ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠣᠨᠴᠠᠯᠢᠭᠲᠤ᠌ ᠳᠠᠪᠴᠠᠩ
ᠢᠯᠡ ᠵᠠᠰᠠᠭ   -   ᠲᠦᠷᠥ᠎ᠶᠢᠨ ᠪᠣᠳᠣᠯᠭ᠎ᠠ᠎ᠶᠢᠨ ᠲᠠᠶ᠋ᠢᠯᠤᠮᠵᠢ
2025 ᠣᠨ᠎ᠤ 7 ᠳ᠋ᠤᠭᠠᠷ ᠰᠠᠷ᠎ᠠ᠎ᠳᠤ ᠭᠤᠣᠯ ᠮᠥᠷᠡᠨ᠎ᠢ ᠬᠠᠮᠠᠭᠠᠯᠠᠨ ᠵᠠᠰᠠᠬᠤ ᠰᠠᠨᠠᠯ᠎ᠢ ᠪᠥᠬᠦ᠌ ᠲᠠᠯ᠎ᠠ᠎ᠪᠠᠷ ᠠᠬᠢᠭᠤᠯᠤᠨ᠂ ᠭᠤᠶᠤᠴᠢᠯᠠᠨ ᠮᠡᠳᠡᠭᠦᠯᠬᠦ᠌ ᠪᠠ ᠠᠮᠵᠢᠯᠲᠠ ᠣᠯᠣᠭ᠍ᠰᠠᠨ ᠬᠡᠷᠡᠭ᠎ᠤᠨ ᠵᠢᠱ᠌ᠢᠶ᠎ᠡ᠎ᠶ᠋ᠢ ᠭᠦᠨᠵᠡᠭᠡᠢ ᠲᠠᠢᠯᠪᠤᠷᠢᠯᠠᠬᠤ᠎ᠶ᠋ᠢ ᠬᠠᠮᠳᠦ᠎ᠪᠠᠷ ᠡᠳ᠋ᠯᠡᠵᠦ᠍᠂ ᠲᠠᠷᠠᠭᠠᠴᠢ᠎ᠶ᠋ᠢᠨ ᠪᠦᠯᠦᠭ ᠮᠠᠲ᠋ᠧᠷᠢᠶᠠᠯ᠎ᠤᠨ ᠨᠦᠬᠡᠴᠡ᠎ᠳᠦ ᠪᠡᠯᠡᠳᠭᠡᠯ ᠬᠢᠨ᠎ᠡ
ᠨᠡᠶ᠋ᠢᠲᠡᠯᠡᠭᠰᠡᠨ ᠴᠠᠭ᠄ 2025-07-08

  ᠭᠤᠣᠯ ᠮᠥᠷᠡᠨ ᠎ᠢ ᠬᠠᠮᠠᠭᠠᠯᠠᠨ ᠵᠠᠰᠠᠬᠤ᠎ᠶ᠋ᠢ ᠪᠦᠬᠦ᠌ ᠲᠠᠯ᠎ᠠ ᠎ᠪᠠᠷ ᠲᠦᠯᠬᠢᠨ ᠠᠬᠢᠭᠤᠯᠤᠨ᠎ᠠ

  ᠣᠷᠴᠢᠮ᠎ᠤᠨ ᠨᠢᠭᠡ ᠭᠠᠷᠠᠭ 《ᠭᠣᠣᠯ ᠮᠦᠷᠡᠨ᠎ᠢ ᠬᠠᠮᠠᠭᠠᠯᠠᠨ ᠵᠠᠰᠠᠬᠤ》 ᠎ᠶ᠋ᠢ ᠲᠠᠭᠢᠠ ᠳᠣᠷᠠᠣᠠᠴᠠᠢ ( ᠳᠣᠣᠷᠠᠭᠢ ᠵᠢᠷᠣᠭ ᠲᠠᠢ  ᠦᠵᠡ )᠂ ᠭᠣᠣᠯ ᠮᠥᠷᠡᠨ᠎ᠦ ᠳᠠᠪᠠᠯᠭᠠᠯᠠᠨ ᠤᠷᠤᠰᠬᠤ ᠵᠠᠰᠠᠯᠲᠠ᠎ᠶᠢᠨ ᠳᠡᠰ ᠳᠠᠪᠰᠢᠵᠤ ᠪᠣᠯᠣᠨ᠎ᠠ ! 2025 ᠣᠨ᠎ᠳᠤ᠂ ᠳᠤᠮᠳᠠᠳᠤ ᠤᠯᠤᠰ᠎ᠤᠨ ᠭᠤᠤᠯ ᠮᠥᠷᠡᠨ᠎ᠤ ᠬᠠᠮᠠᠭᠠᠯᠠᠯᠲᠠ ᠵᠠᠰᠠᠯᠲᠠ᠎ᠳᠤ ᠴᠢᠬᠤᠯᠠ ᠶᠡᠭᠡ ᠲᠥᠷᠥ᠎ᠶ᠋ᠢᠨ ᠪᠣᠳᠣᠯᠭ᠎ᠠ᠎ᠶ᠋ᠢᠨ ᠱᠢᠪᠲᠤᠯᠤᠯᠲᠠ᠎ᠶ᠋ᠢ ᠤᠭ᠍ᠲᠤᠨ ᠠᠪᠴᠢᠷᠠᠯ᠎ᠠ - 《ᠭᠤᠤᠯ ᠮᠥᠷᠡᠨ᠎ᠢ ᠬᠠᠮᠠᠭᠠᠯᠠᠨ ᠵᠠᠰᠠᠬᠤ᠎ᠶ᠋ᠢ ᠪᠥᠬᠦ᠌ ᠲᠠᠯ᠎ᠠ᠎ᠪᠠᠷ ᠳᠥᠯᠭᠢᠨ ᠠᠬᠢᠭᠤᠯᠬᠤ ᠰᠠᠨᠠᠯ》᠎ᠤᠨ 24 ᠵᠦᠢᠯ᠎ᠤᠨ ᠬᠠᠲᠠᠭᠤ ᠠᠷᠭ᠎ᠠ ᠬᠡᠮᠵᠢᠶ᠎ᠡ᠎ᠠᠴᠠ᠂ ᠲᠤᠯᠤᠭᠠᠨ ᠶᠡᠭᠡ ᠰᠠᠪᠠ ᠭᠠᠵᠠᠷ᠎ᠤᠨ ᠠᠮᠢ ᠠᠬᠤᠶ᠎ᠶ᠋ᠢᠨ ᠨᠥᠬᠦᠪᠥᠷᠢ᠎ᠶ᠋ᠢ ᠪᠦᠬᠦᠨ᠎ᠢ ᠬᠠᠮᠤᠷᠬᠤ ᠬᠦᠷᠲᠡᠯ᠎ᠡ; ᠲᠣᠭᠠᠴᠢᠯᠠᠭ᠍ᠰᠠᠨ ᠢᠬᠡᠷ᠎ᠡ ᠮᠡᠷᠭᠡᠵᠢᠯ᠎ᠤᠨ 《ᠰᠧᠺᠦ᠋ᠨ᠋ᠳ᠋᠎ᠢᠶᠠᠷ ᠦᠶᠡᠷ᠎ᠢ ᠰᠡᠷᠭᠡᠢᠯᠡᠬᠦ᠌ ᠴᠤᠤᠷᠢᠶᠠᠳᠤᠯ》 ᠎ᠢ ᠪᠡᠶᠡᠯᠡᠭᠦᠯᠵᠦ᠍᠂ ᠪᠣᠬᠢᠷᠲᠤᠯ ᠭᠠᠳᠠᠭ᠍ᠰᠢᠯᠠᠭᠤᠯᠬᠤ ᠠᠮᠠ᠎ᠶ᠋ᠢ ᠬᠢᠨᠠᠨ ᠬᠠᠮᠢᠶᠠᠷᠬᠤ ᠣᠶᠤᠨᠴᠢ ᠬᠤᠪᠢᠰᠤᠯᠲᠠ᠎ᠶ᠋ᠢ ᠪᠡᠶᠡᠯᠡᠭᠦᠯᠪᠡ᠃

  ᠪᠢ ᠲᠠᠨ᠎ᠢ ᠳᠠᠭᠠᠭᠤᠯᠤᠨ ᠬᠠᠮᠤᠭ᠎ᠤᠨ ᠱᠢᠨ᠎ᠡ ᠲᠦᠷᠦ᠍᠎ᠶ᠋ᠢᠨ ᠪᠤᠳᠤᠯᠭ᠎ᠠ᠎ᠶ᠋ᠢᠨ ᠪᠠᠢᠳᠠᠯ ᠪᠣᠯᠤᠨ ᠪᠣᠳᠠᠲᠤ ᠪᠠᠢᠯᠳᠤᠭᠠᠨ᠎ᠤ ᠬᠡᠷᠡᠭ᠎ᠤᠨ ᠵᠢᠱ᠌ᠢᠶ᠎ᠡ᠎ᠶ᠋ᠢ ᠭᠦᠨᠵᠡᠭᠡᠢ ᠵᠠᠳᠠᠯᠬᠤ᠄ ᠬᠥᠬᠡᠮᠥ᠋ᠷᠡᠨ᠎ᠤ ᠠᠵᠤ ᠠᠬᠤᠢ᠎ᠶ᠋ᠢᠨ ᠪᠦᠰᠡ᠎ᠶ᠋ᠢ ᠬᠡᠷᠬᠢᠨ 《ᠠᠮᠢ ᠠᠬᠤᠢ᠎ᠶ᠋ᠢ ᠰᠡᠷᠭᠦᠭᠡᠬᠦ᠌ + ᠠᠵᠤ ᠦᠢᠯᠡᠰ᠎ᠤᠨ ᠬᠡᠯᠪᠡᠷᠢ᠎ᠪᠠᠨ ᠬᠤᠪᠢᠷᠠᠭᠤᠯᠬᠤ》᠎ᠪᠠᠷ 9 ᠳ᠋ᠦᠩᠱᠢᠭᠤᠷ ᠨᠥᠬᠦᠪᠥᠷᠢ ᠤᠯᠬᠤ ᠪᠤᠢ? ᠲᠠᠢ ᠬᠤ᠌ ᠨᠠᠭᠤᠷ᠎ᠤᠨ ᠬᠥᠬᠡ ᠵᠠᠮᠠᠭ᠎ᠤᠨ ᠵᠠᠰᠠᠯᠲᠠ᠎ᠳᠤ ᠬᠡᠷᠬᠢᠨ AI ᠵᠢᠱ᠌ᠢᠯᠲᠡ᠎ᠳᠤ ᠲᠦᠱᠢᠭ᠌ᠯᠡᠨ 92% ᠎ᠤᠨ ᠤᠷᠢᠳᠴᠢᠯᠠᠨ ᠰᠡᠷᠡᠮᠵᠢᠯᠡᠭᠦᠯᠬᠦ᠌ ᠣᠨᠣᠪᠴᠢ᠎ᠶ᠋ᠢᠨ ᠨᠣᠷᠮ᠎ᠠ᠎ᠶ᠋ᠢ ᠪᠡᠶᠡᠯᠡᠭᠦᠯᠬᠦ᠌ ᠪᠤᠢ? ᠨᠡᠩ ᠴᠤ᠌ ᠵᠦᠵᠢᠶᠠᠩ ᠮᠥᠷᠡᠨ᠎ᠦ᠌ ᠭᠤᠷᠪᠠᠯᠵᠢᠨ ᠬᠣᠢᠭ᠎ᠤ᠋ᠨ ᠤᠰᠤᠨ ᠲᠣᠣᠷ ᠳᠡᠭᠡᠷ᠎ᠡ ᠨᠡᠪᠲᠡᠷᠡᠭ᠌ᠰᠡᠨ 《 ᠬᠤᠯᠤᠰᠤ ᠭᠦᠷᠦᠮᠡᠯ ᠡᠷᠭᠢ ᠎ᠶ᠋ᠢᠨ ᠬᠠᠮᠠᠭᠠᠯᠠᠯᠲᠠ》 ᠵᠡᠷᠭᠡ ᠲᠠᠪᠤᠨ ᠶᠡᠬᠡ ᠠᠮᠵᠢᠯᠲᠠ ᠣᠯᠤᠭ᠍ᠰᠠᠨ ᠬᠡᠷᠡᠭ᠎ᠦ᠋ᠨ ᠭᠠᠭ᠍ᠴᠠᠭᠠᠷ ᠵᠠᠳᠠᠯᠵᠤ ᠲᠥᠷᠥ᠎ᠶᠢᠨ ᠪᠣᠳᠣᠯᠭ᠎ᠠ᠎ᠶᠢᠨ ᠠᠱᠢᠭ ᠣᠯᠵᠠᠪᠤᠷᠢ ᠳᠣᠣᠷᠠᠬᠢ ᠱᠢᠨ᠎ᠡ᠎ᠶᠢ ᠡᠭᠦᠳᠦᠭ᠌ᠰᠡᠨ ᠨᠢᠭᠤᠴᠠ ᠨᠣᠮᠧᠷ᠎ᠢ᠋ ᠢᠯᠡᠷᠡᠭᠦᠯᠵᠦ᠍ ᠪᠠᠢᠨ᠎ᠠ᠃ ᠲᠠ ᠪᠠᠰᠠ ᠳᠤᠮᠳᠠᠳᠤ ᠤᠯᠤᠰ᠎ᠤᠨ ᠭᠤᠣᠯ ᠮᠥᠷᠡᠨ᠎ᠢ ᠵᠠᠰᠠᠬᠤ 《ᠰᠠᠨᠠᠭᠠᠴᠢᠯᠠᠭᠠᠲᠤ ᠪᠤᠰᠤ ᠰᠡᠷᠭᠡᠢᠯᠡᠯᠲᠡ》 ᠎ᠠᠴᠠ 《ᠰᠠᠨᠠᠭᠠᠴᠢᠯᠠᠭ᠎ᠠ᠎ᠠᠴᠠ᠎ᠪᠠᠨ ᠵᠠᠰᠠᠨ ᠰᠡᠷᠭᠦᠭᠡᠬᠦ᠌》 ᠪᠠᠢᠯᠳᠤᠬᠤ ᠪᠤᠳᠤᠯᠭ᠎ᠠ᠎ᠶ᠋ᠢᠨ ᠬᠤᠪᠢᠰᠤᠯᠲᠠ᠎ᠶ᠋ᠢ ᠣᠯᠵᠤ ᠬᠠᠷᠠᠬᠤ ᠶᠤᠮ!

  ᠨᠢᠭᠡ᠂ ᠤᠷᠢᠳ᠎ᠢᠶᠠᠷ ᠭᠤᠣᠯ ᠮᠥᠷᠡᠨ᠎ᠢ ᠬᠠᠮᠠᠭᠠᠯᠠᠨ ᠵᠠᠰᠠᠬᠤ ᠲᠥᠷᠥ᠎ᠶ᠋ᠢᠨ ᠪᠣᠳᠣᠯᠭ᠎ᠠ᠎ᠶ᠋ᠢ ᠣᠢᠯᠠᠭᠠᠬᠤ ᠬᠡᠷᠡᠭ᠌ᠲᠡᠢ

  (ᠨᠢᠭᠡ) ᠲᠥᠷᠥ᠎ᠶ᠋ᠢᠨ ᠪᠣᠳᠣᠯᠭ᠎ᠠ᠎ᠶ᠋ᠢᠨ ᠠᠬᠤᠢ ᠪᠠᠢᠳᠠᠯ

  ᠲᠤᠢᠯ᠎ᠤᠨ ᠠᠭᠤᠷ ᠠᠮᠢᠰᠭᠤᠯ᠎ᠤᠨ ᠥᠷᠢᠰᠥᠯᠳᠦᠭᠡᠨ᠎ᠱᠢᠷᠦᠭᠦᠰᠴᠦ᠍ ᠣᠢᠷ᠎ᠠ᠎ᠶ᠋ᠢᠨ ᠵᠢᠯ᠎ᠡᠴᠡ ᠨᠠᠭᠠᠰᠢ ᠂ ᠮᠠᠨ᠎ᠤ ᠤᠯᠤᠰ᠎ᠤᠨ ᠲᠤᠢᠯ᠎ᠤᠨ ᠠᠭᠤᠷ ᠠᠮᠢᠰᠭᠤᠯ᠎ᠤᠨ ᠬᠡᠷᠡᠭ ᠣᠯᠠᠨ ᠡᠭᠦᠰᠭᠦ ᠬᠠᠨᠳᠤᠰᠢ᠎ᠲᠠᠶ ᠪᠣᠯᠵᠤ᠂ ᠱᠢᠷᠦᠭᠦᠨ ᠪᠣᠷᠣᠭᠠᠨ ᠦᠶᠡᠷ ᠤᠰᠤᠲᠤᠯ ᠭᠠᠩ ᠬᠠᠭ᠍ᠰᠠᠷᠭᠠᠨ ᠵᠡᠷᠭᠡ ᠭᠠᠮᠱᠢᠭ᠎ᠤᠨ ᠭᠡᠨᠡᠳᠲᠡ᠎ᠶ᠋ᠢᠨ ᠴᠢᠨᠠᠷᠲᠠᠶ ᠂  ᠲᠦᠢᠯ᠎ᠦᠨ ᠴᠢᠨᠠᠷ ᠤᠯᠠᠮ᠎ᠠᠴᠠ ᠤᠯᠠᠮ ᠢᠯᠡᠷᠬᠡᠶ ᠪᠣᠯᠪᠠ ᠃ ᠨᠢᠳᠦᠨᠦᠨ ᠲᠡᠷᠡ ᠤᠳᠠᠭᠠᠨ᠎ᠤ ᠶᠡᠬᠡ ᠦᠶᠡᠷ᠎ᠦᠨ ᠤᠰᠤ ᠂ ᠣᠯᠠᠨ ᠬᠣᠲᠠ᠎ᠳᠤ ᠶᠡᠬᠡ ᠤᠰᠤᠲᠤᠯ ᠪᠣᠯᠵᠤ ᠂ ᠡᠨᠡ ᠨᠢ ᠦᠶᠡᠷ᠎ᠢ ᠰᠡᠷᠭᠡᠢᠯᠡᠨ ᠭᠠᠮᠱᠢᠭ᠎ᠢ ᠪᠠᠭᠠᠰᠭᠠᠬᠤ ᠱᠢᠰᠲ᠋ᠧᠮ᠎ᠢ ᠲᠡᠭᠦᠯᠳᠡᠷᠵᠢᠭᠦᠯᠬᠦ᠌ ᠴᠢᠬᠤᠯᠠᠲᠠᠶ ᠭᠡᠳᠡᠭ᠎ᠢ ᠬᠠᠷᠠᠭᠤᠯᠵᠠᠶ ᠃

  ᠠᠮᠢ ᠠᠬᠤᠶ᠎ᠶ᠋ᠢ ᠰᠡᠷᠭᠦᠭᠡᠬᠦ᠌ ᠬᠡᠷᠡᠭ᠌ᠴᠡᠭᠡ ᠲᠤᠯᠭᠠᠮ᠎ᠠ ᠱᠠᠭᠠᠷᠳᠠᠭ᠍ᠳᠠᠵᠤ ᠪᠠᠢᠭ᠎ᠠ ᠬᠡᠰᠡᠭ ᠭᠠᠵᠠᠷ ᠣᠷᠣᠨ᠎ᠳᠤ ᠠᠵᠤ ᠠᠬᠤᠶ ᠨᠡᠢᠭᠡᠮ᠎ᠤᠨ ᠤᠰᠤ ᠬᠡᠷᠡᠭ᠌ᠯᠡᠬᠦ᠌ ᠤᠰᠤᠨ᠎ᠤ ᠡᠬᠢ ᠪᠠᠶᠠᠯᠢᠭ᠎ᠤᠨ ᠳᠠᠭᠠᠭᠠᠴᠠ᠎ᠠᠴᠠ ᠬᠡᠲᠦᠷᠡᠭ᠌ᠰᠡᠨ ᠠᠰᠠᠭᠤᠳᠠᠯ ᠣᠷᠣᠱᠢᠵᠤ᠂ ᠭᠤᠤᠯ᠎ᠤᠨ ᠵᠠᠮ ᠲᠠᠰᠤᠷᠠᠬᠤ᠂ ᠨᠤᠭᠤ ᠭᠠᠵᠠᠷ ᠪᠠᠭᠠᠰᠭᠤ᠂ ᠭᠠᠵᠠᠷ ᠳᠣᠤᠷᠠᠬᠢ ᠤᠰᠤ᠎ᠶ᠋ᠢ ᠬᠡᠲᠦᠷᠡᠲᠡᠯ᠎ᠡ ᠠᠪᠬᠤ ᠵᠡᠷᠭᠡ ᠠᠮᠢ ᠠᠬᠤᠶ᠎ᠶ᠋ᠢᠨ ᠠᠰᠠᠭᠤᠳᠠᠯ ᠣᠷᠣᠱᠢᠵᠤ ᠪᠠᠢᠨ᠎ᠠ᠃ ᠴᠡᠭᠡᠵᠢᠯᠡᠵᠦ᠍ ᠪᠠᠢᠬᠤ᠎ᠪᠠᠷ ᠥᠩᠭᠡᠷᠡᠭ᠌ᠰᠡᠨ ᠵᠢᠯ᠎ᠤᠳ᠎ᠲᠤ ᠶᠠᠮᠠᠷ ᠨᠢᠭᠡᠨ ᠭᠠᠵᠠᠷ᠎ᠲᠤ ᠬᠦᠷᠴᠦ᠍ ᠱᠢᠨᠵᠢᠯᠡᠨ ᠪᠠᠢᠴᠠᠭᠠᠬᠤ ᠦᠶ᠎ᠡ᠎ᠳᠤ᠂ ᠤᠤᠯ᠎ᠤᠨ ᠥᠷᠭᠡᠨ ᠠᠭᠤᠳᠠᠮ ᠭᠤᠣᠯ᠎ᠤᠨ  ᠭᠤᠯᠳᠤᠷᠢᠯ ᠨᠢ ᠨᠠᠷᠢᠨ ᠤᠷᠤᠰᠭᠠᠯ ᠪᠣᠯᠵᠦ᠍ ᠦᠯᠡᠳᠡᠬᠦ᠌᠎ᠶ᠋ᠢ ᠦᠵᠡᠭᠡᠳ ᠂ ᠳᠣᠲᠣᠷ᠎ᠠ ᠣᠨᠴᠠᠭᠠᠢ  ᠮᠠᠭᠤᠬᠠᠢ ᠪᠣᠯᠵᠠᠢ᠃

  ᠣᠨᠴᠠᠭᠠᠢ ᠤᠰᠤᠨ᠎ᠤ ᠪᠠᠢᠳᠠᠯ ᠤᠯᠤᠰ᠎ᠤᠨ ᠪᠠᠢᠳᠠᠯ ᠨᠢ ᠮᠠᠨ᠎ᠤ ᠤᠯᠤᠰ᠎ᠤᠨ ᠦᠨᠳᠦᠰᠦᠨ ᠤᠰᠤᠨ᠎ᠤ ᠪᠠᠢᠳᠠᠯ ᠪᠣᠯ ᠵᠣᠨ ᠦᠶᠡᠷᠯᠡᠵᠦ᠍ ᠡᠪᠦᠯ  ᠬᠣᠪᠬᠠᠢᠷᠠᠬᠤ᠂ ᠤᠮᠠᠷᠠᠲᠤ ᠣᠷᠣᠨ᠎ᠳᠤ ᠲᠤᠳᠠᠭ᠍ᠳᠠᠵᠤ ᠡᠮᠦᠨᠡᠲᠦ ᠣᠷᠣᠨ᠎ᠳᠤ ᠡᠯᠪᠡᠭ ᠪᠠᠢᠵᠤ᠂ ᠤᠰᠤᠨ᠎ᠤ ᠡᠬᠢ ᠪᠠᠶᠠᠯᠢᠭ᠎ᠤᠨ ᠴᠠᠭ ᠬᠤᠭᠤᠴᠠᠭ᠎ᠠ ᠪᠠ ᠣᠷᠣᠨ ᠵᠠᠶ᠎ᠶ᠋ᠢᠨ ᠲᠠᠷᠬᠠᠯᠲᠠ ᠲᠦᠢᠯ᠎ᠤᠨ ᠲᠡᠩᠴᠡᠭᠦᠷᠢ ᠥᠬᠡᠶ ᠪᠠᠢᠬᠤ᠎ᠶ᠋ᠢ ᠱᠠᠭᠠᠷᠳᠠᠳᠠᠭ᠃ ᠡᠨᠡ ᠬᠦ᠌ ᠣᠨᠴᠠᠭᠠᠢ ᠪᠠᠢᠭᠠᠯᠢ᠎ᠶ᠋ᠢᠨ ᠭᠠᠵᠠᠷ ᠵᠦᠢ ᠪᠠ ᠠᠭᠤᠷ ᠠᠮᠢᠰᠭᠤᠯ᠎ᠤᠨ ᠨᠥᠬᠦᠴᠡᠯ᠎ᠨᠢ ᠮᠠᠨ᠎ᠤ ᠤᠯᠤᠰ᠎ᠤᠨ ᠭᠤᠣᠯ ᠮᠥᠷᠡᠨ᠎ᠢ ᠵᠠᠰᠠᠬᠤ᠎ᠳᠤ ᠬᠠᠮᠤᠭ᠎ᠤᠨ ᠬᠦᠴᠢᠷᠲᠡᠢ᠂ ᠡᠭᠦᠷᠭᠡ᠎ᠨᠢ ᠬᠠᠮᠤᠭ᠎ᠤᠨ ᠨᠦᠰᠡᠷ ᠬᠦᠨᠳᠦ ᠤᠯᠤᠰ᠎ᠤᠨ ᠨᠢᠭᠡ ᠪᠣᠯᠬᠤ᠎ᠶ᠋ᠢ ᠲᠣᠭ᠍ᠲᠠᠭᠠᠵᠠᠶ᠃

  (ᠬᠤᠶᠠᠷ) ᠲᠥᠷᠥ᠎ᠶ᠋ᠢᠨ ᠪᠣᠳᠣᠯᠭ᠎ᠠ᠎ᠶ᠋ᠢᠨ ᠵᠣᠷᠢᠯᠭ᠎ᠠ

  ᠶᠡᠷᠦᠩᠬᠡᠢ ᠬᠠᠷᠠᠯᠲᠠ᠎ᠨᠢ 2035 ᠣᠨ ᠪᠣᠯᠬᠤ᠎ᠳᠤ᠂ ᠣᠳᠣᠬᠢᠴᠢᠯᠠᠭ᠍ᠰᠠᠨ ᠰᠠᠪᠠ ᠭᠠᠵᠠᠷ᠎ᠤᠨ ᠦᠶᠡᠷ᠎ᠢ ᠰᠡᠷᠭᠡᠢᠯᠡᠵᠦ᠍ ᠭᠠᠮᠱᠢᠭ᠎ᠢ ᠪᠠᠭᠠᠰᠭᠠᠬᠤ ᠲᠣᠭ᠍ᠲᠠᠯᠴᠠᠭ᠎ᠠ᠎ᠶ᠋ᠢ ᠦᠨᠳᠦᠰᠦᠨ᠎ᠳᠤ᠎ᠪᠠᠨ ᠲᠡᠭᠦᠯᠳᠡᠷᠵᠢᠭᠦᠯᠵᠦ᠍᠂ ᠦᠶᠡᠷ᠎ᠢ ᠰᠡᠷᠭᠡᠢᠯᠡᠬᠦ᠌ ᠠᠮᠤᠷ ᠲᠦᠪᠱᠢᠨ᠎ᠤ ᠪᠠᠲᠤᠯᠠᠭ᠎ᠠ᠎ᠶ᠋ᠢᠨ ᠴᠢᠳᠠᠪᠤᠷᠢ᠎ᠶ᠋ᠢ ᠢᠯᠡᠳᠲᠡ ᠳᠡᠭᠡᠭ᠌ᠰᠢᠯᠡᠭᠦᠯᠦᠨ᠎ᠡ; ᠤᠰᠤᠨ᠎ᠤ ᠡᠬᠢ ᠪᠠᠶᠠᠯᠢᠭ᠎ᠢ ᠠᠷᠪᠢᠯᠠᠵᠤ ᠡᠷᠴᠢᠮᠵᠢᠭᠦᠯᠦᠨ ᠠᠱᠢᠭ᠍ᠯᠠᠬᠤ ᠬᠢᠷᠢ ᠲᠦᠪᠱᠢᠨ᠎ᠢ ᠳᠡᠭᠡᠭ᠌ᠰᠢᠯᠡᠭᠦᠯᠦᠨ᠎ᠡ; ᠭᠤᠣᠯ ᠮᠥᠷᠡᠨ᠎ᠤ ᠠᠮᠢ ᠠᠬᠤᠢ᠎ᠶ᠋ᠢᠨ ᠣᠷᠴᠢᠨ ᠲᠣᠭᠤᠷᠢᠨ᠎ᠤ ᠶᠠᠰᠤ ᠴᠢᠨᠠᠷ᠎ᠢ ᠪᠦᠬᠦ᠌ ᠲᠠᠯ᠎ᠠ᠎ᠪᠠᠷ ᠰᠠᠢᠵᠢᠷᠠᠭᠤᠯᠤᠨ᠎ᠠ; 《ᠭᠤᠣᠯ ᠮᠥᠷᠡᠨ ᠠᠷᠠᠳ ᠲᠦᠮᠡᠨ᠎ᠢ ᠲᠡᠳᠬᠦᠵᠦ᠍᠂ ᠠᠷᠠᠳ ᠲᠦᠮᠡᠨ ᠭᠤᠣᠯ ᠮᠥᠷᠡᠨ᠎ᠢ ᠰᠠᠬᠢᠨ ᠬᠠᠮᠠᠭᠠᠯᠠᠬᠤ》 ᠰᠠᠢᠨ ᠰᠠᠢᠬᠠᠨ ᠪᠠᠢᠷᠢᠱᠢᠯ᠎ᠢ ᠪᠦᠷᠢᠯᠳᠦᠭᠦᠯᠦᠨ᠎ᠡ᠃

  ᠪᠣᠳᠠᠲᠠᠶ ᠬᠠᠷᠠᠯᠲᠠ

  ᠦᠶᠡᠷ᠎ᠢ ᠰᠡᠷᠭᠡᠢᠯᠡᠵᠦ᠍ ᠭᠠᠮᠱᠢᠭ᠎ᠢ ᠪᠠᠭᠠᠰᠭᠠᠬᠤ᠄ ᠣᠳᠣᠬᠢᠴᠢᠯᠠᠭ᠍ᠰᠠᠨ ᠰᠠᠪᠠ ᠭᠠᠵᠠᠷ᠎ᠤᠨ ᠦᠶᠡᠷ᠎ᠢ ᠰᠡᠷᠭᠡᠢᠯᠡᠵᠦ᠍ ᠭᠠᠮᠱᠢᠭ᠎ᠢ ᠪᠠᠭᠠᠰᠭᠠᠬᠤ ᠱᠢᠰᠲ᠋ᠧᠮ᠎ᠢ ᠪᠠᠢᠭᠤᠯᠵᠤ᠂ ᠬᠡᠲᠦᠷᠡᠮᠡᠬᠡᠢ ᠴᠠᠭ ᠠᠭᠤᠷ᠎ᠢ ᠠᠷᠭᠠᠴᠠᠭᠠᠬᠤ ᠴᠢᠳᠠᠪᠤᠷᠢ᠎ᠪᠠᠨ ᠳᠡᠭᠡᠭ᠌ᠰᠢᠯᠡᠭᠦᠯᠦᠨ᠎ᠡ

  ᠤᠰᠤᠨ᠎ᠤ ᠡᠬᠢ ᠪᠠᠶᠠᠯᠢᠭ᠎ᠢ ᠠᠱᠢᠭ᠍ᠯᠠᠬᠤ᠄ ᠬᠠᠲᠠᠭᠤ ᠬᠢᠵᠠᠭᠠᠷᠯᠠᠯ᠎ᠢ ᠴᠢᠩᠭᠠᠳᠭᠠᠵᠤ᠂ ᠤᠰᠤ ᠠᠷᠪᠢᠯᠠᠬᠤ ᠲᠦᠪᠱᠢᠨ᠎ᠢ ᠳᠡᠭᠡᠭ᠌ᠰᠢᠯᠡᠭᠦᠯᠵᠦ᠍᠂ ᠤᠰᠤᠨ᠎ᠤ ᠡᠬᠢ ᠪᠠᠶᠠᠯᠢᠭ᠎ᠢ ᠱᠢᠨᠵᠢᠯᠡᠬᠦ᠌ ᠤᠬᠠᠭᠠᠨᠴᠢ᠎ᠪᠠᠷ ᠲᠣᠬᠢᠷᠠᠭᠤᠯᠤᠨ᠎ᠠ

  ᠠᠮᠢ ᠠᠬᠤᠶ᠎ᠶ᠋ᠢ ᠬᠠᠮᠠᠭᠠᠯᠠᠬᠤ᠄ ᠭᠤᠤᠯ ᠮᠥᠷᠡᠨ ᠨᠠᠭᠤᠷ ᠴᠥᠭᠦᠷᠥᠮ᠎ᠤᠨ ᠠᠮᠢ ᠠᠬᠤᠶ᠎ᠶ᠋ᠢ ᠵᠠᠰᠠᠨ ᠰᠡᠷᠭᠦᠭᠡᠵᠦ᠍᠂ ᠭᠤᠤᠯ ᠮᠥᠷᠡᠨ ᠨᠠᠭᠤᠷ ᠴᠥᠭᠦᠷᠥᠮ᠎ᠤᠨ ᠡᠷᠡᠭᠦᠯ ᠡᠩᠬᠡ ᠠᠮᠢ ᠨᠠᠰᠤ᠎ᠶ᠋ᠢ ᠬᠠᠮᠠᠭᠠᠯᠠᠨ᠎ᠠ

  ᠰᠣᠶᠣᠯ᠎ᠢ ᠤᠯᠠᠮᠵᠢᠯᠠᠬᠤ᠄ ᠤᠰᠤᠨ᠎ᠤ ᠰᠣᠶᠣᠯ᠎ᠤᠨ ᠥᠪ᠎ᠢ ᠬᠠᠮᠠᠭᠠᠯᠠᠵᠤ᠂ ᠤᠰᠤᠨ᠎ᠤ ᠰᠣᠶᠣᠯ᠎ᠢ ᠪᠠᠳᠠᠷᠠᠭᠤᠯᠤᠨ᠎ᠠ

  (ᠭᠤᠷᠪᠠ) ᠲᠥᠷᠥ᠎ᠶ᠋ᠢᠨ ᠪᠣᠳᠣᠯᠭ᠎ᠠ᠎ᠶ᠋ᠢᠨ ᠠᠭᠤᠯᠭ᠎ᠠ

  ᠭᠤᠤᠯ ᠮᠥᠷᠡᠨ᠎ᠤ ᠠᠮᠤᠷ ᠲᠥᠪᠱᠢᠨ᠎ᠢ ᠪᠠᠲᠤᠯᠠᠬᠤ

  ᠦᠶᠡᠷ᠎ᠢ᠋ ᠰᠡᠷᠭᠡᠢᠯᠡᠨ ᠭᠠᠮᠱᠢᠭ ᠢ᠋ ᠪᠠᠭᠠᠰᠭᠠᠬᠤ ᠱᠢᠨ᠎ᠡ ᠪᠠᠢᠷᠢᠱᠢᠯ᠎ᠢ᠋ ᠪᠠᠢᠭᠤᠯᠵᠤ ᠂ ᠦᠶᠡᠷ ᠬᠠᠳᠠᠭᠠᠯᠠᠬᠤ ᠂ ᠰᠠᠭᠠᠲᠠᠬᠤ ᠂ ᠭᠠᠳᠠᠭ᠍ᠰᠢᠯᠠᠭᠤᠯᠬᠤ᠂ ᠵᠠᠯᠠᠬᠤ ᠬᠠᠷᠢᠴᠠᠭ᠎ᠠ᠎ᠶᠢ ᠨᠢᠭᠡᠳᠦᠯᠲᠡᠢ ᠲᠥᠯᠥᠪᠵᠢᠭᠦᠯᠦᠨ᠎ᠡ

  ᠦᠶᠡᠷ᠎ᠢ ᠰᠡᠷᠭᠡᠢᠯᠡᠬᠦ᠌ ᠢᠨᠵᠸᠨ᠋ᠸᠷᠢᠩ᠎ᠦᠨ ᠱᠢᠰᠲ᠋ᠧᠮ᠎ᠢ  ᠲᠡᠭᠦᠯᠳᠡᠷᠵᠢᠭᠦᠯᠵᠦ᠍ ᠂ ᠤᠰᠤᠨ ᠴᠦᠬᠦᠷᠦᠮ᠂ ᠬᠠᠱᠢᠯᠭ᠎ᠠ ᠳᠠᠯᠠᠩ᠂ ᠦᠶᠡᠷ᠎ᠢ ᠲᠣᠭ᠍ᠲᠠᠭᠠᠨ ᠬᠤᠷᠠᠭᠤᠯᠬᠤ ᠤᠷᠤᠨ ᠵᠡᠷᠭᠡ ᠪᠠᠭ᠍ᠳᠠᠨ᠎ᠠ

  ᠪᠣᠷᠣᠭᠠᠨ᠎ᠤ ᠪᠠᠢᠳᠠᠯ ᠤᠰᠤᠨ᠎ᠤ ᠪᠠᠢᠳᠠᠯ᠎ᠢ ᠬᠢᠨᠠᠨ ᠬᠡᠮᠵᠢᠵᠦ᠍ ᠤᠷᠢᠳᠴᠢᠯᠠᠨ ᠮᠡᠳᠡᠭᠡᠯᠡᠬᠦ᠌ ᠱᠢᠰᠲ᠋ᠧᠮ᠎ᠢ ᠪᠠᠢᠭᠤᠯᠵᠤ᠂ ᠤᠷᠢᠳᠴᠢᠯᠠᠨ ᠮᠡᠳᠡᠭᠡᠯᠡᠬᠦ᠌ ᠣᠨᠣᠪᠴᠢ᠎ᠶ᠋ᠢᠨ ᠬᠡᠮᠵᠢᠶ᠎ᠡ᠎ᠶ᠋ᠢ ᠳᠡᠭᠡᠭ᠌ᠰᠢᠯᠡᠭᠦᠯᠦᠨ᠎ᠡ᠃

  ᠤᠰᠤᠨ᠎ᠤ ᠡᠬᠢ ᠪᠠᠶᠠᠯᠢᠭ᠎ᠢ ᠭᠠᠮᠨᠠᠨ ᠠᠱᠢᠭ᠍ᠯᠠᠬᠤ

  ᠤᠰᠤᠨ᠎ᠤ ᠡᠬᠢ ᠪᠠᠶᠠᠯᠢᠭ᠎ᠤᠨ ᠬᠠᠲᠠᠭᠤ ᠬᠢᠵᠠᠭᠠᠷᠯᠠᠯ᠎ᠢ ᠴᠢᠩᠭᠠᠳᠭᠠᠵᠤ ᠂ ᠤᠰᠤᠨ᠎ᠤ ᠡᠬᠢ ᠪᠠᠶᠠᠯᠢᠭ᠎ᠤᠨ ᠬᠠᠮᠤᠭ᠎ᠤᠨ ᠴᠢᠩᠭ᠎ᠠ ᠬᠠᠮᠢᠶᠠᠷᠤᠯᠲᠠ᠎ᠶ᠋ᠢ ᠬᠡᠷᠡᠭ᠌ᠵᠢᠭᠦᠯᠦᠨ᠎ᠡ

  ᠤᠰᠤ ᠠᠷᠪᠢᠯᠠᠬᠤ ᠬᠢᠷᠢ ᠲᠦᠪᠱᠢᠨ᠎ᠢ ᠪᠦᠬᠦ᠌ ᠲᠠᠯ᠎ᠠ᠎ᠪᠠᠷ ᠳᠡᠭᠡᠭ᠌ᠰᠢᠯᠡᠭᠦᠯᠵᠦ᠍᠂ ᠲᠠᠷᠢᠶᠠᠯᠠᠩ᠂ ᠠᠵᠤ ᠦᠢᠯᠡᠳᠪᠦᠷᠢ ᠵᠡᠷᠭᠡ ᠭᠤᠣᠯᠳᠠᠯᠭ᠎ᠠ᠎ᠲᠠᠢ ᠬᠦᠷᠢᠶᠡᠨ᠎ᠳᠠᠬᠢ ᠤᠰᠤ ᠠᠷᠪᠢᠯᠠᠬᠤ᠎ᠶ᠋ᠢ ᠲᠦᠯᠬᠢᠨ ᠠᠬᠢᠭᠤᠯᠤᠨ᠎ᠠ

  ᠰᠠᠪᠠ ᠭᠠᠵᠠᠷ᠎ᠤᠨ ᠤᠰᠤᠨ᠎ᠤ ᠡᠬᠢ ᠪᠠᠶᠠᠯᠢᠭ᠎ᠢ ᠱᠢᠨᠵᠢᠯᠡᠬᠦ᠌ ᠤᠬᠠᠭᠠᠨᠴᠢ᠎ᠪᠠᠷ ᠲᠣᠬᠢᠷᠠᠭᠤᠯᠵᠤ ᠂ ᠤᠰᠤᠨ᠎ᠤ ᠡᠬᠢ ᠪᠠᠶᠠᠯᠢᠭ᠎ᠤᠨ ᠲᠣᠬᠢᠷᠠᠭᠤᠯᠤᠯᠲᠠ᠎ᠶ᠋ᠢ ᠱᠢᠯᠢᠳᠡᠭ᠌ᠵᠢᠭᠦᠯᠦᠨ᠎ᠡ

  ᠤᠰᠤᠨ᠎ᠤ᠋ ᠠᠮᠢ ᠠᠬᠤᠢ᠎ᠶᠢ ᠬᠠᠮᠠᠭᠠᠯᠠᠨ ᠰᠡᠷᠭᠦᠭᠡᠬᠦ᠌

  ᠰᠠᠪᠠ ᠭᠠᠵᠠᠷ᠎ᠤᠨ ᠠᠮᠢ ᠠᠬᠤᠢ᠎ᠶ᠋ᠢᠨ ᠴᠢᠳᠠᠮᠵᠢ᠎ᠶ᠋ᠢ ᠴᠢᠩᠭᠠᠷᠠᠭᠤᠯᠤᠨ ᠂ ᠭᠣᠣᠯ ᠨᠠᠭᠤᠷ᠎ᠤᠨ ᠠᠮᠢ ᠠᠬᠤᠢ᠎ᠶ᠋ᠢᠨ ᠣᠷᠴᠢᠨ ᠲᠣᠭᠣᠷᠢᠨ᠎ᠢ ᠰᠠᠢᠵᠢᠷᠠᠭᠤᠯᠤᠨ᠎ᠠ

  ᠤᠰᠤᠨ᠎ᠤ᠋ ᠡᠬᠢ ᠰᠤᠷᠪᠤᠯᠵᠢ᠎ᠶᠢ ᠬᠠᠳᠠᠭᠠᠯᠠᠬᠤ ᠪᠠ ᠤᠰᠤ ᠬᠦᠷᠦᠰᠦ ᠎ᠶᠢ ᠬᠠᠮᠠᠭᠠᠯᠠᠬᠤ ᠠᠵᠢᠯ᠎ᠢ᠋ ᠴᠢᠩᠭᠠᠳᠭᠠᠵᠤ ᠂ ᠠᠮᠢ ᠠᠬᠤᠢ᠎ᠶᠢᠨ ᠬᠣᠩᠭᠢᠯ᠎ᠢ᠋ ᠪᠦᠲᠦᠭᠡᠨ ᠪᠠᠢᠭᠤᠯᠤᠨ᠎ᠠ

  ᠭᠤᠤᠯ᠎ᠤᠨ ᠠᠮᠠ ᠵᠢᠴᠢ ᠭᠤᠷᠪᠠᠯᠵᠢᠨ ᠬᠤᠢᠭ᠎ᠤᠨ ᠠᠮᠢ ᠠᠬᠤᠢ᠎ᠶ᠋ᠢᠨ ᠬᠠᠮᠠᠭᠠᠯᠠᠯᠲᠠ᠎ᠶ᠋ᠢ ᠳᠦᠯᠬᠢᠨ ᠠᠬᠢᠭᠤᠯᠤᠨ᠎ᠠ

  ᠤᠰᠤᠨ ᠎ᠤ ᠤᠷᠴᠢᠨ ᠲᠤᠭᠤᠷᠢᠨ᠎ᠢ  ᠵᠠᠰᠠᠵᠤ ᠰᠠᠢᠵᠢᠷᠠᠭᠤᠯᠬᠤ

  ᠤᠤᠭᠤᠬᠤ ᠤᠰᠤᠨ᠎ᠤ ᠤᠰᠤᠨ ᠰᠤᠷᠪᠤᠯᠵᠢ᠎ᠶ᠋ᠢᠨ ᠭᠠᠵᠠᠷ᠎ᠤᠨ ᠬᠠᠮᠠᠭᠠᠯᠠᠯᠲᠠ᠎ᠶ᠋ᠢ  ᠴᠢᠩᠭᠠᠳᠭᠠᠵᠤ ᠂ ᠤᠤᠭᠤᠬᠤ ᠤᠰᠤᠨ᠎ᠤ  ᠠᠶᠤᠯ ᠦᠭᠡᠢ ᠪᠠᠢᠬᠤ᠎ᠶ᠋ᠢ ᠦᠨᠡᠨ ᠬᠦ᠌ ᠪᠠᠲᠤᠯᠠᠨ᠎ᠠ

  ᠭᠤᠣᠯᠳᠠᠯᠭ᠎ᠠ᠎ᠲᠠᠢ ᠰᠠᠪᠠ ᠭᠠᠵᠠᠷ᠎ᠤᠨ ᠤᠰᠤᠨ᠎ᠤ ᠣᠷᠴᠢᠨ ᠠᠬᠤᠢ᠎ᠶ᠋ᠢ ᠶᠡᠷᠦᠩᠬᠡᠢᠯᠡᠨ ᠵᠠᠰᠠᠬᠤ ᠠᠵᠢᠯ᠎ᠢ ᠠᠬᠢᠭᠤᠯᠤᠨ᠎ᠠ

  ᠤᠰᠤᠨ᠎ᠤ ᠰᠣᠶᠣᠯ᠎ᠢ ᠤᠯᠠᠮᠵᠢᠯᠠᠨ ᠪᠠᠳᠠᠷᠠᠭᠤᠯᠬᠤ

  ᠤᠰᠤᠨ᠎ᠤ ᠰᠣᠶᠣᠯ᠎ᠤᠨ ᠥᠪ ᠬᠦᠷᠦᠩᠭᠡ᠎ᠶ᠋ᠢ ᠬᠠᠮᠠᠭᠠᠯᠠᠵᠤ᠂ ᠤᠰᠤᠨ᠎ᠤ ᠰᠣᠶᠣᠯ᠎ᠤᠨ ᠦᠷᠲᠡᠭ᠎ᠢ ᠠᠭᠤᠳᠠᠯᠤᠨ᠎ᠠ

  ᠣᠰᠣᠨ᠎ᠤ ᠰᠣᠶᠣᠯ᠎ᠢ ᠣᠯᠠᠮᠵᠢᠯᠠᠵᠣ᠂ ᠣᠯᠠᠨ ᠨᠡᠢᠳᠡ᠎ᠶ᠋ᠢᠨ ᠣᠷᠣᠯᠴᠠᠬᠤ ᠬᠡᠮᠵᠢᠶ᠎ᠡ᠎ᠶ᠋ᠢ ᠳᠡᠭᠡᠭ᠌ᠰᠢᠯᠡᠭᠦᠯᠣᠨ᠎ᠠ

  ᠵᠠᠰᠠᠬᠤ ᠳᠤᠭ᠍ᠳᠠᠴᠠ᠎ᠶ᠋ᠢᠨ ᠱᠢᠨ᠎ᠠ ᠡᠭᠦᠳᠦᠯᠲᠡ

  ᠪᠦᠬᠦ᠌ ᠰᠠᠪᠠ ᠭᠠᠵᠠᠷ᠎ᠤᠨ ᠬᠠᠮᠢᠶᠠᠷᠤᠯᠳᠠ᠎ᠶ᠋ᠢ ᠴᠢᠩᠭᠠᠳᠭᠠᠵᠤ᠂ ᠭᠤᠤᠯ ᠮᠦᠷᠡᠨ ᠨᠠᠭᠤᠷ ᠴᠦᠬᠦᠷᠦᠮ᠎ᠤᠨ ᠳᠠᠷᠤᠭ᠎ᠠ᠎ᠶ᠋ᠢᠨ ᠳᠦᠷᠢᠮ᠎ᠤᠨ ᠦᠢᠯᠡᠳᠦᠯ᠎ᠢ  ᠪᠠᠳᠠᠷᠠᠭᠤᠯᠤᠨ᠎ᠠ

  ᠥᠭᠡᠷᠡᠴᠢᠯᠡᠯᠲᠡ ᠬᠢᠵᠦ᠍ ᠱᠢᠨ᠎ᠡ᠎ᠶ᠋ᠢ ᠡᠭᠦᠳᠬᠦ᠌᠎ᠶ᠋ᠢ ᠭᠦᠨᠵᠡᠭᠡᠢᠷᠡᠭᠦᠯᠵᠦ᠍᠂ ᠬᠠᠤᠯᠢ᠎ᠪᠠᠷ ᠵᠠᠰᠠᠬᠤ ᠪᠠᠲᠤᠯᠠᠭ᠎ᠠ ᠪᠠ ᠱᠢᠨᠵᠢᠯᠡᠬᠦ᠌ ᠤᠬᠠᠭᠠᠨ ᠲᠸᠭ᠌ᠨᠢᠭ ᠮᠡᠷᠭᠡᠵᠢᠯ᠎ᠤᠨ ᠡᠨᠧᠷᠭᠢ ᠣᠯᠭᠤᠬᠤ᠎ᠶ᠋ᠢ ᠴᠢᠩᠭᠠᠳᠭᠠᠨ᠎ᠠ

  ᠬᠤᠶᠠᠷ᠂ ᠳᠡᠮᠵᠢᠭ᠌ᠰᠡᠨ ᠠᠵᠤ ᠠᠬᠤᠢᠯᠠᠯ᠎ᠤᠨ ᠵᠣᠬᠢᠴᠠᠭᠤᠯᠬᠤ ᠬᠦᠷᠢᠶ᠎ᠡ ᠬᠡᠪᠴᠢᠶ᠎ᠡ

  (ᠨᠢᠭᠡ) ᠤᠰᠤᠨ ᠠᠱᠢᠭ᠍ᠯᠠᠯᠲᠠ᠎ᠶ᠋ᠢᠨ ᠰᠠᠭᠤᠷᠢ ᠲᠦᠬᠦᠭᠡᠷᠦᠮᠵᠢ᠎ᠶ᠋ᠢᠨ ᠪᠦᠲᠦᠭᠡᠨ ᠪᠠᠢᠭᠤᠯᠤᠯᠲᠠ ᠬᠢᠭᠡᠳ ᠬᠠᠮᠠᠭᠠᠯᠠᠯᠲᠠ

  ᠦᠶᠡᠷ᠎ᠢ ᠰᠡᠷᠭᠡᠢᠯᠡᠬᠦ᠌  ᠢᠨᠵᠸᠨ᠋ᠸᠷᠢᠩ᠎ᠦᠨ ᠱᠢᠰᠲ᠋ᠧᠮ᠄

  ᠦᠶᠡᠷ᠎ᠢ ᠰᠡᠷᠭᠡᠢᠯᠡᠬᠦ᠌ ᠤᠰᠤᠨ ᠴᠥᠬᠥᠷᠥᠮ᠎ᠦᠨ ᠪᠦᠲᠦᠭᠡᠨ ᠪᠠᠢᠭᠤᠯᠤᠯᠲᠠ ᠂ ᠬᠠᠱᠢᠯᠭ᠎ᠠ᠎ᠶ᠋ᠢ ᠪᠡᠬᠢᠯᠡᠬᠦ᠌ ᠪᠠ ᠪᠠᠷᠢᠮᠵᠢᠶ᠎ᠠ᠎ᠳᠤ ᠬᠦᠷᠭᠡᠬᠦ᠌ ᠪᠦᠲᠦᠭᠡᠨ ᠪᠠᠢᠭᠤᠯᠤᠯᠲᠠ ᠂ ᠦᠶᠡᠷ᠎ᠢ ᠲᠣᠭ᠍ᠲᠠᠭᠠᠨ ᠬᠠᠳᠠᠭᠠᠯᠠᠬᠤ ᠣᠷᠣᠨ᠎ᠢ ᠥᠭᠡᠷᠡᠴᠢᠯᠡᠬᠦ᠌ ᠪᠠ ᠬᠠᠮᠢᠶᠠᠷᠬᠤ ᠵᠡᠷᠭᠡ᠎ᠶ᠋ᠢ ᠳᠡᠮᠵᠢᠵᠦ᠍ ᠂ ᠦᠶᠡᠷ᠎ᠢ ᠰᠡᠷᠭᠡᠢᠯᠡᠵᠦ᠍ ᠭᠠᠮᠱᠢᠭ᠎ᠢ ᠪᠠᠭᠠᠰᠭᠠᠬᠤ ᠴᠢᠳᠠᠪᠤᠷᠢ᠎ᠶ᠋ᠢ ᠳᠡᠭᠡᠭ᠌ᠰᠢᠯᠡᠭᠦᠯᠬᠦ᠌ ᠬᠡᠷᠡᠭ᠌ᠲᠡᠶ ᠃

  ᠤᠰᠤᠨ᠎ᠤ ᠡᠬᠢ ᠪᠠᠶᠠᠯᠢᠭ᠎ᠢ ᠲᠣᠬᠢᠷᠠᠭᠤᠯᠬᠤ ᠢᠨᠵᠧᠨᠧᠷᠢᠩ᠄

  ᠰᠠᠪᠠ ᠭᠠᠵᠠᠷ ᠠᠯᠤᠰᠯᠠᠨ ᠤᠰᠤ ᠲᠠᠲᠠᠬᠤ ᠢᠨᠵᠧᠨᠧᠷᠢᠩ ᠂ ᠣᠷᠣᠨ ᠪᠦᠰᠡ᠎ᠶ᠋ᠢᠨ ᠤᠰᠤᠨ᠎ᠤ ᠡᠬᠢ ᠪᠠᠶᠠᠯᠢᠭ ᠎ᠢ ᠲᠣᠬᠢᠷᠠᠭᠤᠯᠬᠤ ᠢᠨᠵᠧᠨᠧᠷᠢᠩ ᠂ ᠬᠣᠲᠠ᠎ᠶ᠋ᠢᠨ ᠤᠰᠤ ᠬᠠᠩᠭᠠᠬᠤ ᠲᠣᠤᠷ ᠰᠦᠯᠵᠢᠶ᠎ᠡ ᠵᠢᠴᠢ ᠪᠠᠴᠢᠮ ᠪᠠᠢᠳᠠᠯ᠎ᠢ ᠠᠷᠭᠠᠴᠠᠭᠠᠬᠤ ᠪᠡᠯᠡᠳᠭᠡᠯ ᠤᠰᠤᠨ ᠰᠤᠷᠪᠤᠯᠵᠢ᠎ᠶ᠋ᠢᠨ ᠪᠦᠲᠦᠭᠡᠨ ᠪᠠᠢᠭᠤᠯᠤᠯᠲᠠ ᠵᠡᠷᠭᠡ᠎ᠶ᠋ᠢ ᠳᠡᠮᠵᠢᠵᠦ᠍ ᠂ ᠤᠰᠤᠨ᠎ᠤ ᠡᠬᠢ ᠪᠠᠶᠠᠯᠢᠭ᠎ᠢ ᠬᠠᠩᠭᠠᠬᠤ ᠪᠠ ᠲᠣᠬᠢᠷᠠᠭᠤᠯᠬᠤ ᠴᠢᠳᠠᠪᠤᠷᠢ᠎ᠶ᠋ᠢ ᠨᠡᠮᠡᠭ᠌ᠳᠡᠭᠦᠯᠦᠨ᠎ᠡ ᠃

  ᠬᠥᠳᠡᠭᠡ ᠲᠣᠰᠭᠣᠨ᠎ᠤ ᠤᠰᠤᠨ ᠠᠱᠢᠭ᠍ᠯᠠᠯᠲᠠ᠎ᠶ᠋ᠢᠨ ᠪᠡᠯᠡᠳᠭᠡᠮᠵᠢ᠄

  ᠬᠥᠳᠡᠭᠡ ᠲᠣᠰᠭᠣᠨ᠎ᠤ ᠤᠰᠤ ᠬᠠᠩᠭᠠᠬᠤ᠎ᠶ᠋ᠢ ᠨᠢᠭᠡ ᠴᠣᠭ᠍ᠴᠠᠵᠢᠭᠤᠯᠬᠤ᠂ ᠲᠥᠪᠯᠡᠷᠡᠭᠦᠯᠦᠨ ᠤᠰᠤ ᠬᠠᠩᠭᠠᠬᠤ᠎ᠶ᠋ᠢ ᠬᠡᠪᠴᠢᠶᠡᠵᠢᠭᠦᠯᠬᠦ᠂ ᠵᠢᠵᠢᠭ ᠬᠡᠯᠪᠡᠷᠢ᠎ᠶ᠋ᠢᠨ ᠤᠰᠤ ᠬᠠᠩᠭᠠᠬᠤ᠎ᠶ᠋ᠢ ᠵᠢᠷᠤᠮᠵᠢᠭᠤᠯᠬᠤ ᠪᠦᠲᠦᠭᠡᠨ ᠪᠠᠢᠭᠤᠯᠤᠯᠲᠠ ᠵᠢᠴᠢ ᠤᠰᠤᠯᠠᠯᠲᠠ᠎ᠶ᠋ᠢᠨ ᠣᠷᠣᠨ᠎ᠤ ᠦᠷᠭᠦᠯᠵᠢᠯᠡᠨ ᠪᠠᠢᠭᠤᠯᠵᠤ ᠢᠵᠢ ᠪᠦᠷᠢᠳᠦᠭᠦᠯᠬᠦ᠌ ᠪᠠ ᠥᠭᠡᠷᠡᠴᠢᠯᠡᠬᠦ᠌᠎ᠶ᠋ᠢ ᠲᠦᠯᠬᠢᠨ ᠠᠬᠢᠭᠤᠯᠵᠤ᠂ ᠬᠥᠳᠡᠭᠡ ᠲᠣᠰᠭᠣᠨ᠎ᠤ ᠤᠤᠭᠤᠬᠤ ᠤᠰᠤᠨ᠎ᠤ ᠠᠮᠤᠷ ᠲᠦᠪᠱᠢᠨ ᠪᠠ ᠲᠠᠷᠢᠶᠠᠯᠠᠩ᠎ᠤᠨ ᠤᠰᠤᠯᠠᠯᠲᠠ᠎ᠶ᠋ᠢᠨ ᠬᠡᠷᠡᠭ᠌ᠴᠡᠭᠡ ᠱᠠᠭᠠᠷᠳᠠᠯᠭ᠎ᠠ᠎ᠶ᠋ᠢ ᠪᠠᠲᠤᠯᠠᠬᠤ ᠬᠡᠷᠡᠭ᠌ᠲᠡᠶ᠃

  (ᠬᠤᠶᠠᠷ) ᠠᠮᠢ ᠠᠬᠤᠢ ᠣᠷᠴᠢᠨ ᠲᠣᠭᠣᠷᠢᠨ᠎ᠢ᠋ ᠬᠠᠮᠠᠭᠠᠯᠠᠬᠤ ᠪᠠ ᠰᠡᠷᠭᠦᠭᠡᠬᠦ᠌

  ᠭᠤᠣᠯ ᠮᠥᠷᠡᠨ ᠨᠠᠭᠤᠷ ᠴᠥᠭᠦᠷᠥᠮ᠎ᠤᠨ ᠠᠮᠢ ᠠᠬᠤᠢ᠎ᠶ᠋ᠢᠨ ᠵᠠᠰᠠᠯᠲᠠ᠄

  ᠭᠤᠣᠯ ᠮᠥᠷᠡᠨ ᠨᠠᠭᠤᠷ ᠴᠥᠭᠦᠷᠥᠮ᠎ᠤᠨ ᠠᠮᠢ ᠠᠬᠤᠢ᠎ᠶ᠋ᠢᠨ ᠤᠰᠤ ᠨᠥᠬᠦᠪᠥᠷᠢᠯᠡᠬᠦ᠂ ᠨᠤᠭᠤ ᠭᠠᠵᠠᠷ᠎ᠢ ᠬᠠᠮᠠᠭᠠᠯᠠᠬᠤ ᠪᠠ ᠰᠡᠷᠭᠦᠭᠡᠬᠦ᠂ ᠤᠰᠤᠨ᠎ᠤ ᠠᠮᠢᠳᠤ ᠪᠣᠳᠠᠰ᠎ᠢ ᠬᠠᠮᠠᠭᠠᠯᠠᠬᠤ᠂ ᠭᠤᠣᠯ ᠮᠥᠷᠡᠨ ᠨᠠᠭᠤᠷ ᠴᠥᠭᠦᠷᠥᠮ᠎ᠢ ᠴᠡᠪᠡᠷᠯᠡᠬᠦ᠌ ᠵᠡᠷᠭᠡ ᠲᠦᠷᠦᠯ ᠵᠦᠢᠯ᠎ᠢ ᠳᠡᠮᠵᠢᠵᠦ᠍᠂ ᠭᠤᠣᠯ ᠮᠥᠷᠡᠨ ᠨᠠᠭᠤᠷ ᠴᠥᠭᠦᠷᠥᠮ᠎ᠤᠨ ᠠᠮᠢ ᠠᠬᠤᠢ᠎ᠶ᠋ᠢᠨ ᠣᠷᠴᠢᠨ ᠲᠣᠭᠤᠷᠢᠨ᠎ᠤ ᠶᠠᠰᠤ ᠴᠢᠨᠠᠷ᠎ᠢ ᠰᠠᠢᠵᠢᠷᠠᠭᠤᠯᠤᠨ᠎ᠠ᠃

  ᠤᠰᠤᠨ᠎ᠤ ᠡᠬᠢ ᠰᠤᠷᠪᠤᠯᠵᠢ᠎ᠶ᠋ᠢ ᠬᠠᠳᠠᠭᠠᠯᠠᠬᠤ ᠪᠠ ᠤᠰᠤ ᠬᠦᠷᠦᠰᠦ᠎ᠶ᠋ᠢ ᠬᠠᠮᠠᠭᠠᠯᠠᠬᠤ ᠄

  ᠭᠣᠤᠯ ᠮᠥᠷᠡᠨ᠎ᠦ ᠡᠬᠢ ᠰᠤᠷᠪᠤᠯᠵᠢ ᠂ ᠤᠰᠤᠨ᠎ᠤ ᠡᠬᠢ ᠰᠤᠷᠪᠤᠯᠵᠢ᠎ᠶ᠋ᠢ ᠬᠠᠳᠠᠭᠠᠯᠠᠬᠤ ᠣᠷᠣᠨ ᠎ᠢ ᠬᠠᠮᠠᠭᠠᠯᠠᠬᠤ ᠡᠷᠴᠢᠮ᠎ᠢᠶᠡᠨ ᠨᠡᠮᠡᠭ᠌ᠳᠡᠭᠦᠯᠵᠦ᠍ ᠂ ᠤᠰᠤ ᠬᠦᠷᠦᠰᠦ᠎ᠶ᠋ᠢᠨ ᠢᠳᠡᠭ᠌ᠳᠡᠯ᠎ᠢ ᠶᠡᠷᠦᠩᠬᠡᠢᠯᠡᠨ ᠰᠡᠷᠭᠡᠢᠯᠡᠨ ᠵᠠᠰᠠᠬᠤ ᠢᠨᠵᠧᠨᠧᠷᠢᠩ ᠎ᠢ ᠬᠡᠷᠡᠭ᠌ᠵᠢᠭᠦᠯᠵᠦ᠍ ᠂ ᠤᠰᠤᠨ᠎ᠤ ᠡᠬᠢ ᠰᠤᠷᠪᠤᠯᠵᠢ᠎ᠶ᠋ᠢᠨ ᠠᠮᠤᠷ ᠲᠦᠪᠱᠢᠨ ᠪᠣᠯᠤᠨ ᠠᠮᠢ ᠠᠬᠤᠶ᠎ᠶ᠋ᠢᠨ ᠱᠢᠰᠲ᠋ᠧᠮ᠎ᠦᠨ ᠲᠣᠭ᠍ᠲᠠᠪᠤᠷᠢᠲᠤ ᠴᠢᠨᠠᠷ ᠎ᠢ ᠬᠠᠮᠠᠭᠠᠯᠠᠨ᠎ᠠ ᠃

  ᠪᠣᠬᠢᠷᠲᠤᠯ ᠦᠭᠡᠢ ᠠᠮᠢ ᠠᠬᠤᠢ᠎ᠶ᠋ᠢᠨ ᠬᠤᠩᠭᠢᠯ᠎ᠤᠨ ᠪᠦᠲᠦᠭᠡᠨ ᠪᠠᠢᠭᠤᠯᠤᠯᠲᠠ᠄

  ᠭᠤᠣᠯ ᠮᠥᠷᠡᠨ ᠨᠠᠭᠤᠷ ᠴᠥᠭᠦᠷᠥᠮ᠎ᠤᠨ ᠡᠷᠭᠢ᠎ᠶ᠋ᠢᠨ ᠱᠤᠭᠤᠮ ᠪᠠ ᠲᠠᠩ ᠭᠠᠵᠠᠷ᠎ᠤᠨ ᠠᠮᠢ ᠠᠬᠤᠢ᠎ᠶ᠋ᠢ ᠴᠡᠭ᠌ᠴᠡᠯᠡᠨ ᠵᠠᠰᠠᠬᠤ᠎ᠶ᠋ᠢ ᠳᠡᠮᠵᠢᠵᠦ᠍᠂ ᠪᠣᠬᠢᠷᠲᠤᠯ ᠦᠭᠡᠢ ᠠᠮᠢ ᠠᠬᠤᠢ᠎ᠶ᠋ᠢᠨ ᠬᠤᠩᠬᠢᠯ ᠪᠠᠢᠭᠤᠯᠵᠤ᠂ ᠰᠠᠪᠠ ᠭᠠᠵᠠᠷ᠎ᠤᠨ ᠠᠮᠢ ᠠᠬᠤᠢ᠎ᠶ᠋ᠢᠨ ᠱᠢᠰᠲ᠋ᠧᠮ᠎ᠤᠨ ᠶᠠᠰᠤ ᠴᠢᠨᠠᠷ ᠪᠠ ᠲᠣᠭ᠍ᠲᠠᠪᠤᠷᠢᠲᠤ ᠴᠢᠨᠠᠷ᠎ᠢ ᠳᠡᠭᠡᠭ᠌ᠰᠢᠯᠡᠭᠦᠯᠦᠨ᠎ᠡ

  (ᠭᠤᠷᠪᠠ) ᠤᠰᠤ ᠠᠷᠪᠢᠯᠠᠬᠤ ᠪᠠ ᠤᠰᠤᠨ᠎ᠤ ᠡᠬᠢ ᠪᠠᠶᠠᠯᠢᠭ᠎ᠢ ᠦᠨᠳᠦᠷ ᠪᠦᠲᠦᠮᠵᠢᠲᠡᠢ᠎ᠪᠠᠷ ᠠᠱᠢᠭ᠍ᠯᠠᠬᠤ

  ᠲᠠᠷᠢᠶᠠᠯᠠᠩ᠎ᠤᠨ ᠤᠰᠤ ᠠᠷᠪᠢᠯᠠᠬᠤ᠄

  ᠥᠨᠳᠥᠷ ᠦᠷ᠎ᠡ ᠪᠦᠲᠦᠮᠵᠢᠲᠡᠶ ᠤᠰᠤ ᠠᠷᠪᠢᠯᠠᠵᠤ ᠤᠰᠤᠯᠠᠬᠤ ᠮᠡᠷᠭᠡᠵᠢᠯ᠎ᠢ ᠳᠡᠯᠭᠡᠷᠡᠭᠦᠯᠵᠦ᠍᠂ ᠥᠨᠳᠥᠷ ᠦᠷ᠎ᠡ ᠪᠦᠲᠦᠮᠵᠢᠲᠡᠶ ᠬᠠᠭᠤᠷᠠᠶ ᠲᠠᠷᠢᠶᠠᠯᠠᠩ᠎ᠢ ᠬᠥᠭ᠌ᠵᠢᠭᠦᠯᠦᠨ᠂ ᠲᠠᠷᠢᠶᠠᠯᠠᠩ᠎ᠤᠨ ᠤᠰᠤ ᠬᠡᠷᠡᠭ᠌ᠯᠡᠬᠦ᠌ ᠦᠷ᠎ᠡ ᠪᠦᠲᠦᠮᠵᠢ᠎ᠶ᠋ᠢ ᠳᠡᠭᠡᠭ᠌ᠰᠢᠯᠡᠭᠦᠯᠬᠦ᠌ ᠬᠡᠷᠡᠭ᠌ᠲᠡᠶ᠃

  ᠠᠵᠤ ᠦᠢᠯᠡᠳᠪᠦᠷᠢ᠎ᠶ᠋ᠢᠨ ᠤᠰᠤ ᠠᠷᠪᠢᠯᠠᠬᠤ᠄

  ᠠᠵᠤ ᠠᠬᠤᠢᠯᠠᠯ᠎ᠤᠨ ᠤᠰᠤ ᠠᠷᠪᠢᠯᠠᠬᠤ ᠮᠡᠷᠭᠡᠵᠢᠯ᠎ᠤᠨ ᠥᠭᠡᠷᠡᠴᠢᠯᠡᠯᠲᠡ ᠬᠢᠬᠦ᠌᠎ᠶ᠋ᠢ ᠳᠠᠮᠵᠢᠵᠤ᠂ ᠠᠵᠤ ᠦᠢᠯᠡᠳᠪᠦᠷᠢ᠎ᠶ᠋ᠢᠨ ᠤᠰᠤ ᠬᠡᠷᠡᠭ᠌ᠯᠡᠬᠦ᠌ ᠣᠷᠴᠢᠯᠳᠤᠭᠤᠯᠤᠨ ᠠᠱᠢᠭ᠍ᠯᠠᠬᠤ ᠬᠢᠷᠢ ᠬᠡᠮᠵᠢᠶ᠎ᠡ᠎ᠶ᠋ᠢ ᠳᠡᠭᠡᠭ᠌ᠰᠢᠯᠡᠭᠦᠯᠦᠨ᠂ ᠠᠵᠤ ᠦᠢᠯᠡᠳᠪᠦᠷᠢ᠎ᠶ᠋ᠢᠨ ᠤᠰᠤ ᠬᠡᠷᠡᠭ᠌ᠯᠡᠬᠦ᠌ ᠬᠤᠷᠣᠭ᠍ᠳᠠᠯ᠎ᠢ ᠪᠠᠭᠠᠰᠭᠠᠨ᠎ᠠ᠃

  ᠬᠤᠲᠠ ᠪᠠᠯᠭᠠᠰᠤ᠎ᠶ᠋ᠢᠨ ᠤᠰᠤ ᠠᠷᠪᠢᠯᠠᠬᠤ

  ᠠᠮᠢᠳᠤᠷᠠᠯ᠎ᠤᠨ ᠤᠰᠤ ᠠᠷᠪᠢᠯᠠᠬᠤ ᠪᠠᠭᠠᠵᠢ ᠬᠡᠷᠡᠭ᠌ᠰᠡᠯ᠎ᠢ ᠳᠡᠯᠭᠡᠷᠡᠭᠦᠯᠦᠨ ᠬᠡᠷᠡᠭ᠌ᠯᠡᠵᠦ᠍᠂ ᠣᠯᠠᠨ ᠨᠡᠢᠲᠡ᠎ᠶ᠋ᠢᠨ ᠤᠰᠤ ᠬᠠᠩᠭᠠᠬᠤ ᠬᠣᠭᠣᠯᠠᠶ᠎ᠶ᠋ᠢᠨ ᠲᠣᠤᠷ᠎ᠤᠨ ᠭᠣᠭᠣᠵᠢᠵᠤ ᠰᠦᠢᠳᠬᠦ᠌᠎ᠶ᠋ᠢ ᠡᠵᠡᠮᠳᠡᠬᠦ᠌᠎ᠶ᠋ᠢ ᠴᠢᠩᠭᠠᠳᠭᠠᠨ᠂ ᠬᠣᠲᠠ ᠪᠠᠯᠭᠠᠰᠤ᠎ᠶ᠋ᠢᠨ ᠤᠰᠤ ᠠᠷᠪᠢᠯᠠᠬᠤ ᠬᠢᠷᠢ ᠬᠡᠮᠵᠢᠶ᠎ᠡ᠎ᠶ᠋ᠢ ᠳᠡᠭᠡᠭ᠌ᠰᠢᠯᠡᠭᠦᠯᠬᠦ᠌ ᠬᠡᠷᠡᠭ᠌ᠲᠡᠶ᠃

  ᠡᠩ᠎ᠦᠨ ᠪᠤᠰᠤ ᠤᠰᠤᠨ᠎ᠤ ᠡᠬᠢ ᠪᠠᠶᠠᠯᠢᠭ ᠎ᠢ ᠠᠱᠢᠭ᠍ᠯᠠᠬᠤ ᠄

  ᠳᠡᠭᠢᠯᠳᠡ ᠤᠰᠤ ᠂ ᠪᠣᠷᠣᠭᠠᠨ᠎ᠤ ᠤᠰᠤ᠎ᠶ᠋ᠢ ᠬᠤᠷᠠᠮᠳᠤᠭᠤᠯᠬᠤ ᠂ ᠳᠠᠯᠠᠶ᠎ᠶ᠋ᠢᠨ ᠤᠰᠤ᠎ᠶ᠋ᠢ ᠴᠡᠩᠭᠡᠭ᠌ᠵᠢᠭᠦᠯᠬᠦ᠌ ᠵᠡᠷᠭᠡ ᠡᠩ᠎ᠦᠨ ᠪᠤᠰᠤ ᠤᠰᠤᠨ᠎ᠤ ᠡᠬᠢ ᠪᠠᠶᠠᠯᠢᠭ᠎ᠢ ᠨᠡᠭᠡᠭᠡᠬᠦ᠌ ᠪᠠ ᠠᠱᠢᠭ᠍ᠯᠠᠬᠤ᠎ᠶ᠋ᠢ ᠵᠣᠷᠢᠭ᠍ᠵᠢᠭᠤᠯᠵᠤ ᠂ ᠤᠰᠤᠨ᠎ᠤ ᠡᠬᠢ ᠪᠠᠶᠠᠯᠢᠭ ᠳᠤᠲᠠᠭ᠍ᠳᠠᠵᠤ ᠪᠠᠢᠭ᠎ᠠ ᠠᠰᠠᠭᠤᠳᠠᠯ ᠎ᠢ ᠨᠠᠮᠳᠠᠭᠤᠯᠬᠤ ᠬᠡᠷᠡᠭ᠌ᠲᠡᠶ ᠃

  (ᠲᠦᠷᠪᠡ) ᠤᠰᠤᠨ᠎ᠤ᠋ ᠣᠷᠴᠢᠨ ᠲᠣᠭᠣᠷᠢᠨ᠎ᠢ᠋ ᠵᠠᠰᠠᠬᠤ ᠪᠠ ᠬᠢᠨᠠᠨ ᠬᠡᠮᠵᠢᠬᠦ᠌

  ᠤᠤᠭᠤᠬᠤ ᠤᠰᠤᠨ᠎ᠤ ᠡᠬᠢ ᠰᠤᠷᠪᠤᠯᠵᠢ᠎ᠶ᠋ᠢ ᠬᠠᠮᠠᠭᠠᠯᠠᠬᠤ᠄

  ᠤᠰᠤᠨ᠎ᠤ ᠡᠬᠢ ᠰᠤᠷᠪᠤᠯᠵᠢ᠎ᠶ᠋ᠢᠨ ᠭᠠᠵᠠᠷ᠎ᠤᠨ ᠵᠢᠷᠤᠮᠵᠢᠭ᠍ᠰᠠᠨ ᠪᠦᠲᠦᠭᠡᠨ ᠪᠠᠢᠭᠤᠯᠤᠯᠲᠠ ᠂ ᠤᠰᠤᠨ᠎ᠤ ᠴᠢᠨᠠᠷ᠎ᠢ ᠬᠢᠨᠠᠨ ᠬᠡᠮᠵᠢᠬᠦ᠌ ᠵᠢᠴᠢ ᠠᠮᠤᠷ ᠲᠦᠪᠱᠢᠨ᠎ᠦ ᠦᠨᠡᠯᠡᠯᠲᠡ ᠬᠢᠬᠦ᠌᠎ᠶ᠋ᠢ ᠳᠡᠮᠵᠢᠵᠦ᠍ ᠂ ᠤᠤᠭᠤᠬᠤ ᠤᠰᠤᠨ᠎ᠤ ᠠᠮᠤᠷ ᠲᠦᠪᠱᠢᠨ ᠎ᠢ ᠦᠨᠡᠨ ᠬᠦ᠌ ᠪᠠᠲᠤᠯᠠᠨ᠎ᠠ ᠃

  ᠭᠤᠣᠯ ᠮᠥᠷᠡᠨ᠎ᠤ ᠤᠰᠤᠨ᠎ᠤ ᠣᠷᠴᠢᠨ ᠲᠣᠭᠤᠷᠢᠨ᠎ᠤ ᠵᠠᠰᠠᠯᠲᠠ᠄

  ᠭᠤᠤᠯᠳᠠᠯᠭ᠎ᠠ᠎ᠲᠠᠢ ᠰᠠᠪᠠ ᠭᠠᠵᠠᠷ᠎ᠤᠨ ᠤᠰᠤᠨ᠎ᠤ ᠣᠷᠴᠢᠨ ᠲᠣᠭᠤᠷᠢᠨ᠎ᠢ ᠶᠡᠷᠦᠩᠬᠡᠢᠯᠡᠨ ᠵᠠᠰᠠᠬᠤ᠎ᠶ᠋ᠢ ᠠᠬᠢᠭᠤᠯᠵᠤ᠂ ᠭᠤᠤᠯ ᠮᠥᠷᠡᠨ ᠨᠠᠭᠤᠷ ᠴᠥᠭᠦᠷᠥᠮ᠎ᠳᠤ ᠣᠷᠣᠬᠤ ᠪᠣᠬᠢᠷᠲᠤᠯ ᠭᠠᠳᠠᠭ᠍ᠰᠢᠯᠠᠭᠤᠯᠬᠤ ᠶᠡᠷᠦᠩᠬᠡᠶ ᠬᠡᠮᠵᠢᠶ᠎ᠡ᠎ᠶ᠋ᠢ ᠴᠢᠩᠭ᠎ᠠ ᠬᠢᠵᠠᠭᠠᠷᠯᠠᠵᠤ᠂ ᠭᠤᠤᠯ ᠮᠥᠷᠡᠨ ᠨᠠᠭᠤᠷ ᠳᠠᠭᠠᠤ᠎ᠶ᠋ᠢᠨ ᠪᠣᠬᠢᠷᠲᠤᠯ᠎ᠤᠨ ᠡᠬᠢ ᠰᠤᠷᠪᠤᠯᠵᠢ᠎ᠶ᠋ᠢ ᠵᠠᠰᠠᠬᠤ᠎ᠶ᠋ᠢ ᠴᠢᠩᠭᠠᠳᠭᠠᠨ᠎ᠠ᠃

  ᠬᠢᠨᠠᠨ ᠬᠡᠮᠵᠢᠬᠦ᠌ ᠱᠢᠰᠲ᠋ᠧᠮ᠎ᠤᠨ ᠪᠠᠢᠭᠤᠯᠤᠯᠲᠠ᠄

  ᠪᠦᠬᠦ᠌ ᠤᠯᠤᠰ᠎ᠤᠨ ᠭᠠᠵᠠᠷ ᠳᠡᠭᠡᠷᠡᠬᠢ ᠤᠰᠤᠨ᠎ᠤ ᠠᠮᠢ ᠠᠬᠤᠶ᠎ᠶ᠋ᠢᠨ ᠣᠷᠴᠢᠨ ᠲᠣᠭᠣᠷᠢᠨ ᠎ᠢ ᠬᠢᠨᠠᠨ ᠱᠢᠨᠵᠢᠬᠦ᠌ ᠰᠦᠯᠵᠢᠶ᠎ᠡ᠎ᠶ᠋ᠢ ᠲᠡᠭᠦᠯᠳᠡᠷᠵᠢᠭᠦᠯᠵᠦ᠍ ᠂ ᠲᠣᠭᠠᠴᠢᠯᠠᠭ᠍ᠰᠠᠨ ᠬᠢᠨᠠᠨ ᠱᠢᠨᠵᠢᠵᠦ᠍ ᠰᠡᠷᠡᠮᠵᠢᠯᠡᠭᠦᠯᠬᠦ᠌ ᠴᠢᠳᠠᠪᠤᠷᠢ᠎ᠶ᠋ᠢ ᠳᠡᠭᠡᠭ᠌ᠰᠢᠯᠡᠭᠦᠯᠦᠨ ᠂ ᠤᠰᠤᠨ᠎ᠤ ᠣᠷᠴᠢᠨ ᠲᠣᠭᠣᠷᠢᠨ ᠎ᠢ ᠵᠠᠰᠠᠬᠤ᠎ᠳᠤ ᠱᠢᠨᠵᠢᠯᠡᠬᠦ᠌ ᠤᠬᠠᠭᠠᠨᠴᠢ ᠲᠤᠯᠭᠠᠭᠤᠷᠢᠯᠠᠯ ᠬᠠᠩᠭᠠᠨ᠎ᠠ ᠃

  (ᠲᠠᠪᠤ) ᠤᠰᠤᠨ᠎ᠤ᠋ ᠰᠣᠶᠣᠯ᠎ᠢ᠋ ᠤᠯᠠᠮᠵᠢᠯᠠᠨ ᠵᠠᠯᠭᠠᠮᠵᠢᠯᠠᠬᠤ ᠪᠠ ᠱᠢᠨ᠎ᠡ᠎ᠶᠢ ᠡᠭᠦᠳᠬᠦ᠌

  ᠤᠰᠤᠨ᠎ᠤ ᠰᠣᠶᠣᠯ᠎ᠤᠨ ᠥᠪ᠎ᠦᠨ ᠬᠠᠮᠠᠭᠠᠯᠠᠯᠲᠠ᠄

  ᠤᠰᠤᠨ ᠠᠱᠢᠭ᠍ᠯᠠᠯᠲᠠ᠎ᠶ᠋ᠢᠨ ᠥᠪ᠎ᠢ ᠬᠠᠮᠠᠭᠠᠯᠠᠬᠤ᠂ ᠤᠯᠤᠰ᠎ᠤᠨ ᠰᠣᠶᠣᠯ᠎ᠤᠨ ᠴᠡᠴᠡᠷᠯᠢᠭ᠎ᠢ ᠪᠦᠲᠦᠭᠡᠨ ᠪᠠᠢᠭᠤᠯᠵᠤ ᠬᠠᠮᠠᠭᠠᠯᠠᠬᠤ ᠵᠡᠷᠭᠡ ᠲᠥᠷᠥᠯ ᠵᠦᠢᠯ᠎ᠢ ᠳᠡᠮᠵᠢᠵᠦ᠍᠂ ᠤᠰᠤᠨ᠎ᠤ ᠰᠣᠶᠣᠯ᠎ᠤᠨ ᠥᠷᠲᠡᠭ᠎ᠢ ᠠᠭᠤᠳᠠᠯᠬᠤ ᠪᠠ ᠤᠯᠠᠮᠵᠢᠯᠠᠨ᠎ᠠ᠃

  ᠤᠰᠤᠨ᠎ᠤ ᠰᠣᠶᠣᠯ᠎ᠤᠨ ᠤᠯᠠᠮᠵᠢᠯᠠᠯ᠄

  ᠪᠠᠢᠭᠠᠯᠢ᠎ᠶ᠋ᠢᠨ ᠭᠣᠤᠯ ᠮᠥᠷᠡᠨ ᠪᠠ ᠤᠰᠤᠨ ᠠᠱᠢᠭ᠍ᠯᠠᠯᠲᠠ᠎ᠶ᠋ᠢᠨ ᠢᠨᠵᠧᠨᠧᠷᠢᠩ᠎ᠲᠤ ᠲᠦᠱᠢᠭ᠌ᠯᠡᠨ ᠂ ᠤᠰᠤᠨ᠎ᠤ ᠰᠣᠶᠣᠯ᠎ᠤᠨ ᠡᠬᠢ ᠪᠠᠶᠠᠯᠢᠭ ᠎ᠢ ᠨᠡᠭᠡᠭᠡᠨ ᠬᠥᠭ᠌ᠵᠢᠭᠦᠯᠵᠦ᠍ ᠂ ᠤᠰᠤᠨ᠎ᠤ ᠰᠣᠶᠣᠯ᠎ᠤᠨ ᠠᠵᠢᠯᠯᠠᠭ᠎ᠠ᠎ᠶ᠋ᠢ ᠡᠷᠬᠢᠯᠡᠵᠦ᠍ ᠂ ᠣᠯᠠᠨ ᠨᠡᠢᠲᠡ᠎ᠶ᠋ᠢᠨ ᠤᠰᠤᠨ᠎ᠤ ᠰᠣᠶᠣᠯ᠎ᠤᠨ ᠦᠵᠡᠯ ᠤᠬᠠᠮᠰᠠᠷ ᠪᠠ ᠣᠷᠣᠯᠴᠠᠬᠤ ᠬᠡᠮᠵᠢᠶ᠎ᠡ᠎ᠶ᠋ᠢ ᠳᠡᠭᠡᠭ᠌ᠰᠢᠯᠡᠭᠦᠯᠦᠨ᠎ᠡ ᠃

  (ᠵᠢᠷᠭᠤᠭ᠎ᠠ) ᠱᠢᠨᠵᠢᠯᠡᠬᠦ᠌ ᠤᠬᠠᠭᠠᠨ ᠲᠸᠭ᠌ᠨᠢᠭ ᠮᠡᠷᠭᠡᠵᠢᠯ᠎ᠤᠨ ᠱᠢᠨ᠎ᠡ᠎ᠶ᠋ᠢ ᠡᠭᠦᠳᠬᠦ᠌ ᠪᠠ ᠴᠢᠳᠠᠪᠤᠷᠢᠲᠠᠨ ᠬᠦᠮᠦᠵᠢᠭᠦᠯᠬᠦ᠌

  ᠱᠢᠨᠵᠢᠯᠡᠬᠦ᠌ ᠤᠬᠠᠭᠠᠨ ᠲᠸᠭ᠌ᠨᠢᠭ ᠮᠡᠷᠭᠡᠵᠢᠯ᠎ᠤᠨ ᠪᠣᠭᠤᠮᠲᠠ ᠱᠢᠪᠲᠤᠯᠬᠤ᠄

  ᠭᠤᠣᠯ ᠮᠥᠷᠡᠨ᠎ᠢ ᠬᠠᠮᠠᠭᠠᠯᠠᠨ ᠵᠠᠰᠠᠬᠤ ᠴᠢᠬᠤᠯᠠ ᠶᠡᠭᠡ ᠠᠰᠠᠭᠤᠳᠠᠯ᠎ᠢ ᠰᠤᠳᠤᠯᠬᠤ᠂ ᠵᠠᠩᠭᠢᠯᠠᠭ᠎ᠠ᠎ᠶ᠋ᠢᠨ ᠮᠡᠷᠭᠡᠵᠢᠯ᠎ᠤᠨ ᠪᠣᠭᠤᠮᠲᠠ ᠱᠢᠪᠲᠤᠯᠬᠤ ᠪᠠ ᠲᠤᠨᠤᠭ ᠲᠥᠬᠦᠭᠡᠷᠦᠮᠵᠢ᠎ᠶ᠋ᠢ ᠰᠤᠳᠤᠯᠤᠨ ᠨᠡᠭᠡᠭᠡᠬᠦ᠌᠎ᠶ᠋ᠢ ᠳᠡᠮᠵᠢᠵᠦ᠍᠂ ᠭᠤᠣᠯ ᠮᠥᠷᠡᠨ᠎ᠢ ᠬᠠᠮᠠᠭᠠᠯᠠᠨ ᠵᠠᠰᠠᠬᠤ ᠱᠢᠨᠵᠢᠯᠡᠬᠦ᠌ ᠤᠬᠠᠭᠠᠨ ᠲᠸᠭ᠌ᠨᠢᠭ ᠮᠡᠷᠭᠡᠵᠢᠯ᠎ᠤᠨ ᠠᠭᠤᠯᠤᠭ᠍ᠳᠠᠴᠠ ᠪᠠ ᠤᠶᠤᠨᠴᠢᠯᠠᠯᠲᠠ᠎ᠶ᠋ᠢᠨ ᠲᠦᠪᠱᠢᠨ᠎ᠢ ᠳᠡᠭᠡᠭ᠌ᠰᠢᠯᠡᠭᠦᠯᠦᠨ᠎ᠡ᠃

  ᠴᠢᠳᠠᠪᠤᠷᠢᠲᠠᠨ᠎ᠢ ᠬᠥᠮᠦᠵᠢᠭᠦᠯᠬᠦ᠄

  ᠤᠰᠤᠨ ᠠᠱᠢᠭ᠍ᠯᠠᠯᠲᠠ᠎ᠶ᠋ᠢᠨ ᠠᠵᠢᠯ ᠲᠦᠷᠦᠯ᠎ᠤᠨ ᠱᠢᠨᠵᠢᠯᠡᠬᠦ᠌ ᠤᠬᠠᠭᠠᠨ ᠲᠸᠭ᠌ᠨᠢᠭ ᠮᠡᠷᠭᠡᠵᠢᠯ᠎ᠤᠨ ᠴᠢᠳᠠᠪᠤᠷᠢᠲᠠᠨ᠎ᠢ ᠬᠥᠮᠦᠵᠢᠭᠦᠯᠬᠦ᠌ ᠪᠠ ᠣᠷᠣᠭᠤᠯᠤᠨ ᠠᠪᠴᠢᠷᠠᠬᠤ᠎ᠶ᠋ᠢ ᠴᠢᠩᠭᠠᠳᠭᠠᠵᠤ᠂ ᠭᠤᠣᠯ ᠮᠥᠷᠡᠨ᠎ᠢ ᠬᠠᠮᠠᠭᠠᠯᠠᠨ ᠵᠠᠰᠠᠬᠤ᠎ᠳᠤ ᠴᠢᠳᠠᠪᠤᠷᠢᠲᠠᠨ᠎ᠤ ᠪᠠᠲᠤᠯᠠᠭ᠎ᠠ ᠪᠠ ᠤᠶᠤᠨ᠎ᠤ ᠳᠡᠮᠵᠢᠯᠭᠡ ᠬᠠᠩᠭᠠᠨ᠎ᠠ᠃

  ᠭᠤᠷᠪᠠ᠂ ᠮᠡᠳᠡᠭᠦᠯᠬᠦ᠌ ᠱᠠᠭᠠᠷᠳᠠᠯᠭ᠎ᠠ ᠪᠠ ᠴᠠᠭ ᠬᠤᠭᠤᠴᠠᠭᠠᠨ᠎ᠤ ᠵᠠᠩᠭᠢᠯᠠᠭ᠎ᠠ᠎ᠶ᠋ᠢᠨ ᠴᠡᠭ

  ᠣᠨᠴᠠᠭᠠᠢᠯᠠᠨ ᠰᠠᠨᠠᠭᠤᠯᠬᠤ᠎ᠨᠢ᠄ ᠠᠳᠠᠯᠢ ᠪᠤᠰᠤ ᠮᠤᠵᠢ᠎ᠳᠤ ᠵᠥᠷᠢᠶᠡᠲᠦ ᠱᠠᠭᠠᠷᠳᠠᠯᠭ᠎ᠠ ᠣᠷᠣᠱᠢᠵᠤ ᠮᠡᠳᠡᠨ᠎ᠡ᠂ ᠵᠢᠱ᠌ᠢᠶᠡᠯᠡᠪᠡᠯ ᠭᠤᠸᠠᠩᠳᠦ᠋ᠩ ᠮᠤᠵᠢ᠎ᠳᠤ ᠤᠰᠤ ᠠᠷᠪᠢᠯᠠᠬᠤ ᠲᠥᠷᠥᠯ ᠵᠦᠢᠯ᠎ᠢ ᠡᠷᠬᠡᠪᠰᠢ ᠮᠤᠵᠢ᠎ᠶ᠋ᠢᠨ ᠱᠠᠲᠤᠨ᠎ᠤ ᠲᠥᠯᠥᠪᠵᠢᠭᠦᠯᠭᠡ᠎ᠳᠦ ᠣᠷᠣᠭᠤᠯᠬᠤ᠎ᠪᠠᠷ ᠱᠠᠭᠠᠷᠳᠠᠭ᠍ᠰᠠᠨ ᠪᠣᠯᠪᠠᠴᠤ᠌ ᠭᠣᠶᠣ ᠰᠠᠢᠬᠠᠨ ᠭᠣᠤᠯ ᠮᠥᠷᠡᠨ ᠨᠠᠭᠤᠷ ᠴᠥᠭᠥᠷᠥᠮ᠎ᠦᠨ ᠲᠥᠷᠥᠯ ᠵᠦᠢᠯ᠎ᠦᠨ ᠵᠡᠭᠦᠨ ᠬᠡᠰᠡᠭ᠎ᠦᠨ ᠭᠠᠵᠠᠷ ᠣᠷᠣᠨ᠎ᠤ ᠨᠥᠬᠥᠪᠥᠷᠢ᠎ᠶ᠋ᠢᠨ ᠬᠠᠷᠢᠴᠠᠯ ᠨᠢ 60% ᠪᠣᠯᠤᠨ᠎ᠠ᠃ ᠮᠡᠳᠡᠭᠦᠯᠬᠦ᠌᠎ᠡᠴᠡ ᠡᠮᠦᠨ᠎ᠡ ᠡᠷᠬᠡᠪᠰᠢ ᠬᠠᠮᠤᠭ᠎ᠤᠨ ᠱᠢᠨ᠎ᠡ ᠭᠠᠵᠠᠷ ᠣᠷᠣᠨ᠎ᠤ ᠬᠡᠷᠡᠭ᠌ᠵᠢᠭᠦᠯᠬᠦ᠌ ᠨᠠᠷᠢᠨ ᠳᠦᠷᠢᠮ᠎ᠢ ᠪᠠᠢᠴᠠᠭᠠᠨ  ᠦᠵᠡᠨ᠎ᠡ᠃

  (ᠨᠢᠭᠡ) ᠦᠵᠡᠰᠭᠦᠯᠡᠩᠲᠦ ᠰᠠᠢᠬᠠᠨ ᠭᠤᠤᠯ ᠮᠥᠷᠡᠨ ᠨᠠᠭᠤᠷ ᠴᠥᠭᠦᠷᠥᠮ᠎ᠢ ᠬᠠᠮᠠᠭᠠᠯᠠᠬᠤ ᠪᠠ ᠪᠦᠲᠦᠭᠡᠨ ᠪᠠᠢᠭᠤᠯᠬᠤ ᠲᠥᠷᠥᠯ ᠵᠦᠢᠯ᠎ᠢ ᠭᠤᠶᠤᠴᠢᠯᠠᠨ ᠮᠡᠳᠡᠭᠦᠯᠬᠦ᠌

  ᠮᠡᠳᠡᠭᠦᠯᠬᠦ᠌ ᠱᠠᠭᠠᠷᠳᠠᠯᠭ᠎ᠠ᠄

  ᠮᠡᠳᠡᠭᠦᠯᠬᠦ᠌ ᠭᠤᠤᠯ ᠴᠣᠭ᠍ᠴᠠ᠎ᠨᠢ ᠲᠤᠰᠭᠠᠶ ᠣᠷᠣᠨ᠎ᠤ ᠲᠠᠰ ᠵᠢᠴᠢ ᠲᠡᠭᠦᠨ᠎ᠠᠴᠠ ᠳᠡᠭᠡᠭ᠌ᠰᠢᠬᠢ ᠬᠤᠲᠠ (ᠱᠢᠭᠤᠳ ᠬᠠᠷᠢᠶ᠎ᠠ ᠬᠤᠲᠠ ᠪᠠ ᠬᠠᠢᠨᠠᠨ ᠮᠤᠵᠢ ᠣᠷᠣᠨ ᠠᠯᠤᠰᠯᠠᠨ ᠬᠤᠯᠪᠣᠭᠠᠯᠠᠨ ᠮᠡᠳᠡᠭᠦᠯᠵᠦ᠍ ᠪᠤᠯᠤᠨ᠎ᠠ ) ᠪᠠᠢᠬᠤ ᠬᠡᠷᠡᠭ᠌ᠲᠡᠶ

  ᠬᠡᠷᠡᠭ᠌ᠵᠢᠭᠦᠯᠬᠦ᠌ ᠲᠥᠰᠦᠯ᠎ᠳᠤ ᠰᠠᠪᠠ ᠭᠠᠵᠠᠷ᠎ᠤᠨ ᠵᠠᠰᠠᠯᠲᠠ᠎ᠶ᠋ᠢᠨ ᠪᠦᠬᠦᠯᠢ ᠴᠣᠭ᠍ᠴᠠ᠎ᠶ᠋ᠢᠨ ᠲᠥᠯᠥᠪᠵᠢᠭᠦᠯᠭᠡ᠎ᠶ᠋ᠢ ᠪᠠᠭ᠍ᠲᠠᠭᠠᠵᠤ᠂ 《ᠨᠢᠭᠡ ᠭᠤᠣᠯ᠎ᠳᠤ ᠨᠢᠭᠡ ᠲᠦᠷᠤ᠎ᠶ᠋ᠢᠨ ᠪᠣᠳᠣᠯᠭ᠎ᠠ》 ᠎ᠶ᠋ᠢᠨ ᠵᠠᠰᠠᠯᠲᠠ᠎ᠶ᠋ᠢᠨ ᠠᠷᠭ᠎ᠠ ᠬᠡᠮᠵᠢᠶ᠎ᠡ ᠪᠠ ᠣᠨ᠎ᠤ ᠵᠠᠳᠠᠯᠤᠯᠲᠠ᠎ᠶ᠋ᠢᠨ ᠬᠠᠷᠠᠯᠲᠠ᠎ᠶ᠋ᠢ ᠲᠣᠳᠣᠷᠬᠠᠢᠯᠠᠬᠤ ᠬᠡᠷᠡᠭ᠌ᠲᠡᠢ

  ᠤᠤᠭᠤᠬᠤ ᠤᠰᠤᠨ᠎ᠤ ᠤᠰᠤᠨ ᠰᠣᠷᠪᠤᠯᠵᠢ ᠂ ᠭᠣᠣᠯ ᠮᠥᠷᠡᠨ᠎ᠦ ᠡᠬᠢ ᠰᠣᠷᠪᠤᠯᠵᠢ ᠵᠡᠷᠭᠡ ᠰᠡᠷᠬᠡᠭ ᠣᠷᠣᠨ ᠪᠦᠰᠡ᠎ᠶ᠋ᠢᠨ ᠶᠡᠷᠦᠩᠬᠡᠢᠯᠡᠨ ᠵᠠᠰᠠᠬᠤ  ᠢᠨᠵᠸᠨ᠋ᠸᠷᠢᠩ᠎ᠢ ᠭᠣᠣᠯᠳᠠᠯᠭ᠎ᠠ᠎ᠲᠠᠢ ᠳᠡᠮᠵᠢᠨ᠎ᠡ

  ᠣᠷᠣᠨ ᠨᠤᠲᠤᠭ᠎ᠤᠨ ᠵᠠᠰᠠᠭ᠎ᠤᠨ ᠣᠷᠳᠣᠨ᠎ᠤ ᠢᠵᠢ ᠪᠦᠷᠢᠳᠦᠭᠦᠯᠬᠦ᠌ ᠪᠡᠯᠡ ᠮᠥᠩᠭᠦ᠎ᠶ᠋ᠢᠨ ᠠᠮᠠᠯᠠᠯᠲᠠ᠎ᠶ᠋ᠢᠨ ᠵᠠᠬᠢᠳᠠᠯ ᠵᠢᠴᠢ ᠨᠡᠢᠭᠡᠮ᠎ᠤᠨ ᠬᠥᠷᠥᠩᠭᠡ᠎ᠶ᠋ᠢᠨ ᠣᠷᠣᠯᠴᠠᠬᠤ ᠭᠡᠷᠡᠴᠢ᠎ᠶ᠋ᠢ ᠬᠠᠩᠭᠠᠬᠤ ᠴᠢᠬᠤᠯᠠᠲᠠᠢ

  ᠴᠠᠭ᠎ᠤᠨ ᠵᠠᠩᠭᠢᠶᠠᠰᠤ᠄

  ᠮᠤᠵᠢ᠎ᠶ᠋ᠢᠨ ᠱᠠᠲᠤᠨ᠎ᠠᠴᠠ ᠮᠡᠳᠡᠭᠦᠯᠬᠦ᠌ ᠴᠠᠭ᠄ 2025 ᠣᠨ᠎ᠤ 3 ᠳ᠋ᠤᠭᠠᠷ ᠰᠠᠷ᠎ᠠ᠎ᠶ᠋ᠢᠨ 10 ᠎ᠤ ᠡᠳᠦᠷ

  ᠤᠯᠤᠰ᠎ᠤᠨ ᠥᠷᠢᠰᠥᠯᠳᠦᠭᠡᠨ᠎ᠤ ᠴᠢᠨᠠᠷᠲᠠᠶ ᠬᠢᠨᠠᠨ ᠲᠣᠭ᠍ᠲᠠᠭᠠᠯᠲᠠ᠄ 2025 ᠣᠨ᠎ᠤ 4 ᠳ᠋ᠦ᠍ᠭᠡᠷ ᠰᠠᠷ᠎ᠠ

  ᠪᠡᠯᠡ ᠮᠦᠩᠬᠦ᠌᠎ᠶ᠋ᠢ ᠲᠦᠷᠪᠡᠨ ᠵᠢᠯ ᠬᠤᠪᠢᠶᠠᠨ ᠰᠠᠯᠭᠠᠨ ᠦᠭ᠌ᠴᠦ᠂ ᠠᠩᠬᠠᠨ᠎ᠤ ᠬᠤᠭᠤᠴᠠᠭᠠᠨ᠎ᠤ ᠪᠡᠯᠡ ᠮᠦᠩᠬᠦ᠌᠎ᠶ᠋ᠢ ᠬᠢᠨᠠᠨ ᠲᠤᠭ᠍ᠳᠠᠭᠠᠵᠤ ᠪᠠᠳᠤᠯᠠᠭ᠍ᠰᠠᠨ᠎ᠤ ᠲᠠᠷᠠᠭ᠎ᠠ ᠪᠠᠭᠤᠯᠭᠠᠨ᠎ᠠ

  (ᠬᠤᠶᠠᠷ) ᠭᠣᠣᠯᠳᠠᠯᠭ᠎ᠠ᠎ᠲᠠᠢ ᠰᠠᠪᠠ ᠭᠠᠵᠠᠷ᠎ᠤ᠋ᠨ ᠤᠰᠤᠨ᠎ᠤ᠋ ᠣᠷᠴᠢᠨ ᠲᠣᠭᠣᠷᠢᠨ᠎ᠢ᠋ ᠵᠠᠰᠠᠬᠤ ᠲᠤᠰᠭᠠᠢ ᠵᠦᠢᠯ

  ᠮᠡᠳᠡᠭᠦᠯᠬᠦ᠌ ᠱᠠᠭᠠᠷᠳᠠᠯᠭ᠎ᠠ᠄

  ᠲᠥᠷᠥᠯ ᠵᠦᠢᠯ᠎ᠢ ᠨᠢᠭᠡᠨᠲᠡ ᠤᠯᠤᠰ᠎ᠤᠨ ᠴᠢᠬᠤᠯᠠ ᠶᠡᠭᠡ ᠪᠦᠲᠦᠭᠡᠨ ᠪᠠᠢᠭᠤᠯᠤᠯᠲᠠ᠎ᠶ᠋ᠢᠨ ᠲᠥᠷᠥᠯ ᠵᠦᠢᠯ᠎ᠤᠨ ᠬᠥᠮᠥᠷᠭᠡ ᠵᠢᠴᠢ ᠭᠤᠷᠪᠠᠨ ᠵᠢᠯ᠎ᠤᠨ ᠡᠷᠭᠢᠯᠳᠦᠭᠦᠯᠬᠦ᠌ ᠲᠥᠯᠥᠪᠯᠡᠭᠡ᠎ᠳᠤ ᠣᠷᠣᠭᠤᠯᠬᠤ ᠴᠢᠬᠤᠯᠠᠲᠠᠶ ᠪᠠᠢᠨ᠎ᠠ

  ᠪᠥᠲᠥᠭᠡᠨ ᠪᠠᠢᠭᠤᠯᠬᠤ ᠠᠭᠤᠯᠭ᠎ᠠ᠎ᠳᠤ 2 ᠲᠥᠷᠥᠯ᠎ᠠᠴᠠ ᠳᠡᠭᠡᠭ᠌ᠰᠢᠬᠢ ᠵᠠᠰᠠᠬᠤ ᠠᠷᠭ᠎ᠠ ᠬᠡᠮᠵᠢᠶ᠎ᠡ᠎ᠶ᠋ᠢ ᠪᠠᠭ᠍ᠲᠠᠭᠠᠬᠤ ᠬᠡᠷᠡᠭ᠌ᠲᠡᠶ ( ᠵᠢᠱ᠌ᠢᠶᠡᠯᠡᠪᠡᠯ ᠪᠣᠬᠢᠷ ᠤᠰᠤᠨ᠎ᠤ ᠬᠤᠭᠤᠯᠠᠶ᠎ᠶ᠋ᠢᠨ ᠲᠣᠤᠷ + ᠠᠮᠢ ᠠᠬᠤᠶ᠎ᠶ᠋ᠢᠨ ᠡᠷᠭᠢ᠎ᠶ᠋ᠢ ᠬᠠᠮᠠᠭᠠᠯᠠᠬᠤ )

  ᠱᠢᠨ᠎ᠡ᠎ᠪᠠᠷ ᠪᠠᠢᠭᠤᠯᠬᠤ ᠲᠥᠷᠥᠯ ᠵᠦᠢᠯ᠎ᠤᠨ ᠪᠡᠯᠡ ᠮᠥᠩᠭᠦ᠎ᠶ᠋ᠢᠨ ᠪᠣᠳᠠᠲᠠᠢᠵᠢᠭᠤᠯᠬᠤ ᠨᠣᠷᠮ᠎ᠠ᠎ᠶ᠋ᠢ 15% ᠎ᠳᠤ ᠬᠦᠷᠦᠭᠦᠯᠵᠦ᠍᠂ ᠦᠷᠭᠦᠯᠵᠢᠯᠡᠨ ᠪᠠᠢᠭᠤᠯᠬᠤ ᠲᠥᠷᠥᠯ ᠵᠦᠢᠯ᠎ᠤᠨ ᠡᠮᠦᠨᠡᠬᠢ ᠬᠤᠭᠤᠴᠠᠭᠠᠨ᠎ᠤ ᠪᠡᠯᠡ ᠣᠷᠣᠭᠤᠯᠤᠯᠲᠠ᠎ᠶ᠋ᠢᠨ ᠡᠭᠦᠷᠭᠡ᠎ᠶ᠋ᠢ ᠪᠡᠶᠡᠯᠡᠭᠦᠯᠬᠦ᠌ ᠬᠡᠷᠡᠭ᠌ᠲᠡᠶ

  ᠪᠣᠷᠣᠭᠠᠨ᠎ᠤ ᠤᠰᠤᠨ᠎ᠤ ᠬᠤᠭᠤᠯᠠᠢ ᠲᠣᠣᠷ᠂ ᠬᠤᠭ ᠨᠣᠪᠰᠢ ᠱᠢᠲᠠᠭᠠᠬᠤ ᠵᠡᠷᠭᠡ ᠱᠢᠭᠤᠳ ᠬᠤᠯᠪᠣᠭ᠍ᠳᠠᠬᠤ ᠪᠤᠰᠤ ᠲᠥᠷᠥᠯ ᠵᠦᠢᠯ᠎ᠢ ᠭᠤᠶᠤᠴᠢᠯᠠᠨ ᠮᠡᠳᠡᠭᠦᠯᠬᠦ᠌᠎ᠶ᠋ᠢ ᠴᠠᠭᠠᠵᠠᠯᠠᠨ᠎ᠠ

  ᠴᠠᠭ᠎ᠤᠨ ᠵᠠᠩᠭᠢᠶᠠᠰᠤ᠄

  ᠣᠷᠣᠨ ᠨᠤᠲᠤᠭ᠎ᠤᠨ ᠠᠩᠬᠠᠨ᠎ᠤ ᠬᠢᠨᠠᠯᠲᠠ᠄ 2025 ᠣᠨ᠎ᠤ 9 ᠳ᠋ᠦ᠍ᠭᠡᠷ ᠰᠠᠷ᠎ᠠ᠎ᠶ᠋ᠢᠨ ᠰᠡᠭᠦᠯᠴᠢ

  ᠤᠯᠤᠰ᠎ᠤᠨ ᠬᠥᠭ᠌ᠵᠢᠭᠦᠯᠦᠯᠲᠡ ᠪᠠ ᠥᠭᠡᠷᠡᠴᠢᠯᠡᠯᠲᠡ᠎ᠶ᠋ᠢᠨ ᠵᠥᠪᠯᠡᠯ᠎ᠤᠨ ᠬᠢᠨᠠᠨ ᠲᠣᠭ᠍ᠲᠠᠭᠠᠯᠲᠠ᠄ 2025 ᠣᠨ᠎ᠤ 10 - 11 ᠳ᠋ᠦ᠍ᠭᠡᠷ ᠰᠠᠷ᠎ᠠ

  ᠪᠦᠲᠦᠭᠡᠨ ᠪᠠᠢᠭᠤᠯᠤᠯᠲᠠ᠎ᠶ᠋ᠢᠨ ᠦᠶᠡᠯᠡᠯ᠎ᠤᠨ ᠬᠤᠭᠤᠴᠠᠭ᠎ᠠ᠎ᠶ᠋ᠢᠨ ᠱᠠᠭᠠᠷᠳᠠᠯᠭ᠎ᠠ᠄ 3000 ᠲᠦᠮᠡ᠎ᠠᠴᠠ ᠳᠤᠷᠤᠭ᠍ᠰᠢᠬᠢ ᠲᠦᠷᠦᠯ ᠵᠦᠢᠯ 1 ᠵᠢᠯ᠂ 1 ᠳ᠋ᠦᠩᠱᠢᠭᠤᠷ ᠲᠦᠭᠦᠷᠢᠭ᠎ᠠᠴᠠ ᠳᠤᠷᠤᠭ᠍ᠰᠢᠬᠢ 2 ᠵᠢᠯ᠂ 1 ᠳ᠋ᠦᠩᠱᠢᠭᠤᠷ ᠲᠦᠭᠦᠷᠢᠭ᠎ᠠᠴᠠ ᠳᠠᠪᠠᠭ᠍ᠰᠠᠨ ᠨᠢ 3 ᠵᠢᠯ

  (ᠭᠤᠷᠪᠠ) ᠤᠰᠤᠨ᠎ᠤ ᠡᠬᠢ ᠪᠠᠶᠠᠯᠢᠭ᠎ᠢ ᠠᠷᠪᠢᠯᠠᠬᠤ ᠪᠠ ᠬᠠᠮᠠᠭᠠᠯᠠᠬᠤ ᠲᠤᠰᠭᠠᠢ ᠵᠦᠢᠯ

  ᠮᠡᠳᠡᠭᠦᠯᠬᠦ᠌ ᠱᠠᠭᠠᠷᠳᠠᠯᠭ᠎ᠠ᠄

  ᠮᠤᠵᠢ᠎ᠶ᠋ᠢᠨ ᠱᠠᠲᠤᠨ᠎ᠤ ᠤᠰᠤ ᠠᠷᠪᠢᠯᠠᠬᠤ ᠠᠵᠢᠯᠯᠠᠭ᠎ᠠ᠎ᠶ᠋ᠢᠨ ᠬᠡᠷᠡᠭ᠌ᠵᠢᠭᠦᠯᠬᠦ᠌ ᠲᠥᠰᠦᠯ ᠪᠠ 《ᠠᠷᠪᠠᠨ ᠳᠥᠷᠪᠡᠳᠦᠭᠡᠷ ᠲᠠᠪᠤᠨ ᠵᠢᠯ》 ᠎ᠤᠨ ᠲᠥᠯᠥᠪᠵᠢᠭᠦᠯᠭᠡ᠎ᠶ᠋ᠢᠨ ᠴᠢᠭ᠌ᠯᠡᠯ᠎ᠳᠤ ᠨᠡᠢᠴᠡᠭᠦᠯᠬᠦ᠌ ᠴᠢᠬᠤᠯᠠᠲᠠᠶ

  ᠤᠰᠤ ᠠᠷᠪᠢᠯᠠᠬᠤ ᠲᠥᠷᠥᠯ᠎ᠤᠨ ᠲᠥᠷᠥᠯ ᠵᠦᠶ᠋ᠯ᠎ᠨᠢ ᠵᠢᠱ᠌ᠢᠶ᠎ᠡ ᠦᠵᠡᠭᠦᠯᠦᠨ ᠳᠡᠯᠭᠡᠷᠡᠭᠦᠯᠬᠦ᠌ ᠦᠨ᠎ᠡ ᠥᠷᠲᠡᠭ᠎ᠲᠠᠢ ᠪᠠᠢᠬᠤ ᠬᠡᠷᠡᠭ᠌ᠲᠡᠶ ( ᠤᠰᠤ ᠠᠷᠪᠢᠯᠠᠬᠤ ᠨᠣᠷᠮ᠎ᠠ≥ 20% )

  ᠠᠮᠢ ᠠᠬᠤᠢ᠎ᠶ᠋ᠢᠨ ᠰᠡᠷᠭᠦᠭᠡᠯᠲᠡ᠎ᠶ᠋ᠢᠨ ᠲᠦᠷᠦᠯ᠎ᠤᠨ ᠲᠦᠷᠦᠯ ᠵᠦᠢᠯ᠎ᠳᠤ ᠦᠨᠳᠦᠰᠦᠨ ᠱᠤᠭᠤᠮ᠎ᠤᠨ ᠬᠢᠨᠠᠨ ᠬᠡᠮᠵᠢᠯᠲᠡ᠎ᠶ᠋ᠢᠨ ᠲᠤᠭ᠎ᠠ ᠪᠠᠷᠢᠮᠲᠠ ᠬᠠᠩᠭᠠᠬᠤ ᠬᠡᠷᠡᠭ᠌ᠲᠡᠢ

  ᠰᠤᠳᠤᠯᠵᠤ ᠪᠣᠯᠬᠤ ᠴᠣᠬᠤᠯᠲᠠ ᠵᠡᠷᠭᠡ ᠡᠮᠦᠨᠡᠬᠢ ᠬᠤᠭᠤᠴᠠᠭᠠᠨ᠎ᠤ ᠭᠠᠷᠳᠠᠮ᠎ᠢ ᠪᠡᠶᠡᠯᠡᠭᠦᠯᠬᠦ᠌ ᠬᠡᠷᠡᠭ᠌ᠲᠡᠶ᠃

  ᠴᠠᠭ᠎ᠤᠨ ᠵᠠᠩᠭᠢᠶᠠᠰᠤ᠄

  ᠭᠤᠸᠠᠩᠳᠦ᠋ᠩ ᠮᠤᠵᠢ᠎ᠳᠤ ᠮᠡᠳᠡᠭᠦᠯᠬᠦ᠌ ᠴᠣᠩᠬᠤ᠄ 2025 ᠣᠨ᠎ᠤ 4 ᠳ᠋ᠦ᠍ᠭᠡᠷ ᠰᠠᠷ᠎ᠠ

  ᠵᠢᠶᠠᠩ ᠮᠧᠨ ᠬᠤᠲᠠ᠎ᠶ᠋ᠢᠨ ᠲᠠᠨ ᠵᠢᠶᠠᠩ ᠪᠠᠯᠠ ᠮᠥᠩᠭᠦ᠎ᠶ᠋ᠢ ᠭᠤᠶᠤᠴᠢᠯᠠᠨ ᠮᠡᠳᠡᠭᠦᠯᠬᠦ᠄ ᠣᠨ᠎ᠤ ᠦᠩᠭᠦᠷᠢᠭᠦᠯ ᠭᠤᠶᠤᠴᠢᠯᠠᠨ ᠮᠡᠳᠡᠭᠦᠯᠵᠦ᠍᠂ 2025 ᠣᠨ᠎ᠤ ᠪᠠᠭ᠍ᠴᠠ 5 ᠳ᠋ᠤᠭᠠᠷ ᠰᠠᠷ᠎ᠠ᠎ᠳᠤ ᠵᠠᠷᠯᠠᠨ ᠨᠡᠢᠲᠡᠯᠡᠨ᠎ᠡ

  (ᠲᠦᠷᠪᠡ) ᠲᠦᠪ᠎ᠤᠨ ᠠᠮᠢ ᠠᠬᠤᠢ᠎ᠶ᠋ᠢᠨ ᠤᠷᠴᠢᠨ ᠲᠤᠭᠤᠷᠢᠨ᠎ᠤ ᠪᠡᠯᠡ ᠮᠦᠩᠭᠦ᠎ᠶ᠋ᠢᠨ ᠲᠦᠷᠦᠯ ᠵᠦᠢᠯ

  ᠮᠡᠳᠡᠭᠦᠯᠬᠦ᠌ ᠣᠨᠴᠠᠯᠢᠭ᠄

  ᠪᠦᠬᠦ᠌ ᠵᠢᠯ᠎ᠳᠤ ᠨᠡᠭᠡᠭᠡᠯᠲᠡ᠎ᠲᠠᠢ ᠬᠥᠮᠥᠷᠭᠡ᠎ᠳᠤ ᠣᠷᠣᠭᠤᠯᠵᠤ᠂ ᠵᠢᠯ ᠪᠦᠷᠢ᠎ᠶ᠋ᠢᠨ 4 ᠳ᠋ᠦ᠍ᠭᠡᠷ ᠰᠠᠷ᠎ᠠ / 9 ᠳ᠋ᠦ᠍ᠭᠡᠷ ᠰᠠᠷ᠎ᠠ᠎ᠳᠤ ᠲᠥᠪᠯᠡᠷᠡᠭᠦᠯᠦᠨ ᠬᠢᠨᠠᠨ ᠬᠠᠷᠭᠤᠭᠤᠯᠤᠨ᠎ᠠ

  《ᠨᠢᠭᠡ ᠬᠡᠷᠡᠭ ᠬᠤᠶᠠᠷ ᠵᠢᠷᠤᠭ》 (ᠬᠡᠷᠡᠭ᠌ᠵᠢᠭᠦᠯᠬᠦ᠌ ᠲᠥᠰᠦᠯ᠂ ᠲᠥᠷᠥᠯ ᠵᠦᠢᠯ᠎ᠤᠨ ᠪᠠᠢᠷᠢᠱᠢᠭᠤᠯᠤᠯᠲᠠ᠎ᠶ᠋ᠢᠨ ᠵᠢᠷᠤᠭ᠂ ᠦᠷ᠎ᠡ ᠪᠦᠲᠦᠮᠵᠢ᠎ᠶ᠋ᠢᠨ ᠵᠢᠷᠤᠭ) ᠎ᠢ ᠨᠠᠢᠷᠠᠭᠤᠯᠤᠨ ᠵᠣᠬᠢᠶᠠᠬᠤ ᠴᠢᠬᠤᠯᠠᠲᠠᠶ

  ᠢᠨᠵᠸᠨ᠋ᠸᠷᠢᠩ᠎ᠦᠨ ᠲᠥᠷᠥᠯ᠎ᠤᠨ ᠲᠥᠷᠥᠯ ᠵᠦᠢᠯ᠎ᠢ ᠴᠣᠬᠤᠯᠠᠪᠤᠷᠢᠯᠠᠬᠤ ᠡᠷᠬᠡ ᠮᠡᠳᠡᠯ᠎ᠤᠨ ᠬᠡᠪᠴᠢᠶ᠎ᠡ᠎ᠶ᠋ᠢ ᠣᠷᠣᠨ ᠨᠤᠲᠤᠭ᠎ᠤᠨ ᠲᠣᠭ᠍ᠲᠠᠭᠠᠯ ᠶᠣᠰᠣᠭᠠᠷ ᠬᠡᠷᠡᠭ᠌ᠵᠢᠭᠦᠯᠦᠨ᠎ᠡ᠃

  ᠡᠯ᠎ᠡ ᠬᠦᠷᠢᠶᠡᠨ᠎ᠤ ᠳᠡᠮᠵᠢᠯᠭᠡ᠎ᠶ᠋ᠢᠨ ᠡᠷᠴᠢᠮ

  ᠣᠨᠴᠠᠭᠠᠢ ᠰᠠᠨᠠᠭᠤᠯᠤᠮᠵᠢ ᠄ ᠠᠳᠠᠯᠢ ᠪᠤᠰᠤ ᠮᠣᠵᠢ᠎ᠳ᠋ᠤ ᠵᠥᠷᠢᠶᠡᠲᠦ ᠱᠠᠭᠠᠷᠳᠠᠯᠭ᠎ᠠ ᠣᠷᠣᠱᠢᠵᠤ ᠂ ᠪᠣᠳᠠᠲᠠᠢ᠎ᠪᠠᠷ ᠪᠠᠷᠢᠮᠵᠢᠶ᠎ᠠ ᠪᠣᠯᠭᠠᠵᠤ ᠮᠡᠳᠡᠨ᠎ᠡ᠃

  ᠨᠢᠭᠡ ᠂ ᠭᠣᠤᠯᠳᠠᠯᠭ᠎ᠠ᠎ᠲᠠᠶ ᠰᠠᠪᠠ ᠭᠠᠵᠠᠷ᠎ᠤᠨ ᠤᠰᠤᠨ᠎ᠤ ᠣᠷᠴᠢᠨ ᠲᠣᠭᠣᠷᠢᠨ᠎ᠤ ᠵᠠᠰᠠᠯᠲᠠ᠎ᠶ᠋ᠢᠨ ᠲᠤᠰᠭᠠᠶ ᠵᠦᠢᠯ

  ᠨᠦᠬᠦᠪᠦᠷᠢ ᠥᠭ᠌ᠬᠦ ᠬᠠᠷᠢᠴᠠᠯ

  ᠵᠡᠭᠦᠨ ᠬᠡᠰᠡᠭ᠎ᠤᠨ ᠭᠠᠵᠠᠷ ᠣᠷᠣᠨ᠄ ᠬᠢᠨᠠᠨ ᠲᠣᠭ᠍ᠲᠠᠭᠠᠭ᠍ᠰᠠᠨ ᠶᠡᠷᠦᠩᠬᠡᠢ ᠪᠡᠯᠡ ᠣᠷᠣᠭᠤᠯᠤᠯᠲᠠ᠎ᠶ᠋ᠢᠨ 50% ᠎ᠠᠴᠠ ᠬᠡᠲᠦᠷᠡᠵᠦ᠍ ᠪᠣᠯᠬᠤ ᠦᠭᠡᠢ

  ᠳᠤᠮᠳᠠ ᠬᠡᠰᠡᠭ᠎ᠦᠨ ᠭᠠᠵᠠᠷ ᠣᠷᠣᠨ ᠄ 60%

  ᠪᠠᠷᠠᠭᠤᠨ ᠬᠡᠰᠡᠭ᠎ᠦᠨ ᠭᠠᠵᠠᠷ ᠣᠷᠤᠨ ᠵᠢᠴᠢ ᠵᠡᠭᠦᠨ ᠬᠣᠢᠲᠤ᠎ᠶ᠋ᠢᠨ ᠣᠷᠤᠨ ᠄ 80% ( ᠭᠤᠷᠪᠠᠨ ᠬᠠᠪᠴᠢᠯ᠎ᠤᠨ ᠴᠥᠬᠥᠷᠥᠮ᠎ᠦᠨ ᠣᠷᠤᠨ ᠂ ᠳ᠋ᠠᠨᠵᠢᠶᠠᠩ ᠺᠸᠤ ᠴᠦᠭᠦᠷᠦᠮ᠎ᠦᠨ ᠣᠷᠤᠨ᠎ᠤ ᠪᠠᠷᠠᠭᠤᠨ ᠬᠡᠰᠡᠭ᠎ᠦᠨ ᠪᠠᠷᠢᠮᠵᠢᠶ᠎ᠠ ᠲᠠᠢ ᠬᠠᠷᠢᠴᠠᠭᠤᠯᠪᠠᠯ)

  ᠲᠣᠳᠣᠷᠬᠠᠢᠯᠠᠯ᠄ ᠶᠡᠷᠦᠩᠬᠡᠶ ᠪᠡᠯᠡ ᠣᠷᠣᠭᠤᠯᠤᠯᠲᠠ᠎ᠶ᠋ᠢ ᠬᠢᠨᠠᠨ ᠲᠣᠭ᠍ᠲᠠᠭᠠᠬᠤ᠎ᠳᠤ ᠭᠠᠵᠠᠷ ᠲᠠᠲᠠᠪᠤᠷᠢᠯᠠᠨ ᠨᠤᠷᠠᠭᠠᠵᠤ ᠨᠡᠭᠦᠯᠭᠡᠬᠦ᠂ ᠪᠡᠯᠡᠳᠭᠡᠯ ᠵᠠᠷᠤᠳᠠᠯ ᠵᠡᠷᠭᠡ ᠬᠣᠶᠠᠳᠤᠭᠠᠷ ᠲᠥᠷᠥᠯ᠎ᠦᠨ ᠵᠠᠷᠤᠳᠠᠯ ᠪᠠᠭ᠍ᠲᠠᠬᠤ ᠦᠭᠡᠶ᠃

  ᠲᠤᠳᠣᠷᠬᠠᠢᠯᠠᠯᠳᠠ᠎ᠶ᠋ᠢᠨ ᠱᠠᠭᠠᠷᠳᠠᠯᠭ᠎ᠠ

  ᠲᠥᠷᠥᠯ ᠵᠦᠢᠯ᠎ᠢ ᠤᠯᠤᠰ ᠪᠤᠶᠤ ᠮᠤᠵᠢ᠎ᠶ᠋ᠢᠨ ᠱᠠᠲᠤᠨ᠎ᠤ ᠲᠥᠯᠥᠪᠵᠢᠭᠦᠯᠵᠦ᠍ ᠨᠥᠭᠡᠴᠡᠯᠡᠬᠦ᠌ ᠬᠥᠮᠥᠷᠭᠡ᠎ᠳᠤ ᠣᠷᠣᠭᠤᠯᠬᠤ ᠴᠢᠬᠤᠯᠠᠲᠠᠶ ᠮᠥᠷᠲᠡᠭᠡᠨ ᠱᠢᠨ᠎ᠡ᠎ᠪᠠᠷ ᠪᠠᠢᠭᠤᠯᠬᠤ ᠲᠥᠷᠥᠯ ᠵᠦᠢᠯ᠎ᠤᠨ ᠪᠠᠯᠠ ᠮᠥᠩᠭᠦ᠎ᠶ᠋ᠢᠨ ᠣᠷᠣᠨ ᠪᠠᠢᠷᠢ᠎ᠶ᠋ᠢᠨ ᠨᠣᠷᠮ᠎ᠠ᠎ᠶ᠋ᠢ 15% ᠎ᠪᠠᠷ ᠳᠡᠭᠡᠭ᠌ᠰᠢᠯᠡᠭᠦᠯᠦᠨ᠎ᠡ᠃

  ᠪᠥᠲᠥᠭᠡᠨ ᠪᠠᠢᠭᠤᠯᠬᠤ ᠠᠭᠤᠯᠭ᠎ᠠ᠎ᠳᠤ 2 ᠲᠥᠷᠥᠯ᠎ᠠᠴᠠ ᠳᠡᠭᠡᠭ᠌ᠰᠢᠬᠢ ᠵᠠᠰᠠᠬᠤ ᠠᠷᠭ᠎ᠠ ᠬᠡᠮᠵᠢᠶ᠎ᠡ᠎ᠶ᠋ᠢ ᠪᠠᠭ᠍ᠲᠠᠭᠠᠬᠤ ᠬᠡᠷᠡᠭ᠌ᠲᠡᠶ ( ᠵᠢᠱ᠌ᠢᠶᠡᠯᠡᠪᠡᠯ ᠪᠣᠬᠢᠷ ᠤᠰᠤᠨ᠎ᠤ ᠬᠤᠭᠤᠯᠠᠶ᠎ᠶ᠋ᠢᠨ ᠲᠣᠤᠷ + ᠠᠮᠢ ᠠᠬᠤᠶ᠎ᠶ᠋ᠢᠨ ᠡᠷᠭᠢ᠎ᠶ᠋ᠢ ᠬᠠᠮᠠᠭᠠᠯᠠᠬᠤ )

  ᠪᠣᠷᠣᠭᠠᠨ᠎ᠤ ᠤᠰᠤᠨ᠎ᠤ ᠬᠤᠭᠤᠯᠠᠢ ᠲᠣᠣᠷ᠂ ᠬᠤᠭ ᠨᠣᠪᠰᠢ ᠱᠢᠲᠠᠭᠠᠬᠤ ᠵᠡᠷᠭᠡ ᠱᠢᠭᠤᠳ ᠬᠤᠯᠪᠣᠭ᠍ᠳᠠᠬᠤ ᠦᠭᠡᠢ ᠲᠥᠷᠥᠯ ᠵᠦᠢᠯ᠎ᠢ ᠳᠡᠮᠵᠢᠬᠦ᠌᠎ᠶ᠋ᠢ ᠴᠠᠭᠠᠵᠠᠯᠠᠨ᠎ᠠ

  ᠬᠤᠶᠠᠷ᠂ ᠦᠵᠡᠰᠭᠦᠯᠡᠩᠲᠦ ᠰᠠᠢᠬᠠᠨ ᠭᠤᠤᠯ ᠮᠥᠷᠡᠨ ᠨᠠᠭᠤᠷ ᠴᠥᠭᠦᠷᠥᠮ᠎ᠢ ᠬᠠᠮᠠᠭᠠᠯᠠᠬᠤ ᠪᠠ ᠪᠦᠲᠦᠭᠡᠨ ᠪᠠᠢᠭᠤᠯᠬᠤ ᠲᠥᠷᠥᠯ ᠵᠦᠢᠯ

  ᠨᠦᠬᠦᠪᠦᠷᠢ ᠥᠭ᠌ᠬᠦ ᠬᠠᠷᠢᠴᠠᠯ

  ᠵᠡᠭᠦᠨ ᠬᠡᠰᠡᠭ᠎ᠤᠨ ᠭᠠᠵᠠᠷ ᠣᠷᠣᠨ᠎ᠤ ᠨᠥᠬᠦᠪᠥᠷᠢ᠎ᠶ᠋ᠢᠨ ᠬᠠᠷᠢᠴᠠᠯ᠎ᠨᠢ 60%

  ᠳᠤᠮᠲᠠ ᠪᠠᠷᠠᠭᠤᠨ ᠬᠡᠰᠡᠭ᠎ᠲᠤ 10%-20% ᠎ᠪᠠᠷ ᠨᠡᠮᠡᠭ᠌ᠲᠡᠵᠤ ᠪᠤᠯᠤᠨ᠎ᠠ

  ᠲᠤᠳᠣᠷᠬᠠᠢᠯᠠᠯᠳᠠ᠎ᠶ᠋ᠢᠨ ᠱᠠᠭᠠᠷᠳᠠᠯᠭ᠎ᠠ

  《ᠨᠢᠭᠡ ᠭᠤᠣᠯ᠎ᠳᠦ ᠨᠢᠭᠡ ᠲᠦᠷᠦ᠍᠎ᠶ᠋ᠢᠨ ᠪᠣᠳᠣᠯᠭ᠎ᠠ》 ᠬᠡᠷᠡᠭ᠌ᠵᠢᠭᠦᠯᠬᠦ᠌ ᠲᠥᠰᠦᠯ ᠵᠢᠴᠢ ᠣᠷᠣᠨ ᠨᠤᠲᠤᠭ᠎ᠤᠨ ᠵᠠᠰᠠᠭ᠎ᠤᠨ ᠣᠷᠳᠣᠨ᠎ᠤ ᠢᠵᠢ ᠪᠦᠷᠢᠳᠦᠭᠦᠯᠬᠦ᠌ ᠪᠡᠯᠡ ᠮᠥᠩᠭᠦ᠎ᠶ᠋ᠢᠨ ᠠᠮᠠᠯᠠᠯᠲᠠ᠎ᠶ᠋ᠢᠨ ᠵᠠᠬᠢᠳᠠᠯ ᠬᠠᠩᠭᠠᠬᠤ ᠬᠡᠷᠡᠭ᠌ᠲᠡᠢ

  ᠣᠷᠣᠨ ᠪᠦᠰᠡ ᠠᠯᠤᠰᠯᠠᠨ ᠬᠠᠮᠲᠤᠷᠠᠨ ᠲᠥᠷᠥᠯ ᠵᠦᠢᠯ ᠭᠤᠶᠤᠴᠢᠯᠠᠨ ᠮᠡᠳᠡᠭᠦᠯᠬᠦ᠌᠎ᠶ᠋ᠢ ᠤᠷᠢᠳᠠᠪᠠᠷ ᠳᠡᠮᠵᠢᠨ᠎ᠡ

  ᠭᠤᠷᠪᠠ᠂   ᠬᠥᠬᠡᠮᠥ᠋ᠷᠡᠨ ᠬᠠᠳᠤᠨ ᠭᠤᠤᠯ᠎ᠤᠨ ᠬᠦᠨᠳᠡᠯᠡᠨ ᠠᠮᠢ ᠠᠬᠤᠢ᠎ᠶ᠋ᠢᠨ ᠨᠦᠬᠦᠪᠦᠷᠢ

  ᠨᠦᠬᠦᠪᠦᠷᠢ ᠥᠭ᠌ᠬᠦ ᠬᠠᠷᠢᠴᠠᠯ

  ᠲᠥᠪ᠎ᠤᠨ ᠡᠳ᠋᠎ᠤᠨ ᠵᠠᠰᠠᠭ᠎ᠠᠴᠠ ᠬᠦᠳᠦᠯᠦᠨ ᠵᠢᠯᠣᠭᠤᠳᠭᠤ ᠪᠡᠯᠡ ᠮᠥᠩᠭᠦ᠎ᠶ᠋ᠢ ᠤᠰᠤᠨ᠎ᠤ ᠴᠢᠨᠠᠷ᠎ᠨᠢ ᠱᠢᠯᠢᠳᠡᠭ ( 40% )᠂ ᠤᠰᠤᠨ᠎ᠤ ᠠᠮᠢ ᠠᠬᠤᠶ᠎ᠶ᠋ᠢ ᠰᠡᠷᠭᠦᠭᠡᠬᠦ᠌ ( 30% )᠂ ᠤᠰᠤᠨ᠎ᠤ ᠡᠬᠢ ᠪᠠᠶᠠᠯᠢᠭ᠎ᠤᠨ ᠬᠤᠪᠢ ᠨᠡᠮᠡᠷᠢ ( 30%) ᠎ᠶ᠋ᠢᠨ ᠬᠦᠴᠦᠨ ᠵᠦᠢᠯ᠎ᠢᠶᠠᠷ ᠬᠤᠪᠢᠶᠠᠷᠢᠯᠠᠨ᠎ᠠ

  ᠤᠷᠤᠨ ᠨᠤᠳᠤᠭ᠎ᠤᠨ ᠨᠦᠬᠦᠪᠦᠷᠢ ᠦᠭ᠌ᠬᠦ ᠪᠠᠷᠢᠮᠵᠢᠶ᠎ᠠ᠎ᠶ᠋ᠢ ᠰᠠᠪᠠ ᠭᠠᠵᠠᠷ᠎ᠤᠨ ᠮᠤᠵᠢ ᠤᠷᠤᠨ ᠵᠦᠪᠳᠡᠯᠴᠡᠨ ᠲᠤᠭ᠍ᠳᠠᠭᠠᠵᠤ᠂ ᠭᠤᠷᠪᠠᠨ ᠵᠢᠯ᠎ᠳᠤ ᠨᠢᠭᠡ ᠤᠳᠠᠭ᠎ᠠ ᠲᠤᠬᠢᠷᠠᠭᠤᠯᠤᠨ᠎ᠠ

  ᠲᠤᠳᠣᠷᠬᠠᠢᠯᠠᠯᠳᠠ᠎ᠶ᠋ᠢᠨ ᠱᠠᠭᠠᠷᠳᠠᠯᠭ᠎ᠠ

  ᠨᠦᠬᠦᠪᠦᠷᠢ᠎ᠶ᠋ᠢᠨ ᠲᠤᠬ᠍ᠳᠠᠯᠴᠠᠭ᠎ᠠ᠎ᠶ᠋ᠢᠨ ᠬᠡᠷᠡᠭ᠌ᠰᠡᠬᠦ᠌᠎ᠨᠢ ᠭᠤᠤᠯ ᠤᠷᠤᠰᠭᠠᠯ 11 ᠮᠤᠵᠢ ( ᠬᠦᠬᠡ ᠮᠦᠷᠡᠨ )᠂ 9 ᠮᠤᠵᠢ (ᠬᠠᠳᠤᠨ ᠭᠤᠤᠯ)᠎ᠶ᠋ᠢ ᠪᠦᠷᠬᠦᠬᠦ᠌ ᠴᠢᠬᠤᠯᠨ᠎ᠲᠠᠢ

  《 ᠬᠡᠨ ᠪᠣᠬᠢᠷᠲᠤᠭᠤᠯᠤᠭ᠍ᠰᠠᠨ ᠪᠣᠯ ᠬᠡᠨ ᠵᠠᠰᠠᠬᠤ》 ᠡᠷᠬᠡ ᠬᠠᠷᠢᠭᠤᠴᠠᠯᠭ᠎ᠠ᠎ᠶᠢᠨ ᠠᠳᠠᠯᠢ ᠲᠡᠭ᠌ᠱᠢ ᠲᠣᠭ᠍ᠲᠠᠴᠠ᠎ᠶᠢ ᠪᠠᠢᠭᠤᠯᠬᠤ᠎ᠶᠢ ᠱᠠᠭᠠᠷᠳᠠᠨ᠎ᠠ

  ᠳᠥᠷᠪᠡ ᠂ ᠤᠰᠤᠨ᠎ᠤ ᠡᠬᠢ ᠪᠠᠶᠠᠯᠢᠭ ᠎ᠢ ᠠᠷᠪᠢᠯᠠᠬᠤ ᠪᠠ ᠬᠠᠮᠠᠭᠠᠯᠠᠬᠤ ᠲᠤᠰᠭᠠᠶ ᠵᠦᠢᠯ

  ᠨᠦᠬᠦᠪᠦᠷᠢ ᠥᠭ᠌ᠬᠦ ᠬᠠᠷᠢᠴᠠᠯ

   ᠭᠤᠸᠠᠩᠳᠦ᠋ᠩ ᠮᠣᠵᠢ᠎ᠶᠢᠨ ᠤᠰᠤ ᠠᠷᠪᠢᠯᠠᠬᠤ ᠲᠥᠷᠥᠯ ᠵᠦᠢᠯ᠎ᠦ᠋ᠨ ᠬᠠᠮᠤᠭ ᠥᠨᠳᠥᠷ ᠨᠥᠬᠥᠪᠥᠷᠢ 80%

  ᠪᠤᠰᠤᠳ ᠭᠠᠵᠠᠷ ᠤᠷᠤᠨ᠎ᠨᠢ ᠲᠦᠷᠦᠯ ᠵᠦᠢᠯ᠎ᠤᠨ ᠬᠡᠯᠪᠡᠷᠢ᠎ᠪᠡᠷ ᠨᠢ 30%-60% ᠠᠳᠠᠯᠢ ᠪᠤᠰᠤ ᠪᠠᠢᠯᠭᠠᠨ᠎ᠠ

  ᠲᠤᠳᠣᠷᠬᠠᠢᠯᠠᠯᠳᠠ᠎ᠶ᠋ᠢᠨ ᠱᠠᠭᠠᠷᠳᠠᠯᠭ᠎ᠠ

  ᠤᠰᠤ ᠠᠷᠪᠢᠯᠠᠬᠤ ᠨᠣᠷᠮ᠎ᠠ≥20% ᠎ᠶ᠋ᠢᠨ ᠪᠥᠭᠡᠳ ᠵᠢᠱ᠌ᠢᠶ᠎ᠡ ᠦᠵᠡᠭᠦᠯᠦᠨ ᠳᠡᠯᠭᠡᠷᠡᠭᠦᠯᠬᠦ᠌ ᠥᠷᠲᠡᠭ᠎ᠲᠠᠢ ᠪᠠᠢᠯᠭᠠᠬᠤ ᠬᠡᠷᠡᠭ᠌ᠲᠡᠶ᠃

  ᠰᠤᠳᠤᠯᠵᠤ ᠪᠣᠯᠬᠤ ᠴᠣᠬᠤᠯᠲᠠ ᠵᠡᠷᠭᠡ ᠡᠮᠦᠨᠡᠬᠢ ᠬᠤᠭᠤᠴᠠᠭᠠᠨ᠎ᠤ ᠭᠠᠷᠳᠠᠮ᠎ᠢ ᠪᠡᠶᠡᠯᠡᠭᠦᠯᠬᠦ᠌ ᠬᠡᠷᠡᠭ᠌ᠲᠡᠶ

  ᠲᠠᠪᠤ᠂ ᠪᠤᠰᠤᠳ ᠲᠤᠰᠭᠠᠶ ᠵᠦᠢᠯ᠎ᠤᠨ ᠲᠣᠳᠣᠷᠬᠠᠢᠯᠠᠯᠲᠠ

  ᠤᠰᠤᠨ ᠠᠱᠢᠭ᠍ᠯᠠᠯᠲᠠ᠎ᠶ᠋ᠢᠨ ᠦᠨᠳᠦᠰᠦᠨ ᠪᠦᠲᠦᠭᠡᠨ ᠪᠠᠢᠭᠤᠯᠤᠯᠲᠠ᠎ᠶ᠋ᠢᠨ ᠲᠥᠷᠥᠯ ᠵᠦᠢᠯ᠄ ᠳᠤᠮᠳᠠ ᠪᠠᠭ᠎ᠠ ᠭᠣᠤᠯ ᠮᠥᠷᠡᠨ᠎ᠢ ᠵᠠᠰᠠᠬᠤ ᠶᠠᠪᠤᠳᠠᠯ᠎ᠢ ᠵᠡᠭᠦᠨ ᠳᠤᠮᠳᠠ ᠪᠠᠷᠠᠭᠤᠨ ᠬᠡᠰᠡᠭ᠎ᠦᠨ ᠭᠠᠵᠠᠷ ᠣᠷᠣᠨ᠎ᠢᠶᠠᠷ ᠨᠢ ᠲᠤᠰ ᠲᠤᠰ 50% ᠂ /60% ᠂ /80%

  ᠠᠮᠢ ᠠᠬᠤᠶ᠎ᠶ᠋ᠢ ᠰᠡᠷᠭᠦᠭᠡᠬᠦ᠌ ᠲᠥᠷᠥᠯ ᠵᠦᠢᠯ᠄ ᠵᠢᠶᠠᠩᠰᠤ ᠮᠤᠵᠢ᠎ᠶᠢᠨ ᠬᠢᠨ ᠲᠥᠪ᠎ᠦᠨ ᠪᠡᠯᠡ ᠮᠥᠩᠭᠥ᠎ᠶᠢ ᠣᠯᠣᠭᠰᠠᠨ ᠦᠭᠡᠢ ᠵᠦᠢᠯᠡᠰ᠎ᠲᠦ 50%᠎ᠶᠢᠨ ᠨᠥᠬᠥᠪᠦᠷᠢ ᠣᠯᠭᠣᠪᠠ 

  ᠬᠤᠷᠢᠭ᠎ᠠ ᠴᠠᠭᠠᠵᠠ᠎ᠲᠠᠢ ᠵᠦᠢᠯᠡᠰ᠎ᠤᠨ ᠨᠠᠷᠢᠨ ᠬᠠᠭᠤᠳᠠᠰᠤ᠄ ᠠᠰᠠᠷ ᠲᠠᠩᠬᠢᠮ ᠪᠠᠭᠤᠳᠠᠯ ᠭᠠᠵᠠᠷ ᠪᠠᠢᠭᠤᠯᠬᠤ᠂ ᠵᠠᠮ ᠬᠠᠷᠢᠯᠴᠠᠭᠠᠨ᠎ᠤ ᠪᠠᠭᠠᠵᠢ ᠬᠡᠷᠡᠭ᠌ᠰᠡᠯ ᠬᠤᠳᠠᠯᠳᠤᠨ ᠠᠪᠬᠤ ᠵᠡᠷᠭᠡ ᠵᠠᠷᠤᠯᠭ᠎ᠠ᠎ᠳᠤ ᠬᠡᠷᠡᠭ᠌ᠯᠡᠬᠦ᠌᠎ᠶ᠋ᠢ ᠴᠢᠩᠭ᠎ᠠ ᠴᠠᠭᠠᠵᠠᠯᠠᠨ᠎ᠠ

  ᠡᠨᠡ ᠬᠣᠶᠠᠷ ᠵᠢᠯ᠎ᠤᠨ ᠲᠦᠷᠦ᠍᠎ᠶ᠋ᠢᠨ ᠪᠣᠳᠣᠯᠭ᠎ᠠ᠎ᠶ᠋ᠢᠨ ᠬᠣᠪᠢᠷᠠᠯᠲᠠ᠎ᠠᠴᠠ ᠦᠵᠡᠪᠡᠯ ᠂

  ᠨᠢᠭᠡ᠂ ᠬᠠᠮᠤᠭ ᠱᠢᠨ᠎ᠡ ᠲᠥᠷᠥ᠎ᠶ᠋ᠢᠨ ᠪᠣᠳᠣᠯᠭ᠎ᠠ᠎ᠶ᠋ᠢᠨ ᠪᠠᠢᠳᠠᠯ

  《ᠭᠤᠣᠯ ᠮᠥᠷᠡᠨ᠎ᠢ ᠬᠠᠮᠠᠭᠠᠯᠠᠨ ᠵᠠᠰᠠᠬᠤ᠎ᠶ᠋ᠢ ᠪᠦᠬᠦ᠌ ᠲᠠᠯ᠎ᠠ᠎ᠪᠠᠷ ᠠᠬᠢᠭᠤᠯᠬᠤ ᠲᠤᠬᠠᠢ ᠰᠠᠨᠠᠯ》 ᠎ᠢ ᠨᠡᠢᠲᠡᠯᠡᠪᠡ

  2025 ᠣᠨ᠎ᠤ 6 ᠳ᠋ᠤᠭᠠᠷ ᠰᠠᠷ᠎ᠠ᠎ᠶ᠋ᠢᠨ 17 ᠎ᠤ ᠡᠳᠦᠷ᠂ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠲᠥᠪ ᠬᠤᠷᠢᠶᠠᠨ᠎ᠤ ᠠᠯᠪᠠᠨ ᠲᠢᠩᠬᠢᠮ᠂ ᠲᠥᠷᠥ᠎ᠶ᠋ᠢᠨ ᠶᠠᠪᠤᠳᠠᠯ᠎ᠤᠨ ᠬᠤᠷᠢᠶᠠᠨ᠎ᠤ ᠠᠯᠪᠠᠨ ᠲᠢᠩᠬᠢᠮ ᠬᠠᠮᠲᠤᠷᠠᠨ ᠲᠣᠰ ᠰᠠᠨᠠᠯ᠎ᠢ ᠳᠠᠷᠤᠮᠠᠯᠯᠠᠨ ᠲᠠᠷᠬᠠᠭᠠᠵᠤ᠂ 6 ᠲᠠᠯ᠎ᠠ᠎ᠶ᠋ᠢᠨ 24 ᠵᠦᠢᠯ᠎ᠤᠨ ᠪᠣᠳᠠᠲᠠᠶ ᠠᠷᠭ᠎ᠠ ᠬᠡᠮᠵᠢᠶ᠎ᠡ᠎ᠶ᠋ᠢ ᠳᠤᠷᠠᠳᠴᠤ᠌᠂ 2035 ᠣᠨ ᠪᠣᠯᠬᠤ᠎ᠳᠤ ᠦᠶᠡᠷ᠎ᠢ ᠰᠡᠷᠭᠡᠢᠯᠡᠬᠦ᠌ ᠱᠢᠰᠲ᠋ᠧᠮᠵᠢ᠎ᠶ᠋ᠢᠨ ᠣᠳᠣᠬᠢᠴᠢᠯᠠᠯᠲᠠ᠂ ᠤᠰᠤᠨ᠎ᠤ ᠡᠬᠢ ᠪᠠᠶᠠᠯᠢᠭ᠎ᠢ ᠥᠨᠳᠥᠷ ᠪᠦᠲᠦᠮᠵᠢᠲᠡᠶ᠎ᠪᠠᠷ ᠠᠱᠢᠭ᠍ᠯᠠᠬᠤ ᠵᠡᠷᠭᠡ ᠬᠠᠷᠠᠯᠲᠠ᠎ᠶ᠋ᠢ ᠲᠣᠳᠣᠷᠬᠠᠶ ᠲᠣᠭ᠍ᠲᠠᠭᠠᠪᠠ᠃ ᠭᠤᠤᠯ ᠠᠭᠤᠯᠭ᠎ᠠ᠎ᠳᠤ ᠪᠠᠭ᠍ᠲᠠᠬᠤ ᠵᠦᠢᠯ᠄

  《ᠭᠤᠣᠯ ᠮᠥᠷᠡᠨ ᠨᠠᠭᠤᠷ ᠴᠥᠭᠦᠷᠥᠮ᠎ᠤᠨ ᠳᠠᠷᠤᠭ᠎ᠠ + ᠪᠠᠢᠴᠠᠭᠠᠬᠤ ᠳᠠᠷᠤᠭ᠎ᠠ + ᠴᠠᠭ᠍ᠳᠠᠭᠠᠨ ᠳᠠᠷᠤᠭ᠎ᠠ》᠎ᠶ᠋ᠢᠨ ᠬᠤᠯᠪᠣᠭᠠᠯᠠᠨ ᠬᠥᠳᠡᠯᠦᠯᠴᠡᠵᠦ᠍ ᠬᠠᠤᠯᠢ ᠬᠡᠷᠡᠭ᠌ᠵᠢᠭᠦᠯᠬᠦ᠌ ᠲᠣᠭ᠍ᠲᠠᠴᠠ᠎ᠶ᠋ᠢ ᠪᠠᠢᠭᠤᠯᠤᠨ᠎ᠠ

  ᠲᠤᠯᠤᠭᠠᠨ ᠶᠡᠭᠡ ᠰᠠᠪᠠ ᠭᠠᠵᠠᠷ᠎ᠨᠢ ᠠᠮᠢ ᠠᠬᠤᠢ᠎ᠳᠤ ᠨᠦᠬᠦᠪᠦᠷᠢ ᠦᠭ᠌ᠬᠦ ᠲᠤᠭ᠍ᠳᠠᠴᠠ᠎ᠶ᠋ᠢ ᠪᠦᠬᠦ᠌ ᠲᠠᠯ᠎ᠠ᠎ᠪᠠᠷ  ᠪᠠᠢᠭᠤᠯᠤᠨ᠎ᠠ

  ᠲᠣᠭᠠᠴᠢᠯᠠᠭ᠍ᠰᠠᠨ ᠢᠬᠢᠷ᠎ᠡ ᠰᠠᠪᠠ ᠭᠠᠵᠠᠷ᠎ᠤᠨ ᠲᠠᠪᠴᠠᠩ ᠪᠠ AI ᠤᠰᠤᠨ᠎ᠤ ᠴᠢᠨᠠᠷ᠎ᠤᠨ ᠵᠢᠱ᠌ᠢᠯᠲᠡ᠎ᠶ᠋ᠢᠨ ᠵᠠᠭ᠍ᠪᠤᠷ (ᠣᠨᠣᠪᠴᠢ᠎ᠶ᠋ᠢᠨ ᠨᠣᠷᠮ᠎ᠠ᠎ᠨᠢ 92% ᠎ᠢ ᠳᠠᠪᠠᠪᠠ)᠎ᠢ ᠳᠡᠯᠭᠡᠷᠡᠭᠦᠯᠦᠨ᠎ᠡ᠃

  ᠦᠶᠡᠷ᠎ᠢ ᠰᠡᠷᠭᠡᠢᠯᠡᠬᠦ᠌ ᠴᠢᠳᠠᠪᠤᠷᠢ᠎ᠶ᠋ᠢ ᠳᠡᠭᠡᠭ᠌ᠰᠢᠯᠡᠭᠦᠯᠬᠦ᠌ ᠢᠨᠵᠧᠨᠧᠷᠢᠩ

  ᠱᠢᠨ᠎ᠡ᠎ᠪᠠᠷ ᠪᠠᠢᠭᠤᠯᠬᠤ / 3800 ᠺᠢᠯᠣᠮᠧᠲᠷ ᠬᠠᠱᠢᠯᠭ᠎ᠠ᠎ᠶ᠋ᠢ ᠪᠠᠬᠢᠯᠡᠬᠦ᠌᠎ᠪᠠᠷ ᠲᠥᠯᠥᠪᠯᠡᠵᠦ᠍᠂ ᠳᠤᠮᠳᠠ ᠵᠢᠵᠢᠭ ᠭᠤᠣᠯ ᠮᠥᠷᠡᠨ᠎ᠤ 1.2 ᠲᠦᠮᠡᠨ ᠺᠢᠯᠣᠮᠧᠲᠷ ( ᠦᠶᠡᠷ᠎ᠢ ᠰᠡᠷᠭᠡᠢᠯᠡᠬᠦ᠌ ᠪᠠᠷᠢᠮᠵᠢᠶ᠎ᠠ᠎ᠶ᠋ᠢ 20-50 ᠵᠢᠯ᠎ᠳᠤ ᠨᠢᠭᠡ ᠲᠣᠬᠢᠶᠠᠯᠳᠤᠬᠤ ᠪᠣᠯᠭᠠᠨ᠎ᠠ )᠎ᠢ ᠥᠭᠡᠷᠡᠴᠢᠯᠡᠨ᠎ᠡ᠃ 2024 ᠣᠨ᠎ᠲᠠᠢ ᠬᠠᠷᠢᠴᠠᠭᠤᠯᠪᠠᠯ᠂ ᠲᠣᠭᠠᠴᠢᠯᠠᠭ᠍ᠰᠠᠨ ᠢᠬᠡᠷ᠎ᠡ ᠮᠡᠷᠭᠡᠵᠢᠯ᠎ᠦᠨ ᠬᠡᠷᠡᠭ᠌ᠯᠡᠭᠡᠨ᠎ᠤ ᠱᠠᠭᠠᠷᠳᠠᠯᠭ᠎ᠠ᠎ᠶ᠋ᠢ ᠱᠢᠨ᠎ᠡ᠎ᠪᠠᠷ ᠨᠡᠮᠡᠭ᠌ᠳᠡᠭᠦᠯᠵᠦ᠍᠂ ᠦᠶᠡᠷ᠎ᠤᠨ ᠤᠰᠤ᠎ᠶ᠋ᠢ 《ᠰᠧᠺᠦ᠋ᠨ᠋ᠳ᠋᠎ᠲᠤ ᠴᠤᠤᠷᠢᠶᠠᠲᠤᠭᠤᠯᠬᠤ》᠎ᠶ᠋ᠢ ᠪᠡᠶᠡᠯᠡᠭᠦᠯᠦᠨ᠎ᠡ᠃

  ᠬᠤᠶᠠᠷ᠂ 2024 ᠣᠨ᠎ᠤ ᠲᠥᠷᠥ᠎ᠶ᠋ᠢᠨ ᠪᠣᠳᠣᠯᠭ᠎ᠠ᠎ᠲᠠᠢ ᠭᠤᠣᠯ ᠬᠤᠪᠢᠷᠠᠯᠲᠠ

  1. ᠵᠠᠰᠠᠬᠤ ᠬᠦᠷᠢᠶ᠎ᠡ ᠬᠡᠪᠴᠢᠶ᠎ᠡ᠎ᠶ᠋ᠢᠨ ᠥᠷᠭᠡᠳᠭᠡᠯ

  ᠱᠢᠨ᠎ᠡ᠎ᠪᠠᠷ ᠨᠡᠮᠡᠭ᠌ᠳᠡᠭ᠌ᠰᠡᠨ ᠲᠠᠢ ᠬᠤ᠌ ᠨᠠᠭᠤᠷ᠂ ᠴᠤᠤ ᠬᠤ᠌ ᠨᠠᠭᠤᠷ᠎ᠤᠨ ᠬᠤᠷᠠᠭ᠍ᠰᠠᠨ᠎ᠢ ᠠᠷᠢᠯᠭᠠᠬᠤ ᠲᠤᠰᠭᠠᠢ ᠢᠨᠵᠧᠨᠧᠷᠢᠩ (2026 ᠣᠨ᠎ᠠᠴᠠ ᠡᠮᠦᠨ᠎ᠡ ᠳᠣᠲᠣᠭᠠᠳᠤ ᠰᠤᠷᠪᠤᠯᠵᠢ᠎ᠶ᠋ᠢᠨ ᠪᠣᠬᠢᠷᠲᠤᠯ᠎ᠤᠨ 30% ᠎ᠶ᠋ᠢ ᠪᠠᠭᠠᠰᠭᠠᠨ᠎ᠠ)

  ᠲᠠᠷᠢᠶᠠᠯᠠᠩ᠎ᠤᠨ ᠣᠯᠠᠨ ᠡᠬᠢᠳᠤ ᠵᠠᠰᠠᠯᠲᠠ᠎ᠶ᠋ᠢᠨ ᠬᠠᠷᠠᠯᠲᠠ᠎ᠶ᠋ᠢ ᠬᠢᠮᠢ᠎ᠶ᠋ᠢᠨ ᠪᠣᠷᠲᠣᠭᠤᠷ᠎ᠤᠨ 《ᠲᠡᠭ ᠨᠡᠮᠡᠭ᠌ᠳᠡᠭᠦᠯᠬᠦ᠌》᠎ᠠᠴᠠ 《 ᠬᠦᠴᠦᠯᠡᠴᠡ ᠨᠢ 15% ᠎ᠪᠠᠷ ᠪᠠᠭᠤᠷᠠᠬᠤ》 ᠪᠣᠯᠭᠠᠨ ᠲᠣᠬᠢᠷᠠᠭᠤᠯᠵᠤ᠂ ᠮᠠᠯ ᠵᠢᠭᠦᠷᠲᠡᠨ᠎ᠤ ᠢᠯᠭᠠᠳᠠᠰᠤ᠎ᠶ᠋ᠢ ᠡᠬᠢ ᠪᠠᠶᠠᠯᠢᠭ᠍ᠵᠢᠭᠤᠯᠬᠤ ᠨᠣᠷᠮ᠎ᠠ᠎ᠶ᠋ᠢ 80% ᠎ᠶ᠋ᠢᠨ ᠱᠠᠭᠠᠷᠳᠠᠯᠭ᠎ᠠ᠎ᠳᠤ ᠬᠦᠷᠦᠭᠦᠯᠦᠨ᠎ᠡ

  2. ᠲᠣᠭ᠍ᠲᠠᠴᠠ᠎ᠶ᠋ᠢᠨ ᠱᠢᠨ᠎ᠡ᠎ᠶ᠋ᠢ ᠡᠭᠦᠳᠬᠦ᠌

  ᠲᠤᠯᠤᠭᠠᠨ ᠶᠡᠭᠡ ᠰᠠᠪᠠ ᠭᠠᠵᠠᠷ᠎ᠤᠨ ᠬᠥᠨᠳᠡᠯᠡᠨ ᠴᠢᠭ᠌ᠯᠡᠯ᠎ᠢᠶᠠᠷ ᠠᠮᠢ ᠠᠬᠤᠶ᠎ᠶ᠋ᠢᠨ ᠨᠥᠬᠦᠪᠥᠷᠢ᠎ᠶ᠋ᠢ ᠪᠦᠬᠦᠨ᠎ᠢ ᠬᠠᠮᠤᠷᠬᠤ ᠴᠠᠭ᠎ᠤᠨ ᠬᠦᠰᠦᠨᠦᠭ᠌ᠲᠦ᠍᠎ᠶ᠋ᠢ ᠠᠩᠬ᠎ᠠ ᠤᠳᠠᠭ᠎ᠠ ᠲᠣᠳᠣᠷᠬᠠᠢᠯᠠᠪᠠ (2025 ᠣᠨ)

  ᠱᠢᠨ᠎ᠡ᠎ᠪᠠᠷ ᠨᠡᠮᠡᠭ᠌ᠳᠡᠭ᠌ᠰᠡᠨ ᠤᠰᠤᠨ᠎ᠤ ᠡᠷᠬᠡ᠎ᠶ᠋ᠢᠨ ᠠᠷᠠᠯᠵᠢᠶᠠᠨ᠎ᠤ ᠲᠤᠷᠱᠢᠯᠲᠠ᠎ᠶ᠋ᠢᠨ ᠴᠡᠭ (ᠬᠠᠲᠤᠨ ᠭᠤᠣᠯ᠎ᠤᠨ ᠰᠠᠪᠠ ᠭᠠᠵᠠᠷ) ᠪᠠ ᠤᠰᠤᠨ ᠠᠱᠢᠭ᠍ᠯᠠᠯᠲᠠ᠎ᠶ᠋ᠢᠨ REITs ᠪᠡᠯᠡ ᠲᠣᠬᠢᠷᠠᠭᠤᠯᠬᠤ ᠵᠠᠭ᠍ᠪᠤᠷ

  3. ᠮᠡᠷᠭᠡᠵᠢᠯ᠎ᠤᠨ ᠳᠡᠰ ᠳᠡᠪᠱᠢᠯᠲᠡ

  2024 ᠣᠨ᠎ᠳᠤ ᠤᠯᠠᠮᠵᠢᠯᠠᠯᠲᠤ ᠢᠨᠵᠧᠨᠧᠷᠢᠩ᠎ᠤᠨ ᠠᠷᠭ᠎ᠠ ᠬᠡᠮᠵᠢᠶ᠎ᠡ᠎ᠶ᠋ᠢ ᠭᠤᠤᠯᠳᠠᠯᠭ᠎ᠠ᠎ᠲᠠᠢ ᠴᠢᠬᠤᠯᠠᠴᠢᠯᠠᠵᠤ᠂ 2025 ᠣᠨ᠎ᠳᠤ ᠤᠶᠤᠨᠴᠢᠯᠠᠭ᠍ᠰᠠᠨ ᠬᠡᠷᠡᠭ᠌ᠯᠡᠯᠲᠡ᠎ᠶ᠋ᠢ ᠴᠢᠩᠭᠠᠳᠭᠠᠨ᠎ᠠ᠄

  《ᠳᠠᠭᠠᠭᠤᠯᠢ ᠣᠳᠣᠨ᠎ᠤ ᠠᠯᠤᠰ ᠰᠡᠷᠡᠯ + ᠵᠢᠯᠣᠭᠣᠴᠢ ᠦᠭᠡᠶ ᠨᠢᠰᠭᠡᠯ + ᠡᠳ᠋ ᠪᠠᠷᠠᠭᠠᠨ᠎ᠤ ᠮᠡᠳᠡᠭᠡ ᠵᠠᠩᠭᠢ᠎ᠶ᠋ᠢᠨ ᠰᠦᠯᠵᠢᠶ᠎ᠡ 》᠎ᠶ᠋ᠢ ᠬᠢᠨᠠᠨ ᠬᠡᠮᠵᠢᠬᠦ᠌ ᠱᠢᠰᠲ᠋ᠧᠮ᠎ᠢ ᠪᠠᠢᠭᠤᠯᠤᠨ᠎ᠠ

  ᠲᠤᠷᠱᠢᠯᠲᠠ᠎ᠶ᠋ᠢᠨ ᠴᠡᠭ᠎ᠤᠨ ᠠᠵᠤ ᠦᠢᠯᠡᠳᠪᠦᠷᠢ᠎ᠶ᠋ᠢᠨ ᠪᠣᠬᠢᠷᠲᠤᠯ ᠭᠠᠳᠠᠭ᠍ᠰᠢᠯᠠᠭᠤᠯᠬᠤ ᠠᠮᠠ᠎ᠶ᠋ᠢᠨ AI ᠬᠢᠨᠠᠯᠲᠠ ᠬᠠᠮᠢᠶᠠᠷᠤᠯᠲᠠ (2026 ᠣᠨ᠎ᠤ ᠵᠢᠯ᠎ᠤᠨ ᠰᠡᠭᠦᠯᠴᠢ᠎ᠠᠴᠠ ᠡᠮᠦᠨ᠎ᠡ ᠪᠦᠬᠦᠨ᠎ᠢ ᠰᠦᠯᠵᠢᠶᠡᠵᠢᠭᠦᠯᠬᠦ᠌)

  4. ᠪᠡᠯᠡ ᠮᠥᠩᠭᠥ᠎ᠶ᠋ᠢᠨ ᠣᠷᠣᠭᠤᠯᠤᠯᠲᠠ᠎ᠶ᠋ᠢᠨ ᠬᠤᠪᠢᠷᠠᠯᠲᠠ

  2025 ᠣᠨ᠎ᠳᠤ ᠲᠥᠪ᠎ᠤᠨ ᠤᠰᠤᠨ ᠠᠱᠢᠭ᠍ᠯᠠᠯᠲᠠ᠎ᠶ᠋ᠢᠨ ᠪᠡᠯᠡ ᠮᠥᠩᠭᠦ᠎ᠶ᠋ᠢ ᠠᠳᠠᠯᠢ ᠬᠤᠭᠤᠴᠠᠭᠠᠨ᠎ᠤ᠎ᠬᠢ᠎ᠠᠴᠠ 12% ᠎ᠢᠶᠠᠷ ᠨᠡᠮᠡᠭ᠌ᠳᠡᠭᠦᠯᠵᠦ᠍᠂ ᠲᠤᠰᠭᠠᠢ ᠵᠦᠢᠯ᠎ᠤᠨ ᠵᠢᠭᠡᠯᠡᠯᠭᠡ᠎ᠶ᠋ᠢᠨ ᠤᠰᠤᠨ ᠠᠱᠢᠭ᠍ᠯᠠᠯᠲᠠ᠎ᠳᠤ ᠬᠡᠷᠡᠭ᠌ᠯᠡᠬᠦ᠌ ᠲᠥᠷᠥᠯ ᠵᠦᠢᠯ᠎ᠤᠨ ᠬᠠᠷᠢᠴᠠᠯ᠎ᠢ 20 % ᠎ᠠᠴᠠ ᠳᠣᠣᠷ᠎ᠠ ᠪᠠᠢᠯᠭᠠᠬᠤ ᠦᠭᠡᠢ ᠪᠣᠯᠭᠠᠨ ᠳᠡᠭᠡᠭ᠌ᠰᠢᠯᠡᠭᠦᠯᠵᠦ᠍᠂ ᠭᠤᠣᠯᠳᠠᠯᠭ᠎ᠠ᠎ᠨᠢ ᠳᠤᠮᠳᠠ ᠪᠠᠷᠠᠭᠤᠨ ᠣᠷᠣᠨ ᠲᠡᠢᠰᠢ ᠬᠡᠯᠪᠠᠢᠯᠭᠡᠨ᠎ᠡ᠃ ᠠᠮᠢ ᠠᠬᠤᠶ᠎ᠶ᠋ᠢ ᠰᠡᠷᠭᠦᠭᠡᠬᠦ᠌ ᠲᠥᠷᠥᠯ ᠵᠦᠢᠯ᠎ᠤᠨ ᠨᠡᠭᠦᠷᠡᠰᠦᠲᠥ᠋ᠷᠥᠭ᠌ᠴᠢ᠎ᠶ᠋ᠢᠨ ᠬᠤᠷᠠᠮᠠᠯ᠎ᠤᠨ ᠠᠱᠢᠭ ᠣᠷᠣᠯᠭ᠎ᠠ᠎ᠶ᠋ᠢ ᠤᠯᠠᠷᠢᠭᠤᠯᠬᠤ᠎ᠶ᠋ᠢ ᠳᠡᠮᠵᠢᠨ᠎ᠡ᠃

  ᠭᠤᠣᠯ ᠮᠥᠷᠡᠨ ᠨᠠᠭᠤᠷ ᠴᠥᠭᠦᠷᠥᠮ᠎ᠢ ᠬᠠᠮᠠᠭᠠᠯᠠᠨ ᠵᠠᠰᠠᠭ᠍ᠰᠠᠨ ᠠᠮᠵᠢᠯᠲᠠ ᠣᠯᠣᠭ᠍ᠰᠠᠨ ᠬᠡᠷᠡᠭ᠎ᠤᠨ ᠵᠢᠱ᠌ᠢᠶ᠎ᠡ᠎ᠶ᠋ᠢ ᠬᠤᠪᠢᠶᠠᠯᠴᠠᠨ᠎ᠠ

  ᠵᠢᠱ᠌ᠢᠶ᠎ᠡ ᠨᠢᠭᠡ᠄ ᠬᠥᠬᠡᠮᠥ᠋ᠷᠡᠨ᠎ᠤ ᠠᠵᠤ ᠠᠬᠤᠶ᠎ᠶ᠋ᠢᠨ ᠪᠦᠰᠡ᠎ᠶ᠋ᠢᠨ ᠠᠮᠢ ᠠᠬᠤᠶ᠎ᠶ᠋ᠢᠨ ᠣᠷᠴᠢᠨ ᠲᠣᠭᠤᠷᠢᠨ᠎ᠢ ᠰᠡᠷᠭᠦᠭᠡᠬᠦ᠌ ᠢᠨᠵᠧᠨᠧᠷᠢᠩ

  ᠶᠡᠷᠦᠩᠬᠡᠢ ᠪᠡᠯᠡ ᠣᠷᠣᠭᠤᠯᠤᠯᠲᠠ᠎ᠨᠢ 15 ᠳ᠋ᠦᠩᠱᠢᠭᠤᠷ ᠲᠥᠭᠦᠷᠢᠭ ᠪᠠᠢᠵᠤ᠂ 23 ᠺᠢᠯᠣᠮᠧᠲᠷ᠎ᠤᠨ ᠡᠷᠭᠢ᠎ᠶ᠋ᠢᠨ ᠱᠤᠭᠤᠮ᠎ᠤᠨ ᠠᠮᠢ ᠠᠬᠤᠢ᠎ᠶ᠋ᠢ ᠰᠡᠷᠭᠦᠭᠡᠬᠦ᠂ ᠪᠣᠬᠢᠷᠲᠤᠯ ᠭᠠᠳᠠᠭ᠍ᠰᠢᠯᠠᠭᠤᠯᠬᠤ ᠠᠮᠠ᠎ᠶ᠋ᠢ ᠴᠡᠭ᠌ᠴᠡᠯᠡᠨ ᠵᠠᠰᠠᠬᠤ ᠵᠢᠴᠢ ᠣᠶᠤᠨᠴᠢ ᠬᠢᠨᠠᠨ ᠬᠡᠮᠵᠢᠬᠦ᠌ ᠱᠢᠰᠲ᠋ᠧᠮ᠎ᠤᠨ ᠪᠠᠢᠭᠤᠯᠤᠯᠲᠠ᠎ᠶ᠋ᠢ ᠬᠠᠮᠤᠷᠪᠠ᠃

  ᠣᠨᠴᠠᠯᠢᠭ᠄

  1. 《ᠠᠮᠢ ᠠᠬᠤᠶ᠎ᠶ᠋ᠢ ᠰᠡᠷᠭᠦᠭᠡᠬᠦ᠌ + ᠠᠵᠤ ᠦᠢᠯᠡᠰ᠎ᠤᠨ ᠬᠡᠯᠪᠡᠷᠢ᠎ᠪᠠᠨ ᠬᠤᠪᠢᠷᠠᠭᠤᠯᠬᠤ》ᠬᠠᠮᠲᠤᠷᠠᠨ ᠬᠥᠳᠡᠯᠦᠯᠴᠡᠬᠦ᠌ ᠵᠠᠭ᠍ᠪᠤᠷ᠎ᠢ ᠡᠭᠦᠳᠦᠨ ᠪᠠᠢᠭᠤᠯᠵᠤ᠂ ᠪᠣᠬᠢᠷᠲᠤᠯ ᠥᠬᠡᠶ ᠠᠵᠤ ᠦᠢᠯᠡᠰ᠎ᠤᠨ ᠬᠦᠷᠢᠶᠡᠯᠡᠩ ᠲᠣᠭᠤᠷᠢᠭ᠎ᠢ ᠢᠵᠢ ᠪᠥᠷᠢᠳᠦᠭᠦᠯᠦᠨ ᠪᠥᠲᠥᠭᠡᠨ ᠪᠠᠢᠭᠤᠯᠤᠨ᠎ᠠ᠃

  2. 5G ᠤᠰᠤᠨ᠎ᠤ ᠴᠢᠨᠠᠷ᠎ᠢ ᠬᠢᠨᠠᠨ ᠬᠡᠮᠵᠢᠬᠦ᠌ ᠬᠥᠪᠥᠮᠡᠯ ᠲᠡᠮᠳᠡᠭ᠎ᠢ ᠬᠡᠷᠡᠭ᠌ᠯᠡᠵᠦ᠍᠂ ᠪᠣᠬᠢᠷᠲᠤᠯ᠎ᠤᠨ ᠡᠬᠢ ᠰᠤᠷᠪᠤᠯᠵᠢ᠎ᠶ᠋ᠢ ᠴᠠᠭ ᠲᠤᠬᠠᠶ᠎ᠳᠤᠨᠢ ᠮᠥᠷᠳᠡᠬᠦ᠌᠎ᠶ᠋ᠢ ᠪᠡᠶᠡᠯᠡᠭᠦᠯᠦᠨ᠎ᠡ

  ᠵᠠᠳᠠᠯᠤᠯᠲᠠ᠄

  9 ᠳ᠋ᠣᠩᠱᠢᠭᠤᠷ ᠲᠦᠭᠦᠷᠢᠭ᠌᠎ᠦᠨ ᠲᠥᠪ᠎ᠦᠨ ᠪᠡᠯᠡ ᠮᠥᠩᠭᠦ᠎ᠶ᠋ᠢᠨ ᠨᠦᠬᠦᠪᠦᠷᠢ᠎ᠶ᠋ᠢ ᠠᠮᠵᠢᠯᠲᠠᠲᠠᠢ᠎ᠪᠠᠷ ᠣᠯᠵᠠᠢ ( ᠪᠠᠷᠠᠭᠤᠨ ᠤᠷᠤᠨ᠎ᠤ ᠲᠦᠷᠦ᠍᠎ᠶ᠋ᠢᠨ ᠪᠣᠳᠣᠯᠭ᠎ᠠ 60 % + ᠦᠷ᠎ᠡ ᠪᠦᠲᠦᠮᠵᠢ᠎ᠶᠢᠨ ᠱᠠᠩᠨᠠᠯ 10 % ) ᠂ ᠡᠭᠦᠨ᠎ᠳᠤ ᠭᠣᠣᠯ ᠪᠣᠯᠬᠤ ᠲᠦᠰᠦᠯ᠎ᠳᠡᠭᠡᠨ ᠠᠵᠤ ᠦᠢᠯᠡᠰ᠎ᠦᠨ ᠬᠡᠯᠪᠡᠷᠢ᠎ᠪᠠᠨ ᠬᠣᠪᠢᠷᠠᠭᠤᠯᠤᠭ᠍ᠰᠠᠨ ᠠᠱᠢᠭ ᠣᠯᠵᠠᠪᠤᠷᠢ᠎ᠶ᠋ᠢ ᠬᠡᠮᠵᠢᠶᠡᠯᠡᠪᠡ ( ᠵᠢᠱ᠌ᠢᠯᠲᠡ᠎ᠪᠡᠷ ᠵᠢᠯ᠎ᠦᠨ ᠣᠷᠣᠯᠭ᠎ᠠ 3.2 ᠳ᠋ᠦᠩᠰᠢᠭᠤᠷ ᠲᠥᠭᠥᠷᠢᠭ ᠨᠡᠮᠡᠭᠳᠡᠨ᠎ᠡ )

  ᠵᠢᠱ᠌ᠢᠶ᠎ᠡ ᠬᠤᠶᠠᠷ᠄ ᠵᠦᠵᠢᠶᠠᠩ ᠮᠦᠷᠡᠨ᠎ᠤ ᠭᠤᠷᠪᠠᠯᠵᠢᠨ ᠬᠤᠢᠭ᠎ᠤᠨ ᠤᠰᠤᠨ ᠲᠤᠤᠷ᠎ᠢ ᠬᠤᠯᠪᠤᠬᠤ ᠢᠨᠵᠧᠨᠧᠷᠢᠩ

  8. 7 ᠳ᠋ᠦᠩᠱᠢᠭᠤᠷ ᠲᠥᠭᠦᠷᠢᠭ᠎ᠤᠨ ᠪᠠᠯᠠ ᠣᠷᠣᠭᠤᠯᠵᠤ 36 ᠵᠤᠷᠪᠤᠰ ᠲᠠᠰᠤᠷᠠᠭ᠍ᠰᠠᠨ ᠭᠤᠣᠯ᠎ᠢ ᠨᠡᠪᠲᠡᠷᠡᠭᠦᠯᠵᠦ᠍᠂ 8 ᠠᠮᠢ ᠠᠬᠤᠶ᠎ᠶ᠋ᠢᠨ ᠬᠠᠭᠠᠯᠲᠠ᠎ᠶ᠋ᠢᠨ ᠬᠠᠱᠢᠯᠭ᠎ᠠ᠎ᠶ᠋ᠢ ᠪᠥᠲᠥᠭᠡᠨ ᠪᠠᠢᠭᠤᠯᠪᠠ᠃

  ᠣᠨᠴᠠᠯᠢᠭ᠄

  1. 《ᠪᠠᠢᠭᠠᠯᠢ᠎ᠶ᠋ᠢᠨ ᠠᠵᠤ ᠦᠢᠯᠡᠳᠪᠦᠷᠢ᠎ᠶ᠋ᠢᠨ ᠠᠷᠭ᠎ᠠ》 ᠎ᠶ᠋ᠢᠨ ᠡᠷᠭᠢ᠎ᠶ᠋ᠢ ᠬᠠᠮᠠᠭᠠᠯᠠᠬᠤ ( ᠬᠤᠯᠤᠰᠤ ᠭᠦᠷᠦᠬᠦ᠌ ᠮᠡᠷᠭᠡᠵᠢᠯ᠎ᠢ ᠬᠡᠷᠡᠭ᠌ᠯᠡᠨ 30% ᠎ᠶ᠋ᠢᠨ ᠥᠪᠡᠷ᠎ᠤᠨ ᠥᠷᠲᠡᠭ᠎ᠢ ᠪᠠᠭᠤᠷᠠᠭᠤᠯᠤᠨ᠎ᠠ )᠎ᠶ᠋ᠢ ᠬᠡᠷᠡᠭ᠌ᠵᠢᠭᠦᠯᠦᠨ᠎ᠡ᠃

  2. ᠶᠡᠭᠡ ᠪᠤᠯᠤᠩ᠎ᠤᠨ ᠤᠷᠤᠨ᠎ᠤ ᠠᠩᠬᠠᠲᠠᠭ᠍ᠴᠢ ᠵᠠᠬ᠎ᠠ ᠠᠯᠤᠰᠯᠠᠨ ᠤᠰᠤᠨ᠎ᠤ ᠡᠷᠭᠡ᠎ᠶ᠋ᠢᠨ ᠠᠷᠠᠯᠵᠢᠶᠠᠨ᠎ᠤ ᠲᠠᠪᠴᠠᠩ᠎ᠢ ᠪᠠᠢᠭᠤᠯᠤᠨ᠎ᠠ

  ᠵᠠᠳᠠᠯᠤᠯᠲᠠ᠄

  ᠤᠯᠤᠰ᠎ᠤᠨ 172 ᠲᠦᠷᠦᠯ᠎ᠤᠨ ᠴᠢᠬᠤᠯᠠ ᠶᠡᠭᠡ ᠤᠰᠤᠨ ᠠᠱᠢᠬ᠍ᠯᠠᠯᠲᠠ᠎ᠶ᠋ᠢᠨ ᠢᠨᠵᠧᠨᠧᠷᠢᠩ᠎ᠲᠤ ᠰᠤᠩᠭᠤᠭ᠍ᠳᠠᠨ ᠤᠷᠤᠵᠤ᠂   ᠲᠤᠰᠭᠠᠢ ᠵᠤᠢᠯ᠎ᠶ᠋ᠢᠡᠷ ᠵᠦᠪᠱᠢᠶᠡᠷᠡᠭ᠌ᠳᠡᠭ᠌ᠰᠡᠨ ᠥᠷᠢ ᠨᠢ 5.2 ᠳ᠋ᠣᠩᠱᠢᠭᠤᠷ ᠲᠦᠭᠦᠷᠢᠭ᠌᠂ ᠳᠠᠪᠠᠭᠤᠯᠢᠭ᠎ᠨᠢ ᠱᠢᠨ᠎ᠡ᠎ᠶ᠋ᠢ ᠡᠭᠦᠳᠬᠦ᠌ ᠴᠢᠨᠠᠷᠲᠠᠢ᠎ᠪᠠᠷ 《ᠤᠰᠤᠨ᠎ᠤ ᠡᠷᠭᠡ᠎ᠶ᠋ᠢᠨ ᠤᠷᠤᠯᠭ᠎ᠠ᠎ᠪᠠᠨ ᠳᠠᠨᠵᠢᠯᠠᠨ ᠪᠡᠯᠡ ᠴᠤᠭ᠍ᠯᠠᠭᠤᠯᠬᠤ》 ᠵᠠᠭ᠍ᠪᠤᠷ᠎ᠢ ᠳᠤᠷᠠᠳᠤᠨ ᠭᠠᠷᠭᠠᠭ᠍ᠰᠠᠨ᠎ᠳᠤ ᠪᠠᠢᠨ᠎ᠠ

  ᠬᠡᠷᠡᠭ᠎ᠤᠨ ᠵᠢᠱ᠌ᠢᠶ᠎ᠡ ᠭᠤᠷᠪᠠ᠄ ᠬᠠᠲᠤᠨ ᠭᠤᠤᠯ᠎ᠤᠨ ᠨᠢᠩᠱᠢᠶᠠ᠎ᠶ᠋ᠢᠨ ᠬᠡᠰᠡᠭ᠎ᠤᠨ ᠲᠠᠩ ᠭᠠᠵᠠᠷ᠎ᠢ ᠶᠡᠷᠦᠩᠬᠡᠢᠯᠡᠨ ᠵᠠᠰᠠᠪᠠ

  ᠭᠤᠤᠯ᠎ᠤᠨ ᠲᠠᠩ᠎ᠤᠨ ᠣᠷᠣᠨ᠎ᠢ 54 ᠲᠡᠭ᠌ᠰᠢ ᠲᠦᠷᠪᠡᠯᠵᠢᠨ ᠺᠢᠯᠣᠮᠧᠲᠷ ᠵᠠᠰᠠᠵᠣ᠂ 21 ᠺᠢᠯᠣᠮᠧᠲᠷ ᠠᠮᠢ ᠠᠬᠤᠢ᠎ᠶ᠋ᠢᠨ ᠬᠤᠩᠭᠢᠯ᠎ᠢ ᠪᠠᠢᠭᠤᠯᠪᠠ᠃

  ᠣᠨᠴᠠᠯᠢᠭ᠄

  1. ᠤᠯᠠᠮᠵᠢᠯᠠᠯᠲᠤ ᠲᠡᠵᠢᠭᠡᠯ ᠡᠪᠡᠰᠦ ᠳᠠᠷᠢᠬᠤ᠎ᠶᠢ ᠬᠤᠵᠢᠷ᠎ᠲᠤ ᠲᠡᠰᠪᠦᠷᠢᠲᠡᠢ ᠬᠢᠲᠠᠳ ᠡᠮ᠎ᠦᠨ ᠮᠠᠲᠧᠷᠢᠶᠠᠯ ᠳᠠᠷᠢᠬᠤ ᠪᠣᠯᠭᠠᠨ ᠥᠭᠡᠷᠡᠴᠢᠯᠡᠪᠡ ( ᠮᠦ᠍ ᠪᠦᠷᠢ᠎ᠶ᠋ᠢᠨ ᠳᠤᠮᠳᠠᠴᠢ ᠠᠱᠢᠭ ᠣᠯᠵᠠᠪᠤᠷᠢ᠎ᠨᠢ 400% ᠳᠡᠭᠡᠭ᠌ᠰᠢᠯᠡᠭᠦᠯᠦᠨ᠎ᠡ )

  2. ᠢᠵᠢ ᠪᠦᠷᠢᠳᠦᠭᠦᠯᠦᠭ᠌ᠰᠡᠨ ᠬᠡᠷᠡᠯ ᠴᠡᠨᠡᠭ᠎ᠢ ᠤᠰᠤᠯᠠᠬᠤ ᠱᠢᠰᠲ᠋ᠧᠮ᠎ᠳᠤ ᠨᠡᠭᠦᠷᠡᠰᠦᠲᠥ᠋ᠷᠥᠭ᠌ᠴᠢ ᠭᠠᠳᠠᠭ᠍ᠰᠢᠯᠠᠭᠤᠯᠬᠤ ᠥᠬᠡᠶ ᠪᠠᠢᠬᠤ᠎ᠶ᠋ᠢ ᠪᠡᠶᠡᠯᠡᠭᠦᠯᠦᠨ᠎ᠡ

  ᠵᠠᠳᠠᠯᠤᠯᠲᠠ᠄

  ᠬᠠᠲᠤᠨ ᠭᠤᠤᠯ᠎ᠤᠨ ᠰᠠᠪᠠ ᠭᠠᠵᠠᠷ᠎ᠤᠨ ᠠᠮᠢ ᠠᠬᠤᠶ᠎ᠶ᠋ᠢᠨ ᠬᠠᠮᠠᠭᠠᠯᠠᠯᠲᠠ᠎ᠶ᠋ᠢᠨ ᠲᠤᠰᠭᠠᠶ ᠪᠠᠯᠠ ᠮᠥᠩᠭᠦ᠎ᠶ᠋ᠢ 4.8 ᠳ᠋ᠦᠩᠱᠢᠭᠤᠷ ᠣᠯᠭᠤᠬᠤ᠎ᠪᠠᠷ ᠭᠤᠶᠤᠴᠢᠯᠠᠨ ᠮᠡᠳᠡᠭᠦᠯᠵᠦ᠍᠂ ᠬᠢᠯᠠᠰ ᠴᠡᠭ ᠪᠣᠯ 《ᠬᠠᠲᠤᠨ ᠭᠤᠤᠯ᠎ᠤᠨ ᠬᠠᠮᠠᠭᠠᠯᠠᠯᠲᠠ᠎ᠶ᠋ᠢᠨ ᠬᠠᠤᠯᠢ》᠎ᠶ᠋ᠢᠨ ᠬᠠᠤᠯᠢ ᠲᠣᠭ᠍ᠲᠠᠭᠠᠬᠤ ᠬᠡᠷᠡᠭ᠌ᠴᠡᠭᠡ ᠱᠠᠭᠠᠷᠳᠠᠯᠭ᠎ᠠ᠎ᠶ᠋ᠢ ᠨᠠᠷᠢᠯᠢᠭ ᠣᠨᠣᠴᠠᠲᠠᠶ᠎ᠪᠠᠷ ᠵᠣᠯᠭᠠᠭᠤᠯᠬᠤ ᠶᠠᠪᠤᠳᠠᠯ ᠪᠣᠯᠤᠨ᠎ᠠ᠃

  ᠬᠡᠷᠡᠭ᠎ᠤᠨ ᠵᠢᠱ᠌ᠢᠶ᠎ᠡ ᠳᠥᠷᠪᠡ᠄ ᠲᠠᠢ ᠬᠤ᠌ ᠬᠥᠬᠡ ᠵᠠᠮᠠᠭ᠎ᠤᠨ ᠪᠠᠴᠢᠮ ᠪᠠᠢᠳᠠᠯ᠎ᠢ ᠠᠷᠭᠠᠴᠠᠭᠠᠨ ᠱᠢᠢᠳᠪᠦᠷᠢᠯᠡᠬᠦ᠌ ᠲᠥᠷᠥᠯ ᠵᠦᠢᠯ

  3 ᠨᠡᠭᠦᠳᠡᠯ ᠬᠡᠯᠪᠡᠷᠢ᠎ᠶ᠋ᠢᠨ ᠵᠠᠮᠠᠭ᠎ᠤᠨ ᠤᠰᠤ᠎ᠶ᠋ᠢ ᠰᠠᠯᠭᠠᠬᠤ ᠦᠷᠳᠡᠭᠡ ᠪᠠ ᠤᠷᠢᠳᠴᠢᠯᠠᠨ ᠰᠡᠷᠡᠮᠵᠢᠯᠡᠭᠦᠯᠬᠦ᠌ ᠲᠠᠪᠴᠠᠩ᠎ᠢ ᠪᠠᠢᠭᠤᠯᠤᠨ᠎ᠠ᠃

  ᠣᠨᠴᠠᠯᠢᠭ᠄

  1. AI ᠲᠥᠰᠦᠭᠡᠯᠡᠬᠦ᠌ ᠵᠠᠭ᠍ᠪᠤᠷ᠎ᠢ ᠬᠡᠷᠡᠭ᠌ᠯᠡᠨ᠎ᠡ ( 72 ᠴᠠᠭ᠎ᠤᠨ ᠤᠷᠢᠳᠴᠢᠯᠠᠨ ᠰᠡᠷᠡᠮᠵᠢᠯᠡᠭᠦᠯᠬᠦ᠌ ᠣᠨᠣᠪᠴᠢ᠎ᠶ᠋ᠢᠨ ᠨᠣᠷᠮ᠎ᠠ᠎ᠶ᠋ᠢ 92% ᠎ᠲᠤ ᠬᠦᠷᠦᠭᠦᠯᠦᠨ᠎ᠡ )

  2. ᠵᠠᠮᠠᠭ᠎ᠤᠨ ᠰᠢᠪᠠᠷ᠎ᠢ ᠡᠬᠢ ᠪᠠᠶᠠᠯᠢᠭ᠍ᠵᠢᠭᠤᠯᠤᠨ ᠦᠢᠯᠡᠳᠪᠦᠷᠢᠯᠡᠬᠦ ᠠᠮᠢᠳᠤ ᠪᠣᠳᠠᠰ᠎ᠤᠨ ᠪᠣᠷᠳᠣᠭᠤᠷ ( ᠱᠢᠢᠳᠪᠦᠷᠢᠯᠡᠬᠦ᠌ ᠥᠪᠡᠷ᠎ᠤᠨ ᠦᠷᠳᠡᠭ᠎ᠢ 35% ᠎ᠪᠠᠷ ᠪᠠᠭᠤᠷᠠᠭᠤᠯᠪᠠ )

  ᠵᠠᠳᠠᠯᠤᠯᠲᠠ᠄

  ᠠᠮᠢ ᠠᠬᠤᠢ ᠤᠷᠴᠢᠨ ᠲᠤᠭᠤᠷᠢᠨ᠎ᠤ ᠶᠠᠮᠤᠨ᠎ᠤ ᠦᠷᠢᠰᠦᠯᠳᠦᠭᠡᠨ᠎ᠤ ᠴᠢᠨᠠᠷᠲᠠᠢ ᠱᠢᠯᠭᠠᠷᠠᠭᠤᠯᠤᠯᠲᠠ᠎ᠪᠠᠷ ᠳᠠᠮᠵᠢᠭᠠᠳ᠂ ᠡᠭᠦᠨ᠎ᠦ ᠵᠠᠩᠭᠢᠯᠠᠭ᠎ᠠ ᠨᠢ 5 ᠵᠢᠯ ᠳᠠᠷᠠᠭᠠᠯᠠᠨ ᠬᠥᠬᠡ ᠵᠠᠮᠠᠭ᠎ᠤᠨ ᠴᠣᠴᠢᠮᠠᠭ ᠡᠭᠦᠰᠦᠭᠰᠡᠨ ᠪᠠᠢᠳᠠᠯ᠎ᠢ ᠬᠢᠨᠠᠨ ᠬᠡᠮᠵᠢᠭᠰᠡᠨ ᠲᠣᠭ᠎ᠠ ᠪᠠᠷᠢᠮᠲᠠ᠎ᠶᠢ ᠲᠤᠰᠢᠶᠠᠵᠤ ᠲᠤᠯᠭᠠᠭᠤᠷᠢᠯᠠᠭᠤᠯᠬᠤ᠎ᠳᠤ ᠣᠷᠣᠰᠢᠨ᠎ᠠ 

  ᠵᠢᠱ᠌ᠢᠶ᠎ᠠ ᠲᠠᠪᠤ᠄ ᠱᠢᠶᠠᠩ ᠵᠢᠶᠠᠩ ᠭᠤᠤᠯ᠎ᠤᠨ ᠰᠠᠪᠠ ᠭᠠᠵᠠᠷ᠎ᠤᠨ ᠬᠦᠨᠳᠤ ᠲᠡᠮᠦᠷᠯᠢᠭ᠎ᠤᠨ ᠵᠠᠰᠠᠯᠳᠠ

  ᠪᠣᠬᠢᠷᠲᠤᠭ᠍ᠰᠠᠨ ᠬᠥᠷᠥᠰᠥ᠍ ᠱᠢᠷᠣᠢ᠎ᠶ᠋ᠢ 1200 ᠮᠦ᠍ ᠵᠠᠰᠠᠨ ᠰᠡᠷᠭᠦᠭᠡᠵᠦ᠍᠂ 4 ᠰᠠᠭᠤᠷᠢ ᠬᠦᠨᠳᠦ ᠲᠡᠮᠦᠷᠯᠢᠭ᠎ᠢ ᠬᠠᠱᠢᠬᠤ ᠬᠠᠱᠢᠯᠭ᠎ᠠ᠎ᠶ᠋ᠢ ᠪᠠᠢᠭᠤᠯᠪᠠ᠃

  ᠣᠨᠴᠠᠯᠢᠭ᠄

  1. 《ᠬᠥᠷᠥᠰᠥᠨ᠎ᠦ ᠤᠬᠢᠶᠠᠯ + ᠤᠷᠭᠤᠮᠠᠯ᠎ᠤᠨ ᠴᠣᠬᠣᠯᠠᠭᠤᠯᠤᠯᠲᠠ 》 ᠨᠡᠢᠯᠡᠮᠡᠯ ᠮᠡᠷᠭᠡᠵᠢᠯ᠎ᠢ ᠬᠡᠷᠡᠭ᠌ᠯᠡᠬᠦ᠌

  2. 《ᠵᠠᠰᠠᠬᠤ ᠥᠪᠡᠷ᠎ᠦᠨ ᠥᠷᠳᠡᠭ᠎ᠢ ᠨᠣᠭᠳᠠᠭᠤᠯᠬᠤ 》 ᠲᠣᠭ᠍ᠲᠠᠴᠠ᠎ᠳᠤ ᠱᠢᠨ᠎ᠡ᠎ᠶ᠋ᠢ ᠡᠭᠦᠳᠦᠨ᠎ᠡ ( ᠵᠠᠰᠠᠭ᠎ᠤᠨ ᠣᠷᠳᠣᠨ 60%᠂ ᠠᠵᠤ ᠠᠬᠤᠢᠯᠠᠯ 30%᠂ ᠳᠠᠭᠠᠳᠭᠠᠯ 10% )

  ᠵᠠᠳᠠᠯᠤᠯᠲᠠ᠄

  ᠪᠦᠬᠦ᠌ ᠤᠯᠤᠰ᠎ᠤᠨ ᠬᠦᠷᠦᠰᠦ ᠱᠢᠷᠤᠢ᠎ᠶ᠋ᠢᠨ ᠪᠤᠬᠢᠷᠳᠤᠯ᠎ᠢ ᠰᠡᠷᠭᠡᠢᠯᠡᠨ ᠵᠠᠰᠠᠬᠤ ᠬᠤᠱᠢᠭᠤᠴᠢ ᠣᠷᠣᠨ᠎ᠤ ᠵᠢᠱ᠌ᠢᠶ᠎ᠡ ᠦᠵᠡᠭᠦᠯᠬᠦ᠌ ᠲᠦᠷᠦᠯ ᠵᠦᠢᠯ ᠪᠣᠯᠵᠤ᠂ ᠮᠡᠳᠡᠭᠦᠯᠬᠦ᠌ ᠦᠶ᠎ᠡ᠎ᠳᠤ ᠮᠡᠷᠭᠡᠵᠢᠯ᠎ᠤᠨ ᠲᠤᠰᠭᠠᠢ ᠠᠱᠢᠭ (7 ᠵᠦᠢᠯ᠎ᠤᠨ ᠡᠭᠦᠳᠦᠯᠲᠡ᠎ᠶ᠋ᠢᠨ ᠲᠤᠰᠭᠠᠢ ᠠᠱᠢᠭ)᠎ᠢ  ᠳᠤᠪᠤᠢ᠍ᠮ᠎ᠠ ᠳᠡᠯᠭᠡᠨ ᠦᠵᠡᠭᠦᠯᠵᠡᠢ

ᠢᠷᠡᠯᠲᠡ᠄ ᠵᠠᠰᠠᠭ᠎ᠤᠨ ᠶᠠᠪᠤᠳᠠᠯ᠎ᠤᠨ ᠦᠢᠯᠡᠴᠢᠯᠡᠭᠡᠨ᠎ᠤ ᠬᠤᠷᠢᠶ᠎ᠠ
          
ᠬᠠᠮᠢᠶ᠎ᠡ ᠪᠦᠬᠦᠢ ᠰᠣᠨᠢᠨ
 
            