ᠲᠥᠷᠥ᠎ᠶᠢᠨ ᠶᠠᠪᠤᠳᠠᠯ᠎ᠤᠨ ᠬᠣᠷᠢᠶᠠᠨ᠎ᠤ ᠠᠯᠪᠠᠨ ᠲᠢᠩᠬᠢᠮ 8 ᠳ᠋ᠤᠭᠠᠷ ᠰᠠᠷ᠎ᠠ᠎ᠶᠢᠨ 5᠎ᠤ ᠡᠳᠦᠷ 《ᠰᠤᠷᠭᠠᠭᠤᠯᠢ᠎ᠳᠤ ᠣᠷᠣᠬᠤ ᠨᠠᠰᠤᠨ᠎ᠠᠴᠠ ᠡᠮᠦᠨᠡᠬᠢ ᠲᠥᠯᠥᠪᠦᠷᠢ ᠦᠭᠡᠢ ᠰᠤᠷᠭᠠᠨ ᠬᠥᠮᠦᠵᠢᠯ᠎ᠢ ᠠᠯᠬᠤᠮ ᠠᠯᠬᠤᠮ ᠵᠶ᠋ᠠᠷ ᠬᠡᠷᠡᠭᠵᠢᠭᠦᠯᠬᠦ ᠲᠤᠬᠠᠢ ᠰᠠᠨᠠᠯ》᠎ᠢ ᠨᠡᠢᠲᠡᠯᠡᠵᠦ᠂ ᠰᠤᠷᠭᠠᠭᠤᠯᠢ᠎ᠳᠤ ᠣᠷᠣᠬᠤ ᠨᠠᠰᠤᠨ᠎ᠠᠴᠠ ᠡᠮᠦᠨᠡᠬᠢ ᠰᠤᠷᠭᠠᠨ ᠬᠥᠮᠦᠵᠢᠯ᠎ᠦᠨ ᠠᠰᠠᠷᠠᠨ ᠬᠥᠮᠥᠵᠢᠭᠦᠯᠬᠦ ᠪᠠ ᠰᠤᠷᠭᠠᠨ ᠬᠥᠮᠥᠵᠢᠭᠦᠯᠬᠦ ᠰᠦᠢᠳᠬᠡᠯ᠎ᠢ ᠠᠯᠬᠤᠮ ᠠᠯᠬᠤᠮ ᠬᠡᠯᠲᠦᠷᠢᠭᠦᠯᠬᠦ᠎ᠪᠡᠷ ᠳᠤᠷᠠᠳᠪᠠ᠃
ᠠᠰᠠᠷᠠᠨ ᠬᠥᠮᠥᠵᠢᠭᠦᠯᠬᠦ ᠪᠠ ᠰᠤᠷᠭᠠᠨ ᠬᠥᠮᠥᠵᠢᠭᠦᠯᠬᠦ ᠰᠦᠢᠳᠬᠡᠯ᠎ᠡᠴᠡ ᠭᠡᠯᠲᠦᠷᠢᠵᠦ ᠪᠤᠯᠬᠤ ᠡᠲᠡᠭᠡᠳ
2025 ᠣᠨ᠎ᠤ ᠨᠠᠮᠤᠷ᠎ᠤᠨ ᠤᠯᠠᠷᠢᠯ᠎ᠤᠨ ᠰᠤᠷᠤᠯᠭ᠎ᠠ᠎ᠶᠢᠨ ᠬᠤᠭᠤᠴᠠᠭ᠎ᠠ᠎ᠠᠴᠠ ᠡᠬᠢᠯᠡᠨ᠂ ᠠᠯᠪᠠᠨ᠎ᠠᠴᠠ ᠡᠷᠭᠢᠯᠡᠭᠰᠡᠨ ᠬᠡᠦᠬᠡᠳ᠎ᠦᠨ ᠴᠡᠴᠡᠷᠯᠢᠭ᠎ᠲᠠᠬᠢ ᠰᠤᠷᠭᠠᠭᠤᠯᠢ᠎ᠳᠤ ᠣᠷᠣᠬᠤ ᠨᠠᠰᠤᠨ᠎ᠤ ᠨᠢᠭᠡ ᠵᠢᠯ᠎ᠦᠨ ᠡᠮᠦᠨᠡᠬᠢ ᠴᠡᠴᠡᠷᠯᠢᠭ᠎ᠲᠤ ᠪᠠᠢᠭ᠎ᠠ ᠬᠡᠦᠬᠡᠳ᠎ᠦᠨ ᠠᠰᠠᠷᠠᠨ ᠬᠥᠮᠥᠵᠢᠭᠦᠯᠬᠦ ᠪᠠ ᠰᠤᠷᠭᠠᠨ ᠬᠥᠮᠥᠵᠢᠭᠦᠯᠬᠦ ᠰᠦᠢᠳᠬᠡᠯ᠎ᠢ ᠬᠡᠯᠲᠦᠷᠢᠭᠦᠯᠦᠨ᠎ᠡ᠃
ᠰᠤᠷᠭᠠᠨ ᠬᠥᠮᠦᠵᠢᠯ᠎ᠦᠨ ᠰᠠᠯᠠᠭ᠎ᠠ ᠮᠥᠴᠢᠷ᠎ᠤᠨ ᠵᠥᠪᠰᠢᠶᠡᠷᠡᠯ᠎ᠢᠶᠡᠷ ᠪᠠᠢᠭᠤᠯᠤᠭᠰᠠᠨ ᠠᠷᠠᠳ᠎ᠠᠴᠠ ᠡᠷᠭᠢᠯᠡᠭᠰᠡᠨ ᠬᠡᠦᠬᠡᠳ᠎ᠦᠨ ᠴᠡᠴᠡᠷᠯᠢᠭ᠎ᠲᠤ ᠰᠤᠷᠤᠯᠴᠠᠵᠤ ᠪᠠᠢᠭ᠎ᠠ ᠰᠤᠷᠭᠠᠭᠤᠯᠢ᠎ᠳᠤ ᠣᠷᠣᠬᠤ ᠨᠠᠰᠤᠨ᠎ᠤ ᠬᠡᠦᠬᠡᠳ᠎ᠢ ᠲᠤᠬᠠᠢ᠎ᠶᠢᠨ ᠭᠠᠵᠠᠷ᠎ᠤᠨ ᠠᠳᠠᠯᠢ ᠲᠥᠷᠥᠯ᠎ᠦᠨ ᠠᠯᠪᠠᠨ᠎ᠠᠴᠠ ᠡᠷᠭᠢᠯᠡᠭᠰᠡᠨ ᠬᠡᠦᠬᠡᠳ᠎ᠤᠨ ᠴᠡᠴᠡᠷᠯᠢᠭ᠎ᠤᠨ ᠬᠡᠯᠲᠦᠷᠢᠭᠦᠯᠬᠦ ᠬᠢᠷᠢ ᠲᠦᠪᠰᠢᠨ᠎ᠢᠶᠡᠷ ᠯᠠᠪᠯᠠᠯᠲᠠ ᠪᠤᠯᠭᠠᠵᠤ᠂ ᠠᠰᠠᠷᠠᠨ ᠬᠥᠮᠥᠵᠢᠭᠦᠯᠬᠦ ᠪᠠ ᠰᠤᠷᠭᠠᠨ ᠬᠥᠮᠥᠵᠢᠭᠦᠯᠬᠦ ᠰᠦᠢᠳᠬᠡᠯ᠎ᠢ ᠵᠣᠬᠢᠬᠤ ᠬᠡᠮᠵᠢᠶ᠎ᠡ᠎ᠪᠡᠷ ᠬᠠᠰᠤᠵᠤ ᠬᠡᠯᠲᠦᠷᠢᠭᠦᠯᠦᠨ᠎ᠡ᠃
ᠡᠳ᠋᠎ᠤᠨ ᠵᠠᠰᠠᠭ᠎ᠤᠨ ᠶᠠᠮᠤᠨ᠂ ᠰᠤᠷᠭᠠᠨ ᠬᠥᠮᠦᠵᠢᠯ᠎ᠤᠨ ᠶᠠᠮᠤᠨ ᠰᠤᠷᠬᠤ ᠨᠠᠰᠤᠨ᠎ᠤ ᠬᠥᠮᠥᠨ ᠠᠮᠠ᠎ᠶᠢᠨ ᠬᠤᠪᠢᠷᠠᠯᠲᠠ᠂ ᠡᠳ᠋᠎ᠤᠨ ᠬᠦᠴᠦᠨ᠎ᠤ ᠪᠠᠢᠳᠠᠯ ᠵᠡᠷᠭᠡ ᠡᠯᠧᠮᠧᠨ᠋ᠲ᠎ᠢ ᠨᠢᠭᠡᠳᠦᠯᠲᠡᠢ ᠪᠣᠳᠣᠯᠬᠢᠯᠠᠵᠤ᠂ ᠰᠤᠷᠭᠠᠭᠤᠯᠢ᠎ᠳᠤ ᠣᠷᠣᠬᠤ ᠨᠠᠰᠤᠨ᠎ᠠᠴᠠ ᠡᠮᠦᠨᠡᠬᠢ ᠲᠥᠯᠥᠪᠦᠷᠢ ᠦᠭᠡᠢ ᠰᠤᠷᠭᠠᠨ ᠬᠥᠮᠦᠵᠢᠯ᠎ᠦᠨ ᠲᠥᠷᠥ᠎ᠶᠢᠨ ᠪᠣᠳᠣᠯᠭ᠎ᠠ᠎ᠶᠢ ᠰᠤᠳᠤᠯᠤᠭᠠᠳ ᠴᠠᠭ᠎ᠲᠤ ᠨᠢ ᠲᠣᠬᠢᠷᠠᠭᠤᠯᠤᠨ ᠲᠡᠭᠦᠯᠳᠡᠷᠵᠢᠭᠦᠯᠦᠨ᠎ᠡ᠃
ᠠᠰᠠᠷᠠᠨ ᠬᠥᠮᠥᠵᠢᠭᠦᠯᠬᠦ ᠪᠠ ᠰᠤᠷᠭᠠᠨ ᠬᠥᠮᠥᠵᠢᠭᠦᠯᠬᠦ ᠰᠦᠢᠳᠬᠡᠯ᠎ᠢ ᠬᠡᠯᠲᠦᠷᠢᠭᠦᠯᠬᠦ ᠪᠠᠷᠢᠮᠵᠢᠶ᠎ᠠ
ᠰᠢᠶᠠᠨ᠎ᠤ ᠱᠠᠲᠤᠨ᠎ᠠᠴᠠ ᠳᠡᠭᠡᠭᠰᠢᠬᠢ ᠣᠷᠣᠨ ᠨᠤᠲᠤᠭ᠎ᠤᠨ ᠠᠷᠠᠳ᠎ᠤᠨ ᠵᠠᠰᠠᠭ᠎ᠤᠨ ᠣᠷᠳᠣᠨ ᠵᠢᠴᠢ ᠰᠤᠷᠭᠠᠨ ᠬᠥᠮᠦᠵᠢᠯ᠂ ᠦᠨ᠎ᠡ ᠬᠠᠩᠰᠢ᠎ᠶᠢᠨ ᠭᠣᠣᠯᠴᠢᠯᠠᠨ ᠬᠠᠮᠢᠶᠠᠷᠬᠤ ᠰᠠᠯᠠᠭ᠎ᠠ ᠮᠥᠴᠢᠷ᠎ᠤᠨ ᠵᠥᠪᠰᠢᠶᠡᠷᠡᠭᠰᠡᠨ ᠠᠯᠪᠠᠨ᠎ᠠᠴᠠ ᠡᠷᠭᠢᠯᠡᠭᠰᠡᠨ ᠬᠡᠦᠬᠡᠳ᠎ᠤᠨ ᠴᠡᠴᠡᠷᠯᠢᠭ᠎ᠤᠨ ᠠᠰᠠᠷᠠᠨ ᠬᠥᠮᠥᠵᠢᠭᠦᠯᠬᠦ ᠪᠠ ᠰᠤᠷᠭᠠᠨ ᠬᠥᠮᠥᠵᠢᠭᠦᠯᠬᠦ ᠰᠦᠢᠳᠬᠡᠯ ᠬᠤᠷᠢᠶᠠᠬᠤ ᠪᠠᠷᠢᠮᠵᠢᠶ᠎ᠠ(ᠬᠣᠭᠣᠯᠠᠨ᠎ᠤ ᠰᠦᠢᠳᠬᠡᠯ᠂ ᠬᠣᠨᠣᠭ᠎ᠤᠨ ᠰᠦᠢᠳᠬᠡᠯ᠂ ᠰᠤᠯᠠ ᠰᠦᠢᠳᠬᠡᠯ ᠵᠡᠷᠭᠡ ᠪᠠᠭᠲᠠᠬᠤ ᠦᠭᠡᠢ) ᠶᠣᠰᠣᠭᠠᠷ ᠬᠡᠷᠡᠭᠵᠢᠭᠦᠯᠦᠨ᠎ᠡ᠃
ᠠᠷᠠᠳ᠎ᠠᠴᠠ ᠡᠷᠭᠢᠯᠡᠭᠰᠡᠨ ᠬᠡᠦᠬᠡᠳ᠎ᠤᠨ ᠴᠡᠴᠡᠷᠯᠢᠭ᠎ᠤᠨ ᠠᠰᠠᠷᠠᠨ ᠬᠥᠮᠥᠵᠢᠭᠦᠯᠬᠦ ᠪᠠ ᠰᠤᠷᠭᠠᠨ ᠬᠥᠮᠥᠵᠢᠭᠦᠯᠬᠦ ᠰᠦᠢᠳᠬᠡᠯ᠎ᠢ ᠬᠡᠯᠲᠦᠷᠢᠭᠦᠯᠬᠦ ᠬᠢᠷᠢ ᠲᠦᠪᠰᠢᠨ᠎ᠡᠴᠡ ᠬᠡᠲᠦᠷᠡᠭᠰᠡᠨ ᠬᠡᠰᠡᠭ᠎ᠢ ᠪᠣᠯ ᠬᠡᠦᠬᠡᠳ᠎ᠤᠨ ᠴᠡᠴᠡᠷᠯᠢᠭ ᠨᠢ ᠲᠣᠭᠲᠠᠭᠠᠯ ᠶᠣᠰᠣᠭᠠᠷ ᠴᠡᠴᠡᠷᠯᠢᠭ᠎ᠲᠤ ᠪᠠᠢᠭ᠎ᠠ ᠬᠡᠦᠬᠡᠳ᠎ᠤᠨ ᠭᠡᠷ ᠪᠦᠯᠢ᠎ᠠᠴᠠ ᠦᠷᠭᠦᠯᠵᠢᠯᠡᠨ ᠬᠤᠷᠢᠶᠠᠵᠤ ᠪᠣᠯᠣᠨ᠎ᠠ᠃
ᠡᠳ᠋᠎ᠤᠨ ᠵᠠᠰᠠᠭ᠎ᠤᠨ ᠨᠥᠬᠥᠪᠦᠷᠢ
ᠠᠰᠠᠷᠠᠨ ᠬᠥᠮᠥᠵᠢᠭᠦᠯᠬᠦ ᠪᠠ ᠰᠤᠷᠭᠠᠨ ᠬᠥᠮᠥᠵᠢᠭᠦᠯᠬᠦ ᠰᠦᠢᠳᠬᠡᠯ᠎ᠢ ᠬᠡᠯᠲᠦᠷᠢᠭᠦᠯᠦᠭᠰᠡᠨ᠎ᠠᠴᠠ ᠪᠣᠯᠵᠤ ᠬᠡᠦᠬᠡᠳ᠎ᠦᠨ ᠴᠡᠴᠡᠷᠯᠢᠭ᠎ᠦᠨ ᠣᠷᠣᠯᠭ᠎ᠠ ᠬᠠᠰᠤᠭᠳᠠᠭᠰᠠᠨ ᠬᠡᠰᠡᠭ᠎ᠲᠤ ᠡᠳ᠋᠎ᠤᠨ ᠵᠠᠰᠠᠭ᠎ᠤᠨ ᠰᠠᠯᠠᠭ᠎ᠠ ᠮᠥᠴᠢᠷ ᠠᠰᠠᠷᠠᠨ ᠬᠥᠮᠥᠵᠢᠭᠦᠯᠬᠦ ᠪᠠ ᠰᠤᠷᠭᠠᠨ ᠬᠥᠮᠥᠵᠢᠭᠦᠯᠬᠦ ᠰᠦᠢᠳᠬᠡᠯ᠎ᠠᠴᠠ ᠬᠡᠯᠲᠦᠷᠢᠭᠦᠯᠦᠭᠰᠡᠨ ᠴᠡᠴᠡᠷᠯᠢᠭ᠎ᠲᠤ ᠪᠠᠢᠭ᠎ᠠ ᠬᠡᠦᠬᠡᠳ᠎ᠦᠨ ᠲᠣᠭ᠎ᠠ᠂ ᠪᠠᠢᠭ᠎ᠠ ᠭᠠᠵᠠᠷ᠎ᠤᠨ ᠠᠰᠠᠷᠠᠨ ᠬᠥᠮᠥᠵᠢᠭᠦᠯᠬᠦ ᠪᠠ ᠰᠤᠷᠭᠠᠨ ᠬᠥᠮᠥᠵᠢᠭᠦᠯᠬᠦ ᠰᠦᠢᠳᠬᠡᠯ᠎ᠤᠨ ᠰᠤᠷᠤᠬ᠍ᠴᠢ ᠨᠢᠭᠡᠪᠦᠷᠢ᠎ᠡᠴᠡ ᠬᠤᠷᠢᠶᠠᠭᠰᠠᠨ ᠪᠣᠳᠠᠲᠠᠢ ᠰᠦᠢᠳᠬᠡᠯ᠎ᠦᠨ ᠬᠢᠷᠢ ᠲᠦᠪᠰᠢᠨ ᠵᠡᠷᠭᠡ ᠪᠠᠢᠳᠠᠯ᠎ᠢ ᠶᠡᠷᠦᠩᠬᠡᠢᠯᠡᠨ ᠪᠣᠳᠣᠯᠬᠢᠯᠠᠵᠤ ᠪᠠᠢᠭᠠᠳ ᠬᠡᠦᠬᠡᠳ᠎ᠦᠨ ᠴᠡᠴᠡᠷᠯᠢᠭ᠎ᠲᠤ ᠨᠥᠬᠥᠪᠦᠷᠢ ᠥᠭᠭᠦᠨ᠎ᠡ᠃
ᠡᠳ᠋᠎ᠦᠨ ᠵᠠᠰᠠᠭ᠎ᠤᠨ ᠶᠠᠮᠤᠨ᠂ ᠰᠤᠷᠭᠠᠨ ᠬᠥᠮᠦᠵᠢᠯ᠎ᠦᠨ ᠶᠠᠮᠤᠨ ᠨᠢ ᠡᠯ᠎ᠡ ᠮᠤᠵᠢ᠎ᠶᠢᠨ ᠠᠯᠪᠠᠨ᠎ᠠᠴᠠ ᠡᠷᠭᠢᠯᠡᠭᠰᠡᠨ ᠬᠡᠦᠬᠡᠳ᠎ᠦᠨ ᠴᠡᠴᠡᠷᠯᠢᠭ᠎ᠦᠨ ᠠᠰᠠᠷᠠᠨ ᠬᠥᠮᠥᠵᠢᠭᠦᠯᠬᠦ ᠪᠠ ᠰᠤᠷᠭᠠᠨ ᠬᠥᠮᠥᠵᠢᠭᠦᠯᠬᠦ ᠰᠦᠢᠳᠬᠡᠯ᠎ᠤᠨ ᠰᠤᠷᠤᠬ᠍ᠴᠢ ᠨᠢᠭᠡᠪᠦᠷᠢ᠎ᠠᠴᠠ ᠬᠤᠷᠢᠶᠠᠭᠰᠠᠨ ᠪᠣᠳᠠᠲᠠᠢ ᠰᠦᠢᠳᠬᠡᠯ᠎ᠦᠨ ᠬᠢᠷᠢ ᠲᠦᠪᠰᠢᠨ᠎ᠢᠶᠡᠷ ᠯᠠᠪᠯᠠᠯᠲᠠ ᠪᠤᠯᠭᠠᠵᠤ᠂ ᠠᠰᠠᠷᠠᠨ ᠬᠥᠮᠥᠵᠢᠭᠦᠯᠬᠦ ᠪᠠ ᠰᠤᠷᠭᠠᠨ ᠬᠥᠮᠥᠵᠢᠭᠦᠯᠬᠦ ᠰᠦᠢᠳᠬᠡᠯ᠎ᠠᠴᠠ ᠬᠡᠯᠲᠦᠷᠢᠭᠦᠯᠬᠦ ᠰᠤᠷᠤᠬ᠍ᠴᠢ ᠨᠢᠭᠡᠪᠦᠷᠢ᠎ᠳᠤ ᠨᠣᠭᠳᠠᠬᠤ ᠡᠳ᠋᠎ᠦᠨ ᠵᠠᠰᠠᠭ᠎ᠤᠨ ᠨᠥᠬᠥᠪᠦᠷᠢ᠎ᠶᠢᠨ ᠪᠠᠷᠢᠮᠵᠢᠶ᠎ᠠ᠎ᠶᠢᠨ ᠳᠡᠭᠡᠳᠦ ᠬᠢᠵᠠᠭᠠᠷ᠎ᠢ ᠣᠷᠣᠨ ᠪᠦᠰᠡ ᠬᠤᠪᠢᠶᠠᠨ ᠲᠣᠭᠲᠠᠭᠠᠵᠤ᠂ ᠠᠰᠠᠷᠠᠨ ᠬᠥᠮᠥᠵᠢᠭᠦᠯᠬᠦ ᠪᠠ ᠰᠤᠷᠭᠠᠨ ᠬᠥᠮᠥᠵᠢᠭᠦᠯᠬᠦ ᠰᠦᠢᠳᠬᠡᠯ᠎ᠢ ᠬᠡᠯᠲᠦᠷᠢᠭᠦᠯᠬᠦ ᠰᠤᠷᠤᠬ᠍ᠴᠢ ᠨᠢᠭᠡᠪᠦᠷᠢ᠎ᠳᠤ ᠨᠣᠭᠳᠠᠬᠤ ᠡᠳ᠋᠎ᠦᠨ ᠵᠠᠰᠠᠭ᠎ᠤᠨ ᠨᠥᠬᠥᠪᠦᠷᠢ᠎ᠶᠢᠨ ᠪᠠᠷᠢᠮᠵᠢᠶ᠎ᠠ᠎ᠶᠢ ᠮᠤᠵᠢ ᠳᠠᠷᠠᠭᠠᠯᠠᠨ ᠬᠠᠷᠭᠤᠭᠤᠯᠤᠨ ᠲᠣᠭᠲᠠᠭᠠᠨ᠎ᠠ᠃
ᠲᠥᠪ᠎ᠦᠨ ᠡᠳ᠋᠎ᠦᠨ ᠵᠠᠰᠠᠭ᠎ᠠᠴᠠ ᠬᠠᠷᠭᠤᠭᠤᠯᠤᠨ ᠲᠣᠭᠲᠠᠭᠠᠭᠰᠠᠨ ᠡᠯ᠎ᠡ ᠮᠤᠵᠢ᠎ᠶᠢᠨ ᠠᠰᠠᠷᠠᠨ ᠬᠥᠮᠥᠵᠢᠭᠦᠯᠬᠦ ᠪᠠ ᠰᠤᠷᠭᠠᠨ ᠬᠥᠮᠥᠵᠢᠭᠦᠯᠬᠦ ᠰᠦᠢᠳᠬᠡᠯ ᠬᠡᠯᠲᠦᠷᠢᠭᠦᠯᠬᠦ ᠰᠤᠷᠤᠬ᠍ᠴᠢ ᠨᠢᠭᠡᠪᠦᠷᠢ᠎ᠳᠤ ᠨᠣᠭᠳᠠᠬᠤ ᠡᠳ᠋᠎ᠦᠨ ᠵᠠᠰᠠᠭ᠎ᠤᠨ ᠨᠥᠬᠥᠪᠦᠷᠢ᠎ᠶᠢᠨ ᠪᠠᠷᠢᠮᠵᠢᠶ᠎ᠠ ᠵᠢᠴᠢ ᠴᠡᠴᠡᠷᠯᠢᠭ᠎ᠲᠤ ᠪᠠᠢᠭ᠎ᠠ ᠬᠡᠦᠬᠡᠳ᠎ᠦᠨ ᠲᠣᠭ᠎ᠠ᠎ᠶᠢ ᠲᠥᠪ ᠬᠢᠭᠡᠳ ᠣᠷᠣᠨ ᠨᠤᠲᠤᠭ᠎ᠠᠴᠠ ᠬᠤᠪᠢᠶᠠᠨ ᠡᠭᠦᠷᠭᠡᠯᠡᠬᠦ ᠬᠠᠷᠢᠴᠠᠯ ᠶᠣᠰᠣᠭᠠᠷ᠂ ᠠᠰᠠᠷᠠᠨ ᠬᠥᠮᠥᠵᠢᠭᠦᠯᠬᠦ ᠪᠠ ᠰᠤᠷᠭᠠᠨ ᠬᠥᠮᠦᠵᠢᠯ᠎ᠦᠨ ᠰᠦᠢᠳᠬᠡᠯ᠎ᠢ ᠬᠡᠯᠲᠦᠷᠢᠭᠦᠯᠬᠦ ᠲᠥᠪ᠎ᠦᠨ ᠡᠳ᠋᠎ᠦᠨ ᠵᠠᠰᠠᠭ᠎ᠤᠨ ᠨᠥᠬᠥᠪᠦᠷᠢ᠎ᠶᠢᠨ ᠪᠡᠯᠡ ᠮᠥᠩᠭᠥ᠎ᠶᠢ ᠨᠢ ᠬᠠᠷᠭᠤᠭᠤᠯᠤᠨ ᠲᠣᠭᠲᠠᠭᠠᠨ᠎ᠠ᠃ ᠡᠭᠦᠨ᠎ᠳᠤ ᠲᠥᠪ ᠬᠢᠭᠡᠳ ᠣᠷᠣᠨ ᠨᠤᠲᠤᠭ᠎ᠤᠨ ᠬᠤᠪᠢᠶᠠᠨ ᠡᠭᠦᠷᠭᠡᠯᠡᠬᠦ ᠬᠠᠷᠢᠴᠠᠯ ᠨᠢ ᠄ ᠨᠢᠭᠡᠳᠦᠭᠡᠷ ᠳᠡᠰ᠎ᠲᠦ ᠲᠥᠪ᠎ᠤᠨ ᠡᠳ᠋᠎ᠤᠨ ᠵᠠᠰᠠᠭ 80%᠎ᠶᠢ ᠬᠤᠪᠢᠶᠠᠨ ᠡᠭᠦᠷᠭᠡᠯᠡᠵᠦ᠂ ᠬᠣᠶᠠᠳᠤᠭᠠᠷ ᠳᠡᠰ᠎ᠲᠦ ᠲᠥᠪ᠎ᠤᠨ ᠡᠳ᠋᠎ᠤᠨ ᠵᠠᠰᠠᠭ 60%᠎ᠶᠢ ᠬᠤᠪᠢᠶᠠᠨ ᠡᠭᠦᠷᠭᠡᠯᠡᠵᠦ᠂ ᠭᠤᠷᠪᠠᠳᠤᠭᠠᠷ᠂ ᠳᠥᠷᠪᠡᠳᠦᠭᠡᠷ᠂ ᠲᠠᠪᠤᠳᠤᠭᠠᠷ ᠳᠡᠰ᠎ᠲᠦ ᠲᠥᠪ᠎ᠤᠨ ᠡᠳ᠋᠎ᠤᠨ ᠵᠠᠰᠠᠭ 50%᠎ᠶᠢ ᠬᠤᠪᠢᠶᠠᠨ ᠡᠭᠦᠷᠭᠡᠯᠡᠨ᠎ᠡ᠃
ᠭᠡᠷ᠎ᠤᠨ ᠠᠮᠢᠳᠤᠷᠠᠯ ᠨᠢ ᠬᠦᠴᠢᠷᠳᠡᠯᠲᠡᠢ ᠬᠡᠦᠬᠡᠳ ᠵᠡᠷᠭᠡ ᠬᠥᠮᠥᠰ᠎ᠲᠦ ᠡᠳ᠋ ᠮᠥᠩᠭᠥ᠎ᠪᠡᠷ ᠲᠤᠰᠠᠯᠠᠬᠤ ᠲᠥᠷᠥ᠎ᠶᠢᠨ ᠪᠣᠳᠣᠯᠭ᠎ᠠ
ᠤᠯᠤᠰ᠎ᠤᠨ ᠨᠢᠭᠡᠳᠦᠯᠲᠡᠢ ᠬᠡᠷᠡᠭᠵᠢᠭᠦᠯᠵᠦ ᠪᠠᠢᠭ᠎ᠠ ᠠᠰᠠᠷᠠᠨ ᠬᠥᠮᠥᠵᠢᠭᠦᠯᠬᠦ ᠪᠠ ᠰᠤᠷᠭᠠᠨ ᠬᠥᠮᠥᠵᠢᠭᠦᠯᠬᠦ ᠰᠦᠢᠳᠬᠡᠯ᠎ᠢ ᠬᠡᠯᠲᠦᠷᠢᠭᠦᠯᠬᠦ ᠲᠥᠷᠥ᠎ᠶᠢᠨ ᠪᠣᠳᠣᠯᠭ᠎ᠠ᠎ᠶᠢᠨ ᠰᠠᠭᠤᠷᠢᠨ ᠳᠡᠭᠡᠷ᠎ᠡ᠂ ᠡᠯ᠎ᠡ ᠮᠤᠵᠢ᠎ᠶᠢᠨ ᠭᠢᠨ ᠪᠣᠳᠠᠲᠤ ᠪᠠᠢᠳᠠᠯ᠎ᠲᠠᠢ᠎ᠪᠠᠨ ᠤᠶᠠᠯᠳᠤᠭᠤᠯᠵᠤ᠂ ᠭᠡᠷ᠎ᠤᠨ ᠠᠮᠢᠳᠤᠷᠠᠯ ᠨᠢ ᠬᠦᠴᠢᠷᠳᠡᠯᠲᠡᠢ ᠬᠡᠦᠬᠡᠳ᠂ ᠥᠨᠥᠴᠢᠨ ᠬᠡᠦᠬᠡᠳ ᠪᠠ ᠵᠡᠮᠳᠡᠭ ᠬᠡᠦᠬᠡᠳ ᠵᠡᠷᠭᠡ ᠬᠥᠮᠥᠰ᠎ᠲᠦ ᠡᠳ᠋ ᠮᠥᠩᠭᠥ᠎ᠪᠡᠷ ᠲᠤᠰᠠᠯᠠᠬᠤ ᠲᠥᠷᠥ᠎ᠶᠢᠨ ᠪᠣᠳᠣᠯᠭ᠎ᠠ᠎ᠶᠢ ᠤᠯᠠᠮ ᠨᠢᠭᠡ ᠠᠯᠬᠤᠮ ᠨᠠᠢᠳᠠᠪᠤᠷᠢᠵᠢᠭᠤᠯᠵᠤ ᠪᠡᠬᠢᠵᠢᠭᠦᠯᠬᠦ᠎ᠶᠢ ᠨᠢ ᠵᠣᠷᠢᠭ᠍ᠵᠢᠭᠤᠯᠵᠤ᠂ ᠦᠨᠳᠦᠰᠦ᠎ᠡᠴᠡ ᠨᠢ ᠰᠠᠢᠲᠤᠷ ᠪᠠᠲᠤᠯᠠᠵᠤ᠂ ᠮᠥᠩᠭᠥ᠎ᠪᠡᠷ ᠲᠤᠰᠠᠯᠠᠬᠤ ᠪᠣᠳᠠᠲᠤ ᠠᠭᠤᠯᠭ᠎ᠠ ᠪᠠ ᠲᠤᠰᠠᠯᠠᠬᠤ ᠪᠠᠷᠢᠮᠵᠢᠶ᠎ᠠ ᠵᠡᠷᠭᠡ᠎ᠶᠢ ᠡᠯ᠎ᠡ ᠮᠤᠵᠢ ᠥᠪᠡᠰᠦᠪᠡᠨ ᠲᠣᠭᠲᠠᠭᠠᠨ᠎ᠠ᠃
ᠲᠥᠪ᠎ᠤᠨ ᠡᠳ᠋᠎ᠦᠨ ᠵᠠᠰᠠᠭ᠎ᠠᠴᠠ ᠣᠷᠣᠨ ᠨᠤᠲᠤᠭ᠎ᠤᠨ ᠮᠥᠩᠭᠥ᠎ᠪᠠᠷ ᠲᠤᠰᠠᠯᠠᠬᠤ ᠲᠥᠷᠥ᠎ᠶᠢᠨ ᠪᠣᠳᠣᠯᠭ᠎ᠠ᠎ᠶᠢ ᠬᠡᠷᠡᠭᠵᠢᠭᠦᠯᠦᠭᠰᠡᠨ ᠦᠷ᠎ᠡ ᠪᠦᠲᠦᠮᠵᠢ ᠵᠡᠷᠭᠡ᠎ᠶᠢ ᠨᠢᠭᠡᠳᠦᠯᠲᠡᠢ ᠪᠣᠳᠣᠯᠬᠢᠯᠠᠵᠤ᠂ ᠱᠠᠩᠨᠠᠵᠤ ᠨᠥᠬᠥᠪᠦᠷᠢᠯᠡᠬᠦ᠎ᠪᠡᠨ ᠦᠷᠭᠦᠯᠵᠢᠯᠡᠭᠦᠯᠦᠨ ᠬᠡᠷᠡᠭᠵᠢᠭᠦᠯᠵᠦ᠂ ᠭᠡᠷ ᠪᠦᠯᠢ᠎ᠶᠢᠨ ᠠᠮᠢᠳᠤᠷᠠᠯ ᠨᠢ ᠬᠦᠴᠢᠷᠳᠡᠯᠲᠡᠢ ᠬᠡᠦᠬᠡᠳ ᠵᠡᠷᠭᠡ ᠬᠥᠮᠥᠰ᠎ᠲᠦ ᠡᠳ᠋ ᠮᠥᠩᠭᠥ᠎ᠪᠡᠷ ᠲᠤᠰᠠᠯᠠᠬᠤ ᠨᠢᠭᠡᠳᠦᠯᠲᠡᠢ ᠳᠦᠷᠢᠮ᠎ᠢ ᠴᠠᠭ᠎ᠲᠤ ᠨᠢ ᠲᠣᠬᠢᠷᠠᠭᠤᠯᠤᠨ ᠰᠤᠳᠤᠯᠵᠤ ᠲᠣᠭᠲᠠᠭᠠᠨ᠎ᠠ᠃
ᠠᠯᠪᠠᠨ᠎ᠠᠴᠠ ᠡᠷᠭᠢᠯᠡᠭᠰᠡᠨ ᠬᠡᠦᠬᠡᠳ᠎ᠦᠨ ᠴᠡᠴᠡᠷᠯᠢᠭ᠎ᠦᠨ ᠪᠠᠭ᠍ᠰᠢ᠎ᠶᠢᠨ ᠴᠠᠯᠢᠩ᠎ᠢ ᠡᠳ᠋᠎ᠦᠨ ᠵᠠᠰᠠᠭ᠎ᠤᠨ ᠪᠠᠲᠤᠯᠠᠭ᠎ᠠ᠎ᠶᠢᠨ ᠬᠡᠪᠴᠢᠶᠡᠨ᠎ᠳᠤ ᠣᠷᠣᠭᠤᠯᠤᠨ᠎ᠠ
ᠰᠤᠷᠭᠠᠭᠤᠯᠢ᠎ᠳᠤ ᠣᠷᠣᠬᠤ ᠨᠠᠰᠤᠨ᠎ᠠᠴᠠ ᠡᠮᠦᠨᠡᠬᠢ ᠰᠤᠷᠭᠠᠨ ᠬᠥᠮᠦᠵᠢᠯ᠎ᠳᠦ ᠣᠷᠤᠭᠤᠯᠤᠯᠲᠠ᠎ᠶᠢᠨ ᠲᠣᠭᠲᠠᠴᠠ᠎ᠶᠢ ᠤᠯᠠᠮ ᠨᠢᠭᠡ ᠠᠯᠬᠤᠮ ᠲᠡᠭᠦᠯᠳᠡᠷᠵᠢᠭᠦᠯᠵᠦ᠂ ᠮᠤᠵᠢ᠎ᠶᠢᠨ ᠱᠠᠲᠤᠨ᠎ᠠᠴᠠ ᠳᠣᠷᠣᠭ᠍ᠰᠢᠬᠢ᠎ᠶᠢᠨ ᠬᠤᠪᠢᠶᠠᠷᠢᠯᠠᠨ ᠡᠭᠦᠷᠭᠡᠯᠡᠬᠦ ᠬᠠᠷᠢᠭᠤᠴᠠᠯᠭ᠎ᠠ᠎ᠶᠢ ᠲᠣᠳᠣᠷᠬᠠᠢᠯᠠᠵᠤ᠂ ᠠᠯᠪᠠᠨ᠎ᠠᠴᠠ ᠡᠷᠭᠢᠯᠡᠭᠰᠡᠨ ᠬᠡᠦᠬᠡᠳ᠎ᠤᠨ ᠴᠡᠴᠡᠷᠯᠢᠭ᠎ᠤᠨ ᠪᠠᠭ᠍ᠰᠢ᠎ᠶᠢᠨ ᠴᠠᠯᠢᠩ᠎ᠢ ᠡᠳ᠋᠎ᠤᠨ ᠵᠠᠰᠠᠭ᠎ᠤᠨ ᠪᠠᠲᠤᠯᠠᠭ᠎ᠠ᠎ᠶᠢᠨ ᠬᠡᠪᠴᠢᠶᠡᠨ᠎ᠳᠤ ᠣᠷᠣᠭᠤᠯᠵᠤ᠂ ᠪᠠᠭ᠍ᠰᠢ᠎ᠶᠢᠨ ᠴᠠᠯᠢᠩ᠎ᠢ ᠴᠠᠭ ᠲᠤᠬᠠᠢ᠎ᠳᠦ ᠨᠢ ᠲᠣᠭ᠎ᠠ ᠶᠣᠰᠣᠭᠠᠷ ᠣᠯᠭᠣᠬᠤ᠎ᠶᠢ ᠦᠨᠡᠨ ᠬᠦ᠌ ᠪᠠᠲᠤᠯᠠᠨ᠎ᠠ; ᠠᠯᠪᠠᠨ᠎ᠠᠴᠠ ᠡᠷᠭᠢᠯᠡᠭᠰᠡᠨ ᠬᠡᠦᠬᠡᠳ᠎ᠦᠨ ᠴᠡᠴᠡᠷᠯᠢᠭ᠎ᠤᠨ ᠰᠤᠷᠤᠬ᠍ᠴᠢ ᠨᠢᠭᠡᠪᠦᠷᠢ᠎ᠳᠤ ᠨᠣᠭᠳᠠᠬᠤ ᠡᠳ᠋᠎ᠤᠨ ᠵᠠᠰᠠᠭ᠎ᠠᠴᠠ ᠵᠣᠭᠣᠰ ᠰᠠᠯᠭᠠᠨ ᠥᠭᠬᠦ ᠪᠠᠷᠢᠮᠵᠢᠶ᠎ᠠ ᠪᠤᠶᠤ ᠰᠤᠷᠤᠬ᠍ᠴᠢ ᠨᠢᠭᠡᠪᠦᠷᠢ᠎ᠳᠦ ᠨᠣᠭᠳᠠᠬᠤ ᠨᠡᠶ᠋ᠢᠲᠡ᠎ᠶᠢᠨ ᠬᠡᠷᠡᠭᠯᠡᠭᠡᠨ᠎ᠦ ᠵᠠᠷᠤᠳᠠᠯ᠎ᠤᠨ ᠪᠠᠷᠢᠮᠵᠢᠶ᠎ᠠ ᠵᠢᠴᠢ ᠠᠷᠠᠳ᠎ᠠᠴᠠ ᠡᠷᠭᠢᠯᠡᠭᠰᠡᠨ ᠲᠦᠭᠡᠮᠡᠯ ᠬᠠᠷᠠᠭᠠᠯᠵᠠᠯ᠎ᠤᠨ ᠴᠢᠨᠠᠷᠲᠠᠢ ᠬᠡᠦᠬᠡᠳ᠎ᠤᠨ ᠴᠡᠴᠡᠷᠯᠢᠭ᠎ᠤᠨ ᠰᠤᠷᠤᠬ᠍ᠴᠢ ᠨᠢᠭᠡᠪᠦᠷᠢ᠎ᠳᠤ ᠨᠣᠭᠳᠠᠬᠤ ᠡᠳ᠋᠎ᠤᠨ ᠵᠠᠰᠠᠭ᠎ᠤᠨ ᠨᠥᠬᠥᠪᠦᠷᠢ᠎ᠶᠢᠨ ᠪᠠᠷᠢᠮᠵᠢᠶ᠎ᠠ᠎ᠶᠢ ᠲᠣᠭᠲᠠᠭᠠᠨ ᠨᠠᠢᠳᠠᠪᠤᠷᠢᠵᠢᠭᠤᠯᠵᠤ᠂ ᠴᠡᠴᠡᠷᠯᠢᠭ ᠡᠷᠭᠢᠯᠡᠭᠦ ᠶᠠᠰᠤ ᠴᠢᠨᠠᠷ᠎ᠤᠨ ᠬᠢᠷᠢ ᠲᠦᠪᠰᠢᠨ᠎ᠢ ᠨᠢ ᠳᠡᠭᠡᠭᠰᠢᠯᠡᠭᠦᠯᠦᠨ᠎ᠡ᠃
ᠪᠡᠯᠡ ᠮᠥᠩᠭᠥ᠎ᠶᠢ ᠴᠠᠭ ᠲᠤᠬᠠᠢ᠎ᠳᠦ ᠨᠢ ᠲᠣᠭ᠎ᠠ ᠶᠣᠰᠣᠭᠠᠷ ᠰᠠᠯᠭᠠᠨ ᠥᠭᠴᠦ᠂ ᠬᠡᠦᠬᠡᠳ᠎ᠦᠨ ᠴᠡᠴᠡᠷᠯᠢᠭ᠎ᠦᠨ ᠬᠡᠪ᠎ᠦᠨ ᠠᠵᠢᠯᠯᠠᠭ᠎ᠠ᠎ᠨᠢ ᠦᠨᠡᠨ ᠬᠦ᠌ ᠪᠠᠲᠤᠯᠠᠵᠤ᠂ ᠪᠠᠭ᠍ᠰᠢ᠎ᠶᠢᠨ ᠴᠠᠯᠢᠩ᠎ᠢ ᠥᠷᠢᠲᠦᠬᠦ ᠠᠰᠠᠭᠤᠳᠠᠯ ᠡᠭᠦᠰᠬᠡᠬᠦ᠎ᠶᠢ ᠴᠢᠩᠭ᠎ᠠ ᠴᠠᠭᠠᠵᠠᠯᠠᠨ᠎ᠠ᠃