ᠲᠥᠷᠥ᠎ᠶᠢᠨ ᠶᠠᠪᠤᠳᠠᠯ᠎ᠤᠨ ᠬᠣᠷᠢᠶ᠎ᠠ᠎ᠶᠢᠨ ᠠᠯᠪᠠᠨ ᠲᠢᠩᠬᠢᠮ ᠲᠦᠷᠦᠭᠦᠬᠡᠨ 《ᠪᠡᠶ᠎ᠡ᠎ᠶᠢᠨ ᠲᠠᠮᠢᠷ᠎ᠤᠨ ᠬᠡᠷᠡᠭᠯᠡᠭᠡ᠎ᠶᠢᠨ ᠳᠠᠯᠳᠠ ᠬᠦᠴᠦᠨ᠎ᠢ ᠪᠠᠳᠠᠷᠠᠭᠤᠯᠵᠤ ᠪᠡᠶ᠎ᠡ᠎ᠶᠢᠨ ᠲᠠᠮᠢᠷ᠎ᠤᠨ ᠠᠵᠤ ᠦᠢᠯᠡᠰ᠎ᠦᠨ ᠴᠢᠨᠠᠷ ᠰᠠᠢᠲᠠᠢ ᠬᠥᠭᠵᠢᠯᠲᠡ᠎ᠶᠢ ᠤᠯᠠᠮ ᠨᠢᠭᠡ ᠠᠯᠬᠤᠮ ᠠᠬᠢᠭᠤᠯᠬᠤ ᠲᠤᠬᠠᠢ ᠰᠠᠨᠠᠯ》᠎ᠢ ᠳᠠᠷᠤᠮᠠᠯᠯᠠᠨ ᠶᠠᠪᠤᠭᠤᠯᠵᠤ᠂ ᠪᠡᠶ᠎ᠡ᠎ᠶᠢᠨ ᠲᠠᠮᠢᠷ᠎ᠤᠨ ᠠᠵᠤ ᠦᠢᠯᠡᠰ ᠵᠢᠴᠢ ᠬᠣᠯᠪᠣᠭᠳᠠᠯ ᠪᠦᠬᠦᠢ ᠠᠵᠤ ᠠᠬᠤᠢᠯᠠᠯ᠎ᠳᠤ ᠶᠠᠮᠠᠷ ᠶᠠᠮᠠᠷ ᠳᠡᠮᠵᠢᠬᠦ ᠠᠷᠭ᠎ᠠ ᠬᠡᠮᠵᠢᠶ᠎ᠡ ᠠᠪᠬᠤ ᠲᠤᠬᠠᠢ ᠡᠲᠡᠭᠡᠷ ᠭᠣᠣᠯᠳᠠᠯᠭᠠᠨᠤᠭᠤᠳ ᠠᠩᠬᠠᠷᠤᠭᠤᠰᠢᠲᠠᠢ ᠪᠠᠢᠨ᠎ᠠ —
2030 ᠣᠨ ᠪᠣᠯᠬᠤ᠎ᠳᠤ᠂ ᠪᠡᠶ᠎ᠡ᠎ᠶᠢᠨ ᠲᠠᠮᠢᠷ᠎ᠤᠨ ᠠᠵᠤ ᠦᠢᠯᠡᠰ᠎ᠦᠨ ᠶᠡᠷᠦᠩᠬᠡᠢ ᠬᠡᠪᠴᠢᠶᠡᠵᠢᠯ ᠨᠢ 7 ᠲᠦᠮᠡᠨ ᠳ᠋ᠦᠩᠰᠢᠭᠤᠷ ᠲᠥᠭᠥᠷᠢᠭ᠎ᠢ ᠳᠠᠪᠠᠨ᠎ᠠ
ᠪᠡᠶ᠎ᠡ᠎ᠶᠢᠨ ᠲᠠᠮᠢᠷ᠎ᠤᠨ ᠲᠠᠯᠠᠪᠤᠷ ᠣᠷᠳᠣᠨ᠂ ᠪᠡᠶ᠎ᠡ᠎ᠶᠢᠨ ᠲᠠᠮᠢᠷ᠎ᠤᠨ ᠴᠡᠴᠡᠷᠯᠢᠭ᠂ ᠬᠥᠳᠡᠯᠭᠡᠭᠡᠨ᠎ᠦ ᠬᠤᠸᠠᠷᠠᠨ ᠵᠡᠷᠭᠡ᠎ᠳᠦ ᠨᠢᠭᠡ ᠪᠦᠯᠦᠭ ᠪᠡᠶ᠎ᠡ᠎ᠶᠢᠨ ᠲᠠᠮᠢᠷ᠎ᠤᠨ ᠬᠡᠷᠡᠭᠯᠡᠭᠡ᠎ᠶᠢᠨ ᠲᠠᠯᠠᠪᠤᠷ ᠪᠠᠢᠭᠤᠯᠬᠤ᠎ᠶᠢ ᠳᠡᠮᠵᠢᠨ᠎ᠡ
ᠳᠣᠣᠷ᠎ᠠ ᠠᠭᠠᠷ᠎ᠤᠨ ᠬᠥᠳᠡᠯᠭᠡᠭᠡᠨ᠂ ᠠᠭᠠᠷ ᠠᠶᠠᠯᠠᠯ᠎ᠤᠨ ᠵᠠᠭᠪᠤᠷ᠎ᠤᠨ ᠬᠥᠳᠡᠯᠭᠡᠭᠡᠨ᠂ ᠳᠠᠭᠤᠷᠢᠶᠠᠮᠠᠯ ᠨᠢᠰᠦᠯᠲᠡ ᠵᠡᠷᠭᠡ ᠳᠣᠣᠷ᠎ᠠ ᠠᠭᠠᠷ᠎ᠤᠨ ᠤᠷᠤᠯᠳᠤᠭᠠᠨ᠎ᠤ ᠬᠥᠳᠡᠯᠭᠡᠭᠡᠨ ᠥᠷᠨᠢᠭᠦᠯᠵᠦ᠂ ᠳᠣᠣᠷ᠎ᠠ ᠠᠭᠠᠷ᠎ᠤᠨ ᠪᠡᠶ᠎ᠡ᠎ᠶᠢᠨ ᠲᠠᠮᠢᠷ᠎ᠤᠨ ᠬᠡᠷᠡᠭᠯᠡᠭᠡ᠎ᠶᠢ ᠠᠬᠢᠭᠤᠯᠤᠨ᠎ᠠ
ᠨᠥᠬᠥᠴᠡᠯ᠎ᠳᠦ ᠨᠡᠢᠴᠡᠬᠦ ᠮᠥᠰᠥ ᠴᠠᠰᠤᠨ᠎ᠤ ᠬᠥᠳᠡᠯᠭᠡᠭᠡᠨ᠎ᠦ ᠲᠥᠬᠦᠭᠡᠷᠦᠮᠵᠢ᠎ᠶᠢ ᠶᠡᠬᠡ ᠬᠡᠪᠴᠢᠶᠡᠨ᠎ᠦ ᠲᠥᠬᠦᠭᠡᠷᠦᠮᠵᠢ᠎ᠶᠢ ᠰᠢᠨᠡᠴᠢᠯᠡᠬᠦ᠎ᠶᠢ ᠳᠡᠮᠵᠢᠬᠦ ᠬᠡᠪᠴᠢᠶᠡᠨ᠎ᠳᠦ ᠣᠷᠣᠭᠤᠯᠬᠤ᠎ᠶᠢ ᠳᠡᠮᠵᠢᠨ᠎ᠡ
ᠨᠥᠬᠥᠴᠡᠯ᠎ᠳᠦ ᠨᠡᠢᠴᠡᠬᠦ ᠪᠡᠶ᠎ᠡ᠎ᠶᠢᠨ ᠲᠠᠮᠢᠷ᠎ᠤᠨ ᠠᠵᠤ ᠠᠬᠤᠢᠯᠠᠯ᠎ᠤᠨ ᠵᠠᠬ᠎ᠠ ᠳᠡᠯᠭᠡᠭᠦᠷ᠎ᠲᠦ ᠭᠠᠷᠬᠤ ᠪᠠ ᠳᠠᠬᠢᠨ ᠪᠡᠯᠡ ᠲᠣᠬᠢᠷᠠᠭᠤᠯᠬᠤ᠂ ᠵᠢᠭᠡᠯᠡᠯᠭᠡ᠎ᠶᠢᠨ ᠲᠡᠮᠳᠡᠭᠲᠦ ᠲᠠᠷᠬᠠᠭᠠᠬᠤ᠂ ᠡᠳ᠋ ᠬᠥᠷᠥᠩᠭᠡ᠎ᠶᠢ ᠦᠨᠡᠲᠦ ᠲᠡᠮᠳᠡᠭᠲᠦ ᠪᠣᠯᠭᠠᠬᠤ᠎ᠶᠢ ᠨᠢ ᠳᠡᠮᠵᠢᠨ᠎ᠡ
ᠨᠥᠬᠥᠴᠡᠯ᠎ᠳᠦ ᠨᠡᠢᠴᠡᠬᠦ ᠪᠡᠶ᠎ᠡ᠎ᠶᠢᠨ ᠲᠠᠮᠢᠷ᠎ᠤᠨ ᠲᠠᠯᠠᠪᠤᠷ ᠣᠷᠳᠣᠨ᠎ᠤ ᠲᠥᠬᠦᠭᠡᠷᠦᠮᠵᠢ᠎ᠶᠢ ᠶᠡᠬᠡ ᠬᠡᠪᠴᠢᠶᠡᠨ᠎ᠦ ᠲᠥᠬᠦᠭᠡᠷᠦᠮᠵᠢ᠎ᠶᠢ ᠰᠢᠨᠡᠴᠢᠯᠡᠬᠦ᠎ᠶᠢ ᠳᠡᠮᠵᠢᠬᠦ ᠬᠡᠪᠴᠢᠶᠡᠨ᠎ᠳᠦ ᠣᠷᠣᠭᠤᠯᠬᠤ᠎ᠶᠢ ᠳᠡᠮᠵᠢᠨ᠎ᠡ
ᠨᠥᠬᠥᠴᠡᠯ᠎ᠳᠦ ᠨᠡᠢᠴᠡᠬᠦ ᠲᠥᠷᠥᠯ ᠵᠦᠢᠯ᠎ᠦᠨ ᠰᠠᠭᠤᠷᠢ ᠪᠡᠯᠡᠳᠬᠡᠮᠵᠢ᠎ᠶᠢᠨ ᠬᠦᠷᠢᠶᠡᠨ᠎ᠳᠡᠬᠢ ᠥᠯᠥ ᠬᠥᠳᠡᠯᠬᠦ ᠬᠥᠷᠥᠩᠭᠡ᠎ᠶᠢᠨ ᠪᠡᠯᠡ ᠣᠷᠣᠭᠤᠯᠤᠯᠲᠠ᠎ᠶᠢᠨ ᠢᠲᠡᠭᠡᠮᠵᠢᠲᠦ ᠨᠠᠶ᠋ᠢᠳᠠᠯᠭ᠎ᠠ᠎ᠶᠢᠨ ᠰᠠᠭᠤᠷᠢ ᠮᠥᠩᠭᠥ (REITs) ᠲᠠᠷᠬᠠᠭᠠᠬᠤ᠎ᠶᠢ ᠨᠢ ᠳᠡᠮᠵᠢᠨ᠎ᠡ
ᠨᠥᠬᠥᠴᠡᠯ᠎ᠳᠦ ᠨᠡᠢᠴᠡᠬᠦ ᠪᠡᠶ᠎ᠡ᠎ᠶᠢᠨ ᠲᠠᠮᠢᠷ᠎ᠤᠨ ᠬᠡᠷᠡᠭᠯᠡᠭᠡ᠎ᠶᠢᠨ ᠬᠦᠷᠢᠶᠡᠨ᠎ᠳᠡᠬᠢ ᠦᠢᠯᠡᠴᠢᠯᠡᠭᠡᠨ᠎ᠦ ᠦᠢᠯᠡᠰ᠎ᠦᠨ ᠡᠵᠡᠩᠨᠡᠯᠲᠡ᠎ᠶᠢᠨ ᠭᠣᠣᠯ ᠴᠣᠭᠴᠠ᠎ᠶᠢᠨ ᠵᠢᠭᠡᠯᠡᠯᠭᠡ᠎ᠳᠦ ᠡᠳ᠋᠎ᠦᠨ ᠵᠠᠰᠠᠭ᠎ᠤᠨ ᠳᠠᠮ ᠬᠦᠦ ᠣᠯᠭᠣᠨ᠎ᠠ
ᠪᠡᠶ᠎ᠡ᠎ᠶᠢᠨ ᠲᠠᠮᠢᠷ᠎ᠤᠨ ᠠᠵᠤ ᠠᠬᠤᠢᠯᠠᠯ᠎ᠤᠨ ᠳ᠋ᠢᠭᠢᠲ᠋ᠴᠢᠯᠡᠨ ᠬᠡᠯᠪᠡᠷᠢ᠎ᠪᠡᠨ ᠬᠤᠪᠢᠷᠠᠭᠤᠯᠬᠤ᠎ᠶᠢ ᠨᠢ ᠳᠡᠮᠵᠢᠵᠦ᠂ ᠦᠢᠯᠡᠳᠪᠦᠷᠢᠯᠡᠯ᠎ᠦᠨ ᠠᠷᠭ᠎ᠠ ᠮᠠᠶᠢᠭ᠋᠂ ᠦᠢᠯᠡᠴᠢᠯᠡᠭᠡᠨ᠎ᠦ ᠠᠷᠭ᠎ᠠ ᠮᠠᠶᠢᠭ᠋ ᠪᠠ ᠬᠤᠳᠠᠯᠳᠤᠭᠠᠨ᠎ᠤ ᠬᠡᠪ ᠵᠠᠭᠪᠤᠷ᠎ᠤᠨ ᠰᠢᠨ᠎ᠡ᠎ᠶᠢ ᠡᠭᠦᠳᠬᠦ᠎ᠶᠢ ᠳᠡᠮᠵᠢᠨ᠎ᠡ