ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠣᠨᠴᠠᠯᠢᠭᠲᠤ᠌ ᠳᠠᠪᠴᠠᠩ
ᠢᠯᠡ ᠵᠠᠰᠠᠭ   -   ᠠᠯᠪᠠᠨ ᠮᠡᠳᠡᠭᠡ
ᠵᠠᠰᠠᠭ ᠵᠠᠬᠢᠷᠭ᠋ᠠᠨ᠎ᠤ ᠴᠢᠬᠤᠯᠠ ᠶᠡᠬᠡ ᠰᠢᠢ᠍ᠳᠪᠦᠷᠢᠲᠦ ᠪᠣᠳᠣᠯᠭ᠎ᠠ ᠵᠢ ᠬᠡᠷᠡᠭᠵᠢᠭᠦᠯᠬᠦ ᠬᠠᠷᠢᠭᠤᠴᠠᠯᠭ᠎ᠠ ᠵᠢᠨ ᠳᠦᠷᠢᠮ ᠲᠣᠭᠲᠠᠭ᠋ᠠᠯ᠎ᠢ ᠳᠠᠷᠤᠮᠠᠯᠯᠠᠨ ᠶᠠᠪᠤᠭᠤᠯᠬᠤ ᠲᠤᠬᠠᠢ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠮᠡᠳᠡᠭᠳᠡᠯ
ᠨᠡᠶ᠋ᠢᠲᠡᠯᠡᠭᠰᠡᠨ ᠴᠠᠭ᠄ 2021-11-30

    ᠥᠪᠥᠷ ᠵᠠᠰᠠᠭ ᠲᠠᠷᠬᠠᠭ᠋ᠠᠭᠰᠠᠨ [2020] 20 ᠳ᠋ᠤᠭ᠋ᠠᠷ ᠲᠣᠭ᠋ᠠᠲᠤ                                

     2020 ᠣᠨ᠎ᠤ 12 ᠳ᠋ᠤᠭ᠋ᠠᠷ ᠰᠠᠷ᠎ᠠ ᠵᠢᠨ 4᠎ᠤ ᠡᠳᠦᠷ  
      ᠡᠯ᠎ᠡ ᠠᠢ᠌ᠮᠠᠭ᠎ᠤᠨ ᠵᠠᠬᠢᠷᠭ᠎ᠠ᠂ ᠬᠤᠲᠠ ᠵᠢᠨ ᠠᠷᠠᠳ᠎ᠤᠨ ᠵᠠᠰᠠᠭ᠎ᠤᠨ ᠣᠷᠳᠣᠨ᠂ ᠥᠪᠡᠷᠲᠡᠭᠡᠨ ᠵᠠᠰᠠᠬᠤ ᠣᠷᠣᠨ᠎ᠤ ᠡᠯ᠎ᠡ ᠵᠥᠪᠯᠡᠯ᠂ ᠠᠯᠪᠠᠨ ᠭᠡᠷ᠂ ᠲᠢᠩᠬᠢᠮ᠂ ᠲᠣᠪᠴᠢᠶ᠎ᠠ᠂ ᠡᠯ᠎ᠡ ᠲᠣᠮᠣ ᠠᠵᠤ ᠠᠬᠤᠢ᠌ᠯᠠᠯ᠂ ᠠᠵᠢᠯ ᠦᠢ᠍ᠯᠡᠰ᠎ᠤᠨ ᠨᠢᠭᠡᠴᠢ᠎ᠳᠤ᠄  
      ᠡᠳᠦᠭᠡ 《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠵᠠᠰᠠᠭ ᠵᠠᠬᠢᠷᠭ᠋ᠠᠨ᠎ᠤ ᠴᠢᠬᠤᠯᠠ ᠶᠡᠬᠡ ᠰᠢᠢ᠍ᠳᠪᠦᠷᠢᠲᠦ ᠪᠣᠳᠣᠯᠭ᠎ᠠ ᠵᠢ ᠬᠡᠷᠡᠭᠵᠢᠭᠦᠯᠬᠦ ᠬᠠᠷᠢᠭᠤᠴᠠᠯᠭ᠎ᠠ ᠵᠢᠨ ᠳᠦᠷᠢᠮ᠎ᠤᠨ ᠲᠣᠭᠲᠠᠭ᠋ᠠᠯ》᠎ᠢ ᠲᠠ ᠨᠠᠷ᠎ᠲᠤ ᠳᠠᠷᠤᠮᠠᠯᠯᠠᠨ ᠶᠠᠪᠤᠭᠤᠯᠤᠯ᠎ᠠ᠂ ᠪᠣᠳᠠᠲᠠᠢ᠎ᠲᠠᠢ᠎ᠪᠠᠨ ᠤᠶᠠᠯᠳᠤᠭᠤᠯᠤᠨ᠂ ᠬᠢᠨᠠᠮᠠᠭ᠋ᠠᠢ ᠲᠤᠭᠤᠰᠢᠯᠠᠭᠤᠯᠤᠨ ᠬᠡᠷᠡᠭᠵᠢᠭᠦᠯᠲᠦᠭᠡᠢ᠃            
      ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠵᠠᠰᠠᠭ ᠵᠠᠬᠢᠷᠭ᠋ᠠᠨ᠎ᠤ ᠴᠢᠬᠤᠯᠠ ᠶᠡᠬᠡ
      ᠰᠢᠢ᠍ᠳᠪᠦᠷᠢᠲᠦ ᠪᠣᠳᠣᠯᠭ᠎ᠠ ᠵᠢ ᠬᠡᠷᠡᠭᠵᠢᠭᠦᠯᠬᠦ ᠬᠠᠷᠢᠭᠤᠴᠠᠯᠭ᠎ᠠ ᠵᠢᠨ ᠳᠦᠷᠢᠮ᠎ᠤᠨ ᠲᠣᠭᠲᠠᠭ᠋ᠠᠯ        
      ᠨᠢᠭᠡᠳᠦᠭᠡᠷ ᠵᠦᠢ᠍ᠯ ᠵᠠᠰᠠᠭ ᠵᠠᠬᠢᠷᠭ᠋ᠠᠨ᠎ᠤ ᠴᠢᠬᠤᠯᠠ ᠶᠡᠬᠡ ᠰᠢᠢ᠍ᠳᠪᠦᠷᠢᠲᠦ ᠪᠣᠳᠣᠯᠭ᠎ᠠ ᠵᠢ ᠬᠡᠷᠡᠭᠵᠢᠭᠦᠯᠬᠦ ᠠᠵᠢᠯ᠎ᠢ ᠵᠢᠷᠤᠮᠵᠢᠭᠤᠯᠵᠤ᠂ ᠠᠵᠢᠯ᠎ᠤᠨ ᠬᠠᠷᠢᠭᠤᠴᠠᠯᠭ᠎ᠠ ᠵᠢ ᠨᠠᠢ᠌ᠳᠠᠪᠤᠷᠢᠵᠢᠭᠤᠯᠤᠨ᠂ ᠰᠢᠢ᠍ᠳᠪᠦᠷᠢᠲᠦ ᠪᠣᠳᠣᠯᠭ᠎ᠠ ᠵᠢ ᠬᠡᠷᠡᠭᠵᠢᠭᠦᠯᠬᠦ ᠶᠠᠰᠤ ᠴᠢᠨᠠᠷ ᠪᠠ ᠦᠷ᠎ᠡ ᠪᠦᠲᠦᠮᠵᠢ ᠵᠢ ᠳᠡᠭᠡᠭᠰᠢᠯᠡᠭᠦᠯᠬᠦ ᠵᠢᠨ ᠲᠤᠰᠠᠳᠠ᠂ 《ᠵᠠᠰᠠᠭ ᠵᠠᠬᠢᠷᠭ᠋ᠠᠨ᠎ᠤ ᠴᠢᠬᠤᠯᠠ ᠶᠡᠬᠡ ᠰᠢᠢ᠍ᠳᠪᠦᠷᠢᠲᠦ ᠪᠣᠳᠣᠯᠭ᠎ᠠ ᠲᠣᠭᠲᠠᠭ᠋ᠠᠬᠤ ᠳᠡᠰ ᠳᠠᠷᠠᠭ᠋ᠠᠯᠠᠯ᠎ᠤᠨ ᠲᠦᠷ ᠬᠡᠷᠡᠭᠵᠢᠭᠦᠯᠬᠦ ᠳᠦᠷᠢᠮ》᠎ᠢ ᠦᠨᠳᠦᠰᠦᠯᠡᠨ᠂ ᠲᠤᠰ ᠲᠣᠭᠲᠠᠭ᠋ᠠᠯ᠎ᠢ ᠲᠣᠭᠲᠠᠭ᠋ᠠᠪᠠ᠃      
      ᠬᠣᠶᠠᠳᠤᠭ᠋ᠠᠷ ᠵᠦᠢ᠍ᠯ   ᠬᠣᠰᠢᠭᠤ ᠰᠢᠶᠠᠨ᠎ᠤ ᠱᠠᠲᠤᠨ᠎ᠠᠴᠠ ᠳᠡᠭᠡᠭᠰᠢᠬᠢ ᠠᠷᠠᠳ᠎ᠤᠨ ᠵᠠᠰᠠᠭ᠎ᠤᠨ       ᠣᠷᠳᠣᠨ (ᠳᠣᠷᠣᠭᠰᠢ ᠰᠢᠢ᠍ᠳᠪᠦᠷᠢᠲᠦ ᠪᠣᠳᠣᠯᠭ᠎ᠠ ᠲᠣᠭᠲᠠᠭ᠋ᠠᠬᠤ ᠪᠠᠢ᠌ᠭᠤᠯᠭ᠎ᠠ ᠭᠡᠵᠦ ᠲᠣᠪᠴᠢᠯᠠᠨ᠎ᠠ)᠎ᠤ ᠵᠠᠰᠠᠭ ᠵᠠᠬᠢᠷᠭ᠋ᠠᠨ᠎ᠤ ᠴᠢᠬᠤᠯᠠ ᠶᠡᠬᠡ ᠰᠢᠢ᠍ᠳᠪᠦᠷᠢᠲᠦ ᠪᠣᠳᠣᠯᠭ᠎ᠠ ᠵᠢ ᠬᠡᠷᠡᠭᠵᠢᠭᠦᠯᠬᠦ ᠠᠵᠢᠯ᠎ᠳᠤ ᠲᠤᠰ ᠲᠣᠭᠲᠠᠭ᠋ᠠᠯ᠎ᠢ ᠲᠣᠬᠢᠷᠠᠭᠤᠯᠤᠨ ᠬᠡᠷᠡᠭᠯᠡᠨ᠎ᠡ᠃      
      ᠭᠤᠷᠪᠠᠳᠤᠭ᠋ᠠᠷ ᠵᠦᠢ᠍ᠯ   ᠵᠠᠰᠠᠭ ᠵᠠᠬᠢᠷᠭ᠋ᠠᠨ᠎ᠤ ᠴᠢᠬᠤᠯᠠ ᠶᠡᠬᠡ ᠰᠢᠢ᠍ᠳᠪᠦᠷᠢᠲᠦ ᠪᠣᠳᠣᠯᠭ᠎ᠠ ᠵᠢ ᠬᠡᠷᠡᠭᠵᠢᠭᠦᠯᠬᠦ᠎ᠳᠤ ᠡᠷᠬᠡᠪᠰᠢ ᠨᠠᠮ᠎ᠤᠨ ᠪᠥᠬᠦ ᠲᠠᠯ᠎ᠠ ᠵᠢᠨ ᠤᠳᠤᠷᠢᠳᠤᠯᠭ᠎ᠠ ᠵᠢ ᠪᠠᠷᠢᠮᠲᠠᠯᠠᠨ᠂ ᠨᠠᠮ᠎ᠤᠨ ᠱᠤᠭᠤᠮ ᠴᠢᠭᠯᠡᠯᠲᠡ ᠲᠥᠷᠥ ᠵᠢᠨ ᠪᠣᠳᠣᠯᠭ᠎ᠠ ᠪᠠ ᠰᠢᠢ᠍ᠳᠪᠦᠷᠢᠲᠦ ᠪᠣᠳᠣᠯᠭ᠎ᠠ ᠵᠢᠨ ᠪᠠᠢ᠌ᠷᠢᠯᠠᠭᠤᠯᠤᠯᠲᠠ ᠵᠢ ᠪᠥᠬᠦ ᠲᠠᠯ᠎ᠠ᠎ᠪᠠᠷ ᠲᠤᠭᠤᠰᠢᠯᠠᠭᠤᠯᠵᠤ᠂ ᠨᠠᠮ᠎ᠤᠨ ᠤᠳᠤᠷᠢᠳᠬᠤ ᠭᠣᠣᠯᠯᠠᠭᠴᠢ ᠦᠢ᠍ᠯᠡᠳᠦᠯ᠎ᠢ ᠪᠠᠳᠠᠷᠠᠭᠤᠯᠤᠨ᠂ ᠵᠠᠰᠠᠭ ᠵᠠᠬᠢᠷᠭ᠋ᠠᠨ᠎ᠤ ᠴᠢᠬᠤᠯᠠ ᠶᠡᠬᠡ ᠰᠢᠢ᠍ᠳᠪᠦᠷᠢᠲᠦ ᠪᠣᠳᠣᠯᠭ᠎ᠠ ᠵᠢ ᠬᠡᠷᠡᠭᠵᠢᠭᠦᠯᠬᠦ ᠪᠥᠬᠦ ᠶᠠᠪᠤᠴᠠ᠎ᠳᠤ ᠨᠠᠮ᠎ᠤᠨ ᠤᠳᠤᠷᠢᠳᠤᠯᠭ᠎ᠠ ᠵᠢ ᠲᠤᠭᠤᠰᠢᠯᠠᠭᠤᠯᠬᠤ ᠬᠡᠷᠡᠭᠲᠡᠢ᠃      
      ᠳᠥᠷᠪᠡᠳᠦᠭᠡᠷ ᠵᠦᠢ᠍ᠯ   ᠰᠢᠢ᠍ᠳᠪᠦᠷᠢᠲᠦ ᠪᠣᠳᠣᠯᠭ᠎ᠠ ᠲᠣᠭᠲᠠᠭ᠋ᠠᠬᠤ ᠪᠠᠢ᠌ᠭᠤᠯᠭ᠎ᠠ ᠨᠢᠭᠡᠳᠦᠯᠲᠡᠢ ᠤᠳᠤᠷᠢᠳᠤᠭᠰᠠᠨ᠂ ᠭᠣᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠲᠦᠷᠦᠭᠦᠯᠡᠵᠦ ᠬᠠᠷᠢᠭᠤᠴᠠᠭᠰᠠᠨ᠂ ᠬᠠᠮᠢᠶ᠎ᠠ ᠪᠦᠬᠦᠢ ᠨᠢᠭᠡᠴᠢ ᠲᠤᠰᠠᠯᠠᠵᠤ ᠬᠠᠮᠵᠢᠯᠴᠠᠭᠰᠠᠨ ᠵᠠᠰᠠᠭ ᠵᠠᠬᠢᠷᠭ᠋ᠠᠨ᠎ᠤ ᠴᠢᠬᠤᠯᠠ ᠶᠡᠬᠡ ᠰᠢᠢ᠍ᠳᠪᠦᠷᠢᠲᠦ ᠪᠣᠳᠣᠯᠭ᠎ᠠ ᠵᠢ ᠬᠡᠷᠡᠭᠵᠢᠭᠦᠯᠬᠦ ᠠᠵᠢᠯ᠎ᠤᠨ ᠲᠣᠭᠲᠠᠴᠠ ᠵᠢ ᠪᠠᠢ᠌ᠭᠤᠯᠤᠨ ᠪᠦᠷᠢᠨᠰᠢᠭᠦᠯᠬᠦ ᠬᠡᠷᠡᠭᠲᠡᠢ᠃      
      ᠲᠠᠪᠤᠳᠤᠭ᠋ᠠᠷ ᠵᠦᠢ᠍ᠯ   ᠰᠢᠢ᠍ᠳᠪᠦᠷᠢᠲᠦ ᠪᠣᠳᠣᠯᠭ᠎ᠠ ᠲᠣᠭᠲᠠᠭ᠋ᠠᠬᠤ ᠪᠠᠢ᠌ᠭᠤᠯᠭ᠎ᠠ᠎ᠨᠢ ᠵᠠᠰᠠᠭ ᠵᠠᠬᠢᠷᠭ᠋ᠠᠨ᠎ᠤ ᠴᠢᠬᠤᠯᠠ ᠶᠡᠬᠡ ᠰᠢᠢ᠍ᠳᠪᠦᠷᠢᠲᠦ   ᠪᠣᠳᠣᠯᠭ᠎ᠠ ᠬᠡᠷᠡᠭᠵᠢᠭᠦᠯᠬᠦ ᠵᠢ ᠬᠠᠷᠢᠭᠤᠴᠠᠬᠤ ᠨᠢᠭᠡᠴᠢ (ᠳᠣᠷᠣᠭᠰᠢ ᠰᠢᠢ᠍ᠳᠪᠦᠷᠢᠲᠦ ᠪᠣᠳᠣᠯᠭ᠎ᠠ ᠵᠢ ᠬᠡᠷᠡᠭᠵᠢᠭᠦᠯᠬᠦ ᠨᠢᠭᠡᠴᠢ ᠭᠡᠵᠦ ᠲᠣᠪᠴᠢᠯᠠᠨ᠎ᠠ)᠎ᠪᠠᠨ ᠲᠣᠳᠣᠷᠬᠠᠢ ᠲᠣᠭᠲᠠᠭ᠋ᠠᠵᠤ᠂ ᠰᠢᠢ᠍ᠳᠪᠦᠷᠢᠲᠦ ᠪᠣᠳᠣᠯᠭ᠎ᠠ ᠵᠢᠨ ᠵᠦᠢ᠍ᠯᠡᠰ᠎ᠢ ᠬᠣᠶᠠᠷ ᠵᠢᠴᠢ ᠲᠡᠭᠦᠨ᠎ᠠᠴᠠ ᠣᠯᠠᠨ ᠨᠢᠭᠡᠴᠢ ᠬᠡᠷᠡᠭᠵᠢᠭᠦᠯᠬᠦ ᠴᠢᠬᠤᠯᠠᠲᠠᠢ ᠪᠠᠢ᠌ᠪᠠᠯ᠂ ᠲᠦᠷᠦᠭᠦᠯᠡᠨ ᠬᠡᠷᠡᠭᠵᠢᠭᠦᠯᠬᠦ ᠨᠢᠭᠡᠴᠢ ᠵᠢ ᠲᠣᠳᠣᠷᠬᠠᠢ ᠲᠣᠭᠲᠠᠭ᠋ᠠᠬᠤ ᠬᠡᠷᠡᠭᠲᠡᠢ᠃      
      ᠵᠢᠷᠭᠤᠳᠤᠭ᠋ᠠᠷ ᠵᠦᠢ᠍ᠯ   ᠰᠢᠢ᠍ᠳᠪᠦᠷᠢᠲᠦ ᠪᠣᠳᠣᠯᠭ᠎ᠠ ᠵᠢ ᠬᠡᠷᠡᠭᠵᠢᠭᠦᠯᠬᠦ ᠨᠢᠭᠡᠴᠢ᠎ᠨᠢ ᠲᠣᠰ ᠨᠢᠭᠡᠴᠢ (ᠲᠣᠰ ᠰᠢᠰᠲ᠋ᠧᠮ) ᠵᠢᠨ ᠵᠠᠰᠠᠭ ᠵᠠᠬᠢᠷᠭ᠋ᠠᠨ᠎ᠤ ᠴᠢᠬᠤᠯᠠ ᠶᠡᠬᠡ ᠰᠢᠢ᠍ᠳᠪᠦᠷᠢᠲᠦ ᠪᠣᠳᠣᠯᠭ᠎ᠠ ᠬᠡᠷᠡᠭᠵᠢᠭᠦᠯᠬᠦ ᠠᠵᠢᠯ᠎ᠢ ᠪᠣᠳᠠᠲᠠᠢ ᠬᠠᠷᠢᠭᠤᠴᠠᠬᠤ ᠬᠡᠷᠡᠭᠲᠡᠢ᠃      
      ᠳᠣᠯᠣᠳᠤᠭ᠋ᠠᠷ ᠵᠦᠢ᠍ᠯ   ᠰᠢᠢ᠍ᠳᠪᠦᠷᠢᠲᠦ ᠪᠣᠳᠣᠯᠭ᠎ᠠ ᠲᠣᠭᠲᠠᠭ᠋ᠠᠬᠤ ᠪᠠᠢ᠌ᠭᠤᠯᠭ᠎ᠠ ᠵᠢᠨ ᠬᠠᠷᠢᠭᠤᠴᠠᠯᠭ᠋ᠠᠲᠠᠨ᠎ᠨᠢ ᠡᠭᠦᠷᠭᠡ ᠬᠠᠷᠢᠭᠤᠴᠠᠯᠭ᠎ᠠ ᠠᠵᠢᠯ᠎ᠤᠨ ᠬᠤᠪᠢᠶᠠᠷᠢᠯᠠᠯ ᠶᠣᠰᠣᠭ᠋ᠠᠷ ᠬᠠᠮᠢᠶ᠎ᠠ ᠪᠦᠬᠦᠢ ᠰᠠᠯᠠᠭ᠎ᠠ ᠮᠥᠴᠢᠷ᠎ᠢ ᠵᠣᠬᠢᠴᠠᠭᠤᠯᠵᠤ ᠪᠠᠢ᠌ᠭ᠋ᠠᠳ ᠵᠠᠰᠠᠭ ᠵᠠᠬᠢᠷᠭ᠋ᠠᠨ᠎ᠤ ᠴᠢᠬᠤᠯᠠ ᠶᠡᠬᠡ ᠰᠢᠢ᠍ᠳᠪᠦᠷᠢᠲᠦ ᠪᠣᠳᠣᠯᠭ᠎ᠠ ᠵᠢᠨ ᠬᠡᠷᠡᠭᠵᠢᠭᠦᠯᠬᠦ ᠠᠵᠢᠯ᠎ᠢ ᠨᠠᠢ᠌ᠳᠠᠪᠤᠷᠢᠵᠢᠭᠤᠯᠬᠤ ᠬᠡᠷᠡᠭᠲᠡᠢ᠃      
      ᠨᠠᠢ᠍ᠮᠠᠳᠤᠭ᠋ᠠᠷ ᠵᠦᠢ᠍ᠯ   ᠰᠢᠢ᠍ᠳᠪᠦᠷᠢᠲᠦ ᠪᠣᠳᠣᠯᠭ᠎ᠠ ᠲᠣᠭᠲᠠᠭ᠋ᠠᠬᠤ ᠪᠠᠢ᠌ᠭᠤᠯᠭ᠎ᠠ᠎ᠨᠢ ᠵᠠᠰᠠᠭ ᠵᠠᠬᠢᠷᠭ᠋ᠠᠨ᠎ᠤ ᠴᠢᠬᠤᠯᠠ ᠶᠡᠬᠡ ᠰᠢᠢ᠍ᠳᠪᠦᠷᠢᠲᠦ ᠪᠣᠳᠣᠯᠭ᠎ᠠ ᠵᠢ ᠬᠡᠷᠡᠭᠵᠢᠭᠦᠯᠦᠭᠰᠡᠨ ᠪᠠᠢ᠌ᠳᠠᠯ ᠵᠶ᠋ᠠᠨ ᠲᠤᠰ ᠱᠠᠲᠤᠨ᠎ᠤ ᠠᠷᠠᠳ᠎ᠤᠨ ᠵᠠᠰᠠᠭ᠎ᠤᠨ ᠣᠷᠳᠣᠨ᠎ᠤ ᠰᠢᠮᠳᠠᠭᠤᠯᠤᠨ ᠪᠠᠢ᠌ᠴᠠᠭ᠋ᠠᠬᠤ ᠠᠵᠢᠯ᠎ᠤᠨ ᠬᠡᠪᠴᠢᠶᠡᠨ᠎ᠳᠤ ᠣᠷᠣᠭᠤᠯᠵᠤ᠂ ᠪᠠᠢ᠌ᠩᠭᠤᠵᠢᠭᠰᠠᠨ ᠮᠦᠷᠳᠡᠨ ᠪᠠᠢ᠌ᠴᠠᠭ᠋ᠠᠯᠲᠠ ᠵᠢ ᠬᠡᠷᠡᠭᠵᠢᠭᠦᠯᠦᠨ᠂ ᠬᠡᠷᠡᠭᠵᠢᠭᠦᠯᠬᠦ ᠠᠬᠢᠴᠠ᠂ ᠦᠷ᠎ᠡ ᠪᠦᠲᠦᠮᠵᠢ ᠵᠢᠴᠢ ᠣᠷᠣᠰᠢᠵᠤ ᠪᠠᠢ᠌ᠭ᠎ᠠ ᠠᠰᠠᠭᠤᠳᠠᠯ᠎ᠢ ᠴᠠᠭ ᠲᠤᠬᠠᠢ᠎ᠳᠤ᠎ᠨᠢ ᠡᠵᠡᠮᠰᠢᠬᠦ ᠬᠡᠷᠡᠭᠲᠡᠢ᠃        
      ᠶᠢᠰᠦᠳᠦᠭᠡᠷ ᠵᠦᠢ᠍ᠯ   ᠰᠢᠢ᠍ᠳᠪᠦᠷᠢᠲᠦ ᠪᠣᠳᠣᠯᠭ᠎ᠠ ᠵᠢ ᠬᠡᠷᠡᠭᠵᠢᠭᠦᠯᠬᠦ ᠨᠢᠭᠡᠴᠢ᠎ᠨᠢ ᠵᠠᠰᠠᠭ ᠵᠠᠬᠢᠷᠭ᠋ᠠᠨ᠎ᠤ ᠴᠢᠬᠤᠯᠠ ᠶᠡᠬᠡ ᠰᠢᠢ᠍ᠳᠪᠦᠷᠢᠲᠦ ᠪᠣᠳᠣᠯᠭ᠎ᠠ ᠵᠢ ᠪᠦᠬᠦ ᠲᠠᠯ᠎ᠠ᠎ᠪᠠᠷ᠂ ᠴᠠᠭ ᠲᠤᠬᠠᠢ᠎ᠳᠤ᠎ᠨᠢ᠂ ᠵᠥᠪ ᠣᠨᠣᠪᠴᠢᠲᠠᠢ ᠬᠠᠤᠯᠢ ᠶᠣᠰᠣᠭ᠋ᠠᠷ ᠬᠡᠷᠡᠭᠵᠢᠭᠦᠯᠬᠦ ᠵᠢᠨ ᠬᠠᠮᠲᠤ᠂ ᠰᠢᠢ᠍ᠳᠪᠦᠷᠢᠲᠦ ᠪᠣᠳᠣᠯᠭ᠎ᠠ ᠲᠣᠭᠲᠠᠭ᠋ᠠᠬᠤ ᠪᠠᠢ᠌ᠭᠤᠯᠭ᠎ᠠ᠎ᠳᠤ ᠰᠢᠢ᠍ᠳᠪᠦᠷᠢᠲᠦ ᠪᠣᠳᠣᠯᠭ᠎ᠠ ᠵᠢ ᠬᠡᠷᠡᠭᠵᠢᠭᠦᠯᠦᠭᠰᠡᠨ ᠪᠠᠢ᠌ᠳᠠᠯ ᠵᠶ᠋ᠠᠨ ᠮᠡᠳᠡᠭᠦᠯᠬᠦ ᠬᠡᠷᠡᠭᠲᠡᠢ᠃      
      ᠠᠷᠪᠠᠳᠤᠭ᠋ᠠᠷ ᠵᠦᠢ᠍ᠯ   ᠰᠢᠢ᠍ᠳᠪᠦᠷᠢᠲᠦ ᠪᠣᠳᠣᠯᠭ᠎ᠠ ᠵᠢ ᠬᠡᠷᠡᠭᠵᠢᠭᠦᠯᠬᠦ ᠨᠢᠭᠡᠴᠢ ᠵᠢᠨ ᠭᠣᠣᠯ ᠬᠠᠷᠢᠭᠤᠴᠠᠯᠭ᠋ᠠᠲᠠᠨ ᠪᠣᠯ ᠵᠠᠰᠠᠭ ᠵᠠᠬᠢᠷᠭ᠋ᠠᠨ᠎ᠤ ᠴᠢᠬᠤᠯᠠ ᠶᠡᠬᠡ ᠰᠢᠢ᠍ᠳᠪᠦᠷᠢᠲᠦ ᠪᠣᠳᠣᠯᠭ᠎ᠠ ᠵᠢ ᠬᠡᠷᠡᠭᠵᠢᠭᠦᠯᠬᠦ ᠨᠢᠭᠡᠳᠦᠭᠡᠷ ᠬᠠᠷᠢᠭᠤᠴᠠᠯᠭ᠋ᠠᠲᠠᠨ ᠮᠥᠨ᠂ ᠪᠤᠰᠤᠳ ᠬᠠᠷᠢᠭᠤᠴᠠᠯᠭ᠋ᠠᠲᠠᠨ᠎ᠨᠢ ᠡᠭᠦᠷᠭᠡ ᠬᠠᠷᠢᠭᠤᠴᠠᠯᠭ᠎ᠠ ᠠᠵᠢᠯ᠎ᠤᠨ ᠬᠤᠪᠢᠶᠠᠷᠢᠯᠠᠯ ᠶᠣᠰᠣᠭ᠋ᠠᠷ᠂ ᠵᠠᠰᠠᠭ ᠵᠠᠬᠢᠷᠭ᠋ᠠᠨ᠎ᠤ ᠴᠢᠬᠤᠯᠠ ᠶᠡᠬᠡ ᠰᠢᠢ᠍ᠳᠪᠦᠷᠢᠲᠦ ᠪᠣᠳᠣᠯᠭ᠎ᠠ ᠵᠢ ᠬᠡᠷᠡᠭᠵᠢᠭᠦᠯᠬᠦ ᠲᠠᠯ᠎ᠠ ᠵᠢᠨ ᠵᠣᠬᠢᠬᠤ ᠬᠠᠷᠢᠭᠤᠴᠠᠯᠭ᠎ᠠ ᠵᠢ ᠡᠭᠦᠷᠭᠡᠯᠡᠬᠦ ᠬᠡᠷᠡᠭᠲᠡᠢ᠃      
      ᠠᠷᠪᠠᠨ ᠨᠢᠭᠡᠳᠦᠭᠡᠷ ᠵᠦᠢ᠍ᠯ   ᠰᠢᠢ᠍ᠳᠪᠦᠷᠢᠲᠦ ᠪᠣᠳᠣᠯᠭ᠎ᠠ ᠲᠣᠭᠲᠠᠭ᠋ᠠᠬᠤ ᠪᠠᠢ᠌ᠭᠤᠯᠭ᠎ᠠ ᠪᠠ ᠰᠢᠢ᠍ᠳᠪᠦᠷᠢᠲᠦ ᠪᠣᠳᠣᠯᠭ᠎ᠠ ᠵᠢ ᠬᠡᠷᠡᠭᠵᠢᠭᠦᠯᠬᠦ ᠨᠢᠭᠡᠴᠢ᠎ᠨᠢ ᠵᠠᠰᠠᠭ ᠵᠠᠬᠢᠷᠭ᠋ᠠᠨ᠎ᠤ ᠴᠢᠬᠤᠯᠠ ᠶᠡᠬᠡ ᠰᠢᠢ᠍ᠳᠪᠦᠷᠢᠲᠦ ᠪᠣᠳᠣᠯᠭ᠎ᠠ ᠲᠣᠭᠲᠠᠭ᠋ᠠᠬᠤ ᠲᠠᠯ᠎ᠠ᠎ᠪᠠᠷ᠎ᠬᠢ ᠬᠣᠯᠪᠣᠭᠳᠠᠯ ᠪᠦᠬᠦᠢ ᠬᠠᠤᠯᠢ ᠴᠠᠭ᠋ᠠᠵᠠ᠂ ᠬᠠᠤᠯᠢ ᠲᠣᠭᠲᠠᠭ᠋ᠠᠯ᠂ ᠳᠦᠷᠢᠮ᠎ᠢ ᠵᠠᠰᠠᠭ᠎ᠤᠨ ᠣᠷᠳᠣᠨ᠎ᠤ ᠣᠨᠣᠯ᠎ᠤᠨ ᠰᠤᠷᠤᠯᠴᠠᠯᠭ᠎ᠠ ᠵᠢᠨ ᠭᠣᠣᠯ ᠳᠤᠭᠤᠢ᠌ᠯᠠᠩ᠎ᠤᠨ ᠰᠤᠷᠤᠯᠴᠠᠬᠤ ᠪᠤᠶᠤ ᠬᠠᠤᠯᠢ ᠳᠦᠷᠢᠮ᠎ᠢ ᠤᠬᠠᠭᠤᠯᠵᠤ ᠪᠣᠯᠪᠠᠰᠤᠷᠠᠭᠤᠯᠬᠤ ᠠᠭᠤᠯᠭ᠎ᠠ᠎ᠳᠤ ᠣᠷᠣᠭᠤᠯᠬᠤ ᠬᠡᠷᠡᠭᠲᠡᠢ᠃      
      ᠠᠷᠪᠠᠨ ᠬᠣᠶᠠᠳᠤᠭ᠋ᠠᠷ ᠵᠦᠢ᠍ᠯ   ᠰᠢᠢ᠍ᠳᠪᠦᠷᠢᠲᠦ ᠪᠣᠳᠣᠯᠭ᠎ᠠ ᠵᠢ ᠬᠡᠷᠡᠭᠵᠢᠭᠦᠯᠬᠦ ᠨᠢᠭᠡᠴᠢ ᠵᠢᠨ ᠭᠣᠣᠯ ᠬᠠᠷᠢᠭᠤᠴᠠᠯᠭ᠋ᠠᠲᠠᠨ᠎ᠨᠢ ᠵᠠᠰᠠᠭ   ᠵᠠᠬᠢᠷᠭ᠋ᠠᠨ᠎ᠤ ᠴᠢᠬᠤᠯᠠ ᠶᠡᠬᠡ ᠰᠢᠢ᠍ᠳᠪᠦᠷᠢᠲᠦ ᠪᠣᠳᠣᠯᠭ᠎ᠠ ᠲᠣᠭᠲᠠᠭ᠋ᠠᠬᠤ ᠡᠭᠦᠷᠭᠡ ᠬᠠᠷᠢᠭᠤᠴᠠᠯᠭ᠎ᠠ ᠵᠢ ᠭᠦᠢ᠍ᠴᠡᠳᠬᠡᠭᠰᠡᠨ ᠪᠠᠢ᠌ᠳᠠᠯ ᠵᠶ᠋ᠠᠨ ᠵᠢᠯ᠎ᠤᠨ ᠡᠴᠦᠰ᠎ᠤᠨ ᠲᠤᠰᠢᠶᠠᠯ᠎ᠤᠨ ᠮᠡᠳᠡᠭᠦᠯᠦᠯᠲᠡ᠎ᠳᠤ ᠣᠷᠣᠭᠤᠯᠬᠤ ᠬᠡᠷᠡᠭᠲᠡᠢ᠃ ᠴᠢᠬᠤᠯᠠ ᠶᠡᠬᠡ ᠵᠠᠰᠠᠭ ᠵᠠᠬᠢᠷᠭ᠋ᠠᠨ᠎ᠤ ᠰᠢᠢ᠍ᠳᠪᠦᠷᠢᠲᠦ ᠪᠣᠳᠣᠯᠭ᠎ᠠ ᠵᠢ ᠬᠡᠷᠡᠭᠵᠢᠭᠦᠯᠦᠭᠰᠡᠨ ᠪᠠᠢ᠌ᠳᠠᠯ ᠵᠶ᠋ᠠᠷ᠎ᠨᠢ ᠰᠢᠢ᠍ᠳᠪᠦᠷᠢᠲᠦ ᠪᠣᠳᠣᠯᠭ᠎ᠠ ᠵᠢ ᠬᠡᠷᠡᠭᠵᠢᠭᠦᠯᠦᠭᠰᠡᠨ ᠨᠢᠭᠡᠴᠢ ᠵᠢᠴᠢ ᠲᠡᠳᠡᠭᠡᠷ᠎ᠤᠨ ᠬᠠᠷᠢᠭᠤᠴᠠᠯᠭ᠋ᠠᠲᠠᠨ ᠨᠠᠷ᠎ᠢ ᠰᠢᠯᠭ᠋ᠠᠨ ᠬᠢᠨᠠᠵᠤ ᠦᠨᠡᠯᠡᠬᠦ ᠵᠢᠨ ᠴᠢᠬᠤᠯᠠ ᠠᠭᠤᠯᠭ᠎ᠠ ᠪᠣᠯᠭ᠋ᠠᠬᠤ ᠬᠡᠷᠡᠭᠲᠡᠢ᠃  
      ᠠᠷᠪᠠᠨ ᠭᠤᠷᠪᠠᠳᠤᠭ᠋ᠠᠷ ᠵᠦᠢ᠍ᠯ   ᠰᠢᠢ᠍ᠳᠪᠦᠷᠢᠲᠦ ᠪᠣᠳᠣᠯᠭ᠎ᠠ ᠵᠢ ᠬᠡᠷᠡᠭᠵᠢᠭᠦᠯᠬᠦ ᠨᠢᠭᠡᠴᠢ᠎ᠨᠢ ᠲᠣᠭᠲᠠᠮᠠᠯ ᠬᠤᠭᠤᠴᠠᠭ᠎ᠠ᠎ᠲᠠᠢ᠎ᠪᠠᠷ ᠬᠤᠷᠠᠯ ᠬᠤᠷᠠᠯᠳᠤᠭᠤᠯᠵᠤ᠂ ᠵᠠᠰᠠᠭ ᠵᠠᠬᠢᠷᠭ᠋ᠠᠨ᠎ᠤ ᠴᠢᠬᠤᠯᠠ ᠶᠡᠬᠡ ᠰᠢᠢ᠍ᠳᠪᠦᠷᠢᠲᠦ ᠪᠣᠳᠣᠯᠭ᠎ᠠ ᠵᠢᠨ ᠬᠡᠷᠡᠭᠵᠢᠭᠦᠯᠬᠦ ᠠᠵᠢᠯ᠎ᠢ ᠲᠤᠰᠬᠠᠢ ᠰᠡᠳᠦᠪ ᠵᠶ᠋ᠠᠷ ᠰᠤᠳᠤᠯᠬᠤ ᠬᠡᠷᠡᠭᠲᠡᠢ᠃      
      ᠠᠷᠪᠠᠨ ᠳᠥᠷᠪᠡᠳᠦᠭᠡᠷ ᠵᠦᠢ᠍ᠯ   ᠬᠠᠤᠯᠢ ᠶᠣᠰᠣᠭ᠋ᠠᠷ ᠭᠠᠷᠭ᠋ᠠᠭᠰᠠᠨ ᠵᠠᠰᠠᠭ ᠵᠠᠬᠢᠷᠭ᠋ᠠᠨ᠎ᠤ ᠴᠢᠬᠤᠯᠠ ᠶᠡᠬᠡ ᠰᠢᠢ᠍ᠳᠪᠦᠷᠢᠲᠦ ᠪᠣᠳᠣᠯᠭ᠎ᠠ ᠵᠢ ᠪᠣᠯ ᠬᠠᠤᠯᠢ᠎ᠪᠠᠷ ᠲᠣᠭᠲᠠᠭ᠋ᠠᠭᠰᠠᠨ ᠵᠢᠷᠤᠮ᠎ᠢ ᠳᠠᠮᠵᠢᠭᠰᠠᠨ ᠦᠭᠡᠢ ᠪᠠᠢ᠌ᠪᠠᠯ ᠳᠤᠷ᠎ᠠ᠎ᠪᠠᠷ ᠬᠤᠪᠢᠷᠠᠭ᠋ᠠᠬᠤ ᠪᠤᠶᠤ ᠬᠡᠷᠡᠭᠵᠢᠭᠦᠯᠬᠦ ᠵᠢ᠎ᠨᠢ ᠵᠣᠭᠰᠣᠭ᠋ᠠᠵᠤ ᠪᠣᠯᠬᠤ ᠦᠭᠡᠢ᠃      
      ᠠᠷᠪᠠᠨ ᠲᠠᠪᠤᠳᠤᠭ᠋ᠠᠷ ᠵᠦᠢ᠍ᠯ   ᠰᠢᠢ᠍ᠳᠪᠦᠷᠢᠲᠦ ᠪᠣᠳᠣᠯᠭ᠎ᠠ ᠵᠢ ᠬᠡᠷᠡᠭᠵᠢᠭᠦᠯᠬᠦ ᠨᠢᠭᠡᠴᠢ᠎ᠨᠢ ᠵᠠᠰᠠᠭ ᠵᠠᠬᠢᠷᠭ᠋ᠠᠨ᠎ᠤ ᠴᠢᠬᠤᠯᠠ ᠶᠡᠬᠡ ᠰᠢᠢ᠍ᠳᠪᠦᠷᠢᠲᠦ ᠪᠣᠳᠣᠯᠭ᠎ᠠ ᠲᠣᠭᠲᠠᠭ᠋ᠠᠬᠤ᠎ᠳᠤ ᠣᠷᠣᠰᠢᠵᠤ ᠪᠠᠢ᠌ᠭ᠎ᠠ ᠠᠰᠠᠭᠤᠳᠠᠯ᠂ ᠪᠤᠰᠤᠳᠴᠢ ᠪᠠᠢ᠌ᠳᠠᠯ᠎ᠠᠴᠠ ᠪᠣᠯᠵᠤ ᠴᠢᠬᠤᠯᠠ ᠶᠡᠬᠡ ᠬᠤᠪᠢᠷᠠᠯᠲᠠ ᠭᠠᠷᠤᠭᠰᠠᠨ᠂ ᠡᠰᠡᠬᠦᠯ᠎ᠡ ᠰᠢᠢ᠍ᠳᠪᠦᠷᠢᠲᠦ ᠪᠣᠳᠣᠯᠭ᠎ᠠ ᠵᠢ ᠬᠡᠷᠡᠭᠵᠢᠭᠦᠯᠬᠦ ᠶᠠᠪᠤᠴᠠ᠎ᠳᠤ ᠳᠠᠭ᠋ᠠᠭ᠋ᠠᠬᠤ ᠠᠷᠭ᠎ᠠ ᠦᠭᠡᠢ ᠬᠦᠴᠦᠨ ᠡᠭᠦᠰᠦᠭᠰᠡᠨ ᠵᠡᠷᠭᠡ ᠰᠢᠢ᠍ᠳᠪᠦᠷᠢᠲᠦ ᠪᠣᠳᠣᠯᠭ᠎ᠠ᠎ᠳᠤ ᠲᠣᠭᠲᠠᠭ᠋ᠠᠭᠰᠠᠨ ᠬᠠᠷᠠᠯᠲᠠ ᠵᠢᠨ ᠪᠡᠶᠡᠯᠡᠭᠳᠡᠬᠦ ᠵᠢ ᠬᠦᠨᠳᠦ ᠨᠣᠴᠢᠲᠠᠢ ᠨᠥᠯᠥᠭᠡᠯᠡᠭᠰᠡᠨ᠎ᠢ ᠣᠯᠵᠤ ᠮᠡᠳᠡᠪᠡᠯ᠂ ᠰᠢᠢ᠍ᠳᠪᠦᠷᠢᠲᠦ ᠪᠣᠳᠣᠯᠭ᠎ᠠ ᠲᠣᠭᠲᠠᠭ᠋ᠠᠭᠰᠠᠨ ᠪᠠᠢ᠌ᠭᠤᠯᠭ᠎ᠠ᠎ᠳᠤ ᠴᠠᠭ ᠲᠤᠬᠠᠢ᠎ᠳᠤ᠎ᠨᠢ ᠮᠡᠳᠡᠭᠦᠯᠬᠦ ᠬᠡᠷᠡᠭᠲᠡᠢ᠃      
      ᠠᠷᠪᠠᠨ ᠵᠢᠷᠭᠤᠳᠤᠭ᠋ᠠᠷ ᠵᠦᠢ᠍ᠯ   ᠵᠠᠰᠠᠭ ᠵᠠᠬᠢᠷᠭ᠋ᠠᠨ᠎ᠤ ᠴᠢᠬᠤᠯᠠ ᠶᠡᠬᠡ ᠰᠢᠢ᠍ᠳᠪᠦᠷᠢᠲᠦ ᠪᠣᠳᠣᠯᠭ᠎ᠠ ᠵᠢ ᠬᠡᠷᠡᠭᠵᠢᠭᠦᠯᠦᠭᠰᠡᠨ᠎ᠤ ᠳᠠᠷᠠᠭ᠎ᠠ ᠦᠨᠡᠯᠡᠨ ᠵᠢᠱ᠌ᠢᠯᠲᠡ ᠬᠢᠬᠦ᠎ᠳᠤ᠂ ᠪᠣᠳᠠᠲᠠᠢ ᠦᠨᠡᠯᠡᠨ ᠵᠢᠱ᠌ᠢᠬᠦ ᠠᠵᠢᠯ᠎ᠢ ᠡᠭᠦᠷᠭᠡᠯᠡᠭᠰᠡᠨ ᠨᠢᠭᠡᠴᠢ᠎ᠨᠢ ᠰᠢᠢ᠍ᠳᠪᠦᠷᠢᠲᠦ ᠪᠣᠳᠣᠯᠭ᠎ᠠ ᠲᠣᠭᠲᠠᠭ᠋ᠠᠭᠰᠠᠨ ᠪᠠᠢ᠌ᠭᠤᠯᠭ᠎ᠠ ᠵᠢᠨ ᠱᠠᠭ᠋ᠠᠷᠳᠠᠯᠭ᠎ᠠ ᠶᠣᠰᠣᠭ᠋ᠠᠷ ᠰᠢᠢ᠍ᠳᠪᠦᠷᠢᠲᠦ ᠪᠣᠳᠣᠯᠭ᠎ᠠ ᠵᠢ ᠬᠡᠷᠡᠭᠵᠢᠭᠦᠯᠦᠭᠰᠡᠨ᠎ᠤ ᠳᠠᠷᠠᠭ᠋ᠠᠬᠢ ᠦᠨᠡᠯᠡᠨ ᠵᠢᠱ᠌ᠢᠬᠦ ᠠᠵᠢᠯ᠎ᠢ ᠰᠠᠢ᠌ᠲᠤᠷ ᠬᠢᠬᠦ ᠬᠡᠷᠡᠭᠲᠡᠢ᠃      
      ᠠᠷᠪᠠᠨ ᠳᠣᠯᠣᠳᠤᠭ᠋ᠠᠷ ᠵᠦᠢ᠍ᠯ   ᠵᠠᠰᠠᠭ ᠵᠠᠬᠢᠷᠭ᠋ᠠᠨ᠎ᠤ ᠴᠢᠬᠤᠯᠠ ᠶᠡᠬᠡ ᠰᠢᠢ᠍ᠳᠪᠦᠷᠢᠲᠦ ᠪᠣᠳᠣᠯᠭ᠎ᠠ ᠵᠢ ᠬᠡᠷᠡᠭᠵᠢᠭᠦᠯᠦᠭᠰᠡᠨ ᠪᠥᠬᠦ ᠶᠠᠪᠤᠴᠠ ᠵᠢ᠎ᠨᠢ ᠲᠡᠮᠳᠡᠭᠯᠡᠬᠦ ᠳᠦᠷᠢᠮ᠎ᠢ ᠪᠠᠢ᠌ᠭᠤᠯᠤᠨ ᠪᠦᠷᠢᠨᠰᠢᠭᠦᠯᠵᠦ᠂ ᠳᠠᠩᠰᠠ ᠡᠪᠬᠡᠮᠡᠯ᠎ᠤᠨ ᠬᠠᠮᠢᠶᠠᠷᠤᠯᠲᠠ ᠵᠢ ᠴᠢᠩᠭ᠋ᠠᠳᠬᠠᠨ᠂ ᠰᠢᠢ᠍ᠳᠪᠦᠷᠢᠲᠦ ᠪᠣᠳᠣᠯᠭ᠎ᠠ ᠵᠢ ᠬᠡᠷᠡᠭᠵᠢᠭᠦᠯᠬᠦ ᠶᠠᠪᠤᠴᠠ᠎ᠳᠠᠬᠢ ᠮᠠᠲ᠋ᠧᠷᠢᠶᠠᠯ᠎ᠤᠨ ᠮᠡᠳᠡᠭᠡ ᠵᠠᠩᠭᠢ ᠵᠢ ᠬᠠᠤᠯᠢ ᠶᠣᠰᠣᠭ᠋ᠠᠷ ᠬᠠᠳᠠᠭ᠋ᠠᠯᠠᠬᠤ ᠬᠡᠷᠡᠭᠲᠡᠢ᠃      
      ᠠᠷᠪᠠᠨ ᠨᠠᠢ᠍ᠮᠠᠳᠤᠭ᠋ᠠᠷ ᠵᠦᠢ᠍ᠯ   ᠰᠢᠢ᠍ᠳᠪᠦᠷᠢᠲᠦ ᠪᠣᠳᠣᠯᠭ᠎ᠠ ᠵᠢ ᠬᠡᠷᠡᠭᠵᠢᠭᠦᠯᠬᠦ ᠨᠢᠭᠡᠴᠢ᠎ᠨᠢ ᠰᠢᠢ᠍ᠳᠪᠦᠷᠢᠲᠦ ᠪᠣᠳᠣᠯᠭ᠎ᠠ ᠵᠢ ᠬᠡᠷᠡᠭᠵᠢᠭᠦᠯᠦᠭᠰᠡᠨ ᠪᠠᠢ᠌ᠳᠠᠯ ᠵᠶ᠋ᠠᠨ ᠰᠣᠨᠢᠨ ᠰᠡᠳᠬᠦᠯ᠂ ᠵᠠᠰᠠᠭ᠎ᠤᠨ ᠣᠷᠳᠣᠨ᠎ᠤ ᠰᠦᠯᠵᠢᠶ᠎ᠡ ᠵᠡᠷᠭᠡ᠎ᠪᠠᠷ ᠳᠠᠮᠵᠢᠭᠤᠯᠤᠨ ᠨᠡᠢ᠌ᠭᠡᠮ᠎ᠳᠤ ᠬᠠᠤᠯᠢ ᠶᠣᠰᠣᠭ᠋ᠠᠷ ᠢᠯᠡ ᠪᠣᠯᠭ᠋ᠠᠬᠤ ᠬᠡᠷᠡᠭᠲᠡᠢ᠂ ᠢᠯᠡ ᠪᠣᠯᠭ᠋ᠠᠵᠤ ᠪᠣᠯᠬᠤ ᠦᠭᠡᠢ᠎ᠨᠢ ᠡᠭᠦᠨ᠎ᠳᠤ ᠪᠠᠭᠲᠠᠬᠤ ᠦᠭᠡᠢ᠃      
      ᠠᠷᠪᠠ ᠶᠢᠰᠦᠳᠦᠭᠡᠷ ᠵᠦᠢ᠍ᠯ   ᠵᠠᠰᠠᠭ ᠵᠠᠬᠢᠷᠭ᠋ᠠᠨ᠎ᠤ ᠴᠢᠬᠤᠯᠠ ᠶᠡᠬᠡ ᠰᠢᠢ᠍ᠳᠪᠦᠷᠢᠲᠦ ᠪᠣᠳᠣᠯᠭ᠎ᠠ ᠵᠢ ᠬᠡᠷᠡᠭᠵᠢᠭᠦᠯᠬᠦ᠎ᠳᠤ ᠠᠷᠠᠳ᠎ᠤᠨ ᠲᠥᠯᠥᠭᠡᠯᠡᠭᠴᠢᠳ᠎ᠤᠨ ᠶᠡᠬᠡ ᠬᠤᠷᠠᠯ᠎ᠤᠨ ᠲᠥᠯᠥᠭᠡᠯᠡᠭᠴᠢ᠂ ᠤᠯᠤᠰ ᠲᠥᠷᠥ ᠵᠢᠨ ᠵᠥᠪᠯᠡᠯᠭᠡᠨ᠎ᠤ ᠭᠡᠰᠢᠭᠦᠨ ᠪᠠ ᠨᠡᠢ᠌ᠭᠡᠮ᠎ᠤᠨ ᠡᠯ᠎ᠡ ᠡᠲᠡᠭᠡᠳ᠎ᠤᠨ᠎ᠬᠢᠨ᠎ᠤ ᠬᠢᠨᠠᠯᠲᠠ ᠲᠠᠯᠪᠢᠯᠲᠠ ᠵᠢ ᠰᠠᠨᠠᠭ᠋ᠠᠴᠢᠯᠠᠭ᠎ᠠ᠎ᠠᠴᠠ᠎ᠪᠠᠨ ᠬᠦᠯᠢᠶᠡᠬᠦ ᠬᠡᠷᠡᠭᠲᠡᠢ᠃      
      ᠬᠣᠷᠢᠳᠤᠭ᠋ᠠᠷ ᠵᠦᠢ᠍ᠯ   ᠠᠷᠠᠳ ᠢᠷᠭᠡᠨ᠂ ᠬᠠᠤᠯᠢ ᠵᠢᠨ ᠡᠷᠬᠡᠲᠡᠨ ᠪᠤᠶᠤ ᠪᠤᠰᠤᠳ ᠵᠣᠬᠢᠶᠠᠨ ᠪᠠᠢ᠌ᠭᠤᠯᠤᠯᠲᠠ᠎ᠨᠢ ᠵᠠᠰᠠᠭ ᠵᠠᠬᠢᠷᠭ᠋ᠠᠨ᠎ᠤ ᠴᠢᠬᠤᠯᠠ ᠶᠡᠬᠡ ᠰᠢᠢ᠍ᠳᠪᠦᠷᠢᠲᠦ ᠪᠣᠳᠣᠯᠭ᠎ᠠ ᠵᠢ ᠬᠡᠷᠡᠭᠵᠢᠭᠦᠯᠬᠦ᠎ᠳᠤ ᠬᠠᠤᠯᠢ ᠲᠣᠭᠲᠠᠭ᠋ᠠᠯ᠎ᠠᠴᠠ ᠵᠥᠷᠢᠴᠡᠭᠰᠡᠨ ᠠᠰᠠᠭᠤᠳᠠᠯ ᠣᠷᠣᠰᠢᠵᠤ ᠪᠠᠢ᠌ᠨ᠎ᠠ ᠭᠡᠵᠦ ᠦᠵᠡᠪᠡᠯ᠂ ᠵᠠᠬᠢᠳᠠᠯ ᠴᠢᠮᠡᠭᠡ᠂ ᠤᠲᠠᠰᠤ᠂ ᠡᠯᠧᠺᠲᠷᠣᠨ ᠰᠢᠤᠳᠠᠨ᠎ᠤ ᠵᠦᠢ᠍ᠯ ᠵᠡᠷᠭᠡ ᠠᠷᠭ᠎ᠠ ᠮᠠᠶᠢᠭ ᠵᠶ᠋ᠠᠷ ᠢᠯᠡᠴᠢᠯᠡᠨ ᠮᠡᠳᠡᠭᠦᠯᠵᠦ᠂ ᠵᠠᠭ᠋ᠠᠯᠳᠤᠵᠤ ᠪᠣᠯᠣᠨ᠎ᠠ᠂ ᠬᠣᠯᠪᠣᠭᠳᠠᠯ ᠪᠦᠬᠦᠢ ᠪᠠᠢ᠌ᠭᠤᠯᠭ᠎ᠠ᠎ᠨᠢ ᠴᠠᠭ ᠲᠤᠬᠠᠢ᠎ᠳᠤ᠎ᠨᠢ ᠭᠥᠯᠢᠶᠡᠨ ᠠᠪᠴᠤ ᠭᠦᠢ᠍ᠴᠡᠳᠬᠡᠬᠦ ᠵᠢᠨ ᠬᠠᠮᠲᠤ ᠬᠠᠤᠯᠢ ᠶᠣᠰᠣᠭ᠋ᠠᠷ ᠰᠢᠢ᠍ᠳᠪᠦᠷᠢᠯᠡᠬᠦ ᠬᠡᠷᠡᠭᠲᠡᠢ᠃      
      ᠬᠣᠷᠢᠨ ᠨᠢᠭᠡᠳᠦᠭᠡᠷ ᠵᠦᠢ᠍ᠯ   ᠰᠢᠢ᠍ᠳᠪᠦᠷᠢᠲᠦ ᠪᠣᠳᠣᠯᠭ᠎ᠠ ᠵᠢ ᠬᠡᠷᠡᠭᠵᠢᠭᠦᠯᠬᠦ ᠨᠢᠭᠡᠴᠢ᠎ᠳᠤ ᠳᠣᠤᠷᠠᠬᠢ ᠪᠠᠢ᠌ᠳᠠᠯ᠎ᠤᠨ ᠨᠢᠭᠡ᠎ᠨᠢ ᠪᠠᠢ᠌ᠪᠠᠯ᠂ ᠰᠢᠢ᠍ᠳᠪᠦᠷᠢᠲᠦ ᠪᠣᠳᠣᠯᠭ᠎ᠠ ᠲᠣᠭᠲᠠᠭ᠋ᠠᠭᠰᠠᠨ ᠪᠠᠢ᠌ᠭᠤᠯᠭ᠎ᠠ᠎ᠨᠢ ᠵᠠᠷᠯᠢᠭᠳᠠᠵᠤ ᠪᠠᠢ᠌ᠭ᠋ᠠᠳ ᠵᠠᠯᠠᠷᠠᠭᠤᠯᠤᠭᠤᠯᠬᠤ ᠬᠡᠷᠡᠭᠲᠡᠢ; ᠵᠠᠯᠠᠷᠠᠭᠤᠯᠬᠤ ᠵᠢ ᠲᠡᠪᠴᠢᠭᠰᠡᠨ ᠪᠠᠢ᠌ᠪᠠᠯ᠂ ᠲᠡᠳᠡᠭᠡᠷ᠎ᠤᠨ ᠭᠣᠣᠯ ᠬᠠᠷᠢᠭᠤᠴᠠᠯᠭ᠋ᠠᠲᠠᠨ᠎ᠲᠠᠢ᠎ᠨᠢ ᠪᠣᠯᠵᠣᠨ ᠶᠠᠷᠢᠯᠴᠠᠬᠤ ᠵᠢᠨ ᠬᠠᠮᠲᠤ᠂ ᠰᠢᠢ᠍ᠳᠪᠦᠷᠢᠲᠦ ᠪᠣᠳᠣᠯᠭ᠎ᠠ ᠬᠡᠷᠡᠭᠵᠢᠭᠦᠯᠬᠦ ᠨᠢᠭᠡᠴᠢ ᠵᠢ ᠨᠡᠪᠲᠡᠷᠡᠭᠦᠯᠦᠨ ᠮᠡᠳᠡᠭᠡᠯᠡᠬᠦ ᠬᠡᠷᠡᠭᠲᠡᠢ᠃ 《ᠪᠥᠬᠦᠳᠡ ᠨᠠᠢ᠌ᠷᠠᠮᠳᠠᠬᠤ ᠳᠤᠮᠳᠠᠳᠤ ᠠᠷᠠᠳ ᠤᠯᠤᠰ᠎ᠤᠨ ᠠᠯᠪᠠᠨ ᠲᠤᠰᠢᠶᠠᠯᠲᠠᠨ᠎ᠤ ᠵᠠᠰᠠᠭ᠎ᠤᠨ ᠶᠠᠪᠤᠳᠠᠯ᠎ᠤᠨ ᠰᠢᠢ᠍ᠳᠬᠡᠯ᠎ᠤᠨ ᠬᠠᠤᠯᠢ》 ᠵᠡᠷᠭᠡ ᠬᠠᠤᠯᠢ ᠴᠠᠭ᠋ᠠᠵᠠ᠂ ᠬᠠᠤᠯᠢ ᠲᠣᠭᠲᠠᠭ᠋ᠠᠯ᠎ᠳᠤ ᠲᠣᠭᠲᠠᠭ᠋ᠠᠭᠰᠠᠨ ᠪᠠᠢ᠌ᠳᠠᠯ᠎ᠳᠤ ᠨᠡᠢ᠌ᠴᠡᠭᠰᠡᠨ ᠪᠠᠢ᠌ᠪᠠᠯ᠂ ᠬᠠᠷᠢᠭᠤᠴᠠᠯᠭ᠎ᠠ᠎ᠲᠠᠢ ᠤᠳᠤᠷᠢᠳᠬᠤ ᠬᠥᠮᠥᠰ ᠪᠠ ᠰᠢᠭᠤᠳ ᠬᠠᠷᠢᠭᠤᠴᠠᠯᠭ᠋ᠠᠲᠠᠨ᠎ᠢ ᠬᠠᠤᠯᠢ ᠶᠣᠰᠣᠭ᠋ᠠᠷ ᠰᠢᠢ᠍ᠳᠪᠦᠷᠢᠯᠡᠬᠦ ᠬᠡᠷᠡᠭᠲᠡᠢ᠃      
     (ᠨᠢᠭᠡ) ᠲᠦᠷᠦᠭᠦᠯᠡᠨ ᠬᠢᠬᠦ᠂ ᠬᠠᠮᠵᠢᠯᠴᠠᠬᠤ ᠵᠡᠷᠭᠡ ᠡᠭᠦᠷᠭᠡ ᠬᠠᠷᠢᠭᠤᠴᠠᠯᠭ᠎ᠠ᠎ᠪᠠᠨ ᠭᠦᠢ᠍ᠴᠡᠳᠬᠡᠭᠰᠡᠨ᠎ᠨᠢ ᠰᠤᠯᠠ ᠪᠠᠢ᠌ᠬᠤ;      
     (ᠬᠣᠶᠠᠷ) ᠬᠡᠷᠡᠭᠵᠢᠭᠦᠯᠬᠦ ᠵᠢ ᠲᠡᠪᠴᠢᠭᠰᠡᠨ᠂ ᠲᠦᠯᠬᠢᠯᠴᠡᠭᠰᠡᠨ ᠪᠠ ᠬᠣᠢ᠌ᠰᠢᠯᠠᠭᠤᠯᠤᠭᠰᠠᠨ ᠪᠠᠢ᠌ᠬᠤ;      
     (ᠭᠤᠷᠪᠠ) ᠴᠢᠬᠤᠯᠠ ᠶᠡᠬᠡ ᠠᠰᠠᠭᠤᠳᠠᠯ᠎ᠢ ᠣᠯᠵᠤ ᠮᠡᠳᠡᠭᠡᠳ ᠨᠢᠭᠤᠵᠤ ᠥᠯᠥ ᠮᠡᠳᠡᠭᠦᠯᠬᠦ᠂ ᠬᠤᠳᠠᠯ ᠵᠶ᠋ᠠᠷ ᠮᠡᠳᠡᠭᠦᠯᠬᠦ ᠪᠤᠶᠤ ᠣᠷᠬᠢᠭᠳᠠᠭᠤᠯᠤᠭᠰᠠᠨ ᠪᠠᠢ᠌ᠬᠤ;      
     (ᠳᠥᠷᠪᠡ) ᠬᠠᠷᠢᠭᠤᠴᠠᠯᠭ᠎ᠠ ᠠᠯᠳᠠᠵᠤ ᠲᠤᠰᠢᠶᠠᠯ ᠵᠶ᠋ᠠᠨ ᠭᠤᠲᠤᠭ᠋ᠠᠭᠰᠠᠨ᠂ ᠬᠤᠳᠠᠯ ᠬᠡᠯᠡᠵᠦ ᠬᠠᠭᠤᠷᠮᠠᠭ ᠵᠶ᠋ᠠᠷ ᠵᠣᠬᠢᠶᠠᠭᠰᠠᠨ ᠪᠠᠢ᠌ᠬᠤ;    
     (ᠲᠠᠪᠤ) ᠬᠠᠷᠢᠭᠤᠴᠠᠯᠭ᠎ᠠ ᠨᠡᠬᠡᠮᠵᠢᠯᠡᠬᠦ ᠶᠣᠰᠣᠲᠠᠢ ᠪᠤᠰᠤᠳ ᠪᠠᠢ᠌ᠳᠠᠯ᠃      
      ᠬᠣᠷᠢᠨ ᠬᠣᠶᠠᠳᠤᠭ᠋ᠠᠷ ᠵᠦᠢ᠍ᠯ   ᠵᠠᠰᠠᠭ ᠵᠠᠬᠢᠷᠭ᠋ᠠᠨ᠎ᠤ ᠴᠢᠬᠤᠯᠠ ᠶᠡᠬᠡ ᠰᠢᠢ᠍ᠳᠪᠦᠷᠢᠲᠦ ᠪᠣᠳᠣᠯᠭ᠎ᠠ ᠵᠢ ᠬᠡᠷᠡᠭᠵᠢᠭᠦᠯᠬᠦ ᠶᠠᠪᠤᠴᠠ᠎ᠳᠤ ᠬᠠᠷᠢᠭᠤᠴᠠᠯᠭ᠎ᠠ ᠨᠡᠬᠡᠮᠵᠢᠯᠡᠵᠦ ᠰᠢᠢ᠍ᠳᠪᠦᠷᠢᠯᠡᠭᠰᠡᠨ ᠲᠣᠭᠲᠠᠭ᠋ᠠᠯ᠎ᠢ ᠬᠦᠯᠢᠶᠡᠬᠦ ᠦᠭᠡᠢ       ᠪᠣᠯ᠂ 《ᠪᠥᠬᠦᠳᠡ ᠨᠠᠢ᠌ᠷᠠᠮᠳᠠᠬᠤ ᠳᠤᠮᠳᠠᠳᠤ ᠠᠷᠠᠳ ᠤᠯᠤᠰ᠎ᠤᠨ ᠠᠯᠪᠠᠲᠠᠨ᠎ᠤ ᠬᠠᠤᠯᠢ》 ᠵᠡᠷᠭᠡ ᠬᠠᠤᠯᠢ ᠴᠠᠭ᠋ᠠᠵᠠ᠂ ᠬᠠᠤᠯᠢ ᠲᠣᠭᠲᠠᠭ᠋ᠠᠯ᠎ᠤᠨ ᠲᠣᠭᠲᠠᠭ᠋ᠠᠯ ᠶᠣᠰᠣᠭ᠋ᠠᠷ ᠲᠠᠬᠢᠨ ᠬᠢᠨᠠᠬᠤ᠂ ᠭᠣᠮᠣᠳᠠᠯ ᠲᠣᠭ᠋ᠠᠴᠢᠬᠤ᠎ᠪᠠᠷ ᠳᠤᠷᠠᠳᠴᠤ ᠪᠣᠯᠣᠨ᠎ᠠ᠃      
      ᠬᠣᠷᠢᠨ ᠭᠤᠷᠪᠠᠳᠤᠭ᠋ᠠᠷ ᠵᠦᠢ᠍ᠯ   ᠬᠣᠰᠢᠭᠤ ᠰᠢᠶᠠᠨ᠎ᠤ ᠱᠠᠲᠤᠨ᠎ᠠᠴᠠ ᠳᠡᠭᠡᠭᠰᠢᠬᠢ ᠠᠷᠠᠳ᠎ᠤᠨ ᠵᠠᠰᠠᠭ᠎ᠤᠨ ᠣᠷᠳᠣᠨ᠎ᠤ ᠡᠭᠦᠷᠭᠡ ᠴᠢᠳᠠᠪᠤᠷᠢᠲᠤ ᠰᠠᠯᠠᠭ᠎ᠠ ᠮᠥᠴᠢᠷ᠂ ᠰᠤᠮᠤ ᠰᠢᠶᠠᠩ ᠪᠠᠯᠭ᠋ᠠᠰᠤᠨ᠎ᠤ ᠠᠷᠠᠳ᠎ᠤᠨ ᠵᠠᠰᠠᠭ᠎ᠤᠨ ᠣᠷᠳᠣᠨ᠎ᠨᠢ ᠵᠠᠰᠠᠭ ᠵᠠᠬᠢᠷᠭ᠋ᠠᠨ᠎ᠤ ᠴᠢᠬᠤᠯᠠ ᠶᠡᠬᠡ ᠰᠢᠢ᠍ᠳᠪᠦᠷᠢᠲᠦ ᠪᠣᠳᠣᠯᠭ᠎ᠠ ᠵᠢ ᠬᠡᠷᠡᠭᠵᠢᠭᠦᠯᠬᠦ᠎ᠳᠤ᠂ ᠲᠣᠰ ᠲᠣᠭᠲᠠᠭ᠋ᠠᠯ ᠵᠶ᠋ᠠᠷ ᠯᠠᠪᠯᠠᠯᠲᠠ ᠪᠣᠯᠭ᠋ᠠᠨ ᠬᠡᠷᠡᠭᠵᠢᠭᠦᠯᠬᠦ ᠬᠡᠷᠡᠭᠲᠡᠢ᠃      
      ᠬᠣᠷᠢᠨ ᠳᠥᠷᠪᠡᠳᠦᠭᠡᠷ ᠵᠦᠢ᠍ᠯ   ᠲᠣᠰ ᠲᠣᠭᠲᠠᠭ᠋ᠠᠯ᠎ᠢ 2021 ᠣᠨ᠎ᠤ 1 ᠳ᠋ᠦ᠍ᠭᠡᠷ ᠰᠠᠷ᠎ᠠ ᠵᠢᠨ 1᠎ᠤ ᠡᠳᠦᠷ᠎ᠠᠴᠠ ᠡᠬᠢᠯᠡᠵᠦ ᠬᠡᠷᠡᠭᠵᠢᠭᠦᠯᠦᠨ᠎ᠡ᠃  


ᠢᠷᠡᠯᠲᠡ᠄
          
ᠬᠠᠮᠢᠶ᠎ᠡ ᠪᠦᠬᠦᠢ ᠰᠣᠨᠢᠨ
ᠬᠥᠳᠡᠭᠡ ᠲᠣᠰᠬᠣᠨ᠎ᠤ ᠤᠰᠤ ᠬᠠᠩᠭ᠋ᠠᠬᠤ ᠪᠠᠲᠤᠯᠠᠭ᠎ᠠ ᠵᠢᠨ ᠠᠵᠢᠯ᠎ᠢ ᠰᠠᠶ᠋ᠢᠲᠤᠷ ᠬᠢᠬᠦ ᠲᠤᠬᠠᠶ ᠤᠰᠤᠨ ᠠᠰᠢᠭᠯᠠᠯᠲᠠ ᠵᠢᠨ ᠶᠠᠮᠤᠨ᠂ ᠬᠥᠭᠵᠢᠭᠦᠯᠦᠯᠲᠡ ᠪᠠ ᠥᠭᠡᠷᠡᠴᠢᠯᠡᠯᠲᠡ ᠵᠢᠨ ᠵᠦᠪᠯᠡᠯ᠂ ᠡᠳ᠋᠎ᠤᠨ ᠵᠠᠰᠠᠭ᠎ᠤᠨ ᠶᠠᠮᠤᠨ᠂ ᠬᠥᠮᠦᠨ᠎ᠤ ᠬᠦᠴᠦᠨ᠎ᠤ ᠡᠬᠢ ᠪᠠᠶᠠᠯᠢᠭ ᠪᠠ ᠨᠡᠶ᠋ᠢᠭᠡᠮ᠎ᠤᠨ ᠪᠠᠲᠤᠯᠠᠭ᠎ᠠ ᠵᠢᠨ ᠶᠠᠮᠤᠨ᠂ ᠠᠮᠢ ᠠᠬᠤᠶ ᠣᠷᠴᠢᠨ ᠲᠤᠭᠤᠷᠢᠨ᠎ᠤ ᠶᠠᠮᠤᠨ᠂ ᠣᠷᠣᠨ ᠰᠠᠭᠤᠴᠠ ᠪᠠ ᠬᠣᠲᠠ ᠬᠥᠳᠡᠭᠡ ᠵᠢᠨ ᠪᠥᠲᠥᠭᠡᠨ ᠪᠠᠶ᠋ᠢᠭᠤᠯᠤᠯᠲᠠ ᠵᠢᠨ ᠶᠠᠮᠤᠨ᠂ ᠲᠠᠷᠢᠶᠠᠯᠠᠩ ᠬᠥᠳᠡᠭᠡ ᠲᠣᠰᠬᠣᠨ᠎ᠤ ᠶᠠᠮᠤᠨ᠂ ᠡᠷᠡᠭᠦᠯ ᠬᠠᠮᠠᠭ᠋ᠠᠯᠠᠯ ᠡᠷᠡᠭᠦᠯ ᠮᠡᠨᠳᠦ ᠵᠢᠨ ᠵᠦᠪᠯᠡᠯ᠎ᠤᠨ ᠵᠢᠯᠤᠭᠤᠳᠬᠤ ᠰᠠᠨᠠᠯ
ᠬᠠᠲᠤᠨ ᠭᠣᠤᠯ᠎ᠤᠨ ᠰᠠᠪᠠ ᠭᠠᠵᠠᠷ᠎ᠲᠤ ᠤᠰᠤ ᠵᠢ ᠬᠦᠨᠵᠡᠭᠡᠢ ᠠᠷᠪᠢᠯᠠᠵᠤ ᠡᠵᠡᠮᠳᠡᠬᠦ ᠠᠵᠢᠯᠯᠠᠭ᠎ᠠ ᠵᠢ ᠬᠡᠷᠡᠭᠵᠢᠭᠦᠯᠬᠦ ᠲᠤᠬᠠᠶ ᠤᠰᠤᠨ ᠠᠰᠢᠭᠯᠠᠯᠲᠠ ᠵᠢᠨ ᠶᠠᠮᠤᠨ᠎ᠤ ᠰᠠᠨᠠᠯ
ᠪᠠᠷᠢᠯᠭ᠎ᠠ ᠵᠢᠨ ᠡᠨᠧᠷᠭᠢ ᠠᠷᠪᠢᠯᠠᠬᠤ ᠪᠠ ᠪᠣᠬᠢᠷᠳᠤᠯ ᠦᠭᠡᠢ ᠪᠠᠷᠢᠯᠭ᠎ᠠ ᠵᠢᠨ ᠬᠥᠭᠵᠢᠯᠲᠡ ᠵᠢ ᠴᠢᠩᠭ᠋ᠠᠳᠬᠠᠬᠤ ᠲᠤᠬᠠᠢ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠠᠯᠪᠠᠨ ᠲᠢᠩᠬᠢᠮ᠎ᠤᠨ ᠬᠡᠷᠡᠭᠵᠢᠭᠦᠯᠬᠦ ᠰᠠᠨᠠᠯ
ᠥᠪᠡᠷᠲᠡᠭᠡᠨ ᠵᠠᠰᠠᠬᠤ ᠣᠷᠣᠨ᠎ᠤ 《ᠢᠳᠡᠰᠢᠨ ᠨᠣᠭᠣᠭ᠎ᠠ》 ᠵᠢᠨ ᠬᠤᠲᠠ ᠵᠢᠨ ᠳᠠᠷᠤᠭ᠎ᠠ ᠵᠢᠨ ᠬᠠᠷᠢᠭᠤᠴᠠᠯᠭ᠎ᠠ ᠵᠢᠨ ᠳᠦᠷᠢᠮ᠎ᠤᠨ ᠰᠢᠯᠭ᠋ᠠᠨ ᠬᠢᠨᠠᠬᠤ ᠠᠷᠭ᠎ᠠ ᠵᠢ ᠳᠠᠷᠤᠮᠠᠯᠯᠠᠨ ᠶᠠᠪᠤᠭᠤᠯᠬᠤ ᠲᠤᠬᠠᠢ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠠᠯᠪᠠᠨ ᠲᠢᠩᠬᠢᠮ᠎ᠤᠨ ᠮᠡᠳᠡᠭᠳᠡᠯ
ᠥᠪᠡᠷᠲᠡᠭᠡᠨ ᠵᠠᠰᠠᠬᠤ ᠣᠷᠣᠨ᠎ᠤ ᠬᠠᠮᠤᠭ ᠳᠣᠣᠷ᠎ᠠ ᠴᠠᠯᠢᠩ᠎ᠤᠨ ᠪᠠᠷᠢᠮᠵᠢᠶ᠎ᠠ ᠬᠢᠭᠡᠳ ᠪᠦᠬᠦᠯᠢ ᠡᠳᠦᠷ᠎ᠤᠨ ᠪᠤᠰᠤ ᠳᠦᠷᠢᠮᠲᠦ ᠠᠵᠢᠯᠯᠠᠬᠤ ᠴᠠᠭ᠎ᠤᠨ ᠳᠣᠣᠷ᠎ᠠ ᠴᠠᠯᠢᠩ᠎ᠤᠨ ᠪᠠᠷᠢᠮᠵᠢᠶ᠎ᠠ᠎ᠳᠤ ᠲᠣᠬᠢᠷᠠᠭᠤᠯᠤᠯᠲᠠ ᠬᠢᠬᠦ ᠲᠤᠬᠠᠢ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠠᠯᠪᠠᠨ ᠲᠢᠩᠬᠢᠮ᠎ᠤᠨ ᠮᠡᠳᠡᠭᠳᠡᠯ
 
            