ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠣᠨᠴᠠᠯᠢᠭᠲᠤ᠌ ᠳᠠᠪᠴᠠᠩ
ᠢᠯᠡ ᠵᠠᠰᠠᠭ   -   ᠲᠦᠷᠥ᠎ᠶᠢᠨ ᠪᠣᠳᠣᠯᠭ᠎ᠠ᠎ᠶᠢᠨ ᠲᠠᠶ᠋ᠢᠯᠤᠮᠵᠢ
《ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠤᠰᠤ ᠬᠡᠷᠡᠭᠯᠡᠬᠦ ᠡᠷᠬᠡ ᠵᠢᠨ ᠥᠭᠡᠷᠡᠴᠢᠯᠡᠯᠲᠡ ᠵᠢ ᠠᠬᠢᠭᠤᠯᠬᠤ ᠲᠤᠬᠠᠶ ᠬᠡᠷᠡᠭᠵᠢᠭᠦᠯᠬᠦ ᠰᠠᠨᠠᠯ》᠎ᠤᠨ ᠲᠥᠷᠥ ᠵᠢᠨ ᠪᠣᠳᠣᠯᠭ᠎ᠠ ᠵᠢᠨ ᠲᠠᠶ᠋ᠢᠯᠤᠮᠵᠢ
ᠨᠡᠶ᠋ᠢᠲᠡᠯᠡᠭᠰᠡᠨ ᠴᠠᠭ᠄ 2025-04-01

  《ᠤᠰᠤ ᠬᠡᠷᠡᠭᠯᠡᠬᠦ ᠡᠷᠬᠡ ᠵᠢᠨ ᠥᠭᠡᠷᠡᠴᠢᠯᠡᠯᠲᠡ ᠵᠢ ᠠᠬᠢᠭᠤᠯᠬᠤ ᠲᠤᠬᠠᠶ ᠤᠰᠤᠨ ᠠᠰᠢᠭᠯᠠᠯᠲᠠ ᠵᠢᠨ ᠶᠠᠮᠤᠨ ᠤᠯᠤᠰ᠎ᠤᠨ ᠬᠥᠭᠵᠢᠭᠦᠯᠦᠯᠲᠡ ᠪᠠ ᠥᠭᠡᠷᠡᠴᠢᠯᠡᠯᠲᠡ ᠵᠢᠨ ᠵᠥᠪᠯᠡᠯ ᠡᠳ᠋᠎ᠤᠨ ᠵᠠᠰᠠᠭ᠎ᠤᠨ ᠶᠠᠮᠤᠨ᠎ᠤ ᠵᠢᠯᠣᠭᠤᠳᠬᠤ ᠰᠠᠨᠠᠯ》᠎ᠢ ᠲᠤᠭᠤᠰᠢᠯᠠᠭᠤᠯᠤᠨ ᠨᠠᠶ᠋ᠢᠳᠠᠪᠤᠷᠢᠵᠢᠭᠤᠯᠵᠤ᠂ ᠥᠪᠡᠷᠲᠡᠭᠡᠨ ᠵᠠᠰᠠᠬᠤ ᠣᠷᠣᠨ᠎ᠤ ᠤᠰᠤ ᠬᠡᠷᠡᠭᠯᠡᠬᠦ ᠡᠷᠬᠡ ᠵᠢᠨ ᠥᠭᠡᠷᠡᠴᠢᠯᠡᠯᠲᠡ ᠵᠢ ᠤᠯᠠᠮ ᠨᠢᠭᠡ ᠠᠯᠬᠤᠮ ᠭᠦᠨᠵᠡᠭᠡᠶ᠋ᠢᠷᠡᠭᠦᠯᠬᠦ ᠵᠢᠨ ᠲᠥᠯᠥᠭᠡ᠂ 2024 ᠣᠨ᠎ᠤ 12 ᠳ᠋ᠤᠭ᠋ᠠᠷ ᠰᠠᠷ᠎ᠠ ᠵᠢᠨ 9᠎ᠤ ᠡᠳᠦᠷ᠂ ᠥᠪᠡᠷᠲᠡᠭᠡᠨ ᠵᠠᠰᠠᠬᠤ ᠣᠷᠣᠨ᠎ᠤ ᠤᠰᠤᠨ ᠠᠰᠢᠭᠯᠠᠯᠲᠠ ᠵᠢᠨ ᠲᠢᠩᠬᠢᠮ᠂ ᠬᠥᠭᠵᠢᠭᠦᠯᠦᠯᠲᠡ ᠪᠠ ᠥᠭᠡᠷᠡᠴᠢᠯᠡᠯᠲᠡ ᠵᠢᠨ ᠵᠥᠪᠯᠡᠯ᠂ ᠡᠳ᠋᠎ᠤᠨ ᠵᠠᠰᠠᠭ᠎ᠤᠨ ᠲᠢᠩᠬᠢᠮ ᠬᠠᠮᠲᠤᠷᠠᠨ 《ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠤᠰᠤ ᠬᠡᠷᠡᠭᠯᠡᠬᠦ ᠡᠷᠬᠡ ᠵᠢᠨ ᠥᠭᠡᠷᠡᠴᠢᠯᠡᠯᠲᠡ ᠵᠢ ᠠᠬᠢᠭᠤᠯᠬᠤ ᠲᠤᠬᠠᠶ ᠬᠡᠷᠡᠭᠵᠢᠭᠦᠯᠬᠦ ᠰᠠᠨᠠᠯ》 (ᠳᠣᠷᠣᠭᠰᠢ 《ᠬᠡᠷᠡᠭᠵᠢᠭᠦᠯᠬᠦ ᠰᠠᠨᠠᠯ》 ᠭᠡᠵᠦ ᠲᠣᠪᠴᠢᠯᠠᠨ᠎ᠠ)᠎ᠢ ᠳᠠᠷᠤᠮᠠᠯᠯᠠᠨ ᠲᠠᠷᠬᠠᠭ᠋ᠠᠵᠤ ᠬᠡᠷᠡᠭᠵᠢᠭᠦᠯᠪᠡ᠃ ᠬᠤᠯᠪᠣᠭᠳᠠᠯ ᠪᠥᠬᠦᠶ ᠠᠭᠤᠯᠭ᠎ᠠ ᠵᠢ ᠳᠣᠤᠷᠠᠬᠢ ᠮᠡᠲᠦ ᠲᠠᠶ᠋ᠢᠯᠪᠤᠷᠢᠯᠠᠨ᠎ᠠ᠃

   ᠨᠢᠭᠡ᠂ ᠲᠣᠭᠲᠠᠭ᠋ᠠᠭᠰᠠᠨ ᠠᠬᠤᠶ ᠪᠠᠶ᠋ᠢᠳᠠᠯ

   ᠤᠰᠤ ᠬᠡᠷᠡᠭᠯᠡᠬᠦ ᠡᠷᠬᠡ ᠵᠢᠨ ᠥᠭᠡᠷᠡᠴᠢᠯᠡᠯᠲᠡ ᠵᠢ ᠠᠬᠢᠭᠤᠯᠬᠤ ᠪᠣᠯ ᠵᠠᠬ᠎ᠠ ᠳᠡᠯᠭᠡᠭᠦᠷ᠎ᠤᠨ ᠲᠣᠭᠲᠠᠴᠠ ᠵᠢᠨ ᠦᠢ᠍ᠯᠡᠳᠦᠯ᠎ᠢ ᠪᠠᠳᠠᠷᠠᠭᠤᠯᠵᠤ ᠪᠠᠶ᠋ᠢᠭ᠋ᠠᠳ ᠤᠰᠤᠨ᠎ᠤ ᠡᠬᠢ ᠪᠠᠶᠠᠯᠢᠭ᠎ᠢ ᠰᠢᠯᠢᠳᠡᠭᠵᠢᠭᠦᠯᠦᠨ ᠲᠣᠬᠢᠷᠠᠭᠤᠯᠬᠤ ᠪᠠ ᠡᠷᠴᠢᠮᠵᠢᠭᠦᠯᠦᠨ ᠠᠷᠪᠢᠯᠠᠬᠤ ᠠᠮᠤᠷ ᠲᠦᠪᠰᠢᠨ ᠵᠶ᠋ᠠᠷ ᠠᠰᠢᠭᠯᠠᠬᠤ ᠵᠢ ᠠᠬᠢᠭᠤᠯᠬᠤ ᠴᠢᠬᠤᠯᠠ ᠠᠷᠭ᠎ᠠ ᠪᠠᠷᠢᠯ ᠪᠣᠯᠬᠤ ᠪᠥᠭᠡᠳ ᠤᠰᠤᠨ᠎ᠤ ᠡᠬᠢ ᠪᠠᠶᠠᠯᠢᠭ᠎ᠤᠨ ᠬᠠᠲᠠᠭᠤ ᠬᠢᠵᠠᠭ᠋ᠠᠷᠯᠠᠯ᠎ᠢ ᠴᠢᠩᠭ᠋ᠠᠳᠬᠠᠬᠤ ᠴᠢᠬᠤᠯᠠ ᠠᠷᠭ᠎ᠠ ᠬᠡᠮᠵᠢᠶ᠎ᠡ ᠪᠣᠯᠤᠨ᠎ᠠ᠃ ᠥᠪᠡᠷᠲᠡᠭᠡᠨ ᠵᠠᠰᠠᠬᠤ ᠣᠷᠣᠨ᠎ᠤ ᠤᠰᠤ ᠬᠡᠷᠡᠭᠯᠡᠬᠦ ᠡᠷᠬᠡ ᠵᠢᠨ ᠥᠭᠡᠷᠡᠴᠢᠯᠡᠯᠲᠡ ᠵᠢ ᠤᠯᠠᠮ ᠨᠢᠭᠡ ᠠᠯᠬᠤᠮ ᠲᠦᠯᠬᠢᠨ ᠠᠬᠢᠭᠤᠯᠵᠤ᠂ ᠤᠰᠤᠨ᠎ᠤ ᠡᠬᠢ ᠪᠠᠶᠠᠯᠢᠭ᠎ᠢ ᠲᠣᠬᠢᠷᠠᠭᠤᠯᠬᠤ ᠳᠤᠮᠳᠠᠬᠢ ᠵᠠᠬ᠎ᠠ ᠳᠡᠯᠭᠡᠭᠦᠷ᠎ᠤᠨ ᠲᠣᠭᠲᠠᠴᠠ ᠵᠢᠨ ᠦᠢ᠍ᠯᠡᠳᠦᠯ᠎ᠢ ᠭᠦᠢ᠍ᠴᠡᠳ ᠪᠠᠳᠠᠷᠠᠭᠤᠯᠤᠨ᠂ ᠤᠰᠤ ᠬᠡᠷᠡᠭᠯᠡᠬᠦ ᠡᠷᠬᠡ ᠵᠢᠨ ᠬᠠᠷᠢᠶᠠᠯᠠᠯ᠎ᠨᠢ ᠲᠣᠳᠣᠷᠬᠠᠶ ᠦᠭᠡᠶ᠂ ᠵᠠᠬ᠎ᠠ ᠳᠡᠯᠭᠡᠭᠦᠷ᠎ᠤᠨ ᠪᠣᠶ᠋ᠢᠵᠢᠯᠲᠠ᠎ᠨᠢ ᠭᠦᠢ᠍ᠴᠡᠳ ᠦᠭᠡᠶ᠂ ᠠᠷᠠᠯᠵᠢᠶ᠎ᠠ᠎ᠨᠢ ᠬᠥᠭᠵᠢᠭᠡᠳᠦᠶ ᠵᠡᠷᠭᠡ ᠠᠰᠠᠭᠤᠳᠠᠯ᠎ᠢ ᠬᠦᠴᠦᠯᠡᠨ ᠰᠢᠢ᠍ᠳᠪᠦᠷᠢᠯᠡᠵᠦ᠂ 《ᠬᠡᠷᠡᠭᠵᠢᠭᠦᠯᠬᠦ ᠰᠠᠨᠠᠯ》᠎ᠢ ᠰᠤᠳᠤᠯᠤᠨ ᠲᠣᠭᠲᠠᠭ᠋ᠠᠪᠠ᠃ 《ᠬᠡᠷᠡᠭᠵᠢᠭᠦᠯᠬᠦ ᠰᠠᠨᠠᠯ》᠎ᠨᠢ ᠰᠢ ᠵᠢᠨ ᠫᠢᠩ᠎ᠤᠨ ᠰᠢᠨ᠎ᠡ ᠴᠠᠭ ᠦᠶ᠎ᠡ ᠵᠢᠨ ᠳᠤᠮᠳᠠᠳᠤ ᠤᠯᠤᠰ᠎ᠤᠨ ᠣᠨᠴᠠᠯᠢᠭ᠎ᠲᠠᠢ ᠨᠡᠶ᠋ᠢᠭᠡᠮ ᠵᠢᠷᠤᠮ᠎ᠤᠨ ᠦᠵᠡᠯ ᠰᠠᠨᠠᠭ᠎ᠠ᠎ᠪᠠᠷ ᠵᠢᠯᠣᠭᠤᠳᠣᠯᠭ᠎ᠠ ᠪᠣᠯᠭ᠋ᠠᠵᠤ᠂ ᠶᠡᠷᠦᠩᠬᠡᠶ ᠱᠦᠵᠢ ᠰᠢ ᠵᠢᠨ ᠫᠢᠩ᠎ᠤᠨ 《ᠤᠰᠤ ᠠᠷᠪᠢᠯᠠᠬᠤ ᠵᠢ ᠲᠡᠷᠢᠭᠦᠨ᠎ᠳᠤ ᠲᠠᠯᠪᠢᠬᠤ᠂ ᠣᠷᠣᠨ ᠵᠠᠶ ᠵᠢ ᠲᠡᠩᠴᠡᠭᠦᠷᠢᠲᠡᠶ ᠪᠠᠶ᠋ᠢᠯᠭ᠋ᠠᠬᠤ᠂ ᠰᠢᠰᠲ᠋ᠧᠮ᠎ᠲᠠᠢ ᠵᠠᠰᠠᠬᠤ᠂ ᠬᠤᠶᠠᠷ ᠲᠠᠯ᠎ᠠ᠎ᠪᠠᠷ ᠬᠦᠴᠦᠯᠡᠬᠦ》 ᠤᠰᠤ ᠵᠢ ᠵᠠᠰᠠᠬᠤ ᠰᠡᠳᠬᠢᠴᠡ ᠪᠠ ᠤᠰᠤ ᠵᠢ ᠵᠠᠰᠠᠬᠤ ᠲᠤᠬᠠᠶ ᠴᠢᠬᠤᠯᠠ ᠥᠭᠦᠯᠡᠯᠲᠡ ᠵᠢᠨ ᠵᠣᠷᠢᠭ ᠰᠠᠨᠠᠭ᠎ᠠ ᠵᠢ ᠭᠦᠨᠵᠡᠭᠡᠶ ᠲᠤᠭᠤᠰᠢᠯᠠᠭᠤᠯᠵᠤ᠂ ᠨᠠᠮ᠎ᠤᠨ ᠬᠤᠷᠢᠳᠤᠭ᠋ᠠᠷ ᠬᠤᠭᠤᠴᠠᠭ᠋ᠠᠨ᠎ᠤ ᠭᠤᠷᠪᠠᠳᠤᠭ᠋ᠠᠷ ᠪᠥᠬᠦᠳᠡ ᠬᠤᠷᠠᠯ ᠪᠠ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠤᠷᠢᠶ᠎ᠠ ᠵᠢᠨ ᠠᠷᠪᠠᠨ ᠨᠢᠭᠡᠳᠦᠭᠡᠷ ᠬᠤᠭᠤᠴᠠᠭ᠋ᠠᠨ᠎ᠤ ᠨᠠᠢ᠍ᠮᠠᠳᠤᠭ᠋ᠠᠷ ᠪᠥᠬᠦᠳᠡ ᠬᠤᠷᠠᠯ᠎ᠤᠨ ᠵᠣᠷᠢᠭ ᠰᠠᠨᠠᠭ᠎ᠠ ᠵᠢ       ᠨᠠᠶ᠋ᠢᠳᠠᠪᠤᠷᠢᠵᠢᠭᠤᠯᠤᠨ᠂ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠲᠤ ᠴᠣᠭᠴᠠᠯᠠᠬᠤ᠎ᠪᠠᠷ ᠠᠵᠢᠯ᠎ᠤᠨ ᠭᠤᠤᠯ ᠰᠢᠵᠢᠮ ᠪᠣᠯᠭ᠋ᠠᠵᠤ᠂ ᠣᠷᠣᠨ᠎ᠤ ᠪᠠᠶ᠋ᠢᠳᠠᠯ ᠤᠰᠤᠨ᠎ᠤ ᠪᠠᠶ᠋ᠢᠳᠠᠯ᠎ᠳᠤ ᠰᠠᠭᠤᠷᠢᠯᠠᠨ᠂ ᠤᠰᠤᠨ᠎ᠤ ᠡᠬᠢ ᠪᠠᠶᠠᠯᠢᠭ᠎ᠤᠨ ᠬᠠᠲᠠᠭᠤ ᠬᠢᠵᠠᠭ᠋ᠠᠷᠯᠠᠯ᠎ᠢ ᠴᠢᠩᠭ᠋ᠠᠳᠬᠠᠵᠤ᠂ ᠤᠰᠤ᠎ᠪᠠᠷ ᠲᠣᠭᠲᠠᠭ᠋ᠠᠬᠤ᠂ ᠤᠰᠤᠨ᠎ᠤ ᠬᠡᠮᠵᠢᠶ᠎ᠡ᠎ᠪᠠᠷ ᠬᠢᠬᠦ ᠵᠢ ᠪᠠᠷᠢᠮᠲᠠᠯᠠᠨ᠂ ᠤᠰᠤ ᠬᠡᠷᠡᠭᠯᠡᠬᠦ ᠡᠷᠬᠡ ᠵᠢ ᠠᠩᠬ᠎ᠠ ᠬᠤᠪᠢᠶᠠᠷᠢᠯᠠᠬᠤ ᠪᠠ ᠲᠣᠳᠣᠷᠬᠠᠶ ᠪᠣᠯᠭ᠋ᠠᠬᠤ ᠵᠢ ᠠᠬᠢᠭᠤᠯᠵᠤ᠂ ᠤᠰᠤ ᠬᠡᠷᠡᠭᠯᠡᠬᠦ ᠡᠷᠬᠡ ᠵᠢ ᠵᠠᠬ᠎ᠠ ᠳᠡᠯᠭᠡᠭᠦᠷᠴᠢᠯᠡᠨ ᠠᠷᠠᠯᠵᠢᠶᠠᠯᠠᠬᠤ ᠵᠢ ᠠᠬᠢᠭᠤᠯᠤᠨ᠂ ᠤᠰᠤᠨ᠎ᠤ ᠡᠬᠢ ᠪᠠᠶᠠᠯᠢᠭ᠎ᠢ ᠰᠢᠯᠢᠳᠡᠭᠵᠢᠭᠦᠯᠦᠨ ᠲᠣᠬᠢᠷᠠᠭᠤᠯᠬᠤ ᠪᠠ ᠡᠷᠴᠢᠮᠵᠢᠭᠦᠯᠦᠨ ᠠᠷᠪᠢᠯᠠᠬᠤ ᠠᠮᠤᠷ ᠲᠦᠪᠰᠢᠨ ᠵᠶ᠋ᠠᠷ ᠠᠰᠢᠭᠯᠠᠬᠤ ᠬᠢᠷᠢ ᠲᠦᠪᠰᠢᠨ᠎ᠢ ᠳᠡᠭᠡᠭᠰᠢᠯᠡᠭᠦᠯᠵᠦ᠂ ᠥᠪᠡᠷᠲᠡᠭᠡᠨ ᠵᠠᠰᠠᠬᠤ ᠣᠷᠣᠨ᠎ᠤ ᠠᠮᠢ ᠠᠬᠤᠶ ᠵᠢᠨ ᠪᠣᠯᠪᠠᠰᠤᠨ᠎ᠤ ᠪᠠᠶ᠋ᠢᠭᠤᠯᠤᠯᠲᠠ ᠪᠠ ᠠᠵᠤ ᠠᠬᠤᠶ ᠨᠡᠶ᠋ᠢᠭᠡᠮ᠎ᠤᠨ ᠴᠢᠨᠠᠷ ᠰᠠᠶ᠋ᠢᠲᠠᠶ ᠬᠥᠭᠵᠢᠯᠲᠡ᠎ᠳᠤ ᠤᠰᠤᠨ᠎ᠤ ᠡᠬᠢ ᠪᠠᠶᠠᠯᠢᠭ᠎ᠤᠨ ᠪᠠᠲᠤᠯᠠᠭ᠎ᠠ ᠬᠠᠩᠭ᠋ᠠᠨ᠎ᠠ᠃

   ᠬᠤᠶᠠᠷ᠂ ᠭᠤᠣᠯ ᠦᠨᠳᠦᠰᠦᠯᠡᠯ

  1. 《ᠤᠰᠤᠨ ᠠᠰᠢᠭᠯᠠᠯᠲᠠ ᠵᠢᠨ ᠶᠠᠮᠤᠨ᠎ᠤ ᠤᠯᠤᠰ᠎ᠤᠨ ᠬᠥᠭᠵᠢᠭᠦᠯᠦᠯᠲᠡ ᠪᠠ ᠥᠭᠡᠷᠡᠴᠢᠯᠡᠯᠲᠡ ᠵᠢᠨ ᠵᠥᠪᠯᠡᠯ ᠡᠳ᠋᠎ᠤᠨ ᠵᠠᠰᠠᠭ᠎ᠤᠨ ᠶᠠᠮᠤᠨ᠎ᠤ ᠤᠰᠤ ᠬᠡᠷᠡᠭᠯᠡᠬᠦ ᠡᠷᠬᠡ ᠵᠢᠨ ᠥᠭᠡᠷᠡᠴᠢᠯᠡᠯᠲᠡ ᠵᠢ ᠠᠬᠢᠭᠤᠯᠬᠤ ᠲᠤᠬᠠᠶ ᠵᠢᠯᠣᠭᠤᠳᠬᠤ ᠰᠠᠨᠠᠯ》 (ᠤᠰᠤᠨ ᠡᠬᠢ ᠬᠠᠮᠢᠶᠠᠷᠤᠯᠲᠠ [2022] 333 ᠳ᠋ᠤᠭ᠋ᠠᠷ ᠲᠣᠭ᠋ᠠᠲᠤ)

  2. 《〈ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠰᠤᠯᠠ ᠲᠠᠯᠪᠢᠵᠤ ᠪᠠᠢ᠌ᠭ᠎ᠠ ᠤᠰᠤ ᠠᠪᠬᠤ ᠭᠦᠢ᠍ᠴᠡᠳᠭᠡᠯ ᠲᠣᠭ᠎ᠠ ᠵᠢ ᠰᠢᠢ᠍ᠳᠪᠦᠷᠢᠯᠡᠬᠦ ᠵᠢᠨ ᠬᠡᠷᠡᠭᠵᠢᠭᠦᠯᠬᠦ ᠠᠷᠭ᠎ᠠ〉 ᠵᠢ ᠳᠠᠷᠤᠮᠠᠯᠯᠠᠨ ᠶᠠᠪᠤᠭᠤᠯᠬᠤ ᠲᠤᠬᠠᠶ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠠᠯᠪᠠᠨ ᠲᠢᠩᠬᠢᠮ᠎ᠤᠨ ᠮᠡᠳᠡᠭᠳᠡᠯ》 (ᠥᠪᠥᠷ ᠵᠠᠰᠠᠭ ᠠᠯᠪᠠᠨ ᠲᠠᠷᠬᠠᠭ᠋ᠠᠭᠰᠠᠨ [2014] 125 ᠳ᠋ᠤᠭ᠋ᠠᠷ ᠲᠣᠭ᠋ᠠᠲᠤ)

  3. 《〈ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠤᠰᠤᠨ᠎ᠤ ᠡᠷᠬᠡ ᠵᠢᠨ ᠠᠷᠠᠯᠵᠢᠶᠠᠨ᠎ᠤ ᠬᠠᠮᠢᠶᠠᠷᠤᠯᠲᠠ ᠵᠢᠨ ᠠᠷᠭ᠎ᠠ〉 ᠵᠢ ᠳᠠᠷᠤᠮᠠᠯᠯᠠᠨ ᠶᠠᠪᠤᠭᠤᠯᠬᠤ ᠲᠤᠬᠠᠶ ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠠᠯᠪᠠᠨ ᠲᠢᠩᠬᠢᠮ᠎ᠤᠨ ᠮᠡᠳᠡᠭᠳᠡᠯ〉》 (ᠥᠪᠥᠷ ᠵᠠᠰᠠᠭ ᠠᠯᠪᠠᠨ ᠲᠠᠷᠬᠠᠭ᠋ᠠᠭᠰᠠᠨ [2017] 16 ᠳ᠋ᠤᠭ᠋ᠠᠷ ᠲᠣᠭ᠋ᠠᠲᠤ)

   ᠭᠤᠷᠪᠠ᠂ ᠭᠤᠣᠯ ᠠᠭᠤᠯᠭ᠎ᠠ

  《ᠬᠡᠷᠡᠭᠵᠢᠭᠦᠯᠬᠦ ᠰᠠᠨᠠᠯ》᠎ᠨᠢ ᠨᠡᠶ᠋ᠢᠲᠡ ᠵᠢᠷᠭᠤᠭ᠋ᠠᠨ ᠬᠡᠰᠡᠭ

   ᠨᠢᠭᠡᠳᠦᠭᠡᠷ ᠬᠡᠰᠡᠭ ᠶᠡᠷᠦᠩᠬᠡᠢ ᠱᠠᠭ᠋ᠠᠷᠳᠠᠯᠭ᠎ᠠ ᠃ ᠡᠭᠦᠨ᠎ᠳᠤ ᠭᠤᠣᠯᠳᠠᠭᠤ ᠵᠢᠯᠣᠭᠤᠳᠬᠤ ᠦᠵᠡᠯ ᠰᠠᠨᠠᠭ᠎ᠠ᠂ ᠦᠨᠳᠦᠰᠦᠨ ᠵᠠᠷᠴᠢᠮ ᠪᠠ ᠠᠵᠢᠯ᠎ᠤᠨ ᠬᠠᠷᠠᠯᠲᠠ ᠵᠢ ᠪᠠᠭᠲᠠᠭ᠋ᠠᠵᠤ᠂ 《ᠤᠰᠤ᠎ᠪᠠᠷ ᠲᠣᠭᠲᠠᠭ᠋ᠠᠬᠤ᠂ ᠤᠰᠤᠨ᠎ᠤ ᠬᠡᠮᠵᠢᠶ᠎ᠡ᠎ᠪᠠᠷ ᠬᠢᠬᠦ; ᠵᠠᠰᠠᠭ᠎ᠤᠨ ᠣᠷᠳᠣᠨ᠎ᠠᠴᠠ ᠲᠣᠬᠢᠷᠠᠭᠤᠯᠤᠨ ᠡᠵᠡᠮᠳᠡᠬᠦ᠂ ᠵᠠᠬ᠎ᠠ ᠳᠡᠯᠭᠡᠭᠦᠷ ᠵᠶ᠋ᠠᠷ ᠲᠣᠬᠢᠷᠠᠭᠤᠯᠬᠤ; ᠲᠤᠬᠠᠶ ᠵᠢᠨ ᠭᠠᠵᠠᠷ ᠣᠷᠣᠨ᠎ᠤ ᠪᠠᠶ᠋ᠢᠳᠠᠯ᠎ᠳᠤᠨᠢ ᠳᠣᠭᠢᠷᠠᠭᠤᠯᠤᠨ᠂ ᠲᠥᠷᠥᠯ ᠬᠤᠪᠢᠶᠠᠨ ᠠᠷᠭ᠎ᠠ ᠪᠣᠳᠣᠯᠭ᠎ᠠ ᠬᠡᠷᠡᠭᠵᠢᠭᠦᠯᠬᠦ; ᠲᠦᠷᠢᠮ᠎ᠢ ᠪᠦᠷᠢᠨᠰᠢᠬᠦᠯᠵᠦ᠂ ᠠᠷᠠᠯᠵᠢᠶ᠎ᠠ ᠵᠢ ᠵᠢᠷᠤᠮᠵᠢᠭᠤᠯᠬᠤ》᠎ᠪᠠᠷ ᠦᠨᠳᠦᠰᠦᠨ ᠵᠠᠷᠴᠢᠮ ᠪᠣᠯᠭ᠋ᠠᠵᠤ᠂ 2027 ᠣᠨ ᠪᠣᠯᠬᠤ᠎ᠳᠤ ᠤᠰᠤᠨ᠎ᠤ ᠡᠷᠬᠡ ᠵᠢ ᠠᠩᠬ᠎ᠠ ᠡᠬᠢᠯᠡᠵᠦ ᠬᠤᠪᠢᠶᠠᠷᠢᠯᠠᠬᠤ᠂ ᠲᠣᠳᠣᠷᠬᠠᠶ ᠪᠠ ᠠᠷᠠᠯᠵᠢᠶᠠᠨ᠎ᠤ ᠬᠠᠮᠢᠶᠠᠷᠤᠯᠲᠠ ᠵᠢᠨ ᠲᠦᠷᠢᠮ᠎ᠢ ᠦᠨᠳᠦᠰᠦᠨ᠎ᠳᠡᠭᠡᠨ ᠪᠠᠶ᠋ᠢᠭᠤᠯᠤᠨ       ᠲᠡᠭᠦᠯᠳᠡᠷᠵᠢᠭᠦᠯᠵᠦ᠂ ᠤᠰᠤ ᠬᠡᠷᠡᠭᠯᠡᠬᠦ ᠡᠷᠬᠡ ᠵᠢᠨ ᠠᠷᠠᠯᠵᠢᠶᠠᠨ᠎ᠤ ᠲᠣᠭᠲᠠᠴᠠ ᠵᠢ ᠲᠡᠭᠦᠯᠳᠡᠷᠵᠢᠭᠦᠯᠦᠨ᠂ ᠠᠷᠠᠯᠵᠢᠶᠠᠨ᠎ᠤ ᠬᠢᠨᠠᠯᠲᠠ ᠬᠠᠮᠢᠶᠠᠷᠤᠯᠲᠠ ᠵᠢ ᠴᠢᠩᠭ᠋ᠠᠳᠬᠠᠵᠤ᠂ ᠤᠰᠤ ᠬᠡᠷᠡᠭᠯᠡᠬᠦ ᠡᠷᠬᠡ ᠵᠢᠨ ᠠᠷᠠᠯᠵᠢᠶᠠᠨ᠎ᠤ ᠬᠥᠭᠵᠢᠶᠡᠨᠲᠡᠶ ᠵᠠᠭᠪᠤᠷ᠎ᠢ ᠰᠦᠪᠡᠭᠴᠢᠯᠡᠨ ᠪᠣᠶ ᠪᠣᠯᠭ᠋ᠠᠨ᠎ᠠ; 2035 ᠣᠨ ᠪᠣᠯᠬᠤ᠎ᠳᠤ ᠬᠠᠷᠢᠶᠠᠯᠠᠯ᠎ᠨᠢ ᠲᠣᠳᠣᠷᠬᠠᠶ᠂ ᠡᠷᠬᠡ ᠬᠠᠷᠢᠭᠤᠴᠠᠯᠭ᠎ᠠ᠎ᠨᠢ ᠲᠣᠳᠣᠷᠬᠠᠶ᠂ ᠡᠷᠭᠢᠯᠲᠡ᠎ᠨᠢ ᠰᠢᠯᠤᠭᠤᠳᠬᠠᠨ᠂ ᠬᠢᠨᠠᠯᠲᠠ ᠬᠠᠮᠢᠶᠠᠷᠤᠯᠲᠠ᠎ᠨᠢ ᠪᠦᠲᠦᠮᠵᠢᠲᠡᠶ ᠤᠰᠤ ᠬᠡᠷᠡᠭᠯᠡᠬᠦ ᠡᠷᠬᠡ ᠵᠢᠨ ᠲᠦᠷᠢᠮ᠎ᠤᠨ ᠰᠢᠰᠲ᠋ᠧᠮᠵᠢ ᠵᠢ ᠪᠥᠬᠦ ᠲᠠᠯ᠎ᠠ᠎ᠪᠠᠷ ᠪᠠᠶ᠋ᠢᠭᠤᠯᠵᠤ᠂ ᠤᠰᠤ ᠬᠡᠷᠡᠭᠯᠡᠬᠦ ᠡᠷᠬᠡ ᠵᠢᠨ ᠥᠭᠡᠷᠡᠴᠢᠯᠡᠯᠲᠡ᠎ᠳᠤ ᠤᠰᠤᠨ᠎ᠤ ᠡᠬᠢ ᠪᠠᠶᠠᠯᠢᠭ᠎ᠢ ᠰᠢᠯᠢᠳᠡᠭᠵᠢᠭᠦᠯᠦᠨ ᠲᠣᠬᠢᠷᠠᠭᠤᠯᠬᠤ ᠪᠠ ᠡᠷᠴᠢᠮᠵᠢᠭᠦᠯᠦᠨ ᠠᠷᠪᠢᠯᠠᠬᠤ ᠠᠮᠤᠷ ᠲᠦᠪᠰᠢᠨ ᠵᠶ᠋ᠠᠷ ᠠᠰᠢᠭᠯᠠᠬᠤ ᠵᠢ ᠠᠬᠢᠭᠤᠯᠬᠤ ᠦᠢ᠍ᠯᠡᠳᠦᠯ᠎ᠢ ᠪᠥᠬᠦ ᠲᠠᠯ᠎ᠠ᠎ᠪᠠᠷ ᠪᠠᠳᠠᠷᠠᠭᠤᠯᠤᠨ᠎ᠠ᠃

   ᠬᠤᠶᠠᠳᠤᠭ᠋ᠠᠷ ᠬᠡᠰᠡᠭ ᠤᠰᠤ ᠬᠡᠷᠡᠭᠯᠡᠬᠦ ᠡᠷᠬᠡ ᠵᠢ ᠠᠩᠬ᠎ᠠ ᠬᠤᠪᠢᠶᠠᠷᠢᠯᠠᠬᠤ ᠵᠢ ᠲᠦᠷᠭᠡᠳᠬᠡᠬᠦ ᠪᠠ ᠲᠣᠳᠣᠷᠬᠠᠶ ᠪᠣᠯᠭ᠋ᠠᠨ᠎ᠠ ᠃ ᠭᠤᠣᠯᠳᠠᠭᠤ ᠤᠰᠤ ᠬᠡᠷᠡᠭᠯᠡᠬᠦ ᠡᠷᠬᠡ ᠵᠢᠨ ᠬᠤᠪᠢᠶᠠᠷᠢᠯᠠᠯᠲᠠ ᠪᠠ ᠲᠣᠳᠣᠷᠬᠠᠶ ᠱᠠᠭ᠋ᠠᠷᠳᠠᠯᠭ᠎ᠠ ᠳᠤᠷᠠᠳᠴᠤ᠂ ᠤᠰᠤ ᠬᠡᠷᠡᠭᠯᠡᠬᠦ ᠡᠷᠬᠡ ᠵᠢᠨ ᠬᠤᠪᠢᠶᠠᠷᠢᠯᠠᠯᠲᠠ ᠪᠠ ᠲᠣᠳᠣᠷᠬᠠᠶ ᠢᠯᠭ᠋ᠠᠬᠤ ᠡᠲᠡᠭᠡᠳ᠎ᠢ ᠲᠣᠳᠣᠷᠬᠠᠶ᠋ᠢᠯᠠᠵᠤ᠂ ᠡᠭᠦᠨ᠎ᠳᠤ ᠣᠷᠣᠨ ᠪᠦᠰᠡ ᠵᠢᠨ ᠤᠰᠤᠨ᠎ᠤ ᠡᠷᠬᠡ ᠪᠠ ᠤᠰᠤ ᠬᠡᠷᠡᠭᠯᠡᠬᠦ ᠡᠷᠦᠬᠡ (ᠤᠰᠤ ᠠᠪᠬᠤ ᠵᠥᠪᠰᠢᠶᠡᠷᠡᠯ᠎ᠤᠨ ᠬᠠᠮᠢᠶᠠᠷᠤᠯᠲᠠ᠎ᠳᠤ ᠬᠠᠤᠯᠢ ᠶᠣᠰᠣᠭ᠋ᠠᠷ ᠣᠷᠣᠭᠤᠯᠤᠭᠰᠠᠨ ᠨᠢᠭᠡᠴᠢ ᠪᠤᠶᠤ ᠬᠤᠪᠢ ᠬᠥᠮᠦᠨ᠂ ᠤᠰᠤᠯᠠᠯᠲᠠ ᠵᠢᠨ ᠣᠷᠣᠨ᠎ᠤ ᠳᠣᠲᠣᠷᠠᠬᠢ ᠤᠰᠤᠯᠠᠯᠲᠠ᠎ᠳᠤ ᠬᠡᠷᠡᠭᠯᠡᠬᠦ ᠤᠰᠤᠨ᠎ᠤ ᠡᠷᠦᠬᠡ ᠪᠠ ᠬᠥᠳᠡᠭᠡ ᠲᠣᠰᠬᠤᠨ᠎ᠤ ᠬᠠᠮᠲᠤ ᠵᠢᠨ ᠠᠵᠤ ᠠᠬᠤᠶ ᠵᠢᠨ ᠵᠣᠬᠢᠶᠠᠨ ᠪᠠᠶ᠋ᠢᠭᠤᠯᠤᠯᠲᠠ ᠵᠢᠨ ᠬᠠᠮᠢᠶᠠᠷᠴᠤ ᠪᠠᠶ᠋ᠢᠭ᠎ᠠ ᠤᠰᠤᠨ ᠴᠥᠭᠦᠷᠥᠮ᠂ ᠤᠰᠤᠨ ᠴᠥᠭᠦᠷᠥᠮ᠎ᠤᠨ ᠤᠰᠤ ᠬᠠᠩᠭ᠋ᠠᠬᠤ ᠬᠡᠪᠴᠢᠶᠡᠨ ᠳᠣᠲᠣᠷᠠᠬᠢ ᠤᠰᠤ ᠬᠡᠷᠡᠭᠯᠡᠬᠦ ᠡᠷᠦᠬᠡ᠂ ᠤᠯᠠᠨ ᠨᠡᠶ᠋ᠢᠲᠡ ᠵᠢᠨ ᠤᠰᠤ ᠬᠠᠩᠭ᠋ᠠᠬᠤ ᠬᠤᠭᠤᠯᠠᠶ ᠵᠢᠨ ᠲᠣᠣᠷ ᠪᠠ ᠲᠥᠪᠯᠡᠷᠡᠭᠦᠯᠦᠨ ᠤᠰᠤ ᠬᠠᠩᠭ᠋ᠠᠬᠤ ᠢᠨᠵᠧᠨᠧᠷᠢᠩ᠎ᠤᠨ ᠬᠡᠪᠴᠢᠶᠡᠨ ᠳᠣᠲᠣᠷᠠᠬᠢ ᠤᠰᠤ ᠬᠡᠷᠡᠭᠯᠡᠬᠦ ᠡᠷᠦᠬᠡ᠂ ᠬᠡᠪ᠎ᠤᠨ ᠪᠤᠰᠤ ᠤᠰᠤᠨ᠎ᠤ ᠡᠬᠢ ᠪᠠᠶᠠᠯᠢᠭ᠎ᠤᠨ ᠤᠰᠤ ᠬᠡᠷᠡᠭᠯᠡᠬᠦ ᠡᠷᠦᠬᠡ) ᠵᠢᠨ ᠤᠰᠤ ᠬᠡᠷᠡᠭᠯᠡᠬᠦ ᠡᠷᠬᠡ ᠵᠢ ᠪᠠᠭᠲᠠᠭ᠋ᠠᠭᠰᠠᠨ ᠤᠰᠤ ᠬᠡᠷᠡᠭᠯᠡᠬᠦ ᠡᠷᠬᠡ ᠵᠢ ᠲᠣᠳᠣᠷᠬᠠᠶ᠋ᠢᠯᠠᠪᠠ᠃ ᠤᠰᠤ ᠬᠡᠷᠡᠭᠯᠡᠬᠦ ᠡᠷᠬᠡ᠎ᠨᠢ ᠲᠣᠳᠣᠷᠬᠠᠶ ᠬᠠᠷᠢᠭᠤᠴᠠᠯᠭ᠎ᠠ ᠵᠢᠨ ᠭᠤᠤᠯ ᠴᠣᠭᠴᠠ ᠪᠠ ᠠᠷᠭ᠎ᠠ ᠮᠠᠶᠢᠭ᠎ᠢ ᠲᠣᠭᠲᠠᠭ᠋ᠠᠵᠤ᠂ ᠬᠤᠰᠢᠭᠤ ᠰᠢᠶᠠᠨ᠎ᠤ ᠱᠠᠲᠤᠨ᠎ᠠᠴᠠ ᠳᠡᠭᠡᠭᠰᠢᠬᠢ ᠤᠰᠤᠨ᠎ᠤ ᠶᠠᠪᠤᠳᠠᠯ᠎ᠤᠨ ᠵᠠᠰᠠᠭ ᠵᠠᠬᠢᠷᠭ᠋ᠠᠨ᠎ᠤ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ᠎ᠤᠳ ᠤᠰᠤ ᠬᠡᠷᠡᠭᠯᠡᠬᠦ ᠭᠡᠷᠡᠴᠢ ᠲᠡᠮᠳᠡᠭ ᠵᠶ᠋ᠠᠷ ᠳᠠᠮᠵᠢᠭᠤᠯᠤᠨ ᠤᠰᠤ ᠬᠡᠷᠡᠭᠯᠡᠬᠦ ᠡᠷᠦᠬᠡ ᠵᠢᠨ ᠤᠰᠤ ᠬᠡᠷᠡᠭᠯᠡᠬᠦ ᠡᠷᠬᠡ ᠵᠢ ᠲᠣᠳᠣᠷᠬᠠᠶ ᠪᠣᠯᠭ᠋ᠠᠪᠠ᠃ ᠡᠭᠦᠨ᠎ᠳᠤ ᠲᠣᠭᠣᠷᠢᠭ᠎ᠲᠠᠢ ᠬᠣᠲᠠ ᠵᠢᠨ ᠲᠥᠯᠥᠪᠵᠢᠭᠦᠯᠭᠡ ᠵᠢᠨ ᠣᠷᠣᠨ᠎ᠤ ᠣᠯᠠᠨ ᠨᠡᠶ᠋ᠢᠲᠡ ᠵᠢᠨ ᠤᠰᠤ ᠬᠠᠩᠭ᠋ᠠᠬᠤ ᠬᠣᠭᠣᠯᠠᠶ ᠵᠢᠨ ᠲᠣᠤᠷ᠎ᠤᠨ ᠳᠣᠲᠣᠷᠠᠬᠢ ᠤᠰᠤ ᠬᠡᠷᠡᠭᠯᠡᠬᠦ ᠡᠷᠦᠬᠡ ᠵᠢᠨ ᠤᠰᠤ ᠬᠡᠷᠡᠭᠯᠡᠬᠦ ᠡᠷᠬᠡ᠎ᠨᠢ ᠪᠠᠶ᠋ᠢᠭ᠎ᠠ ᠭᠠᠵᠠᠷ᠎ᠤᠨ ᠠᠶ᠋ᠢᠮᠠᠭ ᠬᠣᠲᠠ ᠵᠢᠨ ᠱᠠᠲᠤᠨ᠎ᠤ ᠤᠰᠤᠨ᠎ᠤ ᠵᠠᠰᠠᠭ ᠵᠠᠬᠢᠷᠭ᠋ᠠᠨ᠎ᠤ ᠭᠣᠤᠯᠴᠢᠯᠠᠨ ᠬᠠᠮᠢᠶᠠᠷᠬᠤ ᠰᠠᠯᠠᠭ᠎ᠠ ᠮᠥᠴᠢᠷ᠎ᠠᠴᠠ ᠤᠰᠤ ᠬᠡᠷᠡᠭᠯᠡᠭᠰᠡᠨ ᠭᠡᠷᠡᠴᠢ ᠪᠠᠷᠢᠮᠲᠠ᠎ᠪᠠᠷ ᠳᠠᠮᠵᠢᠵᠤ ᠲᠣᠳᠣᠷᠬᠠᠶ ᠪᠠᠶ᠋ᠢᠬᠤ ᠬᠡᠷᠡᠭᠲᠡᠶ᠃ ᠡᠭᠦᠨ᠎ᠤ ᠬᠠᠮᠲᠤ ᠤᠰᠤ ᠬᠡᠷᠡᠭᠯᠡᠬᠦ ᠡᠷᠬᠡ ᠵᠢᠨ ᠬᠤᠭᠤᠴᠠᠭ᠎ᠠ᠂ ᠬᠡᠷᠡᠭᠯᠡᠯᠲᠡ ᠪᠠ ᠤᠰᠤ ᠬᠡᠷᠡᠭᠯᠡᠬᠦ ᠭᠡᠷᠡᠴᠢ ᠪᠠᠷᠢᠮᠲᠠ᠎ᠳᠤ ᠵᠢᠭᠰᠠᠭ᠋ᠠᠭᠰᠠᠨ ᠠᠭᠤᠯᠭ᠎ᠠ ᠵᠢ ᠲᠣᠭᠲᠠᠭ᠋ᠠᠪᠠ᠃

   ᠭᠤᠷᠪᠠᠳᠤᠭ᠋ᠠᠷ ᠬᠡᠰᠡᠭ ᠤᠰᠤ ᠬᠡᠷᠡᠭᠯᠡᠬᠦ ᠡᠷᠬᠡ ᠵᠢ ᠵᠠᠬ᠎ᠠ ᠳᠡᠯᠭᠡᠭᠦᠷᠴᠢᠯᠡᠨ ᠠᠷᠠᠯᠵᠢᠶᠠᠯᠠᠬᠤ ᠵᠢ ᠠᠬᠢᠭᠤᠯᠤᠨ᠎ᠠ᠃ ᠣᠷᠣᠨ ᠪᠦᠰᠡ ᠵᠢᠨ ᠤᠰᠤᠨ᠎ᠤ ᠡᠷᠬᠡ ᠵᠢᠨ ᠠᠷᠠᠯᠵᠢᠶ᠎ᠠ ᠪᠠ ᠤᠰᠤ ᠬᠡᠷᠡᠭᠯᠡᠬᠦ ᠡᠷᠦᠬᠡ ᠵᠢᠨ ᠤᠰᠤ ᠬᠡᠷᠡᠭᠯᠡᠬᠦ ᠡᠷᠬᠡ ᠵᠢᠨ ᠠᠷᠠᠯᠵᠢᠶ᠎ᠠ ᠵᠢ ᠲᠦᠯᠬᠢᠨ ᠠᠬᠢᠭᠤᠯᠬᠤ᠎ᠳᠤ ᠲᠥᠷᠥ ᠵᠢᠨ ᠪᠣᠳᠣᠯᠭ᠎ᠠ ᠵᠢᠨ ᠱᠠᠭ᠋ᠠᠷᠳᠠᠯᠭ᠎ᠠ ᠳᠤᠷᠠᠳᠪᠠ᠃ ᠡᠭᠦᠨ᠎ᠳᠤ ᠤᠰᠤ ᠬᠡᠷᠡᠭᠯᠡᠬᠦ ᠡᠷᠦᠬᠡ ᠵᠢᠨ ᠤᠰᠤ ᠬᠡᠷᠡᠭᠯᠡᠬᠦ ᠡᠷᠬᠡ ᠵᠢᠨ ᠠᠷᠠᠯᠵᠢᠶ᠎ᠠ᠎ᠳᠤ ᠤᠰᠤ ᠠᠪᠬᠤ ᠡᠷᠦᠬᠡ ᠵᠢᠨ ᠤᠰᠤ ᠬᠡᠷᠡᠭᠯᠡᠬᠦ ᠡᠷᠬᠡ ᠵᠢᠨ ᠠᠷᠠᠯᠵᠢᠶ᠎ᠠ᠂ ᠤᠰᠤᠯᠠᠯᠲᠠ᠎ᠳᠤ ᠬᠡᠷᠡᠭᠯᠡᠬᠦ ᠤᠰᠤᠨ᠎ᠤ ᠡᠷᠦᠬᠡ ᠵᠢᠨ ᠤᠰᠤ ᠬᠡᠷᠡᠭᠯᠡᠬᠦ ᠡᠷᠬᠡ ᠵᠢᠨ ᠠᠷᠠᠯᠵᠢᠶ᠎ᠠ᠂ ᠣᠯᠠᠨ ᠨᠡᠶ᠋ᠢᠲᠡ ᠵᠢᠨ ᠤᠰᠤ ᠬᠠᠩᠭ᠋ᠠᠬᠤ ᠬᠤᠭᠤᠯᠠᠶ ᠵᠢᠨ ᠲᠣᠤᠷ ᠪᠠ ᠲᠥᠪᠯᠡᠷᠡᠭᠦᠯᠦᠨ ᠤᠰᠤ ᠬᠠᠩᠭ᠋ᠠᠬᠤ ᠢᠨᠵᠧᠨᠧᠷᠢᠩ᠎ᠤᠨ ᠤᠰᠤ ᠬᠡᠷᠡᠭᠯᠡᠬᠦ ᠡᠷᠦᠬᠡ᠂ ᠬᠡᠪ᠎ᠤᠨ ᠪᠤᠰᠤ ᠤᠰᠤᠨ᠎ᠤ ᠡᠬᠢ ᠪᠠᠶᠠᠯᠢᠭ᠎ᠤᠨ ᠤᠰᠤ ᠬᠡᠷᠡᠭᠯᠡᠬᠦ ᠡᠷᠦᠬᠡ ᠵᠢᠨ ᠤᠰᠤ ᠬᠡᠷᠡᠭᠯᠡᠬᠦ ᠡᠷᠬᠡ ᠵᠢᠨ ᠠᠷᠠᠯᠵᠢᠶ᠎ᠠ ᠪᠠᠭᠲᠠᠨ᠎ᠠ᠃ ᠠᠳᠠᠯᠢ ᠪᠤᠰᠤ ᠲᠥᠷᠥᠯ ᠬᠡᠯᠪᠡᠷᠢ ᠵᠢᠨ ᠤᠰᠤ ᠬᠡᠷᠡᠭᠯᠡᠬᠦ ᠡᠷᠬᠡ ᠵᠢᠨ ᠠᠷᠠᠯᠵᠢᠶ᠎ᠠ᠎ᠳᠤ ᠴᠢᠭᠯᠡᠭᠦᠯᠦᠨ᠂ ᠤᠰᠤ ᠬᠡᠷᠡᠭᠯᠡᠬᠦ ᠡᠷᠬᠡ ᠵᠢᠨ ᠠᠷᠠᠯᠵᠢᠶᠠᠨ᠎ᠤ ᠨᠥᠬᠦᠴᠡᠯ᠂ ᠴᠠᠭ ᠬᠤᠭᠤᠴᠠᠭ᠎ᠠ ᠪᠠ ᠡᠷᠬᠡ ᠵᠢᠨ ᠬᠠᠷᠢᠶᠠᠯᠠᠯ᠎ᠢ ᠬᠤᠪᠢᠷᠠᠭᠤᠯᠬᠤ ᠵᠡᠷᠭᠡ ᠵᠢ ᠳᠤᠷᠠᠳᠤᠨ ᠭᠠᠷᠭ᠋ᠠᠪᠠ᠃ ᠡᠯ᠎ᠡ ᠭᠠᠵᠠᠷ᠎ᠤᠨ ᠤᠰᠤ ᠬᠡᠷᠡᠭᠯᠡᠬᠦ ᠡᠷᠬᠡ ᠵᠢ ᠠᠷᠠᠯᠵᠢᠶᠠᠯᠠᠬᠤ ᠠᠷᠭ᠎ᠠ ᠬᠡᠮᠵᠢᠶ᠎ᠡ ᠵᠢᠨ ᠰᠢᠨ᠎ᠡ ᠵᠢ ᠡᠭᠦᠳᠬᠦ ᠵᠢ ᠵᠣᠷᠢᠭᠵᠢᠭᠤᠯᠵᠤ᠂ ᠤᠰᠤ ᠬᠡᠷᠡᠭᠯᠡᠬᠦ ᠡᠷᠬᠡ ᠵᠢᠨ ᠠᠷᠠᠯᠵᠢᠶ᠎ᠠ ᠵᠢ ᠠᠮᠢ ᠠᠬᠤᠶ ᠵᠢᠨ ᠦᠢ᠍ᠯᠡᠳᠬᠦᠨ᠎ᠤ ᠥᠷᠲᠡᠭ᠎ᠢ ᠪᠡᠶᠡᠯᠡᠭᠦᠯᠬᠦ᠂ ᠠᠮᠢ ᠠᠬᠤᠶ ᠵᠢᠨ ᠬᠠᠮᠠᠭ᠋ᠠᠯᠠᠯᠲᠠ ᠵᠢᠨ ᠨᠥᠬᠥᠪᠥᠷᠢ ᠥᠭᠬᠦ ᠴᠢᠬᠤᠯᠠ ᠠᠷᠭ᠎ᠠ ᠪᠠᠷᠢᠯ ᠪᠣᠯᠭ᠋ᠠᠵᠤ᠂ ᠤᠰᠤ ᠬᠡᠷᠡᠭᠯᠡᠬᠦ ᠡᠷᠬᠡ᠎ᠪᠠᠨ ᠳᠠᠨᠵᠢᠯᠠᠬᠤ᠂ ᠪᠠᠷᠢᠴᠠᠭ᠋ᠠᠯᠠᠬᠤ᠂ ᠳᠠᠭ᠋ᠠᠭ᠋ᠠᠯᠲᠠ ᠬᠢᠬᠦ ᠵᠡᠷᠭᠡ ᠠᠷᠭ᠎ᠠ ᠮᠠᠶᠢᠭ ᠵᠶ᠋ᠠᠷ ᠳᠠᠮᠵᠢᠭᠤᠯᠤᠨ᠂ ᠤᠰᠤᠨ᠎ᠤ ᠡᠬᠢ ᠪᠠᠶᠠᠯᠢᠭ᠎ᠢ ᠠᠷᠪᠢᠯᠠᠨ ᠬᠠᠮᠠᠭ᠋ᠠᠯᠠᠬᠤ ᠪᠠ ᠨᠡᠭᠡᠭᠡᠨ ᠠᠰᠢᠭᠯᠠᠬᠤ ᠵᠡᠷᠭᠡ᠎ᠳᠤ ᠪᠡᠯᠡ ᠲᠣᠬᠢᠷᠠᠭᠤᠯᠭ᠎ᠠ ᠵᠢᠨ ᠳᠡᠮᠵᠢᠯᠭᠡ ᠵᠢ ᠬᠠᠩᠭ᠋ᠠᠨ᠎ᠠ᠃

   ᠳᠥᠷᠪᠡᠳᠦᠭᠡᠷ ᠬᠡᠰᠡᠭ ᠤᠰᠤ ᠬᠡᠷᠡᠭᠯᠡᠬᠦ ᠡᠷᠬᠡ ᠵᠢᠨ ᠠᠷᠠᠯᠵᠢᠶᠠᠨ᠎ᠤ ᠵᠠᠬ᠎ᠠ ᠳᠡᠯᠭᠡᠭᠦᠷ᠎ᠢ ᠪᠠᠶ᠋ᠢᠭᠤᠯᠤᠨ᠎ᠠ᠃ ᠤᠰᠤ ᠬᠡᠷᠡᠭᠯᠡᠬᠦ ᠡᠷᠬᠡ ᠵᠢᠨ ᠠᠷᠠᠯᠵᠢᠶ᠎ᠠ᠎ᠳᠤ ᠠᠷᠠᠯᠵᠢᠶᠠᠯᠠᠬᠤ ᠠᠷᠭ᠎ᠠ ᠮᠠᠶᠢᠭ ᠪᠠ ᠲᠠᠪᠴᠠᠩ᠎ᠢ ᠠᠮᠢᠳᠤᠯᠢᠭ ᠵᠶ᠋ᠠᠷ ᠰᠣᠩᠭᠤᠵᠤ ᠪᠣᠯᠤᠨ᠎ᠠ᠂ ᠠᠷᠠᠯᠵᠢᠶᠠᠯᠠᠬᠤ ᠠᠷᠭ᠎ᠠ ᠮᠠᠶᠢᠭ᠎ᠨᠢ ᠭᠤᠤᠯᠳᠠᠭᠤ ᠢᠯᠡ᠎ᠪᠠᠷ ᠠᠷᠠᠯᠵᠢᠶᠠᠯᠠᠬᠤ᠂ ᠵᠥᠪᠳᠡᠯᠴᠡᠬᠡᠷ ᠵᠶ᠋ᠠᠷ ᠰᠢᠯᠵᠢᠭᠦᠯᠦᠨ ᠥᠭᠬᠦ᠂ ᠵᠠᠰᠠᠭ᠎ᠤᠨ ᠣᠷᠳᠣᠨ ᠡᠭᠡᠭᠦᠯᠦᠨ ᠬᠤᠳᠠᠯᠳᠤᠨ ᠠᠪᠬᠤ ᠵᠡᠷᠭᠡ ᠪᠣᠯᠤᠨ᠎ᠠ᠂ ᠡᠯ᠎ᠡ ᠭᠠᠵᠠᠷ ᠣᠷᠣᠨ᠎ᠤ ᠤᠰᠤ ᠬᠡᠷᠡᠭᠯᠡᠬᠦ ᠡᠷᠬᠡ ᠵᠢᠨ ᠠᠷᠠᠯᠵᠢᠶᠠᠨ᠎ᠤ ᠦᠨ᠎ᠡ ᠬᠠᠩᠰᠢ ᠵᠢᠨ ᠪᠦᠷᠢᠯᠳᠦᠬᠦ ᠪᠠ ᠠᠰᠢᠭ ᠲᠤᠰᠠ ᠵᠢᠨ ᠨᠥᠬᠦᠪᠥᠷᠢ ᠥᠭᠬᠦ ᠲᠣᠭᠲᠠᠴᠠ ᠵᠢ ᠪᠦᠷᠢᠨᠰᠢᠭᠦᠯᠬᠦ ᠵᠢ ᠵᠣᠷᠢᠭᠵᠢᠭᠤᠯᠵᠤ᠂ ᠤᠰᠤᠯᠠᠯᠲᠠ ᠵᠢᠨ ᠣᠷᠣᠨ᠎ᠤ ᠤᠰᠤ ᠠᠷᠪᠢᠯᠠᠬᠤ ᠢᠨᠵᠧᠨᠧᠷᠢᠩ᠎ᠤᠨ ᠪᠥᠲᠥᠭᠡᠨ ᠪᠠᠶ᠋ᠢᠭᠤᠯᠤᠯᠲᠠ ᠵᠢᠨ ᠵᠠᠷᠤᠳᠠᠯ᠂ ᠤᠰᠤ ᠠᠷᠪᠢᠯᠠᠬᠤ ᠪᠠᠷᠢᠯᠭ᠎ᠠ ᠪᠠ ᠤᠰᠤ ᠬᠡᠮᠵᠢᠬᠦ ᠪᠡᠯᠡᠳᠬᠡᠮᠵᠢ ᠵᠢᠨ ᠠᠵᠢᠯᠯᠠᠭ᠋ᠠᠨ᠎ᠤ ᠬᠠᠮᠠᠭ᠋ᠠᠯᠠᠯᠲᠠ ᠵᠢᠨ ᠵᠠᠷᠤᠳᠠᠯ᠂ ᠤᠰᠤ ᠠᠷᠪᠢᠯᠠᠬᠤ ᠢᠨᠵᠧᠨᠧᠷᠢᠩ᠎ᠤᠨ ᠰᠢᠨᠡᠴᠢᠯᠡᠵᠦ ᠥᠭᠡᠷᠡᠴᠢᠯᠡᠬᠦ ᠵᠠᠷᠤᠳᠠᠯ᠂ ᠠᠳᠠᠯᠢ ᠪᠤᠰᠤ ᠤᠰᠤ ᠬᠡᠷᠡᠭᠯᠡᠬᠦ ᠵᠢ ᠪᠠᠲᠤᠯᠠᠬᠤ ᠨᠣᠷᠮ᠎ᠠ᠎ᠠᠴᠠ ᠪᠣᠯᠵᠣ ᠲᠠᠷᠢᠶᠠᠯᠠᠩ᠎ᠤᠨ ᠬᠤᠬᠢᠷᠠᠯ᠎ᠤᠨ ᠨᠥᠬᠦᠪᠥᠷᠢ ᠵᠠᠷᠤᠳᠠᠯ᠂ ᠴᠢᠬᠤᠯᠠ ᠪᠥᠬᠦᠶ ᠠᠵᠤ ᠠᠬᠤᠶ ᠵᠢᠨ ᠠᠰᠢᠭ ᠲᠤᠰᠠ ᠪᠠ ᠠᠮᠢ ᠠᠬᠤᠶ ᠵᠢᠨ ᠨᠥᠬᠦᠪᠥᠷᠢ ᠵᠠᠷᠤᠳᠠᠯ ᠵᠡᠷᠭᠡ ᠵᠢ ᠪᠠᠭᠲᠠᠭ᠋ᠠᠭᠰᠠᠨ ᠪᠠᠶ᠋ᠢᠬᠤ ᠬᠡᠷᠡᠭᠲᠡᠶ᠃ ᠡᠯ᠎ᠡ ᠠᠶ᠋ᠢᠮᠠᠭ ᠬᠣᠲᠠ ᠵᠢᠴᠢ ᠬᠣᠰᠢᠭᠤ ᠰᠢᠶᠠᠨ᠎ᠤ ᠱᠠᠲᠤᠨ᠎ᠤ ᠤᠰᠤᠨ᠎ᠤ ᠵᠠᠰᠠᠭ ᠵᠠᠬᠢᠷᠭ᠋ᠠᠨ᠎ᠤ ᠭᠣᠤᠯᠴᠢᠯᠠᠨ ᠬᠠᠮᠢᠶᠠᠷᠬᠤ ᠰᠠᠯᠠᠭ᠎ᠠ ᠮᠥᠴᠢᠷ᠎ᠤᠳ᠎ᠤᠨ ᠰᠤᠯᠠ ᠲᠠᠯᠪᠢᠵᠤ ᠪᠠᠶ᠋ᠢᠭ᠎ᠠ ᠤᠰᠤ ᠬᠡᠷᠡᠭᠯᠡᠬᠦ ᠡᠷᠬᠡ ᠵᠢ ᠠᠮᠢᠳᠤᠯᠢᠭ ᠪᠣᠯᠭ᠋ᠠᠬᠤ ᠲᠣᠭᠲᠠᠴᠠ ᠵᠢ ᠰᠦᠪᠡᠭᠴᠢᠯᠡᠨ ᠪᠠᠶ᠋ᠢᠭᠤᠯᠬᠤ ᠵᠢ ᠵᠣᠷᠢᠭᠵᠢᠭᠤᠯᠵᠤ᠂ ᠤᠰᠤᠨ᠎ᠤ ᠡᠬᠢ ᠪᠠᠶᠠᠯᠢᠭ᠎ᠢ ᠰᠢᠯᠢᠳᠡᠭᠵᠢᠭᠦᠯᠦᠨ ᠲᠣᠬᠢᠷᠠᠭᠤᠯᠬᠤ ᠪᠠ ᠡᠷᠴᠢᠮᠵᠢᠭᠦᠯᠦᠨ ᠠᠷᠪᠢᠯᠠᠨ ᠠᠰᠢᠭᠯᠠᠬᠤ ᠬᠢᠷᠢ ᠬᠡᠮᠵᠢᠶ᠎ᠡ ᠵᠢ ᠳᠡᠭᠡᠭᠰᠢᠯᠡᠭᠦᠯᠦᠨ᠎ᠡ᠃

   ᠲᠠᠪᠤᠳᠤᠭ᠋ᠠᠷ ᠬᠡᠰᠡᠭ ᠬᠢᠨᠠᠨ ᠬᠡᠮᠵᠢᠵᠦ ᠬᠡᠮᠵᠢᠬᠦ ᠪᠠ ᠬᠢᠨᠠᠨ ᠬᠠᠮᠢᠶᠠᠷᠬᠤ ᠵᠢ ᠴᠢᠩᠭ᠋ᠠᠳᠬᠠᠨ᠎ᠠ ᠃ ᠡᠭᠦᠨ᠎ᠳᠤ ᠭᠤᠣᠯᠳᠠᠭᠤ ᠤᠰᠤ ᠠᠪᠴᠤ ᠬᠡᠷᠡᠭᠯᠡᠬᠦ ᠵᠢ ᠬᠢᠨᠠᠨ ᠬᠡᠮᠵᠢᠬᠦ ᠪᠠ ᠤᠰᠤ ᠬᠡᠷᠡᠭᠯᠡᠬᠦ ᠡᠷᠬᠡ ᠵᠢᠨ ᠠᠷᠠᠯᠵᠢᠶᠠᠨ᠎ᠤ ᠬᠢᠨᠠᠯᠲᠠ ᠬᠠᠮᠢᠶᠠᠷᠤᠯᠲᠠ ᠵᠢ ᠴᠢᠩᠭ᠋ᠠᠳᠬᠠᠬᠤ ᠵᠡᠷᠭᠡ ᠪᠠᠭᠲᠠᠨ᠎ᠠ᠃ ᠡᠯ᠎ᠡ ᠭᠠᠵᠠᠷ᠎ᠤᠨ᠎ᠬᠢᠨ ᠪᠣᠳᠠᠲᠤ ᠪᠠᠶ᠋ᠢᠳᠠᠯ᠎ᠲᠠᠢ᠎ᠪᠠᠨ ᠤᠶᠠᠯᠳᠤᠭᠤᠯᠤᠨ ᠬᠢᠨᠠᠨ ᠬᠡᠮᠵᠢᠬᠦ ᠱᠠᠭ᠋ᠠᠷᠳᠠᠯᠭ᠎ᠠ ᠵᠢ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠤᠰᠤ ᠬᠡᠷᠡᠭᠯᠡᠬᠦ ᠡᠷᠬᠡ ᠵᠢ ᠠᠩᠬ᠎ᠠ ᠬᠤᠪᠢᠶᠠᠷᠢᠯᠠᠬᠤ᠂ ᠲᠣᠳᠣᠷᠬᠠᠶ ᠪᠣᠯᠭ᠋ᠠᠬᠤ ᠪᠠ ᠠᠷᠠᠯᠵᠢᠶᠠᠯᠠᠬᠤ ᠵᠢ ᠠᠬᠢᠭᠤᠯᠬᠤ᠎ᠳᠤ ᠰᠠᠭᠤᠷᠢ ᠲᠤᠯᠭ᠋ᠠᠭᠤᠷᠢᠯᠠᠯ ᠬᠠᠩᠭ᠋ᠠᠬᠤ ᠬᠡᠷᠡᠭᠲᠡᠶ ᠭᠡᠵᠦ ᠱᠠᠭ᠋ᠠᠷᠳᠠᠪᠠ᠃ ᠤᠰᠤ ᠬᠡᠷᠡᠭᠯᠡᠬᠦ ᠡᠷᠬᠡ ᠵᠢᠨ ᠠᠷᠠᠯᠵᠢᠶᠠᠨ᠎ᠤ ᠪᠦᠬᠦ ᠶᠠᠪᠤᠴᠠ ᠵᠢᠨ ᠬᠢᠨᠠᠯᠲᠠ ᠬᠠᠮᠢᠶᠠᠷᠤᠯᠲᠠ ᠵᠢ ᠴᠢᠩᠭ᠋ᠠᠷᠠᠭᠤᠯᠵᠤ᠂ ᠬᠢᠨᠠᠯᠲᠠ ᠬᠠᠮᠢᠶᠠᠷᠤᠯᠲᠠ ᠵᠢᠨ ᠳᠤᠮᠳᠠ ᠣᠯᠵᠤ ᠮᠡᠳᠡᠭᠰᠡᠨ ᠬᠠᠤᠯᠢ ᠲᠣᠭᠲᠠᠭ᠋ᠠᠯ᠎ᠠᠴᠠ ᠵᠥᠷᠢᠴᠡᠭᠰᠡᠨ ᠤᠰᠤ ᠬᠡᠷᠡᠭᠯᠡᠬᠦ ᠡᠷᠬᠡ ᠵᠢᠨ ᠠᠷᠠᠯᠵᠢᠶ᠎ᠠ ᠵᠢ ᠬᠠᠤᠯᠢ ᠲᠣᠭᠲᠠᠭ᠋ᠠᠯ ᠶᠣᠰᠣᠭ᠋ᠠᠷ ᠰᠢᠢ᠍ᠳᠪᠦᠷᠢᠯᠡᠬᠦ ᠵᠢᠨ ᠬᠠᠮᠲᠤ ᠥᠪᠡᠷᠲᠡᠭᠡᠨ ᠵᠠᠰᠠᠬᠤ ᠣᠷᠣᠨ᠎ᠤ ᠤᠰᠤ ᠲᠠᠲᠠᠵᠤ ᠬᠡᠷᠡᠭᠯᠡᠬᠦ ᠬᠦᠷᠢᠶᠡᠨ᠎ᠳᠠᠬᠢ ᠢᠲᠡᠭᠡᠮᠵᠢ ᠵᠢᠨ ᠦᠨᠡᠯᠡᠯᠲᠡ ᠬᠠᠮᠢᠶᠠᠷᠤᠯᠲᠠ᠎ᠳᠤ ᠣᠷᠣᠭᠤᠯᠤᠨ᠎ᠠ᠃

   ᠵᠢᠷᠭᠤᠳᠤᠭ᠋ᠠᠷ ᠬᠡᠰᠡᠭ ᠵᠣᠬᠢᠶᠠᠨ ᠪᠠᠶ᠋ᠢᠭᠤᠯᠤᠯᠲᠠ ᠵᠢᠨ ᠪᠠᠲᠤᠯᠠᠭ᠎ᠠ ᠃ ᠤᠰᠤ ᠬᠡᠷᠡᠭᠯᠡᠬᠦ ᠡᠷᠬᠡ ᠵᠢᠨ ᠥᠭᠡᠷᠡᠴᠢᠯᠡᠯᠲᠡ ᠵᠢᠨ ᠬᠤᠯᠪᠣᠭᠳᠠᠬᠤ ᠬᠡᠪᠴᠢᠶ᠎ᠡ ᠥᠷᠭᠡᠨ᠂ ᠰᠢᠨ᠎ᠡ ᠵᠢ ᠡᠭᠦᠳᠬᠦ ᠴᠢᠨᠠᠷ ᠵᠶ᠋ᠠᠷ ᠴᠢᠩᠭ᠎ᠠ ᠪᠣᠯᠬᠤᠷ ᠤᠰᠤ ᠬᠡᠷᠡᠭᠯᠡᠬᠦ ᠡᠷᠬᠡ ᠵᠢᠨ ᠠᠷᠠᠯᠵᠢᠶᠠᠨ᠎ᠤ ᠵᠣᠬᠢᠶᠠᠨ ᠪᠠᠶ᠋ᠢᠭᠤᠯᠤᠯᠲᠠ ᠵᠢᠨ ᠤᠳᠤᠷᠢᠳᠤᠯᠭ᠎ᠠ ᠪᠣᠯᠤᠨ ᠰᠠᠯᠠᠭ᠎ᠠ ᠮᠥᠴᠢᠷ᠎ᠤᠨ ᠬᠠᠮᠵᠢᠯᠴᠠᠬᠤ ᠲᠣᠭᠲᠠᠴᠠ ᠵᠢ ᠴᠢᠩᠭ᠋ᠠᠳᠬᠠᠵᠤ᠂ ᠡᠯ᠎ᠡ ᠭᠠᠵᠠᠷ᠎ᠤᠨ᠎ᠬᠢᠨ ᠤᠰᠤ ᠬᠡᠷᠡᠭᠯᠡᠬᠦ ᠡᠷᠬᠡ ᠵᠢᠨ ᠥᠭᠡᠷᠡᠴᠢᠯᠡᠯᠲᠡ ᠵᠢ ᠠᠬᠢᠭᠤᠯᠬᠤ ᠵᠢ ᠤᠰᠤᠨ᠎ᠤ ᠡᠬᠢ ᠪᠠᠶᠠᠯᠢᠭ᠎ᠤᠨ ᠬᠠᠲᠠᠭᠤ ᠬᠢᠵᠠᠭ᠋ᠠᠷᠯᠠᠬᠤ ᠳᠦᠷᠢᠮ᠎ᠢ ᠨᠠᠶ᠋ᠢᠳᠠᠪᠤᠷᠢᠵᠢᠭᠤᠯᠬᠤ ᠨᠢᠭᠡ ᠵᠦᠢ᠍ᠯ᠎ᠤᠨ ᠴᠢᠬᠤᠯᠠ ᠠᠵᠢᠯ᠎ᠤᠨ ᠡᠭᠦᠷᠭᠡ ᠪᠣᠯᠭ᠋ᠠᠵᠤ᠂ ᠤᠰᠤᠨ ᠠᠰᠢᠭᠯᠠᠯᠲᠠ᠂ ᠬᠥᠭᠵᠢᠭᠦᠯᠦᠯᠲᠡ ᠪᠠ ᠥᠭᠡᠷᠡᠴᠢᠯᠡᠯᠲᠡ ᠪᠣᠯᠤᠨ ᠡᠳ᠋᠎ᠤᠨ ᠵᠠᠰᠠᠭ᠎ᠤᠨ ᠰᠠᠯᠠᠭ᠎ᠠ ᠮᠥᠴᠢᠷ᠎ᠤᠳ ᠡᠭᠦᠷᠭᠡ ᠴᠢᠳᠠᠪᠤᠷᠢ ᠡᠭᠦᠷᠭᠡ ᠬᠠᠷᠢᠭᠤᠴᠠᠯᠭ᠎ᠠ ᠵᠢᠨ ᠶᠣᠰᠣᠭ᠋ᠠᠷ ᠰᠠᠯᠠᠭ᠎ᠠ ᠮᠥᠴᠢᠷ᠎ᠤᠨ ᠬᠠᠮᠵᠢᠯᠴᠠᠭ᠎ᠠ᠎ᠪᠠᠨ ᠴᠢᠩᠭ᠋ᠠᠳᠬᠠᠵᠤ᠂ ᠤᠰᠤ ᠬᠡᠷᠡᠭᠯᠡᠬᠦ ᠡᠷᠬᠡ ᠵᠢᠨ ᠥᠭᠡᠷᠡᠴᠢᠯᠡᠯᠲᠡ ᠵᠢᠨ ᠠᠵᠢᠯ᠎ᠢ ᠠᠬᠢᠭᠤᠯᠬᠤ ᠵᠢᠨ ᠲᠥᠯᠥᠭᠡ ᠲᠤᠯᠭ᠋ᠠᠭᠤᠷᠢᠯᠠᠬᠤ ᠪᠠᠲᠤᠯᠠᠭ᠎ᠠ᠎ᠪᠠᠨ ᠴᠢᠩᠭ᠋ᠠᠳᠬᠠᠬᠤ ᠬᠡᠷᠡᠭᠲᠡᠶ ᠭᠡᠵᠦ ᠱᠠᠭ᠋ᠠᠷᠳᠠᠪᠠ᠃ ᠡᠭᠦᠨ᠎ᠤ ᠬᠠᠮᠲᠤ ᠡᠯ᠎ᠡ ᠱᠠᠲᠤᠨ᠎ᠤ ᠤᠰᠤᠨ᠎ᠤ ᠵᠠᠰᠠᠭ ᠵᠠᠬᠢᠷᠭ᠋ᠠᠨ᠎ᠤ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ᠎ᠤᠳ ᠤᠬᠠᠭᠤᠯᠵᠤ ᠬᠥᠲᠥᠯᠥᠨ ᠵᠢᠯᠣᠭᠤᠳᠬᠤ᠎ᠪᠠᠨ ᠴᠢᠩᠭ᠋ᠠᠳᠬᠠᠵᠤ᠂ ᠤᠰᠤ ᠬᠡᠷᠡᠭᠯᠡᠬᠦ ᠡᠷᠬᠡ ᠵᠢᠨ ᠥᠭᠡᠷᠡᠴᠢᠯᠡᠯᠲᠡ ᠵᠢ ᠠᠬᠢᠭᠤᠯᠬᠤ ᠰᠠᠶ᠋ᠢᠨ ᠰᠠᠶ᠋ᠢᠬᠠᠨ ᠠᠭᠤᠷ ᠠᠮᠢᠰᠬᠤᠯ᠎ᠢ ᠪᠣᠶ ᠪᠣᠯᠭ᠋ᠠᠬᠤ ᠬᠡᠷᠡᠭᠲᠡᠶ ᠭᠡᠵᠦ ᠱᠠᠭ᠋ᠠᠷᠳᠠᠪᠠ᠃

 

ᠢᠷᠡᠯᠲᠡ᠄ ᠦᠪᠤᠷ ᠮᠣᠩᠭᠤᠯ᠎ᠤᠨ ᠦᠪᠡᠷᠳᠡᠭᠡᠨ ᠵᠠᠰᠠᠬᠤ ᠣᠷᠣᠨ᠎ᠤ ᠣᠰᠣᠨ ᠠᠰᠢᠠᠠᠯᠠᠯᠳᠡ ᠵᠢᠨ ᠳᠢᠩᠬᠢᠮ
          
ᠬᠠᠮᠢᠶ᠎ᠡ ᠪᠦᠬᠦᠢ ᠰᠣᠨᠢᠨ
《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠣᠲᠣ ᠦᠶ᠎ᠡ ᠵᠢᠨ ᠲᠠᠷᠢᠶᠠᠯᠠᠩ ᠮᠠᠯ ᠠᠵᠤ ᠠᠬᠤᠢ ᠵᠢᠨ ᠠᠵᠤ ᠦᠢ᠍ᠯᠡᠰ᠎ᠤᠨ ᠬᠦᠷᠢᠶᠡᠯᠡᠩ᠎ᠤᠨ ᠪᠦᠲᠦᠭᠡᠨ ᠪᠠᠢ᠌ᠭᠤᠯᠤᠯᠲᠠ ᠵᠢᠨ ᠵᠢᠯᠣᠭᠣᠳᠬᠤ ᠰᠠᠨᠠᠯ》᠎ᠤᠨ ᠲᠤᠬᠠᠢ ᠲᠥᠷᠥ ᠵᠢᠨ ᠪᠣᠳᠣᠯᠭ᠎ᠠ ᠵᠢᠨ ᠲᠠᠢ᠌ᠯᠤᠮᠵᠢ
《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠣᠲᠣ ᠦᠶ᠎ᠡ ᠵᠢᠨ ᠲᠠᠷᠢᠶᠠᠯᠠᠩ ᠮᠠᠯ ᠠᠵᠤ ᠠᠬᠤᠢ ᠵᠢᠨ ᠠᠵᠤ ᠦᠢ᠍ᠯᠡᠰ᠎ᠤᠨ ᠬᠦᠷᠢᠶᠡᠯᠡᠩ᠎ᠤᠨ ᠬᠢᠨᠠᠨ ᠬᠡᠮᠵᠢᠵᠦ ᠦᠨᠡᠯᠡᠬᠦ ᠠᠷᠭ᠎ᠠ》 ᠵᠢᠨ ᠲᠤᠬᠠᠢ ᠲᠥᠷᠥ ᠵᠢᠨ ᠪᠣᠳᠣᠯᠭ᠎ᠠ ᠵᠢᠨ ᠲᠠᠢ᠌ᠯᠤᠮᠵᠢ
ᠤᠰᠤᠨ᠎ᠤ ᠡᠬᠢ ᠪᠠᠶᠠᠯᠢᠭ᠎ᠤᠨ ᠦᠷᠬᠦᠯᠵᠢᠯᠡᠬᠦᠢ᠌ᠴᠡ ᠠᠰᠢᠭᠯᠠᠯᠲᠠ ᠵᠢ ᠠᠬᠢᠭᠤᠯᠵᠤ ᠤᠯᠤᠰ᠎ᠤᠨ ᠤᠰᠤᠨ᠎ᠤ ᠡᠬᠢ ᠪᠠᠶᠠᠯᠢᠭ᠎ᠤᠨ ᠠᠮᠤᠷ ᠲᠦᠪᠰᠢᠨ᠎ᠢ ᠪᠠᠲᠤᠯᠠᠨ᠎ᠠ
ᠤᠰᠤᠨ᠎ᠤ ᠡᠬᠢ ᠪᠠᠶᠠᠯᠢᠭ᠎ᠤᠨ ᠦᠷᠬᠦᠯᠵᠢᠯᠡᠬᠦᠢ᠌ᠴᠡ ᠠᠰᠢᠭᠯᠠᠯᠲᠠ ᠵᠢ ᠠᠬᠢᠭᠤᠯᠵᠤ ᠤᠯᠤᠰ᠎ᠤᠨ ᠤᠰᠤᠨ᠎ᠤ ᠡᠬᠢ ᠪᠠᠶᠠᠯᠢᠭ᠎ᠤᠨ ᠠᠮᠤᠷ ᠲᠦᠪᠰᠢᠨ᠎ᠢ ᠪᠠᠲᠤᠯᠠᠨ᠎ᠠ
《ᠤᠯᠤᠰ᠎ᠤᠨ ᠲᠠᠷᠢᠶᠠᠯᠠᠩ᠎ᠤᠨ ᠤᠰᠤ ᠠᠷᠪᠢᠯᠠᠬᠤ ᠬᠥᠲᠥᠯᠪᠦᠷᠢ (2012 — 2020 ᠣᠨ)》 ᠵᠢᠨ ᠲᠠᠶ᠋ᠢᠯᠪᠤᠷᠢ
 
            