ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠡᠨᠧᠷᠭᠢ ᠵᠢᠨ ᠬᠣᠷᠣᠭᠳᠠᠯ᠎ᠤᠨ ᠬᠣᠣᠰ ᠡᠵᠡᠮᠳᠡᠯ᠎ᠢ ᠨᠡᠭᠦᠷᠡᠰᠦᠲᠥ᠋ᠷᠥᠭᠴᠢ ᠭᠠᠳᠠᠭᠰᠢᠭᠤᠯᠤᠯᠲᠠ ᠵᠢᠨ ᠬᠣᠣᠰ ᠡᠵᠡᠮᠳᠡᠯ ᠲᠡᠢ᠌ᠰᠢ ᠬᠤᠪᠢᠷᠠᠭᠤᠯᠬᠤ ᠵᠢ ᠤᠷᠢᠳ ᠵᠶ᠋ᠠᠷ ᠬᠡᠷᠡᠭᠵᠢᠭᠦᠯᠵᠦ ᠤᠷᠢᠳ ᠵᠶ᠋ᠠᠷ ᠲᠤᠷᠰᠢᠬᠤ ᠠᠵᠢᠯ᠎ᠤᠨ ᠲᠦᠰᠦᠯ᠎ᠢ ᠨᠢᠭᠡ ᠯᠠ ᠵᠢᠷᠤᠭ ᠵᠶ᠋ᠠᠷ ᠣᠩᠰᠢᠨ ᠤᠢ᠌ᠯᠠᠭ᠋ᠠᠶ᠎ᠠ
ᠨᠠᠮ᠎ᠤᠨ ᠬᠣᠷᠢᠳᠤᠭ᠋ᠠᠷ ᠶᠡᠬᠡ ᠬᠤᠷᠠᠯ᠎ᠤᠨ ᠵᠣᠷᠢᠭ ᠰᠠᠨᠠᠭ᠎ᠠ ᠵᠢ ᠭᠦᠨᠵᠡᠭᠡᠢ ᠲᠤᠭᠤᠰᠢᠯᠠᠭᠤᠯᠤᠨ ᠨᠠᠢ᠌ᠳᠠᠪᠤᠷᠢᠵᠢᠭᠤᠯᠵᠤ᠂ ᠨᠡᠭᠦᠷᠡᠰᠦᠲᠥ᠋ᠷᠥᠭᠴᠢ ᠵᠢ ᠣᠷᠭᠢᠯ᠎ᠳᠤ ᠬᠦᠷᠭᠡᠬᠦ ᠨᠡᠭᠦᠷᠡᠰᠦᠲᠥ᠋ᠷᠥᠭᠴᠢ ᠵᠢ ᠰᠠᠭ᠋ᠠᠷᠮᠠᠭᠵᠢᠭᠤᠯᠬᠤ ᠵᠢ ᠯᠠᠪᠳᠠᠭᠤᠨ ᠵᠶ᠋ᠠᠷ ᠠᠬᠢᠭᠤᠯᠤᠨ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ ᠪᠠ ᠵᠠᠰᠠᠭ᠎ᠤᠨ ᠣᠷᠳᠣᠨ᠎ᠤ ᠠᠵᠢᠯ᠎ᠤᠨ ᠪᠠᠢ᠌ᠷᠢᠯᠠᠭᠤᠯᠤᠯᠲᠠ ᠵᠢᠨ ᠱᠠᠭ᠋ᠠᠷᠳᠠᠯᠭ᠎ᠠ ᠶᠣᠰᠣᠭ᠋ᠠᠷ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠡᠬᠢᠵᠢᠭᠦᠯᠬᠦ᠎ᠪᠠᠷ ᠭᠣᠣᠯ ᠴᠢᠭᠯᠡᠯ ᠪᠣᠯᠭ᠋ᠠᠨ᠂ ᠡᠨᠧᠷᠭᠢ ᠵᠢᠨ ᠬᠣᠷᠣᠭᠳᠠᠯ᠎ᠤᠨ ᠬᠣᠣᠰ ᠡᠵᠡᠮᠳᠡᠯ᠎ᠢ ᠨᠡᠭᠦᠷᠡᠰᠦᠲᠥ᠋ᠷᠥᠭᠴᠢ ᠭᠠᠳᠠᠭᠰᠢᠯᠠᠭᠤᠯᠤᠯᠲᠠ ᠵᠢᠨ ᠬᠣᠣᠰ ᠡᠵᠡᠮᠳᠡᠯ ᠲᠡᠢ᠌ᠰᠢ ᠬᠤᠪᠢᠷᠠᠭᠤᠯᠬᠤ ᠵᠢ ᠤᠷᠢᠳ ᠵᠶ᠋ᠠᠷ ᠬᠡᠷᠡᠭᠵᠢᠭᠦᠯᠵᠦ ᠤᠷᠢᠳ ᠵᠶ᠋ᠠᠷ ᠲᠤᠷᠰᠢᠨ ᠠᠬᠢᠭᠤᠯᠵᠤ᠂ ᠥᠪᠡᠷᠲᠡᠭᠡᠨ ᠵᠠᠰᠠᠬᠤ ᠣᠷᠣᠨ᠎ᠤ ᠠᠵᠤ ᠠᠬᠤᠢ ᠨᠡᠢ᠌ᠭᠡᠮ᠎ᠤᠨ ᠬᠥᠭᠵᠢᠯᠲᠡ ᠵᠢ ᠪᠣᠬᠢᠷᠲᠤᠯ ᠦᠭᠡᠢ᠂ ᠳᠣᠣᠷ᠎ᠠ ᠨᠡᠭᠦᠷᠡᠰᠦᠳᠦ᠋ᠷᠦᠭᠴᠢᠲᠦ ᠪᠣᠯᠭ᠋ᠠᠨ ᠠᠬᠢᠭᠤᠯᠬᠤ ᠵᠢᠨ ᠲᠥᠯᠥᠭᠡ᠂ ᠥᠪᠡᠷᠲᠡᠭᠡᠨ ᠵᠠᠰᠠᠬᠤ ᠣᠷᠣᠨ᠎ᠤ ᠪᠣᠳᠠᠲᠠᠢ᠎ᠲᠠᠢ᠎ᠪᠠᠨ ᠤᠶᠠᠯᠳᠤᠭᠤᠯᠤᠨ ᠲᠣᠰ ᠲᠥᠰᠥᠯ᠎ᠢ ᠲᠣᠭᠲᠠᠭ᠋ᠠᠵᠠᠢ᠃
ᠨᠢᠭᠡ᠂ ᠭᠣᠣᠯ ᠬᠠᠷᠠᠯᠲᠠ
《 ᠠᠷᠪᠠᠨ ᠳᠥᠷᠪᠡᠳᠦᠭᠡᠷ ᠲᠠᠪᠤᠨ ᠵᠢᠯ 》᠎ᠤᠨ ᠬᠤᠭᠤᠴᠠᠭ᠋ᠠᠨ᠎ᠳᠤ᠂ ᠡᠨᠧᠷᠭᠢ ᠵᠢᠨ ᠬᠣᠷᠣᠭᠳᠠᠯ᠎ᠤᠨ ᠶᠡᠷᠦᠩᠬᠡᠢ ᠬᠡᠮᠵᠢᠶ᠎ᠡ ᠪᠠ ᠬᠦᠴᠦᠯᠡᠴᠡ ᠵᠢ ᠲᠣᠬᠢᠷᠠᠭᠤᠯᠤᠨ ᠡᠵᠡᠮᠳᠡᠬᠦ ᠲᠥᠷᠥ ᠵᠢᠨ ᠪᠣᠳᠣᠯᠭ᠎ᠠ᠎ᠪᠠᠨ ᠰᠢᠯᠢᠳᠡᠭᠵᠢᠭᠦᠯᠦᠨ ᠪᠦᠷᠢᠨᠰᠢᠭᠦᠯᠵᠦ᠂ ᠨᠡᠭᠦᠷᠡᠰᠦᠳᠦ᠋ᠷᠦᠭᠴᠢ ᠭᠠᠳᠠᠭᠰᠢᠯᠠᠭᠤᠯᠤᠯᠲᠠ ᠵᠢ ᠪᠦᠷᠢᠳᠬᠡᠨ ᠲᠣᠭ᠋ᠠᠴᠠᠭ᠋ᠠᠯᠠᠬᠤ ᠠᠵᠢᠯ᠎ᠤᠨ ᠰᠠᠭᠤᠷᠢ᠎ᠪᠠᠨ ᠪᠡᠬᠢᠵᠢᠭᠦᠯᠦᠨ᠂ ᠥᠪᠡᠷᠲᠡᠭᠡᠨ ᠵᠠᠰᠠᠬᠤ ᠣᠷᠣᠨ᠎ᠤ ᠪᠣᠳᠠᠲᠤ ᠪᠠᠢ᠌ᠳᠠᠯ᠎ᠳᠤ ᠨᠡᠢ᠌ᠴᠡᠭᠰᠡᠨ᠂ ᠨᠢᠭᠡᠳᠦᠯᠲᠡᠢ ᠵᠢᠷᠤᠮᠵᠢᠭᠤᠨ ᠨᠡᠭᠦᠷᠡᠰᠦᠳᠦ᠋ᠷᠦᠭᠴᠢ ᠭᠠᠳᠠᠭᠰᠢᠯᠠᠭᠤᠯᠤᠯᠲᠠ ᠵᠢ ᠪᠦᠷᠢᠳᠬᠡᠨ ᠲᠣᠭ᠋ᠠᠴᠠᠭ᠋ᠠᠯᠠᠬᠤ ᠠᠷᠭ᠎ᠠ ᠵᠢᠨ ᠳᠦᠷᠢᠮ᠎ᠢ ᠪᠠᠢ᠌ᠭᠤᠯᠵᠤ᠂ ᠨᠡᠭᠦᠷᠡᠰᠦᠲᠥ᠋ᠷᠥᠭᠴᠢ ᠭᠠᠳᠠᠭᠰᠢᠭᠤᠯᠤᠯᠲᠠ ᠵᠢᠨ ᠬᠣᠣᠰ ᠡᠵᠡᠮᠳᠡᠯ᠎ᠤᠨ ᠭᠣᠣᠯ ᠳᠦᠷᠢᠮ᠎ᠤᠨ ᠲᠣᠭᠲᠠᠯᠴᠠᠭ᠎ᠠ ᠪᠠ ᠢᠵᠢ ᠪᠦᠷᠢᠳᠦᠭᠰᠡᠨ ᠲᠦᠷᠦ ᠵᠢᠨ ᠪᠣᠳᠣᠯᠭ᠎ᠠ ᠵᠢᠨ ᠲᠣᠭᠲᠠᠯᠴᠠᠭ᠎ᠠ ᠪᠠᠶ᠋ᠢᠭᠤᠯᠬᠤ᠎ᠪᠠᠨ ᠠᠬᠢᠭᠤᠯᠵᠤ᠂ ᠨᠡᠭᠦᠷᠡᠰᠦᠲᠥ᠋ᠷᠥᠭᠴᠢ ᠭᠠᠳᠠᠭᠰᠢᠯᠠᠭᠤᠯᠬᠤ ᠬᠦᠴᠦᠯᠡᠴᠡ ᠵᠢ ᠬᠢᠵᠠᠭ᠋ᠠᠷᠯᠠᠬᠤ ᠴᠢᠨᠠᠷᠲᠠᠢ ᠬᠠᠮᠢᠶᠠᠷᠤᠯᠲᠠ᠎ᠪᠠᠷ ᠭᠣᠣᠯᠯᠠᠭᠤᠯᠤᠭᠰᠠᠨ᠂ ᠨᠡᠭᠦᠷᠡᠰᠦᠲᠥ᠋ᠷᠥᠭᠴᠢ ᠭᠠᠳᠠᠭᠰᠢᠯᠠᠭᠤᠯᠬᠤ ᠶᠡᠷᠦᠩᠬᠡᠢ ᠬᠡᠮᠵᠢᠶᠡᠨ᠎ᠤ ᠬᠠᠷᠢᠮᠠᠬᠠᠢ ᠴᠢᠨᠠᠷᠲᠠᠢ ᠬᠠᠮᠢᠶᠠᠷᠤᠯᠲᠠ ᠵᠢ ᠬᠠᠪᠰᠤᠷᠭ᠋ᠠᠭᠰᠠᠨ ᠡᠨᠧᠷᠭᠢ ᠵᠢᠨ ᠬᠣᠷᠣᠭᠳᠠᠯ᠎ᠤᠨ ᠬᠣᠣᠰ ᠡᠵᠡᠮᠳᠡᠯ ᠪᠠ ᠨᠡᠭᠦᠷᠡᠰᠦᠲᠥ᠋ᠷᠥᠭᠴᠢ ᠭᠠᠳᠠᠭᠰᠢᠭᠤᠯᠤᠯᠲᠠ ᠵᠢᠨ ᠬᠣᠣᠰ ᠡᠵᠡᠮᠳᠡᠯ᠎ᠢ ᠬᠠᠮᠵᠢᠯᠴᠠᠭᠤᠯᠤᠨ ᠠᠬᠢᠭᠤᠯᠬᠤ ᠬᠠᠮᠢᠶᠠᠷᠤᠯᠲᠠ ᠵᠢᠨ ᠲᠣᠭᠲᠠᠴᠠ ᠵᠢ ᠠᠩᠬ᠎ᠠ ᠠᠯᠬᠤᠮ ᠪᠦᠷᠢᠳᠦᠭᠦᠯᠵᠦ᠂ ᠤᠯᠤᠰ᠎ᠠᠴᠠ ᠪᠠᠭᠤᠯᠭ᠋ᠠᠭᠰᠠᠨ 《 ᠠᠷᠪᠠᠨ ᠳᠥᠷᠪᠡᠳᠦᠭᠡᠷ ᠲᠠᠪᠤᠨ ᠵᠢᠯ 》᠎ᠤᠨ ᠬᠤᠭᠤᠴᠠᠭ᠋ᠠᠨ᠎ᠳᠠᠬᠢ ᠡᠨᠧᠷᠭᠢ ᠠᠷᠪᠢᠯᠠᠵᠤ ᠨᠡᠭᠦᠷᠡᠰᠦᠲᠥ᠋ᠷᠥᠭᠴᠢ ᠪᠠᠭ᠋ᠠᠰᠬᠠᠬᠤ ᠬᠠᠷᠠᠯᠲᠠ᠎ᠪᠠᠨ ᠪᠡᠶᠡᠯᠡᠭᠦᠯᠬᠦ ᠵᠢ ᠪᠠᠲᠤᠯᠠᠨ᠎ᠠ᠃
《 ᠠᠷᠪᠠᠨ ᠲᠠᠪᠤᠳᠤᠭ᠋ᠠᠷ ᠲᠠᠪᠤᠨ ᠵᠢᠯ 》᠎ᠤᠨ ᠬᠤᠭᠤᠴᠠᠭ᠋ᠠᠨ᠎ᠳᠤ᠂ ᠤᠯᠤᠰ᠎ᠤᠨ ᠲᠣᠬᠢᠷᠠᠭᠤᠯᠤᠯᠲᠠ ᠪᠠᠢ᠌ᠷᠢᠯᠠᠭᠤᠯᠤᠯᠲᠠ ᠶᠣᠰᠣᠭ᠋ᠠᠷ ᠨᠡᠭᠦᠷᠡᠰᠦᠲᠥ᠋ᠷᠥᠭᠴᠢ ᠭᠠᠳᠠᠭᠰᠢᠯᠠᠭᠤᠯᠬᠤ ᠶᠡᠷᠦᠩᠬᠡᠢ ᠬᠡᠮᠵᠢᠶ᠎ᠡ ᠪᠠ ᠬᠦᠴᠦᠯᠡᠴᠡ ᠵᠢᠨ ᠬᠣᠣᠰ ᠡᠵᠡᠮᠳᠡᠯ᠎ᠤᠨ ᠳᠦᠷᠢᠮ᠎ᠢ ᠪᠦᠬᠦ ᠲᠠᠯ᠎ᠠ᠎ᠪᠠᠷ ᠬᠡᠷᠡᠭᠵᠢᠭᠦᠯᠵᠦ᠂ 2030 ᠣᠨ᠎ᠠᠴᠠ ᠡᠮᠦᠨ᠎ᠡ ᠨᠡᠭᠦᠷᠡᠰᠦᠲᠥ᠋ᠷᠥᠭᠴᠢ ᠵᠢ ᠤᠷᠬᠢᠯ᠎ᠳᠤ ᠬᠦᠷᠭᠡᠬᠦ ᠵᠢ ᠪᠡᠶᠡᠯᠡᠭᠦᠯᠬᠦ᠎ᠳᠤ ᠳᠦᠷᠢᠮ᠎ᠤᠨ ᠪᠠᠲᠤᠯᠠᠭ᠎ᠠ ᠬᠠᠩᠭ᠋ᠠᠨ᠎ᠠ᠃ ᠠᠷᠪᠢᠯᠠᠨ ᠭᠠᠮᠨᠠᠬᠤ ᠵᠢ ᠲᠡᠷᠢᠭᠦᠨ᠎ᠳᠤ ᠲᠠᠯᠪᠢᠬᠤ᠎ᠪᠠᠨ ᠦᠷᠭᠦᠯᠵᠢᠯᠡᠨ ᠪᠠᠷᠢᠮᠲᠠᠯᠠᠵᠤ᠂ ᠨᠡᠩ ᠥᠨᠳᠥᠷ ᠲᠦᠪᠰᠢᠨ᠂ ᠨᠡᠩ ᠴᠢᠨᠠᠷ ᠰᠠᠢ᠌ᠲᠠᠢ᠎ᠪᠠᠷ ᠡᠨᠧᠷᠭᠢ ᠠᠷᠪᠢᠯᠠᠬᠤ ᠠᠵᠢᠯ᠎ᠢ ᠰᠠᠢ᠌ᠲᠤᠷ ᠬᠢᠵᠦ᠂ ᠡᠨᠧᠷᠭᠢ ᠵᠢᠨ ᠬᠣᠷᠣᠭᠳᠠᠯ᠎ᠤᠨ ᠬᠦᠴᠦᠯᠡᠴᠡ ᠵᠢ ᠦᠷᠭᠦᠯᠵᠢᠯᠡᠨ ᠪᠠᠭᠤᠷᠠᠭᠤᠯᠵᠤ᠂ ᠡᠨᠧᠷᠭᠢ ᠠᠰᠢᠭᠯᠠᠬᠤ ᠪᠦᠲᠦᠮᠵᠢ᠎ᠪᠠᠨ ᠳᠡᠭᠡᠭᠰᠢᠯᠡᠭᠦᠯᠦᠨ᠎ᠡ᠃
ᠬᠣᠶᠠᠷ᠂ ᠡᠨᠧᠷᠭᠢ ᠵᠢᠨ ᠬᠣᠷᠣᠭᠳᠠᠯ᠎ᠤᠨ ᠶᠡᠷᠦᠩᠬᠡᠢ ᠬᠡᠮᠵᠢᠶ᠎ᠡ ᠪᠠ ᠬᠦᠴᠦᠯᠡᠴᠡ ᠵᠢᠨ ᠳᠣᠬᠢᠷᠠᠭᠤᠯᠤᠯᠲᠠ ᠵᠢ ᠪᠦᠷᠢᠨᠰᠢᠭᠦᠯᠦᠨ᠎ᠡ
( ᠨᠢᠭᠡ ) ᠡᠨᠧᠷᠭᠢ ᠵᠢᠨ ᠬᠣᠷᠣᠭᠳᠠᠯ᠎ᠤᠨ ᠶᠡᠷᠦᠩᠬᠡᠢ ᠬᠡᠮᠵᠢᠶ᠎ᠡ ᠪᠠ ᠬᠦᠴᠦᠯᠡᠴᠡ ᠵᠢ ᠲᠣᠬᠢᠷᠠᠭᠤᠯᠤᠨ ᠡᠵᠡᠮᠳᠡᠬᠦ ᠠᠷᠭ᠎ᠠ ᠵᠢ ᠰᠢᠯᠢᠳᠡᠭᠵᠢᠭᠦᠯᠦᠨ᠎ᠡ
(ᠬᠣᠶᠠᠷ) ᠲᠦᠰᠦᠯ᠎ᠤᠨ ᠡᠨ᠋ᠸᠷᠬᠢ ᠠᠷᠪᠢᠯᠠᠯᠲᠠ ᠵᠢᠨ ᠬᠢᠨᠠᠨ ᠪᠠᠢ᠌ᠴᠠᠭ᠋ᠠᠬᠤ ᠳᠦᠷᠢᠮ᠎ᠢ ᠪᠦᠷᠢᠨᠰᠢᠭᠦᠯᠦᠨ᠎ᠡ
( ᠭᠤᠷᠪᠠ ) ᠭᠣᠣᠯᠳᠠᠯᠭ᠎ᠠ᠎ᠲᠠᠢ ᠬᠦᠷᠢᠶᠡᠨ᠎ᠳᠠᠬᠢ ᠡᠨᠧᠷᠭᠢ ᠠᠷᠪᠢᠯᠠᠬᠤ ᠬᠠᠮᠢᠶᠠᠷᠤᠯᠲᠠ ᠪᠠ ᠡᠨᠧᠷᠭᠢ ᠵᠢᠨ ᠠᠰᠢᠭᠯᠠᠮᠵᠢ ᠵᠢᠨ ᠳᠡᠭᠡᠭᠰᠢᠯᠡᠯᠲᠡ ᠵᠢ ᠡᠷᠴᠢᠮᠵᠢᠭᠦᠯᠦᠨ᠎ᠡ
( ᠳᠥᠷᠪᠡ ) ᠡᠨᠧᠷᠭᠢ ᠠᠷᠪᠢᠯᠠᠬᠤ ᠪᠠᠢ᠌ᠳᠠᠯ᠎ᠢ ᠬᠥᠳᠡᠯᠦᠩᠭᠦᠢ᠎ᠪᠠᠷ ᠬᠢᠨᠠᠨ ᠰᠢᠨᠵᠢᠬᠦ ᠪᠠ ᠨᠠᠷᠢᠯᠢᠭ ᠣᠨᠣᠴᠠᠲᠠᠢ᠎ᠪᠠᠷ ᠲᠣᠬᠢᠷᠠᠭᠤᠯᠤᠨ ᠡᠵᠡᠮᠳᠡᠬᠦ ᠵᠢ ᠴᠢᠩᠭ᠋ᠠᠳᠬᠠᠨ᠎ᠠ
ᠭᠤᠷᠪᠠ᠂ ᠨᠡᠭᠦᠷᠡᠰᠦᠳᠦ᠋ᠷᠦᠭᠴᠢ ᠭᠠᠳᠠᠭᠰᠢᠯᠠᠭᠤᠯᠤᠯᠲᠠ ᠵᠢ ᠪᠦᠷᠢᠳᠬᠡᠨ ᠲᠣᠭ᠋ᠠᠴᠠᠭ᠋ᠠᠯᠠᠬᠤ ᠠᠵᠢᠯ᠎ᠤᠨ ᠰᠠᠭᠤᠷᠢ ᠵᠢ ᠪᠡᠬᠢᠵᠢᠭᠦᠯᠦᠨ᠎ᠡ
(ᠨᠢᠭᠡ) ᠠᠢ᠌ᠮᠠᠭ ᠬᠣᠲᠠ ᠵᠢᠨ ᠨᠡᠭᠦᠷᠡᠰᠦᠳᠦ᠋ᠷᠦᠭᠴᠢ ᠭᠠᠳᠠᠭᠰᠢᠯᠠᠭᠤᠯᠤᠯᠲᠠ ᠵᠢ ᠪᠦᠷᠢᠳᠬᠡᠨ ᠲᠣᠭ᠋ᠠᠴᠠᠭ᠋ᠠᠯᠠᠬᠤ ᠲᠥᠰᠥᠯ᠎ᠢ ᠪᠠᠢ᠌ᠭᠤᠯᠤᠨ᠎ᠠ
(ᠬᠣᠶᠠᠷ) ᠭᠣᠣᠯᠳᠠᠯᠭ᠎ᠠ᠎ᠲᠠᠢ ᠠᠵᠢᠯ ᠲᠥᠷᠥᠯ ᠠᠵᠤ ᠠᠬᠤᠢ᠌ᠯᠠᠯ᠎ᠤᠨ ᠨᠡᠭᠦᠷᠡᠰᠦᠳᠦ᠋ᠷᠦᠭᠴᠢ ᠭᠠᠳᠠᠭᠰᠢᠯᠠᠭᠤᠯᠤᠯᠲᠠ ᠵᠢ ᠲᠣᠭ᠋ᠠᠴᠠᠭ᠋ᠠᠯᠠᠬᠤ ᠲᠣᠭᠲᠠᠴᠠ ᠵᠢ ᠪᠦᠷᠢᠨᠰᠢᠭᠦᠯᠦᠨ᠎ᠡ
(ᠭᠤᠷᠪᠠ) ᠨᠡᠭᠦᠷᠡᠰᠦᠳᠦ᠋ᠷᠦᠭᠴᠢ ᠭᠠᠳᠠᠭᠰᠢᠯᠠᠭᠤᠯᠤᠯᠲᠠ ᠵᠢ ᠪᠦᠷᠢᠳᠬᠡᠨ ᠲᠣᠭ᠋ᠠᠴᠠᠭ᠋ᠠᠯᠠᠭᠰᠠᠨ ᠳ᠋ᠠᠢ᠌ᠲ᠋ᠠ ᠵᠢᠨ ᠴᠢᠨᠠᠷ᠎ᠢ ᠰᠠᠢ᠌ᠵᠢᠷᠠᠭᠤᠯᠤᠨ᠎ᠠ
ᠳᠥᠷᠪᠡ᠂ ᠨᠡᠭᠦᠷᠡᠰᠦᠲᠥ᠋ᠷᠥᠭᠴᠢ ᠭᠠᠳᠠᠭᠰᠢᠭᠤᠯᠤᠯᠲᠠ ᠵᠢᠨ ᠬᠣᠣᠰ ᠡᠵᠡᠮᠳᠡᠯ᠎ᠤᠨ ᠭᠣᠣᠯ ᠳᠦᠷᠢᠮ᠎ᠤᠨ ᠲᠣᠭᠲᠠᠯᠴᠠᠭ᠎ᠠ ᠵᠢ ᠪᠠᠢ᠌ᠭᠤᠯᠤᠨ ᠲᠡᠭᠦᠯᠳᠡᠷᠵᠢᠭᠦᠯᠦᠨ᠎ᠡ
( ᠨᠢᠭᠡ ) ᠨᠡᠭᠦᠷᠡᠰᠦᠲᠥ᠋ᠷᠥᠭᠴᠢ ᠭᠠᠳᠠᠭᠰᠢᠭᠤᠯᠤᠯᠲᠠ ᠵᠢᠨ ᠬᠣᠣᠰ ᠡᠵᠡᠮᠳᠡᠯ᠎ᠤᠨ ᠬᠠᠷᠠᠯᠲᠠ ᠵᠢ ᠰᠢᠨᠵᠢᠯᠡᠬᠦ ᠤᠬᠠᠭ᠋ᠠᠨᠴᠢ᠎ᠪᠠᠷ ᠲᠣᠭᠲᠠᠭ᠋ᠠᠬᠤ ᠪᠠ ᠵᠠᠳᠠᠯᠤᠨ᠎ᠠ
( ᠬᠣᠶᠠᠷ ) ᠨᠡᠭᠦᠷᠡᠰᠦᠲᠥ᠋ᠷᠥᠭᠴᠢ ᠭᠠᠳᠠᠭᠰᠢᠯᠠᠭᠤᠯᠤᠯᠲᠠ ᠵᠢᠨ ᠬᠣᠣᠰ ᠡᠵᠡᠮᠳᠡᠯ᠎ᠢ ᠦᠨᠡᠯᠡᠵᠦ ᠬᠢᠨᠠᠨ ᠰᠢᠯᠭ᠋ᠠᠬᠤ ᠳᠦᠷᠢᠮ᠎ᠢ ᠪᠠᠢ᠌ᠭᠤᠯᠤᠨ᠎ᠠ
(ᠭᠤᠷᠪᠠ) ᠲᠦᠰᠦᠯ᠎ᠤᠨ ᠨᠡᠭᠦᠷᠡᠰᠦᠳᠦ᠋ᠷᠦᠭᠴᠢ ᠭᠠᠳᠠᠭᠰᠢᠯᠠᠭᠤᠯᠤᠯᠲᠠ ᠵᠢ ᠦᠨᠡᠯᠡᠬᠦ ᠳᠦᠷᠢᠮ᠎ᠢ ᠪᠠᠢ᠌ᠭᠤᠯᠤᠨ᠎ᠠ
( ᠳᠥᠷᠪᠡ ) ᠭᠠᠵᠠᠷ ᠣᠷᠣᠨ᠎ᠤ ᠨᠡᠭᠦᠷᠡᠰᠦᠲᠥ᠋ᠷᠥᠭᠴᠢ ᠭᠠᠳᠠᠭᠰᠢᠯᠠᠭᠤᠯᠬᠤ ᠲᠥᠰᠥᠪ᠎ᠤᠨ ᠬᠠᠮᠢᠶᠠᠷᠤᠯᠲᠠ ᠵᠢᠨ ᠳᠦᠷᠢᠮ᠎ᠢ ᠪᠠᠢ᠌ᠭᠤᠯᠤᠨ᠎ᠠ
( ᠲᠠᠪᠤ ) ᠭᠣᠣᠯᠳᠠᠯᠭ᠎ᠠ᠎ᠲᠠᠢ ᠨᠡᠭᠦᠷᠡᠰᠦᠲᠥ᠋ᠷᠥᠭᠴᠢ ᠭᠠᠳᠠᠭᠰᠢᠯᠠᠭᠤᠯᠬᠤ ᠨᠢᠭᠡᠴᠢ ᠵᠢᠨ ᠬᠠᠮᠢᠶᠠᠷᠤᠯᠲᠠ ᠵᠢᠨ ᠳᠦᠷᠢᠮ᠎ᠢ ᠲᠡᠭᠦᠯᠳᠡᠷᠵᠢᠭᠦᠯᠦᠨ᠎ᠡ
( ᠵᠢᠷᠭᠤᠭ᠎ᠠ ) ᠨᠡᠭᠦᠷᠡᠰᠦᠲᠥ᠋ᠷᠥᠭᠴᠢ ᠭᠠᠳᠠᠭᠰᠢᠯᠠᠭᠤᠯᠤᠯᠲᠠ ᠵᠢᠨ ᠬᠣᠣᠰ ᠡᠵᠡᠮᠳᠡᠯ᠎ᠤᠨ ᠪᠠᠢ᠌ᠳᠠᠯ᠎ᠤᠨ ᠬᠢᠨᠠᠨ ᠰᠢᠨᠵᠢᠯᠲᠡ ᠵᠢ ᠴᠢᠩᠭ᠋ᠠᠳᠬᠠᠨ᠎ᠠ
ᠲᠠᠪᠤ᠂ ᠨᠡᠭᠦᠷᠡᠰᠦᠲᠥ᠋ᠷᠥᠭᠴᠢ ᠭᠠᠳᠠᠭᠰᠢᠭᠤᠯᠤᠯᠲᠠ ᠵᠢᠨ ᠬᠣᠣᠰ ᠡᠵᠡᠮᠳᠡᠯ᠎ᠤᠨ ᠢᠵᠢ ᠪᠦᠷᠢᠳᠦᠭᠰᠡᠨ ᠲᠦᠷᠦ ᠵᠢᠨ ᠪᠣᠳᠣᠯᠭ᠎ᠠ ᠵᠢᠨ ᠲᠣᠭᠲᠠᠯᠴᠠᠭ᠎ᠠ ᠵᠢ ᠪᠦᠷᠢᠨᠰᠢᠭᠦᠯᠦᠨ ᠲᠡᠭᠦᠯᠳᠡᠷᠵᠢᠭᠦᠯᠦᠨ᠎ᠡ
(ᠨᠢᠭᠡ) ᠪᠠᠷᠢᠮᠵᠢᠶ᠎ᠠ ᠬᠡᠮᠵᠢᠯᠲᠡ ᠪᠠ ᠬᠡᠷᠡᠴᠢᠯᠡᠬᠦ ᠲᠣᠭᠲᠠᠯᠴᠠᠭ᠋ᠠᠨ᠎ᠤ ᠪᠠᠢ᠌ᠭᠤᠯᠤᠯᠲᠠ ᠵᠢ ᠴᠢᠩᠭ᠋ᠠᠳᠬᠠᠨ᠎ᠠ
(ᠬᠣᠶᠠᠷ) ᠵᠠᠬ᠎ᠠ ᠳᠡᠯᠭᠡᠭᠦᠷᠴᠢᠯᠡᠬᠦ ᠲᠣᠭᠲᠠᠴᠠ ᠵᠢ ᠪᠦᠷᠢᠨᠰᠢᠭᠦᠯᠦᠨ᠎ᠡ
(ᠭᠤᠷᠪᠠ) ᠰᠢᠨᠵᠢᠯᠡᠬᠦ ᠤᠬᠠᠭ᠋ᠠᠨ ᠮᠡᠷᠭᠡᠵᠢᠯ᠎ᠤᠨ ᠲᠤᠰᠠᠯᠠᠯᠲᠠ ᠵᠢ ᠴᠢᠩᠭ᠋ᠠᠷᠠᠭᠤᠯᠤᠨ᠎ᠠ
( ᠳᠥᠷᠪᠡ ) ᠬᠠᠤᠯᠢ ᠳᠦᠷᠢᠮ᠎ᠤᠨ ᠪᠠᠲᠤᠯᠠᠭ᠎ᠠ ᠵᠢ ᠲᠡᠭᠦᠯᠳᠡᠷᠵᠢᠭᠦᠯᠦᠨ᠎ᠡ
ᠵᠢᠷᠭᠤᠭ᠎ᠠ᠂ ᠭᠣᠣᠯᠳᠠᠯᠭ᠎ᠠ᠎ᠲᠠᠢ ᠠᠵᠢᠯᠯᠠᠭ᠎ᠠ ᠪᠠ ᠵᠢᠱ᠌ᠢᠶ᠎ᠡ ᠦᠵᠡᠭᠦᠯᠬᠦ ᠢᠨᠵᠧᠨᠧᠷᠢᠩ᠎ᠢ ᠬᠡᠷᠡᠭᠵᠢᠭᠦᠯᠦᠨ᠎ᠡ
(ᠨᠢᠭᠡ) ᠪᠣᠬᠢᠷᠲᠤᠯ ᠦᠭᠡᠢ ᠴᠠᠬᠢᠯᠭ᠋ᠠᠨ᠎ᠢ ᠡᠷᠴᠢᠮᠲᠡᠢ ᠠᠰᠢᠭᠯᠠᠬᠤ ᠵᠢ ᠳᠡᠭᠡᠭᠰᠢᠯᠡᠭᠦᠯᠬᠦ ᠠᠵᠢᠯᠯᠠᠭ᠋ᠠᠨ ᠥᠷᠨᠢᠭᠦᠯᠦᠨ᠎ᠡ
( ᠬᠣᠶᠠᠷ ) ᠠᠮᠢ ᠠᠬᠤᠢ ᠵᠢᠨ ᠰᠢᠰᠲᠸᠮ᠎ᠤᠨ ᠨᠡᠭᠦᠷᠡᠰᠦᠲᠥ᠋ᠷᠥᠭᠴᠢ ᠰᠢᠩᠭᠡᠭᠡᠬᠦ ᠬᠡᠷᠡᠭᠯᠡᠯᠲᠡ ᠵᠢ ᠳᠡᠭᠡᠭᠰᠢᠯᠡᠭᠦᠯᠬᠦ ᠠᠵᠢᠯᠯᠠᠭ᠋ᠠᠨ ᠥᠷᠨᠢᠭᠦᠯᠦᠨ᠎ᠡ
(ᠭᠤᠷᠪᠠ) ᠪᠣᠬᠢᠷᠲᠤᠯ ᠦᠭᠡᠢ ᠳᠣᠣᠷ᠎ᠠ ᠨᠡᠭᠦᠷᠡᠰᠦᠲᠥ᠋ᠷᠥᠭᠴᠢᠲᠦ ᠵᠢᠱ᠌ᠢᠶ᠎ᠡ ᠦᠵᠡᠭᠦᠯᠬᠦ ᠢᠨᠵᠧᠨᠧᠷᠢᠩ᠎ᠢ ᠬᠡᠷᠡᠭᠵᠢᠭᠦᠯᠦᠨ᠎ᠡ
(ᠳᠥᠷᠪᠡ) ᠨᠡᠭᠦᠷᠡᠰᠦᠲᠥ᠋ᠷᠥᠭᠴᠢ ᠭᠠᠳᠠᠭᠰᠢᠯᠠᠭᠤᠯᠬᠤ ᠦᠭᠡᠢ ᠪᠠ ᠳᠣᠣᠷ᠎ᠠ ᠨᠡᠭᠦᠷᠡᠰᠦᠲᠥ᠋ᠷᠥᠭᠴᠢᠲᠦ ᠬᠦᠷᠢᠶᠡᠯᠡᠩ ᠲᠣᠭᠣᠷᠢᠭ᠎ᠤᠨ ᠪᠦᠲᠦᠭᠡᠨ ᠪᠠᠢ᠌ᠭᠤᠯᠤᠯᠲᠠ ᠵᠢᠨ ᠵᠢᠱ᠌ᠢᠶ᠎ᠡ ᠦᠵᠡᠭᠦᠯᠬᠦ ᠢᠨᠵᠧᠨᠧᠷᠢᠩ᠎ᠢ ᠬᠡᠷᠡᠭᠵᠢᠭᠦᠯᠦᠨ᠎ᠡ
ᠳᠣᠯᠣᠭ᠎ᠠ᠂ ᠵᠣᠬᠢᠶᠠᠨ ᠪᠠᠢ᠌ᠭᠤᠯᠵᠤ ᠬᠡᠷᠡᠭᠵᠢᠭᠦᠯᠬᠦ ᠪᠠᠲᠤᠯᠠᠭ᠎ᠠ ᠵᠢ ᠪᠡᠬᠢᠵᠢᠭᠦᠯᠦᠨ᠎ᠡ
(ᠨᠢᠭᠡ) ᠵᠣᠬᠢᠶᠠᠨ ᠪᠠᠢ᠌ᠭᠤᠯᠵᠤ ᠵᠣᠬᠢᠴᠠᠭᠤᠯᠬᠤ ᠵᠢ ᠴᠢᠩᠭ᠋ᠠᠳᠬᠠᠨ᠎ᠠ
(ᠬᠣᠶᠠᠷ) ᠬᠠᠷᠠᠯᠲᠠ ᠡᠭᠦᠷᠭᠡ ᠵᠢᠨ ᠨᠠᠢ᠌ᠳᠠᠪᠤᠷᠢᠵᠢᠭᠤᠯᠤᠯᠲᠠ ᠵᠢ ᠴᠢᠩᠭ᠋ᠠᠳᠬᠠᠨ᠎ᠠ
(ᠭᠤᠷᠪᠠ) ᠤᠬᠠᠭᠤᠯᠭ᠎ᠠ ᠪᠣᠯᠪᠠᠰᠤᠷᠠᠯ᠎ᠢ ᠡᠷᠴᠢᠯᠡᠨ᠎ᠡ