ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠣᠨᠴᠠᠯᠢᠭᠲᠤ᠌ ᠳᠠᠪᠴᠠᠩ
ᠢᠯᠡ ᠵᠠᠰᠠᠭ   -   ᠲᠦᠷᠥ᠎ᠶᠢᠨ ᠪᠣᠳᠣᠯᠭ᠎ᠠ᠎ᠶᠢᠨ ᠲᠠᠶ᠋ᠢᠯᠤᠮᠵᠢ
9 ᠳ᠋ᠦ᠍ᠭᠡᠷ ᠰᠠᠷ᠎ᠠ᠎ᠶ᠋ᠢᠨ 1 ᠎ᠦ ᠡᠳᠦᠷ᠎ᠡᠴᠡ ᠡᠬᠢᠯᠡᠵᠦ᠍ ᠬᠡᠷᠡᠭ᠌ᠵᠢᠭᠦᠯᠦᠨ᠎ᠡ!ᠥᠪᠥᠷ ᠮᠣᠩᠭᠣᠯ᠎ᠤᠨ ᠱᠢᠨ᠎ᠡ᠎ᠪᠡᠷ ᠵᠠᠰᠠᠪᠤᠷᠢ ᠣᠷᠣᠭᠤᠯᠤᠭ᠍ᠰᠠᠨ ᠡᠨᠡ ᠳᠦᠷᠢᠮ᠎ᠢ ᠲᠠ ᠣᠢᠯᠠᠭᠠᠨ᠎ᠠ ᠦᠦ?
ᠨᠡᠶ᠋ᠢᠲᠡᠯᠡᠭᠰᠡᠨ ᠴᠠᠭ᠄ 2025-08-09

      ᠰᠤᠷᠪᠤᠯᠵᠢᠯᠠᠭ᠍ᠴᠢ ᠥᠪᠡᠷᠲᠡᠭᠡᠨ ᠵᠠᠰᠠᠬᠤ ᠣᠷᠣᠨ᠎ᠤ ᠤᠰᠤᠨ ᠠᠰᠢᠭ᠍ᠯᠠᠯᠲᠠ᠎ᠶᠢᠨ ᠲᠢᠩᠬᠢᠮ᠎ᠡᠴᠡ ᠣᠢᠯᠠᠭᠠᠭᠰᠠᠨ᠎ᠢᠶᠠᠷ᠂ ᠣᠢᠷ᠎ᠠ᠎ᠳᠤ᠂ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠷᠪᠠᠨ ᠳᠥᠷᠪᠡᠳᠦᠭᠡᠷ ᠬᠤᠭᠤᠴᠠᠭᠠᠨ᠎ᠤ ᠠᠷᠠᠳ᠎ᠤᠨ ᠲᠥᠯᠥᠭᠡᠯᠡᠭᠴᠢᠳ᠎ᠦᠨ ᠶᠡᠬᠡ ᠬᠤᠷᠠᠯ᠎ᠤᠨ ᠪᠠᠢᠩᠭᠤ᠎ᠶᠢᠨ ᠬᠣᠷᠢᠶᠠᠨ᠎ᠤ ᠠᠷᠪᠠᠨ ᠨᠠᠢ᠍ᠮᠠᠳᠤᠭᠠᠷ ᠬᠤᠷᠠᠯᠳᠤᠭᠠᠨ᠎ᠢᠶᠡᠷ ᠰᠢᠨ᠎ᠡ᠎ᠪᠡᠷ ᠵᠠᠰᠠᠪᠤᠷᠢ ᠣᠷᠣᠭᠤᠯᠤᠭᠰᠠᠨ 《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠤᠰᠤ᠎ᠶᠢ ᠠᠷᠪᠢᠯᠠᠨ ᠭᠠᠮᠨᠠᠬᠤ ᠳᠦᠷᠢᠮ》 (ᠳᠣᠷᠣᠭ᠍ᠰᠢ《ᠳᠦᠷᠢᠮ》 ᠭᠡᠵᠦ ᠲᠣᠪᠴᠢᠯᠠᠪᠠ )᠎ᠢ ᠪᠠᠲᠤᠯᠠᠵᠤ᠂ ᠡᠨᠡ ᠵᠢᠯ᠎ᠦᠨ 9 ᠳ᠋ᠦ᠍ᠭᠡᠷ ᠰᠠᠷ᠎ᠠ᠎ᠶᠢᠨ 1᠎ᠦ ᠡᠳᠦᠷ᠎ᠡᠴᠡ ᠡᠬᠢᠯᠡᠵᠦ ᠬᠡᠷᠡᠭᠵᠢᠭᠦᠯᠦᠨ᠎ᠡ ᠃
      《ᠳᠦᠷᠢᠮ》᠎ᠳᠦ ᠨᠡᠶ᠋ᠢᠲᠡ ᠳᠣᠯᠣᠭᠠᠨ ᠪᠦᠯᠦᠭ 47 ᠵᠦᠢᠯ ᠪᠤᠶ ᠃ ᠶᠡᠷᠦᠩᠬᠡᠢ ᠳᠦᠷᠢᠮ᠂ ᠤᠰᠤ ᠬᠡᠷᠡᠭᠯᠡᠬᠦ ᠬᠠᠮᠢᠶᠠᠷᠤᠯᠲᠠ᠂ ᠤᠰᠤ ᠠᠷᠪᠢᠯᠠᠬᠤ ᠠᠷᠭ᠎ᠠ ᠬᠡᠮᠵᠢᠶ᠎ᠡ᠂ ᠬᠡᠪ᠎ᠦᠨ ᠪᠤᠰᠤ ᠤᠰᠤᠨ᠎ᠤ ᠠᠰᠢᠭ᠍ᠯᠠᠯᠲᠠ᠂ ᠪᠠᠲᠤᠯᠠᠭ᠎ᠠ ᠪᠠ ᠬᠢᠨᠠᠯᠲᠠ᠂ ᠬᠠᠤᠯᠢ ᠴᠠᠭᠠᠵᠠ᠎ᠶᠢᠨ ᠬᠠᠷᠢᠭᠤᠴᠠᠯᠭ᠎ᠠ ᠵᠡᠷᠭᠡ ᠲᠠᠯ᠎ᠠ ᠎ᠪᠠᠷ ᠲᠣᠭᠲᠠᠭᠠᠯ ᠭᠠᠷᠭᠠᠵᠠᠢ᠃ ᠵᠠᠰᠠᠭ᠎ᠤᠨ ᠣᠷᠳᠣᠨ ᠭᠣᠣᠯᠴᠢᠯᠠᠨ ᠵᠢᠯᠣᠭᠣᠳᠤᠭ᠍ᠰᠠᠨ᠂ ᠡᠯ᠎ᠡ ᠲᠠᠯ᠎ᠠ᠎ᠶᠢᠨ ᠬᠢᠨ ᠬᠠᠮᠵᠢᠯᠴᠠᠭ᠍ᠰᠠᠨ᠂ ᠵᠠᠬ᠎ᠠ ᠳᠡᠯᠭᠡᠭᠦᠷ ᠲᠣᠬᠢᠷᠠᠭᠤᠯᠤᠭ᠍ᠰᠠᠨ᠂ ᠤᠯᠠᠨ ᠨᠡᠶ᠋ᠢᠲᠡ᠎ᠪᠡᠷ᠎ᠢᠶᠡᠨ ᠣᠷᠣᠯᠴᠠᠭ᠍ᠰᠠᠨ ᠤᠰᠤ ᠠᠷᠪᠢᠯᠠᠬᠤ ᠲᠣᠭᠲᠠᠴᠠ᠎ᠶ᠋ᠢ ᠪᠠᠢᠭᠤᠯᠵᠤ᠂ ᠬᠣᠰᠢᠭᠤ ᠰᠢᠶᠠᠨ᠎ᠤ ᠱᠠᠲᠤᠨ᠎ᠠᠴᠠ ᠳᠡᠭᠡᠭᠰᠢᠬᠢ ᠠᠷᠠᠳ ᠎ᠤᠨ ᠵᠠᠰᠠᠭ ᠎ᠤᠨ ᠣᠷᠳᠣᠨ᠎ᠤ ᠤᠰᠤᠨ ᠠᠰᠢᠭ᠍ᠯᠠᠯᠲᠠ᠂ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠭᠤᠨ ᠮᠠᠯᠵᠢᠬᠤ ᠣᠷᠣᠨ᠂ ᠠᠵᠤ ᠦᠢᠯᠡᠳᠪᠦᠷᠢ ᠪᠠ ᠮᠡᠳᠡᠭᠡ ᠵᠠᠩᠭᠢᠴᠢᠯᠠᠯᠲᠠ᠂ ᠡᠨᠧᠷᠭᠢ᠂ ᠣᠷᠣᠨ ᠰᠠᠭᠤᠴᠠ ᠪᠠ ᠬᠤᠳᠠ ᠬᠥᠳᠡᠭᠡ᠎ᠶᠢᠨ ᠪᠦᠲᠦᠭᠡᠨ ᠪᠠᠢᠭᠤᠯᠤᠯᠲᠠ ᠵᠡᠷᠭᠡ ᠰᠠᠯᠠᠭ᠎ᠠ ᠮᠥᠴᠢᠷ᠎ᠤᠳ ᠡᠭᠦᠷᠭᠡ ᠬᠠᠷᠢᠭᠤᠴᠠᠯᠭ᠎ᠠ᠎ᠶᠢᠨ ᠬᠤᠪᠢᠶᠠᠷᠢᠯᠠᠯ ᠶᠣᠰᠣᠭᠠᠷ ᠲᠤᠰ ᠬᠦᠷᠢᠶᠡᠨ᠎ᠦ᠎ᠪᠡᠨ ᠤᠰᠤ ᠠᠷᠪᠢᠯᠠᠬᠤ ᠬᠠᠮᠢᠶ᠎ᠠ ᠪᠦᠬᠦᠢ ᠠᠵᠢᠯ᠎ᠢ ᠰᠠᠢᠲᠤᠷ ᠬᠢᠵᠦ᠂ ᠥᠪᠡᠷᠲᠡᠭᠡᠨ ᠵᠠᠰᠠᠬᠤ ᠣᠷᠣᠨ᠎ᠤ ᠤᠰᠤᠨ᠎ᠤ ᠡᠬᠢ ᠪᠠᠶᠠᠯᠢᠭ᠎ᠢ ᠠᠷᠪᠢᠯᠠᠵᠤ ᠡᠷᠴᠢᠮᠵᠢᠭᠦᠯᠦᠨ ᠠᠰᠢᠭ᠍ᠯᠠᠬᠤ᠎ᠶᠢ ᠬᠠᠮᠲᠤ᠎ᠪᠠᠷ ᠠᠬᠢᠭᠤᠯᠤᠨ᠎ᠠ ᠭᠡᠵᠦ᠍ ᠲᠣᠳᠣᠷᠬᠠᠢᠯᠠᠪᠠ᠃
      ᠤᠰᠤ ᠠᠷᠪᠢᠯᠠᠬᠤ ᠳᠦᠷᠢᠮ᠎ᠦᠨ ᠪᠠᠢᠭᠤᠯᠤᠯᠲᠠ᠎ᠶᠢ ᠲᠡᠭᠦᠯᠳᠡᠷᠵᠢᠭᠦᠯᠬᠦ ᠲᠠᠯ᠎ᠠ᠎ᠪᠠᠷ᠂《ᠳᠦᠷᠢᠮ》᠎ᠳᠦ ᠶᠡᠷᠦᠩᠬᠡᠢ ᠬᠡᠮᠵᠢᠶ᠎ᠡ᠎ᠶᠢ ᠬᠢᠵᠠᠭᠠᠷᠯᠠᠬᠤ᠂ ᠰᠢᠨᠵᠢᠯᠡᠬᠦ ᠤᠬᠠᠭᠠᠨᠴᠢ᠎ᠪᠠᠷ ᠲᠣᠬᠢᠷᠠᠭᠤᠯᠬᠤ᠂ ᠥᠨᠳᠥᠷ ᠪᠦᠲᠦᠮᠵᠢᠲᠡᠶ᠎ᠪᠡᠷ ᠠᠰᠢᠭ᠍ᠯᠠᠬᠤ᠎ᠶᠢ ᠪᠠᠷᠢᠮᠲᠠᠯᠠᠵᠤ᠂ ᠬᠢᠵᠠᠭᠠᠷᠯᠠᠬᠤ ᠪᠠ ᠤᠷᠮᠠᠰᠢᠭᠤᠯᠬᠤ᠎ᠶᠢ ᠤᠶᠠᠯᠳᠤᠭᠤᠯᠬᠤ᠎ᠶᠢ ᠪᠠᠷᠢᠮᠲᠠᠯᠠᠵᠤ᠂ ᠤᠰᠤ ᠠᠷᠪᠢᠯᠠᠬᠤ ᠲᠥᠯᠦᠪᠵᠢᠭᠦᠯᠭᠡ᠂ ᠤᠰᠤ ᠬᠡᠷᠡᠭᠯᠡᠬᠦ ᠲᠣᠭᠲᠠᠭᠰᠠᠨ ᠬᠡᠮᠵᠢᠶ᠎ᠡ᠂ ᠲᠥᠯᠥᠪᠯᠡᠭᠡ᠎ᠲᠠᠢ᠎ᠪᠡᠷ ᠤᠰᠤ ᠬᠡᠷᠡᠭᠯᠡᠬᠦ᠂ ᠬᠡᠮᠵᠢᠯᠲᠡ᠎ᠪᠡᠷ ᠰᠦᠢᠳᠬᠡᠯ ᠬᠤᠷᠢᠶᠠᠬᠤ᠂ ᠤᠰᠤᠨ᠎ᠤ ᠦᠨ᠎ᠡ᠎ᠶ᠋ᠢᠨ ᠲᠣᠭᠲᠠᠴᠠ᠂ ᠤᠰᠤ ᠠᠷᠪᠢᠯᠠᠬᠤ 《ᠭᠤᠷᠪᠠ᠎ᠶᠢ ᠵᠡᠷᠭᠡ᠎ᠪᠡᠷ ᠬᠢᠬᠦ》᠂ ᠤᠰᠤᠨ᠎ᠤ ᠡᠬᠢ ᠪᠠᠶᠠᠯᠢᠭ᠎ᠦᠨ ᠨᠣᠲᠠᠯᠠᠯᠲᠠ᠎ᠶ᠋ᠢ ᠲᠦᠯᠦᠪᠵᠢᠭᠦᠯᠬᠦ᠌ ᠵᠡᠷᠭᠡ ᠳᠦᠷᠢᠮ᠎ᠢ ᠲᠣᠳᠣᠷᠬᠠᠢ ᠲᠣᠭᠲᠠᠭᠠᠵᠤ᠂ ᠳᠦᠷᠢᠮ᠎ᠦᠨ ᠬᠡᠷᠡᠭᠵᠢᠭᠦᠯᠬᠦ ᠬᠦᠴᠦᠨ ᠪᠠ ᠨᠠᠢᠳᠠᠪᠤᠷᠢᠵᠢᠭᠤᠯᠤᠯᠲᠠ᠎ᠶ᠋ᠢ ᠴᠢᠩᠭᠠᠳᠬᠠᠨ᠎ᠠ ᠭᠡᠵᠦ ᠲᠣᠭᠲᠠᠭᠠᠵᠠᠢ᠃ ᠤᠰᠤ ᠠᠷᠪᠢᠯᠠᠬᠤ ᠬᠦᠷᠢᠶᠡᠨ᠎ᠳᠡᠬᠢ ᠬᠠᠮᠤᠷᠬᠤ ᠬᠡᠪᠴᠢᠶ᠎ᠡ᠎ᠶᠢ ᠥᠷᠭᠡᠳᠬᠡᠬᠦ ᠲᠠᠯ᠎ᠠ᠎ᠪᠠᠷ᠂ 《ᠳᠦᠷᠢᠮ》᠎ᠳᠤ ᠣᠷᠣᠨ ᠪᠦᠰᠡ᠎ᠶᠢᠨ ᠣᠨᠴᠠᠯᠢᠭ᠋᠎ᠢ ᠳᠣᠪᠣᠶ᠋ᠢᠯᠭᠠᠵᠤ᠂ ᠥᠪᠡᠷᠲᠡᠭᠡᠨ ᠵᠠᠰᠠᠬᠤ ᠣᠷᠣᠨ᠎ᠤ ᠤᠰᠤᠨ᠎ᠤ ᠡᠬᠢ ᠪᠠᠶᠠᠯᠢᠭ᠋ ᠳᠤᠲᠠᠭᠳᠠᠵᠤ ᠪᠠᠢᠭ᠎ᠠ ᠠᠰᠠᠭᠤᠳᠠᠯ ᠲᠣᠪᠣᠢᠮ᠎ᠠ ᠪᠠᠢᠬᠤ᠂ ᠲᠠᠷᠢᠶᠠᠯᠠᠩ ᠮᠠᠯ ᠠᠵᠤ ᠠᠬᠤᠢ᠎ᠶᠢᠨ ᠬᠡᠷᠡᠭᠯᠡᠬᠦ ᠤᠰᠤᠨ᠎ᠤ ᠡᠵᠡᠯᠡᠬᠦ ᠬᠠᠷᠢᠴᠠᠯ ᠥᠨᠳᠥᠷ ᠪᠠᠢᠬᠤ᠂ ᠡᠨᠧᠷᠭᠢ᠎ᠶᠢᠨ ᠠᠵᠤ ᠦᠢᠯᠡᠳᠪᠦᠷᠢ᠎ᠳᠦ ᠲᠥᠪᠯᠡᠷᠡᠩᠭᠦᠢ ᠪᠠᠢᠬᠤ᠂ ᠠᠮᠢ ᠠᠬᠤᠢ᠎ᠶᠢᠨ ᠬᠡᠷᠡᠭᠯᠡᠬᠦ ᠤᠰᠤᠨ᠎ᠤ ᠬᠡᠷᠡᠭᠴᠡᠭᠡ ᠶᠡᠬᠡ ᠪᠠᠢᠬᠤ ᠵᠡᠷᠭᠡ ᠣᠨᠴᠠᠯᠢᠭ᠋᠎ᠲᠤ ᠴᠢᠭᠯᠡᠭᠦᠯᠦᠨ᠂ ᠲᠠᠷᠢᠶᠠᠯᠠᠩ᠎ᠤᠨ ᠤᠰᠤᠯᠠᠯᠲᠠ᠂ ᠠᠵᠤ ᠦᠢᠯᠡᠳᠪᠦᠷᠢ᠎ᠳᠦ ᠬᠡᠷᠡᠭᠯᠡᠬᠦ ᠤᠰᠤ᠂ ᠬᠣᠲᠠ ᠪᠠᠯᠭᠠᠰᠤᠨ᠎ᠤ ᠠᠮᠢᠳᠤᠷᠠᠯ᠂ ᠣᠯᠠᠨ ᠨᠡᠶ᠋ᠢᠲᠡ᠎ᠶᠢᠨ ᠦᠢᠯᠡᠴᠢᠯᠡᠭᠡ᠂ ᠠᠮᠢ ᠠᠬᠤᠢ᠎ᠶᠢᠨ ᠦᠵᠡᠮᠵᠢ ᠵᠡᠷᠭᠡ ᠬᠦᠷᠢᠶᠡᠨ᠎ᠳᠦ ᠤᠰᠤ ᠠᠷᠪᠢᠯᠠᠬᠤ ᠠᠷᠭ᠎ᠠ ᠬᠡᠮᠵᠢᠶ᠎ᠡ ᠳᠤᠷᠠᠳᠴᠤ᠂ ᠡᠯ᠎ᠡ ᠬᠦᠷᠢᠶ᠎ᠡ ᠡᠯ᠎ᠡ ᠠᠵᠢᠯ ᠲᠥᠷᠥᠯ᠎ᠦᠨ ᠤᠰᠤ ᠠᠷᠪᠢᠯᠠᠬᠤ ᠳᠠᠯᠳᠠ ᠬᠦᠴᠦᠨ᠎ᠢ ᠭᠦᠨ ᠠᠭᠤᠳᠠᠯᠤᠨ᠎ᠠ ᠭᠡᠵᠦ ᠲᠣᠭᠲᠠᠭᠠᠵᠠᠢ᠃ ᠬᠡᠪ᠎ᠦᠨ ᠪᠤᠰᠤ ᠤᠰᠤᠨ᠎ᠤ ᠡᠬᠢ ᠪᠠᠶᠠᠯᠢᠭ᠋᠎ᠤᠨ ᠠᠰᠢᠭ᠍ᠯᠠᠯᠲᠠ᠎ᠶᠢ ᠠᠬᠢᠭᠤᠯᠬᠤ ᠲᠠᠯ᠎ᠠ᠎ᠪᠠᠷ᠂ 《ᠳᠦᠷᠢᠮ》᠎ᠳᠤ᠂ ᠳᠠᠬᠢᠯᠲᠠ ᠤᠰᠤ᠂ ᠠᠭᠤᠷᠬᠠᠢ᠎ᠶᠢᠨ ᠨᠦᠬᠡ(ᠬᠤᠳᠳᠤᠭ)᠎ᠶᠢᠨ ᠤᠰᠤ᠂ ᠬᠤᠷᠠᠵᠤ ᠬᠠᠳᠠᠭᠠᠯᠠᠭ᠍ᠰᠠᠨ ᠪᠣᠷᠣᠭᠠᠨ(ᠴᠠᠰᠤ)᠎ᠤ ᠤᠰᠤ ᠵᠡᠷᠭᠡ ᠬᠡᠪ᠎ᠦᠨ ᠪᠤᠰᠤ ᠤᠰᠤ᠎ᠶᠢ ᠨᠢᠭᠡᠳᠦᠯᠲᠡᠢ ᠲᠣᠬᠢᠷᠠᠭᠤᠯᠬᠤ᠎ᠳᠤ ᠣᠷᠣᠭᠤᠯᠵᠤ᠂ ᠪᠣᠷᠣᠭᠠᠨ ᠦᠶᠡᠷ᠎ᠦᠨ ᠤᠰᠤ᠎ᠶ᠋ᠢ ᠡᠬᠢ ᠪᠠᠶᠠᠯᠢᠭ᠍ᠵᠢᠭᠤᠯᠤᠨ ᠠᠰᠢᠭ᠍ᠯᠠᠬᠤ ᠬᠢᠷᠢ ᠲᠦᠪᠱᠢᠨ᠎ᠢ ᠳᠡᠭᠡᠭ᠌ᠰᠢᠯᠡᠭᠦᠯᠦᠨ᠂ ᠬᠡᠪ᠎ᠦᠨ ᠪᠤᠰᠤ ᠤᠰᠤᠨ᠎ᠤ ᠠᠰᠢᠭ᠍ᠯᠠᠯᠲᠠ᠎ᠶᠢᠨ ᠲᠠᠯᠠᠪᠤᠷ ᠪᠠᠢᠳᠠᠯ᠎ᠢ ᠥᠷᠭᠡᠳᠬᠡᠨ᠎ᠡ ᠭᠡᠵᠦ ᠲᠣᠭᠲᠠᠭᠠᠵᠠᠢ᠃ ᠵᠠᠬ᠎ᠠ ᠳᠡᠯᠭᠡᠭᠦᠷᠴᠢᠯᠡᠬᠦ ᠲᠣᠭᠲᠠᠴᠠ᠎ᠶᠢᠨ ᠰᠢᠨ᠎ᠡ᠎ᠶᠢ ᠡᠭᠦᠳᠬᠦ ᠲᠠᠯ᠎ᠠ᠎ᠪᠠᠷ᠂ 《ᠳᠦᠷᠢᠮ》᠎ᠳᠤ ᠤᠰᠤᠨ᠎ᠤ ᠡᠷᠬᠡ᠎ᠶᠢᠨ ᠠᠷᠠᠯᠵᠢᠶ᠎ᠠ᠂ ᠭᠡᠷ᠎ᠡ᠎ᠪᠡᠷ ᠤᠰᠤ ᠠᠷᠪᠢᠯᠠᠬᠤ ᠵᠡᠷᠭᠡ ᠵᠠᠬ᠎ᠠ ᠳᠡᠯᠭᠡᠭᠦᠷ᠎ᠦᠨ ᠲᠣᠭᠲᠠᠴᠠ᠎ᠶᠢ ᠪᠠᠢᠭᠤᠯᠵᠤ᠂ ᠤᠰᠤ ᠠᠷᠪᠢᠯᠠᠬᠤ ᠠᠵᠤ ᠦᠢᠯᠡᠰ ᠪᠠ ᠤᠰᠤ ᠠᠷᠪᠢᠯᠠᠬᠤ ᠦᠢᠯᠡᠴᠢᠯᠡᠭᠡᠨ᠎ᠦ ᠦᠢᠯᠡᠰ᠎ᠦᠨ ᠬᠥᠭᠵᠢᠯᠲᠡ᠎ᠶᠢ ᠵᠣᠷᠢᠭ᠍ᠵᠢᠭᠤᠯᠤᠨ ᠳᠡᠮᠵᠢᠵᠦ᠂ ᠤᠰᠤ ᠠᠷᠪᠢᠯᠠᠬᠤ ᠳᠣᠲᠣᠭᠠᠳᠤ ᠬᠦᠳᠡᠯᠭᠡᠭ᠌ᠴᠢ ᠬᠦᠴᠦᠨ᠎ᠢ ᠬᠥᠭᠵᠢᠭᠡᠨ᠎ᠡ ᠭᠡᠵᠦ ᠲᠣᠭᠲᠠᠭᠠᠵᠠᠢ ᠃ 《ᠳᠦᠷᠢᠮ》᠎ᠳᠤ ᠪᠠᠰᠠ ᠰᠡᠭᠦᠯᠴᠢ᠎ᠶ᠋ᠢᠨ ᠭᠣᠭ᠍ᠴᠣᠭᠠᠨ᠎ᠤ ᠤᠰᠤ᠎ᠶᠢ ᠡᠭᠡᠭᠦᠯᠦᠨ ᠬᠤᠷᠢᠶᠠᠭᠠᠳᠤᠢ᠂ ᠤᠰᠤ ᠠᠷᠪᠢᠯᠠᠬᠤ ᠪᠡᠯᠡᠳᠭᠡᠮᠵᠢ ᠤᠭᠰᠠᠷᠠᠭᠠᠳᠤᠢ ᠵᠡᠷᠭᠡ ᠤᠰᠤ ᠠᠷᠪᠢᠯᠠᠬᠤ ᠡᠭᠦᠷᠭᠡ᠎ᠡᠴᠡ ᠵᠥᠷᠢᠴᠡᠭᠰᠡᠨ ᠠᠵᠤ ᠠᠬᠤᠢᠯᠠᠯ᠂ ᠪᠠᠢᠭᠤᠯᠤᠮᠵᠢ ᠪᠠ ᠬᠤᠪᠢ ᠬᠥᠮᠥᠨ᠎ᠳᠦ ᠨᠡᠯᠢᠶᠡᠳ ᠴᠢᠩᠭ᠎ᠠ ᠱᠢᠢᠳᠭᠡᠬᠦ᠌ ᠵᠦᠢᠯ ᠵᠤᠷᠪᠤᠰ ᠲᠣᠭᠲᠠᠭᠠᠵᠤ᠂ ᠬᠠᠤᠯᠢ ᠴᠠᠭᠠᠵᠠ᠎ᠶᠢᠨ ᠰᠦᠷᠳᠡᠭᠦᠯᠬᠦ ᠬᠦᠴᠦᠨ᠎ᠢ ᠴᠢᠩᠭᠠᠷᠠᠭᠤᠯᠬᠤ᠎ᠶᠢᠨ ᠬᠠᠮᠲᠤ ᠤᠰᠤ ᠠᠷᠪᠢᠯᠠᠬᠤ ᠲᠠᠯ᠎ᠠ᠎ᠪᠠᠷ ᠢᠲᠡᠭᠡᠯ ᠠᠯᠳᠠᠭᠰᠠᠨ ᠦᠢᠯᠡ ᠠᠵᠢᠯᠯᠠᠭ᠎ᠠ᠎ᠶᠢ ᠢᠲᠡᠭᠡᠮᠵᠢ᠎ᠶᠢᠨ ᠦᠨᠡᠯᠡᠯᠲᠡ᠎ᠶᠢᠨ ᠲᠣᠭ᠍ᠲᠠᠯᠴᠠᠭ᠎ᠠ᠎ᠳᠤ ᠣᠷᠣᠭᠤᠯᠤᠨ᠎ᠠ ᠭᠡᠵᠦ ᠲᠣᠭᠲᠠᠭᠠᠵᠠᠢ᠃ 

ᠢᠷᠡᠯᠲᠡ᠄ ᠦᠪᠡᠷᠳᠡᠭᠡᠨ ᠵᠠᠰᠠᠬᠤ ᠤᠷᠤᠨ᠎ᠤ ᠤᠰᠤᠨ ᠠᠱᠢᠬ᠍ᠯᠠᠯᠳᠠ᠎ᠶ᠋ᠢᠨ ᠲᠢᠩᠬᠢᠮ
          
ᠬᠠᠮᠢᠶ᠎ᠡ ᠪᠦᠬᠦᠢ ᠰᠣᠨᠢᠨ
 
            