ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠣᠨᠴᠠᠯᠢᠭᠲᠤ᠌ ᠳᠠᠪᠴᠠᠩ
ᠢᠯᠡ ᠵᠠᠰᠠᠭ   -   ᠲᠦᠷᠥ᠎ᠶᠢᠨ ᠪᠣᠳᠣᠯᠭ᠎ᠠ᠎ᠶᠢᠨ ᠲᠠᠶ᠋ᠢᠯᠤᠮᠵᠢ
ᠦᠰᠦᠭ ᠪᠢᠴᠢᠭ ᠵᠶ᠋ᠠᠷ ᠥᠭᠦᠯᠡᠬᠦᠢ᠄ 《ᠲᠦᠩᠯᠢᠶᠣᠤ ᠬᠤᠲᠠ ᠵᠢᠨ ᠲᠠᠷᠢᠶᠠᠯᠠᠩ᠎ᠤᠨ ᠤᠰᠤᠨ᠎ᠤ ᠦᠨ᠎ᠡ ᠬᠠᠩᠰᠢ ᠵᠢᠨ ᠶᠡᠷᠦᠩᠬᠡᠶ᠋ᠢᠯᠡᠭᠰᠡᠨ ᠥᠭᠡᠷᠡᠴᠢᠯᠡᠯᠲᠡ ᠵᠢᠨ ᠵᠢᠯᠣᠭᠤᠳᠬᠤ ᠰᠠᠨᠠᠯ》
ᠨᠡᠶ᠋ᠢᠲᠡᠯᠡᠭᠰᠡᠨ ᠴᠠᠭ᠄ 2024-04-23

   ᠨᠢᠭᠡ᠂  ᠲᠤᠭᠤᠷᠪᠢᠭᠰᠠᠨ ᠠᠬᠤᠶ ᠪᠠᠶ᠋ᠢᠳᠠᠯ ᠪᠠ ᠪᠦᠷᠢᠯᠳᠦᠭᠰᠡᠨ ᠶᠠᠪᠤᠴᠠ

   ᠲᠦᠩᠯᠢᠶᠣᠤ ᠬᠤᠲᠠ ᠵᠢᠨ ᠲᠠᠷᠢᠶᠠᠯᠠᠩ᠎ᠤᠨ ᠤᠰᠤ ᠬᠡᠷᠡᠭᠯᠡᠬᠦ᠎ᠳᠤ ᠭᠤᠤᠯᠳᠠᠭᠤ ᠭᠠᠵᠠᠷ ᠳᠣᠤᠷᠠᠬᠢ ᠤᠰᠤᠨ᠎ᠤ ᠡᠬᠢ ᠪᠠᠶᠠᠯᠢᠭ᠎ᠲᠤ ᠲᠦᠰᠢᠭᠯᠡᠨ᠂  ᠪᠥᠬᠦ ᠬᠤᠲᠠ ᠵᠢᠨ ᠣᠲᠣ ᠵᠢᠨ ᠪᠠᠶ᠋ᠢᠭ᠎ᠠ ᠲᠠᠷᠢᠶᠠᠯᠠᠩ᠎ᠤᠨ ᠤᠰᠤᠯᠠᠯᠲᠠ ᠵᠢᠨ ᠲᠠᠯᠠᠪᠠᠶ ᠵᠢᠨ ᠬᠡᠷᠡᠭᠯᠡᠬᠦ  ᠤᠰᠤᠨ᠎ᠤ ᠡᠬᠢ ᠪᠠᠶᠠᠯᠢᠭ᠎ᠤᠨ ᠳᠠᠭ᠋ᠠᠭ᠋ᠠᠴᠠ ᠵᠢᠨ ᠴᠢᠳᠠᠪᠤᠷᠢ᠎ᠠᠴᠠ ᠬᠦᠨᠳᠦ ᠨᠣᠴᠢᠲᠠᠶ ᠳᠠᠪᠠᠵᠤ᠂  ᠭᠠᠵᠠᠷ ᠳᠣᠤᠷᠠᠬᠢ ᠤᠰᠤ ᠵᠢ ᠬᠡᠲᠦᠷᠡᠲᠡᠯ᠎ᠡ ᠠᠪᠬᠤ ᠪᠠᠶ᠋ᠢᠳᠠᠯ ᠬᠦᠨᠳᠦ ᠨᠣᠴᠢᠲᠠᠶ ᠪᠠᠶ᠋ᠢᠨ᠎ᠠ᠃  ᠰᠢ ᠵᠢᠨ ᠫᠢᠩ᠎ᠤᠨ ᠠᠮᠢ ᠠᠬᠤᠶ ᠵᠢᠨ ᠪᠣᠯᠪᠠᠰᠤᠨ᠎ᠤ ᠦᠵᠡᠯ ᠰᠠᠨᠠᠭ᠎ᠠ ᠪᠣᠯᠤᠨ ᠥᠪᠥᠷ ᠮᠣᠩᠭᠤᠯ᠎ᠤᠨ 《ᠤᠰᠤᠨ᠎ᠤ ᠬᠡᠮᠵᠢᠶ᠎ᠡ᠎ᠪᠠᠷ ᠶᠠᠪᠤᠬᠤ》 ᠴᠢᠬᠤᠯᠠ ᠵᠢᠭ᠋ᠠᠪᠤᠷᠢ ᠵᠢᠨ ᠵᠣᠷᠢᠭ ᠰᠠᠨᠠᠭ᠎ᠠ ᠵᠢ ᠭᠦᠨᠵᠡᠭᠡᠶ ᠲᠤᠭᠤᠰᠢᠯᠠᠭᠤᠯᠵᠤ᠂  ᠲᠠᠷᠢᠶᠠᠯᠠᠩ᠎ᠤᠨ ᠤᠰᠤᠨ᠎ᠤ ᠦᠨ᠎ᠡ ᠵᠢᠨ ᠶᠡᠷᠦᠩᠬᠡᠶ᠋ᠢᠯᠡᠭᠰᠡᠨ ᠥᠭᠡᠷᠡᠴᠢᠯᠡᠯᠲᠡ ᠵᠢ ᠪᠥᠬᠦ ᠲᠠᠯ᠎ᠠ᠎ᠪᠠᠷ ᠭᠦᠨᠵᠡᠭᠡᠶ᠋ᠢᠷᠡᠭᠦᠯᠦᠨ᠂  ᠲᠠᠷᠢᠶᠠᠯᠠᠩ᠎ᠤᠨ ᠤᠰᠤ ᠬᠡᠷᠡᠭᠯᠡᠬᠦ ᠬᠠᠮᠢᠶᠠᠷᠤᠯᠲᠠ ᠵᠢ ᠴᠢᠩᠭ᠋ᠠᠳᠬᠠᠵᠤ᠂  ᠲᠠᠷᠢᠶᠠᠯᠠᠩ᠎ᠤᠨ ᠤᠰᠤᠯᠠᠯᠲᠠ᠎ᠳᠤ ᠬᠡᠷᠡᠭᠯᠡᠬᠦ ᠤᠰᠤᠨ᠎ᠤ ᠬᠡᠮᠵᠢᠶ᠎ᠡ ᠵᠢ ᠡᠵᠡᠮᠳᠡᠬᠦ ᠪᠠ ᠨᠣᠷᠮ᠎ᠠ ᠲᠣᠭᠲᠠᠭ᠋ᠠᠨ ᠬᠠᠮᠢᠶᠠᠷᠬᠤ ᠲᠦᠷᠢᠮ᠎ᠢ ᠠᠯᠬᠤᠮ ᠠᠯᠬᠤᠮ ᠵᠶ᠋ᠠᠷ ᠪᠠᠶ᠋ᠢᠭᠤᠯᠵᠤ᠂  ᠲᠠᠷᠢᠶᠠᠯᠠᠩ᠎ᠤᠨ ᠤᠰᠤ ᠬᠡᠷᠡᠭᠯᠡᠬᠦ ᠦᠷ᠎ᠡ ᠪᠦᠲᠦᠮᠵᠢ ᠵᠢ ᠳᠡᠭᠡᠭᠰᠢᠯᠡᠭᠦᠯᠦᠨ᠂  ᠲᠠᠷᠢᠶᠠᠯᠠᠩ᠎ᠤᠨ ᠤᠰᠤ ᠠᠷᠪᠢᠯᠠᠬᠤ ᠪᠠ ᠤᠰᠤᠨ᠎ᠤ ᠡᠬᠢ ᠪᠠᠶᠠᠯᠢᠭ᠎ᠢ ᠦᠷᠭᠦᠯᠵᠢᠯᠡᠨ ᠠᠰᠢᠭᠯᠠᠬᠤ ᠵᠢ ᠠᠬᠢᠭᠤᠯᠬᠤ ᠵᠢᠨ ᠲᠥᠯᠥᠭᠡ᠂  ᠬᠤᠲᠠ ᠵᠢᠨ ᠵᠠᠰᠠᠭ᠎ᠤᠨ ᠣᠷᠳᠣᠨ 《ᠲᠦᠩᠯᠢᠶᠣᠤ ᠬᠤᠲᠠ ᠵᠢᠨ ᠲᠠᠷᠢᠶᠠᠯᠠᠩ᠎ᠤᠨ ᠤᠰᠤᠨ᠎ᠤ ᠦᠨ᠎ᠡ ᠵᠢᠨ ᠶᠡᠷᠦᠩᠬᠡᠶ᠋ᠢᠯᠡᠭᠰᠡᠨ ᠥᠭᠡᠷᠡᠴᠢᠯᠡᠯᠲᠡ ᠵᠢᠨ ᠵᠢᠯᠣᠭᠤᠳᠬᠤ ᠰᠠᠨᠠᠯ》᠎ᠢ ᠲᠣᠭᠲᠠᠭ᠋ᠠᠪᠠ᠃

   ᠬᠤᠶᠠᠷ᠂  ᠲᠤᠭᠤᠷᠪᠢᠨ ᠪᠢᠴᠢᠭᠰᠡᠨ ᠶᠠᠪᠤᠴᠠ

   ᠲᠤᠭᠤᠷᠪᠢᠨ ᠪᠢᠴᠢᠬᠦ ᠶᠠᠪᠤᠴᠠ᠎ᠳᠤ᠂  ᠭᠦᠢ᠍ᠴᠡᠳ ᠪᠠᠶ᠋ᠢᠴᠠᠭ᠋ᠠᠨ ᠰᠤᠳᠤᠯᠵᠤ ᠨᠤᠲᠠᠯᠠᠭᠰᠠᠨ ᠰᠠᠭᠤᠷᠢᠨ ᠳᠡᠭᠡᠷ᠎ᠡ᠂  ᠡᠯ᠎ᠡ ᠬᠤᠰᠢᠭᠤ ᠰᠢᠶᠠᠨ ᠬᠤᠲᠠ ᠲᠣᠭᠤᠷᠢᠭ᠎ᠤᠨ ᠠᠷᠠᠳ᠎ᠤᠨ ᠵᠠᠰᠠᠭ᠎ᠤᠨ ᠣᠷᠳᠣᠨ᠂  ᠨᠡᠭᠡᠭᠡᠯᠲᠡ ᠵᠢᠨ ᠲᠣᠭᠤᠷᠢᠭ᠎ᠤᠨ ᠬᠠᠮᠢᠶᠠᠷᠤᠯᠲᠠ ᠵᠢᠨ ᠵᠥᠪᠯᠡᠯ ᠵᠢᠴᠢ ᠬᠥᠭᠵᠢᠭᠦᠯᠦᠯᠲᠡ ᠪᠠ ᠥᠭᠡᠷᠡᠴᠢᠯᠡᠯᠲᠡ᠂  ᠡᠳ᠋᠎ᠤᠨ ᠵᠠᠰᠠᠭ᠂  ᠲᠠᠷᠢᠶᠠᠯᠠᠩ ᠮᠠᠯ ᠠᠵᠤ ᠠᠬᠤᠶ᠂  ᠭᠠᠶ᠋ᠢᠯᠢ ᠵᠢᠨ ᠶᠠᠪᠤᠳᠠᠯ᠂  ᠴᠠᠬᠢᠯᠭ᠋ᠠᠨ ᠬᠦᠴᠦᠨ ᠵᠡᠷᠭᠡ ᠬᠤᠲᠠ ᠵᠢᠨ ᠰᠢᠭᠤᠳ ᠬᠠᠷᠢᠶ᠎ᠠ ᠰᠠᠯᠠᠭ᠎ᠠ ᠮᠥᠴᠢᠷ᠎ᠤᠨ ᠰᠠᠨᠠᠯ ᠰᠠᠨᠠᠭᠤᠯᠭ᠎ᠠ ᠵᠢ ᠬᠤᠷᠢᠶᠠᠵᠤ᠂  ᠰᠦᠯᠵᠢᠶᠡᠨ ᠥᠷᠲᠡᠭᠡ ᠨᠡᠶ᠋ᠢᠭᠡᠮ᠎ᠳᠤ ᠬᠠᠨᠳᠤᠭᠤᠯᠤᠨ ᠢᠯᠡ᠎ᠪᠠᠷ ᠰᠠᠨᠠᠯ ᠬᠤᠷᠢᠶᠠᠪᠠ᠃  ᠴᠢ᠊ ᠬᠣᠲᠠ ᠵᠢᠨ ᠳᠠᠷᠤᠭ᠎ᠠ ᠣᠯᠠᠨ ᠤᠳᠠᠭ᠎ᠠ ᠲᠤᠰᠬᠠᠢ ᠰᠡᠳᠦᠪᠲᠦ ᠬᠤᠷᠠᠯ ᠬᠤᠷᠠᠯᠳᠤᠭᠤᠯᠵᠤ 《ᠰᠠᠨᠠᠯ》᠎ᠢ ᠲᠤᠭᠤᠷᠪᠢᠭᠰᠠᠨ ᠪᠠᠢ᠌ᠳᠠᠯ᠎ᠤᠨ ᠬᠠᠷᠢᠭᠤ ᠮᠡᠳᠡᠭᠦᠯᠦᠯᠲᠡ ᠵᠢ ᠰᠣᠨᠣᠰᠪᠠ᠃  ᠬᠤᠲᠠ ᠵᠢᠨ ᠠᠷᠠᠳ᠎ᠤᠨ ᠵᠠᠰᠠᠭ᠎ᠤᠨ ᠣᠷᠳᠣᠨ᠎ᠤ ᠠᠯᠪᠠᠨ ᠭᠡᠷ᠎ᠤᠨ ᠬᠠᠤᠯᠢ ᠶᠣᠰᠣᠨ᠎ᠤ ᠴᠢᠨᠠᠷ᠎ᠢ ᠬᠢᠨᠠᠨ ᠬᠠᠷᠭᠤᠭᠤᠯᠬᠤ᠎ᠪᠠᠷ ᠳᠠᠮᠵᠢᠭ᠋ᠠᠳ᠂ 《ᠰᠠᠨᠠᠯ》᠎ᠤᠨ ᠬᠤᠯᠪᠣᠭᠳᠠᠬᠤ ᠬᠡᠪᠴᠢᠶ᠎ᠡ᠎ᠨᠢ ᠥᠷᠭᠡᠨ᠂  ᠮᠠᠨ᠎ᠤ ᠬᠤᠲᠠ ᠵᠢᠨ ᠠᠷᠠᠳ ᠢᠷᠭᠡᠨ᠂  ᠬᠠᠤᠯᠢ ᠵᠢᠨ ᠡᠷᠬᠡᠲᠡᠨ ᠪᠠ ᠪᠤᠰᠤᠳ ᠵᠣᠬᠢᠶᠠᠨ ᠪᠠᠶ᠋ᠢᠭᠤᠯᠤᠯᠲᠠ ᠵᠢᠨ ᠲᠤᠰ ᠪᠡᠶ᠎ᠡ ᠵᠢᠨ ᠠᠰᠢᠭ ᠲᠤᠰᠠ᠎ᠳᠤ ᠨᠡᠯᠢᠶᠡᠳ ᠶᠡᠭᠡ ᠨᠥᠯᠥᠭᠡ᠎ᠲᠠᠢ ᠪᠣᠯᠬᠤᠷ ᠬᠤᠲᠠ ᠵᠢᠨ ᠤᠰᠤᠨ᠎ᠤ ᠶᠠᠪᠤᠳᠠᠯ᠎ᠤᠨ ᠲᠣᠪᠴᠢᠶ᠎ᠠ ᠲᠤᠰᠬᠠᠢ ᠰᠡᠳᠦᠪᠲᠦ ᠨᠤᠲᠠᠯᠠᠯᠲᠠ ᠵᠢᠨ ᠬᠤᠷᠠᠯ ᠪᠠ ᠭᠡᠷᠡᠴᠢᠯᠡᠭᠡ ᠰᠣᠨᠣᠰᠬᠤ ᠬᠤᠷᠠᠯ᠎ᠢ ᠵᠣᠬᠢᠶᠠᠨ ᠪᠠᠶ᠋ᠢᠭᠤᠯᠵᠤ ᠬᠤᠷᠠᠯᠳᠤᠭᠤᠯᠪᠠ᠃  ᠵᠠᠰᠠᠪᠤᠷᠢ ᠣᠷᠣᠭᠤᠯᠤᠨ ᠲᠡᠭᠦᠯᠳᠡᠷᠵᠢᠭᠦᠯᠬᠦ᠎ᠪᠠᠷ ᠲᠠᠮᠵᠢᠨ ᠲᠤᠰ 《ᠰᠠᠨᠠᠯ》᠎ᠢ ᠪᠦᠷᠢᠯᠳᠦᠭᠦᠯᠪᠡ᠃

   ᠭᠤᠷᠪᠠ᠂  ᠦᠨᠳᠦᠰᠦᠨ ᠪᠣᠷᠣ ᠲᠥᠯᠥᠪ ᠪᠠ ᠭᠤᠣᠯ ᠠᠭᠤᠯᠭ᠎ᠠ

  《ᠰᠠᠨᠠᠯ》᠎ᠢ ᠶᠡᠷᠦᠩᠬᠡᠢ ᠱᠠᠭ᠋ᠠᠷᠳᠠᠯᠭ᠎ᠠ᠂  ᠦᠨᠳᠦᠰᠦᠨ ᠵᠠᠷᠴᠢᠮ᠂  ᠭᠤᠣᠯ ᠠᠭᠤᠯᠭ᠎ᠠ ᠪᠠ ᠪᠠᠲᠤᠯᠠᠭ᠎ᠠ ᠵᠢᠨ ᠠᠷᠭ᠎ᠠ ᠬᠡᠮᠵᠢᠶ᠎ᠡ ᠭᠡᠵᠦ ᠳᠥᠷᠪᠡᠨ ᠬᠡᠰᠡᠭ ᠬᠤᠪᠢᠶᠠᠪᠠ᠃  ᠭᠤᠣᠯ ᠠᠭᠤᠯᠭ᠎ᠠ ᠵᠢ ᠨᠡᠶ᠋ᠢᠲᠡ ᠵᠢᠷᠭᠤᠭ᠋ᠠᠨ ᠲᠠᠯ᠎ᠠ᠎ᠳᠤ ᠬᠤᠪᠢᠶᠠᠪᠠ᠄

  (ᠨᠢᠭᠡ) ᠬᠡᠷᠡᠭᠵᠢᠭᠦᠯᠬᠦ ᠬᠦᠷᠢᠶ᠎ᠡ ᠬᠡᠪᠴᠢᠶ᠎ᠡ᠃  ᠲᠦᠩᠯᠢᠶᠣᠤ ᠬᠤᠲᠠ ᠵᠢᠨ ᠬᠡᠪᠴᠢᠶᠡᠨ᠎ᠳᠤ ᠤᠰᠤ ᠠᠪᠬᠤ ᠤᠰᠤᠨ᠎ᠤ ᠡᠬᠢ ᠰᠤᠷᠪᠤᠯᠵᠢ᠎ᠨᠢ ᠭᠠᠵᠠᠷ ᠳᠣᠤᠷᠠᠬᠢ ᠤᠰᠤᠨ᠎ᠤ ᠲᠠᠷᠢᠶᠠᠯᠠᠩ᠎ᠤᠨ ᠤᠰᠤᠯᠠᠯᠲᠠ ᠵᠢᠨ ᠣᠷᠣᠨ ᠪᠣᠯᠤᠨ᠎ᠠ᠃

  (ᠬᠤᠶᠠᠷ) ᠤᠰᠤᠨ᠎ᠤ ᠦᠨ᠎ᠡ ᠵᠢᠨ ᠪᠥᠷᠢᠯᠳᠦᠯ ᠵᠢᠴᠢ ᠦᠨ᠎ᠡ ᠲᠣᠭᠲᠠᠭ᠋ᠠᠬᠤ ᠠᠷᠭ᠎ᠠ ᠬᠡᠯᠪᠡᠷᠢ᠃  ᠲᠠᠷᠢᠶᠠᠯᠠᠩ᠎ᠤᠨ ᠤᠰᠤᠯᠠᠯᠲᠠ᠎ᠳᠤ ᠤᠰᠤ ᠬᠡᠷᠡᠭᠯᠡᠵᠦ ᠰᠦᠢ᠍ᠳᠬᠡᠯ ᠲᠤᠰᠢᠶᠠᠬᠤ ᠳᠦᠷᠢᠮ᠎ᠢ ᠬᠡᠷᠡᠭᠵᠢᠭᠦᠯᠵᠦ᠂  ᠵᠥᠪᠳᠡᠯᠴᠡᠨ ᠦᠨ᠎ᠡ ᠲᠣᠭᠲᠠᠭ᠋ᠠᠬᠤ ᠵᠡᠷᠭᠡ ᠠᠷᠭ᠎ᠠ ᠮᠠᠶᠢᠭ ᠵᠶ᠋ᠠᠷ ᠳᠠᠮᠵᠢᠭᠤᠯᠤᠨ᠂  ᠭᠠᠴᠠᠭ᠎ᠠ ᠲᠣᠰᠬᠣᠨ ᠵᠶ᠋ᠠᠷ ᠨᠢᠭᠡᠴᠢ ᠪᠣᠯᠭ᠋ᠠᠨ ᠤᠰᠤ ᠬᠠᠩᠭ᠋ᠠᠬᠤ ᠦᠨ᠎ᠡ ᠬᠠᠩᠰᠢ ᠵᠢ ᠲᠣᠭᠲᠠᠭ᠋ᠠᠬᠤ ᠬᠡᠷᠡᠭᠲᠡᠶ᠃

  (ᠭᠤᠷᠪᠠ) ᠲᠣᠭᠲᠠᠭᠰᠠᠨ ᠨᠤᠷᠮ᠎ᠠ᠎ᠠᠴᠠ ᠬᠡᠲᠦᠷᠡᠭᠰᠡᠨ᠎ᠢ ᠠᠬᠢᠭᠤᠯᠤᠨ ᠪᠣᠳᠣᠵᠤ ᠦᠨ᠎ᠡ ᠨᠡᠮᠡᠬᠦ ᠳᠦᠷᠢᠮ᠎ᠢ ᠬᠡᠷᠡᠭᠵᠢᠭᠦᠯᠦᠨ᠎ᠡ᠃  ᠲᠠᠷᠢᠶᠠᠯᠠᠩ᠎ᠤᠨ ᠤᠰᠤ ᠬᠡᠷᠡᠭᠯᠡᠬᠦ ᠬᠠᠮᠢᠶᠠᠷᠤᠯᠲᠠ ᠵᠢ ᠴᠢᠩᠭ᠋ᠠᠳᠬᠠᠨ᠂  ᠤᠰᠤ ᠬᠡᠷᠡᠭᠯᠡᠬᠦ ᠦᠷ᠎ᠡ ᠪᠦᠲᠦᠮᠵᠢ ᠵᠢ ᠳᠡᠭᠡᠭᠰᠢᠯᠡᠭᠦᠯᠬᠦ ᠵᠢᠨ ᠲᠤᠰᠠᠳᠠ᠂  ᠲᠣᠭᠲᠠᠭᠰᠠᠨ ᠨᠤᠷᠮ᠎ᠠ᠎ᠠᠴᠠ ᠳᠠᠪᠠᠭᠤᠯᠤᠨ ᠠᠬᠢᠭᠤᠯᠤᠨ ᠪᠣᠳᠣᠵᠤ ᠦᠨ᠎ᠡ ᠨᠡᠮᠡᠬᠦ ᠳᠦᠷᠢᠮ᠎ᠢ ᠬᠡᠷᠡᠭᠵᠢᠭᠦᠯᠵᠦ᠂  ᠦᠨ᠎ᠡ ᠬᠠᠩᠰᠢ ᠵᠢᠨ ᠬᠥᠰᠢᠭᠦᠷᠭᠡ ᠵᠢ ᠠᠰᠢᠭᠯᠠᠨ ᠲᠠᠷᠢᠶᠠᠯᠠᠩ᠎ᠤᠨ ᠤᠰᠤ ᠠᠷᠪᠢᠯᠠᠬᠤ ᠵᠢ ᠠᠬᠢᠭᠤᠯᠬᠤ ᠬᠡᠷᠡᠭᠲᠡᠶ᠃  ᠨᠢᠭᠡ᠎ᠳᠤ᠂  ᠭᠤᠤᠯ ᠪᠣᠯᠬᠤ ᠲᠠᠷᠢᠮᠠᠯ᠎ᠤᠨ ᠤᠰᠤᠨ ᠲᠤᠲᠤᠷᠭ᠎ᠠ ᠵᠢᠨ ᠤᠰᠤᠯᠠᠯᠲᠠ ᠵᠢᠨ ᠲᠣᠭᠲᠠᠭᠰᠠᠨ ᠨᠣᠷᠮ᠎ᠠ ᠵᠢᠨ ᠲᠡᠷᠢᠭᠦᠨ᠎ᠤ ᠬᠡᠮᠵᠢᠭᠳᠡᠯ᠎ᠨᠢ 516 ᠪᠣᠰᠤᠭ᠎ᠠ ᠳᠥᠷᠪᠡᠯᠵᠢᠨ ᠮᠸᠲᠷ / ᠮᠥ᠍᠂  ᠤᠯᠠᠭ᠋ᠠᠨ ᠯᠠᠵᠤᠤ ᠵᠡᠷᠭᠡ ᠢᠳᠡᠰᠢᠨ ᠨᠣᠭᠤᠭ᠎ᠠ ᠵᠢᠨ ᠤᠰᠤᠯᠠᠯᠲᠠ ᠵᠢᠨ ᠲᠣᠭᠲᠠᠭᠰᠠᠨ ᠨᠣᠷᠮ᠎ᠠ ᠵᠢᠨ ᠲᠡᠷᠢᠭᠦᠨ᠎ᠤ ᠬᠡᠮᠵᠢᠭᠳᠡᠯ᠎ᠨᠢ 192 ᠪᠣᠰᠤᠭ᠎ᠠ ᠳᠥᠷᠪᠡᠯᠵᠢᠨ ᠮᠸᠲᠷ / ᠮᠥ᠍᠂  ᠡᠷᠳᠡᠨᠢ ᠰᠢᠰᠢ ᠵᠡᠷᠭᠡ ᠪᠤᠰᠤᠳ ᠲᠠᠷᠢᠮᠠᠯ᠎ᠤᠨ ᠤᠰᠤᠯᠠᠯᠲᠠ ᠵᠢᠨ ᠲᠣᠭᠲᠠᠭᠰᠠᠨ ᠨᠣᠷᠮ᠎ᠠ ᠲᠡᠷᠢᠭᠦᠨ᠎ᠤ ᠪᠥᠭᠡᠳ ᠭᠦᠶᠦᠭᠡᠨ ᠪᠤᠯᠠᠵᠤ ᠳᠤᠰᠤᠯᠭ᠋ᠠᠨ ᠤᠰᠤᠯᠠᠬᠤ ᠬᠡᠮᠵᠢᠶ᠎ᠡ᠎ᠨᠢ 150 ᠪᠣᠰᠤᠭ᠎ᠠ ᠳᠥᠷᠪᠡᠯᠵᠢᠨ ᠮᠸᠲᠷ / ᠮᠥ᠍᠂  ᠬᠤᠭᠤᠯᠠᠶ ᠵᠢᠨ ᠤᠰᠤ ᠳᠠᠮᠵᠢᠭᠤᠯᠬᠤ ᠤᠰᠤᠯᠠᠯᠲᠠ ᠵᠢᠨ ᠬᠡᠮᠵᠢᠶ᠎ᠡ᠎ᠨᠢ 167 ᠪᠣᠰᠤᠭ᠎ᠠ ᠳᠥᠷᠪᠡᠯᠵᠢᠨ ᠮᠸᠲᠷ / ᠮᠥ᠍ ᠪᠣᠯᠤᠨ᠎ᠠ᠃  ᠬᠤᠶᠠᠷ᠎ᠲᠤ᠂  ᠲᠣᠭᠲᠠᠭᠰᠠᠨ ᠨᠣᠷᠮ᠎ᠠ ᠵᠢᠨ ᠳᠣᠲᠣᠷ᠎ᠠ ᠦᠨᠳᠦᠰᠦᠨ ᠤᠰᠤᠨ᠎ᠤ ᠦᠨ᠎ᠡ ᠵᠢ ᠬᠤᠷᠢᠶᠠᠵᠤ᠂  ᠲᠣᠭᠲᠠᠭᠰᠠᠨ ᠨᠤᠷᠮ᠎ᠠ᠎ᠠᠴᠠ ᠬᠡᠲᠦᠷᠡᠭᠰᠡᠨ ᠬᠡᠰᠡᠭ᠎ᠢ ᠠᠬᠢᠭᠤᠯᠤᠨ ᠪᠤᠳᠤᠵᠤ ᠦᠨ᠎ᠡ ᠥᠰᠬᠡᠨ᠎ᠡ᠃  ᠡᠭᠦᠨ᠎ᠳᠤ ᠤᠰᠤᠯᠠᠬᠤ ᠠᠷᠭ᠎ᠠ ᠮᠠᠶᠢᠭ᠎ᠨᠢ ᠭᠦᠶᠦᠭᠡᠨ ᠪᠤᠯᠠᠵᠤ ᠳᠤᠰᠤᠯᠭ᠋ᠠᠨ ᠤᠰᠤᠯᠠᠬᠤ᠂  ᠲᠣᠭᠲᠠᠭᠰᠠᠨ ᠨᠣᠷᠮ᠎ᠠ ᠵᠢᠨ ᠳᠣᠲᠣᠷ᠎ᠠ ᠵᠥᠪᠳᠡᠯᠴᠡᠨ ᠦᠨ᠎ᠡ ᠲᠣᠭᠲᠠᠭ᠋ᠠᠬᠤ᠎ᠳᠤ ᠲᠣᠭᠲᠠᠭ᠋ᠠᠭᠰᠠᠨ ᠤᠰᠤ ᠬᠡᠷᠡᠭᠯᠡᠬᠦ ᠦᠨ᠎ᠡ ᠬᠠᠩᠰᠢ᠎ᠪᠠᠷ ᠦᠨᠳᠦᠰᠦᠨ ᠤᠰᠤᠨ᠎ᠤ ᠦᠨ᠎ᠡ ᠪᠣᠯᠭ᠋ᠠᠨ᠎ᠠ; ᠤᠰᠤᠯᠠᠯᠲᠠ ᠵᠢᠨ ᠠᠷᠭ᠎ᠠ ᠮᠠᠶᠢᠭ ᠵᠶ᠋ᠠᠷ ᠳᠠᠮᠵᠢᠭᠤᠯᠬᠤ ᠬᠤᠭᠤᠯᠠᠶ ᠵᠢᠨ ᠤᠰᠤ ᠳᠠᠮᠵᠢᠭᠤᠯᠬᠤ ᠤᠰᠤᠯᠠᠯᠲᠠ ᠵᠢ ᠬᠡᠷᠡᠭᠯᠡᠭᠰᠡᠨ ᠪᠠᠶ᠋ᠢᠪᠠᠯ᠂  ᠰᠢᠯᠵᠢᠯᠲᠡ ᠵᠢᠨ ᠬᠤᠭᠤᠴᠠᠭ᠎ᠠ ᠵᠢ 3 ᠵᠢᠯ ᠲᠣᠭᠲᠠᠭ᠋ᠠᠵᠤ᠂ 2024 ᠣᠨ᠎ᠠᠴᠠ 2026 ᠣᠨ ᠪᠣᠯᠲᠠᠯᠠᠬᠢ ᠤᠰᠤ ᠬᠡᠷᠡᠭᠯᠡᠬᠦ ᠦᠨ᠎ᠡ ᠬᠠᠩᠰᠢ᠎ᠪᠠᠷ ᠦᠨᠳᠦᠰᠦᠨ ᠤᠰᠤᠨ᠎ᠤ ᠦᠨ᠎ᠡ ᠪᠣᠯᠭ᠋ᠠᠵᠤ᠂ 2027 ᠣᠨ᠎ᠠᠴᠠ ᠡᠬᠢᠯᠡᠨ ᠦᠨᠳᠦᠰᠦᠨ ᠤᠰᠤᠨ᠎ᠤ ᠦᠨ᠎ᠡ ᠵᠢᠨ ᠰᠠᠭᠤᠷᠢᠨ ᠳᠡᠭᠡᠷ᠎ᠡ 0.5 ᠳᠠᠬᠢᠨ ᠵᠶ᠋ᠠᠷ ᠬᠤᠭᠤᠯᠠᠶ᠎ᠪᠠᠷ ᠤᠰᠤᠯᠠᠬᠤ ᠦᠨᠳᠦᠰᠦᠨ ᠤᠰᠤᠨ᠎ᠤ ᠦᠨ᠎ᠡ ᠪᠣᠯᠭ᠋ᠠᠨ᠎ᠠ᠃  ᠭᠤᠷᠪᠠ᠎ᠳᠤ᠂  ᠲᠣᠭᠲᠠᠭᠰᠠᠨ ᠲᠣᠭ᠋ᠠᠨ᠎ᠤ ᠳᠣᠲᠣᠷᠠᠬᠢ ᠤᠰᠤᠨ᠎ᠤ ᠰᠦᠢ᠍ᠳᠬᠡᠯ᠎ᠢ ᠭᠠᠴᠠᠭ᠎ᠠ ᠲᠣᠰᠬᠤᠨ᠎ᠤ ᠲᠣᠭᠲᠠᠭ᠋ᠠᠭᠰᠠᠨ ᠮᠠᠰᠢᠨ ᠴᠠᠬᠢᠯᠭ᠋ᠠᠨ ᠬᠤᠳᠳᠤᠭ᠎ᠤᠨ ᠬᠠᠮᠢᠶᠠᠷᠤᠯᠲᠠ ᠵᠢᠨ ᠠᠵᠢᠯᠲᠠᠨ ᠬᠠᠷᠢᠭᠤᠴᠠᠨ ᠬᠤᠷᠢᠶᠠᠨ᠎ᠠ; ᠲᠣᠭᠲᠠᠭᠰᠠᠨ ᠨᠤᠷᠮ᠎ᠠ᠎ᠠᠴᠠ ᠬᠡᠲᠦᠷᠡᠭᠰᠡᠨ ᠬᠡᠰᠡᠭ᠎ᠢ ᠭᠠᠴᠠᠭ᠎ᠠ ᠲᠣᠰᠬᠤᠨ᠎ᠤ ᠵᠥᠪᠯᠡᠯ᠎ᠠᠴᠠ 《ᠴᠠᠬᠢᠯᠭ᠋ᠠᠨ ᠵᠶ᠋ᠠᠷ ᠤᠰᠤ ᠵᠢ ᠨᠤᠭᠤᠯᠤᠨ ᠪᠤᠳᠤᠬᠤ》 ᠢᠯᠡᠳᠬᠡᠮᠵᠢ ᠵᠢᠨ ᠶᠣᠰᠣᠭ᠋ᠠᠷ ᠲᠠᠷᠢᠶᠠᠯᠠᠩ᠎ᠤᠨ ᠤᠰᠤᠯᠠᠯᠲᠠ ᠵᠢᠨ ᠬᠡᠮᠵᠢᠶ᠎ᠡ ᠵᠢ ᠳᠡᠰ ᠬᠤᠪᠢᠶᠠᠨ ᠬᠢᠨᠠᠨ ᠲᠣᠭᠲᠠᠭ᠋ᠠᠬᠤ ᠵᠢᠨ ᠬᠠᠮᠲᠤ ᠲᠣᠭᠲᠠᠭᠰᠠᠨ ᠨᠤᠷᠮ᠎ᠠ᠎ᠠᠴᠠ ᠬᠡᠲᠦᠷᠡᠭᠰᠡᠨ ᠬᠡᠰᠡᠭ᠎ᠢ ᠠᠬᠢᠭᠤᠯᠤᠨ ᠪᠤᠳᠤᠵᠤ ᠦᠨ᠎ᠡ ᠨᠡᠮᠡᠬᠦ ᠬᠡᠰᠡᠭ ᠤᠰᠤᠨ᠎ᠤ ᠰᠦᠢ᠍ᠳᠬᠡᠯ᠎ᠢ ᠬᠤᠷᠢᠶᠠᠬᠤ ᠵᠢ ᠬᠠᠷᠢᠭᠤᠴᠠᠨ᠎ᠠ; ᠭᠠᠴᠠᠭ᠎ᠠ ᠲᠣᠰᠬᠤᠨ᠎ᠤ ᠵᠥᠪᠯᠡᠯ ᠬᠤᠷᠢᠶᠠᠭᠰᠠᠨ᠎ᠤ ᠳᠠᠷᠠᠭ᠎ᠠ ᠰᠤᠮᠤ ᠰᠢᠶᠠᠩ ᠪᠠᠯᠭ᠋ᠠᠰᠤ ᠵᠢᠨ ᠵᠠᠰᠠᠭ᠎ᠤᠨ ᠣᠷᠳᠣᠨ᠎ᠤ ᠬᠠᠮᠢᠶᠠᠷᠤᠯᠲᠠ ᠵᠢᠨ ᠰᠠᠯᠠᠭ᠎ᠠ ᠮᠥᠴᠢᠷ᠎ᠲᠤ ᠲᠤᠰᠢᠶᠠᠬᠤ ᠵᠢᠨ ᠬᠠᠮᠲᠤ ᠰᠦᠢ᠍ᠳᠬᠡᠯ ᠲᠤᠰᠢᠶᠠᠭᠰᠠᠨ ᠭᠡᠷᠡᠴᠢ ᠬᠢᠵᠦ ᠥᠭᠭᠦᠨ᠎ᠡ; ᠮᠠᠰᠢᠨ ᠴᠠᠬᠢᠯᠭ᠋ᠠᠨ ᠬᠤᠳᠳᠤᠭ᠎ᠤᠨ ᠬᠠᠮᠢᠶᠠᠷᠤᠯᠲᠠ ᠵᠢᠨ ᠠᠵᠢᠯᠲᠠᠨ ᠳᠡᠰ ᠬᠤᠪᠢᠶᠠᠨ ᠰᠦᠢ᠍ᠳᠬᠡᠯ ᠲᠤᠰᠢᠶᠠᠭᠰᠠᠨ ᠭᠡᠷᠡᠴᠢ ᠪᠠᠷᠢᠮᠲᠠ᠎ᠪᠠᠷ ᠴᠠᠬᠢᠯᠭ᠋ᠠᠨ ᠬᠠᠩᠭ᠋ᠠᠬᠤ ᠰᠠᠯᠠᠭ᠎ᠠ ᠮᠥᠴᠢᠷ᠎ᠠᠴᠠ ᠴᠠᠬᠢᠯᠭ᠋ᠠᠨ ᠬᠤᠳᠠᠯᠳᠤᠨ ᠠᠪᠴᠤ ᠪᠣᠯᠤᠨ᠎ᠠ᠃  ᠳᠥᠷᠪᠡ᠎ᠳᠤ᠂ 《ᠤᠰᠤᠨ᠎ᠤ ᠢᠷᠡᠯᠲᠡ᠎ᠠᠴᠠ ᠠᠪᠬᠤ》 ᠵᠠᠷᠴᠢᠮ ᠶᠣᠰᠣᠭ᠋ᠠᠷ᠂  ᠲᠣᠭᠲᠠᠭᠰᠠᠨ ᠨᠤᠷᠮ᠎ᠠ᠎ᠠᠴᠠ ᠬᠡᠲᠦᠷᠡᠭᠦᠯᠦᠨ ᠬᠡᠰᠡᠭ ᠤᠰᠤᠨ᠎ᠤ ᠰᠦᠢ᠍ᠳᠬᠡᠯ᠎ᠢ ᠨᠡᠮᠡᠵᠦ ᠣᠷᠣᠭᠤᠯᠤᠨ᠂  ᠭᠤᠣᠯᠳᠠᠭᠤ ᠤᠰᠤ ᠠᠷᠪᠢᠯᠠᠬᠤ ᠱᠠᠩᠨᠠᠯ᠂  ᠲᠠᠷᠢᠶᠠᠨ ᠭᠠᠵᠠᠷ᠎ᠤᠨ ᠤᠰᠤᠨ ᠠᠰᠢᠭᠯᠠᠯᠲᠠ ᠵᠢᠨ ᠲᠥᠬᠦᠭᠡᠷᠦᠮᠵᠢ ᠵᠢᠨ ᠤᠰᠤ ᠠᠷᠪᠢᠯᠠᠬᠤ ᠮᠡᠷᠭᠡᠵᠢᠯ᠎ᠤᠨ ᠥᠭᠡᠷᠡᠴᠢᠯᠡᠯᠲᠡ᠂ 《ᠴᠠᠬᠢᠯᠭ᠋ᠠᠨ ᠵᠶ᠋ᠠᠷ ᠤᠰᠤ ᠵᠢ ᠨᠤᠭᠤᠯᠤᠨ ᠪᠤᠳᠤᠬᠤ》 ᠨᠡᠶ᠋ᠢᠲᠡᠯᠢᠭ ᠬᠤᠳᠳᠤᠭ᠎ᠢ ᠬᠠᠮᠠᠭ᠋ᠠᠯᠠᠬᠤ ᠵᠡᠷᠭᠡ᠎ᠳᠤ ᠬᠡᠷᠡᠭᠯᠡᠨ᠎ᠡ᠃

  (ᠲᠦᠷᠪᠡ) ᠤᠰᠤᠨ᠎ᠤ ᠡᠬᠢ ᠪᠠᠶᠠᠯᠢᠭ᠎ᠤᠨ ᠭᠠᠶ᠋ᠢᠯᠢ ᠨᠡᠮᠡᠵᠦ ᠲᠠᠲᠠᠪᠤᠷᠢᠯᠠᠬᠤ ᠳᠦᠷᠢᠮ᠎ᠢ ᠴᠢᠩᠭ᠎ᠠ ᠬᠡᠷᠡᠭᠵᠢᠭᠦᠯᠬᠦ ᠬᠡᠷᠡᠭᠲᠡᠶ᠃  ᠲᠠᠷᠢᠶᠠᠯᠠᠩ᠎ᠳᠤ ᠬᠡᠷᠡᠭᠯᠡᠬᠦ ᠤᠰᠤᠨ᠎ᠤ ᠬᠠᠮᠢᠶᠠᠷᠤᠯᠲᠠ ᠵᠢ ᠴᠢᠩᠭ᠋ᠠᠳᠬᠠᠨ᠂  ᠮᠠᠯᠴᠢᠨ ᠲᠠᠷᠢᠶᠠᠴᠢᠳ᠎ᠤᠨ ᠤᠰᠤ ᠠᠷᠪᠢᠯᠠᠬᠤ ᠦᠵᠡᠯ ᠤᠬᠠᠮᠰᠠᠷ᠎ᠢ ᠳᠡᠭᠡᠭᠰᠢᠯᠡᠭᠦᠯᠬᠦ ᠵᠢᠨ ᠲᠤᠰᠠᠳᠠ᠂  ᠬᠢᠵᠠᠭ᠋ᠠᠷᠯᠠᠭᠰᠠᠨ ᠲᠣᠭ᠎ᠠ᠎ᠠᠴᠠ ᠬᠡᠲᠦᠷᠡᠭᠦᠯᠦᠨ ᠤᠰᠤᠨ᠎ᠤ ᠡᠬᠢ ᠪᠠᠶᠠᠯᠢᠭ᠎ᠤᠨ ᠭᠠᠶ᠋ᠢᠯᠢ ᠨᠡᠮᠡᠵᠦ ᠬᠤᠷᠢᠶᠠᠬᠤ ᠳᠦᠷᠢᠮ᠎ᠢ ᠴᠢᠩᠭ᠎ᠠ ᠬᠡᠷᠡᠭᠵᠢᠭᠦᠯᠦᠨ᠎ᠡ᠃  ᠨᠢᠭᠡ᠎ᠳᠤ᠂  ᠬᠤᠤᠯᠢᠩᠭᠣᠣᠯ ᠬᠤᠲᠠ᠂  ᠵᠠᠷᠤᠳ ᠬᠤᠰᠢᠭᠤᠨ᠎ᠤ ᠤᠰᠤ ᠬᠡᠷᠡᠭᠯᠡᠬᠦ ᠬᠢᠵᠠᠭ᠋ᠠᠷ ᠲᠤᠭ᠎ᠠ᠎ᠨᠢ 266 ᠪᠣᠰᠤᠭ᠎ᠠ ᠳᠥᠷᠪᠡᠯᠵᠢᠨ ᠮᠸᠲᠷ / ᠮᠥ᠍᠂  ᠪᠤᠰᠤᠳ ᠬᠤᠰᠢᠭᠤ ᠰᠢᠶᠠᠨ᠎ᠤ ᠤᠰᠤ ᠬᠡᠷᠡᠭᠯᠡᠬᠦ ᠬᠢᠵᠠᠭ᠋ᠠᠷ ᠲᠤᠭ᠎ᠠ᠎ᠨᠢ 215 ᠪᠣᠰᠤᠭ᠎ᠠ ᠳᠥᠷᠪᠡᠯᠵᠢᠨ ᠮᠸᠲᠷ / ᠮᠥ᠍᠂  ᠬᠤᠶᠠᠷ᠎ᠲᠤ᠂  ᠮᠠᠯᠵᠢᠬᠤ ᠲᠠᠷᠢᠶᠠᠯᠠᠬᠤ ᠡᠷᠦᠬᠡ ᠵᠢᠨ ᠭᠠᠵᠠᠷ ᠳᠣᠣᠷᠠᠬᠢ ᠤᠰᠤ ᠵᠢ ᠲᠠᠲᠠᠵᠤ ᠬᠡᠷᠡᠭᠯᠡᠬᠦ ᠲᠣᠬᠢᠷᠠᠬᠤ ᠭᠠᠶ᠋ᠢᠯᠢ ᠵᠢᠨ ᠨᠣᠷᠮ᠎ᠠ ᠵᠢᠨ ᠪᠠᠷᠢᠮᠵᠢᠶ᠎ᠠ᠎ᠨᠢ 0.1 ᠲᠥᠭᠦᠷᠢᠭ / ᠪᠣᠰᠤᠭ᠎ᠠ ᠳᠥᠷᠪᠡᠯᠵᠢᠨ ᠮᠸᠲᠷ᠂  ᠠᠵᠤ ᠠᠬᠤᠶ᠋ᠢᠯᠠᠯ ᠠᠵᠢᠯ ᠦᠢ᠍ᠯᠡᠰ᠎ᠤᠨ ᠨᠢᠭᠡᠴᠢ ᠵᠢᠨ ᠡᠵᠡᠩᠨᠡᠭᠴᠢ ᠵᠢᠨ ᠭᠠᠵᠠᠷ ᠳᠣᠣᠷᠠᠬᠢ ᠤᠰᠤ ᠵᠢ ᠲᠠᠲᠠᠵᠤ ᠬᠡᠷᠡᠭᠯᠡᠬᠦ ᠲᠣᠬᠢᠷᠠᠬᠤ ᠭᠠᠶ᠋ᠢᠯᠢ ᠵᠢᠨ ᠨᠣᠷᠮ᠎ᠠ ᠵᠢᠨ ᠪᠠᠷᠢᠮᠵᠢᠶ᠎ᠠ᠎ᠨᠢ 1.25 ᠲᠥᠭᠦᠷᠢᠭ / ᠪᠣᠰᠤᠭ᠎ᠠ ᠳᠥᠷᠪᠡᠯᠵᠢᠨ ᠮᠸᠲᠷ ᠪᠠᠶ᠋ᠢᠵᠤ᠂  ᠲᠠᠷᠢᠶᠠᠯᠠᠩ᠎ᠤᠨ ᠤᠰᠤᠯᠠᠯᠲᠠ ᠵᠢᠨ ᠤᠰᠤ ᠲᠠᠲᠠᠵᠤ ᠬᠡᠷᠡᠭᠯᠡᠬᠦ ᠬᠡᠮᠵᠢᠶ᠎ᠡ᠎ᠨᠢ ᠲᠠᠷᠢᠶᠠᠯᠠᠩ᠎ᠤᠨ ᠦᠢ᠍ᠯᠡᠳᠪᠦᠷᠢᠯᠡᠯ᠎ᠤᠨ ᠤᠰᠤ ᠲᠠᠲᠠᠵᠤ ᠬᠡᠷᠡᠭᠯᠡᠬᠦ ᠬᠢᠵᠠᠭ᠋ᠠᠷ ᠲᠤᠭ᠎ᠠ᠎ᠠᠴᠠ ᠬᠡᠲᠦᠷᠡᠭᠰᠡᠨ ᠬᠡᠰᠡᠭ᠎ᠠᠴᠠ ᠤᠰᠤᠨ᠎ᠤ ᠡᠬᠢ ᠪᠠᠶᠠᠯᠢᠭ᠎ᠤᠨ ᠭᠠᠶ᠋ᠢᠯᠢ ᠨᠡᠮᠡᠵᠦ ᠬᠤᠷᠢᠶᠠᠨ᠎ᠠ᠃

  (ᠲᠠᠪᠤ) ᠲᠦᠢ᠍ᠯ᠎ᠤᠨ ᠣᠨᠣᠪᠴᠢᠲᠠᠢ᠎ᠪᠠᠷ ᠨᠡᠮᠡᠭᠦᠷᠢ ᠥᠭᠬᠦ ᠪᠠ ᠤᠰᠤ ᠠᠷᠪᠢᠯᠠᠬᠤ ᠵᠢᠨ ᠱᠠᠩᠨᠠᠯ᠎ᠤᠨ ᠳᠥᠷᠢᠮ᠎ᠢ ᠬᠡᠷᠡᠭᠵᠢᠭᠦᠯᠦᠨ᠎ᠡ᠃  ᠡᠯ᠎ᠡ ᠲᠥᠷᠥᠯ᠎ᠤᠨ ᠤᠰᠤ ᠬᠡᠷᠡᠭᠯᠡᠬᠦ ᠭᠤᠣᠯ ᠴᠣᠭᠴᠠ ᠵᠢᠨ ᠤᠰᠤ ᠠᠷᠪᠢᠯᠠᠬᠤ ᠢᠳᠡᠪᠬᠢᠵᠢᠯ᠎ᠢ ᠳᠠᠶ᠋ᠢᠴᠢᠯᠠᠵᠤ᠂  ᠲᠠᠷᠢᠶᠠᠯᠠᠩ᠎ᠤᠨ ᠤᠰᠤ ᠠᠷᠪᠢᠯᠠᠬᠤ ᠵᠢ ᠠᠬᠢᠭᠤᠯᠬᠤ ᠵᠢᠨ ᠲᠥᠯᠥᠭᠡ᠂  ᠲᠠᠷᠢᠶᠠᠯᠠᠩ᠎ᠤᠨ ᠤᠰᠤ ᠬᠡᠷᠡᠭᠯᠡᠬᠦ᠎ᠳᠤ ᠲᠦᠢ᠍ᠯ᠎ᠤᠨ ᠣᠨᠣᠪᠴᠢᠲᠠᠢ᠎ᠪᠠᠷ ᠨᠥᠬᠦᠪᠦᠷᠢ ᠥᠭᠬᠦ ᠪᠠ ᠤᠰᠤ ᠠᠷᠪᠢᠯᠠᠬᠤ ᠵᠢ ᠱᠠᠩᠨᠠᠬᠤ ᠳᠦᠷᠢᠮ᠎ᠢ ᠬᠡᠷᠡᠭᠵᠢᠭᠦᠯᠦᠨ᠎ᠡ᠃  ᠱᠠᠩᠨᠠᠵᠤ ᠨᠥᠬᠥᠪᠥᠷᠢ ᠥᠭᠬᠦ ᠴᠠᠷ᠎ᠠ ᠬᠦᠷᠢᠶ᠎ᠡ᠂  ᠡᠲᠡᠭᠡᠳ᠂  ᠠᠷᠭ᠎ᠠ ᠬᠡᠯᠪᠡᠷᠢ᠂  ᠪᠡᠯᠡ ᠮᠥᠩᠭᠥᠨ᠎ᠤ ᠢᠷᠡᠯᠲᠡ ᠵᠡᠷᠭᠡ ᠵᠢ ᠲᠤᠭᠲᠠᠭ᠋ᠠᠪᠠ᠃

  (ᠵᠢᠷᠭᠤᠭ᠎ᠠ) ᠤᠰᠤ ᠬᠡᠷᠡᠭᠯᠡᠬᠦ ᠬᠠᠮᠢᠶᠠᠷᠤᠯᠲᠠ ᠪᠣᠯᠤᠨ ᠬᠠᠷᠢᠭᠤᠴᠠᠯᠭ᠎ᠠ ᠵᠢᠨ ᠰᠢᠰᠲ᠋ᠧᠮ᠃  ᠨᠢᠭᠡ᠎ᠳᠤ᠂  ᠲᠠᠷᠢᠶᠠᠯᠠᠩ᠎ᠤᠨ ᠤᠰᠤᠯᠠᠯᠲᠠ ᠵᠢᠨ ᠭᠠᠵᠠᠷ ᠳᠣᠤᠷᠠᠬᠢ ᠤᠰᠤ ᠵᠢ ᠲᠠᠲᠠᠵᠤ ᠬᠡᠷᠡᠭᠯᠡᠬᠦ ᠬᠠᠮᠢᠶᠠᠷᠤᠯᠲᠠ ᠵᠢ ᠴᠢᠩᠭ᠋ᠠᠳᠬᠠᠵᠤ᠂  ᠲᠠᠷᠢᠶᠠᠯᠠᠩ᠎ᠤᠨ ᠬᠡᠷᠡᠭᠯᠡᠬᠦ ᠤᠰᠤᠨ᠎ᠤ ᠶᠡᠷᠦᠩᠬᠡᠶ ᠬᠡᠮᠵᠢᠶ᠎ᠡ ᠵᠢ ᠴᠢᠩᠭ᠎ᠠ ᠬᠢᠵᠠᠭ᠋ᠠᠷᠯᠠᠬᠤ ᠬᠡᠷᠡᠭᠲᠡᠶ᠃  ᠭᠠᠵᠠᠷ ᠲᠤᠤᠷᠠᠬᠢ ᠤᠰᠤ᠎ᠨᠢ ᠬᠡᠳᠤᠷᠬᠡᠢ ᠮᠠᠯᠲᠠᠬᠤ ᠡᠰᠡᠬᠦᠯ᠎ᠡ ᠰᠢᠨ᠎ᠡ᠎ᠪᠠᠷ ᠤᠰᠤ ᠠᠪᠴᠤ ᠬᠡᠷᠡᠭᠯᠡᠭᠰᠡᠨ᠎ᠤ ᠳᠠᠷᠠᠭ᠎ᠠ ᠭᠠᠵᠠᠷ ᠳᠣᠣᠷᠠᠬᠢ ᠤᠰᠤ ᠵᠢ ᠬᠠᠮᠢᠶᠠᠷᠤᠨ ᠡᠵᠡᠮᠳᠡᠬᠦ ᠨᠢᠭᠡᠴᠢ ᠵᠢᠨ ᠶᠡᠷᠦᠩᠬᠡᠢ ᠬᠡᠮᠵᠢᠶ᠎ᠡ ᠵᠢ ᠬᠢᠵᠠᠭ᠋ᠠᠷᠯᠠᠬᠤ ᠭᠦᠢ᠍ᠴᠡᠳᠬᠡᠯ ᠲᠤᠭ᠎ᠠ᠎ᠠᠴᠠ ᠬᠡᠲᠦᠷᠡᠭᠰᠡᠨ ᠭᠠᠵᠠᠷ ᠣᠷᠣᠨ᠎ᠳᠤ ᠲᠠᠷᠢᠶᠠᠯᠠᠩ᠎ᠤᠨ ᠤᠰᠤᠯᠠᠯᠲᠠ ᠵᠢᠨ ᠮᠠᠰᠢᠨ ᠴᠠᠬᠢᠯᠭ᠋ᠠᠨ ᠬᠤᠳᠳᠤᠭ᠎ᠢ ᠰᠢᠨ᠎ᠡ᠎ᠪᠠᠷ ᠪᠠᠶ᠋ᠢᠭᠤᠯᠵᠤ ᠪᠣᠯᠬᠤ ᠦᠭᠡᠢ᠂  ᠲᠤᠰ ᠬᠤᠰᠢᠭᠤ ᠰᠢᠶᠠᠨ ᠬᠤᠲᠠ ᠲᠣᠭᠤᠷᠢᠭ᠎ᠤᠨ ᠭᠠᠵᠠᠷ ᠳᠣᠣᠷᠠᠬᠢ ᠤᠰᠤ ᠵᠢ ᠰᠢᠨ᠎ᠡ᠎ᠪᠠᠷ ᠨᠡᠮᠡᠭᠳᠡᠭᠦᠯᠬᠦ᠎ᠳᠤ ᠬᠢᠵᠠᠭ᠋ᠠᠷᠯᠠᠨ ᠬᠢᠨᠠᠨ ᠵᠥᠪᠰᠢᠶᠡᠷᠡᠬᠦ ᠵᠢ ᠬᠡᠷᠡᠭᠵᠢᠭᠦᠯᠦᠨ᠎ᠡ᠃  ᠲᠠᠷᠢᠶᠠᠯᠠᠩ᠎ᠤᠨ ᠤᠰᠤᠯᠠᠯᠲᠠ᠎ᠳᠤ ᠭᠠᠵᠠᠷ ᠳᠣᠤᠷᠠᠬᠢ ᠤᠰᠤ ᠵᠢ ᠲᠠᠲᠠᠵᠤ ᠬᠡᠷᠡᠭᠯᠡᠭᠰᠡᠨ ᠪᠣᠯ ᠤᠰᠤ ᠠᠪᠬᠤ ᠵᠥᠪᠰᠢᠶᠡᠷᠡᠯ᠎ᠤᠨ ᠦᠨᠡᠮᠯᠡᠯ᠎ᠢ ᠬᠠᠤᠯᠢ ᠶᠣᠰᠣᠭ᠋ᠠᠷ ᠭᠤᠶᠤᠴᠢᠯᠠᠨ ᠣᠯᠵᠤ᠂  ᠤᠰᠤ ᠠᠪᠬᠤ ᠭᠤᠶᠤᠴᠢᠯᠠᠯ᠎ᠢ᠎ᠨᠢ ᠬᠢᠨᠠᠨ ᠵᠥᠪᠰᠢᠶᠡᠷᠡᠭᠦᠯᠦᠭᠰᠡᠨ ᠦᠭᠡᠶ ᠪᠣᠯ ᠴᠠᠬᠢᠯᠭ᠋ᠠᠨ ᠬᠠᠩᠭ᠋ᠠᠬᠤ ᠰᠠᠯᠠᠭ᠎ᠠ ᠮᠥᠴᠢᠷ᠎ᠨᠢ ᠴᠠᠬᠢᠯᠭ᠋ᠠᠨ ᠬᠠᠩᠭ᠋ᠠᠵᠤ ᠪᠣᠯᠬᠤ ᠦᠭᠡᠶ᠃  ᠬᠣᠶᠠᠷ᠎ᠲᠤ᠂  ᠬᠣᠰᠢᠭᠤ ᠰᠢᠶᠠᠨ᠂  ᠰᠤᠮᠤ ᠰᠢᠶᠠᠩ ᠪᠠᠯᠭ᠋ᠠᠰᠤ᠂  ᠭᠠᠴᠠᠭ᠎ᠠ ᠲᠣᠰᠬᠣᠨ᠂  ᠮᠠᠰᠢᠨ ᠴᠠᠬᠢᠯᠭ᠋ᠠᠨ ᠬᠤᠳᠳᠤᠭ᠎ᠤᠨ ᠬᠠᠮᠢᠶᠠᠷᠤᠯᠲᠠ ᠵᠢᠨ ᠠᠵᠢᠯᠲᠠᠨ ᠳᠥᠷᠪᠡᠨ ᠱᠠᠲᠤᠨ᠎ᠤ ᠭᠠᠵᠠᠷ ᠳᠣᠤᠷᠠᠬᠢ ᠤᠰᠤ ᠵᠢ ᠬᠠᠮᠠᠭ᠋ᠠᠯᠠᠬᠤ ᠬᠢᠭᠡᠳ ᠬᠠᠮᠢᠶᠠᠷᠬᠤ ᠬᠠᠷᠢᠭᠤᠴᠠᠯᠭ᠎ᠠ ᠵᠢᠨ ᠲᠤᠭᠲᠠᠯᠴᠠᠭ᠎ᠠ ᠵᠢ ᠪᠠᠶ᠋ᠢᠭᠤᠯᠵᠤ᠂  ᠠᠵᠢᠯ᠎ᠤᠨ ᠬᠠᠷᠢᠭᠤᠴᠠᠯᠭ᠎ᠠ ᠵᠢ ᠲᠣᠳᠣᠷᠬᠠᠶ᠋ᠢᠯᠠᠬᠤ ᠬᠡᠷᠡᠭᠲᠡᠶ᠃

 

ᠢᠷᠡᠯᠲᠡ᠄ ᠲᠦᠩᠯᠢᠶᠣᠤ ᠬᠤᠲᠠ ᠵᠢᠨ ᠤᠰᠤᠨ᠎ᠤ ᠶᠠᠪᠤᠳᠠᠯ᠎ᠤᠨ ᠲᠣᠪᠴᠢᠶ᠎ᠠ
          
ᠬᠠᠮᠢᠶ᠎ᠡ ᠪᠦᠬᠦᠢ ᠰᠣᠨᠢᠨ
《ᠤᠰᠤᠨ᠎ᠤ ᠡᠬᠢ ᠪᠠᠶᠠᠯᠢᠭ᠎ᠤᠨ ᠭᠠᠶ᠋ᠢᠯᠢ ᠵᠢᠨ ᠥᠭᠡᠷᠡᠴᠢᠯᠡᠯᠲᠡ ᠵᠢᠨ ᠲᠤᠷᠰᠢᠯᠲᠠ ᠵᠢᠨ ᠬᠡᠷᠡᠭᠵᠢᠭᠦᠯᠬᠦ ᠠᠷᠭ᠎ᠠ》 ᠵᠢᠨ ᠡᠷᠬᠡ ᠰᠦᠷᠲᠦ ᠲᠠᠢ᠌ᠯᠪᠤᠷᠢ
【ᠵᠢᠷᠤᠭᠲᠤ ᠲᠠᠢ᠌ᠯᠤᠮᠵᠢ】《ᠪᠤᠭᠤᠲᠤ ᠬᠤᠲᠠ ᠵᠢᠨ ᠬᠤᠲᠠ ᠵᠢᠨ ᠤᠰᠤ ᠬᠠᠩᠭ᠋ᠠᠬᠤ ᠭᠡᠨᠡᠳᠲᠡ ᠵᠢᠨ ᠠᠳᠡᠯ᠎ᠤᠨ ᠪᠠᠴᠢᠮ ᠪᠠᠶ᠋ᠢᠳᠠᠯ᠎ᠢ ᠠᠷᠭ᠋ᠠᠴᠠᠬᠤ ᠪᠡᠯᠡᠳᠬᠡᠯ ᠲᠥᠰᠦᠯ᠎ᠢ ᠳᠠᠷᠤᠮᠠᠯᠯᠠᠨ ᠶᠠᠪᠤᠭᠤᠯᠬᠤ ᠲᠤᠬᠠᠶ ᠪᠤᠭᠤᠲᠤ ᠬᠤᠲᠠ ᠵᠢᠨ ᠠᠷᠠᠳ᠎ᠤᠨ ᠵᠠᠰᠠᠭ᠎ᠤᠨ ᠣᠷᠳᠣᠨ᠎ᠤ ᠠᠯᠪᠠᠨ ᠬᠡᠷ᠎ᠤᠨ ᠮᠡᠳᠡᠭᠳᠡᠯ》᠎ᠤᠨ ᠲᠥᠷᠥ ᠵᠢᠨ ᠪᠣᠳᠣᠯᠭ᠎ᠠ ᠵᠢᠨ ᠲᠠᠶ᠋ᠢᠯᠤᠮᠵᠢ
【ᠵᠢᠷᠤᠭᠲᠤ ᠲᠠᠢ᠌ᠯᠤᠮᠵᠢ】 ᠤᠰᠤᠨ ᠠᠰᠢᠭᠯᠠᠯᠲᠠ ᠵᠢᠨ ᠶᠠᠮᠤᠨ᠎ᠤ ᠤᠰᠤ ᠰᠢᠷᠣᠶ ᠵᠢ ᠬᠠᠮᠠᠭ᠋ᠠᠯᠠᠬᠤ ᠵᠤᠷᠭ᠋ᠠᠨ 《ᠠᠮᠢ ᠠᠬᠤᠶ ᠵᠢᠨ ᠴᠡᠪᠡᠷ ᠵᠢᠵᠢᠭ ᠰᠠᠪᠠ ᠭᠠᠵᠠᠷ᠎ᠤᠨ ᠪᠥᠲᠥᠭᠡᠨ ᠪᠠᠶ᠋ᠢᠭᠤᠯᠤᠯᠲᠠ ᠵᠢ ᠲᠦᠷᠭᠡᠳᠬᠡᠨ ᠠᠬᠢᠭᠤᠯᠬᠤ ᠲᠤᠬᠠᠶ ᠵᠢᠯᠣᠭᠤᠳᠬᠤ ᠰᠠᠨᠠᠯ》᠎ᠳᠤ ᠲᠠᠶ᠋ᠢᠯᠤᠮᠵᠢ ᠬᠢᠪᠠ
【ᠵᠢᠷᠤᠭᠲᠤ ᠲᠠᠢ᠌ᠯᠤᠮᠵᠢ】《ᠤᠰᠤᠨ᠎ᠤ ᠡᠬᠢ ᠪᠠᠶᠠᠯᠢᠭ᠎ᠤᠨ ᠭᠠᠶ᠋ᠢᠯᠢ ᠵᠢᠨ ᠥᠭᠡᠷᠡᠴᠢᠯᠡᠯᠲᠡ ᠵᠢᠨ ᠲᠤᠷᠰᠢᠯᠲᠠ ᠵᠢᠨ ᠬᠡᠷᠡᠭᠵᠢᠭᠦᠯᠬᠦ ᠠᠷᠭ᠎ᠠ》 ᠵᠢᠨ ᠡᠷᠬᠡ ᠰᠦᠷᠲᠦ ᠲᠠᠢ᠌ᠯᠪᠤᠷᠢ 1
【ᠵᠢᠷᠤᠭᠲᠤ ᠲᠠᠢ᠌ᠯᠤᠮᠵᠢ】《ᠤᠰᠤᠨ᠎ᠤ ᠡᠬᠢ ᠪᠠᠶᠠᠯᠢᠭ᠎ᠤᠨ ᠭᠠᠶ᠋ᠢᠯᠢ ᠵᠢᠨ ᠥᠭᠡᠷᠡᠴᠢᠯᠡᠯᠲᠡ ᠵᠢᠨ ᠲᠤᠷᠰᠢᠯᠲᠠ ᠵᠢᠨ ᠬᠡᠷᠡᠭᠵᠢᠭᠦᠯᠬᠦ ᠠᠷᠭ᠎ᠠ》 ᠵᠢᠨ ᠡᠷᠬᠡ ᠰᠦᠷᠲᠦ ᠲᠠᠢ᠌ᠯᠪᠤᠷᠢ 2
 
            