ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠣᠨᠴᠠᠯᠢᠭᠲᠤ᠌ ᠳᠠᠪᠴᠠᠩ
ᠢᠯᠡ ᠵᠠᠰᠠᠭ   -   ᠲᠦᠷᠥ᠎ᠶᠢᠨ ᠪᠣᠳᠣᠯᠭ᠎ᠠ᠎ᠶᠢᠨ ᠲᠠᠶ᠋ᠢᠯᠤᠮᠵᠢ
ᠤᠰᠤᠨ ᠠᠰᠢᠭᠯᠠᠯᠲᠠ ᠵᠢᠨ ᠶᠠᠮᠤᠨ᠎ᠤ ᠤᠰᠤ ᠰᠢᠷᠣᠶ ᠵᠢ ᠬᠠᠮᠠᠭ᠋ᠠᠯᠠᠬᠤ ᠵᠤᠷᠭ᠋ᠠᠨ 《ᠠᠮᠢ ᠠᠬᠤᠶ ᠵᠢᠨ ᠴᠡᠪᠡᠷ ᠵᠢᠵᠢᠭ ᠰᠠᠪᠠ ᠭᠠᠵᠠᠷ᠎ᠤᠨ ᠪᠥᠲᠥᠭᠡᠨ ᠪᠠᠶ᠋ᠢᠭᠤᠯᠤᠯᠲᠠ ᠵᠢ ᠲᠦᠷᠭᠡᠳᠬᠡᠨ ᠠᠬᠢᠭᠤᠯᠬᠤ ᠲᠤᠬᠠᠶ ᠵᠢᠯᠣᠭᠤᠳᠬᠤ ᠰᠠᠨᠠᠯ》᠎ᠳᠤ ᠲᠠᠶ᠋ᠢᠯᠤᠮᠵᠢ ᠬᠢᠪᠠ
ᠨᠡᠶ᠋ᠢᠲᠡᠯᠡᠭᠰᠡᠨ ᠴᠠᠭ᠄ 2024-02-27

   ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠲᠥᠪ ᠬᠤᠷᠢᠶᠠᠨ᠎ᠤ ᠠᠯᠪᠠᠨ ᠲᠢᠩᠬᠢᠮ᠂  ᠲᠥᠷᠥ ᠵᠢᠨ ᠶᠠᠪᠤᠳᠠᠯ᠎ᠤᠨ ᠬᠤᠷᠢᠶᠠᠨ᠎ᠤ ᠠᠯᠪᠠᠨ ᠲᠢᠩᠬᠢᠮ᠎ᠤᠨ 《ᠰᠢᠨ᠎ᠡ ᠴᠠᠭ ᠦᠶ᠎ᠡ ᠵᠢᠨ ᠤᠰᠤ ᠰᠢᠷᠣᠶ ᠵᠢ ᠬᠠᠮᠠᠭ᠋ᠠᠯᠠᠬᠤ ᠠᠵᠢᠯ᠎ᠢ ᠴᠢᠩᠭ᠋ᠠᠳᠬᠠᠬᠤ ᠲᠤᠬᠠᠶ ᠰᠠᠨᠠᠯ》᠎ᠤᠨ ᠬᠤᠯᠪᠣᠭᠳᠠᠯ ᠪᠥᠬᠦᠶ ᠱᠠᠭ᠋ᠠᠷᠳᠠᠯᠭ᠎ᠠ ᠵᠢ ᠭᠦᠨᠵᠡᠭᠡᠶ ᠲᠤᠭᠤᠰᠢᠯᠠᠭᠤᠯᠤᠨ ᠨᠠᠶ᠋ᠢᠳᠠᠪᠤᠷᠢᠵᠢᠭᠤᠯᠵᠤ᠂  ᠵᠢᠵᠢᠭ ᠰᠠᠪᠠ ᠭᠠᠵᠠᠷ᠎ᠢ ᠶᠡᠷᠦᠩᠬᠡᠶ᠋ᠢᠯᠡᠨ ᠵᠠᠰᠠᠵᠤ ᠶᠠᠰᠤ ᠴᠢᠨᠠᠷ᠎ᠢ ᠳᠡᠭᠡᠭᠰᠢᠯᠡᠭᠦᠯᠦᠨ ᠦᠷ᠎ᠡ ᠠᠰᠢᠭ᠎ᠢ ᠨᠡᠮᠡᠭᠳᠡᠭᠦᠯᠬᠦ ᠵᠢ ᠪᠥᠬᠦ ᠲᠠᠯ᠎ᠠ᠎ᠪᠠᠷ ᠳᠥᠯᠭᠢᠨ ᠠᠬᠢᠭᠤᠯᠵᠤ᠂  ᠭᠤᠤᠯ ᠮᠥᠷᠡᠨ ᠨᠠᠭᠤᠷ ᠴᠥᠭᠦᠷᠥᠮ᠎ᠤᠨ ᠠᠮᠢ ᠠᠬᠤᠶ ᠵᠢᠨ ᠣᠷᠴᠢᠨ ᠲᠣᠭᠤᠷᠢᠨ ᠪᠠ ᠣᠷᠣᠰᠢᠨ ᠰᠠᠭᠤᠬᠤ᠎ᠳᠤ ᠲᠣᠬᠢᠷᠠᠮᠵᠢᠲᠠᠶ ᠠᠵᠢᠯ ᠦᠢ᠍ᠯᠡᠰ ᠡᠷᠭᠢᠯᠡᠬᠦ᠎ᠳᠤ ᠲᠣᠬᠢᠷᠠᠮᠵᠢᠲᠠᠶ ᠪᠠ ᠦᠵᠡᠰᠬᠦᠯᠡᠩᠲᠦ ᠰᠠᠶ᠋ᠢᠬᠠᠨ ᠬᠥᠳᠡᠭᠡ ᠲᠣᠰᠬᠤᠨ᠎ᠤ ᠪᠥᠲᠥᠭᠡᠨ ᠪᠠᠶ᠋ᠢᠭᠤᠯᠤᠯᠲᠠ ᠵᠢ ᠰᠡᠷᠭᠦᠭᠡᠬᠦ ᠵᠢᠨ ᠲᠥᠯᠥᠭᠡ᠂  ᠣᠶ᠋ᠢᠷ᠎ᠠ᠎ᠳᠤ᠂  ᠤᠰᠤᠨ ᠠᠰᠢᠭᠯᠠᠯᠲᠠ ᠵᠢᠨ ᠶᠠᠮᠤᠨ ᠲᠠᠷᠢᠶᠠᠯᠠᠩ ᠬᠥᠳᠡᠭᠡ ᠲᠣᠰᠬᠤᠨ᠎ᠤ ᠶᠠᠮᠤᠨ᠂  ᠤᠯᠤᠰ᠎ᠤᠨ ᠣᠶ ᠰᠢᠭᠤᠶ ᠨᠤᠲᠤᠭ ᠪᠡᠯᠴᠢᠭᠡᠷ᠎ᠤᠨ ᠲᠣᠪᠴᠢᠶ᠎ᠠ᠂  ᠤᠯᠤᠰ᠎ᠤᠨ ᠬᠥᠳᠡᠭᠡ ᠲᠣᠰᠬᠤᠨ᠎ᠢ ᠬᠥᠭᠵᠢᠭᠦᠯᠦᠨ ᠮᠠᠨᠳᠤᠭᠤᠯᠬᠤ ᠲᠣᠪᠴᠢᠶ᠎ᠠ᠎ᠲᠠᠢ ᠬᠠᠮᠲᠤᠷᠠᠨ 《ᠠᠮᠢ ᠠᠬᠤᠶ ᠵᠢᠨ ᠠᠷᠢᠭᠤᠨ ᠴᠡᠪᠡᠷ ᠵᠢᠵᠢᠭ ᠰᠠᠪᠠ ᠭᠠᠵᠠᠷ᠎ᠤᠨ ᠪᠥᠲᠥᠭᠡᠨ ᠪᠠᠶ᠋ᠢᠭᠤᠯᠤᠯᠲᠠ ᠵᠢ ᠲᠦᠷᠭᠡᠳᠬᠡᠨ ᠠᠬᠢᠭᠤᠯᠬᠤ ᠲᠤᠬᠠᠶ ᠵᠢᠯᠣᠭᠤᠳᠬᠤ ᠰᠠᠨᠠᠯ》 (ᠳᠣᠷᠣᠭᠰᠢ 《ᠵᠢᠯᠣᠭᠤᠳᠬᠤ ᠰᠠᠨᠠᠯ》 ᠭᠡᠵᠦ ᠲᠣᠪᠴᠢᠯᠠᠨ᠎ᠠ)᠎ᠢ ᠳᠠᠷᠤᠮᠠᠯᠯᠠᠨ ᠲᠠᠷᠬᠠᠭ᠋ᠠᠪᠠ᠃  ᠤᠰᠤᠨ ᠠᠰᠢᠭᠯᠠᠯᠲᠠ ᠵᠢᠨ ᠶᠠᠮᠤᠨ᠎ᠤ ᠤᠰᠤ ᠰᠢᠷᠣᠶ ᠵᠢ ᠬᠠᠮᠠᠭ᠋ᠠᠯᠠᠬᠤ ᠵᠤᠷᠭ᠋ᠠᠨ᠎ᠤ ᠬᠤᠯᠪᠣᠭᠳᠠᠯ ᠪᠥᠬᠦᠶ ᠬᠠᠷᠢᠭᠤᠴᠠᠯᠭ᠋ᠠᠲᠠᠨ ᠨᠥᠬᠦᠳ 《ᠵᠢᠯᠣᠭᠤᠳᠬᠤ ᠰᠠᠨᠠᠯ》᠎ᠤᠨ ᠬᠠᠮᠢᠶ᠎ᠠ ᠪᠥᠬᠦᠶ ᠠᠭᠤᠯᠭ᠎ᠠ ᠵᠢᠨ ᠲᠤᠬᠠᠶ ᠲᠠᠶ᠋ᠢᠯᠤᠮᠵᠢ ᠬᠢᠪᠠ᠃

  

  《ᠵᠢᠯᠣᠭᠤᠳᠬᠤ ᠰᠠᠨᠠᠯ》᠎ᠢ ᠨᠡᠶ᠋ᠢᠲᠡᠯᠡᠭᠰᠡᠨ ᠠᠬᠤᠢ ᠪᠠᠶ᠋ᠢᠳᠠᠯ᠎ᠨᠢ ᠶᠠᠭᠤ ᠪᠣᠢ?

  (ᠨᠢᠭᠡ) ᠨᠠᠮ᠎ᠤᠨ ᠲᠥᠪ ᠬᠣᠷᠢᠶ᠎ᠠ᠂  ᠲᠥᠷᠥ ᠵᠢᠨ ᠶᠠᠪᠤᠳᠠᠯ᠎ᠤᠨ ᠬᠣᠷᠢᠶᠠᠨ᠎ᠤ ᠬᠠᠮᠢᠶ᠎ᠠ ᠪᠦᠬᠦᠢ ᠰᠢᠢ᠍ᠳᠪᠦᠷᠢᠲᠦ ᠪᠣᠳᠣᠯᠭ᠎ᠠ ᠵᠢᠨ ᠪᠠᠶ᠋ᠢᠷᠢᠯᠠᠭᠤᠯᠤᠯᠲᠠ ᠱᠠᠭ᠋ᠠᠷᠳᠠᠯᠭ᠎ᠠ ᠵᠢ ᠭᠦᠨᠵᠡᠭᠡᠢ ᠲᠤᠭᠤᠰᠢᠯᠠᠭᠤᠯᠵᠠᠢ᠃ 2021 ᠣᠨ᠎ᠤ 9 ᠳ᠋ᠦ᠍ᠭᠡᠷ ᠰᠠᠷ᠎ᠠ ᠵᠢᠨ 13᠎ᠤ ᠡᠳᠦᠷ᠂  ᠶᠡᠷᠦᠩᠬᠡᠢ ᠱᠦᠵᠢ ᠰᠢ ᠵᠢᠨ ᠫᠢᠩ ᠱᠠᠨᠰᠢ ᠮᠤᠵᠢ ᠵᠢᠨ ᠮᠢ ᡁᠢ ᠰᠢᠶᠠᠨ᠎ᠤ ᠭᠤᠤ ᠰᠢ ᠭ᠋ᠸᠤ ᠲᠣᠰᠬᠤᠨ᠎ᠳᠤ ᠪᠠᠶ᠋ᠢᠴᠠᠭ᠋ᠠᠨ ᠰᠤᠳᠤᠯᠤᠯᠲᠠ ᠬᠢᠬᠦ᠎ᠳᠡᠭᠡᠨ ᠵᠢᠭ᠋ᠠᠵᠤ ᠭᠠᠷᠭ᠋ᠠᠭᠰᠠᠨ᠎ᠨᠢ᠄ 《ᠠᠮᠢ ᠠᠬᠤᠢ ᠵᠢᠨ ᠵᠠᠰᠠᠯᠲᠠ ᠵᠢ ᠤᠨᠴᠠᠯᠢᠬᠳᠤ ᠠᠵᠤ ᠦᠢ᠍ᠯᠡᠰ᠎ᠢ ᠬᠥᠭᠵᠢᠭᠦᠯᠬᠦ᠎ᠲᠠᠢ ᠣᠷᠭ᠋ᠠᠨᠢᠭ ᠵᠶ᠋ᠠᠷ ᠤᠶᠠᠯᠳᠤᠭᠤᠯᠵᠤ᠂  ᠠᠮᠢ ᠠᠬᠤᠢ ᠪᠣᠯᠤᠨ ᠠᠵᠤ ᠠᠬᠤᠢ ᠵᠢ ᠵᠣᠬᠢᠴᠠᠩᠭᠤᠢ᠎ᠪᠠᠷ ᠬᠥᠭᠵᠢᠭᠦᠯᠬᠦ᠂  ᠬᠥᠮᠦᠨ ᠪᠠᠶ᠋ᠢᠭ᠋ᠠᠯᠢ ᠡᠶ᠎ᠡ ᠵᠣᠬᠢᠴᠠᠩᠭᠤᠢ᠎ᠪᠠᠷ ᠬᠠᠮᠲᠤ ᠣᠷᠣᠰᠢᠬᠤ ᠵᠠᠮ ᠵᠶ᠋ᠠᠷ ᠵᠠᠮᠨᠠᠬᠤ》 ᠬᠡᠷᠡᠭᠲᠡᠢ ᠭᠡᠵᠦ ᠴᠢᠬᠤᠯᠠᠴᠢᠯᠠᠪᠠ᠃ 2012 ᠣᠨ᠎ᠠᠴᠠ ᠨᠠᠭ᠋ᠠᠰᠢ᠂  ᠲᠥᠪ᠎ᠤᠨ ᠨᠢᠭᠡᠳᠦᠭᠡᠷ ᠲᠣᠭ᠋ᠠᠲᠤ ᠪᠢᠴᠢᠭ ᠮᠠᠲ᠋ᠧᠷᠢᠶᠠᠯ ᠠᠮᠢ ᠠᠬᠤᠶ ᠵᠢᠨ ᠴᠡᠪᠡᠷ ᠵᠢᠵᠢᠭ ᠰᠠᠪᠠ ᠭᠠᠵᠠᠷ᠎ᠤᠨ ᠪᠦᠲᠦᠭᠡᠨ ᠪᠠᠶ᠋ᠢᠭᠤᠯᠤᠯᠲᠠ ᠵᠢ ᠥᠷᠨᠢᠭᠦᠯᠬᠦ ᠲᠤᠬᠠᠶ ᠤᠷᠢᠳ ᠬᠣᠵᠢᠳ 5 ᠤᠳᠠᠭ᠎ᠠ ᠲᠣᠳᠣᠷᠬᠠᠶ ᠱᠠᠭ᠋ᠠᠷᠳᠠᠯᠭ᠎ᠠ ᠳᠤᠷᠠᠳᠤᠭᠰᠠᠨ ᠪᠠᠶ᠋ᠢᠨ᠎ᠠ᠃ 2022 ᠣᠨ᠎ᠳᠤ᠂  ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠲᠥᠪ ᠬᠤᠷᠢᠶᠠᠨ᠎ᠤ ᠠᠯᠪᠠᠨ ᠲᠢᠩᠬᠢᠮ᠂  ᠲᠥᠷᠥ ᠵᠢᠨ ᠶᠠᠪᠤᠳᠠᠯ᠎ᠤᠨ ᠬᠤᠷᠢᠶᠠᠨ᠎ᠤ ᠠᠯᠪᠠᠨ ᠲᠢᠩᠬᠢᠮ᠎ᠤᠨ ᠳᠠᠷᠤᠮᠠᠯᠯᠠᠨ ᠲᠠᠷᠬᠠᠭ᠋ᠠᠭᠰᠠᠨ 《ᠰᠢᠨ᠎ᠡ ᠴᠠᠭ ᠦᠶ᠎ᠡ ᠵᠢᠨ ᠤᠰᠤ ᠰᠢᠷᠤᠢ ᠵᠢ ᠬᠠᠮᠠᠭ᠋ᠠᠯᠠᠬᠤ ᠠᠵᠢᠯ᠎ᠢ ᠴᠢᠩᠭ᠋ᠠᠳᠬᠠᠬᠤ ᠲᠤᠬᠠᠢ       ᠰᠠᠨᠠᠯ》᠎ᠳᠤ 《ᠰᠢᠨ᠎ᠡ ᠴᠠᠭ ᠦᠶ᠎ᠡ ᠵᠢᠨ ᠤᠰᠤ ᠰᠢᠷᠤᠢ ᠵᠢ ᠬᠠᠮᠠᠭ᠋ᠠᠯᠠᠬᠤ ᠠᠵᠢᠯ᠎ᠢ ᠴᠢᠩᠭ᠋ᠠᠳᠬᠠᠬᠤ ᠲᠤᠬᠠᠢ ᠰᠠᠨᠠᠯ》᠎ᠳᠤ 《ᠠᠭᠤᠯᠠ ᠤᠰᠤ᠎ᠨᠢ ᠴᠡᠪᠡᠷ᠂  ᠲᠣᠰᠬᠤᠨ᠎ᠨᠢ ᠭᠤᠶᠤ᠂  ᠠᠷᠠᠳ ᠲᠦᠮᠡᠨ᠎ᠢ ᠪᠠᠶᠠᠵᠢᠭᠤᠯᠬᠤ᠎ᠪᠠᠷ ᠬᠠᠷᠠᠯᠲᠠ ᠪᠣᠯᠭ᠋ᠠᠵᠤ᠂  ᠤᠰᠤᠨ᠎ᠤ ᠰᠢᠰᠲ᠋ᠧᠮ᠂  ᠠᠶ᠋ᠢᠯ ᠲᠣᠰᠬᠤᠨ ᠪᠠ ᠬᠤᠲᠠ ᠪᠠᠯᠭ᠋ᠠᠰᠤᠨ᠎ᠤ ᠡᠷᠬᠢᠨ ᠲᠣᠭᠤᠷᠢᠨ ᠵᠶ᠋ᠠᠷ ᠭᠤᠣᠯᠳᠠᠯᠭ᠎ᠠ ᠪᠣᠯᠭ᠋ᠠᠵᠤ᠂  ᠠᠮᠢ ᠠᠬᠤᠢ ᠵᠢᠨ ᠠᠷᠢᠭᠤᠨ ᠴᠡᠪᠡᠷ ᠵᠢᠵᠢᠭ ᠰᠠᠪᠠ ᠭᠠᠵᠠᠷ᠎ᠤᠨ ᠪᠦᠲᠦᠭᠡᠨ ᠪᠠᠶ᠋ᠢᠭᠤᠯᠤᠯᠲᠠ ᠵᠢ ᠶᠡᠬᠡᠪᠡᠷ ᠠᠬᠢᠭᠤᠯᠵᠤ᠂  ᠵᠢᠵᠢᠭ ᠰᠠᠪᠠ ᠭᠠᠵᠠᠷ᠎ᠢ ᠶᠡᠷᠦᠩᠬᠡᠶ᠋ᠢᠯᠡᠨ ᠵᠠᠰᠠᠬᠤ ᠬᠢᠭᠡᠳ ᠲᠠᠷᠢᠶᠠᠯᠠᠩ᠎ᠤᠨ ᠶᠡᠷᠦᠩᠬᠡᠶ᠋ᠢᠯᠡᠭᠰᠡᠨ ᠦᠢ᠍ᠯᠡᠳᠪᠦᠷᠢᠯᠡᠯ᠎ᠤᠨ ᠴᠢᠳᠠᠪᠤᠷᠢ ᠵᠢ ᠳᠡᠭᠡᠭᠰᠢᠯᠡᠭᠦᠯᠬᠦ᠂  ᠣᠨᠴᠠᠯᠢᠭᠲᠤ ᠠᠵᠤ ᠦᠢ᠍ᠯᠡᠰ᠎ᠢ ᠬᠥᠭᠵᠢᠭᠦᠯᠬᠦ᠂  ᠬᠥᠳᠡᠭᠡ ᠲᠣᠰᠬᠤᠨ᠎ᠤ ᠬᠥᠮᠥᠰ᠎ᠤᠨ ᠣᠷᠣᠰᠢᠨ ᠰᠠᠭᠤᠬᠤ ᠣᠷᠴᠢᠨ ᠲᠣᠭᠤᠷᠢᠨ᠎ᠢ ᠰᠠᠶ᠋ᠢᠵᠢᠷᠠᠭᠤᠯᠬᠤ ᠵᠡᠷᠭᠡ ᠵᠢ ᠣᠷᠭ᠋ᠠᠨᠢᠭ ᠵᠶ᠋ᠠᠷ ᠤᠶᠠᠯᠳᠤᠭᠤᠯᠬᠤ ᠵᠢ ᠠᠬᠢᠭᠤᠯᠵᠤ᠂  ᠤᠰᠤ ᠰᠢᠷᠤᠢ ᠵᠢ ᠬᠠᠮᠠᠭ᠋ᠠᠯᠠᠬᠤ ᠴᠢᠳᠠᠮᠵᠢ᠎ᠲᠠᠢ ᠨᠡᠩ ᠣᠯᠠᠨ ᠨᠡᠩ ᠰᠢᠯᠢᠳᠡᠭ ᠠᠮᠢ ᠠᠬᠤᠢ ᠵᠢᠨ ᠪᠦᠲᠦᠭᠡᠭᠳᠡᠬᠦᠨ᠎ᠢ ᠬᠠᠩᠭ᠋ᠠᠬᠤ ᠬᠡᠷᠡᠭᠲᠡᠢ》 ᠭᠡᠵᠦ ᠲᠣᠳᠣᠷᠬᠠᠢ ᠱᠠᠭ᠋ᠠᠷᠳᠠᠪᠠ᠃  ᠤᠰᠤ ᠰᠢᠷᠣᠶ ᠵᠢ ᠬᠠᠮᠠᠭ᠋ᠠᠯᠠᠬᠤ ᠬᠠᠤᠯᠢ᠂  ᠬᠠᠲᠤᠨ ᠭᠤᠤᠯ᠎ᠤᠨ ᠬᠠᠮᠠᠭ᠋ᠠᠯᠠᠯᠲᠠ ᠵᠢᠨ ᠬᠠᠤᠯᠢ᠎ᠳᠤ ᠪᠠᠰᠠ ᠠᠮᠢ ᠠᠬᠤᠶ ᠵᠢᠨ ᠠᠷᠢᠭᠤᠨ ᠴᠡᠪᠡᠷ ᠰᠠᠪᠠ ᠭᠠᠵᠠᠷ᠎ᠤᠨ ᠪᠥᠲᠥᠭᠡᠨ ᠪᠠᠶ᠋ᠢᠭᠤᠯᠤᠯᠲᠠ ᠵᠢ ᠥᠷᠨᠢᠭᠦᠯᠬᠦ ᠲᠤᠬᠠᠶ ᠲᠣᠳᠣᠷᠬᠠᠶ ᠲᠣᠭᠲᠠᠭ᠋ᠠᠯ ᠭᠠᠷᠭ᠋ᠠᠪᠠ᠃

  (ᠬᠤᠶᠠᠷ) ᠰᠢᠨ᠎ᠡ ᠱᠠᠲᠤ ᠦᠶ᠎ᠡ ᠵᠢᠨ ᠤᠰᠤᠨ ᠠᠰᠢᠭᠯᠠᠯᠲᠠ ᠵᠢᠨ ᠴᠢᠨᠠᠷ ᠰᠠᠶ᠋ᠢᠲᠠᠶ ᠬᠥᠭᠵᠢᠯᠲᠡ ᠵᠢ ᠠᠬᠢᠭᠤᠯᠬᠤ ᠱᠠᠭ᠋ᠠᠷᠳᠠᠯᠭ᠎ᠠ᠃  ᠤᠰᠤᠨ ᠠᠰᠢᠭᠯᠠᠯᠲᠠ ᠵᠢᠨ ᠶᠠᠮᠤᠨ᠎ᠤ ᠨᠠᠮ᠎ᠤᠨ ᠤᠳᠤᠷᠢᠳᠬᠤ ᠳᠤᠭᠤᠶ᠋ᠢᠯᠠᠩ ᠠᠮᠢ ᠠᠬᠤᠢ ᠵᠢᠨ ᠠᠷᠢᠭᠤᠨ ᠴᠡᠪᠡᠷ ᠵᠢᠵᠢᠭ ᠰᠠᠪᠠ ᠭᠠᠵᠠᠷ᠎ᠤᠨ ᠪᠦᠳᠦᠭᠡᠨ ᠪᠠᠶ᠋ᠢᠭᠤᠯᠤᠯᠲᠠ ᠵᠢ ᠳᠡᠭᠡᠳᠦ ᠬᠡᠮᠵᠢᠶ᠎ᠡ᠎ᠪᠠᠷ ᠴᠢᠬᠤᠯᠠᠴᠢᠯᠠᠵᠤ᠂  ᠰᠠᠪᠠ ᠭᠠᠵᠠᠷ ᠵᠶ᠋ᠠᠷ ᠨᠢᠭᠡᠴᠢ ᠪᠣᠯᠭ᠋ᠠᠵᠤ᠂  ᠠᠭᠤᠯᠠ ᠤᠰᠤ᠂  ᠤᠰᠤ᠎ᠨᠢ ᠴᠡᠪᠡᠷ᠂  ᠲᠣᠰᠬᠤᠨ᠎ᠨᠢ ᠰᠠᠶ᠋ᠢᠬᠠᠨ᠂  ᠠᠷᠠᠳ᠎ᠢ ᠪᠠᠶᠠᠵᠢᠭᠤᠯᠬᠤ᠎ᠪᠠᠷ ᠬᠠᠷᠠᠯᠲᠠ ᠪᠣᠯᠭ᠋ᠠᠵᠤ᠂  ᠭᠤᠤ ᠵᠠᠮ᠎ᠢ ᠵᠠᠰᠠᠬᠤ᠂  ᠠᠮᠢᠳᠤ ᠪᠣᠳᠠᠰ᠎ᠤᠨ ᠱᠦᠭᠦᠬᠦ ᠪᠦᠰᠡ᠂  ᠤᠰᠤᠨ᠎ᠤ ᠡᠬᠢ ᠰᠤᠷᠪᠤᠯᠵᠢ ᠵᠢ ᠬᠠᠳᠠᠭ᠋ᠠᠯᠠᠬᠤ᠂  ᠪᠢᠲᠡᠭᠦᠮᠵᠢᠯᠡᠨ ᠪᠣᠶ᠋ᠢᠵᠢᠭᠤᠯᠵᠤ ᠬᠠᠮᠠᠭ᠋ᠠᠯᠠᠬᠤ᠂  ᠠᠮᠢ ᠠᠬᠤᠢ ᠵᠢ ᠰᠡᠷᠭᠦᠭᠡᠬᠦ ᠵᠡᠷᠭᠡ ᠠᠷᠭ᠎ᠠ ᠬᠡᠮᠵᠢᠶ᠎ᠡ ᠵᠢ ᠨᠢᠭᠡᠳᠦᠯᠲᠡᠢ ᠲᠥᠯᠥᠪᠵᠢᠭᠦᠯᠦᠨ ᠲᠤᠬᠢᠷᠠᠭᠤᠯᠵᠤ᠂  ᠠᠮᠢ ᠠᠬᠤᠢ ᠵᠢᠨ ᠠᠷᠢᠭᠤᠨ ᠴᠡᠪᠡᠷ ᠵᠢᠵᠢᠭ ᠰᠠᠪᠠ ᠭᠠᠵᠠᠷ᠎ᠢ ᠪᠠᠶ᠋ᠢᠭᠤᠯᠬᠤ ᠵᠢᠨ ᠬᠠᠮᠲᠤ ᠲᠡᠭᠦᠨ᠎ᠢ ᠰᠢᠨ᠎ᠡ ᠱᠠᠳᠤ ᠦᠶ᠎ᠡ ᠵᠢᠨ ᠤᠰᠤᠨ ᠠᠰᠢᠭᠯᠠᠯᠲᠠ ᠵᠢᠨ ᠴᠢᠨᠠᠷ ᠰᠠᠶ᠋ᠢᠲᠠᠢ ᠬᠥᠭᠵᠢᠯᠲᠡ ᠵᠢ ᠠᠬᠢᠭᠤᠯᠬᠤ ᠵᠢᠷᠭᠤᠭ᠋ᠠᠨ ᠵᠦᠢ᠍ᠯ᠎ᠤᠨ ᠬᠡᠷᠡᠭᠵᠢᠭᠦᠯᠬᠦ ᠠᠷᠭ᠎ᠠ ᠵᠠᠮ᠎ᠳᠤ ᠣᠷᠣᠭᠤᠯᠬᠤ ᠬᠡᠷᠡᠭᠲᠡᠢ ᠭᠡᠵᠦ ᠱᠠᠭ᠋ᠠᠷᠳᠠᠪᠠ᠃ 《〈ᠠᠷᠪᠠᠨ ᠳᠥᠷᠪᠡᠳᠦᠭᠡᠷ ᠲᠠᠪᠤᠨ ᠵᠢᠯ〉᠎ᠤᠨ ᠲᠥᠯᠥᠪᠵᠢᠭᠦᠯᠭᠡ ᠵᠢᠨ ᠬᠤᠭᠤᠴᠠᠭ᠋ᠠᠨ᠎ᠳᠤ ᠭᠤᠤᠯ ᠮᠥᠷᠡᠨ ᠨᠠᠭᠤᠷ ᠴᠥᠭᠦᠷᠥᠮ᠎ᠤᠨ ᠠᠮᠢ ᠠᠬᠤᠶ ᠣᠷᠴᠢᠨ ᠲᠣᠭᠤᠷᠢᠨ᠎ᠢ ᠰᠡᠷᠭᠦᠭᠡᠬᠦ ᠬᠡᠷᠡᠭᠵᠢᠭᠦᠯᠬᠦ ᠲᠥᠰᠦᠯ》᠎ᠢ ᠲᠣᠭᠲᠠᠭ᠋ᠠᠬᠤ ᠵᠢ 2022 ᠣᠨ᠎ᠤ ᠭᠤᠤᠯᠳᠠᠯᠭ᠎ᠠ᠎ᠲᠠᠢ ᠡᠭᠦᠷᠭᠡ ᠪᠣᠯᠭ᠋ᠠᠪᠠ᠃

  (ᠭᠤᠷᠪᠠ) ᠤᠰᠤᠨ ᠠᠰᠢᠭᠯᠠᠯᠲᠠ ᠵᠢᠨ ᠰᠠᠯᠠᠭ᠎ᠠ ᠮᠥᠴᠢᠷ᠎ᠤᠨ ᠦᠢ᠍ᠯᠡᠳᠦᠯᠭᠡ ᠵᠢᠨ ᠲᠤᠷᠰᠢᠯᠭ᠎ᠠ ᠵᠢ ᠤᠷᠲᠤ ᠬᠤᠭᠤᠴᠠᠭ᠎ᠠ᠎ᠪᠠᠷ ᠰᠦᠪᠡᠭᠴᠢᠯᠡᠨ ᠳᠡᠯᠭᠡᠷᠡᠭᠦᠯᠬᠦ ᠬᠡᠷᠡᠭᠴᠡᠭᠡ᠃ 2003 ᠣᠨ᠎ᠳᠤ᠂  ᠪᠡᠭᠡᠵᠢᠩ ᠬᠣᠲᠠ ᠵᠢᠵᠢᠭ ᠰᠠᠪᠠ ᠭᠠᠵᠠᠷ᠎ᠢ ᠵᠠᠰᠠᠬᠤ ᠶᠠᠪᠤᠳᠠᠯ᠎ᠢ ᠬᠡᠷᠡᠭᠵᠢᠭᠦᠯᠦᠭᠰᠡᠨ ᠰᠠᠭᠤᠷᠢᠨ ᠳᠡᠭᠡᠷ᠎ᠡ᠂  ᠤᠰᠤᠨ᠎ᠤ ᠡᠬᠢ ᠪᠠᠶᠠᠯᠢᠭ᠎ᠢ ᠬᠠᠮᠠᠭ᠋ᠠᠯᠠᠬᠤ᠎ᠪᠠᠷ ᠭᠣᠤᠯ ᠪᠣᠯᠭ᠋ᠠᠭᠰᠠᠨ ᠠᠮᠢ ᠠᠬᠤᠶ ᠵᠢᠨ ᠠᠷᠢᠭᠤᠨ ᠴᠡᠪᠡᠷ ᠵᠢᠵᠢᠭ ᠰᠠᠪᠠ ᠭᠠᠵᠠᠷ᠎ᠤᠨ ᠪᠦᠲᠦᠭᠡᠨ ᠪᠠᠶ᠋ᠢᠭᠤᠯᠤᠯᠲᠠ ᠵᠢ ᠤᠷᠢᠳᠠᠪᠠᠷ ᠥᠷᠨᠢᠭᠦᠯᠪᠡ᠃ 2006 ᠣᠨ᠎ᠳᠤ ᠤᠰᠤᠨ ᠠᠰᠢᠭᠯᠠᠯᠲᠠ ᠵᠢᠨ ᠶᠠᠮᠤᠨ ᠪᠦᠬᠦ ᠤᠯᠤᠰ᠎ᠲᠤ ᠵᠢᠵᠢᠭ ᠰᠠᠪᠠ ᠭᠠᠵᠠᠷ᠎ᠢ 81 ᠰᠣᠩᠭᠣᠨ ᠠᠮᠢ ᠠᠬᠤᠶ ᠵᠢᠨ ᠠᠷᠢᠭᠤᠨ ᠴᠡᠪᠡᠷ ᠵᠢᠵᠢᠭ ᠰᠠᠪᠠ ᠭᠠᠵᠠᠷ᠎ᠢ ᠪᠦᠲᠦᠭᠡᠨ ᠪᠠᠶ᠋ᠢᠭᠤᠯᠬᠤ ᠲᠤᠷᠰᠢᠯᠲᠠ ᠵᠢ ᠥᠷᠨᠢᠭᠦᠯᠪᠡ᠃ 2013 ᠣᠨ᠎ᠳᠤ ᠤᠰᠤᠨ ᠠᠰᠢᠭᠯᠠᠯᠲᠠ ᠵᠢᠨ ᠶᠠᠮᠤᠨ᠎ᠠᠴᠠ 《ᠠᠮᠢ ᠠᠬᠤᠶ ᠵᠢᠨ ᠠᠷᠢᠭᠤᠨ ᠴᠡᠪᠡᠷ ᠵᠢᠵᠢᠭ ᠰᠠᠪᠠ ᠭᠠᠵᠠᠷ᠎ᠤᠨ ᠪᠦᠲᠦᠭᠡᠨ ᠪᠠᠶ᠋ᠢᠭᠤᠯᠤᠯᠲᠠ ᠵᠢᠨ ᠮᠡᠷᠭᠡᠵᠢᠯ᠎ᠤᠨ ᠵᠢᠯᠣᠭᠣᠳᠬᠤ ᠳᠦᠷᠢᠮ》᠎ᠢ ᠨᠡᠶ᠋ᠢᠲᠡᠯᠡᠨ ᠬᠡᠷᠡᠭᠵᠢᠭᠦᠯᠪᠡ᠃  ᠤᠯᠠᠨ ᠵᠢᠯ᠎ᠤᠨ ᠲᠤᠷᠰᠢ᠂  ᠪᠡᠭᠡᠵᠢᠩ᠂  ᠵᠧᠵᠢᠶᠠᠩ᠂  ᠹᠦᠵᠢᠶᠠᠨ᠂  ᠵᠢᠶᠠᠩᠰᠢ᠂  ᠭᠤᠸᠠᠩᠳᠦ᠋ᠩ᠂  ᠶᠦᠨᠨᠠᠨ ᠵᠡᠷᠭᠡ ᠮᠤᠵᠢ ᠵᠢᠵᠢᠭ ᠰᠠᠪᠠ ᠭᠠᠵᠠᠷ᠎ᠤᠨ ᠵᠠᠰᠠᠯᠲᠠ ᠵᠢ ᠬᠡᠷᠡᠭᠵᠢᠭᠦᠯᠬᠦ ᠵᠢᠨ ᠬᠠᠮᠲᠤ᠂  ᠬᠥᠳᠡᠭᠡ ᠲᠣᠰᠬᠤᠨ᠎ᠤ ᠬᠥᠮᠦᠰ᠎ᠤᠨ ᠣᠷᠣᠰᠢᠨ ᠰᠠᠭᠤᠬᠤ ᠣᠷᠴᠢᠨ ᠲᠣᠭᠤᠷᠢᠨ᠎ᠢ ᠴᠡᠭᠴᠡᠯᠡᠨ ᠵᠠᠰᠠᠬᠤ᠂  ᠬᠥᠳᠡᠭᠡ ᠲᠣᠰᠬᠤᠨ᠎ᠤ ᠤᠨᠴᠠᠯᠢᠬᠳᠤ ᠠᠵᠤ ᠦᠢ᠍ᠯᠡᠰ᠎ᠤᠨ ᠬᠥᠭᠵᠢᠯᠲᠡ ᠵᠡᠷᠭᠡ᠎ᠲᠠᠢ ᠤᠶᠠᠯᠳᠤᠭᠤᠯᠵᠤ᠂  ᠨᠢᠭᠡ ᠪᠦᠯᠦᠭ ᠵᠢᠱ᠌ᠢᠶ᠎ᠡ ᠦᠵᠡᠭᠦᠯᠬᠦ ᠦᠢ᠍ᠯᠡᠳᠦᠯ ᠪᠠ ᠨᠡᠶ᠋ᠢᠭᠡᠮ᠎ᠤᠨ ᠨᠥᠯᠥᠭᠡᠯᠡᠬᠦ ᠬᠦᠴᠦᠨ᠎ᠲᠠᠢ ᠠᠮᠢ ᠠᠬᠤᠢ ᠵᠢᠨ ᠠᠷᠢᠭᠤᠨ ᠴᠡᠪᠡᠷ ᠵᠢᠵᠢᠭ ᠰᠠᠪᠠ ᠭᠠᠵᠠᠷ᠎ᠢ ᠪᠠᠶ᠋ᠢᠭᠤᠯᠵᠤ᠂  ᠤᠰᠤ ᠰᠢᠷᠤᠢ ᠵᠢᠨ ᠡᠬᠢ ᠪᠠᠶᠠᠯᠢᠭ᠎ᠢ ᠬᠠᠮᠠᠭ᠋ᠠᠯᠠᠬᠤ᠂  ᠬᠥᠮᠦᠰ᠎ᠤᠨ ᠣᠷᠣᠰᠢᠨ ᠰᠠᠭᠤᠬᠤ ᠣᠷᠴᠢᠨ ᠲᠣᠭᠤᠷᠢᠨ᠎ᠢ ᠰᠠᠶ᠋ᠢᠵᠢᠷᠠᠭᠤᠯᠬᠤ᠂  ᠤᠯᠠᠨ ᠲᠦᠮᠡᠨ᠎ᠤ ᠣᠷᠣᠯᠭ᠎ᠠ ᠵᠢ ᠨᠡᠮᠡᠭᠳᠡᠭᠦᠯᠦᠨ ᠪᠠᠶᠠᠵᠢᠭᠤᠯᠬᠤ ᠵᠢ ᠠᠬᠢᠭᠤᠯᠬᠤ ᠪᠠ ᠠᠮᠢ ᠠᠬᠤᠢ ᠵᠢᠨ ᠪᠣᠯᠪᠠᠰᠤᠨ᠎ᠤ ᠪᠠᠶ᠋ᠢᠭᠤᠯᠤᠯᠲᠠ ᠵᠢ ᠠᠬᠢᠭᠤᠯᠬᠤ ᠵᠡᠷᠭᠡ ᠲᠠᠯ᠎ᠠ᠎ᠪᠠᠷ ᠴᠢᠬᠤᠯᠠ ᠦᠢ᠍ᠯᠡᠳᠦᠯ ᠦᠵᠡᠭᠦᠯᠦᠭᠰᠡᠨ ᠪᠥᠭᠡᠳ ᠨᠡᠯᠢᠶᠡᠳ ᠪᠦᠷᠢᠨ ᠲᠡᠭᠦᠯᠳᠡᠷ ᠪᠦᠳᠦᠭᠡᠨ ᠪᠠᠶ᠋ᠢᠭᠤᠯᠤᠯᠲᠠ ᠵᠢᠨ ᠵᠠᠭᠪᠤᠷ᠂  ᠮᠡᠷᠭᠡᠵᠢᠯ᠎ᠤᠨ ᠱᠤᠭᠤᠮ ᠪᠠ ᠠᠵᠢᠯ᠎ᠤᠨ ᠲᠣᠭᠲᠠᠴᠠ ᠵᠢ ᠰᠦᠪᠡᠭᠴᠢᠯᠡᠨ ᠪᠦᠷᠢᠯᠳᠦᠭᠦᠯᠪᠡ᠃

  

  《ᠵᠢᠯᠣᠭᠣᠳᠬᠤ ᠰᠠᠨᠠᠯ》᠎ᠢ ᠨᠠᠶ᠋ᠢᠷᠠᠭᠤᠯᠤᠨ ᠵᠣᠬᠢᠶᠠᠭᠰᠠᠨ ᠶᠡᠷᠦᠩᠬᠡᠢ ᠪᠣᠳᠣᠯᠬᠢᠯᠠᠯ

   ᠨᠢᠭᠡ᠎ᠳᠤ᠂  ᠠᠮᠢ ᠠᠬᠤᠶ ᠵᠢᠨ ᠴᠡᠪᠡᠷ ᠵᠢᠵᠢᠭ ᠰᠠᠪᠠ ᠭᠠᠵᠠᠷ᠎ᠤᠨ ᠲᠤᠬᠠᠶ ᠪᠠᠶ᠋ᠢᠷᠢ ᠲᠤᠭᠲᠠᠭ᠋ᠠᠯᠲᠠ᠃  ᠠᠮᠢ ᠠᠬᠤᠢ ᠵᠢᠨ ᠠᠷᠢᠭᠤᠨ ᠴᠡᠪᠡᠷ ᠵᠢᠵᠢᠭ ᠰᠠᠪᠠ ᠭᠠᠵᠠᠷ ᠪᠣᠯ ᠤᠰᠤ ᠰᠢᠷᠤᠢ ᠵᠢ ᠬᠠᠮᠠᠭ᠋ᠠᠯᠠᠬᠤ ᠵᠢᠵᠢᠭ ᠰᠠᠪᠠ ᠭᠠᠵᠠᠷ᠎ᠢ ᠶᠡᠷᠦᠩᠬᠡᠶ᠋ᠢᠯᠡᠨ ᠵᠠᠰᠠᠬᠤ ᠵᠢ ᠭᠦᠨᠵᠡᠭᠡᠶ᠋ᠢᠷᠡᠭᠦᠯᠬᠦ ᠪᠠ ᠬᠥᠭᠵᠢᠭᠦᠯᠬᠦ ᠶᠠᠪᠤᠳᠠᠯ ᠪᠣᠯᠤᠨ᠎ᠠ᠂  ᠦᠢ᠍ᠯᠡᠳᠦᠯᠭᠡ ᠵᠢᠨ ᠲᠠᠯ᠎ᠠ᠎ᠠᠴᠠ ᠠᠪᠴᠤ ᠦᠵᠡᠪᠡᠯ᠂  ᠪᠠᠰᠠ ᠴᠤ᠌ ᠭᠤᠣᠯ ᠮᠥᠷᠡᠨ ᠨᠠᠭᠤᠷ ᠴᠥᠭᠦᠷᠥᠮ᠎ᠤᠨ ᠠᠮᠢ ᠠᠬᠤᠢ ᠵᠢᠨ ᠣᠷᠴᠢᠨ ᠲᠣᠭᠤᠷᠢᠨ᠎ᠢ ᠰᠡᠷᠭᠦᠭᠡᠬᠦ ᠦᠨᠳᠦᠰᠦᠨ ᠨᠢᠭᠡᠴᠢ ᠪᠠ 《ᠬᠠᠮᠤᠭ᠎ᠤᠨ ᠲᠦᠷᠦᠭᠦᠨ᠎ᠤ ᠨᠢᠭᠡ ᠺᠢᠯᠤᠮᠸᠲᠷ》 ᠪᠣᠯᠤᠨ᠎ᠠ᠃  ᠤᠯᠠᠮᠵᠢᠯᠠᠯᠲᠤ ᠵᠢᠵᠢᠭ ᠰᠠᠪᠠ ᠭᠠᠵᠠᠷ᠎ᠢ ᠵᠠᠰᠠᠬᠤ ᠶᠠᠪᠤᠳᠠᠯ᠎ᠨᠢ ᠠᠮᠢ ᠠᠬᠤᠶ ᠵᠢᠨ ᠠᠷᠢᠭᠤᠨ ᠴᠡᠪᠡᠷ ᠵᠢᠵᠢᠭ ᠰᠠᠪᠠ ᠭᠠᠵᠠᠷ᠎ᠢ ᠪᠥᠲᠥᠭᠡᠨ ᠪᠠᠶ᠋ᠢᠭᠤᠯᠬᠤ ᠣᠨᠣᠯᠵᠢᠬᠤᠨ᠎ᠤ ᠲᠠᠯ᠎ᠠ᠎ᠪᠠᠷ᠂  ᠠᠭᠤᠯᠤᠭᠳᠠᠬᠤᠨ᠎ᠢ ᠨᠠᠩ ᠪᠠᠶᠠᠯᠢᠭᠵᠢᠭᠤᠯᠤᠨ᠎ᠠ; ᠪᠦᠲᠦᠭᠡᠨ ᠪᠠᠶ᠋ᠢᠭᠤᠯᠬᠤ ᠬᠦᠴᠦᠨ ᠵᠦᠢ᠍ᠯ᠎ᠤᠨ ᠲᠠᠯ᠎ᠠ᠎ᠪᠠᠷ᠂  ᠠᠷᠭ᠎ᠠ ᠬᠡᠮᠵᠢᠶ᠎ᠡ ᠵᠢ ᠨᠠᠩ ᠶᠡᠷᠦᠩᠬᠡᠶ᠋ᠢᠯᠡᠨ᠎ᠡ; ᠪᠦᠲᠦᠭᠡᠨ ᠪᠠᠶ᠋ᠢᠭᠤᠯᠬᠤ ᠪᠠᠷᠢᠮᠵᠢᠶ᠎ᠠ ᠵᠢᠨ ᠲᠠᠯ᠎ᠠ᠎ᠪᠠᠷ᠂  ᠦᠨᠡᠯᠡᠬᠦ ᠭᠦᠢ᠍ᠴᠡᠳᠬᠡᠯ ᠲᠤᠭ᠎ᠠ ᠨᠡᠩ ᠤᠯᠠᠨ᠂  ᠱᠠᠭ᠋ᠠᠷᠳᠠᠯᠭ᠎ᠠ ᠨᠡᠩ ᠥᠨᠳᠥᠷ ᠪᠠᠶ᠋ᠢᠨ᠎ᠠ; ᠠᠬᠢᠭᠤᠯᠬᠤ ᠲᠣᠭᠲᠠᠴᠠ ᠵᠢᠨ ᠲᠠᠯ᠎ᠠ᠎ᠪᠠᠷ᠂  ᠤᠯᠠᠨ ᠰᠠᠯᠠᠭ᠎ᠠ ᠮᠥᠴᠢᠷ ᠬᠠᠮᠵᠢᠯᠴᠠᠬᠤ ᠵᠢ ᠨᠠᠩ ᠴᠢᠬᠤᠯᠠᠴᠢᠯᠠᠨ᠎ᠠ᠃

   ᠬᠤᠶᠠᠷ᠎ᠲᠤ᠂  ᠪᠦᠲᠦᠭᠡᠨ ᠪᠠᠶ᠋ᠢᠭᠤᠯᠤᠯᠲᠠ ᠵᠢᠨ ᠬᠠᠷᠠᠯᠲᠠ ᠵᠢᠨ ᠲᠤᠬᠠᠶ᠃  ᠵᠡᠭᠦᠨ ᠪᠠ ᠳᠤᠮᠳᠠ ᠪᠠᠷᠠᠭᠤᠨ ᠬᠡᠰᠡᠭ᠎ᠤᠨ ᠭᠠᠵᠠᠷ ᠣᠷᠣᠨ᠎ᠤ ᠪᠠᠶ᠋ᠢᠭ᠋ᠠᠯᠢ ᠵᠢᠨ ᠡᠬᠢ ᠪᠠᠶᠠᠯᠢᠭ᠎ᠤᠨ ᠵᠥᠷᠢᠶ᠎ᠡ᠂  ᠣᠷᠣᠨ ᠨᠤᠲᠤᠭ᠎ᠤᠨ ᠠᠵᠤ ᠠᠬᠤᠶ ᠨᠡᠶ᠋ᠢᠭᠡᠮ᠎ᠤᠨ ᠬᠥᠭᠵᠢᠯᠲᠡ ᠪᠠ ᠣᠲᠣ ᠵᠢᠨ ᠪᠠᠶ᠋ᠢᠭ᠎ᠠ ᠠᠵᠢᠯ᠎ᠤᠨ ᠰᠠᠭᠤᠷᠢ ᠵᠡᠷᠭᠡ ᠪᠠᠶ᠋ᠢᠳᠠᠯ᠎ᠢ ᠶᠡᠷᠦᠩᠬᠡᠶ᠋ᠢᠯᠡᠨ ᠪᠣᠳᠣᠯᠬᠢᠯᠠᠵᠤ᠂  ᠵᠡᠭᠦᠨ᠂  ᠳᠤᠮᠳᠠ᠂  ᠪᠠᠷᠠᠭᠤᠨ ᠬᠡᠰᠡᠭ ᠬᠤᠪᠢᠶᠠᠨ 5 ᠵᠢᠯ ᠪᠠ 10 —15 ᠵᠢᠯ ᠬᠤᠶᠠᠷ ᠱᠠᠲᠤ ᠦᠶ᠎ᠡ ᠵᠢᠨ ᠪᠥᠲᠥᠭᠡᠨ ᠪᠠᠶ᠋ᠢᠭᠤᠯᠤᠯᠲᠠ ᠵᠢᠨ ᠬᠠᠷᠠᠯᠲᠠ ᠵᠢ ᠳᠤᠷᠠᠳᠤᠨ ᠭᠠᠷᠭ᠋ᠠᠪᠠ᠃  ᠪᠢᠴᠢᠭ ᠮᠠᠲ᠋ᠧᠷᠢᠶᠠᠯ᠎ᠨᠢ ᠭᠤᠣᠯᠳᠠᠭᠤ ᠣᠷᠣᠨ ᠨᠤᠲᠤᠭ᠎ᠢ ᠵᠢᠯᠣᠭᠤᠳᠤᠨ ᠬᠠᠮᠢᠶ᠎ᠠ ᠪᠦᠬᠦᠢ ᠠᠵᠢᠯ ᠥᠷᠨᠢᠭᠦᠯᠬᠦ ᠵᠢ ᠪᠣᠳᠣᠯᠬᠢᠯᠠᠭᠰᠠᠨ ᠪᠥᠭᠡᠳ 《ᠠᠮᠢ ᠠᠬᠤᠢ ᠵᠢᠨ ᠠᠷᠢᠭᠤᠨ ᠴᠡᠪᠡᠷ ᠵᠢᠵᠢᠭ ᠰᠠᠪᠠ ᠭᠠᠵᠠᠷ᠎ᠤᠨ ᠪᠦᠲᠦᠭᠡᠨ ᠪᠠᠶ᠋ᠢᠭᠤᠯᠤᠯᠲᠠ ᠵᠢᠨ ᠮᠡᠷᠭᠡᠵᠢᠯ᠎ᠤᠨ ᠵᠢᠯᠣᠭᠤᠳᠬᠤ ᠳᠦᠷᠢᠮ》᠎ᠳᠤ ᠶᠠᠭ ᠵᠣᠬᠢᠶᠠᠨ ᠪᠠᠶ᠋ᠢᠭᠤᠯᠵᠤ ᠵᠠᠰᠠᠪᠤᠷᠢ ᠣᠷᠣᠭᠤᠯᠵᠤ ᠪᠠᠶ᠋ᠢᠨ᠎ᠠ᠂  ᠡᠶ᠋ᠢᠮᠦ᠎ᠠᠴᠠ ᠪᠦᠲᠦᠭᠡᠨ ᠪᠠᠶ᠋ᠢᠭᠤᠯᠤᠯᠲᠠ ᠵᠢᠨ ᠶᠡᠷᠦᠩᠬᠡᠢ ᠵᠢᠷᠤᠭ᠋ᠠᠰᠤᠨ ᠲᠤᠭ᠎ᠠ ᠪᠠ ᠠᠮᠢ ᠠᠬᠤᠢ ᠵᠢᠨ ᠠᠷᠢᠭᠤᠨ ᠴᠡᠪᠡᠷ ᠵᠢᠵᠢᠭ ᠰᠠᠪᠠ ᠭᠠᠵᠠᠷ ᠨᠢᠭᠡᠪᠦᠷᠢ ᠵᠢᠨ ᠪᠦᠲᠦᠭᠡᠨ ᠪᠠᠶ᠋ᠢᠭᠤᠯᠤᠯᠲᠠ ᠵᠢᠨ ᠬᠡᠮᠵᠢᠶᠡᠵᠢᠭᠦᠯᠦᠭᠰᠡᠨ ᠭᠦᠢ᠍ᠴᠡᠳᠬᠡᠬᠦ ᠲᠤᠭ᠎ᠠ ᠵᠢ ᠳᠤᠷᠠᠳᠤᠭᠰᠠᠨ ᠦᠭᠡᠢ ᠪᠠᠢ᠌ᠳᠠᠭ᠃

   ᠭᠤᠷᠪᠠ᠎ᠳᠤ᠂  ᠮᠡᠷᠭᠡᠵᠢᠯ᠎ᠤᠨ ᠱᠤᠭ᠍ᠤᠮ᠎ᠤᠨ ᠲᠤᠬᠠᠶ᠃  ᠵᠢᠵᠢᠭ ᠰᠠᠪᠠ ᠭᠠᠵᠠᠷ᠎ᠤᠨ ᠲᠠᠯᠠᠪᠠᠶ᠎ᠨᠢ ᠶᠡᠷᠦ᠎ᠨᠢ 50 ᠲᠡᠭᠰᠢ ᠳᠥᠷᠪᠡᠯᠵᠢᠨ ᠺᠢᠯᠤᠮᠸᠲᠷ᠎ᠠᠴᠠ ᠬᠡᠲᠦᠷᠡᠬᠦ ᠥᠬᠡᠶ ᠪᠣᠯᠪᠠᠴᠤ ᠣᠯᠠᠩᠬᠢ᠎ᠨᠢ ᠠᠭᠤᠯᠠ᠂  ᠤᠰᠤ᠂  ᠣᠶ ᠰᠢᠭᠤᠶ᠂  ᠲᠠᠷᠢᠶ᠎ᠠ᠂  ᠵᠠᠮ᠂  ᠲᠣᠰᠬᠤᠨ ᠵᠡᠷᠭᠡ ᠬᠠᠮᠢᠶ᠎ᠠ ᠪᠥᠬᠦᠶ ᠡᠯᠧᠮᠧᠨ᠋ᠲ᠎ᠢ ᠬᠠᠮᠤᠷᠴᠤ᠂ 《ᠵᠢᠯᠣᠭᠤᠳᠬᠤ ᠰᠠᠨᠠᠯ》᠎ᠳᠤ ᠰᠢᠰᠲ᠋ᠧᠮᠲᠦ ᠦᠵᠡᠯᠲᠡ ᠵᠢ ᠪᠠᠷᠢᠮᠲᠠᠯᠠᠵᠤ᠂  ᠴᠢᠨᠠᠷ ᠰᠠᠶ᠋ᠢᠲᠠᠶ ᠬᠥᠭᠵᠢᠯᠲᠡ ᠵᠢ ᠠᠬᠢᠭᠤᠯᠬᠤ ᠱᠠᠭ᠋ᠠᠷᠳᠠᠯᠭ᠎ᠠ ᠶᠣᠰᠣᠭ᠋ᠠᠷ᠂  ᠤᠰᠤ᠎ᠪᠠᠷ ᠭᠤᠤᠯ ᠰᠢᠵᠢᠮ ᠪᠣᠯᠭ᠋ᠠᠵᠤ᠂  ᠦᠢ᠍ᠯᠡᠳᠪᠦᠷᠢᠯᠡᠯ ᠠᠮᠢᠳᠤᠷᠠᠯ᠎ᠤᠨ ᠠᠮᠢ ᠠᠬᠤᠶ ᠵᠢ ᠨᠢᠭᠡ ᠴᠣᠭᠴᠠᠵᠢᠭᠤᠯᠤᠨ ᠲᠥᠯᠥᠪᠵᠢᠭᠦᠯᠵᠦ᠂  ᠠᠭᠤᠯᠠ ᠵᠢ ᠵᠠᠰᠠᠵᠤ ᠤᠰᠤ ᠵᠢ ᠵᠠᠰᠠᠵᠤ ᠪᠣᠬᠢᠷᠲᠤᠯ᠎ᠢ ᠵᠠᠰᠠᠬᠤ ᠵᠢ ᠬᠠᠮᠵᠢᠯᠴᠠᠨ ᠠᠬᠢᠭᠤᠯᠵᠤ᠂  ᠭᠠᠵᠠᠷ ᠣᠷᠣᠨ᠎ᠤ ᠪᠠᠶ᠋ᠢᠳᠠᠯ᠎ᠳᠠᠭᠠᠨ ᠳᠣᠭᠢᠷᠠᠭᠤᠯᠤᠨ ᠲᠣᠰ ᠲᠣᠰ᠎ᠤᠨ ᠣᠨᠴᠠᠯᠢᠭ᠎ᠲᠠᠢ᠂  ᠲᠥᠷᠥᠯ ᠵᠦᠢ᠍ᠯ ᠣᠯᠠᠨ ᠶᠠᠩᠵᠤ ᠵᠢᠨ ᠠᠮᠢ ᠠᠬᠤᠶ ᠵᠢᠨ ᠠᠷᠢᠭᠤᠨ ᠴᠡᠪᠡᠷ ᠵᠢᠵᠢᠭ ᠰᠠᠪᠠ ᠭᠠᠵᠠᠷ᠎ᠢ ᠪᠣᠶ ᠪᠣᠯᠭ᠋ᠠᠪᠠ᠃

   ᠳᠥᠷᠪᠡ᠎ᠳᠤ᠂  ᠠᠬᠢᠭᠤᠯᠬᠤ ᠲᠣᠭᠲᠠᠴᠠ ᠵᠢᠨ ᠲᠤᠬᠠᠶ᠃  ᠠᠮᠢ ᠠᠬᠤᠶ ᠵᠢᠨ ᠠᠷᠢᠭᠤᠨ ᠴᠡᠪᠡᠷ ᠵᠢᠵᠢᠭ ᠰᠠᠪᠠ ᠭᠠᠵᠠᠷ᠎ᠤᠨ ᠪᠦᠲᠦᠭᠡᠨ ᠪᠠᠶ᠋ᠢᠭᠤᠯᠤᠯᠲᠠ ᠵᠢᠨ ᠬᠦᠴᠦᠨ ᠵᠦᠢ᠍ᠯ ᠣᠯᠠᠨ᠂  ᠠᠷᠭ᠎ᠠ ᠬᠡᠮᠵᠢᠶ᠎ᠡ ᠵᠢ ᠶᠡᠷᠦᠩᠬᠡᠶ᠋ᠢᠯᠡᠬᠦ᠎ᠳᠡᠭᠡᠨ ᠤᠰᠤᠨ ᠠᠰᠢᠭᠯᠠᠯᠲᠠ ᠵᠢᠨ ᠰᠠᠯᠠᠭ᠎ᠠ ᠮᠥᠴᠢᠷ᠎ᠠᠴᠠ ᠬᠠᠮᠢᠶ᠎ᠠ ᠪᠦᠬᠦᠢ ᠠᠵᠢᠯ ᠲᠥᠷᠥᠯ ᠪᠣᠯᠤᠨ ᠰᠠᠯᠠᠭ᠎ᠠ ᠮᠥᠴᠢᠷ᠎ᠲᠠᠢ ᠬᠠᠮᠲᠤᠷᠠᠨ ᠬᠠᠮᠵᠢᠯᠴᠠᠨ ᠠᠬᠢᠭᠤᠯᠬᠤ ᠴᠢᠬᠤᠯᠠ᠎ᠲᠠᠢ ᠶᠤᠮ᠃  ᠠᠵᠢᠯ᠎ᠤᠨ ᠪᠣᠳᠠᠲᠠᠶ᠎ᠠᠴᠠ ᠡᠭᠦᠰᠴᠦ᠂ 《ᠵᠢᠯᠣᠭᠤᠳᠬᠤ ᠰᠠᠨᠠᠯ》᠎ᠳᠤ ᠲᠤᠬᠠᠶ ᠵᠢᠨ ᠭᠠᠵᠠᠷ᠎ᠤᠨ ᠨᠠᠮ᠎ᠤᠨ ᠬᠤᠷᠢᠶ᠎ᠠ ᠪᠠ ᠵᠠᠰᠠᠭ᠎ᠤᠨ ᠣᠷᠳᠣᠨ᠎ᠤ ᠤᠳᠤᠷᠢᠳᠤᠯᠭ᠎ᠠ ᠳᠣᠤᠷ᠎ᠠ᠂  ᠤᠰᠤᠨ ᠠᠰᠢᠭᠯᠠᠯᠲᠠ ᠵᠢᠨ ᠰᠠᠯᠠᠭ᠎ᠠ ᠮᠥᠴᠢᠷ ᠲᠦᠷᠦᠭᠦᠯᠡᠨ ᠵᠣᠬᠢᠴᠠᠭᠤᠯᠬᠤ᠂  ᠬᠠᠮᠢᠶ᠎ᠠ ᠪᠥᠬᠦᠶ ᠰᠠᠯᠠᠭ᠎ᠠ ᠮᠥᠴᠢᠷ ᠬᠤᠯᠪᠣᠭ᠋ᠠᠯᠠᠨ ᠬᠠᠮᠵᠢᠯᠴᠠᠬᠤ᠂  ᠨᠡᠶ᠋ᠢᠭᠡᠮ ᠨᠡᠶ᠋ᠢᠲᠡ᠎ᠪᠠᠷ ᠵᠶ᠋ᠠᠨ ᠥᠷᠭᠡᠨ ᠵᠶ᠋ᠠᠷ ᠣᠷᠣᠯᠴᠠᠬᠤ ᠠᠵᠢᠯ᠎ᠤᠨ ᠲᠣᠭᠲᠠᠴᠠ ᠵᠢ ᠪᠠᠶ᠋ᠢᠭᠤᠯᠬᠤ ᠬᠡᠷᠡᠭᠲᠡᠶ ᠭᠡᠵᠦ ᠳᠤᠷᠠᠳᠤᠨ ᠭᠠᠷᠭ᠋ᠠᠪᠠ᠃

  

  《ᠵᠢᠯᠣᠭᠤᠳᠬᠤ ᠰᠠᠨᠠᠯ》᠎ᠤᠨ ᠭᠤᠣᠯ ᠠᠭᠤᠯᠭ᠎ᠠ᠎ᠨᠢ ᠶᠠᠭᠤ ᠪᠣᠢ?

  《ᠵᠢᠯᠣᠭᠤᠳᠬᠤ ᠰᠠᠨᠠᠯ》᠎ᠳᠤ ᠶᠡᠷᠦᠩᠬᠡᠶ ᠱᠠᠭ᠋ᠠᠷᠳᠠᠯᠭ᠎ᠠ᠂  ᠭᠤᠤᠯᠳᠠᠯᠭ᠎ᠠ᠎ᠲᠠᠢ ᠡᠭᠦᠷᠭᠡ᠂  ᠵᠣᠬᠢᠶᠠᠨ ᠪᠠᠶ᠋ᠢᠭᠤᠯᠤᠨ ᠬᠡᠷᠡᠭᠵᠢᠭᠦᠯᠬᠦ᠂  ᠪᠠᠲᠤᠯᠠᠭ᠎ᠠ ᠵᠢᠨ ᠠᠷᠭ᠎ᠠ ᠬᠡᠮᠵᠢᠶ᠎ᠡ ᠵᠡᠷᠭᠡ 4 ᠲᠠᠯ᠎ᠠ ᠵᠢᠨ 16 ᠵᠦᠢ᠍ᠯ ᠪᠠᠭᠲᠠᠨ᠎ᠠ᠃

  (ᠨᠢᠭᠡ) ᠶᠡᠷᠦᠩᠬᠡᠶ ᠱᠠᠭ᠍ᠠᠷᠳᠠᠯᠭ᠎ᠠ᠃  ᠭᠤᠤᠯ᠎ᠨᠢ ᠵᠢᠯᠤᠭ᠍ᠤᠳᠬᠤ ᠦᠵᠡᠯ ᠰᠠᠨ᠋ᠠᠭ᠎ᠠ᠂  ᠠᠵᠢᠯ᠎ᠤᠨ ᠵᠠᠷᠴᠢᠮ ᠪᠠ ᠬᠠᠷᠠᠯᠲᠠ ᠡᠭᠦᠷᠭᠡ ᠭᠤᠷᠪᠠᠨ ᠬᠡᠰᠡᠭ ᠪᠤᠢ᠃  ᠡᠭᠦᠨ᠎ᠳᠤ ᠬᠠᠷᠠᠯᠲᠠ ᠵᠢᠨ ᠡᠭᠦᠷᠭᠡ ᠵᠢᠨ ᠲᠠᠯ᠎ᠠ᠎ᠪᠠᠷ᠂ 5 ᠵᠢᠯ᠎ᠤᠨ ᠴᠠᠭ ᠬᠤᠭᠤᠴᠠᠭ᠎ᠠ ᠵᠢ ᠬᠡᠷᠡᠭᠯᠡᠵᠦ᠂  ᠪᠦᠬᠦ ᠤᠯᠤᠰ᠎ᠤᠨ ᠠᠮᠢ ᠠᠬᠤᠶ ᠵᠢᠨ ᠠᠷᠢᠭᠤᠨ ᠴᠡᠪᠡᠷ ᠵᠢᠵᠢᠭ ᠰᠠᠪᠠ ᠭᠠᠵᠠᠷ᠎ᠤᠨ ᠪᠦᠲᠦᠭᠡᠨ ᠪᠠᠶ᠋ᠢᠭᠤᠯᠤᠯᠲᠠ ᠵᠢ ᠲᠦᠯᠬᠢᠨ ᠠᠬᠢᠭᠤᠯᠬᠤ ᠠᠵᠢᠯ᠎ᠤᠨ ᠪᠠᠶ᠋ᠢᠷᠢᠰᠢᠯ᠎ᠢ ᠪᠤᠶ ᠪᠣᠯᠭ᠋ᠠᠨ᠎ᠠ; 10 — 15 ᠵᠢᠯ᠎ᠤᠨ ᠬᠤᠭᠤᠴᠠᠭ᠎ᠠ ᠵᠢ ᠬᠡᠷᠡᠭᠯᠡᠵᠦ᠂  ᠪᠦᠬᠦ ᠤᠯᠤᠰ᠎ᠤᠨ ᠲᠤᠬᠢᠷᠠᠮᠵᠢᠲᠠᠶ ᠣᠷᠣᠨ ᠪᠦᠰᠡ᠎ᠳᠤ ᠠᠮᠢ ᠠᠬᠤᠶ ᠵᠢᠨ ᠠᠷᠢᠭᠤᠨ ᠴᠡᠪᠡᠷ ᠵᠢᠵᠢᠭ ᠰᠠᠪᠠ ᠭᠠᠵᠠᠷ᠎ᠢ ᠪᠠᠶ᠋ᠢᠭᠤᠯᠤᠨ᠎ᠠ᠃

  (ᠬᠤᠶᠠᠷ) ᠭᠤᠣᠯᠳᠠᠯᠭ᠎ᠠ᠎ᠲᠠᠢ ᠡᠭᠦᠷᠭᠡ᠃  ᠭᠤᠤᠯᠳᠠᠭᠤ ᠳᠥᠷᠪᠡᠨ ᠡᠭᠦᠷᠭᠡ ᠪᠤᠢ᠃  ᠡᠭᠦᠨ᠎ᠳᠤ᠂  ᠠᠭᠤᠯᠠ ᠵᠢ ᠵᠠᠰᠠᠵᠤ ᠤᠰᠤ ᠵᠢ ᠬᠠᠮᠠᠭ᠋ᠠᠯᠠᠨ ᠬᠥᠬᠡᠮᠳᠦᠭ ᠨᠣᠭᠤᠭ᠋ᠠᠨ ᠠᠭᠤᠯᠠ ᠤᠰᠤ ᠵᠢ ᠰᠠᠬᠢᠨ ᠬᠠᠮᠠᠭ᠋ᠠᠯᠠᠵᠤ᠂  ᠤᠰᠤ ᠰᠢᠷᠤᠢ ᠵᠢᠨ ᠢᠳᠡᠭᠳᠡᠯ᠎ᠢ ᠰᠡᠷᠭᠡᠶ᠋ᠢᠯᠡᠨ ᠵᠠᠰᠠᠬᠤ᠎ᠪᠠᠷ ᠭᠤᠤᠯᠳᠠᠯᠭ᠎ᠠ ᠪᠣᠯᠭ᠋ᠠᠵᠤ᠂  ᠤᠰᠤ ᠰᠢᠷᠤᠢ ᠵᠢ ᠬᠠᠮᠠᠭ᠋ᠠᠯᠠᠬᠤ ᠢᠨᠵᠧᠨᠧᠷᠢᠩ᠂  ᠤᠷᠭᠤᠮᠠᠯ᠂  ᠲᠠᠷᠢᠶᠠᠯᠠᠬᠤ ᠵᠡᠷᠭᠡ ᠠᠷᠭ᠎ᠠ ᠬᠡᠮᠵᠢᠶ᠎ᠡ ᠵᠢ ᠠᠪᠴᠤ᠂  ᠵᠣᠷᠢᠭᠤᠳᠠ ᠤᠰᠤ ᠰᠢᠷᠤᠢ ᠵᠢᠨ ᠢᠳᠡᠭᠳᠡᠯ᠎ᠢ ᠬᠢᠨᠠᠨ ᠬᠠᠮᠢᠶᠠᠷᠬᠤ ᠵᠢ ᠴᠢᠩᠭ᠋ᠠᠳᠬᠠᠨ᠎ᠠ᠃  ᠭᠤᠣᠯ ᠮᠥᠷᠡᠨ᠎ᠤ ᠤᠰᠤ ᠲᠠᠲᠠᠷᠠᠭᠤᠯᠬᠤ ᠵᠢ ᠪᠡᠶᠡᠯᠡᠭᠦᠯᠵᠦ᠂  ᠰᠠᠪᠠ ᠭᠠᠵᠠᠷ᠎ᠤᠨ ᠭᠤᠣᠯ ᠮᠥᠷᠡᠨ ᠨᠠᠭᠤᠷ ᠴᠥᠭᠦᠷᠥᠮ᠎ᠤᠨ ᠤᠰᠤᠨ᠎ᠤ ᠠᠮᠢ ᠠᠬᠤᠢ ᠵᠢᠨ ᠰᠢᠰᠲ᠋ᠧᠮ᠎ᠢ ᠬᠠᠮᠠᠭ᠋ᠠᠯᠠᠨ ᠰᠡᠷᠭᠦᠭᠡᠬᠦ ᠵᠢᠨ ᠲᠣᠭᠤᠷᠢᠨ᠎ᠳᠤ᠂  ᠭᠤᠣᠯ ᠮᠥᠷᠡᠨ ᠨᠠᠭᠤᠷ ᠴᠥᠭᠦᠷᠥᠮ᠎ᠤᠨ ᠠᠮᠢ ᠠᠬᠤᠢ ᠵᠢᠨ ᠣᠷᠴᠢᠨ ᠲᠣᠭᠤᠷᠢᠨ᠎ᠢ ᠰᠡᠷᠭᠦᠭᠡᠵᠦ᠂  ᠭᠤᠣᠯ᠎ᠤᠨ ᠵᠠᠮ᠂  ᠭᠤᠤ ᠵᠠᠮ᠂  ᠨᠠᠭᠤᠷ ᠴᠥᠭᠦᠷᠥᠮ ᠵᠡᠷᠭᠡ ᠤᠰᠤᠨ ᠰᠢᠰᠲ᠋ᠧᠮ᠎ᠢ ᠶᠡᠷᠦᠩᠬᠡᠶ᠋ᠢᠯᠡᠨ ᠴᠡᠭᠴᠡᠯᠡᠨ ᠵᠠᠰᠠᠬᠤ ᠵᠢ ᠬᠡᠷᠡᠭᠵᠢᠭᠦᠯᠦᠨ᠎ᠡ᠃  ᠪᠣᠬᠢᠷᠲᠤᠯ᠎ᠢ ᠵᠠᠰᠠᠵᠤ ᠤᠰᠤ ᠵᠢ ᠴᠡᠪᠡᠷᠰᠢᠭᠦᠯᠵᠦ ᠬᠥᠮᠦᠰ᠎ᠤᠨ ᠣᠷᠣᠰᠢᠨ ᠰᠠᠭᠤᠬᠤ ᠣᠷᠴᠢᠨ ᠨᠥᠬᠦᠴᠡᠯ᠎ᠢ ᠰᠠᠶ᠋ᠢᠵᠢᠷᠠᠭᠤᠯᠬᠤ ᠶᠠᠪᠤᠳᠠᠯ᠎ᠢ ᠬᠥᠳᠡᠭᠡ ᠲᠣᠰᠬᠤᠨ᠎ᠤ ᠣᠷᠣᠰᠢᠨ ᠰᠠᠭᠤᠬᠤ ᠣᠷᠴᠢᠨ ᠨᠥᠬᠦᠴᠡᠯ᠎ᠢ ᠴᠡᠭᠴᠡᠯᠡᠨ ᠵᠠᠰᠠᠵᠤ ᠳᠡᠭᠡᠭᠰᠢᠯᠡᠭᠦᠯᠬᠦ ᠠᠵᠢᠯᠯᠠᠭ᠎ᠠ᠎ᠲᠠᠢ ᠤᠶᠠᠯᠳᠤᠭᠤᠯᠤᠨ᠂  ᠰᠠᠪᠠ ᠭᠠᠵᠠᠷ᠎ᠤᠨ ᠳᠣᠲᠣᠷᠠᠬᠢ ᠤᠰᠤᠨ᠎ᠤ ᠪᠣᠬᠢᠷᠲᠤᠯ᠎ᠢ ᠵᠠᠰᠠᠬᠤ᠂  ᠠᠮᠢᠳᠤᠷᠠᠯ᠎ᠤᠨ ᠪᠣᠬᠢᠷ ᠤᠰᠤ ᠪᠠ ᠬᠥᠳᠡᠭᠡ ᠲᠣᠰᠬᠤᠨ᠎ᠤ ᠠᠮᠢᠳᠤᠷᠠᠯ᠎ᠤᠨ ᠬᠤᠭ ᠨᠣᠪᠰᠢ ᠵᠢ ᠵᠠᠰᠠᠬᠤ᠂  ᠲᠠᠷᠢᠶᠠᠯᠠᠩ᠎ᠤᠨ ᠤᠯᠠᠨ ᠡᠬᠢᠳᠤ ᠪᠣᠬᠢᠷᠲᠤᠯ᠎ᠢ ᠰᠡᠷᠭᠡᠶ᠋ᠢᠯᠡᠨ ᠵᠠᠰᠠᠬᠤ ᠪᠠ ᠬᠥᠳᠡᠭᠡ ᠲᠣᠰᠬᠤᠨ᠎ᠤ ᠨᠣᠭᠤᠭ᠋ᠠᠷᠠᠭᠤᠯᠤᠯᠲᠠ ᠭᠤᠶᠤᠵᠢᠭᠤᠯᠤᠯᠳᠠ ᠵᠡᠷᠭᠡ ᠵᠢ ᠲᠦᠯᠬᠢᠨ ᠠᠬᠢᠭᠤᠯᠤᠨ᠎ᠠ᠃  ᠤᠰᠤ᠎ᠪᠠᠷ ᠬᠥᠳᠡᠭᠡ ᠲᠣᠰᠬᠤᠨ᠎ᠢ ᠬᠥᠭᠵᠢᠭᠦᠯᠦᠨ ᠮᠠᠨᠳᠤᠭᠤᠯᠬᠤ᠎ᠳᠤ ᠬᠦᠴᠦᠨ ᠨᠡᠮᠡᠷᠢᠯᠡᠬᠦ᠎ᠳᠤ ᠭᠤᠣᠯᠳᠠᠭᠤ 《ᠵᠢᠵᠢᠭ ᠰᠠᠪᠠ ᠭᠠᠵᠠᠷ +》᠎ᠢ ᠬᠡᠷᠡᠭᠵᠢᠭᠦᠯᠵᠦ᠂  ᠭᠠᠵᠠᠷ ᠣᠷᠣᠨ᠎ᠤ ᠪᠠᠶ᠋ᠢᠳᠠᠯ᠎ᠳᠠᠭᠠᠨ ᠲᠤᠬᠢᠷᠠᠭᠤᠯᠤᠨ ᠣᠨᠴᠠᠯᠢᠭᠲᠤ ᠵᠢᠵᠢᠭ ᠰᠠᠪᠠ ᠭᠠᠵᠠᠷ᠎ᠤᠨ ᠠᠵᠤ ᠦᠢ᠍ᠯᠡᠰ᠎ᠤᠨ ᠶᠡᠷᠦᠩᠬᠡᠶ᠋ᠢᠯᠡᠭᠰᠡᠨ ᠴᠣᠭᠴᠠ ᠵᠢ ᠪᠠᠶ᠋ᠢᠭᠤᠯᠤᠨ᠎ᠠ᠃

  (ᠭᠤᠷᠪᠠ) ᠵᠣᠬᠢᠶᠠᠨ ᠪᠠᠶ᠋ᠢᠭᠤᠯᠤᠨ ᠬᠡᠷᠡᠭᠵᠢᠭᠦᠯᠦᠨ᠎ᠡ᠃  ᠭᠤᠤᠯᠳᠠᠭᠤ ᠡᠮᠦᠨᠡᠬᠢ ᠬᠤᠭᠤᠴᠠᠭ᠋ᠠᠨ᠎ᠤ ᠠᠵᠢᠯ᠂  ᠰᠠᠯᠠᠭ᠎ᠠ ᠮᠥᠴᠢᠷ ᠬᠠᠮᠵᠢᠯᠴᠠᠬᠤ᠂  ᠪᠥᠲᠥᠭᠡᠨ ᠪᠠᠶ᠋ᠢᠭᠤᠯᠤᠯᠲᠠ ᠵᠢᠨ ᠬᠠᠮᠢᠶᠠᠷᠤᠯᠲᠠ᠂  ᠪᠠᠶ᠋ᠢᠭᠤᠯᠤᠭᠳᠠᠭᠰᠠᠨ᠎ᠤ ᠳᠠᠷᠠᠭ᠎ᠠ ᠬᠠᠮᠢᠶᠠᠷᠤᠨ ᠬᠠᠮᠠᠭ᠋ᠠᠯᠠᠬᠤ ᠵᠡᠷᠭᠡ ᠳᠥᠷᠪᠡᠨ ᠲᠠᠯ᠎ᠠ᠎ᠪᠠᠷ ᠲᠣᠳᠣᠷᠬᠠᠶ ᠱᠠᠭ᠋ᠠᠷᠳᠠᠯᠭ᠎ᠠ ᠳᠤᠷᠠᠳᠪᠠ᠃  ᠡᠭᠦᠨ᠎ᠳᠤ᠂  ᠡᠮᠦᠨᠡᠬᠢ ᠬᠤᠭᠤᠴᠠᠭ᠋ᠠᠨ᠎ᠤ ᠠᠵᠢᠯ᠎ᠤᠨ ᠲᠠᠯ᠎ᠠ᠎ᠪᠠᠷ᠂  ᠮᠤᠵᠢ ᠵᠢᠨ ᠱᠠᠲᠤᠨ᠎ᠤ ᠤᠰᠤᠨ ᠠᠰᠢᠭᠯᠠᠯᠲᠠ ᠵᠢᠨ ᠰᠠᠯᠠᠭ᠎ᠠ ᠮᠥᠴᠢᠷ ᠲᠦᠷᠦᠭᠦᠯᠡᠨ ᠬᠠᠮᠢᠶ᠎ᠠ ᠪᠦᠬᠦᠢ ᠰᠠᠯᠠᠭ᠎ᠠ ᠮᠥᠴᠢᠷ᠎ᠲᠠᠢ ᠬᠠᠮᠲᠤᠷᠠᠵᠤ᠂  ᠮᠤᠵᠢ ᠵᠢᠨ ᠱᠠᠲᠤᠨ᠎ᠤ ᠲᠦᠯᠬᠢᠨ ᠠᠬᠢᠭᠤᠯᠬᠤ ᠠᠵᠢᠯ᠎ᠤᠨ ᠲᠥᠰᠦᠯ ᠪᠤᠶᠤ ᠲᠤᠰᠬᠠᠶ ᠵᠦᠢ᠍ᠯ᠎ᠤᠨ ᠲᠥᠯᠥᠪᠵᠢᠭᠦᠯᠭᠡ ᠵᠢ ᠨᠠᠶ᠋ᠢᠷᠠᠭᠤᠯᠤᠨ ᠵᠣᠬᠢᠶᠠᠨ᠎ᠠ᠃  ᠰᠢᠶᠠᠨ᠎ᠤ ᠱᠠᠲᠤᠨ᠎ᠤ ᠰᠠᠪᠠ ᠭᠠᠵᠠᠷ᠎ᠤᠨ ᠪᠦᠲᠦᠭᠡᠨ ᠪᠠᠶ᠋ᠢᠭᠤᠯᠤᠯᠲᠠ ᠵᠢᠨ ᠠᠵᠢᠯ᠎ᠤᠨ ᠲᠥᠰᠥᠯ᠎ᠢ ᠠᠮᠢ ᠠᠬᠤᠶ ᠵᠢᠨ ᠠᠷᠢᠭᠤᠨ ᠴᠡᠪᠡᠷ ᠵᠢᠵᠢᠭ ᠰᠠᠪᠠ ᠭᠠᠵᠠᠷ᠎ᠤᠨ ᠪᠦᠲᠦᠭᠡᠨ ᠪᠠᠶ᠋ᠢᠭᠤᠯᠤᠯᠲᠠ᠎ᠳᠤ ᠬᠤᠯᠪᠣᠭᠳᠠᠬᠤ ᠬᠠᠮᠢᠶ᠎ᠠ ᠪᠦᠬᠦᠢ ᠠᠵᠢᠯ ᠲᠥᠷᠥᠯ᠎ᠤᠨ ᠲᠥᠷᠥᠯ ᠵᠦᠢ᠍ᠯ᠎ᠤᠨ ᠪᠦᠲᠦᠭᠡᠨ ᠪᠠᠶ᠋ᠢᠭᠤᠯᠤᠯᠲᠠ ᠵᠢᠨ ᠬᠠᠮᠢᠶᠠᠷᠤᠯᠲᠠ ᠵᠢ ᠲᠡᠭᠦᠨ᠎ᠤ ᠠᠵᠢᠯ ᠲᠥᠷᠥᠯ᠎ᠤᠨ ᠲᠣᠭᠲᠠᠭ᠋ᠠᠯ ᠪᠠ ᠮᠡᠷᠭᠡᠵᠢᠯ᠎ᠤᠨ ᠪᠠᠷᠢᠮᠵᠢᠶ᠎ᠠ ᠶᠣᠰᠣᠭ᠋ᠠᠷ ᠬᠡᠷᠡᠭᠵᠢᠭᠦᠯᠦᠨ᠎ᠡ᠃

  (ᠲᠦᠷᠪᠡ) ᠪᠠᠲᠤᠯᠠᠭ᠎ᠠ ᠵᠢᠨ ᠠᠷᠭ᠎ᠠ ᠬᠡᠮᠵᠢᠶ᠎ᠡ᠃  ᠭᠤᠤᠯᠳᠠᠭᠤ ᠵᠣᠬᠢᠶᠠᠨ ᠪᠠᠶ᠋ᠢᠭᠤᠯᠤᠯᠲᠠ ᠵᠢᠨ ᠤᠳᠤᠷᠢᠳᠤᠯᠭ᠎ᠠ᠂  ᠪᠠᠯᠠ ᠮᠥᠩᠭᠦ ᠵᠢᠨ ᠳᠡᠮᠵᠢᠯᠭᠡ᠂  ᠨᠡᠶ᠋ᠢᠭᠡᠮ᠎ᠤᠨ ᠣᠷᠣᠭᠤᠯᠤᠯᠲᠠ᠂  ᠰᠢᠯᠭ᠋ᠠᠨ ᠬᠢᠨᠠᠵᠤ ᠦᠨᠡᠯᠡᠨ ᠵᠢᠱ᠌ᠢᠬᠦ ᠪᠠ ᠤᠬᠠᠭᠤᠯᠤᠨ ᠳᠡᠯᠭᠡᠷᠡᠭᠦᠯᠬᠦ ᠵᠡᠷᠭᠡ ᠲᠠᠪᠤᠨ ᠲᠠᠯ᠎ᠠ᠎ᠪᠠᠷ ᠱᠠᠭ᠋ᠠᠷᠳᠠᠯᠭ᠎ᠠ ᠳᠤᠷᠠᠳᠪᠠ᠃  ᠡᠭᠦᠨ᠎ᠳᠤ ᠣᠷᠣᠭᠤᠯᠤᠯᠲᠠ ᠳᠡᠮᠵᠢᠯᠭᠡ ᠵᠢᠨ ᠲᠠᠯ᠎ᠠ᠎ᠪᠠᠷ᠂  ᠭᠤᠤᠯᠳᠠᠭᠤ ᠣᠲᠣ ᠵᠢᠨ ᠪᠠᠶ᠋ᠢᠭ᠎ᠠ ᠠᠷᠭ᠎ᠠ ᠵᠠᠮ᠎ᠢ ᠠᠰᠢᠭᠯᠠᠨ ᠬᠠᠮᠢᠶ᠎ᠠ ᠪᠥᠬᠦᠶ ᠲᠥᠷᠥᠯ ᠵᠦᠢ᠍ᠯ᠎ᠤᠨ ᠣᠷᠣᠭᠤᠯᠤᠯᠲᠠ ᠵᠢᠨ ᠡᠷᠴᠢᠮ ᠵᠶ᠋ᠠᠨ ᠴᠢᠩᠭ᠋ᠠᠷᠠᠭᠤᠯᠵᠤ᠂  ᠣᠷᠣᠨ ᠨᠤᠲᠤᠭ᠎ᠤᠨ᠎ᠬᠢᠨ᠎ᠤ ᠤᠰᠤ ᠰᠢᠷᠤᠢ ᠵᠢ ᠬᠠᠮᠠᠭ᠋ᠠᠯᠠᠬᠤ ᠨᠥᠬᠦᠪᠥᠷᠢ ᠵᠠᠷᠤᠳᠠᠯ᠂  ᠣᠷᠣᠨ ᠨᠤᠲᠤᠭ᠎ᠤᠨ ᠵᠠᠰᠠᠭ᠎ᠤᠨ ᠣᠷᠳᠣᠨ᠎ᠤ ᠲᠤᠰᠬᠠᠶ ᠵᠦᠢ᠍ᠯ᠎ᠤᠨ ᠵᠢᠭᠡᠯᠡᠯᠭᠡ ᠵᠢᠨ ᠲᠡᠮᠳᠡᠭᠲᠦ ᠵᠡᠷᠭᠡ ᠪᠠᠯᠠ ᠮᠥᠩᠭᠦ ᠵᠢ ᠢᠳᠡᠪᠬᠢᠲᠡᠶ ᠠᠰᠢᠭᠯᠠᠬᠤ ᠵᠢ ᠵᠣᠷᠢᠭᠵᠢᠭᠤᠯᠵᠤ᠂  ᠲᠠᠷᠢᠶᠠᠨ ᠭᠠᠵᠠᠷ᠎ᠢ ᠡᠵᠡᠯᠡᠬᠦ ᠪᠠ ᠨᠥᠬᠦᠪᠥᠷᠢᠯᠡᠬᠦ ᠵᠢ ᠲᠡᠩᠴᠡᠭᠦᠷᠢᠲᠡᠶ ᠪᠠᠶ᠋ᠢᠯᠭ᠋ᠠᠬᠤ᠂  ᠠᠮᠢ ᠠᠬᠤᠶ ᠵᠢᠨ ᠦᠢ᠍ᠯᠡᠳᠬᠦᠨ᠎ᠢ ᠡᠵᠡᠩᠨᠡᠵᠦ ᠨᠡᠭᠡᠭᠡᠨ ᠬᠥᠭᠵᠢᠭᠦᠯᠬᠦ ᠵᠡᠷᠭᠡ ᠬᠠᠮᠢᠶ᠎ᠠ ᠪᠥᠬᠦᠶ ᠥᠮᠴᠢᠯᠡᠬᠦ ᠡᠷᠬᠡ ᠵᠢ ᠤᠷᠮᠠᠰᠢᠭᠤᠯᠬᠤ ᠲᠥᠷᠥ ᠵᠢᠨ ᠪᠣᠳᠣᠯᠭ᠎ᠠ ᠵᠢ ᠰᠠᠶ᠋ᠢᠲᠤᠷ ᠬᠡᠷᠡᠭᠯᠡᠨ᠂  ᠱᠠᠩᠨᠠᠬᠤ᠎ᠪᠠᠷ ᠨᠥᠬᠦᠪᠥᠷᠢ ᠵᠢ ᠣᠷᠣᠯᠠᠭᠤᠯᠬᠤ᠂  ᠠᠵᠢᠯ ᠣᠯᠭᠤᠬᠤ᠎ᠪᠠᠷ ᠲᠡᠳᠬᠦᠮᠵᠢ ᠵᠢ ᠣᠷᠣᠯᠠᠭᠤᠯᠬᠤ ᠵᠡᠷᠭᠡ ᠪᠥᠲᠥᠭᠡᠨ ᠪᠠᠶ᠋ᠢᠭᠤᠯᠤᠯᠲᠠ ᠵᠢᠨ ᠵᠠᠭᠪᠤᠷ᠎ᠢ ᠬᠡᠷᠡᠭᠵᠢᠭᠦᠯᠵᠦ᠂  ᠠᠰᠢᠭ ᠲᠤᠰᠠ ᠵᠢᠨ ᠬᠤᠯᠪᠣᠭ᠋ᠠᠨ᠎ᠤ ᠲᠣᠭᠲᠠᠴᠠ ᠵᠢ ᠲᠡᠭᠦᠯᠳᠡᠷᠵᠢᠭᠦᠯᠦᠨ᠂  ᠨᠡᠶ᠋ᠢᠭᠡᠮ᠎ᠤᠨ ᠬᠥᠷᠥᠩᠭᠡ᠂  ᠠᠰᠢᠭ ᠭᠥᠷᠳᠡᠭᠰᠡᠨ ᠣᠯᠠᠨ ᠲᠦᠮᠡᠨ᠎ᠤ ᠲᠥᠷᠥᠯ ᠵᠦᠢ᠍ᠯ᠎ᠤᠨ ᠪᠥᠲᠥᠭᠡᠨ ᠪᠠᠶ᠋ᠢᠭᠤᠯᠤᠯᠲᠠ᠂  ᠡᠵᠡᠩᠨᠡᠯᠲᠡ ᠪᠠ ᠬᠠᠮᠢᠶᠠᠷᠤᠯᠲᠠ ᠬᠠᠮᠠᠭ᠋ᠠᠯᠠᠯᠲᠠ᠎ᠳᠤ ᠢᠳᠡᠪᠬᠢᠲᠡᠶ ᠣᠷᠣᠯᠴᠠᠬᠤ ᠵᠢ ᠵᠣᠷᠢᠭᠵᠢᠭᠤᠯᠬᠤ ᠪᠠ ᠬᠥᠲᠥᠯᠦᠨ ᠵᠢᠯᠣᠭᠤᠳᠤᠨ᠎ᠠ᠃

  

  《ᠵᠢᠯᠣᠭᠤᠳᠬᠤ ᠰᠠᠨᠠᠯ》᠎ᠤᠨ ᠬᠡᠷᠡᠭᠵᠢᠭᠦᠯᠦᠯᠲᠡ ᠵᠢ ᠠᠬᠢᠭᠤᠯᠬᠤ ᠲᠠᠯ᠎ᠠ᠎ᠪᠠᠷ ᠶᠠᠮᠠᠷ ᠪᠣᠳᠣᠯᠬᠢᠯᠠᠯ᠎ᠲᠠᠢ ᠪᠠᠶ᠋ᠢᠬᠤ ᠪᠤᠢ

   ᠨᠢᠭᠡ᠎ᠳᠤ᠂  ᠠᠵᠢᠯ᠎ᠤᠨ ᠠᠬᠢᠭᠤᠯᠤᠯᠲᠠ ᠵᠢ ᠴᠢᠩᠭ᠋ᠠᠳᠬᠠᠨ᠎ᠠ᠃ 《ᠠᠮᠢ ᠠᠬᠤᠶ ᠵᠢᠨ ᠠᠷᠢᠭᠤᠨ ᠴᠡᠪᠡᠷ ᠵᠢᠵᠢᠭ ᠰᠠᠪᠠ ᠭᠠᠵᠠᠷ᠎ᠤᠨ ᠪᠦᠲᠦᠭᠡᠨ ᠪᠠᠶ᠋ᠢᠭᠤᠯᠤᠯᠲᠠ ᠵᠢᠨ ᠮᠡᠷᠭᠡᠵᠢᠯ᠎ᠤᠨ ᠵᠢᠯᠣᠭᠣᠳᠬᠤ ᠳᠦᠷᠢᠮ》᠎ᠳᠤ ᠱᠠᠯᠠᠪᠳᠠᠨ ᠵᠠᠰᠠᠪᠤᠷᠢ ᠣᠷᠣᠭᠤᠯᠵᠤ᠂  ᠣᠷᠣᠨ ᠨᠤᠲᠤᠭ᠎ᠤᠨ ᠠᠮᠢ ᠠᠬᠤᠶ ᠵᠢᠨ ᠠᠷᠢᠭᠤᠨ ᠴᠡᠪᠡᠷ ᠵᠢᠵᠢᠭ ᠰᠠᠪᠠ ᠭᠠᠵᠠᠷ᠎ᠤᠨ ᠪᠦᠲᠦᠭᠡᠨ ᠪᠠᠶ᠋ᠢᠭᠤᠯᠤᠯᠲᠠ ᠵᠢ ᠵᠢᠷᠤᠮᠵᠢᠭᠤᠯᠬᠤ ᠬᠡᠷᠡᠭᠲᠡᠶ᠃  ᠮᠤᠵᠢ ᠵᠢᠨ ᠱᠠᠲᠤᠨ᠎ᠤ ᠤᠰᠤᠨ ᠠᠰᠢᠭᠯᠠᠯᠲᠠ ᠵᠢᠨ ᠰᠠᠯᠠᠭ᠎ᠠ ᠮᠥᠴᠢᠷ᠎ᠤᠳ ᠬᠣᠯᠪᠣᠭᠳᠠᠯ ᠪᠦᠬᠦᠢ ᠰᠠᠯᠠᠭ᠎ᠠ ᠮᠥᠴᠢᠷ᠎ᠲᠠᠢ ᠬᠠᠮᠲᠤᠷᠠᠨ ᠮᠤᠵᠢ ᠵᠢᠨ ᠱᠠᠲᠤᠨ᠎ᠤ ᠲᠦᠯᠬᠢᠨ ᠠᠬᠢᠭᠤᠯᠬᠤ ᠠᠵᠢᠯ᠎ᠤᠨ ᠲᠥᠰᠦᠯ ᠪᠤᠶᠤ ᠲᠤᠰᠬᠠᠶ ᠵᠦᠢ᠍ᠯ᠎ᠤᠨ ᠲᠥᠯᠥᠪᠵᠢᠭᠦᠯᠭᠡ ᠵᠢ ᠨᠠᠶ᠋ᠢᠷᠠᠭᠤᠯᠤᠨ ᠵᠣᠬᠢᠶᠠᠬᠤ ᠵᠢ ᠲᠦᠯᠬᠢᠨ ᠠᠬᠢᠭᠤᠯᠵᠤ᠂  ᠠᠵᠢᠯ᠎ᠢ ᠲᠦᠯᠬᠢᠨ ᠠᠬᠢᠭᠤᠯᠬᠤ ᠰᠡᠳᠬᠢᠴᠡ᠂  ᠬᠠᠷᠠᠯᠲᠠ ᠵᠢᠨ ᠡᠭᠦᠷᠭᠡ᠂  ᠬᠡᠷᠡᠭᠵᠢᠭᠦᠯᠬᠦ ᠲᠥᠯᠥᠪᠯᠡᠭᠡ ᠪᠣᠯᠤᠨ ᠰᠠᠯᠠᠭ᠎ᠠ ᠮᠥᠴᠢᠷ᠎ᠤᠨ ᠡᠭᠦᠷᠭᠡ ᠬᠠᠷᠢᠭᠤᠴᠠᠯᠭ᠎ᠠ ᠵᠡᠷᠭᠡ ᠵᠢ ᠲᠣᠳᠣᠷᠬᠠᠶ᠋ᠢᠯᠠᠬᠤ ᠬᠡᠷᠡᠭᠲᠡᠶ᠃  ᠬᠤᠯᠪᠣᠭᠳᠠᠯ ᠪᠦᠬᠦᠢ ᠰᠠᠯᠠᠭ᠎ᠠ ᠮᠥᠴᠢᠷ᠎ᠢ ᠢᠳᠡᠪᠬᠢᠲᠡᠢ ᠵᠣᠬᠢᠴᠠᠭᠤᠯᠵᠤ᠂  ᠠᠵᠢᠯ᠎ᠤᠨ ᠰᠠᠭᠤᠷᠢ ᠰᠠᠶ᠋ᠢᠨ᠂  ᠢᠳᠡᠪᠬᠢᠵᠢᠯ ᠥᠨᠳᠥᠷ ᠭᠠᠵᠠᠷ ᠣᠷᠣᠨ᠎ᠢ ᠰᠣᠩᠭᠤᠵᠤ᠂  ᠵᠢᠵᠢᠭ ᠰᠠᠪᠠ ᠭᠠᠵᠠᠷ᠎ᠢ ᠶᠡᠷᠦᠩᠬᠡᠶ᠋ᠢᠯᠡᠨ ᠵᠠᠰᠠᠬᠤ ᠶᠠᠰᠤ ᠴᠢᠨᠠᠷ᠎ᠢ ᠳᠡᠭᠡᠭᠰᠢᠯᠡᠭᠦᠯᠦᠨ ᠦᠷ᠎ᠡ ᠠᠰᠢᠭ᠎ᠢ ᠨᠡᠮᠡᠭᠳᠡᠭᠦᠯᠬᠦ ᠲᠤᠷᠰᠢᠯᠲᠠ ᠵᠢ ᠥᠷᠨᠢᠭᠦᠯᠵᠦ᠂  ᠡᠷᠭᠢᠨ ᠲᠣᠭᠤᠷᠢᠨ᠎ᠤ ᠠᠮᠢ ᠠᠬᠤᠢ ᠵᠢᠨ ᠠᠷᠢᠭᠤᠨ ᠴᠡᠪᠡᠷ ᠵᠢᠵᠢᠭ ᠰᠠᠪᠠ ᠭᠠᠵᠠᠷ᠎ᠤᠨ ᠪᠦᠲᠦᠭᠡᠨ ᠪᠠᠶ᠋ᠢᠭᠤᠯᠤᠯᠲᠠ ᠵᠢ ᠲᠦᠷᠭᠡᠳᠬᠡᠨ ᠠᠬᠢᠭᠤᠯᠬᠤ ᠵᠢ ᠵᠢᠱ᠌ᠢᠶ᠎ᠡ ᠦᠵᠡᠭᠦᠯᠦᠨ ᠲᠠᠶ᠋ᠢᠴᠢᠯᠠᠨ᠎ᠠ᠃

   ᠬᠤᠶᠠᠷ᠎ᠲᠤ᠂  ᠣᠷᠣᠭᠤᠯᠤᠯᠲᠠ ᠵᠢᠨ ᠪᠠᠲᠤᠯᠠᠭ᠎ᠠ ᠵᠢ ᠴᠢᠩᠭ᠋ᠠᠳᠬᠠᠨ᠎ᠠ᠃  ᠣᠲᠣ ᠵᠢᠨ ᠪᠠᠶ᠋ᠢᠭ᠎ᠠ ᠪᠠᠯᠠ ᠣᠷᠣᠭᠤᠯᠤᠯᠲᠠ ᠵᠢᠨ ᠠᠷᠭ᠎ᠠ ᠵᠠᠮ᠎ᠢ ᠠᠰᠢᠭᠯᠠᠨ ᠣᠷᠣᠭᠤᠯᠤᠯᠲᠠ᠎ᠪᠠᠨ ᠨᠡᠮᠡᠭᠳᠡᠭᠦᠯᠬᠦ᠎ᠪᠠᠷ ᠢᠳᠡᠪᠬᠢᠲᠡᠶ ᠴᠢᠷᠮᠠᠶ᠋ᠢᠬᠤ ᠵᠢᠨ ᠬᠠᠮᠲᠤ᠂  ᠲᠠᠷᠢᠶᠠᠯᠠᠩ ᠬᠥᠳᠡᠭᠡ ᠲᠣᠰᠬᠤᠨ᠂  ᠣᠶ ᠰᠢᠭᠤᠶ ᠡᠪᠡᠰᠦ ᠪᠡᠯᠴᠢᠭᠡᠷ᠂  ᠬᠥᠳᠡᠭᠡ ᠲᠣᠰᠬᠤᠨ᠎ᠢ ᠬᠥᠭᠵᠢᠭᠦᠯᠦᠨ ᠮᠠᠨᠳᠤᠭᠤᠯᠬᠤ ᠵᠡᠷᠭᠡ ᠰᠠᠯᠠᠭ᠎ᠠ ᠮᠥᠴᠢᠷ᠎ᠯᠦᠭᠡ ᠵᠢᠨ ᠵᠣᠬᠢᠴᠠᠯᠳᠤᠨ ᠬᠠᠮᠵᠢᠯᠴᠠᠬᠤ᠎ᠪᠠᠨ ᠴᠢᠩᠭ᠋ᠠᠳᠬᠠᠵᠤ᠂  ᠠᠮᠢ ᠠᠬᠤᠶ ᠵᠢᠨ ᠴᠡᠪᠡᠷ ᠵᠢᠵᠢᠭ ᠰᠠᠪᠠ ᠭᠠᠵᠠᠷ᠎ᠤᠨ ᠪᠥᠲᠥᠭᠡᠨ ᠪᠠᠶ᠋ᠢᠭᠤᠯᠤᠯᠲᠠ ᠬᠢᠭᠡᠳ ᠳᠤᠮᠳᠠ ᠪᠠᠭ᠎ᠠ ᠭᠤᠤᠯ ᠮᠥᠷᠡᠨ᠎ᠢ ᠵᠠᠰᠠᠬᠤ᠂  ᠤᠰᠤᠨ ᠰᠢᠰᠲ᠋ᠧᠮ᠎ᠢ ᠬᠤᠯᠪᠣᠬᠤ ᠪᠠ ᠤᠰᠤ ᠦᠵᠡᠰᠬᠦᠯᠡᠩ ᠬᠥᠳᠡᠭᠡ ᠲᠣᠰᠬᠤᠨ᠎ᠤ ᠪᠥᠲᠥᠭᠡᠨ ᠪᠠᠶ᠋ᠢᠭᠤᠯᠤᠯᠲᠠ᠂  ᠬᠥᠳᠡᠭᠡ ᠲᠣᠰᠬᠤᠨ᠎ᠤ ᠣᠷᠣᠰᠢᠨ ᠰᠠᠭᠤᠬᠤ ᠣᠷᠴᠢᠨ ᠲᠣᠭᠤᠷᠢᠨ᠎ᠢ ᠴᠡᠭᠴᠡᠯᠡᠨ ᠵᠠᠰᠠᠵᠤ ᠳᠡᠭᠡᠭᠰᠢᠯᠡᠭᠦᠯᠬᠦ ᠠᠵᠢᠯᠯᠠᠭ᠎ᠠ᠂  ᠤᠯᠤᠰ᠎ᠤᠨ ᠭᠠᠵᠠᠷ ᠰᠢᠷᠣᠶ ᠵᠢ ᠨᠣᠭᠤᠭ᠋ᠠᠷᠠᠭᠤᠯᠬᠤ ᠠᠵᠢᠯᠯᠠᠭ᠎ᠠ ᠵᠡᠷᠭᠡ ᠵᠢ ᠪᠦᠲᠦᠮᠵᠢᠲᠡᠶ ᠵᠣᠯᠭ᠋ᠠᠭᠤᠯᠬᠤ ᠵᠢ ᠠᠬᠢᠭᠤᠯᠤᠨ᠎ᠠ᠃  ᠣᠷᠣᠨ ᠨᠤᠲᠤᠭ᠎ᠤᠨ ᠣᠯᠠᠨ ᠠᠷᠭ᠎ᠠ ᠵᠠᠮ ᠵᠶ᠋ᠠᠷ ᠪᠡᠯᠡ ᠮᠥᠩᠭᠦ ᠴᠤᠭᠯᠠᠭᠤᠯᠬᠤ ᠵᠢ ᠵᠢᠯᠣᠭᠤᠳᠴᠤ᠂  ᠣᠷᠣᠨ ᠨᠤᠲᠤᠭ᠎ᠤᠨ ᠲᠤᠰᠬᠠᠶ ᠵᠦᠢ᠍ᠯ᠎ᠤᠨ ᠵᠢᠭᠡᠯᠡᠯᠭᠡ ᠵᠢᠨ ᠲᠡᠮᠳᠡᠭᠲᠦ ᠵᠢᠨ ᠳᠡᠮᠵᠢᠬᠦ ᠬᠡᠪᠴᠢᠶᠡᠨ᠎ᠳᠤ ᠣᠷᠣᠭᠤᠯᠬᠤ᠎ᠪᠠᠷ ᠢᠳᠡᠪᠬᠢᠯᠡᠨ ᠴᠢᠷᠮᠠᠶ᠋ᠢᠨ᠎ᠠ᠂  ᠮᠥᠩᠭᠦᠨ ᠭᠦᠢ᠍ᠯᠭᠡᠭᠡᠨ᠎ᠤ ᠲᠡᠳᠬᠦᠨ ᠳᠡᠮᠵᠢᠬᠦ ᠲᠥᠷᠥ ᠵᠢᠨ ᠪᠣᠳᠣᠯᠭ᠎ᠠ ᠵᠢ ᠢᠳᠡᠪᠬᠢᠲᠡᠶ ᠠᠰᠢᠭᠯᠠᠨ᠂  ᠲᠥᠷᠥ ᠵᠢᠨ ᠪᠣᠳᠣᠯᠭ᠎ᠠ ᠵᠢᠨ ᠴᠢᠨᠠᠷᠲᠠᠶ᠂  ᠨᠡᠭᠡᠭᠡᠯᠲᠡ ᠵᠢᠨ ᠴᠢᠨᠠᠷᠲᠠᠶ᠂  ᠬᠤᠳᠠᠯᠳᠤᠭ᠋ᠠᠨ᠎ᠤ ᠴᠢᠨᠠᠷᠲᠠᠶ ᠮᠥᠩᠭᠦᠨ ᠭᠦᠢ᠍ᠯᠭᠡᠭᠡᠨ᠎ᠤ ᠪᠠᠶ᠋ᠢᠭᠤᠯᠤᠮᠵᠢ᠎ᠲᠠᠢ ᠰᠠᠨᠠᠭ᠋ᠠᠴᠢᠯᠠᠭ᠎ᠠ᠎ᠠᠴᠠ᠎ᠪᠠᠨ ᠵᠣᠯᠭ᠋ᠠᠭᠤᠯᠵᠤ᠂  ᠵᠢᠭᠡᠯᠡᠯᠭᠡ ᠵᠢᠨ ᠬᠤᠭᠤᠴᠠᠭ᠎ᠠ᠂  ᠬᠦᠦ ᠮᠥᠩᠭᠦ ᠵᠢᠨ ᠨᠣᠷᠮ᠎ᠠ ᠪᠠ ᠮᠥᠩᠭᠦᠨ ᠭᠦᠢ᠍ᠯᠭᠡᠭᠡᠨ᠎ᠤ ᠦᠢ᠍ᠯᠡᠴᠢᠯᠡᠭᠡ ᠵᠡᠷᠭᠡ ᠲᠠᠯ᠎ᠠ ᠵᠢᠨ ᠬᠠᠷᠠᠭ᠋ᠠᠯᠵᠠᠯ᠎ᠤᠨ ᠲᠥᠷᠥ ᠵᠢᠨ ᠪᠣᠳᠣᠯᠭ᠎ᠠ ᠵᠢ ᠴᠢᠷᠮᠠᠶ᠋ᠢᠨ ᠣᠯᠤᠨ᠎ᠠ᠃  ᠤᠰᠤ ᠰᠢᠷᠤᠢ ᠵᠢᠨ ᠢᠳᠡᠭᠳᠡᠯ᠎ᠢ ᠵᠠᠰᠠᠬᠤ᠎ᠳᠤ ᠨᠡᠶ᠋ᠢᠭᠡᠮ᠎ᠤᠨ ᠬᠥᠷᠥᠩᠭᠡ ᠵᠢᠨ ᠣᠷᠣᠯᠴᠠᠬᠤ ᠵᠢ ᠵᠣᠷᠢᠭᠵᠢᠭᠤᠯᠬᠤ ᠪᠠ ᠬᠥᠲᠥᠯᠥᠨ ᠵᠢᠯᠣᠭᠣᠳᠬᠤ ᠰᠠᠨᠠᠯ᠎ᠢ ᠲᠣᠭᠲᠠᠭ᠋ᠠᠵᠤ᠂  ᠣᠷᠣᠨ ᠨᠤᠲᠤᠭ᠎ᠤᠨ ᠠᠮᠢ ᠠᠬᠤᠶ ᠵᠢᠨ ᠦᠢ᠍ᠯᠡᠳᠬᠦᠨ᠎ᠤ ᠡᠵᠡᠩᠨᠡᠯᠲᠡ ᠨᠡᠭᠡᠭᠡᠯᠲᠡ᠂  ᠲᠠᠷᠢᠶᠠᠨ ᠭᠠᠵᠠᠷ ᠡᠵᠡᠯᠡᠬᠦ ᠨᠥᠬᠥᠪᠥᠷᠢ ᠵᠢ ᠲᠡᠩᠴᠡᠭᠦᠷᠢᠲᠡᠶ ᠪᠠᠶ᠋ᠢᠯᠭ᠋ᠠᠬᠤ ᠵᠡᠷᠭᠡ ᠥᠮᠴᠢᠯᠡᠬᠦ ᠡᠷᠬᠡ ᠵᠢᠨ ᠤᠷᠮᠠᠰᠢᠭᠤᠯᠬᠤ ᠲᠥᠷᠥ ᠵᠢᠨ ᠪᠣᠳᠣᠯᠭ᠎ᠠ ᠵᠢ ᠰᠠᠶ᠋ᠢᠲᠤᠷ ᠬᠡᠷᠡᠭᠯᠡᠬᠦ ᠵᠢ ᠵᠢᠭ᠋ᠠᠨ ᠵᠢᠯᠣᠭᠣᠳᠤᠨ᠎ᠠ᠃

   ᠭᠤᠷᠪᠠ᠎ᠳᠤ᠂  ᠬᠢᠨᠠᠨ ᠪᠠᠶ᠋ᠢᠴᠠᠭ᠋ᠠᠵᠤ ᠰᠢᠯᠭ᠋ᠠᠨ ᠬᠢᠨᠠᠬᠤ ᠵᠢ ᠰᠠᠶ᠋ᠢᠲᠤᠷ ᠠᠳᠬᠤᠨ᠎ᠠ᠃  ᠠᠮᠢ ᠠᠬᠤᠢ ᠵᠢᠨ ᠠᠷᠢᠭᠤᠨ ᠴᠡᠪᠡᠷ ᠵᠢᠵᠢᠭ ᠰᠠᠪᠠ ᠭᠠᠵᠠᠷ᠎ᠤᠨ ᠪᠦᠲᠦᠭᠡᠨ ᠪᠠᠶ᠋ᠢᠭᠤᠯᠤᠯᠲᠠ ᠵᠢ ᠭᠤᠣᠯ ᠮᠥᠷᠡᠨ ᠨᠠᠭᠤᠷ ᠴᠥᠭᠦᠷᠥᠮ᠎ᠤᠨ ᠳᠠᠷᠤᠭ᠎ᠠ ᠵᠢᠨ ᠳᠦᠷᠢᠮ᠎ᠤᠨ ᠠᠵᠢᠯ᠎ᠢ ᠬᠢᠨᠠᠨ ᠪᠠᠶ᠋ᠢᠴᠠᠭ᠋ᠠᠵᠤ ᠤᠷᠮᠠᠰᠢᠭᠤᠯᠬᠤ᠂  ᠤᠰᠤ ᠰᠢᠷᠤᠢ ᠵᠢ ᠬᠠᠮᠠᠭ᠋ᠠᠯᠠᠬᠤ ᠬᠠᠷᠠᠯᠲᠠᠲᠤ ᠬᠠᠷᠢᠭᠤᠴᠠᠯᠭ᠎ᠠ ᠵᠢ ᠰᠢᠯᠭ᠋ᠠᠨ ᠬᠢᠨᠠᠵᠤ ᠦᠨᠡᠯᠡᠨ ᠵᠢᠱ᠌ᠢᠬᠦ ᠬᠡᠪᠴᠢᠶᠡᠨ᠎ᠳᠤ ᠣᠷᠣᠭᠤᠯᠵᠤ᠂  ᠵᠢᠱ᠌ᠢᠶ᠎ᠡ ᠦᠵᠡᠭᠦᠯᠬᠦ ᠦᠢ᠍ᠯᠡᠳᠦᠯ ᠵᠶ᠋ᠠᠷ ᠢᠯᠡᠷᠬᠡᠢ ᠠᠮᠢ ᠠᠬᠤᠢ ᠵᠢᠨ ᠠᠷᠢᠭᠤᠨ ᠴᠡᠪᠡᠷ ᠵᠢᠵᠢᠭ ᠰᠠᠪᠠ ᠭᠠᠵᠠᠷ᠎ᠢ ᠰᠢᠯᠢᠳᠡᠭ᠎ᠢ᠎ᠨᠢ ᠰᠣᠩᠭᠤᠵᠤ ᠤᠯᠤᠰ᠎ᠤᠨ ᠤᠰᠤ ᠰᠢᠷᠤᠢ ᠵᠢ ᠬᠠᠮᠠᠭ᠋ᠠᠯᠠᠬᠤ ᠵᠢᠱ᠌ᠢᠶ᠎ᠡ ᠦᠵᠡᠭᠦᠯᠬᠦ ᠢᠨᠵᠧᠨᠧᠷᠢᠩ ᠵᠶ᠋ᠠᠷ ᠨᠡᠷᠡᠶ᠋ᠢᠳᠦᠨ᠎ᠡ᠃  ᠰᠢᠯᠭ᠋ᠠᠨ ᠬᠢᠨᠠᠭᠰᠠᠨ ᠦᠷ᠎ᠡ ᠳ᠋ᠦᠩ᠎ᠤᠨ ᠬᠡᠷᠡᠭᠯᠡᠯᠲᠡ ᠵᠢ ᠰᠠᠶ᠋ᠢᠲᠤᠷ ᠬᠢᠵᠦ᠂  ᠠᠬᠢᠭᠤᠯᠬᠤ ᠡᠷᠴᠢᠮ ᠵᠶ᠋ᠠᠷ ᠶᠡᠭᠡ᠂  ᠦᠷ᠎ᠡ ᠪᠦᠲᠦᠮᠵᠢ᠎ᠪᠠᠷ ᠲᠣᠪᠣᠶ᠋ᠢᠮ᠎ᠠ ᠭᠠᠵᠠᠷ ᠣᠷᠣᠨ᠎ᠢ ᠵᠠᠷᠯᠠᠨ ᠰᠠᠶ᠋ᠢᠰᠢᠶᠠᠨ᠎ᠠ᠃

   ᠳᠥᠷᠪᠡ᠎ᠳᠤ᠂  ᠳ᠋ᠦᠩᠨᠡᠨ ᠳᠡᠯᠭᠡᠷᠡᠭᠦᠯᠬᠦ ᠵᠢ ᠴᠢᠩᠭ᠋ᠠᠳᠬᠠᠨ᠎ᠠ᠃  ᠣᠷᠣᠨ ᠨᠤᠲᠤᠭ᠎ᠢ ᠵᠢᠯᠣᠭᠤᠳᠤᠨ ᠠᠮᠢ ᠠᠬᠤᠶ ᠵᠢᠨ ᠠᠷᠢᠭᠤᠨ ᠴᠡᠪᠡᠷ ᠵᠢᠵᠢᠭ ᠰᠠᠪᠠ ᠭᠠᠵᠠᠷ᠎ᠤᠨ ᠪᠦᠲᠦᠭᠡᠨ ᠪᠠᠶ᠋ᠢᠭᠤᠯᠤᠯᠲᠠ ᠪᠠ ᠬᠠᠮᠢᠶᠠᠷᠴᠤ ᠬᠠᠮᠠᠭ᠋ᠠᠯᠠᠬᠤ ᠵᠠᠭᠪᠤᠷ᠎ᠢ ᠢᠳᠡᠪᠬᠢᠲᠡᠶ᠎ᠪᠠᠷ ᠬᠠᠶ᠋ᠢᠨ ᠰᠦᠪᠡᠭᠴᠢᠯᠡᠵᠦ᠂  ᠪᠦᠲᠦᠭᠡᠨ ᠪᠠᠶ᠋ᠢᠭᠤᠯᠤᠯᠲᠠ ᠵᠢᠨ ᠦᠷ᠎ᠡ ᠪᠦᠲᠦᠮᠵᠢ ᠵᠢ ᠬᠢᠨᠠᠨ ᠬᠡᠮᠵᠢᠬᠦ ᠠᠵᠢᠯ᠎ᠢ ᠰᠠᠶ᠋ᠢᠲᠤᠷ ᠬᠢᠵᠦ᠂  ᠪᠦᠲᠦᠭᠡᠨ ᠪᠠᠶ᠋ᠢᠭᠤᠯᠤᠯᠲᠠ ᠵᠢᠨ ᠦᠷ᠎ᠡ ᠪᠦᠲᠦᠮᠵᠢ ᠵᠢ ᠰᠢᠨᠵᠢᠯᠡᠬᠦ ᠤᠬᠠᠭ᠋ᠠᠨᠴᠢ᠎ᠪᠠᠷ ᠦᠨᠡᠯᠡᠬᠦ ᠬᠡᠷᠡᠭᠲᠡᠶ᠃  ᠰᠠᠶ᠋ᠢᠨ ᠲᠤᠷᠰᠢᠯᠭ᠎ᠠ ᠰᠠᠶ᠋ᠢᠨ ᠠᠷᠭ᠎ᠠ ᠬᠢᠳᠡᠯ᠎ᠢ ᠴᠠᠭ ᠲᠤᠬᠠᠶ᠎ᠳᠤᠨᠢ ᠳ᠋ᠦᠩᠨᠡᠵᠦ᠂  ᠰᠢᠨ᠎ᠡ ᠠᠬᠢᠴᠠ ᠰᠢᠨ᠎ᠡ ᠦᠷ᠎ᠡ ᠪᠦᠲᠦᠮᠵᠢ ᠵᠢ ᠭᠦᠨᠵᠡᠭᠡᠶ ᠤᠬᠠᠭᠤᠯᠵᠤ᠂  ᠠᠮᠵᠢᠯᠲᠠ ᠣᠯᠤᠭᠰᠠᠨ ᠬᠡᠷᠡᠭ᠎ᠤᠨ ᠵᠢᠱ᠌ᠢᠶ᠎ᠡ ᠵᠢ ᠲᠠᠨᠢᠯᠴᠠᠭᠤᠯᠬᠤ ᠵᠢ ᠴᠢᠩᠭ᠋ᠠᠳᠬᠠᠨ᠂  ᠴᠡᠭ ᠵᠶ᠋ᠠᠷ ᠨᠡᠶ᠋ᠢᠳᠡᠮ᠎ᠢ ᠳᠠᠶ᠋ᠢᠴᠢᠯᠠᠵᠤ᠂  ᠡᠯ᠎ᠡ ᠭᠠᠵᠠᠷ᠎ᠤᠨ ᠠᠮᠢ ᠠᠬᠤᠶ ᠵᠢᠨ ᠠᠷᠢᠭᠤᠨ ᠴᠡᠪᠡᠷ ᠵᠢᠵᠢᠭ ᠰᠠᠪᠠ ᠭᠠᠵᠠᠷ᠎ᠤᠨ ᠪᠥᠲᠥᠭᠡᠨ ᠪᠠᠶ᠋ᠢᠭᠤᠯᠤᠯᠲᠠ ᠵᠢ ᠶᠡᠬᠡ᠎ᠪᠠᠷ ᠥᠷᠨᠢᠭᠦᠯᠬᠦ ᠵᠢ ᠠᠬᠢᠭᠤᠯᠤᠨ᠎ᠠ᠃

 

ᠢᠷᠡᠯᠲᠡ᠄ ᠤᠰᠤᠨ ᠠᠰᠢᠭᠯᠠᠯᠳᠠ ᠵᠢᠨ ᠶᠠᠮᠤᠨ
          
ᠬᠠᠮᠢᠶ᠎ᠡ ᠪᠦᠬᠦᠢ ᠰᠣᠨᠢᠨ
《ᠣᠷᠳᠣᠰ ᠬᠤᠲᠠ ᠵᠢᠨ ᠤᠰᠤᠨ᠎ᠤ ᠵᠠᠰᠠᠭ ᠵᠠᠬᠢᠷᠭ᠋ᠠᠨ᠎ᠤ ᠰᠢᠢ᠍ᠳᠭᠡᠯ ᠲᠣᠷᠭ᠋ᠠᠭᠤᠯᠢ ᠵᠢᠨ ᠴᠢᠯᠥᠭᠡᠲᠦ ᠲᠠᠰᠤᠯᠤᠯᠲᠠ ᠵᠢᠨ ᠡᠷᠬᠡ ᠵᠢᠨ ᠰᠠᠭᠤᠷᠢ ᠪᠠᠷᠢᠮᠵᠢᠶ᠎ᠠ (ᠲᠤᠷᠰᠢᠨ ᠬᠡᠷᠡᠭᠵᠢᠭᠦᠯᠬᠦ)》 ᠵᠢᠨ ᠲᠤᠬᠠᠶ ᠣᠷᠳᠣᠰ ᠬᠤᠲᠠ ᠵᠢᠨ ᠤᠰᠤᠨ ᠠᠰᠢᠭᠯᠠᠯᠲᠠ ᠵᠢᠨ ᠲᠣᠪᠴᠢᠶ᠎ᠠ ᠵᠢᠨ ᠲᠣᠭᠲᠠᠭ᠋ᠠᠭᠰᠠᠨ ᠲᠣᠳᠣᠷᠬᠠᠶ᠋ᠢᠯᠠᠯᠲᠠ
ᠦᠰᠦᠭ ᠪᠢᠴᠢᠭ ᠵᠶ᠋ᠠᠷ ᠥᠭᠦᠯᠡᠬᠦᠢ᠄ 《ᠲᠦᠩᠯᠢᠶᠣᠤ ᠬᠤᠲᠠ ᠵᠢᠨ ᠲᠠᠷᠢᠶᠠᠯᠠᠩ᠎ᠤᠨ ᠤᠰᠤᠨ᠎ᠤ ᠦᠨ᠎ᠡ ᠬᠠᠩᠰᠢ ᠵᠢᠨ ᠶᠡᠷᠦᠩᠬᠡᠶ᠋ᠢᠯᠡᠭᠰᠡᠨ ᠥᠭᠡᠷᠡᠴᠢᠯᠡᠯᠲᠡ ᠵᠢᠨ ᠵᠢᠯᠣᠭᠤᠳᠬᠤ ᠰᠠᠨᠠᠯ》
《ᠤᠰᠤᠨ᠎ᠤ ᠡᠬᠢ ᠪᠠᠶᠠᠯᠢᠭ᠎ᠤᠨ ᠭᠠᠶ᠋ᠢᠯᠢ ᠵᠢᠨ ᠥᠭᠡᠷᠡᠴᠢᠯᠡᠯᠲᠡ ᠵᠢᠨ ᠲᠤᠷᠰᠢᠯᠲᠠ ᠵᠢᠨ ᠬᠡᠷᠡᠭᠵᠢᠭᠦᠯᠬᠦ ᠠᠷᠭ᠎ᠠ》 ᠵᠢᠨ ᠡᠷᠬᠡ ᠰᠦᠷᠲᠦ ᠲᠠᠢ᠌ᠯᠪᠤᠷᠢ
【ᠵᠢᠷᠤᠭᠲᠤ ᠲᠠᠢ᠌ᠯᠤᠮᠵᠢ】《ᠪᠤᠭᠤᠲᠤ ᠬᠤᠲᠠ ᠵᠢᠨ ᠬᠤᠲᠠ ᠵᠢᠨ ᠤᠰᠤ ᠬᠠᠩᠭ᠋ᠠᠬᠤ ᠭᠡᠨᠡᠳᠲᠡ ᠵᠢᠨ ᠠᠳᠡᠯ᠎ᠤᠨ ᠪᠠᠴᠢᠮ ᠪᠠᠶ᠋ᠢᠳᠠᠯ᠎ᠢ ᠠᠷᠭ᠋ᠠᠴᠠᠬᠤ ᠪᠡᠯᠡᠳᠬᠡᠯ ᠲᠥᠰᠦᠯ᠎ᠢ ᠳᠠᠷᠤᠮᠠᠯᠯᠠᠨ ᠶᠠᠪᠤᠭᠤᠯᠬᠤ ᠲᠤᠬᠠᠶ ᠪᠤᠭᠤᠲᠤ ᠬᠤᠲᠠ ᠵᠢᠨ ᠠᠷᠠᠳ᠎ᠤᠨ ᠵᠠᠰᠠᠭ᠎ᠤᠨ ᠣᠷᠳᠣᠨ᠎ᠤ ᠠᠯᠪᠠᠨ ᠬᠡᠷ᠎ᠤᠨ ᠮᠡᠳᠡᠭᠳᠡᠯ》᠎ᠤᠨ ᠲᠥᠷᠥ ᠵᠢᠨ ᠪᠣᠳᠣᠯᠭ᠎ᠠ ᠵᠢᠨ ᠲᠠᠶ᠋ᠢᠯᠤᠮᠵᠢ
【ᠵᠢᠷᠤᠭᠲᠤ ᠲᠠᠢ᠌ᠯᠤᠮᠵᠢ】 ᠤᠰᠤᠨ ᠠᠰᠢᠭᠯᠠᠯᠲᠠ ᠵᠢᠨ ᠶᠠᠮᠤᠨ᠎ᠤ ᠤᠰᠤ ᠰᠢᠷᠣᠶ ᠵᠢ ᠬᠠᠮᠠᠭ᠋ᠠᠯᠠᠬᠤ ᠵᠤᠷᠭ᠋ᠠᠨ 《ᠠᠮᠢ ᠠᠬᠤᠶ ᠵᠢᠨ ᠴᠡᠪᠡᠷ ᠵᠢᠵᠢᠭ ᠰᠠᠪᠠ ᠭᠠᠵᠠᠷ᠎ᠤᠨ ᠪᠥᠲᠥᠭᠡᠨ ᠪᠠᠶ᠋ᠢᠭᠤᠯᠤᠯᠲᠠ ᠵᠢ ᠲᠦᠷᠭᠡᠳᠬᠡᠨ ᠠᠬᠢᠭᠤᠯᠬᠤ ᠲᠤᠬᠠᠶ ᠵᠢᠯᠣᠭᠤᠳᠬᠤ ᠰᠠᠨᠠᠯ》᠎ᠳᠤ ᠲᠠᠶ᠋ᠢᠯᠤᠮᠵᠢ ᠬᠢᠪᠠ
 
            