ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠣᠨᠴᠠᠯᠢᠭᠲᠤ᠌ ᠳᠠᠪᠴᠠᠩ
ᠢᠯᠡ ᠵᠠᠰᠠᠭ   -   ᠲᠦᠷᠥ᠎ᠶᠢᠨ ᠪᠣᠳᠣᠯᠭ᠎ᠠ᠎ᠶᠢᠨ ᠲᠠᠶ᠋ᠢᠯᠤᠮᠵᠢ
《ᠤᠰᠤᠨ ᠠᠰᠢᠭᠯᠠᠯᠲᠠ ᠵᠢᠨ ᠪᠥᠲᠥᠭᠡᠨ ᠪᠠᠶ᠋ᠢᠭᠤᠯᠤᠯᠲᠠ ᠵᠢᠨ ᠵᠠᠬ᠎ᠠ ᠳᠡᠯᠭᠡᠭᠦᠷ᠎ᠤᠨ ᠡᠵᠡᠩᠨᠡᠯᠲᠡ ᠵᠢᠨ ᠭᠤᠤᠯ ᠴᠣᠭᠴᠠ ᠵᠢᠨ ᠢᠲᠡᠭᠡᠮᠵᠢ ᠵᠢᠨ ᠮᠡᠳᠡᠭᠡ ᠵᠠᠩᠭᠢ ᠵᠢᠨ ᠬᠠᠮᠢᠶᠠᠷᠤᠯᠲᠠ ᠵᠢᠨ ᠠᠷᠭ᠎ᠠ》 ᠵᠢᠨ ᠲᠥᠷᠥ ᠵᠢᠨ ᠪᠣᠳᠣᠯᠭ᠎ᠠ ᠵᠢᠨ ᠲᠠᠶ᠋ᠢᠯᠤᠮᠵᠢ
ᠨᠡᠶ᠋ᠢᠲᠡᠯᠡᠭᠰᠡᠨ ᠴᠠᠭ᠄ 2024-08-02

   ᠶᠡᠷᠦᠩᠬᠡᠶ ᠱᠦᠵᠢ ᠰᠢ ᠵᠢᠨ ᠫᠢᠩ᠎ᠤᠨ ᠨᠡᠶ᠋ᠢᠭᠡᠮ᠎ᠤᠨ ᠢᠲᠡᠭᠡᠮᠵᠢ ᠵᠢᠨ ᠰᠢᠰᠲ᠋ᠧᠮ᠎ᠤᠨ ᠪᠠᠶ᠋ᠢᠭᠤᠯᠤᠯᠲᠠ ᠵᠢᠨ ᠲᠤᠬᠠᠶ ᠴᠢᠬᠤᠯᠠ ᠥᠭᠦᠯᠡᠯᠲᠡ ᠵᠢᠨ ᠵᠣᠷᠢᠭ ᠰᠠᠨᠠᠭ᠎ᠠ ᠵᠢ ᠲᠤᠭᠤᠰᠢᠯᠠᠭᠤᠯᠤᠨ ᠨᠠᠶ᠋ᠢᠳᠠᠪᠤᠷᠢᠵᠢᠭᠤᠯᠬᠤ ᠵᠢᠨ ᠲᠥᠯᠥᠭᠡ᠂  ᠨᠠᠮ᠎ᠤᠨ ᠲᠥᠪ ᠬᠤᠷᠢᠶ᠎ᠠ᠂  ᠲᠥᠷᠥ ᠵᠢᠨ ᠶᠠᠪᠤᠳᠠᠯ᠎ᠤᠨ ᠬᠤᠷᠢᠶᠠᠨ᠎ᠤ ᠨᠡᠶ᠋ᠢᠭᠡᠮ᠎ᠤᠨ ᠢᠲᠡᠭᠡᠮᠵᠢ ᠵᠢᠨ ᠰᠢᠰᠲ᠋ᠧᠮ᠎ᠤᠨ ᠪᠠᠶ᠋ᠢᠭᠤᠯᠤᠯᠲᠠ ᠵᠢᠨ ᠴᠢᠨᠠᠷ ᠰᠠᠶ᠋ᠢᠲᠠᠶ ᠬᠥᠭᠵᠢᠯᠲᠡ ᠵᠢ ᠠᠬᠢᠭᠤᠯᠬᠤ ᠲᠤᠬᠠᠶ ᠰᠢᠢ᠍ᠳᠪᠦᠷᠢᠲᠦ ᠪᠣᠳᠣᠯᠭ᠎ᠠ ᠵᠢᠨ ᠪᠠᠶ᠋ᠢᠷᠢᠯᠠᠭᠤᠯᠤᠯᠲᠠ ᠶᠣᠰᠣᠭ᠋ᠠᠷ᠂  ᠤᠰᠤᠨ ᠠᠰᠢᠭᠯᠠᠯᠲᠠ ᠵᠢᠨ ᠪᠥᠲᠥᠭᠡᠨ ᠪᠠᠶ᠋ᠢᠭᠤᠯᠤᠯᠲᠠ ᠵᠢᠨ ᠵᠠᠬ᠎ᠠ ᠳᠡᠯᠭᠡᠭᠦᠷ᠎ᠤᠨ ᠡᠵᠡᠩᠨᠡᠯᠲᠡ ᠵᠢᠨ ᠭᠤᠤᠯ ᠴᠣᠭᠴᠠ ᠵᠢᠨ ᠢᠲᠡᠭᠡᠮᠵᠢ ᠵᠢᠨ ᠮᠡᠳᠡᠭᠡ ᠵᠠᠩᠭᠢ ᠵᠢᠨ ᠬᠠᠮᠢᠶᠠᠷᠤᠯᠲᠠ ᠵᠢ ᠤᠯᠠᠮ ᠨᠢᠭᠡ ᠠᠯᠬᠤᠮ ᠵᠢᠷᠤᠮᠵᠢᠭᠤᠯᠵᠤ᠂  ᠤᠰᠤᠨ ᠠᠰᠢᠭᠯᠠᠯᠲᠠ ᠵᠢᠨ ᠶᠠᠮᠤᠨ᠎ᠠᠴᠠ 《ᠤᠰᠤᠨ ᠠᠰᠢᠭᠯᠠᠯᠲᠠ ᠵᠢᠨ ᠪᠥᠲᠥᠭᠡᠨ ᠪᠠᠶ᠋ᠢᠭᠤᠯᠤᠯᠲᠠ ᠵᠢᠨ ᠵᠠᠬ᠎ᠠ ᠳᠡᠯᠭᠡᠭᠦᠷ᠎ᠤᠨ ᠭᠤᠤᠯ ᠴᠣᠭᠴᠠ ᠵᠢᠨ ᠢᠲᠡᠭᠡᠮᠵᠢ ᠵᠢᠨ ᠮᠡᠳᠡᠭᠡ ᠵᠠᠩᠭᠢ ᠵᠢᠨ ᠬᠠᠮᠢᠶᠠᠷᠤᠯᠲᠠ ᠵᠢᠨ ᠠᠷᠭ᠎ᠠ》 (ᠤᠰᠤᠨ᠎ᠤ ᠪᠥᠲᠥᠭᠡᠨ ᠪᠠᠶ᠋ᠢᠭᠤᠯᠤᠯᠲᠠ [2019] 306 ᠳ᠋ᠤᠭ᠋ᠠᠷ ᠲᠣᠭ᠋ᠠᠲᠤ)᠎ᠳᠤ ᠵᠠᠰᠠᠪᠤᠷᠢ ᠣᠷᠣᠭᠤᠯᠵᠤ᠂  ᠣᠶ᠋ᠢᠷ᠎ᠠ᠎ᠳᠤ 《ᠤᠰᠤᠨ ᠠᠰᠢᠭᠯᠠᠯᠲᠠ ᠵᠢᠨ ᠪᠥᠲᠥᠭᠡᠨ ᠪᠠᠶ᠋ᠢᠭᠤᠯᠤᠯᠲᠠ ᠵᠢᠨ ᠵᠠᠬ᠎ᠠ ᠳᠡᠯᠭᠡᠭᠦᠷ᠎ᠤᠨ ᠡᠵᠡᠩᠨᠡᠯᠲᠡ ᠵᠢᠨ ᠭᠤᠤᠯ ᠴᠣᠭᠴᠠ ᠵᠢᠨ ᠢᠲᠡᠭᠡᠮᠵᠢ ᠵᠢᠨ ᠮᠡᠳᠡᠭᠡ ᠵᠠᠩᠭᠢ ᠵᠢᠨ ᠬᠠᠮᠢᠶᠠᠷᠤᠯᠲᠠ ᠵᠢᠨ ᠠᠷᠭ᠎ᠠ》 (ᠳᠣᠷᠣᠭᠰᠢ 《ᠠᠷᠭ᠎ᠠ》 ᠭᠡᠵᠦ ᠲᠣᠪᠴᠢᠯᠠᠨ᠎ᠠ) ᠵᠢ ᠳᠠᠷᠤᠮᠠᠯᠯᠠᠨ ᠲᠠᠷᠬᠠᠭ᠋ᠠᠪᠠ᠃  ᠤᠰᠤᠨ ᠠᠰᠢᠭᠯᠠᠯᠲᠠ ᠵᠢᠨ ᠶᠠᠮᠤᠨ᠎ᠤ ᠤᠰᠤᠨ ᠠᠰᠢᠭᠯᠠᠯᠲᠠ ᠵᠢᠨ ᠢᠨᠵᠸᠨ᠋ᠸᠷᠢᠩ᠎ᠤᠨ ᠪᠦᠲᠦᠭᠡᠨ ᠪᠠᠶ᠋ᠢᠭᠤᠯᠤᠯᠲᠠ ᠵᠢᠨ ᠵᠤᠷᠭ᠋ᠠᠨ᠎ᠤ ᠬᠤᠯᠪᠣᠭᠳᠠᠯ ᠪᠦᠬᠦᠢ ᠬᠠᠷᠢᠭᠤᠴᠠᠯᠭ᠋ᠠᠲᠠᠨ ᠨᠥᠬᠦᠳ 《ᠠᠷᠭ᠎ᠠ》᠎ᠳᠤ ᠲᠠᠶ᠋ᠢᠯᠤᠮᠵᠢ ᠬᠢᠪᠡ᠃

   ᠨᠢᠭᠡ᠂   ᠵᠠᠰᠠᠪᠤᠷᠢ ᠣᠷᠤᠭᠤᠯᠤᠭᠰᠠᠨ ᠠᠬᠤᠢ ᠪᠠᠶ᠋ᠢᠳᠠᠯ

  2019 ᠣᠨ᠎ᠤ 12  ᠳ᠋ᠤᠭ᠋ᠠᠷ  ᠰᠠᠷ᠎ᠠ᠎ᠳᠤ᠂  ᠤᠰᠤᠨ ᠠᠰᠢᠭᠯᠠᠯᠲᠠ ᠵᠢᠨ ᠶᠠᠮᠤᠨ ᠤᠰᠤᠨ᠎ᠤ ᠪᠦᠲᠦᠭᠡᠨ ᠪᠠᠶ᠋ᠢᠭᠤᠯᠤᠯᠲᠠ [2019] 306 ᠳ᠋ᠤᠭ᠋ᠠᠷ ᠲᠣᠭ᠋ᠠᠲᠤ ᠪᠢᠴᠢᠭ ᠮᠠᠲ᠋ᠧᠷᠢᠶᠠᠯ᠎ᠢ ᠳᠠᠷᠤᠮᠠᠯᠯᠠᠨ ᠲᠠᠷᠬᠠᠭ᠋ᠠᠵᠤ᠂  ᠢᠲᠡᠭᠡᠮᠵᠢ ᠵᠢ ᠳᠡᠰ ᠲᠥᠷᠥᠯ ᠬᠤᠪᠢᠶᠠᠬᠤ᠂  ᠬᠥᠳᠡᠯᠦᠩᠭᠦᠶ ᠬᠢᠨᠠᠯᠲᠠ ᠬᠠᠮᠢᠶᠠᠷᠤᠯᠲᠠ ᠵᠢ ᠬᠡᠷᠡᠭᠵᠢᠭᠦᠯᠬᠦ᠎ᠳᠤ ᠦᠨᠳᠦᠰᠦᠯᠡᠯ ᠬᠠᠩᠭ᠋ᠠᠵᠤ᠂  ᠤᠰᠤᠨ ᠠᠰᠢᠭᠯᠠᠯᠲᠠ ᠵᠢᠨ ᠪᠦᠲᠦᠭᠡᠨ ᠪᠠᠶ᠋ᠢᠭᠤᠯᠤᠯᠲᠠ ᠵᠢᠨ ᠵᠠᠬ᠎ᠠ ᠳᠡᠯᠭᠡᠭᠦᠷ᠎ᠤᠨ ᠡᠮᠬᠢ ᠳᠢᠭᠯᠢᠮ᠎ᠢ ᠵᠢᠷᠤᠮᠵᠢᠭᠤᠯᠬᠤ᠎ᠳᠤ ᠢᠳᠡᠪᠬᠢᠲᠡᠢ ᠦᠢ᠍ᠯᠡᠳᠦᠯ ᠦᠵᠡᠭᠦᠯᠪᠡ᠃ 2020 ᠣᠨ᠎ᠠᠴᠠ ᠨᠠᠭ᠋ᠠᠰᠢ᠂  ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠲᠥᠪ ᠬᠤᠷᠢᠶᠠᠨ᠎ᠤ ᠠᠯᠪᠠᠨ ᠲᠢᠩᠬᠢᠮ᠂  ᠲᠥᠷᠥ ᠵᠢᠨ ᠶᠠᠪᠤᠳᠠᠯ᠎ᠤᠨ ᠬᠤᠷᠢᠶᠠᠨ᠎ᠤ ᠠᠯᠪᠠᠨ ᠲᠢᠩᠬᠢᠮ 《ᠨᠡᠶ᠋ᠢᠭᠡᠮ᠎ᠤᠨ ᠢᠲᠡᠭᠡᠮᠵᠢ ᠵᠢᠨ ᠰᠢᠰᠲ᠋ᠧᠮᠵᠢ ᠵᠢᠨ ᠪᠠᠶ᠋ᠢᠭᠤᠯᠤᠯᠲᠠ ᠵᠢᠨ ᠴᠢᠨᠠᠷ ᠰᠠᠶ᠋ᠢᠲᠠᠶ ᠬᠥᠭᠵᠢᠯᠲᠡ ᠵᠢ ᠠᠬᠢᠭᠤᠯᠵᠤ ᠰᠢᠨ᠎ᠡ ᠬᠥᠭᠵᠢᠯᠲᠡ ᠵᠢᠨ ᠪᠠᠶ᠋ᠢᠷᠢᠰᠢᠯ᠎ᠢ ᠪᠦᠷᠢᠯᠳᠦᠭᠦᠯᠬᠦ ᠵᠢ ᠠᠬᠢᠭᠤᠯᠬᠤ ᠲᠤᠬᠠᠶ ᠰᠠᠨᠠᠯ》 (ᠲᠥᠪ ᠠᠯᠪᠠᠨ ᠲᠠᠷᠬᠠᠭ᠋ᠠᠭᠰᠠᠨ [ 2022 ] 25 ᠳ᠋ᠤᠭ᠋ᠠᠷ ᠲᠣᠭ᠋ᠠᠲᠤ)᠂ 《ᠢᠲᠡᠭᠡᠯ ᠠᠯᠳᠠᠭᠰᠠᠨ ᠬᠢᠵᠠᠭ᠋ᠠᠷᠯᠠᠯ᠎ᠤᠨ ᠲᠦᠷᠢᠮ᠎ᠢ ᠤᠯᠠᠮ ᠨᠢᠭᠡ ᠠᠯᠬᠤᠮ ᠲᠡᠭᠦᠯᠳᠡᠷᠵᠢᠭᠦᠯᠵᠦ ᠦᠨᠡᠨᠴᠢ ᠢᠲᠡᠭᠡᠮᠵᠢ ᠵᠢᠨ ᠪᠠᠶ᠋ᠢᠭᠤᠯᠤᠯᠲᠠ ᠵᠢᠨ ᠣᠷᠳᠣ ᠬᠤᠭᠤᠴᠠᠭ᠋ᠠᠨ᠎ᠤ ᠪᠦᠲᠦᠮᠵᠢᠲᠡᠶ ᠲᠣᠭᠲᠠᠴᠠ ᠵᠢ ᠪᠠᠶ᠋ᠢᠭᠤᠯᠬᠤ ᠲᠤᠬᠠᠶ ᠵᠢᠯᠣᠭᠤᠳᠬᠤ ᠰᠠᠨᠠᠯ》 (ᠲᠥᠷᠥ ᠠᠯᠪᠠᠨ ᠲᠠᠷᠬᠠᠭ᠋ᠠᠭᠰᠠᠨ [ 2020] 49 ᠳ᠋ᠦ᠍ᠭᠡᠷ ᠲᠣᠭ᠋ᠠᠲᠤ) ᠵᠡᠷᠭᠡ ᠪᠢᠴᠢᠭ ᠮᠠᠲ᠋ᠧᠷᠢᠶᠠᠯ᠎ᠢ ᠳᠠᠷᠤᠮᠠᠯᠯᠠᠨ ᠲᠠᠷᠬᠠᠭ᠋ᠠᠪᠠ᠃  ᠤᠰᠤᠨ᠎ᠤ ᠪᠦᠲᠦᠭᠡᠨ ᠪᠠᠶ᠋ᠢᠭᠤᠯᠤᠯᠲᠠ [ 2019 ] 306 ᠳ᠋ᠤᠭ᠋ᠠᠷ ᠲᠣᠭ᠋ᠠᠲᠤ ᠵᠣᠬᠢᠶᠠᠯ᠎ᠢ ᠨᠡᠶ᠋ᠢᠭᠡᠮ᠎ᠤᠨ ᠢᠲᠡᠭᠡᠮᠵᠢ ᠵᠢᠨ ᠰᠢᠰᠲ᠋ᠧᠮ᠎ᠤᠨ ᠪᠠᠶ᠋ᠢᠭᠤᠯᠤᠯᠲᠠ ᠵᠢᠨ ᠰᠢᠨ᠎ᠡ ᠱᠠᠭ᠋ᠠᠷᠳᠠᠯᠭ᠎ᠠ᠎ᠲᠠᠢ ᠬᠠᠷᠢᠴᠠᠭᠤᠯᠪᠠᠯ ᠵᠠᠷᠢᠮ ᠬᠦᠷᠦᠯᠴᠡᠬᠦ ᠦᠭᠡᠢ ᠲᠠᠯ᠎ᠠ ᠣᠷᠣᠰᠢᠵᠤ ᠪᠠᠶ᠋ᠢᠨ᠎ᠠ᠂  ᠬᠡᠷᠡᠭᠵᠢᠭᠦᠯᠬᠦ ᠶᠠᠪᠤᠴᠠ᠎ᠳᠤ ᠢᠲᠡᠭᠡᠮᠵᠢ ᠵᠢᠨ ᠮᠡᠳᠡᠭᠡ ᠵᠠᠩᠭᠢ ᠵᠢᠨ ᠬᠠᠮᠢᠶᠠᠷᠤᠯᠲᠠ ᠵᠢᠨ ᠬᠠᠤᠯᠢ ᠶᠣᠰᠣᠴᠢ ᠴᠢᠨᠠᠷ᠂  ᠵᠢᠷᠤᠮᠵᠢᠯᠳᠤ ᠴᠢᠨᠠᠷ᠂  ᠣᠨᠣᠪᠴᠢᠲᠤ ᠴᠢᠨᠠᠷ᠂  ᠥᠨᠳᠥᠷ ᠪᠦᠲᠦᠮᠵᠢᠲᠦ ᠴᠢᠨᠠᠷ ᠵᠡᠷᠭᠡ ᠲᠠᠯ᠎ᠠ᠎ᠪᠠᠷ ᠪᠠᠰᠠ ᠵᠠᠷᠢᠮ ᠠᠰᠠᠭᠤᠳᠠᠯ ᠢᠯᠡᠷᠡᠪᠡ᠃  ᠨᠠᠮ᠎ᠤᠨ ᠲᠥᠪ ᠬᠤᠷᠢᠶ᠎ᠠ᠂  ᠲᠥᠷᠥ ᠵᠢᠨ ᠶᠠᠪᠤᠳᠠᠯ᠎ᠤᠨ ᠬᠤᠷᠢᠶᠠᠨ᠎ᠤ ᠰᠢᠢ᠍ᠳᠪᠦᠷᠢᠲᠦ ᠪᠣᠳᠣᠯᠭ᠎ᠠ ᠵᠢᠨ ᠪᠠᠶ᠋ᠢᠷᠢᠯᠠᠭᠤᠯᠤᠯᠲᠠ ᠵᠢ ᠲᠤᠭᠤᠰᠢᠯᠠᠭᠤᠯᠤᠨ ᠨᠠᠶ᠋ᠢᠳᠠᠪᠤᠷᠢᠵᠢᠭᠤᠯᠬᠤ ᠵᠢᠨ ᠲᠥᠯᠥᠭᠡ᠂  ᠢᠲᠡᠭᠡᠮᠵᠢ ᠵᠢᠨ ᠮᠡᠳᠡᠭᠡ ᠵᠠᠩᠭᠢ ᠵᠢᠨ ᠬᠠᠮᠢᠶᠠᠷᠤᠯᠲᠠ ᠵᠢᠨ ᠲᠣᠭᠲᠠᠴᠠ ᠵᠢ ᠤᠯᠠᠮ ᠨᠢᠭᠡ ᠠᠯᠬᠤᠮ ᠵᠢᠷᠤᠮᠵᠢᠭᠤᠯᠤᠨ ᠲᠡᠭᠦᠯᠳᠡᠷᠵᠢᠭᠦᠯᠵᠦ᠂  ᠤᠰᠤᠨ᠎ᠤ ᠪᠦᠲᠦᠭᠡᠨ ᠪᠠᠶ᠋ᠢᠭᠤᠯᠤᠯᠲᠠ [ 2019 ] 306 ᠳ᠋ᠤᠭ᠋ᠠᠷ ᠲᠣᠭ᠋ᠠᠲᠤ᠎ᠳᠤ ᠵᠠᠰᠠᠪᠤᠷᠢ ᠣᠷᠣᠭᠤᠯᠬᠤ᠎ᠨᠢ ᠲᠦᠢ᠍ᠯ᠎ᠤᠨ ᠴᠢᠬᠤᠯᠠ ᠶᠤᠮ᠃

   ᠬᠤᠶᠠᠷ᠂  ᠵᠠᠰᠠᠪᠤᠷᠢ ᠣᠷᠣᠭᠤᠯᠬᠤ᠎ᠳᠤ ᠵᠢᠷᠤᠮᠯᠠᠬᠤ ᠵᠠᠷᠴᠢᠮ

   ᠨᠢᠭᠡ᠎ᠳᠤ᠂  ᠬᠠᠤᠯᠢ ᠲᠣᠭᠲᠠᠭ᠋ᠠᠯ᠎ᠢ ᠵᠢᠷᠤᠮᠯᠠᠬᠤ ᠵᠢ ᠪᠠᠷᠢᠮᠲᠠᠯᠠᠬᠤ ᠬᠡᠷᠡᠭᠲᠡᠢ᠃  ᠢᠲᠡᠭᠡᠮᠵᠢ ᠵᠢᠨ ᠮᠡᠳᠡᠭᠡ ᠵᠠᠩᠭᠢ ᠵᠢ ᠬᠦᠷᠢᠶ᠎ᠡ ᠬᠡᠪᠴᠢᠶᠡᠨ᠎ᠳᠤ ᠣᠷᠣᠭᠤᠯᠬᠤ᠂  ᠢᠲᠡᠭᠡᠯ ᠠᠯᠳᠠᠭᠰᠠᠳ᠎ᠢ ᠵᠠᠯᠬᠠᠭ᠋ᠠᠨ ᠴᠡᠭᠡᠷᠯᠡᠭᠦᠯᠬᠦ ᠠᠷᠭ᠎ᠠ ᠬᠡᠮᠵᠢᠶ᠎ᠡ ᠵᠡᠷᠭᠡ ᠲᠠᠯ᠎ᠠ᠎ᠪᠠᠷ ᠬᠠᠤᠯᠢ ᠴᠠᠭ᠋ᠠᠵᠠ᠂  ᠬᠠᠤᠯᠢ ᠲᠣᠭᠲᠠᠭ᠋ᠠᠯ ᠪᠤᠶᠤ ᠨᠠᠮ᠎ᠤᠨ ᠲᠥᠪ ᠬᠤᠷᠢᠶ᠎ᠠ᠂  ᠲᠥᠷᠥ ᠵᠢᠨ ᠶᠠᠪᠤᠳᠠᠯ᠎ᠤᠨ ᠬᠤᠷᠢᠶ᠎ᠠ ᠵᠢᠨ ᠲᠥᠷᠥ ᠵᠢᠨ ᠪᠣᠳᠣᠯᠭ᠎ᠠ ᠵᠢᠨ ᠪᠢᠴᠢᠭ ᠮᠠᠲ᠋ᠧᠷᠢᠶᠠᠯ ᠵᠶ᠋ᠠᠷ ᠦᠨᠳᠦᠰᠦᠯᠡᠯ ᠪᠣᠯᠭ᠋ᠠᠵᠤ᠂  ᠭᠠᠷᠴᠠᠭᠯᠠᠨ ᠦᠢ᠍ᠯᠡᠳᠬᠦ᠂  ᠨᠠᠷᠢᠨ ᠲᠠᠩᠰᠠ ᠵᠢᠨ ᠲᠦᠷᠢᠮ᠎ᠢ ᠴᠢᠩᠭ᠎ᠠ ᠵᠢᠷᠤᠮᠯᠠᠨ ᠬᠠᠮᠢᠶᠠᠷᠤᠨ᠎ᠠ᠃

   ᠬᠤᠶᠠᠷ᠎ᠲᠤ᠂  ᠠᠰᠠᠭᠤᠳᠠᠯ ᠵᠶ᠋ᠠᠷ ᠤᠳᠤᠷᠢᠳᠤᠮᠵᠢ ᠪᠣᠯᠭ᠋ᠠᠬᠤ ᠵᠢ ᠪᠠᠷᠢᠮᠲᠠᠯᠠᠬᠤ ᠬᠡᠷᠡᠭᠲᠡᠢ᠃  ᠤᠰᠤᠨ ᠠᠰᠢᠭᠯᠠᠯᠲᠠ ᠵᠢᠨ ᠠᠵᠢᠯ ᠲᠥᠷᠥᠯ᠎ᠤᠨ ᠪᠣᠳᠠᠲᠤ ᠪᠠᠶ᠋ᠢᠳᠠᠯ᠎ᠠᠴᠠ ᠡᠭᠦᠰᠴᠦ᠂  ᠢᠲᠡᠭᠡᠮᠵᠢ ᠵᠢᠨ ᠮᠡᠳᠡᠭᠡ ᠵᠠᠩᠭᠢ ᠵᠢ ᠴᠤᠭᠯᠠᠭᠤᠯᠤᠨ ᠡᠮᠬᠢᠳᠬᠡᠬᠦ᠂  ᠢᠲᠡᠭᠡᠮᠵᠢ ᠵᠢ ᠰᠡᠷᠭᠦᠭᠡᠬᠦ ᠲᠠᠰ ᠳᠠᠷᠠᠭ᠋ᠠᠯᠠᠯ᠎ᠢ ᠲᠣᠳᠣᠷᠬᠠᠶ᠋ᠢᠯᠠᠬᠤ᠂  ᠡᠵᠡᠩᠨᠡᠯᠲᠡ ᠵᠢᠨ ᠭᠤᠤᠯ ᠴᠣᠭᠴᠠ ᠵᠢᠨ ᠡᠷᠬᠡ ᠠᠰᠢᠭ᠎ᠢ ᠬᠠᠮᠠᠭ᠋ᠠᠯᠠᠬᠤ ᠵᠡᠷᠭᠡ ᠲᠠᠯ᠎ᠠ᠎ᠪᠠᠷ᠂  ᠬᠠᠨᠳᠤᠯᠭ᠋ᠠᠲᠤ ᠴᠢᠨᠠᠷᠲᠠᠶ ᠠᠷᠭ᠎ᠠ ᠬᠡᠮᠵᠢᠶ᠎ᠡ ᠵᠢ ᠳᠤᠷᠠᠳᠪᠠ᠃

   ᠭᠤᠷᠪᠠ᠎ᠳᠤ᠂  ᠵᠠᠯᠬᠠᠭ᠋ᠠᠨ ᠰᠢᠢ᠍ᠳᠭᠡᠬᠦ᠎ᠳᠤ ᠲᠡᠩᠴᠡᠭᠦᠦ ᠪᠠᠢ᠌ᠯᠭ᠋ᠠᠬᠤ ᠵᠢ ᠪᠠᠷᠢᠮᠲᠠᠯᠠᠬᠤ ᠬᠡᠷᠡᠭᠲᠡᠢ᠃  ᠢᠲᠡᠭᠡᠯ ᠠᠯᠳᠠᠭᠰᠠᠨ ᠮᠡᠳᠡᠭᠡ ᠵᠠᠩᠭᠢ ᠵᠢ ᠲᠥᠷᠥᠯ ᠬᠤᠪᠢᠶᠠᠬᠤ᠂  ᠢᠯᠡ ᠨᠡᠶ᠋ᠢᠲᠡᠯᠡᠬᠦ ᠬᠡᠪᠴᠢᠶ᠎ᠡ ᠪᠠ ᠬᠤᠭᠤᠴᠠᠭ᠎ᠠ ᠬᠢᠵᠠᠭ᠋ᠠᠷ᠎ᠢ ᠲᠣᠳᠣᠷᠬᠠᠶ᠋ᠢᠯᠠᠵᠤ᠂  ᠢᠲᠡᠭᠡᠮᠵᠢ ᠵᠢ ᠰᠡᠷᠭᠦᠭᠡᠬᠦ ᠨᠥᠬᠦᠴᠡᠯ᠎ᠢ ᠵᠢᠷᠤᠮᠵᠢᠭᠤᠯᠤᠨ᠂  ᠢᠲᠡᠭᠡᠯ ᠠᠯᠳᠠᠭᠰᠠᠳ᠎ᠢ ᠵᠠᠯᠬᠠᠭ᠋ᠠᠨ ᠴᠡᠭᠡᠷᠯᠡᠭᠦᠯᠬᠦ ᠠᠷᠭ᠎ᠠ ᠬᠡᠮᠵᠢᠶ᠎ᠡ ᠵᠢ ᠲᠡᠭᠦᠯᠳᠡᠷᠵᠢᠭᠦᠯᠵᠦ᠂  ᠢᠲᠡᠭᠡᠯ ᠠᠯᠳᠠᠭᠰᠠᠨ ᠦᠢ᠍ᠯᠡ ᠠᠵᠢᠯᠯᠠᠭ᠎ᠠ ᠵᠢᠨ ᠦᠢ᠍ᠯᠡ ᠪᠠᠶ᠋ᠢᠳᠠᠯ᠂  ᠨᠥᠯᠥᠭᠡ ᠵᠢ ᠦᠨᠳᠦᠰᠦᠯᠡᠨ ᠵᠥᠷᠢᠶᠡᠴᠢᠯᠡᠭᠰᠡᠨ ᠵᠠᠯᠬᠠᠭ᠋ᠠᠨ ᠴᠡᠭᠡᠷᠯᠡᠭᠦᠯᠬᠦ ᠠᠷᠭ᠎ᠠ ᠬᠡᠮᠵᠢᠶ᠎ᠡ ᠵᠢ ᠬᠡᠷᠡᠭᠵᠢᠭᠦᠯᠦᠨ᠎ᠡ᠃

   ᠲᠦᠷᠪᠡ᠎ᠳᠤ᠂  ᠬᠠᠮᠵᠢᠯᠴᠠᠨ ᠬᠠᠮᠲᠤᠷᠠᠯᠴᠠᠬᠤ ᠵᠢ ᠪᠠᠷᠢᠮᠲᠠᠯᠠᠬᠤ ᠬᠡᠷᠡᠭᠲᠡᠢ᠃  ᠡᠯ᠎ᠡ ᠱᠠᠲᠤᠨ᠎ᠤ ᠤᠰᠤᠨ᠎ᠤ ᠵᠠᠰᠠᠭ ᠵᠠᠬᠢᠷᠭ᠋ᠠᠨ᠎ᠤ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ᠂  ᠰᠠᠪᠠ ᠭᠠᠵᠠᠷ᠎ᠤᠨ ᠬᠠᠮᠢᠶᠠᠷᠤᠯᠲᠠ ᠵᠢᠨ ᠪᠠᠶ᠋ᠢᠭᠤᠯᠤᠮᠵᠢ ᠵᠢᠨ ᠡᠭᠦᠷᠭᠡ ᠬᠠᠷᠢᠭᠤᠴᠠᠯᠭ᠎ᠠ ᠵᠢᠨ ᠠᠵᠢᠯ᠎ᠤᠨ ᠬᠤᠪᠢᠶᠠᠷᠢᠯᠠᠯ᠎ᠢ ᠲᠣᠳᠣᠷᠬᠠᠶ᠋ᠢᠯᠠᠵᠤ᠂  ᠢᠲᠡᠭᠡᠮᠵᠢ ᠵᠢᠨ ᠲᠠᠪᠴᠠᠩ᠎ᠤᠨ ᠰᠦᠯᠵᠢᠶᠡᠨ ᠥᠷᠲᠡᠭᠡ ᠵᠢᠨ ᠬᠠᠷᠢᠯᠴᠠᠨ ᠬᠤᠯᠪᠣᠭ᠋ᠠᠯᠠᠵᠤ ᠬᠠᠷᠢᠯᠴᠠᠨ ᠨᠡᠪᠲᠡᠷᠡᠯᠴᠡᠬᠦ᠂  ᠲᠤᠭ᠎ᠠ ᠪᠠᠷᠢᠮᠲᠠ ᠵᠢ ᠬᠠᠮᠲᠤᠪᠠᠷ ᠭᠥᠷᠳᠡᠬᠦ ᠪᠠ ᠢᠲᠡᠭᠡᠮᠵᠢ ᠵᠢᠨ ᠮᠡᠳᠡᠭᠡ ᠵᠠᠩᠭᠢ ᠵᠢᠨ ᠬᠠᠮᠢᠶᠠᠷᠤᠯᠲᠠ ᠵᠢ ᠰᠦᠯᠵᠢᠶᠡᠨ ᠳᠡᠭᠡᠷ᠎ᠡ ᠠᠵᠢᠯᠯᠠᠭᠤᠯᠬᠤ ᠵᠢ ᠠᠬᠢᠭᠤᠯᠤᠨ᠎ᠠ᠃

   ᠭᠤᠷᠪᠠ᠂ 《ᠠᠷᠭ᠎ᠠ》 ᠵᠢᠨ ᠭᠤᠣᠯ ᠠᠭᠤᠯᠭ᠎ᠠ

  《ᠠᠷᠭ᠎ᠠ》᠎ᠨᠢ ᠨᠡᠶ᠋ᠢᠲᠡ ᠨᠠᠢ᠍ᠮᠠᠨ ᠪᠦᠯᠦᠭ ᠪᠠᠶ᠋ᠢᠵᠤ᠂  ᠭᠤᠴᠢ ᠶᠢᠰᠦᠳᠦᠭᠡᠷ ᠵᠦᠢ᠍ᠯ᠎ᠳᠤ ᠭᠤᠤᠯᠳᠠᠭᠤ 《ᠠᠷᠭ᠎ᠠ》 ᠵᠢᠨ ᠬᠡᠷᠡᠭᠯᠡᠬᠦ ᠬᠡᠪᠴᠢᠶ᠎ᠡ᠂  ᠡᠭᠦᠷᠭᠡ ᠬᠠᠷᠢᠭᠤᠴᠠᠯᠭ᠎ᠠ ᠵᠢᠨ ᠠᠵᠢᠯ᠎ᠤᠨ ᠬᠤᠪᠢᠶᠠᠷᠢᠯᠠᠯ᠂  ᠶᠠᠮᠤᠨ᠎ᠤ ᠱᠠᠲᠤᠨ᠎ᠤ ᠢᠲᠡᠭᠡᠮᠵᠢ ᠵᠢᠨ ᠲᠠᠪᠴᠠᠩ᠎ᠤᠨ ᠰᠦᠯᠵᠢᠶ᠎ᠡ᠂  ᠢᠲᠡᠭᠡᠮᠵᠢ ᠵᠢᠨ ᠮᠡᠳᠡᠭᠡ ᠵᠠᠩᠭᠢ ᠵᠢ ᠬᠡᠪᠴᠢᠶ᠎ᠡ᠂  ᠮᠡᠳᠡᠭᠡ ᠵᠠᠩᠭᠢ ᠵᠢ ᠲᠥᠷᠥᠯ ᠬᠤᠪᠢᠶᠠᠬᠤ᠂  ᠴᠤᠭᠯᠠᠭᠤᠯᠤᠨ ᠬᠠᠮᠲᠤ᠎ᠪᠠᠷ ᠡᠳ᠋ᠯᠡᠬᠦ ᠠᠷᠭ᠎ᠠ ᠮᠠᠶᠢᠭ᠎ᠲᠤ ᠣᠷᠣᠭᠤᠯᠵᠤ᠂  ᠢᠲᠡᠭᠡᠮᠵᠢ ᠵᠢᠨ ᠮᠡᠳᠡᠭᠡ ᠵᠠᠩᠭᠢ ᠵᠢ ᠢᠯᠡ ᠨᠡᠶ᠋ᠢᠲᠡᠯᠡᠬᠦ ᠬᠡᠪᠴᠢᠶ᠎ᠡ᠂  ᠢᠯᠡ ᠨᠡᠶ᠋ᠢᠲᠡᠯᠡᠬᠦ ᠠᠭᠤᠯᠭ᠎ᠠ᠂  ᠨᠡᠶ᠋ᠢᠲᠡ᠎ᠳᠤ ᠵᠠᠷᠯᠠᠬᠤ ᠴᠠᠭ ᠬᠤᠭᠤᠴᠠᠭ᠎ᠠ᠂  ᠢᠲᠡᠭᠡᠮᠵᠢ᠎ᠲᠠᠢ ᠪᠠᠶ᠋ᠢᠬᠤ ᠵᠢ ᠤᠷᠮᠠᠰᠢᠭᠤᠯᠬᠤ ᠠᠷᠭ᠎ᠠ ᠬᠡᠮᠵᠢᠶ᠎ᠡ᠂  ᠢᠲᠡᠭᠡᠯ ᠠᠯᠳᠠᠭᠰᠠᠳ᠎ᠢ ᠵᠠᠯᠬᠠᠭ᠋ᠠᠨ ᠴᠡᠭᠡᠷᠯᠡᠭᠦᠯᠬᠦ ᠵᠠᠷᠴᠢᠮ ᠪᠠ ᠭᠤᠤᠯᠳᠠᠯᠭ᠎ᠠ᠎ᠲᠠᠢ ᠬᠢᠨᠠᠨ ᠬᠠᠮᠢᠶᠠᠷᠬᠤ ᠠᠷᠭ᠎ᠠ ᠬᠡᠮᠵᠢᠶ᠎ᠡ᠂  ᠢᠲᠡᠭᠡᠮᠵᠢ ᠵᠢᠨ ᠮᠡᠳᠡᠭᠡ ᠵᠠᠩᠭᠢ ᠵᠢ ᠵᠠᠰᠠᠨ ᠰᠡᠷᠭᠦᠭᠡᠬᠦ ᠲᠣᠳᠣᠷᠬᠠᠶ᠋ᠢᠯᠠᠯᠲᠠ᠂  ᠵᠠᠰᠠᠨ ᠰᠡᠷᠭᠦᠭᠡᠬᠦ ᠨᠥᠬᠦᠴᠡᠯ᠂  ᠵᠠᠰᠠᠨ ᠰᠡᠷᠭᠦᠭᠡᠬᠦ ᠲᠠᠰ ᠳᠠᠷᠠᠭ᠋ᠠᠯᠠᠯ᠂  ᠮᠡᠳᠡᠭᠡ ᠵᠠᠩᠭᠢ ᠵᠢᠨ ᠠᠮᠤᠷ ᠲᠦᠪᠰᠢᠨ᠎ᠤ ᠬᠠᠮᠢᠶᠠᠷᠤᠯᠲᠠ᠂  ᠬᠤᠪᠢ ᠬᠥᠮᠦᠨ᠎ᠤ ᠨᠢᠭᠤᠴᠠ ᠵᠢ ᠬᠠᠮᠠᠭ᠋ᠠᠯᠠᠬᠤ᠂  ᠣᠨᠳᠣᠤ ᠰᠠᠨᠠᠯ᠎ᠢ ᠰᠢᠢ᠍ᠳᠪᠦᠷᠢᠯᠡᠬᠦ᠂  ᠵᠠᠰᠠᠭ ᠵᠠᠬᠢᠷᠭ᠋ᠠᠨ᠎ᠤ ᠬᠢᠨᠠᠯᠲᠠ ᠲᠠᠯᠪᠢᠬᠤ᠂  ᠨᠡᠶ᠋ᠢᠭᠡᠮ᠎ᠤᠨ ᠬᠢᠨᠠᠯᠲᠠ ᠲᠠᠯᠪᠢᠬᠤ᠂  ᠲᠣᠭᠲᠠᠭ᠋ᠠᠯ᠎ᠠᠴᠠ ᠵᠥᠷᠢᠴᠡᠭᠰᠡᠨ ᠦᠢ᠍ᠯᠡ ᠠᠵᠢᠯᠯᠠᠭ᠎ᠠ ᠵᠢ ᠰᠢᠢ᠍ᠳᠪᠦᠷᠢᠯᠡᠬᠦ ᠵᠢᠴᠢ ᠤᠰᠤᠨ ᠠᠰᠢᠭᠯᠠᠯᠲᠠ ᠵᠢᠨ ᠠᠵᠢᠯ ᠲᠥᠷᠥᠯ᠎ᠤᠨ ᠪᠤᠰᠤᠳ ᠲᠤᠬᠠᠶ᠋ᠢᠯᠠᠭᠰᠠᠨ ᠠᠵᠢᠯ᠎ᠤᠨ ᠬᠦᠷᠢᠶᠡᠨ᠎ᠳᠠᠬᠢ ᠢᠲᠡᠭᠡᠮᠵᠢ ᠵᠢᠨ ᠮᠡᠳᠡᠭᠡ ᠵᠠᠩᠭᠢ ᠵᠢᠨ ᠬᠠᠮᠢᠶᠠᠷᠤᠯᠲᠠ᠂  ᠮᠤᠵᠢ ᠵᠢᠨ ᠱᠠᠲᠤᠨ᠎ᠤ ᠢᠲᠡᠭᠡᠮᠵᠢ ᠵᠢᠨ ᠲᠠᠪᠴᠠᠩ᠎ᠤᠨ ᠰᠦᠯᠵᠢᠶᠡᠨ᠎ᠤ ᠬᠠᠮᠢᠶᠠᠷᠤᠯᠲᠠ᠂  ᠮᠤᠵᠢ ᠵᠢᠨ ᠱᠠᠲᠤᠨ᠎ᠤ ᠢᠲᠡᠭᠡᠮᠵᠢ ᠵᠢᠨ ᠮᠡᠳᠡᠭᠡ ᠵᠠᠩᠭᠢ ᠵᠢᠨ ᠬᠠᠮᠢᠶᠠᠷᠤᠯᠲᠠ ᠵᠢᠨ ᠬᠡᠷᠡᠭᠵᠢᠭᠦᠯᠬᠦ ᠨᠠᠷᠢᠨ ᠲᠦᠷᠢᠮ᠎ᠢ ᠲᠣᠭᠲᠠᠭ᠋ᠠᠬᠤ ᠵᠡᠷᠭᠡ ᠪᠠᠭᠲᠠᠨ᠎ᠠ᠃

   ᠳᠥᠷᠪᠡ᠂  ᠲᠣᠳᠣᠷᠬᠠᠶ᠋ᠢᠯᠠᠬᠤ ᠴᠢᠬᠤᠯᠠᠲᠠᠶ ᠬᠡᠳᠦᠨ ᠠᠰᠠᠭᠤᠳᠠᠯ

  (ᠨᠢᠭᠡ) ᠢᠲᠡᠭᠡᠮᠵᠢ ᠵᠢᠨ ᠮᠡᠳᠡᠭᠡ ᠵᠠᠩᠭᠢ ᠵᠢᠨ ᠲᠥᠷᠥᠯ ᠬᠤᠪᠢᠶᠠᠬᠤ ᠪᠠ ᠴᠤᠭᠯᠠᠭᠤᠯᠬᠤ ᠲᠤᠬᠠᠶ

   ᠵᠠᠬ᠎ᠠ ᠳᠡᠯᠭᠡᠭᠦᠷ᠎ᠤᠨ ᠬᠥᠭᠵᠢᠯᠲᠡ ᠪᠠ ᠬᠠᠮᠢᠶᠠᠷᠤᠯᠲᠠ ᠵᠢᠨ ᠬᠡᠷᠡᠭᠴᠡᠭᠡ ᠵᠢ ᠦᠨᠳᠦᠰᠦᠯᠡᠨ᠂ 《ᠠᠷᠭ᠎ᠠ》 ᠵᠢᠨ ᠲᠣᠭᠲᠠᠭ᠋ᠠᠯ᠎ᠢ ᠦᠨᠳᠦᠰᠦᠯᠡᠨ᠂  ᠢᠲᠡᠭᠡᠮᠵᠢ ᠵᠢᠨ ᠮᠡᠳᠡᠭᠡ ᠵᠠᠩᠭᠢ ᠵᠢᠨ ᠬᠠᠮᠢᠶᠠᠷᠤᠯᠲᠠ ᠵᠢ ᠬᠡᠷᠡᠭᠵᠢᠭᠦᠯᠵᠦ ᠪᠠᠶ᠋ᠢᠭ᠎ᠠ ᠤᠰᠤᠨ ᠠᠰᠢᠭᠯᠠᠯᠲᠠ ᠵᠢᠨ ᠪᠥᠲᠥᠭᠡᠨ ᠪᠠᠶ᠋ᠢᠭᠤᠯᠤᠯᠲᠠ ᠵᠢᠨ ᠵᠠᠬ᠎ᠠ ᠳᠡᠯᠭᠡᠭᠦᠷ᠎ᠤᠨ ᠡᠵᠡᠩᠨᠡᠯᠲᠡ ᠵᠢᠨ ᠭᠤᠤᠯ ᠴᠣᠭᠴᠠ ᠵᠢ ᠪᠥᠲᠥᠭᠡᠨ ᠪᠠᠶ᠋ᠢᠭᠤᠯᠬᠤ᠂  ᠬᠠᠶ᠋ᠢᠨ ᠪᠠᠶ᠋ᠢᠴᠠᠭ᠋ᠠᠬᠤ᠂  ᠵᠢᠷᠤᠵᠤ ᠲᠥᠯᠥᠪᠯᠡᠬᠦ᠂  ᠪᠠᠷᠢᠯᠭ᠎ᠠ ᠪᠠᠷᠢᠬᠤ᠂  ᠬᠢᠨᠠᠨ ᠬᠠᠮᠢᠶᠠᠷᠬᠤ᠂  ᠬᠢᠨᠠᠨ ᠬᠡᠮᠵᠢᠬᠦ᠂  ᠵᠥᠪᠯᠡᠯᠭᠡ ᠥᠭᠬᠦ᠂  ᠳᠠᠭ᠋ᠠᠭ᠋ᠠᠴᠢᠯᠠᠯᠲᠠ ᠵᠠᠷᠯᠠᠬᠤ ᠵᠢ ᠣᠷᠣᠯᠠᠭᠤᠯᠬᠤ᠂  ᠶᠠᠰᠤ ᠴᠢᠨᠠᠷ᠎ᠢ ᠪᠠᠶ᠋ᠢᠴᠠᠭ᠋ᠠᠨ ᠬᠡᠮᠵᠢᠬᠦ᠂  ᠮᠠᠰᠢᠨ ᠮᠧᠬᠠᠨᠢᠭ ᠦᠢ᠍ᠯᠡᠳᠬᠦ ᠵᠡᠷᠭᠡ 10 ᠲᠥᠷᠥᠯ᠎ᠤᠨ ᠰᠠᠭᠤᠷᠢᠨ ᠳᠡᠭᠡᠷ᠎ᠡ᠂  ᠮᠠᠲ᠋ᠧᠷᠢᠶᠠᠯ ᠲᠥᠬᠦᠭᠡᠷᠦᠮᠵᠢ ᠵᠢᠨ ᠪᠠᠷᠠᠭ᠎ᠠ ᠬᠠᠩᠭ᠋ᠠᠬᠤ᠂  ᠮᠡᠳᠡᠭᠡ ᠵᠠᠩᠭᠢᠵᠢᠯᠲᠠ ᠵᠢᠨ ᠰᠢᠰᠲ᠋ᠧᠮ᠎ᠤᠨ ᠪᠥᠲᠥᠭᠡᠨ ᠪᠠᠶ᠋ᠢᠭᠤᠯᠤᠯᠲᠠ 2 ᠲᠥᠷᠥᠯ᠂  ᠨᠡᠶ᠋ᠢᠲᠡ 12 ᠲᠥᠷᠥᠯ ᠰᠢᠨ᠎ᠡ᠎ᠪᠠᠷ ᠨᠡᠮᠡᠭᠳᠡᠪᠡ᠃  ᠢᠲᠡᠭᠡᠮᠵᠢ ᠵᠢᠨ ᠮᠡᠳᠡᠭᠡ ᠵᠠᠩᠭᠢ ᠵᠢ ᠰᠠᠭᠤᠷᠢ ᠳᠠᠩᠰᠠᠯᠠᠨ ᠲᠡᠮᠳᠡᠭᠯᠡᠬᠦ ᠮᠡᠳᠡᠭᠡ ᠵᠠᠩᠭᠢ᠂  ᠵᠠᠰᠠᠭ ᠵᠠᠬᠢᠷᠭ᠋ᠠᠨ᠎ᠤ ᠬᠠᠮᠢᠶᠠᠷᠤᠯᠲᠠ ᠵᠢᠨ ᠮᠡᠳᠡᠭᠡ ᠵᠠᠩᠭᠢ᠂  ᠠᠵᠢᠯᠯᠠᠭ᠋ᠠᠨ᠎ᠤ ᠮᠡᠳᠡᠭᠡ ᠵᠠᠩᠭᠢ᠂  ᠨᠡᠶ᠋ᠢᠭᠡᠮ᠎ᠤᠨ ᠦᠨᠡᠯᠡᠯᠲᠡ ᠵᠢᠨ ᠮᠡᠳᠡᠭᠡ ᠵᠠᠩᠭᠢ ᠪᠣᠯᠤᠨ ᠪᠤᠰᠤᠳ ᠮᠡᠳᠡᠭᠡ ᠵᠠᠩᠭᠢ ᠭᠡᠵᠦ ᠬᠤᠪᠢᠶᠠᠨ᠎ᠠ᠃  ᠵᠠᠰᠠᠭ ᠵᠠᠬᠢᠷᠭ᠋ᠠᠨ᠎ᠤ ᠬᠠᠮᠢᠶᠠᠷᠤᠯᠲᠠ ᠵᠢᠨ ᠮᠡᠳᠡᠭᠡ ᠵᠠᠩᠭᠢ᠎ᠳᠤ ᠵᠠᠰᠠᠭ ᠵᠠᠬᠢᠷᠭ᠋ᠠᠨ᠎ᠤ ᠵᠥᠪᠰᠢᠶᠡᠷᠡᠯ᠎ᠤᠨ ᠮᠡᠳᠡᠭᠡ ᠵᠠᠩᠭᠢ᠂  ᠵᠠᠰᠠᠭ ᠵᠠᠬᠢᠷᠭ᠋ᠠᠨ᠎ᠤ ᠰᠢᠢ᠍ᠳᠬᠡᠯ᠎ᠤᠨ ᠮᠡᠳᠡᠭᠡ ᠵᠠᠩᠭᠢ᠂  ᠵᠠᠰᠠᠭ ᠵᠠᠬᠢᠷᠭ᠋ᠠᠨ᠎ᠤ ᠬᠢᠨᠠᠯᠲᠠ ᠪᠠᠶ᠋ᠢᠴᠠᠭ᠋ᠠᠯᠲᠠ ᠵᠢᠨ ᠮᠡᠳᠡᠭᠡ ᠵᠠᠩᠭᠢ᠂  ᠬᠦᠨᠳᠦ ᠨᠣᠴᠢᠲᠠᠶ ᠢᠲᠡᠭᠡᠯ ᠠᠯᠳᠠᠭᠰᠠᠨ ᠪᠡᠶᠡᠴᠢ ᠴᠣᠭᠴᠠ ᠵᠢᠨ ᠨᠡᠷᠡᠰ᠎ᠤᠨ ᠮᠡᠳᠡᠭᠡ ᠵᠠᠩᠭᠢ ᠵᠡᠷᠭᠡ ᠪᠠᠭᠲᠠᠨ᠎ᠠ᠂  ᠡᠭᠦᠨ᠎ᠳᠤ ᠵᠠᠰᠠᠭ ᠵᠠᠬᠢᠷᠭ᠋ᠠᠨ᠎ᠤ ᠰᠢᠢ᠍ᠳᠬᠡᠯ᠎ᠤᠨ ᠮᠡᠳᠡᠭᠡ ᠵᠠᠩᠭᠢ᠂  ᠬᠦᠨᠳᠦ ᠨᠣᠴᠢᠲᠠᠶ ᠢᠲᠡᠭᠡᠯ ᠠᠯᠳᠠᠭᠰᠠᠨ ᠪᠡᠶᠡᠴᠢ ᠴᠣᠭᠴᠠ ᠵᠢᠨ ᠨᠡᠷᠡᠰ᠎ᠤᠨ ᠮᠡᠳᠡᠭᠡ ᠵᠠᠩᠭᠢ ᠵᠡᠷᠭᠡ ᠵᠢ ᠢᠲᠡᠭᠡᠯ  ᠠᠯᠳᠠᠭᠰᠠᠨ ᠮᠡᠳᠡᠭᠡ ᠵᠠᠩᠭᠢ ᠭᠡᠵᠦ ᠶᠡᠷᠦᠩᠬᠡᠶ᠋ᠢᠯᠡᠨ ᠨᠡᠷᠡᠶ᠋ᠢᠳᠴᠦ᠂  ᠬᠥᠩᠭᠡᠪᠲᠦᠷ ᠢᠲᠡᠭᠡᠯ ᠠᠯᠳᠠᠭᠰᠠᠨ ᠮᠡᠳᠡᠭᠡ ᠵᠠᠩᠭᠢ᠂  ᠡᠩ᠎ᠤᠨ ᠢᠲᠡᠭᠡᠯ ᠠᠯᠳᠠᠭᠰᠠᠨ ᠮᠡᠳᠡᠭᠡ ᠵᠠᠩᠭᠢ᠂  ᠬᠦᠨᠳᠦ ᠨᠣᠴᠢᠲᠠᠶ ᠢᠲᠡᠭᠡᠯ ᠠᠯᠳᠠᠭᠰᠠᠨ ᠮᠡᠳᠡᠭᠡ ᠵᠠᠩᠭᠢ ᠭᠡᠵᠦ ᠬᠤᠪᠢᠶᠠᠨ᠎ᠠ᠃

  2023 ᠣᠨ᠎ᠤ 1 ᠳ᠋ᠦ᠍ᠭᠡᠷ ᠰᠠᠷ᠎ᠠ᠎ᠳᠤ ᠨᠡᠶ᠋ᠢᠲᠡᠯᠡᠭᠰᠡᠨ 《ᠢᠲᠡᠭᠡᠯ ᠠᠯᠳᠠᠭᠰᠠᠨ ᠦᠢ᠍ᠯᠡ ᠠᠵᠢᠯᠯᠠᠭ᠎ᠠ ᠵᠢ ᠵᠠᠯᠠᠷᠠᠭᠤᠯᠤᠭᠰᠠᠨ᠎ᠤ ᠳᠠᠷᠠᠭ᠋ᠠᠬᠢ ᠢᠲᠡᠭᠡᠮᠵᠢ ᠵᠢᠨ ᠮᠡᠳᠡᠭᠡ ᠵᠠᠩᠭᠢ ᠵᠢ ᠵᠠᠰᠠᠨ ᠰᠡᠷᠭᠦᠭᠡᠬᠦ ᠬᠠᠮᠢᠶᠠᠷᠤᠯᠲᠠ ᠵᠢᠨ ᠠᠷᠭ᠎ᠠ (ᠲᠤᠷᠰᠢᠨ ᠬᠡᠷᠡᠭᠵᠢᠭᠦᠯᠬᠦ)》 (ᠤᠯᠤᠰ᠎ᠤᠨ ᠬᠥᠭᠵᠢᠭᠦᠯᠦᠯᠲᠡ  ᠪᠠ ᠥᠭᠡᠷᠡᠴᠢᠯᠡᠯᠲᠡ ᠵᠢᠨ ᠵᠥᠪᠯᠡᠯ᠎ᠤᠨ ᠵᠠᠷᠯᠢᠭ 58 ᠳ᠋ᠤᠭ᠋ᠠᠷ ᠲᠣᠭ᠋ᠠᠲᠤ) ᠵᠢ ᠦᠨᠳᠦᠰᠦᠯᠡᠨ᠂ 《ᠠᠷᠭ᠎ᠠ》᠎ᠳᠤ ᠲᠣᠭᠲᠠᠭ᠋ᠠᠭᠰᠠᠨ ᠢᠲᠡᠭᠡᠯ ᠠᠯᠳᠠᠭᠰᠠᠨ ᠬᠥᠩᠭᠡᠪᠲᠦᠷ ᠮᠡᠳᠡᠭᠡ ᠵᠠᠩᠭᠢ᠎ᠳᠤ ᠬᠠᠷᠢᠶᠠᠯᠠᠭᠳᠠᠬᠤ ᠵᠠᠰᠠᠭ ᠵᠠᠬᠢᠷᠭ᠋ᠠᠨ᠎ᠤ ᠰᠢᠢ᠍ᠳᠬᠡᠯ᠎ᠤᠨ ᠮᠡᠳᠡᠭᠡ ᠵᠠᠩᠭᠢ ᠵᠢ ᠴᠤᠭᠯᠠᠭᠤᠯᠬᠤ ᠪᠤᠶᠤ ᠢᠯᠡ ᠨᠡᠶ᠋ᠢᠲᠡᠯᠡᠵᠦ ᠪᠣᠯᠬᠤ ᠥᠬᠡᠶ᠃  ᠡᠵᠡᠩᠨᠡᠯᠲᠡ ᠵᠢᠨ ᠭᠤᠤᠯ ᠴᠣᠭᠴᠠ ᠵᠢᠨ ᠢᠲᠡᠭᠡᠮᠵᠢ ᠵᠢᠨ ᠪᠠᠶ᠋ᠢᠳᠠᠯ᠎ᠢ ᠪᠥᠬᠦ ᠲᠠᠯ᠎ᠠ᠎ᠪᠠᠷ ᠡᠵᠡᠮᠰᠢᠵᠦ᠂  ᠰᠢᠶᠠᠨ᠎ᠤ ᠱᠠᠲᠤᠨ᠎ᠠᠴᠠ ᠳᠡᠭᠡᠭᠰᠢᠬᠢ ᠤᠰᠤᠨ᠎ᠤ ᠵᠠᠰᠠᠭ ᠵᠠᠬᠢᠷᠭ᠋ᠠᠨ᠎ᠤ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ᠎ᠤᠨ ᠬᠢᠨᠠᠯᠲᠠ ᠪᠠᠶ᠋ᠢᠴᠠᠭ᠋ᠠᠯᠲᠠ ᠵᠢᠨ ᠦᠢ᠍ᠯᠡᠳᠦᠯ᠎ᠢ ᠭᠦᠢ᠍ᠴᠡᠳ ᠪᠠᠳᠠᠷᠠᠭᠤᠯᠬᠤ ᠵᠢᠨ ᠲᠥᠯᠥᠭᠡ᠂ 《ᠠᠷᠭ᠎ᠠ》᠎ᠳᠤ ᠤᠯᠤᠰ᠎ᠤᠨ ᠬᠥᠭᠵᠢᠭᠦᠯᠦᠯᠲᠡ ᠪᠠ ᠥᠭᠡᠷᠡᠴᠢᠯᠡᠯᠲᠡ ᠵᠢᠨ ᠵᠥᠪᠯᠡᠯ᠎ᠤᠨ ᠵᠠᠷᠯᠢᠭ᠎ᠤᠨ 58 ᠳ᠋ᠤᠭ᠋ᠠᠷ ᠲᠣᠭ᠋ᠠᠲᠤ ᠲᠣᠭᠲᠠᠭ᠋ᠠᠯ ᠵᠶ᠋ᠠᠷ ᠯᠠᠪᠯᠠᠯᠲᠠ ᠪᠣᠯᠭ᠋ᠠᠭᠰᠠᠨ ᠰᠠᠭᠤᠷᠢᠨ ᠳᠡᠭᠡᠷ᠎ᠡ᠄ ᠢᠲᠡᠭᠡᠯ ᠠᠯᠳᠠᠭᠰᠠᠨ ᠬᠥᠩᠭᠡᠪᠲᠦᠷ ᠮᠡᠳᠡᠭᠡ ᠵᠠᠩᠭᠢ᠎ᠳᠤ ᠬᠠᠷᠢᠶᠠᠯᠠᠭᠳᠠᠬᠤ ᠵᠠᠰᠠᠭ ᠵᠠᠬᠢᠷᠭ᠋ᠠᠨ᠎ᠤ ᠰᠢᠢ᠍ᠳᠭᠡᠯ ᠲᠣᠷᠭ᠋ᠠᠭᠤᠯᠢ ᠵᠢᠨ ᠮᠡᠳᠡᠭᠡ ᠵᠠᠩᠭᠢ ᠪᠠ ᠰᠢᠶᠠᠨ᠎ᠤ ᠱᠠᠲᠤᠨ᠎ᠠᠴᠠ ᠳᠡᠭᠡᠭᠰᠢᠬᠢ ᠤᠰᠤᠨ᠎ᠤ ᠵᠠᠰᠠᠭ ᠵᠠᠬᠢᠷᠭ᠋ᠠᠨ᠎ᠤ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ᠎ᠤᠨ ᠵᠠᠰᠠᠭ ᠵᠠᠬᠢᠷᠭ᠋ᠠᠨ᠎ᠤ ᠬᠢᠨᠠᠯᠲᠠ ᠪᠠᠶ᠋ᠢᠴᠠᠭ᠋ᠠᠯᠲᠠ ᠵᠢᠨ ᠮᠡᠳᠡᠭᠡ ᠵᠠᠩᠭᠢ ᠵᠢ ᠢᠲᠡᠭᠡᠮᠵᠢ ᠵᠢᠨ ᠮᠡᠳᠡᠭᠡ ᠵᠠᠩᠭᠢ ᠴᠤᠭᠯᠠᠭᠤᠯᠬᠤ ᠬᠡᠪᠴᠢᠶᠡᠨ᠎ᠳᠤ ᠣᠷᠣᠭᠤᠯᠬᠤ ᠪᠣᠯᠪᠠᠴᠤ ᠢᠯᠡ ᠨᠡᠶ᠋ᠢᠲᠡᠯᠡᠬᠦ ᠥᠬᠡᠶ ᠪᠠᠶ᠋ᠢᠵᠤ᠂  ᠱᠠᠲᠤ ᠲᠥᠷᠥᠯ ᠬᠤᠪᠢᠶᠠᠨ ᠬᠢᠨᠠᠨ ᠬᠠᠮᠢᠶᠠᠷᠬᠤ᠂  ᠢᠲᠡᠭᠡᠮᠵᠢ ᠵᠢ ᠦᠨᠡᠯᠡᠬᠦ ᠵᠡᠷᠭᠡ ᠠᠵᠢᠯ᠎ᠤᠨ ᠮᠡᠳᠡᠭᠡ ᠵᠠᠩᠭᠢ ᠵᠢᠨ ᠢᠷᠡᠯᠲᠡ ᠪᠠ ᠦᠨᠳᠦᠰᠦᠯᠡᠯ ᠪᠣᠯᠭ᠋ᠠᠨ᠎ᠠ᠃

  (ᠬᠤᠶᠠᠷ) ᠢᠲᠡᠭᠡᠮᠵᠢ ᠵᠢᠨ ᠮᠡᠳᠡᠭᠡ ᠵᠠᠩᠭᠢ ᠵᠢ ᠵᠠᠷᠯᠠᠨ ᠨᠡᠶ᠋ᠢᠲᠡᠯᠡᠬᠦ ᠪᠠ ᠰᠡᠷᠭᠦᠭᠡᠬᠦ ᠲᠤᠬᠠᠶ

   ᠬᠠᠤᠯᠢ ᠲᠣᠭᠲᠠᠭ᠋ᠠᠯ ᠶᠣᠰᠣᠭ᠋ᠠᠷ ᠢᠲᠡᠭᠡᠯ ᠠᠯᠳᠠᠭᠰᠠᠳ᠎ᠢ ᠵᠠᠯᠬᠠᠭ᠋ᠠᠨ ᠴᠡᠭᠡᠷᠯᠡᠭᠦᠯᠬᠦ ᠪᠠ ᠢᠲᠡᠭᠡᠮᠵᠢ ᠵᠢ ᠰᠡᠷᠭᠦᠭᠡᠬᠦ ᠵᠢ ᠬᠡᠷᠡᠭᠵᠢᠭᠦᠯᠵᠦ᠂  ᠡᠵᠡᠩᠨᠡᠯᠲᠡ ᠵᠢᠨ ᠭᠤᠤᠯ ᠴᠣᠭᠴᠠ ᠵᠢᠨ ᠬᠠᠤᠯᠢ ᠶᠣᠰᠣᠨ᠎ᠤ ᠡᠷᠬᠡ ᠠᠰᠢᠭ᠎ᠢ ᠪᠠᠲᠤᠯᠠᠨ᠂  ᠠᠷᠢᠭᠤᠨ ᠴᠢᠬᠡᠴᠢ᠎ᠪᠠᠷ ᠵᠠᠰᠠᠭ ᠪᠠᠷᠢᠬᠤ ᠲᠦᠭᠰᠢᠭᠦᠷᠢ ᠵᠢ ᠰᠡᠷᠭᠡᠶ᠋ᠢᠯᠡᠨ ᠡᠵᠡᠮᠳᠡᠬᠦ ᠵᠢᠨ ᠲᠥᠯᠥᠭᠡ᠂ 《ᠠᠷᠭ᠎ᠠ》᠎ᠨᠢ ᠤᠯᠤᠰ᠎ᠤᠨ ᠬᠥᠭᠵᠢᠭᠦᠯᠦᠯᠲᠡ ᠪᠠ ᠥᠭᠡᠷᠡᠴᠢᠯᠡᠯᠲᠡ ᠵᠢᠨ ᠵᠥᠪᠯᠡᠯ᠎ᠤᠨ 58 ᠳ᠋ᠤᠭ᠋ᠠᠷ ᠲᠣᠭ᠋ᠠᠲᠤ ᠲᠣᠭᠲᠠᠭ᠋ᠠᠯ ᠵᠶ᠋ᠠᠷ ᠯᠠᠪᠯᠠᠯᠲᠠ ᠪᠣᠯᠭ᠋ᠠᠭᠰᠠᠨ ᠰᠠᠭᠤᠷᠢᠨ ᠳᠡᠭᠡᠷ᠎ᠡ᠂  ᠬᠠᠮᠢᠶ᠎ᠠ ᠪᠥᠬᠦᠶ ᠱᠠᠭ᠋ᠠᠷᠳᠠᠯᠭ᠎ᠠ ᠵᠢ ᠤᠯᠠᠮ ᠨᠢᠭᠡ ᠠᠯᠬᠤᠮ ᠨᠠᠷᠢᠯᠢᠬ᠍ᠵᠢᠭᠤᠯᠤᠨ ᠲᠣᠳᠣᠷᠬᠠᠶ᠋ᠢᠯᠠᠵᠤ᠂  ᠢᠲᠡᠭᠡᠮᠵᠢ ᠵᠢᠨ ᠮᠡᠳᠡᠭᠡ ᠵᠠᠩᠭᠢ ᠵᠢ ᠢᠯᠡ ᠨᠡᠶ᠋ᠢᠲᠡᠯᠡᠬᠦ ᠪᠠ ᠰᠡᠷᠭᠦᠭᠡᠬᠦ ᠳᠤᠮᠳᠠᠬᠢ ᠴᠢᠯᠥᠭᠡᠲᠦ ᠲᠠᠰᠤᠯᠤᠯᠲᠠ ᠵᠢᠨ ᠡᠷᠬᠡ ᠵᠢ ᠬᠢᠵᠠᠭ᠋ᠠᠷᠯᠠᠨ᠎ᠠ᠄ ᠨᠢᠭᠡ᠎ᠳᠤ᠂  ᠵᠠᠰᠠᠭ ᠵᠠᠬᠢᠷᠭ᠋ᠠᠨ᠎ᠤ ᠬᠢᠨᠠᠯᠲᠠ ᠪᠠᠶ᠋ᠢᠴᠠᠭ᠋ᠠᠯᠲᠠ ᠵᠢᠨ ᠮᠡᠳᠡᠭᠡ ᠵᠠᠩᠭᠢ᠂  ᠢᠲᠡᠭᠡᠯ ᠠᠯᠳᠠᠭᠰᠠᠨ ᠬᠥᠩᠭᠡᠪᠲᠦᠷ ᠮᠡᠳᠡᠭᠡ ᠵᠠᠩᠭᠢ᠎ᠳᠤ ᠬᠠᠷᠢᠶᠠᠯᠠᠭᠳᠠᠬᠤ ᠵᠠᠰᠠᠭ ᠵᠠᠬᠢᠷᠭ᠋ᠠᠨ᠎ᠤ ᠰᠢᠢ᠍ᠳᠬᠡᠯ᠎ᠤᠨ ᠮᠡᠳᠡᠭᠡ ᠵᠠᠩᠭᠢ ᠵᠡᠷᠭᠡ ᠵᠢᠷᠭᠤᠭ᠋ᠠᠨ ᠲᠥᠷᠥᠯ᠎ᠤᠨ ᠮᠡᠳᠡᠭᠡ ᠵᠠᠩᠭᠢ ᠵᠢ ᠢᠯᠡ ᠨᠡᠶ᠋ᠢᠲᠡᠯᠡᠬᠦ ᠥᠬᠡᠶ᠎ᠠᠴᠠ ᠭᠠᠳᠠᠨ᠎ᠠ᠂  ᠪᠤᠰᠤᠳ ᠢᠲᠡᠭᠡᠮᠵᠢ ᠵᠢᠨ ᠮᠡᠳᠡᠭᠡ ᠵᠠᠩᠭᠢ ᠵᠢ ᠴᠥᠮ ᠢᠯᠡ ᠨᠡᠶ᠋ᠢᠲᠡᠯᠡᠨ᠎ᠡ᠃  ᠬᠤᠶᠠᠷ᠎ᠲᠤ᠂  ᠵᠠᠰᠠᠭ ᠵᠠᠬᠢᠷᠭ᠋ᠠᠨ᠎ᠤ ᠰᠢᠢ᠍ᠳᠭᠡᠯ ᠲᠣᠷᠭ᠋ᠠᠭᠤᠯᠢ ᠵᠢᠨ ᠮᠡᠳᠡᠭᠡ ᠵᠠᠩᠭᠢ ᠵᠢ ᠢᠯᠡ ᠨᠡᠶ᠋ᠢᠲᠡᠯᠡᠭᠰᠡᠨ ᠡᠳᠦᠷ᠎ᠠᠴᠠ ᠡᠬᠢᠯᠡᠵᠦ ᠪᠣᠳᠣᠨ᠎ᠠ᠂  ᠡᠭᠦᠨ᠎ᠳᠤ ᠡᠩ᠎ᠤᠨ ᠢᠲᠡᠭᠡᠯ ᠠᠯᠳᠠᠭᠰᠠᠨ ᠮᠡᠳᠡᠭᠡ ᠵᠠᠩᠭᠢ᠎ᠳᠤ ᠬᠠᠷᠢᠶᠠᠯᠠᠭᠳᠠᠪᠠᠯ᠂  ᠬᠠᠮᠤᠭ᠎ᠤᠨ ᠣᠬᠤᠷ ᠨᠡᠶ᠋ᠢᠲᠡᠯᠡᠬᠦ ᠬᠤᠭᠤᠴᠠᠭ᠎ᠠ᠎ᠨᠢ 3 ᠰᠠᠷ᠎ᠠ᠂  ᠬᠠᠮᠤᠭ᠎ᠤᠨ ᠣᠷᠳᠣ ᠵᠠᠷᠯᠠᠨ ᠨᠡᠶ᠋ᠢᠲᠡᠯᠡᠬᠦ ᠬᠤᠭᠤᠴᠠᠭ᠎ᠠ᠎ᠨᠢ 3 ᠵᠢᠯ ᠪᠣᠯᠤᠨ᠎ᠠ; ᠬᠦᠨᠳᠦ ᠨᠣᠴᠢᠲᠠᠢ ᠢᠲᠡᠭᠡᠯ ᠠᠯᠳᠠᠭᠰᠠᠨ ᠮᠡᠳᠡᠭᠡ ᠵᠠᠩᠭᠢ᠎ᠳᠤ᠂  ᠣᠨᠴᠠ ᠲᠥᠷᠥᠯ᠎ᠤᠨ ᠲᠥᠬᠦᠭᠡᠷᠦᠮᠵᠢ᠂  ᠠᠶᠤᠯᠭᠦᠢ ᠦᠢ᠍ᠯᠡᠳᠪᠦᠷᠢᠯᠡᠯ᠂  ᠭᠠᠯ ᠤᠨᠲᠠᠷᠠᠭ᠋ᠠᠬᠤ ᠬᠦᠷᠢᠶ᠎ᠡ ᠴᠠᠷᠠᠭ᠎ᠠ᠎ᠳᠤ ᠬᠤᠯᠪᠣᠭᠳᠠᠭᠰᠠᠨ ᠪᠠᠶ᠋ᠢᠪᠠᠯ᠂  ᠬᠠᠮᠤᠭ᠎ᠤᠨ ᠣᠬᠤᠷ ᠨᠡᠶ᠋ᠢᠲᠡᠯᠡᠬᠦ ᠬᠤᠭᠤᠴᠠᠭ᠎ᠠ᠎ᠨᠢ 1 ᠵᠢᠯ᠂  ᠬᠠᠮᠤᠭ᠎ᠤᠨ ᠣᠷᠳᠣ ᠵᠠᠷᠯᠠᠨ ᠨᠡᠶ᠋ᠢᠲᠡᠯᠡᠬᠦ ᠬᠤᠭᠤᠴᠠᠭ᠎ᠠ᠎ᠨᠢ 3 ᠵᠢᠯ ᠪᠣᠯᠤᠨ᠎ᠠ᠃  ᠬᠠᠮᠤᠭ᠎ᠤᠨ ᠣᠬᠤᠷ ᠢᠯᠡ ᠨᠡᠶ᠋ᠢᠲᠡᠯᠡᠬᠦ ᠬᠤᠭᠤᠴᠠᠭ᠎ᠠ ᠳᠠᠭᠤᠰᠤᠭᠰᠠᠨ᠎ᠤ ᠳᠠᠷᠠᠭ᠎ᠠ᠂  ᠰᠠᠶᠢ ᠲᠣᠭᠲᠠᠭ᠋ᠠᠯ ᠶᠣᠰᠣᠭ᠋ᠠᠷ ᠤᠷᠢᠳᠴᠢᠯᠠᠨ ᠨᠡᠶ᠋ᠢᠲᠡᠯᠡᠬᠦ ᠵᠢ ᠵᠣᠭᠰᠣᠭ᠋ᠠᠵᠤ᠂  ᠬᠠᠮᠤᠭ᠎ᠤᠨ ᠣᠷᠳᠣ ᠵᠠᠷᠯᠠᠨ ᠨᠡᠶ᠋ᠢᠲᠡᠯᠡᠬᠦ ᠬᠤᠭᠤᠴᠠᠭ᠎ᠠ ᠳᠠᠭᠤᠰᠤᠭᠰᠠᠨ᠎ᠤ ᠳᠠᠷᠠᠭ᠎ᠠ ᠢᠯᠡ ᠨᠡᠶ᠋ᠢᠲᠡᠯᠡᠬᠦ ᠵᠢ ᠠᠶᠠᠨᠳᠠᠭ᠋ᠠᠨ ᠵᠣᠭᠰᠣᠭ᠋ᠠᠨ᠎ᠠ᠃  ᠭᠤᠷᠪᠠ᠎ᠳᠤ᠂  ᠬᠠᠤᠯᠢ ᠴᠠᠭ᠋ᠠᠵᠠ᠂  ᠬᠠᠤᠯᠢ ᠲᠣᠭᠲᠠᠭ᠋ᠠᠯ ᠵᠢᠴᠢ ᠨᠠᠮ᠎ᠤᠨ ᠲᠥᠪ ᠬᠤᠷᠢᠶ᠎ᠠ᠂  ᠲᠥᠷᠥ ᠵᠢᠨ ᠶᠠᠪᠤᠳᠠᠯ᠎ᠤᠨ ᠬᠤᠷᠢᠶᠠᠨ᠎ᠤ ᠲᠥᠷᠥ ᠵᠢᠨ ᠪᠣᠳᠣᠯᠭ᠎ᠠ ᠵᠢᠨ ᠪᠢᠴᠢᠭ ᠮᠠᠲ᠋ᠧᠷᠢᠶᠠᠯ᠎ᠳᠤ ᠠᠰᠲᠠᠭ᠋ᠠᠨ ᠲᠣᠭᠲᠠᠭ᠋ᠠᠯ᠎ᠲᠠᠢ᠎ᠠᠴᠠ ᠭᠠᠳᠠᠨ᠎ᠠ᠂  ᠢᠲᠡᠭᠡᠯ ᠠᠯᠳᠠᠭᠰᠠᠨ ᠪᠣᠶ ᠪᠥᠬᠦᠶ ᠮᠡᠳᠡᠭᠡ ᠵᠠᠩᠭᠢ ᠵᠢ ᠴᠥᠮ ᠵᠠᠰᠠᠨ ᠰᠡᠷᠭᠦᠭᠡᠬᠦ᠎ᠪᠠᠷ ᠭᠤᠶᠤᠴᠢᠯᠠᠵᠤ ᠪᠣᠯᠤᠨ᠎ᠠ᠂  ᠭᠤᠶᠤᠴᠢᠯᠠᠬᠤ᠂  ᠭᠥᠯᠢᠶᠡᠨ ᠠᠪᠴᠤ ᠰᠢᠢ᠍ᠳᠪᠦᠷᠢᠯᠡᠬᠦ᠂  ᠬᠢᠨᠠᠨ ᠬᠠᠷᠭᠤᠭᠤᠯᠬᠤ ᠲᠠᠰ ᠳᠠᠷᠠᠭ᠋ᠠᠯᠠᠯ᠎ᠢ ᠵᠢᠷᠤᠮᠯᠠᠨ᠂  ᠡᠵᠡᠩᠨᠡᠯᠲᠡ ᠵᠢᠨ ᠭᠤᠤᠯ ᠴᠣᠭᠴᠠ ᠵᠢᠨ ᠢᠲᠡᠭᠡᠮᠵᠢ ᠵᠢᠨ ᠵᠠᠯᠬᠠᠭ᠋ᠠᠨ ᠴᠡᠭᠡᠷᠯᠡᠭᠦᠯᠬᠦ ᠠᠷᠭ᠎ᠠ ᠬᠡᠮᠵᠢᠶ᠎ᠡ ᠵᠢ ᠬᠦᠴᠦᠨ ᠥᠬᠡᠶ ᠪᠣᠯᠭ᠋ᠠᠬᠤ᠎ᠪᠠᠷ ᠭᠤᠶᠤᠴᠢᠯᠠᠬᠤ᠂  ᠢᠲᠡᠭᠡᠮᠵᠢ ᠵᠢ ᠳᠠᠬᠢᠨ ᠴᠣᠭᠴᠠᠯᠠᠬᠤ᠎ᠳᠤ ᠲᠦᠷᠢᠮ᠎ᠤᠨ ᠪᠠᠲᠤᠯᠠᠭ᠎ᠠ ᠬᠠᠩᠭ᠋ᠠᠨ᠎ᠠ᠃

  (ᠭᠤᠷᠪᠠ) ᠠᠵᠤ ᠠᠬᠤᠶ᠋ᠢᠯᠠᠯ᠎ᠳᠤ ᠠᠰᠢᠭᠲᠠᠶ ᠠᠷᠠᠳ᠎ᠲᠤ ᠲᠥᠬᠦᠮ ᠦᠵᠡᠭᠦᠯᠬᠦ ᠲᠥᠷᠥ ᠵᠢᠨ ᠪᠣᠳᠣᠯᠭ᠎ᠠ ᠵᠢᠨ ᠠᠷᠭ᠎ᠠ ᠬᠡᠮᠵᠢᠶ᠎ᠡ

  《ᠥᠨᠳᠥᠷ ᠦᠷ᠎ᠡ ᠪᠦᠲᠦᠮᠵᠢᠲᠡᠶ᠎ᠪᠠᠷ ᠨᠢᠭᠡ ᠶᠠᠪᠤᠳᠠᠯ᠎ᠢ ᠭᠦᠢ᠍ᠴᠡᠳᠭᠡᠬᠦ》 ᠱᠠᠭ᠋ᠠᠷᠳᠠᠯᠭ᠎ᠠ ᠶᠣᠰᠣᠭ᠋ᠠᠷ᠂  ᠢᠲᠡᠭᠡᠮᠵᠢ ᠵᠢᠨ ᠮᠡᠳᠡᠭᠡ ᠵᠠᠩᠭᠢ ᠵᠢᠨ ᠬᠠᠮᠢᠶᠠᠷᠤᠯᠲᠠ ᠵᠢᠨ ᠠᠵᠢᠯ᠎ᠤᠨ ᠲᠣᠭᠲᠠᠴᠠ ᠵᠢ ᠰᠢᠯᠢᠳᠡᠭᠵᠢᠭᠦᠯᠵᠦ᠂  ᠵᠠᠰᠠᠭ ᠵᠠᠬᠢᠷᠭ᠋ᠠᠨ᠎ᠤ ᠦᠢ᠍ᠯᠡᠳᠦᠯ ᠴᠢᠳᠠᠪᠤᠷᠢ ᠵᠢ ᠳᠡᠭᠡᠭᠰᠢᠯᠡᠭᠦᠯᠦᠨ᠂  ᠡᠵᠡᠩᠨᠡᠯᠲᠡ ᠵᠢᠨ ᠭᠤᠣᠯ ᠴᠣᠭᠴᠠ ᠵᠢ 《ᠪᠡᠶ᠎ᠡ ᠬᠦᠩᠭᠡᠨ ᠪᠠᠢ᠌ᠯᠳᠤᠭ᠋ᠠᠨ᠎ᠳᠤ ᠣᠷᠣᠬᠤ》᠂  ᠠᠵᠤ ᠠᠬᠤᠶ᠋ᠢᠯᠠᠯ ᠪᠠ ᠣᠯᠠᠨ ᠲᠦᠮᠡᠨ᠎ᠤ ᠠᠵᠢᠯ ᠶᠠᠪᠤᠳᠠᠯ ᠭᠦᠢ᠍ᠴᠡᠳᠬᠡᠬᠦ᠎ᠳᠤ ᠬᠠᠨᠤᠮᠵᠢᠲᠠᠶ ᠪᠠᠶ᠋ᠢᠬᠤ ᠬᠡᠮᠵᠢᠶ᠎ᠡ᠂  ᠬᠦᠷᠲᠡᠮᠵᠢ ᠵᠢᠨ ᠲᠥᠷᠥᠭᠳᠡᠯ᠎ᠢ ᠳᠡᠭᠡᠭᠰᠢᠯᠡᠭᠦᠯᠦᠨ᠎ᠡ᠃  ᠨᠢᠭᠡ᠎ᠳᠤ᠂ 《ᠬᠤᠶᠠᠷ ᠪᠢᠴᠢᠭ᠎ᠢ ᠵᠡᠷᠭᠡᠪᠡᠷ ᠬᠦᠷᠭᠡᠬᠦ》 ᠵᠢ ᠬᠡᠷᠡᠭᠵᠢᠭᠦᠯᠵᠦ᠂  ᠵᠠᠰᠠᠭ ᠵᠠᠬᠢᠷᠭ᠋ᠠᠨ᠎ᠤ ᠪᠠᠶ᠋ᠢᠭᠤᠯᠭ᠎ᠠ ᠵᠠᠰᠠᠭ ᠵᠠᠬᠢᠷᠭ᠋ᠠᠨ᠎ᠤ ᠰᠢᠢ᠍ᠳᠬᠡᠯ᠎ᠤᠨ ᠲᠣᠭᠲᠠᠭ᠋ᠠᠯ᠎ᠤᠨ ᠪᠢᠴᠢᠭ᠎ᠢ ᠬᠦᠷᠭᠡᠬᠦ᠎ᠳᠡᠭᠡᠨ ᠢᠲᠡᠭᠡᠮᠵᠢ ᠵᠢ ᠰᠡᠷᠭᠦᠭᠡᠬᠦ ᠮᠡᠳᠡᠭᠳᠡᠯ᠎ᠤᠨ ᠪᠢᠴᠢᠭ᠎ᠢ ᠵᠡᠷᠭᠡᠪᠡᠷ ᠬᠦᠷᠭᠡᠵᠦ᠂  ᠡᠵᠡᠩᠨᠡᠯᠲᠡ ᠵᠢᠨ ᠭᠤᠤᠯ ᠴᠣᠭᠴᠠ ᠵᠢᠨ ᠢᠲᠡᠭᠡᠮᠵᠢ ᠵᠢ ᠰᠡᠷᠭᠦᠭᠡᠬᠦ ᠠᠷᠭ᠎ᠠ ᠵᠠᠮ ᠪᠠ ᠠᠷᠭ᠎ᠠ ᠮᠠᠶᠢᠭ᠎ᠢ ᠴᠠᠭ ᠲᠤᠬᠠᠶ᠎ᠳᠤᠨᠢ ᠮᠡᠳᠡᠭᠳᠡᠵᠦ᠂  ᠡᠵᠡᠩᠨᠡᠯᠲᠡ ᠵᠢᠨ ᠭᠤᠤᠯ ᠴᠣᠭᠴᠠ ᠵᠢᠨ ᠡᠷᠬᠡ ᠠᠰᠢᠭ᠎ᠢ ᠪᠠᠲᠤᠯᠠᠨ᠎ᠠ᠃  ᠬᠤᠶᠠᠷ᠎ᠲᠤ᠂  ᠢᠲᠡᠭᠡᠮᠵᠢ ᠵᠢᠨ ᠮᠡᠳᠡᠭᠡ ᠵᠠᠩᠭᠢ ᠵᠢ ᠴᠤᠭᠯᠠᠭᠤᠯᠬᠤ ᠠᠷᠭ᠎ᠠ ᠪᠠᠷᠢᠯ᠎ᠢ ᠰᠢᠯᠢᠳᠡᠭᠵᠢᠭᠦᠯᠵᠦ᠂  ᠢᠲᠡᠭᠡᠮᠵᠢ ᠵᠢᠨ ᠮᠡᠳᠡᠭᠡ ᠵᠠᠩᠭᠢ ᠵᠢ ᠢᠯᠡ ᠨᠡᠶ᠋ᠢᠲᠡᠯᠡᠬᠦ ᠪᠠ ᠰᠡᠷᠭᠦᠭᠡᠬᠦ ᠠᠷᠭ᠎ᠠ ᠵᠠᠮ᠎ᠢ ᠨᠢᠭᠡᠳᠬᠡᠵᠦ᠂ 《ᠨᠢᠭᠡ ᠰᠦᠯᠵᠢᠶ᠎ᠡ᠎ᠪᠠᠷ ᠨᠡᠶ᠋ᠢᠳᠡᠮ ᠭᠦᠢ᠍ᠴᠡᠳᠬᠡᠬᠦ》᠂ 《ᠨᠢᠭᠡ ᠰᠦᠯᠵᠢᠶ᠎ᠡ᠎ᠪᠠᠷ ᠨᠢᠭᠡᠳᠦᠯᠲᠡᠶ ᠬᠠᠮᠢᠶᠠᠷᠬᠤ》᠂ 《ᠨᠢᠭᠡ ᠰᠦᠯᠵᠢᠶ᠎ᠡ᠎ᠪᠠᠷ ᠬᠠᠮᠵᠢᠯᠴᠠᠬᠤ》 ᠵᠢ ᠠᠬᠢᠭᠤᠯᠵᠤ᠂  ᠳᠥᠭᠦᠮ ᠳᠥᠲᠡ ᠥᠨᠳᠥᠷ ᠪᠦᠲᠦᠮᠵᠢᠲᠡᠶ᠂  ᠨᠢᠭᠡᠳᠦᠯᠲᠡᠶ ᠵᠢᠷᠤᠮᠵᠢᠭᠤᠨ᠂  ᠬᠠᠮᠵᠢᠯᠴᠠᠨ ᠬᠠᠮᠲᠤᠪᠠᠷ ᠡᠳ᠋ᠯᠡᠬᠦ ᠠᠵᠢᠯ᠎ᠤᠨ ᠲᠣᠭᠲᠠᠴᠠ ᠵᠢ ᠪᠠᠶ᠋ᠢᠭᠤᠯᠵᠤ᠂  ᠬᠠᠮᠤᠭ᠎ᠤᠨ ᠶᠡᠭᠡ ᠬᠡᠮᠵᠢᠶ᠎ᠡ᠎ᠪᠠᠷ ᠠᠵᠤ ᠠᠬᠤᠶ᠋ᠢᠯᠠᠯ᠎ᠳᠤ ᠠᠰᠢᠭᠲᠠᠶ ᠠᠷᠠᠳ᠎ᠲᠤ ᠲᠥᠬᠦᠮ ᠦᠵᠡᠭᠦᠯᠦᠨ᠎ᠡ᠃  ᠭᠤᠷᠪᠠ᠎ᠳᠤ᠂  ᠢᠲᠡᠭᠡᠮᠵᠢ ᠵᠢᠨ ᠠᠮᠠᠯᠠᠯᠲᠠ ᠵᠢᠨ ᠲᠦᠷᠢᠮ᠎ᠢ ᠪᠠᠶ᠋ᠢᠭᠤᠯᠤᠨ ᠬᠡᠷᠡᠭᠯᠡᠵᠦ᠂  ᠢᠲᠡᠭᠡᠮᠵᠢ ᠵᠢᠨ ᠬᠢᠵᠠᠭ᠋ᠠᠷᠯᠠᠯ ᠪᠠ ᠨᠡᠶ᠋ᠢᠭᠡᠮ᠎ᠤᠨ ᠬᠢᠨᠠᠯᠲᠠ ᠵᠢ ᠴᠢᠩᠭ᠋ᠠᠳᠬᠠᠨ᠂  ᠡᠵᠡᠩᠨᠡᠯᠲᠡ ᠵᠢᠨ ᠭᠤᠤᠯ ᠴᠣᠭᠴᠠ ᠵᠢᠨ ᠬᠠᠤᠯᠢ ᠶᠣᠰᠣᠭ᠋ᠠᠷ ᠦᠨᠡᠨᠴᠢ ᠢᠲᠡᠭᠡᠮᠵᠢᠲᠡᠢ᠎ᠪᠠᠷ ᠡᠵᠡᠩᠨᠡᠬᠦ ᠪᠠ ᠢᠲᠡᠭᠡᠮᠵᠢ ᠵᠢᠨ ᠪᠠᠶ᠋ᠢᠭᠤᠯᠤᠯᠲᠠ᠎ᠳᠤ ᠣᠷᠣᠯᠴᠠᠬᠤ ᠤᠬᠠᠮᠰᠠᠷ᠎ᠢ ᠳᠡᠭᠡᠭᠰᠢᠯᠡᠭᠦᠯᠵᠦ᠂  ᠢᠲᠡᠭᠡᠮᠵᠢ ᠵᠢᠨ ᠲᠦᠭᠰᠢᠭᠦᠷᠢ᠎ᠪᠠᠷ ᠤᠳᠤᠷᠢᠳᠤᠮᠵᠢ ᠪᠣᠯᠭ᠋ᠠᠨ ᠬᠢᠨᠠᠨ ᠬᠠᠮᠢᠶᠠᠷᠬᠤ ᠡᠬᠢ ᠪᠠᠶᠠᠯᠢᠭ᠎ᠢ ᠰᠢᠯᠢᠳᠡᠭᠵᠢᠭᠦᠯᠦᠨ ᠳᠣᠭᠢᠷᠠᠭᠤᠯᠵᠤ᠂  ᠬᠢᠨᠠᠯᠲᠠ ᠬᠠᠮᠢᠶᠠᠷᠤᠯᠲᠠ ᠵᠢᠨ ᠶᠠᠰᠤ ᠴᠢᠨᠠᠷ ᠦᠷ᠎ᠡ ᠪᠦᠲᠦᠮᠵᠢ ᠵᠢ ᠳᠡᠭᠡᠭᠰᠢᠯᠡᠭᠦᠯᠦᠨ᠎ᠡ᠃

  (ᠲᠦᠷᠪᠡ) ᠬᠦᠨᠳᠦ ᠨᠣᠴᠢᠲᠠᠢ ᠢᠲᠡᠭᠡᠮᠵᠢ ᠠᠯᠳᠠᠭᠰᠠᠨ ᠭᠤᠣᠯ ᠴᠣᠭᠴᠠ ᠵᠢᠨ ᠨᠡᠷᠡᠰ᠎ᠤᠨ ᠲᠤᠬᠠᠢ ᠬᠠᠮᠢᠶᠠᠷᠤᠯᠲᠠ

  2020 ᠣᠨ᠎ᠤ 12 ᠳ᠋ᠤᠭ᠋ᠠᠷ ᠰᠠᠷ᠎ᠠ᠎ᠳᠤ ᠨᠡᠶ᠋ᠢᠲᠡᠯᠡᠭᠰᠡᠨ 《ᠢᠲᠡᠭᠡᠯ ᠠᠯᠳᠠᠭᠰᠠᠳ᠎ᠢ ᠬᠢᠵᠠᠭ᠋ᠠᠷᠯᠠᠬᠤ ᠲᠦᠷᠢᠮ᠎ᠢ ᠤᠯᠠᠮ ᠨᠢᠭᠡ ᠠᠯᠬᠤᠮ ᠲᠡᠭᠦᠯᠳᠡᠷᠵᠢᠭᠦᠯᠵᠦ ᠦᠨᠡᠨᠴᠢ ᠢᠲᠡᠭᠡᠮᠵᠢ ᠵᠢᠨ ᠪᠠᠶ᠋ᠢᠭᠤᠯᠤᠯᠲᠠ ᠵᠢᠨ ᠣᠷᠳᠣ ᠬᠤᠭᠤᠴᠠᠭ᠋ᠠᠨ᠎ᠤ ᠪᠦᠲᠦᠮᠵᠢᠲᠡᠶ ᠲᠣᠭᠲᠠᠴᠠ ᠵᠢ ᠪᠠᠶ᠋ᠢᠭᠤᠯᠬᠤ ᠲᠤᠬᠠᠶ ᠲᠥᠷᠥ ᠵᠢᠨ ᠶᠠᠪᠤᠳᠠᠯ᠎ᠤᠨ ᠬᠤᠷᠢᠶᠠᠨ᠎ᠤ ᠠᠯᠪᠠᠨ ᠲᠢᠩᠬᠢᠮ᠎ᠤᠨ ᠵᠢᠯᠣᠭᠤᠳᠬᠤ ᠰᠠᠨᠠᠯ》 (ᠲᠥᠷᠥ ᠠᠯᠪᠠᠨ ᠲᠠᠷᠬᠠᠭ᠋ᠠᠭᠰᠠᠨ [2020] 49 ᠳ᠋ᠦ᠍ᠭᠡᠷ ᠲᠣᠭ᠋ᠠᠲᠤ)᠎ᠤᠨ ᠱᠠᠭ᠋ᠠᠷᠳᠠᠯᠭ᠎ᠠ ᠵᠢ ᠪᠥᠬᠦ ᠤᠯᠤᠰ᠎ᠤᠨ ᠬᠡᠪᠴᠢᠶᠡᠨ᠎ᠳᠤ ᠬᠡᠷᠡᠭᠵᠢᠭᠦᠯᠬᠦ ᠬᠦᠨᠳᠦ ᠨᠣᠴᠢᠲᠠᠶ ᠢᠲᠡᠭᠡᠯ ᠠᠯᠳᠠᠭᠰᠠᠨ ᠭᠤᠤᠯ ᠴᠣᠭᠴᠠ ᠵᠢᠨ ᠨᠡᠷᠡᠰ᠎ᠤᠨ ᠲᠦᠷᠢᠮ᠎ᠢ ᠬᠠᠤᠯᠢ ᠴᠠᠭ᠋ᠠᠵᠠ᠂  ᠵᠠᠰᠠᠭ ᠵᠠᠬᠢᠷᠭ᠋ᠠᠨ᠎ᠤ ᠬᠠᠤᠯᠢ ᠲᠣᠭᠲᠠᠭ᠋ᠠᠯ ᠪᠤᠶᠤ ᠨᠠᠮ᠎ᠤᠨ ᠲᠥᠪ ᠬᠤᠷᠢᠶ᠎ᠠ᠂  ᠲᠥᠷᠥ ᠵᠢᠨ ᠶᠠᠪᠤᠳᠠᠯ᠎ᠤᠨ ᠬᠤᠷᠢᠶᠠᠨ᠎ᠤ ᠲᠥᠷᠥ ᠵᠢᠨ ᠪᠣᠳᠣᠯᠭ᠎ᠠ ᠵᠢᠨ ᠪᠢᠴᠢᠭ ᠮᠠᠲ᠋ᠧᠷᠢᠶᠠᠯ᠎ᠤᠨ ᠬᠡᠯᠪᠡᠷᠢ᠎ᠪᠠᠷ ᠲᠣᠭᠲᠠᠭ᠋ᠠᠵᠤ᠂  ᠲᠦᠷ ᠨᠥᠬᠦᠴᠡᠯ ᠪᠦᠷᠢᠯᠳᠦᠭᠦᠯᠦᠭᠡᠳᠦᠶ ᠪᠣᠯ ᠲᠣᠰ ᠬᠦᠷᠢᠶ᠎ᠡ ᠴᠠᠷᠠᠭ᠎ᠠ ᠵᠢᠨ ᠭᠤᠤᠯᠴᠢᠯᠠᠨ ᠬᠠᠮᠢᠶᠠᠷᠬᠤ (ᠬᠢᠨᠠᠨ ᠬᠠᠮᠢᠶᠠᠷᠬᠤ) ᠰᠠᠯᠠᠭ᠎ᠠ ᠮᠥᠴᠢᠷ᠎ᠠᠴᠠ ᠰᠠᠯᠠᠭ᠎ᠠ ᠮᠥᠴᠢᠷ᠎ᠤᠨ ᠲᠦᠷᠢᠮ ᠲᠣᠭᠲᠠᠭ᠋ᠠᠯ᠎ᠤᠨ ᠬᠡᠯᠪᠡᠷᠢ᠎ᠪᠠᠷ ᠲᠣᠭᠲᠠᠭ᠋ᠠᠵᠤ ᠪᠣᠯᠤᠨ᠎ᠠ; ᠮᠠᠭ᠋ᠠᠳᠯᠠᠨ ᠲᠣᠭᠲᠠᠭ᠋ᠠᠬᠤ ᠪᠠᠷᠢᠮᠵᠢᠶ᠎ᠠ ᠨᠡᠷᠡᠰ᠎ᠢ ᠰᠢᠯᠵᠢᠭᠦᠯᠦᠨ ᠭᠠᠷᠭ᠋ᠠᠬᠤ ᠨᠥᠬᠦᠴᠡᠯ᠂  ᠲᠠᠰ ᠳᠠᠷᠠᠭ᠋ᠠᠯᠠᠯ ᠵᠢᠴᠢ ᠠᠪᠤᠷᠠᠨ ᠲᠡᠳᠬᠦᠬᠦ ᠠᠷᠭ᠎ᠠ ᠬᠡᠮᠵᠢᠶ᠎ᠡ ᠵᠢ ᠬᠠᠮᠲᠤ᠎ᠳᠤᠨᠢ ᠲᠣᠳᠣᠷᠬᠠᠶ᠋ᠢᠯᠠᠬᠤ ᠬᠡᠷᠡᠭᠲᠡᠶ᠃ 《ᠠᠷᠭ᠎ᠠ》᠎ᠨᠢ ᠵᠢᠷᠤᠮᠵᠢᠯ᠎ᠤᠨ ᠴᠢᠨᠠᠷᠲᠠᠶ ᠪᠢᠴᠢᠭ ᠮᠠᠲ᠋ᠧᠷᠢᠶᠠᠯ ᠪᠣᠯᠬᠤᠷ ᠬᠦᠨᠳᠦ ᠨᠣᠴᠢᠲᠠᠶ ᠢᠲᠡᠭᠡᠯ ᠠᠯᠳᠠᠭᠰᠠᠨ ᠭᠤᠤᠯ ᠴᠣᠭᠴᠠ ᠵᠢᠨ ᠨᠡᠷᠡᠰ᠎ᠢ ᠮᠠᠭ᠋ᠠᠳᠯᠠᠨ ᠲᠣᠭᠲᠠᠭ᠋ᠠᠬᠤ ᠪᠠᠷᠢᠮᠵᠢᠶ᠎ᠠ ᠵᠡᠷᠭᠡ ᠠᠭᠤᠯᠭ᠎ᠠ ᠵᠢ ᠪᠠᠭᠲᠠᠭ᠋ᠠᠬᠤ ᠥᠬᠡᠶ᠃  ᠤᠰᠤᠨ ᠠᠰᠢᠭᠯᠠᠯᠲᠠ ᠵᠢᠨ ᠶᠠᠮᠤᠨ᠎ᠠᠴᠠ ᠬᠦᠨᠳᠦ ᠨᠣᠴᠢᠲᠠᠶ ᠢᠲᠡᠭᠡᠯ ᠠᠯᠳᠠᠭᠰᠠᠨ ᠭᠤᠤᠯ ᠴᠣᠭᠴᠠ ᠵᠢᠨ ᠨᠡᠷᠡᠰ᠎ᠤᠨ ᠬᠠᠮᠢᠶᠠᠷᠤᠯᠲᠠ ᠵᠢᠨ ᠠᠷᠭ᠎ᠠ ᠵᠢ ᠰᠤᠳᠤᠯᠤᠨ ᠲᠣᠭᠲᠠᠭ᠋ᠠᠬᠤ ᠵᠢᠨ ᠬᠠᠮᠲᠤ ᠰᠠᠯᠠᠭ᠎ᠠ ᠮᠥᠴᠢᠷ᠎ᠤᠨ ᠲᠦᠷᠢᠮ ᠲᠣᠭᠲᠠᠭ᠋ᠠᠯ᠎ᠤᠨ ᠬᠡᠯᠪᠡᠷᠢ᠎ᠪᠠᠷ ᠠᠰ᠎ᠲᠤᠨᠢ ᠨᠡᠶ᠋ᠢᠲᠡᠯᠡᠨ᠎ᠡ᠃

 

ᠢᠷᠡᠯᠲᠡ᠄ ᠪᠦᠭᠦᠳᠡ ᠨᠠᠢ᠌ᠷᠠᠮᠳᠠᠬᠤ ᠳᠤᠮᠳᠠᠳᠤ ᠠᠷᠠᠳ ᠤᠯᠤᠰ᠎ᠤᠨ ᠤᠰᠤᠨ ᠠᠰᠢᠭᠯᠠᠯᠲᠠ ᠵᠢᠨ ᠶᠠᠮᠤᠨ
          
ᠬᠠᠮᠢᠶ᠎ᠡ ᠪᠦᠬᠦᠢ ᠰᠣᠨᠢᠨ
【ᠵᠢᠷᠤᠭᠲᠤ ᠲᠠᠢ᠌ᠯᠤᠮᠵᠢ】 ᠡᠵᠡᠩᠨᠡᠨ ᠬᠤᠳᠠᠯᠳᠤᠭ᠋ᠠᠯᠠᠬᠤ ᠣᠷᠴᠢᠨ ᠨᠥᠬᠥᠴᠡᠯ᠎ᠢ ᠰᠢᠯᠢᠳᠡᠭᠵᠢᠭᠦᠯᠬᠦ 40 ᠵᠤᠷᠪᠤᠰ ᠪᠣᠳᠠᠲᠠᠢ ᠠᠷᠭ᠎ᠠ ᠬᠡᠮᠵᠢᠶ᠎ᠡ ᠵᠢ ᠨᠡᠢ᠌ᠲᠡᠯᠡᠪᠡ!
ᠵᠢᠷᠤᠭᠲᠤ ᠲᠠᠶ᠋ᠢᠯᠪᠤᠷᠢ᠄ 《ᠶᠡᠭᠡ ᠬᠡᠪᠴᠢᠶᠡᠨ᠎ᠤ ᠲᠥᠬᠦᠭᠡᠷᠦᠮᠵᠢ ᠵᠢ ᠰᠢᠨᠡᠳᠬᠡᠬᠦ ᠪᠠ ᠬᠡᠷᠡᠭᠯᠡᠭᠡ ᠵᠢᠨ ᠵᠦᠢ᠍ᠯ᠎ᠤᠨ ᠬᠠᠭᠤᠴᠢᠨ ᠵᠶ᠋ᠠᠷ ᠰᠢᠨ᠎ᠡ ᠵᠢ ᠰᠣᠯᠢᠬᠤ ᠵᠢ ᠬᠦᠴᠦᠯᠡᠨ ᠳᠡᠮᠵᠢᠬᠦ ᠠᠵᠢᠯ᠎ᠤᠨ ᠬᠡᠷᠡᠭᠵᠢᠭᠦᠯᠬᠦ ᠲᠥᠰᠦᠯ᠎ᠢ ᠳᠠᠷᠤᠮᠠᠯᠯᠠᠨ ᠶᠠᠪᠤᠭᠤᠯᠬᠤ ᠲᠤᠬᠠᠶ ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠮᠡᠳᠡᠭᠳᠡᠯ》᠎ᠤᠨ ᠲᠥᠷᠥ ᠵᠢᠨ ᠪᠣᠳᠣᠯᠭ᠎ᠠ ᠵᠢᠨ ᠲᠠᠶ᠋ᠢᠯᠤᠮᠵᠢ
【ᠵᠢᠷᠤᠭᠲᠤ ᠲᠠᠢ᠌ᠯᠤᠮᠵᠢ】 ᠡᠳ᠋᠎ᠤᠨ ᠵᠠᠰᠠᠭ᠎ᠤᠨ ᠨᠡᠮᠡᠭᠳᠡᠯ᠎ᠤᠨ ᠬᠠᠮ ᠲᠦᠷᠦ ᠵᠢᠨ ᠪᠣᠳᠣᠯᠭ᠎ᠠ ᠵᠢᠨ ᠠᠷᠭ᠎ᠠ ᠬᠡᠮᠵᠢᠶ᠎ᠡ ᠵᠢ ᠬᠡᠷᠡᠭᠵᠢᠭᠦᠯᠬᠦ᠎ᠪᠠᠷ ᠪᠠᠶ᠋ᠢᠨ᠎ᠠ! ᠨᠢᠭᠡ ᠯᠡ ᠵᠢᠷᠤᠭ ᠵᠶ᠋ᠠᠷ ᠦᠵᠡᠵᠡᠭᠡᠶ᠎ᠡ
【ᠵᠢᠷᠤᠭᠲᠤ ᠲᠠᠢ᠌ᠯᠤᠮᠵᠢ】 ᠤᠰᠤ ᠠᠷᠪᠢᠯᠠᠬᠤ ᠬᠠᠤᠯᠢ ᠳᠣᠭᠲᠠᠭ᠋ᠠᠯ ᠳᠦᠷᠢᠮ᠎ᠢ ᠲᠡᠭᠦᠯᠳᠡᠷᠵᠢᠭᠦᠯᠵᠦ᠂ ᠤᠯᠤᠰ᠎ᠤᠨ ᠤᠰᠤᠨ᠎ᠤ ᠠᠶᠤᠯᠭᠦᠢ ᠪᠠᠶ᠋ᠢᠬᠤ ᠵᠢ ᠪᠠᠲᠤᠯᠠᠨ᠎ᠠ
【ᠵᠢᠷᠤᠭᠲᠤ ᠲᠠᠢ᠌ᠯᠤᠮᠵᠢ】《ᠤᠰᠤ ᠠᠷᠪᠢᠯᠠᠬᠤ ᠵᠢ ᠲᠡᠷᠢᠭᠦᠨ᠎ᠳᠤ ᠲᠠᠯᠪᠢᠬᠤ》᠎ᠳᠤ ᠬᠠᠤᠯᠢ᠎ᠪᠠᠷ ᠵᠠᠰᠠᠬᠤ ᠪᠠᠲᠤᠯᠠᠭ᠎ᠠ ᠬᠠᠩᠭ᠋ᠠᠨ᠎ᠠ
 
            