ᠲᠥᠷᠥ ᠵᠢᠨ ᠶᠠᠪᠤᠳᠠᠯ᠎ᠤᠨ ᠬᠣᠷᠢᠶᠠᠨ᠎ᠠᠴᠠ 《ᠪᠦᠬᠦ ᠤᠯᠤᠰ᠎ᠤᠨ ᠤᠰᠤᠨ᠎ᠤ ᠡᠬᠢ ᠪᠠᠶᠠᠯᠢᠭ᠎ᠤᠨ ᠶᠡᠷᠦᠩᠬᠡᠢ ᠲᠦᠯᠦᠪᠵᠢᠬᠦᠯᠭᠡ》 (ᠳᠣᠭᠣᠭᠰᠢ 《 ᠲᠦᠯᠦᠪᠵᠢᠬᠦᠯᠭᠡ》 ᠭᠡᠵᠦ ᠲᠣᠪᠴᠢᠯᠠᠨ᠎ᠠ) ᠵᠢ ᠵᠢᠩᠬᠢᠨᠢ᠎ᠪᠠᠷ ᠪᠠᠭᠤᠯᠭ᠋ᠠᠪᠠ᠃ ᠡᠨᠡ ᠪᠣᠯ ᠤᠯᠤᠰ᠎ᠠᠴᠠ ᠲᠣᠭᠲᠠᠭ᠋ᠠᠭᠰᠠᠨ ᠡᠨᠧᠷᠭᠢ ᠵᠢᠨ ᠰᠤᠷᠪᠤᠯᠵᠢ᠂ ᠭᠠᠵᠠᠷ ᠰᠢᠷᠣᠢ᠂ ᠠᠮᠤ ᠪᠤᠳᠠᠭ᠎ᠠ᠂ ᠠᠭᠤᠷ ᠠᠮᠢᠰᠬᠤᠯ᠎ᠤᠨ ᠬᠤᠪᠢᠷᠠᠯᠲᠠ ᠵᠢ ᠠᠷᠭ᠋ᠠᠴᠠᠬᠤ ᠵᠡᠷᠭᠡ ᠪᠠᠶ᠋ᠢᠯᠳᠤᠬᠤ ᠪᠣᠳᠣᠯᠭ᠎ᠠ ᠵᠢᠨ ᠲᠥᠯᠥᠪᠵᠢᠭᠦᠯᠭᠡ ᠵᠢᠨ ᠳᠠᠷᠠᠭ᠋ᠠᠬᠢ ᠪᠠᠰᠠ ᠨᠢᠭᠡᠨ ᠴᠢᠬᠤᠯᠠ ᠡᠬᠢ ᠪᠠᠶᠠᠯᠢᠭ ᠣᠷᠴᠢᠨ ᠠᠬᠤᠢ ᠵᠢᠨ ᠪᠠᠶ᠋ᠢᠯᠳᠤᠬᠤ ᠪᠣᠳᠣᠯᠭ᠎ᠠ ᠵᠢᠨ ᠴᠢᠨᠠᠷᠲᠠᠢ ᠲᠥᠯᠥᠪᠵᠢᠭᠦᠯᠭᠡ ᠮᠥᠨ ᠪᠥᠭᠡᠳ ᠪᠠᠰᠠ ᠴᠤ᠌ ᠮᠠᠨ᠎ᠤ ᠤᠯᠤᠰ᠎ᠤᠨ ᠡᠬᠢ ᠪᠠᠶᠠᠯᠢᠭ᠎ᠢ ᠠᠰᠢᠭᠯᠠᠬᠤ ᠪᠠ ᠬᠠᠮᠠᠭ᠋ᠠᠯᠠᠬᠤ ᠬᠦᠷᠢᠶᠡᠨ᠎ᠳᠠᠬᠢ ᠪᠠᠰᠠ ᠨᠢᠭᠡᠨ ᠬᠥᠲᠥᠯᠪᠦᠷᠢ ᠵᠢᠨ ᠴᠢᠨᠠᠷᠲᠠᠢ ᠪᠢᠴᠢᠭ ᠮᠠᠲᠸᠷᠢᠶᠠᠯ ᠮᠥᠨ᠃ ᠲᠥᠷᠥ ᠵᠢᠨ ᠶᠠᠪᠤᠳᠠᠯ᠎ᠤᠨ ᠬᠤᠷᠢᠶᠠᠨ᠎ᠤ ᠴᠣᠬᠣᠯᠠᠪᠤᠷᠢ ᠵᠢᠨ ᠵᠣᠷᠢᠭ ᠰᠠᠨᠠᠭ᠎ᠠ ᠵᠢ ᠲᠤᠤᠱᠲᠠᠢ ᠨᠠᠢ᠌ᠳᠠᠪᠤᠷᠢᠵᠢᠭᠤᠯᠵᠤ᠂ 《 ᠲᠦᠯᠦᠪᠵᠢᠬᠦᠯᠭᠡ》 ᠵᠢ ᠰᠠᠢ᠌ᠳᠤᠷ ᠬᠡᠷᠡᠭᠵᠢᠬᠦᠯᠬᠦ᠎ᠨᠢ ᠤᠰᠤᠨ ᠠᠰᠢᠭᠯᠠᠯᠲᠠ ᠵᠢᠨ ᠰᠠᠯᠠᠭ᠎ᠠ ᠮᠦᠴᠢᠷ᠎ᠤᠨ ᠨᠢᠭᠡᠨ ᠴᠢᠬᠤᠯᠠ ᠡᠭᠦᠷᠭᠡ ᠪᠤᠯᠤᠨ᠎ᠠ᠃ ᠣᠶ᠋ᠢᠷ᠎ᠠ᠎ᠳᠤ ᠠᠷᠠᠳ᠎ᠤᠨ ᠡᠳᠦᠷ᠎ᠤᠨ ᠰᠣᠨᠢᠨ᠎ᠤ ᠰᠤᠷᠪᠤᠯᠵᠢᠯᠠᠭᠴᠢ ᠤᠰᠤᠨ ᠠᠰᠢᠭᠯᠠᠯᠲᠠ ᠵᠢᠨ ᠶᠠᠮᠤᠨ᠎ᠤ ᠳᠡᠳ᠋ ᠰᠠᠶ᠋ᠢᠳ ᠵᠢᠶᠤᠤ ᠶᠦᠩ᠎ᠢ ᠲᠤᠰᠬᠠᠢ ᠤᠷᠢᠵᠤ 《ᠲᠥᠯᠥᠪᠵᠢᠭᠦᠯᠭᠡ》 ᠳᠤ ᠲᠠᠢ᠌ᠯᠪᠤᠷᠢᠯᠠᠯᠳᠠ ᠬᠢᠯᠭᠡᠵᠦ᠂ ᠥᠷᠭᠡᠨ ᠣᠯᠠᠨ ᠤᠩᠰᠢᠭᠴᠢᠳ᠂ ᠣᠨᠴᠠᠭ᠋ᠠᠶ᠋ᠢᠯᠠᠨ ᠤᠰᠤᠨ ᠠᠰᠢᠭᠯᠠᠯᠲᠠ ᠵᠢᠨ ᠠᠵᠢᠯᠲᠠᠳ᠎ᠢ ᠬᠠᠪᠰᠤᠷᠤᠨ 《ᠲᠥᠯᠥᠪᠵᠢᠭᠦᠯᠭᠡ》 ᠵᠢ ᠨᠠᠶ᠋ᠢᠷᠠᠭᠤᠯᠤᠨ ᠵᠤᠬᠢᠶᠠᠭᠰᠠᠨ ᠶᠠᠪᠤᠴᠠ ᠵᠢᠴᠢ 《ᠲᠥᠯᠥᠪᠵᠢᠭᠦᠯᠭᠡ》 ᠵᠢ ᠨᠠᠶ᠋ᠢᠷᠠᠭᠤᠯᠤᠨ ᠵᠤᠬᠢᠶᠠᠭᠰᠠᠨ ᠴᠢᠬᠤᠯᠠ ᠶᠡᠬᠡ ᠠᠴᠢ ᠬᠣᠯᠪᠣᠭᠳᠠᠯ᠎ᠢ ᠭᠦᠨᠵᠡᠭᠡᠢ ᠣᠶ᠋ᠢᠯᠠᠭ᠋ᠠᠭᠤᠯᠵᠤ᠂ 《ᠲᠥᠯᠥᠪᠵᠢᠭᠦᠯᠭᠡ》 ᠵᠢ ᠨᠠᠶ᠋ᠢᠷᠠᠭᠤᠯᠤᠨ ᠵᠤᠬᠢᠶᠠᠭᠰᠠᠨ ᠵᠢᠯᠣᠭᠣᠳᠬᠤ ᠦᠵᠡᠯ ᠰᠠᠨᠠᠭ᠎ᠠ᠂ ᠦᠨᠳᠦᠰᠦᠨ ᠵᠠᠷᠴᠢᠮ᠂ ᠬᠠᠷᠠᠯᠲᠠ ᠡᠭᠦᠷᠭᠡ ᠵᠢᠴᠢ ᠠᠷᠭ᠋ᠠᠴᠠᠬᠤ ᠠᠷᠭ᠎ᠠ ᠪᠣᠳᠣᠯᠭ᠎ᠠ ᠵᠡᠷᠭᠡ ᠠᠭᠤᠯᠭ᠎ᠠ ᠪᠤᠯᠤᠨ ᠠᠭᠤᠯᠤᠭᠳᠠᠬᠤᠨ᠎ᠢ ᠬᠦᠨᠵᠡᠭᠡᠢ ᠤᠢ᠌ᠯᠠᠭ᠋ᠠᠭᠤᠯᠵᠤ᠂ 《ᠲᠥᠯᠥᠪᠵᠢᠭᠦᠯᠭᠡ》 ᠵᠢ ᠤᠯᠠᠮ ᠰᠠᠢ᠌ᠨ ᠬᠡᠷᠡᠭᠵᠢᠬᠦᠯᠬᠦ᠎ᠳᠤ ᠦᠵᠡᠯ ᠰᠠᠨᠠᠭ᠋ᠠᠨ᠎ᠤ ᠰᠠᠭᠤᠷᠢ ᠲᠠᠯᠪᠢᠵᠦ ᠦᠭᠬᠦᠭᠰᠡᠨ ᠪᠠᠢ᠌ᠨ᠎ᠠ᠃
ᠰᠤᠷᠪᠤᠯᠵᠢᠯᠠᠭᠴᠢ᠄ ᠣᠶ᠋ᠢᠯᠠᠭ᠋ᠠᠭᠰᠠᠨ ᠵᠶ᠋ᠠᠷ᠂ ᠡᠨᠡ ᠪᠣᠯ ᠮᠠᠨ᠎ᠤ ᠤᠯᠤᠰ ᠠᠩᠬᠠᠳᠠᠭᠴᠢ ᠤᠳᠠᠭ᠎ᠠ ᠪᠦᠬᠦ ᠤᠯᠤᠰ᠎ᠤᠨ ᠴᠢᠨᠠᠷᠲᠠᠢ ᠤᠰᠤᠨ᠎ᠤ ᠡᠬᠢ ᠪᠠᠶᠠᠯᠢᠭ᠎ᠤᠨ ᠶᠡᠷᠦᠩᠬᠡᠢ ᠲᠥᠯᠥᠪᠵᠢᠭᠦᠯᠭᠡ ᠵᠢ ᠨᠠᠢ᠌ᠷᠠᠭᠤᠯᠤᠨ ᠵᠤᠬᠢᠶᠠᠭᠰᠠᠨ ᠪᠠᠢ᠌ᠳᠠᠭ᠃ 《ᠲᠥᠯᠥᠪᠵᠢᠭᠦᠯᠭᠡ》 ᠵᠢ ᠨᠠᠢ᠌ᠷᠠᠭᠤᠯᠤᠨ ᠵᠤᠬᠢᠶᠠᠬᠤ᠎ᠳᠤ ᠤᠯᠤᠰ᠎ᠤᠨ ᠨᠠᠢ᠍ᠮᠠᠨ ᠶᠠᠮᠤᠨ ᠬᠣᠷᠢᠶ᠎ᠠ ᠬᠠᠮᠲᠤ᠎ᠪᠠᠷ ᠣᠷᠣᠯᠴᠠᠪᠠ᠃ ᠲᠠ 《ᠲᠥᠯᠥᠪᠵᠢᠭᠦᠯᠭᠡ》 ᠵᠢ ᠨᠠᠶ᠋ᠢᠷᠠᠭᠤᠯᠤᠨ ᠵᠣᠬᠢᠶᠠᠭᠰᠠᠨ ᠥᠩᠭᠡᠷᠡᠯᠲᠡ ᠪᠣᠯᠤᠨ ᠴᠢᠬᠤᠯᠠ ᠠᠴᠢ ᠬᠣᠯᠪᠣᠭᠳᠠᠯ᠎ᠢ ᠶᠠᠷᠢᠵᠤ ᠥᠭᠬᠦ ᠪᠤᠯᠪᠠ ᠤᠤ᠃
ᠵᠢᠶᠤᠤ ᠶᠦᠩ᠄ 21 ᠳ᠋ᠤᠭ᠋ᠠᠷ ᠵᠠᠭᠤᠨ᠎ᠳᠤ ᠣᠷᠣᠭᠰᠠᠨ᠎ᠤ ᠳᠠᠷᠠᠭ᠎ᠠ᠂ ᠮᠠᠨ᠎ᠤ ᠤᠯᠤᠰ᠎ᠤᠨ ᠡᠳᠦᠷ ᠢᠷᠡᠬᠦᠶ᠎ᠡ ᠨᠣᠴᠢᠲᠠᠢ ᠪᠣᠯᠵᠤ ᠪᠠᠶ᠋ᠢᠭ᠎ᠠ ᠤᠰᠤᠨ᠎ᠤ ᠡᠬᠢ ᠪᠠᠶᠠᠯᠢᠭ᠎ᠤᠨ ᠪᠠᠶ᠋ᠢᠳᠠᠯ᠎ᠳᠤ ᠴᠢᠭᠯᠡᠭᠦᠯᠦᠨ᠂ ᠤᠯᠤᠰ᠎ᠤᠨ ᠤᠰᠤᠨ᠎ᠤ ᠪᠠᠶᠠᠯᠢᠭ᠎ᠤᠨ ᠠᠶᠤᠯᠬᠦᠢ ᠪᠠᠶ᠋ᠢᠳᠠᠯ᠎ᠢ ᠪᠠᠲᠤᠯᠠᠬᠤ᠂ ᠤᠰᠤᠨ᠎ᠤ ᠡᠬᠢ ᠪᠠᠶᠠᠯᠢᠭ᠎ᠢ ᠦᠷᠬᠦᠯᠵᠢᠯᠡᠬᠦᠢ᠌ᠴᠡ ᠠᠰᠢᠭᠯᠠᠬᠤ ᠵᠢ ᠠᠬᠢᠭᠤᠯᠬᠤ ᠪᠠᠢ᠌ᠯᠳᠤᠬᠤ ᠪᠤᠳᠤᠯᠭ᠎ᠠ ᠵᠢᠨ ᠦᠨᠳᠦᠷᠴᠡ᠎ᠠᠴᠠ ᠡᠬᠦᠰᠴᠦ᠂《ᠪᠦᠬᠦᠳᠡ ᠨᠠᠢ᠌ᠷᠠᠮᠳᠠᠬᠤ ᠲᠤᠮᠳᠠᠳᠤ ᠠᠷᠠᠳ ᠤᠯᠤᠰ᠎ᠤᠨ ᠤᠰᠤᠨ᠎ᠤ ᠬᠠᠤᠯᠢ》 ᠵᠢ ᠦᠨᠳᠦᠰᠦᠯᠡᠨ᠂ 2002 ᠣᠨ᠎ᠠᠴᠠ ᠡᠬᠢᠯᠡᠨ ᠤᠯᠤᠰ᠎ᠤᠨ ᠬᠦᠭᠵᠢᠬᠦᠯᠦᠯᠳᠡ ᠪᠠ ᠦᠭᠡᠷᠡᠴᠢᠯᠡᠯᠳᠡ ᠵᠢᠨ ᠵᠥᠪᠯᠡᠯ ᠪᠣᠯᠤᠨ ᠤᠰᠤᠨ ᠠᠰᠢᠭᠯᠠᠯᠳᠠ ᠵᠢᠨ ᠶᠠᠮᠤᠨ ᠲᠣᠯᠣᠭ᠋ᠠᠶ᠋ᠢᠯᠠᠵᠤ᠂ ᠭᠠᠵᠠᠷ ᠰᠢᠷᠣᠢ ᠡᠬᠢ ᠪᠠᠶᠠᠯᠢᠭ᠎ᠤᠨ ᠶᠠᠮᠤᠨ᠂ ᠤᠷᠴᠢᠨ ᠲᠤᠭᠤᠷᠢᠨ᠎ᠢ ᠬᠠᠮᠠᠭ᠋ᠠᠯᠠᠬᠤ ᠶᠠᠮᠤᠨ᠂ ᠣᠷᠣᠨ ᠰᠠᠭᠤᠴᠠ ᠪᠠ ᠬᠣᠲᠠ ᠬᠥᠳᠡᠭᠡ ᠵᠢᠨ ᠪᠦᠲᠦᠭᠡᠨ ᠪᠠᠶ᠋ᠢᠭᠤᠯᠤᠯᠲᠠ ᠵᠢᠨ ᠶᠠᠮᠤᠨ᠂ ᠬᠥᠳᠡᠭᠡ ᠠᠵᠤ ᠠᠬᠤᠢ ᠵᠢᠨ ᠶᠠᠮᠤᠨ᠂ ᠤᠯᠤᠰ᠎ᠤᠨ ᠣᠢ ᠰᠢᠭᠤᠢ ᠵᠢᠨ ᠲᠤᠪᠴᠢᠶ᠎ᠠ᠂ ᠲᠤᠮᠳᠠᠳᠤ ᠤᠯᠤᠰ᠎ᠤᠨ ᠴᠠᠭ ᠠᠭ᠋ᠠᠷ᠎ᠤᠨ ᠲᠣᠪᠴᠢᠶ᠎ᠠ ᠵᠡᠷᠭᠡ ᠬᠤᠯᠪᠤᠭᠳᠠᠯ ᠪᠦᠬᠦᠢ ᠪᠠᠢ᠌ᠭᠤᠯᠭ᠎ᠠ᠎ᠨᠤᠭᠤᠳ᠎ᠲᠠᠢ ᠬᠠᠮᠲᠤᠷᠠᠨ ᠪᠦᠬᠦ ᠤᠯᠤᠰ᠎ᠤᠨ ᠬᠡᠪᠴᠢᠶᠡᠨ ᠲᠤᠲᠤᠷ᠎ᠠ ᠤᠰᠤᠨ᠎ᠤ ᠡᠬᠢ ᠪᠠᠶᠠᠯᠢᠭ᠎ᠤᠨ ᠶᠡᠷᠦᠩᠬᠡᠢ ᠲᠦᠯᠦᠪᠵᠢᠬᠦᠯᠭᠡ ᠵᠢ ᠨᠠᠢ᠌ᠷᠠᠭᠤᠯᠤᠨ ᠵᠤᠬᠢᠶᠠᠬᠤ ᠠᠵᠢᠯ᠎ᠢ ᠵᠤᠬᠢᠶᠠᠨ ᠪᠠᠢ᠌ᠭᠤᠯᠪᠠ᠃
《ᠲᠥᠯᠥᠪᠵᠢᠭᠦᠯᠭᠡ》 ᠵᠢ ᠨᠠᠶ᠋ᠢᠷᠠᠭᠤᠯᠤᠨ ᠵᠣᠬᠢᠶᠠᠬᠤ ᠠᠵᠢᠯ᠎ᠢ ᠭᠣᠣᠯᠳᠠᠭᠤ ᠬᠣᠶᠠᠷ ᠱᠠᠲᠤ ᠦᠶ᠎ᠡ᠎ᠳᠤ ᠬᠤᠪᠢᠶᠠᠨ᠎ᠠ᠄ ᠨᠢᠭᠡᠳᠦᠭᠡᠷ ᠱᠠᠳᠤ ᠦᠶ᠎ᠡ᠎ᠨᠢ ᠤᠰᠤᠨ᠎ᠤ ᠡᠬᠢ ᠪᠠᠶᠠᠯᠢᠭ᠎ᠢ ᠪᠠᠶ᠋ᠢᠴᠠᠭ᠋ᠠᠨ ᠦᠨᠡᠯᠡᠬᠦ ᠶᠠᠪᠤᠳᠠᠯ ᠪᠤᠯᠤᠨ᠎ᠠ᠃ ᠲᠡᠬᠦᠨ᠎ᠤ ᠭᠣᠣᠯ ᠡᠭᠦᠷᠭᠡ ᠪᠣᠯ ᠤᠰᠤᠨ᠎ᠤ ᠡᠬᠢ ᠪᠠᠶᠠᠯᠢᠭ ᠵᠢᠴᠢ ᠲᠡᠭᠦᠨ᠎ᠢ ᠨᠡᠭᠡᠭᠡᠨ ᠠᠰᠢᠭᠯᠠᠵᠤ ᠪᠠᠶ᠋ᠢᠭ᠎ᠠ ᠪᠠᠶ᠋ᠢᠳᠠᠯ᠎ᠢ ᠪᠦᠬᠦ ᠲᠠᠯ᠎ᠠ᠎ᠪᠠᠷ ᠪᠠᠶ᠋ᠢᠴᠠᠭ᠋ᠠᠬᠤ ᠶᠠᠪᠤᠳᠠᠯ ᠪᠣᠯᠤᠨ᠎ᠠ᠃ ᠬᠣᠶᠠᠳᠤᠭ᠋ᠠᠷ ᠱᠠᠲᠤ ᠦᠶ᠎ᠡ᠎ᠨᠢ ᠤᠰᠤᠨ᠎ᠤ ᠡᠬᠢ ᠪᠠᠶᠠᠯᠢᠭ᠎ᠤᠨ ᠶᠡᠷᠦᠩᠬᠡᠢ ᠲᠥᠯᠥᠪᠵᠢᠭᠦᠯᠭᠡ ᠵᠢ ᠨᠠᠶ᠋ᠢᠷᠠᠭᠤᠯᠤᠨ ᠵᠣᠬᠢᠶᠠᠬᠤ ᠠᠵᠢᠯ ᠪᠤᠯᠤᠨ᠎ᠠ᠃ ᠲᠡᠬᠦᠨ᠎ᠤ ᠭᠣᠣᠯ ᠡᠭᠦᠷᠭᠡ ᠪᠣᠯ ᠤᠰᠤᠨ᠎ᠤ ᠡᠬᠢ ᠪᠠᠶᠠᠯᠢᠭ᠎ᠢ ᠠᠷᠪᠢᠯᠠᠬᠤ᠂ ᠬᠠᠮᠠᠭ᠋ᠠᠯᠠᠬᠤ᠂ ᠲᠣᠬᠢᠷᠠᠭᠤᠯᠬᠤ ᠪᠠ ᠦᠷᠬᠦᠯᠵᠢᠯᠡᠬᠦᠢ᠌ᠴᠡ ᠠᠰᠢᠭᠯᠠᠬᠤ ᠪᠠᠶ᠋ᠢᠯᠳᠤᠬᠤ ᠪᠣᠳᠣᠯᠭ᠎ᠠ ᠵᠢᠨ ᠬᠠᠷᠠᠯᠲᠠ᠂ ᠶᠡᠷᠦᠩᠬᠡᠢ ᠰᠡᠳᠬᠢᠴᠡ᠂ ᠭᠣᠣᠯ ᠡᠭᠦᠷᠭᠡ ᠬᠢᠭᠡᠳ ᠠᠷᠭ᠋ᠠᠴᠠᠬᠤ ᠠᠷᠭ᠎ᠠ ᠪᠤᠳᠤᠯᠭ᠎ᠠ ᠵᠢ ᠰᠢᠨᠵᠢᠯᠡᠬᠦ ᠤᠬᠠᠭ᠋ᠠᠨᠴᠢ᠎ᠪᠠᠷ ᠲᠣᠭᠲᠠᠭ᠋ᠠᠬᠤ ᠶᠠᠪᠤᠳᠠᠯ ᠪᠣᠯᠤᠨ᠎ᠠ᠃
ᠲᠤᠰ 《ᠲᠥᠯᠥᠪᠵᠢᠭᠦᠯᠭᠡ》 ᠪᠣᠯ ᠪᠦᠬᠦ ᠤᠯᠤᠰ᠂ ᠰᠠᠪᠠ ᠭᠠᠵᠠᠷ᠂ ᠵᠠᠰᠠᠭ ᠵᠠᠬᠢᠷᠭ᠋ᠠᠨ᠎ᠤ ᠣᠷᠣᠨ ᠪᠦᠰᠡ ᠭᠤᠷᠪᠠ ᠵᠢ ᠬᠠᠮᠤᠷᠤᠭᠰᠠᠨ᠂ ᠣᠯᠠᠨ ᠰᠢᠨᠵᠢᠯᠡᠭᠡᠨ᠎ᠤ ᠰᠠᠯᠠᠭ᠎ᠠ᠂ ᠣᠯᠠᠨ ᠰᠠᠯᠠᠭ᠎ᠠ ᠮᠥᠴᠢᠷ᠎ᠲᠠᠢ ᠬᠣᠯᠪᠣᠭᠳᠠᠭᠰᠠᠨ ᠨᠢᠭᠡᠨ ᠪᠤᠳᠤᠯᠢᠶᠠᠨᠲᠠᠢ ᠪᠥᠭᠡᠳ ᠬᠠᠲᠠᠭᠤ ᠪᠡᠷᠬᠡᠰᠢᠶᠡᠯᠲᠡᠢ ᠰᠢᠰᠲ᠋ᠧᠮᠲᠦ ᠢᠨᠵᠧᠨᠧᠷᠢᠩ ᠪᠠᠢ᠌ᠵᠤ᠂ ᠠᠵᠢᠯ᠎ᠤᠨ ᠡᠭᠦᠷᠭᠡ ᠬᠦᠨᠳᠦ᠂ ᠮᠡᠷᠭᠡᠵᠢᠯ᠎ᠤᠨ ᠱᠠᠭ᠋ᠠᠷᠳᠠᠯᠭ᠎ᠠ᠎ᠨᠢ ᠥᠨᠳᠥᠷ᠂ ᠵᠣᠬᠢᠴᠠᠭᠤᠯᠬᠤ᠎ᠳᠤ ᠬᠦᠴᠢᠷ ᠶᠤᠮ᠃ ᠲᠥᠯᠥᠪᠵᠢᠭᠦᠯᠭᠡ ᠵᠢ ᠨᠠᠶ᠋ᠢᠷᠠᠭᠤᠯᠤᠨ ᠵᠣᠬᠢᠶᠠᠬᠤ ᠠᠵᠢᠯ ᠡᠬᠢᠯᠡᠭᠰᠡᠨ᠎ᠠᠴᠠ ᠬᠣᠶ᠋ᠢᠰᠢ᠂ ᠪᠦᠬᠦ ᠬᠣᠯᠪᠣᠭᠳᠠᠬᠤ ᠪᠠᠢ᠌ᠭᠤᠯᠭ᠎ᠠ᠂ ᠰᠠᠪᠠ ᠭᠠᠵᠠᠷ᠎ᠤᠨ ᠪᠠᠢ᠌ᠭᠤᠯᠤᠮᠵᠢ ᠪᠣᠯᠤᠨ ᠡᠯ᠎ᠡ ᠮᠣᠵᠢ᠂ ᠥᠪᠡᠷᠲᠡᠭᠡᠨ ᠵᠠᠰᠠᠬᠤ ᠣᠷᠣᠨ᠂ ᠰᠢᠭᠤᠳ ᠬᠠᠷᠢᠶ᠎ᠠ ᠬᠣᠲᠠ᠎ᠨᠤᠭᠤᠳ ᠮᠠᠰᠢ ᠬᠦᠨᠳᠦᠳᠭᠡᠨ ᠦᠵᠡᠵᠦ᠂ ᠨᠠᠷᠢᠨ ᠨᠢᠭᠳᠠ ᠪᠠᠢ᠌ᠷᠢᠯᠠᠭᠤᠯᠤᠯᠳᠠ ᠬᠢᠵᠦ᠂ ᠬᠠᠮᠲᠤᠷᠠᠨ ᠵᠢᠳᠬᠦᠵᠦ ᠬᠤᠯᠪᠤᠭ᠋ᠠᠯᠠᠨ ᠪᠤᠭᠤᠮᠳᠠ ᠰᠢᠪᠳᠤᠯᠤᠨ᠂ ᠲᠦᠯᠦᠪᠵᠢᠬᠦᠯᠭᠡ ᠵᠢᠨ ᠠᠵᠢᠯ᠎ᠤᠨ ᠢᠯᠭᠤᠮ ᠶᠠᠪᠤᠭᠳᠠᠬᠤ ᠵᠢ ᠦᠨᠡᠨ ᠬᠦ᠌ ᠪᠠᠳᠤᠯᠵᠤ᠂ ᠲᠦᠯᠦᠪᠵᠢᠬᠦᠯᠭᠡ ᠵᠢ ᠨᠠᠢ᠌ᠷᠠᠭᠤᠯᠤᠨ ᠵᠤᠬᠢᠶᠠᠬᠤ ᠠᠵᠢᠯ᠎ᠢ ᠦᠨᠳᠦᠷ ᠴᠢᠨᠰᠠᠭ᠎ᠠ᠎ᠲᠠᠢ ᠪᠡᠶᠡᠯᠡᠬᠦᠯᠪᠡ᠃ ᠠᠩᠬ᠎ᠠ ᠠᠯᠬᠤᠮ᠎ᠤᠨ ᠪᠦᠷᠢᠳᠬᠡᠭᠰᠡᠨ ᠵᠶ᠋ᠡᠷ᠂ ᠪᠦᠬᠦ ᠤᠯᠤᠰ᠂ ᠰᠠᠪᠠ ᠭᠠᠵᠠᠷ᠂ ᠤᠷᠤᠨ ᠪᠦᠰᠡ ᠵᠢᠨ ᠳᠠᠪᠬᠤᠷᠭ᠎ᠠ ᠵᠢᠨ ᠨᠡᠶ᠋ᠢᠲᠡ 300 ᠭᠠᠷᠤᠢ ᠲᠦᠯᠦᠪᠵᠢᠬᠦᠭᠡ ᠵᠢ ᠲᠦᠰᠦᠪᠯᠡᠬᠦ ᠪᠠ ᠡᠷᠳᠡᠮ ᠰᠢᠨᠵᠢᠯᠡᠭᠡᠨ᠎ᠤ ᠨᠢᠭᠡᠴᠢ᠂ ᠲᠦᠮᠡ ᠭᠠᠷᠤᠢ ᠮᠡᠷᠭᠡᠵᠢᠯᠲᠡᠨ ᠪᠤᠯᠤᠨ ᠲᠤᠰᠬᠠᠢ ᠮᠡᠷᠭᠡᠵᠢᠯᠳᠡᠳ ᠲᠦᠯᠦᠪᠵᠢᠬᠦᠯᠭᠡ ᠵᠢ ᠨᠠᠢ᠌ᠷᠠᠭᠤᠯᠤᠨ ᠵᠤᠬᠢᠶᠠᠬᠤ᠎ᠳᠤ ᠣᠷᠣᠯᠴᠠᠪᠠ᠃ ᠡᠢ᠌ᠮᠦ᠎ᠠᠴᠠ 《ᠲᠦᠯᠦᠪᠵᠢᠬᠦᠭᠡ》 ᠵᠢᠨ ᠠᠮᠵᠢᠯᠲᠠ ᠪᠦᠲᠦᠭᠡᠯ᠎ᠢ ᠬᠢᠯᠪᠠᠷ ᠣᠯᠤᠭᠰᠠᠨ ᠪᠢᠰᠢ ᠭᠡᠵᠦ ᠬᠡᠯᠡᠵᠦ ᠪᠤᠯᠤᠨ᠎ᠠ᠂ ᠲᠡᠷᠡ᠎ᠨᠢ ᠬᠣᠯᠪᠣᠭᠳᠠᠯ ᠪᠦᠬᠦᠢ ᠡᠯ᠎ᠡ ᠰᠠᠯᠠᠭ᠎ᠠ ᠮᠦᠴᠢᠷ᠎ᠤᠨ ᠬᠦᠴᠦᠲᠡᠢ ᠳᠡᠮᠵᠢᠯᠭᠡᠢ ᠤᠯᠵᠤ᠂ ᠤᠯᠠᠨ ᠠᠺᠠᠳᠧᠮᠢᠴᠢᠳ ᠪᠣᠯᠤᠨ ᠲᠤᠰᠬᠠᠢ ᠮᠡᠷᠭᠡᠵᠢᠯᠳᠡᠳ᠎ᠤᠨ ᠵᠥᠪᠯᠡᠯᠭᠡ ᠪᠠ ᠵᠢᠯᠤᠭᠤᠳᠤᠯᠭ᠎ᠠ ᠵᠢ ᠬᠦᠷᠳᠡᠵᠦ᠂ ᠲᠦᠯᠦᠪᠵᠢᠬᠦᠯᠭᠡ ᠵᠢ ᠨᠠᠢ᠌ᠷᠠᠭᠤᠯᠤᠨ ᠵᠤᠬᠢᠶᠠᠬᠤ ᠠᠵᠢᠯ᠎ᠳᠤ ᠤᠷᠤᠯᠴᠠᠭᠰᠠᠨ ᠪᠦᠬᠦ ᠨᠥᠬᠥᠳ ᠨᠠᠷ᠎ᠤᠨ ᠬᠦᠴᠦ ᠬᠥᠯᠥᠰᠥ ᠣᠶᠤᠨ ᠤᠬᠠᠭ᠋ᠠᠨ᠎ᠤ ᠵᠢᠳᠬᠦᠯ ᠴᠢᠷᠮᠠᠢ᠌ᠯᠭ᠎ᠠ᠎ᠠᠴᠠ ᠰᠠᠶᠢ ᠤᠯᠤᠭᠰᠠᠨ ᠦᠷ᠎ᠡ ᠪᠦᠳᠦᠭᠡᠯ ᠮᠦᠨ᠃
《ᠲᠥᠯᠥᠪᠵᠢᠭᠦᠯᠭᠡ》 ᠪᠣᠯ 《ᠪᠥᠬᠥᠳᠡ ᠨᠠᠶ᠋ᠢᠷᠠᠮᠳᠠᠬᠤ ᠳᠤᠮᠳᠠᠳᠤ ᠠᠷᠠᠳ ᠤᠯᠤᠰ᠎ᠤᠨ ᠤᠰᠤᠨ᠎ᠤ ᠬᠠᠤᠯᠢ》᠎ᠳᠤ ᠲᠣᠭᠲᠠᠭ᠋ᠠᠭᠰᠠᠨ ᠤᠯᠤᠰ᠎ᠤᠨ ᠤᠰᠤᠨ᠎ᠤ ᠡᠬᠢ ᠪᠠᠶᠠᠯᠢᠭ᠎ᠤᠨ ᠪᠠᠶ᠋ᠢᠯᠳᠤᠬᠤ ᠪᠣᠳᠣᠯᠭ᠎ᠠ ᠵᠢᠨ ᠲᠥᠯᠥᠪᠵᠢᠭᠦᠯᠭᠡ ᠮᠥᠨ᠂ ᠲᠦᠯᠦᠪᠵᠢᠬᠦᠯᠭᠡ ᠵᠢᠨ ᠦᠷ᠎ᠡ ᠪᠦᠳᠦᠭᠡᠯ ᠮᠠᠨ᠎ᠤ ᠤᠯᠤᠰ᠎ᠤᠨ ᠤᠷᠲᠤ ᠬᠤᠭᠤᠴᠠᠭ᠋ᠠᠨ᠎ᠤ ᠤᠰᠤ ᠵᠢ ᠵᠠᠰᠠᠬᠤ ᠦᠢ᠍ᠯᠡᠳᠦᠯᠭᠡ ᠵᠢᠨ ᠲᠤᠷᠰᠢᠯᠭ᠎ᠠ ᠵᠢᠨ ᠰᠢᠨᠵᠢᠯᠡᠬᠦ ᠤᠬᠠᠭ᠋ᠠᠨᠴᠢ ᠳ᠋ᠦᠩᠨᠡᠯᠳᠡ ᠮᠥᠨ᠂ ᠦᠷᠬᠦᠯᠵᠢᠬᠦᠢ᠌ᠴᠡ ᠬᠦᠭᠵᠢᠯᠳᠡ ᠵᠢᠨ ᠤᠰᠤ ᠵᠠᠰᠠᠬᠤ ᠰᠡᠳᠬᠢᠮᠵᠢ ᠵᠢᠨ ᠲᠦᠪᠯᠡᠷᠡᠩᠬᠦᠢ ᠢᠯᠡᠷᠡᠯ ᠮᠦᠨ᠂ ᠮᠠᠨ᠎ᠤ ᠤᠯᠤᠰ᠎ᠤᠨ ᠤᠰᠤᠨ᠎ᠤ ᠡᠬᠢ ᠪᠠᠶᠠᠯᠢᠭ᠎ᠢ ᠨᠡᠭᠡᠭᠡᠬᠦ᠂ ᠠᠰᠢᠭᠯᠠᠬᠤ᠂ ᠲᠤᠬᠢᠷᠠᠭᠤᠯᠬᠤ᠂ ᠠᠷᠪᠢᠯᠠᠬᠤ᠂ ᠬᠠᠮᠠᠭ᠋ᠠᠯᠠᠬᠤ ᠪᠠ ᠬᠠᠮᠢᠶᠠᠷᠬᠤ ᠵᠢᠴᠢ ᠤᠰᠤᠨ᠎ᠤ ᠬᠦᠨᠦᠭᠡᠯ᠎ᠢ ᠰᠡᠷᠭᠡᠢ᠌ᠯᠡᠨ ᠵᠠᠰᠠᠬᠤ ᠠᠵᠢᠯ᠎ᠤᠨ ᠴᠢᠬᠤᠯᠠ ᠦᠨᠳᠦᠰᠦᠯᠡᠯ ᠪᠤᠯᠤᠨ᠎ᠠ᠃《 ᠲᠦᠯᠦᠪᠵᠢᠬᠦᠯᠭᠡ》 ᠵᠢᠨ ᠬᠡᠷᠡᠭᠵᠢᠭᠦᠯᠦᠯᠲᠡ᠎ᠨᠢ ᠮᠠᠨ᠎ᠤ ᠤᠯᠤᠰ᠎ᠤᠨ ᠤᠰᠤᠨ᠎ᠤ ᠡᠬᠢ ᠪᠠᠶᠠᠯᠢᠭ᠎ᠢ ᠦᠷᠬᠦᠯᠵᠢᠯᠡᠬᠦᠢ᠌ᠴᠡ ᠠᠰᠢᠭᠯᠠᠬᠤ ᠴᠢᠳᠠᠪᠤᠷᠢ ᠪᠣᠯᠤᠨ ᠠᠵᠤ ᠠᠬᠤᠢ ᠨᠡᠶ᠋ᠢᠭᠡᠮ᠎ᠤᠨ ᠬᠥᠭᠵᠢᠯ᠂ ᠠᠮᠢ ᠠᠬᠤᠢ ᠣᠷᠴᠢᠨ ᠲᠣᠭᠣᠷᠢᠨ᠎ᠤ ᠬᠠᠮᠠᠭ᠋ᠠᠯᠠᠯᠲᠠ᠎ᠳᠤ ᠲᠤᠯᠭ᠋ᠠᠭᠤᠷᠢᠯᠠᠯ ᠪᠣᠯᠬᠤ ᠪᠣᠯᠤᠨ ᠪᠠᠲᠤᠯᠠᠭ᠎ᠠ ᠬᠠᠩᠭ᠋ᠠᠬᠤ ᠴᠢᠳᠠᠪᠤᠷᠢ ᠵᠢ ᠪᠦᠬᠦ ᠲᠠᠯ᠎ᠠ᠎ᠪᠠᠷ ᠲᠡᠭᠡᠭᠰᠢᠯᠡᠬᠦᠯᠵᠦ᠂ ᠤᠰᠤᠨ᠎ᠤ ᠡᠬᠢ ᠪᠠᠶᠠᠯᠢᠭ᠎ᠢ ᠵᠤᠬᠢᠰ ᠦᠭᠡᠢ ᠬᠥᠭᠵᠢᠭᠦᠯᠵᠦ ᠠᠰᠢᠭᠯᠠᠬᠤ ᠠᠷᠭ᠎ᠠ ᠬᠡᠯᠪᠡᠷᠢ ᠵᠢ ᠪᠦᠳᠦᠮᠵᠢᠳᠡᠢ ᠦᠭᠡᠷᠡᠴᠢᠯᠡᠵᠦ᠂ ᠤᠰᠤᠨ᠎ᠤ ᠡᠬᠢ ᠪᠠᠶᠠᠯᠢᠭ᠎ᠤᠨ ᠠᠰᠢᠭᠯᠠᠯᠳᠠ ᠵᠢᠨ ᠦᠷ᠎ᠡ ᠠᠰᠢᠭ᠎ᠢ ᠮᠡᠳᠡᠭᠳᠡᠮ᠎ᠡ ᠲᠡᠭᠡᠭᠰᠢᠯᠡᠬᠦᠯᠵᠦ᠂ ᠤᠰᠤᠨ᠎ᠤ ᠠᠮᠢ ᠠᠬᠤᠢ ᠤᠷᠴᠢᠨ ᠲᠤᠭᠤᠷᠢᠨ᠎ᠤ ᠪᠠᠢ᠌ᠳᠠᠯ᠎ᠢ ᠢᠯᠡᠷᠬᠡᠢ ᠰᠠᠢ᠌ᠵᠢᠷᠠᠭᠤᠯᠵᠤ᠂ ᠠᠭᠤᠷ ᠠᠮᠢᠰᠬᠤᠯ᠎ᠤᠨ ᠬᠤᠪᠢᠷᠠᠯᠳᠠ ᠪᠠ ᠭᠡᠨᠡᠳᠳᠡ ᠵᠢᠨ ᠬᠡᠷᠡᠭ᠎ᠢ ᠠᠷᠭ᠋ᠠᠴᠠᠬᠤ ᠴᠢᠳᠠᠪᠤᠷᠢ ᠵᠢ ᠢᠯᠡᠳᠳᠡ ᠴᠢᠩᠭ᠋ᠠᠳᠬᠠᠬᠤ ᠪᠤᠯᠤᠨ᠎ᠠ᠃ 《ᠲᠥᠯᠥᠪᠵᠢᠭᠦᠯᠭᠡ》᠎ᠨᠢ ᠮᠠᠨ᠎ᠤ ᠤᠯᠤᠰ᠎ᠤᠨ ᠤᠰᠤᠨ᠎ᠤ ᠡᠬᠢ ᠪᠠᠶᠠᠯᠢᠭ᠎ᠤᠨ ᠠᠵᠢᠯ᠎ᠳᠤ ᠴᠢᠬᠤᠯᠠ ᠪᠥᠭᠡᠳ ᠠᠯᠤᠰ ᠬᠡᠳᠦ ᠵᠢᠨ ᠨᠥᠯᠥᠭᠡ ᠦᠵᠡᠬᠦᠯᠵᠦ᠂ ᠤᠰᠤᠨ᠎ᠤ ᠡᠬᠢ ᠪᠠᠶᠠᠯᠢᠭ᠎ᠤᠨ ᠦᠷᠬᠦᠯᠵᠢᠯᠡᠬᠦᠢ᠌ᠴᠡ ᠠᠰᠢᠭᠯᠠᠯᠳᠠ ᠪᠠ ᠠᠵᠤ ᠠᠬᠤᠢ ᠨᠡᠶ᠋ᠢᠭᠡᠮ᠎ᠤᠨ ᠦᠷᠬᠦᠯᠵᠢᠯᠡᠬᠦᠢ᠌ᠴᠡ ᠬᠦᠭᠵᠢᠯᠳᠡ᠎ᠳᠤ ᠴᠢᠬᠤᠯᠠ ᠠᠬᠢᠭᠤᠯᠬᠤ ᠦᠢ᠍ᠯᠡᠳᠦᠯ ᠦᠵᠡᠭᠦᠯᠬᠦ᠎ᠨᠢ ᠯᠠᠪᠲᠠᠢ ᠶᠤᠮ᠃
ᠰᠤᠷᠪᠤᠯᠵᠢᠯᠠᠭᠴᠢ᠄ 《ᠪᠦᠬᠦ ᠤᠯᠤᠰ᠎ᠤᠨ ᠤᠰᠤᠨ᠎ᠤ ᠡᠬᠢ ᠪᠠᠶᠠᠯᠢᠭ᠎ᠤᠨ ᠶᠡᠷᠦᠩᠬᠡᠢ ᠲᠦᠯᠦᠪᠵᠢᠬᠦᠯᠭᠡ》 ᠪᠣᠯ ᠤᠯᠠᠮ ᠵᠶ᠋ᠠᠷ ᠨᠣᠴᠢᠲᠠᠢ ᠪᠠᠶ᠋ᠢᠭ᠎ᠠ ᠤᠰᠤᠨ᠎ᠤ ᠡᠬᠢ ᠪᠠᠶᠠᠯᠢᠭ᠎ᠤᠨ ᠪᠠᠶ᠋ᠢᠳᠠᠯ᠎ᠢ ᠠᠷᠭ᠋ᠠᠴᠠᠭ᠋ᠠᠵᠤ᠂ ᠤᠰᠤᠨ᠎ᠤ ᠡᠬᠢ ᠪᠠᠶᠠᠯᠢᠭ᠎ᠤᠨ ᠦᠷᠬᠦᠯᠵᠢᠯᠡᠬᠦᠢ᠌ᠴᠡ ᠠᠰᠢᠭᠯᠠᠯᠳᠠ ᠵᠢ ᠠᠬᠢᠭᠤᠯᠬᠤ ᠪᠠᠢ᠌ᠯᠳᠤᠬᠤ ᠪᠤᠳᠤᠯᠭ᠎ᠠ ᠵᠢᠨ ᠴᠢᠨᠠᠷᠳᠠᠢ ᠲᠦᠯᠦᠪᠵᠢᠬᠦᠯᠭᠡ ᠶᠦ᠍ᠮ᠃ 《ᠲᠥᠯᠥᠪᠵᠢᠭᠦᠯᠭᠡ》᠎ᠳᠤ ᠶᠠᠮᠠᠷ ᠶᠠᠮᠠᠷ ᠭᠣᠣᠯ ᠦᠷ᠎ᠡ ᠪᠦᠲᠦᠭᠡᠯ ᠪᠠᠶ᠋ᠢᠬᠤ ᠪᠣᠢ? ᠤᠰᠤᠨ᠎ᠤ ᠡᠬᠢ ᠪᠠᠶᠠᠯᠢᠭ ᠤᠨ ᠦᠷᠬᠦᠯᠵᠢᠯᠡᠬᠦᠢ᠌ᠴᠡ ᠠᠰᠢᠭᠯᠠᠯᠳᠠ ᠲᠤᠮᠳᠠ ᠶᠠᠮᠠᠷ ᠴᠢᠬᠤᠯᠠ ᠶᠡᠬᠡ ᠪᠠᠶ᠋ᠢᠯᠳᠤᠬᠤ ᠪᠣᠳᠣᠯᠭ᠎ᠠ ᠵᠢᠨ ᠠᠰᠠᠭᠤᠳᠠᠯ᠎ᠳᠤ ᠬᠠᠷᠢᠭᠤᠯᠲᠠ ᠦᠭᠬᠦᠭᠰᠡᠨ ᠪᠤᠢ?
ᠵᠢᠶᠤᠤ ᠶᠦᠩ᠄《ᠲᠥᠯᠥᠪᠵᠢᠭᠦᠯᠭᠡ》 ᠵᠢ ᠨᠠᠢ᠌ᠷᠠᠭᠤᠯᠤᠭᠰᠠᠨ ᠭᠣᠣᠯ ᠦᠷ᠎ᠡ ᠪᠦᠲᠦᠭᠡᠯ᠎ᠳᠤ ᠨᠠᠢ᠍ᠮᠠᠨ ᠲᠠᠯ᠎ᠠ ᠵᠢᠨ ᠠᠭᠤᠯᠭ᠎ᠠ ᠪᠠᠭᠳᠠᠨ᠎ᠠ᠄ ᠨᠢᠭᠡ᠎ᠨᠢ ᠤᠰᠤᠨ᠎ᠤ ᠪᠠᠶᠠᠯᠢᠭ ᠪᠣᠯᠤᠨ ᠲᠡᠭᠦᠨ᠎ᠢ ᠬᠥᠭᠵᠢᠭᠦᠯᠵᠦ ᠠᠰᠢᠭᠯᠠᠵᠤ ᠪᠠᠶ᠋ᠢᠭ᠎ᠠ ᠣᠳᠣᠬᠢ ᠪᠠᠶ᠋ᠢᠳᠠᠯ᠃ ᠬᠣᠶᠠᠷ᠎ᠲᠤ ᠲᠥᠯᠥᠪᠵᠢᠭᠦᠯᠭᠡ ᠵᠢᠨ ᠬᠠᠷᠠᠯᠲᠠ ᠪᠣᠯᠤᠨ ᠡᠭᠦᠷᠭᠡ᠃ ᠭᠤᠷᠪᠠ᠎ᠳᠤ ᠤᠰᠤᠨ᠎ᠤ ᠡᠬᠢ ᠪᠠᠶᠠᠯᠢᠭ᠎ᠤᠨ ᠬᠠᠩᠭ᠋ᠠᠯᠭ᠎ᠠ ᠬᠡᠷᠡᠭᠴᠡᠭᠡ ᠵᠢᠨ ᠵᠠᠳᠠᠯᠤᠯᠲᠠ᠃ ᠳᠥᠷᠪᠡ᠎ᠳᠤ ᠤᠰᠤᠨ᠎ᠤ ᠡᠬᠢ ᠪᠠᠶᠠᠯᠢᠭ᠎ᠤᠨ ᠲᠣᠬᠢᠷᠠᠭᠤᠯᠤᠯᠲᠠ᠃ ᠲᠠᠪᠤ᠎ᠳᠤ ᠤᠰᠤᠨ᠎ᠤ ᠡᠬᠢ ᠪᠠᠶᠠᠯᠢᠭ᠎ᠢ ᠦᠷᠭᠦᠯᠵᠢᠯᠡᠨ ᠠᠰᠢᠭᠯᠠᠬᠤ ᠠᠷᠭ᠎ᠠ ᠪᠣᠳᠣᠯᠭ᠎ᠠ᠃ ᠵᠢᠷᠭᠤᠭ᠎ᠠ᠎ᠳᠤ ᠤᠰᠤᠨ᠎ᠤ ᠡᠬᠢ ᠪᠠᠶᠠᠯᠢᠭ᠎ᠤᠨ ᠬᠠᠮᠢᠶᠠᠷᠤᠯᠲᠠ ᠵᠢᠨ ᠳᠦᠷᠢᠮ᠎ᠤᠨ ᠪᠠᠶ᠋ᠢᠭᠤᠯᠤᠯᠲᠠ᠃ ᠳᠣᠯᠣᠭ᠎ᠠ᠎ᠳᠤ ᠬᠡᠷᠡᠭᠵᠢᠭᠦᠯᠦᠭᠰᠡᠨ ᠦᠷ᠎ᠡ ᠳ᠋ᠦᠩ ᠬᠢᠭᠡᠳ ᠣᠷᠴᠢᠨ ᠲᠣᠭᠣᠷᠢᠨ᠎ᠤ ᠨᠥᠯᠥᠭᠡ ᠵᠢᠨ ᠦᠨᠡᠯᠡᠯᠲᠡ᠃ ᠨᠠᠢ᠍ᠮᠠ᠎ᠳᠤ᠂ ᠪᠠᠳᠤᠯᠠᠭ᠎ᠠ ᠵᠢᠨ ᠠᠷᠭ᠎ᠠ ᠬᠡᠮᠵᠢᠶ᠎ᠡ᠃
《ᠲᠥᠯᠥᠪᠵᠢᠭᠦᠯᠭᠡ》᠎ᠨᠢ ᠥᠷᠭᠡᠨ ᠣᠯᠠᠨ ᠠᠷᠠᠳ ᠲᠦᠮᠡᠨ᠎ᠤ ᠤᠰᠤ ᠬᠡᠷᠡᠭᠯᠡᠬᠦ ᠱᠠᠭ᠋ᠠᠷᠳᠠᠯᠭ᠎ᠠ ᠵᠢ ᠬᠠᠩᠭ᠋ᠠᠬᠤ᠂ ᠠᠵᠤ ᠠᠬᠤᠢ ᠵᠢᠨ ᠤᠷᠲᠤ ᠬᠤᠭᠤᠴᠠᠭ᠋ᠠᠨ᠎ᠳᠤ ᠲᠣᠭᠲᠠᠪᠤᠷᠢᠲᠠᠢ ᠬᠠᠷᠢᠴᠠᠩᠭᠤᠢ ᠲᠦᠷᠭᠡᠨ ᠬᠥᠭᠵᠢᠯ᠎ᠢ ᠠᠬᠢᠭᠤᠯᠬᠤ᠂ ᠠᠵᠤ ᠠᠬᠤᠢ ᠵᠢᠨ ᠬᠥᠭᠵᠢᠯ᠎ᠤᠨ ᠠᠷᠭ᠎ᠠ ᠬᠡᠯᠪᠡᠷᠢ ᠵᠢ ᠬᠤᠪᠢᠷᠠᠭᠤᠯᠬᠤ ᠵᠢ ᠲᠦᠷᠭᠡᠳᠬᠡᠬᠦ᠂ ᠠᠮᠢ ᠠᠬᠤᠢ ᠣᠷᠴᠢᠨ ᠲᠣᠭᠣᠷᠢᠨ᠎ᠢ ᠰᠠᠶ᠋ᠢᠵᠢᠷᠠᠭᠤᠯᠬᠤ ᠪᠣᠯᠤᠨ ᠬᠠᠮᠠᠭ᠋ᠠᠯᠠᠬᠤ᠎ᠪᠠᠷ ᠵᠣᠷᠢᠯᠲᠠ ᠪᠣᠯᠭ᠋ᠠᠵᠤ᠂ ᠤᠯᠤᠰ᠎ᠤᠨ ᠦᠷᠬᠦᠯᠵᠢᠯᠡᠬᠦᠢ᠌ᠴᠡ ᠬᠦᠭᠵᠢᠯᠳᠡ ᠵᠢ ᠪᠠᠳᠤᠯᠠᠬᠤ ᠪᠠᠢ᠌ᠯᠳᠤᠬᠤ ᠪᠤᠳᠤᠯᠭ᠎ᠠ ᠵᠢᠨ ᠦᠨᠳᠦᠷᠴᠡ᠎ᠠᠴᠠ ᠡᠬᠦᠰᠴᠦ᠂ ᠤᠰᠤᠨ᠎ᠤ ᠡᠬᠢ ᠪᠠᠶᠠᠯᠢᠭ᠎ᠤᠨ ᠦᠷᠬᠦᠯᠵᠢᠯᠡᠬᠦᠢ᠌ᠴᠡ ᠠᠰᠢᠭᠯᠠᠯᠳᠠ ᠵᠢᠨ ᠲᠤᠮᠳᠠᠬᠢ ᠵᠢᠷᠭᠤᠭ᠋ᠠᠨ ᠶᠡᠬᠡ ᠪᠠᠢ᠌ᠯᠳᠤᠬᠤ ᠪᠤᠳᠤᠯᠭ᠎ᠠ ᠵᠢᠨ ᠠᠰᠠᠭᠤᠳᠠᠯ᠎ᠳᠤ ᠭᠤᠤᠯᠳᠠᠯᠭ᠎ᠠ᠎ᠲᠠᠢ ᠬᠠᠷᠢᠭᠤᠯᠳᠠ ᠦᠭᠪᠡ᠃
ᠨᠢᠭᠡ᠎ᠳᠤ ᠮᠠᠨ᠎ᠤ ᠤᠯᠤᠰ᠎ᠤᠨ ᠤᠰᠤᠨ᠎ᠤ ᠡᠬᠢ ᠪᠠᠶᠠᠯᠢᠭ ᠵᠢᠴᠢ ᠨᠡᠭᠡᠭᠡᠨ ᠠᠰᠢᠭᠯᠠᠬᠤ ᠬᠢᠭᠡᠳ ᠤᠰᠤᠨ᠎ᠤ ᠠᠮᠢ ᠠᠬᠤᠢ ᠣᠷᠴᠢᠨ ᠲᠣᠭᠣᠷᠢᠨ᠎ᠤ ᠪᠠᠶ᠋ᠢᠳᠠᠯ ᠪᠣᠯᠤᠨ ᠤᠯᠠᠷᠢᠨ ᠬᠤᠪᠢᠷᠠᠬᠤ ᠵᠢᠮ᠎ᠡ ᠶᠣᠰᠣ ᠵᠢ ᠪᠦᠬᠦ ᠲᠠᠯ᠎ᠠ᠎ᠪᠠᠷ ᠪᠠᠶ᠋ᠢᠴᠠᠭ᠋ᠠᠬᠤ ᠪᠠ ᠰᠢᠨᠵᠢᠯᠡᠬᠦ ᠤᠬᠠᠭ᠋ᠠᠨᠴᠢ᠎ᠪᠠᠷ ᠦᠨᠡᠯᠡᠵᠦ᠂ ᠮᠠᠨ᠎ᠤ ᠤᠯᠤᠰ᠎ᠤᠨ ᠤᠰᠤᠨ᠎ᠤ ᠡᠬᠢ ᠪᠠᠶᠠᠯᠢᠭ᠎ᠤᠨ ᠲᠠᠭ᠋ᠠᠭ᠋ᠠᠴᠠ ᠵᠢᠨ ᠴᠢᠳᠠᠪᠤᠷᠢ ᠪᠠ ᠤᠰᠤᠨ᠎ᠤ ᠤᠷᠴᠢᠨ ᠲᠤᠭᠤᠷᠢᠨ᠎ᠤ ᠲᠠᠭ᠋ᠠᠭ᠋ᠠᠴᠠ ᠵᠢᠨ ᠴᠢᠳᠠᠪᠤᠷᠢ᠎ᠳᠤ ᠰᠢᠰᠲᠸᠮ᠎ᠲᠠᠢ ᠵᠠᠳᠠᠯᠤᠯᠳᠠ ᠬᠢᠵᠡᠢ᠃ ᠬᠣᠶᠠᠷ᠎ᠲᠤ ᠠᠳᠠᠯᠢ ᠪᠤᠰᠤ ᠭᠠᠵᠠᠷ ᠣᠷᠣᠨ᠎ᠤ ᠤᠰᠤᠨ᠎ᠤ ᠡᠬᠢ ᠪᠠᠶᠠᠯᠢᠭ᠎ᠤᠨ ᠨᠥᠬᠥᠴᠡᠯ᠂ ᠠᠰᠢᠭᠯᠠᠯᠲᠠ ᠵᠢᠨ ᠲᠦᠪᠰᠢᠨ᠂ ᠢᠷᠡᠭᠡᠳᠦᠢ ᠵᠢᠨ ᠠᠵᠤ ᠠᠬᠤᠢ ᠨᠡᠶ᠋ᠢᠭᠡᠮ᠎ᠤᠨ ᠬᠥᠭᠵᠢᠯᠲᠡ ᠪᠣᠯᠤᠨ ᠮᠡᠷᠭᠡᠵᠢᠯ᠎ᠤᠨ ᠲᠠᠪᠰᠢᠯᠲᠠ ᠵᠡᠷᠭᠡ ᠬᠦᠴᠦᠨ ᠵᠦᠢ᠍ᠯ᠎ᠢ ᠭᠦᠢ᠍ᠴᠡᠳ ᠪᠣᠳᠣᠯᠬᠢᠯᠠᠭᠰᠠᠨ ᠰᠠᠭᠤᠷᠢᠨ ᠳᠡᠭᠡᠷ᠎ᠡ᠂ ᠮᠠᠨ᠎ᠤ ᠤᠯᠤᠰ᠎ᠤᠨ ᠬᠣᠶ᠋ᠢᠰᠢᠳᠠ ᠵᠢᠨ ᠨᠢᠭᠡ ᠬᠤᠭᠤᠴᠠᠭ᠋ᠠᠨ᠎ᠤ ᠤᠰᠤᠨ᠎ᠤ ᠡᠬᠢ ᠪᠠᠶᠠᠯᠢᠭ᠎ᠢ ᠦᠷᠭᠦᠯᠵᠢᠯᠡᠨ ᠠᠰᠢᠭᠯᠠᠬᠤ ᠪᠠᠶ᠋ᠢᠯᠳᠤᠬᠤ ᠪᠣᠳᠣᠯᠭ᠎ᠠ ᠵᠢᠨ ᠬᠠᠷᠠᠯᠲᠠ᠂ ᠶᠡᠷᠦᠩᠬᠡᠢ ᠰᠡᠳᠬᠢᠴᠡ ᠪᠣᠯᠤᠨ ᠭᠣᠣᠯ ᠡᠭᠦᠷᠭᠡ ᠵᠢ ᠰᠢᠨᠵᠢᠯᠡᠬᠦ ᠤᠬᠠᠭ᠋ᠠᠨᠴᠢ᠎ᠪᠠᠷ ᠲᠤᠷᠠᠳᠤᠨ ᠭᠠᠷᠭ᠋ᠠᠪᠠ᠃ ᠭᠤᠷᠪᠠ᠎ᠳᠤ ᠪᠦᠬᠦ ᠤᠯᠤᠰ᠂ ᠰᠠᠪᠠ ᠭᠠᠵᠠᠷ ᠪᠣᠯᠤᠨ ᠣᠷᠣᠨ ᠪᠦᠰᠡ ᠵᠢᠨ ᠤᠰᠤᠨ᠎ᠤ ᠡᠬᠢ ᠪᠠᠶᠠᠯᠢᠭ᠎ᠢ ᠶᠡᠷᠦᠩᠬᠡᠢ᠌ᠯᠡᠨ ᠲᠣᠬᠢᠷᠠᠭᠤᠯᠬᠤ ᠪᠠᠶ᠋ᠢᠷᠢᠰᠢᠯ ᠬᠢᠭᠡᠳ ᠨᠡᠭᠡᠭᠡᠨ ᠠᠰᠢᠭᠯᠠᠬᠤ ᠪᠣᠯᠤᠨ ᠠᠷᠪᠢᠯᠠᠨ ᠭᠠᠮᠨᠠᠵᠤ ᠬᠠᠮᠠᠭ᠋ᠠᠯᠠᠬᠤ ᠬᠢᠵᠠᠭ᠋ᠠᠷᠯᠠᠯ᠎ᠤᠨ ᠴᠢᠨᠠᠷᠲᠠᠢ ᠭᠦᠢ᠍ᠴᠡᠳᠬᠡᠬᠦ ᠲᠣᠭ᠎ᠠ ᠵᠢ ᠰᠤᠳᠤᠯᠤᠨ ᠲᠣᠭᠲᠠᠭ᠋ᠠᠪᠠ᠃ ᠳᠥᠷᠪᠡ᠎ᠳᠤ ᠤᠰᠤᠨ᠎ᠤ ᠡᠬᠢ ᠪᠠᠶᠠᠯᠢᠭ᠎ᠢ ᠲᠣᠬᠢᠷᠠᠭᠤᠯᠬᠤ ᠴᠢᠬᠤᠯᠠ ᠶᠡᠬᠡ ᠪᠠᠷᠢᠯᠭ᠎ᠠ ᠵᠢᠨ ᠶᠡᠷᠦᠩᠬᠡᠢ ᠪᠠᠶ᠋ᠢᠷᠢᠰᠢᠯ᠎ᠢ ᠰᠤᠳᠤᠯᠤᠨ ᠨᠤᠳᠠᠯᠠᠵᠤ᠂ ᠤᠰᠤᠨ᠎ᠤ ᠡᠬᠢ ᠪᠠᠶᠠᠯᠢᠭ᠎ᠢ ᠵᠦᠢ ᠵᠣᠬᠢᠰᠲᠠᠢ ᠲᠣᠬᠢᠷᠠᠭᠤᠯᠬᠤ᠎ᠳᠤ ᠠᠰᠢᠭᠲᠠᠢ ᠬᠠᠮᠢᠶᠠᠷᠤᠯᠲᠠ ᠵᠢᠨ ᠠᠷᠭ᠎ᠠ ᠬᠡᠮᠵᠢᠶ᠎ᠡ ᠵᠢ ᠳᠤᠷᠠᠳᠤᠨ ᠭᠠᠷᠭ᠋ᠠᠪᠠ᠃ ᠲᠠᠪᠤ᠎ᠳᠤ ᠮᠠᠨ᠎ᠤ ᠤᠯᠤᠰ᠎ᠤᠨ ᠤᠰᠤᠨ᠎ᠤ ᠡᠬᠢ ᠪᠠᠶᠠᠯᠢᠭ᠎ᠢ ᠦᠷᠭᠦᠯᠵᠢᠯᠡᠨ ᠠᠰᠢᠭᠯᠠᠬᠤ ᠵᠢ ᠠᠬᠢᠭᠤᠯᠬᠤ ᠪᠠᠶ᠋ᠢᠯᠳᠤᠬᠤ ᠪᠣᠳᠣᠯᠭ᠎ᠠ ᠵᠢᠨ ᠥᠨᠳᠥᠷᠴᠡ᠎ᠠᠴᠠ ᠤᠰᠤᠨ᠎ᠤ ᠡᠬᠢ ᠪᠠᠶᠠᠯᠢᠭ᠎ᠢ ᠠᠷᠪᠢᠯᠠᠵᠤ ᠥᠨᠳᠥᠷ ᠪᠦᠲᠦᠮᠵᠢᠲᠡᠢ᠎ᠪᠠᠷ ᠠᠰᠢᠭᠯᠠᠬᠤ᠂ ᠤᠰᠤᠨ᠎ᠤ ᠠᠮᠢ ᠠᠬᠤᠢ ᠣᠷᠴᠢᠨ ᠲᠣᠭᠣᠷᠢᠨ᠎ᠢ ᠬᠠᠮᠠᠭ᠋ᠠᠯᠠᠬᠤ ᠵᠢᠴᠢ ᠤᠤᠭᠤᠬᠤ ᠤᠰᠤᠨ᠎ᠤ ᠠᠮᠤᠷ ᠲᠦᠪᠰᠢᠨ᠂ ᠤᠰᠤᠨ᠎ᠤ ᠬᠠᠩᠭ᠋ᠠᠯᠭ᠎ᠠ ᠵᠢᠨ ᠠᠮᠤᠷ ᠲᠦᠪᠰᠢᠨ᠂ ᠠᠮᠤ ᠪᠤᠳᠠᠭ᠋ᠠᠨ᠎ᠤ ᠠᠮᠤᠷ ᠲᠦᠪᠰᠢᠨ ᠪᠠ ᠠᠮᠢ ᠠᠬᠤᠢ ᠵᠢᠨ ᠠᠮᠤᠷ ᠲᠦᠪᠰᠢᠨ᠎ᠢ ᠪᠠᠲᠤᠯᠠᠬᠤ ᠠᠷᠭ᠋ᠠᠴᠠᠬᠤ ᠪᠣᠳᠣᠯᠭ᠎ᠠ ᠲᠣᠭᠲᠠᠭ᠋ᠠᠪᠠ᠃ ᠵᠢᠷᠭᠤᠭ᠎ᠠ᠎ᠳᠤ ᠤᠰᠤᠨ᠎ᠤ ᠡᠬᠢ ᠪᠠᠶᠠᠯᠢᠭ᠎ᠤᠨ ᠬᠠᠮᠢᠶᠠᠷᠤᠯᠲᠠ ᠵᠢᠨ ᠬᠠᠮᠤᠭ᠎ᠤᠨ ᠴᠢᠩᠭ᠎ᠠ ᠳᠦᠷᠢᠮ᠎ᠢ ᠬᠡᠷᠡᠭᠵᠢᠭᠦᠯᠬᠦ ᠠᠷᠭ᠎ᠠ ᠬᠡᠮᠵᠢᠶ᠎ᠡ ᠵᠢ ᠳᠤᠷᠠᠳᠤᠨ ᠭᠠᠷᠭ᠋ᠠᠵᠠᠢ᠃
ᠰᠤᠷᠪᠤᠯᠵᠢᠯᠠᠭᠴᠢ᠄ ᠨᠢᠭᠡᠳᠦᠭᠡᠷ ᠤᠳᠠᠭ᠎ᠠ ᠵᠢᠨ ᠤᠰᠤᠨ᠎ᠤ ᠡᠬᠢ ᠪᠠᠶᠠᠯᠢᠭ᠎ᠤᠨ ᠪᠠᠶ᠋ᠢᠴᠠᠭ᠋ᠠᠯᠲᠠ ᠦᠨᠡᠯᠡᠯᠲᠡ᠎ᠲᠠᠢ ᠬᠠᠷᠢᠴᠠᠭᠤᠯᠪᠠᠯ ᠲᠤᠰ ᠤᠳᠠᠭ᠎ᠠ ᠵᠢᠨ ᠤᠰᠤᠨ᠎ᠤ ᠡᠬᠢ ᠪᠠᠶᠠᠯᠢᠭ᠎ᠤᠨ ᠲᠤᠬᠠᠢ ᠪᠠᠶ᠋ᠢᠴᠠᠭ᠋ᠠᠯᠲᠠ ᠦᠨᠡᠯᠡᠯᠳᠡ᠎ᠳᠤ ᠶᠠᠮᠠᠷ ᠬᠤᠪᠢᠷᠠᠯᠲᠠ ᠪᠠᠶ᠋ᠢᠬᠤ ᠪᠣᠢ?
ᠵᠢᠶᠤᠤ ᠶᠦᠩ᠄ 20 ᠳ᠋ᠤᠭ᠋ᠠᠷ ᠵᠠᠭᠤᠨ᠎ᠤ ᠨᠠᠶᠠᠭ᠋ᠠᠳ ᠣᠨ᠎ᠤ ᠡᠬᠢ᠎ᠪᠠᠷ ᠪᠦᠬᠦ ᠤᠯᠤᠰ᠎ᠲᠤ ᠤᠰᠤᠨ᠎ᠤ ᠡᠬᠢ ᠪᠠᠶᠠᠯᠢᠭ᠎ᠢ ᠠᠩᠬᠠᠳᠤᠭ᠋ᠠᠷ ᠤᠳᠠᠭ᠎ᠠ ᠦᠨᠡᠯᠡᠬᠦ ᠠᠵᠢᠯ᠎ᠢ ᠥᠷᠨᠢᠭᠦᠯᠦᠭᠰᠡᠨ᠎ᠠᠴᠠ ᠨᠡᠰᠢ᠂ ᠠᠭᠤᠷ ᠠᠮᠢᠰᠬᠤᠯ᠎ᠤᠨ ᠬᠤᠪᠢᠷᠠᠯᠲᠠ ᠵᠢᠴᠢ ᠬᠥᠮᠦᠨ ᠲᠥᠷᠥᠯᠬᠢᠲᠡᠨ᠎ᠤ ᠠᠵᠢᠯᠯᠠᠭ᠎ᠠ ᠵᠢᠨ ᠨᠦᠯᠦᠭᠡᠯᠡᠯ᠎ᠠᠴᠠ ᠪᠤᠯᠵᠤ ᠮᠠᠨ᠎ᠤ ᠤᠯᠤᠰ᠎ᠤᠨ ᠤᠰᠤᠨ᠎ᠤ ᠡᠬᠢ ᠪᠠᠶᠠᠯᠢᠭ᠎ᠤᠨ ᠪᠠᠶ᠋ᠢᠳᠠᠯ ᠵᠢᠴᠢ ᠠᠮᠢ ᠠᠬᠤᠢ ᠣᠷᠴᠢᠨ ᠲᠣᠭᠣᠷᠢᠨ᠎ᠤ ᠪᠠᠶ᠋ᠢᠳᠠᠯ᠎ᠳᠤ ᠢᠯᠡᠳᠲᠡ ᠬᠤᠪᠢᠷᠠᠯᠲᠠ ᠭᠠᠷᠴᠠᠢ᠃ ᠭᠣᠣᠯᠳᠠᠭᠤ ᠳᠣᠣᠷᠠᠬᠢ ᠬᠡᠳᠦᠨ ᠲᠠᠯ᠎ᠠ᠎ᠪᠠᠷ ᠢᠯᠡᠷᠡᠵᠦ ᠪᠠᠶ᠋ᠢᠨ᠎ᠠ᠄
ᠨᠢᠭᠡ᠎ᠳᠤ ᠤᠰᠤᠨ᠎ᠤ ᠡᠬᠢ ᠪᠠᠶᠠᠯᠢᠭ᠎ᠤᠨ ᠪᠦᠷᠢᠯᠳᠦᠯ ᠬᠢᠭᠡᠳ ᠰᠤᠯᠢᠭᠳᠠᠯ᠎ᠤᠨ ᠬᠠᠷᠢᠴᠠᠭ᠋ᠠᠨ᠎ᠳᠤ ᠢᠯᠡᠳᠲᠡ ᠬᠤᠪᠢᠷᠠᠯᠲᠠ ᠭᠠᠷᠪᠠ᠃ ᠣᠶ᠋ᠢᠷ᠎ᠠ ᠵᠢᠨ 20 ᠵᠢᠯ᠎ᠳᠤ᠂ ᠮᠠᠨ᠎ᠤ ᠤᠯᠤᠰ᠎ᠤᠨ ᠬᠤᠷ᠎ᠠ ᠲᠤᠨᠳᠠᠰᠤᠨ᠎ᠤ ᠴᠠᠭ ᠬᠤᠭᠤᠴᠠᠭ᠎ᠠ ᠪᠤᠯᠤᠨ ᠤᠷᠤᠨ ᠵᠠᠢ ᠵᠢᠨ ᠲᠠᠷᠬᠠᠯᠳᠠ᠎ᠨᠢ ᠤᠯᠠᠮ ᠵᠶ᠋ᠡᠷ ᠵᠢᠭᠳᠡ ᠪᠤᠰᠤ ᠪᠤᠯᠵᠤ᠂ ᠤᠮᠠᠷᠠᠲᠤ ᠣᠷᠣᠨ᠂ ᠣᠨᠴᠠᠭ᠋ᠠᠶ᠋ᠢᠯᠠᠨ ᠬᠠᠲᠤᠨ ᠭᠣᠣᠯ᠂ ᠬᠠᠢ ᠾᠧ ᠭᠣᠣᠯ ᠵᠢᠴᠢ ᠯᠢᠶᠣᠣ ᠾᠧ ᠭᠣᠣᠯ᠎ᠤᠨ ᠰᠠᠪᠠ ᠭᠠᠵᠠᠷ ᠣᠷᠣᠨ᠎ᠳᠤ ᠦᠷᠭᠦᠯᠵᠢᠯᠡᠨ ᠭᠠᠩ ᠬᠠᠭᠰᠠᠷᠭ᠋ᠠᠨ ᠪᠤᠯᠵᠤ᠂ ᠤᠰᠤᠨ᠎ᠤ ᠲᠦᠪᠰᠢᠨ ᠦᠷᠭᠦᠯᠵᠢᠯᠡᠨ ᠪᠠᠭᠤᠷᠠᠬᠤ ᠵᠢᠨ ᠬᠠᠮᠲᠤ᠂ ᠠᠵᠤ ᠠᠬᠤᠢ ᠵᠢᠨ ᠪᠦᠲᠦᠭᠡᠨ ᠪᠠᠶ᠋ᠢᠭᠤᠯᠤᠯᠲᠠ ᠪᠠ ᠬᠥᠮᠦᠨ ᠲᠥᠷᠥᠯᠬᠢᠲᠡᠨ᠎ᠤ ᠠᠵᠢᠯᠯᠠᠭ᠎ᠠ᠎ᠠᠴᠠ ᠪᠤᠯᠵᠤ ᠤᠤᠯ᠎ᠤᠨ ᠳᠡᠪᠢᠰᠬᠡᠷ ᠨᠢᠭᠤᠷ᠎ᠤᠨ ᠨᠥᠬᠥᠴᠡᠯ᠎ᠨᠢ ᠪᠠᠰᠠ ᠬᠤᠪᠢᠷᠠᠭᠰᠠᠨ᠎ᠠᠴᠠ ᠤᠰᠤ — ᠤᠷᠤᠰᠬᠠᠯ᠎ᠤᠨ ᠬᠠᠷᠢᠴᠠᠭ᠎ᠠ᠂ ᠭᠠᠵᠠᠷ᠎ᠤᠨ ᠭᠠᠳᠠᠷᠭᠤ — ᠭᠠᠵᠠᠷ ᠳᠣᠣᠷᠠᠬᠢ ᠤᠰᠤᠨ ᠰᠤᠷᠪᠤᠯᠵᠢ ᠵᠢᠨ ᠰᠤᠯᠢᠭᠳᠠᠯ᠎ᠤᠨ ᠬᠠᠷᠢᠴᠠᠭ᠋ᠠᠨ᠎ᠳᠤ ᠰᠢᠨ᠎ᠡ ᠬᠤᠪᠢᠷᠠᠯᠳᠠ ᠡᠬᠦᠰᠴᠦ᠂ ᠤᠰᠤᠨ᠎ᠤ ᠡᠬᠢ ᠰᠤᠷᠪᠤᠯᠵᠢ ᠵᠢᠨ ᠲᠤᠭ᠎ᠠ ᠬᠡᠮᠵᠢᠶ᠎ᠡ᠂ ᠶᠠᠰᠤ ᠴᠢᠨᠠᠷ᠂ ᠠᠰᠢᠭᠯᠠᠵᠤ ᠪᠤᠯᠬᠤ ᠬᠡᠮᠵᠢᠶ᠎ᠡ᠂ ᠬᠠᠩᠭ᠋ᠠᠵᠤ ᠲᠡᠢ᠌ᠯᠬᠦ ᠬᠡᠮᠵᠢᠶ᠎ᠡ ᠵᠢᠴᠢ ᠲᠡᠬᠦᠨ᠎ᠤ ᠴᠠᠭ ᠬᠤᠭᠤᠴᠠᠭ᠎ᠠ ᠪᠤᠯᠤᠨ ᠤᠷᠤᠨ ᠵᠠᠢ ᠵᠢᠨ ᠲᠠᠷᠬᠠᠯᠳᠠ ᠵᠡᠷᠭᠡ᠎ᠳᠤ ᠴᠤ᠌ ᠵᠤᠬᠢᠬᠤ ᠬᠡᠮᠵᠢᠶᠡᠨ᠎ᠤ ᠬᠤᠪᠢᠷᠠᠯᠲᠠ ᠭᠠᠷᠴᠠᠢ᠃ ᠬᠣᠶᠠᠷ᠎ᠲᠤ ᠠᠵᠤ ᠠᠬᠤᠢ ᠨᠡᠶ᠋ᠢᠭᠡᠮ᠎ᠤᠨ ᠲᠦᠷᠭᠡᠨ ᠬᠥᠭᠵᠢᠯᠲᠡ᠂ ᠤᠰᠤ ᠬᠡᠷᠡᠭᠯᠡᠬᠦ ᠬᠡᠮᠵᠢᠶᠡᠨ᠎ᠤ ᠲᠠᠰᠤᠷᠠᠯᠲᠠ ᠦᠭᠡᠢ ᠨᠡᠮᠡᠭᠳᠡᠬᠦ ᠪᠠ ᠤᠰᠤ ᠬᠠᠩᠭ᠋ᠠᠵᠤ ᠬᠡᠷᠡᠭᠯᠡᠬᠦ ᠪᠦᠲᠦᠴᠡ ᠵᠢᠨ ᠬᠤᠪᠢᠷᠠᠯᠲᠠ ᠵᠢ ᠳᠠᠭ᠋ᠠᠯᠳᠤᠨ᠂ ᠤᠰᠤᠨ᠎ᠤ ᠡᠬᠢ ᠪᠠᠶᠠᠯᠢᠭ᠎ᠢ ᠨᠡᠭᠡᠭᠡᠨ ᠠᠰᠢᠭᠯᠠᠬᠤ ᠶᠠᠪᠤᠴᠠ᠎ᠳᠠᠬᠢ ᠬᠠᠩᠭ᠋ᠠᠯᠭ᠎ᠠ᠂ ᠬᠡᠷᠡᠭᠯᠡᠯᠲᠡ᠂ ᠭᠠᠳᠠᠭᠰᠢᠯᠠᠭᠤᠯᠤᠯᠳᠠ᠂ ᠬᠣᠷᠣᠭᠳᠠᠯ ᠵᠡᠷᠭᠡ ᠬᠠᠷᠢᠴᠠᠭ᠎ᠠ᠎ᠳᠤ ᠨᠡᠯᠢᠶᠡᠳ ᠶᠡᠬᠡ ᠬᠤᠪᠢᠷᠠᠯᠲᠠ ᠭᠠᠷᠴᠤ᠂ ᠤᠰᠤᠨ᠎ᠤ ᠡᠬᠢ ᠪᠠᠶᠠᠯᠢᠭ᠎ᠤᠨ ᠬᠠᠩᠭ᠋ᠠᠯᠭ᠎ᠠ ᠬᠡᠷᠡᠭᠴᠡᠭᠡ ᠵᠢᠨ ᠵᠥᠷᠢᠴᠡᠯ ᠡᠳᠦᠷ ᠢᠷᠡᠬᠦᠶ᠎ᠡ ᠲᠤᠪᠤᠢ᠌ᠮ᠎ᠠ ᠪᠤᠯᠵᠤ᠂ ᠤᠰᠤᠨ᠎ᠤ ᠡᠬᠢ ᠪᠠᠶᠠᠯᠢᠭ ᠳᠤᠲᠠᠭᠳᠠᠬᠤ᠂ ᠤᠰᠤᠨ᠎ᠤ ᠪᠣᠬᠢᠷᠲᠤᠯ ᠪᠠ ᠤᠰᠤᠨ᠎ᠤ ᠠᠮᠢ ᠠᠬᠤᠢ ᠣᠷᠴᠢᠨ ᠲᠣᠭᠣᠷᠢᠨ ᠮᠠᠭᠤᠳᠠᠬᠤ ᠵᠡᠷᠭᠡ ᠠᠰᠠᠭᠤᠳᠠᠯ ᠨᠢᠭᠡᠨᠲᠡ ᠮᠠᠨ᠎ᠤ ᠤᠯᠤᠰ᠎ᠤᠨ ᠤᠯᠤᠰ ᠠᠷᠠᠳ᠎ᠤᠨ ᠠᠵᠤ ᠠᠬᠤᠢ ᠪᠠ ᠨᠡᠢ᠌ᠬᠡᠮ᠎ᠤᠨ ᠬᠦᠭᠵᠢᠯᠳᠡ ᠵᠢ ᠬᠦᠨᠳᠦ ᠨᠣᠴᠢᠲᠠᠢ ᠬᠢᠵᠠᠭ᠋ᠠᠷᠯᠠᠬᠤ ᠡᠯᠸᠮᠸᠨ᠋ᠲ ᠪᠤᠯᠤᠭᠰᠠᠨ ᠪᠠᠶ᠋ᠢᠨ᠎ᠠ᠃ ᠭᠤᠷᠪᠠ᠎ᠳᠤ ᠮᠠᠨ᠎ᠤ ᠤᠯᠤᠰ᠎ᠤᠨ ᠬᠥᠮᠦᠨ ᠠᠮᠠ ᠵᠢᠨ ᠦᠷᠭᠦᠯᠵᠢᠯᠡᠨ ᠨᠡᠮᠡᠭᠳᠡᠬᠦ᠂ ᠠᠵᠤ ᠠᠬᠤᠢ ᠵᠢᠨ ᠲᠦᠷᠭᠡᠨ ᠬᠥᠭᠵᠢᠬᠦ᠂ ᠬᠣᠲᠠ ᠪᠠᠯᠭ᠋ᠠᠰᠤᠵᠢᠯᠲᠠ ᠵᠢᠨ ᠬᠢᠷᠢ ᠬᠡᠮᠵᠢᠶ᠎ᠡ ᠪᠣᠯᠤᠨ ᠠᠷᠠᠳ᠎ᠤᠨ ᠠᠮᠢᠳᠤᠷᠠᠯ᠎ᠤᠨ ᠬᠢᠷᠢ ᠲᠦᠪᠰᠢᠨ᠎ᠤ ᠲᠠᠰᠤᠷᠠᠯᠲᠠ ᠦᠭᠡᠢ ᠳᠡᠭᠡᠭᠰᠢᠯᠡᠬᠦ ᠵᠢ ᠳᠠᠭ᠋ᠠᠯᠳᠤᠨ᠂ ᠤᠰᠤᠨ᠎ᠤ ᠡᠬᠢ ᠪᠠᠶᠠᠯᠢᠭ᠎ᠢ ᠨᠡᠭᠡᠭᠡᠨ ᠠᠰᠢᠭᠯᠠᠬᠤ ᠪᠠ ᠬᠠᠮᠠᠭ᠋ᠠᠯᠠᠬᠤ᠎ᠳᠤ ᠨᠡᠩ ᠥᠨᠳᠥᠷ ᠱᠠᠭ᠋ᠠᠷᠳᠠᠯᠭ᠎ᠠ ᠳᠤᠷᠠᠳᠴᠤ᠂ ᠨᠡᠶ᠋ᠢᠭᠡᠮ᠎ᠤᠨ ᠬᠥᠭᠵᠢᠯᠲᠡ᠎ᠳᠠᠬᠢ ᠤᠤᠭᠤᠬᠤ ᠤᠰᠤᠨ᠎ᠤ ᠠᠮᠤᠷ ᠲᠦᠪᠰᠢᠨ᠎ᠤ ᠱᠠᠭ᠋ᠠᠷᠳᠠᠯᠭ᠎ᠠ ᠵᠢ ᠬᠠᠩᠭ᠋ᠠᠬᠤ᠂ ᠠᠵᠤ ᠠᠬᠤᠢ ᠵᠢᠨ ᠲᠦᠷᠭᠡᠨ ᠬᠦᠭᠵᠢᠯᠳᠡ ᠪᠤᠯᠤᠨ ᠬᠦᠮᠦᠨ ᠠᠮᠠ ᠵᠢᠨ ᠦᠰᠦᠯᠳᠡ᠎ᠳᠠᠬᠢ ᠠᠵᠤ ᠠᠬᠤᠢ ᠵᠢᠨ ᠤᠰᠤᠨ᠎ᠤ ᠬᠠᠩᠭ᠋ᠠᠯᠳᠠ ᠵᠢᠨ ᠠᠮᠤᠷ ᠲᠦᠪᠰᠢᠨ ᠪᠠ ᠠᠮᠤ ᠪᠤᠳᠠᠭ᠋ᠠᠨ᠎ᠤ ᠠᠮᠤᠷ ᠲᠦᠪᠰᠢᠨ᠎ᠤ ᠱᠠᠭ᠋ᠠᠷᠳᠠᠯᠭ᠎ᠠ ᠵᠢ ᠬᠠᠩᠭ᠋ᠠᠬᠤ᠂ ᠠᠷᠠᠳ᠎ᠤᠨ ᠠᠮᠢᠳᠤᠷᠠᠯ᠎ᠤᠨ ᠲᠦᠪᠰᠢᠨ᠎ᠢ ᠲᠡᠭᠡᠭᠰᠢᠯᠡᠬᠦᠯᠬᠦ ᠪᠠ ᠨᠡᠢ᠌ᠭᠡᠮ᠎ᠤᠨ ᠲᠤᠭᠳᠠᠭᠤᠨ᠎ᠢ ᠬᠠᠮᠠᠭ᠋ᠠᠯᠠᠬᠤ᠎ᠳᠠᠬᠢ ᠠᠮᠢ ᠠᠬᠤᠢ ᠤᠷᠴᠢᠨ ᠲᠤᠭᠤᠷᠢᠨ᠎ᠢ ᠰᠠᠢ᠌ᠵᠢᠷᠠᠭᠤᠯᠬᠤ ᠵᠡᠷᠭᠡ ᠲᠠᠯ᠎ᠠ ᠵᠢᠨ ᠱᠠᠭ᠋ᠠᠷᠳᠠᠯᠭ᠎ᠠ ᠵᠢ ᠬᠠᠩᠭ᠋ᠠᠬᠤ ᠬᠡᠷᠡᠭᠲᠡᠢ᠃
ᠨᠢᠭᠡᠳᠦᠭᠡᠷ ᠤᠳᠠᠭ᠎ᠠ ᠵᠢᠨ ᠤᠰᠤᠨ᠎ᠤ ᠡᠬᠢ ᠪᠠᠶᠠᠯᠢᠭ᠎ᠤᠨ ᠦᠨᠡᠯᠡᠯᠲᠡ ᠵᠢᠨ ᠦᠷ᠎ᠡ ᠳ᠋ᠦᠩ᠎ᠲᠠᠢ ᠬᠠᠷᠢᠴᠠᠭᠤᠯᠪᠠᠯ᠂ ᠲᠤᠰ ᠤᠳᠠᠭ᠎ᠠ ᠵᠢᠨ ᠦᠨᠡᠯᠡᠯᠲᠡ ᠵᠢᠨ ᠦᠷ᠎ᠡ ᠳ᠋ᠦᠩ᠎ᠳᠤ ᠨᠡᠯᠢᠶᠡᠳ ᠶᠡᠬᠡ ᠬᠤᠪᠢᠷᠠᠯᠲᠠ ᠭᠠᠷᠤᠭᠰᠠᠨ ᠪᠠᠶ᠋ᠢᠨ᠎ᠠ᠃ ᠡᠨᠡ ᠤᠳᠠᠭ᠎ᠠ ᠵᠢᠨ ᠦᠨᠡᠯᠡᠯᠲᠡ ᠵᠢᠨ ᠳ᠋ᠦᠩ᠎ᠳᠤ ᠢᠯᠡᠷᠬᠡᠢ᠌ᠯᠡᠭᠰᠡᠨ᠎ᠨᠢ᠄ ᠪᠦᠬᠦ ᠤᠯᠤᠰ᠎ᠤᠨ ᠣᠯᠠᠨ ᠵᠢᠯ᠎ᠤᠨ ᠳᠤᠮᠳᠠᠴᠢ ᠤᠰᠤᠨ᠎ᠤ ᠡᠬᠢ ᠪᠠᠶᠠᠯᠢᠭ᠎ᠤᠨ ᠶᠡᠷᠦᠩᠬᠡᠢ ᠬᠡᠮᠵᠢᠶ᠎ᠡ 2.84 ᠲᠦᠮᠡᠨ ᠳ᠋ᠦᠩᠰᠢᠭᠤᠷ ᠺᠦᠪ ᠮᠸᠲᠷ ᠪᠠᠢ᠌ᠵᠤ᠂ ᠡᠭᠦᠨ᠎ᠳᠤ ᠭᠠᠵᠠᠷ ᠵᠢᠨ ᠭᠠᠳᠠᠷᠭᠤ ᠵᠢᠨ ᠤᠰᠤᠨ᠎ᠤ ᠡᠬᠢ ᠪᠠᠶᠠᠯᠢᠭ᠎ᠤᠨ ᠬᠡᠮᠵᠢᠶ᠎ᠡ ᠢ 2.74 ᠲᠦᠮᠡᠨᠨ ᠳ᠋ᠦᠩᠰᠢᠭᠤᠷ ᠺᠦᠪ ᠮᠸᠲᠷ᠂ ᠭᠠᠵᠠᠷ ᠳᠣᠣᠷᠠᠬᠢ ᠤᠰᠤᠨ᠎ᠤ ᠡᠬᠢ ᠪᠠᠶᠠᠯᠢᠭ᠎ᠤᠨ ᠬᠡᠮᠵᠢᠶ᠎ᠡ 8219 ᠳ᠋ᠦᠩᠰᠢᠭᠤᠷ ᠺᠦᠪ ᠮᠸᠲᠷ ᠪᠠᠢ᠌ᠵᠤ᠂ ᠭᠠᠵᠠᠷ ᠵᠢᠨ ᠭᠠᠳᠠᠷᠭᠤ ᠵᠢᠨ ᠤᠰᠤᠨ᠎ᠤ ᠡᠬᠢ ᠪᠠᠶᠠᠯᠢᠭ ᠪᠣᠯᠤᠨ ᠭᠠᠵᠠᠷ ᠳᠣᠣᠷᠠᠬᠢ ᠤᠰᠤᠨ᠎ᠤ ᠡᠬᠢ ᠰᠤᠷᠪᠤᠯᠵᠢᠢ ᠳᠠᠪᠬᠤᠷ ᠪᠣᠳᠣᠭᠰᠠᠨ ᠬᠡᠮᠵᠢᠶ᠎ᠡ 7182 ᠳ᠋ᠦᠩᠰᠢᠭᠤᠷ ᠺᠦᠪ ᠮᠸᠲᠷ ᠪᠤᠯᠤᠨ᠎ᠠ᠃ ᠨᠢᠭᠡᠳᠦᠭᠡᠷ ᠤᠳᠠᠭ᠋ᠠᠨ᠎ᠤ ᠤᠰᠤᠨ᠎ᠤ ᠡᠬᠢ ᠪᠠᠶᠠᠯᠢᠭ᠎ᠤᠨ ᠦᠨᠡᠯᠡᠯᠲᠡ ᠵᠢᠨ ᠦᠷ᠎ᠡ ᠳ᠋ᠦᠩ᠎ᠲᠠᠢ ᠬᠠᠷᠢᠴᠠᠭᠤᠯᠪᠠᠯ ᠪᠦᠬᠦ ᠤᠯᠤᠰ᠎ᠤᠨ ᠤᠰᠤᠨ᠎ᠤ ᠡᠬᠢ ᠪᠠᠶᠠᠯᠢᠭ᠎ᠤᠨ ᠶᠡᠷᠦᠩᠬᠡᠢ ᠬᠡᠮᠵᠢᠶ᠎ᠡ ᠦᠨᠳᠦᠰᠦᠨ᠎ᠳᠡᠭᠡᠨ ᠲᠤᠭᠳᠠᠪᠤᠷᠢᠳᠠᠢ ᠪᠠᠢ᠌ᠵᠤ᠂ ᠡᠮᠦᠨᠡᠲᠦ ᠣᠷᠣᠨ᠎ᠳᠤ ᠵᠢᠭ᠋ᠠᠬᠠᠨ ᠨᠡᠮᠡᠭᠳᠡᠵᠦ᠂ ᠤᠮᠠᠷᠠᠳᠤ ᠤᠷᠤᠨ᠎ᠳᠤ ᠵᠢᠭ᠋ᠠᠬᠠᠨ ᠬᠠᠰᠤᠭᠳᠠᠪᠠ᠃ ᠤᠷᠲᠤ ᠰᠢᠷᠢᠰ ᠤᠰᠤᠨ᠎ᠤ ᠰᠢᠨᠵᠢᠯᠡᠭᠡᠨ᠎ᠤ ᠮᠠᠲ᠋ᠧᠷᠢᠶᠠᠯ᠎ᠤᠨ ᠵᠠᠳᠠᠯᠤᠯᠳᠠ ᠵᠢ ᠦᠨᠳᠦᠰᠦᠯᠡᠪᠡᠯ᠂ ᠬᠠᠲᠤᠨ ᠭᠣᠣᠯ᠂ ᠬᠤᠸᠠᠢ ᠾᠧ ᠭᠣᠣᠯ᠂ ᠬᠠᠢ ᠾᠧ ᠭᠣᠣᠯ ᠪᠣᠯᠤᠨ ᠯᠢᠶᠣᠣ ᠾᠧ ᠭᠣᠣᠯ ᠵᠡᠷᠭᠡ 4 ᠰᠠᠪᠠ ᠭᠠᠵᠠᠷ᠎ᠤᠨ ᠤᠰᠤᠨ᠎ᠤ ᠡᠬᠢ ᠪᠠᠶᠠᠯᠢᠭ᠎ᠤᠨ ᠶᠡᠷᠦᠩᠬᠡᠢ ᠬᠡᠮᠵᠢᠶ᠎ᠡ 159 ᠳ᠋ᠦ᠍ᠩᠰᠢᠭᠤᠷ ᠺᠦᠪ ᠮᠸᠲᠷ ᠪᠠᠭ᠋ᠠᠰᠴᠤ 6%᠎ᠪᠠᠷ᠂ ᠪᠠᠭ᠋ᠠᠰᠪᠠ; ᠭᠠᠵᠠᠷ᠎ᠤᠨ ᠭᠠᠳᠠᠷᠭᠤ ᠵᠢᠨ ᠤᠰᠤᠨ᠎ᠤ ᠡᠬᠢ ᠪᠠᠶᠠᠯᠢᠭ᠎ᠤᠨ ᠬᠡᠮᠵᠢᠶ᠎ᠡ 230 ᠳ᠋ᠦᠩᠰᠢᠭᠤᠷ ᠺᠦᠪ ᠮᠸᠲᠷ ᠪᠠᠭ᠋ᠠᠰᠴᠤ᠂ 11% ᠪᠠᠭ᠋ᠠᠰᠴᠠᠢ᠃ ᠤᠰᠤᠨ᠎ᠤ ᠡᠬᠢ ᠰᠤᠷᠪᠤᠯᠵᠢ ᠵᠢᠨ ᠲᠤᠭ᠎ᠠ ᠬᠡᠮᠵᠢᠶ᠎ᠡ ᠪᠠᠭ᠋ᠠᠰᠤᠭᠰᠠᠨᠤ ᠭᠣᠣᠯ ᠰᠢᠯᠲᠠᠭ᠋ᠠᠨ᠎ᠨᠢ ᠤᠮᠠᠷᠠᠲᠤ ᠣᠷᠣᠨ᠎ᠳᠤ ᠣᠶ᠋ᠢᠷ᠎ᠠ ᠵᠢᠨ ᠵᠢᠯ᠎ᠳᠤ ᠦᠷᠭᠦᠯᠵᠢᠯᠡᠨ ᠭᠠᠩ ᠬᠠᠭᠰᠠᠷᠠᠭ᠋ᠠᠨ ᠵᠢᠴᠢ ᠬᠥᠮᠦᠨ ᠲᠥᠷᠥᠯᠬᠢᠲᠡᠨ᠎ᠤ ᠠᠵᠢᠯᠯᠠᠭ᠎ᠠ᠎ᠠᠴᠠ ᠪᠤᠯᠵᠤ ᠳᠡᠪᠢᠰᠬᠡᠷ ᠨᠢᠭᠤᠷ᠎ᠤᠨ ᠨᠥᠬᠥᠴᠡᠯ᠎ᠢ ᠬᠤᠪᠢᠷᠠᠭᠤᠯᠤᠭᠰᠠᠨ᠎ᠠᠴᠠ ᠤᠮᠠᠷᠠᠲᠤ ᠣᠷᠣᠨ᠎ᠤ ᠤᠰᠤᠨ᠎ᠤ ᠡᠬᠢ ᠪᠠᠶᠠᠯᠢᠭ ᠪᠠᠭ᠋ᠠᠰᠤᠭᠰᠠᠨ ᠪᠠᠶ᠋ᠢᠨ᠎ᠠ᠃ ᠲᠤᠰ ᠤᠳᠠᠭ᠎ᠠ ᠵᠢᠨ ᠪᠠᠶ᠋ᠢᠴᠠᠭ᠋ᠠᠯᠲᠠ ᠦᠨᠡᠯᠡᠯᠲᠡ᠎ᠨᠢ ᠮᠠᠨ᠎ᠤ ᠤᠯᠤᠰ᠎ᠤᠨ ᠭᠣᠣᠯ ᠪᠣᠯᠬᠤ ᠭᠣᠣᠯ ᠮᠥᠷᠡᠨ᠂ ᠨᠠᠭᠤᠷ ᠴᠥᠭᠥᠷᠥᠮ᠎ᠤᠨ ᠤᠰᠤᠨ᠎ᠤ ᠶᠠᠰᠤ ᠴᠢᠨᠠᠷ ᠪᠤᠯᠤᠨ ᠰᠢᠮ᠎ᠡ ᠲᠡᠵᠢᠭᠡᠯ᠎ᠤᠨ ᠪᠠᠶ᠋ᠢᠳᠠᠯ᠎ᠳᠤ ᠦᠨᠡᠯᠡᠯᠲᠡ ᠬᠢᠵᠡᠢ᠃ ᠦᠨᠡᠯᠡᠯᠲᠡ ᠬᠢᠭᠰᠡᠨ 29 ᠲᠦᠮᠡᠨ ᠺᠢᠯᠤᠮᠸᠲᠷ ᠣᠷᠴᠢᠮ᠎ᠤᠨ ᠭᠣᠣᠯ᠎ᠤᠨ ᠤᠷᠳᠤ ᠵᠢᠨ ᠳᠣᠲᠣᠷ᠎ᠠ ᠪᠦᠬᠦ ᠵᠢᠯ᠎ᠤᠨ ᠤᠰᠤᠨ᠎ᠤ ᠴᠢᠨᠠᠷ Ⅰ᠎ᠠᠴᠠ Ⅲ ᠲᠥᠷᠥᠯ᠎ᠤᠨ ᠭᠣᠣᠯ᠎ᠤᠨ ᠤᠷᠳᠤᠨᠢ 66% ᠵᠢ ᠡᠵᠡᠯᠡᠵᠦ᠂ ᠦᠨᠡᠯᠡᠯᠳᠡ ᠬᠢᠭᠰᠡᠨ ᠨᠠᠭᠤᠷ ᠴᠦᠬᠦᠷᠦᠮ᠎ᠤᠨ ᠲᠤᠲᠤᠷ᠎ᠠ ᠰᠢᠮ᠎ᠡ ᠲᠡᠵᠢᠭᠡᠯ ᠡᠯᠪᠡᠭᠰᠢᠭᠰᠡᠨᠠᠴᠠ ᠪᠤᠯᠤᠭᠰᠠᠨ ᠪᠤᠬᠢᠷᠳᠤᠯ ᠢᠯᠡᠳᠲᠡ᠃ 20 ᠳ᠋ᠤᠭ᠋ᠠᠷ ᠵᠠᠭᠤᠨ᠎ᠤ ᠨᠠᠶᠠᠭ᠋ᠠᠳ ᠣᠨ᠎ᠤ ᠡᠬᠢᠨ᠎ᠤ ᠦᠶ᠎ᠡ ᠵᠢᠨ ᠪᠠᠶ᠋ᠢᠴᠠᠭ᠋ᠠᠨ ᠦᠨᠡᠯᠡᠯᠳᠡ ᠳᠤᠮᠳᠠ ᠪᠣᠬᠢᠷᠲᠤᠭᠰᠠᠨ ᠭᠣᠣᠯ ᠮᠥᠷᠡᠨ ᠭᠣᠣᠯᠳᠠᠭᠤ ᠬᠡᠰᠡᠭ ᠬᠣᠲᠠ ᠵᠢᠨ ᠭᠣᠣᠯ᠎ᠤᠨ ᠬᠡᠰᠡᠭ᠎ᠲᠤ ᠲᠥᠪᠯᠡᠷᠡᠵᠦ᠂ ᠪᠤᠰᠤᠳ ᠭᠠᠵᠠᠷ ᠣᠷᠣᠨ᠎ᠤ ᠤᠰᠤᠨ᠎ᠤ ᠴᠢᠨᠠᠷ᠎ᠤᠨ ᠪᠠᠶ᠋ᠢᠳᠠᠯ ᠨᠡᠯᠢᠶᠡᠳ ᠰᠠᠶ᠋ᠢᠨ ᠪᠠᠶ᠋ᠢᠪᠠ᠃ ᠡᠨᠡ ᠤᠳᠠᠭ᠎ᠠ ᠵᠢᠨ ᠪᠠᠢ᠌ᠴᠠᠭ᠋ᠠᠨ ᠦᠨᠡᠯᠡᠯᠳᠡ ᠵᠢᠨ ᠳ᠋ᠦᠩ᠎ᠠᠴᠠ ᠦᠵᠡᠬᠦ᠎ᠳᠤ᠂ ᠬᠣᠲᠠ ᠵᠢᠨ ᠭᠣᠣᠯ᠎ᠤᠨ ᠬᠡᠰᠡᠭ᠎ᠤᠨ ᠤᠰᠤᠨ᠎ᠤ ᠴᠢᠨᠠᠷ ᠴᠢᠨᠰᠠᠭ᠎ᠠ ᠬᠠᠷᠢᠴᠠᠩᠭᠤᠢ ᠮᠠᠭᠤ᠎ᠪᠠᠷ ᠪᠠᠷᠠᠬᠤ ᠦᠭᠡᠢ ᠵᠠᠷᠢᠮ ᠳᠤᠮᠳᠠ ᠵᠢᠵᠢᠭ ᠭᠣᠣᠯ ᠮᠥᠷᠡᠨ᠎ᠤ ᠤᠰᠤᠨ᠎ᠤ ᠴᠢᠨᠠᠷ ᠮᠥᠨ ᠮᠠᠭᠤᠳᠠᠬᠤ ᠬᠠᠨᠳᠤᠰᠢ᠎ᠲᠠᠢ ᠪᠠᠶ᠋ᠢᠨ᠎ᠠ᠃ ᠤᠰᠤᠨ ᠴᠣᠭᠴᠠ ᠵᠢᠨ ᠶᠠᠰᠤ ᠴᠢᠨᠠᠷ ᠮᠠᠭᠤᠳᠠᠵᠤ᠂ ᠬᠡᠰᠡᠭ ᠤᠰᠤᠨ᠎ᠤ ᠴᠢᠳᠠᠮᠵᠢᠲᠤ ᠣᠷᠣᠨ᠎ᠤ ᠪᠣᠬᠢᠷᠲᠤᠯ ᠪᠣᠳᠠᠰ᠎ᠤᠨ ᠭᠣᠣᠯ᠎ᠳᠤ ᠣᠷᠣᠬᠤ ᠬᠡᠮᠵᠢᠶ᠎ᠡ᠎ᠨᠢ ᠲᠡᠭᠦᠨ᠎ᠤ ᠪᠣᠬᠢᠷᠲᠤᠯ ᠰᠢᠩᠭᠡᠭᠡᠬᠦ ᠴᠢᠳᠠᠪᠤᠷᠢ᠎ᠠᠴᠠ ᠬᠡᠲᠦᠷᠡᠭᠰᠡᠨ᠎ᠠᠴᠠ ᠪᠤᠯᠵᠤ ᠤᠰᠤᠨ᠎ᠤ ᠬᠡᠷᠡᠭᠯᠡᠭᠡᠨ᠎ᠤ ᠴᠢᠳᠠᠮᠵᠢ᠎ᠨᠢ ᠨᠥᠯᠥᠭᠡᠯᠡᠭᠳᠡᠵᠦ ᠪᠠᠶ᠋ᠢᠳᠠᠭ᠃ ᠲᠤᠰ ᠤᠳᠠᠭ᠋ᠠᠨ᠎ᠤ ᠪᠠᠶ᠋ᠢᠴᠠᠭ᠋ᠠᠯᠲᠠ ᠦᠨᠡᠯᠡᠯᠲᠡ᠎ᠨᠢ ᠪᠠᠰᠠ ᠤᠰᠤ᠎ᠲᠠᠢ ᠬᠠᠮᠢᠶ᠎ᠠ ᠪᠦᠬᠦᠢ ᠠᠮᠢ ᠠᠬᠤᠢ ᠣᠷᠴᠢᠨ ᠲᠣᠭᠣᠷᠢᠨ᠎ᠢ ᠠᠩᠬ᠎ᠠ ᠤᠳᠠᠭ᠎ᠠ ᠦᠨᠡᠯᠡᠭᠰᠡᠨ ᠪᠠᠶ᠋ᠢᠨ᠎ᠠ᠃ ᠲᠡᠬᠦᠨ᠎ᠤ ᠳ᠋ᠦᠩ᠎ᠳᠤ᠄ 20 ᠳ᠋ᠤᠭ᠋ᠠᠷ ᠵᠠᠭᠤᠨ᠎ᠤ ᠨᠠᠶᠠᠭ᠋ᠠᠳ ᠣᠨ᠎ᠠᠴᠠ ᠨᠠᠭ᠋ᠠᠰᠢ᠂ ᠤᠮᠠᠷᠠᠲᠤ ᠨᠤᠲᠤᠭ᠎ᠲᠤ ᠨᠡᠶ᠋ᠢᠲᠡᠯᠢᠭ ᠰᠤᠳᠤᠯᠭ᠎ᠠ ᠬᠢᠭᠰᠡᠨ 514 ᠭᠣᠣᠯ᠎ᠤᠨ ᠤᠷᠤᠰᠬᠠᠯ ᠳᠤᠮᠳᠠ 49 ᠵᠤᠷᠪᠤᠰ ᠭᠣᠣᠯ᠎ᠤᠨ ᠤᠷᠤᠰᠬᠠᠯ ᠲᠠᠰᠤᠷᠠᠭᠰᠠᠨ ᠪᠠᠢ᠌ᠨ᠎ᠠ᠃ 20 ᠳ᠋ᠤᠭ᠋ᠠᠷ ᠵᠠᠭᠤᠨ᠎ᠤ ᠲᠠᠪᠢᠭ᠋ᠠᠳ ᠣᠨ᠎ᠠᠴᠠ ᠬᠣᠶ᠋ᠢᠰᠢ ᠪᠦᠬᠦ ᠤᠯᠤᠰ᠎ᠤᠨ ᠨᠤᠲᠤᠭ ᠳᠡᠪᠢᠰᠬᠡᠷ᠎ᠲᠤ 10 ᠲᠡᠭᠰᠢ ᠲᠦᠷᠪᠡᠯᠵᠢᠨ ᠺᠢᠯᠤᠮᠸᠲᠷ᠎ᠠᠴᠠ ᠶᠡᠬᠡ ᠲᠠᠯᠠᠪᠠᠢ ᠪᠦᠬᠦᠢ ᠨᠠᠭᠤᠷ ᠪᠦᠷᠢᠳᠦ ᠵᠢᠨ ᠳᠣᠲᠣᠷ᠎ᠠ 230᠎ᠨᠢ ᠠᠪᠴᠢᠵᠤ᠂ ᠠᠪᠴᠢᠭᠰᠠᠨ ᠲᠠᠯᠠᠪᠠᠢ᠎ᠨᠢ 15% ᠣᠷᠴᠢᠮ ᠪᠠᠢ᠌ᠵᠤ᠂ ᠪᠦᠬᠦ ᠤᠯᠤᠰ᠎ᠤᠨ ᠪᠠᠢ᠌ᠭ᠋ᠠᠯᠢᠭ ᠡᠬᠡ ᠬᠠᠭᠤᠷᠠᠢ ᠵᠢᠨ ᠨᠤᠭᠤ ᠭᠠᠵᠠᠷ᠎ᠤᠨ ᠲᠠᠯᠠᠪᠠᠢ 28%᠎ᠪᠠᠷ ᠪᠠᠭ᠋ᠠᠰᠴᠤ᠂ ᠠᠮᠢᠳᠤ ᠪᠤᠳᠠᠰ᠎ᠤᠨ ᠤᠯᠠᠨ ᠶᠠᠩᠵᠤᠳᠤ ᠴᠢᠨᠠᠷ ᠰᠦᠷᠳᠡᠬᠦᠯᠭᠡᠳᠤ ᠤᠴᠠᠷᠠᠪᠠ᠃ ᠪᠦᠬᠦ ᠤᠯᠤᠰ᠎ᠤᠨ ᠭᠠᠵᠠᠷ ᠳᠣᠣᠷᠠᠬᠢ ᠤᠰᠤ ᠵᠢ ᠬᠡᠲᠦᠷᠡᠲᠡᠯ᠎ᠡ ᠠᠪᠤᠭᠰᠠᠨ ᠤᠷᠤᠨ ᠪᠦᠰᠡ ᠵᠢᠨ ᠲᠠᠯᠠᠪᠠᠢ ᠪᠠᠷᠤᠭ 19 ᠲᠦᠮᠡᠨ ᠲᠡᠭᠰᠢ ᠲᠦᠷᠪᠡᠯᠵᠢᠨ ᠺᠢᠯᠤᠮᠸᠲᠷ᠎ᠲᠤ ᠲᠤᠯᠵᠤ᠂ ᠡᠬᠦᠨ᠎ᠳᠤ ᠬᠡᠳᠦ ᠨᠤᠴᠢᠳᠠᠢ ᠠᠪᠤᠭᠰᠠᠨ ᠲᠠᠯᠠᠪᠠᠢ᠎ᠨᠢ 7.2 ᠲᠦᠮᠡᠨ ᠲᠡᠭᠰᠢ ᠲᠦᠷᠪᠡᠯᠵᠢᠨ ᠺᠢᠯᠤᠮᠸᠲᠷ ᠪᠠᠢ᠌ᠵᠤ᠂ ᠤᠳᠤᠬᠠᠨ᠎ᠤ ᠵᠢᠯ᠎ᠤᠨ ᠬᠡᠳᠦ ᠠᠪᠴᠤ ᠪᠠᠢ᠌ᠭ᠎ᠠ ᠬᠡᠮᠵᠢᠶ᠎ᠡ᠎ᠨᠢ 117 ᠳ᠋ᠦᠩᠰᠢᠭᠤᠷ ᠺᠦᠪ ᠮᠸᠲᠷ ᠬᠦᠷᠴᠦ ᠪᠠᠢ᠌ᠳᠠᠭ᠃
ᠰᠤᠷᠪᠤᠯᠵᠢᠯᠠᠭᠴᠢ᠄ 《ᠲᠥᠯᠥᠪᠵᠢᠭᠦᠯᠭᠡ》 ᠳᠤ ᠳᠤᠷᠠᠳᠤᠭᠰᠠᠨ ᠮᠠᠨ᠎ᠤ ᠤᠯᠤᠰ᠎ᠤᠨ ᠬᠣᠶ᠋ᠢᠰᠢᠳᠠ ᠵᠢᠨ ᠨᠢᠭᠡ ᠬᠤᠭᠤᠴᠠᠭ᠋ᠠᠨ᠎ᠤ ᠤᠰᠤᠨ᠎ᠤ ᠡᠬᠢ ᠪᠠᠶᠠᠯᠢᠭ᠎ᠢ ᠦᠷᠭᠦᠯᠵᠢᠯᠡᠨ ᠠᠰᠢᠭᠯᠠᠬᠤ ᠶᠡᠷᠦᠩᠬᠡᠢ ᠰᠡᠳᠬᠢᠴᠡ᠂ ᠪᠠᠶ᠋ᠢᠯᠳᠤᠬᠤ ᠪᠣᠳᠣᠯᠭ᠎ᠠ ᠵᠢᠨ ᠬᠠᠷᠠᠯᠲᠠ ᠪᠠ ᠭᠣᠣᠯ ᠡᠭᠦᠷᠭᠡ᠎ᠨᠢ ᠶᠠᠭᠤ ᠪᠣᠢ?
ᠵᠢᠶᠤᠤ ᠶᠦᠩ᠄ 《ᠲᠥᠯᠥᠪᠵᠢᠭᠦᠯᠭᠡ》 ᠵᠢᠨ ᠶᠡᠷᠦᠩᠬᠡᠢ ᠰᠡᠳᠬᠢᠮᠵᠢ ᠪᠣᠯ᠄ ᠰᠢᠨᠵᠢᠯᠡᠬᠦ ᠤᠬᠠᠭ᠋ᠠᠨᠴᠢ ᠬᠥᠭᠵᠢᠯᠲᠡ ᠵᠢᠨ ᠦᠵᠡᠯᠲᠡ ᠵᠢ ᠲᠤᠤᠱᠯᠠᠭᠤᠯᠤᠨ ᠨᠠᠶ᠋ᠢᠳᠠᠪᠤᠷᠢᠵᠢᠭᠤᠯᠵᠤ᠂ ᠴᠢᠨᠡᠭᠡᠯᠢᠭ ᠨᠡᠶ᠋ᠢᠭᠡᠮ᠎ᠢ ᠪᠥᠬᠥ ᠲᠠᠯ᠎ᠠ᠎ᠪᠠᠷ ᠪᠦᠲᠦᠭᠡᠨ ᠪᠠᠶ᠋ᠢᠭᠤᠯᠬᠤ ᠠᠤᠭ᠎ᠠ ᠬᠠᠷᠠᠯᠲᠠ᠎ᠪᠠᠷ ᠭᠣᠣᠯᠯᠠᠭᠤᠯᠤᠨ᠂ ᠡᠬᠢ ᠪᠠᠶᠠᠯᠢᠭ᠎ᠢ ᠠᠷᠪᠢᠯᠠᠬᠤ ᠬᠡᠯᠪᠡᠷᠢ ᠵᠢᠨ᠂ ᠣᠷᠴᠢᠨ ᠠᠬᠤᠢ ᠨᠥᠬᠥᠷᠰᠡᠭ ᠬᠡᠯᠪᠡᠷᠢ ᠵᠢᠨ ᠨᠡᠶ᠋ᠢᠭᠡᠮ᠎ᠢ ᠪᠦᠲᠦᠭᠡᠨ ᠪᠠᠶ᠋ᠢᠭᠤᠯᠬᠤ ᠪᠠ ᠨᠡᠶ᠋ᠢᠭᠡᠮ ᠵᠢᠷᠤᠮ᠎ᠤᠨ ᠡᠶ᠎ᠡ ᠵᠣᠬᠢᠴᠠᠯ᠎ᠲᠠᠢ ᠨᠡᠶ᠋ᠢᠭᠡᠮ᠎ᠢ ᠪᠦᠲᠦᠭᠡᠨ ᠪᠠᠶ᠋ᠢᠭᠤᠯᠬᠤ ᠪᠠᠶ᠋ᠢᠯᠳᠤᠬᠤ ᠪᠣᠳᠣᠯᠭ᠎ᠠ ᠵᠢᠨ ᠪᠠᠶ᠋ᠢᠷᠢᠯᠠᠭᠤᠯᠤᠯᠲᠠ ᠵᠢ ᠲᠤᠭᠤᠰᠢᠯᠠᠭᠤᠯᠤᠨ ᠨᠠᠢ᠌ᠳᠠᠪᠤᠷᠢᠵᠢᠭᠤᠯᠵᠤ᠂ ᠦᠷᠬᠦᠯᠵᠢᠯᠡᠬᠦᠢ᠌ᠴᠡ ᠬᠦᠭᠵᠢᠯᠳᠡ᠎ᠪᠠᠷ ᠤᠰᠤ ᠵᠢ ᠵᠠᠰᠠᠬᠤ ᠪᠠ ᠠᠷᠠᠳ᠎ᠤᠨ ᠠᠮᠢᠳᠤᠷᠠᠯ᠎ᠤᠨ ᠤᠰᠤᠨ ᠠᠰᠢᠭᠯᠠᠯᠳᠠ ᠵᠢᠨ ᠱᠠᠭ᠋ᠠᠷᠳᠠᠯᠭ᠎ᠠ ᠶᠤᠰᠤᠭ᠋ᠠᠷ᠂ ᠡᠯ᠎ᠡ ᠰᠠᠪᠠ ᠭᠠᠵᠠᠷ᠂ ᠡᠯ᠎ᠡ ᠤᠷᠤᠨ ᠪᠦᠰᠡ ᠵᠢᠨ ᠠᠵᠤ ᠠᠬᠤᠢ ᠨᠡᠢ᠌ᠭᠡᠮ᠎ᠤᠨ ᠬᠦᠭᠵᠢᠯᠳᠡ ᠵᠢᠨ ᠪᠤᠳᠠᠳᠤ ᠪᠠᠢ᠌ᠳᠠᠯ ᠪᠤᠯᠤᠨ ᠤᠰᠤᠨ᠎ᠤ ᠡᠬᠢ ᠪᠠᠶᠠᠯᠢᠭ᠎ᠤᠨ ᠨᠦᠬᠦᠴᠡᠯ᠎ᠢ ᠨᠢᠭᠳᠠ ᠤᠶᠠᠯᠳᠤᠭᠤᠯᠤᠨ᠂ ᠬᠦᠮᠦᠨ ᠵᠶ᠋ᠡᠷ ᠭᠤᠤᠯ ᠪᠤᠯᠭ᠋ᠠᠬᠤ᠂ ᠬᠦᠮᠦᠨ ᠬᠢᠭᠡᠳ ᠤᠰᠤᠨ᠎ᠤ ᠡᠶ᠎ᠡ ᠵᠤᠬᠢᠴᠠᠯ᠎ᠲᠠᠢ ᠪᠠᠢ᠌ᠬᠤ᠂ ᠠᠷᠪᠢᠯᠠᠨ ᠬᠠᠮᠠᠭ᠋ᠠᠯᠠᠬᠤ᠂ ᠨᠢᠭᠡᠳᠭᠡᠨ ᠲᠦᠯᠦᠪᠯᠡᠵᠦ ᠶᠡᠷᠦᠩᠬᠡᠢ᠌ᠯᠡᠨ ᠬᠠᠮᠢᠶᠠᠷᠬᠤ ᠵᠠᠷᠴᠢᠮ᠎ᠢ ᠪᠠᠷᠢᠮᠳᠠᠯᠠᠵᠤ᠂ ᠠᠵᠤ ᠠᠬᠤᠢ ᠨᠡᠢ᠌ᠭᠡᠮ᠎ᠤᠨ ᠬᠦᠭᠵᠢᠯᠳᠡ᠂ ᠤᠰᠤᠨ᠎ᠤ ᠡᠬᠢ ᠪᠠᠶᠠᠯᠢᠭ᠎ᠢ ᠨᠡᠭᠡᠭᠡᠨ ᠠᠰᠢᠭᠯᠠᠬᠤ ᠪᠠ ᠠᠮᠢ ᠠᠬᠤᠢ ᠤᠷᠴᠢᠨ ᠲᠤᠭᠤᠷᠢᠨ᠎ᠤ ᠬᠠᠮᠠᠭ᠋ᠠᠯᠠᠯᠳᠠ ᠵᠢᠨ ᠬᠤᠭᠤᠷᠤᠨᠳᠤᠬᠢ ᠬᠠᠷᠢᠴᠠᠭ᠎ᠠ ᠵᠢ ᠵᠦᠪ ᠵᠶ᠋ᠡᠷ ᠰᠢᠢ᠍ᠳᠪᠤᠷᠢᠯᠡᠵᠦ᠂ ᠤᠰᠤ ᠠᠷᠪᠢᠯᠠᠬᠤ ᠬᠡᠯᠪᠡᠷᠢ ᠵᠢᠨ ᠨᠡᠢ᠌ᠭᠡᠮ᠎ᠢ ᠪᠦᠬᠦ ᠲᠠᠯ᠎ᠠ᠎ᠪᠠᠷ ᠪᠠᠢ᠌ᠭᠤᠯᠬᠤ᠂ ᠤᠰᠤᠨ᠎ᠤ ᠡᠬᠢ ᠪᠠᠶᠠᠯᠢᠭ᠎ᠢ ᠵᠦᠢ ᠵᠤᠬᠢᠰᠳᠠᠠᠢ ᠲᠤᠬᠢᠷᠠᠭᠤᠯᠬᠤ ᠪᠠ ᠪᠦᠳᠦᠮᠵᠢᠳᠡᠢ ᠬᠠᠮᠠᠭ᠋ᠠᠯᠠᠬᠤ᠂ ᠬᠠᠮᠤᠭ ᠴᠢᠩᠭ᠎ᠠ ᠤᠰᠤᠨ᠎ᠤ ᠡᠬᠢ ᠪᠠᠶᠠᠯᠢᠭ᠎ᠤᠨ ᠬᠠᠮᠢᠶᠠᠷᠤᠯᠳᠠ ᠵᠢᠨ ᠲᠦᠷᠢᠮ᠎ᠢ ᠬᠡᠷᠡᠭᠵᠢᠬᠦᠯᠬᠦ᠎ᠪᠠᠷ ᠲᠠᠮᠵᠢᠨ᠂ ᠤᠤᠭᠤᠬᠤ ᠤᠰᠤᠨ᠎ᠤ ᠠᠮᠤᠷ ᠲᠦᠪᠰᠢᠨ᠂ ᠬᠠᠩᠭ᠋ᠠᠬᠤ ᠤᠰᠤᠨ᠎ᠤ ᠠᠮᠤᠷ ᠲᠦᠪᠰᠢᠨ ᠪᠠ ᠠᠮᠢ ᠠᠬᠤᠢ ᠵᠢᠨ ᠠᠮᠤᠷ ᠲᠦᠪᠰᠢᠨ᠎ᠢ ᠪᠠᠳᠤᠯᠠᠵᠤ᠂ ᠠᠵᠤ ᠠᠬᠤᠢ ᠨᠡᠢ᠌ᠭᠡᠮ᠎ᠤᠨ ᠦᠷᠬᠦᠯᠵᠢᠯᠡᠬᠦᠢ᠌ᠴᠡ ᠬᠦᠭᠵᠢᠯᠳᠡ᠎ᠳᠤ ᠴᠢᠬᠤᠯᠠ ᠲᠤᠯᠭ᠋ᠠᠭᠤᠷᠢᠯᠠᠯ ᠬᠠᠩᠭ᠋ᠠᠨ᠎ᠠ᠃
《ᠲᠥᠯᠥᠪᠵᠢᠭᠦᠯᠭᠡ》 ᠵᠢᠨ ᠪᠠᠶ᠋ᠢᠯᠳᠤᠬᠤ ᠪᠣᠳᠣᠯᠭ᠎ᠠ ᠵᠢᠨ ᠬᠠᠷᠠᠯᠲᠠ ᠪᠣᠯ᠄ 20 ᠵᠢᠯ ᠣᠷᠴᠢᠮ᠎ᠤᠨ ᠴᠠᠭ᠎ᠢ ᠬᠡᠷᠡᠭᠯᠡᠨ ᠬᠣᠲᠠ ᠬᠥᠳᠡᠭᠡ ᠵᠢᠨ ᠤᠰᠤᠨ᠎ᠤ ᠡᠬᠢ ᠪᠠᠶᠠᠯᠢᠭ᠎ᠢ ᠵᠣᠬᠢᠰᠲᠠᠢ ᠲᠣᠬᠢᠷᠠᠭᠤᠯᠬᠤ ᠪᠠ ᠥᠨᠳᠥᠷ ᠪᠦᠲᠦᠮᠵᠢᠲᠡᠢ ᠠᠰᠢᠭᠯᠠᠬᠤ ᠰᠢᠰᠲ᠋ᠧᠮ᠎ᠢ ᠠᠯᠬᠤᠮ ᠠᠯᠬᠤᠮ ᠵᠶ᠋ᠠᠷ ᠲᠡᠬᠦᠯᠳᠡᠷᠵᠢᠬᠦᠯᠵᠦ᠂ ᠬᠥᠳᠡᠭᠡ ᠲᠣᠰᠬᠣᠨ᠎ᠤ ᠤᠤᠭᠤᠬᠤ ᠤᠰᠤᠨ᠎ᠤ ᠠᠮᠤᠷ ᠲᠦᠪᠰᠢᠨ᠎ᠤ ᠠᠰᠠᠭᠤᠳᠠᠯ᠎ᠢ ᠪᠦᠬᠦ ᠲᠠᠯ᠎ᠠ᠎ᠪᠠᠷ ᠰᠢᠢ᠍ᠳᠪᠦᠷᠢᠯᠡᠵᠦ᠂ ᠬᠣᠲᠠ ᠪᠠᠯᠭ᠋ᠠᠰᠤᠨ᠎ᠤ ᠤᠰᠤ ᠬᠠᠩᠭ᠋ᠠᠬᠤ ᠠᠮᠤᠷ ᠲᠦᠪᠰᠢᠨ᠎ᠢ ᠨᠠᠶ᠋ᠢᠳᠠᠪᠤᠷᠢᠲᠠᠢ ᠪᠠᠳᠤᠯᠠᠵᠤ᠂ ᠤᠰᠤ ᠠᠷᠪᠢᠯᠠᠬᠤ ᠬᠢᠷᠢ ᠲᠦᠪᠰᠢᠨ ᠵᠢ ᠠᠭ᠋ᠠᠵᠢᠮ ᠵᠶ᠋ᠡᠷ ᠳᠡᠯᠡᠬᠡᠢ ᠵᠢᠨ ᠲᠡᠷᠢᠭᠦᠨ᠎ᠤ ᠬᠢᠷᠢ ᠬᠡᠮᠵᠢᠶᠡᠨ ᠤᠢ᠌ᠷᠠᠳᠤᠭᠤᠯᠬᠤ ᠪᠤᠶᠤ ᠬᠦᠷᠭᠡᠵᠦ᠂ ᠤᠰᠤ ᠬᠡᠷᠡᠭᠯᠡᠬᠦ ᠶᠡᠷᠦᠩᠬᠡᠢ ᠬᠡᠮᠵᠢᠶ᠎ᠡ ᠵᠢ ᠵᠢᠭ᠋ᠠᠬᠠᠨ ᠨᠡᠮᠡᠭᠳᠡᠬᠦᠯᠵᠦ᠂ ᠭᠠᠩ ᠬᠠᠭᠰᠠᠷᠭ᠋ᠠᠨ᠎ᠠᠴᠠ ᠰᠡᠷᠭᠡᠢ᠌ᠯᠡᠨ ᠡᠰᠡᠷᠬᠦᠴᠡᠬᠦ ᠴᠢᠳᠠᠪᠤᠷᠢ ᠵᠢ ᠢᠯᠡᠳᠳᠡ ᠴᠢᠩᠭ᠋ᠠᠷᠠᠭᠤᠯᠵᠤ᠂ ᠬᠠᠮᠤᠭ ᠴᠢᠩᠭ᠎ᠠ ᠤᠰᠤᠨ᠎ᠤ ᠡᠬᠢ ᠪᠠᠶᠠᠯᠢᠭ᠎ᠢ ᠬᠠᠮᠢᠶᠠᠷᠬᠤ ᠲᠦᠷᠢᠮ᠎ᠢ ᠦᠨᠳᠦᠰᠦᠨ᠎ᠳᠡᠭᠡᠨ ᠲᠡᠬᠦᠯᠳᠡᠷᠵᠢᠬᠦᠯᠦᠨ᠎ᠡ᠃ ᠤᠰᠤᠨ᠎ᠤ ᠡᠬᠢ ᠪᠠᠶᠠᠯᠢᠭ᠎ᠢ ᠬᠠᠮᠠᠭ᠋ᠠᠯᠠᠬᠤ ᠪᠠ ᠭᠣᠣᠯ ᠨᠠᠭᠤᠷ᠎ᠤᠨ ᠠᠮᠢ ᠠᠬᠤᠢ ᠵᠢᠨ ᠡᠷᠡᠭᠦᠯ ᠮᠡᠨᠳᠦ ᠵᠢ ᠪᠠᠲᠤᠯᠠᠬᠤ ᠰᠢᠰᠲ᠋ᠧᠮ᠎ᠢ ᠠᠯᠬᠤ ᠠᠯᠬᠤᠮ ᠵᠶ᠋ᠡᠷ ᠪᠠᠢ᠌ᠭᠤᠯᠵᠤ᠂ ᠭᠣᠣᠯ ᠮᠥᠷᠡᠨ ᠨᠠᠭᠤᠷ ᠴᠥᠭᠥᠷᠥᠮ᠎ᠤᠨ ᠤᠰᠤᠨ᠎ᠤ ᠪᠣᠬᠢᠷᠳᠠᠯ᠎ᠢ ᠪᠦᠲᠦᠮᠵᠢᠲᠡᠢ ᠬᠢᠵᠠᠭ᠋ᠠᠷᠯᠠᠵᠤ᠂ ᠭᠣᠣᠯ ᠮᠥᠷᠡᠨ᠎ᠤ ᠠᠮᠢ ᠠᠬᠤᠢ ᠵᠢᠨ ᠤᠰᠤ ᠬᠡᠷᠡᠭᠯᠡᠬᠦ ᠵᠢ ᠦᠨᠳᠦᠰᠦᠨ᠎ᠳᠡᠭᠡᠨ ᠪᠠᠳᠤᠯᠠᠵᠤ᠂ ᠭᠠᠵᠠᠷ ᠳᠣᠣᠷᠠᠬᠢ ᠤᠰᠤ ᠵᠢ ᠬᠡᠲᠦᠷᠡᠲᠡᠯ᠎ᠡ ᠬᠡᠷᠡᠭᠯᠡᠬᠦ ᠵᠢ ᠪᠦᠲᠦᠮᠵᠢᠲᠡᠢ ᠵᠠᠰᠠᠵᠤ᠂ ᠭᠣᠣᠯᠳᠠᠯᠭ᠎ᠠ᠎ᠲᠠᠢ ᠭᠠᠵᠠᠷ ᠣᠷᠣᠨ᠎ᠤ ᠤᠰᠤᠨ᠎ᠤ ᠣᠷᠴᠢᠨ ᠲᠣᠭᠣᠷᠢᠨ᠎ᠤ ᠪᠠᠶ᠋ᠢᠳᠠᠯ᠎ᠢ ᠮᠡᠳᠡᠭᠳᠡᠬᠦᠢ᠍ᠴᠡ ᠰᠠᠶ᠋ᠢᠵᠢᠷᠠᠭᠤᠯᠤᠨ᠎ᠠ᠃
2020 ᠣᠨ ᠪᠣᠯᠬᠤ᠎ᠳᠤ᠂ ᠪᠦᠬᠦ ᠤᠯᠤᠰ᠎ᠤᠨ ᠤᠰᠤ ᠬᠡᠷᠡᠭᠯᠡᠬᠦ ᠶᠡᠷᠦᠩᠬᠡᠢ ᠬᠡᠮᠵᠢᠶ᠎ᠡ ᠵᠢ 6700 ᠳ᠋ᠦ᠍ᠩᠰᠢᠭᠤᠷ ᠺᠦᠪ ᠮᠸᠲᠷ᠎ᠤᠨ ᠳᠣᠲᠣᠷ᠎ᠠ ᠬᠢᠵᠠᠭ᠋ᠠᠷᠯᠠᠬᠤ᠎ᠪᠠᠷ ᠴᠢᠷᠮᠠᠶ᠋ᠢᠨ᠎ᠠ; ᠪᠦᠬᠦ ᠤᠯᠤᠰ᠎ᠤᠨ ᠲᠦᠮᠡᠨ ᠲᠥᠭᠥᠷᠢᠭ᠎ᠤᠨ ᠤᠯᠤᠰ᠎ᠤᠨ ᠳᠣᠲᠣᠭ᠋ᠠᠳᠤ ᠵᠢᠨ ᠦᠢ᠍ᠯᠡᠳᠪᠦᠷᠢᠯᠡᠯ᠎ᠤᠨ ᠶᠡᠷᠦᠩᠬᠡᠢ ᠥᠷᠲᠡᠭ᠎ᠤᠨ ᠤᠰᠤ ᠬᠡᠷᠡᠭᠯᠡᠬᠦ ᠬᠡᠮᠵᠢᠶ᠎ᠡ᠂ ᠲᠦᠮᠡᠨ ᠲᠥᠭᠥᠷᠢᠭ᠎ᠤᠨ ᠠᠵᠤ ᠦᠢ᠍ᠯᠡᠳᠪᠦᠷᠢ ᠵᠢᠨ ᠨᠡᠮᠡᠭᠳᠡᠯ ᠥᠷᠲᠡᠭ᠎ᠤᠨ ᠤᠰᠤ ᠬᠡᠷᠡᠭᠯᠡᠬᠦ ᠬᠡᠮᠵᠢᠶ᠎ᠡ ᠵᠢ ᠲᠣᠰᠪᠣᠷᠢ 120 ᠺᠦᠪ ᠮᠸᠲᠷ ᠪᠣᠯᠤᠨ 65 ᠺᠦᠪ ᠮᠸᠲᠷ ᠬᠦᠷᠲᠡᠯ᠎ᠡ ᠪᠠᠭᠤᠷᠠᠭᠤᠯᠵᠤ᠂ ᠤᠳᠤᠬᠢ ᠪᠠᠶ᠋ᠢᠳᠠᠯ᠎ᠠᠴᠠ ᠪᠦᠷ 50%᠎ᠪᠠᠷ ᠪᠠᠭᠤᠷᠠᠭᠤᠯᠤᠨ᠎ᠠ; ᠲᠠᠷᠢᠶᠠᠯᠠᠩ᠎ᠤᠨ ᠤᠰᠤᠯᠠᠯᠲᠠ ᠵᠢᠨ ᠤᠰᠤᠨ᠎ᠤ ᠠᠰᠢᠭᠯᠠᠯᠲᠠ ᠵᠢᠨ ᠢᠯᠡᠳᠬᠡᠮᠵᠢ ᠵᠢ 0.48 ᠪᠠᠶ᠋ᠢᠭᠰᠠᠨ᠎ᠠᠴᠠ᠎ᠪᠠᠨ 0.55 ᠪᠤᠯᠭ᠋ᠠᠨ ᠲᠡᠭᠡᠭᠰᠢᠯᠡᠬᠦᠯᠦᠨ᠎ᠡ; ᠬᠣᠲᠠ ᠵᠢᠨ ᠤᠰᠤ ᠬᠠᠩᠭ᠋ᠠᠬᠤ ᠤᠰᠤᠨ ᠰᠤᠷᠪᠤᠯᠵᠢ ᠵᠢᠨ ᠭᠠᠵᠠᠷ᠎ᠤᠨ ᠤᠰᠤᠨ᠎ᠤ ᠴᠢᠨᠠᠷ᠎ᠢ ᠦᠨᠳᠦᠰᠦᠨ᠎ᠳᠡᠭᠡᠨ ᠪᠠᠷᠢᠮᠵᠢᠶ᠎ᠠ᠎ᠳᠤ ᠬᠦᠷᠭᠡᠵᠦ᠂ ᠭᠣᠣᠯ ᠪᠣᠯᠬᠤ ᠭᠣᠣᠯ ᠮᠥᠷᠡᠨ ᠨᠠᠭᠤᠷ ᠴᠥᠭᠥᠷᠥᠮ᠎ᠤᠨ ᠤᠰᠤᠨ᠎ᠤ ᠴᠢᠳᠠᠮᠵᠢᠲᠤ ᠣᠷᠣᠨ᠎ᠤ ᠤᠰᠤᠨ᠎ᠤ ᠴᠢᠨᠠᠷ᠎ᠤᠨ ᠪᠠᠷᠢᠮᠵᠢᠶ᠎ᠠ᠎ᠳᠤ ᠬᠦᠷᠦᠭᠰᠡᠨ ᠨᠣᠷᠮ᠎ᠠ ᠵᠢ 80% ᠣᠷᠴᠢᠮ᠎ᠳᠤ ᠬᠦᠷᠲᠡᠯ᠎ᠡ ᠳᠡᠭᠡᠭᠰᠢᠯᠡᠭᠦᠯᠦᠨ᠎ᠡ᠃ 2030 ᠣᠨ ᠪᠣᠯᠬᠤ᠎ᠳᠤ ᠪᠦᠬᠦ ᠤᠯᠤᠰ᠎ᠤᠨ ᠤᠰᠤ ᠬᠡᠷᠡᠭᠯᠡᠬᠦ ᠶᠡᠷᠦᠩᠬᠡᠢ ᠬᠡᠮᠵᠢᠶ᠎ᠡ ᠵᠢ 7000 ᠳ᠋ᠦ᠍ᠩᠰᠢᠭᠤᠷ ᠺᠦᠪ ᠮᠸᠲᠷ᠎ᠤᠨ ᠳᠣᠲᠣᠷ᠎ᠠ ᠬᠢᠵᠠᠭ᠋ᠠᠷᠯᠠᠬᠤ᠎ᠪᠠᠷ ᠴᠢᠷᠮᠠᠶ᠋ᠢᠨ᠎ᠠ; ᠪᠦᠬᠦ ᠤᠯᠤᠰ᠎ᠤᠨ ᠲᠦᠮᠡᠨ ᠲᠥᠭᠥᠷᠢᠭ᠎ᠤᠨ ᠤᠯᠤᠰ᠎ᠤᠨ ᠳᠣᠲᠣᠭ᠋ᠠᠳᠤ ᠵᠢᠨ ᠦᠢ᠍ᠯᠡᠳᠪᠦᠷᠢᠯᠡᠯ᠎ᠤᠨ ᠶᠡᠷᠦᠩᠬᠡᠢ ᠥᠷᠲᠡᠭ᠎ᠤᠨ ᠤᠰᠤ ᠬᠡᠷᠡᠭᠯᠡᠬᠦ ᠬᠡᠮᠵᠢᠶ᠎ᠡ᠂ ᠲᠦᠮᠡᠨ ᠲᠥᠭᠥᠷᠢᠭ᠎ᠤᠨ ᠠᠵᠤ ᠦᠢ᠍ᠯᠡᠳᠪᠦᠷᠢ ᠵᠢᠨ ᠨᠡᠮᠡᠭᠳᠡᠯ ᠥᠷᠲᠡᠭ᠎ᠤᠨ ᠤᠰᠤ ᠬᠡᠷᠡᠭᠯᠡᠬᠦ ᠬᠡᠮᠵᠢᠶ᠎ᠡ᠎ᠨᠢ ᠲᠣᠰᠪᠣᠷᠢ 70 ᠺᠦᠪ ᠮᠸᠲᠷ ᠪᠣᠯᠤᠨ 40 ᠺᠦᠪ ᠮᠸᠲᠷ ᠪᠤᠯᠭ᠋ᠠᠨ ᠲᠤᠷᠤᠭᠰᠢᠯᠠᠭᠤᠯᠵᠤ᠂ 2020 ᠣᠨ᠎ᠤ᠎ᠬᠢ᠎ᠠᠴᠠ ᠳᠠᠬᠢᠨ 40%᠎ᠪᠠᠷ ᠪᠠᠭᠤᠷᠠᠭᠤᠯᠤᠨ᠎ᠠ; ᠲᠠᠷᠢᠶᠠᠯᠠᠩ᠎ᠤᠨ ᠤᠰᠤᠯᠠᠯᠲᠠ ᠵᠢᠨ ᠤᠰᠤᠨ᠎ᠤ ᠠᠰᠢᠭᠯᠠᠯᠲᠠ ᠵᠢᠨ ᠢᠯᠡᠳᠬᠡᠮᠵᠢ ᠵᠢ 0.55 ᠪᠠᠶ᠋ᠢᠭᠰᠠᠨ᠎ᠠᠴᠠ᠎ᠪᠠᠨ 0.60 ᠪᠤᠯᠭ᠋ᠠᠨ ᠲᠡᠭᠡᠭᠰᠢᠯᠡᠬᠦᠯᠦᠨ᠎ᠡ; ᠭᠣᠣᠯ ᠮᠥᠷᠡᠨ ᠨᠠᠭᠤᠷ ᠴᠥᠭᠥᠷᠥᠮ᠎ᠤᠨ ᠤᠰᠤᠨ᠎ᠤ ᠴᠢᠳᠠᠮᠵᠢᠲᠤ ᠣᠷᠣᠨ᠎ᠢ ᠦᠨᠳᠦᠰᠦᠨ᠎ᠳᠡᠭᠡᠨ ᠪᠠᠷᠢᠮᠵᠢᠶ᠎ᠠ᠎ᠳᠤ ᠬᠦᠷᠦᠭᠦᠯᠦᠨ᠎ᠡ᠃
《ᠲᠥᠯᠥᠪᠵᠢᠭᠦᠯᠭᠡ》 ᠵᠢᠨ ᠭᠣᠣᠯ ᠡᠭᠦᠷᠭᠡ ᠪᠣᠯ᠄ ᠤᠰᠤ ᠬᠡᠷᠡᠭᠯᠡᠬᠦ ᠶᠡᠷᠦᠩᠬᠡᠢ ᠬᠡᠮᠵᠢᠶ᠎ᠡ ᠵᠢ ᠴᠢᠩᠭ᠎ᠠ ᠬᠢᠵᠠᠭ᠋ᠠᠷᠯᠠᠵᠤ᠂ ᠤᠰᠤᠨ᠎ᠤ ᠡᠬᠢ ᠰᠤᠷᠪᠤᠯᠵᠢ ᠵᠢᠨ ᠬᠡᠳᠦ ᠬᠣᠷᠣᠭᠳᠠᠯ᠎ᠢ ᠬᠤᠷᠢᠭᠯᠠᠨ᠎ᠠ; ᠤᠰᠤ ᠬᠡᠷᠡᠭᠯᠡᠬᠦ ᠲᠣᠭᠲᠠᠭᠰᠠᠨ ᠨᠣᠷᠮ᠎ᠠ ᠵᠢᠨ ᠬᠠᠮᠢᠶᠠᠷᠤᠯᠲᠠ ᠵᠢ ᠴᠢᠩᠭ᠋ᠠᠳᠬᠠᠵᠤ᠂ ᠤᠰᠤ ᠬᠡᠷᠡᠭᠯᠡᠬᠦ ᠦᠷ᠎ᠡ ᠪᠦᠳᠦᠮᠵᠢ ᠪᠠ ᠦᠷ᠎ᠡ ᠠᠰᠢᠭ᠎ᠢ ᠲᠡᠭᠡᠭᠰᠢᠯᠡᠬᠦᠯᠦᠨ᠎ᠡ; ᠤᠰᠤᠨ᠎ᠤ ᠠᠮᠢ ᠠᠬᠤᠢ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢ ᠴᠢᠩᠭ᠋ᠠᠳᠬᠠᠵᠤ᠂ ᠭᠣᠣᠯ ᠨᠠᠭᠤᠷ᠎ᠤᠨ ᠠᠮᠢ ᠠᠬᠤᠢ ᠵᠢᠨ ᠴᠢᠳᠠᠮᠵᠢ ᠵᠢ ᠠᠯᠬᠤᠮ ᠠᠯᠬᠤᠮ ᠵᠶ᠋ᠠᠷ ᠰᠡᠷᠬᠦᠭᠡᠨ᠎ᠡ; ᠤᠰᠤᠨ᠎ᠤ ᠡᠬᠢ ᠪᠠᠶᠠᠯᠢᠭ᠎ᠢ ᠵᠣᠬᠢᠰᠲᠠᠢ ᠲᠣᠬᠢᠷᠠᠭᠤᠯᠵᠤ᠂ ᠣᠷᠣᠨ ᠪᠦᠰᠡ ᠵᠢᠨ ᠤᠰᠤᠨ᠎ᠤ ᠡᠬᠢ ᠪᠠᠶᠠᠯᠢᠭ᠎ᠤᠨ ᠳᠠᠭ᠋ᠠᠭ᠋ᠠᠴᠠ ᠵᠢ ᠳᠡᠭᠡᠭᠰᠢᠯᠡᠭᠦᠯᠦᠨ᠎ᠡ; ᠤᠰᠤ ᠬᠠᠩᠭ᠋ᠠᠬᠤ ᠠᠮᠤᠷ ᠲᠦᠪᠰᠢᠨ᠎ᠤ ᠪᠠᠳᠤᠯᠠᠭ᠎ᠠ ᠵᠢᠨ ᠰᠢᠰᠲ᠋ᠧᠮ᠎ᠢ ᠲᠡᠭᠦᠯᠳᠡᠷᠵᠢᠭᠦᠯᠵᠦ᠂ ᠤᠰᠤᠨ᠎ᠤ ᠡᠬᠢ ᠪᠠᠶᠠᠯᠢᠭ᠎ᠤᠨ ᠠᠵᠤ ᠠᠬᠤᠢ ᠨᠡᠶ᠋ᠢᠭᠡᠮ᠎ᠤᠨ ᠬᠥᠭᠵᠢᠯᠲᠡ ᠵᠢ ᠪᠠᠲᠤᠯᠠᠬᠤ ᠴᠢᠳᠠᠪᠤᠷᠢ ᠵᠢ ᠲᠡᠭᠡᠭᠰᠢᠯᠡᠬᠦᠯᠦᠨ᠎ᠡ; ᠤᠳᠤᠬᠢᠢ᠍ᠴᠯᠠᠭᠰᠠᠨ ᠤᠰᠤᠨ᠎ᠤ ᠡᠬᠢ ᠪᠠᠶᠠᠯᠢᠭ᠎ᠤᠨ ᠬᠠᠮᠢᠶᠠᠷᠤᠯᠲᠠ ᠵᠢᠨ ᠰᠢᠰᠲ᠋ᠧᠮ᠎ᠢ ᠠᠯᠬᠤᠮ ᠠᠯᠬᠤᠮ ᠵᠶ᠋ᠠᠷ ᠲᠡᠭᠦᠯᠳᠡᠷᠵᠢᠭᠦᠯᠵᠦ᠂ ᠤᠰᠤᠨ᠎ᠤ ᠡᠬᠢ ᠪᠠᠶᠠᠯᠢᠭ᠎ᠤᠨ ᠬᠠᠮᠢᠶᠠᠷᠤᠯᠲᠠ ᠵᠢᠨ ᠴᠢᠳᠠᠪᠤᠷᠢ ᠵᠢ ᠪᠥᠬᠥ ᠲᠠᠯ᠎ᠠ᠎ᠪᠠᠷ ᠳᠡᠭᠡᠭᠰᠢᠯᠡᠭᠦᠯᠦᠨ᠎ᠡ᠃
ᠰᠤᠷᠪᠤᠯᠵᠢᠯᠠᠭᠴᠢ᠄ ᠲᠠ《ᠲᠥᠯᠥᠪᠵᠢᠭᠦᠯᠭᠡ》᠎ᠠᠴᠠ ᠮᠠᠨ᠎ᠤ ᠤᠯᠤᠰ᠎ᠤᠨ ᠤᠰᠤᠨ᠎ᠤ ᠡᠬᠢ ᠪᠠᠶᠠᠯᠢᠭ᠎ᠤᠨ ᠬᠠᠩᠭ᠋ᠠᠯᠭ᠎ᠠ ᠬᠡᠷᠡᠭᠴᠡᠭᠡ ᠵᠢᠨ ᠪᠠᠶ᠋ᠢᠳᠠᠯ᠎ᠤᠨ ᠲᠤᠬᠠᠢ ᠵᠠᠳᠠᠯᠤᠯᠲᠠ ᠬᠢᠵᠦ᠂ ᠤᠰᠤᠨ᠎ᠤ ᠡᠬᠢ ᠪᠠᠶᠠᠯᠢᠭ᠎ᠤᠨ ᠶᠡᠷᠦᠩᠬᠡᠢ ᠲᠣᠬᠢᠷᠠᠭᠤᠯᠤᠯᠲᠠ ᠵᠢᠨ ᠪᠠᠶ᠋ᠢᠷᠢᠰᠢᠯ ᠵᠢᠴᠢ ᠨᠡᠭᠡᠭᠡᠨ ᠠᠰᠢᠭᠯᠠᠬᠤ ᠪᠠ ᠠᠷᠪᠢᠯᠠᠨ ᠬᠠᠮᠠᠭ᠋ᠠᠯᠠᠬᠤ ᠲᠠᠯ᠎ᠠ᠎ᠪᠠᠷ ᠶᠠᠮᠠᠷ ᠶᠠᠮᠠᠷ ᠬᠢᠵᠠᠭ᠋ᠠᠷᠯᠠᠬᠤ ᠴᠢᠨᠠᠷᠲᠠᠢ ᠭᠦᠢ᠍ᠴᠡᠳᠬᠡᠯ ᠲᠣᠭ᠎ᠠ ᠳᠤᠷᠠᠳᠤᠭᠰᠠᠨ ᠲᠤᠬᠠᠢ ᠲᠠᠨᠢᠯᠴᠠᠭᠤᠯᠬᠤ ᠪᠤᠯᠪᠠ ᠤᠤ?
ᠵᠢᠶᠤᠤ ᠶᠦᠩ᠄ 《ᠲᠥᠯᠥᠪᠵᠢᠭᠦᠯᠭᠡ》᠎ᠳᠤ ᠮᠠᠨ᠎ᠤ ᠤᠯᠤᠰ᠎ᠤᠨ ᠤᠰᠤᠨ᠎ᠤ ᠡᠬᠢ ᠰᠤᠷᠪᠤᠯᠵᠢ ᠵᠢᠨ ᠬᠠᠩᠭ᠋ᠠᠯᠭ᠎ᠠ ᠬᠡᠷᠡᠭᠴᠡᠭᠡ ᠵᠢᠨ ᠪᠠᠶ᠋ᠢᠳᠠᠯ᠎ᠢ ᠰᠢᠨᠵᠢᠯᠡᠬᠦ ᠤᠬᠠᠭ᠋ᠠᠨᠴᠢ᠎ᠪᠠᠷ ᠵᠠᠳᠠᠯᠵᠤ᠂ ᠮᠠᠨ᠎ᠤ ᠤᠯᠤᠰ᠎ᠤᠨ ᠬᠥᠮᠦᠨ ᠠᠮᠠ ᠵᠢᠨ ᠨᠡᠮᠡᠭᠳᠡᠯ᠂ ᠬᠣᠲᠠ ᠪᠠᠯᠭ᠋ᠠᠰᠤᠵᠢᠯᠲᠠ ᠵᠢᠨ ᠠᠬᠢᠴᠠ ᠪᠣᠯᠤᠨ ᠰᠢᠨ᠎ᠡ ᠬᠥᠳᠡᠭᠡ ᠲᠣᠰᠬᠣᠨ᠎ᠤ ᠪᠦᠲᠦᠭᠡᠨ ᠪᠠᠶ᠋ᠢᠭᠤᠯᠤᠯᠲᠠ ᠵᠢ ᠲᠦᠷᠭᠡᠳᠭᠡᠯ᠂ ᠠᠵᠤ ᠠᠬᠤᠢ ᠵᠢ ᠲᠣᠭᠲᠠᠭᠤᠨ ᠪᠥᠭᠡᠳ ᠨᠡᠯᠢᠶᠡᠳ ᠲᠦᠷᠭᠡᠨ ᠬᠦᠭᠵᠢᠯᠳᠡ᠂ ᠠᠵᠤ ᠠᠬᠤᠢ ᠵᠢᠨ ᠪᠦᠲᠦᠴᠡ ᠵᠢ ᠰᠢᠯᠢᠳᠡᠭᠵᠢᠭᠦᠯᠦᠨ ᠲᠣᠬᠢᠷᠠᠭᠤᠯᠬᠤ ᠪᠠ ᠠᠷᠠᠳ᠎ᠤᠨ ᠠᠮᠢᠳᠤᠷᠠᠯ᠎ᠤᠨ ᠲᠦᠪᠰᠢᠨ ᠡᠳᠦᠷ ᠢᠷᠡᠬᠦᠶ᠎ᠡ ᠲᠡᠭᠡᠭᠰᠢᠯᠡᠬᠦ ᠵᠢ ᠲᠠᠭ᠋ᠠᠯᠳᠤᠨ᠂ ᠢᠷᠡᠭᠡᠳᠦᠢ ᠵᠢᠨ ᠬᠡᠰᠡᠭ ᠬᠤᠭᠤᠴᠠᠭ᠋ᠠᠨ᠎ᠳᠠᠬᠢ ᠤᠰᠤᠨ᠎ᠤ ᠱᠠᠭ᠋ᠠᠷᠳᠠᠯᠭ᠎ᠠ ᠵᠢᠴᠢ ᠪᠠᠲᠤᠯᠠᠭ᠎ᠠ ᠵᠢᠨ ᠴᠢᠳᠠᠪᠤᠷᠢ ᠵᠢᠨ ᠱᠠᠭ᠋ᠠᠷᠳᠠᠯᠭ᠎ᠠ᠎ᠨᠢ ᠲᠠᠰᠤᠷᠠᠯᠳᠠ ᠦᠭᠡᠢ ᠦᠨᠳᠦᠷ ᠪᠤᠯᠵᠤ ᠪᠠᠢ᠌ᠳᠠᠭ᠃ ᠤᠰᠤ ᠠᠷᠪᠢᠯᠠᠬᠤ᠂ ᠤᠰᠤᠨ᠎ᠤ ᠦᠨ᠎ᠡ ᠵᠡᠷᠭᠡ ᠡᠯ᠎ᠡ ᠵᠦᠢ᠍ᠯ᠎ᠤᠨ ᠤᠰᠤ ᠬᠡᠷᠡᠭᠰᠡᠬᠦ ᠨᠥᠯᠥᠭᠡᠯᠡᠬᠦ ᠬᠦᠴᠦᠨ ᠵᠦᠢ᠍ᠯ᠎ᠢ ᠶᠡᠷᠦᠩᠬᠡᠶ᠋ᠢᠯᠡᠨ ᠪᠤᠳᠤᠯᠬᠢᠯᠠᠪᠠᠯ᠂ 2030 ᠣᠨ᠎ᠳᠤ ᠪᠦᠬᠦ ᠤᠯᠤᠰ᠎ᠤᠨ ᠠᠵᠤ ᠠᠬᠤᠢ ᠨᠡᠶ᠋ᠢᠭᠡᠮ᠎ᠤᠨ ᠤᠰᠤ ᠬᠡᠷᠡᠭᠰᠡᠬᠦ ᠶᠡᠷᠦᠩᠬᠡᠢ ᠬᠡᠮᠵᠢᠶ᠎ᠡ᠎ᠨᠢ 7192 ᠳ᠋ᠦ᠍ᠩᠰᠢᠭᠤᠷ ᠺᠦᠪ ᠮᠸᠲᠷ ᠬᠦᠷᠴᠦ᠂ ᠵᠢᠯ᠎ᠤᠨ ᠳᠤᠮᠳᠠᠴᠢ ᠨᠡᠮᠡᠭᠳᠡᠯ᠎ᠤᠨ ᠨᠣᠷᠮ᠎ᠠ ᠵᠢ 0.5%᠎ᠤ ᠳᠣᠲᠣᠷ᠎ᠠ ᠬᠢᠵᠠᠭ᠋ᠠᠷᠯᠠᠬᠤ ᠬᠡᠷᠡᠭᠲᠡᠢ᠃ ᠬᠣᠲᠠ ᠪᠠᠯᠭ᠋ᠠᠰᠤᠨ᠎ᠤ ᠠᠮᠢᠳᠤᠷᠠᠯ ᠪᠠ ᠠᠵᠤ ᠦᠢ᠍ᠯᠡᠳᠪᠦᠷᠢ ᠵᠢᠨ ᠬᠡᠷᠡᠭᠰᠡᠬᠦ ᠤᠰᠤ ᠡᠳᠦᠢ ᠲᠡᠳᠦᠢ ᠨᠡᠮᠡᠭᠳᠡᠵᠦ᠂ ᠵᠢᠯ᠎ᠤᠨ ᠲᠤᠮᠳᠠᠴᠢ ᠨᠡᠮᠡᠭᠳᠡᠯ᠎ᠤᠨ ᠨᠤᠷᠮ᠎ᠠ᠎ᠨᠢ ᠲᠤᠰ ᠪᠦᠷᠢ 2.9%᠂ 0.9% ᠪᠤᠯᠤᠨ᠎ᠠ; ᠲᠠᠷᠢᠶᠠᠯᠠᠩ᠎ᠤᠨ ᠬᠡᠷᠡᠭᠰᠡᠬᠦ ᠤᠰᠤ ᠦᠨᠳᠦᠰᠦᠨ᠎ᠳᠡᠭᠡᠨ ᠲᠣᠭᠲᠠᠪᠤᠷᠢᠲᠠᠢ᠃ ᠢᠷᠡᠭᠡᠳᠦᠢ ᠵᠢᠨ ᠤᠰᠤ ᠬᠡᠷᠡᠭᠯᠡᠬᠦ ᠬᠡᠷᠡᠭᠴᠡᠭᠡ ᠵᠢ ᠬᠠᠩᠭ᠋ᠠᠬᠤ ᠵᠢᠨ ᠲᠥᠯᠥᠭᠡ᠂ ᠣᠳᠣ ᠵᠢᠨ ᠪᠠᠶ᠋ᠢᠭ᠎ᠠ ᠢᠨᠵᠸᠨ᠋ᠸᠷᠢᠩ᠎ᠤᠨ ᠳᠠᠯᠳᠠ ᠬᠦᠴᠦᠨ᠎ᠢ ᠠᠭᠤᠳᠠᠯᠤᠨ ᠰᠢᠨᠵᠢᠯᠡᠬᠦ ᠤᠬᠠᠭ᠋ᠠᠨᠴᠢ ᠲᠣᠬᠢᠷᠠᠭᠤᠯᠤᠯᠲᠠ ᠬᠢᠬᠦ᠂ ᠴᠢᠬᠤᠯᠠ ᠪᠦᠬᠦᠢ ᠤᠰᠤᠨ ᠰᠤᠷᠪᠤᠯᠵᠢ ᠵᠢᠨ ᠢᠨᠵᠸᠨ᠋ᠸᠷᠢᠩ᠎ᠢ ᠰᠢᠨ᠎ᠡ᠎ᠪᠠᠷ ᠪᠠᠢ᠌ᠭᠤᠯᠬᠤ᠂ ᠭᠠᠵᠠᠷ ᠳᠣᠣᠷᠠᠬᠢ ᠤᠰᠤ ᠵᠢ ᠵᠣᠬᠢᠰᠲᠠᠢ ᠠᠰᠢᠭᠯᠠᠬᠤ᠂ ᠬᠡᠪ᠎ᠤᠨ ᠪᠤᠰᠤ ᠤᠰᠤᠨ᠎ᠤ ᠡᠬᠢ ᠰᠤᠷᠪᠤᠯᠵᠢ ᠵᠢᠨ ᠠᠰᠢᠭᠯᠠᠯᠳᠠ ᠵᠢ ᠨᠡᠮᠡᠭᠳᠡᠬᠦᠯᠬᠦ ᠵᠡᠷᠭᠡ ᠠᠷᠭ᠎ᠠ ᠬᠡᠮᠵᠢᠶ᠎ᠡ ᠠᠪᠬᠤ ᠵᠢ ᠶᠡᠷᠦᠩᠬᠡᠢ᠌ᠯᠡᠨ ᠪᠤᠳᠤᠯᠬᠢᠯᠠᠵᠤ᠂ 2030 ᠣᠨ ᠪᠣᠯᠬᠤ᠎ᠳᠤ ᠪᠦᠬᠦ ᠤᠯᠤᠰ᠎ᠤᠨ ᠣᠯᠠᠨ ᠵᠢᠯ᠎ᠤᠨ ᠳᠤᠮᠳᠠᠴᠢ ᠶᠡᠷᠦᠩᠬᠡᠢ ᠤᠰᠤᠨ᠎ᠤ ᠬᠠᠩᠭ᠋ᠠᠬᠤ ᠬᠡᠮᠵᠢᠶ᠎ᠡ ᠵᠢ 7113 ᠳ᠋ᠦ᠍ᠩᠰᠢᠭᠤᠷ ᠺᠦᠪ ᠮᠸᠲᠷ᠎ᠲᠤ ᠬᠦᠷᠭᠡᠵᠦ᠂ ᠮᠠᠨ᠎ᠤ ᠤᠯᠤᠰ᠎ᠤᠨ ᠤᠰᠤᠨ᠎ᠤ ᠡᠬᠢ ᠪᠠᠶᠠᠯᠢᠭ᠎ᠤᠨ ᠬᠠᠩᠭ᠋ᠠᠯᠭ᠎ᠠ ᠬᠡᠷᠡᠭᠴᠡᠭᠡ ᠵᠢᠨ ᠲᠡᠩᠴᠡᠪᠤᠷᠢ ᠵᠢ ᠦᠨᠳᠦᠰᠦᠨ᠎ᠳᠡᠭᠡᠨ ᠪᠡᠶᠡᠯᠡᠬᠦᠯᠦᠨ᠎ᠡ᠃ ᠤᠮᠠᠷᠠᠲᠤ ᠣᠷᠣᠨ᠎ᠤ ᠵᠢᠯ᠎ᠤᠨ ᠲᠤᠮᠳᠠᠴᠢ ᠤᠷᠤᠰᠬᠠᠯ᠎ᠤᠨ ᠬᠡᠮᠵᠢᠶ᠎ᠡ᠂ ᠡᠮᠦᠨᠡᠲᠦ ᠣᠷᠣᠨ᠎ᠤ ᠳᠤᠮᠳᠠ ᠵᠡᠷᠭᠡ ᠵᠢᠨ ᠭᠠᠩ ᠬᠠᠭᠰᠠᠷᠠᠭ᠋ᠠᠨ᠎ᠤ ᠵᠢᠯ᠎ᠳᠤ ᠤᠰᠤ ᠲᠤᠳᠠᠭᠳᠠᠬᠤ ᠦᠭᠡᠢ ᠪᠠᠢ᠌ᠬᠤ ᠵᠢ ᠦᠨᠳᠦᠰᠦᠨ᠎ᠳᠡᠭᠡᠨ ᠪᠠᠳᠤᠯᠠᠵᠤ᠂ ᠣᠨᠴᠠᠭ᠋ᠠᠢ ᠭᠠᠩ ᠬᠠᠭᠰᠠᠷᠠᠭ᠋ᠠᠨ ᠲᠠᠢ ᠵᠢᠯ ᠤᠨ ᠠᠵᠤ ᠠᠬᠤᠢ ᠨᠡᠶ᠋ᠢᠭᠡᠮ᠎ᠤᠨ ᠬᠥᠭᠵᠢᠯᠲᠡ᠎ᠳᠤ ᠤᠰᠤ ᠳᠤᠲᠠᠭᠳᠠᠭᠰᠠᠨ᠎ᠠᠴᠠ ᠪᠣᠯᠵᠤ ᠨᠥᠯᠥᠭᠡᠯᠡᠭᠳᠡᠬᠦ ᠥᠬᠡᠢ ᠪᠠᠶ᠋ᠢᠬᠤ ᠵᠢ ᠦᠨᠳᠦᠰᠦᠨ᠎ᠳᠡᠭᠡᠨ ᠪᠠᠲᠤᠯᠠᠨ᠎ᠠ᠃
《ᠲᠥᠯᠥᠪᠵᠢᠭᠦᠯᠭᠡ》ᠵᠢᠨ ᠭᠣᠣᠯ ᠠᠭᠤᠯᠭ᠎ᠠ᠎ᠨᠢ ᠤᠰᠤᠨ᠎ᠤ ᠡᠬᠢ ᠪᠠᠶᠠᠯᠢᠭ᠎ᠤᠨ ᠶᠡᠷᠦᠩᠬᠡᠢ ᠲᠤᠬᠢᠷᠠᠭᠤᠯᠤᠯᠳᠠ ᠪᠠᠶ᠋ᠢᠷᠢᠰᠢᠯ᠎ᠢ ᠪᠠᠢ᠌ᠭᠤᠯᠵᠤ᠂ ᠪᠦᠬᠦ ᠠᠵᠢᠯ ᠲᠥᠷᠥᠯ ᠪᠣᠯᠤᠨ ᠪᠦᠬᠦ ᠮᠣᠵᠢ᠂ ᠥᠪᠡᠷᠲᠡᠭᠡᠨ ᠵᠠᠰᠠᠬᠤ ᠣᠷᠣᠨ᠂ ᠰᠢᠭᠤᠳ ᠬᠠᠷᠢᠶ᠎ᠠ ᠬᠣᠲᠠ ᠵᠢᠨ 2030 ᠣᠨ ᠬᠦᠷᠲᠡᠯᠡᠬᠢ ᠤᠰᠤ ᠬᠡᠷᠡᠭᠯᠡᠬᠦ ᠳᠡᠭᠡᠳᠦ ᠬᠢᠵᠠᠭ᠋ᠠᠷ᠎ᠢ ᠲᠤᠭᠳᠠᠭ᠋ᠠᠵᠤ᠂ ᠤᠯᠤᠰ᠎ᠤᠨ ᠭᠤᠤᠯ ᠪᠤᠯᠬᠤ ᠮᠦᠷᠡᠨ ᠭᠤᠤᠯ᠎ᠤᠨ ᠤᠰᠤᠨ᠎ᠤ ᠬᠡᠮᠵᠢᠶ᠎ᠡ ᠵᠢ ᠬᠤᠪᠢᠶᠠᠷᠢᠯᠠᠬᠤ ᠲᠦᠯᠦᠪᠵᠢᠬᠦᠯᠭᠡ᠎ᠳᠤ ᠦᠨᠳᠦᠰᠦᠯᠡᠯ ᠬᠠᠩᠭ᠋ᠠᠨ᠎ᠠ᠃ ᠵᠢᠱ᠌ᠢᠶᠡᠯᠡᠪᠡᠯ᠂ ᠮᠠᠨ᠎ᠤ ᠤᠯᠤᠰ᠎ᠤᠨ ᠤᠰᠤᠨ᠎ᠤ ᠡᠬᠢ ᠪᠠᠶᠠᠯᠢᠭ᠎ᠤᠨ ᠠᠵᠤ ᠠᠬᠤᠢ ᠨᠡᠶ᠋ᠢᠭᠡᠮ᠎ᠤᠨ ᠰᠢᠰᠲ᠋ᠧᠮ ᠪᠣᠯᠤᠨ ᠠᠮᠢ ᠠᠬᠤᠢ ᠤᠷᠴᠢᠨ ᠲᠤᠭᠤᠷᠢᠨ᠎ᠤ ᠰᠢᠰᠲ᠋ᠧᠮ᠎ᠤᠨ ᠬᠣᠭᠣᠷᠣᠨᠳᠣ ᠬᠡᠷᠡᠭᠯᠡᠬᠦ ᠤᠰᠤᠨ᠎ᠤ ᠬᠠᠷᠢᠴᠠᠯ᠎ᠢ ᠲᠥᠯᠥᠪᠯᠡᠵᠦ᠂ ᠠᠵᠤ ᠠᠬᠤᠢ ᠨᠡᠶ᠋ᠢᠭᠡᠮ᠎ᠤᠨ ᠬᠦᠭᠵᠢᠯᠳᠡ᠎ᠳᠤ ᠬᠡᠷᠡᠭᠯᠡᠬᠦ ᠤᠰᠤ ᠵᠢ ᠬᠠᠩᠭ᠋ᠠᠬᠤ ᠵᠢᠨ ᠵᠡᠷᠭᠡᠴᠡᠭᠡ ᠭᠣᠣᠯ᠎ᠤᠨ ᠭᠤᠯᠳᠤᠷᠢᠯ᠎ᠤᠨ ᠣᠷᠴᠢᠨ ᠲᠣᠭᠣᠷᠢᠨ᠎ᠤᠨ ᠤᠰᠤᠨ᠎ᠤ ᠬᠡᠮᠵᠢᠶ᠎ᠡ ᠵᠢ ᠪᠠᠳᠤᠯᠠᠬᠤ ᠬᠡᠷᠡᠭᠲᠡᠢ ᠪᠠᠢ᠌ᠵᠤ᠂ ᠭᠤᠤᠯ ᠮᠦᠷᠡᠨ᠎ᠤ ᠡᠷᠡᠬᠦᠯ ᠮᠡᠨᠳᠦ ᠵᠢ ᠬᠠᠮᠠᠭ᠋ᠠᠯᠠᠨ᠎ᠠ; ᠠᠳᠠᠯᠢ ᠪᠤᠰᠤ ᠰᠠᠪᠠ ᠭᠠᠵᠠᠷ ᠪᠣᠯᠤᠨ ᠣᠷᠣᠨ ᠪᠦᠰᠡ ᠵᠢᠨ ᠬᠣᠭᠣᠷᠣᠨᠳᠣᠬᠢ ᠵᠢᠴᠢ ᠠᠳᠠᠯᠢ ᠪᠤᠰᠤ ᠤᠰᠤᠨ᠎ᠤ ᠠᠵᠢᠯ ᠲᠥᠷᠥᠯ᠎ᠤᠨ ᠬᠣᠭᠣᠷᠣᠨᠳᠣᠬᠢ ᠤᠰᠤ ᠬᠡᠷᠡᠭᠯᠡᠬᠦ ᠬᠡᠮᠵᠢᠶ᠎ᠡ ᠵᠢ ᠵᠦᠢ ᠵᠣᠬᠢᠰᠲᠠᠢ ᠬᠤᠪᠢᠶᠠᠷᠢᠯᠠᠵᠤ᠂ ᠡᠯ᠎ᠡ ᠭᠠᠵᠠᠷ ᠣᠷᠣᠨ᠂ ᠡᠯ᠎ᠡ ᠠᠵᠢᠯ ᠲᠥᠷᠥᠯ᠎ᠤᠨ ᠤᠰᠤ ᠬᠡᠷᠡᠭᠯᠡᠬᠦ ᠳᠡᠭᠡᠳᠦ ᠬᠢᠵᠠᠭ᠋ᠠᠷ᠎ᠤᠨ ᠭᠦᠢ᠍ᠴᠡᠳᠬᠡᠬᠦ ᠲᠣᠭ᠎ᠠ ᠵᠢ ᠲᠤᠭᠳᠠᠭ᠋ᠠᠬᠤ ᠬᠡᠷᠡᠭᠲᠡᠢ᠃ 2030 ᠣᠨ ᠪᠤᠯᠬᠤ᠎ᠳᠤ᠂ ᠪᠦᠬᠦ ᠤᠯᠤᠰ᠎ᠤᠨ ᠠᠵᠤ ᠠᠬᠤᠢ ᠨᠡᠶ᠋ᠢᠭᠡᠮ᠎ᠤᠨ ᠬᠡᠷᠡᠭᠯᠡᠬᠦ ᠤᠰᠤᠨ᠎ᠤ ᠬᠡᠮᠵᠢᠶ᠎ᠡ ᠵᠢ 7113 ᠳ᠋ᠦᠩᠰᠢᠭᠤᠷ ᠺᠦᠪ ᠮᠸᠲᠷ ᠪᠠᠶ᠋ᠢᠯᠭ᠋ᠠᠬᠤ᠎ᠪᠠᠷ ᠲᠦᠯᠦᠪᠯᠡᠵᠦ᠂ ᠡᠨᠡ᠎ᠨᠢ ᠪᠦᠬᠦ ᠤᠯᠤᠰ᠎ᠤᠨ ᠤᠰᠤᠨ᠎ᠤ ᠡᠬᠢ ᠪᠠᠶᠠᠯᠢᠭ᠎ᠤᠨ ᠶᠡᠷᠦᠩᠬᠡᠢ ᠬᠡᠮᠵᠢᠶᠡᠨ᠎ᠤ 25 ᠬᠤᠪᠢ ᠵᠢ ᠡᠵᠡᠯᠡᠬᠦ ᠪᠣᠯᠤᠨ᠎ᠠ; ᠨᠤᠭᠤᠯᠤᠨ ᠪᠣᠳᠣᠭᠰᠠᠨ ᠤᠰᠤᠨ᠎ᠤ ᠡᠬᠢ ᠪᠠᠶᠠᠯᠢᠭ᠎ᠤᠨ ᠬᠤᠷᠤᠭᠳᠠᠯ᠎ᠤᠨ ᠬᠡᠮᠵᠢᠶ᠎ᠡ᠎ᠨᠢ 4610 ᠳ᠋ᠦᠩᠰᠢᠭᠤᠷ ᠺᠦᠪ ᠮᠸᠲᠷ ᠪᠠᠢ᠌ᠵᠤ᠂ ᠪᠦᠬᠦ ᠤᠯᠤᠰ᠎ᠤᠨ ᠤᠰᠤᠨ᠎ᠤ ᠡᠬᠢ ᠪᠠᠶᠠᠯᠢ᠊ᠤᠨ ᠶᠡᠷᠦᠩᠬᠡᠢ ᠬᠡᠮᠵᠢᠶᠡᠨ᠎ᠤ 57 ᠬᠤᠪᠢ ᠵᠢ ᠡᠵᠡᠯᠡᠵᠦ᠂ ᠢᠷᠡᠭᠡᠳᠦᠢ ᠵᠢᠨ ᠤᠰᠤᠨ᠎ᠤ ᠡᠬᠢ ᠪᠠᠶᠠᠯᠢᠭ᠎ᠤᠨ ᠪᠠᠢ᠌ᠯᠳᠤᠬᠤ ᠪᠤᠳᠤᠯᠭ᠎ᠠ ᠵᠢᠨ ᠨᠥᠭᠡᠴᠡ᠎ᠳᠤ ᠲᠣᠬᠢᠷᠠᠮᠵᠢᠲᠠᠢ ᠤᠷᠤᠨ ᠵᠠᠢ ᠦᠯᠡᠳᠡᠭᠡᠵᠦ ᠦᠭᠬᠦᠨ᠎ᠡ᠃ ᠬᠣᠲᠠ ᠪᠠᠯᠭ᠋ᠠᠰᠤ ᠪᠣᠯᠤᠨ ᠬᠥᠳᠡᠭᠡ ᠲᠣᠰᠬᠣᠨ᠎ᠤ ᠤᠰᠤ ᠲᠣᠬᠢᠷᠠᠭᠤᠯᠬᠤ ᠬᠠᠷᠢᠴᠠᠯ᠎ᠢ ᠣᠳᠣ ᠵᠢᠨ 31᠄ 69᠎ᠠᠴᠠ 37᠄ 63 ᠪᠣᠯᠭ᠋ᠠᠨ ᠲᠤᠬᠢᠷᠠᠭᠤᠯᠤᠨ᠎ᠠ; ᠬᠣᠲᠠ ᠬᠥᠳᠡᠭᠡ ᠵᠢᠨ ᠠᠮᠢᠳᠤᠷᠠᠯ᠎ᠤᠨ ᠲᠣᠬᠢᠷᠠᠭᠤᠯᠤᠯᠲᠠ ᠵᠢᠨ ᠤᠰᠤᠨ᠎ᠤ ᠬᠡᠮᠵᠢᠶ᠎ᠡ ᠵᠢ ᠣᠳᠣ ᠵᠢᠨ ᠪᠠᠶ᠋ᠢᠭ᠎ᠠ 633 ᠳ᠋ᠦ᠍ᠩᠰᠢᠭᠤᠷ ᠺᠦᠪ ᠮᠸᠲᠷ᠎ᠠᠴᠠ 1021 ᠳ᠋ᠦ᠍ᠩᠰᠢᠭᠤᠷ ᠺᠦᠪ ᠮᠸᠲᠷ ᠪᠤᠯᠭ᠋ᠠᠨ ᠨᠡᠮᠡᠭᠳᠡᠬᠦᠯᠵᠦ᠂ ᠬᠥᠮᠦᠨ ᠠᠮᠠ ᠵᠢᠨ ᠦᠰᠦᠯᠳᠡ ᠪᠣᠯᠤᠨ ᠬᠣᠲᠠᠴᠢᠯᠠᠯᠲᠠ ᠵᠢᠨ ᠬᠥᠭᠵᠢᠯᠲᠡ ᠵᠢᠨ ᠤᠰᠤ ᠬᠡᠷᠡᠭᠯᠡᠬᠦ ᠬᠡᠷᠡᠭᠴᠡᠭᠡ ᠵᠢ ᠦᠨᠳᠦᠰᠦᠨ᠎ᠳᠡᠭᠡᠨ ᠬᠠᠩᠭ᠋ᠠᠨ᠎ᠠ; ᠪᠦᠬᠦ ᠤᠯᠤᠰ᠎ᠤᠨ ᠠᠵᠤ ᠦᠢ᠍ᠯᠡᠳᠪᠦᠷᠢ ᠵᠢᠨ ᠦᠢ᠍ᠯᠡᠳᠪᠦᠷᠢᠯᠡᠯ᠎ᠤᠨ ᠲᠣᠬᠢᠷᠠᠭᠤᠯᠤᠯᠲᠠ ᠵᠢᠨ ᠤᠰᠤᠨ᠎ᠤ ᠬᠡᠮᠵᠢᠶ᠎ᠡ ᠵᠢ ᠣᠳᠣ ᠵᠢᠨ 1397 ᠳ᠋ᠦ᠍ᠩᠰᠢᠭᠤᠷ ᠺᠦᠪ ᠮᠸᠲᠷ᠎ᠠᠴᠠ 1718 ᠳ᠋ᠦ᠍ᠩᠰᠢᠭᠤᠷ ᠺᠦᠪ ᠮᠸᠲᠷ ᠬᠦᠷᠲᠡᠯ᠎ᠡ ᠨᠡᠮᠡᠭᠳᠡᠬᠦᠯᠵᠦ᠂ ᠠᠵᠤ ᠦᠢ᠍ᠯᠡᠳᠪᠦᠷᠢ ᠵᠢᠨ ᠤᠰᠤ ᠠᠷᠪᠢᠯᠠᠬᠤ ᠵᠢ ᠶᠡᠬᠡ᠎ᠪᠠᠷ ᠴᠢᠩᠭ᠋ᠠᠳᠬᠠᠭᠰᠠᠨ ᠰᠠᠭᠤᠷᠢᠨ ᠳᠡᠭᠡᠷ᠎ᠡ ᠰᠢᠨ᠎ᠡ ᠬᠡᠯᠪᠡᠷᠢ ᠵᠢᠨ ᠠᠵᠤ ᠦᠢ᠍ᠯᠡᠳᠪᠦᠷᠢᠵᠢᠯᠲᠡ ᠵᠢᠨ ᠬᠥᠭᠵᠢᠯᠲᠡ ᠵᠢ ᠪᠡᠶᠡᠯᠡᠭᠦᠯᠬᠦ ᠤᠰᠤᠨ᠎ᠤ ᠬᠡᠷᠡᠭᠴᠡᠭᠡ ᠵᠢ ᠦᠨᠳᠦᠰᠦᠨ᠎ᠳᠡᠭᠡᠨ ᠬᠠᠩᠭ᠋ᠠᠨ᠎ᠠ; ᠭᠠᠵᠠᠷ ᠲᠠᠷᠢᠶᠠᠯᠠᠩ᠎ᠤᠨ ᠤᠰᠤᠯᠠᠯᠲᠠ ᠵᠢ ᠪᠠᠲᠤᠯᠠᠬᠤ ᠨᠣᠷᠮ᠎ᠠ ᠵᠢ ᠳᠡᠭᠡᠭᠰᠢᠯᠡᠭᠦᠯᠬᠦ ᠵᠢᠨ ᠲᠥᠯᠥᠭᠡ ᠪᠦᠬᠦ ᠤᠯᠤᠰ᠎ᠤᠨ ᠲᠠᠷᠢᠶᠠᠯᠠᠩ᠎ᠤᠨ ᠤᠰᠤ ᠲᠣᠬᠢᠷᠠᠭᠤᠯᠬᠤ ᠬᠡᠮᠵᠢᠶ᠎ᠡ ᠵᠢ ᠣᠳᠣᠬᠢ ᠪᠠᠶ᠋ᠢᠳᠠᠯ᠎ᠤᠨ 3707 ᠳ᠋ᠦ᠍ᠩᠰᠢᠭᠤᠷ ᠺᠦᠪ ᠮᠸᠲᠷ᠎ᠠᠴᠠ 4078 ᠳ᠋ᠦ᠍ᠩᠰᠢᠭᠤᠷ ᠺᠦᠪ ᠮᠸᠲᠷ ᠪᠣᠯᠭ᠋ᠠᠨ ᠨᠡᠮᠡᠭᠳᠡᠬᠦᠯᠵᠦ᠂ ᠲᠠᠷᠢᠶᠠᠯᠠᠩ᠎ᠤᠨ ᠥᠨᠳᠥᠷ ᠦᠷ᠎ᠡ ᠠᠰᠢᠭᠲᠠᠢ ᠤᠰᠤ ᠠᠷᠪᠢᠯᠠᠬᠤ ᠵᠢ ᠶᠡᠬᠡᠪᠡᠷ ᠬᠥᠭᠵᠢᠭᠦᠯᠦᠭᠰᠡᠨ ᠰᠠᠭᠤᠷᠢᠨ ᠳᠡᠭᠡᠷ᠎ᠡ ᠠᠮᠤ ᠪᠤᠳᠠᠭ᠋ᠠᠨ᠎ᠤ ᠠᠶᠤᠯᠬᠦᠢ ᠦᠢ᠍ᠯᠡᠳᠪᠦᠷᠢᠯᠡᠯ᠎ᠤᠨ ᠤᠰᠤ ᠬᠡᠷᠡᠭᠯᠡᠬᠦ ᠬᠡᠷᠡᠭᠴᠡᠭᠡ ᠵᠢ ᠦᠨᠳᠦᠰᠦᠨ᠎ᠳᠡᠭᠡᠨ ᠪᠠᠲᠤᠯᠠᠨ᠎ᠠ᠃ ᠰᠢᠨ᠎ᠡ᠎ᠪᠠᠷ ᠨᠡᠮᠡᠭᠳᠡᠭᠰᠡᠨ ᠤᠰᠤᠨ᠎ᠤ ᠬᠠᠩᠭ᠋ᠠᠯᠲᠠ ᠵᠢᠨ 40% ᠵᠢ ᠰᠢᠭᠤᠳ ᠠᠮᠢ ᠠᠬᠤᠢ ᠵᠢᠨ ᠬᠠᠮᠠᠭ᠋ᠠᠯᠠᠯᠲᠠ ᠪᠠ ᠰᠡᠷᠬᠦᠭᠡᠯᠳᠡ᠎ᠳᠤ ᠬᠡᠷᠡᠭᠯᠡᠬᠦ ᠵᠢᠨ ᠬᠠᠮᠳᠤ ᠠᠮᠢ ᠠᠬᠤᠢ ᠣᠷᠴᠢᠨ ᠲᠣᠭᠣᠷᠢᠨ᠎ᠤ ᠪᠦᠲᠦᠭᠡᠨ ᠪᠠᠶ᠋ᠢᠭᠤᠯᠤᠯᠲᠠ᠎ᠳᠤ ᠬᠡᠷᠡᠭᠯᠡᠬᠦ ᠤᠰᠤ ᠵᠢ ᠨᠡᠮᠡᠭᠳᠡᠭᠦᠯᠦᠨ᠎ᠡ᠃
《ᠲᠥᠯᠥᠪᠵᠢᠭᠦᠯᠭᠡ》᠎ᠳᠤ ᠬᠥᠭᠵᠢᠭᠦᠯᠵᠦ ᠠᠰᠢᠭᠯᠠᠬᠤ ᠪᠣᠯᠤᠨ ᠭᠠᠮᠨᠠᠨ ᠬᠠᠮᠠᠭ᠋ᠠᠯᠠᠬᠤ ᠰᠢᠷᠢᠰ ᠬᠢᠵᠠᠭ᠋ᠠᠷᠯᠠᠬᠤ ᠴᠢᠨᠠᠷᠲᠠᠢ ᠵᠢᠭ᠋ᠠᠯᠳᠠ ᠲᠤᠭ᠎ᠠ ᠵᠢ ᠳᠤᠷᠠᠳᠤᠨ ᠭᠠᠷᠭ᠋ᠠᠵᠤ᠂ ᠤᠰᠤᠨ᠎ᠤ ᠡᠬᠢ ᠪᠠᠶᠠᠯᠢᠭ᠎ᠢ ᠠᠰᠢᠭᠯᠠᠵᠤ ᠪᠣᠯᠬᠤ ᠨᠡᠶ᠋ᠢᠲᠡ ᠬᠡᠮᠵᠢᠶ᠎ᠡ ᠶᠤᠰᠤᠭ᠋ᠠᠷ ᠶᠡᠷᠦᠩᠬᠡᠢ ᠬᠡᠮᠵᠢᠶ᠎ᠡ ᠵᠢ ᠬᠢᠵᠠᠭ᠋ᠠᠷᠯᠠᠵᠤ᠂ ᠭᠣᠣᠯ ᠮᠥᠷᠡᠨ᠎ᠤ ᠠᠮᠢ ᠠᠬᠤᠢ ᠣᠷᠴᠢᠨ ᠲᠣᠭᠣᠷᠢᠨ᠎ᠤ ᠤᠰᠤ ᠬᠡᠷᠡᠭᠯᠡᠬᠦ ᠱᠠᠭ᠋ᠠᠷᠳᠠᠯᠭ᠎ᠠ ᠵᠢ ᠦᠨᠳᠦᠰᠦᠯᠡᠨ ᠤᠭᠳᠤᠯᠤᠭ᠋ᠠᠰᠤ ᠵᠢᠨ ᠤᠰᠤᠨ᠎ᠤ ᠬᠡᠮᠵᠢᠶ᠎ᠡ ᠵᠢ ᠬᠢᠵᠠᠭ᠋ᠠᠷᠯᠠᠵᠤ᠂ ᠤᠰᠤ ᠠᠷᠪᠢᠯᠠᠬᠤ ᠬᠡᠯᠪᠡᠷᠢ ᠵᠢᠨ ᠨᠡᠢ᠌ᠭᠡᠮ᠎ᠢ ᠪᠦᠳᠦᠭᠡᠨ ᠪᠠᠢ᠌ᠭᠤᠯᠬᠤ ᠱᠠᠭ᠋ᠠᠷᠳᠠᠯᠭ᠎ᠠ ᠶᠤᠰᠤᠭ᠋ᠠᠷ ᠬᠡᠷᠡᠭᠯᠡᠬᠦ ᠤᠰᠤᠨ᠎ᠤ ᠬᠡᠮᠵᠢᠶ᠎ᠠ ᠵᠢ ᠬᠢᠵᠠᠭ᠋ᠠᠷᠯᠠᠵᠤ᠂ ᠤᠰᠤᠨ ᠪᠦᠰᠡ ᠵᠢᠨ ᠪᠤᠬᠢᠷᠳᠤᠯ ᠠᠭᠤᠯᠬᠤ ᠴᠢᠳᠠᠮᠵᠢ ᠵᠢ ᠦᠨᠳᠦᠰᠦᠯᠡᠨ ᠭᠤᠤᠯ᠎ᠳᠤ ᠴᠢᠳᠬᠤᠬᠤ ᠪᠤᠬᠢᠷᠳᠤᠯ᠎ᠤᠨ ᠶᠡᠷᠦᠩᠬᠡᠢ ᠬᠡᠮᠵᠢᠶ᠎ᠡ ᠵᠢ ᠬᠢᠵᠠᠭ᠋ᠠᠷᠯᠠᠵᠤ᠂ ᠬᠤᠢ᠌ᠰᠢᠳᠠ ᠵᠢᠨ ᠬᠡᠰᠡᠭ ᠬᠤᠭᠤᠴᠠᠭ᠋ᠠᠨ᠎ᠳᠠᠬᠢ ᠤᠯᠤᠰ᠎ᠤᠨ ᠤᠰᠤᠨ᠎ᠤ ᠡᠬᠢ ᠪᠠᠶᠠᠯᠢᠭ᠎ᠤᠨ ᠲᠤᠬᠢᠷᠠᠭᠤᠯᠤᠯᠳᠠ᠂ ᠠᠷᠪᠢᠯᠠᠯᠳᠠ ᠪᠠ ᠬᠠᠮᠠᠭ᠋ᠠᠯᠠᠯᠳᠠ᠎ᠳᠤ ᠴᠢᠬᠤᠯᠠ ᠪᠦᠬᠦᠢ ᠦᠨᠳᠦᠰᠦᠯᠡᠯ ᠬᠠᠩᠭ᠋ᠠᠨ᠎ᠠ᠃
ᠰᠤᠷᠪᠤᠯᠵᠢᠯᠠᠭᠴᠢ᠄《ᠲᠥᠯᠥᠪᠵᠢᠭᠦᠯᠭᠡ》᠎ᠨᠢ ᠤᠰᠤᠨ᠎ᠤ ᠪᠠᠶᠠᠯᠢᠭ᠎ᠢ ᠲᠣᠬᠢᠷᠠᠭᠤᠯᠬᠤ ᠴᠢᠬᠤᠯᠠ ᠲᠥᠰᠦᠯ᠎ᠤᠨ ᠶᠡᠷᠦᠩᠬᠡᠢ ᠪᠠᠶ᠋ᠢᠷᠢᠯᠠᠭᠤᠯᠤᠯᠲᠠ ᠵᠢ ᠰᠤᠳᠤᠯᠤᠨ ᠨᠤᠲᠠᠯᠠᠭ᠋ᠠᠳ᠂ ᠤᠰᠤᠨ᠎ᠤ ᠡᠬᠢ ᠪᠠᠶᠠᠯᠢᠭ᠎ᠢ ᠵᠤᠬᠢᠰᠳᠠᠢ ᠲᠣᠬᠢᠷᠠᠭᠤᠯᠬᠤ᠎ᠳᠤ ᠠᠰᠢᠭᠲᠠᠢ ᠬᠠᠮᠢᠶᠠᠷᠤᠯᠳᠠ ᠵᠢᠨ ᠠᠷᠭ᠎ᠠ ᠬᠡᠮᠵᠢᠶ᠎ᠡ ᠵᠢ ᠲᠤᠷᠠᠳᠤᠭᠰᠠᠨ ᠪᠠᠢ᠌ᠨ᠎ᠠ᠂ ᠲᠡᠷᠡ᠎ᠨᠢ ᠭᠣᠣᠯᠳᠠᠭᠤ ᠶᠠᠮᠠᠷ ᠶᠠᠮᠠᠷ ᠠᠭᠤᠯᠭ᠎ᠠ᠎ᠲᠠᠢ ᠪᠣᠢ?
ᠵᠢᠶᠤᠤ ᠶᠦᠩ᠄《ᠲᠥᠯᠥᠪᠵᠢᠭᠦᠯᠭᠡ》᠎ᠨᠢ ᠤᠰᠤ ᠠᠷᠪᠢᠯᠠᠬᠤ ᠵᠢ ᠴᠢᠩᠭ᠋ᠠᠳᠬᠠᠭᠰᠠᠨ ᠤᠷᠢᠳᠠᠯ ᠳᠣᠣᠷ᠎ᠠ᠂ ᠤᠰᠤᠨ᠎ᠤ ᠡᠬᠢ ᠪᠠᠶᠠᠯᠢᠭ᠎ᠢ ᠲᠣᠬᠢᠷᠠᠭᠤᠯᠤᠭᠰᠠᠨ ᠦᠷ᠎ᠡ ᠪᠦᠲᠦᠭᠡᠯ᠎ᠢ ᠦᠨᠳᠦᠰᠦᠯᠡᠨ᠂ ᠲᠤᠬᠠᠢ ᠵᠢᠨ ᠭᠠᠵᠠᠷ᠎ᠤᠨ ᠪᠠᠶ᠋ᠢᠳᠠᠯ᠎ᠳᠤᠨᠢ ᠲᠣᠬᠢᠷᠠᠭᠤᠯᠤᠨ᠂ ᠭᠤᠤᠯᠳᠠᠯᠭ᠎ᠠ ᠵᠢ᠎ᠨᠢ ᠲᠤᠪᠤᠢ᠌ᠯᠭ᠋ᠠᠵᠤ᠂ ᠦᠷ᠎ᠡ ᠠᠰᠢᠭ᠎ᠢ᠎ᠨᠢ ᠴᠢᠬᠤᠯᠠᠴᠢᠯᠠᠬᠤ ᠵᠠᠷᠴᠢᠮ ᠶᠤᠰᠤᠭ᠋ᠠᠷ ᠤᠰᠤᠨ᠎ᠤ ᠡᠬᠢ ᠪᠠᠶᠠᠯᠢᠭ᠎ᠢ ᠲᠣᠬᠢᠷᠠᠭᠤᠯᠬᠤ ᠢᠨᠵᠸᠨ᠋ᠸᠷᠢᠩ᠎ᠤᠨ ᠪᠦᠲᠦᠭᠡᠨ ᠪᠠᠶ᠋ᠢᠭᠤᠯᠤᠯᠲᠠ ᠵᠢ ᠰᠢᠨᠵᠢᠯᠡᠬᠦ ᠤᠬᠠᠭ᠋ᠠᠨᠴᠢ᠎ᠪᠠᠷ ᠲᠤᠬᠢᠷᠠᠭᠤᠯᠵᠤ᠂ ᠤᠰᠤᠨ᠎ᠤ ᠡᠬᠢ ᠪᠠᠶᠠᠯᠢᠭ᠎ᠢ ᠬᠥᠭᠵᠢᠭᠦᠯᠬᠦ ᠨᠥᠭᠡᠴᠡ ᠪᠣᠯᠤᠯᠴᠠᠭ᠎ᠠ᠎ᠲᠠᠢ᠂ ᠪᠦᠳᠦᠭᠡᠨ ᠪᠠᠢ᠌ᠭᠤᠯᠬᠤ ᠨᠦᠬᠦᠴᠡᠯ ᠪᠦᠷᠢᠳᠦᠭᠰᠡᠨ᠂ ᠠᠮᠢ ᠠᠬᠤᠢ ᠤᠷᠴᠢᠨ ᠲᠤᠭᠤᠷᠢᠨ᠎ᠳᠤ ᠨᠦᠯᠦᠭᠡᠯᠡᠯ ᠪᠠᠭ᠎ᠠ ᠭᠠᠵᠠᠷ ᠤᠷᠤᠨ᠎ᠳᠤ ᠨᠢᠭᠡ ᠪᠦᠯᠦᠭ ᠲᠤᠮᠳᠠ ᠲᠤᠮᠤ ᠬᠡᠯᠪᠡᠷᠢ ᠵᠢᠨ ᠭᠤᠤᠯᠯᠠᠬᠤ ᠤᠰᠤᠨ ᠴᠦᠬᠦᠷᠦᠮ᠎ᠤᠨ ᠲᠤᠬᠢᠷᠠᠭᠤᠯᠤᠨ ᠬᠠᠳᠠᠭ᠋ᠠᠯᠠᠬᠤ ᠢᠨᠵᠸᠨ᠋ᠸᠷᠢᠩ᠎ᠢ ᠰᠢᠨ᠎ᠡ᠎ᠪᠠᠷ ᠪᠠᠢ᠌ᠭᠤᠯᠵᠤ᠂ ᠤᠰᠤᠨ᠎ᠤ ᠡᠬᠢ ᠪᠠᠶᠠᠯᠢᠭ᠎ᠢ ᠲᠤᠬᠢᠷᠠᠭᠤᠯᠬᠤ ᠴᠢᠳᠠᠪᠤᠷᠢ ᠵᠢ ᠴᠢᠩᠭ᠋ᠠᠳᠬᠠᠨ᠎ᠠ᠃ ᠤᠰᠤᠨ᠎ᠤ ᠡᠬᠢ ᠪᠠᠶᠠᠯᠢᠭ ᠬᠣᠪᠣᠷ ᠴᠤᠬᠠᠭ ᠭᠠᠵᠠᠷ ᠣᠷᠣᠨ᠎ᠳᠤ 《ᠭᠤᠷᠪᠠ ᠵᠢ ᠤᠷᠢᠳᠠᠪᠠᠷ ᠭᠤᠷᠪᠠ ᠵᠢ ᠳᠠᠷᠠᠭ᠎ᠠ᠎ᠨᠢ ᠬᠢᠬᠦ》 ᠵᠠᠷᠴᠢᠮ᠎ᠤᠨ ᠶᠣᠰᠣᠭ᠋ᠠᠷ ᠴᠢᠬᠤᠯᠠ ᠪᠦᠬᠦᠢ ᠰᠠᠪᠠ ᠭᠠᠵᠠᠷ ᠪᠠ ᠣᠷᠣᠨ ᠪᠦᠰᠡ ᠠᠯᠤᠰᠯᠠᠭᠰᠠᠨ ᠤᠰᠤ ᠲᠤᠬᠢᠷᠠᠭᠤᠯᠬᠤ ᠢᠨᠵᠧᠨᠧᠷᠢᠩ᠎ᠢ ᠪᠠᠢ᠌ᠭᠤᠯᠵᠤ᠂ ᠰᠢᠬᠠᠨ ᠡᠵᠡᠯᠡᠭᠰᠡᠨ ᠭᠣᠣᠯ᠎ᠤᠨ ᠭᠤᠯᠳᠤᠷᠢᠯ᠎ᠳᠠᠬᠢ ᠠᠮᠢ ᠠᠬᠤᠢ ᠣᠷᠴᠢᠨ ᠲᠣᠭᠣᠷᠢᠨ᠎ᠳᠤ ᠬᠡᠷᠡᠭᠯᠡᠬᠦ ᠤᠰᠤ ᠪᠠ ᠬᠡᠲᠦᠷᠡᠲᠡᠯ᠎ᠡ ᠮᠠᠯᠲᠠᠭᠰᠠᠨ ᠭᠠᠵᠠᠷ ᠳᠣᠣᠷᠠᠬᠢ ᠤᠰᠤ ᠵᠢ ᠰᠡᠯᠬᠦᠨ ᠰᠤᠯᠢᠵᠤ᠂ ᠠᠮᠢ ᠠᠬᠤᠢ ᠣᠷᠴᠢᠨ ᠲᠣᠭᠣᠷᠢᠨ᠎ᠢ ᠰᠡᠷᠬᠦᠭᠡᠨ ᠵᠠᠰᠠᠬᠤ ᠪᠤᠶᠤ ᠬᠠᠮᠠᠭ᠋ᠠᠯᠠᠨ᠎ᠠ᠃ ᠴᠢᠬᠤᠯᠠ ᠪᠦᠬᠦᠢ ᠤᠰᠤᠨ᠎ᠤ ᠡᠬᠢ ᠪᠠᠶᠠᠯᠢᠭ᠎ᠢ ᠲᠣᠬᠢᠷᠠᠭᠤᠯᠬᠤ ᠢᠨᠵᠧᠨᠧᠷᠢᠩ᠎ᠢ ᠪᠦᠲᠦᠭᠡᠨ ᠪᠠᠶ᠋ᠢᠭᠤᠯᠵᠤ᠂ ᠭᠣᠣᠯᠳᠠᠯᠭ᠎ᠠ᠎ᠲᠠᠢ ᠠᠵᠤ ᠠᠬᠤᠢ ᠵᠢᠨ ᠣᠷᠣᠨ᠂ ᠴᠢᠬᠤᠯᠠ ᠬᠣᠲᠠ᠂ ᠠᠮᠤ ᠪᠤᠳᠠᠭ᠋ᠠᠨ᠎ᠤ ᠭᠣᠣᠯ ᠭᠠᠷᠤᠯᠲᠠ ᠵᠢᠨ ᠣᠷᠣᠨ᠂ ᠠᠮᠢ ᠠᠬᠤᠢ ᠵᠢᠨ ᠣᠷᠴᠢᠨ ᠲᠣᠭᠣᠷᠢᠨ ᠬᠦᠨᠳᠦ ᠨᠣᠴᠢᠲᠠᠢ ᠡᠪᠳᠡᠭᠳᠡᠭᠰᠡᠨ ᠰᠠᠪᠠ ᠭᠠᠵᠠᠷ ᠪᠣᠯᠤᠨ ᠣᠷᠣᠨ ᠪᠦᠰᠡ ᠵᠢᠨ ᠤᠰᠤᠨ᠎ᠤ ᠰᠤᠷᠪᠤᠯᠵᠢ ᠵᠢᠨ ᠨᠥᠬᠥᠴᠡᠯ᠎ᠢ ᠰᠠᠶ᠋ᠢᠵᠢᠷᠠᠭᠤᠯᠤᠨ᠂ ᠤᠰᠤᠨ᠎ᠤ ᠬᠠᠩᠭ᠋ᠠᠯᠳᠠ ᠵᠢᠨ ᠠᠶᠤᠯᠬᠦᠢ ᠵᠢ ᠪᠠᠲᠤᠯᠠᠬᠤ ᠬᠡᠮᠵᠢᠶ᠎ᠡ ᠵᠢ ᠳᠡᠭᠡᠭᠰᠢᠯᠡᠭᠦᠯᠦᠨ᠎ᠡ᠃ ᠡᠭᠦᠨ᠎ᠤ ᠬᠠᠮᠲᠤ ᠤᠰᠤᠨ᠎ᠤ ᠡᠬᠢ ᠪᠠᠶᠠᠯᠢᠭ᠎ᠢ ᠵᠦᠢ ᠵᠣᠬᠢᠰᠲᠠᠢ ᠲᠣᠬᠢᠷᠠᠭᠤᠯᠬᠤ᠎ᠳᠤ ᠠᠰᠢᠭᠲᠠᠢ ᠬᠠᠮᠢᠶᠠᠷᠤᠯᠲᠠ ᠵᠢᠨ ᠠᠷᠭ᠎ᠠ ᠬᠡᠮᠵᠢᠶ᠎ᠡ ᠵᠢ ᠰᠤᠳᠤᠯᠤᠨ ᠲᠤᠷᠠᠳᠤᠨ ᠭᠠᠷᠭ᠋ᠠᠪᠠ᠃ ᠡᠭᠦᠨ᠎ᠳᠤ ᠭᠣᠣᠯᠳᠠᠭᠤ ᠤᠰᠤᠨ᠎ᠤ ᠡᠬᠢ ᠪᠠᠶᠠᠯᠢᠭ᠎ᠤᠨ ᠬᠠᠮᠢᠶᠠᠷᠤᠯᠲᠠ ᠵᠢᠨ ᠳᠦᠷᠢᠮ᠂ ᠤᠰᠤᠨ᠎ᠤ ᠦᠨ᠎ᠡ ᠵᠢᠨ ᠲᠥᠷᠥ ᠵᠢᠨ ᠪᠣᠳᠣᠯᠭ᠎ᠠ᠂ ᠤᠰᠤᠨ᠎ᠤ ᠡᠬᠢ ᠪᠠᠶᠠᠯᠢᠭ᠎ᠢ ᠬᠢᠨᠠᠨ ᠬᠡᠮᠵᠢᠯᠳᠡ᠂ ᠲᠣᠬᠢᠷᠠᠭᠤᠯᠬᠤ ᠲᠣᠭᠲᠠᠴᠠ ᠵᠡᠷᠭᠡ ᠠᠵᠢᠯᠯᠠᠭ᠋ᠠᠨ᠎ᠤ ᠴᠢᠨᠠᠷᠲᠠᠢ ᠬᠠᠮᠢᠶᠠᠷᠤᠯᠲᠠ ᠵᠢᠨ ᠠᠷᠭ᠎ᠠ ᠬᠡᠮᠵᠢᠶ᠎ᠡ ᠵᠢ ᠪᠠᠭᠳᠠᠭ᠋ᠠᠵᠤ᠂ ᠮᠠᠨ᠎ᠤ ᠤᠯᠤᠰ᠎ᠤᠨ ᠤᠰᠤᠨ᠎ᠤ ᠡᠬᠢ ᠪᠠᠶᠠᠯᠢᠭ᠎ᠢ ᠲᠣᠬᠢᠷᠠᠭᠤᠯᠬᠤ ᠰᠢᠰᠲ᠋ᠧᠮ᠎ᠢ ᠲᠡᠬᠦᠯᠳᠡᠷᠵᠢᠬᠦᠯᠵᠦ᠂ ᠤᠰᠤᠨ᠎ᠤ ᠡᠬᠢ ᠪᠠᠶᠠᠯᠢᠭ᠎ᠢ ᠲᠣᠬᠢᠷᠠᠭᠤᠯᠤᠨ ᠡᠵᠡᠮᠳᠡᠬᠦ ᠴᠢᠳᠠᠪᠤᠷᠢ ᠵᠢ ᠤᠯᠠᠮ ᠨᠢᠭᠡ ᠠᠯᠬᠤᠮ ᠳᠡᠭᠡᠭᠰᠢᠯᠡᠭᠦᠯᠬᠦ᠎ᠳᠤ ᠴᠢᠬᠤᠯᠠ ᠦᠨᠳᠦᠰᠦᠯᠡᠯ ᠬᠠᠩᠭ᠋ᠠᠭᠰᠠᠨ ᠪᠠᠶ᠋ᠢᠨ᠎ᠠ᠃
ᠰᠤᠷᠪᠤᠯᠵᠢᠯᠠᠭᠴᠢ᠄《ᠲᠥᠯᠥᠪᠵᠢᠭᠦᠯᠭᠡ》᠎ᠨᠢ ᠤᠰᠤᠨ᠎ᠤ ᠡᠬᠢ ᠪᠠᠶᠠᠯᠢᠭ᠎ᠢ ᠠᠷᠪᠢᠯᠠᠨ ᠦᠨᠳᠦᠷ ᠪᠦᠳᠦᠮᠵᠢᠳᠡᠢ᠎ᠪᠠᠷ ᠠᠰᠢᠭᠯᠠᠬᠤ᠂ ᠤᠰᠤᠨ᠎ᠤ ᠠᠮᠢ ᠠᠬᠤᠢ ᠤᠷᠴᠢᠨ ᠲᠤᠭᠤᠷᠢᠨ᠎ᠢ ᠬᠠᠮᠠᠭ᠋ᠠᠯᠠᠬᠤ ᠪᠠ ᠤᠤᠭᠤᠬᠤ ᠤᠰᠤᠨ᠎ᠤ ᠠᠮᠤᠷ ᠲᠦᠪᠰᠢᠨ᠂ ᠤᠰᠤᠨ᠎ᠤ ᠬᠠᠩᠭ᠋ᠠᠮᠵᠢ ᠵᠢᠨ ᠠᠮᠤᠷ ᠲᠦᠪᠰᠢᠨ᠂ ᠠᠮᠤ ᠪᠤᠳᠠᠭ᠋ᠠᠨ᠎ᠤ ᠠᠮᠤᠷ ᠲᠦᠪᠰᠢᠨ ᠪᠠ ᠠᠮᠢ ᠠᠬᠤᠢ ᠵᠢᠨ ᠠᠮᠤᠷ ᠲᠦᠪᠰᠢᠨ ᠵᠢ ᠪᠠᠳᠤᠯᠠᠬᠤ ᠵᠡᠷᠭᠡ ᠲᠠᠯ᠎ᠠ᠎ᠪᠠᠷ ᠭᠤᠤᠯᠳᠠᠭᠤ ᠶᠠᠮᠠᠷ ᠶᠠᠮᠠᠷ ᠠᠷᠭ᠎ᠠ ᠪᠤᠳᠤᠯᠭ᠎ᠠ ᠲᠤᠷᠠᠳᠤᠭᠰᠠᠨ ᠪᠤᠢ?
ᠵᠢᠶᠤᠤ ᠶᠦᠩ᠄《ᠲᠥᠯᠥᠪᠵᠢᠭᠦᠯᠭᠡ》᠎ᠨᠢ ᠤᠰᠤ ᠵᠢ ᠠᠷᠪᠢᠯᠠᠨ ᠬᠡᠷᠡᠭᠯᠡᠬᠦ᠂ ᠤᠰᠤᠨ᠎ᠤ ᠡᠬᠢ ᠪᠠᠶᠠᠯᠢᠭ᠎ᠢ ᠬᠠᠮᠠᠭ᠋ᠠᠯᠠᠬᠤ᠂ ᠤᠰᠤᠨ᠎ᠤ ᠠᠮᠢ ᠠᠬᠤᠢ ᠵᠢ ᠬᠠᠮᠠᠭ᠋ᠠᠯᠠᠬᠤ ᠪᠠ ᠰᠡᠷᠬᠦᠭᠡᠨ ᠵᠠᠰᠠᠬᠤ᠂ ᠤᠰᠤᠨ᠎ᠤ ᠡᠬᠢ ᠪᠠᠶᠠᠯᠢᠭ᠎ᠢ ᠨᠡᠭᠡᠭᠡᠨ ᠠᠰᠢᠭᠯᠠᠬᠤ ᠵᠡᠷᠭᠡ ᠲᠠᠯ᠎ᠠ᠎ᠪᠠᠷ ᠤᠰᠤᠨ᠎ᠤ ᠡᠬᠢ ᠪᠠᠶᠠᠯᠢᠭ᠎ᠢ ᠦᠷᠬᠦᠯᠵᠢᠯᠡᠨ ᠠᠰᠢᠭᠯᠠᠬᠤ ᠠᠷᠭ᠎ᠠ ᠪᠤᠳᠤᠯᠭ᠎ᠠ ᠪᠠ ᠠᠷᠭ᠎ᠠ ᠬᠡᠮᠵᠢᠶ᠎ᠡ ᠵᠢ ᠪᠦᠬᠦ ᠲᠠᠯ᠎ᠠ᠎ᠪᠠᠷ ᠲᠤᠷᠠᠳᠤᠨ ᠭᠠᠷᠭ᠋ᠠᠭᠰᠠᠨ ᠪᠠᠢ᠌ᠨ᠎ᠠ᠃ ᠤᠨᠴᠠᠭ᠋ᠠᠢ᠌ᠯᠠᠨ ᠠᠮᠤ ᠪᠤᠳᠠᠭ᠋ᠠᠨ᠎ᠤ ᠠᠮᠤᠷ ᠲᠦᠪᠰᠢᠨ᠂ ᠬᠤᠳᠠ ᠬᠦᠳᠡᠭᠡ ᠵᠢᠨ ᠤᠤᠭᠤᠬᠤ ᠤᠰᠤᠨ᠎ᠤ ᠠᠮᠤᠷ ᠲᠦᠪᠰᠢᠨ᠂ ᠬᠤᠳᠠ ᠵᠢᠨ ᠤᠰᠤᠨ᠎ᠤ ᠬᠠᠩᠭ᠋ᠠᠮᠵᠢ ᠵᠢᠨ ᠠᠮᠤᠷ ᠲᠦᠪᠰᠢᠨ ᠵᠢᠴᠢ ᠬᠦᠬᠡᠮᠦ᠋ᠷᠡᠨ᠎ᠤ ᠭᠤᠷᠪᠠᠯᠵᠢᠨ ᠬᠤᠢ᠌ᠭ᠂ ᠵᠦᠵᠢᠶᠠᠩ ᠮᠦᠷᠡᠨ᠎ᠤ ᠭᠤᠷᠪᠠᠯᠵᠢᠨ ᠬᠤᠢ᠌ᠭ᠂ ᠪᠦᠸᠸᠬᠠᠢ ᠲᠠᠩᠬᠢᠰ᠎ᠤᠨ ᠡᠷᠬᠢᠨ ᠲᠤᠭᠤᠷᠢᠨ ᠵᠡᠷᠭᠡ ᠭᠤᠤᠯᠳᠠᠯᠭ᠎ᠠ᠎ᠲᠠᠢ ᠠᠵᠤ ᠠᠬᠤᠢ ᠵᠢᠨ ᠲᠤᠭᠤᠷᠢᠭ ᠪᠤᠯᠤᠨ ᠡᠨ᠋ᠸᠷᠬᠢ ᠵᠢᠨ ᠰᠠᠭᠤᠷᠢᠨ ᠭᠠᠵᠠᠷ᠎ᠤᠨ ᠤᠰᠤᠨ᠎ᠤ ᠬᠠᠩᠭ᠋ᠠᠮᠵᠢ ᠵᠢᠨ ᠠᠮᠤᠷ ᠲᠦᠪᠰᠢᠨ ᠵᠡᠷᠭᠡ ᠤᠯᠤᠰ᠎ᠤᠨ ᠡᠳ᠋᠎ᠤᠨ ᠵᠠᠰᠠᠭ ᠪᠠ ᠠᠷᠠᠳ᠎ᠤᠨ ᠠᠮᠢᠳᠤᠷᠠᠯ᠎ᠳᠤ ᠬᠤᠯᠪᠤᠭᠳᠠᠭᠰᠠᠨ ᠴᠢᠬᠤᠯᠠ ᠪᠠᠢ᠌ᠯᠳᠤᠬᠤ ᠪᠤᠳᠤᠯᠭ᠎ᠠ ᠵᠢᠨ ᠠᠰᠠᠭᠤᠳᠠᠯ᠎ᠳᠤ ᠴᠢᠭᠯᠡᠬᠦᠯᠦᠨ᠂ ᠬᠠᠷᠠᠭ᠋ᠠᠯᠵᠠᠭᠰᠠᠨ ᠤᠰᠤᠨ᠎ᠤ ᠡᠬᠢ ᠪᠠᠶᠠᠯᠢᠭ᠎ᠢ ᠬᠠᠮᠠᠭ᠋ᠠᠯᠠᠬᠤ ᠠᠷᠭ᠎ᠠ ᠬᠡᠮᠵᠢᠶ᠎ᠡ ᠵᠢ ᠰᠤᠳᠤᠯᠤᠨ ᠲᠤᠷᠠᠳᠤᠨ ᠭᠠᠷᠭ᠋ᠠᠵᠠᠢ᠃
ᠨᠢᠭᠡ᠎ᠳᠤ ᠤᠰᠤ ᠠᠷᠪᠢᠯᠠᠬᠤ ᠬᠡᠯᠪᠡᠷᠢ ᠵᠢᠨ ᠨᠡᠶ᠋ᠢᠭᠡᠮ᠎ᠢ ᠪᠦᠬᠦ ᠲᠠᠯ᠎ᠠ᠎ᠪᠠᠷ ᠪᠦᠲᠦᠭᠡᠨ ᠪᠠᠶ᠋ᠢᠭᠤᠯᠤᠨ᠎ᠠ᠃ ᠤᠰᠤ ᠠᠷᠪᠢᠯᠠᠬᠤ ᠬᠡᠯᠪᠡᠷᠢ ᠵᠢᠨ ᠨᠡᠶ᠋ᠢᠭᠡᠮ᠎ᠢ ᠪᠦᠲᠦᠭᠡᠨ ᠪᠠᠶ᠋ᠢᠭᠤᠯᠬᠤ ᠪᠣᠯ ᠮᠠᠨ᠎ᠤ ᠤᠯᠤᠰ᠎ᠤᠨ ᠤᠰᠤᠨ᠎ᠤ ᠡᠬᠢ ᠪᠠᠶᠠᠯᠢᠭ ᠳᠤᠲᠠᠭᠳᠠᠵᠤ ᠪᠠᠶ᠋ᠢᠬᠤ ᠠᠰᠠᠭᠤᠳᠠᠯ᠎ᠢ ᠰᠢᠢ᠍ᠳᠪᠤᠷᠢᠯᠡᠬᠦ᠂ ᠤᠰᠤᠨ᠎ᠤ ᠡᠬᠢ ᠪᠠᠶᠠᠯᠢᠭ᠎ᠤᠨ ᠦᠷᠬᠦᠯᠵᠢᠯᠡᠬᠦᠢ᠌ᠴᠡ ᠠᠰᠢᠭᠯᠠᠯᠳᠠ ᠵᠢ ᠪᠡᠶᠡᠯᠡᠭᠦᠯᠬᠦ ᠵᠢᠨ ᠦᠨᠳᠦᠰᠦᠨ ᠴᠢᠨᠠᠷᠲᠠᠢ ᠠᠷᠭ᠎ᠠ ᠬᠡᠮᠵᠢᠶ᠎ᠡ ᠪᠣᠯᠬᠤ ᠪᠥᠭᠡᠳ ᠪᠠᠰᠠ ᠴᠤ᠌ ᠬᠠᠮᠤᠭ᠎ᠤᠨ ᠪᠤᠳᠠᠳᠠᠢ᠂ ᠬᠠᠮᠤᠭ᠎ᠤᠨ ᠶᠠᠪᠤᠭᠳᠠᠭᠤᠰᠢᠲᠠᠢ ᠪᠠᠶ᠋ᠢᠯᠳᠤᠬᠤ ᠪᠣᠳᠣᠯᠭ᠎ᠠ ᠵᠢᠨ ᠴᠢᠨᠠᠷᠲᠠᠢ ᠰᠣᠩᠭᠣᠯᠲᠠ ᠪᠣᠯᠤᠨ᠎ᠠ᠃ ᠲᠠᠷᠢᠶᠠᠯᠠᠩ᠎ᠤᠨ ᠲᠠᠯ᠎ᠠ᠎ᠪᠠᠷ᠂ ᠤᠰᠤᠯᠠᠯᠲᠠ ᠵᠢᠨ ᠣᠷᠣᠨ᠎ᠤ ᠤᠰᠤ ᠠᠷᠪᠢᠯᠠᠬᠤ ᠥᠭᠡᠷᠡᠴᠢᠯᠡᠯᠲᠡ᠂ ᠲᠠᠷᠢᠶᠠᠨ ᠭᠠᠵᠠᠷ᠎ᠤᠨ ᠥᠨᠳᠥᠷ ᠦᠷ᠎ᠡ ᠠᠰᠢᠭ᠎ᠲᠤ ᠤᠰᠤ ᠠᠷᠪᠢᠯᠠᠬᠤ ᠵᠡᠷᠭᠡ ᠢᠨᠵᠧᠨᠧᠷᠢᠩ᠎ᠤᠨ ᠠᠷᠭ᠎ᠠ ᠪᠠᠷᠢᠯ ᠪᠣᠯᠤᠨ ᠲᠠᠷᠢᠮᠠᠯ᠎ᠤᠨ ᠪᠦᠲᠦᠴᠡ ᠵᠢᠨ ᠲᠣᠬᠢᠷᠠᠭᠤᠯᠤᠯᠲᠠ ᠵᠡᠷᠭᠡ ᠢᠨᠵᠧᠨᠧᠷᠢᠩ᠎ᠤᠨ ᠪᠤᠰᠤ ᠤᠰᠤ ᠠᠷᠪᠢᠯᠠᠬᠤ ᠠᠷᠭ᠎ᠠ ᠬᠡᠮᠵᠢᠶ᠎ᠡ᠎ᠪᠠᠷ ᠲᠠᠷᠢᠶᠠᠯᠠᠩ᠎ᠤᠨ ᠶᠡᠷᠦᠩᠬᠡᠶ᠋ᠢᠯᠡᠭᠰᠡᠨ ᠤᠰᠤ ᠠᠷᠪᠢᠯᠠᠬᠤ ᠴᠢᠳᠠᠪᠤᠷᠢ ᠵᠢ ᠲᠡᠭᠡᠭᠰᠢᠯᠡᠬᠦᠯᠦᠨ᠎ᠡ᠃ ᠠᠵᠤ ᠦᠢ᠍ᠯᠡᠳᠪᠦᠷᠢ ᠵᠢᠨ ᠲᠠᠯ᠎ᠠ᠎ᠪᠠᠷ᠂ ᠤᠰᠤ ᠶᠡᠬᠡ ᠬᠣᠷᠣᠭᠳᠠᠭᠤᠯᠬᠤ ᠠᠵᠢᠯ ᠲᠥᠷᠥᠯ᠎ᠤᠨ ᠤᠰᠤ ᠠᠷᠪᠢᠯᠠᠬᠤ ᠮᠡᠷᠭᠡᠵᠢᠯ᠎ᠤᠨ ᠥᠭᠡᠷᠡᠴᠢᠯᠡᠯᠲᠡ ᠵᠢ ᠭᠣᠣᠯᠳᠠᠯᠭ᠎ᠠ᠎ᠲᠠᠢ ᠠᠬᠢᠭᠤᠯᠵᠤ᠂ ᠠᠵᠤ ᠠᠬᠤᠢ ᠵᠢᠨ ᠪᠠᠶ᠋ᠢᠷᠢᠯᠠᠭᠤᠯᠤᠯᠲᠠ ᠪᠠ ᠠᠵᠤ ᠦᠢ᠍ᠯᠡᠰ᠎ᠤᠨ ᠪᠦᠲᠦᠴᠡ᠎ᠳᠤ ᠵᠦᠢ ᠵᠣᠬᠢᠰᠲᠠᠢ ᠲᠣᠬᠢᠷᠠᠭᠤᠯᠤᠯᠲᠠ ᠬᠢᠵᠦ᠂ ᠤᠷᠴᠢᠯᠳᠠᠳᠤ ᠤᠰᠤ ᠬᠡᠷᠡᠭᠯᠡᠬᠦ ᠵᠢ ᠲᠦᠭᠡᠮᠡᠯᠵᠢᠬᠦᠯᠵᠦ᠂ ᠠᠵᠤ ᠦᠢ᠍ᠯᠡᠳᠪᠤᠷᠢ᠎ᠳᠤ ᠬᠡᠷᠡᠭᠯᠡᠬᠦ ᠤᠰᠤᠨ᠎ᠤ ᠦᠷ᠎ᠡ ᠠᠰᠢᠭ᠎ᠢ ᠲᠡᠭᠡᠭᠰᠢᠯᠡᠬᠦᠯᠦᠨ᠎ᠡ; ᠬᠣᠲᠠ ᠬᠥᠳᠡᠭᠡ ᠵᠢᠨ ᠠᠮᠢᠳᠤᠷᠠᠯ᠎ᠤᠨ ᠲᠠᠯ᠎ᠠ᠎ᠪᠠᠷ᠂ ᠣᠯᠠᠨ ᠨᠡᠶ᠋ᠢᠲᠡ ᠵᠢᠨ ᠤᠰᠤ ᠬᠡᠷᠡᠭᠯᠡᠬᠦ ᠬᠠᠮᠢᠶᠠᠷᠤᠯᠲᠠ ᠵᠢ ᠴᠢᠩᠭ᠋ᠠᠳᠬᠠᠬᠤ᠂ ᠤᠰᠤᠨ᠎ᠤ ᠦᠨ᠎ᠡ ᠵᠢ ᠵᠦᠢ ᠵᠣᠬᠢᠰᠲᠠᠢ ᠲᠣᠬᠢᠷᠠᠭᠤᠯᠬᠤ᠂ ᠬᠣᠲᠠ ᠵᠢᠨ ᠪᠠᠷᠢᠯᠭ᠎ᠠ ᠵᠢᠨ ᠤᠰᠤ ᠠᠷᠪᠢᠯᠠᠬᠤ ᠮᠡᠷᠭᠡᠵᠢᠯ᠎ᠢ ᠳᠡᠯᠭᠡᠷᠡᠭᠦᠯᠬᠦ᠂ ᠬᠣᠲᠠ ᠪᠠᠯᠭ᠋ᠠᠰᠤᠨ᠎ᠤ ᠪᠣᠬᠢᠷ ᠤᠰᠤ ᠵᠢ ᠲᠥᠪᠯᠡᠷᠡᠭᠦᠯᠦᠨ ᠰᠢᠢ᠍ᠳᠪᠦᠷᠢᠯᠡᠬᠦ ᠪᠣᠯᠤᠨ ᠲᠠᠬᠢᠯᠲᠠ ᠤᠰᠤ ᠵᠢ ᠡᠭᠡᠭᠦᠯᠦᠨ ᠬᠡᠷᠡᠭᠯᠡᠬᠦ ᠵᠢ ᠴᠢᠩᠭ᠋ᠠᠳᠬᠠᠬᠤ ᠵᠡᠷᠭᠡ ᠠᠷᠭ᠎ᠠ ᠬᠡᠮᠵᠢᠶ᠎ᠡ᠎ᠪᠠᠷ ᠳᠠᠮᠵᠢᠭᠤᠯᠤᠨ ᠤᠰᠤ ᠠᠷᠪᠢᠯᠠᠬᠤ ᠵᠢ ᠠᠬᠢᠭᠤᠯᠤᠨ᠎ᠠ᠃ 2030 ᠣᠨ ᠪᠣᠯᠲᠠᠯ᠎ᠠ ᠢᠨᠵᠸᠨ᠋ᠸᠷᠢᠩ᠂ ᠲᠧᠭᠨᠣᠯᠣᠭᠢ᠂ ᠬᠠᠤᠯᠢ ᠴᠠᠭ᠋ᠠᠵᠠ᠂ ᠵᠠᠰᠠᠭ ᠵᠠᠬᠢᠷᠭ᠎ᠠ᠂ ᠠᠵᠤ ᠠᠬᠤᠢ ᠵᠡᠷᠭᠡ ᠶᠡᠷᠦᠩᠬᠡᠢ᠌ᠯᠡᠭᠰᠡᠨ ᠤᠰᠤ ᠠᠷᠪᠢᠯᠠᠬᠤ ᠠᠷᠭ᠎ᠠ ᠬᠡᠮᠵᠢᠶ᠎ᠡ ᠠᠪᠬᠤ᠎ᠪᠠᠷ ᠳᠠᠮᠵᠢᠭᠤᠯᠵᠤ᠂ ᠪᠦᠬᠦ ᠤᠯᠤᠰ᠎ᠲᠤ ᠵᠢᠯ᠎ᠳᠤ ᠳᠤᠮᠳᠠᠴᠢ᠎ᠪᠠᠷ 8 ᠳ᠋ᠦᠩᠰᠢᠭᠤᠷ ᠺᠦᠪ ᠮᠸᠲᠷ ᠤᠰᠤ ᠠᠷᠪᠢᠯᠠᠵᠤ᠂ ᠤᠰᠤᠨ᠎ᠤ ᠡᠬᠢ ᠪᠠᠶᠠᠯᠢᠭ᠎ᠤᠨ ᠬᠠᠩᠭ᠋ᠠᠯᠭ᠎ᠠ ᠬᠡᠷᠡᠭᠴᠡᠭᠡᠨ᠎ᠤ ᠵᠦᠷᠢᠴᠡᠯ᠎ᠢ ᠨᠠᠮᠵᠢᠭᠤᠯᠬᠤ ᠮᠦᠷᠲᠡᠭᠡᠨ ᠪᠠᠰᠠ ᠤᠰᠤ ᠠᠷᠪᠢᠯᠠᠨ ᠭᠠᠳᠠᠭᠰᠢᠭᠤᠯᠤᠯᠳᠠ ᠵᠢ ᠪᠠᠭ᠋ᠠᠰᠬᠠᠬᠤ ᠵᠢ ᠠᠬᠢᠭᠤᠯᠤᠨ᠎ᠠ᠃
ᠬᠣᠶᠠᠷ᠎ᠲᠤ ᠤᠯᠤᠰ᠎ᠤᠨ ᠤᠰᠤᠨ᠎ᠤ ᠡᠬᠢ ᠪᠠᠶᠠᠯᠢᠭ᠎ᠢ ᠲᠣᠬᠢᠷᠠᠭᠤᠯᠬᠤ ᠢᠨᠵᠧᠨᠧᠷᠢᠩ᠎ᠤᠨ ᠪᠠᠶ᠋ᠢᠷᠢᠰᠢᠯ᠎ᠢ ᠠᠯᠬᠤᠮ ᠠᠯᠬᠤᠮ ᠪᠠᠶ᠋ᠢᠭᠤᠯᠤᠨ᠎ᠠ᠃ ᠤᠰᠤ ᠵᠢ ᠪᠦᠬᠦ ᠲᠠᠯ᠎ᠠ᠎ᠪᠠᠷ ᠠᠷᠪᠢᠯᠠᠬᠤ ᠰᠠᠭᠤᠷᠢᠨ᠎ᠳᠤ 《ᠭᠤᠷᠪᠠ ᠵᠢ ᠤᠷᠢᠳᠠᠪᠠᠷ ᠭᠤᠷᠪᠠ ᠵᠢ ᠳᠠᠷᠠᠭ᠎ᠠ᠎ᠨᠢ ᠬᠢᠬᠦ》 ᠵᠠᠷᠴᠢᠮ ᠶᠣᠰᠣᠭ᠋ᠠᠷ ᠡᠮᠦᠨᠡᠲᠦ ᠵᠢᠨ ᠤᠰᠤ ᠵᠢ ᠤᠮᠠᠷᠠᠰᠢ ᠲᠠᠲᠠᠬᠤ ᠵᠡᠭᠦᠨ᠂ ᠳᠤᠮᠳᠠ ᠱᠤᠭᠤᠮ᠎ᠤᠨ ᠨᠢᠭᠡᠳᠦᠭᠡᠷ ᠬᠤᠭᠤᠴᠠᠭ᠋ᠠᠨ᠎ᠤ ᠢᠨᠵᠸᠨ᠋ᠸᠷᠢᠩ ᠪᠣᠯᠤᠨ ᠢᠵᠢ ᠪᠦᠷᠢᠳᠦᠭᠦᠯᠬᠦ ᠢᠨᠵᠸᠨ᠋ᠸᠷᠢᠩ᠎ᠤᠨ ᠪᠦᠲᠦᠭᠡᠨ ᠪᠠᠶ᠋ᠢᠭᠤᠯᠤᠯᠲᠠ ᠵᠢ ᠲᠦᠷᠭᠡᠳᠭᠡᠵᠦ᠂ ᠡᠮᠦᠨᠡᠲᠦ ᠵᠢᠨ ᠤᠰᠤ ᠵᠢ ᠤᠮᠠᠷᠠᠰᠢ ᠲᠠᠲᠠᠬᠤ ᠪᠠᠷᠠᠭᠤᠨ ᠱᠤᠭᠤᠮ᠎ᠤᠨ ᠢᠨᠵᠸᠨ᠋ᠸᠷᠢᠩ᠎ᠤᠨ ᠪᠡᠯᠡᠳᠬᠡᠯ ᠠᠵᠢᠯ᠎ᠢ ᠴᠠᠭᠲᠤᠨᠢ ᠲᠤᠬᠢᠷᠠᠭᠤᠯᠤᠨ ᠦᠷᠨᠢᠬᠦᠯᠵᠦ᠂ ᠪᠦᠬᠦ ᠤᠯᠤᠰ᠎ᠤᠨ ᠤᠰᠤᠨ᠎ᠤ ᠡᠬᠢ ᠪᠠᠶᠠᠯᠢᠭ᠎ᠤᠨ ᠬᠤᠷᠸ᠎ᠠ ᠲᠤᠬᠢᠷᠠᠭᠤᠯᠤᠯᠳᠠ ᠵᠢᠨ ᠪᠠᠢ᠌ᠷᠢᠰᠢᠯ᠎ᠢ ᠠᠭ᠋ᠠᠵᠢᠮ ᠵᠶ᠋ᠡᠷ ᠪᠠᠢ᠌ᠭᠤᠯᠵᠤ᠂ ᠤᠮᠠᠷᠠᠳᠤ ᠤᠷᠤᠨ᠎ᠤ ᠤᠰᠤ ᠲᠤᠳᠠᠭᠳᠠᠬᠤ ᠠᠰᠠᠭᠤᠳᠠᠯ᠎ᠢ ᠪᠦᠳᠦᠮᠵᠢᠳᠡᠢ ᠰᠢᠢ᠍ᠳᠪᠤᠷᠢᠯᠡᠨ᠎ᠡ᠃ ᠠᠮᠢ ᠠᠬᠤᠢ ᠣᠷᠴᠢᠨ ᠲᠣᠭᠣᠷᠢᠨ᠎ᠢ ᠬᠠᠮᠠᠭ᠋ᠠᠯᠠᠬᠤ ᠪᠠ ᠭᠦᠢ᠍ᠴᠡᠳ ᠨᠤᠳᠠᠯᠠᠭᠰᠠᠨ ᠤᠷᠢᠳᠠᠯ ᠳᠣᠣᠷ᠎ᠠ᠂ ᠵᠠᠷᠢᠮ ᠣᠷᠣᠨ ᠪᠦᠰᠡ ᠵᠢᠨ ᠴᠢᠨᠠᠷᠲᠠᠢ ᠤᠰᠤᠨ᠎ᠤ ᠡᠬᠢ ᠪᠠᠶᠠᠯᠢᠭ᠎ᠢ ᠲᠣᠬᠢᠷᠠᠭᠤᠯᠬᠤ ᠢᠨᠵᠧᠨᠧᠷᠢᠩ ᠪᠣᠯᠤᠨ ᠴᠢᠬᠤᠯᠠ ᠪᠦᠬᠦᠢ ᠤᠰᠤᠨ ᠴᠥᠭᠥᠷᠥᠮ᠎ᠤᠨ ᠪᠠᠷᠢᠯᠭ᠎ᠠ ᠵᠢ ᠵᠤᠬᠢᠰᠳᠠᠢ ᠪᠠᠢ᠌ᠭᠤᠯᠵᠤ᠂ ᠢᠯᠠᠩᠭᠤᠶ᠎ᠠ ᠪᠠᠷᠠᠭᠤᠨ ᠡᠮᠦᠨᠡᠲᠦ ᠣᠷᠣᠨ᠎ᠤ ᠭᠣᠣᠯᠳᠠᠯᠭ᠎ᠠ᠎ᠲᠠᠢ ᠭᠣᠣᠯᠯᠠᠬᠤ ᠤᠰᠤᠨ ᠰᠤᠷᠪᠤᠯᠵᠢ ᠵᠢᠨ ᠢᠨᠵᠧᠨᠧᠷᠢᠩ ᠪᠣᠯᠤᠨ ᠵᠢᠵᠢᠭ ᠬᠡᠯᠪᠡᠷᠢ ᠵᠢᠨ ᠬᠥᠳᠡᠭᠡ ᠲᠣᠰᠬᠣᠨ᠎ᠤ ᠤᠰᠤᠨ ᠠᠰᠢᠭᠯᠠᠯᠲᠠ ᠵᠢᠨ ᠪᠡᠯᠡᠳᠬᠡᠮᠵᠢ ᠵᠢᠨ ᠪᠦᠲᠦᠭᠡᠨ ᠪᠠᠶ᠋ᠢᠭᠤᠯᠤᠯᠲᠠ ᠵᠢ ᠴᠢᠩᠭ᠋ᠠᠳᠬᠠᠵᠤ᠂ ᠤᠰᠤ ᠬᠠᠩᠭ᠋ᠠᠬᠤ ᠪᠠᠲᠤᠯᠠᠭ᠎ᠠ ᠵᠢᠨ ᠴᠢᠳᠠᠪᠤᠷᠢ ᠪᠣᠯᠤᠨ ᠭᠠᠩ᠎ᠲᠠᠢ ᠲᠡᠮᠡᠴᠡᠵᠦ ᠤᠰᠤ ᠬᠠᠳᠠᠭ᠋ᠠᠯᠠᠬᠤ ᠴᠢᠳᠠᠪᠤᠷᠢ ᠵᠢ ᠳᠡᠭᠡᠭᠰᠢᠯᠡᠭᠦᠯᠬᠦ ᠬᠡᠷᠡᠭᠲᠡᠢ᠃ ᠪᠦᠰᠡ ᠨᠤᠲᠤᠭ᠎ᠤᠨ ᠤᠰᠤᠨ᠎ᠤ ᠡᠬᠢ ᠪᠠᠶᠠᠯᠢᠭ᠎ᠤᠨ ᠨᠥᠬᠥᠴᠡᠯ᠂ ᠭᠣᠣᠯ ᠮᠥᠷᠡᠨ᠎ᠤ ᠤᠰᠤᠨ᠎ᠤ ᠰᠢᠰᠲ᠋ᠧᠮ᠎ᠤᠨ ᠲᠠᠷᠬᠠᠯᠲᠠ᠂ ᠢᠨᠵᠸᠨ᠋ᠸᠷᠢᠩ᠎ᠤᠨ ᠪᠠᠶ᠋ᠢᠷᠢᠯᠠᠯ᠎ᠤᠨ ᠣᠨᠴᠠᠯᠢᠭ᠂ ᠠᠮᠢ ᠠᠬᠤᠢ ᠣᠷᠴᠢᠨ ᠲᠣᠭᠣᠷᠢᠨ᠎ᠤ ᠨᠥᠯᠥᠭᠡᠯᠡᠯ ᠵᠡᠷᠭᠡ ᠵᠢ ᠶᠡᠷᠦᠩᠬᠡᠢ᠌ᠯᠡᠨ ᠪᠤᠳᠤᠯᠬᠢᠯᠠᠭᠰᠠᠨᠤ ᠰᠠᠭᠤᠷᠢᠨ ᠲᠡᠭᠡᠷ᠎ᠡ᠂ ᠭᠠᠵᠠᠷ ᠣᠷᠣᠨ᠎ᠤ ᠪᠠᠶ᠋ᠢᠳᠠᠯ᠎ᠳᠤᠨᠢ ᠲᠣᠬᠢᠷᠠᠭᠤᠯᠤᠨ ᠭᠣᠣᠯ ᠮᠥᠷᠡᠨ᠂ ᠨᠠᠭᠤᠷ ᠴᠥᠭᠥᠷᠥᠮ᠎ᠤᠨ ᠤᠰᠤᠨ᠎ᠤ ᠰᠦᠯᠵᠢᠶ᠎ᠡ ᠵᠢ ᠬᠣᠯᠪᠣᠨ ᠨᠡᠪᠲᠡᠷᠡᠭᠦᠯᠬᠦ ᠠᠷᠭ᠎ᠠ ᠵᠢ ᠰᠤᠳᠤᠯᠤᠨ ᠬᠡᠷᠡᠭᠵᠢᠭᠦᠯᠵᠦ᠂ ᠭᠣᠣᠯ ᠮᠥᠷᠡᠨ ᠨᠠᠭᠤᠷ ᠴᠦᠬᠦᠷᠦᠮ᠎ᠤᠨ ᠤᠰᠤᠨ ᠰᠢᠰᠲᠸᠮ᠎ᠤᠨ ᠤᠰᠤᠨ᠎ᠤ ᠡᠬᠢ ᠪᠠᠶᠠᠯᠢᠭ᠎ᠢ ᠲᠤᠬᠢᠷᠠᠭᠤᠯᠬᠤ ᠴᠢᠳᠠᠮᠵᠢ ᠵᠢ ᠪᠠᠳᠠᠷᠠᠭᠤᠯᠤᠨ᠎ᠠ᠃ ᠤᠰᠤᠨ᠎ᠤ ᠡᠬᠢ ᠪᠠᠶᠠᠯᠢᠭ᠎ᠢ ᠰᠢᠨᠵᠢᠯᠡᠬᠦ ᠤᠬᠠᠭ᠋ᠠᠨᠴᠢ᠎ᠪᠠᠷ ᠲᠣᠬᠢᠷᠠᠭᠤᠯᠬᠤ ᠵᠢ ᠴᠢᠩᠭ᠋ᠠᠳᠬᠠᠵᠤ᠂ ᠤᠰᠤᠨ᠎ᠤ ᠡᠬᠢ ᠪᠠᠶᠠᠯᠢᠭ᠎ᠢ ᠲᠣᠬᠢᠷᠠᠭᠤᠯᠬᠤ ᠰᠢᠰᠲ᠋ᠧᠮ᠎ᠢ ᠠᠭ᠋ᠠᠵᠢᠮ ᠵᠶ᠋ᠠᠷ ᠲᠡᠭᠦᠯᠳᠡᠷᠵᠢᠭᠦᠯᠵᠦ᠂ ᠤᠰᠤᠨ ᠴᠥᠭᠥᠷᠥᠮ᠎ᠤᠨ ᠰᠢᠯᠢᠳᠡᠭᠵᠢᠭᠦᠯᠦᠨ ᠲᠣᠬᠢᠷᠠᠭᠤᠯᠬᠤ ᠵᠢᠴᠢ ᠤᠰᠤᠨ ᠴᠥᠭᠥᠷᠥᠮ᠎ᠤᠨ ᠤᠰᠤᠨ᠎ᠤ ᠡᠬᠢ ᠪᠠᠶᠠᠯᠢᠭ᠎ᠢ ᠶᠡᠷᠦᠩᠬᠡᠶ᠋ᠢᠯᠡᠨ ᠲᠣᠬᠢᠷᠠᠭᠤᠯᠬᠤ ᠠᠵᠢᠯ᠎ᠢ ᠴᠢᠩᠭ᠋ᠠᠳᠬᠠᠵᠤ᠂ ᠭᠠᠳᠠᠨ᠎ᠠ᠎ᠠᠴᠠ ᠤᠰᠤ ᠲᠠᠲᠠᠬᠤ ᠪᠣᠯᠤᠨ ᠲᠤᠬᠠᠢ ᠵᠢᠨ ᠭᠠᠵᠠᠷ᠎ᠤᠨ ᠤᠰᠤ᠂ ᠭᠠᠵᠠᠷ ᠵᠢᠨ ᠭᠠᠳᠠᠷᠭᠤ ᠵᠢᠨ ᠤᠰᠤ ᠪᠣᠯᠤᠨ ᠭᠠᠵᠠᠷ ᠳᠣᠣᠷᠠᠬᠢ ᠤᠰᠤ ᠵᠢ ᠨᠢᠭᠡᠳᠦᠯᠳᠡᠢ ᠲᠦᠯᠦᠪᠯᠡᠵᠦ᠂ ᠠᠮᠢ ᠠᠬᠤᠢ ᠵᠢᠨ ᠲᠣᠬᠢᠷᠠᠭᠤᠯᠤᠯᠲᠠ ᠵᠢ ᠴᠢᠬᠤᠯᠠᠴᠢᠯᠠᠵᠤ᠂ ᠤᠰᠤᠨ᠎ᠤ ᠡᠬᠢ ᠪᠠᠶᠠᠯᠢᠭ᠎ᠢ ᠵᠦᠢ ᠵᠣᠬᠢᠰᠲᠠᠢ ᠥᠨᠳᠥᠷ ᠪᠦᠲᠦᠮᠵᠢᠲᠡᠢ ᠲᠣᠬᠢᠷᠠᠭᠤᠯᠤᠨ᠎ᠠ᠃
ᠭᠤᠷᠪᠠ᠎ᠳᠤ ᠤᠰᠤᠨ᠎ᠤ ᠡᠬᠢ ᠪᠠᠶᠠᠯᠢᠭ᠎ᠢ ᠬᠠᠮᠠᠭ᠋ᠠᠯᠠᠬᠤ ᠪᠠ ᠭᠣᠣᠯ ᠨᠠᠭᠤᠷ᠎ᠤᠨ ᠠᠮᠢ ᠠᠬᠤᠢ ᠵᠢ ᠰᠡᠷᠭᠦᠭᠡᠬᠦ ᠵᠢ ᠴᠢᠩᠭ᠋ᠠᠳᠬᠠᠨ᠎ᠠ᠃ ᠤᠰᠤᠨ᠎ᠤ ᠡᠬᠢ ᠪᠠᠶᠠᠯᠢᠭ᠎ᠢ ᠬᠠᠮᠠᠭ᠋ᠠᠯᠠᠬᠤ ᠪᠠ ᠤᠰᠤᠨ᠎ᠤ ᠣᠷᠴᠢᠨ ᠲᠣᠭᠣᠷᠢᠨ᠎ᠢ ᠰᠡᠯᠪᠢᠨ ᠰᠡᠷᠭᠦᠭᠡᠬᠦ ᠪᠣᠯ ᠤᠰᠤᠨ᠎ᠤ ᠡᠬᠢ ᠪᠠᠶᠠᠯᠢᠭ᠎ᠢ ᠦᠷᠭᠦᠯᠵᠢᠯᠡᠨ ᠠᠰᠢᠭᠯᠠᠬᠤ ᠵᠢ ᠪᠡᠶᠡᠯᠡᠭᠦᠯᠬᠦ ᠤᠷᠲᠤ ᠬᠤᠭᠤᠴᠠᠭ᠋ᠠᠨ᠎ᠤ ᠴᠢᠨᠠᠷᠲᠠᠢ ᠡᠭᠦᠷᠭᠡ ᠪᠣᠯᠤᠨ᠎ᠠ᠃ 《ᠲᠥᠯᠥᠪᠵᠢᠭᠦᠯᠭᠡ》᠎ᠨᠢ ᠪᠦᠬᠦ ᠰᠠᠪᠠ ᠭᠠᠵᠠᠷ᠂ ᠪᠦᠰᠡ ᠨᠤᠲᠤᠭ᠎ᠤᠨ ᠤᠰᠤᠨ᠎ᠤ ᠡᠬᠢ ᠪᠠᠶᠠᠯᠢᠭ᠎ᠢ ᠬᠥᠭᠵᠢᠭᠦᠯᠵᠦ ᠠᠰᠢᠭᠯᠠᠬᠤ ᠳᠡᠭᠡᠳᠦ ᠬᠢᠵᠠᠭ᠋ᠠᠷ᠎ᠢ ᠲᠣᠭᠲᠠᠭ᠋ᠠᠬᠤ᠂ ᠤᠰᠤ ᠠᠷᠪᠢᠯᠠᠬᠤ ᠠᠷᠭ᠎ᠠ ᠬᠡᠮᠵᠢᠶ᠎ᠡ ᠵᠢ ᠡᠷᠴᠢᠮᠵᠢᠭᠦᠯᠬᠦ᠂ ᠤᠰᠤ ᠬᠡᠷᠡᠭᠯᠡᠬᠦ ᠬᠡᠷᠡᠭᠴᠡᠭᠡ ᠵᠢᠨ ᠬᠡᠳᠦ ᠲᠦᠷᠭᠡᠨ ᠥᠰᠬᠦ ᠵᠢ ᠬᠢᠵᠠᠭ᠋ᠠᠷᠯᠠᠬᠤ᠂ ᠤᠳᠤ ᠵᠢᠨ ᠤᠰᠤᠨ᠎ᠤ ᠰᠤᠷᠪᠤᠯᠵᠢ ᠵᠢᠨ ᠳᠠᠯᠳᠠ ᠬᠦᠴᠦᠨ᠎ᠢ ᠣᠯᠠᠮ ᠨᠢᠭᠡ ᠠᠯᠬᠤᠮ ᠨᠡᠭᠡᠭᠡᠵᠦ ᠢᠵᠢ ᠪᠦᠷᠢᠳᠦᠬᠦᠯᠬᠦ ᠪᠠ ᠰᠢᠨ᠎ᠡ ᠤᠰᠤᠨ᠎ᠤ ᠰᠤᠷᠪᠤᠯᠵᠢ ᠵᠢ ᠵᠤᠬᠢᠰᠳᠠᠢ ᠨᠡᠭᠡᠭᠡᠬᠦ᠂ ᠤᠰᠤᠨ᠎ᠤ ᠡᠬᠢ ᠪᠠᠶᠠᠯᠢᠭ᠎ᠢ ᠵᠤᠬᠢᠰᠳᠠᠠᠢ ᠲᠤᠬᠢᠷᠠᠭᠤᠯᠬᠤ ᠵᠡᠷᠭᠡ ᠠᠷᠭ᠎ᠠ ᠬᠡᠮᠵᠢᠶ᠎ᠠ ᠠᠪᠴᠤ᠂ ᠠᠵᠤ ᠠᠬᠤᠢ ᠨᠡᠢ᠌ᠭᠡᠮ᠎ᠤᠨ ᠦᠷᠬᠦᠯᠵᠢᠯᠡᠬᠦᠢ᠌ᠴᠡ ᠬᠦᠭᠵᠢᠯᠳᠡ᠂ ᠠᠮᠢ ᠠᠬᠤᠢ ᠵᠢᠨ ᠠᠮᠤᠷ ᠲᠦᠪᠰᠢᠨ᠎ᠤ ᠤᠰᠤᠨ᠎ᠤ ᠡᠬᠢ ᠪᠠᠶᠠᠯᠢᠭ᠎ᠳᠠᠬᠢ ᠶᠡᠷᠦᠩᠬᠡᠢ ᠬᠡᠷᠡᠭᠴᠡᠭᠡ ᠵᠢ ᠬᠠᠩᠭ᠋ᠠᠵᠤ᠂ ᠤᠰᠤᠨ᠎ᠤ ᠡᠬᠢ ᠪᠠᠶᠠᠯᠢᠭ᠎ᠢ ᠨᠡᠭᠡᠭᠡᠨ ᠠᠰᠢᠭᠯᠠᠬᠤ ᠶᠡᠷᠦᠩᠬᠡᠢ ᠬᠡᠮᠵᠢᠶ᠎ᠡ ᠵᠢ ᠲᠡᠬᠦᠨ᠎ᠤ ᠲᠠᠭ᠋ᠠᠠᠭ᠋ᠠᠴᠠ ᠵᠢᠨ ᠴᠢᠳᠠᠪᠤᠷᠢ ᠲᠤᠲᠤᠷ᠎ᠠ ᠬᠢᠵᠠᠭ᠋ᠠᠷᠯᠠᠬᠤ ᠵᠢ ᠪᠠᠳᠤᠯᠠᠵᠤ᠂ ᠤᠯᠤᠰ᠎ᠤᠨ ᠠᠮᠢ ᠠᠬᠤᠢ ᠵᠢᠨ ᠪᠤᠯᠪᠠᠰᠤᠨ᠎ᠤ ᠪᠦᠳᠦᠭᠡᠨ ᠪᠠᠢ᠌ᠭᠤᠯᠤᠯᠳᠠ᠎ᠳᠤ ᠪᠠᠳᠤ ᠰᠠᠭᠤᠷᠢ ᠲᠠᠯᠪᠢᠨ᠎ᠠ᠃ ᠭᠣᠣᠯ ᠨᠠᠭᠤᠷ᠎ᠤᠨ ᠦᠨᠳᠦᠰᠦᠨ ᠴᠢᠳᠠᠪᠬᠢ ᠵᠢ ᠬᠠᠮᠠᠭ᠋ᠠᠯᠠᠬᠤ ᠵᠢᠨ ᠲᠥᠯᠥᠭᠡ᠂ ᠪᠦᠬᠦ ᠤᠯᠤᠰ᠎ᠤᠨ ᠭᠣᠣᠯ᠎ᠤᠨ ᠭᠤᠯᠳᠤᠷᠢᠯ ᠳᠣᠲᠣᠷᠠᠬᠢ ᠠᠮᠢ ᠠᠬᠤᠢ ᠵᠢᠨ ᠣᠷᠴᠢᠨ ᠲᠣᠭᠣᠷᠢᠨ᠎ᠤ ᠤᠰᠤ ᠬᠡᠷᠡᠭᠰᠡᠬᠦ ᠬᠡᠮᠵᠢᠶ᠎ᠡ᠎ᠨᠢ 8674 ᠳ᠋ᠦᠩᠰᠢᠭᠤᠷ ᠺᠦᠪ ᠮᠸᠲᠷ ᠪᠤᠯᠤᠨ᠎ᠠ; ᠲᠥᠯᠥᠪᠵᠢᠭᠦᠯᠭᠡ ᠵᠢᠨ ᠬᠤᠭᠤᠴᠠᠭ᠋ᠠᠨ᠎ᠳᠤ ᠤᠰᠤᠨ᠎ᠤ ᠰᠤᠷᠪᠤᠯᠵᠢ ᠵᠢ ᠰᠡᠯᠬᠦᠨ ᠰᠣᠯᠢᠬᠤ ᠵᠡᠷᠭᠡ ᠠᠷᠭ᠎ᠠ ᠠᠪᠴᠠᠯ ᠵᠶ᠋ᠠᠷ ᠪᠠᠭ᠋ᠠᠰᠬᠠᠭᠰᠠᠨ ᠭᠠᠵᠠᠷ ᠳᠣᠣᠷᠠᠬᠢ ᠤᠰᠤ ᠵᠢ ᠨᠡᠭᠡᠭᠡᠨ ᠬᠡᠷᠡᠭᠯᠡᠭᠰᠡᠨ ᠬᠡᠮᠵᠢᠶ᠎ᠡ ᠪᠠᠷᠤᠭ 250 ᠳ᠋ᠦᠩᠰᠢᠭᠤᠷ ᠺᠦᠪ ᠮᠸᠲᠷ᠎ᠲᠤ ᠬᠦᠷᠴᠦ᠂ ᠭᠠᠵᠠᠷ ᠳᠣᠣᠷᠠᠬᠢ ᠤᠰᠤ ᠵᠢ ᠨᠥᠬᠥᠪᠥᠷᠢᠯᠡᠨ ᠲᠡᠩᠴᠡᠭᠦᠯᠬᠦ ᠵᠢ ᠦᠨᠳᠦᠰᠦᠨ᠎ᠳᠡᠭᠡᠨ ᠪᠡᠶᠡᠯᠡᠭᠦᠯᠪᠡ; ᠤᠰᠤᠨ᠎ᠤ ᠡᠬᠢ ᠪᠠᠶᠠᠯᠢᠭ᠎ᠢ ᠵᠤᠬᠢᠰᠳᠠᠢ ᠲᠤᠬᠢᠷᠠᠭᠤᠯᠬᠤ᠎ᠪᠠᠷ ᠳᠠᠮᠵᠢᠭᠤᠯᠵᠤ ᠭᠣᠣᠯ᠎ᠤᠨ ᠭᠤᠯᠳᠤᠷᠢᠯ᠎ᠠᠴᠠ ᠭᠠᠳᠠᠨᠠᠬᠢ ᠠᠮᠢ ᠠᠬᠤᠢ ᠣᠷᠴᠢᠨ ᠲᠣᠭᠣᠷᠢᠨ᠎ᠤ ᠪᠦᠲᠦᠭᠡᠨ ᠪᠠᠶ᠋ᠢᠭᠤᠯᠤᠯᠲᠠ᠎ᠳᠤ ᠬᠡᠷᠡᠭᠯᠡᠬᠦ ᠤᠰᠤ ᠵᠢ 296 ᠳ᠋ᠦᠩᠰᠢᠭᠤᠷ ᠺᠦᠪ ᠮᠸᠲᠷ ᠪᠤᠯᠳᠠᠯ᠎ᠠ ᠨᠡᠮᠡᠭᠳᠡᠭᠦᠯᠵᠦ᠂ ᠥᠨᠥ ᠵᠢᠨ ᠪᠠᠶ᠋ᠢᠳᠠᠯ᠎ᠠᠴᠠ 72%᠎ᠪᠠᠷ ᠨᠡᠮᠡᠭᠳᠡᠬᠦᠯᠵᠡᠢ᠃
ᠳᠥᠷᠪᠡ᠎ᠳᠤ ᠭᠣᠣᠯᠳᠠᠯᠭ᠎ᠠ᠎ᠲᠠᠢ ᠬᠦᠷᠢᠶ᠎ᠡ ᠪᠣᠯᠤᠨ ᠭᠠᠵᠠᠷ ᠣᠷᠣᠨ᠎ᠤ ᠤᠰᠤᠨ᠎ᠤ ᠡᠬᠢ ᠪᠠᠶᠠᠯᠢᠭ᠎ᠤᠨ ᠠᠮᠤᠷ ᠲᠦᠪᠰᠢᠨ᠎ᠤ ᠪᠠᠲᠤᠯᠠᠭ᠎ᠠ ᠵᠢ ᠴᠢᠩᠭ᠋ᠠᠳᠬᠠᠨ᠎ᠠ᠃ ᠤᠯᠤᠰ᠎ᠤᠨ ᠡᠳ᠋᠎ᠤᠨ ᠵᠠᠰᠠᠭ ᠪᠠ ᠠᠷᠠᠳ᠎ᠤᠨ ᠠᠮᠢᠳᠤᠷᠠᠯ᠎ᠳᠤ ᠬᠣᠯᠪᠣᠭᠳᠠᠬᠤ ᠴᠢᠬᠤᠯᠠ ᠶᠡᠬᠡ ᠪᠠᠶ᠋ᠢᠯᠳᠤᠬᠤ ᠪᠣᠳᠣᠯᠭ᠎ᠠ ᠵᠢᠨ ᠠᠰᠠᠭᠤᠳᠠᠯ᠎ᠳᠤ ᠴᠢᠭᠯᠡᠭᠦᠯᠦᠨ᠂ ᠲᠥᠯᠥᠪᠵᠢᠭᠦᠯᠭᠡ ᠵᠢᠨ ᠰᠤᠳᠤᠯᠤᠯᠲᠠ᠎ᠳᠤ ᠤᠰᠤᠨ᠎ᠤ ᠡᠬᠢ ᠪᠠᠶᠠᠯᠢᠭ᠎ᠢ ᠪᠠᠲᠤᠯᠠᠬᠤ ᠠᠷᠭ᠎ᠠ ᠪᠣᠳᠣᠯᠭ᠎ᠠ ᠪᠣᠯᠤᠨ ᠠᠷᠭ᠎ᠠ ᠬᠡᠮᠵᠢᠶ᠎ᠡ ᠵᠢ ᠳᠤᠷᠠᠳᠤᠨ ᠭᠠᠷᠭ᠋ᠠᠵᠠᠢ᠃ ᠤᠤᠭᠤᠬᠤ ᠤᠰᠤᠨ᠎ᠤ ᠠᠮᠤᠷ ᠲᠦᠪᠰᠢᠨ᠎ᠢ ᠪᠠᠲᠤᠯᠠᠬᠤ ᠲᠠᠯ᠎ᠠ᠎ᠪᠠᠷ᠂《 ᠠᠷᠪᠠᠨ ᠬᠤᠶᠠᠳᠤᠭ᠋ᠠᠷ ᠲᠠᠪᠤᠨ ᠵᠢᠯ》᠎ᠤᠨ ᠬᠤᠭᠤᠴᠠᠭ᠋ᠠᠨ᠎ᠳᠤ ᠬᠥᠳᠡᠭᠡ ᠲᠣᠰᠬᠣᠨ᠎ᠤ ᠤᠤᠭᠤᠬᠤ ᠤᠰᠤᠨ᠎ᠤ ᠠᠮᠤᠷ ᠲᠦᠪᠰᠢᠨ᠎ᠤ ᠠᠰᠠᠭᠤᠳᠠᠯ᠎ᠢ ᠰᠢᠢ᠍ᠳᠪᠤᠷᠢᠯᠡᠨ᠎ᠡ; 2020 ᠣᠨ ᠪᠤᠯᠬᠤ᠎ᠳᠤ᠂ ᠮᠠᠨ᠎ᠤ ᠤᠯᠤᠰ᠎ᠤᠨ ᠬᠣᠲᠠ ᠪᠠᠯᠭ᠋ᠠᠰᠤᠨ᠎ᠤ ᠤᠤᠭᠤᠬᠤ ᠤᠰᠤᠨ᠎ᠤ ᠠᠮᠤᠷ ᠲᠦᠪᠰᠢᠨ ᠤ ᠪᠠᠢ᠌ᠳᠠᠯ᠎ᠢ ᠪᠦᠲᠦᠮᠵᠢᠲᠡᠢ ᠰᠠᠢ᠌ᠵᠢᠷᠠᠭᠤᠯᠵᠤ᠂ ᠤᠳᠤ ᠵᠢᠨ 1 ᠳ᠋ᠦᠩᠰᠢᠭᠤᠷ ᠬᠥᠮᠦᠨ ᠪᠠ ᠰᠢᠨ᠎ᠡ᠎ᠪᠠᠷ ᠨᠡᠮᠡᠭᠳᠡᠬᠦ 2 ᠳ᠋ᠦᠩᠰᠢᠭᠤᠷ ᠬᠥᠮᠦᠨ ᠠᠮᠠ ᠪᠦᠬᠦᠢ ᠬᠤᠳᠠ ᠪᠠᠯᠭ᠋ᠠᠰᠤᠨ᠎ᠤ ᠤᠤᠭᠤᠬᠤ ᠤᠰᠤᠨ᠎ᠤ ᠠᠮᠤᠷ ᠲᠦᠪᠰᠢᠨ᠎ᠤ ᠠᠰᠠᠭᠤᠳᠠᠯ᠎ᠢ ᠦᠨᠳᠦᠰᠦᠨ᠎ᠳᠤ᠎ᠪᠠᠨ ᠰᠢᠢ᠍ᠳᠪᠦᠷᠢᠯᠡᠨ᠎ᠡ᠃ ᠠᠮᠤ ᠪᠤᠳᠠᠭ᠋ᠠᠨ᠎ᠤ ᠠᠮᠤᠷ ᠲᠦᠪᠰᠢᠨ᠎ᠢ ᠪᠠᠲᠤᠯᠠᠬᠤ ᠲᠠᠯ᠎ᠠ᠎ᠪᠠᠷ᠂ ᠲᠠᠷᠢᠶᠠᠯᠠᠩ᠎ᠳᠤ ᠬᠡᠷᠡᠭᠯᠡᠬᠦ ᠤᠰᠤᠨ᠎ᠤ ᠠᠰᠢᠭᠯᠠᠮᠵᠢ ᠵᠢ ᠶᠡᠬᠡᠪᠡᠷ ᠳᠡᠭᠡᠭᠰᠢᠯᠡᠭᠦᠯᠦᠭᠰᠡᠨ ᠰᠠᠭᠤᠷᠢᠨ ᠳᠡᠭᠡᠷ᠎ᠡ᠂ ᠤᠰᠤᠨ᠎ᠤ ᠡᠬᠢ ᠪᠠᠶᠠᠯᠢᠭ᠎ᠢ ᠵᠦᠢ ᠵᠣᠬᠢᠰᠲᠠᠢ ᠲᠣᠬᠢᠷᠠᠭᠤᠯᠬᠤ᠎ᠪᠠᠷ ᠳᠠᠮᠵᠢᠭᠤᠯᠵᠤ᠂ 2030 ᠤᠨ ᠪᠤᠯᠬᠤ᠎ᠳᠤ ᠲᠠᠷᠢᠶᠠᠨ ᠭᠠᠵᠠᠷ᠎ᠤᠨ ᠤᠰᠤᠯᠠᠯᠲᠠ ᠵᠢᠨ ᠤᠰᠤᠨ᠎ᠤ ᠬᠠᠩᠭ᠋ᠠᠯᠭ᠎ᠠ ᠵᠢᠨ ᠬᠡᠮᠵᠢᠶ᠎ᠡ ᠵᠢ 3500 ᠳ᠋ᠦᠩᠰᠢᠭᠤᠷ — 3800 ᠳ᠋ᠦᠩᠰᠢᠭᠤᠷ ᠺᠦᠪ ᠮᠸᠲᠷ᠎ᠲᠤ ᠪᠠᠶ᠋ᠢᠯᠭ᠋ᠠᠵᠤ᠂ ᠲᠠᠷᠢᠶᠠᠯᠠᠩ᠎ᠤᠨ ᠤᠰᠤᠯᠠᠯᠲᠠ ᠵᠢᠨ ᠨᠥᠬᠥᠴᠡᠯ᠎ᠢ ᠰᠠᠶ᠋ᠢᠵᠢᠷᠠᠭᠤᠯᠤᠨ ᠲᠠᠷᠢᠶᠠᠯᠠᠩ᠎ᠤᠨ ᠤᠰᠤᠯᠠᠯᠲᠠ ᠵᠢᠨ ᠪᠠᠲᠤᠯᠠᠭ᠎ᠠ ᠵᠢᠨ ᠨᠣᠷᠮ᠎ᠠ ᠵᠢ ᠳᠡᠭᠡᠭᠰᠢᠯᠡᠭᠦᠯᠦᠨ᠎ᠡ᠃ ᠬᠣᠲᠠ ᠵᠢᠨ ᠤᠰᠤᠨ᠎ᠤ ᠬᠠᠩᠭ᠋ᠠᠮᠵᠢ ᠵᠢᠨ ᠠᠮᠤᠷ ᠲᠦᠪᠰᠢᠨ᠎ᠢ ᠪᠠᠲᠤᠯᠠᠬᠤ ᠲᠠᠯ᠎ᠠ᠎ᠪᠠᠷ᠂ ᠬᠣᠲᠠ ᠵᠢᠨ ᠤᠰᠤ ᠠᠷᠪᠢᠯᠠᠬᠤ ᠵᠢ ᠶᠡᠬᠡᠪᠡᠷ ᠴᠢᠩᠭ᠋ᠠᠳᠬᠠᠵᠤ᠂᠂ ᠪᠦᠰᠡ ᠨᠤᠲᠤᠭ᠎ᠤᠨ ᠤᠰᠤᠨ᠎ᠤ ᠡᠬᠢ ᠪᠠᠶᠠᠯᠢᠭ᠎ᠢ ᠵᠦᠢ ᠵᠤᠬᠢᠰᠳᠠᠢ ᠲᠤᠬᠢᠷᠠᠭᠤᠯᠵᠤ᠂ ᠬᠤᠳᠠ ᠵᠢᠨ ᠤᠰᠤᠨ᠎ᠤ ᠬᠠᠩᠭ᠋ᠠᠮᠵᠢ ᠵᠢᠨ ᠤᠰᠤᠨ ᠰᠤᠷᠪᠤᠯᠵᠢ ᠪᠠ ᠪᠡᠯᠡᠳᠬᠡᠯ ᠤᠰᠤᠨ᠎ᠤ ᠡᠬᠢ ᠰᠤᠷᠪᠤᠯᠵᠢ ᠵᠢᠨ ᠪᠦᠲᠦᠭᠡᠨ ᠪᠠᠶ᠋ᠢᠭᠤᠯᠤᠯᠲᠠ ᠵᠢ ᠡᠷᠴᠢᠮᠵᠢᠭᠦᠯᠵᠦ᠂ ᠬᠣᠲᠠ ᠵᠢᠨ ᠤᠰᠤᠨ᠎ᠤ ᠬᠠᠩᠭ᠋ᠠᠠᠮᠵᠢ ᠵᠢᠨ ᠪᠠᠴᠢᠮ ᠪᠠᠢ᠌ᠳᠠᠯ᠎ᠢ ᠠᠷᠭ᠋ᠠᠴᠠᠬᠤ ᠴᠢᠳᠠᠮᠵᠢ ᠵᠢ ᠲᠡᠭᠡᠭᠰᠢᠯᠡᠬᠦᠯᠦᠨ᠎ᠡ᠃ ᠭᠣᠣᠯ ᠴᠢᠬᠤᠯᠠ ᠪᠦᠰᠡ ᠨᠤᠲᠤᠭ᠎ᠤᠨ ᠤᠰᠤᠨ᠎ᠤ ᠬᠠᠩᠭ᠋ᠠᠮᠵᠢ ᠵᠢᠨ ᠠᠮᠤᠷ ᠲᠦᠪᠰᠢᠨ᠎ᠢ ᠪᠠᠲᠤᠯᠠᠬᠤ ᠲᠠᠯ᠎ᠠ᠎ᠪᠠᠷ᠂ ᠤᠰᠤ ᠠᠷᠪᠢᠯᠠᠬᠤ ᠠᠵᠢᠯ᠎ᠢ ᠪᠦᠬᠦ ᠲᠠᠯ᠎ᠠ᠎ᠪᠠᠷ ᠡᠷᠴᠢᠮᠵᠢᠭᠦᠯᠵᠦ᠂ ᠤᠰᠤᠨ᠎ᠤ ᠡᠬᠢ ᠰᠤᠷᠪᠤᠯᠵᠢ ᠵᠢ ᠲᠣᠬᠢᠷᠠᠭᠤᠯᠤᠨ ᠬᠠᠳᠠᠭ᠋ᠠᠯᠠᠬᠤ ᠴᠢᠳᠠᠪᠤᠷᠢ ᠵᠢ ᠪᠦᠬᠦ ᠲᠠᠯ᠎ᠠ᠎ᠪᠠᠷ ᠳᠡᠭᠡᠭᠰᠢᠯᠡᠭᠦᠯᠵᠦ᠂ ᠴᠢᠬᠤᠯᠠ ᠪᠦᠬᠦᠢ ᠰᠠᠪᠠ ᠭᠠᠵᠠᠷ ᠠᠯᠤᠰᠯᠠᠭᠰᠠᠨ ᠤᠰᠤᠨ᠎ᠤ ᠲᠤᠬᠢᠷᠠᠭᠤᠯᠤᠯᠳᠠ ᠵᠢ ᠬᠡᠷᠡᠭᠵᠢᠬᠦᠯᠵᠦ᠂ ᠪᠤᠬᠢᠷᠳᠤᠯ ᠤᠰᠤ ᠵᠢ ᠰᠢᠢ᠍ᠳᠪᠤᠷᠢᠯᠡᠨ ᠪᠤᠴᠠᠭ᠋ᠠᠠᠨ ᠬᠡᠷᠡᠭᠯᠡᠬᠦ᠂ ᠲᠠᠯᠠᠢ ᠵᠢᠨ ᠤᠰᠤ ᠵᠢ ᠠᠰᠢᠭᠯᠠᠬᠤ ᠬᠦᠴᠦᠯᠡᠴᠡ᠎ᠪᠠᠨ ᠨᠡᠮᠡᠭᠳᠡᠬᠦᠯᠬᠦ ᠵᠡᠷᠭᠡ ᠤᠯᠠᠨ ᠵᠤᠢ᠌ᠯ᠎ᠤᠨ ᠠᠷᠭ᠎ᠠ ᠬᠡᠮᠵᠢᠶ᠎ᠡ ᠠᠪᠴᠤ᠂ ᠬᠦᠬᠡᠮᠦ᠋ᠷᠡᠨ᠎ᠤ ᠭᠤᠷᠪᠠᠯᠵᠢᠨ ᠬᠤᠢ᠌ᠭ᠂ ᠵᠦᠵᠢᠶᠠᠩ ᠮᠦᠷᠡᠨ᠎ᠤ ᠭᠤᠷᠪᠠᠯᠵᠢᠨ ᠬᠤᠢ᠌ᠭ᠂ ᠪᠦᠸᠸᠬᠠᠢ ᠲᠠᠩᠬᠢᠰ᠎ᠤᠨ ᠡᠷᠬᠢᠨ ᠲᠤᠭᠤᠷᠢᠨ ᠤᠷᠤᠨ ᠵᠡᠷᠭᠡ ᠤᠯᠤᠰ᠎ᠤᠨ ᠭᠤᠤᠯᠳᠠᠯᠭ᠎ᠠ᠎ᠲᠠᠢ ᠠᠵᠤ ᠠᠬᠤᠢ ᠵᠢᠨ ᠲᠤᠭᠤᠷᠢᠭ ᠪᠠ ᠡᠨ᠋ᠸᠷᠬᠢ ᠵᠢᠨ ᠰᠠᠭᠤᠷᠢᠨ ᠭᠠᠵᠠᠷ᠎ᠤᠨ ᠤᠰᠤᠨ᠎ᠤ ᠬᠠᠩᠭ᠋ᠠᠮᠵᠢ ᠵᠢᠨ ᠠᠮᠤᠷ ᠲᠦᠪᠰᠢᠨ᠎ᠢ ᠪᠠᠳᠤᠯᠠᠨ᠎ᠠ᠃
ᠰᠤᠷᠪᠤᠯᠵᠢᠯᠠᠭᠴᠢ᠄《ᠲᠥᠯᠥᠪᠵᠢᠭᠦᠯᠭᠡ》᠎ᠳᠤ ᠤᠰᠤᠨ᠎ᠤ ᠡᠬᠢ ᠪᠠᠶᠠᠯᠢᠭ᠎ᠤᠨ ᠬᠠᠮᠢᠶᠠᠷᠤᠯᠲᠠ ᠵᠢᠨ ᠬᠠᠮᠤᠭ᠎ᠤᠨ ᠴᠢᠩᠭ᠎ᠠ ᠳᠦᠷᠢᠮ᠎ᠢ ᠬᠡᠷᠡᠭᠵᠢᠭᠦᠯᠬᠦ ᠲᠠᠯ᠎ᠠ᠎ᠪᠠᠷ ᠶᠠᠮᠠᠷ ᠦᠨᠳᠦᠰᠦᠨ ᠱᠠᠭ᠋ᠠᠷᠳᠠᠯᠭ᠎ᠠ ᠳᠤᠷᠠᠳᠤᠭᠰᠠᠨ ᠪᠣᠢ? ᠵᠢᠶᠤᠤ ᠶᠦᠩ᠄ ᠮᠠᠨ᠎ᠤ ᠤᠯᠤᠰ᠎ᠤᠨ ᠤᠰᠤᠨ᠎ᠤ ᠡᠬᠢ ᠪᠠᠶᠠᠯᠢᠭ ᠳᠤᠲᠠᠮᠠᠭ᠂ ᠨᠡᠭᠡᠭᠡᠨ ᠬᠥᠭᠵᠢᠭᠦᠯᠬᠦ ᠳᠠᠯᠳᠠ ᠬᠦᠴᠦᠨ ᠬᠢᠵᠠᠭ᠋ᠠᠷ᠎ᠲᠠᠢ᠂ ᠤᠰᠤ ᠬᠡᠷᠡᠭᠯᠡᠬᠦ ᠦᠷ᠎ᠡ ᠠᠰᠢᠭ ᠥᠨᠳᠥᠷ ᠪᠢᠰᠢ᠂ ᠣᠷᠴᠢᠨ ᠲᠣᠭᠣᠷᠢᠨ᠎ᠤ ᠠᠰᠠᠭᠤᠳᠠᠯ ᠳᠣᠪᠣᠶ᠋ᠢᠮ᠎ᠠ ᠣᠷᠣᠰᠢᠵᠤ᠂ ᠬᠡᠷᠡᠭᠴᠡᠭᠡ᠎ᠪᠠᠨ ᠦᠨᠳᠦᠰᠦᠯᠡᠨ ᠬᠠᠩᠭ᠋ᠠᠯᠭ᠎ᠠ ᠲᠤᠭᠳᠠᠭ᠋ᠠᠬᠤ ᠤᠯᠠᠮᠵᠢᠯᠠᠯᠳᠤ ᠬᠠᠭᠤᠴᠢᠨ ᠵᠠᠮ ᠵᠶ᠋ᠠᠷ ᠶᠠᠪᠤᠵᠤ ᠪᠣᠯᠬᠤ ᠦᠭᠡᠢ᠂ ᠡᠷᠬᠡᠪᠰᠢ ᠤᠰᠤ ᠬᠠᠩᠭ᠋ᠠᠬᠤ ᠬᠠᠮᠢᠶᠠᠷᠤᠯᠲᠠ᠎ᠠᠴᠠ ᠤᠰᠤ ᠬᠡᠷᠡᠭᠯᠡᠬᠦ ᠬᠠᠮᠢᠶᠠᠷᠤᠯᠲᠠ ᠳᠤ ᠬᠤᠪᠢᠷᠠᠭᠤᠯᠬᠤ ᠵᠢ ᠲᠦᠷᠭᠡᠳᠬᠡᠵᠦ᠂ ᠲᠤᠳᠤᠭ᠋ᠠᠳᠤ ᠠᠭᠤᠯᠬᠤᠨᠤ ᠮᠠᠶᠢᠭ᠎ᠤᠨ ᠬᠦᠭᠵᠢᠯᠳᠡ ᠵᠢᠨ ᠵᠠᠮ ᠵᠶ᠋ᠡᠷ ᠶᠠᠪᠤᠬᠤ ᠬᠡᠷᠡᠭᠲᠡᠢ᠃ ᠤᠰᠤᠨ᠎ᠤ ᠡᠬᠢ ᠪᠠᠶᠠᠯᠢᠭ᠎ᠤᠨ ᠲᠣᠬᠢᠷᠠᠭᠤᠯᠤᠯᠲᠠ᠂ ᠠᠷᠪᠢᠯᠠᠨ ᠭᠠᠮᠨᠠᠬᠤ ᠪᠠ ᠬᠠᠮᠠᠭ᠋ᠠᠯᠠᠬᠤ ᠵᠡᠷᠭᠡ ᠵᠢᠨ ᠲᠤᠭᠤᠷᠢᠨ᠎ᠳᠤ ᠤᠰᠤᠨ᠎ᠤ ᠡᠬᠢ ᠪᠠᠶᠠᠯᠢᠭ᠎ᠤᠨ ᠬᠠᠮᠢᠶᠠᠷᠤᠯᠲᠠ ᠵᠢᠨ《ᠭᠤᠷᠪᠠᠨ ᠬᠣᠷᠢᠭ᠎ᠠ ᠱᠤᠭᠤᠮ》᠎ᠢ ᠲᠤᠳᠤᠷᠬᠠᠢ᠌ᠯᠠᠨ᠎ᠠ; ᠳᠠᠷᠤᠢ ᠤᠰᠤᠨ᠎ᠤ ᠡᠬᠢ ᠪᠠᠶᠠᠯᠢᠭ᠎ᠢ ᠨᠡᠭᠡᠭᠡᠨ ᠠᠰᠢᠭᠯᠠᠬᠤ ᠵᠢ ᠡᠵᠡᠮᠳᠡᠬᠦ ᠤᠯᠠᠭ᠋ᠠᠨ ᠱᠤᠭᠤᠮ᠎ᠢ ᠪᠠᠶ᠋ᠢᠭᠤᠯᠵᠤ᠂ ᠤᠰᠤ ᠬᠡᠷᠡᠭᠯᠡᠬᠦ ᠶᠡᠷᠦᠩᠬᠡᠢ ᠬᠡᠮᠵᠢᠶ᠎ᠡ ᠵᠢ ᠡᠵᠡᠮᠳᠡᠬᠦ ᠵᠢ ᠴᠢᠩᠭ᠎ᠠ ᠬᠡᠷᠡᠭᠵᠢᠭᠦᠯᠦᠨ᠎ᠡ; ᠤᠰᠤᠨ᠎ᠤ ᠬᠡᠷᠡᠭᠯᠡᠯᠲᠡ ᠵᠢᠨ ᠦᠷ᠎ᠡ ᠪᠦᠲᠦᠮᠵᠢ ᠵᠢ ᠡᠵᠡᠮᠳᠡᠬᠦ ᠴᠢᠩᠭ᠎ᠠ ᠱᠤᠭᠤᠮ᠎ᠢ ᠪᠠᠶ᠋ᠢᠭᠤᠯᠵᠤ᠂ ᠤᠰᠤ ᠪᠦᠷᠢᠯᠭᠡᠬᠦ ᠵᠢ ᠡᠷᠡᠰ ᠬᠣᠷᠢᠭᠯᠠᠨ᠎ᠠ; ᠤᠰᠤᠨ᠎ᠤ ᠴᠢᠳᠠᠮᠵᠢᠲᠤ ᠣᠷᠣᠨ᠎ᠤ ᠪᠤᠬᠢᠷᠳᠤᠯ ᠠᠭᠤᠯᠬᠤ ᠵᠢ ᠬᠢᠵᠠᠭ᠋ᠠᠷᠯᠠᠬᠤ ᠴᠢᠩᠭ᠎ᠠ ᠱᠤᠭᠤᠮ᠎ᠢ ᠪᠠᠢ᠌ᠭᠤᠯᠵᠤ᠂ ᠭᠤᠤᠯ᠎ᠳᠤ ᠴᠢᠳᠬᠤᠬᠤ ᠪᠤᠬᠢᠷᠳᠤᠯ ᠭᠠᠳᠠᠭᠰᠢᠯᠠᠭᠤᠯᠬᠤ ᠶᠡᠷᠦᠩᠬᠡᠢ ᠬᠡᠮᠵᠢᠶ᠎ᠡ ᠵᠢ ᠴᠢᠩᠭ᠎ᠠ ᠬᠢᠵᠠᠭ᠋ᠠᠷᠯᠠᠨ᠎ᠠ᠃ 《 ᠲᠦᠯᠦᠪᠵᠢᠬᠦᠯᠭᠡ》᠎ᠳᠤ ᠰᠤᠳᠤᠯᠵᠤ ᠲᠣᠭᠲᠠᠭ᠋ᠠᠭᠰᠠᠨ ᠤᠰᠤ ᠬᠡᠷᠡᠭᠯᠡᠬᠦ ᠶᠡᠷᠦᠩᠬᠡᠢ ᠬᠡᠮᠵᠢᠶ᠎ᠡ᠂ ᠲᠡᠷᠢᠭᠦᠨ᠎ᠤ ᠤᠰᠤ ᠠᠷᠪᠢᠯᠠᠬᠤ ᠬᠡᠮᠵᠢᠶ᠎ᠡ᠂ ᠤᠰᠤᠨ᠎ᠤ ᠴᠢᠳᠠᠪᠬᠢ ᠵᠢᠨ ᠣᠷᠣᠨ᠎ᠤ ᠪᠣᠬᠢᠷ ᠪᠣᠳᠠᠰ ᠭᠠᠳᠠᠭᠰᠢᠯᠠᠭᠤᠯᠬᠤ ᠴᠢᠳᠠᠪᠤᠷᠢ ᠵᠡᠷᠭᠡ ᠦᠷ᠎ᠡ ᠪᠦᠲᠦᠭᠡᠯ᠎ᠤᠨ ᠳᠠᠭ᠋ᠠᠤ᠂ ᠵᠠᠩᠬᠢᠯᠠᠭ᠎ᠠ ᠵᠢᠨ ᠵᠢᠭ᠋ᠠᠯᠳᠠ ᠲᠤᠭ᠋ᠠᠨ᠎ᠤ ᠬᠢᠵᠠᠭ᠋ᠠᠷᠯᠠᠬᠤ ᠴᠢᠨᠠᠷᠲᠠᠢ 《ᠬᠣᠷᠢᠭ᠎ᠠ ᠱᠤᠭᠤᠮ》᠎ᠢ ᠪᠠᠶ᠋ᠢᠭᠤᠯᠵᠤ᠂ ᠤᠰᠤ ᠬᠡᠷᠡᠭᠯᠡᠬᠦ ᠶᠡᠷᠦᠩᠬᠡᠢ ᠬᠡᠮᠵᠢᠶ᠎ᠡ ᠵᠢ ᠬᠢᠵᠠᠭ᠋ᠠᠷᠯᠠᠬᠤ ᠪᠣᠯᠤᠨ ᠲᠣᠭᠲᠠᠭᠰᠠᠨ ᠨᠣᠷᠮ᠎ᠠ᠎ᠪᠠᠷ ᠬᠠᠮᠢᠶᠠᠷᠬᠤ ᠵᠢ ᠬᠠᠷᠢᠯᠴᠠᠨ ᠤᠶᠠᠯᠳᠤᠭᠤᠯᠤᠭᠰᠠᠨ ᠬᠠᠮᠢᠶᠠᠷᠤᠯᠳᠠ ᠵᠢᠨ ᠲᠦᠷᠢᠮ᠎ᠢ ᠲᠡᠬᠦᠯᠳᠡᠷᠵᠢᠬᠦᠯᠵᠦ᠂ ᠮᠠᠨ᠎ᠤ ᠤᠯᠤᠰ᠎ᠤᠨ ᠭᠤᠤᠯ ᠪᠤᠯᠬᠤ ᠭᠤᠤᠯ ᠮᠦᠷᠡᠨ᠎ᠤ ᠤᠰᠤᠨ᠎ᠤ ᠬᠡᠮᠵᠢᠶ᠎ᠡ ᠵᠢ ᠬᠤᠪᠢᠶᠠᠷᠢᠯᠠᠬᠤ ᠲᠦᠰᠦᠪ᠎ᠢ ᠲᠦᠷᠭᠡᠳᠭᠡᠨ ᠲᠤᠭᠳᠠᠭ᠋ᠠᠵᠤ᠂ ᠤᠯᠤᠰ᠎ᠤᠨ ᠤᠰᠤᠨ᠎ᠤ ᠡᠷᠬᠡ ᠵᠢᠨ ᠲᠦᠷᠢᠮ ᠪᠠ ᠤᠰᠤᠨ᠎ᠤ ᠡᠷᠬᠡ ᠵᠢ ᠰᠤᠯᠢᠬᠤ ᠲᠦᠷᠢᠮ᠎ᠢ ᠠᠭ᠋ᠠᠵᠢᠮ ᠵᠶ᠋ᠡᠷ ᠪᠠᠢ᠌ᠭᠤᠯᠵᠤ᠂ ᠵᠠᠬ᠎ᠠ ᠲᠡᠯᠭᠡᠬᠦᠷ᠎ᠤᠨ ᠲᠤᠭᠳᠠᠴᠠ᠎ᠤᠨ ᠤᠰᠤᠨ᠎ᠤ ᠡᠬᠢ ᠪᠠᠶᠠᠯᠢᠭ᠎ᠢ ᠲᠤᠬᠢᠷᠠᠭᠤᠯᠬᠤ ᠲᠤᠮᠳᠠᠬᠢ ᠦᠢ᠍ᠯᠡᠳᠦᠯ᠎ᠢ ᠪᠠᠳᠠᠷᠠᠭᠤᠯᠤᠨ᠎ᠠ; ᠤᠰᠤᠨ᠎ᠤ ᠡᠬᠢ ᠪᠠᠶᠠᠯᠢᠭ ᠪᠣᠯᠤᠨ ᠤᠰᠤᠨ᠎ᠤ ᠠᠮᠢ ᠠᠬᠤᠢ ᠵᠢ ᠬᠠᠮᠠᠭ᠋ᠠᠯᠠᠬᠤ ᠳᠦᠷᠢᠮ᠎ᠢ ᠪᠠᠶ᠋ᠢᠭᠤᠯᠤᠨ ᠲᠡᠭᠦᠯᠳᠡᠷᠵᠢᠭᠦᠯᠵᠦ᠂ ᠤᠰᠤᠨ᠎ᠤ ᠡᠬᠢ ᠪᠠᠶᠠᠯᠢᠭ ᠪᠣᠯᠤᠨ ᠤᠰᠤᠨ᠎ᠤ ᠣᠷᠴᠢᠨ ᠲᠣᠭᠣᠷᠢᠨ᠎ᠢ ᠪᠦᠲᠦᠮᠵᠢᠲᠡᠢ ᠬᠠᠮᠠᠭ᠋ᠠᠯᠠᠵᠤ᠂ ᠭᠣᠣᠯ ᠨᠠᠭᠤᠷ᠎ᠤᠨ ᠡᠷᠡᠭᠦᠯ ᠮᠡᠨᠳᠦ ᠵᠢ ᠬᠠᠮᠠᠭ᠋ᠠᠯᠠᠨ᠎ᠠ; ᠤᠯᠤᠰ ᠠᠷᠠᠳ᠎ᠤᠨ ᠠᠵᠤ ᠠᠬᠤᠢ ᠪᠠ ᠨᠡᠶ᠋ᠢᠭᠡᠮ᠎ᠤᠨ ᠬᠥᠭᠵᠢᠯᠲᠡ ᠵᠢᠨ ᠲᠥᠯᠥᠪᠵᠢᠭᠦᠯᠭᠡ ᠵᠢᠴᠢ ᠬᠣᠲᠠ ᠵᠢᠨ ᠶᠡᠷᠦᠩᠬᠡᠢ ᠲᠥᠯᠥᠪᠵᠢᠭᠦᠯᠭᠡ ᠵᠢ ᠨᠠᠶ᠋ᠢᠷᠠᠭᠤᠯᠤᠨ ᠵᠤᠬᠢᠶᠠᠵᠤ᠂ ᠴᠢᠬᠤᠯᠠ ᠶᠡᠬᠡ ᠪᠦᠲᠦᠭᠡᠨ ᠪᠠᠶ᠋ᠢᠭᠤᠯᠤᠯᠲᠠ ᠵᠢᠨ ᠲᠦᠷᠦᠯ ᠵᠤᠢ᠌ᠯ᠎ᠢ ᠪᠠᠶ᠋ᠢᠷᠢᠯᠠᠭᠤᠯᠬᠤ᠎ᠳᠠᠭᠠᠨ ᠲᠤᠬᠠᠢ ᠵᠢᠨ ᠭᠠᠵᠠᠷ᠎ᠤᠨ ᠤᠰᠤᠨ᠎ᠤ ᠡᠬᠢ ᠪᠠᠶᠠᠯᠢᠭ᠎ᠤᠨ ᠨᠥᠬᠥᠴᠡᠯ᠎ᠲᠠᠢ ᠵᠣᠬᠢᠴᠠᠭᠤᠯᠬᠤ ᠬᠡᠷᠡᠭᠲᠡᠢ; ᠤᠰᠤᠨ᠎ᠤ ᠡᠬᠢ ᠪᠠᠶᠠᠯᠢᠭ᠎ᠢ ᠨᠤᠲᠠᠯᠠᠬᠤ᠂ ᠤᠰᠤ ᠠᠪᠬᠤ ᠵᠥᠪᠰᠢᠶᠡᠷᠡᠯ ᠪᠠ ᠤᠰᠤᠨ᠎ᠤ ᠡᠬᠢ ᠪᠠᠶᠠᠯᠢᠭ᠎ᠢ ᠲᠥᠯᠥᠪᠦᠷᠢ᠎ᠲᠠᠢ ᠬᠡᠷᠡᠭᠯᠡᠬᠦ ᠳᠦᠷᠢᠮ᠎ᠢ ᠴᠢᠩᠭ᠎ᠠ ᠳᠦᠷᠢᠮᠵᠢᠭᠦᠯᠵᠦ᠂ ᠤᠰᠤᠨ᠎ᠤ ᠦᠨ᠎ᠡ ᠵᠢᠨ ᠥᠭᠡᠷᠡᠴᠢᠯᠡᠯᠲᠡ ᠵᠢ ᠢᠳᠡᠪᠬᠢᠲᠡᠢ ᠠᠬᠢᠭᠤᠯᠤᠨ᠎ᠠ; ᠤᠰᠤᠨ ᠰᠢᠨᠵᠢᠯᠡᠭᠡᠨ᠎ᠤ ᠤᠰᠤᠨ᠎ᠤ ᠡᠬᠢ ᠪᠠᠶᠠᠯᠢᠭ᠎ᠤᠨ ᠬᠢᠨᠠᠨ ᠬᠡᠮᠵᠢᠯᠲᠡ ᠵᠢ ᠴᠢᠩᠭ᠋ᠠᠳᠬᠠᠵᠤ᠂ ᠤᠰᠤᠨ᠎ᠤ ᠡᠬᠢ ᠪᠠᠶᠠᠯᠢᠭ᠎ᠤᠨ ᠬᠥᠳᠡᠯᠦᠩᠭᠦᠢ ᠬᠢᠨᠠᠨ ᠬᠡᠮᠵᠢᠯᠲᠡ ᠪᠣᠯᠤᠨ ᠲᠣᠬᠢᠷᠠᠭᠤᠯᠤᠯᠲᠠ ᠵᠢᠨ ᠴᠢᠳᠠᠪᠤᠷᠢ ᠵᠢ ᠲᠡᠭᠡᠭᠰᠢᠯᠡᠬᠦᠯᠦᠨ᠎ᠡ; ᠣᠨᠴᠠ ᠶᠡᠬᠡ ᠭᠠᠩ ᠭᠠᠮᠰᠢᠭ ᠵᠢᠴᠢ ᠭᠡᠨᠡᠳᠲᠡ ᠡᠭᠦᠰᠬᠦ ᠠᠮᠤᠷ ᠲᠦᠪᠰᠢᠨ ᠵᠶ᠋ᠡᠷ ᠤᠰᠤ ᠬᠠᠩᠭ᠋ᠠᠬᠤ ᠵᠢᠴᠢ ᠤᠰᠤᠨ᠎ᠤ ᠪᠣᠬᠢᠷᠲᠤᠯ᠎ᠤᠨ ᠬᠡᠷᠡᠭ᠎ᠢ ᠠᠷᠭ᠋ᠠᠴᠠᠬᠤ ᠤᠰᠤᠨ᠎ᠤ ᠰᠤᠷᠪᠤᠯᠵᠢ ᠵᠢ ᠨᠥᠭᠡᠴᠡᠯᠡᠬᠦ ᠳᠦᠷᠢᠮ ᠪᠣᠯᠤᠨ ᠪᠠᠴᠢᠮ ᠪᠠᠶ᠋ᠢᠳᠠᠯ᠎ᠢ ᠠᠷᠭ᠋ᠠᠴᠠᠬᠤ ᠬᠠᠮᠢᠶᠠᠷᠤᠯᠲᠠ ᠵᠢᠨ ᠳᠦᠷᠢᠮ᠎ᠢ ᠪᠠᠢ᠌ᠭᠤᠯᠵᠤ᠂ ᠲᠦᠭᠰᠢᠬᠦᠷᠢ ᠵᠢᠨ ᠪᠠᠴᠢᠮ ᠪᠠᠢ᠌ᠳᠠᠯ᠎ᠢ ᠠᠷᠭ᠋ᠠᠴᠠᠬᠤ ᠬᠠᠮᠢᠶᠠᠷᠤᠯᠳᠠ ᠵᠢᠨ ᠬᠢᠷᠢ ᠲᠦᠪᠰᠢᠨ ᠵᠶ᠋ᠡᠨ ᠲᠡᠭᠡᠭᠰᠢᠯᠡᠬᠦᠯᠦᠨ᠎ᠡ᠃
ᠰᠤᠷᠪᠤᠯᠵᠢᠯᠠᠭᠴᠢ᠄《ᠲᠦᠯᠦᠪᠵᠢᠬᠦᠯᠭᠡ》ᠵᠢᠨ ᠤᠷᠤᠭᠰᠢᠲᠠᠢ ᠬᠡᠷᠡᠭᠵᠢᠭᠦᠯᠦᠭᠳᠡᠬᠦ ᠵᠢ ᠪᠠᠲᠤᠯᠠᠬᠤ᠎ᠳᠤ ᠶᠠᠮᠠᠷ ᠪᠠᠲᠤᠯᠠᠭ᠎ᠠ ᠵᠢᠨ ᠠᠷᠭ᠎ᠠ ᠬᠡᠮᠵᠢᠶ᠎ᠡ ᠠᠪᠬᠤ᠎ᠪᠠᠷ ᠳᠤᠷᠠᠳᠤᠭᠰᠠᠨ ᠪᠣᠢ?
ᠵᠢᠶᠤᠤ ᠶᠦᠩ᠄ 《ᠲᠦᠯᠦᠪᠵᠢᠬᠦᠯᠭᠡ》᠎ᠳᠤ ᠡᠯ᠎ᠡ ᠱᠠᠲᠤᠨ᠎ᠤ ᠵᠠᠰᠠᠭ᠎ᠤᠨ ᠭᠠᠵᠠᠷ ᠪᠣᠯᠤᠨ ᠬᠣᠯᠪᠣᠭᠳᠠᠬᠤ ᠪᠠᠠᠢ᠌ᠭᠤᠯᠭᠠ ᠵᠢᠨ ᠡᠭᠦᠷᠭᠡ ᠬᠠᠷᠢᠭᠤᠴᠠᠯᠭ᠎ᠠ ᠵᠢ ᠲᠤᠳᠤᠷᠬᠠᠢ ᠲᠤᠭᠳᠠᠭ᠋ᠠᠵᠤ᠂ ᠬᠠᠤᠯᠢ ᠵᠢᠨ ᠳᠠᠭ᠋ᠠᠤ ᠤᠰᠤ ᠵᠢ ᠬᠠᠮᠢᠶᠠᠷᠬᠤ᠂ ᠬᠠᠮᠢᠶᠠᠷᠤᠯᠳᠠ᠎ᠪᠠᠨ ᠡᠷᠴᠢᠮᠵᠢᠭᠦᠯᠬᠦ᠂ ᠪᠡᠯᠡ ᠣᠷᠣᠭᠤᠯᠤᠯᠲᠠ ᠵᠢ ᠨᠡᠮᠡᠭᠳᠡᠭᠦᠯᠬᠦ᠂ ᠲᠤᠭᠳᠠᠴᠠ ᠵᠢ ᠲᠡᠬᠦᠯᠳᠡᠷᠵᠢᠬᠦᠯᠬᠦ᠂ ᠴᠢᠳᠠᠪᠤᠷᠢ ᠵᠢᠨ ᠪᠦᠲᠦᠭᠡᠨ ᠪᠠᠶ᠋ᠢᠭᠤᠯᠤᠯᠲᠠ ᠪᠣᠯᠤᠨ ᠰᠢᠨᠵᠢᠯᠡᠬᠦ ᠮᠡᠷᠭᠡᠵᠢᠯ᠎ᠤᠨ ᠰᠢᠨ᠎ᠡ ᠵᠢ ᠡᠬᠦᠳᠬᠦ ᠵᠡᠷᠭᠡ ᠲᠠᠯ᠎ᠠ᠎ᠪᠠᠷ ᠲᠦᠯᠦᠪᠵᠢᠬᠦᠯᠭᠡ ᠵᠢ ᠬᠡᠷᠡᠭᠵᠢᠬᠦᠯᠬᠦ ᠪᠠᠳᠤᠯᠠᠭ᠎ᠠ ᠵᠢᠨ ᠠᠷᠭ᠎ᠠ ᠬᠡᠮᠵᠢᠶ᠎ᠡ ᠵᠢ ᠲᠤᠷᠠᠳᠤᠭᠰᠠᠨ ᠪᠠᠢ᠌ᠨ᠎ᠠ᠃
ᠨᠢᠭᠡ᠎ᠳᠤ ᠬᠠᠤᠯᠢ ᠳᠦᠷᠢᠮ᠎ᠢ ᠲᠡᠭᠦᠯᠳᠡᠷᠵᠢᠭᠦᠯᠵᠦ᠂ ᠬᠠᠤᠯᠢ ᠶᠣᠰᠣᠭ᠋ᠠᠷ ᠤᠰᠤ ᠬᠠᠮᠢᠶᠠᠷᠬᠤ ᠵᠢ ᠴᠢᠩᠭ᠋ᠠᠳᠬᠠᠨ᠎ᠠ᠃ ᠤᠰᠤ ᠠᠷᠪᠢᠯᠠᠨ ᠬᠡᠷᠡᠭᠯᠡᠬᠦ᠂ ᠤᠰᠤᠨ᠎ᠤ ᠴᠢᠳᠠᠮᠵᠢᠲᠤ ᠣᠷᠣᠨ᠎ᠤ ᠬᠠᠮᠢᠶᠠᠷᠤᠯᠲᠠ᠂ ᠤᠰᠤᠨ᠎ᠤ ᠡᠬᠢ ᠪᠠᠶᠠᠯᠢᠭ᠎ᠤᠨ ᠬᠠᠮᠠᠭ᠋ᠠᠯᠠᠯᠲᠠ᠂ ᠭᠠᠵᠠᠷ ᠳᠣᠣᠷᠠᠬᠢ ᠤᠰᠤᠨ᠎ᠤ ᠬᠠᠮᠢᠶᠠᠷᠤᠯᠲᠠ ᠪᠣᠯᠤᠨ ᠤᠰᠤᠨ᠎ᠤ ᠡᠬᠢ ᠪᠠᠶᠠᠯᠢᠭ᠎ᠤᠨ ᠨᠤᠲᠠᠯᠠᠯᠲᠠ ᠵᠡᠷᠭᠡ ᠲᠠᠯ᠎ᠠ ᠵᠢᠨ ᠬᠠᠤᠯᠢ ᠲᠣᠭᠲᠠᠭ᠋ᠠᠬᠤ ᠠᠵᠢᠯ᠎ᠢ ᠱᠠᠯᠠᠪᠳᠠᠨ ᠥᠷᠨᠢᠭᠦᠯᠵᠦ᠂ ᠤᠰᠤ ᠠᠪᠬᠤ ᠵᠥᠪᠰᠢᠶᠡᠷᠡᠯ᠎ᠤᠨ ᠬᠠᠮᠢᠶᠠᠷᠤᠯᠲᠠ᠂ ᠤᠰᠤᠨ᠎ᠤ ᠡᠬᠢ ᠪᠠᠶᠠᠯᠢᠭ᠎ᠤᠨ ᠰᠦᠢ᠍ᠳᠬᠡᠯ ᠲᠠᠲᠠᠪᠤᠷᠢᠯᠠᠨ ᠬᠤᠷᠢᠶᠠᠬᠤ ᠬᠠᠮᠢᠶᠠᠷᠤᠯᠲᠠ ᠵᠢᠴᠢ ᠤᠰᠤᠨ᠎ᠤ ᠡᠬᠢ ᠪᠠᠶᠠᠯᠢᠭ᠎ᠢ ᠠᠷᠪᠢᠯᠠᠬᠤ᠂ ᠬᠠᠮᠠᠭ᠋ᠠᠯᠠᠬᠤ ᠵᠡᠷᠭᠡ ᠲᠥᠬᠥᠷ ᠬᠠᠤᠯᠢ ᠲᠣᠭᠲᠠᠭ᠋ᠠᠯ᠎ᠢ ᠱᠠᠯᠠᠪᠳᠠᠨ ᠲᠣᠭᠲᠠᠭ᠋ᠠᠵᠤ᠂ ᠮᠠᠨ᠎ᠤ ᠤᠯᠤᠰ᠎ᠤᠨ ᠤᠰᠤᠨ᠎ᠤ ᠪᠠᠶ᠋ᠢᠳᠠᠯ᠎ᠳᠤ ᠨᠡᠶ᠋ᠢᠴᠡᠭᠰᠡᠨ ᠤᠰᠤᠨ᠎ᠤ ᠡᠬᠢ ᠪᠠᠶᠠᠯᠢᠭ᠎ᠤᠨ ᠬᠠᠤᠯᠢ ᠲᠣᠭᠲᠠᠭ᠋ᠠᠯ᠎ᠤᠨ ᠰᠢᠰᠲ᠋ᠧᠮᠵᠢ ᠵᠢ ᠪᠠᠶ᠋ᠢᠭᠤᠯᠤᠨ ᠪᠦᠷᠢᠨᠰᠢᠭᠦᠯᠬᠦ ᠬᠡᠷᠡᠭᠲᠡᠢ᠃ ᠤᠰᠤᠨ᠎ᠤ ᠡᠬᠢ ᠪᠠᠶᠠᠯᠢᠭ᠎ᠢ ᠨᠡᠭᠡᠭᠡᠬᠦ᠂ ᠠᠰᠢᠭᠯᠠᠬᠤ᠂ ᠲᠣᠬᠢᠷᠠᠭᠤᠯᠬᠤ᠂ ᠠᠷᠪᠢᠯᠠᠬᠤ᠂ ᠬᠠᠮᠠᠭ᠋ᠠᠯᠠᠬᠤ ᠬᠠᠮᠢᠶᠠᠷᠤᠯᠲᠠ ᠵᠢᠨ ᠳᠦᠷᠢᠮ᠎ᠤᠨ ᠰᠢᠰᠲ᠋ᠧᠮᠵᠢ ᠵᠢᠨ ᠪᠠᠶ᠋ᠢᠭᠤᠯᠤᠯᠲᠠ ᠵᠢ ᠲᠡᠬᠦᠯᠳᠡᠷᠵᠢᠬᠦᠯᠵᠦ᠂ ᠤᠰᠤ ᠠᠪᠬᠤ᠂ ᠤᠰᠤ ᠬᠠᠩᠭ᠋ᠠᠬᠤ᠂ ᠤᠰᠤ ᠬᠡᠷᠡᠭᠯᠡᠬᠦ᠂ ᠤᠰᠤ ᠬᠣᠷᠣᠭᠳᠠᠭᠤᠯᠬᠤ᠂ ᠤᠰᠤ ᠳᠠᠳᠠᠷᠠᠭᠤᠯᠬᠤ ᠪᠦᠬᠦ ᠶᠠᠪᠤᠴᠠ ᠵᠢᠨ ᠬᠠᠮᠢᠶᠠᠷᠤᠯᠲᠠ ᠵᠢᠨ ᠳᠦᠷᠢᠮ᠎ᠢ ᠪᠠᠶ᠋ᠢᠭᠤᠯᠤᠨ ᠲᠡᠭᠦᠯᠳᠡᠷᠵᠢᠭᠦᠯᠦᠨ᠎ᠡ᠃ ᠵᠠᠰᠠᠭ ᠵᠠᠬᠢᠷᠭ᠋ᠠᠨ᠎ᠤ ᠬᠠᠤᠯᠢ ᠬᠡᠷᠡᠭᠵᠢᠭᠦᠯᠬᠦ ᠬᠠᠷᠢᠭᠤᠴᠠᠯᠭ᠎ᠠ ᠵᠢᠨ ᠳᠦᠷᠢᠮ᠎ᠢ ᠬᠡᠷᠡᠭᠵᠢᠭᠦᠯᠬᠦ ᠪᠠ ᠬᠠᠤᠯᠢ ᠬᠡᠷᠡᠭᠵᠢᠭᠦᠯᠬᠦ ᠪᠠᠶ᠋ᠢᠭᠤᠯᠤᠮᠵᠢ ᠵᠢ ᠰᠢᠯᠤᠭᠤᠳᠬᠠᠬᠤ᠎ᠪᠠᠷ ᠭᠣᠣᠯᠳᠠᠯᠭ᠎ᠠ ᠪᠣᠯᠭ᠋ᠠᠨ ᠶᠡᠷᠦᠩᠬᠡᠶ᠋ᠢᠯᠡᠨ ᠬᠠᠤᠯᠢ ᠬᠡᠷᠡᠭᠵᠢᠭᠦᠯᠬᠦ ᠵᠢ ᠠᠬᠢᠭᠤᠯᠤᠨ᠎ᠠ; ᠬᠠᠤᠯᠢ ᠬᠡᠷᠡᠭᠵᠢᠭᠦᠯᠬᠦ ᠡᠷᠴᠢᠮ᠎ᠢ ᠴᠢᠩᠭ᠋ᠠᠷᠠᠭᠤᠯᠵᠤ ᠤᠰᠤᠨ᠎ᠤ ᠬᠡᠷᠡᠭ᠎ᠤᠨ ᠵᠢᠭᠤᠷᠠᠯᠳᠤᠭ᠋ᠠᠨ᠎ᠢ ᠤᠷᠢᠳᠴᠢᠯᠠᠨ ᠰᠡᠷᠭᠡᠶ᠋ᠢᠯᠡᠬᠦ ᠪᠠ ᠡᠶᠡᠳᠡᠭᠦᠯᠦᠨ ᠰᠢᠢ᠍ᠳᠪᠦᠷᠢᠯᠡᠬᠦ ᠵᠢ ᠴᠢᠩᠭ᠋ᠠᠳᠬᠠᠵᠤ᠂ ᠤᠰᠤᠨ᠎ᠤ ᠬᠡᠪ᠎ᠤᠨ ᠡᠮᠬᠢ ᠵᠢᠷᠤᠮ᠎ᠢ ᠬᠠᠮᠠᠭ᠋ᠠᠯᠠᠨ᠎ᠠ᠃
ᠬᠣᠶᠠᠷ᠎ᠲᠤ ᠲᠤᠭᠳᠠᠯᠴᠠᠭ᠎ᠠ ᠵᠢ ᠦᠭᠡᠷᠡᠴᠢᠯᠡᠨ᠂ ᠶᠡᠷᠦᠩᠬᠡᠢ᠌ᠯᠡᠭᠰᠡᠨ ᠬᠠᠮᠢᠶᠠᠷᠤᠯᠳᠠ ᠵᠢ ᠡᠷᠴᠢᠮᠵᠢᠬᠦᠯᠦᠨ᠎ᠡ᠃ ᠰᠠᠪᠠ ᠭᠠᠵᠠᠷ ᠬᠢᠭᠡᠳ ᠵᠠᠰᠠᠭ ᠵᠠᠬᠢᠷᠭ᠋ᠠᠨ᠎ᠤ ᠣᠷᠣᠨ᠎ᠢ ᠬᠠᠷᠢᠯᠴᠠᠨ ᠤᠶᠠᠯᠳᠤᠭᠤᠯᠤᠭᠰᠠᠨ᠂ ᠬᠣᠲᠠ ᠬᠢᠭᠡᠳ ᠬᠥᠳᠡᠭᠡ ᠲᠣᠰᠬᠣᠨ᠎ᠢ ᠬᠠᠷᠢᠯᠴᠠᠨ ᠨᠢᠭᠡᠳᠦᠯᠲᠡᠢ ᠲᠦᠯᠦᠪᠯᠡᠭᠰᠡᠨ᠂ ᠨᠡᠭᠡᠭᠡᠨ ᠠᠰᠢᠭᠯᠠᠬᠤ ᠬᠢᠭᠡᠳ ᠠᠷᠪᠢᠯᠠᠨ ᠬᠠᠮᠠᠭ᠋ᠠᠯᠠᠬᠤ ᠵᠢ ᠬᠠᠷᠢᠯᠴᠠᠨ ᠵᠣᠬᠢᠴᠠᠭᠤᠯᠤᠭᠰᠠᠨ ᠤᠰᠤᠨ᠎ᠤ ᠡᠬᠢ ᠪᠠᠶᠠᠯᠢᠭ᠎ᠤᠨ ᠶᠡᠷᠦᠩᠬᠡᠶ᠋ᠢᠯᠡᠭᠰᠡᠨ ᠬᠠᠮᠢᠶᠠᠷᠤᠯᠲᠠ ᠵᠢᠨ ᠲᠤᠭᠳᠠᠯᠴᠠᠭ᠎ᠠ ᠵᠢ ᠲᠡᠭᠦᠯᠳᠡᠷᠵᠢᠬᠦᠯᠵᠦ᠂ ᠡᠯ᠎ᠡ ᠲᠠᠯ᠎ᠠ ᠵᠢᠨ᠎ᠬᠢᠨ ᠤᠷᠤᠯᠴᠠᠭᠰᠠᠨ᠂ ᠠᠷᠠᠳᠴᠢᠯᠠᠯ ᠵᠶ᠋ᠠᠷ ᠵᠥᠪᠳᠡᠯᠴᠡᠬᠦ᠂ ᠬᠠᠮᠲᠤ᠎ᠪᠠᠷ ᠰᠢᠢ᠍ᠳᠪᠦᠷᠢᠲᠦ ᠪᠣᠳᠣᠯᠭ᠎ᠠ ᠲᠣᠭᠲᠠᠭ᠋ᠠᠬᠤ᠂ ᠠᠵᠢᠯ ᠵᠶ᠋ᠠᠨ ᠬᠤᠪᠢᠳᠠᠨ ᠬᠠᠷᠢᠭᠤᠴᠠᠬᠤ ᠰᠠᠪᠠ ᠭᠠᠵᠠᠷ᠎ᠤᠨ ᠬᠡᠷᠡᠭ ᠶᠠᠪᠤᠳᠠᠯ ᠵᠥᠪᠯᠡᠵᠦ ᠰᠢᠢ᠍ᠳᠪᠦᠷᠢᠲᠦ ᠪᠣᠳᠣᠯᠭ᠎ᠠ ᠲᠣᠭᠲᠠᠭ᠋ᠠᠬᠤ ᠲᠣᠭᠲᠠᠴᠠ ᠪᠣᠯᠤᠨ ᠥᠨᠳᠥᠷ ᠦᠷ᠎ᠡ ᠪᠦᠲᠦᠮᠵᠢᠲᠡᠢ ᠬᠡᠷᠡᠭᠵᠢᠭᠦᠯᠬᠦ ᠲᠣᠭᠲᠠᠴᠠ ᠵᠢ ᠪᠠᠢ᠌ᠭᠤᠯᠤᠨ᠎ᠠ᠃ ᠬᠣᠲᠠ ᠬᠥᠳᠡᠭᠡ ᠵᠢᠨ ᠤᠰᠤᠨ᠎ᠤ ᠶᠠᠪᠤᠳᠠᠯ᠎ᠤᠨ ᠬᠠᠷᠢᠴᠠᠭ᠎ᠠ ᠵᠢ ᠨᠢᠭᠡᠳᠦᠯᠲᠡᠢ ᠲᠥᠯᠥᠪᠵᠢᠭᠦᠯᠦᠨ ᠵᠣᠬᠢᠴᠠᠭᠤᠯᠵᠤ᠂ ᠰᠠᠪᠠ ᠭᠠᠵᠠᠷ᠎ᠤᠨ ᠤᠰᠤᠨ᠎ᠤ ᠡᠬᠢ ᠪᠠᠶᠠᠯᠢᠭ᠎ᠤᠨ ᠶᠡᠷᠦᠩᠬᠡᠶ᠋ᠢᠯᠡᠭᠰᠡᠨ ᠬᠠᠮᠢᠶᠠᠷᠤᠯᠲᠠ ᠵᠢ ᠴᠢᠩᠭ᠋ᠠᠳᠬᠠᠨ᠎ᠠ᠃ ᠡᠯ᠎ᠡ ᠱᠠᠲᠤᠨ᠎ᠤ ᠤᠰᠤᠨ᠎ᠤ ᠵᠠᠰᠠᠭ ᠵᠠᠬᠢᠷᠭ᠋ᠠᠨ᠎ᠤ ᠭᠣᠣᠯᠴᠢᠯᠠᠨ ᠬᠠᠮᠢᠶᠠᠷᠬᠤ ᠰᠠᠯᠠᠭ᠎ᠠ ᠮᠥᠴᠢᠷ᠎ᠤᠨ ᠤᠰᠤᠨ᠎ᠤ ᠡᠬᠢ ᠪᠠᠶᠠᠯᠢᠭ᠎ᠤᠨ ᠬᠠᠮᠢᠶᠠᠷᠤᠯᠲᠠ ᠬᠢᠭᠡᠳ ᠬᠢᠨᠠᠯᠲᠠ ᠲᠠᠯᠪᠢᠬᠤ ᠡᠭᠦᠷᠭᠡ ᠴᠢᠳᠠᠪᠤᠷᠢ ᠵᠢ ᠴᠢᠩᠭ᠋ᠠᠷᠠᠭᠤᠯᠵᠤ᠂ ᠤᠰᠤᠨ᠎ᠤ ᠡᠬᠢ ᠪᠠᠶᠠᠯᠢᠭ᠎ᠤᠨ ᠬᠠᠮᠤᠭ᠎ᠤᠨ ᠴᠢᠩᠭ᠎ᠠ ᠬᠠᠮᠢᠶᠠᠷᠤᠯᠲᠠ ᠵᠢᠨ ᠳᠦᠷᠢᠮ᠎ᠢ ᠬᠡᠷᠡᠭᠵᠢᠭᠦᠯᠬᠦ ᠡᠯ᠎ᠡ ᠵᠦᠢ᠍ᠯ᠎ᠤᠨ ᠠᠷᠭ᠎ᠠ ᠬᠡᠮᠵᠢᠶ᠎ᠡ ᠵᠢ ᠨᠠᠶ᠋ᠢᠳᠠᠪᠤᠷᠢᠵᠢᠭᠤᠯᠵᠤ᠂ ᠤᠰᠤᠨ᠎ᠤ ᠡᠬᠢ ᠪᠠᠶᠠᠯᠢᠭ᠎ᠢ ᠨᠡᠭᠡᠭᠡᠨ ᠠᠰᠢᠭᠯᠠᠬᠤ ᠪᠦᠬᠦ ᠶᠠᠪᠤᠴᠠ᠎ᠳᠠᠬᠢ ᠬᠢᠨᠠᠯᠲᠠ ᠬᠠᠮᠢᠶᠠᠷᠤᠯᠲᠠ᠎ᠪᠠᠨ ᠴᠢᠩᠭ᠋ᠠᠳᠬᠠᠨ᠎ᠠ᠃
ᠭᠤᠷᠪᠠ᠎ᠳᠤ ᠪᠡᠯᠡ ᠣᠷᠣᠭᠤᠯᠤᠯᠲᠠ᠎ᠪᠠᠨ ᠨᠡᠮᠡᠭᠳᠡᠭᠦᠯᠵᠦ᠂ ᠪᠡᠯᠡ ᠬᠤᠷᠠᠮᠳᠤᠭᠤᠯᠬᠤ ᠠᠷᠭ᠎ᠠ ᠵᠠᠮ ᠵᠶ᠋ᠠᠨ ᠥᠷᠭᠡᠳᠬᠡᠨ᠎ᠡ᠃ ᠲᠥᠪ᠎ᠤᠨ ᠪᠠ ᠣᠷᠣᠨ ᠨᠤᠲᠤᠭ᠎ᠤᠨ ᠡᠳ᠋᠎ᠤᠨ ᠵᠠᠰᠠᠭ᠎ᠤᠨ ᠲᠥᠰᠥᠪ᠎ᠤᠨ ᠣᠷᠣᠭᠤᠯᠤᠯᠲᠠ ᠵᠢ ᠦᠨᠡᠨᠬᠦ ᠨᠡᠮᠡᠭᠳᠡᠭᠦᠯᠵᠦ᠂ ᠵᠠᠰᠠᠭ᠎ᠤᠨ ᠣᠷᠳᠣᠨ᠎ᠤ ᠤᠰᠤᠨ ᠠᠰᠢᠭᠯᠠᠯᠲᠠ ᠵᠢᠨ ᠪᠡᠯᠡ ᠣᠷᠣᠭᠤᠯᠤᠯᠲᠠ ᠵᠢ ᠲᠣᠭᠲᠠᠭᠤᠨ ᠵᠶ᠋ᠠᠷ ᠨᠡᠮᠡᠭᠳᠡᠭᠦᠯᠬᠦ ᠲᠣᠭᠲᠠᠴᠠ ᠵᠢ ᠪᠠᠶ᠋ᠢᠭᠤᠯᠬᠤ ᠬᠡᠷᠡᠭᠲᠡᠢ᠃ ᠡᠯ᠎ᠡ ᠲᠥᠷᠥᠯ᠎ᠤᠨ ᠤᠰᠤᠨ᠎ᠤ ᠢᠨᠵᠧᠨᠧᠷᠢᠩ᠎ᠤᠨ ᠪᠡᠯᠡ ᠣᠷᠣᠭᠤᠯᠤᠯᠲᠠ ᠵᠢᠨ ᠭᠣᠣᠯ ᠴᠣᠭᠴᠠ ᠵᠢ ᠲᠣᠳᠣᠷᠬᠠᠶ᠋ᠢᠯᠠᠵᠤ᠂ ᠣᠯᠠᠨ ᠠᠷᠭ᠎ᠠ ᠵᠠᠮ᠂ ᠣᠯᠠᠨ ᠳᠡᠰ ᠳᠠᠪᠬᠤᠷᠭ᠎ᠠ᠂ ᠣᠯᠠᠨ ᠡᠰᠢᠵᠢᠭᠦᠯᠦᠭᠰᠡᠨ ᠤᠰᠤᠨ ᠠᠰᠢᠭᠯᠠᠯᠲᠠ ᠵᠢᠨ ᠣᠷᠣᠭᠤᠯᠤᠯᠲᠠ ᠵᠢᠨ ᠪᠠᠲᠤᠯᠠᠭ᠎ᠠ ᠵᠢᠨ ᠲᠣᠭᠲᠠᠴᠠ ᠵᠢ ᠪᠦᠷᠢᠯᠳᠦᠬᠦᠯᠦᠨ᠎ᠡ᠃ ᠵᠠᠬ᠎ᠠ ᠳᠡᠯᠭᠡᠭᠦᠷ᠎ᠤᠨ ᠣᠷᠴᠢᠨ ᠲᠣᠭᠣᠷᠢᠨ᠎ᠤ ᠥᠷᠢᠰᠦᠯᠳᠦᠭᠡᠨ᠎ᠤ ᠲᠣᠭᠲᠠᠴᠠ ᠵᠢ ᠲᠡᠭᠦᠯᠳᠡᠷᠵᠢᠭᠦᠯᠵᠦ᠂ ᠡᠯ᠎ᠡ ᠲᠥᠷᠥᠯ᠎ᠤᠨ ᠨᠡᠶ᠋ᠢᠭᠡᠮ᠎ᠤᠨ ᠪᠡᠯᠡ ᠮᠥᠩᠭᠥ ᠵᠢ ᠤᠰᠤᠨ ᠠᠰᠢᠭᠯᠠᠯᠲᠠ ᠵᠢᠨ ᠪᠦᠲᠦᠭᠡᠨ ᠪᠠᠶ᠋ᠢᠭᠤᠯᠤᠯᠲᠠ᠎ᠳᠤ ᠥᠷᠭᠡᠨ ᠵᠶ᠋ᠡᠷ ᠲᠡᠳᠡᠨ ᠣᠷᠣᠭᠤᠯᠬᠤ ᠬᠡᠷᠡᠭᠲᠡᠢ᠃ ᠲᠠᠷᠢᠶᠠᠯᠠᠩ᠎ᠤᠨ ᠤᠰᠤᠨ ᠠᠰᠢᠭᠯᠠᠯᠲᠠ᠂ ᠤᠰᠤᠨ᠎ᠤ ᠡᠬᠢ ᠰᠤᠷᠪᠤᠯᠵᠢ ᠵᠢ ᠲᠣᠬᠢᠷᠠᠭᠤᠯᠬᠤ ᠵᠢᠴᠢ ᠠᠮᠢ ᠠᠬᠤᠢ ᠣᠷᠴᠢᠨ ᠲᠣᠭᠣᠷᠢᠨ᠎ᠢ ᠬᠠᠮᠠᠭ᠋ᠠᠯᠠᠬᠤ ᠵᠡᠷᠭᠡ ᠰᠠᠭᠤᠷᠢ ᠲᠥᠬᠥᠭᠡᠷᠦᠮᠵᠢ ᠵᠢᠨ ᠣᠷᠣᠭᠤᠯᠤᠯᠲᠠ ᠵᠢᠨ ᠬᠦᠴᠦᠯᠡᠴᠡ᠎ᠪᠠᠨ ᠨᠡᠮᠡᠭᠳᠡᠬᠦᠯᠵᠦ᠂ ᠤᠷᠮᠠᠰᠢᠭᠤᠯᠬᠤ ᠲᠤᠭᠳᠠᠴᠠ ᠵᠢ ᠪᠠᠢ᠌ᠭᠤᠯᠤᠨ ᠲᠡᠬᠦᠯᠳᠡᠷᠵᠢᠬᠦᠯᠵᠦ᠂ ᠦᠷᠭᠡᠨ ᠤᠯᠠᠨ ᠲᠠᠷᠢᠶᠠᠴᠢᠳ᠎ᠤᠨ ᠲᠠᠷᠢᠶᠠᠯᠠᠩ᠎ᠤᠨ ᠤᠰᠤᠨ ᠠᠰᠢᠭᠯᠠᠯᠳᠠ ᠵᠢᠨ ᠪᠦᠳᠦᠭᠡᠨ ᠪᠠᠢ᠌ᠭᠤᠯᠤᠯᠳᠠ᠎ᠳᠤ ᠤᠷᠤᠯᠴᠠᠬᠤ ᠵᠢ ᠲᠠᠢ᠌ᠴᠢᠯᠠᠨ ᠵᠤᠷᠢᠭᠵᠢᠭᠤᠯᠤᠨ᠎ᠠ᠃
ᠳᠥᠷᠪᠡ᠎ᠳᠤ᠂ ᠤᠰᠤ ᠵᠢ ᠰᠢᠨᠵᠢᠯᠡᠬᠦ ᠤᠬᠠᠭ᠋ᠠᠨᠴᠢ᠎ᠪᠠᠷ ᠬᠠᠮᠢᠶᠠᠷᠴᠤ᠂ ᠴᠢᠳᠠᠪᠤᠷᠢ ᠵᠢᠨ ᠪᠠᠶ᠋ᠢᠭᠤᠯᠤᠯᠲᠠ᠎ᠪᠠᠨ ᠴᠢᠩᠭ᠋ᠠᠳᠬᠠᠨ᠎ᠠ᠃ ᠤᠰᠤᠨ ᠠᠰᠢᠭᠯᠠᠯᠲᠠ ᠵᠢᠨ ᠰᠢᠨᠵᠢᠯᠡᠬᠦ ᠤᠬᠠᠭ᠋ᠠᠨ ᠮᠡᠷᠭᠡᠵᠢᠯ᠎ᠤᠨ ᠰᠢᠨ᠎ᠡ ᠵᠢ ᠡᠭᠦᠳᠬᠦ ᠰᠢᠰᠲ᠋ᠧᠮ᠎ᠤᠨ ᠪᠠᠶ᠋ᠢᠭᠤᠯᠤᠯᠲᠠ ᠵᠢ ᠪᠦᠬᠦ ᠲᠠᠯ᠎ᠠ᠎ᠪᠠᠷ ᠠᠬᠢᠭᠤᠯᠵᠤ᠂ ᠤᠰᠤᠨ ᠠᠰᠢᠭᠯᠠᠯᠲᠠ ᠵᠢᠨ ᠰᠢᠨᠵᠢᠯᠡᠬᠦ ᠤᠬᠠᠭ᠋ᠠᠨ ᠮᠡᠷᠭᠡᠵᠢᠯ ᠵᠶ᠋ᠡᠷ ᠲᠤᠯᠭ᠋ᠠᠭᠤᠷᠢᠯᠠᠬᠤ ᠴᠢᠳᠠᠪᠤᠷᠢ ᠵᠢ ᠲᠠᠰᠤᠷᠠᠯᠲᠠ ᠦᠭᠡᠢ ᠲᠡᠭᠡᠭᠰᠢᠯᠡᠬᠦᠯᠦᠨ᠎ᠡ᠃ ᠤᠰᠤᠨ᠎ᠤ ᠡᠬᠢ ᠪᠠᠶᠠᠯᠢᠭ᠎ᠤᠨ ᠮᠡᠷᠭᠡᠵᠢᠯ ᠳᠡᠯᠭᠡᠷᠡᠭᠦᠯᠬᠦ ᠪᠠ ᠦᠢ᠍ᠯᠡᠴᠢᠯᠡᠭᠡᠨ᠎ᠤ ᠰᠢᠰᠲ᠋ᠧᠮᠵᠢ ᠵᠢ ᠪᠠᠶ᠋ᠢᠭᠤᠯᠤᠨ ᠲᠡᠭᠦᠯᠳᠡᠷᠵᠢᠭᠦᠯᠵᠦ᠂ ᠤᠰᠤᠨ᠎ᠤ ᠡᠬᠢ ᠪᠠᠶᠠᠯᠢᠭ᠎ᠤᠨ ᠰᠢᠨᠵᠢᠯᠡᠬᠦ ᠤᠬᠠᠭ᠋ᠠᠨ ᠮᠡᠷᠭᠡᠵᠢᠯ᠎ᠤᠨ ᠦᠢ᠍ᠯᠡᠴᠢᠯᠡᠭᠡᠨ᠎ᠤ ᠬᠢᠷᠢ ᠬᠡᠮᠵᠢᠶ᠎ᠡ ᠵᠢ ᠳᠡᠭᠡᠭᠰᠢᠯᠡᠭᠦᠯᠦᠨ᠎ᠡ᠃ ᠭᠠᠳᠠᠭ᠋ᠠᠳᠤ ᠵᠢᠨ ᠲᠡᠷᠢᠭᠦᠨ᠎ᠤ ᠲᠧᠭᠨᠢᠭ ᠮᠡᠷᠭᠡᠵᠢᠯ᠎ᠢ ᠣᠷᠣᠭᠤᠯᠵᠤ ᠢᠷᠡᠬᠦ᠂ ᠰᠢᠩᠭᠡᠭᠡᠨ ᠠᠪᠬᠤ ᠪᠠ ᠰᠢᠨ᠎ᠡ ᠵᠢ ᠡᠬᠦᠳᠬᠦᠢ ᠴᠢᠩᠭ᠋ᠠᠳᠬᠠᠨ᠎ᠠ᠃ ᠤᠰᠤᠨ᠎ᠤ ᠡᠬᠢ ᠪᠠᠶᠠᠯᠢᠭ᠎ᠤᠨ ᠦᠷᠭᠦᠯᠵᠢᠯᠡᠨ ᠠᠰᠢᠭᠯᠠᠬᠤ ᠮᠡᠷᠭᠡᠵᠢᠯ᠎ᠤᠨ ᠪᠠᠷᠢᠮᠵᠢᠶᠠᠨ᠎ᠤ ᠰᠢᠰᠲ᠋ᠧᠮ᠎ᠤᠨ ᠪᠠᠶ᠋ᠢᠭᠤᠯᠤᠯᠲᠠ ᠵᠢ ᠲᠦᠷᠭᠡᠳᠬᠡᠨ᠂ ᠤᠰᠤᠨ ᠰᠢᠨᠵᠢᠯᠡᠭᠡ ᠪᠣᠯᠤᠨ ᠤᠰᠤᠨ᠎ᠤ ᠡᠬᠢ ᠰᠤᠷᠪᠤᠯᠵᠢ ᠵᠢᠨ ᠮᠡᠳᠡᠭᠡ ᠵᠠᠩᠭᠢᠴᠢᠯᠠᠯᠲᠠ ᠵᠢᠨ ᠪᠦᠲᠦᠭᠡᠨ ᠪᠠᠶ᠋ᠢᠭᠤᠯᠤᠯᠲᠠ ᠵᠢ ᠴᠢᠩᠭ᠋ᠠᠳᠬᠠᠵᠤ᠂ ᠤᠰᠤᠨ ᠰᠢᠨᠵᠢᠯᠡᠭᠡ ᠤᠰᠤᠨ᠎ᠤ ᠡᠬᠢ ᠪᠠᠶᠠᠯᠢᠭ᠎ᠤᠨ ᠤᠷᠢᠳᠴᠢᠯᠠᠨ ᠰᠡᠷᠡᠮᠵᠢᠯᠡᠭᠦᠯᠬᠦ ᠰᠢᠰᠲ᠋ᠧᠮ᠎ᠤᠨ ᠬᠢᠨᠠᠨ ᠬᠡᠮᠵᠢᠬᠦ ᠥᠷᠲᠡᠭᠡᠨ᠎ᠤ ᠰᠦᠯᠵᠢᠶ᠎ᠡ ᠵᠢ ᠲᠡᠭᠦᠯᠳᠡᠷᠵᠢᠭᠦᠯᠦᠨ᠎ᠡ᠃ ᠠᠭᠤᠷ ᠠᠮᠢᠰᠬᠤᠯ᠎ᠤᠨ ᠬᠤᠪᠢᠷᠠᠯᠲᠠ ᠵᠢᠴᠢ ᠤᠰᠤᠨ᠎ᠤ ᠡᠬᠢ ᠪᠠᠶᠠᠯᠢᠭ ᠬᠢᠭᠡᠳ ᠠᠮᠢ ᠠᠬᠤᠢ ᠣᠷᠴᠢᠨ ᠲᠣᠭᠣᠷᠢᠨ᠎ᠤ ᠨᠥᠯᠥᠭᠡᠯᠡᠯ᠎ᠢ ᠵᠢᠱ᠌ᠢᠬᠦ ᠮᠡᠷᠭᠡᠵᠢᠯ ᠪᠣᠯᠤᠨ ᠠᠷᠭ᠋ᠠᠴᠠᠬᠤ ᠠᠷᠭ᠎ᠠ ᠪᠣᠳᠣᠯᠭ᠎ᠠ ᠵᠢ ᠰᠤᠳᠤᠯᠬᠤ ᠠᠵᠢᠯ᠎ᠢ ᠴᠢᠩᠭ᠋ᠠᠳᠬᠠᠵᠤ᠂ ᠬᠦᠨᠳᠦ ᠶᠡᠬᠡ ᠭᠠᠩ ᠬᠠᠭᠰᠠᠷᠠᠭ᠋ᠠᠨ᠎ᠢ ᠬᠢᠨᠠᠨ ᠬᠡᠮᠵᠢᠵᠦ ᠤᠷᠢᠳᠴᠢᠯᠠᠨ ᠰᠡᠷᠡᠮᠵᠢᠯᠡᠭᠦᠯᠬᠦ ᠰᠢᠰᠲ᠋ᠧᠮᠵᠢ ᠵᠢ ᠪᠠᠶ᠋ᠢᠭᠤᠯᠤᠨ ᠲᠡᠭᠦᠯᠳᠡᠷᠵᠢᠭᠦᠯᠬᠦ ᠬᠡᠷᠡᠭᠲᠡᠢ᠃ ᠠᠵᠢᠯᠯᠠᠬᠤ ᠬᠦᠴᠦᠨ᠎ᠤ ᠡᠬᠢ ᠪᠠᠶᠠᠯᠢᠭ᠎ᠢ ᠶᠡᠬᠡ᠎ᠪᠠᠷ ᠬᠥᠮᠦᠵᠢᠭᠦᠯᠵᠦ᠂ ᠲᠦᠯᠦᠪᠵᠢᠬᠦᠯᠭᠡ ᠵᠢ ᠪᠦᠬᠦ ᠲᠠᠯ᠎ᠠ᠎ᠪᠠᠷ ᠬᠡᠷᠡᠭᠵᠢᠭᠦᠯᠬᠦ᠎ᠳᠤ ᠠᠵᠢᠯᠳᠠᠨ ᠴᠢᠳᠠᠪᠤᠷᠢᠳᠠᠨ᠎ᠤ ᠬᠦᠴᠦᠨ᠎ᠤ ᠪᠠᠲᠤᠯᠠᠭ᠎ᠠ ᠬᠠᠩᠭ᠋ᠠᠨ᠎ᠠ᠃
ᠲᠠᠪᠤ᠎ᠳᠤ ᠤᠳᠤᠷᠢᠳᠤᠯᠭ᠎ᠠ᠎ᠪᠠᠨ ᠴᠢᠩᠭ᠋ᠠᠳᠬᠠᠵᠤ᠂ ᠡᠭᠦᠷᠭᠡ ᠬᠠᠷᠢᠭᠤᠴᠠᠯᠭ᠎ᠠ ᠵᠢᠨ ᠠᠵᠢᠯ᠎ᠤᠨ ᠬᠤᠪᠢᠶᠠᠷᠢᠯᠠᠯ᠎ᠢ ᠨᠠᠶ᠋ᠢᠳᠠᠪᠤᠷᠢᠵᠢᠭᠤᠯᠬᠤ ᠬᠡᠷᠡᠭᠲᠡᠢ᠃ ᠤᠰᠤᠨ᠎ᠤ ᠡᠬᠢ ᠪᠠᠶᠠᠯᠢᠭ᠎ᠤᠨ ᠠᠵᠢᠯ᠎ᠤᠨ ᠤᠳᠤᠷᠢᠳᠤᠯᠭ᠎ᠠ ᠵᠢ ᠦᠨᠡᠨᠬᠦ ᠴᠢᠩᠭ᠋ᠠᠳᠬᠠᠵᠤ᠂ ᠲᠥᠯᠥᠪᠵᠢᠭᠦᠯᠭᠡ ᠵᠢᠨ ᠬᠡᠷᠡᠭᠵᠢᠭᠦᠯᠦᠯᠲᠡ ᠵᠢ ᠪᠦᠬᠦ ᠲᠠᠯ᠎ᠠ᠎ᠪᠠᠷ ᠨᠠᠶ᠋ᠢᠳᠠᠪᠤᠷᠢᠵᠢᠭᠤᠯᠵᠤ᠂ ᠲᠥᠯᠥᠪᠵᠢᠭᠦᠯᠭᠡ ᠵᠢᠨ ᠵᠢᠯᠣᠭᠣᠳᠤᠯᠭ᠎ᠠ ᠪᠣᠯᠤᠨ ᠬᠢᠵᠠᠭ᠋ᠠᠷᠯᠠᠬᠤ ᠦᠢ᠍ᠯᠡᠳᠦᠯ᠎ᠢ ᠴᠢᠩᠭ᠋ᠠᠳᠬᠠᠵᠤ᠂ ᠲᠥᠯᠥᠪᠵᠢᠭᠦᠯᠭᠡ᠎ᠳᠤ ᠲᠣᠭᠲᠠᠭ᠋ᠠᠭᠰᠠᠨ ᠤᠰᠤᠨ᠎ᠤ ᠡᠬᠢ ᠪᠠᠶᠠᠯᠢᠭ᠎ᠢ ᠨᠡᠭᠡᠭᠡᠨ ᠠᠰᠢᠭᠯᠠᠬᠤ ᠪᠠ ᠠᠷᠪᠢᠯᠠᠨ ᠬᠠᠮᠠᠭ᠋ᠠᠯᠠᠬᠤ ᠬᠢᠵᠠᠭ᠋ᠠᠷᠯᠠᠯ᠎ᠤᠨ ᠴᠢᠨᠠᠷᠲᠠᠢ ᠭᠦᠢ᠍ᠴᠡᠳᠬᠡᠬᠦ ᠲᠣᠭ᠎ᠠ ᠵᠢᠴᠢ ᠭᠣᠣᠯ ᠡᠭᠦᠷᠭᠡ ᠵᠢ ᠲᠤᠬᠠᠢ ᠵᠢᠨ ᠭᠠᠵᠠᠷ᠎ᠤᠨ ᠤᠯᠤᠰ ᠠᠷᠠᠳ᠎ᠤᠨ ᠠᠵᠤ ᠠᠬᠤᠢ ᠪᠣᠯᠤᠨ ᠨᠡᠶ᠋ᠢᠭᠡᠮ᠎ᠤᠨ ᠬᠥᠭᠵᠢᠯᠲᠡ ᠵᠢᠨ ᠲᠥᠯᠥᠪᠵᠢᠭᠦᠯᠭᠡ ᠪᠣᠯᠤᠨ ᠵᠠᠰᠠᠭ᠎ᠤᠨ ᠣᠷᠳᠣᠨ᠎ᠤ ᠡᠳᠦᠷ ᠳᠣᠳᠣᠮ᠎ᠤᠨ ᠴᠢᠬᠤᠯᠠ ᠵᠥᠪᠯᠡᠬᠦ ᠵᠦᠢ᠍ᠯ᠎ᠳᠡᠭᠡᠨ ᠣᠷᠣᠭᠤᠯᠵᠤ᠂ ᠵᠣᠬᠢᠬᠤ ᠵᠣᠬᠢᠶᠠᠨ ᠪᠠᠶ᠋ᠢᠭᠤᠯᠤᠯᠲᠠ ᠵᠢᠨ ᠬᠠᠷᠢᠭᠤᠴᠠᠯᠭ᠎ᠠ ᠵᠢ ᠲᠣᠭᠲᠠᠭ᠋ᠠᠬᠤ ᠬᠡᠷᠡᠭᠲᠡᠢ᠃ ᠤᠯᠤᠰ᠎ᠤᠨ ᠬᠣᠯᠪᠣᠭᠳᠠᠯ ᠪᠦᠬᠦᠢ ᠰᠠᠯᠠᠭ᠎ᠠ ᠮᠥᠴᠢᠷ᠎ᠤᠳ ᠲᠥᠷᠥ ᠵᠢᠨ ᠶᠠᠪᠤᠳᠠᠯ᠎ᠤᠨ ᠬᠣᠷᠢᠶᠠᠨ᠎ᠠᠴᠠ ᠲᠣᠭᠲᠠᠭ᠋ᠠᠭᠰᠠᠨ ᠡᠭᠦᠷᠭᠡ ᠬᠠᠷᠢᠭᠤᠴᠠᠯᠭ᠎ᠠ ᠵᠢᠨ ᠬᠤᠪᠢᠶᠠᠷᠢᠯᠠᠯᠲᠠ ᠵᠢᠨ ᠶᠣᠰᠣᠭ᠋ᠠᠷ ᠲᠥᠯᠥᠪᠵᠢᠭᠦᠯᠭᠡ ᠵᠢ ᠬᠡᠷᠡᠭᠵᠢᠭᠦᠯᠬᠦ ᠠᠵᠢᠯ᠎ᠢ ᠵᠢᠯᠣᠭᠣᠳᠬᠤ ᠪᠠ ᠵᠣᠬᠢᠶᠠᠨ ᠪᠠᠢ᠌ᠭᠤᠯᠵᠤ᠂ ᠵᠣᠬᠢᠴᠠᠭᠤᠯᠬᠤ ᠵᠢᠴᠢ ᠬᠢᠨᠠᠯᠲᠠ ᠲᠠᠯᠪᠢᠬᠤ᠎ᠪᠠᠨ ᠴᠢᠩᠭ᠋ᠠᠳᠬᠠᠬᠤ ᠬᠡᠷᠡᠭᠲᠡᠢ᠃ ᠡᠯ᠎ᠡ ᠱᠠᠲᠤᠨ᠎ᠤ ᠣᠷᠣᠨ ᠨᠤᠲᠤᠭ᠎ᠤᠨ ᠵᠠᠰᠠᠭ᠎ᠤᠨ ᠣᠷᠳᠣᠨ᠎ᠤ ᠬᠣᠯᠪᠣᠭᠳᠠᠯ ᠪᠦᠬᠦᠢ ᠰᠠᠯᠠᠭ᠎ᠠ ᠮᠥᠴᠢᠷ᠎ᠤᠳ ᠡᠭᠦᠷᠭᠡ ᠬᠠᠷᠢᠭᠤᠴᠠᠯᠭ᠎ᠠ ᠵᠢᠨ ᠠᠵᠢᠯ᠎ᠤᠨ ᠬᠤᠪᠢᠶᠠᠷᠢᠯᠠᠯ ᠶᠣᠰᠣᠭ᠋ᠠᠷ ᠡᠭᠦᠷᠭᠡ ᠬᠠᠷᠢᠭᠤᠴᠠᠯᠭ᠎ᠠ᠎ᠪᠠᠨ ᠦᠨᠡᠨᠬᠦ ᠭᠦᠢ᠍ᠴᠡᠳᠬᠡᠬᠦ ᠬᠡᠷᠡᠭᠲᠡᠢ᠃