ᠲᠦᠷᠦᠭᠦᠭᠡᠨ᠂《ᠣᠷᠣᠨ ᠰᠠᠭᠤᠴᠠ᠎ᠶᠢᠨ ᠲᠦᠷᠢᠶᠡᠰᠦᠯᠡᠯ᠎ᠦᠨ ᠳᠦᠷᠢᠮ》ᠨᠡᠢᠲᠡᠯᠡᠭᠳᠡᠵᠦ᠂ 2025 ᠣᠨ᠎ᠤ 9 ᠳ᠋ᠦ᠍ᠭᠡᠷ ᠰᠠᠷ᠎ᠠ᠎ᠶᠢᠨ 15᠎ᠤ ᠡᠳᠦᠷ᠎ᠡᠴᠡ ᠡᠭᠢᠯᠡᠵᠦ ᠭᠡᠷᠡᠭᠵᠢᠭᠦᠯᠦᠨ᠎ᠡ᠂《ᠳᠦᠷᠢᠮ》᠎ᠳᠤ ᠲᠦᠷᠢᠶᠡᠰᠦᠯᠡᠭᠦᠯᠭᠦ ᠪᠠ ᠲᠦᠷᠢᠶᠡᠰᠦᠯᠡᠭᠦ ᠠᠵᠢᠯᠯᠠᠭ᠎ᠠ᠎ᠶᠢ ᠵᠢᠷᠤᠮᠵᠢᠭᠤᠯᠵᠤ᠂ ᠣᠷᠣᠨ ᠰᠠᠭᠤᠴᠠ ᠲᠦᠷᠢᠶᠡᠰᠦᠯᠡᠭᠦᠯᠭᠦ᠂ ᠲᠦᠷᠢᠶᠡᠰᠦᠯᠡᠭᠦ᠎ᠳᠦ ᠬᠣᠯᠪᠤᠬ᠍ᠳᠠᠯ ᠪᠦᠭᠦᠢ ᠲᠣᠬ᠍ᠲᠠᠭᠠᠯᠳᠤ ᠨᠡᠢᠴᠡᠭᠰᠡᠨ ᠪᠠᠢᠬᠤ ᠭᠡᠷᠡᠭᠲᠡᠢ ᠭᠡᠵᠡᠢ᠃ ᠬᠠᠮᠲᠤ᠎ᠪᠠᠷ ᠦᠵᠡᠵᠡᠭᠡᠶ᠎ᠡ —
ᠲᠦᠷᠢᠶᠡᠰᠦᠯᠡᠭᠦᠯᠭᠦ ᠣᠷᠣᠨ ᠰᠠᠭᠤᠴᠠ ᠨᠢ ᠪᠠᠷᠢᠯᠭ᠎ᠠ᠂ ᠭᠠᠯ ᠰᠡᠷᠭᠡᠢᠯᠡᠭᠦ ᠪᠠ ᠤᠨᠲᠠᠷᠠᠭᠠᠬᠤ᠂ ᠰᠢᠲᠠᠮᠠᠬᠠᠢ ᠭᠡᠢ᠂ ᠥᠷᠥᠭᠡᠨ᠎ᠦ ᠳᠣᠲᠣᠷᠠᠭᠢ ᠵᠠᠰᠠᠯ ᠴᠢᠮᠡᠭᠯᠡᠯ ᠵᠡᠷᠭᠡ ᠲᠠᠯ᠎ᠠ᠎ᠶᠢᠨ ᠬᠠᠤᠯᠢ ᠴᠠᠭᠠᠵᠠ᠂ ᠬᠠᠤᠯᠢ ᠲᠣᠬ᠍ᠲᠠᠭᠠᠯ᠂ ᠳᠦᠷᠢᠮ ᠲᠣᠬ᠍ᠲᠠᠭᠠᠯ ᠪᠠ ᠠᠯᠪᠠᠳᠠᠯᠭ᠎ᠠ᠎ᠶᠢᠨ ᠴᠢᠨᠠᠷᠲᠠᠢ ᠪᠠᠷᠢᠮᠵᠢᠶ᠎ᠠ᠎ᠳᠤ ᠨᠡᠢᠴᠡᠭᠰᠡᠨ ᠪᠠᠢᠬᠤ ᠭᠡᠷᠡᠭᠲᠡᠢ᠂ ᠭᠦᠮᠥᠨᠦ ᠪᠡᠶ᠎ᠡ᠎ᠶᠢᠨ ᠠᠮᠤᠷ ᠲᠦᠪᠰᠢᠨ ᠪᠠ ᠡᠷᠡᠭᠦᠯ ᠮᠡᠨᠳᠦ᠎ᠳᠦ ᠠᠶᠤᠯ ᠤᠴᠠᠷᠠᠭᠤᠯᠵᠤ ᠪᠤᠯᠬᠤ ᠦᠭᠡᠢ᠃
ᠲᠣᠭᠣᠭᠠᠨ ᠭᠡᠷ᠂ ᠤᠭᠢᠶᠠᠯᠭ᠎ᠠ᠎ᠶᠢᠨ ᠲᠠᠰᠤᠯᠭ᠎ᠠ᠂ ᠨᠠᠷᠠᠪᠴᠢ᠂ ᠬᠣᠩᠭᠢᠯ᠂ ᠭᠠᠵᠠᠷ ᠳᠣᠣᠷᠠᠭᠢ ᠭᠦᠮᠥᠷᠭᠡ᠂ ᠲᠡᠷᠭᠡᠨ ᠭᠦᠮᠥᠷᠭᠡ ᠵᠡᠷᠭᠡ ᠣᠷᠣᠨ ᠰᠠᠭᠤᠴᠠ᠎ᠶᠢᠨ ᠪᠤᠰᠤ ᠣᠷᠣᠨ ᠵᠠᠢ᠎ᠶᠢ ᠲᠤᠰᠠᠭᠠᠷ ᠨᠢ ᠲᠦᠷᠢᠶᠡᠰᠦᠯᠡᠭᠦᠯᠵᠦ ᠰᠠᠭᠤᠯᠭᠠᠬᠤ᠎ᠳᠤ ᠭᠡᠷᠡᠭᠯᠡᠵᠦ ᠪᠤᠯᠬᠤ ᠦᠭᠡᠢ᠃
ᠲᠦᠷᠢᠶᠡᠰᠦᠨ ᠣᠷᠣᠨ ᠰᠠᠭᠤᠴᠠ᠎ᠶᠢᠨ ᠭᠠᠬ᠍ᠴᠠ ᠲᠠᠰᠤᠯᠭ᠎ᠠ᠎ᠪᠠᠷ ᠲᠦᠷᠢᠶᠡᠰᠦᠯᠡᠵᠦ ᠰᠠᠭᠤᠬᠤ ᠭᠦᠮᠥᠨᠦ ᠲᠣᠭ᠎ᠠ᠎ᠶᠢᠨ ᠳᠡᠭᠡᠳᠦ ᠭᠢᠵᠠᠭᠠᠷ ᠪᠠ ᠭᠦᠮᠥᠨ ᠳᠤᠮᠳᠠᠴᠢ ᠨᠠᠭᠠᠲᠤ ᠵᠠᠭ᠎ᠠ᠎ᠶᠢᠨ ᠲᠦᠷᠢᠶᠡᠰᠦᠯᠡᠵᠦ ᠰᠠᠭᠤᠬᠤ ᠲᠠᠯᠠᠪᠠᠢ ᠨᠢ ᠲᠣᠭᠣᠷᠢᠭ᠋ ᠪᠠᠢᠭᠤᠯᠤᠬ᠍ᠰᠠᠨ ᠬᠤᠳᠠ᠎ᠶᠢᠨ ᠱᠠᠲᠤᠨ᠎ᠠᠴᠠ ᠳᠡᠭᠡᠭᠰᠢᠭᠢ ᠣᠷᠣᠨ ᠨᠤᠲᠤᠭ᠎ᠤᠨ ᠠᠷᠠᠳ᠎ᠤᠨ ᠵᠠᠰᠠᠭ᠎ᠤᠨ ᠣᠷᠳᠣᠨ᠎ᠤ ᠲᠣᠬ᠍ᠲᠠᠭᠠᠬ᠍ᠰᠠᠨ ᠪᠠᠷᠢᠮᠵᠢᠶ᠎ᠠ᠎ᠳᠤ ᠨᠡᠢᠴᠡᠭᠰᠡᠨ ᠪᠠᠢᠬᠤ ᠭᠡᠷᠡᠭᠲᠡᠢ᠃
ᠲᠦᠷᠢᠶᠡᠰᠦᠯᠡᠭᠦᠯᠦᠭᠴᠢ ᠪᠠ ᠲᠦᠷᠢᠶᠡᠰᠦᠯᠡᠭᠴᠢ ᠦᠨᠡᠨ ᠨᠡᠷ᠎ᠡ᠎ᠪᠡᠷ᠎ᠢᠶᠡᠨ ᠣᠷᠣᠨ ᠰᠠᠭᠤᠴᠠ᠎ᠶᠢᠨ ᠲᠦᠷᠢᠶᠡᠰᠦᠯᠡᠯ᠎ᠦᠨ ᠭᠡᠷ᠎ᠡ ᠲᠣᠬ᠍ᠲᠠᠭᠠᠬᠤ ᠭᠡᠷᠡᠭᠲᠡᠢ᠃
ᠲᠦᠷᠢᠶᠡᠰᠦᠯᠡᠭᠦᠯᠦᠭᠴᠢ ᠨᠢ ᠲᠣᠬ᠍ᠲᠠᠭᠠᠯ ᠶᠣᠰᠣᠭᠠᠷ᠂ ᠣᠷᠣᠨ ᠰᠠᠭᠤᠴᠠ᠎ᠶᠢᠨ ᠲᠦᠷᠢᠶᠡᠰᠦᠯᠡᠯ᠎ᠦᠨ ᠬᠠᠮᠢᠶᠠᠷᠤᠯᠲᠠ᠎ᠶᠢᠨ ᠦᠢᠯᠡᠴᠢᠯᠡᠭᠡᠨ᠎ᠦ ᠲᠠᠪᠴᠠᠩ ᠵᠡᠷᠭᠡ ᠠᠷᠭ᠎ᠠ ᠮᠠᠶᠢᠭ᠋᠎ᠢᠶᠠᠷ ᠣᠷᠣᠨ ᠰᠠᠭᠤᠴᠠ᠎ᠶᠢᠨ ᠲᠦᠷᠢᠶᠡᠰᠦᠯᠡᠯ᠎ᠦᠨ ᠭᠡᠷ᠎ᠡ᠎ᠶᠢ ᠲᠦᠷᠢᠶᠡᠰᠦᠨ ᠣᠷᠣᠨ ᠰᠠᠭᠤᠴᠠ᠎ᠶᠢᠨ ᠪᠠᠢᠭ᠎ᠠ ᠭᠠᠵᠠᠷ᠎ᠤᠨ ᠭᠡᠷ ᠭᠦᠷᠥᠩᠭᠡᠶᠢᠨ ᠬᠠᠮᠢᠶᠠᠷᠤᠯᠲᠠ᠎ᠶᠢᠨ ᠰᠠᠯᠠᠭ᠎ᠠ ᠮᠥᠴᠢᠷ᠎ᠲᠦ ᠳᠠᠩᠰᠠᠯᠠᠭᠤᠯᠬᠤ ᠭᠡᠷᠡᠭᠲᠡᠢ᠃ ᠭᠡᠷ ᠭᠦᠷᠥᠩᠭᠡᠶᠢᠨ ᠬᠠᠮᠢᠶᠠᠷᠤᠯᠲᠠ᠎ᠶᠢᠨ ᠰᠠᠯᠠᠭ᠎ᠠ ᠮᠥᠴᠢᠷ ᠨᠢ ᠣᠷᠣᠨ ᠰᠠᠭᠤᠴᠠ᠎ᠶᠢᠨ ᠲᠦᠷᠢᠶᠡᠰᠦᠯᠡᠯ᠎ᠦᠨ ᠭᠡᠷ᠎ᠡ᠎ᠶᠢᠨ ᠳᠠᠩᠰᠠᠯᠠᠵᠤ ᠦᠢᠯᠡᠴᠢᠯᠡᠭᠦ ᠭᠢᠷᠢ ᠲᠦᠪᠰᠢᠨ᠎ᠢᠶᠡᠨ ᠳᠡᠭᠡᠭᠰᠢᠯᠡᠭᠦᠯᠭᠦ ᠭᠡᠷᠡᠭᠲᠡᠢ᠂ ᠣᠷᠣᠨ ᠰᠠᠭᠤᠴᠠ᠎ᠶᠢᠨ ᠲᠦᠷᠢᠶᠡᠰᠦᠯᠡᠯ᠎ᠦᠨ ᠭᠡᠷ᠎ᠡ᠎ᠶᠢ ᠳᠠᠩᠰᠠᠯᠠᠭᠤᠯᠬᠤ᠎ᠳᠤ ᠶᠠᠮᠠᠷ ᠴᠤ᠌ ᠵᠠᠷᠤᠳᠠᠯ ᠬᠤᠷᠢᠶᠠᠵᠤ ᠪᠤᠯᠬᠤ ᠦᠭᠡᠢ᠃
ᠲᠦᠷᠢᠶᠡᠰᠦᠯᠡᠭᠦᠯᠦᠭᠴᠢ ᠣᠷᠣᠨ ᠰᠠᠭᠤᠴᠠ᠎ᠶᠢᠨ ᠲᠦᠷᠢᠶᠡᠰᠦᠯᠡᠯ᠎ᠦᠨ ᠭᠡᠷ᠎ᠡ᠎ᠪᠡᠨ ᠳᠠᠩᠰᠠᠯᠠᠭᠤᠯᠤᠬ᠍ᠰᠠᠨ ᠦᠭᠡᠢ ᠪᠠᠢᠪᠠᠯ᠂ ᠲᠦᠷᠢᠶᠡᠰᠦᠯᠡᠭᠴᠢ ᠳᠠᠩᠰᠠᠯᠠᠭᠤᠯᠵᠤ ᠪᠤᠯᠣᠨ᠎ᠠ᠃
ᠲᠦᠷᠢᠶᠡᠰᠦᠯᠡᠭᠦᠯᠦᠭᠴᠢ ᠳᠣᠣᠷ᠎ᠠ ᠵᠢᠬ᠍ᠰᠠᠭᠠᠬ᠍ᠰᠠᠨ ᠲᠣᠬ᠍ᠲᠠᠭᠠᠯᠤᠳᠢ ᠵᠢᠷᠤᠮᠯᠠᠬᠤ ᠭᠡᠷᠡᠭᠲᠡᠢ᠄
(ᠨᠢᠭᠡ) ᠲᠦᠷᠢᠶᠡᠰᠦᠯᠡᠭᠴᠢ᠎ᠳᠦ ᠪᠡᠶ᠎ᠡ᠎ᠶᠢᠨ ᠭᠢᠷᠢ ᠭᠡᠮ᠎ᠦᠨ ᠭᠡᠷᠡᠴᠢᠯᠡᠭᠦ ᠮᠠᠲᠧᠷᠢᠶᠠᠯ᠂ ᠲᠦᠷᠢᠶᠡᠰᠦᠯᠡᠭᠦᠯᠭᠦ᠎ᠪᠡᠷ ᠪᠠᠢᠭ᠎ᠠ ᠣᠷᠣᠨ ᠰᠠᠭᠤᠴᠠ᠎ᠶᠢᠨ ᠦᠯᠦ ᠭᠦᠳᠡᠯᠭᠦ ᠭᠦᠷᠥᠩᠭᠡᠶᠢᠨ ᠡᠷᠭᠡ᠎ᠶᠢᠨ ᠬᠠᠷᠢᠶᠠᠯᠠᠯ᠎ᠤᠨ ᠦᠨᠡᠮᠯᠡᠯ ᠪᠤᠶᠤ ᠲᠡᠭᠦᠨ᠎ᠦ ᠬᠠᠤᠯᠢ ᠶᠣᠰᠣᠨ᠎ᠤ ᠲᠦᠷᠢᠶᠡᠰᠦᠯᠡᠭᠦᠯᠭᠦ ᠡᠷᠭᠡ᠎ᠲᠠᠢ ᠪᠠᠢᠬᠤ᠎ᠶᠢ ᠭᠡᠷᠡᠴᠢᠯᠡᠭᠦ ᠪᠤᠰᠤᠳ ᠮᠠᠲᠧᠷᠢᠶᠠᠯ᠎ᠢ ᠭᠠᠷᠭᠠᠨ ᠦᠵᠡᠭᠦᠯᠭᠦ᠎ᠶᠢᠨ ᠬᠠᠮᠲᠤ᠂ ᠲᠦᠷᠢᠶᠡᠰᠦᠯᠡᠭᠴᠢ ᠯᠦ᠍ᠭᠡ ᠬᠠᠮᠵᠢᠯᠴᠠᠭᠠᠳ ᠲᠦᠷᠢᠶᠡᠰᠦᠯᠡᠭᠦᠯᠭᠦ᠎ᠪᠡᠷ ᠪᠠᠢᠭ᠎ᠠ ᠣᠷᠣᠨ ᠰᠠᠭᠤᠴᠠ᠎ᠶᠢᠨ ᠬᠣᠯᠪᠤᠬ᠍ᠳᠠᠯ ᠪᠦᠭᠦᠢ ᠮᠡᠳᠡᠭᠡ ᠵᠠᠩᠭᠢ᠎ᠶᠢ ᠬᠠᠤᠯᠢ ᠶᠣᠰᠣᠭᠠᠷ ᠪᠠᠢᠴᠠᠭᠠᠨ ᠯᠠᠪᠯᠠᠵᠤ᠂ ᠭᠢᠨᠠᠨ ᠬᠠᠷᠭᠤᠭᠤᠯᠤᠨ᠎ᠠ;
(ᠬᠣᠶᠠᠷ) ᠲᠦᠷᠢᠶᠡᠰᠦᠯᠡᠭᠴᠢ᠎ᠶᠢᠨ ᠪᠡᠶ᠎ᠡ᠎ᠶᠢᠨ ᠭᠢᠷᠢ ᠭᠡᠮ᠎ᠢ ᠭᠡᠷᠡᠴᠢᠯᠡᠭᠦ ᠮᠠᠲᠧᠷᠢᠶᠠᠯ᠎ᠢ ᠭᠢᠨᠠᠨ ᠰᠢᠯᠭᠠᠵᠤ᠂ ᠪᠡᠶ᠎ᠡ᠎ᠶᠢᠨ ᠭᠢᠷᠢ ᠭᠡᠮ᠎ᠦᠨ ᠭᠡᠷᠡᠴᠢᠯᠡᠭᠦ ᠮᠠᠲᠧᠷᠢᠶᠠᠯ᠎ᠢᠶᠠᠨ ᠭᠠᠷᠭᠠᠵᠤ ᠦᠵᠡᠭᠦᠯᠭᠦ᠎ᠶᠢ ᠲᠡᠪᠴᠢᠭᠰᠡᠨ ᠨᠢᠭᠡᠴᠢ ᠪᠤᠶᠤ ᠬᠤᠪᠢ ᠭᠦᠮᠥᠨ᠎ᠳᠦ ᠣᠷᠣᠨ ᠰᠠᠭᠤᠴᠠ᠎ᠪᠠᠨ ᠲᠦᠷᠢᠶᠡᠰᠦᠯᠡᠭᠦᠯᠵᠦ ᠪᠤᠯᠬᠤ ᠦᠭᠡᠢ;
(ᠭᠤᠷᠪᠠ) ᠲᠦᠷᠢᠶᠡᠰᠦᠨ ᠣᠷᠣᠨ ᠰᠠᠭᠤᠴᠠ᠎ᠳᠤ ᠳᠤᠷ᠎ᠠ᠎ᠪᠠᠷ᠎ᠢᠶᠠᠨ ᠣᠷᠣᠵᠤ ᠪᠤᠯᠬᠤ ᠦᠭᠡᠢ᠂ ᠭᠡᠪᠡᠴᠦ ᠲᠦᠷᠢᠶᠡᠰᠦᠯᠡᠭᠴᠢ᠎ᠪᠡᠷ ᠵᠥᠪᠰᠢᠶᠡᠷᠡᠭᠦᠯᠦᠭᠰᠡᠨ ᠪᠤᠶᠤ ᠬᠠᠤᠯᠢ ᠶᠣᠰᠣᠭᠠᠷ ᠣᠷᠣᠵᠤ ᠪᠤᠯᠬᠤ ᠨᠢ ᠡᠭᠦᠨ᠎ᠳᠦ ᠪᠠᠬ᠍ᠲᠠᠬᠤ ᠦᠭᠡᠢ᠃
ᠲᠦᠷᠢᠶᠡᠰᠦᠯᠡᠭᠴᠢ ᠳᠣᠣᠷ᠎ᠠ ᠵᠢᠬ᠍ᠰᠠᠭᠠᠬ᠍ᠰᠠᠨ ᠲᠣᠬ᠍ᠲᠠᠭᠠᠯᠤᠳᠢ ᠵᠢᠷᠤᠮᠯᠠᠬᠤ ᠭᠡᠷᠡᠭᠲᠡᠢ᠄
(ᠨᠢᠭᠡ) ᠲᠦᠷᠢᠶᠡᠰᠦᠯᠡᠭᠦᠯᠦᠭᠴᠢ᠎ᠳᠦ ᠪᠡᠶ᠎ᠡ᠎ᠶᠢᠨ ᠭᠢᠷᠢ ᠭᠡᠮ᠎ᠦᠨ ᠭᠡᠷᠡᠴᠢᠯᠡᠭᠦ ᠮᠠᠲᠧᠷᠢᠶᠠᠯ᠎ᠢᠶᠠᠨ ᠭᠠᠷᠭᠠᠵᠤ ᠦᠵᠡᠭᠦᠯᠦᠨ᠎ᠡ;
(ᠬᠣᠶᠠᠷ) ᠲᠦᠷᠢᠶᠡᠰᠦᠨ ᠣᠷᠣᠨ ᠰᠠᠭᠤᠴᠠ᠎ᠶᠢ ᠠᠮᠤᠷ ᠲᠦᠪᠰᠢᠨ᠂ ᠵᠦᠢ ᠵᠣᠭᠢᠰᠲᠠᠢ᠎ᠪᠠᠷ ᠭᠡᠷᠡᠭᠯᠡᠵᠦ᠂ ᠭᠠᠯ ᠰᠡᠷᠭᠡᠢᠯᠡᠭᠦ ᠪᠠ ᠤᠨᠲᠠᠷᠠᠭᠠᠬᠤ ᠪᠡᠯᠡᠳᠭᠡᠮᠵᠢ᠎ᠶᠢ ᠡᠪᠳᠡᠭᠦ᠂ ᠳᠤᠷ᠎ᠠ᠎ᠪᠠᠷ᠎ᠢᠶᠠᠨ ᠰᠠᠯᠭᠠᠬᠤ᠂ ᠭᠡᠷᠡᠭᠯᠡᠭᠦ᠎ᠶᠢ ᠨᠢ ᠵᠣᠬ᠍ᠰᠤᠭᠠᠬᠤ ᠪᠤᠶᠤ ᠲᠦᠷᠢᠶᠡᠰᠦᠨ ᠣᠷᠣᠨ ᠰᠠᠭᠤᠴᠠ᠎ᠶᠢᠨ ᠳᠠᠭᠠᠭᠠᠴᠠ᠎ᠶᠢᠨ ᠪᠦᠲᠦᠴᠡ᠎ᠶᠢ ᠥᠭᠡᠷᠡᠴᠢᠯᠡᠵᠦ ᠪᠤᠯᠬᠤ ᠦᠭᠡᠢ᠂ ᠤᠰᠤ᠂ ᠴᠠᠭᠢᠯᠭᠠᠨ᠂ ᠰᠢᠲᠠᠮᠠᠬᠠᠢ ᠭᠡᠢ᠎ᠶᠢᠨ ᠬᠣᠭᠣᠯᠠᠢ ᠭᠤᠤᠷᠰᠤ᠎ᠶᠢᠨ ᠱᠤᠭᠤᠮ᠎ᠢ ᠳᠤᠷ᠎ᠠ᠎ᠪᠠᠷ ᠲᠠᠲᠠᠵᠤ ᠳᠤᠷ᠎ᠠ᠎ᠪᠠᠷ ᠵᠠᠯᠭᠠᠵᠤ ᠪᠤᠯᠬᠤ ᠦᠭᠡᠢ;
(ᠭᠤᠷᠪᠠ) ᠲᠦᠷᠢᠶᠡᠰᠦᠯᠡᠭᠦᠯᠦᠭᠴᠢ᠎ᠶᠢᠨ ᠵᠥᠪᠰᠢᠶᠡᠷᠡᠯ ᠦᠭᠡᠢ᠎ᠪᠡᠷ ᠲᠦᠷᠢᠶᠡᠰᠦᠨ ᠣᠷᠣᠨ ᠰᠠᠭᠤᠴᠠ᠎ᠶᠢᠨ ᠭᠡᠷᠡᠭᠴᠡᠭᠡ᠎ᠶᠢ ᠳᠤᠷ᠎ᠠ᠎ᠪᠠᠷ ᠬᠤᠪᠢᠷᠠᠭᠤᠯᠵᠤ ᠪᠤᠯᠬᠤ ᠦᠭᠡᠢ᠂ ᠭᠡᠷ ᠳᠣᠲᠣᠷᠠᠭᠢ ᠪᠡᠯᠡᠳᠭᠡᠮᠵᠢ᠎ᠶᠢ ᠰᠠᠯᠭᠠᠵᠤ ᠥᠭᠡᠷᠡᠴᠢᠯᠡᠭᠦ ᠪᠤᠶᠤ ᠲᠦᠷᠢᠶᠡᠰᠦᠨ ᠣᠷᠣᠨ ᠰᠠᠭᠤᠴᠠ᠎ᠶᠢᠨ ᠪᠤᠰᠤᠳ ᠪᠦᠲᠦᠴᠡ᠎ᠶᠢ ᠬᠤᠪᠢᠷᠠᠭᠤᠯᠵᠤ ᠪᠤᠯᠬᠤ ᠦᠭᠡᠢ;
(ᠳᠥᠷᠪᠡ) ᠠᠳᠠᠯ ᠠᠬᠤᠢ᠎ᠶᠢᠨ ᠬᠠᠮᠢᠶᠠᠷᠤᠯᠲᠠ᠎ᠶᠢᠨ ᠳᠦᠷᠢᠮ ᠪᠤᠶᠤ ᠭᠡᠷ᠎ᠡ᠎ᠶᠢ ᠵᠢᠷᠤᠮᠯᠠᠵᠤ᠂ ᠬᠣᠭ ᠨᠣᠪᠰᠢ᠎ᠶᠢ ᠳᠤᠷ᠎ᠠ᠎ᠪᠠᠷ ᠬᠠᠶᠠᠬᠤ᠂ ᠪᠠᠷᠢᠮᠵᠢᠶ᠎ᠠ᠎ᠠᠴᠠ ᠭᠡᠲᠦᠷᠡᠭᠦᠯᠦᠨ ᠪᠤᠭᠢᠷᠲᠤᠯ ᠪᠤᠳᠠᠰ ᠭᠠᠳᠠᠬ᠍ᠰᠢᠯᠠᠭᠤᠯᠬᠤ ᠪᠤᠶᠤ ᠱᠤᠤᠭᠢᠶᠠᠨ ᠡᠭᠦᠰᠭᠡᠭᠦ᠂ ᠲᠣᠬ᠍ᠲᠠᠭᠠᠯᠠᠴᠠ ᠵᠥᠷᠢᠴᠡᠨ ᠠᠮᠢᠲᠠᠨ ᠲᠡᠵᠢᠭᠡᠭᠦ᠂ ᠳᠦᠷᠢᠮ᠎ᠡᠴᠡ ᠵᠥᠷᠢᠴᠡᠨ ᠪᠤᠰᠤᠳ ᠵᠦᠢᠯᠡᠰ᠎ᠢ ᠪᠠᠢᠭᠤᠯᠬᠤ᠂ ᠣᠯᠠᠨ ᠨᠡᠶ᠋ᠢᠲᠡ᠎ᠶᠢᠨ ᠨᠡᠪᠲᠡᠷᠡᠭᠦ ᠵᠠᠮ᠎ᠢ ᠡᠵᠡᠯᠡᠭᠦ᠂ ᠥᠨᠳᠥᠷ ᠳᠡᠭᠡᠷ᠎ᠡ᠎ᠡᠴᠡ ᠶᠠᠭᠤᠮ᠎ᠠ ᠰᠢᠳᠡᠭᠦ ᠪᠤᠶᠤ ᠪᠤᠰᠤᠳ ᠭᠦᠮᠥᠨᠦ ᠬᠠᠤᠯᠢ ᠶᠣᠰᠣᠨ᠎ᠤ ᠡᠷᠭᠡ ᠠᠰᠢᠭ᠋᠎ᠢ ᠬᠣᠭᠢᠷᠠᠭᠤᠯᠬᠤ ᠪᠤᠰᠤᠳ ᠦᠶ᠋ᠯᠡ ᠠᠵᠢᠯᠯᠠᠭ᠎ᠠ᠎ᠨᠤᠭᠤᠳ᠎ᠢ ᠭᠢᠵᠦ ᠪᠤᠯᠬᠤ ᠦᠭᠡᠢ;
(ᠲᠠᠪᠤ) ᠲᠦᠷᠢᠶᠡᠰᠦᠯᠡᠭᠦᠯᠦᠭᠴᠢ ᠲᠦᠷᠢᠶᠡᠰᠦᠨ ᠣᠷᠣᠨ ᠰᠠᠭᠤᠴᠠ᠎ᠳᠤ᠎ᠪᠠᠨ ᠬᠠᠤᠯᠢ ᠶᠣᠰᠣᠭᠠᠷ ᠦᠨᠡᠨ ᠭᠦ᠌ ᠣᠷᠣᠬᠤ ᠭᠡᠷᠡᠭᠴᠡᠭᠡ ᠲᠡᠢ ᠪᠤᠯ ᠬᠠᠮᠵᠢᠯᠴᠠᠬᠤ ᠭᠡᠷᠡᠭᠲᠡᠢ᠃
ᠲᠦᠷᠢᠶᠡᠰᠦᠯᠡᠭᠦᠯᠦᠭᠴᠢ ᠪᠡᠷᠢᠴᠠᠭᠠᠨ᠎ᠤ ᠮᠥᠩᠭᠦ ᠬᠣᠷᠢᠶᠠᠨ ᠠᠪᠬᠤ᠎ᠳᠤ ᠣᠷᠣᠨ ᠰᠠᠭᠤᠴᠠ᠎ᠶᠢᠨ ᠲᠦᠷᠢᠶᠡᠰᠦᠯᠡᠯ᠎ᠦᠨ ᠭᠡᠷ᠎ᠡ᠎ᠳᠦ᠎ᠪᠡᠨ ᠪᠡᠷᠢᠴᠠᠭᠠᠨ᠎ᠤ ᠮᠥᠩᠭᠦ᠎ᠶᠢᠨ ᠲᠣᠭ᠎ᠠ᠂ ᠪᠤᠴᠠᠭᠠᠬᠤ ᠴᠠᠭ ᠵᠢᠴᠢ ᠪᠡᠷᠢᠴᠠᠭᠠᠨ᠎ᠤ ᠮᠥᠩᠭᠦ᠎ᠶᠢ ᠬᠠᠰᠤᠨ ᠠᠪᠬᠤ ᠪᠠᠢᠳᠠᠯ ᠵᠡᠷᠭᠡ ᠵᠦᠢᠯᠡᠰ᠎ᠢ ᠪᠤᠯᠵᠣᠨ ᠲᠣᠬ᠍ᠲᠠᠭᠠᠬᠤ ᠭᠡᠷᠡᠭᠲᠡᠢ᠃ ᠣᠷᠣᠨ ᠰᠠᠭᠤᠴᠠ᠎ᠶᠢᠨ ᠲᠦᠷᠢᠶᠡᠰᠦᠯᠡᠯ᠎ᠦᠨ ᠭᠡᠷ᠎ᠡ᠎ᠳᠦ ᠪᠤᠯᠵᠣᠨ ᠲᠣᠬ᠍ᠲᠠᠬ᠍ᠰᠠᠨ ᠪᠠᠢᠳᠠᠯ᠎ᠠᠴᠠ ᠭᠠᠳᠠᠨ᠎ᠠ᠂ ᠲᠦᠷᠢᠶᠡᠰᠦᠯᠡᠭᠦᠯᠦᠭᠴᠢ ᠵᠦᠢ ᠶᠣᠰᠣᠨ᠎ᠤ ᠤᠴᠢᠷ ᠰᠢᠯᠲᠠᠭᠠᠨ ᠦᠭᠡᠢ᠎ᠪᠡᠷ ᠪᠡᠷᠢᠴᠠᠭᠠᠨ᠎ᠤ ᠮᠥᠩᠭᠦ᠎ᠶᠢ ᠬᠠᠰᠤᠨ ᠠᠪᠴᠤ ᠪᠤᠯᠬᠤ ᠦᠭᠡᠢ᠃
ᠲᠦᠷᠢᠶᠡᠰᠦᠯᠡᠭᠦᠯᠦᠭᠴᠢ ᠣᠷᠣᠨ ᠰᠠᠭᠤᠴᠠ᠎ᠶᠢᠨ ᠲᠦᠷᠢᠶᠡᠰᠦᠯᠡᠯ᠎ᠦᠨ ᠭᠡᠷ᠎ᠡ᠎ᠶᠢ ᠬᠠᠤᠯᠢ ᠶᠣᠰᠣᠭᠠᠷ ᠴᠤᠴᠠᠯᠤᠬ᠍ᠰᠠᠨ ᠪᠠᠢᠪᠠᠯ᠂ ᠲᠦᠷᠢᠶᠡᠰᠦᠯᠡᠭᠴᠢ᠎ᠳᠦ ᠮᠡᠳᠡᠭᠳᠡᠭᠦ᠎ᠶᠢᠨ ᠬᠠᠮᠲᠤ᠂ ᠲᠦᠷᠢᠶᠡᠰᠦᠯᠡᠭᠴᠢ᠎ᠶᠢᠨ ᠲᠦᠷᠢᠶᠡᠰᠦᠨ ᠣᠷᠣᠨ ᠰᠠᠭᠤᠴᠠ᠎ᠶᠢ ᠰᠤᠯᠠᠯᠠᠨ ᠪᠤᠴᠠᠭᠠᠬᠤ᠎ᠳᠤ ᠨᠢ ᠵᠦᠢ ᠵᠣᠭᠢᠰᠲᠠᠢ ᠴᠠᠭ ᠭᠠᠷᠭᠠᠵᠤ ᠥᠭᠭᠦ ᠭᠡᠷᠡᠭᠲᠡᠢ᠃
ᠲᠦᠷᠢᠶᠡᠰᠦᠯᠡᠭᠦᠯᠦᠭᠴᠢ ᠭᠦᠴᠦᠷᠭᠡᠭᠯᠡᠯ᠂ ᠰᠦᠷᠳᠡᠭᠦᠯᠦᠯ ᠪᠤᠶᠤ ᠪᠤᠰᠤᠳ ᠬᠠᠤᠯᠢ ᠪᠤᠰᠤ ᠠᠷᠭ᠎ᠠ ᠮᠠᠶᠢᠭ᠋᠎ᠢᠶᠠᠷ ᠲᠦᠷᠢᠶᠡᠰᠦᠯᠡᠭᠴᠢ᠎ᠶᠢ ᠠᠯᠪᠠᠳᠠᠵᠤ ᠪᠠᠢᠭᠠᠳ ᠣᠷᠣᠨ ᠰᠠᠭᠤᠴᠠ᠎ᠶᠢᠨ ᠲᠦᠷᠢᠶᠡᠰᠦᠯᠡᠯ᠎ᠦᠨ ᠭᠡᠷ᠎ᠡ᠎ᠶᠢ ᠴᠤᠴᠠᠯᠬᠤ ᠪᠤᠶᠤ ᠲᠦᠷᠢᠶᠡᠰᠦᠨ ᠣᠷᠣᠨ ᠰᠠᠭᠤᠴᠠ᠎ᠶᠢ ᠰᠤᠯᠠᠯᠠᠨ ᠪᠤᠴᠠᠭᠠᠵᠤ ᠪᠤᠯᠬᠤ ᠦᠭᠡᠢ᠃
ᠣᠷᠣᠨ ᠰᠠᠭᠤᠴᠠ᠎ᠶᠢᠨ ᠲᠦᠷᠢᠶᠡᠰᠦᠯᠡᠯ᠎ᠦᠨ ᠭᠡᠷ᠎ᠡ᠎ᠶᠢ ᠦᠷᠭᠦᠯᠵᠢᠯᠡᠨ ᠭᠦᠢᠴᠡᠳᠭᠡᠭᠡᠳ ᠲᠣᠬ᠍ᠲᠠᠬ᠍ᠰᠠᠨ ᠬᠤᠭᠤᠴᠠᠭᠠᠨ᠎ᠳᠤ ᠭᠦᠷᠦᠭᠰᠡᠨ ᠪᠠᠢᠪᠠᠯ᠂ ᠲᠦᠷᠢᠶᠡᠰᠦᠯᠡᠭᠦᠯᠦᠭᠴᠢ ᠨᠢ ᠬᠣᠯᠪᠤᠬ᠍ᠳᠠᠯ ᠪᠦᠭᠦᠢ ᠲᠣᠬ᠍ᠲᠠᠭᠠᠯ ᠶᠣᠰᠣᠭᠠᠷ ᠵᠣᠭᠢᠴᠠᠬ᠍ᠰᠠᠨ ᠲᠦᠷᠦ᠎ᠶᠢᠨ ᠪᠤᠳᠣᠯᠭ᠎ᠠ᠎ᠶᠢᠨ ᠳᠡᠮᠵᠢᠯᠭᠡ᠎ᠶᠢ ᠭᠦᠷᠲᠡᠵᠦ᠂ ᠲᠦᠷᠢᠶᠡᠰᠦᠯᠡᠭᠴᠢ ᠨᠢ ᠬᠣᠯᠪᠤᠬ᠍ᠳᠠᠯ ᠪᠦᠭᠦᠢ ᠲᠣᠬ᠍ᠲᠠᠭᠠᠯ ᠶᠣᠰᠣᠭᠠᠷ ᠵᠣᠭᠢᠴᠠᠬ᠍ᠰᠠᠨ ᠤᠯᠠᠨ ᠨᠡᠶ᠋ᠢᠲᠡ᠎ᠶᠢᠨ ᠦᠨᠳᠦᠰᠦᠨ ᠦᠢᠯᠡᠴᠢᠯᠡᠭᠡ᠎ᠶᠢ ᠭᠦᠷᠳᠡᠨ᠎ᠠ᠃