ᠥᠪᠥᠷ ᠮᠣᠩᠭᠣᠯ 7 ᠳ᠋ᠤᠭᠠᠷ ᠰᠠᠷ᠎ᠠ᠎ᠶᠢᠨ 1᠎ᠦ ᠡᠳᠦᠷ᠎ᠡᠴᠡ ᠡᠬᠢᠯᠡᠨ ᠴᠡᠭ ᠳᠣᠭᠲᠠᠭᠠᠭᠰᠠᠨ ᠡᠮ ᠡᠮᠨᠡᠯᠭᠡ᠎ᠶᠢᠨ ᠪᠠᠢᠭᠤᠯᠤᠮᠵᠢ᠎ᠳᠤ ᠡᠮᠴᠢᠯᠡᠭᠡᠨ᠎ᠦ ᠳᠠᠭᠠᠳᠬᠠᠯ᠎ᠤᠨ ᠲᠠᠰᠤᠯᠤᠨ ᠪᠣᠳᠣᠬᠤ᠎ᠶᠢ ᠲᠠᠰ ᠬᠤᠪᠢᠶᠠᠨ ᠬᠠᠮᠢᠶᠠᠷᠬᠤ᠎ᠶᠢ ᠬᠡᠷᠡᠭᠵᠢᠭᠦᠯᠦᠭᠰᠡᠨ᠎ᠦ ᠳᠠᠷᠠᠭ᠎ᠠ᠂ ᠣᠯᠠᠨ ᠲᠦᠮᠡᠨ ᠬᠠᠮᠢᠶ᠎ᠠ ᠪᠦᠬᠦᠢ ᠲᠥᠷᠥ᠎ᠶᠢᠨ ᠪᠣᠳᠣᠯᠭ᠎ᠠ ᠠᠩᠬᠠᠷᠤᠯ ᠶᠡᠬᠡ ᠲᠠᠯᠪᠢᠵᠤ ᠪᠣᠢ᠃ 8 ᠳ᠋ᠤᠭᠠᠷ ᠰᠠᠷ᠎ᠠ᠎ᠶᠢᠨ 13᠎ᠤ ᠡᠳᠦᠷ᠂ ᠰᠤᠷᠪᠤᠯᠵᠢᠯᠠᠭ᠍ᠴᠢ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠡᠮᠴᠢᠯᠡᠭᠡᠨ᠎ᠦ ᠳᠠᠭᠠᠳᠬᠠᠯ᠎ᠤᠨ ᠦᠢᠯᠡᠴᠢᠯᠡᠭᠡᠨ᠎ᠦ ᠲᠥᠪ᠎ᠦᠨ ᠡᠮ ᠡᠮᠨᠡᠯᠭᠡ᠎ᠶᠢᠨ ᠦᠢᠯᠡᠴᠢᠯᠡᠭᠡᠨ᠎ᠦ ᠰᠠᠯᠠᠭᠠᠨ᠎ᠤ ᠬᠠᠷᠢᠭᠤᠴᠠᠯᠭᠠᠲᠠᠨ ᠵᠢᠶᠠᠩ ᠶᠠᠩ᠎ᠢ ᠰᠤᠷᠪᠤᠯᠵᠢᠯᠠᠭᠠᠳ᠂ ᠣᠯᠠᠨ᠎ᠤ ᠠᠩᠬᠠᠷᠴᠤ ᠪᠠᠢᠭ᠎ᠠ ᠠᠰᠠᠭᠤᠯᠲᠠᠨᠤᠭᠤᠳᠲᠤ ᠬᠠᠷᠢᠭᠤᠯᠲᠠ ᠥᠭᠪᠡ᠃
ᠠᠰᠠᠭᠤᠯᠲᠠ᠄ ᠶᠠᠭᠤ᠎ᠶᠢ ᠴᠡᠭ ᠳᠣᠭᠲᠠᠭᠠᠭᠰᠠᠨ ᠡᠮᠴᠢᠯᠡᠭᠡᠨ᠎ᠦ ᠪᠠᠢᠭᠤᠯᠤᠮᠵᠢ᠎ᠶᠢᠨ ᠡᠮᠴᠢᠯᠡᠭᠡᠨ᠎ᠦ ᠳᠠᠭᠠᠳᠬᠠᠯ᠎ᠤᠨ ᠲᠠᠰᠤᠯᠤᠨ ᠪᠣᠳᠣᠬᠤ᠎ᠶᠢ ᠳᠡᠰ ᠬᠤᠪᠢᠶᠠᠨ ᠬᠠᠮᠢᠶᠠᠷᠬᠤ ᠭᠡᠳᠡᠭ ᠪᠣᠶ ?
ᠬᠠᠷᠢᠭᠤᠯᠲᠠ᠄ ᠡᠮᠴᠢᠯᠡᠭᠡᠨ᠎ᠦ ᠪᠠᠲᠤᠯᠠᠭ᠎ᠠ᠎ᠶᠢᠨ ᠰᠠᠯᠠᠭ᠎ᠠ ᠮᠥᠴᠢᠷ ᠨᠢ ᠴᠡᠭ ᠳᠣᠭᠲᠠᠭᠠᠭᠰᠠᠨ ᠵᠢᠵᠢᠭᠯᠡᠨ ᠬᠤᠳᠠᠯᠳᠤᠬᠤ ᠡᠮ᠎ᠦᠨ ᠳᠡᠯᠭᠡᠭᠦᠷ ᠪᠠ ᠨᠡᠢᠭᠡᠮ ᠲᠣᠭᠣᠷᠢᠭ᠋᠎ᠤᠨ ᠡᠷᠡᠭᠦᠯ ᠬᠠᠮᠠᠭᠠᠯᠠᠯ᠎ᠤᠨ ᠦᠢᠯᠡᠴᠢᠯᠡᠭᠡᠨ᠎ᠦ ᠪᠠᠢᠭᠤᠯᠤᠮᠵᠢ᠂ ᠰᠢᠶᠠᠩ ᠪᠠᠯᠭᠠᠰᠤᠨ᠎ᠤ ᠡᠷᠡᠭᠦᠯ ᠬᠠᠮᠠᠭᠠᠯᠠᠯ᠎ᠤᠨ ᠬᠣᠷᠢᠶ᠎ᠠ᠂ ᠡᠮᠨᠡᠯᠭᠡ᠎ᠶᠢᠨ ᠭᠠᠵᠠᠷ ᠵᠡᠷᠭᠡ ᠨᠢᠭᠡᠳᠦᠭᠡᠷ ᠳᠡᠰ ᠵᠢᠴᠢ ᠲᠡᠭᠦᠨ᠎ᠡᠴᠡ ᠳᠣᠷᠣᠭ᠍ᠰᠢᠬᠢ ᠴᠡᠭ ᠳᠣᠭᠲᠠᠭᠠᠭᠰᠠᠨ ᠡᠮᠴᠢᠯᠡᠭᠡᠨ᠎ᠦ ᠪᠠᠢᠭᠤᠯᠤᠮᠵᠢ᠎ᠨᠤᠭᠤᠳ᠎ᠲᠤ ᠬᠡᠷᠡᠭᠵᠢᠭᠦᠯᠬᠦ ᠨᠢᠭᠡ ᠵᠦᠢᠯ᠎ᠦᠨ ᠬᠠᠮᠢᠶᠠᠷᠤᠯᠲᠠ᠎ᠶᠢᠨ ᠬᠡᠪ ᠵᠠᠭᠪᠤᠷ ᠪᠣᠯᠣᠨ᠎ᠠ᠂ ᠠᠳᠠᠯᠢ ᠪᠤᠰᠤ ᠳᠡᠰ᠎ᠤᠨ ᠪᠠᠢᠭᠤᠯᠤᠮᠵᠢ᠎ᠳᠦ ᠬᠡᠷᠡᠭᠵᠢᠭᠦᠯᠬᠦ ᠡᠮᠴᠢᠯᠡᠭᠡᠨ᠎ᠦ ᠳᠠᠭᠠᠳᠬᠠᠯ᠎ᠤᠨ ᠲᠠᠰᠤᠯᠤᠨ ᠪᠣᠳᠣᠬᠤ ᠬᠡᠪᠴᠢᠶ᠎ᠡ ᠨᠢ ᠴᠦ᠍ ᠠᠳᠠᠯᠢ ᠪᠤᠰᠤ ᠪᠠᠢᠳᠠᠭ᠃ ᠡᠭᠦᠨ᠎ᠳᠦ ᠭᠣᠣᠯᠳᠠᠭᠤ A᠂ B᠂ C ᠭᠤᠷᠪᠠᠨ ᠳᠡᠰ ᠬᠤᠪᠢᠶᠠᠨ᠎ᠠ᠂ A ᠲᠠᠰ᠎ᠤᠨ ᠬᠢ ᠨᠢ ᠵᠥᠪᠬᠡᠨ ᠡᠮᠴᠢᠯᠡᠭᠡᠨ᠎ᠦ ᠳᠠᠭᠠᠳᠬᠠᠯ᠎ᠤᠨ ᠬᠤᠪᠢ ᠬᠥᠮᠥᠨ᠎ᠦ ᠲᠠᠩᠰᠠᠨ ᠡᠷᠦᠬᠡ᠎ᠪᠡᠷ ᠲᠡᠰᠦᠯᠦᠨ ᠪᠤᠳᠤᠬᠤ᠎ᠶᠢ ᠳᠡᠮᠵᠢᠨ᠎ᠡ;B ᠲᠠᠰ᠎ᠤᠨ ᠬᠢ ᠨᠢ ᠡᠮᠴᠢᠯᠡᠭᠡᠨ᠎ᠦ ᠳᠠᠭᠠᠳᠬᠠᠯ᠎ᠤᠨ ᠬᠤᠪᠢ ᠬᠥᠮᠥᠨ᠎ᠦ ᠲᠠᠩᠰᠠᠨ ᠡᠷᠦᠬᠡ ᠪᠠ ᠡᠭᠦᠳᠡᠨ ᠡᠮᠨᠡᠯᠭᠡ᠎ᠶᠢᠨ ᠨᠢᠭᠡᠳᠦᠯᠲᠡᠢ ᠲᠥᠯᠥᠪᠯᠡᠨ ᠲᠠᠰᠤᠯᠤᠨ ᠪᠣᠳᠣᠬᠤ᠎ᠶᠢ ᠳᠡᠮᠵᠢᠨ᠎ᠡ;C ᠲᠠᠰ᠎ᠤᠨ ᠬᠢ ᠨᠢ ᠡᠮᠴᠢᠯᠡᠭᠡᠨ᠎ᠦ ᠳᠠᠭᠠᠳᠬᠠᠯ᠎ᠤᠨ ᠬᠤᠪᠢ ᠬᠥᠮᠥᠨ᠎ᠦ ᠲᠠᠩᠰᠠᠨ ᠡᠷᠦᠬᠡ᠂ ᠡᠭᠦᠳᠡᠨ ᠡᠮᠨᠡᠯᠭᠡ᠎ᠶᠢᠨ ᠨᠢᠭᠡᠳᠦᠯᠲᠡᠢ ᠲᠥᠯᠥᠪᠯᠡᠬᠦ᠂ ᠤᠵᠢᠭ᠋ ᠡᠪᠡᠳᠴᠢᠨ ᠣᠨᠴᠠᠭᠠᠢ ᠡᠪᠡᠳᠴᠢᠨ᠎ᠢ ᠡᠭᠦᠳᠡᠨ ᠡᠮᠨᠡᠯᠭᠡ᠎ᠳᠦ ᠦᠵᠡᠭᠦᠯᠬᠦ᠂ ᠣᠨᠴᠠᠭᠠᠶ ᠬᠡᠷᠡᠭᠯᠡᠬᠦ ᠡᠮ᠎ᠢ ᠡᠭᠦᠳᠡᠨ ᠡᠮᠨᠡᠯᠭᠡ᠎ᠠᠴᠠ ᠠᠪᠬᠤ᠂ ᠰᠠᠭᠤᠭᠠᠯᠢ ᠠᠷᠠᠳ᠎ᠤᠨ《ᠬᠣᠶᠠᠷ ᠡᠪᠡᠳᠴᠢᠨ》 (ᠴᠢᠰᠤᠨ ᠳᠠᠷᠤᠯᠲᠠ ᠥᠨᠳᠥᠷ ᠡᠪᠡᠳᠴᠢᠨ᠂ ᠰᠢᠬᠢᠷ ᠰᠢᠵᠢᠩ ᠡᠪᠡᠳᠴᠢᠨ) ᠵᠡᠷᠭᠡ᠎ᠶᠢᠨ ᠲᠠᠰᠤᠯᠤᠨ ᠪᠤᠳᠤᠬᠤ᠎ᠶᠢ ᠳᠡᠮᠵᠢᠨ᠎ᠡ᠃
ᠠᠰᠠᠭᠤᠯᠲᠠ᠄ ᠳᠡᠰ ᠬᠤᠪᠢᠶᠠᠨ ᠬᠠᠮᠢᠶᠠᠷᠤᠭᠰᠠᠨᠤ ᠳᠠᠷᠠᠭ᠎ᠠ᠂ ᠬᠤᠪᠢ ᠬᠥᠮᠥᠨ᠎ᠦ ᠡᠭᠦᠳᠡᠨ ᠡᠮᠨᠡᠯᠭᠡ᠎ᠶᠢᠨ ᠨᠢᠭᠡᠳᠦᠯᠲᠡᠢ ᠲᠥᠯᠥᠪᠯᠡᠬᠦ ᠬᠠᠷᠠᠭᠠᠯᠵᠠᠯ᠎ᠢ ᠦᠭᠡᠢᠰᠬᠡᠭᠰᠡᠨ ᠦᠦ?ᠶᠠᠭᠠᠬᠢᠭᠠᠳ ᠡᠮ᠎ᠦᠨ ᠳᠡᠯᠭᠡᠭᠦᠷ᠎ᠲᠦ ᠨᠢᠭᠡᠳᠦᠯᠲᠡᠢ ᠲᠥᠯᠥᠪᠯᠡᠬᠦ ᠠᠷᠭ᠎ᠠ᠎ᠶᠢ ᠬᠡᠷᠡᠭᠯᠡᠵᠦ ᠪᠣᠯᠬᠤ ᠦᠭᠡᠢ ᠪᠣᠯᠣᠭᠰᠠᠨ ᠪᠤᠢ? ᠬᠠᠮᠢᠭ᠎ᠠ ᠬᠦᠷᠴᠦ ᠨᠢᠭᠡᠳᠦᠯᠲᠡᠢ ᠲᠥᠯᠥᠪᠯᠡᠬᠦ ᠬᠠᠷᠠᠭᠠᠯᠵᠠᠯ᠎ᠢ ᠬᠦᠷᠲᠡᠪᠡᠯ ᠵᠣᠬᠢᠬᠤ ᠪᠣᠶ ?
ᠬᠠᠷᠢᠭᠤᠯᠲᠠ᠄ ᠬᠠᠷᠠᠭᠠᠯᠵᠠᠯ᠎ᠢ ᠬᠦᠴᠦᠨ ᠦᠭᠡᠢ ᠪᠣᠯᠭᠠᠭᠰᠠᠨ ᠦᠭᠡᠢ᠂ ᠵᠢᠯ ᠪᠦᠷᠢ᠎ᠶᠢᠨ ᠡᠭᠦᠳᠡᠨ ᠡᠮᠨᠡᠯᠭᠡ᠎ᠶᠢᠨ ᠨᠢᠭᠡᠳᠦᠯᠲᠡᠢ ᠲᠥᠯᠥᠪᠯᠡᠬᠦ ᠲᠣᠭ᠎ᠠ ᠬᠡᠮᠵᠢᠶ᠎ᠡ ᠮᠥᠨ ᠪᠠᠢᠭ᠍ᠰᠠᠭᠠᠷ᠂ ᠵᠥᠪᠬᠡᠨ ᠨᠢᠭᠡᠳᠦᠯᠲᠡᠢ ᠲᠥᠯᠥᠪᠯᠡᠬᠦ ᠠᠷᠭ᠎ᠠ᠎ᠶᠢ ᠬᠡᠷᠡᠭᠯᠡᠵᠦ ᠪᠣᠯᠬᠤ ᠡᠭᠦᠳᠡᠨ ᠡᠮᠨᠡᠯᠭᠡ᠎ᠶᠢᠨ ᠨᠢᠭᠡᠳᠦᠯᠲᠡᠢ ᠲᠥᠯᠥᠪᠯᠡᠬᠦ ᠡᠮᠴᠢᠯᠡᠭᠡᠨ᠎ᠦ ᠳᠠᠭᠠᠳᠬᠠᠯ᠎ᠤᠨ ᠴᠡᠭ ᠳᠣᠭᠲᠠᠭᠠᠭᠰᠠᠨ ᠬᠡᠪᠴᠢᠶᠡᠨ᠎ᠳᠦ ᠵᠣᠬᠢᠬᠤ ᠬᠤᠪᠢᠷᠠᠯᠲᠠ ᠭᠠᠷᠴᠠᠢ᠂ ᠭᠠᠭᠴᠠ ᠬᠦ᠌ ᠨᠥᠬᠥᠴᠡᠯ᠎ᠳᠦ ᠨᠡᠢᠴᠡᠬᠦ ᠡᠮᠴᠢᠯᠡᠭᠡᠨ᠎ᠦ ᠳᠠᠭᠠᠳᠬᠠᠯ᠎ᠤᠨ ᠲᠣᠭᠲᠠᠭᠠᠭᠰᠠᠨ ᠴᠡᠭ᠎ᠲᠦ ᠰᠠᠶᠢ ᠨᠢᠭᠡᠳᠦᠯᠲᠡᠢ ᠲᠥᠯᠥᠪᠯᠡᠬᠦ ᠠᠷᠭ᠎ᠠ᠎ᠶᠢ ᠬᠡᠷᠡᠭᠯᠡᠵᠦ ᠪᠣᠯᠣᠨ᠎ᠠ᠃ ᠣᠳᠣᠬᠠᠨ᠎ᠳᠤ ᠡᠮ᠎ᠦᠨ ᠳᠡᠯᠭᠡᠭᠦᠷᠦᠳᠲᠦ ᠡᠭᠦᠳᠡᠨ ᠡᠮᠨᠡᠯᠭᠡ᠎ᠶᠢᠨ ᠨᠢᠭᠡᠳᠦᠯᠲᠡᠢ ᠲᠥᠯᠥᠪᠯᠡᠬᠦ ᠠᠷᠭ᠎ᠠ᠎ᠶᠢ ᠬᠡᠷᠡᠭᠯᠡᠬᠦ᠎ᠶᠢᠨ ᠠᠷᠭ᠎ᠠ ᠦᠭᠡᠢ᠂ ᠤᠴᠢᠷ ᠨᠢ ᠳᠡᠰ ᠬᠤᠪᠢᠶᠠᠨ ᠬᠠᠮᠢᠶᠠᠷᠬᠤ ᠶᠠᠪᠤᠴᠠ᠎ᠳᠤ᠂ ᠡᠮᠴᠢᠯᠡᠭᠡᠨ᠎ᠦ ᠪᠠᠲᠤᠯᠠᠭ᠎ᠠ᠎ᠶᠢᠨ ᠰᠠᠯᠠᠭ᠎ᠠ ᠮᠥᠴᠢᠷ ᠪᠥᠬᠥ ᠣᠷᠣᠨ᠎ᠤ ᠴᠡᠭ ᠲᠣᠭᠲᠠᠭᠠᠭᠰᠠᠨ ᠵᠢᠵᠢᠭᠯᠡᠨ ᠬᠤᠳᠠᠯᠳᠤᠬᠤ ᠡᠮ᠎ᠦᠨ ᠳᠡᠯᠭᠡᠭᠦᠷ᠎ᠤᠳ᠎ᠲᠦ ᠨᠡᠢᠳᠡᠮ ᠪᠠᠢᠴᠠᠭᠠᠯᠲᠠ ᠬᠢᠭᠰᠡᠨ᠎ᠳᠦ B ᠲᠠᠰ᠎ᠤᠨ ᠪᠠᠷᠢᠮᠵᠢᠶᠠᠨ᠎ᠳᠤ ᠨᠡᠢᠴᠡᠬᠦ ᠡᠮ᠎ᠦᠨ ᠳᠡᠯᠭᠡᠭᠦᠷ ᠨᠢᠭᠡ ᠴᠦ᠍ ᠪᠠᠢᠬᠤ ᠦᠭᠡᠢ᠂ ᠥᠭᠡᠷ᠎ᠡ᠎ᠪᠡᠷ ᠬᠡᠯᠡᠪᠡᠯ ᠡᠭᠦᠳᠡᠨ ᠡᠮᠨᠡᠯᠭᠡ᠎ᠶᠢᠨ ᠨᠢᠭᠡᠳᠦᠯᠲᠡᠢ ᠲᠥᠯᠥᠪᠯᠡᠬᠦ ᠨᠥᠬᠥᠴᠡᠯ᠎ᠳᠦ ᠴᠥᠮ ᠨᠡᠢᠴᠡᠬᠦ ᠦᠭᠡᠢ᠃ ᠤᠯᠠᠨ᠎ᠢᠶᠠᠷ᠎ᠢᠶᠠᠨ ᠬᠣᠶᠠᠳᠤᠭᠠᠷ ᠳᠡᠰ ᠵᠢᠴᠢ ᠲᠡᠭᠦᠨ᠎ᠡᠴᠡ ᠳᠡᠭᠡᠭᠰᠢᠬᠢ ᠡᠮᠴᠢᠯᠡᠭᠡᠨ᠎ᠦ ᠪᠠᠢᠭᠤᠯᠤᠮᠵᠢ᠂ ᠦᠨᠳᠦᠰᠦᠨ ᠱᠠᠲᠤᠨ᠎ᠤ ᠨᠡᠢᠭᠡᠮ ᠲᠣᠭᠣᠷᠢᠭ᠋᠎ᠤᠨ ᠡᠷᠡᠭᠦᠯ ᠬᠠᠮᠠᠭᠠᠯᠠᠯ᠎ᠤᠨ ᠦᠢᠯᠡᠴᠢᠯᠡᠭᠡᠨ᠎ᠦ ᠪᠠᠢᠭᠤᠯᠤᠮᠵᠢ᠂ ᠰᠢᠶᠠᠩ ᠪᠠᠯᠭᠠᠰᠤᠨ᠎ᠤ ᠡᠷᠡᠭᠦᠯ ᠬᠠᠮᠠᠭᠠᠯᠠᠯ᠎ᠤᠨ ᠬᠣᠷᠢᠶ᠎ᠠ᠎ᠶᠢ ᠰᠣᠩᠭᠣᠨ ᠡᠭᠦᠳᠡᠨ ᠡᠮᠨᠡᠯᠭᠡ᠎ᠶᠢᠨ ᠨᠢᠭᠡᠳᠦᠯᠲᠡᠢ ᠲᠥᠯᠥᠪᠯᠡᠬᠦ ᠠᠷᠭ᠎ᠠ᠎ᠶᠢ ᠬᠡᠷᠡᠭᠯᠡᠵᠦ ᠪᠣᠯᠣᠨ᠎ᠠ᠃
ᠠᠰᠠᠭᠤᠯᠲᠠ᠄ ᠨᠡᠢᠭᠡᠮ ᠲᠣᠭᠣᠷᠢᠭ᠋᠎ᠤᠨ ᠡᠷᠡᠭᠦᠯ ᠬᠠᠮᠠᠭᠠᠯᠠᠯ᠎ᠤᠨ ᠦᠢᠯᠡᠴᠢᠯᠡᠭᠡᠨ᠎ᠦ ᠪᠠᠢᠭᠤᠯᠤᠮᠵᠢ᠎ᠶᠢᠨ ᠡᠮ᠎ᠦᠨ ᠵᠦᠢᠯ ᠪᠦᠷᠢᠨ ᠦᠦ? ᠭᠠᠳᠠᠭᠠᠳᠤ᠎ᠠᠴᠠ ᠣᠷᠣᠭᠤᠯᠤᠭᠰᠠᠨ ᠡᠮ᠂ ᠤᠤᠯ ᠨᠠᠢᠷᠠᠯᠭ᠎ᠠ ᠲᠠᠢ ᠡᠮ ᠪᠠᠢᠨ᠎ᠠ ᠦᠦ?
ᠬᠠᠷᠢᠭᠤᠯᠲᠠ᠄ ᠡᠮᠴᠢᠯᠡᠭᠡᠨ᠎ᠦ ᠪᠠᠲᠤᠯᠠᠭ᠎ᠠ᠂ ᠡᠷᠡᠭᠦᠯ ᠬᠠᠮᠠᠭᠠᠯᠠᠯ ᠡᠷᠡᠭᠦᠯ ᠮᠡᠨᠳᠦ᠎ᠶᠢᠨ ᠰᠠᠯᠠᠭ᠎ᠠ ᠮᠥᠴᠢᠷ ᠬᠠᠮᠲᠤᠷᠠᠨ ᠣᠯᠠᠨ ᠵᠦᠢᠯ᠎ᠦᠨ ᠠᠷᠭ᠎ᠠ ᠬᠡᠮᠵᠢᠶ᠎ᠡ ᠠᠪᠴᠤ ᠪᠠᠢᠭᠠᠳ ᠦᠨᠳᠦᠰᠦᠨ ᠱᠠᠲᠤᠨ᠎ᠤ ᠡᠮ᠎ᠦᠨ ᠵᠦᠢᠯ᠎ᠦᠨ ᠲᠣᠬᠢᠷᠠᠭᠤᠯᠤᠯᠲᠠ᠎ᠶᠢ ᠠᠬᠢᠭᠤᠯᠵᠤ ᠪᠠᠢᠨ᠎ᠠ᠂ ᠣᠢᠷ᠎ᠠ᠎ᠳᠤ ᠦᠨᠳᠦᠰᠦᠨ ᠱᠠᠲᠤᠨ᠎ᠤ ᠡᠷᠡᠭᠦᠯ ᠬᠠᠮᠠᠭᠠᠯᠠᠯ᠎ᠤᠨ ᠦᠢᠯᠡᠴᠢᠯᠡᠭᠡᠨ᠎ᠦ ᠪᠠᠢᠭᠤᠯᠤᠮᠵᠢ᠎ᠨᠤᠭᠤᠳ ᠣᠯᠠᠨ ᠲᠦᠮᠡᠨ᠎ᠦ ᠬᠡᠷᠡᠭᠴᠡᠭᠡ ᠱᠠᠭᠠᠷᠳᠠᠯᠭ᠎ᠠ᠎ᠶᠢ ᠦᠨᠳᠦᠰᠦᠯᠡᠨ᠂ ᠭᠠᠳᠠᠭᠠᠳᠤ᠎ᠠᠴᠠ ᠣᠷᠣᠭᠤᠯᠤᠭᠰᠠᠨ ᠡᠮ ᠪᠠ ᠤᠤᠯ ᠨᠠᠢᠷᠠᠯᠭ᠎ᠠ ᠲᠠᠢ ᠡᠮ᠎ᠢ ᠪᠠᠭᠲᠠᠭᠠᠭᠰᠠᠨ ᠡᠮ᠎ᠦᠨ ᠵᠦᠢᠯᠡᠰ᠎ᠦᠨ ᠲᠥᠷᠥᠯ ᠵᠦᠢᠯ ᠪᠠ ᠨᠥᠭᠡᠴᠡ᠎ᠶᠢ ᠲᠦᠷᠭᠡᠨ᠎ᠢᠶᠡᠷ ᠨᠡᠮᠡᠭᠳᠡᠭᠦᠯᠦᠭᠰᠡᠨ᠎ᠢᠶᠡᠷ ᠣᠯᠠᠨ ᠲᠦᠮᠡᠨ᠎ᠦ ᠬᠡᠷᠡᠭᠴᠡᠭᠡ ᠱᠠᠭᠠᠷᠳᠠᠯᠭ᠎ᠠ᠎ᠶᠢ ᠦᠨᠳᠦᠰᠦᠨ᠎ᠳᠤ᠎ᠪᠠᠨ ᠬᠠᠩᠭᠠᠵᠤ ᠳᠡᠢᠯᠦᠨ᠎ᠡ᠃ ᠬᠡᠷᠪᠡ ᠲᠠ ᠣᠯᠠᠨ᠎ᠳᠤ ᠡᠮ ᠳᠤᠲᠠᠭᠳᠠᠬᠤ ᠪᠠᠢᠳᠠᠯ ᠲᠣᠬᠢᠶᠠᠯᠳᠤᠪᠠᠯ᠂ ᠨᠡᠢᠭᠡᠮ ᠲᠣᠭᠣᠷᠢᠭ᠋᠎ᠤᠨ ᠡᠷᠡᠭᠦᠯ ᠬᠠᠮᠠᠭᠠᠯᠠᠯ᠎ᠤᠨ ᠦᠢᠯᠡᠴᠢᠯᠡᠭᠡᠨ᠎ᠦ ᠪᠠᠢᠭᠤᠯᠤᠮᠵᠢ ᠲᠠᠨ᠎ᠢ ᠬᠠᠪᠰᠤᠷᠤᠨ ᠳᠠᠩᠰᠠᠯᠠᠨ ᠲᠡᠮᠳᠡᠭᠯᠡᠵᠦ᠂ ᠴᠠᠭ ᠲᠤᠬᠠᠢ᠎ᠳᠤ ᠨᠢ ᠬᠠᠷᠢᠯᠴᠠᠭᠠᠳ ᠲᠣᠬᠢᠷᠠᠭᠤᠯᠤᠨ ᠬᠦᠷᠭᠡᠨ᠎ᠡ᠂ ᠦᠢᠯᠡᠳᠪᠦᠷᠢᠯᠡᠭᠰᠡᠨ ᠦᠢᠯᠡᠳᠪᠦᠷᠢ᠎ᠶᠢᠨ ᠬᠠᠩᠭᠠᠯᠭ᠎ᠠ ᠭᠦᠢᠴᠡᠳ ᠪᠠᠢᠬᠤ ᠪᠠᠢᠳᠠᠯ᠎ᠳᠦ᠂ ᠶᠡᠷᠦ᠎ᠳᠦ᠎ᠪᠡᠨ 24 ᠴᠠᠭ᠎ᠤᠨ ᠳᠣᠲᠣᠷ᠎ᠠ ᠲᠣᠬᠢᠷᠠᠭᠤᠯᠤᠨ ᠬᠦᠷᠭᠡᠬᠦ ᠪᠣᠯᠣᠨ᠎ᠠ᠃
ᠠᠰᠠᠭᠤᠯᠲᠠ᠄ ᠨᠡᠢᠭᠡᠮ ᠲᠣᠭᠣᠷᠢᠭ᠋᠎ᠤᠨ ᠡᠷᠡᠭᠦᠯ ᠬᠠᠮᠠᠭᠠᠯᠠᠯ᠎ᠤᠨ ᠦᠢᠯᠡᠴᠢᠯᠡᠭᠡᠨ᠎ᠦ ᠲᠥᠪ᠎ᠡᠴᠡ ᠡᠮ ᠬᠤᠳᠠᠯᠳᠤᠨ ᠠᠪᠬᠤ ᠨᠢ ᠶᠠᠮᠠᠷ ᠰᠠᠢᠨ ᠲᠠᠯ᠎ᠠ᠎ᠲᠠᠢ ᠪᠣᠢ?
ᠬᠠᠷᠢᠭᠤᠯᠲᠠ᠄ ᠭᠣᠣᠯᠳᠠᠭᠤ ᠳᠦᠷᠪᠡᠨ ᠲᠠᠯ᠎ᠠ᠎ᠶᠢᠨ ᠳᠠᠪᠠᠭᠤᠯᠢᠭ᠋ ᠲᠠᠯ᠎ᠠ᠎ᠲᠠᠢ᠃ ᠨᠢᠭᠡ᠎ᠳᠦ ᠡᠮ ᠬᠢᠮᠳᠠ ᠪᠠᠢᠳᠠᠭ᠂ ᠠᠯᠪᠠᠨ᠎ᠠᠴᠠ ᠪᠠᠢᠭᠤᠯᠤᠭᠰᠠᠨ ᠨᠡᠢᠭᠡᠮ ᠲᠣᠭᠣᠷᠢᠭ᠋᠎ᠤᠨ ᠡᠷᠡᠭᠦᠯ ᠬᠠᠮᠠᠭᠠᠯᠠᠯ᠎ᠤᠨ ᠦᠢᠯᠡᠴᠢᠯᠡᠭᠡᠨ᠎ᠦ ᠪᠠᠢᠭᠤᠯᠤᠮᠵᠢ᠎ᠨᠤᠭᠤᠳ ᠪᠦᠬᠦᠨ᠎ᠢᠶᠡᠷ᠎ᠢᠶᠡᠨ ᠡᠮ᠎ᠦᠨ ᠵᠦᠢᠯᠡᠰ᠎ᠲᠦ ᠦᠨ᠎ᠡ᠎ᠶᠢᠨ ᠵᠥᠷᠢᠶ᠎ᠡ ᠦᠭᠡᠢ ᠪᠠᠢᠬᠤ᠎ᠶᠢ ᠬᠡᠷᠡᠭᠵᠢᠭᠦᠯᠳᠡᠭ ᠪᠣᠯᠬᠣᠷ ᠤᠯᠠᠨ ᠲᠦᠮᠡᠨ᠎ᠦ ᠡᠮ ᠬᠤᠳᠠᠯᠳᠤᠨ ᠠᠪᠬᠤ᠎ᠳᠤ ᠨᠡᠩ ᠠᠰᠢᠭ᠍ᠲᠠᠢ ᠶᠤᠮ᠃ ᠬᠣᠶᠠᠷ᠎ᠲᠤ ᠳᠠᠩᠰᠠᠨ᠎ᠠᠴᠠ ᠲᠠᠢᠯᠬᠤ ᠨᠢ ᠠᠷᠪᠢᠨ ᠪᠠᠢᠳᠠᠭ᠂ ᠲᠣᠮᠣ᠌ ᠡᠮᠨᠡᠯᠭᠡ᠎ᠶᠢᠨ ᠬᠣᠷᠢᠶ᠎ᠠ ᠪᠠ ᠡᠮ᠎ᠦᠨ ᠳᠡᠯᠭᠡᠭᠦᠷ᠂ ᠨᠡᠢᠭᠡᠮ ᠲᠣᠭᠣᠷᠢᠭ᠋᠎ᠤᠨ ᠡᠷᠡᠭᠦᠯ ᠬᠠᠮᠠᠭᠠᠯᠠᠯ᠎ᠤᠨ ᠦᠢᠯᠡᠴᠢᠯᠡᠭᠡᠨ᠎ᠦ ᠪᠠᠢᠭᠤᠯᠤᠮᠵᠢ᠂ ᠰᠢᠶᠠᠩ ᠪᠠᠯᠭᠠᠰᠤᠨ᠎ᠤ ᠡᠷᠡᠭᠦᠯ ᠬᠠᠮᠠᠭᠠᠯᠠᠯ᠎ᠤᠨ ᠬᠣᠷᠢᠶ᠎ᠠ ᠵᠡᠷᠭᠡ ᠦᠨᠳᠦᠰᠦᠨ ᠱᠠᠲᠤᠨ᠎ᠤ ᠪᠠᠢᠭᠤᠯᠤᠮᠵᠢ᠎ᠶᠢᠨ ᠳᠠᠩᠰᠠᠨ᠎ᠠᠴᠠ ᠲᠠᠢᠯᠬᠤ ᠬᠠᠷᠢᠴᠠᠯ ᠬᠠᠮᠤᠭ᠎ᠤᠨ ᠥᠨᠳᠥᠷ ᠮᠥᠷᠲᠡᠭᠡᠨ ᠳ᠋ᠤᠭᠠᠷᠯᠠᠬᠤ ᠵᠠᠷᠤᠳᠠᠯ ᠨᠢ ᠴᠦ᠍ ᠬᠢᠮᠳᠠ ᠪᠠᠢᠳᠠᠭ᠃ ᠭᠤᠷᠪᠠ᠎ᠳᠤ ᠨᠠᠩ ᠠᠮᠤᠷ ᠲᠦᠪᠰᠢᠨ ᠪᠠᠢᠳᠠᠭ᠂ ᠨᠡᠢᠭᠡᠮ ᠲᠣᠭᠣᠷᠢᠭ᠋᠎ᠤᠨ ᠡᠷᠡᠭᠦᠯ ᠬᠠᠮᠠᠭᠠᠯᠠᠯ᠎ᠤᠨ ᠦᠢᠯᠡᠴᠢᠯᠡᠭᠡᠨ᠎ᠦ ᠪᠠᠢᠭᠤᠯᠤᠮᠵᠢ᠎ᠶᠢᠨ ᠡᠮ᠎ᠦᠨ ᠵᠣᠷ ᠪᠢᠴᠢᠬᠦ᠎ᠳᠦ ᠡᠮᠴᠢ ᠲᠤᠰᠬᠠᠢᠯᠠᠨ ᠭᠥᠯᠢᠶᠡᠨ ᠠᠪᠴᠤ ᠣᠨᠣᠰᠢᠯᠠᠨ᠂ ᠡᠪᠡᠳᠴᠢᠨ᠎ᠳᠤ ᠨᠢ ᠲᠣᠬᠢᠷᠠᠭᠤᠯᠤᠨ ᠡᠮᠴᠢᠯᠡᠵᠦ᠂ ᠡᠮ ᠬᠡᠷᠡᠭᠯᠡᠬᠦ ᠣᠨᠣᠪᠴᠢᠲᠤ ᠴᠢᠨᠠᠷ᠎ᠢ ᠳᠡᠭᠡᠭᠰᠢᠯᠡᠭᠦᠯᠦᠨ᠎ᠡ᠃ ᠳᠥᠷᠪᠡ᠎ᠳᠦ ᠭᠡᠷ᠎ᠡᠴᠡ ᠣᠢᠷ᠎ᠠ ᠪᠠᠢᠳᠠᠭ᠂ ᠵᠡᠭᠡᠯᠢ ᠭᠤᠳᠤᠮᠵᠢ ᠨᠢᠭᠡ ᠪᠦᠷᠢ᠂ ᠰᠠᠭᠤᠭᠠᠯᠢ ᠠᠷᠠᠳ᠎ᠤᠨ ᠵᠥᠪᠯᠡᠯ ᠨᠢᠭᠡ ᠪᠦᠷᠢᠳᠦ ᠪᠠᠷᠤᠭ ᠴᠥᠮ ᠨᠡᠢᠭᠡᠮ ᠲᠣᠭᠣᠷᠢᠭ᠋᠎ᠤᠨ ᠡᠷᠡᠭᠦᠯ ᠬᠠᠮᠠᠭᠠᠯᠠᠯ᠎ᠤᠨ ᠦᠢᠯᠡᠴᠢᠯᠡᠭᠡᠨ᠎ᠦ ᠪᠠᠢᠭᠤᠯᠤᠮᠵᠢ ᠲᠠᠢ ᠪᠠᠢᠳᠠᠭ ᠪᠣᠯᠬᠣᠷ᠂ ᠶᠠᠪᠠᠭᠠᠨ᠎ᠢᠶᠠᠷ ᠪᠤᠶᠤ ᠳᠤᠭᠤᠢ ᠲᠡᠷᠭᠡ᠎ᠪᠡᠷ ᠡᠮᠴᠢ᠎ᠳᠦ ᠦᠵᠡᠭᠦᠯᠦᠨ ᠡᠮ ᠬᠤᠳᠠᠯᠳᠤᠨ ᠠᠪᠴᠤ ᠪᠣᠯᠣᠨ᠎ᠠ᠃