ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠣᠨᠴᠠᠯᠢᠭᠲᠤ᠌ ᠳᠠᠪᠴᠠᠩ
ᠢᠯᠡ ᠵᠠᠰᠠᠭ   -   ᠲᠦᠷᠥ᠎ᠶᠢᠨ ᠪᠣᠳᠣᠯᠭ᠎ᠠ᠎ᠶᠢᠨ ᠲᠠᠶ᠋ᠢᠯᠤᠮᠵᠢ
《ᠤᠰᠤᠨ᠎ᠤ ᠡᠬᠢ ᠪᠠᠶᠠᠯᠢᠭ᠎ᠤᠨ ᠭᠠᠶ᠋ᠢᠯᠢ ᠵᠢᠨ ᠥᠭᠡᠷᠡᠴᠢᠯᠡᠯᠲᠡ ᠵᠢᠨ ᠲᠤᠷᠰᠢᠯᠲᠠ ᠵᠢᠨ ᠬᠡᠷᠡᠭᠵᠢᠭᠦᠯᠬᠦ ᠠᠷᠭ᠎ᠠ》 ᠵᠢᠨ ᠡᠷᠬᠡ ᠰᠦᠷᠲᠦ ᠲᠠᠢ᠌ᠯᠪᠤᠷᠢ
ᠨᠡᠶ᠋ᠢᠲᠡᠯᠡᠭᠰᠡᠨ ᠴᠠᠭ᠄ 2024-10-17

   ᠨᠠᠮ᠎ᠤᠨ ᠬᠤᠷᠢᠳᠤᠭ᠋ᠠᠷ ᠶᠡᠭᠡ ᠬᠤᠷᠠᠯ ᠪᠠ ᠬᠤᠷᠢᠳᠤᠭ᠋ᠠᠷ ᠬᠤᠭᠤᠴᠠᠭ᠋ᠠᠨ᠎ᠤ ᠬᠤᠶᠠᠳᠤᠭ᠋ᠠᠷ ᠪᠦᠭᠦᠳᠡ ᠬᠤᠷᠠᠯ᠂  ᠭᠤᠷᠪᠠᠳᠤᠭ᠋ᠠᠷ ᠪᠦᠭᠦᠳᠡ ᠬᠤᠷᠠᠯ᠎ᠤᠨ ᠵᠣᠷᠢᠭ ᠰᠠᠨᠠᠭ᠎ᠠ ᠵᠢᠴᠢ 《ᠪᠥᠬᠦᠳᠡ ᠨᠠᠶ᠋ᠢᠷᠠᠮᠳᠠᠬᠤ ᠳᠤᠮᠳᠠᠳᠤ ᠠᠷᠠᠳ ᠤᠯᠤᠰ᠎ᠤᠨ ᠡᠬᠢ ᠪᠠᠶᠠᠯᠢᠭ᠎ᠤᠨ ᠭᠠᠶ᠋ᠢᠯᠢ ᠵᠢᠨ ᠬᠠᠤᠯᠢ》᠂ 《ᠪᠥᠬᠦᠳᠡ ᠨᠠᠶ᠋ᠢᠷᠠᠮᠳᠠᠬᠤ ᠳᠤᠮᠳᠠᠳᠤ ᠠᠷᠠᠳ ᠤᠯᠤᠰ᠎ᠤᠨ ᠤᠰᠤᠨ᠎ᠤ ᠬᠠᠤᠯᠢ》 ᠵᠢᠨ ᠬᠤᠯᠪᠣᠭᠳᠠᠯ ᠪᠥᠬᠦᠶ ᠲᠣᠭᠲᠠᠭ᠋ᠠᠯ᠎ᠢ ᠪᠥᠬᠦ ᠲᠠᠯ᠎ᠠ᠎ᠪᠠᠷ ᠲᠤᠭᠤᠰᠢᠯᠠᠭᠤᠯᠵᠤ᠂  ᠤᠰᠤᠨ᠎ᠤ ᠡᠬᠢ ᠪᠠᠶᠠᠯᠢᠭ᠎ᠤᠨ ᠬᠠᠮᠢᠶᠠᠷᠤᠯᠲᠠ ᠪᠠ ᠬᠠᠮᠠᠭ᠋ᠠᠯᠠᠯᠲᠠ ᠵᠢ ᠴᠢᠩᠭ᠋ᠠᠳᠬᠠᠨ᠂  ᠤᠰᠤᠨ᠎ᠤ ᠡᠬᠢ ᠪᠠᠶᠠᠯᠢᠭ᠎ᠢ ᠠᠷᠪᠢᠲᠠᠶ ᠡᠷᠴᠢᠮᠯᠢᠭ ᠠᠮᠤᠷ ᠲᠦᠪᠰᠢᠨ ᠵᠶ᠋ᠠᠷ ᠠᠰᠢᠭᠯᠠᠬᠤ ᠵᠢ ᠠᠬᠢᠭᠤᠯᠬᠤ ᠵᠢᠨ ᠲᠤᠰᠠᠳᠠ᠂  ᠡᠳ᠋᠎ᠤᠨ ᠵᠠᠰᠠᠭ᠎ᠤᠨ ᠶᠠᠮᠤᠨ᠂  ᠭᠠᠶ᠋ᠢᠯᠢ ᠵᠢᠨ ᠶᠠᠪᠤᠳᠠᠯ᠎ᠤᠨ ᠶᠡᠷᠦᠩᠬᠡᠶ ᠲᠣᠪᠴᠢᠶ᠎ᠠ᠂  ᠤᠰᠤᠨ ᠠᠰᠢᠭᠯᠠᠯᠲᠠ ᠵᠢᠨ ᠶᠠᠮᠤᠨ᠎ᠠᠴᠠ 《ᠤᠰᠤᠨ᠎ᠤ ᠡᠬᠢ ᠪᠠᠶᠠᠯᠢᠭ᠎ᠤᠨ ᠭᠠᠶ᠋ᠢᠯᠢ ᠵᠢᠨ ᠥᠭᠡᠷᠡᠴᠢᠯᠡᠯᠲᠡ ᠵᠢᠨ ᠲᠤᠷᠰᠢᠯᠲᠠ ᠵᠢᠨ ᠬᠡᠷᠡᠭᠵᠢᠭᠦᠯᠬᠦ ᠠᠷᠭ᠎ᠠ》 (ᠳᠥᠭᠦᠮᠴᠢᠯᠡᠭᠡᠳ 《ᠠᠷᠭ᠎ᠠ》 ᠭᠡᠵᠦ ᠲᠣᠪᠴᠢᠯᠠᠨ᠎ᠠ) ᠵᠢ ᠳᠠᠷᠤᠮᠠᠯᠯᠠᠨ ᠲᠠᠷᠬᠠᠭ᠋ᠠᠵᠤ᠂ 2024 ᠣᠨ᠎ᠤ 12 ᠳ᠋ᠤᠭ᠋ᠠᠷ ᠰᠠᠷ᠎ᠠ ᠵᠢᠨ 1᠎ᠤ ᠡᠳᠦᠷ᠎ᠠᠴᠠ ᠡᠬᠢᠯᠡᠨ ᠤᠰᠤᠨ᠎ᠤ ᠡᠬᠢ ᠪᠠᠶᠠᠯᠢᠭ᠎ᠤᠨ ᠵᠠᠷᠤᠳᠠᠯ᠎ᠢ ᠭᠠᠶ᠋ᠢᠯᠢ ᠪᠣᠯᠭ᠋ᠠᠨ ᠥᠭᠡᠷᠡᠴᠢᠯᠡᠬᠦ ᠲᠤᠷᠰᠢᠯᠲᠠ ᠵᠢ ᠪᠥᠬᠦ ᠲᠠᠯ᠎ᠠ᠎ᠪᠠᠷ ᠬᠡᠷᠡᠭᠵᠢᠭᠦᠯᠪᠡ᠃  ᠣᠶ᠋ᠢᠷ᠎ᠠ᠎ᠳᠤ᠂  ᠡᠳ᠋᠎ᠤᠨ ᠵᠠᠰᠠᠭ᠎ᠤᠨ ᠶᠠᠮᠤᠨ᠎ᠤ ᠭᠠᠶ᠋ᠢᠯᠢ ᠵᠢᠨ ᠶᠠᠪᠤᠳᠠᠯ᠎ᠤᠨ ᠵᠤᠷᠭ᠋ᠠᠨ᠂  ᠭᠠᠶ᠋ᠢᠯᠢ ᠵᠢᠨ ᠶᠠᠪᠤᠳᠠᠯ᠎ᠤᠨ ᠶᠡᠷᠦᠩᠬᠡᠶ ᠲᠣᠪᠴᠢᠶ᠎ᠠ ᠵᠢᠨ ᠡᠳ᠋ ᠬᠥᠷᠥᠩᠭᠡ ᠪᠠ ᠦᠢ᠍ᠯᠡ ᠠᠵᠢᠯᠯᠠᠭ᠎ᠠ ᠵᠢᠨ ᠭᠠᠶ᠋ᠢᠯᠢ ᠵᠢᠨ ᠵᠤᠷᠭ᠋ᠠᠨ᠂  ᠤᠰᠤᠨ ᠠᠰᠢᠭᠯᠠᠯᠲᠠ ᠵᠢᠨ ᠶᠠᠮᠤᠨ᠎ᠤ ᠡᠳ᠋᠎ᠤᠨ ᠶᠠᠪᠤᠳᠠᠯ᠎ᠤᠨ ᠵᠤᠷᠭ᠋ᠠᠨ ᠪᠠ ᠤᠰᠤᠨ᠎ᠤ ᠡᠬᠢ ᠪᠠᠶᠠᠯᠢᠭ᠎ᠤᠨ ᠵᠤᠷᠭ᠋ᠠᠨ᠎ᠤ ᠬᠤᠯᠪᠣᠭᠳᠠᠯ ᠪᠥᠬᠦᠶ ᠬᠠᠷᠢᠭᠤᠴᠠᠯᠭ᠋ᠠᠲᠠᠨ ᠨᠥᠬᠦᠳ ᠬᠤᠯᠪᠣᠭᠳᠠᠯ ᠪᠥᠬᠦᠶ ᠠᠰᠠᠭᠤᠳᠠᠯ᠎ᠤᠨ ᠲᠤᠬᠠᠶ ᠰᠤᠷᠪᠤᠯᠵᠢᠯᠠᠭᠴᠢ ᠵᠢᠨ ᠠᠰᠠᠭᠤᠯᠲᠠ ᠵᠢ ᠬᠠᠷᠢᠭᠤᠯᠪᠠ᠃

   ᠠᠰᠠᠭᠤᠬᠤ᠎ᠨᠢ

   ᠤᠰᠤᠨ᠎ᠤ ᠡᠬᠢ ᠪᠠᠶᠠᠯᠢᠭ᠎ᠤᠨ ᠵᠠᠷᠤᠳᠠᠯ᠎ᠢ ᠭᠠᠶ᠋ᠢᠯᠢ ᠪᠣᠯᠭ᠋ᠠᠨ ᠥᠭᠡᠷᠡᠴᠢᠯᠡᠬᠦ ᠲᠤᠷᠰᠢᠯᠲᠠ ᠵᠢ ᠪᠦᠬᠦ ᠲᠠᠯ᠎ᠠ᠎ᠪᠠᠷ ᠬᠡᠷᠡᠭᠵᠢᠭᠦᠯᠬᠦ ᠵᠢᠨ ᠠᠴᠢ ᠬᠤᠯᠪᠣᠭᠳᠠᠯ᠎ᠨᠢ ᠶᠠᠭᠤ ᠪᠤᠢ?

   ᠬᠠᠷᠢᠭᠤᠯᠬᠤ᠎ᠨᠢ

   ᠤᠰᠤᠨ᠎ᠤ ᠡᠬᠢ ᠪᠠᠶᠠᠯᠢᠭ᠎ᠤᠨ ᠵᠠᠷᠤᠳᠠᠯ᠎ᠢ ᠭᠠᠶ᠋ᠢᠯᠢ ᠪᠣᠯᠭ᠋ᠠᠨ ᠥᠭᠡᠷᠡᠴᠢᠯᠡᠬᠦ ᠲᠤᠷᠰᠢᠯᠲᠠ ᠵᠢ ᠪᠦᠬᠦ ᠲᠠᠯ᠎ᠠ᠎ᠪᠠᠷ ᠬᠡᠷᠡᠭᠵᠢᠭᠦᠯᠬᠦ᠎ᠨᠢ ᠭᠤᠷᠪᠠᠨ ᠲᠠᠯ᠎ᠠ ᠵᠢᠨ ᠴᠢᠬᠤᠯᠠ ᠠᠴᠢ ᠬᠤᠯᠪᠣᠭᠳᠠᠯ᠎ᠲᠠᠢ ᠶᠤᠮ᠄

   ᠨᠢᠭᠡ᠎ᠳᠤ᠂  ᠤᠰᠤᠨ᠎ᠤ ᠡᠬᠢ ᠪᠠᠶᠠᠯᠢᠭ᠎ᠤᠨ ᠰᠦᠢ᠍ᠳᠭᠡᠯ᠎ᠢ ᠭᠠᠶ᠋ᠢᠯᠢ ᠪᠣᠯᠭ᠋ᠠᠨ ᠥᠭᠡᠷᠡᠴᠢᠯᠡᠬᠦ ᠲᠤᠷᠰᠢᠯᠲᠠ ᠵᠢ ᠪᠥᠬᠦ ᠲᠠᠯ᠎ᠠ᠎ᠪᠠᠷ ᠬᠡᠷᠡᠭᠵᠢᠭᠦᠯᠬᠦ ᠪᠣᠯ ᠰᠢ ᠵᠢᠨ ᠫᠢᠩ᠎ᠤᠨ ᠠᠮᠢ ᠠᠬᠤᠶ ᠵᠢᠨ ᠪᠣᠯᠪᠠᠰᠤᠨ᠎ᠤ ᠦᠵᠡᠯ ᠰᠠᠨᠠᠭ᠎ᠠ ᠵᠢ ᠲᠤᠭᠤᠰᠢᠯᠠᠭᠤᠯᠤᠨ ᠨᠠᠶ᠋ᠢᠳᠠᠪᠤᠷᠢᠵᠢᠭᠤᠯᠬᠤ ᠵᠢᠨ ᠴᠢᠬᠤᠯᠠ ᠢᠯᠡᠷᠡᠯ ᠮᠥᠨ᠃  ᠨᠠᠮ᠎ᠤᠨ ᠠᠷᠪᠠᠨ ᠨᠠᠢ᠍ᠮᠠᠳᠤᠭ᠋ᠠᠷ ᠶᠡᠭᠡ ᠬᠤᠷᠠᠯ᠎ᠠᠴᠠ ᠨᠠᠭ᠋ᠠᠰᠢ᠂  ᠰᠢ ᠵᠢᠨ ᠫᠢᠩ ᠨᠥᠬᠦᠷ ᠵᠶ᠋ᠠᠷ ᠭᠤᠣᠯ ᠪᠣᠯᠭ᠋ᠠᠭᠰᠠᠨ ᠨᠠᠮ᠎ᠤᠨ ᠲᠥᠪ ᠬᠤᠷᠢᠶ᠎ᠠ ᠳᠤᠮᠳᠠᠳᠤ ᠵᠢᠨ ᠦᠨᠳᠦᠰᠦᠲᠡᠨ᠎ᠤ ᠥᠨᠢᠳᠡ ᠵᠢᠨ ᠬᠥᠭᠵᠢᠯᠲᠡ ᠵᠢᠨ ᠦᠨᠳᠦᠷᠴᠡ᠎ᠠᠴᠠ ᠡᠭᠦᠰᠴᠦ᠂  ᠰᠢᠨ᠎ᠡ ᠴᠠᠭ ᠦᠶ᠎ᠡ ᠵᠢᠨ ᠳᠤᠮᠳᠠᠳᠤ ᠤᠯᠤᠰ᠎ᠤᠨ ᠣᠨᠴᠠᠯᠢᠭ᠎ᠲᠠᠢ ᠨᠡᠶ᠋ᠢᠭᠡᠮ ᠵᠢᠷᠤᠮ᠎ᠤᠨ ᠦᠢ᠍ᠯᠡᠰ᠎ᠲᠠᠬᠢ ᠠᠮᠢ ᠠᠬᠤᠢ ᠵᠢᠨ ᠪᠣᠯᠪᠠᠰᠤᠨ᠎ᠤ ᠪᠠᠶ᠋ᠢᠭᠤᠯᠤᠯᠲᠠ ᠵᠢᠨ ᠴᠢᠬᠤᠯᠠ ᠪᠠᠶ᠋ᠢᠷᠢ ᠰᠠᠭᠤᠷᠢ ᠪᠣᠯᠤᠨ ᠪᠠᠶ᠋ᠢᠯᠳᠤᠬᠤ ᠪᠤᠳᠤᠯᠭ᠎ᠠ ᠵᠢᠨ ᠠᠴᠢ ᠬᠤᠯᠪᠣᠭᠳᠠᠯ᠎ᠢ ᠭᠦᠨᠵᠡᠭᠡᠢ ᠡᠵᠡᠮᠳᠡᠵᠦ᠂  ᠠᠮᠢ ᠠᠬᠤᠢ ᠵᠢᠨ ᠪᠣᠯᠪᠠᠰᠤᠨ᠎ᠤ ᠤᠨᠤᠯ᠎ᠤᠨ ᠰᠢᠨ᠎ᠡ ᠡᠭᠦᠳᠦᠯᠲᠡ᠂  ᠦᠢ᠍ᠯᠡᠳᠦᠯᠭᠡ ᠵᠢᠨ ᠰᠢᠨ᠎ᠡ ᠡᠭᠦᠳᠦᠯᠲᠡ᠂  ᠲᠦᠷᠢᠮ᠎ᠤᠨ ᠰᠢᠨ᠎ᠡ ᠡᠭᠦᠳᠦᠯᠲᠡ ᠵᠢ ᠶᠡᠬᠡᠪᠡᠷ ᠠᠬᠢᠭᠤᠯᠵᠤ᠂  ᠠᠯᠢ ᠤᠯᠠᠨ ᠰᠢᠨ᠎ᠡ ᠣᠶ᠋ᠢᠯᠠᠭ᠋ᠠᠭᠳᠠᠬᠤᠨ ᠰᠢᠨ᠎ᠡ ᠦᠵᠡᠯ ᠰᠠᠨᠠᠭ᠎ᠠ ᠰᠢᠨ᠎ᠡ ᠪᠠᠶ᠋ᠢᠯᠳᠤᠬᠤ ᠪᠤᠳᠤᠯᠭ᠎ᠠ ᠵᠢ ᠪᠦᠲᠦᠭᠡᠯᠴᠢ᠎ᠪᠠᠷ ᠳᠤᠷᠠᠳᠴᠤ᠂  ᠰᠢ ᠵᠢᠨ ᠫᠢᠩ᠎ᠤᠨ ᠠᠮᠢ ᠠᠬᠤᠢ ᠵᠢᠨ ᠪᠣᠯᠪᠠᠰᠤᠨ᠎ᠤ ᠦᠵᠡᠯ ᠰᠠᠨᠠᠭ᠎ᠠ ᠵᠢ ᠪᠦᠷᠢᠯᠳᠦᠭᠦᠯᠪᠡ᠃  ᠨᠠᠮ᠎ᠤᠨ ᠬᠣᠷᠢᠳᠤᠭ᠋ᠠᠷ ᠶᠡᠬᠡ ᠬᠤᠷᠠᠯ᠎ᠡ᠎ᠠᠴᠠ 《ᠪᠦᠬᠦ ᠲᠠᠯ᠎ᠠ᠎ᠪᠠᠷ ᠠᠷᠪᠢᠯᠠᠨ ᠭᠠᠮᠨᠠᠬᠤ ᠪᠠᠢ᠌ᠯᠳᠤᠬᠤ ᠪᠤᠳᠤᠯᠭ᠎ᠠ ᠵᠢ ᠬᠡᠷᠡᠭᠵᠢᠭᠦᠯᠵᠦ᠂  ᠡᠯ᠎ᠡ ᠲᠦᠷᠦᠯ᠎ᠤᠨ ᠡᠬᠢ ᠪᠠᠶᠠᠯᠢᠭ᠎ᠢ ᠠᠷᠪᠢᠯᠠᠵᠤ ᠡᠷᠴᠢᠮᠵᠢᠭᠦᠯᠦᠨ ᠠᠰᠢᠭᠯᠠᠬᠤ ᠵᠢ ᠠᠬᠢᠭᠤᠯᠤᠨ᠎ᠠ》 ᠭᠡᠵᠦ ᠳᠤᠷᠠᠳᠴᠠᠢ᠃  ᠨᠠᠮ᠎ᠤᠨ ᠬᠤᠷᠢᠳᠤᠭ᠋ᠠᠷ ᠬᠤᠭᠤᠴᠠᠭ᠋ᠠᠨ᠎ᠤ ᠲᠥᠪ ᠬᠤᠷᠢᠶᠠᠨ᠎ᠤ ᠭᠤᠷᠪᠠᠳᠤᠭ᠋ᠠᠷ ᠪᠥᠬᠦᠳᠡ ᠬᠤᠷᠠᠯ᠎ᠠᠴᠠ᠂ 《ᠤᠰᠤᠨ᠎ᠤ ᠡᠬᠢ ᠪᠠᠶᠠᠯᠢᠭ᠎ᠤᠨ ᠬᠠᠲᠠᠭᠤ ᠬᠢᠵᠠᠭ᠋ᠠᠷᠯᠠᠯ᠎ᠤᠨ ᠲᠦᠷᠢᠮ᠎ᠢ ᠨᠠᠶ᠋ᠢᠳᠠᠪᠤᠷᠢᠵᠢᠭᠤᠯᠵᠤ᠂  ᠤᠰᠤᠨ᠎ᠤ ᠡᠬᠢ ᠪᠠᠶᠠᠯᠢᠭ᠎ᠤᠨ ᠰᠦᠢ᠍ᠳᠬᠡᠯ᠎ᠢ ᠭᠠᠶ᠋ᠢᠯᠢ ᠪᠣᠯᠭ᠋ᠠᠨ ᠥᠭᠡᠷᠡᠴᠢᠯᠡᠬᠦ》 ᠵᠢ ᠪᠦᠬᠦ ᠲᠠᠯ᠎ᠠ᠎ᠪᠠᠷ ᠬᠡᠷᠡᠭᠵᠢᠭᠦᠯᠦᠨ᠎ᠡ᠃  ᠤᠰᠤᠨ᠎ᠤ ᠡᠬᠢ ᠪᠠᠶᠠᠯᠢᠭ ᠪᠣᠯ ᠴᠢᠬᠤᠯᠠ ᠪᠠᠶ᠋ᠢᠭ᠋ᠠᠯᠢ ᠵᠢᠨ ᠡᠬᠢ ᠪᠠᠶᠠᠯᠢᠭ ᠪᠣᠯᠬᠣᠷ᠂  ᠪᠦᠬᠦ ᠲᠠᠯ᠎ᠠ᠎ᠪᠠᠷ ᠠᠷᠪᠢᠯᠠᠬᠤ ᠪᠠᠶ᠋ᠢᠯᠳᠤᠬᠤ ᠪᠣᠳᠣᠯᠭ᠎ᠠ ᠵᠢ ᠲᠤᠭᠤᠰᠢᠯᠠᠭᠤᠯᠤᠨ ᠨᠠᠶ᠋ᠢᠳᠠᠪᠤᠷᠢᠵᠢᠭᠤᠯᠬᠤ᠎ᠳᠤ ᠡᠷᠬᠡᠪᠰᠢ ᠤᠰᠤ ᠠᠷᠪᠢᠯᠠᠬᠤ ᠵᠢ ᠲᠡᠷᠢᠭᠦᠨ᠎ᠳᠤ ᠲᠠᠯᠪᠢᠵᠤ᠂  ᠤᠰᠤᠨ᠎ᠤ ᠬᠡᠮᠵᠢᠶ᠎ᠡ᠎ᠪᠠᠷ ᠬᠢᠬᠦ ᠵᠢ ᠪᠠᠷᠢᠮᠲᠠᠯᠠᠬᠤ ᠬᠡᠷᠡᠭᠲᠡᠶ᠃  ᠨᠠᠮ᠎ᠤᠨ ᠲᠥᠪ ᠬᠣᠷᠢᠶ᠎ᠠ᠂  ᠲᠥᠷᠥ ᠵᠢᠨ ᠶᠠᠪᠤᠳᠠᠯ᠎ᠤᠨ ᠬᠣᠷᠢᠶ᠎ᠠ ᠵᠢᠨ ᠰᠢᠢ᠍ᠳᠪᠦᠷᠢᠲᠦ ᠪᠣᠳᠣᠯᠭ᠎ᠠ ᠵᠢᠨ ᠪᠠᠶ᠋ᠢᠷᠢᠯᠠᠭᠤᠯᠤᠯᠲᠠ ᠶᠣᠰᠣᠭ᠋ᠠᠷ᠂ 2016 ᠣᠨ᠎ᠤ 7 ᠳ᠋ᠤᠭ᠋ᠠᠷ ᠰᠠᠷ᠎ᠠ ᠵᠢᠨ 1᠎ᠤ ᠡᠳᠦᠷ᠎ᠠᠴᠠ ᠡᠬᠢᠯᠡᠨ ᠤᠷᠢᠳ ᠬᠣᠵᠢᠳ ᠾᠧᠪᠧᠶ᠂  ᠪᠡᠭᠡᠵᠢᠩ᠂  ᠲᠢᠶᠠᠨᠵᠢᠨ ᠵᠡᠷᠭᠡ 10 ᠮᠤᠵᠢ (ᠣᠷᠣᠨ᠂  ᠬᠣᠲᠠ)᠎ᠳᠤ ᠤᠰᠤᠨ᠎ᠤ ᠡᠬᠢ ᠪᠠᠶᠠᠯᠢᠭ᠎ᠤᠨ ᠭᠠᠶ᠋ᠢᠯᠢ ᠵᠢᠨ ᠥᠭᠡᠷᠡᠴᠢᠯᠡᠯᠲᠡ ᠵᠢᠨ ᠲᠤᠷᠰᠢᠯᠲᠠ ᠵᠢ ᠥᠷᠨᠢᠭᠦᠯᠪᠡ᠃  ᠭᠠᠵᠠᠷ ᠳᠣᠤᠷᠠᠬᠢ ᠤᠰᠤ ᠵᠢ ᠬᠡᠲᠦᠷᠡᠲᠡᠯ᠎ᠡ ᠲᠠᠲᠠᠬᠤ ᠵᠢ ᠬᠣᠷᠢᠭᠯᠠᠬᠤ᠂  ᠤᠰᠤ ᠬᠡᠷᠡᠭᠯᠡᠬᠦ ᠠᠷᠭ᠎ᠠ ᠮᠠᠶᠢᠭ ᠵᠶ᠋ᠠᠨ ᠬᠤᠪᠢᠷᠠᠭᠤᠯᠬᠤ᠂  ᠤᠰᠤ ᠠᠷᠪᠢᠯᠠᠬᠤ ᠥᠭᠡᠷᠡᠴᠢᠯᠡᠯᠲᠡ ᠵᠢ ᠠᠬᠢᠭᠤᠯᠬᠤ᠂  ᠤᠰᠤ ᠵᠢ ᠬᠡᠷᠡᠭᠯᠡᠬᠦ ᠦᠢ᠍ᠯᠡ ᠠᠵᠢᠯᠯᠠᠭ᠎ᠠ ᠵᠢ ᠵᠢᠷᠤᠮᠵᠢᠭᠤᠯᠬᠤ ᠵᠡᠷᠭᠡ ᠲᠠᠯ᠎ᠠ᠎ᠪᠠᠷ ᠢᠯᠡᠳᠲᠡ ᠦᠷ᠎ᠡ ᠪᠦᠲᠦᠮᠵᠢ ᠣᠯᠪᠠ᠃  ᠪᠥᠬᠦ ᠤᠯᠤᠰ᠎ᠲᠤ ᠤᠰᠤᠨ᠎ᠤ ᠡᠬᠢ ᠪᠠᠶᠠᠯᠢᠭ᠎ᠤᠨ ᠵᠠᠷᠤᠳᠠᠯ᠎ᠢ ᠭᠠᠶ᠋ᠢᠯᠢ ᠪᠣᠯᠭ᠋ᠠᠨ ᠥᠭᠡᠷᠡᠴᠢᠯᠡᠬᠦ ᠲᠤᠷᠰᠢᠯᠲᠠ ᠵᠢ ᠬᠡᠷᠡᠭᠵᠢᠭᠦᠯᠬᠦ ᠪᠣᠯ ᠰᠢ ᠵᠢᠨ ᠫᠢᠩ᠎ᠤᠨ ᠠᠮᠢ ᠠᠬᠤᠶ ᠵᠢᠨ ᠪᠣᠯᠪᠠᠰᠤᠨ᠎ᠤ ᠦᠵᠡᠯ ᠰᠠᠨᠠᠭ᠎ᠠ ᠵᠢ ᠨᠠᠶ᠋ᠢᠳᠠᠪᠤᠷᠢᠵᠢᠭᠤᠯᠬᠤ᠂  ᠬᠥᠬᠡᠮᠳᠦᠭ ᠨᠣᠭᠤᠭ᠋ᠠᠨ ᠠᠭᠤᠯᠠ ᠤᠰᠤ ᠪᠣᠯ ᠠᠯᠲᠠ ᠮᠥᠩᠭᠦᠨ ᠠᠭᠤᠯᠠ ᠮᠥᠨ ᠭᠡᠬᠦ ᠣᠶ᠋ᠢᠯᠠᠭ᠋ᠠᠭᠳᠠᠬᠤᠨ᠎ᠢ ᠦᠢ᠍ᠯᠡᠳᠦᠯᠭᠡᠵᠢᠭᠦᠯᠬᠦ ᠵᠢᠨ ᠴᠢᠬᠤᠯᠠ ᠢᠯᠡᠷᠡᠯ ᠮᠥᠨ᠂  ᠪᠠᠰᠠ ᠴᠤ᠌ ᠤᠰᠤᠨ᠎ᠤ ᠡᠬᠢ ᠪᠠᠶᠠᠯᠢᠭ᠎ᠤᠨ ᠭᠠᠶ᠋ᠢᠯᠢ ᠵᠢᠨ ᠥᠭᠡᠷᠡᠴᠢᠯᠡᠯᠲᠡ ᠵᠢᠨ ᠦᠷ᠎ᠡ ᠪᠦᠲᠦᠭᠡᠯ᠎ᠢ ᠤᠯᠠᠮ ᠨᠢᠭᠡ ᠠᠯᠬᠤᠮ ᠪᠠᠬᠢᠵᠢᠭᠦᠯᠦᠨ ᠥᠷᠭᠡᠳᠬᠡᠬᠦ᠎ᠳᠤ ᠠᠰᠢᠭᠲᠠᠶ ᠶᠤᠮ᠃

   ᠬᠤᠶᠠᠷ᠎ᠲᠤ᠂  ᠤᠰᠤᠨ᠎ᠤ ᠡᠬᠢ ᠪᠠᠶᠠᠯᠢᠭ᠎ᠤᠨ ᠵᠠᠷᠤᠳᠠᠯ᠎ᠢ ᠭᠠᠶ᠋ᠢᠯᠢ ᠪᠣᠯᠭ᠋ᠠᠨ ᠥᠭᠡᠷᠡᠴᠢᠯᠡᠬᠦ ᠲᠤᠷᠰᠢᠯᠲᠠ ᠵᠢ ᠪᠦᠬᠦ ᠲᠠᠯ᠎ᠠ᠎ᠪᠠᠷ ᠬᠡᠷᠡᠭᠵᠢᠭᠦᠯᠵᠦ᠂  ᠰᠢᠨ᠎ᠡ ᠴᠠᠭ ᠦᠶ᠎ᠡ ᠵᠢᠨ ᠤᠰᠤ ᠵᠢ ᠵᠠᠰᠠᠬᠤ ᠰᠡᠳᠬᠢᠴᠡ ᠵᠢ ᠦᠢ᠍ᠯᠡᠳᠦᠯᠭᠡᠵᠢᠭᠦᠯᠬᠦ ᠪᠠ ᠤᠯᠤᠰ᠎ᠤᠨ ᠤᠰᠤᠨ᠎ᠤ ᠠᠮᠤᠷ ᠲᠦᠪᠰᠢᠨ᠎ᠢ ᠪᠠᠲᠤᠯᠠᠬᠤ ᠴᠢᠬᠤᠯᠠ ᠠᠷᠭ᠎ᠠ ᠬᠡᠮᠵᠢᠶ᠎ᠡ ᠪᠣᠯᠤᠨ᠎ᠠ᠃  ᠤᠰᠤᠨ᠎ᠤ ᠠᠮᠤᠷ ᠲᠦᠪᠰᠢᠨ ᠤᠯᠤᠰ᠎ᠤᠨ ᠠᠵᠤ ᠠᠬᠤᠢ ᠠᠷᠠᠳ᠎ᠤᠨ ᠠᠮᠢᠳᠤᠷᠠᠯ᠎ᠲᠠᠢ ᠬᠣᠯᠪᠣᠭᠳᠠᠨ᠎ᠠ᠃  ᠮᠠᠨ᠎ᠤ ᠤᠯᠤᠰ᠎ᠤᠨ ᠬᠥᠮᠦᠨ ᠤᠰᠤ ᠪᠠᠭ᠎ᠠ᠂  ᠤᠰᠤᠨ᠎ᠤ ᠡᠬᠢ ᠪᠠᠶᠠᠯᠢᠭ᠎ᠤᠨ ᠬᠤᠭᠤᠴᠠᠭ᠎ᠠ ᠣᠷᠣᠨ ᠵᠠᠢ ᠵᠢᠨ ᠲᠠᠷᠬᠠᠯᠲᠠ ᠵᠢᠭᠳᠡ ᠪᠤᠰᠤ ᠪᠠᠢ᠌ᠳᠠᠭ᠃  ᠠᠵᠤ ᠠᠬᠤᠶ ᠨᠡᠶ᠋ᠢᠭᠡᠮ᠎ᠤᠨ ᠲᠠᠰᠤᠷᠠᠯᠲᠠ ᠦᠭᠡᠢ ᠬᠥᠭᠵᠢᠬᠦ ᠵᠢ ᠳᠠᠭ᠋ᠠᠯᠳᠤᠨ᠂  ᠮᠠᠨ᠎ᠤ ᠤᠯᠤᠰ᠎ᠤᠨ ᠤᠰᠤᠨ᠎ᠤ ᠡᠬᠢ ᠪᠠᠶᠠᠯᠢᠭ᠎ᠤᠨ ᠬᠡᠷᠡᠭᠴᠡᠭᠡ ᠦᠷᠭᠦᠯᠵᠢᠯᠡᠨ ᠨᠡᠮᠡᠭᠳᠡᠵᠦ᠂  ᠤᠰᠤᠨ᠎ᠤ ᠡᠬᠢ ᠪᠠᠶᠠᠯᠢᠭ᠎ᠤᠨ ᠬᠠᠩᠭ᠋ᠠᠯᠭ᠎ᠠ ᠬᠡᠷᠡᠭᠴᠡᠭᠡ ᠵᠢᠨ ᠵᠥᠷᠢᠴᠡᠯ ᠡᠳᠦᠷ ᠢᠷᠡᠬᠦᠶ᠎ᠡ ᠲᠤᠪᠤᠶ᠋ᠢᠮ᠎ᠠ ᠪᠣᠯᠤᠭᠰᠠᠨ ᠪᠥᠭᠡᠳ ᠮᠠᠨ᠎ᠤ ᠤᠯᠤᠰ᠎ᠤᠨ ᠤᠰᠤᠨ᠎ᠤ ᠡᠬᠢ ᠪᠠᠶᠠᠯᠢᠭ᠎ᠤᠨ ᠠᠰᠢᠭᠯᠠᠯᠲᠠ ᠵᠢᠨ ᠦᠷ᠎ᠡ ᠪᠦᠲᠦᠮᠵᠢ ᠶᠡᠷᠦᠩᠬᠡᠶ᠎ᠳᠡᠭᠡᠨ ᠥᠨᠳᠥᠷ ᠪᠤᠰᠤ ᠪᠠᠶ᠋ᠢᠵᠤ᠂  ᠠᠵᠤ ᠠᠬᠤᠶ ᠨᠡᠶ᠋ᠢᠭᠡᠮ᠎ᠤᠨ ᠴᠢᠨᠠᠷ ᠰᠠᠶ᠋ᠢᠲᠠᠶ ᠬᠥᠭᠵᠢᠯᠲᠡ ᠪᠠ ᠠᠮᠢ ᠠᠬᠤᠶ ᠣᠷᠴᠢᠨ ᠲᠣᠭᠤᠷᠢᠨ᠎ᠤ ᠬᠠᠮᠠᠭ᠋ᠠᠯᠠᠯᠲᠠ᠎ᠳᠤ ᠴᠥᠮ ᠤᠰᠤᠨ᠎ᠤ ᠡᠬᠢ ᠪᠠᠶᠠᠯᠢᠭ ᠳᠤᠲᠠᠭᠳᠠᠵᠤ ᠪᠠᠶ᠋ᠢᠭ᠎ᠠ ᠥᠷᠢᠰᠥᠯᠳᠦᠭᠡᠨ᠎ᠳᠤ ᠲᠤᠯᠭ᠋ᠠᠷᠠᠵᠤ ᠪᠠᠶ᠋ᠢᠨ᠎ᠠ᠃  ᠡᠬᠢ ᠪᠠᠶᠠᠯᠢᠭ᠎ᠤᠨ ᠭᠠᠶ᠋ᠢᠯᠢ ᠪᠤᠯ ᠡᠬᠢ ᠪᠠᠶᠠᠯᠢᠭ᠎ᠢ ᠵᠦᠢ ᠵᠤᠬᠢᠰᠲᠠᠶ ᠲᠤᠬᠢᠷᠠᠭᠤᠯᠬᠤ ᠵᠢ ᠬᠥᠲᠥᠯᠥᠨ ᠵᠢᠯᠤᠭᠤᠳᠬᠤ ᠴᠢᠬᠤᠯᠠ ᠠᠷᠭ᠎ᠠ ᠪᠠᠷᠢᠯ ᠮᠥᠨ᠃  ᠶᠡᠷᠦᠩᠬᠡᠶ ᠱᠦᠵᠢ ᠰᠢ ᠵᠢᠨ ᠫᠢᠩ ᠡᠬᠢ ᠪᠠᠶᠠᠯᠢᠭ᠎ᠤᠨ ᠭᠠᠶ᠋ᠢᠯᠢ ᠵᠢᠨ ᠬᠥᠰᠢᠭᠦᠷᠭᠡ ᠵᠢᠨ ᠲᠣᠬᠢᠷᠠᠭᠤᠯᠬᠤ ᠦᠢ᠍ᠯᠡᠳᠦᠯ᠎ᠢ ᠳᠡᠭᠡᠳᠦ ᠬᠡᠮᠵᠢᠶ᠎ᠡ᠎ᠪᠠᠷ ᠴᠢᠬᠤᠯᠠᠴᠢᠯᠠᠵᠤ᠂  ᠭᠠᠶ᠋ᠢᠯᠢ ᠲᠠᠲᠠᠪᠤᠷᠢ ᠪᠣᠯ ᠤᠰᠤᠨ᠎ᠤ ᠠᠰᠠᠭᠤᠳᠠᠯ᠎ᠢ ᠰᠢᠢ᠍ᠳᠪᠦᠷᠢᠯᠡᠬᠦ ᠴᠢᠬᠤᠯᠠ ᠠᠷᠭ᠎ᠠ ᠪᠠᠷᠢᠯ ᠮᠥᠨ ᠭᠡᠵᠦ ᠴᠢᠬᠤᠯᠠᠴᠢᠯᠠᠪᠠ᠃  ᠤᠰᠤᠨ᠎ᠤ ᠡᠬᠢ ᠪᠠᠶᠠᠯᠢᠭ᠎ᠤᠨ ᠰᠦᠢ᠍ᠳᠬᠡᠯ᠎ᠢ ᠭᠠᠶ᠋ᠢᠯᠢ ᠪᠣᠯᠭ᠋ᠠᠨ ᠥᠭᠡᠷᠡᠴᠢᠯᠡᠬᠦ ᠲᠤᠷᠰᠢᠯᠲᠠ ᠵᠢᠨ ᠴᠡᠭ᠎ᠢ ᠪᠦᠬᠦ ᠲᠠᠯ᠎ᠠ᠎ᠪᠠᠷ ᠬᠡᠷᠡᠭᠵᠢᠭᠦᠯᠵᠦ᠂  ᠭᠠᠶ᠋ᠢᠯᠢ ᠲᠠᠲᠠᠪᠤᠷᠢ ᠵᠢᠨ ᠬᠥᠰᠢᠭᠦᠷᠭᠡ ᠵᠢᠨ ᠦᠢ᠍ᠯᠡᠳᠦᠯ᠎ᠢ ᠭᠦᠢ᠍ᠴᠡᠳ ᠪᠠᠳᠠᠷᠠᠭᠤᠯᠬᠤ᠎ᠨᠢ ᠠᠵᠤ ᠠᠬᠤᠶ᠋ᠢᠯᠠᠯ ᠵᠡᠷᠭᠡ ᠨᠡᠶ᠋ᠢᠭᠡᠮ᠎ᠤᠨ ᠭᠣᠤᠯ ᠴᠣᠭᠴᠠ ᠵᠢᠨ ᠤᠰᠤ ᠠᠷᠪᠢᠯᠠᠬᠤ ᠦᠵᠡᠯ ᠤᠬᠠᠮᠰᠠᠷ ᠪᠣᠯᠤᠨ ᠬᠥᠳᠡᠯᠭᠡᠬᠦ ᠬᠦᠴᠦᠨ᠎ᠢ ᠨᠡᠮᠡᠭᠳᠡᠭᠦᠯᠵᠦ᠂  ᠠᠵᠤ ᠠᠬᠤᠶ᠋ᠢᠯᠠᠯ᠎ᠤᠨ ᠤᠰᠤ ᠠᠷᠪᠢᠯᠠᠬᠤ ᠥᠭᠡᠷᠡᠴᠢᠯᠡᠯᠲᠡ ᠪᠠ ᠮᠡᠷᠭᠡᠵᠢᠯ᠎ᠤᠨ ᠰᠢᠨ᠎ᠡ ᠵᠢ ᠡᠭᠦᠳᠬᠦ᠎ᠪᠠᠷ ᠳᠠᠮᠵᠢᠭᠤᠯᠤᠨ ᠤᠰᠤ ᠬᠡᠷᠡᠭᠯᠡᠬᠦ ᠦᠷ᠎ᠡ ᠪᠦᠲᠦᠮᠵᠢ᠎ᠪᠠᠨ ᠳᠡᠭᠡᠭᠰᠢᠯᠡᠭᠦᠯᠬᠦ ᠵᠢ ᠵᠣᠷᠢᠭᠵᠢᠭᠤᠯᠵᠤ᠂  ᠤᠰᠤᠨ᠎ᠤ ᠡᠬᠢ ᠪᠠᠶᠠᠯᠢᠭ᠎ᠢ ᠠᠷᠪᠢᠲᠠᠶ ᠡᠷᠴᠢᠮᠯᠢᠭ ᠡᠷᠭᠢᠯᠳᠦᠭᠦᠯᠦᠨ ᠠᠰᠢᠭᠯᠠᠬᠤ ᠪᠠ ᠠᠮᠢ ᠠᠬᠤᠶ ᠵᠢᠨ ᠣᠷᠴᠢᠨ ᠲᠣᠭᠣᠷᠢᠨ᠎ᠢ ᠬᠠᠮᠠᠭ᠋ᠠᠯᠠᠬᠤ ᠵᠢ ᠠᠬᠢᠭᠤᠯᠵᠤ᠂  ᠪᠣᠬᠢᠷᠲᠤᠯ ᠦᠭᠡᠶ ᠬᠥᠭᠵᠢᠭᠦᠯᠬᠦ ᠠᠷᠭ᠎ᠠ ᠮᠠᠶᠢᠭ ᠪᠠ ᠠᠮᠢᠳᠤᠷᠠᠯ᠎ᠤᠨ ᠠᠷᠭ᠎ᠠ ᠮᠠᠶᠢᠭ᠎ᠢ ᠪᠣᠶ ᠪᠣᠯᠭ᠋ᠠᠬᠤ ᠵᠢ ᠠᠬᠢᠭᠤᠯᠬᠤ ᠬᠡᠷᠡᠭᠲᠡᠶ᠃  ᠡᠭᠦᠨ᠎ᠤ ᠬᠠᠮᠲᠤ᠂  ᠤᠰᠤᠨ᠎ᠤ ᠡᠬᠢ ᠪᠠᠶᠠᠯᠢᠭ᠎ᠤᠨ ᠵᠠᠷᠤᠳᠠᠯ᠎ᠢ ᠭᠠᠶ᠋ᠢᠯᠢ ᠪᠣᠯᠭ᠋ᠠᠨ ᠥᠭᠡᠷᠡᠴᠢᠯᠡᠬᠦ ᠲᠤᠷᠰᠢᠯᠲᠠ ᠵᠢᠨ ᠴᠡᠭ᠎ᠨᠢ ᠭᠠᠵᠠᠷ ᠳᠣᠤᠷᠠᠬᠢ ᠤᠰᠤ ᠵᠢ ᠬᠡᠲᠦᠷᠡᠲᠡᠯ᠎ᠡ ᠲᠠᠲᠠᠭᠰᠠᠨ᠎ᠢ ᠵᠠᠰᠠᠬᠤ᠂  ᠤᠰᠤ ᠲᠠᠲᠠᠬᠤ ᠵᠢ ᠵᠥᠪᠰᠢᠶᠡᠷᠡᠬᠦ ᠬᠠᠮᠢᠶᠠᠷᠤᠯᠲᠠ ᠵᠡᠷᠭᠡ ᠪᠤᠰᠤᠳ ᠥᠭᠡᠷᠡᠴᠢᠯᠡᠯᠲᠡ ᠵᠢᠨ ᠠᠷᠭ᠎ᠠ ᠬᠡᠮᠵᠢᠶ᠎ᠡ᠎ᠲᠠᠢ ᠬᠠᠷᠢᠯᠴᠠᠨ ᠬᠠᠮᠵᠢᠯᠴᠠᠵᠤ᠂  ᠬᠠᠮᠵᠢᠯᠴᠠᠨ ᠠᠬᠢᠭᠤᠯᠬᠤ᠎ᠨᠢ ᠤᠰᠤᠨ᠎ᠤ ᠡᠬᠢ ᠪᠠᠶᠠᠯᠢᠭ᠎ᠤᠨ ᠬᠠᠲᠠᠭᠤ ᠬᠢᠵᠠᠭ᠋ᠠᠷᠯᠠᠯ᠎ᠤᠨ ᠲᠦᠷᠢᠮ᠎ᠢ ᠨᠠᠶ᠋ᠢᠳᠠᠪᠤᠷᠢᠵᠢᠭᠤᠯᠵᠤ᠂  ᠤᠰᠤᠨ᠎ᠤ ᠡᠬᠢ ᠪᠠᠶᠠᠯᠢᠭ᠎ᠢ ᠠᠷᠪᠢᠲᠠᠶ ᠡᠷᠴᠢᠮᠯᠢᠭ ᠠᠮᠤᠷ ᠲᠦᠪᠰᠢᠨ ᠵᠶ᠋ᠠᠷ ᠠᠰᠢᠭᠯᠠᠬᠤ ᠬᠢᠷᠢ ᠲᠦᠪᠰᠢᠨ᠎ᠢ ᠪᠥᠬᠦ ᠲᠠᠯ᠎ᠠ᠎ᠪᠠᠷ ᠳᠡᠭᠡᠭᠰᠢᠯᠡᠭᠦᠯᠬᠦ᠎ᠳᠤ ᠠᠰᠢᠭᠲᠠᠶ ᠶᠤᠮ᠃

   ᠭᠤᠷᠪᠠ᠎ᠳᠤ᠂  ᠤᠰᠤᠨ᠎ᠤ ᠡᠬᠢ ᠪᠠᠶᠠᠯᠢᠭ᠎ᠤᠨ ᠵᠠᠷᠤᠳᠠᠯ᠎ᠢ ᠭᠠᠶ᠋ᠢᠯᠢ ᠪᠣᠯᠭ᠋ᠠᠨ ᠥᠭᠡᠷᠡᠴᠢᠯᠡᠬᠦ ᠲᠤᠷᠰᠢᠯᠲᠠ ᠵᠢ ᠪᠦᠬᠦ ᠲᠠᠯ᠎ᠠ᠎ᠪᠠᠷ ᠬᠡᠷᠡᠭᠵᠢᠭᠦᠯᠬᠦ ᠪᠣᠯ ᠡᠳ᠋᠎ᠤᠨ ᠵᠠᠰᠠᠭ ᠭᠠᠶ᠋ᠢᠯᠢ ᠵᠢᠨ ᠪᠠᠶ᠋ᠢᠭᠤᠯᠤᠯ᠎ᠤᠨ ᠥᠭᠡᠷᠡᠴᠢᠯᠡᠯᠲᠡ ᠵᠢ ᠭᠦᠨᠵᠡᠭᠡᠶ᠋ᠢᠷᠡᠭᠦᠯᠬᠦ ᠪᠠ ᠮᠠᠨ᠎ᠤ ᠤᠯᠤᠰ᠎ᠤᠨ ᠪᠣᠬᠢᠷᠲᠤᠯ ᠦᠭᠡᠶ ᠭᠠᠶ᠋ᠢᠯᠢ ᠲᠠᠲᠠᠪᠤᠷᠢ ᠵᠢᠨ ᠲᠤᠭᠲᠠᠮᠵᠢ ᠵᠢ ᠲᠡᠭᠦᠯᠳᠡᠷᠵᠢᠭᠦᠯᠬᠦ ᠵᠢᠨ ᠴᠢᠬᠤᠯᠠ ᠦᠷ᠎ᠡ ᠪᠦᠲᠦᠭᠡᠯ ᠪᠣᠯᠤᠨ᠎ᠠ᠃  ᠨᠠᠮ᠎ᠤᠨ ᠠᠷᠪᠠᠨ ᠨᠠᠢ᠍ᠮᠠᠳᠤᠭ᠋ᠠᠷ ᠬᠤᠭᠤᠴᠠᠭ᠋ᠠᠨ᠎ᠤ ᠲᠥᠪ ᠬᠤᠷᠢᠶᠠᠨ᠎ᠤ ᠭᠤᠷᠪᠠᠳᠤᠭ᠋ᠠᠷ ᠪᠥᠬᠦᠳᠡ ᠬᠤᠷᠠᠯ᠎ᠠᠴᠠ ᠳᠤᠷᠠᠳᠤᠭᠰᠠᠨ᠎ᠨᠢ᠂ 《ᠡᠬᠢ ᠪᠠᠶᠠᠯᠢᠭ᠎ᠢ ᠬᠡᠷᠡᠭᠯᠡᠪᠡᠯ ᠰᠦᠢ᠍ᠳᠬᠡᠯ ᠲᠤᠰᠢᠶᠠᠬᠤ ᠪᠠ ᠬᠡᠨ ᠣᠷᠴᠢᠨ ᠲᠣᠭᠤᠷᠢᠨ᠎ᠢ ᠪᠣᠬᠢᠷᠲᠤᠭᠤᠯᠪᠠᠯ ᠬᠡᠨ ᠠᠮᠢ ᠠᠬᠤᠶ ᠵᠢ ᠡᠪᠳᠡᠪᠡᠯ ᠬᠡᠨ ᠰᠦᠢ᠍ᠳᠬᠡᠯ ᠲᠤᠰᠢᠶᠠᠬᠤ ᠵᠠᠷᠴᠢᠮ᠎ᠢ ᠪᠠᠷᠢᠮᠲᠠᠯᠠᠵᠤ᠂  ᠡᠬᠢ ᠪᠠᠶᠠᠯᠢᠭ᠎ᠤᠨ ᠭᠠᠶ᠋ᠢᠯᠢ ᠵᠢ ᠡᠯ᠎ᠡ ᠵᠦᠢ᠍ᠯ᠎ᠤᠨ ᠪᠠᠶ᠋ᠢᠭ᠋ᠠᠯᠢ ᠵᠢᠨ ᠠᠮᠢ ᠠᠬᠤᠶ ᠵᠢᠨ ᠣᠷᠣᠨ ᠵᠠᠶ ᠵᠢ ᠡᠵᠡᠯᠡᠨ ᠬᠡᠷᠡᠭᠯᠡᠬᠦ ᠪᠣᠯᠲᠠᠯ᠎ᠠ ᠠᠯᠬᠤᠮ ᠠᠯᠬᠤᠮ ᠵᠶ᠋ᠠᠷ ᠥᠷᠭᠡᠳᠬᠡᠨ᠎ᠡ》 ᠭᠡᠵᠡᠢ᠃ 2020 ᠣᠨ᠎ᠤ 9 ᠳ᠋ᠦ᠍ᠭᠡᠷ ᠰᠠᠷ᠎ᠠ ᠵᠢᠨ 1᠎ᠤ ᠡᠳᠦᠷ᠎ᠠᠴᠠ ᠡᠬᠢᠯᠡᠵᠦ ᠬᠡᠷᠡᠭᠵᠢᠭᠦᠯᠬᠦ ᠡᠬᠢ ᠪᠠᠶᠠᠯᠢᠭ᠎ᠤᠨ ᠭᠠᠶ᠋ᠢᠯᠢ ᠵᠢᠨ ᠬᠠᠤᠯᠢ ᠵᠢ ᠲᠥᠷᠥ ᠵᠢᠨ ᠶᠠᠪᠤᠳᠠᠯ᠎ᠤᠨ ᠬᠤᠷᠢᠶ᠎ᠠ᠎ᠠᠴᠠ ᠤᠰᠤᠨ᠎ᠤ ᠡᠬᠢ ᠪᠠᠶᠠᠯᠢᠭ᠎ᠤᠨ ᠭᠠᠶ᠋ᠢᠯᠢ ᠲᠠᠲᠠᠪᠤᠷᠢᠯᠠᠬᠤ᠎ᠪᠠᠷ ᠲᠤᠷᠰᠢᠵᠤ ᠪᠣᠯᠤᠨ᠎ᠠ᠃ 2023 ᠣᠨ᠎ᠤ 12 ᠳ᠋ᠤᠭ᠋ᠠᠷ ᠰᠠᠷ᠎ᠠ᠎ᠳᠤ ᠬᠤᠷᠠᠯᠳᠤᠭᠰᠠᠨ ᠲᠥᠪ᠎ᠤᠨ ᠠᠵᠤ ᠠᠬᠤᠢ ᠵᠢᠨ ᠠᠵᠢᠯ᠎ᠤᠨ ᠬᠤᠷᠠᠯ᠎ᠠᠴᠠ᠂  ᠲᠣᠭᠲᠠᠭᠤᠨ᠎ᠤ ᠳᠤᠮᠳᠠ ᠤᠷᠤᠭᠰᠢᠯᠠᠨ ᠲᠠᠪᠰᠢᠬᠤ᠂  ᠤᠷᠤᠭᠰᠢᠯᠠᠬᠤ᠎ᠪᠠᠷ ᠲᠣᠭᠲᠠᠭᠤᠨ᠎ᠢ ᠠᠬᠢᠭᠤᠯᠬᠤ᠂  ᠤᠷᠢᠳ ᠵᠶ᠋ᠠᠷ ᠪᠠᠶ᠋ᠢᠭᠤᠯᠵᠤ ᠳᠠᠷᠠᠭ᠎ᠠ᠎ᠨᠢ ᠡᠪᠳᠡᠬᠦ ᠵᠢ ᠪᠠᠷᠢᠮᠲᠠᠯᠠᠵᠤ᠂  ᠰᠢᠨ᠎ᠡ ᠨᠢᠭᠡ ᠡᠭᠡᠯᠵᠢ ᠵᠢᠨ ᠡᠳ᠋᠎ᠤᠨ ᠵᠠᠰᠠᠭ ᠭᠠᠶ᠋ᠢᠯᠢ ᠵᠢᠨ ᠪᠠᠶ᠋ᠢᠭᠤᠯᠤᠮᠵᠢ ᠵᠢᠨ ᠥᠭᠡᠷᠡᠴᠢᠯᠡᠯᠲᠡ ᠵᠢ ᠲᠥᠯᠥᠪᠵᠢᠭᠦᠯᠬᠦ ᠬᠡᠷᠡᠭᠲᠡᠢ ᠭᠡᠵᠦ ᠳᠤᠷᠠᠳᠪᠠ᠃  ᠨᠠᠮ᠎ᠤᠨ ᠬᠤᠷᠢᠳᠤᠭ᠋ᠠᠷ ᠬᠤᠭᠤᠴᠠᠭ᠋ᠠᠨ᠎ᠤ ᠲᠥᠪ ᠬᠤᠷᠢᠶᠠᠨ᠎ᠤ ᠭᠤᠷᠪᠠᠳᠤᠭ᠋ᠠᠷ ᠪᠥᠬᠦᠳᠡ ᠬᠤᠷᠠᠯ᠎ᠠᠴᠠ ᠡᠳ᠋᠎ᠤᠨ ᠵᠠᠰᠠᠭ ᠭᠠᠶ᠋ᠢᠯᠢ ᠵᠢᠨ ᠪᠠᠶ᠋ᠢᠭᠤᠯᠤᠮᠵᠢ ᠵᠢᠨ ᠥᠭᠡᠷᠡᠴᠢᠯᠡᠯᠲᠡ ᠵᠢ ᠭᠦᠨᠵᠡᠭᠡᠶ᠋ᠢᠷᠡᠭᠦᠯᠬᠦ᠎ᠳᠤ ᠪᠦᠬᠦ ᠲᠠᠯ᠎ᠠ ᠵᠢᠨ ᠪᠠᠶ᠋ᠢᠷᠢᠯᠠᠭᠤᠯᠤᠯᠲᠠ ᠬᠢᠵᠦ᠂ 《ᠤᠰᠤᠨ᠎ᠤ ᠡᠬᠢ ᠪᠠᠶᠠᠯᠢᠭ᠎ᠤᠨ ᠬᠠᠲᠠᠭᠤ ᠬᠢᠵᠠᠭ᠋ᠠᠷᠯᠠᠯ᠎ᠤᠨ ᠲᠦᠷᠢᠮ᠎ᠢ ᠨᠠᠶ᠋ᠢᠳᠠᠪᠤᠷᠢᠵᠢᠭᠤᠯᠵᠤ᠂  ᠤᠰᠤᠨ᠎ᠤ ᠡᠬᠢ ᠪᠠᠶᠠᠯᠢᠭ᠎ᠤᠨ ᠰᠦᠢ᠍ᠳᠬᠡᠯ᠎ᠢ ᠭᠠᠶ᠋ᠢᠯᠢ ᠪᠣᠯᠭ᠋ᠠᠨ ᠥᠭᠡᠷᠡᠴᠢᠯᠡᠬᠦ》 ᠵᠢ ᠪᠦᠬᠦ ᠲᠠᠯ᠎ᠠ᠎ᠪᠠᠷ ᠬᠡᠷᠡᠭᠵᠢᠭᠦᠯᠵᠦ᠂ 《ᠪᠣᠬᠢᠷᠲᠤᠯ ᠦᠭᠡᠢ ᠭᠠᠶ᠋ᠢᠯᠢ ᠵᠢᠨ ᠲᠦᠷᠢᠮ᠎ᠢ ᠲᠡᠭᠦᠯᠳᠡᠷᠵᠢᠭᠦᠯᠤᠨ᠎ᠡ》 ᠭᠡᠵᠦ ᠲᠣᠳᠣᠷᠬᠠᠢ ᠳᠤᠷᠠᠳᠴᠠᠢ᠃  ᠤᠰᠤᠨ᠎ᠤ ᠡᠬᠢ ᠪᠠᠶᠠᠯᠢᠭ᠎ᠤᠨ ᠵᠠᠷᠤᠳᠠᠯ᠎ᠢ ᠭᠠᠶ᠋ᠢᠯᠢ ᠪᠣᠯᠭ᠋ᠠᠨ ᠥᠭᠡᠷᠡᠴᠢᠯᠡᠬᠦ ᠲᠤᠷᠰᠢᠯᠲᠠ ᠵᠢᠨ ᠴᠡᠭ᠎ᠢ ᠪᠥᠬᠦ ᠲᠠᠯ᠎ᠠ᠎ᠪᠠᠷ ᠬᠡᠷᠡᠭᠵᠢᠭᠦᠯᠬᠦ ᠪᠣᠯ ᠡᠳ᠋᠎ᠤᠨ ᠵᠠᠰᠠᠭ ᠭᠠᠶ᠋ᠢᠯᠢ ᠵᠢᠨ ᠪᠠᠶ᠋ᠢᠭᠤᠯᠤᠯ᠎ᠤᠨ ᠥᠭᠡᠷᠡᠴᠢᠯᠡᠯᠲᠡ ᠵᠢ ᠭᠦᠨᠵᠡᠭᠡᠶ᠋ᠢᠷᠡᠭᠦᠯᠬᠦ ᠴᠢᠬᠤᠯᠠ ᠠᠷᠭ᠎ᠠ ᠬᠡᠮᠵᠢᠶ᠎ᠡ ᠮᠥᠨ᠂  ᠡᠬᠢ ᠪᠠᠶᠠᠯᠢᠭ᠎ᠤᠨ ᠭᠠᠶ᠋ᠢᠯᠢ᠂  ᠣᠷᠴᠢᠨ ᠲᠣᠭᠤᠷᠢᠨ᠎ᠤ ᠬᠠᠮᠠᠭ᠋ᠠᠯᠠᠯᠲᠠ ᠵᠢᠨ ᠭᠠᠶ᠋ᠢᠯᠢ᠎ᠪᠠᠷ ᠭᠤᠤᠯ ᠴᠣᠭᠴᠠ ᠪᠣᠯᠭ᠋ᠠᠭᠰᠠᠨ 《ᠣᠯᠠᠨ ᠭᠠᠶ᠋ᠢᠯᠢ ᠵᠢ ᠬᠠᠮᠲᠤ᠎ᠪᠠᠷ ᠵᠠᠰᠠᠬᠤ》 ᠵᠢ ᠲᠡᠭᠦᠯᠳᠡᠷᠵᠢᠭᠦᠯᠵᠦ᠂  ᠰᠢᠰᠲ᠋ᠧᠮ᠎ᠤᠨ ᠴᠢᠨᠠᠷᠲᠠᠶ ᠭᠠᠶ᠋ᠢᠯᠢ ᠲᠠᠲᠠᠪᠤᠷᠢ ᠵᠢᠨ ᠬᠠᠷᠠᠭ᠋ᠠᠯᠵᠠᠯ᠎ᠤᠨ ᠲᠥᠷᠥ ᠵᠢᠨ ᠪᠣᠳᠣᠯᠭ᠎ᠠ ᠵᠢᠨ 《ᠣᠯᠠᠨ ᠠᠷᠭ᠎ᠠ ᠪᠣᠳᠣᠯᠭ᠎ᠠ ᠤᠶᠠᠯᠳᠤᠯ》 ᠵᠶ᠋ᠠᠷ ᠪᠣᠬᠢᠷᠲᠤᠯ ᠥᠬᠡᠶ ᠭᠠᠶ᠋ᠢᠯᠢ ᠲᠠᠲᠠᠪᠤᠷᠢ ᠵᠢᠨ ᠰᠢᠰᠲ᠋ᠧᠮ᠎ᠢ ᠲᠡᠭᠦᠯᠳᠡᠷᠵᠢᠭᠦᠯᠵᠦ᠂  ᠮᠠᠨ᠎ᠤ ᠤᠯᠤᠰ᠎ᠤᠨ ᠠᠵᠤ ᠠᠬᠤᠶ ᠨᠡᠶ᠋ᠢᠭᠡᠮ᠎ᠤᠨ ᠪᠣᠬᠢᠷᠲᠤᠯ ᠥᠬᠡᠶ ᠬᠡᠯᠪᠡᠷᠢ ᠵᠢ ᠬᠤᠪᠢᠷᠠᠭᠤᠯᠬᠤ ᠵᠢ ᠳᠡᠮᠵᠢᠵᠦ᠂  ᠦᠵᠡᠰᠬᠦᠯᠡᠩᠲᠦ ᠰᠠᠶ᠋ᠢᠬᠠᠨ ᠳᠤᠮᠳᠠᠳᠤ ᠤᠯᠤᠰ᠎ᠤᠨ ᠪᠥᠲᠥᠭᠡᠨ ᠪᠠᠶ᠋ᠢᠭᠤᠯᠤᠯᠲᠠ᠎ᠳᠤ ᠬᠦᠴᠦᠨ ᠨᠡᠮᠡᠷᠢᠯᠡᠬᠦ᠎ᠳᠤ ᠠᠰᠢᠭᠲᠠᠶ ᠶᠤᠮ᠃

   ᠠᠰᠠᠭᠤᠬᠤ᠎ᠨᠢ

   ᠤᠰᠤᠨ᠎ᠤ ᠡᠬᠢ ᠪᠠᠶᠠᠯᠢᠭ᠎ᠤᠨ ᠵᠠᠷᠤᠳᠠᠯ᠎ᠢ ᠭᠠᠢ᠌ᠯᠢ ᠪᠣᠯᠭ᠋ᠠᠨ ᠥᠭᠡᠷᠡᠴᠢᠯᠡᠬᠦ ᠲᠤᠷᠰᠢᠯᠲᠠ ᠵᠢ ᠪᠦᠬᠦ ᠲᠠᠯ᠎ᠠ᠎ᠪᠠᠷ ᠬᠡᠷᠡᠭᠵᠢᠭᠦᠯᠬᠦ ᠦᠨᠳᠦᠰᠦᠨ ᠵᠠᠷᠴᠢᠮ᠎ᠨᠢ ᠶᠠᠭᠤ ᠪᠤᠢ?

   ᠬᠠᠷᠢᠭᠤᠯᠬᠤ᠎ᠨᠢ

   ᠤᠰᠤᠨ᠎ᠤ ᠡᠬᠢ ᠪᠠᠶᠠᠯᠢᠭ᠎ᠤᠨ ᠵᠠᠷᠤᠳᠠᠯ᠎ᠢ ᠭᠠᠶ᠋ᠢᠯᠢ ᠪᠣᠯᠭ᠋ᠠᠨ ᠥᠭᠡᠷᠡᠴᠢᠯᠡᠬᠦ ᠲᠤᠷᠰᠢᠯᠲᠠ ᠵᠢ ᠪᠦᠬᠦ ᠲᠠᠯ᠎ᠠ᠎ᠪᠠᠷ ᠬᠡᠷᠡᠭᠵᠢᠭᠦᠯᠬᠦ᠎ᠳᠤ ᠭᠣᠤᠯᠳᠠᠭᠤ ᠳᠣᠤᠷᠠᠬᠢ ᠵᠠᠷᠴᠢᠮ᠎ᠢ ᠵᠢᠷᠤᠮᠯᠠᠬᠤ ᠬᠡᠷᠡᠭᠲᠡᠶ᠄

   ᠨᠢᠭᠡ᠎ᠳᠤ᠂  ᠲᠣᠭᠲᠠᠭᠤᠨ ᠵᠶ᠋ᠠᠷ ᠬᠤᠪᠢᠷᠠᠭᠤᠯᠬᠤ ᠵᠢ ᠪᠡᠶᠡᠯᠡᠭᠦᠯᠦᠨ᠎ᠡ᠃  ᠣᠳᠣ ᠪᠠᠶ᠋ᠢᠭ᠎ᠠ ᠤᠰᠤᠨ᠎ᠤ ᠡᠬᠢ ᠪᠠᠶᠠᠯᠢᠭ᠎ᠤᠨ ᠭᠠᠶ᠋ᠢᠯᠢ ᠵᠢᠨ ᠥᠭᠡᠷᠡᠴᠢᠯᠡᠯᠲᠡ ᠵᠢᠨ ᠲᠤᠷᠰᠢᠯᠲᠠ ᠵᠢᠨ ᠳᠦᠷᠢᠮ ᠪᠣᠯᠤᠨ ᠤᠰᠤᠨ᠎ᠤ ᠡᠬᠢ ᠪᠠᠶᠠᠯᠢᠭ᠎ᠤᠨ ᠰᠦᠢ᠍ᠳᠬᠡᠯ ᠲᠠᠲᠠᠪᠤᠷᠢᠯᠠᠬᠤ ᠳᠦᠷᠢᠮ᠎ᠢ ᠨᠢᠭᠡᠳᠦᠯᠲᠡᠶ ᠲᠥᠯᠥᠪᠯᠡᠨ᠂  ᠭᠠᠶ᠋ᠢᠯᠢ ᠵᠢᠨ ᠳᠦᠷᠢᠮ᠎ᠤᠨ ᠬᠦᠴᠦᠨ ᠵᠦᠢ᠍ᠯ ᠪᠣᠯᠤᠨ ᠦᠨᠳᠦᠰᠦᠨ ᠪᠣᠷᠣ ᠲᠥᠯᠥᠪ ᠲᠣᠭᠲᠠᠭᠤᠨ ᠪᠠᠶ᠋ᠢᠬᠤ ᠵᠢ ᠪᠠᠲᠤᠯᠠᠭᠰᠠᠨ ᠤᠷᠢᠲᠠᠯ ᠳᠣᠤᠷ᠎ᠠ᠂  ᠤᠰᠤᠨ᠎ᠤ ᠡᠬᠢ ᠪᠠᠶᠠᠯᠢᠭ᠎ᠤᠨ ᠰᠦᠢ᠍ᠳᠬᠡᠯ᠎ᠤᠨ ᠳᠦᠷᠢᠮ᠎ᠤᠨ ᠤᠰᠤᠨ᠎ᠤ ᠡᠬᠢ ᠪᠠᠶᠠᠯᠢᠭ᠎ᠤᠨ ᠭᠠᠶ᠋ᠢᠯᠢ ᠵᠢᠨ ᠳᠦᠷᠢᠮ᠎ᠤᠨ ᠲᠣᠭᠲᠠᠭᠤᠨ ᠵᠶ᠋ᠠᠷ ᠬᠤᠪᠢᠷᠠᠭᠤᠯᠬᠤ ᠵᠢ ᠪᠡᠶᠡᠯᠡᠭᠦᠯᠬᠦ ᠬᠡᠷᠡᠭᠲᠡᠢ᠃

   ᠬᠤᠶᠠᠷ᠎ᠲᠤ᠂  ᠲᠥᠷᠥᠯ ᠬᠤᠪᠢᠶᠠᠨ ᠲᠣᠬᠢᠷᠠᠭᠤᠯᠤᠨ ᠡᠵᠡᠮᠳᠡᠬᠦ ᠵᠢ ᠴᠢᠩᠭ᠋ᠠᠳᠬᠠᠨ᠎ᠠ᠃  ᠤᠰᠤᠨ᠎ᠤ ᠡᠬᠢ ᠪᠠᠶᠠᠯᠢᠭ ᠬᠦᠨᠳᠦ ᠨᠣᠴᠢᠲᠠᠶ ᠳᠤᠲᠠᠭᠳᠠᠵᠤ ᠪᠠᠶ᠋ᠢᠭ᠎ᠠ ᠪᠠ ᠳᠠᠭ᠋ᠠᠭ᠋ᠠᠴᠠ᠎ᠠᠴᠠ ᠬᠡᠲᠦᠷᠡᠭᠰᠡᠨ ᠭᠠᠵᠠᠷ ᠣᠷᠣᠨ᠎ᠤ ᠤᠰᠤ ᠲᠠᠲᠠᠵᠤ ᠬᠡᠷᠡᠭᠯᠡᠬᠦ᠂  ᠭᠠᠵᠠᠷ ᠳᠣᠤᠷᠠᠬᠢ ᠤᠰᠤ ᠵᠢ ᠲᠠᠲᠠᠵᠤ ᠬᠡᠷᠡᠭᠯᠡᠬᠦ ᠵᠡᠷᠭᠡ᠎ᠳᠤ ᠭᠠᠶ᠋ᠢᠯᠢ ᠵᠢᠨ ᠲᠤᠭ᠎ᠠ ᠵᠢ ᠥᠨᠳᠥᠷ ᠲᠣᠭᠲᠠᠭ᠋ᠠᠵᠤ᠂  ᠵᠥᠷᠢᠶᠡᠲᠦ ᠭᠠᠶ᠋ᠢᠯᠢ ᠵᠢᠨ ᠲᠤᠭ᠎ᠠ ᠵᠢ ᠲᠣᠬᠢᠷᠠᠭᠤᠯᠬᠤ᠎ᠪᠠᠷ ᠳᠠᠮᠵᠢᠭᠤᠯᠤᠨ᠂  ᠭᠠᠶ᠋ᠢᠯᠢ ᠲᠠᠲᠠᠪᠤᠷᠢ ᠵᠢᠨ ᠲᠣᠬᠢᠷᠠᠭᠤᠯᠤᠯᠲᠠ ᠵᠢᠨ ᠦᠢ᠍ᠯᠡᠳᠦᠯ᠎ᠢ ᠨᠠᠩ ᠰᠠᠶ᠋ᠢᠲᠤᠷ ᠪᠠᠳᠠᠷᠠᠭᠤᠯᠵᠤ᠂  ᠭᠠᠵᠠᠷ ᠳᠣᠤᠷᠠᠬᠢ ᠤᠰᠤ ᠵᠢ ᠬᠡᠲᠦᠷᠡᠲᠡᠯ᠎ᠡ ᠠᠪᠬᠤ ᠪᠠ ᠵᠦᠶ ᠵᠣᠬᠢᠰ ᠥᠬᠡᠶ ᠤᠰᠤ ᠬᠡᠷᠡᠭᠯᠡᠬᠦ ᠬᠡᠷᠡᠭᠴᠡᠭᠡ ᠱᠠᠭ᠋ᠠᠷᠳᠠᠯᠭ᠎ᠠ ᠵᠢ ᠬᠤᠷᠢᠭᠯᠠᠬᠤ ᠬᠡᠷᠡᠭᠲᠡᠶ᠃

   ᠭᠤᠷᠪᠠ᠎ᠳᠤ᠂  ᠭᠠᠵᠠᠷ ᠣᠷᠣᠨ᠎ᠤ ᠵᠥᠷᠢᠶ᠎ᠡ ᠵᠢ ᠢᠯᠡᠷᠡᠭᠦᠯᠦᠨ᠎ᠡ᠃  ᠠᠳᠠᠯᠢ ᠪᠤᠰᠤ ᠭᠠᠵᠠᠷ ᠣᠷᠣᠨ᠎ᠤ ᠤᠰᠤᠨ᠎ᠤ ᠡᠬᠢ ᠪᠠᠶᠠᠯᠢᠭ᠎ᠤᠨ ᠪᠠᠶ᠋ᠢᠳᠠᠯ ᠬᠢᠭᠡᠳ ᠠᠵᠤ ᠠᠬᠤᠶ ᠵᠢᠨ ᠬᠥᠭᠵᠢᠯᠲᠡ ᠵᠢᠨ ᠬᠢᠷᠢ ᠬᠡᠮᠵᠢᠶ᠎ᠡ ᠵᠢᠨ ᠵᠥᠷᠢᠶ᠎ᠡ ᠵᠢ ᠭᠦᠢ᠍ᠴᠡᠳ ᠪᠣᠳᠣᠯᠬᠢᠯᠠᠵᠤ᠂  ᠠᠳᠠᠯᠢ ᠪᠤᠰᠤ ᠭᠠᠵᠠᠷ ᠣᠷᠣᠨ᠎ᠤ ᠳᠤᠮᠳᠠᠴᠢ ᠭᠠᠶ᠋ᠢᠯᠢ ᠵᠢᠨ ᠲᠣᠭ᠋ᠠᠨ᠎ᠤ ᠬᠢᠷᠢ ᠬᠡᠮᠵᠢᠶ᠎ᠡ ᠵᠢ ᠵᠦᠢ ᠵᠣᠬᠢᠰᠲᠠᠶ ᠲᠣᠬᠢᠷᠠᠭᠤᠯᠵᠤ᠂  ᠣᠷᠣᠨ ᠨᠤᠲᠤᠭ᠎ᠲᠤ ᠡᠷᠬᠡ ᠣᠯᠭᠣᠭᠰᠠᠨ ᠭᠠᠵᠠᠷ ᠣᠷᠣᠨ᠎ᠤ ᠤᠰᠤᠨ᠎ᠤ ᠡᠬᠢ ᠪᠠᠶᠠᠯᠢᠭ᠎ᠤᠨ ᠭᠠᠶ᠋ᠢᠯᠢ ᠵᠢᠨ ᠪᠣᠳᠠᠲᠠᠶ ᠲᠤᠬᠢᠷᠠᠬᠤ ᠭᠠᠶ᠋ᠢᠯᠢ ᠵᠢᠨ ᠲᠣᠭ᠎ᠠ ᠵᠢ ᠲᠣᠭᠲᠠᠭ᠋ᠠᠯ ᠶᠣᠰᠣᠭ᠋ᠠᠷ ᠲᠣᠭᠲᠠᠭ᠋ᠠᠬᠤ ᠬᠡᠷᠡᠭᠲᠡᠶ᠃

   ᠳᠥᠷᠪᠡ᠎ᠳᠤ᠂  ᠣᠷᠣᠨ ᠨᠤᠲᠤᠭ᠎ᠤᠨ ᠢᠳᠡᠪᠬᠢᠵᠢᠯ᠎ᠢ ᠳᠠᠶ᠋ᠢᠴᠢᠯᠠᠨ᠎ᠠ᠃  ᠤᠰᠤᠨ᠎ᠤ ᠡᠬᠢ ᠪᠠᠶᠠᠯᠢᠭ᠎ᠤᠨ ᠭᠠᠶ᠋ᠢᠯᠢ ᠵᠢᠨ ᠣᠷᠣᠯᠭ᠎ᠠ ᠵᠢ ᠪᠦᠬᠦᠨ᠎ᠢ ᠣᠷᠣᠨ ᠨᠤᠲᠤᠭ᠎ᠲᠤ ᠦᠯᠡᠳᠡᠭᠡᠨ ᠥᠭᠴᠦ᠂  ᠥᠭᠡᠷᠡᠴᠢᠯᠡᠯᠲᠡ᠎ᠪᠠᠷ ᠳᠠᠮᠵᠢᠭᠤᠯᠤᠨ ᠣᠷᠣᠨ ᠨᠤᠲᠤᠭ᠎ᠤᠨ ᠡᠵᠡᠨ ᠮᠡᠳᠡᠬᠦ ᠡᠳ᠋᠎ᠤᠨ ᠬᠦᠴᠦᠨ᠎ᠢ ᠨᠡᠮᠡᠭᠳᠡᠭᠦᠯᠵᠦ᠂  ᠣᠷᠣᠨ ᠨᠤᠲᠤᠭ᠎ᠤᠨ ᠭᠠᠶ᠋ᠢᠯᠢ ᠵᠢᠨ ᠢᠷᠡᠯᠲᠡ ᠵᠢ ᠥᠷᠭᠡᠳᠬᠡᠨ᠂  ᠣᠷᠣᠨ ᠨᠤᠲᠤᠭ᠎ᠤᠨ ᠭᠠᠶ᠋ᠢᠯᠢ ᠲᠠᠲᠠᠪᠤᠷᠢ ᠵᠢᠨ ᠬᠠᠮᠢᠶᠠᠷᠤᠯᠲᠠ ᠵᠢᠨ ᠡᠷᠬᠡ ᠮᠡᠳᠡᠯ᠎ᠢ ᠵᠣᠬᠢᠰᠲᠠᠶ ᠥᠷᠭᠡᠳᠬᠡᠵᠦ᠂  ᠣᠷᠣᠨ ᠨᠤᠲᠤᠭ᠎ᠤᠨ᠎ᠬᠢᠨ᠎ᠤ ᠢᠳᠡᠪᠬᠢᠵᠢᠯ᠎ᠢ ᠨᠡᠩ ᠰᠠᠶ᠋ᠢᠲᠤᠷ ᠪᠠᠳᠠᠷᠠᠭᠤᠯᠬᠤ ᠬᠡᠷᠡᠭᠲᠡᠶ᠃

   ᠠᠰᠠᠭᠤᠬᠤ᠎ᠨᠢ

   ᠤᠰᠤᠨ᠎ᠤ ᠡᠬᠢ ᠪᠠᠶᠠᠯᠢᠭ᠎ᠤᠨ ᠰᠦᠢ᠍ᠳᠬᠡᠯ᠎ᠤᠨ ᠭᠠᠶ᠋ᠢᠯᠢ ᠪᠣᠯᠭ᠋ᠠᠨ ᠥᠭᠡᠷᠡᠴᠢᠯᠡᠬᠦ ᠲᠤᠷᠰᠢᠯᠲᠠ ᠵᠢᠨ ᠴᠡᠭ᠎ᠤᠨ ᠭᠣᠤᠯ ᠠᠭᠤᠯᠭ᠎ᠠ᠎ᠨᠢ ᠶᠠᠭᠤ ᠪᠤᠶ?

   ᠬᠠᠷᠢᠭᠤᠯᠬᠤ᠎ᠨᠢ

  《ᠠᠷᠭ᠎ᠠ》᠎ᠳᠤ ᠤᠰᠤᠨ᠎ᠤ ᠡᠬᠢ ᠪᠠᠶᠠᠯᠢᠭ᠎ᠤᠨ ᠭᠠᠶ᠋ᠢᠯᠢ ᠵᠢᠨ ᠭᠠᠶ᠋ᠢᠯᠢ ᠲᠤᠰᠢᠶᠠᠭᠴᠢ᠂  ᠭᠠᠶ᠋ᠢᠯᠢ ᠪᠤᠳᠤᠬᠤ ᠦᠨᠳᠦᠰᠦᠯᠡᠯ᠂  ᠭᠠᠶ᠋ᠢᠯᠢ ᠵᠢᠨ ᠲᠤᠭ᠎ᠠ ᠵᠢᠨ ᠪᠠᠷᠢᠮᠵᠢᠶ᠎ᠠ᠂  ᠭᠠᠶ᠋ᠢᠯᠢ ᠲᠠᠲᠠᠪᠤᠷᠢ ᠵᠢᠨ ᠬᠠᠷᠠᠭ᠋ᠠᠯᠵᠠᠯ ᠵᠡᠷᠭᠡ ᠭᠠᠶ᠋ᠢᠯᠢ ᠵᠢᠨ ᠲᠦᠷᠢᠮ᠎ᠤᠨ ᠬᠦᠴᠦᠨ ᠵᠦᠢ᠍ᠯ᠎ᠳᠤ ᠪᠣᠳᠠᠲᠠᠶ ᠲᠣᠭᠲᠠᠭ᠋ᠠᠯ ᠭᠠᠷᠭ᠋ᠠᠵᠠᠶ᠃

  (ᠨᠢᠭᠡ) ᠭᠠᠶ᠋ᠢᠯᠢ ᠲᠤᠰᠢᠶᠠᠭᠴᠢ ᠪᠣᠯᠤᠨ ᠭᠠᠶ᠋ᠢᠯᠢ ᠪᠣᠳᠣᠬᠤ ᠦᠨᠳᠦᠰᠦᠯᠡᠯ᠃  ᠤᠰᠤᠨ᠎ᠤ ᠡᠬᠢ ᠪᠠᠶᠠᠯᠢᠭ᠎ᠤᠨ ᠭᠠᠶ᠋ᠢᠯᠢ ᠲᠤᠰᠢᠶᠠᠭᠴᠢ ᠪᠤᠯ ᠭᠤᠤᠯ ᠮᠦᠷᠡᠨ᠂  ᠨᠠᠭᠤᠷ ᠴᠦᠬᠦᠷᠦᠮ (ᠤᠰᠤᠨ ᠴᠦᠬᠦᠷᠦᠮ᠂  ᠤᠰᠤ ᠳᠠᠲᠠᠬᠤ ᠢᠨᠵᠧᠨᠧᠷᠢᠩ ᠵᠡᠷᠭᠡ ᠤᠰᠤᠨ᠎ᠤ ᠡᠬᠢ ᠪᠠᠶᠠᠯᠢᠭ᠎ᠢ ᠰᠢᠭᠤᠳ ᠲᠤᠬᠢᠷᠠᠭᠤᠯᠬᠤ ᠢᠨᠵᠧᠨᠧᠷᠢᠩ ᠪᠠᠭᠳᠠᠨ᠎ᠠ) ᠪᠠ ᠭᠠᠵᠠᠷ ᠳᠣᠣᠷ᠎ᠠ᠎ᠠᠴᠠ ᠤᠰᠤᠨ᠎ᠤ ᠡᠬᠢ ᠪᠠᠶᠠᠯᠢᠭ᠎ᠢ ᠠᠪᠴᠤ ᠬᠡᠷᠡᠭᠯᠡᠬᠦ ᠨᠢᠭᠡᠴᠢ ᠪᠠ ᠬᠤᠪᠢ ᠬᠦᠮᠦᠨ᠃  ᠤᠰᠤᠨ᠎ᠤ ᠡᠬᠢ ᠪᠠᠶᠠᠯᠢᠭ᠎ᠤᠨ ᠭᠠᠶ᠋ᠢᠯᠢ᠎ᠳᠤ ᠬᠡᠮᠵᠢᠶ᠎ᠡ᠎ᠪᠠᠷ ᠪᠣᠳᠣᠵᠤ ᠲᠠᠲᠠᠪᠤᠷᠢᠯᠠᠬᠤ ᠵᠢ ᠬᠡᠷᠡᠭᠵᠢᠭᠦᠯᠦᠨ᠎ᠡ᠃

  (ᠬᠤᠶᠠᠷ) ᠭᠠᠶ᠋ᠢᠯᠢ ᠵᠢᠨ ᠲᠤᠭ᠎ᠠ ᠵᠢᠨ ᠪᠠᠷᠢᠮᠵᠢᠶ᠎ᠠ᠃  ᠤᠰᠤᠨ᠎ᠤ ᠡᠬᠢ ᠪᠠᠶᠠᠯᠢᠭ᠎ᠤᠨ ᠭᠠᠶ᠋ᠢᠯᠢ ᠤᠰᠤᠨ᠎ᠤ ᠡᠬᠢ ᠪᠠᠶᠠᠯᠢᠭ᠎ᠤᠨ ᠪᠠᠶ᠋ᠢᠳᠠᠯ᠂  ᠤᠰᠤ ᠲᠠᠲᠠᠵᠤ ᠬᠡᠷᠡᠭᠯᠡᠬᠦ ᠲᠥᠷᠥᠯ ᠵᠦᠢ᠍ᠯ ᠪᠣᠯᠤᠨ ᠠᠵᠤ ᠠᠬᠤᠶ ᠵᠢᠨ ᠬᠥᠭᠵᠢᠯᠲᠡ ᠵᠡᠷᠭᠡ ᠪᠠᠶ᠋ᠢᠳᠠᠯ᠎ᠢ ᠦᠨᠳᠦᠰᠦᠯᠡᠨ ᠭᠠᠶ᠋ᠢᠯᠢ ᠵᠢᠨ ᠲᠣᠭ᠎ᠠ᠎ᠪᠠᠨ ᠵᠥᠷᠢᠶ᠎ᠡ᠎ᠲᠠᠢ ᠪᠠᠶ᠋ᠢᠯᠭ᠋ᠠᠬᠤ ᠵᠢ ᠬᠡᠷᠡᠭᠵᠢᠭᠦᠯᠦᠨ᠎ᠡ᠃  ᠤᠯᠤᠰ᠎ᠠᠴᠠ ᠡᠯ᠎ᠡ ᠮᠤᠵᠢ᠂  ᠥᠪᠡᠷᠲᠡᠭᠡᠨ ᠵᠠᠰᠠᠬᠤ ᠣᠷᠣᠨ᠂  ᠰᠢᠭᠤᠳ ᠬᠠᠷᠢᠶ᠎ᠠ ᠬᠣᠲᠠ ᠵᠢᠨ ᠤᠰᠤᠨ᠎ᠤ ᠡᠬᠢ ᠪᠠᠶᠠᠯᠢᠭ᠎ᠤᠨ ᠭᠠᠶ᠋ᠢᠯᠢ ᠵᠢᠨ ᠳᠤᠮᠳᠠᠴᠢ ᠭᠠᠶ᠋ᠢᠯᠢ ᠵᠢᠨ ᠲᠣᠭ᠎ᠠ ᠵᠢᠨ ᠪᠠᠷᠢᠮᠵᠢᠶ᠎ᠠ ᠵᠢ ᠨᠢᠭᠡᠳᠦᠯᠲᠡᠶ ᠲᠣᠳᠣᠷᠬᠠᠶ᠋ᠢᠯᠠᠵᠤ᠂  ᠪᠣᠳᠠᠲᠠᠶ ᠲᠤᠬᠢᠷᠠᠬᠤ ᠭᠠᠶ᠋ᠢᠯᠢ ᠵᠢᠨ ᠨᠣᠷᠮ᠎ᠠ ᠵᠢ ᠡᠯ᠎ᠡ ᠮᠤᠵᠢ᠂  ᠥᠪᠡᠷᠲᠡᠭᠡᠨ ᠵᠠᠰᠠᠬᠤ ᠣᠷᠣᠨ᠂  ᠰᠢᠭᠤᠳ ᠬᠠᠷᠢᠶ᠎ᠠ ᠬᠣᠲᠠ᠎ᠠᠴᠠ ᠲᠣᠭᠲᠠᠭ᠋ᠠᠨ᠎ᠠ᠃  ᠡᠭᠦᠨ᠎ᠤ ᠬᠠᠮᠲᠤ᠂  ᠭᠠᠵᠠᠷ ᠳᠣᠤᠷᠠᠬᠢ ᠤᠰᠤ᠂  ᠤᠰᠤᠨ᠎ᠤ ᠡᠬᠢ ᠪᠠᠶᠠᠯᠢᠭ᠎ᠢ ᠲᠠᠲᠠᠵᠤ ᠬᠡᠷᠡᠭᠯᠡᠬᠦ ᠬᠦᠨᠳᠦ ᠨᠣᠴᠢᠲᠠᠶ ᠳᠤᠲᠠᠭᠳᠠᠭᠰᠠᠨ ᠪᠠ ᠳᠠᠭ᠋ᠠᠭ᠋ᠠᠴᠠ᠎ᠠᠴᠠ ᠬᠡᠲᠦᠷᠡᠭᠰᠡᠨ ᠭᠠᠵᠠᠷ ᠣᠷᠣᠨ᠎ᠤ ᠤᠰᠤ ᠲᠠᠲᠠᠵᠤ ᠬᠡᠷᠡᠭᠯᠡᠬᠦ ᠬᠡᠮᠵᠢᠶ᠎ᠡ ᠵᠢ ᠳᠡᠭᠡᠳᠦ ᠬᠡᠮᠵᠢᠶ᠎ᠡ᠎ᠠᠴᠠ᠎ᠨᠢ ᠭᠠᠶ᠋ᠢᠯᠢ ᠵᠢᠨ ᠲᠤᠭ᠎ᠠ ᠵᠢ ᠲᠣᠭᠲᠠᠭ᠋ᠠᠬᠤ ᠬᠡᠷᠡᠭᠲᠡᠶ ᠭᠡᠵᠦ ᠱᠠᠭ᠋ᠠᠷᠳᠠᠪᠠ᠃

  (ᠭᠤᠷᠪᠠ) ᠭᠠᠶ᠋ᠢᠯᠢ ᠲᠠᠲᠠᠪᠤᠷᠢ ᠵᠢᠨ ᠬᠠᠷᠠᠭ᠋ᠠᠯᠵᠠᠯ᠃  ᠲᠣᠭᠲᠠᠭ᠋ᠠᠭᠰᠠᠨ ᠬᠢᠵᠠᠭ᠋ᠠᠷ ᠲᠣᠭ᠋ᠠᠨ᠎ᠤ ᠳᠣᠲᠣᠷᠠᠬᠢ ᠲᠠᠷᠢᠶᠠᠯᠠᠩ᠎ᠤᠨ ᠦᠢ᠍ᠯᠡᠳᠪᠦᠷᠢᠯᠡᠯ᠎ᠤᠨ ᠤᠰᠤ ᠲᠠᠲᠠᠵᠤ ᠬᠡᠷᠡᠭᠯᠡᠬᠦ ᠵᠡᠷᠭᠡ ᠲᠠᠪᠤᠨ ᠵᠦᠢ᠍ᠯ᠎ᠤᠨ ᠪᠠᠶ᠋ᠢᠳᠠᠯ᠎ᠠᠴᠠ ᠤᠰᠤᠨ᠎ᠤ ᠡᠬᠢ ᠪᠠᠶᠠᠯᠢᠭ᠎ᠤᠨ ᠭᠠᠶ᠋ᠢᠯᠢ ᠲᠠᠲᠠᠪᠤᠷᠢᠯᠠᠬᠤ ᠦᠭᠡᠢ; ᠲᠣᠭᠲᠠᠭ᠋ᠠᠭᠰᠠᠨ ᠬᠢᠵᠠᠭ᠋ᠠᠷ ᠲᠤᠭ᠎ᠠ᠎ᠠᠴᠠ ᠬᠡᠲᠦᠷᠡᠭᠰᠡᠨ ᠲᠠᠷᠢᠶᠠᠯᠠᠩ᠎ᠤᠨ ᠦᠢ᠍ᠯᠡᠳᠪᠦᠷᠢᠯᠡᠯ᠎ᠤᠨ ᠤᠰᠤ ᠲᠠᠲᠠᠵᠤ ᠬᠡᠷᠡᠭᠯᠡᠬᠦ ᠵᠢᠴᠢ ᠬᠥᠳᠡᠭᠡ ᠲᠣᠰᠬᠤᠨ᠎ᠤ ᠤᠰᠤ ᠲᠥᠪᠯᠡᠷᠡᠭᠰᠡᠨ ᠤᠰᠤ ᠤᠮᠳᠠ ᠵᠢᠨ ᠢᠨᠵᠧᠨᠧᠷᠢᠩ᠎ᠠᠴᠠ ᠤᠰᠤ ᠲᠠᠲᠠᠵᠤ ᠬᠡᠷᠡᠭᠯᠡᠬᠦ ᠲᠠᠯ᠎ᠠ᠎ᠪᠠᠷ᠂  ᠣᠷᠣᠨ ᠨᠤᠲᠤᠭ᠎ᠲᠤ ᠡᠷᠬᠡ ᠣᠯᠭᠤᠵᠤ ᠤᠰᠤᠨ᠎ᠤ ᠡᠬᠢ ᠪᠠᠶᠠᠯᠢᠭ᠎ᠤᠨ ᠭᠠᠶ᠋ᠢᠯᠢ ᠵᠢ ᠬᠠᠰᠤᠵᠤ ᠬᠡᠯᠲᠦᠷᠢᠭᠦᠯᠦᠨ᠎ᠡ; ᠤᠰᠤ ᠬᠡᠷᠡᠭᠯᠡᠬᠦ ᠦᠷ᠎ᠡ ᠪᠦᠲᠦᠮᠵᠢ᠎ᠨᠢ ᠤᠯᠤᠰ᠎ᠤᠨ ᠤᠰᠤ ᠬᠡᠷᠡᠭᠯᠡᠬᠦ ᠲᠣᠭᠲᠠᠭᠰᠠᠨ ᠨᠣᠷᠮ᠎ᠠ ᠵᠢᠨ ᠲᠡᠷᠢᠭᠦᠨ᠎ᠤ ᠥᠷᠲᠡᠭ᠎ᠲᠤ ᠬᠦᠷᠦᠭᠰᠡᠨ ᠬᠠᠮᠢᠶ᠎ᠠ ᠪᠦᠬᠦᠢ ᠭᠠᠶ᠋ᠢᠯᠢ ᠲᠤᠰᠢᠶᠠᠭᠴᠢ᠎ᠠᠴᠠ ᠤᠰᠤᠨ᠎ᠤ ᠡᠬᠢ ᠪᠠᠶᠠᠯᠢᠭ᠎ᠤᠨ ᠭᠠᠶ᠋ᠢᠯᠢ ᠵᠢ ᠬᠥᠩᠭᠡᠯᠡᠨ ᠲᠠᠲᠠᠪᠤᠷᠢᠯᠠᠨ᠎ᠠ᠃

  (ᠳᠥᠷᠪᠡ) ᠣᠷᠣᠯᠭ᠎ᠠ ᠵᠢᠨ ᠬᠠᠷᠢᠶᠠᠯᠠᠯ᠃  ᠤᠰᠤᠨ᠎ᠤ ᠡᠬᠢ ᠪᠠᠶᠠᠯᠢᠭ᠎ᠤᠨ ᠵᠠᠷᠤᠳᠠᠯ᠎ᠢ ᠭᠠᠶ᠋ᠢᠯᠢ ᠪᠣᠯᠭ᠋ᠠᠨ ᠥᠭᠡᠷᠡᠴᠢᠯᠡᠬᠦ ᠲᠤᠷᠰᠢᠯᠲᠠ ᠵᠢ ᠪᠦᠬᠦ ᠲᠠᠯ᠎ᠠ᠎ᠪᠠᠷ ᠬᠡᠷᠡᠭᠵᠢᠭᠦᠯᠦᠭᠰᠡᠨ᠎ᠤ ᠳᠠᠷᠠᠭ᠎ᠠ᠂  ᠤᠰᠤᠨ᠎ᠤ ᠡᠬᠢ ᠪᠠᠶᠠᠯᠢᠭ᠎ᠤᠨ ᠭᠠᠶ᠋ᠢᠯᠢ ᠵᠢᠨ ᠣᠷᠣᠯᠭ᠎ᠠ ᠵᠢ ᠴᠥᠮ ᠣᠷᠣᠨ ᠨᠤᠲᠤᠭ (ᠲᠦᠭᠦᠬᠡᠶ ᠤᠰᠤᠨ᠎ᠤ ᠡᠬᠢ ᠪᠠᠶᠠᠯᠢᠭ᠎ᠤᠨ ᠵᠠᠷᠤᠳᠠᠯ᠎ᠤᠨ ᠣᠷᠣᠯᠭ᠎ᠠ᠎ᠳᠤ ᠲᠥᠪ ᠪᠠ ᠣᠷᠣᠨ ᠨᠤᠲᠤᠭ 1᠄ 9 ᠵᠢᠨ ᠬᠤᠪᠢᠳᠠᠯ᠎ᠢ ᠬᠡᠷᠡᠭᠵᠢᠭᠦᠯᠦᠨ᠎ᠡ)᠎ᠤᠨ ᠡᠵᠡᠨ ᠮᠡᠳᠡᠬᠦ ᠡᠳ᠋᠎ᠤᠨ ᠬᠦᠴᠦ ᠵᠢ ᠵᠣᠬᠢᠰᠲᠠᠢ᠎ᠪᠠᠷ ᠨᠡᠮᠡᠭᠳᠡᠭᠦᠯᠦᠨ᠎ᠡ᠃

  (ᠲᠠᠪᠤ) ᠭᠠᠶ᠋ᠢᠯᠢ ᠲᠠᠲᠠᠪᠤᠷᠢ ᠵᠢ ᠲᠠᠲᠠᠪᠤᠷᠢᠯᠠᠨ ᠬᠠᠮᠢᠶᠠᠷᠬᠤ᠃  ᠭᠠᠶ᠋ᠢᠯᠢ ᠵᠢᠨ ᠶᠠᠪᠤᠳᠠᠯ᠎ᠤᠨ ᠪᠠᠶ᠋ᠢᠭᠤᠯᠭ᠎ᠠ ᠪᠣᠯᠤᠨ ᠤᠰᠤᠨ᠎ᠤ ᠵᠠᠰᠠᠭ ᠵᠠᠬᠢᠷᠭ᠋ᠠᠨ᠎ᠤ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ᠎ᠤᠨ ᠬᠠᠮᠵᠢᠯᠴᠠᠨ ᠭᠠᠶ᠋ᠢᠯᠢ ᠲᠠᠲᠠᠪᠤᠷᠢᠯᠠᠬᠤ ᠲᠣᠭᠲᠠᠴᠠ ᠵᠢ ᠪᠦᠷᠢᠨᠰᠢᠭᠦᠯᠵᠦ᠂  ᠭᠠᠶ᠋ᠢᠯᠢ ᠲᠤᠰᠢᠶᠠᠭᠴᠢ ᠵᠢᠨ ᠤᠰᠤ ᠲᠠᠲᠠᠬᠤ ᠬᠡᠮᠵᠢᠯᠲᠡ ᠵᠢᠨ ᠪᠡᠯᠡᠳᠬᠡᠮᠵᠢ (ᠪᠠᠭ᠋ᠠᠵᠢ ᠬᠡᠷᠡᠭᠰᠡᠯ᠎ᠢ ᠴᠢᠩᠭ᠋ᠠᠷᠠᠭᠤᠯᠤᠨ᠎ᠠ) ᠬᠢᠨᠠᠯᠲᠠ ᠬᠠᠮᠢᠶᠠᠷᠤᠯᠲᠠ ᠵᠢ ᠵᠢᠷᠤᠮᠵᠢᠭᠤᠯᠤᠨ ᠴᠢᠩᠭ᠋ᠠᠳᠬᠠᠨ᠎ᠠ᠃

   ᠠᠰᠠᠭᠤᠬᠤ᠎ᠨᠢ

   ᠲᠦᠷᠦᠭᠦᠤ ᠬᠤᠶᠠᠷ ᠤᠳᠠᠭ᠋ᠠᠨ᠎ᠤ ᠤᠰᠤᠨ᠎ᠤ ᠡᠬᠢ ᠪᠠᠶᠠᠯᠢᠭ᠎ᠤᠨ ᠭᠠᠶ᠋ᠢᠯᠢ ᠵᠢᠨ ᠥᠭᠡᠷᠡᠴᠢᠯᠡᠯᠲᠡ ᠵᠢᠨ ᠲᠤᠷᠰᠢᠯᠲᠠ ᠵᠢᠨ ᠴᠡᠭ᠎ᠲᠠᠢ ᠬᠠᠷᠢᠴᠠᠭᠤᠯᠪᠠᠯ᠂ 《ᠠᠷᠭ᠎ᠠ》᠎ᠳᠤ ᠶᠠᠮᠠᠷ ᠶᠠᠮᠠᠷ ᠲᠥᠷᠥ ᠵᠢᠨ ᠪᠣᠳᠣᠯᠭ᠎ᠠ ᠵᠢᠨ ᠲᠣᠬᠢᠷᠠᠭᠤᠯᠤᠯᠲᠠ ᠬᠢᠭᠰᠡᠨ ᠪᠣᠶ?

   ᠬᠠᠷᠢᠭᠤᠯᠬᠤ᠎ᠨᠢ

   ᠲᠦᠷᠦᠭᠦᠤ ᠬᠤᠶᠠᠷ ᠤᠳᠠᠭ᠋ᠠᠨ᠎ᠤ ᠥᠭᠡᠷᠡᠴᠢᠯᠡᠯᠲᠡ ᠵᠢᠨ ᠲᠤᠷᠰᠢᠯᠲᠠ ᠵᠢᠨ ᠴᠡᠭ᠎ᠲᠠᠢ ᠬᠠᠷᠢᠴᠠᠭᠤᠯᠪᠠᠯ᠂ 《ᠠᠷᠭ᠎ᠠ》᠎ᠳᠤ ᠭᠤᠤᠯᠳᠠᠭᠤ ᠳᠥᠷᠪᠡᠨ ᠲᠠᠯ᠎ᠠ ᠵᠢᠨ ᠲᠥᠷᠥ ᠵᠢᠨ ᠪᠣᠳᠣᠯᠭ᠎ᠠ ᠵᠢᠨ ᠲᠣᠬᠢᠷᠠᠭᠤᠯᠤᠯᠲᠠ ᠪᠣᠶ᠄

   ᠨᠢᠭᠡ᠎ᠳᠤ᠂  ᠭᠠᠶ᠋ᠢᠯᠢ ᠲᠠᠲᠠᠪᠤᠷᠢ ᠵᠢᠨ ᠳᠦᠷᠢᠮ᠎ᠢ ᠲᠡᠭᠦᠯᠳᠡᠷᠵᠢᠭᠦᠯᠪᠡ᠃ 《ᠠᠷᠭ᠎ᠠ》᠎ᠨᠢ ᠤᠰᠤᠨ᠎ᠤ ᠡᠬᠢ ᠪᠠᠶᠠᠯᠢᠭ᠎ᠤᠨ ᠭᠠᠶ᠋ᠢᠯᠢ ᠲᠠᠲᠠᠪᠤᠷᠢᠯᠠᠬᠤ ᠬᠡᠪᠴᠢᠶ᠎ᠡ ᠪᠠ ᠡᠲᠡᠭᠡᠳ᠎ᠢ ᠤᠯᠠᠮ ᠨᠢᠭᠡ ᠠᠯᠬᠤᠮ ᠵᠠᠭ᠋ᠠᠭᠯᠠᠨ ᠲᠣᠭᠲᠠᠭ᠋ᠠᠵᠠᠢ; ᠭᠠᠶ᠋ᠢᠯᠢ ᠲᠤᠰᠢᠶᠠᠭᠴᠢ ᠵᠢᠨ ᠤᠰᠤ ᠠᠪᠴᠤ ᠬᠡᠷᠡᠭᠯᠡᠬᠦ᠎ᠳᠤ ᠣᠯᠠᠨ ᠭᠠᠶ᠋ᠢᠯᠢ ᠵᠢᠨ ᠲᠤᠭ᠎ᠠ ᠵᠢᠨ ᠪᠠᠷᠢᠮᠵᠢᠶ᠎ᠠ ᠵᠢᠨ ᠭᠤᠶᠤᠴᠢᠯᠠᠨ ᠮᠡᠳᠡᠭᠦᠯᠵᠦ ᠭᠠᠶ᠋ᠢᠯᠢ ᠲᠤᠰᠢᠶᠠᠬᠤ ᠱᠠᠭ᠋ᠠᠷᠳᠠᠯᠭ᠎ᠠ ᠵᠢ ᠨᠠᠷᠢᠯᠢᠬ᠍ᠵᠢᠭᠤᠯᠪᠠ; ᠭᠠᠶ᠋ᠢᠯᠢ ᠲᠠᠲᠠᠪᠤᠷᠢ ᠵᠢᠨ ᠬᠠᠷᠠᠭ᠋ᠠᠯᠵᠠᠯ᠎ᠤᠨ ᠲᠥᠷᠥ ᠵᠢᠨ ᠪᠣᠳᠣᠯᠭ᠎ᠠ ᠵᠢᠨ ᠵᠥᠪ ᠴᠢᠭᠯᠡᠯ ᠵᠶ᠋ᠠᠷ ᠤᠷᠮᠠᠰᠢᠭᠤᠯᠤᠨ ᠵᠢᠯᠣᠭᠤᠳᠬᠤ ᠦᠢ᠍ᠯᠡᠳᠦᠯ᠎ᠢ ᠴᠢᠩᠭ᠋ᠠᠷᠠᠭᠤᠯᠪᠠ; ᠡᠬᠢ ᠪᠠᠶᠠᠯᠢᠭ᠎ᠤᠨ ᠭᠠᠶ᠋ᠢᠯᠢ ᠵᠢᠨ ᠬᠠᠤᠯᠢ ᠵᠢᠨ ᠬᠤᠯᠪᠣᠭᠳᠠᠯ ᠪᠦᠬᠦᠢ ᠲᠣᠭᠲᠠᠭ᠋ᠠᠯ᠎ᠲᠠᠢ ᠵᠣᠯᠭ᠋ᠠᠯᠳᠤᠭᠤᠯᠵᠤ᠂  ᠤᠰᠤᠨ᠎ᠤ ᠡᠬᠢ ᠪᠠᠶᠠᠯᠢᠭ᠎ᠤᠨ ᠭᠠᠶ᠋ᠢᠯᠢ ᠲᠤᠰᠢᠶᠠᠬᠤ ᠭᠠᠵᠠᠷ᠎ᠢ ᠦᠢ᠍ᠯᠡᠳᠪᠦᠷᠢᠯᠡᠯ ᠡᠵᠡᠩᠨᠡᠯᠲᠡ ᠵᠢᠨ ᠪᠠᠶ᠋ᠢᠭ᠎ᠠ ᠭᠠᠵᠠᠷ᠎ᠠᠴᠠ᠎ᠨᠢ ᠤᠰᠤ ᠠᠪᠬᠤ ᠠᠮᠠᠰᠠᠷ ᠪᠣᠯᠭ᠋ᠠᠨ ᠲᠣᠬᠢᠷᠠᠭᠤᠯᠪᠠ᠃

   ᠬᠣᠶᠠᠷ᠎ᠲᠤ᠂  ᠣᠷᠣᠨ ᠨᠤᠲᠤᠭ᠎ᠤᠨ ᠡᠷᠬᠡ ᠮᠡᠳᠡᠯ᠎ᠢ ᠦᠷᠭᠡᠳᠭᠡᠪᠡ᠃ 《ᠠᠷᠭ᠎ᠠ》᠎ᠨᠢ ᠣᠷᠣᠨ ᠨᠤᠲᠤᠭ᠎ᠤᠨ ᠭᠠᠶ᠋ᠢᠯᠢ ᠲᠠᠲᠠᠪᠤᠷᠢ ᠵᠢᠨ ᠬᠠᠮᠢᠶᠠᠷᠤᠯᠲᠠ ᠵᠢᠨ ᠡᠷᠬᠡ ᠮᠡᠳᠡᠯ᠎ᠢ ᠵᠣᠬᠢᠰᠲᠠᠶ ᠥᠷᠭᠡᠳᠬᠡᠵᠦ᠂  ᠡᠭᠦᠨ᠎ᠳᠤ ᠣᠷᠣᠨ ᠨᠤᠲᠤᠭ᠎ᠠᠴᠠ ᠬᠠᠰᠤᠵᠤ ᠲᠠᠲᠠᠪᠤᠷᠢᠯᠠᠬᠤ ᠪᠠ ᠬᠡᠯᠲᠦᠷᠢᠭᠦᠯᠵᠦ ᠪᠣᠯᠬᠤ ᠭᠠᠶ᠋ᠢᠯᠢ ᠲᠠᠲᠠᠪᠤᠷᠢ ᠵᠢᠨ ᠬᠠᠷᠠᠭ᠋ᠠᠯᠵᠠᠯ᠎ᠤᠨ ᠲᠥᠷᠥ ᠵᠢᠨ ᠪᠣᠳᠣᠯᠭ᠎ᠠ ᠵᠢ ᠰᠢᠨ᠎ᠡ᠎ᠪᠠᠷ ᠨᠡᠮᠡᠭᠳᠡᠭᠦᠯᠪᠡ; ᠤᠰᠤᠨ᠎ᠤ ᠡᠬᠢ ᠪᠠᠶᠠᠯᠢᠭ᠎ᠤᠨ ᠭᠠᠶ᠋ᠢᠯᠢ ᠵᠢᠨ ᠭᠠᠶ᠋ᠢᠯᠢ ᠵᠢᠨ ᠲᠤᠭ᠎ᠠ ᠵᠢᠨ ᠪᠠᠷᠢᠮᠵᠢᠶ᠎ᠠ ᠵᠢ ᠳᠥᠭᠦᠮᠴᠢᠯᠡᠵᠦ᠂  ᠣᠷᠣᠨ ᠨᠤᠲᠤᠭ᠎ᠲᠤ ᠡᠷᠬᠡ ᠣᠯᠭᠤᠵᠤ ᠪᠠᠶ᠋ᠢᠭ᠋ᠠᠳ ᠪᠣᠳᠠᠲᠠᠶ ᠭᠠᠶ᠋ᠢᠯᠢ ᠵᠢᠨ ᠲᠤᠭ᠎ᠠ ᠵᠢ ᠲᠣᠭᠲᠠᠭ᠋ᠠᠬᠤ ᠦᠶ᠎ᠡ᠎ᠳᠤ ᠨᠠᠩ ᠣᠯᠠᠨ ᠲᠣᠬᠢᠷᠠᠭᠤᠯᠬᠤ ᠣᠷᠣᠨ ᠵᠠᠶ᠎ᠲᠠᠢ ᠪᠣᠯᠭ᠋ᠠᠨ᠎ᠠ; ᠣᠷᠣᠨ ᠨᠤᠲᠤᠭ᠎ᠲᠤ ᠡᠷᠬᠡ ᠣᠯᠭᠤᠵᠤ ᠪᠠᠶ᠋ᠢᠭ᠋ᠠᠳ ᠤᠰᠤ ᠠᠪᠴᠤ ᠬᠡᠷᠡᠭᠯᠡᠬᠦ ᠤᠰᠤᠨ᠎ᠤ ᠡᠬᠢ ᠪᠠᠶᠠᠯᠢᠭ᠎ᠤᠨ ᠭᠠᠶ᠋ᠢᠯᠢ ᠵᠢ ᠬᠢᠨᠠᠨ ᠲᠣᠭᠲᠠᠭ᠋ᠠᠬᠤ ᠠᠷᠭ᠎ᠠ ᠪᠠ ᠪᠤᠳᠤᠵᠤ ᠲᠠᠲᠠᠪᠤᠷᠢᠯᠠᠬᠤ ᠠᠷᠭ᠎ᠠ ᠮᠠᠶᠢᠭ ᠵᠡᠷᠭᠡ ᠵᠢ ᠲᠣᠭᠲᠠᠭ᠋ᠠᠨ᠎ᠠ᠃

   ᠭᠤᠷᠪᠠ᠎ᠳᠤ᠂  ᠲᠠᠲᠠᠪᠤᠷᠢᠯᠠᠨ ᠬᠠᠮᠢᠶᠠᠷᠬᠤ ᠲᠣᠭᠲᠠᠴᠠ ᠵᠢ ᠪᠦᠷᠢᠨᠰᠢᠭᠦᠯᠪᠡ᠃ 《ᠠᠷᠭ᠎ᠠ》᠎ᠳᠤ ᠭᠠᠶ᠋ᠢᠯᠢ ᠲᠤᠰᠢᠶᠠᠭᠴᠢ ᠵᠢᠨ ᠭᠠᠶ᠋ᠢᠯᠢ ᠲᠤᠰᠢᠶᠠᠬᠤ᠎ᠪᠠᠷ ᠭᠤᠶᠤᠴᠢᠯᠠᠨ ᠮᠡᠳᠡᠭᠦᠯᠬᠦ ᠬᠠᠮᠢᠶ᠎ᠠ ᠪᠥᠬᠦᠶ ᠬᠠᠷᠢᠭᠤᠴᠠᠯᠭ᠎ᠠ ᠪᠠ ᠡᠭᠦᠷᠭᠡ ᠵᠢ ᠤᠯᠠᠮ ᠨᠢᠭᠡ ᠠᠯᠬᠤᠮ ᠲᠣᠳᠣᠷᠬᠠᠶ ᠲᠣᠭᠲᠠᠭ᠋ᠠᠪᠠ᠃  ᠡᠭᠦᠨ᠎ᠤ ᠬᠠᠮᠲᠤ᠂  ᠭᠠᠶ᠋ᠢᠯᠢ ᠵᠢᠨ ᠶᠠᠪᠤᠳᠠᠯ᠎ᠤᠨ ᠰᠠᠯᠠᠭ᠎ᠠ ᠮᠥᠴᠢᠷ ᠪᠣᠯᠤᠨ ᠤᠰᠤᠨ᠎ᠤ ᠵᠠᠰᠠᠭ ᠵᠠᠬᠢᠷᠭ᠋ᠠᠨ᠎ᠤ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ᠎ᠤᠨ ᠮᠡᠳᠡᠭᠡ ᠵᠠᠩᠭᠢ ᠵᠢ ᠬᠠᠮᠲᠤ᠎ᠪᠠᠷ ᠡᠳ᠋ᠯᠡᠬᠦ ᠪᠠ ᠲᠠᠲᠠᠪᠤᠷᠢᠯᠠᠨ ᠬᠠᠮᠢᠶᠠᠷᠴᠤ ᠵᠣᠬᠢᠴᠠᠭᠤᠯᠬᠤ ᠲᠣᠭᠲᠠᠴᠠ ᠵᠢ ᠤᠯᠠᠮ ᠨᠢᠭᠡ ᠠᠯᠬᠤᠮ ᠲᠡᠭᠦᠯᠳᠡᠷᠵᠢᠭᠦᠯᠵᠦ᠂  ᠤᠰᠤᠨ᠎ᠤ ᠡᠬᠢ ᠪᠠᠶᠠᠯᠢᠭ᠎ᠤᠨ ᠭᠠᠶ᠋ᠢᠯᠢ ᠲᠠᠲᠠᠪᠤᠷᠢᠯᠠᠵᠤ ᠬᠠᠮᠢᠶᠠᠷᠬᠤ ᠦᠷ᠎ᠡ ᠪᠦᠲᠦᠮᠵᠢ ᠵᠢ ᠳᠡᠭᠡᠭᠰᠢᠯᠡᠭᠦᠯᠪᠡ᠃

   ᠳᠥᠷᠪᠡ᠎ᠳᠤ᠂  ᠦᠨ᠎ᠡ ᠵᠢᠨ ᠭᠠᠶ᠋ᠢᠯᠢ ᠵᠢᠨ ᠬᠠᠷᠢᠴᠠᠭ᠎ᠠ ᠵᠢ ᠰᠢᠯᠤᠭᠤᠳᠬᠠᠪᠠ᠃ 《ᠠᠷᠭ᠎ᠠ》᠎ᠳᠤ ᠤᠰᠤᠨ᠎ᠤ ᠡᠬᠢ ᠪᠠᠶᠠᠯᠢᠭ᠎ᠤᠨ ᠭᠠᠶ᠋ᠢᠯᠢ ᠪᠠ ᠤᠰᠤ ᠬᠠᠩᠭ᠋ᠠᠬᠤ ᠦᠨ᠎ᠡ ᠬᠠᠩᠰᠢ ᠵᠢᠨ ᠬᠠᠷᠢᠴᠠᠭ᠎ᠠ ᠵᠢ ᠲᠣᠳᠣᠷᠬᠠᠶ᠋ᠢᠯᠠᠵᠤ᠂  ᠬᠤᠲᠠ ᠪᠠᠯᠭ᠋ᠠᠰᠤᠨ᠎ᠤ ᠣᠯᠠᠨ ᠨᠡᠶ᠋ᠢᠲᠡ ᠵᠢᠨ ᠤᠰᠤ ᠬᠠᠩᠭ᠋ᠠᠬᠤ ᠠᠵᠤ ᠠᠬᠤᠶ᠋ᠢᠯᠠᠯ᠎ᠨᠢ ᠤᠰᠤᠨ᠎ᠤ ᠡᠬᠢ ᠪᠠᠶᠠᠯᠢᠭ᠎ᠤᠨ ᠭᠠᠶ᠋ᠢᠯᠢ ᠲᠤᠰᠢᠶᠠᠭᠴᠢ ᠪᠣᠯᠤᠨ᠎ᠠ᠂  ᠤᠰᠤᠨ᠎ᠤ ᠡᠬᠢ ᠪᠠᠶᠠᠯᠢᠭ᠎ᠤᠨ ᠭᠠᠶ᠋ᠢᠯᠢ ᠬᠢᠭᠡᠳ ᠲᠦᠭᠡᠭᠡᠯ ᠤᠰᠤᠨ᠎ᠤ ᠦᠨ᠎ᠡ ᠬᠠᠩᠰᠢ ᠵᠢᠨ ᠭᠠᠶ᠋ᠢᠯᠢ ᠵᠢ ᠰᠠᠯᠭ᠋ᠠᠬᠤ ᠵᠢ ᠬᠡᠷᠡᠭᠵᠢᠭᠦᠯᠵᠦ᠂  ᠭᠠᠶ᠋ᠢᠯᠢ ᠲᠠᠲᠠᠪᠤᠷᠢ᠎ᠪᠠᠷ ᠬᠤᠯᠪᠣᠭᠳᠠᠯ ᠪᠥᠬᠦᠶ ᠠᠵᠤ ᠠᠬᠤᠶ᠋ᠢᠯᠠᠯ᠎ᠢ ᠬᠥᠲᠥᠯᠦᠨ ᠵᠢᠯᠣᠭᠤᠳᠴᠤ ᠪᠠᠶ᠋ᠢᠭ᠋ᠠᠳ ᠠᠷᠭ᠎ᠠ ᠬᠡᠮᠵᠢᠶ᠎ᠡ ᠠᠪᠴᠤ ᠪᠠᠶ᠋ᠢᠭ᠋ᠠᠳ ᠤᠰᠤᠨ᠎ᠤ ᠭᠤᠭᠤᠵᠢᠭᠳᠠᠯ᠎ᠢ ᠬᠢᠵᠠᠭ᠋ᠠᠷᠯᠠᠬᠤ ᠪᠠ ᠪᠠᠭᠤᠷᠠᠭᠤᠯᠤᠨ᠎ᠠ᠃

   ᠠᠰᠠᠭᠤᠬᠤ᠎ᠨᠢ

   ᠶᠠᠮᠠᠷ ᠶᠠᠮᠠᠷ ᠠᠷᠭ᠎ᠠ ᠬᠡᠮᠵᠢᠶ᠎ᠡ ᠠᠪᠴᠤ ᠪᠠᠶ᠋ᠢᠭ᠋ᠠᠳ ᠤᠰᠤᠨ᠎ᠤ ᠡᠬᠢ ᠪᠠᠶᠠᠯᠢᠭ᠎ᠤᠨ ᠰᠦᠢ᠍ᠳᠬᠡᠯ᠎ᠢ ᠭᠠᠶ᠋ᠢᠯᠢ ᠪᠣᠯᠭ᠋ᠠᠨ ᠥᠭᠡᠷᠡᠴᠢᠯᠡᠵᠦ ᠲᠣᠭᠲᠠᠭᠤᠨ ᠵᠶ᠋ᠠᠷ ᠬᠡᠷᠡᠭᠵᠢᠭᠦᠯᠬᠦ ᠵᠢ ᠠᠬᠢᠭᠤᠯᠬᠤ ᠪᠣᠶ?

   ᠬᠠᠷᠢᠭᠤᠯᠬᠤ᠎ᠨᠢ

   ᠤᠰᠤᠨ᠎ᠤ ᠡᠬᠢ ᠪᠠᠶᠠᠯᠢᠭ᠎ᠤᠨ ᠵᠠᠷᠤᠳᠠᠯ᠎ᠢ ᠭᠠᠶ᠋ᠢᠯᠢ ᠪᠣᠯᠭ᠋ᠠᠨ ᠥᠭᠡᠷᠡᠴᠢᠯᠡᠬᠦ ᠲᠤᠷᠰᠢᠯᠲᠠ ᠵᠢᠨ ᠴᠡᠭ᠎ᠤᠨ ᠬᠣᠯᠪᠣᠭᠳᠠᠬᠤ ᠬᠡᠪᠴᠢᠶ᠎ᠡ ᠥᠷᠭᠡᠨ᠂  ᠲᠤᠰᠬᠠᠶ ᠮᠡᠷᠭᠡᠵᠢᠯ᠎ᠤᠨ ᠴᠢᠨᠠᠷ ᠵᠶ᠋ᠠᠷ ᠴᠢᠩᠭ᠎ᠠ᠂  ᠨᠡᠶ᠋ᠢᠭᠡᠮ᠎ᠤᠨ ᠠᠩᠬᠠᠷᠤᠯ᠎ᠤᠨ ᠬᠡᠮᠵᠢᠶ᠎ᠡ ᠥᠨᠳᠥᠷ ᠪᠠᠶ᠋ᠢᠬᠤ ᠵᠢ ᠪᠦᠬᠦ ᠲᠠᠯ᠎ᠠ᠎ᠪᠠᠷ ᠬᠡᠷᠡᠭᠵᠢᠭᠦᠯᠵᠦ᠂  ᠥᠭᠡᠷᠡᠴᠢᠯᠡᠯᠲᠡ ᠵᠢᠨ ᠲᠤᠷᠰᠢᠯᠲᠠ ᠵᠢᠨ ᠴᠡᠭ᠎ᠤᠨ ᠲᠣᠭᠲᠠᠭᠤᠨ ᠪᠥᠭᠡᠳ ᠡᠮᠬᠢ ᠵᠢᠷᠤᠮ᠎ᠲᠠᠢ᠎ᠪᠠᠷ ᠬᠡᠷᠡᠭᠵᠢᠭᠦᠯᠦᠭᠳᠡᠬᠦ ᠵᠢ ᠦᠨᠡᠨ ᠬᠦ᠌ ᠪᠠᠲᠤᠯᠠᠬᠤ ᠵᠢᠨ ᠲᠤᠰᠠᠳᠠ᠂  ᠡᠯ᠎ᠡ ᠱᠠᠲᠤᠨ᠎ᠤ ᠡᠳ᠋᠎ᠤᠨ ᠵᠠᠰᠠᠭ᠂  ᠭᠠᠶ᠋ᠢᠯᠢ ᠵᠢᠨ ᠶᠠᠪᠤᠳᠠᠯ᠂  ᠤᠰᠤᠨ᠎ᠤ ᠶᠠᠪᠤᠳᠠᠯ᠎ᠤᠨ ᠵᠠᠰᠠᠭ ᠵᠠᠬᠢᠷᠭ᠋ᠠᠨ᠎ᠤ ᠭᠣᠤᠯᠴᠢᠯᠠᠨ ᠬᠠᠮᠢᠶᠠᠷᠬᠤ ᠰᠠᠯᠠᠭ᠎ᠠ ᠮᠥᠴᠢᠷ᠎ᠤᠳ ᠪᠣᠳᠠᠲᠤ ᠪᠠᠶ᠋ᠢᠳᠠᠯ᠎ᠲᠠᠢ᠎ᠪᠠᠨ ᠤᠶᠠᠯᠳᠤᠭᠤᠯᠤᠨ᠂  ᠣᠯᠠᠨ ᠵᠦᠢ᠍ᠯ᠎ᠤᠨ ᠵᠠᠭᠤᠴᠢ ᠵᠢ ᠠᠰᠢᠭᠯᠠᠨ ᠭᠠᠶ᠋ᠢᠯᠢ ᠲᠤᠰᠢᠶᠠᠭᠴᠢ᠎ᠳᠤ ᠴᠢᠭᠯᠡᠭᠦᠯᠬᠦ ᠴᠢᠨᠠᠷᠲᠠᠶ ᠲᠥᠷᠥ ᠵᠢᠨ ᠪᠣᠳᠣᠯᠭ᠎ᠠ ᠵᠢᠨ ᠤᠬᠠᠭᠤᠯᠭ᠎ᠠ ᠲᠠᠶ᠋ᠢᠯᠤᠮᠵᠢ ᠬᠢᠵᠦ᠂  ᠭᠠᠶ᠋ᠢᠯᠢ ᠲᠤᠰᠢᠶᠠᠭᠴᠢ ᠵᠢᠨ ᠲᠥᠷᠥ ᠵᠢᠨ ᠪᠣᠳᠣᠯᠭ᠎ᠠ ᠵᠢ ᠣᠶ᠋ᠢᠯᠠᠭ᠋ᠠᠬᠤ᠂  ᠭᠤᠶᠤᠴᠢᠯᠠᠨ ᠮᠡᠳᠡᠭᠦᠯᠵᠦ ᠴᠢᠳᠠᠬᠤ᠂  ᠮᠡᠳᠡᠵᠦ ᠠᠵᠢᠯᠯᠠᠬᠤ ᠵᠢ ᠦᠨᠡᠨ ᠬᠦ᠌ ᠪᠠᠲᠤᠯᠠᠵᠤ᠂  ᠲᠥᠷᠥ ᠵᠢᠨ ᠪᠣᠳᠣᠯᠭ᠎ᠠ ᠵᠢ ᠣᠶ᠋ᠢᠯᠠᠭ᠋ᠠᠬᠤ ᠬᠡᠮᠵᠢᠶ᠎ᠡ ᠪᠣᠯᠤᠨ ᠨᠠᠶ᠋ᠢᠳᠠᠪᠤᠷᠢᠵᠢᠭᠤᠯᠬᠤ ᠣᠨᠣᠪᠴᠢᠲᠤ ᠴᠢᠨᠠᠷ᠎ᠢ ᠦᠨᠡᠨ ᠬᠦ᠌ ᠳᠡᠭᠡᠭᠰᠢᠯᠡᠭᠦᠯᠬᠦ ᠬᠡᠷᠡᠭᠲᠡᠶ᠃  ᠡᠭᠦᠨ᠎ᠤ ᠬᠠᠮᠲᠤ᠂  ᠭᠠᠶ᠋ᠢᠯᠢ ᠵᠢᠨ ᠶᠠᠪᠤᠳᠠᠯ ᠬᠢᠭᠡᠳ ᠤᠰᠤᠨ ᠠᠰᠢᠭᠯᠠᠯᠲᠠ ᠵᠢᠨ ᠰᠠᠯᠠᠭ᠎ᠠ ᠮᠥᠴᠢᠷ᠎ᠤᠨ ᠠᠵᠢᠯ᠎ᠤᠨ ᠬᠠᠮᠵᠢᠯᠴᠠᠬᠤ ᠲᠣᠭᠲᠠᠴᠠ ᠵᠢ ᠪᠠᠶ᠋ᠢᠭᠤᠯᠵᠤ᠂  ᠭᠠᠶ᠋ᠢᠯᠢ ᠲᠤᠰᠢᠶᠠᠭᠴᠢ ᠵᠢᠨ ᠲᠠᠩᠰᠠ ᠡᠪᠬᠡᠮᠡᠯ᠎ᠤᠨ ᠮᠠᠲ᠋ᠧᠷᠢᠶᠠᠯ᠎ᠢ ᠲᠤᠰᠢᠶᠠᠬᠤ ᠪᠠ ᠭᠥᠯᠢᠶᠡᠨ ᠠᠪᠴᠤ᠂  ᠭᠠᠶ᠋ᠢᠯᠢ ᠲᠠᠲᠠᠪᠤᠷᠢᠯᠠᠬᠤ ᠮᠡᠳᠡᠭᠡ ᠵᠠᠩᠭᠢ ᠵᠢᠨ ᠰᠢᠰᠲ᠋ᠧᠮ᠎ᠢ ᠨᠡᠭᠡᠭᠡᠨ ᠬᠥᠭᠵᠢᠭᠦᠯᠬᠦ ᠪᠠ ᠰᠢᠯᠭ᠋ᠠᠨ ᠰᠢᠯᠭ᠋ᠠᠵᠤ᠂  ᠭᠠᠶ᠋ᠢᠯᠢ᠎ᠳᠤ ᠬᠤᠯᠪᠣᠭᠳᠠᠭᠰᠠᠨ ᠮᠡᠳᠡᠭᠡ ᠵᠠᠩᠭᠢ ᠵᠢ ᠠᠦ᠋ᠲ᠋ᠣ᠋ ᠲᠠᠭᠯᠠᠵᠤ᠂  ᠠᠦ᠋ᠲ᠋ᠣ᠋ ᠪᠤᠳᠤᠬᠤ ᠵᠢ ᠪᠡᠶᠡᠯᠡᠭᠦᠯᠵᠦ᠂  ᠭᠠᠶ᠋ᠢᠯᠢ ᠲᠤᠰᠢᠶᠠᠭᠴᠢ ᠵᠢᠨ ᠭᠠᠶ᠋ᠢᠯᠢ ᠭᠦᠢ᠍ᠴᠡᠳᠭᠡᠬᠦ᠎ᠳᠤ ᠲᠥᠬᠦᠮ ᠦᠵᠡᠭᠦᠯᠬᠦ ᠬᠡᠮᠵᠢᠶ᠎ᠡ ᠵᠢ ᠤᠯᠠᠮ ᠨᠢᠭᠡ ᠠᠯᠬᠤᠮ ᠳᠡᠭᠡᠭᠰᠢᠯᠡᠭᠦᠯᠦᠨ᠎ᠡ᠃  ᠡᠳ᠋᠎ᠤᠨ ᠵᠠᠰᠠᠭ᠎ᠤᠨ ᠶᠠᠮᠤᠨ᠂  ᠭᠠᠶ᠋ᠢᠯᠢ ᠵᠢᠨ ᠶᠠᠪᠤᠳᠠᠯ᠎ᠤᠨ ᠶᠡᠷᠦᠩᠬᠡᠶ ᠲᠣᠪᠴᠢᠶ᠎ᠠ᠂  ᠤᠰᠤᠨ ᠠᠰᠢᠭᠯᠠᠯᠲᠠ ᠵᠢᠨ ᠶᠠᠮᠤᠨ ᠠᠵᠢᠯ᠎ᠤᠨ ᠵᠢᠯᠣᠭᠣᠳᠤᠯᠭ᠎ᠠ᠎ᠪᠠᠨ ᠴᠢᠩᠭ᠋ᠠᠳᠬᠠᠵᠤ᠂  ᠥᠭᠡᠷᠡᠴᠢᠯᠡᠯᠲᠡ ᠵᠢᠨ ᠲᠤᠷᠰᠢᠯᠲᠠ ᠵᠢᠨ ᠠᠵᠢᠯᠯᠠᠭ᠋ᠠᠨ᠎ᠤ ᠪᠠᠶ᠋ᠢᠳᠠᠯ᠎ᠢ ᠮᠥᠷᠳᠡᠨ ᠵᠠᠳᠠᠯᠵᠤ᠂  ᠲᠤᠷᠰᠢᠯᠲᠠ ᠵᠢᠨ ᠴᠡᠭ᠎ᠤᠨ ᠦᠷ᠎ᠡ ᠪᠦᠲᠦᠮᠵᠢ ᠵᠢ ᠴᠠᠭ ᠲᠤᠬᠠᠶ᠎ᠳᠤᠨᠢ ᠳ᠋ᠦᠩᠨᠡᠨ ᠦᠨᠡᠯᠡᠨ ᠵᠢᠱ᠌ᠢᠵᠦ᠂  ᠡᠯ᠎ᠡ ᠭᠠᠵᠠᠷ᠎ᠤᠨ ᠠᠵᠢᠯ᠎ᠤᠨ ᠡᠭᠦᠷᠭᠡ ᠪᠠ ᠬᠠᠷᠢᠭᠤᠴᠠᠯᠭ᠎ᠠ᠎ᠪᠠᠨ ᠨᠠᠶ᠋ᠢᠳᠠᠪᠤᠷᠢᠵᠢᠭᠤᠯᠬᠤ ᠵᠢ ᠵᠢᠯᠣᠭᠣᠳᠴᠤ᠂  ᠰᠠᠯᠠᠭ᠎ᠠ ᠮᠥᠴᠢᠷ᠎ᠤᠳ᠎ᠤᠨ ᠵᠣᠬᠢᠴᠠᠯᠳᠤᠨ ᠬᠠᠮᠵᠢᠯᠴᠠᠬᠤ᠎ᠪᠠᠨ ᠴᠢᠩᠭ᠋ᠠᠳᠬᠠᠵᠤ᠂  ᠲᠤᠷᠰᠢᠯᠲᠠ ᠵᠢᠨ ᠴᠡᠭ᠎ᠤᠨ ᠠᠵᠢᠯ᠎ᠤᠨ ᠲᠣᠭᠲᠠᠭᠤᠨ ᠵᠶ᠋ᠠᠷ ᠠᠬᠢᠬᠤ ᠵᠢ ᠦᠨᠡᠨ ᠬᠦ᠌ ᠪᠠᠲᠤᠯᠠᠬᠤ ᠬᠡᠷᠡᠭᠲᠡᠶ᠃

 

ᠢᠷᠡᠯᠲᠡ᠄ ᠤᠰᠤᠨ ᠠᠰᠢᠭᠯᠠᠯᠳᠠ ᠵᠢᠨ ᠶᠠᠮᠤᠨ
          
ᠬᠠᠮᠢᠶ᠎ᠡ ᠪᠦᠬᠦᠢ ᠰᠣᠨᠢᠨ
【ᠵᠢᠷᠤᠭᠲᠤ ᠲᠠᠢ᠌ᠯᠤᠮᠵᠢ】《ᠪᠤᠭᠤᠲᠤ ᠬᠤᠲᠠ ᠵᠢᠨ ᠬᠤᠲᠠ ᠵᠢᠨ ᠤᠰᠤ ᠬᠠᠩᠭ᠋ᠠᠬᠤ ᠭᠡᠨᠡᠳᠲᠡ ᠵᠢᠨ ᠠᠳᠡᠯ᠎ᠤᠨ ᠪᠠᠴᠢᠮ ᠪᠠᠶ᠋ᠢᠳᠠᠯ᠎ᠢ ᠠᠷᠭ᠋ᠠᠴᠠᠬᠤ ᠪᠡᠯᠡᠳᠬᠡᠯ ᠲᠥᠰᠦᠯ᠎ᠢ ᠳᠠᠷᠤᠮᠠᠯᠯᠠᠨ ᠶᠠᠪᠤᠭᠤᠯᠬᠤ ᠲᠤᠬᠠᠶ ᠪᠤᠭᠤᠲᠤ ᠬᠤᠲᠠ ᠵᠢᠨ ᠠᠷᠠᠳ᠎ᠤᠨ ᠵᠠᠰᠠᠭ᠎ᠤᠨ ᠣᠷᠳᠣᠨ᠎ᠤ ᠠᠯᠪᠠᠨ ᠬᠡᠷ᠎ᠤᠨ ᠮᠡᠳᠡᠭᠳᠡᠯ》᠎ᠤᠨ ᠲᠥᠷᠥ ᠵᠢᠨ ᠪᠣᠳᠣᠯᠭ᠎ᠠ ᠵᠢᠨ ᠲᠠᠶ᠋ᠢᠯᠤᠮᠵᠢ
【ᠵᠢᠷᠤᠭᠲᠤ ᠲᠠᠢ᠌ᠯᠤᠮᠵᠢ】 ᠤᠰᠤᠨ ᠠᠰᠢᠭᠯᠠᠯᠲᠠ ᠵᠢᠨ ᠶᠠᠮᠤᠨ᠎ᠤ ᠤᠰᠤ ᠰᠢᠷᠣᠶ ᠵᠢ ᠬᠠᠮᠠᠭ᠋ᠠᠯᠠᠬᠤ ᠵᠤᠷᠭ᠋ᠠᠨ 《ᠠᠮᠢ ᠠᠬᠤᠶ ᠵᠢᠨ ᠴᠡᠪᠡᠷ ᠵᠢᠵᠢᠭ ᠰᠠᠪᠠ ᠭᠠᠵᠠᠷ᠎ᠤᠨ ᠪᠥᠲᠥᠭᠡᠨ ᠪᠠᠶ᠋ᠢᠭᠤᠯᠤᠯᠲᠠ ᠵᠢ ᠲᠦᠷᠭᠡᠳᠬᠡᠨ ᠠᠬᠢᠭᠤᠯᠬᠤ ᠲᠤᠬᠠᠶ ᠵᠢᠯᠣᠭᠤᠳᠬᠤ ᠰᠠᠨᠠᠯ》᠎ᠳᠤ ᠲᠠᠶ᠋ᠢᠯᠤᠮᠵᠢ ᠬᠢᠪᠠ
【ᠵᠢᠷᠤᠭᠲᠤ ᠲᠠᠢ᠌ᠯᠤᠮᠵᠢ】《ᠤᠰᠤᠨ᠎ᠤ ᠡᠬᠢ ᠪᠠᠶᠠᠯᠢᠭ᠎ᠤᠨ ᠭᠠᠶ᠋ᠢᠯᠢ ᠵᠢᠨ ᠥᠭᠡᠷᠡᠴᠢᠯᠡᠯᠲᠡ ᠵᠢᠨ ᠲᠤᠷᠰᠢᠯᠲᠠ ᠵᠢᠨ ᠬᠡᠷᠡᠭᠵᠢᠭᠦᠯᠬᠦ ᠠᠷᠭ᠎ᠠ》 ᠵᠢᠨ ᠡᠷᠬᠡ ᠰᠦᠷᠲᠦ ᠲᠠᠢ᠌ᠯᠪᠤᠷᠢ 1
【ᠵᠢᠷᠤᠭᠲᠤ ᠲᠠᠢ᠌ᠯᠤᠮᠵᠢ】《ᠤᠰᠤᠨ᠎ᠤ ᠡᠬᠢ ᠪᠠᠶᠠᠯᠢᠭ᠎ᠤᠨ ᠭᠠᠶ᠋ᠢᠯᠢ ᠵᠢᠨ ᠥᠭᠡᠷᠡᠴᠢᠯᠡᠯᠲᠡ ᠵᠢᠨ ᠲᠤᠷᠰᠢᠯᠲᠠ ᠵᠢᠨ ᠬᠡᠷᠡᠭᠵᠢᠭᠦᠯᠬᠦ ᠠᠷᠭ᠎ᠠ》 ᠵᠢᠨ ᠡᠷᠬᠡ ᠰᠦᠷᠲᠦ ᠲᠠᠢ᠌ᠯᠪᠤᠷᠢ 2
【ᠵᠢᠷᠤᠭᠲᠤ ᠲᠠᠢ᠌ᠯᠤᠮᠵᠢ】《ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠦᠶᠡᠷ᠎ᠢ ᠰᠡᠷᠭᠡᠶ᠋ᠢᠯᠡᠨ ᠭᠠᠩ ᠬᠠᠭᠰᠠᠷᠠᠭ᠋ᠠᠨ᠎ᠲᠠᠢ ᠲᠡᠮᠡᠴᠡᠬᠦ ᠪᠠᠴᠢᠮ ᠪᠠᠶ᠋ᠢᠳᠠᠯ᠎ᠢ ᠠᠷᠭ᠋ᠠᠴᠠᠬᠤ ᠪᠡᠯᠡᠳᠬᠡᠯ ᠲᠥᠰᠦᠯ (2024 ᠬᠡᠪᠯᠡᠯ)》᠎ᠤᠨ ᠲᠠᠶ᠋ᠢᠯᠤᠮᠵᠢ
 
            