ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠣᠨᠴᠠᠯᠢᠭᠲᠤ᠌ ᠳᠠᠪᠴᠠᠩ
ᠢᠯᠡ ᠵᠠᠰᠠᠭ   -   ᠠᠯᠪᠠᠨ ᠮᠡᠳᠡᠭᠡ
ᠤᠰᠤᠨ ᠠᠰᠢᠭᠯᠠᠯᠲᠠ ᠵᠢᠨ ᠲᠢᠩᠬᠢᠮ᠎ᠤᠨ ᠰᠡᠷᠭᠡᠶ᠋ᠢᠯᠡᠯᠲᠡ ᠵᠢᠨ ᠭᠠᠵᠠᠷ᠂ ᠤᠰᠤ ᠭᠠᠩ᠎ᠤᠨ ᠭᠠᠮᠰᠢᠭ᠎ᠢ ᠰᠡᠷᠭᠡᠶ᠋ᠢᠯᠡᠬᠦ ᠮᠡᠷᠭᠡᠵᠢᠯ᠎ᠤᠨ ᠲᠥᠪ ᠬᠠᠮᠲᠤᠷᠠᠨ 《ᠬᠠᠲᠤᠨ ᠭᠣᠤᠯ᠎ᠤᠨ ᠰᠠᠪᠠ ᠭᠠᠵᠠᠷ᠎ᠤᠨ ᠠᠮᠢ ᠠᠬᠤᠶ ᠵᠢᠨ ᠬᠠᠮᠠᠭ᠋ᠠᠯᠠᠯᠲᠠ ᠪᠠ ᠴᠢᠨᠠᠷ ᠰᠠᠶ᠋ᠢᠲᠠᠶ ᠬᠥᠭᠵᠢᠯᠲᠡ ᠵᠢ ᠳᠥᠯᠭᠢᠨ ᠠᠬᠢᠭᠤᠯᠬᠤ》 ᠭᠣᠤᠯ ᠰᠡᠳᠦᠪᠲᠦ ᠨᠠᠮ᠎ᠤᠨ ᠡᠳᠦᠷ᠎ᠤᠨ ᠠᠵᠢᠯᠯᠠᠭ᠎ᠠ ᠵᠢ ᠥᠷᠨᠢᠭᠦᠯᠪᠡ
ᠨᠡᠶ᠋ᠢᠲᠡᠯᠡᠭᠰᠡᠨ ᠴᠠᠭ᠄ 2021-12-03

      ᠨᠠᠮ᠎ᠤᠨ ᠠᠷᠪᠠ ᠶᠢᠰᠦᠳᠦᠭᠡᠷ ᠬᠤᠭᠤᠴᠠᠭ᠋ᠠᠨ᠎ᠤ ᠲᠥᠪ ᠬᠣᠷᠢᠶᠠᠨ᠎ᠤ ᠵᠢᠷᠭᠤᠳᠤᠭ᠋ᠠᠷ ᠪᠦᠭᠦᠳᠡ ᠬᠤᠷᠠᠯ ᠪᠣᠯᠤᠨ ᠰᠢ ᠵᠢᠨ ᠫᠢᠩ   ᠶᠡᠷᠦᠩᠬᠡᠢ ᠱᠦᠵᠢ ᠵᠢᠨ ᠬᠠᠲᠤᠨ ᠭᠣᠣᠯ᠎ᠤᠨ ᠰᠠᠪᠠ ᠭᠠᠵᠠᠷ᠎ᠤᠨ ᠠᠮᠢ ᠠᠬᠤᠢ ᠵᠢᠨ ᠬᠠᠮᠠᠭ᠋ᠠᠯᠠᠯᠲᠠ ᠪᠣᠯᠤᠨ ᠴᠢᠨᠠᠷ ᠰᠠᠶ᠋ᠢᠲᠠᠢ ᠬᠥᠭᠵᠢᠯᠲᠡ ᠵᠢ ᠭᠦᠨᠵᠡᠭᠡᠢ ᠠᠬᠢᠭᠤᠯᠬᠤ ᠶᠠᠷᠢᠯᠴᠠᠬᠤ ᠬᠤᠷᠠᠯ ᠳᠡᠭᠡᠷᠡᠬᠢ ᠴᠢᠬᠤᠯᠠ ᠶᠠᠷᠢᠶᠠᠨ᠎ᠤ ᠵᠣᠷᠢᠭ ᠰᠠᠨᠠᠭ᠎ᠠ ᠵᠢ ᠭᠦᠨᠵᠡᠭᠡᠢ ᠰᠤᠷᠤᠯᠴᠠᠨ   ᠲᠤᠭᠤᠰᠢᠯᠠᠭᠤᠯᠬᠤ ᠵᠢᠨ ᠲᠥᠯᠥᠭᠡ᠂ ᠴᠢᠨᠠᠷ ᠰᠠᠶ᠋ᠢᠲᠠᠶ ᠬᠥᠭᠵᠢᠯᠲᠡ ᠵᠢ ᠪᠦᠬᠦ ᠲᠠᠯ᠎ᠠ ᠎ᠪᠠᠷ ᠠᠬᠢᠭᠤᠯᠬᠤ ᠬᠠᠷᠠᠯᠲᠠ ᠱᠠᠭ᠋ᠠᠷᠳᠠᠯᠭ᠎ᠠ ᠶᠣᠰᠣᠭ᠋ᠠᠷ᠂ ᠠᠮᠢ ᠠᠬᠤᠶ ᠵᠢ ᠲᠡᠷᠢᠭᠦᠨ᠎ᠳᠤ ᠲᠠᠯᠪᠢᠬᠤ᠂ ᠪᠣᠬᠢᠷᠲᠤᠯ ᠥᠬᠡᠶ ᠬᠥᠭᠵᠢᠭᠦᠯᠬᠦ ᠣᠳᠣᠬᠢᠴᠢᠯᠠᠯᠲᠠ ᠵᠢᠨ ᠵᠠᠮ ᠵᠶ᠋ᠠᠷ ᠭᠤᠶ᠋ᠢᠪᠢᠰᠢ ᠥᠬᠡᠶ ᠰᠠᠶ᠋ᠢᠲᠤᠷ   ᠵᠠᠮᠨᠠᠨ᠎ᠠ᠂ 11 ᠰᠠᠷ᠎ᠠ ᠵᠢᠨ 30᠎ᠤ ᠡᠳᠦᠷ᠂ ᠤᠰᠤᠨ ᠠᠰᠢᠭᠯᠠᠯᠲᠠ ᠵᠢᠨ ᠲᠢᠩᠬᠢᠮ᠎ᠤᠨ ᠰᠡᠷᠭᠡᠶ᠋ᠢᠯᠡᠯᠲᠡ ᠵᠢᠨ ᠭᠠᠵᠠᠷ᠂ ᠤᠰᠤ ᠭᠠᠩ᠎ᠤᠨ ᠭᠠᠮᠰᠢᠭ᠎ᠢ ᠰᠡᠷᠭᠡᠶ᠋ᠢᠯᠡᠬᠦ ᠮᠡᠷᠭᠡᠵᠢᠯ᠎ᠤᠨ ᠲᠥᠪ᠎ᠨᠢ ᠣᠳᠣᠬᠠᠨ᠎ᠤ ᠬᠠᠲᠤᠨ ᠭᠣᠤᠯ᠎ᠤᠨ ᠰᠥᠩ ᠬᠠᠯᠢᠶ᠎ᠠ ᠵᠢ ᠰᠡᠷᠭᠡᠶ᠋ᠢᠯᠡᠬᠦ ᠠᠵᠢᠯ᠎ᠲᠠᠢ ᠤᠶᠠᠯᠳᠤᠭᠤᠯᠤᠨ᠂ ᠬᠠᠲᠤᠨ ᠭᠣᠤᠯ᠎ᠤᠨ ᠣᠷᠳᠣᠰ ᠬᠣᠲᠠ ᠵᠢᠨ   ᠵᠦᠩᠭ᠋ᠠᠷ ᠬᠣᠰᠢᠭᠤᠨ᠎ᠤ ᠬᠡᠰᠡᠭ᠎ᠲᠤ ᠬᠦᠷᠴᠦ 《ᠬᠠᠲᠤᠨ ᠭᠣᠤᠯ᠎ᠤᠨ ᠰᠠᠪᠠ ᠭᠠᠵᠠᠷ᠎ᠤᠨ ᠠᠮᠢ ᠠᠬᠤᠶ ᠵᠢᠨ ᠬᠠᠮᠠᠭ᠋ᠠᠯᠠᠯᠲᠠ ᠪᠠ ᠴᠢᠨᠠᠷ ᠰᠠᠶ᠋ᠢᠲᠠᠶ ᠬᠥᠭᠵᠢᠯᠲᠡ ᠵᠢ ᠳᠥᠯᠭᠢᠨ ᠠᠬᠢᠭᠤᠯᠬᠤ》 ᠭᠣᠤᠯ ᠰᠡᠳᠦᠪᠲᠦ ᠨᠠᠮ᠎ᠤᠨ ᠡᠳᠦᠷ᠎ᠤᠨ ᠠᠵᠢᠯᠯᠠᠭ᠎ᠠ ᠵᠢ ᠥᠷᠨᠢᠭᠦᠯᠪᠡ᠃
      ᠠᠵᠢᠯᠯᠠᠭ᠎ᠠ ᠵᠢᠨ ᠳᠤᠮᠳᠠ᠂ ᠨᠠᠮ᠎ᠤᠨ ᠭᠡᠰᠢᠭᠦᠳ ᠲᠠᠶ᠋ᠢᠯᠪᠤᠷᠢᠯᠠᠯᠲᠠ ᠵᠢ ᠲᠠᠭ᠋ᠠᠵᠤ ᠤᠷᠢᠳ ᠬᠣᠵᠢᠳ ᠮᠠ ᠵᠠ ᠵᠢᠨ ᠬᠤᠪᠢᠰᠬᠠᠯ᠎ᠤᠨ ᠠᠵᠢᠯᠯᠠᠭ᠎ᠠ ᠵᠢᠨ ᠦᠵᠡᠭᠦᠯᠦᠯᠭᠡ ᠵᠢᠨ ᠲᠢᠩᠬᠢᠮ᠂ ᠵᠠᠩ ᠦᠢ᠍ᠯᠡ ᠵᠢᠨ ᠲᠡᠦᠬᠡ ᠵᠢᠨ ᠳᠤᠷᠠᠰᠬᠠᠯᠲᠤ ᠵᠦᠢ᠍ᠯᠡᠰ᠎ᠤᠨ ᠦᠵᠡᠭᠦᠯᠦᠯᠭᠡ ᠵᠢᠨ ᠲᠢᠩᠬᠢᠮ᠂ ᠬᠤᠪᠢᠰᠬᠠᠯ᠎ᠤᠨ ᠳᠤᠷᠠᠰᠬᠠᠯᠲᠤ ᠵᠦᠢ᠍ᠯᠡᠰ᠎ᠤᠨ ᠦᠵᠡᠭᠦᠯᠦᠯᠭᠡ ᠵᠢᠨ ᠲᠢᠩᠬᠢᠮ ᠵᠡᠷᠭᠡ ᠦᠵᠡᠭᠦᠯᠦᠯᠭᠡ ᠵᠢᠨ ᠲᠣᠭᠣᠷᠢᠭ᠎ᠢ ᠲᠣᠭᠣᠷᠢᠨ ᠦᠵᠡᠪᠡ᠃ ᠲᠠᠯᠠᠪᠠᠢ ᠵᠢᠨ ᠳᠣᠲᠣᠷᠠᠬᠢ 50 ᠭᠠᠷᠤᠢ   ᠬᠡᠰᠡᠭᠲᠦ ᠵᠢᠷᠤᠭ᠎ᠤᠨ ᠬᠠᠪᠲᠠᠰᠤ ᠵᠢᠨ ᠬᠣᠪᠣᠷ ᠨᠠᠨᠳᠢᠨ ᠲᠡᠦᠬᠡ ᠵᠢᠨ ᠭᠡᠷᠡᠯ ᠵᠢᠷᠤᠭ᠂ ᠬᠥᠮᠦᠨ᠎ᠤ ᠲᠠᠨᠢᠯᠴᠠᠭᠤᠯᠭ᠎ᠠ᠂ ᠦᠵᠡᠭᠳᠡᠯ᠎ᠢ ᠲᠠᠬᠢᠨ ᠢᠯᠡᠷᠡᠭᠦᠯᠬᠦ᠎ᠪᠠᠷ ᠳᠠᠮᠵᠢᠭᠤᠯᠵᠤ᠂ ᠨᠠᠮ᠎ᠤᠨ ᠭᠡᠰᠢᠭᠦᠳ   ᠮᠠ ᠵᠠ ᠣᠷᠣᠨ᠎ᠤ ᠨᠢᠭᠤᠴᠠ ᠨᠠᠮ᠎ᠤᠨ ᠭᠡᠰᠢᠭᠦᠨ᠎ᠤ ᠳᠠᠶ᠋ᠢᠰᠤᠨ᠎ᠤ ᠠᠷᠤ ᠲᠠᠯ᠎ᠠ ᠵᠢ ᠪᠠᠲᠤ ᠰᠠᠬᠢᠬᠤ᠂ ᠭᠣᠣᠯ᠎ᠤᠨ ᠰᠡᠷᠭᠡᠶ᠋ᠢᠯᠡᠯᠲᠡ ᠵᠢ ᠰᠢᠪᠲᠤᠯᠬᠤ᠂ ᠨᠢᠭᠤᠴᠠ ᠮᠡᠳᠡᠭᠡ ᠵᠢ ᠳᠠᠮᠵᠢᠭᠤᠯᠬᠤ᠂ ᠴᠢᠯᠥᠭᠡᠯᠡᠬᠦ ᠶᠡᠬᠡ ᠴᠡᠷᠢᠭ᠎ᠲᠠᠢ ᠬᠠᠮᠵᠢᠯᠴᠠᠨ ᠴᠠᠩ ᠲᠠᠨ᠎ᠢ ᠰᠢᠪᠲᠤᠯᠬᠤ᠂ ᠤᠯᠠᠭ᠋ᠠᠨ ᠵᠠᠰᠠᠭ ᠪᠠᠶ᠋ᠢᠭᠤᠯᠤᠭᠰᠠᠨ ᠬᠤᠪᠢᠰᠬᠠᠯ᠎ᠤᠨ ᠥᠩᠭᠡᠷᠡᠯᠲᠡ ᠵᠢ ᠰᠢᠰᠲ᠋ᠧᠮ᠎ᠲᠠᠢ ᠤᠢ᠌ᠢ᠍ᠯᠠᠭ᠋ᠠᠨ ᠰᠤᠷᠤᠯᠴᠠᠵᠠᠢ᠃ ᠲᠣᠭᠣᠷᠢᠨ ᠦᠵᠡᠭᠰᠡᠨ᠎ᠤ ᠲᠠᠷᠠᠭ᠎ᠠ᠂ ᠨᠠᠮ᠎ᠤᠨ ᠭᠡᠰᠢᠭᠦᠳ ᠨᠠᠮ᠎ᠳᠤ ᠣᠷᠣᠬᠤ ᠲᠠᠩᠭ᠋ᠠᠷᠢᠭ᠎ᠤᠨ ᠦᠭᠡᠰ ᠵᠶ᠋ᠡᠨ ᠲᠠᠬᠢᠨ ᠡᠷᠭᠢᠴᠡᠭᠦᠯᠬᠦ᠎ᠪᠠᠷ ᠲᠠᠮᠵᠢᠨ᠂ ᠰᠡᠳᠬᠢᠯ ᠰᠠᠨᠠᠭ᠋ᠠᠨ᠎ᠤ   ᠤᠬᠢᠶᠠᠯ ᠎ᠢ ᠳᠠᠬᠢᠨᠲᠠ ᠬᠦᠯᠢᠶᠡᠵᠦ᠂ ᠲᠥᠪ ᠴᠢᠩᠭ᠎ᠠ ᠠᠮᠠᠯᠠᠯᠲᠠ᠎ᠪᠠᠨ ᠪᠠᠲᠤ ᠴᠡᠭᠡᠵᠢᠯᠡᠵᠦ᠂ ᠡᠪ ᠬᠠᠮᠲᠤ ᠨᠠᠮ᠎ᠤᠨ ᠭᠡᠰᠢᠭᠦᠨ᠎ᠤ ᠤᠯᠤᠰ ᠲᠦᠷᠤ ᠵᠢᠨ ᠬᠠᠷᠢᠭᠤᠴᠠᠯᠭ᠎ᠠ᠂ ᠠᠵᠢᠯ᠎ᠤᠨ ᠡᠭᠦᠷᠭᠡᠯᠡᠯ ᠪᠣᠯᠤᠨ ᠢᠷᠠᠭᠤ ᠠᠯᠳᠠᠷᠲᠤ ᠡᠭᠦᠷᠭᠡ᠎ᠪᠠᠨ ᠪᠠᠲᠤ ᠴᠡᠭᠡᠵᠢᠯᠡᠪᠡ᠃
      ᠳᠠᠷᠠᠭ᠎ᠠ᠎ᠨᠢ ᠬᠠᠲᠤᠨ ᠭᠣᠣᠯ᠎ᠤᠨ ᠯᠦᠩ ᠺᠸᠦ ᠭᠣᠣᠯ᠎ᠤᠨ ᠵᠠᠮ᠎ᠤᠨ ᠬᠠᠮᠢᠶᠠᠷᠤᠯᠲᠠ ᠵᠢᠨ ᠬᠡᠰᠡᠭ᠎ᠤᠨ ᠠᠵᠢᠯᠲᠠᠳ᠎ᠢ ᠲᠣᠬᠣᠨᠢᠭᠤᠯᠵᠤ᠂ ᠲᠤᠰ ᠬᠡᠰᠡᠭ ᠭᠣᠣᠯ ᠮᠥᠷᠡᠨ᠎ᠤ ᠰᠥᠩ ᠬᠠᠯᠢᠶ᠎ᠠ ᠵᠢᠨ ᠪᠠᠶ᠋ᠢᠳᠠᠯ᠎ᠢ ᠪᠠᠶ᠋ᠢᠴᠠᠭ᠋ᠠᠨ ᠦᠵᠡᠭᠡᠳ᠂ ᠬᠠᠲᠤᠨ ᠭᠣᠣᠯ᠎ᠤᠨ ᠰᠥᠩ ᠬᠠᠯᠢᠶ᠎ᠠ ᠵᠢ ᠰᠡᠷᠭᠡᠶ᠋ᠢᠯᠡᠬᠦ ᠠᠵᠢᠯ᠎ᠢ ᠰᠠᠶ᠋ᠢᠲᠤᠷ ᠬᠢᠬᠦ ᠲᠤᠬᠠᠶ ᠦᠨᠳᠦᠰᠦᠨ ᠱᠠᠲᠤᠨ᠎ᠤ ᠤᠰᠤᠨ ᠠᠰᠢᠭᠯᠠᠯᠲᠠ ᠵᠢᠨ ᠰᠠᠯᠠᠭ᠎ᠠ ᠮᠥᠴᠢᠷ᠎ᠲᠠᠢ ᠰᠠᠨᠠᠯ ᠵᠶ᠋ᠠᠨ ᠰᠣᠯᠢᠯᠴᠠᠨ ᠶᠠᠷᠢᠯᠴᠠᠵᠤ᠂ ᠲᠤᠬᠠᠢ ᠵᠢᠨ ᠲᠠᠯᠠᠪᠠᠢ ᠵᠢᠨ ᠰᠣᠯᠢᠯᠴᠠᠭ᠎ᠠ ᠰᠤᠷᠤᠯᠴᠠᠯᠭ᠎ᠠ᠎ᠪᠠᠷ ᠳᠠᠮᠵᠢᠨ ᠪᠦᠬᠦ ᠠᠵᠢᠯᠲᠠᠳ᠎ᠲᠤ ᠦᠨᠳᠦᠰᠦᠨ ᠱᠠᠲᠤᠨ᠎ᠤ ᠤᠰᠤᠨ ᠠᠰᠢᠭᠯᠠᠯᠲᠠ ᠵᠢᠨ ᠠᠵᠢᠯᠲᠠᠳ᠎ᠤᠨ ᠬᠠᠬᠢᠷ ᠬᠦᠢ᠍ᠳᠡᠨ᠎ᠢ ᠬᠠᠶ᠋ᠢᠬᠤᠷᠤᠯ ᠦᠭᠡᠢ᠎ᠪᠠᠷ ᠬᠠᠳᠤᠨ ᠭᠣᠣᠯ᠎ᠤᠨ ᠰᠦᠩ ᠬᠠᠯᠢᠶ᠎ᠠ ᠵᠢ ᠰᠡᠷᠭᠡᠶ᠋ᠢᠯᠡᠬᠦ ᠨᠢᠭᠡᠳᠦᠭᠡᠷ ᠹᠷᠣᠨᠲ᠎ᠤᠨ ᠠᠵᠢᠯ᠎ᠤᠨ ᠪᠠᠶ᠋ᠢᠷᠢ ᠵᠢ ᠪᠠᠲᠤ ᠰᠠᠬᠢᠬᠤ ᠬᠠᠷᠢᠭᠤᠴᠠᠯᠭ᠎ᠠ ᠵᠢᠨ ᠵᠣᠷᠢᠭ ᠰᠠᠨᠠᠭ᠎ᠠ ᠵᠢ ᠮᠡᠳᠡᠷᠡᠭᠦᠯᠵᠦ᠂ ᠳᠠᠷᠠᠭ᠋ᠠᠴᠢ ᠵᠢᠨ ᠲᠤᠬᠠᠶ᠋ᠢᠯᠠᠭᠰᠠᠨ ᠠᠵᠢᠯ᠎ᠳᠠᠭᠠᠨ ᠰᠠᠭᠤᠷᠢᠯᠠᠵᠤ᠂ ᠤᠯᠤᠰ ᠲᠦᠷᠦ ᠵᠢᠨ ᠵᠣᠭᠰᠣᠴᠠ᠎ᠪᠠᠨ ᠳᠡᠭᠡᠭᠰᠢᠯᠡᠭᠦᠯᠵᠦ᠂ ᠠᠷᠠᠳ ᠲᠦᠮᠡᠨ᠎ᠢ ᠳᠡᠭᠡᠳᠦᠯᠡᠬᠦ᠂ ᠠᠮᠢ ᠨᠠᠰᠤ ᠵᠢ ᠳᠡᠭᠡᠳᠦᠯᠡᠬᠦ ᠵᠢ ᠪᠠᠷᠢᠮᠲᠠᠯᠠᠵᠤ᠂ ᠬᠠᠳᠤᠨ ᠭᠣᠣᠯ᠎ᠤᠨ ᠰᠠᠪᠠ ᠭᠠᠵᠠᠷ᠎ᠤᠨ ᠠᠮᠢ ᠠᠬᠤᠢ ᠵᠢᠨ ᠬᠠᠮᠠᠭ᠋ᠠᠯᠠᠯᠲᠠ ᠪᠣᠯᠤᠨ ᠴᠢᠨᠠᠷ ᠰᠠᠶ᠋ᠢᠲᠠᠢ ᠬᠥᠭᠵᠢᠯᠲᠡ ᠵᠢ ᠠᠬᠢᠭᠤᠯᠬᠤ᠎ᠳᠤ ᠢᠳᠡᠪᠬᠢᠲᠡᠢ ᠬᠤᠪᠢ ᠨᠡᠮᠡᠷᠢ ᠦᠵᠡᠭᠦᠯᠬᠦ ᠬᠡᠷᠡᠭᠲᠡᠢ ᠭᠡᠵᠦ ᠵᠢᠭ᠋ᠠᠵᠤ ᠭᠠᠷᠭ᠋ᠠᠪᠠ᠃

ᠢᠷᠡᠯᠲᠡ᠄
          
ᠬᠠᠮᠢᠶ᠎ᠡ ᠪᠦᠬᠦᠢ ᠰᠣᠨᠢᠨ
ᠵᠠᠰᠠᠭ ᠵᠠᠬᠢᠷᠭ᠋ᠠᠨ᠎ᠤ ᠴᠢᠬᠤᠯᠠ ᠶᠡᠬᠡ ᠰᠢᠢ᠍ᠳᠪᠦᠷᠢᠲᠦ ᠪᠣᠳᠣᠯᠭ᠎ᠠ ᠵᠢ ᠬᠡᠷᠡᠭᠵᠢᠭᠦᠯᠬᠦ ᠬᠠᠷᠢᠭᠤᠴᠠᠯᠭ᠎ᠠ ᠵᠢᠨ ᠳᠦᠷᠢᠮ ᠲᠣᠭᠲᠠᠭ᠋ᠠᠯ᠎ᠢ ᠳᠠᠷᠤᠮᠠᠯᠯᠠᠨ ᠶᠠᠪᠤᠭᠤᠯᠬᠤ ᠲᠤᠬᠠᠢ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠮᠡᠳᠡᠭᠳᠡᠯ
ᠵᠠᠰᠠᠭ ᠵᠠᠬᠢᠷᠭ᠋ᠠᠨ᠎ᠤ ᠴᠢᠬᠤᠯᠠ ᠶᠡᠬᠡ ᠰᠢᠢ᠍ᠳᠪᠦᠷᠢᠲᠦ ᠪᠣᠳᠣᠯᠭ᠎ᠠ ᠵᠢ ᠬᠡᠷᠡᠭᠵᠢᠭᠦᠯᠬᠦ ᠬᠠᠷᠢᠭᠤᠴᠠᠯᠭ᠎ᠠ ᠵᠢᠨ ᠳᠦᠷᠢᠮ ᠲᠣᠭᠲᠠᠭ᠋ᠠᠯ᠎ᠢ ᠳᠠᠷᠤᠮᠠᠯᠯᠠᠨ ᠶᠠᠪᠤᠭᠤᠯᠬᠤ ᠲᠤᠬᠠᠢ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠮᠡᠳᠡᠭᠳᠡᠯ
ᠬᠥᠳᠡᠭᠡ ᠲᠣᠰᠬᠣᠨ᠎ᠤ ᠤᠰᠤ ᠬᠠᠩᠭ᠋ᠠᠬᠤ ᠪᠠᠲᠤᠯᠠᠭ᠎ᠠ ᠵᠢᠨ ᠠᠵᠢᠯ᠎ᠢ ᠰᠠᠶ᠋ᠢᠲᠤᠷ ᠬᠢᠬᠦ ᠲᠤᠬᠠᠶ ᠤᠰᠤᠨ ᠠᠰᠢᠭᠯᠠᠯᠲᠠ ᠵᠢᠨ ᠶᠠᠮᠤᠨ᠂ ᠬᠥᠭᠵᠢᠭᠦᠯᠦᠯᠲᠡ ᠪᠠ ᠥᠭᠡᠷᠡᠴᠢᠯᠡᠯᠲᠡ ᠵᠢᠨ ᠵᠦᠪᠯᠡᠯ᠂ ᠡᠳ᠋᠎ᠤᠨ ᠵᠠᠰᠠᠭ᠎ᠤᠨ ᠶᠠᠮᠤᠨ᠂ ᠬᠥᠮᠦᠨ᠎ᠤ ᠬᠦᠴᠦᠨ᠎ᠤ ᠡᠬᠢ ᠪᠠᠶᠠᠯᠢᠭ ᠪᠠ ᠨᠡᠶ᠋ᠢᠭᠡᠮ᠎ᠤᠨ ᠪᠠᠲᠤᠯᠠᠭ᠎ᠠ ᠵᠢᠨ ᠶᠠᠮᠤᠨ᠂ ᠠᠮᠢ ᠠᠬᠤᠶ ᠣᠷᠴᠢᠨ ᠲᠤᠭᠤᠷᠢᠨ᠎ᠤ ᠶᠠᠮᠤᠨ᠂ ᠣᠷᠣᠨ ᠰᠠᠭᠤᠴᠠ ᠪᠠ ᠬᠣᠲᠠ ᠬᠥᠳᠡᠭᠡ ᠵᠢᠨ ᠪᠥᠲᠥᠭᠡᠨ ᠪᠠᠶ᠋ᠢᠭᠤᠯᠤᠯᠲᠠ ᠵᠢᠨ ᠶᠠᠮᠤᠨ᠂ ᠲᠠᠷᠢᠶᠠᠯᠠᠩ ᠬᠥᠳᠡᠭᠡ ᠲᠣᠰᠬᠣᠨ᠎ᠤ ᠶᠠᠮᠤᠨ᠂ ᠡᠷᠡᠭᠦᠯ ᠬᠠᠮᠠᠭ᠋ᠠᠯᠠᠯ ᠡᠷᠡᠭᠦᠯ ᠮᠡᠨᠳᠦ ᠵᠢᠨ ᠵᠦᠪᠯᠡᠯ᠎ᠤᠨ ᠵᠢᠯᠤᠭᠤᠳᠬᠤ ᠰᠠᠨᠠᠯ
ᠬᠠᠲᠤᠨ ᠭᠣᠤᠯ᠎ᠤᠨ ᠰᠠᠪᠠ ᠭᠠᠵᠠᠷ᠎ᠲᠤ ᠤᠰᠤ ᠵᠢ ᠬᠦᠨᠵᠡᠭᠡᠢ ᠠᠷᠪᠢᠯᠠᠵᠤ ᠡᠵᠡᠮᠳᠡᠬᠦ ᠠᠵᠢᠯᠯᠠᠭ᠎ᠠ ᠵᠢ ᠬᠡᠷᠡᠭᠵᠢᠭᠦᠯᠬᠦ ᠲᠤᠬᠠᠶ ᠤᠰᠤᠨ ᠠᠰᠢᠭᠯᠠᠯᠲᠠ ᠵᠢᠨ ᠶᠠᠮᠤᠨ᠎ᠤ ᠰᠠᠨᠠᠯ
ᠪᠠᠷᠢᠯᠭ᠎ᠠ ᠵᠢᠨ ᠡᠨᠧᠷᠭᠢ ᠠᠷᠪᠢᠯᠠᠬᠤ ᠪᠠ ᠪᠣᠬᠢᠷᠳᠤᠯ ᠦᠭᠡᠢ ᠪᠠᠷᠢᠯᠭ᠎ᠠ ᠵᠢᠨ ᠬᠥᠭᠵᠢᠯᠲᠡ ᠵᠢ ᠴᠢᠩᠭ᠋ᠠᠳᠬᠠᠬᠤ ᠲᠤᠬᠠᠢ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠠᠯᠪᠠᠨ ᠲᠢᠩᠬᠢᠮ᠎ᠤᠨ ᠬᠡᠷᠡᠭᠵᠢᠭᠦᠯᠬᠦ ᠰᠠᠨᠠᠯ
 
            