ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠣᠨᠴᠠᠯᠢᠭᠲᠤ᠌ ᠳᠠᠪᠴᠠᠩ
ᠢᠯᠡ ᠵᠠᠰᠠᠭ   -   ᠲᠦᠷᠥ᠎ᠶᠢᠨ ᠪᠣᠳᠣᠯᠭ᠎ᠠ᠎ᠶᠢᠨ ᠲᠠᠶ᠋ᠢᠯᠤᠮᠵᠢ
ᠬᠠᠤᠯᠢ ᠴᠠᠭᠠᠵᠠ᠎ᠶ᠋ᠢᠨ ᠶᠠᠮᠤᠨ᠂ ᠤᠰᠤᠨ ᠠᠱᠢᠭ᠍ᠯᠠᠯᠲᠠ᠎ᠶ᠋ᠢᠨ ᠶᠠᠮᠤᠨ᠎ᠤ ᠬᠠᠷᠢᠭᠤᠴᠠᠯᠭᠠᠲᠠᠨ 《ᠦᠶᠡᠷ᠎ᠢ ᠲᠣᠭ᠍ᠲᠠᠭᠠᠨ ᠬᠠᠳᠠᠭᠠᠯᠠᠬᠤ ᠣᠷᠣᠨ᠎ᠳᠤ ᠨᠥᠬᠦᠪᠥᠷᠢ ᠥᠭ᠌ᠬᠦ ᠠᠷᠭ᠎ᠠ᠎ᠶ᠋ᠢ ᠬᠡᠷᠡᠭ᠌ᠯᠡᠬᠦ᠌》 ᠲᠤᠬᠠᠶ ᠰᠤᠷᠪᠤᠯᠵᠢᠯᠠᠭ᠍ᠴᠢ᠎ᠶ᠋ᠢᠨ ᠠᠰᠠᠭᠤᠯᠲᠠ᠎ᠶ᠋ᠢ ᠬᠠᠷᠢᠭᠤᠯᠪᠠ
ᠨᠡᠶ᠋ᠢᠲᠡᠯᠡᠭᠰᠡᠨ ᠴᠠᠭ᠄ 2025-06-27

  2025 ᠣᠨ᠎ᠤ 6 ᠳ᠋ᠤᠭᠠᠷ ᠰᠠᠷ᠎ᠠ᠎ᠶ᠋ᠢᠨ 23 ᠎ᠤ ᠡᠳᠦᠷ᠂ ᠲᠥᠷᠥ᠎ᠶ᠋ᠢᠨ ᠶᠠᠪᠤᠳᠠᠯ᠎ᠤᠨ ᠬᠤᠷᠢᠶ᠎ᠠ᠎ᠶ᠋ᠢᠨ ᠶᠡᠷᠦᠩᠬᠡᠢ ᠰᠠᠢᠳ ᠯᠢ ᠴᠢᠶᠠᠩ ᠲᠥᠷᠥ᠎ᠶ᠋ᠢᠨ ᠶᠠᠪᠤᠳᠠᠯ᠎ᠤᠨ ᠬᠤᠷᠢᠶ᠎ᠠ᠎ᠶ᠋ᠢᠨ 811 ᠳ᠋ᠤᠭᠡᠷ ᠲᠣᠭᠠᠲᠤ ᠵᠠᠷᠯᠢᠭ᠎ᠲᠤ ᠭᠠᠷ᠎ᠤᠨ ᠦᠰᠦᠭ ᠵᠢᠷᠤᠵᠤ᠂ 《《ᠦᠶᠡᠷ᠎ᠢ ᠲᠣᠭ᠍ᠲᠠᠭᠠᠨ ᠬᠠᠳᠠᠭᠠᠯᠠᠬᠤ ᠣᠷᠣᠨ᠎ᠳᠤ ᠨᠥᠬᠦᠪᠥᠷᠢ ᠥᠭ᠌ᠬᠦ ᠠᠷᠭ᠎ᠠ᠎ᠶ᠋ᠢ ᠬᠡᠷᠡᠭ᠌ᠯᠡᠬᠦ᠌》 ( ᠳᠣᠷᠣᠭ᠍ᠰᠢ 《ᠠᠷᠭ᠎ᠠ》 ᠭᠡᠵᠦ᠍ ᠲᠣᠪᠴᠢᠯᠠᠨ᠎ᠠ )᠎ᠶ᠋ᠢ ᠨᠡᠢᠲᠡᠯᠡᠵᠦ᠍᠂ ᠨᠡᠢᠲᠡᠯᠡᠭ᠌ᠰᠡᠨ ᠡᠳᠦᠷ᠎ᠠᠴᠠ ᠡᠬᠢᠯᠡᠵᠦ᠍ ᠬᠡᠷᠡᠭ᠌ᠵᠢᠭᠦᠯᠦᠨ᠎ᠡ᠃ ᠲᠦᠷᠦᠭᠦᠬᠡᠨ᠂ ᠬᠠᠤᠯᠢ ᠴᠠᠭᠠᠵᠠ᠎ᠶ᠋ᠢᠨ ᠶᠠᠮᠤᠨ᠂ ᠤᠰᠤᠨ ᠠᠱᠢᠭ᠍ᠯᠠᠯᠲᠠ᠎ᠶ᠋ᠢᠨ ᠶᠠᠮᠤᠨ᠎ᠤ ᠬᠠᠷᠢᠭᠤᠴᠠᠯᠭᠠᠲᠠᠨ 《ᠠᠷᠭ᠎ᠠ》᠎ᠶ᠋ᠢᠨ ᠬᠤᠯᠪᠣᠭ᠍ᠳᠠᠯ ᠪᠥᠬᠦᠶ ᠠᠰᠠᠭᠤᠳᠠᠯ᠎ᠤᠨ ᠲᠤᠬᠠᠶ ᠰᠤᠷᠪᠤᠯᠵᠢᠯᠠᠭ᠍ᠴᠢ᠎ᠶ᠋ᠢᠨ ᠠᠰᠠᠭᠤᠯᠲᠠ᠎ᠶ᠋ᠢ ᠬᠠᠷᠢᠭᠤᠯᠪᠠ᠃

  ᠠᠰᠠᠭᠤᠯᠲᠠ᠄ 《ᠠᠷᠭ᠎ᠠ》᠎ᠶ᠋ᠢ ᠨᠡᠢᠲᠡᠯᠡᠭ᠌ᠰᠡᠨ ᠠᠬᠤᠶ ᠪᠠᠢᠳᠠᠯ᠎ᠢ ᠲᠥᠬᠦᠮ ᠲᠠᠨᠢᠯᠴᠠᠭᠤᠯᠤᠭᠠᠳ ᠥᠭ᠌ᠭᠦᠨ᠎ᠡ ᠦᠦ?

  ᠬᠠᠷᠢᠭᠤᠯᠲᠠ᠄ ᠦᠶᠡᠷ᠎ᠢ ᠲᠣᠭ᠍ᠲᠠᠭᠠᠨ ᠬᠠᠳᠠᠭᠠᠯᠠᠬᠤ ᠣᠷᠣᠨ ᠪᠣᠯ ᠦᠶᠡᠷ᠎ᠢ ᠰᠡᠷᠭᠡᠢᠯᠡᠬᠦ᠌ ᠢᠨᠵᠸᠨ᠋ᠸᠷᠢᠩ᠎ᠤᠨ ᠱᠢᠰᠲ᠋ᠧᠮᠵᠢ᠎ᠶ᠋ᠢᠨ ᠴᠢᠬᠤᠯᠠ ᠪᠦᠷᠢᠯᠳᠦᠬᠦᠨ ᠬᠡᠰᠡᠭ ᠮᠥᠨ᠂ ᠭᠤᠣᠯᠳᠠᠯᠭ᠎ᠠ᠎ᠲᠠᠢ ᠭᠠᠵᠠᠷ ᠣᠷᠣᠨ᠎ᠤ ᠦᠶᠡᠷ᠎ᠢ ᠰᠡᠷᠭᠡᠢᠯᠡᠬᠦ᠌ ᠠᠮᠤᠷ ᠲᠦᠪᠱᠢᠨ᠎ᠢ ᠦᠨᠡᠨ ᠬᠦ᠌ ᠪᠠᠲᠤᠯᠠᠵᠤ᠂ ᠦᠶᠡᠷ᠎ᠤᠨ ᠭᠠᠮᠱᠢᠭ᠎ᠤᠨ ᠬᠤᠬᠢᠷᠠᠯ᠎ᠢ ᠪᠠᠭᠠᠰᠭᠠᠬᠤ ᠴᠢᠬᠤᠯᠠ ᠠᠷᠭ᠎ᠠ ᠪᠠᠷᠢᠯ ᠮᠥᠨ᠃ ᠦᠶᠡᠷ᠎ᠢ ᠲᠣᠭ᠍ᠲᠠᠭᠠᠨ ᠬᠠᠳᠠᠭᠠᠯᠠᠬᠤ ᠣᠷᠣᠨ᠎ᠤ ᠬᠡᠪ᠎ᠦᠨ ᠶᠣᠰᠣᠭᠠᠷ ᠬᠡᠷᠡᠭ᠌ᠯᠡᠬᠦ᠌᠎ᠶ᠋ᠢ ᠪᠠᠲᠤᠯᠠᠵᠤ᠂ ᠦᠶᠡᠷ᠎ᠢ ᠲᠣᠭ᠍ᠲᠠᠭᠠᠨ ᠬᠠᠳᠠᠭᠠᠯᠠᠬᠤ ᠣᠷᠣᠨ᠎ᠤ ᠳᠣᠲᠣᠷᠠᠬᠢ ᠰᠠᠭᠤᠭᠠᠯᠢ ᠠᠷᠠᠳ᠎ᠤᠨ ᠦᠶᠡᠷ ᠬᠠᠳᠠᠭᠠᠯᠠᠬᠤ ᠎ᠳᠤ ᠤᠴᠠᠷᠠᠭ᠍ᠰᠠᠨ ᠬᠣᠬᠢᠷᠠᠯ᠎ᠢ ᠵᠦᠢ ᠵᠣᠬᠢᠰᠲᠠᠶ ᠨᠥᠬᠥᠪᠥᠷᠢᠯᠡᠬᠦ᠌᠎ᠶ᠋ᠢᠨ ᠲᠤᠰᠠᠳᠠ᠂ ᠲᠥᠷᠥ᠎ᠶ᠋ᠢᠨ ᠶᠠᠪᠤᠳᠠᠯ᠎ᠤᠨ ᠬᠣᠷᠢᠶ᠎ᠠ 2000 ᠣᠨ᠎ᠳᠤ 《ᠦᠶᠡᠷ᠎ᠢ ᠲᠣᠭ᠍ᠲᠠᠭᠠᠨ ᠬᠠᠳᠠᠭᠠᠯᠠᠬᠤ ᠣᠷᠣᠨ᠎ᠳᠤ ᠨᠥᠬᠥᠪᠥᠷᠢ ᠥᠭ᠌ᠬᠦ ᠲᠦᠷ ᠬᠡᠷᠡᠭ᠌ᠵᠢᠭᠦᠯᠬᠦ᠌ ᠠᠷᠭ᠎ᠠ》( ᠳᠣᠷᠣᠭ᠍ᠰᠢ ᠣᠳᠣ᠎ᠶ᠋ᠢᠨ ᠬᠡᠷᠡᠭ᠌ᠵᠢᠭᠦᠯᠵᠦ᠍ ᠪᠠᠢᠭ᠎ᠠ ᠠᠷᠭ᠎ᠠ ᠭᠡᠵᠦ᠍ ᠲᠣᠪᠴᠢᠯᠠᠨ᠎ᠠ )᠎ᠶ᠋ᠢ ᠨᠡᠢᠲᠡᠯᠡᠵᠦ᠍᠂ ᠤᠯᠤᠰ᠎ᠤᠨ ᠦᠶᠡᠷ᠎ᠢ ᠲᠣᠭ᠍ᠲᠠᠭᠠᠨ ᠬᠠᠳᠠᠭᠠᠯᠠᠬᠤ ᠣᠷᠣᠨ᠎ᠳᠤ ᠨᠥᠬᠥᠪᠥᠷᠢ ᠥᠭ᠌ᠬᠦ ᠡᠲᠡᠭᠡᠳ᠂ ᠬᠡᠪᠴᠢᠶ᠎ᠡ᠂ ᠪᠠᠷᠢᠮᠵᠢᠶ᠎ᠠ ᠪᠣᠯᠤᠨ ᠨᠥᠬᠥᠪᠥᠷᠢᠯᠡᠬᠦ᠌ ᠳᠡᠰ ᠳᠠᠷᠠᠭᠠᠯᠠᠯ ᠵᠡᠷᠭᠡ᠎ᠶ᠋ᠢ ᠲᠣᠳᠣᠷᠬᠠᠶ ᠲᠣᠭ᠍ᠲᠠᠭᠠᠪᠠ᠃ ᠦᠢᠯᠡᠳᠦᠯᠭᠡ ᠭᠡᠷᠡᠴᠢᠯᠡᠭ᠌ᠰᠡᠨ᠎ᠨᠢ᠂ ᠦᠶᠡᠷ᠎ᠢ ᠲᠣᠭ᠍ᠲᠠᠭᠠᠨ ᠬᠠᠳᠠᠭᠠᠯᠠᠬᠤ ᠣᠷᠣᠨ᠎ᠳᠤ ᠨᠥᠬᠦᠪᠥᠷᠢ ᠥᠭ᠌ᠬᠦ᠎ᠶ᠋ᠢ ᠬᠡᠷᠡᠭ᠌ᠯᠡᠨ ᠭᠠᠮᠱᠢᠭ᠍ᠳᠠᠭ᠍ᠰᠠᠨ ᠣᠯᠠᠨ ᠲᠦᠮᠡᠨ᠎ᠤ ᠦᠨᠳᠦᠰᠦᠨ ᠠᠮᠢᠳᠤᠷᠠᠯ᠎ᠢ ᠪᠠᠲᠤᠯᠠᠬᠤ᠂ ᠲᠠᠷᠢᠶᠠᠯᠠᠩ᠎ᠤᠨ ᠦᠢᠯᠡᠳᠪᠦᠷᠢᠯᠡᠯ᠎ᠢ ᠴᠠᠭ ᠲᠤᠬᠠᠶ᠎ᠳᠤᠨᠢ ᠰᠡᠷᠭᠦᠭᠡᠬᠦ᠌ ᠵᠡᠷᠭᠡ᠎ᠳᠤ ᠴᠢᠬᠤᠯᠠ ᠦᠢᠯᠡᠳᠦᠯ ᠦᠵᠡᠭᠦᠯᠪᠡ᠃ ᠠᠵᠤ ᠠᠬᠤᠶ ᠨᠡᠢᠭᠡᠮ᠎ᠤᠨ ᠬᠥᠭ᠌ᠵᠢᠯᠲᠡ᠎ᠶ᠋ᠢ ᠳᠠᠭᠠᠯᠳᠤᠨ᠂ ᠦᠶᠡᠷ᠎ᠢ ᠲᠣᠭ᠍ᠲᠠᠭᠠᠨ ᠬᠠᠳᠠᠭᠠᠯᠠᠬᠤ ᠣᠷᠣᠨ᠎ᠳᠤ ᠨᠥᠬᠦᠪᠥᠷᠢ ᠥᠭ᠌ᠬᠦ ᠠᠵᠢᠯ᠎ᠳᠤ ᠵᠠᠷᠢᠮ ᠱᠢᠨ᠎ᠡ ᠪᠠᠢᠳᠠᠯ ᠱᠢᠨ᠎ᠡ ᠠᠰᠠᠭᠤᠳᠠᠯ ᠲᠤᠯᠭᠠᠷᠠᠵᠤ᠂ ᠢᠯᠠᠩᠭᠤᠶ᠎ᠠ ᠱᠢᠨ᠎ᠡ ᠬᠡᠯᠪᠡᠷᠢ᠎ᠶ᠋ᠢᠨ ᠲᠠᠷᠢᠶᠠᠯᠠᠩ᠎ᠤᠨ ᠦᠢᠯᠡᠳᠪᠦᠷᠢᠯᠡᠯ᠎ᠤᠨ ᠭᠤᠣᠯ ᠴᠣᠭ᠍ᠴᠠ ᠲᠠᠰᠤᠷᠠᠯᠲᠠ ᠤᠢ᠍ᠭᠡᠢ ᠴᠣᠯᠭᠤᠷᠠᠨ ᠭᠠᠷᠴᠤ᠌᠂ ᠬᠤᠲᠠ ᠪᠠᠯᠭᠠᠰᠤᠵᠢᠯᠲᠠ᠎ᠶ᠋ᠢᠨ ᠶᠠᠪᠤᠴᠠ᠎ᠳᠤ 《ᠬᠥᠮᠦᠨ ᠪᠠ ᠭᠡᠷ ᠪᠠᠢᠱᠢᠩ᠎ᠢ ᠰᠠᠯᠭᠠᠬᠤ》 ᠦᠵᠡᠭ᠌ᠳᠡᠯ ᠭᠠᠷᠴᠤ᠌᠂ ᠣᠳᠣ᠎ᠶ᠋ᠢᠨ ᠬᠡᠷᠡᠭ᠌ᠵᠢᠭᠦᠯᠵᠦ᠍ ᠪᠠᠢᠭ᠎ᠠ ᠠᠷᠭ᠎ᠠ᠎ᠳᠤ ᠲᠣᠭ᠍ᠲᠠᠭᠠᠭ᠍ᠰᠠᠨ ᠨᠥᠬᠦᠪᠥᠷᠢ ᠥᠭ᠌ᠬᠦ ᠡᠲᠡᠭᠡᠳ᠂ ᠨᠥᠬᠦᠪᠥᠷᠢ ᠥᠭ᠌ᠬᠦ ᠬᠡᠪᠴᠢᠶ᠎ᠡ ᠨᠢᠭᠡᠨᠲᠡ ᠪᠣᠳᠠᠲᠠᠶ᠎ᠳᠤ ᠨᠡᠢᠴᠡᠬᠦ᠌ ᠦᠭᠡᠶ ᠪᠣᠯᠵᠤ᠂ ᠵᠣᠬᠢᠰᠲᠠᠶ ᠥᠷᠭᠡᠳᠭᠡᠬᠦ᠌ ᠴᠢᠬᠤᠯᠠᠲᠠᠶ ᠪᠤᠯᠪᠠ; ᠨᠥᠬᠦᠪᠥᠷᠢ ᠥᠭ᠌ᠬᠦ ᠠᠵᠢᠯ᠎ᠤᠨ ᠦᠷ᠎ᠡ ᠪᠦᠲᠦᠮᠵᠢ ᠪᠣᠯᠤᠨ ᠬᠢᠷᠢ ᠬᠡᠮᠵᠢᠶ᠎ᠡ᠎ᠶ᠋ᠢ ᠳᠡᠭᠡᠭ᠌ᠰᠢᠯᠡᠭᠦᠯᠬᠦ᠌ ᠵᠢᠴᠢ ᠣᠯᠠᠨ ᠲᠦᠮᠡᠨ᠎ᠳᠤ ᠳᠥᠭᠦᠮ ᠦᠵᠡᠭᠦᠯᠬᠦ᠌ ᠲᠠᠯ᠎ᠠ᠎ᠠᠴᠠ ᠨᠥᠬᠦᠪᠥᠷᠢ ᠥᠭ᠌ᠬᠦ ᠳᠡᠰ ᠳᠠᠷᠠᠭᠠᠯᠠᠯ᠎ᠢ ᠤᠯᠠᠮ ᠨᠢᠭᠡ ᠠᠯᠬᠤᠮ ᠱᠢᠯᠢᠳᠡᠭ᠌ᠵᠢᠭᠦᠯᠬᠦ᠌ ᠴᠢᠬᠤᠯᠠᠲᠠᠶ ᠪᠠᠢᠨ᠎ᠠ᠃ ᠳᠡᠭᠡᠷ᠎ᠡ ᠳᠤᠷᠠᠳᠤᠭ᠍ᠰᠠᠨ ᠠᠰᠠᠭᠤᠳᠠᠯ᠎ᠳᠤ ᠴᠢᠭ᠌ᠯᠡᠭᠦᠯᠦᠨ᠂ ᠣᠳᠣ᠎ᠶ᠋ᠢᠨ ᠬᠡᠷᠡᠭ᠌ᠵᠢᠭᠦᠯᠵᠦ᠍ ᠪᠠᠢᠭ᠎ᠠ ᠠᠷᠭ᠎ᠠ᠎ᠳᠤ ᠵᠠᠰᠠᠪᠤᠷᠢ ᠣᠷᠣᠭᠤᠯᠬᠤ ᠴᠢᠬᠤᠯᠠ᠎ᠲᠠᠶ ᠪᠠᠢᠵᠤ᠂ ᠱᠢᠨ᠎ᠡ ᠪᠠᠢᠳᠠᠯ᠎ᠤᠨ ᠳᠣᠤᠷᠠᠬᠢ ᠦᠶᠡᠷ᠎ᠢ ᠲᠣᠭ᠍ᠲᠠᠭᠠᠨ ᠬᠠᠳᠠᠭᠠᠯᠠᠬᠤ ᠣᠷᠣᠨ᠎ᠳᠤ ᠨᠥᠬᠥᠪᠥᠷᠢ ᠥᠭ᠌ᠬᠦ ᠠᠵᠢᠯ᠎ᠤᠨ ᠬᠡᠷᠡᠭ᠌ᠴᠡᠭᠡ᠎ᠳᠦ ᠨᠡᠩ ᠰᠠᠢᠲᠤᠷ ᠵᠣᠬᠢᠴᠠᠭᠤᠯᠤᠨ᠎ᠠ᠃

  ᠠᠰᠠᠭᠤᠯᠲᠠ᠄  ᠵᠠᠰᠠᠪᠤᠷᠢ ᠣᠷᠣᠭᠤᠯᠬᠤ ᠠᠵᠢᠯ᠎ᠤᠨ ᠶᠡᠷᠦᠩᠬᠡᠶ ᠰᠡᠳᠭᠢᠮᠵᠢ᠎ᠨᠢ ᠶᠠᠭᠤ ᠪᠣᠶ?

  ᠬᠠᠷᠢᠭᠤᠯᠲᠠ᠄ ᠵᠠᠰᠠᠪᠤᠷᠢ ᠣᠷᠣᠭᠤᠯᠬᠤ ᠠᠵᠢᠯ᠎ᠳᠤ ᠰᠢ᠎ᠶ᠋ᠢᠨ ᠫᠢᠩ᠎ᠤᠨ ᠱᠢᠨ᠎ᠡ ᠴᠠᠭ ᠦᠶ᠎ᠡ᠎ᠶ᠋ᠢᠨ ᠳᠤᠮᠳᠠᠳᠤ ᠤᠯᠤᠰ᠎ᠤᠨ ᠣᠨᠴᠠᠯᠢᠭ᠎ᠲᠠᠢ ᠨᠡᠢᠭᠡᠮ ᠵᠢᠷᠤᠮ᠎ᠤᠨ ᠦᠵᠡᠯ ᠰᠠᠨᠠᠭ᠎ᠠ᠎ᠪᠠᠷ ᠵᠢᠯᠣᠭᠤᠳᠣᠯᠭ᠎ᠠ ᠪᠣᠯᠭᠠᠬᠤ᠎ᠶ᠋ᠢ ᠪᠠᠷᠢᠮᠲᠠᠯᠠᠵᠤ᠂ ᠶᠡᠷᠦᠩᠬᠡᠶ ᠰᠡᠳᠭᠢᠴᠡ᠎ᠶ᠋ᠢᠨ ᠲᠠᠯ᠎ᠠ᠎ᠪᠠᠷ ᠭᠤᠤᠯᠳᠠᠭᠤ ᠳᠣᠤᠷᠠᠬᠢ ᠭᠤᠷᠪᠠᠨ ᠲᠠᠯ᠎ᠠ᠎ᠶ᠋ᠢ ᠡᠵᠡᠮᠱᠢᠪᠡ᠄ ᠨᠢᠭᠡ᠎ᠳᠤ᠂ ᠦᠶᠡᠷ᠎ᠢ ᠲᠣᠭ᠍ᠲᠠᠭᠠᠨ ᠬᠠᠳᠠᠭᠠᠯᠠᠬᠤ ᠣᠷᠣᠨ᠎ᠳᠤ ᠨᠥᠬᠦᠪᠥᠷᠢ ᠥᠭ᠌ᠬᠦ ᠠᠵᠢᠯ᠎ᠳᠤ ᠲᠤᠯᠭᠠᠷᠠᠵᠤ ᠪᠠᠢᠭ᠎ᠠ ᠱᠢᠨ᠎ᠡ ᠪᠠᠢᠳᠠᠯ ᠱᠢᠨ᠎ᠡ ᠠᠰᠠᠭᠤᠳᠠᠯ᠎ᠳᠤ ᠰᠠᠭᠤᠷᠢᠯᠠᠨ᠂ ᠲᠦᠷᠢᠮ᠎ᠤᠨ ᠬᠠᠨᠳᠤᠯᠭᠠᠲᠤ ᠴᠢᠨᠠᠷ ᠪᠠ ᠪᠣᠳᠠᠲᠤ ᠦᠷ᠎ᠡ ᠪᠦᠲᠦᠮᠵᠢᠲᠦ ᠴᠢᠨᠠᠷ᠎ᠢ ᠬᠦᠴᠦᠯᠡᠨ ᠴᠢᠩᠭᠠᠳᠭᠠᠪᠠ᠃ ᠬᠤᠶᠠᠷ᠎ᠲᠤ᠂ ᠠᠷᠠᠳ᠎ᠲᠤ ᠳᠥᠭᠦᠮ ᠦᠵᠡᠭᠦᠯᠵᠦ᠍ ᠠᠷᠠᠳ᠎ᠲᠤ ᠠᠱᠢᠭ ᠬᠦᠷᠲᠡᠭᠡᠬᠦ᠌᠎ᠶ᠋ᠢ ᠪᠠᠷᠢᠮᠲᠠᠯᠠᠵᠤ᠂ ᠤᠯᠠᠨ ᠲᠦᠮᠡᠨ᠎ᠤ ᠡᠷᠬᠡ ᠠᠱᠢᠭ᠎ᠢ ᠦᠨᠡᠨ ᠬᠦ᠌ ᠪᠠᠲᠤᠯᠠᠵᠤ᠂ ᠤᠯᠠᠨ ᠲᠦᠮᠡᠨ᠎ᠤ ᠤᠴᠢᠷ ᠶᠠᠪᠤᠳᠠᠯ ᠱᠢᠢᠳᠪᠦᠷᠢᠯᠡᠬᠦ᠌᠎ᠳᠤ ᠲᠦᠬᠦᠮ ᠦᠵᠡᠭᠦᠯᠦᠨ᠎ᠡ᠃ ᠭᠤᠷᠪᠠ᠎ᠳᠤ᠂ ᠦᠢᠯᠡᠳᠦᠯᠭᠡ᠎ᠶ᠋ᠢᠨ ᠲᠤᠷᠱᠢᠯᠭ᠎ᠠ᠎ᠪᠠᠨ ᠳ᠋ᠦᠩᠨᠡᠵᠦ᠍᠂ ᠦᠶᠡᠷ᠎ᠢ ᠲᠣᠭ᠍ᠲᠠᠭᠠᠨ ᠬᠠᠳᠠᠭᠠᠯᠠᠬᠤ ᠣᠷᠣᠨ᠎ᠳᠤ ᠨᠥᠬᠦᠪᠥᠷᠢ ᠥᠭ᠌ᠬᠦ ᠠᠵᠢᠯ᠎ᠤᠨ ᠳᠤᠮᠳᠠᠬᠢ ᠪᠦᠲᠦᠮᠵᠢᠲᠡᠶ ᠲᠤᠷᠱᠢᠯᠭ᠎ᠠ ᠠᠷᠭ᠎ᠠ ᠬᠢᠳᠡᠯ᠎ᠢ ᠳᠦᠷᠢᠮ᠎ᠤᠨ ᠵᠢᠷᠤᠮᠵᠢᠯ ᠪᠣᠯᠭᠠᠨ ᠬᠤᠪᠢᠷᠠᠭᠤᠯᠬᠤ ᠬᠡᠷᠡᠭ᠌ᠲᠡᠶ᠃

  ᠠᠰᠠᠭᠤᠯᠲᠠ᠄ 《ᠠᠷᠭ᠎ᠠ》᠎ᠳᠤ ᠦᠶᠡᠷ᠎ᠢ ᠲᠣᠭ᠍ᠲᠠᠭᠠᠨ ᠬᠠᠳᠠᠭᠠᠯᠠᠬᠤ ᠣᠷᠣᠨ᠎ᠳᠤ ᠬᠡᠷᠡᠭ᠌ᠯᠡᠭ᠌ᠰᠡᠨ ᠨᠥᠬᠦᠪᠥᠷᠢ ᠥᠭ᠌ᠬᠦ ᠡᠲᠡᠭᠡᠳ᠂ ᠨᠥᠬᠦᠪᠥᠷᠢ ᠥᠭ᠌ᠬᠦ ᠬᠡᠪᠴᠢᠶ᠎ᠡ᠂ ᠪᠣᠳᠠᠲᠠᠶ ᠨᠥᠬᠦᠪᠥᠷᠢ ᠥᠭ᠌ᠬᠦ ᠠᠷᠭ᠎ᠠ᠎ᠳᠤ ᠴᠥᠮ ᠵᠠᠰᠠᠪᠤᠷᠢ ᠣᠷᠣᠭᠤᠯᠤᠭ᠍ᠰᠠᠨ ᠤᠤ?

  ᠬᠠᠷᠢᠭᠤᠯᠲᠠ᠄ ᠲᠡᠢᠮᠦ᠍ ᠡ᠂ ᠡᠨᠡ ᠭᠤᠷᠪᠠᠨ ᠲᠠᠯ᠎ᠠ᠎ᠪᠠᠷ ᠵᠠᠰᠠᠪᠤᠷᠢ ᠣᠷᠣᠭᠤᠯᠤᠭ᠍ᠰᠠᠨ ᠭᠤᠣᠯ ᠠᠭᠤᠯᠭ᠎ᠠ ᠪᠣᠯᠣᠨ᠎ᠠ᠃ ᠨᠢᠭᠡ᠎ᠳᠤ᠂ ᠨᠥᠬᠦᠪᠥᠷᠢ ᠥᠭ᠌ᠬᠦ ᠡᠲᠡᠭᠡᠳ᠎ᠢ ᠲᠣᠬᠢᠷᠠᠭᠤᠯᠤᠨ᠎ᠠ᠃ ᠦᠶᠡᠷ᠎ᠢ ᠲᠣᠭ᠍ᠲᠠᠭᠠᠨ ᠬᠠᠳᠠᠭᠠᠯᠠᠬᠤ ᠣᠷᠣᠨ᠎ᠳᠤ ᠨᠥᠬᠦᠪᠥᠷᠢ ᠥᠭ᠌ᠬᠦ ᠡᠲᠡᠭᠡᠳ᠎ᠤᠨ ᠦᠶᠡᠷ᠎ᠢ ᠲᠣᠭ᠍ᠲᠠᠭᠠᠨ ᠬᠠᠳᠠᠭᠠᠯᠠᠬᠤ ᠣᠷᠣᠨ᠎ᠤ ᠳᠣᠲᠣᠷᠠᠬᠢ ᠪᠠᠢᠩᠭᠤ ᠰᠠᠭᠤᠭ᠎ᠠ ᠡᠷᠦᠬᠡ ᠠᠮᠠ᠎ᠲᠠᠢ ᠰᠠᠭᠤᠭᠠᠯᠢ ᠠᠷᠠᠳ᠎ᠠᠴᠠ ᠭᠠᠳᠠᠨ᠎ᠠ ᠪᠠᠰᠠ ᠦᠶᠡᠷ᠎ᠢ ᠲᠣᠭ᠍ᠲᠠᠭᠠᠨ ᠬᠠᠳᠠᠭᠠᠯᠠᠬᠤ ᠣᠷᠣᠨ᠎ᠤ ᠳᠣᠲᠣᠷ᠎ᠠ ᠬᠠᠤᠯᠢ ᠶᠣᠰᠣᠭᠠᠷ ᠱᠢᠭᠤᠳ ᠲᠠᠷᠢᠵᠤ ᠤᠷᠭᠤᠭᠤᠯᠬᠤ᠂ ᠲᠡᠵᠢᠭᠡᠨ ᠦᠷᠡᠵᠢᠭᠦᠯᠬᠦ᠌ ᠲᠠᠷᠢᠶᠠᠯᠠᠩ᠎ᠤᠨ ᠦᠢᠯᠡᠳᠪᠦᠷᠢᠯᠡᠭ᠌ᠴᠢ ᠵᠢᠴᠢ ᠦᠶᠡᠷ᠎ᠢ ᠲᠣᠭ᠍ᠲᠠᠭᠠᠨ  ᠬᠠᠳᠠᠭᠠᠯᠠᠬᠤ ᠣᠷᠣᠨ᠎ᠤ ᠳᠣᠲᠣᠷᠠᠬᠢ ᠣᠷᠣᠨ ᠰᠠᠭᠤᠴᠠ᠎ᠶ᠋ᠢᠨ ᠥᠮᠴᠢᠯᠡᠬᠦ᠌ ᠡᠷᠬᠡᠲᠦ ᠬᠥᠮᠦᠨ᠎ᠢ ᠪᠠᠭ᠍ᠲᠠᠭᠠᠨ᠎ᠠ᠃ ᠬᠤᠶᠠᠷ᠎ᠲᠤ᠂ ᠨᠥᠬᠦᠪᠥᠷᠢ ᠥᠭ᠌ᠬᠦ ᠬᠡᠪᠴᠢᠶ᠎ᠡ᠎ᠶ᠋ᠢ ᠲᠡᠭᠦᠯᠳᠡᠷᠵᠢᠭᠦᠯᠦᠨ᠎ᠡ᠃ ᠦᠶᠡᠷ᠎ᠢ ᠲᠣᠭ᠍ᠲᠠᠭᠠᠨ ᠬᠠᠳᠠᠭᠠᠯᠠᠬᠤ ᠣᠷᠣᠨ᠎ᠳᠤ ᠨᠥᠬᠦᠪᠥᠷᠢ ᠥᠭ᠌ᠬᠦ ᠡᠲᠡᠭᠡᠳ᠎ᠤᠨ ᠬᠤᠪᠢᠷᠠᠯᠲᠠ᠎ᠶ᠋ᠢᠨ ᠪᠠᠢᠳᠠᠯ᠎ᠢ ᠦᠨᠳᠦᠰᠦᠯᠡᠨ᠂ ᠭᠡᠷ ᠪᠦᠯᠢ᠎ᠠᠴᠠ ᠭᠠᠳᠠᠨᠠᠬᠢ ᠪᠤᠰᠤᠳ ᠲᠠᠷᠢᠶᠠᠯᠠᠩ᠎ᠤᠨ ᠤᠢᠯᠡᠳᠪᠦᠷᠢᠯᠡᠭ᠌ᠴᠢ᠎ᠶ᠋ᠢᠨ ᠲᠠᠷᠢᠶᠠᠯᠠᠩ᠎ᠤᠨ ᠤᠢᠯᠡᠳᠪᠦᠷᠢᠯᠡᠯ᠎ᠤᠨ ᠮᠠᠱᠢᠨ᠎ᠢ ᠨᠥᠬᠦᠪᠥᠷᠢ ᠥᠭ᠌ᠬᠦ ᠬᠡᠪᠴᠢᠶᠡᠨ᠎ᠳᠤ ᠣᠷᠣᠭᠤᠯᠤᠨ᠎ᠠ;ᠲᠠᠷᠢᠶᠠᠯᠠᠩ᠎ᠤᠨ ᠮᠠᠱᠢᠨᠴᠢᠯᠠᠯᠲᠠ᠎ᠶ᠋ᠢᠨ ᠬᠥᠭ᠌ᠵᠢᠯᠲᠡ᠎ᠳᠤ ᠵᠣᠬᠢᠴᠠᠭ᠍ᠰᠠᠨ᠎ᠠᠴᠠ ᠪᠣᠯᠤᠭ᠍ᠰᠠᠨ ᠠᠨᠵᠢᠰᠤᠨ ᠦᠬᠡᠷ ᠵᠡᠷᠭᠡ ᠬᠦᠯᠦᠱᠢᠨ ᠮᠠᠯ᠎ᠢ ᠲᠠᠰᠤᠷᠠᠯᠲᠠ ᠤᠢ᠍ᠭᠡᠢ ᠪᠠᠭᠠᠰᠭᠠᠬᠤ ᠪᠣᠳᠠᠲᠠᠶ ᠪᠠᠢᠳᠠᠯ᠎ᠢ ᠨᠥᠬᠦᠪᠥᠷᠢ ᠥᠭ᠌ᠬᠦ ᠬᠡᠪᠴᠢᠶᠡᠨ ᠳᠣᠲᠣᠷᠠᠬᠢ 《ᠬᠦᠯᠦᠱᠢᠨ ᠮᠠᠯ》 ᠎ᠢ 《 ᠲᠡᠵᠢᠭᠡᠨ ᠠᠷᠠᠴᠢᠯᠠᠭ᠍ᠰᠠᠨ ᠮᠠᠯ ᠵᠢᠭᠦᠷᠲᠡᠨ》 ᠪᠣᠯᠭᠠᠨ ᠲᠣᠬᠢᠷᠠᠭᠤᠯᠤᠨ᠎ᠠ᠃ ᠭᠤᠷᠪᠠ᠎ᠳᠤ᠂ ᠪᠣᠳᠠᠲᠠᠶ ᠨᠥᠬᠥᠪᠥᠷᠢᠯᠡᠬᠦ᠌ ᠠᠷᠭ᠎ᠠ᠎ᠶ᠋ᠢ ᠪᠦᠷᠢᠨᠱᠢᠭᠦᠯᠬᠦ᠌ ᠬᠡᠷᠡᠭ᠌ᠲᠡᠶ᠃ ᠨᠢᠭᠡᠳᠦᠯᠲᠡᠶ ᠲᠥᠯᠥᠪᠯᠡᠨ ᠨᠡᠢᠲᠡ᠎ᠳᠦᠨᠢ ᠬᠠᠷᠠᠭᠠᠯᠵᠠᠵᠤ᠂ ᠨᠥᠬᠥᠪᠥᠷᠢ᠎ᠶ᠋ᠢᠨ ᠣᠨᠣᠪᠴᠢᠲᠤ ᠴᠢᠨᠠᠷ ᠪᠣᠯᠤᠨ ᠬᠡᠷᠡᠭ᠌ᠵᠢᠭᠦᠯᠦᠭᠦᠱᠢᠲᠡᠶ ᠴᠢᠨᠠᠷ᠎ᠢ ᠬᠠᠮᠲᠤ᠎ᠳᠤᠨᠢ ᠬᠠᠷᠠᠭᠠᠯᠵᠠᠨ᠂ ᠦᠢᠯᠡᠳᠦᠯᠭᠡ᠎ᠶ᠋ᠢᠨ ᠲᠤᠷᠱᠢᠯᠭ᠎ᠠ᠎ᠪᠠᠨ ᠳ᠋ᠦᠩᠨᠡᠵᠦ᠍᠂ ᠦᠶᠡᠷ᠎ᠢ ᠲᠣᠭ᠍ᠲᠠᠭᠠᠨ ᠬᠠᠳᠠᠭᠠᠯᠠᠬᠤ ᠣᠷᠣᠨ᠎ᠢ ᠬᠡᠷᠡᠭ᠌ᠯᠡᠭ᠌ᠰᠡᠨ᠎ᠦ ᠳᠠᠷᠠᠭ᠎ᠠ᠂ ᠲᠣᠭ᠍ᠲᠠᠭ᠍ᠰᠠᠨ ᠬᠡᠪᠴᠢᠶᠡᠨ ᠳᠣᠲᠣᠷᠠᠬᠢ ᠬᠣᠬᠢᠷᠠᠯ᠎ᠳᠤ ᠲᠥᠷᠥᠯ ᠬᠤᠪᠢᠶᠠᠨ ᠥᠷᠲᠡᠭ ᠲᠣᠭ᠍ᠲᠠᠭᠠᠨ ᠨᠥᠬᠥᠪᠥᠷᠢᠯᠡᠬᠦ᠌᠎ᠶ᠋ᠢ ᠬᠡᠷᠡᠭ᠌ᠵᠢᠭᠦᠯᠵᠦ᠍᠂ ᠪᠣᠳᠠᠲᠠᠶ ᠠᠷᠭ᠎ᠠ᠎ᠶ᠋ᠢ ᠦᠶᠡᠷ᠎ᠢ ᠲᠣᠭ᠍ᠲᠠᠭᠠᠨ ᠬᠠᠳᠠᠭᠠᠯᠠᠬᠤ ᠣᠷᠣᠨ᠎ᠤ ᠮᠤᠵᠢ᠎ᠶ᠋ᠢᠨ ᠱᠠᠲᠤᠨ᠎ᠤ ᠠᠷᠠᠳ᠎ᠤᠨ ᠵᠠᠰᠠᠭ᠎ᠤᠨ ᠣᠷᠳᠣᠨ᠎ᠠᠴᠠ ᠲᠣᠭ᠍ᠲᠠᠭᠠᠨ᠎ᠠ᠃

  ᠠᠰᠠᠭᠤᠯᠲᠠ᠄ 《ᠠᠷᠭ᠎ᠠ》 ᠎ᠳᠤ ᠨᠥᠬᠦᠪᠥᠷᠢ ᠥᠭ᠌ᠬᠦ ᠵᠢᠷᠤᠮ᠎ᠢ ᠱᠢᠯᠢᠳᠡᠭ᠌ᠵᠢᠭᠦᠯᠬᠦ᠌ ᠲᠠᠯ᠎ᠠ᠎ᠪᠠᠷ ᠶᠠᠮᠠᠷ ᠲᠣᠭ᠍ᠲᠠᠭᠠᠯ ᠭᠠᠷᠭᠠᠭ᠍ᠰᠠᠨ ᠪᠣᠶ?

  ᠬᠠᠷᠢᠭᠤᠯᠲᠠ᠄ ᠨᠥᠬᠥᠪᠦᠷᠢ ᠥᠭᠬᠦ ᠵᠢᠷᠤᠮ᠎ᠢ ᠰᠢᠯᠢᠳᠡᠭᠵᠢᠭᠦᠯᠬᠦ ᠪᠣᠯ ᠮᠥᠨ ᠴᠦ᠍ ᠡᠨᠡ ᠤᠳᠠᠭ᠎ᠠ᠎ᠶᠢᠨ ᠵᠠᠰᠠᠪᠤᠷᠢ ᠣᠷᠣᠭᠤᠯᠬᠤ ᠭᠣᠣᠯ ᠠᠭᠤᠯᠭ᠎ᠠ ᠪᠣᠯᠣᠨ᠎ᠠ᠂ ᠪᠣᠳᠠᠲᠠᠢ᠎ᠪᠠᠷ ᠳᠦᠷᠪᠡᠨ ᠲᠠᠯ᠎ᠠ ᠪᠠᠭ᠍ᠲᠠᠨ᠎ᠠ᠂ ᠨᠢᠭᠡ᠎ᠳᠤ᠂ ᠦᠶᠡᠷ᠎ᠢ ᠲᠣᠭ᠍ᠲᠠᠭᠠᠨ ᠬᠠᠳᠠᠭᠠᠯᠠᠬᠤ ᠣᠷᠣᠨ᠎ᠢ ᠬᠡᠷᠡᠭ᠌ᠯᠡᠭ᠌ᠰᠡᠨ᠎ᠤ ᠲᠠᠷᠠᠭ᠎ᠠ᠂ ᠪᠠᠢᠭ᠎ᠠ ᠭᠠᠵᠠᠷ᠎ᠤᠨ ᠮᠤᠵᠢ᠎ᠶ᠋ᠢᠨ ᠱᠠᠲᠤᠨ᠎ᠤ ᠠᠷᠠᠳ᠎ᠤᠨ ᠵᠠᠰᠠᠭ᠎ᠤᠨ ᠣᠷᠳᠣᠨ ᠪᠤᠶᠤ ᠲᠡᠭᠦᠨ᠎ᠤ ᠡᠷᠬᠡ ᠣᠯᠭᠤᠭ᠍ᠰᠠᠨ ᠡᠷᠬᠢᠯᠡᠨ ᠬᠠᠮᠢᠶᠠᠷᠬᠤ ᠰᠠᠯᠠᠭ᠎ᠠ ᠮᠥᠴᠢᠷ᠎ᠠᠴᠠ ᠴᠠᠭ ᠲᠤᠬᠠᠢ᠎ᠳᠤ᠎ᠨᠢ ᠦᠶᠡᠷ᠎ᠢ ᠲᠣᠭ᠍ᠲᠠᠭᠠᠨ ᠬᠠᠳᠠᠭᠠᠯᠠᠬᠤ ᠣᠷᠣᠨ᠎ᠳᠤ ᠬᠡᠷᠡᠭ᠌ᠯᠡᠭ᠌ᠰᠡᠨ ᠤᠰᠤ ᠬᠠᠳᠠᠭᠠᠯᠠᠬᠤ ᠬᠡᠪᠴᠢᠶ᠎ᠡ᠎ᠶ᠋ᠢ ᠵᠠᠭᠠᠭ᠍ᠯᠠᠨ ᠲᠣᠭ᠍ᠲᠠᠭᠠᠬᠤ ᠬᠡᠷᠡᠭ᠌ᠲᠡᠢ᠃ ᠬᠣᠶᠠᠷ᠎ᠲᠤ᠂ ᠨᠥᠬᠥᠪᠥᠷᠢ ᠪᠡᠯᠡ ᠮᠥᠩᠭᠥ᠎ᠶ᠋ᠢ ᠡᠭᠦᠷᠭᠡᠯᠡᠬᠦ᠌ ᠠᠷᠭ᠎ᠠ ᠮᠠᠶᠢᠭ᠎ᠢ ᠤᠯᠠᠮ ᠨᠢᠭᠡ ᠠᠯᠬᠤᠮ ᠲᠣᠳᠣᠷᠬᠠᠢᠯᠠᠵᠤ᠂ ᠨᠥᠬᠥᠪᠥᠷᠢ ᠪᠡᠯᠡ ᠮᠥᠩᠭᠥ᠎ᠶ᠋ᠢ ᠲᠥᠪ᠎ᠦᠨ ᠡᠳ᠋᠎ᠦᠨ ᠵᠠᠰᠠᠭ ᠪᠣᠯᠤᠨ ᠮᠤᠵᠢ᠎ᠶ᠋ᠢᠨ ᠱᠠᠲᠤᠨ᠎ᠤ ᠡᠳ᠋᠎ᠦᠨ ᠵᠠᠰᠠᠭ᠎ᠠᠴᠠ ᠬᠠᠮᠲᠤᠪᠠᠷ ᠡᠭᠦᠷᠭᠡᠯᠡᠵᠦ᠍ ᠂ ᠲᠥᠪ᠎ᠦᠨ ᠡᠳ᠋᠎ᠦᠨ ᠵᠠᠰᠠᠭ᠎ᠠᠴᠠ ᠨᠥᠬᠥᠪᠥᠷᠢ ᠪᠡᠯᠡ ᠮᠥᠩᠭᠥ᠎ᠶ᠋ᠢᠨ ᠶᠡᠷᠦᠩᠬᠡᠶ ᠲᠣᠭᠠᠨ᠎ᠤ 70% ᠎ᠶ᠋ᠢ ᠡᠭᠦᠷᠭᠡᠯᠡᠨ᠎ᠡ ᠭᠡᠵᠦ᠍ ᠲᠣᠭ᠍ᠲᠠᠪᠠ ᠃ ᠭᠤᠷᠪᠠ᠎ᠳᠤ᠂ ᠨᠥᠬᠥᠪᠥᠷᠢ ᠪᠡᠯᠡ ᠮᠥᠩᠭᠥ᠌ ᠣᠯᠭᠣᠬᠤ ᠠᠷᠭ᠎ᠠ ᠮᠠᠶᠢᠭ᠎ᠢ ᠳᠥᠭᠥᠮᠴᠢᠯᠡᠵᠦ᠍᠂ ᠣᠳᠣ᠎ᠶ᠋ᠢᠨ ᠬᠡᠷᠡᠭ᠌ᠵᠢᠭᠦᠯᠵᠦ᠍ ᠪᠠᠢᠭ᠎ᠠ ᠠᠷᠭ᠎ᠠ᠎ᠳᠤ ᠲᠣᠭ᠍ᠲᠠᠭᠠᠭ᠍ᠰᠠᠨ ᠨᠥᠬᠥᠪᠥᠷᠢ ᠬᠦᠷᠳᠡᠬᠦ᠌ ᠡᠲᠡᠭᠡᠳ ᠨᠢ ᠨᠥᠬᠥᠪᠥᠷᠢ ᠥᠭ᠌ᠬᠦ ᠭᠡᠷᠡᠴᠢ ᠪᠠᠷᠢᠮᠲᠠ ᠵᠡᠷᠭᠡ ᠮᠠᠲ᠋ᠧᠷᠢᠶᠠᠯ᠎ᠢᠶᠠᠷ᠎ᠢᠶᠠᠨ ᠡᠳ᠋᠎ᠦᠨ ᠵᠠᠰᠠᠭ᠎ᠤᠨ ᠰᠠᠯᠠᠭ᠎ᠠ ᠮᠥᠴᠢᠷ᠎ᠦᠨ ᠵᠢᠭᠠᠨ ᠲᠣᠭ᠍ᠲᠠᠭᠠᠭ᠍ᠰᠠᠨ ᠪᠠᠢᠭᠤᠯᠤᠮᠵᠢ᠎ᠳᠤ ᠣᠴᠢᠵᠤ ᠠᠪᠴᠤ᠌᠂ ᠨᠥᠬᠥᠪᠥᠷᠢ ᠪᠡᠯᠡ ᠮᠥᠩᠭᠥ᠎ᠶ᠋ᠢ ᠨᠥᠬᠥᠪᠥᠷᠢ ᠥᠭ᠌ᠬᠦ ᠡᠲᠡᠭᠡᠳ᠎ᠦᠨ ᠪᠠᠩᠬᠢ᠎ᠶ᠋ᠢᠨ ᠳᠠᠩᠰᠠᠨ ᠡᠷᠦᠬᠡ᠎ᠳᠦ ᠣᠯᠭᠣᠬᠤ᠎ᠪᠠᠷ ᠲᠣᠬᠢᠷᠠᠭᠤᠯᠬᠤ ᠬᠡᠷᠡᠭ᠌ᠲᠡᠶ᠃ ᠳᠥᠷᠪᠡ᠎ᠳᠦ᠂ ᠨᠥᠬᠥᠪᠥᠷᠢ ᠪᠡᠯᠡ ᠮᠥᠩᠭᠥ᠎ᠶ᠋ᠢ ᠤᠷᠢᠳᠴᠢᠯᠠᠨ ᠰᠠᠯᠭᠠᠨ ᠥᠭ᠌ᠬᠦ ᠲᠣᠭ᠍ᠲᠠᠴᠠ᠎ᠶ᠋ᠢ ᠪᠠᠢᠭᠤᠯᠤᠨ᠂ ᠦᠶᠡᠷ ᠲᠣᠭ᠍ᠲᠠᠭᠠᠨ ᠬᠠᠳᠠᠭᠠᠯᠠᠬᠤ ᠣᠷᠣᠨ᠎ᠢ ᠬᠡᠷᠡᠭ᠌ᠯᠡᠭ᠌ᠰᠡᠨ᠎ᠦ ᠳᠠᠷᠠᠭ᠎ᠠ ᠬᠦᠨᠳᠦ ᠨᠣᠴᠢᠲᠠᠶ ᠬᠣᠬᠢᠷᠠᠭᠤᠯᠬᠤ᠎ᠪᠠᠷ ᠲᠣᠭ᠍ᠲᠠᠭᠠᠭ᠍ᠰᠠᠨ ᠪᠣᠯ ᠦᠶᠡᠷ ᠲᠣᠭ᠍ᠲᠠᠭᠠᠨ ᠬᠠᠳᠠᠭᠠᠯᠠᠬᠤ ᠣᠷᠣᠨ᠎ᠤ ᠮᠤᠵᠢ᠎ᠶ᠋ᠢᠨ ᠱᠠᠲᠤᠨ᠎ᠤ ᠠᠷᠠᠳ᠎ᠤᠨ ᠵᠠᠰᠠᠭ᠎ᠤᠨ ᠣᠷᠳᠣᠨ ᠪᠤᠶᠤ ᠲᠡᠭᠦᠨ᠎ᠦ ᠡᠷᠬᠡ ᠣᠯᠭᠣᠭ᠍ᠰᠠᠨ ᠭᠣᠤᠯᠴᠢᠯᠠᠨ ᠬᠠᠮᠢᠶᠠᠷᠬᠤ ᠰᠠᠯᠠᠭ᠎ᠠ ᠮᠥᠴᠢᠷ ᠨᠢ ᠲᠥᠷᠥ᠎ᠶ᠋ᠢᠨ ᠶᠠᠪᠤᠳᠠᠯ᠎ᠤᠨ ᠬᠣᠷᠢᠶᠠᠨ᠎ᠤ ᠤᠰᠤᠨ᠎ᠤ ᠵᠠᠰᠠᠭ ᠵᠠᠬᠢᠷᠭᠠᠨ᠎ᠤ ᠭᠣᠤᠯᠴᠢᠯᠠᠨ ᠬᠠᠮᠢᠶᠠᠷᠬᠤ ᠰᠠᠯᠠᠭ᠎ᠠ ᠮᠥᠴᠢᠷ᠂ ᠡᠳ᠋᠎ᠦᠨ ᠵᠠᠰᠠᠭ᠎ᠤᠨ ᠭᠣᠤᠯᠴᠢᠯᠠᠨ ᠬᠠᠮᠢᠶᠠᠷᠬᠤ ᠰᠠᠯᠠᠭ᠎ᠠ ᠮᠥᠴᠢᠷ᠎ᠲᠦ ᠬᠡᠰᠡᠭ ᠨᠥᠬᠥᠪᠥᠷᠢ ᠪᠡᠯᠡ ᠮᠥᠩᠭᠥ᠎ᠶ᠋ᠢᠨ ᠲᠥᠰᠦᠪ᠎ᠢ ᠤᠷᠢᠳᠠᠪᠠᠷ ᠪᠠᠭᠤᠯᠭᠠᠬᠤ᠎ᠪᠠᠷ ᠭᠤᠶᠤᠴᠢᠯᠠᠬᠤ᠎ᠶ᠋ᠢᠨ ᠬᠠᠮᠲᠤ ᠨᠥᠬᠥᠪᠥᠷᠢᠯᠡᠬᠦ᠌ ᠡᠲᠡᠭᠡᠳ᠎ᠲᠦ ᠴᠠᠭ ᠲᠤᠬᠠᠶ᠎ᠳᠤᠨᠢ ᠵᠣᠬᠢᠶᠠᠨ ᠪᠠᠢᠭᠤᠯᠤᠨ ᠥᠭ᠌ᠬᠦ ᠬᠡᠷᠡᠭ᠌ᠲᠡᠶ᠃

  ᠠᠰᠠᠭᠤᠯᠲᠠ᠄ ᠶᠠᠭᠤᠨ᠎ᠳᠤ ᠤᠯᠤᠰ᠎ᠤᠨ ᠦᠶᠡᠷ᠎ᠢ ᠲᠣᠭ᠍ᠲᠠᠭᠠᠨ ᠬᠠᠳᠠᠭᠠᠯᠠᠬᠤ ᠣᠷᠣᠨ᠎ᠤ ᠨᠡᠷᠡᠰ᠎ᠤᠨ ᠵᠢᠭ᠍ᠰᠠᠭᠠᠯᠲᠠ᠎ᠶ᠋ᠢ ᠳᠠᠭᠠᠯᠳᠤᠭᠤᠯᠤᠭ᠍ᠰᠠᠨ ᠥᠬᠡᠶ ᠪᠣᠶ?

  ᠬᠠᠷᠢᠭᠤᠯᠲᠠ᠄ ᠣᠳᠣ᠎ᠶ᠋ᠢᠨ ᠬᠡᠷᠡᠭ᠌ᠵᠢᠭᠦᠯᠵᠦ᠍ ᠪᠠᠢᠭ᠎ᠠ ᠠᠷᠭ᠎ᠠ᠎ᠶ᠋ᠢ ᠳᠠᠭᠠᠯᠳᠤᠭᠤᠯᠤᠨ ᠱᠢᠩᠭᠡᠭᠡᠬᠦ᠌ ᠬᠡᠯᠪᠡᠷᠢ᠎ᠪᠠᠷ ᠤᠯᠤᠰ᠎ᠤᠨ ᠦᠶᠡᠷ᠎ᠢ ᠲᠣᠭ᠍ᠲᠠᠭᠠᠨ ᠬᠠᠳᠠᠭᠠᠯᠠᠬᠤ ᠣᠷᠣᠨ᠎ᠤ ᠨᠡᠷᠡᠰ᠎ᠢ ᠵᠢᠭ᠍ᠰᠠᠭᠠᠬᠤ᠎ᠶ᠋ᠢᠨ ᠬᠠᠮᠲᠤ᠌᠂ ᠦᠶᠡᠷ᠎ᠢ ᠰᠡᠷᠭᠡᠢᠯᠡᠬᠦ᠌ ᠲᠥᠯᠥᠪᠵᠢᠭᠦᠯᠭᠡ ᠪᠤᠶᠤ ᠦᠶᠡᠷ᠎ᠢ ᠰᠡᠷᠭᠡᠢᠯᠡᠨ ᠬᠤᠷᠢᠭ᠍ᠯᠠᠬᠤ ᠲᠥᠰᠦᠯ᠎ᠳᠤ ᠵᠠᠰᠠᠪᠤᠷᠢ ᠣᠷᠣᠭᠤᠯᠬᠤ᠎ᠪᠠᠷ ᠲᠣᠭ᠍ᠲᠠᠭᠠᠭ᠍ᠰᠠᠨ ᠤᠯᠤᠰ᠎ᠤᠨ ᠦᠶᠡᠷ᠎ᠢ ᠲᠣᠭ᠍ᠲᠠᠭᠠᠨ ᠬᠠᠳᠠᠭᠠᠯᠠᠬᠤ ᠣᠷᠣᠨ᠎ᠳᠤ ᠵᠣᠬᠢᠬᠤ ᠲᠣᠬᠢᠷᠠᠭᠤᠯᠤᠯᠲᠠ ᠬᠢᠬᠦ᠌ ᠦᠶ᠎ᠡ᠎ᠳᠤ᠂ ᠲᠥᠷᠥ᠎ᠶ᠋ᠢᠨ ᠶᠠᠪᠤᠳᠠᠯ᠎ᠤᠨ ᠬᠤᠷᠢᠶᠠᠨ᠎ᠤ ᠤᠰᠤᠨ᠎ᠤ ᠶᠠᠪᠤᠳᠠᠯ᠎ᠤᠨ ᠵᠠᠰᠠᠭ ᠵᠠᠬᠢᠷᠭᠠᠨ᠎ᠤ ᠡᠷᠬᠢᠯᠡᠨ ᠬᠠᠮᠢᠶᠠᠷᠬᠤ ᠰᠠᠯᠠᠭ᠎ᠠ ᠮᠥᠴᠢᠷ᠎ᠠᠴᠠ ᠵᠠᠰᠠᠪᠤᠷᠢ ᠣᠷᠣᠭᠤᠯᠬᠤ ᠰᠠᠨᠠᠯ ᠳᠤᠷᠠᠳᠴᠤ᠌᠂ ᠲᠥᠷᠥ᠎ᠶ᠋ᠢᠨ ᠶᠠᠪᠤᠳᠠᠯ᠎ᠤᠨ ᠬᠤᠷᠢᠶᠠᠨ᠎ᠳᠤ ᠮᠡᠳᠡᠭᠦᠯᠵᠦ᠍ ᠵᠥᠪᠱᠢᠶᠡᠷᠡᠭᠦᠯᠦᠨ᠂ ᠨᠡᠢᠲᠡᠯᠡᠨ᠎ᠡ᠃ ᠣᠳᠣ᠎ᠶ᠋ᠢᠨ ᠬᠡᠷᠡᠭ᠌ᠵᠢᠭᠦᠯᠵᠦ᠍ ᠪᠠᠢᠭ᠎ᠠ ᠠᠷᠭ᠎ᠠ᠎ᠶ᠋ᠢ ᠬᠡᠷᠡᠭ᠌ᠵᠢᠭᠦᠯᠦᠭ᠌ᠰᠡᠨ᠎ᠦ ᠳᠠᠷᠠᠭ᠎ᠠ ᠂ ᠤᠯᠤᠰ᠎ᠤᠨ ᠦᠶᠡᠷ ᠲᠣᠭ᠍ᠲᠠᠭᠠᠨ ᠬᠠᠳᠠᠭᠠᠯᠠᠬᠤ ᠣᠷᠣᠨ᠎ᠤ ᠨᠡᠷᠡᠰ᠎ᠦᠨ ᠵᠢᠭ᠍ᠰᠠᠭᠠᠯᠲᠠ᠎ᠳᠤ ᠨᠢᠭᠡ ᠤᠳᠠᠭ᠎ᠠ ᠵᠠᠰᠠᠪᠤᠷᠢ ᠣᠷᠣᠭᠤᠯᠵᠤ᠂ ᠤᠰᠤᠨ ᠠᠱᠢᠭ᠍ᠯᠠᠯᠲᠠ᠎ᠶ᠋ᠢᠨ ᠶᠠᠮᠤᠨ᠎ᠠᠴᠠ ᠳᠡᠰ ᠳᠠᠷᠠᠭᠠᠯᠠᠯ ᠶᠣᠰᠣᠭᠠᠷ ᠲᠥᠷᠥ᠎ᠶ᠋ᠢᠨ ᠶᠠᠪᠤᠳᠠᠯ᠎ᠤᠨ ᠬᠣᠷᠢᠶᠠᠨ᠎ᠳᠤ ᠮᠡᠳᠡᠭᠦᠯᠦᠨ ᠵᠥᠪᠱᠢᠶᠡᠷᠡᠭᠦᠯᠦᠭ᠌ᠰᠡᠨ᠎ᠦ ᠳᠠᠷᠠᠭ᠎ᠠ 《 ᠤᠯᠤᠰ᠎ᠤᠨ ᠦᠶᠡᠷ᠎ᠢ ᠲᠣᠭ᠍ᠲᠠᠭᠠᠨ ᠬᠠᠳᠠᠭᠠᠯᠠᠬᠤ ᠣᠷᠣᠨ᠎ᠳᠤ ᠵᠠᠰᠠᠪᠤᠷᠢ ᠣᠷᠣᠭᠤᠯᠤᠭ᠍ᠰᠠᠨ ᠨᠡᠷᠡᠰ᠎ᠦᠨ ᠲᠡᠭᠦᠪᠦᠷᠢ ( 2010 ᠣᠨ᠎ᠤ 1 ᠳ᠋ᠦ᠍ᠭᠡᠷ ᠰᠠᠷ᠎ᠠ᠎ᠶ᠋ᠢᠨ 7 ᠎ᠤ ᠡᠳᠦᠷ) 》᠎ᠢ ᠨᠡᠢᠲᠡᠯᠡᠭ᠌ᠰᠡᠨ ᠪᠥᠭᠡᠳ ᠪᠠᠰᠠ ᠣᠳᠣ ᠪᠣᠯᠲᠠᠯ᠎ᠠ ᠬᠡᠷᠡᠭ᠌ᠵᠢᠭᠦᠯᠵᠦ᠍ ᠪᠠᠢᠭ᠎ᠠ ᠠᠷᠭ᠎ᠠ᠎ᠳᠤ ᠳᠠᠭᠠᠯᠳᠤᠭᠤᠯᠤᠭ᠍ᠰᠠᠨ ᠨᠡᠷᠡᠰ᠎ᠦᠨ ᠲᠡᠭᠦᠪᠦᠷᠢ ᠨᠢ ᠨᠢᠭᠡᠨᠲᠡ ᠣᠷᠣᠯᠠᠭ᠍ᠳᠠᠭ᠍ᠰᠠᠨ ᠪᠠᠢᠨ᠎ᠠ᠃ ᠬᠣᠢᠱᠢᠳᠠ ᠦᠶᠡᠷ᠎ᠢ ᠰᠡᠷᠭᠡᠢᠯᠡᠬᠦ᠌ ᠲᠥᠯᠥᠪᠵᠢᠭᠦᠯᠭᠡ᠎ᠳᠦ ᠵᠠᠰᠠᠪᠤᠷᠢ ᠣᠷᠣᠭᠤᠯᠬᠤ᠎ᠳᠠᠭᠠᠨ ᠤᠯᠤᠰ᠎ᠤᠨ ᠦᠶᠡᠷ᠎ᠢ ᠲᠣᠭ᠍ᠲᠠᠭᠠᠨ ᠬᠠᠳᠠᠭᠠᠯᠠᠬᠤ ᠣᠷᠣᠨ᠎ᠳᠤ ᠪᠠᠰᠠ ᠵᠣᠬᠢᠴᠠᠩᠭᠤᠶ᠎ᠪᠠᠷ ᠲᠣᠬᠢᠷᠠᠭᠤᠯᠤᠯᠲᠠ ᠬᠢᠬᠦ᠌ ᠴᠢᠬᠤᠯᠠᠲᠠᠶ᠎ᠶ᠋ᠢ ᠪᠣᠳᠣᠯᠬᠢᠯᠠᠭᠠᠳ᠂ 《ᠠᠷᠭ᠎ᠠ》᠎ᠳᠦ ᠤᠯᠤᠰ᠎ᠤᠨ ᠦᠶᠡᠷ᠎ᠢ ᠲᠣᠭ᠍ᠲᠠᠭᠠᠨ ᠬᠠᠳᠠᠭᠠᠯᠠᠬᠤ ᠣᠷᠣᠨ᠎ᠤ ᠨᠡᠷᠡᠰ᠎ᠢ ᠳᠠᠬᠢᠵᠤ ᠳᠠᠭᠠᠯᠳᠤᠭᠤᠯᠤᠯ ᠪᠣᠯᠭᠠᠬᠤ ᠦᠭᠡᠶ ᠪᠥᠭᠡᠳ ᠤᠯᠤᠰ᠎ᠤᠨ ᠦᠶᠡᠷ᠎ᠢ ᠲᠣᠭ᠍ᠲᠠᠭᠠᠨ ᠬᠠᠳᠠᠭᠠᠯᠠᠬᠤ ᠣᠷᠣᠨ᠎ᠤ ᠨᠡᠷᠡᠰ᠎ᠢ ᠲᠥᠷᠥ᠎ᠶ᠋ᠢᠨ ᠶᠠᠪᠤᠳᠠᠯ᠎ᠤᠨ ᠬᠣᠷᠢᠶᠠᠨ᠎ᠤ ᠤᠰᠤᠨ᠎ᠤ ᠶᠠᠪᠤᠳᠠᠯ᠎ᠤᠨ ᠵᠠᠰᠠᠭ ᠵᠠᠬᠢᠷᠭᠠᠨ᠎ᠤ ᠭᠣᠤᠯᠴᠢᠯᠠᠨ ᠬᠠᠮᠢᠶᠠᠷᠬᠤ ᠰᠠᠯᠠᠭ᠎ᠠ ᠮᠥᠴᠢᠷ᠎ᠡᠴᠡ ᠤᠯᠤᠰ᠎ᠤᠨ ᠲᠣᠭ᠍ᠲᠠᠭᠠᠭ᠍ᠰᠠᠨ ᠴᠢᠬᠤᠯᠠ ᠭᠣᠤᠯ ᠮᠥᠷᠡᠨ᠂ ᠨᠠᠭᠤᠷ᠎ᠤᠨ ᠰᠠᠪᠠ ᠭᠠᠵᠠᠷ᠎ᠤᠨ ᠦᠶᠡᠷ᠎ᠢ ᠰᠡᠷᠭᠡᠢᠯᠡᠬᠦ᠌ ᠲᠥᠯᠥᠪᠵᠢᠭᠦᠯᠭᠡ᠎ᠶ᠋ᠢ ᠦᠨᠳᠦᠰᠦᠯᠡᠨ ᠲᠥᠷᠥ᠎ᠶ᠋ᠢᠨ ᠶᠠᠪᠤᠳᠠᠯ᠎ᠤᠨ ᠬᠣᠷᠢᠶ᠎ᠠ᠎ᠳᠤ ᠮᠡᠳᠡᠭᠦᠯᠦᠨ ᠵᠥᠪᠱᠢᠶᠡᠷᠡᠭᠦᠯᠦᠭ᠌ᠰᠡᠨ᠎ᠦ ᠳᠠᠷᠠᠭ᠎ᠠ ᠨᠡᠢᠲᠡᠯᠡᠬᠦ᠌ ᠬᠡᠷᠡᠭ᠌ᠲᠡᠶ᠃ ᠢᠩᠭᠢᠵᠦ᠍ ᠵᠠᠰᠠᠬᠤ ᠨᠢ ᠪᠣᠳᠠᠲᠤ ᠪᠠᠢᠳᠠᠯ᠎ᠲᠠᠢ ᠨᠡᠩ ᠨᠡᠢᠴᠡᠵᠦ᠍᠂ ᠠᠵᠢᠯᠯᠠᠭ᠎ᠠ᠎ᠶ᠋ᠢᠨ ᠲᠠᠯ᠎ᠠ᠎ᠪᠠᠷ ᠨᠡᠩ ᠤᠷᠤᠭ᠍ᠰᠢᠲᠠᠢ᠃

  ᠠᠰᠠᠭᠤᠯᠲᠠ᠄ 《ᠠᠷᠭ᠎ᠠ》᠎ᠶ᠋ᠢᠨ ᠤᠷᠤᠭ᠍ᠰᠢᠲᠠᠶ ᠬᠡᠷᠡᠭ᠌ᠵᠢᠭᠦᠯᠦᠭ᠌ᠳᠡᠬᠦ᠌᠎ᠶ᠋ᠢ ᠪᠠᠲᠤᠯᠠᠬᠤ᠎ᠶ᠋ᠢᠨ ᠲᠥᠯᠥᠭᠡ᠂ ᠶᠠᠮᠠᠷ ᠶᠠᠮᠠᠷ ᠠᠵᠢᠯ᠎ᠢ ᠰᠠᠢᠲᠤᠷ ᠬᠢᠬᠦ᠌ ᠴᠢᠬᠤᠯᠠᠲᠠᠶ ᠪᠣᠶ?

  ᠬᠠᠷᠢᠭᠤᠯᠲᠠ᠄ ᠳᠠᠷᠠᠭᠠᠴᠢ᠎ᠶ᠋ᠢᠨ ᠠᠯᠬᠤᠮ᠎ᠳᠤ᠂ ᠬᠠᠤᠯᠢ ᠴᠠᠭᠠᠵᠠ᠎ᠶ᠋ᠢᠨ ᠶᠠᠮᠤᠨ᠂ ᠤᠰᠤᠨ ᠠᠱᠢᠭ᠍ᠯᠠᠯᠲᠠ᠎ᠶ᠋ᠢᠨ ᠶᠠᠮᠤᠨ᠎ᠠᠴᠠ ᠬᠤᠯᠪᠣᠭ᠍ᠳᠠᠯ ᠪᠦᠬᠦᠢ ᠰᠠᠯᠠᠭ᠎ᠠ ᠮᠥᠴᠢᠷ᠎ᠲᠠᠢ ᠬᠠᠮᠲᠤᠷᠠᠨ 《ᠠᠷᠭ᠎ᠠ》 ᠶ᠋ᠢ ᠲᠤᠭᠤᠱᠢᠯᠠᠭᠤᠯᠤᠨ ᠬᠡᠷᠡᠭ᠌ᠵᠢᠭᠦᠯᠬᠦ᠌᠎ᠶ᠋ᠢ ᠰᠠᠢᠲᠤᠷ ᠠᠳᠭᠤᠨ᠎ᠠ᠃ ᠨᠢᠭᠡ᠎ᠳᠤ᠂ ᠤᠬᠠᠭᠤᠯᠤᠨ ᠲᠠᠢᠯᠪᠤᠷᠢᠯᠠᠬᠤ ᠡᠷᠴᠢᠮ᠎ᠢ ᠴᠢᠩᠭᠠᠷᠠᠭᠤᠯᠤᠨ᠎ᠠ᠃ ᠣᠯᠠᠨ ᠵᠦᠶ᠋ᠯ᠎ᠤᠨ ᠠᠷᠭ᠎ᠠ ᠮᠠᠶᠢᠭ᠎ᠢ ᠠᠪᠴᠤ᠌ ᠪᠠᠢᠭᠠᠳ 《ᠠᠷᠭ᠎ᠠ》 ᠶ᠋ᠢ ᠤᠬᠠᠭᠤᠯᠤᠨ ᠲᠠᠢᠯᠪᠤᠷᠢᠯᠠᠬᠤ ᠪᠠ ᠪᠣᠯᠪᠠᠰᠤᠷᠠᠭᠤᠯᠬᠤ ᠵᠢᠯᠣᠭᠤᠳᠣᠯᠭ᠎ᠠ᠎ᠶ᠋ᠢ ᠰᠠᠢᠲᠤᠷ ᠬᠢᠵᠦ᠍᠂ ᠬᠤᠯᠪᠣᠭ᠍ᠳᠠᠯ ᠪᠦᠬᠦᠢ ᠰᠠᠯᠠᠭ᠎ᠠ ᠮᠥᠴᠢᠷ᠎ᠤᠨ ᠠᠵᠢᠯᠲᠠᠨ᠂ ᠨᠡᠢᠭᠡᠮ ᠨᠡᠢᠲᠡ ᠵᠡᠷᠭᠡ᠎ᠶ᠋ᠢ ᠬᠠᠪᠰᠤᠷᠤᠨ 《ᠠᠷᠭ᠎ᠠ》᠎ᠶ᠋ᠢᠨ ᠠᠭᠤᠯᠭ᠎ᠠ᠎ᠶ᠋ᠢ ᠨᠠᠩ ᠰᠠᠢᠲᠤᠷ ᠡᠵᠡᠮᠱᠢᠭᠦᠯᠵᠦ᠍᠂ 《ᠠᠷᠭ᠎ᠠ》᠎ᠶ᠋ᠢ ᠣᠨᠣᠪᠴᠢᠲᠠᠶ ᠣᠢᠯᠠᠭᠠᠬᠤ ᠪᠠ ᠴᠢᠩᠭ᠎ᠠ ᠬᠡᠷᠡᠭ᠌ᠵᠢᠭᠦᠯᠬᠦ᠌᠎ᠶ᠋ᠢ ᠦᠨᠡᠨ ᠬᠦ᠌ ᠪᠠᠲᠤᠯᠠᠬᠤ ᠬᠡᠷᠡᠭ᠌ᠲᠡᠶ᠃ ᠬᠣᠶᠠᠷ᠎ᠲᠤ᠂ ᠲᠥᠬᠥᠷ ᠳᠦᠷᠢᠮ᠎ᠢ ᠱᠠᠯᠠᠪᠳᠠᠨ ᠲᠡᠭᠦᠯᠳᠡᠷᠵᠢᠭᠦᠯᠬᠦ᠌ ᠬᠡᠷᠡᠭ᠌ᠲᠡᠶ᠃ ᠦᠶᠡᠷ᠎ᠢ ᠲᠣᠭ᠍ᠲᠠᠭᠠᠨ ᠬᠠᠳᠠᠭᠠᠯᠠᠬᠤ ᠣᠷᠣᠨ᠎ᠤ ᠮᠤᠵᠢ᠎ᠶ᠋ᠢᠨ ᠱᠠᠲᠤᠨ᠎ᠤ ᠠᠷᠠᠳ᠎ᠤᠨ ᠵᠠᠰᠠᠭ᠎ᠤᠨ ᠣᠷᠳᠣᠨ᠎ᠢ ᠵᠢᠯᠣᠭᠤᠳᠴᠤ᠌ ᠪᠠᠢᠭᠠᠳ ᠨᠠᠩ ᠪᠣᠳᠠᠲᠠᠶ᠂ ᠠᠵᠢᠯᠯᠠᠭᠠᠨ᠎ᠤ ᠴᠢᠨᠠᠷ᠎ᠢᠶᠠᠷ ᠨᠠᠩ ᠴᠢᠩᠭ᠎ᠠ ᠬᠠᠮᠢᠶ᠎ᠠ ᠪᠦᠬᠦᠢ ᠢᠵᠢ ᠪᠥᠷᠢᠳᠦᠭᠦᠯᠬᠦ᠌ ᠲᠣᠭ᠍ᠲᠠᠭᠠᠯ᠎ᠢ ᠴᠠᠭ ᠲᠤᠬᠠᠶ᠎ᠳᠤᠨᠢ ᠨᠡᠢᠲᠡᠯᠡᠵᠦ᠍᠂ ᠲᠦᠷᠢᠮ ᠪᠠ ᠠᠷᠭ᠎ᠠ ᠬᠡᠮᠵᠢᠶ᠎ᠡ᠎ᠶ᠋ᠢ ᠤᠯᠠᠮ ᠨᠢᠭᠡ ᠠᠯᠬᠤᠮ ᠨᠠᠷᠢᠯᠢᠬ᠍ᠵᠢᠭᠤᠯᠤᠨ᠂ 《ᠠᠷᠭ᠎ᠠ》᠎ᠶ᠋ᠢ ᠨᠠᠢᠳᠠᠪᠤᠷᠢᠵᠢᠭᠤᠯᠤᠨ ᠨᠠᠢᠳᠠᠪᠤᠷᠢᠵᠢᠭᠤᠯᠬᠤ᠎ᠶ᠋ᠢ ᠦᠨᠡᠨ ᠬᠦ᠌ ᠪᠠᠲᠤᠯᠠᠬᠤ ᠬᠡᠷᠡᠭ᠌ᠲᠡᠶ᠃ ᠭᠤᠷᠪᠠ᠎ᠳᠤ᠂ ᠨᠢᠭᠡᠳᠦᠯᠲᠡᠶ ᠲᠥᠯᠥᠪᠯᠡᠨ ᠵᠣᠬᠢᠴᠠᠭᠤᠯᠬᠤ᠎ᠶ᠋ᠢ ᠴᠢᠩᠭᠠᠳᠭᠠᠨ᠎ᠠ᠃ ᠦᠶᠡᠷ᠎ᠢ ᠲᠣᠭ᠍ᠲᠠᠭᠠᠨ ᠬᠠᠳᠠᠭᠠᠯᠠᠬᠤ ᠣᠷᠣᠨ᠎ᠳᠤ ᠨᠥᠬᠥᠪᠥᠷᠢ ᠥᠭ᠌ᠬᠦ ᠠᠵᠢᠯ᠎ᠤᠨ ᠱᠢᠰᠲ᠋ᠧᠮ᠎ᠦᠨ ᠴᠢᠨᠠᠷ᠎ᠢᠶᠠᠷ ᠴᠢᠩᠭ᠎ᠠ ᠪᠣᠯᠬᠣᠷ ᠭᠣᠤᠯᠴᠢᠯᠠᠨ ᠬᠠᠮᠢᠶᠠᠷᠬᠤ ᠰᠠᠯᠠᠭ᠎ᠠ ᠮᠥᠴᠢᠷ᠎ᠦᠳ ᠵᠣᠬᠢᠶᠠᠨ ᠪᠠᠢᠭᠤᠯᠤᠨ ᠬᠡᠷᠡᠭ᠌ᠵᠢᠭᠦᠯᠬᠦ᠌ ᠪᠠ ᠬᠢᠨᠠᠯᠲᠠ ᠲᠠᠯᠪᠢᠵᠤ ᠬᠠᠮᠢᠶᠠᠷᠬᠤ᠎ᠪᠠᠨ ᠦᠨᠡᠨ ᠬᠦ᠌ ᠴᠢᠩᠭᠠᠳᠭᠠᠵᠤ᠂ ᠣᠷᠣᠨ ᠨᠤᠲᠤᠭ᠎ᠤᠨ ᠠᠷᠠᠳ᠎ᠤᠨ ᠵᠠᠰᠠᠭ᠎ᠤᠨ ᠣᠷᠳᠣᠨ᠎ᠨᠤᠭᠤᠳ ᠪᠣᠳᠠᠲᠠᠶ ᠬᠡᠷᠡᠭ᠌ᠵᠢᠭᠦᠯᠬᠦ᠌ ᠠᠵᠢᠯ ᠎ᠢ ᠨᠢᠭᠡᠳᠦᠯᠲᠡᠶ ᠲᠥᠯᠥᠪᠯᠡᠨ ᠰᠠᠢᠲᠤᠷ ᠬᠢᠵᠦ᠍᠂ ᠬᠣᠯᠪᠣᠭ᠍ᠳᠠᠯ ᠪᠦᠬᠦᠢ ᠰᠠᠯᠠᠭ᠎ᠠ ᠮᠥᠴᠢᠷ᠎ᠦᠳ ᠡᠭᠦᠷᠭᠡ ᠬᠠᠷᠢᠭᠤᠴᠠᠯᠭ᠎ᠠ᠎ᠶ᠋ᠢᠨ ᠠᠵᠢᠯ᠎ᠤᠨ ᠬᠤᠪᠢᠶᠠᠷᠢᠯᠠᠯ ᠶᠣᠰᠣᠭᠠᠷ ᠵᠣᠬᠢᠴᠠᠯᠳᠤᠨ ᠬᠠᠮᠵᠢᠯᠴᠠᠬᠤ᠎ᠪᠠᠨ ᠴᠢᠩᠭᠠᠷᠠᠭᠤᠯᠵᠤ᠂ ᠠᠵᠢᠯ᠎ᠤᠨ ᠨᠡᠢᠯᠡᠮᠡᠯ ᠬᠦᠴᠦᠨ᠎ᠢ ᠪᠣᠶ ᠪᠣᠯᠭᠠᠨ᠂ ᠡᠯ᠎ᠡ ᠵᠦᠢᠯ᠎ᠦᠨ ᠳᠦᠷᠢᠮ᠎ᠦᠨ ᠪᠦᠲᠦᠮᠵᠢᠲᠡᠶ ᠬᠡᠷᠡᠭ᠌ᠵᠢᠭᠦᠯᠦᠭ᠌ᠳᠡᠬᠦ᠌᠎ᠶ᠋ᠢ ᠦᠨᠡᠨ ᠬᠦ᠌ ᠪᠠᠲᠤᠯᠠᠬᠤ ᠬᠡᠷᠡᠭ᠌ᠲᠡᠶ᠃

ᠢᠷᠡᠯᠲᠡ᠄ ᠤᠰᠤᠨ ᠠᠱᠢᠭ᠍ᠯᠠᠯᠲᠠ᠎ᠶ᠋ᠢᠨ ᠶᠠᠮᠤᠨ᠎ᠤ ᠰᠦᠯᠵᠢᠶ᠎ᠡ
          
ᠬᠠᠮᠢᠶ᠎ᠡ ᠪᠦᠬᠦᠢ ᠰᠣᠨᠢᠨ
 
            