ᠨᠢᠭᠡ ᠬᠠᠭᠤᠳᠠᠰᠤ ᠵᠢᠷᠤᠭ᠎ᠠᠴᠠ ᠰᠢᠨ᠎ᠡ ᠬᠡᠯᠪᠡᠷᠢ ᠵᠢᠨ ᠬᠤᠲᠠ ᠪᠠᠯᠭ᠋ᠠᠰᠤᠵᠢᠯᠲᠠ ᠵᠢᠨ ᠪᠠᠶ᠋ᠢᠯᠳᠤᠬᠤ ᠪᠣᠳᠣᠯᠭ᠎ᠠ ᠵᠢᠨ ᠲᠠᠪᠤᠨ ᠵᠢᠯ᠎ᠤᠨ ᠠᠵᠢᠯᠯᠠᠭ᠋ᠠᠨ᠎ᠤ ᠲᠥᠯᠥᠪᠯᠡᠭᠡ᠂ 4 ᠵᠦᠢ᠍ᠯ᠎ᠤᠨ ᠴᠢᠬᠤᠯᠠ ᠶᠡᠬᠡ ᠠᠵᠢᠯᠯᠠᠭ᠎ᠠ᠂ 19 ᠵᠦᠢ᠍ᠯ᠎ᠤᠨ ᠭᠤᠤᠯᠳᠠᠯᠭ᠎ᠠ᠎ᠲᠠᠢ ᠡᠭᠦᠷᠭᠡ ᠵᠢ ᠣᠢ᠌ᠯᠠᠭ᠋ᠠᠬᠤᠢ!
ᠲᠥᠷᠥ ᠵᠢᠨ ᠶᠠᠪᠤᠳᠠᠯ᠎ᠤᠨ ᠬᠤᠷᠢᠶ᠎ᠠ 《ᠬᠥᠮᠦᠨ ᠵᠶ᠋ᠠᠷ ᠦᠨᠳᠦᠰᠦ ᠪᠣᠯᠭ᠋ᠠᠭᠰᠠᠨ ᠰᠢᠨ᠎ᠡ ᠬᠡᠯᠪᠡᠷᠢ ᠵᠢᠨ ᠬᠤᠲᠠ ᠪᠠᠯᠭ᠋ᠠᠰᠤᠵᠢᠯᠲᠠ ᠵᠢᠨ ᠪᠠᠶ᠋ᠢᠯᠳᠤᠬᠤ ᠪᠣᠳᠣᠯᠭ᠎ᠠ ᠵᠢ ᠭᠦᠨᠵᠡᠭᠡᠶ ᠬᠡᠷᠡᠭᠵᠢᠭᠦᠯᠬᠦ ᠲᠠᠪᠤᠨ ᠵᠢᠯ᠎ᠤᠨ ᠠᠵᠢᠯᠯᠠᠭ᠋ᠠᠨ᠎ᠤ ᠲᠥᠯᠥᠪᠯᠡᠭᠡ》 ᠵᠢ ᠳᠠᠷᠤᠮᠠᠯᠯᠠᠨ ᠲᠠᠷᠬᠠᠭ᠋ᠠᠵᠤ᠂ ᠲᠠᠷᠢᠶᠠᠯᠠᠩ᠎ᠠᠴᠠ ᠰᠢᠯᠵᠢᠭᠰᠡᠨ ᠬᠥᠮᠦᠨ ᠠᠮᠠ ᠵᠢ ᠬᠤᠲᠠ ᠵᠢᠨ ᠠᠷᠠᠳ ᠪᠣᠯᠭ᠋ᠠᠬᠤ ᠵᠢ ᠠᠬᠢᠭᠤᠯᠬᠤ ᠠᠵᠢᠯ᠎ᠢ ᠰᠢᠨ᠎ᠡ ᠬᠡᠯᠪᠡᠷᠢ ᠵᠢᠨ ᠬᠤᠲᠠ ᠪᠠᠯᠭ᠋ᠠᠰᠤᠵᠢᠯᠲᠠ ᠵᠢᠨ ᠲᠡᠷᠢᠭᠦᠨ ᠴᠢᠬᠤᠯᠠ ᠡᠭᠦᠷᠭᠡ᠎ᠪᠠᠨ ᠪᠣᠯᠭ᠋ᠠᠵᠤ᠂ ᠠᠷᠠᠳ ᠲᠦᠮᠡᠨ᠎ᠤ ᠬᠤᠲᠠ ᠵᠢ ᠠᠷᠠᠳ ᠲᠦᠮᠡᠨ ᠥᠪᠡᠷᠲᠡᠭᠡᠨ ᠪᠠᠢ᠌ᠭᠤᠯᠬᠤ᠂ ᠠᠷᠠᠳ ᠲᠦᠮᠡᠨ᠎ᠤ ᠬᠤᠲᠠ᠎ᠨᠢ ᠠᠷᠠᠳ ᠲᠦᠮᠡᠨ᠎ᠳᠤ᠎ᠪᠠᠨ ᠦᠢ᠍ᠯᠡᠴᠢᠯᠡᠬᠦ ᠵᠢ ᠪᠠᠷᠢᠮᠲᠠᠯᠠᠨ᠎ᠠ᠃ 《ᠠᠵᠢᠯᠯᠠᠭ᠋ᠠᠨ᠎ᠤ ᠲᠥᠯᠥᠪᠯᠡᠭᠡ》᠎ᠳᠤ 4 ᠵᠦᠢ᠍ᠯ᠎ᠤᠨ ᠴᠢᠬᠤᠯᠠ ᠶᠡᠭᠡ ᠠᠵᠢᠯᠯᠠᠭ᠎ᠠ᠂ 19 ᠵᠦᠢ᠍ᠯ᠎ᠤᠨ ᠭᠤᠣᠯᠳᠠᠯᠭ᠎ᠠ᠎ᠲᠠᠢ ᠡᠭᠦᠷᠭᠡ ᠵᠢ ᠳᠤᠷᠠᠳᠤᠨ ᠭᠠᠷᠭ᠋ᠠᠪᠠ᠃
1. ᠰᠢᠨ᠎ᠡ ᠨᠢᠭᠡ ᠡᠭᠡᠯᠵᠢ ᠵᠢᠨ ᠲᠠᠷᠢᠶᠠᠯᠠᠩ᠎ᠠᠴᠠ ᠰᠢᠯᠵᠢᠭᠰᠡᠨ ᠬᠥᠮᠥᠨ ᠠᠮᠠ ᠵᠢ ᠬᠤᠲᠠ ᠵᠢᠨ ᠠᠷᠠᠳ ᠪᠣᠯᠭ᠋ᠠᠬᠤ ᠠᠵᠢᠯᠯᠠᠭ᠎ᠠ ᠵᠢ ᠬᠡᠷᠡᠭᠵᠢᠭᠦᠯᠦᠨ᠎ᠡ
ᠬᠦᠭᠵᠢᠯᠲᠡ ᠵᠢᠨ ᠴᠢᠭᠯᠡᠯ
ᠭᠣᠣᠯᠳᠠᠯᠭ᠎ᠠ᠎ᠲᠠᠢ ᠬᠥᠮᠦᠰ᠄ ᠬᠣᠲᠠ᠎ᠳᠤ ᠣᠷᠣᠭᠰᠠᠨ ᠬᠦᠴᠦ ᠶᠠᠪᠤᠭᠰᠠᠳ ᠵᠢᠴᠢ ᠳᠠᠭ᠋ᠠᠵᠤ ᠨᠡᠭᠦᠭᠰᠡᠨ ᠭᠡᠷ ᠪᠦᠯᠢ ᠵᠢᠨ᠎ᠬᠢᠨ (ᠬᠣᠲᠠ ᠵᠢᠨ ᠬᠣᠭᠣᠷᠣᠨᠳᠣᠬᠢ ᠨᠡᠭᠦᠳᠡᠯ ᠬᠥᠮᠦᠨ ᠠᠮᠠ ᠵᠢ ᠬᠠᠮᠲᠤᠳᠤᠨᠢ ᠬᠠᠷᠠᠭ᠋ᠠᠯᠵᠠᠨ᠎ᠠ)
ᠲᠠᠷᠢᠶᠠᠯᠠᠩ᠎ᠠᠴᠠ ᠰᠢᠯᠵᠢᠭᠰᠡᠨ ᠬᠥᠮᠥᠨ ᠠᠮᠠ ᠵᠢ ᠬᠣᠲᠠ᠎ᠳᠤ ᠲᠦᠷᠭᠡᠨ ᠠᠭᠤᠰᠤᠯᠴᠠᠭᠤᠯᠬᠤ ᠵᠢ ᠠᠬᠢᠭᠤᠯᠤᠨ᠎ᠠ᠄
(1) ᠬᠣᠲᠠ ᠪᠠᠯᠭ᠋ᠠᠰᠤᠨ᠎ᠳᠤ ᠡᠷᠦᠬᠡ ᠠᠮᠠ ᠣᠷᠣᠭᠤᠯᠬᠤ ᠠᠷᠭ᠎ᠠ ᠵᠠᠮ᠎ᠢ ᠤᠯᠠᠮ ᠨᠢᠭᠡ ᠠᠯᠬᠤᠮ ᠦᠷᠭᠡᠳᠭᠡᠨ᠎ᠡ
(2) ᠪᠠᠶ᠋ᠢᠩᠭᠤ ᠰᠠᠭᠤᠭ᠎ᠠ ᠭᠠᠵᠠᠷ᠎ᠤᠨ ᠡᠷᠦᠬᠡ ᠠᠮᠠ ᠵᠢᠨ ᠳᠠᠩᠰᠠᠯᠠᠯ᠎ᠤᠨ ᠦᠨᠳᠦᠰᠦᠨ ᠣᠯᠠᠨ ᠨᠡᠶ᠋ᠢᠲᠡ ᠵᠢᠨ ᠦᠢ᠍ᠯᠡᠴᠢᠯᠡᠭᠡ ᠬᠠᠩᠭ᠋ᠠᠬᠤ ᠳᠦᠷᠢᠮ᠎ᠢ ᠬᠡᠷᠡᠭᠵᠢᠭᠦᠯᠦᠨ᠎ᠡ
(3) ᠨᠦᠬᠦᠴᠡᠯ᠎ᠳᠤ ᠨᠡᠢ᠌ᠴᠡᠬᠦᠢ᠌ᠴᠡ ᠲᠠᠷᠢᠶᠠᠯᠠᠩ᠎ᠠᠴᠠ ᠰᠢᠯᠵᠢᠭᠰᠡᠨ ᠬᠦᠮᠦᠨ ᠠᠮᠠ ᠵᠢᠨ ᠨᠡᠶ᠋ᠢᠭᠡᠮ᠎ᠤᠨ ᠳᠠᠭ᠋ᠠᠳᠬᠠᠯ᠂ ᠣᠷᠣᠨ ᠰᠠᠭᠤᠴᠠ ᠵᠢᠨ ᠪᠠᠲᠤᠯᠠᠭ᠎ᠠ᠂ ᠳᠠᠭ᠋ᠠᠵᠤ ᠨᠡᠭᠦᠭᠰᠡᠨ ᠬᠡᠦᠭᠡᠳ᠎ᠤᠨ ᠠᠯᠪᠠᠨ ᠵᠢᠷᠤᠮ᠎ᠤᠨ ᠰᠤᠷᠭ᠋ᠠᠨ ᠬᠦᠮᠦᠵᠢᠯ ᠵᠡᠷᠭᠡ᠎ᠨᠢ ᠨᠡᠭᠦᠵᠦ ᠤᠷᠤᠭᠰᠠᠨ ᠭᠠᠵᠠᠷ᠎ᠤᠨ ᠪᠠᠢ᠌ᠩᠭᠤ ᠰᠠᠭᠤᠭ᠎ᠠ ᠡᠷᠦᠬᠡ ᠠᠮᠠ ᠵᠢᠨ ᠳᠠᠩᠰᠠ᠎ᠲᠠᠢ ᠬᠦᠮᠦᠨ ᠠᠮᠠ᠎ᠲᠠᠢ ᠠᠳᠠᠯᠢ ᠲᠡᠭᠰᠢ ᠡᠷᠬᠡ᠎ᠲᠠᠢ ᠪᠠᠶ᠋ᠢᠬᠤ ᠵᠢ ᠠᠬᠢᠭᠤᠯᠤᠨ᠎ᠠ
(4) ᠡᠷᠦᠬᠡ ᠠᠮᠠ ᠣᠷᠤᠭ᠋ᠠᠳᠤᠢ ᠪᠠᠶ᠋ᠢᠩᠭᠤ ᠰᠠᠭᠤᠭ᠎ᠠ ᠬᠦᠮᠦᠨ ᠠᠮᠠ᠎ᠳᠤ ᠠᠯᠬᠤᠮ ᠠᠯᠬᠤᠮ ᠵᠶ᠋ᠠᠷ ᠬᠤᠳᠠ ᠪᠠᠯᠭ᠋ᠠᠰᠤ ᠵᠢᠨ ᠤᠯᠠᠨ ᠨᠡᠶ᠋ᠢᠳᠡ ᠵᠢᠨ ᠦᠨᠳᠦᠰᠦᠨ ᠦᠢ᠍ᠯᠡᠴᠢᠯᠡᠭᠡ ᠵᠢ ᠡᠳ᠋ᠯᠡᠭᠦᠯᠦᠨ᠎ᠡ
6 ᠵᠦᠢ᠍ᠯ᠎ᠤᠨ ᠭᠤᠣᠯᠳᠠᠯᠭ᠎ᠠ᠎ᠲᠠᠢ ᠡᠭᠦᠷᠭᠡ
(1) ᠡᠷᠦᠬᠡ ᠠᠮᠠ ᠵᠢᠨ ᠳᠦᠷᠢᠮ᠎ᠤᠨ ᠥᠭᠡᠷᠡᠴᠢᠯᠡᠯᠲᠡ ᠵᠢ ᠤᠯᠠᠮ ᠨᠢᠭᠡ ᠠᠯᠬᠤᠮ ᠭᠦᠨᠵᠡᠭᠡᠶ᠋ᠢᠷᠡᠭᠦᠯᠦᠨ᠎ᠡ
(2) ᠪᠠᠶ᠋ᠢᠩᠭᠤ ᠰᠠᠭᠤᠭ᠎ᠠ ᠭᠠᠵᠠᠷ᠎ᠲᠤ ᠦᠨᠳᠦᠰᠦᠨ ᠣᠯᠠᠨ ᠨᠡᠶ᠋ᠢᠲᠡ ᠵᠢᠨ ᠦᠢ᠍ᠯᠡᠴᠢᠯᠡᠭᠡ ᠬᠠᠩᠭ᠋ᠠᠬᠤ ᠳᠦᠷᠢᠮ᠎ᠢ ᠪᠦᠷᠢᠨᠰᠢᠭᠦᠯᠦᠨ᠎ᠡ
(3) ᠲᠠᠷᠢᠶᠠᠯᠠᠩ᠎ᠠᠴᠠ ᠰᠢᠯᠵᠢᠭᠰᠡᠨ ᠬᠥᠮᠦᠨ ᠠᠮᠠ ᠵᠢᠨ ᠬᠣᠲᠠ ᠪᠠᠯᠭ᠋ᠠᠰᠤᠨ᠎ᠳᠤ ᠲᠣᠭᠲᠠᠪᠤᠷᠢᠲᠠᠶ ᠠᠵᠢᠯ ᠣᠯᠬᠤ ᠵᠢ ᠠᠬᠢᠭᠤᠯᠤᠨ᠎ᠠ
(4) ᠳᠠᠭ᠋ᠠᠵᠤ ᠨᠡᠭᠦᠭᠰᠡᠨ ᠬᠡᠤᠬᠡᠳ᠎ᠤᠨ ᠨᠡᠭᠦᠵᠦ ᠣᠷᠤᠭᠰᠠᠨ ᠭᠠᠵᠠᠷ᠎ᠲᠤ ᠰᠤᠷᠭ᠋ᠠᠨ ᠬᠦᠮᠦᠵᠢᠯ ᠬᠦᠷᠲᠡᠬᠦ ᠡᠷᠬᠡ ᠵᠢ ᠪᠠᠲᠤᠯᠠᠨ᠎ᠠ
(5) ᠲᠠᠷᠢᠶᠠᠯᠠᠩ᠎ᠠᠴᠠ ᠰᠢᠯᠵᠢᠭᠰᠡᠨ ᠬᠦᠮᠦᠨ ᠠᠮᠠ ᠵᠢᠨ ᠣᠯᠠᠨ ᠡᠰᠢᠵᠢᠭᠰᠡᠨ ᠣᠷᠣᠨ ᠰᠠᠭᠤᠴᠠ ᠵᠢᠨ ᠪᠠᠲᠤᠯᠠᠭ᠎ᠠ ᠵᠢᠨ ᠲᠣᠭᠲᠠᠯᠴᠠᠭ᠎ᠠ ᠵᠢ ᠲᠡᠭᠦᠯᠳᠡᠷᠵᠢᠭᠦᠯᠦᠨ᠎ᠡ
(6) ᠲᠠᠷᠢᠶᠠᠯᠠᠩ᠎ᠠᠴᠠ ᠰᠢᠯᠵᠢᠭᠰᠡᠨ ᠬᠦᠮᠦᠨ ᠠᠮᠠ ᠵᠢᠨ ᠨᠡᠶ᠋ᠢᠭᠡᠮ᠎ᠤᠨ ᠪᠠᠲᠤᠯᠠᠭ᠎ᠠ ᠵᠢᠨ ᠬᠠᠮᠤᠷᠬᠤ ᠬᠡᠪᠴᠢᠶ᠎ᠡ ᠵᠢ ᠦᠷᠭᠡᠳᠭᠡᠨ᠎ᠡ
2. ᠳᠠᠯᠳᠠ ᠬᠦᠴᠦᠨ᠎ᠲᠠᠢ ᠭᠠᠵᠠᠷ ᠣᠷᠣᠨ᠎ᠤ ᠬᠤᠲᠠ ᠪᠠᠯᠭ᠋ᠠᠰᠤᠵᠢᠯᠲᠠ ᠵᠢᠨ ᠲᠦᠪᠰᠢᠨ᠎ᠢ ᠳᠡᠭᠡᠭᠰᠢᠯᠡᠭᠦᠯᠬᠦ ᠠᠵᠢᠯᠯᠠᠭ᠎ᠠ ᠵᠢ ᠬᠡᠷᠡᠭᠵᠢᠭᠦᠯᠦᠨ᠎ᠡ
ᠬᠦᠭᠵᠢᠯᠲᠡ ᠵᠢᠨ ᠴᠢᠭᠯᠡᠯ
ᠭᠤᠣᠯᠳᠠᠯᠭ᠎ᠠ᠎ᠲᠠᠢ ᠬᠡᠰᠡᠭ᠄ ᠡᠾᠧᠪᠸᠢ ᠵᠢᠨ ᠲᠣᠮᠳᠠ ᠡᠮᠦᠨ᠎ᠡ ᠬᠡᠰᠡᠭ᠂ ᠠᠨᠾᠦ᠋ᠢ ᠵᠢᠨ ᠬᠣᠢ᠌ᠨ᠎ᠠ ᠬᠡᠰᠡᠭ᠂ ᠱᠠᠨᠳᠦ᠋ᠩ᠎ᠤᠨ ᠪᠠᠷᠠᠭᠤᠨ ᠡᠮᠦᠨ᠎ᠡ ᠬᠡᠰᠡᠭ᠂ ᠡᠾᠧᠨᠠᠨ᠎ᠤ ᠵᠡᠭᠦᠨ ᠡᠮᠦᠨ᠎ᠡ ᠬᠡᠰᠡᠭ᠂ ᠬᠤᠨᠠᠨ᠎ᠤ ᠪᠠᠷᠠᠭᠤᠨ ᠡᠮᠦᠨ᠎ᠡ ᠬᠡᠰᠡᠭ᠂ ᠭᠤᠸᠠᠩᠳᠦ᠋ᠩ᠎ᠤᠨ ᠪᠠᠷᠠᠭᠤᠨ ᠬᠡᠰᠡᠭ᠂ ᠰᠧᠴᠤᠸᠠᠨ᠎ᠤ ᠵᠡᠭᠦᠨ ᠬᠡᠰᠡᠭ ᠵᠡᠷᠭᠡ ᠬᠤᠳᠠ ᠪᠠᠯᠭ᠋ᠠᠰᠤᠵᠢᠯᠳᠠ ᠵᠢᠨ ᠲᠠᠯᠳᠠ ᠬᠦᠴᠦᠨ ᠨᠡᠯᠢᠶᠡᠳ ᠶᠡᠭᠡ ᠲᠦᠪᠯᠡᠷᠡᠭᠰᠡᠨ ᠵᠠᠯᠭ᠋ᠠᠯᠳᠤᠭᠰᠠᠨ ᠬᠡᠰᠡᠭ᠂ ᠬᠤᠳᠠ ᠪᠠᠯᠭ᠋ᠠᠰᠤᠵᠢᠯᠳᠠ ᠵᠢᠨ ᠨᠤᠷᠮ᠎ᠠ ᠲᠤᠤᠷ᠎ᠠ ᠮᠦᠷᠳᠡᠭᠡᠨ ᠬᠦᠮᠦᠨ ᠠᠮᠠ ᠵᠢᠨ ᠬᠡᠪᠴᠢᠶ᠎ᠡ᠎ᠪᠠᠷ ᠶᠡᠭᠡ ᠪᠤᠰᠣᠳ ᠰᠢᠶᠠᠨ (ᠬᠤᠳᠠ᠂ ᠲᠤᠭᠤᠷᠢᠭ)᠎ᠢ ᠬᠠᠮᠲᠤᠳᠤᠨᠢ ᠬᠠᠷᠠᠭ᠋ᠠᠯᠵᠠᠨ᠎ᠠ
ᠴᠢᠭᠯᠡᠯ᠄ ᠰᠢᠨ᠎ᠡ ᠬᠡᠯᠪᠡᠷᠢ ᠵᠢᠨ ᠠᠵᠤ ᠦᠢ᠍ᠯᠡᠳᠪᠦᠷᠢᠵᠢᠯᠳᠠ ᠬᠤᠳᠠ ᠪᠠᠯᠭ᠋ᠠᠰᠤᠵᠢᠯᠳᠠ ᠵᠢᠨ ᠲᠠᠯ᠎ᠠ᠎ᠪᠠᠷ ᠵᠤᠬᠢᠴᠠᠭᠤᠯᠤᠨ ᠠᠬᠢᠭᠤᠯᠤᠨ᠎ᠠ
ᠰᠢᠪᠲᠤᠯᠤᠯᠲᠠ ᠬᠢᠬᠦ ᠵᠢ ᠲᠦᠷᠭᠡᠳᠬᠡᠨ᠂ ᠠᠵᠤ ᠦᠢ᠍ᠯᠡᠰ᠎ᠤᠨ ᠱᠠᠲᠤᠯᠢᠭ ᠪᠠᠢ᠌ᠷᠢᠯᠠᠭᠤᠯᠤᠯᠲᠠ᠂ ᠬᠥᠮᠦᠨ ᠠᠮᠠ ᠵᠢᠨ ᠣᠶ᠋ᠢᠷ᠎ᠠ ᠬᠠᠪᠢ᠎ᠳᠤ᠎ᠪᠠᠨ ᠠᠵᠢᠯ ᠣᠯᠬᠤ᠂ ᠶᠡᠬᠡ ᠳᠤᠮᠳᠠ ᠪᠠᠭ᠎ᠠ ᠬᠣᠲᠠ ᠵᠣᠬᠢᠴᠠᠩᠭᠤᠶ᠎ᠪᠠᠷ ᠬᠥᠭᠵᠢᠭᠰᠡᠨ ᠰᠠᠶ᠋ᠢᠨ ᠲᠠᠯ᠎ᠠ ᠵᠢᠨ ᠬᠥᠳᠡᠯᠦᠯᠴᠡᠬᠦ ᠪᠠᠶ᠋ᠢᠷᠢᠰᠢᠯ᠎ᠢ ᠴᠣᠭᠴᠠᠯᠠᠨ ᠪᠠᠶ᠋ᠢᠭᠤᠯᠤᠨ᠎ᠠ᠃
4 ᠵᠦᠢ᠍ᠯ᠎ᠤᠨ ᠭᠤᠣᠯᠳᠠᠯᠭ᠎ᠠ᠎ᠲᠠᠢ ᠡᠭᠦᠷᠭᠡ
(1) ᠣᠨᠴᠠᠯᠢᠭᠲᠤ ᠳᠠᠪᠠᠭᠤᠯᠢᠭ ᠠᠵᠤ ᠦᠢ᠍ᠯᠡᠰ᠎ᠤᠨ ᠪᠦᠯᠦᠭᠵᠢᠯ᠎ᠢ ᠪᠤᠶ᠋ᠢᠵᠢᠭᠤᠯᠤᠨ᠎ᠠ
(2) ᠠᠵᠤ ᠦᠢ᠍ᠯᠡᠰ᠎ᠤᠨ ᠬᠦᠷᠢᠶᠡᠯᠡᠩ ᠲᠣᠭᠣᠷᠢᠭ᠎ᠢ ᠳᠡᠰ ᠳᠡᠪᠰᠢᠭᠦᠯᠦᠨ ᠴᠢᠳᠠᠮᠵᠢ ᠵᠢ᠎ᠨᠢ ᠥᠷᠭᠡᠳᠬᠡᠬᠦ ᠵᠢ ᠠᠬᠢᠭᠤᠯᠤᠨ᠎ᠠ
(3) ᠠᠵᠤ ᠦᠢ᠍ᠯᠡᠰ᠎ᠤᠨ ᠬᠥᠭᠵᠢᠯᠲᠡ ᠵᠢᠨ ᠴᠢᠳᠠᠪᠤᠷᠢᠲᠠᠨ᠎ᠤ ᠲᠤᠯᠭ᠋ᠠᠭᠤᠷᠢᠯᠠᠯ᠎ᠢ ᠴᠢᠩᠭ᠋ᠠᠷᠠᠭᠤᠯᠤᠨ᠎ᠠ
(4) ᠬᠣᠲᠠ ᠪᠠᠯᠭ᠋ᠠᠰᠤ ᠵᠢᠨ ᠶᠡᠷᠦᠩᠬᠡᠶ᠋ᠢᠯᠡᠭᠰᠡᠨ ᠳᠠᠭ᠋ᠠᠭ᠋ᠠᠴᠠ ᠵᠢᠨ ᠴᠢᠳᠠᠪᠤᠷᠢ ᠵᠢ᠎ᠨᠢ ᠴᠢᠩᠭ᠋ᠠᠳᠬᠠᠨ᠎ᠠ
3. ᠣᠳᠣᠬᠢᠴᠢᠯᠠᠭᠰᠠᠨ ᠬᠤᠲᠠ ᠵᠢᠨ ᠲᠣᠭᠤᠷᠢᠭ᠎ᠢ ᠪᠤᠶ᠋ᠢᠵᠢᠭᠤᠯᠬᠤ ᠠᠵᠢᠯᠯᠠᠭ᠎ᠠ ᠵᠢ ᠬᠡᠷᠡᠭᠵᠢᠭᠦᠯᠦᠨ᠎ᠡ
ᠬᠦᠭᠵᠢᠯᠲᠡ ᠵᠢᠨ ᠴᠢᠭᠯᠡᠯ
(1) ᠬᠡᠲᠦ ᠶᠡᠭᠡ ᠣᠨᠴᠠ ᠶᠡᠭᠡ ᠬᠤᠲᠠ ᠵᠢᠨ ᠬᠥᠭᠵᠢᠯᠲᠡ ᠵᠢᠨ ᠠᠷᠭ᠎ᠠ ᠮᠠᠶᠢᠭ᠎ᠢ ᠳᠦᠷᠭᠡᠳᠭᠡᠨ ᠬᠣᠪᠢᠷᠠᠭᠤᠯᠤᠨ᠎ᠠ
(2) ᠲᠥᠪ ᠬᠣᠲᠠ᠎ᠳᠤ ᠲᠦᠰᠢᠭᠯᠡᠨ ᠡᠷᠭᠢᠨ ᠲᠣᠭᠣᠷᠢᠨ᠎ᠤ ᠬᠣᠲᠠ ᠰᠢᠶᠠᠨ᠎ᠢ ᠳᠠᠶ᠋ᠢᠴᠢᠯᠠᠵᠤ ᠬᠠᠮᠲᠤ᠎ᠪᠠᠷ ᠬᠥᠭᠵᠢᠭᠦᠯᠦᠨ᠎ᠡ
(3) ᠨᠢᠭᠡ ᠪᠦᠯᠦᠭ ᠬᠣᠲᠠᠴᠢᠯᠠᠯᠲᠠ ᠵᠢᠨ ᠬᠡᠮᠵᠢᠶ᠎ᠡ᠎ᠪᠠᠷ ᠥᠨᠳᠥᠷ ᠲᠦᠪᠰᠢᠨ ᠪᠦᠬᠦᠢ ᠣᠳᠣᠬᠢᠴᠢᠯᠠᠭᠰᠠᠨ ᠬᠣᠲᠠ ᠵᠢᠨ ᠲᠣᠭᠣᠷᠢᠭ᠎ᠢ ᠪᠣᠢ᠌ᠵᠢᠭᠣᠯᠣᠨ᠎ᠠ
(4) ᠠᠵᠢᠯ ᠡᠭᠦᠷᠭᠡ ᠭᠦᠢ᠍ᠴᠡᠳᠬᠡᠬᠦ᠎ᠳᠤ ᠳᠥᠭᠦᠮ ᠳᠥᠲᠡ ᠥᠨᠳᠥᠷ ᠪᠦᠲᠦᠮᠵᠢᠲᠡᠶ᠂ ᠠᠵᠤ ᠦᠢ᠍ᠯᠡᠰ᠎ᠢ ᠱᠠᠲᠤ ᠬᠤᠪᠢᠶᠠᠨ ᠢᠵᠢ ᠪᠦᠷᠢᠳᠦᠭᠦᠯᠬᠦ᠂ ᠠᠮᠢᠳᠤᠷᠠᠯ᠎ᠳᠤ ᠲᠥᠬᠦᠮ ᠦᠵᠡᠭᠦᠯᠵᠦ ᠬᠠᠮᠲᠤ᠎ᠪᠠᠷ ᠠᠰᠢᠭ ᠬᠦᠷᠲᠡᠬᠦ ᠵᠢ ᠠᠬᠢᠭᠤᠯᠤᠨ᠎ᠠ
(5) ᠶᠡᠬᠡ ᠳᠤᠮᠳᠠ ᠪᠠᠭ᠎ᠠ ᠬᠣᠲᠠ ᠵᠢ ᠪᠠᠭ᠎ᠠ ᠬᠣᠲᠠ ᠪᠠᠯᠭ᠋ᠠᠰᠤ᠎ᠲᠠᠢ ᠵᠣᠬᠢᠴᠠᠭᠤᠯᠤᠨ ᠬᠥᠭᠵᠢᠭᠦᠯᠬᠦ᠂ ᠡᠷᠴᠢᠮᠵᠢᠭᠦᠯᠦᠭᠰᠡᠨ ᠠᠪᠴᠠᠯᠳᠤᠩᠭᠤᠢ ᠪᠠᠢ᠌ᠷᠢᠯᠠᠭᠤᠯᠤᠯᠲᠠ ᠵᠢ ᠪᠣᠢ ᠪᠣᠯᠭ᠋ᠠᠬᠤ ᠵᠢ ᠬᠦᠲᠦᠯᠦᠨ ᠵᠢᠯᠤᠭᠤᠳᠤᠨ᠎ᠠ
4 ᠵᠦᠢ᠍ᠯ᠎ᠤᠨ ᠭᠤᠣᠯᠳᠠᠯᠭ᠎ᠠ᠎ᠲᠠᠢ ᠡᠭᠦᠷᠭᠡ
(1) ᠬᠣᠲᠠ ᠵᠢᠨ ᠬᠣᠭᠣᠷᠣᠨᠳᠣᠬᠢ ᠠᠵᠢᠯ᠎ᠳᠤ ᠭᠠᠷᠬᠤ ᠠᠰᠢᠭᠯᠠᠮᠵᠢ ᠵᠢ ᠳᠡᠭᠡᠭᠰᠢᠯᠡᠭᠦᠯᠦᠨ᠎ᠡ
(2) ᠠᠵᠤ ᠦᠢ᠍ᠯᠡᠰ᠎ᠤᠨ ᠠᠵᠢᠯ᠎ᠤᠨ ᠬᠤᠪᠢᠶᠠᠷᠢᠯᠠᠯ᠎ᠤᠨ ᠬᠠᠮᠵᠢᠯᠴᠠᠭ᠎ᠠ ᠵᠢ ᠴᠢᠩᠭ᠋ᠠᠷᠠᠭᠤᠯᠤᠨ᠎ᠠ
(3) ᠵᠠᠬ᠎ᠠ ᠳᠡᠯᠭᠡᠭᠦᠷ᠎ᠤᠨ ᠨᠢᠭᠡ ᠴᠣᠭᠴᠠᠵᠢᠭᠰᠠᠨ ᠪᠦᠲᠦᠭᠡᠨ ᠪᠠᠶ᠋ᠢᠭᠤᠯᠤᠯᠲᠠ ᠵᠢ ᠲᠦᠷᠭᠡᠳᠬᠡᠨ᠎ᠡ
(4) ᠣᠯᠠᠨ ᠨᠡᠶ᠋ᠢᠲᠡ ᠵᠢᠨ ᠦᠢ᠍ᠯᠡᠴᠢᠯᠡᠬᠡ ᠵᠢ ᠬᠠᠮᠲᠤ᠎ᠪᠠᠷ ᠪᠠᠶ᠋ᠢᠭᠤᠯᠵᠤ ᠬᠠᠮᠲᠤ᠎ᠪᠠᠷ ᠠᠰᠢᠭ ᠬᠦᠷᠲᠡᠬᠦ ᠵᠢ ᠠᠬᠢᠭᠤᠯᠤᠨ᠎ᠠ
4. ᠬᠣᠲᠠ ᠵᠢ ᠰᠢᠨᠡᠳᠭᠡᠬᠦ ᠪᠠ ᠬᠣᠲᠠ ᠵᠢᠨ ᠠᠮᠤᠷ ᠲᠦᠪᠰᠢᠨ᠎ᠤ ᠤᠶᠠᠨ ᠬᠠᠳᠠᠨ ᠴᠢᠨᠠᠷ᠎ᠢ ᠳᠡᠭᠡᠭᠰᠢᠯᠡᠭᠦᠯᠬᠦ ᠠᠵᠢᠯᠯᠠᠭ᠎ᠠ ᠵᠢ ᠬᠡᠷᠡᠭᠵᠢᠭᠦᠯᠦᠨ᠎ᠡ
ᠬᠦᠭᠵᠢᠯᠲᠡ ᠵᠢᠨ ᠴᠢᠭᠯᠡᠯ
ᠭᠣᠣᠯᠳᠠᠯᠭ᠎ᠠ᠄ ᠬᠥᠮᠦᠨ ᠠᠮᠠ ᠵᠢᠨ ᠬᠡᠪᠴᠢᠶ᠎ᠡ᠎ᠪᠠᠷ ᠶᠡᠬᠡ ᠨᠢᠭᠲᠠᠴᠠ ᠶᠡᠬᠡᠲᠡᠢ ᠬᠣᠲᠠ ᠵᠢᠨ ᠭᠣᠣᠯ ᠲᠣᠭᠣᠷᠢᠭ ᠪᠠ ᠨᠥᠯᠥᠭᠡᠯᠡᠬᠦ ᠬᠡᠪᠴᠢᠶ᠎ᠡ᠎ᠪᠠᠷ ᠥᠷᠭᠡᠨ ᠵᠠᠩᠭᠢᠯᠠᠭ᠎ᠠ ᠵᠢᠨ ᠬᠦᠷᠢᠶ᠎ᠡ
ᠬᠤᠳᠠ ᠵᠢ ᠰᠢᠨᠡᠳᠬᠡᠬᠦ ᠠᠵᠢᠯᠯᠠᠭ᠎ᠠ ᠵᠢ ᠭᠦᠨᠵᠡᠭᠡᠢ ᠬᠡᠷᠡᠭᠵᠢᠭᠦᠯᠵᠦ᠂ ᠬᠤᠳᠠ ᠵᠢᠨ ᠰᠠᠭᠤᠷᠢ ᠪᠡᠯᠡᠳᠭᠡᠮᠵᠢ ᠵᠢᠨ ᠪᠦᠳᠦᠭᠡᠨ ᠪᠠᠶ᠋ᠢᠭᠤᠯᠤᠯᠲᠠ ᠵᠢ ᠴᠢᠩᠭ᠋ᠠᠳᠬᠠᠵᠤ᠂ ᠣᠨᠴᠠᠭ᠋ᠠᠢ᠌ᠯᠠᠨ ᠬᠤᠳᠠ ᠵᠢᠨ ᠭᠠᠵᠠᠷ ᠳᠣᠣᠷᠠᠬᠢ ᠬᠤᠭᠤᠯᠠᠢ ᠭᠤᠤᠷᠰᠤ ᠵᠢᠨ ᠲᠣᠣᠷ ᠵᠡᠷᠭᠡ 《ᠳᠣᠲᠣᠷ》 ᠢᠨᠵᠧᠨᠧᠷᠢᠩ᠎ᠤᠨ ᠪᠠᠶ᠋ᠢᠭᠤᠯᠤᠯᠲᠠ ᠵᠢ ᠰᠠᠶ᠋ᠢᠲᠤᠷ ᠠᠳᠬᠤᠵᠤ᠂ ᠬᠤᠳᠠ ᠵᠢᠨ ᠠᠮᠤᠷ ᠲᠦᠪᠰᠢᠨ᠎ᠤ ᠤᠶᠠᠨ ᠬᠠᠳᠠᠨ ᠴᠢᠨᠠᠷ᠎ᠤᠨ ᠳᠤᠲᠠᠭᠤᠳᠠᠯ᠎ᠢ ᠲᠦᠷᠭᠡᠳᠭᠡᠨ ᠨᠥᠬᠦᠪᠥᠷᠢᠯᠡᠵᠦ᠂ ᠣᠷᠣᠰᠢᠨ ᠰᠠᠭᠤᠷᠢᠰᠢᠬᠤ᠎ᠳᠤ ᠲᠣᠬᠢᠷᠠᠮᠵᠢᠲᠠᠢ᠂ ᠤᠶᠠᠨ ᠬᠠᠳᠠᠨ ᠴᠢᠨᠠᠷᠲᠠᠢ᠂ ᠤᠶᠤᠨᠲᠤ ᠬᠤᠳᠠ ᠵᠢ ᠪᠦᠳᠦᠭᠡᠨ ᠪᠠᠶ᠋ᠢᠭᠤᠯᠤᠨ᠎ᠠ᠃
5 ᠵᠦᠢ᠍ᠯ᠎ᠤᠨ ᠭᠤᠣᠯᠳᠠᠯᠭ᠎ᠠ᠎ᠲᠠᠢ ᠡᠭᠦᠷᠭᠡ
(1) ᠬᠤᠳᠠ ᠪᠠᠯᠭ᠋ᠠᠰᠤᠨ᠎ᠤ ᠬᠠᠭᠤᠴᠢᠨ ᠰᠠᠭᠤᠭ᠋ᠠᠯᠢ ᠲᠣᠭᠤᠷᠢᠭ᠎ᠢ ᠵᠠᠰᠠᠵᠤ ᠰᠢᠨᠡᠳᠭᠡᠬᠦ ᠵᠢ ᠠᠬᠢᠭᠤᠯᠤᠨ᠎ᠠ
(2) ᠪᠠᠲᠤᠯᠠᠭ᠎ᠠ ᠵᠢᠨ ᠴᠢᠨᠠᠷᠲᠠᠶ ᠣᠷᠣᠨ ᠰᠠᠭᠤᠴᠠ ᠵᠢᠨ ᠪᠦᠲᠦᠭᠡᠨ ᠪᠠᠶ᠋ᠢᠭᠤᠯᠤᠯᠲᠠ᠂ 《ᠡᠩ᠎ᠤᠨ ᠪᠠ ᠪᠠᠴᠢᠮ ᠪᠠᠶ᠋ᠢᠳᠠᠯ᠎ᠳᠤ ᠵᠡᠷᠭᠡ᠎ᠪᠠᠷ ᠬᠡᠷᠡᠭᠯᠡᠬᠦ》 ᠣᠯᠠᠨ ᠨᠡᠶ᠋ᠢᠲᠡ ᠵᠢᠨ ᠰᠠᠭᠤᠷᠢ ᠪᠡᠯᠡᠳᠭᠡᠮᠵᠢ ᠵᠢᠨ ᠪᠦᠲᠦᠭᠡᠨ ᠪᠠᠶ᠋ᠢᠭᠤᠯᠤᠯᠲᠠ᠂ ᠬᠣᠲᠠᠨ᠎ᠳᠠᠬᠢ ᠲᠣᠰᠬᠣᠨ᠎ᠢ ᠵᠠᠰᠠᠵᠤ ᠰᠢᠨᠡᠳᠭᠡᠬᠦ ᠵᠢ ᠲᠦᠷᠭᠡᠳᠬᠡᠨ ᠠᠬᠢᠭᠤᠯᠤᠨ᠎ᠠ
(3) ᠬᠣᠲᠠ ᠵᠢᠨ ᠦᠶᠡᠷ ᠤᠰᠤᠲᠤᠯ᠎ᠤᠨ ᠵᠠᠰᠠᠯᠲᠠ ᠵᠢ ᠴᠢᠩᠭ᠋ᠠᠳᠬᠠᠨ᠎ᠠ
(4) ᠬᠤᠲᠠ ᠵᠢᠨ ᠠᠮᠢ ᠨᠠᠰᠤᠨ᠎ᠤ ᠱᠤᠭᠤᠮ᠎ᠤᠨ ᠠᠶᠤᠯ ᠦᠭᠡᠢ ᠢᠨᠵᠧᠨᠧᠷᠢᠩ᠎ᠢ ᠬᠡᠷᠡᠭᠵᠢᠭᠦᠯᠦᠨ᠎ᠡ
(5) ᠪᠤᠭᠢᠷᠲᠤᠯ ᠦᠭᠡᠢ ᠤᠶᠤᠨᠲᠦ ᠬᠤᠲᠠ ᠵᠢᠨ ᠪᠦᠲᠦᠭᠡᠨ ᠪᠠᠶ᠋ᠢᠭᠤᠯᠤᠯᠲᠠ ᠵᠢ ᠠᠭᠢᠭᠤᠯᠤᠨ᠎ᠠ