ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠣᠨᠴᠠᠯᠢᠭᠲᠤ᠌ ᠳᠠᠪᠴᠠᠩ
ᠢᠯᠡ ᠵᠠᠰᠠᠭ   -   ᠲᠦᠷᠥ᠎ᠶᠢᠨ ᠪᠣᠳᠣᠯᠭ᠎ᠠ᠎ᠶᠢᠨ ᠲᠠᠶ᠋ᠢᠯᠤᠮᠵᠢ
《ᠤᠰᠤᠨ᠎ᠤ ᠵᠠᠰᠠᠭ ᠵᠠᠬᠢᠷᠭ᠋ᠠᠨ᠎ᠤ ᠬᠠᠤᠯᠢ ᠬᠡᠷᠡᠭᠵᠢᠭᠦᠯᠬᠦ ᠶᠠᠰᠤ ᠴᠢᠨᠠᠷ ᠪᠠ ᠬᠦᠴᠦᠨ ᠴᠢᠳᠠᠪᠤᠷᠢ ᠵᠢ ᠳᠡᠭᠡᠭᠰᠢᠯᠡᠭᠦᠯᠬᠦ ᠲᠤᠬᠠᠶ ᠬᠡᠷᠡᠭᠵᠢᠭᠦᠯᠬᠦ ᠰᠠᠨᠠᠯ》᠎ᠤᠨ ᠲᠥᠷᠥ ᠵᠢᠨ ᠪᠣᠳᠣᠯᠭ᠎ᠠ ᠵᠢᠨ ᠲᠠᠶ᠋ᠢᠯᠤᠮᠵᠢ
ᠨᠡᠶ᠋ᠢᠲᠡᠯᠡᠭᠰᠡᠨ ᠴᠠᠭ᠄ 2025-03-25

   ᠲᠥᠷᠥ ᠵᠢᠨ ᠶᠠᠪᠤᠳᠠᠯ᠎ᠤᠨ ᠬᠤᠷᠢᠶᠠᠨ᠎ᠤ ᠠᠯᠪᠠᠨ ᠲᠢᠩᠬᠢᠮ᠎ᠤᠨ 《ᠵᠠᠰᠠᠭ ᠵᠠᠬᠢᠷᠭ᠋ᠠᠨ᠎ᠤ ᠬᠠᠤᠯᠢ ᠬᠡᠷᠡᠭᠵᠢᠭᠦᠯᠬᠦ ᠶᠠᠰᠤ ᠴᠢᠨᠠᠷ᠎ᠢ ᠳᠡᠭᠡᠭᠰᠢᠯᠡᠭᠦᠯᠬᠦ ᠭᠤᠷᠪᠠᠨ ᠵᠢᠯ᠎ᠤᠨ ᠠᠵᠢᠯᠯᠠᠭ᠋ᠠᠨ᠎ᠤ ᠲᠥᠯᠥᠪᠯᠡᠭᠡ (2023 — 2025 ᠣᠨ)》 ᠪᠠ ᠤᠰᠤᠨ ᠠᠰᠢᠭᠯᠠᠯᠲᠠ ᠵᠢᠨ ᠶᠠᠮᠤᠨ᠂  ᠬᠠᠤᠯᠢ ᠴᠠᠭ᠋ᠠᠵᠠ ᠵᠢᠨ ᠶᠠᠮᠤᠨ᠎ᠤ 《ᠤᠰᠤᠨ᠎ᠤ ᠵᠠᠰᠠᠭ ᠵᠠᠬᠢᠷᠭ᠋ᠠᠨ᠎ᠤ ᠬᠠᠤᠯᠢ ᠬᠡᠷᠡᠭᠵᠢᠭᠦᠯᠬᠦ ᠶᠠᠰᠤ ᠴᠢᠨᠠᠷ ᠪᠠ ᠬᠦᠴᠦᠨ ᠴᠢᠳᠠᠪᠤᠷᠢ ᠵᠢ ᠳᠡᠭᠡᠭᠰᠢᠯᠡᠭᠦᠯᠬᠦ ᠲᠤᠬᠠᠶ ᠵᠢᠯᠣᠭᠤᠳᠬᠤ ᠰᠠᠨᠠᠯ》 (ᠤᠰᠤᠨ ᠵᠠᠰᠠᠭ ᠬᠠᠥᠯᠢ [2024] 34 ᠳ᠋ᠦ᠍ᠭᠡᠷ ᠲᠣᠭ᠋ᠠᠲᠤ)᠎ᠢ ᠲᠤᠭᠤᠰᠢᠯᠠᠭᠤᠯᠤᠨ ᠨᠠᠶ᠋ᠢᠳᠠᠪᠤᠷᠢᠵᠢᠭᠤᠯᠬᠤ ᠵᠢᠨ ᠲᠤᠰᠠᠳᠠ᠂  ᠥᠪᠡᠷᠲᠡᠭᠡᠨ ᠵᠠᠰᠠᠬᠤ ᠣᠷᠣᠨ᠎ᠤ ᠤᠰᠤᠨ ᠠᠰᠢᠭᠯᠠᠯᠲᠠ ᠵᠢᠨ ᠲᠢᠩᠬᠢᠮ᠂  ᠬᠠᠤᠯᠢ ᠴᠠᠭ᠋ᠠᠵᠠ ᠵᠢᠨ ᠲᠢᠩᠬᠢᠮ 2024 ᠣᠨ᠎ᠤ 9 ᠳ᠋ᠦ᠍ᠭᠡᠷ ᠰᠠᠷ᠎ᠠ ᠵᠢᠨ 25᠎ᠤ ᠡᠳᠦᠷ ᠬᠠᠮᠲᠤᠷᠠᠨ 《ᠤᠰᠤᠨ᠎ᠤ ᠵᠠᠰᠠᠭ ᠵᠠᠬᠢᠷᠭ᠋ᠠᠨ᠎ᠤ ᠬᠠᠤᠯᠢ ᠬᠡᠷᠡᠭᠵᠢᠭᠦᠯᠬᠦ ᠶᠠᠰᠤ ᠴᠢᠨᠠᠷ ᠪᠠ ᠬᠦᠴᠦᠨ ᠴᠢᠳᠠᠪᠤᠷᠢ ᠵᠢ ᠳᠡᠭᠡᠭᠰᠢᠯᠡᠭᠦᠯᠬᠦ ᠲᠤᠬᠠᠶ ᠬᠡᠷᠡᠭᠵᠢᠭᠦᠯᠬᠦ ᠰᠠᠨᠠᠯ》 (ᠳᠣᠷᠣᠭᠰᠢ 《ᠬᠡᠷᠡᠭᠵᠢᠭᠦᠯᠬᠦ ᠰᠠᠨᠠᠯ》 ᠭᠡᠵᠦ ᠲᠣᠪᠴᠢᠯᠠᠨ᠎ᠠ)᠎ᠢ ᠳᠠᠷᠤᠮᠠᠯᠯᠠᠨ ᠲᠠᠷᠬᠠᠭ᠋ᠠᠪᠠ᠃  ᠬᠤᠯᠪᠣᠭᠳᠠᠯ ᠪᠥᠬᠦᠶ ᠠᠭᠤᠯᠭ᠎ᠠ ᠵᠢ ᠳᠣᠤᠷᠠᠬᠢ ᠮᠡᠲᠦ ᠲᠠᠶ᠋ᠢᠯᠪᠤᠷᠢᠯᠠᠨ᠎ᠠ᠃

   ᠨᠢᠭᠡ᠂  ᠲᠣᠭᠲᠠᠭ᠋ᠠᠭᠰᠠᠨ ᠠᠬᠤᠶ ᠪᠠᠶ᠋ᠢᠳᠠᠯ

   ᠤᠰᠤᠨ᠎ᠤ ᠵᠠᠰᠠᠭ ᠵᠠᠬᠢᠷᠭ᠋ᠠᠨ᠎ᠤ ᠬᠠᠤᠯᠢ ᠬᠡᠷᠡᠭᠵᠢᠭᠦᠯᠬᠦ ᠪᠣᠯ ᠤᠰᠤᠨ ᠠᠰᠢᠭᠯᠠᠯᠲᠠ ᠵᠢᠨ ᠰᠠᠯᠠᠭ᠎ᠠ ᠮᠥᠴᠢᠷ᠎ᠤᠨ ᠬᠠᠤᠯᠢ ᠶᠣᠰᠣᠭ᠋ᠠᠷ ᠡᠭᠦᠷᠭᠡ ᠬᠠᠷᠢᠭᠤᠴᠠᠯᠭ᠎ᠠ᠎ᠪᠠᠨ ᠭᠦᠢ᠍ᠴᠡᠳᠬᠡᠬᠦ᠂  ᠤᠰᠤᠨ᠎ᠳᠤ ᠬᠤᠯᠪᠣᠭᠳᠠᠬᠤ ᠬᠢᠨᠠᠯᠲᠠ ᠬᠠᠮᠢᠶᠠᠷᠤᠯᠲᠠ ᠵᠢ ᠴᠢᠩᠭ᠋ᠠᠳᠬᠠᠬᠤ ᠴᠢᠬᠤᠯᠠ ᠠᠷᠭ᠎ᠠ ᠪᠠᠷᠢᠯ ᠮᠥᠨ᠂  ᠤᠰᠤᠨ᠎ᠤ ᠵᠠᠰᠠᠭ ᠵᠠᠬᠢᠷᠭ᠋ᠠᠨ᠎ᠤ ᠬᠠᠤᠯᠢ ᠬᠡᠷᠡᠭᠵᠢᠭᠦᠯᠬᠦ ᠶᠠᠰᠤ ᠴᠢᠨᠠᠷ ᠪᠠ ᠬᠦᠴᠦᠨ ᠴᠢᠳᠠᠪᠤᠷᠢ᠎ᠨᠢ ᠬᠠᠤᠯᠢ᠎ᠪᠠᠷ ᠵᠠᠰᠠᠬᠤ ᠵᠠᠰᠠᠭ᠎ᠤᠨ ᠣᠷᠳᠣᠨ᠎ᠤ ᠪᠠᠶ᠋ᠢᠭᠤᠯᠤᠯᠲᠠ ᠵᠢᠨ ᠦᠷ᠎ᠡ ᠪᠦᠲᠦᠮᠵᠢ᠎ᠲᠠᠢ ᠬᠤᠯᠪᠣᠭᠳᠠᠵᠤ᠂  ᠠᠷᠠᠳ ᠣᠯᠠᠨ᠎ᠤ ᠠᠮᠢ ᠪᠡᠶ᠎ᠡ ᠵᠢᠨ ᠠᠰᠢᠭ ᠲᠤᠰᠠ᠎ᠳᠤ ᠬᠤᠯᠪᠣᠭᠳᠠᠵᠤ ᠪᠠᠶ᠋ᠢᠳᠠᠭ᠃  ᠤᠢ᠍ᠢ᠍ᠷ᠎ᠠ ᠵᠢᠨ ᠵᠢᠯ᠎ᠠᠴᠠ᠂  ᠤᠰᠤᠨ᠎ᠤ ᠵᠠᠰᠠᠭ ᠵᠠᠬᠢᠷᠭ᠋ᠠᠨ᠎ᠤ ᠬᠠᠤᠯᠢ ᠬᠡᠷᠡᠭᠵᠢᠭᠦᠯᠬᠦ ᠪᠠᠶ᠋ᠢᠭᠤᠯᠤᠯ᠎ᠤᠨ ᠥᠭᠡᠷᠡᠴᠢᠯᠡᠯᠲᠡ ᠵᠢ ᠦᠷᠭᠦᠯᠵᠢᠯᠡᠨ ᠭᠦᠨᠵᠡᠭᠡᠶ᠋ᠢᠷᠡᠭᠦᠯᠵᠦ᠂  ᠰᠢᠨ᠎ᠡ ᠱᠠᠳᠤ ᠦᠶ᠎ᠡ ᠵᠢᠨ ᠤᠰᠤᠨ ᠠᠰᠢᠭᠯᠠᠯᠲᠠ ᠵᠢᠨ ᠴᠢᠨᠠᠷ ᠰᠠᠶ᠋ᠢᠲᠠᠢ ᠬᠥᠭᠵᠢᠯᠲᠡ ᠵᠢᠨ ᠱᠠᠭ᠋ᠠᠷᠳᠠᠯᠭ᠎ᠠ ᠵᠢᠨ ᠡᠮᠦᠨ᠎ᠡ᠂ 《ᠬᠡᠷᠡᠭᠵᠢᠭᠦᠯᠬᠦ ᠰᠠᠨᠠᠯ》᠎ᠨᠢ ᠰᠢ ᠵᠢᠨ ᠫᠢᠩ᠎ᠤᠨ ᠰᠢᠨ᠎ᠡ ᠴᠠᠭ ᠦᠶ᠎ᠡ ᠵᠢᠨ ᠳᠤᠮᠳᠠᠳᠤ ᠤᠯᠤᠰ᠎ᠤᠨ ᠣᠨᠴᠠᠯᠢᠭ᠎ᠲᠠᠢ ᠨᠡᠶ᠋ᠢᠭᠡᠮ ᠵᠢᠷᠤᠮ᠎ᠤᠨ ᠦᠵᠡᠯ ᠰᠠᠨᠠᠭ᠎ᠠ᠎ᠪᠠᠷ ᠵᠢᠯᠤᠭᠤᠳᠤᠯᠭ᠎ᠠ ᠪᠣᠯᠭ᠋ᠠᠵᠤ᠂  ᠰᠢ ᠵᠢᠨ ᠫᠢᠩ᠎ᠤᠨ ᠬᠠᠥᠯᠢ᠎ᠪᠠᠷ ᠵᠠᠰᠠᠬᠤ ᠦᠵᠡᠯ ᠰᠠᠨᠠᠭ᠎ᠠ᠂  ᠰᠢ ᠵᠢᠨ ᠫᠢᠩ᠎ᠤᠨ ᠠᠮᠢ ᠠᠬᠤᠢ ᠵᠢᠨ ᠪᠣᠯᠪᠠᠰᠤᠨ᠎ᠤ ᠦᠵᠡᠯ ᠰᠠᠨᠠᠭ᠎ᠠ ᠪᠣᠯᠤᠨ ᠶᠡᠷᠦᠩᠬᠡᠢ ᠱᠦᠵᠢ ᠰᠢ ᠵᠢᠨ ᠫᠢᠩ᠎ᠤᠨ ᠤᠰᠤ ᠵᠢ ᠵᠠᠰᠠᠬᠤ ᠲᠤᠬᠠᠢ ᠴᠢᠬᠤᠯᠠ ᠥᠭᠦᠯᠡᠯᠲᠡ ᠵᠢᠨ ᠵᠣᠷᠢᠭ ᠰᠠᠨᠠᠭ᠎ᠠ ᠵᠢ ᠭᠦᠨᠵᠡᠭᠡᠢ ᠲᠤᠭᠤᠰᠢᠯᠠᠭᠤᠯᠵᠤ᠂  ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠤᠷᠢᠶ᠎ᠠ᠂  ᠵᠠᠰᠠᠭ᠎ᠤᠨ ᠣᠷᠳᠣᠨ ᠪᠣᠯᠤᠨ ᠤᠰᠤᠨ ᠠᠰᠢᠭᠯᠠᠯᠲᠠ ᠵᠢᠨ ᠶᠠᠮᠤᠨ᠂  ᠬᠠᠤᠯᠢ ᠴᠠᠭ᠋ᠠᠵᠠ ᠵᠢᠨ ᠶᠠᠮᠤᠨ᠎ᠤ ᠬᠤᠯᠪᠣᠭᠳᠠᠯ ᠪᠦᠬᠦᠢ ᠱᠠᠭ᠋ᠠᠷᠳᠠᠯᠭ᠎ᠠ ᠵᠢ ᠨᠠᠷᠢᠨ ᠬᠢᠨᠠᠮᠠᠭ᠋ᠠᠢ ᠨᠠᠶ᠋ᠢᠳᠠᠪᠤᠷᠢᠵᠢᠭᠤᠯᠵᠤ᠂  ᠠᠷᠠᠳ ᠤᠯᠠᠨ᠎ᠤ ᠬᠠᠤᠯᠢ ᠶᠣᠰᠣᠨ᠎ᠤ ᠡᠷᠬᠡ ᠠᠰᠢᠭ᠎ᠢ ᠪᠠᠲᠤᠯᠠᠬᠤ᠎ᠪᠠᠷ ᠭᠤᠣᠯ ᠪᠣᠯᠭ᠋ᠠᠵᠤ᠂  ᠤᠰᠤᠨ᠎ᠤ ᠵᠠᠰᠠᠭ ᠵᠠᠬᠢᠷᠭ᠋ᠠᠨ᠎ᠤ ᠬᠠᠤᠯᠢ ᠬᠡᠷᠡᠭᠵᠢᠭᠦᠯᠬᠦ ᠶᠠᠰᠤ ᠴᠢᠨᠠᠷ ᠪᠣᠯᠤᠨ ᠦᠷ᠎ᠡ ᠪᠦᠲᠦᠮᠵᠢ ᠵᠢ ᠳᠡᠭᠡᠭᠰᠢᠯᠡᠭᠦᠯᠬᠦ᠎ᠪᠠᠷ ᠬᠠᠷᠠᠯᠲᠠ ᠪᠣᠯᠭ᠋ᠠᠵᠤ᠂  ᠥᠪᠥᠷ ᠮᠣᠩᠭᠤᠯ᠎ᠤᠨ ᠪᠣᠳᠠᠲᠠᠢ᠎ᠲᠠᠢ ᠤᠶᠠᠯᠳᠤᠭᠤᠯᠵᠤ᠂  ᠤᠰᠤᠨ᠎ᠤ ᠵᠠᠰᠠᠭ ᠵᠠᠬᠢᠷᠭ᠋ᠠᠨ᠎ᠤ ᠬᠠᠤᠯᠢ ᠬᠡᠷᠡᠭᠵᠢᠭᠦᠯᠬᠦ ᠥᠭᠡᠷᠡᠴᠢᠯᠡᠯᠲᠡ ᠵᠢᠨ ᠲᠥᠪᠯᠡᠷᠡᠯ᠎ᠤᠨ ᠴᠡᠭ ᠬᠦᠴᠢᠷ ᠠᠰᠠᠭᠤᠳᠠᠯ᠎ᠳᠤ ᠢᠳᠡᠪᠬᠢᠲᠡᠢ ᠬᠠᠷᠢᠭᠤᠯᠲᠠ ᠥᠭᠴᠦ᠂  ᠵᠠᠰᠠᠭ ᠵᠠᠬᠢᠷᠭ᠋ᠠᠨ᠎ᠤ ᠬᠠᠤᠯᠢ ᠬᠡᠷᠡᠭᠵᠢᠭᠦᠯᠬᠦ ᠪᠠᠶ᠋ᠢᠭᠤᠯᠤᠮᠵᠢ ᠵᠢᠨ ᠥᠭᠡᠷᠡᠴᠢᠯᠡᠯᠲᠡ ᠵᠢ ᠭᠦᠨᠵᠡᠭᠡᠶ᠋ᠢᠷᠡᠭᠦᠯᠬᠦ ᠪᠠᠶ᠋ᠢᠳᠠᠯ ᠳᠣᠣᠷ᠎ᠠ ᠤᠰᠤᠨ᠎ᠤ ᠵᠠᠰᠠᠭ ᠵᠠᠬᠢᠷᠭ᠋ᠠᠨ᠎ᠤ ᠬᠠᠤᠯᠢ ᠬᠡᠷᠡᠭᠵᠢᠭᠦᠯᠬᠦ ᠶᠠᠰᠤ ᠴᠢᠨᠠᠷ ᠪᠣᠯᠤᠨ ᠦᠷ᠎ᠡ ᠪᠦᠲᠦᠮᠵᠢ ᠵᠢ ᠴᠢᠨᠠᠭᠰᠢᠳᠠ ᠳᠡᠭᠡᠭᠰᠢᠯᠡᠭᠦᠯᠬᠦ ᠲᠤᠬᠠᠢ ᠲᠤᠬᠢᠷᠠᠭᠤᠯᠤᠯᠳᠠ ᠪᠠᠶ᠋ᠢᠷᠢᠯᠠᠭᠤᠯᠤᠯᠲᠠ ᠬᠢᠵᠡᠢ᠃  ᠲᠣᠰ ᠬᠡᠷᠡᠭᠵᠢᠭᠦᠯᠬᠦ ᠰᠠᠨᠠᠯ ᠪᠣᠯ ᠪᠥᠬᠦ ᠣᠷᠣᠨ᠎ᠤ ᠠᠩᠬᠠᠳᠠᠭᠴᠢ ᠥᠪᠡᠷᠲᠡᠭᠡᠨ ᠵᠠᠰᠠᠬᠤ ᠣᠷᠣᠨ᠎ᠤ ᠬᠠᠤᠯᠢ ᠬᠡᠷᠡᠭᠵᠢᠭᠦᠯᠬᠦ ᠰᠠᠯᠠᠭ᠎ᠠ ᠮᠥᠴᠢᠷ ᠬᠠᠮᠲᠤᠷᠠᠨ ᠬᠠᠤᠯᠢ ᠴᠠᠭ᠋ᠠᠵᠠ ᠵᠢᠨ ᠵᠠᠰᠠᠭ ᠵᠠᠬᠢᠷᠭ᠋ᠠᠨ᠎ᠤ ᠰᠠᠯᠠᠭ᠎ᠠ ᠮᠥᠴᠢᠷ᠎ᠲᠠᠢ ᠬᠠᠮᠲᠤᠷᠠᠨ ᠳᠠᠷᠤᠮᠠᠯᠯᠠᠨ ᠲᠠᠷᠬᠠᠭ᠋ᠠᠭᠰᠠᠨ ᠲᠣᠰ ᠬᠦᠷᠢᠶᠡᠨ᠎ᠳᠠᠬᠢ ᠵᠠᠰᠠᠭ ᠵᠠᠬᠢᠷᠭ᠋ᠠᠨ᠎ᠤ ᠬᠠᠤᠯᠢ ᠬᠡᠷᠡᠭᠵᠢᠭᠦᠯᠦᠯᠲᠡ ᠵᠢ ᠠᠬᠢᠭᠤᠯᠬᠤ ᠬᠢᠭᠡᠳ ᠵᠠᠰᠠᠭ ᠵᠠᠬᠢᠷᠭ᠋ᠠᠨ᠎ᠤ ᠬᠠᠤᠯᠢ ᠬᠡᠷᠡᠭᠵᠢᠭᠦᠯᠬᠦ ᠪᠠᠶ᠋ᠢᠭᠤᠯᠤᠯ᠎ᠤᠨ ᠥᠭᠡᠷᠡᠴᠢᠯᠡᠯᠲᠡ ᠵᠢ ᠭᠦᠨᠵᠡᠭᠡᠶ᠋ᠢᠷᠡᠭᠦᠯᠬᠦ ᠵᠢ ᠣᠷᠭ᠋ᠠᠨᠢᠭ ᠵᠶ᠋ᠠᠷ ᠵᠣᠯᠭ᠋ᠠᠭᠤᠯᠬᠤ ᠵᠢᠯᠣᠭᠤᠳᠬᠤ ᠴᠢᠨᠠᠷᠲᠠᠶ ᠪᠢᠴᠢᠭ ᠮᠠᠲ᠋ᠧᠷᠢᠶᠠᠯ ᠪᠣᠯᠤᠨ᠎ᠠ᠃

   ᠬᠤᠶᠠᠷ᠂  ᠭᠤᠣᠯ ᠦᠨᠳᠦᠰᠦᠯᠡᠯ

  1. 《ᠵᠠᠰᠠᠭ ᠵᠠᠬᠢᠷᠭ᠋ᠠᠨ᠎ᠤ ᠬᠠᠤᠯᠢ ᠬᠡᠷᠡᠭᠵᠢᠭᠦᠯᠬᠦ ᠶᠠᠰᠤ ᠴᠢᠨᠠᠷ᠎ᠢ ᠳᠡᠭᠡᠭᠰᠢᠯᠡᠭᠦᠯᠬᠦ ᠭᠤᠷᠪᠠᠨ ᠵᠢᠯ᠎ᠤᠨ ᠠᠵᠢᠯᠯᠠᠭ᠋ᠠᠨ᠎ᠤ ᠲᠥᠯᠥᠪᠯᠡᠭᠡ (2023 — 2025 ᠣᠨ)》 ᠵᠢ ᠳᠠᠷᠤᠮᠠᠯᠯᠠᠨ ᠲᠠᠷᠬᠠᠭ᠋ᠠᠬᠤ ᠲᠤᠬᠠᠶ ᠲᠥᠷᠥ ᠵᠢᠨ ᠶᠠᠪᠤᠳᠠᠯ᠎ᠤᠨ ᠬᠤᠷᠢᠶᠠᠨ᠎ᠤ ᠠᠯᠪᠠᠨ ᠲᠢᠩᠬᠢᠮ᠎ᠤᠨ ᠮᠡᠳᠡᠭᠳᠡᠯ》 (ᠲᠥᠷᠥ ᠠᠯᠪᠠᠨ ᠲᠠᠷᠬᠠᠭ᠋ᠠᠭᠰᠠᠨ [2023] 27 ᠳ᠋ᠤᠭ᠋ᠠᠷ ᠲᠣᠭ᠋ᠠᠲᠤ)

  2. ᠤᠰᠤᠨ ᠠᠰᠢᠭᠯᠠᠯᠲᠠ ᠵᠢᠨ ᠶᠠᠮᠤᠨ   ᠬᠠᠤᠯᠢ ᠴᠠᠭ᠋ᠠᠵᠠ ᠵᠢᠨ ᠶᠠᠮᠤᠨ᠎ᠤ 《ᠤᠰᠤᠨ᠎ᠤ ᠵᠠᠰᠠᠭ ᠵᠠᠬᠢᠷᠭ᠋ᠠᠨ᠎ᠤ ᠬᠠᠤᠯᠢ ᠬᠡᠷᠡᠭᠵᠢᠭᠦᠯᠬᠦ ᠶᠠᠰᠤ ᠴᠢᠨᠠᠷ ᠪᠠ ᠬᠦᠴᠦᠨ ᠴᠢᠳᠠᠪᠤᠷᠢ ᠵᠢ ᠳᠡᠭᠡᠭᠰᠢᠯᠡᠭᠦᠯᠬᠦ ᠲᠤᠬᠠᠶ ᠵᠢᠯᠣᠭᠤᠳᠬᠤ ᠰᠠᠨᠠᠯ》 (ᠤᠰᠤᠨ ᠵᠠᠰᠠᠭ ᠬᠠᠥᠯᠢ [2024] 34 ᠳ᠋ᠦ᠍ᠭᠡᠷ ᠲᠣᠭ᠋ᠠᠲᠤ)

  3. 《〈ᠵᠠᠰᠠᠭ ᠵᠠᠬᠢᠷᠭ᠋ᠠᠨ᠎ᠤ ᠬᠠᠤᠯᠢ ᠬᠡᠷᠡᠭᠵᠢᠭᠦᠯᠬᠦ ᠶᠠᠰᠤ ᠴᠢᠨᠠᠷ᠎ᠢ ᠳᠡᠭᠡᠭᠰᠢᠯᠡᠭᠦᠯᠬᠦ ᠭᠤᠷᠪᠠᠨ ᠵᠢᠯ᠎ᠤᠨ ᠠᠵᠢᠯᠯᠠᠭ᠋ᠠᠨ᠎ᠤ ᠲᠥᠯᠥᠪᠯᠡᠭᠡ (2023 — 2025 ᠣᠨ) ᠵᠢᠨ ᠬᠡᠷᠡᠭᠵᠢᠭᠦᠯᠬᠦ ᠲᠥᠰᠦᠯ》᠎ᠢ ᠳᠠᠷᠤᠮᠠᠯᠯᠠᠨ ᠶᠠᠪᠤᠭᠤᠯᠬᠤ ᠲᠤᠬᠠᠶ ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠬᠠᠤᠯᠢ ᠴᠠᠭ᠋ᠠᠵᠠ ᠵᠢᠨ ᠲᠢᠩᠬᠢᠮ᠎ᠤᠨ ᠮᠡᠳᠡᠭᠳᠡᠯ》 (ᠥᠪᠥᠷ ᠵᠤᠷᠭ᠋ᠠᠨ ᠮᠡᠳᠡᠭᠳᠡᠯ [2023] 180 ᠳ᠋ᠤᠭ᠋ᠠᠷ ᠲᠣᠭ᠋ᠠᠲᠤ)

   ᠭᠤᠷᠪᠠ᠂  ᠭᠤᠣᠯ ᠠᠭᠤᠯᠭ᠎ᠠ

  《ᠬᠡᠷᠡᠭᠵᠢᠭᠦᠯᠬᠦ ᠰᠠᠨᠠᠯ》᠎ᠨᠢ ᠨᠡᠶ᠋ᠢᠲᠡ ᠲᠠᠪᠤᠨ ᠬᠡᠰᠡᠭ ᠵᠶ᠋ᠡᠷ ᠪᠦᠷᠢᠯᠳᠦᠵᠡᠢ᠃

   ᠨᠢᠭᠡᠳᠦᠭᠡᠷ ᠬᠡᠰᠡᠭ ᠤᠰᠤᠨ᠎ᠤ ᠵᠠᠰᠠᠭ ᠵᠠᠬᠢᠷᠭ᠋ᠠᠨ᠎ᠤ ᠬᠠᠤᠯᠢ ᠬᠡᠷᠡᠭᠵᠢᠭᠦᠯᠬᠦ ᠭᠣᠣᠯ ᠴᠣᠭᠴᠠ ᠵᠢᠨ ᠬᠠᠷᠢᠭᠤᠴᠠᠯᠭ᠎ᠠ ᠵᠢ  ᠪᠣᠳᠠᠲᠠᠢ᠌ᠵᠢᠭᠤᠯᠬᠤ ᠪᠤᠯᠤᠨ᠎ᠠ᠃  ᠭᠣᠤᠯᠳᠠᠭᠤ ᠬᠠᠤᠯᠢ ᠴᠠᠭ᠋ᠠᠵᠠ ᠬᠠᠤᠯᠢ ᠲᠣᠭᠲᠠᠭ᠋ᠠᠯ᠎ᠠᠴᠠ ᠣᠯᠭᠣᠭᠰᠠᠨ ᠪᠠ ᠬᠠᠤᠯᠢ ᠴᠠᠭ᠋ᠠᠵᠠ ᠬᠠᠤᠯᠢ ᠲᠣᠭᠲᠠᠭ᠋ᠠᠯ᠎ᠤᠨ ᠶᠣᠰᠣᠭ᠋ᠠᠷ ᠡᠷᠬᠡ ᠣᠯᠭᠣᠭᠰᠠᠨ ᠤᠰᠤᠨ᠎ᠤ ᠵᠠᠰᠠᠭ ᠵᠠᠬᠢᠷᠭ᠋ᠠᠨ᠎ᠤ ᠬᠠᠤᠯᠢ ᠬᠡᠷᠡᠭᠵᠢᠭᠦᠯᠬᠦ ᠡᠭᠦᠷᠭᠡ ᠴᠢᠳᠠᠪᠤᠷᠢ ᠵᠢ ᠴᠢᠩᠭ᠎ᠠ ᠬᠡᠷᠡᠭᠵᠢᠭᠦᠯᠬᠦ ᠬᠡᠷᠡᠭᠲᠡᠶ᠃  ᠥᠪᠡᠷᠲᠡᠭᠡᠨ ᠵᠠᠰᠠᠬᠤ ᠣᠷᠣᠨ᠎ᠤ ᠤᠰᠤᠨ ᠠᠰᠢᠭᠯᠠᠯᠲᠠ ᠵᠢᠨ ᠲᠢᠩᠬᠢᠮ᠎ᠨᠢ ᠮᠤᠵᠢ ᠵᠢᠨ ᠱᠠᠲᠤᠨ᠎ᠤ ᠤᠰᠤᠨ᠎ᠤ ᠵᠠᠰᠠᠭ ᠵᠠᠬᠢᠷᠭ᠋ᠠᠨ᠎ᠤ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ ᠪᠣᠯᠤᠭᠰᠠᠨ᠎ᠤ ᠬᠤᠪᠢ᠎ᠳᠤ᠂  ᠭᠤᠤᠯᠳᠠᠭᠤ ᠪᠥᠬᠦ ᠣᠷᠣᠨ᠎ᠤ ᠤᠰᠤᠨ᠎ᠤ ᠵᠠᠰᠠᠭ ᠵᠠᠬᠢᠷᠭ᠋ᠠᠨ᠎ᠤ ᠬᠠᠤᠯᠢ ᠬᠡᠷᠡᠭᠵᠢᠭᠦᠯᠦᠯᠲᠡ ᠵᠢ ᠨᠢᠭᠡᠳᠦᠯᠲᠡᠶ ᠲᠥᠯᠥᠪᠯᠡᠨ ᠵᠣᠬᠢᠴᠠᠭᠤᠯᠬᠤ᠂  ᠬᠠᠤᠯᠢ ᠬᠡᠷᠡᠭᠵᠢᠭᠦᠯᠬᠦ᠎ᠳᠤ ᠬᠢᠨᠠᠯᠲᠠ ᠲᠠᠯᠪᠢᠬᠤ ᠵᠢ ᠬᠠᠷᠢᠭᠤᠴᠠᠵᠤ᠂  ᠴᠢᠬᠤᠯᠠ ᠶᠡᠭᠡ ᠨᠥᠯᠥᠭᠡ᠎ᠲᠠᠢ ᠨᠠᠷᠢᠨ ᠪᠤᠳᠤᠯᠢᠶᠠᠨᠲᠠᠶ ᠬᠡᠷᠡᠭ ᠪᠣᠯᠤᠨ ᠠᠶ᠋ᠢᠮᠠᠭ ᠬᠤᠲᠠ ᠠᠯᠤᠰᠯᠠᠭᠰᠠᠨ ᠬᠡᠷᠡᠭ᠎ᠢ ᠪᠠᠶ᠋ᠢᠴᠠᠭ᠋ᠠᠨ ᠰᠢᠢ᠍ᠳᠪᠦᠷᠢᠯᠡᠨ᠎ᠡ; ᠠᠶ᠋ᠢᠮᠠᠭ ᠬᠤᠲᠠ ᠵᠢᠨ ᠤᠰᠤᠨ᠎ᠤ ᠵᠠᠰᠠᠭ ᠵᠠᠬᠢᠷᠭ᠋ᠠᠨ᠎ᠤ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ᠎ᠨᠢ ᠭᠤᠤᠯᠳᠠᠭᠤ ᠲᠣᠰ ᠠᠶ᠋ᠢᠮᠠᠭ ᠬᠤᠲᠠ ᠵᠢᠨ ᠳᠣᠲᠣᠷᠠᠬᠢ ᠣᠷᠣᠨ ᠪᠦᠰᠡ ᠠᠯᠤᠰᠯᠠᠭᠰᠠᠨ ᠪᠠ ᠴᠢᠬᠤᠯᠠ ᠶᠡᠭᠡ ᠨᠥᠯᠥᠭᠡ᠎ᠲᠠᠢ ᠪᠤᠳᠤᠯᠢᠶᠠᠨᠲᠠᠶ ᠬᠡᠷᠡᠭ ᠵᠢᠴᠢ ᠲᠣᠰ ᠠᠶ᠋ᠢᠮᠠᠭ ᠬᠤᠲᠠ ᠵᠢᠨ ᠤᠰᠤᠨ᠎ᠤ ᠵᠠᠰᠠᠭ ᠵᠠᠬᠢᠷᠭ᠋ᠠᠨ᠎ᠤ ᠬᠠᠤᠯᠢ ᠬᠡᠷᠡᠭᠵᠢᠭᠦᠯᠦᠯᠲᠡ᠎ᠳᠤ ᠬᠢᠨᠠᠯᠲᠠ ᠲᠠᠯᠪᠢᠵᠤ ᠵᠢᠯᠣᠭᠤᠳᠴᠤ᠂  ᠵᠣᠬᠢᠶᠠᠨ ᠪᠠᠶ᠋ᠢᠭᠤᠯᠤᠨ ᠵᠣᠬᠢᠴᠠᠭᠤᠯᠬᠤ ᠵᠢ ᠬᠠᠷᠢᠭᠤᠴᠠᠨ᠎ᠠ; ᠡᠳᠦᠷ ᠲᠤᠲᠤᠮ᠎ᠤᠨ ᠬᠠᠤᠯᠢ ᠬᠡᠷᠡᠭᠵᠢᠭᠦᠯᠦᠯᠲᠡ ᠵᠢᠨ ᠪᠠᠶ᠋ᠢᠴᠠᠭ᠋ᠠᠯᠲᠠ᠂  ᠡᠩ᠎ᠤᠨ ᠬᠠᠤᠯᠢ᠎ᠠᠴᠠ ᠵᠥᠷᠢᠴᠡᠭᠰᠡᠨ ᠬᠡᠷᠡᠭ᠎ᠢ ᠪᠠᠶ᠋ᠢᠴᠠᠭ᠋ᠠᠨ ᠰᠢᠢ᠍ᠳᠪᠦᠷᠢᠯᠡᠬᠦ᠎ᠳᠡᠭᠡᠨ ᠬᠤᠰᠢᠭᠤ ᠰᠢᠶᠠᠨ᠎ᠤ ᠤᠰᠤᠨ᠎ᠤ ᠵᠠᠰᠠᠭ ᠵᠠᠬᠢᠷᠭ᠋ᠠᠨ᠎ᠤ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ ᠵᠶ᠋ᠠᠷ ᠭᠤᠤᠯ ᠪᠣᠯᠭ᠋ᠠᠨ᠎ᠠ; ᠡᠯ᠎ᠡ ᠱᠠᠲᠤᠨ᠎ᠤ ᠤᠰᠤᠨ᠎ᠤ ᠵᠠᠰᠠᠭ ᠵᠠᠬᠢᠷᠭ᠋ᠠᠨ᠎ᠤ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ᠎ᠨᠢ ᠡᠭᠦᠷᠭᠡᠯᠡᠵᠦ ᠪᠠᠶ᠋ᠢᠭ᠎ᠠ ᠬᠠᠤᠯᠢ ᠬᠡᠷᠡᠭᠵᠢᠭᠦᠯᠬᠦ ᠡᠭᠦᠷᠭᠡ ᠬᠠᠷᠢᠭᠤᠴᠠᠯᠭ᠎ᠠ ᠪᠣᠯᠤᠨ ᠬᠠᠤᠯᠢ ᠬᠡᠷᠡᠭᠵᠢᠭᠦᠯᠬᠦ ᠠᠵᠢᠯ᠎ᠤᠨ ᠬᠡᠮᠵᠢᠶ᠎ᠡ ᠵᠢ ᠦᠨᠳᠦᠰᠦᠯᠡᠨ ᠤᠰᠤᠨ᠎ᠤ ᠵᠠᠰᠠᠭ ᠵᠠᠬᠢᠷᠭ᠋ᠠᠨ᠎ᠤ ᠬᠠᠤᠯᠢ ᠬᠡᠷᠡᠭᠵᠢᠭᠦᠯᠬᠦ ᠬᠦᠴᠦᠨ᠎ᠢ ᠲᠡᠭᠦᠯᠳᠡᠷᠵᠢᠭᠦᠯᠵᠦ᠂  ᠲᠣᠰ ᠰᠠᠯᠠᠭ᠎ᠠ ᠮᠥᠴᠢᠷ᠎ᠤᠨ ᠵᠶ᠋ᠠᠨ ᠤᠰᠤᠨ᠎ᠤ ᠶᠠᠪᠤᠳᠠᠯ᠎ᠤᠨ ᠬᠠᠤᠯᠢ᠎ᠠᠴᠠ ᠵᠥᠷᠢᠴᠡᠭᠰᠡᠨ ᠬᠡᠷᠡᠭ᠎ᠢ ᠰᠢᠢ᠍ᠳᠪᠦᠷᠢᠯᠡᠬᠦ ᠠᠵᠢᠯ᠎ᠤᠨ ᠲᠣᠭᠲᠠᠴᠠ ᠵᠢ ᠪᠠᠶ᠋ᠢᠭᠤᠯᠤᠨ ᠪᠦᠷᠢᠨᠰᠢᠭᠦᠯᠵᠦ᠂  ᠬᠠᠷᠢᠶ᠎ᠠ ᠪᠦᠬᠦᠢ ᠠᠵᠢᠯ ᠦᠢ᠍ᠯᠡᠰ᠎ᠤᠨ ᠨᠢᠭᠡᠴᠢ᠎ᠳᠤ ᠬᠠᠤᠯᠢ ᠬᠡᠷᠡᠭᠵᠢᠭᠦᠯᠬᠦ ᠬᠠᠪᠰᠤᠷᠤᠮᠵᠢ ᠪᠠ ᠮᠡᠷᠭᠡᠵᠢᠯ᠎ᠤᠨ ᠲᠤᠯᠭ᠋ᠠᠭᠤᠷᠢᠯᠠᠯ ᠬᠠᠩᠭ᠋ᠠᠨ᠎ᠠ᠃  ᠤᠰᠤᠨ᠎ᠤ ᠶᠠᠪᠤᠳᠠᠯ᠎ᠤᠨ ᠵᠠᠰᠠᠭ ᠵᠠᠬᠢᠷᠭ᠋ᠠᠨ᠎ᠤ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ᠎ᠤᠳ ᠬᠠᠤᠯᠢ ᠴᠠᠭ᠋ᠠᠵᠠ᠂  ᠬᠠᠤᠯᠢ ᠲᠣᠭᠲᠠᠭ᠋ᠠᠯ᠂  ᠳᠦᠷᠢᠮ ᠲᠣᠭᠲᠠᠭ᠋ᠠᠯ᠎ᠤᠨ ᠬᠤᠯᠪᠣᠭᠳᠠᠯ ᠪᠦᠬᠦᠢ ᠲᠣᠭᠲᠠᠭ᠋ᠠᠯ ᠶᠣᠰᠣᠭ᠋ᠠᠷ᠂  ᠬᠠᠤᠯᠢ᠎ᠪᠠᠷ ᠲᠣᠭᠲᠠᠭ᠋ᠠᠭᠰᠠᠨ ᠡᠷᠬᠡ ᠮᠡᠳᠡᠯ᠎ᠤᠨ ᠬᠡᠪᠴᠢᠶᠡᠨ᠎ᠳᠤ ᠬᠠᠷᠢᠶ᠎ᠠ ᠤᠰᠤᠨ᠎ᠤ ᠡᠬᠢ ᠪᠠᠶᠠᠯᠢᠭ᠂  ᠭᠤᠣᠯ ᠮᠥᠷᠡᠨ ᠨᠠᠭᠤᠷ ᠴᠥᠭᠦᠷᠥᠮ᠂  ᠤᠰᠤᠨ ᠴᠥᠭᠦᠷᠥᠮ᠂  ᠤᠰᠤ ᠬᠦᠷᠦᠰᠦ ᠵᠢ ᠬᠠᠮᠠᠭ᠋ᠠᠯᠠᠬᠤ᠂  ᠤᠰᠤ ᠵᠢ ᠠᠷᠪᠢᠯᠠᠬᠤ᠂  ᠪᠦᠲᠦᠭᠡᠨ ᠪᠠᠶ᠋ᠢᠭᠤᠯᠤᠯᠲᠠ ᠵᠢᠨ ᠬᠠᠮᠢᠶᠠᠷᠤᠯᠲᠠ ᠵᠡᠷᠭᠡ ᠣᠯᠠᠨ ᠨᠡᠶ᠋ᠢᠲᠡ ᠵᠢᠨ ᠬᠡᠷᠡᠭ ᠶᠠᠪᠤᠳᠠᠯ᠎ᠢ ᠬᠠᠮᠢᠶᠠᠷᠬᠤ ᠡᠭᠦᠷᠭᠡ ᠴᠢᠳᠠᠪᠤᠷᠢ᠎ᠲᠠᠢ ᠠᠵᠢᠯ ᠦᠢ᠍ᠯᠡᠰ᠎ᠤᠨ ᠨᠢᠭᠡᠴᠢ᠎ᠳᠤ ᠪᠢᠴᠢᠭ ᠵᠶ᠋ᠠᠷ ᠨᠠᠶ᠋ᠢᠳᠠᠵᠤ ᠤᠰᠤᠨ᠎ᠤ ᠵᠠᠰᠠᠭ ᠵᠠᠬᠢᠷᠭ᠋ᠠᠨ᠎ᠤ ᠬᠠᠤᠯᠢ ᠬᠡᠷᠡᠭᠵᠢᠭᠦᠯᠬᠦ ᠡᠭᠦᠷᠭᠡ ᠴᠢᠳᠠᠪᠤᠷᠢ ᠵᠢ ᠬᠡᠷᠡᠭᠵᠢᠭᠦᠯᠵᠦ ᠪᠣᠯᠤᠨ᠎ᠠ; 《ᠬᠣᠣᠰ ᠲᠤᠬᠢᠶᠠᠯᠳᠤᠮᠵᠢ ᠨᠢᠭᠡ ᠢᠯᠡ》 ᠵᠢᠨ ᠬᠢᠨᠠᠯᠲᠠ ᠬᠠᠮᠢᠶᠠᠷᠤᠯᠲᠠ ᠪᠠ 《ᠢᠨᠲ᠋ᠧᠷ ᠰᠦᠯᠵᠢᠶ᠎ᠡ + ᠬᠢᠨᠠᠯᠲᠠ ᠬᠠᠮᠢᠶᠠᠷᠤᠯᠲᠠ》᠎ᠪᠠᠷ ᠰᠠᠭᠤᠷᠢ ᠠᠷᠭ᠎ᠠ ᠪᠠᠷᠢᠯ ᠪᠣᠯᠭ᠋ᠠᠭᠰᠠᠨ᠂  ᠭᠤᠣᠯᠳᠠᠯᠭ᠎ᠠ᠎ᠲᠠᠢ ᠬᠢᠨᠠᠨ ᠬᠠᠮᠢᠶᠠᠷᠬᠤ᠎ᠪᠠᠷ ᠨᠥᠬᠦᠪᠥᠷᠢ ᠪᠣᠯᠭ᠋ᠠᠭᠰᠠᠨ᠂  ᠢᠲᠡᠭᠡᠮᠵᠢ ᠵᠢᠨ ᠬᠢᠨᠠᠯᠲᠠ ᠬᠠᠮᠢᠶᠠᠷᠤᠯᠲᠠ᠎ᠪᠠᠷ ᠰᠠᠭᠤᠷᠢ ᠪᠣᠯᠭ᠋ᠠᠭᠰᠠᠨ ᠰᠢᠨ᠎ᠡ ᠬᠡᠯᠪᠡᠷᠢ ᠵᠢᠨ ᠬᠢᠨᠠᠯᠲᠠ ᠬᠠᠮᠢᠶᠠᠷᠤᠯᠲᠠ ᠵᠢᠨ ᠲᠣᠭᠲᠠᠴᠠ ᠵᠢ ᠪᠦᠷᠢᠨᠰᠢᠭᠦᠯᠦᠨ᠎ᠡ; ᠦᠶᠡᠷ᠎ᠢ ᠰᠡᠷᠭᠡᠶ᠋ᠢᠯᠡᠬᠦ ᠠᠮᠤᠷ ᠲᠦᠪᠰᠢᠨ᠂  ᠤᠰᠤ ᠬᠠᠩᠭ᠋ᠠᠬᠤ ᠠᠮᠤᠷ ᠲᠦᠪᠰᠢᠨ᠂  ᠢᠨᠵᠸᠨ᠋ᠸᠷᠢᠩ᠎ᠤᠨ ᠠᠮᠤᠷ ᠲᠦᠪᠰᠢᠨ᠂  ᠤᠰᠤᠨ᠎ᠤ ᠡᠬᠢ ᠪᠠᠶᠠᠯᠢᠭ ᠤᠰᠤᠨ᠎ᠤ ᠠᠮᠢ ᠠᠬᠤᠶ ᠵᠢᠨ ᠣᠷᠴᠢᠨ ᠲᠣᠭᠤᠷᠢᠨ᠎ᠤ ᠬᠠᠮᠠᠭ᠋ᠠᠯᠠᠯᠲᠠ ᠵᠢᠴᠢ ᠤᠰᠤᠨ ᠠᠰᠢᠭᠯᠠᠯᠲᠠ ᠵᠢᠨ ᠢᠨᠵᠧᠨᠧᠷᠢᠩ᠎ᠤᠨ ᠪᠦᠲᠦᠭᠡᠨ ᠪᠠᠶ᠋ᠢᠭᠤᠯᠤᠯᠲᠠ ᠵᠢᠨ ᠶᠠᠰᠤ ᠴᠢᠨᠠᠷ ᠬᠢᠭᠡᠳ ᠠᠮᠤᠷ ᠲᠦᠪᠰᠢᠨ ᠵᠡᠷᠭᠡ ᠤᠯᠠᠨ ᠲᠦᠮᠡᠨ᠎ᠤ ᠠᠮᠢ ᠪᠡᠶ᠎ᠡ ᠵᠢᠨ ᠠᠰᠢᠭ ᠲᠤᠰᠠ᠎ᠲᠠᠢ ᠬᠤᠯᠪᠣᠭᠳᠠᠬᠤ ᠭᠤᠣᠯᠳᠠᠯᠭ᠎ᠠ᠎ᠲᠠᠢ ᠬᠦᠷᠢᠶᠡᠨ᠎ᠳᠠᠬᠢ ᠬᠠᠤᠯᠢ ᠬᠡᠷᠡᠭᠵᠢᠭᠦᠯᠬᠦ ᠡᠷᠴᠢᠮ᠎ᠢ ᠴᠢᠩᠭ᠋ᠠᠷᠠᠭᠤᠯᠤᠨ᠎ᠠ; ᠳᠠᠯᠳᠠ ᠠᠶᠤᠯ ᠲᠦᠭᠰᠢᠭᠦᠷᠢ ᠶᠡᠬᠡ᠂  ᠬᠠᠤᠯᠢ᠎ᠠᠴᠠ ᠵᠥᠷᠢᠴᠡᠭᠰᠡᠨ ᠰᠦᠪᠡᠭᠴᠢ ᠨᠡᠯᠢᠶᠡᠳ ᠲᠥᠪᠯᠡᠷᠡᠭᠰᠡᠨ᠂  ᠤᠰᠤᠨ᠎ᠤ ᠶᠠᠪᠤᠳᠠᠯ᠎ᠤᠨ ᠬᠡᠷᠡᠭ ᠠᠮᠠᠷᠬᠠᠨ ᠡᠭᠦᠰᠴᠦ ᠤᠯᠠᠨ ᠡᠭᠦᠰᠬᠦ ᠣᠷᠣᠨ ᠪᠦᠰᠡ᠎ᠳᠤ ᠡᠳᠦᠷ ᠲᠤᠳᠤᠮ᠎ᠤᠨ ᠬᠢᠨᠠᠯᠲᠠ ᠬᠠᠮᠢᠶᠠᠷᠤᠯᠲᠠ ᠪᠠ ᠬᠠᠤᠯᠢ ᠬᠡᠷᠡᠭᠵᠢᠭᠦᠯᠦᠯᠲᠡ ᠵᠢᠨ ᠲᠣᠭᠤᠷᠢᠨ ᠪᠠᠶ᠋ᠢᠴᠠᠭ᠋ᠠᠯᠲᠠ ᠵᠢ ᠴᠢᠩᠭ᠋ᠠᠳᠬᠠᠵᠤ᠂  ᠠᠶᠤᠯ ᠲᠦᠭᠰᠢᠭᠦᠷᠢ ᠵᠢ ᠡᠬᠢ ᠡᠭᠦᠰᠦᠯ᠎ᠠᠴᠠ᠎ᠨᠢ ᠤᠷᠢᠳᠴᠢᠯᠠᠨ ᠰᠡᠷᠭᠡᠶ᠋ᠢᠯᠡᠬᠦ ᠪᠠ ᠠᠷᠢᠯᠭ᠋ᠠᠨ᠎ᠠ᠃

   ᠬᠤᠶᠠᠳᠤᠭ᠋ᠠᠷ ᠬᠡᠰᠡᠭ ᠤᠰᠤᠨ᠎ᠤ ᠵᠠᠰᠠᠭ ᠵᠠᠬᠢᠷᠭ᠋ᠠᠨ᠎ᠤ ᠬᠠᠤᠯᠢ ᠬᠡᠷᠡᠭᠵᠢᠭᠦᠯᠦᠯᠲᠡ ᠵᠢᠨ ᠬᠠᠮᠵᠢᠯᠴᠠᠬᠤ ᠲᠣᠭᠲᠠᠴᠠ ᠵᠢ ᠭᠦᠨᠵᠡᠭᠡᠶ᠋ᠢᠷᠡᠭᠦᠯᠦᠨ ᠪᠣᠳᠠᠲᠠᠶ᠋ᠢᠵᠢᠭᠤᠯᠬᠤ ᠪᠣᠯᠣᠨ᠎ᠠ᠃  ᠭᠤᠣᠯᠳᠠᠭᠤ ᠰᠠᠯᠠᠭ᠎ᠠ ᠮᠥᠴᠢᠷ ᠠᠯᠤᠰᠯᠠᠨ ᠣᠷᠣᠨ ᠪᠦᠰᠡ ᠠᠯᠤᠰᠯᠠᠨ ᠬᠠᠤᠯᠢ ᠬᠡᠷᠡᠭᠵᠢᠭᠦᠯᠬᠦ ᠲᠠᠯ᠎ᠠ᠎ᠪᠠᠷ ᠬᠠᠮᠲᠤᠷᠠᠨ ᠬᠥᠳᠡᠯᠦᠯᠴᠡᠬᠦ ᠵᠢ ᠴᠢᠩᠭ᠋ᠠᠳᠬᠠᠵᠤ᠂  ᠭᠤᠣᠯ ᠮᠥᠷᠡᠨ ᠨᠠᠭᠤᠷ ᠴᠥᠭᠦᠷᠥᠮ᠎ᠤᠨ ᠳᠠᠷᠤᠭ᠎ᠠ ᠵᠢᠨ ᠳᠦᠷᠢᠮ᠎ᠤᠨ ᠲᠠᠪᠴᠠᠩ᠎ᠤᠨ ᠦᠢ᠍ᠯᠡᠳᠦᠯ᠎ᠢ ᠭᠦᠢ᠍ᠴᠡᠳ ᠪᠠᠳᠠᠷᠠᠭᠤᠯᠤᠨ᠂  ᠣᠷᠣᠨ ᠪᠦᠰᠡ ᠵᠢᠨ ᠬᠤᠭᠤᠷᠣᠨᠳᠣᠬᠢ᠂  ᠰᠠᠯᠠᠭ᠎ᠠ ᠮᠥᠴᠢᠷ᠎ᠤᠨ ᠬᠤᠭᠤᠷᠣᠨᠳᠣᠬᠢ ᠵᠢᠴᠢ ᠳᠡᠭᠡᠳᠦ ᠳᠣᠣᠷᠠᠳᠤ ᠤᠷᠤᠰᠬᠠᠯ᠂  ᠵᠡᠭᠦᠨ ᠪᠠᠷᠠᠭᠤᠨ ᠡᠷᠭᠢ ᠵᠢ ᠬᠠᠮᠵᠢᠯᠴᠠᠨ ᠬᠠᠮᠲᠤᠷᠠᠯᠴᠠᠬᠤ ᠵᠢ ᠴᠢᠩᠭ᠋ᠠᠳᠬᠠᠵᠤ᠂  ᠤᠰᠤᠨ᠎ᠤ ᠵᠠᠰᠠᠭ ᠵᠠᠬᠢᠷᠭ᠋ᠠᠨ᠎ᠤ ᠬᠠᠤᠯᠢ ᠬᠡᠷᠡᠭᠵᠢᠭᠦᠯᠬᠦ ᠪᠠ ᠪᠠᠶ᠋ᠢᠴᠠᠭ᠋ᠠᠬᠤ ᠠᠵᠢᠯ᠎ᠤᠨ ᠨᠡᠶ᠋ᠢᠲᠡ ᠵᠢᠨ ᠠᠰᠠᠷᠠᠮᠵᠢ ᠵᠢᠨ ᠵᠠᠷᠭᠤ ᠵᠢᠨ ᠬᠠᠮᠵᠢᠯᠴᠠᠬᠤ ᠲᠣᠭᠲᠠᠴᠠ ᠵᠢ ᠰᠠᠶ᠋ᠢᠲᠤᠷ ᠬᠡᠷᠡᠭᠯᠡᠨ᠂  ᠰᠢᠭᠦᠨ ᠲᠠᠰᠤᠯᠬᠤ ᠪᠠᠶ᠋ᠢᠭᠤᠯᠭ᠎ᠠ᠎ᠯᠤᠭ᠎ᠠ ᠵᠢᠨ ᠵᠣᠬᠢᠴᠠᠭᠤᠯᠭ᠎ᠠ ᠨᠡᠪᠲᠡᠷᠡᠯᠴᠡᠭᠡ᠎ᠪᠠᠨ ᠴᠢᠩᠭ᠋ᠠᠳᠬᠠᠵᠤ᠂  ᠰᠠᠬᠢᠯᠭ᠎ᠠ ᠪᠠᠲᠤ ᠪᠠᠶ᠋ᠢᠴᠠᠭ᠋ᠠᠬᠤ ᠬᠢᠨᠠᠨ ᠪᠠᠶ᠋ᠢᠴᠠᠭ᠋ᠠᠬᠤ ᠪᠠᠶ᠋ᠢᠭᠤᠯᠭ᠎ᠠ᠎ᠯᠤᠭ᠎ᠠ ᠵᠢᠨ ᠬᠠᠮᠵᠢᠯᠴᠠᠭ᠎ᠠ ᠬᠠᠮᠲᠤᠷᠠᠯᠴᠠᠭ᠎ᠠ᠎ᠪᠠᠨ ᠴᠢᠩᠭ᠋ᠠᠳᠬᠠᠨ᠎ᠠ; ᠶᠡᠷᠦᠩᠬᠡᠶ᠋ᠢᠯᠡᠭᠰᠡᠨ ᠵᠠᠰᠠᠭ ᠵᠠᠬᠢᠷᠭ᠋ᠠᠨ᠎ᠤ ᠬᠠᠤᠯᠢ ᠬᠡᠷᠡᠭᠵᠢᠭᠦᠯᠬᠦ᠎ᠯᠦᠭᠡ ᠵᠣᠯᠭ᠋ᠠᠯᠳᠤᠭᠤᠯᠬᠤ ᠪᠠ ᠬᠠᠮᠵᠢᠯᠴᠠᠬᠤ ᠵᠢ ᠴᠢᠩᠭ᠋ᠠᠳᠬᠠᠨ᠂  ᠬᠤᠰᠢᠭᠤ ᠰᠢᠶᠠᠨ᠎ᠤ ᠤᠰᠤᠨ᠎ᠤ ᠵᠠᠰᠠᠭ ᠵᠠᠬᠢᠷᠭ᠋ᠠᠨ᠎ᠤ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ᠎ᠤᠳ ᠬᠤᠰᠢᠭᠤ ᠰᠢᠶᠠᠨ᠂  ᠰᠤᠮᠤ ᠰᠢᠶᠠᠩ ᠪᠠᠯᠭ᠋ᠠᠰᠤ (ᠵᠡᠭᠡᠯᠢ ᠭᠤᠳᠤᠮᠵᠢ) ᠵᠢᠨ ᠶᠡᠷᠦᠩᠬᠡᠶ᠋ᠢᠯᠡᠭᠰᠡᠨ ᠬᠠᠤᠯᠢ ᠬᠡᠷᠡᠭᠵᠢᠭᠦᠯᠬᠦ ᠪᠠᠶ᠋ᠢᠭᠤᠯᠤᠮᠵᠢ᠎ᠲᠠᠢ ᠰᠠᠨᠠᠭ᠋ᠠᠴᠢᠯᠠᠭ᠎ᠠ᠎ᠠᠴᠠ᠎ᠪᠠᠨ ᠵᠣᠯᠭ᠋ᠠᠭᠤᠯᠵᠤ᠂  ᠤᠰᠤᠨ᠎ᠤ ᠶᠠᠪᠤᠳᠠᠯ᠎ᠤᠨ ᠬᠠᠤᠯᠢ᠎ᠠᠴᠠ ᠵᠥᠷᠢᠴᠡᠭᠰᠡᠨ ᠬᠡᠷᠡᠭ᠎ᠢ ᠰᠢᠯᠵᠢᠭᠦᠯᠦᠨ ᠬᠦᠷᠭᠡᠵᠦ ᠬᠦᠯᠢᠶᠡᠨ ᠠᠪᠬᠤ᠂  ᠰᠢᠢ᠍ᠳᠭᠡᠵᠦ ᠬᠡᠷᠡᠭ ᠪᠣᠯᠭ᠋ᠠᠨ ᠳᠠᠩᠰᠠᠯᠠᠬᠤ᠂  ᠦᠷ᠎ᠡ ᠳ᠋ᠦᠩ᠎ᠢ ᠬᠠᠷᠢᠭᠤ ᠲᠤᠰᠬᠠᠬᠤ᠂  ᠵᠣᠬᠢᠴᠠᠭᠤᠯᠤᠨ ᠬᠢᠨᠠᠯᠲᠠ ᠲᠠᠯᠪᠢᠬᠤ ᠵᠡᠷᠭᠡ ᠭᠤᠭᠴᠤᠭ᠎ᠠ᠎ᠳᠤ ᠠᠵᠢᠯ᠎ᠤᠨ ᠲᠣᠭᠲᠠᠴᠠ ᠵᠢ ᠪᠠᠶ᠋ᠢᠭᠤᠯᠵᠤ᠂  ᠴᠠᠭ᠎ᠲᠤᠨᠢ ᠲᠣᠬᠢᠷᠠᠭᠤᠯᠤᠨ ᠬᠠᠮᠲᠤᠷᠠᠨ ᠪᠠᠶ᠋ᠢᠴᠠᠭ᠋ᠠᠬᠤ ᠵᠢ ᠥᠷᠨᠢᠭᠦᠯᠵᠦ᠂  ᠬᠢᠨᠠᠯᠲᠠ ᠬᠠᠮᠢᠶᠠᠷᠤᠯᠲᠠ ᠵᠢᠨ ᠮᠡᠳᠡᠭᠡ ᠵᠠᠩᠭᠢ ᠵᠢ ᠬᠠᠷᠢᠯᠴᠠᠨ ᠮᠡᠳᠡᠷᠡᠬᠦ ᠵᠢ ᠠᠬᠢᠭᠤᠯᠤᠨ᠂  ᠣᠯᠠᠨ ᠲᠠᠯ᠎ᠠ᠎ᠠᠴᠠ ᠬᠠᠤᠯᠢ ᠬᠡᠷᠡᠭᠵᠢᠭᠦᠯᠬᠦ᠂  ᠳᠠᠪᠬᠤᠷᠳᠠᠭᠤᠯᠤᠨ ᠪᠠᠶ᠋ᠢᠴᠠᠭ᠋ᠠᠬᠤ᠎ᠠᠴᠠ ᠵᠠᠶ᠋ᠢᠯᠠᠰᠬᠢᠬᠦ ᠬᠡᠷᠡᠭᠲᠡᠶ᠃  ᠥᠪᠡᠷᠲᠡᠭᠡᠨ ᠵᠠᠰᠠᠬᠤ ᠣᠷᠣᠨ᠎ᠤ ᠤᠰᠤᠨ ᠠᠰᠢᠭᠯᠠᠯᠲᠠ ᠵᠢᠨ ᠲᠢᠩᠬᠢᠮ᠎ᠨᠢ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠤᠷᠢᠶ᠎ᠠ ᠵᠢᠨ ᠣᠷᠣᠨ ᠲᠤᠭ᠎ᠠ ᠵᠢᠨ ᠠᠯᠪᠠᠨ ᠬᠡᠷ᠂  ᠥᠪᠡᠷᠲᠡᠭᠡᠨ ᠵᠠᠰᠠᠬᠤ ᠣᠷᠣᠨ᠎ᠤ ᠬᠠᠤᠯᠢ ᠴᠠᠭ᠋ᠠᠵᠠ ᠵᠢᠨ ᠲᠢᠩᠬᠢᠮ᠎ᠲᠠᠢ ᠢᠳᠡᠪᠬᠢᠲᠡᠶ ᠬᠠᠮᠵᠢᠯᠴᠠᠨ ᠨᠢᠭᠡᠨᠲᠡ ᠡᠷᠬᠡ ᠣᠯᠭᠤᠭᠰᠠᠨ ᠰᠤᠮᠤ ᠰᠢᠶᠠᠩ ᠪᠠᠯᠭ᠋ᠠᠰᠤ (ᠵᠡᠭᠡᠯᠢ ᠭᠤᠳᠤᠮᠵᠢ) ᠵᠢᠨ ᠤᠰᠤᠨ᠎ᠤ ᠵᠠᠰᠠᠭ ᠵᠠᠬᠢᠷᠭ᠋ᠠᠨ᠎ᠤ ᠬᠠᠤᠯᠢ ᠬᠡᠷᠡᠭᠵᠢᠭᠦᠯᠬᠦ ᠵᠦᠢ᠍ᠯᠡᠰ᠎ᠢ ᠲᠣᠭᠲᠠᠮᠠᠯ ᠬᠤᠭᠤᠴᠠᠭ᠎ᠠ᠎ᠲᠠᠢ᠎ᠪᠠᠷ ᠦᠨᠡᠯᠡᠨ ᠵᠢᠱ᠌ᠢᠬᠦ ᠠᠵᠢᠯ᠎ᠢ ᠰᠠᠶ᠋ᠢᠲᠤᠷ ᠬᠢᠵᠦ᠂  ᠦᠨᠳᠦᠰᠦᠨ ᠱᠠᠲᠤ ᠵᠢ ᠵᠠᠯᠭ᠋ᠠᠨ ᠠᠪᠴᠤ ᠳᠡᠶ᠋ᠢᠯᠬᠦ ᠥᠬᠡᠶ᠂  ᠬᠢᠨᠠᠯᠲᠠ ᠬᠠᠮᠢᠶᠠᠷᠤᠯᠲᠠ ᠵᠢ ᠳᠠᠭ᠋ᠠᠵᠤ ᠳᠡᠶ᠋ᠢᠯᠬᠦ ᠥᠬᠡᠶ᠎ᠳᠤ᠎ᠨᠢ ᠴᠠᠭ ᠲᠤᠬᠠᠶ᠎ᠳᠤ᠎ᠨᠢ ᠲᠣᠬᠢᠷᠠᠭᠤᠯᠤᠯᠲᠠ ᠬᠢᠬᠦ ᠰᠠᠨᠠᠭᠤᠯᠭ᠎ᠠ ᠳᠤᠷᠠᠳᠴᠤ᠂  ᠡᠷᠬᠡ ᠣᠯᠭᠤᠬᠤ ᠵᠢᠯᠣᠭᠤᠳᠬᠤ ᠨᠠᠷᠢᠨ ᠲᠠᠩᠰᠠ ᠵᠢ ᠬᠥᠳᠡᠯᠦᠩᠭᠦᠶ᠎ᠪᠠᠷ ᠳᠣᠭᠢᠷᠠᠭᠤᠯᠬᠤ᠎ᠲᠠᠢ ᠬᠠᠮᠵᠢᠯᠴᠠᠨ᠂  ᠡᠷᠬᠡ ᠣᠯᠭᠤᠬᠤ ᠵᠦᠢ᠍ᠯᠡᠰ᠎ᠢ ᠳᠣᠷᠣᠭᠰᠢ ᠲᠠᠯᠪᠢᠵᠤ᠂  ᠭᠥᠯᠢᠶᠡᠨ ᠠᠪᠴᠤ ᠳᠡᠶ᠋ᠢᠯᠬᠦ᠂  ᠰᠠᠶ᠋ᠢᠲᠤᠷ ᠬᠠᠮᠢᠶᠠᠷᠴᠤ᠂  ᠬᠢᠨᠠᠯᠲᠠ ᠲᠠᠯᠪᠢᠬᠤ ᠵᠢ ᠦᠨᠡᠨ ᠬᠦ᠌ ᠪᠠᠲᠤᠯᠠᠨ᠎ᠠ᠃

   ᠭᠤᠷᠪᠠᠳᠤᠭ᠋ᠠᠷ ᠬᠡᠰᠡᠭ ᠤᠰᠤᠨ᠎ᠤ ᠵᠠᠰᠠᠭ ᠵᠠᠬᠢᠷᠭ᠋ᠠᠨ᠎ᠤ ᠬᠠᠤᠯᠢ ᠬᠡᠷᠡᠭᠵᠢᠭᠦᠯᠬᠦ ᠠᠵᠢᠯᠯᠠᠭ᠎ᠠ ᠵᠢ ᠵᠢᠷᠤᠮᠵᠢᠭᠤᠯᠬᠤ ᠪᠤᠯᠤᠨ᠎ᠠ᠃  ᠡᠭᠦᠨ᠎ᠳᠤ ᠭᠤᠣᠯᠳᠠᠭᠤ ᠵᠠᠰᠠᠭ ᠵᠠᠬᠢᠷᠭ᠋ᠠᠨ᠎ᠤ ᠬᠠᠤᠯᠢ ᠬᠡᠷᠡᠭᠵᠢᠭᠦᠯᠬᠦ ᠮᠡᠳᠡᠭᠡ ᠵᠠᠩᠭᠢ ᠵᠢ ᠢᠯᠡ ᠨᠡᠶ᠋ᠢᠲᠡᠯᠡᠬᠦ ᠳᠦᠷᠢᠮ᠂  ᠵᠠᠰᠠᠭ ᠵᠠᠬᠢᠷᠭ᠋ᠠᠨ᠎ᠤ ᠬᠠᠤᠯᠢ ᠬᠡᠷᠡᠭᠵᠢᠭᠦᠯᠬᠦ ᠪᠦᠬᠦ ᠶᠠᠪᠤᠴᠠ ᠵᠢ ᠲᠡᠮᠳᠡᠭᠯᠡᠬᠦ ᠳᠦᠷᠢᠮ ᠪᠠ ᠬᠠᠤᠯᠢ ᠬᠡᠷᠡᠭᠵᠢᠭᠦᠯᠬᠦ ᠴᠢᠬᠤᠯᠠ ᠶᠡᠭᠡ ᠲᠣᠭᠲᠠᠭ᠋ᠠᠯ᠎ᠤᠨ ᠬᠠᠤᠯᠢ ᠳᠦᠷᠢᠮ᠎ᠤᠨ ᠬᠢᠨᠠᠨ ᠬᠠᠷᠭᠤᠭᠤᠯᠬᠤ ᠳᠦᠷᠢᠮ᠎ᠢ ᠴᠢᠩᠭ᠎ᠠ ᠬᠡᠷᠡᠭᠵᠢᠭᠦᠯᠬᠦ ᠵᠢ ᠪᠠᠭᠲᠠᠭ᠋ᠠᠵᠤ᠂  ᠤᠰᠤᠨ᠎ᠤ ᠵᠠᠰᠠᠭ ᠵᠠᠬᠢᠷᠭ᠋ᠠᠨ᠎ᠤ ᠵᠥᠪᠰᠢᠶᠡᠷᠡᠯ᠂  ᠵᠠᠰᠠᠭ ᠵᠠᠬᠢᠷᠭ᠋ᠠᠨ᠎ᠤ ᠪᠠᠶ᠋ᠢᠴᠠᠭ᠋ᠠᠯᠲᠠ᠂  ᠵᠠᠰᠠᠭ ᠵᠠᠬᠢᠷᠭ᠋ᠠᠨ᠎ᠤ ᠰᠢᠢ᠍ᠳᠬᠡᠯ᠂  ᠵᠠᠰᠠᠭ ᠵᠠᠬᠢᠷᠭ᠋ᠠᠨ᠎ᠤ ᠠᠯᠪᠠᠳᠠᠯᠭ᠎ᠠ ᠵᠡᠷᠭᠡ ᠬᠠᠤᠯᠢ ᠬᠡᠷᠡᠭᠵᠢᠭᠦᠯᠬᠦ ᠵᠦᠢ᠍ᠯᠡᠰ᠎ᠤᠨ ᠬᠡᠷᠡᠭ᠎ᠤᠨ ᠡᠮᠦᠨᠡᠬᠢ᠂  ᠬᠡᠷᠡᠭ᠎ᠤᠨ ᠳᠤᠮᠳᠠᠬᠢ᠂  ᠬᠡᠷᠡᠭ᠎ᠤᠨ ᠳᠠᠷᠠᠭ᠎ᠠ ᠢᠯᠡ ᠪᠣᠯᠭ᠋ᠠᠬᠤ ᠠᠵᠢᠯ᠎ᠢ ᠬᠠᠤᠯᠢ ᠶᠣᠰᠣᠭ᠋ᠠᠷ ᠵᠢᠷᠤᠮᠵᠢᠭᠤᠯᠤᠨ ᠰᠠᠶ᠋ᠢᠲᠤᠷ ᠬᠢᠵᠦ᠂  ᠵᠠᠰᠠᠭ ᠵᠠᠬᠢᠷᠭ᠋ᠠᠨ᠎ᠤ ᠬᠠᠤᠯᠢ ᠬᠡᠷᠡᠭᠵᠢᠭᠦᠯᠬᠦ ᠳᠡᠰ ᠳᠠᠷᠠᠭ᠋ᠠᠯᠠᠯ ᠪᠠ ᠤᠰᠤᠨ ᠠᠰᠢᠭᠯᠠᠯᠲᠠ ᠵᠢᠨ ᠶᠠᠮᠤᠨ᠂  ᠥᠪᠡᠷᠲᠡᠭᠡᠨ ᠵᠠᠰᠠᠬᠤ ᠣᠷᠣᠨ᠎ᠤ ᠬᠠᠤᠯᠢ ᠴᠠᠭ᠋ᠠᠵᠠ ᠵᠢᠨ ᠲᠢᠩᠬᠢᠮ᠎ᠤᠨ ᠲᠣᠭᠲᠠᠭ᠋ᠠᠭᠰᠠᠨ ᠵᠠᠰᠠᠭ ᠵᠠᠬᠢᠷᠭ᠋ᠠᠨ᠎ᠤ ᠬᠠᠤᠯᠢ ᠬᠡᠷᠡᠭᠵᠢᠭᠦᠯᠬᠦ ᠪᠢᠴᠢᠭ ᠬᠠᠷ᠎ᠠ ᠵᠢᠨ ᠬᠡᠯᠪᠡᠷᠢ ᠮᠠᠶᠢᠭ᠂  ᠬᠡᠷᠡᠭ᠎ᠤᠨ ᠡᠪᠬᠡᠮᠡᠯ ᠵᠢᠴᠢ ᠦᠨᠡᠯᠡᠨ ᠪᠠᠶ᠋ᠢᠴᠠᠭ᠋ᠠᠬᠤ ᠪᠠᠷᠢᠮᠵᠢᠶ᠎ᠠ ᠵᠢᠨ ᠬᠠᠤᠯᠢ ᠬᠡᠷᠡᠭᠵᠢᠭᠦᠯᠵᠦ ᠬᠡᠷᠡᠭ ᠰᠢᠢ᠍ᠳᠪᠦᠷᠢᠯᠡᠵᠦ᠂  ᠴᠢᠬᠤᠯᠠ ᠶᠡᠭᠡ ᠬᠠᠤᠯᠢ ᠬᠡᠷᠡᠭᠵᠢᠭᠦᠯᠬᠦ ᠲᠣᠭᠲᠠᠭ᠋ᠠᠯ ᠭᠠᠷᠭ᠋ᠠᠬᠤ᠎ᠠᠴᠠ ᠡᠮᠦᠨ᠎ᠡ ᠬᠠᠤᠯᠢ ᠳᠦᠷᠢᠮ᠎ᠤᠨ ᠬᠢᠨᠠᠨ ᠬᠠᠷᠭᠤᠭᠤᠯᠤᠯᠲᠠ ᠵᠢ ᠴᠢᠩᠭ᠎ᠠ ᠬᠡᠷᠡᠭᠵᠢᠭᠦᠯᠵᠦ᠂  ᠬᠠᠤᠯᠢ ᠴᠠᠭ᠋ᠠᠵᠠ ᠵᠢᠨ ᠵᠥᠪᠯᠡᠭᠴᠢ᠂  ᠠᠯᠪᠠᠨ ᠲᠤᠰᠢᠶᠠᠯᠲᠤ ᠬᠠᠤᠯᠢᠴᠢ ᠪᠠ ᠬᠤᠯᠪᠣᠭᠳᠠᠯ ᠪᠦᠬᠦᠢ ᠬᠠᠤᠯᠢ ᠴᠠᠭ᠋ᠠᠵᠠ ᠵᠢᠨ ᠲᠤᠰᠬᠠᠢ ᠮᠡᠷᠭᠡᠵᠢᠯᠲᠡᠨ᠎ᠤ ᠬᠠᠤᠯᠢ ᠳᠦᠷᠢᠮ᠎ᠤᠨ ᠬᠢᠨᠠᠨ ᠬᠠᠷᠭᠤᠭᠤᠯᠤᠯᠲᠠ ᠳᠤᠮᠳᠠᠬᠢ ᠦᠢ᠍ᠯᠡᠳᠦᠯ᠎ᠢ ᠭᠦᠢ᠍ᠴᠡᠳ ᠪᠠᠳᠠᠷᠠᠭᠤᠯᠬᠤ ᠬᠡᠷᠡᠭᠲᠡᠢ; ᠲᠠᠰᠤᠯᠤᠯᠲᠠ ᠵᠢᠨ ᠰᠠᠭᠤᠷᠢ ᠪᠠᠷᠢᠮᠵᠢᠶ᠎ᠠ ᠵᠢᠨ ᠲᠦᠷᠢᠮ᠎ᠢ ᠬᠢᠨᠠᠮᠠᠭ᠋ᠠᠶ ᠨᠠᠶ᠋ᠢᠳᠠᠪᠤᠷᠢᠵᠢᠭᠤᠯᠵᠤ᠂ 《ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠤᠰᠤᠨ᠎ᠤ ᠵᠠᠰᠠᠭ ᠵᠠᠬᠢᠷᠭ᠋ᠠᠨ᠎ᠤ ᠰᠢᠢ᠍ᠳᠭᠡᠯ ᠲᠣᠷᠭ᠋ᠠᠭᠤᠯᠢ ᠵᠢᠨ ᠲᠠᠰᠤᠯᠤᠯᠲᠠ ᠵᠢᠨ ᠡᠷᠬᠡ ᠵᠢᠨ ᠰᠠᠭᠤᠷᠢ ᠪᠠᠷᠢᠮᠵᠢᠶ᠎ᠠ (ᠲᠤᠷᠰᠢᠨ ᠬᠡᠷᠡᠭᠵᠢᠭᠦᠯᠬᠦ)》 ᠵᠢ ᠬᠥᠳᠡᠯᠦᠩᠭᠦᠶ᠎ᠪᠠᠷ ᠳᠣᠭᠢᠷᠠᠭᠤᠯᠤᠨ᠂  ᠵᠣᠭᠤᠰ ᠵᠶ᠋ᠠᠷ ᠲᠣᠷᠭ᠋ᠠᠬᠤ ᠵᠢ ᠬᠡᠷᠡᠭᠵᠢᠭᠦᠯᠬᠦ ᠵᠢ ᠴᠢᠩᠭ᠎ᠠ ᠵᠢᠷᠤᠮᠵᠢᠭᠤᠯᠵᠤ᠂  ᠰᠢᠢ᠍ᠳᠭᠡᠨ ᠲᠣᠷᠭ᠋ᠠᠬᠤ ᠪᠠ ᠰᠤᠷᠭ᠋ᠠᠨ ᠬᠥᠮᠦᠵᠢᠭᠦᠯᠬᠦ ᠵᠢ ᠬᠠᠷᠢᠯᠴᠠᠨ ᠤᠶᠠᠯᠳᠤᠭᠤᠯᠬᠤ᠂  ᠬᠠᠤᠯᠢ ᠬᠡᠷᠡᠭᠵᠢᠭᠦᠯᠬᠦ ᠪᠠ ᠦᠢ᠍ᠯᠡᠴᠢᠯᠡᠬᠦ ᠵᠢ ᠤᠶᠠᠯᠳᠤᠭᠤᠯᠬᠤ ᠵᠢ ᠪᠠᠷᠢᠮᠲᠠᠯᠠᠨ᠂  ᠬᠠᠤᠯᠢ ᠲᠦᠭᠡᠮᠡᠯᠵᠢᠭᠦᠯᠬᠦ ᠬᠥᠮᠦᠵᠢᠯ᠎ᠢ ᠵᠠᠰᠠᠭ ᠵᠠᠬᠢᠷᠭ᠋ᠠᠨ᠎ᠤ ᠰᠢᠢ᠍ᠳᠭᠡᠯ ᠲᠣᠷᠭ᠋ᠠᠭᠤᠯᠢ ᠵᠢᠨ ᠪᠥᠬᠦ ᠶᠠᠪᠤᠴᠠ᠎ᠳᠤ ᠲᠤᠭᠤᠰᠢᠯᠠᠭᠤᠯᠵᠤ᠂  ᠠᠵᠤ ᠠᠬᠤᠶ᠋ᠢᠯᠠᠯ ᠪᠠ ᠣᠯᠠᠨ ᠲᠦᠮᠡᠨ᠎ᠤ ᠬᠠᠤᠯᠢ ᠶᠣᠰᠣᠭ᠋ᠠᠷ ᠡᠵᠡᠩᠨᠡᠬᠦ᠂  ᠤᠬᠠᠮᠰᠠᠷ᠎ᠠᠴᠠ᠎ᠪᠠᠨ ᠬᠠᠤᠯᠢ ᠵᠢ ᠰᠠᠬᠢᠬᠤ ᠵᠢ ᠬᠥᠮᠦᠵᠢᠭᠦᠯᠦᠨ ᠵᠢᠯᠣᠭᠤᠳᠤᠨ᠎ᠠ᠃

   ᠳᠥᠷᠪᠡᠳᠦᠭᠡᠷ ᠬᠡᠰᠡᠭ ᠤᠰᠤᠨ᠎ᠤ ᠵᠠᠰᠠᠭ ᠵᠠᠬᠢᠷᠭ᠋ᠠᠨ᠎ᠤ ᠬᠠᠤᠯᠢ ᠬᠡᠷᠡᠭᠵᠢᠭᠦᠯᠦᠯᠲᠡ᠎ᠳᠤ ᠬᠢᠨᠠᠯᠲᠠ ᠲᠠᠯᠪᠢᠵᠤ ᠬᠢᠨᠠᠨ ᠰᠢᠯᠭ᠋ᠠᠬᠤ ᠵᠢ ᠴᠢᠩᠭ᠋ᠠᠳᠬᠠᠬᠤ ᠶᠠᠪᠤᠳᠠᠯ ᠪᠣᠯᠣᠨ᠎ᠠ᠃  ᠭᠤᠣᠯᠳᠠᠭᠤ ᠲᠤᠰ ᠨᠢᠭᠡᠴᠢ ᠵᠢᠨ ᠵᠶ᠋ᠠᠨ ᠬᠠᠤᠯᠢ ᠬᠡᠷᠡᠭᠵᠢᠭᠦᠯᠬᠦ ᠰᠠᠯᠠᠭ᠎ᠠ ᠮᠥᠴᠢᠷ᠂  ᠬᠠᠷᠢᠶ᠎ᠠ ᠪᠠᠶ᠋ᠢᠭᠤᠯᠤᠮᠵᠢ ᠪᠣᠯᠤᠨ ᠳᠣᠤᠷᠠᠳᠤ ᠱᠠᠲᠤᠨ᠎ᠤ ᠬᠤᠯᠪᠣᠭᠳᠠᠯ ᠪᠦᠬᠦᠢ ᠰᠠᠯᠠᠭ᠎ᠠ ᠮᠥᠴᠢᠷ᠎ᠤᠨ ᠤᠰᠤᠨ᠎ᠤ ᠵᠠᠰᠠᠭ ᠵᠠᠬᠢᠷᠭ᠋ᠠᠨ᠎ᠤ ᠬᠠᠤᠯᠢ ᠬᠡᠷᠡᠭᠵᠢᠭᠦᠯᠬᠦ ᠠᠵᠢᠯ᠎ᠳᠤ ᠪᠠᠶ᠋ᠢᠩᠭᠤ ᠵᠢᠨ ᠴᠢᠨᠠᠷᠲᠠᠶ ᠬᠢᠨᠠᠯᠲᠠ ᠲᠠᠯᠪᠢᠬᠤ ᠵᠢ ᠴᠢᠩᠭ᠋ᠠᠳᠬᠠᠵᠤ᠂  ᠬᠠᠤᠯᠢ ᠬᠡᠷᠡᠭᠵᠢᠭᠦᠯᠬᠦ ᠬᠢᠨᠠᠯᠲᠠ ᠲᠠᠯᠪᠢᠬᠤ ᠠᠵᠢᠯ᠎ᠤᠨ ᠳᠦᠷᠢᠮ᠎ᠢ ᠪᠠᠶ᠋ᠢᠩᠭᠤᠵᠢᠭᠤᠯᠤᠨ ᠥᠷᠨᠢᠭᠦᠯᠵᠦ᠂  ᠵᠠᠰᠠᠭ ᠵᠠᠬᠢᠷᠭ᠋ᠠᠨ᠎ᠤ ᠬᠠᠤᠯᠢ ᠬᠡᠷᠡᠭᠵᠢᠭᠦᠯᠬᠦ ᠴᠢᠬᠤᠯᠠ ᠶᠡᠭᠡ ᠬᠡᠷᠡᠭ᠎ᠢ ᠰᠢᠮᠳᠠᠭᠤᠯᠤᠨ ᠰᠢᠢ᠍ᠳᠪᠦᠷᠢᠯᠡᠬᠦ ᠡᠷᠴᠢᠮ ᠵᠶ᠋ᠠᠨ ᠴᠢᠩᠭ᠋ᠠᠷᠠᠭᠤᠯᠤᠨ᠎ᠠ; ᠬᠠᠤᠯᠢ ᠬᠡᠷᠡᠭᠵᠢᠭᠦᠯᠬᠦ ᠲᠤᠰᠬᠠᠶ ᠵᠦᠢ᠍ᠯ᠎ᠤᠨ ᠬᠢᠨᠠᠯᠲᠠ ᠵᠢ ᠰᠠᠶ᠋ᠢᠲᠤᠷ ᠠᠳᠬᠤᠵᠤ᠂  ᠵᠢᠯ ᠪᠦᠷᠢ ᠤᠰᠤᠨ᠎ᠤ ᠵᠠᠰᠠᠭ ᠵᠠᠬᠢᠷᠭ᠋ᠠᠨ᠎ᠤ ᠬᠠᠤᠯᠢ ᠬᠡᠷᠡᠭᠵᠢᠭᠦᠯᠬᠦ ᠬᠢᠨᠠᠯᠲᠠ ᠲᠠᠯᠪᠢᠵᠤ ᠪᠠᠶ᠋ᠢᠴᠠᠭ᠋ᠠᠬᠤ ᠠᠵᠢᠯᠯᠠᠭ᠎ᠠ ᠵᠢ ᠵᠣᠬᠢᠶᠠᠨ ᠪᠠᠶ᠋ᠢᠭᠤᠯᠤᠨ ᠥᠷᠨᠢᠭᠦᠯᠵᠦ᠂  ᠤᠰᠤᠨ᠎ᠤ ᠵᠠᠰᠠᠭ ᠵᠠᠬᠢᠷᠭ᠋ᠠᠨ᠎ᠤ ᠬᠠᠤᠯᠢ ᠬᠡᠷᠡᠭᠵᠢᠭᠦᠯᠬᠦ ᠭᠤᠤᠯᠳᠠᠯᠭ᠎ᠠ᠎ᠲᠠᠢ ᠬᠦᠷᠢᠶ᠎ᠡ ᠴᠠᠷᠠᠭ᠎ᠠ ᠪᠠ ᠨᠡᠶ᠋ᠢᠭᠡᠮ᠎ᠤᠨ ᠲᠤᠰᠬᠠᠯ ᠴᠢᠩᠭ᠎ᠠ ᠪᠠᠶ᠋ᠢᠭ᠎ᠠ ᠤᠰᠤᠨ ᠠᠰᠢᠭᠯᠠᠯᠲᠠ ᠵᠢᠨ ᠭᠤᠤᠯᠳᠠᠯᠭ᠎ᠠ᠎ᠲᠠᠢ ᠬᠠᠤᠯᠢ ᠬᠡᠷᠡᠭᠵᠢᠭᠦᠯᠬᠦ ᠬᠦᠷᠢᠶ᠎ᠡ ᠴᠠᠷᠠᠭ᠎ᠠ ᠪᠠ ᠨᠡᠶ᠋ᠢᠭᠡᠮ᠎ᠤᠨ ᠲᠤᠰᠬᠠᠯ ᠴᠢᠩᠭ᠎ᠠ ᠪᠠᠶ᠋ᠢᠭ᠎ᠠ ᠤᠰᠤᠨ ᠠᠰᠢᠭᠯᠠᠯᠲᠠ ᠵᠢᠨ ᠭᠤᠤᠯᠳᠠᠯᠭ᠎ᠠ᠎ᠲᠠᠢ ᠬᠠᠤᠯᠢ ᠬᠡᠷᠡᠭᠵᠢᠭᠦᠯᠬᠦ ᠠᠰᠠᠭᠤᠳᠠᠯ᠎ᠢ ᠰᠣᠩᠭᠤᠵᠤ ᠲᠤᠰᠬᠠᠶ ᠵᠦᠢ᠍ᠯ᠎ᠤᠨ ᠬᠢᠨᠠᠯᠲᠠ ᠲᠠᠯᠪᠢᠨ᠎ᠠ᠃  ᠬᠠᠤᠯᠢ ᠬᠡᠷᠡᠭᠵᠢᠭᠦᠯᠦᠯᠲᠡ᠎ᠳᠤ ᠬᠢᠨᠠᠯᠲᠠ ᠲᠠᠯᠪᠢᠬᠤ ᠬᠠᠮᠵᠢᠯᠴᠠᠭ᠎ᠠ ᠵᠢ ᠠᠬᠢᠭᠤᠯᠵᠤ᠂  ᠤᠰᠤᠨ᠎ᠤ ᠵᠠᠰᠠᠭ ᠵᠠᠬᠢᠷᠭ᠋ᠠᠨ᠎ᠤ ᠭᠤᠣᠯᠯᠠᠨ ᠬᠠᠮᠢᠶᠠᠷᠬᠤ ᠰᠠᠯᠠᠭ᠎ᠠ ᠮᠥᠴᠢᠷ ᠪᠣᠯᠤᠨ ᠬᠠᠤᠯᠢ ᠴᠠᠭ᠋ᠠᠵᠠ ᠵᠢᠨ ᠵᠠᠰᠠᠭ ᠵᠠᠬᠢᠷᠭ᠋ᠠᠨ᠎ᠤ ᠰᠠᠯᠠᠭ᠎ᠠ ᠮᠥᠴᠢᠷ᠎ᠤᠨ ᠬᠠᠤᠯᠢ ᠬᠡᠷᠡᠭᠵᠢᠭᠦᠯᠦᠯᠲᠡ᠎ᠳᠤ ᠬᠢᠨᠠᠯᠲᠠ ᠲᠠᠯᠪᠢᠵᠤ ᠵᠣᠬᠢᠴᠠᠭᠤᠯᠵᠤ ᠬᠠᠮᠲᠤᠷᠠᠨ ᠬᠥᠳᠡᠯᠦᠯᠴᠡᠬᠦ ᠲᠣᠭᠲᠠᠴᠠ ᠵᠢ ᠪᠠᠶ᠋ᠢᠭᠤᠯᠤᠨ ᠪᠦᠷᠢᠨᠰᠢᠭᠦᠯᠦᠨ᠎ᠡ; ᠬᠠᠤᠯᠢ ᠬᠡᠷᠡᠭᠵᠢᠭᠦᠯᠦᠯᠲᠡ ᠵᠢ ᠬᠢᠨᠠᠨ ᠰᠢᠯᠭ᠋ᠠᠵᠤ ᠦᠨᠡᠯᠡᠬᠦ ᠵᠢ ᠴᠢᠩᠭ᠋ᠠᠳᠬᠠᠵᠤ᠂  ᠤᠰᠤᠨ᠎ᠤ ᠵᠠᠰᠠᠭ ᠵᠠᠬᠢᠷᠭ᠋ᠠᠨ᠎ᠤ ᠬᠠᠤᠯᠢ ᠬᠡᠷᠡᠭᠵᠢᠭᠦᠯᠬᠦ ᠠᠵᠢᠯ᠎ᠢ ᠤᠰᠤᠨ᠎ᠤ ᠡᠬᠢ ᠪᠠᠶᠠᠯᠢᠭ᠂  ᠭᠤᠣᠯ ᠮᠥᠷᠡᠨ ᠨᠠᠭᠤᠷ ᠴᠥᠭᠦᠷᠥᠮ᠎ᠤᠨ ᠳᠠᠷᠤᠭ᠎ᠠ ᠵᠢᠨ ᠳᠦᠷᠢᠮ᠎ᠤᠨ ᠬᠢᠨᠠᠨ ᠰᠢᠯᠭ᠋ᠠᠯᠲᠠ᠎ᠳᠤ ᠣᠷᠣᠭᠤᠯᠵᠤ᠂  ᠬᠠᠤᠯᠢ ᠬᠡᠷᠡᠭᠵᠢᠭᠦᠯᠬᠦ ᠠᠵᠢᠯᠲᠠᠨ᠎ᠤ ᠡᠳᠦᠷ ᠲᠤᠲᠤᠮ᠎ᠤᠨ ᠬᠢᠨᠠᠨ ᠰᠢᠯᠭ᠋ᠠᠵᠤ ᠤᠷᠮᠠᠰᠢᠭᠤᠯᠬᠤ ᠡᠷᠴᠢᠮ᠎ᠢ ᠴᠢᠩᠭ᠋ᠠᠷᠠᠭᠤᠯᠵᠤ᠂  ᠡᠩᠨᠡᠭᠡᠨ᠎ᠤ ᠠᠮᠢᠵᠢᠷᠠᠯ᠎ᠤᠨ ᠬᠦᠴᠦᠨ᠎ᠢ ᠦᠷᠭᠦᠯᠵᠢᠯᠡᠨ ᠬᠥᠭᠵᠢᠭᠡᠨ᠎ᠡ᠃

   ᠲᠠᠪᠤᠳᠤᠭ᠋ᠠᠷ ᠬᠡᠰᠡᠭ ᠤᠰᠤᠨ᠎ᠤ ᠵᠠᠰᠠᠭ ᠵᠠᠬᠢᠷᠭ᠋ᠠᠨ᠎ᠤ ᠬᠠᠤᠯᠢ ᠬᠡᠷᠡᠭᠵᠢᠭᠦᠯᠬᠦ ᠠᠵᠢᠯ᠎ᠤᠨ ᠪᠠᠲᠤᠯᠠᠭ᠎ᠠ ᠵᠢ ᠴᠢᠩᠭ᠋ᠠᠳᠬᠠᠬᠤ ᠲᠤᠬᠠᠢ ᠪᠣᠯᠣᠨ᠎ᠠ᠃  ᠭᠤᠣᠯᠳᠠᠭᠤ ᠤᠰᠤᠨ᠎ᠤ ᠵᠠᠰᠠᠭ ᠵᠠᠬᠢᠷᠭ᠋ᠠᠨ᠎ᠤ ᠬᠠᠤᠯᠢ ᠬᠡᠷᠡᠭᠵᠢᠭᠦᠯᠬᠦ ᠠᠵᠢᠯᠲᠠᠨ᠎ᠤ ᠬᠢᠷᠢ ᠬᠡᠮ᠎ᠤᠨ ᠬᠠᠮᠢᠶᠠᠷᠤᠯᠲᠠ ᠪᠠ ᠦᠨᠡᠮᠯᠡᠯ ᠵᠶ᠋ᠠᠷ ᠠᠵᠢᠯ᠎ᠤᠨ ᠪᠠᠶ᠋ᠢᠷᠢ᠎ᠳᠤ ᠭᠠᠷᠬᠤ ᠳᠦᠷᠢᠮ᠎ᠢ ᠴᠢᠩᠭ᠎ᠠ ᠨᠠᠶ᠋ᠢᠳᠠᠪᠤᠷᠢᠵᠢᠭᠤᠯᠵᠤ᠂  ᠤᠰᠤᠨ᠎ᠤ ᠵᠠᠰᠠᠭ ᠵᠠᠬᠢᠷᠭ᠋ᠠᠨ᠎ᠤ ᠬᠠᠤᠯᠢ ᠬᠡᠷᠡᠭᠵᠢᠭᠦᠯᠬᠦ ᠪᠠᠷᠢᠮᠵᠢᠶᠠᠵᠢᠭᠤᠯᠤᠯᠲᠠ ᠵᠢᠨ ᠳᠦᠷᠢᠮᠵᠢᠭᠰᠡᠨ ᠪᠣᠯᠪᠠᠰᠤᠷᠠᠯ᠎ᠤᠨ ᠲᠣᠭᠲᠠᠴᠠ ᠵᠢ ᠪᠠᠶ᠋ᠢᠭᠤᠯᠤᠨ ᠪᠦᠷᠢᠨᠰᠢᠭᠦᠯᠵᠦ᠂  ᠤᠰᠤᠨ᠎ᠤ ᠵᠠᠰᠠᠭ ᠵᠠᠬᠢᠷᠭ᠋ᠠᠨ᠎ᠤ ᠬᠠᠤᠯᠢ ᠬᠡᠷᠡᠭᠵᠢᠭᠦᠯᠬᠦ ᠨᠡᠶ᠋ᠢᠲᠡᠯᠢᠭ ᠬᠡᠷᠡᠭ᠎ᠤᠨ ᠵᠢᠱ᠌ᠢᠶ᠎ᠡ ᠵᠢ ᠴᠤᠭᠯᠠᠭᠤᠯᠬᠤ᠂  ᠵᠠᠳᠠᠯᠬᠤ ᠪᠠ ᠲᠣᠭᠲᠠᠮᠠᠯ ᠬᠤᠭᠤᠴᠠᠭ᠎ᠠ᠎ᠲᠠᠢ᠎ᠪᠠᠷ ᠨᠡᠶ᠋ᠢᠲᠡᠯᠡᠬᠦ ᠳᠦᠷᠢᠮ᠎ᠢ ᠪᠠᠶ᠋ᠢᠭᠤᠯᠤᠨ᠎ᠠ; ᠲᠤᠰᠢᠶᠠᠯ ᠬᠠᠷᠢᠭᠤᠴᠠᠯᠭ᠎ᠠ᠎ᠪᠠᠨ ᠭᠦᠢ᠍ᠴᠡᠳᠬᠡᠬᠦ ᠪᠠᠲᠤᠯᠠᠭ᠎ᠠ ᠵᠢ ᠴᠢᠩᠭ᠋ᠠᠳᠬᠠᠨ᠂  ᠤᠰᠤᠨ᠎ᠤ ᠵᠠᠰᠠᠭ ᠵᠠᠬᠢᠷᠭ᠋ᠠᠨ᠎ᠤ ᠬᠠᠤᠯᠢ ᠬᠡᠷᠡᠭᠵᠢᠭᠦᠯᠬᠦ ᠬᠠᠷᠢᠭᠤᠴᠠᠯᠭ᠎ᠠ ᠵᠢᠨ ᠳᠦᠷᠢᠮ᠎ᠢ ᠪᠦᠬᠦ ᠲᠠᠯ᠎ᠠ᠎ᠪᠠᠷ ᠨᠠᠶ᠋ᠢᠳᠠᠪᠤᠷᠢᠵᠢᠭᠤᠯᠵᠤ᠂  ᠬᠠᠤᠯᠢ ᠬᠡᠷᠡᠭᠵᠢᠭᠦᠯᠬᠦ ᠠᠵᠢᠯ᠎ᠤᠨ ᠵᠠᠷᠤᠳᠠᠯ᠎ᠤᠨ ᠪᠠᠲᠤᠯᠠᠭ᠎ᠠ ᠵᠢ ᠴᠢᠩᠭ᠋ᠠᠳᠬᠠᠨ᠂  ᠬᠠᠤᠯᠢ ᠬᠡᠷᠡᠭᠵᠢᠭᠦᠯᠬᠦ᠎ᠳᠤ ᠡᠷᠬᠡᠪᠰᠢ ᠱᠠᠭ᠋ᠠᠷᠳᠠᠭᠳᠠᠬᠤ ᠵᠠᠮ ᠬᠠᠷᠢᠯᠴᠠᠭ᠎ᠠ᠂  ᠴᠢᠮᠡᠭᠡ ᠬᠤᠯᠪᠣᠭ᠎ᠠ᠂  ᠪᠠᠶ᠋ᠢᠴᠠᠭ᠋ᠠᠨ ᠭᠡᠷᠡᠴᠢ ᠠᠪᠬᠤ ᠵᠡᠷᠭᠡ ᠲᠣᠨᠤᠭ ᠲᠥᠬᠦᠭᠡᠷᠦᠮᠵᠢ ᠵᠢ ᠵᠦᠶ ᠵᠣᠬᠢᠰᠲᠠᠶ ᠲᠣᠬᠢᠷᠠᠭᠤᠯᠵᠤ᠂ 《ᠤᠶᠤᠨᠲᠦ ᠬᠠᠤᠯᠢ ᠬᠡᠷᠡᠭᠵᠢᠭᠦᠯᠬᠦ》 ᠵᠢ ᠶᠡᠬᠡᠪᠡᠷ ᠲᠦᠯᠬᠢᠨ ᠠᠬᠢᠭᠤᠯᠤᠨ᠎ᠠ; ᠤᠬᠠᠭᠤᠯᠵᠤ ᠬᠥᠲᠥᠯᠥᠨ ᠵᠢᠯᠣᠭᠤᠳᠬᠤ ᠵᠢ ᠴᠢᠬᠤᠯᠠᠴᠢᠯᠠᠵᠤ᠂  ᠵᠠᠰᠠᠭ ᠵᠠᠬᠢᠷᠭ᠋ᠠᠨ᠎ᠤ ᠬᠠᠤᠯᠢ ᠬᠡᠷᠡᠭᠵᠢᠭᠦᠯᠬᠦ ᠡᠯ᠎ᠡ ᠭᠠᠵᠠᠷ᠎ᠤᠨ ᠲᠡᠷᠢᠭᠦᠨ᠎ᠤ ᠬᠥᠮᠦᠰ᠂  ᠲᠡᠷᠢᠭᠦᠨ᠎ᠤ ᠦᠢ᠍ᠯᠡ ᠠᠵᠢᠯᠯᠠᠭ᠎ᠠ ᠵᠢ ᠢᠯᠡᠷᠡᠭᠦᠯᠬᠦ᠂  ᠬᠥᠮᠦᠵᠢᠭᠦᠯᠬᠦ ᠪᠠ ᠤᠬᠠᠭᠤᠯᠬᠤ ᠵᠢ ᠴᠢᠬᠤᠯᠠᠴᠢᠯᠠᠵᠤ᠂  ᠬᠠᠤᠯᠢ ᠬᠡᠷᠡᠭᠵᠢᠭᠦᠯᠬᠦ ᠰᠠᠶ᠋ᠢᠨ ᠰᠠᠶ᠋ᠢᠬᠠᠨ ᠳᠦᠷᠢ ᠲᠥᠷᠬᠦ ᠵᠢ ᠪᠤᠢ ᠪᠣᠯᠭ᠋ᠠᠨ᠂  ᠵᠠᠰᠠᠭ ᠵᠠᠬᠢᠷᠭ᠋ᠠᠨ᠎ᠤ ᠬᠠᠤᠯᠢ ᠬᠡᠷᠡᠭᠵᠢᠭᠦᠯᠬᠦ ᠵᠢᠨ ᠡᠷᠬᠡ ᠰᠦᠷᠲᠦ ᠴᠢᠨᠠᠷ ᠪᠠ ᠨᠡᠶ᠋ᠢᠲᠡ᠎ᠳᠤ ᠢᠲᠡᠭᠡᠭᠦᠯᠬᠦ ᠬᠦᠴᠦᠨ᠎ᠢ ᠨᠡᠮᠡᠭᠳᠡᠭᠦᠯᠦᠨ᠎ᠡ᠃

 

ᠢᠷᠡᠯᠲᠡ᠄ ᠦᠪᠤᠷ ᠮᠣᠩᠭᠤᠯ᠎ᠤᠨ ᠦᠪᠡᠷᠳᠡᠭᠡᠨ ᠵᠠᠰᠠᠬᠤ ᠣᠷᠣᠨ᠎ᠤ ᠣᠰᠣᠨ ᠠᠰᠢᠠᠠᠯᠠᠯᠳᠡ ᠵᠢᠨ ᠳᠢᠩᠬᠢᠮ
          
ᠬᠠᠮᠢᠶ᠎ᠡ ᠪᠦᠬᠦᠢ ᠰᠣᠨᠢᠨ
《ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠤᠰᠤ ᠬᠡᠷᠡᠭᠯᠡᠬᠦ ᠡᠷᠬᠡ ᠵᠢᠨ ᠥᠭᠡᠷᠡᠴᠢᠯᠡᠯᠲᠡ ᠵᠢ ᠠᠬᠢᠭᠤᠯᠬᠤ ᠲᠤᠬᠠᠶ ᠬᠡᠷᠡᠭᠵᠢᠭᠦᠯᠬᠦ ᠰᠠᠨᠠᠯ》᠎ᠤᠨ ᠲᠥᠷᠥ ᠵᠢᠨ ᠪᠣᠳᠣᠯᠭ᠎ᠠ ᠵᠢᠨ ᠲᠠᠶ᠋ᠢᠯᠤᠮᠵᠢ
《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠣᠲᠣ ᠦᠶ᠎ᠡ ᠵᠢᠨ ᠲᠠᠷᠢᠶᠠᠯᠠᠩ ᠮᠠᠯ ᠠᠵᠤ ᠠᠬᠤᠢ ᠵᠢᠨ ᠠᠵᠤ ᠦᠢ᠍ᠯᠡᠰ᠎ᠤᠨ ᠬᠦᠷᠢᠶᠡᠯᠡᠩ᠎ᠤᠨ ᠪᠦᠲᠦᠭᠡᠨ ᠪᠠᠢ᠌ᠭᠤᠯᠤᠯᠲᠠ ᠵᠢᠨ ᠵᠢᠯᠣᠭᠣᠳᠬᠤ ᠰᠠᠨᠠᠯ》᠎ᠤᠨ ᠲᠤᠬᠠᠢ ᠲᠥᠷᠥ ᠵᠢᠨ ᠪᠣᠳᠣᠯᠭ᠎ᠠ ᠵᠢᠨ ᠲᠠᠢ᠌ᠯᠤᠮᠵᠢ
《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠣᠲᠣ ᠦᠶ᠎ᠡ ᠵᠢᠨ ᠲᠠᠷᠢᠶᠠᠯᠠᠩ ᠮᠠᠯ ᠠᠵᠤ ᠠᠬᠤᠢ ᠵᠢᠨ ᠠᠵᠤ ᠦᠢ᠍ᠯᠡᠰ᠎ᠤᠨ ᠬᠦᠷᠢᠶᠡᠯᠡᠩ᠎ᠤᠨ ᠬᠢᠨᠠᠨ ᠬᠡᠮᠵᠢᠵᠦ ᠦᠨᠡᠯᠡᠬᠦ ᠠᠷᠭ᠎ᠠ》 ᠵᠢᠨ ᠲᠤᠬᠠᠢ ᠲᠥᠷᠥ ᠵᠢᠨ ᠪᠣᠳᠣᠯᠭ᠎ᠠ ᠵᠢᠨ ᠲᠠᠢ᠌ᠯᠤᠮᠵᠢ
ᠤᠰᠤᠨ᠎ᠤ ᠡᠬᠢ ᠪᠠᠶᠠᠯᠢᠭ᠎ᠤᠨ ᠦᠷᠬᠦᠯᠵᠢᠯᠡᠬᠦᠢ᠌ᠴᠡ ᠠᠰᠢᠭᠯᠠᠯᠲᠠ ᠵᠢ ᠠᠬᠢᠭᠤᠯᠵᠤ ᠤᠯᠤᠰ᠎ᠤᠨ ᠤᠰᠤᠨ᠎ᠤ ᠡᠬᠢ ᠪᠠᠶᠠᠯᠢᠭ᠎ᠤᠨ ᠠᠮᠤᠷ ᠲᠦᠪᠰᠢᠨ᠎ᠢ ᠪᠠᠲᠤᠯᠠᠨ᠎ᠠ
ᠤᠰᠤᠨ᠎ᠤ ᠡᠬᠢ ᠪᠠᠶᠠᠯᠢᠭ᠎ᠤᠨ ᠦᠷᠬᠦᠯᠵᠢᠯᠡᠬᠦᠢ᠌ᠴᠡ ᠠᠰᠢᠭᠯᠠᠯᠲᠠ ᠵᠢ ᠠᠬᠢᠭᠤᠯᠵᠤ ᠤᠯᠤᠰ᠎ᠤᠨ ᠤᠰᠤᠨ᠎ᠤ ᠡᠬᠢ ᠪᠠᠶᠠᠯᠢᠭ᠎ᠤᠨ ᠠᠮᠤᠷ ᠲᠦᠪᠰᠢᠨ᠎ᠢ ᠪᠠᠲᠤᠯᠠᠨ᠎ᠠ
 
            