ᠰᠢᠨᠬᠤᠸᠠ ᠬᠤᠷᠢᠶ᠎ᠠ᠎ᠵᠢᠨ ᠪᠡᠭᠡᠵᠢᠩ᠎ᠦᠨ 7 ᠰᠠᠷ᠎ᠠ᠎ᠶᠢᠨ 28 ᠤ᠋ ᠴᠠᠬᠢᠯᠭᠠᠨ ᠮᠡᠳᠡᠭᠡ ᠣᠢᠷ᠎ᠠ᠎ᠳᠤ᠂ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠲᠥᠪ ᠬᠤᠷᠢᠶ᠎ᠠ᠎ᠵᠢᠨ ᠠᠯᠪᠠᠨ ᠲᠢᠩᠬᠢᠮ᠂ ᠲᠥᠷᠥ᠎ᠶᠢᠨ ᠶᠠᠪᠤᠳᠠᠯ᠎ᠤᠨ ᠬᠤᠷᠢᠶ᠎ᠠ᠎ᠵᠢᠨ ᠠᠯᠪᠠᠨ ᠲᠢᠩᠬᠢᠮ《ᠬᠡᠦᠬᠡᠳ ᠠᠰᠠᠷᠠᠨ ᠬᠥᠮᠥᠵᠢᠭᠦᠯᠬᠦ ᠨᠥᠬᠥᠪᠦᠷᠢ ᠦᠭᠬᠦ ᠳᠦᠷᠢᠮ᠎ᠦᠨ ᠬᠡᠷᠡᠭᠵᠢᠭᠦᠯᠬᠦ ᠲᠥᠰᠥᠯ》᠎ᠢ ᠳᠠᠷᠤᠮᠠᠯᠯᠠᠨ ᠲᠠᠷᠬᠠᠭᠠᠭᠰᠠᠨ ᠪᠥᠭᠡᠳ ᠮᠡᠳᠡᠭᠳᠡᠯ ᠪᠠᠭᠤᠯᠭᠠᠵᠤ᠂ ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ᠎ᠦᠨ ᠬᠢᠨ ᠪᠣᠳᠠᠲᠤ ᠪᠠᠢᠳᠠᠯ ᠲᠠᠢ᠎ᠪᠠᠨ ᠤᠶᠠᠯᠳᠤᠭᠤᠯᠤᠨ ᠨᠠᠷᠢᠨ ᠬᠢᠨᠠᠮᠠᠭᠠᠢ ᠲᠤᠭᠤᠱᠢᠯᠠᠭᠤᠯᠤᠨ ᠨᠠᠢᠳᠠᠪᠤᠷᠢᠵᠢᠭᠤᠯᠬᠤ ᠬᠡᠷᠡᠭᠲᠡᠢ ᠭᠡᠵᠦ ᠱᠠᠭᠠᠷᠳᠠᠪᠠ᠃
《ᠬᠡᠦᠬᠡᠳ ᠠᠰᠠᠷᠠᠨ ᠬᠥᠮᠥᠵᠢᠭᠦᠯᠬᠦ ᠨᠥᠬᠥᠪᠦᠷᠢ ᠦᠭᠬᠦ ᠳᠦᠷᠢᠮ᠎ᠤᠨ ᠬᠡᠷᠡᠭᠵᠢᠭᠦᠯᠬᠦ ᠲᠥᠰᠥᠯ》᠎ᠦᠨ ᠭᠣᠣᠯ ᠠᠭᠤᠯᠭ᠎ᠠ ᠨᠢ ᠳᠣᠣᠷᠠᠬᠢ ᠮᠡᠲᠦ᠃
ᠦᠷᠡᠵᠢᠯ᠎ᠦᠨ ᠳᠡᠮᠵᠢᠯᠭᠡ᠎ᠶᠢᠨ ᠲᠥᠷᠥ᠎ᠶᠢᠨ ᠪᠣᠳᠣᠯᠭ᠎ᠠ᠎ᠶᠢᠨ ᠰᠢᠰᠲ᠋ᠧᠮ ᠪᠣᠯᠣᠨ ᠤᠷᠮᠠᠰᠢᠭᠤᠯᠬᠤ ᠲᠣᠭᠲᠡᠴᠡ᠎ᠶᠢ ᠲᠡᠭᠦᠯᠳᠡᠷᠵᠢᠭᠦᠯᠬᠦ ᠲᠤᠬᠠᠢ ᠨᠠᠮ᠎ᠤᠨ ᠲᠥᠪ ᠬᠤᠷᠢᠶ᠎ᠠ᠎ᠵᠢᠨ ᠰᠢᠢᠳᠪᠦᠷᠢᠲᠦ ᠪᠣᠳᠣᠯᠭ᠎ᠠ ᠪᠠᠢᠷᠢᠯᠠᠭᠤᠯᠤᠯᠲᠠ᠎ᠶᠢ ᠲᠤᠭᠤᠱᠢᠯᠠᠭᠤᠯᠤᠨ ᠨᠠᠢᠳᠠᠪᠤᠷᠢᠵᠢᠭᠤᠯᠵᠤ᠂ ᠦᠷᠡᠵᠢᠯ᠎ᠦᠨ ᠨᠥᠬᠥᠷᠰᠡᠭ ᠬᠡᠯᠪᠡᠷᠢ᠎ᠶᠢᠨ ᠨᠡᠢᠭᠡᠮ᠎ᠢ ᠪᠦᠲᠦᠭᠡᠨ ᠪᠠᠶ᠋ᠢᠭᠤᠯᠬᠤ᠎ᠶᠢ ᠠᠬᠢᠭᠤᠯᠬᠤ᠎ᠶᠢᠨ ᠲᠦᠯᠦᠭᠡ᠂ ᠲᠤᠰ ᠲᠥᠰᠥᠯ᠎ᠢ ᠲᠣᠭᠲᠠᠭᠠᠪᠠ᠃
ᠨᠢᠭᠡ᠂ ᠶᠡᠷᠦᠩᠬᠡᠢ ᠱᠠᠭᠠᠷᠳᠠᠯᠭ᠎ᠠ
ᠰᠢ᠎ᠵᠢᠨ᠎ᠫᠢᠩ᠎ᠦᠨ ᠰᠢᠨ᠎ᠡ ᠴᠠᠭ ᠦᠶ᠎ᠡ᠎ᠶᠢᠨ ᠳᠤᠮᠳᠠᠳᠤ ᠤᠯᠤᠰ᠎ᠤᠨ ᠣᠨᠴᠠᠯᠢᠭ᠋᠎ᠪᠦᠬᠦᠢ ᠨᠡᠢᠭᠡᠮ ᠵᠢᠷᠤᠮ᠎ᠤᠨ ᠦᠵᠡᠯ ᠰᠠᠨᠠᠭ᠎ᠠ᠎ᠪᠠᠷ ᠵᠢᠯᠣᠭᠣᠳᠤᠯᠭ᠎ᠠ ᠪᠣᠯᠭᠠᠬᠤ᠎ᠶᠢ ᠪᠠᠷᠢᠮᠲᠠᠯᠠᠵᠤ᠂ ᠨᠠᠮ᠎ᠤᠨ ᠬᠣᠷᠢᠳᠤᠭᠠᠷ ᠶᠡᠬᠡ ᠬᠤᠷᠠᠯ ᠪᠣᠯᠣᠨ ᠬᠣᠷᠢᠳᠤᠭᠠᠷ ᠬᠤᠭᠤᠴᠠᠭᠠᠨ ᠤ ᠲᠥᠪ ᠬᠤᠷᠢᠶ᠎ᠠ ᠵᠢᠨ ᠬᠣᠶᠠᠳᠤᠭᠠᠷ᠂ ᠭᠤᠷᠪᠠᠳᠤᠭᠠᠷ ᠪᠦᠬᠦᠳᠡ ᠬᠤᠷᠠᠯ᠎ᠦᠨ ᠵᠣᠷᠢᠭ᠋ ᠰᠠᠨᠠᠭ᠎ᠠ᠎ᠶᠢ ᠭᠦᠨᠵᠡᠭᠡᠢ ᠲᠤᠭᠤᠰᠢᠯᠠᠭᠤᠯᠵᠤ᠂ ᠠᠷᠠᠳ ᠲᠦᠮᠡᠨ᠎ᠢᠶᠡᠷ ᠭᠣᠣᠯ ᠪᠣᠯᠭᠠᠬᠤ ᠬᠥᠭᠵᠢᠯᠲᠡ᠎ᠶᠢᠨ ᠦᠵᠡᠯ ᠰᠠᠨᠠᠭ᠎ᠠ᠎ᠶᠢ ᠪᠠᠷᠢᠮᠲᠠᠯᠠᠵᠤ᠂ ᠬᠥᠭᠵᠢᠯᠲᠡ᠎ᠶᠢᠨ ᠳᠤᠮᠳᠠ ᠠᠷᠠᠳ᠎ᠤᠨ ᠠᠮᠢᠳᠤᠷᠠᠯ᠎ᠢ ᠪᠠᠲᠤᠯᠠᠨ ᠰᠠᠢᠵᠢᠷᠠᠭᠤᠯᠵᠤ᠂ ᠬᠡᠦᠬᠡᠳ ᠠᠰᠠᠷᠠᠨ ᠬᠦᠮᠦᠵᠢᠭᠦᠯᠬᠦ ᠨᠥᠬᠥᠪᠦᠷᠢ ᠦᠭᠬᠦ ᠳᠦᠷᠢᠮ᠎ᠢ ᠪᠠᠢᠭᠤᠯᠤᠨ ᠬᠡᠷᠡᠭᠵᠢᠭᠦᠯᠵᠦ᠂ ᠦᠷᠡᠵᠢᠯ᠎ᠦᠨ ᠨᠥᠬᠥᠷᠰᠡᠭ ᠬᠡᠯᠪᠡᠷᠢ ᠵᠢᠨ ᠨᠡᠢᠭᠡᠮ᠎ᠦᠨ ᠠᠭᠤᠷ ᠠᠮᠢᠰᠬᠤᠯ᠎ᠢ ᠪᠣᠶ ᠪᠣᠯᠭᠠᠬᠤ ᠬᠡᠷᠡᠭᠳᠡᠢ᠃
ᠠᠵᠢᠯ᠎ᠤᠨ ᠳᠤᠮᠳᠠ᠎ᠪᠠᠨ᠄ ᠠᠷᠠᠳ᠎ᠤᠨ ᠠᠮᠢᠳᠤᠷᠠᠯ᠎ᠢ ᠰᠠᠢᠵᠢᠷᠠᠭᠤᠯᠬᠤ᠂ ᠠᠷᠠᠳ᠎ᠲᠤ ᠠᠰᠢᠭ᠋ ᠬᠦᠷᠲᠡᠭᠡᠬᠦ᠎ᠶᠢ ᠪᠠᠷᠢᠮᠲᠠᠯᠠᠵᠤ᠂ ᠭᠡᠷ ᠪᠦᠯᠢ᠎ᠶᠢᠨ ᠦᠷᠡᠵᠢᠯ᠎ᠦᠨ ᠥᠪᠡᠷ᠎ᠦᠨ ᠥᠷᠲᠡᠭ᠎ᠢ ᠪᠦᠲᠦᠮᠵᠢᠲᠡᠶ ᠪᠠᠭᠤᠷᠠᠭᠤᠯᠬᠤ ᠬᠡᠷᠡᠭᠲᠡᠢ;ᠨᠢᠭᠡᠳᠦᠯᠲᠡᠢ ᠲᠥᠯᠥᠪᠵᠢᠭᠦᠯᠦᠨ ᠵᠣᠯᠭᠠᠭᠤᠯᠬᠤ᠂ ᠭᠣᠣᠯᠴᠢ ᠪᠠᠢᠯᠭᠠᠬᠤ᠎ᠶᠢ ᠪᠠᠲᠤᠯᠠᠬᠤ᠎ᠶᠢ ᠪᠠᠷᠢᠮᠲᠠᠯᠠᠨ᠂ ᠣᠳᠣ᠌᠎ᠶᠢᠨ ᠬᠡᠷᠡᠭᠵᠢᠭᠦᠯᠵᠦ ᠪᠠᠢᠭ᠎ᠠ ᠠᠷᠠᠳ᠎ᠤᠨ ᠠᠮᠢᠳᠤᠷᠠᠯ᠎ᠦᠨ ᠲᠥᠷᠥ᠎ᠶᠢᠨ ᠪᠣᠳᠣᠯᠭ᠎ᠠ ᠯᠤᠭ᠎ᠠ ᠵᠣᠯᠭᠠᠭᠤᠯᠵᠤ᠂ ᠨᠥᠬᠥᠴᠡᠯ᠎ᠳᠦ ᠨᠡᠢᠴᠡᠬᠦ ᠨᠢᠯᠬ᠎ᠠ ᠬᠡᠦᠬᠡᠳ᠎ᠦᠨ ᠨᠥᠬᠥᠪᠦᠷᠢ᠎ᠶᠢ ᠡᠷᠬᠡ ᠲᠡᠭᠰᠢ᠎ᠪᠡᠷ ᠬᠦᠷᠲᠡᠬᠦ᠎ᠶᠢ ᠦᠨᠡᠨ ᠬᠦ᠌ ᠪᠠᠲᠤᠯᠠᠬᠤ ᠬᠡᠷᠡᠭᠲᠡᠢ;ᠴᠢᠳᠠᠯ᠎ᠤᠨ ᠬᠢᠷᠢ᠎ᠪᠡᠷ᠎ᠢᠶᠡᠨ ᠴᠢᠷᠮᠠᠢᠬᠤ᠂ ᠴᠢᠳᠠᠯ᠎ᠤᠨ ᠬᠢᠷᠢ᠎ᠪᠡᠷ᠎ᠢᠶᠡᠨ ᠬᠢᠬᠦ᠎ᠶᠢ ᠪᠠᠷᠢᠮᠲᠠᠯᠠᠨ᠂ ᠬᠥᠮᠥᠨ ᠠᠮᠠ᠎ᠶᠢᠨ ᠬᠥᠭᠵᠢᠯᠲᠡ᠎ᠶᠢᠨ ᠪᠠᠢᠳᠠᠯ ᠪᠣᠯᠣᠨ ᠠᠵᠤ ᠠᠬᠤᠢ ᠨᠡᠢᠭᠡᠮ᠎ᠦᠨ ᠬᠥᠭᠵᠢᠯᠲᠡ᠎ᠶᠢᠨ ᠬᠢᠷᠢ ᠲᠦᠪᠰᠢᠨ᠎ᠢ ᠨᠢᠭᠡᠳᠦᠯᠲᠡᠢ ᠲᠥᠯᠥᠪᠵᠢᠭᠦᠯᠦᠨ ᠪᠣᠳᠣᠯᠬᠢᠯᠠᠵᠤ᠂ ᠨᠥᠬᠥᠪᠦᠷᠢ ᠦᠭᠬᠦ ᠬᠡᠪᠴᠢᠶ᠎ᠡ ᠪᠣᠯᠣᠨ ᠪᠠᠷᠢᠮᠵᠢᠶ᠎ᠠ᠎ᠶᠢ ᠵᠦᠢ ᠵᠣᠬᠢᠰᠲᠠᠢ ᠲᠣᠭᠲᠠᠭᠠᠨ᠂ ᠡᠳ᠋᠎ᠦᠨ ᠵᠠᠰᠠᠭ᠎ᠤᠨ ᠡᠭᠦᠷᠭᠡᠯᠡᠵᠦ ᠳᠡᠶ᠋ᠢᠯᠬᠦ᠂ ᠲᠥᠷᠥ᠎ᠶᠢᠨ ᠪᠣᠳᠣᠯᠭ᠎ᠠ᠎ᠶᠢᠨ ᠦᠷᠭᠦᠯᠵᠢᠯᠡᠨ ᠬᠥᠭᠵᠢᠬᠦ᠎ᠶᠢ ᠦᠨᠡᠨ ᠬᠦ᠌ ᠪᠠᠲᠤᠯᠠᠬᠤ ᠬᠡᠷᠡᠭᠲᠡᠢ;ᠠᠮᠤᠷ ᠲᠦᠪᠰᠢᠨ ᠵᠢᠷᠤᠮᠵᠢᠩᠭᠤᠢ᠂ ᠳᠥᠭᠥᠮ ᠲᠦᠷᠬᠡᠨ ᠪᠥᠭᠡᠳ ᠬᠡᠷᠡᠭᠵᠢᠭᠦᠯᠬᠦ᠎ᠳᠦ ᠬᠢᠯᠪᠠᠷ ᠪᠠᠢᠬᠤ᠎ᠶᠢ ᠪᠠᠷᠢᠮᠲᠠᠯᠠᠨ᠂ ᠬᠢᠷᠢ ᠬᠡᠮ᠎ᠢ ᠬᠢᠨᠠᠨ ᠬᠠᠷᠭᠤᠭᠤᠯᠬᠤ᠎ᠶᠢ ᠴᠢᠩᠳᠠᠯᠠᠵᠤ᠂ ᠨᠦᠬᠦᠪᠦᠷᠢ ᠣᠯᠭᠣᠬᠤ ᠳᠡᠰ ᠳᠠᠷᠠᠭᠠᠯᠠᠯ᠎ᠢ ᠵᠢᠷᠤᠮᠵᠢᠭᠤᠯᠤᠨ᠂ ᠠᠵᠢᠯ ᠶᠠᠪᠤᠳᠠᠯ ᠡᠷᠬᠢᠯᠡᠬᠦ ᠦᠷ᠎ᠡ ᠪᠦᠲᠦᠮᠵᠢ᠎ᠶᠢ ᠳᠡᠭᠡᠭᠰᠢᠯᠡᠭᠦᠯᠵᠦ᠂ ᠪᠡᠯᠡ ᠮᠥᠩᠭᠥ᠎ᠶᠢᠨ ᠠᠮᠤᠷ ᠲᠦᠪᠰᠢᠨ᠎ᠢ ᠦᠨᠡᠨ ᠬᠦ᠌ ᠪᠠᠲᠤᠯᠠᠨ᠂ ᠰᠠᠢᠨ ᠶᠠᠪᠤᠳᠠᠯ᠎ᠢ ᠦᠨᠡᠨ ᠬᠦ᠌ ᠰᠠᠢᠲᠤᠷ ᠬᠢᠬᠦ᠎ᠶᠢ ᠪᠡᠶᠡᠯᠡᠬᠦᠯᠬᠦ ᠬᠡᠷᠡᠭᠲᠡᠢ᠃
ᠬᠣᠶᠠᠷ᠂ ᠨᠥᠬᠥᠪᠦᠷᠢ ᠬᠦᠷᠲᠡᠬᠦ ᠡᠲᠡᠭᠡᠳ ᠪᠠ ᠪᠠᠷᠢᠮᠵᠢᠶ᠎ᠠ
(ᠨᠢᠭᠡ) ᠨᠥᠬᠥᠪᠦᠷᠢ ᠬᠦᠷᠲᠡᠬᠦ ᠡᠲᠡᠭᠡᠳ᠃ 2025 ᠣᠨ᠎ᠤ 1 ᠰᠠᠷ᠎ᠠ᠎ᠶᠢᠨ 1 ᠤ᠋ ᠡᠳᠦᠷ᠎ᠡᠴᠡ ᠡᠬᠢᠯᠡᠨ᠂ ᠬᠠᠤᠯᠢ ᠲᠣᠭᠲᠠᠭᠠᠯ᠎ᠤᠨ ᠲᠣᠭᠲᠠᠭᠠᠯ᠎ᠳᠤ ᠨᠡᠢᠴᠡᠵᠦ ᠲᠥᠷᠥᠭᠰᠡᠨ 3 ᠪᠦᠬᠦᠯᠢ ᠨᠠᠰᠤᠨ᠎ᠡᠴᠡ ᠳᠣᠷᠣᠭ᠍ᠰᠢᠬᠢ ᠨᠢᠯᠬ᠎ᠠ ᠬᠡᠦᠬᠡᠳ᠎ᠲᠦ ᠨᠥᠬᠥᠪᠦᠷᠢ ᠣᠯᠭᠣᠵᠤ᠂ ᠪᠦᠬᠦᠯᠢ 3 ᠨᠠᠰᠤ ᠬᠦᠷᠲᠡᠯ᠎ᠡ ᠣᠯᠭᠣᠨ᠎ᠠ᠃
(ᠬᠣᠶᠠᠷ) ᠨᠥᠬᠥᠪᠦᠷᠢ ᠥᠭᠬᠦ ᠪᠠᠷᠢᠮᠵᠢᠶ᠎ᠠ᠃ ᠬᠡᠦᠬᠡᠳ ᠠᠰᠠᠷᠠᠨ ᠬᠦᠮᠦᠵᠢᠭᠦᠯᠬᠦ ᠨᠥᠬᠥᠪᠦᠷᠢ᠎ᠶᠢ ᠵᠢᠯ᠎ᠢᠶᠡᠷ ᠣᠯᠭᠣᠨ᠎ᠠ᠂ ᠣᠳᠣᠬᠢ ᠱᠠᠲᠤᠨ᠎ᠤ ᠤᠯᠤᠰ᠎ᠤᠨ ᠰᠠᠭᠤᠷᠢ ᠪᠠᠷᠢᠮᠵᠢᠶ᠎ᠠ ᠪᠣᠯ ᠬᠡᠦᠬᠡᠳ ᠨᠢᠭᠡ ᠪᠦᠷᠢ᠎ᠳᠤ ᠵᠢᠯ᠎ᠳᠦ 3600 ᠲᠥᠭᠥᠷᠢᠭ᠎ᠤᠨ ᠨᠦᠬᠦᠪᠦᠷᠢ ᠦᠭᠬᠦᠨ᠎ᠠ᠃ ᠡᠭᠦᠨ᠎ᠳᠦ᠂ 2025 ᠣᠨ᠎ᠤ 1 ᠰᠠᠷ᠎ᠠ᠎ᠶᠢᠨ 1 ᠤ᠋ ᠡᠳᠦᠷ᠎ᠡᠴᠡ ᠡᠮᠦᠨ᠎ᠡ ᠲᠥᠷᠥᠭᠰᠡᠨ᠂ ᠪᠦᠬᠦᠯᠢ 3 ᠨᠠᠰᠤ ᠬᠦᠷᠦᠭᠡᠳᠦᠢ ᠨᠢᠯᠬ᠎ᠠ ᠬᠡᠦᠬᠡᠳ᠎ᠲᠦ ᠨᠥᠬᠥᠪᠦᠷᠢ ᠥᠭᠬᠦ ᠶᠣᠰᠣᠲᠠᠢ ᠰᠠᠷ᠎ᠠ᠎ᠶᠢᠨ ᠲᠣᠭ᠎ᠠ᠎ᠪᠠᠷ ᠨᠤᠭᠤᠯᠤᠨ ᠪᠤᠳᠤᠵᠤ ᠨᠥᠬᠥᠪᠦᠷᠢ ᠤᠯᠭᠤᠨ᠎ᠠ᠃ ᠬᠡᠦᠬᠡᠳ ᠠᠰᠠᠷᠠᠨ ᠬᠦᠮᠦᠵᠢᠭᠦᠯᠬᠦ ᠨᠥᠬᠥᠪᠦᠷᠢ ᠦᠭᠬᠦ ᠳᠦᠷᠢᠮ᠎ᠦᠨ ᠲᠣᠭᠲᠠᠭᠠᠯ ᠶᠣᠰᠣᠭᠠᠷ ᠣᠯᠭᠣᠭᠰᠠᠨ ᠬᠡᠦᠬᠡᠳ ᠠᠰᠠᠷᠠᠨ ᠬᠦᠮᠦᠵᠢᠭᠦᠯᠬᠦ ᠨᠥᠬᠥᠪᠦᠷᠢ᠎ᠡᠴᠡ ᠬᠤᠪᠢ ᠬᠥᠮᠥᠨ᠎ᠦ ᠠᠰᠢᠭ᠋ ᠣᠷᠣᠯᠭ᠎ᠠ᠎ᠶᠢᠨ ᠭᠠᠢᠯᠢ ᠲᠠᠲᠠᠪᠤᠷᠢᠯᠠᠬᠤ ᠦᠭᠡᠢ᠃ ᠠᠮᠢᠳᠤᠷᠠᠯ᠎ᠤᠨ ᠨᠠᠭᠠᠲᠤ ᠵᠠᠬ᠎ᠠ᠎ᠶᠢᠨ ᠪᠠᠲᠤᠯᠠᠭ᠎ᠠ ᠬᠦᠷᠳᠡᠵᠤ ᠪᠠᠢᠭ᠎ᠠ ᠡᠲᠡᠭᠡᠳ᠂ ᠣᠨᠴᠠ ᠬᠦᠴᠢᠷᠳᠡᠯᠲᠡᠢ ᠬᠥᠮᠥᠰ ᠵᠡᠷᠭᠡ ᠠᠪᠤᠷᠠᠨ ᠲᠤᠰᠠᠯᠠᠬᠤ ᠡᠲᠡᠭᠡᠳ᠎ᠢ ᠬᠢᠨᠠᠨ ᠲᠣᠭᠲᠠᠭᠠᠬᠤ ᠦᠶᠡᠰ᠂ ᠬᠡᠦᠬᠡᠳ ᠠᠰᠠᠷᠠᠨ ᠬᠦᠮᠦᠵᠢᠭᠦᠯᠬᠦ ᠨᠥᠬᠥᠪᠦᠷᠢ᠎ᠶᠢ ᠭᠡᠷ ᠪᠦᠯᠢ ᠪᠤᠶᠤ ᠬᠤᠪᠢ ᠬᠥᠮᠥᠨ᠎ᠦ ᠣᠷᠣᠯᠭ᠎ᠠ᠎ᠳᠤ ᠪᠤᠳᠤᠵᠤ ᠣᠷᠣᠭᠤᠯᠬᠤ ᠦᠭᠡᠢ᠃
ᠭᠤᠷᠪᠠ᠂ ᠭᠤᠶᠤᠴᠢᠯᠠᠨ ᠠᠪᠬᠤ ᠲᠠᠰ ᠳᠠᠷᠠᠭᠠᠯᠠᠯ
ᠬᠡᠦᠬᠡᠳ ᠠᠰᠠᠷᠠᠨ ᠬᠦᠮᠦᠵᠢᠭᠦᠯᠬᠦ ᠨᠥᠬᠥᠪᠦᠷᠢ᠎ᠶᠢ ᠨᠢᠯᠬ᠎ᠠ ᠬᠡᠦᠬᠡᠳ᠎ᠦᠨ ᠡᠴᠢᠭᠡ ᠡᠬᠡ᠎ᠶᠢᠨ ᠨᠢᠭᠡ ᠲᠠᠯ᠎ᠠ ᠪᠤᠶᠤ ᠪᠤᠰᠤᠳ ᠬᠢᠨᠠᠨ ᠬᠠᠮᠠᠭᠠᠯᠠᠭ᠍ᠴᠢ ᠲᠣᠭᠲᠠᠭᠠᠯ ᠶᠣᠰᠣᠭᠠᠷ ᠨᠢᠯᠬ᠎ᠠ ᠬᠡᠦᠬᠡᠳ᠎ᠦᠨ ᠡᠷᠦᠬᠡ ᠠᠮᠠ᠎ᠶᠢᠨ ᠲᠠᠩᠰᠠ ᠪᠠᠢᠭ᠎ᠠ ᠭᠠᠵᠠᠷ᠎ᠡᠴᠡ ᠭᠤᠶᠤᠴᠢᠯᠠᠨ ᠠᠪᠤᠨ᠎ᠠ᠃ ᠪᠣᠳᠠᠲᠠᠢ ᠳᠡᠰ ᠳᠠᠷᠠᠭᠠᠯᠠᠯ ᠨᠢ ᠳᠣᠣᠷᠠᠬᠢ ᠮᠡᠲᠦ᠄
(ᠨᠢᠭᠡ) ᠭᠤᠶᠤᠴᠢᠯᠠᠬᠤ᠃ ᠭᠤᠶᠤᠴᠢᠯᠠᠭ᠍ᠴᠢ ᠬᠣᠯᠪᠣᠭᠳᠠᠯ ᠪᠦᠬᠦᠢ ᠮᠡᠳᠡᠭᠡ ᠵᠠᠩᠭᠢ᠎ᠶᠢ ᠲᠠᠭᠯᠠᠨ ᠪᠢᠴᠢᠵᠦ᠂ ᠨᠢᠯᠬ᠎ᠠ ᠬᠡᠦᠬᠡᠳ᠎ᠦᠨ ᠲᠥᠷᠥᠭᠰᠡᠨ ᠠᠨᠠᠭᠠᠬᠤ ᠤᠬᠠᠭᠠᠨ᠎ᠤ ᠭᠡᠷᠡᠴᠢ᠂ ᠡᠷᠦᠬᠡ ᠠᠮᠠ᠎ᠶᠢᠨ ᠳᠡᠪᠲᠡᠷ ᠵᠡᠷᠭᠡ ᠮᠠᠲ᠋ᠧᠷᠢᠶᠠᠯ᠎ᠢ ᠬᠠᠩᠭᠠᠬᠤ᠎ᠶᠢᠨ ᠬᠠᠮᠲᠤ᠂ ᠬᠠᠩᠭᠠᠭᠰᠠᠨ ᠮᠡᠳᠡᠭᠡ ᠵᠠᠩᠭᠢ ᠵᠢᠴᠢ ᠮᠠᠲ᠋ᠧᠷᠢᠶᠠᠯ᠎ᠤᠨ ᠦᠨᠡᠨ ᠪᠣᠳᠠᠲᠤ ᠴᠢᠨᠠᠷ᠂ ᠪᠦᠷᠢᠨ ᠪᠦᠲᠦᠨ ᠴᠢᠨᠠᠷ᠎ᠲᠤ ᠠᠮᠠᠯᠠᠯᠲᠠ ᠬᠢᠨ᠎ᠡ᠃ ᠭᠤᠶᠤᠴᠢᠯᠠᠭ᠍ᠴᠢ ᠭᠣᠣᠯᠳᠠᠭᠤ ᠬᠡᠦᠬᠡᠳ ᠠᠰᠠᠷᠠᠨ ᠬᠦᠮᠦᠵᠢᠭᠦᠯᠬᠦ ᠨᠥᠬᠥᠪᠦᠷᠢ᠎ᠶᠢᠨ ᠮᠡᠳᠡᠭᠡ ᠵᠠᠩᠭᠢ᠎ᠶᠢᠨ ᠬᠠᠮᠢᠶᠠᠷᠤᠯᠲᠠ᠎ᠶᠢᠨ ᠰᠢᠰᠲ᠋ᠧᠮ᠎ᠢᠶᠡᠷ ᠳᠠᠮᠵᠢᠨ ᠰᠦᠯᠵᠢᠶᠡᠨ ᠳᠡᠭᠡᠷ᠎ᠡ ᠭᠤᠶᠤᠴᠢᠯᠠᠨ᠎ᠠ᠂ ᠠᠬᠤᠢ ᠲᠠᠯᠠᠪᠠᠢ᠎ᠳᠤ ᠬᠦᠷᠴᠤ ᠭᠤᠶᠤᠴᠢᠯᠠᠭᠰᠠᠨ ᠴᠤ᠌ ᠪᠣᠯᠣᠨ᠎ᠠ᠃
(ᠬᠣᠶᠠᠷ) ᠠᠩᠬᠠᠨ᠎ᠤ ᠬᠢᠨᠠᠯᠲᠠ ᠬᠢᠬᠦ᠃ ᠨᠢᠯᠬ᠎ᠠ ᠬᠡᠦᠬᠡᠳ᠎ᠦᠨ ᠡᠷᠦᠬᠡ ᠠᠮᠠ᠎ᠶᠢᠨ ᠳᠠᠩᠰᠠ ᠪᠠᠢᠭ᠎ᠠ ᠭᠠᠵᠠᠷ᠎ᠤᠨ ᠰᠢᠶᠠᠩ ᠪᠠᠯᠭᠠᠰᠤ᠎ᠶᠢᠨ ᠵᠠᠰᠠᠭ᠎ᠤᠨ ᠣᠷᠳᠣᠨ(ᠵᠡᠭᠡᠯᠢ ᠭᠤᠳᠤᠮᠵᠢ᠎ᠶᠢᠨ ᠬᠡᠷᠡᠭ ᠡᠷᠬᠢᠯᠡᠬᠦ ᠭᠠᠵᠠᠷ)᠎ᠨᠢ ᠭᠤᠶᠤᠴᠢᠯᠠᠬᠰᠠᠨ ᠮᠡᠳᠡᠭᠡ ᠵᠠᠩᠭᠢ᠎ᠳᠤ ᠠᠩᠬᠠᠨ᠎ᠤ ᠬᠢᠨᠠᠯᠲᠠ ᠬᠢᠵᠦ᠂ ᠲᠣᠰᠬᠣᠨ (ᠰᠠᠭᠤᠭᠠᠯᠢ)᠎ᠤ᠋ ᠠᠷᠠᠳ᠎ᠤᠨ ᠵᠥᠪᠯᠡᠯ ᠨᠢ ᠬᠠᠮᠢᠶ᠎ᠠ ᠪᠦᠬᠦᠢ ᠠᠵᠢᠯ᠎ᠢ ᠬᠠᠮᠵᠢᠯᠴᠠᠨ ᠰᠠᠢᠲᠤᠷ ᠬᠢᠬᠦ ᠬᠡᠷᠡᠭᠲᠡᠢ᠃
(ᠭᠤᠷᠪᠠ) ᠬᠢᠨᠠᠨ ᠬᠠᠷᠭᠤᠭᠤᠯᠵᠤ ᠲᠤᠳᠤᠯᠠᠬᠤ᠃ ᠰᠢᠶᠠᠨ᠎ᠤ ᠱᠠᠲᠤᠨ᠎ᠤ ᠡᠷᠡᠭᠦᠯ ᠬᠠᠮᠠᠭᠠᠯᠠᠯ ᠡᠷᠡᠭᠦᠯ ᠮᠡᠨᠳᠦ᠎ᠶᠢᠨ ᠰᠠᠯᠠᠭ᠎ᠠ ᠮᠥᠴᠢᠷ᠎ᠡᠴᠡ ᠬᠢᠨᠠᠨ ᠬᠠᠷᠭᠤᠭᠤᠯᠵᠤ ᠲᠤᠳᠤᠯᠠᠬᠤ᠎ᠶᠢᠨ ᠬᠠᠮᠲᠤ ᠬᠠᠮᠢᠶ᠎ᠠ ᠪᠦᠬᠦᠢ ᠮᠡᠳᠡᠭᠡ ᠵᠠᠩᠭᠢ᠎ᠶᠢ ᠠᠳᠠᠯᠢ ᠱᠠᠲᠤᠨ᠎ᠤ ᠡᠳ᠋᠎ᠦᠨ ᠵᠠᠰᠠᠭ᠎ᠤᠨ ᠰᠠᠯᠠᠭ᠎ᠠ ᠮᠥᠴᠢᠷ᠎ᠲᠦ ᠬᠠᠩᠭᠠᠨ᠎ᠠ᠃
(ᠳᠥᠷᠪᠡ)ᠰᠤᠭᠤᠴᠢᠨ ᠪᠠᠢᠴᠠᠭᠠᠬᠤ᠃ ᠬᠣᠲᠠ᠎ᠶᠢᠨ ᠱᠠᠲᠤᠨ᠎ᠤ ᠡᠷᠡᠭᠦᠯ ᠬᠠᠮᠠᠭᠠᠯᠠᠯ ᠡᠷᠡᠭᠦᠯ ᠮᠡᠨᠳᠦ᠎ᠶᠢᠨ ᠰᠠᠯᠠᠭ᠎ᠠ ᠮᠥᠴᠢᠷ ᠨᠢ ᠨᠥᠬᠥᠪᠦᠷᠢ ᠣᠯᠬᠤ ᠡᠲᠡᠭᠡᠳ᠎ᠦᠨ ᠮᠡᠳᠡᠭᠡ ᠵᠠᠩᠭᠢ᠎ᠶᠢ ᠵᠣᠬᠢᠬᠤ ᠬᠠᠷᠢᠴᠠᠯ᠎ᠢᠶᠠᠷ ᠰᠤᠭᠤᠴᠢᠨ ᠪᠠᠢᠴᠠᠭᠠᠬᠤ ᠬᠡᠷᠡᠭᠲᠡᠢ᠃ ᠮᠤᠵᠢ᠎ᠶᠢᠨ ᠱᠠᠲᠤᠨ᠎ᠤ ᠡᠷᠡᠭᠦᠯ ᠬᠠᠮᠠᠭᠠᠯᠠᠯ ᠡᠷᠡᠭᠦᠯ ᠮᠡᠨᠳᠦ᠎ᠶᠢᠨ ᠰᠠᠯᠠᠭ᠎ᠠ ᠮᠥᠴᠢᠷ ᠨᠢ ᠬᠡᠷᠡᠭᠴᠡᠭᠡ᠎ᠪᠡᠨ ᠦᠨᠳᠦᠰᠦᠯᠡᠨ ᠰᠤᠭᠤᠴᠢᠨ ᠪᠠᠢᠴᠠᠭᠠᠵᠤ᠂ ᠬᠥᠳᠡᠯᠦᠩᠭᠦᠢ ᠬᠢᠨᠠᠯᠲᠠ ᠬᠠᠮᠢᠶᠠᠷᠤᠯᠲᠠ᠎ᠶᠢ ᠬᠡᠷᠡᠭᠵᠢᠭᠦᠯᠦᠨ᠂ ᠪᠡᠯᠡ ᠮᠥᠩᠭᠥ᠎ᠶᠢᠨ ᠠᠮᠤᠷ ᠲᠦᠪᠰᠢᠨ᠎ᠢ ᠦᠨᠡᠨ ᠬᠦ᠌ ᠪᠠᠲᠤᠯᠠᠬᠤ ᠬᠡᠷᠡᠭᠲᠡᠢ᠃
ᠳᠥᠷᠪᠡ᠂ ᠪᠡᠯᠡ ᠮᠥᠩᠭᠥ᠎ᠶ᠋ᠢᠨ ᠢᠷᠡᠯᠲᠡ ᠪᠣᠯᠤᠨ ᠨᠥᠬᠥᠪᠥᠷᠢ᠎ᠶᠢ ᠲᠠᠷᠬᠠᠭᠠᠬᠤ
(ᠨᠢᠭᠡ) ᠡᠳ᠋᠎ᠦᠨ ᠵᠠᠰᠠᠭ᠎ᠤᠨ ᠬᠤᠪᠢᠶᠠᠨ ᠡᠭᠦᠷᠭᠡᠯᠡᠬᠦ᠌ ᠬᠠᠷᠢᠴᠠᠯ᠃ ᠲᠥᠪ᠎ᠦᠨ ᠡᠳ᠋᠎ᠦᠨ ᠵᠠᠰᠠᠭ᠎ᠡᠴᠡ 2025 ᠣᠨ᠎ᠡᠴᠡ ᠡᠬᠢᠯᠡᠨ ᠬᠠᠮᠲᠤ᠎ᠶ᠋ᠢᠨ ᠡᠳ᠋᠎ᠦᠨ ᠵᠠᠰᠠᠭ᠎ᠤᠨ ᠠᠵᠢᠯ ᠶᠠᠪᠤᠳᠠᠯ᠎ᠤᠨ ᠡᠷᠬᠡ᠎ᠶ᠋ᠢᠨ ᠱᠢᠯᠵᠢᠭᠦᠯᠦᠨ ᠥᠭ᠌ᠬᠦ ᠲᠥᠷᠥᠯ ᠵᠦᠶ᠋ᠯ᠎ᠦᠨ《ᠬᠡᠦᠬᠡᠳ ᠠᠰᠠᠷᠠᠨ ᠬᠦᠮᠦᠵᠢᠭᠦᠯᠬᠦ ᠨᠥᠬᠥᠪᠥᠷᠢ ᠵᠢᠨᠲᠤᠰᠠᠯᠠᠮᠵᠢ ᠵᠢᠨ ᠪᠠᠯᠠ ᠮᠥᠩᠭᠥ᠌》᠎ᠶᠢ ᠪᠠᠢᠭᠤᠯᠵᠤ᠂ ᠤᠯᠤᠰ᠎ᠤᠨ ᠰᠠᠭᠤᠷᠢ ᠪᠠᠷᠢᠮᠵᠢᠶ᠎ᠠ᠎ᠶ᠋ᠢᠨ ᠬᠡᠦᠬᠡᠳ ᠠᠰᠠᠷᠠᠨ ᠬᠦᠮᠦᠵᠢᠭᠦᠯᠬᠦ ᠨᠥᠬᠥᠪᠥᠷᠢ᠎ᠶᠢ ᠲᠠᠷᠬᠠᠭᠠᠬᠤ᠎ᠳᠤ ᠬᠡᠷᠡᠭ᠌ᠰᠡᠬᠦ᠌ ᠪᠠᠯᠠ ᠮᠥᠩᠭᠥ᠎ᠶ᠋ᠢ ᠬᠠᠷᠢᠴᠠᠯ ᠶᠣᠰᠣᠭᠠᠷ ᠵᠡᠭᠦᠨ ᠬᠡᠰᠡᠭ᠂ ᠳᠤᠮᠳᠠ ᠬᠡᠰᠡᠭ᠂ ᠪᠠᠷᠠᠭᠤᠨ ᠬᠡᠰᠡᠭ᠎ᠦᠨ ᠭᠠᠵᠠᠷ ᠣᠷᠣᠨ᠎ᠳᠤ ᠲᠤᠰᠠᠯᠠᠮᠵᠢ ᠣᠯᠭᠣᠨ᠎ᠠ᠃ ᠣᠷᠣᠨ ᠨᠤᠲᠤᠭ᠎ᠤᠨ ᠪᠠᠷᠢᠮᠵᠢᠶ᠎ᠠ᠎ᠶ᠋ᠢ ᠳᠡᠭᠡᠭ᠌ᠰᠢᠯᠡᠭᠦᠯᠬᠦ᠌ ᠬᠡᠰᠡᠭ ᠲᠤ᠌ ᠬᠡᠷᠡᠭ᠌ᠰᠡᠬᠦ᠌ ᠪᠠᠯᠠ ᠮᠥᠩᠭᠥ᠎ᠶ᠋ᠢ ᠣᠷᠣᠨ ᠨᠤᠲᠤᠭ᠎ᠤᠨ ᠡᠳ᠋᠎ᠦᠨ ᠵᠠᠰᠠᠭ᠎ᠡᠴᠡ ᠥᠪᠡᠰᠦᠪᠡᠨ ᠡᠭᠦᠷᠭᠡᠯᠡᠨ᠎ᠡ᠃
(ᠬᠣᠶᠠᠷ) ᠨᠥᠬᠥᠪᠥᠷᠢ᠎ᠶᠢ ᠦᠭᠬᠦ ᠴᠠᠭ ᠬᠤᠭᠤᠴᠠᠭ᠎ᠠ᠃ ᠡᠯ᠎ᠡ ᠮᠤᠵᠢ ᠣᠷᠣᠨ ᠪᠣᠳᠠᠲᠠᠶ᠎ᠲᠠᠶ᠎ᠪᠠᠨ ᠤᠶᠠᠯᠳᠤᠭᠤᠯᠤᠨ ᠪᠣᠳᠠᠲᠠᠶ ᠲᠠᠷᠬᠠᠭᠠᠬᠤ ᠴᠠᠭ᠎ᠢ ᠲᠣᠭ᠍ᠲᠠᠭᠠᠵᠤ᠂ ᠲᠠᠷᠬᠠᠭᠠᠬᠤ ᠦᠷ᠎ᠡ ᠪᠦᠲᠦᠮᠵᠢ᠎ᠶ᠋ᠢ ᠳᠡᠭᠡᠭ᠌ᠰᠢᠯᠡᠭᠦᠯᠦᠨ᠂ ᠨᠥᠬᠥᠪᠥᠷᠢ᠎ᠶᠢ ᠴᠠᠭ ᠲᠤᠬᠠᠶ᠎ᠳᠤᠨᠢ ᠲᠣᠭ᠎ᠠ ᠶᠣᠰᠣᠭᠠᠷ ᠭᠦᠶ᠋ᠴᠡᠳ ᠦᠭᠬᠦ᠎ᠶ᠋ᠢ ᠦᠨᠡᠨ ᠬᠦ᠌ ᠪᠠᠲᠤᠯᠠᠨ᠎ᠠ᠃
(ᠭᠤᠷᠪᠠ) ᠨᠥᠬᠥᠪᠥᠷᠢ᠎ᠶᠢ ᠦᠭᠬᠦ ᠠᠷᠭ᠎ᠠ ᠵᠠᠮ᠃ ᠨᠦᠬᠦᠪᠦᠷᠢ᠎ᠶᠢ ᠲᠠᠷᠬᠠᠭᠠᠬᠤ ᠠᠷᠭ᠎ᠠ ᠵᠠᠮ᠎ᠨᠢ ᠭᠤᠶᠤᠴᠢᠯᠠᠭ᠍ᠴᠢ ᠵᠢᠴᠢ ᠨᠢᠯᠬ᠎ᠠ ᠬᠡᠦᠬᠡᠳ᠎ᠦᠨ ᠪᠠᠩᠬᠢ᠎ᠶ᠋ᠢᠨ ᠺᠠᠷᠲ ᠪᠤᠶᠤ ᠪᠤᠰᠤᠳ ᠮᠥᠩᠭᠥᠨ ᠭᠦᠶ᠋ᠯᠭᠡᠭᠡᠨ᠎ᠦ ᠲᠠᠩᠰᠠᠨ ᠡᠷᠦᠬᠡ ᠪᠠᠢᠵᠤ᠂ ᠠᠷᠠᠳ ᠲᠤ᠌ ᠠᠱᠢᠭ ᠬᠦᠷᠲᠡᠭᠡᠬᠦ᠌ ᠲᠠᠷᠢᠶᠠᠴᠢᠳ᠎ᠲᠤ ᠠᠱᠢᠭ ᠬᠦᠷᠲᠡᠭᠡᠬᠦ᠌ ᠡᠳ᠋᠎ᠦᠨ ᠵᠠᠰᠠᠭ᠎ᠤᠨ ᠨᠥᠬᠥᠪᠥᠷᠢ᠎ᠶ᠋ᠢᠨ ᠪᠠᠯᠠ ᠮᠥᠩᠭᠥ᠎ᠶᠢᠨ 《ᠪᠦᠷᠢᠨ ᠴᠢᠳᠠᠮᠵᠢᠲᠤ ᠺᠠᠷᠲ》 ᠪᠤᠶᠤ ᠨᠢᠯᠬ᠎ᠠ ᠬᠡᠦᠬᠡᠳ᠎ᠦᠨ ᠨᠡᠢᠭᠡᠮ᠎ᠦᠨ ᠪᠠᠲᠤᠯᠠᠭ᠎ᠠ᠎ᠶ᠋ᠢᠨ ᠺᠠᠷᠲ᠎ᠢᠶᠠᠷ ᠳᠠᠮᠵᠢᠨ ᠲᠠᠷᠬᠠᠭᠠᠬᠤ᠎ᠶ᠋ᠢ ᠵᠣᠷᠢᠭ᠍ᠵᠢᠭᠤᠯᠤᠨ᠎ᠠ᠃
ᠲᠠᠪᠤ᠂ ᠬᠠᠮᠢᠶᠠᠷᠬᠤ ᠪᠠ ᠬᠢᠨᠠᠯᠲᠠ ᠲᠠᠯᠪᠢᠬᠤ
(ᠨᠢᠭᠡ) ᠮᠡᠳᠡᠭᠡ ᠵᠠᠩᠭᠢ᠎ᠶ᠋ᠢᠨ ᠬᠠᠮᠢᠶᠠᠷᠤᠯᠲᠠ᠃ ᠪᠦᠬᠦ᠌ ᠤᠯᠤᠰ᠎ᠤᠨ ᠨᠢᠭᠡᠳᠦᠯᠲᠡᠶ ᠬᠡᠦᠬᠡᠳ ᠠᠰᠠᠷᠠᠨ ᠬᠦᠮᠦᠵᠢᠭᠦᠯᠬᠦ ᠨᠥᠬᠥᠪᠥᠷᠢ᠎ᠶ᠋ᠢᠨ ᠮᠡᠳᠡᠭᠡ ᠵᠠᠩᠭᠢ᠎ᠶ᠋ᠢᠨ ᠬᠠᠮᠢᠶᠠᠷᠤᠯᠲᠠ᠎ᠶ᠋ᠢᠨ ᠰᠢᠰᠲ᠋ᠧᠮ᠎ᠢ ᠪᠠᠢᠭᠤᠯᠵᠤ᠂ 《ᠲᠥᠷᠥᠭᠰᠡᠨ ᠨᠢᠬᠡ ᠶᠠᠪᠤᠳᠠᠯ》ᠲᠠᠶ ᠤᠶᠠᠯᠳᠤᠭᠤᠯᠤᠨ ᠬᠠᠮᠲᠤᠷᠠᠨ ᠭᠦᠢᠴᠡᠳᠭᠡᠵᠦ᠍᠂ ᠭᠠᠵᠠᠷ ᠣᠷᠣᠨ᠎ᠤ ᠬᠣᠭᠣᠷᠣᠨᠳᠣ᠂ ᠰᠠᠯᠠᠭ᠎ᠠ ᠮᠥᠴᠢᠷ᠎ᠦᠨ ᠬᠣᠭᠣᠷᠣᠨᠳᠣᠬᠢ ᠮᠡᠳᠡᠭᠡ ᠵᠠᠩᠭᠢ᠎ᠶ᠋ᠢ ᠬᠠᠮᠲᠤ ᠪᠡᠷ ᠡᠳ᠋ᠯᠡᠬᠦ᠌᠎ᠶ᠋ᠢ ᠴᠢᠩᠭᠠᠳᠬᠠᠬᠤ ᠬᠡᠷᠡᠭᠳᠡᠢ᠃ ᠮᠡᠳᠡᠭᠡ ᠵᠠᠩᠭᠢ᠎ᠶ᠋ᠢᠨ ᠬᠠᠮᠢᠶᠠᠷᠤᠯᠲᠠ᠎ᠶ᠋ᠢᠨ ᠳᠦᠷᠢᠮ᠎ᠢ ᠪᠠᠢᠭᠤᠯᠤᠨ᠂ ᠮᠡᠳᠡᠭᠡ ᠵᠠᠩᠭᠢ ᠴᠤᠭ᠍ᠯᠠᠭᠤᠯᠬᠤ᠂ ᠱᠢᠶ᠋ᠳᠪᠦᠷᠢᠯᠡᠬᠦ᠌ ᠪᠠ ᠠᠱᠢᠭ᠍ᠯᠠᠬᠤ ᠵᠡᠷᠭᠡ ᠠᠵᠢᠯ᠎ᠢ ᠰᠠᠢᠲᠤᠷ ᠬᠢᠵᠦ᠍᠂ ᠮᠡᠳᠡᠭᠡ ᠵᠠᠩᠭᠢ᠎ᠶ᠋ᠢᠨ ᠠᠮᠤᠷ ᠲᠦᠪᠱᠢᠨ᠎ᠦ ᠬᠠᠷᠢᠭᠤᠴᠠᠯᠭ᠎ᠠ᠎ᠶ᠋ᠢ ᠨᠠᠢᠳᠠᠪᠤᠷᠢᠵᠢᠭᠤᠯᠤᠨ᠂ ᠬᠤᠪᠢ ᠬᠥᠮᠦᠨ᠎ᠦ ᠮᠡᠳᠡᠭᠡ ᠵᠠᠩᠭᠢ᠎ᠶ᠋ᠢᠨ ᠠᠮᠤᠷ ᠲᠦᠪᠱᠢᠨ᠎ᠢ ᠪᠠᠲᠤᠯᠠᠬᠤ ᠬᠡᠷᠡᠭᠳᠡᠢ᠃ ᠮᠡᠳᠡᠭᠡ ᠵᠠᠩᠭᠢ᠎ᠶ᠋ᠢᠨ ᠬᠥᠳᠡᠯᠦᠩᠭᠦᠶ ᠬᠢᠨᠠᠨ ᠬᠡᠮᠵᠢᠯᠲᠡ᠎ᠶ᠋ᠢ ᠴᠢᠩᠭᠠᠳᠭᠠᠵᠤ᠂ ᠲᠣᠭ᠍ᠲᠠᠮᠠᠯ ᠬᠤᠭᠤᠴᠠᠭ᠎ᠠ᠎ᠲᠠᠶ᠎ᠪᠠᠷ ᠲᠣᠭ᠎ᠠ ᠪᠠᠷᠢᠮᠲᠠ᠎ᠶ᠋ᠢ ᠬᠤᠷᠢᠶᠠᠩᠭᠤᠢᠯᠠᠨ ᠵᠠᠳᠠᠯᠬᠤᠠᠵᠢᠯᠢ ᠥᠷᠨᠢᠭᠦᠯᠦᠨ᠂ ᠲᠥᠷᠥ᠎ᠶ᠋ᠢᠨ ᠪᠣᠳᠣᠯᠭ᠎ᠠ᠎ᠶ᠋ᠢ ᠦᠨᠡᠯᠡᠬᠦ᠌ ᠵᠢᠴᠢ ᠳᠣᠭᠢᠷᠠᠭᠤᠯᠤᠨ ᠱᠢᠯᠢᠳᠡᠭ᠌ᠵᠢᠭᠦᠯᠬᠦ᠌᠎ᠶ᠋ᠢ ᠰᠠᠢᠲᠤᠷ ᠬᠢᠬᠦ᠌᠎ᠳᠦ ᠳᠡᠮᠵᠢᠯᠭᠡ ᠬᠠᠩᠭᠠᠬᠤ ᠬᠡᠷᠡᠭᠳᠡᠢ᠃
(ᠬᠣᠶᠠᠷ) ᠪᠦᠬᠦ᠌ ᠶᠠᠪᠤᠴᠠ ᠵᠢᠨ ᠬᠢᠨᠠᠯᠲᠠ᠃ ᠬᠢᠨᠠᠨ ᠪᠣᠳᠣᠬᠤ ᠰᠠᠯᠠᠭ᠎ᠠ ᠮᠥᠴᠢᠷ᠂ ᠡᠳ᠋᠎ᠦᠨ ᠵᠠᠰᠠᠭ᠎ᠤᠨ ᠰᠠᠯᠠᠭ᠎ᠠ ᠮᠥᠴᠢᠷ ᠪᠦᠬᠦ᠌ ᠶᠠᠪᠤᠴᠠ᠎ᠶ᠋ᠢᠨ ᠬᠢᠨᠠᠯᠲᠠ ᠪᠠᠢᠴᠠᠭᠠᠯᠲᠠ᠎ᠪᠠᠨ ᠴᠢᠩᠭᠠᠳᠬᠠᠬᠤ ᠬᠡᠷᠡᠭ᠌ᠲᠡᠶ᠃ ᠰᠠᠬᠢᠯᠭ᠎ᠠ ᠪᠠᠲᠤ ᠪᠠᠢᠴᠠᠭᠠᠬᠤ ᠬᠢᠨᠠᠨ ᠪᠠᠢᠴᠠᠭᠠᠬᠤ ᠪᠠᠢᠭᠤᠯᠭ᠎ᠠ ᠬᠢᠨᠠᠯᠲᠠ ᠲᠠᠯᠪᠢᠵᠤ ᠰᠠᠬᠢᠯᠭ᠎ᠠ ᠪᠠᠲᠤ᠎ᠶ᠋ᠢ ᠬᠡᠷᠡᠭ᠌ᠵᠢᠭᠦᠯᠬᠦ᠌ ᠬᠠᠷᠢᠭᠤᠴᠠᠯᠭ᠎ᠠ ᠨᠡᠬᠡᠮᠵᠢᠯᠡᠬᠦ᠌᠎ᠪᠡᠨ ᠴᠢᠩᠭᠠᠳᠭᠠᠵᠤ᠂ ᠤᠯᠠᠨ ᠲᠦᠮᠡᠨ᠎ᠦ ᠠᠱᠢᠭ ᠲᠤᠰᠠ᠎ᠶ᠋ᠢ ᠬᠣᠬᠢᠷᠠᠭᠤᠯᠤᠭ᠍ᠰᠠᠨ ᠲᠥᠪ ᠪᠤᠰᠤ ᠰᠤᠷᠲᠠᠯ ᠪᠠ ᠢᠯᠵᠠᠷᠠᠯ᠎ᠤᠨ ᠠᠰᠠᠭᠤᠳᠠᠯ᠎ᠢ ᠴᠢᠩᠭ᠎ᠠ ᠪᠠᠢᠴᠠᠭᠠᠨ ᠱᠢᠢᠳᠪᠦᠷᠢᠯᠡᠬᠦ᠌ ᠬᠡᠷᠡᠭ᠌ᠲᠡᠢ᠃ ᠬᠡᠦᠬᠡᠳ ᠠᠰᠠᠷᠠᠨ ᠬᠦᠮᠦᠵᠢᠭᠦᠯᠬᠦ ᠨᠥᠬᠥᠪᠥᠷᠢ ᠦᠭᠬᠦ ᠲᠦᠷᠢᠮ᠎ᠢ ᠬᠡᠷᠡᠭ᠌ᠵᠢᠭᠦᠯᠦᠭ᠌ᠰᠡᠨ ᠪᠠᠢᠳᠠᠯ ᠳᠤ ᠨᠡᠢᠭᠡᠮ᠎ᠦᠨ ᠬᠢᠨᠠᠯᠲᠠ᠎ᠶᠢ ᠰᠠᠨᠠᠭᠠᠴᠢᠯᠠᠭ᠎ᠠ᠎ᠡᠴᠡ᠎ᠪᠠᠨ ᠬᠦᠯᠢᠶᠡᠬᠦ ᠬᠡᠷᠡᠭᠳᠡᠢ᠃ ᠡᠷᠡᠭᠦᠯ ᠬᠠᠮᠠᠭᠠᠯᠠᠯ ᠡᠷᠡᠭᠦᠯ ᠮᠡᠨᠳᠦ᠍᠎ᠶ᠋ᠢᠨ ᠰᠠᠯᠠᠭ᠎ᠠ ᠮᠥᠴᠢᠷ᠂ ᠡᠳ᠋᠎ᠦᠨ ᠵᠠᠰᠠᠭ᠎ᠤᠨ ᠰᠠᠯᠠᠭ᠎ᠠ ᠮᠥᠴᠢᠷ ᠪᠠᠯᠠ ᠮᠥᠩᠭᠥ᠎ᠶᠢᠨ ᠬᠡᠷᠡᠭ᠌ᠯᠡᠯᠲᠡ ᠬᠠᠮᠢᠶᠠᠷᠤᠯᠲᠠ᠎ᠶ᠋ᠢ ᠴᠢᠩᠭᠠᠳᠭᠠᠵᠤ᠂ ᠠᠵᠢᠯ᠎ᠤᠨ ᠠᠮᠵᠢᠯᠲᠠ ᠪᠦᠲᠦᠮᠵᠢ᠎ᠶ᠋ᠢᠨ ᠦᠨᠡᠯᠡᠯᠲᠡ᠎ᠶ᠋ᠢ ᠴᠠᠭ ᠲᠤᠨᠢ ᠲᠤᠬᠢᠷᠠᠭᠤᠯᠤᠨ ᠵᠣᠬᠢᠶᠠᠨ ᠪᠠᠢᠭᠤᠯᠤᠨ ᠥᠷᠨᠢᠭᠦᠯᠵᠦ᠍᠂ ᠪᠠᠯᠠ ᠮᠥᠩᠭᠥ᠎ᠶ᠋ᠢᠨ ᠬᠡᠷᠡᠭ᠌ᠯᠡᠯᠲᠡ᠎ᠶ᠋ᠢᠨ ᠦᠷ᠎ᠡ ᠠᠱᠢᠭ᠎ᠢ ᠦᠨᠡᠨ ᠬᠦ᠌ ᠳᠡᠭᠡᠭ᠌ᠰᠢᠯᠡᠭᠦᠯᠬᠦ ᠬᠡᠷᠡᠭᠳᠡᠢ᠃
ᠵᠢᠷᠭᠤᠭ᠎ᠠ᠂ ᠵᠣᠬᠢᠶᠠᠨ ᠪᠠᠢᠭᠤᠯᠵᠤ ᠬᠡᠷᠡᠭ᠌ᠵᠢᠭᠦᠯᠬᠦ᠌᠎ᠶ᠋ᠢ ᠴᠢᠩᠭᠠᠳᠭᠠᠬᠤ
(ᠨᠢᠭᠡ) ᠵᠣᠬᠢᠶᠠᠨ ᠪᠠᠢᠭᠤᠯᠵᠤ ᠤᠳᠤᠷᠢᠳᠬᠤ᠎ᠪᠠᠨ ᠴᠢᠩᠭᠠᠳᠬᠠᠬᠤ ᠬᠡᠷᠡᠭᠳᠡᠢ᠃ ᠨᠠᠮ᠎ᠤᠨ ᠲᠥᠪ ᠬᠤᠷᠢᠶ᠎ᠠ ᠵᠢᠨ ᠲᠥᠪᠯᠡᠷᠡᠩᠭᠦᠶ ᠨᠢᠭᠡᠳᠦᠯᠲᠡᠶ ᠤᠳᠤᠷᠢᠳᠤᠯᠭ᠎ᠠ ᠳᠤᠤᠷ᠎ᠠ᠂ ᠡᠯ᠎ᠡ ᠭᠠᠵᠠᠷ ᠣᠷᠣᠨ ᠡᠯ᠎ᠡ ᠬᠣᠯᠪᠣᠭ᠍ᠳᠠᠯ ᠪᠥᠬᠥᠶ ᠰᠠᠯᠠᠭ᠎ᠠ ᠮᠥᠴᠢᠷ᠎ᠦᠨ᠎ᠬᠢᠨ ᠨᠠᠷᠢᠨ ᠨᠢᠮᠪᠠᠶ ᠵᠣᠬᠢᠶᠠᠨ ᠪᠠᠢᠭᠤᠯᠤᠨ ᠲᠣᠬᠢᠷᠠᠭᠤᠯᠵᠤ᠂ ᠡᠭᠦᠷᠭᠡ ᠬᠠᠷᠢᠭᠤᠴᠠᠯᠭ᠎ᠠ ᠠᠵᠢᠯ᠎ᠤᠨ ᠬᠤᠪᠢᠶᠠᠷᠢᠯᠠᠯ᠎ᠢᠶᠠᠨ ᠲᠣᠳᠣᠷᠬᠠᠢᠯᠠᠵᠤ᠂ ᠬᠠᠷᠢᠭᠤᠴᠠᠯᠭ᠎ᠠ᠎ᠶ᠋ᠢ ᠪᠣᠳᠠᠲᠠᠢᠵᠢᠭᠤᠯᠬᠤ᠂ ᠪᠠᠲᠤᠯᠠᠭ᠎ᠠ᠎ᠶ᠋ᠢ ᠪᠣᠳᠠᠲᠠᠢᠵᠢᠭᠤᠯᠬᠤ᠂ ᠨᠠᠢᠳᠠᠪᠤᠷᠢᠵᠢᠭᠤᠯᠤᠯᠲᠠ᠎ᠶᠢ ᠪᠣᠳᠠᠲᠠᠢᠵᠢᠭᠤᠯᠬᠤ᠎ᠶ᠋ᠢ ᠪᠠᠲᠤᠯᠠᠬᠤ ᠬᠡᠷᠡᠭ᠌ᠲᠡᠶ᠃ ᠮᠤᠵᠢ᠎ᠶᠢᠨ ᠱᠠᠲᠤᠨ᠎ᠤ ᠵᠠᠰᠠᠭ᠎ᠤᠨ ᠣᠷᠳᠣᠨ ᠨᠢᠭᠡᠳᠦᠯᠲᠡᠶ ᠬᠠᠮᠢᠶᠠᠷᠬᠤ ᠪᠠ ᠡᠳ᠋᠎ᠦᠨ ᠵᠠᠰᠠᠭ᠎ᠤᠨ ᠳᠠᠭᠠᠭᠠᠬᠤ ᠴᠢᠳᠠᠪᠤᠷᠢ᠎ᠶ᠋ᠢ ᠦᠨᠡᠯᠡᠬᠦ᠌᠎ᠪᠡᠨ ᠴᠢᠩᠭᠠᠳᠭᠠᠵᠤ᠂ ᠬᠡᠦᠬᠡᠳ ᠠᠰᠠᠷᠠᠨ ᠬᠦᠮᠦᠵᠢᠭᠦᠯᠬᠦ ᠨᠥᠬᠥᠪᠥᠷᠢ ᠦᠭᠬᠦ ᠲᠥᠷᠥ᠎ᠶ᠋ᠢᠨ ᠪᠣᠳᠣᠯᠭ᠎ᠠ᠎ᠶ᠋ᠢ ᠲᠤᠰ ᠭᠠᠵᠠᠷ ᠣᠷᠣᠨ᠎ᠤ ᠠᠵᠤ ᠠᠬᠤᠶ ᠨᠡᠢᠭᠡᠮ᠎ᠦᠨ ᠬᠥᠭ᠌ᠵᠢᠯᠲᠡ᠎ᠶ᠋ᠢᠨ ᠲᠦᠪᠰᠢᠨ᠎ᠯᠦᠭᠡ ᠬᠠᠷᠢᠯᠴᠠᠨ ᠵᠣᠬᠢᠴᠠᠭᠤᠯᠬᠤ᠂ ᠠᠳᠠᠯᠢ ᠲᠥᠷᠥᠯ᠎ᠦᠨ ᠭᠠᠵᠠᠷ ᠣᠷᠣᠨ᠎ᠯᠤᠭ᠎ᠠ ᠶᠡᠬᠡ ᠲᠥᠯᠥᠪ ᠲᠡᠩᠴᠡᠭᠦᠷᠢᠲᠡᠶ ᠪᠠᠢᠯᠭᠠᠬᠤ᠎ᠶ᠋ᠢ ᠦᠨᠡᠨ ᠬᠦ᠌ ᠪᠠᠲᠤᠯᠠᠵᠤ᠂ ᠲᠤᠰ ᠱᠠᠲᠤᠨ ᠤ ᠡᠳ᠋᠎ᠦᠨ ᠵᠠᠰᠠᠭ ᠪᠣᠯᠤᠨ ᠳᠣᠤᠷ᠎ᠠ ᠱᠠᠲᠤᠨ᠎ᠤ ᠡᠳ᠋᠎ᠦᠨ ᠵᠠᠰᠠᠭ᠎ᠤᠨ ᠳᠠᠭᠠᠭᠠᠵᠤ ᠳᠡᠢᠯᠬᠦ᠌᠂ ᠦᠷᠭᠦᠯᠵᠢᠯᠡᠬᠦ᠌᠎ᠶ᠋ᠢ ᠦᠨᠡᠨ ᠬᠦ᠌ ᠪᠠᠲᠤᠯᠠᠬᠤ ᠬᠡᠷᠡᠭ᠌ᠲᠡᠶ᠃ ᠮᠤᠵᠢ᠎ᠶ᠋ᠢᠨ ᠱᠠᠲᠤᠨ᠎ᠤ ᠡᠷᠡᠭᠦᠯ ᠬᠠᠮᠠᠭᠠᠯᠠᠯ ᠡᠷᠡᠭᠦᠯ ᠮᠡᠨᠳᠦ᠍᠎ᠶ᠋ᠢᠨ ᠰᠠᠯᠠᠭ᠎ᠠ ᠮᠥᠴᠢᠷ᠂ ᠡᠳ᠋᠎ᠦᠨ ᠵᠠᠰᠠᠭ᠎ᠤᠨ ᠰᠠᠯᠠᠭ᠎ᠠ ᠮᠥᠴᠢᠷ ᠲᠣᠰ ᠲᠥᠰᠦᠯ᠎ᠢ ᠦᠨᠳᠦᠰᠦᠯᠡᠨ᠂ ᠲᠣᠰ ᠭᠠᠵᠠᠷ ᠣᠷᠣᠨ᠎ᠤ᠎ᠪᠠᠨ ᠬᠥᠮᠦᠨ ᠠᠮᠠ ᠬᠢᠭᠡᠳ ᠬᠥᠭ᠌ᠵᠢᠯᠲᠡ᠎ᠶ᠋ᠢᠨ ᠪᠣᠳᠠᠲᠤ ᠪᠠᠢᠳᠠᠯ᠎ᠲᠠᠶ᠎ᠪᠠᠨ ᠤᠶᠠᠯᠳᠤᠭᠤᠯᠵᠤ᠂ ᠲᠣᠰ ᠮᠤᠵᠢ᠎ᠶ᠋ᠢᠨ ᠬᠡᠷᠡᠭ᠌ᠵᠢᠭᠦᠯᠬᠦ᠌ ᠲᠥᠰᠦᠯ᠎ᠢ ᠲᠣᠭ᠍ᠲᠠᠭᠠᠵᠤ᠂ ᠮᠤᠵᠢ᠎ᠶᠢᠨ ᠱᠠᠲᠤᠨ᠎ᠤ ᠵᠠᠰᠠᠭ᠎ᠦᠨ ᠣᠷᠳᠣᠨ᠎ᠢᠶᠠᠷ ᠵᠥᠪᠱᠢᠶᠡᠷᠡᠭᠦᠯᠦᠭ᠌ᠰᠡᠨ᠎ᠦ ᠳᠠᠷᠠᠭ᠎ᠠ᠂ ᠤᠯᠤᠰ᠎ᠤᠨ ᠡᠷᠡᠭᠦᠯ ᠬᠠᠮᠠᠭᠠᠯᠠᠯ ᠡᠷᠡᠭᠦᠯ ᠮᠡᠨᠳᠦ᠍᠎ᠶ᠋ᠢᠨ ᠵᠥᠪᠯᠡᠯ᠂ ᠡᠳ᠋᠎ᠦᠨ ᠵᠠᠰᠠᠭ᠎ᠦᠨ ᠶᠠᠮᠤᠨ᠎ᠳᠤ ᠮᠡᠳᠡᠭᠦᠯᠦᠨ ᠳᠠᠩᠰᠠᠯᠠᠭᠤᠯᠬᠤ ᠬᠡᠷᠡᠭ᠌ᠲᠡᠶ᠃ ᠬᠡᠦᠬᠡᠳ ᠠᠰᠠᠷᠠᠨ ᠬᠦᠮᠦᠵᠢᠭᠦᠯᠬᠦ ᠨᠥᠬᠥᠪᠥᠷᠢ ᠦᠭᠬᠦ ᠲᠦᠷᠢᠮ᠎ᠦᠨ ᠬᠣᠯᠪᠣᠭ᠍ᠳᠠᠯ ᠪᠥᠬᠥᠶ ᠬᠠᠮᠢᠶᠠᠷᠤᠯᠲᠠ᠎ᠶ᠋ᠢᠨ ᠵᠢᠷᠤᠮᠵᠢᠯ᠎ᠢ ᠤᠯᠤᠰ᠎ᠤᠨ ᠡᠷᠡᠭᠦᠯ ᠬᠠᠮᠠᠭᠠᠯᠠᠯ ᠡᠷᠡᠭᠦᠯ ᠮᠡᠨᠳᠦ᠍᠎ᠶᠢᠨ ᠵᠥᠪᠯᠡᠯ᠂ ᠡᠳ᠋᠎ᠦᠨ ᠵᠠᠰᠠᠭ᠎ᠤᠨ ᠶᠠᠮᠤᠨ᠎ᠡᠴᠡ ᠠᠰᠲᠤᠨᠢ ᠲᠣᠭ᠍ᠲᠠᠭᠠᠨ᠎ᠠ᠃
(ᠬᠣᠶᠠᠷ) ᠵᠣᠯᠭᠠᠭᠤᠯᠤᠨ ᠵᠢᠷᠤᠮᠵᠢᠭᠤᠯᠬᠤ᠎ᠶᠢ ᠰᠠᠢᠲᠤᠷ ᠬᠢᠬᠦ ᠬᠡᠷᠡᠭᠳᠡᠢ᠃ ᠡᠯ᠎ᠡ ᠮᠤᠵᠢ ᠵᠢᠨ ᠬᠢᠨ ᠬᠣᠲᠠ᠎ᠶ᠋ᠢᠨ ᠱᠠᠲᠤᠨ᠎ᠤ ᠵᠠᠰᠠᠭ ᠵᠠᠬᠢᠷᠭᠠᠨ᠎ᠤ ᠬᠡᠪᠴᠢᠶᠡᠨ᠎ᠤ ᠳᠣᠲᠣᠷ᠎ᠠ ᠬᠡᠦᠬᠡᠳ ᠠᠰᠠᠷᠠᠨ ᠬᠦᠮᠦᠵᠢᠭᠦᠯᠬᠦ ᠨᠥᠬᠥᠪᠥᠷᠢᠦᠭᠬᠦ ᠨᠢᠭᠡᠳᠦᠯᠲᠡᠶ ᠲᠥᠷᠥ᠎ᠶ᠋ᠢᠨ ᠪᠣᠳᠣᠯᠭ᠎ᠠ ᠵᠢᠴᠢ ᠪᠠᠷᠢᠮᠵᠢᠶ᠎ᠠ᠎ᠶ᠋ᠢ ᠬᠡᠷᠡᠭ᠌ᠵᠢᠭᠦᠯᠵᠦ᠍᠂ ᠭᠠᠵᠠᠷ ᠣᠷᠣᠨ᠎ᠤ ᠵᠥᠷᠢᠶ᠎ᠡ ᠨᠡᠯᠢᠶᠡᠳ ᠪᠠᠭ᠎ᠠ ᠮᠤᠵᠢ ᠨᠢ ᠪᠠᠰᠠ ᠲᠤᠰ ᠮᠤᠵᠢ᠎ᠶ᠋ᠢᠨ᠎ᠢᠶᠠᠨ ᠳᠣᠲᠣᠷ᠎ᠠ ᠬᠡᠦᠬᠡᠳ ᠠᠰᠠᠷᠠᠨ ᠬᠦᠮᠦᠵᠢᠭᠦᠯᠬᠦ ᠨᠥᠬᠥᠪᠥᠷᠢᠦᠭᠬᠦ ᠨᠢᠭᠡᠳᠦᠯᠲᠡᠶ ᠲᠥᠷᠥ᠎ᠶ᠋ᠢᠨ ᠪᠣᠳᠣᠯᠭ᠎ᠠ ᠵᠢᠴᠢ ᠪᠠᠷᠢᠮᠵᠢᠶ᠎ᠠ᠎ᠶ᠋ᠢ ᠬᠡᠷᠡᠭ᠌ᠵᠢᠭᠦᠯᠵᠦ᠍ ᠪᠣᠯᠤᠨ᠎ᠠ᠃ ᠱᠢᠶᠠᠨ᠎ᠤ ᠱᠠᠲᠤᠨ᠎ᠡᠴᠡ ᠳᠣᠷᠣᠭ᠍ᠰᠢᠬᠢ ᠵᠠᠰᠠᠭ᠎ᠤᠨ ᠣᠷᠳᠣᠨ ᠬᠡᠦᠬᠡᠳ ᠠᠰᠠᠷᠠᠨ ᠬᠦᠮᠦᠵᠢᠭᠦᠯᠬᠦ ᠨᠥᠬᠥᠪᠥᠷᠢ ᠦᠭᠬᠦ ᠲᠥᠷᠥ᠎ᠶ᠋ᠢᠨ ᠪᠣᠳᠣᠯᠭ᠎ᠠ ᠪᠤᠶᠤ ᠪᠠᠷᠢᠮᠵᠢᠶ᠎ᠠ᠎ᠶ᠋ᠢ ᠥᠪᠡᠰᠦᠪᠡᠨ ᠨᠡᠢᠲᠡᠯᠡᠵᠦ᠍ ᠪᠣᠯᠬᠤ ᠥᠬᠡᠶ᠃ ᠮᠤᠵᠢ᠎ᠶ᠋ᠢᠨ ᠱᠠᠲᠤ ᠪᠤᠶᠤ ᠬᠣᠲᠠ᠎ᠶ᠋ᠢᠨ ᠱᠠᠲᠤᠨ᠎ᠤ ᠵᠠᠰᠠᠭ᠎ᠤᠨ ᠣᠷᠳᠣᠨ᠎ᠤ ᠰᠠᠯᠠᠭ᠎ᠠ ᠮᠥᠴᠢᠷ ᠬᠡᠦᠬᠡᠳ ᠠᠰᠠᠷᠠᠨ ᠬᠦᠮᠦᠵᠢᠭᠦᠯᠬᠦ ᠨᠥᠬᠥᠪᠥᠷᠢ ᠦᠭᠬᠦ ᠪᠤᠰᠤᠳ ᠲᠥᠷᠥ᠎ᠶ᠋ᠢᠨ ᠪᠣᠳᠣᠯᠭ᠎ᠠ᠎ᠶ᠋ᠢ ᠨᠡᠢᠲᠡᠯᠡᠬᠦ᠌ ᠪᠤᠶᠤ ᠪᠠᠷᠢᠮᠵᠢᠶ᠎ᠠ᠎ᠶ᠋ᠢ ᠳᠡᠭᠡᠭ᠌ᠰᠢᠯᠡᠭᠦᠯᠬᠦ᠌᠎ᠪᠡᠷ ᠪᠠᠢᠪᠠᠯ᠂ ᠤᠷᠢᠳᠴᠢᠯᠠᠨ ᠨᠤᠲᠠᠯᠠᠵᠤ ᠦᠨᠡᠯᠡᠬᠦ᠌᠎ᠶ᠋ᠢ ᠴᠢᠩᠭᠠᠳᠭᠠᠬᠤ᠎ᠶᠢᠨ ᠬᠠᠮᠲᠤ ᠠᠷᠠᠳ᠎ᠤᠨ ᠠᠮᠢᠳᠤᠷᠠᠯ᠎ᠤᠨ ᠲᠥᠷᠥ᠎ᠶ᠋ᠢᠨ ᠪᠣᠳᠣᠯᠭ᠎ᠠ᠎ᠶ᠋ᠢᠨ ᠳᠠᠩᠰᠠᠯᠠᠭᠰᠠᠨ ᠬᠣᠯᠪᠣᠭ᠍ᠳᠠᠯ ᠪᠥᠬᠥᠶ ᠱᠠᠭᠠᠷᠳᠠᠯᠭ᠎ᠠ ᠶᠣᠰᠣᠭᠠᠷ᠂ ᠳᠡᠭᠡᠷ᠎ᠡ ᠨᠢᠭᠡ ᠱᠠᠲᠤᠨ᠎ᠤ ᠭᠤᠤᠯᠯᠠᠨ ᠬᠠᠮᠢᠶᠠᠷᠬᠤ ᠰᠠᠯᠠᠭ᠎ᠠ ᠮᠥᠴᠢᠷ᠎ᠲᠦ ᠮᠡᠳᠡᠭᠦᠯᠦᠨ ᠳᠠᠩᠰᠠᠯᠠᠭᠤᠯᠬᠤ ᠬᠡᠷᠡᠭ᠌ᠲᠡᠶ᠃
(ᠭᠤᠷᠪᠠ) ᠬᠡᠷᠡᠭ᠌ᠵᠢᠭᠦᠯᠬᠦ᠌ ᠦᠷ᠎ᠡ ᠪᠦᠲᠦᠮᠵᠢ᠎ᠶ᠋ᠢ ᠨᠡᠮᠡᠭᠳᠡᠬᠦᠯᠬᠦ ᠬᠡᠷᠡᠭᠳᠡᠢ᠃ ᠵᠢᠷᠮᠦᠰᠦᠨ ᠪᠠ ᠬᠥᠩᠭᠡᠵᠢᠭ᠌ᠰᠡᠨ ᠡᠮᠡᠭ᠌ᠲᠡᠢᠴᠦᠳ᠎ᠦᠨ ᠡᠷᠡᠭᠦᠯᠵᠢᠯ᠂ ᠡᠮᠨᠡᠯᠭᠡ᠎ᠳᠦ ᠰᠠᠭᠤᠵᠤ ᠬᠥᠩᠭᠡᠵᠢᠬᠦ᠌ ᠪᠠ ᠨᠢᠯᠬ᠎ᠠ ᠬᠡᠦᠬᠡᠳ᠎ᠤᠨ ᠰᠡᠷᠭᠡᠢᠯᠡᠬᠦ᠌ ᠲᠠᠷᠢᠯᠭ᠎ᠠ ᠲᠠᠷᠢᠬᠤ᠂ ᠡᠷᠡᠭᠦᠯ ᠮᠡᠨᠳᠦ᠍᠎ᠶ᠋ᠢᠨ ᠬᠠᠮᠢᠶᠠᠷᠤᠯᠲᠠ᠂ ᠡᠷᠦᠬᠡ ᠠᠮᠠ᠎ᠶ᠋ᠢᠨ ᠳᠠᠩᠰᠠᠯᠠᠯᠳᠠ᠂ ᠨᠡᠢᠭᠡᠮ᠎ᠦᠨ ᠪᠠᠲᠤᠯᠠᠭ᠎ᠠ᠎ᠶᠢᠨ ᠺᠠᠷᠲ ᠭᠤᠶᠤᠴᠢᠯᠠᠨ ᠠᠪᠬᠤ ᠵᠡᠷᠭᠡ ᠲᠡᠶ ᠤᠶᠠᠯᠳᠤᠭᠤᠯᠤᠨ᠂ ᠦᠶ᠋ᠯᠡᠴᠢᠯᠡᠭᠡᠨ᠎ᠦ ᠶᠠᠪᠤᠴᠠ᠎ᠪᠠᠨ ᠱᠢᠯᠢᠳᠡᠭ᠌ᠵᠢᠭᠦᠯᠵᠦ᠍᠂ ᠲᠥᠷᠥ᠎ᠶᠢᠨ ᠪᠣᠳᠣᠯᠭ᠎ᠠ᠎ᠶ᠋ᠢᠨ ᠤᠬᠠᠭᠤᠯᠭ᠎ᠠ ᠲᠠᠢᠯᠤᠮᠵᠢ᠎ᠶ᠋ᠢ ᠰᠠᠢᠲᠤᠷ ᠬᠢᠵᠦ᠍᠂ ᠣᠯᠠᠨ ᠲᠦᠮᠡᠨ᠎ᠦ ᠣᠢᠯᠠᠭᠠᠬᠤ ᠨᠣᠷᠮ᠎ᠠ᠎ᠶ᠋ᠢ ᠳᠡᠭᠡᠭ᠌ᠰᠢᠯᠡᠭᠦᠯᠬᠦ ᠬᠡᠷᠡᠭᠳᠡᠢ᠃ ᠡᠯ᠎ᠡ ᠭᠠᠵᠠᠷ ᠣᠷᠣᠨ ᠡᠯ᠎ᠡ ᠬᠣᠯᠪᠣᠭ᠍ᠳᠠᠯ ᠪᠥᠬᠥᠶ ᠰᠠᠯᠠᠭ᠎ᠠ ᠮᠥᠴᠢᠷ᠎ᠦᠨ᠎ᠬᠢᠨ ᠭᠦᠨᠵᠡᠭᠡᠶ ᠪᠠᠢᠴᠠᠭᠠᠨ ᠰᠤᠳᠤᠯᠵᠦ᠍᠂ ᠰᠠᠨᠠᠯ ᠰᠠᠨᠠᠭᠤᠯᠭ᠎ᠠ᠎ᠶ᠋ᠢ ᠥᠷᠭᠡᠨ᠎ᠢᠶᠡᠷ ᠰᠣᠨᠣᠰᠤᠨ᠂ ᠬᠡᠦᠬᠡᠳ ᠠᠰᠠᠷᠠᠨ ᠬᠥᠮᠦᠵᠢᠭᠦᠯᠬᠦ᠌ ᠨᠥᠬᠥᠪᠥᠷᠢ ᠦᠬᠬᠦ ᠲᠦᠷᠢᠮ᠎ᠢ ᠬᠡᠷᠡᠭ᠌ᠵᠢᠭᠦᠯᠦᠭ᠌ᠰᠡᠨ ᠪᠠᠢᠳᠠᠯ᠎ᠢ ᠦᠨᠡᠯᠡᠵᠦ᠍᠂ ᠲᠤᠷᠱᠢᠯᠭ᠎ᠠ ᠠᠷᠭ᠎ᠠ ᠬᠢᠳᠡᠯ᠎ᠢᠶᠡᠨ ᠴᠠᠭ ᠲᠤᠬᠠᠶ᠎ᠳᠤᠨᠢ ᠳ᠋ᠦᠩᠨᠡᠨ᠂ ᠲᠥᠷᠥ᠎ᠶ᠋ᠢᠨ ᠪᠣᠳᠣᠯᠭ᠎ᠠ ᠠᠷᠭ᠎ᠠ ᠬᠡᠮᠵᠢᠶ᠎ᠡ᠎ᠪᠡᠨ ᠲᠡᠭᠦᠯᠳᠡᠷᠵᠢᠭᠦᠯᠬᠦ᠌ ᠬᠡᠷᠡᠭ᠌ᠲᠡᠶ᠃