠭᠡ ᠬᠡᠯᠪᠡᠷᠢ᠎ᠪᠠᠷ ᠲᠡᠮᠵᠢᠨ᠎ᠡ᠃   ᠬᠣᠶᠠᠷ᠎ᠲᠤ ᠲᠥᠷᠥᠯ ᠵᠦᠢ᠍ᠯ᠎ᠤᠨ ᠡᠳ᠋᠎ᠤᠨ ᠵᠠᠰᠠᠭ᠎ᠤᠨ ᠨᠥᠬᠥᠪᠥᠷᠢ ᠵᠢᠨ ᠬᠠᠮᠢᠶᠠᠷᠤᠯᠲᠠ ᠵᠢ ᠲᠡᠭᠦᠯᠳᠡᠷᠵᠢᠭᠦᠯᠦᠨ᠎ᠡ᠃ ᠵᠣᠬᠢᠬᠤ ᠬᠡᠮᠵᠢᠶᠡᠨ᠎ᠤ ᠨᠡᠶ᠋ᠢᠲᠡ ᠵᠢᠨ ᠠᠰᠠᠷᠠᠮᠵᠢ ᠵᠢᠨ ᠴᠢᠨᠠᠷᠲᠠᠢ ᠡᠭᠦᠷᠭᠡ ᠵᠢ ᠳᠠᠭ᠋ᠠᠭ᠋ᠠᠴᠢᠯᠠᠵᠤ᠂ ᠲᠥᠷᠥᠯ ᠵᠦᠢ᠍ᠯ᠎ᠤᠨ ᠣᠷᠣᠯᠭ᠎ᠠ᠎ᠨᠢ ᠥᠪᠡᠷ᠎ᠤᠨ ᠥᠷᠲᠡᠭ ᠪᠣᠯᠤᠨ ᠠᠰᠢᠭ ᠣᠷᠣᠯᠭ᠎ᠠ ᠵᠢ ᠬᠠᠮᠤᠷᠴᠤ ᠴᠢᠳᠠᠬᠤ ᠦᠭᠡᠢ ᠪᠣᠯᠪᠠᠴᠤ ᠨᠡᠶ᠋ᠢᠭᠡᠮ᠎ᠤᠨ ᠦᠷ᠎ᠡ ᠠᠰᠢᠭ ᠨᠡᠯᠢᠶᠡᠳ ᠰᠠᠶ᠋ᠢᠨ ᠵᠠᠰᠠᠭ᠎ᠤᠨ ᠣᠷᠳᠣᠨ ᠪᠣᠯᠤᠨ ᠨᠡᠶ᠋ᠢᠭᠡᠮ᠎ᠤᠨ ᠬᠥᠷᠥᠩᠭᠡ ᠵᠢᠨ ᠬᠠᠮᠲᠤᠷᠠᠨ ᠠᠵᠢᠯᠯᠠᠬᠤ (PPP) ᠴᠢᠬᠤᠯᠠ ᠶᠡᠬᠡ ᠤᠰᠤᠨ ᠠᠰᠢᠭᠯᠠᠯᠲᠠ ᠵᠢᠨ ᠲᠥᠷᠥᠯ ᠵᠦᠢ᠍ᠯ᠎ᠳᠤ᠂ 《ᠰᠠᠨᠠᠯ》᠎ᠳᠤ ᠵᠠᠰᠠᠭ᠎ᠤᠨ ᠣᠷᠳᠣᠨ᠎ᠠᠴᠠ ᠪᠠᠷᠢᠯᠭ᠎ᠠ ᠵᠢ ᠰᠡᠯᠪᠢᠨ ᠵᠠᠰᠠᠵᠤ ᠬᠠᠮᠠᠭ᠋ᠠᠯᠠᠬᠤ ᠪᠠ ᠬᠠᠮᠢᠶᠠᠷᠴᠤ ᠬᠠᠮᠠᠭ᠋ᠠᠯᠠᠬᠤ ᠵᠠᠷᠤᠳᠠᠯ ᠵᠡᠷᠭᠡ᠎ᠳᠤ ᠵᠣᠬᠢᠰᠲᠠᠢ ᠨᠥᠬᠥᠪᠥᠷᠢ ᠮᠥᠩᠭᠥ ᠥᠭᠬᠦ ᠵᠢ ᠳᠤᠷᠠᠳᠤᠨ ᠭᠠᠷᠭ᠋ᠠᠵᠠᠢ᠃ ᠡᠳ᠋᠎ᠤᠨ ᠵᠠᠰᠠᠭ᠎ᠠᠴᠠ ᠨᠥᠬᠥᠪᠥᠷᠢᠯᠡᠬᠦ ᠬᠡᠪᠴᠢᠶ᠎ᠡ ᠪᠣᠯᠤᠨ ᠠᠷᠭ᠎ᠠ ᠮᠠᠶᠢᠭ᠎ᠢ ᠲᠥᠷᠥᠯ ᠵᠦᠢ᠍ᠯ᠎ᠤᠨ ᠠᠵᠢᠯᠯᠠᠭ᠋ᠠᠨ᠎ᠤ ᠠᠮᠵᠢᠯᠲᠠ ᠪᠦᠲᠦᠮᠵᠢ ᠵᠢ ᠦᠨᠡᠯᠡᠭᠰᠡᠨ ᠦᠷ᠎ᠡ   ᠳ᠋ᠦᠩ ᠵᠶ᠋ᠡᠷ ᠦᠨᠳᠦᠰᠦᠯᠡᠯ ᠪᠣᠯᠭ᠋ᠠᠨ ᠦᠢ᠍ᠯᠡᠳᠬᠦᠨ ᠪᠤᠶᠤ ᠦᠢ᠍ᠯᠡᠴᠢᠯᠡᠭᠡᠨ᠎ᠤ ᠦᠨ᠎ᠡ ᠬᠠᠩᠰᠢ᠂ ᠪᠦᠲᠦᠭᠡᠨ ᠪᠠᠶ᠋ᠢᠭᠤᠯᠤᠯᠲᠠ ᠵᠢᠨ ᠥᠪᠡᠷ᠎ᠤᠨ ᠥᠷᠲᠡᠭ᠂ ᠠᠵᠢᠯᠯᠠᠭ᠋ᠠᠨ᠎ᠤ ᠵᠠᠷᠤᠳᠠᠯ᠂ ᠪᠣᠳᠠᠲᠠᠢ ᠠᠰᠢᠭ ᠣᠷᠣᠯᠭ᠎ᠠ ᠵᠢᠨ ᠨᠣᠷᠮ᠎ᠠ᠂ ᠡᠳ᠋᠎ᠤᠨ ᠵᠠᠰᠠᠭ᠎ᠤᠨ ᠳᠤᠮᠳᠠ ᠪᠠ ᠤᠷᠲᠤ ᠬᠤᠭᠤᠴᠠᠭ᠋ᠠᠨ᠎ᠤ ᠳᠠᠭ᠋ᠠᠭ᠋ᠠᠬᠤ ᠴᠢᠳᠠᠪᠤᠷᠢ ᠵᠡᠷᠭᠡ ᠡᠯᠸᠮᠸᠨ᠋ᠲ ᠵᠢ ᠶᠡᠷᠦᠩᠬᠡᠢ᠌ᠯᠡᠨ ᠪᠤᠳᠤᠯᠬᠢᠯᠠᠵᠤ ᠵᠦᠢ ᠵᠣᠬᠢᠰᠲᠠᠢ ᠲᠣᠭᠲᠠᠭ᠋ᠠᠬᠤ᠂ ᠬᠥᠳᠡᠯᠦᠩᠭᠦᠢ ᠲᠣᠬᠢᠷᠠᠭᠤᠯᠤᠯᠲᠠ ᠬᠢᠬᠦ ᠵᠢᠨ ᠬᠠᠮᠲᠤ ᠵᠣᠬᠢᠬᠤ ᠠᠷᠭ᠎ᠠ ᠮᠠᠶᠢᠭ ᠵᠶ᠋ᠠᠷ ᠨᠡᠶ᠋ᠢᠭᠡᠮ᠎ᠳᠤ ᠢᠯᠡ ᠨᠡᠶ᠋ᠢᠲᠡᠯᠡᠨ᠎ᠡ᠃ ᠭᠤᠷᠪᠠ᠎ᠳᠤ ᠦᠨ᠎ᠡ ᠬᠠᠩᠰᠢ ᠵᠢᠨ ᠪᠦᠷᠢᠯᠳᠦᠬᠦ ᠲᠣᠭᠲᠠᠴᠠ ᠵᠢ ᠲᠡᠭᠦᠯᠳᠡᠷᠵᠢᠭᠦᠯᠬᠦ         ᠬᠡᠷᠡᠭᠲᠡᠢ᠃ ᠣᠳᠣᠬᠠᠨ᠎ᠳᠤ ᠤᠰᠤᠨ ᠠᠰᠢᠭᠯᠠᠯᠲᠠ ᠵᠢᠨ ᠢᠨᠵᠧᠨᠧᠷᠢᠩ᠎ᠤᠨ ᠤᠰᠤ ᠬᠠᠩᠭ᠋ᠠᠬᠤ ᠵᠡᠷᠭᠡ ᠦᠨ᠎ᠡ ᠬᠠᠩᠰᠢ ᠵᠢᠨ ᠬᠢᠷᠢ ᠲᠦᠪᠰᠢᠨ ᠳᠣᠣᠷ᠎ᠠ ᠪᠠᠶ᠋ᠢᠬᠤ᠂ ᠤᠰᠤ ᠬᠠᠩᠭ᠋ᠠᠬᠤ ᠥᠪᠡᠷ᠎ᠤᠨ ᠥᠷᠲᠡᠭ᠎ᠤᠨ ᠵᠠᠷᠤᠳᠠᠯ᠎ᠳᠤ ᠨᠥᠬᠥᠪᠥᠷᠢ ᠥᠭᠴᠦ ᠳᠡᠶ᠋ᠢᠯᠬᠦ ᠦᠭᠡᠢ᠂ ᠡᠬᠢ ᠪᠠᠶᠠᠯᠢᠭ᠎ᠤᠨ ᠬᠣᠮᠰᠠᠳᠠᠯ᠎ᠤᠨ ᠴᠢᠨᠠᠷ ᠪᠣᠯᠤᠨ ᠵᠠᠬ᠎ᠠ ᠳᠡᠯᠭᠡᠭᠦᠷ᠎ᠤᠨ ᠬᠠᠩᠭ᠋ᠠᠯᠭ᠎ᠠ ᠬᠡᠷᠡᠭᠴᠡᠭᠡ ᠵᠢᠨ ᠬᠠᠷᠢᠴᠠᠭ᠎ᠠ ᠵᠢ ᠢᠯᠡᠳᠬᠡᠬᠦ᠎ᠳᠤ ᠨᠡᠩ ᠬᠦᠴᠢᠷ ᠪᠠᠶ᠋ᠢᠬᠤ ᠵᠡᠷᠭᠡ ᠠᠰᠠᠭᠤᠳᠠᠯ᠎ᠳᠤ ᠴᠢᠭᠯᠡᠭᠦᠯᠦᠨ 《ᠰᠠᠨᠠᠯ》᠎ᠳᠤ ᠭᠣᠣᠯᠳᠠᠭᠤ ᠵᠠᠬ᠎ᠠ ᠳᠡᠯᠭᠡᠭᠦᠷ ᠵᠶ᠋ᠡᠷ ᠦᠨ᠎ᠡ ᠬᠠᠩᠰᠢ ᠵᠢ ᠲᠣᠭᠲᠠᠭ᠋ᠠᠬᠤ ᠲᠣᠭᠲᠠᠴᠠ ᠵᠢ ᠲᠡᠬᠦᠯᠳᠡᠷᠵᠢᠬᠦᠯᠦᠨ᠂ ᠨᠡᠶ᠋ᠢᠭᠡᠮ᠎ᠤᠨ ᠬᠥᠷᠥᠩᠭᠡ ᠵᠢᠨ ᠣᠷᠣᠯᠴᠠᠭᠰᠠᠨ ᠴᠢᠬᠤᠯᠠ ᠶᠡᠬᠡ ᠤᠰᠤᠨ ᠠᠰᠢᠭᠯᠠᠯᠲᠠ ᠵᠢᠨ ᠢᠨᠵᠧᠨᠧᠷᠢᠩ᠎ᠤᠨ ᠤᠰᠤ ᠬᠠᠩᠭ᠋ᠠᠬᠤ᠂ ᠴᠠᠬᠢᠯᠭ᠋ᠠᠨ ᠭᠠᠷᠭ᠋ᠠᠬᠤ ᠵᠡᠷᠭᠡ ᠦᠢ᠍ᠯᠡᠳᠬᠦᠨ᠎ᠤ ᠦᠨ᠎ᠡ ᠬᠠᠩᠰᠢ ᠵᠢ ᠲᠦᠷᠦᠯ ᠵᠤᠢ᠌ᠯ᠎ᠳᠤ ᠪᠡᠯᠡ ᠤᠷᠤᠭᠤᠯᠤᠨ ᠡᠵᠡᠩᠨᠡᠵᠦ ᠪᠦᠬᠦᠢ ᠭᠤᠤᠯ ᠴᠤᠭᠴᠠ ᠪᠤᠯᠤᠨ ᠬᠡᠷᠡᠭᠯᠡᠭᠴᠢᠳ᠎ᠲᠠᠢ ᠵᠦᠪᠳᠡᠯᠴᠡᠨ ᠦᠨ᠎ᠡ ᠬᠠᠩᠰᠢ ᠵᠢ ᠲᠤᠭᠳᠠᠭ᠋ᠠᠬᠤ ᠠᠷᠭ᠎ᠠ ᠵᠡᠷᠭᠡ ᠵᠢ ᠬᠠᠢ᠌ᠨ ᠰᠦᠪᠡᠭᠴᠢᠯᠡᠨ᠎ᠡ᠃ ᠵᠠᠰᠠᠭ᠎ᠤᠨ ᠣᠷᠳᠣᠨ᠎ᠠᠴᠠ ᠦᠨ᠎ᠡ ᠬᠠᠩᠰᠢ ᠲᠣᠭᠲᠠᠭ᠋ᠠᠬᠤ ᠴᠢᠬᠤᠯᠠᠲᠠᠢ ᠪᠣᠯ ᠨᠡᠶ᠋ᠢᠭᠡᠮ᠎ᠤᠨ ᠬᠥᠷᠥᠩᠭᠡ ᠵᠢᠨ ᠵᠣᠬᠢᠰᠲᠠᠢ ᠬᠠᠷᠢᠭᠤ ᠮᠡᠳᠡᠭᠦᠯᠦᠯᠲᠡ ᠵᠢ ᠪᠣᠳᠣᠯᠬᠢᠯᠠᠬᠤ ᠮᠥᠷᠲᠡᠭᠡᠨ ᠪᠠᠰᠠ ᠬᠡᠷᠡᠭᠯᠡᠭᠴᠢᠳ᠎ᠤᠨ ᠳᠠᠭ᠋ᠠᠭ᠋ᠠᠬᠤ ᠴᠢᠳᠠᠪᠤᠷᠢ᠂ ᠨᠡᠶ᠋ᠢᠭᠡᠮ ᠨᠡᠶ᠋ᠢᠲᠡ ᠵᠢᠨ ᠠᠰᠢᠭ ᠲᠤᠰᠠ ᠵᠡᠷᠭᠡ ᠬᠦᠴᠦᠨ ᠵᠦᠢ᠍ᠯ᠎ᠢ ᠪᠣᠳᠣᠯᠬᠢᠯᠠᠬᠤ ᠬᠡᠷᠡᠭᠲᠡᠢ; ᠦᠨ᠎ᠡ ᠬᠠᠩᠰᠢ ᠵᠢᠨ ᠲᠣᠬᠢᠷᠠᠭᠤᠯᠤᠯᠲᠠ ᠭᠦᠢ᠍ᠴᠡᠳ ᠪᠤᠰᠤ ᠪᠠᠶ᠋ᠢᠬᠤ ᠦᠶ᠎ᠡ᠎ᠳᠤ ᠣᠷᠣᠨ ᠨᠤᠲᠤᠭ᠎ᠤᠨ ᠵᠠᠰᠠᠭ᠎ᠤᠨ ᠣᠷᠳᠣᠨ᠎ᠨᠤᠭᠤᠳ ᠪᠣᠳᠠᠲᠤ ᠪᠠᠶ᠋ᠢᠳᠠᠯ ᠵᠶ᠋ᠠᠨ ᠦᠨᠳᠦᠰᠦᠯᠡᠨ ᠡᠳ᠋᠎ᠤᠨ ᠵᠠᠰᠠᠭ᠎ᠤᠨ ᠴᠢᠨᠠᠷᠲᠠᠢ ᠪᠡᠯᠡ ᠮᠥᠩᠭᠥ ᠵᠢ ᠲᠣᠬᠢᠷᠠᠭᠤᠯᠵᠤ᠂ ᠡᠵᠡᠩᠨᠡᠯᠲᠡ ᠵᠢᠨ ᠨᠢᠭᠡᠴᠢ᠎ᠳᠤ ᠵᠦᠢ ᠵᠣᠬᠢᠰᠲᠠᠢ ᠨᠥᠬᠥᠪᠥᠷᠢ ᠥᠭᠴᠦ ᠪᠣᠯᠤᠨ᠎ᠠ᠃ ᠳᠥᠷᠪᠡ᠎ᠳᠤ ᠲᠥᠷᠥ ᠵᠢᠨ ᠪᠣᠳᠣᠯᠭ᠎ᠠ ᠵᠢᠨ ᠴᠢᠨᠠᠷᠲᠠᠢ ᠮᠥᠩᠭᠥᠨ ᠭᠦᠢ᠍ᠯᠭᠡᠭᠡᠨ᠎ᠤ ᠦᠢ᠍ᠯᠡᠳᠦᠯ᠎ᠢ ᠪᠠᠳᠠᠷᠠᠭᠤᠯᠤᠨ᠎ᠠ᠃ ᠤᠰᠤᠨ ᠠᠰᠢᠭᠯᠠᠯᠲᠠ ᠵᠢᠨ ᠢᠨᠵᠧᠨᠧᠷᠢᠩ᠎ᠤᠨ ᠪᠦᠲᠦᠭᠡᠨ ᠪᠠᠶ᠋ᠢᠭᠤᠯᠤᠯᠲᠠ᠎ᠳᠤ ᠤᠷᠲᠤ ᠬᠤᠭᠤᠴᠠᠭ᠋ᠠᠨ᠎ᠤ ᠲᠣᠭᠲᠠᠭᠤᠨ᠂ ᠬᠠᠷᠢᠴᠠᠩᠭᠤᠢ ᠳᠣᠣᠷ᠎ᠠ ᠥᠪᠡᠷ᠎ᠤᠨ ᠥᠷᠲᠡᠭ᠎ᠲᠠᠢ ᠪᠡᠯᠡ ᠮᠥᠩᠭᠥ ᠵᠢᠨ ᠳᠡᠮᠵᠢᠯᠭᠡ   ᠬᠠᠩᠭ᠋ᠠᠵᠤ᠂ ᠤᠰᠤᠨ ᠠᠰᠢᠭᠯᠠᠯᠲᠠ ᠵᠢᠨ ᠢᠨᠵᠧᠨᠧᠷᠢᠩ᠎ᠤᠨ ᠪᠡᠯᠡ ᠮᠦᠩᠬᠦ ᠬᠤᠷᠠᠮᠳᠠᠭᠤᠯᠬᠤ ᠴᠢᠳᠠᠪᠤᠷᠢ ᠵᠢ ᠴᠢᠩᠭ᠋ᠠᠷᠠᠭᠤᠯᠬᠤ ᠵᠢᠨ ᠲᠦᠯᠦᠭᠡ᠂ 《ᠰᠠᠨᠠᠯ》᠎ᠳᠤ ᠴᠢᠬᠤᠯᠠ ᠶᠡᠬᠡ ᠤᠰᠤᠨ ᠠᠰᠢᠭᠯᠠᠯᠲᠠ ᠵᠢᠨ ᠢᠨᠵᠧᠨᠧᠷᠢᠩ᠎ᠤᠨ ᠢᠲᠡᠭᠡᠮᠵᠢᠲᠦ ᠵᠢᠭᠡᠯᠡᠯᠭᠡ ᠵᠢᠨ ᠳᠡᠮᠵᠢᠯᠭᠡ ᠵᠢᠨ ᠡᠷᠴᠢᠮ᠎ᠢ ᠴᠢᠩᠭ᠋ᠠᠷᠠᠭᠤᠯᠵᠤ᠂ ᠲᠠᠮ ᠬᠦᠦ ᠮᠦᠩᠬᠦ ᠵᠢᠨ ᠲᠦᠷᠦ ᠵᠢᠨ ᠪᠤᠳᠤᠯᠭ᠎ᠠ ᠵᠢ ᠲᠡᠬᠦᠯᠳᠡᠷᠵᠢᠬᠦᠯᠬᠦ ᠵᠢ ᠲᠤᠷᠠᠳᠴᠠᠢ᠃ ᠤᠰᠤᠨ ᠠᠰᠢᠭᠯᠠᠯᠲᠠ ᠵᠢᠨ ᠪᠦᠲᠦᠭᠡᠨ ᠪᠠᠶ᠋ᠢᠭᠤᠯᠤᠯᠲᠠ ᠵᠢᠨ ᠵᠢᠭᠡᠯᠡᠯᠭᠡ ᠵᠢ ᠲᠥᠷᠥᠯ ᠵᠦᠢ᠍ᠯ᠎ᠤᠨ ᠲᠤᠰ ᠪᠡᠶ᠎ᠡ ᠵᠢᠨ ᠠᠰᠢᠭ ᠣᠷᠣᠯᠭ᠎ᠠ᠂ ᠵᠣᠭᠣᠰ ᠵᠢᠭᠡᠯᠡᠭᠴᠢ ᠵᠢᠨ ᠪᠤᠰᠤᠳ ᠡᠵᠡᠩᠨᠡᠯᠲᠡ ᠵᠢᠨ ᠴᠢᠨᠠᠷᠲᠠᠢ ᠣᠷᠣᠯᠭ᠎ᠠ ᠵᠡᠷᠭᠡ᠎ᠪᠠᠷ ᠵᠣᠭᠣᠰ ᠪᠤᠴᠠᠭ᠋ᠠᠬᠤ ᠢᠷᠡᠯᠲᠡ ᠪᠤᠯᠭ᠋ᠠᠬᠤ ᠵᠢ ᠵᠦᠪᠰᠢᠶᠡᠷᠡᠵᠦ᠂ ᠤᠰᠤᠨ ᠠᠰᠢᠭᠯᠠᠯᠲᠠ᠂ ᠤᠰᠤᠨ ᠴᠠᠬᠢᠯᠭ᠋ᠠᠨ ᠵᠡᠷᠭᠡ ᠬᠥᠷᠥᠩᠭᠡ᠎ᠪᠠᠷ ᠬᠠᠤᠯᠢ ᠶᠣᠰᠣᠨ᠎ᠤ ᠪᠠᠷᠢᠴᠠᠭ᠋ᠠᠨ᠎ᠤ ᠳᠠᠭ᠋ᠠᠭ᠋ᠠᠯᠲᠠ ᠵᠢᠨ ᠡᠳ᠋ ᠪᠣᠯᠭ᠋ᠠᠬᠤ ᠵᠢ ᠵᠥᠪᠰᠢᠶᠡᠷᠡᠨ᠎ᠡ᠃ ᠲᠠᠪᠤ᠎ᠳᠤ ᠤᠰᠤᠨ᠎ᠤ ᠡᠷᠬᠡ ᠵᠢᠨ ᠳᠦᠷᠢᠮ᠎ᠤᠨ ᠥᠭᠡᠷᠡᠴᠢᠯᠡᠯᠲᠡ ᠵᠢ ᠲᠦᠯᠬᠢᠨ ᠠᠬᠢᠭᠤᠯᠤᠨ᠎ᠠ᠃ ᠥᠪᠥᠷ ᠮᠣᠩᠭᠣᠯ ᠵᠡᠷᠭᠡ ᠭᠠᠵᠠᠷ ᠣᠷᠣᠨ᠎ᠤ ᠤᠰᠤᠨ᠎ᠤ ᠡᠷᠬᠡ ᠵᠢᠨ ᠥᠭᠡᠷᠡᠴᠢᠯᠡᠯᠲᠡ ᠵᠢᠨ ᠲᠤᠷᠰᠢᠯᠭ᠎ᠠ᠎ᠪᠠᠷ ᠲᠣᠯᠢ ᠪᠣᠯᠭ᠋ᠠᠵᠤ᠂ 《ᠰᠠᠨᠠᠯ》᠎ᠳᠤ ᠣᠯᠠᠨ ᠵᠦᠢ᠍ᠯ᠎ᠤᠨ ᠬᠡᠯᠪᠡᠷᠢ ᠵᠢᠨ ᠤᠰᠤᠨ᠎ᠤ ᠡᠷᠬᠡ ᠵᠢ ᠠᠷᠠᠯᠵᠢᠶᠠᠯᠠᠨ ᠡᠷᠭᠢᠯᠳᠦᠭᠦᠯᠬᠦ ᠠᠷᠭ᠎ᠠ ᠮᠠᠶᠢᠭ᠎ᠢ ᠢᠳᠡᠪᠬᠢᠲᠡᠢ᠎ᠪᠠᠷ ᠬᠠᠶ᠋ᠢᠨ ᠰᠦᠪᠡᠭᠴᠢᠯᠡᠵᠦ᠂ ᠭᠠᠵᠠᠷ ᠣᠷᠣᠨ᠎ᠤ ᠬᠣᠭᠣᠷᠣᠨᠳᠣ᠂ ᠤᠰᠤ ᠬᠡᠷᠡᠭᠯᠡᠭᠴᠢᠳ ᠬᠣᠭᠣᠷᠣᠨᠳᠣᠬᠢ ᠤᠰᠤᠨ᠎ᠤ ᠡᠷᠬᠡ ᠵᠢᠨ ᠠᠷᠠᠯᠵᠢᠶ᠎ᠠ ᠥᠷᠨᠢᠭᠦᠯᠬᠦ ᠵᠢ ᠵᠣᠷᠢᠭᠵᠢᠭᠤᠯᠵᠤ᠂ ᠡᠯ᠎ᠡ ᠭᠠᠵᠠᠷ ᠣᠷᠣᠨ᠎ᠤ ᠤᠰᠤᠨ᠎ᠤ ᠡᠷᠬᠡ ᠵᠢᠨ ᠠᠷᠠᠯᠵᠢᠶ᠎ᠠ᠎ᠪᠠᠷ ᠳᠠᠮᠵᠢᠨ ᠰᠢᠨ᠎ᠡ᠎ᠪᠠᠷ ᠨᠡᠮᠡᠭᠳᠡᠭᠰᠡᠨ ᠵᠦᠢ ᠵᠣᠬᠢᠰᠲᠠᠢ ᠤᠰᠤ ᠬᠡᠷᠡᠭᠯᠡᠬᠦ ᠬᠡᠷᠡᠭᠴᠡᠭᠡ ᠱᠠᠭ᠋ᠠᠷᠳᠠᠯᠭ᠎ᠠ ᠵᠢ ᠬᠠᠩᠭ᠋ᠠᠬᠤ ᠵᠢ ᠵᠥᠪᠰᠢᠶᠡᠷᠡᠵᠦ᠂ ᠤᠰᠤᠨ᠎ᠤ ᠡᠷᠬᠡ ᠵᠢᠨ ᠳᠦᠷᠢᠮ᠎ᠤᠨ ᠥᠭᠡᠷᠡᠴᠢᠯᠡᠯᠲᠡ᠎ᠪᠠᠷ ᠳᠠᠮᠵᠢᠨ ᠨᠡᠶ᠋ᠢᠭᠡᠮ᠎ᠤᠨ ᠬᠥᠷᠥᠩᠭᠡ ᠵᠢ ᠲᠠᠲᠠᠵᠤ ᠤᠰᠤᠨ᠎ᠤ ᠡᠬᠢ ᠰᠤᠷᠪᠤᠯᠵᠢ ᠵᠢ ᠨᠡᠭᠡᠭᠡᠬᠦ᠎ᠳᠤ ᠣᠷᠣᠯᠴᠠᠭᠤᠯᠤᠨ᠎ᠠ᠃ ᠡᠭᠦᠨ᠎ᠠᠴᠠ ᠭᠠᠳᠠᠨ᠎ᠠ 《ᠰᠠᠨᠠᠯ》᠎ᠳᠤ ᠭᠠᠢ᠌ᠯᠢ ᠲᠠᠲᠠᠪᠤᠷᠢ᠂ ᠪᠦᠲᠦᠭᠡᠨ ᠪᠠᠶ᠋ᠢᠭᠤᠯᠤᠯᠲᠠ᠎ᠳᠤ ᠬᠡᠷᠡᠭᠯᠡᠬᠦ ᠭᠠᠵᠠᠷ ᠰᠢᠷᠤᠢ   ᠵᠡᠷᠭᠡ ᠲᠠᠯ᠎ᠠ ᠵᠢᠨ ᠬᠥᠩᠭᠡᠯᠡᠯᠲᠡ᠎ᠲᠠᠢ ᠲᠦᠷᠦ ᠵᠢᠨ ᠪᠣᠳᠣᠯᠭ᠎ᠠ ᠵᠢ ᠪᠣᠯᠪᠠᠰᠤᠷᠠᠭᠤᠯᠵᠤ᠂ ᠨᠡᠶ᠋ᠢᠭᠡᠮ᠎ᠤᠨ ᠬᠥᠷᠥᠩᠭᠡ ᠵᠢᠨ ᠤᠰᠤᠨ ᠠᠰᠢᠭᠯᠠᠯᠳᠠ ᠵᠢᠨ ᠴᠢᠬᠤᠯᠠ ᠢᠨᠵᠸᠨᠸᠷᠢᠩ᠎ᠳᠤ   ᠣᠷᠣᠭᠤᠯᠬᠤ ᠢᠳᠡᠪᠬᠢᠵᠢᠯ᠎ᠢ ᠳᠡᠭᠡᠭᠰᠢᠯᠡᠭᠦᠯᠦᠨ᠎ᠡ᠃
      ᠠᠰᠠᠭᠤᠯᠳᠠ᠄ ᠨᠡᠶ᠋ᠢᠭᠡᠮ᠎ᠤᠨ ᠬᠥᠷᠥᠩᠭᠡ ᠵᠢᠨ ᠪᠡᠯᠡ ᠣᠷᠣᠭᠤᠯᠤᠯᠲᠠ ᠵᠢᠨ ᠪᠡᠶᠡᠴᠢ ᠴᠣᠭᠴᠠ ᠵᠢᠨ ᠠᠵᠢᠯᠯᠠᠭ᠎ᠠ ᠵᠢ ᠬᠡᠷᠬᠢᠨ ᠵᠢᠷᠤᠮᠵᠢᠭᠤᠯᠵᠤ᠂ ᠦᠶᠡᠷ᠎ᠢ ᠰᠡᠷᠭᠡᠶ᠋ᠢᠯᠡᠬᠦ᠂ ᠤᠰᠤ ᠬᠠᠩᠭ᠋ᠠᠬᠤ ᠪᠠ ᠠᠮᠤ ᠪᠤᠳᠠᠭ᠋ᠠᠨ᠎ᠤ ᠠᠶᠤᠯᠭᠦᠢ ᠵᠡᠷᠭᠡ ᠨᠡᠶ᠋ᠢᠲᠡ ᠵᠢᠨ ᠠᠰᠠᠷᠠᠮᠵᠢ ᠵᠢᠨ ᠴᠢᠨᠠᠷᠲᠠᠢ ᠬᠠᠷᠠᠯᠲᠠ ᠵᠢ ᠦᠨᠡᠨ ᠬᠦ᠌ ᠪᠠᠲᠤᠯᠠᠬᠤ ᠪᠣᠢ?
      ᠬᠠᠷᠢᠭᠤᠯᠳᠠ᠄ ᠨᠡᠶ᠋ᠢᠭᠡᠮ᠎ᠤᠨ ᠬᠥᠷᠥᠩᠭᠡ᠎ᠨᠢ ᠠᠰᠢᠭ ᠬᠥᠭᠡᠭᠡᠴᠡᠯᠳᠦᠬᠦ ᠴᠢᠨᠠᠷ ᠪᠣᠯᠤᠨ ᠲᠣᠭᠲᠠᠪᠤᠷᠢ ᠦᠭᠡᠢ ᠴᠢᠨᠠᠷ ᠵᠡᠷᠭᠡ ᠣᠨᠴᠠᠯᠢᠭ᠎ᠲᠠᠢ ᠪᠠᠢ᠌ᠵᠤ᠂ ᠡᠵᠡᠩᠨᠡᠯᠲᠡ ᠵᠢᠨ ᠶᠠᠪᠤᠴᠠ᠎ᠳᠤ ᠲᠤᠰ ᠪᠡᠶ᠎ᠡ ᠵᠢᠨ ᠡᠳ᠋᠎ᠤᠨ ᠵᠠᠰᠠᠭ᠎ᠤᠨ ᠠᠰᠢᠭ ᠰᠣᠨᠢᠷᠬᠠᠯ᠎ᠢ ᠬᠠᠮᠤᠭ᠎ᠤᠨ ᠶᠡᠬᠡ ᠬᠥᠭᠡᠭᠡᠴᠡᠯᠳᠦᠵᠦ ᠪᠠᠶ᠋ᠢᠭ᠎ᠠ ᠤᠴᠢᠷ᠎ᠠᠴᠠ ᠦᠶᠡᠷ᠎ᠢ ᠰᠡᠷᠭᠡᠶ᠋ᠢᠯᠡᠬᠦ ᠠᠮᠤᠷ ᠲᠦᠪᠰᠢᠨ᠂ ᠤᠰᠤ ᠬᠠᠩᠭ᠋ᠠᠬᠤ ᠠᠮᠤᠷ ᠲᠦᠪᠰᠢᠨ᠂ ᠠᠮᠤ ᠪᠤᠳᠠᠭ᠋ᠠᠨ᠎ᠤ ᠠᠮᠤᠷ ᠲᠦᠪᠰᠢᠨ᠂ ᠣᠷᠴᠢᠨ ᠲᠣᠭᠣᠷᠢᠨ᠎ᠤ   ᠠᠮᠤᠷ ᠲᠦᠪᠰᠢᠨ ᠵᠡᠷᠭᠡ ᠨᠡᠢ᠌ᠳᠡ ᠵᠢᠨ ᠠᠰᠠᠷᠠᠮᠵᠢ ᠵᠢᠨ ᠴᠢᠨᠠᠷᠳᠠᠢ ᠬᠠᠷᠠᠯᠳᠠ᠎ᠠᠴᠠ᠎ᠪᠠᠨ ᠰᠠᠯᠬᠤ ᠪᠤᠯᠤᠯᠴᠠᠭ᠎ᠠ᠎ᠲᠠᠢ ᠪᠠᠢ᠌ᠵᠤ᠂ ᠤᠰᠤᠨ ᠠᠰᠢᠭᠯᠠᠯᠳᠠ ᠵᠢᠨ ᠤᠯᠠᠨ ᠨᠡᠢ᠌ᠳᠡ ᠵᠢᠨ ᠦᠢ᠍ᠯᠡᠴᠢᠯᠡᠭᠡᠨ᠎ᠤ ᠶᠠᠰᠤ ᠴᠢᠨᠠᠷ᠎ᠲᠤ ᠠᠰᠢᠭ ᠦᠭᠡᠢ ᠨᠦᠯᠦᠭᠡ ᠠᠪᠴᠢᠷᠠᠳᠠᠭ᠃《ᠰᠠᠨᠠᠯ》᠎ᠳᠤ ᠬᠠᠤᠯᠢ ᠵᠢᠨ ᠡᠷᠬᠡᠳᠡᠨ᠎ᠤ ᠵᠠᠰᠠᠬᠤ ᠪᠦᠲᠦᠴᠡ ᠵᠢ ᠲᠡᠭᠦᠯᠳᠡᠷᠵᠢᠭᠦᠯᠬᠦ ᠪᠠ ᠪᠡᠯᠡ ᠣᠷᠣᠭᠤᠯᠵᠤ ᠡᠵᠡᠩᠨᠡᠬᠦ ᠡᠷᠬᠡ ᠡᠭᠦᠷᠭᠡ ᠵᠢ ᠭᠦᠢ᠍ᠴᠡᠳᠬᠡᠬᠦ ᠬᠣᠶᠠᠷ ᠲᠠᠯ᠎ᠠ᠎ᠠᠴᠠ ᠱᠠᠭ᠋ᠠᠷᠳᠠᠯᠭ᠎ᠠ ᠲᠤᠷᠠᠳᠴᠤ᠂ ᠨᠡᠢ᠌ᠭᠡᠮ᠎ᠤᠨ ᠬᠥᠷᠥᠩᠭᠡ ᠵᠢᠨ ᠪᠡᠯᠡ ᠣᠷᠣᠭᠤᠯᠤᠯᠲᠠ ᠵᠢᠨ ᠭᠣᠣᠯ ᠴᠣᠭᠴᠠ ᠵᠢᠨ ᠠᠵᠢᠯᠯᠠᠭ᠎ᠠ ᠵᠢ ᠤᠯᠠᠮ ᠨᠢᠭᠡ ᠠᠯᠬᠤᠮ ᠵᠢᠷᠤᠮᠵᠢᠭᠤᠯᠵᠤ᠂ ᠴᠢᠬᠤᠯᠠ ᠶᠡᠬᠡ ᠤᠰᠤᠨ ᠠᠰᠢᠭᠯᠠᠯᠲᠠ ᠵᠢᠨ ᠪᠠᠷᠢᠯᠭ᠎ᠠ ᠵᠢᠨ ᠴᠢᠳᠠᠮᠵᠢ ᠵᠢ ᠪᠠᠳᠠᠷᠠᠭᠤᠯᠬᠤ ᠪᠠ ᠠᠶᠤᠯᠭᠦᠢ ᠠᠵᠢᠯᠯᠠᠬᠤ ᠵᠢ   ᠪᠠᠳᠤᠯᠠᠨ᠎ᠠ᠃ ᠨᠢᠭᠡ᠎ᠳᠤ ᠬᠠᠤᠯᠢ ᠵᠢᠨ ᠡᠷᠬᠡᠳᠡᠨ᠎ᠤ ᠵᠠᠰᠠᠬᠤ ᠪᠦᠲᠦᠴᠡ ᠵᠢ ᠲᠡᠭᠦᠯᠳᠡᠷᠵᠢᠭᠦᠯᠦᠨ᠎ᠡ᠃ 《ᠰᠠᠨᠠᠯ》᠎ᠳᠤ ᠲᠥᠷᠥᠯ ᠵᠦᠢ᠍ᠯ᠎ᠤᠨ ᠪᠡᠯᠡ ᠤᠷᠤᠭᠤᠯᠤᠨ ᠡᠵᠡᠩᠨᠡᠬᠦ ᠭᠣᠣᠯ ᠴᠣᠭᠴᠠ᠎ᠨᠢ ᠠᠵᠤ ᠠᠬᠤᠶ᠋ᠢᠯᠠᠯ᠎ᠤᠨ ᠬᠠᠤᠯᠢ ᠵᠢᠨ ᠡᠷᠬᠡᠲᠡᠨ᠎ᠠᠴᠠ ᠵᠠᠰᠠᠬᠤ ᠪᠦᠲᠦᠴᠡ ᠵᠢ ᠬᠠᠤᠯᠢ ᠶᠣᠰᠣᠭ᠋ᠠᠷ ᠲᠡᠭᠦᠯᠳᠡᠷᠵᠢᠭᠦᠯᠵᠦ᠂ ᠠᠵᠤ ᠠᠬᠤᠶ᠋ᠢᠯᠠᠯ᠎ᠤᠨ ᠠᠵᠢᠯᠯᠠᠭ᠋ᠠᠨ᠎ᠤ ᠬᠠᠮᠢᠶᠠᠷᠤᠯᠲᠠ᠂ ᠦᠢ᠍ᠯᠡᠳᠬᠦᠨ ᠪᠠ ᠦᠢ᠍ᠯᠡᠴᠢᠯᠡᠭᠡᠨ᠎ᠤ ᠶᠠᠰᠤ ᠴᠢᠨᠠᠷ᠎ᠤᠨ ᠡᠵᠡᠮᠳᠡᠯ᠂ ᠡᠳ᠋᠎ᠤᠨ ᠶᠠᠪᠤᠳᠠᠯ᠂ ᠠᠵᠢᠯᠴᠢᠨ ᠬᠡᠷᠡᠭᠯᠡᠬᠦ ᠵᠡᠷᠭᠡ ᠬᠠᠮᠢᠶᠠᠷᠤᠯᠲᠠ ᠵᠢᠨ ᠳᠦᠷᠢᠮ᠎ᠢ ᠪᠠᠢ᠌ᠭᠤᠯᠤᠨ ᠲᠦᠷᠢᠮᠵᠢᠬᠦᠯᠵᠦ᠂ ᠠᠵᠤ ᠠᠬᠤᠢ᠌ᠯᠠᠯ᠎ᠤᠨ ᠡᠵᠡᠩᠨᠡᠯᠳᠡ ᠬᠠᠮᠢᠶᠠᠷᠤᠯᠳᠠ ᠪᠠ ᠦᠢ᠍ᠯᠡᠴᠢᠯᠡᠭᠡᠨ᠎ᠤ ᠲᠦᠪᠰᠢᠨ ᠵᠶ᠋ᠡᠨ ᠲᠠᠰᠤᠷᠠᠯᠲᠠ ᠦᠭᠡᠢ ᠳᠡᠭᠡᠭᠰᠢᠯᠡᠭᠦᠯᠦᠨ᠎ᠡ᠃ ᠬᠣᠶᠠᠷ᠎ᠲᠤ ᠪᠡᠯᠡ ᠣᠷᠣᠭᠤᠯᠵᠤ ᠡᠵᠡᠩᠨᠡᠬᠦ ᠡᠷᠬᠡ ᠪᠠ ᠡᠭᠦᠷᠭᠡ ᠵᠢ ᠬᠢᠨᠠᠮᠠᠭ᠋ᠠᠢ ᠭᠦᠢ᠍ᠴᠡᠳᠬᠡᠨ᠎ᠡ᠃ 《ᠰᠠᠨᠠᠯ》᠎ᠳᠤ᠂ ᠲᠥᠷᠥᠯ ᠵᠦᠢ᠍ᠯ᠎ᠤᠨ ᠪᠡᠯᠡ ᠣᠷᠣᠭᠤᠯᠤᠯᠲᠠ ᠵᠢᠨ ᠡᠵᠡᠩᠨᠡᠯᠲᠡ ᠵᠢᠨ ᠭᠣᠣᠯ ᠴᠣᠭᠴᠠ ᠵᠢ ᠦᠨᠳᠦᠰᠦᠨ ᠪᠦᠲᠦᠭᠡᠨ ᠪᠠᠶ᠋ᠢᠭᠤᠯᠤᠯᠲᠠ ᠵᠢᠨ ᠵᠢᠷᠤᠮ᠎ᠢ ᠴᠢᠩᠭ᠎ᠠ ᠬᠡᠷᠡᠭᠵᠢᠭᠦᠯᠵᠦ᠂ ᠲᠥᠷᠥᠯ ᠵᠦᠢ᠍ᠯ᠎ᠤᠨ ᠬᠠᠤᠯᠢ ᠵᠢᠨ ᠡᠷᠬᠡᠲᠡᠨ᠎ᠤ ᠬᠠᠷᠢᠭᠤᠴᠠᠯᠭ᠎ᠠ ᠵᠢᠨ ᠳᠦᠷᠢᠮ᠂ ᠳᠠᠭ᠋ᠠᠭ᠋ᠠᠴᠢᠯᠠᠯᠲᠠ ᠵᠠᠷᠯᠠᠬᠤ ᠪᠡᠯᠡ ᠣᠷᠣᠭᠤᠯᠤᠯᠲᠠ ᠵᠢᠨ ᠳᠠᠭ᠋ᠠᠭ᠋ᠠᠴᠢᠯᠠᠯᠲᠠ ᠵᠢᠨ ᠳᠦᠷᠢᠮ᠂ ᠪᠦᠲᠦᠭᠡᠨ ᠪᠠᠶ᠋ᠢᠭᠤᠯᠤᠯᠲᠠ ᠵᠢ ᠬᠢᠨᠠᠨ ᠬᠠᠮᠢᠶᠠᠷᠬᠤ ᠳᠦᠷᠢᠮ ᠪᠣᠯᠤᠨ ᠭᠡᠷ᠎ᠡ ᠵᠢᠨ ᠬᠠᠮᠢᠶᠠᠷᠤᠯᠲᠠ ᠵᠢᠨ ᠳᠦᠷᠢᠮ᠎ᠢ ᠨᠠᠶ᠋ᠢᠳᠠᠪᠤᠷᠢᠵᠢᠭᠤᠯᠤᠨ᠂ ᠲᠥᠷᠥᠯ ᠵᠦᠢ᠍ᠯ᠎ᠤᠨ ᠶᠠᠰᠤ ᠴᠢᠨᠠᠷ᠂ ᠠᠮᠤᠷ ᠲᠦᠪᠰᠢᠨ᠂ ᠠᠬᠢᠴᠠ ᠪᠣᠯᠤᠨ ᠪᠡᠯᠡ ᠣᠷᠣᠭᠤᠯᠤᠯᠲᠠ ᠵᠢᠨ ᠬᠠᠮᠢᠶᠠᠷᠤᠯᠲᠠ ᠵᠢᠨ ᠶᠡᠷᠦᠩᠬᠡᠢ ᠬᠠᠷᠢᠭᠤᠴᠠᠯᠭ᠎ᠠ ᠵᠢ ᠡᠭᠦᠷᠭᠡᠯᠡᠬᠦ ᠬᠡᠷᠡᠭᠲᠡᠢ ᠭᠡᠵᠦ ᠱᠠᠭ᠋ᠠᠷᠳᠠᠵᠠᠢ᠃ ᠶᠠᠰᠤ ᠴᠢᠨᠠᠷ᠎ᠤᠨ ᠠᠶᠤᠯ ᠥᠬᠡᠢ ᠵᠢᠨ ᠬᠠᠮᠢᠶᠠᠷᠤᠯᠲᠠ ᠵᠢᠨ ᠰᠢᠰᠲ᠋ᠧᠮᠵᠢ ᠪᠣᠯᠤᠨ ᠪᠠᠷᠢᠯᠭ᠎ᠠ ᠵᠢ ᠰᠡᠯᠪᠢᠨ ᠵᠠᠰᠠᠵᠤ ᠠᠷᠠᠴᠢᠯᠠᠨ ᠬᠠᠮᠠᠭ᠋ᠠᠯᠠᠬᠤ ᠲᠣᠭᠲᠠᠴᠠ ᠵᠢ ᠪᠠᠶ᠋ᠢᠭᠤᠯᠤᠨ ᠪᠦᠷᠢᠨᠰᠢᠬᠦᠯᠵᠦ᠂ ᠵᠥᠪᠳᠡᠯᠴᠡᠬᠡᠷ᠎ᠲᠤ ᠪᠣᠯᠵᠣᠵᠤ ᠲᠣᠭᠲᠠᠭᠰᠠᠨ ᠬᠤᠭᠤᠴᠠᠭ᠎ᠠ᠂ ᠲᠣᠭ᠎ᠠ ᠬᠡᠮᠵᠢᠶ᠎ᠡ᠂ ᠶᠠᠰᠤ ᠴᠢᠨᠠᠷ ᠪᠠ ᠪᠠᠷᠢᠮᠵᠢᠶ᠎ᠠ ᠶᠣᠰᠣᠭ᠋ᠠᠷ ᠦᠢ᠍ᠯᠡᠳᠬᠦᠨ ᠬᠠᠩᠭ᠋ᠠᠬᠤ ᠪᠤᠶᠤ ᠦᠢ᠍ᠯᠡᠴᠢᠯᠡᠭᠡᠨ ᠬᠠᠩᠭ᠋ᠠᠵᠤ᠂ ᠦᠶᠡᠷ᠎ᠢ ᠰᠡᠷᠭᠡᠶ᠋ᠢᠯᠡᠬᠦ᠂ ᠭᠠᠩ᠎ᠲᠠᠢ ᠲᠡᠮᠡᠴᠡᠬᠦ᠂ ᠤᠰᠤᠨ᠎ᠤ ᠡᠬᠢ ᠪᠠᠶᠠᠯᠢᠭ᠎ᠢ ᠠᠷᠪᠢᠯᠠᠨ ᠬᠠᠮᠠᠭ᠋ᠠᠯᠠᠬᠤ ᠵᠡᠷᠭᠡ ᠬᠠᠷᠢᠭᠤᠴᠠᠯᠭ᠎ᠠ ᠪᠣᠯᠤᠨ ᠡᠭᠦᠷᠭᠡ ᠵᠢ ᠬᠠᠤᠯᠢ ᠶᠤᠰᠤᠠᠭᠷ ᠡᠬᠦᠷᠭᠡᠯᠡᠨ᠂ ᠤᠯᠤᠰ᠎ᠤᠨ ᠦᠶᠡᠷ᠎ᠢ ᠰᠡᠷᠭᠡᠶ᠋ᠢᠯᠡᠨ ᠭᠠᠩ᠎ᠲᠠᠢ ᠲᠡᠮᠡᠴᠡᠬᠦ᠂ ᠤᠰᠤᠨ᠎ᠤ ᠡᠬᠢ ᠪᠠᠶᠠᠯᠢᠭ᠎ᠤᠨ ᠨᠢᠭᠡᠳᠦᠯᠲᠡᠢ ᠲᠣᠬᠢᠷᠠᠭᠤᠯᠤᠯᠲᠠ ᠵᠢ ᠲᠠᠭ᠋ᠠᠬᠤ ᠬᠡᠷᠡᠭᠲᠡᠢ᠃
      ᠠᠰᠠᠭᠤᠯᠳᠠ᠄ ᠴᠢᠬᠤᠯᠠ ᠶᠡᠬᠡ ᠤᠰᠤᠨ ᠠᠰᠢᠭᠯᠠᠯᠲᠠ ᠵᠢᠨ ᠢᠨᠵᠸᠨ᠋ᠸᠷᠢᠩ᠎ᠤᠨ ᠪᠦᠲᠦᠭᠡᠨ ᠪᠠᠶ᠋ᠢᠭᠤᠯᠤᠯᠲᠠ ᠡᠵᠡᠩᠨᠡᠯᠲᠡ᠎ᠳᠤ ᠨᠡᠶ᠋ᠢᠭᠡᠮ᠎ᠤᠨ ᠬᠥᠷᠥᠩᠭᠡ ᠵᠢᠨ ᠣᠷᠣᠯᠴᠠᠬᠤ ᠵᠢ ᠬᠡᠷᠬᠢᠨ ᠵᠣᠬᠢᠶᠠᠨ ᠪᠠᠶ᠋ᠢᠭᠤᠯᠵᠤ ᠬᠡᠷᠡᠭᠵᠢᠭᠦᠯᠬᠦ     ᠪᠣᠢ?
      ᠬᠠᠷᠢᠭᠤᠯᠳᠠ᠄ ᠨᠡᠶ᠋ᠢᠭᠡᠮ᠎ᠤᠨ ᠬᠥᠷᠥᠩᠭᠡ ᠵᠢ ᠴᠢᠬᠤᠯᠠ ᠶᠡᠬᠡ ᠤᠰᠤᠨ ᠠᠰᠢᠭᠯᠠᠯᠲᠠ ᠵᠢᠨ ᠢᠨᠵᠸᠨ᠋ᠸᠷᠢᠩ᠎ᠤᠨ ᠪᠦᠲᠦᠭᠡᠨ ᠪᠠᠶ᠋ᠢᠭᠤᠯᠤᠯᠲᠠ᠎ᠳᠤ ᠲᠡᠳᠡᠨ ᠣᠷᠣᠭᠤᠯᠵᠤ ᠡᠵᠡᠩᠨᠡᠯᠲᠡ᠎ᠳᠤ ᠣᠷᠣᠭᠤᠯᠬᠤ ᠲᠤᠬᠠᠢ ᠵᠠᠰᠠᠭ᠎ᠤᠨ ᠣᠷᠳᠣᠨ ᠡᠷᠬᠡᠪᠰᠢ ᠦᠢ᠍ᠯᠡᠴᠢᠯᠡᠭᠡ ᠪᠠ ᠬᠢᠨᠠᠨ ᠬᠠᠮᠢᠶᠠᠷᠤᠯᠲᠠ᠎ᠪᠠᠨ ᠴᠢᠩᠭ᠋ᠠᠳᠬᠠᠵᠤ᠂ ᠨᠡᠶ᠋ᠢᠭᠡᠮ᠎ᠤᠨ ᠬᠥᠷᠥᠩᠭᠡ ᠵᠢᠨ ᠣᠷᠣᠯᠴᠠᠬᠤ ᠬᠢᠷᠢ ᠬᠡᠮᠵᠢᠶ᠎ᠡ ᠪᠠ ᠦᠷ᠎ᠡ ᠠᠰᠢᠭ᠎ᠢ ᠳᠡᠭᠡᠭᠰᠢᠯᠡᠭᠦᠯᠵᠦ᠂ ᠨᠡᠶ᠋ᠢᠭᠡᠮ᠎ᠤᠨ ᠬᠥᠷᠥᠩᠭᠡ ᠵᠢᠨ ᠬᠠᠤᠯᠢ ᠶᠣᠰᠣᠨ᠎ᠤ ᠡᠷᠬᠡ ᠠᠰᠢᠭ ᠪᠠ ᠨᠡᠶ᠋ᠢᠭᠡᠮ ᠨᠡᠶ᠋ᠢᠲᠡ ᠵᠢᠨ ᠠᠰᠢᠭ ᠲᠤᠰᠠ ᠵᠢ ᠪᠠᠲᠤᠯᠠᠬᠤ ᠬᠡᠷᠡᠭᠲᠡᠢ᠃ 《ᠰᠠᠨᠠᠯ》᠎ᠳᠤ ᠮᠡᠳᠡᠭᠡ ᠵᠠᠩᠭᠢ ᠵᠢ ᠢᠯᠡ ᠪᠣᠯᠭ᠋ᠠᠬᠤ ᠵᠢ ᠴᠢᠩᠭ᠋ᠠᠳᠬᠠᠬᠤ᠂ ᠲᠥᠷᠥᠯ ᠵᠦᠢ᠍ᠯ᠎ᠢ ᠬᠢᠨᠠᠨ ᠬᠠᠷᠭᠤᠭᠤᠯᠵᠤ ᠬᠢᠨᠠᠨ ᠵᠥᠪᠰᠢᠶᠡᠷᠡᠬᠦ ᠵᠢ ᠲᠦᠷᠭᠡᠳᠬᠡᠬᠦ᠂ ᠪᠠᠴᠢᠮ ᠪᠠᠶ᠋ᠢᠳᠠᠯ᠎ᠢ ᠠᠷᠭ᠋ᠠᠴᠠᠬᠤ ᠪᠡᠯᠡᠳᠬᠡᠯ ᠲᠥᠰᠦᠯ᠎ᠢ ᠨᠠᠶ᠋ᠢᠳᠠᠪᠤᠷᠢᠵᠢᠭᠤᠯᠬᠤ ᠪᠠ ᠤᠬᠤᠷᠢᠨ ᠭᠠᠷᠬᠤ ᠲᠣᠭᠲᠠᠴᠠ ᠵᠢ ᠲᠡᠭᠦᠯᠳᠡᠷᠵᠢᠭᠦᠯᠬᠦ ᠵᠡᠷᠭᠡ ᠲᠠᠯ᠎ᠠ᠎ᠪᠠᠷ ᠭᠣᠣᠯᠳᠠᠯᠭ᠎ᠠ᠎ᠲᠠᠢ᠎ᠪᠠᠷ ᠪᠣᠳᠠᠲᠠᠢ ᠠᠷᠭ᠎ᠠ ᠬᠡᠮᠵᠢᠶ᠎ᠡ ᠳᠤᠷᠠᠳᠤᠨ ᠭᠠᠷᠭ᠋ᠠᠵᠠᠢ᠃ ᠨᠢᠭᠡ᠎ᠳᠤ ᠮᠡᠳᠡᠭᠡ ᠵᠠᠩᠭᠢ ᠵᠢ ᠢᠯᠡ ᠪᠣᠯᠭ᠋ᠠᠬᠤ ᠵᠢ ᠴᠢᠩᠭ᠋ᠠᠳᠬᠠᠨ᠎ᠠ᠃ ᠰᠠᠨᠠᠯ᠎ᠳᠤ᠂ ᠬᠥᠭᠵᠢᠭᠦᠯᠦᠯᠲᠡ ᠪᠠ ᠥᠭᠡᠷᠡᠴᠢᠯᠡᠯᠲᠡ᠂ ᠡᠳ᠋᠎ᠤᠨ ᠵᠠᠰᠠᠭ᠂ ᠤᠰᠤᠨ ᠠᠰᠢᠭᠯᠠᠯᠲᠠ ᠵᠡᠷᠭᠡ ᠰᠠᠯᠠᠭ᠎ᠠ ᠮᠥᠴᠢᠷ᠎ᠤᠳ ᠤᠰᠤᠨ ᠠᠰᠢᠭᠯᠠᠯᠲᠠ ᠵᠢᠨ ᠲᠥᠯᠥᠪᠵᠢᠭᠦᠯᠭᠡ᠂ ᠠᠵᠢᠯ ᠲᠥᠷᠥᠯ᠎ᠤᠨ ᠲᠥᠷᠥ ᠵᠢᠨ ᠪᠣᠳᠣᠯᠭ᠎ᠠ᠂ ᠮᠡᠷᠭᠡᠵᠢᠯ᠎ᠤᠨ ᠪᠠᠷᠢᠮᠵᠢᠶ᠎ᠠ᠂ ᠪᠦᠲᠦᠭᠡᠨ ᠪᠠᠶ᠋ᠢᠭᠤᠯᠤᠯᠲᠠ ᠵᠢᠨ ᠲᠥᠷᠥᠯ ᠵᠦᠢ᠍ᠯ ᠵᠡᠷᠭᠡ ᠮᠡᠳᠡᠭᠡ ᠵᠠᠩᠭᠢ ᠵᠢ ᠨᠡᠶ᠋ᠢᠭᠡᠮ᠎ᠳᠤ ᠴᠠᠭ ᠲᠤᠬᠠᠢ᠎ᠳᠤᠨᠢ ᠢᠯᠡ ᠨᠡᠶ᠋ᠢᠲᠡᠯᠡᠵᠦ᠂ ᠨᠡᠶ᠋ᠢᠭᠡᠮ᠎ᠤᠨ ᠬᠥᠷᠥᠩᠭᠡ ᠵᠢᠨ ᠪᠡᠯᠡ ᠣᠷᠣᠭᠤᠯᠤᠯᠲᠠ ᠵᠢᠨ ᠭᠣᠣᠯ ᠴᠣᠭᠴᠠ᠎ᠳᠤ ᠬᠠᠮᠢᠶ᠎ᠠ ᠪᠦᠬᠦᠢ ᠮᠡᠳᠡᠭᠡ ᠵᠠᠩᠭᠢ ᠵᠢ ᠴᠠᠭ ᠲᠤᠬᠠᠢ᠎ᠳᠤᠨᠢ ᠬᠤᠪᠢᠶᠠᠯᠴᠠᠬᠤ ᠵᠢ ᠪᠠᠳᠤᠯᠠᠨ᠎ᠠ᠃ ᠲᠥᠷᠥᠯ ᠵᠦᠢ᠍ᠯ᠎ᠤᠨ ᠡᠮᠦᠨᠡᠬᠢ ᠬᠤᠭᠤᠴᠠᠭ᠋ᠠᠨ᠎ᠤ ᠨᠤᠲᠠᠯᠠᠯᠲᠠ᠂ ᠭᠠᠵᠠᠷ ᠰᠢᠷᠣᠢ ᠲᠠᠲᠠᠪᠤᠷᠢᠯᠠᠵᠤ ᠠᠷᠠᠳ᠎ᠢ         ᠨᠡᠭᠦᠯᠭᠡᠬᠦ᠂ ᠪᠦᠲᠦᠭᠡᠨ ᠪᠠᠶ᠋ᠢᠭᠤᠯᠵᠤ ᠬᠠᠮᠢᠶᠠᠷᠬᠤ ᠵᠡᠷᠭᠡ ᠲᠠᠯ᠎ᠠ ᠵᠢᠨ ᠵᠣᠬᠢᠴᠠᠭᠤᠯᠭ᠎ᠠ ᠪᠠ ᠵᠢᠯᠣᠭᠣᠳᠤᠯᠭ᠎ᠠ ᠵᠢ ᠴᠢᠩᠭ᠋ᠠᠳᠬᠠᠨ᠂ ᠢᠨᠵᠧᠨᠧᠷᠢᠩ᠎ᠤᠨ ᠪᠦᠲᠦᠭᠡᠨ ᠪᠠᠶ᠋ᠢᠭᠤᠯᠤᠯᠲᠠ ᠪᠠ ᠡᠵᠡᠩᠨᠡᠯᠲᠡ᠎ᠳᠤ ᠰᠠᠶ᠋ᠢᠨ ᠰᠠᠶ᠋ᠢᠬᠠᠨ ᠨᠥᠬᠥᠴᠡᠯ᠎ᠢ ᠪᠦᠷᠢᠯᠳᠦᠭᠦᠯᠵᠦ ᠥᠭᠭᠦᠨ᠎ᠡ᠃ ᠬᠣᠶᠠᠷ᠎ᠲᠤ᠂ ᠲᠥᠷᠥᠯ ᠵᠦᠢ᠍ᠯ᠎ᠢ ᠬᠢᠨᠠᠨ ᠬᠠᠷᠭᠤᠭᠤᠯᠵᠤ ᠬᠢᠨᠠᠨ ᠵᠥᠪᠰᠢᠶᠡᠷᠡᠬᠦ ᠠᠵᠢᠯ᠎ᠢ ᠲᠦᠷᠭᠡᠳᠬᠡᠨ᠎ᠡ᠃ 《ᠰᠠᠨᠠᠯ》 ᠎ᠳᠤ ᠴᠢᠬᠤᠯᠠ ᠶᠡᠬᠡ ᠤᠰᠤᠨ ᠠᠰᠢᠭᠯᠠᠯᠲᠠ ᠵᠢᠨ ᠲᠦᠷᠦᠯ ᠵᠤᠢ᠌ᠯ᠎ᠢ ᠬᠢᠨᠠᠨ ᠵᠥᠪᠰᠢᠶᠡᠷᠡᠬᠦ ᠶᠠᠮᠤᠨ᠎ᠤ ᠬᠣᠭᠣᠷᠣᠨᠳᠣᠬᠢ ᠵᠣᠬᠢᠴᠠᠭᠤᠯᠬᠤ ᠲᠣᠭᠲᠠᠴᠠ ᠵᠢ ᠪᠠᠶ᠋ᠢᠭᠤᠯᠤᠨ ᠲᠡᠬᠦᠯᠳᠡᠷᠵᠢᠬᠦᠯᠵᠦ᠂ ᠬᠢᠨᠠᠨ ᠬᠠᠷᠭᠤᠭᠤᠯᠵᠤ ᠬᠢᠨᠠᠨ ᠵᠥᠪᠰᠢᠶᠡᠷᠡᠬᠦ ᠶᠠᠪᠤᠴᠠ ᠵᠢ ᠰᠢᠯᠢᠳᠡᠭᠵᠢᠭᠦᠯᠦᠨ᠂ ᠬᠢᠨᠠᠨ ᠬᠠᠷᠭᠤᠭᠤᠯᠵᠤ ᠬᠢᠨᠠᠨ ᠵᠥᠪᠰᠢᠶᠡᠷᠡᠬᠦ ᠠᠷᠭ᠎ᠠ ᠬᠡᠯᠪᠡᠷᠢ᠎ᠢ ᠰᠢᠨᠡᠴᠢᠯᠡᠵᠦ᠂ ᠰᠠᠭ᠋ᠠᠳ ᠦᠭᠡᠢ ᠨᠡᠪᠳᠡᠷᠡᠬᠦ ᠵᠠᠮ᠎ᠢ ᠨᠡᠭᠡᠭᠡᠨ᠂ ᠬᠢᠨᠠᠨ ᠬᠠᠷᠭᠤᠭᠤᠯᠵᠤ ᠬᠢᠨᠠᠨ ᠵᠦᠪᠰᠢᠶᠡᠷᠡᠬᠦ ᠠᠬᠢᠴᠠ ᠵᠢ ᠲᠦᠷᠭᠡᠳᠭᠡᠨ᠎ᠡ᠃ ᠬᠠᠤᠯᠢ ᠴᠠᠭ᠋ᠠᠵᠠ᠂ ᠬᠠᠤᠯᠢ ᠲᠣᠭᠲᠠᠭ᠋ᠠᠯ᠎ᠳᠤ ᠲᠥᠷᠥᠯ ᠵᠦᠢ᠍ᠯ᠎ᠢ ᠬᠢᠨᠠᠨ ᠵᠥᠪᠰᠢᠶᠡᠷᠡᠬᠦ ᠵᠢᠨ ᠤᠷᠢᠳᠠᠴᠢ ᠨᠥᠬᠥᠴᠡᠯ᠎ᠢ ᠲᠤᠲᠤᠷᠬᠠᠢ ᠲᠤᠭᠳᠠᠭ᠋ᠠᠭᠰᠠᠨ ᠦᠭᠡᠢ ᠵᠠᠰᠠᠭ ᠵᠠᠬᠢᠷᠭ᠋ᠠᠨ᠎ᠤ ᠬᠢᠨᠠᠨ ᠵᠦᠪᠰᠢᠶᠡᠷᠡᠬᠦ ᠵᠤᠢ᠌ᠯ᠎ᠢ ᠴᠦᠮ ᠬᠢᠨᠠᠨ ᠵᠦᠪᠰᠢᠶᠡᠷᠡᠭᠰᠡᠨ᠎ᠤ ᠲᠠᠷᠠᠭ᠎ᠠ᠂ ᠠᠵᠢᠯ ᠡᠬᠢᠯᠡᠭᠦᠯᠬᠦ᠎ᠠᠴᠠ ᠡᠮᠦᠨ᠎ᠡ ᠪᠡᠶᠡᠯᠡᠭᠦᠯᠬᠦ ᠬᠡᠷᠡᠭᠲᠡᠢ᠃ ᠭᠤᠷᠪᠠ᠎ᠳᠤ ᠪᠠᠴᠢᠮ ᠪᠠᠶ᠋ᠢᠳᠠᠯ᠎ᠢ ᠠᠷᠭ᠋ᠠᠴᠠᠬᠤ ᠪᠡᠯᠡᠳᠬᠡᠯ ᠲᠥᠰᠦᠯ᠎ᠢ ᠨᠠᠶ᠋ᠢᠳᠠᠪᠤᠷᠢᠵᠢᠭᠤᠯᠬᠤ ᠬᠡᠷᠡᠭᠲᠡᠢ᠃ ᠤᠰᠤᠨ ᠠᠰᠢᠭᠯᠠᠯᠲᠠ ᠵᠢᠨ ᠣᠯᠠᠨ ᠨᠡᠶ᠋ᠢᠲᠡ ᠵᠢᠨ ᠦᠢ᠍ᠯᠡᠴᠢᠯᠡᠭᠡᠨ᠎ᠤ ᠭᠡᠨᠡᠳᠲᠡ ᠡᠭᠦᠰᠬᠦ ᠣᠯᠠᠨ ᠨᠡᠶ᠋ᠢᠲᠡ ᠵᠢᠨ ᠬᠡᠷᠡᠭ᠎ᠢ ᠤᠷᠢᠳᠴᠢᠯᠠᠨ ᠰᠡᠷᠭᠡᠶ᠋ᠢᠯᠡᠬᠦ ᠪᠠ ᠠᠷᠭ᠋ᠠᠴᠠᠬᠤ ᠵᠢᠨ ᠲᠤᠰᠠᠳᠠ᠂ 《        ᠰᠠᠨᠠᠯ》᠎ᠳᠤ ᠣᠯᠠᠨ ᠨᠡᠶ᠋ᠢᠲᠡ ᠵᠢᠨ ᠠᠰᠢᠭ ᠲᠤᠰᠠ᠂ ᠣᠯᠠᠨ ᠨᠡᠶ᠋ᠢᠲᠡ ᠵᠢᠨ ᠠᠮᠤᠷ ᠲᠦᠪᠰᠢᠨ᠎ᠢ ᠰᠦᠷᠳᠡᠭᠦᠯᠬᠦ ᠵᠡᠷᠭᠡ ᠪᠠᠴᠢᠮ ᠪᠠᠶ᠋ᠢᠳᠠᠯ ᠭᠠᠷᠤᠭᠰᠠᠨ ᠦᠶ᠎ᠡ᠎ᠳᠤ ᠵᠠᠰᠠᠭ᠎ᠤᠨ ᠣᠷᠳᠣᠨ ᠪᠠᠴᠢᠮ ᠪᠠᠶ᠋ᠢᠳᠠᠯ᠎ᠢ ᠠᠷᠭ᠋ᠠᠴᠠᠬᠤ ᠵᠠᠬᠢᠷᠤᠨ ᠬᠠᠮᠢᠶᠠᠷᠬᠤ ᠠᠷᠭ᠎ᠠ ᠬᠡᠮᠵᠢᠶ᠎ᠡ ᠵᠢ ᠠᠪᠴᠤ ᠪᠣᠯᠤᠨ᠎ᠠ ᠭᠡᠵᠦ ᠲᠤᠭᠳᠠᠭ᠋ᠠᠵᠠᠢ᠃ ᠳᠥᠷᠪᠡ᠎ᠳᠤ ᠤᠬᠤᠷᠢᠨ ᠭᠠᠷᠬᠤ ᠲᠣᠭᠲᠠᠴᠠ ᠵᠢ ᠲᠡᠭᠦᠯᠳᠡᠷᠵᠢᠭᠦᠯᠦᠨ᠎ᠡ᠃ ᠨᠡᠶ᠋ᠢᠭᠡᠮ᠎ᠤᠨ ᠬᠥᠷᠥᠩᠭᠡ ᠵᠢᠨ ᠤᠬᠤᠷᠢᠨ ᠭᠠᠷᠬᠤ ᠠᠰᠢᠭ ᠦᠭᠡᠢ ᠨᠥᠯᠥᠭᠡ᠎ᠠᠴᠠ ᠵᠠᠯᠠᠰᠬᠢᠬᠤ ᠪᠠ ᠪᠠᠭᠤᠷᠠᠭᠤᠯᠵᠤ᠂ ᠨᠡᠶ᠋ᠢᠭᠡᠮ᠎ᠤᠨ ᠬᠥᠷᠥᠩᠭᠡ ᠵᠢᠨ ᠬᠠᠤᠯᠢ ᠶᠣᠰᠣᠨ᠎ᠤ ᠡᠷᠬᠡ ᠠᠰᠢᠭ᠎ᠢ ᠬᠠᠮᠠᠭ᠋ᠠᠯᠠᠵᠤ᠂ ᠣᠯᠠᠨ ᠨᠡᠶ᠋ᠢᠲᠡ ᠵᠢᠨ ᠠᠰᠢᠭ ᠲᠤᠰᠠ ᠬᠦᠨᠦᠭᠡᠯ᠎ᠳᠤ ᠤᠴᠠᠷᠠᠭᠤᠯᠬᠤ ᠦᠭᠡᠢ ᠵᠢ ᠪᠠᠲᠤᠯᠠᠬᠤ ᠵᠢᠨ ᠲᠥᠯᠥᠭᠡ᠂ 《ᠰᠠᠨᠠᠯ》᠎ᠳᠤ ᠵᠠᠰᠠᠭ᠎ᠤᠨ ᠣᠷᠳᠣᠨ᠎ᠤ ᠬᠣᠯᠪᠣᠭᠳᠠᠯ ᠪᠦᠬᠦᠢ ᠰᠠᠯᠠᠭ᠎ᠠ ᠮᠥᠴᠢᠷ᠎ᠠᠴᠠ ᠨᠡᠶ᠋ᠢᠭᠡᠮ᠎ᠤᠨ ᠬᠥᠷᠥᠩᠭᠡ ᠵᠢ ᠤᠬᠤᠷᠢᠨ ᠭᠠᠷᠭ᠋ᠠᠬᠤ ᠲᠣᠭᠲᠠᠴᠠ ᠵᠢ ᠪᠠᠶ᠋ᠢᠭᠤᠯᠤᠨ ᠲᠡᠭᠦᠯᠳᠡᠷᠵᠢᠭᠦᠯᠵᠦ᠂ ᠬᠥᠷᠥᠩᠭᠡ ᠵᠢ ᠴᠢᠩᠭ᠎ᠠ ᠬᠢᠨᠠᠨ ᠬᠠᠷᠭᠤᠭᠤᠯᠵᠤ᠂ ᠲᠥᠷᠥᠯ ᠵᠦᠢ᠍ᠯ᠎ᠤᠨ ᠬᠥᠷᠥᠩᠭᠡ ᠵᠢ ᠰᠢᠢ᠍ᠳᠪᠦᠷᠢᠯᠡᠬᠦ ᠪᠠ ᠪᠦᠲᠦᠭᠡᠨ ᠪᠠᠶ᠋ᠢᠭᠤᠯᠬᠤ ᠪᠠ ᠠᠵᠢᠯᠯᠠᠭ᠋ᠠᠨ᠎ᠤ ᠬᠣᠶ᠋ᠢᠨᠠᠬᠢ ᠲᠥᠰᠦᠯ᠎ᠢ ᠨᠠᠢ᠌ᠳᠠᠪᠤᠷᠢᠵᠢᠭᠤᠯᠤᠭᠰᠠᠨ ᠪᠠᠢ᠌ᠳᠠᠯ ᠲᠤᠤᠷ᠎ᠠ᠂ ᠨᠡᠢ᠌ᠭᠡᠮ᠎ᠤᠨ ᠬᠦᠷᠦᠩᠭᠡ ᠵᠢᠨ ᠤᠬᠤᠷᠢᠨ ᠭᠠᠷᠬᠤ ᠵᠢ ᠵᠦᠪᠰᠢᠶᠡᠷᠡᠵᠦ᠂ ᠲᠦᠷᠦᠯ ᠵᠤᠢ᠌ᠯ᠎ᠢ ᠰᠢᠯᠵᠢᠬᠦᠯᠦᠨ ᠲᠤᠰᠢᠶᠠᠬᠤ ᠠᠵᠢᠯ᠎ᠢ ᠵᠤᠬᠢᠰᠳᠠᠢ ᠰᠠᠢ᠌ᠳᠤᠷ ᠬᠢᠵᠦ᠂ ᠤᠰᠤᠨ ᠠᠰᠢᠭᠯᠠᠯᠳᠠ ᠵᠢᠨ ᠢᠨᠵᠸᠨ᠋ᠸᠷᠢᠩ᠎ᠤᠨ ᠢᠯᠭᠤᠮ ᠶᠠᠪᠤᠭᠳᠠᠬᠤ ᠪᠠ ᠦᠷᠬᠦᠯᠵᠢᠯᠡᠨ ᠠᠶᠤᠯᠬᠦᠢ ᠠᠵᠢᠯᠯᠠᠬᠤ ᠵᠢ ᠦᠨᠡᠨ ᠬᠦ᠌ ᠪᠠᠳᠤᠯᠠᠬᠤ ᠬᠡᠷᠡᠭᠲᠡᠢ ᠭᠡᠵᠦ ᠲᠤᠭᠳᠠᠭ᠋ᠠᠵᠠᠢ᠃
     《ᠰᠠᠨᠠᠯ》 ᠎ᠳᠤ ᠡᠯ᠎ᠡ ᠭᠠᠵᠠᠷ᠎ᠤᠨ᠎ᠬᠢᠨ ᠲᠤᠰ ᠭᠠᠵᠠᠷ ᠣᠷᠣᠨ᠎ᠤ᠎ᠪᠠᠨ ᠪᠣᠳᠠᠲᠤ ᠪᠠᠶ᠋ᠢᠳᠠᠯ᠎ᠲᠠᠢ᠎ᠪᠠᠨ ᠤᠶᠠᠯᠳᠤᠭᠤᠯᠤᠨ ᠴᠢᠬᠤᠯᠠ ᠶᠡᠬᠡ ᠤᠰᠤᠨ ᠠᠰᠢᠭᠯᠠᠯᠲᠠ ᠵᠢᠨ   ᠢᠨᠵᠸᠨ᠋ᠸᠷᠢᠩ᠎ᠤᠨ ᠪᠦᠲᠦᠭᠡᠨ ᠪᠠᠶ᠋ᠢᠭᠤᠯᠤᠯᠲᠠ ᠡᠵᠡᠩᠨᠡᠯᠲᠡ᠎ᠳᠤ ᠨᠡᠶ᠋ᠢᠭᠡᠮ᠎ᠤᠨ ᠬᠥᠷᠥᠩᠭᠡ ᠵᠢᠨ ᠣᠷᠣᠯᠴᠠᠬᠤ ᠵᠢ ᠵᠣᠷᠢᠭᠵᠢᠭᠤᠯᠬᠤ ᠪᠠ ᠬᠥᠲᠥᠯᠦᠨ ᠵᠢᠯᠣᠭᠣᠳᠬᠤ ᠪᠣᠳᠠᠲᠠᠢ ᠬᠡᠷᠡᠭᠵᠢᠭᠦᠯᠬᠦ ᠠᠷᠭ᠎ᠠ ᠪᠠ ᠢᠵᠢ ᠪᠦᠷᠢᠳᠦᠭᠦᠯᠬᠦ ᠲᠥᠷᠥ ᠵᠢᠨ ᠪᠣᠳᠣᠯᠭ᠎ᠠ ᠵᠢᠨ ᠠᠷᠭ᠎ᠠ ᠬᠡᠮᠵᠢᠶ᠎ᠡ ᠵᠢ ᠱᠠᠯᠠᠪᠳᠠᠨ ᠲᠣᠭᠲᠠᠭ᠋ᠠᠬᠤ ᠬᠡᠷᠡᠭᠲᠡᠢ ᠭᠡᠵᠦ ᠲᠤᠳᠤᠷᠬᠠᠢ ᠲᠤᠭᠳᠠᠭ᠋ᠠᠪᠠ᠃ ᠭᠠᠵᠠᠷ ᠣᠷᠣᠨ᠎ᠤ ᠪᠠᠶ᠋ᠢᠳᠠᠯ᠎ᠳᠠᠭᠠᠨ ᠲᠣᠬᠢᠷᠠᠭᠤᠯᠤᠨ ᠨᠢᠭᠡ ᠪᠦᠯᠦᠭ ᠲᠥᠷᠥᠯ ᠵᠦᠢ᠍ᠯ ᠰᠣᠩᠭᠣᠵᠤ ᠲᠤᠷᠰᠢᠯᠲᠠ ᠵᠢᠨ ᠵᠢᠱ᠌ᠢᠶ᠎ᠡ ᠦᠵᠡᠭᠦᠯᠬᠦ ᠠᠵᠢᠯ᠎ᠢ ᠦᠷᠨᠢᠬᠦᠯᠦᠨ᠂ ᠤᠯᠤᠰ᠎ᠤᠨ ᠬᠥᠭᠵᠢᠭᠦᠯᠦᠯᠲᠡ ᠪᠠ ᠥᠭᠡᠷᠡᠴᠢᠯᠡᠯᠲᠡ ᠵᠢᠨ ᠵᠥᠪᠯᠡᠯ᠂ ᠡᠳ᠋᠎ᠤᠨ ᠵᠠᠰᠠᠭ᠎ᠤᠨ ᠶᠠᠮᠤᠨ᠂ ᠤᠰᠤᠨ ᠠᠰᠢᠭᠯᠠᠯᠲᠠ ᠵᠢᠨ ᠶᠠᠮᠤᠨ᠎ᠠᠴᠠ ᠨᠢᠭᠡ ᠪᠦᠯᠦᠭ ᠲᠥᠷᠥᠯ ᠵᠦᠢ᠍ᠯ᠎ᠢ ᠰᠣᠩᠭᠣᠵᠤ ᠤᠯᠤᠰ᠎ᠤᠨ ᠳᠡᠰ᠎ᠤᠨ ᠬᠠᠷᠢᠯᠴᠠᠬᠤ ᠲᠤᠷᠰᠢᠯᠲᠠ ᠵᠢᠨ ᠴᠢᠭ ᠪᠣᠯᠭ᠋ᠠᠨ᠂ ᠮᠥᠷᠳᠡᠨ   ᠵᠢᠯᠤᠭᠤᠳᠤᠯᠭ᠎ᠠ᠎ᠪᠠᠨ ᠴᠢᠩᠭ᠋ᠠᠳᠬᠠᠵᠤ᠂ ᠴᠠᠭ ᠲᠤᠬᠠᠢ᠎ᠳᠤ᠎ᠨᠢ ᠲᠤᠷᠰᠢᠯᠭ᠎ᠠ᠎ᠪᠠᠨ ᠳ᠋ᠦᠩᠨᠡᠵᠦ᠂ ᠬᠣᠯᠪᠣᠭᠳᠠᠯ ᠪᠦᠬᠦᠢ ᠲᠥᠷᠥ ᠵᠢᠨ ᠪᠣᠳᠣᠯᠭ᠎ᠠ ᠵᠢ ᠲᠡᠬᠦᠯᠳᠡᠷᠵᠢᠬᠦᠯᠬᠦ ᠵᠢ ᠠᠬᠢᠭᠤᠯᠵᠤ᠂ ᠵᠢᠱ᠌ᠢᠶ᠎ᠡ   ᠦᠵᠡᠬᠦᠯᠵᠦ ᠳᠠᠶ᠋ᠢᠴᠢᠯᠠᠬᠤ ᠦᠢ᠍ᠯᠡᠳᠦᠯ᠎ᠢ ᠪᠠᠳᠠᠷᠠᠭᠤᠯᠤᠨ᠂ ᠲᠠᠪᠳᠠᠵᠤ ᠪᠤᠯᠬᠤ᠂ ᠲᠡᠯᠭᠡᠷᠡᠬᠦᠯᠵᠦ ᠪᠤᠯᠬᠤ ᠲᠤᠷᠰᠢᠯᠭ᠎ᠠ ᠵᠢ ᠲᠠᠷᠤᠢ᠌ᠬᠠᠨ ᠬᠠᠢ᠌ᠨ ᠰᠦᠪᠡᠭᠴᠢᠯᠡᠵᠦ ᠪᠦᠷᠢᠯᠳᠦᠬᠦᠯᠬᠦ᠎ᠪᠠᠷ ᠴᠢᠷᠮᠠᠢ᠌ᠨ᠎ᠠ᠃ ᠡᠭᠦᠨ᠎ᠤ ᠬᠠᠮᠲᠤ᠂ ᠤᠬᠠᠭᠤᠯᠤᠨ ᠬᠥᠲᠥᠯᠦᠨ ᠵᠢᠯᠣᠭᠣᠳᠬᠤ ᠠᠵᠢᠯ᠎ᠢ ᠰᠠᠶ᠋ᠢᠲᠤᠷ ᠬᠢᠵᠦ᠂ ᠨᠡᠶ᠋ᠢᠭᠡᠮ᠎ᠤᠨ ᠬᠥᠷᠥᠩᠭᠡ ᠵᠢ ᠢᠨᠵᠸᠨ᠋ᠸᠷᠢᠩ᠎ᠤᠨ ᠪᠦᠲᠦᠭᠡᠨ ᠪᠠᠶ᠋ᠢᠭᠤᠯᠤᠯᠲᠠ ᠵᠢᠨ ᠡᠵᠡᠩᠨᠡᠯᠲᠡ᠎ᠳᠤ ᠣᠷᠣᠯᠴᠠᠬᠤ᠎ᠳᠤ ᠰᠠᠶ᠋ᠢᠨ ᠰᠠᠶ᠋ᠢᠬᠠᠨ ᠨᠡᠶ᠋ᠢᠭᠡᠮ᠎ᠤᠨ ᠣᠷᠴᠢᠨ ᠲᠣᠭᠣᠷᠢᠨ ᠪᠠ ᠶᠠᠷᠢᠶ᠎ᠠ ᠬᠡᠯᠡᠯᠴᠡᠭᠡᠨ᠎ᠤ ᠣᠷᠴᠢᠨ ᠠᠬᠤᠢ ᠵᠢ ᠪᠣᠢ ᠪᠣᠯᠭ᠋ᠠᠬᠤ ᠬᠡᠷᠡᠭᠲᠡᠢ᠃

ᠢᠷᠡᠯᠲᠡ᠄
          
ᠬᠠᠮᠢᠶ᠎ᠡ ᠪᠦᠬᠦᠢ ᠰᠣᠨᠢᠨ
 
            