ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠣᠨᠴᠠᠯᠢᠭᠲᠤ᠌ ᠳᠠᠪᠴᠠᠩ
ᠢᠯᠡ ᠵᠠᠰᠠᠭ   -   ᠲᠦᠷᠥ᠎ᠶᠢᠨ ᠪᠣᠳᠣᠯᠭ᠎ᠠ᠎ᠶᠢᠨ ᠲᠠᠶ᠋ᠢᠯᠤᠮᠵᠢ
《ᠤᠰᠤ ᠰᠢᠷᠤᠢ ᠵᠢᠨ ᠢᠳᠡᠭᠳᠡᠯ᠎ᠤᠨ ᠵᠠᠰᠠᠯᠲᠠ᠎ᠳᠤ ᠨᠡᠶ᠋ᠢᠭᠡᠮ᠎ᠤᠨ ᠬᠥᠷᠥᠩᠭᠡ ᠵᠢᠨ ᠣᠷᠣᠯᠴᠠᠬᠤ ᠵᠢ ᠵᠣᠷᠢᠭᠵᠢᠭᠤᠯᠤᠨ ᠳᠡᠮᠵᠢᠬᠦ ᠲᠤᠬᠠᠶ ᠵᠢᠯᠣᠭᠤᠳᠬᠤ ᠰᠠᠨᠠᠯ》᠎ᠤᠨ ᠲᠠᠶ᠋ᠢᠯᠤᠮᠵᠢ
ᠨᠡᠶ᠋ᠢᠲᠡᠯᠡᠭᠰᠡᠨ ᠴᠠᠭ᠄ 2024-09-25

   ᠣᠶ᠋ᠢᠷ᠎ᠠ᠎ᠳᠤ᠂  ᠤᠰᠤᠨ ᠠᠰᠢᠭᠯᠠᠯᠲᠠ ᠵᠢᠨ ᠶᠠᠮᠤᠨ᠎ᠤ ᠠᠯᠪᠠᠨ ᠲᠢᠩᠬᠢᠮ ᠪᠠᠶ᠋ᠢᠭ᠋ᠠᠯᠢ ᠵᠢᠨ ᠡᠬᠢ ᠪᠠᠶᠠᠯᠢᠭ᠎ᠤᠨ ᠶᠠᠮᠤᠨ᠎ᠤ ᠠᠯᠪᠠᠨ ᠲᠢᠩᠬᠢᠮ᠎ᠲᠠᠢ ᠬᠠᠮᠲᠤᠷᠠᠨ 《ᠤᠰᠤ ᠰᠢᠷᠤᠢ ᠵᠢᠨ ᠢᠳᠡᠭᠳᠡᠯ᠎ᠤᠨ ᠵᠠᠰᠠᠯᠲᠠ᠎ᠳᠤ ᠨᠡᠶ᠋ᠢᠭᠡᠮ᠎ᠤᠨ ᠬᠥᠷᠥᠩᠭᠡ ᠵᠢᠨ ᠣᠷᠣᠯᠴᠠᠬᠤ ᠵᠢ ᠵᠣᠷᠢᠭᠵᠢᠭᠤᠯᠤᠨ ᠳᠡᠮᠵᠢᠬᠦ ᠲᠤᠬᠠᠶ ᠵᠢᠯᠣᠭᠤᠳᠬᠤ ᠰᠠᠨᠠᠯ》 (ᠳᠣᠷᠣᠭᠰᠢ 《ᠵᠢᠯᠣᠭᠤᠳᠬᠤ ᠰᠠᠨᠠᠯ》 ᠭᠡᠵᠦ ᠲᠣᠪᠴᠢᠯᠠᠨ᠎ᠠ)᠎ᠢ ᠳᠠᠷᠤᠮᠠᠯᠯᠠᠨ ᠲᠠᠷᠬᠠᠭ᠋ᠠᠪᠠ᠃  ᠡᠳᠦᠭᠡ 《ᠵᠢᠯᠣᠭᠤᠳᠬᠤ ᠰᠠᠨᠠᠯ》᠎ᠤᠨ ᠲᠤᠬᠠᠶ ᠳᠣᠤᠷᠠᠬᠢ ᠮᠡᠲᠦ ᠲᠠᠶ᠋ᠢᠯᠤᠮᠵᠢ ᠬᠢᠪᠡ᠃

   ᠨᠢᠭᠡ᠂  ᠲᠣᠭᠲᠠᠭ᠋ᠠᠭᠰᠠᠨ ᠠᠬᠤᠶ ᠪᠠᠶ᠋ᠢᠳᠠᠯ

  (ᠨᠢᠭᠡ) ᠶᠡᠷᠦᠩᠬᠡᠢ ᠱᠦᠵᠢ ᠰᠢ ᠵᠢᠨ ᠫᠢᠩ᠎ᠤᠨ 《ᠠᠷᠪᠠᠨ ᠵᠢᠷᠭᠤᠭ᠋ᠠᠨ ᠦᠰᠦᠭ》᠎ᠤᠨ ᠤᠰᠤ ᠵᠢ ᠵᠠᠰᠠᠬᠤ ᠰᠡᠳᠭᠢᠴᠡ ᠵᠢᠨ ᠵᠠᠶ᠋ᠢᠯᠠᠰᠢ ᠦᠭᠡᠢ ᠱᠠᠭ᠋ᠠᠷᠳᠠᠯᠭ᠎ᠠ ᠵᠢ ᠲᠤᠭᠤᠰᠢᠯᠠᠭᠤᠯᠤᠨ ᠨᠠᠶ᠋ᠢᠳᠠᠪᠤᠷᠢᠵᠢᠭᠤᠯᠤᠨ᠎ᠠ᠃  ᠶᠡᠷᠦᠩᠬᠡᠢ ᠱᠦᠵᠢ ᠰᠢ ᠵᠢᠨ ᠫᠢᠩ ᠵᠢᠭ᠋ᠠᠬᠤ᠎ᠳᠤ᠎ᠪᠠᠨ᠄ 《ᠵᠠᠬ᠎ᠠ ᠳᠡᠯᠭᠡᠭᠦᠷ ᠵᠶ᠋ᠠᠷ ᠡᠬᠢ ᠪᠠᠶᠠᠯᠢᠭ᠎ᠤᠨ ᠳᠤᠬᠢᠷᠠᠭᠤᠯᠤᠯᠳᠠ᠎ᠳᠤ ᠰᠢᠢ᠍ᠳᠪᠦᠷᠢᠯᠡᠭᠴᠢ ᠴᠢᠨᠠᠷᠲᠠᠢ ᠦᠢ᠍ᠯᠡᠳᠦᠯ ᠦᠵᠡᠭᠦᠯᠵᠦ᠂  ᠵᠠᠰᠠᠭ᠎ᠤᠨ ᠤᠷᠳᠤᠨ᠎ᠤ ᠦᠢ᠍ᠯᠡᠳᠦᠯ᠎ᠢ ᠨᠡᠩ ᠰᠠᠶ᠋ᠢᠲᠤᠷ ᠪᠠᠳᠠᠷᠠᠭᠤᠯᠬᠤ ᠪᠣᠯ ᠴᠢᠬᠤᠯᠠ ᠶᠡᠭᠡ ᠤᠨᠤᠯ᠎ᠤᠨ ᠰᠡᠳᠦᠪ ᠪᠣᠯᠬᠤ᠎ᠪᠠᠷ ᠪᠠᠷᠠᠬᠤ ᠦᠭᠡᠢ᠂  ᠪᠠᠰᠠ ᠴᠤ᠌ ᠴᠢᠬᠤᠯᠠ ᠶᠡᠭᠡ ᠦᠢ᠍ᠯᠡᠳᠦᠯᠭᠡ ᠵᠢᠨ ᠰᠡᠳᠦᠪ ᠪᠣᠯᠤᠨ᠎ᠠ》 ᠭᠡᠵᠡᠢ᠃  ᠤᠰᠤ ᠰᠢᠷᠤᠢ ᠵᠢᠨ ᠢᠳᠡᠭᠳᠡᠯ᠎ᠢ ᠵᠠᠰᠠᠬᠤ᠎ᠳᠤ ᠨᠡᠶ᠋ᠢᠭᠡᠮ᠎ᠤᠨ ᠬᠦᠷᠦᠩᠭᠡ ᠵᠢᠨ ᠣᠷᠣᠯᠴᠠᠬᠤ ᠵᠢ ᠵᠣᠷᠢᠭᠵᠢᠭᠤᠯᠤᠨ ᠳᠡᠮᠵᠢᠬᠦ ᠪᠣᠯ ᠵᠠᠰᠠᠭ᠎ᠤᠨ ᠣᠷᠳᠣᠨ᠎ᠤ ᠦᠢ᠍ᠯᠡᠳᠦᠯ ᠪᠠ ᠵᠠᠬ᠎ᠠ ᠳᠡᠯᠭᠡᠭᠦᠷ᠎ᠤᠨ ᠲᠣᠭᠲᠠᠴᠠ ᠵᠢ ᠪᠠᠷᠢᠮᠲᠠᠯᠠᠬᠤ ᠬᠤᠶᠠᠷ ᠲᠠᠯ᠎ᠠ᠎ᠪᠠᠷ ᠬᠠᠮᠵᠢᠯᠴᠠᠨ ᠬᠦᠴᠦᠯᠡᠵᠦ᠂  ᠡᠬᠢ ᠪᠠᠶᠠᠯᠢᠭ᠎ᠢ ᠲᠣᠬᠢᠷᠠᠭᠤᠯᠬᠤ ᠶᠠᠪᠤᠴᠠ᠎ᠳᠠᠬᠢ ᠵᠠᠬ᠎ᠠ ᠳᠡᠯᠭᠡᠭᠦᠷ᠎ᠤᠨ ᠰᠢᠢ᠍ᠳᠪᠦᠷᠢᠯᠡᠭᠴᠢ ᠴᠢᠨᠠᠷᠲᠠᠶ ᠦᠢ᠍ᠯᠡᠳᠦᠯ᠎ᠢ ᠭᠦᠢ᠍ᠴᠡᠳ ᠪᠠᠳᠠᠷᠠᠭᠤᠯᠬᠤ ᠠᠮᠢᠳᠤᠯᠢᠭ ᠦᠢ᠍ᠯᠡᠳᠦᠯᠭᠡ ᠪᠣᠯᠤᠨ᠎ᠠ᠃  ᠰᠢᠨ᠎ᠡ ᠴᠠᠭ ᠦᠶ᠎ᠡ᠎ᠳᠤ ᠤᠰᠤ ᠰᠢᠷᠤᠢ ᠵᠢ ᠬᠠᠮᠠᠭ᠋ᠠᠯᠠᠬᠤ ᠠᠵᠢᠯ᠎ᠤᠨ ᠴᠢᠨᠠᠷ ᠰᠠᠶ᠋ᠢᠲᠠᠶ ᠬᠥᠭᠵᠢᠯᠲᠡ ᠵᠢ ᠠᠬᠢᠭᠤᠯᠬᠤ᠎ᠳᠤ ᠡᠷᠬᠡᠪᠰᠢ ᠥᠭᠡᠷᠡᠴᠢᠯᠡᠯᠲᠡ ᠬᠢᠵᠦ ᠰᠢᠨ᠎ᠡ ᠵᠢ ᠡᠭᠦᠳᠬᠦ ᠵᠢ ᠪᠠᠷᠢᠮᠲᠠᠯᠠᠵᠤ᠂  ᠠᠮᠢᠵᠢᠷᠠᠯ᠎ᠤᠨ ᠬᠦᠴᠦᠨ᠎ᠢ ᠬᠥᠭᠵᠢᠭᠡᠵᠦ᠂ 《ᠨᠢᠳᠦᠨ᠎ᠳᠤ ᠦᠵᠡᠭᠳᠡᠬᠦ ᠥᠬᠡᠶ ᠭᠠᠷ》 ᠪᠠ 《ᠨᠢᠳᠦᠨ᠎ᠳᠤ ᠦᠵᠡᠭᠳᠡᠬᠦ ᠭᠠᠷ》᠎ᠤᠨ ᠬᠠᠷᠢᠴᠠᠭ᠎ᠠ ᠵᠢ ᠰᠠᠶ᠋ᠢᠲᠤᠷ ᠰᠢᠢ᠍ᠳᠪᠦᠷᠢᠯᠡᠵᠦ᠂  ᠡᠬᠢ ᠪᠠᠶᠠᠯᠢᠭ᠎ᠤᠨ ᠲᠣᠬᠢᠷᠠᠭᠤᠯᠤᠯᠲᠠ᠎ᠳᠠᠬᠢ ᠵᠠᠬ᠎ᠠ ᠳᠡᠯᠭᠡᠭᠦᠷ᠎ᠤᠨ ᠰᠢᠢ᠍ᠳᠪᠦᠷᠢᠯᠡᠬᠦ ᠴᠢᠨᠠᠷᠲᠠᠶ ᠦᠢ᠍ᠯᠡᠳᠦᠯ᠎ᠢ ᠭᠦᠢ᠍ᠴᠡᠳ ᠪᠠᠳᠠᠷᠠᠭᠤᠯᠵᠤ᠂  ᠵᠠᠰᠠᠭ᠎ᠤᠨ ᠣᠷᠳᠣᠨ᠎ᠤ ᠦᠢ᠍ᠯᠡᠳᠦᠯ᠎ᠢ ᠨᠠᠩ ᠰᠠᠶ᠋ᠢᠲᠤᠷ ᠪᠠᠳᠠᠷᠠᠭᠤᠯᠵᠤ᠂  ᠤᠰᠤ ᠰᠢᠷᠤᠢ ᠵᠢ ᠬᠠᠮᠠᠭ᠋ᠠᠯᠠᠬᠤ ᠪᠠᠶ᠋ᠢᠭᠤᠯᠤᠯ ᠲᠣᠭᠲᠠᠴᠠ ᠵᠢ ᠪᠦᠷᠢᠨᠰᠢᠬᠦᠯᠵᠦ᠂  ᠥᠭᠡᠷᠡᠴᠢᠯᠡᠯᠲᠡ ᠵᠢᠨ ᠠᠷᠭ᠎ᠠ ᠬᠡᠮᠵᠢᠶ᠎ᠡ ᠵᠢᠨ ᠰᠢᠰᠲ᠋ᠧᠮ᠎ᠤᠨ ᠬᠤᠷᠠᠮᠳᠤᠯ᠂  ᠨᠠᠷᠢᠯᠢᠭ ᠣᠨᠣᠴᠠᠲᠠᠶ᠎ᠪᠠᠷ ᠠᠷᠭ᠎ᠠ ᠪᠣᠳᠣᠯᠭ᠎ᠠ ᠬᠡᠷᠡᠭᠵᠢᠭᠦᠯᠬᠦ ᠵᠢ ᠴᠢᠩᠭ᠋ᠠᠳᠬᠠᠵᠤ᠂  ᠬᠥᠭᠵᠢᠯᠲᠡ ᠵᠢᠨ ᠬᠥᠳᠡᠯᠭᠡᠬᠦ ᠬᠦᠴᠦᠨ ᠪᠠ ᠠᠮᠢᠵᠢᠷᠠᠯ᠎ᠤᠨ ᠬᠦᠴᠦᠨ᠎ᠢ ᠤᠯᠠᠮ ᠨᠢᠭᠡ ᠠᠯᠬᠤᠮ ᠴᠢᠩᠭ᠋ᠠᠷᠠᠭᠤᠯᠬᠤ ᠬᠡᠷᠡᠭᠲᠡᠶ ᠭᠡᠵᠦ ᠵᠢᠭ᠋ᠠᠵᠤ ᠭᠠᠷᠭ᠋ᠠᠪᠠ᠃

  (ᠬᠤᠶᠠᠷ) ᠨᠠᠮ᠎ᠤᠨ ᠲᠥᠪ ᠬᠣᠷᠢᠶ᠎ᠠ᠂  ᠲᠥᠷᠥ ᠵᠢᠨ ᠶᠠᠪᠤᠳᠠᠯ᠎ᠤᠨ ᠬᠣᠷᠢᠶᠠᠨ᠎ᠤ ᠬᠠᠮᠢᠶ᠎ᠠ ᠪᠦᠬᠦᠢ ᠰᠢᠢ᠍ᠳᠪᠦᠷᠢᠲᠦ ᠪᠣᠳᠣᠯᠭ᠎ᠠ ᠵᠢᠨ ᠪᠠᠶ᠋ᠢᠷᠢᠯᠠᠭᠤᠯᠤᠯᠲᠠ ᠵᠢ ᠲᠤᠭᠤᠰᠢᠯᠠᠭᠤᠯᠤᠨ ᠨᠠᠶ᠋ᠢᠳᠠᠪᠤᠷᠢᠵᠢᠭᠤᠯᠬᠤ ᠵᠠᠶ᠋ᠢᠯᠠᠰᠢ ᠦᠭᠡᠢ ᠱᠠᠭ᠋ᠠᠷᠳᠠᠯᠭ᠎ᠠ᠃  ᠲᠥᠷᠥ ᠵᠢᠨ ᠶᠠᠪᠤᠳᠠᠯ᠎ᠤᠨ ᠬᠤᠷᠢᠶᠠᠨ᠎ᠤ ᠠᠯᠪᠠᠨ ᠲᠢᠩᠬᠢᠮ᠎ᠤᠨ ᠳᠠᠷᠤᠮᠠᠯᠯᠠᠨ ᠲᠠᠷᠬᠠᠭ᠋ᠠᠭᠰᠠᠨ 《ᠠᠮᠢ ᠠᠬᠤᠶ ᠵᠢ ᠬᠠᠮᠠᠭ᠋ᠠᠯᠠᠨ ᠰᠡᠷᠭᠦᠭᠡᠬᠦ᠎ᠳᠤ ᠨᠡᠶ᠋ᠢᠭᠡᠮ᠎ᠤᠨ ᠬᠥᠷᠥᠩᠭᠡ ᠵᠢᠨ ᠣᠷᠣᠯᠴᠠᠬᠤ ᠵᠢ ᠵᠣᠷᠢᠭᠵᠢᠭᠤᠯᠤᠨ ᠳᠡᠮᠵᠢᠬᠦ ᠲᠤᠬᠠᠶ ᠰᠠᠨᠠᠯ》᠂  ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠲᠥᠪ ᠬᠤᠷᠢᠶᠠᠨ᠎ᠤ ᠠᠯᠪᠠᠨ ᠲᠢᠩᠬᠢᠮ᠂  ᠲᠥᠷᠥ ᠵᠢᠨ ᠶᠠᠪᠤᠳᠠᠯ᠎ᠤᠨ ᠬᠤᠷᠢᠶᠠᠨ᠎ᠤ ᠠᠯᠪᠠᠨ ᠲᠢᠩᠬᠢᠮ᠎ᠤᠨ ᠳᠠᠷᠤᠮᠠᠯᠯᠠᠨ ᠲᠠᠷᠬᠠᠭ᠋ᠠᠭᠰᠠᠨ 《ᠰᠢᠨ᠎ᠡ ᠴᠠᠭ ᠦᠶ᠎ᠡ ᠵᠢᠨ ᠤᠰᠤ ᠰᠢᠷᠤᠢ ᠵᠢ ᠬᠠᠮᠠᠭ᠋ᠠᠯᠠᠬᠤ ᠠᠵᠢᠯ᠎ᠢ ᠴᠢᠩᠭ᠋ᠠᠳᠬᠠᠬᠤ ᠲᠤᠬᠠᠶ ᠰᠠᠨᠠᠯ》᠎ᠢ ᠴᠥᠮ ᠨᠡᠶ᠋ᠢᠭᠡᠮ᠎ᠤᠨ ᠬᠥᠷᠥᠩᠭᠡ ᠵᠢ ᠬᠥᠲᠥᠯᠦᠨ ᠵᠢᠯᠣᠭᠤᠳᠴᠤ ᠪᠠᠶ᠋ᠢᠭ᠋ᠠᠳ ᠤᠰᠤ ᠰᠢᠷᠤᠢ ᠵᠢᠨ ᠢᠳᠡᠭᠳᠡᠯ᠎ᠢ ᠵᠠᠰᠠᠬᠤ᠎ᠳᠤ ᠣᠷᠣᠯᠴᠠᠭᠤᠯᠬᠤ ᠲᠤᠬᠠᠶ ᠲᠣᠳᠣᠷᠬᠠᠶ ᠱᠠᠭ᠋ᠠᠷᠳᠠᠯᠭ᠎ᠠ ᠳᠤᠷᠠᠳᠪᠠ᠃  ᠨᠠᠮ᠎ᠤᠨ ᠬᠤᠷᠢᠳᠤᠭ᠋ᠠᠷ ᠬᠤᠭᠤᠴᠠᠭ᠋ᠠᠨ᠎ᠤ ᠲᠥᠪ ᠬᠤᠷᠢᠶᠠᠨ᠎ᠤ ᠭᠤᠷᠪᠠᠳᠤᠭ᠋ᠠᠷ ᠪᠥᠬᠦᠳᠡ ᠬᠤᠷᠠᠯ᠎ᠠᠴᠠ ᠬᠢᠨᠠᠨ ᠵᠥᠪᠯᠡᠵᠦ ᠪᠠᠲᠤᠯᠠᠭᠰᠠᠨ 《ᠥᠭᠡᠷᠡᠴᠢᠯᠡᠯᠲᠡ ᠵᠢ ᠤᠯᠠᠮ ᠨᠢᠭᠡ ᠠᠯᠬᠤᠮ ᠪᠦᠬᠦ ᠲᠠᠯ᠎ᠠ᠎ᠪᠠᠷ ᠭᠦᠨᠵᠡᠭᠡᠶ᠋ᠢᠷᠡᠭᠦᠯᠵᠦ᠂  ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠯᠲᠠ ᠵᠢ ᠠᠬᠢᠭᠤᠯᠬᠤ ᠲᠤᠬᠠᠢ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠲᠥᠪ ᠬᠤᠷᠢᠶᠠᠨ᠎ᠤ ᠲᠣᠭᠲᠠᠭ᠋ᠠᠯ》᠎ᠳᠤ᠂  ᠠᠭᠤᠯᠠ ᠤᠰᠤ ᠤᠢ ᠲᠠᠷᠢᠶ᠎ᠠ ᠨᠠᠭᠤᠷ ᠪᠡᠯᠴᠢᠭᠡᠷ ᠡᠯᠡᠰᠦ ᠵᠢ ᠨᠢᠭᠡ ᠴᠤᠭᠴᠠᠵᠢᠭᠤᠯᠤᠨ ᠬᠠᠮᠠᠭ᠋ᠠᠯᠠᠬᠤ ᠪᠠ ᠰᠢᠰᠲ᠋ᠧᠮ᠎ᠲᠠᠢ ᠵᠠᠰᠠᠬᠤ ᠲᠣᠭᠲᠠᠴᠠ ᠵᠢ ᠲᠡᠭᠦᠯᠳᠡᠷᠵᠢᠭᠦᠯᠵᠦ᠂  ᠤᠯᠠᠨ ᠡᠰᠢᠴᠢᠯᠡᠭᠰᠡᠨ ᠠᠮᠢ ᠠᠬᠤᠢ ᠵᠢ ᠬᠠᠮᠠᠭ᠋ᠠᠯᠠᠨ ᠰᠡᠷᠭᠦᠭᠡᠬᠦ ᠣᠷᠣᠭᠤᠯᠤᠯᠲᠠ ᠵᠢᠨ ᠲᠣᠭᠲᠠᠴᠠ ᠵᠢ ᠪᠠᠶ᠋ᠢᠭᠤᠯᠬᠤ ᠬᠡᠷᠡᠭᠲᠡᠢ ᠭᠡᠵᠦ ᠲᠣᠳᠣᠷᠬᠠᠢ ᠳᠤᠷᠠᠳᠴᠠᠢ᠃  ᠤᠰᠤ ᠰᠢᠷᠤᠢ ᠵᠢ ᠬᠠᠮᠠᠭ᠋ᠠᠯᠠᠬᠤ ᠬᠠᠤᠯᠢ ᠵᠡᠷᠭᠡ ᠬᠠᠤᠯᠢ ᠴᠠᠭ᠋ᠠᠵᠠ ᠬᠠᠤᠯᠢ ᠲᠣᠭᠲᠠᠭ᠋ᠠᠯ᠎ᠳᠤ ᠪᠠᠰᠠ ᠣᠯᠠᠨ ᠡᠰᠢᠵᠢᠭᠰᠡᠨ ᠣᠷᠣᠭᠤᠯᠤᠯᠲᠠ ᠵᠢᠨ ᠪᠠᠲᠤᠯᠠᠭ᠎ᠠ ᠵᠢᠨ ᠲᠣᠭᠲᠠᠴᠠ ᠵᠢ ᠪᠠᠶ᠋ᠢᠭᠤᠯᠤᠨ ᠪᠦᠷᠢᠨᠰᠢᠭᠦᠯᠵᠦ᠂  ᠤᠰᠤ ᠰᠢᠷᠤᠢ ᠵᠢᠨ ᠢᠳᠡᠭᠳᠡᠯ᠎ᠢ ᠵᠠᠰᠠᠬᠤ᠎ᠳᠤ ᠨᠡᠶ᠋ᠢᠭᠡᠮ᠎ᠤᠨ ᠬᠥᠷᠥᠩᠭᠡ ᠵᠢᠨ ᠣᠷᠣᠯᠴᠠᠬᠤ ᠵᠢ ᠵᠣᠷᠢᠭᠵᠢᠭᠤᠯᠤᠨ ᠳᠡᠮᠵᠢᠬᠦ ᠲᠤᠬᠠᠶ ᠲᠣᠳᠣᠷᠬᠠᠶ ᠲᠣᠭᠲᠠᠭ᠋ᠠᠯ ᠭᠠᠷᠭ᠋ᠠᠪᠠ᠃

  (ᠭᠤᠷᠪᠠ) ᠤᠰᠤ ᠰᠢᠷᠤᠢ ᠵᠢᠨ ᠢᠳᠡᠭᠳᠡᠯ᠎ᠢ ᠭᠣᠤᠯᠳᠠᠯᠭ᠎ᠠ᠎ᠲᠠᠢ ᠵᠠᠰᠠᠬᠤ ᠵᠠᠶ᠋ᠢᠯᠠᠰᠢ ᠦᠭᠡᠶ ᠱᠠᠭ᠋ᠠᠷᠳᠠᠯᠭ᠎ᠠ ᠵᠢ ᠲᠦᠷᠭᠡᠳᠬᠡᠨ ᠠᠬᠢᠭᠤᠯᠬᠤ ᠬᠡᠷᠡᠭᠲᠡᠶ᠃  ᠨᠠᠮ᠎ᠤᠨ ᠠᠷᠪᠠᠨ ᠨᠠᠢ᠍ᠮᠠᠳᠤᠭ᠋ᠠᠷ ᠶᠡᠬᠡ ᠬᠤᠷᠠᠯ᠎ᠠᠴᠠ ᠨᠠᠭ᠋ᠠᠰᠢ᠂  ᠮᠠᠨ᠎ᠤ ᠤᠯᠤᠰ᠎ᠤᠨ ᠤᠰᠤ ᠰᠢᠷᠤᠢ ᠵᠢ ᠬᠠᠮᠠᠭ᠋ᠠᠯᠠᠬᠤ ᠠᠵᠢᠯ ᠢᠯᠡᠳᠲᠡ ᠦᠷ᠎ᠡ ᠪᠦᠲᠦᠮᠵᠢ ᠣᠯᠵᠤ᠂  ᠤᠰᠤ ᠰᠢᠷᠤᠢ ᠵᠢᠨ ᠢᠳᠡᠭᠳᠡᠯ᠎ᠤᠨ ᠲᠠᠯᠠᠪᠠᠶ ᠪᠣᠯᠤᠨ ᠬᠦᠴᠦᠯᠡᠴᠡ᠎ᠨᠢ ᠦᠷᠭᠦᠯᠵᠢᠯᠡᠨ 《ᠬᠤᠤᠰ ᠪᠠᠭᠤᠷᠠᠯᠲᠠ》 ᠢᠯᠡᠷᠡᠪᠡ᠂  ᠭᠡᠪᠡᠴᠦ ᠮᠠᠨ᠎ᠤ ᠤᠯᠤᠰ᠎ᠤᠨ ᠤᠰᠤ ᠰᠢᠷᠤᠢ ᠵᠢᠨ ᠢᠳᠡᠭᠳᠡᠯ᠎ᠢ ᠰᠡᠷᠭᠡᠶ᠋ᠢᠯᠡᠨ ᠵᠠᠰᠠᠬᠤ ᠦᠷ᠎ᠡ ᠪᠦᠲᠦᠮᠵᠢ ᠪᠠᠰᠠ ᠲᠣᠭᠲᠠᠭᠤᠨ ᠪᠤᠰᠤ ᠪᠠᠶ᠋ᠢᠵᠤ᠂  ᠮᠥᠨ ᠬᠦ᠌ 140 ᠲᠦᠮᠡᠨ ᠲᠡᠭᠰᠢ ᠳᠥᠷᠪᠡᠯᠵᠢᠨ ᠺᠢᠯᠣᠮᠧᠲᠷ᠎ᠤᠨ ᠤᠰᠤ ᠰᠢᠷᠤᠢ ᠵᠢᠨ ᠢᠳᠡᠭᠳᠡᠯ᠎ᠤᠨ ᠲᠠᠯᠠᠪᠠᠶ ᠵᠢ ᠵᠠᠰᠠᠬᠤ ᠴᠢᠬᠤᠯᠠ᠎ᠲᠠᠢ ᠪᠠᠶ᠋ᠢᠵᠤ᠂  ᠰᠡᠷᠭᠡᠶ᠋ᠢᠯᠡᠨ ᠵᠠᠰᠠᠬᠤ ᠡᠭᠦᠷᠭᠡ ᠮᠥᠨ ᠬᠦ᠌ ᠨᠦᠰᠡᠷ ᠬᠦᠨᠳᠦ ᠪᠠᠶ᠋ᠢᠵᠤ᠂  ᠤᠰᠤ ᠰᠢᠷᠤᠢ ᠵᠢᠨ ᠢᠳᠡᠭᠳᠡᠯ᠎ᠢ ᠵᠠᠰᠠᠬᠤ ᠪᠡᠯᠡ ᠣᠷᠣᠭᠤᠯᠤᠯᠲᠠ ᠵᠢᠨ ᠡᠷᠴᠢᠮ᠎ᠢ ᠤᠯᠠᠮ ᠨᠢᠭᠡ ᠠᠯᠬᠤᠮ ᠴᠢᠩᠭ᠋ᠠᠷᠠᠭᠤᠯᠤᠭᠰᠠᠨ ᠬᠡᠷᠡᠭᠴᠡᠭᠡ ᠱᠠᠭ᠋ᠠᠷᠳᠠᠯᠭ᠎ᠠ ᠮᠥᠨ ᠬᠦ᠌ ᠴᠢᠩᠭ᠎ᠠ ᠪᠠᠶ᠋ᠢᠭᠰᠠᠭ᠋ᠠᠷ᠃  ᠡᠭᠦᠨ᠎ᠤ ᠬᠠᠮᠲᠤ᠂  ᠤᠰᠤ ᠰᠢᠷᠤᠢ ᠵᠢᠨ ᠢᠳᠡᠭᠳᠡᠯ᠎ᠢ ᠵᠠᠰᠠᠬᠤ ᠪᠣᠯ ᠨᠢᠭᠡ ᠵᠦᠢ᠍ᠯ᠎ᠤᠨ ᠤᠷᠲᠤ ᠬᠤᠭᠤᠴᠠᠭ᠋ᠠᠨ᠎ᠤ ᠡᠭᠦᠷᠭᠡ ᠪᠣᠯᠬᠤ ᠪᠥᠭᠡᠳ ᠪᠠᠰᠠ ᠨᠡᠶ᠋ᠢᠲᠡ ᠵᠢᠨ ᠠᠰᠠᠷᠠᠮᠵᠢ ᠵᠢᠨ ᠴᠢᠨᠠᠷ ᠵᠶ᠋ᠠᠷ ᠨᠡᠯᠢᠶᠡᠳ ᠴᠢᠩᠭ᠎ᠠ ᠪᠣᠯᠬᠣᠷ᠂  ᠥᠩᠭᠡᠷᠡᠭᠰᠡᠨ ᠵᠢᠯ᠎ᠤᠳ᠎ᠤᠨ ᠲᠤᠷᠰᠢ ᠲᠥᠪ᠎ᠤᠨ ᠪᠠ ᠣᠷᠣᠨ ᠨᠤᠲᠤᠭ᠎ᠤᠨ ᠡᠳ᠋᠎ᠤᠨ ᠵᠠᠰᠠᠭ᠎ᠤᠨ ᠣᠷᠣᠭᠤᠯᠤᠯᠲᠠ᠎ᠪᠠᠷ ᠢᠯᠡᠭᠦᠬᠡᠨ ᠭᠣᠤᠯ ᠪᠣᠯᠭ᠋ᠠᠨ᠂  ᠤᠰᠤ ᠰᠢᠷᠤᠢ ᠵᠢᠨ ᠢᠳᠡᠭᠳᠡᠯ᠎ᠢ ᠭᠣᠤᠯᠳᠠᠯᠭ᠎ᠠ᠎ᠲᠠᠢ ᠵᠠᠰᠠᠬᠤ ᠵᠢ ᠲᠦᠷᠭᠡᠳᠬᠡᠨ ᠠᠬᠢᠭᠤᠯᠵᠤ᠂  ᠤᠰᠤ ᠰᠢᠷᠤᠢ ᠵᠢᠨ ᠢᠳᠡᠭᠳᠡᠯ᠎ᠢ ᠵᠠᠰᠠᠬᠤ ᠴᠢᠳᠠᠪᠤᠷᠢ ᠪᠣᠯᠤᠨ ᠬᠢᠷᠢ ᠬᠡᠮᠵᠢᠶ᠎ᠡ ᠵᠢ ᠳᠡᠭᠡᠭᠰᠢᠯᠡᠭᠦᠯᠬᠦ᠎ᠳᠤ ᠤᠰᠤ ᠰᠢᠷᠤᠢ ᠵᠢ ᠬᠠᠮᠠᠭ᠋ᠠᠯᠠᠬᠤ ᠬᠦᠷᠢᠶ᠎ᠡ ᠵᠢ ᠥᠷᠭᠡᠵᠢᠭᠦᠯᠬᠦ ᠪᠡᠯᠡ ᠮᠥᠩᠭᠥ ᠬᠤᠷᠠᠮᠳᠤᠭᠤᠯᠬᠤ ᠠᠷᠭ᠎ᠠ ᠵᠠᠮ᠎ᠢ ᠲᠤᠯᠭ᠋ᠠᠮ᠎ᠠ ᠱᠠᠭ᠋ᠠᠷᠳᠠᠵᠤ ᠪᠤᠶ᠃ 《ᠵᠢᠯᠣᠭᠣᠳᠬᠤ ᠰᠠᠨᠠᠯ》᠎ᠢ ᠲᠣᠭᠲᠠᠭ᠋ᠠᠬᠤ᠎ᠨᠢ ᠤᠰᠤ ᠰᠢᠷᠤᠢ ᠵᠢ ᠬᠠᠮᠠᠭ᠋ᠠᠯᠠᠬᠤ ᠪᠡᠯᠡ ᠣᠷᠣᠭᠤᠯᠤᠯᠲᠠ ᠵᠢᠨ ᠢᠷᠡᠯᠲᠡ ᠵᠢᠨ ᠠᠷᠭ᠎ᠠ ᠵᠠᠮ ᠪᠣᠯᠤᠨ ᠬᠡᠪᠴᠢᠶ᠎ᠡ ᠵᠢ ᠥᠷᠭᠡᠳᠬᠡᠬᠦ᠂  ᠤᠰᠤ ᠰᠢᠷᠤᠢ ᠵᠢ ᠬᠠᠮᠠᠭ᠋ᠠᠯᠠᠬᠤ ᠣᠷᠣᠭᠤᠯᠤᠯᠲᠠ ᠵᠢᠨ ᠲᠣᠭᠲᠠᠭᠤᠨ ᠵᠶ᠋ᠠᠷ ᠨᠡᠮᠡᠭᠳᠡᠬᠦ ᠲᠣᠭᠲᠠᠴᠠ ᠵᠢ ᠲᠡᠭᠦᠯᠳᠡᠷᠵᠢᠭᠦᠯᠬᠦ᠂  ᠤᠰᠤ ᠰᠢᠷᠤᠢ ᠵᠢᠨ ᠢᠳᠡᠭᠳᠡᠯ᠎ᠢ ᠵᠠᠰᠠᠬᠤ ᠵᠢ ᠲᠦᠷᠭᠡᠳᠬᠡᠨ ᠠᠬᠢᠭᠤᠯᠬᠤ᠎ᠳᠤ ᠴᠢᠬᠤᠯᠠ ᠠᠴᠢ ᠬᠣᠯᠪᠣᠭᠳᠠᠯ᠎ᠲᠠᠢ ᠶᠤᠮ᠃

   ᠬᠤᠶᠠᠷ᠂  ᠭᠤᠣᠯ ᠠᠭᠤᠯᠭ᠎ᠠ

  《ᠵᠢᠯᠣᠭᠤᠳᠬᠤ ᠰᠠᠨᠠᠯ》᠎ᠳᠤ ᠤᠰᠤ ᠰᠢᠷᠤᠢ ᠵᠢᠨ ᠢᠳᠡᠭᠳᠡᠯ᠎ᠢ ᠵᠠᠰᠠᠬᠤ᠎ᠳᠤ ᠨᠡᠶ᠋ᠢᠭᠡᠮ᠎ᠤᠨ ᠬᠥᠷᠥᠩᠭᠡ ᠵᠢᠨ ᠣᠷᠣᠯᠴᠠᠬᠤ ᠵᠢ ᠵᠣᠷᠢᠭᠵᠢᠭᠤᠯᠤᠨ ᠳᠡᠮᠵᠢᠬᠦ ᠵᠢᠨ ᠴᠢᠬᠤᠯᠠ ᠴᠢᠨᠠᠷ᠂  ᠪᠠᠷᠢᠯᠭ᠎ᠠ ᠵᠢᠨ ᠲᠥᠷᠥᠯ ᠵᠦᠢ᠍ᠯ᠎ᠤᠨ ᠲᠥᠷᠥᠯ ᠬᠡᠯᠪᠡᠷᠢ ᠵᠢᠴᠢ ᠠᠰᠢᠭ ᠬᠦᠷᠲᠡᠬᠦ ᠠᠷᠭ᠎ᠠ ᠮᠠᠶᠢᠭ᠂  ᠳᠡᠮᠵᠢᠬᠦ ᠲᠥᠷᠥ ᠵᠢᠨ ᠪᠣᠳᠣᠯᠭ᠎ᠠ ᠪᠠ ᠪᠠᠲᠤᠯᠠᠬᠤ ᠠᠷᠭ᠎ᠠ ᠬᠡᠮᠵᠢᠶ᠎ᠡ ᠵᠡᠷᠭᠡ ᠳᠥᠷᠪᠡᠨ ᠬᠡᠰᠡᠭ ᠨᠡᠶ᠋ᠢᠲᠡ 11 ᠵᠦᠢ᠍ᠯ ᠪᠠᠭᠲᠠᠨ᠎ᠠ᠃

  (ᠨᠢᠭᠡ) ᠴᠢᠬᠤᠯᠠ ᠴᠢᠨᠠᠷ᠃  ᠭᠤᠤᠯᠳᠠᠭᠤ 《ᠵᠢᠯᠣᠭᠤᠳᠬᠤ ᠰᠠᠨᠠᠯ》᠎ᠳᠤ ᠲᠣᠭᠲᠠᠭ᠋ᠠᠭᠰᠠᠨ ᠬᠤᠯᠪᠣᠭᠳᠠᠯ ᠪᠥᠬᠦᠶ ᠠᠬᠤᠶ ᠪᠠᠶ᠋ᠢᠳᠠᠯ ᠵᠢᠴᠢ ᠴᠢᠬᠤᠯᠠ ᠶᠡᠭᠡ ᠠᠴᠢ ᠬᠤᠯᠪᠣᠭᠳᠠᠯ᠎ᠢ ᠲᠣᠳᠣᠷᠬᠠᠶ᠋ᠢᠯᠠᠨ ᠥᠭᠦᠯᠡᠵᠦ᠂  ᠤᠰᠤ ᠰᠢᠷᠤᠢ ᠵᠢᠨ ᠢᠳᠡᠭᠳᠡᠯ᠎ᠢ ᠵᠠᠰᠠᠬᠤ᠎ᠳᠤ ᠨᠡᠶ᠋ᠢᠭᠡᠮ᠎ᠤᠨ ᠬᠥᠷᠥᠩᠭᠡ ᠵᠢᠨ ᠣᠷᠣᠯᠴᠠᠬᠤ ᠵᠢ ᠵᠣᠷᠢᠭᠵᠢᠭᠤᠯᠤᠨ ᠳᠡᠮᠵᠢᠬᠦ ᠪᠣᠯ ᠤᠰᠤ ᠰᠢᠷᠤᠢ ᠵᠢ ᠬᠠᠮᠠᠭ᠋ᠠᠯᠠᠬᠤ ᠴᠢᠳᠠᠮᠵᠢ ᠪᠠ ᠠᠮᠢ ᠠᠬᠤᠶ ᠵᠢᠨ ᠪᠦᠲᠦᠭᠡᠭᠳᠡᠬᠦᠨ᠎ᠤ ᠬᠠᠩᠭ᠋ᠠᠯᠭ᠎ᠠ ᠵᠢᠨ ᠴᠢᠳᠠᠪᠤᠷᠢ ᠵᠢ ᠪᠥᠬᠦ ᠲᠠᠯ᠎ᠠ᠎ᠪᠠᠷ ᠳᠡᠭᠡᠭᠰᠢᠯᠡᠭᠦᠯᠵᠦ᠂  ᠬᠥᠮᠦᠨ ᠬᠢᠭᠡᠳ ᠪᠠᠶ᠋ᠢᠭ᠋ᠠᠯᠢ ᠵᠢᠨ ᠡᠶ᠎ᠡ ᠵᠣᠬᠢᠴᠠᠯ᠎ᠲᠠᠢ᠎ᠪᠠᠷ ᠬᠠᠮᠲᠤ ᠣᠷᠣᠰᠢᠬᠤ ᠵᠢ ᠠᠬᠢᠭᠤᠯᠬᠤ ᠴᠢᠬᠤᠯᠠ ᠠᠷᠭ᠎ᠠ ᠬᠡᠮᠵᠢᠶ᠎ᠡ ᠮᠥᠨ ᠭᠡᠳᠡᠭ᠎ᠢ ᠲᠣᠳᠣᠷᠬᠠᠶ ᠲᠣᠭᠲᠠᠭ᠋ᠠᠪᠠ᠃

  (ᠬᠤᠶᠠᠷ) ᠪᠠᠷᠢᠯᠭ᠎ᠠ ᠵᠢᠨ ᠲᠥᠷᠥᠯ ᠵᠦᠢ᠍ᠯ ᠵᠢᠴᠢ ᠠᠰᠢᠭ ᠬᠦᠷᠲᠡᠬᠦ ᠠᠷᠭ᠎ᠠ ᠮᠠᠶᠢᠭ᠃  ᠭᠤᠤᠯᠳᠠᠭᠤ ᠨᠡᠶ᠋ᠢᠭᠡᠮ᠎ᠤᠨ ᠬᠥᠷᠥᠩᠭᠡ᠎ᠠᠴᠠ ᠪᠠᠯᠠ ᠣᠷᠣᠭᠤᠯᠤᠨ ᠣᠷᠣᠯᠴᠠᠵᠤ ᠪᠣᠯᠬᠤ ᠤᠰᠤ ᠰᠢᠷᠤᠢ ᠵᠢ ᠬᠠᠮᠠᠭ᠋ᠠᠯᠠᠬᠤ ᠭᠤᠤᠯᠳᠠᠯᠭ᠎ᠠ᠎ᠲᠠᠢ ᠢᠨᠵᠧᠨᠧᠷᠢᠩ᠎ᠤᠨ ᠲᠥᠷᠥᠯ ᠵᠦᠢ᠍ᠯ ᠵᠢᠴᠢ ᠪᠣᠳᠠᠲᠠᠶ ᠭᠤᠭᠴᠤᠭ᠎ᠠ᠎ᠳᠤ ᠲᠣᠭᠲᠠᠭ᠋ᠠᠯ ᠭᠠᠷᠭ᠋ᠠᠭᠰᠠᠨ ᠪᠥᠭᠡᠳ ᠨᠡᠶ᠋ᠢᠭᠡᠮ᠎ᠤᠨ ᠬᠥᠷᠥᠩᠭᠡ ᠪᠠ ᠣᠷᠣᠨ ᠨᠤᠲᠤᠭ᠎ᠤᠨ ᠡᠯ᠎ᠡ ᠱᠠᠲᠤᠨ᠎ᠤ ᠵᠠᠰᠠᠭ᠎ᠤᠨ ᠣᠷᠳᠣᠨ᠎ᠤ ᠬᠤᠶᠠᠷ ᠳᠠᠪᠬᠤᠷᠭ᠎ᠠ᠎ᠠᠴᠠ ᠤᠰᠤ ᠰᠢᠷᠤᠢ ᠵᠢᠨ ᠢᠳᠡᠭᠳᠡᠯ᠎ᠢ ᠵᠠᠰᠠᠬᠤ᠎ᠳᠤ ᠪᠠᠯᠠ ᠣᠷᠣᠭᠤᠯᠤᠨ ᠣᠷᠣᠯᠴᠠᠭᠰᠠᠨ᠎ᠤ ᠳᠠᠷᠠᠭ᠎ᠠ ᠬᠠᠤᠯᠢ ᠲᠣᠭᠲᠠᠭ᠋ᠠᠯ ᠶᠣᠰᠣᠭ᠋ᠠᠷ ᠵᠦᠶ ᠵᠣᠬᠢᠰᠲᠠᠶ ᠠᠰᠢᠭ ᠤᠯᠬᠤ ᠭᠤᠤᠯ ᠠᠷᠭ᠎ᠠ ᠵᠠᠮ᠎ᠢ ᠲᠣᠳᠣᠷᠬᠠᠶ ᠲᠣᠭᠲᠠᠭ᠋ᠠᠪᠠ᠃

  (ᠭᠤᠷᠪᠠ) ᠳᠡᠮᠵᠢᠬᠦ ᠲᠥᠷᠥ ᠵᠢᠨ ᠪᠤᠳᠣᠯᠭ᠎ᠠ᠃  ᠭᠣᠤᠯᠳᠠᠭᠤ ᠠᠵᠤ ᠦᠢ᠍ᠯᠡᠰ᠎ᠤᠨ ᠨᠡᠭᠡᠭᠡᠯᠲᠡ ᠬᠢᠬᠦ᠎ᠳᠤ ᠬᠡᠷᠡᠭᠯᠡᠬᠦ ᠭᠠᠵᠠᠷ᠂  ᠮᠥᠩᠭᠥᠨ ᠭᠦᠢ᠍ᠯᠭᠡᠭᠡᠨ᠂  ᠥᠮᠴᠢᠯᠡᠬᠦ ᠡᠷᠬᠡ᠂  ᠣᠷᠣᠭᠤᠯᠤᠯᠲᠠ᠂  ᠪᠤᠰᠤᠳ ᠵᠡᠷᠭᠡ ᠲᠠᠪᠤᠨ ᠶᠡᠬᠡ ᠲᠥᠷᠥᠯ᠎ᠤᠨ ᠳᠡᠮᠵᠢᠯᠭᠡ ᠵᠢᠨ ᠲᠥᠷᠥ ᠵᠢᠨ ᠪᠣᠳᠣᠯᠭ᠎ᠠ ᠪᠠᠭᠲᠠᠨ᠎ᠠ᠃

   ᠠᠵᠤ ᠦᠢ᠍ᠯᠡᠰ᠎ᠤᠨ ᠨᠡᠭᠡᠭᠡᠨ ᠬᠥᠭᠵᠢᠭᠦᠯᠬᠦ᠎ᠳᠤ ᠭᠠᠵᠠᠷ ᠬᠡᠷᠡᠭᠯᠡᠬᠦ ᠵᠢ ᠳᠡᠮᠵᠢᠬᠦ ᠲᠥᠷᠥ ᠵᠢᠨ ᠪᠣᠳᠣᠯᠭ᠎ᠠ ᠵᠢᠨ ᠲᠤᠬᠠᠢ᠃ 《ᠠᠮᠢ ᠠᠬᠤᠶ ᠵᠢ ᠬᠠᠮᠠᠭ᠋ᠠᠯᠠᠨ ᠰᠡᠷᠭᠦᠭᠡᠬᠦ᠎ᠳᠤ ᠨᠡᠶ᠋ᠢᠭᠡᠮ᠎ᠤᠨ ᠬᠥᠷᠥᠩᠭᠡ ᠵᠢᠨ ᠣᠷᠣᠯᠴᠠᠬᠤ ᠵᠢ ᠵᠣᠷᠢᠭᠵᠢᠭᠤᠯᠬᠤ ᠪᠠ ᠳᠡᠮᠵᠢᠬᠦ ᠲᠤᠬᠠᠶ ᠲᠥᠷᠥ ᠵᠢᠨ ᠶᠠᠪᠤᠳᠠᠯ᠎ᠤᠨ ᠬᠤᠷᠢᠶᠠᠨ᠎ᠤ ᠠᠯᠪᠠᠨ ᠲᠢᠩᠬᠢᠮ᠎ᠤᠨ        ᠰᠠᠨᠠᠯ》᠎ᠳᠤ᠄ 《ᠠᠮᠢ ᠠᠬᠤᠶ ᠵᠢ ᠬᠠᠮᠠᠭ᠋ᠠᠯᠠᠨ ᠰᠡᠷᠭᠦᠭᠡᠬᠦ ᠠᠵᠢᠯ᠎ᠢ ᠲᠥᠪᠯᠡᠷᠡᠭᠦᠯᠦᠨ ᠥᠷᠨᠢᠭᠦᠯᠬᠦ᠎ᠨᠢ ᠵᠣᠬᠢᠬᠤ ᠬᠡᠪᠴᠢᠶ᠎ᠡ ᠪᠠ ᠵᠢᠱ᠌ᠢᠭᠰᠡᠨ ᠬᠠᠷᠠᠯᠲᠠ᠎ᠳᠤ ᠬᠦᠷᠦᠭᠰᠡᠨ ᠠᠮᠢ ᠠᠬᠤᠶ ᠵᠢ ᠬᠠᠮᠠᠭ᠋ᠠᠯᠠᠨ ᠰᠡᠷᠭᠦᠭᠡᠬᠦ ᠭᠤᠤᠯ ᠴᠣᠭᠴᠠ᠎ᠳᠤ ᠬᠠᠤᠯᠢ ᠲᠣᠭᠲᠠᠭ᠋ᠠᠯ ᠶᠣᠰᠣᠭ᠋ᠠᠷ ᠵᠣᠬᠢᠬᠤ ᠬᠤᠪᠢ ᠵᠢᠨ ᠲᠣᠭ᠋ᠠᠨ᠎ᠤ ᠪᠠᠶ᠋ᠢᠭ᠋ᠠᠯᠢ ᠵᠢᠨ ᠡᠬᠢ ᠪᠠᠶᠠᠯᠢᠭ ᠡᠳ᠋ ᠬᠥᠷᠥᠩᠭᠡ ᠵᠢᠨ ᠬᠡᠷᠡᠭᠯᠡᠬᠦ ᠡᠷᠬᠡ ᠵᠢ ᠣᠯᠵᠤ᠂  ᠵᠢᠭᠤᠯᠴᠢᠯᠠᠯ᠂  ᠡᠷᠡᠭᠦᠯᠵᠢᠯ ᠰᠤᠪᠢᠯᠠᠯᠲᠠ᠂  ᠪᠡᠶ᠎ᠡ ᠵᠢᠨ ᠲᠠᠮᠢᠷ᠂  ᠪᠡᠯᠡᠳᠭᠡᠮᠵᠢᠳᠤ ᠲᠠᠷᠢᠶᠠᠯᠠᠩ ᠵᠡᠷᠭᠡ ᠠᠵᠤ ᠦᠢ᠍ᠯᠡᠰ᠎ᠢ ᠨᠡᠭᠡᠭᠡᠨ ᠬᠥᠭᠵᠢᠭᠦᠯᠬᠦ ᠵᠢ ᠵᠥᠪᠰᠢᠶᠡᠷᠡᠨ᠎ᠡ; ᠡᠭᠦᠨ᠎ᠳᠤ ᠣᠶ ᠰᠢᠭᠤᠶ ᠡᠪᠡᠰᠦ ᠪᠡᠯᠴᠢᠭᠡᠷ᠎ᠢ ᠵᠠᠰᠠᠨ ᠰᠡᠷᠭᠦᠭᠡᠬᠦ᠎ᠪᠠᠷ ᠭᠤᠤᠯ ᠪᠣᠯᠭ᠋ᠠᠭᠰᠠᠨ ᠲᠥᠷᠥᠯ ᠵᠦᠢ᠍ᠯ᠎ᠢ ᠠᠰᠢᠭᠯᠠᠵᠤ ᠪᠣᠯᠬᠤ ᠪᠥᠭᠡᠳ ᠠᠰᠢᠭᠯᠠᠵᠤ ᠪᠣᠯᠬᠤ ᠵᠢ 3%᠎ᠠᠴᠠ ᠬᠡᠲᠦᠷᠡᠭᠦᠯᠬᠦ ᠥᠬᠡᠶ᠂  ᠠᠮᠢ ᠠᠬᠤᠶ ᠵᠢᠨ ᠠᠵᠤ ᠦᠢ᠍ᠯᠡᠰ᠎ᠢ ᠨᠡᠭᠡᠭᠡᠨ ᠬᠥᠭᠵᠢᠭᠦᠯᠵᠦ ᠪᠣᠯᠤᠨ᠎ᠠ᠃ 《ᠵᠢᠯᠣᠭᠤᠳᠬᠤ ᠰᠠᠨᠠᠯ》᠎ᠨᠢ ᠬᠠᠮᠢᠶ᠎ᠠ ᠪᠥᠬᠦᠶ ᠲᠥᠷᠥ ᠵᠢᠨ ᠪᠣᠳᠣᠯᠭ᠎ᠠ ᠵᠢᠨ ᠲᠣᠭᠲᠠᠭ᠋ᠠᠯ᠎ᠢ ᠭᠦᠢ᠍ᠴᠡᠳ ᠵᠣᠯᠭ᠋ᠠᠭᠤᠯᠵᠤ᠂  ᠨᠡᠶ᠋ᠢᠭᠡᠮ᠎ᠤᠨ ᠬᠥᠷᠥᠩᠭᠡ ᠵᠢᠨ ᠭᠤᠤᠯ ᠴᠣᠭᠴᠠ ᠵᠢᠨ ᠤᠰᠤ ᠰᠢᠷᠤᠢ ᠵᠢᠨ ᠢᠳᠡᠭᠳᠡᠯ᠎ᠢ ᠵᠠᠰᠠᠬᠤ ᠠᠵᠢᠯ᠎ᠢ ᠪᠥᠬᠦ ᠲᠤᠭ᠎ᠠ᠎ᠪᠠᠷ ᠲᠥᠪᠯᠡᠷᠡᠭᠦᠯᠦᠨ ᠵᠠᠯᠭ᠋ᠠᠯᠳᠤᠭᠤᠯᠤᠨ ᠥᠷᠨᠢᠭᠦᠯᠵᠦ ᠪᠣᠯᠬᠤ ᠵᠢ ᠲᠣᠳᠣᠷᠬᠠᠶ᠋ᠢᠯᠠᠭᠰᠠᠨ᠎ᠤ ᠳᠠᠷᠠᠭ᠎ᠠ᠂  ᠬᠠᠤᠯᠢ ᠲᠣᠭᠲᠠᠭ᠋ᠠᠯ ᠶᠣᠰᠣᠭ᠋ᠠᠷ ᠵᠣᠬᠢᠬᠤ ᠬᠠᠷᠢᠴᠠᠯ᠎ᠤᠨ ᠰᠢᠨ᠎ᠡ᠎ᠪᠠᠷ ᠨᠡᠮᠡᠭᠳᠡᠭᠰᠡᠨ ᠪᠥᠲᠥᠭᠡᠨ ᠪᠠᠶ᠋ᠢᠭᠤᠯᠤᠯᠲᠠ᠎ᠳᠤ ᠬᠡᠷᠡᠭᠯᠡᠬᠦ ᠭᠠᠵᠠᠷ᠎ᠤᠨ ᠬᠡᠷᠡᠭᠯᠡᠬᠦ ᠡᠷᠬᠡ ᠵᠢ ᠣᠯᠵᠤ ᠪᠣᠯᠬᠤ ᠵᠢ ᠲᠣᠳᠣᠷᠬᠠᠶ᠋ᠢᠯᠠᠬᠤ ᠵᠢᠨ ᠬᠠᠮᠲᠤ᠂  ᠣᠶ᠋ᠢᠷ᠎ᠠ ᠵᠢᠨ ᠵᠢᠯ᠎ᠤᠳ᠎ᠲᠤ ᠡᠯ᠎ᠡ ᠭᠠᠵᠠᠷ᠎ᠤᠨ ᠬᠡᠷᠡᠭᠵᠢᠭᠦᠯᠦᠭᠰᠡᠨ ᠤᠰᠤ ᠰᠢᠷᠤᠢ ᠵᠢ ᠬᠠᠮᠠᠭ᠋ᠠᠯᠠᠬᠤ ᠭᠤᠤᠯᠳᠠᠯᠭ᠎ᠠ᠎ᠲᠠᠢ ᠢᠨᠵᠧᠨᠧᠷᠢᠩ᠎ᠤᠨ ᠵᠠᠰᠠᠯᠲᠠ ᠵᠢᠨ ᠬᠡᠪᠴᠢᠶ᠎ᠡ᠎ᠪᠠᠷ ᠯᠠᠪᠯᠠᠯᠲᠠ ᠪᠣᠯᠭ᠋ᠠᠵᠤ᠂  ᠠᠳᠠᠯᠢ ᠪᠤᠰᠤ ᠲᠥᠷᠥᠯ ᠵᠦᠢ᠍ᠯ᠎ᠤᠨ ᠵᠠᠰᠠᠯᠲᠠ ᠵᠢᠨ ᠲᠠᠯᠠᠪᠠᠶ ᠵᠢᠨ ᠳᠣᠣᠷᠠᠳᠤ ᠬᠢᠵᠠᠭ᠋ᠠᠷ᠎ᠢ ᠨᠠᠷᠢᠯᠢᠬ᠍ᠵᠢᠭᠤᠯᠤᠨ ᠲᠣᠳᠣᠷᠬᠠᠶ᠋ᠢᠯᠠᠪᠠ᠂  ᠳᠠᠷᠤᠶ 《ᠵᠢᠵᠢᠭ ᠰᠠᠪᠠ ᠭᠠᠵᠠᠷ᠎ᠤᠨ ᠶᠡᠷᠦᠩᠬᠡᠶ᠋ᠢᠯᠡᠨ ᠵᠠᠰᠠᠬᠤ ᠲᠠᠯᠠᠪᠠᠶ ᠵᠢ 5000 ᠮᠦ᠍᠎ᠠᠴᠠ ᠪᠠᠭ᠎ᠠ ᠪᠤᠰᠤ ᠪᠠᠶ᠋ᠢᠯᠭ᠋ᠠᠵᠤ᠂  ᠨᠠᠯᠠᠤ ᠲᠠᠷᠢᠶᠠᠨ ᠭᠠᠵᠠᠷ᠎ᠤᠨ ᠲᠠᠯᠠᠪᠠᠶ ᠵᠢ 500 ᠮᠦ᠍᠎ᠠᠴᠠ ᠪᠠᠭ᠎ᠠ ᠪᠤᠰᠤ ᠶᠡᠷᠦᠩᠬᠡᠶ᠋ᠢᠯᠡᠨ ᠵᠠᠰᠠᠵᠤ᠂  ᠨᠤᠷᠠᠯᠲᠠ ᠵᠢᠨ ᠭᠠᠵᠠᠷ᠎ᠢ ᠵᠠᠰᠠᠭᠰᠠᠨ ᠲᠠᠯᠠᠪᠠᠢ ᠵᠢ 250 ᠮᠦ᠍᠎ᠠᠴᠠ ᠪᠠᠭ᠎ᠠ ᠪᠠᠢ᠌ᠯᠭ᠋ᠠᠵᠤ ᠪᠣᠯᠬᠤ ᠦᠭᠡᠢ》 ᠭᠡᠵᠦ ᠶᠡᠷᠦᠩᠬᠡᠶ᠋ᠢᠯᠡᠨ ᠴᠡᠭᠴᠡᠯᠡᠨ ᠵᠠᠰᠠᠪᠠ᠃

   ᠮᠥᠩᠭᠦᠨ ᠭᠦᠢ᠍ᠯᠭᠡᠭᠡᠨ᠎ᠤ ᠳᠡᠮᠵᠢᠯᠭᠡ ᠵᠢᠨ ᠲᠥᠷᠥ ᠵᠢᠨ ᠪᠣᠳᠣᠯᠭ᠎ᠠ ᠵᠢᠨ ᠲᠤᠬᠠᠶ᠃ 2022 ᠣᠨ᠎ᠠᠴᠠ ᠨᠠᠭ᠋ᠠᠰᠢ᠂  ᠤᠯᠤᠰ᠎ᠤᠨ ᠬᠥᠭᠵᠢᠭᠦᠯᠦᠯᠲᠡ ᠪᠠ ᠥᠭᠡᠷᠡᠴᠢᠯᠡᠯᠲᠡ ᠵᠢᠨ ᠵᠥᠪᠯᠡᠯ᠂  ᠡᠳ᠋᠎ᠤᠨ ᠵᠠᠰᠠᠭ᠎ᠤᠨ ᠶᠠᠮᠤᠨ᠂  ᠤᠰᠤᠨ ᠠᠰᠢᠭᠯᠠᠯᠲᠠ ᠵᠢᠨ ᠶᠠᠮᠤᠨ ᠵᠢᠴᠢ ᠬᠤᠯᠪᠣᠭᠳᠠᠯ ᠪᠥᠬᠦᠶ ᠮᠥᠩᠭᠦᠨ ᠭᠦᠢ᠍ᠯᠭᠡᠭᠡᠨ᠎ᠤ ᠪᠠᠶ᠋ᠢᠭᠤᠯᠤᠮᠵᠢ ᠰᠠᠭᠤᠷᠢ ᠲᠥᠬᠦᠭᠡᠷᠦᠮᠵᠢ ᠵᠢᠨ ᠪᠠᠯᠠ ᠣᠷᠣᠭᠤᠯᠤᠯᠲᠠ ᠪᠠᠯᠠ ᠲᠣᠬᠢᠷᠠᠭᠤᠯᠭ᠎ᠠ ᠵᠢᠨ ᠪᠠᠶ᠋ᠢᠭᠤᠯᠤᠯ᠎ᠤᠨ ᠥᠭᠡᠷᠡᠴᠢᠯᠡᠯᠲᠡ ᠵᠢ ᠤᠯᠠᠮ ᠨᠢᠭᠡ ᠠᠯᠬᠤᠮ ᠭᠦᠨᠵᠡᠭᠡᠶ᠋ᠢᠷᠡᠭᠦᠯᠬᠦ ᠲᠤᠬᠠᠶ ᠨᠠᠮ᠎ᠤᠨ ᠲᠥᠪ ᠬᠤᠷᠢᠶ᠎ᠠ᠂  ᠲᠥᠷᠥ ᠵᠢᠨ ᠶᠠᠪᠤᠳᠠᠯ᠎ᠤᠨ ᠬᠤᠷᠢᠶᠠᠨ᠎ᠤ ᠬᠤᠯᠪᠣᠭᠳᠠᠯ ᠪᠥᠬᠦᠶ ᠪᠠᠶ᠋ᠢᠷᠢᠯᠠᠭᠤᠯᠤᠯᠲᠠ ᠵᠢ ᠭᠦᠨᠵᠡᠭᠡᠶ ᠲᠤᠭᠤᠰᠢᠯᠠᠭᠤᠯᠵᠤ᠂ 《ᠤᠯᠤᠰ᠎ᠤᠨ ᠬᠥᠭᠵᠢᠭᠦᠯᠦᠯᠲᠡ ᠪᠠ ᠥᠭᠡᠷᠡᠴᠢᠯᠡᠯᠲᠡ ᠵᠢᠨ ᠵᠥᠪᠯᠡᠯ᠂  ᠡᠳ᠋᠎ᠤᠨ ᠵᠠᠰᠠᠭ᠎ᠤᠨ ᠶᠠᠮᠤᠨ᠎ᠤ 〈ᠵᠠᠰᠠᠭ᠎ᠤᠨ ᠣᠷᠳᠣᠨ ᠪᠠ ᠨᠡᠶ᠋ᠢᠭᠡᠮ᠎ᠤᠨ ᠬᠥᠷᠥᠩᠭᠡ ᠵᠢᠨ ᠬᠠᠮᠲᠤᠷᠠᠯᠴᠠᠭ᠋ᠠᠨ᠎ᠤ ᠰᠢᠨ᠎ᠡ ᠲᠣᠭᠲᠠᠴᠠ ᠵᠢ ᠵᠢᠷᠤᠮᠵᠢᠭᠤᠯᠤᠨ ᠬᠡᠷᠡᠭᠵᠢᠭᠦᠯᠬᠦ ᠲᠤᠬᠠᠶ ᠵᠢᠯᠣᠭᠤᠳᠬᠤ ᠰᠠᠨᠠᠯ〉》᠂ 《ᠨᠡᠶ᠋ᠢᠭᠡᠮ᠎ᠤᠨ ᠬᠥᠷᠥᠩᠭᠡ ᠵᠢᠨ ᠪᠠᠯᠠ ᠣᠷᠣᠭᠤᠯᠤᠯᠲᠠ ᠲᠠᠷᠢᠶᠠᠯᠠᠩ ᠬᠥᠳᠡᠭᠡ ᠲᠣᠰᠬᠤᠨ᠎ᠤ ᠵᠢᠯᠣᠭᠤᠳᠣᠯᠭ᠎ᠠ (2022 ᠣᠨ)》᠂ 《ᠤᠰᠤᠨ ᠠᠰᠢᠭᠯᠠᠯᠲᠠ ᠵᠢᠨ ᠶᠠᠮᠤᠨ ᠳᠤᠮᠳᠠᠳᠤ ᠤᠯᠤᠰ᠎ᠤᠨ ᠠᠷᠠᠳ᠎ᠤᠨ ᠪᠠᠩᠬᠢ ᠵᠢᠨ ᠤᠰᠤᠨ ᠠᠰᠢᠭᠯᠠᠯᠲᠠ ᠵᠢᠨ ᠰᠠᠭᠤᠷᠢ ᠲᠥᠬᠦᠭᠡᠷᠦᠮᠵᠢ ᠵᠢᠨ ᠪᠥᠲᠥᠭᠡᠨ ᠪᠠᠶ᠋ᠢᠭᠤᠯᠤᠯᠲᠠ ᠵᠢᠨ ᠪᠠᠯᠠ ᠣᠷᠣᠭᠤᠯᠤᠯᠲᠠ ᠪᠠᠯᠠ ᠲᠣᠬᠢᠷᠠᠭᠤᠯᠭ᠎ᠠ ᠵᠢᠨ ᠦᠢ᠍ᠯᠡᠴᠢᠯᠡᠭᠡᠨ᠎ᠤ ᠠᠵᠢᠯ᠎ᠢ ᠴᠢᠩᠭ᠋ᠠᠳᠬᠠᠬᠤ ᠲᠤᠬᠠᠶ ᠰᠠᠨᠠᠯ》 ᠵᠡᠷᠭᠡ ᠵᠢ ᠳᠠᠷᠤᠮᠠᠯᠯᠠᠨ ᠲᠠᠷᠬᠠᠭ᠋ᠠᠵᠤ᠂  ᠤᠰᠤᠨ ᠠᠰᠢᠭᠯᠠᠯᠲᠠ ᠵᠢᠨ ᠪᠠᠯᠠ ᠣᠷᠣᠭᠤᠯᠤᠯᠲᠠ ᠪᠠᠯᠠ ᠲᠣᠬᠢᠷᠠᠭᠤᠯᠭ᠎ᠠ ᠵᠢᠨ ᠲᠣᠭᠲᠠᠴᠠ ᠵᠢᠨ ᠰᠢᠨ᠎ᠡ ᠵᠢ ᠡᠭᠦᠳᠦᠨ ᠥᠷᠭᠡᠳᠬᠡᠬᠦ ᠵᠢ ᠠᠬᠢᠭᠤᠯᠵᠤ᠂  ᠠᠷᠠᠳ᠎ᠤᠨ ᠪᠠᠯᠠ ᠣᠷᠣᠭᠤᠯᠤᠯᠲᠠ ᠵᠢᠨ ᠠᠮᠢᠵᠢᠷᠠᠯ᠎ᠤᠨ ᠬᠦᠴᠦᠨ᠎ᠢ ᠬᠥᠭᠵᠢᠭᠡᠪᠡ᠃ 《ᠵᠢᠯᠣᠭᠤᠳᠬᠤ ᠰᠠᠨᠠᠯ》᠎ᠨᠢ ᠬᠠᠮᠢᠶ᠎ᠠ ᠪᠦᠬᠦᠢ ᠲᠥᠷᠥ ᠵᠢᠨ ᠪᠣᠳᠣᠯᠭ᠎ᠠ ᠵᠢ ᠨᠢᠭᠲᠠ ᠵᠣᠯᠭ᠋ᠠᠯᠳᠤᠭᠤᠯᠵᠤ᠂  ᠣᠷᠣᠨ ᠨᠤᠲᠤᠭ᠎ᠤᠨ ᠤᠯᠤᠰ᠎ᠤᠨ ᠵᠢᠭᠡᠯᠡᠯᠭᠡ᠂  ᠣᠷᠣᠨ ᠨᠤᠲᠤᠭ᠎ᠤᠨ ᠵᠠᠰᠠᠭ᠎ᠤᠨ ᠣᠷᠳᠣᠨ᠎ᠤ ᠲᠤᠰᠬᠠᠶ ᠵᠦᠢ᠍ᠯ᠎ᠤᠨ ᠵᠢᠭᠡᠯᠡᠯᠭᠡ ᠵᠢᠨ ᠲᠡᠮᠳᠡᠭᠲᠦ᠂  ᠮᠥᠩᠭᠦᠨ ᠭᠦᠢ᠍ᠯᠭᠡᠭᠡᠨ᠎ᠤ ᠢᠲᠡᠭᠡᠮᠵᠢᠲᠦ ᠵᠢᠭᠡᠯᠡᠯᠭᠡ ᠵᠢᠨ ᠪᠡᠯᠡ ᠮᠥᠩᠭᠦ ᠵᠢ ᠰᠠᠶ᠋ᠢᠲᠤᠷ ᠬᠡᠷᠡᠭᠯᠡᠬᠦ ᠵᠢ ᠵᠣᠷᠢᠭᠵᠢᠭᠤᠯᠬᠤ᠂  ᠤᠯᠠᠨ ᠡᠰᠢᠵᠢᠭᠰᠡᠨ ᠪᠡᠯᠡ ᠣᠷᠣᠭᠤᠯᠵᠤ ᠪᠡᠯᠡ ᠲᠣᠬᠢᠷᠠᠭᠤᠯᠬᠤ ᠵᠠᠭᠪᠤᠷ᠎ᠤᠨ ᠰᠢᠨ᠎ᠡ ᠵᠢ ᠡᠭᠦᠳᠴᠦ᠂  ᠨᠡᠶ᠋ᠢᠭᠡᠮ᠎ᠤᠨ ᠬᠥᠷᠥᠩᠭᠡ ᠵᠢ ᠲᠠᠳᠠᠨ ᠤᠰᠤ ᠰᠢᠷᠤᠢ ᠵᠢᠨ ᠢᠳᠡᠭᠳᠡᠯ᠎ᠢ ᠵᠠᠰᠠᠬᠤ᠎ᠳᠤ ᠣᠷᠣᠯᠴᠠᠭᠤᠯᠤᠨ᠎ᠠ; ᠮᠥᠩᠭᠦᠨ ᠭᠦᠢ᠍ᠯᠭᠡᠭᠡᠨ᠎ᠤ ᠪᠠᠶ᠋ᠢᠭᠤᠯᠤᠮᠵᠢ ᠵᠢᠨ ᠤᠰᠤ ᠰᠢᠷᠤᠢ ᠵᠢ ᠬᠠᠮᠠᠭ᠋ᠠᠯᠠᠬᠤ ᠲᠥᠷᠥᠯ ᠵᠦᠢ᠍ᠯ᠎ᠳᠤ ᠣᠷᠣᠯᠴᠠᠬᠤ ᠵᠢ ᠳᠡᠮᠵᠢᠵᠦ᠂  ᠲᠣᠬᠢᠷᠠᠮᠵᠢᠲᠠᠶ ᠮᠥᠩᠭᠦᠨ ᠭᠦᠢ᠍ᠯᠭᠡᠭᠡᠨ᠎ᠤ ᠦᠢ᠍ᠯᠡᠳᠬᠦᠨ᠎ᠢ ᠢᠳᠡᠪᠬᠢᠲᠡᠶ᠎ᠪᠠᠷ ᠨᠡᠭᠡᠭᠡᠨ ᠬᠥᠭᠵᠢᠭᠦᠯᠬᠦ᠂  ᠪᠡᠯᠡ ᠲᠣᠬᠢᠷᠠᠭᠤᠯᠬᠤ ᠠᠷᠭ᠎ᠠ ᠵᠠᠮ᠎ᠢ ᠥᠷᠭᠡᠳᠬᠡᠬᠦ ᠵᠢ ᠳᠡᠮᠵᠢᠵᠦ᠂  ᠤᠰᠤ ᠰᠢᠷᠤᠢ ᠵᠢᠨ ᠢᠳᠡᠭᠳᠡᠯ᠎ᠢ ᠵᠠᠰᠠᠬᠤ ᠪᠡᠯᠡ ᠣᠷᠣᠭᠤᠯᠤᠯᠲᠠ ᠵᠢᠨ ᠡᠷᠴᠢᠮ᠎ᠢ ᠴᠢᠩᠭ᠋ᠠᠷᠠᠭᠤᠯᠬᠤ ᠲᠤᠬᠠᠶ ᠲᠣᠳᠣᠷᠬᠠᠶ ᠲᠣᠭᠲᠠᠭ᠋ᠠᠯ ᠭᠠᠷᠭ᠋ᠠᠪᠠ᠃

   ᠥᠮᠴᠢᠯᠡᠬᠦ ᠡᠷᠬᠡ ᠵᠢ ᠳᠡᠮᠵᠢᠬᠦ ᠲᠥᠷᠥ ᠵᠢᠨ ᠪᠤᠳᠣᠯᠭ᠎ᠠ᠃  ᠵᠠᠰᠠᠯᠲᠠ᠎ᠳᠤ ᠣᠷᠣᠯᠴᠠᠭᠰᠠᠨ᠎ᠤ ᠳᠠᠷᠠᠭ᠎ᠠ ᠣᠯᠤᠭᠰᠠᠨ ᠭᠠᠵᠠᠷ ᠰᠢᠷᠣᠶ ᠬᠡᠷᠡᠭᠯᠡᠬᠦ ᠡᠷᠬᠡ ᠵᠡᠷᠭᠡ ᠬᠠᠤᠯᠢ ᠶᠣᠰᠣᠭ᠋ᠠᠷ ᠡᠷᠭᠢᠯᠳᠦᠭᠦᠯᠦᠨ ᠰᠢᠢ᠍ᠳᠪᠦᠷᠢᠯᠡᠬᠦ ᠡᠷᠬᠡ ᠠᠰᠢᠭ᠎ᠢ᠎ᠨᠢ ᠲᠣᠳᠣᠷᠬᠠᠶ᠋ᠢᠯᠠᠬᠤ ᠪᠣᠯ ᠨᠡᠶ᠋ᠢᠭᠡᠮ᠎ᠤᠨ ᠬᠥᠷᠥᠩᠭᠡ ᠵᠢᠨ ᠪᠡᠶᠡᠴᠢ ᠴᠣᠭᠴᠠ ᠵᠢᠨ ᠬᠠᠤᠯᠢ ᠶᠣᠰᠣᠨ᠎ᠤ ᠡᠷᠬᠡ ᠠᠰᠢᠭ᠎ᠢ ᠪᠠᠲᠤᠯᠠᠬᠤ᠂  ᠪᠡᠯᠡ ᠣᠷᠣᠭᠤᠯᠤᠯᠲᠠ ᠵᠢᠨ ᠢᠳᠡᠪᠬᠢ ᠴᠢᠨᠠᠷ᠎ᠢ ᠨᠡᠮᠡᠭᠳᠡᠭᠦᠯᠬᠦ ᠴᠢᠬᠤᠯᠠ ᠠᠷᠭ᠎ᠠ ᠬᠡᠮᠵᠢᠶ᠎ᠡ ᠮᠥᠨ᠃ 《ᠵᠢᠯᠣᠭᠤᠳᠬᠤ ᠰᠠᠨᠠᠯ》᠎ᠨᠢ ᠬᠠᠮᠢᠶ᠎ᠠ ᠪᠦᠬᠦᠢ ᠬᠠᠤᠯᠢ ᠴᠠᠭ᠋ᠠᠵᠠ ᠬᠠᠤᠯᠢ ᠲᠣᠭᠲᠠᠭ᠋ᠠᠯ᠎ᠤᠨ ᠰᠠᠭᠤᠷᠢᠨ ᠳᠡᠭᠡᠷ᠎ᠡ᠂  ᠨᠡᠶ᠋ᠢᠭᠡᠮ᠎ᠤᠨ ᠬᠥᠷᠥᠩᠭᠡ ᠵᠢᠨ ᠬᠠᠮᠢᠶ᠎ᠠ ᠪᠦᠬᠦᠢ ᠡᠷᠬᠡ ᠠᠰᠢᠭ᠎ᠲᠤ ᠲᠣᠭᠲᠠᠭ᠋ᠠᠯ ᠭᠠᠷᠭ᠋ᠠᠵᠤ᠂ 《ᠬᠡᠨ ᠪᠡᠯᠡ ᠣᠷᠣᠭᠤᠯᠪᠠᠯ᠂  ᠬᠡᠨ ᠠᠰᠢᠭ ᠬᠦᠷᠲᠡᠬᠦ》 ᠵᠠᠷᠴᠢᠮ ᠶᠣᠰᠣᠭ᠋ᠠᠷ᠂  ᠨᠡᠶ᠋ᠢᠭᠡᠮ᠎ᠤᠨ ᠬᠥᠷᠥᠩᠭᠡ ᠵᠢᠨ ᠭᠤᠣᠯ ᠴᠣᠭᠴᠠ᠎ᠨᠢ ᠤᠰᠤ ᠰᠢᠷᠣᠢ ᠵᠢ ᠬᠠᠮᠠᠭ᠋ᠠᠯᠠᠬᠤ ᠢᠨᠵᠧᠨᠧᠷᠢᠩ᠎ᠢ ᠪᠦᠲᠦᠭᠡᠨ ᠪᠠᠶ᠋ᠢᠭᠤᠯᠵᠤ ᠤᠰᠤ ᠰᠢᠷᠣᠢ ᠵᠢᠨ ᠢᠳᠡᠭᠳᠡᠯ᠎ᠢ ᠵᠠᠰᠠᠬᠤ ᠵᠢᠨ ᠬᠠᠮᠲᠤ ᠬᠠᠤᠯᠢ ᠶᠣᠰᠣᠭ᠋ᠠᠷ ᠣᠯᠣᠭᠰᠠᠨ ᠭᠠᠵᠠᠷ ᠰᠢᠷᠣᠢ ᠵᠢᠨ ᠬᠡᠷᠡᠭᠯᠡᠬᠦ ᠡᠷᠬᠡ ᠵᠡᠷᠭᠡ ᠬᠠᠮᠢᠶ᠎ᠠ ᠪᠦᠬᠦᠢ ᠡᠷᠬᠡ ᠠᠰᠢᠭ᠎ᠲᠤ ᠪᠦᠬᠦ ᠲᠤᠭ᠎ᠠ᠎ᠪᠠᠷ ᠪᠡᠯᠡ ᠣᠷᠣᠭᠤᠯᠤᠨ ᠪᠦᠲᠦᠭᠡᠨ ᠪᠠᠶ᠋ᠢᠭᠤᠯᠵᠤ᠂  ᠵᠠᠰᠠᠵᠤ ᠰᠡᠷᠭᠦᠭᠡᠬᠦ ᠡᠭᠦᠷᠭᠡ᠎ᠪᠠᠨ ᠪᠡᠶᠡᠯᠡᠭᠦᠯᠦᠭᠰᠡᠨ᠎ᠤ ᠳᠠᠷᠠᠭ᠎ᠠ᠂  ᠬᠠᠤᠯᠢ ᠲᠣᠭᠲᠠᠭ᠋ᠠᠯ ᠶᠣᠰᠣᠭ᠋ᠠᠷ ᠡᠷᠭᠢᠯᠳᠦᠭᠦᠯᠬᠦ ᠵᠢᠨ ᠬᠠᠮᠲᠤ ᠵᠣᠬᠢᠬᠤ ᠠᠰᠢᠭ ᠣᠷᠣᠯᠭ᠎ᠠ ᠣᠯᠵᠤ ᠪᠣᠯᠣᠨ᠎ᠠ ᠭᠡᠵᠦ ᠲᠣᠳᠣᠷᠬᠠᠶ᠋ᠢᠯᠠᠪᠠ᠃

   ᠳᠡᠮᠵᠢᠯᠭᠡ ᠦᠵᠡᠭᠦᠯᠬᠦ ᠲᠥᠷᠥ ᠵᠢᠨ ᠪᠣᠳᠣᠯᠭ᠎ᠠ ᠵᠢᠨ ᠲᠤᠬᠠᠢ᠃  ᠤᠰᠤᠨ ᠠᠰᠢᠭᠯᠠᠯᠲᠠ ᠵᠢᠨ ᠶᠠᠮᠤᠨ᠎ᠠᠴᠠ 《ᠤᠰᠤ ᠰᠢᠷᠤᠢ ᠵᠢ ᠬᠠᠮᠠᠭ᠋ᠠᠯᠠᠬᠤ ᠢᠨᠵᠸᠨ᠋ᠸᠷᠢᠩ᠎ᠤᠨ ᠪᠦᠲᠦᠭᠡᠨ ᠪᠠᠶ᠋ᠢᠭᠤᠯᠤᠯᠲᠠ ᠵᠢ ᠤᠯᠠᠮ ᠨᠢᠭᠡ ᠠᠯᠬᠤᠮ ᠲᠦᠯᠬᠢᠨ ᠠᠬᠢᠭᠤᠯᠬᠤ ᠵᠢᠨ ᠱᠠᠩᠨᠠᠬᠤ᠎ᠪᠠᠷ ᠲᠤᠰᠠᠯᠠᠬᠤ ᠵᠢ ᠣᠷᠣᠯᠠᠭᠤᠯᠬᠤ ᠲᠤᠬᠠᠶ ᠤᠰᠤᠨ ᠠᠰᠢᠭᠯᠠᠯᠲᠠ ᠵᠢᠨ ᠶᠠᠮᠤᠨ᠎ᠤ ᠵᠢᠯᠣᠭᠣᠳᠬᠤ ᠰᠠᠨᠠᠯ》᠎ᠢ ᠳᠠᠷᠤᠮᠠᠯᠯᠠᠨ ᠲᠠᠷᠬᠠᠭ᠋ᠠᠵᠤ᠂  ᠣᠷᠣᠨ ᠨᠤᠲᠤᠭ᠎ᠢ ᠵᠢᠯᠣᠭᠣᠳᠤᠨ ᠳᠡᠮᠵᠢᠵᠦ ᠪᠠᠶ᠋ᠢᠭ᠋ᠠᠳ ᠱᠠᠩᠨᠠᠬᠤ᠎ᠪᠠᠷ ᠲᠤᠰᠠᠯᠠᠬᠤ ᠵᠢ ᠣᠷᠣᠯᠠᠭᠤᠯᠬᠤ ᠵᠠᠭᠪᠤᠷ᠎ᠢ ᠠᠪᠴᠤ᠂  ᠨᠡᠶ᠋ᠢᠭᠡᠮ᠎ᠤᠨ ᠬᠥᠷᠥᠩᠭᠡ ᠵᠢ ᠲᠠᠲᠠᠵᠤ ᠤᠰᠤ ᠰᠢᠷᠤᠢ ᠵᠢᠨ ᠢᠳᠡᠭᠳᠡᠯ᠎ᠢ ᠵᠠᠰᠠᠬᠤ᠎ᠳᠤ ᠣᠷᠣᠯᠴᠠᠭᠤᠯᠬᠤ ᠬᠡᠷᠡᠭᠲᠡᠶ᠃  ᠨᠠᠮ᠎ᠤᠨ ᠲᠥᠪ ᠬᠤᠷᠢᠶᠠᠨ᠎ᠤ ᠠᠯᠪᠠᠨ ᠲᠢᠩᠬᠢᠮ᠂  ᠲᠥᠷᠥ ᠵᠢᠨ ᠶᠠᠪᠤᠳᠠᠯ᠎ᠤᠨ ᠬᠤᠷᠢᠶᠠᠨ᠎ᠤ ᠠᠯᠪᠠᠨ ᠲᠢᠩᠬᠢᠮ᠎ᠤᠨ ᠳᠠᠷᠤᠮᠠᠯᠯᠠᠨ ᠲᠠᠷᠬᠠᠭ᠋ᠠᠭᠰᠠᠨ 《ᠰᠢᠨ᠎ᠡ ᠴᠠᠭ ᠦᠶ᠎ᠡ ᠵᠢᠨ ᠤᠰᠤ ᠰᠢᠷᠤᠢ ᠵᠢ ᠬᠠᠮᠠᠭ᠋ᠠᠯᠠᠬᠤ ᠠᠵᠢᠯ᠎ᠢ ᠴᠢᠩᠭ᠋ᠠᠳᠬᠠᠬᠤ ᠲᠤᠬᠠᠶ ᠰᠠᠨᠠᠯ》᠎ᠳᠤ 《ᠱᠠᠩᠨᠠᠬᠤ᠎ᠪᠠᠷ ᠨᠥᠬᠦᠪᠥᠷᠢ ᠵᠢ ᠣᠷᠣᠯᠠᠭᠤᠯᠬᠤ᠂  ᠠᠵᠢᠯ ᠣᠯᠭᠤᠯᠲᠠ᠎ᠪᠠᠷ ᠲᠡᠳᠬᠦᠮᠵᠢ ᠵᠢ ᠣᠷᠣᠯᠠᠭᠤᠯᠬᠤ ᠵᠡᠷᠭᠡ ᠪᠥᠲᠥᠭᠡᠨ ᠪᠠᠶ᠋ᠢᠭᠤᠯᠤᠯᠲᠠ ᠵᠢᠨ ᠵᠠᠭᠪᠤᠷ᠎ᠢ ᠢᠳᠡᠪᠬᠢᠲᠡᠶ ᠬᠡᠷᠡᠭᠵᠢᠭᠦᠯᠵᠦ᠂  ᠲᠣᠰᠬᠤᠨ᠎ᠤ ᠱᠠᠲᠤᠨ᠎ᠤ ᠵᠣᠬᠢᠶᠠᠨ ᠪᠠᠶ᠋ᠢᠭᠤᠯᠤᠯᠲᠠ᠂  ᠭᠠᠵᠠᠷ ᠰᠢᠷᠣᠶ ᠵᠢᠨ ᠬᠡᠷᠡᠭᠯᠡᠭᠴᠢ᠂  ᠳᠠᠭ᠋ᠠᠭ᠋ᠠᠴᠢᠯᠠᠨ ᠡᠵᠡᠩᠨᠡᠭᠴᠢ ᠵᠢᠨ ᠦᠢ᠍ᠯᠡᠳᠦᠯ᠎ᠢ ᠰᠠᠶ᠋ᠢᠲᠤᠷ ᠪᠠᠳᠠᠷᠠᠭᠤᠯᠵᠤ᠂  ᠨᠡᠶ᠋ᠢᠭᠡᠮ᠎ᠤᠨ ᠬᠥᠷᠥᠩᠭᠡ ᠪᠠ ᠵᠠᠰᠠᠯᠲᠠ ᠵᠢᠨ ᠣᠷᠣᠨ᠎ᠤ ᠣᠯᠠᠨ ᠲᠦᠮᠡᠨ᠎ᠤ ᠢᠨᠵᠸᠨ᠋ᠸᠷᠢᠩ᠎ᠤᠨ ᠪᠥᠲᠥᠭᠡᠨ ᠪᠠᠶ᠋ᠢᠭᠤᠯᠤᠯᠲᠠ᠎ᠳᠤ ᠣᠷᠣᠯᠴᠠᠬᠤ ᠵᠢ ᠳᠡᠮᠵᠢᠬᠦ ᠪᠠ ᠬᠥᠲᠥᠯᠦᠨ ᠵᠢᠯᠣᠭᠤᠳᠤᠨ᠎ᠠ ᠭᠡᠵᠦ ᠲᠣᠳᠣᠷᠬᠠᠶ ᠳᠤᠷᠠᠳᠤᠨ ᠭᠠᠷᠭ᠋ᠠᠵᠠᠢ》᠃ 《ᠵᠢᠯᠣᠭᠤᠳᠬᠤ ᠰᠠᠨᠠᠯ》᠎ᠳᠤ ᠬᠠᠮᠢᠶ᠎ᠠ ᠪᠦᠬᠦᠢ ᠲᠥᠷᠥ ᠵᠢᠨ ᠪᠣᠳᠣᠯᠭ᠎ᠠ ᠵᠢᠨ ᠱᠠᠭ᠋ᠠᠷᠳᠠᠯᠭ᠎ᠠ ᠵᠢᠴᠢ ᠣᠷᠣᠨ ᠨᠤᠲᠤᠭ᠎ᠤᠨ ᠦᠢ᠍ᠯᠡᠳᠦᠯᠭᠡ ᠵᠢᠨ ᠲᠤᠷᠰᠢᠯᠭ᠎ᠠ ᠵᠢ ᠰᠢᠩᠭᠡᠭᠡᠨ ᠠᠪᠴᠤ᠂  ᠣᠷᠣᠨ ᠨᠤᠲᠤᠭ᠎ᠤᠨ᠎ᠬᠢᠨ᠎ᠤ ᠣᠳᠣ ᠵᠢᠨ ᠪᠠᠶ᠋ᠢᠭ᠎ᠠ ᠪᠡᠯᠡ ᠣᠷᠣᠭᠤᠯᠤᠯᠲᠠ ᠵᠢᠨ ᠠᠷᠭ᠎ᠠ ᠵᠠᠮ ᠵᠶ᠋ᠠᠨ ᠠᠰᠢᠭᠯᠠᠬᠤ ᠵᠢ ᠳᠡᠮᠵᠢᠵᠦ᠂  ᠱᠠᠩᠨᠠᠬᠤ᠎ᠪᠠᠷ ᠨᠥᠬᠦᠪᠦᠷᠢ ᠵᠢ ᠣᠷᠣᠯᠠᠭᠤᠯᠬᠤ᠂  ᠠᠵᠢᠯ ᠣᠯᠭᠤᠬᠤ᠎ᠪᠠᠷ ᠲᠡᠳᠬᠦᠮᠵᠢ ᠵᠢ ᠣᠷᠣᠯᠠᠭᠤᠯᠬᠤ ᠵᠡᠷᠭᠡ ᠲᠥᠷᠥᠯ ᠵᠦᠢ᠍ᠯ᠎ᠢ ᠬᠡᠷᠡᠭᠵᠢᠭᠦᠯᠬᠦ ᠵᠠᠭᠪᠤᠷ᠎ᠢ ᠶᠡᠬᠡᠪᠡᠷ ᠬᠡᠷᠡᠭᠵᠢᠭᠦᠯᠵᠦ᠂  ᠤᠰᠤ ᠰᠢᠷᠣᠢ ᠵᠢᠨ ᠢᠳᠡᠭᠳᠡᠯ᠎ᠢ ᠵᠠᠰᠠᠬᠤ᠎ᠳᠤ ᠨᠡᠶ᠋ᠢᠭᠡᠮ᠎ᠤᠨ ᠬᠥᠷᠥᠩᠭᠡ ᠵᠢᠨ ᠭᠤᠣᠯ ᠴᠣᠭᠴᠠ ᠵᠢᠨ ᠣᠷᠣᠯᠴᠠᠬᠤ ᠢᠳᠡᠪᠬᠢᠵᠢᠯ᠎ᠢ ᠭᠦᠢ᠍ᠴᠡᠳ ᠳᠠᠶ᠋ᠢᠴᠢᠯᠠᠬᠤ ᠬᠡᠷᠡᠭᠲᠡᠢ᠃

   ᠪᠤᠰᠤᠳ ᠳᠡᠮᠵᠢᠬᠦ ᠲᠥᠷᠥ ᠵᠢᠨ ᠪᠤᠳᠣᠯᠭ᠎ᠠ ᠵᠢᠨ ᠲᠤᠬᠠᠶ᠃  ᠤᠢ᠍ᠢ᠍ᠷ᠎ᠠ ᠵᠢᠨ ᠵᠢᠯ᠎ᠠᠴᠠ᠂  ᠡᠯ᠎ᠡ ᠭᠠᠵᠠᠷ᠎ᠤᠨ᠎ᠬᠢᠨ ᠨᠡᠶ᠋ᠢᠭᠡᠮ᠎ᠤᠨ ᠬᠦᠷᠦᠩᠭᠡ ᠵᠢᠨ ᠤᠰᠤ ᠰᠢᠷᠣᠢ ᠵᠢᠨ ᠢᠳᠡᠭᠳᠡᠯ᠎ᠢ ᠵᠠᠰᠠᠬᠤ᠎ᠳᠤ ᠣᠷᠣᠯᠴᠠᠬᠤ ᠵᠢ ᠵᠣᠷᠢᠭᠵᠢᠭᠤᠯᠬᠤ ᠲᠠᠯ᠎ᠠ᠎ᠪᠠᠷ ᠦᠢ᠍ᠯᠡᠳᠦᠯᠭᠡ ᠵᠢᠨ ᠰᠦᠪᠡᠭᠴᠢᠯᠡᠯᠲᠡ ᠵᠢ ᠢᠳᠡᠪᠬᠢᠲᠡᠢ ᠥᠷᠨᠢᠭᠦᠯᠵᠦ᠂  ᠱᠠᠨᠰᠢ ᠵᠢᠨ ᠴᠢᠶᠠᠨ ᠶᠠᠩ ᠰᠢᠶᠠᠨ ᠵᠢᠴᠢ ᠠᠨᠾᠦ᠋ᠢ ᠵᠢᠨ ᠳ᠋ᠢᠩ ᠶᠤᠸᠠᠨ ᠰᠢᠶᠠᠨ᠎ᠤ ᠨᠠᠯᠠᠤ ᠲᠠᠷᠢᠶᠠᠨ ᠭᠠᠵᠠᠷ᠎ᠤᠨ ᠤᠰᠤ ᠰᠢᠷᠣᠢ ᠵᠢᠨ ᠢᠳᠡᠭᠳᠡᠯ᠎ᠢ ᠵᠠᠰᠠᠬᠤ ᠲᠦᠷᠦᠯ ᠵᠦᠢ᠍ᠯ᠎ᠤᠨ ᠰᠢᠨ᠎ᠡ᠎ᠪᠠᠷ ᠨᠡᠮᠡᠭᠳᠡᠭᠰᠡᠨ ᠲᠠᠷᠢᠶᠠᠨ ᠭᠠᠵᠠᠷ ᠵᠢᠴᠢ ᠰᠢᠨ᠎ᠡ᠎ᠪᠠᠷ ᠨᠡᠮᠡᠭᠳᠡᠭᠰᠡᠨ ᠦᠢ᠍ᠯᠡᠳᠪᠦᠷᠢᠯᠡᠯ᠎ᠤᠨ ᠴᠢᠳᠠᠪᠤᠷᠢ ᠵᠢᠨ ᠠᠷᠠᠯᠵᠢᠶ᠎ᠠ᠂  ᠹᠦᠵᠢᠶᠠᠨ᠎ᠤ ᠴᠠᠩᠲ᠋ᠢᠩ ᠨᠡᠭᠦᠷᠡᠰᠦᠲᠥ᠋ᠷᠥᠭᠴᠢ ᠵᠢᠨ ᠬᠤᠷᠠᠮᠠᠯ᠎ᠤᠨ ᠠᠷᠠᠯᠵᠢᠶ᠎ᠠ᠂  ᠵᠧᠵᠢᠶᠠᠩ᠎ᠤᠨ ᠠᠨ ᠵᠢᠢ ᠤᠰᠤ ᠰᠢᠷᠣᠢ ᠵᠢᠨ ᠠᠮᠢ ᠠᠬᠤᠢ ᠵᠢᠨ ᠦᠷᠳᠡᠭ᠎ᠢ ᠬᠠᠮᠠᠭ᠋ᠠᠯᠠᠬᠤ ᠵᠡᠷᠭᠡ ᠠᠵᠢᠯᠯᠠᠭ᠎ᠠ᠎ᠪᠠᠷ ᠲᠥᠯᠥᠭᠡᠯᠡᠭᠦᠯᠦᠭᠰᠡᠨ ᠨᠢᠭᠡ ᠪᠦᠯᠦᠭ ᠨᠡᠶ᠋ᠢᠲᠡᠯᠢᠭ ᠬᠡᠷᠡᠭ᠎ᠤᠨ ᠵᠢᠱ᠌ᠢᠶ᠎ᠡ ᠵᠢ ᠪᠦᠷᠢᠯᠳᠦᠭᠦᠯᠵᠦ᠂  ᠰᠠᠶ᠋ᠢᠨ ᠰᠠᠶ᠋ᠢᠬᠠᠨ ᠠᠮᠢ ᠠᠬᠤᠢ ᠵᠢᠨ ᠦᠷ᠎ᠡ ᠠᠰᠢᠭ᠂  ᠠᠵᠤ ᠠᠬᠤᠢ ᠵᠢᠨ ᠦᠷ᠎ᠡ ᠠᠰᠢᠭ ᠪᠣᠯᠤᠨ ᠨᠡᠶ᠋ᠢᠭᠡᠮ᠎ᠤᠨ ᠦᠷ᠎ᠡ ᠠᠰᠢᠭ᠎ᠢ ᠣᠯᠤᠭᠰᠠᠨ ᠪᠠᠶ᠋ᠢᠨ᠎ᠠ᠂ 《ᠵᠢᠯᠣᠭᠤᠳᠬᠤ ᠰᠠᠨᠠᠯ》᠎ᠨᠢ ᠬᠤᠯᠪᠣᠭᠳᠠᠯ ᠪᠦᠬᠦᠢ ᠬᠡᠷᠡᠭ᠎ᠤᠨ ᠵᠢᠱ᠌ᠢᠶ᠎ᠡ ᠵᠢᠨ ᠠᠮᠵᠢᠯᠲᠠ᠎ᠲᠠᠢ ᠲᠤᠷᠰᠢᠯᠭ᠎ᠠ ᠵᠢ ᠳ᠋ᠦᠩᠨᠡᠭᠰᠡᠨ ᠰᠠᠭᠤᠷᠢᠨ ᠳᠡᠭᠡᠷ᠎ᠡ᠂  ᠤᠰᠤ ᠰᠢᠷᠣᠢ ᠵᠢ ᠬᠠᠮᠠᠭ᠋ᠠᠯᠠᠬᠤ ᠠᠮᠢ ᠠᠬᠤᠢ ᠵᠢᠨ ᠪᠦᠲᠦᠭᠡᠭᠳᠡᠬᠦᠨ᠎ᠤ ᠦᠷᠳᠡᠭ᠎ᠢ ᠪᠡᠶᠡᠯᠡᠭᠦᠯᠬᠦ᠂  ᠤᠰᠤ ᠰᠢᠷᠣᠢ ᠵᠢ ᠬᠠᠮᠠᠭ᠋ᠠᠯᠠᠨ ᠨᠡᠭᠦᠷᠡᠰᠦᠲᠥ᠋ᠷᠥᠭᠴᠢ ᠵᠢ ᠬᠤᠷᠠᠭᠤᠯᠵᠤ᠂  ᠠᠮᠢ ᠠᠬᠤᠢ ᠵᠢᠨ ᠬᠠᠮᠠᠭ᠋ᠠᠯᠠᠯᠲᠠ ᠵᠢᠨ ᠨᠥᠬᠦᠪᠥᠷᠢ ᠵᠢᠨ ᠲᠣᠭᠲᠠᠴᠠ ᠵᠢ ᠪᠠᠶ᠋ᠢᠭᠤᠯᠬᠤ ᠵᠡᠷᠭᠡ ᠦᠢ᠍ᠯᠡᠳᠦᠯᠭᠡ ᠵᠢᠨ ᠰᠦᠪᠡᠭᠴᠢᠯᠡᠯᠲᠡ ᠵᠢ ᠢᠳᠡᠪᠬᠢᠲᠡᠢ ᠥᠷᠨᠢᠭᠦᠯᠬᠦ᠎ᠳᠤ ᠲᠣᠭᠲᠠᠭ᠋ᠠᠯ ᠭᠠᠷᠭ᠋ᠠᠪᠠ᠃

  (ᠲᠦᠷᠪᠡ) ᠪᠠᠲᠤᠯᠠᠭ᠎ᠠ ᠵᠢᠨ ᠠᠷᠭ᠎ᠠ ᠬᠡᠮᠵᠢᠶ᠎ᠡ᠃  ᠭᠤᠤᠯᠳᠠᠭᠤ ᠵᠣᠬᠢᠶᠠᠨ ᠪᠠᠶ᠋ᠢᠭᠤᠯᠤᠯᠲᠠ ᠵᠢᠨ ᠤᠳᠤᠷᠢᠳᠤᠯᠭ᠎ᠠ᠂  ᠬᠠᠮᠢᠶᠠᠷᠤᠯᠲᠠ ᠦᠢ᠍ᠯᠡᠴᠢᠯᠡᠭᠡ᠂  ᠲᠦᠭᠰᠢᠭᠦᠷᠢ ᠵᠢ ᠰᠡᠷᠭᠡᠶ᠋ᠢᠯᠡᠬᠦ ᠪᠠ ᠤᠬᠠᠭᠤᠯᠵᠤ ᠬᠥᠲᠥᠯᠥᠨ ᠵᠢᠯᠣᠭᠤᠳᠬᠤ ᠳᠥᠷᠪᠡᠨ ᠲᠠᠯ᠎ᠠ᠎ᠪᠠᠷ ᠲᠣᠳᠣᠷᠬᠠᠶ ᠱᠠᠭ᠋ᠠᠷᠳᠠᠯᠭ᠎ᠠ ᠳᠤᠷᠠᠳᠪᠠ᠃  ᠡᠭᠦᠨ᠎ᠳᠤ ᠲᠦᠭᠰᠢᠭᠦᠷᠢ ᠵᠢ ᠰᠡᠷᠭᠡᠶ᠋ᠢᠯᠡᠬᠦ ᠲᠠᠯ᠎ᠠ᠎ᠪᠠᠷ᠂  ᠤᠰᠤ ᠰᠢᠷᠤᠢ ᠵᠢᠨ ᠢᠳᠡᠭᠳᠡᠯ᠎ᠢ ᠵᠠᠰᠠᠬᠤ᠎ᠳᠤ ᠨᠡᠶ᠋ᠢᠭᠡᠮ᠎ᠤᠨ ᠬᠥᠷᠥᠩᠭᠡ ᠵᠢᠨ ᠣᠷᠣᠯᠴᠠᠬᠤ ᠶᠠᠪᠤᠴᠠ᠎ᠳᠤ 《ᠬᠡᠰᠡᠭ ᠪᠤᠰᠠᠭ ᠪᠣᠯᠭ᠋ᠠᠬᠤ》᠂ 《ᠪᠠᠢ᠌ᠷᠢ ᠰᠤᠯᠢᠭᠳᠠᠬᠤ》 ᠵᠠᠰᠠᠯᠲᠠ ᠵᠢᠨ ᠠᠰᠠᠭᠤᠳᠠᠯ ᠭᠠᠷᠬᠤ ᠵᠢ ᠭᠣᠤᠯᠳᠠᠯᠭ᠎ᠠ᠎ᠲᠠᠢ ᠪᠣᠳᠣᠯᠬᠢᠯᠠᠵᠤ᠂  ᠨᠠᠵᠠᠭ᠋ᠠᠶ ᠲᠠᠯ᠎ᠠ ᠵᠢᠨ ᠨᠠᠷᠢᠨ ᠬᠠᠭᠤᠳᠠᠰᠤ ᠵᠢᠨ ᠲᠣᠭᠲᠠᠴᠠ ᠵᠢ ᠰᠦᠪᠡᠭᠴᠢᠯᠡᠨ ᠪᠠᠶ᠋ᠢᠭᠤᠯᠵᠤ᠂  ᠨᠡᠶ᠋ᠢᠭᠡᠮ᠎ᠤᠨ ᠬᠥᠷᠥᠩᠭᠡ ᠵᠢ ᠬᠥᠲᠥᠯᠥᠨ ᠵᠢᠯᠣᠭᠣᠳᠴᠤ ᠪᠠᠶ᠋ᠢᠭ᠋ᠠᠳ ᠤᠰᠤ ᠰᠢᠷᠤᠢ ᠵᠢᠨ ᠢᠳᠡᠭᠳᠡᠯ᠎ᠢ ᠵᠠᠰᠠᠬᠤ᠎ᠳᠤ ᠣᠷᠣᠯᠴᠠᠭᠤᠯᠬᠤ ᠬᠡᠷᠡᠭᠲᠡᠶ ᠭᠡᠵᠦ ᠲᠣᠳᠣᠷᠬᠠᠶ ᠳᠤᠷᠠᠳᠤᠨ ᠭᠠᠷᠭ᠋ᠠᠪᠠ᠃  ᠡᠭᠦᠨ᠎ᠤ ᠬᠠᠮᠲᠤ᠂  ᠲᠠᠷᠢᠶᠠᠨ ᠭᠠᠵᠠᠷ᠎ᠢ ᠡᠵᠡᠯᠡᠬᠦ ᠪᠠ ᠨᠥᠬᠦᠪᠥᠷᠢᠯᠡᠬᠦ ᠵᠢ ᠲᠡᠩᠴᠡᠭᠦᠷᠢᠲᠡᠶ ᠪᠠᠶ᠋ᠢᠯᠭ᠋ᠠᠬᠤ ᠥᠭᠡᠷᠡᠴᠢᠯᠡᠯᠲᠡ ᠵᠢᠨ ᠰᠢᠨ᠎ᠡ ᠲᠥᠷᠥ ᠵᠢᠨ ᠪᠣᠳᠣᠯᠭ᠎ᠠ ᠵᠢᠨ ᠱᠠᠭ᠋ᠠᠷᠳᠠᠯᠭ᠎ᠠ ᠵᠢ ᠵᠣᠯᠭ᠋ᠠᠭᠤᠯᠵᠤ᠂  ᠣᠷᠣᠨ ᠨᠤᠲᠤᠭ ᠬᠢᠭᠡᠳ ᠨᠡᠶ᠋ᠢᠭᠡᠮ᠎ᠤᠨ ᠬᠥᠷᠥᠩᠭᠡ ᠵᠢᠨ ᠠᠰᠢᠭ ᠲᠤᠰᠠ ᠵᠢᠨ ᠬᠥᠳᠡᠯᠭᠡᠭᠦᠷ ᠳᠣᠤᠷ᠎ᠠ ᠵᠥᠪᠬᠡᠨ ᠰᠢᠨ᠎ᠡ᠎ᠪᠠᠷ ᠨᠡᠮᠡᠭᠳᠡᠭᠰᠡᠨ ᠲᠠᠷᠢᠶᠠᠨ ᠭᠠᠵᠠᠷ᠎ᠤᠨ ᠭᠦᠢ᠍ᠴᠡᠳᠭᠡᠯ ᠲᠤᠭ᠎ᠠ ᠵᠢ ᠬᠥᠭᠡᠭᠡᠴᠡᠯᠳᠦᠬᠦ᠂  ᠣᠷᠣᠰᠢᠨ ᠲᠣᠭᠲᠠᠨᠢᠬᠤ ᠨᠥᠬᠦᠴᠡᠯ᠎ᠢ ᠥᠯᠥ ᠬᠠᠶ᠋ᠢᠬᠤᠷᠤᠨ ᠠᠯᠪᠠᠳᠠᠯᠭ᠎ᠠ᠎ᠪᠠᠷ ᠨᠥᠬᠦᠪᠥᠷᠢᠯᠡᠬᠦ ᠦᠢ᠍ᠯᠡ ᠠᠵᠢᠯᠯᠠᠭ᠎ᠠ᠎ᠳᠤ ᠲᠣᠳᠣᠷᠬᠠᠶ ᠲᠣᠭᠲᠠᠭ᠋ᠠᠯ ᠭᠠᠷᠭ᠋ᠠᠪᠠ᠃

   ᠭᠤᠷᠪᠠ᠂ 《ᠵᠢᠯᠣᠭᠤᠳᠬᠤ ᠰᠠᠨᠠᠯ》᠎ᠢ ᠬᠡᠷᠡᠭᠵᠢᠭᠦᠯᠬᠦ ᠵᠢ ᠲᠦᠯᠬᠢᠨ ᠠᠬᠢᠭᠤᠯᠬᠤ ᠲᠠᠯ᠎ᠠ᠎ᠪᠠᠷ᠎ᠬᠢ ᠪᠣᠳᠣᠯᠬᠢᠯᠠᠯ

   ᠨᠢᠭᠡ᠎ᠳᠤ᠂  ᠠᠵᠢᠯ᠎ᠤᠨ ᠠᠬᠢᠭᠤᠯᠤᠯᠲᠠ ᠵᠢ ᠴᠢᠩᠭ᠋ᠠᠳᠬᠠᠨ᠎ᠠ᠃  ᠪᠠᠶ᠋ᠢᠭ᠋ᠠᠯᠢ ᠵᠢᠨ ᠡᠬᠢ ᠪᠠᠶᠠᠯᠢᠭ᠎ᠤᠨ ᠰᠠᠯᠠᠭ᠎ᠠ ᠮᠥᠴᠢᠷ᠎ᠲᠠᠢ ᠤᠯᠠᠮ ᠨᠢᠭᠡ ᠠᠯᠬᠤᠮ ᠵᠣᠯᠭ᠋ᠠᠭᠤᠯᠵᠤ᠂ 《ᠵᠢᠯᠣᠭᠤᠳᠬᠤ ᠰᠠᠨᠠᠯ》᠎ᠢ ᠨᠠᠶ᠋ᠢᠳᠠᠪᠤᠷᠢᠵᠢᠭᠤᠯᠤᠨ ᠦᠷ᠎ᠡ ᠪᠦᠲᠦᠮᠵᠢ ᠤᠯᠬᠤ ᠵᠢ ᠬᠠᠮᠲᠤ᠎ᠪᠠᠷ ᠠᠬᠢᠭᠤᠯᠬᠤ ᠠᠵᠢᠯ᠎ᠤᠨ ᠨᠡᠶ᠋ᠢᠯᠡᠮᠡᠯ ᠬᠦᠴᠦᠨ᠎ᠢ ᠪᠦᠷᠢᠯᠳᠦᠭᠦᠯᠬᠦ ᠵᠢ ᠠᠬᠢᠭᠤᠯᠬᠤ ᠬᠡᠷᠡᠭᠳᠡᠢ᠃  ᠣᠷᠣᠨ ᠨᠤᠲᠤᠭ᠎ᠢ ᠵᠢᠯᠣᠭᠤᠳᠴᠤ ᠪᠠᠶ᠋ᠢᠭ᠋ᠠᠳ ᠪᠣᠳᠠᠲᠤ ᠪᠠᠶ᠋ᠢᠳᠠᠯ᠎ᠲᠠᠢ᠎ᠪᠠᠨ ᠤᠶᠠᠯᠳᠤᠭᠤᠯᠤᠨ ᠲᠣᠬᠢᠷᠠᠮᠵᠢᠲᠠᠶ ᠭᠠᠵᠠᠷ ᠣᠷᠣᠨ᠎ᠢ ᠤᠷᠢᠳᠠᠪᠠᠷ ᠲᠤᠷᠰᠢᠨ ᠤᠷᠢᠳᠠᠪᠠᠷ ᠲᠤᠷᠰᠢᠨ ᠬᠡᠷᠡᠭᠵᠢᠭᠦᠯᠵᠦ᠂  ᠠᠳᠠᠯᠢ ᠪᠤᠰᠤ ᠣᠷᠣᠨ ᠪᠦᠰᠡ ᠵᠢ ᠬᠠᠮᠤᠷᠤᠭᠰᠠᠨ᠂  ᠠᠳᠠᠯᠢ ᠪᠤᠰᠤ ᠵᠠᠰᠠᠯᠲᠠ ᠵᠢᠨ ᠵᠠᠭᠪᠤᠷ᠎ᠢ ᠬᠠᠮᠤᠷᠤᠭᠰᠠᠨ ᠨᠢᠭᠡ ᠪᠦᠯᠦᠭ ᠵᠢᠱ᠌ᠢᠶ᠎ᠡ ᠦᠵᠡᠭᠦᠯᠬᠦ ᠬᠡᠷᠡᠭ᠎ᠤᠨ ᠵᠢᠱ᠌ᠢᠶ᠎ᠡ ᠵᠢᠴᠢ ᠲᠤᠷᠰᠢᠯᠭ᠎ᠠ ᠬᠢᠳᠡᠯ᠎ᠢ ᠠᠭᠤᠳᠠᠯᠤᠨ ᠪᠦᠷᠢᠯᠳᠦᠭᠦᠯᠵᠦ᠂  ᠵᠢᠱ᠌ᠢᠶ᠎ᠡ ᠦᠵᠡᠭᠦᠯᠵᠦ ᠬᠥᠲᠥᠯᠥᠨ ᠳᠠᠭ᠋ᠠᠭᠤᠯᠬᠤ ᠦᠢ᠍ᠯᠡᠳᠦᠯ᠎ᠢ ᠪᠠᠳᠠᠷᠠᠭᠤᠯᠤᠨ᠎ᠠ᠃

   ᠬᠤᠶᠠᠷ᠎ᠲᠤ᠂  ᠤᠬᠠᠭᠤᠯᠤᠨ ᠲᠠᠶ᠋ᠢᠯᠪᠤᠷᠢᠯᠠᠬᠤ ᠵᠢ ᠴᠢᠩᠭ᠋ᠠᠳᠬᠠᠨ᠎ᠠ᠃  ᠣᠯᠠᠨ ᠵᠦᠢ᠍ᠯ᠎ᠤᠨ ᠠᠷᠭ᠎ᠠ ᠵᠠᠮ ᠪᠠ ᠬᠡᠯᠪᠡᠷᠢ᠎ᠪᠠᠷ ᠳᠠᠮᠵᠢᠭᠤᠯᠤᠨ᠂  ᠲᠥᠷᠥ ᠵᠢᠨ ᠪᠣᠳᠣᠯᠭ᠎ᠠ ᠵᠢ ᠤᠬᠠᠭᠤᠯᠤᠨ ᠲᠠᠶ᠋ᠢᠯᠪᠤᠷᠢᠯᠠᠬᠤ ᠠᠵᠢᠯ᠎ᠢ ᠭᠦᠨᠵᠡᠭᠡᠶ ᠨᠠᠷᠢᠨ ᠨᠢᠮᠪᠠᠶ ᠰᠠᠶ᠋ᠢᠲᠤᠷ ᠬᠢᠵᠦ᠂  ᠡᠯ᠎ᠡ ᠱᠠᠲᠤᠨ᠎ᠤ ᠣᠷᠣᠨ ᠨᠤᠲᠤᠭ᠎ᠤᠨ ᠤᠰᠤᠨ᠎ᠤ ᠶᠠᠪᠤᠳᠠᠯ᠎ᠤᠨ ᠵᠠᠰᠠᠭ ᠵᠠᠬᠢᠷᠭ᠋ᠠᠨ᠎ᠤ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ᠂  ᠨᠡᠶ᠋ᠢᠭᠡᠮ᠎ᠤᠨ ᠬᠥᠷᠥᠩᠭᠡ ᠵᠢᠨ ᠭᠤᠤᠯ ᠴᠣᠭᠴᠠ ᠵᠢ ᠵᠢᠯᠣᠭᠤᠳᠤᠨ ᠠᠵᠤ ᠦᠢ᠍ᠯᠡᠰ᠎ᠤᠨ ᠨᠡᠭᠡᠭᠡᠨ ᠬᠥᠭᠵᠢᠭᠦᠯᠬᠦ᠎ᠳᠤ ᠭᠠᠵᠠᠷ ᠬᠡᠷᠡᠭᠯᠡᠬᠦ᠂  ᠮᠦᠩᠭᠦᠨ ᠭᠦᠢ᠍ᠯᠭᠡᠭᠡ᠂  ᠲᠠᠷᠢᠶᠠᠨ ᠭᠠᠵᠠᠷ᠎ᠢ ᠡᠵᠡᠯᠡᠬᠦ ᠪᠠ ᠨᠦᠬᠦᠪᠦᠷᠢᠯᠡᠬᠦ ᠵᠢ ᠲᠡᠩᠴᠡᠭᠦᠷᠢᠲᠠᠢ ᠪᠠᠢ᠌ᠯᠭ᠋ᠠᠬᠤ᠂  ᠠᠮᠢ ᠠᠬᠤᠢ ᠵᠢᠨ ᠪᠦᠲᠦᠭᠡᠭᠳᠡᠭᠦᠨ᠎ᠤ ᠦᠷᠲᠡᠭ᠎ᠢ ᠪᠡᠶᠡᠯᠡᠭᠦᠯᠬᠦ ᠵᠡᠷᠭᠡ ᠳᠡᠮᠵᠢᠯᠭᠡ ᠵᠢᠨ ᠲᠦᠷᠦ ᠵᠢᠨ ᠪᠤᠳᠤᠯᠭ᠎ᠠ ᠵᠢ ᠰᠠᠢ᠌ᠳᠤᠷ ᠬᠡᠷᠡᠭᠯᠡᠨ᠎ᠡ᠃

   ᠭᠤᠷᠪᠠ᠎ᠳᠤ᠂  ᠣᠷᠣᠭᠤᠯᠤᠯᠲᠠ ᠵᠢᠨ ᠪᠠᠲᠤᠯᠠᠭ᠎ᠠ ᠵᠢ ᠴᠢᠩᠭ᠋ᠠᠳᠬᠠᠨ᠎ᠠ᠃  ᠣᠲᠣ ᠵᠢᠨ ᠪᠠᠶ᠋ᠢᠭ᠎ᠠ ᠪᠠᠯᠠ ᠣᠷᠣᠭᠤᠯᠤᠯᠲᠠ ᠵᠢᠨ ᠠᠷᠭ᠎ᠠ ᠵᠠᠮ᠎ᠢ ᠠᠰᠢᠭᠯᠠᠨ᠂  ᠤᠰᠤ ᠰᠢᠷᠤᠢ ᠵᠢᠨ ᠢᠳᠡᠭᠳᠡᠯ᠎ᠢ ᠭᠤᠤᠯᠳᠠᠯᠭ᠎ᠠ᠎ᠲᠠᠢ ᠵᠠᠰᠠᠬᠤ ᠵᠢ ᠦᠷᠭᠦᠯᠵᠢᠯᠡᠨ ᠲᠦᠷᠭᠡᠳᠬᠡᠨ ᠠᠬᠢᠭᠤᠯᠤᠨ᠎ᠠ᠃  ᠤᠰᠤ ᠰᠢᠷᠤᠢ ᠵᠢ ᠬᠠᠮᠠᠭ᠋ᠠᠯᠠᠬᠤ ᠭᠣᠤᠯᠳᠠᠯᠭ᠎ᠠ᠎ᠲᠠᠢ ᠢᠨᠵᠧᠨᠧᠷᠢᠩ᠎ᠢ ᠵᠣᠬᠢᠶᠠᠨ ᠪᠠᠶ᠋ᠢᠭᠤᠯᠤᠨ ᠬᠡᠷᠡᠭᠵᠢᠭᠦᠯᠬᠦ ᠠᠷᠭ᠎ᠠ ᠮᠠᠶᠢᠭ᠎ᠲᠤ ᠰᠢᠨ᠎ᠡ ᠵᠢ ᠡᠭᠦᠳᠴᠦ᠂  ᠱᠠᠩᠨᠠᠬᠤ᠎ᠪᠠᠷ ᠨᠥᠬᠥᠪᠥᠷᠢᠯᠡᠬᠦ ᠵᠢ ᠣᠷᠣᠯᠠᠭᠤᠯᠬᠤ᠂  ᠠᠵᠢᠯ ᠣᠯᠭᠣᠬᠤ᠎ᠪᠠᠷ ᠲᠡᠳᠬᠦᠮᠵᠢ ᠵᠢ ᠣᠷᠣᠯᠠᠭᠤᠯᠬᠤ ᠵᠡᠷᠭᠡ ᠲᠥᠷᠥᠯ ᠵᠦᠢ᠍ᠯ᠎ᠢ ᠬᠡᠷᠡᠭᠵᠢᠭᠦᠯᠬᠦ ᠬᠡᠪ ᠵᠠᠭᠪᠤᠷ᠎ᠢ ᠶᠡᠬᠡᠪᠡᠷ ᠬᠡᠷᠡᠭᠵᠢᠭᠦᠯᠵᠦ᠂  ᠨᠡᠶ᠋ᠢᠭᠡᠮ᠎ᠤᠨ ᠬᠥᠷᠥᠩᠭᠡ ᠪᠣᠯᠤᠨ ᠵᠠᠰᠠᠬᠤ ᠣᠷᠣᠨ᠎ᠤ ᠣᠯᠠᠨ ᠲᠦᠮᠡᠨ᠎ᠤ ᠢᠨᠵᠸᠨ᠋ᠸᠷᠢᠩ᠎ᠤᠨ ᠪᠦᠲᠦᠭᠡᠨ ᠪᠠᠶ᠋ᠢᠭᠤᠯᠤᠯᠲᠠ᠎ᠳᠤ ᠣᠷᠣᠯᠴᠠᠬᠤ ᠵᠢ ᠳᠡᠮᠵᠢᠬᠦ ᠪᠠ ᠬᠥᠲᠥᠯᠥᠨ ᠵᠢᠯᠣᠭᠣᠳᠤᠨ᠎ᠠ᠃

 

ᠢᠷᠡᠯᠲᠡ᠄ ᠪᠦᠭᠦᠳᠡ ᠨᠠᠶ᠋ᠢᠷᠠᠮᠳᠠᠬᠤ ᠳᠤᠮᠳᠠᠳᠤ ᠠᠷᠠᠳ ᠤᠯᠤᠰ᠎ᠤᠨ ᠤᠰᠤᠨ ᠠᠰᠢᠭᠯᠠᠯᠳᠠ ᠵᠢᠨ ᠶᠠᠮᠤᠨ
          
ᠬᠠᠮᠢᠶ᠎ᠡ ᠪᠦᠬᠦᠢ ᠰᠣᠨᠢᠨ
【ᠵᠢᠷᠤᠭᠲᠤ ᠲᠠᠢ᠌ᠯᠤᠮᠵᠢ】《ᠤᠰᠤ ᠰᠢᠷᠤᠢ ᠵᠢᠨ ᠢᠳᠡᠭᠳᠡᠯ᠎ᠤᠨ ᠵᠠᠰᠠᠯᠲᠠ᠎ᠳᠤ ᠨᠡᠶ᠋ᠢᠭᠡᠮ᠎ᠤᠨ ᠬᠥᠷᠥᠩᠭᠡ ᠵᠢᠨ ᠣᠷᠣᠯᠴᠠᠬᠤ ᠵᠢ ᠵᠣᠷᠢᠭᠵᠢᠭᠤᠯᠤᠨ ᠳᠡᠮᠵᠢᠬᠦ ᠲᠤᠬᠠᠶ ᠵᠢᠯᠣᠭᠤᠳᠬᠤ ᠰᠠᠨᠠᠯ》᠎ᠤᠨ ᠲᠠᠶ᠋ᠢᠯᠤᠮᠵᠢ
ᠤᠰᠤᠨ ᠠᠰᠢᠭᠯᠠᠯᠲᠠ ᠵᠢᠨ ᠶᠠᠮᠤᠨ᠎ᠤ ᠤᠰᠤ ᠰᠢᠷᠣᠶ ᠵᠢ ᠬᠠᠮᠠᠭ᠋ᠠᠯᠠᠬᠤ ᠵᠤᠷᠭ᠋ᠠᠨ 《ᠠᠮᠢ ᠠᠬᠤᠶ ᠵᠢᠨ ᠴᠡᠪᠡᠷ ᠵᠢᠵᠢᠭ ᠰᠠᠪᠠ ᠭᠠᠵᠠᠷ᠎ᠤᠨ ᠪᠥᠲᠥᠭᠡᠨ ᠪᠠᠶ᠋ᠢᠭᠤᠯᠤᠯᠲᠠ ᠵᠢ ᠲᠦᠷᠭᠡᠳᠬᠡᠨ ᠠᠬᠢᠭᠤᠯᠬᠤ ᠲᠤᠬᠠᠶ ᠵᠢᠯᠣᠭᠤᠳᠬᠤ ᠰᠠᠨᠠᠯ》᠎ᠳᠤ ᠲᠠᠶ᠋ᠢᠯᠤᠮᠵᠢ ᠬᠢᠪᠠ
《ᠣᠷᠳᠣᠰ ᠬᠤᠲᠠ ᠵᠢᠨ ᠤᠰᠤᠨ᠎ᠤ ᠵᠠᠰᠠᠭ ᠵᠠᠬᠢᠷᠭ᠋ᠠᠨ᠎ᠤ ᠰᠢᠢ᠍ᠳᠭᠡᠯ ᠲᠣᠷᠭ᠋ᠠᠭᠤᠯᠢ ᠵᠢᠨ ᠴᠢᠯᠥᠭᠡᠲᠦ ᠲᠠᠰᠤᠯᠤᠯᠲᠠ ᠵᠢᠨ ᠡᠷᠬᠡ ᠵᠢᠨ ᠰᠠᠭᠤᠷᠢ ᠪᠠᠷᠢᠮᠵᠢᠶ᠎ᠠ (ᠲᠤᠷᠰᠢᠨ ᠬᠡᠷᠡᠭᠵᠢᠭᠦᠯᠬᠦ)》 ᠵᠢᠨ ᠲᠤᠬᠠᠶ ᠣᠷᠳᠣᠰ ᠬᠤᠲᠠ ᠵᠢᠨ ᠤᠰᠤᠨ ᠠᠰᠢᠭᠯᠠᠯᠲᠠ ᠵᠢᠨ ᠲᠣᠪᠴᠢᠶ᠎ᠠ ᠵᠢᠨ ᠲᠣᠭᠲᠠᠭ᠋ᠠᠭᠰᠠᠨ ᠲᠣᠳᠣᠷᠬᠠᠶ᠋ᠢᠯᠠᠯᠲᠠ
ᠦᠰᠦᠭ ᠪᠢᠴᠢᠭ ᠵᠶ᠋ᠠᠷ ᠥᠭᠦᠯᠡᠬᠦᠢ᠄ 《ᠲᠦᠩᠯᠢᠶᠣᠤ ᠬᠤᠲᠠ ᠵᠢᠨ ᠲᠠᠷᠢᠶᠠᠯᠠᠩ᠎ᠤᠨ ᠤᠰᠤᠨ᠎ᠤ ᠦᠨ᠎ᠡ ᠬᠠᠩᠰᠢ ᠵᠢᠨ ᠶᠡᠷᠦᠩᠬᠡᠶ᠋ᠢᠯᠡᠭᠰᠡᠨ ᠥᠭᠡᠷᠡᠴᠢᠯᠡᠯᠲᠡ ᠵᠢᠨ ᠵᠢᠯᠣᠭᠤᠳᠬᠤ ᠰᠠᠨᠠᠯ》
《ᠤᠰᠤᠨ᠎ᠤ ᠡᠬᠢ ᠪᠠᠶᠠᠯᠢᠭ᠎ᠤᠨ ᠭᠠᠶ᠋ᠢᠯᠢ ᠵᠢᠨ ᠥᠭᠡᠷᠡᠴᠢᠯᠡᠯᠲᠡ ᠵᠢᠨ ᠲᠤᠷᠰᠢᠯᠲᠠ ᠵᠢᠨ ᠬᠡᠷᠡᠭᠵᠢᠭᠦᠯᠬᠦ ᠠᠷᠭ᠎ᠠ》 ᠵᠢᠨ ᠡᠷᠬᠡ ᠰᠦᠷᠲᠦ ᠲᠠᠢ᠌ᠯᠪᠤᠷᠢ
 
            