ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠣᠨᠴᠠᠯᠢᠭᠲᠤ᠌ ᠳᠠᠪᠴᠠᠩ
ᠢᠯᠡ ᠵᠠᠰᠠᠭ   -   ᠠᠯᠪᠠᠨ ᠮᠡᠳᠡᠭᠡ
ᠨᠡᠶ᠋ᠢᠭᠡᠮ᠎ᠤᠨ ᠲᠡᠩᠬᠡᠷᠡᠭᠦᠯᠦᠨ ᠲᠤᠰᠠᠯᠠᠬᠤ ᠪᠠ ᠪᠠᠲᠤᠯᠠᠭ᠎ᠠ ᠵᠢᠨ ᠪᠠᠷᠢᠮᠵᠢᠶ᠎ᠠ᠎ᠪᠠᠨ ᠪᠠᠷᠠᠭ᠋ᠠᠨ᠎ᠤ ᠦᠨ᠎ᠡ ᠵᠢᠨ ᠥᠰᠥᠯᠲᠡ᠎ᠯᠦᠭᠡ ᠬᠤᠯᠪᠣᠵᠤ ᠬᠠᠮᠲᠤᠷᠠᠨ ᠬᠦᠳᠡᠯᠦᠯᠴᠡᠬᠦ ᠲᠣᠭᠲᠠᠴᠠ ᠵᠢ ᠤᠯᠠᠮ ᠨᠢᠭᠡ ᠠᠯᠬᠤᠮ ᠲᠡᠭᠦᠯᠳᠡᠷᠵᠢᠭᠦᠯᠬᠦ ᠲᠤᠬᠠᠶ ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠠᠯᠪᠠᠨ ᠲᠢᠩᠬᠢᠮ᠎ᠤᠨ ᠮᠡᠳᠡᠭᠳᠡᠯ
ᠨᠡᠶ᠋ᠢᠲᠡᠯᠡᠭᠰᠡᠨ ᠴᠠᠭ᠄ 2021-12-16

ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠠᠯᠪᠠᠨ ᠲᠢᠩᠬᠢᠮ᠎ᠤᠨ ᠪᠢᠴᠢᠭ ᠮᠠᠲ᠋ᠧᠷᠢᠶᠠᠯ
                ᠥᠪᠥᠷ ᠵᠠᠰᠠᠭ ᠠᠯᠪᠠᠨ ᠲᠠᠷᠬᠠᠭ᠋ᠠᠭᠰᠠᠨ  [2021] 6 ᠳ᠋ᠤᠭ᠋ᠠᠷ ᠲᠣᠭ᠋ᠠᠲᠤ
    ᠨᠡᠶ᠋ᠢᠭᠡᠮ᠎ᠤᠨ ᠲᠡᠩᠬᠡᠷᠡᠭᠦᠯᠦᠨ ᠲᠤᠰᠠᠯᠠᠬᠤ ᠪᠠ ᠪᠠᠲᠤᠯᠠᠭ᠎ᠠ ᠵᠢᠨ ᠪᠠᠷᠢᠮᠵᠢᠶ᠎ᠠ᠎ᠪᠠᠨ ᠪᠠᠷᠠᠭ᠋ᠠᠨ᠎ᠤ ᠦᠨ᠎ᠡ ᠵᠢᠨ ᠥᠰᠥᠯᠲᠡ᠎ᠯᠦᠭᠡ ᠬᠤᠯᠪᠣᠵᠤ ᠬᠠᠮᠲᠤᠷᠠᠨ ᠬᠦᠳᠡᠯᠦᠯᠴᠡᠬᠦ ᠲᠣᠭᠲᠠᠴᠠ ᠵᠢ ᠤᠯᠠᠮ ᠨᠢᠭᠡ ᠠᠯᠬᠤᠮ ᠲᠡᠭᠦᠯᠳᠡᠷᠵᠢᠭᠦᠯᠬᠦ ᠲᠤᠬᠠᠶ ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠠᠯᠪᠠᠨ ᠲᠢᠩᠬᠢᠮ᠎ᠤᠨ ᠮᠡᠳᠡᠭᠳᠡᠯ
    ᠡᠯ᠎ᠡ ᠠᠶ᠋ᠢᠮᠠᠭ᠎ᠤᠨ ᠵᠠᠬᠢᠷᠭ᠎ᠠ᠂ ᠬᠤᠲᠠ ᠵᠢᠨ ᠠᠷᠠᠳ᠎ᠤᠨ ᠵᠠᠰᠠᠭ᠎ᠤᠨ ᠣᠷᠳᠣᠨ᠂ ᠥᠪᠡᠷᠲᠡᠭᠡᠨ ᠵᠠᠰᠠᠬᠤ ᠣᠷᠣᠨ᠎ᠤ ᠡᠯ᠎ᠡ ᠵᠥᠪᠯᠡᠯ᠂ ᠠᠯᠪᠠᠨ ᠭᠡᠷ᠂ ᠲᠢᠩᠬᠢᠮ᠂ ᠲᠣᠪᠴᠢᠶ᠎ᠠ᠂ ᠡᠯ᠎ᠡ ᠲᠤᠮᠦ ᠠᠵᠤ ᠠᠬᠤᠶ᠋ᠢᠯᠠᠯ᠂ ᠠᠵᠢᠯ ᠦᠢ᠍ᠯᠡᠰ᠎ᠤᠨ ᠨᠢᠭᠡᠴᠢ᠎ᠳᠤ᠄
    ᠨᠡᠶ᠋ᠢᠭᠡᠮ᠎ᠤᠨ ᠲᠡᠩᠬᠡᠷᠡᠭᠦᠯᠦᠨ ᠲᠤᠰᠠᠯᠠᠬᠤ ᠪᠠ ᠪᠠᠲᠤᠯᠠᠭ᠎ᠠ ᠵᠢᠨ ᠪᠠᠷᠢᠮᠵᠢᠶ᠎ᠠ᠎ᠪᠠᠨ ᠪᠠᠷᠠᠭ᠋ᠠᠨ᠎ᠤ ᠦᠨ᠎ᠡ ᠵᠢᠨ ᠥᠰᠥᠯᠲᠡ᠎ᠯᠦᠭᠡ ᠬᠤᠯᠪᠣᠵᠤ ᠬᠠᠮᠲᠤᠷᠠᠨ ᠬᠥᠳᠡᠯᠦᠯᠴᠡᠬᠦ ᠲᠣᠭᠲᠠᠴᠠ (ᠳᠣᠷᠣᠭᠰᠢ ᠬᠠᠮᠲᠤᠷᠠᠨ ᠬᠥᠳᠡᠯᠦᠯᠴᠡᠬᠦ ᠲᠣᠭᠲᠠᠴᠠ ᠭᠡᠵᠦ ᠲᠣᠪᠴᠢᠯᠠᠨ᠎ᠠ) ᠵᠢ ᠪᠦᠷᠢᠨᠰᠢᠭᠦᠯᠦᠨ ᠲᠡᠭᠦᠯᠳᠡᠷᠵᠢᠭᠦᠯᠬᠦ᠎ᠨᠢ ᠪᠠᠷᠠᠭ᠋ᠠᠨ᠎ᠤ ᠦᠨ᠎ᠡ ᠵᠢᠨ ᠥᠰᠥᠯᠲᠡ ᠵᠢᠨ ᠨᠥᠯᠥᠭᠡ ᠵᠢ ᠨᠠᠮᠳᠠᠭᠤᠯᠬᠤ᠂ ᠬᠦᠴᠢᠷᠳᠡᠯᠲᠡᠶ ᠣᠯᠠᠨ ᠲᠦᠮᠡᠨ᠎ᠤ ᠦᠨᠳᠦᠰᠦᠨ ᠠᠮᠢᠳᠤᠷᠠᠯ᠎ᠢ ᠪᠠᠲᠤᠯᠠᠬᠤ᠎ᠳᠤ ᠴᠢᠬᠤᠯᠠ ᠦᠢ᠍ᠯᠡᠳᠦᠯ᠎ᠲᠠᠢ ᠶᠤᠮ᠃ ᠠᠵᠤ ᠠᠬᠤᠶ ᠵᠢᠨ ᠬᠥᠭᠵᠢᠯᠲᠡ ᠵᠢᠨ ᠰᠢᠨ᠎ᠡ ᠬᠡᠪ ᠪᠠᠶ᠋ᠢᠳᠠᠯ᠎ᠳᠤ ᠰᠠᠨᠠᠭ᠋ᠠᠴᠢᠯᠠᠭ᠎ᠠ᠎ᠠᠴᠠ᠎ᠪᠠᠨ ᠵᠣᠬᠢᠴᠠᠵᠤ᠂ ᠡᠵᠡᠮᠰᠢᠨ᠂ ᠬᠥᠲᠥᠯᠥᠨ ᠳᠠᠭ᠋ᠠᠭᠤᠯᠵᠤ᠂ ᠣᠳᠣᠬᠠᠨ᠎ᠤ ᠦᠨ᠎ᠡ ᠬᠠᠩᠰᠢ ᠵᠢᠨ ᠠᠵᠢᠯᠯᠠᠭ᠋ᠠᠨ᠎ᠤ ᠰᠢᠨ᠎ᠡ ᠣᠨᠴᠠᠯᠢᠭ᠂ ᠰᠢᠨ᠎ᠡ ᠬᠤᠪᠢᠷᠠᠯᠲᠠ ᠵᠢ ᠪᠦᠲᠦᠮᠵᠢᠲᠡᠶ ᠠᠷᠭ᠋ᠠᠴᠠᠭ᠋ᠠᠵᠤ᠂ ᠬᠠᠮᠲᠤᠷᠠᠨ ᠬᠥᠳᠡᠯᠦᠯᠴᠡᠬᠦ ᠲᠣᠭᠲᠠᠴᠠ ᠵᠢᠨ ᠦᠢ᠍ᠯᠡᠳᠦᠯ᠎ᠢ ᠨᠡᠩ ᠰᠠᠶ᠋ᠢᠲᠤᠷ ᠪᠠᠳᠠᠷᠠᠭᠤᠯᠤᠨ᠂ ᠮᠠᠨ᠎ᠤ ᠣᠷᠣᠨ᠎ᠳᠠᠬᠢ ᠪᠠᠷᠠᠭ᠋ᠠᠨ᠎ᠤ ᠦᠨ᠎ᠡ ᠥᠰᠦᠭᠰᠡᠨ᠎ᠠᠴᠠ ᠪᠣᠯᠵᠤ ᠬᠦᠴᠢᠷᠳᠡᠯᠲᠡᠶ ᠣᠯᠠᠨ ᠲᠦᠮᠡᠨ᠎ᠤ ᠦᠨᠳᠦᠰᠦᠨ ᠠᠮᠢᠳᠤᠷᠠᠯ᠎ᠤᠨ ᠬᠢᠷᠢ ᠲᠦᠪᠰᠢᠨ᠎ᠤ ᠪᠠᠭᠤᠷᠠᠬᠤ ᠦᠭᠡᠢ ᠪᠠᠶ᠋ᠢᠬᠤ ᠵᠢ ᠦᠨᠡᠨ ᠬᠦ᠌ ᠪᠠᠲᠤᠯᠠᠬᠤ ᠵᠢᠨ ᠲᠤᠰᠠᠳᠠ᠂ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ ᠵᠶ᠋ᠠᠷ ᠵᠥᠪᠰᠢᠶᠡᠷᠡᠭᠦᠯᠦᠭᠡᠳ᠂ ᠡᠳᠦᠭᠡ ᠮᠠᠨ᠎ᠤ ᠣᠷᠣᠨ᠎ᠤ ᠬᠠᠮᠲᠤᠷᠠᠨ ᠬᠥᠳᠡᠯᠦᠯᠴᠡᠬᠦ ᠲᠣᠭᠲᠠᠴᠠ ᠵᠢ ᠤᠯᠠᠮ ᠨᠢᠭᠡ ᠠᠯᠬᠤᠮ ᠲ᠋ᠡᠭᠦᠯᠳᠡᠷᠵᠢᠭᠦᠯᠬᠦ ᠬᠤᠯᠪᠣᠭᠳᠠᠯ ᠪᠦᠬᠦᠢ ᠤᠴᠢᠷ᠎ᠢ ᠳᠣᠣᠷᠠᠬᠢ ᠮᠡᠲᠦ ᠮᠡᠳᠡᠭᠳᠡᠪᠡ᠃
    ᠨᠢᠭᠡ᠂ ᠬᠠᠮᠲᠤᠷᠠᠨ ᠬᠥᠳᠡᠯᠦᠯᠴᠡᠬᠦ ᠲᠣᠭᠲᠠᠴᠠ ᠵᠢ ᠡᠬᠢᠯᠡᠭᠦᠯᠬᠦ
    ᠬᠠᠮᠲᠤᠷᠠᠨ ᠬᠥᠳᠡᠯᠦᠯᠴᠡᠬᠦ ᠲᠣᠭᠲᠠᠴᠠ ᠵᠢ ᠠᠶ᠋ᠢᠮᠠᠭ ᠬᠤᠲᠠ᠎ᠪᠠᠷ ᠨᠢᠭᠡᠴᠢ ᠪᠣᠯᠭ᠋ᠠᠨ ᠨᠢᠭᠡᠳᠦᠯᠲᠡᠶ ᠡᠬᠢᠯᠡᠭᠦᠯᠵᠦ᠂ ᠳᠤᠤᠷᠠᠬᠢ ᠳᠤᠷ᠎ᠠ ᠵᠢᠨ ᠨᠢᠭᠡ ᠨᠥᠬᠦᠴᠡᠯ᠎ᠢ ᠬᠠᠩᠭ᠋ᠠᠪᠠᠯ ᠳᠠᠷᠤᠶ ᠬᠠᠮᠲᠤᠷᠠᠨ ᠬᠥᠳᠡᠯᠦᠯᠴᠡᠬᠦ ᠲᠣᠭᠲᠠᠴᠠ ᠵᠢ ᠡᠬᠢᠯᠡᠭᠦᠯᠦᠨ᠎ᠡ᠄
    (ᠨᠢᠭᠡ) ᠠᠶ᠋ᠢᠮᠠᠭ ᠬᠤᠲᠠ ᠵᠢᠨ ᠰᠠᠭᠤᠭ᠋ᠠᠯᠢ ᠠᠷᠠᠳ᠎ᠤᠨ ᠬᠡᠷᠡᠭᠯᠡᠭᠡ ᠵᠢᠨ ᠦᠨ᠎ᠡ ᠬᠠᠩᠰᠢ ᠵᠢᠨ ᠵᠢᠭ᠋ᠠᠯᠲᠠ ᠲᠤᠭ᠎ᠠ (CPI) ᠵᠢᠨ ᠭᠠᠭᠴᠠ ᠰᠠᠷ᠎ᠠ ᠵᠢᠨ ᠠᠳᠠᠯᠢ ᠬᠤᠭᠤᠴᠠᠭ᠋ᠠᠨ᠎ᠤ᠎ᠬᠢ᠎ᠲᠠᠢ ᠠᠳᠠᠯᠢᠳᠬᠠᠭᠰᠠᠨ ᠥᠰᠦᠯᠲᠡ ᠵᠢᠨ ᠬᠡᠮᠵᠢᠶ᠎ᠡ ᠵᠢ 3 %᠎ᠳᠤ ᠬᠦᠷᠭᠡᠨ᠎ᠡ᠃
    (ᠬᠤᠶᠠᠷ) ᠠᠶ᠋ᠢᠮᠠᠭ ᠬᠤᠲᠠ ᠵᠢᠨ CPI᠎ᠳᠠᠬᠢ ᠢᠳᠡᠭᠡᠨ᠎ᠤ ᠵᠦᠢ᠍ᠯ᠎ᠤᠨ ᠦᠨ᠎ᠡ ᠬᠠᠩᠰᠢ ᠵᠢᠨ ᠵᠢᠭ᠋ᠠᠯᠲᠠ ᠲᠤᠭ᠎ᠠ ᠵᠢᠨ ᠭᠠᠭᠴᠠ ᠰᠠᠷ᠎ᠠ ᠵᠢᠨ ᠠᠳᠠᠯᠢ ᠬᠤᠭᠤᠴᠠᠭ᠋ᠠᠨ᠎ᠤ᠎ᠬᠢ᠎ᠲᠠᠢ ᠠᠳᠠᠯᠢᠳᠬᠠᠭᠰᠠᠨ ᠥᠰᠦᠯᠲᠡ ᠵᠢᠨ ᠬᠡᠮᠵᠢᠶ᠎ᠡ ᠵᠢ 6 %᠎ᠳᠤ ᠬᠦᠷᠭᠡᠨ᠎ᠡ᠃
    ᠬᠤᠶᠠᠷ᠂ ᠪᠠᠲᠤᠯᠠᠭ᠎ᠠ ᠬᠦᠷᠲᠡᠬᠦ ᠡᠲᠡᠭᠡᠳ   ᠤᠯᠤᠰ᠎ᠤᠨ ᠲᠣᠭᠲᠠᠮᠠᠯ ᠬᠤᠭᠤᠴᠠᠭ᠎ᠠ᠎ᠲᠠᠢ ᠠᠰᠠᠷᠠᠮᠵᠢ ᠵᠢᠨ ᠨᠥᠬᠦᠪᠥᠷᠢ ᠬᠦᠷᠲᠡᠵᠦ ᠪᠠᠶ᠋ᠢᠭ᠎ᠠ ᠠᠰᠠᠷᠠᠨ ᠬᠠᠷᠠᠭ᠋ᠠᠯᠵᠠᠭᠤᠯᠬᠤ ᠡᠲᠡᠭᠡᠳ᠂ ᠠᠮᠢᠳᠤᠷᠠᠯ᠎ᠤᠨ ᠨᠠᠭ᠋ᠠᠳᠤ ᠵᠠᠬ᠎ᠠ ᠵᠢᠨ ᠪᠠᠲᠤᠯᠠᠭ᠎ᠠ ᠬᠦᠷᠲᠡᠵᠦ ᠪᠠᠶ᠋ᠢᠭ᠎ᠠ ᠡᠲᠡᠭᠡᠳ᠂ ᠣᠨᠴᠠ ᠬᠦᠴᠢᠷᠳᠡᠯᠲᠡᠶ ᠬᠥᠮᠦᠰ᠂ ᠠᠵᠢᠯ ᠠᠯᠳᠠᠯᠲᠠ ᠵᠢᠨ ᠳᠠᠭ᠋ᠠᠳᠬᠠᠯ᠎ᠤᠨ ᠮᠥᠩᠭᠦ ᠠᠪᠴᠤ ᠪᠠᠶ᠋ᠢᠭ᠎ᠠ ᠬᠥᠮᠦᠰ᠂ ᠨᠡᠶ᠋ᠢᠭᠡᠮ᠎ᠤᠨ ᠲᠠᠷᠠᠬᠠᠶ ᠰᠠᠭᠤᠵᠤ ᠪᠠᠶ᠋ᠢᠭ᠎ᠠ ᠪᠠ ᠠᠰᠠᠷᠠᠮᠵᠢ ᠵᠢᠨ ᠪᠠᠶ᠋ᠢᠭᠤᠯᠤᠮᠵᠢ᠎ᠳᠤ ᠲᠥᠪᠯᠡᠷᠡᠭᠦᠯᠵᠦ ᠠᠰᠠᠷᠠᠨ ᠲᠡᠵᠢᠭᠡᠵᠦ ᠪᠠᠶ᠋ᠢᠭ᠎ᠠ ᠥᠨᠥᠴᠢᠨ ᠬᠡᠦᠬᠡᠳ᠂ ᠪᠣᠳᠠᠲᠠᠶ ᠠᠰᠠᠷᠠᠨ ᠲᠡᠵᠢᠭᠡᠬᠦ ᠬᠥᠮᠦᠨ ᠥᠬᠡᠶ ᠬᠡᠦᠬᠡᠳ᠂ ᠳᠡᠭᠡᠳᠦ ᠵᠡᠷᠭᠡ ᠵᠢᠨ ᠰᠤᠷᠭ᠋ᠠᠭᠤᠯᠢ᠎ᠳᠠᠬᠢ ᠭᠡᠷ ᠪᠦᠯᠢ ᠵᠢᠨ ᠠᠵᠤ ᠠᠬᠤᠶ᠎ᠨᠢ ᠬᠦᠴᠢᠷᠳᠡᠯᠲᠡᠶ ᠰᠤᠷᠤᠭᠴᠢᠳ ᠪᠠᠭᠲᠠᠨ᠎ᠠ᠃
    ᠭᠤᠷᠪᠠ᠂ ᠨᠡᠮᠡᠭᠦᠷᠢ ᠥᠭᠬᠦ ᠪᠠᠷᠢᠮᠵᠢᠶ᠎ᠠ
    ᠦᠨ᠎ᠡ ᠬᠠᠩᠰᠢ ᠵᠢᠨ ᠲᠦᠷ ᠴᠠᠭ᠎ᠤᠨ ᠨᠡᠮᠡᠭᠦᠷᠢ ᠵᠢ ᠠᠶ᠋ᠢᠮᠠᠭ ᠬᠤᠲᠠ᠎ᠪᠠᠷ ᠨᠢᠭᠡᠴᠢ ᠪᠣᠯᠭ᠋ᠠᠨ ᠨᠢᠭᠡᠳᠦᠯᠲᠡᠶ ᠣᠯᠭᠤᠬᠤ ᠨᠡᠮᠡᠭᠦᠷᠢ ᠵᠢᠨ ᠪᠠᠷᠢᠮᠵᠢᠶ᠎ᠠ ᠵᠢ ᠬᠡᠷᠡᠭᠵᠢᠭᠦᠯᠦᠨ᠎ᠡ᠃ ᠨᠡᠮᠡᠭᠦᠷᠢ ᠵᠢᠨ ᠪᠠᠷᠢᠮᠵᠢᠶ᠎ᠠ ᠵᠢ ᠳᠣᠣᠷᠠᠬᠢ ᠲᠣᠮᠢᠶ᠎ᠠ ᠶᠣᠰᠣᠭ᠋ᠠᠷ ᠰᠠᠷ᠎ᠠ᠎ᠪᠠᠷ ᠵᠢᠱ᠌ᠢᠵᠦ ᠪᠣᠳᠣᠨ᠎ᠠ᠄
    (ᠨᠢᠭᠡ) ᠬᠤᠲᠠ ᠵᠢᠨ ᠦᠨ᠎ᠡ ᠬᠠᠩᠰᠢ ᠵᠢᠨ ᠲᠦᠷ ᠴᠠᠭ᠎ᠤᠨ ᠨᠡᠮᠡᠭᠦᠷᠢ ᠵᠢᠨ ᠪᠠᠷᠢᠮᠵᠢᠶ᠎ᠠ = ᠠᠶ᠋ᠢᠮᠠᠭ ᠬᠤᠲᠠ᠎ᠳᠠᠬᠢ ᠬᠤᠲᠠ ᠵᠢᠨ ᠠᠮᠢᠳᠤᠷᠠᠯ᠎ᠤᠨ ᠨᠠᠭ᠋ᠠᠳᠤ ᠵᠠᠬ᠎ᠠ ᠵᠢ ᠪᠠᠲᠤᠯᠠᠬᠤ ᠪᠠᠲᠤᠯᠠᠭ᠎ᠠ ᠵᠢᠨ ᠪᠠᠷᠢᠮᠵᠢᠶ᠎ᠠ × ᠠᠶ᠋ᠢᠮᠠᠭ ᠬᠤᠲᠠ᠎ᠳᠠᠬᠢ ᠬᠤᠲᠠ ᠪᠠᠯᠭ᠋ᠠᠰᠤᠨ᠎ᠤ ᠣᠷᠣᠯᠭ᠎ᠠ ᠪᠠᠭ᠋ᠠᠲᠠᠶ ᠰᠠᠭᠤᠭ᠋ᠠᠯᠢ ᠠᠷᠠᠳ᠎ᠤᠨ ᠦᠨᠳᠦᠰᠦᠨ ᠠᠮᠢᠳᠤᠷᠠᠯ᠎ᠤᠨ ᠵᠠᠷᠤᠳᠠᠯ᠎ᠤᠨ ᠦᠨ᠎ᠡ ᠬᠠᠩᠰᠢ ᠵᠢᠨ ᠵᠢᠭ᠋ᠠᠯᠲᠠ ᠲᠤᠭ᠎ᠠ (SCPI) ᠵᠢᠨ ᠠᠳᠠᠯᠢ ᠬᠤᠭᠤᠴᠠᠭ᠋ᠠᠨ᠎ᠤ᠎ᠬᠢ᠎ᠲᠠᠢ ᠠᠳᠠᠯᠢᠳᠬᠠᠭᠰᠠᠨ ᠥᠰᠦᠯᠲᠡ ᠵᠢᠨ ᠬᠡᠮᠵᠢᠶ᠎ᠡ᠃
    (ᠬᠤᠶᠠᠷ) ᠮᠠᠯᠵᠢᠬᠤ ᠲᠠᠷᠢᠶᠠᠯᠠᠬᠤ ᠣᠷᠣᠨ᠎ᠳᠠᠬᠢ ᠦᠨ᠎ᠡ ᠬᠠᠩᠰᠢ ᠵᠢᠨ ᠲᠦᠷ ᠴᠠᠭ᠎ᠤᠨ ᠨᠡᠮᠡᠭᠦᠷᠢ ᠵᠢᠨ ᠪᠠᠷᠢᠮᠵᠢᠶ᠎ᠠ = ᠠᠶ᠋ᠢᠮᠠᠭ ᠬᠤᠲᠠ᠎ᠳᠠᠬᠢ ᠮᠠᠯᠵᠢᠬᠤ ᠲᠠᠷᠢᠶᠠᠯᠠᠬᠤ ᠣᠷᠣᠨ᠎ᠤ ᠠᠮᠢᠳᠤᠷᠠᠯ᠎ᠤᠨ ᠨᠠᠭ᠋ᠠᠳᠤ ᠵᠠᠬ᠎ᠠ ᠵᠢ ᠪᠠᠲᠤᠯᠠᠬᠤ ᠪᠠᠲᠤᠯᠠᠭ᠎ᠠ ᠵᠢᠨ ᠪᠠᠷᠢᠮᠵᠢᠶ᠎ᠠ × ᠠᠶ᠋ᠢᠮᠠᠭ ᠬᠤᠲᠠ᠎ᠳᠠᠬᠢ ᠬᠤᠲᠠ ᠪᠠᠯᠭ᠋ᠠᠰᠤᠨ᠎ᠤ ᠣᠷᠣᠯᠭ᠎ᠠ ᠪᠠᠭ᠋ᠠᠲᠠᠶ ᠰᠠᠭᠤᠭ᠋ᠠᠯᠢ ᠠᠷᠠᠳ᠎ᠤᠨ ᠦᠨᠳᠦᠰᠦᠨ ᠠᠮᠢᠳᠤᠷᠠᠯ᠎ᠤᠨ ᠵᠠᠷᠤᠳᠠᠯ᠎ᠤᠨ ᠦᠨ᠎ᠡ ᠬᠠᠩᠰᠢ ᠵᠢᠨ ᠵᠢᠭ᠋ᠠᠯᠲᠠ ᠲᠤᠭ᠎ᠠ (SCPI) ᠵᠢᠨ ᠠᠳᠠᠯᠢ ᠬᠤᠭᠤᠴᠠᠭ᠋ᠠᠨ᠎ᠤ᠎ᠬᠢ᠎ᠲᠠᠢ ᠠᠳᠠᠯᠢᠳᠬᠠᠭᠰᠠᠨ ᠥᠰᠦᠯᠲᠡ ᠵᠢᠨ ᠬᠡᠮᠵᠢᠶ᠎ᠡ᠃
    ᠬᠤᠲᠠ ᠵᠢᠨ ᠬᠥᠮᠦᠨ ᠪᠦᠷᠢ ᠵᠢᠨ ᠰᠠᠷ᠎ᠠ ᠵᠢᠨ ᠨᠡᠮᠡᠭᠦᠷᠢ᠎ᠨᠢ 30 ᠲᠥᠭᠦᠷᠢᠭ᠎ᠲᠤ ᠬᠦᠷᠬᠦ ᠦᠭᠡᠶ ᠪᠠᠶ᠋ᠢᠪᠠᠯ 30 ᠲᠥᠭᠦᠷᠢᠭ ᠵᠶ᠋ᠠᠷ ᠣᠯᠭᠤᠵᠣ᠂ 30 ᠲᠥᠭᠦᠷᠢᠭ᠎ᠠᠴᠠ ᠳᠠᠪᠠᠭᠰᠠᠨ ᠪᠠᠶ᠋ᠢᠪᠠᠯ ᠪᠣᠳᠠᠲᠠᠢ ᠪᠠᠶ᠋ᠢᠳᠠᠯ᠎ᠢ᠎ᠨᠢ ᠦᠨᠳᠦᠰᠦᠯᠡᠨ ᠥᠭᠬᠦ ᠬᠡᠷᠡᠭᠲᠡᠶ; ᠮᠠᠯᠵᠢᠬᠤ ᠲᠠᠷᠢᠶᠠᠯᠠᠬᠤ ᠣᠷᠣᠨ᠎ᠤ ᠬᠥᠮᠦᠨ ᠪᠦᠷᠢ ᠵᠢᠨ ᠰᠠᠷ᠎ᠠ ᠵᠢᠨ ᠨᠡᠮᠡᠭᠦᠷᠢ᠎ᠨᠢ 15 ᠲᠥᠭᠦᠷᠢᠭ᠎ᠲᠤ ᠬᠦᠷᠬᠦ ᠦᠭᠡᠶ ᠪᠠᠶ᠋ᠢᠪᠠᠯ 15 ᠲᠥᠭᠦᠷᠢᠭ ᠵᠶ᠋ᠠᠷ ᠣᠯᠭᠤᠵᠤ᠂ 15 ᠲᠥᠭᠦᠷᠢᠭ᠎ᠠᠴᠠ ᠳᠠᠪᠠᠭᠰᠠᠨ ᠪᠠᠶ᠋ᠢᠪᠠᠯ ᠪᠣᠳᠠᠲᠠᠢ ᠪᠠᠶ᠋ᠢᠳᠠᠯ᠎ᠢ᠎ᠨᠢ ᠦᠨᠳᠦᠰᠦᠯᠡᠨ ᠣᠯᠭᠤᠨ᠎ᠠ᠃
    ᠠᠵᠢᠯ ᠠᠯᠳᠠᠯᠲᠠ ᠵᠢᠨ ᠳᠠᠭ᠋ᠠᠳᠬᠠᠯ᠎ᠤᠨ ᠮᠥᠩᠭᠦ ᠠᠪᠴᠤ ᠪᠠᠶ᠋ᠢᠭ᠎ᠠ ᠬᠥᠮᠦᠰ᠂ ᠨᠡᠶ᠋ᠢᠭᠡᠮ᠎ᠤᠨ ᠲᠠᠷᠠᠬᠠᠶ ᠰᠠᠭᠤᠵᠤ ᠪᠠᠶ᠋ᠢᠭ᠎ᠠ ᠪᠠ ᠠᠰᠠᠷᠠᠮᠵᠢ ᠵᠢᠨ ᠪᠠᠶ᠋ᠢᠭᠤᠯᠤᠮᠵᠢ ᠵᠢᠨ ᠲᠥᠪᠯᠡᠷᠡᠭᠦᠯᠵᠦ ᠠᠰᠠᠷᠠᠨ ᠲᠡᠵᠢᠭᠡᠵᠦ ᠪᠠᠶ᠋ᠢᠭ᠎ᠠ ᠥᠨᠥᠴᠢᠨ ᠬᠡᠦᠬᠡᠳ᠂ ᠪᠣᠳᠠᠲᠠᠶ ᠠᠰᠠᠷᠠᠨ ᠲᠡᠵᠢᠭᠡᠬᠦ ᠬᠥᠮᠦᠨ ᠦᠭᠡᠶ ᠬᠡᠦᠬᠡᠳ᠂ ᠳᠡᠭᠡᠳᠦ ᠵᠡᠷᠭᠡ ᠵᠢᠨ ᠰᠤᠷᠭ᠋ᠠᠭᠤᠯᠢ᠎ᠳᠠᠬᠢ ᠭᠡᠷ ᠪᠦᠯᠢ ᠵᠢᠨ ᠠᠵᠤ ᠠᠬᠤᠶ᠎ᠨᠢ ᠬᠦᠴᠢᠷᠳᠡᠯᠲᠡᠶ ᠰᠤᠷᠤᠭᠴᠢᠳ᠎ᠲᠤ ᠥᠭᠬᠦ ᠨᠡᠮᠡᠭᠦᠷᠢ ᠵᠢᠨ ᠪᠠᠷᠢᠮᠵᠢᠶ᠎ᠠ ᠵᠢ ᠬᠤᠲᠠ ᠵᠢᠨ ᠦᠨ᠎ᠡ ᠬᠠᠩᠰᠢ ᠵᠢᠨ ᠲᠦᠷ ᠴᠠᠭ᠎ᠤᠨ ᠨᠡᠮᠡᠭᠦᠷᠢ ᠵᠢᠨ ᠪᠠᠷᠢᠮᠵᠢᠶ᠎ᠠ᠎ᠪᠠᠷ ᠯᠠᠪᠯᠠᠯᠲᠠ ᠪᠣᠯᠭ᠋ᠠᠨ ᠬᠡᠷᠡᠭᠵᠢᠭᠦᠯᠬᠦ ᠬᠡᠷᠡᠭᠲᠡᠢ᠃
    ᠳᠥᠷᠪᠡ᠂ ᠪᠡᠯᠡ ᠮᠥᠩᠭᠦᠨ᠎ᠤ ᠢᠷᠡᠯᠲᠡ
    ᠤᠯᠤᠰ᠎ᠤᠨ ᠲᠣᠭᠲᠠᠮᠠᠯ ᠬᠤᠭᠤᠴᠠᠭ᠎ᠠ᠎ᠲᠠᠢ ᠠᠰᠠᠷᠠᠮᠵᠢ ᠵᠢᠨ ᠨᠥᠬᠦᠪᠥᠷᠢ ᠬᠦᠷᠲᠡᠵᠦ ᠪᠠᠶ᠋ᠢᠭ᠎ᠠ ᠠᠰᠠᠷᠠᠨ ᠬᠠᠷᠠᠭ᠋ᠠᠯᠵᠠᠭᠤᠯᠬᠤ ᠡᠲᠡᠭᠡᠳ᠂ ᠠᠮᠢᠳᠤᠷᠠᠯ᠎ᠤᠨ ᠨᠠᠭ᠋ᠠᠳᠤ ᠵᠠᠬ᠎ᠠ ᠵᠢᠨ ᠪᠠᠲᠤᠯᠠᠭ᠎ᠠ ᠬᠦᠷᠲᠡᠵᠦ ᠪᠠᠶ᠋ᠢᠭ᠎ᠠ ᠡᠲᠡᠭᠡᠳ᠂ ᠣᠨᠴᠠ ᠬᠦᠴᠢᠷᠳᠡᠯᠲᠡᠶ ᠬᠥᠮᠦᠰ᠂ ᠨᠡᠶ᠋ᠢᠭᠡᠮ᠎ᠤᠨ ᠲᠠᠷᠠᠬᠠᠶ ᠰᠠᠭᠤᠵᠤ ᠪᠠᠶ᠋ᠢᠭ᠎ᠠ ᠪᠠ ᠠᠰᠠᠷᠠᠮᠵᠢ ᠵᠢᠨ ᠪᠠᠶ᠋ᠢᠭᠤᠯᠤᠮᠵᠢ᠎ᠳᠤ ᠲᠥᠪᠯᠡᠷᠡᠭᠦᠯᠵᠦ ᠠᠰᠠᠷᠠᠨ ᠲᠡᠵᠢᠭᠡᠵᠦ ᠪᠠᠶ᠋ᠢᠭ᠎ᠠ ᠥᠨᠥᠴᠢᠨ ᠬᠡᠦᠬᠡᠳ᠂ ᠪᠣᠳᠠᠲᠠᠶ ᠠᠰᠠᠷᠠᠨ ᠲᠡᠵᠢᠭᠡᠬᠦ ᠬᠥᠮᠦᠨ ᠥᠬᠡᠶ ᠬᠡᠦᠬᠡᠳ᠂ ᠳᠡᠭᠡᠳᠦ ᠵᠡᠷᠭᠡ ᠵᠢᠨ ᠰᠤᠷᠭ᠋ᠠᠭᠤᠯᠢ᠎ᠳᠠᠬᠢ ᠭᠡᠷ ᠪᠦᠯᠢ ᠵᠢᠨ ᠠᠵᠤ ᠠᠬᠤᠶ᠎ᠨᠢ ᠬᠦᠴᠢᠷᠳᠡᠯᠲᠡᠶ ᠰᠤᠷᠤᠭᠴᠢᠳ᠎ᠲᠤ ᠣᠯᠭᠤᠬᠤ ᠦᠨ᠎ᠡ ᠬᠠᠩᠰᠢ ᠵᠢᠨ ᠲᠦᠷ ᠴᠠᠭ᠎ᠤᠨ ᠨᠡᠮᠡᠭᠦᠷᠢ ᠵᠢᠨ ᠪᠠᠯᠠ ᠮᠥᠩᠭᠦ ᠵᠢ ᠠᠳᠠᠯᠢ ᠱᠠᠲᠤᠨ᠎ᠤ ᠵᠠᠰᠠᠭ᠎ᠤᠨ ᠣᠷᠳᠣᠨ᠎ᠤ ᠡᠳ᠋᠎ᠤᠨ ᠵᠠᠰᠠᠭ᠎ᠤᠨ ᠲᠥᠰᠦᠪ᠎ᠲᠤ ᠣᠷᠣᠭᠤᠯᠵᠤ᠂ ᠥᠪᠡᠷᠲᠡᠭᠡᠨ ᠵᠠᠰᠠᠬᠤ ᠣᠷᠣᠨ᠎ᠠᠴᠠ ᠭᠤᠤᠯᠳᠠᠭᠤ ᠱᠠᠩᠨᠠᠵᠤ ᠨᠥᠬᠦᠪᠥᠷᠢᠯᠡᠬᠦ ᠬᠡᠯᠪᠡᠷᠢ᠎ᠪᠠᠷ ᠳᠠᠮᠵᠢᠭᠤᠯᠤᠨ ᠠᠶ᠋ᠢᠮᠠᠭ ᠬᠤᠲᠠ᠂ ᠬᠤᠰᠢᠭᠤ ᠰᠢᠶᠠᠨ (ᠬᠤᠲᠠ᠂ ᠲᠣᠭᠤᠷᠢᠭ)᠎ᠤ ᠬᠠᠮᠲᠤᠷᠠᠨ ᠬᠥᠳᠡᠯᠦᠯᠴᠡᠬᠦ ᠨᠡᠮᠡᠭᠦᠷᠢ ᠵᠢᠨ ᠪᠠᠯᠠ ᠮᠥᠩᠭᠦ᠎ᠳᠤ᠎ᠨᠢ ᠨᠥᠬᠦᠪᠥᠷᠢ ᠣᠯᠭᠤᠨ᠎ᠠ᠃ ᠨᠠᠭ᠋ᠠᠳᠤ ᠵᠠᠬ᠎ᠠ ᠵᠢᠨ ᠪᠠᠲᠤᠯᠠᠭ᠎ᠠ ᠬᠦᠷᠲᠡᠭᠰᠡᠳ᠂ ᠣᠨᠴᠠ ᠬᠦᠴᠢᠷᠳᠡᠯᠲᠡᠶ ᠬᠥᠮᠦᠰ᠂ ᠨᠡᠶ᠋ᠢᠭᠡᠮ᠎ᠤᠨ ᠲᠠᠷᠠᠬᠠᠶ ᠰᠠᠭᠤᠵᠤ ᠪᠠᠶ᠋ᠢᠭ᠎ᠠ ᠪᠠ ᠠᠰᠠᠷᠠᠮᠵᠢ ᠵᠢᠨ ᠪᠠᠶ᠋ᠢᠭᠤᠯᠤᠮᠵᠢ᠎ᠳᠤ ᠲᠥᠪᠯᠡᠷᠡᠭᠦᠯᠵᠦ ᠠᠰᠠᠷᠠᠨ ᠲᠡᠵᠢᠭᠡᠵᠦ ᠪᠠᠶ᠋ᠢᠭ᠎ᠠ ᠥᠨᠥᠴᠢᠨ ᠬᠡᠦᠬᠡᠳ᠂ ᠪᠣᠳᠠᠲᠠᠶ ᠠᠰᠠᠷᠠᠨ ᠲᠡᠵᠢᠭᠡᠬᠦ ᠬᠥᠮᠦᠨ ᠥᠬᠡᠶ
    ᠬᠡᠦᠬᠡᠳ᠎ᠲᠤ ᠣᠯᠭᠤᠬᠤ ᠦᠨ᠎ᠡ ᠬᠠᠩᠰᠢ ᠵᠢᠨ ᠲᠦᠷ ᠴᠠᠭ᠎ᠤᠨ ᠨᠡᠮᠡᠭᠦᠷᠢ ᠵᠢ ᠪᠣᠯ ᠥᠪᠡᠷᠲᠡᠭᠡᠨ ᠵᠠᠰᠠᠬᠤ ᠣᠷᠣᠨ᠎ᠤ ᠡᠯ᠎ᠡ ᠱᠠᠲᠤᠨ᠎ᠤ ᠡᠳ᠋᠎ᠤᠨ ᠵᠠᠰᠠᠭ᠎ᠤᠨ ᠲᠣᠬᠢᠷᠠᠭᠤᠯᠤᠭᠰᠠᠨ ᠬᠦᠴᠢᠷᠳᠡᠯᠲᠡᠶ ᠣᠯᠠᠨ ᠲᠦᠮᠡᠨ᠎ᠢ ᠲᠡᠩᠭᠡᠷᠡᠭᠦᠯᠦᠨ ᠲᠤᠰᠠᠯᠠᠬᠤ ᠨᠥᠬᠦᠪᠥᠷᠢ ᠵᠢᠨ ᠪᠠᠯᠠ ᠮᠥᠩᠭᠦ᠎ᠠᠴᠠ ᠭᠠᠷᠭ᠋ᠠᠵᠤ ᠪᠣᠯᠤᠨ᠎ᠠ᠃ ᠠᠵᠢᠯ ᠠᠯᠳᠠᠯᠲᠠ ᠵᠢᠨ ᠳᠠᠭ᠋ᠠᠳᠬᠠᠯ᠎ᠤᠨ ᠮᠥᠩᠭᠦ ᠠᠪᠴᠤ ᠪᠠᠶ᠋ᠢᠭ᠎ᠠ ᠬᠥᠮᠦᠰ᠎ᠲᠤ ᠣᠯᠭᠤᠬᠤ ᠦᠨ᠎ᠡ ᠬᠠᠩᠰᠢ ᠵᠢᠨ ᠲᠦᠷ ᠴᠠᠭ᠎ᠤᠨ ᠨᠡᠮᠡᠭᠦᠷᠢ ᠵᠢᠨ ᠪᠡᠯᠡ ᠮᠥᠩᠭᠦ ᠵᠢ᠎ᠨᠢ ᠠᠵᠢᠯ ᠠᠯᠳᠠᠯᠲᠠ ᠵᠢᠨ ᠳᠠᠭ᠋ᠠᠳᠬᠠᠯ᠎ᠤᠨ ᠰᠠᠭᠤᠷᠢ ᠮᠥᠩᠭᠦ᠎ᠠᠴᠠ ᠭᠠᠷᠭ᠋ᠠᠨ᠎ᠠ᠃
    ᠲᠠᠪᠤ᠂ ᠨᠡᠮᠡᠭᠦᠷᠢ ᠥᠭᠬᠦ ᠠᠷᠭ᠎ᠠ ᠮᠠᠶᠢᠭ
    ᠦᠨ᠎ᠡ ᠬᠠᠩᠰᠢ ᠵᠢᠨ ᠲᠦᠷ ᠴᠠᠭ᠎ᠤᠨ ᠨᠡᠮᠡᠭᠦᠷᠢ᠎ᠳᠤ 《ᠰᠠᠷ᠎ᠠ᠎ᠪᠠᠷ ᠵᠢᠱ᠌ᠢᠨ ᠪᠣᠳᠣᠵᠤ᠂ ᠰᠠᠷ᠎ᠠ᠎ᠪᠠᠷ ᠣᠯᠭᠤᠬᠤ》 ᠠᠷᠭ᠎ᠠ ᠵᠢ ᠠᠪᠴᠤ᠂ ᠡᠬᠢᠯᠡᠭᠦᠯᠬᠦ ᠨᠥᠬᠦᠴᠡᠯ᠎ᠳᠤ ᠬᠦᠷᠦᠭᠰᠡᠨ ᠠᠶ᠋ᠢᠮᠠᠭ ᠬᠤᠲᠠ᠎ᠨᠢ ᠦᠨ᠎ᠡ ᠬᠠᠩᠰᠢ ᠵᠢᠨ ᠵᠢᠭ᠋ᠠᠯᠲᠠ ᠲᠤᠭ᠎ᠠ ᠵᠢ ᠲᠣᠭᠲᠠᠭ᠋ᠠᠭ᠋ᠠᠳ ᠨᠡᠶ᠋ᠢᠲᠡᠯᠡᠭᠰᠡᠨ᠎ᠤ ᠳᠠᠷᠠᠭ᠎ᠠ ᠬᠠᠮᠲᠤᠷᠠᠨ ᠬᠥᠳᠡᠯᠦᠯᠴᠡᠬᠦ ᠲᠣᠭᠲᠠᠴᠠ ᠵᠢ ᠴᠠᠭ ᠲᠤᠬᠠᠶ᠎ᠳᠤ᠎ᠨᠢ ᠡᠬᠢᠯᠡᠭᠦᠯᠬᠦ ᠵᠢᠨ ᠬᠠᠮᠲᠤ᠂ ᠵᠢᠭ᠋ᠠᠯᠲᠠ ᠲᠤᠭ᠎ᠠ ᠵᠢ ᠨᠡᠶ᠋ᠢᠲᠡᠯᠡᠭᠰᠡᠨ᠎ᠤ ᠳᠠᠷᠠᠭ᠎ᠠ 20 ᠠᠵᠢᠯᠯᠠᠬᠤ ᠡᠳᠦᠷ᠎ᠲᠤ ᠦᠨ᠎ᠡ ᠬᠠᠩᠰᠢ ᠵᠢᠨ ᠲᠦᠷ ᠴᠠᠭ᠎ᠤᠨ ᠨᠡᠮᠡᠭᠦᠷᠢ ᠣᠯᠭᠤᠬᠤ ᠠᠵᠢᠯ ᠵᠶ᠋ᠠᠨ ᠪᠡᠶᠡᠯᠡᠭᠦᠯᠬᠦ ᠵᠢ ᠦᠨᠡᠨ ᠬᠦ᠌ ᠪᠠᠲᠤᠯᠠᠬᠤ ᠬᠡᠷᠡᠭᠲᠡᠶ᠃ ᠣᠳᠣ ᠵᠢᠨ ᠪᠠᠶ᠋ᠢᠭ᠎ᠠ ᠠᠷᠭ᠎ᠠ ᠵᠠᠮ ᠵᠶ᠋ᠠᠷ ᠳᠠᠮᠵᠢᠭᠤᠯᠤᠨ ᠬᠦᠴᠢᠷᠳᠡᠯᠲᠡᠶ ᠣᠯᠠᠨ ᠲᠦᠮᠡᠨ᠎ᠳᠤ ᠦᠨ᠎ᠡ ᠬᠠᠩᠰᠢ ᠵᠢᠨ ᠲᠦᠷ ᠴᠠᠭ᠎ᠤᠨ ᠨᠡᠮᠡᠭᠦᠷᠢ ᠣᠯᠭᠤᠬᠤ᠎ᠳᠤ᠎ᠪᠠᠨ᠂ ᠣᠯᠭᠤᠭᠰᠠᠨ ᠨᠡᠮᠡᠭᠦᠷᠢ ᠵᠢ᠎ᠪᠠᠨ 《ᠦᠨ᠎ᠡ ᠬᠠᠩᠰᠢ ᠵᠢᠨ ᠲᠦᠷ ᠴᠠᠭ᠎ᠤᠨ ᠨᠡᠮᠡᠭᠦᠷᠢ》 ᠭᠡᠵᠦ ᠲᠣᠳᠣᠷᠬᠠᠶ᠋ᠢᠯᠠᠬᠤ ᠬᠡᠷᠡᠭᠲᠡᠶ᠃ ᠲᠣᠰ ᠰᠠᠷ᠎ᠠ ᠵᠢᠨ ᠠᠯᠢᠪᠠ ᠡᠬᠢᠯᠡᠭᠦᠯᠬᠦ ᠨᠥᠬᠦᠴᠡᠯ᠎ᠨᠢ ᠴᠥᠮ ᠬᠠᠨᠤᠮᠵᠢ ᠥᠬᠡᠶ ᠪᠠᠶ᠋ᠢᠪᠠᠯ ᠳᠠᠷᠤᠢ
    ᠬᠠᠮᠲᠤᠷᠠᠨ ᠬᠦᠳᠡᠯᠦᠯᠴᠡᠬᠦ ᠲᠣᠭᠲᠠᠴᠠ ᠵᠢ᠎ᠪᠠᠨ ᠵᠣᠭᠰᠣᠭ᠋ᠠᠵᠤ᠂ ᠦᠨ᠎ᠡ ᠬᠠᠩᠰᠢ ᠵᠢᠨ ᠲᠦᠷ ᠴᠠᠭ᠎ᠤᠨ ᠨᠡᠮᠡᠭᠦᠷᠢ ᠣᠯᠭᠤᠬᠤ ᠠᠵᠢᠯ ᠵᠶ᠋ᠠᠨ ᠵᠣᠭᠰᠣᠭ᠋ᠠᠨ᠎ᠠ᠃
    ᠵᠢᠷᠭᠤᠭ᠎ᠠ᠂ ᠠᠵᠢᠯ᠎ᠤᠨ ᠲᠣᠭᠲᠠᠴᠠ
    ᠡᠯ᠎ᠡ ᠠᠶ᠋ᠢᠮᠠᠭ᠎ᠤᠨ ᠵᠠᠬᠢᠷᠭ᠎ᠠ᠂ ᠬᠤᠲᠠ ᠵᠢᠨ ᠠᠷᠠᠳ᠎ᠤᠨ ᠵᠠᠰᠠᠭ᠎ᠤᠨ ᠣᠷᠳᠣᠨ᠎ᠨᠢ ᠬᠠᠮᠲᠤᠷᠠᠨ ᠬᠥᠳᠡᠯᠦᠯᠴᠡᠬᠦ ᠲᠣᠭᠲᠠᠴᠠ᠎ᠳᠤ ᠬᠡᠷᠡᠭᠵᠢᠭᠦᠯᠬᠦ ᠠᠵᠢᠯ᠎ᠤᠨ ᠲᠣᠭᠲᠠᠴᠠ ᠵᠢ ᠪᠠᠶ᠋ᠢᠭᠤᠯᠵᠤ᠂ ᠠᠶ᠋ᠢᠮᠠᠭ ᠬᠤᠲᠠ ᠵᠢᠨ ᠬᠥᠭᠵᠢᠭᠦᠯᠦᠯᠲᠡ ᠪᠠ ᠥᠭᠡᠷᠡᠴᠢᠯᠡᠯᠲᠡ ᠵᠢᠨ ᠵᠥᠪᠯᠡᠯ ᠲᠦᠷᠦᠭᠦᠯᠡᠨ᠂ ᠬᠠᠮᠢᠶ᠎ᠠ ᠪᠦᠬᠦᠢ ᠰᠠᠯᠠᠭ᠎ᠠ ᠮᠥᠴᠢᠷ᠎ᠤᠳ᠎ᠲᠠᠢ ᠬᠠᠮᠲᠤᠷᠠᠯᠴᠠᠨ ᠲᠣᠭᠲᠠᠮᠠᠯ ᠬᠤᠭᠤᠴᠠᠭ᠎ᠠ᠎ᠲᠠᠢ ᠵᠥᠪᠳᠡᠯᠴᠡᠬᠦ ᠠᠵᠢᠯ᠎ᠢ ᠥᠷᠨᠢᠭᠦᠯᠵᠦ᠂ ᠬᠦᠴᠢᠷᠳᠡᠯᠲᠡᠶ ᠣᠯᠠᠨ ᠲᠦᠮᠡᠨ᠎ᠤ ᠦᠨᠳᠦᠰᠦᠨ ᠠᠮᠢᠳᠤᠷᠠᠯ᠎ᠳᠤ ᠦᠵᠡᠭᠦᠯᠬᠦ ᠪᠠᠷᠠᠭ᠋ᠠᠨ᠎ᠤ ᠦᠨ᠎ᠡ ᠵᠢᠨ ᠥᠰᠥᠯᠲᠡ ᠵᠢᠨ ᠨᠥᠯᠥᠭᠡ ᠵᠢ ᠨᠢᠭᠲᠠ ᠠᠩᠬᠠᠷᠬᠤ ᠬᠡᠷᠡᠭᠲᠡᠶ᠃ ᠤᠯᠤᠰ᠎ᠤᠨ ᠲᠤᠭ᠎ᠠ ᠪᠦᠷᠢᠳᠬᠡᠯ᠎ᠤᠨ ᠲᠣᠪᠴᠢᠶᠠᠨ᠎ᠤ ᠡᠯ᠎ᠡ ᠬᠤᠲᠠ ᠵᠢᠨ ᠳᠡᠰ᠎ᠤᠨ ᠪᠠᠶ᠋ᠢᠴᠠᠭ᠋ᠠᠯᠲᠠ ᠵᠢᠨ ᠠᠩᠭᠢ᠎ᠨᠢ ᠬᠠᠮᠢᠶ᠎ᠠ ᠪᠦᠬᠦᠢ ᠦᠨ᠎ᠡ ᠬᠠᠩᠰᠢ ᠵᠢᠨ ᠵᠢᠭ᠋ᠠᠯᠲᠠ ᠲᠤᠭ᠎ᠠ ᠵᠢᠨ ᠲᠤᠭ᠎ᠠ ᠪᠠᠷᠢᠮᠲᠠ ᠵᠢ ᠴᠠᠭ ᠲᠤᠬᠠᠶ᠎ᠳᠤ᠎ᠨᠢ ᠬᠠᠩᠭ᠋ᠠᠵᠤ ᠥᠭᠬᠦ ᠬᠡᠷᠡᠭᠲᠡᠶ; ᠠᠶ᠋ᠢᠮᠠᠭ ᠬᠤᠲᠠ ᠵᠢᠨ ᠬᠥᠭᠵᠢᠭᠦᠯᠦᠯᠲᠡ ᠪᠠ ᠥᠭᠡᠷᠡᠴᠢᠯᠡᠯᠲᠡ ᠵᠢᠨ ᠵᠥᠪᠯᠡᠯ᠎ᠨᠢ ᠵᠢᠭ᠋ᠠᠯᠲᠠ ᠲᠤᠭ᠎ᠠ ᠵᠢᠨ ᠬᠤᠪᠢᠷᠠᠵᠤ ᠪᠠᠶ᠋ᠢᠭ᠎ᠠ ᠪᠠᠶ᠋ᠢᠳᠠᠯ᠎ᠢ ᠦᠨᠳᠦᠰᠦᠯᠡᠨ᠂ ᠬᠠᠮᠲᠤᠷᠠᠨ ᠬᠥᠳᠡᠯᠦᠯᠴᠡᠬᠦ ᠲᠣᠭᠲᠠᠴᠠ ᠵᠢ ᠴᠠᠭ ᠲᠤᠬᠠᠶ᠎ᠳᠤ᠎ᠨᠢ ᠡᠬᠢᠯᠡᠭᠦᠯᠬᠦ ᠪᠤᠶᠤ ᠵᠣᠭᠰᠣᠭ᠋ᠠᠵᠤ᠂ ᠦᠨ᠎ᠡ ᠬᠠᠩᠰᠢ ᠵᠢᠨ ᠲᠦᠷ ᠴᠠᠭ᠎ᠤᠨ ᠨᠡᠮᠡᠭᠦᠷᠢ ᠵᠢᠨ ᠪᠠᠷᠢᠮᠵᠢᠶ᠎ᠠ ᠵᠢ ᠣᠨᠣᠪᠴᠢᠲᠠᠶ ᠵᠢᠱ᠌ᠢᠨ ᠪᠤᠳᠤᠬᠤ ᠬᠡᠷᠡᠭᠲᠡᠶ; ᠠᠶ᠋ᠢᠮᠠᠭ ᠬᠤᠲᠠ ᠵᠢᠨ ᠡᠳ᠋᠎ᠤᠨ ᠵᠠᠰᠠᠭ᠎ᠤᠨ ᠲᠣᠪᠴᠢᠶ᠎ᠠ᠎ᠨᠢ ᠦᠨ᠎ᠡ ᠬᠠᠩᠰᠢ ᠵᠢᠨ
    ᠲᠦᠷ ᠴᠠᠭ᠎ᠤᠨ ᠨᠡᠮᠡᠭᠦᠷᠢ ᠵᠢᠨ ᠪᠡᠯᠡ ᠮᠥᠩᠭᠦ ᠵᠢ ᠢᠳᠡᠪᠬᠢᠲᠡᠶ ᠲᠣᠬᠢᠷᠠᠭᠤᠯᠬᠤ ᠬᠡᠷᠡᠭᠲᠡᠶ;ᠥᠪᠡᠷᠲᠡᠭᠡᠨ ᠵᠠᠰᠠᠬᠤ ᠣᠷᠣᠨ᠎ᠤ ᠴᠡᠷᠢᠭ᠎ᠤᠨ ᠠᠯᠪᠠ᠎ᠠᠴᠠ ᠬᠠᠯᠠᠭᠳᠠᠭᠰᠠᠳ᠎ᠤᠨ ᠶᠠᠪᠤᠳᠠᠯ᠎ᠤᠨ ᠲᠢᠩᠬᠢᠮ᠂ ᠰᠤᠷᠭ᠋ᠠᠨ ᠬᠥᠮᠦᠵᠢᠯ᠎ᠤᠨ ᠲᠢᠩᠬᠢᠮ ᠪᠠ ᠠᠶ᠋ᠢᠮᠠᠭ ᠬᠤᠲᠠ ᠵᠢᠨ ᠴᠡᠷᠢᠭ᠎ᠤᠨ ᠠᠯᠪᠠ᠎ᠠᠴᠠ ᠬᠠᠯᠠᠭᠳᠠᠭᠰᠠᠳ᠎ᠤᠨ ᠶᠠᠪᠤᠳᠠᠯ᠎ᠤᠨ ᠲᠣᠪᠴᠢᠶ᠎ᠠ᠂ ᠠᠷᠠᠳ᠎ᠤᠨ ᠶᠠᠪᠤᠳᠠᠯ᠎ᠤᠨ ᠲᠣᠪᠴᠢᠶ᠎ᠠ᠂ ᠬᠥᠮᠦᠨ᠎ᠤ ᠬᠦᠴᠦᠨ᠎ᠤ ᠡᠬᠢ ᠪᠠᠶᠠᠯᠢᠭ ᠪᠠ ᠨᠡᠶ᠋ᠢᠭᠡᠮ᠎ᠤᠨ ᠪᠠᠲᠤᠯᠠᠭ᠎ᠠ ᠵᠢᠨ ᠲᠣᠪᠴᠢᠶ᠎ᠠ ᠵᠢᠴᠢ ᠠᠶ᠋ᠢᠮᠠᠭ ᠬᠤᠲᠠ᠎ᠳᠤ ᠬᠠᠷᠢᠶᠠᠯᠠᠭᠳᠠᠬᠤ ᠶᠡᠭᠡ ᠳᠡᠭᠡᠳᠦ ᠰᠤᠷᠭ᠋ᠠᠭᠤᠯᠢ᠎ᠨᠢ ᠲᠣᠰ ᠰᠠᠯᠠᠭ᠎ᠠ ᠮᠥᠴᠢᠷ᠂ ᠲᠣᠰ ᠨᠢᠭᠡᠴᠢ ᠵᠢᠨ ᠪᠠᠲᠤᠯᠠᠭ᠎ᠠ ᠬᠦᠷᠲᠡᠭᠡᠬᠦ ᠡᠲᠡᠭᠡᠳ᠎ᠲᠤ ᠦᠨ᠎ᠡ ᠬᠠᠩᠰᠢ ᠵᠢᠨ ᠲᠦᠷ ᠴᠠᠭ᠎ᠤᠨ ᠨᠡᠮᠡᠭᠦᠷᠢ ᠵᠢᠨ ᠪᠡᠯᠡ ᠮᠥᠩᠭᠦ ᠣᠯᠭᠤᠬᠤ ᠵᠢ ᠰᠠᠶ᠋ᠢᠲᠤᠷ ᠵᠣᠬᠢᠶᠠᠨ ᠪᠠᠶ᠋ᠢᠭᠤᠯᠬᠤ ᠬᠡᠷᠡᠭᠲᠡᠶ᠃
    ᠲᠤᠯᠤᠭ᠎ᠠ᠂ ᠬᠤᠯᠪᠣᠭᠳᠠᠯ ᠪᠦᠬᠦᠢ ᠱᠠᠭ᠋ᠠᠷᠳᠠᠯᠭ᠎ᠠ
    (ᠨᠢᠭᠡ) ᠡᠯ᠎ᠡ ᠠᠶ᠋ᠢᠮᠠᠭ ᠬᠤᠲᠠ ᠵᠢᠨ ᠬᠥᠭᠵᠢᠭᠦᠯᠦᠯᠲᠡ ᠪᠠ ᠥᠭᠡᠷᠡᠴᠢᠯᠡᠯᠲᠡ ᠵᠢᠨ ᠵᠥᠪᠯᠡᠯ᠎ᠨᠢ ᠬᠠᠮᠲᠤᠷᠠᠨ ᠬᠥᠳᠡᠯᠦᠯᠴᠡᠬᠦ ᠲᠣᠭᠲᠠᠴᠠ ᠵᠢ ᠡᠬᠢᠯᠡᠭᠦᠯᠬᠦ ᠪᠤᠶᠤ ᠵᠣᠭᠰᠣᠭ᠋ᠠᠭᠰᠠᠨ᠎ᠤ ᠳᠠᠷᠠᠭ᠎ᠠ᠂ ᠥᠪᠡᠷᠲᠡᠭᠡᠨ ᠵᠠᠰᠠᠬᠤ ᠣᠷᠣᠨ᠎ᠤ ᠴᠡᠷᠢᠭ᠎ᠤᠨ ᠠᠯᠪᠠ᠎ᠠᠴᠠ ᠬᠠᠯᠠᠭᠳᠠᠭᠰᠠᠳ᠎ᠤᠨ ᠶᠠᠪᠤᠳᠠᠯ᠎ᠤᠨ ᠲᠢᠩᠬᠢᠮ᠂ ᠰᠤᠷᠭ᠋ᠠᠨ ᠬᠥᠮᠦᠵᠢᠯ᠎ᠤᠨ ᠲᠢᠩᠬᠢᠮ ᠪᠠ ᠠᠶ᠋ᠢᠮᠠᠭ ᠬᠤᠲᠠ ᠵᠢᠨ ᠴᠡᠷᠢᠭ᠎ᠤᠨ ᠠᠯᠪᠠ᠎ᠠᠴᠠ ᠬᠠᠯᠠᠭᠳᠠᠭᠰᠠᠳ᠎ᠤᠨ ᠶᠠᠪᠤᠳᠠᠯ᠎ᠤᠨ ᠲᠣᠪᠴᠢᠶ᠎ᠠ᠂ ᠠᠷᠠᠳ᠎ᠤᠨ ᠶᠠᠪᠤᠳᠠᠯ᠎ᠤᠨ ᠲᠣᠪᠴᠢᠶ᠎ᠠ᠂ ᠬᠥᠮᠦᠨ᠎ᠤ ᠬᠦᠴᠦᠨ᠎ᠤ ᠡᠬᠢ ᠪᠠᠶᠠᠯᠢᠭ ᠪᠠ ᠨᠡᠶ᠋ᠢᠭᠡᠮ᠎ᠤᠨ ᠪᠠᠲᠤᠯᠠᠭ᠎ᠠ ᠵᠢᠨ ᠲᠣᠪᠴᠢᠶ᠎ᠠ᠂ ᠠᠶ᠋ᠢᠮᠠᠭ ᠬᠤᠲᠠ᠎ᠳᠤ ᠬᠠᠷᠢᠶᠠᠯᠠᠭᠳᠠᠬᠤ ᠶᠡᠭᠡ ᠳᠡᠭᠡᠳᠦ ᠰᠤᠷᠭ᠋ᠠᠭᠤᠯᠢ᠎ᠳᠤ ᠴᠠᠭ ᠲᠤᠬᠠᠶ᠎ᠳᠤ᠎ᠨᠢ ᠮᠡᠳᠡᠭᠳᠡᠬᠦ ᠬᠡᠷᠡᠭᠲᠡᠶ᠃
    (ᠬᠤᠶᠠᠷ) ᠥᠪᠡᠷᠲᠡᠭᠡᠨ ᠵᠠᠰᠠᠬᠤ ᠣᠷᠣᠨ᠎ᠤ ᠴᠡᠷᠢᠭ᠎ᠤᠨ ᠠᠯᠪᠠ᠎ᠠᠴᠠ ᠬᠠᠯᠠᠭᠳᠠᠭᠰᠠᠳ᠎ᠤᠨ ᠶᠠᠪᠤᠳᠠᠯ᠎ᠤᠨ ᠲᠢᠩᠬᠢᠮ᠎ᠨᠢ ᠥᠪᠡᠷᠲᠡᠭᠡᠨ ᠵᠠᠰᠠᠬᠤ ᠣᠷᠣᠨ᠎ᠤ ᠲᠤᠰ ᠱᠠᠲᠤᠨ᠎ᠤ ᠤᠯᠤᠰ᠎ᠤᠨ ᠲᠣᠭᠲᠠᠮᠠᠯ ᠬᠤᠭᠤᠴᠠᠭ᠎ᠠ᠎ᠲᠠᠢ ᠠᠰᠠᠷᠠᠮᠵᠢ ᠵᠢᠨ ᠨᠥᠬᠦᠪᠥᠷᠢ ᠬᠦᠷᠲᠡᠵᠦ ᠪᠠᠶ᠋ᠢᠭ᠎ᠠ ᠠᠰᠠᠷᠠᠨ ᠬᠠᠷᠠᠭ᠋ᠠᠯᠵᠠᠭᠤᠯᠬᠤ ᠡᠲᠡᠭᠡᠳ᠎ᠲᠤ ᠦᠨ᠎ᠡ ᠬᠠᠩᠰᠢ ᠵᠢᠨ ᠲᠦᠷ ᠴᠠᠭ᠎ᠤᠨ ᠨᠡᠮᠡᠭᠦᠷᠢ ᠵᠢᠨ ᠪᠡᠯᠡ ᠮᠥᠩᠭᠦ ᠣᠯᠭᠤᠬᠤ ᠠᠵᠢᠯ᠎ᠢ ᠪᠣᠳᠠᠲᠠᠢ ᠬᠠᠷᠢᠭᠤᠴᠠᠬᠤ ᠬᠡᠷᠡᠭᠲᠡᠢ; ᠥᠪᠡᠷᠲᠡᠭᠡᠨ ᠵᠠᠰᠠᠬᠤ ᠣᠷᠣᠨ᠎ᠤ ᠰᠤᠷᠭ᠋ᠠᠨ ᠬᠥᠮᠦᠵᠢᠯ᠎ᠤᠨ ᠲᠢᠩᠬᠢᠮ᠎ᠨᠢ ᠥᠪᠡᠷᠲᠡᠭᠡᠨ ᠵᠠᠰᠠᠬᠤ ᠣᠷᠣᠨ᠎ᠤ ᠱᠠᠲᠤᠨ᠎ᠤ ᠰᠢᠭᠤᠳ ᠬᠠᠷᠢᠶ᠎ᠠ ᠶᠡᠭᠡ ᠳᠡᠭᠡᠳᠦ ᠰᠤᠷᠭ᠋ᠠᠭᠤᠯᠢ ᠵᠢᠨ ᠪᠠᠲᠤᠯᠠᠭ᠎ᠠ ᠬᠦᠷᠲᠡᠬᠦ ᠡᠲᠡᠭᠡᠳ᠎ᠲᠤ ᠦᠨ᠎ᠡ ᠬᠠᠩᠰᠢ ᠵᠢᠨ ᠲᠦᠷ ᠴᠠᠭ᠎ᠤᠨ ᠨᠡᠮᠡᠭᠦᠷᠢ ᠵᠢᠨ ᠪᠡᠯᠡ ᠮᠥᠩᠭᠦ ᠣᠯᠭᠤᠬᠤ ᠠᠵᠢᠯ᠎ᠢ ᠪᠣᠳᠠᠲᠠᠶ ᠬᠠᠷᠢᠭᠤᠴᠠᠵᠤ᠂ ᠥᠪᠡᠷᠲᠡᠭᠡᠨ ᠵᠠᠰᠠᠬᠤ ᠣᠷᠣᠨ᠎ᠤ ᠱᠠᠲᠤᠨ᠎ᠤ ᠰᠢᠭᠤᠳ ᠬᠠᠷᠢᠶ᠎ᠠ ᠶᠡᠭᠡ ᠳᠡᠭᠡᠳᠦ ᠰᠤᠷᠭ᠋ᠠᠭᠤᠯᠢ᠎ᠳᠠᠬᠢ ᠭᠡᠷ ᠪᠦᠯᠢ ᠵᠢᠨ ᠠᠵᠤ ᠠᠬᠤᠶ᠎ᠨᠢ ᠬᠦᠴᠢᠷᠳᠡᠯᠲᠡᠶ ᠰᠤᠷᠤᠭᠴᠢᠳ᠎ᠲᠤ ᠣᠯᠭᠤᠬᠤ ᠨᠡᠮᠡᠭᠦᠷᠢ ᠵᠢᠨ ᠪᠠᠷᠢᠮᠵᠢᠶ᠎ᠠ ᠵᠢ
      ᠳᠡᠭᠡᠳᠦ ᠰᠤᠷᠭ᠋ᠠᠭᠤᠯᠢ ᠵᠢᠨ ᠪᠠᠶ᠋ᠢᠭ᠎ᠠ ᠭᠠᠵᠠᠷ᠎ᠤᠨ ᠨᠡᠮᠡᠭᠦᠷᠢ ᠵᠢᠨ ᠪᠠᠷᠢᠮᠵᠢᠶ᠎ᠠ ᠶᠣᠰᠣᠭ᠋ᠠᠷ ᠬᠡᠷᠡᠭᠵᠢᠭᠦᠯᠬᠦ ᠬᠡᠷᠡᠭᠲᠡᠶ᠃ ᠠᠶ᠋ᠢᠮᠠᠭ ᠬᠤᠲᠠ ᠵᠢᠨ ᠴᠡᠷᠢᠭ᠎ᠤᠨ ᠠᠯᠪᠠ᠎ᠠᠴᠠ ᠬᠠᠯᠠᠭᠳᠠᠭᠰᠠᠳ᠎ᠤᠨ ᠶᠠᠪᠤᠳᠠᠯ᠎ᠤᠨ ᠲᠣᠪᠴᠢᠶ᠎ᠠ᠂ ᠠᠷᠠᠳ᠎ᠤᠨ ᠶᠠᠪᠤᠳᠠᠯ᠎ᠤᠨ ᠲᠣᠪᠴᠢᠶ᠎ᠠ᠂ ᠬᠥᠮᠦᠨ᠎ᠤ ᠬᠦᠴᠦᠨ᠎ᠤ ᠡᠬᠢ ᠪᠠᠶᠠᠯᠢᠭ ᠪᠠ ᠨᠡᠶ᠋ᠢᠭᠡᠮ᠎ᠤᠨ ᠪᠠᠲᠤᠯᠠᠭ᠎ᠠ ᠵᠢᠨ ᠲᠣᠪᠴᠢᠶ᠎ᠠ ᠪᠣᠯᠤᠨ ᠠᠶ᠋ᠢᠮᠠᠭ ᠬᠤᠲᠠ᠎ᠳᠤ ᠬᠠᠷᠢᠶᠠᠯᠠᠭᠳᠠᠬᠤ ᠶᠡᠭᠡ ᠳᠡᠭᠡᠳᠦ ᠰᠤᠷᠭ᠋ᠠᠭᠤᠯᠢ᠎ᠨᠢ ᠠᠶ᠋ᠢᠮᠠᠭ ᠬᠤᠲᠠ ᠵᠢᠴᠢ ᠬᠤᠰᠢᠭᠤ ᠰᠢᠶᠠᠨ᠎ᠤ ᠱᠠᠲᠤᠨ᠎ᠤ ᠪᠠᠲᠤᠯᠠᠭ᠎ᠠ ᠬᠦᠷᠲᠡᠬᠦ ᠡᠲᠡᠭᠡᠳ᠎ᠤᠨ ᠦᠨ᠎ᠡ ᠬᠠᠩᠰᠢ ᠵᠢᠨ ᠲᠦᠷ ᠴᠠᠭ᠎ᠤᠨ ᠨᠡᠮᠡᠭᠦᠷᠢ ᠵᠢᠨ ᠪᠠᠯᠠ ᠮᠥᠩᠭᠦ ᠣᠯᠭᠤᠬᠤ ᠠᠵᠢᠯ᠎ᠢ ᠪᠣᠳᠠᠲᠠᠶ ᠬᠠᠷᠢᠭᠤᠴᠠᠬᠤ ᠬᠡᠷᠡᠭᠲᠡᠢ᠃
    (ᠭᠤᠷᠪᠠ) ᠡᠯ᠎ᠡ ᠠᠶ᠋ᠢᠮᠠᠭ ᠬᠤᠲᠠ᠎ᠨᠢ ᠲᠣᠭᠲᠠᠭ᠋ᠠᠭᠰᠠᠨ ᠦᠨ᠎ᠡ ᠬᠠᠩᠰᠢ ᠵᠢᠨ ᠲᠦᠷ ᠴᠠᠭ᠎ᠤᠨ ᠨᠡᠮᠡᠭᠦᠷᠢ ᠣᠯᠭᠤᠬᠤ ᠬᠡᠪᠴᠢᠶ᠎ᠡ ᠪᠠ ᠬᠦᠷᠲᠡᠬᠦ ᠡᠲᠡᠭᠡᠳ᠎ᠲᠤ ᠨᠡᠮᠡᠭᠦᠷᠢ ᠣᠯᠭᠤᠬᠤ ᠠᠵᠢᠯ᠎ᠢ ᠴᠢᠩᠳᠠᠯᠠᠵᠤ᠂ ᠪᠠᠲᠤᠯᠠᠭ᠎ᠠ ᠬᠦᠷᠲᠡᠬᠦ ᠡᠲᠡᠭᠡᠳ᠎ᠤᠨ ᠲᠤᠭ᠎ᠠ ᠪᠠᠷᠢᠮᠲᠠ ᠵᠢ ᠴᠠᠭ ᠲᠤᠬᠠᠶ᠎ᠳᠤ᠎ᠨᠢ ᠰᠢᠨᠡᠳᠬᠡᠨ᠂ 《ᠪᠠᠲᠤᠯᠠᠪᠠᠰᠤ ᠵᠣᠬᠢᠬᠤ ᠵᠢ᠎ᠨᠢ ᠪᠦᠬᠦᠨ᠎ᠢ ᠪᠠᠲᠤᠯᠠᠵᠤ᠂ ᠨᠥᠬᠦᠪᠥᠷᠢᠯᠡᠪᠡᠰᠦ ᠵᠣᠬᠢᠬᠤ᠎ᠳᠤ᠎ᠨᠢ ᠪᠦᠬᠦᠨ᠎ᠢ ᠨᠥᠬᠦᠪᠥᠷᠢᠯᠡᠬᠦ》 ᠵᠢ ᠭᠦᠢ᠍ᠴᠡᠳᠬᠡᠭᠰᠡᠨ ᠪᠠᠶ᠋ᠢᠬᠤ ᠬᠡᠷᠡᠭᠲᠡᠶ᠃
    (ᠳᠥᠷᠪᠡ) ᠡᠯ᠎ᠡ ᠠᠶ᠋ᠢᠮᠠᠭ ᠬᠤᠲᠠ ᠵᠢᠨ ᠬᠥᠭᠵᠢᠭᠦᠯᠦᠯᠲᠡ ᠪᠠ ᠥᠭᠡᠷᠡᠴᠢᠯᠡᠯᠲᠡ ᠵᠢᠨ ᠵᠥᠪᠯᠡᠯ᠎ᠨᠢ ᠥᠪᠡᠷᠲᠡᠭᠡᠨ ᠵᠠᠰᠠᠬᠤ ᠣᠷᠣᠨ᠎ᠤ ᠬᠥᠭᠵᠢᠭᠦᠯᠦᠯᠲᠡ ᠪᠠ ᠥᠭᠡᠷᠡᠴᠢᠯᠡᠯᠲᠡ ᠵᠢᠨ ᠵᠥᠪᠯᠡᠯ᠎ᠳᠤ ᠬᠠᠮᠲᠤᠷᠠᠨ ᠬᠥᠳᠡᠯᠦᠯᠴᠡᠬᠦ ᠲᠣᠭᠲᠠᠴᠠ ᠵᠢ ᠡᠬᠢᠯᠡᠭᠦᠯᠦᠭᠰᠡᠨ ᠪᠤᠶᠤ ᠵᠣᠭᠰᠣᠭ᠋ᠠᠭᠰᠠᠨ ᠪᠠᠶ᠋ᠢᠳᠠᠯ᠂ ᠦᠨ᠎ᠡ ᠬᠠᠩᠰᠢ ᠵᠢᠨ ᠲᠦᠷ ᠴᠠᠭ᠎ᠤᠨ ᠨᠡᠮᠡᠭᠦᠷᠢ ᠵᠢᠨ ᠪᠡᠯᠡ ᠮᠥᠩᠭᠦ ᠣᠯᠭᠤᠭᠰᠠᠨ ᠪᠠᠶ᠋ᠢᠳᠠᠯ ᠵᠶ᠋ᠠᠨ ᠰᠠᠷ᠎ᠠ ᠰᠠᠷ᠎ᠠ ᠮᠡᠳᠡᠭᠦᠯᠵᠦ᠂ ᠥᠪᠡᠷᠲᠡᠭᠡᠨ ᠵᠠᠰᠠᠬᠤ ᠣᠷᠣᠨ᠎ᠤ ᠬᠥᠭᠵᠢᠭᠦᠯᠦᠯᠲᠡ ᠪᠠ ᠥᠭᠡᠷᠡᠴᠢᠯᠡᠯᠲᠡ ᠵᠢᠨ ᠵᠥᠪᠯᠡᠯ᠎ᠨᠢ ᠬᠠᠮᠢᠶ᠎ᠠ ᠪᠦᠬᠦᠢ ᠰᠠᠯᠠᠭ᠎ᠠ ᠮᠥᠴᠢᠷ᠎ᠲᠠᠢ ᠬᠠᠮᠲᠤᠷᠠᠯᠴᠠᠨ ᠡᠯ᠎ᠡ ᠠᠶ᠋ᠢᠮᠠᠭ ᠬᠤᠲᠠ ᠵᠢᠨ ᠬᠠᠮᠲᠤᠷᠠᠨ ᠬᠥᠳᠡᠯᠦᠯᠴᠡᠬᠦ ᠲᠣᠭᠲᠠᠴᠠ ᠵᠢᠨ ᠠᠵᠢᠯ᠎ᠳᠤ ᠬᠢᠨᠠᠯᠲᠠ ᠲᠠᠯᠪᠢᠵᠤ᠂ ᠮᠡᠳᠡᠭᠡ ᠵᠠᠩᠭᠢ᠎ᠪᠠᠨ ᠦᠨᠡᠨ ᠪᠣᠳᠠᠲᠠᠶ ᠮᠡᠳᠡᠭᠦᠯᠵᠦ ᠬᠦᠷᠭᠡᠭᠰᠡᠨ ᠦᠭᠡᠢ᠂ ᠴᠠᠭ ᠲᠤᠬᠠᠶ᠎ᠳᠤ᠎ᠨᠢ ᠨᠡᠮᠡᠭᠦᠷᠢ ᠣᠯᠭᠤᠭᠰᠠᠨ ᠦᠭᠡᠢ ᠠᠶ᠋ᠢᠮᠠᠭ ᠬᠤᠲᠠ ᠵᠢ ᠨᠡᠪᠲᠡᠷᠡᠭᠦᠯᠦᠨ ᠮᠡᠳᠡᠭᠡᠯᠡᠬᠦ ᠬᠡᠷᠡᠭᠲᠡᠶ᠃
    (ᠲᠠᠪᠤ) ᠲᠣᠰ ᠮᠡᠳᠡᠭᠳᠡᠯ᠎ᠢ ᠳᠠᠷᠤᠮᠠᠯᠯᠠᠨ ᠶᠠᠪᠤᠭᠤᠯᠤᠭᠰᠠᠨ ᠡᠳᠦᠷ᠎ᠠᠴᠠ ᠡᠬᠢᠯᠡᠨ                   ᠬᠡᠷᠡᠭᠵᠢᠭᠦᠯᠦᠨ᠎ᠡ᠂ 《ᠨᠡᠶ᠋ᠢᠭᠡᠮ᠎ᠤᠨ ᠲᠡᠩᠬᠡᠷᠡᠭᠦᠯᠦᠨ ᠲᠤᠰᠠᠯᠠᠬᠤ ᠪᠠ ᠪᠠᠲᠤᠯᠠᠭ᠎ᠠ ᠵᠢᠨ ᠪᠠᠷᠢᠮᠵᠢᠶ᠎ᠠ᠎ᠪᠠᠨ ᠪᠠᠷᠠᠭ᠋ᠠᠨ᠎ᠤ ᠦᠨ᠎ᠡ ᠵᠢᠨ ᠥᠰᠥᠯᠲᠡ᠎ᠯᠦᠭᠡ ᠬᠤᠯᠪᠣᠵᠤ ᠬᠠᠮᠲᠤᠷᠠᠨ ᠬᠥᠳᠡᠯᠦᠯᠴᠡᠬᠦ ᠲᠣᠭᠲᠠᠴᠠ ᠵᠢ ᠤᠯᠠᠮ ᠨᠢᠭᠡ ᠠᠯᠬᠤᠮ ᠲᠡᠭᠦᠯᠳᠡᠷᠵᠢᠭᠦᠯᠬᠦ ᠲᠤᠬᠠᠶ ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠠᠯᠪᠠᠨ ᠲᠢᠩᠬᠢᠮ᠎ᠤᠨ ᠮᠡᠳᠡᠭᠳᠡᠯ》 (ᠥᠪᠥᠷ ᠵᠠᠰᠠᠭ ᠠᠯᠪᠠᠨ ᠲᠠᠷᠬᠠᠭ᠋ᠠᠭᠰᠠᠨ [2017] 15 ᠳ᠋ᠤᠭ᠋ᠠᠷ ᠲᠣᠭ᠋ᠠᠲᠤ)᠎ᠢ ᠬᠠᠮᠲᠤ᠎ᠳᠤ᠎ᠨᠢ ᠬᠦᠴᠦᠨ ᠥᠬᠡᠶ ᠪᠣᠯᠭ᠋ᠠᠨ᠎ᠠ᠃
              ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠠᠯᠪᠠᠨ ᠲᠢᠩᠬᠢᠮ
             2021 ᠣᠨ᠎ᠤ 1 ᠳ᠋ᠦ᠍ᠭᠡᠷ ᠰᠠᠷ᠎ᠠ ᠵᠢᠨ 30᠎ᠤ ᠡᠳᠦᠷ ᠳᠠᠷᠤᠮᠠᠯᠯᠠᠨ ᠲᠠᠷᠬᠠᠭ᠋ᠠᠪ᠊

ᠢᠷᠡᠯᠲᠡ᠄ ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠠᠯᠪᠠᠨ ᠲᠢᠩᠬᠢᠮ
          
ᠬᠠᠮᠢᠶ᠎ᠡ ᠪᠦᠬᠦᠢ ᠰᠣᠨᠢᠨ
ᠰᠲ᠋ᠣᠺ᠎ᠤᠨ ᠵᠠᠬ᠎ᠠ ᠳᠡᠯᠭᠡᠭᠦᠷ᠎ᠲᠤ ᠭᠠᠷᠤᠭᠰᠠᠨ ᠺᠣᠮᠫᠠᠨᠢ ᠵᠢᠨ ᠶᠠᠰᠤ ᠴᠢᠨᠠᠷ᠎ᠢ ᠤᠯᠠᠮ ᠨᠢᠭᠡ ᠠᠯᠬᠤᠮ ᠳᠡᠭᠡᠭᠰᠢᠯᠡᠭᠦᠯᠬᠦ ᠵᠢᠨ ᠬᠡᠷᠡᠭᠵᠢᠭᠦᠯᠬᠦ ᠲᠥᠰᠥᠯ᠎ᠢ ᠳᠠᠷᠤᠮᠠᠯᠯᠠᠨ ᠶᠠᠪᠤᠭᠤᠯᠬᠤ ᠲᠤᠬᠠᠢ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠠᠯᠪᠠᠨ ᠲᠢᠩᠬᠢᠮ᠎ᠤᠨ ᠮᠡᠳᠡᠭᠳᠡᠯ
《ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠡᠵᠡᠩᠨᠡᠨ ᠬᠤᠳᠠᠯᠳᠤᠭ᠋ᠠᠯᠠᠬᠤ ᠣᠷᠴᠢᠨ ᠨᠥᠬᠦᠴᠡᠯ᠎ᠢ ᠦᠨᠡᠯᠡᠨ ᠵᠢᠱ᠌ᠢᠬᠦ ᠵᠢᠨ ᠬᠡᠷᠡᠭᠵᠢᠭᠦᠯᠬᠦ ᠠᠷᠭ᠎ᠠ (ᠲᠤᠷᠰᠢᠨ ᠬᠡᠷᠡᠭᠵᠢᠭᠦᠯᠬᠦ)》 ᠵᠢ ᠳᠠᠷᠤᠮᠠᠯᠯᠠᠨ ᠶᠠᠪᠤᠭᠤᠯᠬᠤ ᠲᠤᠬᠠᠶ ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠠᠯᠪᠠᠨ ᠲᠢᠩᠬᠢᠮ᠎ᠤᠨ ᠮᠡᠳᠡᠭᠳᠡᠯ
ᠤᠯᠠᠭ᠋ᠠᠨᠬᠤᠸᠠ ᠪᠠᠯᠭ᠋ᠠᠰᠤ ᠵᠢ ᠳᠥᠷᠪᠡᠳ ᠬᠣᠰᠢᠭᠤᠨ᠎ᠤ ᠴᠡᠭᠲᠦ ᠬᠡᠯᠪᠡᠷᠢ᠎ᠪᠠᠷ ᠨᠡᠭᠡᠭᠡᠨ ᠬᠥᠭᠵᠢᠭᠦᠯᠬᠦ ᠬᠤᠲᠠ ᠪᠠᠯᠭ᠋ᠠᠰᠤᠨ᠎ᠤ ᠨᠡᠷᠡᠰ᠎ᠲᠤ ᠣᠷᠣᠭᠤᠯᠬᠤ ᠵᠢ ᠵᠥᠪᠰᠢᠶᠡᠷᠡᠬᠦ ᠲᠤᠬᠠᠢ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠬᠠᠷᠢᠭᠤ ᠴᠣᠬᠣᠯᠲᠠ
ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠤᠰᠤᠨ ᠱᠢᠨᠵᠢᠯᠡᠭᠡᠨ ᠤᠰᠤᠨ᠎ᠤ ᠡᠬᠢ ᠰᠤᠷᠪᠤᠯᠵᠢ᠎ᠶ᠋ᠢᠨ ᠲᠥᠪ᠎ᠦᠨ ᠳᠠᠭᠠᠭᠠᠴᠢᠯᠠᠯᠲᠠ ᠵᠠᠷᠯᠠᠬᠤ᠎ᠶ᠋ᠢ ᠣᠷᠣᠯᠠᠬᠤ ᠪᠠᠢᠭᠤᠯᠤᠮᠵᠢ᠎ᠶ᠋ᠢᠨ ᠢᠯᠡ᠎ᠪᠡᠷ ᠠᠳᠠᠯᠢᠳᠭᠠᠨ ᠰᠣᠩᠭᠣᠬᠤ ᠠᠯᠪᠠᠨ ᠵᠠᠷ
《2024 ᠣᠨ᠎ᠤ ᠮᠤᠵᠢ ᠵᠢᠨ ᠱᠠᠲᠤᠨ᠎ᠤ ᠬᠢᠨᠠᠨ ᠬᠡᠮᠵᠢᠯᠲᠡ ᠵᠢᠨ ᠣᠷᠣᠨ ᠪᠦᠰᠡ ᠵᠢᠨ ᠤᠰᠤ ᠰᠢᠷᠤᠢ ᠵᠢᠨ ᠢᠳᠡᠭᠳᠡᠯ᠎ᠢ ᠬᠥᠳᠡᠯᠦᠩᠭᠦᠶ᠎ᠪᠠᠷ ᠬᠢᠨᠠᠨ ᠬᠡᠮᠵᠢᠬᠦ ᠠᠯᠤᠰ ᠮᠡᠳᠡᠷᠡᠮᠵᠢ ᠵᠢ ᠵᠠᠳᠠᠯᠤᠨ ᠣᠷᠴᠢᠭᠤᠯᠬᠤ ᠪᠠ ᠳ᠋ᠦᠩᠨᠡᠨ ᠵᠠᠳᠠᠯᠬᠤ》 ᠵᠢᠨ ᠳᠠᠭ᠋ᠠᠭ᠋ᠠᠴᠢᠯᠠᠯᠲᠠ ᠵᠠᠷᠯᠠᠬᠤ ᠵᠢ ᠣᠷᠣᠯᠠᠬᠤ ᠪᠠᠶ᠋ᠢᠭᠤᠯᠤᠮᠵᠢ ᠵᠢᠨ ᠢᠯᠡ᠎ᠪᠠᠷ ᠬᠠᠷᠢᠴᠠᠭᠤᠯᠤᠨ ᠰᠣᠩᠭᠤᠬᠤ ᠠᠯᠪᠠᠨ ᠵᠠᠷ
 
            