ᠲᠥᠷᠥ ᠵᠢᠨ ᠶᠠᠪᠤᠳᠠᠯ᠎ᠤᠨ ᠬᠤᠷᠢᠶᠠᠨ᠎ᠤ ᠰᠣᠨᠢᠨ ᠮᠡᠳᠡᠭᠡᠨ᠎ᠤ ᠠᠯᠪᠠᠨ ᠬᠡᠷ 2024 ᠣᠨ᠎ᠤ 3 ᠳ᠋ᠤᠭ᠋ᠠᠷ ᠰᠠᠷ᠎ᠠ ᠵᠢᠨ 28᠎ᠤ ᠡᠳᠦᠷ (ᠭᠠᠷᠠᠭ᠎ᠤᠨ ᠳᠥᠷᠪᠡᠨ)᠎ᠤᠨ ᠦᠳᠡ ᠵᠢᠨ ᠬᠤᠶ᠋ᠢᠨᠠᠬᠢ 3 ᠴᠠᠭ᠎ᠲᠤ ᠲᠥᠷᠥ ᠵᠢᠨ ᠶᠠᠪᠤᠳᠠᠯ᠎ᠤᠨ ᠬᠤᠷᠢᠶᠠᠨ᠎ᠤ ᠲᠥᠷᠥ ᠵᠢᠨ ᠪᠣᠳᠣᠯᠭ᠎ᠠ ᠵᠢᠨ ᠵᠤᠷᠰᠢᠯᠲᠤ ᠪᠠᠶ᠋ᠢᠳᠠᠯ᠎ᠢ ᠮᠡᠳᠡᠭᠳᠡᠬᠦ ᠬᠤᠷᠠᠯ ᠬᠤᠷᠠᠯᠳᠤᠭᠤᠯᠵᠤ᠂ ᠤᠰᠤᠨ ᠠᠰᠢᠭᠯᠠᠯᠲᠠ ᠵᠢᠨ ᠶᠠᠮᠤᠨ᠎ᠤ ᠳᠡᠳ᠋ ᠰᠠᠶ᠋ᠢᠳ ᠯᠢ ᠯᠢᠶᠠᠩ ᠱᠧᠩ ᠪᠣᠯᠤᠨ ᠤᠯᠤᠰ᠎ᠤᠨ ᠬᠥᠭᠵᠢᠭᠦᠯᠦᠯᠲᠡ ᠪᠠ ᠥᠭᠡᠷᠡᠴᠢᠯᠡᠯᠲᠡ ᠵᠢᠨ ᠵᠥᠪᠯᠡᠯ᠎ᠤᠨ ᠡᠬᠢ ᠪᠠᠶᠠᠯᠢᠭ᠎ᠢ ᠠᠷᠪᠢᠯᠠᠬᠤ ᠪᠠ ᠣᠷᠴᠢᠨ ᠲᠣᠭᠤᠷᠢᠨ᠎ᠢ ᠬᠠᠮᠠᠭ᠋ᠠᠯᠠᠬᠤ ᠵᠤᠷᠭ᠋ᠠᠨ᠎ᠤ ᠬᠠᠷᠢᠭᠤᠴᠠᠯᠭ᠋ᠠᠲᠠᠨ ᠨᠢᠤ ᠪᠥᠸᠧ᠂ ᠬᠠᠤᠯᠢ ᠴᠠᠭ᠋ᠠᠵᠠ ᠵᠢᠨ ᠶᠠᠮᠤᠨ᠎ᠤ ᠬᠠᠤᠯᠢ ᠲᠣᠭᠲᠠᠭ᠋ᠠᠬᠤ ᠳᠥᠷᠪᠡᠳᠦᠭᠡᠷ ᠲᠣᠪᠴᠢᠶ᠎ᠠ ᠵᠢᠨ ᠳᠠᠷᠤᠭ᠎ᠠ ᠵᠠᠩ ᠶᠤᠤ ᠪᠥᠸᠧ᠂ ᠣᠷᠣᠨ ᠰᠠᠭᠤᠴᠠ ᠪᠠ ᠬᠤᠲᠠ ᠬᠥᠳᠡᠭᠡ ᠵᠢᠨ ᠪᠥᠲᠥᠭᠡᠨ ᠪᠠᠶ᠋ᠢᠭᠤᠯᠤᠯᠲᠠ ᠵᠢᠨ ᠶᠠᠮᠤᠨ᠎ᠤ ᠬᠤᠲᠠ ᠵᠢᠨ ᠪᠥᠲᠥᠭᠡᠨ ᠪᠠᠶ᠋ᠢᠭᠤᠯᠤᠯᠲᠠ ᠵᠢᠨ ᠵᠤᠷᠭ᠋ᠠᠨ᠎ᠤ ᠳᠠᠷᠤᠭ᠎ᠠ ᠬᠤ᠌ ᠽᠢ ᠵᠢᠶᠠᠨ᠂ ᠤᠰᠤᠨ ᠠᠰᠢᠭᠯᠠᠯᠲᠠ ᠵᠢᠨ ᠶᠠᠮᠤᠨ᠎ᠤ ᠲᠥᠷᠥ ᠵᠢᠨ ᠪᠣᠳᠣᠯᠭ᠎ᠠ ᠬᠠᠤᠯᠢ ᠲᠣᠭᠲᠠᠭ᠋ᠠᠯ᠎ᠤᠨ ᠵᠤᠷᠭ᠋ᠠᠨ᠎ᠤ ᠳᠠᠷᠤᠭ᠎ᠠ ᠴᠧᠨ ᠳ᠋ᠡ ᠶᠦᠩ 《ᠤᠰᠤ ᠵᠢ ᠠᠷᠪᠢᠯᠠᠨ ᠬᠡᠷᠡᠭᠯᠡᠬᠦ ᠲᠦᠷᠢᠮ》᠎ᠤᠨ ᠬᠤᠯᠪᠣᠭᠳᠠᠯ ᠪᠥᠬᠦᠶ ᠪᠠᠶ᠋ᠢᠳᠠᠯ᠎ᠢ ᠲᠠᠨᠢᠯᠴᠠᠭᠤᠯᠬᠤ ᠵᠢᠨ ᠬᠠᠮᠲᠤ ᠰᠤᠷᠪᠤᠯᠵᠢᠯᠠᠭᠴᠢ ᠵᠢᠨ ᠠᠰᠠᠭᠤᠯᠲᠠ ᠵᠢ ᠬᠠᠷᠢᠭᠤᠯᠪᠠ᠃


ᠰᠢᠩ ᠾᠦᠢ ᠨᠠ
ᠲᠥᠷᠥ ᠵᠢᠨ ᠶᠠᠪᠤᠳᠠᠯ᠎ᠤᠨ ᠬᠤᠷᠢᠶᠠᠨ᠎ᠤ ᠰᠣᠨᠢᠨ ᠮᠡᠳᠡᠭᠡᠨ᠎ᠤ ᠠᠯᠪᠠᠨ ᠭᠡᠷ᠎ᠤᠨ ᠰᠣᠨᠢᠨ ᠮᠡᠳᠡᠭᠡᠨ᠎ᠤ ᠲᠣᠪᠴᠢᠶᠠᠨ᠎ᠤ ᠳᠡᠳ᠋ ᠳᠠᠷᠤᠭ᠎ᠠ᠂ ᠰᠣᠨᠢᠨ ᠮᠡᠳᠡᠭᠡᠨ᠎ᠤ ᠥᠭᠦᠯᠡᠭᠴᠢ ᠰᠢᠩ ᠾᠦᠢ ᠨᠠ᠄
ᠠᠪᠠᠭ᠍ᠠᠢ ᠨᠠᠷ᠂ ᠠᠪᠤᠭ᠋ᠠᠢ ᠨᠠᠷ ᠡ᠂ ᠤᠯᠠᠨ ᠵᠶ᠋ᠠᠷ ᠵᠶ᠋ᠠᠨ ᠰᠠᠢ᠌ᠨ ᠪᠠᠢ᠌ᠨᠤ! ᠲᠥᠷᠥ ᠵᠢᠨ ᠶᠠᠪᠤᠳᠠᠯ᠎ᠤᠨ ᠬᠣᠷᠢᠶᠠᠨ᠎ᠤ ᠲᠥᠷᠥ ᠵᠢᠨ ᠪᠣᠳᠣᠯᠭ᠎ᠠ ᠵᠢᠨ ᠵᠤᠷᠰᠢᠯ ᠵᠶ᠋ᠠᠷ ᠰᠣᠨᠢᠨ ᠮᠡᠳᠡᠭᠡ ᠨᠡᠶ᠋ᠢᠲᠡᠯᠡᠬᠦ ᠬᠤᠷᠠᠯ᠎ᠳᠤ ᠣᠷᠣᠯᠴᠠᠬᠤ ᠵᠢ ᠪᠠᠶᠠᠷᠯᠠᠨ ᠤᠭᠲᠤᠨ᠎ᠠ᠃ ᠣᠶ᠋ᠢᠷ᠎ᠠ᠎ᠳᠤ᠂ 《ᠤᠰᠤ ᠵᠢ ᠠᠷᠪᠢᠯᠠᠨ ᠭᠠᠮᠨᠠᠬᠤ ᠲᠦᠷᠢᠮ》᠎ᠢ ᠨᠢᠭᠡᠨᠲᠡ ᠢᠯᠡ᠎ᠪᠠᠷ ᠨᠡᠶ᠋ᠢᠲᠡᠯᠡᠵᠦ᠂ ᠣᠯᠠᠨ᠎ᠢ ᠬᠠᠪᠰᠤᠷᠤᠨ ᠬᠤᠯᠪᠣᠭᠳᠠᠯ ᠪᠥᠬᠦᠶ ᠪᠠᠶ᠋ᠢᠳᠠᠯ᠎ᠢ ᠨᠠᠩ ᠰᠠᠶ᠋ᠢᠲᠤᠷ ᠣᠶ᠋ᠢᠯᠠᠭ᠋ᠠᠭᠤᠯᠬᠤ ᠵᠢᠨ ᠲᠥᠯᠥᠭᠡ᠂ ᠪᠢᠳᠡ ᠤᠰᠤᠨ ᠠᠰᠢᠭᠯᠠᠯᠲᠠ ᠵᠢᠨ ᠶᠠᠮᠤᠨ᠎ᠤ ᠳᠡᠳ᠋ ᠰᠠᠶ᠋ᠢᠳ ᠯᠢ ᠯᠢᠶᠠᠩ ᠱᠧᠩ ᠠᠪᠤᠭ᠋ᠠᠶ ᠵᠢ ᠤᠷᠢᠵᠤ᠂ ᠲᠡᠭᠦᠨ᠎ᠢ ᠣᠯᠠᠨ᠎ᠳᠤ 《ᠲᠦᠷᠢᠮ》᠎ᠤᠨ ᠬᠤᠯᠪᠣᠭᠳᠠᠯ ᠪᠥᠬᠦᠶ ᠪᠠᠶ᠋ᠢᠳᠠᠯ᠎ᠢ ᠲᠠᠨᠢᠯᠴᠠᠭᠤᠯᠬᠤ ᠵᠢᠨ ᠬᠠᠮᠲᠤ ᠣᠯᠠᠨ᠎ᠤ ᠠᠩᠬᠠᠷᠴᠤ ᠪᠠᠶ᠋ᠢᠭ᠎ᠠ ᠠᠰᠠᠭᠤᠯᠲᠠ ᠵᠢ ᠬᠠᠷᠢᠭᠤᠯᠵᠠᠶ᠃ ᠥᠨᠥᠳᠦᠷ᠎ᠤᠨ ᠪᠠᠶ᠋ᠢᠳᠠᠯ᠎ᠢ ᠮᠡᠳᠡᠭᠳᠡᠬᠦ ᠬᠤᠷᠠᠯ᠎ᠳᠤ ᠪᠠᠰᠠ ᠤᠯᠤᠰ᠎ᠤᠨ ᠬᠥᠭᠵᠢᠭᠦᠯᠦᠯᠲᠡ ᠪᠠ ᠥᠭᠡᠷᠡᠴᠢᠯᠡᠯᠲᠡ ᠵᠢᠨ ᠵᠥᠪᠯᠡᠯ᠎ᠤᠨ ᠡᠬᠢ ᠪᠠᠶᠠᠯᠢᠭ᠎ᠢ ᠠᠷᠪᠢᠯᠠᠬᠤ ᠪᠠ ᠣᠷᠴᠢᠨ ᠲᠣᠭᠤᠷᠢᠨ᠎ᠢ ᠬᠠᠮᠠᠭ᠋ᠠᠯᠠᠬᠤ ᠵᠤᠷᠭ᠋ᠠᠨ᠎ᠤ ᠬᠠᠷᠢᠭᠤᠴᠠᠯᠭ᠋ᠠᠲᠠᠨ ᠨᠢᠦ ᠪᠥᠸᠧ ᠠᠪᠤᠭ᠋ᠠᠶ᠂ ᠬᠠᠤᠯᠢ ᠴᠠᠭ᠋ᠠᠵᠠ ᠵᠢᠨ ᠶᠠᠮᠤᠨ᠎ᠤ ᠬᠠᠤᠯᠢ ᠲᠣᠭᠲᠠᠭ᠋ᠠᠬᠤ ᠳᠥᠷᠪᠡᠳᠦᠭᠡᠷ ᠲᠣᠪᠴᠢᠶ᠎ᠠ ᠵᠢᠨ ᠳᠠᠷᠤᠭ᠎ᠠ ᠵᠠᠩ ᠶᠤᠤ ᠪᠥᠸᠧ ᠠᠪᠤᠭ᠋ᠠᠶ᠂ ᠣᠷᠣᠨ ᠰᠠᠭᠤᠴᠠ ᠪᠠ ᠬᠤᠲᠠ ᠬᠥᠳᠡᠭᠡ ᠵᠢᠨ ᠪᠥᠲᠥᠭᠡᠨ ᠪᠠᠶ᠋ᠢᠭᠤᠯᠤᠯᠲᠠ ᠵᠢᠨ ᠶᠠᠮᠤᠨ᠎ᠤ ᠬᠤᠲᠠ ᠵᠢᠨ ᠪᠥᠲᠥᠭᠡᠨ ᠪᠠᠶ᠋ᠢᠭᠤᠯᠤᠯᠲᠠ ᠵᠢᠨ ᠵᠤᠷᠭ᠋ᠠᠨ᠎ᠤ ᠳᠠᠷᠤᠭ᠎ᠠ ᠬᠤ᠌ ᠽᠢ ᠵᠢᠶᠠᠨ ᠠᠪᠤᠭ᠋ᠠᠶ᠂ ᠤᠰᠤᠨ ᠠᠰᠢᠭᠯᠠᠯᠲᠠ ᠵᠢᠨ ᠶᠠᠮᠤᠨ᠎ᠤ ᠲᠥᠷᠥ ᠵᠢᠨ ᠪᠣᠳᠣᠯᠭ᠎ᠠ ᠬᠠᠤᠯᠢ ᠲᠣᠭᠲᠠᠭ᠋ᠠᠯ᠎ᠤᠨ ᠵᠤᠷᠭ᠋ᠠᠨ᠎ᠤ ᠳᠠᠷᠤᠭ᠎ᠠ ᠴᠧᠨ ᠳ᠋ᠡ ᠶᠦᠩ ᠠᠪᠤᠭ᠋ᠠᠶ ᠪᠠᠶ᠋ᠢᠨ᠎ᠠ᠃
ᠣᠳᠣ᠂ ᠤᠷᠢᠳᠠᠪᠠᠷ ᠯᠢ ᠯᠢᠶᠠᠩ ᠱᠧᠩ ᠠᠪᠤᠭ᠋ᠠᠢ ᠵᠢ ᠲᠠᠨᠢᠯᠴᠠᠭᠤᠯᠤᠶ᠎ᠠ᠃

ᠯᠢ ᠯᠢᠶᠠᠩ ᠱᠸᠩ
ᠤᠰᠤᠨ ᠠᠰᠢᠭᠯᠠᠯᠲᠠ ᠵᠢᠨ ᠶᠠᠮᠤᠨ᠎ᠤ ᠳᠡᠳ᠋ ᠰᠠᠶ᠋ᠢᠳ ᠯᠢ ᠯᠢᠶᠠᠩ ᠱᠧᠩ᠄
ᠠᠪᠠᠭ᠍ᠠᠢ ᠨᠠᠷ᠂ ᠠᠪᠤᠭ᠋ᠠᠢ ᠨᠠᠷ᠂ ᠰᠤᠷᠪᠤᠯᠵᠢᠯᠠᠭᠴᠢ ᠨᠠᠶ᠋ᠢᠵᠠ ᠨᠠᠷ ᠡ᠂ ᠤᠯᠠᠨ ᠵᠶ᠋ᠠᠷ ᠵᠶ᠋ᠠᠨ ᠰᠠᠶ᠋ᠢᠨ ᠪᠠᠢ᠌ᠨᠤ! ᠤᠯᠠᠨ ᠵᠶ᠋ᠠᠷ ᠵᠶ᠋ᠠᠨ ᠤᠷᠳᠤ ᠬᠤᠭᠤᠴᠠᠭ᠋ᠠᠨ᠎ᠤ ᠲᠤᠷᠰᠢ ᠤᠰᠤᠨ ᠠᠰᠢᠭᠯᠠᠯᠲᠠ ᠵᠢᠨ ᠠᠵᠢᠯ ᠪᠣᠯᠤᠨ ᠤᠰᠤ ᠠᠷᠪᠢᠯᠠᠬᠤ ᠠᠵᠢᠯ᠎ᠢ ᠬᠠᠯᠠᠮᠵᠢᠯᠠᠨ ᠳᠡᠮᠵᠢᠭᠰᠡᠨ᠎ᠳᠤ ᠴᠢᠩ ᠰᠡᠳᠬᠢᠯ᠎ᠠᠴᠠ᠎ᠪᠠᠨ ᠲᠠᠯᠠᠷᠬᠠᠵᠤ ᠪᠠᠶ᠋ᠢᠨ᠎ᠠ᠃
ᠤᠰᠤ ᠪᠣᠯ ᠤᠯᠤᠰ᠎ᠤᠨ ᠠᠵᠤ ᠠᠬᠤᠶ ᠠᠷᠠᠳ᠎ᠤᠨ ᠠᠮᠢᠳᠤᠷᠠᠯ᠎ᠳᠤ ᠬᠤᠯᠪᠣᠭᠳᠠᠬᠤ ᠰᠠᠭᠤᠷᠢ ᠴᠢᠨᠠᠷᠲᠠᠶ ᠪᠠᠶ᠋ᠢᠭ᠋ᠠᠯᠢ ᠵᠢᠨ ᠡᠬᠢ ᠪᠠᠶᠠᠯᠢᠭ ᠪᠠ ᠪᠠᠶ᠋ᠢᠯᠳᠤᠬᠤ ᠪᠣᠳᠣᠯᠭ᠎ᠠ ᠵᠢᠨ ᠴᠢᠨᠠᠷᠲᠠᠶ ᠠᠵᠤ ᠠᠬᠤᠶ ᠵᠢᠨ ᠡᠬᠢ ᠪᠠᠶᠠᠯᠢᠭ ᠮᠥᠨ᠃ ᠬᠥᠮᠦᠨ ᠣᠯᠠᠨ ᠤᠰᠤ ᠪᠠᠭ᠎ᠠ᠂ ᠤᠰᠤᠨ᠎ᠤ ᠡᠬᠢ ᠪᠠᠶᠠᠯᠢᠭ᠎ᠤᠨ ᠬᠤᠭᠤᠴᠠᠭ᠎ᠠ ᠣᠷᠣᠨ ᠵᠠᠢ ᠵᠢᠨ ᠲᠠᠷᠬᠠᠯᠲᠠ᠎ᠨᠢ ᠪᠦᠷ ᠮᠠᠨ᠎ᠤ ᠤᠯᠤᠰ᠎ᠤᠨ ᠦᠨᠳᠦᠰᠦᠨ ᠤᠰᠤᠨ᠎ᠤ ᠪᠠᠢ᠌ᠳᠠᠯ ᠪᠤᠯᠤᠨ᠎ᠠ᠃ ᠮᠠᠨ᠎ᠤ ᠤᠯᠤᠰ᠎ᠤᠨ ᠤᠰᠤᠨ᠎ᠤ ᠡᠬᠢ ᠪᠠᠶᠠᠯᠢᠭ᠎ᠤᠨ ᠶᠡᠷᠦᠩᠬᠡᠶ ᠬᠡᠮᠵᠢᠶ᠎ᠡ ᠬᠡᠳᠦᠶ᠋ᠢᠪᠡᠷ ᠳᠡᠯᠡᠬᠡᠶ ᠵᠢᠨ ᠵᠢᠷᠭᠤᠳᠤᠭ᠋ᠠᠷ᠎ᠲᠤ ᠣᠷᠣᠵᠤ ᠪᠠᠶ᠋ᠢᠭ᠎ᠠ ᠪᠣᠯᠪᠠᠴᠤ ᠬᠥᠮᠦᠨ ᠪᠦᠷᠢ ᠵᠢᠨ ᠳᠤᠮᠳᠠᠴᠢ ᠤᠰᠤᠨ᠎ᠤ ᠡᠬᠢ ᠪᠠᠶᠠᠯᠢᠭ᠎ᠤᠨ ᠬᠡᠮᠵᠢᠶ᠎ᠡ ᠵᠥᠪᠬᠡᠨ ᠳᠡᠯᠡᠬᠡᠶ ᠵᠢᠨ ᠳᠤᠮᠳᠠᠴᠢ ᠬᠢᠷᠢ ᠬᠡᠮᠵᠢᠶᠡᠨ᠎ᠤ 35%᠎ᠳᠤ ᠬᠦᠷᠴᠦ᠂ ᠪᠦᠬᠦ ᠤᠯᠤᠰ᠎ᠤᠨ ᠪᠠᠷᠤᠭ ᠭᠤᠷᠪᠠᠨ᠎ᠤ ᠬᠣᠶᠠᠷ ᠬᠤᠪᠢ ᠵᠢᠨ ᠬᠣᠲᠠ᠎ᠳᠤ ᠠᠳᠠᠯᠢ ᠪᠤᠰᠤ ᠬᠡᠮᠵᠢᠶ᠎ᠡ᠎ᠪᠠᠷ ᠤᠰᠤ ᠳᠤᠲᠠᠭᠳᠠᠵᠤ ᠪᠠᠶ᠋ᠢᠨ᠎ᠠ᠃ ᠤᠰᠤᠨ᠎ᠤ ᠡᠬᠢ ᠪᠠᠶᠠᠯᠢᠭ ᠳᠤᠲᠠᠭᠳᠠᠬᠤ ᠠᠰᠠᠭᠤᠳᠠᠯ᠎ᠢ ᠰᠢᠢ᠍ᠳᠪᠦᠷᠢᠯᠡᠬᠦ᠎ᠳᠤ ᠤᠰᠤ ᠠᠷᠪᠢᠯᠠᠬᠤ ᠪᠣᠯ ᠦᠨᠳᠦᠰᠦᠨ ᠭᠠᠷᠬᠤ ᠵᠠᠮ ᠮᠥᠨ᠃
ᠨᠠᠮ᠎ᠤᠨ ᠲᠥᠪ ᠬᠣᠷᠢᠶ᠎ᠠ᠂ ᠲᠥᠷᠥ ᠵᠢᠨ ᠶᠠᠪᠤᠳᠠᠯ᠎ᠤᠨ ᠬᠣᠷᠢᠶ᠎ᠠ ᠤᠰᠤ ᠠᠷᠪᠢᠯᠠᠬᠤ ᠠᠵᠢᠯ᠎ᠢ ᠳᠡᠭᠡᠳᠦ ᠬᠡᠮᠵᠢᠶ᠎ᠡ᠎ᠪᠠᠷ ᠴᠢᠬᠤᠯᠠᠴᠢᠯᠠᠨ ᠦᠵᠡᠵᠦ ᠪᠤᠢ᠃ ᠶᠡᠷᠦᠩᠬᠡᠶ ᠱᠦᠵᠢ ᠰᠢ ᠵᠢᠨ ᠫᠢᠩ ᠡᠭᠦᠳᠦᠯᠲᠡ ᠵᠢᠨ ᠴᠢᠨᠠᠷᠲᠠᠶ᠎ᠪᠠᠷ 《ᠤᠰᠤ ᠠᠷᠪᠢᠯᠠᠬᠤ ᠵᠢ ᠲᠡᠷᠢᠭᠦᠨ᠎ᠳᠤ ᠲᠠᠯᠪᠢᠬᠤ᠂ ᠣᠷᠣᠨ ᠵᠠᠶ ᠵᠢ ᠲᠡᠩᠴᠡᠭᠦᠷᠢᠲᠡᠶ ᠪᠠᠶ᠋ᠢᠯᠭ᠋ᠠᠬᠤ᠂ ᠰᠢᠰᠲ᠋ᠧᠮ᠎ᠲᠠᠢ ᠵᠠᠰᠠᠬᠤ᠂ ᠬᠤᠶᠠᠷ ᠲᠠᠯ᠎ᠠ᠎ᠪᠠᠷ ᠬᠦᠴᠦᠯᠡᠬᠦ》 ᠤᠰᠤ ᠵᠠᠰᠠᠬᠤ ᠰᠡᠳᠬᠢᠮᠵᠢ ᠵᠢ ᠳᠤᠷᠠᠳᠤᠨ ᠭᠠᠷᠭ᠋ᠠᠵᠤ᠂ ᠤᠰᠤ ᠠᠷᠪᠢᠯᠠᠬᠤ ᠵᠢ ᠡᠩ ᠲᠡᠷᠢᠭᠦᠨ ᠪᠠᠶ᠋ᠢᠷᠢᠨ᠎ᠳᠤ ᠲᠠᠯᠪᠢᠪᠠ᠃ ᠶᠡᠷᠦᠩᠬᠡᠢ ᠱᠦᠵᠢ ᠰᠢ ᠵᠢᠨ ᠫᠢᠩ ᠵᠢᠭ᠋ᠠᠵᠤ ᠭᠠᠷᠭ᠋ᠠᠬᠤ᠎ᠳᠤ᠎ᠪᠠᠨ᠂ ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠯᠲᠠ ᠵᠢ ᠠᠬᠢᠭᠤᠯᠬᠤ᠎ᠳᠤ ᠤᠰᠤᠨ᠎ᠤ ᠡᠬᠢ ᠪᠠᠶᠠᠯᠢᠭ᠎ᠤᠨ ᠠᠰᠠᠭᠤᠳᠠᠯ᠎ᠢ ᠪᠣᠳᠣᠯᠬᠢᠯᠠᠨ ᠣᠷᠣᠭᠤᠯᠬᠤ ᠬᠡᠷᠡᠭᠲᠡᠢ; ᠦᠵᠡᠯᠲᠡ᠂ ᠤᠬᠠᠮᠰᠠᠷ᠂ ᠠᠷᠭ᠎ᠠ ᠬᠡᠮᠵᠢᠶ᠎ᠡ ᠵᠡᠷᠭᠡ ᠡᠯ᠎ᠡ ᠲᠠᠯ᠎ᠠ᠎ᠠᠴᠠ ᠴᠥᠮ ᠤᠰᠤ ᠠᠷᠪᠢᠯᠠᠬᠤ ᠵᠢ ᠲᠡᠷᠢᠭᠦᠨ ᠪᠠᠶ᠋ᠢᠷᠢᠨ᠎ᠳᠤ ᠲᠠᠯᠪᠢᠬᠤ ᠬᠡᠷᠡᠭᠲᠡᠢ; ᠤᠰᠤ᠎ᠪᠠᠷ ᠬᠤᠲᠠ ᠵᠢ ᠲᠣᠭᠲᠠᠭ᠋ᠠᠬᠤ᠂ ᠤᠰᠤ᠎ᠪᠠᠷ ᠭᠠᠵᠠᠷ᠎ᠢ ᠲᠣᠭᠲᠠᠭ᠋ᠠᠬᠤ᠂ ᠤᠰᠤ᠎ᠪᠠᠷ ᠭᠠᠷᠤᠯᠲᠠ ᠵᠢ ᠲᠣᠭᠲᠠᠭ᠋ᠠᠬᠤ ᠵᠢ ᠪᠠᠷᠢᠮᠲᠠᠯᠠᠵᠤ᠂ ᠤᠰᠤᠨ᠎ᠤ ᠡᠬᠢ ᠪᠠᠶᠠᠯᠢᠭ᠎ᠢ ᠬᠠᠮᠤᠭ᠎ᠤᠨ ᠶᠡᠭᠡ ᠬᠠᠲᠠᠭᠤ ᠬᠢᠵᠠᠭ᠋ᠠᠷᠯᠠᠯ ᠪᠣᠯᠭ᠋ᠠᠵᠤ᠂ ᠬᠥᠮᠥᠨ ᠠᠮᠠ᠂ ᠬᠤᠲᠠ ᠪᠠ ᠠᠵᠤ ᠦᠢ᠍ᠯᠡᠰ᠎ᠤᠨ ᠬᠥᠭᠵᠢᠯᠲᠡ ᠵᠢ ᠵᠦᠢ ᠵᠣᠬᠢᠰᠲᠠᠢ ᠲᠥᠯᠥᠪᠵᠢᠭᠦᠯᠵᠦ᠂ ᠵᠦᠢ ᠵᠣᠬᠢᠰ ᠦᠭᠡᠢ ᠤᠰᠤ ᠬᠡᠷᠡᠭᠯᠡᠬᠦ ᠬᠡᠷᠡᠭᠴᠡᠭᠡ ᠵᠢ ᠡᠷᠡᠰ ᠬᠢᠵᠠᠭ᠋ᠠᠷᠯᠠᠵᠤ᠂ ᠤᠰᠤ ᠠᠷᠪᠢᠯᠠᠬᠤ ᠠᠵᠤ ᠦᠢ᠍ᠯᠡᠰ ᠪᠠ ᠮᠡᠷᠭᠡᠵᠢᠯ᠎ᠢ ᠶᠡᠭᠡ᠎ᠪᠠᠷ ᠬᠥᠭᠵᠢᠭᠦᠯᠵᠦ᠂ ᠲᠠᠷᠢᠶᠠᠯᠠᠩ᠎ᠤᠨ ᠤᠰᠤ ᠠᠷᠪᠢᠯᠠᠬᠤ ᠵᠢ ᠶᠡᠭᠡ᠎ᠪᠠᠷ ᠠᠬᠢᠭᠤᠯᠵᠤ᠂ ᠪᠥᠬᠦ ᠨᠡᠶ᠋ᠢᠭᠡᠮ᠎ᠤᠨ ᠤᠰᠤ ᠠᠷᠪᠢᠯᠠᠬᠤ ᠠᠵᠢᠯᠯᠠᠭ᠎ᠠ ᠵᠢ ᠬᠡᠷᠡᠭᠵᠢᠭᠦᠯᠵᠦ᠂ ᠤᠰᠤ ᠬᠡᠷᠡᠭᠯᠡᠬᠦ ᠠᠷᠭ᠎ᠠ ᠮᠠᠶᠢᠭ᠎ᠢ ᠪᠦᠳᠦᠭᠦᠯᠢᠭ ᠪᠠᠶ᠋ᠢᠭᠰᠠᠨ᠎ᠠᠴᠠ ᠠᠷᠪᠢᠲᠠᠢ ᠡᠷᠴᠢᠮᠯᠢᠭ ᠪᠣᠯᠭ᠋ᠠᠨ ᠬᠤᠪᠢᠷᠠᠭᠤᠯᠬᠤ ᠵᠢ ᠠᠬᠢᠭᠤᠯᠬᠤ ᠬᠡᠷᠡᠭᠲᠡᠢ᠃
ᠶᠡᠷᠦᠩᠬᠡᠢ ᠱᠦᠵᠢ ᠰᠢ ᠵᠢᠨ ᠫᠢᠩ᠎ᠤᠨ ᠤᠰᠤ ᠵᠢ ᠵᠠᠰᠠᠬᠤ ᠰᠡᠳᠬᠢᠴᠡ ᠵᠢᠨ ᠰᠢᠨᠵᠢᠯᠡᠬᠦ ᠤᠬᠠᠭ᠋ᠠᠨᠴᠢ ᠵᠢᠯᠤᠭᠤᠳᠤᠯᠭ᠎ᠠ ᠳᠣᠣᠷ᠎ᠠ᠂ ᠨᠠᠮ᠎ᠤᠨ ᠲᠥᠪ ᠬᠤᠷᠢᠶ᠎ᠠ᠂ ᠲᠦᠷᠦ ᠵᠢᠨ ᠶᠠᠪᠤᠳᠠᠯ᠎ᠤᠨ ᠬᠤᠷᠢᠶᠠᠨ᠎ᠤ ᠰᠢᠢ᠍ᠳᠪᠦᠷᠢᠲᠦ ᠪᠤᠳᠤᠯᠭ᠎ᠠ ᠵᠢᠨ ᠪᠠᠶ᠋ᠢᠷᠢᠯᠠᠭᠤᠯᠤᠯᠲᠠ ᠶᠣᠰᠣᠭ᠋ᠠᠷ᠂ ᠤᠰᠤᠨ ᠠᠰᠢᠭᠯᠠᠯᠲᠠ ᠵᠢᠨ ᠰᠠᠯᠠᠭ᠎ᠠ ᠮᠥᠴᠢᠷ ᠪᠣᠯᠤᠨ ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ ᠬᠠᠮᠲᠤ᠎ᠪᠠᠷ ᠤᠯᠤᠰ᠎ᠤᠨ ᠤᠰᠤ ᠠᠷᠪᠢᠯᠠᠬᠤ ᠠᠵᠢᠯᠯᠠᠭ᠎ᠠ ᠵᠢ ᠭᠦᠨᠵᠡᠭᠡᠢ ᠬᠡᠷᠡᠭᠵᠢᠭᠦᠯᠵᠦ᠂ ᠤᠰᠤᠨ᠎ᠤ ᠡᠬᠢ ᠪᠠᠶᠠᠯᠢᠭ᠎ᠤᠨ ᠬᠠᠲᠠᠭᠤ ᠬᠢᠵᠠᠭ᠋ᠠᠷᠯᠠᠯ᠎ᠢ ᠴᠢᠩᠭ᠋ᠠᠳᠬᠠᠵᠤ᠂ ᠤᠰᠤ ᠠᠷᠪᠢᠯᠠᠬᠤ ᠲᠦᠷᠢᠮ᠎ᠤᠨ ᠲᠦᠷᠦ ᠵᠢᠨ ᠪᠤᠳᠤᠯᠭ᠎ᠠ ᠵᠢ ᠪᠠᠶ᠋ᠢᠭᠤᠯᠤᠨ ᠲᠡᠭᠦᠯᠳᠡᠷᠵᠢᠭᠦᠯᠵᠦ᠂ ᠲᠠᠷᠢᠶᠠᠯᠠᠩ᠎ᠤᠨ ᠤᠰᠤ ᠠᠷᠪᠢᠯᠠᠵᠤ ᠦᠷ᠎ᠡ ᠠᠰᠢᠭ᠎ᠢ ᠨᠡᠮᠡᠭᠳᠡᠭᠦᠯᠬᠦ᠂ ᠠᠵᠤ ᠦᠢ᠍ᠯᠡᠳᠪᠦᠷᠢ ᠵᠢᠨ ᠤᠰᠤ ᠠᠷᠪᠢᠯᠠᠵᠤ ᠪᠣᠬᠢᠷᠲᠤᠯ᠎ᠢ ᠪᠠᠭ᠋ᠠᠰᠬᠠᠬᠤ᠂ ᠬᠤᠳᠠ ᠪᠠᠯᠭ᠋ᠠᠰᠤᠨ᠎ᠤ ᠤᠰᠤ ᠠᠷᠪᠢᠯᠠᠵᠤ ᠬᠤᠬᠢᠷᠠᠯ᠎ᠢ ᠪᠠᠭ᠋ᠠᠰᠬᠠᠬᠤ ᠵᠢ ᠦᠷᠭᠦᠯᠵᠢᠯᠡᠨ ᠠᠬᠢᠭᠤᠯᠵᠤ᠂ ᠤᠰᠤ ᠬᠡᠷᠡᠭᠯᠡᠬᠦ ᠦᠷ᠎ᠡ ᠪᠦᠲᠦᠮᠵᠢ ᠵᠢ ᠶᠡᠭᠡ᠎ᠪᠠᠷ ᠳᠡᠭᠡᠭᠰᠢᠯᠡᠭᠦᠯᠪᠡ᠃ 2014 ᠣᠨ᠎ᠲᠠᠢ ᠬᠠᠷᠢᠴᠠᠭᠤᠯᠪᠠᠯ᠂ 2023 ᠣᠨ᠎ᠳᠤ᠂ ᠮᠠᠨ᠎ᠤ ᠤᠯᠤᠰ᠎ᠤᠨ ᠤᠯᠤᠰ᠎ᠤᠨ ᠳᠣᠲᠣᠭ᠋ᠠᠳᠤ ᠵᠢᠨ ᠦᠢ᠍ᠯᠡᠳᠪᠦᠷᠢᠯᠡᠯ᠎ᠤᠨ ᠶᠡᠷᠦᠩᠬᠡᠶ ᠥᠷᠲᠡᠭ ᠨᠢᠭᠡ ᠳᠠᠬᠢᠨ ᠰᠢᠬᠠᠮ ᠨᠡᠮᠡᠭᠳᠡᠭᠰᠡᠨ ᠪᠠᠶ᠋ᠢᠳᠠᠯ ᠳᠣᠤᠷ᠎ᠠ᠂ ᠤᠰᠤ ᠬᠡᠷᠡᠭᠯᠡᠬᠦ ᠶᠡᠷᠦᠩᠬᠡᠶ ᠬᠡᠮᠵᠢᠶ᠎ᠡ ᠵᠢ ᠶᠡᠷᠦᠩᠬᠡᠶ᠎ᠳᠡᠭᠡᠨ 6100 ᠳ᠋ᠦᠩᠰᠢᠭᠤᠷ ᠪᠣᠰᠤᠭ᠎ᠠ ᠳᠥᠷᠪᠡᠯᠵᠢᠨ ᠮᠸᠲᠷ᠎ᠤᠨ ᠳᠣᠲᠣᠷ᠎ᠠ ᠲᠣᠭᠲᠠᠪᠤᠷᠢᠵᠢᠭᠤᠯᠵᠤ᠂ ᠲᠦᠮᠡᠨ ᠲᠥᠭᠦᠷᠢᠭ᠎ᠤᠨ ᠤᠯᠤᠰ᠎ᠤᠨ ᠳᠣᠲᠣᠭ᠋ᠠᠳᠤ ᠵᠢᠨ ᠦᠢ᠍ᠯᠡᠳᠪᠦᠷᠢᠯᠡᠯ᠎ᠤᠨ ᠶᠡᠷᠦᠩᠬᠡᠶ ᠥᠷᠲᠡᠭ᠎ᠤᠨ ᠤᠰᠤ ᠬᠡᠷᠡᠭᠯᠡᠬᠦ ᠬᠡᠮᠵᠢᠶ᠎ᠡ᠂ ᠲᠦᠮᠡᠨ ᠲᠥᠭᠦᠷᠢᠭ᠎ᠤᠨ ᠠᠵᠤ ᠦᠢ᠍ᠯᠡᠳᠪᠦᠷᠢ ᠵᠢᠨ ᠨᠡᠮᠡᠭᠳᠡᠯ ᠥᠷᠲᠡᠭ᠎ᠤᠨ ᠤᠰᠤ ᠬᠡᠷᠡᠭᠯᠡᠬᠦ ᠬᠡᠮᠵᠢᠶ᠎ᠡ ᠲᠣᠰ ᠲᠣᠰ 41.7%᠂ 55.1% ᠪᠠᠭᠤᠷᠠᠵᠤ᠂ ᠲᠠᠷᠢᠶᠠᠨ ᠭᠠᠵᠠᠷ᠎ᠤᠨ ᠤᠰᠤᠯᠠᠯᠲᠠ ᠵᠢᠨ ᠤᠰᠤᠨ᠎ᠤ ᠪᠦᠲᠦᠮᠵᠢᠲᠡᠶ ᠠᠰᠢᠭᠯᠠᠯᠲᠠ ᠵᠢᠨ ᠢᠯᠡᠳᠬᠡᠮᠵᠢ ᠲᠤᠭ᠎ᠠ 0.530 ᠪᠠᠶ᠋ᠢᠭᠰᠠᠨ᠎ᠠᠴᠠ᠎ᠪᠠᠨ 0.576 ᠳ᠋ᠦᠩᠰᠢᠭᠤᠷ ᠪᠣᠰᠤᠭ᠎ᠠ ᠳᠥᠷᠪᠡᠯᠵᠢᠨ ᠮᠸᠲᠷ ᠪᠣᠯᠵᠣ᠂ ᠡᠩ᠎ᠤᠨ ᠪᠤᠰᠤ ᠤᠰᠤᠨ ᠠᠰᠢᠭᠯᠠᠯᠲᠠ ᠵᠢᠨ ᠬᠡᠷᠡᠭᠯᠡᠬᠦ ᠬᠡᠮᠵᠢᠶ᠎ᠡ ᠲᠠᠰᠤᠷᠠᠯᠲᠠ ᠥᠬᠡᠶ ᠥᠷᠭᠡᠳᠴᠦ᠂ ᠪᠥᠬᠦ ᠨᠡᠶ᠋ᠢᠭᠡᠮ᠎ᠤᠨ ᠤᠰᠤ ᠠᠷᠪᠢᠯᠠᠬᠤ ᠤᠬᠠᠮᠰᠠᠷ ᠲᠠᠰᠤᠷᠠᠯᠲᠠ ᠥᠬᠡᠶ ᠴᠢᠩᠭ᠋ᠠᠷᠠᠪᠠ᠃
ᠡᠭᠦᠨ᠎ᠤ ᠬᠠᠮᠲᠤ᠂ ᠮᠠᠨ᠎ᠤ ᠤᠯᠤᠰ᠎ᠤᠨ ᠤᠰᠤᠨ᠎ᠤ ᠡᠬᠢ ᠪᠠᠶᠠᠯᠢᠭ ᠳᠤᠲᠠᠭᠳᠠᠵᠤ ᠪᠠᠶ᠋ᠢᠭ᠎ᠠ ᠪᠠᠶ᠋ᠢᠳᠠᠯ ᠮᠥᠨ ᠬᠦ᠌ ᠬᠦᠨᠳᠦ ᠬᠡᠴᠡᠭᠦᠦ ᠪᠠᠶ᠋ᠢᠵᠤ᠂ ᠤᠰᠤ ᠬᠡᠷᠡᠭᠯᠡᠬᠦ ᠵᠢ ᠪᠦᠳᠦᠭᠦᠯᠢᠭ᠂ ᠪᠦᠷᠢᠯᠭᠡᠵᠦ ᠪᠠᠶ᠋ᠢᠭ᠎ᠠ ᠠᠰᠠᠭᠤᠳᠠᠯ᠎ᠢ ᠬᠠᠷᠠᠬᠠᠨ ᠦᠨᠳᠦᠰᠦᠨ᠎ᠠᠴᠠ᠎ᠨᠢ ᠰᠢᠢ᠍ᠳᠪᠦᠷᠢᠯᠡᠭᠡᠳᠦᠢ ᠪᠠᠶ᠋ᠢᠵᠤ᠂ ᠤᠰᠤ ᠬᠡᠷᠡᠭᠯᠡᠬᠦ ᠬᠠᠮᠢᠶᠠᠷᠤᠯᠲᠠ ᠵᠢ ᠴᠢᠩᠭ᠋ᠠᠳᠬᠠᠬᠤ ᠴᠢᠬᠤᠯᠠᠲᠠᠢ ᠪᠠᠶ᠋ᠢᠵᠤ᠂ ᠤᠰᠤ ᠠᠷᠪᠢᠯᠠᠬᠤ ᠠᠷᠭ᠎ᠠ ᠬᠡᠮᠵᠢᠶ᠎ᠡ ᠵᠢ ᠲᠡᠭᠦᠯᠳᠡᠷᠵᠢᠭᠦᠯᠬᠦ ᠴᠢᠬᠤᠯᠠᠲᠠᠢ ᠪᠠᠶ᠋ᠢᠵᠤ᠂ ᠤᠷᠮᠠᠰᠢᠭᠤᠯᠬᠤ ᠲᠦᠷᠦ ᠵᠢᠨ ᠪᠤᠳᠤᠯᠭ᠎ᠠ ᠵᠢ ᠲᠡᠭᠦᠯᠳᠡᠷᠵᠢᠭᠦᠯᠬᠦ ᠴᠢᠬᠤᠯᠠᠲᠠᠢ ᠪᠠᠶ᠋ᠢᠵᠤ᠂ ᠬᠢᠨᠠᠯᠲᠠ ᠲᠠᠯᠪᠢᠬᠤ ᠡᠷᠴᠢᠮ᠎ᠢ ᠮᠥᠨ ᠬᠦ᠌ ᠴᠢᠩᠭ᠋ᠠᠳᠬᠠᠬᠤ ᠴᠢᠬᠤᠯᠠᠲᠠᠢ ᠪᠠᠶ᠋ᠢᠬᠤ ᠵᠢ ᠣᠯᠵᠤ ᠬᠠᠷᠠᠬᠤ ᠬᠡᠷᠡᠭᠲᠡᠢ᠃ 《ᠤᠰᠤ ᠵᠢ ᠠᠷᠪᠢᠯᠠᠨ ᠬᠡᠷᠡᠭᠯᠡᠬᠦ ᠲᠦᠷᠢᠮ》 (ᠳᠣᠷᠣᠭᠰᠢ 《ᠲᠦᠷᠢᠮ》 ᠭᠡᠵᠦ ᠲᠣᠪᠴᠢᠯᠠᠨ᠎ᠠ)᠎ᠢ ᠲᠣᠭᠲᠠᠭ᠋ᠠᠬᠤ ᠪᠣᠯ ᠶᠡᠷᠦᠩᠬᠡᠶ ᠱᠦᠵᠢ ᠰᠢ ᠵᠢᠨ ᠫᠢᠩ᠎ᠤᠨ ᠤᠰᠤ ᠵᠢ ᠵᠠᠰᠠᠬᠤ ᠲᠤᠬᠠᠶ ᠴᠢᠬᠤᠯᠠ ᠥᠭᠦᠯᠡᠯᠲᠡ ᠵᠢᠨ ᠵᠣᠷᠢᠭ ᠰᠠᠨᠠᠭ᠎ᠠ ᠪᠠ ᠨᠠᠮ᠎ᠤᠨ ᠲᠥᠪ ᠬᠤᠷᠢᠶ᠎ᠠ᠂ ᠲᠥᠷᠥ ᠵᠢᠨ ᠶᠠᠪᠤᠳᠠᠯ᠎ᠤᠨ ᠬᠤᠷᠢᠶᠠᠨ᠎ᠤ ᠰᠢᠢ᠍ᠳᠪᠦᠷᠢᠲᠦ ᠪᠣᠳᠣᠯᠭ᠎ᠠ ᠵᠢᠨ ᠪᠠᠶ᠋ᠢᠷᠢᠯᠠᠭᠤᠯᠤᠯᠲᠠ ᠵᠢ ᠲᠤᠭᠤᠰᠢᠯᠠᠭᠤᠯᠤᠨ ᠨᠠᠶ᠋ᠢᠳᠠᠪᠤᠷᠢᠵᠢᠭᠤᠯᠬᠤ ᠴᠢᠬᠤᠯᠠ ᠠᠷᠭ᠎ᠠ ᠬᠡᠮᠵᠢᠶ᠎ᠡ ᠮᠥᠨ᠂ ᠤᠰᠤ ᠠᠷᠪᠢᠯᠠᠬᠤ ᠬᠡᠯᠪᠡᠷᠢ ᠵᠢᠨ ᠨᠡᠶ᠋ᠢᠭᠡᠮ᠎ᠢ ᠪᠥᠬᠦ ᠲᠠᠯ᠎ᠠ᠎ᠪᠠᠷ ᠪᠥᠲᠥᠭᠡᠨ ᠪᠠᠶ᠋ᠢᠭᠤᠯᠬᠤ᠂ ᠤᠯᠤᠰ᠎ᠤᠨ ᠤᠰᠤᠨ᠎ᠤ ᠠᠮᠤᠷ ᠲᠦᠪᠰᠢᠨ᠎ᠢ ᠪᠠᠲᠤᠯᠠᠬᠤ᠂ ᠠᠮᠢ ᠠᠬᠤᠶ ᠵᠢᠨ ᠪᠣᠯᠪᠠᠰᠤᠨ᠎ᠤ ᠪᠠᠶ᠋ᠢᠭᠤᠯᠤᠯᠲᠠ ᠵᠢ ᠠᠬᠢᠭᠤᠯᠬᠤ᠂ ᠴᠢᠨᠠᠷ ᠰᠠᠶ᠋ᠢᠲᠠᠶ ᠬᠥᠭᠵᠢᠯᠲᠡ ᠵᠢ ᠠᠬᠢᠭᠤᠯᠬᠤ ᠪᠤᠰᠤᠳᠴᠢ ᠱᠠᠭ᠋ᠠᠷᠳᠠᠯᠭ᠎ᠠ ᠮᠥᠨ᠃ ᠬᠤᠯᠪᠣᠭᠳᠠᠯ ᠪᠦᠬᠦᠢ ᠰᠠᠯᠠᠭ᠎ᠠ ᠮᠥᠴᠢᠷ᠎ᠤᠨ ᠬᠠᠮᠲᠤ ᠵᠢᠨ ᠴᠢᠷᠮᠠᠶ᠋ᠢᠯᠭ᠎ᠠ᠎ᠪᠠᠷ᠂ 《ᠳᠦᠷᠢᠮ》᠎ᠢ ᠲᠥᠷᠥ ᠵᠢᠨ ᠶᠠᠪᠤᠳᠠᠯ᠎ᠤᠨ ᠬᠤᠷᠢᠶᠠᠨ᠎ᠤ ᠪᠠᠶ᠋ᠢᠩᠭᠤ ᠵᠢᠨ ᠬᠤᠷᠠᠯ᠎ᠠᠴᠠ ᠬᠢᠨᠠᠨ ᠵᠥᠪᠯᠡᠵᠦ ᠪᠠᠲᠤᠯᠠᠨ᠂ 3 ᠳ᠋ᠤᠭ᠋ᠠᠷ ᠰᠠᠷ᠎ᠠ ᠵᠢᠨ 20᠎ᠤ ᠡᠳᠦᠷ᠎ᠠᠴᠠ ᠵᠢᠩᠬᠢᠨᠢ᠎ᠪᠠᠷ ᠨᠡᠶ᠋ᠢᠲᠡᠯᠡᠵᠦ᠂ ᠡᠨᠡ ᠵᠢᠯ᠎ᠤᠨ 5 ᠳ᠋ᠤᠭ᠋ᠠᠷ ᠰᠠᠷ᠎ᠠ ᠵᠢᠨ 1᠎ᠤ ᠡᠳᠦᠷ᠎ᠠᠴᠠ ᠡᠬᠢᠯᠡᠵᠦ ᠬᠡᠷᠡᠭᠵᠢᠭᠦᠯᠦᠨ᠎ᠡ᠃
《ᠲᠦᠷᠢᠮ》 ᠨᠡᠶ᠋ᠢᠲᠡ ᠵᠢᠷᠭᠤᠭ᠋ᠠᠨ ᠪᠦᠯᠦᠭ ᠲᠠᠪᠢᠨ ᠬᠤᠶᠠᠷ ᠵᠦᠢ᠍ᠯ᠂ ᠭᠤᠤᠯᠳᠠᠭᠤ ᠳᠣᠤᠷᠠᠬᠢ ᠠᠭᠤᠯᠭ᠎ᠠ ᠵᠢ ᠲᠣᠭᠲᠠᠭ᠋ᠠᠪᠠ᠄ ᠨᠢᠭᠡ᠎ᠳᠤ᠂ ᠤᠰᠤ ᠠᠷᠪᠢᠯᠠᠬᠤ ᠠᠵᠢᠯ᠎ᠳᠤ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠤᠳᠤᠷᠢᠳᠤᠯᠭ᠎ᠠ ᠵᠢ ᠪᠠᠷᠢᠮᠲᠠᠯᠠᠵᠤ᠂ ᠬᠥᠭᠵᠢᠯᠲᠡ ᠪᠠ ᠠᠮᠤᠷ ᠲᠦᠪᠰᠢᠨ᠎ᠢ ᠨᠢᠭᠡᠳᠦᠯᠲᠡᠶ ᠲᠥᠯᠥᠪᠯᠡᠨ᠂ ᠤᠰᠤ ᠠᠷᠪᠢᠯᠠᠬᠤ ᠵᠢ ᠤᠷᠢᠳᠠᠪᠠᠷ ᠬᠡᠷᠡᠭᠵᠢᠭᠦᠯᠬᠦ ᠴᠢᠭᠯᠡᠯᠲᠡ ᠵᠢ ᠪᠠᠷᠢᠮᠲᠠᠯᠠᠨ ᠨᠠᠶ᠋ᠢᠳᠠᠪᠤᠷᠢᠵᠢᠭᠤᠯᠵᠤ᠂ ᠤᠰᠤᠨ᠎ᠤ ᠡᠬᠢ ᠪᠠᠶᠠᠯᠢᠭ᠎ᠤᠨ ᠬᠠᠲᠠᠭᠤ ᠬᠢᠵᠠᠭ᠋ᠠᠷᠯᠠᠯ᠎ᠤᠨ ᠲᠦᠷᠢᠮ᠎ᠢ ᠪᠠᠶ᠋ᠢᠭᠤᠯᠤᠨ᠂ ᠵᠠᠰᠠᠭ᠎ᠤᠨ ᠣᠷᠳᠣᠨ ᠵᠶ᠋ᠠᠷ ᠭᠤᠤᠯᠯᠠᠭᠤᠯᠤᠭᠰᠠᠨ᠂ ᠡᠯ᠎ᠡ ᠲᠠᠯ᠎ᠠ ᠵᠢᠨ᠎ᠬᠢᠨ ᠬᠠᠮᠵᠢᠯᠴᠠᠭᠰᠠᠨ᠂ ᠵᠠᠬ᠎ᠠ ᠳᠡᠯᠭᠡᠭᠦᠷ ᠵᠶ᠋ᠠᠷ ᠵᠣᠬᠢᠴᠠᠭᠤᠯᠤᠭᠰᠠᠨ᠂ ᠣᠯᠠᠨ ᠨᠡᠶ᠋ᠢᠲᠡ᠎ᠪᠠᠷ ᠵᠶ᠋ᠠᠨ ᠣᠷᠣᠯᠴᠠᠭᠰᠠᠨ ᠤᠰᠤ ᠠᠷᠪᠢᠯᠠᠬᠤ ᠲᠣᠭᠲᠠᠴᠠ ᠵᠢ ᠪᠠᠶ᠋ᠢᠭᠤᠯᠤᠨ᠎ᠠ᠃ ᠬᠤᠶᠠᠷ᠎ᠲᠤ᠂ ᠤᠰᠤ ᠬᠡᠷᠡᠭᠯᠡᠬᠦ ᠬᠠᠮᠢᠶᠠᠷᠤᠯᠲᠠ ᠵᠢ ᠴᠢᠩᠭ᠋ᠠᠳᠬᠠᠪᠠ᠃ ᠤᠰᠤ ᠠᠷᠪᠢᠯᠠᠬᠤ ᠲᠥᠯᠥᠪᠵᠢᠭᠦᠯᠭᠡ ᠵᠢ ᠨᠠᠶ᠋ᠢᠷᠠᠭᠤᠯᠤᠨ ᠵᠣᠬᠢᠶᠠᠵᠤ᠂ ᠤᠰᠤ ᠬᠡᠷᠡᠭᠯᠡᠬᠦ ᠲᠣᠭᠲᠠᠭᠰᠠᠨ ᠨᠣᠷᠮ᠎ᠠ ᠵᠢ ᠲᠣᠭᠲᠠᠭ᠋ᠠᠨ᠂ ᠣᠨ᠎ᠤ ᠤᠰᠤ ᠬᠡᠷᠡᠭᠯᠡᠬᠦ ᠶᠡᠷᠦᠩᠬᠡᠶ ᠬᠡᠮᠵᠢᠶ᠎ᠡ ᠵᠢ ᠬᠢᠵᠠᠭ᠋ᠠᠷᠯᠠᠬᠤ ᠵᠢ ᠬᠡᠷᠡᠭᠵᠢᠭᠦᠯᠵᠦ᠂ ᠭᠣᠤᠯᠳᠠᠯᠭ᠎ᠠ᠎ᠲᠠᠢ ᠤᠰᠤ ᠬᠡᠷᠡᠭᠯᠡᠬᠦ ᠨᠢᠭᠡᠴᠢ᠎ᠳᠤ ᠤᠰᠤ ᠵᠢ ᠲᠥᠯᠥᠪᠯᠡᠭᠡ᠎ᠲᠡᠶ᠎ᠪᠠᠷ ᠬᠡᠷᠡᠭᠯᠡᠬᠦ ᠬᠠᠮᠢᠶᠠᠷᠤᠯᠲᠠ ᠵᠢᠨ ᠠᠷᠭ᠎ᠠ ᠵᠢ ᠬᠡᠷᠡᠭᠵᠢᠭᠦᠯᠵᠦ᠂ ᠤᠰᠤ ᠬᠡᠷᠡᠭᠯᠡᠬᠦ᠎ᠳᠤ ᠬᠡᠮᠵᠢᠶ᠎ᠡ᠎ᠪᠠᠷ᠎ᠨᠢ ᠪᠣᠳᠣᠵᠤ ᠰᠦᠢ᠍ᠳᠬᠡᠯ ᠬᠤᠷᠢᠶᠠᠬᠤ ᠵᠡᠷᠭᠡ ᠵᠢ ᠬᠡᠷᠡᠭᠵᠢᠭᠦᠯᠬᠦ ᠬᠡᠷᠡᠭᠲᠡᠶ᠃ ᠭᠤᠷᠪᠠ᠎ᠳᠤ᠂ ᠤᠰᠤ ᠠᠷᠪᠢᠯᠠᠬᠤ ᠠᠷᠭ᠎ᠠ ᠬᠡᠮᠵᠢᠶ᠎ᠡ ᠵᠢ ᠲᠡᠭᠦᠯᠳᠡᠷᠵᠢᠭᠦᠯᠦᠨ᠎ᠡ᠃ ᠡᠭᠦᠨ᠎ᠳᠤ ᠤᠰᠤ ᠠᠷᠪᠢᠯᠠᠬᠤ ᠬᠡᠯᠪᠡᠷᠢ ᠵᠢᠨ ᠲᠠᠷᠢᠶᠠᠯᠠᠩ᠎ᠢ ᠢᠳᠡᠪᠬᠢᠲᠡᠶ ᠬᠥᠭᠵᠢᠭᠦᠯᠵᠦ᠂ ᠤᠰᠤ ᠠᠷᠪᠢᠯᠠᠬᠤ ᠤᠰᠤᠯᠠᠯᠲᠠ ᠵᠢ ᠬᠥᠭᠵᠢᠭᠦᠯᠬᠦ ᠵᠡᠷᠭᠡ ᠵᠢ ᠪᠠᠭᠲᠠᠭ᠋ᠠᠨ᠎ᠠ; ᠠᠵᠤ ᠦᠢ᠍ᠯᠡᠳᠪᠦᠷᠢ ᠵᠢᠨ ᠠᠵᠤ ᠠᠬᠤᠶ᠋ᠢᠯᠠᠯ᠎ᠢ ᠳᠠᠪᠰᠢᠩᠭᠤᠶ᠂ ᠤᠰᠤ ᠠᠷᠪᠢᠯᠠᠬᠤ ᠮᠡᠷᠭᠡᠵᠢᠯ᠂ ᠤᠷ᠎ᠠ ᠮᠡᠷᠭᠡᠰᠢᠯ ᠪᠠ ᠲᠥᠬᠦᠭᠡᠷᠦᠮᠵᠢ ᠵᠢ ᠬᠡᠷᠡᠭᠯᠡᠬᠦ ᠵᠢ ᠱᠠᠭ᠋ᠠᠷᠳᠠᠪᠠ; ᠤᠰᠤ ᠠᠷᠪᠢᠯᠠᠬᠤ ᠬᠡᠯᠪᠡᠷᠢ ᠵᠢᠨ ᠬᠤᠲᠠ ᠵᠢᠨ ᠪᠦᠲᠦᠭᠡᠨ ᠪᠠᠶ᠋ᠢᠭᠤᠯᠤᠯᠲᠠ ᠵᠢ ᠠᠬᠢᠭᠤᠯᠤᠨ᠎ᠠ; ᠬᠡᠪ᠎ᠤᠨ ᠪᠤᠰᠤ ᠤᠰᠤ ᠵᠢ ᠤᠰᠤᠨ᠎ᠤ ᠡᠬᠢ ᠪᠠᠶᠠᠯᠢᠭ᠎ᠢ ᠨᠢᠭᠡᠳᠦᠯᠲᠡᠶ ᠲᠣᠬᠢᠷᠠᠭᠤᠯᠬᠤ ᠵᠡᠷᠭᠡ᠎ᠳᠤ ᠣᠷᠣᠭᠤᠯᠤᠨ᠎ᠠ᠃ ᠲᠦᠷᠪᠡ᠎ᠳᠤ᠂ ᠪᠠᠲᠤᠯᠠᠭ᠎ᠠ ᠪᠠ ᠬᠢᠨᠠᠯᠲᠠ ᠵᠢ ᠴᠢᠩᠭ᠋ᠠᠳᠬᠠᠪᠠ᠃ ᠡᠭᠦᠨ᠎ᠳᠤ ᠲᠠᠷᠢᠶᠠᠯᠠᠩ᠎ᠤᠨ ᠤᠰᠤ ᠬᠡᠷᠡᠭᠯᠡᠬᠦ᠎ᠳᠤ ᠨᠠᠷᠢᠯᠢᠭ ᠣᠨᠣᠴᠠᠲᠠᠶ ᠨᠥᠬᠦᠪᠥᠷᠢ ᠥᠭᠬᠦ ᠲᠣᠭᠲᠠᠴᠠ ᠪᠠ ᠤᠰᠤ ᠠᠷᠪᠢᠯᠠᠬᠤ ᠵᠢᠨ ᠱᠠᠩᠨᠠᠯ᠎ᠤᠨ ᠲᠣᠭᠲᠠᠴᠠ ᠵᠢ ᠪᠦᠷᠢᠨᠰᠢᠭᠦᠯᠬᠦ᠂ ᠮᠥᠩᠭᠦᠨ ᠭᠦᠢ᠍ᠯᠭᠡᠭᠡᠨ᠎ᠤ ᠪᠠᠶ᠋ᠢᠭᠤᠯᠤᠮᠵᠢ ᠵᠢᠨ ᠤᠰᠤ ᠠᠷᠪᠢᠯᠠᠬᠤ ᠲᠥᠷᠥᠯ ᠵᠦᠢ᠍ᠯ᠎ᠳᠤ ᠪᠡᠯᠡ ᠲᠣᠬᠢᠷᠠᠭᠤᠯᠬᠤ ᠳᠡᠮᠵᠢᠯᠭᠡ ᠵᠢᠨ ᠡᠷᠴᠢᠮ ᠵᠶ᠋ᠠᠨ ᠴᠢᠩᠭ᠋ᠠᠷᠠᠭᠤᠯᠬᠤ ᠵᠢ ᠵᠣᠷᠢᠭᠵᠢᠭᠤᠯᠵᠤ᠂ ᠤᠰᠤ ᠠᠷᠪᠢᠯᠠᠬᠤ ᠦᠢ᠍ᠯᠡᠴᠢᠯᠡᠭᠡᠨ᠎ᠤ ᠠᠵᠤ ᠦᠢ᠍ᠯᠡᠰ᠎ᠢ ᠵᠣᠷᠢᠭᠵᠢᠭᠤᠯᠤᠨ ᠬᠥᠭᠵᠢᠭᠦᠯᠵᠦ᠂ ᠤᠰᠤᠨ᠎ᠤ ᠡᠷᠬᠡ ᠵᠢᠨ ᠠᠷᠠᠯᠵᠢᠶ᠎ᠠ ᠥᠷᠨᠢᠭᠦᠯᠬᠦ ᠵᠢ ᠳᠡᠮᠵᠢᠵᠦ᠂ ᠤᠰᠤ ᠠᠷᠪᠢᠯᠠᠬᠤ ᠬᠠᠷᠢᠭᠤᠴᠠᠯᠭ᠎ᠠ ᠵᠢᠨ ᠳᠦᠷᠢᠮ ᠪᠠ ᠤᠰᠤ ᠠᠷᠪᠢᠯᠠᠬᠤ ᠵᠢ ᠰᠢᠯᠭ᠋ᠠᠨ ᠬᠢᠨᠠᠵᠤ ᠦᠨᠡᠯᠡᠬᠦ ᠳᠦᠷᠢᠮ ᠵᠡᠷᠭᠡ ᠵᠢ ᠬᠡᠷᠡᠭᠵᠢᠭᠦᠯᠬᠦ ᠵᠡᠷᠭᠡ ᠵᠢ ᠪᠠᠭᠲᠠᠭ᠋ᠠᠨ᠎ᠠ᠃ ᠲᠠᠪᠤ᠎ᠳᠤ᠂ ᠬᠠᠤᠯᠢ ᠵᠢ ᠵᠥᠷᠢᠴᠡᠭᠰᠡᠨ ᠠᠵᠢᠯᠯᠠᠭ᠎ᠠ᠎ᠳᠤ ᠬᠠᠤᠯᠢ ᠵᠢ ᠴᠢᠩᠭ᠎ᠠ ᠵᠢᠷᠤᠮᠯᠠᠬᠤ ᠬᠠᠤᠯᠢ ᠴᠠᠭ᠋ᠠᠵᠠ ᠵᠢᠨ ᠬᠠᠷᠢᠭᠤᠴᠠᠯᠭ᠎ᠠ ᠲᠣᠭᠲᠠᠭ᠋ᠠᠪᠠ᠃
ᠳᠠᠷᠠᠭ᠋ᠠᠴᠢ ᠵᠢᠨ ᠠᠯᠬᠤᠮ᠎ᠳᠤ᠂ ᠪᠢᠳᠡ ᠶᠡᠷᠦᠩᠬᠡᠢ ᠱᠦᠵᠢ ᠰᠢ ᠵᠢᠨ ᠫᠢᠩ᠎ᠤᠨ ᠤᠰᠤ ᠵᠠᠰᠠᠬᠤ ᠰᠡᠳᠬᠢᠴᠡ ᠪᠣᠯᠤᠨ ᠤᠰᠤ ᠵᠢ ᠵᠠᠰᠠᠬᠤ ᠲᠤᠬᠠᠢ ᠴᠢᠬᠤᠯᠠ ᠥᠭᠦᠯᠡᠯᠲᠡ ᠵᠢᠨ ᠵᠣᠷᠢᠭ ᠰᠠᠨᠠᠭ᠎ᠠ ᠵᠢ ᠭᠦᠨᠵᠡᠭᠡᠢ ᠲᠤᠭᠤᠰᠢᠯᠠᠭᠤᠯᠵᠤ᠂ 《ᠳᠦᠷᠢᠮ》᠎ᠢ ᠰᠤᠷᠤᠯᠴᠠᠨ ᠤᠬᠠᠭᠤᠯᠬᠤ ᠵᠢ ᠰᠠᠶ᠋ᠢᠲᠤᠷ ᠵᠣᠬᠢᠶᠠᠨ ᠪᠠᠶ᠋ᠢᠭᠤᠯᠵᠤ᠂ ᠢᠵᠢ ᠪᠦᠷᠢᠳᠦᠭᠰᠡᠨ ᠲᠣᠭᠲᠠᠭ᠋ᠠᠯ᠎ᠢ ᠲᠡᠭᠦᠯᠳᠡᠷᠵᠢᠭᠦᠯᠵᠦ᠂ ᠬᠠᠮᠵᠢᠯᠴᠠᠬᠤ ᠵᠢ ᠴᠢᠩᠭ᠋ᠠᠳᠬᠠᠵᠤ᠂ ᠤᠰᠤ ᠬᠡᠷᠡᠭᠯᠡᠬᠦ ᠬᠢᠨᠠᠯᠲᠠ ᠬᠠᠮᠢᠶᠠᠷᠤᠯᠲᠠ ᠵᠢ ᠴᠢᠩᠭ᠋ᠠᠳᠬᠠᠵᠤ᠂ ᠤᠰᠤ ᠠᠷᠪᠢᠯᠠᠬᠤ ᠠᠵᠤ ᠦᠢ᠍ᠯᠡᠰ᠎ᠤᠨ ᠬᠥᠭᠵᠢᠯᠲᠡ ᠵᠢ ᠵᠣᠷᠢᠭᠵᠢᠭᠤᠯᠤᠨ ᠳᠡᠮᠵᠢᠵᠦ᠂ ᠤᠰᠤᠨ᠎ᠤ ᠡᠬᠢ ᠪᠠᠶᠠᠯᠢᠭ᠎ᠢ ᠠᠷᠪᠢᠯᠠᠨ ᠡᠷᠴᠢᠮᠵᠢᠭᠦᠯᠦᠨ ᠠᠰᠢᠭᠯᠠᠬᠤ ᠲᠦᠪᠰᠢᠨ᠎ᠢ ᠳᠡᠭᠡᠭᠰᠢᠯᠡᠭᠦᠯᠵᠦ᠂ ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠯᠲᠠ ᠵᠢ ᠠᠬᠢᠭᠤᠯᠬᠤ᠎ᠳᠤ ᠬᠦᠴᠦᠲᠡᠢ ᠤᠰᠤᠨ᠎ᠤ ᠠᠮᠤᠷ ᠲᠦᠪᠰᠢᠨ᠎ᠤ ᠪᠠᠲᠤᠯᠠᠭ᠎ᠠ ᠬᠠᠩᠭ᠋ᠠᠨ᠎ᠠ᠃
ᠪᠢ ᠤᠷᠢᠳᠠᠪᠠᠷ ᠡᠳᠡᠭᠡᠷ᠎ᠢ ᠲᠠᠨᠢᠯᠴᠠᠭᠤᠯᠤᠶ᠎ᠠ᠂ ᠣᠯᠠᠨ᠎ᠳᠤ ᠪᠠᠶᠠᠷᠯᠠᠯ᠎ᠠ!
ᠰᠢᠩ ᠾᠦᠢ ᠨᠠ᠄
ᠳᠡᠳ᠋ ᠳᠠᠷᠤᠭ᠎ᠠ ᠯᠢ ᠯᠢᠶᠠᠩ ᠱᠧᠨᠤ ᠲᠠᠨᠢᠯᠴᠠᠭᠤᠯᠭ᠎ᠠ᠎ᠳᠤ ᠲᠠᠯᠠᠷᠬᠠᠯ᠎ᠠ᠃ ᠣᠳᠣ ᠲᠠ ᠪᠦᠬᠦᠨ᠎ᠤ ᠠᠰᠠᠭᠤᠯᠲᠠ ᠠᠰᠠᠭᠤᠬᠤ ᠵᠢ ᠪᠠᠶᠠᠷᠯᠠᠨ ᠤᠭᠲᠤᠵᠤ ᠪᠠᠢ᠌ᠨ᠎ᠠ᠂ ᠠᠰᠠᠭᠤᠯᠲᠠ ᠠᠰᠠᠭᠤᠬᠤ᠎ᠠᠴᠠ ᠡᠮᠦᠨ᠎ᠡ ᠪᠠᠶ᠋ᠢᠭ᠎ᠠ ᠰᠣᠨᠢᠨ ᠮᠡᠳᠡᠭᠡᠨ᠎ᠤ ᠪᠠᠶ᠋ᠢᠭᠤᠯᠤᠮᠵᠢ᠎ᠪᠠᠨ ᠮᠡᠳᠡᠭᠳᠡᠭᠡᠷᠡᠢ᠃

ᠲᠥᠪ᠎ᠤᠨ ᠷᠠᠳᠢᠣ᠋ ᠲᠧᠯᠸᠢᠰ᠎ᠤᠨ ᠶᠡᠷᠦᠩᠬᠡᠢ ᠬᠤᠷᠢᠶᠠᠨ᠎ᠤ ᠰᠤᠷᠪᠤᠯᠵᠢᠯᠠᠭᠴᠢ ᠵᠢᠨ ᠠᠰᠠᠭᠤᠯᠲᠠ
ᠠᠰᠠᠭᠤᠬᠤ᠎ᠨᠢ᠄ 《ᠤᠯᠤᠰ᠎ᠤᠨ ᠤᠰᠤ ᠠᠷᠪᠢᠯᠠᠬᠤ ᠠᠵᠢᠯᠯᠠᠭ᠋ᠠᠨ᠎ᠤ ᠲᠥᠰᠦᠯ》᠎ᠢ 2019 ᠣᠨ᠎ᠤ 4 ᠳ᠋ᠦ᠍ᠭᠡᠷ ᠰᠠᠷ᠎ᠠ᠎ᠳᠤ ᠳᠠᠷᠤᠮᠠᠯᠯᠠᠨ ᠲᠠᠷᠬᠠᠭ᠋ᠠᠵᠤ ᠬᠡᠷᠡᠭᠵᠢᠭᠦᠯᠪᠡ᠂ ᠲᠡᠭᠡᠪᠡᠯ 5 ᠵᠢᠯ᠎ᠤᠨ ᠲᠤᠷᠰᠢ᠂ ᠤᠯᠤᠰ᠎ᠤᠨ ᠤᠰᠤ ᠠᠷᠪᠢᠯᠠᠬᠤ ᠠᠵᠢᠯᠯᠠᠭ᠎ᠠ ᠵᠢᠨ ᠶᠠᠮᠠᠷ ᠶᠠᠮᠠᠷ ᠦᠷ᠎ᠡ ᠪᠦᠲᠦᠮᠵᠢ ᠣᠯᠤᠭᠰᠠᠨ ᠪᠣᠶ? ᠪᠠᠶᠠᠷᠯᠠᠯ᠎ᠠ᠃
ᠯᠢ ᠯᠢᠶᠠᠩ ᠱᠸᠩ ᠬᠠᠷᠢᠭᠤᠯᠬᠤ᠎ᠨᠢ᠄
ᠲᠠᠨ᠎ᠤ ᠠᠰᠠᠭᠤᠭᠰᠠᠨ᠎ᠳᠤ ᠪᠠᠶᠠᠷᠯᠠᠯ᠎ᠠ᠂ ᠡᠨᠡ ᠠᠰᠠᠭᠤᠳᠠᠯ᠎ᠢ ᠪᠢ ᠬᠠᠷᠢᠭᠤᠯᠤᠶ᠎ᠠ᠃ ᠤᠯᠤᠰ᠎ᠤᠨ ᠤᠰᠤ ᠠᠷᠪᠢᠯᠠᠬᠤ ᠠᠵᠢᠯᠯᠠᠭ᠎ᠠ ᠵᠢ ᠬᠡᠷᠡᠭᠵᠢᠭᠦᠯᠬᠦ ᠪᠣᠯ ᠨᠠᠮ᠎ᠤᠨ ᠲᠥᠪ ᠬᠤᠷᠢᠶᠠᠨ᠎ᠠᠴᠠ ᠭᠠᠷᠭ᠋ᠠᠭᠰᠠᠨ ᠴᠢᠬᠤᠯᠠ ᠶᠡᠭᠡ ᠰᠢᠢ᠍ᠳᠪᠦᠷᠢᠲᠦ ᠪᠤᠳᠤᠯᠭ᠎ᠠ ᠪᠠᠶ᠋ᠢᠷᠢᠯᠠᠭᠤᠯᠤᠯᠲᠠ ᠪᠣᠯᠤᠨ᠎ᠠ᠃ 2019 ᠣᠨ᠎ᠳᠤ᠂ ᠲᠥᠪ᠎ᠤᠨ ᠥᠭᠡᠷᠡᠴᠢᠯᠡᠯᠲᠡ ᠵᠢ ᠪᠦᠬᠦ ᠲᠠᠯ᠎ᠠ᠎ᠪᠠᠷ ᠭᠦᠨᠵᠡᠭᠡᠶ᠋ᠢᠷᠡᠭᠦᠯᠬᠦ ᠵᠥᠪᠯᠡᠯ᠎ᠠᠴᠠ ᠬᠢᠨᠠᠨ ᠵᠥᠪᠯᠡᠵᠦ᠂ ᠤᠯᠤᠰ᠎ᠤᠨ ᠬᠥᠭᠵᠢᠭᠦᠯᠦᠯᠲᠡ ᠪᠠ ᠥᠭᠡᠷᠡᠴᠢᠯᠡᠯᠲᠡ ᠵᠢᠨ ᠵᠥᠪᠯᠡᠯ᠂ ᠤᠰᠤᠨ ᠠᠰᠢᠭᠯᠠᠯᠲᠠ ᠵᠢᠨ ᠶᠠᠮᠤᠨ ᠬᠠᠮᠲᠤᠷᠠᠨ 《ᠤᠯᠤᠰ᠎ᠤᠨ ᠤᠰᠤ ᠠᠷᠪᠢᠯᠠᠬᠤ ᠠᠵᠢᠯᠯᠠᠭ᠎ᠠ ᠵᠢᠨ ᠲᠥᠰᠥᠯ》 (ᠳᠣᠷᠣᠭᠰᠢ 《ᠲᠥᠰᠥᠯ》 ᠭᠡᠵᠦ ᠲᠣᠪᠴᠢᠯᠠᠨ᠎ᠠ)᠎ᠢ ᠳᠠᠷᠤᠮᠠᠯᠯᠠᠨ ᠲᠠᠷᠬᠠᠭ᠋ᠠᠪᠠ᠃ 《ᠲᠥᠰᠦᠯ》᠎ᠢ ᠳᠠᠷᠤᠮᠠᠯᠯᠠᠨ ᠲᠠᠷᠬᠠᠭ᠋ᠠᠭᠰᠠᠨ᠎ᠠᠴᠠ ᠨᠠᠭ᠋ᠠᠰᠢ᠂ ᠬᠤᠯᠪᠣᠭᠳᠠᠯ ᠪᠥᠬᠦᠶ ᠰᠠᠯᠠᠭ᠎ᠠ ᠮᠥᠴᠢᠷ᠎ᠤᠳ ᠵᠡᠷᠭᠡ᠎ᠪᠠᠷ ᠠᠳᠬᠤᠨ ᠬᠠᠮᠲᠤ᠎ᠪᠠᠷ ᠬᠠᠮᠢᠶᠠᠷᠴᠤ᠂ ᠯᠠᠪᠳᠠᠭᠤᠨ ᠪᠠᠲᠤᠲᠠᠶ ᠠᠵᠢᠯᠯᠠᠨ᠂ ᠡᠯ᠎ᠡ ᠵᠦᠢ᠍ᠯ᠎ᠤᠨ ᠬᠠᠷᠠᠯᠲᠠ ᠡᠭᠦᠷᠭᠡ ᠢᠯᠡᠳᠲᠡ ᠦᠷ᠎ᠡ ᠪᠦᠲᠦᠮᠵᠢ ᠣᠯᠵᠤ᠂ 4 ᠲᠠᠯ᠎ᠠ᠎ᠳᠤ ᠢᠯᠡᠷᠡᠵᠦ ᠪᠠᠶ᠋ᠢᠨ᠎ᠠ᠃
ᠨᠢᠭᠡᠳᠦᠭᠡᠷ ᠲᠠᠯ᠎ᠠ᠎ᠪᠠᠷ᠂ ᠡᠵᠡᠮᠳᠡᠬᠦ ᠬᠠᠷᠠᠯᠲᠠ ᠵᠢ ᠪᠦᠬᠦ ᠲᠠᠯ᠎ᠠ᠎ᠪᠠᠷ ᠪᠡᠶᠡᠯᠡᠭᠦᠯᠪᠡ᠃ 《ᠲᠥᠰᠦᠯ》᠎ᠳᠤ ᠪᠥᠬᠦ ᠤᠯᠤᠰ᠎ᠤᠨ ᠤᠰᠤ ᠬᠡᠷᠡᠭᠯᠡᠬᠦ ᠶᠡᠷᠦᠩᠬᠡᠶ ᠬᠡᠮᠵᠢᠶ᠎ᠡ᠂ ᠤᠯᠤᠰ᠎ᠤᠨ ᠳᠣᠲᠣᠭ᠋ᠠᠳᠤ ᠵᠢᠨ ᠲᠦᠮᠡᠨ ᠲᠥᠭᠦᠷᠢᠭ᠎ᠤᠨ ᠦᠢ᠍ᠯᠡᠳᠪᠦᠷᠢᠯᠡᠯ᠎ᠤᠨ ᠶᠡᠷᠦᠩᠬᠡᠶ ᠥᠷᠲᠡᠭ᠎ᠤᠨ ᠤᠰᠤ ᠬᠡᠷᠡᠭᠯᠡᠬᠦ ᠬᠡᠮᠵᠢᠶ᠎ᠡ᠂ ᠲᠦᠮᠡᠨ ᠲᠥᠭᠦᠷᠢᠭ᠎ᠤᠨ ᠠᠵᠤ ᠦᠢ᠍ᠯᠡᠳᠪᠦᠷᠢ ᠵᠢᠨ ᠨᠡᠮᠡᠭᠳᠡᠯ ᠥᠷᠲᠡᠭ᠎ᠤᠨ ᠤᠰᠤ ᠬᠡᠷᠡᠭᠯᠡᠬᠦ ᠬᠡᠮᠵᠢᠶ᠎ᠡ ᠵᠡᠷᠭᠡ ᠭᠦᠢ᠍ᠴᠡᠳᠬᠡᠯ ᠲᠤᠭ᠎ᠠ ᠵᠢᠨ 2022 ᠣᠨ᠎ᠤ ᠬᠢᠵᠠᠭ᠋ᠠᠷᠯᠠᠬᠤ ᠬᠠᠷᠠᠯᠲᠠ ᠵᠢ ᠲᠣᠳᠣᠷᠬᠠᠶ᠋ᠢᠯᠠᠵᠤ᠂ 2035 ᠣᠨ᠎ᠤ ᠠᠯᠤᠰ᠎ᠤᠨ ᠬᠠᠷᠠᠯᠲᠠ ᠵᠢ ᠳᠤᠷᠠᠳᠪᠠ᠃ ᠴᠢᠷᠮᠠᠶ᠋ᠢᠯᠭ᠎ᠠ᠎ᠪᠠᠷ ᠳᠡᠮᠵᠢᠨ᠂ 2022 ᠣᠨ᠎ᠤ ᠬᠠᠷᠠᠯᠲᠠ ᠵᠢ ᠪᠥᠬᠦ ᠲᠠᠯ᠎ᠠ᠎ᠪᠠᠷ ᠪᠡᠶᠡᠯᠡᠭᠦᠯᠵᠦ᠂ ᠤᠰᠤ ᠠᠷᠪᠢᠯᠠᠬᠤ ᠲᠥᠷᠥ ᠵᠢᠨ ᠪᠣᠳᠣᠯᠭ᠎ᠠ ᠬᠠᠤᠯᠢ ᠲᠣᠭᠲᠠᠭ᠋ᠠᠯ᠂ ᠵᠠᠬ᠎ᠠ ᠳᠡᠯᠭᠡᠭᠦᠷ᠎ᠤᠨ ᠲᠣᠭᠲᠠᠴᠠ᠂ ᠪᠠᠷᠢᠮᠵᠢᠶ᠎ᠠ ᠵᠢᠨ ᠲᠣᠭᠲᠠᠯᠴᠠᠭ᠎ᠠ ᠵᠢ ᠤᠯᠠᠮ ᠨᠢᠭᠡ ᠠᠯᠬᠤᠮ ᠲᠡᠭᠦᠯᠳᠡᠷᠵᠢᠭᠦᠯᠵᠦ᠂ ᠮᠡᠷᠭᠡᠵᠢᠯ᠎ᠤᠨ ᠲᠤᠯᠭ᠋ᠠᠭᠤᠷᠢᠯᠠᠬᠤ ᠴᠢᠳᠠᠪᠤᠷᠢ ᠵᠢ ᠦᠷᠭᠦᠯᠵᠢᠯᠡᠨ ᠳᠡᠭᠡᠭᠰᠢᠯᠡᠭᠦᠯᠵᠦ᠂ ᠤᠰᠤ ᠠᠷᠪᠢᠯᠠᠬᠤ ᠠᠵᠤ ᠦᠢ᠍ᠯᠡᠰ᠎ᠢ ᠲᠠᠰᠤᠷᠠᠯᠲᠠ ᠥᠬᠡᠶ ᠪᠤᠵᠠᠭ᠋ᠠᠶ᠋ᠢᠷᠠᠭᠤᠯᠵᠤ᠂ ᠤᠰᠤ ᠠᠷᠪᠢᠯᠠᠬᠤ ᠬᠡᠯᠪᠡᠷᠢ ᠵᠢᠨ ᠦᠢ᠍ᠯᠡᠳᠪᠦᠷᠢᠯᠡᠯ ᠪᠠ ᠠᠮᠢᠳᠤᠷᠠᠯ᠎ᠤᠨ ᠠᠷᠭ᠎ᠠ ᠮᠠᠶᠢᠭ᠎ᠢ ᠠᠯᠬᠤᠮ ᠠᠯᠬᠤᠮ ᠵᠶ᠋ᠠᠷ ᠪᠠᠶ᠋ᠢᠭᠤᠯᠵᠤ᠂ ᠠᠵᠤ ᠠᠬᠤᠶ᠂ ᠨᠡᠶ᠋ᠢᠭᠡᠮ ᠪᠠ ᠠᠮᠢ ᠠᠬᠤᠶ ᠵᠢᠨ ᠢᠯᠡᠳᠲᠡ ᠦᠷ᠎ᠡ ᠠᠰᠢᠭ᠎ᠢ ᠣᠯᠤᠭᠰᠠᠨ ᠪᠠᠶ᠋ᠢᠨ᠎ᠠ᠃
ᠬᠤᠶᠠᠳᠤᠭ᠋ᠠᠷ ᠲᠠᠯ᠎ᠠ᠎ᠪᠠᠷ᠂ ᠭᠤᠣᠯᠳᠠᠯᠭ᠎ᠠ᠎ᠲᠠᠢ ᠠᠵᠢᠯᠯᠠᠭ᠎ᠠ ᠵᠢ ᠯᠠᠪᠳᠠᠭᠤᠨ ᠪᠠᠲᠤᠲᠠᠢ ᠠᠬᠢᠭᠤᠯᠪᠠ᠃ ᠤᠰᠤ ᠬᠡᠷᠡᠭᠯᠡᠬᠦ ᠶᠡᠷᠦᠩᠬᠡᠶ ᠬᠡᠮᠵᠢᠶ᠎ᠡ ᠪᠠ ᠬᠦᠴᠦᠯᠡᠴᠡ ᠵᠢᠨ ᠬᠤᠤᠰ ᠡᠵᠡᠮᠳᠡᠯ᠎ᠢ ᠲᠠᠰᠤᠷᠠᠯᠲᠠ ᠥᠬᠡᠶ ᠴᠢᠩᠭ᠋ᠠᠳᠬᠠᠵᠤ᠂ 80 %᠎ᠠᠴᠠ ᠳᠡᠭᠡᠭᠰᠢᠬᠢ ᠤᠰᠤ ᠬᠡᠷᠡᠭᠯᠡᠬᠦ ᠬᠡᠮᠵᠢᠶ᠎ᠡ ᠵᠢ ᠬᠠᠮᠤᠷᠤᠭᠰᠠᠨ ᠤᠯᠤᠰ᠎ᠤᠨ ᠤᠰᠤ ᠬᠡᠷᠡᠭᠯᠡᠬᠦ ᠲᠣᠭᠲᠠᠭᠰᠠᠨ ᠨᠣᠷᠮ᠎ᠠ ᠵᠢᠨ ᠰᠢᠰᠲ᠋ᠧᠮ᠎ᠢ ᠪᠠᠶ᠋ᠢᠭᠤᠯᠵᠤ᠂ ᠨᠢᠭᠡᠴᠢ ᠭᠠᠵᠠᠷ ᠣᠷᠣᠨ᠎ᠤ ᠦᠢ᠍ᠯᠡᠳᠪᠦᠷᠢᠯᠡᠯ᠎ᠤᠨ ᠶᠡᠷᠦᠩᠬᠡᠶ ᠥᠷᠲᠡᠭ᠎ᠤᠨ ᠤᠰᠤ ᠬᠡᠷᠡᠭᠯᠡᠬᠦ ᠬᠡᠮᠵᠢᠶ᠎ᠡ ᠵᠢ ᠤᠯᠤᠰ᠎ᠤᠨ ᠴᠢᠨᠠᠷ ᠰᠠᠶ᠋ᠢᠲᠠᠶ ᠬᠥᠭᠵᠢᠯᠲᠡ ᠵᠢᠨ ᠶᠡᠷᠦᠩᠬᠡᠶ᠋ᠢᠯᠡᠭᠰᠡᠨ ᠠᠮᠵᠢᠯᠲᠠ ᠪᠦᠲᠦᠮᠵᠢ ᠵᠢ ᠦᠨᠡᠯᠡᠬᠦ ᠰᠢᠰᠲ᠋ᠧᠮ᠎ᠳᠤ ᠣᠷᠣᠭᠤᠯᠤᠨ᠎ᠠ᠃ ᠲᠠᠷᠢᠶᠠᠯᠠᠩ᠎ᠤᠨ ᠤᠰᠤ ᠠᠷᠪᠢᠯᠠᠨ ᠦᠷ᠎ᠡ ᠠᠰᠢᠭ᠎ᠢ ᠨᠡᠮᠡᠭᠳᠡᠭᠦᠯᠬᠦ ᠵᠢ ᠲᠦᠷᠭᠡᠳᠬᠡᠨ ᠠᠬᠢᠭᠤᠯᠵᠤ᠂ 234 ᠲᠣᠮᠣ ᠬᠡᠯᠪᠡᠷᠢ ᠵᠢᠨ ᠤᠰᠤᠯᠠᠯᠲᠠ ᠵᠢᠨ ᠣᠷᠣᠨ᠂ 1172 ᠳᠤᠮᠳᠠ ᠬᠡᠯᠪᠡᠷᠢ ᠵᠢᠨ ᠤᠰᠤᠯᠠᠯᠲᠠ ᠵᠢᠨ ᠣᠷᠣᠨ᠎ᠤ ᠦᠷᠭᠦᠯᠵᠢᠯᠡᠨ ᠪᠠᠶ᠋ᠢᠭᠤᠯᠵᠤ ᠢᠵᠢ ᠪᠦᠷᠢᠳᠦᠭᠦᠯᠬᠦ ᠪᠠ ᠣᠳᠣᠬᠢᠴᠢᠯᠠᠭᠰᠠᠨ ᠥᠭᠡᠷᠡᠴᠢᠯᠡᠯᠲᠡ ᠵᠢ ᠬᠡᠷᠡᠭᠵᠢᠭᠦᠯᠵᠦ᠂ ᠤᠰᠤ ᠠᠷᠪᠢᠯᠠᠬᠤ ᠬᠡᠯᠪᠡᠷᠢ ᠵᠢᠨ 182 ᠤᠰᠤᠯᠠᠯᠲᠠ ᠵᠢᠨ ᠣᠷᠣᠨ᠎ᠢ ᠪᠠᠶ᠋ᠢᠭᠤᠯᠤᠨ᠎ᠠ᠃ ᠠᠵᠤ ᠦᠢ᠍ᠯᠡᠳᠪᠦᠷᠢ ᠵᠢᠨ ᠤᠰᠤ ᠠᠷᠪᠢᠯᠠᠵᠤ ᠪᠣᠬᠢᠷᠲᠤᠯ ᠭᠠᠳᠠᠭᠰᠢᠯᠠᠭᠤᠯᠬᠤ ᠬᠡᠮᠵᠢᠶ᠎ᠡ ᠵᠢ ᠪᠠᠭ᠋ᠠᠰᠬᠠᠬᠤ ᠵᠢ ᠦᠷᠭᠦᠯᠵᠢᠯᠡᠨ ᠴᠢᠩᠭ᠋ᠠᠳᠬᠠᠵᠤ᠂ ᠪᠦᠬᠦ ᠤᠯᠤᠰ᠎ᠤᠨ ᠬᠡᠪᠴᠢᠶ᠎ᠡ᠎ᠠᠴᠠ ᠳᠡᠭᠡᠭᠰᠢᠬᠢ ᠠᠵᠤ ᠦᠢ᠍ᠯᠡᠳᠪᠦᠷᠢ ᠵᠢᠨ ᠬᠡᠷᠡᠭᠯᠡᠬᠦ ᠤᠰᠤ ᠵᠢ ᠳᠠᠬᠢᠨ ᠳᠠᠪᠲᠠᠨ ᠠᠰᠢᠭᠯᠠᠬᠤ ᠨᠣᠷᠮ᠎ᠠ ᠵᠢ 93%᠎ᠠᠴᠠ ᠳᠡᠭᠡᠭᠰᠢ᠎ᠳᠤ ᠬᠦᠷᠦᠭᠦᠯᠦᠨ᠎ᠡ᠃ ᠬᠣᠲᠠ ᠪᠠᠯᠭ᠋ᠠᠰᠤ ᠵᠢᠨ ᠤᠰᠤ ᠠᠷᠪᠢᠯᠠᠬᠤ ᠬᠣᠬᠢᠷᠠᠯ᠎ᠢ ᠪᠦᠲᠦᠮᠵᠢᠲᠡᠶ ᠥᠷᠨᠢᠭᠦᠯᠵᠦ᠂ ᠪᠦᠬᠦ ᠤᠯᠤᠰ᠎ᠤᠨ ᠬᠣᠲᠠ ᠵᠢᠨ ᠣᠯᠠᠨ ᠨᠡᠶ᠋ᠢᠲᠡ ᠵᠢᠨ ᠤᠰᠤ ᠬᠠᠩᠭ᠋ᠠᠬᠤ ᠬᠣᠭᠣᠯᠠᠶ ᠵᠢᠨ ᠲᠣᠤᠷ᠎ᠤᠨ ᠭᠣᠭᠣᠵᠢᠵᠤ ᠬᠣᠬᠢᠷᠠᠬᠤ ᠨᠣᠷᠮ᠎ᠡ ᠵᠢ 10%᠎ᠳᠤ ᠬᠦᠷᠲᠡᠯ᠎ᠡ ᠪᠠᠭᠤᠷᠠᠭᠤᠯᠤᠨ᠎ᠠ᠃ ᠪᠦᠬᠦ ᠤᠯᠤᠰ᠎ᠤᠨ 60%᠎ᠠᠴᠠ ᠳᠡᠭᠡᠭᠰᠢᠬᠢ ᠰᠢᠶᠠᠨ᠎ᠤ ᠱᠠᠲᠤᠨ᠎ᠤ ᠵᠠᠰᠠᠭ ᠵᠠᠬᠢᠷᠭ᠋ᠠᠨ᠎ᠤ ᠣᠷᠣᠨ ᠤᠰᠤ ᠠᠷᠪᠢᠯᠠᠬᠤ ᠬᠡᠯᠪᠡᠷᠢ ᠵᠢᠨ ᠨᠡᠶ᠋ᠢᠭᠡᠮ᠎ᠤᠨ ᠪᠠᠷᠢᠮᠵᠢᠶ᠎ᠠ᠎ᠳᠤ ᠬᠦᠷᠴᠦ᠂ ᠡᠩ᠎ᠤᠨ ᠪᠤᠰᠤ ᠤᠰᠤᠨ ᠠᠰᠢᠭᠯᠠᠯᠲᠠ ᠵᠢᠨ ᠬᠡᠷᠡᠭᠯᠡᠬᠦ ᠬᠡᠮᠵᠢᠶ᠎ᠡ 211 ᠳ᠋ᠦᠩᠰᠢᠭᠤᠷ ᠪᠣᠰᠤᠭ᠎ᠠ ᠳᠥᠷᠪᠡᠯᠵᠢᠨ ᠮᠸᠲᠷ᠎ᠲᠤ ᠬᠦᠷᠪᠡ᠃
ᠭᠤᠷᠪᠠᠳᠤᠭ᠋ᠠᠷ ᠲᠠᠯ᠎ᠠ᠎ᠪᠠᠷ᠂ ᠪᠠᠶ᠋ᠢᠭᠤᠯᠤᠯ ᠲᠣᠭᠲᠠᠴᠠ ᠵᠢᠨ ᠥᠭᠡᠷᠡᠴᠢᠯᠡᠯᠲᠡ ᠦᠷᠭᠦᠯᠵᠢᠯᠡᠨ ᠭᠦᠨᠵᠡᠭᠡᠶ᠋ᠢᠷᠡᠪᠡ᠃ ᠤᠰᠤᠨ᠎ᠤ ᠦᠨ᠎ᠡ ᠵᠢᠨ ᠥᠭᠡᠷᠡᠴᠢᠯᠡᠯᠲᠡ ᠵᠢ ᠪᠦᠬᠦ ᠲᠠᠯ᠎ᠠ᠎ᠪᠠᠷ ᠭᠦᠨᠵᠡᠭᠡᠶ᠋ᠢᠷᠡᠭᠦᠯᠵᠦ᠂ ᠲᠠᠷᠢᠶᠠᠯᠠᠩ᠎ᠤᠨ ᠤᠰᠤᠨ᠎ᠤ ᠦᠨ᠎ᠡ ᠵᠢᠨ ᠶᠡᠷᠦᠩᠬᠡᠶ᠋ᠢᠯᠡᠭᠰᠡᠨ ᠥᠭᠡᠷᠡᠴᠢᠯᠡᠯᠲᠡ ᠵᠢ ᠬᠡᠷᠡᠭᠵᠢᠭᠦᠯᠵᠦ ᠪᠠᠶ᠋ᠢᠭ᠎ᠠ ᠲᠠᠷᠢᠶᠠᠨ ᠭᠠᠵᠠᠷ᠎ᠤᠨ ᠲᠠᠯᠠᠪᠠᠶ ᠵᠢ 9 ᠳ᠋ᠦᠩᠰᠢᠭᠤᠷ ᠮᠦ᠍᠎ᠳᠤ ᠬᠦᠷᠦᠭᠦᠯᠵᠦ᠂ ᠬᠣᠲᠠ ᠪᠠᠯᠭ᠋ᠠᠰᠤ ᠵᠢᠨ ᠤᠰᠤ ᠬᠠᠩᠭ᠋ᠠᠬᠤ ᠪᠠ ᠤᠰᠤᠨ ᠠᠰᠢᠭᠯᠠᠯᠲᠠ ᠵᠢᠨ ᠢᠨᠵᠸᠨ᠋ᠸᠷᠢᠩ᠎ᠤᠨ ᠤᠰᠤ ᠬᠠᠩᠭ᠋ᠠᠬᠤ ᠦᠨ᠎ᠡ ᠬᠠᠩᠰᠢ ᠵᠢᠨ ᠪᠣᠶ ᠪᠣᠯᠬᠤ ᠲᠣᠭᠲᠠᠴᠠ ᠵᠢ ᠲᠡᠭᠦᠯᠳᠡᠷᠵᠢᠭᠦᠯᠦᠨ᠎ᠡ᠃ ᠤᠰᠤᠨ᠎ᠤ ᠡᠬᠢ ᠪᠠᠶᠠᠯᠢᠭ᠎ᠤᠨ ᠭᠠᠶ᠋ᠢᠯᠢ ᠵᠢᠨ ᠥᠭᠡᠷᠡᠴᠢᠯᠡᠯᠲᠡ ᠵᠢ ᠠᠬᠢᠭᠤᠯᠵᠤ᠂ 10 ᠮᠤᠵᠢ ᠣᠷᠣᠨ᠎ᠳᠤ ᠤᠰᠤᠨ᠎ᠤ ᠡᠬᠢ ᠪᠠᠶᠠᠯᠢᠭ᠎ᠤᠨ ᠭᠠᠶ᠋ᠢᠯᠢ ᠵᠢᠨ ᠥᠭᠡᠷᠡᠴᠢᠯᠡᠯᠲᠡ ᠵᠢᠨ ᠲᠤᠷᠰᠢᠯᠲᠠ ᠵᠢ ᠥᠷᠨᠢᠭᠦᠯᠦᠨ᠎ᠡ᠃ ᠭᠡᠷ᠎ᠡ ᠵᠢᠨ ᠤᠰᠤ ᠠᠷᠪᠢᠯᠠᠬᠤ ᠬᠠᠮᠢᠶᠠᠷᠤᠯᠲᠠ ᠵᠢ ᠳᠡᠯᠭᠡᠷᠡᠭᠦᠯᠵᠦ᠂ ᠨᠡᠶ᠋ᠢᠭᠡᠮ᠎ᠤᠨ ᠬᠥᠷᠥᠩᠭᠡ ᠵᠢ ᠲᠠᠲᠠᠵᠤ ᠤᠰᠤ ᠠᠷᠪᠢᠯᠠᠬᠤ᠎ᠳᠤ ᠣᠷᠣᠭᠤᠯᠤᠨ᠎ᠠ᠃ ᠤᠰᠤ ᠠᠷᠪᠢᠯᠠᠬᠤ ᠪᠠᠷᠢᠮᠵᠢᠶ᠎ᠠ ᠵᠢᠨ ᠰᠢᠰᠲ᠋ᠧᠮᠵᠢ ᠵᠢ ᠪᠦᠷᠢᠨᠰᠢᠭᠦᠯᠵᠦ᠂ ᠤᠰᠤ ᠠᠷᠪᠢᠯᠠᠬᠤ ᠤᠯᠤᠰ᠎ᠤᠨ ᠪᠠᠷᠢᠮᠵᠢᠶ᠎ᠠ ᠵᠢ 300᠎ᠲᠤ ᠬᠦᠷᠦᠭᠦᠯᠦᠨ᠎ᠡ᠃ ᠤᠰᠤᠨ᠎ᠤ ᠡᠬᠢ ᠪᠠᠶᠠᠯᠢᠭ᠎ᠤᠨ ᠬᠠᠮᠤᠭ᠎ᠤᠨ ᠴᠢᠩᠭ᠎ᠠ ᠬᠠᠮᠢᠶᠠᠷᠤᠯᠲᠠ ᠵᠢᠨ ᠳᠦᠷᠢᠮ᠎ᠤᠨ ᠬᠢᠨᠠᠨ ᠰᠢᠯᠭ᠋ᠠᠬᠤ ᠵᠢ ᠬᠡᠷᠡᠭᠵᠢᠭᠦᠯᠵᠦ᠂ ᠤᠰᠤ ᠠᠷᠪᠢᠯᠠᠬᠤ ᠬᠠᠷᠠᠯᠲᠠ ᠵᠢ ᠪᠡᠶᠡᠯᠡᠭᠦᠯᠦᠭᠰᠡᠨ ᠪᠠᠶ᠋ᠢᠳᠠᠯ᠎ᠢ ᠣᠷᠣᠨ ᠨᠤᠲᠤᠭ᠎ᠤᠨ ᠵᠠᠰᠠᠭ᠎ᠤᠨ ᠣᠷᠳᠣᠨ᠎ᠤ ᠠᠵᠢᠯ᠎ᠤᠨ ᠠᠮᠵᠢᠯᠲᠠ ᠵᠢ ᠬᠢᠨᠠᠨ ᠰᠢᠯᠭ᠋ᠠᠬᠤ᠎ᠳᠤ ᠣᠷᠣᠭᠤᠯᠬᠤ ᠬᠡᠷᠡᠭᠲᠡᠶ᠃
ᠳᠥᠷᠪᠡᠳᠦᠭᠡᠷ ᠲᠠᠯ᠎ᠠ᠎ᠪᠠᠷ᠂ ᠲᠥᠷᠥ ᠵᠢᠨ ᠪᠣᠳᠣᠯᠭ᠎ᠠ ᠵᠢᠨ ᠪᠠᠲᠤᠯᠠᠭ᠎ᠠ ᠲᠠᠰᠤᠷᠠᠯᠲᠠ ᠤᠢ᠍ᠭᠡᠢ ᠴᠢᠩᠭ᠋ᠠᠷᠠᠪᠠ᠃ ᠤᠰᠤᠨ ᠠᠰᠢᠭᠯᠠᠯᠲᠠ ᠵᠢᠨ ᠶᠠᠮᠤᠨ ᠲᠦᠷᠦᠭᠦᠯᠡᠨ 20 ᠰᠠᠯᠠᠭ᠎ᠠ ᠮᠥᠴᠢᠷ ᠤᠰᠤ ᠠᠷᠪᠢᠯᠠᠵᠤ ᠬᠡᠷᠡᠭᠯᠡᠬᠦ ᠠᠵᠢᠯ᠎ᠤᠨ ᠶᠠᠮᠤᠨ᠎ᠤ ᠬᠤᠭᠤᠷᠣᠨᠳᠣᠬᠢ ᠵᠣᠬᠢᠴᠠᠭᠤᠯᠬᠤ ᠲᠣᠭᠲᠠᠴᠠ ᠵᠢ ᠪᠠᠶ᠋ᠢᠭᠤᠯᠵᠤ᠂ ᠡᠯ᠎ᠡ ᠰᠠᠯᠠᠭ᠎ᠠ ᠮᠥᠴᠢᠷ᠎ᠤᠨ ᠤᠰᠤ ᠠᠷᠪᠢᠯᠠᠬᠤ ᠨᠡᠶ᠋ᠢᠯᠡᠮᠡᠯ ᠬᠦᠴᠦᠨ᠎ᠢ ᠪᠤᠢ ᠪᠣᠯᠭ᠋ᠠᠨ᠎ᠠ᠃ ᠤᠰᠤ ᠠᠷᠪᠢᠯᠠᠬᠤ ᠭᠠᠶ᠋ᠢᠯᠢ ᠲᠠᠲᠠᠪᠤᠷᠢ ᠵᠢᠨ ᠬᠠᠷᠠᠭ᠋ᠠᠯᠵᠠᠯ᠎ᠤᠨ ᠲᠥᠷᠥ ᠵᠢᠨ ᠪᠣᠳᠣᠯᠭ᠎ᠠ ᠵᠢ ᠨᠠᠶ᠋ᠢᠳᠠᠪᠤᠷᠢᠵᠢᠭᠤᠯᠤᠨ ᠲᠡᠭᠦᠯᠳᠡᠷᠵᠢᠭᠦᠯᠵᠦ᠂ ᠮᠥᠩᠭᠦᠨ ᠭᠦᠢ᠍ᠯᠭᠡᠭᠡᠨ᠎ᠤ ᠪᠠᠶ᠋ᠢᠭᠤᠯᠤᠮᠵᠢ ᠵᠢᠨ ᠤᠰᠤ ᠠᠷᠪᠢᠯᠠᠬᠤ ᠲᠥᠷᠥᠯ ᠵᠦᠢ᠍ᠯ᠎ᠳᠤ ᠪᠡᠯᠡ ᠲᠣᠬᠢᠷᠠᠭᠤᠯᠬᠤ ᠵᠢ ᠳᠡᠮᠵᠢᠬᠦ ᠡᠷᠴᠢᠮ ᠵᠶ᠋ᠠᠨ ᠴᠢᠩᠭ᠋ᠠᠷᠠᠭᠤᠯᠬᠤ ᠵᠢ ᠵᠣᠷᠢᠭᠵᠢᠭᠤᠯᠤᠨ᠎ᠠ᠃ ᠠᠷᠠᠳ ᠢᠷᠭᠡᠳ᠎ᠤᠨ ᠤᠰᠤ ᠠᠷᠪᠢᠯᠠᠬᠤ ᠦᠢ᠍ᠯᠡ ᠠᠵᠢᠯᠯᠠᠭ᠎ᠠ ᠵᠢᠨ ᠵᠢᠷᠤᠮᠵᠢᠯ᠎ᠢ ᠨᠡᠶ᠋ᠢᠲᠡᠯᠡᠵᠦ᠂ ᠤᠰᠤ ᠠᠷᠪᠢᠯᠠᠬᠤ ᠰᠤᠷᠭ᠋ᠠᠨ ᠬᠥᠮᠦᠵᠢᠯ᠎ᠤᠨ ᠨᠡᠶ᠋ᠢᠭᠡᠮ᠎ᠤᠨ ᠦᠢ᠍ᠯᠡᠳᠦᠯᠭᠡ ᠵᠢᠨ ᠰᠠᠭᠤᠷᠢᠨ ᠭᠠᠵᠠᠷ ᠪᠠ ᠤᠰᠤ ᠠᠷᠪᠢᠯᠠᠬᠤ ᠰᠢᠨᠵᠢᠯᠡᠬᠦ ᠤᠬᠠᠭ᠋ᠠᠨ᠎ᠢ ᠲᠦᠭᠡᠮᠡᠯᠵᠢᠭᠦᠯᠬᠦ ᠨᠢᠭᠡ ᠪᠦᠯᠦᠭ ᠲᠠᠯᠠᠪᠠᠶ ᠣᠷᠳᠣᠨ᠎ᠢ ᠪᠠᠶ᠋ᠢᠭᠤᠯᠵᠤ᠂ ᠠᠷᠠᠳ ᠢᠷᠭᠡᠳ᠎ᠤᠨ ᠤᠰᠤ ᠠᠷᠪᠢᠯᠠᠬᠤ ᠬᠡᠪ ᠪᠣᠯᠪᠠᠰᠤᠷᠠᠯ᠎ᠢ ᠬᠦᠴᠦᠯᠡᠨ ᠳᠡᠭᠡᠭᠰᠢᠯᠡᠭᠦᠯᠦᠨ᠎ᠡ᠃
ᠲᠠᠷᠠᠭ᠋ᠠᠴᠢ ᠵᠢᠨ ᠠᠯᠬᠤᠮ᠎ᠳᠤ᠂ ᠤᠰᠤᠨ ᠠᠰᠢᠭᠯᠠᠯᠲᠠ ᠵᠢᠨ ᠶᠠᠮᠤᠨ ᠬᠤᠯᠪᠣᠭᠳᠠᠯ ᠪᠥᠬᠦᠶ ᠰᠠᠯᠠᠭ᠎ᠠ ᠮᠥᠴᠢᠷ᠎ᠲᠠᠢ ᠬᠠᠮᠲᠤᠷᠠᠨ ᠤᠰᠤ ᠠᠷᠪᠢᠯᠠᠬᠤ ᠵᠢ ᠲᠡᠷᠢᠭᠦᠨ᠎ᠳᠤ ᠲᠠᠯᠪᠢᠬᠤ ᠴᠢᠭᠯᠡᠯᠲᠡ ᠵᠢ ᠭᠦᠨᠵᠡᠭᠡᠶ ᠨᠠᠶ᠋ᠢᠳᠠᠪᠤᠷᠢᠵᠢᠭᠤᠯᠵᠤ᠂ ᠤᠯᠤᠰ᠎ᠤᠨ ᠤᠰᠤ ᠠᠷᠪᠢᠯᠠᠬᠤ ᠠᠵᠢᠯᠯᠠᠭ᠎ᠠ ᠵᠢ ᠶᠡᠬᠡᠪᠡᠷ ᠬᠡᠷᠡᠭᠵᠢᠭᠦᠯᠦᠨ᠂ ᠤᠰᠤ ᠠᠷᠪᠢᠯᠠᠬᠤ ᠲᠦᠷᠢᠮ ᠲᠥᠷᠥ ᠵᠢᠨ ᠪᠣᠳᠣᠯᠭ᠎ᠠ ᠵᠢ ᠪᠠᠶ᠋ᠢᠭᠤᠯᠤᠨ ᠪᠦᠷᠢᠨᠰᠢᠬᠦᠯᠵᠦ᠂ ᠤᠰᠤᠨ᠎ᠤ ᠡᠬᠢ ᠪᠠᠶᠠᠯᠢᠭ᠎ᠤᠨ ᠬᠠᠲᠠᠭᠤ ᠬᠢᠵᠠᠭ᠋ᠠᠷᠯᠠᠯ᠎ᠢ ᠴᠢᠩᠭ᠋ᠠᠳᠬᠠᠨ᠂ ᠤᠰᠤ ᠠᠷᠪᠢᠯᠠᠬᠤ ᠠᠵᠤ ᠦᠢ᠍ᠯᠡᠰ ᠪᠠ ᠰᠢᠨᠵᠢᠯᠡᠬᠦ ᠤᠬᠠᠭ᠋ᠠᠨ ᠮᠡᠷᠭᠡᠵᠢᠯ᠎ᠢ ᠬᠦᠴᠦᠯᠡᠨ ᠬᠥᠭᠵᠢᠭᠦᠯᠵᠦ᠂ ᠡᠯ᠎ᠡ ᠠᠵᠢᠯ ᠲᠥᠷᠥᠯ᠎ᠤᠨ ᠤᠰᠤ ᠠᠷᠪᠢᠯᠠᠬᠤ ᠵᠢ ᠪᠥᠬᠦ ᠲᠠᠯ᠎ᠠ᠎ᠪᠠᠷ ᠠᠬᠢᠭᠤᠯᠤᠨ᠂ ᠤᠰᠤ ᠠᠷᠪᠢᠯᠠᠬᠤ ᠬᠡᠯᠪᠡᠷᠢ ᠵᠢᠨ ᠨᠡᠶ᠋ᠢᠭᠡᠮ᠎ᠢ ᠲᠦᠷᠭᠡᠳᠬᠡᠨ ᠪᠠᠶ᠋ᠢᠭᠤᠯᠵᠤ᠂ ᠤᠰᠤᠨ᠎ᠤ ᠡᠬᠢ ᠪᠠᠶᠠᠯᠢᠭ᠎ᠢ ᠠᠷᠪᠢᠯᠠᠵᠤ ᠡᠷᠴᠢᠮᠵᠢᠭᠦᠯᠦᠨ ᠠᠰᠢᠭᠯᠠᠬᠤ ᠬᠢᠷᠢ ᠲᠦᠪᠰᠢᠨ᠎ᠢ ᠦᠷᠭᠦᠯᠵᠢᠯᠡᠨ ᠳᠡᠭᠡᠭᠰᠢᠯᠡᠭᠦᠯᠦᠨ᠎ᠡ᠃ ᠪᠠᠶᠠᠷᠯᠠᠯ᠎ᠠ᠃

ᠠᠵᠤ ᠠᠬᠤᠢ ᠵᠢᠨ ᠡᠳᠦᠷ᠎ᠤᠨ ᠰᠣᠨᠢᠨ᠎ᠤ ᠰᠤᠷᠪᠤᠯᠵᠢᠯᠠᠭᠴᠢ ᠵᠢᠨ ᠠᠰᠠᠭᠤᠯᠲᠠ
ᠠᠰᠠᠭᠤᠬᠤ᠎ᠨᠢ᠄ 《ᠤᠰᠤ ᠵᠢ ᠠᠷᠪᠢᠯᠠᠨ ᠭᠠᠮᠨᠠᠬᠤ ᠲᠦᠷᠢᠮ》᠎ᠢ ᠨᠢᠭᠡᠨᠲᠡ ᠨᠡᠶ᠋ᠢᠲᠡᠯᠡᠭᠰᠡᠨ ᠪᠣᠯᠬᠤᠷ᠂ ᠤᠰᠤᠨ ᠠᠰᠢᠭᠯᠠᠯᠲᠠ ᠵᠢᠨ ᠶᠠᠮᠤᠨ ᠠᠯᠢ ᠬᠡᠳᠦᠨ ᠲᠠᠯ᠎ᠠ᠎ᠠᠴᠠ ᠠᠷᠭ᠎ᠠ ᠬᠡᠮᠵᠢᠶ᠎ᠡ ᠠᠪᠴᠤ᠂ ᠡᠯ᠎ᠡ ᠵᠦᠢ᠍ᠯ᠎ᠤᠨ ᠲᠦᠷᠢᠮ ᠲᠣᠭᠲᠠᠭ᠋ᠠᠯ᠎ᠢ ᠨᠠᠶ᠋ᠢᠳᠠᠪᠤᠷᠢᠵᠢᠭᠤᠯᠤᠨ ᠦᠷ᠎ᠡ ᠪᠦᠲᠦᠮᠵᠢ ᠭᠠᠷᠭ᠋ᠠᠬᠤ ᠵᠢ ᠠᠬᠢᠭᠤᠯᠬᠤ ᠪᠣᠶ? ᠪᠠᠶᠠᠷᠯᠠᠯ᠎ᠠ᠃
ᠤᠰᠤᠨ ᠠᠰᠢᠭᠯᠠᠯᠲᠠ ᠵᠢᠨ ᠶᠠᠮᠤᠨ᠎ᠤ ᠲᠥᠷᠥ ᠵᠢᠨ ᠪᠣᠳᠣᠯᠭ᠎ᠠ ᠬᠠᠤᠯᠢ ᠲᠣᠭᠲᠠᠭ᠋ᠠᠯ᠎ᠤᠨ ᠵᠤᠷᠭ᠋ᠠᠨ᠎ᠤ ᠳᠠᠷᠤᠭ᠎ᠠ ᠴᠧᠨ ᠳ᠋ᠠ ᠶᠦᠩ ᠬᠠᠷᠢᠭᠤᠯᠬᠤ᠎ᠨᠢ᠄
ᠬᠠᠤᠯᠢ ᠴᠠᠭ᠋ᠠᠵᠠ ᠵᠢᠨ ᠠᠮᠢᠵᠢᠷᠠᠯ᠎ᠤᠨ ᠬᠦᠴᠦᠨ ᠪᠣᠯ ᠬᠡᠷᠡᠭᠵᠢᠭᠦᠯᠬᠦ᠎ᠳᠤ ᠪᠤᠢ᠂ ᠬᠠᠤᠯᠢ ᠴᠠᠭ᠋ᠠᠵᠠ ᠵᠢᠨ ᠡᠷᠬᠡ ᠰᠦᠷ᠎ᠨᠢ ᠴᠦ᠍ ᠬᠡᠷᠡᠭᠵᠢᠭᠦᠯᠬᠦ᠎ᠳᠤ ᠪᠤᠢ᠃ ᠲᠠᠷᠠᠭ᠋ᠠᠴᠢ ᠵᠢᠨ ᠠᠯᠬᠤᠮ᠎ᠳᠤ᠂ ᠤᠰᠤᠨ ᠠᠰᠢᠭᠯᠠᠯᠲᠠ ᠵᠢᠨ ᠶᠠᠮᠤᠨ ᠤᠰᠤ ᠠᠷᠪᠢᠯᠠᠬᠤ ᠬᠠᠮᠢᠶᠠᠷᠤᠯᠲᠠ ᠵᠢᠨ ᠡᠭᠦᠷᠭᠡ ᠬᠠᠷᠢᠭᠤᠴᠠᠯᠭ᠎ᠠ᠎ᠪᠠᠨ ᠪᠥᠬᠦ ᠲᠠᠯ᠎ᠠ᠎ᠪᠠᠷ ᠭᠦᠢ᠍ᠴᠡᠳᠭᠡᠵᠦ᠂ ᠤᠰᠤ ᠵᠢ ᠠᠷᠪᠢᠯᠠᠨ ᠬᠡᠷᠡᠭᠯᠡᠬᠦ ᠠᠵᠢᠯ᠎ᠤᠨ ᠶᠠᠮᠤᠨ᠎ᠤ ᠬᠤᠭᠤᠷᠣᠨᠳᠣᠬᠢ ᠵᠣᠬᠢᠴᠠᠭᠤᠯᠬᠤ ᠲᠣᠭᠲᠠᠴᠠ ᠵᠢᠨ ᠦᠢ᠍ᠯᠡᠳᠦᠯ᠎ᠢ ᠭᠦᠢ᠍ᠴᠡᠳ ᠪᠠᠳᠠᠷᠠᠭᠤᠯᠵᠤ᠂ ᠬᠤᠯᠪᠣᠭᠳᠠᠯ ᠪᠥᠬᠦᠶ ᠰᠠᠯᠠᠭ᠎ᠠ ᠮᠥᠴᠢᠷ᠎ᠲᠠᠢ ᠬᠠᠮᠲᠤᠷᠠᠨ ᠬᠦᠴᠦᠲᠡᠶ ᠠᠷᠭ᠎ᠠ ᠬᠡᠮᠵᠢᠶ᠎ᠡ ᠠᠪᠴᠤ᠂ 《ᠲᠦᠷᠢᠮ》᠎ᠢ ᠨᠠᠶ᠋ᠢᠳᠠᠪᠤᠷᠢᠵᠢᠭᠤᠯᠤᠨ ᠦᠷ᠎ᠡ ᠪᠦᠲᠦᠮᠵᠢ ᠭᠠᠷᠭ᠋ᠠᠵᠤ᠂ ᠪᠦᠲᠦᠮᠵᠢᠲᠡᠶ ᠬᠡᠷᠡᠭᠵᠢᠭᠦᠯᠬᠦ ᠵᠢ ᠦᠨᠡᠨ ᠬᠦ᠌ ᠪᠠᠲᠤᠯᠠᠨ᠎ᠠ᠃
ᠨᠢᠭᠡ᠎ᠳᠤ᠂ ᠤᠬᠠᠭᠤᠯᠤᠨ ᠲᠤᠭᠤᠰᠢᠯᠠᠭᠤᠯᠬᠤ ᠵᠢ ᠦᠷᠭᠦᠯᠵᠢᠯᠡᠨ ᠰᠠᠶ᠋ᠢᠲᠤᠷ ᠠᠳᠬᠤᠨ᠎ᠠ᠃ 《ᠲᠦᠷᠢᠮ》᠎ᠢ ᠤᠬᠠᠭᠤᠯᠤᠨ ᠲᠤᠭᠤᠰᠢᠯᠠᠭᠤᠯᠬᠤ ᠵᠢ ᠤᠰᠤᠨ ᠠᠰᠢᠭᠯᠠᠯᠲᠠ ᠵᠢᠨ 《ᠨᠠᠢ᠍ᠮᠠᠳᠤᠭ᠋ᠠᠷ ᠲᠠᠪᠤᠨ ᠵᠢᠯ》᠎ᠤᠨ ᠬᠠᠤᠯᠢ ᠲᠦᠭᠡᠮᠡᠯᠵᠢᠭᠦᠯᠬᠦ ᠠᠵᠢᠯ᠎ᠳᠤ ᠣᠷᠣᠭᠤᠯᠵᠤ᠂ ᠰᠤᠷᠤᠯᠴᠠᠨ ᠪᠣᠯᠪᠠᠰᠤᠷᠠᠭᠤᠯᠬᠤ ᠵᠢ ᠵᠣᠬᠢᠶᠠᠨ ᠪᠠᠶ᠋ᠢᠭᠤᠯᠵᠤ᠂ ᠥᠷᠭᠡᠨ ᠣᠯᠠᠨ ᠺᠠᠳ᠋ᠷ ᠠᠵᠢᠯᠲᠠᠨ ᠠᠵᠢᠯᠴᠢᠨ᠎ᠤ 《ᠲᠦᠷᠢᠮ》᠎ᠢ ᠲᠤᠭᠤᠰᠢᠯᠠᠭᠤᠯᠤᠨ ᠬᠡᠷᠡᠭᠵᠢᠭᠦᠯᠬᠦ ᠴᠢᠳᠠᠪᠤᠷᠢ ᠪᠠ ᠬᠢᠷᠢ ᠬᠡᠮᠵᠢᠶ᠎ᠡ ᠵᠢ ᠳᠡᠭᠡᠭᠰᠢᠯᠡᠭᠦᠯᠦᠨ᠎ᠡ᠃ ᠣᠯᠠᠨ ᠵᠦᠢ᠍ᠯ᠎ᠤᠨ ᠬᠡᠯᠪᠡᠷᠢ᠎ᠪᠠᠷ ᠤᠬᠠᠭᠤᠯᠬᠤ ᠡᠷᠴᠢᠮ ᠵᠶ᠋ᠠᠨ ᠴᠢᠩᠭ᠋ᠠᠷᠠᠭᠤᠯᠵᠤ᠂ ᠳᠡᠯᠡᠬᠡᠢ ᠵᠢᠨ ᠤᠰᠤᠨ᠎ᠤ ᠡᠳᠦᠷ᠂ ᠳᠤᠮᠳᠠᠳᠤ ᠤᠯᠤᠰ᠎ᠤᠨ ᠤᠰᠤᠨ ᠭᠠᠷᠠᠭ ᠵᠡᠷᠭᠡ ᠴᠢᠬᠤᠯᠠ ᠵᠠᠩᠭᠢᠯᠠᠭ᠎ᠠ ᠵᠢᠨ ᠴᠡᠭ᠎ᠲᠠᠢ ᠤᠶᠠᠯᠳᠤᠭᠤᠯᠤᠨ ᠤᠰᠤ ᠠᠷᠪᠢᠯᠠᠬᠤ ᠤᠬᠠᠭᠤᠯᠭ᠎ᠠ ᠵᠢ ᠴᠢᠩᠭ᠋ᠠᠳᠭ᠋ᠠᠨᠠ᠂ 3 ᠳ᠋ᠤᠭ᠋ᠠᠷ ᠰᠠᠷ᠎ᠠ ᠵᠢᠨ 22᠎ᠤ ᠡᠳᠦᠷ ᠪᠣᠯ ᠳᠡᠯᠡᠬᠡᠢ ᠵᠢᠨ ᠤᠰᠤᠨ᠎ᠤ ᠡᠳᠦᠷ᠂ ᠥᠨᠥᠳᠥᠷ ᠪᠠᠰᠠ ᠳᠤᠮᠳᠠᠳᠤ ᠤᠯᠤᠰ᠎ᠤᠨ ᠤᠰᠤᠨ ᠭᠠᠷᠠᠭ᠎ᠤᠨ ᠬᠤᠭᠤᠴᠠᠭ᠎ᠠ ᠪᠤᠯᠤᠨ᠎ᠠ᠃ ᠪᠦᠬᠦ ᠤᠯᠤᠰ᠎ᠤᠨ ᠤᠰᠤ ᠠᠷᠪᠢᠯᠠᠬᠤ ᠮᠡᠳᠡᠯᠭᠡ ᠵᠢᠨ ᠤᠷᠤᠯᠳᠤᠭ᠋ᠠᠨ᠂ ᠤᠰᠤ ᠠᠷᠪᠢᠯᠠᠬᠤ ᠰᠢᠨᠵᠢᠯᠡᠬᠦ ᠤᠬᠠᠭ᠋ᠠᠨ᠎ᠢ ᠲᠦᠭᠡᠮᠡᠯᠵᠢᠭᠦᠯᠬᠦ ᠦᠢ᠍ᠯᠡᠳᠦᠯ ᠴᠢᠳᠠᠪᠤᠷᠢ ᠵᠢ ᠳᠡᠭᠡᠭᠰᠢᠯᠡᠭᠦᠯᠬᠦ ᠠᠵᠢᠯᠯᠠᠭ᠎ᠠ᠂ 《ᠤᠰᠤ ᠠᠷᠪᠢᠯᠠᠬᠤ ᠳᠤᠮᠳᠠᠳᠤ ᠤᠯᠤᠰ᠎ᠤᠨ ᠠᠶᠠᠯᠠᠯ》 ᠵᠡᠷᠭᠡ ᠭᠤᠣᠯ ᠰᠡᠳᠦᠪᠲᠦ ᠠᠵᠢᠯᠯᠠᠭ᠎ᠠ ᠵᠢ ᠥᠷᠨᠢᠭᠦᠯᠵᠦ᠂ 《ᠤᠰᠤ ᠠᠷᠪᠢᠯᠠᠬᠤ ᠡᠯᠴᠢᠨ ᠰᠠᠶ᠋ᠢᠳ》᠎ᠤᠨ ᠦᠢ᠍ᠯᠡᠳᠦᠯ᠎ᠢ ᠰᠠᠶ᠋ᠢᠲᠤᠷ ᠪᠠᠳᠠᠷᠠᠭᠤᠯᠤᠨ᠂ ᠣᠯᠠᠨ ᠲᠦᠮᠡᠨ᠎ᠤ ᠦᠵᠡᠵᠦ ᠰᠣᠨᠢᠷᠬᠠᠬᠤ ᠳᠤᠷᠠᠲᠠᠶ ᠠᠷᠭ᠎ᠠ ᠮᠠᠶᠢᠭ ᠵᠶ᠋ᠠᠷ ᠤᠰᠤ ᠠᠷᠪᠢᠯᠠᠬᠤ ᠵᠢ ᠤᠬᠠᠭᠤᠯᠵᠤ᠂ ᠨᠡᠶ᠋ᠢᠭᠡᠮ ᠨᠡᠶ᠋ᠢᠲᠡ ᠵᠢ ᠬᠥᠲᠥᠯᠥᠨ ᠵᠢᠯᠣᠭᠤᠳᠴᠤ ᠪᠠᠶ᠋ᠢᠭ᠋ᠠᠳ ᠤᠰᠤ ᠠᠷᠪᠢᠯᠠᠬᠤ᠎ᠳᠤ ᠣᠷᠣᠯᠴᠠᠭᠤᠯᠵᠤ᠂ ᠤᠰᠤ ᠠᠷᠪᠢᠯᠠᠬᠤ ᠦᠵᠡᠯ ᠤᠬᠠᠮᠰᠠᠷ ᠪᠠ ᠮᠡᠷᠭᠡᠵᠢᠯ ᠴᠢᠳᠠᠪᠤᠷᠢ ᠵᠢ᠎ᠨᠢ ᠨᠡᠮᠡᠭᠳᠡᠭᠦᠯᠦᠨ᠂ ᠪᠦᠬᠦ ᠨᠡᠶ᠋ᠢᠭᠡᠮ᠎ᠤᠨ ᠤᠰᠤ ᠠᠷᠪᠢᠯᠠᠵᠤ ᠤᠰᠤ ᠵᠢ ᠬᠠᠮᠠᠭ᠋ᠠᠯᠠᠬᠤ ᠰᠠᠶ᠋ᠢᠨ ᠰᠠᠶ᠋ᠢᠬᠠᠨ ᠠᠭᠤᠷ ᠠᠮᠢᠰᠬᠤᠯ᠎ᠢ ᠦᠷᠭᠦᠯᠵᠢᠯᠡᠨ ᠪᠤᠢ ᠪᠣᠯᠭ᠋ᠠᠬᠤ ᠬᠡᠷᠡᠭᠲᠡᠶ᠃
ᠬᠤᠶᠠᠷ᠎ᠲᠤ᠂ ᠢᠵᠢ ᠪᠦᠷᠢᠳᠦᠭᠦᠯᠬᠦ ᠲᠦᠷᠢᠮ᠎ᠤᠨ ᠪᠠᠶ᠋ᠢᠭᠤᠯᠤᠯᠲᠠ ᠵᠢ ᠴᠢᠩᠭ᠋ᠠᠳᠬᠠᠪᠠ᠃ ᠠᠵᠢᠯ᠎ᠤᠨ ᠪᠣᠳᠠᠲᠠᠶ᠎ᠲᠠᠢ᠎ᠪᠠᠨ ᠤᠶᠠᠯᠳᠤᠭᠤᠯᠤᠨ᠂ 《ᠲᠦᠷᠢᠮ》᠎ᠤᠨ ᠢᠵᠢ ᠪᠥᠷᠢᠳᠦᠭᠦᠯᠬᠦ ᠲᠦᠷᠢᠮ᠎ᠤᠨ ᠪᠠᠶ᠋ᠢᠭᠤᠯᠤᠯᠲᠠ ᠵᠢᠨ ᠬᠡᠷᠡᠭᠴᠡᠭᠡ ᠱᠠᠭ᠋ᠠᠷᠳᠠᠯᠭ᠎ᠠ ᠵᠢ ᠪᠥᠬᠦ ᠲᠠᠯ᠎ᠠ᠎ᠪᠠᠷ ᠡᠮᠬᠢᠯᠡᠵᠦ᠂ ᠬᠠᠮᠢᠶ᠎ᠠ ᠪᠥᠬᠦᠶ ᠰᠠᠯᠠᠭ᠎ᠠ ᠮᠥᠴᠢᠷ᠎ᠲᠠᠢ ᠬᠠᠮᠵᠢᠯᠴᠠᠨ ᠤᠰᠤᠨ᠎ᠤ ᠡᠬᠢ ᠪᠠᠶᠠᠯᠢᠭ᠎ᠤᠨ ᠬᠠᠲᠠᠭᠤ ᠬᠢᠵᠠᠭ᠋ᠠᠷᠯᠠᠯ᠂ ᠪᠥᠬᠦ ᠤᠯᠤᠰ᠎ᠤᠨ ᠤᠰᠤ ᠠᠷᠪᠢᠯᠠᠬᠤ ᠲᠥᠯᠥᠪᠵᠢᠭᠦᠯᠭᠡ᠂ ᠤᠰᠤ ᠬᠡᠷᠡᠭᠯᠡᠬᠦ ᠨᠣᠷᠮ᠎ᠠ᠂ ᠤᠰᠤ ᠠᠷᠪᠢᠯᠠᠬᠤ ᠲᠤᠭ᠎ᠠ ᠪᠦᠷᠢᠳᠬᠡᠯ᠎ᠤᠨ ᠪᠠᠶ᠋ᠢᠴᠠᠭ᠋ᠠᠯᠲᠠ᠂ ᠤᠰᠤ ᠠᠷᠪᠢᠯᠠᠬᠤ ᠠᠵᠤ ᠦᠢ᠍ᠯᠡᠰ᠎ᠢ ᠬᠥᠭᠵᠢᠭᠦᠯᠬᠦ᠂ ᠮᠥᠩᠭᠦᠨ ᠭᠦᠢ᠍ᠯᠭᠡᠭᠡᠨ ᠵᠶ᠋ᠠᠷ ᠤᠰᠤ ᠠᠷᠪᠢᠯᠠᠬᠤ ᠵᠢ ᠳᠡᠮᠵᠢᠬᠦ ᠵᠡᠷᠭᠡ ᠲᠥᠬᠦᠷ ᠲᠦᠷᠢᠮ᠎ᠤᠨ ᠪᠠᠶ᠋ᠢᠭᠤᠯᠤᠯᠲᠠ ᠵᠢ ᠡᠮᠬᠢ ᠵᠢᠷᠤᠮ᠎ᠲᠠᠢ᠎ᠪᠠᠷ ᠠᠬᠢᠭᠤᠯᠵᠤ᠂ ᠣᠷᠣᠨ ᠨᠤᠲᠤᠭ᠎ᠢ ᠵᠢᠯᠣᠭᠤᠳᠤᠨ ᠢᠵᠢ ᠪᠥᠷᠢᠳᠦᠭᠦᠯᠬᠦ ᠲᠦᠷᠢᠮ ᠲᠣᠭᠲᠠᠭ᠋ᠠᠯ᠂ ᠵᠢᠷᠤᠮᠵᠢᠯ᠎ᠤᠨ ᠴᠢᠨᠠᠷᠲᠠᠶ ᠪᠢᠴᠢᠭ ᠮᠠᠲ᠋ᠧᠷᠢᠶᠠᠯ᠎ᠢ ᠲᠣᠭᠲᠠᠭ᠋ᠠᠵᠤ ᠵᠠᠰᠠᠪᠤᠷᠢ ᠣᠷᠣᠭᠤᠯᠵᠤ᠂ ᠬᠠᠮᠢᠶ᠎ᠠ ᠪᠥᠬᠦᠶ ᠢᠵᠢ ᠪᠥᠷᠢᠳᠦᠭᠦᠯᠬᠦ ᠲᠦᠷᠢᠮ᠎ᠢ ᠠᠯᠬᠤᠮ ᠠᠯᠬᠤᠮ ᠵᠶ᠋ᠠᠷ ᠲᠡᠭᠦᠯᠳᠡᠷᠵᠢᠭᠦᠯᠬᠦ ᠵᠢ ᠠᠬᠢᠭᠤᠯᠤᠨ᠎ᠠ᠃
ᠭᠤᠷᠪᠠ᠎ᠳᠤ᠂ ᠪᠦᠬᠦ ᠨᠡᠶ᠋ᠢᠭᠡᠮ᠎ᠤᠨ᠎ᠬᠢᠨ᠎ᠤ ᠤᠰᠤ ᠠᠷᠪᠢᠯᠠᠬᠤ ᠵᠢ ᠲᠦᠯᠬᠢᠨ ᠠᠬᠢᠭᠤᠯᠤᠨ᠎ᠠ᠃ 《ᠲᠦᠷᠢᠮ》᠎ᠤᠨ ᠲᠣᠭᠲᠠᠭ᠋ᠠᠯ᠎ᠤᠨ ᠱᠠᠭ᠋ᠠᠷᠳᠠᠯᠭ᠎ᠠ ᠵᠢ ᠪᠥᠬᠦ ᠲᠠᠯ᠎ᠠ᠎ᠪᠠᠷ ᠨᠠᠶ᠋ᠢᠳᠠᠪᠤᠷᠢᠵᠢᠭᠤᠯᠵᠤ᠂ ᠲᠠᠷᠢᠶᠠᠯᠠᠩ᠎ᠤᠨ ᠤᠰᠤ ᠠᠷᠪᠢᠯᠠᠵᠤ ᠦᠷ᠎ᠡ ᠠᠰᠢᠭ᠎ᠢ ᠨᠡᠮᠡᠭᠳᠡᠭᠦᠯᠬᠦ᠂ ᠠᠵᠤ ᠦᠢ᠍ᠯᠡᠳᠪᠦᠷᠢ ᠵᠢᠨ ᠤᠰᠤ ᠠᠷᠪᠢᠯᠠᠵᠤ ᠪᠣᠬᠢᠷᠲᠤᠯ ᠭᠠᠳᠠᠭᠰᠢᠯᠠᠭᠤᠯᠬᠤ ᠵᠢ ᠪᠠᠭ᠋ᠠᠰᠬᠠᠬᠤ᠂ ᠬᠤᠲᠠ ᠪᠠᠯᠭ᠋ᠠᠰᠤ ᠵᠢᠨ ᠤᠰᠤ ᠠᠷᠪᠢᠯᠠᠵᠤ ᠬᠤᠬᠢᠷᠠᠯ᠎ᠢ ᠪᠠᠭ᠋ᠠᠰᠬᠠᠬᠤ᠎ᠪᠠᠷ ᠭᠤᠤᠯᠳᠠᠯᠭ᠎ᠠ ᠪᠣᠯᠭ᠋ᠠᠨ᠂ ᠪᠥᠬᠦ ᠨᠡᠶ᠋ᠢᠭᠡᠮ᠎ᠤᠨ ᠡᠯ᠎ᠡ ᠠᠵᠢᠯ ᠲᠥᠷᠥᠯ᠎ᠤᠨ ᠤᠰᠤ ᠠᠷᠪᠢᠯᠠᠬᠤ ᠵᠢ ᠦᠷᠭᠦᠯᠵᠢᠯᠡᠨ ᠠᠬᠢᠭᠤᠯᠤᠨ᠎ᠠ᠃ ᠤᠰᠤᠨ᠎ᠤ ᠡᠬᠢ ᠪᠠᠶᠠᠯᠢᠭ᠎ᠤᠨ ᠬᠠᠲᠠᠭᠤ ᠬᠢᠵᠠᠭ᠋ᠠᠷᠯᠠᠯ᠎ᠢ ᠴᠢᠩᠭ᠋ᠠᠳᠬᠠᠵᠤ᠂ ᠵᠦᠢ ᠵᠣᠬᠢᠰᠲᠠᠢ ᠲᠤᠬᠢᠷᠠᠭᠤᠯᠵᠤ᠂ ᠠᠮᠢᠳᠤᠷᠠᠯ᠂ ᠦᠢ᠍ᠯᠡᠳᠪᠦᠷᠢᠯᠡᠯ ᠪᠣᠯᠤᠨ ᠠᠮᠢ ᠠᠬᠤᠢ ᠣᠷᠴᠢᠨ ᠲᠣᠭᠤᠷᠢᠨ᠎ᠤ ᠬᠡᠷᠡᠭᠯᠡᠬᠦ ᠤᠰᠤ ᠵᠢ ᠨᠢᠭᠡᠳᠦᠯᠲᠡᠢ ᠲᠥᠯᠥᠪᠵᠢᠭᠦᠯᠦᠨ ᠵᠣᠬᠢᠴᠠᠭᠤᠯᠵᠤ᠂ ᠤᠰᠤᠨ᠎ᠤ ᠡᠬᠢ ᠪᠠᠶᠠᠯᠢᠭ᠎ᠢ ᠨᠠᠷᠢᠨ ᠨᠢᠮᠪᠠᠢ ᠪᠤᠳᠤᠵᠤ ᠰᠠᠶ᠋ᠢᠲᠤᠷ ᠬᠡᠷᠡᠭᠯᠡᠵᠦ᠂ ᠤᠰᠤᠨ᠎ᠤ ᠡᠬᠢ ᠪᠠᠶᠠᠯᠢᠭ᠎ᠢ ᠴᠢᠩᠭ᠎ᠠ ᠨᠢᠮᠪᠠᠢ ᠰᠠᠶ᠋ᠢᠲᠤᠷ ᠬᠠᠮᠢᠶᠠᠷᠴᠤ᠂ ᠤᠰᠤ ᠠᠪᠬᠤ᠂ ᠬᠠᠩᠭ᠋ᠠᠬᠤ᠂ ᠬᠡᠷᠡᠭᠯᠡᠬᠦ᠂ ᠭᠠᠳᠠᠭᠰᠢᠯᠠᠭᠤᠯᠬᠤ ᠪᠦᠬᠦ ᠶᠠᠪᠤᠴᠠ᠂ ᠡᠯ᠎ᠡ ᠭᠤᠭᠴᠤᠭ᠎ᠠ᠎ᠠᠴᠠ ᠤᠰᠤᠨ᠎ᠤ ᠡᠬᠢ ᠪᠠᠶᠠᠯᠢᠭ᠎ᠢ ᠠᠷᠪᠢᠯᠠᠵᠤ ᠡᠷᠴᠢᠮᠵᠢᠭᠦᠯᠦᠨ ᠠᠰᠢᠭᠯᠠᠬᠤ ᠵᠢ ᠴᠢᠩᠭ᠋ᠠᠳᠬᠠᠬᠤ ᠬᠡᠷᠡᠭᠲᠡᠢ᠃
ᠳᠥᠷᠪᠡ᠎ᠳᠤ᠂ ᠬᠢᠨᠠᠯᠲᠠ ᠲᠠᠯᠪᠢᠵᠤ ᠪᠠᠶ᠋ᠢᠴᠠᠭ᠋ᠠᠬᠤ ᠵᠢ ᠴᠢᠩᠭ᠋ᠠᠳᠬᠠᠨ᠎ᠠ᠃ ᠤᠰᠤ ᠬᠡᠷᠡᠭᠯᠡᠬᠦ ᠠᠵᠢᠯᠯᠠᠭ᠎ᠠ᠎ᠳᠤ ᠬᠢᠨᠠᠯᠲᠠ ᠲᠠᠯᠪᠢᠵᠤ ᠪᠠᠶ᠋ᠢᠴᠠᠭ᠋ᠠᠬᠤ ᠵᠢ ᠬᠠᠤᠯᠢ ᠶᠣᠰᠣᠭ᠋ᠠᠷ ᠴᠢᠩᠭ᠋ᠠᠳᠬᠠᠵᠤ᠂ 《ᠳᠦᠷᠢᠮ》᠎ᠳᠠᠬᠢ ᠡᠯ᠎ᠡ ᠲᠥᠷᠥᠯ᠎ᠤᠨ ᠬᠠᠤᠯᠢ᠎ᠠᠴᠠ ᠵᠥᠷᠢᠴᠡᠭᠰᠡᠨ ᠦᠢ᠍ᠯᠡ ᠠᠵᠢᠯᠯᠠᠭ᠎ᠠ᠎ᠳᠤ ᠠᠩᠬᠠᠷᠤᠯ ᠵᠶ᠋ᠠᠨ ᠲᠥᠪᠯᠡᠷᠡᠭᠦᠯᠵᠦ᠂ ᠬᠠᠤᠯᠢ ᠬᠡᠷᠡᠭᠵᠢᠭᠦᠯᠬᠦ ᠡᠷᠴᠢᠮ ᠵᠶ᠋ᠠᠨ ᠴᠢᠩᠭ᠋ᠠᠷᠠᠭᠤᠯᠤᠨ᠂ ᠬᠠᠤᠯᠢ ᠶᠣᠰᠣᠭ᠋ᠠᠷ ᠴᠢᠩᠭ᠎ᠠ ᠪᠠᠶ᠋ᠢᠴᠠᠭ᠋ᠠᠨ ᠰᠢᠢ᠍ᠳᠪᠦᠷᠢᠯᠡᠬᠦ ᠬᠡᠷᠡᠭᠲᠡᠶ᠃ ᠨᠡᠶ᠋ᠢᠲᠡᠯᠢᠭ ᠬᠡᠷᠡᠭ᠎ᠤᠨ ᠵᠢᠱ᠌ᠢᠶ᠎ᠡ ᠵᠢ ᠨᠡᠶ᠋ᠢᠲᠡᠯᠡᠵᠦ᠂ ᠬᠡᠷᠡᠭ ᠵᠶ᠋ᠠᠷ ᠬᠠᠤᠯᠢ ᠲᠠᠶ᠋ᠢᠯᠪᠤᠷᠢᠯᠠᠬᠤ ᠵᠢ ᠴᠢᠩᠭ᠋ᠠᠳᠬᠠᠨ᠂ ᠰᠡᠷᠡᠮᠵᠢᠯᠡᠭᠦᠯᠬᠦ ᠦᠢ᠍ᠯᠡᠳᠦᠯ᠎ᠢ ᠪᠠᠳᠠᠷᠠᠭᠤᠯᠤᠨ᠎ᠠ᠃ ᠬᠠᠤᠯᠢ ᠬᠡᠷᠡᠭᠵᠢᠭᠦᠯᠬᠦ ᠴᠢᠳᠠᠪᠤᠷᠢ ᠵᠢᠨ ᠪᠠᠶ᠋ᠢᠭᠤᠯᠤᠯᠲᠠ ᠵᠢ ᠴᠢᠩᠭ᠋ᠠᠳᠬᠠᠵᠤ᠂ ᠬᠠᠤᠯᠢ ᠬᠡᠷᠡᠭᠵᠢᠭᠦᠯᠬᠦ ᠶᠠᠰᠤ ᠴᠢᠨᠠᠷ ᠪᠠ ᠬᠦᠴᠦᠨ ᠴᠢᠳᠠᠪᠤᠷᠢ ᠵᠢ ᠳᠡᠭᠡᠭᠰᠢᠯᠡᠭᠦᠯᠦᠨ᠎ᠡ᠃ ᠤᠰᠤᠨ ᠠᠰᠢᠭᠯᠠᠯᠲᠠ ᠵᠢᠨ ᠶᠠᠮᠤᠨ᠎ᠤ 12314 ᠬᠢᠨᠠᠯᠲᠠ ᠲᠠᠯᠪᠢᠵᠤ ᠢᠯᠡᠴᠢᠯᠡᠨ ᠮᠡᠳᠡᠭᠦᠯᠬᠦ ᠦᠢ᠍ᠯᠡᠴᠢᠯᠡᠭᠡᠨ᠎ᠤ ᠲᠠᠪᠴᠠᠩ ᠵᠡᠷᠭᠡ᠎ᠳᠤ ᠲᠦᠰᠢᠭᠯᠡᠨ᠂ ᠰᠣᠨᠢᠨ ᠮᠡᠳᠡᠭᠡᠨ᠎ᠤ ᠵᠠᠭᠤᠴᠢᠯᠠᠭᠤᠷ ᠪᠠ ᠣᠯᠠᠨ ᠨᠡᠶ᠋ᠢᠲᠡ ᠵᠢᠨ ᠦᠢ᠍ᠯᠡᠳᠦᠯ᠎ᠢ ᠪᠠᠳᠠᠷᠠᠭᠤᠯᠵᠤ᠂ ᠤᠰᠤᠨ᠎ᠤ ᠡᠬᠢ ᠪᠠᠶᠠᠯᠢᠭ᠎ᠢ ᠪᠦᠷᠢᠯᠭᠡᠨ ᠰᠦᠢ᠍ᠳᠬᠡᠬᠦ ᠦᠢ᠍ᠯᠡ ᠠᠵᠢᠯᠯᠠᠭ᠎ᠠ᠎ᠳᠤ ᠬᠢᠨᠠᠯᠲᠠ ᠲᠠᠯᠪᠢᠬᠤ᠎ᠪᠠᠨ ᠴᠢᠩᠭ᠋ᠠᠳᠬᠠᠪᠠ᠃ ᠪᠠᠶᠠᠷᠯᠠᠯ᠎ᠠ᠃

ᠴᠸᠨ ᠳ᠋ᠠ ᠶᠦᠩ

ᠰᠢᠨ ᠵᠢᠩ ᠰᠣᠨᠢᠨ᠎ᠤ ᠰᠤᠷᠪᠤᠯᠵᠢᠯᠠᠭᠴᠢ ᠵᠢᠨ ᠠᠰᠠᠭᠤᠯᠲᠠ
ᠠᠰᠠᠭᠤᠬᠤ᠎ᠨᠢ᠄ ᠬᠤᠲᠠ ᠵᠢᠨ ᠤᠰᠤ ᠠᠷᠪᠢᠯᠠᠬᠤ ᠪᠣᠯ ᠤᠰᠤ ᠠᠷᠪᠢᠯᠠᠬᠤ ᠠᠵᠢᠯ᠎ᠤᠨ ᠴᠢᠬᠤᠯᠠ ᠬᠦᠷᠢᠶ᠎ᠡ ᠪᠣᠯᠤᠨ᠎ᠠ᠂ ᠬᠤᠲᠠ ᠵᠢᠨ ᠤᠰᠤ ᠠᠷᠪᠢᠯᠠᠬᠤ ᠵᠢ ᠠᠬᠢᠭᠤᠯᠬᠤ ᠲᠠᠯ᠎ᠠ᠎ᠪᠠᠷ ᠶᠠᠮᠠᠷ ᠶᠠᠮᠠᠷ ᠠᠵᠢᠯᠯᠠᠭ᠎ᠠ ᠥᠷᠨᠢᠭᠦᠯᠦᠭᠰᠡᠨ ᠪᠤᠢ? ᠶᠠᠮᠠᠷ ᠶᠠᠮᠠᠷ ᠦᠷ᠎ᠡ ᠪᠦᠲᠦᠮᠵᠢ ᠣᠯᠤᠭᠰᠠᠨ ᠪᠤᠢ? ᠪᠠᠶᠠᠷᠯᠠᠯ᠎ᠠ᠃
ᠣᠷᠣᠨ ᠰᠠᠭᠤᠴᠠ ᠪᠠ ᠬᠤᠲᠠ ᠬᠥᠳᠡᠭᠡ ᠵᠢᠨ ᠪᠦᠲᠦᠭᠡᠨ ᠪᠠᠶ᠋ᠢᠭᠤᠯᠤᠯᠲᠠ ᠵᠢᠨ ᠶᠠᠮᠤᠨ᠎ᠤ ᠬᠤᠲᠠ ᠵᠢᠨ ᠪᠦᠲᠦᠭᠡᠨ ᠪᠠᠶ᠋ᠢᠭᠤᠯᠤᠯᠲᠠ ᠵᠢᠨ ᠵᠤᠷᠭ᠋ᠠᠨ᠎ᠤ ᠳᠠᠷᠤᠭ᠎ᠠ ᠬᠤ᠌ ᠽᠢ ᠵᠢᠶᠠᠨ ᠬᠠᠷᠢᠭᠤᠯᠬᠤ᠎ᠨᠢ᠄
ᠲᠠᠨ᠎ᠤ ᠠᠰᠠᠭᠤᠭᠰᠠᠨ᠎ᠳᠤ ᠪᠠᠶᠠᠷᠯᠠᠯ᠎ᠠ᠃ ᠶᠡᠷᠦᠩᠬᠡᠶ ᠱᠦᠵᠢ ᠰᠢ ᠵᠢᠨ ᠫᠢᠩ ᠴᠢᠬᠤᠯᠠᠴᠢᠯᠠᠭᠰᠠᠨ᠎ᠨᠢ᠂ 《ᠤᠰᠤ᠎ᠪᠠᠷ ᠬᠤᠲᠠ ᠵᠢ ᠲᠣᠭᠲᠠᠭ᠋ᠠᠵᠤ᠂ ᠤᠰᠤ᠎ᠪᠠᠷ ᠭᠠᠵᠠᠷ᠎ᠢ ᠲᠣᠭᠲᠠᠭ᠋ᠠᠵᠤ᠂ ᠤᠰᠤ᠎ᠪᠠᠷ ᠬᠥᠮᠦᠨ᠎ᠢ ᠲᠣᠭᠲᠠᠭ᠋ᠠᠵᠤ᠂ ᠤᠰᠤ᠎ᠪᠠᠷ ᠭᠠᠷᠤᠯᠲᠠ ᠵᠢ ᠲᠣᠭᠲᠠᠭ᠋ᠠᠬᠤ》 ᠬᠡᠷᠡᠭᠲᠡᠶ᠃ ᠣᠷᠣᠨ ᠰᠠᠭᠤᠴᠠ ᠪᠠ ᠬᠣᠲᠠ ᠬᠥᠳᠡᠭᠡ ᠵᠢᠨ ᠪᠦᠲᠦᠭᠡᠨ ᠪᠠᠶ᠋ᠢᠭᠤᠯᠤᠯᠲᠠ ᠵᠢᠨ ᠶᠠᠮᠤᠨ ᠬᠣᠲᠠ ᠵᠢᠨ ᠤᠰᠤ ᠠᠷᠪᠢᠯᠠᠬᠤ ᠠᠵᠢᠯ᠎ᠢ ᠭᠦᠨᠵᠡᠭᠡᠶ ᠲᠦᠯᠬᠢᠨ ᠠᠬᠢᠭᠤᠯᠵᠤ᠂ ᠤᠰᠤ ᠠᠷᠪᠢᠯᠠᠬᠤ ᠱᠠᠭ᠋ᠠᠷᠳᠠᠯᠭ᠎ᠠ ᠵᠢ ᠬᠣᠲᠠ ᠵᠢᠨ ᠲᠥᠯᠥᠪᠵᠢᠭᠦᠯᠭᠡ᠂ ᠪᠦᠲᠦᠭᠡᠨ ᠪᠠᠶ᠋ᠢᠭᠤᠯᠤᠯᠲᠠ᠂ ᠵᠠᠰᠠᠯᠲᠠ ᠵᠢᠨ ᠪᠦᠬᠦ ᠶᠠᠪᠤᠴᠠ᠎ᠳᠤ ᠲᠤᠭᠤᠰᠢᠯᠠᠭᠤᠯᠤᠨ᠂ ᠤᠰᠤ ᠠᠷᠪᠢᠯᠠᠬᠤ ᠮᠠᠶᠢᠭ᠎ᠤᠨ ᠬᠣᠲᠠ ᠵᠢᠨ ᠪᠦᠲᠦᠭᠡᠨ ᠪᠠᠶ᠋ᠢᠭᠤᠯᠤᠯᠲᠠ ᠵᠢ ᠪᠦᠬᠦ ᠲᠠᠯ᠎ᠠ᠎ᠪᠠᠷ ᠲᠦᠯᠬᠢᠨ ᠠᠬᠢᠭᠤᠯᠵᠤ᠂ ᠬᠣᠲᠠ ᠵᠢᠨ ᠤᠰᠤ ᠬᠡᠷᠡᠭᠯᠡᠬᠦ ᠦᠷ᠎ᠡ ᠪᠦᠲᠦᠮᠵᠢ ᠵᠢ ᠳᠡᠭᠡᠭᠰᠢᠯᠡᠭᠦᠯᠦᠨ᠂ ᠵᠣᠬᠢᠬᠤ ᠠᠮᠵᠢᠯᠲᠠ ᠣᠯᠤᠭᠰᠠᠨ ᠪᠠᠶ᠋ᠢᠨ᠎ᠠ᠃
ᠨᠢᠭᠡ᠎ᠳᠤ᠂ ᠬᠣᠲᠠ ᠵᠢᠨ ᠤᠰᠤ ᠠᠷᠪᠢᠯᠠᠬᠤ ᠳᠦᠷᠢᠮ᠎ᠢ ᠲᠡᠭᠦᠯᠳᠡᠷᠵᠢᠭᠦᠯᠵᠦ᠂ ᠤᠷᠲᠤ ᠬᠤᠭᠤᠴᠠᠭ᠋ᠠᠨ᠎ᠤ ᠪᠦᠲᠦᠮᠵᠢᠲᠡᠶ ᠲᠣᠭᠲᠠᠴᠠ ᠵᠢ ᠪᠠᠶ᠋ᠢᠭᠤᠯᠬᠤ ᠬᠡᠷᠡᠭᠲᠡᠶ᠃ ᠬᠣᠲᠠ ᠵᠢᠨ ᠤᠰᠤ ᠠᠷᠪᠢᠯᠠᠬᠤ ᠲᠥᠯᠥᠪᠵᠢᠭᠦᠯᠭᠡ᠂ ᠲᠥᠯᠥᠪᠯᠡᠭᠡ᠎ᠪᠠᠷ ᠤᠰᠤ ᠬᠡᠷᠡᠭᠯᠡᠬᠦ ᠬᠢᠭᠡᠳ ᠨᠣᠷᠮ᠎ᠠ ᠲᠣᠭᠲᠠᠭ᠋ᠠᠨ ᠬᠠᠮᠢᠶᠠᠷᠬᠤ᠂ ᠤᠰᠤ ᠠᠷᠪᠢᠯᠠᠬᠤ ᠪᠦᠷᠢᠳᠬᠡᠯ ᠵᠡᠷᠭᠡ ᠠᠯᠢ ᠣᠯᠠᠨ ᠳᠦᠷᠢᠮ᠎ᠢ ᠪᠠᠶ᠋ᠢᠭᠤᠯᠤᠨ ᠲᠡᠭᠦᠯᠳᠡᠷᠵᠢᠭᠦᠯᠵᠦ᠂ ᠡᠯ᠎ᠡ ᠲᠥᠷᠥᠯ᠎ᠤᠨ ᠪᠦᠲᠦᠭᠡᠨ ᠪᠠᠶ᠋ᠢᠭᠤᠯᠤᠯᠲᠠ ᠵᠢᠨ ᠲᠥᠷᠥᠯ ᠵᠦᠢ᠍ᠯ᠎ᠳᠤ ᠤᠰᠤ ᠠᠷᠪᠢᠯᠠᠬᠤ 《ᠭᠤᠷᠪᠠ ᠵᠢ ᠵᠡᠷᠭᠡ᠎ᠳᠤ᠎ᠨᠢ ᠬᠢᠬᠦ》 ᠱᠠᠭ᠋ᠠᠷᠳᠠᠯᠭ᠎ᠠ ᠵᠢ ᠨᠠᠶ᠋ᠢᠳᠠᠪᠤᠷᠢᠵᠢᠭᠤᠯᠬᠤ᠎ᠨᠢ ᠳᠠᠷᠤᠶ ᠤᠰᠤ ᠠᠷᠪᠢᠯᠠᠬᠤ ᠪᠡᠯᠡᠳᠬᠡᠮᠵᠢ ᠵᠢ ᠭᠣᠤᠯ ᠴᠣᠭᠴᠠ ᠪᠠᠷᠢᠯᠭ᠎ᠠ᠎ᠯᠤᠭ᠎ᠠ ᠵᠡᠷᠭᠡ᠎ᠳᠤ᠎ᠨᠢ ᠵᠢᠷᠤᠭᠯᠠᠨ ᠲᠥᠯᠥᠪᠯᠡᠵᠦ᠂ ᠵᠡᠷᠭᠡ᠎ᠳᠤ᠎ᠨᠢ ᠪᠠᠷᠢᠵᠤ᠂ ᠵᠡᠷᠭᠡ᠎ᠳᠤ᠎ᠨᠢ ᠠᠰᠢᠭᠯᠠᠯᠲᠠ᠎ᠳᠤ ᠣᠷᠣᠭᠤᠯᠤᠨ ᠬᠡᠷᠡᠭᠯᠡᠬᠦ ᠶᠠᠪᠤᠳᠠᠯ ᠪᠣᠯᠤᠨ᠎ᠠ᠃ ᠬᠤᠲᠠ ᠵᠢᠨ ᠤᠰᠤ ᠠᠷᠪᠢᠯᠠᠬᠤ ᠵᠢᠯᠣᠭᠤᠳᠬᠤ ᠰᠠᠨᠠᠯ᠂ ᠠᠵᠢᠯ᠎ᠤᠨ ᠵᠦᠭᠯᠡᠭᠦᠷ᠎ᠢ ᠤᠷᠢᠳ ᠬᠤᠵᠢᠳ ᠨᠡᠶ᠋ᠢᠲᠡᠯᠡᠵᠦ᠂ ᠡᠯ᠎ᠡ ᠭᠠᠵᠠᠷ᠎ᠤᠨ ᠬᠤᠲᠠ ᠵᠢᠨ ᠤᠰᠤ ᠠᠷᠪᠢᠯᠠᠬᠤ ᠠᠵᠢᠯ᠎ᠢ ᠰᠢᠰᠲ᠋ᠧᠮᠵᠢᠭᠦᠯᠬᠦ᠂ ᠵᠢᠷᠤᠮᠵᠢᠭᠤᠯᠤᠨ ᠠᠬᠢᠭᠤᠯᠬᠤ ᠵᠢ ᠵᠢᠯᠣᠭᠤᠳᠪᠠ᠃
ᠬᠤᠶᠠᠷ᠎ᠲᠤ᠂ ᠪᠠᠷᠢᠮᠵᠢᠶ᠎ᠠ ᠵᠢᠷᠤᠮᠵᠢᠭᠰᠠᠨ ᠰᠢᠰᠲ᠋ᠧᠮ᠎ᠢ ᠪᠠᠶ᠋ᠢᠭᠤᠯᠵᠤ᠂ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠰᠢᠨ᠎ᠡ ᠵᠢ ᠡᠭᠦᠳᠬᠦ ᠵᠢ ᠠᠬᠢᠭᠤᠯᠬᠤ ᠬᠡᠷᠡᠭᠲᠡᠢ᠃ ᠠᠮᠢᠳᠤᠷᠠᠯ᠎ᠤᠨ ᠤᠰᠤ ᠬᠡᠷᠡᠭᠯᠡᠬᠦ ᠪᠠᠭ᠋ᠠᠵᠢ ᠬᠡᠷᠡᠭᠰᠡᠯ᠂ ᠠᠷᠠᠳ᠎ᠤᠨ ᠬᠡᠷᠡᠭᠯᠡᠭᠡᠨ᠎ᠤ ᠪᠠᠷᠢᠯᠭ᠎ᠠ ᠵᠢᠨ ᠤᠰᠤ ᠠᠷᠪᠢᠯᠠᠬᠤ᠂ ᠪᠣᠬᠢᠷ ᠤᠰᠤ ᠵᠢ ᠳᠠᠬᠢᠨ ᠠᠰᠢᠭᠯᠠᠬᠤ᠂ ᠤᠰᠤ ᠬᠠᠩᠭ᠋ᠠᠬᠤ ᠬᠤᠭᠤᠯᠠᠶ ᠵᠢᠨ ᠲᠣᠤᠷ᠎ᠤᠨ ᠭᠤᠭᠤᠵᠢᠭᠳᠠᠬᠤ ᠵᠢ ᠡᠵᠡᠮᠳᠡᠬᠦ᠂ ᠪᠣᠬᠢᠷᠲᠤᠯ ᠥᠬᠡᠶ ᠪᠠᠷᠢᠯᠭ᠎ᠠ ᠵᠡᠷᠭᠡ ᠰᠢᠷᠢᠰ ᠪᠠᠷᠢᠮᠵᠢᠶ᠎ᠠ ᠵᠢᠨ ᠵᠢᠷᠤᠮᠵᠢᠯ᠎ᠢ ᠲᠣᠭᠲᠠᠭ᠋ᠠᠵᠤ᠂ ᠪᠠᠷᠢᠮᠵᠢᠶ᠎ᠠ ᠵᠢ ᠵᠢᠷᠤᠮᠵᠢᠭᠤᠯᠤᠨ ᠬᠢᠵᠠᠭ᠋ᠠᠷᠯᠠᠬᠤ᠎ᠪᠠᠷ ᠳᠠᠮᠵᠢᠭᠤᠯᠤᠨ᠂ ᠮᠡᠷᠭᠡᠵᠢᠯ᠎ᠤᠨ ᠰᠢᠨ᠎ᠡ ᠵᠢ ᠡᠭᠦᠳᠬᠦ ᠪᠠ ᠲᠥᠬᠦᠭᠡᠷᠦᠮᠵᠢ ᠵᠢ ᠰᠤᠳᠤᠯᠤᠨ ᠨᠡᠭᠡᠭᠡᠬᠦ ᠵᠢ ᠠᠬᠢᠭᠤᠯᠪᠠ᠃ ᠮᠠᠨ᠎ᠤ ᠬᠠᠵᠠᠭᠤ᠎ᠳᠠᠬᠢ ᠵᠢᠱ᠌ᠢᠶ᠎ᠡ ᠲᠠᠲᠠᠬᠤ᠎ᠳᠤ᠂ ᠪᠢᠳᠡ ᠤᠰᠤ ᠠᠷᠪᠢᠯᠠᠬᠤ ᠬᠡᠯᠪᠡᠷᠢ ᠵᠢᠨ ᠭᠤᠭᠤᠵᠢᠭᠤᠷᠢ ᠳᠡᠯᠭᠡᠷᠡᠭᠦᠯᠬᠦ ᠵᠢ ᠱᠠᠭ᠋ᠠᠷᠳᠠᠵᠤ᠂ ᠤᠰᠤ ᠬᠡᠷᠡᠭᠯᠡᠬᠦ ᠬᠡᠮᠵᠢᠶ᠎ᠡ ᠵᠢ ᠪᠠᠭ᠋ᠠᠰᠬᠠᠬᠤ᠎ᠪᠠᠷ ᠪᠠᠷᠠᠬᠤ ᠦᠭᠡᠢ ᠪᠠᠰᠠ ᠤᠰᠤ ᠬᠡᠷᠡᠭᠯᠡᠬᠦ ᠵᠢᠨ ᠲᠠᠭ᠋ᠠᠯᠠᠮᠵᠢᠲᠠᠢ ᠬᠡᠮᠵᠢᠶ᠎ᠡ ᠵᠢ ᠳᠡᠭᠡᠭᠰᠢᠯᠡᠭᠦᠯᠬᠦ ᠬᠡᠷᠡᠭᠲᠡᠢ᠂ ᠡᠨᠡ ᠲᠠᠯ᠎ᠠ᠎ᠪᠠᠷ ᠠᠷᠠᠳ ᠤᠯᠠᠨ ᠮᠠᠰᠢ ᠪᠠᠶᠠᠷᠯᠠᠨ ᠤᠭᠲᠤᠵᠤ ᠪᠠᠶ᠋ᠢᠨ᠎ᠠ᠃
ᠭᠤᠷᠪᠠ᠎ᠳᠤ᠂ ᠤᠰᠤ ᠠᠷᠪᠢᠯᠠᠬᠤ ᠮᠠᠶᠢᠭ᠎ᠤᠨ ᠬᠣᠲᠠ ᠵᠢᠨ ᠪᠦᠲᠦᠭᠡᠨ ᠪᠠᠶ᠋ᠢᠭᠤᠯᠤᠯᠲᠠ ᠵᠢ ᠪᠦᠬᠦ ᠲᠠᠯ᠎ᠠ᠎ᠪᠠᠷ ᠲᠦᠯᠬᠢᠨ ᠠᠬᠢᠭᠤᠯᠵᠤ᠂ ᠤᠰᠤ ᠬᠡᠷᠡᠭᠯᠡᠬᠦ ᠬᠦᠴᠦᠨ ᠴᠢᠳᠠᠪᠤᠷᠢ ᠵᠢ᠎ᠨᠢ ᠳᠡᠭᠡᠭᠰᠢᠯᠡᠭᠦᠯᠬᠦ ᠬᠡᠷᠡᠭᠲᠡᠶ᠃ 2022 ᠣᠨ᠎ᠳᠤ᠂ ᠤᠯᠤᠰ᠎ᠤᠨ ᠤᠰᠤ ᠠᠷᠪᠢᠯᠠᠬᠤ ᠬᠡᠯᠪᠡᠷᠢ ᠵᠢᠨ ᠰᠢᠨ᠎ᠡ ᠨᠢᠭᠡ ᠨᠢᠭᠤᠷ᠎ᠤᠨ ᠬᠤᠳᠠ ᠵᠢᠨ ᠦᠨᠡᠯᠡᠯᠲᠡ ᠵᠢᠨ ᠪᠠᠷᠢᠮᠵᠢᠶ᠎ᠠ ᠵᠢ ᠨᠡᠶ᠋ᠢᠲᠡᠯᠡᠵᠦ᠂ ᠡᠯ᠎ᠡ ᠭᠠᠵᠠᠷ᠎ᠢ ᠬᠦᠳᠦᠯᠦᠨ ᠳᠠᠭ᠋ᠠᠭᠤᠯᠵᠤ ᠪᠠᠶ᠋ᠢᠭ᠋ᠠᠳ ᠬᠤᠳᠠ ᠵᠢᠨ ᠤᠰᠤ ᠠᠷᠪᠢᠯᠠᠬᠤ ᠵᠢ ᠠᠬᠢᠭᠤᠯᠵᠤ᠂ ᠲᠥᠬᠦᠭᠡᠷᠦᠮᠵᠢ ᠵᠢᠨ ᠪᠦᠳᠦᠭᠡᠨ ᠪᠠᠶ᠋ᠢᠭᠤᠯᠤᠯᠲᠠ ᠪᠣᠯᠤᠨ ᠡᠯ᠎ᠡ ᠵᠦᠢ᠍ᠯ᠎ᠤᠨ ᠲᠦᠷᠢᠮ᠎ᠤᠨ ᠨᠠᠶ᠋ᠢᠳᠠᠪᠤᠷᠢᠵᠢᠭᠤᠯᠤᠯᠲᠠ ᠵᠢ ᠴᠢᠩᠭ᠋ᠠᠳᠬᠠᠪᠠ᠃ 32 ᠵᠢᠯ ᠳᠠᠷᠠᠭ᠋ᠠᠯᠠᠨ 《ᠪᠥᠬᠦ ᠤᠯᠤᠰ᠎ᠤᠨ ᠬᠤᠲᠠ ᠵᠢᠨ ᠤᠰᠤ ᠵᠢ ᠠᠷᠪᠢᠯᠠᠵᠤ ᠬᠡᠷᠡᠭᠯᠡᠬᠦ ᠤᠬᠠᠭᠤᠯᠭ᠎ᠠ ᠵᠢᠨ ᠭᠠᠷᠠᠭ》᠎ᠤᠨ ᠠᠵᠢᠯᠯᠠᠭ᠎ᠠ ᠵᠢ ᠡᠷᠭᠢᠯᠡᠵᠦ᠂ ᠤᠰᠤ ᠠᠷᠪᠢᠯᠠᠬᠤ ᠬᠡᠯᠪᠡᠷᠢ ᠵᠢᠨ ᠨᠢᠭᠡᠴᠢ᠂ ᠤᠰᠤ ᠠᠷᠪᠢᠯᠠᠬᠤ ᠬᠡᠯᠪᠡᠷᠢ ᠵᠢᠨ ᠠᠵᠤ ᠠᠬᠤᠶ᠋ᠢᠯᠠᠯ᠂ ᠤᠰᠤ ᠠᠷᠪᠢᠯᠠᠬᠤ ᠬᠡᠯᠪᠡᠷᠢ ᠵᠢᠨ ᠵᠢᠵᠢᠭ ᠲᠣᠭᠤᠷᠢᠭ᠎ᠢ ᠪᠠᠶ᠋ᠢᠭᠤᠯᠬᠤ᠎ᠪᠠᠷ ᠳᠠᠮᠵᠢᠭᠤᠯᠤᠨ᠂ ᠤᠰᠤ ᠠᠷᠪᠢᠯᠠᠬᠤ ᠬᠡᠯᠪᠡᠷᠢ ᠵᠢᠨ ᠬᠤᠲᠠ ᠵᠢᠨ ᠪᠥᠲᠥᠭᠡᠨ ᠪᠠᠶ᠋ᠢᠭᠤᠯᠤᠯᠲᠠ ᠵᠢᠨ ᠨᠡᠶ᠋ᠢᠭᠡᠮ᠎ᠤᠨ ᠰᠠᠭᠤᠷᠢ ᠵᠢ ᠲᠠᠰᠤᠷᠠᠯᠲᠠ ᠥᠬᠡᠶ ᠪᠠᠬᠢᠵᠢᠭᠦᠯᠪᠡ᠃ ᠪᠥᠬᠥ ᠤᠯᠤᠰ᠎ᠲᠤ ᠨᠡᠢ᠌ᠲᠡ 11 ᠪᠦᠯᠦᠭ ᠤᠯᠤᠰ᠎ᠤᠨ ᠤᠰᠤ ᠠᠷᠪᠢᠯᠠᠬᠤ ᠬᠡᠯᠪᠡᠷᠢ ᠵᠢᠨ 145 ᠬᠣᠲᠠ ᠵᠢ ᠪᠠᠢ᠌ᠭᠤᠯᠪᠠ᠃ ᠡᠭᠦᠨ᠎ᠤ ᠬᠠᠮᠲᠤ᠂ ᠪᠢᠳᠡ ᠬᠤᠲᠠ ᠪᠠᠯᠭ᠋ᠠᠰᠤᠨ᠎ᠤ ᠪᠣᠬᠢᠷ ᠤᠰᠤ ᠵᠢ ᠳᠠᠬᠢᠨ ᠠᠰᠢᠭᠯᠠᠬᠤ ᠵᠢ ᠦᠷᠭᠦᠯᠵᠢᠯᠡᠨ ᠠᠬᠢᠭᠤᠯᠵᠤ᠂ ᠳᠠᠬᠢᠯᠲᠠ ᠤᠰᠤᠨ᠎ᠤ ᠦᠢ᠍ᠯᠡᠳᠪᠦᠷᠢᠯᠡᠯ᠂ ᠳᠠᠮᠵᠢᠭᠤᠯᠬᠤ ᠴᠢᠳᠠᠪᠤᠷᠢ ᠵᠢ ᠳᠡᠭᠡᠭᠰᠢᠯᠡᠭᠦᠯᠦᠨ᠂ ᠬᠤᠯᠪᠣᠭᠳᠠᠯ ᠪᠦᠬᠦᠢ ᠰᠠᠯᠠᠭ᠎ᠠ ᠮᠥᠴᠢᠷ᠎ᠯᠦᠭᠡ 116 ᠬᠤᠲᠠ᠎ᠯᠤᠭ᠎ᠠ ᠳᠠᠬᠢᠯᠲᠠ ᠤᠰᠤ ᠵᠢ ᠠᠰᠢᠭᠯᠠᠬᠤ ᠬᠠᠮᠢᠶ᠎ᠠ ᠪᠦᠬᠦᠢ ᠲᠤᠷᠰᠢᠯᠲᠠ ᠵᠢ ᠥᠷᠨᠢᠭᠦᠯᠵᠦ᠂ ᠪᠦᠬᠦ ᠤᠯᠤᠰ᠎ᠤᠨ ᠬᠤᠲᠠ᠎ᠯᠤᠭ᠎ᠠ ᠵᠢᠯ ᠪᠦᠷᠢ ᠵᠢᠨ ᠳᠠᠬᠢᠯᠲᠠ ᠤᠰᠤᠨ ᠠᠰᠢᠭᠯᠠᠯᠲᠠ ᠵᠢᠨ ᠬᠡᠷᠡᠭᠯᠡᠬᠦ ᠬᠡᠮᠵᠢᠶ᠎ᠡ ᠵᠢ ᠪᠠᠷᠤᠭ 180 ᠳ᠋ᠦᠩᠰᠢᠭᠤᠷ ᠪᠣᠰᠤᠭ᠎ᠠ ᠳᠥᠷᠪᠡᠯᠵᠢᠨ ᠮᠸᠲᠷ ᠣᠷᠴᠢᠮ ᠶᠠᠪᠤᠭᠳᠠᠭᠤᠯᠵᠤ᠂ ᠳᠠᠬᠢᠯᠲᠠ ᠤᠰᠤᠨ᠎ᠤ ᠠᠰᠢᠭᠯᠠᠯᠲᠠ ᠵᠢᠨ ᠨᠣᠷᠮ᠎ᠠ ᠵᠢ 29%᠎ᠳᠤ ᠬᠦᠷᠭᠡᠨ᠎ᠡ᠃ 2015 ᠣᠨ᠎ᠠᠴᠠ ᠨᠠᠭ᠋ᠠᠰᠢ᠂ ᠪᠢᠳᠡ ᠬᠠᠶ᠋ᠢᠮᠢᠶᠠᠨ ᠬᠤᠲᠠ ᠵᠢᠨ ᠪᠦᠲᠦᠭᠡᠨ ᠪᠠᠶ᠋ᠢᠭᠤᠯᠤᠯᠲᠠ ᠵᠢ ᠭᠦᠨᠵᠡᠭᠡᠶ ᠠᠬᠢᠭᠤᠯᠵᠤ᠂ ᠪᠦᠬᠦ ᠤᠯᠤᠰ᠎ᠤᠨ 90 ᠬᠤᠲᠠ᠎ᠳᠤ ᠲᠤᠷᠰᠢᠯᠲᠠ ᠵᠢᠨ ᠴᠡᠭ ᠵᠶ᠋ᠠᠷ ᠵᠢᠱ᠌ᠢᠶ᠎ᠡ ᠦᠵᠡᠭᠦᠯᠵᠦ᠂ ᠪᠣᠷᠣᠭ᠋ᠠᠨ᠎ᠤ ᠤᠰᠤ ᠵᠢ ᠠᠶᠠᠨᠳᠠᠭ᠋ᠠᠨ ᠬᠠᠳᠠᠭ᠋ᠠᠯᠠᠬᠤ᠂ ᠠᠶᠠᠨᠳᠠᠭ᠋ᠠᠨ ᠨᠡᠪᠴᠢᠬᠦ᠂ ᠠᠶᠠᠨᠳᠠᠭ᠋ᠠᠨ ᠴᠡᠪᠡᠷᠰᠢᠭᠦᠯᠬᠦ ᠵᠢ ᠪᠡᠶᠡᠯᠡᠭᠦᠯᠵᠦ᠂ ᠪᠣᠷᠣᠭ᠋ᠠᠨ᠎ᠤ ᠤᠰᠤᠨ᠎ᠤ ᠡᠬᠢ ᠪᠠᠶᠠᠯᠢᠭ᠎ᠢ ᠲᠤᠬᠠᠶ ᠵᠢᠨ ᠭᠠᠵᠠᠷ᠎ᠲᠤᠨᠢ ᠰᠢᠩᠭᠡᠭᠡᠬᠦ᠂ ᠲᠤᠬᠠᠶ ᠵᠢᠨ ᠭᠠᠵᠠᠷ᠎ᠲᠤᠨᠢ ᠠᠰᠢᠭᠯᠠᠬᠤ ᠬᠢᠷᠢ ᠲᠦᠪᠰᠢᠨ᠎ᠢ ᠳᠡᠭᠡᠭᠰᠢᠯᠡᠭᠦᠯᠪᠡ᠃
ᠲᠠᠷᠠᠭ᠋ᠠᠴᠢ ᠵᠢᠨ ᠠᠯᠬᠤᠮ᠎ᠳᠤ᠂ ᠪᠢᠳᠡ ᠡᠭᠦᠷᠭᠡ ᠬᠠᠷᠢᠭᠤᠴᠠᠯᠭ᠎ᠠ ᠵᠢᠨ ᠶᠣᠰᠣᠭ᠋ᠠᠷ ᠡᠯ᠎ᠡ ᠭᠠᠵᠠᠷ᠎ᠢ ᠵᠢᠯᠣᠭᠤᠳᠤᠨ 《ᠤᠰᠤ ᠵᠢ ᠠᠷᠪᠢᠯᠠᠨ ᠬᠡᠷᠡᠭᠯᠡᠬᠦ ᠲᠦᠷᠢᠮ》᠎ᠤᠨ ᠨᠠᠶ᠋ᠢᠳᠠᠪᠤᠷᠢᠵᠢᠭᠤᠯᠤᠯᠲᠠ ᠵᠢ ᠰᠠᠶ᠋ᠢᠲᠤᠷ ᠠᠳᠬᠤᠵᠤ᠂ ᠤᠰᠤᠨ᠎ᠤ ᠡᠬᠢ ᠪᠠᠶᠠᠯᠢᠭ᠎ᠤᠨ ᠠᠰᠢᠭᠯᠠᠯᠲᠠ ᠵᠢᠨ ᠦᠷ᠎ᠡ ᠪᠦᠲᠦᠮᠵᠢ ᠵᠢ ᠤᠯᠠᠮ ᠨᠢᠭᠡ ᠠᠯᠬᠤᠮ ᠳᠡᠭᠡᠭᠰᠢᠯᠡᠭᠦᠯᠦᠨ᠂ ᠬᠤᠲᠠ ᠵᠢᠨ ᠴᠢᠨᠠᠷ ᠰᠠᠶ᠋ᠢᠲᠠᠶ ᠬᠥᠭᠵᠢᠯᠲᠡ ᠵᠢ ᠠᠬᠢᠭᠤᠯᠤᠨ᠎ᠠ᠃ ᠪᠠᠶᠠᠷᠯᠠᠯ᠎ᠠ᠃

ᠬᠤ᠌ ᠽᠢ ᠵᠢᠶᠠᠨ

ᠬᠤᠩ ᠰᠢᠩ ᠰᠣᠨᠢᠨ ᠮᠡᠳᠡᠭᠡᠨ᠎ᠤ ᠰᠤᠷᠪᠤᠯᠵᠢᠯᠠᠭᠴᠢ ᠵᠢᠨ ᠠᠰᠠᠭᠤᠯᠲᠠ
ᠠᠰᠠᠭᠤᠬᠤ᠎ᠨᠢ᠄ ᠪᠢᠳᠠ 《ᠤᠯᠤᠰ᠎ᠤᠨ ᠤᠰᠤ ᠠᠷᠪᠢᠯᠠᠬᠤ ᠠᠵᠢᠯᠯᠠᠭ᠎ᠠ ᠵᠢᠨ ᠲᠦᠰᠦᠯ》᠂ 《ᠤᠰᠤ ᠵᠢ ᠠᠷᠪᠢᠯᠠᠨ ᠭᠠᠮᠨᠠᠬᠤ ᠲᠦᠷᠢᠮ》᠎ᠳᠤ ᠴᠦᠮ ᠤᠰᠤᠨ᠎ᠤ ᠠᠰᠢᠭᠯᠠᠮᠵᠢ ᠵᠢᠨ ᠲᠡᠮᠳᠡᠭ᠎ᠤᠨ ᠬᠠᠮᠢᠶᠠᠷᠤᠯᠳᠠ ᠵᠢ ᠲᠤᠷᠠᠳᠴᠤ᠂ 《ᠤᠰᠤᠨ᠎ᠤ ᠠᠰᠢᠭᠯᠠᠮᠵᠢ ᠵᠢᠨ ᠲᠡᠮᠳᠡᠭ》᠎ᠤᠨ ᠨᠢᠭᠡᠨᠳᠡ ᠦᠷᠨᠢᠬᠦᠯᠵᠦ ᠪᠠᠶ᠋ᠢᠭ᠎ᠠ ᠠᠵᠢᠯ ᠪᠤᠯᠤᠨ ᠦᠷ᠎ᠡ ᠪᠦᠳᠦᠮᠵᠢ ᠵᠢ ᠲᠠᠨᠢᠯᠴᠠᠭᠤᠯᠵᠦ ᠴᠢᠳᠠᠨ᠎ᠠ ᠤᠤ? ᠪᠠᠶᠠᠷᠯᠠᠯ᠎ᠠ᠃
ᠤᠯᠤᠰ᠎ᠤᠨ ᠬᠦᠭᠵᠢᠭᠦᠯᠦᠯᠲᠡ ᠪᠠ ᠥᠭᠡᠷᠡᠴᠢᠯᠡᠯᠲᠡ ᠵᠢᠨ ᠵᠥᠪᠯᠡᠯ᠎ᠤᠨ ᠡᠬᠢ ᠪᠠᠶᠠᠯᠢᠭ᠎ᠢ ᠠᠷᠪᠢᠯᠠᠬᠤ ᠪᠠ ᠣᠷᠴᠢᠨ ᠲᠣᠭᠤᠷᠢᠨ᠎ᠢ ᠬᠠᠮᠠᠭ᠋ᠠᠯᠠᠬᠤ ᠵᠤᠷᠭ᠋ᠠᠨ᠎ᠤ ᠬᠠᠷᠢᠭᠤᠴᠠᠯᠭ᠋ᠠᠲᠠᠨ ᠨᠢᠦ ᠪᠥᠸᠧ ᠬᠠᠷᠢᠭᠤᠯᠬᠤ᠎ᠨᠢ᠄
ᠰᠤᠷᠪᠤᠯᠵᠢᠯᠠᠭᠴᠢ ᠵᠢᠨ ᠠᠰᠠᠭᠤᠯᠲᠠ᠎ᠳᠤ ᠲᠠᠯᠠᠷᠬᠠᠵᠤ ᠪᠠᠶ᠋ᠢᠨ᠎ᠠ᠃ ᠤᠰᠤᠨ᠎ᠤ ᠠᠰᠢᠭᠯᠠᠮᠵᠢ ᠵᠢᠨ ᠲᠡᠮᠳᠡᠭ᠎ᠤᠨ ᠳᠦᠷᠢᠮ ᠪᠣᠯ ᠮᠠᠨ᠎ᠤ ᠤᠯᠤᠰ᠎ᠤᠨ ᠤᠰᠤ ᠠᠷᠪᠢᠯᠠᠬᠤ ᠬᠠᠮᠢᠶᠠᠷᠤᠯᠲᠠ ᠵᠢᠨ ᠠᠷᠭ᠎ᠠ ᠮᠠᠶᠢᠭ᠎ᠤᠨ ᠴᠢᠬᠤᠯᠠ ᠰᠢᠨ᠎ᠡ ᠡᠭᠦᠳᠦᠯᠲᠡ ᠮᠥᠨ᠂ ᠵᠠᠬ᠎ᠠ ᠳᠡᠯᠭᠡᠭᠦᠷ᠎ᠤᠨ ᠠᠵᠤ ᠠᠬᠤᠶ ᠵᠢᠨ ᠨᠥᠬᠦᠴᠡᠯ ᠳᠣᠤᠷᠠᠬᠢ ᠵᠠᠰᠠᠭ᠎ᠤᠨ ᠣᠷᠳᠣᠨ᠎ᠤ ᠤᠰᠤ ᠬᠡᠷᠡᠭᠯᠡᠬᠦ ᠦᠢ᠍ᠯᠡᠳᠬᠦᠨ᠎ᠤ ᠬᠠᠮᠢᠶᠠᠷᠤᠯᠲᠠ᠎ᠳᠠᠬᠢ ᠪᠦᠲᠦᠮᠵᠢᠲᠡᠶ ᠠᠷᠭ᠎ᠠ ᠬᠡᠮᠵᠢᠶ᠎ᠡ ᠮᠥᠨ᠂ ᠪᠠᠰᠠ ᠴᠤ᠌ ᠤᠰᠤ ᠬᠡᠷᠡᠭᠯᠡᠬᠦ ᠪᠦᠲᠦᠭᠡᠭᠳᠡᠬᠦᠨ᠎ᠤ ᠵᠠᠬ᠎ᠠ ᠳᠡᠯᠭᠡᠭᠦᠷ᠎ᠢ ᠵᠢᠷᠤᠮᠵᠢᠭᠤᠯᠵᠤ᠂ ᠮᠠᠨ᠎ᠤ ᠤᠯᠤᠰ᠎ᠤᠨ ᠤᠰᠤ ᠬᠡᠷᠡᠭᠯᠡᠬᠦ ᠪᠦᠲᠦᠭᠡᠭᠳᠡᠬᠦᠨ᠎ᠤ ᠦᠢ᠍ᠯᠡᠳᠪᠦᠷᠢᠯᠡᠯ᠎ᠤᠨ ᠠᠵᠤ ᠠᠬᠤᠶ᠋ᠢᠯᠠᠯ᠎ᠤᠨ ᠣᠯᠠᠨ ᠤᠯᠤᠰ᠎ᠤᠨ ᠥᠷᠢᠰᠥᠯᠳᠦᠬᠦ ᠬᠦᠴᠦᠨ᠎ᠢ ᠳᠡᠭᠡᠭᠰᠢᠯᠡᠭᠦᠯᠵᠦ ᠣᠯᠠᠨ ᠤᠯᠤᠰ᠎ᠤᠨ ᠬᠠᠷᠢᠯᠴᠠᠨ ᠮᠡᠳᠡᠷᠡᠬᠦ ᠵᠢ ᠴᠢᠩᠭ᠋ᠠᠳᠬᠠᠬᠤ ᠴᠢᠬᠤᠯᠠ ᠭᠠᠷᠳᠠᠴᠠ ᠮᠥᠨ᠃ 2017 ᠣᠨ᠎ᠳᠤ᠂ ᠤᠯᠤᠰ᠎ᠤᠨ ᠬᠥᠭᠵᠢᠭᠦᠯᠦᠯᠲᠡ ᠪᠠ ᠥᠭᠡᠷᠡᠴᠢᠯᠡᠯᠲᠡ ᠵᠢᠨ ᠵᠥᠪᠯᠡᠯ ᠤᠰᠤᠨ ᠠᠰᠢᠭᠯᠠᠯᠲᠠ ᠵᠢᠨ ᠶᠠᠮᠤᠨ ᠵᠡᠷᠭᠡ ᠰᠠᠯᠠᠭ᠎ᠠ ᠮᠥᠴᠢᠷ᠎ᠲᠠᠢ ᠬᠠᠮᠲᠤᠷᠠᠨ 《ᠤᠰᠤᠨ᠎ᠤ ᠠᠰᠢᠭᠯᠠᠮᠵᠢ ᠵᠢᠨ ᠲᠡᠮᠳᠡᠭ᠎ᠤᠨ ᠬᠠᠮᠢᠶᠠᠷᠤᠯᠲᠠ ᠵᠢᠨ ᠠᠷᠭ᠎ᠠ》 ᠵᠢ ᠨᠡᠶ᠋ᠢᠲᠡᠯᠡᠵᠦ᠂ ᠮᠠᠨ᠎ᠤ ᠤᠯᠤᠰ ᠤᠰᠤᠨ᠎ᠤ ᠠᠰᠢᠭᠯᠠᠮᠵᠢ ᠵᠢᠨ ᠲᠡᠮᠳᠡᠭ᠎ᠤᠨ ᠳᠦᠷᠢᠮ᠎ᠢ ᠵᠢᠩᠬᠢᠨᠢ᠎ᠪᠠᠷ ᠪᠠᠶ᠋ᠢᠭᠤᠯᠤᠭᠰᠠᠨᠢ ᠬᠠᠷᠠᠭᠤᠯᠵᠤ ᠪᠠᠶ᠋ᠢᠨ᠎ᠠ᠃ ᠬᠡᠷᠡᠭᠵᠢᠭᠦᠯᠦᠭᠰᠡᠨ᠎ᠠᠴᠠ ᠨᠠᠭ᠋ᠠᠰᠢ᠂ ᠵᠠᠷᠢᠮ ᠦᠷ᠎ᠡ ᠪᠦᠲᠦᠮᠵᠢ ᠤᠯᠵᠠᠢ᠃
ᠨᠢᠭᠡ᠎ᠳᠤ᠂ ᠳᠥᠷᠪᠡᠨ ᠪᠦᠯᠦᠭ ᠬᠡᠷᠡᠭᠵᠢᠭᠦᠯᠬᠦ ᠭᠠᠷᠴᠠᠭ᠎ᠢ ᠨᠡᠶ᠋ᠢᠲᠡᠯᠡᠪᠡ᠃ 2018 ᠣᠨ᠎ᠠᠴᠠ ᠨᠠᠭ᠋ᠠᠰᠢ᠂ ᠤᠯᠤᠰ᠎ᠤᠨ ᠬᠥᠭᠵᠢᠭᠦᠯᠦᠯᠲᠡ ᠪᠠ ᠥᠭᠡᠷᠡᠴᠢᠯᠡᠯᠲᠡ ᠵᠢᠨ ᠵᠥᠪᠯᠡᠯ᠎ᠠᠴᠠ ᠬᠠᠮᠢᠶ᠎ᠠ ᠪᠦᠬᠦᠢ ᠰᠠᠯᠠᠭ᠎ᠠ ᠮᠥᠴᠢᠷ᠎ᠲᠠᠢ ᠬᠠᠮᠲᠤᠷᠠᠨ ᠳᠥᠷᠪᠡᠨ ᠪᠦᠯᠦᠭ ᠤᠰᠤᠨ᠎ᠤ ᠠᠰᠢᠭᠯᠠᠮᠵᠢ ᠵᠢᠨ ᠢᠯᠡᠳᠬᠡᠮᠵᠢ ᠵᠢᠨ ᠬᠡᠷᠡᠭᠵᠢᠭᠦᠯᠬᠦ ᠭᠠᠷᠴᠠᠭ᠎ᠢ ᠵᠠᠯᠭ᠋ᠠᠭ᠎ᠠ᠎ᠪᠠᠷ ᠨᠡᠶ᠋ᠢᠲᠡᠯᠡᠵᠦ᠂ ᠳᠥᠭᠦᠮ ᠳᠥᠲᠡ᠂ ᠰᠦᠷᠴᠢᠭᠦᠷ᠂ ᠤᠰᠤ ᠴᠡᠪᠡᠷᠰᠢᠭᠦᠯᠬᠦ ᠮᠠᠰᠢᠨ᠂ ᠤᠶᠤᠨᠲᠤ ᠰᠠᠭᠤᠯᠳᠠᠭᠤᠷ᠂ ᠠᠶᠠᠭ᠎ᠠ ᠤᠬᠢᠶᠠᠬᠤ ᠮᠠᠰᠢᠨ᠂ ᠤᠰᠤᠨ ᠠᠮᠠ ᠵᠡᠷᠭᠡ 6 ᠲᠥᠷᠥᠯ᠎ᠤᠨ ᠠᠮᠢᠳᠤᠷᠠᠯ᠎ᠳᠤ ᠬᠡᠷᠡᠭᠯᠡᠬᠦ ᠤᠰᠤᠨ᠎ᠤ ᠦᠢ᠍ᠯᠡᠳᠭᠦᠨ᠎ᠢ ᠤᠰᠤᠨ᠎ᠤ ᠠᠰᠢᠭᠯᠠᠮᠵᠢ ᠵᠢᠨ ᠲᠡᠮᠳᠡᠭ᠎ᠤᠨ ᠬᠠᠮᠢᠶᠠᠷᠤᠯᠲᠠ᠎ᠳᠤ ᠣᠷᠣᠭᠤᠯᠪᠠ᠃ ᠬᠤᠶᠠᠷ᠎ᠲᠤ᠂ ᠤᠰᠤᠨ᠎ᠤ ᠠᠰᠢᠭᠯᠠᠮᠵᠢ ᠵᠢᠨ ᠢᠯᠭ᠋ᠠᠬᠤ ᠲᠥᠬᠦᠭᠡᠷᠦᠮᠵᠢ ᠵᠢᠨ ᠳᠠᠩᠰᠠᠯᠠᠯᠲᠠ ᠵᠢ ᠠᠬᠢᠭᠤᠯᠤᠨ᠎ᠠ᠃ ᠤᠰᠤᠨ᠎ᠤ ᠠᠰᠢᠭᠯᠠᠮᠵᠢ ᠵᠢᠨ ᠲᠡᠮᠳᠡᠭ᠎ᠤᠨ ᠲᠥᠬᠥᠭᠡᠷᠦᠮᠵᠢ ᠵᠢᠨ ᠠᠵᠤ ᠠᠬᠤᠶ᠋ᠢᠯᠠᠯ ᠣᠳᠣᠬᠠᠨ᠎ᠳᠤ 1.1 ᠲᠦᠮᠡ ᠵᠢ ᠳᠠᠪᠠᠵᠤ᠂ ᠳᠠᠩᠰᠠᠯᠠᠭᠤᠯᠤᠭᠰᠠᠨ ᠦᠢ᠍ᠯᠡᠳᠬᠦᠨ᠎ᠤ ᠬᠡᠯᠪᠡᠷᠢ ᠮᠠᠶᠢᠭ᠎ᠨᠢ 11 ᠲᠦᠮᠡ ᠭᠠᠷᠤᠶ ᠬᠤᠪᠢ ᠬᠦᠷᠴᠦ᠂ ᠤᠰᠤ ᠠᠷᠪᠢᠯᠠᠬᠤ ᠬᠡᠯᠪᠡᠷᠢ ᠵᠢᠨ ᠦᠢ᠍ᠯᠡᠳᠬᠦᠨ᠎ᠤ ᠵᠠᠬ᠎ᠠ ᠳᠡᠯᠭᠡᠭᠦᠷ᠎ᠤᠨ ᠡᠵᠡᠯᠡᠬᠦ ᠨᠣᠷᠮ᠎ᠠ ᠠᠯᠬᠤᠮ ᠠᠯᠬᠤᠮ ᠵᠶ᠋ᠠᠷ ᠳᠡᠭᠡᠭᠰᠢᠯᠡᠪᠡ᠃ ᠭᠤᠷᠪᠠ᠎ᠳᠤ᠂ ᠤᠰᠤᠨ᠎ᠤ ᠠᠰᠢᠭᠯᠠᠮᠵᠢ ᠵᠢᠨ ᠳᠠᠭ᠋ᠠᠭᠤᠯᠤᠭᠴᠢ ᠵᠢᠨ ᠬᠥᠲᠥᠯᠥᠨ ᠳᠠᠭ᠋ᠠᠭᠤᠯᠬᠤ ᠠᠵᠢᠯᠯᠠᠭ᠎ᠠ ᠵᠢ ᠬᠡᠷᠡᠭᠵᠢᠭᠦᠯᠦᠨ᠎ᠡ᠃ ᠤᠰᠤᠨ᠎ᠤ ᠠᠰᠢᠭᠯᠠᠮᠵᠢ ᠵᠢᠨ ᠢᠯᠡᠳᠬᠡᠮᠵᠢ ᠵᠢᠨ ᠰᠠᠭᠤᠷᠢᠨ ᠳᠡᠭᠡᠷ᠎ᠡ᠂ 2016 ᠣᠨ᠎ᠠᠴᠠ ᠡᠬᠢᠯᠡᠨ᠂ ᠤᠯᠤᠰ᠎ᠤᠨ ᠬᠥᠭᠵᠢᠭᠦᠯᠦᠯᠲᠡ ᠪᠠ ᠥᠭᠡᠷᠡᠴᠢᠯᠡᠯᠲᠡ ᠵᠢᠨ ᠵᠥᠪᠯᠡᠯ᠎ᠠᠴᠠ ᠬᠠᠮᠢᠶ᠎ᠠ ᠪᠥᠬᠦᠶ ᠰᠠᠯᠠᠭ᠎ᠠ ᠮᠥᠴᠢᠷ᠎ᠲᠠᠢ ᠬᠠᠮᠲᠤᠷᠠᠨ ᠤᠰᠤᠨ᠎ᠤ ᠠᠰᠢᠭᠯᠠᠮᠵᠢ ᠵᠢᠨ ᠳᠠᠭ᠋ᠠᠭᠤᠯᠤᠭᠴᠢ ᠵᠢ ᠰᠢᠯᠢᠨ ᠰᠣᠩᠭᠤᠬᠤ ᠠᠵᠢᠯ᠎ᠢ ᠵᠣᠬᠢᠶᠠᠨ ᠪᠠᠶ᠋ᠢᠭᠤᠯᠤᠨ ᠥᠷᠨᠢᠭᠦᠯᠵᠦ᠂ ᠨᠢᠭᠡ ᠪᠦᠯᠦᠭ ᠤᠰᠤ ᠬᠡᠷᠡᠭᠯᠡᠬᠦ ᠦᠢ᠍ᠯᠡᠳᠬᠦᠨ᠂ ᠤᠰᠤᠯᠠᠯᠲᠠ ᠵᠢᠨ ᠣᠷᠣᠨ᠂ ᠣᠯᠠᠨ ᠨᠡᠶ᠋ᠢᠲᠡ ᠵᠢᠨ ᠪᠠᠶ᠋ᠢᠭᠤᠯᠤᠮᠵᠢ ᠵᠢᠨ ᠤᠰᠤᠨ᠎ᠤ ᠠᠰᠢᠭᠯᠠᠮᠵᠢ ᠵᠢᠨ ᠳᠠᠭ᠋ᠠᠭᠤᠯᠤᠭᠴᠢ ᠵᠢ ᠨᠡᠶ᠋ᠢᠲᠡᠯᠡᠵᠦ᠂ ᠬᠡᠪ ᠳᠠᠭᠤᠷᠢᠶᠠᠯ᠂ ᠪᠠᠷᠢᠮᠵᠢᠶ᠎ᠠ᠎ᠪᠠᠷ ᠬᠥᠲᠥᠯᠦᠨ ᠳᠠᠭ᠋ᠠᠭᠤᠯᠬᠤ᠂ ᠲᠥᠷᠥ ᠵᠢᠨ ᠪᠣᠳᠣᠯᠭ᠎ᠠ ᠵᠢᠨ ᠵᠣᠷᠢᠭᠵᠢᠭᠤᠯᠤᠯᠢ ᠪᠣᠶ ᠪᠣᠯᠭ᠋ᠠᠬᠤ᠎ᠪᠠᠷ ᠳᠠᠮᠵᠢᠭᠤᠯᠤᠨ᠂ ᠤᠰᠤ ᠠᠷᠪᠢᠯᠠᠬᠤ ᠦᠢ᠍ᠯᠡᠳᠬᠦᠨ᠂ ᠮᠡᠷᠭᠡᠵᠢᠯ᠂ ᠬᠠᠮᠢᠶᠠᠷᠤᠯᠲᠠ ᠵᠡᠷᠭᠡ ᠵᠢᠱ᠌ᠢᠶ᠎ᠡ ᠦᠵᠡᠭᠦᠯᠵᠦ ᠬᠥᠲᠥᠯᠦᠨ ᠳᠠᠭ᠋ᠠᠭᠤᠯᠬᠤ ᠦᠢ᠍ᠯᠡᠳᠦᠯ᠎ᠢ ᠪᠠᠳᠠᠷᠠᠭᠤᠯᠪᠠ᠃
ᠤᠰᠤᠨ᠎ᠤ ᠠᠰᠢᠭᠯᠠᠮᠵᠢ ᠵᠢᠨ ᠲᠡᠮᠳᠡᠭ᠎ᠤᠨ ᠳᠦᠷᠢᠮ᠎ᠢ ᠪᠠᠶ᠋ᠢᠭᠤᠯᠤᠭᠰᠠᠨᠢ ᠬᠠᠩᠭ᠋ᠠᠯᠭ᠎ᠠ ᠵᠢᠨ ᠲᠠᠯ᠎ᠠ᠎ᠠᠴᠠ ᠦᠵᠡᠪᠡᠯ᠂ ᠤᠰᠤ ᠠᠷᠪᠢᠯᠠᠬᠤ ᠮᠡᠷᠭᠡᠵᠢᠯ᠎ᠤᠨ ᠳᠡᠰ ᠳᠡᠪᠰᠢᠬᠦ ᠵᠢ ᠠᠬᠢᠭᠤᠯᠬᠤ᠂ ᠤᠰᠤ ᠠᠷᠪᠢᠯᠠᠬᠤ ᠦᠢ᠍ᠯᠡᠳᠬᠦᠨ᠎ᠤ ᠤᠰᠤᠨ᠎ᠤ ᠠᠰᠢᠭᠯᠠᠮᠵᠢ ᠵᠢ ᠳᠡᠭᠡᠭᠰᠢᠯᠡᠭᠦᠯᠬᠦ ᠦᠷ᠎ᠡ ᠪᠦᠲᠦᠮᠵᠢ᠎ᠪᠠᠷ ᠢᠯᠡᠷᠬᠡᠶ ᠪᠠᠶ᠋ᠢᠬᠤ ᠬᠡᠷᠡᠭᠲᠡᠶ᠃ ᠬᠡᠷᠡᠭᠯᠡᠭᠡᠨ᠎ᠤ ᠲᠠᠯ᠎ᠠ᠎ᠠᠴᠠ ᠠᠪᠴᠤ ᠦᠵᠡᠪᠡᠯ᠂ ᠬᠡᠷᠡᠭᠯᠡᠭᠴᠢᠳ᠎ᠤᠨ ᠤᠰᠤ ᠠᠷᠪᠢᠯᠠᠬᠤ ᠤᠬᠠᠮᠰᠠᠷ᠎ᠢ ᠳᠡᠭᠡᠭᠰᠢᠯᠡᠭᠦᠯᠵᠦ᠂ ᠪᠦᠬᠦ ᠨᠡᠶ᠋ᠢᠭᠡᠮ᠎ᠤᠨ ᠤᠰᠤ ᠠᠷᠪᠢᠯᠠᠬᠤ ᠠᠭᠤᠷ ᠠᠮᠢᠰᠬᠤᠯ᠎ᠢ ᠪᠤᠢ ᠪᠣᠯᠭ᠋ᠠᠬᠤ ᠵᠢ ᠠᠬᠢᠭᠤᠯᠵᠤ᠂ ᠮᠠᠨ᠎ᠤ ᠤᠯᠤᠰ᠎ᠤᠨ ᠤᠰᠤ ᠠᠷᠪᠢᠯᠠᠬᠤ ᠬᠡᠯᠪᠡᠷᠢ ᠵᠢᠨ ᠨᠡᠶ᠋ᠢᠭᠡᠮ᠎ᠤᠨ ᠪᠠᠶ᠋ᠢᠭᠤᠯᠤᠯᠲᠠ ᠵᠢ ᠠᠬᠢᠭᠤᠯᠵᠤ ᠴᠢᠳᠠᠨ᠎ᠠ᠃ ᠣᠳᠣᠬᠠᠨ᠎ᠳᠤ᠂ ᠤᠰᠤᠨ᠎ᠤ ᠠᠰᠢᠭᠯᠠᠮᠵᠢ ᠵᠢᠨ ᠲᠡᠮᠳᠡᠭ ᠪᠣᠯ ᠪᠠᠰᠠ ᠴᠤ᠌ ᠤᠰᠤ ᠠᠷᠪᠢᠯᠠᠬᠤ ᠬᠦᠷᠢᠶᠡᠨ᠎ᠤ ᠲᠥᠬᠦᠭᠡᠷᠦᠮᠵᠢ ᠵᠢ ᠰᠢᠨᠡᠳᠬᠡᠨ ᠥᠭᠡᠷᠡᠴᠢᠯᠡᠬᠦ ᠪᠠ ᠭᠤᠣᠯᠳᠠᠯᠭ᠎ᠠ᠎ᠲᠠᠢ ᠦᠢ᠍ᠯᠡᠳᠬᠦᠨ᠎ᠤ ᠬᠠᠭᠤᠴᠢᠨ ᠵᠶ᠋ᠠᠷ ᠰᠢᠨ᠎ᠡ ᠵᠢ ᠰᠣᠯᠢᠬᠤ ᠴᠢᠬᠤᠯᠠ ᠦᠨᠳᠦᠰᠦᠯᠡᠯ ᠪᠠ ᠭᠠᠷᠳᠠᠴᠠ ᠮᠥᠨ᠃ ᠪᠢᠳᠡ ᠤᠰᠤᠨ᠎ᠤ ᠠᠰᠢᠭᠯᠠᠮᠵᠢ ᠵᠢᠨ ᠲᠡᠮᠳᠡᠭ᠎ᠤᠨ ᠳᠦᠷᠢᠮ᠎ᠤᠨ ᠡᠯ᠎ᠡ ᠵᠦᠢ᠍ᠯ᠎ᠤᠨ ᠠᠵᠢᠯ᠎ᠢ ᠦᠷᠭᠦᠯᠵᠢᠯᠡᠨ ᠰᠠᠶ᠋ᠢᠲᠤᠷ ᠬᠢᠵᠦ᠂ ᠡᠨᠡ ᠬᠦ᠌ ᠳᠦᠷᠢᠮ᠎ᠤᠨ ᠤᠰᠤ ᠠᠷᠪᠢᠯᠠᠬᠤ ᠠᠵᠢᠯ᠎ᠳᠤ ᠦᠵᠡᠭᠦᠯᠬᠦ ᠴᠢᠬᠤᠯᠠ ᠲᠤᠯᠭ᠋ᠠᠭᠤᠷᠢᠯᠠᠬᠤ ᠦᠢ᠍ᠯᠡᠳᠦᠯ᠎ᠢ ᠦᠨᠡᠨ ᠬᠦ᠌ ᠪᠠᠳᠠᠷᠠᠭᠤᠯᠤᠨ᠎ᠠ᠃ ᠪᠠᠶᠠᠷᠯᠠᠯ᠎ᠠ᠃

ᠨᠢᠦ ᠪᠦᠸᠸ

ᠵᠠᠷ ᠮᠡᠳᠡᠭᠡᠨ᠎ᠤ ᠰᠤᠷᠪᠤᠯᠵᠢᠯᠠᠭᠴᠢ ᠵᠢᠨ ᠠᠰᠠᠭᠤᠯᠲᠠ
ᠠᠰᠠᠭᠤᠬᠤ᠎ᠨᠢ᠄ 《ᠤᠰᠤ ᠵᠢ ᠠᠷᠪᠢᠯᠠᠨ ᠭᠠᠮᠨᠠᠬᠤ ᠲᠦᠷᠢᠮ》᠎ᠢ ᠲᠥᠷᠥ ᠵᠢᠨ ᠶᠠᠪᠤᠳᠠᠯ᠎ᠤᠨ ᠬᠤᠷᠢᠶ᠎ᠠ᠎ᠠᠴᠠ ᠬᠢᠨᠠᠨ ᠵᠥᠪᠯᠡᠵᠦ ᠪᠠᠲᠤᠯᠠᠨ᠂ ᠵᠠᠰᠠᠭ ᠵᠠᠬᠢᠷᠭ᠋ᠠᠨ᠎ᠤ ᠬᠠᠤᠯᠢ ᠲᠣᠭᠲᠠᠭ᠋ᠠᠯ᠎ᠤᠨ ᠬᠡᠯᠪᠡᠷᠢ᠎ᠪᠠᠷ ᠨᠡᠶ᠋ᠢᠲᠡᠯᠡᠭᠰᠡᠨ ᠶᠤᠮ᠃ 《ᠳᠦᠷᠢᠮ》᠎ᠢ ᠲᠤᠭᠲᠠᠭ᠋ᠠᠭᠰᠠᠨ ᠶᠡᠷᠦᠩᠬᠡᠶ ᠰᠡᠳᠬᠢᠴᠡ ᠵᠢ ᠲᠠᠨᠢᠯᠴᠠᠭᠤᠯᠵᠤ ᠪᠤᠯᠬᠤ ᠤᠤ?᠃ ᠪᠠᠶᠠᠷᠯᠠᠯ᠎ᠠ᠃
ᠬᠠᠤᠯᠢ ᠴᠠᠭ᠋ᠠᠵᠠ ᠵᠢᠨ ᠶᠠᠮᠤᠨ᠎ᠤ ᠬᠠᠤᠯᠢ ᠲᠣᠭᠲᠠᠭ᠋ᠠᠬᠤ ᠳᠥᠷᠪᠡᠳᠦᠭᠡᠷ ᠲᠣᠪᠴᠢᠶᠠᠨ᠎ᠤ ᠳᠠᠷᠤᠭ᠎ᠠ ᠵᠠᠩ ᠶᠣᠣ ᠪᠥᠸᠧ ᠬᠠᠷᠢᠭᠤᠯᠬᠤ᠎ᠨᠢ᠄
ᠲᠠᠨ᠎ᠤ ᠠᠰᠠᠭᠤᠭᠰᠠᠨ᠎ᠳᠤ ᠪᠠᠶᠠᠷᠯᠠᠯ᠎ᠠ᠃ 《ᠲᠦᠷᠢᠮ》᠎ᠤᠨ ᠶᠡᠷᠦᠩᠬᠡᠶ ᠰᠡᠳᠬᠢᠮᠵᠢ ᠵᠢ ᠡᠷᠬᠡᠪᠰᠢ 《ᠲᠦᠷᠢᠮ》᠎ᠤᠨ ᠬᠠᠤᠯᠢ ᠲᠣᠭᠲᠠᠭ᠋ᠠᠬᠤ ᠵᠣᠷᠢᠯᠭ᠎ᠠ᠎ᠲᠠᠢ ᠬᠤᠯᠪᠣᠵᠤ᠂ ᠬᠠᠤᠯᠢ ᠲᠣᠭᠲᠠᠭ᠋ᠠᠬᠤ ᠰᠡᠳᠬᠢᠮᠵᠢ᠎ᠨᠢ ᠬᠠᠤᠯᠢ ᠲᠣᠭᠲᠠᠭ᠋ᠠᠬᠤ ᠵᠣᠷᠢᠯᠭ᠎ᠠ᠎ᠳᠤ ᠬᠤᠯᠪᠣᠭᠳᠠᠬᠤ ᠪᠥᠭᠡᠳ ᠲᠡᠭᠦᠨ᠎ᠳᠤ ᠦᠢ᠍ᠯᠡᠴᠢᠯᠡᠬᠦ ᠬᠡᠷᠡᠭᠲᠡᠶ᠃ 《ᠲᠦᠷᠢᠮ》᠎ᠢ ᠲᠣᠭᠲᠠᠭ᠋ᠠᠬᠤ ᠵᠢᠨ ᠵᠣᠷᠢᠯᠭ᠎ᠠ ᠪᠣᠯ ᠪᠥᠬᠦ ᠨᠡᠶ᠋ᠢᠭᠡᠮ ᠵᠶ᠋ᠠᠷ ᠵᠶ᠋ᠠᠨ ᠤᠰᠤ ᠵᠢ ᠠᠷᠪᠢᠯᠠᠵᠤ ᠬᠡᠷᠡᠭᠯᠡᠬᠦ ᠵᠢ ᠠᠬᠢᠭᠤᠯᠵᠤ᠂ ᠤᠯᠤᠰ᠎ᠤᠨ ᠤᠰᠤᠨ᠎ᠤ ᠠᠮᠤᠷ ᠲᠦᠪᠰᠢᠨ᠎ᠢ ᠪᠠᠲᠤᠯᠠᠨ᠂ ᠠᠮᠢ ᠠᠬᠤᠶ ᠵᠢᠨ ᠪᠣᠯᠪᠠᠰᠤᠨ᠎ᠤ ᠪᠠᠶ᠋ᠢᠭᠤᠯᠤᠯᠲᠠ ᠵᠢ ᠠᠬᠢᠭᠤᠯᠵᠤ᠂ ᠴᠢᠨᠠᠷ ᠰᠠᠶ᠋ᠢᠲᠠᠶ ᠬᠥᠭᠵᠢᠯᠲᠡ ᠵᠢ ᠠᠬᠢᠭᠤᠯᠬᠤ ᠵᠢᠨ ᠲᠥᠯᠥᠭᠡ ᠶᠤᠮ᠃ ᠡᠨᠡ ᠬᠦ᠌ ᠬᠠᠤᠯᠢ ᠲᠣᠭᠲᠠᠭ᠋ᠠᠬᠤ ᠵᠣᠷᠢᠯᠭ᠎ᠠ ᠵᠢᠨ ᠲᠣᠭᠤᠷᠢᠨ᠎ᠳᠤ᠂ 《ᠲᠦᠷᠢᠮ》᠎ᠨᠢ ᠶᠡᠷᠦᠩᠬᠡᠶ ᠰᠡᠳᠬᠢᠴᠡ ᠵᠢᠨ ᠲᠠᠯ᠎ᠠ᠎ᠪᠠᠷ ᠭᠤᠤᠯᠳᠠᠭᠤ ᠳᠥᠷᠪᠡᠨ ᠲᠠᠯ᠎ᠠ ᠵᠢ ᠡᠵᠡᠮᠰᠢᠪᠡ᠃
ᠶᠠᠭᠤᠨ᠎ᠤ ᠡᠮᠦᠨ᠎ᠡ᠂ ᠦᠨᠳᠦᠰᠦᠨ ᠤᠰᠤᠨ᠎ᠤ ᠪᠠᠶ᠋ᠢᠳᠠᠯ᠎ᠳᠤ ᠰᠠᠭᠤᠷᠢᠯᠠᠨ᠎ᠠ᠃ ᠬᠥᠮᠦᠨ ᠠᠷᠪᠢᠨ ᠤᠰᠤ ᠪᠠᠭ᠎ᠠ᠂ ᠤᠰᠤᠨ᠎ᠤ ᠡᠬᠢ ᠪᠠᠶᠠᠯᠢᠭ᠎ᠤᠨ ᠲᠠᠷᠬᠠᠯᠲᠠ ᠵᠢᠨ ᠲᠡᠩᠴᠡᠭᠦᠷᠢ ᠦᠭᠡᠢ ᠪᠣᠯ ᠮᠠᠨ᠎ᠤ ᠤᠯᠤᠰ᠎ᠤᠨ ᠦᠨᠳᠦᠰᠦᠨ ᠤᠰᠤᠨ᠎ᠤ ᠪᠠᠶ᠋ᠢᠳᠠᠯ ᠪᠣᠯᠤᠨ᠎ᠠ᠃ ᠬᠥᠮᠦᠨ ᠳᠤᠮᠳᠠᠴᠢ ᠵᠢᠨ ᠤᠰᠤᠨ᠎ᠤ ᠡᠬᠢ ᠪᠠᠶᠠᠯᠢᠭ᠎ᠤᠨ ᠡᠵᠡᠯᠡᠬᠦ ᠬᠡᠮᠵᠢᠶ᠎ᠡ᠎ᠠᠴᠠ ᠠᠪᠴᠤ ᠬᠡᠯᠡᠪᠡᠯ᠂ ᠮᠠᠨ᠎ᠤ ᠤᠯᠤᠰ ᠵᠥᠪᠬᠡᠨ ᠳᠡᠯᠡᠬᠡᠶ ᠵᠢᠨ ᠳᠤᠮᠳᠠᠴᠢ ᠬᠢᠷᠢ ᠲᠦᠪᠰᠢᠨ᠎ᠤ 35% ᠯᠡ ᠪᠠᠶ᠋ᠢᠳᠠᠭ᠂ ᠡᠨᠡ ᠬᠦ᠌ ᠦᠨᠳᠦᠰᠦᠨ ᠤᠰᠤᠨ᠎ᠤ ᠪᠠᠶ᠋ᠢᠳᠠᠯ᠎ᠳᠤ ᠰᠠᠭᠤᠷᠢᠯᠠᠪᠠᠯ᠂ 《ᠲᠦᠷᠢᠮ》᠎ᠢ ᠲᠣᠭᠲᠠᠭ᠋ᠠᠬᠤ ᠳᠤᠮᠳᠠ ᠲᠦᠢ᠍ᠯ᠎ᠤᠨ ᠭᠤᠤᠯ ᠨᠢᠭᠡ ᠵᠦᠢ᠍ᠯ ᠮᠥᠨ᠂ ᠳᠠᠷᠤᠶ ᠤᠰᠤᠨ᠎ᠤ ᠡᠬᠢ ᠪᠠᠶᠠᠯᠢᠭ᠎ᠤᠨ ᠬᠠᠲᠠᠭᠤ ᠬᠢᠵᠠᠭ᠋ᠠᠷᠯᠠᠯ᠎ᠢ ᠤᠯᠠᠮ ᠨᠢᠭᠡ ᠠᠯᠬᠤᠮ ᠴᠢᠩᠭ᠋ᠠᠳᠬᠠᠵᠤ᠂ ᠬᠥᠮᠦᠨ ᠠᠮᠠ᠂ ᠬᠤᠲᠠ᠂ ᠠᠵᠤ ᠦᠢ᠍ᠯᠡᠰ᠎ᠤᠨ ᠬᠥᠭᠵᠢᠯᠲᠡ ᠪᠠ ᠤᠰᠤᠨ᠎ᠤ ᠡᠬᠢ ᠪᠠᠶᠠᠯᠢᠭ᠎ᠤᠨ ᠳᠠᠭ᠋ᠠᠭ᠋ᠠᠴᠠ ᠵᠢᠨ ᠴᠢᠳᠠᠪᠤᠷᠢ ᠵᠢ ᠬᠠᠷᠢᠯᠴᠠᠨ ᠵᠣᠬᠢᠴᠠᠭᠤᠯᠬᠤ ᠵᠢ ᠦᠨᠡᠨ ᠬᠦ᠌ ᠪᠠᠲᠤᠯᠠᠬᠤ ᠶᠠᠪᠤᠳᠠᠯ ᠪᠣᠯᠤᠨ᠎ᠠ᠃ ᠡᠨᠡ ᠰᠡᠳᠬᠢᠴᠡ᠎ᠨᠢ 《ᠳᠦᠷᠢᠮ》᠎ᠤᠨ ᠡᠯ᠎ᠡ ᠪᠦᠯᠦᠭ᠎ᠤᠨ ᠠᠭᠤᠯᠭ᠎ᠠ᠎ᠳᠤ ᠪᠦᠷ ᠲᠤᠳᠣᠷᠬᠠᠶ ᠢᠯᠡᠷᠡᠯ᠎ᠲᠠᠢ᠃
ᠬᠤᠶᠠᠳᠤᠭ᠋ᠠᠷ᠎ᠲᠤ᠂ ᠪᠦᠬᠦ ᠲᠠᠯ᠎ᠠ᠎ᠪᠠᠷ ᠰᠢᠰᠲ᠋ᠧᠮ᠎ᠲᠠᠢ ᠪᠣᠯᠭ᠋ᠠᠬᠤ᠎ᠪᠠᠷ ᠴᠢᠷᠮᠠᠶ᠋ᠢᠨ᠎ᠠ᠃ ᠤᠰᠤ ᠠᠷᠪᠢᠯᠠᠬᠤ ᠪᠣᠯ ᠰᠢᠰᠲ᠋ᠧᠮᠲᠦ ᠢᠨᠵᠧᠨᠧᠷᠢᠩ ᠮᠥᠨ᠂ 《ᠲᠦᠷᠢᠮ》᠎ᠨᠢ ᠤᠰᠤ ᠠᠷᠪᠢᠯᠠᠬᠤ ᠲᠠᠯ᠎ᠠ ᠵᠢᠨ ᠲᠤᠰᠬᠠᠶ ᠵᠠᠰᠠᠭ ᠵᠠᠬᠢᠷᠭ᠋ᠠᠨ᠎ᠤ ᠬᠠᠤᠯᠢ ᠲᠣᠭᠲᠠᠭ᠋ᠠᠯ ᠪᠣᠯᠤᠭᠰᠠᠨ᠎ᠤ ᠬᠤᠪᠢ᠎ᠳᠤ᠂ ᠤᠰᠤ ᠠᠷᠪᠢᠯᠠᠬᠤ ᠠᠵᠢᠯ᠎ᠢ ᠪᠥᠬᠦ ᠲᠠᠯ᠎ᠠ᠎ᠪᠠᠷ ᠵᠢᠷᠤᠮᠵᠢᠭᠤᠯᠵᠤ᠂ ᠰᠢᠨᠵᠢᠯᠡᠬᠦ ᠤᠬᠠᠭ᠋ᠠᠨᠴᠢ ᠵᠦᠶ ᠵᠣᠬᠢᠰᠲᠠᠶ᠂ ᠪᠥᠬᠦ ᠲᠠᠯ᠎ᠠ᠎ᠪᠠᠷ ᠰᠢᠰᠲ᠋ᠧᠮ᠎ᠲᠠᠢ ᠤᠰᠤ ᠠᠷᠪᠢᠯᠠᠬᠤ ᠲᠦᠷᠢᠮ᠎ᠤᠨ ᠰᠢᠰᠲ᠋ᠧᠮ᠎ᠢ ᠬᠦᠴᠦᠯᠡᠨ ᠪᠠᠶ᠋ᠢᠭᠤᠯᠵᠤ᠂ ᠤᠯᠤᠰ᠎ᠤᠨ ᠤᠰᠤᠨ᠎ᠤ ᠠᠮᠤᠷ ᠲᠦᠪᠰᠢᠨ᠎ᠤ ᠲᠦᠷᠢᠮ᠎ᠤᠨ ᠰᠠᠭᠤᠷᠢ ᠵᠢ ᠤᠯᠠᠮ ᠨᠢᠭᠡ ᠠᠯᠬᠤᠮ ᠪᠠᠬᠢᠵᠢᠭᠦᠯᠬᠦ ᠴᠢᠬᠤᠯᠠᠲᠠᠶ ᠪᠠᠶ᠋ᠢᠨ᠎ᠠ᠃ ᠣᠯᠠᠨ ᠵᠶ᠋ᠠᠷ ᠵᠶ᠋ᠠᠨ 《ᠳᠦᠷᠢᠮ》᠎ᠨᠢ ᠦᠢ᠍ᠯᠡᠳᠪᠦᠷᠢᠯᠡᠯ᠎ᠤᠨ ᠤᠰᠤ ᠬᠡᠷᠡᠭᠯᠡᠬᠦ ᠵᠢ ᠬᠠᠮᠢᠶᠠᠷᠬᠤ᠎ᠪᠠᠷ ᠪᠠᠷᠠᠬᠤ ᠦᠭᠡᠢ ᠪᠠᠰᠠ ᠠᠮᠢᠳᠤᠷᠠᠯ ᠪᠠ ᠠᠮᠢ ᠠᠬᠤᠢ ᠵᠢᠨ ᠤᠰᠤ ᠬᠡᠷᠡᠭᠯᠡᠬᠦ ᠵᠢ ᠴᠤ᠌ ᠬᠠᠮᠢᠶᠠᠷᠴᠤ ᠪᠠᠶ᠋ᠢᠨ᠎ᠠ; ᠲᠠᠷᠢᠶᠠᠯᠠᠩ᠎ᠤᠨ ᠤᠰᠤ ᠠᠷᠪᠢᠯᠠᠬᠤ᠂ ᠠᠵᠤ ᠦᠢ᠍ᠯᠡᠳᠪᠦᠷᠢ ᠵᠢᠨ ᠤᠰᠤ ᠠᠷᠪᠢᠯᠠᠬᠤ ᠵᠢ ᠬᠠᠮᠤᠷᠤᠭᠰᠠᠨ ᠮᠥᠷᠲᠡᠭᠡᠨ ᠬᠤᠲᠠ ᠵᠢᠨ ᠤᠰᠤ ᠠᠷᠪᠢᠯᠠᠬᠤ ᠵᠢ ᠬᠠᠮᠤᠷᠪᠠ; ᠤᠰᠤ ᠬᠡᠷᠡᠭᠯᠡᠬᠦ ᠬᠠᠮᠢᠶᠠᠷᠤᠯᠲᠠ ᠵᠢ ᠴᠢᠩᠭ᠋ᠠᠳᠬᠠᠵᠤ᠂ ᠤᠰᠤ ᠠᠷᠪᠢᠯᠠᠬᠤ ᠠᠷᠭ᠎ᠠ ᠬᠡᠮᠵᠢᠶ᠎ᠡ ᠵᠢ ᠲᠡᠭᠦᠯᠳᠡᠷᠵᠢᠭᠦᠯᠦᠭᠰᠡᠨ ᠮᠥᠷᠲᠡᠭᠡᠨ ᠪᠠᠰᠠ ᠤᠰᠤ ᠠᠷᠪᠢᠯᠠᠬᠤ ᠵᠢᠨ ᠬᠢᠨᠠᠯᠲᠠ ᠪᠠ ᠪᠠᠲᠤᠯᠠᠭ᠎ᠠ ᠵᠢ ᠴᠢᠩᠭ᠋ᠠᠳᠬᠠᠨ᠎ᠠ; ᠤᠷᠤᠰᠬᠠᠯ᠎ᠢ ᠠᠷᠪᠢᠯᠠᠬᠤ ᠵᠢ ᠴᠢᠬᠤᠯᠠᠴᠢᠯᠠᠬᠤ ᠮᠥᠷᠲᠡᠭᠡᠨ ᠪᠠᠰᠠ ᠡᠬᠢ ᠰᠤᠷᠪᠤᠯᠵᠢ ᠵᠢ ᠨᠡᠭᠡᠭᠡᠬᠦ ᠵᠢ ᠴᠢᠬᠤᠯᠠᠴᠢᠯᠠᠵᠤ᠂ ᠬᠡᠪ᠎ᠤᠨ ᠤᠰᠤ ᠵᠢ ᠠᠷᠪᠢᠯᠠᠬᠤ ᠵᠢᠨ ᠬᠠᠮᠲᠤ ᠬᠡᠪ᠎ᠤᠨ ᠤᠰᠤᠨ᠎ᠤ ᠠᠰᠢᠭᠯᠠᠯᠲᠠ ᠵᠢ ᠠᠬᠢᠭᠤᠯᠤᠨ᠎ᠠ᠃ ᠡᠶ᠋ᠢᠮᠦ᠎ᠠᠴᠠ ᠪᠦᠬᠦ ᠲᠠᠯ᠎ᠠ ᠵᠢᠨ ᠰᠢᠰᠲ᠋ᠤᠮ᠎ᠳᠦ ᠰᠡᠳᠬᠢᠮᠵᠢ ᠵᠢ ᠨᠡᠩ ᠰᠠᠶ᠋ᠢᠨ ᠢᠯᠡᠷᠡᠭᠦᠯᠬᠦ᠎ᠪᠠᠷ ᠴᠢᠷᠮᠠᠶ᠋ᠢᠨ᠎ᠠ ᠭᠡᠵᠦ ᠬᠡᠯᠡᠵᠦ ᠪᠣᠯᠣᠨ᠎ᠠ᠃
ᠭᠤᠷᠪᠠᠳᠤᠭ᠋ᠠᠷ᠎ᠲᠤ᠂ ᠦᠨᠡᠨ ᠬᠦ᠌ ᠬᠡᠷᠡᠭᠵᠢᠭᠦᠯᠵᠦ ᠪᠣᠯᠬᠤᠶ᠋ᠢᠴᠠ ᠪᠠᠶ᠋ᠢᠬᠤ ᠵᠢ ᠦᠨᠡᠨ ᠬᠦ᠌ ᠪᠠᠲᠤᠯᠠᠬᠤ ᠬᠡᠷᠡᠭᠲᠡᠢ᠃ ᠬᠠᠤᠯᠢ ᠴᠠᠭ᠋ᠠᠵᠠ ᠬᠠᠤᠯᠢ ᠲᠣᠭᠲᠠᠭ᠋ᠠᠯ᠎ᠢ ᠦᠨᠡᠨ ᠬᠦ᠌ ᠨᠠᠶ᠋ᠢᠳᠠᠪᠤᠷᠢᠵᠢᠭᠤᠯᠤᠨ ᠬᠡᠷᠡᠭᠵᠢᠭᠦᠯᠬᠦ ᠵᠢᠨ ᠮᠠᠰᠢ ᠴᠢᠬᠤᠯᠠ ᠨᠢᠭᠡ ᠵᠦᠢ᠍ᠯ ᠪᠣᠯ ᠳᠠᠷᠤᠢ ᠪᠣᠳᠠᠲᠤ ᠪᠠᠶ᠋ᠢᠳᠠᠯ᠎ᠲᠠᠢ ᠨᠡᠶ᠋ᠢᠴᠡᠵᠦ᠂ ᠬᠥᠭᠵᠢᠯᠲᠡ ᠵᠢᠨ ᠱᠠᠳᠤ ᠦᠶ᠎ᠡ᠎ᠠᠴᠠ ᠳᠠᠪᠠᠭᠤᠯᠬᠤ ᠦᠭᠡᠢ ᠪᠠᠶ᠋ᠢᠬᠤ ᠬᠡᠷᠡᠭᠲᠡᠢ᠃ ᠦᠢ᠍ᠯᠡᠳᠦᠯᠭᠡ᠎ᠳᠤ᠂ ᠤᠰᠤ ᠠᠷᠪᠢᠯᠠᠬᠤ ᠠᠵᠢᠯ᠎ᠨᠢ ᠮᠠᠰᠢ ᠣᠯᠠᠨ ᠬᠦᠴᠦᠨ ᠵᠦᠢ᠍ᠯ᠎ᠤᠨ ᠨᠥᠯᠥᠭᠡ ᠪᠠ ᠬᠢᠵᠠᠭ᠋ᠠᠷᠯᠠᠯ᠎ᠳᠤ ᠤᠴᠠᠷᠠᠪᠠ᠃ 《ᠳᠦᠷᠢᠮ》᠎ᠢ ᠲᠣᠭᠲᠠᠭ᠋ᠠᠬᠤ ᠳᠤᠮᠳᠠ ᠬᠡᠮᠵᠢᠶ᠎ᠡ ᠵᠢ ᠰᠠᠶ᠋ᠢᠲᠤᠷ ᠡᠵᠡᠮᠳᠡᠵᠦ᠂ ᠬᠡᠮᠵᠢᠶ᠎ᠡ ᠵᠢ ᠰᠠᠶ᠋ᠢᠲᠤᠷ ᠡᠵᠡᠮᠰᠢᠬᠦ ᠵᠢ ᠪᠠᠷᠢᠮᠲᠠᠯᠠᠵᠤ᠂ ᠬᠢᠵᠦ ᠳᠡᠶ᠋ᠢᠯᠬᠦ ᠵᠢ᠎ᠨᠢ ᠲᠣᠳᠣᠷᠬᠠᠢ ᠱᠠᠭ᠋ᠠᠷᠳᠠᠯᠭ᠎ᠠ ᠳᠤᠷᠠᠳᠤᠨ᠎ᠠ; ᠪᠦᠷᠢᠮᠦᠰᠦᠨ ᠭᠦᠢ᠍ᠴᠡᠳᠬᠡᠬᠦ᠎ᠳᠤ ᠬᠦᠴᠢᠷᠲᠡᠶ ᠪᠠᠶ᠋ᠢᠪᠠᠯ᠂ ᠬᠢᠵᠦ ᠳᠡᠶ᠋ᠢᠯᠬᠦ ᠦᠭᠡᠢ ᠪᠤᠶᠤ ᠤᠷᠢᠳᠠᠪᠠᠷ ᠬᠢᠬᠦ ᠵᠢ ᠵᠣᠷᠢᠭᠵᠢᠭᠤᠯᠤᠨ᠎ᠠ; ᠬᠢᠵᠦ ᠳᠡᠶ᠋ᠢᠯᠬᠦ ᠦᠭᠡᠢ ᠪᠣᠯ ᠲᠦᠷ ᠲᠣᠭᠲᠠᠭ᠋ᠠᠯ ᠭᠠᠷᠭ᠋ᠠᠬᠤ ᠦᠭᠡᠢ᠃ ᠡᠭᠦᠨ᠎ᠤ ᠵᠣᠷᠢᠯᠭ᠎ᠠ᠎ᠨᠢ ᠳᠠᠷᠤᠢ ᠴᠢᠩᠭ᠎ᠠ ᠵᠢᠷᠤᠮᠵᠢᠭᠤᠨ ᠪᠠᠶ᠋ᠢᠬᠤ᠎ᠪᠠᠷ ᠪᠠᠷᠠᠬᠤ ᠦᠭᠡᠢ ᠪᠠᠰᠠ ᠦᠨᠡᠨ ᠬᠦ᠌ ᠬᠡᠷᠡᠭᠵᠢᠭᠦᠯᠦᠭᠦᠰᠢᠲᠡᠢ ᠪᠠᠶ᠋ᠢᠬᠤ ᠵᠢ ᠪᠠᠲᠤᠯᠠᠵᠤ᠂ ᠬᠡᠷᠡᠭᠵᠢᠭᠦᠯᠵᠦ ᠪᠣᠯᠬᠤᠶ᠋ᠢᠴᠠ ᠬᠡᠷᠡᠭᠵᠢᠭᠦᠯᠵᠦ ᠪᠣᠯᠬᠤ ᠵᠢ ᠪᠠᠲᠤᠯᠠᠬᠤ ᠬᠡᠷᠡᠭᠲᠡᠢ᠃
ᠬᠠᠮᠤᠭ᠎ᠤᠨ ᠰᠡᠭᠦᠯ᠎ᠳᠤ᠂ ᠲᠦᠷᠢᠮ᠎ᠤᠨ ᠵᠣᠯᠭ᠋ᠠᠯᠴᠠᠭ᠎ᠠ ᠵᠢ ᠰᠠᠶ᠋ᠢᠲᠤᠷ ᠬᠢᠨ᠎ᠠ᠃ ᠣᠳᠣ ᠵᠢᠨ ᠬᠡᠷᠡᠭᠵᠢᠭᠦᠯᠵᠦ ᠪᠠᠶ᠋ᠢᠭ᠎ᠠ ᠬᠤᠯᠪᠣᠭᠳᠠᠯ ᠪᠦᠬᠦᠢ ᠬᠠᠤᠯᠢ ᠴᠠᠭ᠋ᠠᠵᠠ ᠬᠠᠤᠯᠢ ᠲᠣᠭᠲᠠᠭ᠋ᠠᠯ᠂ ᠵᠢᠱ᠌ᠢᠶᠡᠯᠡᠪᠡᠯ ᠤᠰᠤᠨ᠎ᠤ ᠬᠠᠤᠯᠢ᠂ ᠬᠥᠬᠡᠮᠥ᠋ᠷᠡᠨ᠎ᠤ ᠬᠠᠮᠠᠭ᠋ᠠᠯᠠᠯᠲᠠ ᠵᠢᠨ ᠬᠠᠤᠯᠢ᠂ ᠬᠠᠳᠤᠨ ᠭᠤᠣᠯ᠎ᠤᠨ ᠬᠠᠮᠠᠭ᠋ᠠᠯᠠᠯᠲᠠ ᠵᠢᠨ ᠬᠠᠤᠯᠢ᠂ ᠣᠷᠴᠢᠯ ᠠᠵᠤ ᠠᠬᠤᠢ ᠵᠢ ᠠᠬᠢᠭᠤᠯᠬᠤ ᠬᠠᠤᠯᠢ᠂ ᠠᠷᠢᠭᠤᠨ ᠴᠡᠪᠡᠷ ᠦᠢ᠍ᠯᠡᠳᠪᠦᠷᠢᠯᠡᠯ᠎ᠢ ᠠᠬᠢᠭᠤᠯᠬᠤ ᠠᠷᠭ᠎ᠠ᠂ ᠤᠰᠤ ᠲᠠᠲᠠᠬᠤ ᠵᠥᠪᠰᠢᠶᠡᠷᠡᠯ ᠪᠠ ᠤᠰᠤᠨ᠎ᠤ ᠡᠬᠢ ᠪᠠᠶᠠᠯᠢᠭ᠎ᠤᠨ ᠵᠠᠷᠤᠳᠠᠯ ᠲᠠᠲᠠᠪᠤᠷᠢᠯᠠᠬᠤ ᠬᠠᠮᠢᠶᠠᠷᠤᠯᠲᠠ ᠵᠢᠨ ᠳᠦᠷᠢᠮ᠂ ᠭᠠᠵᠠᠷ ᠳᠣᠣᠷᠠᠬᠢ ᠤᠰᠤᠨ᠎ᠤ ᠬᠠᠮᠢᠶᠠᠷᠤᠯᠲᠠ ᠵᠢᠨ ᠳᠦᠷᠢᠮ ᠵᠡᠷᠭᠡ ᠲᠠᠯ᠎ᠠ᠎ᠪᠠᠷ ᠴᠥᠮ ᠠᠳᠠᠯᠢ ᠪᠤᠰᠤ ᠲᠠᠯ᠎ᠠ᠎ᠠᠴᠠ ᠤᠰᠤ ᠠᠷᠪᠢᠯᠠᠬᠤ᠎ᠳᠤ ᠵᠣᠬᠢᠴᠠᠩᠭᠤᠢ ᠲᠣᠭᠲᠠᠭ᠋ᠠᠯ ᠭᠠᠷᠭ᠋ᠠᠭᠰᠠᠨ ᠪᠠᠶ᠋ᠢᠨ᠎ᠠ᠃
《ᠲᠦᠷᠢᠮ》᠎ᠢ ᠲᠣᠭᠲᠠᠭ᠋ᠠᠬᠤ᠎ᠳᠠᠭᠠᠨ ᠪᠢᠳᠡ ᠬᠤᠯᠪᠣᠭᠳᠠᠯ ᠪᠥᠬᠦᠶ ᠬᠠᠤᠯᠢ ᠴᠠᠭ᠋ᠠᠵᠠ ᠬᠠᠤᠯᠢ ᠲᠣᠭᠲᠠᠭ᠋ᠠᠯ᠎ᠤᠨ ᠲᠣᠭᠲᠠᠭ᠋ᠠᠯ᠎ᠲᠠᠢ ᠰᠠᠶ᠋ᠢᠲᠤᠷ ᠵᠣᠯᠭ᠋ᠠᠯᠳᠤᠭᠤᠯᠬᠤ ᠵᠢ ᠰᠠᠶ᠋ᠢᠲᠤᠷ ᠬᠢᠵᠦ᠂ ᠲᠦᠷᠢᠮ᠎ᠤᠨ ᠨᠡᠶ᠋ᠢᠯᠡᠮᠡᠯ ᠬᠦᠴᠦᠨ᠎ᠢ ᠪᠦᠷᠢᠯᠳᠦᠭᠦᠯᠬᠦ ᠵᠢ ᠠᠬᠢᠭᠤᠯᠪᠠ᠃ ᠤᠰᠤ ᠠᠷᠪᠢᠯᠠᠬᠤ ᠠᠵᠢᠯ᠎ᠤᠨ ᠦᠢ᠍ᠯᠡᠳᠦᠯᠭᠡ ᠵᠢᠨ ᠳᠤᠮᠳᠠ᠂ 《ᠳᠦᠷᠢᠮ》᠎ᠤᠨ ᠲᠣᠭᠲᠠᠭ᠋ᠠᠯ᠎ᠢ ᠬᠡᠷᠡᠭᠵᠢᠭᠦᠯᠬᠦ ᠮᠥᠷᠲᠡᠭᠡᠨ ᠪᠠᠰᠠ ᠣᠳᠣ ᠵᠢᠨ ᠬᠡᠷᠡᠭᠵᠢᠭᠦᠯᠵᠦ ᠪᠠᠶ᠋ᠢᠭ᠎ᠠ ᠬᠣᠯᠪᠣᠭᠳᠠᠯ ᠪᠦᠬᠦᠢ ᠬᠠᠤᠯᠢ ᠴᠠᠭ᠋ᠠᠵᠠ ᠬᠠᠤᠯᠢ ᠲᠣᠭᠲᠠᠭ᠋ᠠᠯ᠎ᠤᠨ ᠪᠤᠰᠤᠳ ᠲᠣᠭᠲᠠᠭ᠋ᠠᠯ᠎ᠢ ᠬᠡᠷᠡᠭᠵᠢᠭᠦᠯᠬᠦ ᠬᠡᠷᠡᠭᠲᠡᠶ᠃ ᠪᠠᠶᠠᠷᠯᠠᠯ᠎ᠠ᠃

ᠵᠠᠩ ᠶᠤᠤ ᠪᠦᠸᠸ

ᠰᠢᠨ᠎ᠡ ᠬᠠᠲᠤᠨ ᠭᠤᠣᠯ᠎ᠤᠨ ᠬᠡᠷᠡᠭᠯᠡᠭᠴᠢ ᠵᠢᠨ ᠦᠵᠦᠭᠦᠷ᠎ᠤᠨ ᠰᠤᠷᠪᠤᠯᠵᠢᠯᠠᠭᠴᠢ ᠵᠢᠨ ᠠᠰᠠᠭᠤᠯᠲᠠ
ᠠᠰᠠᠭᠤᠬᠤ᠎ᠨᠢ᠄ ᠲᠠᠷᠢᠶᠠᠯᠠᠩ ᠪᠣᠯ ᠤᠰᠤ ᠬᠡᠷᠡᠭᠯᠡᠬᠦ ᠲᠣᠮᠣ ᠡᠷᠦᠬᠡ ᠮᠥᠨ᠂ ᠪᠠᠰᠠ ᠴᠤ᠌ ᠤᠰᠤ ᠠᠷᠪᠢᠯᠠᠬᠤ ᠳᠠᠯᠳᠠ ᠬᠦᠴᠦᠨ ᠮᠥᠨ᠂ ᠬᠥᠳᠡᠭᠡ ᠲᠣᠰᠬᠤᠨ᠎ᠤ ᠤᠤᠭᠤᠬᠤ ᠤᠰᠤᠨ᠎ᠤ ᠠᠮᠤᠷ ᠲᠦᠪᠰᠢᠨ᠎ᠨᠢ ᠲᠠᠷᠢᠶᠠᠴᠢᠳ᠎ᠤᠨ ᠠᠵᠠ ᠵᠢᠷᠭ᠋ᠠᠯ᠎ᠲᠠᠢ ᠬᠤᠯᠪᠣᠭᠳᠠᠵᠤ᠂ ᠲᠠᠷᠢᠶᠠᠯᠠᠩ᠎ᠤᠨ ᠤᠰᠤ ᠠᠷᠪᠢᠯᠠᠬᠤ ᠵᠢᠴᠢ ᠠᠮᠤ ᠪᠤᠳᠠᠭ᠋ᠠᠨ᠎ᠤ ᠠᠮᠤᠷ ᠲᠦᠪᠰᠢᠨ᠎ᠢ ᠪᠠᠲᠤᠯᠠᠵᠤ ᠴᠢᠳᠠᠬᠤ ᠡᠰᠡᠬᠦ ᠵᠢᠴᠢ ᠬᠥᠳᠡᠭᠡ ᠲᠣᠰᠬᠤᠨ᠎ᠤ ᠤᠰᠤ ᠬᠠᠩᠭ᠋ᠠᠬᠤ ᠬᠤᠯᠪᠣᠭᠳᠠᠯ ᠪᠦᠬᠦᠢ ᠪᠠᠶ᠋ᠢᠳᠠᠯ᠎ᠢ ᠲᠠᠨᠢᠯᠴᠠᠭᠤᠯᠤᠭ᠋ᠠᠳ ᠦᠭᠭᠦᠨ᠎ᠡ ᠦᠦ?᠃ ᠪᠠᠶᠠᠷᠯᠠᠯ᠎ᠠ᠃
ᠯᠢ ᠯᠢᠶᠠᠩ ᠱᠸᠩ ᠬᠠᠷᠢᠭᠤᠯᠬᠤ᠎ᠨᠢ᠄
ᠲᠠᠨ᠎ᠤ ᠠᠰᠠᠭᠤᠭᠰᠠᠨ᠎ᠳᠤ ᠪᠠᠶᠠᠷᠯᠠᠯ᠎ᠠ᠂ ᠡᠨᠡ ᠠᠰᠠᠭᠤᠳᠠᠯ᠎ᠢ ᠪᠢ ᠬᠠᠷᠢᠭᠤᠯᠤᠶ᠎ᠠ᠃ ᠶᠠᠭ ᠡᠨᠡ ᠬᠦ᠌ ᠰᠤᠷᠪᠤᠯᠵᠢᠯᠠᠭᠴᠢ ᠨᠠᠢ᠌ᠵᠠ ᠵᠢᠨ ᠬᠡᠯᠡᠬᠦ᠎ᠪᠠᠷ᠂ ᠲᠠᠷᠢᠶᠠᠯᠠᠩ ᠪᠣᠯ ᠤᠰᠤ ᠬᠡᠷᠡᠭᠯᠡᠬᠦ ᠲᠣᠮᠣ ᠡᠷᠦᠬᠡ ᠪᠣᠯᠤᠨ᠎ᠠ᠂ ᠠᠮᠢᠳᠤᠷᠠᠯ᠂ ᠦᠢ᠍ᠯᠡᠳᠪᠦᠷᠢᠯᠡᠯ ᠵᠢᠴᠢ ᠠᠮᠢ ᠠᠬᠤᠢ ᠵᠢᠨ ᠬᠡᠷᠡᠭᠯᠡᠬᠦ ᠤᠰᠤᠨ᠎ᠤ ᠳᠣᠲᠣᠷ᠎ᠠ᠂ ᠲᠠᠷᠢᠶᠠᠯᠠᠩ᠎ᠤᠨ ᠤᠰᠤ ᠬᠡᠷᠡᠭᠯᠡᠬᠦ ᠬᠡᠮᠵᠢᠶ᠎ᠡ᠎ᠨᠢ ᠶᠡᠷᠦᠩᠬᠡᠢ ᠤᠰᠤ ᠬᠡᠷᠡᠭᠯᠡᠬᠦ ᠬᠡᠮᠵᠢᠶ᠎ᠡ ᠵᠢᠨ 60% ᠵᠢ ᠡᠵᠡᠯᠡᠵᠦ ᠪᠠᠢ᠌ᠨ᠎ᠠ᠂ ᠢᠢ᠍ᠮᠦ᠎ᠠᠴᠠ ᠲᠠᠷᠢᠶᠠᠯᠠᠩ᠎ᠤᠨ ᠤᠰᠤ ᠠᠷᠪᠢᠯᠠᠬᠤ ᠠᠵᠢᠯ᠎ᠢ ᠰᠠᠢ᠍ᠲᠤᠷ ᠬᠢᠬᠦ᠎ᠨᠢ ᠮᠠᠨ᠎ᠤ ᠤᠯᠤᠰ᠎ᠤᠨ ᠤᠰᠤᠨ᠎ᠤ ᠠᠮᠤᠷ ᠲᠦᠪᠰᠢᠨ᠎ᠲᠠᠢ ᠬᠣᠯᠪᠣᠭᠳᠠᠬᠤ᠎ᠪᠠᠷ ᠪᠠᠷᠠᠬᠤ ᠦᠭᠡᠢ᠂ ᠪᠠᠰᠠ ᠮᠠᠨ᠎ᠤ ᠤᠯᠤᠰ᠎ᠤᠨ ᠠᠮᠤ ᠪᠤᠳᠠᠭ᠋ᠠᠨ᠎ᠤ ᠠᠮᠤᠷ ᠲᠦᠪᠰᠢᠨ᠎ᠳᠤ ᠬᠣᠯᠪᠣᠭᠳᠠᠬᠤ ᠪᠣᠯᠬᠣᠷ ᠮᠠᠰᠢ ᠴᠢᠬᠤᠯᠠ ᠶᠤᠮ᠃
ᠨᠠᠮ᠎ᠤᠨ ᠲᠥᠪ ᠬᠣᠷᠢᠶ᠎ᠠ᠂ ᠲᠥᠷᠥ ᠵᠢᠨ ᠶᠠᠪᠤᠳᠠᠯ᠎ᠤᠨ ᠬᠣᠷᠢᠶ᠎ᠠ ᠲᠠᠷᠢᠶᠠᠨ ᠭᠠᠵᠠᠷ᠎ᠤᠨ ᠤᠰᠤᠨ ᠠᠰᠢᠭᠯᠠᠯᠲᠠ ᠵᠢᠨ ᠪᠦᠲᠦᠭᠡᠨ ᠪᠠᠶ᠋ᠢᠭᠤᠯᠤᠯᠲᠠ ᠵᠢ ᠳᠡᠭᠡᠳᠦ ᠬᠡᠮᠵᠢᠶ᠎ᠡ᠎ᠪᠠᠷ ᠴᠢᠬᠤᠯᠠᠴᠢᠯᠠᠨ ᠦᠵᠡᠪᠡ᠃ ᠮᠠᠨ᠎ᠤ ᠤᠯᠤᠰ ᠨᠢᠭᠡᠨᠲᠡ 10.55 ᠳ᠋ᠦᠩᠰᠢᠭᠤᠷ ᠮᠦ᠍ ᠲᠠᠷᠢᠶᠠᠨ ᠭᠠᠵᠠᠷ᠎ᠤᠨ ᠤᠰᠤᠯᠠᠯᠲᠠ ᠵᠢᠨ ᠲᠠᠯᠠᠪᠠᠢ ᠪᠠᠶ᠋ᠢᠭᠤᠯᠵᠤ᠂ ᠪᠦᠬᠦ ᠤᠯᠤᠰ᠎ᠤᠨ 55% ᠵᠢ ᠡᠵᠡᠯᠡᠵᠦ ᠪᠠᠶ᠋ᠢᠭ᠎ᠠ ᠲᠠᠷᠢᠶᠠᠨ ᠭᠠᠵᠠᠷ᠎ᠤᠨ 77% ᠪᠠ 90%᠎ᠠᠴᠠ ᠳᠡᠭᠡᠭᠰᠢᠬᠢ ᠠᠵᠤ ᠠᠬᠤᠢ ᠵᠢᠨ ᠲᠠᠷᠢᠮᠠᠯ ᠦᠢ᠍ᠯᠡᠳᠪᠦᠷᠢᠯᠡᠵᠦ᠂ ᠤᠯᠤᠰ᠎ᠤᠨ ᠠᠮᠤ ᠪᠤᠳᠠᠭ᠋ᠠᠨ᠎ᠤ ᠦᠢ᠍ᠯᠡᠳᠪᠦᠷᠢᠯᠡᠯ᠎ᠤᠨ ᠨᠡᠮᠡᠭᠳᠡᠬᠦ ᠵᠢ ᠪᠡᠶᠡᠯᠡᠭᠦᠯᠬᠦ ᠵᠢ ᠪᠦᠲᠦᠮᠵᠢᠲᠡᠢ ᠲᠤᠯᠭ᠋ᠠᠭᠤᠷᠢᠯᠠᠨ ᠪᠠᠲᠤᠯᠠᠵᠤ᠂ ᠤᠰᠤᠯᠠᠯᠲᠠ᠎ᠳᠤ ᠬᠡᠷᠡᠭᠯᠡᠬᠦ ᠤᠰᠤᠨ᠎ᠤ ᠶᠡᠷᠦᠩᠬᠡᠢ ᠬᠡᠮᠵᠢᠶ᠎ᠡ᠎ᠨᠢ ᠨᠡᠮᠡᠭᠳᠡᠯ ᠦᠭᠡᠢ ᠪᠠᠶ᠋ᠢᠬᠤ ᠵᠢ ᠪᠡᠶᠡᠯᠡᠭᠦᠯᠪᠡ᠃ ᠭᠣᠣᠯᠳᠠᠭᠤ ᠳᠣᠣᠷᠠᠬᠢ ᠮᠡᠲᠦ ᠠᠷᠭ᠎ᠠ ᠬᠡᠮᠵᠢᠶ᠎ᠡ ᠵᠢ ᠠᠪᠴᠠᠢ᠄
ᠨᠢᠭᠡ᠎ᠳᠤ᠂ ᠲᠠᠷᠢᠶᠠᠯᠠᠩ᠎ᠤᠨ ᠤᠰᠤ ᠠᠷᠪᠢᠯᠠᠬᠤ ᠤᠰᠤᠯᠠᠯᠲᠠ ᠵᠢ ᠬᠥᠭᠵᠢᠭᠦᠯᠦᠨ᠎ᠡ᠃ ᠤᠷᠢᠳ ᠬᠤᠵᠢᠳ ᠵᠡᠭᠦᠨ ᠬᠤᠶ᠋ᠢᠲᠤ ᠣᠷᠣᠨ᠎ᠤ ᠤᠰᠤ ᠠᠷᠪᠢᠯᠠᠵᠤ ᠠᠮᠤ ᠪᠤᠳᠠᠭ᠎ᠠ ᠨᠡᠮᠡᠭᠳᠡᠭᠦᠯᠬᠦ᠂ ᠤᠮᠠᠷᠠᠲᠤ ᠣᠷᠣᠨ᠎ᠤ ᠤᠰᠤ ᠠᠷᠪᠢᠯᠠᠬᠤ ᠳᠠᠷᠤᠯᠲᠠ ᠠᠪᠬᠤ᠂ ᠪᠠᠷᠠᠭᠤᠨ ᠬᠤᠶ᠋ᠢᠲᠤ ᠵᠢᠨ ᠤᠰᠤ ᠠᠷᠪᠢᠯᠠᠵᠤ ᠦᠷ᠎ᠡ ᠠᠰᠢᠭ᠎ᠢ ᠨᠡᠮᠡᠭᠳᠡᠭᠦᠯᠬᠦ᠂ ᠡᠮᠦᠨᠡᠲᠦ ᠣᠷᠣᠨ᠎ᠤ ᠤᠰᠤ ᠠᠷᠪᠢᠯᠠᠵᠤ ᠪᠣᠬᠢᠷᠲᠤᠯ ᠭᠠᠳᠠᠭᠰᠢᠯᠠᠭᠤᠯᠬᠤ ᠬᠡᠮᠵᠢᠶ᠎ᠡ ᠵᠢ ᠪᠠᠭ᠋ᠠᠰᠬᠠᠬᠤ ᠵᠡᠷᠭᠡ ᠣᠷᠣᠨ ᠪᠦᠰᠡ ᠵᠢᠨ ᠬᠡᠪᠴᠢᠶᠡᠵᠢᠭᠰᠡᠨ ᠤᠰᠤ ᠠᠷᠪᠢᠯᠠᠵᠤ ᠤᠰᠤᠯᠠᠬᠤ ᠠᠵᠢᠯᠯᠠᠭ᠎ᠠ ᠵᠢ ᠬᠡᠷᠡᠭᠵᠢᠭᠦᠯᠵᠦ᠂ ᠲᠣᠮᠣ ᠳᠤᠮᠳᠠ ᠬᠡᠯᠪᠡᠷᠢ ᠵᠢᠨ ᠤᠰᠤᠯᠠᠯᠲᠠ ᠵᠢᠨ ᠣᠷᠣᠨ᠎ᠤ ᠤᠰᠤ ᠠᠷᠪᠢᠯᠠᠬᠤ ᠥᠭᠡᠷᠡᠴᠢᠯᠡᠯᠲᠡ ᠵᠢ ᠶᠡᠬᠡᠪᠡᠷ ᠲᠦᠯᠬᠢᠨ ᠠᠬᠢᠭᠤᠯᠵᠤ᠂ ᠤᠰᠤᠯᠠᠬᠤ ᠤᠰᠤ ᠵᠠᠯᠠᠬᠤ ᠢᠨᠵᠧᠨᠧᠷᠢᠩ᠎ᠤᠨ ᠰᠢᠰᠲ᠋ᠧᠮ᠎ᠢ ᠲᠠᠰᠤᠷᠠᠯᠲᠠ ᠤᠢ᠍ᠭᠡᠢ ᠲᠡᠭᠦᠯᠳᠡᠷᠵᠢᠭᠦᠯᠦᠨ᠂ ᠤᠰᠤ ᠳᠠᠮᠵᠢᠭᠤᠯᠵᠤ ᠲᠦᠭᠡᠭᠡᠬᠦ ᠦᠷ᠎ᠡ ᠪᠦᠲᠦᠮᠵᠢ ᠵᠢ ᠳᠡᠭᠡᠭᠰᠢᠯᠡᠭᠦᠯᠪᠡ᠃ ᠤᠰᠤᠯᠠᠯᠲᠠ ᠵᠢᠨ ᠮᠦ᠍ ᠪᠦᠷᠢ ᠵᠢᠨ ᠳᠤᠮᠳᠠᠴᠢ ᠤᠰᠤ ᠬᠡᠷᠡᠭᠯᠡᠬᠦ ᠬᠡᠮᠵᠢᠶ᠎ᠡ 2014 ᠣᠨ᠎ᠳᠤ 402 ᠺᠦᠪ ᠮᠸᠲᠷ ᠪᠠᠶ᠋ᠢᠭᠰᠠᠨ᠎ᠠᠴᠠ᠎ᠪᠠᠨ ᠪᠠᠭᠤᠷᠠᠭ᠋ᠠᠳ ᠣᠳᠣᠬᠠᠨ᠎ᠤ 364 ᠺᠦᠪ ᠮᠸᠲᠷ ᠪᠣᠯᠵᠤ᠂ 9.5 ᠵᠠᠭᠤᠨ᠎ᠤ ᠴᠡᠭ ᠪᠠᠭᠤᠷᠠᠪᠠ᠃
ᠬᠤᠶᠠᠷ᠎ᠲᠤ᠂ ᠲᠠᠷᠢᠶᠠᠯᠠᠩ᠎ᠤᠨ ᠤᠰᠤ ᠬᠡᠷᠡᠭᠯᠡᠬᠦ ᠬᠠᠮᠢᠶᠠᠷᠤᠯᠲᠠ ᠵᠢ ᠴᠢᠩᠭ᠋ᠠᠳᠬᠠᠪᠠ᠃ ᠲᠠᠷᠢᠶᠠᠯᠠᠩ᠎ᠤᠨ ᠤᠰᠤ ᠲᠠᠲᠠᠵᠤ ᠬᠡᠷᠡᠭᠯᠡᠬᠦ ᠶᠡᠷᠦᠩᠬᠡᠶ ᠬᠡᠮᠵᠢᠶ᠎ᠡ ᠵᠢ ᠡᠵᠡᠮᠳᠡᠵᠦ᠂ 5 ᠲᠦᠮᠡᠨ ᠮᠦ᠍᠎ᠠᠴᠠ ᠳᠡᠭᠡᠭᠰᠢᠬᠢ ᠲᠣᠮᠣ ᠳᠤᠮᠳᠠ ᠬᠡᠯᠪᠡᠷᠢ ᠵᠢᠨ ᠤᠰᠤᠯᠠᠯᠲᠠ ᠵᠢᠨ ᠣᠷᠣᠨ᠎ᠤ ᠰᠤᠪᠠᠭ᠎ᠤᠨ ᠡᠬᠢᠨ᠎ᠤ ᠪᠠᠷᠢᠯᠭ᠎ᠠ ᠵᠢᠨ ᠤᠰᠤ ᠠᠪᠬᠤ ᠰᠤᠪᠠᠭ᠎ᠤᠨ ᠰᠦᠯᠵᠢᠶᠡᠨ ᠳᠡᠭᠡᠷᠡᠬᠢ ᠬᠡᠮᠵᠢᠯᠲᠡ ᠵᠢ ᠪᠡᠶᠡᠯᠡᠭᠦᠯᠦᠨ᠎ᠡ᠃ ᠲᠠᠷᠢᠶᠠᠯᠠᠩ᠎ᠳᠤ ᠬᠡᠷᠡᠭᠯᠡᠬᠦ ᠤᠰᠤ ᠵᠢ ᠨᠣᠷᠮ᠎ᠠ ᠲᠣᠭᠲᠠᠭ᠋ᠠᠨ ᠬᠠᠮᠢᠶᠠᠷᠬᠤ ᠵᠢ ᠨᠠᠶ᠋ᠢᠳᠠᠪᠤᠷᠢᠵᠢᠭᠤᠯᠵᠤ᠂ ᠤᠯᠤᠰ᠎ᠤᠨ ᠲᠠᠯ᠎ᠠ᠎ᠠᠴᠠ 14 ᠵᠦᠢ᠍ᠯ᠎ᠤᠨ ᠭᠣᠤᠯ ᠪᠣᠯᠬᠤ ᠲᠠᠷᠢᠮᠠᠯ᠎ᠤᠨ ᠤᠰᠤᠯᠠᠯᠲᠠ᠎ᠳᠤ ᠬᠡᠷᠡᠭᠯᠡᠬᠦ ᠤᠰᠤᠨ᠎ᠤ ᠨᠣᠷᠮ᠎ᠠ ᠲᠣᠭᠲᠠᠭ᠋ᠠᠨ ᠨᠡᠶ᠋ᠢᠲᠡᠯᠡᠪᠡ᠃
ᠭᠤᠷᠪᠠ᠎ᠳᠤ᠂ ᠲᠠᠷᠢᠶᠠᠯᠠᠩ᠎ᠤᠨ ᠤᠰᠤᠨ᠎ᠤ ᠦᠨ᠎ᠡ ᠵᠢᠨ ᠶᠡᠷᠦᠩᠬᠡᠶ᠋ᠢᠯᠡᠭᠰᠡᠨ ᠥᠭᠡᠷᠡᠴᠢᠯᠡᠯᠲᠡ ᠵᠢ ᠭᠦᠨᠵᠡᠭᠡᠶ᠋ᠢᠷᠡᠭᠦᠯᠦᠨ᠎ᠡ᠃ 2016 ᠣᠨ᠎ᠳᠤ ᠮᠠᠨ᠎ᠤ ᠤᠯᠤᠰ ᠲᠠᠷᠢᠶᠠᠯᠠᠩ᠎ᠤᠨ ᠤᠰᠤᠨ᠎ᠤ ᠦᠨ᠎ᠡ ᠵᠢᠨ ᠶᠡᠷᠦᠩᠬᠡᠶ᠋ᠢᠯᠡᠭᠰᠡᠨ ᠥᠭᠡᠷᠡᠴᠢᠯᠡᠯᠲᠡ ᠵᠢ ᠡᠬᠢᠯᠡᠭᠦᠯᠵᠦ᠂ ᠦᠨ᠎ᠡ ᠬᠠᠩᠰᠢ ᠪᠠ ᠨᠥᠬᠥᠪᠥᠷᠢ ᠥᠭᠬᠦ ᠲᠣᠭᠲᠠᠴᠠ᠎ᠪᠠᠷ ᠳᠠᠮᠵᠢᠭᠤᠯᠤᠨ ᠲᠠᠷᠢᠶᠠᠯᠠᠩ᠎ᠤᠨ ᠤᠰᠤ ᠠᠷᠪᠢᠯᠠᠬᠤ ᠵᠢ ᠠᠬᠢᠭᠤᠯᠵᠤ᠂ ᠲᠠᠷᠢᠶᠠᠨ ᠭᠠᠵᠠᠷ᠎ᠤᠨ ᠤᠰᠤᠨ ᠠᠰᠢᠭᠯᠠᠯᠲᠠ ᠵᠢᠨ ᠪᠡᠯᠡᠳᠬᠡᠮᠵᠢ ᠵᠢᠨ ᠰᠠᠶ᠋ᠢᠨ ᠠᠵᠢᠯᠯᠠᠭ᠋ᠠᠨ᠎ᠢ ᠪᠠᠲᠤᠯᠠᠨ᠎ᠠ᠃ ᠨᠢᠳᠤᠨᠤᠨ᠂ ᠤᠰᠤᠨ ᠠᠰᠢᠭᠯᠠᠯᠲᠠ ᠵᠢᠨ ᠶᠠᠮᠤᠨ ᠪᠠᠰᠠ ᠲᠠᠷᠢᠶᠠᠯᠠᠩ᠎ᠤᠨ ᠤᠰᠤᠨ᠎ᠤ ᠦᠨ᠎ᠡ ᠵᠢᠨ ᠶᠡᠷᠦᠩᠬᠡᠶ᠋ᠢᠯᠡᠭᠰᠡᠨ ᠥᠭᠡᠷᠡᠴᠢᠯᠡᠯᠲᠡ ᠵᠢ ᠭᠦᠨᠵᠡᠭᠡᠶ᠋ᠢᠷᠡᠭᠦᠯᠵᠦ ᠣᠳᠣᠬᠢᠴᠢᠯᠠᠭᠰᠠᠨ ᠤᠰᠤᠯᠠᠯᠲᠠ ᠵᠢᠨ ᠣᠷᠣᠨ᠎ᠤ ᠪᠦᠲᠦᠭᠡᠨ ᠪᠠᠶ᠋ᠢᠭᠤᠯᠤᠯᠲᠠ ᠵᠢᠨ ᠲᠤᠷᠰᠢᠯᠲᠠ ᠵᠢ ᠡᠬᠢᠯᠡᠭᠦᠯᠵᠦ᠂ ᠲᠠᠷᠢᠶᠠᠯᠠᠩ᠎ᠤᠨ ᠤᠰᠤᠨ᠎ᠤ ᠦᠨ᠎ᠡ ᠵᠢᠨ ᠶᠡᠷᠦᠩᠬᠡᠶ᠋ᠢᠯᠡᠭᠰᠡᠨ ᠥᠭᠡᠷᠡᠴᠢᠯᠡᠯᠲᠡ᠎ᠪᠠᠷ ᠭᠠᠷᠳᠠᠴᠠ ᠪᠣᠯᠭ᠋ᠠᠵᠤ᠂ ᠪᠡᠯᠡ ᠣᠷᠣᠭᠤᠯᠵᠤ ᠪᠡᠯᠡ ᠲᠣᠬᠢᠷᠠᠭᠤᠯᠬᠤ ᠲᠣᠭᠲᠠᠴᠠ ᠵᠢᠨ ᠰᠢᠨ᠎ᠡ ᠵᠢ ᠡᠭᠦᠳᠴᠦ᠂ ᠣᠳᠣᠬᠢᠴᠢᠯᠠᠭᠰᠠᠨ ᠤᠰᠤᠯᠠᠯᠲᠠ ᠵᠢᠨ ᠣᠷᠣᠨ᠎ᠤ ᠪᠦᠲᠦᠭᠡᠨ ᠪᠠᠶ᠋ᠢᠭᠤᠯᠤᠯᠲᠠ ᠵᠢᠨ ᠬᠠᠮᠢᠶᠠᠷᠤᠯᠲᠠ ᠬᠠᠮᠠᠭ᠋ᠠᠯᠠᠯᠲᠠ ᠵᠢ ᠠᠬᠢᠭᠤᠯᠪᠠ᠃
ᠳᠥᠷᠪᠡ᠎ᠳᠤ᠂ ᠲᠤᠭ᠎ᠠ ᠪᠠᠷᠢᠮᠲᠠ᠎ᠪᠠᠷ ᠡᠨᠧᠷᠭᠢ ᠣᠯᠭᠤᠵᠤ ᠤᠰᠤ ᠬᠡᠷᠡᠭᠯᠡᠬᠦ ᠦᠷ᠎ᠡ ᠪᠦᠲᠦᠮᠵᠢ ᠵᠢ ᠳᠡᠭᠡᠭᠰᠢᠯᠡᠭᠦᠯᠪᠡ᠃ ᠲᠣᠭ᠋ᠠᠴᠢᠯᠠᠭᠰᠠᠨ ᠢᠬᠡᠷ᠎ᠡ ᠤᠰᠤᠯᠠᠯᠲᠠ ᠵᠢᠨ ᠣᠷᠣᠨ᠎ᠤ ᠪᠦᠲᠦᠭᠡᠨ ᠪᠠᠶ᠋ᠢᠭᠤᠯᠤᠯᠲᠠ᠎ᠳᠤ ᠲᠦᠰᠢᠭᠯᠡᠨ᠂ ᠤᠰᠤᠨ᠎ᠤ ᠡᠬᠢ ᠪᠠᠶᠠᠯᠢᠭ᠎ᠢ ᠠᠷᠪᠢᠲᠠᠶ ᠡᠷᠴᠢᠮᠯᠢᠭ ᠠᠰᠢᠭᠯᠠᠬᠤ ᠬᠢᠷᠢ ᠬᠡᠮᠵᠢᠶ᠎ᠡ ᠵᠢ ᠪᠦᠲᠦᠮᠵᠢᠲᠡᠶ ᠳᠡᠭᠡᠭᠰᠢᠯᠡᠭᠦᠯᠦᠨ᠎ᠡ᠃ ᠵᠢᠱ᠌ᠢᠶᠡᠯᠡᠪᠡᠯ᠂ ᠱᠠᠨᠳᠦ᠋ᠩ᠎ᠤᠨ ᠸᠧᠢ ᠱᠠᠨ ᠤᠰᠤᠯᠠᠯᠲᠠ ᠵᠢᠨ ᠣᠷᠣᠨ ᠲᠣᠭ᠋ᠠᠴᠢᠯᠠᠭᠰᠠᠨ ᠢᠬᠡᠷ᠎ᠡ ᠤᠰᠤᠯᠠᠯᠲᠠ ᠵᠢᠨ ᠣᠷᠣᠨ᠎ᠤ ᠪᠦᠲᠦᠭᠡᠨ ᠪᠠᠶ᠋ᠢᠭᠤᠯᠤᠯᠲᠠ᠎ᠪᠠᠷ ᠳᠠᠮᠵᠢᠨ᠂ ᠡᠨᠡ ᠵᠢᠯ᠎ᠤᠨ ᠬᠠᠪᠤᠷ᠎ᠤᠨ ᠤᠰᠤᠯᠠᠯᠲᠠ ᠵᠢᠨ ᠲᠠᠷᠢᠶᠠᠨ ᠭᠠᠵᠠᠷ᠎ᠤᠨ ᠮᠦ᠍ ᠪᠦᠷᠢ ᠵᠢᠨ ᠤᠰᠤ ᠬᠡᠷᠡᠭᠯᠡᠬᠦ ᠬᠡᠮᠵᠢᠶ᠎ᠡ ᠵᠢ ᠪᠠᠷᠤᠭ 10 ᠪᠣᠰᠤᠭ᠎ᠠ ᠳᠥᠷᠪᠡᠯᠵᠢᠨ ᠮᠸᠲᠷ ᠣᠷᠴᠢᠮ ᠪᠠᠭᠤᠷᠠᠭᠤᠯᠪᠠ᠃
ᠬᠥᠳᠡᠭᠡ ᠲᠣᠰᠬᠤᠨ᠎ᠤ ᠤᠰᠤ ᠬᠠᠩᠭ᠋ᠠᠬᠤ ᠲᠠᠯ᠎ᠠ᠎ᠪᠠᠷ᠂ ᠬᠥᠳᠡᠭᠡ ᠲᠣᠰᠬᠤᠨ᠎ᠤ ᠤᠤᠭᠤᠬᠤ ᠤᠰᠤᠨ᠎ᠤ ᠠᠮᠤᠷ ᠲᠦᠪᠰᠢᠨ᠎ᠨᠢ ᠲᠠᠷᠢᠶᠠᠴᠢᠳ᠎ᠤᠨ ᠠᠵᠠ ᠵᠢᠷᠭ᠋ᠠᠯ᠎ᠲᠠᠢ ᠬᠤᠯᠪᠣᠭᠳᠠᠬᠤ ᠪᠥᠭᠡᠳ ᠲᠡᠦᠬᠡᠲᠦ ᠴᠢᠨᠠᠷᠲᠠᠢ ᠠᠮᠵᠢᠯᠲᠠ ᠣᠯᠵᠠᠢ᠃ ᠨᠢᠭᠡ᠎ᠳᠤ᠂ ᠬᠥᠳᠡᠭᠡ ᠲᠣᠰᠬᠤᠨ᠎ᠤ ᠤᠤᠭᠤᠬᠤ ᠤᠰᠤᠨ᠎ᠤ ᠠᠮᠤᠷ ᠲᠦᠪᠰᠢᠨ᠎ᠤ ᠶᠠᠳᠠᠭᠤ᠎ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠳᠠᠶ᠋ᠢᠯᠠᠯᠳᠤᠭ᠋ᠠᠨ᠎ᠤ ᠢᠯᠠᠯᠲᠠ ᠵᠢ ᠣᠯᠵᠤ᠂ 2020 ᠣᠨ᠎ᠤ ᠰᠡᠭᠦᠯᠴᠢ ᠪᠣᠯᠬᠤ᠎ᠳᠤ ᠶᠠᠳᠠᠭᠤ ᠬᠦᠴᠢᠷᠳᠡᠯᠲᠡᠢ ᠬᠥᠮᠦᠨ ᠠᠮᠠ ᠵᠢᠨ ᠤᠤᠭᠤᠬᠤ ᠤᠰᠤᠨ᠎ᠤ ᠠᠮᠤᠷ ᠲᠦᠪᠰᠢᠨ᠎ᠤ ᠠᠰᠠᠭᠤᠳᠠᠯ᠎ᠢ ᠪᠦᠬᠦ ᠲᠠᠯ᠎ᠠ᠎ᠪᠠᠷ ᠰᠢᠢ᠍ᠳᠪᠦᠷᠢᠯᠡᠪᠡ᠃ ᠬᠤᠶᠠᠷ᠎ᠲᠤ᠂ ᠶᠠᠳᠠᠭᠤ᠎ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠦᠷ᠎ᠡ ᠪᠦᠲᠦᠭᠡᠯ᠎ᠢ ᠪᠠᠬᠢᠵᠢᠭᠦᠯᠦᠨ ᠥᠷᠭᠡᠳᠬᠡᠬᠦ ᠵᠢ ᠬᠥᠳᠡᠭᠡ ᠲᠣᠰᠬᠤᠨ᠎ᠢ ᠬᠥᠭᠵᠢᠭᠦᠯᠦᠨ ᠮᠠᠨᠳᠤᠭᠤᠯᠬᠤ᠎ᠯᠤᠭ᠎ᠠ ᠪᠦᠲᠦᠮᠵᠢᠲᠡᠢ ᠵᠣᠯᠭ᠋ᠠᠭᠤᠯᠬᠤ ᠵᠢ ᠠᠬᠢᠭᠤᠯᠵᠤ᠂ ᠬᠥᠳᠡᠭᠡ ᠲᠣᠰᠬᠤᠨ᠎ᠤ ᠤᠰᠤ ᠬᠠᠩᠭ᠋ᠠᠬᠤ ᠢᠨᠵᠧᠨᠧᠷᠢᠩ᠎ᠤᠨ ᠪᠦᠳᠦᠭᠡᠨ ᠪᠠᠶ᠋ᠢᠭᠤᠯᠤᠯᠲᠠ ᠵᠢ ᠦᠷᠭᠦᠯᠵᠢᠯᠡᠨ ᠠᠬᠢᠭᠤᠯᠬᠤ ᠬᠡᠷᠡᠭᠲᠡᠢ᠃ 2023 ᠣᠨ᠎ᠤ ᠰᠡᠭᠦᠯᠴᠢ ᠪᠣᠯᠬᠤ᠎ᠳᠤ᠂ ᠪᠥᠬᠦ ᠤᠯᠤᠰ᠎ᠲᠤ ᠬᠥᠳᠡᠭᠡ ᠲᠣᠰᠬᠤᠨ᠎ᠤ ᠤᠰᠤ ᠬᠠᠩᠭ᠋ᠠᠬᠤ ᠢᠨᠵᠧᠨᠧᠷᠢᠩ᠎ᠢ ᠨᠡᠶ᠋ᠢᠲᠡ 563 ᠲᠦᠮᠡᠨ ᠭᠠᠵᠠᠷ ᠪᠠᠶ᠋ᠢᠭᠤᠯᠵᠤ᠂ ᠦᠢ᠍ᠯᠡᠴᠢᠯᠡᠵᠦ ᠪᠣᠯᠬᠤ ᠬᠥᠮᠦᠨ ᠠᠮᠠ ᠵᠢ 8.7 ᠳ᠋ᠦᠩᠰᠢᠭᠤᠷ ᠬᠥᠮᠦᠨ᠎ᠳᠤ ᠬᠦᠷᠦᠭᠦᠯᠪᠡ; ᠬᠥᠳᠡᠭᠡ ᠲᠣᠰᠬᠤᠨ᠎ᠤ ᠲᠦᠭᠡᠭᠡᠯ ᠤᠰᠤ ᠵᠢ ᠲᠦᠭᠡᠮᠡᠯᠵᠢᠭᠦᠯᠬᠦ ᠨᠣᠷᠮ᠎ᠠ ᠵᠢ 90%᠎ᠳᠤ ᠬᠦᠷᠦᠭᠦᠯᠵᠦ᠂ ᠬᠡᠪᠴᠢᠶᠡᠵᠢᠭᠰᠡᠨ ᠤᠰᠤ ᠬᠠᠩᠭ᠋ᠠᠬᠤ ᠢᠨᠵᠧᠨᠧᠷᠢᠩ᠎ᠢ ᠬᠥᠳᠡᠭᠡ ᠲᠣᠰᠬᠤᠨ᠎ᠤ ᠬᠥᠮᠦᠨ ᠠᠮᠠ ᠵᠢ ᠬᠠᠮᠤᠷᠬᠤ ᠬᠠᠷᠢᠴᠠᠯ᠎ᠢ 60%᠎ᠳᠤ ᠬᠦᠷᠦᠭᠦᠯᠦᠨ᠎ᠡ᠃ ᠭᠤᠷᠪᠠ᠎ᠳᠤ᠂ ᠰᠢᠶᠠᠨ᠎ᠤ ᠬᠡᠪᠴᠢᠶ᠎ᠡ᠎ᠪᠠᠷ ᠨᠢᠭᠡᠴᠢ ᠪᠣᠯᠭ᠋ᠠᠵᠤ᠂ ᠬᠥᠳᠡᠭᠡ ᠲᠣᠰᠬᠤᠨ᠎ᠤ ᠤᠰᠤ ᠬᠠᠩᠭ᠋ᠠᠬᠤ ᠵᠢ ᠪᠠᠷᠢᠮᠵᠢᠶᠠᠵᠢᠭᠤᠯᠤᠨ ᠪᠦᠲᠦᠭᠡᠨ ᠪᠠᠶ᠋ᠢᠭᠤᠯᠬᠤ ᠪᠠ ᠬᠠᠮᠢᠶᠠᠷᠴᠤ ᠬᠠᠮᠠᠭ᠋ᠠᠯᠠᠬᠤ ᠵᠠᠭᠪᠤᠷ᠎ᠢ ᠬᠡᠷᠡᠭᠵᠢᠭᠦᠯᠵᠦ᠂ ᠬᠤᠲᠠ ᠬᠥᠳᠡᠭᠡ ᠵᠢᠨ ᠤᠰᠤ ᠬᠠᠩᠭ᠋ᠠᠬᠤ ᠵᠢ ᠠᠳᠠᠯᠢ ᠰᠤᠷᠪᠤᠯᠵᠢ᠂ ᠠᠳᠠᠯᠢ ᠲᠣᠣᠷ᠂ ᠠᠳᠠᠯᠢ ᠴᠢᠨᠠᠷᠲᠠᠢ᠂ ᠠᠳᠠᠯᠢ ᠬᠢᠨᠠᠨ ᠬᠠᠮᠢᠶᠠᠷᠬᠤ᠂ ᠠᠳᠠᠯᠢ ᠦᠢ᠍ᠯᠡᠴᠢᠯᠡᠭᠡ᠎ᠲᠠᠢ ᠪᠠᠶ᠋ᠢᠯᠭ᠋ᠠᠬᠤ ᠵᠢ ᠬᠠᠮᠤᠭ᠎ᠤᠨ ᠶᠡᠭᠡ ᠬᠡᠮᠵᠢᠶ᠎ᠡ᠎ᠪᠠᠷ ᠪᠡᠶᠡᠯᠡᠭᠦᠯᠦᠨ᠎ᠡ᠃
ᠲᠠᠷᠠᠭ᠋ᠠᠴᠢ ᠵᠢᠨ ᠠᠯᠬᠤᠮ᠎ᠳᠤ᠂ ᠤᠰᠤᠨ ᠠᠰᠢᠭᠯᠠᠯᠲᠠ ᠵᠢᠨ ᠶᠠᠮᠤᠨ ᠡᠯ᠎ᠡ ᠭᠠᠵᠠᠷ᠎ᠢ ᠵᠢᠯᠣᠭᠤᠳᠤᠨ 《ᠲᠦᠷᠢᠮ》᠎ᠢ ᠪᠥᠬᠦ ᠲᠠᠯ᠎ᠠ᠎ᠪᠠᠷ ᠨᠠᠶ᠋ᠢᠳᠠᠪᠤᠷᠢᠵᠢᠭᠤᠯᠵᠤ᠂ ᠤᠰᠤᠯᠠᠬᠤ ᠤᠰᠤ ᠵᠠᠯᠠᠬᠤ ᠢᠨᠵᠧᠨᠧᠷᠢᠩ᠎ᠤᠨ ᠰᠢᠰᠲ᠋ᠧᠮᠵᠢ ᠵᠢ ᠲᠠᠰᠤᠷᠠᠯᠲᠠ ᠥᠬᠡᠶ ᠲᠡᠭᠦᠯᠳᠡᠷᠵᠢᠭᠦᠯᠦᠨ᠂ ᠲᠠᠷᠢᠶᠠᠯᠠᠩ᠎ᠤᠨ ᠤᠰᠤ ᠬᠡᠷᠡᠭᠯᠡᠬᠦ ᠬᠡᠮᠵᠢᠯᠲᠡ ᠵᠢᠨ ᠪᠡᠯᠡᠳᠬᠡᠮᠵᠢ ᠵᠢᠨ ᠪᠥᠲᠥᠭᠡᠨ ᠪᠠᠶ᠋ᠢᠭᠤᠯᠤᠯᠲᠠ ᠵᠢ ᠴᠢᠩᠭ᠋ᠠᠳᠬᠠᠵᠤ᠂ ᠤᠰᠤ ᠠᠷᠪᠢᠯᠠᠬᠤ ᠤᠰᠤᠯᠠᠯᠲᠠ ᠵᠢᠨ ᠮᠡᠷᠭᠡᠵᠢᠯ᠎ᠢ ᠳᠡᠯᠭᠡᠷᠡᠭᠦᠯᠦᠨ᠂ ᠲᠠᠷᠢᠶᠠᠯᠠᠩ᠎ᠤᠨ ᠤᠰᠤᠨ᠎ᠤ ᠦᠨ᠎ᠡ ᠵᠢᠨ ᠶᠡᠷᠦᠩᠬᠡᠶ᠋ᠢᠯᠡᠭᠰᠡᠨ ᠥᠭᠡᠷᠡᠴᠢᠯᠡᠯᠲᠡ ᠵᠢ ᠭᠦᠨᠵᠡᠭᠡᠶ᠋ᠢᠷᠡᠭᠦᠯᠵᠦ᠂ ᠬᠥᠳᠡᠭᠡ ᠲᠣᠰᠬᠤᠨ᠎ᠤ ᠤᠰᠤ ᠬᠠᠩᠭ᠋ᠠᠬᠤ ᠢᠨᠵᠧᠨᠧᠷᠢᠩ᠎ᠤᠨ ᠪᠥᠲᠥᠭᠡᠨ ᠪᠠᠶ᠋ᠢᠭᠤᠯᠤᠯᠲᠠ ᠪᠠ ᠬᠠᠮᠢᠶᠠᠷᠤᠯᠲᠠ ᠵᠢ ᠠᠬᠢᠭᠤᠯᠵᠤ᠂ ᠤᠯᠤᠰ᠎ᠤᠨ ᠠᠮᠤ ᠪᠤᠳᠠᠭ᠋ᠠᠨ᠎ᠤ ᠠᠮᠤᠷ ᠲᠦᠪᠰᠢᠨ ᠪᠠ ᠬᠥᠳᠡᠭᠡ ᠲᠣᠰᠬᠤᠨ᠎ᠤ ᠤᠤᠭᠤᠬᠤ ᠤᠰᠤᠨ᠎ᠤ ᠠᠮᠤᠷ ᠲᠦᠪᠰᠢᠨ᠎ᠢ ᠪᠠᠲᠤᠯᠠᠬᠤ᠎ᠳᠤ ᠬᠦᠴᠦᠲᠡᠶ ᠲᠤᠯᠭ᠋ᠠᠭᠤᠷᠢᠯᠠᠯ ᠬᠠᠩᠭ᠋ᠠᠨ᠎ᠠ᠃ ᠪᠠᠶᠠᠷᠯᠠᠯ᠎ᠠ᠃

ᠡᠮᠦᠨᠡᠲᠦ ᠣᠷᠣᠨ᠎ᠤ ᠬᠣᠲᠠ ᠵᠢᠨ ᠰᠣᠨᠢᠨ N ᠬᠠᠷᠠᠭ᠋ᠠᠨ ᠳᠠᠪᠲᠠᠮᠵᠢ ᠵᠢᠨ ᠰᠤᠷᠪᠤᠯᠵᠢᠯᠠᠭᠴᠢ
ᠠᠰᠠᠭᠤᠬᠤ᠎ᠨᠢ᠄ ᠳᠠᠬᠢᠯᠲᠠ ᠤᠰᠤ ᠵᠢ ᠬᠤᠲᠠ ᠵᠢᠨ ᠬᠤᠶᠠᠳᠤᠭ᠋ᠠᠷ ᠤᠰᠤᠨ᠎ᠤ ᠡᠬᠢ ᠰᠤᠷᠪᠤᠯᠵᠢ ᠭᠡᠳᠡᠭ᠂ ᠲᠠᠨᠢᠯᠴᠠᠭᠤᠯᠤᠭ᠋ᠠᠳ ᠥᠭᠭᠦᠨ᠎ᠡ ᠦᠦ? ᠣᠶ᠋ᠢᠷ᠎ᠠ ᠵᠢᠨ ᠵᠢᠯ᠎ᠤᠨ ᠲᠤᠷᠰᠢᠬᠢ ᠬᠤᠲᠠ ᠵᠢᠨ ᠪᠣᠬᠢᠷ ᠤᠰᠤ ᠵᠢ ᠳᠠᠬᠢᠨ ᠠᠰᠢᠭᠯᠠᠭᠰᠠᠨ ᠪᠣᠳᠠᠲᠠᠶ ᠪᠠᠶ᠋ᠢᠳᠠᠯ᠎ᠢ ᠲᠠᠨᠢᠯᠴᠠᠭᠤᠯᠤᠭ᠋ᠠᠷᠠᠢ᠃ ᠪᠠᠶᠠᠷᠯᠠᠯ᠎ᠠ᠃
ᠬᠤ᠌ ᠽᠢ ᠵᠢᠶᠠᠨ ᠬᠠᠷᠢᠭᠤᠯᠬᠤ᠎ᠨᠢ᠄
ᠲᠠᠨ᠎ᠤ ᠠᠰᠠᠭᠤᠭᠰᠠᠨ᠎ᠳᠤ ᠪᠠᠶᠠᠷᠯᠠᠯ᠎ᠠ᠃ ᠶᠠᠭ ᠲᠠᠨ᠎ᠤ ᠬᠡᠯᠡᠭᠰᠡᠨ ᠵᠶ᠋ᠠᠷ᠂ ᠣᠳᠣ ᠴᠥᠭᠡᠨ ᠪᠤᠰᠤ ᠤᠰᠤ ᠳᠤᠲᠠᠭᠳᠠᠵᠤ ᠪᠠᠶ᠋ᠢᠭ᠎ᠠ ᠬᠣᠲᠠ ᠨᠢᠭᠡᠨᠲᠡ ᠳᠠᠬᠢᠯᠲᠠ ᠤᠰᠤ ᠵᠢ ᠨᠢᠭᠡᠨᠲᠡ ᠴᠢᠬᠤᠯᠠ ᠬᠣᠶᠠᠳᠤᠭ᠋ᠠᠷ ᠤᠰᠤᠨ᠎ᠤ ᠡᠬᠢ ᠪᠣᠯᠭ᠋ᠠᠪᠠ᠂ ᠵᠢᠱ᠌ᠢᠶᠡᠯᠡᠪᠡᠯ᠂ ᠮᠠᠨ᠎ᠤ ᠠᠮᠢᠳᠤᠷᠠᠵᠤ ᠪᠠᠶ᠋ᠢᠭ᠎ᠠ ᠡᠨᠡ ᠬᠦ᠌ ᠬᠣᠲᠠ᠂ ᠬᠣᠲᠠ ᠵᠢᠨ ᠲᠣᠭᠣᠷᠢᠭ᠎ᠤᠨ ᠮᠠᠰᠢ ᠣᠯᠠᠨ ᠭᠣᠣᠯ ᠨᠠᠭᠤᠷ᠎ᠲᠤ ᠴᠥᠮ ᠶᠡᠬᠡ ᠬᠡᠮᠵᠢᠶᠡᠨ᠎ᠤ ᠳᠠᠬᠢᠯᠲᠠ ᠤᠰᠤ ᠬᠡᠷᠡᠭᠯᠡᠭᠰᠡᠨ ᠪᠠᠢ᠌ᠨ᠎ᠠ᠂ 《ᠠᠷᠪᠠᠨ ᠨᠢᠭᠡᠳᠦᠭᠡᠷ ᠲᠠᠪᠤᠨ ᠵᠢᠯ》᠎ᠠᠴᠠ ᠨᠠᠭ᠋ᠠᠰᠢ᠂ ᠣᠷᠣᠨ ᠰᠠᠭᠤᠴᠠ ᠬᠣᠲᠠ ᠬᠥᠳᠡᠭᠡ ᠵᠢᠨ ᠪᠦᠲᠦᠭᠡᠨ ᠪᠠᠢ᠌ᠭᠤᠯᠤᠯᠲᠠ ᠵᠢᠨ ᠶᠠᠮᠤᠨ᠎ᠠᠴᠠ ᠬᠣᠲᠠ ᠵᠢᠨ ᠳᠠᠬᠢᠯᠲᠠ ᠤᠰᠤᠨ᠎ᠤ ᠠᠰᠢᠭᠯᠠᠯᠲᠠ ᠵᠢ ᠦᠷᠭᠦᠯᠵᠢᠯᠡᠨ ᠠᠬᠢᠭᠤᠯᠵᠤ᠂ ᠬᠥᠭᠵᠢᠭᠦᠯᠦᠯᠲᠡ ᠪᠠ ᠥᠭᠡᠷᠡᠴᠢᠯᠡᠯᠲᠡ ᠵᠢᠨ ᠵᠦᠪᠯᠡᠯ᠎ᠲᠠᠢ ᠲᠠᠪᠤᠨ ᠵᠢᠯ ᠠᠯᠤᠰᠯᠠᠬᠤ ᠪᠦᠷᠢ ᠨᠢᠭᠡ ᠤᠳᠠᠭ᠎ᠠ 《ᠪᠦᠬᠦ ᠤᠯᠤᠰ᠎ᠤᠨ ᠬᠣᠲᠠ ᠪᠠᠯᠭ᠋ᠠᠰᠤᠨ᠎ᠤ ᠪᠣᠬᠢᠷ ᠤᠰᠤ ᠵᠢ ᠰᠢᠢ᠍ᠳᠪᠦᠷᠢᠯᠡᠬᠦ ᠵᠢᠴᠢ ᠳᠠᠬᠢᠨ ᠠᠰᠢᠭᠯᠠᠬᠤ ᠲᠥᠯᠥᠪᠵᠢᠭᠦᠯᠭᠡ》 ᠵᠢ ᠲᠣᠭᠲᠠᠭ᠋ᠠᠵᠤ᠂ ᠲᠠᠬᠢᠯᠲᠠ ᠤᠰᠤ ᠵᠢ ᠠᠰᠢᠭᠯᠠᠬᠤ ᠲᠥᠬᠥᠭᠡᠷᠦᠮᠵᠢ ᠵᠢᠨ ᠪᠦᠲᠦᠭᠡᠨ ᠪᠠᠢ᠌ᠭᠤᠯᠤᠯᠲᠠ ᠪᠠ ᠥᠭᠡᠷᠡᠴᠢᠯᠡᠯᠲᠡ ᠵᠢ ᠲᠦᠯᠬᠢᠨ ᠠᠬᠢᠭᠤᠯᠤᠨ᠎ᠠ᠃ 2013 ᠣᠨ᠎ᠳᠤ᠂ ᠪᠢᠳᠡ 《ᠬᠣᠲᠠ ᠪᠠᠯᠭ᠋ᠠᠰᠤᠨ᠎ᠤ ᠤᠰᠤ ᠵᠠᠯᠠᠬᠤ ᠪᠠ ᠪᠣᠬᠢᠷ ᠤᠰᠤ ᠰᠢᠢ᠍ᠳᠪᠦᠷᠢᠯᠡᠬᠦ ᠳᠦᠷᠢᠮ》᠎ᠢ ᠨᠡᠶ᠋ᠢᠲᠡᠯᠡᠬᠦ ᠵᠢ ᠲᠦᠯᠬᠢᠨ ᠠᠬᠢᠭᠤᠯᠵᠤ᠂ ᠲᠥᠯᠥᠪᠵᠢᠭᠦᠯᠦᠨ ᠪᠦᠲᠦᠭᠡᠨ ᠪᠠᠶ᠋ᠢᠭᠤᠯᠬᠤ᠂ ᠠᠵᠢᠯᠯᠠᠭ᠋ᠠᠨ᠎ᠤ ᠬᠠᠮᠠᠭ᠋ᠠᠯᠠᠯᠲᠠ᠂ ᠪᠠᠷᠢᠮᠵᠢᠶ᠎ᠠ ᠵᠢᠨ ᠵᠢᠷᠤᠮᠵᠢᠯ ᠵᠡᠷᠭᠡ ᠲᠠᠯ᠎ᠠ᠎ᠪᠠᠷ ᠪᠣᠬᠢᠷ ᠤᠰᠤ ᠵᠢ ᠳᠠᠬᠢᠨ ᠠᠰᠢᠭᠯᠠᠬᠤ ᠳᠦᠷᠢᠮ᠎ᠢ ᠪᠠᠶ᠋ᠢᠭᠤᠯᠪᠠ᠃ 《ᠤᠰᠤ ᠵᠢ ᠠᠷᠪᠢᠯᠠᠨ ᠭᠠᠮᠨᠠᠬᠤ ᠲᠦᠷᠢᠮ》᠎ᠳᠤ ᠡᠨᠡ ᠲᠠᠯ᠎ᠠ᠎ᠪᠠᠷ ᠪᠠᠰᠠ ᠲᠣᠭᠲᠠᠭ᠋ᠠᠯ ᠭᠠᠷᠭ᠋ᠠᠵᠤ᠂ ᠪᠣᠬᠢᠷ ᠤᠰᠤ ᠵᠢ ᠳᠠᠬᠢᠨ ᠠᠰᠢᠭᠯᠠᠬᠤ ᠦᠢ᠍ᠯᠡᠰ᠎ᠤᠨ ᠬᠥᠭᠵᠢᠯᠲᠡ ᠵᠢ ᠠᠬᠢᠭᠤᠯᠬᠤ᠎ᠳᠤ ᠬᠠᠤᠯᠢ ᠴᠠᠭ᠋ᠠᠵᠠ ᠵᠢᠨ ᠪᠠᠲᠤᠯᠠᠭ᠎ᠠ ᠬᠠᠩᠭ᠋ᠠᠭᠰᠠᠨ ᠪᠠᠶ᠋ᠢᠨ᠎ᠠ᠃
ᠣᠯᠠᠨ ᠵᠢᠯ᠎ᠤᠨ ᠲᠤᠷᠰᠢ᠂ ᠪᠢᠳᠡ ᠭᠣᠤᠯᠳᠠᠭᠤ ᠬᠣᠲᠠ ᠵᠢᠨ ᠳᠠᠬᠢᠯᠲᠠ ᠤᠰᠤ ᠵᠢ ᠠᠰᠢᠭᠯᠠᠬᠤ ᠠᠵᠢᠯ᠎ᠢ ᠭᠤᠷᠪᠠᠨ ᠲᠠᠯ᠎ᠠ᠎ᠠᠴᠠ ᠲᠦᠯᠬᠢᠨ ᠠᠬᠢᠭᠤᠯᠤᠨ᠎ᠠ᠃
ᠨᠢᠭᠡ᠎ᠳᠤ᠂ ᠳᠠᠬᠢᠯᠲᠠ ᠤᠰᠤ ᠵᠢ ᠠᠰᠢᠭᠯᠠᠬᠤ ᠲᠥᠬᠦᠭᠡᠷᠦᠮᠵᠢ ᠵᠢᠨ ᠪᠦᠲᠦᠭᠡᠨ ᠪᠠᠶ᠋ᠢᠭᠤᠯᠤᠯᠲᠠ ᠵᠢ ᠴᠢᠩᠭ᠋ᠠᠳᠬᠠᠨ᠎ᠠ᠃ ᠡᠯ᠎ᠡ ᠭᠠᠵᠠᠷ᠎ᠤᠨ ᠪᠣᠬᠢᠷ ᠤᠰᠤ ᠰᠢᠢ᠍ᠳᠪᠦᠷᠢᠯᠡᠬᠦ ᠦᠢ᠍ᠯᠡᠳᠪᠦᠷᠢ᠎ᠪᠠᠷ ᠰᠠᠭᠤᠷᠢ ᠪᠣᠯᠭ᠋ᠠᠬᠤ ᠵᠢ ᠵᠢᠯᠣᠭᠣᠳᠴᠤ᠂ ᠳᠠᠬᠢᠯᠲᠠ ᠤᠰᠤᠨ᠎ᠤ ᠠᠰᠢᠭᠯᠠᠯᠲᠠ ᠵᠢᠨ ᠰᠠᠭᠤᠷᠢ ᠪᠡᠯᠡᠳᠬᠡᠮᠵᠢ ᠵᠢ ᠵᠦᠢ ᠵᠣᠬᠢᠰᠲᠠᠶ ᠪᠠᠶ᠋ᠢᠷᠢᠯᠠᠭᠤᠯᠬᠤ ᠬᠡᠷᠡᠭᠲᠡᠶ᠃ 2022 ᠣᠨ᠎ᠳᠤ᠂ ᠬᠤᠲᠠ ᠵᠢᠨ ᠳᠠᠬᠢᠯᠲᠠ ᠤᠰᠤᠨ᠎ᠤ ᠦᠢ᠍ᠯᠡᠳᠪᠦᠷᠢᠯᠡᠯ᠎ᠤᠨ ᠴᠢᠳᠠᠪᠤᠷᠢ᠎ᠨᠢ ᠡᠳᠦᠷ ᠪᠦᠷᠢ ᠪᠠᠷᠤᠭ 8000 ᠲᠦᠮᠡᠨ ᠪᠣᠰᠤᠭ᠎ᠠ ᠳᠥᠷᠪᠡᠯᠵᠢᠨ ᠮᠸᠲᠷ ᠪᠠᠶ᠋ᠢᠵᠤ᠂ ᠳᠠᠬᠢᠯᠲᠠ ᠤᠰᠤᠨ᠎ᠤ ᠬᠤᠭᠤᠯᠠᠶ ᠵᠢᠨ ᠲᠣᠤᠷ᠎ᠤᠨ ᠣᠷᠳᠣᠨ᠎ᠢ ᠪᠠᠷᠤᠭ 1.6 ᠲᠦᠮᠡᠨ ᠺᠢᠯᠤᠮᠸᠲᠷ ᠪᠣᠯᠤᠨ᠎ᠠ᠃
ᠬᠤᠶᠠᠷ᠎ᠲᠤ᠂ ᠪᠠᠷᠢᠮᠵᠢᠶ᠎ᠠ ᠵᠢᠷᠤᠮᠵᠢᠯ᠎ᠤᠨ ᠰᠢᠰᠲ᠋ᠧᠮ᠎ᠢ ᠲᠡᠭᠦᠯᠳᠡᠷᠵᠢᠭᠦᠯᠦᠨ᠎ᠡ᠃ ᠤᠷᠢᠳ ᠬᠤᠵᠢᠳ ᠳᠠᠬᠢᠯᠲᠠ ᠤᠰᠤᠨ᠎ᠤ ᠢᠨᠵᠧᠨᠧᠷᠢᠩ᠎ᠤᠨ ᠵᠢᠷᠤᠭ ᠲᠥᠯᠥᠪᠯᠡᠭᠡ ᠵᠢᠨ ᠵᠢᠷᠤᠮᠵᠢᠯ᠂ ᠳᠠᠬᠢᠯᠲᠠ ᠤᠰᠤ ᠵᠢ ᠠᠰᠢᠭᠯᠠᠬᠤ ᠮᠡᠷᠭᠡᠵᠢᠯ᠎ᠤᠨ ᠵᠦᠭᠯᠡᠭᠦᠷ ᠵᠢᠴᠢ ᠳᠠᠬᠢᠯᠲᠠ ᠤᠰᠤ ᠵᠢ ᠠᠵᠤ ᠦᠢ᠍ᠯᠡᠳᠪᠦᠷᠢ ᠵᠢᠨ ᠦᠢ᠍ᠯᠡᠳᠪᠦᠷᠢᠯᠡᠯ᠂ ᠴᠡᠴᠡᠷᠯᠢᠭ᠎ᠤᠨ ᠨᠣᠭᠤᠭ᠋ᠠᠷᠠᠭᠤᠯᠤᠯᠲᠠ᠂ ᠬᠤᠳᠠ ᠵᠢᠨ ᠶᠠᠪᠤᠳᠠᠯ᠎ᠤᠨ ᠬᠤᠯᠢᠯᠳᠤᠨ ᠬᠡᠷᠡᠭᠯᠡᠬᠦ᠂ ᠦᠵᠡᠮᠵᠢᠳᠤ ᠬᠡᠷᠡᠭᠯᠡᠬᠦ ᠤᠰᠤ ᠵᠡᠷᠭᠡ ᠪᠠᠷᠢᠮᠵᠢᠶ᠎ᠠ ᠵᠢ ᠲᠣᠭᠲᠠᠭ᠋ᠠᠵᠤ᠂ ᠨᠡᠯᠢᠶᠡᠳ ᠪᠦᠷᠢᠨ ᠲᠡᠭᠦᠯᠳᠡᠷ ᠳᠠᠬᠢᠯᠲᠠ ᠤᠰᠤ ᠵᠢ ᠠᠰᠢᠭᠯᠠᠬᠤ ᠪᠠᠷᠢᠮᠵᠢᠶ᠎ᠠ ᠵᠢᠨ ᠰᠢᠰᠲ᠋ᠧᠮ᠎ᠢ ᠪᠠᠶ᠋ᠢᠭᠤᠯᠪᠠ᠃
ᠭᠤᠷᠪᠠ᠎ᠳᠤ᠂ ᠲᠤᠷᠰᠢᠯᠲᠠ ᠵᠢᠨ ᠴᠡᠭ᠎ᠤᠨ ᠵᠢᠱ᠌ᠢᠶ᠎ᠡ ᠦᠵᠡᠭᠦᠯᠵᠦ ᠬᠥᠲᠥᠯᠥᠨ ᠳᠠᠭ᠋ᠠᠭᠤᠯᠬᠤ ᠵᠢ ᠰᠠᠶ᠋ᠢᠲᠤᠷ ᠠᠳᠬᠤᠨ᠎ᠠ᠃ ᠡᠮᠦᠨ᠎ᠡ ᠨᠢᠭᠡᠨᠲᠡ ᠳᠤᠷᠠᠳᠤᠭᠰᠠᠨ ᠪᠣᠯᠬᠣᠷ᠂ ᠪᠢᠳᠡ ᠬᠣᠯᠪᠣᠭᠳᠠᠯ ᠪᠦᠬᠦᠢ ᠰᠠᠯᠠᠭ᠎ᠠ ᠮᠥᠴᠢᠷ᠎ᠲᠠᠢ 116 ᠬᠣᠲᠠ᠎ᠳᠤ ᠳᠠᠬᠢᠯᠲᠠ ᠤᠰᠤ ᠵᠢ ᠠᠰᠢᠭᠯᠠᠬᠤ ᠲᠤᠷᠰᠢᠯᠲᠠ ᠵᠢᠨ ᠠᠵᠢᠯ᠎ᠢ ᠥᠷᠨᠢᠭᠦᠯᠵᠡᠢ᠃ ᠣᠶ᠋ᠢᠷ᠎ᠠ ᠵᠢᠨ ᠬᠤᠭᠤᠴᠠᠭ᠋ᠠᠨ᠎ᠳᠤ᠂ ᠪᠢᠳᠡ ᠬᠤᠯᠪᠣᠭᠳᠠᠯ ᠪᠦᠬᠦᠢ ᠰᠠᠯᠠᠭ᠎ᠠ ᠮᠥᠴᠢᠷ᠎ᠲᠠᠢ ᠬᠠᠮᠲᠤ᠎ᠪᠠᠷ ᠭᠤᠤᠯᠳᠠᠯᠭ᠎ᠠ᠎ᠲᠠᠢ ᠬᠤᠲᠠ ᠵᠢᠨ ᠳᠠᠬᠢᠯᠲᠠ ᠤᠰᠤ ᠵᠢ ᠠᠰᠢᠭᠯᠠᠬᠤ ᠭᠤᠷᠪᠠᠨ ᠵᠢᠯ᠎ᠤᠨ ᠠᠵᠢᠯᠯᠠᠭ᠎ᠠ ᠵᠢ ᠪᠠᠶ᠋ᠢᠷᠢᠯᠠᠭᠤᠯᠤᠨ ᠥᠷᠨᠢᠭᠦᠯᠵᠦ᠂ ᠳᠠᠬᠢᠨ 50 ᠬᠤᠲᠠ ᠵᠢ ᠰᠢᠯᠢᠨ ᠰᠣᠩᠭᠤᠵᠤ ᠭᠤᠤᠯᠳᠠᠯᠭ᠎ᠠ᠎ᠲᠠᠢ ᠠᠬᠢᠭᠤᠯᠵᠤ᠂ ᠴᠡᠭ ᠵᠶ᠋ᠠᠷ ᠨᠡᠶ᠋ᠢᠳᠡᠮ᠎ᠢ ᠳᠠᠶ᠋ᠢᠴᠢᠯᠠᠨ᠂ ᠪᠥᠬᠦ ᠨᠡᠶ᠋ᠢᠭᠡᠮ᠎ᠤᠨ ᠳᠠᠬᠢᠯᠲᠠ ᠤᠰᠤ ᠵᠢ ᠠᠰᠢᠭᠯᠠᠬᠤ ᠠᠵᠢᠯ᠎ᠢ ᠳᠠᠶ᠋ᠢᠴᠢᠯᠠᠬᠤ᠎ᠪᠠᠷ ᠲᠥᠯᠥᠪᠯᠡᠵᠦ ᠪᠠᠶ᠋ᠢᠨ᠎ᠠ᠃
ᠲᠠᠷᠠᠭ᠋ᠠᠴᠢ ᠵᠢᠨ ᠠᠯᠬᠤᠮ᠎ᠳᠤ᠂ ᠪᠢᠳᠡ ᠳᠠᠬᠢᠯᠲᠠ ᠤᠰᠤ ᠵᠢ ᠠᠰᠢᠭᠯᠠᠬᠤ ᠲᠥᠬᠦᠭᠡᠷᠦᠮᠵᠢ ᠵᠢᠨ ᠪᠥᠲᠥᠭᠡᠨ ᠪᠠᠶ᠋ᠢᠭᠤᠯᠤᠯᠲᠠ ᠵᠢ ᠦᠷᠭᠦᠯᠵᠢᠯᠡᠨ ᠠᠬᠢᠭᠤᠯᠵᠤ᠂ ᠲᠥᠬᠦᠭᠡᠷᠦᠮᠵᠢ ᠵᠢ ᠰᠢᠨᠡᠳᠬᠡᠬᠦ ᠪᠠ ᠭᠠᠵᠠᠷ ᠳᠣᠤᠷᠠᠬᠢ ᠬᠤᠭᠤᠯᠠᠶ ᠵᠢᠨ ᠲᠣᠤᠷ᠎ᠢ ᠥᠭᠡᠷᠡᠴᠢᠯᠡᠬᠦ ᠵᠡᠷᠭᠡ ᠠᠵᠢᠯ᠎ᠲᠠᠢ ᠤᠶᠠᠯᠳᠤᠭᠤᠯᠤᠨ᠂ ᠳᠠᠬᠢᠯᠲᠠ ᠤᠰᠤ ᠵᠢ ᠠᠰᠢᠭᠯᠠᠬᠤ ᠬᠢᠷᠢ ᠲᠦᠪᠰᠢᠨ᠎ᠢ ᠤᠯᠠᠮ ᠨᠢᠭᠡ ᠠᠯᠬᠤᠮ ᠳᠡᠭᠡᠭᠰᠢᠯᠡᠭᠦᠯᠦᠨ᠎ᠡ᠃ ᠪᠠᠶᠠᠷᠯᠠᠯ᠎ᠠ᠃
ᠲᠥᠪ᠎ᠤᠨ ᠷᠠᠳᠢᠣ᠋ ᠲᠧᠯᠸᠢᠰ᠎ᠤᠨ ᠶᠡᠷᠦᠩᠬᠡᠶ ᠬᠤᠷᠢᠶ᠎ᠠ ᠲᠥᠪ᠎ᠤᠨ ᠷᠠᠳᠢᠣ᠋ ᠲᠧᠯᠸᠢᠰ᠎ᠤᠨ ᠰᠤᠷᠪᠤᠯᠵᠢᠯᠠᠭᠴᠢ ᠵᠢᠨ ᠠᠰᠠᠭᠤᠯᠲᠠ
ᠠᠰᠠᠭᠤᠬᠤ᠎ᠨᠢ᠄ 《ᠤᠰᠤ ᠵᠢ ᠠᠷᠪᠢᠯᠠᠨ ᠭᠠᠮᠨᠠᠬᠤ ᠲᠦᠷᠢᠮ》᠎ᠢ ᠨᠡᠶ᠋ᠢᠲᠡᠯᠡᠬᠦ ᠵᠢ ᠳᠠᠭ᠋ᠠᠯᠳᠤᠨ᠂ ᠡᠯ᠎ᠡ ᠬᠦᠷᠢᠶᠡᠨ᠎ᠤ ᠤᠰᠤ ᠠᠷᠪᠢᠯᠠᠬᠤ ᠠᠵᠢᠯ᠎ᠤᠨ ᠡᠷᠴᠢᠮ᠎ᠢ ᠴᠥᠮ ᠤᠯᠠᠮ ᠨᠢᠭᠡ ᠠᠯᠬᠤᠮ ᠴᠢᠩᠭ᠋ᠠᠷᠠᠭᠤᠯᠬᠤ ᠬᠡᠷᠡᠭᠲᠡᠶ᠃ ᠤᠯᠤᠰ᠎ᠤᠨ ᠬᠥᠭᠵᠢᠭᠦᠯᠦᠯᠲᠡ ᠪᠠ ᠥᠭᠡᠷᠡᠴᠢᠯᠡᠯᠲᠡ ᠵᠢᠨ ᠵᠥᠪᠯᠡᠯ ᠤᠰᠤᠨ᠎ᠤ ᠡᠬᠢ ᠪᠠᠶᠠᠯᠢᠭ᠎ᠢ ᠠᠷᠪᠢᠯᠠᠬᠤ ᠲᠠᠯ᠎ᠠ᠎ᠪᠠᠷ ᠶᠠᠮᠠᠷ ᠰᠢᠨ᠎ᠡ ᠠᠷᠭ᠎ᠠ ᠬᠡᠮᠵᠢᠶ᠎ᠡ ᠠᠪᠬᠤ ᠪᠤᠢ? ᠪᠠᠶᠠᠷᠯᠠᠯ᠎ᠠ᠃
ᠨᠢᠦ ᠪᠦᠸᠸ ᠬᠠᠷᠢᠭᠤᠯᠬᠤ᠎ᠨᠢ᠄
ᠲᠠᠨ᠎ᠤ ᠠᠰᠠᠭᠤᠭᠰᠠᠨ᠎ᠳᠤ ᠪᠠᠶᠠᠷᠯᠠᠯ᠎ᠠ᠃ ᠤᠯᠤᠰ᠎ᠤᠨ ᠬᠥᠭᠵᠢᠭᠦᠯᠦᠯᠲᠡ ᠪᠠ ᠥᠭᠡᠷᠡᠴᠢᠯᠡᠯᠲᠡ ᠵᠢᠨ ᠵᠥᠪᠯᠡᠯ ᠤᠷᠲᠤ ᠬᠤᠭᠤᠴᠠᠭ᠋ᠠᠨ᠎ᠤ ᠲᠤᠷᠰᠢ ᠤᠰᠤᠨ᠎ᠤ ᠡᠬᠢ ᠪᠠᠶᠠᠯᠢᠭ᠎ᠢ ᠠᠷᠪᠢᠯᠠᠬᠤ ᠠᠵᠢᠯ᠎ᠢ ᠳᠡᠭᠡᠳᠦ ᠬᠡᠮᠵᠢᠶ᠎ᠡ᠎ᠪᠠᠷ ᠴᠢᠬᠤᠯᠠᠴᠢᠯᠠᠵᠤ᠂ ᠬᠣᠷᠸ᠎ᠠ ᠲᠥᠷᠥ ᠵᠢᠨ ᠪᠣᠳᠣᠯᠭ᠎ᠠ ᠵᠢᠨ ᠲᠠᠯ᠎ᠠ᠎ᠠᠴᠠ ᠤᠰᠤ ᠠᠷᠪᠢᠯᠠᠬᠤ ᠠᠵᠢᠯ᠎ᠤᠨ ᠳᠡᠭᠡᠳᠦ ᠳᠠᠪᠬᠤᠷᠭ᠎ᠠ ᠵᠢᠨ ᠵᠢᠷᠤᠭ ᠲᠥᠯᠥᠪᠯᠡᠭᠡ ᠵᠢ ᠴᠢᠩᠭ᠋ᠠᠳᠬᠠᠵᠤ᠂ ᠠᠯᠢ ᠣᠯᠠᠨ ᠲᠥᠷᠥ ᠵᠢᠨ ᠪᠣᠳᠣᠯᠭ᠎ᠠ᠂ ᠪᠢᠴᠢᠭ ᠮᠠᠲ᠋ᠧᠷᠢᠶᠠᠯ᠂ ᠲᠥᠯᠥᠪᠵᠢᠭᠦᠯᠭᠡ ᠵᠢ ᠨᠡᠶ᠋ᠢᠲᠡᠯᠡᠭᠰᠡᠨ ᠪᠥᠭᠡᠳ ᠶᠡᠬᠡ ᠬᠡᠮᠵᠢᠶᠡᠨ᠎ᠤ ᠪᠦᠲᠦᠮᠵᠢᠲᠡᠶ ᠠᠵᠢᠯ᠎ᠢ ᠥᠷᠨᠢᠭᠦᠯᠦᠭᠰᠡᠨ ᠪᠠᠶ᠋ᠢᠨ᠎ᠠ᠃ 《ᠤᠰᠤ ᠵᠢ ᠠᠷᠪᠢᠯᠠᠨ ᠭᠠᠮᠨᠠᠬᠤ ᠲᠦᠷᠢᠮ》᠎ᠢ ᠨᠡᠶ᠋ᠢᠲᠡᠯᠡᠭᠰᠡᠨ ᠶᠠᠪᠤᠳᠠᠯ᠎ᠨᠢ ᠮᠠᠨ᠎ᠤ ᠠᠵᠢᠯ᠎ᠳᠤ ᠨᠠᠩ ᠥᠨᠳᠥᠷ ᠱᠠᠭ᠋ᠠᠷᠳᠠᠯᠭ᠎ᠠ ᠳᠤᠷᠠᠳᠪᠠ᠂ ᠪᠢᠳᠡ 《ᠲᠦᠷᠢᠮ》᠎ᠢ ᠨᠡᠶ᠋ᠢᠲᠡᠯᠡᠬᠦ᠎ᠪᠠᠷ ᠠᠵᠠ ᠲᠣᠬᠢᠶᠠᠯ ᠪᠣᠯᠭ᠋ᠠᠵᠤ᠂ ᠳᠣᠤᠷᠠᠬᠢ ᠬᠡᠳᠦᠨ ᠲᠠᠯ᠎ᠠ᠎ᠠᠴᠠ ᠤᠰᠤ ᠠᠷᠪᠢᠯᠠᠬᠤ ᠠᠵᠢᠯ᠎ᠢ ᠳᠥᠯᠭᠢᠨ ᠠᠬᠢᠭᠤᠯᠬᠤ ᠪᠣᠯᠤᠨ᠎ᠠ᠃
ᠨᠢᠭᠡ᠎ᠳᠤ᠂ ᠤᠰᠤᠨ᠎ᠤ ᠡᠬᠢ ᠪᠠᠶᠠᠯᠢᠭ᠎ᠢ ᠠᠷᠪᠢᠯᠠᠵᠤ ᠡᠷᠴᠢᠮᠵᠢᠭᠦᠯᠦᠨ ᠠᠰᠢᠭᠯᠠᠬᠤ ᠵᠢ ᠴᠢᠩᠭ᠋ᠠᠳᠬᠠᠪᠠ᠃ 2023 ᠣᠨ᠎ᠤ 9 ᠳ᠋ᠦ᠍ᠭᠡᠷ ᠰᠠᠷ᠎ᠠ᠎ᠳᠤ᠂ ᠤᠯᠤᠰ᠎ᠤᠨ ᠬᠥᠭᠵᠢᠭᠦᠯᠦᠯᠲᠡ ᠪᠠ ᠥᠭᠡᠷᠡᠴᠢᠯᠡᠯᠲᠡ ᠵᠢᠨ ᠵᠥᠪᠯᠡᠯ᠎ᠠᠴᠠ ᠣᠯᠠᠨ ᠰᠠᠯᠠᠭ᠎ᠠ ᠮᠥᠴᠢᠷ᠎ᠲᠠᠢ ᠬᠠᠮᠲᠤᠷᠠᠨ 《ᠤᠰᠤᠨ᠎ᠤ ᠡᠬᠢ ᠪᠠᠶᠠᠯᠢᠭ᠎ᠢ ᠠᠷᠪᠢᠯᠠᠵᠤ ᠡᠷᠴᠢᠮᠵᠢᠭᠦᠯᠦᠨ ᠠᠰᠢᠭᠯᠠᠬᠤ ᠵᠢ ᠤᠯᠠᠮ ᠨᠢᠭᠡ ᠠᠯᠬᠤᠮ ᠴᠢᠩᠭ᠋ᠠᠳᠬᠠᠬᠤ ᠲᠤᠬᠠᠶ ᠰᠠᠨᠠᠯ》᠎ᠢ ᠳᠠᠷᠤᠮᠠᠯᠯᠠᠨ ᠲᠠᠷᠬᠠᠭ᠋ᠠᠵᠤ᠂ ᠤᠰᠤᠨ᠎ᠤ ᠡᠬᠢ ᠪᠠᠶᠠᠯᠢᠭ᠎ᠤᠨ ᠬᠠᠮᠤᠭ᠎ᠤᠨ ᠴᠢᠩᠭ᠎ᠠ ᠬᠠᠮᠢᠶᠠᠷᠤᠯᠲᠠ ᠵᠢᠨ ᠲᠦᠷᠢᠮ᠎ᠢ ᠨᠠᠶ᠋ᠢᠳᠠᠪᠤᠷᠢᠵᠢᠭᠤᠯᠤᠨ᠂ ᠲᠠᠷᠢᠶᠠᠯᠠᠩ᠂ ᠠᠵᠤ ᠦᠢ᠍ᠯᠡᠳᠪᠦᠷᠢ᠂ ᠬᠤᠲᠠ ᠪᠠᠯᠭ᠋ᠠᠰᠤ᠂ ᠠᠮᠢ ᠠᠬᠤᠶ ᠵᠢᠨ ᠦᠵᠡᠮᠵᠢ ᠵᠢᠨ ᠤᠰᠤ ᠠᠷᠪᠢᠯᠠᠬᠤ ᠵᠢ ᠴᠢᠩᠭ᠋ᠠᠳᠬᠠᠵᠤ᠂ ᠬᠡᠪ᠎ᠤᠨ ᠪᠤᠰᠤ ᠤᠰᠤᠨ᠎ᠤ ᠡᠬᠢ ᠰᠤᠷᠪᠤᠯᠵᠢ ᠵᠢ ᠠᠰᠢᠭᠯᠠᠬᠤ ᠵᠢ ᠳᠡᠯᠭᠡᠷᠡᠭᠦᠯᠦᠨ᠂ ᠤᠰᠤ ᠠᠷᠪᠢᠯᠠᠬᠤ ᠠᠵᠤ ᠦᠢ᠍ᠯᠡᠰ᠎ᠢ ᠬᠥᠭᠵᠢᠭᠦᠯᠬᠦ ᠵᠡᠷᠭᠡ ᠲᠠᠯ᠎ᠠ᠎ᠪᠠᠷ ᠤᠰᠤᠨ᠎ᠤ ᠡᠬᠢ ᠪᠠᠶᠠᠯᠢᠭ᠎ᠢ ᠠᠷᠪᠢᠯᠠᠵᠤ ᠡᠷᠴᠢᠮᠵᠢᠭᠦᠯᠦᠨ ᠠᠰᠢᠭᠯᠠᠬᠤ ᠲᠠᠯ᠎ᠠ᠎ᠪᠠᠷ ᠪᠥᠬᠦ ᠲᠠᠯ᠎ᠠ ᠵᠢᠨ ᠪᠠᠶ᠋ᠢᠷᠢᠯᠠᠭᠤᠯᠤᠯᠲᠠ ᠬᠢᠪᠠ᠃ 《ᠰᠠᠨᠠᠯ》 ᠬᠢᠭᠡᠳ 《ᠳᠦᠷᠢᠮ》᠎ᠤᠨ ᠶᠡᠷᠦᠩᠬᠡᠢ ᠰᠡᠳᠬᠢᠴᠡ᠂ ᠭᠤᠣᠯᠳᠠᠯᠭ᠎ᠠ᠎ᠲᠠᠢ ᠠᠷᠭ᠎ᠠ ᠬᠡᠮᠵᠢᠶ᠎ᠡ ᠵᠡᠷᠭᠡ ᠲᠠᠯ᠎ᠠ᠎ᠪᠠᠷ ᠢᠮᠠᠭᠲᠠ ᠲᠤᠭᠤᠰᠢᠯᠠᠭᠤᠯᠵᠤ᠂ ᠪᠢᠳᠡ 《ᠳᠦᠷᠢᠮ》 ᠵᠶ᠋ᠠᠷ ᠪᠠᠲᠤᠯᠠᠭ᠎ᠠ ᠪᠣᠯᠭ᠋ᠠᠵᠤ᠂ ᠦᠷᠭᠦᠯᠵᠢᠯᠡᠨ ᠬᠤᠯᠪᠣᠭᠳᠠᠯ ᠪᠦᠬᠦᠢ ᠰᠠᠯᠠᠭ᠎ᠠ ᠮᠥᠴᠢᠷ᠎ᠲᠠᠢ ᠬᠠᠮᠲᠤᠷᠠᠨ 《ᠰᠠᠨᠠᠯ》᠎ᠤᠨ ᠡᠯ᠎ᠡ ᠵᠦᠢ᠍ᠯ᠎ᠤᠨ ᠡᠭᠦᠷᠭᠡ ᠵᠢᠨ ᠨᠠᠶ᠋ᠢᠳᠠᠪᠤᠷᠢᠵᠢᠭᠤᠯᠤᠯᠲᠠ ᠵᠢ ᠲᠦᠯᠬᠢᠨ ᠠᠬᠢᠭᠤᠯᠵᠤ᠂ ᠪᠣᠳᠠᠲᠠᠢ ᠵᠢ ᠡᠷᠬᠢᠮᠯᠡᠭᠰᠡᠨ ᠦᠷ᠎ᠡ ᠪᠦᠲᠦᠮᠵᠢ ᠣᠯᠬᠤ ᠪᠣᠯᠣᠨ᠎ᠠ᠃
ᠬᠣᠶᠠᠷ᠎ᠲᠤ᠂ ᠤᠰᠤ ᠠᠷᠪᠢᠯᠠᠬᠤ ᠠᠵᠤ ᠦᠢ᠍ᠯᠡᠰ᠎ᠢ ᠶᠡᠬᠡᠪᠡᠷ ᠬᠥᠭᠵᠢᠭᠦᠯᠦᠨ᠎ᠡ᠃ ᠣᠳᠣᠬᠠᠨ᠎ᠳᠤ ᠤᠰᠤ ᠠᠷᠪᠢᠯᠠᠬᠤ ᠦᠢ᠍ᠯᠡᠳᠬᠦᠨ ᠦᠢ᠍ᠯᠡᠳᠬᠦ᠂ ᠤᠰᠤ ᠠᠷᠪᠢᠯᠠᠬᠤ ᠮᠡᠷᠭᠡᠵᠢᠯ᠎ᠢ ᠰᠤᠳᠤᠯᠤᠨ ᠨᠡᠭᠡᠭᠡᠬᠦ᠂ ᠤᠰᠤ ᠠᠷᠪᠢᠯᠠᠬᠤ ᠤᠷ᠎ᠠ ᠮᠡᠷᠭᠡᠵᠢᠯ᠎ᠢ ᠥᠭᠡᠷᠡᠴᠢᠯᠡᠬᠦ᠂ ᠤᠰᠤ ᠠᠷᠪᠢᠯᠠᠬᠤ ᠦᠢ᠍ᠯᠡᠴᠢᠯᠡᠭᠡᠨ᠎ᠤ ᠵᠥᠪᠯᠡᠯᠭᠡ ᠥᠭᠬᠦ ᠵᠡᠷᠭᠡ᠎ᠨᠢ ᠤᠰᠤ ᠠᠷᠪᠢᠯᠠᠬᠤ ᠠᠵᠤ ᠦᠢ᠍ᠯᠡᠰ᠎ᠤᠨ ᠭᠤᠣᠯ ᠠᠭᠤᠯᠭ᠎ᠠ ᠪᠣᠯᠵᠤ᠂ ᠬᠡᠪᠴᠢᠶ᠎ᠡ᠎ᠨᠢ ᠲᠠᠰᠤᠷᠠᠯᠲᠠ ᠦᠭᠡᠢ ᠥᠷᠭᠡᠳᠴᠦ᠂ ᠨᠢᠭᠡᠨᠲᠡ ᠰᠢᠨ᠎ᠡ ᠴᠢᠨᠠᠷ᠎ᠤᠨ ᠦᠢ᠍ᠯᠡᠳᠪᠦᠷᠢᠯᠡᠯ᠎ᠤᠨ ᠬᠦᠴᠦᠨ ᠪᠠ ᠪᠣᠬᠢᠷᠲᠤᠯ ᠦᠭᠡᠢ ᠠᠵᠤ ᠠᠬᠤᠢ ᠵᠢᠨ ᠴᠢᠬᠤᠯᠠ ᠪᠦᠷᠢᠯᠳᠦᠬᠦᠨ ᠬᠡᠰᠡᠭ ᠪᠣᠯᠤᠭᠰᠠᠨ ᠪᠠᠶ᠋ᠢᠨ᠎ᠠ᠃ ᠤᠰᠤ ᠠᠷᠪᠢᠯᠠᠬᠤ ᠠᠵᠤ ᠦᠢ᠍ᠯᠡᠰ᠎ᠤᠨ ᠬᠥᠭᠵᠢᠯᠲᠡ ᠵᠢ ᠲᠦᠷᠭᠡᠳᠭᠡᠬᠦ᠎ᠨᠢ ᠤᠰᠤ ᠠᠷᠪᠢᠯᠠᠬᠤ ᠬᠡᠯᠪᠡᠷᠢ ᠵᠢᠨ ᠨᠡᠶ᠋ᠢᠭᠡᠮ᠎ᠤᠨ ᠠᠮᠢᠳᠤᠷᠠᠯ᠎ᠤᠨ ᠠᠷᠭ᠎ᠠ ᠮᠠᠶᠢᠭ᠎ᠢ ᠪᠣᠢ ᠪᠣᠯᠭ᠋ᠠᠵᠤ᠂ ᠤᠰᠤᠨ᠎ᠤ ᠡᠬᠢ ᠪᠠᠶᠠᠯᠢᠭ᠎ᠢ ᠠᠷᠪᠢᠲᠠᠢ ᠡᠷᠴᠢᠮᠯᠢᠭ ᠠᠰᠢᠭᠯᠠᠬᠤ ᠬᠢᠷᠢ ᠲᠦᠪᠰᠢᠨ᠎ᠢ ᠳᠡᠭᠡᠭᠰᠢᠯᠡᠭᠦᠯᠦᠨ᠂ ᠪᠣᠬᠢᠷᠳᠤᠯ ᠦᠭᠡᠢ ᠦᠢ᠍ᠯᠡᠳᠬᠦ ᠦᠢ᠍ᠯᠡᠰ᠎ᠤᠨ ᠰᠢᠨ᠎ᠡ ᠵᠢ ᠡᠭᠦᠳᠬᠦ ᠴᠢᠳᠠᠪᠤᠷᠢ ᠵᠢ ᠳᠡᠭᠡᠭᠰᠢᠯᠡᠭᠦᠯᠵᠦ᠂ ᠠᠵᠤ ᠠᠬᠤᠢ ᠨᠡᠶ᠋ᠢᠭᠡᠮ᠎ᠤᠨ ᠪᠣᠬᠢᠷᠳᠤᠯ ᠦᠭᠡᠢ ᠲᠡᠰᠢ ᠬᠡᠯᠪᠡᠷᠢ᠎ᠪᠠᠨ ᠬᠤᠪᠢᠷᠠᠭᠤᠯᠬᠤ ᠵᠢ ᠠᠬᠢᠭᠤᠯᠬᠤ᠎ᠳᠤ ᠴᠢᠬᠤᠯᠠ ᠠᠴᠢ ᠬᠤᠯᠪᠣᠭᠳᠠᠯ᠎ᠲᠠᠢ ᠶᠤᠮ᠃ ᠤᠶ᠋ᠢᠷ᠎ᠠ ᠵᠢᠨ ᠬᠤᠭᠤᠴᠠᠭ᠋ᠠᠨ᠎ᠳᠤ᠂ ᠪᠢᠳᠡ ᠶᠠᠭ ᠬᠤᠯᠪᠣᠭᠳᠠᠯ ᠪᠦᠬᠦᠢ ᠰᠠᠯᠠᠭ᠎ᠠ ᠮᠥᠴᠢᠷ᠎ᠲᠠᠢ ᠬᠠᠮᠲᠤᠷᠠᠨ ᠤᠰᠤ ᠠᠷᠪᠢᠯᠠᠬᠤ ᠠᠵᠤ ᠦᠢ᠍ᠯᠡᠰ᠎ᠢ ᠲᠦᠷᠭᠡᠳᠬᠡᠨ ᠬᠥᠭᠵᠢᠭᠦᠯᠬᠦ ᠲᠤᠬᠠᠶ ᠵᠢᠯᠣᠭᠤᠳᠬᠤ ᠰᠠᠨᠠᠯ᠎ᠢ ᠰᠤᠳᠤᠯᠤᠨ ᠲᠣᠭᠲᠠᠭ᠋ᠠᠵᠤ᠂ ᠤᠰᠤ ᠠᠷᠪᠢᠯᠠᠬᠤ ᠠᠵᠤ ᠦᠢ᠍ᠯᠡᠰ᠎ᠤᠨ ᠬᠡᠪᠴᠢᠶ᠎ᠡ ᠵᠢ ᠪᠤᠶ᠋ᠢᠵᠢᠭᠤᠯᠤᠨ ᠪᠤᠵᠠᠭ᠋ᠠᠶ᠋ᠢᠷᠠᠭᠤᠯᠬᠤ᠂ ᠤᠰᠤ ᠠᠷᠪᠢᠯᠠᠬᠤ ᠮᠡᠷᠭᠡᠵᠢᠯ᠎ᠤᠨ ᠰᠢᠨ᠎ᠡ ᠵᠢ ᠡᠭᠦᠳᠬᠦ ᠵᠢ ᠠᠬᠢᠭᠤᠯᠬᠤ᠂ ᠭᠤᠤᠯᠳᠠᠯᠭ᠎ᠠ᠎ᠲᠠᠢ ᠬᠦᠷᠢᠶᠡᠨ᠎ᠤ ᠤᠰᠤ ᠠᠷᠪᠢᠯᠠᠬᠤ ᠢᠨᠵᠧᠨᠧᠷᠢᠩ᠎ᠤᠨ ᠪᠦᠲᠦᠭᠡᠨ ᠪᠠᠶ᠋ᠢᠭᠤᠯᠤᠯᠲᠠ ᠵᠢ ᠲᠦᠷᠭᠡᠳᠬᠡᠬᠦ ᠵᠡᠷᠭᠡ ᠲᠠᠯ᠎ᠠ ᠵᠢᠨ ᠲᠣᠭᠤᠷᠢᠨ᠎ᠳᠤ ᠪᠣᠳᠠᠲᠠᠶ ᠠᠷᠭ᠎ᠠ ᠬᠡᠮᠵᠢᠶ᠎ᠡ ᠳᠤᠷᠠᠳᠴᠤ᠂ ᠤᠰᠤ ᠠᠷᠪᠢᠯᠠᠬᠤ ᠠᠵᠤ ᠦᠢ᠍ᠯᠡᠰ᠎ᠤᠨ ᠡᠷᠡᠭᠦᠯ ᠵᠶ᠋ᠠᠷ ᠬᠥᠭᠵᠢᠬᠦ ᠵᠢ ᠲᠦᠯᠬᠢᠨ ᠠᠬᠢᠭᠤᠯᠵᠤ ᠪᠠᠶ᠋ᠢᠨ᠎ᠠ᠃
ᠭᠤᠷᠪᠠ᠎ᠳᠤ᠂ ᠡᠩ᠎ᠤᠨ ᠪᠤᠰᠤ ᠤᠰᠤᠨ ᠰᠤᠷᠪᠤᠯᠵᠢ ᠵᠢᠨ ᠠᠰᠢᠭᠯᠠᠯᠲᠠ ᠵᠢ ᠦᠷᠭᠦᠯᠵᠢᠯᠡᠨ ᠠᠬᠢᠭᠤᠯᠤᠨ᠎ᠠ᠃ ᠤᠯᠤᠰ᠎ᠤᠨ ᠬᠥᠭᠵᠢᠭᠦᠯᠦᠯᠲᠡ ᠪᠠ ᠥᠭᠡᠷᠡᠴᠢᠯᠡᠯᠲᠡ ᠵᠢᠨ ᠵᠥᠪᠯᠡᠯ ᠬᠡᠪ᠎ᠤᠨ ᠪᠤᠰᠤ ᠤᠰᠤᠨ ᠰᠤᠷᠪᠤᠯᠵᠢ ᠵᠢ ᠠᠰᠢᠭᠯᠠᠬᠤ ᠵᠢ ᠤᠰᠤᠨ᠎ᠤ ᠡᠬᠢ ᠪᠠᠶᠠᠯᠢᠭ᠎ᠢ ᠠᠷᠪᠢᠯᠠᠬᠤ ᠪᠠ ᠨᠡᠭᠡᠭᠡᠨ ᠠᠰᠢᠭᠯᠠᠬᠤ ᠵᠢ ᠵᠡᠷᠭᠡ᠎ᠳᠤ᠎ᠨᠢ ᠴᠢᠬᠤᠯᠠᠴᠢᠯᠠᠬᠤ ᠴᠢᠬᠤᠯᠠ ᠠᠷᠭ᠎ᠠ ᠬᠡᠮᠵᠢᠶ᠎ᠡ ᠪᠣᠯᠭ᠋ᠠᠵᠤ᠂ ᠬᠣᠯᠪᠣᠭᠳᠠᠯ ᠪᠦᠬᠦᠢ ᠰᠠᠯᠠᠭ᠎ᠠ ᠮᠥᠴᠢᠷ᠎ᠲᠠᠢ ᠬᠠᠮᠲᠤᠷᠠᠨ ᠪᠣᠬᠢᠷ ᠤᠰᠤ ᠵᠢ ᠡᠬᠢ ᠪᠠᠶᠠᠯᠢᠭᠵᠢᠭᠤᠯᠤᠨ ᠠᠰᠢᠭᠯᠠᠬᠤ᠂ ᠳᠠᠯᠠᠶ ᠵᠢᠨ ᠤᠰᠤ ᠵᠢ ᠴᠡᠩᠭᠡᠭᠵᠢᠭᠦᠯᠦᠭᠰᠡᠨ ᠤᠰᠤ ᠵᠢ ᠠᠰᠢᠭᠯᠠᠬᠤ᠂ ᠠᠭᠤᠷᠬᠠᠶ ᠵᠢᠨ ᠬᠤᠳᠳᠤᠭ᠎ᠤᠨ ᠤᠰᠤ ᠵᠢ ᠬᠠᠮᠠᠭ᠋ᠠᠯᠠᠬᠤ ᠪᠠ ᠠᠰᠢᠭᠯᠠᠬᠤ ᠵᠢ ᠲᠦᠯᠬᠢᠨ ᠠᠬᠢᠭᠤᠯᠬᠤ ᠬᠠᠮᠢᠶ᠎ᠠ ᠪᠦᠬᠦᠢ ᠪᠢᠴᠢᠭ ᠮᠠᠲ᠋ᠧᠷᠢᠶᠠᠯ ᠪᠠ ᠲᠥᠷᠥ ᠵᠢᠨ ᠪᠣᠳᠣᠯᠭ᠎ᠠ ᠵᠢ ᠤᠷᠢᠳ ᠬᠣᠵᠢᠳ ᠲᠣᠭᠲᠠᠭ᠋ᠠᠵᠤ᠂ ᠬᠡᠪ᠎ᠤᠨ ᠪᠤᠰᠤ ᠤᠰᠤ ᠵᠢ ᠠᠰᠢᠭᠯᠠᠬᠤ ᠵᠢ ᠲᠦᠯᠬᠢᠨ ᠠᠬᠢᠭᠤᠯᠬᠤ ᠲᠠᠯ᠎ᠠ᠎ᠪᠠᠷ ᠮᠡᠳᠡᠭᠳᠡᠬᠦᠶ᠋ᠢᠴᠡ ᠦᠷ᠎ᠡ ᠪᠦᠲᠦᠮᠵᠢ ᠣᠯᠤᠭᠰᠠᠨ ᠪᠠᠶ᠋ᠢᠨ᠎ᠠ᠃ ᠣᠳᠣᠬᠠᠨ᠎ᠳᠤ᠂ ᠪᠢᠳᠡ ᠶᠠᠭ ᠣᠷᠣᠨ ᠰᠠᠭᠤᠴᠠ ᠪᠠ ᠬᠤᠲᠠ ᠬᠥᠳᠡᠭᠡ ᠵᠢᠨ ᠪᠥᠲᠥᠭᠡᠨ ᠪᠠᠶ᠋ᠢᠭᠤᠯᠤᠯᠲᠠ ᠵᠢᠨ ᠶᠠᠮᠤᠨ᠂ ᠤᠰᠤᠨ ᠠᠰᠢᠭᠯᠠᠯᠲᠠ ᠵᠢᠨ ᠶᠠᠮᠤᠨ᠎ᠲᠠᠢ ᠬᠠᠮᠲᠤ᠎ᠪᠠᠷ ᠭᠤᠤᠯᠳᠠᠯᠭ᠎ᠠ᠎ᠲᠠᠢ ᠬᠤᠲᠠ ᠵᠢᠨ ᠳᠠᠬᠢᠯᠲᠠ ᠤᠰᠤᠨ᠎ᠤ ᠭᠤᠷᠪᠠᠨ ᠵᠢᠯ᠎ᠤᠨ ᠠᠵᠢᠯᠯᠠᠭ᠎ᠠ ᠵᠢ ᠵᠣᠬᠢᠶᠠᠨ ᠪᠠᠶ᠋ᠢᠭᠤᠯᠤᠨ ᠥᠷᠨᠢᠭᠦᠯᠵᠦ᠂ ᠬᠤᠲᠠ᠎ᠪᠠᠷ ᠰᠠᠭᠤᠷᠢ ᠪᠣᠯᠭ᠋ᠠᠵᠤ᠂ ᠳᠠᠬᠢᠯᠲᠠ ᠤᠰᠤᠨ᠎ᠤ ᠠᠰᠢᠭᠯᠠᠯᠲᠠ ᠵᠢᠨ ᠨᠣᠷᠮ᠎ᠠ ᠵᠢᠨ ᠵᠢᠯ ᠳᠠᠷᠠᠭ᠋ᠠᠯᠠᠨ ᠳᠡᠭᠡᠭᠰᠢᠯᠡᠭᠦᠯᠬᠦ ᠵᠢ ᠠᠬᠢᠭᠤᠯᠵᠤ ᠪᠠᠶ᠋ᠢᠨ᠎ᠠ᠃
ᠳᠥᠷᠪᠡ᠎ᠳᠤ᠂ ᠤᠰᠤ ᠠᠷᠪᠢᠯᠠᠬᠤ ᠬᠦᠷᠢᠶᠡᠨ᠎ᠳᠠᠬᠢ ᠲᠥᠬᠦᠭᠡᠷᠦᠮᠵᠢ ᠵᠢ ᠰᠢᠨᠡᠳᠬᠡᠨ ᠥᠭᠡᠷᠡᠴᠢᠯᠡᠬᠦ ᠠᠵᠢᠯ᠎ᠢ ᠥᠷᠨᠢᠭᠦᠯᠪᠡ᠃ ᠪᠢᠳᠡ ᠣᠳᠣᠬᠠᠨ᠎ᠳᠤ ᠶᠠᠭ ᠥᠷᠨᠢᠭᠦᠯᠵᠦ ᠪᠠᠶ᠋ᠢᠭ᠎ᠠ ᠶᠡᠭᠡ ᠬᠡᠪᠴᠢᠶᠡᠨ᠎ᠤ ᠲᠥᠬᠦᠭᠡᠷᠦᠮᠵᠢ ᠵᠢ ᠰᠢᠨᠡᠳᠬᠡᠬᠦ ᠪᠠ ᠬᠡᠷᠡᠭᠯᠡᠭᠡᠨ᠎ᠤ ᠵᠦᠢ᠍ᠯᠡᠰ᠎ᠢ ᠬᠠᠭᠤᠴᠢᠨ ᠵᠶ᠋ᠠᠷ ᠰᠢᠨ᠎ᠡ ᠵᠢ ᠰᠣᠯᠢᠬᠤ ᠠᠵᠢᠯ᠎ᠲᠠᠢ ᠬᠠᠮᠵᠢᠯᠴᠠᠨ᠂ ᠤᠰᠤ ᠠᠷᠪᠢᠯᠠᠬᠤ᠂ ᠤᠰᠤ ᠰᠢᠢ᠍ᠳᠪᠦᠷᠢᠯᠡᠬᠦ ᠬᠦᠷᠢᠶᠡᠨ᠎ᠳᠠᠬᠢ ᠲᠥᠬᠦᠭᠡᠷᠦᠮᠵᠢ ᠵᠢ ᠰᠢᠨᠡᠳᠬᠡᠬᠦ ᠵᠢ ᠵᠣᠷᠢᠭᠵᠢᠭᠤᠯᠤᠨ ᠠᠬᠢᠭᠤᠯᠵᠤ᠂ ᠭᠤᠤᠯᠳᠠᠯᠭ᠎ᠠ᠎ᠲᠠᠢ ᠤᠰᠤ ᠬᠡᠷᠡᠭᠯᠡᠬᠦ ᠪᠦᠲᠦᠭᠡᠭᠳᠡᠬᠦᠨ᠎ᠢ ᠬᠠᠭᠤᠴᠢᠨ ᠵᠶ᠋ᠠᠷ ᠰᠢᠨ᠎ᠡ ᠵᠢ ᠰᠣᠯᠢᠵᠤ᠂ ᠠᠵᠤ ᠦᠢ᠍ᠯᠡᠳᠪᠦᠷᠢ᠂ ᠲᠠᠷᠢᠶᠠᠯᠠᠩ ᠪᠣᠯᠤᠨ ᠬᠤᠲᠠ ᠪᠠᠯᠭ᠋ᠠᠰᠤᠨ᠎ᠤ ᠠᠮᠢᠳᠤᠷᠠᠯ᠎ᠤᠨ ᠡᠯ᠎ᠡ ᠬᠦᠷᠢᠶᠡᠨ᠎ᠤ ᠤᠰᠤ ᠬᠡᠷᠡᠭᠯᠡᠬᠦ ᠦᠷ᠎ᠡ ᠪᠦᠲᠦᠮᠵᠢ ᠵᠢ ᠦᠷᠭᠦᠯᠵᠢᠯᠡᠨ ᠳᠡᠭᠡᠭᠰᠢᠯᠡᠭᠦᠯᠦᠨ᠎ᠡ᠃ ᠪᠠᠶᠠᠷᠯᠠᠯ᠎ᠠ᠃

ᠰᠢᠶᠠᠩᠭ᠋ᠠᠩ᠎ᠤᠨ ᠽᠢ ᠵᠢᠩ ᠰᠡᠳᠬᠦᠯ᠎ᠤᠨ ᠰᠤᠷᠪᠤᠯᠵᠢᠯᠠᠭᠴᠢ ᠵᠢᠨ ᠠᠰᠠᠭᠤᠯᠲᠠ
ᠠᠰᠠᠭᠤᠬᠤ᠎ᠨᠢ᠄ 《ᠤᠰᠤ ᠵᠢ ᠠᠷᠪᠢᠯᠠᠨ ᠭᠠᠮᠨᠠᠬᠤ ᠲᠦᠷᠢᠮ》᠎ᠳᠤ ᠵᠠᠰᠠᠭ᠎ᠤᠨ ᠣᠷᠳᠣᠨ ᠵᠶ᠋ᠠᠷ ᠭᠤᠤᠯᠯᠠᠭᠤᠯᠤᠭᠰᠠᠨ᠂ ᠡᠯ᠎ᠡ ᠲᠠᠯ᠎ᠠ ᠵᠢᠨ᠎ᠬᠢᠨ ᠬᠠᠮᠵᠢᠯᠴᠠᠭᠰᠠᠨ᠂ ᠵᠠᠬ᠎ᠠ ᠳᠡᠯᠭᠡᠭᠦᠷ ᠵᠶ᠋ᠠᠷ ᠵᠣᠬᠢᠴᠠᠭᠤᠯᠤᠭᠰᠠᠨ᠂ ᠤᠯᠠᠨ ᠨᠡᠶ᠋ᠢᠲᠡ᠎ᠪᠠᠷ ᠵᠶ᠋ᠠᠨ ᠣᠷᠣᠯᠴᠠᠭᠰᠠᠨ ᠤᠰᠤ ᠠᠷᠪᠢᠯᠠᠬᠤ ᠲᠣᠭᠲᠠᠴᠠ ᠵᠢ ᠪᠠᠶ᠋ᠢᠭᠤᠯᠤᠨ᠎ᠠ ᠭᠡᠵᠦ ᠲᠣᠭᠲᠠᠭ᠋ᠠᠪᠠ᠃ ᠪᠦᠲᠦᠮᠵᠢᠲᠡᠢ ᠵᠠᠬ᠎ᠠ ᠳᠡᠯᠭᠡᠭᠦᠷ ᠪᠠ ᠪᠦᠲᠦᠮᠵᠢᠲᠡᠢ ᠵᠠᠰᠠᠭ᠎ᠤᠨ ᠣᠷᠳᠣᠨ᠎ᠢ ᠨᠡᠩ ᠰᠠᠶ᠋ᠢᠲᠤᠷ ᠤᠶᠠᠯᠳᠤᠭᠤᠯᠬᠤ ᠲᠠᠯ᠎ᠠ᠎ᠪᠠᠷ ᠶᠠᠮᠠᠷ ᠠᠷᠭ᠎ᠠ ᠬᠡᠮᠵᠢᠶ᠎ᠡ ᠠᠪᠬᠤ ᠪᠤᠢ? ᠠᠬᠢᠴᠠ᠎ᠨᠢ ᠶᠠᠮᠠᠷ ᠵᠡᠷᠭᠡ ᠪᠤᠢ? ᠪᠠᠶᠠᠷᠯᠠᠯ᠎ᠠ᠃
ᠴᠸᠨ ᠳ᠋ᠠ ᠶᠦᠩ ᠬᠠᠷᠢᠭᠤᠯᠬᠤ᠎ᠨᠢ᠄
ᠤᠰᠤ ᠠᠷᠪᠢᠯᠠᠬᠤ ᠠᠵᠢᠯ᠎ᠤᠨ ᠳᠤᠮᠳᠠ 《ᠬᠤᠶᠠᠷ ᠲᠠᠯ᠎ᠠ᠎ᠪᠠᠷ ᠬᠦᠴᠦᠯᠡᠬᠦ》 ᠵᠢ ᠪᠠᠷᠢᠮᠲᠠᠯᠠᠵᠤ᠂ ᠵᠠᠬ᠎ᠠ ᠳᠡᠯᠭᠡᠭᠦᠷ᠎ᠤᠨ ᠲᠣᠭᠲᠠᠴᠠ ᠵᠢᠨ ᠦᠢ᠍ᠯᠡᠳᠦᠯ᠎ᠢ ᠭᠦᠢ᠍ᠴᠡᠳ ᠪᠠᠳᠠᠷᠠᠭᠤᠯᠤᠨ᠂ ᠵᠠᠰᠠᠭ᠎ᠤᠨ ᠣᠷᠳᠣᠨ᠎ᠤ ᠦᠢ᠍ᠯᠡᠳᠦᠯ᠎ᠢ ᠨᠡᠩ ᠰᠠᠶ᠋ᠢᠲᠤᠷ ᠪᠠᠳᠠᠷᠠᠭᠤᠯᠵᠤ᠂ ᠪᠦᠬᠦ ᠨᠡᠶ᠋ᠢᠭᠡᠮ᠎ᠤᠨ ᠤᠰᠤ ᠵᠢ ᠠᠷᠪᠢᠯᠠᠵᠤ ᠬᠡᠷᠡᠭᠯᠡᠬᠦ ᠳᠣᠲᠣᠭ᠋ᠠᠳᠤ ᠬᠥᠳᠡᠯᠭᠡᠬᠦ ᠬᠦᠴᠦᠨ᠎ᠢ ᠬᠥᠭᠵᠢᠭᠡᠭᠰᠡᠨ᠎ᠨᠢ ᠲᠦᠢ᠍ᠯ᠎ᠤᠨ ᠴᠢᠬᠤᠯᠠ ᠶᠤᠮ᠃
《ᠳᠦᠷᠢᠮ》᠎ᠨᠢ ᠵᠠᠬ᠎ᠠ ᠳᠡᠯᠭᠡᠭᠦᠷ᠎ᠤᠨ ᠲᠣᠭᠲᠠᠴᠠ ᠵᠢᠨ ᠦᠢ᠍ᠯᠡᠳᠦᠯ᠎ᠢ ᠪᠠᠳᠠᠷᠠᠭᠤᠯᠬᠤ ᠲᠠᠯ᠎ᠠ᠎ᠪᠠᠷ ᠰᠢᠷᠢᠰ ᠲᠣᠭᠲᠠᠭ᠋ᠠᠯ ᠭᠠᠷᠭ᠋ᠠᠵᠠᠢ᠃ ᠨᠢᠭᠡ᠎ᠳᠤ᠂ ᠤᠰᠤ ᠠᠷᠪᠢᠯᠠᠬᠤ ᠵᠢ ᠠᠬᠢᠭᠤᠯᠬᠤ ᠤᠰᠤᠨ᠎ᠤ ᠦᠨ᠎ᠡ ᠵᠢᠨ ᠰᠢᠰᠲ᠋ᠧᠮ᠎ᠢ ᠪᠠᠶ᠋ᠢᠭᠤᠯᠵᠤ᠂ ᠰᠠᠭᠤᠭ᠋ᠠᠯᠢ ᠠᠷᠠᠳ᠎ᠤᠨ ᠠᠮᠢᠳᠤᠷᠠᠯ᠎ᠳᠤ ᠬᠡᠷᠡᠭᠯᠡᠬᠦ ᠤᠰᠤᠨ᠎ᠳᠤ ᠤᠰᠤᠨ᠎ᠤ ᠱᠠᠲᠤᠯᠢᠭ ᠦᠨ᠎ᠡ ᠵᠢ ᠬᠡᠷᠡᠭᠵᠢᠭᠦᠯᠵᠦ᠂ ᠰᠠᠭᠤᠭ᠋ᠠᠯᠢ ᠠᠷᠠᠳ᠎ᠤᠨ ᠪᠤᠰᠤ ᠬᠡᠷᠡᠭᠯᠡᠬᠦ ᠤᠰᠤᠨ᠎ᠳᠤ ᠲᠣᠭᠲᠠᠭᠰᠠᠨ ᠨᠤᠷᠮ᠎ᠠ᠎ᠠᠴᠠ ᠬᠡᠲᠦᠷᠡᠭᠦᠯᠦᠨ ᠠᠬᠢᠭᠤᠯᠤᠨ ᠪᠤᠳᠤᠵᠤ ᠦᠨ᠎ᠡ ᠨᠡᠮᠡᠬᠦ ᠵᠢ ᠬᠡᠷᠡᠭᠵᠢᠭᠦᠯᠵᠦ᠂ ᠲᠠᠷᠢᠶᠠᠯᠠᠩ᠎ᠤᠨ ᠤᠰᠤᠨ᠎ᠤ ᠦᠨ᠎ᠡ ᠵᠢ ᠬᠠᠤᠯᠢ ᠶᠣᠰᠣᠭ᠋ᠠᠷ ᠡᠯ᠎ᠡ ᠲᠥᠷᠥᠯ᠎ᠤᠨ ᠬᠦᠴᠦᠨ ᠵᠦᠢ᠍ᠯ᠎ᠢ ᠨᠢᠭᠡᠳᠦᠯᠲᠡᠶ ᠲᠥᠯᠥᠪᠯᠡᠨ ᠵᠦᠶ ᠵᠣᠬᠢᠰᠲᠠᠶ ᠲᠣᠭᠲᠠᠭ᠋ᠠᠵᠤ᠂ ᠳᠠᠬᠢᠯᠲᠠ ᠤᠰᠤ᠂ ᠲᠠᠯᠠᠢ ᠵᠢᠨ ᠤᠰᠤ ᠵᠢ ᠴᠡᠩᠭᠡᠭᠵᠢᠭᠦᠯᠦᠭᠰᠡᠨ ᠤᠰᠤᠨ᠎ᠤ ᠦᠨ᠎ᠡ ᠵᠢ ᠣᠷᠣᠨ ᠨᠤᠲᠤᠭ᠎ᠤᠨ ᠠᠷᠠᠳ᠎ᠤᠨ ᠵᠠᠰᠠᠭ᠎ᠤᠨ ᠣᠷᠳᠣᠨ᠎ᠤ ᠨᠢᠭᠡᠳᠦᠯᠲᠡᠶ ᠲᠥᠯᠥᠪᠯᠡᠨ ᠵᠣᠬᠢᠴᠠᠭᠤᠯᠤᠭᠰᠠᠨ ᠳᠣᠤᠷ᠎ᠠ ᠬᠠᠩᠭ᠋ᠠᠯᠭ᠎ᠠ ᠬᠡᠷᠡᠭᠴᠡᠭᠡᠨ᠎ᠤ ᠬᠤᠶᠠᠷ ᠲᠠᠯ᠎ᠠ᠎ᠪᠠᠷ ᠵᠶ᠋ᠠᠨ ᠵᠥᠪᠳᠡᠯᠴᠡᠨ ᠲᠣᠭᠲᠠᠭ᠋ᠠᠨ᠎ᠠ᠃ ᠬᠤᠶᠠᠷ᠎ᠲᠤ᠂ ᠤᠰᠤᠨ᠎ᠤ ᠡᠷᠬᠡ ᠵᠢᠨ ᠵᠠᠬ᠎ᠠ ᠳᠡᠯᠭᠡᠭᠦᠷ᠎ᠢ ᠪᠤᠶ᠋ᠢᠵᠢᠭᠤᠯᠤᠨ ᠵᠢᠷᠤᠮᠵᠢᠭᠤᠯᠤᠨ᠎ᠠ᠃ ᠣᠯᠠᠨ ᠵᠦᠢ᠍ᠯ᠎ᠤᠨ ᠬᠡᠯᠪᠡᠷᠢ ᠵᠢᠨ ᠤᠰᠤᠨ᠎ᠤ ᠡᠷᠬᠡ ᠵᠢᠨ ᠠᠷᠠᠯᠵᠢᠶ᠎ᠠ ᠥᠷᠨᠢᠭᠦᠯᠬᠦ ᠵᠢ ᠳᠡᠮᠵᠢᠨ᠎ᠡ᠃ ᠭᠤᠷᠪᠠ᠎ᠳᠤ᠂ ᠮᠥᠩᠭᠥᠨ ᠭᠦᠢ᠍ᠯᠭᠡᠭᠡᠨ᠎ᠤ ᠪᠠᠶ᠋ᠢᠭᠤᠯᠤᠮᠵᠢ ᠵᠢ ᠬᠥᠲᠥᠯᠥᠨ ᠵᠢᠯᠣᠭᠣᠳᠴᠤ ᠪᠠᠶ᠋ᠢᠭ᠋ᠠᠳ ᠤᠰᠤ ᠠᠷᠪᠢᠯᠠᠬᠤ ᠲᠥᠷᠥᠯ ᠵᠦᠢ᠍ᠯ᠎ᠤᠨ ᠪᠡᠯᠡ ᠲᠤᠬᠢᠷᠠᠭᠤᠯᠭ᠎ᠠ ᠵᠢ ᠳᠡᠮᠵᠢᠬᠦ ᠡᠷᠴᠢᠮ ᠵᠶ᠋ᠠᠨ ᠨᠡᠮᠡᠭᠳᠡᠭᠦᠯᠬᠦ ᠬᠡᠷᠡᠭᠲᠡᠶ᠃ ᠳᠥᠷᠪᠡ᠎ᠳᠤ᠂ ᠨᠡᠶ᠋ᠢᠭᠡᠮᠴᠢᠯᠡᠭᠰᠡᠨ᠂ ᠲᠤᠰᠬᠠᠶ᠋ᠢᠵᠢᠭᠰᠠᠨ᠂ ᠵᠢᠷᠤᠮᠵᠢᠭᠰᠠᠨ ᠤᠰᠤ ᠠᠷᠪᠢᠯᠠᠬᠤ ᠦᠢ᠍ᠯᠡᠴᠢᠯᠡᠭᠡᠨ᠎ᠤ ᠠᠵᠤ ᠦᠢ᠍ᠯᠡᠰ ᠵᠡᠷᠭᠡ ᠵᠢ ᠵᠣᠷᠢᠭᠵᠢᠭᠤᠯᠤᠨ ᠬᠥᠭᠵᠢᠭᠦᠯᠦᠨ᠎ᠡ᠃
ᠵᠠᠰᠠᠭ᠎ᠤᠨ ᠣᠷᠳᠣᠨ᠎ᠤ ᠦᠢ᠍ᠯᠡᠳᠦᠯ᠎ᠢ ᠪᠠᠳᠠᠷᠠᠭᠤᠯᠬᠤ ᠲᠠᠯ᠎ᠠ᠎ᠪᠠᠷ᠂ 《ᠳᠦᠷᠢᠮ》᠎ᠳᠤ ᠭᠤᠣᠯᠳᠠᠭᠤ᠄ ᠨᠢᠭᠡ᠎ᠳᠤ᠂ ᠤᠰᠤ ᠬᠡᠷᠡᠭᠯᠡᠬᠦ ᠲᠣᠭᠲᠠᠭᠰᠠᠨ ᠨᠣᠷᠮ᠎ᠠ ᠵᠢᠨ ᠬᠠᠮᠢᠶᠠᠷᠤᠯᠲᠠ ᠵᠢ ᠴᠢᠩᠭ᠋ᠠᠳᠬᠠᠨ᠎ᠠ᠃ ᠭᠤᠣᠯ ᠪᠣᠯᠬᠤ ᠲᠠᠷᠢᠮᠠᠯ᠂ ᠭᠤᠣᠯᠳᠠᠯᠭ᠎ᠠ᠎ᠲᠠᠢ ᠠᠵᠤ ᠦᠢ᠍ᠯᠡᠳᠪᠦᠷᠢ ᠵᠢᠨ ᠦᠢ᠍ᠯᠡᠳᠬᠦᠨ ᠪᠠ ᠦᠢ᠍ᠯᠡᠴᠢᠯᠡᠭᠡᠨ᠎ᠤ ᠦᠢ᠍ᠯᠡᠰ᠎ᠲᠤ ᠤᠯᠤᠰ᠎ᠤᠨ ᠤᠰᠤ ᠬᠡᠷᠡᠭᠯᠡᠬᠦ ᠲᠣᠭᠲᠠᠭᠰᠠᠨ ᠨᠣᠷᠮ᠎ᠠ ᠵᠢ ᠲᠣᠭᠲᠠᠭ᠋ᠠᠬᠤ᠎ᠪᠠᠷ ᠲᠣᠭᠲᠠᠭ᠋ᠠᠪᠠ; ᠮᠤᠵᠢ ᠵᠢᠨ ᠱᠠᠲᠤᠨ᠎ᠠᠴᠠ ᠬᠡᠷᠡᠭᠴᠡᠭᠡ᠎ᠪᠠᠨ ᠦᠨᠳᠦᠰᠦᠯᠡᠨ᠂ ᠣᠷᠣᠨ ᠨᠤᠲᠤᠭ᠎ᠤᠨ ᠤᠰᠤ ᠬᠡᠷᠡᠭᠯᠡᠬᠦ ᠲᠣᠭᠲᠠᠭᠰᠠᠨ ᠨᠣᠷᠮ᠎ᠠ ᠵᠢ ᠲᠣᠭᠲᠠᠭ᠋ᠠᠨ᠎ᠠ᠃ ᠬᠤᠶᠠᠷ᠎ᠲᠤ᠂ ᠤᠰᠤ ᠬᠡᠷᠡᠭᠯᠡᠬᠦ ᠶᠡᠷᠦᠩᠬᠡᠶ ᠬᠡᠮᠵᠢᠶ᠎ᠡ ᠵᠢ ᠬᠢᠵᠠᠭ᠋ᠠᠷᠯᠠᠬᠤ ᠪᠠ ᠤᠰᠤ ᠵᠢ ᠲᠥᠯᠥᠪᠯᠡᠭᠡ᠎ᠲᠠᠢ᠎ᠪᠠᠷ ᠬᠡᠷᠡᠭᠯᠡᠬᠦ ᠬᠠᠮᠢᠶᠠᠷᠤᠯᠲᠠ ᠵᠢ ᠴᠢᠩᠭ᠋ᠠᠳᠬᠠᠨ᠎ᠠ᠃ ᠤᠰᠤ ᠬᠡᠷᠡᠭᠯᠡᠬᠦ ᠲᠣᠭᠲᠠᠭᠰᠠᠨ ᠨᠣᠷᠮ᠎ᠠ᠂ ᠤᠰᠤᠨ᠎ᠤ ᠬᠡᠮᠵᠢᠶ᠎ᠡ ᠵᠢᠨ ᠬᠤᠪᠢᠶᠠᠷᠢᠯᠠᠯᠲᠠ ᠵᠢᠨ ᠲᠥᠰᠦᠯ ᠵᠡᠷᠭᠡ ᠵᠢ ᠦᠨᠳᠦᠰᠦᠯᠡᠨ᠂ ᠣᠷᠣᠨ ᠪᠦᠰᠡ ᠵᠢᠨ ᠣᠨ᠎ᠤ ᠤᠰᠤ ᠬᠡᠷᠡᠭᠯᠡᠬᠦ ᠲᠥᠯᠥᠪᠯᠡᠭᠡ ᠵᠢ ᠲᠣᠭᠲᠠᠭ᠋ᠠᠵᠤ᠂ ᠤᠰᠤ ᠬᠡᠷᠡᠭᠯᠡᠬᠦ ᠶᠡᠷᠦᠩᠬᠡᠶ ᠬᠡᠮᠵᠢᠶ᠎ᠡ ᠵᠢ ᠬᠢᠵᠠᠭ᠋ᠠᠷᠯᠠᠬᠤ ᠵᠢ ᠬᠡᠷᠡᠭᠵᠢᠭᠦᠯᠦᠨ᠎ᠡ; ᠤᠰᠤ ᠬᠡᠷᠡᠭᠯᠡᠬᠦ᠎ᠨᠢ ᠵᠣᠬᠢᠬᠤ ᠬᠡᠪᠴᠢᠶᠡᠨ᠎ᠳᠤ ᠬᠦᠷᠦᠭᠰᠡᠨ ᠨᠢᠭᠡᠴᠢ᠎ᠳᠤ ᠲᠥᠯᠥᠪᠯᠡᠭᠡ᠎ᠲᠠᠢ᠎ᠪᠠᠷ ᠤᠰᠤ ᠬᠡᠷᠡᠭᠯᠡᠬᠦ ᠬᠠᠮᠢᠶᠠᠷᠤᠯᠲᠠ ᠵᠢ ᠬᠡᠷᠡᠭᠵᠢᠭᠦᠯᠦᠨ᠎ᠡ᠃ ᠭᠤᠷᠪᠠ᠎ᠳᠤ᠂ ᠤᠰᠤ ᠶᠡᠬᠡ ᠬᠣᠷᠤᠭᠳᠠᠭᠤᠯᠬᠤ ᠠᠵᠤ ᠦᠢ᠍ᠯᠡᠰ᠎ᠤᠨ ᠵᠦᠢ᠍ᠯᠡᠰ᠎ᠤᠨ ᠪᠦᠲᠦᠭᠡᠨ ᠪᠠᠶ᠋ᠢᠭᠤᠯᠤᠯᠲᠠ ᠵᠢ ᠬᠢᠵᠠᠭ᠋ᠠᠷᠯᠠᠨ᠎ᠠ᠃ ᠤᠰᠤᠨ᠎ᠤ ᠡᠬᠢ ᠪᠠᠶᠠᠯᠢᠭ ᠬᠦᠨᠳᠦ ᠨᠣᠴᠢᠲᠠᠶ ᠳᠤᠲᠠᠭᠳᠠᠵᠤ ᠪᠠᠶ᠋ᠢᠭ᠎ᠠ ᠭᠠᠵᠠᠷ ᠣᠷᠣᠨ᠂ ᠭᠠᠵᠠᠷ ᠳᠣᠤᠷᠠᠬᠢ ᠤᠰᠤ ᠵᠢ ᠬᠡᠲᠦᠷᠡᠲᠡᠯ᠎ᠡ ᠲᠠᠲᠠᠭᠰᠠᠨ ᠭᠠᠵᠠᠷ ᠣᠷᠣᠨ᠎ᠳᠤ ᠤᠰᠤ ᠶᠡᠭᠡ ᠬᠤᠷᠣᠭᠳᠠᠭᠤᠯᠬᠤ ᠠᠵᠤ ᠦᠢ᠍ᠯᠡᠰ᠎ᠤᠨ ᠲᠥᠷᠥᠯ ᠵᠦᠢ᠍ᠯ᠎ᠤᠨ ᠪᠥᠲᠥᠭᠡᠨ ᠪᠠᠶ᠋ᠢᠭᠤᠯᠤᠯᠲᠠ ᠵᠡᠷᠭᠡ ᠵᠢ ᠴᠢᠩᠭ᠎ᠠ ᠬᠢᠵᠠᠭ᠋ᠠᠷᠯᠠᠬᠤ ᠬᠡᠷᠡᠭᠲᠡᠶ ᠭᠡᠵᠦ ᠲᠣᠭᠲᠠᠭ᠋ᠠᠵᠠᠶ᠃
《ᠲᠦᠷᠢᠮ》᠎ᠤᠨ ᠳᠡᠭᠡᠷᠡᠬᠢ ᠲᠣᠭᠲᠠᠭ᠋ᠠᠯ᠎ᠨᠢ ᠵᠠᠰᠠᠭ᠎ᠤᠨ ᠣᠷᠳᠣᠨ ᠪᠠ ᠵᠠᠬ᠎ᠠ ᠳᠡᠯᠭᠡᠭᠦᠷ᠎ᠤᠨ 《ᠬᠤᠶᠠᠷ ᠲᠠᠯ᠎ᠠ᠎ᠪᠠᠷ ᠬᠦᠴᠦᠯᠡᠬᠦ》 ᠱᠠᠭ᠋ᠠᠷᠳᠠᠯᠭ᠎ᠠ ᠵᠢ ᠭᠦᠢ᠍ᠴᠡᠳ ᠢᠯᠡᠷᠡᠭᠦᠯᠦᠭᠰᠡᠨ ᠪᠥᠭᠡᠳ ᠣᠶ᠋ᠢᠷ᠎ᠠ ᠵᠢᠨ ᠵᠢᠯ᠎ᠤᠨ ᠤᠰᠤ ᠠᠷᠪᠢᠯᠠᠬᠤ ᠠᠵᠢᠯ᠎ᠤᠨ ᠦᠢ᠍ᠯᠡᠳᠦᠯᠭᠡ ᠵᠢᠨ ᠦᠷ᠎ᠡ ᠪᠦᠲᠦᠭᠡᠯ᠎ᠤᠨ ᠳ᠋ᠦᠩᠨᠡᠯᠲᠡ ᠪᠣᠯᠤᠭᠰᠠᠨ ᠪᠠᠶ᠋ᠢᠨ᠎ᠠ᠃ ᠵᠢᠱ᠌ᠢᠶᠡᠯᠡᠪᠡᠯ᠂ ᠤᠰᠤᠨ᠎ᠤ ᠦᠨ᠎ᠡ ᠵᠢᠨ ᠲᠠᠯ᠎ᠠ᠎ᠪᠠᠷ᠂ ᠤᠰᠤᠨ ᠠᠰᠢᠭᠯᠠᠯᠲᠠ ᠵᠢᠨ ᠶᠠᠮᠤᠨ ᠤᠯᠤᠰ᠎ᠤᠨ ᠬᠥᠭᠵᠢᠭᠦᠯᠦᠯᠲᠡ ᠪᠠ ᠥᠭᠡᠷᠡᠴᠢᠯᠡᠯᠲᠡ ᠵᠢᠨ ᠵᠥᠪᠯᠡᠯ᠎ᠲᠠᠢ ᠬᠠᠮᠵᠢᠯᠴᠠᠨ 《ᠤᠰᠤᠨ ᠠᠰᠢᠭᠯᠠᠯᠲᠠ ᠵᠢᠨ ᠢᠨᠵᠧᠨᠧᠷᠢᠩ᠎ᠤᠨ ᠤᠰᠤ ᠬᠠᠩᠭ᠋ᠠᠬᠤ ᠦᠨ᠎ᠡ ᠬᠠᠩᠰᠢ ᠵᠢᠨ ᠬᠠᠮᠢᠶᠠᠷᠤᠯᠲᠠ ᠵᠢᠨ ᠠᠷᠭ᠎ᠠ》᠂ 《ᠤᠰᠤᠨ ᠠᠰᠢᠭᠯᠠᠯᠲᠠ ᠵᠢᠨ ᠢᠨᠵᠧᠨᠧᠷᠢᠩ᠎ᠤᠨ ᠤᠰᠤ ᠬᠠᠩᠭ᠋ᠠᠬᠤ ᠦᠨ᠎ᠡ ᠲᠣᠭᠲᠠᠭ᠋ᠠᠬᠤ ᠥᠪᠡᠷ᠎ᠤᠨ ᠥᠷᠲᠡᠭ᠎ᠢ ᠬᠢᠨᠠᠨ ᠰᠢᠯᠭ᠋ᠠᠬᠤ ᠠᠷᠭ᠎ᠠ》 ᠵᠢ ᠳᠠᠷᠤᠮᠠᠯᠯᠠᠨ ᠲᠠᠷᠬᠠᠭ᠋ᠠᠵᠤ᠂ ᠤᠰᠤᠨ ᠠᠰᠢᠭᠯᠠᠯᠲᠠ ᠵᠢᠨ ᠢᠨᠵᠧᠨᠧᠷᠢᠩ᠎ᠤᠨ ᠤᠰᠤ ᠬᠠᠩᠭ᠋ᠠᠬᠤ ᠦᠨ᠎ᠡ ᠲᠣᠭᠲᠠᠭ᠋ᠠᠬᠤ ᠲᠣᠭᠲᠠᠴᠠ ᠵᠢ ᠤᠯᠠᠮ ᠨᠢᠭᠡ ᠠᠯᠬᠤᠮ ᠲᠡᠭᠦᠯᠳᠡᠷᠵᠢᠭᠦᠯᠪᠡ᠃ ᠤᠰᠤᠨ᠎ᠤ ᠡᠷᠬᠡ ᠵᠢᠨ ᠠᠷᠠᠯᠵᠢᠶᠠᠨ᠎ᠤ ᠲᠠᠯ᠎ᠠ᠎ᠪᠠᠷ᠂ ᠤᠰᠤᠨ ᠠᠰᠢᠭᠯᠠᠯᠲᠠ ᠵᠢᠨ ᠶᠠᠮᠤᠨ ᠤᠯᠤᠰ᠎ᠤᠨ ᠬᠥᠭᠵᠢᠭᠦᠯᠦᠯᠲᠡ ᠪᠠ ᠥᠭᠡᠷᠡᠴᠢᠯᠡᠯᠲᠡ ᠵᠢᠨ ᠵᠥᠪᠯᠡᠯ᠂ ᠡᠳ᠋᠎ᠤᠨ ᠵᠠᠰᠠᠭ᠎ᠤᠨ ᠶᠠᠮᠤᠨ᠎ᠲᠠᠢ ᠬᠠᠮᠲᠤᠷᠠᠨ 《ᠤᠰᠤ ᠬᠡᠷᠡᠭᠯᠡᠬᠦ ᠡᠷᠬᠡ ᠵᠢᠨ ᠥᠭᠡᠷᠡᠴᠢᠯᠡᠯᠲᠡ ᠵᠢ ᠠᠬᠢᠭᠤᠯᠬᠤ ᠲᠤᠬᠠᠶ ᠵᠢᠯᠣᠭᠤᠳᠬᠤ ᠰᠠᠨᠠᠯ》᠎ᠢ ᠳᠠᠷᠤᠮᠠᠯᠯᠠᠨ ᠲᠠᠷᠬᠠᠭ᠋ᠠᠵᠤ᠂ ᠪᠥᠬᠦ ᠤᠯᠤᠰ᠎ᠤᠨ ᠨᠢᠭᠡᠳᠦᠯᠲᠡᠶ ᠤᠰᠤ ᠬᠡᠷᠡᠭᠯᠡᠬᠦ ᠡᠷᠬᠡ ᠵᠢᠨ ᠠᠷᠠᠯᠵᠢᠶᠠᠨ᠎ᠤ ᠲᠦᠷᠢᠮ᠂ ᠮᠡᠷᠭᠡᠵᠢᠯ᠎ᠤᠨ ᠪᠠᠷᠢᠮᠵᠢᠶ᠎ᠠ ᠪᠠ ᠲᠤᠭ᠎ᠠ ᠪᠠᠷᠢᠮᠲᠠ ᠵᠢᠨ ᠵᠢᠷᠤᠮᠵᠢᠯ᠎ᠢ ᠪᠠᠶ᠋ᠢᠭᠤᠯᠤᠨ᠂ ᠪᠥᠬᠦ ᠤᠯᠤᠰ᠎ᠤᠨ ᠤᠰᠤᠨ᠎ᠤ ᠡᠷᠬᠡ ᠵᠢᠨ ᠠᠷᠠᠯᠵᠢᠶᠠᠨ᠎ᠤ ᠨᠢᠭᠡᠳᠦᠯᠲᠡᠶ ᠰᠢᠰᠲ᠋ᠧᠮ᠎ᠢ ᠵᠣᠬᠢᠶᠠᠨ ᠪᠠᠶ᠋ᠢᠭᠤᠯᠤᠨ ᠪᠠᠶ᠋ᠢᠭᠤᠯᠵᠤ᠂ ᠠᠷᠠᠯᠵᠢᠶᠠᠨ᠎ᠤ ᠥᠪᠡᠷ᠎ᠤᠨ ᠥᠷᠲᠡᠭ᠎ᠢ ᠪᠠᠭᠤᠷᠠᠭᠤᠯᠤᠨ᠂ ᠠᠷᠠᠯᠵᠢᠶᠠᠨ᠎ᠤ ᠦᠷ᠎ᠡ ᠪᠦᠲᠦᠮᠵᠢ ᠵᠢ ᠳᠡᠭᠡᠭᠰᠢᠯᠡᠭᠦᠯᠪᠡ᠃ ᠣᠲᠣ ᠪᠣᠯᠲᠠᠯ᠎ᠠ᠂ ᠳᠤᠮᠳᠠᠳᠤ ᠤᠯᠤᠰ᠎ᠤᠨ ᠤᠰᠤᠨ᠎ᠤ ᠡᠷᠬᠡ ᠵᠢᠨ ᠠᠷᠠᠯᠵᠢᠶᠠᠨ᠎ᠤ ᠭᠠᠵᠠᠷ ᠨᠡᠶ᠋ᠢᠲᠡ 11439 ᠠᠷᠠᠯᠵᠢᠶ᠎ᠠ ᠪᠦᠲᠦᠵᠦ᠂ ᠠᠷᠠᠯᠵᠢᠶᠠᠯᠠᠭᠰᠠᠨ ᠤᠰᠤᠨ᠎ᠤ ᠬᠡᠮᠵᠢᠶ᠎ᠡ 43.07 ᠳ᠋ᠦᠩᠰᠢᠭᠤᠷ ᠪᠣᠰᠤᠭ᠎ᠠ ᠳᠥᠷᠪᠡᠯᠵᠢᠨ ᠮᠸᠲᠷ᠎ᠲᠤ ᠬᠦᠷᠴᠡᠢ᠃ ᠮᠥᠩᠭᠦᠨ ᠭᠦᠢ᠍ᠯᠭᠡᠭᠡᠨ᠎ᠤ ᠳᠡᠮᠵᠢᠯᠭᠡ ᠵᠢᠨ ᠲᠠᠯ᠎ᠠ᠎ᠪᠠᠷ᠂ 23 ᠮᠤᠵᠢ ᠵᠢ ᠵᠢᠯᠣᠭᠤᠳᠴᠤ ᠪᠠᠶ᠋ᠢᠭ᠋ᠠᠳ 《ᠤᠰᠤ ᠠᠷᠪᠢᠯᠠᠬᠤ ᠵᠢᠭᠡᠯᠡᠯᠭᠡ》 ᠵᠢᠨ ᠦᠢ᠍ᠯᠡᠳᠭᠦᠨ᠎ᠢ ᠨᠡᠶ᠋ᠢᠲᠡᠯᠡᠵᠦ᠂ ᠵᠢᠭᠡᠯᠡᠯᠭᠡ ᠵᠢᠨ ᠦᠯᠡᠳᠡᠪᠦᠷᠢ 2172 ᠳ᠋ᠦᠩᠰᠢᠭᠤᠷ ᠲᠥᠭᠦᠷᠢᠭ᠎ᠲᠤ ᠬᠥᠷᠪᠡ᠃ ᠤᠰᠤ ᠠᠷᠪᠢᠯᠠᠬᠤ ᠦᠢ᠍ᠯᠡᠴᠢᠯᠡᠭᠡᠨ᠎ᠤ ᠲᠠᠯ᠎ᠠ᠎ᠪᠠᠷ᠂ ᠨᠡᠶ᠋ᠢᠭᠡᠮ᠎ᠤᠨ ᠬᠥᠷᠥᠩᠭᠡ ᠵᠢ ᠬᠥᠲᠥᠯᠦᠨ ᠵᠢᠯᠣᠭᠤᠳᠴᠤ ᠪᠠᠶ᠋ᠢᠭ᠋ᠠᠳ ᠵᠠᠬ᠎ᠠ ᠳᠡᠯᠭᠡᠭᠦᠷᠴᠢᠯᠡᠬᠦ ᠵᠠᠷᠴᠢᠮ ᠶᠣᠰᠣᠭ᠋ᠠᠷ ᠤᠰᠤ ᠠᠷᠪᠢᠯᠠᠬᠤ ᠲᠥᠷᠥᠯ ᠵᠦᠢ᠍ᠯ᠎ᠤᠨ ᠪᠥᠲᠥᠭᠡᠨ ᠪᠠᠶ᠋ᠢᠭᠤᠯᠤᠯᠲᠠ ᠪᠠ ᠡᠵᠡᠩᠨᠡᠯᠲᠡ᠎ᠳᠤ ᠬᠠᠤᠯᠢ ᠶᠣᠰᠣᠭ᠋ᠠᠷ ᠣᠷᠣᠯᠴᠠᠭᠤᠯᠵᠤ᠂ ᠭᠡᠷ᠎ᠡ ᠵᠢᠨ ᠤᠰᠤ ᠠᠷᠪᠢᠯᠠᠬᠤ ᠬᠠᠮᠢᠶᠠᠷᠤᠯᠲᠠ ᠵᠢ ᠳᠡᠯᠭᠡᠷᠡᠭᠦᠯᠦᠨ᠂ 2019 ᠣᠨ᠎ᠠᠴᠠ ᠨᠠᠭ᠋ᠠᠰᠢ ᠲᠥᠷᠥᠯ ᠵᠦᠢ᠍ᠯ᠎ᠳᠤ ᠨᠡᠶ᠋ᠢᠲᠡ 86 ᠳ᠋ᠦᠩᠰᠢᠭᠤᠷ ᠲᠥᠭᠦᠷᠢᠭ᠎ᠤᠨ ᠭᠡᠷ᠎ᠡ ᠲᠣᠭᠲᠠᠪᠠ᠃ ᠤᠰᠤ ᠬᠡᠷᠡᠭᠯᠡᠬᠦ ᠲᠠᠯ᠎ᠠ᠎ᠪᠠᠷ᠂ ᠬᠥᠬᠡᠮᠥ᠋ᠷᠡᠨ᠎ᠤ ᠠᠵᠤ ᠠᠬᠤᠶ ᠵᠢᠨ ᠪᠦᠰᠡ᠂ ᠬᠠᠲᠤᠨ ᠭᠣᠤᠯ᠎ᠤᠨ ᠰᠠᠪᠠ ᠭᠠᠵᠠᠷ᠂ ᠪᠡᠭᠡᠵᠢᠩ ᠲᠢᠶᠠᠨᠵᠢᠨ ᠾᠧᠪᠧᠶ ᠣᠷᠣᠨ᠎ᠤ ᠣᠨ᠎ᠤ ᠤᠰᠤ ᠬᠡᠷᠡᠭᠯᠡᠬᠦ ᠬᠡᠮᠵᠢᠶ᠎ᠡ᠎ᠨᠢ 1 ᠲᠦᠮᠡᠨ ᠪᠣᠰᠣᠭ᠎ᠠ ᠳᠥᠷᠪᠡᠯᠵᠢᠨ ᠮᠧᠲᠷ᠎ᠠᠴᠠ ᠳᠡᠭᠡᠭᠰᠢ ᠠᠵᠤ ᠦᠢ᠍ᠯᠡᠳᠪᠦᠷᠢ ᠵᠢᠨ ᠦᠢ᠍ᠯᠡᠴᠢᠯᠡᠭᠡᠨ᠎ᠤ ᠦᠢ᠍ᠯᠡᠰ᠎ᠤᠨ ᠨᠢᠭᠡᠴᠢ᠎ᠳᠤ ᠤᠰᠤ ᠬᠡᠷᠡᠭᠯᠡᠬᠦ ᠲᠥᠯᠥᠪᠯᠡᠭᠡ᠎ᠪᠠᠷ ᠪᠦᠬᠦᠨ᠎ᠢ ᠬᠠᠮᠤᠷᠬᠤ ᠵᠢ ᠪᠡᠶᠡᠯᠡᠭᠦᠯᠦᠨ᠎ᠡ᠃
ᠲᠠᠷᠠᠭ᠋ᠠᠴᠢ ᠵᠢᠨ ᠠᠯᠬᠤᠮ᠎ᠳᠤ᠂ ᠤᠰᠤᠨ ᠠᠰᠢᠭᠯᠠᠯᠲᠠ ᠵᠢᠨ ᠶᠠᠮᠤᠨ ᠵᠠᠰᠠᠭ᠎ᠤᠨ ᠣᠷᠳᠣᠨ ᠪᠠ ᠵᠠᠬ᠎ᠠ ᠳᠡᠯᠭᠡᠭᠦᠷ᠎ᠤᠨ ᠲᠣᠭᠲᠠᠴᠠ ᠵᠢᠨ ᠬᠠᠮᠵᠢᠯᠴᠠᠨ ᠬᠦᠴᠦᠯᠡᠬᠦ ᠵᠢ ᠤᠯᠠᠮ ᠨᠢᠭᠡ ᠠᠯᠬᠤᠮ ᠴᠢᠩᠭ᠋ᠠᠳᠬᠠᠵᠤ᠂ ᠤᠰᠤ ᠠᠷᠪᠢᠯᠠᠬᠤ ᠶᠡᠷᠦᠩᠬᠡᠶ᠋ᠢᠯᠡᠭᠰᠡᠨ ᠰᠢᠰᠲ᠋ᠧᠮ᠎ᠢ ᠪᠠᠶ᠋ᠢᠭᠤᠯᠵᠤ᠂ ᠤᠰᠤ ᠠᠷᠪᠢᠯᠠᠬᠤ ᠠᠵᠤ ᠦᠢ᠍ᠯᠡᠰ᠎ᠤᠨ ᠬᠥᠭᠵᠢᠯᠲᠡ ᠵᠢ ᠳᠡᠮᠵᠢᠬᠦ ᠲᠥᠷᠥ ᠵᠢᠨ ᠪᠣᠳᠣᠯᠭ᠎ᠠ ᠵᠢ ᠲᠡᠭᠦᠯᠳᠡᠷᠵᠢᠭᠦᠯᠵᠦ᠂ ᠤᠰᠤ ᠠᠷᠪᠢᠯᠠᠬᠤ ᠠᠵᠢᠯ᠎ᠤᠨ ᠲᠠᠰᠤᠷᠠᠯᠲᠠ ᠥᠬᠡᠶ ᠰᠢᠨ᠎ᠡ ᠦᠷ᠎ᠡ ᠪᠦᠲᠦᠮᠵᠢ ᠤᠯᠬᠤ ᠵᠢ ᠠᠬᠢᠭᠤᠯᠤᠨ᠎ᠠ᠃ ᠪᠠᠶᠠᠷᠯᠠᠯ᠎ᠠ᠃
ᠰᠢᠩ ᠾᠦᠢ ᠨᠠ᠄
ᠡᠨᠡ ᠡᠳᠦᠷ᠎ᠤᠨ ᠰᠣᠨᠢᠨ ᠮᠡᠳᠡᠭᠡ ᠨᠡᠶ᠋ᠢᠲᠡᠯᠡᠬᠦ ᠬᠤᠷᠠᠯ ᠠᠳᠡ ᠬᠦᠷᠴᠦ᠂ ᠬᠡᠳᠦᠨ ᠨᠡᠶ᠋ᠢᠲᠡᠯᠡᠭᠴᠢ᠎ᠳᠤ ᠲᠠᠯᠠᠷᠬᠠᠵᠤ ᠪᠠᠶ᠋ᠢᠨ᠎ᠠ᠂ ᠵᠠᠭᠤᠴᠢᠯᠠᠭᠤᠷ᠎ᠤᠨ ᠨᠠᠶ᠋ᠢᠵᠠ ᠨᠠᠷ᠎ᠲᠤ ᠲᠠᠯᠠᠷᠬᠠᠵᠤ ᠪᠠᠶ᠋ᠢᠨ᠎ᠠ᠂ ᠣᠯᠠᠨ ᠵᠶ᠋ᠠᠷ ᠵᠶ᠋ᠠᠨ ᠪᠠᠶᠠᠷᠲᠠᠶ!
