ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠣᠨᠴᠠᠯᠢᠭᠲᠤ᠌ ᠳᠠᠪᠴᠠᠩ
ᠢᠯᠡ ᠵᠠᠰᠠᠭ   -   ᠲᠦᠷᠥ᠎ᠶᠢᠨ ᠪᠣᠳᠣᠯᠭ᠎ᠠ᠎ᠶᠢᠨ ᠲᠠᠶ᠋ᠢᠯᠤᠮᠵᠢ
ᠰᠢᠨ᠎ᠡ ᠴᠠᠭ ᠦᠶ᠎ᠡ ᠵᠢᠨ ᠺᠠᠳ᠋ᠷ᠎ᠤᠨ ᠬᠦᠮᠦᠵᠢᠯ ᠪᠣᠯᠪᠠᠰᠤᠷᠠᠯ ᠠᠵᠢᠯ᠎ᠤᠨ ᠴᠢᠨᠠᠷ ᠰᠠᠶ᠋ᠢᠲᠠᠶ ᠬᠥᠭᠵᠢᠯᠲᠡ᠎ᠳᠤ ᠲᠦᠷᠢᠮ᠎ᠤᠨ ᠪᠠᠲᠤᠯᠠᠭ᠎ᠠ ᠬᠠᠩᠭ᠋ᠠᠨ᠎ᠠ — ᠲᠥᠪ᠎ᠤᠨ ᠵᠣᠬᠢᠶᠠᠨ ᠪᠠᠶ᠋ᠢᠭᠤᠯᠬᠤ ᠬᠡᠯᠲᠡᠰ᠎ᠤᠨ ᠬᠠᠷᠢᠭᠤᠴᠠᠯᠭ᠋ᠠᠲᠠᠨ 《ᠺᠠᠳ᠋ᠷ᠎ᠤᠨ ᠬᠥᠮᠦᠵᠢᠯ ᠪᠣᠯᠪᠠᠰᠤᠷᠠᠯ᠎ᠤᠨ ᠠᠵᠢᠯ᠎ᠤᠨ ᠲᠦᠷᠢᠮ》᠎ᠳᠤ ᠵᠠᠰᠠᠪᠤᠷᠢ ᠣᠷᠣᠭᠤᠯᠵᠤ ᠨᠡᠶ᠋ᠢᠲᠡᠯᠡᠬᠦ ᠲᠤᠬᠠᠶ ᠰᠤᠷᠪᠤᠯᠵᠢᠯᠠᠭᠴᠢ ᠵᠢᠨ ᠠᠰᠠᠭᠤᠯᠲᠠ ᠵᠢ ᠬᠠᠷᠢᠭᠤᠯᠪᠠ
ᠨᠡᠶ᠋ᠢᠲᠡᠯᠡᠭᠰᠡᠨ ᠴᠠᠭ᠄ 2023-10-18

   ᠰᠢᠨᠬᠤᠸᠠ ᠬᠣᠷᠢᠶᠠᠨ᠎ᠤ ᠪᠡᠭᠡᠵᠢᠩ᠎ᠤᠨ 10 ᠳ᠋ᠤᠭ᠋ᠠᠷ ᠰᠠᠷ᠎ᠠ ᠵᠢᠨ 15᠎ᠤ ᠡᠳᠦᠷ᠎ᠤᠨ ᠴᠠᠬᠢᠯᠭ᠋ᠠᠨ ᠮᠡᠳᠡᠭᠡ

   ᠰᠡᠳᠦᠪ᠄ ᠰᠢᠨ᠎ᠡ ᠴᠠᠭ ᠦᠶ᠎ᠡ ᠵᠢᠨ ᠺᠠᠳ᠋ᠷ᠎ᠤᠨ ᠬᠦᠮᠦᠵᠢᠯ ᠪᠤᠯᠪᠠᠰᠤᠷᠠᠯ ᠠᠵᠢᠯ᠎ᠤᠨ ᠴᠢᠨᠠᠷ ᠰᠠᠶ᠋ᠢᠲᠠᠶ ᠬᠥᠭᠵᠢᠯᠲᠡ᠎ᠳᠤ ᠲᠦᠷᠢᠮ᠎ᠤᠨ ᠪᠠᠲᠤᠯᠠᠭ᠎ᠠ ᠬᠠᠩᠭ᠋ᠠᠨ᠎ᠠ

  — ᠲᠥᠪ᠎ᠤᠨ ᠵᠣᠬᠢᠶᠠᠨ ᠪᠠᠶ᠋ᠢᠭᠤᠯᠬᠤ ᠬᠡᠯᠲᠡᠰ᠎ᠤᠨ ᠬᠠᠷᠢᠭᠤᠴᠠᠯᠭ᠋ᠠᠲᠠᠨ 《ᠺᠠᠳ᠋ᠷ᠎ᠤᠨ ᠬᠥᠮᠦᠵᠢᠯ ᠪᠣᠯᠪᠠᠰᠤᠷᠠᠯ᠎ᠤᠨ ᠠᠵᠢᠯ᠎ᠤᠨ ᠲᠦᠷᠢᠮ》᠎ᠢ ᠵᠠᠰᠠᠵᠤ ᠨᠡᠶ᠋ᠢᠲᠡᠯᠡᠬᠦ ᠲᠤᠬᠠᠶ ᠰᠤᠷᠪᠤᠯᠵᠢᠯᠠᠭᠴᠢ ᠵᠢᠨ ᠠᠰᠠᠭᠤᠯᠲᠠ ᠵᠢ ᠬᠠᠷᠢᠭᠤᠯᠪᠠ᠃

   ᠣᠶ᠋ᠢᠷ᠎ᠠ᠎ᠳᠤ᠂ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠲᠥᠪ ᠬᠣᠷᠢᠶ᠎ᠠ ᠰᠢᠨ᠎ᠡ᠎ᠪᠠᠷ ᠵᠠᠰᠠᠪᠤᠷᠢ ᠣᠷᠣᠭᠤᠯᠤᠭᠰᠠᠨ 《ᠺᠠᠳ᠋ᠷ᠎ᠤᠨ ᠬᠥᠮᠦᠵᠢᠯ ᠪᠣᠯᠪᠠᠰᠤᠷᠠᠯ᠎ᠤᠨ ᠠᠵᠢᠯ᠎ᠤᠨ ᠲᠦᠷᠢᠮ》 (ᠳᠣᠷᠣᠭᠰᠢ 《ᠲᠦᠷᠢᠮ》 ᠭᠡᠵᠦ ᠲᠣᠪᠴᠢᠯᠠᠨ᠎ᠠ)᠎ᠢ ᠳᠠᠷᠤᠮᠠᠯᠯᠠᠨ ᠲᠠᠷᠬᠠᠭ᠋ᠠᠪᠠ᠃ 《ᠲᠦᠷᠢᠮ》᠎ᠢ ᠢᠯᠡ᠎ᠪᠠᠷ ᠨᠡᠶ᠋ᠢᠲᠡᠯᠡᠬᠦ ᠲᠠᠰᠢᠷᠠᠮ᠎ᠳᠤ᠂ ᠲᠥᠪ᠎ᠤᠨ ᠵᠣᠬᠢᠶᠠᠨ ᠪᠠᠶ᠋ᠢᠭᠤᠯᠬᠤ ᠬᠡᠯᠲᠡᠰ᠎ᠤᠨ ᠬᠠᠷᠢᠭᠤᠴᠠᠯᠭ᠋ᠠᠲᠠᠨ 《ᠲᠦᠷᠢᠮ》᠎ᠳᠤ ᠵᠠᠰᠠᠪᠤᠷᠢ ᠣᠷᠣᠭᠤᠯᠬᠤ ᠪᠠ ᠲᠤᠭᠤᠰᠢᠯᠠᠭᠤᠯᠤᠨ ᠨᠠᠶ᠋ᠢᠳᠠᠪᠤᠷᠢᠵᠢᠭᠤᠯᠬᠤ ᠵᠡᠷᠭᠡ ᠠᠰᠠᠭᠤᠳᠠᠯ᠎ᠤᠨ ᠲᠤᠬᠠᠶ ᠰᠤᠷᠪᠤᠯᠵᠢᠯᠠᠭᠴᠢ ᠵᠢᠨ ᠠᠰᠠᠭᠤᠯᠲᠠ ᠵᠢ ᠬᠠᠷᠢᠭᠤᠯᠵᠠᠶ᠃

  1 . ᠠᠰᠠᠭᠤᠯᠲᠠ᠄ 《ᠲᠦᠷᠢᠮ》᠎ᠳᠤ ᠵᠠᠰᠠᠪᠤᠷᠢ ᠣᠷᠣᠭᠤᠯᠤᠭᠰᠠᠨ ᠠᠬᠤᠶ ᠪᠠᠶ᠋ᠢᠳᠠᠯ ᠪᠠ ᠠᠴᠢ ᠬᠣᠯᠪᠣᠭᠳᠠᠯ᠎ᠢ ᠲᠠᠨᠢᠯᠴᠠᠭᠤᠯᠤᠭ᠋ᠠᠳ ᠥᠭᠭᠦᠨ᠎ᠡ ᠦᠦ ?

   ᠬᠠᠷᠢᠭᠤᠯᠲᠠ᠄ 2006 ᠣᠨ᠎ᠤ 1 ᠳ᠋ᠦ᠍ᠭᠡᠷ ᠰᠠᠷ᠎ᠠ᠎ᠳᠤ ᠨᠠᠮ᠎ᠤᠨ ᠲᠥᠪ ᠬᠣᠷᠢᠶ᠎ᠠ᠎ᠠᠴᠠ 《ᠺᠠᠳ᠋ᠷ᠎ᠤᠨ ᠬᠥᠮᠦᠵᠢᠯ ᠪᠣᠯᠪᠠᠰᠤᠷᠠᠯ᠎ᠤᠨ ᠠᠵᠢᠯ᠎ᠤᠨ ᠲᠦᠷᠢᠮ (ᠲᠤᠷᠰᠢᠨ ᠬᠡᠷᠡᠭᠵᠢᠭᠦᠯᠬᠦ)》᠎ᠢ ᠨᠡᠶ᠋ᠢᠲᠡᠯᠡᠵᠦ᠂ 2015 ᠣᠨ᠎ᠤ 10 ᠳ᠋ᠤᠭ᠋ᠠᠷ ᠰᠠᠷ᠎ᠠ᠎ᠳᠤ ᠨᠠᠮ᠎ᠤᠨ ᠲᠥᠪ ᠬᠣᠷᠢᠶ᠎ᠠ᠎ᠠᠴᠠ ᠵᠢᠩᠬᠢᠨᠢ᠎ᠪᠠᠷ ᠨᠡᠶ᠋ᠢᠲᠡᠯᠡᠭᠰᠡᠨ 《ᠲᠦᠷᠢᠮ》 ᠪᠣᠯ ᠮᠠᠨ᠎ᠤ ᠨᠠᠮ᠎ᠤᠨ ᠲᠡᠦᠬᠡᠨ ᠳᠡᠭᠡᠷᠡᠬᠢ ᠠᠩᠬᠠᠳᠠᠭᠴᠢ ᠺᠠᠳ᠋ᠷ᠎ᠤᠨ ᠬᠥᠮᠦᠵᠢᠯ ᠪᠣᠯᠪᠠᠰᠤᠷᠠᠯ᠎ᠤᠨ ᠠᠵᠢᠯ᠎ᠢ ᠪᠥᠬᠥ ᠲᠠᠯ᠎ᠠ᠎ᠪᠠᠷ ᠵᠢᠷᠤᠮᠵᠢᠭᠤᠯᠤᠭᠰᠠᠨ ᠨᠠᠮ᠎ᠤᠨ ᠳᠣᠲᠣᠭ᠋ᠠᠳᠤ ᠵᠢᠨ ᠬᠠᠤᠯᠢ ᠲᠣᠭᠲᠠᠭ᠋ᠠᠯ ᠪᠣᠯᠤᠨ᠎ᠠ᠂ ᠲᠡᠷᠡ᠎ᠨᠢ ᠺᠠᠳ᠋ᠷ᠎ᠤᠨ ᠬᠥᠮᠦᠵᠢᠯ ᠪᠣᠯᠪᠠᠰᠤᠷᠠᠯ᠎ᠤᠨ ᠠᠵᠢᠯ᠎ᠤᠨ ᠰᠢᠨᠵᠢᠯᠡᠬᠦ ᠤᠬᠠᠭ᠋ᠠᠨᠴᠢᠯᠠᠯᠲᠠ᠂ ᠳᠦᠷᠢᠮᠵᠢᠯᠲᠡ᠂ ᠵᠢᠷᠤᠮᠵᠢᠯᠲᠠ ᠵᠢᠨ ᠲᠦᠪᠰᠢᠨ᠎ᠢ ᠳᠡᠭᠡᠭᠰᠢᠯᠡᠭᠦᠯᠬᠦ᠂ ᠦᠨᠡᠨᠴᠢ ᠰᠢᠳᠤᠷᠭᠤ ᠠᠷᠢᠭᠤᠨ ᠴᠢᠬᠡᠴᠢ ᠬᠠᠷᠢᠭᠤᠴᠠᠯᠭ᠎ᠠ ᠡᠭᠦᠷᠭᠡᠯᠡᠳᠡᠭ ᠥᠨᠳᠥᠷ ᠬᠡᠪ ᠪᠣᠯᠪᠠᠰᠤᠷᠠᠯ᠎ᠲᠠᠢ ᠺᠠᠳ᠋ᠷ᠎ᠤᠨ ᠡᠩᠨᠡᠭᠡ ᠵᠢ ᠬᠥᠮᠦᠵᠢᠭᠦᠯᠬᠦ᠂ ᠦᠵᠡᠯ ᠰᠠᠨᠠᠭ᠎ᠠ᠎ᠪᠠᠷ ᠨᠠᠮ ᠪᠠᠶ᠋ᠢᠭᠤᠯᠬᠤ᠂ ᠣᠨᠣᠯ ᠵᠶ᠋ᠠᠷ ᠨᠠᠮ᠎ᠢ ᠬᠦᠴᠦᠷᠬᠡᠭᠵᠢᠭᠦᠯᠬᠦ ᠵᠢ ᠪᠠᠷᠢᠮᠲᠠᠯᠠᠬᠤ ᠵᠡᠷᠭᠡ ᠲᠠᠯ᠎ᠠ᠎ᠪᠠᠷ ᠴᠢᠬᠤᠯᠠ ᠦᠢ᠍ᠯᠡᠳᠦᠯ ᠦᠵᠡᠭᠦᠯᠪᠡ᠃ ᠨᠠᠮ᠎ᠤᠨ ᠠᠷᠪᠠ ᠶᠢᠰᠦᠳᠦᠭᠡᠷ ᠶᠡᠬᠡ ᠬᠤᠷᠠᠯ᠎ᠠᠴᠠ ᠨᠠᠭ᠋ᠠᠰᠢ᠂ ᠰᠢ ᠵᠢᠨ ᠫᠢᠩ᠎ᠤᠨ ᠰᠢᠨ᠎ᠡ ᠴᠠᠭ ᠦᠶ᠎ᠡ ᠵᠢᠨ ᠳᠤᠮᠳᠠᠳᠤ ᠤᠯᠤᠰ᠎ᠤᠨ ᠣᠨᠴᠠᠯᠢᠭ᠎ᠲᠠᠢ ᠨᠡᠶ᠋ᠢᠭᠡᠮ ᠵᠢᠷᠤᠮ᠎ᠤᠨ ᠦᠵᠡᠯ ᠰᠠᠨᠠᠭ᠎ᠠ᠎ᠨᠢ ᠺᠠᠳ᠋ᠷ᠎ᠤᠨ ᠬᠥᠮᠦᠵᠢᠯ ᠪᠣᠯᠪᠠᠰᠤᠷᠠᠯ᠎ᠤᠨ ᠠᠵᠢᠯ᠎ᠳᠤ ᠰᠢᠨᠵᠢᠯᠡᠬᠦ ᠤᠬᠠᠭ᠋ᠠᠨᠴᠢ ᠵᠢᠯᠤᠭᠤᠳᠤᠯᠭ᠎ᠠ ᠪᠠ ᠦᠨᠳᠦᠰᠦᠨ ᠵᠢᠷᠤᠮᠯᠠᠯ ᠬᠠᠩᠭ᠋ᠠᠵᠤ᠂ ᠰᠢ ᠵᠢᠨ ᠫᠢᠩ ᠨᠥᠬᠥᠷ ᠵᠶ᠋ᠠᠷ ᠭᠣᠣᠯ ᠪᠣᠯᠭ᠋ᠠᠭᠰᠠᠨ ᠨᠠᠮ᠎ᠤᠨ ᠲᠥᠪ ᠬᠣᠷᠢᠶ᠎ᠠ ᠺᠠᠳ᠋ᠷ᠎ᠤᠨ ᠬᠥᠮᠦᠵᠢᠯ ᠪᠣᠯᠪᠠᠰᠤᠷᠠᠯ᠎ᠤᠨ ᠠᠵᠢᠯ᠎ᠢ ᠴᠢᠩᠭ᠋ᠠᠳᠬᠠᠨ ᠰᠠᠶ᠋ᠢᠵᠢᠷᠠᠭᠤᠯᠬᠤ ᠲᠤᠬᠠᠢ ᠠᠯᠢ ᠤᠯᠠᠨ ᠰᠢᠨ᠎ᠡ ᠣᠶ᠋ᠢᠯᠠᠭ᠋ᠠᠭᠳᠠᠬᠤᠨ ᠰᠢᠨ᠎ᠡ ᠦᠵᠡᠯ ᠰᠠᠨᠠᠭ᠎ᠠ ᠰᠢᠨ᠎ᠡ ᠱᠠᠭ᠋ᠠᠷᠳᠠᠯᠭ᠎ᠠ ᠵᠢ ᠳᠤᠷᠠᠳᠴᠤ᠂ ᠺᠠᠳ᠋ᠷ᠎ᠤᠨ ᠬᠥᠮᠦᠵᠢᠯ ᠪᠣᠯᠪᠠᠰᠤᠷᠠᠯ᠎ᠤᠨ ᠠᠵᠢᠯ᠎ᠳᠤ ᠲᠤᠯᠭ᠋ᠠᠷᠠᠵᠤ ᠪᠠᠶ᠋ᠢᠭ᠎ᠠ ᠪᠠᠶ᠋ᠢᠳᠠᠯ ᠡᠭᠦᠷᠭᠡ᠎ᠳᠤ ᠴᠦ᠍ ᠰᠢᠨ᠎ᠡ ᠬᠤᠪᠢᠷᠠᠯᠲᠠ ᠭᠠᠷᠴᠤ᠂ ᠴᠠᠭ ᠦᠶ᠎ᠡ᠎ᠲᠠᠢ ᠵᠡᠷᠭᠡ᠎ᠪᠠᠷ ᠤᠷᠤᠭᠰᠢᠯᠠᠨ 《ᠲᠦᠷᠢᠮ》᠎ᠳᠤ ᠵᠠᠰᠠᠪᠤᠷᠢ ᠣᠷᠣᠭᠤᠯᠤᠨ ᠲᠡᠭᠦᠯᠳᠡᠷᠵᠢᠭᠦᠯᠬᠦ ᠵᠢ ᠪᠠᠴᠢᠮ ᠱᠠᠭ᠋ᠠᠷᠳᠠᠵᠤ ᠪᠠᠶ᠋ᠢᠨ᠎ᠠ᠃

   ᠡᠨᠡ ᠤᠳᠠᠭ᠎ᠠ ᠵᠠᠰᠠᠪᠤᠷᠢ ᠣᠷᠣᠭᠤᠯᠤᠭᠰᠠᠨ 《ᠲᠦᠷᠢᠮ》᠎ᠨᠢ ᠰᠢ ᠵᠢᠨ ᠫᠢᠩ᠎ᠤᠨ ᠰᠢᠨ᠎ᠡ ᠴᠠᠭ ᠦᠶ᠎ᠡ ᠵᠢᠨ ᠳᠤᠮᠳᠠᠳᠤ ᠤᠯᠤᠰ᠎ᠤᠨ ᠣᠨᠴᠠᠯᠢᠭ᠎ᠲᠠᠢ ᠨᠡᠶ᠋ᠢᠭᠡᠮ ᠵᠢᠷᠤᠮ᠎ᠤᠨ ᠦᠵᠡᠯ ᠰᠠᠨᠠᠭ᠎ᠠ ᠵᠢ ᠪᠥᠬᠥ ᠲᠠᠯ᠎ᠠ᠎ᠪᠠᠷ ᠲᠤᠭᠤᠰᠢᠯᠠᠭᠤᠯᠵᠤ᠂ ᠶᠡᠷᠦᠩᠬᠡᠶ ᠱᠦᠵᠢ ᠰᠢ ᠵᠢᠨ ᠫᠢᠩ᠎ᠤᠨ ᠨᠠᠮ᠎ᠤᠨ ᠪᠠᠶ᠋ᠢᠭᠤᠯᠤᠯᠲᠠ ᠵᠢᠨ ᠲᠤᠬᠠᠶ ᠴᠢᠬᠤᠯᠠ ᠦᠵᠡᠯ ᠰᠠᠨᠠᠭ᠎ᠠ ᠵᠢ ᠭᠦᠨᠵᠡᠭᠡᠶ ᠲᠤᠭᠤᠰᠢᠯᠠᠭᠤᠯᠵᠤ᠂ ᠰᠢᠨ᠎ᠡ ᠴᠠᠭ ᠦᠶ᠎ᠡ ᠵᠢᠨ ᠨᠠᠮ᠎ᠤᠨ ᠪᠠᠶ᠋ᠢᠭᠤᠯᠤᠯᠲᠠ ᠵᠢᠨ ᠶᠡᠷᠦᠩᠬᠡᠶ ᠱᠠᠭ᠋ᠠᠷᠳᠠᠯᠭ᠎ᠠ ᠪᠠ ᠰᠢᠨ᠎ᠡ ᠴᠠᠭ ᠦᠶ᠎ᠡ ᠵᠢᠨ ᠨᠠᠮ᠎ᠤᠨ ᠵᠣᠬᠢᠶᠠᠨ ᠪᠠᠶ᠋ᠢᠭᠤᠯᠤᠯᠲᠠ ᠵᠢᠨ ᠱᠤᠭᠤᠮ᠎ᠢ ᠨᠠᠷᠢᠨ ᠬᠢᠨᠠᠮᠠᠭ᠋ᠠᠶ ᠨᠠᠶ᠋ᠢᠳᠠᠪᠤᠷᠢᠵᠢᠭᠤᠯᠵᠤ᠂ ᠰᠢᠨ᠎ᠡ ᠴᠠᠭ ᠦᠶ᠎ᠡ ᠵᠢᠨ ᠺᠠᠳ᠋ᠷ᠎ᠤᠨ ᠬᠥᠮᠦᠵᠢᠯ ᠪᠣᠯᠪᠠᠰᠤᠷᠠᠯ᠎ᠤᠨ ᠠᠵᠢᠯ᠎ᠤᠨ ᠶᠡᠷᠦᠩᠬᠡᠶ ᠱᠠᠭ᠋ᠠᠷᠳᠠᠯᠭ᠎ᠠ᠂ ᠠᠵᠢᠯ᠎ᠤᠨ ᠵᠠᠷᠴᠢᠮ ᠪᠠ ᠪᠣᠯᠪᠠᠰᠤᠷᠠᠬᠤ ᠡᠲᠡᠭᠡᠳ᠂ ᠪᠣᠯᠪᠠᠰᠤᠷᠠᠯ᠎ᠤᠨ ᠠᠭᠤᠯᠭ᠎ᠠ᠂ ᠠᠷᠭ᠎ᠠ ᠬᠡᠯᠪᠡᠷᠢ᠂ ᠪᠣᠯᠪᠠᠰᠤᠷᠠᠯ᠎ᠤᠨ ᠪᠠᠲᠤᠯᠠᠭ᠎ᠠ᠂ ᠬᠢᠨᠠᠨ ᠰᠢᠯᠭ᠋ᠠᠵᠤ ᠦᠨᠡᠯᠡᠬᠦ ᠪᠠ ᠰᠠᠬᠢᠯᠭ᠎ᠠ ᠪᠠᠲᠤ ᠵᠢᠨ ᠬᠢᠨᠠᠯᠲᠠ ᠲᠠᠯᠪᠢᠬᠤ ᠵᠡᠷᠭᠡ ᠵᠢ ᠤᠯᠠᠮ ᠴᠢᠨᠠᠭᠰᠢᠳᠠ ᠵᠢᠷᠤᠮᠵᠢᠭᠤᠯᠪᠠ᠂ ᠡᠨᠡ ᠪᠣᠯ ᠰᠢᠨ᠎ᠡ ᠴᠠᠭ ᠦᠶ᠎ᠡ ᠵᠢᠨ ᠺᠠᠳ᠋ᠷ᠎ᠤᠨ ᠬᠥᠮᠦᠵᠢᠯ ᠪᠣᠯᠪᠠᠰᠤᠷᠠᠯ᠎ᠤᠨ ᠠᠵᠢᠯ᠎ᠢ ᠰᠠᠶ᠋ᠢᠲᠤᠷ ᠬᠢᠬᠦ ᠵᠢᠨ ᠦᠨᠳᠦᠰᠦᠨ ᠵᠢᠷᠤᠮᠯᠠᠯ ᠪᠣᠯᠤᠨ᠎ᠠ᠃ 《ᠲᠦᠷᠢᠮ》᠎ᠳᠤ ᠵᠠᠰᠠᠪᠤᠷᠢ ᠣᠷᠣᠭᠤᠯᠵᠤ ᠬᠡᠷᠡᠭᠵᠢᠭᠦᠯᠬᠦ᠎ᠨᠢ ᠰᠢ ᠵᠢᠨ ᠫᠢᠩ᠎ᠤᠨ ᠰᠢᠨ᠎ᠡ ᠴᠠᠭ ᠦᠶ᠎ᠡ ᠵᠢᠨ ᠳᠤᠮᠳᠠᠳᠤ ᠤᠯᠤᠰ᠎ᠤᠨ ᠣᠨᠴᠠᠯᠢᠭ ᠪᠦᠬᠥᠢ ᠨᠡᠶ᠋ᠢᠭᠡᠮ ᠵᠢᠷᠤᠮ᠎ᠤᠨ ᠦᠵᠡᠯ ᠰᠠᠨᠠᠭ᠎ᠠ᠎ᠪᠠᠷ ᠰᠡᠳᠬᠢᠯ᠎ᠢ ᠨᠢᠭᠲᠠᠷᠠᠭᠤᠯᠤᠨ ᠰᠦᠭ ᠰᠦᠨᠡᠰᠦ ᠵᠢ ᠱᠤᠭᠤᠬᠤ᠂ ᠰᠠᠭᠤᠷᠢ ᠵᠢ ᠪᠠᠲᠤᠳᠬᠠᠨ ᠦᠨᠳᠦᠰᠦ ᠵᠢ ᠪᠡᠬᠢᠵᠢᠭᠦᠯᠬᠦ ᠵᠢ ᠴᠥᠬᠥᠷᠡᠰᠢ ᠦᠭᠡᠢ ᠪᠠᠷᠢᠮᠲᠠᠯᠠᠵᠤ᠂ ᠤᠯᠤᠰ ᠲᠦᠷᠤ ᠵᠢᠨ ᠲᠠᠯ᠎ᠠ᠎ᠪᠠᠷ ᠪᠠᠲᠤ ᠴᠢᠩᠭ᠎ᠠ᠂ ᠰᠢᠨ᠎ᠡ ᠴᠠᠭ ᠦᠶ᠎ᠡ ᠵᠢᠨ ᠱᠠᠭ᠋ᠠᠷᠳᠠᠯᠭ᠎ᠠ᠎ᠳᠤ ᠵᠣᠬᠢᠴᠠᠭᠰᠠᠨ᠂ ᠨᠡᠶ᠋ᠢᠭᠡᠮ ᠵᠢᠷᠤᠮ᠎ᠤᠨ ᠣᠳᠣᠬᠢᠴᠢᠯᠠᠬᠤ ᠪᠦᠳᠤᠭᠡᠨ ᠪᠠᠶ᠋ᠢᠭᠤᠯᠤᠯᠲᠠ ᠵᠢ ᠤᠳᠤᠷᠢᠳᠬᠤ ᠴᠢᠳᠠᠪᠤᠷᠢ᠎ᠲᠠᠢ ᠥᠨᠳᠥᠷ ᠬᠡᠪ ᠴᠢᠨᠠᠷ ᠪᠦᠬᠥᠢ ᠺᠠᠳ᠋ᠷ᠎ᠤᠨ ᠡᠩᠨᠡᠭᠡ ᠵᠢ ᠬᠥᠮᠦᠵᠢᠭᠦᠯᠦᠨ ᠪᠤᠢ ᠪᠣᠯᠭ᠋ᠠᠬᠤ᠎ᠳᠤ ᠴᠢᠬᠤᠯᠠ ᠠᠴᠢ ᠬᠣᠯᠪᠣᠭᠳᠠᠯ᠎ᠲᠠᠢ ᠶᠤᠮ᠃

  2 . ᠠᠰᠠᠭᠤᠯᠲᠠ᠄ 《ᠳᠦᠷᠢᠮ》᠎ᠳᠤ ᠵᠠᠰᠠᠪᠤᠷᠢ ᠣᠷᠣᠭᠤᠯᠤᠭᠰᠠᠨ ᠶᠡᠷᠦᠩᠬᠡᠶ ᠪᠣᠳᠣᠯᠬᠢᠯᠠᠯ᠎ᠨᠢ ᠶᠠᠭᠤ         ᠪᠣᠢ?

   ᠬᠠᠷᠢᠭᠤᠯᠲᠠ᠄ ᠡᠨᠡ ᠤᠳᠠᠭ᠎ᠠ 《ᠲᠦᠷᠢᠮ》᠎ᠳᠤ ᠵᠠᠰᠠᠪᠤᠷᠢ ᠣᠷᠣᠭᠤᠯᠤᠭᠰᠠᠨ ᠶᠡᠷᠦᠩᠬᠡᠶ ᠪᠣᠳᠣᠯᠬᠢᠯᠠᠯ ᠪᠣᠯ᠄ ᠨᠢᠭᠡ᠎ᠳᠤ᠂ ᠤᠯᠤᠰ ᠲᠥᠷᠥ ᠵᠢᠨ ᠵᠣᠭᠰᠣᠴᠠ᠂ ᠦᠵᠡᠯ ᠰᠠᠨᠠᠭ᠋ᠠᠨ᠎ᠤ ᠵᠢᠯᠣᠭᠣᠳᠤᠮᠵᠢ ᠵᠢ ᠪᠠᠷᠢᠮᠲᠠᠯᠠᠨ᠎ᠠ᠃ ᠰᠢ ᠵᠢᠨ ᠫᠢᠩ᠎ᠤᠨ ᠰᠢᠨ᠎ᠡ ᠴᠠᠭ ᠦᠶ᠎ᠡ ᠵᠢᠨ ᠳᠤᠮᠳᠠᠳᠤ ᠤᠯᠤᠰ᠎ᠤᠨ ᠣᠨᠴᠠᠯᠢᠭ᠎ᠲᠠᠢ ᠨᠡᠶ᠋ᠢᠭᠡᠮ ᠵᠢᠷᠤᠮ᠎ᠤᠨ ᠦᠵᠡᠯ ᠰᠠᠨᠠᠭ᠎ᠠ ᠢᠯᠠᠩᠭᠤᠶ᠎ᠠ ᠶᠡᠷᠦᠩᠬᠡᠢ ᠱᠦᠵᠢ ᠰᠢ ᠵᠢᠨ ᠫᠢᠩ᠎ᠤᠨ ᠺᠠᠳ᠋ᠷ᠎ᠤᠨ ᠬᠥᠮᠦᠵᠢᠯ ᠪᠣᠯᠪᠠᠰᠤᠷᠠᠯ᠎ᠤᠨ ᠲᠤᠬᠠᠢ ᠴᠢᠬᠤᠯᠠ ᠥᠭᠦᠯᠡᠯᠲᠡ ᠵᠢ ᠪᠦᠬᠦ ᠲᠠᠯ᠎ᠠ᠎ᠪᠠᠷ ᠲᠤᠭᠤᠰᠢᠯᠠᠭᠤᠯᠵᠤ᠂ ᠨᠠᠮ᠎ᠤᠨ ᠲᠥᠪ ᠬᠣᠷᠢᠶᠠᠨ᠎ᠤ ᠺᠠᠳ᠋ᠷ᠎ᠤᠨ ᠬᠥᠮᠦᠵᠢᠯ ᠪᠣᠯᠪᠠᠰᠤᠷᠠᠯ᠎ᠤᠨ ᠠᠵᠢᠯ᠎ᠤᠨ ᠲᠤᠬᠠᠢ ᠰᠢᠨ᠎ᠡ ᠵᠣᠷᠢᠭ ᠰᠠᠨᠠᠭ᠎ᠠ ᠰᠢᠨ᠎ᠡ ᠱᠠᠭ᠋ᠠᠷᠳᠠᠯᠭ᠎ᠠ ᠵᠢ ᠭᠦᠢ᠍ᠴᠡᠳ ᠢᠯᠡᠷᠡᠭᠦᠯᠪᠡ᠃ ᠬᠣᠶᠠᠷ᠎ᠲᠤ᠂ ᠴᠠᠭ ᠦᠶ᠎ᠡ᠎ᠲᠠᠢ ᠵᠡᠷᠭᠡᠪᠡᠷ ᠤᠷᠤᠭᠰᠢᠯᠠᠵᠤ᠂ ᠲᠥᠪ ᠶᠣᠰᠣ ᠵᠢ ᠪᠠᠷᠢᠮᠲᠠᠯᠠᠨ ᠰᠢᠨ᠎ᠡ ᠵᠢ ᠡᠭᠦᠳᠬᠦ ᠵᠢ ᠪᠠᠷᠢᠮᠲᠠᠯᠠᠨ᠎ᠠ᠃ ᠺᠠᠳ᠋ᠷ ᠬᠥᠮᠦᠵᠢᠭᠦᠯᠵᠦ ᠪᠣᠯᠪᠠᠰᠤᠷᠠᠬᠤ ᠠᠵᠢᠯ᠎ᠤᠨ ᠵᠢᠮ᠎ᠡ ᠶᠣᠰᠣ ᠣᠨᠴᠠᠯᠢᠭ᠎ᠢ ᠵᠢᠷᠤᠮᠯᠠᠨ       ᠡᠵᠡᠮᠰᠢᠵᠦ᠂ ᠶᠡᠷᠦᠩᠬᠡᠢ ᠪᠣᠷᠣ ᠲᠥᠯᠥᠪ ᠪᠠ ᠪᠡᠶᠡᠴᠢ ᠴᠣᠭᠴᠠ ᠵᠢᠨ ᠠᠭᠤᠯᠭ᠎ᠠ ᠵᠢᠨ ᠲᠣᠭᠲᠠᠭᠤᠨ ᠪᠠᠶ᠋ᠢᠬᠤ ᠵᠢ ᠪᠠᠲᠤᠯᠠᠭᠰᠠᠨ ᠤᠷᠢᠲᠠᠯ ᠳᠣᠣᠷ᠎ᠠ᠂ ᠨᠠᠮ᠎ᠤᠨ ᠲᠥᠪ ᠬᠣᠷᠢᠶᠠᠨ᠎ᠤ ᠬᠠᠮᠤᠭ᠎ᠤᠨ ᠰᠢᠨ᠎ᠡ ᠵᠣᠷᠢᠭ ᠰᠠᠨᠠᠭ᠎ᠠ ᠪᠠ ᠪᠣᠳᠠᠲᠤ ᠠᠵᠢᠯ᠎ᠤᠨ ᠬᠡᠷᠡᠭᠴᠡᠭᠡ ᠵᠢ ᠦᠨᠳᠦᠰᠦᠯᠡᠨ᠂ ᠬᠣᠯᠪᠣᠭᠳᠠᠯ ᠪᠦᠬᠦᠢ ᠵᠦᠢ᠍ᠯ ᠪᠠᠳᠠᠭ᠎ᠢ ᠲᠡᠭᠦᠯᠳᠡᠷᠵᠢᠭᠦᠯᠦᠨ ᠲᠤᠬᠢᠷᠠᠭᠤᠯᠬᠤ ᠵᠢᠨ ᠬᠠᠮᠲᠤ ᠺᠠᠳ᠋ᠷ ᠬᠥᠮᠦᠵᠢᠭᠦᠯᠵᠦ ᠪᠣᠯᠪᠠᠰᠤᠷᠠᠬᠤ ᠠᠵᠢᠯ᠎ᠢ ᠤᠨᠤᠯ᠂ ᠦᠢ᠍ᠯᠡᠳᠦᠯᠭᠡ᠂ ᠲᠦᠷᠢᠮ ᠵᠡᠷᠭᠡ ᠲᠠᠯ᠎ᠠ᠎ᠠᠴᠠ ᠰᠦᠪᠡᠭᠴᠢᠯᠡᠨ ᠪᠤᠢ ᠪᠣᠯᠭ᠋ᠠᠭᠰᠠᠨ ᠰᠢᠨ᠎ᠡ ᠵᠢ ᠡᠭᠦᠳᠦᠭᠰᠡᠨ ᠦᠷ᠎ᠡ ᠪᠦᠲᠦᠭᠡᠯ ᠪᠠ ᠪᠣᠯᠪᠠᠰᠤᠷᠠᠩᠭᠤᠢ ᠠᠷᠭ᠎ᠠ ᠪᠠᠷᠢᠯ᠎ᠢ ᠰᠢᠩᠭᠡᠭᠡᠨ ᠠᠪᠴᠤ᠂ ᠲᠦᠷᠢᠮ᠎ᠤᠨ ᠵᠢᠷᠤᠮᠵᠢᠯ ᠪᠣᠯᠭ᠋ᠠᠨ ᠳᠡᠭᠡᠭᠰᠢᠯᠡᠭᠦᠯᠦᠨ᠎ᠡ᠃ ᠭᠤᠷᠪᠠ᠎ᠳᠤ᠂ ᠬᠠᠤᠯᠢ᠎ᠳᠤ ᠨᠡᠶ᠋ᠢᠴᠡᠭᠦᠯᠦᠨ᠂ ᠤᠴᠢᠷ ᠶᠠᠪᠤᠳᠠᠯ᠎ᠳᠤ ᠪᠦᠲᠦᠮᠵᠢᠲᠡᠢ ᠪᠠᠶ᠋ᠢᠯᠭ᠋ᠠᠬᠤ ᠵᠢ ᠪᠠᠷᠢᠮᠲᠠᠯᠠᠪᠠ᠃ ᠰᠢᠰᠲ᠋ᠧᠮ᠎ᠤᠨ ᠦᠵᠡᠯᠲᠡ᠎ᠪᠠᠨ ᠴᠢᠩᠭ᠋ᠠᠳᠬᠠᠵᠤ᠂ 《ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠲᠦᠷᠢᠮ》 ᠪᠣᠯᠤᠨ 《ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠵᠣᠬᠢᠶᠠᠨ ᠪᠠᠶ᠋ᠢᠭᠤᠯᠬᠤ ᠠᠵᠢᠯ᠎ᠤᠨ ᠲᠦᠷᠢᠮ》᠂ 《ᠨᠠᠮ ᠵᠠᠰᠠᠭ᠎ᠤᠨ ᠤᠳᠤᠷᠢᠳᠬᠤ ᠺᠠᠳ᠋ᠷ᠎ᠢ ᠰᠢᠯᠢᠨ ᠳᠡᠪᠰᠢᠭᠦᠯᠵᠦ ᠲᠣᠮᠢᠯᠠᠨ ᠬᠡᠷᠡᠭᠯᠡᠬᠦ ᠠᠵᠢᠯ᠎ᠤᠨ ᠲᠦᠷᠢᠮ》 ᠵᠡᠷᠭᠡ ᠨᠠᠮ᠎ᠤᠨ ᠳᠣᠲᠣᠭ᠋ᠠᠳᠤ ᠵᠢᠨ ᠬᠠᠤᠯᠢ ᠲᠣᠭᠲᠠᠭ᠋ᠠᠯ ᠵᠢᠴᠢ 《ᠪᠥᠬᠥᠳᠡ ᠨᠠᠶ᠋ᠢᠷᠠᠮᠳᠠᠬᠤ ᠳᠤᠮᠳᠠᠳᠤ ᠠᠷᠠᠳ ᠤᠯᠤᠰ᠎ᠤᠨ ᠠᠯᠪᠠᠲᠠᠨ᠎ᠤ ᠬᠠᠤᠯᠢ》 ᠵᠡᠷᠭᠡ ᠬᠠᠤᠯᠢ ᠴᠠᠭ᠋ᠠᠵᠠ᠎ᠲᠠᠢ ᠵᠣᠯᠭ᠋ᠠᠭᠤᠯᠬᠤ ᠵᠢ ᠴᠢᠬᠤᠯᠠᠴᠢᠯᠠᠭᠰᠠᠨ ᠪᠥᠭᠡᠳ ᠪᠠᠰᠠ ᠰᠢᠨ᠎ᠡ ᠴᠠᠭ ᠦᠶ᠎ᠡ ᠵᠢᠨ ᠺᠠᠳ᠋ᠷ᠎ᠤᠨ ᠬᠥᠮᠦᠵᠢᠯ ᠪᠣᠯᠪᠠᠰᠤᠷᠠᠯ᠎ᠤᠨ ᠠᠵᠢᠯ᠎ᠤᠨ ᠰᠢᠨ᠎ᠡ ᠦᠢ᠍ᠯᠡᠳᠦᠯᠭᠡ  ᠰᠢᠨ᠎ᠡ ᠪᠠᠶ᠋ᠢᠳᠠᠯ᠎ᠳᠤ ᠠᠩᠬᠠᠷᠤᠯ ᠵᠶ᠋ᠠᠨ       ᠲᠥᠪᠯᠡᠷᠡᠭᠦᠯᠵᠦ᠂ ᠲᠦᠷᠢᠮ᠎ᠤᠨ ᠲᠠᠯ᠎ᠠ᠎ᠠᠴᠠ ᠴᠢᠭᠯᠡᠭᠦᠯᠦᠯᠲᠦ ᠴᠢᠨᠠᠷ᠂ ᠬᠡᠷᠡᠭᠵᠢᠭᠦᠯᠬᠦ ᠴᠢᠨᠠᠷ ᠵᠶ᠋ᠠᠷ ᠴᠢᠩᠭ᠎ᠠ ᠠᠷᠭ᠎ᠠ ᠬᠡᠮᠵᠢᠶ᠎ᠡ ᠵᠢ ᠳᠤᠷᠠᠳᠪᠠ᠃

  3 . ᠠᠰᠠᠭᠤᠯᠲᠠ᠄ 《ᠳᠦᠷᠢᠮ》᠎ᠨᠢ ᠭᠣᠣᠯᠳᠠᠭᠤ ᠶᠠᠮᠠᠷ ᠶᠠᠮᠠᠷ ᠠᠭᠤᠯᠭ᠎ᠠ᠎ᠳᠤ ᠵᠠᠰᠠᠪᠤᠷᠢ ᠣᠷᠣᠭᠤᠯᠤᠭᠰᠠᠨ᠎ᠢ ᠲᠠᠨᠢᠯᠴᠠᠭᠤᠯᠤᠭ᠋ᠠᠳ ᠥᠭᠭᠦᠨ᠎ᠡ ᠦᠦ?

   ᠬᠠᠷᠢᠭᠤᠯᠲᠠ᠄ 2015 ᠣᠨ᠎ᠤ 《ᠲᠦᠷᠢᠮ》᠎ᠲᠠᠢ ᠬᠠᠷᠢᠴᠠᠭᠤᠯᠪᠠᠯ᠂ ᠵᠠᠰᠠᠪᠤᠷᠢ ᠣᠷᠣᠭᠤᠯᠤᠭᠰᠠᠨ᠎ᠤ ᠳᠠᠷᠠᠭ᠋ᠠᠬᠢ 《ᠲᠦᠷᠢᠮ》᠎ᠨᠢ ᠤᠤᠯ᠎ᠤᠨ ᠪᠣᠷᠣ ᠲᠥᠯᠥᠪ᠎ᠢ ᠦᠨᠳᠦᠰᠦᠨ᠎ᠳᠡᠭᠡᠨ ᠬᠤᠪᠢᠷᠠᠭᠤᠯᠬᠤ ᠥᠬᠡᠶ ᠪᠠᠶ᠋ᠢᠬᠤ ᠵᠢ ᠪᠠᠲᠤᠯᠠᠵᠤ᠂ ᠪᠦᠯᠦᠭ ᠬᠡᠰᠡᠭ᠎ᠲᠤ 《ᠰᠠᠬᠢᠯᠭ᠎ᠠ ᠪᠠᠲᠤ ᠬᠢᠭᠡᠳ ᠬᠢᠨᠠᠯᠲᠠ ᠲᠠᠯᠪᠢᠯᠲᠠ》 ᠭᠡᠬᠦ ᠨᠢᠭᠡ ᠪᠦᠯᠦᠭ᠎ᠢ ᠰᠢᠨ᠎ᠡ᠎ᠪᠠᠷ ᠨᠡᠮᠡᠵᠦ᠂ ᠵᠦᠢ᠍ᠯ ᠵᠤᠷᠪᠤᠰ᠎ᠲᠤ 7 ᠵᠦᠢ᠍ᠯ᠎ᠢ ᠰᠢᠨ᠎ᠡ᠎ᠪᠠᠷ ᠨᠡᠮᠡᠵᠦ᠂ 6 ᠵᠦᠢ᠍ᠯ᠎ᠢ ᠡᠮᠬᠢᠯᠡᠨ ᠨᠡᠶ᠋ᠢᠯᠡᠭᠦᠯᠵᠦ ᠬᠠᠰᠤᠪᠠ᠂ ᠨᠡᠶ᠋ᠢᠲᠡ 10 ᠪᠦᠯᠦᠭ 63 ᠵᠦᠢ᠍ᠯ ᠪᠣᠶ᠃ ᠭᠣᠣᠯᠳᠠᠭᠤ ᠳᠣᠣᠷᠠᠬᠢ ᠬᠡᠳᠦᠨ ᠲᠠᠯ᠎ᠠ᠎ᠪᠠᠷ ᠵᠠᠰᠠᠪᠤᠷᠢ ᠣᠷᠣᠭᠤᠯᠪᠠ᠄ ᠨᠢᠭᠡ᠎ᠳᠤ᠂ ᠺᠠᠳ᠋ᠷ᠎ᠤᠨ ᠬᠥᠮᠦᠵᠢᠯ ᠪᠣᠯᠪᠠᠰᠤᠷᠠᠯ᠎ᠤᠨ ᠠᠵᠢᠯ᠎ᠤᠨ ᠵᠢᠯᠣᠭᠣᠳᠬᠤ ᠦᠵᠡᠯ ᠰᠠᠨᠠᠭ᠎ᠠ᠂ ᠬᠠᠷᠠᠯᠲᠠ ᠵᠠᠷᠴᠢᠮ᠎ᠢ ᠲᠡᠭᠦᠯᠳᠡᠷᠵᠢᠭᠦᠯᠦᠨ᠎ᠡ᠃ 《ᠰᠢ ᠵᠢᠨ ᠫᠢᠩ᠎ᠤᠨ ᠰᠢᠨ᠎ᠡ ᠴᠠᠭ ᠦᠶ᠎ᠡ ᠵᠢᠨ ᠳᠤᠮᠳᠠᠳᠤ ᠤᠯᠤᠰ᠎ᠤᠨ ᠣᠨᠴᠠᠯᠢᠭ᠎ᠲᠠᠢ ᠨᠡᠶ᠋ᠢᠭᠡᠮ ᠵᠢᠷᠤᠮ᠎ᠤᠨ ᠦᠵᠡᠯ ᠰᠠᠨᠠᠭ᠎ᠠ ᠵᠢ ᠪᠥᠬᠥ ᠲᠠᠯ᠎ᠠ᠎ᠪᠠᠷ ᠲᠤᠭᠤᠰᠢᠯᠠᠭᠤᠯᠬᠤ》᠂ 《〈ᠬᠣᠶᠠᠷ᠎ᠢ ᠲᠣᠭᠲᠠᠭ᠋ᠠᠬᠤ〉 ᠵᠢᠨ ᠰᠢᠢ᠍ᠳᠪᠦᠷᠢᠯᠡᠭᠴᠢ ᠴᠢᠨᠠᠷᠲᠠᠶ ᠠᠴᠢ ᠬᠣᠯᠪᠣᠭᠳᠠᠯ᠎ᠢ ᠭᠦᠨᠵᠡᠭᠡᠶ ᠣᠶ᠋ᠢᠯᠠᠭ᠋ᠠᠵᠤ᠂ 〈ᠳᠥᠷᠪᠡᠨ ᠤᠬᠠᠮᠰᠠᠷ〉 ᠵᠶ᠋ᠠᠨ ᠴᠢᠩᠭ᠋ᠠᠳᠬᠠᠵᠤ᠂ 〈ᠳᠥᠷᠪᠡᠨ ᠢᠲᠡᠭᠡᠯ〉 ᠵᠶ᠋ᠠᠨ ᠪᠠᠲᠤᠳᠬᠠᠵᠤ᠂ 〈ᠬᠣᠶᠠᠷ᠎ᠢ ᠬᠠᠮᠠᠭ᠋ᠠᠯᠠᠬᠤ〉 ᠵᠢ ᠪᠡᠶᠡᠯᠡᠭᠦᠯᠬᠦ》᠂ 《ᠴᠢᠨᠠᠷ ᠰᠠᠶ᠋ᠢᠲᠠᠶ ᠰᠤᠷᠭ᠋ᠠᠨ ᠬᠥᠮᠦᠵᠢᠭᠦᠯᠵᠦ ᠪᠣᠯᠪᠠᠰᠤᠷᠠᠬᠤ᠂ ᠨᠠᠮ ᠪᠠ ᠤᠯᠤᠰ᠎ᠤᠨ ᠠᠵᠢᠯ ᠦᠢ᠍ᠯᠡᠰ᠎ᠤᠨ ᠬᠥᠭᠵᠢᠯᠲᠡ᠎ᠳᠤ ᠥᠨᠳᠥᠷ ᠲᠦᠪᠰᠢᠨ ᠵᠶ᠋ᠠᠷ ᠦᠢ᠍ᠯᠡᠴᠢᠯᠡᠬᠦ》 ᠵᠡᠷᠭᠡ ᠵᠢ ᠵᠢᠯᠣᠭᠣᠳᠬᠤ ᠦᠵᠡᠯ ᠰᠠᠨᠠᠭ᠎ᠠ᠎ᠳᠤ ᠪᠢᠴᠢᠵᠦ ᠣᠷᠣᠭᠤᠯᠪᠠ᠃ ᠡᠭᠦᠨ᠎ᠤ ᠬᠠᠮᠲᠤ᠂ ᠰᠢᠨ᠎ᠡ ᠪᠠᠶ᠋ᠢᠳᠠᠯ᠎ᠤᠨ ᠡᠭᠦᠷᠭᠡ ᠪᠠ ᠠᠵᠢᠯ᠎ᠤᠨ ᠬᠡᠷᠡᠭᠴᠡᠭᠡ᠎ᠲᠠᠢ ᠤᠶᠠᠯᠳᠤᠭᠤᠯᠤᠨ᠂ ᠺᠠᠳ᠋ᠷ ᠬᠥᠮᠦᠵᠢᠭᠦᠯᠵᠦ ᠪᠣᠯᠪᠠᠰᠤᠷᠠᠬᠤ ᠠᠵᠢᠯ᠎ᠤᠨ 6 ᠵᠠᠷᠴᠢᠮ᠎ᠢ ᠵᠠᠰᠠᠵᠤ ᠲᠡᠭᠦᠯᠳᠡᠷᠵᠢᠭᠦᠯᠪᠡ᠃ ᠬᠣᠶᠠᠷ᠎ᠲᠤ᠂ ᠲᠤᠰᠢᠶᠠᠯ᠎ᠤᠨ ᠲᠠᠰ᠎ᠤᠨ ᠠᠯᠪᠠᠲᠠᠨ᠎ᠤ ᠬᠥᠮᠦᠵᠢᠯ ᠪᠣᠯᠪᠠᠰᠤᠷᠠᠯ᠎ᠤᠨ ᠴᠠᠭ ᠬᠤᠭᠤᠴᠠᠭ᠋ᠠᠨ᠎ᠤ ᠱᠠᠭ᠋ᠠᠷᠳᠠᠯᠭ᠎ᠠ ᠵᠢ ᠲᠣᠳᠣᠷᠬᠠᠶ᠋ᠢᠯᠠᠪᠠ᠃ 2018 ᠣᠨ᠎ᠳᠤ ᠵᠠᠰᠠᠪᠤᠷᠢ ᠣᠷᠣᠭᠤᠯᠵᠤ ᠨᠡᠶ᠋ᠢᠲᠡᠯᠡᠭᠰᠡᠨ 《ᠪᠥᠬᠥᠳᠡ ᠨᠠᠶ᠋ᠢᠷᠠᠮᠳᠠᠬᠤ ᠳᠤᠮᠳᠠᠳᠤ ᠠᠷᠠᠳ ᠤᠯᠤᠰ᠎ᠤᠨ ᠠᠯᠪᠠᠲᠠᠨ᠎ᠤ ᠬᠠᠤᠯᠢ》 ᠪᠣᠯᠤᠨ 2019 ᠣᠨ᠎ᠤ ᠲᠥᠪ ᠬᠣᠷᠢᠶᠠᠨ᠎ᠤ ᠠᠯᠪᠠᠨ ᠲᠢᠩᠬᠢᠮ᠎ᠤᠨ ᠳᠠᠷᠤᠮᠠᠯᠯᠠᠨ ᠲᠠᠷᠬᠠᠭ᠋ᠠᠭᠰᠠᠨ 《ᠠᠯᠪᠠᠲᠠᠨ᠎ᠤ ᠲᠤᠰᠢᠶᠠᠯ ᠬᠢᠭᠡᠳ ᠲᠤᠰᠢᠶᠠᠯ᠎ᠤᠨ ᠳᠡᠰ᠎ᠢ ᠵᠡᠷᠭᠡ᠎ᠪᠠᠷ ᠶᠠᠪᠤᠭᠤᠯᠬᠤ ᠲᠣᠭᠲᠠᠭ᠋ᠠᠯ》᠎ᠢ ᠦᠨᠳᠦᠰᠦᠯᠡᠨ᠂ ᠠᠰᠠᠭᠤᠯᠲᠠ ᠵᠢᠨ ᠬᠠᠭᠤᠳᠠᠰᠤ᠎ᠪᠠᠷ ᠶᠡᠷᠦᠩᠬᠡᠶ᠋ᠢᠯᠡᠭᠰᠡᠨ ᠪᠠᠶ᠋ᠢᠴᠠᠭ᠋ᠠᠯᠲᠠ ᠬᠢᠵᠦ᠂ ᠲᠤᠬᠠᠶ ᠵᠢᠨ ᠭᠠᠵᠠᠷ᠎ᠲᠤᠨᠢ ᠪᠠᠶ᠋ᠢᠴᠠᠭ᠋ᠠᠨ ᠰᠤᠳᠤᠯᠤᠯᠲᠠ ᠬᠢᠭᠰᠡᠨ ᠪᠠᠶ᠋ᠢᠳᠠᠯ᠎ᠳᠤ ᠲᠤᠰᠢᠶᠠᠯ᠎ᠤᠨ ᠲᠠᠰ᠎ᠤᠨ ᠠᠯᠪᠠᠲᠠᠨ᠎ᠤ ᠬᠥᠮᠦᠵᠢᠯ ᠪᠣᠯᠪᠠᠰᠤᠷᠠᠯ᠎ᠳᠤ ᠣᠷᠣᠯᠴᠠᠬᠤ ᠴᠠᠭ᠎ᠤᠨ ᠬᠡᠮᠵᠢᠶ᠎ᠡ ᠵᠢᠨ ᠱᠠᠭ᠋ᠠᠷᠳᠠᠯᠭ᠎ᠠ ᠵᠢᠨ ᠲᠤᠬᠠᠶ ᠲᠣᠭᠲᠠᠭ᠋ᠠᠯ ᠭᠠᠷᠭ᠋ᠠᠪᠠ᠃ ᠭᠤᠷᠪᠠ᠎ᠳᠤ᠂ ᠺᠠᠳ᠋ᠷ᠎ᠤᠨ ᠬᠥᠮᠦᠵᠢᠯ ᠪᠣᠯᠪᠠᠰᠤᠷᠠᠯ᠎ᠤᠨ ᠠᠭᠤᠯᠭ᠎ᠠ ᠵᠢᠨ ᠰᠢᠰᠲ᠋ᠧᠮ᠎ᠢ ᠲᠡᠭᠦᠯᠳᠡᠷᠵᠢᠭᠦᠯᠦᠨ᠎ᠡ᠃ ᠺᠠᠳ᠋ᠷ᠎ᠤᠨ ᠬᠥᠮᠦᠵᠢᠯ ᠪᠣᠯᠪᠠᠰᠤᠷᠠᠯ᠎ᠨᠢ ᠰᠢ ᠵᠢᠨ ᠫᠢᠩ᠎ᠤᠨ ᠰᠢᠨ᠎ᠡ ᠴᠠᠭ ᠦᠶ᠎ᠡ ᠵᠢᠨ ᠳᠤᠮᠳᠠᠳᠤ ᠤᠯᠤᠰ᠎ᠤᠨ ᠣᠨᠴᠠᠯᠢᠭ ᠪᠦᠬᠦᠢ ᠨᠡᠶ᠋ᠢᠭᠡᠮ ᠵᠢᠷᠤᠮ᠎ᠤᠨ ᠦᠵᠡᠯ ᠰᠠᠨᠠᠭ᠎ᠠ ᠵᠢ ᠭᠦᠨᠵᠡᠭᠡᠢ ᠰᠤᠷᠤᠯᠴᠠᠨ ᠲᠤᠭᠤᠰᠢᠯᠠᠭᠤᠯᠬᠤ᠎ᠪᠠᠷ ᠭᠣᠣᠯ ᠰᠡᠳᠦᠪ ᠪᠣᠯᠭ᠋ᠠᠵᠤ᠂ ᠨᠠᠮ᠎ᠤᠨ ᠤᠨᠤᠯ᠎ᠤᠨ ᠬᠥᠮᠦᠵᠢᠯ᠂ ᠨᠠᠮᠴᠢ ᠴᠢᠨᠠᠷ᠎ᠤᠨ ᠬᠥᠮᠦᠵᠢᠯ ᠪᠠ ᠲᠤᠰᠢᠶᠠᠯ ᠬᠠᠷᠢᠭᠤᠴᠠᠯᠭ᠎ᠠ᠎ᠪᠠᠨ ᠭᠦᠢ᠍ᠴᠡᠳᠬᠡᠬᠦ ᠴᠢᠳᠠᠪᠤᠷᠢ ᠵᠢᠨ ᠪᠣᠯᠪᠠᠰᠤᠷᠠᠯ ᠵᠶ᠋ᠠᠷ ᠭᠣᠣᠯᠳᠠᠯᠭ᠎ᠠ ᠪᠣᠯᠭ᠋ᠠᠨ᠂ ᠮᠡᠳᠡᠯᠭᠡ ᠵᠢᠨ ᠪᠣᠯᠪᠠᠰᠤᠷᠠᠯ᠎ᠢ ᠴᠢᠬᠤᠯᠠᠴᠢᠯᠠᠬᠤ ᠵᠢᠨ ᠬᠠᠮᠲᠤ ᠬᠡᠰᠡᠭ ᠨᠢᠭᠡᠪᠦᠷᠢ ᠵᠢᠨ ᠭᠣᠣᠯᠳᠠᠯᠭ᠎ᠠ᠎ᠲᠠᠢ ᠠᠭᠤᠯᠭ᠎ᠠ ᠵᠢ ᠲᠡᠭᠦᠯᠳᠡᠷᠵᠢᠭᠦᠯᠦᠨ ᠲᠤᠬᠢᠷᠠᠭᠤᠯᠪᠠ᠃ ᠲᠦᠷᠪᠡ᠎ᠳᠤ᠂ ᠺᠠᠳ᠋ᠷ᠎ᠤᠨ ᠬᠥᠮᠦᠵᠢᠯ ᠪᠣᠯᠪᠠᠰᠤᠷᠠᠯ᠎ᠤᠨ ᠪᠠᠶ᠋ᠢᠭᠤᠯᠤᠮᠵᠢ ᠵᠢᠨ ᠰᠢᠰᠲ᠋ᠧᠮ᠎ᠢ ᠵᠢᠷᠤᠮᠵᠢᠭᠤᠯᠤᠨ᠎ᠠ᠃ ᠺᠠᠳ᠋ᠷ᠎ᠤᠨ ᠬᠥᠮᠦᠵᠢᠯ ᠪᠣᠯᠪᠠᠰᠤᠷᠠᠯ᠎ᠤᠨ ᠪᠠᠶ᠋ᠢᠭᠤᠯᠤᠮᠵᠢ᠎ᠳᠤ ᠭᠤᠤᠯᠳᠠᠭᠤ ᠨᠠᠮ᠎ᠤᠨ ᠰᠤᠷᠭ᠋ᠠᠭᠤᠯᠢ (ᠵᠠᠰᠠᠭ ᠵᠠᠬᠢᠷᠭ᠋ᠠᠨ᠎ᠤ ᠳᠡᠭᠡᠳᠦ ᠰᠤᠷᠭ᠋ᠠᠭᠤᠯᠢ)᠂ ᠺᠠᠳ᠋ᠷ᠎ᠤᠨ ᠳᠡᠭᠡᠳᠦ ᠰᠤᠷᠭ᠋ᠠᠭᠤᠯᠢ᠂ ᠨᠡᠶ᠋ᠢᠭᠡᠮ ᠵᠢᠷᠤᠮ᠎ᠤᠨ ᠳᠡᠭᠡᠳᠦ ᠰᠤᠷᠭ᠋ᠠᠭᠤᠯᠢ᠂ ᠰᠠᠯᠠᠭ᠎ᠠ ᠮᠥᠴᠢᠷ ᠠᠵᠢᠯ ᠲᠥᠷᠥᠯ᠎ᠤᠨ ᠪᠣᠯᠪᠠᠰᠤᠷᠠᠯ᠎ᠤᠨ ᠪᠠᠶ᠋ᠢᠭᠤᠯᠤᠮᠵᠢ᠂ ᠤᠯᠤᠰ᠎ᠤᠨ ᠥᠮᠴᠢᠯᠡᠯ᠎ᠤᠨ ᠠᠵᠤ ᠠᠬᠤᠶ᠋ᠢᠯᠠᠯ᠎ᠤᠨ ᠪᠣᠯᠪᠠᠰᠤᠷᠠᠯ᠎ᠤᠨ ᠪᠠᠶ᠋ᠢᠭᠤᠯᠤᠮᠵᠢ᠂ ᠺᠠᠳ᠋ᠷ᠎ᠤᠨ ᠬᠥᠮᠦᠵᠢᠯ ᠪᠣᠯᠪᠠᠰᠤᠷᠠᠯ᠎ᠤᠨ ᠳᠡᠭᠡᠳᠦ ᠰᠤᠷᠭ᠋ᠠᠭᠤᠯᠢ ᠵᠢᠨ ᠰᠠᠭᠤᠷᠢᠨ ᠭᠠᠵᠠᠷ ᠪᠠᠶ᠋ᠢᠬᠤ ᠵᠢ ᠲᠣᠳᠣᠷᠬᠠᠶ᠋ᠢᠯᠠᠬᠤ ᠵᠢᠨ ᠬᠠᠮᠲᠤ 6 ᠲᠥᠷᠥᠯ᠎ᠤᠨ ᠪᠣᠯᠪᠠᠰᠤᠷᠠᠯ᠎ᠤᠨ ᠪᠠᠶ᠋ᠢᠭᠤᠯᠤᠮᠵᠢ ᠵᠢᠨ ᠲᠤᠰᠢᠶᠠᠯ ᠬᠠᠷᠢᠭᠤᠴᠠᠯᠭ᠎ᠠ ᠵᠢᠨ ᠪᠠᠶ᠋ᠢᠷᠢ ᠲᠣᠭᠲᠠᠭ᠋ᠠᠯᠲᠠ ᠵᠢ ᠵᠢᠷᠤᠮᠵᠢᠭᠤᠯᠤᠨ᠎ᠠ᠃ ᠲᠠᠪᠤ᠎ᠳᠤ᠂ 《ᠰᠠᠬᠢᠯᠭ᠎ᠠ ᠪᠠᠲᠤ ᠬᠢᠭᠡᠳ ᠬᠢᠨᠠᠯᠲᠠ ᠲᠠᠯᠪᠢᠬᠤ》 ᠭᠡᠬᠦ ᠪᠦᠯᠦᠭ᠎ᠢ ᠰᠢᠨ᠎ᠡ᠎ᠪᠠᠷ ᠨᠡᠮᠡᠪᠡ᠃ ᠤᠤᠯ᠎ᠤᠨ ᠲᠦᠷᠢᠮ᠎ᠳᠠᠬᠢ ᠲᠣᠷᠭ᠋ᠠᠬᠤ ᠲᠦᠷᠢᠮ᠎ᠳᠤ ᠬᠣᠯᠪᠣᠭᠳᠠᠭᠰᠠᠨ ᠠᠭᠤᠯᠭ᠎ᠠ ᠵᠢ ᠡᠮᠬᠢᠯᠡᠨ ᠨᠡᠶ᠋ᠢᠯᠡᠭᠦᠯᠵᠦ᠂ ᠲᠤᠰᠠᠭ᠋ᠠᠷ ᠪᠦᠯᠦᠭ ᠪᠣᠯᠭ᠋ᠠᠨ᠂ ᠺᠠᠳ᠋ᠷ᠎ᠤᠨ ᠬᠥᠮᠦᠵᠢᠯ ᠪᠣᠯᠪᠠᠰᠤᠷᠠᠯ᠎ᠤᠨ ᠰᠠᠬᠢᠯᠭ᠎ᠠ ᠪᠠᠲᠤ ᠵᠢᠨ ᠱᠠᠭ᠋ᠠᠷᠳᠠᠯᠭ᠎ᠠ ᠵᠢ ᠤᠯᠠᠮ ᠨᠢᠭᠡ ᠠᠯᠬᠤᠮ ᠴᠢᠩᠭ᠋ᠠᠳᠬᠠᠬᠤ ᠬᠡᠷᠡᠭᠲᠡᠶ᠃

  4 . ᠠᠰᠠᠭᠤᠯᠲᠠ᠄ 《ᠲᠦᠷᠢᠮ》᠎ᠳᠤ ᠲᠤᠰᠢᠶᠠᠯ᠎ᠤᠨ ᠲᠠᠰ᠎ᠤᠨ ᠠᠯᠪᠠᠲᠠᠨ᠎ᠤ ᠬᠥᠮᠦᠵᠢᠯ ᠪᠣᠯᠪᠠᠰᠤᠷᠠᠯ᠎ᠤᠨ ᠴᠠᠭ᠎ᠤᠨ ᠬᠡᠮᠵᠢᠶ᠎ᠡ ᠵᠢ ᠬᠡᠷᠬᠢᠨ ᠲᠣᠭᠲᠠᠭ᠋ᠠᠭᠰᠠᠨ ᠪᠣᠶ?

  2018 ᠣᠨ᠎ᠳᠤ ᠵᠠᠰᠠᠪᠤᠷᠢ ᠣᠷᠣᠭᠤᠯᠵᠤ ᠨᠡᠶ᠋ᠢᠲᠡᠯᠡᠭᠰᠡᠨ 《ᠪᠥᠬᠥᠳᠡ ᠨᠠᠶ᠋ᠢᠷᠠᠮᠳᠠᠬᠤ ᠳᠤᠮᠳᠠᠳᠤ ᠠᠷᠠᠳ ᠤᠯᠤᠰ᠎ᠤᠨ ᠠᠯᠪᠠᠲᠠᠨ᠎ᠤ ᠬᠠᠤᠯᠢ》 ᠵᠢ ᠦᠨᠳᠦᠰᠦᠯᠡᠪᠡᠯ᠂ 2019 ᠣᠨ᠎ᠤ 6 ᠳ᠋ᠤᠭ᠋ᠠᠷ ᠰᠠᠷ᠎ᠠ ᠵᠢᠨ 1᠎ᠤ ᠡᠳᠦᠷ᠎ᠠᠴᠠ ᠡᠬᠢᠯᠡᠨ᠂ ᠤᠯᠤᠰ᠎ᠠᠴᠠ ᠠᠯᠪᠠᠲᠠᠨ᠎ᠤ ᠲᠤᠰᠢᠶᠠᠯ ᠬᠢᠭᠡᠳ ᠲᠤᠰᠢᠶᠠᠯ᠎ᠤᠨ ᠳᠡᠰ᠎ᠢ ᠵᠡᠷᠭᠡ᠎ᠪᠠᠷ ᠶᠠᠪᠤᠭᠤᠯᠬᠤ ᠲᠦᠷᠢᠮ᠎ᠢ ᠬᠡᠷᠡᠭᠵᠢᠭᠦᠯᠦᠨ᠎ᠡ᠃ ᠡᠨᠡ ᠤᠳᠠᠭ᠎ᠠ ᠵᠠᠰᠠᠪᠤᠷᠢ ᠣᠷᠣᠭᠤᠯᠤᠭᠰᠠᠨ 《ᠲᠦᠷᠢᠮ》᠎ᠳᠤ ᠲᠤᠰᠢᠶᠠᠯ᠎ᠤᠨ ᠲᠠᠰ᠎ᠤᠨ ᠠᠯᠪᠠᠲᠠᠨ᠎ᠤ ᠬᠥᠮᠦᠵᠢᠯ ᠪᠣᠯᠪᠠᠰᠤᠷᠠᠯ᠎ᠤᠨ ᠴᠠᠭ᠎ᠤᠨ ᠬᠡᠮᠵᠢᠶ᠎ᠡ ᠵᠢᠨ ᠲᠤᠬᠠᠶ ᠲᠣᠭᠲᠠᠭ᠋ᠠᠯ ᠭᠠᠷᠭ᠋ᠠᠵᠤ᠂ ᠭᠤᠤᠯᠳᠠᠭᠤ ᠪᠥᠬᠥ ᠺᠠᠳ᠋ᠷ᠎ᠤᠨ ᠬᠥᠮᠦᠵᠢᠯ ᠪᠣᠯᠪᠠᠰᠤᠷᠠᠯ ᠭᠥᠷᠳᠡᠬᠦ ᠡᠷᠬᠡ ᠪᠠ ᠡᠭᠦᠷᠭᠡ ᠵᠢ ᠪᠠᠲᠤᠯᠠᠵᠤ᠂ 《ᠲᠦᠷᠢᠮ》᠎ᠳᠤ ᠳᠣᠭᠢᠷᠠᠬᠤ ᠪᠣᠯᠪᠠᠰᠤᠷᠠᠯ᠎ᠤᠨ ᠡᠲᠡᠭᠡᠳ᠎ᠤᠨ ᠪᠥᠬᠥ ᠲᠠᠯᠠᠲᠤ ᠴᠢᠨᠠᠷ᠂ ᠪᠦᠷᠢᠨ ᠪᠦᠲᠦᠨ ᠴᠢᠨᠠᠷ᠎ᠢ ᠦᠨᠡᠨ ᠬᠦ᠌ ᠪᠠᠲᠤᠯᠠᠪᠠ᠃ 2019 ᠣᠨ᠎ᠤ ᠲᠥᠪ ᠬᠣᠷᠢᠶᠠᠨ᠎ᠤ ᠠᠯᠪᠠᠨ ᠲᠢᠩᠬᠢᠮ᠎ᠤᠨ ᠳᠠᠷᠤᠮᠠᠯᠯᠠᠨ ᠲᠠᠷᠬᠠᠭ᠋ᠠᠭᠰᠠᠨ 《ᠠᠯᠪᠠᠲᠠᠨ᠎ᠤ ᠲᠤᠰᠢᠶᠠᠯ ᠬᠢᠭᠡᠳ ᠲᠤᠰᠢᠶᠠᠯ᠎ᠤᠨ ᠳᠡᠰ᠎ᠢ ᠵᠡᠷᠭᠡ᠎ᠪᠠᠷ ᠶᠠᠪᠤᠭᠤᠯᠬᠤ ᠲᠣᠭᠲᠠᠭ᠋ᠠᠯ》 ᠶᠣᠰᠣᠭ᠋ᠠᠷ᠂ ᠰᠢᠶᠠᠨ᠂ ᠭᠠᠵᠠᠷ᠎ᠤᠨ ᠲᠠᠰ᠎ᠤᠨ ᠳᠡᠳ᠋ ᠲᠤᠰᠢᠶᠠᠯ᠎ᠤᠨ ᠤᠳᠤᠷᠢᠳᠬᠤ ᠲᠤᠰᠢᠶᠠᠯ᠎ᠤᠨ ᠬᠠᠷᠠᠭ᠋ᠠᠯᠵᠠᠭᠰᠠᠨ ᠶᠡᠷᠦᠩᠬᠡᠶ᠋ᠢᠯᠡᠨ ᠬᠠᠮᠢᠶᠠᠷᠬᠤ ᠲᠥᠷᠥᠯ᠎ᠤᠨ ᠠᠯᠪᠠᠲᠠᠨ᠎ᠤ ᠬᠠᠮᠤᠭ᠎ᠤᠨ ᠳᠤᠤᠷ᠎ᠠ ᠲᠤᠰᠢᠶᠠᠯ᠎ᠤᠨ ᠲᠠᠰ ᠪᠣᠯ ᠳᠥᠷᠪᠡᠨ ᠱᠠᠲᠤᠨ᠎ᠤ ᠪᠠᠶ᠋ᠢᠴᠠᠭ᠋ᠠᠨ ᠰᠤᠳᠤᠯᠤᠭᠴᠢ ᠪᠣᠯᠤᠨ᠎ᠠ᠃ ᠲᠦᠮᠡᠨ ᠨᠡᠷᠡᠰ ᠺᠠᠳ᠋ᠷ᠎ᠤᠨ ᠠᠰᠠᠭᠤᠯᠲᠠ ᠵᠢᠨ ᠬᠠᠭᠤᠳᠠᠰᠤ᠎ᠪᠠᠷ ᠪᠠᠶ᠋ᠢᠴᠠᠭ᠋ᠠᠬᠤ ᠪᠠ ᠲᠤᠬᠠᠶ ᠵᠢᠨ ᠭᠠᠵᠠᠷ᠎ᠲᠤᠨᠢ ᠪᠠᠶ᠋ᠢᠴᠠᠭ᠋ᠠᠨ ᠰᠤᠳᠤᠯᠤᠯᠲᠠ ᠬᠢᠭᠰᠡᠨ ᠪᠠᠶ᠋ᠢᠳᠠᠯ᠎ᠢ ᠶᠡᠷᠦᠩᠬᠡᠶ᠋ᠢᠯᠡᠨ᠂ ᠺᠠᠳ᠋ᠷ᠎ᠤᠨ ᠬᠡᠪ ᠴᠢᠨᠠᠷ᠎ᠢ ᠳᠡᠭᠡᠭᠰᠢᠯᠡᠭᠦᠯᠬᠦ ᠵᠢ ᠵᠣᠷᠢᠭᠵᠢᠭᠤᠯᠤᠨ ᠳᠡᠮᠵᠢᠵᠦ ᠪᠠᠶ᠋ᠢᠭ᠋ᠠᠳ ᠡᠭᠦᠷᠭᠡᠯᠡᠵᠦ ᠪᠠᠶ᠋ᠢᠭ᠎ᠠ ᠲᠤᠰᠢᠶᠠᠯ ᠬᠠᠷᠢᠭᠤᠴᠠᠯᠭ᠎ᠠ ᠡᠭᠦᠷᠭᠡ᠎ᠳᠡᠭᠡᠨ ᠨᠠᠩ ᠰᠠᠶ᠋ᠢᠨ ᠵᠣᠬᠢᠴᠠᠭᠤᠯᠬᠤ᠎ᠠᠴᠠ ᠪᠣᠳᠣᠯᠬᠢᠯᠠᠵᠤ᠂ ᠰᠢᠶᠠᠨ᠂ ᠭᠠᠵᠠᠷ᠎ᠤᠨ ᠲᠠᠰ᠎ᠠᠴᠠ ᠳᠡᠭᠡᠭᠰᠢᠬᠢ ᠨᠠᠮ ᠵᠠᠰᠠᠭ᠎ᠤᠨ ᠤᠳᠤᠷᠢᠳᠬᠤ ᠺᠠᠳ᠋ᠷ᠎ᠤᠨ ᠬᠥᠮᠦᠵᠢᠯ ᠪᠣᠯᠪᠠᠰᠤᠷᠠᠯ᠎ᠤᠨ ᠴᠠᠭ᠎ᠤᠨ ᠬᠡᠮᠵᠢᠶ᠎ᠡ ᠵᠢᠨ ᠱᠠᠭ᠋ᠠᠷᠳᠠᠯᠭ᠎ᠠ᠎ᠪᠠᠷ ᠯᠠᠪᠯᠠᠯᠲᠠ ᠪᠣᠯᠭ᠋ᠠᠵᠤ᠂ 《ᠲᠦᠷᠢᠮ》᠎ᠳᠤ ᠲᠣᠭᠲᠠᠭ᠋ᠠᠭᠰᠠᠨ᠎ᠨᠢ᠄ ᠳᠥᠷᠪᠡᠳᠦᠭᠡᠷ ᠳᠡᠰ᠎ᠤᠨ ᠪᠠᠶ᠋ᠢᠴᠠᠭ᠋ᠠᠨ ᠰᠤᠳᠤᠯᠤᠭᠴᠢ ᠵᠢᠴᠢ ᠨᠡᠯᠢᠶᠡᠳ ᠲᠠᠰ ᠳᠠᠪᠬᠤᠷᠭ᠎ᠠ ᠵᠢᠨ ᠲᠤᠰᠢᠶᠠᠯ᠎ᠤᠨ ᠲᠠᠰ᠎ᠠᠴᠠ ᠳᠡᠭᠡᠭᠰᠢᠬᠢ ᠠᠯᠪᠠᠲᠠᠨ 5 ᠵᠢᠯ ᠪᠦᠷᠢ ᠨᠠᠮ᠎ᠤᠨ ᠰᠤᠷᠭ᠋ᠠᠭᠤᠯᠢ (ᠵᠠᠰᠠᠭ ᠵᠠᠬᠢᠷᠭ᠋ᠠᠨ᠎ᠤ ᠳᠡᠭᠡᠳᠦ ᠰᠤᠷᠭ᠋ᠠᠭᠤᠯᠢ)᠂ ᠺᠠᠳ᠋ᠷ᠎ᠤᠨ ᠳᠡᠭᠡᠳᠦ ᠰᠤᠷᠭ᠋ᠠᠭᠤᠯᠢ ᠵᠡᠷᠭᠡ ᠺᠠᠳ᠋ᠷ᠎ᠤᠨ ᠬᠥᠮᠦᠵᠢᠯ ᠪᠣᠯᠪᠠᠰᠤᠷᠠᠯ᠎ᠤᠨ ᠪᠠᠶ᠋ᠢᠭᠤᠯᠤᠮᠵᠢ ᠵᠢᠨ ᠠᠵᠢᠯ᠎ᠠᠴᠠ᠎ᠪᠠᠨ ᠰᠠᠯᠵᠤ ᠪᠣᠯᠪᠠᠰᠤᠷᠠᠯ᠎ᠳᠤ ᠣᠷᠣᠯᠴᠠᠬᠤ ᠵᠢᠴᠢ ᠺᠠᠳ᠋ᠷ᠎ᠤᠨ ᠬᠥᠮᠦᠵᠢᠯ ᠪᠣᠯᠪᠠᠰᠤᠷᠠᠯ᠎ᠤᠨ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ᠎ᠤᠨ ᠮᠡᠳᠡᠷᠡᠭᠰᠡᠨ ᠪᠤᠰᠤᠳ ᠲᠥᠪᠯᠡᠷᠡᠭᠦᠯᠦᠨ ᠪᠣᠯᠪᠠᠰᠤᠷᠠᠬᠤ ᠠᠵᠢᠯ᠎ᠳᠤ ᠣᠷᠣᠯᠴᠠᠵᠤ᠂ ᠨᠡᠶ᠋ᠢᠲᠡ 3 ᠰᠠᠷ᠎ᠠ ᠪᠤᠶᠤ 550 ᠬᠢᠴᠢᠶᠡᠯ᠎ᠤᠨ ᠴᠠᠭ᠎ᠠᠴᠠ ᠳᠤᠲᠠᠭᠤ ᠥᠬᠡᠶ ᠣᠷᠣᠯᠴᠠᠬᠤ ᠬᠡᠷᠡᠭᠲᠡᠶ᠃ ᠡᠭᠦᠨ᠎ᠤ ᠬᠠᠮᠲᠤ 《ᠲᠦᠷᠢᠮ》᠎ᠳᠤ᠄ ᠨᠢᠭᠡᠳᠦᠭᠡᠷ ᠳᠡᠰ᠎ᠤᠨ ᠡᠷᠬᠢᠯᠡᠭᠴᠢ ᠭᠡᠰᠢᠭᠦᠴᠢ ᠵᠢᠴᠢ ᠨᠡᠯᠢᠶᠡᠳ ᠲᠠᠰ ᠳᠠᠪᠬᠤᠷᠭ᠎ᠠ ᠵᠢᠨ ᠲᠤᠰᠢᠶᠠᠯ᠎ᠤᠨ ᠲᠠᠰ᠎ᠠᠴᠠ ᠳᠣᠷᠣᠭᠰᠢᠬᠢ ᠠᠯᠪᠠᠲᠠᠨ ᠵᠢᠯ ᠪᠦᠷᠢ ᠺᠠᠳ᠋ᠷ᠎ᠤᠨ ᠬᠥᠮᠦᠵᠢᠯ ᠪᠣᠯᠪᠠᠰᠤᠷᠠᠯ᠎ᠤᠨ ᠡᠷᠭᠢᠯᠡᠨ ᠬᠠᠮᠢᠶᠠᠷᠬᠤ ᠰᠠᠯᠠᠭ᠎ᠠ ᠮᠥᠴᠢᠷ᠎ᠤᠨ ᠮᠡᠳᠡᠷᠡᠭᠰᠡᠨ ᠲᠥᠪᠯᠡᠷᠡᠭᠦᠯᠦᠨ ᠪᠣᠯᠪᠠᠰᠤᠷᠠᠬᠤ ᠠᠵᠢᠯ᠎ᠳᠤ ᠣᠷᠣᠯᠴᠠᠬᠤ ᠬᠡᠷᠡᠭᠲᠡᠶ᠂ ᠨᠡᠶ᠋ᠢᠲᠡ 12 ᠡᠳᠦᠷ ᠪᠤᠶᠤ 90 ᠬᠢᠴᠢᠶᠡᠯ᠎ᠤᠨ ᠴᠠᠭ᠎ᠠᠴᠠ ᠳᠤᠲᠠᠭᠤ ᠪᠠᠶ᠋ᠢᠵᠤ ᠪᠣᠯᠬᠤ ᠥᠬᠡᠶ᠃

   ᠵᠢᠭ᠋ᠠᠵᠤ ᠭᠠᠷᠭ᠋ᠠᠭᠤᠰᠢᠲᠠᠢ᠎ᠨᠢ᠂ ᠰᠢᠶᠠᠩ ᠰᠠᠯᠠᠭ᠋ᠠᠨ᠎ᠤ ᠲᠡᠰ᠎ᠤᠨ ᠤᠳᠤᠷᠢᠳᠬᠤ ᠲᠤᠰᠢᠶᠠᠯ᠎ᠢ ᠵᠡᠷᠭᠡ᠎ᠪᠠᠷ ᠡᠭᠦᠷᠭᠡᠯᠡᠵᠦ ᠪᠠᠶ᠋ᠢᠭ᠎ᠠ ᠲᠦᠷᠪᠡᠨ ᠱᠠᠲᠤᠨ᠎ᠤ ᠪᠠᠶ᠋ᠢᠴᠠᠭ᠋ᠠᠨ ᠰᠤᠳᠤᠯᠤᠭᠴᠢ ᠵᠢᠴᠢ ᠵᠣᠬᠢᠬᠤ ᠲᠡᠰ ᠳᠠᠪᠬᠤᠷᠭ᠎ᠠ ᠵᠢᠨ ᠲᠤᠰᠢᠶᠠᠯ᠎ᠤᠨ ᠲᠡᠰ᠎ᠠᠴᠠ ᠳᠡᠭᠡᠭᠰᠢᠬᠢ ᠺᠠᠳ᠋ᠷ᠎ᠲᠤ᠂ ᠬᠥᠮᠦᠵᠢᠯ ᠪᠣᠯᠪᠠᠰᠤᠷᠠᠯ᠎ᠤᠨ ᠴᠠᠭ᠎ᠤᠨ ᠱᠠᠭ᠋ᠠᠷᠳᠠᠯᠭ᠎ᠠ᠎ᠨᠢ 《ᠥᠨᠳᠥᠷ᠎ᠢ᠎ᠨᠢ ᠰᠣᠩᠭᠣᠵᠤ ᠳᠣᠣᠷ᠎ᠠ ᠵᠢ᠎ᠨᠢ ᠦᠯᠡᠳᠡᠭᠡᠬᠦ》 ᠵᠠᠷᠴᠢᠮ᠎ᠢ ᠵᠢᠷᠤᠮᠯᠠᠵᠤ᠂ ᠺᠠᠳ᠋ᠷ᠎ᠤᠨ ᠬᠠᠮᠢᠶᠠᠷᠤᠯᠲᠠ ᠵᠢᠨ ᠡᠷᠬᠡ ᠵᠢᠨ ᠬᠡᠪᠴᠢᠶ᠎ᠡ ᠶᠣᠰᠣᠭ᠋ᠠᠷ ᠵᠣᠬᠢᠴᠠᠩᠭᠤᠢ ᠵᠣᠬᠢᠶᠠᠨ ᠪᠠᠶ᠋ᠢᠭᠤᠯᠬᠤ ᠪᠠ ᠠᠵᠢᠯᠳᠠᠨ᠎ᠤ ᠶᠠᠪᠤᠳᠠᠯ᠎ᠤᠨ ᠰᠠᠯᠠᠭ᠎ᠠ ᠮᠥᠴᠢᠷ᠎ᠠᠴᠠ ᠪᠣᠯᠪᠠᠰᠤᠷᠠᠯ᠎ᠳᠤ ᠣᠷᠣᠯᠴᠠᠬᠤ ᠵᠢ ᠨᠢᠭᠡᠳᠦᠯᠲᠡᠢ ᠲᠥᠯᠥᠪᠵᠢᠭᠦᠯᠦᠨ ᠲᠤᠬᠢᠷᠠᠭᠤᠯᠵᠤ᠂ ᠲᠣᠭᠲᠠᠭᠰᠠᠨ ᠬᠥᠮᠦᠵᠢᠯ ᠪᠣᠯᠪᠠᠰᠤᠷᠠᠯ᠎ᠤᠨ ᠴᠠᠭ᠎ᠤᠨ ᠬᠡᠮᠵᠢᠶ᠎ᠡ ᠵᠢ ᠪᠡᠶᠡᠯᠡᠭᠦᠯᠬᠦ ᠵᠢ ᠪᠠᠲᠤᠯᠠᠬᠤ ᠬᠡᠷᠡᠭᠲᠡᠢ᠃

  5 . ᠠᠰᠠᠭᠤᠯᠲᠠ᠄ 《ᠳᠦᠷᠢᠮ》᠎ᠨᠢ ᠺᠠᠳ᠋ᠷ᠎ᠤᠨ ᠬᠥᠮᠦᠵᠢᠯ ᠪᠣᠯᠪᠠᠰᠤᠷᠠᠯ᠎ᠤᠨ ᠠᠭᠤᠯᠭ᠎ᠠ᠎ᠳᠤ ᠶᠠᠮᠠᠷ ᠶᠠᠮᠠᠷ ᠵᠢᠷᠤᠮᠵᠢᠯ ᠪᠠ ᠲᠡᠭᠦᠯᠳᠡᠷᠵᠢᠭᠦᠯᠦᠯᠲᠡ ᠬᠢᠭᠰᠡᠨ ᠪᠤᠢ?

   ᠬᠠᠷᠢᠭᠤᠯᠲᠠ᠄ ᠨᠠᠮ ᠪᠣᠯᠤᠨ ᠤᠯᠤᠰ᠎ᠤᠨ ᠠᠵᠢᠯ ᠦᠢ᠍ᠯᠡᠰ᠎ᠤᠨ ᠬᠥᠭᠵᠢᠯᠲᠡ᠎ᠳᠤ ᠥᠨᠳᠥᠷ ᠲᠦᠪᠰᠢᠨ ᠵᠶ᠋ᠠᠷ ᠦᠢ᠍ᠯᠡᠴᠢᠯᠡᠬᠦ ᠪᠣᠯ ᠺᠠᠳ᠋ᠷ᠎ᠤᠨ ᠬᠥᠮᠦᠵᠢᠯ ᠪᠣᠯᠪᠠᠰᠤᠷᠠᠯ᠎ᠤᠨ ᠦᠨ᠎ᠡ ᠦᠷᠳᠡᠭ ᠪᠣᠯᠤᠨ᠎ᠠ᠃ ᠨᠠᠮ᠎ᠤᠨ ᠺᠠᠳ᠋ᠷ᠎ᠤᠨ ᠬᠥᠮᠦᠵᠢᠯ ᠪᠣᠯᠪᠠᠰᠤᠷᠠᠯ᠎ᠤᠨ ᠦᠢ᠍ᠯᠡᠰ᠎ᠤᠨ ᠵᠠᠭᠤᠨ ᠵᠢᠯ᠎ᠤᠨ ᠥᠩᠭᠡᠷᠡᠯᠲᠡ ᠵᠢ ᠡᠷᠭᠢᠴᠡᠭᠦᠯᠪᠡᠯ᠂ ᠮᠠᠨ᠎ᠤ ᠨᠠᠮ ᠢᠮᠠᠭᠲᠠ ᠠᠳᠠᠯᠢ ᠪᠤᠰᠤ ᠴᠠᠭ ᠦᠶ᠎ᠡ ᠵᠢᠨ ᠡᠭᠦᠷᠭᠡ ᠵᠢᠨ ᠬᠡᠷᠡᠭᠴᠡᠭᠡ ᠵᠢ ᠦᠨᠳᠦᠰᠦᠯᠡᠨ ᠺᠠᠳ᠋ᠷ᠎ᠤᠨ ᠬᠥᠮᠦᠵᠢᠯ ᠪᠣᠯᠪᠠᠰᠤᠷᠠᠯ᠎ᠤᠨ ᠠᠭᠤᠯᠭ᠎ᠠ ᠵᠢ ᠲᠣᠭᠲᠠᠭ᠋ᠠᠵᠤ ᠲᠡᠭᠦᠯᠳᠡᠷᠵᠢᠭᠦᠯᠪᠡ᠃ ᠶᠡᠷᠦᠩᠬᠡᠢ ᠱᠦᠵᠢ ᠰᠢ ᠵᠢᠨ ᠫᠢᠩ᠎ᠤᠨ ᠺᠠᠳ᠋ᠷ᠎ᠤᠨ ᠬᠥᠮᠦᠵᠢᠯ ᠪᠣᠯᠪᠠᠰᠤᠷᠠᠯ᠎ᠤᠨ ᠲᠤᠬᠠᠢ ᠴᠢᠬᠤᠯᠠ ᠥᠭᠦᠯᠡᠯᠲᠡ ᠵᠢ ᠦᠨᠳᠦᠰᠦᠯᠡᠵᠦ᠂ ᠨᠠᠮ᠎ᠤᠨ ᠠᠷᠪᠠ ᠶᠢᠰᠦᠳᠦᠭᠡᠷ ᠶᠡᠬᠡ ᠬᠤᠷᠠᠯ᠂ ᠬᠣᠷᠢᠳᠤᠭ᠋ᠠᠷ ᠶᠡᠬᠡ ᠬᠤᠷᠠᠯ᠎ᠤᠨ ᠵᠣᠷᠢᠭ ᠰᠠᠨᠠᠭ᠎ᠠ ᠵᠢ ᠲᠤᠭᠤᠰᠢᠯᠠᠭᠤᠯᠵᠤ᠂ ᠨᠠᠮ᠎ᠤᠨ ᠠᠷᠪᠠᠨ ᠨᠠᠢ᠍ᠮᠠᠳᠤᠭ᠋ᠠᠷ ᠶᠡᠬᠡ ᠬᠤᠷᠠᠯ᠎ᠠᠴᠠ ᠨᠠᠭ᠋ᠠᠰᠢᠬᠢ ᠺᠠᠳ᠋ᠷ᠎ᠤᠨ ᠬᠥᠮᠦᠵᠢᠯ ᠪᠣᠯᠪᠠᠰᠤᠷᠠᠯ᠎ᠤᠨ ᠪᠣᠯᠪᠠᠰᠤᠷᠠᠩᠭᠤᠢ ᠬᠢᠳᠡᠯ᠎ᠢ ᠳ᠋ᠦᠩᠨᠡᠵᠦ᠂ ᠡᠨᠡ ᠤᠳᠠᠭ᠎ᠠ ᠵᠠᠰᠠᠪᠤᠷᠢ ᠣᠷᠣᠭᠤᠯᠤᠭᠰᠠᠨ 《ᠲᠦᠷᠢᠮ》᠎ᠨᠢ ᠺᠠᠳ᠋ᠷ᠎ᠤᠨ ᠬᠥᠮᠦᠵᠢᠯ ᠪᠣᠯᠪᠠᠰᠤᠷᠠᠯ᠎ᠤᠨ ᠠᠭᠤᠯᠭ᠎ᠠ ᠵᠢᠨ ᠰᠢᠰᠲᠸᠮ᠎ᠤᠨ ᠪᠦᠷᠢᠯᠳᠦᠯ᠎ᠢ ᠤᠯᠠᠮ ᠴᠢᠨᠠᠭᠰᠢᠳᠠ ᠬᠤᠷᠢᠶᠠᠩᠭᠤᠶ᠋ᠢᠯᠠᠨ ᠲᠡᠭᠦᠯᠳᠡᠷᠵᠢᠭᠦᠯᠵᠦ᠂ 《ᠺᠠᠳ᠋ᠷ᠎ᠤᠨ ᠬᠥᠮᠦᠵᠢᠯ ᠪᠣᠯᠪᠠᠰᠤᠷᠠᠯ᠎ᠨᠢ ᠰᠢ ᠵᠢᠨ ᠫᠢᠩ᠎ᠤᠨ ᠰᠢᠨ᠎ᠡ ᠴᠠᠭ ᠦᠶ᠎ᠡ ᠵᠢᠨ ᠳᠤᠮᠳᠠᠳᠤ ᠤᠯᠤᠰ᠎ᠤᠨ ᠣᠨᠴᠠᠯᠢᠭ᠎ᠲᠠᠢ ᠨᠡᠶ᠋ᠢᠭᠡᠮ ᠵᠢᠷᠤᠮ᠎ᠤᠨ ᠦᠵᠡᠯ ᠰᠠᠨᠠᠭ᠎ᠠ ᠵᠢ ᠭᠦᠨᠵᠡᠭᠡᠢ ᠰᠤᠷᠤᠯᠴᠠᠨ ᠲᠤᠭᠤᠰᠢᠯᠠᠭᠤᠯᠬᠤ᠎ᠪᠠᠷ ᠭᠣᠣᠯ ᠰᠢᠵᠢᠮ ᠪᠣᠯᠭ᠋ᠠᠵᠤ᠂ ᠨᠠᠮ᠎ᠤᠨ ᠤᠨᠤᠯ᠎ᠤᠨ ᠬᠥᠮᠦᠵᠢᠯ᠂ ᠨᠠᠮᠴᠢ ᠴᠢᠨᠠᠷ᠎ᠤᠨ ᠬᠥᠮᠦᠵᠢᠯ ᠪᠣᠯᠤᠨ ᠲᠤᠰᠢᠶᠠᠯ ᠵᠶ᠋ᠠᠨ ᠭᠦᠢ᠍ᠴᠡᠳᠬᠡᠬᠦ ᠴᠢᠳᠠᠪᠤᠷᠢ ᠵᠢᠨ ᠪᠣᠯᠪᠠᠰᠤᠷᠠᠯ ᠵᠶ᠋ᠠᠷ ᠭᠣᠣᠯᠳᠠᠯᠭ᠎ᠠ ᠪᠣᠯᠭ᠋ᠠᠵᠤ᠂ ᠮᠡᠳᠡᠯᠭᠡ ᠵᠢᠨ ᠪᠣᠯᠪᠠᠰᠤᠷᠠᠯ᠎ᠢ ᠴᠢᠬᠤᠯᠠᠴᠢᠯᠠᠨ᠎ᠠ》 ᠭᠡᠵᠦ ᠲᠣᠭᠲᠠᠭ᠋ᠠᠪᠠ᠃

   ᠡᠨᠡ ᠬᠦ᠌ ᠲᠣᠭᠲᠠᠭ᠋ᠠᠯ᠎ᠳᠤ ᠰᠢᠨ᠎ᠡ ᠴᠠᠭ ᠦᠶ᠎ᠡ ᠵᠢᠨ ᠺᠠᠳ᠋ᠷ᠎ᠤᠨ ᠬᠥᠮᠦᠵᠢᠯ ᠪᠣᠯᠪᠠᠰᠤᠷᠠᠯ᠎ᠤᠨ ᠠᠭᠤᠯᠭ᠎ᠠ ᠵᠢᠨ ᠰᠢᠰᠲ᠋ᠧᠮ᠎ᠳᠤ ᠭᠣᠣᠯᠳᠠᠭᠤ 4 ᠲᠠᠯ᠎ᠠ ᠪᠠᠭᠲᠠᠨ᠎ᠠ᠂ ᠲᠤᠬᠠᠶ᠋ᠢᠯᠠᠪᠠᠯ ᠨᠠᠮ᠎ᠤᠨ ᠤᠨᠤᠯ᠎ᠤᠨ ᠬᠥᠮᠦᠵᠢᠯ᠂ ᠨᠠᠮᠴᠢ ᠴᠢᠨᠠᠷ᠎ᠤᠨ ᠬᠥᠮᠦᠵᠢᠯ᠂ ᠲᠤᠰᠢᠶᠠᠯ ᠬᠠᠷᠢᠭᠤᠴᠠᠯᠭ᠎ᠠ᠎ᠪᠠᠨ ᠭᠦᠢ᠍ᠴᠡᠳᠬᠡᠬᠦ ᠴᠢᠳᠠᠪᠤᠷᠢ ᠵᠢᠨ ᠪᠣᠯᠪᠠᠰᠤᠷᠠᠯ ᠪᠣᠯᠤᠨ ᠮᠡᠳᠡᠯᠭᠡ ᠵᠢᠨ ᠪᠣᠯᠪᠠᠰᠤᠷᠠᠯ ᠪᠣᠯᠤᠨ᠎ᠠ᠃ ᠡᠭᠦᠨ᠎ᠳᠤ᠂ ᠨᠠᠮ᠎ᠤᠨ ᠤᠨᠤᠯ᠎ᠤᠨ ᠬᠥᠮᠦᠵᠢᠯ ᠪᠣᠯ ᠦᠨᠳᠦᠰᠦ ᠮᠥᠨ᠂ ᠨᠠᠮᠴᠢ ᠴᠢᠨᠠᠷ᠎ᠤᠨ ᠬᠥᠮᠦᠵᠢᠯ ᠪᠣᠯ ᠭᠣᠣᠯᠳᠠᠯᠭ᠎ᠠ ᠮᠥᠨ᠂ ᠲᠤᠰᠢᠶᠠᠯ ᠬᠠᠷᠢᠭᠤᠴᠠᠯᠭ᠎ᠠ᠎ᠪᠠᠨ ᠭᠦᠢ᠍ᠴᠡᠳᠬᠡᠬᠦ ᠴᠢᠳᠠᠪᠤᠷᠢ ᠵᠢᠨ ᠪᠣᠯᠪᠠᠰᠤᠷᠠᠯ ᠪᠣᠯ ᠵᠠᠩᠭᠢᠯᠠᠭ᠎ᠠ ᠮᠥᠨ᠂ ᠮᠡᠳᠡᠯᠭᠡ ᠵᠢᠨ ᠪᠣᠯᠪᠠᠰᠤᠷᠠᠯ ᠪᠣᠯ ᠰᠠᠭᠤᠷᠢ ᠮᠥᠨ᠂ ᠲᠦᠷᠪᠡᠨ ᠲᠠᠯ᠎ᠠ᠎ᠪᠠᠷ ᠣᠨᠴᠠᠯᠢᠭ᠎ᠨᠢ ᠢᠯᠡ ᠲᠣᠳᠣ᠂ ᠭᠣᠣᠯ ᠳᠡᠳ᠋᠎ᠨᠢ ᠲᠣᠳᠣᠷᠬᠠᠢ᠂ ᠣᠷᠭ᠋ᠠᠨᠢᠭ ᠬᠠᠷᠢᠯᠴᠠᠭ᠎ᠠ᠎ᠲᠠᠢ᠂ ᠬᠠᠷᠢᠯᠴᠠᠨ ᠠᠬᠢᠭᠤᠯᠤᠭᠰᠠᠨ ᠳᠤᠮᠳᠠᠳᠤ ᠤᠯᠤᠰ᠎ᠤᠨ ᠣᠨᠴᠠᠯᠢᠭ ᠪᠦᠬᠦᠢ ᠺᠠᠳ᠋ᠷ᠎ᠤᠨ ᠬᠥᠮᠦᠵᠢᠯ ᠪᠣᠯᠪᠠᠰᠤᠷᠠᠯ᠎ᠤᠨ ᠠᠭᠤᠯᠭ᠎ᠠ ᠵᠢᠨ ᠰᠢᠰᠲ᠋ᠧᠮ᠎ᠢ ᠬᠠᠮᠲᠤ᠎ᠪᠠᠷ ᠪᠦᠷᠢᠯᠳᠦᠭᠦᠯᠪᠡ᠃ ᠣᠨᠴᠠᠭ᠋ᠠᠶ᠋ᠢᠯᠠᠨ ᠴᠢᠬᠤᠯᠠᠴᠢᠯᠠᠭᠤᠰᠢᠲᠠᠢ᠎ᠨᠢ᠂ ᠰᠢ ᠵᠢᠨ ᠫᠢᠩ᠎ᠤᠨ ᠰᠢᠨ᠎ᠡ ᠴᠠᠭ ᠦᠶ᠎ᠡ ᠵᠢᠨ ᠳᠤᠮᠳᠠᠳᠤ ᠤᠯᠤᠰ᠎ᠤᠨ ᠣᠨᠴᠠᠯᠢᠭ ᠪᠦᠬᠦᠢ ᠨᠡᠶ᠋ᠢᠭᠡᠮ ᠵᠢᠷᠤᠮ᠎ᠤᠨ ᠦᠵᠡᠯ ᠰᠠᠨᠠᠭ᠎ᠠ᠎ᠨᠢ ᠤᠳᠤ ᠦᠶ᠎ᠡ ᠵᠢᠨ ᠳᠤᠮᠳᠠᠳᠤ ᠤᠯᠤᠰ᠎ᠤᠨ ᠮᠠᠷᠺᠰ᠎ᠤᠨ ᠦᠵᠡᠯ᠂ ᠬᠣᠷᠢᠨ ᠨᠢᠭᠡᠳᠦᠭᠡᠷ ᠵᠠᠭᠤᠨ᠎ᠤ ᠮᠠᠷᠺᠰ᠎ᠤᠨ ᠦᠵᠡᠯ ᠪᠣᠯᠤᠭᠰᠠᠨ᠎ᠤ ᠬᠤᠪᠢ᠎ᠳᠤ᠂ ᠺᠠᠳ᠋ᠷ᠎ᠤᠨ ᠬᠥᠮᠦᠵᠢᠯ ᠪᠣᠯᠪᠠᠰᠤᠷᠠᠯ᠎ᠤᠨ ᠠᠵᠢᠯ᠎ᠤᠨ ᠵᠢᠯᠣᠭᠣᠳᠬᠤ ᠦᠵᠡᠯ ᠰᠠᠨᠠᠭ᠎ᠠ᠂ ᠦᠨᠳᠦᠰᠦᠨ ᠵᠢᠷᠤᠮᠯᠠᠯ ᠪᠣᠯᠬᠤ᠎ᠪᠠᠷ ᠪᠠᠷᠠᠬᠤ ᠦᠭᠡᠢ᠂ ᠪᠠᠰᠠ ᠴᠤ᠌ ᠺᠠᠳ᠋ᠷ᠎ᠤᠨ ᠬᠥᠮᠦᠵᠢᠯ ᠪᠣᠯᠪᠠᠰᠤᠷᠠᠯ᠎ᠤᠨ ᠭᠣᠣᠯ ᠰᠡᠳᠦᠪ ᠭᠣᠣᠯ ᠰᠢᠵᠢᠮ᠂ ᠭᠣᠣᠯᠳᠠᠯᠭ᠎ᠠ ᠵᠢᠨ ᠳᠣᠲᠣᠷᠠᠬᠢ ᠭᠣᠣᠯᠳᠠᠯᠭ᠎ᠠ ᠪᠣᠯᠤᠨ᠎ᠠ᠃ ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ ᠡᠯ᠎ᠡ ᠨᠢᠭᠡᠴᠢ 《ᠳᠦᠷᠢᠮ》᠎ᠢ ᠴᠢᠩᠭ᠎ᠠ ᠲᠤᠭᠤᠰᠢᠯᠠᠭᠤᠯᠤᠨ ᠬᠡᠷᠡᠭᠵᠢᠭᠦᠯᠬᠦ ᠬᠡᠷᠡᠭᠲᠡᠶ᠂ ᠺᠠᠳ᠋ᠷ᠎ᠤᠨ ᠬᠥᠮᠦᠵᠢᠯ ᠪᠣᠯᠪᠠᠰᠤᠷᠠᠯ ᠳᠤᠮᠳᠠ ᠨᠠᠮ᠎ᠤᠨ ᠰᠢᠨ᠎ᠡ ᠵᠢ ᠡᠭᠦᠳᠬᠦ ᠣᠨᠣᠯ᠎ᠤᠨ ᠬᠥᠮᠦᠵᠢᠯ᠎ᠢ ᠳᠣᠪᠣᠶ᠋ᠢᠯᠭ᠋ᠠᠬᠤ ᠬᠡᠷᠡᠭᠲᠡᠶ᠂ ᠰᠢ ᠵᠢᠨ ᠫᠢᠩ᠎ᠤᠨ ᠰᠢᠨ᠎ᠡ ᠴᠠᠭ ᠦᠶ᠎ᠡ ᠵᠢᠨ ᠳᠤᠮᠳᠠᠳᠤ ᠤᠯᠤᠰ᠎ᠤᠨ ᠣᠨᠴᠠᠯᠢᠭ ᠪᠦᠬᠦᠢ ᠨᠡᠶ᠋ᠢᠭᠡᠮ ᠵᠢᠷᠤᠮ᠎ᠤᠨ ᠦᠵᠡᠯ ᠰᠠᠨᠠᠭ᠎ᠠ᠎ᠪᠠᠷ ᠦᠵᠡᠯ ᠰᠠᠨᠠᠭ᠎ᠠ᠎ᠪᠠᠨ ᠨᠢᠭᠡᠳᠬᠡᠬᠦ ᠵᠢ ᠪᠠᠷᠢᠮᠲᠠᠯᠠᠨ᠎ᠠ᠂ ᠨᠢᠭᠡᠳᠦᠭᠰᠡᠨ ᠵᠣᠷᠢᠭ ᠰᠠᠨᠠᠭ᠎ᠠ᠂ ᠨᠢᠭᠡᠳᠦᠯᠲᠡᠶ ᠠᠵᠢᠯᠯᠠᠭ᠎ᠠ᠂ ᠺᠠᠳ᠋ᠷᠴᠤᠳ᠎ᠢ ᠬᠥᠮᠦᠵᠢᠭᠦᠯᠦᠨ ᠵᠢᠯᠣᠭᠣᠳᠴᠤ ᠪᠠᠶ᠋ᠢᠭ᠋ᠠᠳ ᠡᠨᠡ ᠬᠦ᠌ ᠴᠢᠬᠤᠯᠠ ᠦᠵᠡᠯ ᠰᠠᠨᠠᠭ᠋ᠠᠨ᠎ᠤ ᠦᠨᠳᠦᠰᠦᠨ ᠦᠵᠡᠯᠲᠡ ᠵᠢ ᠪᠦᠬᠦ ᠲᠠᠯ᠎ᠠ᠎ᠪᠠᠷ ᠰᠢᠰᠲ᠋ᠧᠮ᠎ᠲᠠᠢ ᠡᠵᠡᠮᠰᠢᠭᠦᠯᠬᠦ ᠬᠡᠷᠡᠭᠲᠡᠢ᠂ ᠰᠢᠨᠵᠢᠯᠡᠬᠦ ᠤᠬᠠᠭ᠋ᠠᠨ᠎ᠤ ᠲᠣᠭᠲᠠᠯᠴᠠᠭ᠎ᠠ᠂ ᠡᠨᠡ ᠬᠦ᠌ ᠴᠢᠬᠤᠯᠠ ᠦᠵᠡᠯ ᠰᠠᠨᠠᠭ᠋ᠠᠨ᠎ᠤ ᠶᠢᠷᠲᠢᠨᠴᠦ ᠵᠢᠨ ᠦᠵᠡᠯᠲᠡ ᠵᠢ ᠰᠠᠶ᠋ᠢᠲᠤᠷ ᠡᠵᠡᠮᠰᠢᠬᠦ ᠬᠡᠷᠡᠭᠲᠡᠢ᠂ ᠠᠷᠭ᠎ᠠ ᠵᠢᠨ ᠤᠨᠦᠯ᠂ ᠡᠭᠦᠨ᠎ᠳᠤ ᠲᠤᠭᠤᠰᠢᠯᠠᠭᠳᠠᠵᠤ ᠪᠠᠶ᠋ᠢᠭ᠎ᠠ ᠵᠣᠭᠰᠣᠯᠲᠠ ᠦᠵᠡᠯᠲᠡ ᠠᠷᠭ᠎ᠠ ᠵᠢ ᠰᠠᠶ᠋ᠢᠲᠤᠷ ᠬᠡᠷᠡᠭᠯᠡᠬᠦ ᠬᠡᠷᠡᠭᠲᠡᠶ᠂ 《ᠬᠣᠶᠠᠷ᠎ᠢ ᠲᠣᠭᠲᠠᠭ᠋ᠠᠬᠤ》 ᠵᠢᠨ ᠰᠢᠢ᠍ᠳᠪᠦᠷᠢᠯᠡᠭᠴᠢ ᠠᠴᠢ ᠬᠣᠯᠪᠣᠭᠳᠠᠯ᠎ᠢ ᠭᠦᠨᠵᠡᠭᠡᠶ ᠣᠶ᠋ᠢᠯᠠᠭ᠋ᠠᠬᠤ ᠬᠡᠷᠡᠭᠲᠡᠶ᠂ 《ᠳᠥᠷᠪᠡᠨ ᠤᠬᠠᠮᠰᠠᠷ》᠎ᠢ ᠴᠢᠩᠭ᠋ᠠᠳᠬᠠᠵᠤ᠂ 《ᠳᠥᠷᠪᠡᠨ ᠢᠲᠡᠭᠡᠯ》 ᠵᠶ᠋ᠠᠨ ᠪᠠᠲᠤᠳᠬᠠᠵᠤ᠂ 《ᠬᠣᠶᠠᠷ᠎ᠢ ᠬᠠᠮᠠᠭ᠋ᠠᠯᠠᠬᠤ》 ᠵᠢ ᠪᠡᠶᠡᠯᠡᠭᠦᠯᠦᠨ᠎ᠡ᠂ ᠤᠯᠤᠰ ᠲᠥᠷᠥ ᠵᠢᠨ ᠮᠠᠭ᠋ᠠᠳᠯᠠᠬᠤ ᠴᠢᠳᠠᠪᠤᠷᠢ᠎ᠪᠠᠨ ᠲᠠᠰᠤᠷᠠᠯᠲᠠ ᠦᠭᠡᠢ ᠳᠡᠭᠡᠭᠰᠢᠯᠡᠭᠦᠯᠬᠦ ᠬᠡᠷᠡᠭᠲᠡᠶ᠂ ᠤᠯᠤᠰ ᠲᠥᠷᠥ ᠵᠢᠨ ᠤᠬᠠᠬᠤ ᠴᠢᠳᠠᠪᠤᠷᠢ᠂ ᠤᠯᠤᠰ ᠲᠦᠷᠦ ᠵᠢᠨ ᠭᠦᠢ᠍ᠴᠡᠳᠬᠡᠬᠦ ᠬᠦᠴᠦᠨ᠂ ᠡᠨᠡ ᠬᠦ᠌ ᠴᠢᠬᠤᠯᠠ ᠦᠵᠡᠯ ᠰᠠᠨᠠᠭ᠎ᠠ ᠵᠢ ᠦᠨᠡᠨ ᠬᠦ᠌ ᠡᠷᠡᠰ ᠪᠠᠲᠤ ᠬᠦᠰᠡᠯᠡᠩ ᠪᠣᠯᠭ᠋ᠠᠨ ᠬᠤᠪᠢᠷᠠᠭᠤᠯᠤᠨ᠎ᠠ᠂ ᠨᠠᠮᠴᠢ ᠴᠢᠨᠠᠷ᠎ᠢ ᠳᠠᠪᠲᠠᠨ ᠪᠣᠯᠪᠠᠰᠤᠷᠠᠬᠤ ᠪᠠ ᠦᠢ᠍ᠯᠡᠳᠦᠯᠭᠡ ᠵᠢ ᠵᠢᠯᠣᠭᠣᠳᠬᠤ᠂ ᠠᠵᠢᠯ᠎ᠢ ᠠᠬᠢᠭᠤᠯᠬᠤ ᠬᠦᠴᠦᠷᠬᠡᠭ ᠶᠡᠬᠡ ᠬᠦᠴᠦᠨ ᠪᠣᠯᠭ᠋ᠠᠨ ᠬᠤᠪᠢᠷᠠᠭᠤᠯᠬᠤ ᠬᠡᠷᠡᠭᠲᠡᠢ᠃

  6 . ᠠᠰᠠᠭᠤᠯᠲᠠ᠄ 《ᠳᠦᠷᠢᠮ》᠎ᠨᠢ ᠺᠠᠳ᠋ᠷ᠎ᠤᠨ ᠬᠥᠮᠦᠵᠢᠯ ᠪᠣᠯᠪᠠᠰᠤᠷᠠᠯ᠎ᠤᠨ ᠪᠠᠶ᠋ᠢᠭᠤᠯᠤᠮᠵᠢ᠎ᠳᠤ ᠶᠠᠮᠠᠷ ᠶᠠᠮᠠᠷ ᠰᠢᠨ᠎ᠡ ᠲᠣᠭᠲᠠᠭ᠋ᠠᠯ ᠭᠠᠷᠭ᠋ᠠᠭᠰᠠᠨ ᠪᠤᠢ?

   ᠬᠠᠷᠢᠭᠤᠯᠲᠠ᠄ ᠺᠠᠳ᠋ᠷ ᠬᠥᠮᠦᠵᠢᠭᠦᠯᠵᠦ ᠪᠣᠯᠪᠠᠰᠤᠷᠠᠬᠤ ᠪᠠᠶ᠋ᠢᠭᠤᠯᠤᠮᠵᠢ ᠪᠣᠯ ᠪᠣᠯᠪᠠᠰᠤᠷᠠᠬᠤ ᠲᠥᠯᠥᠪᠯᠡᠭᠡ ᠵᠢ ᠬᠡᠷᠡᠭᠵᠢᠭᠦᠯᠬᠦ᠂ ᠪᠣᠯᠪᠠᠰᠤᠷᠠᠬᠤ ᠡᠭᠦᠷᠭᠡ ᠵᠢ ᠪᠡᠶᠡᠯᠡᠭᠦᠯᠬᠦ ᠭᠣᠣᠯ ᠠᠷᠭ᠎ᠠ ᠵᠠᠮ ᠮᠥᠨ᠃ ᠡᠨᠡ ᠤᠳᠠᠭ᠎ᠠ 《ᠲᠦᠷᠢᠮ》᠎ᠳᠤ ᠵᠠᠰᠠᠪᠤᠷᠢ ᠣᠷᠣᠭᠤᠯᠵᠤ᠂ ᠨᠠᠮ᠎ᠤᠨ ᠠᠷᠪᠠ ᠶᠢᠰᠦᠳᠦᠭᠡᠷ ᠶᠡᠬᠡ ᠬᠤᠷᠠᠯ᠎ᠠᠴᠠ ᠨᠠᠭ᠋ᠠᠰᠢᠬᠢ ᠪᠣᠯᠪᠠᠰᠤᠷᠠᠩᠭᠤᠶ ᠠᠷᠭ᠎ᠠ ᠬᠢᠳᠡᠯ᠎ᠢ ᠳ᠋ᠦᠩᠨᠡᠨ ᠰᠢᠩᠭᠡᠭᠡᠨ ᠠᠪᠴᠤ᠂ ᠺᠠᠳ᠋ᠷ᠎ᠤᠨ ᠬᠥᠮᠦᠵᠢᠯ ᠪᠣᠯᠪᠠᠰᠤᠷᠠᠯ᠎ᠤᠨ ᠪᠠᠶ᠋ᠢᠭᠤᠯᠤᠮᠵᠢ ᠵᠢ ᠵᠢᠷᠤᠮᠵᠢᠭᠤᠯᠤᠨ ᠬᠠᠮᠢᠶᠠᠷᠬᠤ ᠪᠠ ᠶᠠᠰᠤ ᠴᠢᠨᠠᠷ᠎ᠢ ᠳᠡᠭᠡᠭᠰᠢᠯᠡᠭᠦᠯᠬᠦ ᠲᠤᠬᠠᠶ ᠤᠯᠠᠮ ᠨᠢᠭᠡ ᠠᠯᠬᠤᠮ ᠲᠣᠭᠲᠠᠭ᠋ᠠᠯ ᠭᠠᠷᠭ᠋ᠠᠪᠠ᠃ ᠨᠢᠭᠡ᠎ᠳᠤ᠂ ᠺᠠᠳ᠋ᠷ᠎ᠤᠨ ᠬᠥᠮᠦᠵᠢᠯ ᠪᠣᠯᠪᠠᠰᠤᠷᠠᠯ᠎ᠤᠨ ᠪᠠᠶ᠋ᠢᠭᠤᠯᠤᠮᠵᠢ ᠵᠢᠨ ᠰᠢᠰᠲ᠋ᠧᠮ᠎ᠢ ᠵᠢᠷᠤᠮᠵᠢᠭᠤᠯᠵᠤ᠂ ᠺᠠᠳ᠋ᠷ᠎ᠤᠨ ᠬᠥᠮᠦᠵᠢᠯ ᠪᠣᠯᠪᠠᠰᠤᠷᠠᠯ᠎ᠤᠨ ᠪᠠᠶ᠋ᠢᠭᠤᠯᠤᠮᠵᠢ᠎ᠳᠤ ᠭᠣᠣᠯᠳᠠᠭᠤ ᠨᠠᠮ᠎ᠤᠨ ᠰᠤᠷᠭ᠋ᠠᠭᠤᠯᠢ (ᠵᠠᠰᠠᠭ ᠵᠠᠬᠢᠷᠭ᠋ᠠᠨ᠎ᠤ ᠳᠡᠭᠡᠳᠦ ᠰᠤᠷᠭ᠋ᠠᠭᠤᠯᠢ)᠂ ᠺᠠᠳ᠋ᠷ᠎ᠤᠨ ᠳᠡᠭᠡᠳᠦ ᠰᠤᠷᠭ᠋ᠠᠭᠤᠯᠢ᠂ ᠨᠡᠶ᠋ᠢᠭᠡᠮ ᠵᠢᠷᠤᠮ᠎ᠤᠨ ᠳᠡᠭᠡᠳᠦ ᠰᠤᠷᠭ᠋ᠠᠭᠤᠯᠢ᠂ ᠰᠠᠯᠠᠭ᠎ᠠ ᠮᠥᠴᠢᠷ᠎ᠤᠨ ᠠᠵᠢᠯ ᠲᠦᠷᠦᠯ᠎ᠤᠨ ᠪᠣᠯᠪᠠᠰᠤᠷᠠᠯ᠎ᠤᠨ ᠪᠠᠶ᠋ᠢᠭᠤᠯᠤᠮᠵᠢ᠂ ᠤᠯᠤᠰ᠎ᠤᠨ ᠥᠮᠴᠢᠯᠡᠯ᠎ᠤᠨ ᠠᠵᠤ ᠠᠬᠤᠶ᠋ᠢᠯᠠᠯ᠎ᠤᠨ ᠪᠣᠯᠪᠠᠰᠤᠷᠠᠯ᠎ᠤᠨ ᠪᠠᠶ᠋ᠢᠭᠤᠯᠤᠮᠵᠢ᠂ ᠺᠠᠳ᠋ᠷ᠎ᠤᠨ ᠬᠥᠮᠦᠵᠢᠯ ᠪᠣᠯᠪᠠᠰᠤᠷᠠᠯ᠎ᠤᠨ ᠶᠡᠬᠡ ᠳᠡᠭᠡᠳᠦ ᠰᠤᠷᠭ᠋ᠠᠭᠤᠯᠢ ᠵᠢᠨ ᠰᠠᠭᠤᠷᠢᠨ ᠪᠠᠭᠲᠠᠨ᠎ᠠ ᠭᠡᠵᠦ ᠲᠣᠳᠣᠷᠬᠠᠶ᠋ᠢᠯᠠᠭᠰᠠᠨ ᠪᠥᠭᠡᠳ 6 ᠲᠦᠷᠦᠯ᠎ᠤᠨ ᠪᠣᠯᠪᠠᠰᠤᠷᠠᠯ᠎ᠤᠨ ᠪᠠᠶ᠋ᠢᠭᠤᠯᠤᠮᠵᠢ ᠵᠢᠨ ᠲᠤᠰ ᠲᠤᠰ᠎ᠤᠨ ᠣᠨᠴᠠᠯᠢᠭ ᠪᠣᠯᠤᠨ ᠳᠠᠪᠠᠭᠤᠯᠢᠭ᠎ᠢ ᠦᠨᠳᠦᠰᠦᠯᠡᠨ ᠲᠡᠭᠦᠨ᠎ᠤ ᠲᠤᠰᠢᠶᠠᠯ ᠬᠠᠷᠢᠭᠤᠴᠠᠯᠭ᠎ᠠ ᠵᠢᠨ ᠪᠠᠶ᠋ᠢᠷᠢ ᠲᠣᠭᠲᠠᠭ᠋ᠠᠯᠲᠠ ᠵᠢ ᠵᠢᠷᠤᠮᠵᠢᠭᠤᠯᠪᠠ᠃ ᠬᠣᠶᠠᠷ᠎ᠲᠤ᠂ ᠡᠯ᠎ᠡ ᠱᠠᠲᠤᠨ᠎ᠤ ᠨᠠᠮ᠎ᠤᠨ ᠬᠣᠷᠢᠶ᠎ᠠ ᠵᠢᠨ ᠨᠠᠮ᠎ᠤᠨ ᠰᠤᠷᠭ᠋ᠠᠭᠤᠯᠢ (ᠵᠠᠰᠠᠭ ᠵᠠᠬᠢᠷᠭ᠋ᠠᠨ᠎ᠤ ᠳᠡᠭᠡᠳᠦ ᠰᠤᠷᠭ᠋ᠠᠭᠤᠯᠢ) ᠵᠢ ᠰᠠᠶ᠋ᠢᠲᠤᠷ ᠡᠷᠭᠢᠯᠡᠵᠦ᠂ ᠰᠠᠶ᠋ᠢᠲᠤᠷ ᠬᠠᠮᠢᠶᠠᠷᠴᠤ᠂ ᠰᠠᠶ᠋ᠢᠲᠤᠷ ᠪᠠᠶ᠋ᠢᠭᠤᠯᠬᠤ᠎ᠳᠤ ᠱᠠᠭ᠋ᠠᠷᠳᠠᠯᠭ᠎ᠠ ᠳᠤᠷᠠᠳᠴᠤ᠂ ᠰᠢᠶᠠᠨ᠎ᠤ ᠱᠠᠲᠤᠨ᠎ᠤ ᠨᠠᠮ᠎ᠤᠨ ᠰᠤᠷᠭ᠋ᠠᠭᠤᠯᠢ (ᠵᠠᠰᠠᠭ ᠵᠠᠬᠢᠷᠭ᠋ᠠᠨ᠎ᠤ ᠰᠤᠷᠭ᠋ᠠᠭᠤᠯᠢ) ᠵᠢᠨ ᠲᠥᠷᠥᠯ ᠬᠤᠪᠢᠶᠠᠬᠤ ᠪᠠᠶ᠋ᠢᠭᠤᠯᠤᠯᠲᠠ ᠵᠢ ᠲᠤᠬᠠᠶ ᠵᠢᠨ ᠭᠠᠵᠠᠷ ᠣᠷᠣᠨ᠎ᠤ ᠪᠠᠶ᠋ᠢᠳᠠᠯ᠎ᠳᠤᠨᠢ ᠳᠣᠭᠢᠷᠠᠭᠤᠯᠤᠨ ᠠᠬᠢᠭᠤᠯᠵᠤ᠂ ᠰᠤᠷᠭ᠋ᠠᠭᠤᠯᠢ ᠡᠷᠭᠢᠯᠡᠬᠦ ᠪᠠᠶ᠋ᠢᠭᠤᠯᠤᠯ᠎ᠤᠨ ᠥᠭᠡᠷᠡᠴᠢᠯᠡᠯᠲᠡ ᠪᠠ ᠰᠤᠷᠭ᠋ᠠᠭᠤᠯᠢ ᠡᠷᠭᠢᠯᠡᠬᠦ ᠵᠠᠭᠪᠤᠷ᠎ᠤᠨ ᠰᠢᠨ᠎ᠡ ᠵᠢ ᠡᠭᠦᠳᠬᠦ ᠵᠢ ᠭᠦᠨᠵᠡᠭᠡᠶ᠋ᠢᠷᠡᠭᠦᠯᠦᠨ᠂ ᠰᠤᠷᠭ᠋ᠠᠭᠤᠯᠢ ᠡᠷᠭᠢᠯᠡᠬᠦ ᠴᠢᠳᠠᠪᠤᠷᠢ ᠪᠠ ᠬᠢᠷᠢ ᠲᠦᠪᠰᠢᠨ᠎ᠢ ᠲᠠᠰᠤᠷᠠᠯᠲᠠ ᠥᠬᠡᠶ ᠳᠡᠭᠡᠭᠰᠢᠯᠡᠭᠦᠯᠬᠦ ᠬᠡᠷᠡᠭᠲᠡᠶ ᠭᠡᠵᠦ ᠴᠢᠬᠤᠯᠠᠴᠢᠯᠠᠪᠠ᠃ ᠭᠤᠷᠪᠠ᠎ᠳᠤ᠂ ᠰᠢᠨ᠎ᠡ᠎ᠪᠠᠷ ᠪᠠᠶ᠋ᠢᠭᠤᠯᠬᠤ ᠺᠠᠳ᠋ᠷ᠎ᠤᠨ ᠬᠥᠮᠦᠵᠢᠯ ᠪᠣᠯᠪᠠᠰᠤᠷᠠᠯ᠎ᠤᠨ ᠪᠠᠶ᠋ᠢᠭᠤᠯᠤᠮᠵᠢ᠎ᠳᠤ ᠬᠢᠵᠠᠭ᠋ᠠᠷᠯᠠᠬᠤ ᠴᠢᠨᠠᠷᠲᠠᠶ ᠲᠣᠭᠲᠠᠭ᠋ᠠᠯ ᠭᠠᠷᠭ᠋ᠠᠵᠤ᠂ ᠰᠢᠨ᠎ᠡ᠎ᠪᠠᠷ ᠪᠠᠶ᠋ᠢᠭᠤᠯᠬᠤ ᠺᠠᠳ᠋ᠷ᠎ᠤᠨ ᠬᠥᠮᠦᠵᠢᠯ ᠪᠣᠯᠪᠠᠰᠤᠷᠠᠯ᠎ᠤᠨ ᠪᠠᠶ᠋ᠢᠭᠤᠯᠤᠮᠵᠢ ᠵᠢ ᠬᠣᠯᠪᠣᠭᠳᠠᠯ ᠪᠦᠬᠦᠢ ᠲᠣᠭᠲᠠᠭ᠋ᠠᠯ ᠵᠢᠷᠤᠮ ᠪᠠ ᠪᠠᠶ᠋ᠢᠭᠤᠯᠤᠮᠵᠢ ᠵᠢᠨ ᠣᠷᠣᠨ ᠲᠣᠭ᠎ᠠ ᠵᠢᠨ ᠬᠠᠮᠢᠶᠠᠷᠤᠯᠲᠠ ᠵᠢᠨ ᠡᠷᠬᠡ ᠵᠢᠨ ᠬᠢᠵᠠᠭ᠋ᠠᠷ᠎ᠢ ᠴᠢᠩᠭ᠎ᠠ ᠵᠢᠷᠤᠮᠯᠠᠨ ᠬᠢᠨᠠᠨ ᠵᠥᠪᠰᠢᠶᠡᠷᠡᠬᠦ ᠬᠡᠷᠡᠭᠲᠡᠶ ᠭᠡᠵᠦ ᠲᠣᠳᠣᠷᠬᠠᠶ᠋ᠢᠯᠠᠪᠠ᠃

  7 . ᠠᠰᠠᠭᠤᠯᠲᠠ᠄ 《ᠲᠦᠷᠢᠮ》᠎ᠳᠤ 《ᠰᠠᠬᠢᠯᠭ᠎ᠠ ᠪᠠᠲᠤ ᠬᠢᠭᠡᠳ ᠬᠢᠨᠠᠯᠲᠠ ᠲᠠᠯᠪᠢᠯᠲᠠ》 ᠭᠡᠬᠦ ᠪᠦᠯᠦᠭ᠎ᠢ ᠰᠢᠨ᠎ᠡ᠎ᠪᠠᠷ ᠨᠡᠮᠡᠵᠦ᠂ ᠶᠠᠮᠠᠷ ᠶᠠᠮᠠᠷ ᠪᠣᠳᠣᠯᠬᠢᠯᠠᠯ ᠪᠠᠶ᠋ᠢᠬᠤ ᠪᠣᠶ?

   ᠬᠠᠷᠢᠭᠤᠯᠲᠠ᠄ 2015 ᠣᠨ᠎ᠤ 10 ᠳ᠋ᠤᠭ᠋ᠠᠷ ᠰᠠᠷ᠎ᠠ᠎ᠳᠤ᠂ ᠨᠠᠮ᠎ᠤᠨ ᠲᠥᠪ ᠬᠣᠷᠢᠶ᠎ᠠ᠎ᠠᠴᠠ ᠨᠡᠶ᠋ᠢᠲᠡᠯᠡᠭᠰᠡᠨ 《ᠲᠦᠷᠢᠮ》᠎ᠳᠤ᠂ ᠲᠣᠷᠭ᠋ᠠᠬᠤ ᠲᠦᠷᠢᠮ᠎ᠤᠨ ᠠᠭᠤᠯᠭ᠎ᠠ ᠵᠢ ᠬᠣᠯᠪᠣᠭᠳᠠᠯ ᠪᠥᠬᠥᠶ ᠪᠦᠯᠦᠭ ᠬᠡᠰᠡᠭ᠎ᠲᠤ ᠰᠠᠯᠭ᠋ᠠᠵᠤ ᠣᠷᠣᠭᠤᠯᠵᠠᠶ᠂ ᠲᠤᠰᠠᠭ᠋ᠠᠷ᠎ᠨᠢ ᠲᠣᠭᠲᠠᠭ᠋ᠠᠯ ᠭᠠᠷᠭ᠋ᠠᠭᠰᠠᠨ ᠥᠬᠡᠶ᠃ ᠰᠢᠨ᠎ᠡ ᠪᠠᠶ᠋ᠢᠳᠠᠯ ᠰᠢᠨ᠎ᠡ ᠡᠭᠦᠷᠭᠡ ᠵᠢᠨ ᠬᠡᠷᠡᠭᠴᠡᠭᠡ᠎ᠳᠤ ᠨᠡᠩ ᠰᠠᠢ᠍ᠢ᠍ᠨ ᠵᠣᠬᠢᠴᠠᠭᠤᠯᠵᠤ᠂ ᠺᠠᠳ᠋ᠷ᠎ᠤᠨ ᠬᠥᠮᠦᠵᠢᠯ ᠪᠣᠯᠪᠠᠰᠤᠷᠠᠯ᠎ᠤᠨ ᠰᠠᠬᠢᠯᠭ᠎ᠠ ᠪᠠᠲᠤ ᠵᠢ ᠤᠯᠠᠮ ᠴᠢᠨᠠᠭᠰᠢᠳᠠ ᠲᠥᠪ ᠴᠢᠩᠭ᠎ᠠ ᠪᠣᠯᠭ᠋ᠠᠵᠤ᠂ ᠺᠠᠳ᠋ᠷ᠎ᠤᠨ ᠬᠥᠮᠦᠵᠢᠯ ᠪᠣᠯᠪᠠᠰᠤᠷᠠᠯ᠎ᠤᠨ ᠠᠵᠢᠯᠯᠠᠭ᠎ᠠ ᠵᠢ ᠵᠢᠷᠤᠮᠵᠢᠭᠤᠯᠵᠤ᠂ ᠲᠦᠷᠢᠮ᠎ᠤᠨ ᠬᠡᠷᠡᠭᠵᠢᠭᠦᠯᠦᠯᠲᠡ ᠵᠢᠨ ᠴᠢᠩᠭ᠎ᠠ ᠬᠢᠵᠠᠭ᠋ᠠᠷᠯᠠᠯ᠎ᠢ ᠴᠢᠩᠭ᠋ᠠᠳᠬᠠᠬᠤ ᠵᠢᠨ ᠲᠥᠯᠥᠭᠡ᠂ ᠡᠨᠡ ᠤᠳᠠᠭ᠎ᠠ ᠵᠠᠰᠠᠪᠤᠷᠢ ᠣᠷᠣᠭᠤᠯᠤᠭᠰᠠᠨ 《ᠲᠦᠷᠢᠮ》᠎ᠳᠤ ᠲᠣᠷᠭ᠋ᠠᠭᠤᠯᠢ ᠵᠢᠨ ᠲᠦᠷᠢᠮ᠎ᠤᠨ ᠠᠭᠤᠯᠭ᠎ᠠ ᠵᠢ ᠨᠡᠶ᠋ᠢᠳᠬᠡᠵᠦ᠂ ᠲᠤᠰᠠᠭ᠋ᠠᠷ᠎ᠨᠢ ᠲᠦᠷᠢᠮ ᠪᠣᠯᠭ᠋ᠠᠬᠤ ᠵᠢᠨ ᠬᠠᠮᠲᠤ ᠤᠢ᠍ᠢ᠍ᠷ᠎ᠠ ᠵᠢᠨ ᠵᠢᠯ᠎ᠤᠳ᠎ᠤᠨ ᠨᠡᠶ᠋ᠢᠲᠡᠯᠡᠭᠰᠡᠨ ᠬᠣᠯᠪᠣᠭᠳᠠᠯ ᠪᠦᠬᠦᠢ ᠨᠠᠮ᠎ᠤᠨ ᠳᠣᠲᠣᠭ᠋ᠠᠳᠤ ᠵᠢᠨ ᠬᠠᠤᠯᠢ ᠲᠦᠷᠢᠮ᠂ ᠬᠠᠤᠯᠢ ᠴᠠᠭ᠋ᠠᠵᠠ ᠬᠠᠤᠯᠢ ᠲᠣᠭᠲᠠᠭ᠋ᠠᠯ ᠶᠣᠰᠣᠭ᠋ᠠᠷ ᠵᠦᠢ᠍ᠯ ᠵᠤᠷᠪᠤᠰ᠎ᠤᠨ ᠠᠭᠤᠯᠭ᠎ᠠ ᠵᠢ ᠨᠥᠬᠥᠪᠥᠷᠢᠯᠡᠨ ᠲᠡᠭᠦᠯᠳᠡᠷᠵᠢᠭᠦᠯᠪᠡ᠃ 《ᠰᠠᠬᠢᠯᠭ᠎ᠠ ᠪᠠᠲᠤ ᠬᠢᠭᠡᠳ ᠬᠢᠨᠠᠯᠲᠠ         ᠲᠠᠯᠪᠢᠯᠲᠠ》 ᠭᠡᠬᠦ ᠪᠦᠯᠦᠭ᠎ᠲᠤ ᠨᠡᠶ᠋ᠢᠲᠡ 6 ᠵᠦᠢ᠍ᠯ ᠪᠣᠶ᠂ ᠡᠭᠦᠨ᠎ᠳᠤ᠄ ᠲᠠᠪᠢᠨ ᠲᠠᠪᠤᠳᠤᠭ᠋ᠠᠷ ᠵᠦᠢ᠍ᠯ᠎ᠳᠤ᠂ 《ᠲᠦᠷᠢᠮ》᠎ᠢ ᠬᠡᠷᠡᠭᠵᠢᠭᠦᠯᠬᠦ ᠭᠤᠤᠯ ᠴᠣᠭᠴᠠ ᠵᠢᠨ ᠬᠠᠷᠢᠭᠤᠴᠠᠯᠭ᠎ᠠ ᠵᠢ ᠲᠣᠳᠣᠷᠬᠠᠶ᠋ᠢᠯᠠᠵᠤ᠂ ᠲᠠᠪᠢᠨ ᠵᠢᠷᠭᠤᠳᠤᠭ᠋ᠠᠷ ᠵᠦᠢ᠍ᠯ᠎ᠳᠤ᠂ ᠺᠠᠳ᠋ᠷ᠎ᠤᠨ ᠬᠥᠮᠦᠵᠢᠯ ᠪᠣᠯᠪᠠᠰᠤᠷᠠᠯ᠎ᠤᠨ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ᠎ᠤᠨ ᠬᠢᠨᠠᠯᠲᠠ ᠬᠠᠮᠢᠶᠠᠷᠤᠯᠲᠠ ᠵᠢᠨ ᠬᠠᠷᠢᠭᠤᠴᠠᠯᠭ᠎ᠠ ᠵᠢ ᠲᠣᠳᠣᠷᠬᠠᠶ᠋ᠢᠯᠠᠵᠤ᠂ ᠲᠠᠪᠢᠨ ᠳᠣᠯᠣᠳᠤᠭ᠋ᠠᠷ ᠵᠦᠢ᠍ᠯ᠎ᠳᠤ᠂ ᠺᠠᠳ᠋ᠷ᠎ᠤᠨ ᠬᠥᠮᠦᠵᠢᠯ ᠪᠣᠯᠪᠠᠰᠤᠷᠠᠯ᠎ᠤᠨ ᠭᠤᠤᠯᠴᠢᠯᠠᠨ ᠬᠠᠮᠢᠶᠠᠷᠬᠤ ᠨᠢᠭᠡᠴᠢ ᠪᠣᠯᠤᠨ ᠪᠣᠯᠪᠠᠰᠤᠷᠠᠯ᠎ᠤᠨ ᠪᠠᠶ᠋ᠢᠭᠤᠯᠤᠮᠵᠢ ᠵᠢ ᠲᠣᠷᠭ᠋ᠠᠬᠤ ᠲᠦᠷᠢᠮ᠎ᠤᠨ ᠲᠣᠭᠲᠠᠭ᠋ᠠᠯ᠂ ᠲᠠᠪᠢᠨ ᠨᠠᠢ᠍ᠮᠠᠳᠤᠭ᠋ᠠᠷ ᠵᠦᠢ᠍ᠯ᠎ᠳᠤ᠂ ᠺᠠᠳ᠋ᠷ᠎ᠤᠨ ᠬᠥᠮᠦᠵᠢᠯ ᠪᠣᠯᠪᠠᠰᠤᠷᠠᠯ᠎ᠤᠨ ᠪᠠᠭᠰᠢ ᠵᠢ ᠲᠣᠷᠭ᠋ᠠᠬᠤ ᠲᠦᠷᠢᠮ᠎ᠤᠨ ᠲᠣᠭᠲᠠᠭ᠋ᠠᠯ᠂ ᠲᠠᠪᠢ ᠶᠢᠰᠦᠳᠦᠭᠡᠷ ᠵᠦᠢ᠍ᠯ᠎ᠳᠤ᠂ ᠺᠠᠳ᠋ᠷ᠎ᠤᠨ ᠬᠥᠮᠦᠵᠢᠯ ᠪᠣᠯᠪᠠᠰᠤᠷᠠᠯ᠎ᠤᠨ ᠡᠭᠦᠷᠭᠡ᠎ᠪᠠᠨ ᠥᠯᠥ ᠭᠦᠢ᠍ᠴᠡᠳᠭᠡᠭᠰᠡᠨ᠎ᠢ ᠲᠣᠷᠭ᠋ᠠᠬᠤ ᠲᠦᠷᠢᠮ᠎ᠤᠨ ᠲᠣᠭᠲᠠᠭ᠋ᠠᠯ᠂ ᠵᠢᠷᠠᠳᠤᠭ᠋ᠠᠷ ᠵᠦᠢ᠍ᠯ᠎ᠳᠤ᠂ ᠺᠠᠳ᠋ᠷ᠎ᠤᠨ ᠪᠣᠯᠪᠠᠰᠤᠷᠠᠯ᠎ᠳᠤ ᠣᠷᠣᠯᠴᠠᠬᠤ ᠬᠤᠭᠤᠴᠠᠭ᠋ᠠᠨ᠎ᠳᠠᠬᠢ ᠲᠦᠷᠢᠮ ᠲᠣᠭᠲᠠᠭ᠋ᠠᠯ ᠰᠠᠬᠢᠯᠭ᠎ᠠ ᠪᠠᠲᠤ᠎ᠠᠴᠠ ᠵᠥᠷᠢᠴᠡᠭᠰᠡᠨ᠎ᠢ ᠲᠣᠷᠭ᠋ᠠᠬᠤ ᠲᠦᠷᠢᠮ᠎ᠤᠨ ᠲᠣᠭᠲᠠᠭ᠋ᠠᠯ ᠪᠣᠯᠤᠨ᠎ᠠ᠃ ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ ᠡᠯ᠎ᠡ ᠨᠢᠭᠡᠴᠢ ᠵᠢᠨ᠎ᠬᠢᠨ ᠪᠦᠬᠦ ᠲᠠᠯ᠎ᠠ᠎ᠪᠠᠷ ᠨᠠᠮ᠎ᠢ ᠴᠢᠩᠭ᠎ᠠ ᠵᠠᠰᠠᠬᠤ ᠱᠠᠭ᠋ᠠᠷᠳᠠᠯᠭ᠎ᠠ ᠵᠢ ᠢᠮᠠᠭᠲᠠ ᠲᠤᠭᠤᠰᠢᠯᠠᠭᠤᠯᠵᠤ᠂ ᠰᠤᠷᠭ᠋ᠠᠭᠤᠯᠢ ᠵᠢ ᠴᠢᠩᠭ᠎ᠠ ᠵᠠᠰᠠᠬᠤ᠂ ᠰᠤᠷᠭ᠋ᠠᠨ ᠬᠥᠮᠦᠵᠢᠯ᠎ᠢ ᠴᠢᠩᠭ᠎ᠠ ᠵᠠᠰᠠᠬᠤ᠂ ᠰᠤᠷᠤᠯᠴᠠᠯᠭ᠎ᠠ ᠵᠢ ᠴᠢᠩᠭ᠎ᠠ ᠵᠠᠰᠠᠬᠤ ᠵᠢ ᠪᠠᠷᠢᠮᠲᠠᠯᠠᠵᠤ᠂ ᠰᠤᠷᠤᠯᠴᠠᠬᠤ ᠰᠤᠷᠲᠠᠯ᠂ ᠪᠣᠷᠣᠭᠵᠢᠭᠤᠨ ᠰᠤᠷᠲᠠᠯ᠂ ᠠᠷᠢᠭᠤᠨ ᠴᠢᠬᠡᠴᠢ ᠰᠤᠷᠲᠠᠯ᠎ᠢ ᠢᠳᠡᠪᠬᠢᠲᠡᠢ ᠪᠤᠢ ᠪᠣᠯᠭ᠋ᠠᠬᠤ ᠬᠡᠷᠡᠭᠲᠡᠢ᠃

  8 . ᠠᠰᠠᠭᠤᠯᠲᠠ᠄ ᠲᠥᠪ ᠬᠣᠷᠢᠶᠠᠨ᠎ᠤ ᠵᠣᠬᠢᠶᠠᠨ ᠪᠠᠶ᠋ᠢᠭᠤᠯᠬᠤ ᠬᠡᠯᠲᠡᠰ᠎ᠠᠴᠠ 《ᠳᠦᠷᠢᠮ》᠎ᠢ ᠲᠤᠭᠤᠰᠢᠯᠠᠭᠤᠯᠤᠨ ᠨᠠᠶ᠋ᠢᠳᠠᠪᠤᠷᠢᠵᠢᠭᠤᠯᠬᠤ ᠲᠤᠬᠠᠶ ᠶᠠᠮᠠᠷ ᠶᠠᠮᠠᠷ ᠪᠣᠳᠠᠲᠠᠶ ᠪᠠᠶ᠋ᠢᠷᠢᠯᠠᠭᠤᠯᠤᠯᠲᠠ ᠬᠢᠭᠰᠡᠨ ᠪᠤᠶ?

   ᠬᠠᠷᠢᠭᠤᠯᠲᠠ᠄ ᠨᠠᠮ᠎ᠤᠨ ᠲᠥᠪ ᠬᠣᠷᠢᠶ᠎ᠠ 《ᠲᠦᠷᠢᠮ》᠎ᠢ ᠳᠠᠷᠤᠮᠠᠯᠯᠠᠨ ᠲᠠᠷᠬᠠᠭ᠋ᠠᠬᠤ ᠮᠡᠳᠡᠭᠳᠡᠯ᠎ᠳᠡᠭᠡᠨ᠂ 《ᠲᠦᠷᠢᠮ》᠎ᠢ ᠰᠤᠷᠤᠯᠴᠠᠨ ᠤᠬᠠᠭᠤᠯᠬᠤ᠂ ᠲᠤᠭᠤᠰᠢᠯᠠᠭᠤᠯᠤᠨ ᠨᠠᠶ᠋ᠢᠳᠠᠪᠤᠷᠢᠵᠢᠭᠤᠯᠬᠤ ᠲᠤᠬᠠᠶ ᠲᠣᠳᠣᠷᠬᠠᠶ ᠱᠠᠭ᠋ᠠᠷᠳᠠᠯᠭ᠎ᠠ ᠳᠤᠷᠠᠳᠴᠤ᠂ ᠤᠳᠠᠯ ᠥᠬᠡᠶ ᠬᠤᠷᠠᠯᠳᠤᠬᠤ ᠭᠡᠵᠦ ᠪᠠᠶ᠋ᠢᠭ᠎ᠠ ᠪᠥᠬᠥ ᠤᠯᠤᠰ᠎ᠤᠨ ᠺᠠᠳ᠋ᠷ᠎ᠤᠨ ᠬᠥᠮᠦᠵᠢᠯ ᠪᠣᠯᠪᠠᠰᠤᠷᠠᠯ᠎ᠤᠨ ᠠᠵᠢᠯ᠎ᠤᠨ ᠬᠤᠷᠠᠯ᠎ᠳᠤ ᠴᠤ᠌ ᠰᠤᠷᠤᠯᠴᠠᠨ ᠲᠤᠭᠤᠰᠢᠯᠠᠭᠤᠯᠬᠤ ᠠᠵᠢᠯ᠎ᠢ ᠪᠠᠶ᠋ᠢᠷᠢᠯᠠᠭᠤᠯᠬᠤ ᠪᠣᠯᠤᠨ᠎ᠠ᠃ ᠡᠯ᠎ᠡ ᠱᠠᠲᠤᠨ᠎ᠤ ᠨᠠᠮ᠎ᠤᠨ ᠬᠣᠷᠢᠶ᠎ᠠ (ᠨᠠᠮ᠎ᠤᠨ ᠤᠳᠤᠷᠢᠳᠬᠤ ᠳᠤᠭᠤᠶ᠋ᠢᠯᠠᠩ) ᠵᠢᠴᠢ ᠲᠡᠭᠦᠨ᠎ᠤ ᠺᠠᠳ᠋ᠷ᠎ᠤᠨ ᠬᠥᠮᠦᠵᠢᠯ ᠪᠣᠯᠪᠠᠰᠤᠷᠠᠯ᠎ᠤᠨ ᠭᠣᠣᠯᠯᠠᠨ ᠬᠠᠮᠢᠶᠠᠷᠬᠤ ᠰᠠᠯᠠᠭ᠎ᠠ ᠮᠥᠴᠢᠷ᠂ ᠺᠠᠳ᠋ᠷ᠎ᠤᠨ ᠬᠥᠮᠦᠵᠢᠯ ᠪᠣᠯᠪᠠᠰᠤᠷᠠᠯ᠎ᠤᠨ ᠪᠠᠶ᠋ᠢᠭᠤᠯᠤᠮᠵᠢ ᠬᠠᠷᠢᠭᠤᠴᠠᠯᠭ᠎ᠠ᠎ᠪᠠᠨ ᠦᠨᠡᠨ ᠬᠦ᠌ ᠡᠭᠦᠷᠭᠡᠯᠡᠵᠦ᠂ ᠬᠦᠴᠦᠲᠡᠢ ᠠᠷᠭ᠎ᠠ ᠬᠡᠮᠵᠢᠶ᠎ᠡ ᠠᠪᠴᠤ᠂ 《ᠲᠦᠷᠢᠮ》᠎ᠤᠨ ᠡᠯ᠎ᠡ ᠵᠦᠢ᠍ᠯ᠎ᠤᠨ ᠲᠣᠭᠲᠠᠭ᠋ᠠᠯ ᠱᠠᠭ᠋ᠠᠷᠳᠠᠯᠭ᠎ᠠ ᠵᠢ ᠪᠣᠳᠠᠲᠠᠢ᠎ᠳᠤ ᠨᠠᠶ᠋ᠢᠳᠠᠪᠤᠷᠢᠵᠢᠭᠤᠯᠵᠤ᠂ ᠪᠣᠳᠠᠲᠤ ᠦᠷ᠎ᠡ ᠪᠦᠲᠦᠮᠵᠢ ᠤᠯᠬᠤ ᠵᠢ ᠠᠬᠢᠭᠤᠯᠬᠤ ᠬᠡᠷᠡᠭᠲᠡᠢ᠃ ᠨᠢᠭᠡ᠎ᠳᠤ᠂ ᠰᠤᠷᠤᠯᠴᠠᠯᠭ᠎ᠠ ᠪᠣᠯᠪᠠᠰᠤᠷᠠᠯ᠎ᠢ ᠴᠢᠩᠭ᠋ᠠᠳᠬᠠᠨ᠎ᠠ᠃ ᠲᠥᠪ᠎ᠤᠨ ᠵᠣᠬᠢᠶᠠᠨ ᠪᠠᠶ᠋ᠢᠭᠤᠯᠬᠤ ᠬᠡᠯᠲᠡᠰ᠎ᠠᠴᠠ 《ᠳᠦᠷᠢᠮ》᠎ᠤᠨ ᠰᠤᠷᠤᠯᠴᠠᠯᠭ᠎ᠠ ᠵᠢᠨ ᠬᠠᠪᠰᠤᠷᠤᠨ ᠵᠢᠯᠣᠭᠣᠳᠬᠤ ᠤᠩᠰᠢᠬᠤ ᠪᠢᠴᠢᠭ᠎ᠢ ᠬᠡᠪᠯᠡᠨ ᠲᠠᠷᠬᠠᠭ᠋ᠠᠵᠤ᠂ ᠲᠤᠰᠬᠠᠢ ᠰᠡᠳᠦᠪᠲᠦ ᠪᠣᠯᠪᠠᠰᠤᠷᠠᠯ᠎ᠤᠨ ᠠᠩᠭᠢ ᠡᠷᠬᠢᠯᠡᠵᠦ ᠺᠠᠳ᠋ᠷ᠎ᠤᠨ ᠬᠥᠮᠦᠵᠢᠯ ᠪᠣᠯᠪᠠᠰᠤᠷᠠᠯ᠎ᠤᠨ ᠠᠵᠢᠯᠲᠠᠨ᠎ᠤ ᠪᠣᠯᠪᠠᠰᠤᠷᠠᠯ᠎ᠢ ᠴᠢᠩᠭ᠋ᠠᠳᠬᠠᠨ᠎ᠠ᠃ ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ ᠡᠯ᠎ᠡ ᠨᠢᠭᠡᠴᠢ 《ᠲᠦᠷᠢᠮ》᠎ᠢ ᠡᠯ᠎ᠡ ᠱᠠᠲᠤᠨ᠎ᠤ ᠨᠠᠮ᠎ᠤᠨ ᠬᠣᠷᠢᠶ᠎ᠠ (ᠨᠠᠮ᠎ᠤᠨ ᠤᠳᠤᠷᠢᠳᠬᠤ ᠳᠤᠭᠤᠶ᠋ᠢᠯᠠᠩ) ᠵᠢᠨ ᠣᠨᠣᠯ ᠰᠤᠷᠤᠯᠴᠠᠬᠤ ᠭᠤᠤᠯ ᠳᠤᠭᠤᠶ᠋ᠢᠯᠠᠩ᠎ᠤᠨ ᠰᠤᠷᠤᠯᠴᠠᠬᠤ ᠠᠭᠤᠯᠭ᠎ᠠ ᠪᠠ ᠡᠯ᠎ᠡ ᠱᠠᠲᠤᠨ᠎ᠤ ᠨᠠᠮ᠎ᠤᠨ ᠰᠤᠷᠭ᠋ᠠᠭᠤᠯᠢ (ᠵᠠᠰᠠᠭ ᠵᠠᠬᠢᠷᠭ᠋ᠠᠨ᠎ᠤ ᠳᠡᠭᠡᠳᠦ ᠰᠤᠷᠭ᠋ᠠᠭᠤᠯᠢ)᠂ ᠺᠠᠳ᠋ᠷ᠎ᠤᠨ ᠳᠡᠭᠡᠳᠦ ᠰᠤᠷᠭ᠋ᠠᠭᠤᠯᠢ ᠵᠢᠨ ᠪᠣᠯᠪᠠᠰᠤᠷᠠᠯ᠎ᠤᠨ ᠠᠭᠤᠯᠭ᠎ᠠ᠎ᠳᠤ ᠨᠢᠭᠡᠳᠦᠯᠲᠡᠶ ᠲᠥᠯᠥᠪᠯᠡᠨ ᠣᠷᠣᠭᠤᠯᠬᠤ ᠬᠡᠷᠡᠭᠲᠡᠶ᠃           ᠬᠣᠶᠠᠷ᠎ᠲᠤ᠂ ᠢᠵᠢ ᠪᠦᠷᠢᠳᠦᠭᠦᠯᠬᠦ ᠠᠷᠭ᠎ᠠ ᠬᠡᠮᠵᠢᠶ᠎ᠡ ᠵᠢ ᠲᠡᠭᠦᠯᠳᠡᠷᠵᠢᠭᠦᠯᠦᠨ᠎ᠡ᠃ 《ᠲᠦᠷᠢᠮ》 ᠪᠣᠯ ᠰᠢᠨ᠎ᠡ ᠴᠠᠭ ᠦᠶ᠎ᠡ ᠵᠢᠨ ᠺᠠᠳ᠋ᠷ᠎ᠤᠨ ᠬᠥᠮᠦᠵᠢᠯ ᠪᠣᠯᠪᠠᠰᠤᠷᠠᠯ᠎ᠤᠨ ᠠᠵᠢᠯ᠎ᠢ ᠰᠠᠶ᠋ᠢᠲᠤᠷ ᠬᠢᠬᠦ ᠵᠢᠨ ᠦᠨᠳᠦᠰᠦᠨ ᠵᠢᠷᠤᠮᠯᠠᠯ ᠮᠥᠨ᠂ ᠠᠳᠠᠯᠢ ᠬᠤᠭᠤᠴᠠᠭ᠋ᠠᠨ᠎ᠳᠤ ᠳᠠᠷᠤᠮᠠᠯᠯᠠᠨ ᠲᠠᠷᠬᠠᠭ᠋ᠠᠭᠰᠠᠨ 《ᠪᠥᠬᠥ ᠤᠯᠤᠰ᠎ᠤᠨ ᠺᠠᠳ᠋ᠷ᠎ᠤᠨ ᠬᠥᠮᠦᠵᠢᠯ ᠪᠣᠯᠪᠠᠰᠤᠷᠠᠯ᠎ᠤᠨ ᠲᠥᠯᠥᠪᠵᠢᠭᠦᠯᠭᠡ (2023 —2027 ᠣᠨ)》 ᠪᠣᠯ ᠢᠷᠡᠬᠦ 5 ᠵᠢᠯ᠎ᠤᠨ ᠺᠠᠳ᠋ᠷ᠎ᠤᠨ ᠬᠥᠮᠦᠵᠢᠯ ᠪᠣᠯᠪᠠᠰᠤᠷᠠᠯ᠎ᠤᠨ ᠠᠵᠢᠯ᠎ᠤᠨ ᠠᠵᠢᠯᠯᠠᠭ᠋ᠠᠨ᠎ᠤ ᠵᠦᠭᠯᠡᠭᠦᠷ ᠪᠣᠯᠤᠨ᠎ᠠ᠃ ᠡᠯ᠎ᠡ ᠱᠠᠲᠤᠨ᠎ᠤ ᠨᠠᠮ᠎ᠤᠨ ᠬᠣᠷᠢᠶ᠎ᠠ (ᠨᠠᠮ᠎ᠤᠨ ᠤᠳᠤᠷᠢᠳᠬᠤ ᠳᠤᠭᠤᠶ᠋ᠢᠯᠠᠩ) ᠨᠠᠮ᠎ᠤᠨ ᠲᠥᠪ ᠬᠣᠷᠢᠶᠠᠨ᠎ᠤ ᠪᠠᠶ᠋ᠢᠷᠢᠯᠠᠭᠤᠯᠤᠯᠲᠠ ᠱᠠᠭ᠋ᠠᠷᠳᠠᠯᠭ᠎ᠠ        ᠶᠣᠰᠣᠭ᠋ᠠᠷ᠂ ᠲᠤᠰ ᠲᠤᠰ᠎ᠤᠨ ᠪᠣᠳᠠᠲᠤ ᠪᠠᠶ᠋ᠢᠳᠠᠯ᠎ᠳᠠᠭᠠᠨ ᠰᠠᠭᠤᠷᠢᠯᠠᠨ᠂ ᠲᠤᠭᠤᠰᠢᠯᠠᠭᠤᠯᠤᠨ ᠨᠠᠶ᠋ᠢᠳᠠᠪᠤᠷᠢᠵᠢᠭᠤᠯᠬᠤ ᠪᠣᠳᠠᠲᠠᠢ ᠠᠷᠭ᠎ᠠ ᠬᠡᠮᠵᠢᠶ᠎ᠡ ᠪᠠ ᠠᠷᠭ᠎ᠠ ᠵᠢ ᠰᠤᠳᠤᠯᠤᠨ ᠲᠣᠭᠲᠠᠭ᠋ᠠᠬᠤ ᠬᠡᠷᠡᠭᠲᠡᠢ᠃ ᠨᠢᠭᠡᠨᠲᠡ ᠪᠠᠶ᠋ᠢᠭ᠎ᠠ ᠳᠦᠷᠢᠮ ᠲᠣᠭᠲᠠᠭ᠋ᠠᠯ᠎ᠢ 《ᠳᠦᠷᠢᠮ》᠎ᠯᠦᠭᠡ ᠬᠠᠷᠢᠴᠠᠭᠤᠯᠵᠤ᠂ ᠲᠣᠭᠲᠠᠭ᠋ᠠᠬᠤ ᠵᠠᠰᠠᠪᠤᠷᠢ ᠣᠷᠣᠭᠤᠯᠬᠤ ᠬᠦᠴᠦᠨ ᠦᠭᠡᠶ ᠪᠣᠯᠭ᠋ᠠᠬᠤ ᠠᠵᠢᠯ᠎ᠢ ᠰᠠᠶ᠋ᠢᠲᠤᠷ ᠬᠢᠬᠦ ᠬᠡᠷᠡᠭᠲᠡᠶ᠃ ᠭᠤᠷᠪᠠ᠎ᠳᠤ᠂ ᠰᠢᠮᠳᠠᠭᠤᠯᠤᠨ ᠪᠠᠶ᠋ᠢᠴᠠᠭ᠋ᠠᠬᠤ ᠵᠢ ᠴᠢᠩᠭ᠋ᠠᠳᠬᠠᠨ᠎ᠠ᠃ ᠡᠯ᠎ᠡ ᠱᠠᠲᠤᠨ᠎ᠤ ᠨᠠᠮ᠎ᠤᠨ ᠬᠣᠷᠢᠶ᠎ᠠ (ᠨᠠᠮ᠎ᠤᠨ ᠤᠳᠤᠷᠢᠳᠬᠤ ᠳᠤᠭᠤᠶ᠋ᠢᠯᠠᠩ) ᠺᠠᠳ᠋ᠷ᠎ᠤᠨ ᠬᠥᠮᠦᠵᠢᠯ ᠪᠣᠯᠪᠠᠰᠤᠷᠠᠯ᠎ᠤᠨ ᠠᠵᠢᠯ᠎ᠢ ᠨᠠᠮ᠎ᠤᠨ ᠪᠠᠶ᠋ᠢᠭᠤᠯᠤᠯᠲᠠ ᠵᠢᠨ ᠪᠦᠬᠦᠯᠢ ᠴᠣᠭᠴᠠ ᠵᠢᠨ ᠪᠠᠶ᠋ᠢᠷᠢᠯᠠᠭᠤᠯᠤᠯᠲᠠ ᠪᠠ ᠠᠵᠤ ᠠᠬᠤᠢ ᠨᠡᠶ᠋ᠢᠭᠡᠮ᠎ᠤᠨ ᠬᠥᠭᠵᠢᠯᠲᠡ ᠵᠢᠨ ᠲᠥᠯᠥᠪᠵᠢᠭᠦᠯᠭᠡ᠎ᠳᠤ ᠣᠷᠣᠭᠤᠯᠵᠤ᠂ ᠺᠠᠳ᠋ᠷ᠎ᠤᠨ ᠬᠥᠮᠦᠵᠢᠯ ᠪᠣᠯᠪᠠᠰᠤᠷᠠᠯ᠎ᠤᠨ ᠠᠵᠢᠯ᠎ᠢ ᠥᠷᠨᠢᠭᠦᠯᠦᠭᠰᠡᠨ ᠪᠠᠶ᠋ᠢᠳᠠᠯ᠎ᠢ ᠤᠳᠤᠷᠢᠳᠬᠤ ᠪᠠᠭ᠎ᠤᠨ ᠬᠢᠨᠠᠨ ᠰᠢᠯᠭ᠋ᠠᠯᠲᠠ᠂ ᠲᠣᠭᠣᠷᠢᠨ ᠪᠠᠶ᠋ᠢᠴᠠᠭ᠋ᠠᠬᠤ ᠴᠠᠭᠳᠠᠨ ᠪᠠᠶ᠋ᠢᠴᠠᠭ᠋ᠠᠬᠤ ᠪᠠ ᠬᠥᠮᠦᠨ ᠰᠣᠩᠭᠣᠵᠤ ᠬᠥᠮᠦᠨ ᠬᠡᠷᠡᠭᠯᠡᠬᠦ ᠲᠤᠰᠬᠠᠢ ᠪᠠᠶ᠋ᠢᠴᠠᠭ᠋ᠠᠯᠲᠠ ᠵᠢᠨ ᠠᠭᠤᠯᠭ᠎ᠠ ᠪᠣᠯᠭ᠋ᠠᠬᠤ ᠬᠡᠷᠡᠭᠲᠡᠢ᠃ ᠺᠠᠳ᠋ᠷ᠎ᠤᠨ ᠬᠥᠮᠦᠵᠢᠯ ᠪᠣᠯᠪᠠᠰᠤᠷᠠᠯ᠎ᠤᠨ ᠭᠣᠣᠯᠴᠢᠯᠠᠨ ᠬᠠᠮᠢᠶᠠᠷᠬᠤ ᠰᠠᠯᠠᠭ᠎ᠠ ᠮᠥᠴᠢᠷ᠎ᠤᠳ 《ᠳᠦᠷᠢᠮ》᠎ᠢ ᠲᠤᠭᠤᠰᠢᠯᠠᠭᠤᠯᠤᠨ ᠬᠡᠷᠡᠭᠵᠢᠭᠦᠯᠵᠦ ᠪᠠᠶ᠋ᠢᠭ᠎ᠠ ᠪᠠᠶ᠋ᠢᠳᠠᠯ᠎ᠳᠤ ᠬᠢᠨᠠᠯᠲᠠ ᠲᠠᠯᠪᠢᠵᠤ ᠪᠠᠶ᠋ᠢᠴᠠᠭ᠋ᠠᠬᠤ᠎ᠪᠠᠨ ᠴᠢᠩᠭ᠋ᠠᠳᠬᠠᠨ᠂ 《ᠳᠦᠷᠢᠮ》᠎ᠠᠴᠠ ᠵᠥᠷᠢᠴᠡᠭᠰᠡᠨ ᠦᠢ᠍ᠯᠡ ᠠᠵᠢᠯᠯᠠᠭ᠎ᠠ ᠵᠢ ᠴᠠᠭ ᠲᠤᠬᠠᠶ᠎ᠳᠤᠨᠢ ᠣᠯᠵᠤ ᠮᠡᠳᠡᠬᠦ ᠪᠠ ᠵᠠᠯᠠᠷᠠᠭᠤᠯᠵᠤ᠂ ᠳᠦᠷᠢᠮ᠎ᠤᠨ ᠡᠷᠬᠡ ᠰᠦᠷᠲᠦ ᠴᠢᠨᠠᠷ ᠪᠣᠯᠤᠨ ᠭᠦᠢ᠍ᠴᠡᠳᠬᠡᠬᠦ ᠬᠦᠴᠦᠨ᠎ᠢ ᠤᠯᠠᠮ ᠨᠢᠭᠡ ᠠᠯᠬᠤᠮ ᠳᠡᠭᠡᠭᠰᠢᠯᠡᠭᠦᠯᠬᠦ ᠬᠡᠷᠡᠭᠲᠡᠶ᠃

 

ᠢᠷᠡᠯᠲᠡ᠄ ᠰᠢᠨᠬᠤᠸᠠ ᠰᠦᠯᠵᠢᠶ᠎ᠡ
          
ᠬᠠᠮᠢᠶ᠎ᠡ ᠪᠦᠬᠦᠢ ᠰᠣᠨᠢᠨ
 
            