ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠣᠨᠴᠠᠯᠢᠭᠲᠤ᠌ ᠳᠠᠪᠴᠠᠩ
ᠢᠯᠡ ᠵᠠᠰᠠᠭ   -   ᠲᠦᠷᠥ᠎ᠶᠢᠨ ᠪᠣᠳᠣᠯᠭ᠎ᠠ᠎ᠶᠢᠨ ᠲᠠᠶ᠋ᠢᠯᠤᠮᠵᠢ
《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠣᠲᠣ ᠦᠶ᠎ᠡ ᠵᠢᠨ ᠲᠠᠷᠢᠶᠠᠯᠠᠩ ᠮᠠᠯ ᠠᠵᠤ ᠠᠬᠤᠢ ᠵᠢᠨ ᠠᠵᠤ ᠦᠢ᠍ᠯᠡᠰ᠎ᠤᠨ ᠬᠦᠷᠢᠶᠡᠯᠡᠩ᠎ᠤᠨ ᠪᠦᠲᠦᠭᠡᠨ ᠪᠠᠢ᠌ᠭᠤᠯᠤᠯᠲᠠ ᠵᠢᠨ ᠵᠢᠯᠣᠭᠣᠳᠬᠤ ᠰᠠᠨᠠᠯ》᠎ᠤᠨ ᠲᠤᠬᠠᠢ ᠲᠥᠷᠥ ᠵᠢᠨ ᠪᠣᠳᠣᠯᠭ᠎ᠠ ᠵᠢᠨ ᠲᠠᠢ᠌ᠯᠤᠮᠵᠢ
ᠨᠡᠶ᠋ᠢᠲᠡᠯᠡᠭᠰᠡᠨ ᠴᠠᠭ᠄ 2025-05-21

   ᠮᠠᠨ᠎ᠤ ᠣᠷᠣᠨ᠎ᠤ ᠣᠲᠣ ᠦᠶ᠎ᠡ ᠵᠢᠨ ᠲᠠᠷᠢᠶᠠᠯᠠᠩ ᠮᠠᠯ ᠠᠵᠤ ᠠᠬᠤᠢ ᠵᠢᠨ ᠠᠵᠤ ᠦᠢ᠍ᠯᠡᠰ᠎ᠤᠨ ᠬᠦᠷᠢᠶᠡᠯᠡᠩ᠎ᠤᠨ  ᠪᠦᠲᠦᠭᠡᠨ  ᠪᠠᠢ᠌ᠭᠤᠯᠤᠯᠲᠠ ᠵᠢ ᠤᠯᠠᠮ ᠨᠢᠭᠡ ᠠᠯᠬᠤᠮ ᠵᠢᠷᠤᠮᠵᠢᠭᠤᠯᠵᠤ ᠂  ᠥᠪᠡᠷᠲᠡᠭᠡᠨ ᠵᠠᠰᠠᠬᠤ ᠣᠷᠣᠨ᠎ᠤ ᠣᠲᠣ ᠦᠶ᠎ᠡ ᠵᠢᠨ ᠲᠠᠷᠢᠶᠠᠯᠠᠩ ᠮᠠᠯ ᠠᠵᠤ ᠠᠬᠤᠢ ᠵᠢᠨ ᠠᠵᠤ ᠦᠢ᠍ᠯᠡᠰ᠎ᠤᠨ ᠬᠦᠷᠢᠶᠡᠯᠡᠩ᠎ᠤᠨ  ᠪᠦᠲᠦᠭᠡᠨ  ᠪᠠᠢ᠌ᠭᠤᠯᠤᠯᠲᠠ ᠪᠠ ᠬᠠᠮᠢᠶᠠᠷᠤᠯᠲᠠ ᠵᠢᠨ ᠦᠷ᠎ᠡ ᠪᠦᠲᠦᠮᠵᠢ ᠵᠢ ᠳᠡᠭᠡᠭᠰᠢᠯᠡᠭᠦᠯᠦᠨ ᠂  ᠬᠢᠨᠠᠨ ᠬᠡᠮᠵᠢᠵᠦ ᠦᠨᠡᠯᠡᠬᠦ ᠳᠦᠷᠢᠮ᠎ᠢ ᠲᠡᠭᠦᠯᠳᠡᠷᠵᠢᠭᠦᠯᠵᠦ ᠂  ᠠᠵᠤ ᠦᠢ᠍ᠯᠡᠰ᠎ᠤᠨ ᠬᠦᠷᠢᠶᠡᠯᠡᠩ᠎ᠤᠨ  ᠪᠦᠲᠦᠭᠡᠨ  ᠪᠠᠢ᠌ᠭᠤᠯᠤᠯᠲᠠ ᠵᠢᠨ ᠦᠷ᠎ᠡ  ᠪᠦᠲᠦᠮᠵᠢ ᠵᠢ ᠣᠨᠣᠪᠴᠢᠲᠠᠢ ᠦᠨᠡᠯᠡᠬᠦ ᠵᠢᠨ ᠲᠤᠰᠠᠳᠠ᠂ 3 ᠰᠠᠷ᠎ᠠ ᠵᠢᠨ 12᠎ᠤᠨ ᠡᠳᠦᠷ ᠂  ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠲᠠᠷᠢᠶᠠᠯᠠᠩ ᠮᠠᠯ ᠠᠵᠤ ᠠᠬᠤᠢ  ᠪᠠ ᠬᠥᠳᠡᠭᠡ ᠲᠣᠰᠬᠤᠨ ᠮᠠᠯᠵᠢᠬᠤ ᠣᠷᠣᠨ᠎ᠤ ᠲᠢᠩᠬᠢᠮ᠎ᠠᠴᠠ 《〈ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠣᠳᠣ ᠦᠶ᠎ᠡ ᠵᠢᠨ ᠲᠠᠷᠢᠶᠠᠯᠠᠩ ᠮᠠᠯ ᠠᠵᠤ ᠠᠬᠤᠢ ᠵᠢᠨ  ᠠᠵᠤ ᠦᠢ᠍ᠯᠡᠰ᠎ᠤᠨ ᠬᠦᠷᠢᠶᠡᠯᠡᠩ᠎ᠤᠨ ᠪᠦᠲᠦᠭᠡᠨ ᠪᠠᠢ᠌ᠭᠤᠯᠤᠯᠲᠠ ᠵᠢᠨ  ᠵᠢᠯᠤᠭᠣᠳᠬᠤ ᠰᠠᠨᠠᠯ〉 〈  ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠣᠳᠣ ᠦᠶ᠎ᠡ ᠵᠢᠨ ᠲᠠᠷᠢᠶᠠᠯᠠᠩ ᠮᠠᠯ ᠠᠵᠤ ᠠᠬᠤᠢ ᠵᠢᠨ  ᠠᠵᠤ ᠦᠢ᠍ᠯᠡᠰ᠎ᠤᠨ ᠬᠦᠷᠢᠶᠡᠯᠡᠩ᠎ᠤᠨ  ᠬᠢᠨᠠᠨ ᠬᠡᠮᠵᠢᠵᠦ ᠦᠨᠡᠯᠡᠬᠦ ᠠᠷᠭ᠎ᠠ 〉᠎ᠳᠤ ᠵᠠᠰᠠᠪᠤᠷᠢ ᠣᠷᠣᠭᠤᠯᠵᠤ ᠳᠠᠷᠤᠮᠠᠯᠯᠠᠨ ᠲᠠᠷᠬᠠᠭ᠋ᠠᠬᠤ ᠲᠤᠬᠠᠢ ᠮᠡᠳᠡᠭᠳᠡᠯ  》᠎ᠢ ᠳᠠᠷᠤᠮᠠᠯᠯᠠᠨ ᠲᠠᠷᠬᠠᠭ᠋ᠠᠪᠠ᠃  ᠡᠳᠦᠭᠡ 《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠣᠲᠣ ᠦᠶ᠎ᠡ ᠵᠢᠨ ᠲᠠᠷᠢᠶᠠᠯᠠᠩ ᠮᠠᠯ ᠠᠵᠤ ᠠᠬᠤᠢ ᠵᠢᠨ ᠠᠵᠤ ᠦᠢ᠍ᠯᠡᠰ᠎ᠤᠨ ᠬᠦᠷᠢᠶᠡᠯᠡᠩ᠎ᠤᠨ ᠪᠦᠳᠦᠭᠡᠨ ᠪᠠᠢ᠌ᠭᠤᠯᠤᠯᠳᠠ ᠵᠢᠨ ᠵᠢᠯᠤᠭᠣᠳᠬᠤ ᠰᠠᠨᠠᠯ 》 (ᠳᠣᠷᠣᠭᠰᠢ ᠵᠢᠯᠤᠭᠣᠳᠬᠤ ᠰᠠᠨᠠᠯ ᠭᠡᠵᠦ ᠲᠣᠪᠴᠢᠯᠠᠨ᠎ᠠ)᠎ᠤᠨ ᠬᠠᠮᠢᠶ᠎ᠠ ᠪᠦᠬᠦᠢ ᠠᠭᠤᠯᠭ᠎ᠠ ᠵᠢ ᠳᠣᠣᠷᠠᠬᠢ ᠮᠡᠲᠦ ᠲᠠᠢ᠌ᠯᠪᠤᠷᠢᠯᠠᠶ᠎ᠠ ᠄

   ᠨᠢᠭᠡ ᠂  ᠵᠠᠰᠠᠪᠤᠷᠢ ᠣᠷᠣᠭᠤᠯᠤᠭᠰᠠᠨ ᠠᠬᠤᠢ ᠪᠠᠢ᠌ᠳᠠᠯ

  2019 ᠣᠨ᠎ᠳᠤ ᠂  ᠥᠪᠡᠷᠲᠡᠭᠡᠨ ᠵᠠᠰᠠᠬᠤ ᠣᠷᠣᠨ ᠤᠳᠤ ᠦᠶ᠎ᠡ ᠵᠢᠨ  ᠲᠠᠷᠢᠶᠠᠯᠠᠩ ᠮᠠᠯ ᠠᠵᠤ ᠠᠬᠤᠢ ᠵᠢᠨ ᠠᠵᠤ ᠦᠢ᠍ᠯᠡᠰ᠎ᠤᠨ ᠬᠦᠷᠢᠶᠡᠯᠡᠩ᠎ᠢ ᠡᠭᠦᠳᠦᠨ ᠪᠠᠶ᠋ᠢᠭᠤᠯᠬᠤ ᠠᠵᠢᠯ᠎ᠢ ᠥᠷᠨᠢᠭᠦᠯᠵᠦ ᠂  ᠤᠳᠤ ᠪᠣᠯᠲᠠᠯ᠎ᠠ ᠂  ᠨᠡᠢ᠍ᠢ᠍ᠳᠡ 41 ᠥᠪᠡᠷᠲᠡᠭᠡᠨ ᠵᠠᠰᠠᠬᠤ ᠣᠷᠣᠨ᠎ᠤ ᠤᠳᠤ ᠦᠶ᠎ᠡ ᠵᠢᠨ  ᠲᠠᠷᠢᠶᠠᠯᠠᠩ ᠮᠠᠯ ᠠᠵᠤ ᠠᠬᠤᠢ ᠵᠢᠨ  ᠠᠵᠤ ᠦᠢ᠍ᠯᠡᠰ᠎ᠤᠨ ᠬᠦᠷᠢᠶᠡᠯᠡᠩ᠎ᠢ ᠵᠦᠪᠰᠢᠶᠡᠷᠡᠨ ᠪᠦᠳᠦᠭᠡᠨ ᠪᠠᠢ᠌ᠭᠤᠯᠵᠠᠢ ᠃  ᠠᠵᠤ ᠦᠢ᠍ᠯᠡᠰ᠎ᠤᠨ ᠬᠦᠷᠢᠶᠡᠯᠡᠩ᠎ᠤᠨ ᠪᠦᠲᠦᠭᠡᠨ ᠪᠠᠢ᠌ᠭᠤᠯᠤᠯᠲᠠ ᠵᠢ ᠵᠢᠷᠤᠮᠵᠢᠭᠤᠯᠬᠤ ᠵᠢᠨ ᠲᠥᠯᠥᠭᠡ ᠂ 2022 ᠣᠨ᠎ᠳᠤ ᠮᠠᠨ᠎ᠤ ᠲᠢᠩᠬᠢᠮ᠎ᠠᠴᠠ 《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠣᠲᠣ ᠦᠶ᠎ᠡ ᠵᠢᠨ ᠲᠠᠷᠢᠶᠠᠯᠠᠩ ᠮᠠᠯ ᠠᠵᠤ ᠠᠬᠤᠢ ᠵᠢᠨ ᠠᠵᠤ ᠦᠢ᠍ᠯᠡᠰ᠎ᠤᠨ ᠬᠦᠷᠢᠶᠡᠯᠡᠩ᠎ᠤᠨ  ᠪᠦᠲᠦᠭᠡᠨ ᠪᠠᠢ᠌ᠭᠤᠯᠤᠯᠲᠠ ᠵᠢᠨ  ᠵᠢᠯᠤᠭᠣᠳᠬᠤ ᠰᠠᠨᠠᠯ (ᠲᠤᠷᠰᠢᠨ ᠬᠡᠷᠡᠭᠵᠢᠭᠦᠯᠬᠦ) 》᠎ᠢ ᠲᠤᠭᠤᠷᠪᠢᠨ  ᠳᠠᠷᠤᠮᠠᠯᠯᠠᠨ  ᠲᠠᠷᠬᠠᠭ᠋ᠠᠵᠤ ᠂  ᠥᠪᠡᠷᠲᠡᠭᠡᠨ ᠵᠠᠰᠠᠬᠤ ᠣᠷᠣᠨ᠎ᠤ ᠠᠵᠤ ᠦᠢ᠍ᠯᠡᠰ᠎ᠤᠨ ᠬᠦᠷᠢᠶᠡᠯᠡᠩ᠎ᠤᠨ ᠲᠥᠷᠥᠯ ᠵᠦᠢ᠍ᠯ᠎ᠤᠨ ᠪᠦᠲᠦᠭᠡᠨ ᠪᠠᠢ᠌ᠭᠤᠯᠤᠯᠲᠠ ᠵᠢ ᠪᠦᠲᠦᠮᠵᠢᠲᠡᠶ ᠵᠢᠯᠣᠭᠣᠳᠪᠠ᠃ 《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠠᠯᠪᠠᠨ ᠲᠢᠩᠬᠢᠮ᠎ᠤᠨ  ᠡᠳ᠋᠎ᠤᠨ ᠵᠠᠰᠠᠭ᠎ᠤᠨ ᠬᠦᠷᠢᠶ᠎ᠡ ᠴᠠᠷᠠᠭ᠎ᠠ᠎ᠳᠤ ᠤᠯᠠᠮ ᠨᠢᠭᠡ ᠠᠯᠬᠤᠮ ᠵᠠᠰᠠᠭ᠎ᠢ ᠴᠣᠮᠬᠠᠳᠬᠠᠨ ᠡᠷᠬᠡ ᠵᠢ ᠳᠣᠷᠣᠭᠰᠢ ᠪᠠᠭᠤᠯᠭ᠋ᠠᠵᠤ ᠦᠢ᠍ᠯᠡᠴᠢᠯᠡᠭᠡ ᠵᠢ ᠰᠢᠯᠢᠳᠡᠭᠵᠢᠭᠦᠯᠬᠦ ᠲᠤᠬᠠᠢ  ᠮᠡᠳᠡᠭᠳᠡᠯ 》 (ᠥᠪᠥᠷ ᠵᠠᠰᠠᠭ ᠠᠯᠪᠠᠨ ᠲᠠᠷᠬᠠᠭ᠋ᠠᠭᠰᠠᠨ [2024] 52 ᠳ᠋ᠤᠭ᠋ᠠᠷ ᠲᠣᠭ᠋ᠠᠲᠤ)᠎ᠤᠨ ᠬᠠᠮᠢᠶ᠎ᠠ ᠪᠦᠬᠦᠢ ᠱᠠᠭ᠋ᠠᠷᠳᠠᠯᠭ᠎ᠠ ᠶᠣᠰᠣᠭ᠋ᠠᠷ ᠂  ᠮᠠᠨ᠎ᠤ ᠲᠢᠩᠬᠢᠮ 《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠣᠲᠣ ᠦᠶ᠎ᠡ ᠵᠢᠨ ᠲᠠᠷᠢᠶᠠᠯᠠᠩ ᠮᠠᠯ ᠠᠵᠤ ᠠᠬᠤᠢ ᠵᠢᠨ ᠠᠵᠤ ᠦᠢ᠍ᠯᠡᠰ᠎ᠤᠨ ᠬᠦᠷᠢᠶᠡᠯᠡᠩ᠎ᠤᠨ ᠪᠦᠲᠦᠭᠡᠨ ᠪᠠᠢ᠌ᠭᠤᠯᠤᠯᠲᠠ ᠵᠢᠨ ᠵᠢᠯᠤᠭᠣᠳᠬᠤ ᠰᠠᠨᠠᠯ 》᠎ᠳᠤ ᠲᠠᠬᠢᠨᠳᠠ   ᠵᠠᠰᠠᠪᠤᠷᠢ ᠣᠷᠣᠭᠤᠯᠤᠨ ᠲᠡᠭᠦᠯᠳᠡᠷᠵᠢᠭᠦᠯᠪᠡ᠃

   ᠬᠣᠶᠠᠷ ᠂  ᠭᠣᠣᠯ ᠪᠣᠷᠣ ᠲᠥᠯᠥᠪ

  《ᠵᠢᠯᠤᠭᠣᠳᠬᠤ ᠰᠠᠨᠠᠯ 》᠎ᠳᠤ ᠶᠡᠷᠦᠩᠬᠡᠢ ᠱᠠᠭ᠋ᠠᠷᠳᠠᠯᠭ᠎ᠠ ᠂  ᠭᠣᠣᠯ ᠡᠭᠦᠷᠭᠡ ᠂  ᠦᠨᠳᠦᠰᠦᠨ ᠨᠥᠬᠥᠴᠡᠯ ᠂  ᠪᠦᠲᠦᠭᠡᠨ ᠪᠠᠢ᠌ᠭᠤᠯᠤᠯᠲᠠ ᠵᠢᠨ  ᠱᠠᠭ᠋ᠠᠷᠳᠠᠯᠭ᠎ᠠ ᠪᠠ ᠪᠡᠯᠡ ᠮᠥᠩᠭᠥ ᠵᠢᠨ ᠬᠡᠷᠡᠭᠯᠡᠯᠲᠡ ᠵᠡᠷᠭᠡ 5 ᠬᠡᠰᠡᠭ ᠠᠭᠤᠯᠭ᠎ᠠ ᠪᠠᠭᠲᠠᠨ᠎ᠠ᠃

   ᠭᠤᠷᠪᠠ ᠂  ᠭᠣᠣᠯ ᠠᠭᠤᠯᠭ᠎ᠠ

   ᠨᠢᠭᠡᠳᠦᠭᠡᠷ ᠬᠡᠰᠡᠭ ᠄  ᠶᠡᠷᠦᠩᠬᠡᠢ ᠱᠠᠭ᠋ᠠᠷᠳᠠᠯᠭ᠎ᠠ᠃  ᠣᠳᠣᠬᠠᠨ᠎ᠤ ᠲᠠᠷᠢᠶᠠᠯᠠᠩ ᠮᠠᠯ ᠠᠵᠤ ᠠᠬᠤᠢ ᠵᠢᠨ ᠠᠵᠤ ᠦᠢ᠍ᠯᠡᠰ᠎ᠤᠨ ᠬᠥᠭᠵᠢᠯᠲᠡ ᠵᠢᠨ ᠪᠠᠢ᠌ᠳᠠᠯ᠎ᠲᠠᠢ ᠤᠶᠠᠯᠳᠤᠭᠤᠯᠤᠨ ᠂  ᠥᠪᠡᠷᠲᠡᠭᠡᠨ ᠵᠠᠰᠠᠬᠤ ᠣᠷᠣᠨ᠎ᠤ ᠣᠲᠣ ᠦᠶ᠎ᠡ ᠵᠢᠨ ᠲᠠᠷᠢᠶᠠᠯᠠᠩ ᠮᠠᠯ ᠠᠵᠤ ᠠᠬᠤᠢ ᠵᠢᠨ ᠠᠵᠤ ᠦᠢ᠍ᠯᠡᠰ᠎ᠤᠨ ᠬᠦᠷᠢᠶᠡᠯᠡᠩ᠎ᠤᠨ ᠪᠦᠲᠦᠭᠡᠨ ᠪᠠᠢ᠌ᠭᠤᠯᠤᠯᠲᠠ ᠵᠢᠨ ᠵᠢᠯᠤᠭᠣᠳᠬᠤ ᠦᠵᠡᠯ ᠰᠠᠨᠠᠭ᠎ᠠ ᠂  ᠦᠨᠳᠦᠰᠦᠨ ᠵᠠᠷᠴᠢᠮ ᠪᠠ ᠪᠦᠲᠦᠭᠡᠨ ᠪᠠᠢ᠌ᠭᠤᠯᠤᠯᠲᠠ ᠵᠢᠨ ᠬᠠᠷᠠᠯᠲᠠ ᠵᠢ ᠲᠠᠬᠢᠨᠳᠠ   ᠲᠣᠳᠤᠷᠬᠠᠢ᠌ᠯᠠᠨ ᠲᠠᠢ᠌ᠯᠪᠤᠷᠢᠯᠠᠪᠠ ᠃

   ᠬᠣᠶᠠᠳᠤᠭ᠋ᠠᠷ ᠬᠡᠰᠡᠭ ᠄  ᠭᠣᠣᠯ ᠡᠭᠦᠷᠭᠡ᠃  ᠭᠣᠣᠯᠯᠠᠬᠤ ᠠᠵᠤ ᠦᠢ᠍ᠯᠡᠰ᠎ᠢ ᠪᠤᠵᠠᠭ᠋ᠠᠢ᠌ᠷᠠᠭᠤᠯᠤᠨ ᠬᠦᠴᠦᠷᠬᠡᠭᠵᠢᠭᠦᠯᠬᠦ ᠂  ᠦᠢ᠍ᠯᠡᠳᠪᠦᠷᠢᠯᠡᠯ᠎ᠤᠨ ᠬᠦᠴᠦᠨ ᠵᠦᠢ᠍ᠯ᠎ᠤᠨ ᠴᠤᠭᠯᠠᠷᠠᠯ᠎ᠢ ᠠᠬᠢᠭᠤᠯᠬᠤ ᠂ ᠨᠢᠭᠡ ᠬᠣᠶᠠᠷ  ᠭᠤᠷᠪᠠᠳᠤᠭ᠋ᠠᠷ ᠠᠵᠤ ᠦᠢ᠍ᠯᠡᠰ᠎ᠤᠨ ᠠᠭᠤᠰᠤᠯᠴᠠᠯ᠎ᠢ ᠠᠬᠢᠭᠤᠯᠬᠤ ᠂  ᠡᠵᠡᠩᠨᠡᠯᠲᠡ ᠵᠢᠨ ᠭᠣᠣᠯ ᠴᠣᠭᠴᠠ ᠵᠢᠨ  ᠬᠦᠷᠢᠶᠡᠯᠡᠩ᠎ᠳᠤ ᠣᠷᠣᠵᠤ ᠡᠵᠡᠩᠨᠡᠬᠦ ᠵᠢ ᠵᠣᠷᠢᠭᠵᠢᠭᠤᠯᠬᠤ ᠂  ᠲᠠᠷᠢᠶᠠᠯᠠᠩ ᠮᠠᠯ ᠠᠵᠤ ᠠᠬᠤᠢ ᠵᠢᠨ ᠭᠣᠣᠯᠯᠠᠬᠤ ᠥᠷᠢᠰᠦᠯᠳᠦᠬᠦ ᠬᠦᠴᠦᠨ᠎ᠢ ᠳᠡᠭᠡᠭᠰᠢᠯᠡᠭᠦᠯᠬᠦ ᠵᠡᠷᠭᠡ 5 ᠲᠠᠯ᠎ᠠ᠎ᠠᠴᠠ ᠣᠲᠣ ᠦᠶ᠎ᠡ ᠵᠢᠨ ᠲᠠᠷᠢᠶᠠᠯᠠᠩ ᠮᠠᠯ ᠠᠵᠤ ᠠᠬᠤᠢ ᠵᠢᠨ ᠠᠵᠤ ᠦᠢ᠍ᠯᠡᠰ᠎ᠤᠨ ᠬᠦᠷᠢᠶᠡᠯᠡᠩ᠎ᠤᠨ ᠪᠦᠲᠦᠭᠡᠨ ᠪᠠᠢ᠌ᠭᠤᠯᠤᠯᠲᠠ ᠵᠢᠨ ᠡᠭᠦᠷᠭᠡ ᠵᠢᠨ ᠲᠤᠬᠠᠢ ᠲᠣᠳᠤᠷᠬᠠᠢ᠌ᠯᠠᠨ ᠲᠠᠢ᠌ᠯᠪᠤᠷᠢᠯᠠᠪᠠ ᠃

   ᠭᠤᠷᠪᠠᠳᠤᠭ᠋ᠠᠷ ᠬᠡᠰᠡᠭ ᠄  ᠦᠨᠳᠦᠰᠦᠨ ᠨᠥᠬᠥᠴᠡᠯ᠃  ᠲᠣᠰ ᠪᠦᠷᠢ ᠲᠦᠯᠦᠪᠵᠢᠭᠦᠯᠭᠡ ᠪᠠᠢ᠌ᠷᠢᠯᠠᠭᠤᠯᠤᠯᠳᠠ᠂  ᠭᠣᠣᠯᠯᠠᠬᠤ ᠠᠵᠤ ᠦᠢ᠍ᠯᠡᠰ ᠂  ᠦᠢ᠍ᠯᠡᠳᠪᠦᠷᠢᠯᠡᠯ᠎ᠤᠨ ᠬᠦᠴᠦᠨ ᠵᠦᠢ᠍ᠯ ᠂  ᠪᠣᠬᠢᠷᠲᠤᠯ ᠦᠭᠡᠢ ᠬᠥᠭᠵᠢᠯᠲᠡ ᠂  ᠵᠢᠵᠢᠭ ᠲᠠᠷᠢᠶᠠᠴᠢᠨ ᠡᠷᠦᠬᠡ ᠬᠢᠭᠡᠳ ᠰᠢᠨ᠎ᠡ ᠬᠡᠯᠪᠡᠷᠢ ᠵᠢᠨ  ᠲᠠᠷᠢᠶᠠᠯᠠᠩ᠎ᠤᠨ ᠡᠵᠡᠩᠨᠡᠯᠳᠡ ᠵᠢᠨ  ᠭᠤᠤᠯ ᠴᠤᠬ᠍ᠴᠠ ᠵᠢᠨ  ᠬᠤᠯᠪᠤᠭ᠋ᠠᠯᠠᠯ ᠦ᠋᠊ᠨ ᠲᠠᠶ᠋ᠢᠴᠢᠯᠠᠯᠳᠠ ᠂  ᠲᠥᠷᠥ ᠵᠢᠨ ᠪᠣᠳᠣᠯᠭ᠎ᠠ ᠵᠢᠨ ᠳᠡᠮᠵᠢᠯᠭᠡ ᠂  ᠵᠣᠬᠢᠶᠠᠨ ᠪᠠᠢ᠌ᠭᠤᠯᠤᠯᠲᠠ ᠵᠢᠨ ᠬᠠᠮᠢᠶᠠᠷᠤᠯᠲᠠ ᠵᠡᠷᠭᠡ 7 ᠲᠠᠯ᠎ᠠ᠎ᠪᠠᠷ ᠪᠦᠲᠦᠭᠡᠨ ᠪᠠᠶ᠋ᠢᠭᠤᠯᠬᠤ ᠪᠠᠷᠢᠮᠵᠢᠶ᠎ᠠ ᠵᠢ ᠲᠣᠳᠣᠷᠬᠠᠢ᠌ᠯᠠᠭᠰᠠᠨ ᠪᠥᠭᠡᠳ ᠪᠣᠯᠪᠠᠰᠤᠷᠠᠭᠤᠯᠬᠤ ᠦᠢ᠍ᠯᠡᠰ ᠵᠶ᠋ᠡᠷ ᠭᠣᠣᠯ ᠪᠣᠯᠭ᠋ᠠᠭᠰᠠᠨ ᠠᠵᠤ ᠦᠢ᠍ᠯᠡᠰ᠎ᠤᠨ ᠬᠦᠷᠢᠶᠡᠯᠡᠩ᠎ᠤᠨ ᠪᠦᠲᠦᠭᠡᠨ ᠪᠠᠢ᠌ᠭᠤᠯᠤᠯᠲᠠ ᠵᠢᠨ ᠦᠨᠳᠦᠰᠦᠨ ᠨᠥᠬᠥᠴᠡᠯ᠎ᠢ ᠰᠢᠨ᠎ᠡ᠎ᠪᠠᠷ ᠨᠡᠮᠡᠪᠡ᠃

   ᠳᠥᠷᠪᠡᠳᠦᠭᠡᠷ ᠬᠡᠰᠡᠭ ᠄  ᠪᠦᠲᠦᠭᠡᠨ ᠪᠠᠢ᠌ᠭᠤᠯᠤᠯᠲᠠ ᠵᠢᠨ ᠱᠠᠭ᠋ᠠᠷᠳᠠᠯᠭ᠎ᠠ᠃  ᠣᠳᠣᠬᠠᠨ᠎ᠤ ᠣᠲᠣ ᠦᠶ᠎ᠡ ᠵᠢᠨ ᠲᠠᠷᠢᠶᠠᠯᠠᠩ ᠮᠠᠯ ᠠᠵᠤ ᠠᠬᠤᠢ ᠵᠢᠨ ᠬᠥᠭᠵᠢᠯᠲᠡ ᠵᠢᠨ ᠱᠠᠭ᠋ᠠᠷᠳᠠᠯᠭ᠎ᠠ᠎ᠲᠠᠢ ᠤᠶᠠᠯᠳᠤᠭᠤᠯᠤᠨ ᠂  ᠵᠣᠬᠢᠶᠠᠨ ᠪᠠᠢ᠌ᠭᠤᠯᠤᠯᠲᠠ ᠵᠢᠨ ᠤᠳᠤᠷᠢᠳᠤᠯᠭ᠎ᠠ ᠵᠢ ᠴᠢᠩᠭ᠋ᠠᠳᠬᠠᠬᠤ ᠂  ᠰᠢᠨᠵᠢᠯᠡᠬᠦ ᠤᠬᠠᠭ᠋ᠠᠨᠴᠢ᠎ᠪᠠᠷ ᠲᠥᠰᠥᠯ ᠲᠣᠭᠲᠠᠭ᠋ᠠᠬᠤ ᠂  ᠲᠥᠷᠥ ᠵᠢᠨ ᠪᠣᠳᠣᠯᠭ᠎ᠠ ᠵᠢᠨ ᠳᠡᠮᠵᠢᠯᠭᠡ ᠵᠢ ᠨᠡᠮᠡᠭᠳᠡᠭᠦᠯᠬᠦ ᠂  ᠪᠠᠢ᠌ᠭᠤᠯᠤᠯ ᠲᠣᠭᠲᠠᠴᠠ ᠵᠢᠨ ᠰᠢᠨ᠎ᠡ ᠵᠢ ᠡᠭᠦᠳᠬᠦ ᠂  ᠠᠵᠢᠯ᠎ᠤᠨ ᠦᠷ᠎ᠡ ᠪᠦᠲᠦᠮᠵᠢ ᠵᠢᠨ ᠬᠠᠮᠢᠶᠠᠷᠤᠯᠲᠠ ᠵᠢ ᠴᠢᠩᠭ᠋ᠠᠳᠬᠠᠬᠤ ᠵᠡᠷᠭᠡ 5 ᠲᠠᠯ᠎ᠠ᠎ᠪᠠᠷ ᠪᠣᠳᠠᠲᠠᠢ ᠱᠠᠭ᠋ᠠᠷᠳᠠᠯᠭ᠎ᠠ ᠳᠤᠷᠠᠳᠤᠭᠰᠠᠨ ᠪᠥᠭᠡᠳ ᠪᠠᠰᠠ ᠡᠯ᠎ᠡ ᠱᠠᠲᠤᠨ᠎ᠤ ᠲᠠᠷᠢᠶᠠᠯᠠᠩ ᠮᠠᠯ ᠠᠵᠤ ᠠᠬᠤᠢ ᠵᠢᠨ ᠰᠠᠯᠠᠭ᠎ᠠ ᠮᠥᠴᠢᠷ᠎ᠤᠨ ᠴᠢᠳᠠᠪᠬᠢ ᠪᠠ ᠡᠭᠦᠷᠭᠡ  ᠬᠠᠷᠢᠭᠤᠴᠠᠯᠭ᠎ᠠ ᠵᠢ ᠤᠯᠠᠮ ᠨᠢᠭᠡ ᠠᠯᠬᠤᠮ ᠲᠣᠳᠣᠷᠬᠠᠢ᠌ᠯᠠᠪᠠ᠃

   ᠲᠠᠪᠤᠳᠤᠭ᠋ᠠᠷ ᠬᠡᠰᠡᠭ ᠄  ᠪᠡᠯᠡ ᠮᠥᠩᠭᠥ ᠵᠢᠨ ᠬᠡᠷᠡᠭᠯᠡᠯᠲᠡ ᠃  ᠣᠢ᠌ᠷ᠎ᠠ ᠵᠢᠨ ᠵᠢᠯ᠎ᠤᠨ ᠲᠤᠷᠰᠢᠬᠢ ᠠᠵᠤ ᠦᠢ᠍ᠯᠡᠰ᠎ᠤᠨ ᠬᠦᠷᠢᠶᠡᠯᠡᠩ᠎ᠤᠨ ᠪᠦᠲᠦᠭᠡᠨ ᠪᠠᠢ᠌ᠭᠤᠯᠤᠯᠲᠠ ᠵᠢᠨ ᠪᠣᠳᠠᠲᠤ ᠬᠡᠷᠡᠭᠴᠡᠭᠡ᠎ᠲᠠᠢ ᠤᠶᠠᠯᠳᠤᠭᠤᠯᠤᠨ ᠂  ᠬᠠᠮᠢᠶᠠᠷᠤᠯᠲᠠ ᠵᠢᠨ ᠵᠢᠷᠤᠮᠵᠢᠭᠤᠯᠤᠯᠳᠠ ᠂  ᠳᠡᠮᠵᠢᠬᠦ ᠠᠷᠭ᠎ᠠ ᠮᠠᠶᠢᠭ ᠂  ᠬᠡᠷᠡᠭᠯᠡᠬᠦ ᠬᠡᠪᠴᠢᠶ᠎ᠡ ᠵᠡᠷᠭᠡ 3 ᠲᠠᠯ᠎ᠠ᠎ᠠᠴᠠ ᠥᠪᠡᠷᠲᠡᠭᠡᠨ ᠵᠠᠰᠠᠬᠤ ᠣᠷᠣᠨ᠎ᠤ  ᠡᠳ᠋᠎ᠤᠨ ᠵᠠᠰᠠᠭ᠎ᠤᠨ ᠱᠠᠩᠨᠠᠯ ᠨᠦᠬᠦᠪᠦᠷᠢ ᠵᠢᠨ  ᠪᠡᠯᠡ ᠮᠥᠩᠭᠥ ᠵᠢ ᠬᠡᠷᠡᠭᠯᠡᠬᠦ ᠬᠡᠪᠴᠢᠶ᠎ᠡ ᠪᠣᠯᠣᠨ ᠬᠠᠮᠢᠶᠠᠷᠤᠯᠲᠠ ᠵᠢᠨ ᠱᠠᠭ᠋ᠠᠷᠳᠠᠯᠭ᠎ᠠ ᠵᠢ ᠤᠯᠠᠮ ᠨᠢᠭᠡ ᠠᠯᠬᠤᠮ ᠲᠣᠳᠣᠷᠬᠠᠢ᠌ᠯᠠᠪᠠ᠃

   ᠮᠡᠳᠡᠭᠡ ᠵᠠᠩᠭᠢ ᠵᠢᠨ ᠢᠷᠡᠯᠲᠡ ᠄  ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠲᠠᠷᠢᠶᠠᠯᠠᠩ ᠮᠠᠯ ᠠᠵᠤ  ᠠᠬᠤᠢ ᠪᠠ ᠬᠥᠳᠡᠭᠡ ᠲᠣᠰᠬᠤᠨ ᠮᠠᠯᠵᠢᠬᠤ ᠣᠷᠣᠨ᠎ᠤ ᠲᠢᠩᠬᠢᠮ

 

ᠢᠷᠡᠯᠲᠡ᠄ ᠥᠪᠥᠷ ᠮᠣᠩᠭᠤᠯ᠎ᠤᠨ ᠵᠠᠰᠠᠭ᠎ᠤᠨ ᠣᠷᠳᠣᠨ
          
ᠬᠠᠮᠢᠶ᠎ᠡ ᠪᠦᠬᠦᠢ ᠰᠣᠨᠢᠨ
《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠣᠲᠣ ᠦᠶ᠎ᠡ ᠵᠢᠨ ᠲᠠᠷᠢᠶᠠᠯᠠᠩ ᠮᠠᠯ ᠠᠵᠤ ᠠᠬᠤᠢ ᠵᠢᠨ ᠠᠵᠤ ᠦᠢ᠍ᠯᠡᠰ᠎ᠤᠨ ᠬᠦᠷᠢᠶᠡᠯᠡᠩ᠎ᠤᠨ ᠬᠢᠨᠠᠨ ᠬᠡᠮᠵᠢᠵᠦ ᠦᠨᠡᠯᠡᠬᠦ ᠠᠷᠭ᠎ᠠ》 ᠵᠢᠨ ᠲᠤᠬᠠᠢ ᠲᠥᠷᠥ ᠵᠢᠨ ᠪᠣᠳᠣᠯᠭ᠎ᠠ ᠵᠢᠨ ᠲᠠᠢ᠌ᠯᠤᠮᠵᠢ
ᠤᠰᠤᠨ᠎ᠤ ᠡᠬᠢ ᠪᠠᠶᠠᠯᠢᠭ᠎ᠤᠨ ᠦᠷᠬᠦᠯᠵᠢᠯᠡᠬᠦᠢ᠌ᠴᠡ ᠠᠰᠢᠭᠯᠠᠯᠲᠠ ᠵᠢ ᠠᠬᠢᠭᠤᠯᠵᠤ ᠤᠯᠤᠰ᠎ᠤᠨ ᠤᠰᠤᠨ᠎ᠤ ᠡᠬᠢ ᠪᠠᠶᠠᠯᠢᠭ᠎ᠤᠨ ᠠᠮᠤᠷ ᠲᠦᠪᠰᠢᠨ᠎ᠢ ᠪᠠᠲᠤᠯᠠᠨ᠎ᠠ
ᠤᠰᠤᠨ᠎ᠤ ᠡᠬᠢ ᠪᠠᠶᠠᠯᠢᠭ᠎ᠤᠨ ᠦᠷᠬᠦᠯᠵᠢᠯᠡᠬᠦᠢ᠌ᠴᠡ ᠠᠰᠢᠭᠯᠠᠯᠲᠠ ᠵᠢ ᠠᠬᠢᠭᠤᠯᠵᠤ ᠤᠯᠤᠰ᠎ᠤᠨ ᠤᠰᠤᠨ᠎ᠤ ᠡᠬᠢ ᠪᠠᠶᠠᠯᠢᠭ᠎ᠤᠨ ᠠᠮᠤᠷ ᠲᠦᠪᠰᠢᠨ᠎ᠢ ᠪᠠᠲᠤᠯᠠᠨ᠎ᠠ
《ᠤᠯᠤᠰ᠎ᠤᠨ ᠲᠠᠷᠢᠶᠠᠯᠠᠩ᠎ᠤᠨ ᠤᠰᠤ ᠠᠷᠪᠢᠯᠠᠬᠤ ᠬᠥᠲᠥᠯᠪᠦᠷᠢ (2012 — 2020 ᠣᠨ)》 ᠵᠢᠨ ᠲᠠᠶ᠋ᠢᠯᠪᠤᠷᠢ
ᠲᠠᠶ᠋ᠢᠯᠤᠮᠵᠢ᠄ ᠵᠠᠬ᠎ᠠ ᠳᠡᠯᠭᠡᠭᠦᠷ᠎ᠤᠨ ᠠᠮᠢᠵᠢᠷᠠᠯ᠎ᠤᠨ ᠬᠦᠴᠦᠨ᠎ᠢ ᠬᠥᠭᠵᠢᠭᠡᠵᠦ ᠴᠢᠬᠤᠯᠠ ᠶᠡᠬᠡ ᠤᠰᠤᠨ ᠠᠰᠢᠭᠯᠠᠯᠲᠠ ᠵᠢᠨ ᠢᠨᠵᠸᠨ᠋ᠸᠷᠢᠩ᠎ᠤᠨ ᠪᠦᠲᠦᠭᠡᠨ ᠪᠠᠶ᠋ᠢᠭᠤᠯᠤᠯᠲᠠ ᠵᠢ ᠲᠦᠷᠭᠡᠳᠬᠡᠶ᠎ᠡ
 
            