ᠤᠰᠤᠨ᠎ᠤ ᠡᠬᠢ ᠪᠠᠶᠠᠯᠢᠭ᠎ᠤᠨ ᠠᠮᠤᠷ ᠲᠦᠪᠱᠢᠨ᠎ᠢ ᠪᠠᠲᠤᠯᠠᠵᠤ ᠴᠢᠨᠠᠷ ᠰᠠᠢᠲᠠᠶ ᠬᠥᠭ᠌ᠵᠢᠯᠲᠡ᠎ᠶ᠋ᠢ ᠠᠬᠢᠭᠤᠯᠤᠨ᠎ᠠ
2025 ᠣᠨ᠎ᠤ 7 ᠳ᠋ᠤᠭ᠋ᠠᠷ ᠰᠠᠷ᠎ᠠ᠎ᠶ᠋ᠢᠨ 24 ᠤ ᠡᠳᠦᠷ᠂ ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠠᠷᠪᠠᠨ ᠳᠥᠷᠪᠡᠳᠦᠭᠡᠷ ᠬᠤᠭᠤᠴᠠᠭᠠᠨ᠎ᠤ ᠠᠷᠠᠳ᠎ᠤᠨ ᠲᠥᠯᠥᠭᠡᠯᠡᠭ᠌ᠴᠢᠳ᠎ᠤᠨ ᠶᠡᠭᠡ ᠬᠤᠷᠠᠯ᠎ᠤᠨ ᠪᠠᠢᠩᠭᠤ᠎ᠶ᠋ᠢᠨ ᠬᠤᠷᠢᠶᠠᠨ᠎ᠤ ᠠᠷᠪᠠᠨ ᠨᠠᠢ᠍ᠮᠠᠳᠤᠭᠠᠷ ᠬᠤᠷᠠᠯᠳᠤᠭᠠᠨ᠎ᠠᠴᠠ 《ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠴᠤᠤᠯ ᠭᠤᠤᠯ᠎ᠤᠨ ᠤᠰᠤ᠎ᠶ᠋ᠢ ᠲᠠᠲᠠᠵᠤ ᠯᠢᠶᠣᠤ ᠾᠧ ᠭᠤᠤᠯ᠎ᠳᠤ ᠨᠡᠮᠡᠷᠢᠯᠡᠬᠦ᠌ ᠢᠨᠵᠧᠨᠧᠷᠢᠩ᠎ᠤᠨ ᠬᠠᠮᠢᠶᠠᠷᠤᠯᠲᠠ ᠪᠠ ᠬᠠᠮᠠᠭᠠᠯᠠᠯᠲᠠ᠎ᠶ᠋ᠢᠨ ᠲᠦᠷᠢᠮ》 ᠢ ᠪᠠᠲᠤᠯᠠᠵᠤ᠂ 2025 ᠣᠨ᠎ᠤ 9 ᠳ᠋ᠦ᠍ᠭᠡᠷ ᠰᠠᠷ᠎ᠠ᠎ᠶ᠋ᠢᠨ 1 ᠤ ᠡᠳᠦᠷ᠎ᠠᠴᠠ ᠡᠬᠢᠯᠡᠵᠦ᠍ ᠬᠡᠷᠡᠭ᠌ᠵᠢᠭᠦᠯᠦᠨ᠎ᠡ᠃
ᠢᠨᠵᠧᠨᠧᠷᠢᠩ᠎ᠤᠨ ᠴᠢᠳᠠᠮᠵᠢ᠎ᠶ᠋ᠢᠨ ᠤᠷᠤᠨ ᠲᠤᠭ᠍ᠳᠠᠭᠠᠬᠤ ᠭᠠᠵᠠᠷ
ᠨᠤᠨ ᠮᠥᠷᠡᠨ᠎ᠤ ᠰᠠᠯᠪᠤᠷᠢ ᠤᠷᠤᠰᠭᠠᠯ᠎ᠤᠨ ᠴᠤᠤᠯ ᠭᠤᠣᠯ᠎ᠤᠨ ᠳᠤᠮᠳᠠᠳᠤ ᠤᠷᠤᠰᠭᠠᠯ᠎ᠤᠨ ᠦᠨᠳᠡᠭᠡᠨ ᠤᠰᠤᠨ ᠠᠱᠢᠭ᠍ᠯᠠᠯᠲᠠ᠎ᠶ᠋ᠢᠨ ᠬᠦᠢᠰᠦ᠎ᠠᠴᠠ ᠪᠠᠷᠠᠭᠤᠨ ᠯᠢᠶᠣᠤ ᠾᠧ ᠭᠤᠣᠯ᠎ᠤᠨ ᠳᠣᠣᠷᠠᠳᠤ ᠤᠷᠤᠰᠭᠠᠯ ᠬᠦᠷᠲᠡᠯ᠎ᠡ᠂ ᠬᠢᠩᠭᠠᠨ ᠠᠢᠮᠠᠭ᠂ ᠲᠦᠩᠯᠢᠶᠣᠤ ᠬᠤᠳᠠ᠎ᠲᠠᠢ ᠬᠤᠯᠪᠣᠭ᠍ᠳᠠᠵᠤ᠂ ᠵᠠᠮ ᠳᠠᠭᠠᠤ᠎ᠶ᠋ᠢᠨ ᠬᠤᠳᠠ ᠪᠣᠯᠤᠨ ᠠᠵᠤ ᠦᠢᠯᠡᠳᠪᠦᠷᠢ᠎ᠶ᠋ᠢᠨ ᠬᠦᠷᠢᠶᠡᠯᠡᠩ ᠲᠣᠭᠤᠷᠢᠭ᠎ᠲᠤ ᠤᠰᠤ ᠬᠠᠩᠭᠠᠬᠤ᠎ᠪᠠᠷ ᠭᠤᠣᠯ ᠪᠣᠯᠭᠠᠵᠤ᠂ ᠤᠰᠤᠯᠠᠬᠤ᠂ ᠴᠠᠬᠢᠯᠭᠠᠨ ᠭᠠᠷᠭᠠᠬᠤ ᠵᠢᠴᠢ ᠠᠮᠢ ᠠᠬᠤᠢ᠎ᠶᠢᠨ ᠤᠰᠤ ᠨᠥᠬᠥᠪᠦᠷᠢᠯᠡᠬᠦ ᠵᠡᠷᠭᠡ ᠶᠡᠷᠦᠩᠬᠡᠢᠯᠡᠨ ᠠᠰᠢᠭ᠍ᠯᠠᠬᠤ᠎ᠲᠠᠢ ᠤᠶᠠᠯᠳᠤᠭᠤᠯᠤᠭᠰᠠᠨ ᠤᠰᠤᠨ᠎ᠤ ᠡᠬᠢ ᠪᠠᠶᠠᠯᠢᠭ᠋᠎ᠢ ᠲᠣᠬᠢᠷᠠᠭᠤᠯᠬᠤ ᠢᠨᠵᠧᠨᠧᠷᠢᠩ ᠪᠤᠯᠤᠨ᠎ᠠ᠃
ᠬᠠᠮᠢᠶᠠᠷᠤᠯᠲᠠ ᠪᠠ ᠬᠠᠷᠢᠭᠤᠴᠠᠯᠭ᠎ᠠ᠎ᠶ᠋ᠢᠨ ᠳᠣᠭ᠍ᠲᠠᠯᠴᠠᠭᠠ
《ᠵᠠᠰᠠᠭ᠎ᠤᠨ ᠣᠷᠳᠣᠨ ᠭᠤᠤᠯᠯᠠᠨ ᠤᠳᠤᠷᠢᠳᠭᠤ᠂ ᠰᠠᠯᠠᠭ᠎ᠠ ᠮᠥᠴᠢᠷ ᠬᠠᠮᠵᠢᠯᠴᠠᠬᠤ᠂ ᠲᠤᠰᠭᠠᠶ ᠬᠠᠮᠢᠶᠠᠷᠤᠯᠲᠠ ᠬᠢᠬᠦ᠂ ᠨᠡᠢᠭᠡᠮ ᠨᠡᠢᠲᠡ᠎ᠪᠠᠷ᠎ᠢᠶᠠᠨ ᠣᠷᠣᠯᠴᠠᠬᠤ》 ᠣᠯᠠᠨ ᠲᠠᠰ ᠳᠠᠪᠬᠤᠷᠭ᠎ᠠ᠎ᠶ᠋ᠢᠨ ᠬᠠᠮᠢᠶᠠᠷᠤᠯᠲᠠ᠎ᠶ᠋ᠢᠨ ᠱᠢᠰᠲ᠋ᠧᠮ᠎ᠢ ᠪᠠᠢᠭᠤᠯᠪᠠ᠃
1 ᠨᠠᠮ᠎ᠤᠨ ᠤᠳᠤᠷᠢᠳᠤᠯᠭ᠎ᠠ᠄ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠤᠳᠤᠷᠢᠳᠤᠯᠭ᠎ᠠ᠎ᠶ᠋ᠢ ᠪᠠᠷᠢᠮᠲᠠᠯᠠᠵᠤ᠂ ᠳᠤᠮᠳᠠᠳᠤ᠎ᠶ᠋ᠢᠨ ᠦᠨᠳᠦᠰᠦᠲᠡᠨ᠎ᠤ ᠬᠠᠮᠲᠤ᠎ᠶ᠋ᠢᠨ ᠴᠣᠭ᠍ᠴᠠ᠎ᠶ᠋ᠢᠨ ᠤᠬᠠᠮᠰᠠᠷ᠎ᠢ ᠪᠠᠲᠤ ᠴᠣᠭ᠍ᠴᠠᠯᠠᠬᠤ᠎ᠪᠠᠷ ᠠᠵᠢᠯ᠎ᠤᠨ ᠭᠤᠣᠯ ᠱᠢᠵᠢᠮ ᠪᠣᠯᠭᠠᠪᠠ᠃
2 ᠵᠠᠰᠠᠭ᠎ᠤᠨ ᠣᠷᠳᠣᠨ᠎ᠤ ᠡᠭᠦᠷᠭᠡ ᠬᠠᠷᠢᠭᠤᠴᠠᠯᠭ᠎ᠠ᠄ ᠤᠰᠤᠨ᠎ᠤ ᠡᠬᠢ ᠰᠤᠷᠪᠤᠯᠵᠢ᠂ ᠵᠠᠮ ᠳᠠᠭᠠᠤ᠂ ᠤᠰᠤᠨ᠎ᠤ ᠣᠷᠣᠨ᠎ᠤ ᠬᠤᠱᠢᠭᠤ ᠱᠢᠶᠠᠨ᠎ᠤ ᠱᠠᠲᠤᠨ᠎ᠠᠴᠠ ᠳᠡᠭᠡᠭ᠌ᠰᠢᠬᠢ ᠵᠠᠰᠠᠭ᠎ᠤᠨ ᠣᠷᠳᠣᠨ ᠲᠣᠰ ᠵᠠᠰᠠᠭ ᠵᠠᠬᠢᠷᠭᠠᠨ᠎ᠤ ᠣᠷᠣᠨ᠎ᠤ ᠳᠣᠲᠣᠷᠠᠬᠢ ᠠᠵᠢᠯ᠎ᠢ ᠬᠠᠷᠢᠭᠤᠴᠠᠨ ᠤᠳᠤᠷᠢᠳᠴᠤ᠌᠂ ᠵᠣᠬᠢᠴᠠᠭᠤᠯᠤᠨ᠎ᠠ᠃
3 ᠰᠠᠯᠠᠭ᠎ᠠ ᠮᠥᠴᠢᠷ᠎ᠦᠨ ᠡᠭᠦᠷᠭᠡ ᠬᠠᠷᠢᠭᠤᠴᠠᠯᠭ᠎ᠠ ᠄ ᠤᠰᠤᠨ᠎ᠤ ᠵᠠᠰᠠᠭ ᠵᠠᠬᠢᠷᠭᠠᠨ᠎ᠤ ᠭᠣᠤᠯᠴᠢᠯᠠᠨ ᠬᠠᠮᠢᠶᠠᠷᠬᠤ ᠰᠠᠯᠠᠭ᠎ᠠ ᠮᠥᠴᠢᠷ ᠬᠢᠨᠠᠯᠲᠠ ᠲᠠᠯᠪᠢᠵᠤ ᠬᠠᠮᠢᠶᠠᠷᠬᠤ ᠶᠡᠷᠦᠩᠬᠡᠶ ᠬᠠᠷᠢᠭᠤᠴᠠᠯᠭ᠎ᠠ᠎ᠶ᠋ᠢ ᠡᠭᠦᠷᠭᠡᠯᠡᠨ᠎ᠡ ᠃ ᠬᠥᠭ᠌ᠵᠢᠭᠦᠯᠦᠯᠲᠡ ᠪᠠ ᠥᠭᠡᠷᠡᠴᠢᠯᠡᠯᠲᠡ᠂ ᠳᠣᠲᠣᠭᠠᠳᠤ᠎ᠶ᠋ᠢ ᠬᠠᠮᠠᠭᠠᠯᠠᠬᠤ᠂ ᠠᠮᠢ ᠠᠬᠤᠶ ᠣᠷᠴᠢᠨ ᠲᠣᠭᠤᠷᠢᠨ᠂ ᠪᠠᠢᠭᠠᠯᠢ᠎ᠶ᠋ᠢᠨ ᠡᠬᠢ ᠪᠠᠶᠠᠯᠢᠭ ᠵᠡᠷᠭᠡ ᠣᠯᠠᠨ ᠰᠠᠯᠠᠭ᠎ᠠ ᠮᠥᠴᠢᠷ᠎ᠤᠳ ᠡᠭᠦᠷᠭᠡ ᠬᠠᠷᠢᠭᠤᠴᠠᠯᠭ᠎ᠠ᠎ᠶ᠋ᠢᠨ ᠠᠵᠢᠯ᠎ᠤᠨ ᠬᠤᠪᠢᠶᠠᠷᠢᠯᠠᠯ ᠶᠣᠰᠣᠭᠠᠷ ᠬᠠᠮᠵᠢᠯᠴᠠᠨ᠎ᠠ᠃
4 ᠭᠤᠣᠯ ᠮᠥᠷᠡᠨ ᠨᠠᠭᠤᠷ ᠴᠥᠭᠦᠷᠥᠮ᠎ᠤᠨ ᠳᠠᠷᠤᠭ᠎ᠠ᠎ᠶ᠋ᠢᠨ ᠳᠦᠷᠢᠮ᠄ ᠤᠰᠤ ᠳᠠᠮᠵᠢᠭᠤᠯᠬᠤ ᠭᠤᠣᠯ ᠱᠤᠭᠤᠮ ᠨᠢ ᠥᠪᠡᠷᠲᠡᠭᠡᠨ ᠵᠠᠰᠠᠬᠤ ᠣᠷᠣᠨ᠂ ᠠᠢᠮᠠᠭ ᠬᠤᠲᠠ᠂ ᠬᠤᠱᠢᠭᠤ ᠱᠢᠶᠠᠨ᠂ ᠰᠤᠮᠤ ᠱᠢᠶᠠᠩ ᠪᠠᠯᠭᠠᠰᠤ ᠳᠥᠷᠪᠡᠨ ᠱᠠᠲᠤᠨ᠎ᠤ ᠭᠤᠣᠯ ᠮᠥᠷᠡᠨ ᠨᠠᠭᠤᠷ ᠴᠥᠭᠦᠷᠥᠮ᠎ᠤᠨ ᠳᠠᠷᠤᠭ᠎ᠠ᠎ᠶ᠋ᠢᠨ ᠱᠢᠰᠲ᠋ᠧᠮ᠎ᠢ ᠪᠠᠢᠭᠤᠯᠵᠤ᠂ ᠬᠤᠯᠪᠣᠭᠠᠯᠠᠨ ᠰᠡᠷᠭᠡᠢᠯᠡᠵᠦ᠍ ᠬᠤᠯᠪᠣᠭᠠᠯᠠᠨ ᠡᠵᠡᠮᠳᠡᠬᠦ᠌᠎ᠶ᠋ᠢ ᠵᠣᠬᠢᠴᠠᠭᠤᠯᠬᠤ᠎ᠶ᠋ᠢ ᠬᠠᠷᠢᠭᠤᠴᠠᠨ᠎ᠠ᠃
5 ᠬᠠᠮᠢᠶᠠᠷᠤᠯᠲᠠ᠎ᠶ᠋ᠢᠨ ᠨᠢᠭᠡᠴᠢ᠄ ᠥᠪᠡᠷᠲᠡᠭᠡᠨ ᠵᠠᠰᠠᠬᠤ ᠣᠷᠣᠨ᠎ᠤ ᠵᠠᠰᠠᠭ᠎ᠤᠨ ᠣᠷᠳᠣᠨ᠎ᠤ ᠵᠢᠭᠠᠨ ᠲᠣᠭ᠍ᠲᠠᠭᠠᠭ᠍ᠰᠠᠨ ᠨᠢᠭᠡᠴᠢ᠎ᠨᠦᠭᠦᠳ ᠡᠳᠦᠷ ᠲᠤᠲᠤᠮ᠎ᠤᠨ ᠡᠵᠡᠩᠨᠡᠯᠲᠡ᠂ ᠬᠠᠮᠠᠭᠠᠯᠠᠯᠲᠠ᠂ ᠠᠮᠤᠷ ᠲᠦᠪᠱᠢᠨ᠂ ᠤᠰᠤᠨ᠎ᠤ ᠴᠢᠨᠠᠷ᠎ᠢ ᠬᠠᠮᠠᠭᠠᠯᠠᠬᠤ ᠵᠡᠷᠭᠡ ᠪᠣᠳᠠᠲᠠᠶ ᠠᠵᠢᠯ᠎ᠢ ᠬᠠᠷᠢᠭᠤᠴᠠᠨ᠎ᠠ᠃
6 ᠣᠯᠠᠨ ᠨᠡᠢᠲᠡ᠎ᠶ᠋ᠢᠨ ᠬᠠᠷᠢᠭᠤᠴᠠᠯᠭ᠎ᠠ᠄ ᠶᠠᠮᠠᠷᠪᠠ ᠨᠢᠭᠡᠴᠢ ᠪᠠ ᠬᠤᠪᠢ ᠬᠥᠮᠦᠨ ᠢᠨᠵᠧᠨᠧᠷᠢᠩ᠎ᠤᠨ ᠦᠢᠯᠡ ᠠᠵᠢᠯᠯᠠᠭ᠎ᠠ᠎ᠶ᠋ᠢ ᠢᠳᠭᠠᠨ ᠬᠤᠷᠢᠭ᠍ᠯᠠᠬᠤ ᠪᠠ ᠢᠯᠡᠴᠢᠯᠡᠨ ᠮᠡᠳᠡᠭᠦᠯᠬᠦ᠌ ᠡᠷᠬᠡ᠎ᠲᠠᠢ᠃
ᠬᠠᠮᠢᠶᠠᠷᠤᠯᠲᠠ᠎ᠶ᠋ᠢᠨ ᠬᠡᠪᠴᠢᠶ᠎ᠡ ᠬᠢᠭᠡᠳ ᠬᠠᠮᠠᠭᠠᠯᠠᠬᠤ ᠬᠦᠷᠢᠶ᠎ᠡ ᠬᠡᠪᠴᠢᠶ᠎ᠡ
ᠬᠢᠯᠢ᠎ᠶ᠋ᠢᠨ ᠪᠠᠭᠠᠨ᠎ᠠ᠂ ᠬᠢᠯᠢ᠎ᠶ᠋ᠢᠨ ᠬᠥᠱᠢᠶ᠎ᠡ᠂ ᠰᠡᠷᠡᠮᠵᠢ᠎ᠶ᠋ᠢᠨ ᠫᠠᠢᠰᠠ ᠪᠣᠰᠭᠠᠵᠤ᠂ ᠱᠢᠯᠵᠢᠭᠦᠯᠵᠦ᠍᠂ ᠪᠠᠯᠠᠯᠤᠨ ᠥᠭᠡᠷᠡᠴᠢᠯᠡᠵᠦ᠍᠂ ᠡᠪᠳᠡᠵᠦ᠍ ᠪᠣᠯᠬᠤ ᠦᠭᠡᠶ᠃
ᠬᠠᠮᠢᠶᠠᠷᠤᠯᠲᠠ᠎ᠶ᠋ᠢᠨ ᠬᠡᠪᠴᠢᠶ᠎ᠡ᠄ ᠵᠥᠪᠱᠢᠶᠡᠷᠡᠭ᠌ᠰᠡᠨ ᠵᠢᠷᠤᠭ ᠲᠥᠯᠥᠪᠯᠡᠭᠡ᠎ᠶ᠋ᠢᠨ ᠪᠢᠴᠢᠭ ᠮᠠᠲ᠋ᠧᠷᠢᠶᠠᠯ᠎ᠤᠨ ᠶᠣᠰᠣᠭᠠᠷ ᠬᠤᠪᠢᠶᠠᠷᠢᠯᠠᠨ ᠲᠣᠭ᠍ᠲᠠᠭᠠᠵᠤ᠂ ᠲᠠᠲᠠᠪᠤᠷᠢᠯᠠᠭ᠍ᠰᠠᠨ ᠭᠠᠵᠠᠷ ᠱᠢᠷᠣᠶ᠂ ᠢᠨᠵᠧᠨᠧᠷᠢᠩ᠎ᠤᠨ ᠪᠠᠷᠢᠯᠭ᠎ᠠ ᠵᠢᠴᠢ ᠳᠠᠭᠠᠯᠲᠠ ᠪᠡᠯᠡᠳᠭᠡᠮᠵᠢ ᠪᠠᠭ᠍ᠲᠠᠨ᠎ᠠ᠃
ᠬᠠᠮᠠᠭᠠᠯᠠᠬᠤ ᠬᠡᠪᠴᠢᠶ᠎ᠡ᠄ ᠠᠳᠠᠯᠢ ᠪᠤᠰᠤ ᠢᠨᠵᠧᠨᠧᠷᠢᠩ᠎ᠤᠨ ᠲᠥᠷᠥᠯ ᠬᠡᠯᠪᠡᠷᠢ᠎ᠶ᠋ᠢ ᠦᠨᠳᠦᠰᠦᠯᠡᠨ᠂ ᠬᠠᠮᠢᠶᠠᠷᠤᠯᠲᠠ᠎ᠶ᠋ᠢᠨ ᠬᠡᠪᠴᠢᠶ᠎ᠡ ᠪᠠ ᠬᠠᠵᠠᠭᠤ᠎ᠶ᠋ᠢᠨ ᠱᠤᠭᠤᠮ᠎ᠠᠴᠠ ᠭᠠᠳᠠᠭ᠍ᠰᠢ ᠤᠷᠲᠤᠳᠭᠠᠨ ᠵᠠᠭᠠᠭ᠍ᠯᠠᠨ ᠲᠣᠭ᠍ᠲᠠᠭᠠᠨ᠎ᠠ ( ᠳᠤᠷᠤᠭᠰᠢ ᠵᠢᠷᠤᠭ᠎ᠤᠨ ᠲᠣᠬᠢᠶ᠎ᠠ᠎ᠶᠢ ᠦᠵᠡ)᠃
ᠢᠨᠵᠧᠨᠧᠷᠢᠩ᠎ᠤᠨ ᠬᠡᠰᠡᠭ ᠦᠨᠳᠡᠭᠡᠨ ᠤᠰᠤᠨ ᠠᠱᠢᠭ᠍ᠯᠠᠯᠲᠠ᠎ᠶ᠋ᠢᠨ ᠬᠦᠢᠰᠦ
ᠬᠠᠮᠠᠭᠠᠯᠠᠯᠲᠠ᠎ᠶᠢᠨ ᠬᠡᠪᠴᠢᠶ᠎ᠡ᠎ᠶᠢ ᠵᠠᠭᠠᠭ᠍ᠯᠠᠨ ᠲᠣᠭ᠍ᠲᠠᠭᠠᠬᠤ ᠵᠠᠷᠴᠢᠮ ᠶᠡᠬᠡ ᠬᠠᠰᠢᠯᠭ᠎ᠠ᠎ᠶᠢᠨ ᠳᠣᠣᠷᠠᠳᠤ ᠤᠷᠤᠰᠬᠠᠯ ᠨᠢ 1000 ᠮᠧᠲᠷ᠎ᠦᠨ ᠳᠣᠲᠣᠷ᠎ᠠ ᠦᠷᠭᠦᠯᠵᠢᠯᠡᠨ᠎ᠡ ; ᠴᠥᠭᠥᠷᠥᠮ᠎ᠦᠨ ᠣᠷᠣᠨ᠎ᠤ ᠬᠣᠶᠠᠷ ᠡᠷᠭᠢ᠎ᠡᠴᠡ ᠨᠢᠭᠡᠳᠦᠭᠡᠷ ᠤᠰᠤᠨ᠎ᠤ ᠬᠠᠭᠠᠯᠪᠤᠷᠢ ᠬᠦᠷᠬᠦ ᠱᠤᠭᠤᠮ᠃
ᠢᠨᠵᠧᠨᠧᠷᠢᠩ᠎ᠤᠨ ᠬᠡᠰᠡᠭ ᠨᠦᠬᠡᠨ ᠵᠠᠮ/ᠲᠣᠩᠭᠣᠷᠤᠤ ᠭᠤᠤᠷᠰᠤᠨ ᠰᠣᠷᠣᠭᠤᠯ/ ᠳᠠᠯᠳᠠ ᠭᠤᠯᠳᠤᠩ ᠳᠡᠭᠡᠷ᠎ᠡ
ᠬᠠᠮᠠᠭᠠᠯᠠᠯᠲᠠ᠎ᠶᠢᠨ ᠬᠡᠪᠴᠢᠶ᠎ᠡ᠎ᠶᠢ ᠵᠠᠭᠠᠭ᠍ᠯᠠᠨ ᠲᠣᠭ᠍ᠲᠠᠭᠠᠬᠤ ᠵᠠᠷᠴᠢᠮ ᠳᠡᠭᠡᠷ᠎ᠡ ᠲᠠᠯ᠎ᠠ᠎ᠶᠢᠨ ᠭᠠᠵᠠᠷ᠎ᠤᠨ ᠨᠢᠭᠤᠷ ᠪᠠ ᠬᠠᠵᠠᠭᠤ᠎ᠶᠢᠨ ᠱᠤᠭᠤᠮ᠎ᠡᠴᠡ ᠭᠠᠳᠠᠨ᠎ᠠ 200 ᠮᠧᠲᠷ᠎ᠦᠨ ᠳᠣᠲᠣᠷ᠎ᠠ
ᠢᠨᠵᠧᠨᠧᠷᠢᠩ᠎ᠤᠨ ᠬᠡᠰᠡᠭ ᠭᠠᠵᠠᠷ ᠳᠣᠣᠷᠠᠬᠢ ᠤᠰᠤ ᠳᠠᠮᠵᠢᠭᠤᠯᠬᠤ ᠬᠣᠭᠣᠯᠠᠢ
ᠬᠠᠮᠠᠭᠠᠯᠠᠯᠲᠠ᠎ᠶᠢᠨ ᠬᠡᠪᠴᠢᠶ᠎ᠡ᠎ᠶᠢ ᠵᠠᠭᠠᠭ᠍ᠯᠠᠨ ᠲᠣᠭ᠍ᠲᠠᠭᠠᠬᠤ ᠵᠠᠷᠴᠢᠮ ᠳᠡᠭᠡᠷ᠎ᠡ ᠲᠠᠯ᠎ᠠ᠎ᠶᠢᠨ ᠭᠠᠵᠠᠷ᠎ᠤᠨ ᠨᠢᠭᠤᠷ ᠪᠠ ᠵᠠᠬ᠎ᠠ᠎ᠶᠢᠨ ᠱᠤᠭᠤᠮ᠎ᠠᠴᠠ ᠭᠠᠳᠠᠨ᠎ᠠ 50 ᠮᠧᠲᠷ᠎ᠦᠨ ᠳᠣᠲᠣᠷ᠎ᠠ᠃
ᠢᠨᠵᠧᠨᠧᠷᠢᠩ᠎ᠤᠨ ᠬᠡᠰᠡᠭ ᠪᠤᠰᠤᠳ ᠭᠣᠣᠯ ᠢᠨᠵᠧᠨᠧᠷᠢᠩ
ᠬᠠᠮᠠᠭᠠᠯᠠᠯᠲᠠ᠎ᠶᠢᠨ ᠬᠡᠪᠴᠢᠶ᠎ᠡ᠎ᠶᠢ ᠵᠠᠭᠠᠭ᠍ᠯᠠᠨ ᠲᠣᠭ᠍ᠲᠠᠭᠠᠬᠤ ᠵᠠᠷᠴᠢᠮ ᠵᠠᠬ᠎ᠠ᠎ᠶᠢᠨ ᠱᠤᠭᠤᠮ᠎ᠠᠴᠠ ᠭᠠᠳᠠᠨ᠎ᠠ 200 ᠮᠧᠲᠷ᠎ᠦᠨ ᠳᠣᠲᠣᠷ᠎ᠠ
ᠢᠨᠵᠧᠨᠧᠷᠢᠩ᠎ᠤᠨ ᠬᠡᠰᠡᠭ ᠡᠩ᠎ᠦᠨ ᠪᠠᠷᠢᠯᠭ᠎ᠠ
ᠬᠠᠮᠠᠭᠠᠯᠠᠯᠲᠠ᠎ᠶᠢᠨ ᠬᠡᠪᠴᠢᠶ᠎ᠡ᠎ᠶᠢ ᠵᠠᠭᠠᠭ᠍ᠯᠠᠨ ᠲᠣᠭ᠍ᠲᠠᠭᠠᠬᠤ ᠵᠠᠷᠴᠢᠮ ᠵᠠᠬ᠎ᠠ᠎ᠶᠢᠨ ᠱᠤᠭᠤᠮ᠎ᠠᠴᠠ ᠭᠠᠳᠠᠨ᠎ᠠ 50 ᠮᠧᠲᠷ᠎ᠦᠨ ᠳᠣᠲᠣᠷ᠎ᠠ
ᠴᠠᠭᠠᠵᠠᠯᠠᠬᠤ ᠦᠢᠯᠡ ᠠᠵᠢᠯᠯᠠᠭ᠎ᠠ
ᠬᠠᠮᠢᠶᠠᠷᠤᠯᠲᠠ᠎ᠶᠢᠨ ᠬᠡᠪᠴᠢᠶᠡᠨ ᠳᠣᠲᠣᠷ᠎ᠠ᠎ᠪᠠᠨ ᠳᠣᠣᠷᠠᠬᠢ ᠵᠦᠢᠯ᠎ᠦᠳ᠎ᠢ ᠴᠢᠩᠭ᠎ᠠ ᠴᠠᠭᠠᠵᠠᠯᠠᠨ᠎ᠠ᠄
ᠳᠡᠯᠪᠡᠴᠢᠬᠦ᠂ ᠬᠤᠳᠳᠤᠭ ᠮᠠᠯᠲᠠᠬᠤ᠂ ᠠᠭᠤᠷᠬᠠᠢ ᠮᠠᠯᠲᠠᠬᠤ᠂ ᠱᠢᠷᠣᠢ ᠠᠪᠬᠤ᠂ ᠥᠷᠥᠮᠳᠡᠨ ᠬᠠᠢᠬᠤ᠂ ᠠᠭᠤᠳᠠᠯᠠᠬᠤ;
ᠡᠵᠡᠯᠡᠬᠦ᠂ ᠢᠨᠵᠧᠨᠧᠷᠢᠩ᠎ᠤᠨ ᠪᠠᠷᠢᠯᠭ᠎ᠠ᠎ᠶ᠋ᠢᠨ ᠲᠥᠬᠦᠭᠡᠷᠦᠮᠵᠢ᠎ᠶ᠋ᠢ ᠡᠪᠳᠡᠨ ᠰᠦᠢ᠍ᠳᠭᠡᠬᠦ;
ᠢᠨᠵᠧᠨᠧᠷᠢᠩ᠎ᠤᠨ ᠠᠮᠤᠷ ᠲᠦᠪᠱᠢᠨ᠎ᠢ ᠨᠥᠯᠥᠭᠡᠯᠡᠬᠦ᠌ ᠪᠦᠲᠦᠭᠡᠨ ᠪᠠᠢᠭᠤᠯᠤᠯᠲᠠ᠎ᠶᠢᠨ ᠪᠠᠷᠢᠯᠭ᠎ᠠ
ᠣᠢᠷ᠎ᠠ ᠵᠡᠷᠭᠡᠯᠡᠳᠡᠭᠡ ᠪᠠᠷᠢᠯᠭ᠎ᠠ ᠪᠠᠷᠢᠬᠤ᠄
ᠲᠤᠭᠤᠯᠬᠤ᠂ ᠳᠠᠪᠠᠬᠤ᠂ ᠵᠡᠷᠭᠡᠯᠡᠳᠡᠭᠡ ᠢᠨᠵᠧᠨᠧᠷᠢᠩ᠎ᠤᠨ ᠲᠥᠷᠥᠯ ᠵᠦᠢᠯ᠎ᠢ ᠪᠦᠲᠦᠭᠡᠨ ᠪᠠᠶ᠋ᠢᠭᠤᠯᠬᠤ᠎ᠳᠤ ᠤᠰᠤᠨ᠎ᠤ ᠶᠠᠪᠤᠳᠠᠯ᠎ᠤᠨ ᠵᠠᠰᠠᠭ ᠵᠠᠬᠢᠷᠭᠠᠨ᠎ᠤ ᠭᠣᠣᠯᠴᠢᠯᠠᠨ ᠬᠠᠮᠢᠶᠠᠷᠬᠤ ᠰᠠᠯᠠᠭ᠎ᠠ ᠮᠥᠴᠢᠷ᠎ᠦᠨ ᠰᠠᠨᠠᠯ᠎ᠢ ᠬᠤᠷᠢᠶᠠᠬᠤ᠎ᠶᠢᠨ ᠬᠠᠮᠲᠤ ᠬᠠᠮᠢᠶᠠᠷᠤᠯᠲᠠ᠎ᠶᠢᠨ ᠨᠢᠭᠡᠴᠢ᠎ᠳᠦ ᠮᠡᠳᠡᠭᠦᠯᠬᠦ ᠬᠡᠷᠡᠭᠲᠡᠢ ᠃
ᠬᠠᠮᠠᠭᠠᠯᠠᠯᠲᠠ᠎ᠶ᠋ᠢᠨ ᠬᠡᠪᠴᠢᠶᠡᠨ᠎ᠳᠦ᠂ ᠪᠣᠯᠬᠣ ᠦᠭᠡᠢ ᠵᠦᠢ᠍ᠯ ᠄
ᠢᠨᠵᠧᠨᠧᠷᠢᠩ᠎ᠤᠨ ᠠᠮᠤᠷ ᠲᠦᠪᠱᠢᠨ᠎ᠢ ᠨᠥᠯᠥᠭᠡᠯᠡᠬᠦ᠌ ᠳᠡᠯᠪᠡᠴᠢᠬᠦ᠌᠂ ᠬᠤᠳᠳᠤᠭ ᠮᠠᠯᠲᠠᠬᠤ᠂ ᠴᠢᠯᠠᠭᠤ ᠭᠠᠷᠭᠠᠬᠤ᠂ ᠱᠢᠷᠣᠶ ᠠᠪᠬᠤ ᠵᠡᠷᠭᠡ ᠠᠵᠢᠯᠯᠠᠭ᠎ᠠ;
ᠤᠰᠤ ᠳᠠᠮᠵᠢᠭᠤᠯᠬᠤ ᠬᠤᠭᠤᠯᠠᠢ᠎ᠶ᠋ᠢᠨ ᠳᠡᠭᠡᠷ᠎ᠡ ᠲᠠᠯ᠎ᠠ᠎ᠳᠤ ᠦᠨᠳᠦᠰᠦ᠎ᠨᠢ ᠭᠦᠨ ᠲᠤᠷᠤᠭ ᠮᠣᠳᠣ᠂ ᠲᠤᠮᠤ ᠬᠡᠯᠪᠡᠷᠢ᠎ᠶ᠋ᠢᠨ ᠪᠤᠲᠠᠯᠢᠭ ᠮᠣᠳᠣ ᠵᠡᠷᠭᠡ᠎ᠶ᠋ᠢ ᠲᠠᠷᠢᠬᠤ᠃
ᠬᠠᠤᠯᠢ ᠴᠠᠭᠠᠵᠠ᠎ᠶ᠋ᠢᠨ ᠬᠠᠷᠢᠭᠤᠴᠠᠯᠭ᠎ᠠ
ᠰᠢᠯᠵᠢᠬᠦ᠂ ᠪᠠᠯᠠᠯᠤᠨ ᠵᠠᠰᠠᠭ᠍ᠰᠠᠨ ᠪᠠ ᠰᠦᠢᠳᠭᠡᠭ᠌ᠰᠡᠨ ᠲᠡᠮᠳᠡᠭ᠄ ᠵᠠᠷᠯᠢᠭ᠍ᠳᠠᠨ ᠵᠠᠯᠠᠷᠠᠭᠤᠯᠤᠭᠤᠯᠵᠤ᠂ ᠬᠤᠭᠤᠴᠠᠭ᠎ᠠ ᠥᠩᠭᠡᠷᠡᠲᠡᠯ᠎ᠡ ᠵᠠᠯᠠᠷᠠᠭᠤᠯᠬᠤ ᠦᠭᠡᠶ ᠪᠣᠯ 500-2000 ᠲᠥᠭᠦᠷᠢᠭ ᠵᠣᠭᠤᠰ᠎ᠢᠶᠠᠷ ᠲᠣᠷᠭᠠᠨ᠎ᠠ᠃
ᠬᠠᠮᠢᠶᠠᠷᠤᠯᠲᠠ᠎ᠶ᠋ᠢᠨ ᠬᠡᠪᠴᠢᠶᠡᠨ ᠳᠣᠲᠣᠷ᠎ᠠ ᠴᠠᠭᠠᠵᠠᠯᠠᠭ᠍ᠰᠠᠨ ᠦᠢᠯᠡ ᠠᠵᠢᠯᠯᠠᠭ᠎ᠠ ( ᠵᠢᠱ᠌ᠢᠶᠡᠯᠡᠪᠡᠯ ᠳᠡᠯᠪᠡᠴᠢᠬᠦ᠌ ᠂ ᠡᠪᠳᠡᠯᠡᠵᠦ᠍ ᠰᠦᠢᠳᠭᠡᠭ᠌ᠰᠡᠨ) ᠄ ᠵᠠᠷᠯᠢᠭ᠍ᠳᠠᠵᠤ ᠪᠠᠢᠭᠠᠳ ᠵᠣᠭ᠍ᠰᠣᠭᠠᠵᠤ ᠂ ᠨᠥᠬᠥᠪᠥᠷᠢᠯᠡᠬᠦ᠌ ᠠᠷᠭ᠎ᠠ ᠬᠡᠮᠵᠢᠶ᠎ᠡ ᠠᠪᠴᠤ᠌ ᠂ 1- 5 ᠲᠦᠮᠡᠨ ᠲᠥᠭᠥᠷᠢᠭ ᠵᠣᠭᠣᠰ᠎ᠢᠶᠠᠷ ᠲᠣᠷᠭᠠᠨ᠎ᠠ; ᠬᠣᠬᠢᠷᠠᠯ ᠤᠴᠠᠷᠠᠭᠤᠯᠤᠭᠠᠳ ᠲᠤᠢᠯᠦᠬᠦ ᠴᠢᠬᠤᠯᠠᠲᠠᠢ ᠪᠣᠯᠵᠤ᠂ ᠶᠠᠯ᠎ᠠ ᠪᠣᠯᠵᠤ ᠪᠦᠷᠢᠯᠳᠦᠭᠰᠡᠨ ᠪᠠᠢᠪᠠᠯ ᠡᠷᠡᠭᠦᠦ᠎ᠶᠢᠨ ᠬᠠᠷᠢᠭᠤᠴᠠᠯᠭ᠎ᠠ ᠨᠡᠬᠡᠮᠵᠢᠯᠡᠨ᠎ᠡ;
ᠠᠯᠪᠠᠨ ᠲᠤᠱᠢᠶᠠᠯᠲᠠᠳᠤᠨ ᠲᠤᠱᠢᠶᠠᠯ᠎ᠢᠶᠠᠨ ᠭᠤᠲᠤᠭᠠᠬᠤ᠄ ᠬᠠᠤᠯᠢ ᠶᠣᠰᠣᠭᠠᠷ ᠰᠢᠢ᠍ᠳᠭᠡᠯ ᠥᠭ᠌ᠴᠦ᠂ ᠶᠠᠯ᠎ᠠ ᠪᠣᠯᠵᠤ ᠪᠦᠷᠢᠯᠳᠦᠭ᠌ᠰᠡᠨ ᠪᠠᠢᠪᠠᠯ ᠡᠷᠡᠭᠦᠦ᠍᠎ᠶ᠋ᠢᠨ ᠬᠠᠷᠢᠭᠤᠴᠠᠯᠭ᠎ᠠ ᠨᠡᠬᠡᠮᠵᠢᠯᠡᠨ᠎ᠡ᠃
ᠪᠠᠲᠤᠯᠠᠭ᠎ᠠ᠎ᠶ᠋ᠢᠨ ᠲᠤᠬ᠍ᠲᠠᠴᠠ ᠪᠠ ᠲᠦᠷᠢᠮ
1 ᠣᠰᠥ᠍ ᠬᠠᠩᠭᠠᠬᠤ ᠲᠣᠬᠢᠷᠡᠭᠤᠯᠥᠯᠳᠡ᠄
ᠣᠨ᠎ᠤ ᠤᠰᠤ ᠲᠣᠬᠢᠷᠠᠭᠤᠯᠬᠤ᠎ᠳᠤ ᠰᠠᠭᠤᠷᠢᠯᠠᠵᠤ ᠤᠰᠤ ᠬᠡᠷᠡᠭ᠌ᠯᠡᠬᠦ᠌ ᠲᠥᠯᠥᠪᠯᠡᠭᠡ᠎ᠶ᠋ᠢ ᠲᠣᠭ᠍ᠲᠠᠭᠠᠵᠤ᠂ ᠤᠰᠤᠨ ᠰᠤᠷᠪᠤᠯᠵᠢ᠎ᠶ᠋ᠢᠨ ᠭᠠᠵᠠᠷ᠎ᠤᠨ ᠠᠮᠢᠳᠤᠷᠠᠯ᠎ᠳᠤ ᠬᠡᠷᠡᠭ᠌ᠯᠡᠬᠦ᠌ ᠤᠰᠤ᠎ᠶ᠋ᠢ ᠤᠷᠢᠳᠠᠪᠠᠷ ᠪᠠᠲᠤᠯᠠᠨ᠎ᠠ;
ᠣᠨ᠎ᠤ ᠤᠰᠤᠨ᠎ᠤ ᠬᠡᠮᠵᠢᠶ᠎ᠡ᠎ᠶ᠋ᠢ ᠲᠣᠬᠢᠷᠠᠭᠤᠯᠬᠤ ᠲᠥᠰᠦᠯ᠎ᠢ ᠲᠣᠭ᠍ᠲᠠᠭᠠᠵᠤ᠂ ᠮᠡᠳᠡᠭᠦᠯᠦᠨ ᠵᠥᠪᠱᠢᠶᠡᠷᠡᠭᠦᠯᠦᠭ᠌ᠰᠡᠨ᠎ᠤ ᠳᠠᠷᠠᠭ᠎ᠠ ᠬᠡᠷᠡᠭ᠌ᠵᠢᠭᠦᠯᠦᠨ᠎ᠡ᠃
2 ᠤᠰᠤᠨ᠎ᠤ ᠴᠢᠨᠠᠷ᠎ᠤᠨ ᠬᠠᠮᠠᠭᠠᠯᠠᠯᠲᠠ᠄
ᠤᠰᠤᠨ᠎ᠤ ᠡᠬᠢ ᠰᠤᠷᠪᠤᠯᠵᠢ᠎ᠶ᠋ᠢᠨ ᠭᠠᠵᠠᠷ᠎ᠤᠨ ᠵᠠᠰᠠᠭ᠎ᠤᠨ ᠣᠷᠳᠣᠨ ᠪᠣᠬᠢᠷᠲᠤᠯ᠎ᠢ ᠰᠡᠷᠭᠡᠢᠯᠡᠨ ᠵᠠᠰᠠᠬᠤ᠎ᠶ᠋ᠢ ᠬᠠᠷᠢᠭᠤᠴᠠᠵᠤ᠂ ᠠᠮᠢ ᠠᠬᠤᠶ᠎ᠶ᠋ᠢᠨ ᠲᠤᠰᠠᠭᠠᠷᠯᠠᠬᠤ ᠪᠦᠰᠡ᠎ᠶ᠋ᠢ ᠪᠥᠲᠥᠭᠡᠨ ᠪᠠᠢᠭᠤᠯᠤᠨ᠎ᠠ᠃
3 ᠠᠮᠤᠷ᠎ᠢ ᠬᠠᠮᠠᠭᠠᠯᠠᠬᠤ ᠬᠠᠮᠢᠶᠠᠷᠤᠯᠳᠠ᠄
ᠳᠣᠲᠣᠭᠠᠳᠤ᠎ᠶ᠋ᠢ ᠬᠠᠮᠠᠭᠠᠯᠠᠬᠤ ᠪᠠᠢ᠌ᠭᠤᠯᠭ᠎ᠠ ᠥᠨᠳᠡᠭᠡᠨ ᠤᠰᠤᠨ ᠠᠱᠢᠭ᠍ᠯᠠᠯᠲᠠ᠎ᠶ᠋ᠢᠨ ᠬᠦᠢ᠍ᠰᠦ ᠵᠡᠷᠭᠡ ᠴᠢᠬᠤᠯᠠ ᠬᠡᠰᠡᠭ᠎ᠲᠦ ᠴᠠᠭ᠍ᠳᠠᠭᠠᠨ ᠶᠠᠪᠤᠳᠠᠯ᠎ᠤᠨ ᠲᠠᠰᠤᠭ ᠭᠠᠷᠭᠠᠵᠤ ᠂ ᠠᠮᠤᠷ᠎ᠢ ᠬᠠᠮᠠᠭᠠᠯᠠᠬᠤ ᠬᠠᠮᠠᠭᠠᠯᠠᠯᠲᠠ᠎ᠶ᠋ᠢ ᠬᠠᠷᠢᠭᠤᠴᠠᠬᠤ ᠬᠡᠷᠡᠭ᠌ᠲᠡᠶ ᠃
4 ᠪᠠᠴᠢᠮ ᠪᠠᠢᠳᠠᠯ᠎ᠢ ᠠᠷᠭ᠋ᠠᠴᠠᠭ᠋ᠠᠬᠤ ᠬᠠᠮᠢᠶᠠᠷᠤᠯᠲᠠ᠄
ᠡᠯ᠎ᠡ ᠱᠠᠲᠤᠨ᠎ᠤ ᠵᠠᠰᠠᠭ᠎ᠤᠨ ᠣᠷᠳᠣᠨ ᠪᠠ ᠬᠠᠮᠢᠶᠠᠷᠤᠯᠲᠠ᠎ᠶ᠋ᠢᠨ ᠨᠢᠭᠡᠴᠢ᠎ᠨᠦᠭᠦᠳ ᠪᠠᠴᠢᠮ ᠪᠠᠢᠳᠠᠯ᠎ᠢ ᠠᠷᠭ᠋ᠠᠴᠠᠭ᠋ᠠᠬᠤ ᠪᠡᠯᠡᠳᠭᠡᠯ ᠲᠥᠰᠦᠯ ᠲᠣᠭ᠍ᠲᠠᠭᠠᠬᠤ᠎ᠶ᠋ᠢᠨ ᠬᠠᠮᠲᠤ ᠰᠣᠷᠢᠯᠲᠠ ᠬᠢᠬᠦ᠌ ᠬᠡᠷᠡᠭ᠌ᠲᠡᠶ;
ᠲᠦᠷᠭᠡᠨ ᠰᠡᠯᠪᠢᠨ ᠵᠠᠰᠠᠬᠤ᠎ᠳᠤ᠎ᠪᠠᠨ ᠤᠷᠢᠳᠠᠪᠠᠷ ᠱᠢᠷᠣᠶ ᠠᠪᠴᠤ᠌ ᠭᠠᠵᠠᠷ ᠡᠵᠡᠯᠡᠭ᠌ᠰᠡᠨᠤ ᠳᠠᠷᠠᠭ᠎ᠠ ᠨᠥᠬᠦᠪᠥᠷᠢᠯᠡᠵᠦ᠍ ᠪᠣᠯᠤᠨ᠎ᠠ᠃
ᠢᠯᠡᠴᠢᠯᠡᠨ ᠮᠡᠳᠡᠭᠦᠯᠬᠦ᠌ ᠤᠲᠠᠰᠤ
ᠣᠷᠣᠨ ᠬᠡᠪᠴᠢᠶ᠎ᠡ᠂ ᠬᠠᠷᠢᠯᠴᠠᠬᠤ ᠬᠥᠮᠥᠨ᠂ ᠬᠠᠷᠢᠯᠴᠠᠬᠤ ᠤᠳᠠᠰᠦ
ᠵᠠᠯᠠᠢᠳ ᠬᠤᠱᠢᠭᠤ ᠯᠢᠶᠠᠩ ᠱᠤᠸᠠᠩ ᠯᠸ 18304825853
ᠤᠯᠠᠭᠠᠨᠬᠤᠲᠡ ᠼᠸᠨ ᠺᠦᠨ ᠸᠠᠩ 15704829093
ᠬᠤᠷᠴᠢᠨ ᠪᠠᠷᠠᠭᠤᠨ ᠭᠠᠷᠤᠨ ᠡᠮᠦᠨᠡᠲᠦ ᠬᠤᠱᠢᠭᠤ ᠼᠸᠨ ᠺᠦᠨ ᠸᠠᠩ 15704829093
ᠲᠦᠴᠢᠤᠸᠠᠨ ᠱᠢᠶᠠᠨ ᠢᠤᠢ ᠯᠸᠢ 13555776996
ᠬᠤᠷᠴᠢᠨ ᠪᠠᠷᠠᠭᠤᠨ ᠭᠠᠷᠤᠨ ᠳᠤᠮᠳᠠᠳᠤ ᠬᠤᠱᠢᠭᠤ ᠮᠠ ᠵᠸᠨ ᠳ᠋ᠦᠩ 15704829221
ᠵᠠᠷᠤᠳ ᠬᠤᠱᠢᠭᠤ ᠹᠠᠨ ᡁᠢ ᠵᠢᠶᠦ᠋ᠨ 15704826002
ᠬᠤᠷᠴᠢᠨ ᠵᠡᠭᠦᠨ ᠭᠠᠷᠤᠨ ᠳᠤᠮᠳᠠᠳᠤ ᠬᠤᠱᠢᠭᠤ ᠢᠤᠢ ᠳ᠋ᠸ ᠵᠢᠶᠠᠩ 18701237199
ᠺᠠᠢᠯᠦ᠍ ᠱᠢᠶᠠᠨ ᠰᠦᠩ ᠰᠢᠤᠸᠠᠢ ᠪᠦᠸᠸ 18147065085
ᠬᠤᠷᠴᠢᠨ ᠲᠤᠭᠤᠷᠢᠭ ᠰᠦᠩ ᠰᠢᠤᠸᠠᠢ ᠪᠦᠸᠸ 18147065085
ᠲᠣᠰ ᠲᠦᠷᠢᠮ ᠪᠣᠯ ᠴᠤᠤᠯ ᠭᠤᠤᠯ᠎ᠤᠨ ᠤᠰᠤ᠎ᠶ᠋ᠢ ᠲᠠᠲᠠᠵᠤ ᠯᠢᠶᠣᠤ ᠾᠧ ᠭᠤᠤᠯ᠎ᠳᠤ ᠨᠡᠮᠡᠷᠢᠯᠡᠬᠦ ᠢᠨᠵᠧᠨᠧᠷᠢᠩ᠎ᠤᠨ ᠠᠮᠤᠷ ᠲᠦᠪᠱᠢᠨ᠂ ᠣᠷᠳᠣ ᠬᠤᠭᠤᠴᠠᠭᠠᠨ᠎ᠤ ᠪᠦᠲᠦᠮᠵᠢᠲᠡᠶ ᠠᠵᠢᠯᠯᠠᠭᠠᠨ᠎ᠤ 《ᠬᠠᠲᠠᠭᠤ ᠬᠢᠵᠠᠭᠠᠷᠯᠠᠯ》 ᠮᠥᠨ᠂ ᠥᠪᠡᠷᠲᠡᠭᠡᠨ ᠵᠠᠰᠠᠬᠤ ᠣᠷᠣᠨ᠎ᠤ ᠤᠰᠤᠨ᠎ᠤ ᠡᠬᠢ ᠪᠠᠶᠠᠯᠢᠭ᠎ᠤᠨ ᠪᠠᠢᠯᠳᠤᠬᠤ ᠪᠣᠳᠣᠯᠭ᠎ᠠ᠎ᠶ᠋ᠢᠨ ᠠᠮᠤᠷ ᠲᠦᠪᠱᠢᠨ ᠪᠠ ᠴᠢᠨᠠᠷ ᠰᠠᠢᠲᠠᠶ ᠬᠥᠭ᠌ᠵᠢᠯᠲᠡ᠎ᠳᠤ ᠪᠠᠲᠤ ᠴᠢᠩᠭ᠎ᠠ ᠬᠠᠤᠯᠢ᠎ᠪᠠᠷ ᠵᠠᠰᠠᠬᠤ ᠪᠠᠲᠤᠯᠠᠭ᠎ᠠ ᠬᠠᠩᠭᠠᠵᠤ᠂ 2025 ᠣᠨ᠎ᠤ 9 ᠳ᠋ᠦ᠍ᠭᠡᠷ ᠰᠠᠷ᠎ᠠ᠎ᠶ᠋ᠢᠨ 1 ᠤ ᠡᠳᠦᠷ᠎ᠠᠴᠠ ᠡᠬᠢᠯᠡᠨ ᠵᠢᠩᠬᠢᠨᠢ᠎ᠪᠠᠷ ᠬᠡᠷᠡᠭᠵᠢᠭᠦᠯᠦᠨ᠎ᠡ᠃