ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠣᠨᠴᠠᠯᠢᠭᠲᠤ᠌ ᠳᠠᠪᠴᠠᠩ
ᠢᠯᠡ ᠵᠠᠰᠠᠭ   -   ᠲᠦᠷᠥ᠎ᠶᠢᠨ ᠪᠣᠳᠣᠯᠭ᠎ᠠ᠎ᠶᠢᠨ ᠲᠠᠶ᠋ᠢᠯᠤᠮᠵᠢ
ᠬᠠᠳᠠᠭ᠋ᠠᠯᠠᠮᠤ! ᠥᠭᠡᠷᠡᠴᠢᠯᠡᠯᠲᠡ ᠵᠢ ᠪᠦᠬᠦ ᠲᠠᠯ᠎ᠠ᠎ᠪᠠᠷ ᠭᠦᠨᠵᠡᠭᠡᠶ᠋ᠢᠷᠡᠭᠦᠯᠬᠦ ᠵᠢᠨ ᠵᠠᠩᠭᠢᠯᠭ᠎ᠠ ᠵᠢᠨ 9 ᠦᠭᠡ
ᠨᠡᠶ᠋ᠢᠲᠡᠯᠡᠭᠰᠡᠨ ᠴᠠᠭ᠄ 2024-07-18

   ᠨᠠᠮ᠎ᠤᠨ ᠬᠤᠷᠢᠳᠤᠭ᠋ᠠᠷ ᠬᠤᠭᠤᠴᠠᠭ᠋ᠠᠨ᠎ᠤ ᠲᠥᠪ ᠬᠤᠷᠢᠶᠠᠨ᠎ᠤ ᠭᠤᠷᠪᠠᠳᠤᠭ᠋ᠠᠷ ᠪᠦᠬᠦᠳᠡ ᠬᠤᠷᠠᠯᠳᠤᠭ᠋ᠠᠨ 7 ᠳ᠋ᠤᠭ᠋ᠠᠷ ᠰᠠᠷ᠎ᠠ ᠵᠢᠨ 15᠎ᠤ ᠡᠳᠦᠷ᠎ᠠᠴᠠ 18᠎ᠤ ᠡᠳᠦᠷ ᠪᠣᠯᠲᠠᠯ᠎ᠠ ᠪᠡᠭᠡᠵᠢᠩ᠎ᠳᠤ ᠬᠤᠷᠠᠯᠳᠤᠵᠤ᠂  ᠥᠭᠡᠷᠡᠴᠢᠯᠡᠯᠲᠡ ᠵᠢ ᠤᠯᠠᠮ ᠨᠢᠭᠡ ᠠᠯᠬᠤᠮ  ᠪᠦᠬᠦ ᠲᠠᠯ᠎ᠠ᠎ᠪᠠᠷ ᠭᠦᠨᠵᠡᠭᠡᠶ᠋ᠢᠷᠡᠭᠦᠯᠬᠦ᠂  ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠯᠲᠠ ᠵᠢ ᠠᠬᠢᠭᠤᠯᠬᠤ ᠠᠰᠠᠭᠤᠳᠠᠯ᠎ᠢ ᠭᠤᠣᠯᠳᠠᠯᠭ᠎ᠠ᠎ᠲᠠᠢ ᠰᠣᠳᠣᠯᠠᠭᠰᠠᠨ  ᠪᠠᠢ᠌ᠨ᠎ᠠ᠃  ᠠᠷᠠᠳ ᠲᠦᠮᠡᠨ᠎ᠤ ᠵᠣᠭᠰᠣᠯᠲᠠ᠂  ᠪᠣᠳᠠᠲᠠᠢ᠎ᠠᠴᠠ᠎ᠪᠠᠨ ᠡᠭᠦᠰᠬᠦ᠂  ᠪᠠᠶ᠋ᠢᠯᠳᠤᠬᠤ ᠪᠣᠳᠣᠯᠭ᠎ᠠ ᠵᠢᠨ ᠰᠡᠳᠬᠢᠬᠦᠢ᠂  ᠲᠡᠦᠬᠡ ᠵᠢᠨ  ᠰᠡᠳᠬᠢᠬᠦᠢ᠂  ᠬᠤᠪᠢᠰᠤᠩᠭᠤᠢ ᠰᠡᠳᠬᠢᠬᠦᠢ ᠁   ᠵᠠᠩᠭᠢᠯᠠᠭ᠎ᠠ ᠵᠢᠨ 9 ᠦᠭᠡ᠎ᠨᠢ ᠥᠭᠡᠷᠡᠴᠢᠯᠡᠯᠲᠡ ᠵᠢ  ᠪᠦᠬᠦ ᠲᠠᠯ᠎ᠠ᠎ᠪᠠᠷ ᠭᠦᠨᠵᠡᠭᠡᠶ᠋ᠢᠷᠡᠭᠦᠯᠬᠦ ᠵᠢᠨ ᠰᠢᠨᠵᠢᠯᠡᠬᠦ ᠤᠬᠠᠭ᠋ᠠᠨᠴᠢ ᠦᠵᠡᠯ ᠰᠠᠨᠠᠭ᠋ᠠᠨ᠎ᠤ ᠠᠷᠭ᠎ᠠ ᠪᠣᠯᠵᠤ ᠲᠠᠨ᠎ᠤ ᠰᠤᠷᠤᠯᠴᠠᠯᠭ᠎ᠠ᠎ᠳᠤ ᠬᠠᠪᠰᠤᠷᠤᠮᠵᠢ ᠪᠣᠯᠣᠨ᠎ᠠ᠃  ᠬᠠᠳᠠᠭ᠋ᠠᠯᠠᠭ᠋ᠠᠷᠠᠢ !

   ᠠᠷᠠᠳ ᠲᠦᠮᠡᠨ᠎ᠤ ᠵᠣᠭᠰᠣᠯᠲᠠ

   ᠶᠠᠮᠠᠷᠪᠠ ᠨᠢᠭᠡᠨ ᠴᠢᠬᠤᠯᠠ ᠶᠡᠭᠡ ᠦᠭᠡᠷᠡᠴᠢᠯᠡᠯᠳᠡ ᠵᠢ ᠠᠬᠢᠭᠤᠯᠬᠤ᠎ᠳᠤ᠂  ᠴᠦᠮ ᠠᠷᠠᠳ ᠲᠦᠮᠡᠨ᠎ᠤ ᠵᠤᠭᠰᠤᠯᠳᠠ᠎ᠠᠴᠠ  ᠦᠭᠡᠷᠡᠴᠢᠯᠡᠯᠳᠡ᠎ᠲᠠᠢ ᠬᠤᠯᠪᠤᠭᠳᠠᠬᠤ ᠴᠢᠬᠤᠯᠠ ᠶᠡᠭᠡ ᠠᠰᠠᠭᠤᠳᠠᠯ᠎ᠤᠳ᠎ᠢ ᠰᠠᠶ᠋ᠢᠳᠤᠷ ᠡᠵᠡᠮᠰᠢᠨ ᠰᠢᠢ᠍ᠳᠪᠦᠷᠢᠯᠡᠬᠦ  ᠬᠡᠷᠡᠭᠲᠡᠢ᠂  ᠴᠦᠮ ᠠᠷᠠᠳ ᠲᠦᠮᠡᠨ᠎ᠤ ᠠᠰᠢᠭ ᠳᠤᠰᠠ ᠵᠢᠨ ᠡᠭᠦᠳᠡᠨ᠎ᠠᠴᠠ ᠪᠤᠳᠤᠯᠬᠢᠯᠠᠨ ᠦᠭᠡᠷᠡᠴᠢᠯᠡᠯᠳᠡ ᠵᠢᠨ ᠰᠡᠳᠬᠢᠮᠵᠢ ᠵᠢ ᠰᠦᠪᠡᠭᠴᠢᠯᠡᠵᠦ᠂  ᠦᠭᠡᠷᠡᠴᠢᠯᠡᠯᠳᠡ ᠵᠢᠨ ᠠᠷᠭ᠎ᠠ ᠬᠡᠮᠵᠢᠶ᠎ᠡ ᠵᠢ ᠳᠤᠭᠳᠠᠭ᠋ᠠᠬᠤ ᠬᠡᠷᠡᠭᠲᠡᠢ

  – 2013 ᠣᠨ᠎ᠤ 11 ᠳ᠋ᠦ᠍ᠭᠡᠷ  ᠰᠠᠷ᠎ᠠ ᠵᠢᠨ 12᠎ᠤᠨ ᠡᠳᠦᠷ᠂

   ᠨᠠᠮ᠎ᠤᠨ ᠠᠷᠪᠠᠨ ᠨᠠᠢ᠍ᠮᠠᠳᠤᠭ᠋ᠠᠷ ᠬᠤᠭᠤᠴᠠᠭ᠋ᠠᠨ᠎ᠤ ᠲᠦᠪ ᠬᠤᠷᠢᠶᠠᠨ᠎ᠤ ᠭᠤᠷᠪᠠᠳᠤᠭ᠋ᠠᠷ ᠪᠦᠭᠦᠳᠡ ᠬᠤᠷᠠᠯᠳᠤᠭ᠋ᠠᠨ᠎ᠤ  ᠬᠤᠶᠠᠳᠤᠭ᠋ᠠᠷ  ᠤᠳᠠᠭ᠋ᠠᠨ᠎ᠤ ᠪᠦᠭᠦᠳᠡ  ᠬᠤᠷᠠᠯᠳᠤᠭ᠋ᠠᠨ ᠳᠡᠭᠡᠷ᠎ᠡ  ᠰᠢ ᠵᠢᠨ ᠫᠢᠩ᠎ᠤᠨ  ᠬᠡᠯᠡᠭᠰᠡᠨ ᠦᠭᠡ

   ᠪᠣᠳᠠᠲᠠᠶ᠎ᠠᠴᠠ᠎ᠪᠠᠨ ᠡᠭᠦᠰᠬᠦ

   ᠮᠠᠨ᠎ᠤ ᠤᠯᠤᠰ᠎ᠤᠨ ᠤᠯᠤᠰ᠎ᠤᠨ ᠪᠠᠶ᠋ᠢᠳᠠᠯ᠎ᠠᠴᠠ ᠡᠭᠦᠰᠴᠦ᠂  ᠠᠵᠤ ᠠᠬᠤᠢ ᠨᠡᠶ᠋ᠢᠭᠡᠮ᠎ᠤᠨ ᠬᠦᠭᠵᠢᠯᠳᠡ ᠵᠢᠨ ᠪᠤᠳᠠᠳᠤ ᠪᠠᠶ᠋ᠢᠳᠠᠯ᠎ᠠᠴᠠ ᠡᠭᠦᠰᠴᠦ᠂  ᠤᠳᠤᠷᠢᠳᠤᠯᠭ᠎ᠠ᠎ᠲᠠᠢ ᠮᠥᠷᠲᠡᠭᠡᠨ  ᠠᠯᠬᠤᠮ ᠳᠠᠷᠠᠭ᠎ᠠ᠎ᠲᠠᠢ᠎ᠪᠠᠷ ᠦᠭᠡᠷᠡᠴᠢᠯᠡᠯᠡᠳᠡ ᠵᠢ  ᠤᠷᠤᠭᠰᠢᠯᠠᠭᠤᠯᠵᠤ᠂  ᠦᠢ᠍ᠮᠡᠭᠦᠯᠵᠦ ᠳᠡᠷᠪᠡᠭᠦᠯᠬᠦ ᠨᠥᠯᠥᠭᠡ ᠭᠠᠷᠭ᠋ᠠᠬᠤ ᠵᠢ  ᠬᠦᠭᠡᠭᠡᠴᠡᠯᠳᠦᠬᠦ ᠦᠭᠡᠢ᠂  ᠥᠩᠭᠡᠨ ᠲᠠᠯ᠎ᠠ ᠵᠢᠨ  ᠠᠵᠢᠯ᠎ᠢ ᠬᠢᠬᠦ ᠦᠭᠡᠢ᠂  ᠦᠭᠡᠷᠡᠴᠢᠯᠡᠯᠳᠡ ᠨᠡᠭᠡᠭᠡᠯᠳᠡ ᠵᠢᠨ ᠵᠦᠪ ᠴᠢᠭᠯᠡᠯ᠎ᠢ ᠢᠮᠠᠭᠳᠠ ᠪᠠᠷᠢᠮᠳᠠᠯᠠᠬᠤ ᠬᠡᠷᠡᠭᠲᠡᠢ

  – 2013 ᠣᠨ᠎ᠤ 11 ᠳ᠋ᠦ᠍ᠭᠡᠷ  ᠰᠠᠷ᠎ᠠ ᠵᠢᠨ 12᠎ᠤᠨ ᠡᠳᠦᠷ᠂

   ᠨᠠᠮ᠎ᠤᠨ ᠠᠷᠪᠠᠨ ᠨᠠᠢ᠍ᠮᠠᠳᠤᠭ᠋ᠠᠷ ᠬᠤᠭᠤᠴᠠᠭ᠋ᠠᠨ᠎ᠤ ᠲᠦᠪ ᠬᠤᠷᠢᠶᠠᠨ᠎ᠤ ᠭᠤᠷᠪᠠᠳᠤᠭ᠋ᠠᠷ ᠪᠦᠭᠦᠳᠡ ᠬᠤᠷᠠᠯᠳᠤᠭ᠋ᠠᠨ᠎ᠤ  ᠬᠤᠶᠠᠳᠤᠭ᠋ᠠᠷ ᠤᠳᠠᠭ᠋ᠠᠨ᠎ᠤ ᠪᠦᠭᠦᠳᠡ ᠬᠤᠷᠠᠯᠳᠤᠭ᠋ᠠᠨ  ᠳᠡᠭᠡᠷ᠎ᠡ  ᠰᠢ ᠵᠢᠨ ᠫᠢᠩ᠎ᠤᠨ  ᠬᠡᠯᠡᠭᠰᠡᠨ ᠦᠭᠡ

   ᠪᠠᠶ᠋ᠢᠯᠳᠤᠬᠤ ᠪᠣᠳᠣᠯᠭ᠎ᠠ ᠵᠢᠨ ᠰᠡᠳᠬᠢᠬᠦᠢ

   ᠰᠢᠨ᠎ᠡ ᠬᠦᠭᠵᠢᠯᠳᠡ ᠵᠢᠨ ᠣᠨᠣᠯᠵᠢᠬᠤᠨ᠎ᠢ  ᠪᠦᠷᠢᠨ ᠪᠦᠳᠦᠨ᠂  ᠵᠦᠪ ᠤᠨᠤᠪᠴᠢᠳᠠᠢ᠂  ᠪᠦᠬᠦ ᠳᠠᠯ᠎ᠠ᠎ᠪᠠᠷ ᠳᠤᠭᠤᠰᠢᠯᠠᠭᠤᠯᠵᠤ᠂  ᠨᠢᠭᠡ ᠴᠣᠭᠴᠠᠵᠢᠭᠤᠯᠬᠤ  ᠪᠠ ᠴᠢᠨᠠᠷ ᠰᠠᠶ᠋ᠢᠳᠠᠢ ᠭᠡᠬᠦ  ᠵᠠᠩᠭᠢᠯᠠᠭ᠎ᠠ ᠵᠢᠨ ᠬᠣᠶᠠᠷ ᠦᠭᠡ ᠵᠢ ᠴᠢᠩᠭ᠎ᠠ ᠠᠳᠬᠤᠵᠤ᠂  ᠪᠦᠬᠦ ᠪᠦᠮᠪᠤᠷᠴᠡᠭ᠎ᠤᠨ ᠬᠠᠷᠠᠭ᠋ᠠᠰᠤ ᠪᠠ ᠪᠠᠶ᠋ᠢᠯᠳᠤᠬᠤ ᠪᠤᠳᠤᠯᠭ᠎ᠠ ᠵᠢᠨ ᠰᠡᠳᠬᠢᠭᠦᠢ ᠵᠢ ᠪᠤᠢ ᠪᠤᠯᠭ᠋ᠠᠵᠤ᠂  ᠡᠷᠡᠰ ᠭᠤᠶ᠋ᠢᠪᠢᠰᠢ ᠦᠭᠡᠢ᠎ᠪᠠᠷ ᠦᠭᠡᠷᠡᠴᠢᠯᠡᠯᠳᠡ ᠵᠢ ᠭᠦᠨᠵᠡᠭᠡᠶ᠋ᠢᠷᠡᠭᠦᠯᠦᠨ᠂  ᠦᠨᠳᠦᠷ  ᠲᠦᠪᠰᠢᠨ ᠪᠦᠬᠦᠢ ᠨᠡᠭᠡᠭᠡᠯᠳᠡ ᠵᠢ ᠦᠷᠭᠡᠳᠭᠡᠬᠦ ᠬᠡᠷᠡᠭᠲᠡᠢ

  – 2023 ᠣᠨ᠎ᠤ 11 ᠳ᠋ᠦ᠍ᠭᠡᠷ ᠰᠠᠷ᠎ᠠ ᠵᠢᠨ 30᠎ᠤ ᠡᠳᠦᠷ᠂

   ᠰᠢ ᠵᠢᠨ ᠫᠢᠩ ᠱᠠᠩᠬᠠᠢ᠎ᠳᠤ ᠬᠥᠬᠡᠮᠥ᠋ᠷᠡᠨ᠎ᠤ ᠭᠤᠷᠪᠠᠯᠵᠢᠨ ᠬᠤᠶ᠋ᠢᠭ᠎ᠤᠨ ᠨᠢᠭᠡ ᠴᠣᠭᠴᠠᠵᠢᠭᠰᠠᠨ ᠬᠥᠭᠵᠢᠯᠲᠡ ᠵᠢ ᠭᠦᠨᠵᠡᠭᠡᠶ ᠠᠬᠢᠭᠤᠯᠬᠤ ᠰᠠᠭᠤᠳᠠᠯ᠎ᠤᠨ  ᠬᠤᠷᠠᠯ᠎ᠢ ᠡᠷᠬᠢᠯᠡᠨ ᠬᠤᠷᠠᠯᠳᠤᠭᠤᠯᠤᠭᠰᠠᠨ ᠪᠥᠭᠡᠳ ᠴᠢᠬᠤᠯᠠ ᠶᠠᠷᠢᠶ᠎ᠠ ᠲᠠᠯᠪᠢᠪᠠ

   ᠲᠡᠦᠬᠡ ᠵᠢᠨ  ᠰᠡᠳᠬᠢᠬᠦᠢ

   ᠮᠠᠨ᠎ᠤ ᠤᠯᠤᠰ ᠪᠤᠯ ᠬᠥᠭᠵᠢᠵᠦ  ᠪᠠᠢ᠍ᠢ᠍ᠭ᠎ᠠ ᠳᠣᠮᠤ ᠤᠯᠤᠰ᠂  ᠮᠥᠨ ᠯᠡ  ᠨᠠᠢ᠍ᠢ᠍ᠭᠡᠮ ᠵᠢᠷᠣᠮ᠎ᠤᠨ ᠠᠩᠬᠠᠠ᠎ᠤ ᠱᠠᠲᠣᠠ᠎ᠳᠤ᠎ᠪᠠᠨ ᠪᠠᠢ᠌ᠵᠤ᠂  ᠣᠳᠣᠬᠠᠨ᠎ᠳᠤ᠎ᠪᠠᠨ  ᠥᠷᠭᠡᠨ  ᠲᠠᠯᠭᠡᠷ ᠪᠥᠭᠡᠳ ᠭᠦᠨ ᠭᠦᠨᠵᠡᠭᠡᠢ  ᠨᠠᠢ᠍ᠢ᠍ᠭᠡᠮ᠎ᠤᠨ ᠬᠤᠪᠢᠰᠤᠯᠲᠠ ᠵᠢ  ᠣᠢ᠍ᠩᠭᠡᠷᠠᠭᠡᠵᠤ᠂  ᠣᠢ᠍ᠭᠡᠷᠠᠴᠢᠯᠠᠯᠲᠠ ᠬᠥᠭᠵᠢᠯᠲᠡ ᠵᠢ ᠠᠬᠢᠭᠤᠯᠬᠤ᠂  ᠠᠰᠢᠭ ᠳᠣᠰᠠ ᠵᠢᠨ ᠬᠠᠷᠢᠴᠠᠭ᠎ᠠ ᠵᠢ ᠳᠣᠭᠢᠷᠠᠭᠣᠯᠬᠤ᠎ᠨᠢ ᠶᠠᠭ ᠯᠠ ᠨᠢᠭᠡ ᠲᠠᠯ᠎ᠠ ᠵᠢ᠎ᠨᠢ ᠬᠥᠨᠳᠡᠪᠡᠯ ᠪᠥᠬᠥ ᠲᠠᠯ᠎ᠠ᠎ᠲᠠᠢ᠎ᠨᠢ ᠬᠣᠯᠪᠣᠭᠳᠠᠬᠤ ᠰᠢᠭ ᠲᠡᠢ᠌ᠮᠦ ᠴᠢᠬᠤᠯᠠ  ᠪᠠᠢ᠌ᠳᠠᠭ᠃  ᠪᠢᠳᠡ ᠳᠡᠥᠬᠡ ᠵᠢᠨ ᠦᠵᠡᠯᠲᠡ᠎ᠪᠠᠷ  ᠪᠤᠳᠠᠳᠤ ᠪᠠᠶ᠋ᠢᠳᠠᠯ᠎ᠢ ᠦᠵᠡᠬᠦ᠂  ᠦᠵᠡᠭᠳᠡᠯ᠎ᠠᠴᠠ  ᠮᠦᠨ ᠴᠢᠨᠠᠷ᠎ᠢ᠎ᠨᠢ ᠠᠵᠢᠬᠤ᠎ᠳᠤ᠎ᠪᠠᠨ  ᠴᠢᠳᠠᠮᠠᠭ᠋ᠠᠢ ᠪᠠᠶ᠋ᠢᠵᠤ᠂  ᠪᠦᠬᠦ ᠳᠠᠯ᠎ᠠ ᠪᠠ ᠬᠡᠰᠡᠭ ᠲᠠᠯ᠎ᠠ᠂  ᠨᠢᠳᠦᠨ ᠡᠮᠦᠨᠡᠬᠢ  ᠪᠠ ᠠᠯᠤᠰ ᠢᠷᠡᠭᠡᠳᠦᠢ᠂  ᠬᠤᠷᠸ᠎ᠠ ᠲᠠᠯ᠎ᠠ ᠪᠠ ᠬᠤᠮᠠᠬᠢ ᠲᠠᠯ᠎ᠠ᠂  ᠭᠤᠤᠯ ᠵᠦᠷᠢᠴᠡᠯ ᠪᠠ ᠳᠡᠳ᠋  ᠵᠥᠷᠢᠴᠡᠯ᠂  ᠤᠨᠴᠠᠭ᠋ᠠᠢ ᠪᠠ ᠡᠩ᠎ᠤᠨ ᠬᠠᠷᠢᠴᠠᠭ᠎ᠠ ᠵᠢ ᠰᠠᠶ᠋ᠢᠳᠤᠷ ᠡᠵᠡᠮᠳᠡᠨ᠂  ᠪᠠᠶ᠋ᠢᠯᠳᠤᠬᠤ ᠪᠤᠳᠤᠯᠭ᠎ᠠ ᠵᠢᠨ ᠰᠡᠳᠭᠢᠬᠦᠢ᠂  ᠲᠡᠦᠬᠡ ᠵᠢᠨ  ᠰᠡᠳᠬᠢᠬᠦᠢ᠂  ᠬᠤᠪᠢᠰᠤᠩᠭᠤᠢ ᠰᠡᠳᠬᠢᠭᠦᠢ᠂  ᠰᠢᠰᠲ᠋ᠧᠮᠳᠦ ᠰᠡᠳᠭᠢᠬᠦᠢ᠂  ᠰᠢᠨ᠎ᠡ ᠵᠢ ᠡᠭᠦᠳᠬᠦ ᠰᠡᠳᠬᠢᠬᠦᠢ᠂  ᠬᠠᠤᠯᠢ᠎ᠪᠠᠷ ᠵᠠᠰᠠᠬᠤ ᠰᠡᠳᠬᠢᠬᠦᠢ᠂  ᠬᠣᠷᠢᠭ᠎ᠠ  ᠱᠤᠭᠤᠮ᠎ᠤᠨ ᠰᠡᠳᠬᠢᠭᠦᠢ ᠵᠢᠨ ᠴᠢᠳᠠᠪᠤᠷᠢ᠎ᠪᠠᠨ ᠳᠠᠰᠤᠷᠠᠯᠳᠠ ᠦᠭᠡᠢ ᠳᠡᠭᠡᠭᠰᠢᠯᠡᠭᠦᠯᠵᠦ᠂  ᠪᠠᠷᠠᠯᠠᠬᠢᠯᠠᠯ᠎ᠤᠨ  ᠴᠢᠨᠠᠷᠳᠠᠢ ᠪᠤᠳᠤᠯᠬᠢᠯᠠᠯ᠂  ᠪᠦᠬᠦ ᠳᠠᠯ᠎ᠠ ᠵᠢᠨ ᠴᠢᠨᠠᠷᠳᠠᠢ ᠰᠦᠪᠡᠭᠴᠢᠯᠡᠯᠳᠡ᠂  ᠪᠦᠬᠦᠯᠢ ᠴᠤᠭᠴᠠ ᠵᠢᠨ ᠴᠢᠨᠠᠷᠲᠠᠢ᠎ᠪᠠᠷ ᠨᠠᠮ ᠪᠠ ᠲᠥᠷᠥ ᠵᠢᠨ  ᠡᠯ᠎ᠡ ᠵᠦᠢ᠍ᠯ᠎ᠤᠨ ᠦᠢ᠍ᠯᠡᠰ᠎ᠢ  ᠠᠬᠢᠭᠤᠯᠬᠤ᠎ᠳᠤ ᠰᠢᠨᠵᠢᠯᠡᠬᠦ ᠤᠬᠠᠭ᠋ᠠᠨᠴᠢ ᠦᠵᠡᠯ ᠰᠠᠨᠠᠭ᠋ᠠᠨ᠎ᠤ ᠠᠷᠭ᠎ᠠ ᠬᠡᠮᠵᠢᠶ᠎ᠡ ᠬᠠᠩᠭ᠋ᠠᠬᠤ ᠬᠡᠷᠡᠭᠲᠡᠢ

  – 2022 ᠣᠨ᠎ᠤ 10 ᠳ᠋ᠤᠭ᠋ᠠᠷ ᠰᠠᠷ᠎ᠠ ᠵᠢᠨ 16᠎ᠤ ᠡᠳᠦᠷ᠂

   ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠬᠣᠷᠢᠳᠤᠭ᠋ᠠᠷ ᠤᠳᠠᠭ᠋ᠠᠨ᠎ᠤ  ᠪᠦᠬᠦ ᠤᠯᠤᠰ᠎ᠤᠨ ᠲᠥᠯᠥᠭᠡᠯᠡᠭᠴᠢᠳ᠎ᠤᠨ  ᠶᠡᠬᠡ ᠬᠤᠷᠠᠯ ᠳᠡᠭᠡᠷᠡᠬᠢ ᠢᠯᠡᠳᠭᠡᠯ

   ᠬᠤᠪᠢᠰᠤᠩᠭᠤᠢ ᠰᠡᠳᠬᠢᠬᠦᠢ

   ᠡᠷᠬᠡᠪᠰᠢ  ᠮᠠᠷᠺᠰ᠎ᠤᠨ ᠦᠵᠡᠯ᠎ᠤᠨ ᠭᠦᠨ ᠤᠬᠠᠭ᠋ᠠᠨ᠎ᠤ ᠤᠶᠤᠨ᠎ᠤ ᠲᠡᠵᠢᠭᠡᠯ᠎ᠢ  ᠳᠠᠰᠤᠷᠠᠯᠳᠠ ᠦᠭᠡᠢ ᠬᠦᠯᠢᠶᠡᠨ ᠠᠪᠴᠤ᠂  ᠬᠤᠪᠢᠰᠤᠩᠭᠤᠢ ᠪᠤᠳᠠᠰᠴᠢ ᠦᠵᠡᠯ᠎ᠤᠨ ᠶᠢᠷᠳᠢᠨᠴᠤ ᠵᠢᠨ ᠦᠵᠡᠯᠳᠡ ᠪᠠ ᠠᠷᠭ᠎ᠠ ᠵᠢᠨ ᠤᠨᠤᠯ᠎ᠢ ᠤᠬᠠᠮᠰᠠᠷ᠎ᠠᠴᠠ᠎ᠪᠠᠨ ᠨᠡᠩ ᠢᠯᠡᠭᠦᠦ  ᠪᠠᠷᠢᠮᠲᠠᠯᠠᠨ  ᠬᠡᠷᠡᠭᠯᠡᠵᠦ᠂  ᠬᠤᠪᠢᠰᠤᠩᠭᠤᠢ ᠰᠡᠳᠬᠢᠬᠦᠢ᠂  ᠪᠠᠶ᠋ᠢᠯᠳᠤᠬᠤ ᠪᠤᠳᠤᠯᠭ᠎ᠠ ᠵᠢᠨ ᠰᠡᠳᠭᠢᠬᠦᠢ ᠵᠢᠨ ᠴᠢᠳᠠᠪᠤᠷᠢ᠎ᠪᠠᠨ ᠨᠡᠮᠡᠭᠳᠡᠭᠦᠯᠵᠦ᠂  ᠮᠠᠨ᠎ᠤ ᠤᠯᠤᠰ᠎ᠤᠨ ᠦᠭᠡᠷᠡᠴᠢᠯᠡᠯᠳᠡ ᠬᠦᠭᠵᠢᠯᠳᠡ ᠵᠢᠨ ᠦᠨᠳᠦᠰᠦᠨ ᠠᠰᠠᠭᠤᠳᠠᠯ᠎ᠢ ᠰᠢᠢ᠍ᠳᠪᠦᠷᠢᠯᠡᠬᠦ ᠴᠢᠳᠠᠪᠤᠷᠢ᠎ᠪᠠᠨ ᠴᠢᠷᠮᠠᠶ᠋ᠢᠨ ᠳᠡᠭᠡᠭᠰᠢᠯᠡᠭᠦᠯᠬᠦ ᠬᠡᠷᠡᠭᠲᠡᠢ

  – 2015 ᠣᠨ᠎ᠤ 1 ᠳ᠋ᠦ᠍ᠭᠡᠷ  ᠰᠠᠷ᠎ᠠ ᠵᠢᠨ 23᠎ᠤ ᠡᠳᠦᠷ᠂

   ᠨᠠᠮ᠎ᠤᠨ ᠲᠥᠪ ᠬᠤᠷᠢᠶᠠᠨ᠎ᠤ ᠤᠯᠤᠰ ᠲᠦᠷᠦ ᠵᠢᠨ ᠲᠣᠪᠴᠢᠶᠠᠨ᠎ᠤ ᠬᠤᠷᠢᠳᠤᠭ᠋ᠠᠷ ᠤᠳᠠᠭ᠋ᠠᠨ᠎ᠤ 

   ᠬᠠᠮᠲᠤ ᠵᠢᠨ ᠰᠤᠷᠤᠯᠴᠠᠯᠭ᠎ᠠ ᠳᠡᠭᠡᠷ᠎ᠡ  ᠰᠢ ᠵᠢᠨ ᠫᠢᠩ  ᠴᠢᠬᠤᠯᠠᠴᠢᠯᠠᠪᠠ

   ᠰᠢᠰᠲ᠋ᠧᠮᠲᠦ ᠰᠡᠳᠬᠢᠬᠦᠢ

   ᠦᠭᠡᠷᠡᠴᠢᠯᠡᠯᠲᠡ᠎ᠨᠢ ᠰᠢᠰᠲ᠋ᠧᠮᠲᠦ  ᠬᠤᠷᠠᠮᠠᠯ᠎ᠲᠠᠢ ᠪᠠᠢ᠌ᠬᠤ ᠵᠢ  ᠨᠠᠩ ᠴᠢᠬᠤᠯᠠᠴᠢᠯᠠᠵᠤ᠂  ᠪᠦᠬᠦ ᠲᠠᠯ᠎ᠠ ᠵᠢᠨ ᠦᠵᠡᠯᠲᠡ ᠪᠠ ᠰᠢᠰᠲ᠋ᠧᠮᠲᠦ ᠰᠡᠳᠬᠢᠬᠦᠢ᠎ᠪᠠᠷ ᠲᠦᠯᠦᠪᠯᠡᠨ ᠠᠬᠢᠭᠤᠯᠬᠤ ᠵᠢ ᠪᠠᠷᠢᠮᠲᠠᠯᠠᠨ᠂  ᠡᠯ᠎ᠡ ᠵᠦᠢ᠍ᠯ᠎ᠤᠨ ᠦᠭᠡᠷᠡᠴᠢᠯᠡᠯᠲᠠ ᠵᠢᠨ ᠠᠷᠭ᠎ᠠ ᠬᠡᠮᠵᠢᠶ᠎ᠡ ᠵᠢ ᠵᠣᠬᠢᠴᠠᠭᠤᠯᠤᠨ ᠢᠵᠢ ᠪᠦᠷᠢᠳᠦᠭᠦᠯᠬᠦ ᠵᠢ ᠴᠢᠩᠭ᠋ᠠᠳᠬᠠᠵᠤ᠂  ᠡᠯ᠎ᠡ ᠬᠦᠷᠢᠶ᠎ᠡ  ᠡᠯ᠎ᠡ ᠲᠠᠯ᠎ᠠ ᠵᠢᠨ ᠦᠭᠡᠷᠡᠴᠢᠯᠡᠯᠲᠠ ᠵᠢᠨ ᠠᠷᠭ᠎ᠠ ᠬᠡᠮᠵᠢᠶ᠎ᠡ᠎ᠨᠦᠭᠦᠳ᠎ᠢ ᠠᠳᠠᠯᠢ ᠴᠢᠭᠯᠡᠯ ᠵᠶ᠋ᠠᠷ ᠬᠦᠴᠦᠯᠡᠬᠦ᠂  ᠨᠡᠶ᠋ᠢᠯᠡᠮᠡᠯ ᠬᠦᠴᠦᠨ᠎ᠢ ᠪᠦᠷᠢᠯᠳᠦᠭᠦᠯᠬᠦ ᠵᠢ ᠠᠬᠢᠭᠤᠯᠤᠨ᠂  ᠪᠦᠬᠦᠯᠢ ᠴᠣᠭᠴᠠ ᠵᠢᠨ ᠴᠢᠳᠠᠮᠵᠢ ᠵᠢ  ᠴᠢᠩᠭ᠋ᠠᠳᠬᠠᠵᠤ᠂  ᠥᠪᠡᠷ᠎ᠤᠨ ᠠᠵᠢᠯᠯᠠᠭ᠎ᠠ᠎ᠪᠠᠨ ᠵᠥᠪᠳᠡᠭᠡᠵᠦ  ᠦᠢ᠍ᠯᠡᠳᠬᠦ᠂  ᠬᠠᠷᠢᠯᠴᠠᠨ ᠬᠠᠷᠰᠢᠯᠳᠤᠭᠤᠯᠬᠤ  ᠦᠵᠡᠭᠳᠡᠯ ᠭᠠᠷᠬᠤ᠎ᠠᠴᠠ ᠰᠡᠷᠭᠡᠶ᠋ᠢᠯᠡᠨ ᠲᠡᠪᠴᠢᠬᠦ ᠬᠡᠷᠡᠭᠲᠡᠢ

  – 2024 ᠣᠨ᠎ᠤ 5 ᠳ᠋ᠤᠭ᠋ᠠᠷ ᠰᠠᠷ᠎ᠠ ᠵᠢᠨ 23᠎ᠤ ᠡᠳᠦᠷ᠂

   ᠰᠢ ᠵᠢᠨ ᠫᠢᠩ ᠱᠠᠨᠳᠦ᠋ᠩ ᠮᠤᠵᠢ ᠵᠢᠨ ᠵᠢᠨᠠᠨ ᠬᠤᠳᠠ᠎ᠳᠤ ᠠᠵᠤ ᠠᠬᠤᠢ᠍ᠢ᠍ᠯᠠᠯ ᠪᠤᠯᠤᠨ ᠲᠤᠰᠬᠠᠢ ᠮᠡᠷᠭᠡᠵᠢᠯᠳᠡᠳ᠎ᠤᠨ ᠰᠠᠭᠤᠳᠠᠯ᠎ᠤᠨ  ᠬᠤᠷᠠᠯ᠎ᠢ ᠡᠷᠬᠢᠯᠡᠨ ᠬᠤᠷᠠᠯᠳᠤᠭᠤᠯᠤᠭᠰᠠᠨ ᠪᠦᠭᠡᠳ ᠴᠢᠬᠤᠯᠠ ᠶᠠᠷᠢᠶ᠎ᠠ  ᠲᠠᠯᠪᠢᠪᠠ

   ᠰᠢᠨ᠎ᠠ ᠵᠢ ᠡᠭᠦᠳᠬᠦ ᠰᠡᠳᠬᠢᠬᠦᠢ

   ᠦᠭᠡᠷᠡᠴᠢᠯᠡᠯᠳᠡ ᠵᠢ ᠰᠢᠪᠲᠤᠯᠤᠯᠲᠠ᠎ᠲᠠᠢ ᠪᠣᠯᠭ᠋ᠠᠬᠤ᠎ᠳᠤ  ᠵᠦᠪ ᠠᠷᠭ᠎ᠠ ᠬᠡᠮᠵᠢᠶ᠎ᠡ᠎ᠲᠠᠢ ᠪᠠᠢ᠌ᠵᠤ᠂  ᠰᠢᠨ᠎ᠡ ᠵᠢ ᠡᠭᠦᠳᠬᠦ ᠰᠡᠳᠬᠢᠭᠦᠢ ᠵᠢ ᠪᠠᠷᠢᠮᠳᠠᠯᠠᠨ᠂  ᠠᠰᠠᠭᠤᠳᠠᠯ᠎ᠢ ᠮᠥᠷᠳᠡᠨ ᠳᠠᠭ᠋ᠠᠵᠦ᠂  ᠠᠰᠠᠭᠤᠳᠠᠯ᠎ᠳᠤ ᠴᠢᠭᠯᠡᠭᠦᠯᠵᠦ᠂  ᠬᠤᠪᠢᠷᠠᠯᠳᠠ ᠵᠢ ᠤᠨᠤᠪᠴᠢᠲᠠᠢ ᠳᠠᠨᠢᠵᠦ᠂  ᠰᠢᠨᠵᠢᠯᠡᠬᠦ ᠤᠬᠠᠭ᠋ᠠᠨᠴᠢ᠎ᠪᠠᠷ ᠬᠤᠪᠢᠷᠠᠯᠳᠠ ᠵᠢ ᠠᠷᠭ᠋ᠠᠴᠠᠭ᠋ᠠᠵᠤ᠂  ᠰᠠᠨᠠᠭ᠋ᠠᠴᠢᠯᠠᠭ᠎ᠠ᠎ᠠᠴᠠ᠎ᠪᠠᠨ ᠬᠤᠪᠢᠷᠠᠯᠳᠠ᠎ᠲᠠᠢ ᠪᠣᠯᠭ᠋ᠠᠵᠤ᠂  ᠵᠢᠮ᠎ᠡ ᠶᠤᠰᠤ ᠵᠢ ᠡᠵᠡᠮᠳᠡᠭᠰᠡᠨ ᠰᠠᠭᠤᠷᠢᠨ ᠳᠡᠭᠡᠷ᠎ᠡ ᠦᠭᠡᠷᠡᠴᠢᠯᠡᠯᠳᠡ ᠬᠢᠵᠦ ᠰᠢᠨ᠎ᠡ ᠵᠢ ᠡᠭᠦᠳᠬᠦ ᠵᠢ ᠪᠡᠶᠡᠯᠡᠭᠦᠯᠬᠦ ᠬᠡᠷᠡᠭᠲᠡᠢ

  – 2020 ᠣᠨ᠎ᠤ 10 ᠳ᠋ᠤᠭ᠋ᠠᠷ ᠰᠠᠷ᠎ᠠ ᠵᠢᠨ 10᠎ᠤ ᠡᠳᠦᠷ᠂

   ᠲᠥᠪ᠎ᠤᠨ ᠨᠠᠮ᠎ᠤᠨ ᠰᠤᠷᠭ᠋ᠠᠭᠤᠯᠢ (ᠤᠯᠤᠰ᠎ᠤᠨ ᠵᠠᠰᠠᠭ ᠵᠠᠬᠢᠷᠭ᠋ᠠᠨ᠎ᠤ ᠳᠡᠭᠡᠳᠦ ᠰᠤᠷᠭ᠋ᠠᠭᠤᠯᠢ) ᠵᠢᠨ ᠢᠳᠡᠷ ᠵᠠᠯᠠᠭᠤ ᠺᠠᠳ᠋ᠷᠴᠤᠳ᠎ᠤᠨ ᠪᠣᠯᠪᠠᠰᠤᠷᠠᠯ᠎ᠤᠨ ᠠᠩᠭᠢ ᠵᠢᠨ ᠰᠤᠷᠤᠯᠭ᠎ᠠ ᠡᠬᠢᠯᠡᠬᠦ ᠶᠣᠰᠣᠯᠠᠯ ᠳᠡᠭᠡᠷ᠎ᠡ ᠰᠢ ᠵᠢᠨ ᠫᠢᠩ  ᠴᠢᠬᠤᠯᠠ ᠶᠠᠷᠢᠶ᠎ᠠ ᠲᠠᠯᠪᠢᠪᠠ

   ᠬᠠᠤᠯᠢ᠎ᠪᠠᠷ ᠵᠠᠰᠠᠬᠤ ᠰᠡᠳᠬᠢᠬᠦᠢ

   ᠤᠬᠠᠮᠰᠠᠷ᠎ᠠᠴᠠ᠎ᠪᠠᠨ ᠬᠠᠤᠯᠢ᠎ᠪᠠᠷ ᠵᠠᠰᠠᠬᠤ ᠰᠡᠳᠬᠢᠭᠦᠢ ᠪᠠ ᠬᠠᠤᠯᠢ᠎ᠪᠠᠷ ᠵᠠᠰᠠᠬᠤ ᠠᠷᠭ᠎ᠠ ᠵᠢ  ᠬᠡᠷᠡᠭᠯᠡᠨ ᠦᠭᠡᠷᠡᠴᠢᠯᠡᠯᠳᠡ ᠵᠢ ᠭᠦᠨᠵᠡᠭᠡᠶ᠋ᠢᠷᠡᠭᠦᠯᠦᠨ᠂  ᠬᠦᠭᠵᠢᠯᠳᠡ ᠵᠢ ᠠᠬᠢᠭᠤᠯᠵᠤ᠂  ᠵᠦᠷᠢᠴᠡᠯ᠎ᠢ ᠨᠠᠮᠳᠠᠭᠤᠯᠵᠤ᠂  ᠨᠡᠶ᠋ᠢᠭᠡᠮ᠎ᠤᠨ ᠳᠦᠪ ᠭᠤᠤᠯᠴᠢ ᠰᠢᠳᠤᠷᠭᠤ ᠶᠤᠰᠤ ᠵᠢ ᠬᠠᠮᠠᠭ᠋ᠠᠯᠠᠬᠤ ᠬᠡᠷᠡᠭᠲᠡᠢ

  – 2020 ᠣᠨ᠎ᠤ 10 ᠳ᠋ᠤᠭ᠋ᠠᠷ ᠰᠠᠷ᠎ᠠ ᠵᠢᠨ 10᠎ᠤ ᠡᠳᠦᠷ᠂

   ᠲᠥᠪ᠎ᠤᠨ ᠨᠠᠮ᠎ᠤᠨ ᠰᠤᠷᠭ᠋ᠠᠭᠤᠯᠢ (ᠤᠯᠤᠰ᠎ᠤᠨ ᠵᠠᠰᠠᠭ ᠵᠠᠬᠢᠷᠭ᠋ᠠᠨ᠎ᠤ ᠳᠡᠭᠡᠳᠦ ᠰᠤᠷᠭ᠋ᠠᠭᠤᠯᠢ) ᠵᠢᠨ ᠢᠳᠡᠷ ᠵᠠᠯᠠᠭᠤ ᠺᠠᠳ᠋ᠷᠴᠤᠳ᠎ᠤᠨ ᠪᠣᠯᠪᠠᠰᠤᠷᠠᠯ᠎ᠤᠨ ᠠᠩᠭᠢ ᠵᠢᠨ ᠰᠤᠷᠤᠯᠭ᠎ᠠ ᠡᠬᠢᠯᠡᠬᠦ ᠶᠣᠰᠣᠯᠠᠯ ᠳᠡᠭᠡᠷ᠎ᠡ   ᠰᠢ ᠵᠢᠨ ᠫᠢᠩ ᠴᠢᠬᠤᠯᠠ ᠶᠠᠷᠢᠶ᠎ᠠ ᠲᠠᠯᠪᠢᠪᠠ

   ᠬᠤᠷᠢᠭ᠎ᠠ ᠱᠤᠭᠤᠮ᠎ᠤᠨ ᠰᠡᠳᠬᠢᠬᠦᠢ

   ᠭᠠᠳᠠᠭ᠋ᠠᠳᠤ ᠣᠷᠴᠢᠨ᠎ᠤ ᠭᠦᠨᠵᠡᠭᠡᠢ ᠬᠣᠪᠢᠷᠠᠯᠲᠠ ᠪᠠ ᠮᠠᠨ᠎ᠤ ᠤᠯᠤᠰ᠎ᠤᠨ ᠥᠭᠡᠷᠡᠴᠢᠯᠡᠯᠲᠡ ᠬᠦᠭᠵᠢᠯᠲᠡ ᠵᠢᠨ ᠲᠣᠭᠲᠠᠭᠤᠨ᠎ᠳᠤ ᠲᠤᠯᠭ᠋ᠠᠷᠠᠵᠤ ᠪᠠᠶ᠋ᠢᠭ᠎ᠠ ᠰᠢᠨ᠎ᠡ ᠪᠠᠶ᠋ᠢᠳᠠᠯ ᠰᠢᠨ᠎ᠡ ᠠᠰᠠᠭᠤᠳᠠᠯ ᠰᠢᠨ᠎ᠡ ᠦᠷᠢᠰᠦᠯᠳᠦᠭᠡᠨ᠎ᠢ ᠭᠦᠨᠵᠡᠭᠡᠢ ᠲᠠᠨᠢᠵᠤ ᠣᠨᠤᠪᠴᠢᠲᠠᠢ ᠡᠵᠡᠮᠰᠢᠵᠦ᠂  ᠬᠤᠷᠢᠭ᠎ᠠ ᠱᠤᠭᠤᠮ᠎ᠤᠨ ᠰᠡᠳᠬᠢᠬᠦᠢ ᠵᠢ ᠪᠠᠷᠢᠮᠲᠠᠯᠠᠨ᠂  ᠰᠠᠨᠠᠭ᠋ᠠᠰᠢᠷᠠᠨ ᠵᠣᠪᠠᠨᠢᠬᠤ ᠤᠬᠠᠮᠰᠠᠷ ᠵᠶ᠋ᠠᠨ ᠨᠡᠮᠡᠭᠳᠡᠭᠦᠯᠵᠦ᠂  ᠰᠡᠷᠭᠡᠶ᠋ᠢᠯᠡᠨ ᠡᠵᠡᠮᠳᠡᠬᠦ ᠴᠢᠳᠠᠪᠤᠷᠢ᠎ᠪᠠᠨ ᠳᠡᠭᠡᠭᠰᠢᠯᠡᠭᠦᠯᠵᠦ᠂  ᠬᠦᠨᠳᠦ ᠶᠡᠬᠡ ᠠᠶᠤᠯ ᠲᠦᠭᠰᠢᠭᠦᠷᠢ ᠵᠢ ᠬᠦᠴᠦᠯᠡᠨ ᠰᠡᠷᠭᠡᠶ᠋ᠢᠯᠡᠨ ᠠᠷᠢᠯᠭ᠋ᠠᠵᠤ᠂  ᠠᠵᠤ ᠠᠬᠤᠢ ᠵᠢᠨ ᠦᠷᠭᠦᠯᠵᠢᠯᠡᠨ ᠡᠷᠡᠭᠦᠯ ᠵᠶ᠋ᠠᠷ ᠬᠦᠭᠵᠢᠬᠦ ᠪᠠ ᠨᠡᠶ᠋ᠢᠭᠡᠮ᠎ᠤᠨ ᠪᠦᠬᠦ ᠲᠠᠯ᠎ᠠ ᠵᠢᠨ ᠳᠣᠭᠲᠠᠭᠤᠨ᠎ᠢ ᠪᠠᠲᠤᠯᠠᠨ᠎ᠠ

  – 2019 ᠣᠨ᠎ᠤ 1 ᠳ᠋ᠦ᠍ᠭᠡᠷ ᠰᠠᠷ᠎ᠠ ᠵᠢᠨ 21᠎ᠤ ᠡᠳᠦᠷ᠂

   ᠮᠤᠵᠢ ᠶᠠᠮᠤᠨ᠎ᠤ ᠲᠡᠰ᠎ᠤᠨ ᠭᠤᠣᠯ ᠤᠳᠤᠷᠢᠳᠬᠤ ᠺᠠᠳ᠋ᠷᠴᠤᠳ᠎ᠲᠤ  ᠬᠤᠷᠢᠭ᠎ᠠ ᠱᠤᠭᠤᠮ᠎ᠤᠨ ᠰᠡᠳᠬᠢᠬᠦᠢ ᠵᠢ ᠪᠠᠷᠢᠮᠲᠠᠯᠠᠨ  ᠬᠦᠨᠳᠦ ᠶᠡᠭᠡ ᠠᠶᠤᠯ ᠲᠦᠭᠰᠢᠭᠦᠷᠢ ᠵᠢ ᠬᠦᠴᠦᠯᠡᠨ ᠰᠡᠷᠭᠡᠶ᠋ᠢᠯᠡᠨ ᠠᠷᠢᠯᠭ᠋ᠠᠬᠤ  ᠲᠤᠰᠬᠠᠶ ᠰᠡᠳᠦᠪᠲᠦ ᠰᠤᠳᠤᠯᠤᠨ ᠶᠠᠷᠢᠯᠴᠠᠬᠤ ᠠᠩᠭᠢ ᠵᠢᠨ

   ᠰᠤᠷᠤᠯᠭ᠎ᠠ ᠡᠬᠢᠯᠡᠬᠦ ᠶᠣᠰᠣᠯᠠᠯ ᠳᠡᠭᠡᠷ᠎ᠡ ᠰᠢ ᠵᠢᠨ ᠫᠢᠩ ᠴᠢᠬᠤᠯᠠ ᠶᠠᠷᠢᠶ᠎ᠠ ᠲᠠᠯᠪᠢᠪᠠ

  

 

ᠢᠷᠡᠯᠲᠡ᠄ ᠥᠪᠥᠷ ᠮᠣᠩᠭᠤᠯ᠎ᠤᠨ ᠵᠠᠰᠠᠭ᠎ᠤᠨ ᠣᠷᠳᠣᠨ
          
ᠬᠠᠮᠢᠶ᠎ᠡ ᠪᠦᠬᠦᠢ ᠰᠣᠨᠢᠨ
ᠬᠠᠳᠠᠭ᠋ᠠᠯᠠᠮᠤ! ᠬᠣᠷᠢᠳᠦᠭ᠋ᠠᠷ ᠬᠤᠭᠤᠴᠠᠭ᠋ᠠᠨ᠎ᠤ ᠲᠥᠪ ᠬᠣᠷᠢᠶᠠᠨ᠎ᠤ ᠭᠤᠷᠪᠠᠳᠤᠭ᠋ᠠᠷ ᠪᠦᠭᠦᠳᠡ ᠬᠤᠷᠠᠯᠳᠤᠭ᠋ᠠᠨ᠎ᠤ ᠮᠡᠳᠡᠯᠭᠡ ᠵᠢᠨ ᠴᠡᠭ ᠦ᠋᠎ᠤᠨ
ᠶᠡᠭᠡ ᠬᠡᠪᠴᠢᠶᠡᠨ᠎ᠤ ᠲᠣᠨᠣᠭ ᠲᠦᠭᠦᠭᠡᠷᠦᠮᠵᠢ᠎ᠪᠠᠨ ᠰᠢᠨᠡᠳᠭᠡᠬᠦ ᠪᠠ ᠬᠡᠷᠡᠭᠯᠡᠭᠡ ᠵᠢᠨ ᠵᠦᠢ᠍ᠯ᠎ᠤᠨ ᠬᠠᠭᠤᠴᠢᠨ ᠵᠶ᠋ᠠᠨ ᠰᠢᠨ᠎ᠡ᠎ᠪᠠᠷ ᠰᠣᠯᠢᠬᠤ ᠵᠢ ᠬᠦᠴᠦᠯᠡᠨ ᠳᠡᠮᠵᠢᠨ᠎ᠡ
ᠲᠥᠷᠥ ᠵᠢᠨ ᠶᠠᠪᠤᠳᠠᠯ᠎ᠤᠨ ᠬᠣᠷᠢᠶ᠎ᠠ ᠪᠢᠴᠢᠭ ᠮᠠᠲ᠋ᠧᠷᠢᠶᠠᠯ ᠲᠠᠷᠬᠠᠭ᠋ᠠᠪᠠ᠂ ᠢᠷᠡᠬᠦ 5 ᠵᠢᠯ᠎ᠳᠤ ᠰᠢᠨ᠎ᠡ ᠬᠡᠯᠪᠡᠷᠢ ᠵᠢᠨ ᠬᠣᠲᠠ ᠪᠠᠯᠭ᠋ᠠᠰᠤᠵᠢᠯᠲᠠ ᠢᠩᠭᠢᠵᠦ ᠬᠥᠭᠵᠢᠬᠦ ᠪᠣᠯᠣᠨ᠎ᠠ!
ᠡᠳ᠋᠎ᠤᠨ ᠵᠠᠰᠠᠭ᠎ᠤᠨ ᠨᠡᠮᠡᠭᠳᠡᠯ᠎ᠤᠨ ᠬᠠᠮ ᠲᠦᠷᠦ ᠵᠢᠨ ᠪᠣᠳᠣᠯᠭ᠎ᠠ ᠵᠢᠨ ᠠᠷᠭ᠎ᠠ ᠬᠡᠮᠵᠢᠶ᠎ᠡ ᠵᠢ ᠬᠡᠷᠡᠭᠵᠢᠭᠦᠯᠬᠦ᠎ᠪᠠᠷ ᠪᠠᠶ᠋ᠢᠨ᠎ᠠ!
《ᠤᠰᠤᠨ᠎ᠤ ᠵᠠᠰᠠᠭ ᠵᠠᠬᠢᠷᠭ᠋ᠠᠨ᠎ᠤ ᠬᠠᠤᠯᠢ ᠬᠡᠷᠡᠭᠵᠢᠭᠦᠯᠬᠦ ᠶᠠᠰᠤ ᠴᠢᠨᠠᠷ ᠪᠠ ᠬᠦᠴᠦᠨ ᠴᠢᠳᠠᠪᠤᠷᠢ ᠵᠢ ᠳᠡᠭᠡᠭᠰᠢᠯᠡᠭᠦᠯᠬᠦ ᠲᠤᠬᠠᠶ ᠬᠡᠷᠡᠭᠵᠢᠭᠦᠯᠬᠦ ᠰᠠᠨᠠᠯ》᠎ᠤᠨ ᠲᠥᠷᠥ ᠵᠢᠨ ᠪᠣᠳᠣᠯᠭ᠎ᠠ ᠵᠢᠨ ᠲᠠᠶ᠋ᠢᠯᠤᠮᠵᠢ
 
            