ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠣᠨᠴᠠᠯᠢᠭᠲᠤ᠌ ᠳᠠᠪᠴᠠᠩ
ᠢᠯᠡ ᠵᠠᠰᠠᠭ   -   ᠲᠦᠷᠥ᠎ᠶᠢᠨ ᠪᠣᠳᠣᠯᠭ᠎ᠠ᠎ᠶᠢᠨ ᠲᠠᠶ᠋ᠢᠯᠤᠮᠵᠢ
《ᠣᠷᠳᠣᠰ ᠬᠤᠲᠠ ᠵᠢᠨ ᠤᠰᠤᠨ᠎ᠤ ᠵᠠᠰᠠᠭ ᠵᠠᠬᠢᠷᠭ᠋ᠠᠨ᠎ᠤ ᠰᠢᠢ᠍ᠳᠭᠡᠯ ᠲᠣᠷᠭ᠋ᠠᠭᠤᠯᠢ ᠵᠢᠨ ᠴᠢᠯᠥᠭᠡᠲᠦ ᠲᠠᠰᠤᠯᠤᠯᠲᠠ ᠵᠢᠨ ᠡᠷᠬᠡ ᠵᠢᠨ ᠰᠠᠭᠤᠷᠢ ᠪᠠᠷᠢᠮᠵᠢᠶ᠎ᠠ (ᠲᠤᠷᠰᠢᠨ ᠬᠡᠷᠡᠭᠵᠢᠭᠦᠯᠬᠦ)》 ᠵᠢᠨ ᠲᠤᠬᠠᠶ ᠣᠷᠳᠣᠰ ᠬᠤᠲᠠ ᠵᠢᠨ ᠤᠰᠤᠨ ᠠᠰᠢᠭᠯᠠᠯᠲᠠ ᠵᠢᠨ ᠲᠣᠪᠴᠢᠶ᠎ᠠ ᠵᠢᠨ ᠲᠣᠭᠲᠠᠭ᠋ᠠᠭᠰᠠᠨ ᠲᠣᠳᠣᠷᠬᠠᠶ᠋ᠢᠯᠠᠯᠲᠠ
ᠨᠡᠶ᠋ᠢᠲᠡᠯᠡᠭᠰᠡᠨ ᠴᠠᠭ᠄ 2024-04-23

   ᠮᠠᠨ᠎ᠤ ᠬᠤᠲᠠ ᠵᠢᠨ ᠤᠰᠤᠨ᠎ᠤ ᠵᠠᠰᠠᠭ ᠵᠠᠬᠢᠷᠭ᠋ᠠᠨ᠎ᠤ ᠬᠠᠤᠯᠢ ᠬᠡᠷᠡᠭᠵᠢᠭᠦᠯᠬᠦ ᠦᠢ᠍ᠯᠡ ᠠᠵᠢᠯᠯᠠᠭ᠎ᠠ ᠵᠢ ᠤᠯᠠᠮ ᠨᠢᠭᠡ ᠠᠯᠬᠤᠮ ᠵᠢᠷᠤᠮᠵᠢᠭᠤᠯᠵᠤ᠂  ᠬᠠᠤᠯᠢ ᠬᠡᠷᠡᠭᠵᠢᠭᠦᠯᠬᠦ ᠶᠠᠰᠤ ᠴᠢᠨᠠᠷ ᠪᠠ ᠬᠢᠷᠢ ᠬᠡᠮᠵᠢᠶ᠎ᠡ ᠵᠢ ᠳᠡᠭᠡᠭᠰᠢᠯᠡᠭᠦᠯᠦᠨ᠂  ᠤᠰᠤᠨ᠎ᠤ ᠵᠠᠰᠠᠭ ᠵᠠᠬᠢᠷᠭ᠋ᠠᠨ᠎ᠤ ᠰᠢᠢ᠍ᠳᠭᠡᠯ᠎ᠤᠨ ᠲᠠᠰᠤᠯᠤᠯᠲᠠ ᠵᠢᠨ ᠡᠷᠬᠡ ᠵᠢ ᠵᠢᠷᠤᠮᠵᠢᠭᠤᠯᠬᠤ ᠠᠵᠢᠯ᠎ᠢ ᠦᠨᠡᠨ ᠬᠦ᠌ ᠰᠠᠶ᠋ᠢᠲᠤᠷ ᠬᠢᠬᠦ ᠵᠢᠨ ᠲᠤᠰᠠᠳᠠ᠂  ᠣᠷᠳᠣᠰ ᠬᠤᠲᠠ ᠵᠢᠨ ᠤᠰᠤᠨ ᠠᠰᠢᠭᠯᠠᠯᠲᠠ ᠵᠢᠨ ᠲᠣᠪᠴᠢᠶ᠎ᠠ 《ᠣᠷᠳᠣᠰ ᠬᠤᠲᠠ ᠵᠢᠨ ᠤᠰᠤᠨ᠎ᠤ ᠵᠠᠰᠠᠭ ᠵᠠᠬᠢᠷᠭ᠋ᠠᠨ᠎ᠤ ᠰᠢᠢ᠍ᠳᠭᠡᠯ᠎ᠤᠨ ᠴᠢᠯᠥᠭᠡᠲᠦ ᠲᠠᠰᠤᠯᠤᠯᠲᠠ ᠵᠢᠨ ᠡᠷᠬᠡ ᠵᠢᠨ ᠰᠠᠭᠤᠷᠢ ᠪᠠᠷᠢᠮᠵᠢᠶ᠎ᠠ (ᠲᠤᠷᠰᠢᠨ ᠬᠡᠷᠡᠭᠵᠢᠭᠦᠯᠬᠦ)》 ᠵᠢ ᠵᠣᠬᠢᠶᠠᠨ ᠪᠠᠶ᠋ᠢᠭᠤᠯᠤᠨ ᠲᠣᠭᠲᠠᠭ᠋ᠠᠵᠤ ᠳᠠᠭᠤᠰᠬᠠᠬᠤ ᠵᠢᠨ ᠲᠤᠰᠠᠳᠠ᠂  ᠡᠳᠦᠭᠡ ᠬᠤᠯᠪᠣᠭᠳᠠᠯ ᠪᠥᠬᠦᠶ ᠲᠣᠭᠲᠠᠭ᠋ᠠᠭᠰᠠᠨ ᠪᠠᠶ᠋ᠢᠳᠠᠯ᠎ᠢ ᠳᠣᠤᠷᠠᠬᠢ ᠮᠡᠲᠦ ᠲᠣᠳᠣᠷᠬᠠᠶ᠋ᠢᠯᠠᠶ᠎ᠠ᠃

   ᠨᠢᠭᠡ᠂  ᠲᠣᠭᠲᠠᠭ᠋ᠠᠬᠤ ᠵᠢᠨ ᠴᠢᠬᠤᠯᠠ ᠴᠢᠨᠠᠷ

   ᠵᠠᠰᠠᠭ ᠵᠠᠬᠢᠷᠭ᠋ᠠᠨ᠎ᠤ ᠰᠢᠢ᠍ᠳᠭᠡᠯ ᠲᠣᠷᠭ᠋ᠠᠭᠤᠯᠢ ᠵᠢᠨ ᠴᠢᠯᠥᠭᠡᠲᠦ ᠲᠠᠰᠤᠯᠤᠯᠲᠠ ᠵᠢᠨ ᠡᠷᠬᠡ ᠵᠢ ᠵᠢᠷᠤᠮᠵᠢᠭᠤᠯᠬᠤ᠎ᠨᠢ ᠲᠥᠷᠥ ᠵᠢᠨ ᠶᠠᠪᠤᠳᠠᠯ᠎ᠤᠨ ᠬᠣᠷᠢᠶ᠎ᠠ ᠪᠣᠯᠤᠨ ᠥᠪᠡᠷᠲᠡᠭᠡᠨ ᠵᠠᠰᠠᠬᠤ ᠣᠷᠣᠨ᠎ᠤ ᠵᠠᠰᠠᠭ ᠵᠠᠬᠢᠷᠭ᠋ᠠᠨ᠎ᠤ ᠬᠠᠮᠢᠶᠠᠷᠤᠯᠲᠠ ᠵᠢᠨ ᠬᠦᠷᠢᠶ᠎ᠡ ᠬᠡᠪᠴᠢᠶᠡᠨ᠎ᠳᠤ ᠳᠤᠷᠠᠳᠤᠭᠰᠠᠨ ᠰᠢᠨ᠎ᠡ ᠱᠠᠭ᠋ᠠᠷᠳᠠᠯᠭ᠎ᠠ᠂  ᠰᠢᠨ᠎ᠡ ᠵᠣᠷᠢᠭ ᠰᠠᠨᠠᠭ᠎ᠠ ᠵᠢ ᠤᠯᠠᠮ ᠨᠢᠭᠡ ᠠᠯᠬᠤᠮ ᠲᠤᠭᠤᠰᠢᠯᠠᠭᠤᠯᠤᠨ ᠨᠠᠶ᠋ᠢᠳᠠᠪᠤᠷᠢᠵᠢᠭᠤᠯᠬᠤ ᠵᠢᠨ ᠲᠤᠰᠠᠳᠠ᠂  ᠬᠠᠤᠯᠢ᠎ᠪᠠᠷ ᠵᠠᠰᠠᠬᠤ ᠵᠠᠰᠠᠭ᠎ᠤᠨ ᠣᠷᠳᠣᠨ᠎ᠤ ᠪᠠᠶ᠋ᠢᠭᠤᠯᠤᠯᠲᠠ ᠵᠢᠨ ᠪᠣᠳᠠᠲᠠᠶ ᠠᠵᠢᠯ᠎ᠤᠨ ᠢᠯᠡᠷᠡᠯ ᠪᠣᠯᠤᠨ᠎ᠠ᠃ 2022 ᠣᠨ᠎ᠤ 7 ᠳ᠋ᠤᠭ᠋ᠠᠷ ᠰᠠᠷ᠎ᠠ᠎ᠳᠤ᠂  ᠲᠥᠷᠥ ᠵᠢᠨ ᠶᠠᠪᠤᠳᠠᠯ᠎ᠤᠨ ᠬᠤᠷᠢᠶ᠎ᠠ᠎ᠠᠴᠠ 《ᠵᠠᠰᠠᠭ ᠵᠠᠬᠢᠷᠭ᠋ᠠᠨ᠎ᠤ ᠲᠠᠰᠤᠯᠤᠯᠲᠠ ᠵᠢᠨ ᠡᠷᠬᠡ ᠵᠢᠨ ᠰᠠᠭᠤᠷᠢ ᠪᠠᠷᠢᠮᠵᠢᠶ᠎ᠠ ᠵᠢ ᠲᠣᠭᠲᠠᠭ᠋ᠠᠬᠤ ᠪᠠ ᠬᠠᠮᠢᠶᠠᠷᠬᠤ ᠠᠵᠢᠯ᠎ᠢ ᠤᠯᠠᠮ ᠨᠢᠭᠡ ᠠᠯᠬᠤᠮ ᠵᠢᠷᠤᠮᠵᠢᠭᠤᠯᠬᠤ ᠲᠤᠬᠠᠶ ᠰᠠᠨᠠᠯ》 (ᠲᠥᠷᠥ ᠠᠯᠪᠠᠨ ᠲᠠᠷᠬᠠᠭ᠋ᠠᠭᠰᠠᠨ [2022] 27 ᠳ᠋ᠤᠭ᠋ᠠᠷ ᠲᠣᠭ᠋ᠠᠲᠤ)᠎ᠢ ᠳᠠᠷᠤᠮᠠᠯᠯᠠᠨ ᠲᠠᠷᠬᠠᠭ᠋ᠠᠵᠤ᠂  ᠡᠯ᠎ᠡ ᠱᠠᠲᠤᠨ᠎ᠤ ᠵᠠᠰᠠᠭ ᠵᠠᠬᠢᠷᠭ᠋ᠠᠨ᠎ᠤ ᠪᠠᠶ᠋ᠢᠭᠤᠯᠭ᠎ᠠ ᠵᠢᠨ ᠵᠠᠰᠠᠭ ᠵᠠᠬᠢᠷᠭ᠋ᠠᠨ᠎ᠤ ᠲᠠᠰᠤᠯᠤᠯᠲᠠ ᠵᠢᠨ ᠡᠷᠬᠡ ᠵᠢᠨ ᠰᠠᠭᠤᠷᠢ ᠪᠠᠷᠢᠮᠵᠢᠶ᠎ᠠ ᠵᠢ ᠲᠣᠭᠲᠠᠭ᠋ᠠᠬᠤ ᠠᠵᠢᠯ᠎ᠢ ᠦᠨᠡᠨ ᠬᠦ᠌ ᠰᠠᠶ᠋ᠢᠲᠤᠷ ᠬᠢᠵᠦ᠂  ᠵᠠᠰᠠᠭ ᠵᠠᠬᠢᠷᠭ᠋ᠠᠨ᠎ᠤ ᠬᠠᠮᠢᠶᠠᠷᠤᠯᠲᠠ ᠵᠢᠨ ᠬᠦᠷᠢᠶᠡᠨ᠎ᠳᠠᠬᠢ ᠲᠠᠰᠤᠯᠤᠯᠲᠠ ᠵᠢᠨ ᠡᠷᠬᠡ᠎ᠪᠠᠨ ᠬᠡᠷᠡᠭᠵᠢᠭᠦᠯᠬᠦ ᠲᠦᠷᠢᠮ᠎ᠢ ᠲᠡᠭᠦᠯᠳᠡᠷᠵᠢᠭᠦᠯᠬᠦ ᠬᠡᠷᠡᠭᠲᠡᠶ ᠭᠡᠵᠦ ᠱᠠᠭ᠋ᠠᠷᠳᠠᠪᠠ᠃  ᠳᠠᠷᠠᠭ᠎ᠠ᠎ᠨᠢ ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠬᠠᠤᠯᠢ ᠴᠠᠭ᠋ᠠᠵᠠ ᠵᠢᠨ ᠲᠢᠩᠬᠢᠮ 《ᠵᠠᠰᠠᠭ ᠵᠠᠬᠢᠷᠭ᠋ᠠᠨ᠎ᠤ ᠲᠠᠰᠤᠯᠤᠯᠲᠠ ᠵᠢᠨ ᠡᠷᠬᠡ ᠵᠢᠨ ᠰᠠᠭᠤᠷᠢ ᠪᠠᠷᠢᠮᠵᠢᠶ᠎ᠠ ᠵᠢ ᠲᠣᠭᠲᠠᠭ᠋ᠠᠬᠤ ᠪᠠ ᠬᠠᠮᠢᠶᠠᠷᠬᠤ ᠠᠵᠢᠯ᠎ᠢ ᠰᠠᠶ᠋ᠢᠲᠤᠷ ᠬᠢᠬᠦ ᠲᠤᠬᠠᠶ ᠮᠡᠳᠡᠭᠳᠡᠯ》 (ᠥᠪᠥᠷ ᠵᠤᠷᠭ᠋ᠠᠨ ᠮᠡᠳᠡᠭᠳᠡᠯ [2022] 135 ᠳ᠋ᠤᠭ᠋ᠠᠷ ᠲᠣᠭ᠋ᠠᠲᠤ)᠎ᠢ ᠳᠠᠷᠤᠮᠠᠯᠯᠠᠨ ᠲᠠᠷᠬᠠᠭ᠋ᠠᠪᠠ᠃  ᠣᠷᠳᠣᠰ ᠬᠤᠲᠠ ᠵᠢᠨ ᠵᠠᠰᠠᠭ ᠵᠠᠬᠢᠷᠭ᠋ᠠᠨ᠎ᠤ ᠲᠠᠰᠤᠯᠤᠯᠲᠠ ᠵᠢᠨ ᠡᠷᠬᠡ ᠵᠢᠨ ᠰᠠᠭᠤᠷᠢ ᠪᠠᠷᠢᠮᠵᠢᠶ᠎ᠠ ᠵᠢ ᠲᠣᠭᠲᠠᠭ᠋ᠠᠬᠤ ᠪᠠ ᠬᠠᠮᠢᠶᠠᠷᠬᠤ ᠠᠵᠢᠯ᠎ᠢ ᠪᠥᠬᠦ ᠲᠠᠯ᠎ᠠ᠎ᠪᠠᠷ ᠰᠠᠶ᠋ᠢᠲᠤᠷ ᠬᠢᠬᠦ ᠵᠢᠨ ᠲᠥᠯᠥᠭᠡ᠂  ᠣᠷᠳᠣᠰ ᠬᠤᠲᠠ ᠵᠢᠨ ᠠᠷᠠᠳ᠎ᠤᠨ ᠵᠠᠰᠠᠭ᠎ᠤᠨ ᠣᠷᠳᠣᠨ᠎ᠤ ᠪᠠᠶ᠋ᠢᠷᠢᠯᠠᠭᠤᠯᠤᠯᠲᠠ ᠲᠣᠬᠢᠷᠠᠭᠤᠯᠤᠯᠲᠠ ᠶᠣᠰᠣᠭ᠋ᠠᠷ᠂  ᠣᠷᠳᠣᠰ ᠬᠤᠲᠠ ᠵᠢᠨ ᠬᠠᠤᠯᠢ ᠴᠠᠭ᠋ᠠᠵᠠ ᠵᠢᠨ ᠲᠣᠪᠴᠢᠶ᠎ᠠ ᠪᠥᠬᠦ ᠬᠤᠲᠠ ᠵᠢᠨ ᠪᠣᠳᠠᠲᠠᠶ᠎ᠲᠠᠢ᠎ᠪᠠᠨ ᠤᠶᠠᠯᠳᠤᠭᠤᠯᠤᠨ᠂ 《ᠵᠠᠰᠠᠭ ᠵᠠᠬᠢᠷᠭ᠋ᠠᠨ᠎ᠤ ᠲᠠᠰᠤᠯᠤᠯᠲᠠ ᠵᠢᠨ ᠡᠷᠬᠡ ᠵᠢᠨ ᠰᠠᠭᠤᠷᠢ ᠪᠠᠷᠢᠮᠵᠢᠶ᠎ᠠ ᠵᠢ ᠲᠣᠭᠲᠠᠭ᠋ᠠᠬᠤ ᠪᠠ ᠬᠠᠮᠢᠶᠠᠷᠬᠤ ᠠᠵᠢᠯ᠎ᠢ ᠤᠯᠠᠮ ᠨᠢᠭᠡ ᠠᠯᠬᠤᠮ ᠰᠠᠶ᠋ᠢᠲᠤᠷ ᠬᠢᠬᠦ ᠲᠤᠬᠠᠶ ᠮᠡᠳᠡᠭᠳᠡᠯ》 (ᠣᠷᠳᠤᠰ ᠬᠠᠥᠯᠢ ᠲᠠᠷᠬᠠᠭ᠋ᠠᠭᠰᠠᠨ [2022] 73 ᠳ᠋ᠤᠭ᠋ᠠᠷ ᠲᠣᠭ᠋ᠠᠲᠤ)᠎ᠢ ᠳᠠᠷᠤᠮᠠᠯᠯᠠᠨ ᠲᠠᠷᠬᠠᠭ᠋ᠠᠪᠠ᠃

   ᠳᠡᠭᠡᠷ᠎ᠡ ᠳᠤᠷᠠᠳᠤᠭᠰᠠᠨ ᠪᠢᠴᠢᠭ ᠮᠠᠲ᠋ᠧᠷᠢᠶᠠᠯ᠎ᠤᠨ ᠵᠣᠷᠢᠭ ᠰᠠᠨᠠᠭ᠎ᠠ ᠵᠢᠴᠢ ᠬᠠᠮᠢᠶ᠎ᠠ ᠪᠦᠬᠦᠢ ᠠᠵᠢᠯ᠎ᠤᠨ ᠬᠤᠪᠢᠶᠠᠷᠢᠯᠠᠯ᠎ᠤᠨ ᠱᠠᠭ᠋ᠠᠷᠳᠠᠯᠭ᠎ᠠ ᠵᠢ ᠰᠠᠶ᠋ᠢᠲᠤᠷ ᠲᠤᠭᠤᠰᠢᠯᠠᠭᠤᠯᠤᠨ ᠨᠠᠶ᠋ᠢᠳᠠᠪᠤᠷᠢᠵᠢᠭᠤᠯᠬᠤ ᠵᠢᠨ ᠲᠤᠰᠠᠳᠠ᠂  ᠣᠷᠳᠣᠰ ᠬᠤᠲᠠ ᠵᠢᠨ ᠤᠰᠤᠨ ᠠᠰᠢᠭᠯᠠᠯᠲᠠ ᠵᠢᠨ ᠲᠣᠪᠴᠢᠶ᠎ᠠ᠎ᠨᠢ ᠲᠣᠰ ᠰᠠᠯᠠᠭ᠎ᠠ ᠮᠥᠴᠢᠷ᠎ᠤᠨ ᠵᠶ᠋ᠠᠨ ᠡᠭᠦᠷᠭᠡ ᠬᠠᠷᠢᠭᠤᠴᠠᠯᠭ᠎ᠠ ᠵᠢᠨ ᠬᠡᠪᠴᠢᠶᠡᠨ ᠳᠣᠲᠣᠷ᠎ᠠ᠂  ᠲᠣᠰ ᠵᠠᠰᠠᠭ ᠵᠠᠬᠢᠷᠭ᠋ᠠᠨ᠎ᠤ ᠣᠷᠣᠨ᠎ᠤ ᠳᠣᠲᠣᠷᠠᠬᠢ ᠣᠷᠣᠨ ᠨᠤᠲᠤᠭ᠎ᠤᠨ ᠴᠢᠨᠠᠷᠲᠠᠶ ᠬᠠᠤᠯᠢ ᠲᠣᠭᠲᠠᠭ᠋ᠠᠯ᠎ᠤᠨ ᠤᠰᠤᠨ᠎ᠤ ᠵᠠᠰᠠᠭ ᠵᠠᠬᠢᠷᠭ᠋ᠠᠨ᠎ᠤ ᠰᠢᠢ᠍ᠳᠬᠡᠯ᠎ᠤᠨ ᠲᠠᠰᠤᠯᠤᠯᠲᠠ ᠵᠢᠨ ᠰᠠᠭᠤᠷᠢ ᠪᠠᠷᠢᠮᠵᠢᠶ᠎ᠠ ᠵᠢ ᠲᠣᠭᠲᠠᠭ᠋ᠠᠬᠤ ᠠᠵᠢᠯ᠎ᠢ ᠲᠦᠷᠭᠡᠳᠬᠡᠨ ᠠᠬᠢᠭᠤᠯᠵᠤ᠂  ᠤᠰᠤᠨ᠎ᠤ ᠵᠠᠰᠠᠭ ᠵᠠᠬᠢᠷᠭ᠋ᠠᠨ᠎ᠤ ᠬᠠᠤᠯᠢ ᠬᠡᠷᠡᠭᠵᠢᠭᠦᠯᠬᠦ ᠠᠵᠢᠯᠲᠠᠨ᠎ᠤ ᠲᠠᠰᠤᠯᠤᠯᠲᠠ ᠵᠢᠨ ᠡᠷᠬᠡ ᠵᠢ ᠵᠢᠷᠤᠮᠵᠢᠭᠤᠯᠤᠨ᠂  ᠤᠰᠤᠨ᠎ᠤ ᠵᠠᠰᠠᠭ ᠵᠠᠬᠢᠷᠭ᠋ᠠᠨ᠎ᠤ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ᠎ᠤᠨ ᠬᠠᠤᠯᠢ ᠶᠣᠰᠣᠭ᠋ᠠᠷ ᠵᠠᠰᠠᠭ ᠶᠠᠪᠤᠭᠤᠯᠬᠤ᠂  ᠵᠦᠶ ᠵᠣᠬᠢᠰᠲᠠᠶ ᠵᠠᠰᠠᠭ ᠶᠠᠪᠤᠭᠤᠯᠬᠤ ᠵᠢ ᠠᠬᠢᠭᠤᠯᠵᠤ᠂  ᠣᠷᠳᠣᠰ᠎ᠤᠨ ᠤᠰᠤᠨ᠎ᠳᠤ ᠬᠤᠯᠪᠣᠭᠳᠠᠬᠤ ᠣᠷᠣᠨ ᠨᠤᠲᠤᠭ᠎ᠤᠨ ᠴᠢᠨᠠᠷᠲᠠᠶ ᠬᠠᠤᠯᠢ ᠲᠣᠭᠲᠠᠭ᠋ᠠᠯ᠎ᠤᠨ ᠵᠥᠪ ᠣᠨᠣᠪᠴᠢᠲᠠᠶ ᠬᠡᠷᠡᠭᠵᠢᠭᠦᠯᠦᠭᠳᠡᠬᠦ ᠵᠢ ᠪᠠᠲᠤᠯᠠᠨ᠂  ᠪᠥᠬᠦ ᠰᠢᠰᠲ᠋ᠧᠮ᠎ᠤᠨ ᠬᠠᠤᠯᠢ ᠬᠡᠷᠡᠭᠵᠢᠭᠦᠯᠬᠦ ᠬᠢᠷᠢ ᠲᠦᠪᠰᠢᠨ ᠪᠠ ᠬᠠᠤᠯᠢ ᠬᠡᠷᠡᠭᠵᠢᠭᠦᠯᠬᠦ ᠨᠡᠶ᠋ᠢᠲᠡ᠎ᠳᠤ ᠢᠲᠡᠭᠡᠭᠦᠯᠬᠦ ᠬᠦᠴᠦᠨ᠎ᠢ ᠳᠡᠭᠡᠭᠰᠢᠯᠡᠭᠦᠯᠬᠦ᠎ᠳᠤ ᠴᠢᠬᠤᠯᠠ ᠠᠴᠢ ᠬᠤᠯᠪᠣᠭᠳᠠᠯ᠎ᠲᠠᠢ ᠶᠤᠮ᠃

   ᠬᠤᠶᠠᠷ᠂  ᠲᠣᠭᠲᠠᠭ᠋ᠠᠭᠰᠠᠨ ᠦᠨᠳᠦᠰᠦᠯᠡᠯ ᠪᠠ ᠶᠠᠪᠤᠴᠠ

  (ᠨᠢᠭᠡ) ᠲᠣᠭᠲᠠᠭ᠋ᠠᠭᠰᠠᠨ ᠦᠨᠳᠦᠰᠦᠯᠡᠯ

   ᠲᠠᠰᠤᠯᠤᠯᠲᠠ ᠵᠢᠨ ᠰᠠᠭᠤᠷᠢ ᠪᠠᠷᠢᠮᠵᠢᠶ᠎ᠠ᠎ᠨᠢ ᠭᠤᠤᠯᠳᠠᠭᠤ ᠣᠷᠳᠣᠰ ᠬᠤᠲᠠ ᠵᠢᠨ ᠣᠲᠣ ᠵᠢᠨ ᠬᠡᠷᠡᠭᠵᠢᠭᠦᠯᠵᠦ ᠪᠠᠶ᠋ᠢᠭ᠎ᠠ ᠬᠦᠴᠦᠨ ᠪᠥᠬᠦᠶ ᠣᠷᠣᠨ ᠨᠤᠲᠤᠭ᠎ᠤᠨ ᠴᠢᠨᠠᠷᠲᠠᠶ ᠬᠠᠤᠯᠢ ᠲᠣᠭᠲᠠᠭ᠋ᠠᠯ᠎ᠳᠤ ᠤᠰᠤᠨ᠎ᠤ ᠵᠠᠰᠠᠭ ᠵᠠᠬᠢᠷᠭ᠋ᠠᠨ᠎ᠤ ᠰᠢᠢ᠍ᠳᠭᠡᠯ ᠲᠣᠷᠭ᠋ᠠᠭᠤᠯᠢ ᠵᠢᠨ ᠵᠦᠢ᠍ᠯᠡᠰ᠎ᠲᠤ ᠬᠤᠯᠪᠣᠭᠳᠠᠬᠤ ᠲᠣᠭᠲᠠᠭ᠋ᠠᠯ᠎ᠳᠤ ᠴᠢᠭᠯᠡᠭᠦᠯᠦᠨ᠎ᠡ᠃  ᠡᠶ᠋ᠢᠮᠦ᠎ᠠᠴᠠ᠂  ᠮᠠᠨ᠎ᠤ ᠲᠣᠪᠴᠢᠶ᠎ᠠ ᠡᠩ ᠲᠡᠷᠢᠭᠦᠨ᠎ᠳᠤ ᠣᠷᠳᠣᠰ ᠬᠤᠲᠠ ᠵᠢᠨ ᠣᠲᠣ ᠵᠢᠨ ᠬᠡᠷᠡᠭᠵᠢᠭᠦᠯᠵᠦ ᠪᠠᠶ᠋ᠢᠭ᠎ᠠ ᠣᠷᠣᠨ ᠨᠤᠲᠤᠭ᠎ᠤᠨ ᠴᠢᠨᠠᠷᠲᠠᠶ ᠬᠠᠤᠯᠢ ᠲᠣᠭᠲᠠᠭ᠋ᠠᠯ᠎ᠢ ᠬᠠᠤᠯᠢ᠎ᠪᠠᠷ ᠲᠣᠭᠲᠠᠭ᠋ᠠᠭᠰᠠᠨ ᠬᠠᠤᠯᠢ ᠬᠡᠷᠡᠭᠵᠢᠭᠦᠯᠬᠦ ᠭᠤᠤᠯ ᠴᠣᠭᠴᠠ ᠵᠢᠨ ᠬᠠᠤᠯᠢ ᠴᠠᠭ᠋ᠠᠵᠠ ᠵᠢᠨ ᠦᠨᠳᠦᠰᠦᠯᠡᠯ᠂  ᠵᠠᠰᠠᠭ ᠵᠠᠬᠢᠷᠭ᠋ᠠᠨ᠎ᠤ ᠬᠠᠤᠯᠢ ᠬᠡᠷᠡᠭᠵᠢᠭᠦᠯᠦᠯᠲᠡ ᠵᠢᠨ ᠰᠢᠢ᠍ᠳᠭᠡᠯ᠎ᠤᠨ ᠦᠨᠳᠦᠰᠦᠯᠡᠯ᠎ᠠᠴᠠ ᠨᠠᠷᠢᠨ ᠬᠢᠨᠠᠮᠠᠭ᠋ᠠᠶ ᠡᠮᠬᠢᠯᠡᠨ ᠰᠣᠩᠭᠤᠵᠤ᠂  ᠡᠴᠦᠰ᠎ᠲᠡᠭᠡᠨ 《ᠣᠷᠳᠣᠰ ᠬᠤᠲᠠ ᠵᠢᠨ ᠣᠷᠴᠢᠨ ᠲᠣᠭᠤᠷᠢᠨ᠎ᠤ ᠬᠠᠮᠠᠭ᠋ᠠᠯᠠᠯᠲᠠ ᠵᠢᠨ ᠲᠦᠷᠢᠮ》᠂ 《ᠣᠷᠳᠣᠰ ᠬᠤᠲᠠ ᠵᠢᠨ ᠬᠠᠲᠤᠨ ᠭᠤᠤᠯ᠎ᠤᠨ ᠵᠠᠮ᠎ᠤᠨ ᠬᠠᠮᠢᠶᠠᠷᠤᠯᠲᠠ ᠵᠢᠨ ᠲᠦᠷᠢᠮ》᠂ 《ᠣᠷᠳᠣᠰ ᠬᠤᠲᠠ ᠵᠢᠨ ᠪᠣᠬᠢᠷᠲᠤᠯ ᠥᠬᠡᠶ ᠠᠭᠤᠷᠬᠠᠶ ᠵᠢᠨ ᠪᠥᠲᠥᠭᠡᠨ ᠪᠠᠶ᠋ᠢᠭᠤᠯᠤᠯᠲᠠ ᠵᠢᠨ ᠬᠠᠮᠢᠶᠠᠷᠤᠯᠲᠠ ᠵᠢᠨ ᠲᠦᠷᠢᠮ》᠂ 《ᠣᠷᠳᠣᠰ ᠬᠤᠲᠠ ᠵᠢᠨ ᠤᠰᠤᠨ᠎ᠤ ᠡᠬᠢ ᠪᠠᠶᠠᠯᠢᠭ᠎ᠤᠨ ᠬᠠᠮᠢᠶᠠᠷᠤᠯᠲᠠ ᠵᠢᠨ ᠲᠦᠷᠢᠮ》 ᠵᠡᠷᠭᠡ ᠣᠷᠣᠨ ᠨᠤᠲᠤᠭ᠎ᠤᠨ ᠴᠢᠨᠠᠷᠲᠠᠶ ᠳᠥᠷᠪᠡᠨ ᠬᠠᠤᠯᠢ ᠲᠣᠭᠲᠠᠭ᠋ᠠᠯ᠎ᠢ ᠲᠣᠭᠲᠠᠭ᠋ᠠᠪᠠ᠃  ᠡᠭᠦᠨ᠎ᠳᠤ ᠤᠰᠤᠨ᠎ᠤ ᠵᠠᠰᠠᠭ ᠵᠠᠬᠢᠷᠭ᠋ᠠᠨ᠎ᠤ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ᠎ᠠᠴᠠ ᠵᠠᠰᠠᠭ ᠵᠠᠬᠢᠷᠭ᠋ᠠᠨ᠎ᠤ ᠰᠢᠢ᠍ᠳᠭᠡᠯ ᠥᠭᠬᠦ ᠡᠭᠦᠷᠭᠡ ᠬᠠᠷᠢᠭᠤᠴᠠᠯᠭ᠎ᠠ᠎ᠪᠠᠨ ᠭᠦᠢ᠍ᠴᠡᠳᠬᠡᠬᠦ᠎ᠳᠤ ᠬᠤᠯᠪᠣᠭᠳᠠᠬᠤ ᠲᠣᠭᠲᠠᠭ᠋ᠠᠯ ᠨᠡᠶ᠋ᠢᠲᠡ 8 ᠵᠦᠢ᠍ᠯ᠎ᠲᠠᠢ᠂  ᠡᠭᠦᠨ᠎ᠳᠤ ᠳᠣᠣᠷᠠᠬᠢ ᠵᠦᠢ᠍ᠯᠡᠰ ᠪᠠᠭᠲᠠᠨ᠎ᠠ᠄

  1. ᠠᠵᠤ ᠦᠢ᠍ᠯᠡᠳᠪᠦᠷᠢ ᠵᠢᠨ ᠠᠵᠤ ᠠᠬᠤᠢ᠌ᠯᠠᠯ ᠭᠠᠵᠠᠷ ᠳᠣᠣᠷᠠᠬᠢ ᠤᠰᠤ ᠵᠢ ᠳᠤᠷ᠎ᠠ᠎ᠪᠠᠷ ᠵᠶ᠋ᠠᠨ ᠲᠠᠲᠠᠵᠤ ᠠᠪᠴᠤ ᠦᠢ᠍ᠯᠡᠳᠪᠦᠷᠢᠯᠡᠯ᠎ᠳᠤ ᠬᠡᠷᠡᠭᠯᠡᠬᠦ ᠤᠰᠤ ᠪᠣᠯᠭ᠋ᠠᠬᠤ;

  2. ᠬᠠᠤᠯᠢ ᠶᠣᠰᠣᠭ᠋ᠠᠷ ᠪᠠᠶ᠋ᠢᠭᠤᠯᠤᠭᠰᠠᠨ ᠬᠢᠯᠢ ᠵᠢᠨ ᠪᠠᠭ᠋ᠠᠨ᠎ᠠ ᠵᠢ ᠳᠤᠷ᠎ᠠ᠎ᠪᠠᠷ ᠵᠶ᠋ᠠᠨ ᠰᠢᠯᠵᠢᠭᠦᠯᠵᠦ᠂  ᠡᠪᠳᠡᠨ ᠰᠦᠢ᠍ᠳᠭᠡᠬᠦ;

  3. ᠬᠠᠰᠢᠯᠭ᠎ᠠ ᠵᠢᠨ ᠠᠮᠤᠷ ᠲᠦᠪᠰᠢᠨ᠎ᠤ ᠬᠠᠮᠠᠭ᠋ᠠᠯᠠᠯᠲᠠ ᠵᠢᠨ ᠣᠷᠣᠨ᠎ᠳᠤ ᠬᠤᠳᠳᠤᠭ ᠮᠠᠯᠲᠠᠬᠤ᠂  ᠥᠷᠥᠮᠳᠡᠬᠦ᠂  ᠳᠡᠯᠪᠡᠴᠡᠬᠦ᠂  ᠵᠢᠭ᠋ᠠᠰᠤᠨ ᠴᠥᠭᠦᠷᠦᠮ ᠪᠠᠷᠢᠬᠤ᠂  ᠴᠢᠯᠠᠭᠤ ᠭᠠᠷᠭ᠋ᠠᠬᠤ᠂  ᠰᠢᠷᠣᠶ ᠠᠪᠬᠤ ᠵᠡᠷᠭᠡ ᠠᠮᠤᠷ ᠲᠦᠪᠰᠢᠨ᠎ᠢ ᠬᠥᠨᠥᠭᠡᠬᠦ ᠠᠵᠢᠯᠯᠠᠭ᠎ᠠ ᠬᠢᠬᠦ;

  4. ᠭᠤᠤᠯ᠎ᠤᠨ ᠵᠠᠮ᠎ᠤᠨ ᠡᠯᠡᠰᠦ ᠮᠠᠯᠲᠠᠬᠤ ᠵᠥᠪᠰᠢᠶᠡᠷᠡᠯ᠎ᠤᠨ ᠦᠨᠡᠮᠯᠡᠯ᠎ᠳᠤ ᠲᠣᠭᠲᠠᠭ᠋ᠠᠭᠰᠠᠨ ᠨᠡᠭᠡᠭᠡᠨ ᠮᠠᠯᠲᠠᠬᠤ ᠭᠠᠵᠠᠷ᠂  ᠬᠤᠭᠤᠴᠠᠭ᠎ᠠ᠂  ᠬᠦᠷᠢᠶ᠎ᠡ ᠬᠡᠪᠴᠢᠶ᠎ᠡ᠂  ᠭᠦᠨᠴᠡ᠂  ᠠᠵᠢᠯᠯᠠᠬᠤ ᠠᠷᠭ᠎ᠠ ᠮᠠᠶᠢᠭ ᠵᠶ᠋ᠠᠷ ᠡᠯᠡᠰᠦ ᠮᠠᠯᠲᠠᠬᠤ ᠠᠵᠢᠯ᠎ᠢ ᠬᠢᠬᠦ;

  5. ᠡᠯᠡᠰᠦ᠎ᠪᠠᠨ ᠴᠠᠭ ᠲᠤᠬᠠᠢ᠎ᠳᠤ᠎ᠨᠢ ᠪᠦᠭᠯᠡᠭᠰᠡᠨ ᠦᠭᠡᠢ;

  6. ᠮᠠᠯᠲᠠᠬᠤ ᠵᠢ ᠴᠠᠭ᠋ᠠᠵᠠᠯᠠᠬᠤ ᠣᠷᠣᠨ᠂  ᠮᠠᠯᠲᠠᠬᠤ ᠵᠢ ᠴᠠᠭ᠋ᠠᠵᠠᠯᠠᠬᠤ ᠬᠤᠭᠤᠴᠠᠭ᠋ᠠᠨ᠎ᠳᠤ ᠡᠯᠡᠰᠦ ᠮᠠᠯᠲᠠᠬᠤ ᠠᠵᠢᠯᠯᠠᠭ᠎ᠠ ᠶᠠᠪᠤᠭᠤᠯᠬᠤ;

  7. ᠠᠭᠤᠷᠬᠠᠶ ᠮᠠᠯᠲᠠᠬᠤ ᠡᠷᠬᠡᠲᠦ ᠬᠥᠮᠦᠨ ᠰᠢᠷᠣᠶ ᠪᠠᠷᠢᠬᠤ ᠶᠠᠪᠤᠴᠠ᠎ᠳᠤ ᠤᠰᠤ ᠰᠢᠷᠣᠶ ᠵᠢ ᠬᠠᠮᠠᠭ᠋ᠠᠯᠠᠬᠤ ᠲᠦᠷ ᠴᠠᠭ᠎ᠤᠨ ᠬᠠᠮᠠᠭ᠋ᠠᠯᠠᠯᠲᠠ ᠵᠢᠨ ᠠᠷᠭ᠎ᠠ ᠬᠡᠮᠵᠢᠶ᠎ᠡ ᠠᠪᠤᠭᠰᠠᠨ ᠦᠭᠡᠶ;

  8. ᠤᠰᠤ ᠲᠠᠲᠠᠵᠤ ᠬᠡᠷᠡᠭᠯᠡᠬᠦ ᠡᠷᠦᠬᠡ ᠲᠥᠯᠥᠪᠯᠡᠭᠡ ᠵᠢᠨ ᠤᠰᠤ ᠬᠡᠷᠡᠭᠯᠡᠬᠦ ᠬᠠᠮᠢᠶᠠᠷᠤᠯᠲᠠ ᠵᠢᠨ ᠶᠣᠰᠣᠭ᠋ᠠᠷ ᠤᠰᠤ ᠲᠠᠲᠠᠵᠤ ᠬᠡᠷᠡᠭᠯᠡᠭᠰᠡᠨ ᠦᠭᠡᠶ᠃

   ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠤᠰᠤᠨ᠎ᠤ ᠵᠠᠰᠠᠭ ᠵᠠᠬᠢᠷᠭ᠋ᠠᠨ᠎ᠤ ᠰᠢᠢ᠍ᠳᠬᠡᠯ᠎ᠤᠨ ᠴᠢᠯᠥᠭᠡᠲᠦ ᠲᠠᠰᠤᠯᠤᠯᠲᠠ ᠵᠢᠨ ᠰᠠᠭᠤᠷᠢ ᠪᠠᠷᠢᠮᠵᠢᠶ᠎ᠠ ᠵᠢ ᠲᠣᠭᠲᠠᠭ᠋ᠠᠬᠤ ᠰᠡᠳᠬᠢᠴᠡ ᠪᠠ ᠠᠷᠭ᠎ᠠ ᠮᠠᠶᠢᠭ ᠵᠶ᠋ᠠᠷ ᠲᠣᠯᠢ ᠪᠣᠯᠭ᠋ᠠᠵᠤ᠂  ᠲᠠᠰᠤᠯᠤᠯᠲᠠ ᠵᠢᠨ ᠰᠠᠭᠤᠷᠢ᠎ᠨᠢ ᠳᠡᠭᠡᠷ᠎ᠡ ᠳᠤᠷᠠᠳᠤᠭᠰᠠᠨ ᠬᠠᠤᠯᠢ᠎ᠠᠴᠠ ᠵᠥᠷᠢᠴᠡᠭᠰᠡᠨ ᠦᠢ᠍ᠯᠡ ᠠᠵᠢᠯᠯᠠᠭ᠎ᠠ ᠵᠢ ᠳᠥᠷᠪᠡᠨ ᠲᠠᠰᠤᠯᠤᠯᠲᠠ ᠵᠢᠨ ᠱᠠᠲᠤᠯᠢᠭ ᠬᠤᠪᠢᠶᠠᠵᠤ᠂  ᠲᠣᠰ ᠲᠣᠰ ᠬᠥᠩᠭᠡᠨ᠂  ᠡᠩ᠎ᠤᠨ᠂  ᠨᠡᠯᠢᠶᠡᠳ ᠬᠦᠨᠳᠦ᠂  ᠬᠦᠨᠳᠦ ᠨᠣᠴᠢᠲᠠᠶ ᠪᠣᠯᠤᠭᠰᠠᠨ ᠪᠥᠭᠡᠳ ᠳᠥᠷᠪᠡᠨ ᠬᠡᠮᠵᠢᠶᠡᠨ᠎ᠤ ᠰᠢᠢ᠍ᠳᠬᠡᠯ᠎ᠤᠨ ᠪᠣᠳᠠᠲᠠᠶ ᠲᠠᠰᠤᠯᠤᠯᠲᠠ ᠵᠢᠨ ᠪᠠᠷᠢᠮᠵᠢᠶ᠎ᠠ ᠵᠢ ᠲᠣᠭᠲᠠᠭ᠋ᠠᠪᠠ᠃

  (ᠬᠤᠶᠠᠷ) ᠲᠤᠭᠳᠠᠭ᠋ᠠᠬᠤ ᠶᠠᠪᠤᠴᠠ

  1. ᠰᠠᠨᠠᠯ ᠬᠤᠷᠢᠶᠠᠭᠰᠠᠨ ᠪᠠᠶ᠋ᠢᠳᠠᠯ

  《ᠵᠠᠰᠠᠭ ᠵᠠᠬᠢᠷᠭ᠋ᠠᠨ᠎ᠤ ᠲᠠᠰᠤᠯᠤᠯᠲᠠ ᠵᠢᠨ ᠡᠷᠬᠡ ᠵᠢᠨ ᠰᠠᠭᠤᠷᠢ ᠪᠠᠷᠢᠮᠵᠢᠶ᠎ᠠ ᠵᠢ ᠲᠣᠭᠲᠠᠭ᠋ᠠᠬᠤ ᠪᠠ ᠬᠠᠮᠢᠶᠠᠷᠬᠤ ᠠᠵᠢᠯ᠎ᠢ ᠰᠠᠶ᠋ᠢᠲᠤᠷ ᠬᠢᠬᠦ ᠲᠤᠬᠠᠶ ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠬᠠᠤᠯᠢ ᠴᠠᠭ᠋ᠠᠵᠠ ᠵᠢᠨ ᠲᠢᠩᠬᠢᠮ᠎ᠤᠨ ᠮᠡᠳᠡᠭᠳᠡᠯ》 ᠪᠠ 《ᠣᠷᠳᠣᠰ ᠬᠤᠲᠠ ᠵᠢᠨ ᠬᠠᠤᠯᠢ ᠴᠠᠭ᠋ᠠᠵᠠ ᠵᠢᠨ ᠲᠣᠪᠴᠢᠶ᠎ᠠ ᠵᠢᠨ ᠵᠠᠰᠠᠭ ᠵᠠᠬᠢᠷᠭ᠋ᠠᠨ᠎ᠤ ᠲᠠᠰᠤᠯᠤᠯᠲᠠ ᠵᠢᠨ ᠡᠷᠬᠡ ᠵᠢᠨ ᠰᠠᠭᠤᠷᠢ ᠪᠠᠷᠢᠮᠵᠢᠶ᠎ᠠ ᠵᠢ ᠲᠣᠭᠲᠠᠭ᠋ᠠᠬᠤ ᠪᠠ ᠬᠠᠮᠢᠶᠠᠷᠬᠤ ᠠᠵᠢᠯ᠎ᠢ ᠤᠯᠠᠮ ᠨᠢᠭᠡ ᠠᠯᠬᠤᠮ ᠰᠠᠶ᠋ᠢᠲᠤᠷ ᠬᠢᠬᠦ ᠲᠤᠬᠠᠶ ᠮᠡᠳᠡᠭᠳᠡᠯ》 (ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠤᠰᠤᠨ ᠠᠰᠢᠭᠯᠠᠯᠲᠠ ᠵᠢᠨ ᠲᠢᠩᠬᠢᠮ᠎ᠤᠨ ᠮᠡᠳᠡᠭᠳᠡᠯ (ᠲᠤᠷᠰᠢᠨ ᠬᠡᠷᠡᠭᠵᠢᠭᠦᠯᠬᠦ) ᠪᠠ 〈ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠤᠰᠤᠨ᠎ᠤ ᠵᠠᠰᠠᠭ ᠵᠠᠬᠢᠷᠭ᠋ᠠᠨ᠎ᠤ ᠰᠢᠢ᠍ᠳᠬᠡᠯ᠎ᠤᠨ ᠲᠠᠰᠤᠯᠤᠯᠲᠠ ᠵᠢᠨ ᠡᠷᠬᠡ ᠵᠢᠨ ᠰᠠᠭᠤᠷᠢ ᠪᠠᠷᠢᠮᠵᠢᠶ᠎ᠠ (ᠲᠤᠷᠰᠢᠨ ᠬᠡᠷᠡᠭᠵᠢᠭᠦᠯᠬᠦ) ᠵᠢ ᠳᠠᠷᠤᠮᠠᠯᠯᠠᠨ ᠲᠠᠷᠬᠠᠭ᠋ᠠᠬᠤ〉 ᠲᠤᠬᠠᠶ ᠮᠡᠳᠡᠭᠳᠡᠯ》 (ᠥᠪᠥᠷ ᠤᠰᠤ ᠵᠠᠰᠠᠭ [2023] 53 ᠳ᠋ᠤᠭ᠋ᠠᠷ ᠲᠣᠭ᠋ᠠᠲᠤ) ᠪᠠ ᠮᠠᠨ᠎ᠤ ᠬᠤᠲᠠ ᠵᠢᠨ ᠤᠰᠤᠨ᠎ᠤ ᠵᠠᠰᠠᠭ ᠵᠠᠬᠢᠷᠭ᠋ᠠᠨ᠎ᠤ ᠬᠠᠤᠯᠢ ᠬᠡᠷᠡᠭᠵᠢᠭᠦᠯᠬᠦ ᠠᠵᠢᠯ᠎ᠤᠨ ᠪᠣᠳᠠᠲᠤ ᠪᠠᠶ᠋ᠢᠳᠠᠯ᠎ᠲᠠᠢ ᠤᠶᠠᠯᠳᠤᠭᠤᠯᠤᠨ᠂  ᠤᠰᠤᠨ᠎ᠤ ᠶᠠᠪᠤᠳᠠᠯ᠎ᠤᠨ ᠰᠠᠯᠠᠭ᠎ᠠ᠎ᠠᠴᠠ ᠲᠦᠷᠦᠭᠦᠯᠡᠨ 《ᠣᠷᠳᠣᠰ ᠬᠤᠲᠠ ᠵᠢᠨ ᠤᠰᠤᠨ᠎ᠤ ᠵᠠᠰᠠᠭ ᠵᠠᠬᠢᠷᠭ᠋ᠠᠨ᠎ᠤ ᠰᠢᠢ᠍ᠳᠬᠡᠯ᠎ᠤᠨ ᠴᠢᠯᠥᠭᠡᠲᠦ ᠲᠠᠰᠤᠯᠤᠯᠲᠠ ᠵᠢᠨ ᠡᠷᠬᠡ ᠵᠢᠨ ᠰᠠᠭᠤᠷᠢ ᠪᠠᠷᠢᠮᠵᠢᠶ᠎ᠠ (ᠰᠠᠨᠠᠯ ᠬᠤᠷᠢᠶᠠᠬᠤ ᠨᠣᠤᠷᠠᠭ)》᠎ᠢ ᠲᠤᠭᠤᠷᠪᠢᠵᠤ᠂ 2023 ᠣᠨ᠎ᠤ 11 ᠳ᠋ᠦ᠍ᠭᠡᠷ ᠰᠠᠷ᠎ᠠ ᠵᠢᠨ 22᠎ᠤᠨ ᠡᠳᠦᠷ ᠮᠡᠳᠡᠭᠳᠡᠯ ᠳᠠᠷᠤᠮᠠᠯᠯᠠᠨ ᠲᠠᠷᠬᠠᠭ᠋ᠠᠵᠤ ᠤᠰᠤᠨ᠎ᠤ ᠡᠬᠢ ᠪᠠᠶᠠᠯᠢᠭ᠎ᠤᠨ ᠰᠠᠯᠠᠭ᠎ᠠ᠂  ᠤᠰᠤ ᠰᠢᠷᠣᠶ ᠵᠢᠨ ᠬᠠᠮᠠᠭ᠋ᠠᠯᠠᠯᠲᠠ ᠵᠢᠨ ᠰᠠᠯᠠᠭ᠎ᠠ᠂  ᠭᠤᠤᠯ ᠨᠠᠭᠤᠷ᠎ᠤᠨ ᠰᠠᠯᠠᠭ᠎ᠠ᠂  ᠬᠠᠤᠯᠢ ᠬᠡᠷᠡᠭᠵᠢᠭᠦᠯᠬᠦ ᠰᠠᠯᠪᠤᠷᠢ ᠠᠩᠭᠢ ᠵᠢᠴᠢ ᠡᠯ᠎ᠡ ᠬᠤᠰᠢᠭᠤ ᠲᠣᠭᠤᠷᠢᠭ᠎ᠤᠨ ᠤᠰᠤᠨ ᠠᠰᠢᠭᠯᠠᠯᠲᠠ ᠵᠢᠨ ᠲᠣᠪᠴᠢᠶ᠎ᠠ᠎ᠠᠴᠠ ᠰᠠᠨᠠᠯ ᠬᠤᠷᠢᠶᠠᠬᠤ ᠵᠢᠨ ᠬᠠᠮᠲᠤ᠂  ᠬᠤᠲᠠ ᠵᠢᠨ ᠤᠰᠤᠨ ᠠᠰᠢᠭᠯᠠᠯᠲᠠ ᠵᠢᠨ ᠲᠣᠪᠴᠢᠶ᠎ᠠ ᠵᠢᠨ ᠫᠣᠷᠲ᠋ᠧᠯ ᠰᠦᠯᠵᠢᠶ᠎ᠡ᠎ᠳᠤ ᠨᠡᠶ᠋ᠢᠭᠡᠮ ᠨᠡᠶ᠋ᠢᠲᠡ᠎ᠠᠴᠠ ᠢᠯᠡ᠎ᠪᠠᠷ ᠰᠠᠨᠠᠯ ᠬᠤᠷᠢᠶᠠᠵᠤ᠂  ᠰᠠᠨᠠᠯ ᠵᠶ᠋ᠠᠨ ᠬᠠᠷᠢᠭᠤ ᠲᠤᠰᠬᠠᠭᠰᠠᠨ᠎ᠤ ᠳᠠᠷᠠᠭ᠎ᠠ ᠬᠢᠨᠠᠭᠤᠯᠬᠤ ᠨᠣᠤᠷᠠᠭ ᠪᠣᠯᠭ᠋ᠠᠪᠠ᠃

  2. ᠬᠠᠤᠯᠢ ᠳᠦᠷᠢᠮ᠎ᠤᠨ ᠪᠠᠶ᠋ᠢᠭᠤᠯᠤᠮᠵᠢ ᠵᠢᠨ ᠬᠢᠨᠠᠨ ᠬᠠᠷᠭᠤᠭᠤᠯᠤᠭᠰᠠᠨ ᠰᠠᠨᠠᠯ

  2024 ᠣᠨ᠎ᠤ 2 ᠳ᠋ᠤᠭ᠋ᠠᠷ ᠰᠠᠷ᠎ᠠ ᠵᠢᠨ 28᠎ᠤ ᠡᠳᠦᠷ᠂  ᠬᠤᠲᠠ ᠵᠢᠨ ᠤᠰᠤᠨ ᠠᠰᠢᠭᠯᠠᠯᠲᠠ ᠵᠢᠨ ᠲᠣᠪᠴᠢᠶ᠎ᠠ ᠵᠢᠨ ᠤᠰᠤᠨ᠎ᠤ ᠶᠠᠪᠤᠳᠠᠯ᠎ᠤᠨ ᠰᠠᠯᠠᠭ᠎ᠠ 《ᠣᠷᠳᠣᠰ ᠬᠤᠲᠠ ᠵᠢᠨ ᠤᠰᠤᠨ᠎ᠤ ᠵᠠᠰᠠᠭ ᠵᠠᠬᠢᠷᠭ᠋ᠠᠨ᠎ᠤ ᠰᠢᠢ᠍ᠳᠭᠡᠯ᠎ᠤᠨ ᠴᠢᠯᠥᠭᠡᠲᠦ ᠲᠠᠰᠤᠯᠤᠯᠲᠠ ᠵᠢᠨ ᠡᠷᠬᠡ ᠵᠢᠨ ᠰᠠᠭᠤᠷᠢ ᠪᠠᠷᠢᠮᠵᠢᠶ᠎ᠠ (ᠲᠤᠷᠰᠢᠨ ᠬᠡᠷᠡᠭᠵᠢᠭᠦᠯᠬᠦ)》᠎ᠳᠤ ᠬᠠᠤᠯᠢ ᠶᠣᠰᠣᠴᠢ ᠴᠢᠨᠠᠷ᠎ᠤᠨ ᠬᠢᠨᠠᠨ ᠪᠠᠶ᠋ᠢᠴᠠᠭ᠋ᠠᠯᠲᠠ ᠬᠢᠵᠦ᠂  ᠲᠣᠰ ᠨᠠᠷᠢᠨ ᠬᠠᠭᠤᠳᠠᠰᠤ ᠵᠢ ᠲᠣᠭᠲᠠᠭ᠋ᠠᠬᠤ ᠭᠤᠤᠯ ᠴᠣᠭᠴᠠ᠎ᠨᠢ ᠲᠣᠬᠢᠷᠠᠮᠵᠢᠲᠠᠶ ᠪᠥᠭᠡᠳ ᠬᠢᠨᠠᠨ ᠪᠠᠶ᠋ᠢᠴᠠᠭ᠋ᠠᠵᠤ᠂  ᠲᠣᠭᠲᠠᠭ᠋ᠠᠬᠤ ᠲᠠᠰ ᠳᠠᠷᠠᠭ᠋ᠠᠯᠠᠯ᠎ᠨᠢ ᠲᠣᠭᠲᠠᠭ᠋ᠠᠯ᠎ᠳᠤ ᠨᠡᠶ᠋ᠢᠴᠡᠵᠦ᠂  ᠬᠤᠲᠠ ᠵᠢᠨ ᠤᠰᠤᠨ ᠠᠰᠢᠭᠯᠠᠯᠲᠠ ᠵᠢᠨ ᠲᠣᠪᠴᠢᠶ᠎ᠠ ᠵᠢᠨ ᠰᠢᠢ᠍ᠳᠪᠦᠷᠢᠲᠦ ᠪᠣᠳᠣᠯᠭ᠎ᠠ ᠵᠢᠨ ᠬᠡᠪᠴᠢᠶᠡᠨ᠎ᠳᠤ ᠬᠠᠷᠢᠶᠠᠯᠠᠭᠳᠠᠵᠤ᠂  ᠠᠭᠤᠯᠭ᠎ᠠ᠎ᠨᠢ ᠣᠲᠣ ᠵᠢᠨ ᠬᠡᠷᠡᠭᠵᠢᠭᠦᠯᠵᠦ ᠪᠠᠶ᠋ᠢᠭ᠎ᠠ ᠬᠠᠤᠯᠢ ᠴᠠᠭ᠋ᠠᠵᠠ᠂  ᠬᠠᠤᠯᠢ ᠲᠣᠭᠲᠠᠭ᠋ᠠᠯ᠂  ᠲᠦᠷᠢᠮ ᠲᠣᠭᠲᠠᠭ᠋ᠠᠯ ᠵᠢᠴᠢ ᠳᠡᠭᠡᠳᠦ ᠱᠠᠲᠤᠨ᠎ᠤ ᠵᠢᠷᠤᠮᠵᠢᠯ᠎ᠤᠨ ᠴᠢᠨᠠᠷᠲᠠᠶ ᠪᠢᠴᠢᠭ ᠮᠠᠲ᠋ᠧᠷᠢᠶᠠᠯ ᠪᠠ ᠲᠥᠷᠥ ᠵᠢᠨ ᠪᠣᠳᠣᠯᠭ᠎ᠠ ᠵᠢᠨ ᠲᠣᠭᠲᠠᠭ᠋ᠠᠯ᠎ᠲᠠᠢ ᠬᠠᠷᠰᠢᠯᠳᠤᠬᠤ ᠥᠬᠡᠶ ᠪᠠᠶ᠋ᠢᠵᠤ᠂  ᠬᠤᠲᠠ ᠵᠢᠨ ᠤᠰᠤᠨ ᠠᠰᠢᠭᠯᠠᠯᠲᠠ ᠵᠢᠨ ᠲᠣᠪᠴᠢᠶ᠎ᠠ ᠵᠢᠨ ᠨᠠᠮ᠎ᠤᠨ ᠤᠳᠤᠷᠢᠳᠬᠤ ᠳᠤᠭᠤᠶ᠋ᠢᠯᠠᠩ᠎ᠤᠨ ᠬᠤᠷᠠᠯ᠎ᠳᠤ ᠳᠡᠪᠰᠢᠭᠦᠯᠵᠦ ᠬᠢᠨᠠᠨ ᠵᠥᠪᠯᠡᠭᠦᠯᠵᠦ ᠪᠣᠯᠤᠨ᠎ᠠ᠃

  3. ᠬᠤᠷᠠᠯᠳᠤᠭ᠋ᠠᠨ ᠬᠠᠮᠲᠤ᠎ᠪᠠᠷ ᠶᠠᠷᠢᠯᠴᠠᠨ ᠲᠣᠭᠲᠠᠭ᠋ᠠᠭᠰᠠᠨ ᠪᠠᠶ᠋ᠢᠳᠠᠯ

  2024 ᠣᠨ᠎ᠤ 3 ᠳ᠋ᠤᠭ᠋ᠠᠷ ᠰᠠᠷ᠎ᠠ ᠵᠢᠨ 14᠎ᠤ ᠡᠳᠦᠷ᠂  ᠬᠤᠲᠠ ᠵᠢᠨ ᠤᠰᠤᠨ ᠠᠰᠢᠭᠯᠠᠯᠲᠠ ᠵᠢᠨ ᠲᠣᠪᠴᠢᠶ᠎ᠠ ᠵᠢᠨ ᠨᠠᠮ᠎ᠤᠨ ᠤᠳᠤᠷᠢᠳᠬᠤ ᠳᠤᠭᠤᠶ᠋ᠢᠯᠠᠩ 2024 ᠣᠨ᠎ᠤ 5 ᠳ᠋ᠤᠭ᠋ᠠᠷ ᠤᠳᠠᠭ᠋ᠠᠨ᠎ᠤ ᠬᠤᠷᠠᠯ᠎ᠠᠴᠠ ᠲᠣᠰ ᠵᠢᠷᠤᠮᠵᠢᠯ᠎ᠤᠨ ᠴᠢᠨᠠᠷᠲᠠᠶ ᠪᠢᠴᠢᠭ ᠮᠠᠲ᠋ᠧᠷᠢᠶᠠᠯ᠎ᠤᠨ ᠬᠤᠯᠪᠣᠭᠳᠠᠯ ᠪᠥᠬᠦᠶ ᠤᠴᠢᠷ ᠶᠠᠪᠤᠳᠠᠯ᠎ᠢ ᠰᠤᠳᠤᠯᠵᠤ᠂  ᠡᠯ᠎ᠡ ᠱᠠᠲᠤᠨ᠎ᠤ ᠤᠰᠤᠨ᠎ᠳᠤ ᠬᠤᠯᠪᠣᠭᠳᠠᠬᠤ ᠬᠠᠤᠯᠢ ᠴᠠᠭ᠋ᠠᠵᠠ ᠬᠠᠤᠯᠢ ᠲᠣᠭᠲᠠᠭ᠋ᠠᠯ᠎ᠤᠨ ᠲᠣᠭᠲᠠᠭ᠋ᠠᠯ᠎ᠢ ᠴᠢᠩᠭ᠎ᠠ ᠵᠢᠷᠤᠮᠯᠠᠨ᠂  ᠲᠠᠰ ᠳᠠᠷᠠᠭ᠋ᠠᠯᠠᠯ᠎ᠤᠨ ᠶᠣᠰᠣᠭ᠋ᠠᠷ 《ᠣᠷᠳᠣᠰ ᠬᠤᠲᠠ ᠵᠢᠨ ᠤᠰᠤᠨ᠎ᠤ ᠵᠠᠰᠠᠭ ᠵᠠᠬᠢᠷᠭ᠋ᠠᠨ᠎ᠤ ᠰᠢᠢ᠍ᠳᠭᠡᠯ᠎ᠤᠨ ᠴᠢᠯᠥᠭᠡᠲᠦ ᠲᠠᠰᠤᠯᠤᠯᠲᠠ ᠵᠢᠨ ᠡᠷᠬᠡ ᠵᠢᠨ ᠰᠠᠭᠤᠷᠢ ᠪᠠᠷᠢᠮᠵᠢᠶ᠎ᠠ (ᠲᠤᠷᠰᠢᠨ ᠬᠡᠷᠡᠭᠵᠢᠭᠦᠯᠬᠦ)》 ᠵᠢ ᠳᠠᠷᠤᠮᠠᠯᠯᠠᠨ ᠲᠠᠷᠬᠠᠭ᠋ᠠᠵᠤ ᠬᠡᠷᠡᠭᠵᠢᠭᠦᠯᠬᠦ ᠵᠢ ᠵᠠᠷᠴᠢᠮ ᠳᠡᠭᠡᠷ᠎ᠡ᠎ᠪᠠᠨ ᠵᠥᠪᠰᠢᠶᠡᠷᠡᠨ᠎ᠡ᠃

   ᠭᠤᠷᠪᠠ᠂  ᠲᠠᠰᠤᠯᠤᠯᠲᠠ ᠵᠢᠨ ᠰᠠᠭᠤᠷᠢ ᠪᠠᠷᠢᠮᠵᠢᠶ᠎ᠠ ᠵᠢᠨ ᠭᠤᠤᠯ ᠠᠭᠤᠯᠭ᠎ᠠ ᠵᠢᠴᠢ ᠭᠢᠯᠠᠰ ᠴᠡᠭ

   ᠲᠤᠰ ᠤᠰᠤᠨ᠎ᠤ ᠵᠠᠰᠠᠭ ᠵᠠᠬᠢᠷᠭ᠋ᠠᠨ᠎ᠤ ᠰᠢᠢ᠍ᠳᠬᠡᠯ᠎ᠤᠨ ᠴᠢᠯᠥᠭᠡᠲᠦ ᠲᠠᠰᠤᠯᠤᠯᠲᠠ ᠵᠢᠨ ᠰᠠᠭᠤᠷᠢ ᠪᠠᠷᠢᠮᠵᠢᠶ᠎ᠠ ᠵᠢ ᠥᠪᠡᠷᠲᠡᠭᠡᠨ ᠵᠠᠰᠠᠬᠤ ᠣᠷᠣᠨ᠎ᠤ ᠵᠠᠰᠠᠭ ᠵᠠᠬᠢᠷᠭ᠋ᠠᠨ᠎ᠤ ᠰᠢᠢ᠍ᠳᠬᠡᠯ᠎ᠤᠨ ᠴᠢᠯᠥᠭᠡᠲᠦ ᠲᠠᠰᠤᠯᠤᠯᠲᠠ ᠵᠢᠨ ᠠᠵᠢᠯ᠎ᠤᠨ ᠦᠷ᠎ᠡ ᠪᠦᠲᠦᠭᠡᠯ᠎ᠢ ᠵᠢᠷᠤᠮᠵᠢᠭᠤᠯᠤᠭᠰᠠᠨ ᠰᠠᠭᠤᠷᠢᠨ ᠳᠡᠭᠡᠷ᠎ᠡ᠂  ᠱᠠᠨᠳᠦ᠋ᠩ᠂  ᠹᠦᠵᠢᠶᠠᠨ᠂  ᠬᠤᠪᠸᠢ ᠵᠡᠷᠭᠡ ᠣᠯᠠᠨ ᠮᠤᠵᠢ ᠵᠢᠨ ᠤᠰᠤᠨ᠎ᠤ ᠵᠠᠰᠠᠭ ᠵᠠᠬᠢᠷᠭ᠋ᠠᠨ᠎ᠤ ᠲᠠᠰᠤᠯᠤᠯᠲᠠ ᠵᠢᠨ ᠡᠷᠬᠡ ᠵᠢᠨ ᠰᠠᠭᠤᠷᠢ ᠪᠠᠷᠢᠮᠵᠢᠶ᠎ᠠ ᠵᠢᠨ ᠲᠠᠯ᠎ᠠ᠎ᠪᠠᠷ᠎ᠬᠢ ᠲᠣᠭᠲᠠᠭ᠋ᠠᠯ ᠵᠶ᠋ᠠᠷ ᠤᠯᠠᠮ ᠨᠢᠭᠡ ᠠᠯᠬᠤᠮ ᠯᠠᠪᠯᠠᠯᠲᠠ ᠪᠣᠯᠭ᠋ᠠᠭᠰᠠᠨ ᠪᠥᠭᠡᠳ ᠮᠠᠨ᠎ᠤ ᠬᠤᠲᠠ ᠵᠢᠨ ᠤᠰᠤᠨ᠎ᠤ ᠵᠠᠰᠠᠭ ᠵᠠᠬᠢᠷᠭ᠋ᠠᠨ᠎ᠤ ᠬᠠᠤᠯᠢ ᠬᠡᠷᠡᠭᠵᠢᠭᠦᠯᠬᠦ ᠠᠵᠢᠯ᠎ᠤᠨ ᠪᠣᠳᠠᠲᠤ ᠪᠠᠶ᠋ᠢᠳᠠᠯ᠎ᠲᠠᠢ ᠤᠶᠠᠯᠳᠤᠭᠤᠯᠤᠨ ᠲᠣᠭᠲᠠᠭ᠋ᠠᠪᠠ᠃  ᠳᠤᠤᠷ᠎ᠠ ᠨᠠᠢ᠍ᠮᠠᠨ ᠵᠦᠢ᠍ᠯ᠎ᠤᠨ ᠬᠠᠤᠯᠢ᠎ᠠᠴᠠ ᠵᠥᠷᠢᠴᠡᠭᠰᠡᠨ ᠦᠢ᠍ᠯᠡ ᠠᠵᠢᠯᠯᠠᠭ᠎ᠠ᠎ᠳᠤ ᠴᠢᠭᠯᠡᠭᠦᠯᠦᠨ ᠰᠢᠢ᠍ᠳᠭᠡᠯ᠎ᠤᠨ ᠰᠠᠭᠤᠷᠢ ᠪᠠᠷᠢᠮᠵᠢᠶ᠎ᠠ ᠵᠢᠨ ᠭᠤᠤᠯ ᠠᠭᠤᠯᠭ᠎ᠠ ᠵᠢᠴᠢ ᠬᠢᠯᠠᠰ ᠴᠡᠭ᠎ᠨᠢ ᠳᠤᠤᠷᠠᠬᠢ ᠮᠡᠲᠦ ᠲᠤᠳᠣᠷᠬᠠᠶ᠋ᠢᠯᠠᠪᠠ᠃

  (ᠨᠢᠭᠡ) ᠠᠵᠤ ᠦᠢ᠍ᠯᠡᠳᠪᠦᠷᠢ ᠵᠢᠨ ᠠᠵᠤ ᠠᠬᠤᠶ᠋ᠢᠯᠠᠯ ᠭᠠᠵᠠᠷ ᠳᠣᠣᠷᠠᠬᠢ ᠤᠰᠤ ᠵᠢ ᠳᠤᠷ᠎ᠠ᠎ᠪᠠᠷ ᠵᠶ᠋ᠠᠨ ᠲᠠᠲᠠᠵᠤ ᠦᠢ᠍ᠯᠡᠳᠪᠦᠷᠢᠯᠡᠯ ᠵᠶ᠋ᠠᠷ ᠤᠰᠤ ᠪᠣᠯᠭ᠋ᠠᠵᠤ ᠪᠠᠶ᠋ᠢᠪᠠ

  《ᠤᠷᠳᠤᠰ ᠬᠤᠳᠠ ᠵᠢᠨ ᠤᠷᠴᠢᠨ ᠲᠤᠭᠤᠷᠢᠨ᠎ᠤ ᠬᠠᠮᠠᠭ᠋ᠠᠯᠠᠯᠳᠠ ᠵᠢᠨ ᠲᠦᠷᠢᠮ》᠎ᠤᠨ ᠲᠠᠪᠢᠨ ᠨᠠᠢ᠍ᠮᠠᠳᠤᠭ᠋ᠠᠷ ᠵᠦᠢ᠍ᠯ 《ᠪᠦᠭᠦᠳᠠ ᠨᠠᠶ᠋ᠢᠷᠠᠮᠳᠠᠬᠤ ᠲᠤᠮᠳᠠᠳᠤ ᠠᠷᠠᠳ ᠤᠯᠤᠰ᠎ᠤᠨ ᠬᠠᠳᠤᠨ ᠭᠤᠤᠯ᠎ᠤᠨ ᠬᠠᠮᠠᠭ᠋ᠠᠯᠠᠯᠳᠠ ᠵᠢᠨ ᠬᠠᠤᠯᠢ》 ᠵᠢᠨ ᠵᠠᠭᠤ ᠠᠷᠪᠠᠨ ᠭᠤᠷᠪᠠᠳᠤᠭ᠋ᠠᠷ ᠵᠦᠢ᠍ᠯ᠎ᠤᠨ ᠲᠤᠭᠳᠠᠭ᠋ᠠᠯ᠎ᠲᠠᠢ ᠨᠢᠭᠡᠳᠤᠯ ᠦᠭᠡᠢ ᠪᠠᠶ᠋ᠢᠵᠤ᠂  ᠲᠡᠭᠡᠳᠤ ᠪᠠᠶ᠋ᠢᠷᠢ ᠵᠢᠨ ᠬᠠᠤᠯᠢ ᠲᠤᠤᠷ᠎ᠠ ᠪᠠᠶ᠋ᠢᠷᠢ ᠵᠢᠨ ᠬᠠᠤᠯᠢ᠎ᠠᠴᠠ ᠰᠠᠶ᠋ᠢᠨ ᠭᠡᠷᠡᠭᠯᠡᠬᠦ ᠵᠠᠷᠴᠢᠮ ᠶᠤᠰᠤᠭ᠋ᠠᠷ᠂  ᠤᠷᠳᠤᠰ ᠬᠤᠳᠠ ᠵᠢᠨ ᠠᠵᠤ ᠦᠢ᠍ᠯᠡᠳᠪᠤᠷᠢ ᠵᠢᠨ ᠠᠵᠤ ᠠᠬᠤᠢ᠍ᠢ᠍ᠯᠠᠯ ᠲᠤᠷ᠎ᠠ᠎ᠪᠠᠷ ᠵᠶ᠋ᠠᠨ ᠭᠠᠵᠠᠷ ᠲᠤᠤᠷᠠᠬᠢ ᠤᠰᠤ ᠵᠢ ᠲᠠᠳᠠᠨ ᠦᠢ᠍ᠯᠡᠳᠪᠤᠷᠢᠯᠡᠯ᠎ᠳᠤ ᠭᠡᠷᠡᠭᠯᠡᠬᠦ ᠤᠰᠤ ᠪᠤᠯᠭ᠋ᠠᠪᠠᠯ᠂ 《ᠤᠷᠳᠤᠰ ᠬᠤᠳᠠ ᠵᠢᠨ ᠤᠷᠴᠢᠨ ᠲᠤᠭᠤᠷᠢᠨ᠎ᠤ ᠬᠠᠮᠠᠭ᠋ᠠᠯᠠᠯᠳᠠ ᠵᠢᠨ ᠲᠦᠷᠢᠮ》᠎ᠳᠤ ᠰᠢᠨ᠎ᠠ᠎ᠪᠠᠷ ᠵᠠᠰᠠᠪᠤᠷᠢ ᠤᠷᠤᠭᠤᠯᠬᠤ᠎ᠠᠴᠠ ᠡᠮᠤᠨ᠎ᠡ᠂ 《ᠪᠦᠭᠦᠳᠠ ᠨᠠᠶ᠋ᠢᠷᠠᠮᠳᠠᠬᠤ ᠲᠤᠮᠳᠠᠳᠤ ᠠᠷᠠᠳ ᠤᠯᠤᠰ᠎ᠤᠨ ᠬᠠᠳᠤᠨ ᠭᠤᠤᠯ᠎ᠤᠨ ᠬᠠᠮᠠᠭ᠋ᠠᠯᠠᠯᠳᠠ ᠵᠢᠨ ᠬᠠᠤᠯᠢ》 ᠵᠢᠨ ᠵᠠᠭᠤ ᠠᠷᠪᠠᠨ ᠭᠤᠷᠪᠠᠳᠤᠭ᠋ᠠᠷ ᠵᠦᠢ᠍ᠯ᠎ᠢ ᠦᠨᠳᠤᠰᠤᠯᠡᠨ ᠵᠠᠰᠠᠭ ᠵᠠᠬᠢᠷᠭ᠋ᠠᠨ᠎ᠤ ᠰᠢᠢ᠍ᠳᠭᠡᠯ ᠦᠭᠴᠤ᠂  ᠵᠠᠰᠠᠭ ᠵᠠᠬᠢᠷᠭ᠋ᠠᠨ᠎ᠤ ᠲᠠᠰᠤᠯᠤᠯᠳᠠ᠎ᠳᠤ ᠦᠪᠤᠷ ᠮᠤᠩᠭᠤᠯ᠎ᠤᠨ ᠦᠪᠡᠷᠳᠡᠭᠡᠨ ᠵᠠᠰᠠᠬᠤ ᠤᠷᠤᠨ᠎ᠤ ᠤᠰᠤᠨ᠎ᠤ ᠵᠠᠰᠠᠭ ᠵᠠᠬᠢᠷᠭ᠋ᠠᠨ᠎ᠤ ᠰᠢᠢ᠍ᠳᠭᠡᠯ ᠦᠭᠴᠤ ᠲᠠᠰᠤᠯᠤᠯᠳᠠ ᠵᠢᠨ ᠡᠷᠭᠡ ᠵᠢᠨ ᠰᠠᠭᠤᠷᠢ ᠪᠠᠷᠢᠮᠵᠢᠶ᠎ᠠ (ᠲᠤᠷᠰᠢᠨ ᠭᠡᠷᠡᠭᠯᠡᠬᠦ) ᠵᠢᠷᠭᠤᠳᠤᠭ᠋ᠠᠷ ᠵᠦᠢ᠍ᠯ᠎ᠢ ᠲᠤᠭᠢᠷᠠᠭᠤᠯᠤᠨ ᠭᠡᠷᠡᠭᠯᠡᠨ᠎ᠠ᠃  ᠡᠨᠡ ᠪᠣᠯ ᠲᠤᠰ ᠵᠦᠢ᠍ᠯ᠎ᠤᠨ ᠲᠠᠰᠤᠯᠤᠯᠲᠠ ᠵᠢᠨ ᠦᠨᠳᠦᠰᠦᠨ ᠪᠠᠷᠢᠮᠲᠠ᠎ᠳᠤ ᠲᠣᠭᠲᠠᠭ᠋ᠠᠭᠰᠠᠨ ᠭᠣᠣᠯ ᠠᠭᠤᠯᠭ᠎ᠠ ᠮᠥᠨ᠃

  (ᠬᠤᠶᠠᠷ) ᠬᠠᠤᠯᠢ ᠶᠣᠰᠣᠭ᠋ᠠᠷ ᠪᠠᠢ᠌ᠭᠤᠯᠤᠭᠰᠠᠨ ᠬᠢᠯᠢ ᠵᠢᠨ ᠪᠠᠭ᠋ᠠᠨ᠎ᠠ ᠵᠢ ᠳᠤᠷ᠎ᠠ᠎ᠪᠠᠷ ᠵᠶ᠋ᠠᠨ ᠰᠢᠯᠵᠢᠭᠦᠯᠵᠦ ᠰᠦᠢ᠍ᠳᠭᠡᠬᠦ

   ᠲᠣᠰ ᠬᠠᠤᠯᠢ᠎ᠠᠴᠠ ᠵᠥᠷᠢᠴᠡᠭᠰᠡᠨ ᠠᠵᠢᠯᠯᠠᠭ᠎ᠠ᠎ᠳᠤ ᠴᠢᠭᠯᠡᠭᠦᠯᠦᠨ᠂  ᠲᠣᠰ ᠲᠠᠰᠤᠯᠤᠯᠲᠠ ᠵᠢᠨ ᠰᠠᠭᠤᠷᠢ ᠪᠠᠷᠢᠮᠲᠠ᠎ᠨᠢ ᠭᠤᠤᠯᠳᠠᠭᠤ ᠬᠦᠴᠦᠨ ᠵᠦᠢ᠍ᠯ᠎ᠨᠢ ᠪᠣᠳᠠᠲᠠᠶ ᠰᠢᠯᠵᠢᠬᠦ ᠪᠤᠶᠤ ᠵᠠᠭ᠋ᠠᠭ᠎ᠤᠨ ᠪᠠᠭ᠋ᠠᠨ᠎ᠠ ᠵᠢᠨ ᠲᠤᠭ᠎ᠠ ᠬᠡᠮᠵᠢᠶ᠎ᠡ ᠵᠢ ᠡᠪᠳᠡᠬᠦ ᠵᠢᠴᠢ ᠬᠡᠷᠡᠭ᠎ᠢ ᠪᠠᠶ᠋ᠢᠴᠠᠭ᠋ᠠᠨ ᠰᠢᠢ᠍ᠳᠪᠦᠷᠢᠯᠡᠭᠰᠡᠨ᠎ᠤ ᠳᠠᠷᠠᠭ᠋ᠠᠬᠢ ᠪᠡᠶᠡᠴᠢ ᠴᠣᠭᠴᠠ ᠵᠢᠨ ᠴᠡᠭᠴᠡᠯᠡᠨ ᠰᠠᠶ᠋ᠢᠵᠢᠷᠠᠭᠤᠯᠤᠭᠰᠠᠨ ᠪᠠᠶ᠋ᠢᠳᠠᠯ᠎ᠢ ᠪᠣᠳᠣᠯᠬᠢᠯᠠᠨ᠎ᠠ᠃

   ᠪᠥᠬᠦ ᠤᠯᠤᠰ᠎ᠤᠨ ᠡᠯ᠎ᠡ ᠭᠠᠵᠠᠷ᠎ᠤᠨ ᠤᠰᠤᠨ᠎ᠤ ᠵᠠᠰᠠᠭ ᠵᠠᠬᠢᠷᠭ᠋ᠠᠨ᠎ᠤ ᠰᠢᠢ᠍ᠳᠬᠡᠯ᠎ᠤᠨ ᠴᠢᠯᠥᠭᠡᠲᠦ ᠲᠠᠰᠤᠯᠤᠯᠲᠠ ᠵᠢᠨ ᠪᠠᠶ᠋ᠢᠳᠠᠯ᠎ᠲᠠᠢ ᠤᠶᠠᠯᠳᠤᠭᠤᠯᠤᠨ ᠦᠵᠡᠪᠡᠯ᠂  ᠱᠠᠨᠳᠦ᠋ᠩ᠂  ᠬᠤᠪᠧᠶ᠂  ᠹᠦᠵᠢᠶᠠᠨ᠎ᠳᠤ᠂  ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠤᠰᠤᠨ᠎ᠤ ᠵᠠᠰᠠᠭ ᠵᠠᠬᠢᠷᠭ᠋ᠠᠨ᠎ᠤ ᠰᠢᠢ᠍ᠳᠬᠡᠯ᠎ᠤᠨ ᠴᠢᠯᠥᠭᠡᠲᠦ ᠲᠠᠰᠤᠯᠤᠯᠲᠠ ᠵᠢᠨ ᠰᠠᠭᠤᠷᠢ ᠪᠠᠷᠢᠮᠵᠢᠶ᠎ᠠ ᠵᠢ ᠪᠠᠭᠲᠠᠭ᠋ᠠᠭᠰᠠᠨ ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠤᠰᠤᠨ᠎ᠤ ᠵᠠᠰᠠᠭ ᠵᠠᠬᠢᠷᠭ᠋ᠠᠨ᠎ᠤ ᠰᠢᠢ᠍ᠳᠬᠡᠯ᠎ᠤᠨ ᠴᠢᠯᠥᠭᠡᠲᠦ ᠲᠠᠰᠤᠯᠤᠯᠲᠠ ᠵᠢᠨ ᠰᠠᠭᠤᠷᠢ ᠪᠠᠷᠢᠮᠵᠢᠶ᠎ᠠ᠎ᠨᠢ ᠮᠥᠨ ᠡᠭᠦᠨ ᠵᠶ᠋ᠠᠷ ᠬᠡᠮᠵᠢᠯᠲᠡ ᠵᠢᠨ ᠬᠦᠴᠦᠨ ᠵᠦᠢ᠍ᠯ ᠪᠣᠯᠭ᠋ᠠᠪᠠ᠃  ᠡᠢ᠌ᠮᠦ᠎ᠠᠴᠠ ᠡᠨᠡ ᠬᠦ᠌ ᠬᠠᠤᠯᠢ ᠵᠢ ᠵᠥᠷᠢᠴᠡᠭᠰᠡᠨ ᠠᠵᠢᠯᠯᠠᠭ᠎ᠠ᠎ᠳᠤ ᠰᠢᠯᠵᠢᠭᠦᠯᠬᠦ ᠪᠤᠶᠤ ᠡᠪᠳᠡᠯᠡᠬᠦ ᠬᠢᠯᠢ ᠵᠢᠨ ᠪᠠᠭ᠋ᠠᠨ᠎ᠠ ᠵᠢᠨ ᠲᠣᠭ᠎ᠠ ᠬᠡᠮᠵᠢᠶ᠎ᠡ᠎ᠪᠠᠷ ᠲᠠᠰᠤᠯᠤᠯᠲᠠ ᠵᠢᠨ ᠪᠠᠷᠢᠮᠵᠢᠶ᠎ᠠ ᠪᠣᠯᠭ᠋ᠠᠬᠤ ᠲᠠᠯ᠎ᠠ᠎ᠪᠠᠷ ᠠᠪᠴᠤ ᠬᠡᠯᠡᠪᠡᠯ ᠬᠠᠤᠯᠢ ᠲᠣᠭᠲᠠᠭ᠋ᠠᠬᠤ ᠵᠣᠷᠢᠯᠭ᠎ᠠ᠎ᠳᠤ ᠨᠡᠩ ᠨᠡᠢ᠌ᠴᠡᠨ᠎ᠡ᠃

   ᠡᠭᠦᠨ᠎ᠤ ᠬᠠᠮᠲᠤ᠂  ᠰᠢᠢ᠍ᠳᠭᠡᠯ ᠪᠠ ᠰᠤᠷᠭ᠋ᠠᠨ ᠬᠥᠮᠦᠵᠢᠯ᠎ᠢ ᠤᠶᠠᠯᠳᠤᠭᠤᠯᠬᠤ ᠵᠠᠷᠴᠢᠮ᠎ᠢ ᠢᠯᠡᠷᠡᠭᠦᠯᠬᠦ ᠵᠢᠨ ᠲᠥᠯᠥᠭᠡ᠂  ᠪᠢᠳᠡ ᠴᠠᠭ ᠲᠤᠬᠠᠶ᠎ᠳᠤᠨᠢ ᠵᠠᠯᠠᠷᠠᠭᠤᠯᠬᠤ᠂  ᠤᠤᠯ ᠪᠠᠶ᠋ᠢᠳᠠᠯ᠎ᠢ ᠰᠡᠷᠭᠦᠭᠡᠬᠦ ᠮᠥᠷᠲᠡᠭᠡᠨ ᠬᠤᠤᠷ ᠬᠥᠨᠥᠭᠡᠯ᠎ᠤᠨ ᠦᠷ᠎ᠡ ᠳ᠋ᠦᠩ ᠭᠠᠷᠭ᠋ᠠᠭᠰᠠᠨ ᠥᠬᠡᠶ ᠬᠠᠤᠯᠢ ᠵᠢ ᠵᠥᠷᠢᠴᠡᠭᠰᠡᠨ ᠦᠢ᠍ᠯᠡ ᠠᠵᠢᠯᠯᠠᠭ᠎ᠠ ᠵᠢ ᠰᠢᠢ᠍ᠳᠭᠡᠯ ᠥᠭᠬᠦ ᠥᠬᠡᠶ᠂  ᠡᠨᠡ᠎ᠨᠢ ᠲᠣᠰ ᠵᠦᠢ᠍ᠯ᠎ᠤᠨ ᠲᠠᠰᠤᠯᠤᠯᠲᠠ ᠵᠢᠨ ᠰᠠᠭᠤᠷᠢ ᠪᠠᠷᠢᠮᠵᠢᠶ᠎ᠠ ᠵᠢᠨ ᠬᠢᠯᠠᠰ ᠴᠡᠭ ᠪᠣᠯᠤᠨ᠎ᠠ᠃

  (ᠭᠤᠷᠪᠠ) ᠬᠠᠰᠢᠯᠭ᠎ᠠ ᠵᠢᠨ ᠠᠮᠤᠷ ᠲᠦᠪᠰᠢᠨ᠎ᠤ ᠬᠠᠮᠠᠭ᠋ᠠᠯᠠᠯᠲᠠ ᠵᠢᠨ ᠣᠷᠣᠨ᠎ᠳᠤ ᠬᠤᠳᠳᠤᠭ ᠮᠠᠯᠲᠠᠬᠤ᠂  ᠥᠷᠥᠮᠳᠡᠨ ᠬᠠᠶ᠋ᠢᠬᠤ᠂  ᠳᠡᠯᠪᠡᠴᠡᠬᠦ᠂  ᠵᠢᠭ᠋ᠠᠰᠤᠨ ᠴᠥᠭᠦᠷᠥᠮ᠎ᠢ ᠮᠠᠯᠲᠠᠬᠤ᠂  ᠴᠢᠯᠠᠭᠤ ᠭᠠᠷᠭ᠋ᠠᠬᠤ᠂  ᠰᠢᠷᠣᠶ ᠠᠪᠬᠤ ᠵᠡᠷᠭᠡ ᠬᠠᠰᠢᠯᠭ᠎ᠠ ᠵᠢᠨ ᠠᠮᠤᠷ ᠲᠦᠪᠰᠢᠨ᠎ᠢ ᠬᠤᠬᠢᠷᠠᠭᠤᠯᠬᠤ ᠠᠵᠢᠯᠯᠠᠭ᠎ᠠ ᠬᠢᠬᠦ

  《ᠣᠷᠳᠣᠰ ᠬᠤᠲᠠ ᠵᠢᠨ ᠬᠠᠲᠤᠨ ᠭᠤᠤᠯ᠎ᠤᠨ ᠭᠤᠤᠯ᠎ᠤᠨ ᠵᠠᠮ᠎ᠤᠨ ᠬᠠᠮᠢᠶᠠᠷᠤᠯᠲᠠ ᠵᠢᠨ ᠲᠦᠷᠢᠮ》᠎ᠤᠨ ᠳᠥᠴᠢᠳᠦᠭᠡᠷ ᠵᠦᠢ᠍ᠯ 《ᠪᠥᠬᠦᠳᠡ ᠨᠠᠶ᠋ᠢᠷᠠᠮᠳᠠᠬᠤ ᠳᠤᠮᠳᠠᠳᠤ ᠠᠷᠠᠳ ᠤᠯᠤᠰ᠎ᠤᠨ ᠬᠠᠲᠤᠨ ᠭᠤᠤᠯ᠎ᠤᠨ ᠬᠠᠮᠠᠭ᠋ᠠᠯᠠᠯᠲᠠ ᠵᠢᠨ ᠬᠠᠤᠯᠢ》 ᠵᠢᠨ ᠵᠠᠭᠤ ᠠᠷᠪᠠᠨ ᠨᠠᠢ᠍ᠮᠠᠳᠤᠭ᠋ᠠᠷ ᠵᠦᠢ᠍ᠯ᠎ᠤᠨ ᠨᠢᠭᠡᠳᠦᠭᠡᠷ ᠵᠤᠷᠪᠤᠰ᠎ᠤᠨ ᠲᠣᠭᠲᠠᠭ᠋ᠠᠯ᠎ᠯᠤᠭ᠎ᠠ ᠨᠢᠭᠡᠳᠦᠯ ᠥᠬᠡᠶ ᠪᠠᠶ᠋ᠢᠵᠤ᠂  ᠳᠡᠭᠡᠳᠦ ᠪᠠᠶ᠋ᠢᠷᠢ ᠵᠢᠨ ᠬᠠᠤᠯᠢ ᠳᠣᠣᠷᠠᠳᠤ ᠪᠠᠶ᠋ᠢᠷᠢ ᠵᠢᠨ ᠬᠠᠤᠯᠢ᠎ᠠᠴᠠ ᠳᠠᠪᠠᠭᠤᠯᠢᠭ ᠪᠠᠶ᠋ᠢᠬᠤ ᠵᠠᠷᠴᠢᠮ ᠶᠣᠰᠣᠭ᠋ᠠᠷ᠂  ᠣᠷᠳᠣᠰ ᠬᠤᠲᠠ ᠵᠢᠨ ᠬᠠᠲᠤᠨ ᠭᠤᠤᠯ᠎ᠤᠨ ᠭᠤᠤᠯ ᠪᠤᠯᠬᠤ ᠰᠠᠯᠪᠤᠷᠢ ᠤᠷᠤᠰᠬᠠᠯ᠎ᠤᠨ ᠬᠠᠰᠢᠯᠭ᠎ᠠ ᠵᠢᠨ ᠠᠮᠤᠷ ᠲᠦᠪᠰᠢᠨ᠎ᠤ ᠬᠠᠮᠠᠭ᠋ᠠᠯᠠᠯᠲᠠ ᠵᠢᠨ ᠣᠷᠣᠨ᠎ᠤ ᠳᠣᠲᠣᠷ᠎ᠠ ᠬᠤᠳᠳᠤᠭ ᠮᠠᠯᠲᠠᠬᠤ᠂  ᠥᠷᠥᠮᠳᠡᠨ ᠬᠠᠶ᠋ᠢᠬᠤ᠂  ᠳᠡᠯᠪᠡᠴᠢᠬᠦ᠂  ᠵᠢᠭ᠋ᠠᠰᠤ ᠠᠩᠨᠠᠬᠤ ᠴᠥᠭᠦᠷᠥᠮ᠎ᠢ ᠮᠠᠯᠳᠠᠬᠤ᠂  ᠴᠢᠯᠠᠭᠤ ᠮᠠᠯᠲᠠᠬᠤ᠂  ᠰᠢᠷᠣᠶ ᠠᠪᠬᠤ ᠵᠡᠷᠭᠡ ᠳᠠᠯᠠᠩ᠎ᠤᠨ ᠠᠮᠤᠷ ᠲᠦᠪᠰᠢᠨ᠎ᠳᠤ ᠬᠤᠤᠷ ᠬᠥᠨᠥᠭᠡᠯ ᠤᠴᠠᠷᠠᠭᠤᠯᠬᠤ ᠠᠵᠢᠯᠯᠠᠭ᠎ᠠ ᠬᠢᠵᠦ᠂ 《ᠣᠷᠳᠣᠰ ᠬᠤᠲᠠ ᠵᠢᠨ ᠬᠠᠲᠤᠨ ᠭᠤᠤᠯ᠎ᠤᠨ ᠭᠤᠤᠯ᠎ᠤᠨ ᠵᠠᠮ᠎ᠤᠨ ᠬᠠᠮᠢᠶᠠᠷᠤᠯᠲᠠ ᠵᠢᠨ ᠲᠦᠷᠢᠮ》᠎ᠳᠤ ᠳᠠᠭᠢᠵᠤ ᠵᠠᠰᠠᠪᠤᠷᠢ ᠣᠷᠣᠭᠤᠯᠬᠤ᠎ᠠᠴᠠ ᠡᠮᠦᠨ᠎ᠡ᠂ 《ᠪᠥᠬᠦᠳᠡ ᠨᠠᠶ᠋ᠢᠷᠠᠮᠳᠠᠬᠤ ᠳᠤᠮᠳᠠᠳᠤ ᠠᠷᠠᠳ ᠤᠯᠤᠰ᠎ᠤᠨ ᠬᠠᠲᠤᠨ ᠭᠤᠤᠯ᠎ᠤᠨ ᠵᠠᠮ᠎ᠤᠨ ᠬᠠᠮᠠᠭ᠋ᠠᠯᠠᠯᠲᠠ ᠵᠢᠨ ᠬᠠᠤᠯᠢ》 ᠵᠢᠨ ᠵᠠᠭᠤ ᠠᠷᠪᠠᠨ ᠨᠠᠢ᠍ᠮᠠᠳᠤᠭ᠋ᠠᠷ ᠵᠦᠢ᠍ᠯ᠎ᠤᠨ ᠨᠢᠭᠡᠳᠦᠭᠡᠷ ᠵᠦᠢ᠍ᠯ᠎ᠢ ᠦᠨᠳᠦᠰᠦᠯᠡᠨ ᠵᠠᠰᠠᠭ ᠵᠠᠬᠢᠷᠭ᠋ᠠᠨ᠎ᠤ ᠰᠢᠢ᠍ᠳᠭᠡᠯ ᠥᠭᠴᠦ᠂  ᠵᠠᠰᠠᠭ ᠵᠠᠬᠢᠷᠭ᠋ᠠᠨ᠎ᠤ ᠲᠠᠰᠤᠯᠤᠯᠲᠠ᠎ᠳᠤ ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠤᠰᠤᠨ᠎ᠤ ᠵᠠᠰᠠᠭ ᠵᠠᠬᠢᠷᠭ᠋ᠠᠨ᠎ᠤ ᠰᠢᠢ᠍ᠳᠬᠡᠯ᠎ᠤᠨ ᠲᠠᠰᠤᠯᠤᠯᠲᠠ ᠵᠢᠨ ᠡᠷᠬᠡ ᠵᠢᠨ ᠰᠠᠭᠤᠷᠢ ᠪᠠᠷᠢᠮᠵᠢᠶ᠎ᠠ (ᠲᠤᠷᠰᠢᠨ ᠬᠡᠷᠡᠭᠵᠢᠭᠦᠯᠬᠦ) ᠵᠢ ᠬᠡᠷᠡᠭᠯᠡᠨ᠎ᠡ᠃  ᠡᠨᠡ ᠪᠣᠯ ᠲᠤᠰ ᠵᠦᠢ᠍ᠯ᠎ᠤᠨ ᠲᠠᠰᠤᠯᠤᠯᠲᠠ ᠵᠢᠨ ᠦᠨᠳᠦᠰᠦᠨ ᠪᠠᠷᠢᠮᠲᠠ᠎ᠳᠤ ᠲᠣᠭᠲᠠᠭ᠋ᠠᠭᠰᠠᠨ ᠭᠣᠣᠯ ᠠᠭᠤᠯᠭ᠎ᠠ ᠮᠥᠨ᠃

  (ᠲᠦᠷᠪᠡ) ᠭᠤᠣᠯ᠎ᠤᠨ ᠵᠠᠮ ᠳᠡᠭᠡᠷ᠎ᠡ ᠡᠯᠡᠰᠦ ᠮᠠᠯᠲᠠᠬᠤ ᠵᠥᠪᠰᠢᠶᠡᠷᠡᠯ᠎ᠤᠨ ᠦᠨᠡᠮᠯᠡᠯ᠎ᠳᠤ ᠲᠣᠭᠲᠠᠭ᠋ᠠᠭᠰᠠᠨ ᠨᠡᠭᠡᠭᠡᠨ ᠮᠠᠯᠲᠠᠬᠤ ᠭᠠᠵᠠᠷ᠂  ᠬᠤᠭᠤᠴᠠᠭ᠎ᠠ᠂  ᠬᠦᠷᠢᠶ᠎ᠡ ᠬᠡᠪᠴᠢᠶ᠎ᠡ᠂  ᠭᠦᠨᠴᠡ᠂  ᠠᠵᠢᠯᠯᠠᠬᠤ ᠠᠷᠭ᠎ᠠ ᠮᠠᠶᠢᠭ ᠵᠶ᠋ᠠᠷ ᠡᠯᠡᠰᠦ ᠮᠠᠯᠲᠠᠬᠤ ᠠᠵᠢᠯ᠎ᠢ ᠬᠢᠭᠰᠡᠨ ᠦᠭᠡᠢ

   ᠲᠣᠰ ᠬᠠᠦᠯᠢ᠎ᠠᠴᠠ ᠵᠦᠷᠢᠴᠡᠭᠰᠡᠨ ᠦᠢ᠍ᠯᠡ ᠠᠵᠢᠯᠯᠠᠭ᠎ᠠ᠎ᠳᠤ ᠴᠢᠭᠯᠡᠬᠦᠯᠥᠨ᠂  ᠲᠣᠰ ᠲᠠᠰᠣᠯᠥᠯᠳᠡ ᠵᠢᠨ ᠰᠠᠭᠤᠷᠢ ᠪᠡᠷᠢᠮᠵᠢᠶ᠎ᠠ᠎ᠨᠢ ᠭᠤᠤᠯᠳᠠᠭᠤ ᠬᠠᠦᠯᠢ᠎ᠠᠴᠠ ᠵᠦᠷᠢᠴᠡᠭᠰᠡᠨ ᠦᠢ᠍ᠯᠡ ᠠᠵᠢᠯᠯᠠᠭ᠎ᠠ ᠵᠢᠨ ᠬᠦᠮᠦᠨ᠎ᠤ ᠬᠠᠶ᠋ᠢᠷ ᠴᠢᠯᠠᠭᠤ ᠨᠡᠭᠡᠭᠡᠨ ᠮᠠᠯᠳ᠋ᠬᠠᠥ ᠪᠤᠳᠡᠳᠡᠢ ᠡᠵᠡᠯᠡᠬᠦᠨ᠎ᠤ ᠶᠡᠭᠡ ᠪᠠᠭ᠎ᠠ ᠵᠢᠴᠢ ᠭᠡᠷᠩ᠎ᠢ ᠪᠠᠶ᠋ᠢᠴᠠᠭ᠋ᠠᠨ ᠰᠢᠢ᠍ᠳᠪᠦᠷᠢᠯᠡᠭᠰᠡᠨ᠎ᠤ ᠳᠡᠷᠡᠭ᠋ᠠᠬᠢ ᠪᠡᠶᠡᠴᠢ ᠴᠣᠠᠠᠴᠨ᠎ᠪᠠᠷ ᠴᠡᠭᠴᠡᠯᠡᠨ ᠰᠠᠶ᠋ᠢᠵᠢᠷᠡᠭᠤᠯᠥᠠᠠᠰᠠᠨ ᠪᠠᠶ᠋ᠢᠳᠡᠯ᠎ᠢ ᠪᠤᠳᠣᠯᠬᠢᠯᠠᠨ᠎ᠠ᠃

   ᠡᠭᠦᠨ᠎ᠤ ᠬᠠᠮᠲᠤ᠂  ᠰᠢᠢ᠍ᠳᠭᠡᠨ ᠲᠣᠷᠭ᠋ᠠᠬᠤ ᠪᠠ ᠰᠤᠷᠭ᠋ᠠᠨ ᠬᠥᠮᠦᠵᠢᠭᠦᠯᠬᠦ ᠵᠢ ᠤᠶᠠᠯᠳᠤᠭᠤᠯᠬᠤ ᠵᠠᠷᠴᠢᠮ᠎ᠳᠤ ᠰᠠᠭᠤᠷᠢᠯᠠᠨ᠂  ᠨᠢᠭᠡᠳᠦᠭᠡᠷ ᠹᠷᠣᠨᠲ᠎ᠤᠨ ᠬᠠᠤᠯᠢ ᠬᠡᠷᠡᠭᠵᠢᠭᠦᠯᠬᠦ ᠠᠵᠢᠯᠲᠠᠨ᠎ᠤ ᠰᠠᠨᠠᠯ᠎ᠢ ᠬᠤᠷᠢᠶᠠᠭᠰᠠᠨ ᠰᠠᠭᠤᠷᠢᠨ ᠳᠡᠭᠡᠷ᠎ᠡ᠂  ᠬᠠᠶ᠋ᠢᠷ ᠴᠢᠯᠠᠭᠤ 1000 ᠪᠣᠰᠤᠭ᠎ᠠ ᠳᠥᠷᠪᠡᠯᠵᠢᠨ ᠮᠸᠲᠷ᠎ᠠᠴᠠ ᠳᠣᠷᠣᠭᠰᠢ ᠮᠠᠯᠲᠠᠭᠰᠠᠨ ᠮᠥᠷᠲᠡᠭᠡᠨ ᠠᠩᠬ᠎ᠠ ᠤᠳᠠᠭ᠎ᠠ ᠬᠠᠤᠯᠢ ᠵᠢ ᠵᠥᠷᠢᠴᠡᠭᠰᠡᠨ᠂  ᠴᠠᠭ ᠲᠤᠬᠠᠶ᠎ᠳᠤᠨᠢ ᠵᠠᠯᠠᠷᠠᠭᠤᠯᠤᠭᠰᠠᠨ ᠪᠠᠶ᠋ᠢᠪᠠᠯ᠂  ᠰᠢᠢ᠍ᠳᠭᠡᠨ ᠲᠣᠷᠭ᠋ᠠᠬᠤ ᠥᠬᠡᠶ ᠪᠠᠶ᠋ᠢᠵᠤ᠂  ᠬᠠᠶ᠋ᠢᠷ ᠮᠠᠯᠲᠠᠬᠤ ᠬᠠᠤᠯᠢ᠎ᠠᠴᠠ ᠵᠥᠷᠢᠴᠡᠭᠰᠡᠨ ᠦᠢ᠍ᠯᠡ ᠠᠵᠢᠯᠯᠠᠭ᠎ᠠ ᠵᠢ ᠪᠣᠳᠠᠲᠠᠶ ᠪᠠᠶ᠋ᠢᠴᠠᠭ᠋ᠠᠨ ᠰᠢᠢ᠍ᠳᠪᠦᠷᠢᠯᠡᠭᠰᠡᠨ ᠪᠣᠳᠠᠲᠤ ᠪᠠᠶ᠋ᠢᠳᠠᠯ᠎ᠲᠠᠢ ᠨᠠᠩ ᠢᠯᠡᠭᠦᠤ ᠨᠡᠶ᠋ᠢᠴᠡᠵᠦ᠂  ᠲᠣᠰ ᠵᠦᠢ᠍ᠯ᠎ᠤᠨ ᠲᠠᠰᠤᠯᠤᠯᠲᠠ ᠵᠢᠨ ᠰᠠᠭᠤᠷᠢ ᠪᠠᠷᠢᠮᠲᠠ᠎ᠳᠤ ᠲᠣᠭᠲᠠᠭ᠋ᠠᠭᠰᠠᠨ ᠬᠢᠯᠠᠰ ᠴᠡᠭ ᠪᠣᠯᠤᠨ᠎ᠠ᠃

  (ᠲᠠᠪᠤ) ᠡᠯᠡᠰᠤ ᠮᠠᠯᠳᠠᠬᠤ ᠨᠦᠬᠡ ᠵᠢ ᠴᠠᠭ ᠲᠤᠬᠠᠢ᠎ᠳᠤᠨᠢ ᠪᠦᠭᠯᠡᠭᠰᠡᠨ ᠦᠭᠡᠢ

   ᠲᠣᠰ ᠬᠠᠤᠯᠢ᠎ᠠᠴᠠ ᠵᠥᠷᠢᠴᠡᠭᠰᠡᠨ ᠦᠢ᠍ᠯᠡ ᠠᠵᠢᠯᠯᠠᠭ᠎ᠠ᠎ᠳᠤ ᠴᠢᠭᠯᠡᠭᠦᠯᠦᠨ᠂  ᠲᠣᠰ ᠲᠠᠰᠤᠯᠤᠯᠲᠠ ᠵᠢᠨ ᠰᠠᠭᠤᠷᠢ ᠪᠠᠷᠢᠮᠵᠢᠶ᠎ᠠ᠎ᠨᠢ ᠭᠤᠤᠯᠳᠠᠭᠤ ᠬᠠᠤᠯᠢ᠎ᠠᠴᠠ ᠵᠥᠷᠢᠴᠡᠭᠰᠡᠨ ᠦᠢ᠍ᠯᠡ ᠠᠵᠢᠯᠯᠠᠭ᠎ᠠ᠎ᠳᠤ ᠬᠠᠶ᠋ᠢᠷ ᠮᠠᠯᠲᠠᠭᠰᠠᠨ᠎ᠤ ᠳᠠᠷᠠᠭ᠎ᠠ ᠨᠦᠬᠡ ᠵᠢ ᠪᠥᠭᠯᠡᠭᠰᠡᠨ ᠥᠬᠡᠶ ᠲᠠᠯᠠᠪᠠᠶ ᠵᠢᠨ ᠶᠡᠭᠡ ᠪᠠᠭ᠎ᠠ ᠵᠢᠴᠢ ᠬᠡᠷᠡᠭ᠎ᠢ ᠪᠠᠶ᠋ᠢᠴᠠᠭ᠋ᠠᠨ ᠰᠢᠢ᠍ᠳᠪᠦᠷᠢᠯᠡᠭᠰᠡᠨ᠎ᠤ ᠳᠠᠷᠠᠭ᠋ᠠᠬᠢ ᠪᠡᠶᠡᠴᠢ ᠴᠣᠭᠴᠠ ᠵᠢᠨ ᠴᠡᠭᠴᠡᠯᠡᠨ ᠰᠠᠶ᠋ᠢᠵᠢᠷᠠᠭᠤᠯᠤᠭᠰᠠᠨ ᠪᠠᠶ᠋ᠢᠳᠠᠯ᠎ᠢ ᠪᠣᠳᠣᠯᠬᠢᠯᠠᠨ᠎ᠠ᠃

   ᠪᠦᠬᠦ ᠤᠯᠤᠰ᠎ᠤᠨ ᠡᠯ᠎ᠡ ᠭᠠᠵᠠᠷ᠎ᠤᠨ ᠤᠰᠤᠨ᠎ᠤ ᠵᠠᠰᠠᠭ ᠵᠠᠬᠢᠷᠭ᠋ᠠᠨ᠎ᠤ ᠰᠢᠢ᠍ᠳᠭᠡᠯ ᠲᠣᠷᠭ᠋ᠠᠭᠤᠯᠢ ᠵᠢᠨ ᠴᠢᠯᠥᠭᠡᠲᠦ ᠲᠠᠰᠤᠯᠤᠯᠲᠠ᠎ᠠᠴᠠ ᠠᠪᠴᠤ ᠦᠵᠡᠪᠡᠯ᠂  ᠡᠨᠡᠬᠦ ᠬᠠᠤᠯᠢ᠎ᠠᠴᠠ ᠵᠥᠷᠢᠴᠡᠭᠰᠡᠨ ᠦᠢ᠍ᠯᠡ ᠠᠵᠢᠯᠯᠠᠭ᠎ᠠ᠎ᠨᠢ ᠶᠡᠷᠦᠳᠡᠭᠡᠨ ᠡᠵᠡᠯᠡᠨ ᠬᠡᠷᠡᠭᠯᠡᠭᠰᠡᠨ ᠲᠠᠯᠠᠪᠠᠶ ᠪᠤᠶᠤ ᠭᠣᠤᠯ᠎ᠤᠨ ᠵᠠᠮ᠎ᠳᠠᠬᠢ ᠡᠵᠡᠯᠡᠬᠦ ᠬᠠᠷᠢᠴᠠᠯ ᠪᠤᠶᠤ ᠡᠰᠡᠬᠦᠯ᠎ᠡ ᠤᠤᠯ᠎ᠤᠨ ᠪᠠᠶ᠋ᠢᠳᠠᠯ᠎ᠢ᠎ᠨᠢ ᠰᠡᠷᠭᠦᠭᠡᠬᠦ᠎ᠳᠤ ᠬᠡᠷᠡᠭᠰᠡᠬᠦ ᠵᠠᠷᠤᠳᠠᠯ᠎ᠤᠨ ᠬᠦᠴᠦᠨ ᠵᠦᠢ᠍ᠯ᠎ᠢ ᠰᠡᠷᠭᠦᠭᠡᠯᠭᠡᠬᠦ᠎ᠪᠠᠷ ᠳᠠᠮᠵᠢᠨ ᠰᠢᠢ᠍ᠳᠭᠡᠨ ᠲᠣᠷᠭ᠋ᠠᠬᠤ ᠬᠡᠮᠵᠢᠶ᠎ᠡ ᠵᠢ ᠲᠣᠭᠲᠠᠭ᠋ᠠᠬᠤ ᠬᠡᠷᠡᠭᠲᠡᠶ᠃

   ᠡᠭᠦᠨ᠎ᠤ ᠬᠠᠮᠲᠤ ᠲᠤᠰ ᠵᠦᠢ᠍ᠯ᠎ᠤᠨ ᠲᠠᠰᠤᠯᠤᠯᠲᠠ ᠵᠢᠨ ᠰᠠᠭᠤᠷᠢ ᠪᠠᠷᠢᠮᠵᠢᠶ᠎ᠠ ᠵᠢ ᠲᠣᠭᠲᠠᠭ᠋ᠠᠬᠤ ᠦᠶ᠎ᠡ᠎ᠳᠤ᠂  ᠪᠢᠳᠡ ᠨᠢᠭᠡᠳᠦᠭᠡᠷ ᠹᠷᠣᠨᠲ᠎ᠤᠨ ᠬᠠᠤᠯᠢ ᠬᠡᠷᠡᠭᠵᠢᠭᠦᠯᠬᠦ ᠠᠵᠢᠯᠲᠠᠨ᠎ᠤ ᠰᠠᠨᠠᠯ᠎ᠢ ᠬᠤᠷᠢᠶᠠᠵᠤ᠂  ᠨᠥᠬᠡᠨ ᠵᠠᠮ᠎ᠤᠨ ᠲᠠᠯᠠᠪᠠᠢ ᠵᠢ 500 ᠲᠡᠭᠰᠢ ᠳᠥᠷᠪᠡᠯᠵᠢᠨ ᠮᠸᠲᠷ ᠵᠶ᠋ᠠᠷ ᠭᠠᠷᠤᠭ᠎ᠠ ᠪᠣᠯᠭ᠋ᠠᠨ ᠵᠣᠬᠢᠴᠠᠩᠭᠤᠶ ᠲᠠᠰᠤᠯᠤᠯᠲᠠ ᠵᠢᠨ ᠱᠠᠲᠤ ᠪᠠ ᠰᠢᠢ᠍ᠳᠬᠡᠨ ᠲᠣᠷᠭ᠋ᠠᠬᠤ ᠪᠠᠷᠢᠮᠵᠢᠶ᠎ᠠ ᠵᠢ ᠲᠣᠭᠲᠠᠭ᠋ᠠᠵᠤ᠂  ᠪᠣᠳᠠᠲᠠᠶ ᠬᠠᠤᠯᠢ ᠬᠡᠷᠡᠭᠵᠢᠭᠦᠯᠦᠭᠰᠡᠨ ᠪᠠᠶ᠋ᠢᠳᠠᠯ᠎ᠳᠤ ᠨᠠᠩ ᠨᠡᠶ᠋ᠢᠴᠡᠨ᠎ᠡ ᠭᠡᠵᠦ ᠦᠵᠡᠪᠡ᠃

  (ᠵᠢᠷᠭᠤᠭ᠎ᠠ) ᠮᠠᠯᠲᠠᠬᠤ ᠵᠢ ᠴᠠᠭ᠋ᠠᠵᠠᠯᠠᠬᠤ ᠣᠷᠣᠨ᠂  ᠲᠡᠭᠦᠬᠦ ᠵᠢ ᠴᠠᠭ᠋ᠠᠵᠠᠯᠠᠬᠤ ᠬᠤᠭᠤᠴᠠᠭ᠋ᠠᠨ᠎ᠳᠤ ᠡᠯᠡᠰᠦ ᠮᠠᠯᠲᠠᠬᠤ ᠠᠵᠢᠯᠯᠠᠭ᠎ᠠ ᠬᠢᠬᠦ

   ᠲᠣᠰ ᠬᠠᠤᠯᠢ᠎ᠠᠴᠠ ᠵᠥᠷᠢᠴᠡᠭᠰᠡᠨ ᠠᠵᠢᠯᠯᠠᠭ᠎ᠠ᠎ᠳᠤ ᠴᠢᠭᠯᠡᠭᠦᠯᠦᠨ᠂  ᠲᠣᠰ ᠲᠠᠰᠤᠯᠤᠯᠲᠠ ᠵᠢᠨ ᠰᠠᠭᠤᠷᠢ ᠪᠠᠷᠢᠮᠲᠠ᠎ᠨᠢ ᠭᠤᠤᠯᠳᠠᠭᠤ ᠬᠠᠤᠯᠢ᠎ᠠᠴᠠ ᠵᠥᠷᠢᠴᠡᠨ ᠡᠯᠡᠰᠦ ᠮᠠᠯᠲᠠᠬᠤ ᠪᠠᠷᠠᠭ᠋ᠠᠨ᠎ᠤ ᠥᠷᠲᠡᠭ᠎ᠤᠨ ᠶᠡᠭᠡ ᠪᠠᠭ᠎ᠠ ᠵᠢᠨ ᠪᠠᠶ᠋ᠢᠳᠠᠯ᠎ᠢ ᠪᠣᠳᠣᠯᠬᠢᠯᠠᠨ᠎ᠠ᠃

   ᠡᠭᠦᠨ᠎ᠤ ᠬᠠᠮᠲᠤ᠂  ᠪᠢᠳᠡ 《ᠬᠥᠬᠡᠮᠥ᠋ᠷᠡᠨ᠎ᠤ ᠬᠠᠮᠠᠭ᠋ᠠᠯᠠᠯᠲᠠ ᠵᠢᠨ ᠬᠠᠤᠯᠢ》᠂ 《ᠬᠥᠬᠡᠮᠥ᠋ᠷᠡᠨ᠎ᠤ ᠭᠤᠤᠯ᠎ᠤᠨ ᠵᠠᠮ᠎ᠤᠨ ᠡᠯᠡᠰᠦ ᠮᠠᠯᠲᠠᠬᠤ ᠬᠠᠮᠢᠶᠠᠷᠤᠯᠲᠠ ᠵᠢᠨ ᠲᠦᠷᠢᠮ》᠎ᠤᠨ ᠳᠤᠮᠳᠠ᠂  ᠮᠠᠯᠲᠠᠬᠤ ᠵᠢ ᠴᠠᠭ᠋ᠠᠵᠠᠯᠠᠬᠤ ᠣᠷᠣᠨ᠂  ᠲᠡᠭᠦᠬᠦ ᠵᠢ ᠴᠠᠭ᠋ᠠᠵᠠᠯᠠᠬᠤ ᠣᠷᠣᠨ᠎ᠤ ᠡᠯᠡᠰᠦ ᠮᠠᠯᠲᠠᠬᠤ ᠬᠠᠤᠯᠢ᠎ᠠᠴᠠ ᠵᠥᠷᠢᠴᠡᠭᠰᠡᠨ ᠦᠢ᠍ᠯᠡ ᠠᠵᠢᠯᠯᠠᠭ᠎ᠠ ᠵᠢ ᠰᠢᠢ᠍ᠳᠭᠡᠨ ᠲᠣᠷᠭ᠋ᠠᠬᠤ ᠲᠤᠬᠠᠶ ᠲᠠᠰᠤᠯᠤᠯᠲᠠ ᠵᠢᠨ ᠪᠠᠷᠢᠮᠵᠢᠶ᠎ᠠ᠎ᠪᠠᠷ ᠦᠨᠳᠦᠰᠦᠯᠡᠯ ᠪᠣᠯᠭ᠋ᠠᠵᠤ᠂  ᠬᠤᠪᠸᠢ᠂  ᠵᠢᠶᠠᠩᠰᠢ ᠵᠡᠷᠭᠡ ᠮᠤᠵᠢ ᠣᠷᠣᠨ ᠴᠥᠮ ᠪᠠᠷᠠᠭ᠋ᠠᠨ᠎ᠤ ᠥᠷᠲᠡᠭ᠎ᠤᠨ ᠵᠣᠭᠤᠰ᠎ᠤᠨ ᠲᠤᠭ᠎ᠠ᠎ᠪᠠᠷ ᠵᠠᠰᠠᠭ ᠵᠠᠬᠢᠷᠭ᠋ᠠᠨ᠎ᠤ ᠰᠢᠢ᠍ᠳᠬᠡᠯ᠎ᠤᠨ ᠭᠤᠤᠯ ᠪᠣᠳᠣᠯᠬᠢᠯᠠᠬᠤ ᠬᠦᠴᠦᠨ ᠵᠦᠢ᠍ᠯ ᠪᠣᠯᠭ᠋ᠠᠪᠠ᠃  ᠬᠤᠪᠧᠶ ᠮᠤᠵᠢ ᠵᠢᠨ ᠤᠰᠤᠨ᠎ᠤ ᠵᠠᠰᠠᠭ ᠵᠠᠬᠢᠷᠭ᠋ᠠᠨ᠎ᠤ ᠰᠢᠢ᠍ᠳᠬᠡᠯ᠎ᠤᠨ ᠴᠢᠯᠥᠭᠡᠲᠦ ᠲᠠᠰᠤᠯᠤᠯᠲᠠ ᠵᠢᠨ ᠪᠠᠷᠢᠮᠵᠢᠶ᠎ᠠ᠎ᠪᠠᠷ ᠯᠠᠪᠯᠠᠯᠲᠠ ᠪᠣᠯᠭ᠋ᠠᠵᠤ᠂  ᠲᠣᠰ ᠵᠦᠢ᠍ᠯ᠎ᠨᠢ ᠪᠠᠷᠠᠭ᠋ᠠᠨ᠎ᠤ ᠥᠷᠲᠡᠭ᠎ᠤᠨ ᠵᠣᠭᠤᠰ᠎ᠤᠨ ᠲᠤᠭ᠎ᠠ᠎ᠨᠢ ᠠᠷᠪᠠᠨ ᠲᠦᠮᠡᠨ ᠲᠥᠭᠦᠷᠢᠭ᠎ᠠᠴᠠ ᠳᠣᠷᠣᠭᠰᠢ (ᠠᠷᠪᠠᠨ ᠲᠦᠮᠡᠨ ᠲᠥᠭᠦᠷᠢᠭ ᠪᠠᠭᠲᠠᠬᠤ ᠥᠬᠡᠶ) ᠲᠠᠰᠤᠯᠤᠯᠲᠠ ᠵᠢᠨ ᠪᠠᠷᠢᠮᠵᠢᠶ᠎ᠠ ᠵᠢ ᠲᠣᠭᠲᠠᠭ᠋ᠠᠬᠤ ᠵᠢᠨ ᠬᠠᠮᠲᠤ ᠮᠠᠯᠲᠠᠬᠤ ᠵᠢ ᠴᠠᠭ᠋ᠠᠵᠠᠯᠠᠬᠤ ᠬᠤᠭᠤᠴᠠᠭ᠎ᠠ᠂  ᠮᠠᠯᠲᠠᠬᠤ ᠵᠢ ᠴᠠᠭ᠋ᠠᠵᠠᠯᠠᠬᠤ ᠣᠷᠣᠨ᠎ᠳᠤ ᠬᠠᠤᠯᠢ ᠪᠤᠰᠤ᠎ᠪᠠᠷ ᠡᠯᠡᠰᠦ ᠮᠠᠯᠲᠠᠬᠤ ᠥᠷᠲᠡᠭ᠎ᠤᠨ ᠵᠣᠭᠤᠰ᠎ᠤᠨ ᠲᠤᠭ᠎ᠠ᠎ᠨᠢ ᠲᠠᠪᠤᠨ ᠲᠦᠮᠡᠨ ᠲᠥᠭᠦᠷᠢᠭ᠎ᠠᠴᠠ ᠳᠡᠭᠡᠭᠰᠢ (ᠲᠠᠪᠤᠨ ᠲᠦᠮᠡᠨ ᠲᠥᠭᠦᠷᠢᠭ᠎ᠢ ᠪᠠᠭᠲᠠᠭ᠋ᠠᠨ᠎ᠠ) ᠪᠣᠯᠬᠤ᠎ᠳᠤ ᠲᠣᠳᠣᠷᠬᠠᠶ ᠵᠢᠭ᠋ᠠᠨ ᠭᠠᠷᠭ᠋ᠠᠵᠤ᠂ 《ᠵᠠᠰᠠᠭ ᠵᠠᠬᠢᠷᠭ᠋ᠠᠨ᠎ᠤ ᠰᠢᠢ᠍ᠳᠬᠡᠯ᠎ᠤᠨ ᠬᠠᠤᠯᠢ》 ᠵᠢᠨ ᠬᠤᠷᠢᠨ ᠳᠣᠯᠣᠳᠤᠭ᠋ᠠᠷ ᠵᠦᠢ᠍ᠯ ᠪᠠ 《ᠬᠠᠤᠯᠢ ᠪᠤᠰᠤ᠎ᠪᠠᠷ ᠠᠭᠤᠷᠬᠠᠶ ᠮᠠᠯᠲᠠᠬᠤ᠂  ᠡᠪᠳᠡᠯᠡᠭᠡ ᠵᠢᠨ ᠴᠢᠨᠠᠷᠲᠠᠶ ᠠᠭᠤᠷᠬᠠᠶ ᠮᠠᠯᠲᠠᠬᠤ ᠡᠷᠡᠭᠦᠦ ᠵᠢᠨ ᠬᠡᠷᠡᠭ᠎ᠢ ᠰᠢᠢ᠍ᠳᠪᠦᠷᠢᠯᠡᠬᠦ᠎ᠳᠤ ᠬᠠᠤᠯᠢ ᠴᠠᠭ᠋ᠠᠵᠠ ᠵᠢ ᠬᠡᠷᠡᠭᠯᠡᠬᠦ ᠠᠰᠠᠭᠤᠳᠠᠯ᠎ᠤᠨ ᠲᠤᠬᠠᠶ ᠠᠷᠠᠳ᠎ᠤᠨ ᠳᠡᠭᠡᠳᠦ ᠰᠢᠭᠦᠬᠦ ᠬᠤᠷᠢᠶ᠎ᠠ᠂  ᠠᠷᠠᠳ᠎ᠤᠨ ᠳᠡᠭᠡᠳᠦ ᠪᠠᠶ᠋ᠢᠴᠠᠭ᠋ᠠᠬᠤ ᠬᠤᠷᠢᠶ᠎ᠠ ᠵᠢᠨ ᠲᠠᠶ᠋ᠢᠯᠪᠤᠷᠢᠯᠠᠯᠲᠠ》 ᠵᠢᠨ ᠭᠤᠷᠪᠠᠳᠤᠭ᠋ᠠᠷ ᠵᠦᠢ᠍ᠯ᠎ᠤᠨ ᠲᠣᠭᠲᠠᠭ᠋ᠠᠯ ᠶᠣᠰᠣᠭ᠋ᠠᠷ ᠬᠠᠤᠯᠢ ᠴᠠᠭ᠋ᠠᠵᠠ ᠵᠢᠨ ᠰᠠᠯᠠᠭ᠎ᠠ ᠮᠥᠴᠢᠷ᠎ᠲᠤ ᠰᠢᠯᠵᠢᠭᠦᠯᠦᠨ ᠲᠤᠰᠢᠶᠠᠵᠤ ᠰᠢᠢ᠍ᠳᠪᠦᠷᠢᠯᠡᠬᠦ ᠬᠡᠷᠡᠭᠲᠡᠶ᠃

  (ᠳᠤᠯᠤᠭ᠎ᠠ) ᠠᠭᠤᠷᠬᠠᠶ ᠮᠠᠯᠲᠠᠬᠤ ᠡᠷᠬᠡᠲᠦ ᠬᠥᠮᠦᠨ ᠰᠢᠷᠣᠶ ᠪᠠᠶ᠋ᠢᠭᠤᠯᠬᠤ ᠶᠠᠪᠤᠴᠠ᠎ᠳᠤ ᠤᠰᠤ ᠰᠢᠷᠣᠶ ᠵᠢ ᠬᠠᠮᠠᠭ᠋ᠠᠯᠠᠬᠤ ᠲᠦᠷ ᠴᠠᠭ᠎ᠤᠨ ᠬᠠᠮᠠᠭ᠋ᠠᠯᠠᠯᠲᠠ ᠵᠢᠨ ᠠᠷᠭ᠎ᠠ ᠬᠡᠮᠵᠢᠶ᠎ᠡ ᠠᠪᠤᠭᠰᠠᠨ ᠦᠭᠡᠶ

   ᠲᠣᠰ ᠬᠠᠤᠯᠢ᠎ᠠᠴᠠ ᠵᠥᠷᠢᠴᠡᠭᠰᠡᠨ ᠠᠵᠢᠯᠯᠠᠭ᠎ᠠ᠎ᠳᠤ ᠴᠢᠭᠯᠡᠭᠦᠯᠦᠨ᠂  ᠲᠣᠰ ᠲᠠᠰᠤᠯᠤᠯᠲᠠ ᠵᠢᠨ ᠰᠠᠭᠤᠷᠢ ᠪᠠᠷᠢᠮᠲᠠ᠎ᠨᠢ ᠭᠤᠤᠯᠳᠠᠭᠤ ᠬᠠᠤᠯᠢ᠎ᠠᠴᠠ ᠵᠥᠷᠢᠴᠡᠭᠰᠡᠨ ᠦᠢ᠍ᠯᠡ ᠠᠵᠢᠯᠯᠠᠭ᠎ᠠ ᠵᠢᠨ ᠬᠤᠭᠤᠴᠠᠭ᠎ᠠ᠎ᠠᠴᠠ ᠬᠡᠲᠦᠷᠡᠭᠰᠡᠨ ᠣᠷᠳᠣ ᠣᠬᠤᠷ ᠵᠢᠴᠢ ᠬᠡᠷᠡᠭ᠎ᠢ ᠪᠠᠶ᠋ᠢᠴᠠᠭ᠋ᠠᠨ ᠰᠢᠢ᠍ᠳᠪᠦᠷᠢᠯᠡᠭᠰᠡᠨ᠎ᠤ ᠳᠠᠷᠠᠭ᠎ᠠ ᠪᠡᠶᠡᠴᠢ ᠴᠣᠭᠴᠠ ᠵᠢᠨ ᠴᠡᠭᠴᠡᠯᠡᠨ ᠰᠠᠶ᠋ᠢᠵᠢᠷᠠᠭᠤᠯᠤᠭᠰᠠᠨ ᠪᠠᠶ᠋ᠢᠳᠠᠯ᠎ᠢ ᠪᠣᠳᠣᠯᠬᠢᠯᠠᠨ᠎ᠠ᠃

   ᠡᠭᠦᠨ᠎ᠤ ᠬᠠᠮᠲᠤ᠂  ᠬᠤᠭᠤᠴᠠᠭ᠎ᠠ ᠬᠡᠲᠦᠷᠡᠭᠰᠡᠨ ᠪᠣᠳᠠᠲᠠᠶ ᠪᠠᠷᠢᠮᠵᠢᠶ᠎ᠠ ᠵᠢ ᠨᠢᠭᠡᠳᠦᠭᠡᠷ ᠹᠷᠣᠨᠲ᠎ᠤᠨ ᠬᠠᠤᠯᠢ ᠬᠡᠷᠡᠭᠵᠢᠭᠦᠯᠬᠦ ᠠᠵᠢᠯᠲᠠᠨ ᠪᠠ ᠬᠠᠮᠢᠶ᠎ᠠ ᠪᠥᠬᠦᠶ ᠰᠠᠯᠠᠭ᠎ᠠ ᠮᠥᠴᠢᠷ᠎ᠤᠨ ᠰᠠᠨᠠᠯ᠎ᠢ ᠥᠷᠭᠡᠨ ᠵᠶ᠋ᠠᠷ ᠬᠤᠷᠢᠶᠠᠭᠰᠠᠨ᠎ᠤ ᠳᠠᠷᠠᠭ᠎ᠠ᠂  ᠡᠴᠦᠰ᠎ᠲᠡᠭᠡᠨ 15 ᠡᠳᠦᠷ᠂ 30 ᠡᠳᠦᠷ᠂ 45 ᠡᠳᠦᠷ᠎ᠢ ᠪᠣᠳᠠᠲᠠᠶ ᠬᠤᠭᠤᠴᠠᠭ᠎ᠠ ᠬᠡᠲᠦᠷᠡᠭᠰᠡᠨ ᠪᠠᠷᠢᠮᠵᠢᠶ᠎ᠠ ᠪᠣᠯᠭ᠋ᠠᠬᠤ᠎ᠪᠠᠷ ᠲᠣᠭᠲᠠᠭ᠋ᠠᠪᠠ᠃

  (ᠨᠠᠢ᠍ᠮᠠ) ᠤᠰᠤ ᠠᠪᠬᠤ ᠡᠷᠦᠬᠡ ᠤᠰᠤ ᠠᠪᠬᠤ ᠲᠥᠯᠥᠪᠯᠡᠭᠡ᠎ᠪᠠᠨ ᠦᠯᠦ ᠵᠢᠷᠤᠮᠯᠠᠨ ᠤᠰᠤ ᠠᠪᠴᠤ ᠬᠡᠷᠡᠭᠯᠡᠬᠦ

   ᠪᠦᠬᠦ ᠤᠯᠤᠰ᠎ᠤᠨ ᠡᠯ᠎ᠡ ᠭᠠᠵᠠᠷ᠎ᠤᠨ ᠤᠰᠤᠨ᠎ᠤ ᠵᠠᠰᠠᠭ ᠵᠠᠬᠢᠷᠭ᠋ᠠᠨ᠎ᠤ ᠰᠢᠢ᠍ᠳᠭᠡᠯ᠎ᠤᠨ ᠴᠢᠯᠥᠭᠡᠲᠦ ᠲᠠᠰᠤᠯᠤᠯᠲᠠ ᠵᠢᠨ ᠦᠵᠡᠬᠦ᠎ᠪᠠᠷ᠂  ᠡᠨᠡ ᠬᠦ᠌ ᠬᠠᠤᠯᠢ᠎ᠠᠴᠠ ᠵᠥᠷᠢᠴᠡᠭᠰᠡᠨ ᠦᠢ᠍ᠯᠡ ᠠᠵᠢᠯᠯᠠᠭ᠎ᠠ ᠵᠢᠨ ᠵᠣᠩᠬᠢᠯᠠᠬᠤ ᠬᠡᠰᠡᠭ᠎ᠨᠢ ᠴᠥᠮ ᠪᠣᠳᠠᠲᠠᠶ ᠠᠪᠤᠭᠰᠠᠨ ᠤᠰᠤᠨ᠎ᠤ ᠡᠵᠡᠯᠡᠬᠦ ᠬᠠᠷᠢᠴᠠᠯ᠎ᠢ ᠪᠣᠳᠣᠯᠬᠢᠯᠠᠬᠤ ᠠᠷᠭ᠎ᠠ᠎ᠪᠠᠷ ᠳᠠᠮᠵᠢᠭᠤᠯᠤᠨ ᠰᠢᠢ᠍ᠳᠭᠡᠨ ᠲᠣᠷᠭ᠋ᠠᠬᠤ ᠬᠡᠮᠵᠢᠶ᠎ᠡ ᠵᠢ ᠲᠣᠭᠲᠠᠭ᠋ᠠᠨ᠎ᠠ᠃  ᠵᠠᠰᠠᠭ ᠵᠠᠬᠢᠷᠭ᠋ᠠᠨ᠎ᠤ ᠪᠠᠢ᠌ᠭᠤᠯᠭ᠎ᠠ ᠤᠰᠤ ᠲᠠᠲᠠᠬᠤ ᠬᠡᠮᠵᠢᠶ᠎ᠡ ᠵᠢ ᠬᠢᠵᠠᠭ᠋ᠠᠷᠯᠠᠬᠤ ᠲᠣᠭᠲᠠᠭ᠋ᠠᠯ ᠭᠠᠷᠭ᠋ᠠᠭᠰᠠᠨ᠎ᠤ ᠭᠣᠤᠯ ᠰᠢᠯᠲᠠᠭ᠋ᠠᠨ᠎ᠨᠢ ᠵᠠᠰᠠᠭ᠎ᠤᠨ ᠣᠷᠳᠣᠨ᠎ᠠᠴᠠ ᠤᠰᠤᠨ᠎ᠤ ᠡᠬᠢ ᠪᠠᠶᠠᠯᠢᠭ᠎ᠲᠤ ᠬᠡᠷᠡᠭᠯᠡᠬᠦ ᠤᠰᠤᠨ᠎ᠤ ᠶᠡᠷᠦᠩᠬᠡᠶ ᠬᠡᠮᠵᠢᠶ᠎ᠡ ᠵᠢ ᠬᠢᠵᠠᠭ᠋ᠠᠷᠯᠠᠬᠤ ᠵᠢ ᠬᠡᠷᠡᠭᠵᠢᠭᠦᠯᠪᠡᠯ᠂  ᠳᠠᠷᠤᠶ ᠤᠰᠤᠨ᠎ᠤ ᠡᠬᠢ ᠰᠤᠷᠪᠤᠯᠵᠢ ᠵᠢ ᠵᠦᠢ ᠵᠣᠬᠢᠰᠲᠠᠶ ᠠᠰᠢᠭᠯᠠᠬᠤ᠎ᠳᠤ ᠣᠷᠣᠰᠢᠨ᠎ᠠ᠃

   ᠡᠭᠦᠨ᠎ᠤ ᠬᠠᠮᠲᠤ᠂  ᠲᠣᠰ ᠲᠠᠰᠤᠯᠤᠯᠲᠠ ᠵᠢᠨ ᠰᠠᠭᠤᠷᠢ ᠪᠠᠷᠢᠮᠵᠢᠶ᠎ᠠ᠎ᠨᠢ ᠭᠤᠤᠯᠳᠠᠭᠤ ᠵᠥᠪᠰᠢᠶᠡᠷᠡᠯ᠎ᠤᠨ ᠨᠥᠬᠦᠴᠡᠯ᠎ᠠᠴᠠ ᠬᠡᠲᠦᠷᠡᠭᠰᠡᠨ ᠤᠰᠤ ᠠᠪᠬᠤ ᠤᠰᠤᠨ᠎ᠤ ᠡᠬᠢ ᠪᠠᠶᠠᠯᠢᠭ᠎ᠤᠨ ᠭᠠᠶ᠋ᠢᠯᠢ ᠲᠠᠲᠠᠪᠤᠷᠢᠯᠠᠬᠤ ᠬᠠᠷᠢᠴᠠᠯ ᠵᠶ᠋ᠠᠷ ᠯᠠᠪᠯᠠᠯᠲᠠ ᠪᠣᠯᠭ᠋ᠠᠵᠤ᠂ 20%᠎ᠠᠴᠠ 40% ᠵᠢᠨ ᠬᠠᠷᠢᠴᠠᠯ ᠵᠶ᠋ᠠᠷ ᠭᠤᠤᠯ ᠰᠠᠭᠤᠷᠢ ᠪᠠᠷᠢᠮᠵᠢᠶ᠎ᠠ ᠪᠣᠯᠭ᠋ᠠᠵᠤ᠂  ᠨᠠᠩ ᠵᠦᠶ ᠵᠣᠬᠢᠰᠲᠠᠶ᠂  ᠵᠠᠰᠠᠭ ᠵᠠᠬᠢᠷᠭ᠋ᠠᠨ᠎ᠤ ᠬᠠᠤᠯᠢ ᠴᠠᠭ᠋ᠠᠵᠠ ᠵᠢᠨ ᠬᠠᠷᠢᠴᠠᠯ᠎ᠤᠨ ᠵᠠᠷᠴᠢᠮ᠎ᠳᠤ ᠨᠠᠩ ᠨᠡᠶ᠋ᠢᠴᠡᠨ᠎ᠡ᠃  ᠲᠡᠷᠡ ᠮᠥᠷᠲᠡᠭᠡᠨ ᠰᠢᠢ᠍ᠳᠭᠡᠯ ᠪᠠ ᠰᠤᠷᠭ᠋ᠠᠨ ᠬᠥᠮᠦᠵᠢᠯ᠎ᠢ ᠤᠶᠠᠯᠳᠤᠭᠤᠯᠬᠤ᠎ᠳᠤ ᠰᠠᠭᠤᠷᠢᠯᠠᠨ᠂  ᠬᠤᠳᠠᠯᠳᠤᠭ᠎ᠠ ᠡᠵᠡᠩᠨᠡᠬᠦ ᠣᠷᠴᠢᠨ ᠨᠥᠬᠦᠴᠡᠯ᠎ᠢ ᠰᠢᠯᠢᠳᠡᠭᠵᠢᠭᠦᠯᠵᠦ᠂  ᠲᠥᠯᠥᠪᠯᠡᠭᠡ᠎ᠠᠴᠠ ᠬᠡᠲᠦᠷᠡᠭᠦᠯᠦᠨ ᠤᠰᠤ ᠬᠡᠷᠡᠭᠯᠡᠬᠦ ᠬᠠᠷᠢᠴᠠᠯ᠎ᠢ 20%᠎ᠠᠴᠠ ᠬᠡᠲᠦᠷᠡᠭᠦᠯᠬᠦ ᠥᠬᠡᠶ ᠮᠥᠷᠲᠡᠭᠡᠨ ᠵᠥᠪᠰᠢᠶᠡᠷᠡᠯ᠎ᠤᠨ ᠨᠥᠬᠦᠴᠡᠯ᠎ᠠᠴᠠ ᠵᠥᠷᠢᠴᠡᠭᠰᠡᠨ ᠥᠬᠡᠶ ᠬᠠᠤᠯᠢ᠎ᠠᠴᠠ ᠵᠥᠷᠢᠴᠡᠭᠰᠡᠨ ᠦᠢ᠍ᠯᠡ ᠠᠵᠢᠯᠯᠠᠭ᠎ᠠ ᠵᠢ ᠰᠢᠢ᠍ᠳᠬᠡᠬᠦ ᠥᠬᠡᠶ᠂  ᠡᠨᠡ᠎ᠨᠢ ᠲᠣᠰ ᠲᠠᠰᠤᠯᠤᠯᠲᠠ ᠵᠢᠨ ᠰᠠᠭᠤᠷᠢ ᠪᠠᠷᠢᠮᠵᠢᠶ᠎ᠠ ᠲᠣᠭᠲᠠᠭ᠋ᠠᠭᠰᠠᠨ ᠬᠢᠯᠠᠰ ᠴᠡᠭ ᠪᠣᠯᠤᠨ᠎ᠠ᠃

  

           ᠣᠷᠳᠣᠰ ᠬᠤᠲᠠ ᠵᠢᠨ ᠤᠰᠤᠨ ᠠᠰᠢᠭᠯᠠᠯᠲᠠ ᠵᠢᠨ ᠲᠣᠪᠴᠢᠶ᠎ᠠ

          2024 ᠣᠨ᠎ᠤ 4 ᠳ᠋ᠦ᠍ᠭᠡᠷ ᠰᠠᠷ᠎ᠠ ᠵᠢᠨ 23᠎ᠤ ᠡᠳᠦᠷ

 

ᠢᠷᠡᠯᠲᠡ᠄ ᠤᠷᠳᠤᠰ ᠬᠤᠳᠠ ᠵᠢᠨ ᠤᠰᠤᠨ ᠠᠰᠢᠭᠯᠠᠯᠳᠠ ᠵᠢᠨ ᠲᠤᠪᠴᠢᠶ᠎ᠠ
          
ᠬᠠᠮᠢᠶ᠎ᠡ ᠪᠦᠬᠦᠢ ᠰᠣᠨᠢᠨ
ᠦᠰᠦᠭ ᠪᠢᠴᠢᠭ ᠵᠶ᠋ᠠᠷ ᠥᠭᠦᠯᠡᠬᠦᠢ᠄ 《ᠲᠦᠩᠯᠢᠶᠣᠤ ᠬᠤᠲᠠ ᠵᠢᠨ ᠲᠠᠷᠢᠶᠠᠯᠠᠩ᠎ᠤᠨ ᠤᠰᠤᠨ᠎ᠤ ᠦᠨ᠎ᠡ ᠬᠠᠩᠰᠢ ᠵᠢᠨ ᠶᠡᠷᠦᠩᠬᠡᠶ᠋ᠢᠯᠡᠭᠰᠡᠨ ᠥᠭᠡᠷᠡᠴᠢᠯᠡᠯᠲᠡ ᠵᠢᠨ ᠵᠢᠯᠣᠭᠤᠳᠬᠤ ᠰᠠᠨᠠᠯ》
《ᠤᠰᠤᠨ᠎ᠤ ᠡᠬᠢ ᠪᠠᠶᠠᠯᠢᠭ᠎ᠤᠨ ᠭᠠᠶ᠋ᠢᠯᠢ ᠵᠢᠨ ᠥᠭᠡᠷᠡᠴᠢᠯᠡᠯᠲᠡ ᠵᠢᠨ ᠲᠤᠷᠰᠢᠯᠲᠠ ᠵᠢᠨ ᠬᠡᠷᠡᠭᠵᠢᠭᠦᠯᠬᠦ ᠠᠷᠭ᠎ᠠ》 ᠵᠢᠨ ᠡᠷᠬᠡ ᠰᠦᠷᠲᠦ ᠲᠠᠢ᠌ᠯᠪᠤᠷᠢ
【ᠵᠢᠷᠤᠭᠲᠤ ᠲᠠᠢ᠌ᠯᠤᠮᠵᠢ】《ᠪᠤᠭᠤᠲᠤ ᠬᠤᠲᠠ ᠵᠢᠨ ᠬᠤᠲᠠ ᠵᠢᠨ ᠤᠰᠤ ᠬᠠᠩᠭ᠋ᠠᠬᠤ ᠭᠡᠨᠡᠳᠲᠡ ᠵᠢᠨ ᠠᠳᠡᠯ᠎ᠤᠨ ᠪᠠᠴᠢᠮ ᠪᠠᠶ᠋ᠢᠳᠠᠯ᠎ᠢ ᠠᠷᠭ᠋ᠠᠴᠠᠬᠤ ᠪᠡᠯᠡᠳᠬᠡᠯ ᠲᠥᠰᠦᠯ᠎ᠢ ᠳᠠᠷᠤᠮᠠᠯᠯᠠᠨ ᠶᠠᠪᠤᠭᠤᠯᠬᠤ ᠲᠤᠬᠠᠶ ᠪᠤᠭᠤᠲᠤ ᠬᠤᠲᠠ ᠵᠢᠨ ᠠᠷᠠᠳ᠎ᠤᠨ ᠵᠠᠰᠠᠭ᠎ᠤᠨ ᠣᠷᠳᠣᠨ᠎ᠤ ᠠᠯᠪᠠᠨ ᠬᠡᠷ᠎ᠤᠨ ᠮᠡᠳᠡᠭᠳᠡᠯ》᠎ᠤᠨ ᠲᠥᠷᠥ ᠵᠢᠨ ᠪᠣᠳᠣᠯᠭ᠎ᠠ ᠵᠢᠨ ᠲᠠᠶ᠋ᠢᠯᠤᠮᠵᠢ
【ᠵᠢᠷᠤᠭᠲᠤ ᠲᠠᠢ᠌ᠯᠤᠮᠵᠢ】 ᠤᠰᠤᠨ ᠠᠰᠢᠭᠯᠠᠯᠲᠠ ᠵᠢᠨ ᠶᠠᠮᠤᠨ᠎ᠤ ᠤᠰᠤ ᠰᠢᠷᠣᠶ ᠵᠢ ᠬᠠᠮᠠᠭ᠋ᠠᠯᠠᠬᠤ ᠵᠤᠷᠭ᠋ᠠᠨ 《ᠠᠮᠢ ᠠᠬᠤᠶ ᠵᠢᠨ ᠴᠡᠪᠡᠷ ᠵᠢᠵᠢᠭ ᠰᠠᠪᠠ ᠭᠠᠵᠠᠷ᠎ᠤᠨ ᠪᠥᠲᠥᠭᠡᠨ ᠪᠠᠶ᠋ᠢᠭᠤᠯᠤᠯᠲᠠ ᠵᠢ ᠲᠦᠷᠭᠡᠳᠬᠡᠨ ᠠᠬᠢᠭᠤᠯᠬᠤ ᠲᠤᠬᠠᠶ ᠵᠢᠯᠣᠭᠤᠳᠬᠤ ᠰᠠᠨᠠᠯ》᠎ᠳᠤ ᠲᠠᠶ᠋ᠢᠯᠤᠮᠵᠢ ᠬᠢᠪᠠ
【ᠵᠢᠷᠤᠭᠲᠤ ᠲᠠᠢ᠌ᠯᠤᠮᠵᠢ】《ᠤᠰᠤᠨ᠎ᠤ ᠡᠬᠢ ᠪᠠᠶᠠᠯᠢᠭ᠎ᠤᠨ ᠭᠠᠶ᠋ᠢᠯᠢ ᠵᠢᠨ ᠥᠭᠡᠷᠡᠴᠢᠯᠡᠯᠲᠡ ᠵᠢᠨ ᠲᠤᠷᠰᠢᠯᠲᠠ ᠵᠢᠨ ᠬᠡᠷᠡᠭᠵᠢᠭᠦᠯᠬᠦ ᠠᠷᠭ᠎ᠠ》 ᠵᠢᠨ ᠡᠷᠬᠡ ᠰᠦᠷᠲᠦ ᠲᠠᠢ᠌ᠯᠪᠤᠷᠢ 1
 
            