ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠣᠨᠴᠠᠯᠢᠭᠲᠤ᠌ ᠳᠠᠪᠴᠠᠩ
ᠢᠯᠡ ᠵᠠᠰᠠᠭ   -   ᠠᠯᠪᠠᠨ ᠮᠡᠳᠡᠭᠡ
ᠥᠪᠡᠷᠲᠡᠭᠡᠨ ᠵᠠᠰᠠᠬᠤ ᠣᠷᠣᠨ᠎ᠤ ᠬᠠᠮᠤᠭ ᠳᠣᠣᠷ᠎ᠠ ᠴᠠᠯᠢᠩ᠎ᠤᠨ ᠪᠠᠷᠢᠮᠵᠢᠶ᠎ᠠ ᠬᠢᠭᠡᠳ ᠪᠦᠬᠦᠯᠢ ᠡᠳᠦᠷ᠎ᠤᠨ ᠪᠤᠰᠤ ᠳᠦᠷᠢᠮᠲᠦ ᠠᠵᠢᠯᠯᠠᠬᠤ ᠴᠠᠭ᠎ᠤᠨ ᠳᠣᠣᠷ᠎ᠠ ᠴᠠᠯᠢᠩ᠎ᠤᠨ ᠪᠠᠷᠢᠮᠵᠢᠶ᠎ᠠ᠎ᠳᠤ ᠲᠣᠬᠢᠷᠠᠭᠤᠯᠤᠯᠲᠠ ᠬᠢᠬᠦ ᠲᠤᠬᠠᠢ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠠᠯᠪᠠᠨ ᠲᠢᠩᠬᠢᠮ᠎ᠤᠨ ᠮᠡᠳᠡᠭᠳᠡᠯ
ᠨᠡᠶ᠋ᠢᠲᠡᠯᠡᠭᠰᠡᠨ ᠴᠠᠭ᠄ 2021-12-08


      ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠠᠯᠪᠠᠨ ᠲᠢᠩᠬᠢᠮ᠎ᠤᠨ ᠪᠢᠴᠢᠭ ᠮᠠᠲᠸᠷᠢᠶᠡᠯ                                            

      ᠥᠪᠥᠷ ᠵᠠᠰᠠᠭ ᠠᠯᠪᠠᠨ ᠲᠠᠷᠬᠠᠭ᠋ᠠᠭᠰᠠᠨ [2021] 69 ᠳ᠋ᠦ᠍ᠭᠡᠷ ᠲᠣᠭ᠋ᠠᠲᠤ ᠥᠪᠡᠷᠲᠡᠭᠡᠨ ᠵᠠᠰᠠᠬᠤ ᠣᠷᠣᠨ᠎ᠤ ᠬᠠᠮᠤᠭ ᠳᠣᠣᠷ᠎ᠠ ᠴᠠᠯᠢᠩ᠎ᠤᠨ ᠪᠠᠷᠢᠮᠵᠢᠶ᠎ᠠ ᠬᠢᠭᠡᠳ ᠪᠦᠬᠦᠯᠢ ᠡᠳᠦᠷ᠎ᠤᠨ ᠪᠤᠰᠤ ᠳᠦᠷᠢᠮᠲᠦ ᠠᠵᠢᠯᠯᠠᠬᠤ ᠴᠠᠭ᠎ᠤᠨ ᠬᠠᠮᠤᠭ ᠳᠣᠣᠷ᠎ᠠ ᠴᠠᠯᠢᠩ᠎ᠤᠨ ᠪᠠᠷᠢᠮᠵᠢᠶ᠎ᠠ᠎ᠳᠤ ᠲᠣᠬᠢᠷᠠᠭᠤᠯᠤᠯᠲᠠ ᠬᠢᠬᠦ ᠲᠤᠬᠠᠢ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠠᠯᠪᠠᠨ ᠲᠢᠩᠬᠢᠮ᠎ᠤᠨ ᠮᠡᠳᠡᠭᠳᠡᠯ  
      ᠡᠯ᠎ᠡ ᠠᠢ᠌ᠮᠠᠭ᠎ᠤᠨ ᠵᠠᠬᠢᠷᠭ᠎ᠠ᠂ ᠬᠤᠲᠠ ᠵᠢᠨ ᠠᠷᠠᠳ᠎ᠤᠨ ᠵᠠᠰᠠᠭ᠎ᠤᠨ ᠣᠷᠳᠣᠨ᠂ ᠡᠯ᠎ᠡ ᠬᠣᠰᠢᠭᠤ ᠰᠢᠶᠠᠨ᠎ᠤ ᠠᠷᠠᠳ᠎ᠤᠨ ᠵᠠᠰᠠᠭ᠎ᠤᠨ ᠣᠷᠳᠣᠨ᠂ ᠥᠪᠡᠷᠲᠡᠭᠡᠨ ᠵᠠᠰᠠᠬᠤ ᠣᠷᠣᠨ᠎ᠤ ᠡᠯ᠎ᠡ ᠵᠥᠪᠯᠡᠯ᠂ ᠠᠯᠪᠠᠨ ᠭᠡᠷ᠂ ᠲᠢᠩᠬᠢᠮ᠂ ᠲᠣᠪᠴᠢᠶ᠎ᠠ᠂ ᠡᠯ᠎ᠡ ᠲᠣᠮᠣ ᠠᠵᠤ ᠠᠬᠤᠢ᠌ᠯᠠᠯ᠂ ᠠᠵᠢᠯ ᠦᠢ᠍ᠯᠡᠰ᠎ᠤᠨ ᠨᠢᠭᠡᠴᠢ᠎ᠳᠤ᠄      
      ᠮᠠᠨ᠎ᠤ ᠣᠷᠣᠨ᠎ᠤ ᠠᠵᠤ ᠠᠬᠤᠢ ᠨᠡᠢ᠌ᠭᠡᠮ᠎ᠤᠨ ᠬᠥᠭᠵᠢᠯᠲᠡ ᠪᠠ ᠠᠵᠢᠯᠲᠠᠨ ᠠᠵᠢᠯᠴᠢᠨ᠎ᠤ ᠴᠠᠯᠢᠩ᠎ᠤᠨ ᠬᠢᠷᠢ ᠲᠦᠪᠰᠢᠨ᠎ᠤ ᠨᠡᠮᠡᠭᠳᠡᠯ ᠵᠡᠷᠭᠡ ᠪᠠᠢ᠌ᠳᠠᠯ᠎ᠢ ᠦᠨᠳᠦᠰᠦᠯᠡᠨ᠂ ᠬᠥᠮᠥᠨ᠎ᠤ ᠬᠦᠴᠦᠨ᠎ᠤ ᠡᠬᠢ ᠪᠠᠶᠠᠯᠢᠭ ᠪᠠ ᠨᠡᠢ᠌ᠭᠡᠮ᠎ᠤᠨ ᠪᠠᠲᠤᠯᠠᠭ᠎ᠠ ᠵᠢᠨ ᠶᠠᠮᠤᠨ ᠵᠶ᠋ᠠᠷ ᠬᠢᠨᠠᠨ ᠵᠥᠪᠰᠢᠶᠡᠷᠡᠭᠦᠯᠦᠭᠡᠳ᠂ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠠᠴᠠ ᠪᠦᠬᠦ ᠣᠷᠣᠨ᠎ᠤ ᠬᠠᠮᠤᠭ ᠳᠣᠣᠷ᠎ᠠ ᠴᠠᠯᠢᠩ᠎ᠤᠨ ᠪᠠᠷᠢᠮᠵᠢᠶ᠎ᠠ ᠪᠠ ᠪᠦᠬᠦᠯᠢ ᠡᠳᠦᠷ᠎ᠤᠨ ᠪᠤᠰᠤ ᠳᠦᠷᠢᠮᠲᠦ ᠠᠵᠢᠯᠯᠠᠬᠤ ᠴᠠᠭ᠎ᠤᠨ ᠬᠠᠮᠤᠭ ᠳᠣᠣᠷ᠎ᠠ ᠴᠠᠯᠢᠩ᠎ᠤᠨ ᠪᠠᠷᠢᠮᠵᠢᠶ᠎ᠠ᠎ᠳᠤ ᠲᠣᠬᠢᠷᠠᠭᠤᠯᠤᠯᠲᠠ ᠬᠢᠬᠦ᠎ᠪᠠᠷ ᠲᠣᠭᠲᠠᠭ᠋ᠠᠪᠠ᠃ ᠡᠳᠦᠭᠡ ᠬᠣᠯᠪᠣᠭᠳᠠᠯ ᠪᠦᠬᠦᠢ ᠤᠴᠢᠷ᠎ᠢ ᠳᠣᠣᠷᠠᠬᠢ ᠮᠡᠲᠦ ᠮᠡᠳᠡᠭᠳᠡᠪᠡ᠄    
      ᠨᠢᠭᠡ᠂ ᠬᠠᠮᠤᠭ ᠳᠣᠣᠷ᠎ᠠ ᠴᠠᠯᠢᠩ᠎ᠤᠨ ᠪᠠᠷᠢᠮᠵᠢᠶ᠎ᠠ᠎ᠳᠤ ᠲᠣᠬᠢᠷᠠᠭᠤᠯᠤᠯᠲᠠ ᠬᠢᠬᠦ ᠭᠠᠵᠠᠷ ᠣᠷᠣᠨ᠎ᠤ ᠲᠥᠷᠥᠯ ᠢᠯᠭ᠋ᠠᠯ᠃ ᠪᠥᠬᠦ ᠣᠷᠣᠨ᠎ᠤ ᠬᠠᠮᠤᠭ ᠳᠣᠣᠷ᠎ᠠ ᠴᠠᠯᠢᠩ᠎ᠤᠨ ᠪᠠᠷᠢᠮᠵᠢᠶ᠎ᠠ ᠵᠢᠨ ᠭᠠᠵᠠᠷ ᠣᠷᠣᠨ᠎ᠤ ᠲᠥᠷᠥᠯ ᠢᠯᠭ᠋ᠠᠯ᠎ᠢ ᠣᠲᠣ ᠵᠢᠨ ᠬᠡᠷᠡᠭᠵᠢᠭᠦᠯᠵᠦ ᠪᠠᠢ᠌ᠭ᠎ᠠ ᠳᠥᠷᠪᠡᠨ ᠲᠥᠷᠥᠯ᠎ᠤᠨ ᠭᠠᠵᠠᠷ ᠣᠷᠣᠨ ᠪᠠᠢ᠌ᠭᠰᠠᠨ᠎ᠢ ᠭᠤᠷᠪᠠᠨ ᠲᠥᠷᠥᠯ᠎ᠤᠨ ᠭᠠᠵᠠᠷ ᠣᠷᠣᠨ ᠪᠣᠯᠭ᠋ᠠᠵᠤ ᠲᠣᠬᠢᠷᠠᠭᠤᠯᠤᠨ᠎ᠠ᠃ ᠪᠦᠬᠦ ᠣᠷᠣᠨ᠎ᠤ ᠡᠯ᠎ᠡ ᠭᠠᠵᠠᠷ᠎ᠤᠨ ᠠᠵᠤ ᠠᠬᠤᠢ ᠨᠡᠢ᠌ᠭᠡᠮ᠎ᠤᠨ ᠬᠥᠭᠵᠢᠯᠲᠡ᠂ ᠬᠤᠲᠠ ᠪᠠᠯᠭ᠋ᠠᠰᠤᠨ᠎ᠤ ᠨᠢᠭᠡᠴᠢ ᠵᠢᠨ ᠠᠵᠢᠯᠲᠠᠨ ᠠᠵᠢᠯᠴᠢᠨ᠎ᠤ ᠳᠤᠮᠳᠠᠴᠢ ᠴᠠᠯᠢᠩ ᠪᠣᠯᠣᠨ ᠬᠤᠲᠠ ᠪᠠᠯᠭ᠋ᠠᠰᠤᠨ᠎ᠤ ᠰᠠᠭᠤᠭ᠋ᠠᠯᠢ ᠠᠷᠠᠳ᠎ᠤᠨ ᠬᠥᠮᠥᠨ ᠳᠤᠮᠳᠠᠴᠢ ᠡᠵᠡᠮᠳᠡᠵᠦ ᠪᠣᠯᠬᠤ ᠣᠷᠣᠯᠭ᠎ᠠ ᠵᠡᠷᠭᠡ ᠪᠠᠢ᠌ᠳᠠᠯ᠎ᠢ ᠦᠨᠳᠦᠰᠦᠯᠡᠨ᠂ ᠬᠣᠰᠢᠭᠤ ᠰᠢᠶᠠᠨ (ᠬᠤᠲᠠ᠂ ᠲᠣᠭᠣᠷᠢᠭ)᠎ᠤ ᠬᠠᠮᠤᠭ ᠳᠣᠣᠷ᠎ᠠ ᠴᠠᠯᠢᠩ᠎ᠤᠨ ᠪᠠᠷᠢᠮᠵᠢᠶ᠎ᠠ ᠵᠢᠨ ᠭᠠᠵᠠᠷ ᠣᠷᠣᠨ᠎ᠤ ᠲᠥᠷᠥᠯ ᠢᠯᠭ᠋ᠠᠯ᠎ᠳᠤ ᠰᠢᠨ᠎ᠡ᠎ᠪᠠᠷ ᠲᠣᠬᠢᠷᠠᠭᠤᠯᠤᠯᠲᠠ ᠬᠢᠵᠦ ᠬᠤᠪᠢᠶᠠᠷᠢᠯᠠᠨ᠎ᠠ᠃ ᠭᠠᠵᠠᠷ ᠣᠷᠣᠨ᠎ᠤ ᠲᠥᠷᠥᠯ ᠢᠯᠭ᠋ᠠᠯ ᠪᠠ ᠲᠣᠬᠢᠷᠠᠭᠤᠯᠤᠨ ᠬᠡᠷᠡᠭᠯᠡᠬᠦ ᠪᠠᠷᠢᠮᠵᠢᠶ᠎ᠠ ᠵᠢ ᠳᠠᠭ᠋ᠠᠯᠳᠤᠭᠤᠯᠤᠯ᠎ᠳᠤ ᠨᠠᠷᠢᠨ ᠦᠵᠡᠭᠡᠷᠡᠢ᠃    
      ᠬᠣᠶᠠᠷ᠂ ᠬᠠᠮᠤᠭ ᠳᠣᠣᠷ᠎ᠠ ᠴᠠᠯᠢᠩ᠎ᠤᠨ ᠪᠠᠷᠢᠮᠵᠢᠶ᠎ᠠ ᠵᠢ ᠳᠡᠭᠡᠭᠰᠢᠯᠡᠭᠦᠯᠦᠨ᠎ᠡ᠃ ᠲᠣᠬᠢᠷᠠᠭᠤᠯᠤᠯᠲᠠ ᠬᠢᠭᠰᠡᠨ᠎ᠤ ᠳᠠᠷᠠᠭ᠋ᠠᠬᠢ ᠪᠦᠬᠦᠯᠢ ᠡᠳᠦᠷ᠎ᠤᠨ ᠳᠦᠷᠢᠮᠲᠦ ᠬᠥᠳᠡᠯᠮᠦᠷᠢᠯᠡᠭᠴᠢᠳ᠎ᠤᠨ ᠰᠠᠷ᠎ᠠ ᠵᠢᠨ ᠬᠠᠮᠤᠭ ᠳᠣᠣᠷ᠎ᠠ ᠴᠠᠯᠢᠩ᠎ᠤᠨ ᠪᠠᠷᠢᠮᠵᠢᠶ᠎ᠠ᠎ᠨᠢ ᠨᠢᠭᠡᠳᠦᠭᠡᠷ ᠲᠥᠷᠥᠯ᠎ᠤᠨ ᠭᠠᠵᠠᠷ ᠣᠷᠣᠨ ᠪᠣᠯ 1980 ᠲᠥᠭᠥᠷᠢᠭ᠂ ᠬᠣᠶᠠᠳᠤᠭ᠋ᠠᠷ ᠲᠥᠷᠥᠯ᠎ᠤᠨ ᠭᠠᠵᠠᠷ ᠣᠷᠣᠨ ᠪᠣᠯ 1910 ᠲᠥᠭᠥᠷᠢᠭ᠂ ᠭᠤᠷᠪᠠᠳᠤᠭ᠋ᠠᠷ ᠲᠥᠷᠥᠯ᠎ᠤᠨ ᠭᠠᠵᠠᠷ ᠣᠷᠣᠨ ᠪᠣᠯ 1850 ᠲᠥᠭᠥᠷᠢᠭ ᠪᠣᠯᠣᠨ᠎ᠠ; ᠪᠦᠬᠦᠯᠢ ᠡᠳᠦᠷ᠎ᠤᠨ ᠪᠤᠰᠤ ᠳᠦᠷᠢᠮᠲᠦ ᠠᠵᠢᠯᠯᠠᠬᠤ ᠴᠠᠭ᠎ᠤᠨ ᠬᠠᠮᠤᠭ ᠳᠣᠣᠷ᠎ᠠ ᠴᠠᠯᠢᠩ᠎ᠤᠨ ᠪᠠᠷᠢᠮᠵᠢᠶ᠎ᠠ᠎ᠨᠢ ᠨᠢᠭᠡᠳᠦᠭᠡᠷ ᠲᠥᠷᠥᠯ᠎ᠤᠨ ᠭᠠᠵᠠᠷ ᠣᠷᠣᠨ ᠪᠣᠯ 20.8 ᠲᠥᠭᠥᠷᠢᠭ᠂ ᠬᠣᠶᠠᠳᠤᠭ᠋ᠠᠷ ᠲᠥᠷᠥᠯ᠎ᠤᠨ ᠭᠠᠵᠠᠷ ᠣᠷᠣᠨ ᠪᠣᠯ 20.1 ᠲᠥᠭᠥᠷᠢᠭ᠂ ᠭᠤᠷᠪᠠᠳᠤᠭ᠋ᠠᠷ ᠲᠥᠷᠥᠯ᠎ᠤᠨ ᠭᠠᠵᠠᠷ ᠣᠷᠣᠨ ᠪᠣᠯ 19.5 ᠲᠥᠭᠥᠷᠢᠭ ᠪᠣᠯᠣᠨ᠎ᠠ᠃      
      ᠭᠤᠷᠪᠠ᠂ ᠬᠠᠮᠤᠭ ᠳᠣᠣᠷ᠎ᠠ ᠴᠠᠯᠢᠩ᠎ᠤᠨ ᠪᠠᠷᠢᠮᠵᠢᠶ᠎ᠠ᠎ᠳᠤ ᠦᠨᠳᠦᠰᠦᠨ ᠨᠠᠰᠤᠵᠢᠯ᠎ᠤᠨ ᠳᠠᠭ᠋ᠠᠳᠬᠠᠯ᠎ᠤᠨ       ᠮᠥᠩᠭᠥ᠂ ᠡᠮᠴᠢᠯᠡᠭᠡ ᠵᠢᠨ ᠳᠠᠭ᠋ᠠᠳᠬᠠᠯ᠎ᠤᠨ ᠮᠥᠩᠭᠥ᠂ ᠠᠵᠢᠯ ᠠᠯᠳᠠᠭᠰᠠᠳ᠎ᠤᠨ ᠳᠠᠭ᠋ᠠᠳᠬᠠᠯ᠎ᠤᠨ ᠮᠥᠩᠭᠥ ᠪᠠ ᠣᠷᠣᠨ ᠰᠠᠭᠤᠴᠠ ᠵᠢᠨ ᠨᠡᠶ᠋ᠢᠲᠡ ᠵᠢᠨ ᠬᠤᠷᠠᠮᠳᠤᠭᠤᠯᠭ᠎ᠠ ᠵᠢᠨ ᠮᠥᠩᠭᠥ ᠵᠢᠨ ᠬᠤᠪᠢ ᠬᠥᠮᠥᠨ᠎ᠤ ᠲᠤᠰᠢᠶᠠᠬᠤ ᠬᠡᠰᠡᠭ ᠪᠠᠭᠲᠠᠨ᠎ᠠ; ᠠᠵᠢᠯᠯᠠᠬᠤ ᠴᠠᠭ᠎ᠢ ᠤᠷᠲᠤᠳᠬᠠᠭᠰᠠᠨ ᠴᠠᠯᠢᠩ᠂ ᠦᠳᠡ ᠵᠢᠨ ᠡᠭᠡᠯᠵᠢ᠂ ᠰᠥᠨᠢ ᠵᠢᠨ ᠡᠭᠡᠯᠵᠢ᠂ ᠥᠨᠳᠥᠷ ᠳᠤᠯᠠᠭ᠋ᠠᠨ᠂ ᠳᠣᠣᠷ᠎ᠠ ᠬᠠᠯᠠᠭᠤᠨ᠂ ᠬᠤᠳᠳᠤᠭ ᠳᠣᠲᠣᠷ᠎ᠠ᠂ ᠬᠣᠣᠷᠳᠠᠭᠳᠠᠬᠤ ᠠᠶᠤᠯ᠎ᠲᠠᠢ ᠵᠡᠷᠭᠡ ᠣᠨᠴᠠᠭ᠋ᠠᠢ ᠨᠥᠬᠥᠴᠡᠯ᠎ᠳᠤ ᠠᠵᠢᠯᠯᠠᠬᠤ ᠨᠡᠮᠡᠭᠦᠷᠢ ᠮᠥᠩᠭᠥ᠂ ᠬᠠᠤᠯᠢ ᠴᠠᠭ᠋ᠠᠵᠠ᠂ ᠬᠠᠤᠯᠢ ᠲᠣᠭᠲᠠᠭ᠋ᠠᠯ ᠪᠠ ᠤᠯᠤᠰ᠎ᠠᠴᠠ ᠲᠣᠭᠲᠠᠭ᠋ᠠᠭᠰᠠᠨ ᠬᠥᠳᠡᠯᠮᠦᠷᠢᠴᠢᠨ᠎ᠤ ᠠᠰᠠᠷᠠᠮᠵᠢ ᠬᠠᠷᠠᠭ᠋ᠠᠯᠵᠠᠯ ᠵᠡᠷᠭᠡ ᠵᠢ ᠪᠠᠭᠲᠠᠭ᠋ᠠᠬᠤ ᠦᠭᠡᠢ᠃    
      ᠳᠥᠷᠪᠡ᠂ ᠪᠦᠬᠦᠯᠢ ᠡᠳᠦᠷ᠎ᠤᠨ ᠳᠦᠷᠢᠮᠲᠦ ᠠᠵᠢᠯ᠎ᠲᠠᠢ ᠬᠥᠳᠡᠯᠮᠦᠷᠢᠯᠡᠭᠴᠢᠳ ᠬᠡᠪ᠎ᠤᠨ ᠬᠥᠳᠡᠯᠮᠦᠷᠢ ᠬᠠᠩᠭ᠋ᠠᠭᠰᠠᠨ ᠪᠠᠢ᠌ᠳᠠᠯ ᠳᠣᠣᠷ᠎ᠠ᠂ ᠬᠥᠮᠥᠨ ᠬᠡᠷᠡᠭᠯᠡᠬᠦ ᠨᠢᠭᠡᠴᠢ᠎ᠨᠢ ᠲᠣᠬᠢᠷᠠᠭᠤᠯᠤᠯᠲᠠ ᠬᠢᠭᠰᠡᠨ᠎ᠤ ᠳᠠᠷᠠᠭ᠋ᠠᠬᠢ ᠬᠠᠮᠤᠭ ᠳᠣᠣᠷ᠎ᠠ ᠴᠠᠯᠢᠩ᠎ᠤᠨ ᠪᠠᠷᠢᠮᠵᠢᠶ᠎ᠠ᠎ᠪᠠᠷ ᠴᠠᠯᠢᠩ᠎ᠢ᠎ᠨᠢ ᠣᠯᠭᠣᠬᠤ ᠬᠡᠷᠡᠭᠲᠡᠢ; ᠪᠦᠬᠦᠯᠢ ᠡᠳᠦᠷ᠎ᠤᠨ ᠪᠤᠰᠤ ᠳᠦᠷᠢᠮᠲᠦ ᠠᠵᠢᠯ᠎ᠲᠠᠢ ᠬᠥᠳᠡᠯᠮᠦᠷᠢᠴᠢᠨ᠎ᠳᠤ ᠬᠥᠮᠥᠨ ᠬᠡᠷᠡᠭᠯᠡᠬᠦ ᠨᠢᠭᠡᠴᠢ ᠵᠢᠨ ᠣᠯᠭᠣᠬᠤ ᠵᠣᠭᠣᠰᠤᠨ ᠴᠠᠯᠢᠩ᠎ᠨᠢ ᠴᠠᠭ᠎ᠤᠨ ᠬᠠᠮᠤᠭ ᠳᠣᠣᠷ᠎ᠠ ᠴᠠᠯᠢᠩ᠎ᠤᠨ ᠪᠠᠷᠢᠮᠵᠢᠶ᠎ᠠ᠎ᠠᠴᠠ ᠳᠣᠣᠷ᠎ᠠ ᠪᠠᠢ᠌ᠯᠭ᠋ᠠᠵᠤ ᠪᠣᠯᠬᠤ ᠦᠭᠡᠢ᠃ ᠨᠢᠭᠡᠴᠢ ᠵᠢᠨ ᠬᠠᠤᠯᠢ ᠶᠣᠰᠣᠭ᠋ᠠᠷ ᠲᠤᠰᠢᠶᠠᠬᠤ ᠨᠡᠢ᠌ᠭᠡᠮ᠎ᠤᠨ ᠳᠠᠭ᠋ᠠᠳᠬᠠᠯ᠎ᠤᠨ ᠵᠠᠷᠤᠳᠠᠯ ᠪᠠ ᠣᠷᠣᠨ ᠰᠠᠭᠤᠴᠠ ᠵᠢᠨ ᠨᠡᠶ᠋ᠢᠲᠡ ᠵᠢᠨ ᠬᠤᠷᠠᠮᠳᠤᠭᠤᠯᠭ᠎ᠠ ᠵᠢᠨ ᠮᠥᠩᠭᠥ ᠵᠢ ᠬᠥᠮᠥᠨ ᠬᠡᠷᠡᠭᠯᠡᠬᠦ ᠨᠢᠭᠡᠴᠢ᠎ᠨᠢ ᠲᠣᠭᠲᠠᠭ᠋ᠠᠯ ᠶᠣᠰᠣᠭ᠋ᠠᠷ ᠲᠤᠰ᠎ᠲᠤ᠎ᠨᠢ ᠣᠯᠭᠣᠬᠤ ᠬᠡᠷᠡᠭᠲᠡᠢ᠃ ᠬᠠᠮᠤᠭ ᠳᠣᠣᠷ᠎ᠠ ᠴᠠᠯᠢᠩ᠎ᠤᠨ ᠪᠠᠷᠢᠮᠵᠢᠶ᠎ᠠ ᠵᠢ ᠬᠡᠷᠡᠭᠵᠢᠭᠦᠯᠵᠦ ᠪᠠᠢ᠌ᠭ᠎ᠠ ᠬᠥᠮᠥᠨ ᠬᠡᠷᠡᠭᠯᠡᠬᠦ ᠨᠢᠭᠡᠴᠢ ᠪᠦᠬᠦᠨ ᠬᠥᠳᠡᠯᠮᠦᠷᠢ ᠬᠦᠴᠦ ᠬᠡᠷᠡᠭᠯᠡᠬᠦ ᠰᠦᠯᠵᠢᠶᠡᠨ᠎ᠳᠠᠬᠢ ᠳᠠᠩᠰᠠᠯᠠᠭᠤᠯᠬᠤ ᠰᠢᠰᠲ᠋ᠧᠮ ᠵᠶ᠋ᠠᠷ ᠴᠠᠭ ᠲᠤᠬᠠᠢ᠎ᠳᠤ᠎ᠨᠢ ᠲᠠᠭᠯᠠᠨ ᠮᠡᠳᠡᠭᠦᠯᠬᠦ ᠬᠡᠷᠡᠭᠲᠡᠢ᠃      
      ᠲᠠᠪᠤ᠂ ᠲᠣᠬᠢᠷᠠᠭᠤᠯᠤᠯᠲᠠ ᠬᠢᠭᠰᠡᠨ᠎ᠤ ᠳᠠᠷᠠᠭ᠋ᠠᠬᠢ ᠬᠠᠮᠤᠭ ᠳᠣᠣᠷ᠎ᠠ ᠴᠠᠯᠢᠩ᠎ᠤᠨ ᠪᠠᠷᠢᠮᠵᠢᠶ᠎ᠠ ᠪᠠ ᠪᠦᠬᠦᠯᠢ ᠡᠳᠦᠷ᠎ᠤᠨ ᠪᠤᠰᠤ ᠳᠦᠷᠢᠮᠲᠦ ᠠᠵᠢᠯᠯᠠᠬᠤ ᠴᠠᠭ᠎ᠤᠨ ᠬᠠᠮᠤᠭ ᠳᠣᠣᠷ᠎ᠠ ᠴᠠᠯᠢᠩ᠎ᠤᠨ ᠪᠠᠷᠢᠮᠵᠢᠶ᠎ᠠ ᠵᠢ 2021 ᠣᠨ᠎ᠤ 12 ᠳ᠋ᠤᠭ᠋ᠠᠷ ᠰᠠᠷ᠎ᠠ ᠵᠢᠨ 1᠎ᠤ ᠡᠳᠦᠷ᠎ᠠᠴᠠ ᠡᠬᠢᠯᠡᠵᠦ ᠬᠡᠷᠡᠭᠵᠢᠭᠦᠯᠦᠨ᠎ᠡ᠃ ᠤᠤᠯ᠎ᠤᠨ 《ᠥᠪᠡᠷᠲᠡᠭᠡᠨ ᠵᠠᠰᠠᠬᠤ ᠣᠷᠣᠨ᠎ᠤ ᠬᠠᠮᠤᠭ ᠳᠣᠣᠷ᠎ᠠ ᠴᠠᠯᠢᠩ᠎ᠤᠨ ᠪᠠᠷᠢᠮᠵᠢᠶ᠎ᠠ ᠵᠢᠴᠢ ᠪᠦᠬᠦᠯᠢ ᠡᠳᠦᠷ᠎ᠤᠨ ᠪᠤᠰᠤ ᠳᠦᠷᠢᠮᠲᠦ ᠠᠵᠢᠯᠯᠠᠬᠤ ᠴᠠᠭ᠎ᠤᠨ ᠬᠠᠮᠤᠭ ᠳᠣᠣᠷ᠎ᠠ ᠴᠠᠯᠢᠩ᠎ᠤᠨ ᠪᠠᠷᠢᠮᠵᠢᠶ᠎ᠠ᠎ᠳᠤ ᠲᠣᠬᠢᠷᠠᠭᠤᠯᠤᠯᠲᠠ ᠬᠢᠬᠦ ᠲᠤᠬᠠᠢ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠠᠯᠪᠠᠨ ᠲᠢᠩᠬᠢᠮ᠎ᠤᠨ ᠮᠡᠳᠡᠭᠳᠡᠯ》 (ᠥᠪᠥᠷ ᠵᠠᠰᠠᠭ ᠠᠯᠪᠠᠨ ᠲᠠᠷᠬᠠᠭ᠋ᠠᠭᠰᠠᠨ [2017] 135 ᠳ᠋ᠤᠭ᠋ᠠᠷ ᠲᠣᠭ᠋ᠠᠲᠤ) ᠪᠢᠴᠢᠭ ᠮᠠᠲ᠋ᠧᠷᠢᠶᠠᠯ᠎ᠢ ᠬᠠᠮᠲᠤ᠎ᠳᠤ᠎ᠨᠢ ᠬᠦᠴᠦᠨ ᠦᠭᠡᠢ ᠪᠣᠯᠭ᠋ᠠᠨ᠎ᠠ᠃      
      ᠳᠠᠭ᠋ᠠᠯᠳᠤᠭᠤᠯᠤᠯ᠄ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠬᠠᠮᠤᠭ ᠳᠣᠣᠷ᠎ᠠ ᠴᠠᠯᠢᠩ᠎ᠤᠨ ᠭᠠᠵᠠᠷ ᠣᠷᠣᠨ᠎ᠤ ᠲᠥᠷᠥᠯ ᠢᠯᠭ᠋ᠠᠯ ᠪᠠ ᠪᠠᠷᠢᠮᠵᠢᠶ᠎ᠠ ᠵᠢᠨ ᠬᠦᠰᠦᠨᠦᠭᠲᠦ                            

                                                                                                                                                   

ᠢᠷᠡᠯᠲᠡ᠄ ᠥᠪᠥᠷ ᠮᠣᠩᠭᠣᠯ᠎ᠤᠨ ᠵᠠᠰᠠᠭ᠎ᠤᠨ ᠣᠷᠳᠣᠨ
          
ᠬᠠᠮᠢᠶ᠎ᠡ ᠪᠦᠬᠦᠢ ᠰᠣᠨᠢᠨ
ᠨᠡᠶ᠋ᠢᠭᠡᠮ᠎ᠤᠨ ᠲᠡᠩᠬᠡᠷᠡᠭᠦᠯᠦᠨ ᠲᠤᠰᠠᠯᠠᠬᠤ ᠪᠠ ᠪᠠᠲᠤᠯᠠᠭ᠎ᠠ ᠵᠢᠨ ᠪᠠᠷᠢᠮᠵᠢᠶ᠎ᠠ᠎ᠪᠠᠨ ᠪᠠᠷᠠᠭ᠋ᠠᠨ᠎ᠤ ᠦᠨ᠎ᠡ ᠵᠢᠨ ᠥᠰᠥᠯᠲᠡ᠎ᠯᠦᠭᠡ ᠬᠤᠯᠪᠣᠵᠤ ᠬᠠᠮᠲᠤᠷᠠᠨ ᠬᠦᠳᠡᠯᠦᠯᠴᠡᠬᠦ ᠲᠣᠭᠲᠠᠴᠠ ᠵᠢ ᠤᠯᠠᠮ ᠨᠢᠭᠡ ᠠᠯᠬᠤᠮ ᠲᠡᠭᠦᠯᠳᠡᠷᠵᠢᠭᠦᠯᠬᠦ ᠲᠤᠬᠠᠶ ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠠᠯᠪᠠᠨ ᠲᠢᠩᠬᠢᠮ᠎ᠤᠨ ᠮᠡᠳᠡᠭᠳᠡᠯ
ᠰᠲ᠋ᠣᠺ᠎ᠤᠨ ᠵᠠᠬ᠎ᠠ ᠳᠡᠯᠭᠡᠭᠦᠷ᠎ᠲᠤ ᠭᠠᠷᠤᠭᠰᠠᠨ ᠺᠣᠮᠫᠠᠨᠢ ᠵᠢᠨ ᠶᠠᠰᠤ ᠴᠢᠨᠠᠷ᠎ᠢ ᠤᠯᠠᠮ ᠨᠢᠭᠡ ᠠᠯᠬᠤᠮ ᠳᠡᠭᠡᠭᠰᠢᠯᠡᠭᠦᠯᠬᠦ ᠵᠢᠨ ᠬᠡᠷᠡᠭᠵᠢᠭᠦᠯᠬᠦ ᠲᠥᠰᠥᠯ᠎ᠢ ᠳᠠᠷᠤᠮᠠᠯᠯᠠᠨ ᠶᠠᠪᠤᠭᠤᠯᠬᠤ ᠲᠤᠬᠠᠢ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠠᠯᠪᠠᠨ ᠲᠢᠩᠬᠢᠮ᠎ᠤᠨ ᠮᠡᠳᠡᠭᠳᠡᠯ
《ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠡᠵᠡᠩᠨᠡᠨ ᠬᠤᠳᠠᠯᠳᠤᠭ᠋ᠠᠯᠠᠬᠤ ᠣᠷᠴᠢᠨ ᠨᠥᠬᠦᠴᠡᠯ᠎ᠢ ᠦᠨᠡᠯᠡᠨ ᠵᠢᠱ᠌ᠢᠬᠦ ᠵᠢᠨ ᠬᠡᠷᠡᠭᠵᠢᠭᠦᠯᠬᠦ ᠠᠷᠭ᠎ᠠ (ᠲᠤᠷᠰᠢᠨ ᠬᠡᠷᠡᠭᠵᠢᠭᠦᠯᠬᠦ)》 ᠵᠢ ᠳᠠᠷᠤᠮᠠᠯᠯᠠᠨ ᠶᠠᠪᠤᠭᠤᠯᠬᠤ ᠲᠤᠬᠠᠶ ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠠᠯᠪᠠᠨ ᠲᠢᠩᠬᠢᠮ᠎ᠤᠨ ᠮᠡᠳᠡᠭᠳᠡᠯ
ᠤᠯᠠᠭ᠋ᠠᠨᠬᠤᠸᠠ ᠪᠠᠯᠭ᠋ᠠᠰᠤ ᠵᠢ ᠳᠥᠷᠪᠡᠳ ᠬᠣᠰᠢᠭᠤᠨ᠎ᠤ ᠴᠡᠭᠲᠦ ᠬᠡᠯᠪᠡᠷᠢ᠎ᠪᠠᠷ ᠨᠡᠭᠡᠭᠡᠨ ᠬᠥᠭᠵᠢᠭᠦᠯᠬᠦ ᠬᠤᠲᠠ ᠪᠠᠯᠭ᠋ᠠᠰᠤᠨ᠎ᠤ ᠨᠡᠷᠡᠰ᠎ᠲᠤ ᠣᠷᠣᠭᠤᠯᠬᠤ ᠵᠢ ᠵᠥᠪᠰᠢᠶᠡᠷᠡᠬᠦ ᠲᠤᠬᠠᠢ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠬᠠᠷᠢᠭᠤ ᠴᠣᠬᠣᠯᠲᠠ
ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠤᠰᠤᠨ ᠱᠢᠨᠵᠢᠯᠡᠭᠡᠨ ᠤᠰᠤᠨ᠎ᠤ ᠡᠬᠢ ᠰᠤᠷᠪᠤᠯᠵᠢ᠎ᠶ᠋ᠢᠨ ᠲᠥᠪ᠎ᠦᠨ ᠳᠠᠭᠠᠭᠠᠴᠢᠯᠠᠯᠲᠠ ᠵᠠᠷᠯᠠᠬᠤ᠎ᠶ᠋ᠢ ᠣᠷᠣᠯᠠᠬᠤ ᠪᠠᠢᠭᠤᠯᠤᠮᠵᠢ᠎ᠶ᠋ᠢᠨ ᠢᠯᠡ᠎ᠪᠡᠷ ᠠᠳᠠᠯᠢᠳᠭᠠᠨ ᠰᠣᠩᠭᠣᠬᠤ ᠠᠯᠪᠠᠨ ᠵᠠᠷ
 
            