6 ᠳ᠋ᠤᠭᠠᠷ ᠰᠠᠷ᠎ᠠ᠎ᠶ᠋ᠢᠨ 6 ᠤ ᠡᠳᠦᠷ᠂ ᠤᠰᠤᠨ ᠠᠱᠢᠭ᠍ᠯᠠᠯᠲᠠ᠎ᠶ᠋ᠢᠨ ᠶᠠᠮᠤᠨ 《ᠬᠠᠲᠤᠨ ᠭᠤᠤᠯ᠎ᠤᠨ ᠰᠠᠪᠠ ᠭᠠᠵᠠᠷ᠎ᠤᠨ ᠮᠤᠵᠢ ᠣᠷᠣᠨ ᠠᠯᠤᠰᠯᠠᠭ᠍ᠰᠠᠨ ᠤᠰᠤ ᠬᠡᠷᠡᠭ᠌ᠯᠡᠬᠦ᠌ ᠡᠷᠬᠡ᠎ᠶ᠋ᠢᠨ ᠠᠷᠠᠯᠵᠢᠶ᠎ᠠ᠎ᠶ᠋ᠢ ᠢᠳᠡᠪᠬᠢᠲᠡᠶ᠎ᠪᠠᠷ ᠬᠠᠢᠨ ᠰᠦᠪᠡᠭ᠌ᠴᠢᠯᠡᠬᠦ᠌ ᠪᠠ ᠵᠢᠷᠤᠮᠵᠢᠭᠤᠯᠤᠨ ᠠᠬᠢᠭᠤᠯᠬᠤ ᠲᠤᠬᠠᠶ ᠰᠠᠨᠠᠯ》 ( ᠤᠰᠤᠨ ᠡᠬᠢ ᠬᠠᠮᠢᠶᠠᠷᠤᠯᠲᠠ [2025] 137 ᠳ᠋ᠤᠭᠠᠷ ᠲᠣᠭᠠᠲᠤ᠌᠂ ᠳᠣᠷᠣᠭ᠍ᠰᠢ 《ᠰᠠᠨᠠᠯ》 ᠭᠡᠵᠦ᠍ ᠲᠣᠪᠴᠢᠯᠠᠨ᠎ᠠ )᠎ᠢ ᠳᠠᠷᠤᠮᠠᠯᠯᠠᠨ ᠲᠠᠷᠬᠠᠭᠠᠵᠤ᠂ ᠣᠳᠣᠬᠠᠨ᠎ᠤ ᠪᠠ ᠬᠤᠢᠱᠢᠳᠠ᠎ᠶ᠋ᠢᠨ ᠬᠡᠰᠡᠭ ᠬᠤᠭᠤᠴᠠᠭᠠᠨ᠎ᠳᠠᠬᠢ ᠬᠠᠲᠤᠨ ᠭᠤᠤᠯ᠎ᠤᠨ ᠰᠠᠪᠠ ᠭᠠᠵᠠᠷ᠎ᠤᠨ ᠮᠤᠵᠢ ᠣᠷᠣᠨ ᠠᠯᠤᠰᠯᠠᠭ᠍ᠰᠠᠨ ᠤᠰᠤᠨ᠎ᠤ ᠡᠷᠬᠡ᠎ᠶ᠋ᠢᠨ ᠠᠷᠠᠯᠵᠢᠶ᠎ᠠ᠎ᠳᠤ ᠶᠡᠷᠦᠩᠬᠡᠶ ᠲᠣᠬᠢᠷᠠᠭᠤᠯᠤᠯᠲᠠ ᠪᠠ ᠪᠠᠢᠷᠢᠯᠠᠭᠤᠯᠤᠯᠲᠠ ᠬᠢᠪᠠ᠃ ᠡᠭᠦᠨ᠎ᠤ ᠲᠤᠬᠠᠶ ᠤᠰᠤᠨ ᠠᠱᠢᠭ᠍ᠯᠠᠯᠲᠠ᠎ᠶ᠋ᠢᠨ ᠶᠠᠮᠤᠨ᠎ᠤ ᠤᠰᠤᠨ᠎ᠤ ᠡᠬᠢ ᠪᠠᠶᠠᠯᠢᠭ᠎ᠤᠨ ᠬᠠᠮᠢᠶᠠᠷᠤᠯᠲᠠ᠎ᠶ᠋ᠢᠨ ᠵᠤᠷᠭᠠᠨ᠎ᠤ ᠬᠠᠷᠢᠭᠤᠴᠠᠯᠭᠠᠲᠠᠨ 《ᠰᠠᠨᠠᠯ》᠎ᠳᠤ ᠲᠠᠢᠯᠤᠮᠵᠢ ᠬᠢᠪᠠ᠃
ᠨᠢᠭᠡ᠂ 《ᠰᠠᠨᠠᠯ》᠎ᠢ ᠨᠡᠢᠲᠡᠯᠡᠭ᠌ᠰᠡᠨ ᠠᠬᠤᠢ ᠪᠠᠢᠳᠠᠯ᠎ᠨᠢ ᠶᠠᠭᠤ ᠪᠣᠢ?
ᠤᠰᠤ ᠬᠡᠷᠡᠭ᠌ᠯᠡᠬᠦ᠌ ᠡᠷᠬᠡ᠎ᠶ᠋ᠢ ᠵᠠᠬ᠎ᠠ ᠳᠡᠯᠭᠡᠭᠦᠷᠴᠢᠯᠡᠨ ᠠᠷᠠᠯᠵᠢᠶᠠᠯᠠᠬᠤ᠎ᠶ᠋ᠢ ᠠᠬᠢᠭᠤᠯᠬᠤ ᠪᠣᠯ ᠤᠰᠤᠨ᠎ᠤ ᠡᠬᠢ ᠪᠠᠶᠠᠯᠢᠭ᠎ᠢ ᠱᠢᠯᠢᠳᠡᠭ᠌ᠵᠢᠭᠦᠯᠦᠨ ᠲᠣᠬᠢᠷᠠᠭᠤᠯᠬᠤ ᠪᠠ ᠠᠷᠪᠢᠲᠠᠶ ᠪᠥᠭᠡᠳ ᠳᠣᠷᠪᠢᠯᠢᠭ᠎ᠢᠶᠠᠷ ᠠᠱᠢᠭ᠍ᠯᠠᠬᠤ᠎ᠶ᠋ᠢ ᠠᠬᠢᠭᠤᠯᠬᠤ ᠵᠠᠩᠭᠢᠯᠠᠭ᠎ᠠ᠎ᠶ᠋ᠢᠨ ᠠᠷᠭ᠎ᠠ ᠬᠡᠮᠵᠢᠶ᠎ᠡ ᠮᠥᠨ᠃ ᠨᠠᠮ᠎ᠤᠨ ᠠᠷᠪᠠᠨ ᠨᠠᠢ᠍ᠮᠠᠳᠤᠭᠠᠷ ᠶᠡᠭᠡ ᠬᠤᠷᠠᠯ᠎ᠠᠴᠠ ᠨᠠᠭᠠᠰᠢ᠂ ᠶᠡᠷᠦᠩᠬᠡᠶ ᠱᠦᠵᠢ ᠰᠢ᠎ᠶ᠋ᠢᠨ ᠫᠢᠩ ᠤᠰᠤᠨ᠎ᠤ ᠡᠷᠬᠡ᠎ᠶ᠋ᠢᠨ ᠲᠦᠷᠢᠮ᠎ᠤᠨ ᠪᠠᠢᠭᠤᠯᠤᠯᠲᠠ᠎ᠳᠤ ᠣᠯᠠᠨ ᠤᠳᠠᠭ᠎ᠠ ᠴᠢᠬᠤᠯᠠ ᠵᠢᠭᠠᠪᠤᠷᠢ ᠥᠭ᠌ᠴᠦ᠂ ᠤᠰᠤᠨ᠎ᠤ ᠡᠷᠬᠡ᠎ᠶ᠋ᠢᠨ ᠲᠦᠷᠢᠮ ᠪᠠᠢᠭᠤᠯᠬᠤ᠎ᠶ᠋ᠢ ᠠᠬᠢᠭᠤᠯᠵᠤ᠂ ᠤᠰᠤᠨ᠎ᠤ ᠡᠷᠬᠡ᠎ᠶ᠋ᠢᠨ ᠬᠠᠷᠢᠶᠠᠯᠠᠯ᠎ᠢ ᠲᠣᠳᠣᠷᠬᠠᠢᠯᠠᠵᠤ᠂ ᠤᠰᠤᠨ᠎ᠤ ᠡᠷᠬᠡ᠎ᠶ᠋ᠢᠨ ᠠᠷᠠᠯᠵᠢᠶᠠᠨ᠎ᠤ ᠵᠠᠬ᠎ᠠ ᠳᠡᠯᠭᠡᠭᠦᠷ᠎ᠢ ᠪᠤᠢᠵᠢᠭᠤᠯᠵᠤ᠂ ᠤᠰᠤ ᠬᠡᠷᠡᠭ᠌ᠯᠡᠬᠦ᠌ ᠡᠷᠬᠡ᠎ᠶ᠋ᠢᠨ ᠠᠷᠠᠯᠵᠢᠶ᠎ᠠ᠎ᠶ᠋ᠢ ᠢᠳᠡᠪᠬᠢᠲᠡᠶ᠎ᠪᠠᠷ ᠬᠠᠢᠨ ᠰᠦᠪᠡᠭ᠌ᠴᠢᠯᠡᠬᠦ᠌ ᠪᠠ ᠵᠢᠷᠤᠮᠵᠢᠭᠤᠯᠤᠨ ᠠᠬᠢᠭᠤᠯᠵᠤ᠂ ᠤᠰᠤ ᠬᠡᠷᠡᠭ᠌ᠯᠡᠬᠦ᠌ ᠡᠷᠬᠡ᠎ᠶ᠋ᠢᠨ ᠠᠷᠠᠯᠵᠢᠶᠠᠨ᠎ᠤ ᠲᠦᠷᠢᠮ᠎ᠢ ᠪᠠᠢᠭᠤᠯᠬᠤ᠎ᠳᠤ ᠦᠨᠳᠦᠰᠦᠨ ᠵᠢᠷᠤᠮᠯᠠᠯ ᠬᠠᠩᠭᠠᠪᠠ᠃ ᠣᠢᠷ᠎ᠠ᠎ᠶᠢᠨ ᠵᠢᠯ᠎ᠡᠴᠡ ᠨᠠᠭᠠᠰᠢ᠂ ᠤᠰᠤᠨ ᠠᠱᠢᠭ᠍ᠯᠠᠯᠲᠠ᠎ᠶᠢᠨ ᠶᠠᠮᠤᠨ ᠲᠥᠪ᠎ᠦ᠋ᠨ ᠱᠠᠭᠠᠷᠳᠠᠯᠭ᠎ᠠ᠎ᠶᠢ ᠬᠢᠨᠠᠮᠠᠭᠠᠢ ᠲᠤᠭᠤᠱᠢᠯᠠᠭᠤᠯᠤᠨ ᠨᠠᠢᠳᠠᠪᠤᠷᠢᠵᠢᠭᠤᠯᠵᠤ᠂ ᠤᠰᠤ ᠬᠡᠷᠡᠭ᠌ᠯᠡᠬᠦ᠌ ᠡᠷᠬᠡ᠎ᠶᠢᠨ ᠥᠭᠡᠷᠡᠴᠢᠯᠡᠯᠲᠡ᠎ᠶᠢᠨ ᠲᠠᠯ᠎ᠠ᠎ᠪᠠᠷ ᠢᠳᠡᠪᠬᠢᠲᠡᠢ ᠬᠠᠢᠨ ᠰᠥᠪᠡᠭ᠌ᠴᠢᠯᠡᠯᠲᠡ ᠬᠢᠵᠦ᠍᠂ ᠤᠰᠤ ᠬᠡᠷᠡᠭ᠌ᠯᠡᠬᠦ᠌ ᠡᠷᠬᠡ᠎ᠶᠢᠨ ᠠᠷᠠᠯᠵᠢᠶᠠᠨ᠎ᠤ᠋ ᠬᠡᠯᠪᠡᠷᠢ ᠠᠭᠠᠵᠢᠮ᠎ᠢᠶᠠᠷ ᠡᠯᠪᠡᠭ ᠪᠣᠯᠵᠤ᠂ ᠬᠡᠪᠴᠢᠶ᠎ᠡ ᠨᠢ ᠲᠠᠰᠤᠷᠠᠯᠲᠠ ᠦᠭᠡᠢ ᠥᠷᠭᠡᠳᠴᠦ᠍᠂ ᠳᠤᠮᠳᠠᠳᠤ ᠤᠯᠤᠰ᠎ᠤ᠋ᠨ ᠤᠰᠤᠨ᠎ᠤ᠋ ᠡᠷᠬᠡ᠎ᠶᠢᠨ ᠠᠷᠠᠯᠵᠢᠶᠠᠨ᠎ᠤ᠋ ᠭᠠᠵᠠᠷ ᠪᠠᠢᠭᠤᠯᠤᠭ᠍ᠳᠠᠭ᠍ᠰᠠᠨᠠ᠋ᠴᠠ ᠨᠠᠭᠠᠰᠢ᠂ ᠨᠡᠢᠲᠡ 2.8 ᠲᠦᠮᠡᠨ ᠬᠠᠭᠤᠳᠠᠰᠤ ᠠᠷᠠᠯᠵᠢᠶ᠎ᠠ ᠪᠦᠲᠦᠭ᠌ᠰᠡᠨ ᠪᠥᠭᠡᠳ ᠠᠷᠠᠯᠵᠢᠶᠠᠯᠠᠭ᠍ᠰᠠᠨ ᠬᠡᠮᠵᠢᠶ᠎ᠡ ᠨᠢ 60.5 ᠳ᠋ᠦᠩᠱᠢᠭᠤᠷ ᠪᠣᠰᠤᠭ᠎ᠠ ᠳᠥᠷᠪᠡᠯᠵᠢᠨ ᠮᠧᠲ᠋ᠷ᠎ᠡᠴᠡ ᠳᠠᠪᠠᠭ᠍ᠰᠠᠨ ᠪᠠᠢᠨ᠎ᠠ᠃
ᠤᠰᠤᠨ᠎ᠤ ᠡᠬᠢ ᠪᠠᠶᠠᠯᠢᠭ ᠳᠤᠲᠠᠭ᠍ᠳᠠᠵᠤ ᠪᠠᠢᠭ᠎ᠠ ᠶᠠᠪᠤᠳᠠᠯ ᠪᠣᠯ ᠬᠠᠲᠤᠨ ᠭᠤᠤᠯ᠎ᠤᠨ ᠰᠠᠪᠠ ᠭᠠᠵᠠᠷ᠎ᠤᠨ ᠬᠠᠮᠤᠭ᠎ᠤᠨ ᠲᠣᠪᠤᠢᠮ᠎ᠠ ᠵᠥᠷᠢᠴᠡᠯ ᠮᠥᠨ᠂ ᠤᠰᠤ ᠬᠡᠷᠡᠭ᠌ᠯᠡᠬᠦ᠌ ᠡᠷᠬᠡ᠎ᠶ᠋ᠢᠨ ᠠᠷᠠᠯᠵᠢᠶ᠎ᠠ᠎ᠶ᠋ᠢ ᠠᠬᠢᠭᠤᠯᠬᠤ ᠪᠣᠯ ᠬᠠᠲᠤᠨ ᠭᠤᠤᠯ᠎ᠤᠨ ᠰᠠᠪᠠ ᠭᠠᠵᠠᠷ᠎ᠤᠨ ᠤᠰᠤᠨ᠎ᠤ ᠡᠬᠢ ᠪᠠᠶᠠᠯᠢᠭ᠎ᠤᠨ ᠬᠠᠩᠭᠠᠯᠭ᠎ᠠ ᠬᠡᠷᠡᠭ᠌ᠴᠡᠭᠡ᠎ᠶ᠋ᠢᠨ ᠵᠥᠷᠢᠴᠡᠯ᠎ᠢ ᠨᠠᠮᠳᠠᠭᠤᠯᠬᠤ᠂ ᠤᠰᠤᠨ᠎ᠤ ᠡᠬᠢ ᠪᠠᠶᠠᠯᠢᠭ᠎ᠢ ᠱᠢᠯᠢᠳᠡᠭ᠌ᠵᠢᠭᠦᠯᠦᠨ ᠳᠣᠭᠢᠷᠠᠭᠤᠯᠬᠤ ᠪᠠ ᠠᠷᠪᠢᠲᠠᠶ ᠡᠷᠴᠢᠮᠯᠢᠭ ᠠᠱᠢᠭ᠍ᠯᠠᠬᠤ᠎ᠶ᠋ᠢ ᠠᠬᠢᠭᠤᠯᠬᠤ ᠴᠢᠬᠤᠯᠠ ᠠᠷᠭ᠎ᠠ ᠬᠡᠮᠵᠢᠶ᠎ᠡ ᠮᠥᠨ᠃ 2023 ᠣᠨ᠎ᠳᠤ ᠰᠧᠴᠤᠸᠠᠨ ᠪᠣᠯᠤᠨ ᠨᠢᠩᠱᠢᠶᠠ᠎ᠳᠤ ᠬᠠᠳᠤᠨ ᠭᠤᠣᠯ᠎ᠤᠨ ᠰᠠᠪᠠ ᠭᠠᠵᠠᠷ᠎ᠤᠨ ᠠᠩᠬᠠᠳᠠᠭ᠍ᠴᠢ ᠮᠤᠵᠢ ᠣᠷᠣᠨ ᠠᠯᠤᠰᠯᠠᠭ᠍ᠰᠠᠨ ᠤᠰᠤᠨ᠎ᠤ ᠡᠷᠬᠡ᠎ᠶ᠋ᠢᠨ ᠠᠷᠠᠯᠵᠢᠶ᠎ᠠ᠎ᠶ᠋ᠢ ᠥᠷᠨᠢᠭᠦᠯᠵᠦ᠍᠂ ᠮᠤᠵᠢ ᠣᠷᠣᠨ ᠠᠯᠤᠰᠯᠠᠭ᠍ᠰᠠᠨ ᠤᠰᠤᠨ᠎ᠤ ᠡᠷᠬᠡ᠎ᠶ᠋ᠢᠨ ᠠᠷᠠᠯᠵᠢᠶ᠎ᠠ᠎ᠶ᠋ᠢ ᠥᠷᠨᠢᠭᠦᠯᠬᠦ᠌᠎ᠳᠤ ᠴᠢᠬᠤᠯᠠ ᠯᠠᠪᠯᠠᠯᠲᠠ ᠪᠣᠯᠭᠠᠵᠤ᠂ ᠲᠤᠷᠱᠢᠯᠭ᠎ᠠ ᠬᠤᠷᠠᠮᠳᠤᠭᠤᠯᠵᠠᠢ᠃ 2024 ᠣᠨ᠎ᠤ 9 ᠳ᠋ᠦ᠍ᠭᠡᠷ ᠰᠠᠷ᠎ᠠ᠎ᠳᠤ᠂ ᠶᠡᠷᠦᠩᠬᠡᠢ ᠱᠦᠵᠢ ᠰᠢ᠎ᠶ᠋ᠢᠨ ᠫᠢᠩ ᠬᠠᠳᠤᠨ ᠭᠤᠣᠯ᠎ᠤᠨ ᠰᠠᠪᠠ ᠭᠠᠵᠠᠷ᠎ᠤᠨ ᠠᠮᠢ ᠠᠬᠤᠢ᠎ᠶ᠋ᠢᠨ ᠬᠠᠮᠠᠭᠠᠯᠠᠯᠲᠠ ᠪᠠ ᠴᠢᠨᠠᠷ ᠰᠠᠢᠲᠠᠢ ᠬᠥᠭ᠌ᠵᠢᠯᠲᠡ᠎ᠶ᠋ᠢ ᠪᠦᠬᠦ᠌ ᠲᠠᠯ᠎ᠠ᠎ᠪᠠᠷ ᠠᠬᠢᠭᠤᠯᠬᠤ ᠶᠠᠷᠢᠯᠴᠠᠬᠤ ᠬᠤᠷᠠᠯ᠎ᠢ ᠡᠷᠬᠢᠯᠡᠨ ᠬᠤᠷᠠᠯᠳᠤᠭᠤᠯᠵᠤ᠂ 《ᠤᠰᠤᠨ᠎ᠤ ᠡᠷᠬᠡ᠎ᠶ᠋ᠢᠨ ᠠᠷᠠᠯᠵᠢᠶ᠎ᠠ᠎ᠶ᠋ᠢ ᠢᠳᠡᠪᠬᠢᠲᠡᠢ ᠬᠠᠢᠨ ᠰᠦᠪᠡᠭ᠌ᠴᠢᠯᠡᠬᠦ᠌ ᠪᠠ ᠵᠢᠷᠤᠮᠵᠢᠭᠤᠯᠤᠨ ᠠᠬᠢᠭᠤᠯᠬᠤ》 ᠬᠡᠷᠡᠭ᠌ᠲᠡᠢ ᠭᠡᠵᠦ᠍ ᠲᠣᠳᠣᠷᠬᠠᠶ ᠱᠠᠭᠠᠷᠳᠠᠪᠠ᠃ ᠶᠡᠷᠦᠩᠬᠡᠶ ᠱᠦᠵᠢ ᠰᠢ᠎ᠶ᠋ᠢᠨ ᠫᠢᠩ᠎ᠤᠨ ᠤᠰᠤᠨ᠎ᠤ ᠡᠷᠬᠡ᠎ᠶ᠋ᠢᠨ ᠳᠦᠷᠢᠮ᠎ᠤᠨ ᠪᠠᠢᠭᠤᠯᠤᠯᠲᠠ᠎ᠶ᠋ᠢᠨ ᠲᠤᠬᠠᠶ ᠴᠢᠬᠤᠯᠠ ᠵᠢᠭᠠᠪᠤᠷᠢ᠎ᠶ᠋ᠢᠨ ᠵᠣᠷᠢᠭ ᠰᠠᠨᠠᠭ᠎ᠠ᠎ᠶ᠋ᠢ ᠭᠦᠨᠵᠡᠭᠡᠶ ᠲᠤᠭᠤᠱᠢᠯᠠᠭᠤᠯᠵᠤ᠂ ᠬᠠᠲᠤᠨ ᠭᠤᠤᠯ᠎ᠤᠨ ᠰᠠᠪᠠ ᠭᠠᠵᠠᠷ᠎ᠤᠨ ᠮᠤᠵᠢ ᠣᠷᠣᠨ ᠠᠯᠤᠰᠯᠠᠭ᠍ᠰᠠᠨ ᠤᠰᠤᠨ᠎ᠤ ᠬᠡᠷᠡᠭ᠌ᠯᠡᠬᠦ᠌ ᠡᠷᠬᠡ᠎ᠶ᠋ᠢᠨ ᠠᠷᠠᠯᠵᠢᠶ᠎ᠠ᠎ᠶ᠋ᠢ ᠢᠳᠡᠪᠬᠢᠲᠡᠶ᠎ᠪᠠᠷ ᠬᠠᠢᠨ ᠰᠦᠪᠡᠭ᠌ᠴᠢᠯᠡᠬᠦ᠌ ᠪᠠ ᠵᠢᠷᠤᠮᠵᠢᠭᠤᠯᠤᠨ ᠠᠬᠢᠭᠤᠯᠵᠤ᠂ ᠤᠰᠤ ᠬᠡᠷᠡᠭ᠌ᠯᠡᠬᠦ᠌ ᠡᠷᠬᠡ᠎ᠶ᠋ᠢᠨ ᠠᠷᠠᠯᠵᠢᠶᠠᠨ᠎ᠤ ᠲᠦᠷᠢᠮ᠎ᠤᠨ ᠱᠢᠰᠲ᠋ᠧᠮᠵᠢ᠎ᠶ᠋ᠢ ᠲᠦᠷᠭᠡᠳᠭᠡᠨ ᠪᠠᠢᠭᠤᠯᠬᠤ᠎ᠶ᠋ᠢᠨ ᠲᠤᠰᠠᠳᠠ᠂ ᠤᠰᠤᠨ ᠠᠱᠢᠭ᠍ᠯᠠᠯᠲᠠ᠎ᠶ᠋ᠢᠨ ᠶᠠᠮᠤᠨ ᠭᠦᠨᠵᠡᠭᠡᠶ ᠪᠠᠢᠴᠠᠭᠠᠨ ᠰᠤᠳᠤᠯᠤᠯᠲᠠ ᠬᠢᠵᠦ᠍᠂ ᠭᠦᠢᠴᠡᠳ ᠰᠠᠨᠠᠯ ᠬᠤᠷᠢᠶᠠᠵᠤ᠂ ᠲᠠᠬᠢᠨ ᠳᠠᠪᠲᠠᠨ ᠵᠠᠰᠠᠪᠤᠷᠢ ᠣᠷᠣᠭᠤᠯᠤᠨ ᠲᠡᠭᠦᠯᠳᠡᠷᠵᠢᠭᠦᠯᠬᠦ᠌᠎ᠪᠠᠷ ᠳᠠᠮᠵᠢᠨ᠂ 《ᠰᠠᠨᠠᠯ》᠎ᠢ ᠲᠣᠭ᠍ᠲᠠᠭᠠᠨ ᠳᠠᠷᠤᠮᠠᠯᠯᠠᠨ ᠲᠠᠷᠬᠠᠭᠠᠵᠤ᠂ ᠣᠳᠣᠬᠠᠨ᠎ᠤ ᠪᠠ ᠬᠤᠢᠱᠢᠳᠠ᠎ᠶ᠋ᠢᠨ ᠨᠢᠭᠡ ᠬᠤᠭᠤᠴᠠᠭᠠᠨ᠎ᠤ ᠬᠠᠲᠤᠨ ᠭᠤᠤᠯ᠎ᠤᠨ ᠰᠠᠪᠠ ᠭᠠᠵᠠᠷ᠎ᠤᠨ ᠮᠤᠵᠢ ᠣᠷᠣᠨ ᠠᠯᠤᠰᠯᠠᠭ᠍ᠰᠠᠨ ᠤᠰᠤ ᠬᠡᠷᠡᠭ᠌ᠯᠡᠬᠦ᠌ ᠡᠷᠬᠡ᠎ᠶ᠋ᠢᠨ ᠠᠷᠠᠯᠵᠢᠶᠠᠨ᠎ᠤ ᠵᠢᠯᠣᠭᠤᠳᠭᠤ ᠴᠢᠨᠠᠷᠲᠠᠶ ᠪᠢᠴᠢᠭ ᠮᠠᠲ᠋ᠧᠷᠢᠶᠠᠯ ᠪᠣᠯᠭᠠᠪᠠ᠃
ᠬᠤᠶᠠᠷ᠂ ᠬᠠᠲᠤᠨ ᠭᠤᠣᠯ᠎ᠤᠨ ᠰᠠᠪᠠ ᠭᠠᠵᠠᠷ᠎ᠤᠨ ᠮᠤᠵᠢ ᠣᠷᠣᠨ ᠠᠯᠤᠰᠯᠠᠭ᠍ᠰᠠᠨ ᠤᠰᠤᠨ᠎ᠤ ᠡᠷᠬᠡ᠎ᠶ᠋ᠢᠨ ᠠᠷᠠᠯᠵᠢᠶᠠᠨ᠎ᠤ ᠶᠡᠷᠦᠩᠬᠡᠢ ᠪᠣᠳᠣᠯᠬᠢᠯᠠᠯ᠎ᠨᠢ ᠶᠠᠭᠤ ᠪᠣᠢ?
ᠮᠤᠵᠢ ᠣᠷᠣᠨ ᠠᠯᠤᠰᠯᠠᠭ᠍ᠰᠠᠨ ᠤᠰᠤ ᠬᠡᠷᠡᠭ᠌ᠯᠡᠬᠦ᠌ ᠡᠷᠬᠡ᠎ᠶ᠋ᠢᠨ ᠠᠷᠠᠯᠵᠢᠶ᠎ᠠ᠎ᠶ᠋ᠢ ᠢᠳᠡᠪᠬᠢᠲᠡᠢ ᠰᠦᠪᠡᠭ᠌ᠴᠢᠯᠡᠨ ᠵᠢᠷᠤᠮᠵᠢᠭᠤᠯᠤᠨ ᠠᠬᠢᠭᠤᠯᠵᠤ᠂ ᠶᠡᠷᠦᠩᠬᠡᠢ ᠪᠣᠳᠣᠯᠬᠢᠯᠠᠯ᠎ᠨᠢ ᠨᠠᠮ᠎ᠤᠨ ᠬᠤᠷᠢᠳᠤᠭᠠᠷ ᠬᠤᠭᠤᠴᠠᠭᠠᠨ᠎ᠤ ᠲᠥᠪ ᠬᠤᠷᠢᠶᠠᠨ᠎ᠤ ᠭᠤᠷᠪᠠᠳᠤᠭᠠᠷ ᠪᠦᠬᠦᠳᠡ ᠬᠤᠷᠠᠯ᠎ᠤᠨ ᠵᠣᠷᠢᠭ ᠰᠠᠨᠠᠭ᠎ᠠ ᠪᠣᠯᠤᠨ ᠨᠠᠮ᠎ᠤᠨ ᠲᠥᠪ ᠬᠤᠷᠢᠶᠠᠨ᠎ᠤ ᠱᠢᠢᠳᠪᠦᠷᠢᠲᠦ ᠪᠤᠳᠤᠯᠭ᠎ᠠ ᠪᠠᠢᠷᠢᠯᠠᠭᠤᠯᠤᠯᠲᠠ᠎ᠶ᠋ᠢ ᠪᠦᠬᠦ᠌ ᠲᠠᠯ᠎ᠠ᠎ᠪᠠᠷ ᠲᠤᠭᠤᠱᠢᠯᠠᠭᠤᠯᠵᠤ᠂ ᠶᠡᠷᠦᠩᠬᠡᠢ ᠱᠦᠵᠢ ᠰᠢ᠎ᠶ᠋ᠢᠨ ᠫᠢᠩ᠎ᠤᠨ 《ᠤᠰᠤ ᠠᠷᠪᠢᠯᠠᠬᠤ᠎ᠶ᠋ᠢ ᠲᠡᠷᠢᠭᠦᠨ᠎ᠳᠤ ᠲᠠᠯᠪᠢᠬᠤ᠂ ᠣᠷᠣᠨ ᠵᠠᠢ᠎ᠶ᠋ᠢ ᠲᠡᠩᠴᠡᠭᠦᠷᠢᠲᠡᠢ ᠪᠠᠢᠯᠭᠠᠬᠤ᠂ ᠱᠢᠰᠲ᠋ᠧᠮ᠎ᠲᠠᠢ ᠵᠠᠰᠠᠬᠤ᠂ ᠬᠤᠶᠠᠷ ᠲᠠᠯ᠎ᠠ᠎ᠪᠠᠷ ᠬᠦᠴᠦᠯᠡᠬᠦ᠌》 ᠤᠰᠤ᠎ᠶ᠋ᠢ ᠵᠠᠰᠠᠬᠤ ᠰᠡᠳᠭᠢᠴᠡ ᠪᠣᠯᠤᠨ ᠤᠰᠤ᠎ᠶ᠋ᠢ ᠵᠠᠰᠠᠬᠤ ᠲᠤᠬᠠᠢ ᠴᠢᠬᠤᠯᠠ ᠥᠭᠦᠯᠡᠯᠲᠡ᠎ᠶ᠋ᠢᠨ ᠵᠣᠷᠢᠭ ᠰᠠᠨᠠᠭ᠎ᠠ᠎ᠶ᠋ᠢ ᠭᠦᠨᠵᠡᠭᠡᠢ ᠨᠠᠢᠳᠠᠪᠤᠷᠢᠵᠢᠭᠤᠯᠵᠤ᠂ ᠪᠠᠢᠭᠠᠯᠢ᠎ᠶ᠋ᠢᠨ ᠡᠬᠢ ᠪᠠᠶᠠᠯᠢᠭ ᠡᠳ᠋ ᠬᠦᠷᠦᠩᠭᠡ᠎ᠶ᠋ᠢᠨ ᠥᠮᠴᠢᠯᠡᠯ᠎ᠤᠨ ᠡᠷᠬᠡ᠎ᠶ᠋ᠢᠨ ᠲᠦᠷᠢᠮ ᠪᠣᠯᠤᠨ ᠬᠠᠮᠢᠶᠠᠷᠤᠯᠲᠠ᠎ᠶ᠋ᠢᠨ ᠲᠦᠷᠢᠮ᠎ᠤᠨ ᠱᠢᠰᠲ᠋ᠧᠮ᠎ᠢ ᠪᠦᠷᠢᠨᠱᠢᠬᠦᠯᠵᠤ᠂ ᠤᠰᠤᠨ᠎ᠤ ᠡᠬᠢ ᠪᠠᠶᠠᠯᠢᠭ᠎ᠤᠨ ᠬᠠᠲᠠᠭᠤ ᠬᠢᠵᠠᠭᠠᠷᠯᠠᠯ᠎ᠤᠨ ᠲᠦᠷᠢᠮ᠎ᠢ ᠨᠠᠢᠳᠠᠪᠤᠷᠢᠵᠢᠭᠤᠯᠵᠤ᠂ ᠤᠰᠤ ᠬᠡᠷᠡᠭ᠌ᠯᠡᠬᠦ᠌ ᠡᠷᠬᠡ᠎ᠶ᠋ᠢᠨ ᠠᠩᠬᠠᠨ᠎ᠤ ᠬᠤᠪᠢᠶᠠᠷᠢᠯᠠᠯᠲᠠ᠎ᠶ᠋ᠢ ᠲᠦᠷᠭᠡᠳᠭᠡᠨ ᠠᠬᠢᠭᠤᠯᠵᠤ᠂ ᠤᠰᠤ ᠬᠡᠷᠡᠭ᠌ᠯᠡᠬᠦ᠌ ᠡᠷᠬᠡ᠎ᠶ᠋ᠢᠨ ᠠᠷᠠᠯᠵᠢᠶᠠᠨ᠎ᠤ ᠵᠠᠬ᠎ᠠ ᠳᠡᠯᠭᠡᠭᠦᠷ᠎ᠢ ᠢᠳᠡᠪᠬᠢᠲᠡᠢ ᠪᠤᠢᠵᠢᠭᠤᠯᠵᠤ᠂ ᠤᠰᠤ ᠬᠡᠷᠡᠭ᠌ᠯᠡᠬᠦ᠌ ᠡᠷᠬᠡ᠎ᠶ᠋ᠢᠨ ᠠᠷᠠᠯᠵᠢᠶᠠᠨ᠎ᠤ ᠲᠠᠪᠴᠠᠩ᠎ᠢ ᠲᠡᠭᠦᠯᠳᠡᠷᠵᠢᠭᠦᠯᠵᠦ᠍᠂ ᠤᠰᠤᠨ᠎ᠤ ᠡᠬᠢ ᠪᠠᠶᠠᠯᠢᠭ᠎ᠤᠨ ᠬᠢᠨᠠᠨ ᠬᠡᠮᠵᠢᠯᠲᠡ᠎ᠶ᠋ᠢᠨ ᠱᠢᠰᠲ᠋ᠧᠮ᠎ᠢ ᠲᠡᠭᠦᠯᠳᠡᠷᠵᠢᠭᠦᠯᠵᠦ᠍᠂ ᠤᠰᠤ ᠬᠡᠷᠡᠭ᠌ᠯᠡᠬᠦ᠌ ᠡᠷᠬᠡ᠎ᠶ᠋ᠢᠨ ᠠᠷᠠᠯᠵᠢᠶᠠᠨ᠎ᠤ ᠵᠠᠬ᠎ᠠ ᠳᠡᠯᠭᠡᠭᠦᠷ᠎ᠤᠨ ᠬᠢᠨᠠᠯᠲᠠ ᠬᠠᠮᠢᠶᠠᠷᠤᠯᠲᠠ᠎ᠶ᠋ᠢ ᠴᠢᠩᠭᠠᠳᠭᠠᠨ᠎ᠠ᠃ 2 - 3 ᠵᠢᠯ᠎ᠦᠨ ᠬᠤᠭᠤᠴᠠᠭ᠎ᠠ᠎ᠶ᠋ᠢ ᠬᠡᠷᠡᠭ᠌ᠯᠡᠵᠦ᠍ ᠪᠠᠢᠭᠠᠳ ᠬᠠᠲᠤᠨ ᠭᠣᠤᠯ᠎ᠤᠨ ᠰᠠᠪᠠ ᠭᠠᠵᠠᠷ᠎ᠲᠤ ᠬᠠᠷᠢᠶᠠᠯᠠᠯ ᠨᠢ ᠲᠣᠳᠣᠷᠬᠠᠶ ᠂ ᠡᠷᠬᠡ ᠬᠠᠷᠢᠭᠤᠴᠠᠯᠭ᠎ᠠ ᠨᠢ ᠲᠣᠳᠣᠷᠬᠠᠶ ᠂ ᠡᠷᠭᠢᠯᠲᠡ ᠨᠢ ᠤᠷᠤᠭ᠍ᠰᠢᠲᠠᠶ ᠂ ᠬᠢᠨᠠᠯᠲᠠ ᠬᠠᠮᠢᠶᠠᠷᠤᠯᠲᠠ ᠨᠢ ᠪᠦᠲᠦᠮᠵᠢᠲᠡᠶ ᠤᠰᠤ ᠬᠡᠷᠡᠭ᠌ᠯᠡᠬᠦ᠌ ᠡᠷᠬᠡ᠎ᠶ᠋ᠢ ᠠᠷᠠᠯᠵᠢᠶᠠᠯᠠᠬᠤ ᠳᠦᠷᠢᠮ᠎ᠦᠨ ᠱᠢᠰᠲ᠋ᠧᠮᠵᠢ᠎ᠶ᠋ᠢ ᠪᠠᠢᠭᠤᠯᠵᠤ ᠂ ᠤᠰᠤ ᠬᠡᠷᠡᠭ᠌ᠯᠡᠬᠦ᠌ ᠡᠷᠬᠡ᠎ᠶ᠋ᠢᠨ ᠥᠭᠡᠷᠡᠴᠢᠯᠡᠯᠲᠡ ᠨᠢ ᠤᠰᠤᠨ᠎ᠤ ᠡᠬᠢ ᠪᠠᠶᠠᠯᠢᠭ ᠢ ᠱᠢᠯᠢᠳᠡᠭ᠌ᠵᠢᠭᠦᠯᠦᠨ ᠲᠣᠬᠢᠷᠠᠭᠤᠯᠬᠤ ᠪᠠ ᠠᠷᠪᠢᠲᠠᠶ ᠡᠷᠴᠢᠮᠯᠢᠭ ᠠᠱᠢᠭ᠍ᠯᠠᠬᠤ᠎ᠶ᠋ᠢ ᠠᠬᠢᠭᠤᠯᠬᠤ ᠦᠢᠯᠡᠳᠦᠯ ᠢ ᠭᠦᠢᠴᠡᠳ ᠪᠠᠳᠠᠷᠠᠭᠤᠯᠵᠤ ᠂ ᠬᠠᠲᠤᠨ ᠭᠣᠤᠯ᠎ᠤᠨ ᠰᠠᠪᠠ ᠭᠠᠵᠠᠷ᠎ᠤᠨ ᠠᠮᠢ ᠠᠬᠤᠶ᠎ᠶ᠋ᠢᠨ ᠬᠠᠮᠠᠭᠠᠯᠠᠯᠲᠠ ᠪᠠ ᠴᠢᠨᠠᠷ ᠰᠠᠢᠲᠠᠶ ᠬᠥᠭ᠌ᠵᠢᠯᠲᠡ᠎ᠶ᠋ᠢ ᠬᠦᠴᠦᠲᠡᠶ ᠲᠤᠯᠭᠠᠭᠤᠷᠢᠯᠠᠨ᠎ᠠ ᠃
ᠭᠤᠷᠪᠠ᠂ ᠮᠤᠵᠢ ᠣᠷᠣᠨ ᠠᠯᠤᠰᠯᠠᠨ ᠠᠷᠠᠯᠵᠢᠶᠠᠯᠠᠬᠤ᠎ᠶ᠋ᠢ ᠥᠷᠨᠢᠭᠦᠯᠵᠦ᠍ ᠪᠣᠯᠬᠤ᠎ᠨᠢ ᠶᠠᠮᠠᠷ ᠶᠠᠮᠠᠷ ᠤᠰᠤ ᠬᠡᠷᠡᠭ᠌ᠯᠡᠬᠦ᠌ ᠡᠷᠬᠡ ᠪᠠᠢᠬᠤ ᠪᠣᠶ? ᠲᠣᠰ ᠲᠣᠰ ᠶᠠᠮᠠᠷ ᠠᠷᠭ᠎ᠠ ᠮᠠᠶᠢᠭ᠎ᠢᠶᠠᠷ ᠳᠠᠮᠵᠢᠭᠤᠯᠤᠨ ᠬᠤᠪᠢᠶᠠᠷᠢᠯᠠᠬᠤ ᠪᠠ ᠲᠣᠳᠣᠷᠬᠠᠶ ᠪᠣᠯᠭᠠᠬᠤ ᠪᠣᠶ?
《ᠰᠠᠨᠠᠯ》᠎ᠳᠤ ᠮᠤᠵᠢ ᠤᠷᠤᠨ ᠠᠯᠤᠰᠯᠠᠨ ᠠᠷᠠᠯᠵᠢᠶᠠᠯᠠᠵᠤ ᠪᠣᠯᠬᠤ ᠤᠰᠤ ᠬᠡᠷᠡᠭ᠌ᠯᠡᠬᠦ᠌ ᠡᠷᠬᠡ᠎ᠳᠤ ᠴᠢᠭ᠌ᠯᠡᠭᠦᠯᠦᠨ᠂ ᠨᠢᠭᠡᠨᠲᠡ ᠲᠣᠭ᠍ᠲᠠᠭᠠᠭ᠍ᠰᠠᠨ ᠰᠠᠭᠤᠷᠢᠨ ᠳᠡᠭᠡᠷ᠎ᠡ᠂ ᠭᠤᠷᠪᠠᠨ ᠲᠠᠯ᠎ᠠ᠎ᠪᠠᠷ ᠵᠢᠷᠤᠮᠵᠢᠯ᠎ᠤᠨ ᠴᠢᠨᠠᠷᠲᠠᠶ ᠱᠠᠭᠠᠷᠳᠠᠯᠭ᠎ᠠ ᠭᠠᠷᠭᠠᠪᠠ᠃
ᠨᠢᠭᠡ᠎ᠳᠤ᠂ ᠣᠷᠣᠨ ᠪᠦᠰᠡ᠎ᠶ᠋ᠢᠨ ᠤᠰᠤᠨ᠎ᠤ ᠡᠷᠬᠡ᠎ᠶ᠋ᠢ ᠨᠠᠷᠢᠯᠢᠬ᠍ᠵᠢᠭᠤᠯᠤᠨ ᠲᠣᠳᠣᠷᠬᠠᠢᠯᠠᠨ᠎ᠠ᠃ 《ᠰᠠᠨᠠᠯ》᠎ᠳᠤ᠂ ᠬᠠᠲᠤᠨ ᠭᠤᠣᠯ᠎ᠤᠨ ᠤᠰᠤᠨ᠎ᠤ ᠬᠡᠮᠵᠢᠶ᠎ᠡ᠎ᠶ᠋ᠢ ᠬᠤᠪᠢᠶᠠᠷᠢᠯᠠᠬᠤ ᠲᠥᠰᠥᠯ ᠪᠠ ᠮᠤᠵᠢ ᠠᠯᠤᠰᠯᠠᠨ ᠰᠠᠯᠪᠤᠷᠢ ᠤᠷᠤᠰᠭᠠᠯ᠎ᠤᠨ ᠤᠰᠤᠨ᠎ᠤ ᠬᠡᠮᠵᠢᠶ᠎ᠡ᠎ᠶ᠋ᠢ ᠬᠤᠪᠢᠶᠠᠷᠢᠯᠠᠬᠤ ᠲᠥᠰᠥᠯ᠎ᠤᠨ ᠴᠣᠬᠤᠯᠠᠪᠤᠷᠢᠯᠠᠭ᠍ᠰᠠᠨ ᠬᠡᠷᠡᠭ᠌ᠯᠡᠵᠦ᠍ ᠪᠣᠯᠬᠤ ᠤᠰᠤᠨ᠎ᠤ ᠬᠡᠮᠵᠢᠶ᠎ᠡ᠎ᠶ᠋ᠢ ᠬᠠᠮᠢᠶ᠎ᠠ ᠪᠦᠬᠦᠢ ᠮᠤᠵᠢ ᠣᠷᠣᠨ᠎ᠤ ᠬᠠᠲᠤᠨ ᠭᠤᠣᠯ᠎ᠤᠨ ᠰᠠᠪᠠ ᠭᠠᠵᠠᠷ᠎ᠲᠠᠬᠢ ᠤᠰᠤ ᠬᠡᠷᠡᠭ᠌ᠯᠡᠬᠦ᠌ ᠡᠷᠬᠡ᠎ᠶ᠋ᠢᠨ ᠵᠠᠭᠠᠭ ᠪᠣᠯᠭᠠᠨ᠎ᠠ; ᠬᠠᠲᠤᠨ ᠭᠤᠣᠯ᠎ᠤᠨ ᠣᠨ᠎ᠤ ᠤᠰᠤᠨ᠎ᠤ ᠬᠡᠮᠵᠢᠶ᠎ᠡ᠎ᠶ᠋ᠢ ᠲᠣᠬᠢᠷᠠᠭᠤᠯᠬᠤ ᠲᠥᠯᠥᠪᠯᠡᠭᠡ᠎ᠶ᠋ᠢᠨ ᠴᠣᠬᠤᠯᠠᠪᠤᠷᠢ ᠬᠡᠷᠡᠭ᠌ᠯᠡᠵᠦ᠍ ᠪᠣᠯᠬᠤ ᠤᠰᠤᠨ᠎ᠤ ᠬᠡᠮᠵᠢᠶ᠎ᠡ᠎ᠶ᠋ᠢ ᠬᠠᠮᠢᠶ᠎ᠠ ᠪᠦᠬᠦᠢ ᠮᠤᠵᠢ ᠣᠷᠣᠨ᠎ᠤ ᠬᠠᠲᠤᠨ ᠭᠤᠣᠯ᠎ᠤᠨ ᠰᠠᠪᠠ ᠭᠠᠵᠠᠷ᠎ᠲᠤ ᠤᠰᠤ ᠲᠣᠬᠢᠷᠠᠭᠤᠯᠬᠤ ᠣᠨ᠎ᠤ ᠤᠰᠤ ᠬᠡᠷᠡᠭ᠌ᠯᠡᠬᠦ᠌ ᠡᠷᠬᠡ᠎ᠶ᠋ᠢᠨ ᠵᠠᠭᠠᠭ ᠪᠣᠯᠭᠠᠨ᠎ᠠ; ᠤᠰᠤ ᠲᠠᠲᠠᠬᠤ ᠢᠨᠵᠧᠨᠧᠷᠢᠩ᠎ᠤᠨ ᠬᠠᠮᠢᠶ᠎ᠠ ᠪᠦᠬᠦᠢ ᠴᠣᠬᠤᠯᠠᠪᠤᠷᠢ ᠪᠢᠴᠢᠭ ᠮᠠᠲ᠋ᠧᠷᠢᠶᠠᠯ᠎ᠳᠤ ᠲᠣᠭ᠍ᠲᠠᠭᠠᠭ᠍ᠰᠠᠨ ᠤᠰᠤ ᠬᠡᠷᠡᠭ᠌ᠯᠡᠵᠦ᠍ ᠪᠣᠯᠬᠤ ᠤᠰᠤᠨ᠎ᠤ ᠬᠡᠮᠵᠢᠶ᠎ᠡ᠎ᠶ᠋ᠢ ᠲᠣᠰ ᠣᠷᠣᠨ ᠪᠦᠰᠡ᠎ᠶ᠋ᠢᠨ ᠲᠣᠰ ᠢᠨᠵᠧᠨᠧᠷᠢᠩ᠎ᠤᠨ ᠤᠰᠤ ᠬᠡᠷᠡᠭ᠌ᠯᠡᠬᠦ᠌ ᠡᠷᠬᠡ᠎ᠶ᠋ᠢᠨ ᠵᠠᠭᠠᠭ ᠪᠣᠯᠭᠠᠨ᠎ᠠ᠃ 《ᠰᠠᠨᠠᠯ》᠎ᠳᠤ᠂ ᠡᠯ᠎ᠡ ᠮᠤᠵᠢ ᠣᠷᠣᠨ᠎ᠨᠢ ᠤᠰᠤ ᠬᠡᠷᠡᠭ᠌ᠯᠡᠵᠦ᠍ ᠪᠣᠯᠬᠤ ᠤᠰᠤᠨ᠎ᠤ ᠬᠡᠮᠵᠢᠶ᠎ᠡ᠎ᠶ᠋ᠢ ᠲᠣᠭ᠍ᠲᠠᠭᠠᠬᠤ᠎ᠲᠠᠢ ᠤᠶᠠᠯᠳᠤᠭᠤᠯᠤᠨ᠂ ᠲᠤᠰ ᠮᠤᠵᠢ ᠣᠷᠣᠨ᠎ᠤ ᠬᠡᠷᠡᠭ᠌ᠯᠡᠵᠦ᠍ ᠪᠣᠯᠬᠤ ᠤᠰᠤᠨ᠎ᠤ ᠬᠡᠮᠵᠢᠶ᠎ᠡ᠎ᠶ᠋ᠢ ᠬᠤᠲᠠ ᠱᠢᠶᠠᠨ ᠪᠠ ᠪᠣᠳᠠᠲᠠᠶ ᠤᠰᠤᠨ᠎ᠤ ᠡᠬᠢ ᠰᠤᠷᠪᠤᠯᠵᠢ ᠬᠦᠷᠲᠡᠯ᠎ᠡ ᠤᠯᠠᠮ ᠨᠢᠭᠡ ᠠᠯᠬᠤᠮ ᠨᠠᠷᠢᠯᠢᠭ᠍ᠵᠢᠭᠤᠯᠤᠨ ᠵᠠᠳᠠᠯᠵᠤ᠂ ᠤᠰᠤ ᠬᠡᠷᠡᠭ᠌ᠯᠡᠬᠦ᠌ ᠡᠷᠬᠡ᠎ᠶ᠋ᠢ ᠠᠩᠬ᠎ᠠ ᠬᠤᠪᠢᠶᠠᠷᠢᠯᠠᠬᠤ᠎ᠶ᠋ᠢᠨ ᠬᠠᠮᠲᠤ ᠬᠥᠳᠡᠯᠦᠩᠭᠦᠶ᠎ᠪᠠᠷ ᠱᠢᠨᠡᠳᠭᠡᠬᠦ᠌ ᠬᠡᠷᠡᠭ᠌ᠲᠡᠶ ᠭᠡᠵᠦ᠍ ᠴᠢᠬᠤᠯᠠᠴᠢᠯᠠᠪᠠ᠃
ᠬᠤᠶᠠᠷ᠎ᠲᠤ᠌᠂ ᠤᠰᠤ ᠠᠪᠬᠤ ᠡᠷᠦᠬᠡ᠎ᠶ᠋ᠢᠨ ᠤᠰᠤ ᠠᠪᠬᠤ ᠡᠷᠬᠡ᠎ᠶ᠋ᠢ ᠴᠢᠩᠭ᠎ᠠ ᠬᠢᠨᠠᠨ ᠲᠣᠭ᠍ᠲᠠᠭᠠᠨ᠎ᠠ᠃ 《ᠰᠠᠨᠠᠯ》᠎ᠳᠤ᠂ ᠬᠠᠤᠯᠢ ᠶᠣᠰᠣᠭᠠᠷ ᠤᠰᠤ ᠠᠪᠬᠤ ᠵᠥᠪᠱᠢᠶᠡᠷᠡᠯ᠎ᠤᠨ ᠬᠠᠮᠢᠶᠠᠷᠤᠯᠲᠠ᠎ᠳᠤ ᠣᠷᠣᠭᠤᠯᠤᠭ᠍ᠰᠠᠨ ᠨᠢᠭᠡᠴᠢ ᠪᠠ ᠬᠤᠪᠢ ᠬᠥᠮᠦᠨ ( ᠳᠣᠷᠣᠭ᠍ᠰᠢ ᠤᠰᠤ ᠠᠪᠴᠤ᠌ ᠬᠡᠷᠡᠭ᠌ᠯᠡᠬᠦ᠌ ᠡᠷᠦᠬᠡ ᠭᠡᠵᠦ᠍ ᠲᠣᠪᠴᠢᠯᠠᠨ᠎ᠠ )᠎ᠳᠤ᠂ ᠵᠥᠪᠱᠢᠶᠡᠷᠡᠯ᠎ᠤᠨ ᠤᠰᠤᠨ᠎ᠤ ᠬᠡᠮᠵᠢᠶ᠎ᠡ᠎ᠶ᠋ᠢ ᠴᠢᠩᠭ᠎ᠠ ᠬᠢᠨᠠᠨ ᠲᠣᠭ᠍ᠲᠠᠭᠠᠵᠤ᠂ ᠤᠰᠤ ᠠᠪᠬᠤ ᠵᠥᠪᠱᠢᠶᠡᠷᠡᠯ᠎ᠤᠨ ᠦᠨᠡᠮᠯᠡᠯ ᠣᠯᠭᠤᠬᠤ᠎ᠪᠠᠷ ᠳᠠᠮᠵᠢᠭᠤᠯᠤᠨ ᠤᠰᠤ ᠠᠪᠴᠤ᠌ ᠬᠡᠷᠡᠭ᠌ᠯᠡᠬᠦ᠌ ᠡᠷᠦᠬᠡ᠎ᠶ᠋ᠢᠨ ᠤᠰᠤ ᠠᠪᠬᠤ ᠡᠷᠬᠡ᠎ᠶ᠋ᠢ ᠲᠣᠳᠣᠷᠬᠠᠶ ᠪᠣᠯᠭᠠᠨ᠎ᠠ ᠭᠡᠵᠦ᠍ ᠲᠣᠳᠣᠷᠬᠠᠶ ᠲᠣᠭ᠍ᠲᠠᠭᠠᠵᠠᠶ᠃ ᠨᠠᠮ᠎ᠤᠨ ᠲᠥᠪ ᠬᠤᠷᠢᠶᠠᠨ᠎ᠤ ᠠᠯᠪᠠᠨ ᠲᠢᠩᠬᠢᠮ᠂ ᠲᠥᠷᠥ᠎ᠶ᠋ᠢᠨ ᠶᠠᠪᠤᠳᠠᠯ᠎ᠤᠨ ᠬᠤᠷᠢᠶᠠᠨ᠎ᠤ ᠠᠯᠪᠠᠨ ᠲᠢᠩᠬᠢᠮ᠎ᠤᠨ ᠣᠢᠷ᠎ᠠ᠎ᠶ᠋ᠢᠨ ᠬᠤᠭᠤᠴᠠᠭᠠᠨ᠎ᠳᠤ ᠨᠡᠢᠲᠡᠯᠡᠭ᠌ᠰᠡᠨ 《ᠡᠬᠢ ᠪᠠᠶᠠᠯᠢᠭ ᠣᠷᠴᠢᠨ ᠲᠣᠭᠤᠷᠢᠨ᠎ᠤ ᠡᠯᠧᠮᠧᠨ᠋ᠲ᠎ᠢ ᠵᠠᠬ᠎ᠠ ᠳᠡᠯᠭᠡᠭᠦᠷᠴᠢᠯᠡᠨ ᠲᠣᠬᠢᠷᠠᠭᠤᠯᠬᠤ ᠱᠢᠰᠲ᠋ᠧᠮ᠎ᠢ ᠲᠡᠭᠦᠯᠳᠡᠷᠵᠢᠭᠦᠯᠬᠦ᠌ ᠲᠤᠬᠠᠶ ᠰᠠᠨᠠᠯ》᠎ᠤᠨ ᠱᠠᠭᠠᠷᠳᠠᠯᠭ᠎ᠠ᠎ᠶ᠋ᠢ ᠦᠨᠳᠦᠰᠦᠯᠡᠪᠡᠯ᠂ 《ᠰᠠᠨᠠᠯ》᠎ᠳᠤ ᠤᠰᠤᠨ᠎ᠤ ᠡᠬᠢ ᠪᠠᠶᠠᠯᠢᠭ ᠬᠦᠨᠳᠦ ᠨᠣᠴᠢᠲᠠᠶ ᠳᠤᠲᠠᠭ᠍ᠳᠠᠵᠤ ᠪᠠᠢᠭ᠎ᠠ ᠪᠠ ᠳᠠᠭᠠᠭᠠᠴᠠ᠎ᠠᠴᠠ ᠬᠡᠲᠦᠷᠡᠲᠡᠯ᠎ᠡ ᠠᠴᠢᠶᠠᠯᠠᠭ᠍ᠰᠠᠨ ᠭᠠᠵᠠᠷ ᠣᠷᠣᠨ᠎ᠳᠤ ᠤᠰᠤ ᠬᠡᠷᠡᠭ᠌ᠯᠡᠬᠦ᠌ ᠡᠷᠬᠡ᠎ᠶ᠋ᠢ ᠲᠥᠯᠥᠪᠦᠷᠢ᠎ᠲᠠᠢ᠎ᠪᠠᠷ ᠱᠢᠯᠵᠢᠭᠦᠯᠦᠨ ᠥᠭ᠌ᠬᠦ᠎ᠶ᠋ᠢ ᠰᠦᠪᠡᠭ᠌ᠴᠢᠯᠡᠨ ᠬᠡᠷᠡᠭ᠌ᠵᠢᠭᠦᠯᠵᠦ᠍᠂ ᠱᠢᠨ᠎ᠡ᠎ᠪᠠᠷ ᠨᠡᠮᠡᠭ᠌ᠳᠡᠭ᠌ᠰᠡᠨ ᠠᠵᠤ ᠦᠢᠯᠡᠳᠪᠦᠷᠢ᠎ᠳᠤ ᠬᠡᠷᠡᠭ᠌ᠯᠡᠬᠦ᠌ ᠤᠰᠤ᠎ᠶ᠋ᠢ ᠵᠠᠷᠴᠢᠮ ᠳᠡᠭᠡᠷ᠎ᠡ᠎ᠪᠠᠨ ᠤᠰᠤ ᠬᠡᠷᠡᠭ᠌ᠯᠡᠬᠦ᠌ ᠡᠷᠬᠡ᠎ᠶ᠋ᠢᠨ ᠠᠷᠠᠯᠵᠢᠶᠠᠨ᠎ᠤ ᠵᠠᠬ᠎ᠠ ᠳᠡᠯᠭᠡᠭᠦᠷ᠎ᠲᠤ ᠲᠥᠯᠥᠪᠦᠷᠢ᠎ᠲᠠᠢ᠎ᠪᠠᠷ ᠤᠯᠬᠤ ᠬᠡᠷᠡᠭ᠌ᠲᠡᠶ ᠭᠡᠵᠦ᠍ ᠴᠢᠬᠤᠯᠠᠴᠢᠯᠠᠪᠠ᠃
ᠭᠤᠷᠪᠠ᠎ᠳᠤ᠂ ᠤᠰᠤᠯᠠᠯᠲᠠ᠎ᠶ᠋ᠢᠨ ᠣᠷᠣᠨ ᠪᠠ ᠣᠯᠠᠨ ᠨᠡᠢᠲᠡ᠎ᠶ᠋ᠢᠨ ᠤᠰᠤ ᠬᠠᠩᠭᠠᠬᠤ ᠬᠤᠭᠤᠯᠠᠶ᠎ᠶ᠋ᠢᠨ ᠲᠣᠤᠷ᠎ᠤᠨ ᠳᠣᠲᠣᠷᠠᠬᠢ ᠤᠰᠤ ᠬᠡᠷᠡᠭ᠌ᠯᠡᠬᠦ᠌ ᠡᠷᠦᠬᠡ᠎ᠶ᠋ᠢᠨ ᠤᠰᠤ ᠬᠡᠷᠡᠭ᠌ᠯᠡᠬᠦ᠌ ᠡᠷᠬᠡ᠎ᠶ᠋ᠢ ᠲᠣᠳᠣᠷᠬᠠᠢᠯᠠᠨ᠎ᠠ᠃ ᠤᠰᠤᠯᠠᠯᠲᠠ᠎ᠶ᠋ᠢᠨ ᠣᠷᠣᠨ᠎ᠤ ᠳᠣᠲᠣᠷᠠᠬᠢ ᠤᠰᠤᠯᠠᠯᠲᠠ᠎ᠳᠤ ᠬᠡᠷᠡᠭ᠌ᠯᠡᠬᠦ᠌ ᠤᠰᠤ ᠬᠡᠷᠡᠭ᠌ᠯᠡᠬᠦ᠌ ᠡᠷᠦᠬᠡ᠎ᠳᠦ ᠪᠣᠯ ᠣᠷᠣᠨ ᠨᠤᠲᠤᠭ᠎ᠤᠨ ᠠᠷᠠᠳ᠎ᠤᠨ ᠵᠠᠰᠠᠭ᠎ᠤᠨ ᠣᠷᠳᠣᠨ ᠪᠤᠶᠤ ᠲᠡᠭᠦᠨ᠎ᠦ ᠡᠷᠬᠡ ᠣᠯᠭᠣᠭ᠍ᠰᠠᠨ ᠤᠰᠤᠨ᠎ᠤ ᠵᠠᠰᠠᠭ ᠵᠠᠬᠢᠷᠭᠠᠨ᠎ᠤ ᠭᠣᠤᠯᠴᠢᠯᠠᠨ ᠬᠠᠮᠢᠶᠠᠷᠬᠤ ᠰᠠᠯᠠᠭ᠎ᠠ ᠮᠥᠴᠢᠷ᠎ᠡᠴᠡ ᠤᠰᠤ ᠬᠡᠷᠡᠭ᠌ᠯᠡᠬᠦ᠌ ᠡᠷᠬᠡ᠎ᠶ᠋ᠢᠨ ᠬᠠᠷᠢᠶ᠎ᠠ᠎ᠶ᠋ᠢᠨ ᠭᠡᠷᠡᠴᠢ ᠳᠡᠮᠳ᠋ᠡᠭ᠌ ᠣᠯᠭᠣᠬᠤ ᠪᠤᠶᠤ ᠤᠰᠤᠯᠠᠯᠲᠠ᠎ᠶ᠋ᠢᠨ ᠣᠷᠣᠨ᠎ᠤ ᠬᠠᠮᠢᠶᠠᠷᠤᠯᠲᠠ᠎ᠶ᠋ᠢᠨ ᠨᠢᠭᠡᠴᠢ᠎ᠡᠴᠡ ᠤᠰᠤ ᠬᠡᠷᠡᠭ᠌ᠯᠡᠬᠦ᠌ ᠭᠦᠢᠴᠡᠳᠭᠡᠯ ᠲᠣᠭ᠎ᠠ ᠂ ᠤᠰᠤ ᠬᠡᠷᠡᠭ᠌ᠯᠡᠬᠦ᠌ ᠲᠥᠯᠥᠪᠯᠡᠭᠡ ᠵᠡᠷᠭᠡ ᠠᠷᠭ᠎ᠠ ᠮᠠᠶᠢᠭ᠎ᠢᠶᠠᠷ ᠳᠠᠮᠵᠢᠭᠤᠯᠤᠨ ᠂ ᠤᠰᠤᠯᠠᠯᠲᠠ᠎ᠶ᠋ᠢᠨ ᠣᠷᠣᠨ᠎ᠤ ᠪᠣᠳᠠᠲᠠᠶ ᠪᠠ ᠬᠡᠮᠵᠢᠯᠲᠡ᠎ᠶ᠋ᠢᠨ ᠨᠥᠬᠥᠴᠡᠯ᠎ᠢ ᠦᠨᠳᠦᠰᠦᠯᠡᠨ᠂ ᠤᠰᠤᠯᠠᠯᠲᠠ᠎ᠶ᠋ᠢᠨ ᠣᠷᠣᠨ᠎ᠤ ᠤᠰᠤ ᠬᠡᠷᠡᠭ᠌ᠯᠡᠬᠦ᠌ ᠬᠢᠵᠠᠭᠠᠷᠯᠠᠭ᠍ᠰᠠᠨ ᠲᠣᠭ᠎ᠠ᠎ᠶ᠋ᠢᠨ ᠳᠣᠲᠣᠷ᠎ᠠ ᠤᠰᠤ ᠬᠡᠷᠡᠭ᠌ᠯᠡᠬᠦ᠌ ᠡᠷᠬᠡ᠎ᠶ᠋ᠢ ᠤᠯᠠᠮ ᠨᠢᠭᠡ ᠠᠯᠬᠤᠮ ᠲᠣᠳᠣᠷᠬᠠᠢᠯᠠᠬᠤ ᠬᠡᠷᠡᠭ᠌ᠲᠡᠶ ᠃ ᠣᠯᠠᠨ ᠨᠡᠢᠲᠡ᠎ᠶ᠋ᠢᠨ ᠤᠰᠤ ᠬᠠᠩᠭᠠᠬᠤ ᠬᠤᠭᠤᠯᠠᠶ᠎ᠶ᠋ᠢᠨ ᠲᠣᠣᠷᠲᠤ᠌᠂ ᠣᠷᠣᠨ ᠨᠤᠲᠤᠭ᠎ᠨᠢ ᠬᠡᠷᠡᠭ᠌ᠴᠡᠭᠡ᠎ᠪᠠᠨ ᠦᠨᠳᠦᠰᠦᠯᠡᠨ᠂ ᠤᠰᠤ ᠬᠡᠷᠡᠭ᠌ᠯᠡᠬᠦ᠌ ᠡᠷᠬᠡ᠎ᠶ᠋ᠢᠨ ᠬᠠᠷᠢᠶᠠᠯᠠᠯ᠎ᠤᠨ ᠭᠡᠷᠡᠴᠢ ᠪᠠᠷᠢᠮᠲᠠ ᠣᠯᠭᠤᠬᠤ᠂ ᠤᠰᠤ ᠬᠡᠷᠡᠭ᠌ᠯᠡᠬᠦ᠌ ᠭᠦᠢᠴᠡᠳᠭᠡᠯ ᠲᠤᠭ᠎ᠠ ᠪᠤᠶᠤ ᠤᠰᠤ ᠬᠡᠷᠡᠭ᠌ᠯᠡᠬᠦ᠌ ᠲᠥᠯᠥᠪᠯᠡᠭᠡ ᠪᠠᠭᠤᠯᠭᠠᠬᠤ ᠵᠡᠷᠭᠡ ᠠᠷᠭ᠎ᠠ ᠮᠠᠶᠢᠭ᠎ᠢᠶᠠᠷ ᠳᠠᠮᠵᠢᠭᠤᠯᠤᠨ᠂ ᠬᠤᠭᠤᠯᠠᠶ᠎ᠶ᠋ᠢᠨ ᠲᠣᠣᠷ᠎ᠤᠨ ᠳᠣᠲᠣᠷᠠᠬᠢ ᠤᠰᠤ ᠬᠡᠷᠡᠭ᠌ᠯᠡᠬᠦ᠌ ᠡᠷᠦᠬᠡ᠎ᠶ᠋ᠢᠨ ᠤᠰᠤ ᠬᠡᠷᠡᠭ᠌ᠯᠡᠬᠦ᠌ ᠡᠷᠬᠡ᠎ᠶ᠋ᠢ ᠤᠯᠠᠮ ᠨᠢᠭᠡ ᠠᠯᠬᠤᠮ ᠲᠣᠳᠣᠷᠬᠠᠢᠯᠠᠬᠤ ᠬᠡᠷᠡᠭ᠌ᠲᠡᠶ᠃
ᠳᠥᠷᠪᠡ᠂ ᠮᠤᠵᠢ ᠣᠷᠣᠨ ᠠᠯᠤᠰᠯᠠᠨ ᠤᠰᠤ ᠬᠡᠷᠡᠭ᠌ᠯᠡᠬᠦ᠌ ᠡᠷᠬᠡ᠎ᠶ᠋ᠢᠨ ᠠᠷᠠᠯᠵᠢᠶ᠎ᠠ᠎ᠳᠤ ᠪᠣᠳᠠᠲᠠᠶ ᠶᠠᠮᠠᠷ ᠶᠠᠮᠠᠷ ᠬᠡᠯᠪᠡᠷᠢ ᠪᠠᠢᠬᠤ ᠪᠣᠶ? ᠪᠣᠳᠠᠲᠠᠢ ᠶᠠᠮᠠᠷ ᠱᠠᠭᠠᠷᠳᠠᠯᠭ᠎ᠠ ᠪᠠᠢᠬᠤ ᠪᠤᠢ?
ᠰᠠᠨᠠᠯ᠎ᠳᠦ ᠭᠣᠣᠯᠳᠠᠭᠤ ᠭᠤᠷᠪᠠᠨ ᠲᠠᠯ᠎ᠠ᠎ᠠᠴᠠ ᠪᠣᠳᠠᠲᠠᠢ ᠱᠠᠭᠠᠷᠳᠠᠯᠭ᠎ᠠ ᠳᠤᠷᠠᠳᠴᠠᠢ᠃
ᠨᠢᠭᠡ᠎ᠳᠤ᠂ ᠣᠷᠣᠨ ᠪᠦᠰᠡ᠎ᠶ᠋ᠢᠨ ᠬᠤᠭᠤᠷᠣᠨᠳᠣ ᠮᠤᠵᠢ ᠣᠷᠣᠨ ᠠᠯᠤᠰᠯᠠᠭ᠍ᠰᠠᠨ ᠤᠰᠤ ᠬᠡᠷᠡᠭ᠌ᠯᠡᠬᠦ᠌ ᠡᠷᠬᠡ᠎ᠶ᠋ᠢᠨ ᠠᠷᠠᠯᠵᠢᠶ᠎ᠠ ᠥᠷᠨᠢᠭᠦᠯᠬᠦ᠌᠎ᠶ᠋ᠢ ᠵᠣᠷᠢᠭ᠍ᠵᠢᠭᠤᠯᠤᠨ᠎ᠠ᠃ ᠨᠢᠭᠡ ᠲᠠᠯ᠎ᠠ᠎ᠪᠠᠷ᠂ ᠬᠠᠲᠤᠨ ᠭᠤᠣᠯ᠎ᠤᠨ ᠰᠠᠪᠠ ᠭᠠᠵᠠᠷ᠎ᠤᠨ ᠱᠢᠶᠠᠨ᠎ᠤ ᠱᠠᠲᠤᠨ᠎ᠠᠴᠠ ᠳᠡᠭᠡᠭ᠌ᠰᠢᠬᠢ ᠣᠷᠣᠨ ᠨᠤᠲᠤᠭ᠎ᠤᠨ ᠠᠷᠠᠳ᠎ᠤᠨ ᠵᠠᠰᠠᠭ᠎ᠤᠨ ᠣᠷᠳᠣᠨ ᠪᠤᠶᠤ ᠲᠡᠭᠦᠨ᠎ᠤ ᠡᠷᠬᠡ ᠣᠯᠭᠤᠭ᠍ᠰᠠᠨ ᠰᠠᠯᠠᠭ᠎ᠠ ᠮᠥᠴᠢᠷ᠂ ᠨᠢᠭᠡᠴᠢ᠎ᠶ᠋ᠢ ᠳᠡᠮᠵᠢᠵᠦ᠍ ᠪᠠᠢᠭᠠᠳ ᠣᠷᠣᠨ ᠪᠦᠰᠡ᠎ᠶ᠋ᠢᠨ ᠤᠰᠤ ᠬᠡᠷᠡᠭ᠌ᠯᠡᠵᠦ᠍ ᠪᠣᠯᠬᠤ ᠬᠡᠮᠵᠢᠶ᠎ᠡ᠎ᠶ᠋ᠢᠨ ᠳᠣᠲᠣᠷᠠᠬᠢ ᠦᠯᠡᠳᠡᠪᠦᠷᠢ᠂ ᠤᠷᠢᠳᠴᠢᠯᠠᠨ ᠦᠯᠡᠳᠡᠭᠡᠬᠦ᠌ ᠪᠤᠶᠤ ᠰᠤᠯᠠ ᠪᠠᠢᠬᠤ ᠤᠰᠤᠨ᠎ᠤ ᠬᠡᠮᠵᠢᠶ᠎ᠡ᠎ᠳᠤ ᠮᠤᠵᠢ᠎ᠶ᠋ᠢᠨ ᠬᠤᠭᠤᠷᠣᠨᠳᠣ᠂ ᠮᠤᠵᠢ ᠣᠷᠣᠨ ᠠᠯᠤᠰᠯᠠᠭ᠍ᠰᠠᠨ ᠬᠤᠲᠠ ᠱᠢᠶᠠᠨ᠎ᠤ ᠬᠤᠭᠤᠷᠣᠨᠳᠣᠬᠢ ᠠᠷᠠᠯᠵᠢᠶ᠎ᠠ ᠥᠷᠨᠢᠭᠦᠯᠦᠨ᠎ᠡ ; ᠨᠥᠭᠦᠭᠡ ᠲᠠᠯ᠎ᠠ᠎ᠪᠠᠷ᠂ ᠬᠠᠲᠤᠨ ᠭᠤᠣᠯ᠎ᠤᠨ ᠰᠠᠪᠠ ᠭᠠᠵᠠᠷ᠎ᠤᠨ ᠤᠰᠤᠨ᠎ᠤ ᠬᠡᠮᠵᠢᠶ᠎ᠡ᠎ᠶ᠋ᠢ ᠲᠣᠬᠢᠷᠠᠭᠤᠯᠬᠤ ᠪᠤᠶᠤ ᠤᠰᠤ ᠲᠣᠬᠢᠷᠠᠭᠤᠯᠬᠤ ᠨᠥᠬᠦᠴᠡᠯ᠎ᠢ ᠪᠦᠷᠢᠯᠳᠦᠭᠦᠯᠦᠭ᠌ᠰᠡᠨ ᠮᠤᠵᠢ ᠣᠷᠣᠨ᠎ᠤ ᠬᠤᠭᠤᠷᠣᠨᠳᠣ᠂ ᠣᠨ᠎ᠤ ᠤᠰᠤᠨ᠎ᠤ ᠬᠡᠮᠵᠢᠶ᠎ᠡ᠎ᠶ᠋ᠢ ᠲᠣᠬᠢᠷᠠᠭᠤᠯᠬᠤ ᠲᠥᠯᠥᠪᠯᠡᠭᠡ᠎ᠶ᠋ᠢᠨ ᠭᠦᠢᠴᠡᠳᠭᠡᠯ ᠲᠤᠭ᠎ᠠ᠎ᠶ᠋ᠢᠨ ᠳᠣᠲᠣᠷᠠᠬᠢ ᠦᠯᠡᠳᠡᠪᠦᠷᠢ ᠤᠰᠤᠨ᠎ᠤ ᠬᠡᠮᠵᠢᠶ᠎ᠡ᠎ᠳᠤ ᠴᠢᠭ᠌ᠯᠡᠭᠦᠯᠦᠨ᠂ ᠠᠳᠠᠯᠢ ᠨᠢᠭᠡᠨ ᠤᠰᠤ ᠲᠣᠬᠢᠷᠠᠭᠤᠯᠬᠤ ᠣᠨ᠎ᠤ ᠳᠣᠲᠣᠷ᠎ᠠ ᠤᠰᠤ ᠬᠡᠷᠡᠭ᠌ᠯᠡᠬᠦ᠌ ᠡᠷᠬᠡ᠎ᠶ᠋ᠢᠨ ᠠᠷᠠᠯᠵᠢᠶ᠎ᠠ ᠥᠷᠨᠢᠭᠦᠯᠦᠨ᠎ᠡ᠃ ᠤᠰᠤ ᠲᠠᠲᠠᠵᠤ ᠬᠡᠷᠡᠭ᠌ᠯᠡᠬᠦ᠌ ᠨᠢ ᠣᠨ᠎ᠤ ᠤᠰᠤᠨ᠎ᠤ ᠬᠡᠮᠵᠢᠶ᠎ᠡ᠎ᠶ᠋ᠢ ᠲᠣᠬᠢᠷᠠᠭᠤᠯᠬᠤ ᠲᠥᠯᠥᠪᠯᠡᠭᠡ᠎ᠶ᠋ᠢᠨ ᠭᠦᠢᠴᠡᠳᠭᠡᠯ ᠲᠣᠭ᠎ᠠ᠎ᠳᠤ ᠬᠦᠷᠦᠭ᠌ᠰᠡᠨ ᠪᠤᠶᠤ ᠬᠡᠲᠦᠷᠡᠭ᠌ᠰᠡᠨ ᠭᠠᠵᠠᠷ ᠣᠷᠣᠨ᠎ᠨᠤᠭᠤᠳ ᠪᠠᠴᠢᠮ ᠪᠠᠢᠳᠠᠯ᠎ᠢ ᠠᠷᠭᠠᠴᠠᠭᠠᠨ ᠲᠣᠬᠢᠷᠠᠭᠤᠯᠬᠤ᠎ᠠᠴᠠ ᠪᠤᠰᠤᠳ᠂ ᠵᠠᠷᠴᠢᠮ ᠳᠡᠭᠡᠷ᠎ᠡ᠎ᠪᠡᠨ ᠤᠰᠤ ᠬᠡᠷᠡᠭ᠌ᠯᠡᠬᠦ᠌ ᠡᠷᠬᠡ᠎ᠶ᠋ᠢᠨ ᠠᠷᠠᠯᠵᠢᠶ᠎ᠠ᠎ᠪᠠᠷ ᠳᠠᠮᠵᠢᠭᠤᠯᠤᠨ ᠱᠢᠨ᠎ᠡ᠎ᠪᠡᠷ ᠤᠰᠤ ᠬᠡᠷᠡᠭ᠌ᠯᠡᠬᠦ᠌ ᠬᠡᠷᠡᠭ᠌ᠴᠡᠭᠡ ᠱᠠᠭᠠᠷᠳᠠᠯᠭ᠎ᠠ᠎ᠶ᠋ᠢ ᠬᠠᠩᠭᠠᠬᠤ ᠬᠡᠷᠡᠭ᠌ᠲᠡᠶ᠃ ᠠᠷᠠᠯᠵᠢᠶᠠᠨ᠎ᠤ ᠬᠤᠶᠠᠷ ᠲᠠᠯ᠎ᠠ᠎ᠪᠠᠷ᠎ᠢᠶᠠᠨ ᠬᠡᠯᠡᠯᠴᠡᠭᠡᠷ ᠲᠣᠭ᠍ᠲᠠᠭ᠍ᠰᠠᠨ᠎ᠤ ᠳᠠᠷᠠᠭ᠎ᠠ᠂ ᠵᠥᠪᠯᠡᠯᠴᠡᠭᠡᠷ᠎ᠢᠶᠠᠨ ᠬᠠᠲᠤᠨ ᠭᠤᠤᠯ᠎ᠤᠨ ᠤᠰᠤᠨ ᠠᠱᠢᠭ᠍ᠯᠠᠯᠲᠠ᠎ᠶ᠋ᠢᠨ ᠵᠥᠪᠯᠡᠯ ᠪᠠ ᠤᠰᠤᠨ ᠠᠱᠢᠭ᠍ᠯᠠᠯᠲᠠ᠎ᠶ᠋ᠢᠨ ᠶᠠᠮᠤᠨ᠎ᠳᠤ ᠮᠡᠳᠡᠭᠦᠯᠦᠨ ᠳᠠᠩᠰᠠᠯᠠᠭᠤᠯᠵᠤ᠂ ᠵᠢᠯ᠎ᠤᠨ ᠤᠰᠤᠨ᠎ᠤ ᠬᠡᠮᠵᠢᠶ᠎ᠡ᠎ᠶ᠋ᠢ ᠲᠣᠬᠢᠷᠠᠭᠤᠯᠬᠤ ᠲᠥᠯᠥᠪᠯᠡᠭᠡ᠎ᠳᠤ ᠲᠣᠬᠢᠷᠠᠭᠤᠯᠤᠯᠲᠠ ᠬᠢᠬᠦ᠌ ᠴᠢᠬᠤᠯᠠᠲᠠᠶ ᠪᠣᠯ ᠲᠣᠭ᠍ᠲᠠᠭ᠍ᠰᠠᠨ ᠲᠠᠰ ᠳᠠᠷᠠᠭᠠᠯᠠᠯ᠎ᠤᠨ ᠶᠣᠰᠣᠭᠠᠷ ᠬᠤᠪᠢᠷᠠᠭᠤᠯᠬᠤ ᠬᠡᠷᠡᠭ᠌ᠲᠡᠶ᠃
ᠠᠷᠠᠯᠵᠢᠶᠠᠨ᠎ᠤ ᠠᠵᠢᠯᠯᠠᠭ᠎ᠠ᠎ᠶ᠋ᠢ ᠵᠢᠷᠤᠮᠵᠢᠭᠤᠯᠵᠤ᠂ ᠠᠮᠢ ᠠᠬᠤᠢ᠎ᠶ᠋ᠢᠨ ᠠᠮᠤᠷ ᠲᠦᠪᠱᠢᠨ᠎ᠤ ᠬᠤᠷᠢᠭ᠎ᠠ ᠱᠤᠭᠤᠮ᠎ᠢ ᠰᠠᠢᠲᠤᠷ ᠰᠠᠬᠢᠬᠤ᠎ᠶ᠋ᠢᠨ ᠲᠥᠯᠥᠭᠡ 《ᠰᠠᠨᠠᠯ》 ᠳᠤ ᠣᠨᠴᠠᠭᠠᠢᠯᠠᠨ ᠴᠢᠬᠤᠯᠠᠴᠢᠯᠠᠬᠤ᠎ᠳᠤ᠎ᠪᠠᠨ᠂ ᠳᠣᠣᠷᠠᠳᠤ ᠤᠷᠤᠰᠭᠠᠯ᠎ᠤᠨ ᠮᠤᠵᠢ ᠣᠷᠣᠨ᠎ᠨᠢ ᠳᠡᠭᠡᠳᠦ ᠤᠷᠤᠰᠭᠠᠯ᠎ᠤᠨ ᠮᠤᠵᠢ ᠣᠷᠣᠨ ᠵᠦᠭ ᠤᠰᠤ ᠬᠡᠷᠡᠭ᠌ᠯᠡᠬᠦ᠌ ᠡᠷᠬᠡ᠎ᠶ᠋ᠢ ᠱᠢᠯᠵᠢᠭᠦᠯᠦᠨ ᠥᠭ᠌ᠪᠡᠯ ᠵᠥᠪᠬᠡᠨ ᠬᠡᠰᠡᠭ᠌ᠯᠡᠨ ( ᠭᠤᠣᠯ᠎ᠤᠨ ᠡᠬᠢ᠎ᠠᠴᠠ ᠾᠧ ᠺᠸᠤ ᠪᠠᠯᠭᠠᠰᠤ᠂ ᠾᠧ ᠺᠸᠤ ᠪᠠᠯᠭᠠᠰᠤ᠎ᠠᠴᠠ ᠲᠤᠤ ᠬᠤᠸᠠ ᠢᠤᠢ᠂ ᠲᠤᠤ ᠬᠤᠸᠠ ᠢᠤᠢ᠎ᠠᠴᠠ ᠬᠠᠢᠺᠸᠤ ᠬᠦᠷᠦᠨ᠎ᠡ ) ᠬᠡᠷᠡᠭ᠌ᠵᠢᠭᠦᠯᠵᠦ᠍᠂ ᠬᠠᠳᠤᠨ ᠭᠤᠣᠯ᠎ᠤᠨ ᠰᠠᠪᠠ ᠭᠠᠵᠠᠷ᠎ᠤᠨ ᠠᠳᠠᠯᠢ ᠨᠢᠭᠡᠨ ᠭᠤᠣᠯ᠎ᠤᠨ ᠬᠡᠰᠡᠭ᠎ᠲᠤ ᠶᠠᠪᠤᠭ᠍ᠳᠠᠨ᠎ᠠ᠂ ᠲᠡᠷᠡᠴᠢᠯᠡᠨ ᠠᠷᠠᠯᠵᠢᠶᠠᠯᠠᠬᠤ᠎ᠠᠴᠠ ᠡᠮᠦᠨ᠎ᠡ ᠭᠠᠷᠴᠤ᠌ ᠮᠡᠳᠡᠬᠦ᠌ ᠠᠮᠢ ᠠᠬᠤᠢ᠎ᠶ᠋ᠢᠨ ᠣᠷᠴᠢᠨ ᠲᠣᠭᠤᠷᠢᠨ᠎ᠤ ᠠᠱᠢᠭ ᠦᠭᠡᠢ ᠨᠥᠯᠥᠭᠡ᠎ᠶ᠋ᠢ ᠭᠦᠢᠴᠡᠳ ᠨᠤᠲᠠᠯᠠᠵᠤ᠂ ᠬᠠᠳᠤᠨ ᠭᠤᠣᠯ᠎ᠤᠨ ᠤᠰᠤᠨ ᠠᠱᠢᠭ᠍ᠯᠠᠯᠲᠠ᠎ᠶ᠋ᠢᠨ ᠺᠣᠮᠢᠰ᠎ᠢᠶᠠᠷ ᠵᠥᠪᠱᠢᠶᠡᠷᠡᠭᠦᠯᠦᠭ᠌ᠰᠡᠨ᠎ᠤ ᠳᠠᠷᠠᠭ᠎ᠠ ᠰᠠᠶᠢ ᠠᠷᠠᠯᠵᠢᠶ᠎ᠠ ᠥᠷᠨᠢᠭᠦᠯᠵᠦ᠍ ᠪᠣᠯᠤᠨ᠎ᠠ᠃
ᠬᠤᠶᠠᠷ᠎ᠲᠤ᠌᠂ ᠤᠰᠤ ᠲᠠᠲᠠᠵᠤ ᠬᠡᠷᠡᠭ᠌ᠯᠡᠬᠦ᠌ ᠡᠷᠦᠬᠡ᠎ᠶ᠋ᠢᠨ ᠬᠤᠭᠤᠷᠣᠨᠳᠣ ᠮᠤᠵᠢ ᠣᠷᠣᠨ ᠠᠯᠤᠰᠯᠠᠨ ᠤᠰᠤ ᠠᠪᠬᠤ ᠡᠷᠬᠡ᠎ᠶ᠋ᠢᠨ ᠠᠷᠠᠯᠵᠢᠶ᠎ᠠ ᠥᠷᠨᠢᠭᠦᠯᠬᠦ᠌᠎ᠶ᠋ᠢ ᠳᠡᠮᠵᠢᠨ᠎ᠡ᠃ 《ᠰᠠᠨᠠᠯ》᠎ᠳᠤ᠂ ᠤᠰᠤ ᠠᠪᠴᠤ᠌ ᠬᠡᠷᠡᠭ᠌ᠯᠡᠬᠦ᠌ ᠡᠷᠦᠬᠡ ᠦᠢᠯᠡᠳᠬᠦᠨ ᠪᠠ ᠠᠵᠤ ᠦᠢᠯᠡᠰ᠎ᠤᠨ ᠪᠦᠲᠦᠴᠡ᠎ᠶ᠋ᠢ ᠲᠣᠬᠢᠷᠠᠭᠤᠯᠬᠤ᠂ ᠤᠷ᠎ᠠ ᠮᠡᠷᠭᠡᠵᠢᠯ᠎ᠢᠶᠠᠨ ᠥᠭᠡᠷᠡᠴᠢᠯᠡᠬᠦ᠂ ᠤᠰᠤ ᠠᠷᠪᠢᠯᠠᠬᠤ ᠵᠡᠷᠭᠡ ᠠᠷᠭ᠎ᠠ ᠬᠡᠮᠵᠢᠶ᠎ᠡ᠎ᠪᠠᠷ ᠳᠠᠮᠵᠢᠭᠤᠯᠤᠨ ᠤᠰᠤᠨ᠎ᠤ ᠡᠬᠢ ᠪᠠᠶᠠᠯᠢᠭ᠎ᠢ ᠠᠷᠪᠢᠯᠠᠭ᠍ᠰᠠᠨ ᠪᠠᠢᠪᠠᠯ᠂ ᠤᠰᠤ ᠠᠪᠬᠤ ᠵᠥᠪᠱᠢᠶᠡᠷᠡᠯ᠎ᠤᠨ ᠬᠦᠴᠦᠨ᠎ᠲᠠᠢ ᠬᠤᠭᠤᠴᠠᠭ᠎ᠠ ᠪᠠ ᠤᠰᠤ ᠠᠪᠬᠤ ᠬᠢᠵᠠᠭᠠᠷ ᠲᠤᠭ᠎ᠠ᠎ᠶ᠋ᠢᠨ ᠳᠣᠲᠣᠷ᠎ᠠ ᠵᠣᠬᠢᠴᠠᠩᠭᠤᠶ ᠤᠰᠤ ᠠᠪᠬᠤ ᠡᠷᠬᠡ᠎ᠪᠠᠨ ᠲᠥᠯᠥᠪᠦᠷᠢ᠎ᠲᠠᠢ᠎ᠪᠠᠷ ᠱᠢᠯᠵᠢᠭᠦᠯᠦᠨ ᠥᠭ᠌ᠬᠦ᠎ᠶ᠋ᠢ ᠵᠣᠷᠢᠭ᠍ᠵᠢᠭᠤᠯᠤᠨ᠎ᠠ᠃ ᠤᠰᠤ ᠲᠠᠲᠠᠬᠤ᠎ᠶ᠋ᠢ ᠵᠥᠪᠱᠢᠶᠡᠷᠡᠬᠦ᠌ ᠬᠠᠮᠢᠶᠠᠷᠤᠯᠲᠠ᠎ᠳᠤ ᠬᠠᠤᠯᠢ ᠶᠣᠰᠣᠭᠠᠷ ᠣᠷᠣᠭᠤᠯᠤᠭ᠍ᠰᠠᠨ ᠤᠰᠤ ᠲᠠᠲᠠᠬᠤ ᠢᠨᠵᠸᠨ᠋ᠸᠷᠢᠩ ᠵᠡᠷᠭᠡ ᠤᠰᠤᠨ᠎ᠤ ᠡᠬᠢ ᠪᠠᠶᠠᠯᠢᠭ᠎ᠢ ᠲᠣᠬᠢᠷᠠᠭᠤᠯᠬᠤ ᠪᠠᠷᠢᠯᠭ᠎ᠠ᠎ᠶ᠋ᠢᠨ ᠬᠠᠮᠢᠶᠠᠷᠤᠯᠲᠠ᠎ᠶ᠋ᠢᠨ ᠨᠢᠭᠡᠴᠢ᠂ ᠢᠨᠵᠸᠨ᠋ᠸᠷᠢᠩ᠎ᠢ ᠪᠦᠷᠢᠮᠦᠰᠦᠨ ᠦᠷ᠎ᠡ ᠠᠱᠢᠭ ᠣᠯᠬᠤ᠎ᠠᠴᠠ ᠡᠮᠦᠨ᠎ᠡ ᠤᠰᠤ ᠠᠪᠬᠤ ᠵᠥᠪᠱᠢᠶᠡᠷᠡᠯ᠎ᠦᠨ ᠭᠦᠢᠴᠡᠳᠭᠡᠯ ᠲᠣᠭ᠎ᠠ᠎ᠶ᠋ᠢᠨ ᠲᠦᠷ ᠴᠠᠭ ᠦᠯᠡᠳᠡᠪᠦᠷᠢ᠎ᠲᠡᠶ ᠪᠣᠯ᠂ 《ᠰᠠᠨᠠᠯ》᠎ᠳᠤ ᠂ ᠤᠰᠤ ᠠᠪᠬᠤ ᠵᠥᠪᠱᠢᠶᠡᠷᠡᠯ᠎ᠦᠨ ᠬᠦᠴᠦᠨ᠎ᠲᠡᠶ ᠬᠤᠭᠤᠴᠠᠭ᠎ᠠ ᠪᠠ ᠤᠰᠤ ᠠᠪᠬᠤ ᠲᠣᠭ᠎ᠠ᠎ᠶ᠋ᠢᠨ ᠳᠣᠲᠣᠷ᠎ᠠ᠂ ᠭᠣᠤᠯ ᠮᠥᠷᠡᠨ᠎ᠦ ᠤᠰᠤᠨ ᠱᠢᠰᠲ᠋ᠧᠮ᠂ ᠤᠰᠤ ᠬᠠᠩᠭᠠᠬᠤ ᠢᠨᠵᠸᠨ᠋ᠸᠷᠢᠩ᠂ ᠤᠰᠤᠯᠠᠯᠲᠠ᠎ᠶ᠋ᠢᠨ ᠣᠷᠣᠨ᠎ᠤ ᠰᠤᠪᠠᠭ᠎ᠤᠨ ᠱᠢᠰᠲ᠋ᠧᠮ ᠵᠡᠷᠭᠡ᠎ᠳᠦ ᠲᠦᠱᠢᠭ᠌ᠯᠡᠨ᠂ ᠤᠰᠤ ᠠᠪᠬᠤ ᠬᠡᠪᠴᠢᠶᠡᠨ᠎ᠡᠴᠡ ᠪᠤᠰᠤᠳ ᠭᠠᠵᠠᠷ ᠣᠷᠣᠨ᠎ᠤ ᠬᠡᠷᠡᠭ᠌ᠴᠡᠭᠡ ᠪᠦᠬᠦᠢ ᠤᠰᠤ ᠠᠪᠬᠤ ᠡᠷᠦᠬᠡ᠎ᠳᠦ ᠵᠣᠬᠢᠴᠠᠩᠭᠤᠶ ᠪᠦᠬᠦᠢ ᠤᠰᠤ ᠠᠪᠬᠤ ᠡᠷᠬᠡ᠎ᠪᠡᠨ ᠱᠢᠯᠵᠢᠭᠦᠯᠦᠨ ᠥᠭ᠌ᠴᠦ ᠪᠣᠯᠤᠨ᠎ᠠ ᠃
ᠭᠤᠷᠪᠠ᠎ᠳᠤ᠂ ᠮᠤᠵᠢ ᠣᠷᠣᠨ ᠠᠯᠤᠰᠯᠠᠭ᠍ᠰᠠᠨ ᠤᠰᠤ ᠬᠡᠷᠡᠭ᠌ᠯᠡᠬᠦ᠌ ᠡᠷᠬᠡ᠎ᠶ᠋ᠢᠨ ᠠᠷᠠᠯᠵᠢᠶᠠᠨ᠎ᠤ ᠠᠷᠭ᠎ᠠ ᠬᠡᠮᠵᠢᠶ᠎ᠡ᠎ᠶ᠋ᠢᠨ ᠱᠢᠨ᠎ᠡ᠎ᠶ᠋ᠢ ᠡᠭᠦᠳᠦᠨ᠎ᠡ᠃ ᠡᠯ᠎ᠡ ᠭᠠᠵᠠᠷ᠎ᠤᠨ ᠬᠢᠨᠢ ᠵᠣᠷᠢᠭ᠍ᠵᠢᠭᠤᠯᠵᠤ ᠪᠠᠢᠭᠠᠳ ᠣᠷᠣᠨ ᠪᠦᠰᠡ᠂ ᠤᠰᠤ ᠲᠠᠲᠠᠵᠤ ᠬᠡᠷᠡᠭ᠌ᠯᠡᠬᠦ᠌ ᠡᠷᠦᠬᠡ᠂ ᠤᠰᠤᠯᠠᠯᠲᠠ᠎ᠶ᠋ᠢᠨ ᠣᠷᠣᠨ ᠪᠣᠯᠤᠨ ᠣᠯᠠᠨ ᠨᠡᠢᠲᠡ᠎ᠶ᠋ᠢᠨ ᠤᠰᠤ ᠬᠠᠩᠭᠠᠬᠤ ᠬᠣᠭᠣᠯᠠᠶ᠎ᠶ᠋ᠢᠨ ᠲᠣᠤᠷ᠎ᠤᠨ ᠳᠣᠲᠣᠷᠠᠬᠢ ᠤᠰᠤ ᠬᠡᠷᠡᠭ᠌ᠯᠡᠬᠦ᠌ ᠡᠷᠦᠬᠡ᠎ᠶ᠋ᠢᠨ ᠦᠯᠡᠳᠡᠪᠦᠷᠢ ᠪᠤᠶᠤ ᠰᠤᠯᠠ ᠲᠠᠯᠪᠢᠵᠤ ᠪᠠᠢᠭ᠎ᠠ ᠬᠡᠷᠡᠭ᠌ᠯᠡᠵᠦ᠍ ᠪᠣᠯᠬᠤ ᠤᠰᠤᠨ᠎ᠤ ᠬᠡᠮᠵᠢᠶ᠎ᠡ᠎ᠶ᠋ᠢ ᠡᠭᠡᠭᠦᠯᠦᠨ ᠬᠤᠳᠠᠯᠳᠤᠨ ᠠᠪᠬᠤ ᠪᠤᠶᠤ ᠬᠤᠷᠢᠶᠠᠵᠤ ᠨᠥᠭᠡᠴᠡᠯᠡᠬᠦ᠌᠎ᠶ᠋ᠢ ᠰᠦᠪᠡᠭ᠌ᠴᠢᠯᠡᠵᠦ᠍᠂ ᠣᠷᠣᠨ ᠪᠦᠰᠡ᠎ᠶ᠋ᠢᠨ ᠠᠮᠢᠳᠤᠷᠠᠯ᠂ ᠲᠠᠷᠢᠶᠠᠯᠠᠩ᠂ ᠠᠮᠢ ᠠᠬᠤᠶ᠎ᠶ᠋ᠢᠨ ᠵᠦᠢ ᠵᠣᠬᠢᠰᠲᠠᠶ ᠤᠰᠤ ᠬᠡᠷᠡᠭ᠌ᠯᠡᠬᠦ᠌ ᠬᠡᠷᠡᠭ᠌ᠴᠡᠭᠡ ᠱᠠᠭᠠᠷᠳᠠᠯᠭ᠎ᠠ᠎ᠶ᠋ᠢᠨ ᠳᠣᠤᠷ᠎ᠠ ᠮᠤᠵᠢ ᠣᠷᠣᠨ ᠠᠯᠤᠰᠯᠠᠨ ᠤᠰᠤ ᠬᠡᠷᠡᠭ᠌ᠯᠡᠬᠦ᠌ ᠡᠷᠬᠡ᠎ᠶ᠋ᠢᠨ ᠠᠷᠠᠯᠵᠢᠶ᠎ᠠ ᠥᠷᠨᠢᠭᠦᠯᠬᠦ᠌ ᠬᠡᠷᠡᠭ᠌ᠲᠡᠶ᠃ ᠨᠡᠢᠭᠡᠮ᠎ᠦᠨ ᠬᠥᠷᠥᠩᠭᠡ ᠮᠥᠩᠭᠥ᠌ ᠂ ᠮᠥᠩᠭᠥᠨ ᠭᠦᠢᠯᠭᠡᠭᠡᠨ᠎ᠦ ᠪᠠᠢᠭᠤᠯᠤᠮᠵᠢ᠎ᠨᠤᠭᠤᠳ᠎ᠤᠨ ᠤᠰᠤ ᠠᠷᠪᠢᠯᠠᠬᠤ ᠤᠰᠤ ᠬᠠᠩᠭᠠᠬᠤ ᠢᠨᠵᠧᠨᠧᠷᠢᠩ᠎ᠦᠨ ᠪᠦᠲᠦᠭᠡᠨ ᠪᠠᠢᠭᠤᠯᠤᠯᠲᠠ᠎ᠶ᠋ᠢᠨ ᠡᠵᠡᠩᠨᠡᠯᠲᠡ᠂ ᠭᠡᠷ᠎ᠡ᠎ᠶ᠋ᠢᠨ ᠤᠰᠤ ᠠᠷᠪᠢᠯᠠᠬᠤ ᠬᠠᠮᠢᠶᠠᠷᠤᠯᠲᠠ᠎ᠳᠤ ᠣᠷᠣᠯᠴᠠᠬᠤ ᠵᠡᠷᠭᠡ ᠠᠷᠭ᠎ᠠ ᠮᠠᠶᠢᠭ᠎ᠢᠶᠠᠷ ᠳᠠᠮᠵᠢᠭᠤᠯᠤᠨ᠂ ᠭᠠᠮᠨᠠᠨ ᠠᠷᠪᠢᠯᠠᠭ᠍ᠰᠠᠨ ᠤᠰᠤ ᠬᠡᠷᠡᠭ᠌ᠯᠡᠬᠦ᠌ ᠡᠷᠬᠡ᠎ᠪᠡᠨ ᠮᠤᠵᠢ ᠣᠷᠣᠨ ᠠᠯᠤᠰᠯᠠᠨ ᠤᠰᠤ ᠬᠡᠷᠡᠭ᠌ᠯᠡᠬᠦ᠌ ᠡᠷᠬᠡ᠎ᠶ᠋ᠢᠨ ᠠᠷᠠᠯᠵᠢᠶ᠎ᠠ ᠥᠷᠨᠢᠭᠦᠯᠬᠦ᠌᠎ᠶ᠋ᠢ ᠵᠣᠷᠢᠭ᠍ᠵᠢᠭᠤᠯᠤᠨ᠎ᠠ᠃ ᠭᠠᠵᠠᠷ ᠣᠷᠣᠨ᠎ᠤ ᠪᠠᠢᠳᠠᠯ᠎ᠳᠠᠭᠠᠨ ᠲᠣᠬᠢᠷᠠᠭᠤᠯᠤᠨ ᠮᠤᠵᠢ ᠣᠷᠣᠨ ᠠᠯᠤᠰᠯᠠᠭ᠍ᠰᠠᠨ ᠡᠩ᠎ᠤᠨ ᠪᠤᠰᠤ ᠤᠰᠤᠨ᠎ᠤ ᠠᠷᠠᠯᠵᠢᠶ᠎ᠠ᠂ ᠤᠰᠤᠨ᠎ᠤ ᠲᠥᠰᠦᠪ᠎ᠤᠨ ᠦᠯᠡᠳᠡᠪᠦᠷᠢ ᠲᠤᠭ᠎ᠠ ᠬᠡᠮᠵᠢᠶᠡᠨ᠎ᠤ ᠠᠷᠠᠯᠵᠢᠶ᠎ᠠ ᠵᠢᠴᠢ ᠬᠠᠲᠤᠨ ᠭᠤᠤᠯ᠎ᠤᠨ ᠤᠰᠤ᠂ ᠭᠠᠳᠠᠭ᠍ᠰᠢ ᠤᠰᠤ ᠲᠠᠲᠠᠬᠤ᠂ ᠬᠡᠪ᠎ᠤᠨ ᠪᠤᠰᠤ ᠤᠰᠤ ᠵᠡᠷᠭᠡ ᠣᠯᠠᠨ ᠤᠰᠤᠨ ᠰᠤᠷᠪᠤᠯᠵᠢ᠎ᠶ᠋ᠢ ᠠᠱᠢᠭ᠍ᠯᠠᠭ᠍ᠰᠠᠨ ᠮᠤᠵᠢ ᠣᠷᠣᠨ᠎ᠤ ᠬᠤᠭᠤᠷᠣᠨᠳᠣᠬᠢ ᠤᠰᠤ ᠬᠡᠷᠡᠭ᠌ᠯᠡᠬᠦ᠌ ᠡᠷᠬᠡ᠎ᠶ᠋ᠢᠨ ᠰᠣᠯᠢᠯᠴᠠᠭ᠎ᠠ᠎ᠪᠠᠷ ᠳᠠᠮᠵᠢᠭᠤᠯᠤᠨ ᠤᠰᠤᠨ᠎ᠤ ᠡᠬᠢ ᠰᠤᠷᠪᠤᠯᠵᠢ᠎ᠶ᠋ᠢ ᠰᠣᠯᠢᠬᠤ᠎ᠶ᠋ᠢ ᠠᠬᠢᠭᠤᠯᠤᠨ᠎ᠠ᠃ ᠡᠯ᠎ᠡ ᠭᠠᠵᠠᠷ᠎ᠤᠨ ᠬᠢᠨ᠎ᠦ ᠤᠰᠤ ᠬᠡᠷᠡᠭ᠌ᠯᠡᠬᠦ᠌ ᠡᠷᠬᠡ᠎ᠪᠡᠨ ᠪᠠᠷᠢᠴᠠᠭᠠᠯᠠᠬᠤ᠂ ᠬᠤᠪᠢ ᠣᠷᠣᠭᠤᠯᠬᠤ ᠂ ᠢᠲᠡᠭᠡᠮᠵᠢ ᠵᠡᠷᠭᠡ ᠣᠯᠠᠨ ᠵᠦᠢᠯ᠎ᠦᠨ ᠠᠷᠠᠯᠵᠢᠶᠠᠨ᠎ᠤ ᠠᠵᠢᠯᠯᠠᠭ᠎ᠠ ᠵᠢᠴᠢ ᠵᠦᠢ ᠶᠣᠰᠣᠨ᠎ᠤ ᠢᠲᠡᠭᠡᠮᠵᠢᠲᠦ ᠵᠢᠭᠡᠯᠡᠯᠭᠡ ᠂ ᠵᠦᠢ ᠶᠣᠰᠣᠨ᠎ᠤ ᠳᠠᠭᠠᠳᠭᠠᠯ ᠂ ᠵᠦᠢ ᠶᠣᠰᠣᠨ᠎ᠤ ᠵᠢᠭᠡᠯᠡᠯᠭᠡ᠎ᠶ᠋ᠢᠨ ᠲᠡᠮᠳᠡᠭ᠌ᠲᠦ ᠵᠡᠷᠭᠡ ᠮᠥᠩᠭᠥᠨ ᠭᠦᠢᠯᠭᠡᠭᠡᠨ᠎ᠦ ᠦᠢᠯᠡᠳᠬᠦᠨ ᠪᠠ ᠦᠢᠯᠡᠴᠢᠯᠡᠭᠡ ᠥᠷᠨᠢᠭᠦᠯᠬᠦ᠌᠎ᠶ᠋ᠢ ᠶᠡᠬᠡᠪᠡᠷ ᠳᠡᠮᠵᠢᠵᠦ᠍ ᠂ ᠤᠰᠤᠨ᠎ᠤ ᠠᠮᠢ ᠠᠬᠤᠶ᠎ᠶ᠋ᠢᠨ ᠦᠢᠯᠡᠳᠬᠦᠨ᠎ᠦ ᠥᠷᠲᠡᠭ᠎ᠢ ᠪᠡᠶᠡᠯᠡᠭᠦᠯᠬᠦ᠌ ᠠᠷᠭ᠎ᠠ ᠵᠠᠮ᠎ᠢ ᠪᠠᠶᠠᠯᠢᠭ᠍ᠵᠢᠭᠤᠯᠤᠨ ᠥᠷᠭᠡᠳᠭᠡᠬᠦ᠌ ᠬᠡᠷᠡᠭ᠌ᠲᠡᠶ᠃
ᠠᠷᠠᠯᠵᠢᠶᠠᠨ᠎ᠤ ᠭᠤᠤᠯ ᠴᠣᠭ᠍ᠴᠠ᠎ᠶ᠋ᠢᠨ ᠤᠰᠤ ᠬᠡᠷᠡᠭ᠌ᠯᠡᠬᠦ᠌ ᠡᠷᠬᠡ᠎ᠶ᠋ᠢᠨ ᠪᠠᠲᠤᠯᠠᠭ᠎ᠠ᠎ᠶ᠋ᠢ ᠴᠢᠩᠭᠠᠳᠭᠠᠬᠤ᠎ᠶ᠋ᠢᠨ ᠲᠥᠯᠥᠭᠡ᠂ 《ᠰᠠᠨᠠᠯ》᠎ᠳᠤ ᠲᠣᠳᠣᠷᠬᠠᠶ ᠲᠣᠭ᠍ᠲᠠᠭᠠᠭ᠍ᠰᠠᠨ᠎ᠨᠢ᠂ ᠮᠤᠵᠢ ᠣᠷᠣᠨ ᠠᠯᠤᠰᠯᠠᠨ ᠠᠷᠠᠯᠵᠢᠶᠠᠯᠠᠬᠤ ᠬᠤᠭᠤᠴᠠᠭᠠᠨ᠎ᠳᠤ᠂ ᠠᠷᠠᠯᠵᠢᠶᠠᠯᠠᠭ᠍ᠰᠠᠨ ᠤᠰᠤᠨ᠎ᠤ ᠬᠡᠮᠵᠢᠶ᠎ᠡ᠎ᠨᠢ ᠱᠢᠯᠵᠢᠭᠦᠯᠦᠨ ᠥᠭ᠌ᠬᠦ ᠣᠷᠣᠨ ᠪᠦᠰᠡ ᠪᠤᠶᠤ ᠤᠰᠤ ᠬᠡᠷᠡᠭ᠌ᠯᠡᠬᠦ᠌ ᠶᠡᠷᠦᠩᠬᠡᠶ ᠬᠡᠮᠵᠢᠶ᠎ᠡ᠎ᠶ᠋ᠢ ᠬᠢᠵᠠᠭᠠᠷᠯᠠᠬᠤ ᠭᠦᠢᠴᠡᠳᠭᠡᠯ ᠲᠤᠭ᠎ᠠ ᠪᠠ ᠭᠤᠣᠯ ᠮᠥᠷᠡᠨ᠎ᠤ ᠤᠰᠤᠨ᠎ᠤ ᠬᠡᠮᠵᠢᠶ᠎ᠡ᠎ᠶ᠋ᠢ ᠬᠤᠪᠢᠶᠠᠷᠢᠯᠠᠬᠤ ᠭᠦᠢᠴᠡᠳᠭᠡᠯ ᠲᠤᠭ᠎ᠠ᠎ᠶ᠋ᠢ ᠡᠵᠡᠯᠡᠵᠦ᠍᠂ ᠱᠢᠯᠵᠢᠭᠦᠯᠦᠨ ᠠᠪᠬᠤ ᠣᠷᠣᠨ ᠪᠦᠰᠡ᠎ᠶ᠋ᠢᠨ ᠤᠰᠤ ᠬᠡᠷᠡᠭ᠌ᠯᠡᠬᠦ᠌ ᠶᠡᠷᠦᠩᠬᠡᠶ ᠬᠡᠮᠵᠢᠶ᠎ᠡ᠎ᠶ᠋ᠢ ᠬᠢᠵᠠᠭᠠᠷᠯᠠᠬᠤ ᠭᠦᠢᠴᠡᠳᠭᠡᠯ ᠲᠤᠭ᠎ᠠ ᠪᠠ ᠭᠤᠣᠯ ᠮᠥᠷᠡᠨ᠎ᠤ ᠤᠰᠤᠨ᠎ᠤ ᠬᠡᠮᠵᠢᠶ᠎ᠡ᠎ᠶ᠋ᠢ ᠬᠢᠵᠠᠭᠠᠷᠯᠠᠬᠤ ᠭᠦᠢᠴᠡᠳᠭᠡᠯ ᠲᠤᠭ᠎ᠠ᠎ᠶ᠋ᠢ ᠡᠵᠡᠯᠡᠬᠦ᠌ ᠦᠭᠡᠢ᠃
ᠲᠠᠪᠤ᠂ ᠮᠤᠵᠢ ᠣᠷᠣᠨ ᠠᠯᠤᠰᠯᠠᠨ ᠤᠰᠤ ᠬᠡᠷᠡᠭ᠌ᠯᠡᠬᠦ᠌ ᠡᠷᠬᠡ᠎ᠶ᠋ᠢᠨ ᠠᠷᠠᠯᠵᠢᠶ᠎ᠠ᠎ᠶ᠋ᠢ ᠶᠠᠮᠠᠷ ᠲᠠᠪᠴᠠᠩ᠎ᠢᠶᠠᠷ ᠳᠠᠮᠵᠢᠭᠤᠯᠤᠨ ᠥᠷᠨᠢᠭᠦᠯᠪᠡᠯ ᠵᠣᠬᠢᠬᠤ ᠪᠣᠶ? ᠶᠠᠮᠠᠷ ᠪᠣᠳᠠᠲᠠᠢ ᠱᠠᠭᠠᠷᠳᠠᠯᠭ᠎ᠠ ᠪᠠᠢᠬᠤ ᠪᠤᠢ?
ᠤᠰᠤ ᠬᠡᠷᠡᠭ᠌ᠯᠡᠬᠦ᠌ ᠡᠷᠬᠡ᠎ᠶ᠋ᠢᠨ ᠠᠷᠠᠯᠵᠢᠶᠠᠨ᠎ᠤ ᠠᠮᠤᠷ ᠲᠦᠪᠱᠢᠨ᠂ ᠥᠨᠳᠥᠷ ᠪᠦᠲᠦᠮᠵᠢᠲᠡᠶ᠂ ᠵᠢᠷᠤᠮᠵᠢᠭᠤᠨ᠂ ᠳᠥᠭᠦᠮ ᠳᠥᠲᠡ ᠥᠷᠨᠢᠬᠦ᠌᠎ᠶ᠋ᠢ ᠪᠠᠲᠤᠯᠠᠬᠤ᠎ᠶ᠋ᠢᠨ ᠲᠥᠯᠥᠭᠡ᠂ 《ᠰᠠᠨᠠᠯ》᠎ᠳᠤ ᠭᠤᠤᠯᠳᠠᠭᠤ ᠬᠤᠶᠠᠷ ᠲᠠᠯ᠎ᠠ᠎ᠶ᠋ᠢᠨ ᠠᠵᠢᠯ᠎ᠤᠨ ᠪᠣᠳᠣᠯᠬᠢᠯᠠᠯ᠎ᠢ ᠳᠤᠷᠠᠳᠪᠠ᠃
ᠨᠢᠭᠡ᠎ᠳᠤ᠂ ᠪᠦᠬᠦ᠌ ᠤᠯᠤᠰ᠎ᠤᠨ ᠤᠰᠤᠨ᠎ᠤ ᠡᠷᠬᠡ᠎ᠶ᠋ᠢᠨ ᠠᠷᠠᠯᠵᠢᠶᠠᠨ᠎ᠤ ᠱᠢᠰᠲ᠋ᠧᠮ᠎ᠤᠨ ᠬᠡᠷᠡᠭ᠌ᠯᠡᠯᠲᠡ᠎ᠶ᠋ᠢ ᠴᠢᠩᠭᠠᠳᠭᠠᠨ᠎ᠠ᠃ ᠳᠤᠮᠳᠠᠳᠤ ᠤᠯᠤᠰ᠎ᠤᠨ ᠤᠰᠤᠨ᠎ᠤ ᠡᠷᠬᠡ᠎ᠶ᠋ᠢᠨ ᠠᠷᠠᠯᠵᠢᠶᠠᠨ᠎ᠤ ᠲᠠᠪᠴᠠᠩ᠎ᠤᠨ ᠤᠯᠤᠰ᠎ᠤᠨ ᠤᠰᠤ ᠬᠡᠷᠡᠭ᠌ᠯᠡᠬᠦ᠌ ᠡᠷᠬᠡ᠎ᠶ᠋ᠢᠨ ᠠᠷᠠᠯᠵᠢᠶᠠᠨ᠎ᠤ ᠲᠠᠪᠴᠠᠩ ᠪᠣᠯᠬᠤ ᠦᠢᠯᠡᠳᠦᠯ᠎ᠢ ᠭᠦᠢᠴᠡᠳ ᠪᠠᠳᠠᠷᠠᠭᠤᠯᠵᠤ᠂ ᠲᠠᠪᠴᠠᠩ᠎ᠤᠨ ᠪᠦᠲᠦᠴᠡ ᠪᠠ ᠴᠢᠳᠠᠮᠵᠢ᠎ᠶ᠋ᠢᠨ ᠵᠢᠷᠤᠭ ᠲᠥᠯᠥᠪᠯᠡᠭᠡ᠎ᠶ᠋ᠢ ᠱᠢᠯᠢᠳᠡᠭ᠌ᠵᠢᠭᠦᠯᠦᠨ᠂ ᠬᠠᠲᠤᠨ ᠭᠤᠤᠯ᠎ᠤᠨ ᠰᠠᠪᠠ ᠭᠠᠵᠠᠷ᠂ ᠣᠷᠣᠨ ᠪᠦᠰᠡ᠎ᠶ᠋ᠢᠨ ᠤᠰᠤ ᠬᠡᠷᠡᠭ᠌ᠯᠡᠬᠦ᠌ ᠡᠷᠬᠡ᠎ᠶ᠋ᠢᠨ ᠠᠷᠠᠯᠵᠢᠶᠠᠨ᠎ᠤ ᠲᠠᠪᠴᠠᠩ᠎ᠤᠨ ᠱᠢᠰᠲ᠋ᠧᠮ᠎ᠢ ᠲᠡᠭᠦᠯᠳᠡᠷᠵᠢᠭᠦᠯᠵᠦ᠍᠂ ᠤᠰᠤ ᠬᠡᠷᠡᠭ᠌ᠯᠡᠬᠦ᠌ ᠡᠷᠬᠡ᠎ᠶ᠋ᠢᠨ ᠠᠷᠠᠯᠵᠢᠶᠠᠨ᠎ᠤ ᠠᠵᠢᠯᠯᠠᠭᠠᠨ᠎ᠤ ᠢᠯᠡ ᠲᠣᠳᠣ᠂ ᠡᠷᠬᠡ ᠲᠡᠭ᠌ᠰᠢ᠂ ᠲᠥᠪ ᠭᠤᠤᠯᠴᠢ ᠲᠣᠭ᠍ᠲᠠᠴᠠ᠎ᠶ᠋ᠢ ᠪᠠᠢᠭᠤᠯᠤᠨ᠂ ᠠᠷᠠᠯᠵᠢᠶᠠᠨ᠎ᠤ ᠲᠦᠷᠢᠮ᠂ ᠮᠡᠷᠭᠡᠵᠢᠯ᠎ᠤᠨ ᠪᠠᠷᠢᠮᠵᠢᠶ᠎ᠠ᠂ ᠲᠤᠭ᠎ᠠ ᠪᠠᠷᠢᠮᠲᠠ᠎ᠶ᠋ᠢᠨ ᠵᠢᠷᠤᠮᠵᠢᠯ᠎ᠢ ᠨᠢᠭᠡᠳᠭᠡᠨ᠎ᠡ᠃ ᠪᠦᠬᠦ᠌ ᠤᠯᠤᠰ᠎ᠤᠨ ᠤᠰᠤᠨ᠎ᠤ ᠡᠷᠬᠡ᠎ᠶ᠋ᠢᠨ ᠠᠷᠠᠯᠵᠢᠶᠠᠨ᠎ᠤ ᠱᠢᠰᠲ᠋ᠧᠮ᠎ᠦᠨ ᠴᠢᠳᠠᠮᠵᠢ᠎ᠶ᠋ᠢ ᠲᠡᠭᠦᠯᠳᠡᠷᠵᠢᠭᠦᠯᠵᠦ᠍᠂ ᠤᠰᠤ ᠬᠡᠷᠡᠭ᠌ᠯᠡᠬᠦ᠌ ᠡᠷᠬᠡ᠎ᠶ᠋ᠢᠨ ᠬᠠᠩᠭᠠᠯᠭ᠎ᠠ ᠬᠡᠷᠡᠭ᠌ᠴᠡᠭᠡ᠎ᠶ᠋ᠢᠨ ᠮᠡᠳᠡᠭᠡ ᠵᠠᠩᠭᠢ᠎ᠶ᠋ᠢ ᠴᠤᠭ᠍ᠯᠠᠭᠤᠯᠤᠨ ᠨᠡᠢᠲᠡᠯᠡᠵᠦ᠍᠂ ᠮᠡᠳᠡᠭᠡ ᠵᠠᠩᠭᠢ᠎ᠶ᠋ᠢᠨ ᠡᠬᠢ ᠪᠠᠶᠠᠯᠢᠭ᠎ᠢ ᠬᠠᠮᠲᠤ᠎ᠪᠠᠷ ᠡᠳ᠋ᠯᠡᠵᠦ᠍ ᠬᠠᠷᠢᠯᠴᠠᠨ ᠮᠡᠳᠡᠷᠡᠬᠦ᠌᠎ᠶ᠋ᠢ ᠴᠢᠩᠭᠠᠳᠭᠠᠨ᠂ ᠬᠠᠲᠤᠨ ᠭᠣᠤᠯ᠎ᠤᠨ ᠰᠠᠪᠠ ᠭᠠᠵᠠᠷ᠎ᠤᠨ ᠨᠢᠭᠡᠳᠦᠯᠲᠡᠶ ᠤᠰᠤ ᠬᠡᠷᠡᠭ᠌ᠯᠡᠬᠦ᠌ ᠡᠷᠬᠡ᠎ᠶ᠋ᠢᠨ ᠠᠷᠠᠯᠵᠢᠶᠠᠨ᠎ᠤ ᠮᠡᠳᠡᠭᠡ ᠵᠠᠩᠭᠢ᠎ᠶ᠋ᠢᠨ ᠲᠣᠤᠷ ᠰᠦᠯᠵᠢᠶ᠎ᠡ᠎ᠶ᠋ᠢ ᠪᠣᠶ ᠪᠣᠯᠭᠠᠬᠤ ᠬᠡᠷᠡᠭ᠌ᠲᠡᠶ᠃
ᠬᠤᠶᠠᠷ᠎ᠲᠤ᠌᠂ ᠤᠰᠤ ᠬᠡᠷᠡᠭ᠌ᠯᠡᠬᠦ᠌ ᠡᠷᠬᠡ᠎ᠶ᠋ᠢ ᠬᠠᠷᠢᠴᠠᠩᠭᠤᠶ᠎ᠪᠠᠷ ᠲᠥᠪᠯᠡᠷᠡᠭᠦᠯᠦᠨ ᠠᠷᠠᠯᠵᠢᠶᠠᠯᠠᠬᠤ᠎ᠶ᠋ᠢ ᠠᠬᠢᠭᠤᠯᠤᠨ᠎ᠠ᠃ 《ᠰᠠᠨᠠᠯ》᠎ᠳᠤ᠂ ᠬᠠᠲᠤᠨ ᠭᠤᠤᠯ᠎ᠤᠨ ᠤᠰᠤᠨ ᠠᠱᠢᠭ᠍ᠯᠠᠯᠲᠠ᠎ᠶ᠋ᠢᠨ ᠵᠥᠪᠯᠡᠯ ᠪᠣᠯᠤᠨ ᠬᠠᠮᠢᠶ᠎ᠠ ᠪᠥᠬᠦᠶ ᠮᠤᠵᠢ᠎ᠶ᠋ᠢᠨ ᠱᠠᠲᠤᠨ᠎ᠤ ᠤᠰᠤᠨ᠎ᠤ ᠵᠠᠰᠠᠭ ᠵᠠᠬᠢᠷᠭᠠᠨ᠎ᠤ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ᠎ᠤᠳ ᠨᠢᠭᠡᠳᠦᠯᠲᠡᠶ ᠪᠠᠢᠷᠢᠯᠠᠭᠤᠯᠬᠤ᠂ ᠱᠠᠲᠤ ᠬᠤᠪᠢᠶᠠᠨ ᠬᠡᠷᠡᠭ᠌ᠯᠡᠬᠦ᠌ ᠱᠠᠭᠠᠷᠳᠠᠯᠭ᠎ᠠ ᠶᠣᠰᠣᠭᠠᠷ᠂ ᠡᠯ᠎ᠡ ᠲᠥᠷᠥᠯ᠎ᠤᠨ ᠠᠷᠠᠯᠵᠢᠶᠠᠨ᠎ᠤ ᠭᠤᠤᠯ ᠴᠣᠭ᠍ᠴᠠ᠎ᠶ᠋ᠢ ᠬᠥᠲᠥᠯᠦᠨ ᠵᠢᠯᠣᠭᠤᠳᠴᠤ᠌ ᠪᠠᠢᠭᠠᠳ ᠪᠥᠬᠦ᠌ ᠤᠯᠤᠰ᠎ᠤᠨ ᠤᠰᠤᠨ᠎ᠤ ᠡᠷᠬᠡ᠎ᠶ᠋ᠢᠨ ᠠᠷᠠᠯᠵᠢᠶᠠᠨ᠎ᠤ ᠱᠢᠰᠲ᠋ᠧᠮ᠎ᠢ ᠭᠦᠢᠴᠡᠳ ᠬᠡᠷᠡᠭ᠌ᠯᠡᠨ ᠠᠷᠠᠯᠵᠢᠶ᠎ᠠ ᠥᠷᠨᠢᠭᠦᠯᠬᠦ᠌᠎ᠶ᠋ᠢ ᠬᠥᠲᠥᠯᠦᠨ ᠵᠢᠯᠣᠭᠤᠳᠭᠤ ᠬᠡᠷᠡᠭ᠌ᠲᠡᠶ ᠭᠡᠵᠦ᠍ ᠱᠠᠭᠠᠷᠳᠠᠪᠠ᠃ ᠬᠠᠲᠤᠨ ᠭᠣᠤᠯ᠎ᠤᠨ ᠰᠠᠪᠠ ᠭᠠᠵᠠᠷ᠎ᠤᠨ ᠮᠤᠵᠢ ᠣᠷᠣᠨ ᠠᠯᠤᠰᠯᠠᠭ᠍ᠰᠠᠨ᠂ ᠤᠰᠤᠨ᠎ᠤ ᠡᠬᠢ ᠪᠠᠶᠠᠯᠢᠭ᠎ᠤᠨ ᠳᠠᠭᠠᠭᠠᠴᠠ᠎ᠠᠴᠠ ᠬᠡᠲᠦᠷᠡᠭ᠌ᠰᠡᠨ ᠭᠠᠵᠠᠷ ᠣᠷᠣᠨ᠎ᠤ ᠤᠰᠤ ᠬᠡᠷᠡᠭ᠌ᠯᠡᠬᠦ᠌ ᠡᠷᠬᠡ᠎ᠶ᠋ᠢᠨ ᠠᠷᠠᠯᠵᠢᠶᠠᠯᠠᠭ᠎ᠠ᠎ᠶ᠋ᠢ ᠵᠠᠷᠴᠢᠮ ᠳᠡᠭᠡᠷ᠎ᠡ᠎ᠪᠡᠨ ᠬᠠᠲᠤᠨ ᠭᠣᠤᠯ᠎ᠤᠨ ᠰᠠᠪᠠ ᠭᠠᠵᠠᠷ᠎ᠤᠨ ᠤᠰᠤᠨ᠎ᠤ ᠡᠷᠬᠡ᠎ᠶ᠋ᠢᠨ ᠠᠷᠠᠯᠵᠢᠶᠠᠨ᠎ᠤ ᠡᠯᠧᠺᠲ᠋ᠷᠣᠨ ᠶᠡᠬᠡ ᠲᠢᠩᠬᠢᠮ᠎ᠳᠦ ᠬᠢᠵᠦ᠍᠂ ᠪᠤᠰᠤᠳ ᠤᠰᠤ ᠬᠡᠷᠡᠭ᠌ᠯᠡᠬᠦ᠌ ᠡᠷᠬᠡ᠎ᠶ᠋ᠢᠨ ᠠᠷᠠᠯᠵᠢᠶᠠᠯᠠᠭ᠎ᠠ᠎ᠶ᠋ᠢᠨ ᠪᠦᠬᠦ᠌ ᠤᠯᠤᠰ᠎ᠤᠨ ᠤᠰᠤᠨ᠎ᠤ ᠡᠷᠬᠡ᠎ᠶ᠋ᠢᠨ ᠠᠷᠠᠯᠵᠢᠶᠠᠨ᠎ᠤ ᠱᠢᠰᠲ᠋ᠧᠮ᠎ᠳᠦ ᠲᠦᠱᠢᠭ᠌ᠯᠡᠨ ᠪᠠᠢᠭᠤᠯᠤᠭ᠍ᠰᠠᠨ ᠣᠷᠣᠨ ᠪᠦᠰᠡ᠎ᠶ᠋ᠢᠨ ᠤᠰᠤᠨ᠎ᠤ ᠡᠷᠬᠡ᠎ᠶ᠋ᠢᠨ ᠠᠷᠠᠯᠵᠢᠶᠠᠨ᠎ᠤ ᠡᠯᠧᠺᠲ᠋ᠷᠣᠨ ᠶᠡᠬᠡ ᠲᠢᠩᠬᠢᠮ᠎ᠳᠦ ᠥᠷᠨᠢᠭᠦᠯᠬᠦ᠌᠎ᠶ᠋ᠢ ᠵᠣᠷᠢᠭ᠍ᠵᠢᠭᠤᠯᠤᠨ᠎ᠠ᠃ ᠤᠰᠤᠯᠠᠯᠲᠠ᠎ᠶ᠋ᠢᠨ ᠤᠰᠤ ᠵᠡᠷᠭᠡ ᠪᠠᠭ᠎ᠠ ᠲᠣᠭᠠᠨ᠎ᠤ ᠠᠷᠠᠯᠵᠢᠶ᠎ᠠ᠎ᠶ᠋ᠢ ᠪᠥᠬᠦ᠌ ᠤᠯᠤᠰ᠎ᠤᠨ ᠤᠰᠤᠨ᠎ᠤ ᠡᠷᠬᠡ᠎ᠶ᠋ᠢᠨ ᠠᠷᠠᠯᠵᠢᠶᠠᠨ᠎ᠤ ᠱᠢᠰᠲ᠋ᠧᠮ᠎ᠤᠨ APP ᠪᠠᠷ ᠳᠠᠮᠵᠢᠭᠤᠯᠤᠨ ᠳᠥᠭᠦᠮ ᠳᠥᠲᠡ ᠥᠷᠨᠢᠭᠦᠯᠵᠦ᠍ ᠪᠣᠯᠤᠨ᠎ᠠ᠃
ᠵᠢᠷᠭᠤᠭ᠎ᠠ᠂ ᠤᠰᠤ ᠬᠡᠷᠡᠭ᠌ᠯᠡᠬᠦ᠌ ᠡᠷᠬᠡ᠎ᠶ᠋ᠢᠨ ᠠᠷᠠᠯᠵᠢᠶᠠᠨ᠎ᠤ ᠲᠦᠷᠢᠮ᠎ᠤᠨ ᠪᠠᠢᠭᠤᠯᠤᠯᠲᠠ᠎ᠳᠤ ᠬᠢᠨᠠᠨ ᠬᠡᠮᠵᠢᠬᠦ᠌ ᠱᠢᠰᠲ᠋ᠧᠮ᠎ᠳᠤ ᠶᠠᠮᠠᠷ ᠦᠢᠯᠡᠳᠦᠯ ᠦᠵᠡᠭᠦᠯᠬᠦ᠌ ᠪᠣᠶ? ᠶᠠᠮᠠᠷ ᠶᠠᠮᠠᠷ ᠭᠤᠣᠯᠳᠠᠯᠭ᠎ᠠ᠎ᠲᠠᠢ ᠠᠵᠢᠯ᠎ᠤᠨ ᠪᠣᠳᠣᠯᠬᠢᠯᠠᠯ ᠪᠠᠢᠬᠤ ᠪᠤᠢ?
ᠤᠰᠤᠨ᠎ᠤ ᠡᠬᠢ ᠪᠠᠶᠠᠯᠢᠭ᠎ᠢ ᠬᠢᠨᠠᠨ ᠬᠡᠮᠵᠢᠬᠦ᠌ ᠱᠢᠰᠲ᠋ᠧᠮᠵᠢ᠎ᠶ᠋ᠢ ᠲᠡᠭᠦᠯᠳᠡᠷᠵᠢᠭᠦᠯᠬᠦ᠌ ᠪᠣᠯ ᠤᠰᠤ ᠬᠡᠷᠡᠭ᠌ᠯᠡᠬᠦ᠌ ᠡᠷᠬᠡ᠎ᠶ᠋ᠢᠨ ᠠᠷᠠᠯᠵᠢᠶᠠᠯᠠᠬᠤ ᠳᠦᠷᠢᠮ᠎ᠦᠨ ᠪᠠᠢᠭᠤᠯᠤᠯᠲᠠ᠎ᠶ᠋ᠢᠨ ᠴᠢᠬᠤᠯᠠ ᠰᠠᠭᠤᠷᠢ ᠲᠤᠯᠭᠠᠭᠤᠷᠢᠯᠠᠯ ᠪᠣᠯᠤᠨ᠎ᠠ᠃ ᠬᠡᠷᠪᠡ ᠤᠰᠤᠨ᠎ᠤ ᠡᠬᠢ ᠪᠠᠶᠠᠯᠢᠭ᠎ᠢ ᠬᠢᠨᠠᠨ ᠬᠡᠮᠵᠢᠬᠦ᠌ ᠱᠢᠰᠲ᠋ᠧᠮ ᠲᠡᠭᠦᠯᠳᠡᠷᠵᠢᠭᠡᠳᠦᠶ ᠪᠠᠢᠵᠤ᠂ ᠱᠢᠨᠵᠢᠯᠡᠬᠦ᠌ ᠤᠬᠠᠭᠠᠨᠴᠢ᠂ ᠣᠨᠣᠪᠴᠢᠲᠠᠶ᠂ ᠪᠤᠰᠤᠳᠴᠢ ᠬᠢᠨᠠᠨ ᠬᠡᠮᠵᠢᠬᠦ᠌ ᠪᠠ ᠦᠨᠡᠯᠡᠨ ᠵᠢᠱ᠌ᠢᠭ᠌ᠰᠡᠨ ᠲᠤᠭ᠎ᠠ ᠪᠠᠷᠢᠮᠲᠠ᠎ᠪᠠᠷ ᠳᠤᠲᠠᠮᠠᠭ ᠪᠠᠢᠪᠠᠯ᠂ ᠤᠰᠤ ᠬᠡᠷᠡᠭ᠌ᠯᠡᠬᠦ᠌ ᠡᠷᠬᠡ᠎ᠶ᠋ᠢ ᠠᠷᠠᠯᠵᠢᠶᠠᠯᠠᠬᠤ ᠲᠦᠷᠢᠮ ᠡᠴᠦᠰ᠎ᠲᠡᠭᠡᠨ 《 ᠣᠭ᠍ᠲᠠᠷᠭᠣᠢᠲᠠᠬᠢ ᠠᠰᠠᠷ ᠲᠠᠭ᠍ᠲᠤ》 ᠪᠣᠯᠬᠤ ᠪᠣᠯᠤᠨ᠎ᠠ᠃ ᠡᠭᠦᠨ᠎ᠤ ᠲᠤᠬᠠᠶ 《ᠰᠠᠨᠠᠯ》᠎ᠳᠤ ᠭᠤᠤᠯᠳᠠᠭᠤ ᠬᠤᠶᠠᠷ ᠲᠠᠯ᠎ᠠ᠎ᠠᠴᠠ ᠪᠠᠢᠷᠢᠯᠠᠭᠤᠯᠤᠯᠲᠠ ᠱᠠᠭᠠᠷᠳᠠᠯᠭ᠎ᠠ ᠳᠤᠷᠠᠳᠴᠠᠶ᠃
ᠨᠢᠭᠡ᠎ᠳᠦ᠂ ᠤᠰᠤᠨ᠎ᠤ ᠡᠬᠢ ᠪᠠᠶᠠᠯᠢᠭ᠎ᠢ ᠬᠢᠨᠠᠨ ᠬᠡᠮᠵᠢᠬᠦ᠌ ᠱᠢᠰᠲ᠋ᠧᠮᠵᠢ᠎ᠶ᠋ᠢᠨ ᠪᠠᠢᠭᠤᠯᠤᠯᠲᠠ᠎ᠶ᠋ᠢ ᠲᠦᠷᠭᠡᠳᠭᠡᠨ᠎ᠡ᠃ ᠬᠠᠲᠤᠨ ᠭᠤᠤᠯ᠎ᠤᠨ ᠤᠰᠤᠨ ᠠᠱᠢᠭ᠍ᠯᠠᠯᠲᠠ᠎ᠶ᠋ᠢᠨ ᠵᠥᠪᠯᠡᠯ ᠪᠣᠯᠤᠨ ᠬᠠᠮᠢᠶ᠎ᠠ ᠪᠥᠬᠦᠶ ᠮᠤᠵᠢ᠎ᠶ᠋ᠢᠨ ᠱᠠᠲᠤᠨ᠎ᠤ ᠤᠰᠤᠨ᠎ᠤ ᠵᠠᠰᠠᠭ ᠵᠠᠬᠢᠷᠭᠠᠨ᠎ᠤ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ᠎ᠤᠳ 《ᠪᠥᠬᠦ᠌ ᠤᠯᠤᠰ᠎ᠤᠨ ᠤᠰᠤᠨ᠎ᠤ ᠡᠬᠢ ᠪᠠᠶᠠᠯᠢᠭ᠎ᠢ ᠬᠢᠨᠠᠨ ᠬᠡᠮᠵᠢᠬᠦ᠌ ᠱᠢᠰᠲ᠋ᠧᠮᠵᠢ᠎ᠶ᠋ᠢᠨ ᠪᠥᠲᠥᠭᠡᠨ ᠪᠠᠢᠭᠤᠯᠤᠯᠲᠠ᠎ᠶ᠋ᠢᠨ ᠶᠡᠷᠦᠩᠬᠡᠶ ᠠᠵᠢᠯ᠎ᠤᠨ ᠲᠥᠰᠦᠯ (2024 - 2027 ᠣᠨ) 》 ᠪᠣᠯᠤᠨ 《ᠤᠰᠤ ᠲᠠᠲᠠᠬᠤ ᠬᠡᠮᠵᠢᠯᠲᠡ᠎ᠶ᠋ᠢᠨ ᠮᠡᠷᠭᠡᠵᠢᠯ᠎ᠤᠨ ᠵᠢᠯᠣᠭᠤᠳᠭᠤ ᠲᠦᠷᠢᠮ》 (GB/T28714 - 2023)᠎ᠤᠨ ᠱᠠᠭᠠᠷᠳᠠᠯᠭ᠎ᠠ᠎ᠶ᠋ᠢ ᠨᠠᠢᠳᠠᠪᠤᠷᠢᠵᠢᠭᠤᠯᠵᠤ᠂ ᠤᠰᠤᠨ᠎ᠤ ᠡᠬᠢ ᠪᠠᠶᠠᠯᠢᠭ᠎ᠢ ᠬᠢᠨᠠᠨ ᠬᠡᠮᠵᠢᠬᠦ᠌ ᠱᠢᠰᠲ᠋ᠧᠮᠵᠢ᠎ᠶ᠋ᠢᠨ ᠪᠥᠲᠥᠭᠡᠨ ᠪᠠᠢᠭᠤᠯᠤᠯᠲᠠ᠎ᠶ᠋ᠢ ᠲᠦᠷᠭᠡᠳᠭᠡᠨ ᠠᠬᠢᠭᠤᠯᠵᠤ᠂ ᠤᠰᠤ ᠠᠪᠬᠤ ᠠᠮᠠᠰᠠᠷ᠎ᠤᠨ ᠤᠰᠤ ᠠᠪᠬᠤ ᠬᠡᠮᠵᠢᠯᠲᠡ᠎ᠶ᠋ᠢᠨ ᠪᠡᠯᠡᠳᠭᠡᠮᠵᠢ᠎ᠶ᠋ᠢ ᠤᠭ᠍ᠰᠠᠷᠠᠵᠤ᠂ ᠪᠠᠢᠭᠤᠯᠬᠤ ᠶᠣᠰᠣᠲᠠᠶ᠎ᠶ᠋ᠢ᠎ᠨᠢ ᠴᠥᠮ ᠭᠤᠤᠯ ᠮᠥᠷᠡᠨ ᠨᠠᠭᠤᠷ ᠴᠥᠭᠦᠷᠥᠮ᠎ᠤᠨ ᠣᠭ᠍ᠲᠣᠯᠤᠭᠠᠰᠤᠶ᠋ᠢ ᠬᠢᠨᠠᠨ ᠬᠡᠮᠵᠢᠬᠦ᠌ ᠥᠷᠲᠡᠭᠡ ᠴᠡᠭ᠎ᠢ ᠪᠠᠢᠭᠤᠯᠵᠤ᠂ ᠭᠠᠵᠠᠷ ᠳᠣᠤᠷᠠᠬᠢ ᠤᠰᠤ᠎ᠶ᠋ᠢ ᠬᠢᠨᠠᠨ ᠬᠡᠮᠵᠢᠬᠦ᠌ ᠥᠷᠲᠡᠭᠡ᠎ᠶ᠋ᠢᠨ ᠲᠣᠤᠷ᠎ᠢ ᠨᠢᠭᠤᠴᠠᠯᠠᠬᠤ ᠬᠡᠷᠡᠭ᠌ᠲᠡᠶ᠃ ᠪᠣᠳᠠᠲᠠᠶ ᠱᠠᠭᠠᠷᠳᠠᠯᠭ᠎ᠠ ᠪᠣᠯ᠂ ᠬᠠᠲᠤᠨ ᠭᠤᠤᠯ᠎ᠤᠨ ᠭᠤᠤᠯ ᠤᠷᠤᠰᠭᠠᠯ ᠪᠠ ᠭᠤᠤᠯ ᠰᠠᠯᠪᠤᠷᠢ ᠤᠷᠤᠰᠭᠠᠯ᠎ᠤᠨ ᠨᠢᠭᠡᠳᠦᠭᠡᠷ ᠳᠡᠰ᠎ᠤᠨ ᠤᠰᠤ ᠪᠤᠴᠠᠭᠠᠬᠤ ᠠᠮᠠᠰᠠᠷ᠎ᠢ ᠤᠰᠤ ᠲᠠᠲᠠᠬᠤ ᠬᠡᠮᠵᠢᠶ᠎ᠡ᠎ᠶ᠋ᠢ ᠨᠡᠢᠳᠡᠮ ᠪᠦᠷᠬᠦᠭᠦᠯᠵᠦ᠍᠂ ᠬᠡᠪᠴᠢᠶᠡᠵᠢᠯ᠎ᠠᠴᠠ ᠳᠡᠭᠡᠭ᠌ᠰᠢᠬᠢ ᠲᠠᠷᠢᠶᠠᠯᠠᠩ᠎ᠤᠨ ᠪᠤᠰᠤ ᠤᠰᠤ ᠲᠠᠲᠠᠬᠤ ᠵᠢᠴᠢ ᠤᠰᠤ ᠲᠠᠲᠠᠬᠤ ᠢᠨᠵᠧᠨᠧᠷᠢᠩ᠂ 5 ᠲᠦᠮᠡᠨ ᠮᠦ᠍᠎ᠠᠴᠠ ᠳᠡᠭᠡᠭ᠌ᠰᠢᠬᠢ ᠲᠣᠮᠣ ᠳᠤᠮᠳᠠ ᠬᠡᠯᠪᠡᠷᠢ᠎ᠶ᠋ᠢᠨ ᠤᠰᠤᠯᠠᠯᠲᠠ᠎ᠶ᠋ᠢᠨ ᠣᠷᠣᠨ᠎ᠤ ᠰᠤᠪᠠᠭ᠎ᠤᠨ ᠡᠬᠢᠨ᠎ᠤ ᠤᠰᠤ ᠠᠪᠬᠤ ᠠᠮᠠᠰᠠᠷ᠎ᠲᠤ ᠤᠰᠤ ᠲᠠᠲᠠᠬᠤ ᠰᠦᠯᠵᠢᠶᠡᠨ ᠳᠡᠭᠡᠷᠡᠬᠢ ᠬᠢᠨᠠᠨ ᠬᠡᠮᠵᠢᠬᠦ᠌ ᠲᠥᠬᠦᠭᠡᠷᠦᠮᠵᠢ ᠤᠭ᠍ᠰᠠᠷᠠᠬᠤ᠎ᠶ᠋ᠢᠨ ᠬᠠᠮᠲᠤ ᠰᠦᠯᠵᠢᠶᠡᠨ ᠳᠡᠭᠡᠷᠡᠬᠢ ᠬᠡᠮᠵᠢᠯᠲᠡ᠎ᠶ᠋ᠢᠨ ᠲᠤᠭ᠎ᠠ ᠪᠠᠷᠢᠮᠲᠠ᠎ᠶ᠋ᠢ ᠪᠥᠬᠦ᠌ ᠤᠯᠤᠰ᠎ᠤᠨ ᠤᠰᠤ ᠲᠠᠲᠠᠵᠤ ᠬᠡᠷᠡᠭ᠌ᠯᠡᠬᠦ᠌ ᠬᠠᠮᠢᠶᠠᠷᠤᠯᠲᠠ᠎ᠶ᠋ᠢᠨ ᠲᠠᠪᠴᠠᠩ᠎ᠳᠤ ᠪᠥᠬᠦ᠌ ᠲᠠᠯ᠎ᠠ᠎ᠪᠠᠷ ᠣᠷᠣᠭᠤᠯᠤᠨ᠎ᠠ᠃
ᠬᠤᠶᠠᠷ᠎ᠲᠤ᠌᠂ ᠤᠰᠤ ᠬᠡᠷᠡᠭ᠌ᠯᠡᠬᠦ᠌ ᠡᠷᠬᠡ᠎ᠶ᠋ᠢᠨ ᠠᠷᠠᠯᠵᠢᠶ᠎ᠠ ᠬᠢᠭᠡᠳ ᠤᠰᠤᠨ᠎ᠤ ᠡᠬᠢ ᠪᠠᠶᠠᠯᠢᠭ᠎ᠤᠨ ᠬᠠᠮᠢᠶᠠᠷᠤᠯᠲᠠ᠎ᠶ᠋ᠢᠨ ᠮᠡᠳᠡᠭᠡ ᠵᠠᠩᠭᠢ᠎ᠶ᠋ᠢ ᠬᠠᠮᠲᠤ᠎ᠪᠠᠷ ᠡᠳ᠋ᠯᠡᠬᠦ᠌᠎ᠶ᠋ᠢ ᠴᠢᠩᠭᠠᠳᠭᠠᠨ᠎ᠠ᠃ ᠤᠯᠤᠰ᠎ᠤᠨ ᠤᠰᠤ ᠬᠡᠷᠡᠭ᠌ᠯᠡᠬᠦ᠌ ᠡᠷᠬᠡ᠎ᠶ᠋ᠢᠨ ᠠᠷᠠᠯᠵᠢᠶᠠᠨ᠎ᠤ ᠲᠠᠪᠴᠠᠩ᠎ᠨᠢ ᠪᠥᠬᠦ᠌ ᠤᠯᠤᠰ᠎ᠤᠨ ᠤᠰᠤᠨ᠎ᠤ ᠡᠷᠬᠡ᠎ᠶ᠋ᠢᠨ ᠠᠷᠠᠯᠵᠢᠶᠠᠨ᠎ᠤ ᠱᠢᠰᠲ᠋ᠧᠮ ᠬᠢᠭᠡᠳ ᠪᠥᠬᠦ᠌ ᠤᠯᠤᠰ᠎ᠤᠨ ᠤᠰᠤ ᠲᠠᠲᠠᠵᠤ ᠬᠡᠷᠡᠭ᠌ᠯᠡᠬᠦ᠌ ᠬᠠᠮᠢᠶᠠᠷᠤᠯᠲᠠ᠎ᠶ᠋ᠢᠨ ᠲᠠᠪᠴᠠᠩ᠂ ᠬᠠᠲᠤᠨ ᠭᠤᠤᠯ᠎ᠤᠨ ᠤᠰᠤᠨ᠎ᠤ ᠬᠡᠮᠵᠢᠶ᠎ᠡ᠎ᠶ᠋ᠢᠨ ᠶᠡᠷᠦᠩᠬᠡᠶ ᠳᠣᠭᠢᠷᠠᠭᠤᠯᠬᠤ ᠲᠥᠪ ᠵᠡᠷᠭᠡ ᠮᠡᠳᠡᠭᠡ ᠵᠠᠩᠭᠢ᠎ᠶ᠋ᠢᠨ ᠱᠢᠰᠲ᠋ᠧᠮ᠎ᠤᠨ ᠬᠠᠷᠢᠯᠴᠠᠨ ᠬᠤᠯᠪᠣᠭᠠᠯᠠᠵᠤ ᠬᠠᠷᠢᠯᠴᠠᠨ ᠨᠡᠪᠲᠡᠷᠡᠯᠴᠡᠬᠦ᠌᠎ᠶ᠋ᠢ ᠴᠢᠩᠭᠠᠳᠭᠠᠵᠤ᠂ ᠤᠰᠤ ᠲᠠᠲᠠᠵᠤ ᠬᠡᠷᠡᠭ᠌ᠯᠡᠬᠦ᠌᠎ᠶ᠋ᠢ ᠬᠢᠨᠠᠨ ᠱᠢᠨᠵᠢᠵᠦ᠍ ᠬᠡᠮᠵᠢᠬᠦ᠌ ᠲᠤᠭ᠎ᠠ ᠪᠠᠷᠢᠮᠲᠠ᠂ ᠵᠥᠪᠱᠢᠶᠡᠷᠡᠯ᠎ᠤᠨ ᠲᠥᠯᠥᠪᠯᠡᠭᠡ᠎ᠠᠴᠠ ᠬᠡᠲᠦᠷᠡᠭᠦᠯᠦᠨ ᠤᠰᠤ ᠠᠪᠬᠤ ᠮᠡᠳᠡᠭᠡ ᠵᠠᠩᠭᠢ᠂ ᠤᠰᠤ ᠲᠠᠲᠠᠬᠤ ᠠᠮᠠ ᠬᠢᠭᠡᠳ ᠤᠰᠤ ᠲᠠᠲᠠᠵᠤ ᠬᠡᠷᠡᠭ᠌ᠯᠡᠬᠦ᠌ ᠡᠷᠦᠬᠡ᠎ᠶ᠋ᠢᠨ ᠮᠡᠳᠡᠭᠡ ᠵᠠᠩᠭᠢ᠂ ᠤᠰᠤ ᠬᠡᠷᠡᠭ᠌ᠯᠡᠬᠦ᠌ ᠡᠷᠬᠡ᠎ᠶ᠋ᠢ ᠠᠩᠬ᠎ᠠ ᠬᠤᠪᠢᠶᠠᠷᠢᠯᠠᠬᠤ᠂ ᠤᠰᠤ ᠬᠡᠷᠡᠭ᠌ᠯᠡᠬᠦ᠌ ᠡᠷᠬᠡ᠎ᠶ᠋ᠢᠨ ᠠᠷᠠᠯᠵᠢᠶ᠎ᠠ ᠵᠢᠴᠢ ᠪᠠᠷᠢᠴᠠᠭᠠᠯᠠᠵᠤ ᠳᠠᠨᠵᠢᠯᠠᠭ᠍ᠰᠠᠨ ᠲᠤᠭ᠎ᠠ ᠪᠠᠷᠢᠮᠲᠠ᠎ᠶ᠋ᠢ ᠴᠤᠭ᠍ᠯᠠᠭᠤᠯᠤᠨ ᠬᠠᠮᠲᠤ᠎ᠪᠠᠷ ᠭᠥᠷᠳᠡᠬᠦ᠌᠎ᠶ᠋ᠢ ᠪᠡᠶᠡᠯᠡᠭᠦᠯᠵᠦ᠍᠂ ᠤᠰᠤ ᠬᠡᠷᠡᠭ᠌ᠯᠡᠬᠦ᠌ ᠡᠷᠬᠡ᠎ᠶ᠋ᠢᠨ ᠬᠡᠷᠡᠭ᠎ᠤᠨ ᠡᠮᠦᠨ᠎ᠡ ᠪᠠ ᠬᠡᠷᠡᠭ᠎ᠤᠨ ᠳᠠᠷᠠᠭᠠᠬᠢ ᠬᠢᠨᠠᠯᠲᠠ ᠬᠠᠮᠢᠶᠠᠷᠤᠯᠲᠠ᠎ᠶ᠋ᠢᠨ ᠬᠡᠯᠬᠢᠶ᠎ᠡ᠎ᠶ᠋ᠢ ᠨᠡᠪᠲᠡᠷᠡᠭᠦᠯᠬᠦ᠌ ᠬᠡᠷᠡᠭ᠌ᠲᠡᠶ᠃ ᠬᠠᠲᠤᠨ ᠭᠤᠤᠯ᠎ᠤᠨ ᠤᠰᠤᠨ ᠠᠱᠢᠭ᠍ᠯᠠᠯᠲᠠ᠎ᠶ᠋ᠢᠨ ᠵᠥᠪᠯᠡᠯ ᠪᠣᠯᠤᠨ ᠬᠠᠮᠢᠶ᠎ᠠ ᠪᠥᠬᠦᠶ ᠮᠤᠵᠢ᠎ᠶ᠋ᠢᠨ ᠱᠠᠲᠤᠨ᠎ᠤ ᠤᠰᠤᠨ᠎ᠤ ᠵᠠᠰᠠᠭ ᠵᠠᠬᠢᠷᠭᠠᠨ᠎ᠤ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ᠎ᠤᠳ ᠬᠢᠨᠠᠨ ᠬᠡᠮᠵᠢᠵᠦ᠍ ᠬᠡᠮᠵᠢᠭ᠌ᠰᠡᠨ ᠲᠤᠭ᠎ᠠ ᠪᠠᠷᠢᠮᠲᠠ᠎ᠶ᠋ᠢ ᠴᠤᠭ᠍ᠯᠠᠭᠤᠯᠤᠨ ᠱᠢᠢᠳᠪᠦᠷᠢᠯᠡᠬᠦ᠌ ᠪᠠ ᠵᠠᠳᠠᠯᠤᠨ ᠬᠡᠷᠡᠭ᠌ᠯᠡᠬᠦ᠌᠎ᠶ᠋ᠢ ᠴᠢᠩᠭᠠᠳᠭᠠᠵᠤ᠂ ᠤᠰᠤ ᠬᠡᠷᠡᠭ᠌ᠯᠡᠬᠦ᠌ ᠡᠷᠬᠡ᠎ᠶ᠋ᠢᠨ ᠠᠷᠠᠯᠵᠢᠶ᠎ᠠ ᠵᠢᠴᠢ ᠬᠡᠷᠡᠭ᠌ᠯᠡᠭ᠌ᠰᠡᠨ ᠦᠷ᠎ᠡ ᠪᠦᠲᠦᠮᠵᠢ᠎ᠶ᠋ᠢ ᠴᠠᠭ ᠲᠤᠬᠠᠶ᠎ᠳᠤᠨᠢ ᠦᠨᠡᠯᠡᠨ ᠵᠢᠱ᠌ᠢᠬᠦ᠌ ᠬᠡᠷᠡᠭ᠌ᠲᠡᠶ᠃
ᠳᠣᠯᠤᠭ᠎ᠠ᠂ ᠵᠠᠬ᠎ᠠ ᠳᠡᠯᠭᠡᠭᠦᠷ᠎ᠤᠨ ᠰᠠᠢᠨ ᠰᠠᠢᠬᠠᠨ ᠡᠮᠬᠢ ᠳᠢᠭ᠌ᠯᠢᠮ᠎ᠢ ᠬᠠᠮᠠᠭᠠᠯᠠᠬᠤ᠎ᠶ᠋ᠢᠨ ᠲᠥᠯᠥᠭᠡ᠂ ᠮᠤᠵᠢ ᠣᠷᠣᠨ ᠠᠯᠤᠰᠯᠠᠭ᠍ᠰᠠᠨ ᠤᠰᠤᠨ᠎ᠤ ᠡᠷᠬᠡ᠎ᠶ᠋ᠢᠨ ᠠᠷᠠᠯᠵᠢᠶᠠᠨ᠎ᠤ ᠬᠢᠨᠠᠯᠲᠠ ᠬᠠᠮᠢᠶᠠᠷᠤᠯᠲᠠ᠎ᠶ᠋ᠢ ᠬᠡᠷᠬᠢᠨ ᠴᠢᠩᠭᠠᠳᠭᠠᠬᠤ ᠪᠣᠶ?
ᠵᠠᠬ᠎ᠠ ᠳᠡᠯᠭᠡᠭᠦᠷ᠎ᠤᠨ ᠬᠢᠨᠠᠯᠲᠠ ᠬᠠᠮᠢᠶᠠᠷᠤᠯᠲᠠ ᠪᠣᠯ ᠤᠰᠤ ᠬᠡᠷᠡᠭ᠌ᠯᠡᠬᠦ᠌ ᠡᠷᠬᠡ᠎ᠶ᠋ᠢᠨ ᠠᠷᠠᠯᠵᠢᠶᠠᠨ᠎ᠤ ᠲᠦᠷᠢᠮ᠎ᠤᠨ ᠪᠠᠢᠭᠤᠯᠤᠯᠲᠠ᠎ᠶ᠋ᠢᠨ ᠬᠡᠯᠬᠢᠶᠡᠨ᠎ᠤ ᠴᠢᠬᠤᠯᠠ ᠭᠤᠭ᠍ᠴᠤᠭ᠎ᠠ ᠪᠣᠯᠤᠨ᠎ᠠ᠃ ᠰᠠᠨᠠᠯ᠎ᠳᠤ ᠬᠣᠶᠠᠷ ᠲᠠᠯ᠎ᠠ᠎ᠶ᠋ᠢᠨ ᠠᠷᠭ᠎ᠠ ᠬᠡᠮᠵᠢᠶ᠎ᠡ ᠳᠤᠷᠠᠳᠴᠠᠢ᠃
ᠨᠢᠭᠡ᠎ᠳᠤ᠂ ᠤᠰᠤ ᠬᠡᠷᠡᠭ᠌ᠯᠡᠬᠦ᠌ ᠡᠷᠬᠡ᠎ᠶ᠋ᠢᠨ ᠠᠷᠠᠯᠵᠢᠶᠠᠨ᠎ᠤ ᠨᠠᠵᠠᠭᠠᠶ ᠲᠠᠯ᠎ᠠ᠎ᠶ᠋ᠢᠨ ᠨᠠᠷᠢᠨ ᠬᠠᠭᠤᠳᠠᠰᠤ᠎ᠶ᠋ᠢᠨ ᠬᠠᠮᠢᠶᠠᠷᠤᠯᠲᠠ᠎ᠶ᠋ᠢ ᠬᠡᠷᠡᠭ᠌ᠵᠢᠭᠦᠯᠦᠨ᠎ᠡ᠃ ᠬᠠᠲᠤᠨ ᠭᠤᠤᠯ᠎ᠤᠨ ᠰᠠᠪᠠ ᠭᠠᠵᠠᠷ᠎ᠤᠨ ᠮᠤᠵᠢ ᠣᠷᠣᠨ ᠠᠯᠤᠰᠯᠠᠨ ᠤᠰᠤ ᠬᠡᠷᠡᠭ᠌ᠯᠡᠬᠦ᠌ ᠡᠷᠬᠡ᠎ᠶ᠋ᠢ ᠠᠷᠠᠯᠵᠢᠶᠠᠯᠠᠬᠤ ᠶᠠᠪᠤᠴᠠ᠎ᠳᠤ᠂ ᠬᠠᠲᠤᠨ ᠭᠤᠤᠯ᠎ᠤᠨ ᠤᠰᠤᠨ ᠠᠱᠢᠭ᠍ᠯᠠᠯᠲᠠ᠎ᠶ᠋ᠢᠨ ᠵᠥᠪᠯᠡᠯ ᠪᠣᠯᠤᠨ ᠬᠠᠮᠢᠶ᠎ᠠ ᠪᠥᠬᠦᠶ ᠮᠤᠵᠢ᠎ᠶ᠋ᠢᠨ ᠱᠠᠲᠤᠨ᠎ᠤ ᠤᠰᠤᠨ᠎ᠤ ᠵᠠᠰᠠᠭ ᠵᠠᠬᠢᠷᠭᠠᠨ᠎ᠤ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ᠎ᠤᠳ ᠤᠰᠤᠨ᠎ᠤ ᠡᠬᠢ ᠪᠠᠶᠠᠯᠢᠭ᠎ᠤᠨ ᠬᠡᠷᠡᠭ᠌ᠴᠡᠭᠡ᠎ᠶ᠋ᠢᠨ ᠬᠠᠮᠢᠶᠠᠷᠤᠯᠲᠠ᠎ᠶ᠋ᠢ ᠦᠨᠡᠨ ᠬᠦ᠌ ᠴᠢᠩᠭᠠᠳᠭᠠᠵᠤ᠂ ᠤᠰᠤ ᠬᠡᠷᠡᠭ᠌ᠯᠡᠬᠦ᠌ ᠡᠷᠬᠡ᠎ᠶ᠋ᠢᠨ ᠠᠷᠠᠯᠵᠢᠶᠠᠨ᠎ᠤ ᠨᠠᠵᠠᠭᠠᠶ ᠲᠠᠯ᠎ᠠ᠎ᠶ᠋ᠢᠨ ᠨᠠᠷᠢᠨ ᠲᠠᠩᠰᠠ᠎ᠶ᠋ᠢ ᠠᠯᠬᠤᠮ ᠠᠯᠬᠤᠮ᠎ᠢᠶᠠᠷ ᠨᠠᠷᠢᠯᠢᠬ᠍ᠵᠢᠭᠤᠯᠤᠨ ᠲᠣᠳᠣᠷᠬᠠᠢᠯᠠᠬᠤ᠎ᠶ᠋ᠢᠨ ᠬᠠᠮᠲᠤ ᠴᠢᠩᠭ᠎ᠠ ᠬᠠᠮᠢᠶᠠᠷᠴᠤ᠌᠂ ᠤᠰᠤ ᠬᠡᠷᠡᠭ᠌ᠯᠡᠬᠦ᠌ ᠡᠷᠬᠡ᠎ᠶ᠋ᠢᠨ ᠠᠷᠠᠯᠵᠢᠶ᠎ᠠ᠎ᠶ᠋ᠢ ᠵᠢᠷᠤᠮᠵᠢᠭᠤᠯᠬᠤ ᠬᠡᠷᠡᠭ᠌ᠲᠡᠶ᠃ ᠤᠰᠤ ᠬᠠᠩᠭᠠᠬᠤ ᠠᠮᠤᠷ ᠲᠦᠪᠱᠢᠨ᠂ ᠠᠮᠤ ᠪᠤᠳᠠᠭᠠᠨ᠎ᠤ ᠠᠮᠤᠷ ᠲᠦᠪᠱᠢᠨ ᠪᠠ ᠠᠮᠢ ᠠᠬᠤᠢ᠎ᠶ᠋ᠢᠨ ᠠᠮᠤᠷ ᠲᠦᠪᠱᠢᠨ᠎ᠤ ᠬᠤᠷᠢᠭ᠎ᠠ ᠱᠤᠭᠤᠮ᠎ᠢ ᠦᠨᠡᠨ ᠬᠦ᠌ ᠰᠠᠢᠲᠤᠷ ᠰᠠᠬᠢᠬᠤ᠎ᠶ᠋ᠢᠨ ᠲᠥᠯᠥᠭᠡ ᠶᠤᠮ᠃ ᠬᠢᠨᠠᠨ ᠬᠡᠮᠵᠢᠵᠦ᠍ ᠬᠡᠮᠵᠢᠬᠦ᠌ ᠨᠥᠬᠥᠴᠡᠯ᠎ᠢ ᠪᠦᠷᠢᠯᠳᠦᠭᠦᠯᠦᠭᠡᠳᠦᠶ ᠪᠣᠯ᠂ ᠤᠰᠤᠨ᠎ᠤ ᠡᠬᠢ ᠪᠠᠶᠠᠯᠢᠭ᠎ᠤᠨ ᠳᠠᠭᠠᠭᠠᠴᠠ᠎ᠠᠴᠠ ᠬᠡᠲᠦᠷᠡᠲᠡᠯ᠎ᠡ ᠠᠴᠢᠶᠠᠯᠠᠭ᠍ᠰᠠᠨᠢ ᠪᠣᠶ ᠪᠣᠯᠭᠠᠭ᠍ᠰᠠᠨ ᠪᠤᠶᠤ ᠬᠤᠷᠴᠠᠳᠭᠠᠵᠤ᠂ ᠰᠠᠭᠤᠭᠠᠯᠢ ᠠᠷᠠᠳ᠎ᠤᠨ ᠠᠮᠢᠳᠤᠷᠠᠯ᠎ᠳᠤ ᠬᠡᠷᠡᠭ᠌ᠯᠡᠬᠦ᠌ ᠤᠰᠤ᠂ ᠲᠠᠷᠢᠶᠠᠨ ᠭᠠᠵᠠᠷ᠎ᠤᠨ ᠤᠰᠤᠯᠠᠯᠲᠠ᠎ᠶ᠋ᠢ ᠵᠦᠢ ᠵᠣᠬᠢᠰᠲᠠᠶ ᠤᠰᠤ ᠬᠡᠷᠡᠭ᠌ᠯᠡᠭ᠌ᠰᠡᠨ ᠪᠠ ᠦᠨᠳᠦᠰᠦᠨ ᠠᠮᠢ ᠠᠬᠤᠶ᠎ᠶ᠋ᠢᠨ ᠬᠡᠷᠡᠭ᠌ᠯᠡᠬᠦ᠌ ᠤᠰᠤ᠎ᠶ᠋ᠢ ᠡᠵᠡᠯᠡᠭ᠌ᠰᠡᠨ ᠪᠣᠯ᠂ ᠱᠢᠯᠵᠢᠭᠦᠯᠦᠨ ᠠᠪᠤᠭ᠍ᠰᠠᠨ ᠲᠠᠯ᠎ᠠ ᠨᠢ ᠤᠯᠤᠰ᠎ᠤᠨ ᠠᠵᠤ ᠦᠢᠯᠡᠰ᠎ᠦᠨ ᠲᠥᠷᠥ᠎ᠶ᠋ᠢᠨ ᠪᠣᠳᠣᠯᠭ᠎ᠠ᠎ᠶ᠋ᠢ ᠬᠢᠵᠠᠭᠠᠷᠯᠠᠬᠤ ᠲᠥᠷᠥᠯ ᠪᠠ ᠱᠢᠷᠪᠢᠭ᠌ᠳᠡᠭᠦᠯᠬᠦ᠌ ᠲᠥᠷᠥᠯ᠎ᠦᠨ ᠭᠠᠷᠴᠠᠭ᠎ᠤᠨ ᠳᠣᠲᠣᠷᠠᠬᠢ ᠪᠦᠲᠦᠭᠡᠨ ᠪᠠᠢᠭᠤᠯᠤᠯᠲᠠ᠎ᠶ᠋ᠢᠨ ᠲᠥᠷᠥᠯ ᠵᠦᠢᠯ ᠪᠣᠯ᠂ ᠠᠷᠠᠯᠵᠢᠶᠠᠨ᠎ᠤ ᠭᠣᠤᠯ ᠴᠣᠭ᠍ᠴᠠ᠎ᠳᠤ ᠤᠰᠤ ᠠᠪᠴᠤ᠌ ᠬᠡᠷᠡᠭ᠌ᠯᠡᠬᠦ᠌ ᠨᠢ ᠬᠦᠨᠳᠦ ᠨᠣᠴᠢᠲᠠᠶ ᠢᠲᠡᠭᠡᠯ᠎ᠢᠶᠡᠨ ᠠᠯᠳᠠᠭ᠍ᠰᠠᠨ ᠦᠢᠯᠡ ᠠᠵᠢᠯᠯᠠᠭ᠎ᠠ᠎ᠲᠠᠶ ᠪᠣᠯ ᠤᠰᠤ ᠬᠡᠷᠡᠭ᠌ᠯᠡᠬᠦ᠌ ᠡᠷᠬᠡ᠎ᠶ᠋ᠢᠨ ᠠᠷᠠᠯᠵᠢᠶ᠎ᠠ ᠥᠷᠨᠢᠭᠦᠯᠬᠦ᠌᠎ᠶ᠋ᠢ ᠨᠢ ᠴᠠᠭᠠᠵᠠᠯᠠᠬᠤ ᠬᠡᠷᠡᠭ᠌ᠲᠡᠶ᠃ 《ᠪᠥᠬᠦᠳᠡ ᠨᠠᠢᠷᠠᠮᠳᠠᠬᠤ ᠳᠤᠮᠳᠠᠳᠤ ᠠᠷᠠᠳ ᠤᠯᠤᠰ᠎ᠤᠨ ᠬᠠᠲᠤᠨ ᠭᠤᠤᠯ᠎ᠤᠨ ᠬᠠᠮᠠᠭᠠᠯᠠᠯᠲᠠ᠎ᠶ᠋ᠢᠨ ᠬᠠᠤᠯᠢ》᠎ᠶ᠋ᠢᠨ ᠱᠠᠭᠠᠷᠳᠠᠯᠭ᠎ᠠ ᠶᠣᠰᠣᠭᠠᠷ᠂ 《ᠰᠠᠨᠠᠯ》᠎ᠳᠤ ᠴᠢᠬᠤᠯᠠᠴᠢᠯᠠᠭ᠍ᠰᠠᠨ᠎ᠨᠢ᠂ ᠬᠠᠲᠤᠨ ᠭᠤᠤᠯ᠎ᠤᠨ ᠰᠠᠪᠠ ᠭᠠᠵᠠᠷ᠎ᠤᠨ ᠭᠠᠳᠠᠷ ᠰᠠᠪᠠ ᠭᠠᠵᠠᠷ᠎ᠠᠴᠠ ᠤᠰᠤ ᠬᠡᠷᠡᠭ᠌ᠯᠡᠬᠦ᠌ ᠡᠷᠬᠡ᠎ᠶ᠋ᠢ ᠱᠢᠯᠵᠢᠭᠦᠯᠦᠨ ᠥᠭ᠌ᠬᠦ᠎ᠶ᠋ᠢ ᠴᠢᠩᠭ᠎ᠠ ᠬᠠᠮᠢᠶᠠᠷᠤᠨ ᠡᠵᠡᠮᠳᠡᠵᠦ᠍᠂ ᠠᠷᠠᠯᠵᠢᠶ᠎ᠠ᠎ᠠᠴᠠ ᠪᠣᠯᠵᠣ ᠬᠠᠲᠤᠨ ᠭᠤᠤᠯ᠎ᠤᠨ ᠤᠰᠤᠯᠠᠯᠲᠠ᠎ᠳᠤ ᠬᠡᠷᠡᠭ᠌ᠯᠡᠬᠦ᠌ ᠤᠰᠤᠨ᠎ᠤ ᠬᠡᠮᠵᠢᠶ᠎ᠡ᠎ᠶ᠋ᠢ ᠱᠢᠨ᠎ᠡ᠎ᠪᠠᠷ ᠨᠡᠮᠡᠭ᠌ᠳᠡᠭᠦᠯᠬᠦ᠌᠎ᠶ᠋ᠢ ᠴᠢᠩᠭ᠎ᠠ ᠬᠠᠮᠢᠶᠠᠷᠤᠨ ᠡᠵᠡᠮᠳᠡᠬᠦ᠌ ᠬᠡᠷᠡᠭ᠌ᠲᠡᠶ᠃
ᠬᠤᠶᠠᠷ᠎ᠲᠤ᠌᠂ ᠤᠰᠤ ᠬᠡᠷᠡᠭ᠌ᠯᠡᠬᠦ᠌ ᠡᠷᠬᠡ᠎ᠶ᠋ᠢᠨ ᠠᠷᠠᠯᠵᠢᠶᠠᠨ᠎ᠤ ᠡᠳᠦᠷ ᠲᠤᠲᠤᠮ᠎ᠤᠨ ᠬᠢᠨᠠᠯᠲᠠ ᠬᠠᠮᠢᠶᠠᠷᠤᠯᠲᠠ᠎ᠶ᠋ᠢ ᠴᠢᠩᠭᠠᠳᠭᠠᠨ᠎ᠠ᠃ 《ᠰᠠᠨᠠᠯ》᠎ᠳᠤ᠂ ᠬᠠᠲᠤᠨ ᠭᠤᠤᠯ᠎ᠤᠨ ᠤᠰᠤᠨ ᠠᠱᠢᠭ᠍ᠯᠠᠯᠲᠠ᠎ᠶ᠋ᠢᠨ ᠵᠥᠪᠯᠡᠯ ᠪᠣᠯᠤᠨ ᠬᠠᠮᠢᠶ᠎ᠠ ᠪᠥᠬᠦᠶ ᠮᠤᠵᠢ᠎ᠶ᠋ᠢᠨ ᠱᠠᠲᠤᠨ᠎ᠤ ᠤᠰᠤᠨ᠎ᠤ ᠶᠠᠪᠤᠳᠠᠯ᠎ᠤᠨ ᠵᠠᠰᠠᠭ ᠵᠠᠬᠢᠷᠭᠠᠨ᠎ᠤ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ᠎ᠤᠳ ᠤᠰᠤ ᠬᠡᠷᠡᠭ᠌ᠯᠡᠬᠦ᠌ ᠡᠷᠬᠡ᠎ᠶ᠋ᠢᠨ ᠠᠷᠠᠯᠵᠢᠶᠠᠨ᠎ᠤ ᠡᠳᠦᠷ ᠲᠤᠲᠤᠮ᠎ᠤᠨ ᠬᠢᠨᠠᠯᠲᠠ ᠬᠠᠮᠢᠶᠠᠷᠤᠯᠲᠠ᠎ᠪᠠᠨ ᠴᠢᠩᠭᠠᠳᠭᠠᠵᠤ᠂ ᠤᠰᠤ ᠬᠡᠷᠡᠭ᠌ᠯᠡᠬᠦ᠌ ᠡᠷᠬᠡ᠎ᠶ᠋ᠢᠨ ᠠᠷᠠᠯᠵᠢᠶᠠᠨ᠎ᠤ ᠤᠰᠤᠨ᠎ᠤ ᠬᠡᠮᠵᠢᠶ᠎ᠡ᠎ᠶ᠋ᠢᠨ ᠦᠨᠡᠨ ᠪᠣᠳᠠᠲᠤ ᠴᠢᠨᠠᠷ᠂ ᠠᠷᠠᠯᠵᠢᠶᠠᠨ᠎ᠤ ᠲᠠᠰ ᠳᠠᠷᠠᠭᠠᠯᠠᠯ᠎ᠤᠨ ᠵᠢᠷᠤᠮᠵᠢᠯᠳᠤ ᠴᠢᠨᠠᠷ᠂ ᠠᠷᠠᠯᠵᠢᠶ᠎ᠠ᠎ᠨᠢ ᠨᠠᠵᠠᠭᠠᠶ ᠲᠠᠯ᠎ᠠ᠎ᠶ᠋ᠢᠨ ᠨᠠᠷᠢᠨ ᠬᠠᠭᠤᠳᠠᠰᠤ᠎ᠳᠤ ᠬᠠᠷᠢᠶᠠᠯᠠᠭ᠍ᠳᠠᠬᠤ ᠡᠰᠡᠬᠦ᠂ ᠠᠷᠠᠯᠵᠢᠶᠠᠯᠠᠭ᠎ᠠ᠎ᠶ᠋ᠢᠨ ᠳᠠᠷᠠᠭᠠᠬᠢ ᠬᠤᠶᠠᠷ ᠲᠠᠯ᠎ᠠ᠎ᠶ᠋ᠢᠨ ᠤᠰᠤ ᠬᠡᠷᠡᠭ᠌ᠯᠡᠬᠦ᠌ ᠠᠵᠢᠯᠯᠠᠭ᠎ᠠ᠎ᠶ᠋ᠢᠨ ᠲᠣᠭ᠍ᠲᠠᠭᠠᠯ᠎ᠳᠤ ᠨᠡᠢᠴᠡᠬᠦ᠌ ᠴᠢᠨᠠᠷ ᠵᠡᠷᠭᠡ᠎ᠶ᠋ᠢ ᠭᠤᠤᠯᠳᠠᠯᠭ᠎ᠠ᠎ᠲᠠᠢ ᠬᠢᠨᠠᠨ ᠬᠠᠮᠢᠶᠠᠷᠴᠤ᠌᠂ ᠤᠰᠤ ᠬᠡᠷᠡᠭ᠌ᠯᠡᠬᠦ᠌ ᠡᠷᠬᠡ᠎ᠶ᠋ᠢᠨ ᠠᠷᠠᠯᠵᠢᠶᠠᠨ᠎ᠤ ᠦᠷ᠎ᠡ ᠪᠦᠲᠦᠮᠵᠢ᠎ᠶ᠋ᠢ ᠮᠥᠷᠳᠡᠨ ᠦᠨᠡᠯᠡᠨ ᠵᠢᠱ᠌ᠢᠵᠦ᠍᠂ ᠤᠰᠤ ᠬᠡᠷᠡᠭ᠌ᠯᠡᠬᠦ᠌ ᠡᠷᠬᠡ᠎ᠶ᠋ᠢᠨ ᠠᠷᠠᠯᠵᠢᠶ᠎ᠠ᠎ᠶ᠋ᠢ ᠬᠤᠳᠠᠯ ᠬᠡᠯᠡᠵᠦ᠍ ᠬᠠᠭᠤᠷᠮᠠᠭ᠎ᠢᠶᠠᠷ ᠵᠣᠬᠢᠶᠠᠬᠤ᠂ ᠠᠷᠠᠯᠵᠢᠶ᠎ᠠ᠎ᠨᠢ ᠵᠢᠷᠤᠮᠵᠢᠯ ᠥᠬᠡᠶ ᠵᠡᠷᠭᠡ ᠠᠰᠠᠭᠤᠳᠠᠯ᠎ᠢ ᠬᠠᠤᠯᠢ ᠲᠣᠭ᠍ᠲᠠᠭᠠᠯ ᠶᠣᠰᠣᠭᠠᠷ ᠱᠢᠢᠳᠪᠦᠷᠢᠯᠡᠬᠦ᠌᠎ᠶ᠋ᠢᠨ ᠬᠠᠮᠲᠤ ᠤᠰᠤ ᠲᠠᠲᠠᠵᠤ ᠬᠡᠷᠡᠭ᠌ᠯᠡᠬᠦ᠌ ᠬᠦᠷᠢᠶᠡᠨ᠎ᠳᠠᠬᠢ ᠢᠲᠡᠭᠡᠮᠵᠢ᠎ᠶ᠋ᠢᠨ ᠦᠨᠡᠯᠡᠯᠲᠡ᠎ᠳᠤ ᠣᠷᠣᠭᠤᠯᠬᠤ ᠬᠡᠷᠡᠭ᠌ᠲᠡᠶ᠃
《ᠰᠠᠨᠠᠯ》᠎ᠳᠤ᠂ ᠬᠠᠲᠤᠨ ᠭᠤᠣᠯ᠎ᠤᠨ ᠰᠠᠪᠠ ᠭᠠᠵᠠᠷ᠎ᠠᠴᠠ ᠭᠠᠳᠠᠭ᠍ᠰᠢ ᠰᠠᠪᠠ ᠭᠠᠵᠠᠷ ᠲᠡᠢᠰᠢ ᠤᠰᠤ ᠬᠡᠷᠡᠭ᠌ᠯᠡᠬᠦ᠌ ᠡᠷᠬᠡ᠎ᠶ᠋ᠢ ᠱᠢᠯᠵᠢᠭᠦᠯᠦᠨ ᠥᠭ᠌ᠭᠦᠭ᠌ᠰᠡᠨ ᠪᠠᠢᠪᠠᠯ᠂ ᠬᠠᠲᠤᠨ ᠭᠤᠣᠯ᠎ᠤᠨ ᠤᠰᠤ᠎ᠶ᠋ᠢ ᠲᠠᠲᠠᠵᠤ ᠤᠰᠤᠯᠠᠯᠲᠠ᠎ᠳᠤ ᠬᠡᠷᠡᠭ᠌ᠯᠡᠬᠦ᠌ ᠤᠰᠤᠨ᠎ᠤ ᠬᠡᠮᠵᠢᠶ᠎ᠡ᠎ᠶ᠋ᠢ ᠠᠷᠠᠯᠵᠢᠶᠠᠯᠠᠨ ᠱᠢᠯᠵᠢᠭᠦᠯᠦᠨ ᠥᠭ᠌ᠭᠦᠭ᠌ᠰᠡᠨ ᠲᠠᠯ᠎ᠠ᠎ᠶ᠋ᠢᠨ ᠪᠠᠢᠭ᠎ᠠ ᠮᠤᠵᠢ᠎ᠶ᠋ᠢᠨ ᠱᠠᠲᠤᠨ᠎ᠤ ᠤᠰᠤᠨ᠎ᠤ ᠵᠠᠰᠠᠭ ᠵᠠᠬᠢᠷᠭᠠᠨ᠎ᠤ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ᠎ᠤᠳ ᠠᠷᠠᠯᠵᠢᠶᠠᠯᠠᠬᠤ᠎ᠠᠴᠠ ᠡᠮᠦᠨ᠎ᠡ ᠬᠠᠲᠤᠨ ᠭᠤᠣᠯ᠎ᠤᠨ ᠤᠰᠤᠨ ᠠᠱᠢᠭ᠍ᠯᠠᠯᠲᠠ᠎ᠶ᠋ᠢᠨ ᠺᠣᠮᠢᠰ᠎ᠢᠶᠠᠷ ᠵᠥᠪᠱᠢᠶᠡᠷᠡᠭᠦᠯᠬᠦ᠌ ᠬᠡᠷᠡᠭ᠌ᠲᠡᠢ ᠭᠡᠵᠦ᠍ ᠲᠣᠳᠣᠷᠬᠠᠢᠯᠠᠪᠠ᠃ ᠮᠤᠵᠢ ᠣᠷᠣᠨ ᠠᠯᠤᠰᠯᠠᠨ ᠤᠰᠤ ᠬᠡᠷᠡᠭ᠌ᠯᠡᠬᠦ᠌ ᠡᠷᠬᠡ᠎ᠶ᠋ᠢᠨ ᠠᠷᠠᠯᠵᠢᠶ᠎ᠠ᠎ᠨᠢ ᠬᠠᠲᠤᠨ ᠭᠤᠤᠯ᠎ᠤᠨ ᠤᠰᠤᠨ ᠠᠱᠢᠭ᠍ᠯᠠᠯᠲᠠ᠎ᠶ᠋ᠢᠨ ᠵᠥᠪᠯᠡᠯ᠎ᠤᠨ ᠭᠤᠤᠯ ᠮᠥᠷᠡᠨ ( ᠭᠤᠤᠯ᠎ᠤᠨ ᠬᠡᠰᠡᠭ ) ᠪᠠ ᠱᠢᠭᠤᠳ ᠬᠠᠮᠢᠶᠠᠷᠬᠤ ᠢᠨᠵᠧᠨᠧᠷᠢᠩ᠎ᠲᠠᠢ ᠬᠤᠯᠪᠣᠭ᠍ᠳᠠᠪᠠᠯ᠂ ᠠᠷᠠᠯᠵᠢᠶᠠᠯᠠᠵᠤ ᠱᠢᠯᠵᠢᠭᠦᠯᠦᠨ ᠥᠭ᠌ᠬᠦ ᠡᠲᠡᠭᠡᠳ᠎ᠤᠨ ᠪᠠᠢᠭ᠎ᠠ ᠮᠤᠵᠢ᠎ᠶ᠋ᠢᠨ ᠱᠠᠲᠤᠨ᠎ᠤ ᠤᠰᠤᠨ᠎ᠤ ᠵᠠᠰᠠᠭ ᠵᠠᠬᠢᠷᠭᠠᠨ᠎ᠤ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ᠎ᠨᠢ ᠠᠷᠠᠯᠵᠢᠶᠠᠯᠠᠬᠤ᠎ᠠᠴᠠ ᠡᠮᠦᠨ᠎ᠡ ᠬᠠᠲᠤᠨ ᠭᠤᠤᠯ᠎ᠤᠨ ᠤᠰᠤᠨ ᠠᠱᠢᠭ᠍ᠯᠠᠯᠲᠠ᠎ᠶ᠋ᠢᠨ ᠵᠥᠪᠯᠡᠯ᠎ᠤᠨ ᠰᠠᠨᠠᠯ᠎ᠢ ᠪᠢᠴᠢᠭ᠎ᠢᠶᠠᠷ ᠬᠤᠷᠢᠶᠠᠵᠤ᠂ ᠬᠠᠲᠤᠨ ᠭᠤᠤᠯ᠎ᠤᠨ ᠤᠰᠤᠨ ᠠᠱᠢᠭ᠍ᠯᠠᠯᠲᠠ᠎ᠶ᠋ᠢᠨ ᠵᠥᠪᠯᠡᠯ᠎ᠠᠴᠠ 10 ᠠᠵᠢᠯᠯᠠᠬᠤ ᠡᠳᠦᠷ᠎ᠤᠨ ᠳᠣᠲᠣᠷ᠎ᠠ ᠪᠢᠴᠢᠭ᠎ᠢᠶᠠᠷ ᠬᠠᠷᠢᠭᠤᠯᠲᠠ ᠥᠭ᠌ᠬᠦ ᠬᠡᠷᠡᠭ᠌ᠲᠡᠶ᠃ 《ᠰᠠᠨᠠᠯ》᠎ᠳᠤ᠂ ᠴᠠᠭᠠᠵᠠᠯᠠᠬᠤ ᠪᠤᠶᠤ ᠬᠢᠵᠠᠭᠠᠷᠯᠠᠬᠤ ᠪᠠᠢᠳᠠᠯ᠎ᠠᠴᠠ ᠭᠠᠳᠠᠨᠠᠬᠢ ᠤᠰᠤ ᠬᠡᠷᠡᠭ᠌ᠯᠡᠬᠦ᠌ ᠡᠷᠬᠡ᠎ᠶ᠋ᠢᠨ ᠠᠷᠠᠯᠵᠢᠶ᠎ᠠ᠎ᠶ᠋ᠢ ᠵᠣᠷᠢᠭ᠍ᠵᠢᠭᠤᠯᠤᠨ ᠳᠡᠮᠵᠢᠬᠦ᠌ ᠡᠷᠴᠢᠮ᠎ᠢᠶᠠᠨ ᠴᠢᠩᠭᠠᠷᠠᠭᠤᠯᠵᠤ᠂ ᠵᠠᠰᠠᠭ ᠵᠠᠬᠢᠷᠭᠠᠨ᠎ᠤ ᠬᠠᠮᠢᠶᠠᠷᠤᠯᠲᠠ᠎ᠶ᠋ᠢᠨ ᠲᠠᠰ ᠳᠠᠷᠠᠭᠠᠯᠠᠯ᠎ᠢ ᠳᠥᠭᠦᠮᠴᠢᠯᠡᠨ᠂ ᠠᠷᠠᠯᠵᠢᠶᠠᠨ᠎ᠤ ᠲᠦᠷᠢᠮ᠎ᠤᠨ ᠥᠪᠡᠷ᠎ᠤᠨ ᠥᠷᠲᠡᠭ᠎ᠢ ᠪᠠᠭᠤᠷᠠᠭᠤᠯᠵᠤ᠂ ᠠᠷᠠᠯᠵᠢᠶᠠᠨ᠎ᠤ ᠵᠠᠬ᠎ᠠ ᠳᠡᠯᠭᠡᠭᠦᠷ᠎ᠤᠨ ᠵᠢᠱ᠌ᠢᠯᠲᠡ᠎ᠶ᠋ᠢ ᠲᠣᠭ᠍ᠲᠠᠪᠤᠷᠢᠵᠢᠭᠤᠯᠬᠤ ᠬᠡᠷᠡᠭ᠌ᠲᠡᠶ ᠭᠡᠵᠦ᠍ ᠴᠢᠬᠤᠯᠠᠴᠢᠯᠠᠪᠠ᠃ ᠵᠠᠬ᠎ᠠ ᠳᠡᠯᠭᠡᠭᠦᠷ᠎ᠦᠨ ᠵᠠᠭᠤᠴᠢ ᠦᠢᠯᠡᠴᠢᠯᠡᠭᠡᠨ᠎ᠦ ᠵᠣᠬᠢᠶᠠᠨ ᠪᠠᠢᠭᠤᠯᠤᠯᠲᠠ᠎ᠶ᠋ᠢ ᠢᠳᠡᠪᠬᠢᠲᠡᠶ ᠪᠣᠢᠵᠢᠭᠤᠯᠵᠤ᠂ ᠬᠠᠩᠭᠠᠯᠭ᠎ᠠ ᠬᠡᠷᠡᠭ᠌ᠴᠡᠭᠡ᠎ᠶ᠋ᠢᠨ ᠮᠡᠳᠡᠭᠡ ᠵᠠᠩᠭᠢ ᠴᠤᠭ᠍ᠯᠠᠭᠤᠯᠬᠤ ᠵᠡᠷᠭᠡ ᠦᠢᠯᠡᠴᠢᠯᠡᠭᠡᠨᠢ ᠬᠠᠩᠭᠠᠵᠤ᠂ ᠤᠰᠤ ᠬᠡᠷᠡᠭ᠌ᠯᠡᠬᠦ᠌ ᠡᠷᠬᠡ᠎ᠶ᠋ᠢᠨ ᠠᠷᠠᠯᠵᠢᠶᠠᠨ᠎ᠤ ᠭᠤᠷᠪᠠᠳᠠᠬᠢ ᠡᠲᠡᠭᠡᠳ ᠪᠣᠯᠤᠨ ᠠᠮᠢ ᠠᠬᠤᠶ᠎ᠶ᠋ᠢᠨ ᠣᠷᠴᠢᠨ ᠲᠣᠭᠣᠷᠢᠨ᠎ᠤ ᠨᠥᠯᠥᠭᠡ᠎ᠶ᠋ᠢ ᠦᠨᠡᠯᠡᠨ ᠵᠢᠱ᠌ᠢᠬᠦ᠌ ᠵᠢᠴᠢ ᠨᠥᠬᠥᠪᠥᠷᠢᠯᠡᠬᠦ᠌ ᠲᠣᠭ᠍ᠲᠠᠴᠠ᠎ᠶ᠋ᠢ ᠪᠠᠢᠭᠤᠯᠬᠤ ᠬᠡᠷᠡᠭ᠌ᠲᠡᠶ᠃
ᠨᠠᠢ᠍ᠮᠠ᠂ ᠤᠰᠤ ᠬᠡᠷᠡᠭ᠌ᠯᠡᠬᠦ᠌ ᠡᠷᠬᠡ᠎ᠶ᠋ᠢᠨ ᠠᠷᠠᠯᠵᠢᠶᠠᠨ᠎ᠤ ᠲᠦᠷᠢᠮ᠎ᠤᠨ ᠪᠠᠢᠭᠤᠯᠤᠯᠲᠠ᠎ᠶ᠋ᠢᠨ ᠠᠵᠢᠯ᠎ᠤᠨ ᠤᠷᠤᠭ᠍ᠰᠢᠲᠠᠶ ᠶᠠᠪᠤᠭ᠍ᠳᠠᠬᠤ᠎ᠶ᠋ᠢ ᠬᠡᠷᠬᠢᠨ ᠪᠠᠲᠤᠯᠠᠬᠤ ᠪᠣᠶ?
ᠮᠤᠵᠢ ᠣᠷᠣᠨ ᠠᠯᠤᠰᠯᠠᠭ᠍ᠰᠠᠨ ᠠᠷᠠᠯᠵᠢᠶᠠᠨ᠎ᠤ ᠬᠤᠯᠪᠣᠭ᠍ᠳᠠᠬᠤ ᠬᠡᠪᠴᠢᠶ᠎ᠡ ᠥᠷᠭᠡᠨ᠂ ᠵᠣᠬᠢᠶᠠᠨ ᠪᠠᠢᠭᠤᠯᠤᠯᠲᠠ᠎ᠶ᠋ᠢᠨ ᠪᠠᠲᠤᠯᠠᠭ᠎ᠠ᠎ᠶ᠋ᠢ ᠴᠢᠩᠭᠠᠳᠭᠠᠬᠤ᠎ᠶ᠋ᠢᠨ ᠲᠥᠯᠥᠭᠡ᠂ 《ᠰᠠᠨᠠᠯ》᠎ᠳᠤ ᠭᠤᠣᠯᠳᠠᠯᠭ᠎ᠠ᠎ᠲᠠᠢ᠎ᠪᠠᠷ ᠭᠤᠷᠪᠠᠨ ᠲᠠᠯ᠎ᠠ᠎ᠪᠠᠷ ᠠᠵᠢᠯ᠎ᠤᠨ ᠱᠠᠭᠠᠷᠳᠠᠯᠭ᠎ᠠ ᠳᠤᠷᠠᠳᠪᠠ᠃
ᠨᠢᠭᠡ᠎ᠳᠤ᠂ ᠵᠣᠬᠢᠶᠠᠨ ᠪᠠᠢᠭᠤᠯᠤᠯᠲᠠ᠎ᠶ᠋ᠢᠨ ᠤᠳᠤᠷᠢᠳᠤᠯᠭ᠎ᠠ᠎ᠪᠠᠨ ᠴᠢᠩᠭᠠᠳᠭᠠᠨ᠎ᠠ᠃ ᠬᠠᠲᠤᠨ ᠭᠣᠤᠯ᠎ᠤᠨ ᠰᠠᠪᠠ ᠭᠠᠵᠠᠷ᠎ᠤᠨ ᠤᠰᠤ ᠬᠡᠷᠡᠭ᠌ᠯᠡᠬᠦ᠌ ᠡᠷᠬᠡ᠎ᠶ᠋ᠢ ᠠᠷᠠᠯᠵᠢᠶᠠᠯᠠᠬᠤ ᠳᠦᠷᠢᠮ᠎ᠦᠨ ᠱᠢᠰᠲ᠋ᠧᠮᠵᠢ᠎ᠶ᠋ᠢᠨ ᠪᠠᠢᠭᠤᠯᠤᠯᠲᠠ᠎ᠶ᠋ᠢ ᠦᠨᠡᠨ ᠬᠦ᠌ ᠤᠰᠤᠨ᠎ᠤ ᠡᠬᠢ ᠪᠠᠶᠠᠯᠢᠭ᠎ᠤᠨ ᠬᠠᠲᠠᠭᠤ ᠬᠢᠵᠠᠭᠠᠷᠯᠠᠯ᠎ᠤᠨ ᠳᠦᠷᠢᠮ᠎ᠢ ᠨᠠᠢᠳᠠᠪᠤᠷᠢᠵᠢᠭᠤᠯᠵᠤ᠂ ᠤᠰᠤᠨ᠎ᠤ ᠡᠬᠢ ᠪᠠᠶᠠᠯᠢᠭ ᠢ ᠱᠢᠯᠢᠳᠡᠭ᠌ᠵᠢᠭᠦᠯᠦᠨ ᠲᠣᠬᠢᠷᠠᠭᠤᠯᠬᠤ ᠪᠠ ᠠᠷᠪᠢᠲᠠᠶ ᠡᠷᠴᠢᠮᠯᠢᠭ ᠠᠱᠢᠭ᠍ᠯᠠᠬᠤ᠎ᠶ᠋ᠢ ᠠᠬᠢᠭᠤᠯᠬᠤ ᠴᠢᠬᠤᠯᠠ ᠠᠷᠭ᠎ᠠ ᠬᠡᠮᠵᠢᠶ᠎ᠡ ᠪᠣᠯᠭᠠᠵᠤ᠂ ᠵᠣᠬᠢᠶᠠᠨ ᠪᠠᠢᠭᠤᠯᠤᠯᠲᠠ᠎ᠶ᠋ᠢᠨ ᠤᠳᠤᠷᠢᠳᠤᠯᠭ᠎ᠠ᠎ᠪᠠᠨ ᠴᠢᠩᠭᠠᠳᠭᠠᠨ᠂ ᠠᠵᠢᠯ᠎ᠤᠨ ᠬᠠᠷᠢᠭᠤᠴᠠᠯᠭ᠎ᠠ᠎ᠶ᠋ᠢ ᠨᠠᠢᠳᠠᠪᠤᠷᠢᠵᠢᠭᠤᠯᠵᠤ᠂ ᠲᠥᠷᠥ᠎ᠶ᠋ᠢᠨ ᠪᠣᠳᠣᠯᠭ᠎ᠠ᠎ᠶ᠋ᠢᠨ ᠠᠷᠭ᠎ᠠ ᠬᠡᠮᠵᠢᠶ᠎ᠡ᠎ᠶ᠋ᠢ ᠨᠠᠷᠢᠯᠢᠬ᠍ᠵᠢᠭᠤᠯᠵᠤ᠂ ᠮᠤᠵᠢ ᠣᠷᠣᠨ ᠠᠯᠤᠰᠯᠠᠨ ᠤᠰᠤᠨ᠎ᠤ ᠡᠷᠬᠡ᠎ᠶ᠋ᠢᠨ ᠠᠷᠠᠯᠵᠢᠶᠠᠯᠠᠭ᠎ᠠ᠎ᠶ᠋ᠢ ᠢᠳᠡᠪᠬᠢᠲᠡᠶ ᠰᠦᠪᠡᠭ᠌ᠴᠢᠯᠡᠬᠦ᠌ ᠪᠠ ᠵᠢᠷᠤᠮᠵᠢᠭᠤᠯᠤᠨ ᠠᠬᠢᠭᠤᠯᠬᠤ ᠬᠡᠷᠡᠭ᠌ᠲᠡᠶ ᠃
ᠬᠤᠶᠠᠷ᠎ᠲᠤ᠌᠂ ᠤᠯᠤᠯᠴᠠᠭ᠎ᠠ ᠬᠠᠮᠵᠢᠯᠴᠠᠭ᠎ᠠ᠎ᠪᠠᠨ ᠴᠢᠩᠭᠠᠳᠭᠠᠨ᠎ᠠ᠃ ᠬᠠᠲᠤᠨ ᠭᠤᠤᠯ᠎ᠤᠨ ᠤᠰᠤᠨ ᠠᠱᠢᠭ᠍ᠯᠠᠯᠲᠠ᠎ᠶ᠋ᠢᠨ ᠵᠥᠪᠯᠡᠯ ᠪᠣᠯᠤᠨ ᠬᠠᠮᠢᠶ᠎ᠠ ᠪᠥᠬᠦᠶ ᠮᠤᠵᠢ᠎ᠶ᠋ᠢᠨ ᠱᠠᠲᠤᠨ᠎ᠤ ᠤᠰᠤᠨ᠎ᠤ ᠵᠠᠰᠠᠭ ᠵᠠᠬᠢᠷᠭᠠᠨ᠎ᠤ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ᠎ᠤᠳ ᠨᠡᠪᠲᠡᠷᠡᠯᠴᠡᠨ ᠵᠣᠬᠢᠴᠠᠭᠤᠯᠬᠤ᠎ᠪᠠᠨ ᠴᠢᠩᠭᠠᠳᠭᠠᠵᠤ᠂ ᠠᠵᠢᠯ᠎ᠤᠨ ᠬᠠᠷᠢᠯᠴᠠᠭ᠎ᠠ᠎ᠪᠠᠨ ᠨᠢᠭ᠍ᠲᠠᠷᠠᠭᠤᠯᠤᠨ᠂ ᠮᠡᠳᠡᠭᠡ ᠵᠠᠩᠭᠢ᠎ᠶ᠋ᠢ ᠬᠠᠮᠲᠤ᠎ᠪᠠᠷ ᠭᠥᠷᠳᠡᠬᠦ᠌᠎ᠶ᠋ᠢ ᠴᠢᠩᠭᠠᠳᠭᠠᠵᠤ᠂ ᠬᠤᠯᠪᠣᠭ᠍ᠳᠠᠯ ᠪᠥᠬᠦᠶ ᠠᠰᠠᠭᠤᠳᠠᠯ᠎ᠢ ᠴᠠᠭ ᠲᠤᠬᠠᠶ᠎ᠳᠤᠨᠢ ᠰᠤᠳᠤᠯᠤᠨ ᠱᠢᠢᠳᠪᠦᠷᠢᠯᠡᠵᠦ᠍᠂ ᠬᠠᠲᠤᠨ ᠭᠤᠤᠯ᠎ᠤᠨ ᠰᠠᠪᠠ ᠭᠠᠵᠠᠷ᠎ᠤᠨ ᠮᠤᠵᠢ ᠣᠷᠣᠨ ᠠᠯᠤᠰᠯᠠᠭ᠍ᠰᠠᠨ ᠤᠰᠤᠨ᠎ᠤ ᠡᠷᠬᠡ᠎ᠶ᠋ᠢᠨ ᠠᠷᠠᠯᠵᠢᠶ᠎ᠠ᠎ᠶ᠋ᠢ ᠬᠠᠮᠵᠢᠯᠴᠠᠨ ᠠᠬᠢᠭᠤᠯᠬᠤ ᠬᠡᠷᠡᠭ᠌ᠲᠡᠶ᠃ ᠤᠯᠤᠰ᠎ᠤᠨ ᠤᠰᠤ ᠬᠡᠷᠡᠭ᠌ᠯᠡᠬᠦ᠌ ᠡᠷᠬᠡ᠎ᠶ᠋ᠢᠨ ᠠᠷᠠᠯᠵᠢᠶᠠᠨ᠎ᠤ ᠲᠠᠪᠴᠠᠩ᠎ᠨᠢ ᠤᠰᠤ ᠬᠡᠷᠡᠭ᠌ᠯᠡᠬᠦ᠌ ᠡᠷᠬᠡ᠎ᠶ᠋ᠢᠨ ᠠᠷᠠᠯᠵᠢᠶᠠᠨ᠎ᠤ ᠲᠦᠷᠢᠮ᠎ᠢ ᠲᠡᠭᠦᠯᠳᠡᠷᠵᠢᠭᠦᠯᠬᠦ᠂ ᠱᠢᠰᠲ᠋ᠧᠮ᠎ᠤᠨ ᠬᠡᠷᠡᠭ᠌ᠯᠡᠯᠲᠡ᠂ ᠲᠠᠪᠴᠠᠩ᠎ᠤᠨ ᠱᠢᠰᠲ᠋ᠧᠮ᠎ᠤᠨ ᠪᠠᠢᠭᠤᠯᠤᠯᠲᠠ ᠵᠡᠷᠭᠡ ᠠᠵᠢᠯ᠎ᠢ ᠰᠠᠢᠲᠤᠷ ᠬᠢᠬᠦ᠌ ᠬᠡᠷᠡᠭ᠌ᠲᠡᠶ᠃
ᠭᠤᠷᠪᠠ᠎ᠳᠤ᠂ ᠤᠬᠠᠭᠤᠯᠵᠤ ᠬᠥᠲᠥᠯᠥᠨ ᠵᠢᠯᠣᠭᠤᠳᠭᠤ᠎ᠶ᠋ᠢ ᠴᠢᠩᠭᠠᠳᠭᠠᠨ᠎ᠠ᠃ ᠤᠰᠤ ᠬᠡᠷᠡᠭ᠌ᠯᠡᠬᠦ᠌ ᠡᠷᠬᠡ᠎ᠶ᠋ᠢᠨ ᠠᠷᠠᠯᠵᠢᠶᠠᠨ᠎ᠤ ᠬᠤᠯᠪᠣᠭ᠍ᠳᠠᠯ ᠪᠥᠬᠦᠶ ᠮᠡᠳᠡᠭᠡ ᠵᠠᠩᠭᠢ᠎ᠶ᠋ᠢ ᠴᠠᠭ ᠲᠤᠬᠠᠶ᠎ᠳᠤᠨᠢ ᠢᠯᠡ ᠪᠣᠯᠭᠠᠵᠤ᠂ ᠤᠬᠠᠭᠤᠯᠤᠨ ᠮᠡᠳᠡᠭᠡᠯᠡᠬᠦ᠌ ᠡᠷᠴᠢᠮ᠎ᠢᠶᠠᠨ ᠴᠢᠩᠭᠠᠷᠠᠭᠤᠯᠤᠨ᠂ ᠲᠤᠷᠱᠢᠯᠭ᠎ᠠ ᠠᠷᠭ᠎ᠠ ᠬᠢᠳᠡᠯ ᠪᠠ ᠨᠡᠢᠲᠡᠯᠢᠭ ᠬᠡᠷᠡᠭ᠎ᠤᠨ ᠵᠢᠱ᠌ᠢᠶ᠎ᠡ᠎ᠶ᠋ᠢ ᠴᠠᠭ ᠲᠤᠬᠠᠶ᠎ᠳᠤᠨᠢ ᠳ᠋ᠦᠩᠨᠡᠨ ᠳᠡᠯᠭᠡᠷᠡᠭᠦᠯᠵᠦ᠍᠂ ᠡᠯ᠎ᠡ ᠭᠠᠵᠠᠷ ᠣᠷᠣᠨ᠂ ᠤᠰᠤ ᠬᠡᠷᠡᠭ᠌ᠯᠡᠬᠦ᠌ ᠡᠷᠦᠬᠡ᠎ᠶ᠋ᠢᠨ ᠤᠰᠤ ᠬᠡᠷᠡᠭ᠌ᠯᠡᠬᠦ᠌ ᠡᠷᠬᠡ᠎ᠶ᠋ᠢᠨ ᠠᠷᠠᠯᠵᠢᠶᠠᠯᠠᠭ᠎ᠠ᠎ᠳᠤ ᠣᠷᠣᠯᠴᠠᠬᠤ ᠢᠳᠡᠪᠬᠢᠵᠢᠯ᠎ᠢ ᠭᠦᠢᠴᠡᠳ ᠳᠠᠢᠴᠢᠯᠠᠨ᠂ ᠤᠰᠤ ᠬᠡᠷᠡᠭ᠌ᠯᠡᠬᠦ᠌ ᠡᠷᠬᠡ᠎ᠶ᠋ᠢᠨ ᠠᠷᠠᠯᠵᠢᠶ᠎ᠠ᠎ᠶ᠋ᠢ ᠠᠬᠢᠭᠤᠯᠬᠤ ᠰᠠᠢᠨ ᠰᠠᠢᠬᠠᠨ ᠠᠭᠤᠷ ᠠᠮᠢᠰᠭᠤᠯ᠎ᠢ ᠪᠣᠶ ᠪᠣᠯᠭᠠᠬᠤ ᠬᠡᠷᠡᠭ᠌ᠲᠡᠶ᠃
ᠮᠤᠵᠢ ᠣᠷᠣᠨ ᠠᠯᠤᠰᠯᠠᠨ ᠤᠰᠤ ᠬᠡᠷᠡᠭ᠌ᠯᠡᠬᠦ᠌ ᠡᠷᠬᠡ᠎ᠶ᠋ᠢᠨ ᠠᠷᠠᠯᠵᠢᠶᠠᠯᠠᠭ᠎ᠠ᠎ᠶ᠋ᠢ ᠢᠳᠡᠪᠬᠢᠲᠡᠶ ᠠᠬᠢᠭᠤᠯᠬᠤ᠎ᠶ᠋ᠢᠨ ᠲᠥᠯᠥᠭᠡ᠂ 《ᠰᠠᠨᠠᠯ》᠎ᠳᠤ ᠲᠣᠳᠣᠷᠬᠠᠶ ᠲᠣᠭ᠍ᠲᠠᠭᠠᠭ᠍ᠰᠠᠨ᠎ᠨᠢ᠂ ᠬᠠᠲᠤᠨ ᠭᠤᠤᠯ᠎ᠤᠨ ᠰᠠᠪᠠ ᠭᠠᠵᠠᠷ᠎ᠤᠨ ᠮᠤᠵᠢ᠎ᠶ᠋ᠢᠨ ᠳᠣᠲᠣᠷ᠎ᠠ ᠬᠤᠲᠠ ᠱᠢᠶᠠᠨ᠎ᠤ ᠬᠤᠭᠤᠷᠣᠨᠳᠣ ᠥᠷᠨᠢᠭᠦᠯᠦᠭ᠌ᠰᠡᠨ ᠤᠰᠤ ᠬᠡᠷᠡᠭ᠌ᠯᠡᠬᠦ᠌ ᠡᠷᠬᠡ᠎ᠶ᠋ᠢᠨ ᠠᠷᠠᠯᠵᠢᠶ᠎ᠠ ᠵᠢᠴᠢ ᠪᠤᠰᠤᠳ ᠰᠠᠪᠠ ᠭᠠᠵᠠᠷ᠎ᠤᠨ ᠥᠷᠨᠢᠭᠦᠯᠦᠭ᠌ᠰᠡᠨ ᠮᠤᠵᠢ ᠣᠷᠣᠨ᠂ ᠮᠤᠵᠢ᠎ᠶ᠋ᠢᠨ ᠳᠣᠲᠣᠷ᠎ᠠ ᠬᠤᠲᠠ ᠱᠢᠶᠠᠨ ᠠᠯᠤᠰᠯᠠᠭ᠍ᠰᠠᠨ ᠤᠰᠤ ᠬᠡᠷᠡᠭ᠌ᠯᠡᠬᠦ᠌ ᠡᠷᠬᠡ᠎ᠶ᠋ᠢᠨ ᠠᠷᠠᠯᠵᠢᠶ᠎ᠠ᠎ᠨᠢ ᠪᠠᠰᠠ 《ᠰᠠᠨᠠᠯ》᠎ᠢᠶᠠᠷ ᠯᠠᠪᠯᠠᠯᠲᠠ ᠪᠣᠯᠭᠠᠨ ᠬᠡᠷᠡᠭ᠌ᠵᠢᠭᠦᠯᠵᠦ᠍ ᠪᠣᠯᠤᠨ᠎ᠠ᠃