ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠣᠨᠴᠠᠯᠢᠭᠲᠤ᠌ ᠳᠠᠪᠴᠠᠩ
ᠢᠯᠡ ᠵᠠᠰᠠᠭ   -   ᠠᠯᠪᠠᠨ ᠮᠡᠳᠡᠭᠡ
ᠬᠠᠲᠤᠨ ᠭᠣᠤᠯ᠎ᠤᠨ ᠰᠠᠪᠠ ᠭᠠᠵᠠᠷ᠎ᠲᠤ ᠤᠰᠤ ᠵᠢ ᠬᠦᠨᠵᠡᠭᠡᠢ ᠠᠷᠪᠢᠯᠠᠵᠤ ᠡᠵᠡᠮᠳᠡᠬᠦ ᠠᠵᠢᠯᠯᠠᠭ᠎ᠠ ᠵᠢ ᠬᠡᠷᠡᠭᠵᠢᠭᠦᠯᠬᠦ ᠲᠤᠬᠠᠶ ᠤᠰᠤᠨ ᠠᠰᠢᠭᠯᠠᠯᠲᠠ ᠵᠢᠨ ᠶᠠᠮᠤᠨ᠎ᠤ ᠰᠠᠨᠠᠯ
ᠨᠡᠶ᠋ᠢᠲᠡᠯᠡᠭᠰᠡᠨ ᠴᠠᠭ᠄ 2021-11-29

    ᠬᠠᠲᠤᠨ ᠭᠣᠣᠯ᠎ᠤᠨ ᠤᠰᠤᠨ ᠠᠰᠢᠭᠯᠠᠯᠲᠠ ᠵᠢᠨ ᠺᠣᠮᠢᠰ᠂ ᠱᠠᠨ ᠰᠢ ᠮᠤᠵᠢ᠂ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠂ ᠱᠠᠨᠳᠦ᠋ᠩ ᠮᠤᠵᠢ᠂ ᠾᠧᠨᠠᠨ ᠮᠤᠵᠢ᠂ ᠰᠧᠴᠤᠸᠠᠨ ᠮᠤᠵᠢ᠂ ᠱᠠᠨᠰᠢ ᠮᠤᠵᠢ᠂ ᠭᠠᠨᠰᠦ ᠮᠤᠵᠢ᠂ ᠬᠥᠬᠡᠨᠠᠭᠤᠷ ᠮᠤᠵᠢ᠂ ᠨᠢᠩᠰᠢᠶᠠ ᠵᠢᠨ ᠬᠣᠲᠣᠩ ᠦᠨᠳᠦᠰᠦᠲᠡᠨ᠎ᠤ ᠥᠪᠡᠷᠲᠡᠭᠡᠨ ᠵᠠᠰᠠᠬᠤ ᠣᠷᠣᠨ᠎ᠤ ᠤᠰᠤᠨ ᠠᠰᠢᠭᠯᠠᠯᠲᠠ ᠵᠢᠨ ᠲᠢᠩᠬᠢᠮ᠎ᠳᠤ᠄
    ᠰᠢ ᠵᠢᠨ ᠫᠢᠩ ᠶᠡᠷᠦᠩᠬᠡᠶ ᠱᠦᠵᠢ ᠵᠢᠨ ᠬᠠᠲᠤᠨ ᠭᠣᠣᠯ᠎ᠤᠨ ᠰᠠᠪᠠ ᠭᠠᠵᠠᠷ᠎ᠤᠨ ᠠᠮᠢ ᠠᠬᠤᠶ ᠵᠢᠨ ᠬᠠᠮᠠᠭ᠋ᠠᠯᠠᠯᠲᠠ ᠪᠠ ᠴᠢᠨᠠᠷ ᠰᠠᠶ᠋ᠢᠲᠠᠶ ᠬᠥᠭᠵᠢᠯᠲᠡ ᠵᠢᠨ ᠲᠤᠬᠠᠶ ᠴᠢᠬᠤᠯᠠ ᠶᠠᠷᠢᠶ᠎ᠠ ᠪᠠ ᠵᠢᠭ᠋ᠠᠪᠤᠷᠢ ᠴᠣᠬᠣᠯᠠᠪᠤᠷᠢ ᠵᠢᠨ ᠵᠣᠷᠢᠭ ᠰᠠᠨᠠᠭ᠎ᠠ ᠵᠢ ᠭᠦᠨᠵᠡᠭᠡᠶ ᠲᠤᠭᠤᠰᠢᠯᠠᠭᠤᠯᠵᠤ᠂ 《ᠬᠠᠲᠤᠨ ᠭᠣᠤᠯ᠎ᠤᠨ ᠰᠠᠪᠠ ᠭᠠᠵᠠᠷ᠎ᠤᠨ ᠠᠮᠢ ᠠᠬᠤᠶ ᠵᠢᠨ ᠬᠠᠮᠠᠭ᠋ᠠᠯᠠᠯᠲᠠ ᠪᠠ ᠴᠢᠨᠠᠷ ᠰᠠᠶ᠋ᠢᠲᠠᠶ ᠬᠥᠭᠵᠢᠯᠲᠡ ᠵᠢᠨ ᠲᠥᠯᠥᠪᠵᠢᠭᠦᠯᠭᠡ ᠵᠢᠨ ᠬᠥᠲᠥᠯᠪᠦᠷᠢ》 ᠵᠢ ᠲᠦᠷᠭᠡᠳᠬᠡᠨ ᠨᠠᠶ᠋ᠢᠳᠠᠪᠤᠷᠢᠵᠢᠭᠤᠯᠵᠤ᠂ ᠬᠠᠲᠤᠨ ᠭᠣᠤᠯ᠎ᠤᠨ ᠰᠠᠪᠠ ᠭᠠᠵᠠᠷ᠎ᠲᠤ ᠤᠰᠤ ᠵᠢ ᠬᠦᠨᠵᠡᠭᠡᠢ ᠠᠷᠪᠢᠯᠠᠵᠤ   ᠡᠵᠡᠮᠳᠡᠬᠦ ᠠᠵᠢᠯᠯᠠᠭ᠎ᠠ ᠵᠢ ᠪᠥᠬᠥ ᠲᠠᠯ᠎ᠠ᠎ᠪᠠᠷ ᠬᠡᠷᠡᠭᠵᠢᠭᠦᠯᠦᠨ᠂ ᠪᠥᠬᠥ ᠰᠠᠪᠠ ᠭᠠᠵᠠᠷ᠎ᠤᠨ ᠤᠰᠤ ᠠᠷᠪᠢᠯᠠᠬᠤ ᠳᠠᠯᠳᠠ ᠬᠦᠴᠦᠨ᠎ᠢ ᠭᠦᠨ ᠠᠭᠤᠳᠠᠯᠵᠤ᠂ ᠪᠥᠬᠥ ᠰᠠᠪᠠ ᠭᠠᠵᠠᠷ᠎ᠤᠨ ᠤᠰᠤ ᠬᠡᠷᠡᠭᠯᠡᠬᠦ ᠦᠷ᠎ᠡ ᠪᠦᠲᠦᠮᠵᠢ ᠵᠢ ᠶᠡᠬᠡᠪᠡᠷ ᠲᠡᠭᠡᠭᠰᠢᠯᠡᠬᠦᠯᠬᠦ ᠵᠢᠨ ᠲᠦᠯᠦᠭᠡ᠂ ᠡᠳᠦᠭᠡ ᠳᠣᠤᠷᠠᠬᠢ ᠰᠠᠨᠠᠯ᠎ᠤᠳ᠎ᠢ ᠲᠣᠭᠲᠠᠭ᠋ᠠᠪᠠ᠃
   
  ᠨᠢᠭᠡ᠂ ᠶᠡᠷᠦᠩᠬᠡᠶ ᠱᠠᠭ᠋ᠠᠷᠳᠠᠯᠭ᠎ᠠ
 
  (ᠨᠢᠭᠡ)   ᠵᠢᠯᠣᠭᠣᠳᠬᠤ ᠦᠵᠡᠯ ᠰᠠᠨᠠᠭ᠎ᠠ
   
    ᠰᠢ ᠵᠢᠨ ᠫᠢᠩ᠎ᠤᠨ ᠰᠢᠨ᠎ᠡ ᠴᠠᠭ ᠦᠶ᠎ᠡ ᠵᠢᠨ ᠳᠤᠮᠳᠠᠳᠤ ᠤᠯᠤᠰ᠎ᠤᠨ ᠣᠨᠴᠠᠯᠢᠭ ᠪᠦᠬᠦᠢ ᠨᠡᠶ᠋ᠢᠭᠡᠮ ᠵᠢᠷᠤᠮ᠎ᠤᠨ ᠦᠵᠡᠯ ᠰᠠᠨᠠᠭ᠎ᠠ᠎ᠪᠠᠷ ᠵᠢᠯᠣᠭᠣᠳᠣᠯᠭ᠎ᠠ ᠪᠣᠯᠭ᠋ᠠᠵᠤ᠂ ᠬᠠᠲᠤᠨ ᠭᠣᠣᠯ᠎ᠤᠨ ᠰᠠᠪᠠ ᠭᠠᠵᠠᠷ᠎ᠤᠨ ᠠᠮᠢ ᠠᠬᠤᠶ ᠵᠢᠨ ᠬᠠᠮᠠᠭ᠋ᠠᠯᠠᠯᠲᠠ ᠪᠠ ᠴᠢᠨᠠᠷ ᠰᠠᠶ᠋ᠢᠲᠠᠶ ᠬᠥᠭᠵᠢᠯᠲᠡ ᠵᠢᠨ ᠪᠠᠶ᠋ᠢᠯᠳᠤᠬᠤ ᠪᠣᠳᠣᠯᠭ᠎ᠠ ᠵᠢ ᠭᠦᠨᠵᠡᠭᠡᠶ ᠲᠤᠭᠤᠰᠢᠯᠠᠭᠤᠯᠵᠤ᠂ 《ᠤᠯᠤᠰ᠎ᠤᠨ ᠤᠰᠤ ᠠᠷᠪᠢᠯᠠᠬᠤ ᠠᠵᠢᠯᠯᠠᠭ᠎ᠠ ᠵᠢᠨ ᠲᠥᠰᠦᠯ》᠎ᠢ ᠨᠠᠶ᠋ᠢᠳᠠᠪᠤᠷᠢᠵᠢᠭᠤᠯᠵᠤ᠂ ᠤᠰᠤᠨ᠎ᠤ ᠬᠡᠮᠵᠢᠶ᠎ᠡ᠎ᠳᠤ ᠰᠠᠭᠤᠷᠢᠯᠠᠨ᠂ ᠤᠰᠤ ᠠᠷᠪᠢᠯᠠᠬᠤ᠎ᠪᠠᠷ ᠭᠣᠣᠯᠳᠠᠯᠭ᠎ᠠ ᠪᠣᠯᠭ᠋ᠠᠬᠤ ᠵᠢ ᠪᠠᠷᠢᠮᠲᠠᠯᠠᠵᠤ᠂ ᠤᠰᠤᠨ᠎ᠤ ᠡᠬᠢ ᠪᠠᠶᠠᠯᠢᠭ᠎ᠢ ᠬᠠᠮᠤᠭ᠎ᠤᠨ ᠶᠡᠬᠡ ᠬᠠᠲᠠᠭᠤ ᠬᠢᠵᠠᠭ᠋ᠠᠷᠯᠠᠯ ᠪᠣᠯᠭ᠋ᠠᠵᠤ᠂ ᠵᠦᠶ ᠵᠣᠬᠢᠰ ᠥᠬᠡᠶ ᠤᠰᠤ ᠬᠡᠷᠡᠭᠯᠡᠬᠦ ᠬᠡᠷᠡᠭᠴᠡᠭᠡ ᠱᠠᠭ᠋ᠠᠷᠳᠠᠯᠭ᠎ᠠ ᠵᠢ ᠡᠷᠡᠰ ᠬᠣᠷᠢᠭᠯᠠᠵᠤ᠂ ᠤᠰᠤ ᠠᠷᠪᠢᠯᠠᠵᠤ ᠤᠰᠤ ᠵᠢ ᠬᠢᠵᠠᠭ᠋ᠠᠷᠯᠠᠬᠤ ᠵᠢ ᠭᠦᠨᠵᠡᠭᠡᠶ ᠥᠷᠨᠢᠭᠦᠯᠵᠦ᠂ ᠤᠰᠤᠨ᠎ᠤ ᠡᠬᠢ ᠪᠠᠶᠠᠯᠢᠭ᠎ᠢ ᠨᠡᠭᠡᠭᠡᠨ ᠠᠰᠢᠭᠯᠠᠬᠤ ᠬᠦᠴᠦᠯᠡᠴᠡ ᠵᠢ ᠪᠠᠭᠤᠷᠠᠭᠤᠯᠤᠨ᠂ ᠤᠰᠤ ᠠᠷᠪᠢᠯᠠᠬᠤ ᠬᠡᠯᠪᠡᠷᠢ ᠵᠢᠨ ᠦᠢ᠍ᠯᠡᠳᠪᠤᠷᠢᠯᠡᠯ ᠠᠮᠢᠳᠤᠷᠠᠯ᠎ᠤᠨ ᠠᠷᠭ᠎ᠠ ᠮᠠᠶᠢᠭ᠎ᠢ ᠲᠦᠷᠭᠡᠳᠬᠡᠨ ᠪᠣᠶ ᠪᠣᠯᠭ᠋ᠠᠵᠤ᠂ ᠬᠠᠲᠤᠨ ᠭᠣᠤᠯ᠎ᠤᠨ ᠰᠠᠪᠠ ᠭᠠᠵᠠᠷ᠎ᠤᠨ ᠤᠰᠤ ᠬᠡᠷᠡᠭᠯᠡᠬᠦ ᠠᠷᠭ᠎ᠠ ᠮᠠᠶᠢᠭ᠎ᠢ ᠪᠦᠳᠦᠭᠦᠯᠢᠭ ᠪᠥᠭᠡᠳ ᠦᠷ᠎ᠡ ᠠᠰᠢᠭ ᠵᠶ᠋ᠠᠷ ᠳᠣᠤᠷ᠎ᠠ ᠪᠠᠶ᠋ᠢᠭᠰᠠᠨ᠎ᠠᠴᠠ᠎ᠨᠢ ᠠᠷᠪᠢᠲᠠᠶ ᠡᠷᠴᠢᠮᠯᠢᠭ ᠪᠣᠯᠭ᠋ᠠᠬᠤ ᠦᠨᠳᠦᠰᠦᠨ ᠬᠤᠪᠢᠷᠠᠯᠲᠠ ᠵᠢ ᠪᠡᠶᠡᠯᠡᠭᠦᠯᠵᠦ᠂ ᠤᠰᠤ ᠠᠷᠪᠢᠯᠠᠬᠤ᠎ᠪᠠᠷ ᠲᠠᠮᠵᠢᠨ ᠬᠥᠭᠵᠢᠯᠲᠡ ᠵᠢᠨ ᠣᠷᠣᠨ ᠵᠠᠶ ᠵᠢ ᠥᠷᠭᠡᠳᠬᠡᠨ᠎ᠡ᠃
   
  (ᠬᠣᠶᠠᠷ)   ᠦᠨᠳᠦᠰᠦᠨ ᠵᠠᠷᠴᠢᠮ
   
  ᠴᠢᠩᠭ᠎ᠠ ᠬᠠᠮᠢᠶᠠᠷᠤᠨ ᠡᠵᠡᠮᠳᠡᠵᠦ᠂ ᠬᠣᠶᠠᠷ ᠲᠠᠯ᠎ᠠ᠎ᠪᠠᠷ ᠬᠦᠴᠦᠯᠡᠨ᠎ᠡ᠃ ᠪᠥᠬᠥ ᠰᠠᠪᠠ ᠭᠠᠵᠠᠷ᠎ᠤᠨ ᠤᠰᠤ ᠳᠤᠲᠠᠭᠳᠠᠵᠤ ᠪᠠᠶ᠋ᠢᠭ᠎ᠠ ᠤᠰᠤᠨ᠎ᠤ ᠪᠠᠶ᠋ᠢᠳᠠᠯ᠎ᠳᠤ ᠰᠠᠭᠤᠷᠢᠯᠠᠨ᠂ ᠤᠰᠤ ᠬᠡᠷᠡᠭᠯᠡᠬᠦ ᠶᠡᠷᠦᠩᠬᠡᠶ ᠬᠡᠮᠵᠢᠶ᠎ᠡ ᠵᠢ ᠡᠵᠡᠮᠳᠡᠬᠦ ᠪᠠ ᠲᠣᠭᠲᠠᠭᠰᠠᠨ ᠨᠣᠷᠮ᠎ᠠ᠎ᠪᠠᠷ ᠬᠠᠮᠢᠶᠠᠷᠬᠤ ᠵᠢ ᠴᠢᠩᠭ᠎ᠠ ᠬᠡᠷᠡᠭᠵᠢᠭᠦᠯᠵᠦ᠂ ᠤᠰᠤ ᠠᠷᠪᠢᠯᠠᠬᠤ ᠬᠦᠢ᠍ᠴᠡᠳᠭᠡᠯ ᠲᠣᠭ᠎ᠠ ᠵᠢᠨ ᠬᠠᠲᠠᠭᠤ ᠬᠢᠵᠠᠭ᠋ᠠᠷᠯᠠᠯ᠎ᠢ ᠴᠢᠩᠭ᠋ᠠᠷᠠᠭᠤᠯᠤᠨ᠂ ᠤᠰᠤ ᠠᠷᠪᠢᠯᠠᠬᠤ ᠬᠠᠷᠠᠯᠲᠠᠲᠤ ᠬᠠᠷᠢᠭᠤᠴᠠᠯᠭ᠎ᠠ ᠵᠢ ᠰᠢᠯᠭ᠋ᠠᠨ ᠬᠢᠨᠠᠬᠤ ᠪᠠ ᠬᠠᠷᠢᠭᠤᠴᠠᠯᠭ᠎ᠠ ᠨᠡᠬᠡᠮᠵᠢᠯᠡᠬᠦ ᠵᠢ ᠴᠢᠩᠭ᠋ᠠᠳᠬᠠᠵᠤ᠂ ᠤᠰᠤᠨ᠎ᠤ ᠦᠨ᠎ᠡ ᠪᠠ ᠤᠰᠤᠨ᠎ᠤ ᠡᠷᠬᠡ ᠵᠢᠨ ᠤᠰᠤ ᠵᠢ ᠠᠷᠪᠢᠯᠠᠵᠤ ᠬᠡᠷᠡᠭᠯᠡᠬᠦ ᠵᠢ ᠠᠬᠢᠭᠤᠯᠬᠤ ᠲᠠᠯ᠎ᠠ᠎ᠪᠠᠷ᠎ᠬᠢ ᠳᠣᠭᠢᠷᠠᠭᠤᠯᠬᠤ   ᠦᠢ᠍ᠯᠡᠳᠦᠯ᠎ᠢ ᠪᠠᠳᠠᠷᠠᠭᠤᠯᠵᠤ᠂ ᠤᠰᠤᠨ᠎ᠤ ᠡᠬᠢ ᠪᠠᠶᠠᠯᠢᠭ᠎ᠢ ᠠᠷᠪᠢᠯᠠᠵᠤ ᠡᠷᠴᠢᠮᠵᠢᠭᠦᠯᠦᠨ ᠠᠰᠢᠭᠯᠠᠬᠤ ᠵᠢ ᠠᠬᠢᠭᠤᠯᠤᠨ᠎ᠠ᠃
    ᠲᠡᠷᠢᠭᠦᠨ᠎ᠤ᠎ᠬᠢ᠎ᠲᠠᠢ ᠬᠠᠷᠢᠴᠠᠭᠤᠯᠵᠤ᠂ ᠪᠥᠬᠥ ᠲᠠᠯ᠎ᠠ᠎ᠪᠠᠷ ᠳᠡᠭᠡᠭᠰᠢᠯᠡᠭᠦᠯᠦᠨ᠎ᠡ᠃ ᠤᠯᠤᠰ  ᠎ᠤᠨ ᠳᠣᠲᠣᠭ᠋ᠠᠳᠤ ᠭᠠᠳᠠᠭ᠋ᠠᠳᠤ ᠵᠢᠨ ᠲᠡᠷᠢᠭᠦᠨ᠎ᠤ ᠤᠰᠤ ᠬᠡᠷᠡᠭᠯᠡᠬᠦ ᠬᠢᠷᠢ ᠬᠡᠮᠵᠢᠶ᠎ᠡ᠎ᠳᠤ ᠬᠥᠷᠬᠥ ᠪᠤᠶᠤ ᠣᠶ᠋ᠢᠷᠠᠲᠤᠬᠤ ᠵᠠᠷᠴᠢᠮ᠎ᠤᠨ ᠶᠣᠰᠣᠭ᠋ᠠᠷ᠂ ᠡᠯ᠎ᠡ ᠬᠦᠷᠢᠶᠡᠨ᠎ᠤ ᠤᠰᠤ ᠠᠷᠪᠢᠯᠠᠬᠤ ᠪᠠᠷᠢᠮᠵᠢᠶ᠎ᠠ ᠪᠣᠯᠤᠨ ᠲᠥᠷᠥ ᠵᠢᠨ ᠪᠤᠳᠤᠯᠭ᠎ᠠ ᠵᠢᠨ ᠲᠥᠷᠢᠮ᠎ᠢ ᠲᠣᠭᠲᠠᠭ᠋ᠠᠨ᠂ ᠤᠰᠤ ᠠᠷᠪᠢᠯᠠᠬᠤ ᠪᠠᠶ᠋ᠢᠭᠤᠯᠤᠯ ᠲᠣᠭᠲᠠᠴᠠ ᠵᠢ ᠪᠥᠷᠢᠨᠰᠢᠬᠥᠯᠵᠤ᠂ ᠲᠡᠷᠢᠭᠦᠨ᠎ᠤ ᠤᠰᠤ ᠠᠷᠪᠢᠯᠠᠬᠤ ᠮᠡᠷᠭᠡᠵᠢᠯ᠎ᠢ ᠲᠦᠷᠭᠡᠳᠬᠡᠨ ᠲᠦᠭᠡᠮᠡᠯᠵᠢᠭᠦᠯᠵᠦ᠂ ᠪᠥᠬᠥ ᠨᠡᠶ᠋ᠢᠭᠡᠮ᠎ᠤᠨ ᠤᠰᠤ ᠬᠡᠷᠡᠭᠯᠡᠬᠦ ᠦᠷ᠎ᠡ ᠪᠦᠲᠦᠮᠵᠢ ᠵᠢ ᠪᠥᠬᠥ ᠲᠠᠯ᠎ᠠ᠎ᠪᠠᠷ ᠳᠡᠭᠡᠭᠰᠢᠯᠡᠭᠦᠯᠦᠨ᠎ᠡ᠃
    ᠪᠦᠬᠦᠯᠢ ᠴᠣᠭᠴᠠ᠎ᠪᠠᠷ ᠪᠠᠶ᠋ᠢᠷᠢᠰᠢᠭᠤᠯᠵᠤ᠂ ᠭᠣᠤᠯᠳᠠᠯᠭ᠎ᠠ ᠵᠢ ᠳᠣᠪᠣᠶ᠋ᠢᠯᠭ᠋ᠠᠨ᠎ᠠ᠃ ᠬᠠᠲᠤᠨ ᠭᠣᠤᠯ᠎ᠤᠨ ᠰᠠᠪᠠ ᠭᠠᠵᠠᠷ᠎ᠤᠨ ᠳᠡᠭᠡᠳᠦ ᠳᠤᠮᠳᠠ ᠳᠣᠤᠷᠠᠳᠤ ᠤᠷᠤᠰᠬᠠᠯ᠎ᠤᠨ ᠠᠳᠠᠯᠢ ᠪᠤᠰᠤ ᠤᠰᠤᠨ᠎ᠤ ᠡᠬᠢ ᠪᠠᠶᠠᠯᠢᠭ᠎ᠤᠨ ᠨᠥᠬᠥᠴᠡᠯ᠂ ᠠᠵᠤ ᠦᠢ᠍ᠯᠡᠰ᠎ᠤᠨ ᠪᠦᠲᠦᠴᠡ ᠪᠠ ᠤᠰᠤ ᠬᠡᠷᠡᠭᠯᠡᠬᠦ ᠬᠢᠷᠢ ᠬᠡᠮᠵᠢᠶ᠎ᠡ ᠵᠢ ᠦᠨᠳᠦᠰᠦᠯᠡᠨ᠂ ᠨᠢᠭᠡᠳᠦᠯᠲᠡᠶ ᠲᠥᠯᠥᠪᠯᠡᠨ ᠪᠠᠶ᠋ᠢᠷᠢᠰᠢᠭᠤᠯᠵᠤ᠂ ᠶᠡᠷᠦᠩᠬᠡᠶ᠋ᠢᠯᠡᠭᠰᠡᠨ ᠠᠷᠭ᠎ᠠ ᠪᠣᠳᠣᠯᠭ᠎ᠠ ᠬᠡᠷᠡᠭᠵᠢᠭᠦᠯᠦᠨ᠂ ᠤᠰᠤ ᠶᠡᠬᠡ ᠬᠣᠷᠣᠭᠳᠠᠭᠤᠯᠬᠤ ᠬᠦᠷᠢᠶ᠎ᠡ ᠪᠠ ᠭᠣᠤᠯᠳᠠᠯᠭ᠎ᠠ᠎ᠲᠠᠢ ᠤᠰᠤ ᠬᠡᠷᠡᠭᠯᠡᠬᠦ ᠨᠢᠭᠡᠴᠢ᠎ᠳᠤ ᠠᠩᠬᠠᠷᠤᠯ ᠵᠶ᠋ᠠᠨ ᠲᠥᠪᠯᠡᠷᠡᠭᠦᠯᠵᠦ᠂ ᠤᠰᠤ ᠠᠷᠪᠢᠯᠠᠬᠤ ᠵᠢ ᠵᠢᠷᠤᠮᠵᠢᠭᠤᠯᠬᠤ ᠪᠠ ᠨᠠᠷᠢᠯᠢᠬ᠍ᠵᠢᠭᠤᠯᠬᠤ ᠬᠠᠮᠢᠶᠠᠷᠤᠯᠲᠠ ᠵᠢ ᠲᠦᠷᠭᠡᠳᠬᠡᠨ ᠠᠬᠢᠭᠤᠯᠤᠨ᠎ᠠ᠃
    ᠨᠢᠭᠡᠳᠦᠯᠲᠡᠶ ᠪᠠᠶ᠋ᠢᠷᠢᠯᠠᠭᠤᠯᠵᠤ᠂ ᠬᠠᠮᠵᠢᠯᠴᠠᠨ ᠠᠬᠢᠭᠤᠯᠤᠨ᠎ᠠ᠃ ᠤᠰᠤᠨ ᠠᠰᠢᠭᠯᠠᠯᠲᠠ ᠵᠢᠨ ᠶᠠᠮᠤᠨ ᠨᠢᠭᠡᠳᠦᠯᠲᠡᠶ ᠤᠳᠤᠷᠢᠳᠤᠯᠭ᠎ᠠ ᠪᠠ ᠪᠠᠶ᠋ᠢᠷᠢᠯᠠᠭᠤᠯᠤᠯᠲᠠ᠎ᠪᠠᠨ ᠴᠢᠩᠭ᠋ᠠᠳᠬᠠᠵᠤ᠂ ᠬᠣᠯᠪᠣᠭᠳᠠᠯ ᠪᠥᠬᠥᠶ ᠮᠤᠵᠢ ᠣᠷᠣᠨ᠎ᠤ ᠬᠠᠷᠢᠭᠤᠴᠠᠯᠭ᠎ᠠ᠎ᠪᠠᠨ ᠨᠠᠶ᠋ᠢᠳᠠᠪᠤᠷᠢᠵᠢᠭᠤᠯᠬᠤ ᠵᠢ ᠵᠢᠯᠣᠭᠣᠳᠤᠨ ᠠᠬᠢᠭᠤᠯᠵᠤ᠂ ᠰᠠᠯᠠᠭ᠎ᠠ ᠮᠥᠴᠢᠷ᠎ᠤᠨ ᠨᠡᠪᠲᠡᠷᠡᠯᠴᠡᠭᠡ ᠵᠣᠬᠢᠴᠠᠭᠤᠯᠭ᠎ᠠ᠎ᠪᠠᠨ ᠴᠢᠩᠭ᠋ᠠᠳᠬᠠᠨ᠂ ᠳᠡᠭᠡᠳᠦ ᠳᠣᠤᠷᠠᠳᠤ ᠱᠠᠲᠤ᠎ᠪᠠᠷ ᠵᠶ᠋ᠠᠨ ᠬᠣᠯᠪᠣᠭ᠋ᠠᠯᠠᠨ ᠬᠥᠳᠡᠯᠦᠯᠴᠡᠵᠦ᠂ ᠨᠢᠭᠲᠠ ᠬᠠᠮᠵᠢᠯᠴᠠᠨ᠂ ᠠᠵᠢᠯᠯᠠᠭ᠎ᠠ ᠵᠢᠨ ᠦᠷ᠎ᠡ ᠪᠦᠲᠦᠮᠵᠢ ᠤᠯᠬᠤ ᠵᠢ ᠬᠠᠮᠲᠤᠪᠠᠷ ᠠᠬᠢᠭᠤᠯᠤᠨ᠎ᠠ᠃
   
  (ᠭᠤᠷᠪᠠ)   ᠭᠣᠣᠯ ᠬᠠᠷᠠᠯᠲᠠ
   
     2025 ᠣᠨ ᠪᠣᠯᠬᠤ᠎ᠳᠤ᠂ ᠬᠠᠲᠤᠨ ᠭᠣᠤᠯ᠎ᠤᠨ ᠰᠠᠪᠠ ᠭᠠᠵᠠᠷ᠎ᠲᠤ ᠠᠵᠢᠯ ᠲᠥᠷᠥᠯ᠎ᠤᠨ ᠤᠰᠤ ᠬᠡᠷᠡᠭᠯᠡᠬᠦ ᠲᠣᠭᠲᠠᠭᠰᠠᠨ ᠨᠣᠷᠮ᠎ᠠ ᠵᠢᠨ ᠰᠢᠰᠲ᠋ᠧᠮᠵᠢ ᠵᠢ ᠪᠠᠶ᠋ᠢᠭᠤᠯᠵᠤ᠂ ᠬᠡᠪᠴᠢᠶᠡᠵᠢᠯ᠎ᠠᠴᠠ ᠳᠡᠭᠡᠭᠰᠢᠬᠢ ᠤᠰᠤ ᠬᠡᠷᠡᠭᠯᠡᠬᠦ ᠨᠢᠭᠡᠴᠢ ᠵᠢᠨ ᠲᠥᠯᠥᠪᠯᠡᠭᠡ᠎ᠲᠠᠢ᠎ᠪᠠᠷ ᠤᠰᠤ ᠬᠡᠷᠡᠭᠯᠡᠬᠦ ᠬᠠᠮᠢᠶᠠᠷᠤᠯᠲᠠ ᠵᠢ ᠪᠥᠬᠥ ᠲᠠᠯ᠎ᠠ᠎ᠪᠠᠷ ᠬᠡᠷᠡᠭᠵᠢᠭᠦᠯᠦᠨ᠂ ᠪᠥᠬᠥ ᠨᠡᠶ᠋ᠢᠭᠡᠮ᠎ᠤᠨ ᠤᠰᠤ ᠠᠷᠪᠢᠯᠠᠬᠤ ᠦᠵᠡᠯ ᠤᠬᠠᠮᠰᠠᠷ᠎ᠢ ᠢᠯᠡᠳᠲᠡ ᠴᠢᠩᠭ᠋ᠠᠷᠠᠭᠤᠯᠵᠤ᠂ ᠤᠰᠤ ᠠᠷᠪᠢᠯᠠᠬᠤ ᠬᠡᠯᠪᠡᠷᠢ ᠵᠢᠨ ᠨᠡᠶ᠋ᠢᠭᠡᠮ᠎ᠤᠨ ᠪᠥᠲᠥᠭᠡᠨ ᠪᠠᠶ᠋ᠢᠭᠤᠯᠤᠯᠲᠠ ᠵᠢ ᠢᠯᠡᠳᠲᠡ ᠦᠷ᠎ᠡ ᠪᠦᠲᠦᠮᠵᠢ᠎ᠲᠠᠢ ᠪᠣᠯᠭ᠋ᠠᠨ᠎ᠠ᠃ ᠲᠦᠮᠡᠨ ᠲᠥᠭᠥᠷᠢᠭ᠎ᠤᠨ GDP ᠵᠢᠨ ᠤᠰᠤ ᠬᠡᠷᠡᠭᠯᠡᠬᠦ ᠬᠡᠮᠵᠢᠶ᠎ᠡ ᠵᠢ 2020 ᠣᠨ᠎ᠤ᠎ᠬᠢ᠎ᠠᠴᠠ 16%᠎ᠪᠠᠷ ᠪᠠᠭᠤᠷᠠᠭᠤᠯᠵᠤ᠂ ᠲᠦᠮᠡᠨ ᠲᠥᠭᠥᠷᠢᠭ᠎ᠤᠨ ᠠᠵᠤ ᠦᠢ᠍ᠯᠡᠳᠪᠤᠷᠢ ᠵᠢᠨ ᠨᠡᠮᠡᠭᠳᠡᠯ ᠥᠷᠲᠡᠭ᠎ᠤᠨ ᠤᠰᠤ ᠬᠡᠷᠡᠭᠯᠡᠬᠦ ᠬᠡᠮᠵᠢᠶ᠎ᠡ ᠵᠢ 2020 ᠣᠨ᠎ᠤ᠎ᠬᠢ᠎ᠠᠴᠠ 16%᠎ᠪᠠᠷ ᠪᠠᠭᠤᠷᠠᠭᠤᠯᠤᠨ᠂ ᠲᠠᠷᠢᠶᠠᠨ ᠭᠠᠵᠠᠷ᠎ᠤᠨ ᠤᠰᠤᠯᠠᠯᠲᠠ ᠵᠢᠨ ᠤᠰᠤᠨ᠎ᠤ ᠪᠦᠲᠦᠮᠵᠢᠲᠡᠶ ᠠᠰᠢᠭᠯᠠᠯᠲᠠ ᠵᠢᠨ ᠢᠯᠡᠳᠬᠡᠮᠵᠢ ᠵᠢ 0.586 ᠪᠣᠯᠲᠠᠯ᠎ᠠ ᠳᠡᠭᠡᠭᠰᠢᠯᠡᠭᠦᠯᠵᠦ᠂ ᠬᠡᠪ᠎ᠤᠨ ᠪᠤᠰᠤ ᠤᠰᠤᠨ᠎ᠤ ᠡᠬᠢ ᠰᠤᠷᠪᠤᠯᠵᠢ ᠵᠢᠨ ᠠᠰᠢᠭᠯᠠᠯᠲᠠ ᠵᠢᠨ ᠬᠡᠮᠵᠢᠶ᠎ᠡ ᠵᠢ 20 ᠳ᠋ᠦᠩᠰᠢᠭᠤᠷ ᠪᠣᠰᠣᠭ᠎ᠠ ᠳᠥᠷᠪᠡᠯᠵᠢᠨ ᠮᠧᠲᠷ ᠪᠣᠯᠲᠠᠯ᠎ᠠ ᠨᠡᠮᠡᠭᠳᠡᠭᠦᠯᠵᠦ᠂ ᠰᠢᠶᠠᠨ (ᠲᠣᠭᠣᠷᠢᠭ)᠎ᠤ ᠱᠠᠲᠤᠨ᠎ᠤ ᠵᠠᠰᠠᠭ ᠵᠠᠬᠢᠷᠭ᠋ᠠᠨ᠎ᠤ ᠣᠷᠣᠨ᠎ᠢ ᠤᠰᠤ ᠠᠷᠪᠢᠯᠠᠬᠤ ᠬᠡᠯᠪᠡᠷᠢ ᠵᠢᠨ ᠨᠡᠶ᠋ᠢᠭᠡᠮ᠎ᠤᠨ ᠪᠠᠷᠢᠮᠵᠢᠶ᠎ᠠ᠎ᠳᠤ ᠦᠨᠳᠦᠰᠦᠨ᠎ᠳᠡᠭᠡᠨ ᠬᠦᠷᠦᠭᠦᠯᠦᠨ᠎ᠡ᠃
   2030 ᠣᠨ ᠪᠣᠯᠬᠤ᠎ᠳᠤ᠂ ᠪᠦᠷᠢᠨ ᠲᠡᠭᠦᠯᠳᠡᠷ ᠤᠰᠤ ᠠᠷᠪᠢᠯᠠᠬᠤ ᠲᠥᠷᠥ ᠵᠢᠨ ᠪᠣᠳᠣᠯᠭ᠎ᠠ ᠬᠠᠤᠯᠢ ᠲᠣᠭᠲᠠᠭ᠋ᠠᠯ ᠪᠠ ᠮᠡᠷᠭᠡᠵᠢᠯ᠎ᠤᠨ ᠪᠠᠷᠢᠮᠵᠢᠶ᠎ᠠ ᠵᠢᠨ ᠰᠢᠰᠲ᠋ᠧᠮᠵᠢ ᠵᠢ ᠪᠠᠶ᠋ᠢᠭᠤᠯᠤᠨ᠂ ᠪᠦᠷᠢᠨ ᠲᠡᠭᠦᠯᠳᠡᠷ ᠵᠠᠬ᠎ᠠ ᠳᠡᠯᠭᠡᠭᠦᠷ᠎ᠤᠨ ᠳᠣᠭᠢᠷᠠᠭᠤᠯᠬᠤ ᠲᠣᠭᠲᠠᠴᠠ ᠵᠢ ᠪᠣᠶ ᠪᠣᠯᠭ᠋ᠠᠵᠤ᠂ ᠤᠰᠤ ᠠᠷᠪᠢᠯᠠᠵᠤ ᠤᠰᠤ ᠵᠢ ᠬᠠᠮᠠᠭ᠋ᠠᠯᠠᠵᠤ ᠤᠰᠤ ᠵᠢ ᠬᠠᠶ᠋ᠢᠷᠠᠯᠠᠬᠤ ᠶᠠᠪᠤᠳᠠᠯ᠎ᠢ ᠪᠥᠬᠥ ᠨᠡᠶ᠋ᠢᠭᠡᠮ᠎ᠤᠨ ᠤᠬᠠᠮᠰᠠᠷᠲᠤ ᠠᠵᠢᠯᠯᠠᠭ᠎ᠠ ᠪᠣᠯᠭ᠋ᠠᠨ᠂ ᠰᠠᠪᠠ ᠭᠠᠵᠠᠷ᠎ᠤᠨ ᠳᠣᠲᠣᠷᠠᠬᠢ ᠡᠯ᠎ᠡ ᠣᠷᠣᠨ ᠪᠦᠰᠡ ᠵᠢᠨ ᠤᠰᠤ ᠬᠡᠷᠡᠭᠯᠡᠬᠦ ᠦᠷ᠎ᠡ ᠪᠦᠲᠦᠮᠵᠢ ᠵᠢ ᠳᠡᠯᠡᠬᠡᠶ ᠵᠢᠨ ᠠᠳᠠᠯᠢᠪᠲᠤᠷ ᠭᠠᠵᠠᠷ ᠣᠷᠣᠨ᠎ᠤ ᠲᠡᠷᠢᠭᠦᠨ᠎ᠤ ᠬᠢᠷᠢ ᠬᠡᠮᠵᠢᠶ᠎ᠡ᠎ᠳᠤ ᠬᠦᠷᠦᠭᠦᠯᠵᠦ᠂ ᠤᠰᠤ ᠠᠷᠪᠢᠯᠠᠬᠤ ᠬᠡᠯᠪᠡᠷᠢ ᠵᠢᠨ ᠨᠡᠶ᠋ᠢᠭᠡᠮ᠎ᠢ ᠪᠥᠬᠥ ᠲᠠᠯ᠎ᠠ᠎ᠪᠠᠷ ᠪᠥᠲᠥᠭᠡᠨ ᠪᠠᠶ᠋ᠢᠭᠤᠯᠤᠨ᠎ᠠ᠃
   
  ᠬᠣᠶᠠᠷ᠂ ᠤᠰᠤ ᠬᠡᠷᠡᠭᠯᠡᠬᠦ ᠶᠡᠷᠦᠩᠬᠡᠶ ᠬᠡᠮᠵᠢᠶ᠎ᠡ ᠵᠢᠨ ᠡᠷᠴᠢᠮ᠎ᠢ ᠡᠵᠡᠮᠳᠡᠬᠦ ᠵᠢ ᠴᠢᠩᠭ᠋ᠠᠷᠠᠭᠤᠯᠬᠤ ᠬᠡᠷᠡᠭᠲᠡᠶ
 
  (ᠨᠢᠭᠡ) ᠤᠰᠤ ᠬᠡᠷᠡᠭᠯᠡᠬᠦ ᠶᠡᠷᠦᠩᠬᠡᠶ ᠬᠡᠮᠵᠢᠶ᠎ᠡ ᠵᠢᠨ ᠬᠦᠢ᠍ᠴᠡᠳᠭᠡᠯ ᠲᠣᠭ᠎ᠠ ᠵᠢᠨ ᠬᠢᠵᠠᠭ᠋ᠠᠷᠯᠠᠯ᠎ᠢ ᠴᠢᠩᠳᠠᠯᠠᠨ᠎ᠠ
    ᠬᠠᠲᠤᠨ ᠭᠣᠤᠯ᠎ᠤᠨ ᠰᠠᠪᠠ ᠭᠠᠵᠠᠷ᠎ᠲᠤ ᠮᠤᠵᠢ᠂ ᠬᠣᠲᠠ᠂ ᠰᠢᠶᠠᠨ ᠭᠤᠷᠪᠠᠨ ᠱᠠᠲᠤᠨ᠎ᠤ ᠵᠠᠰᠠᠭ ᠵᠠᠬᠢᠷᠭ᠋ᠠᠨ᠎ᠤ ᠣᠷᠣᠨ᠎ᠤ ᠤᠰᠤ ᠬᠡᠷᠡᠭᠯᠡᠬᠦ ᠶᠡᠷᠦᠩᠬᠡᠶ ᠬᠡᠮᠵᠢᠶ᠎ᠡ ᠵᠢ ᠬᠠᠮᠢᠶᠠᠷᠤᠨ ᠡᠵᠡᠮᠳᠡᠬᠦ ᠬᠦᠢ᠍ᠴᠡᠳᠭᠡᠯ ᠲᠣᠭ᠎ᠠ ᠵᠢᠨ ᠰᠢᠰᠲ᠋ᠧᠮᠵᠢ ᠵᠢ ᠪᠦᠷᠢᠨᠰᠢᠬᠦᠯᠵᠦ᠂ ᠤᠰᠤ ᠬᠡᠷᠡᠭᠯᠡᠬᠦ ᠶᠡᠷᠦᠩᠬᠡᠶ ᠬᠡᠮᠵᠢᠶ᠎ᠡ ᠵᠢ ᠡᠵᠡᠮᠳᠡᠬᠦ ᠬᠦᠢ᠍ᠴᠡᠳᠭᠡᠯ ᠲᠣᠭ᠎ᠠ ᠵᠢ ᠭᠠᠵᠠᠷ ᠳᠡᠭᠡᠷᠡᠬᠢ ᠤᠰᠤᠨ᠎ᠤ ᠡᠬᠢ ᠰᠤᠷᠪᠤᠯᠵᠢ ᠪᠠ ᠭᠠᠵᠠᠷ ᠳᠣᠤᠷᠠᠬᠢ ᠤᠰᠤᠨ᠎ᠤ ᠡᠬᠢ ᠰᠤᠷᠪᠤᠯᠵᠢ᠎ᠳᠤ ᠬᠦᠷᠲᠡᠯ᠎ᠡ ᠨᠠᠶ᠋ᠢᠳᠠᠪᠤᠷᠢᠵᠢᠭᠤᠯᠬᠤ ᠬᠡᠷᠡᠭᠲᠡᠶ᠃ ᠰᠠᠪᠠ ᠭᠠᠵᠠᠷ᠎ᠤᠨ ᠵᠠᠰᠠᠭ ᠵᠠᠬᠢᠷᠭ᠋ᠠᠨ᠎ᠤ ᠣᠷᠣᠨ᠎ᠤ ᠵᠠᠭ᠋ᠠᠭ ᠠᠯᠤᠰᠯᠠᠭᠰᠠᠨ ᠣᠭᠲᠣᠯᠤᠭ᠋ᠠᠰᠤ᠂ ᠤᠰᠤᠨ᠎ᠤ ᠬᠡᠮᠵᠢᠶ᠎ᠡ ᠵᠢᠨ ᠬᠤᠪᠢᠶᠠᠷᠢᠯᠠᠯᠲᠠ ᠵᠢᠨ ᠴᠢᠬᠤᠯᠠ ᠬᠢᠵᠠᠭ᠋ᠠᠷᠯᠠᠬᠤ ᠣᠭᠲᠣᠯᠤᠭ᠋ᠠᠰᠤ᠂ ᠭᠠᠵᠠᠷ ᠳᠣᠣᠷᠠᠬᠢ ᠤᠰᠤ ᠵᠡᠷᠭᠡ ᠵᠢ ᠬᠢᠨᠠᠨ ᠬᠡᠮᠵᠢᠬᠦ ᠰᠢᠰᠲ᠋ᠧᠮ᠎ᠢ ᠲᠡᠭᠦᠯᠳᠡᠷᠵᠢᠭᠦᠯᠦᠨ᠎ᠡ᠃ ᠡᠯ᠎ᠡ ᠭᠠᠵᠠᠷ ᠣᠷᠣᠨ᠎ᠤ ᠲᠠᠲᠠᠵᠤ ᠬᠡᠷᠡᠭᠯᠡᠬᠦ ᠭᠠᠵᠠᠷ᠎ᠤᠨ ᠭᠠᠳᠠᠷᠭᠤ ᠵᠢᠨ ᠤᠰᠤᠨ᠎ᠤ ᠶᠡᠷᠦᠩᠬᠡᠶ ᠬᠡᠮᠵᠢᠶ᠎ᠡ ᠵᠢ ᠤᠰᠤᠨ᠎ᠤ ᠬᠡᠮᠵᠢᠶ᠎ᠡ ᠵᠢ ᠬᠤᠪᠢᠶᠠᠷᠢᠯᠠᠬᠤ ᠲᠥᠰᠦᠯ᠎ᠳᠤ ᠲᠣᠳᠣᠷᠬᠠᠶ᠋ᠢᠯᠠᠭᠰᠠᠨ ᠭᠠᠵᠠᠷ᠎ᠤᠨ ᠭᠠᠳᠠᠷᠭᠤ ᠵᠢᠨ ᠤᠰᠤᠨ᠎ᠤ ᠬᠡᠷᠡᠭᠯᠡᠵᠦ ᠪᠣᠯᠬᠤ ᠤᠰᠤᠨ᠎ᠤ ᠬᠡᠮᠵᠢᠶ᠎ᠡ᠎ᠠᠴᠠ ᠬᠡᠲᠦᠷᠡᠭᠦᠯᠵᠦ ᠪᠣᠯᠬᠤ ᠥᠬᠡᠶ᠂ ᠭᠣᠤᠯᠳᠠᠭᠤ ᠣᠭᠲᠣᠯᠤᠭ᠋ᠠᠰᠤ ᠵᠢᠨ ᠳᠣᠷᠣᠭᠰᠢ ᠤᠷᠤᠰᠬᠤ ᠤᠷᠤᠰᠬᠠᠯ᠎ᠤᠨ ᠬᠡᠮᠵᠢᠶ᠎ᠡ ᠵᠢ ᠬᠢᠵᠠᠭ᠋ᠠᠷᠯᠠᠵᠤ ᠦᠨᠳᠦᠰᠦᠨ ᠠᠮᠢ ᠠᠬᠤᠶ ᠵᠢᠨ ᠤᠷᠤᠰᠬᠠᠯ᠎ᠤᠨ ᠬᠡᠮᠵᠢᠶ᠎ᠡ ᠵᠢᠨ ᠱᠠᠭ᠋ᠠᠷᠳᠠᠯᠭ᠎ᠠ ᠵᠢ ᠬᠠᠩᠭ᠋ᠠᠬᠤ ᠬᠡᠷᠡᠭᠲᠡᠶ; ᠨᠡᠭᠡᠭᠡᠨ ᠮᠠᠯᠲᠠᠬᠤ ᠭᠠᠵᠠᠷ ᠳᠣᠣᠷᠠᠬᠢ ᠤᠰᠤᠨ᠎ᠤ ᠶᠡᠷᠦᠩᠬᠡᠶ ᠬᠡᠮᠵᠢᠶ᠎ᠡ ᠵᠢ ᠭᠠᠵᠠᠷ ᠳᠣᠣᠷᠠᠬᠢ ᠤᠰᠤᠨ᠎ᠤ ᠬᠡᠷᠡᠭᠯᠡᠵᠦ ᠪᠣᠯᠬᠤ ᠤᠰᠤᠨ᠎ᠤ ᠬᠡᠮᠵᠢᠶ᠎ᠡ᠎ᠠᠴᠠ ᠬᠡᠲᠦᠷᠡᠭᠦᠯᠵᠦ ᠪᠣᠯᠬᠤ ᠥᠭᠡᠢ ᠵᠢᠨ ᠬᠠᠮᠲᠤ ᠭᠠᠵᠠᠷ ᠳᠣᠣᠷᠠᠬᠢ ᠤᠰᠤᠨ᠎ᠤ ᠲᠦᠪᠰᠢᠨ᠎ᠢ ᠡᠵᠡᠮᠳᠡᠬᠦ ᠱᠠᠭ᠋ᠠᠷᠳᠠᠯᠭ᠎ᠠ᠎ᠳᠤ ᠨᠡᠶ᠋ᠢᠴᠡᠭᠦᠯᠵᠦ ᠪᠣᠯᠬᠤ ᠥᠭᠡᠢ᠃ ᠤᠰᠤᠨ᠎ᠤ ᠡᠬᠢ ᠪᠠᠶᠠᠯᠢᠭ᠎ᠤᠨ ᠳᠠᠭ᠋ᠠᠭ᠋ᠠᠴᠠ᠎ᠠᠴᠠ ᠬᠡᠲᠦᠷᠡᠭᠰᠡᠨ ᠭᠠᠵᠠᠷ ᠣᠷᠣᠨ᠎ᠳᠤ ᠰᠢᠨ᠎ᠡ᠎ᠪᠠᠷ ᠨᠡᠮᠡᠭᠳᠡᠭᠰᠡᠨ ᠤᠰᠤ ᠲᠠᠲᠠᠬᠤ ᠵᠥᠪᠰᠢᠶᠡᠷᠡᠯ᠎ᠢ ᠲᠣᠭᠲᠠᠭ᠋ᠠᠯ ᠶᠣᠰᠣᠭ᠋ᠠᠷ ᠲᠦᠷ ᠵᠣᠭᠰᠣᠭ᠋ᠠᠨ᠎ᠠ᠃ ᠤᠰᠤᠨ᠎ᠤ ᠡᠬᠢ ᠪᠠᠶᠠᠯᠢᠭ᠎ᠢ ᠨᠡᠭᠡᠭᠡᠨ ᠠᠰᠢᠭᠯᠠᠬᠤ᠎ᠳᠤ ᠬᠣᠯᠪᠣᠭᠳᠠᠬᠤ ᠢᠨᠵᠧᠨᠧᠷᠢᠩ᠎ᠤᠨ ᠲᠥᠯᠥᠪᠵᠢᠭᠦᠯᠭᠡ ᠪᠠ ᠴᠢᠬᠤᠯᠠ ᠶᠡᠬᠡ ᠠᠵᠤ ᠦᠢ᠍ᠯᠡᠰ᠂ ᠲᠥᠷᠥᠯ   ᠵᠤᠢ᠌ᠯ᠎ᠤᠨ ᠪᠠᠶ᠋ᠢᠷᠢᠰᠢᠭᠤᠯᠤᠯᠲᠠ ᠵᠢᠨ ᠲᠥᠯᠥᠪᠵᠢᠭᠦᠯᠭᠡ ᠵᠢᠴᠢ ᠡᠯ᠎ᠡ ᠲᠥᠷᠥᠯ᠎ᠤᠨ ᠨᠡᠭᠡᠭᠡᠯᠲᠡ ᠵᠢᠨ ᠲᠣᠭᠣᠷᠢᠭ (ᠰᠢᠨ᠎ᠡ ᠲᠣᠭᠣᠷᠢᠭ᠂ ᠠᠵᠤ ᠦᠢ᠍ᠯᠡᠳᠪᠤᠷᠢ ᠵᠢᠨ ᠬᠦᠷᠢᠶᠡᠯᠡᠩ ᠲᠣᠭᠣᠷᠢᠭ)᠎ᠤᠨ ᠲᠥᠯᠥᠪᠵᠢᠭᠦᠯᠭᠡ᠎ᠳᠤ ᠲᠥᠯᠥᠪᠵᠢᠭᠦᠯᠭᠡ ᠵᠢᠨ ᠤᠰᠤᠨ᠎ᠤ ᠡᠬᠢ ᠪᠠᠶᠠᠯᠢᠭ᠎ᠤᠨ ᠨᠤᠲᠠᠯᠠᠯᠲᠠ ᠵᠢ ᠥᠷᠨᠢᠭᠦᠯᠵᠦ᠂ ᠤᠰᠤᠨ᠎ᠤ ᠡᠬᠢ ᠪᠠᠶᠠᠯᠢᠭ᠎ᠤᠨ ᠬᠠᠲᠠᠭᠤ ᠬᠢᠵᠠᠭ᠋ᠠᠷᠯᠠᠯ᠎ᠤᠨ ᠬᠦᠢ᠍ᠴᠡᠳᠭᠡᠯ ᠲᠣᠭ᠎ᠠ᠎ᠪᠠᠷ ᠳᠠᠮᠵᠢᠭᠤᠯᠤᠨ ᠤᠰᠤ ᠶᠡᠬᠡ ᠬᠣᠷᠣᠭᠳᠠᠭᠤᠯᠬᠤ ᠠᠵᠤ ᠦᠢ᠍ᠯᠡᠰ᠎ᠤᠨ ᠬᠥᠭᠵᠢᠯᠲᠡ ᠵᠢ ᠬᠠᠮᠢᠶᠠᠷᠤᠨ ᠡᠵᠡᠮᠳᠡᠵᠦ ᠬᠢᠵᠠᠭ᠋ᠠᠷᠯᠠᠨ᠂ ᠬᠠᠲᠤᠨ ᠭᠣᠤᠯ᠎ᠤᠨ ᠤᠰᠤ ᠵᠢ ᠲᠠᠲᠠᠵᠤ ᠬᠠᠳᠠᠭ᠋ᠠᠯᠠᠬᠤ ᠨᠡᠷ᠎ᠡ᠎ᠪᠠᠷ ᠤᠰᠤᠨ᠎ᠤ ᠦᠵᠡᠮᠵᠢ ᠵᠢᠨ ᠲᠥᠷᠥᠯ ᠵᠤᠢ᠌ᠯ᠎ᠢ ᠪᠥᠲᠥᠭᠡᠨ ᠪᠠᠶ᠋ᠢᠭᠤᠯᠬᠤ ᠵᠢ ᠡᠷᠡᠰ ᠬᠣᠷᠢᠭᠯᠠᠨ᠎ᠠ᠃
   
  (ᠬᠣᠶᠠᠷ) ᠤᠰᠤ ᠬᠡᠷᠡᠭᠯᠡᠬᠦ ᠬᠦᠴᠦᠯᠡᠴᠡ ᠵᠢᠨ ᠬᠦᠢ᠍ᠴᠡᠳᠭᠡᠯ ᠲᠣᠭ᠎ᠠ ᠵᠢ ᠬᠠᠮᠢᠶᠠᠷᠤᠨ ᠡᠵᠡᠮᠳᠡᠬᠦ ᠵᠢ ᠴᠢᠩᠭ᠋ᠠᠷᠠᠭᠤᠯᠤᠨ᠎ᠠ
    ᠮᠤᠵᠢ᠂ ᠬᠣᠲᠠ᠂ ᠰᠢᠶᠠᠨ ᠭᠤᠷᠪᠠᠨ ᠱᠠᠲᠤᠨ᠎ᠤ ᠵᠠᠰᠠᠭ ᠵᠠᠬᠢᠷᠭ᠋ᠠᠨ᠎ᠤ ᠣᠷᠣᠨ᠎ᠤ ᠤᠰᠤ ᠬᠡᠷᠡᠭᠯᠡᠬᠦ ᠬᠦᠴᠦᠯᠡᠴᠡ ᠵᠢ ᠬᠢᠵᠠᠭ᠋ᠠᠷᠯᠠᠬᠤ ᠭᠦᠢ᠍ᠴᠡᠳᠬᠡᠯ ᠲᠣᠭ᠋ᠠᠨ᠎ᠤ ᠰᠢᠰᠲ᠋ᠧᠮ᠎ᠢ ᠲᠡᠭᠦᠯᠳᠡᠷᠵᠢᠭᠦᠯᠦᠨ᠎ᠡ᠃ ᠤᠰᠤ ᠬᠡᠷᠡᠭᠯᠡᠬᠦ ᠭᠣᠣᠯ ᠠᠵᠢᠯ ᠲᠦᠷᠦᠯ᠎ᠢ ᠬᠠᠮᠤᠷᠤᠭᠰᠠᠨ ᠮᠤᠵᠢ ᠵᠢᠨ ᠱᠠᠲᠤᠨ᠎ᠤ ᠤᠰᠤ ᠬᠡᠷᠡᠭᠯᠡᠬᠦ ᠨᠤᠷᠮ᠎ᠠ ᠵᠢ ᠲᠣᠭᠲᠠᠭ᠋ᠠᠨ᠎ᠠ᠃ ᠡᠩ ᠲᠡᠷᠢᠭᠦᠨ᠎ᠳᠤ ᠢᠯᠴᠢ ᠵᠢᠨ ᠴᠠᠬᠢᠯᠭ᠋ᠠᠨ᠎ᠤ ᠠᠵᠢᠯ ᠲᠥᠷᠥᠯ᠎ᠳᠤ ᠤᠰᠤ ᠬᠡᠷᠡᠭᠯᠡᠬᠦ ᠲᠣᠭᠲᠠᠭᠰᠠᠨ ᠨᠣᠷᠮ᠎ᠠ᠎ᠪᠠᠷ ᠪᠠᠷᠢᠮᠵᠢᠶ᠎ᠠ᠎ᠳᠤ ᠬᠦᠷᠦᠭᠦᠯᠬᠦ ᠵᠢ ᠥᠷᠨᠢᠭᠦᠯᠬᠦ ᠵᠢᠨ ᠬᠠᠮᠲᠤ᠂ ᠪᠤᠰᠤᠳ ᠠᠵᠢᠯ ᠲᠥᠷᠥᠯ᠎ᠤᠨ ᠬᠦᠷᠢᠶ᠎ᠡ ᠴᠠᠷᠠᠭ᠎ᠠ᠎ᠳᠤ ᠠᠯᠬᠤᠮ ᠠᠯᠬᠤᠮ ᠵᠶ᠋ᠠᠷ ᠥᠷᠨᠢᠭᠦᠯᠦᠨ᠎ᠡ᠃ ᠲᠣᠭᠲᠠᠭᠰᠠᠨ ᠨᠣᠷᠮ᠎ᠠ᠎ᠠᠴᠠ ᠬᠡᠲᠦᠷᠡᠭᠦᠯᠦᠨ ᠤᠰᠤ ᠬᠡᠷᠡᠭᠯᠡᠬᠦ ᠵᠢ ᠬᠠᠷᠭᠤᠭᠤᠯᠤᠨ ᠪᠠᠶ᠋ᠢᠴᠠᠭ᠋ᠠᠬᠤ ᠠᠵᠢᠯᠯᠠᠭ᠎ᠠ ᠵᠢ ᠥᠷᠨᠢᠭᠦᠯᠵᠦ᠂ ᠲᠣᠭᠲᠠᠭᠰᠠᠨ ᠨᠣᠷᠮ᠎ᠠ᠎ᠠᠴᠠ ᠬᠡᠲᠦᠷᠡᠭᠦᠯᠦᠨ ᠤᠰᠤ ᠬᠡᠷᠡᠭᠯᠡᠭᠰᠡᠨ ᠨᠢᠭᠡᠴᠢ ᠵᠢ ᠱᠠᠭ᠋ᠠᠷᠳᠠᠵᠤ ᠤᠰᠤ ᠠᠷᠪᠢᠯᠠᠬᠤ ᠠᠷᠭ᠎ᠠ ᠬᠡᠮᠵᠢᠶ᠎ᠡ ᠠᠪᠤᠭᠤᠯᠵᠤ᠂ ᠬᠤᠭᠤᠴᠠᠭ᠎ᠠ ᠬᠢᠵᠠᠭ᠋ᠠᠷᠯᠠᠨ ᠪᠠᠷᠢᠮᠵᠢᠶ᠎ᠠ᠎ᠳᠤ ᠬᠦᠷᠦᠭᠦᠯᠬᠦ ᠬᠡᠷᠡᠭᠲᠡᠶ᠃ ᠲᠠᠷᠢᠶᠠᠯᠠᠩ᠎ᠤᠨ ᠦᠢ᠍ᠯᠡᠳᠪᠦᠷᠢᠯᠡᠯ ᠪᠠ ᠬᠤᠳᠠ ᠬᠥᠳᠡᠭᠡ ᠵᠢᠨ ᠰᠠᠭᠤᠭ᠋ᠠᠯᠢ ᠠᠷᠠᠳ᠎ᠤᠨ ᠠᠮᠢᠳᠤᠷᠠᠯ᠎ᠳᠤ ᠬᠡᠷᠡᠭᠯᠡᠬᠦ ᠤᠰᠤᠨ᠎ᠤ ᠬᠠᠮᠢᠶᠠᠷᠤᠯᠲᠠ ᠵᠢ ᠴᠢᠩᠭ᠋ᠠᠳᠬᠠᠵᠤ᠂ ᠤᠰᠤᠨ᠎ᠤ ᠠᠰᠢᠭᠯᠠᠮᠵᠢ ᠵᠢ ᠲᠣᠭᠲᠠᠭᠰᠠᠨ ᠨᠤᠷᠮ᠎ᠠ ᠵᠢᠨ ᠬᠡᠪᠴᠢᠶᠡᠨ᠎ᠳᠤ ᠠᠯᠬᠤᠮ ᠠᠯᠬᠤᠮ ᠵᠶ᠋ᠠᠷ ᠬᠢᠵᠠᠭ᠋ᠠᠷᠯᠠᠨ᠎ᠠ᠃ 2025 ᠣᠨ᠎ᠠᠴᠠ ᠡᠮᠦᠨ᠎ᠡ᠂ ᠨᠢᠭᠡᠨᠲᠡ ᠪᠠᠶ᠋ᠢᠭᠤᠯᠤᠭᠰᠠᠨ ᠢᠯᠴᠢ ᠵᠢᠨ ᠴᠠᠬᠢᠯᠭ᠋ᠠᠨ᠂ ᠪᠣᠯᠣᠳ ᠲᠡᠮᠦᠷ᠂ ᠬᠢᠮᠢ ᠵᠢᠨ ᠠᠵᠤ ᠦᠢ᠍ᠯᠡᠳᠪᠤᠷᠢ᠂ ᠪᠠᠷᠢᠯᠭ᠎ᠠ ᠵᠢᠨ ᠮᠠᠲ᠋ᠧᠷᠢᠶᠠᠯ ᠵᠡᠷᠭᠡ ᠠᠵᠤ ᠦᠢ᠍ᠯᠡᠳᠪᠤᠷᠢ ᠪᠠ ᠪᠠᠶ᠋ᠢᠭᠤᠯᠭ᠎ᠠ᠂ ᠰᠤᠷᠭ᠋ᠠᠭᠤᠯᠢ᠂ ᠵᠣᠴᠢᠳ᠎ᠤᠨ ᠪᠠᠭᠤᠳᠠᠯ ᠵᠡᠷᠭᠡ ᠦᠢ᠍ᠯᠡᠴᠢᠯᠡᠭᠡᠨ᠎ᠤ ᠦᠢ᠍ᠯᠡᠰ᠎ᠤᠨ ᠤᠰᠤ ᠬᠡᠷᠡᠭᠯᠡᠬᠦ ᠨᠢᠭᠡᠴᠢ ᠵᠢᠨ ᠤᠰᠤ ᠬᠡᠷᠡᠭᠯᠡᠬᠦ ᠬᠢᠷᠢ ᠬᠡᠮᠵᠢᠶ᠎ᠡ ᠵᠢ ᠴᠥᠮ ᠤᠯᠤᠰ᠎ᠤᠨ ᠲᠣᠭᠲᠠᠭᠰᠠᠨ ᠨᠣᠷᠮ᠎ᠠ ᠵᠢᠨ ᠨᠡᠶ᠋ᠢᠳᠡᠮ ᠬᠡᠷᠡᠭᠯᠡᠬᠦ ᠥᠷᠲᠡᠭ᠎ᠤᠨ ᠪᠠᠷᠢᠮᠵᠢᠶ᠎ᠠ᠎ᠳᠤ ᠬᠦᠷᠦᠭᠦᠯᠵᠦ᠂ ᠰᠢᠨ᠎ᠡ᠎ᠪᠠᠷ ᠪᠠᠶ᠋ᠢᠭᠤᠯᠬᠤ ᠲᠥᠷᠥᠯ   ᠵᠤᠢ᠌ᠯ᠎ᠢ ᠪᠦᠬᠦᠨ᠎ᠢ ᠤᠯᠤᠰ᠎ᠤᠨ ᠲᠣᠭᠲᠠᠭᠰᠠᠨ ᠨᠣᠷᠮ᠎ᠠ ᠵᠢᠨ ᠲᠡᠷᠢᠭᠦᠨ᠎ᠤ ᠥᠷᠲᠡᠭ᠎ᠤᠨ ᠪᠠᠷᠢᠮᠵᠢᠶ᠎ᠠ᠎ᠳᠤ ᠬᠦᠷᠦᠭᠦᠯᠬᠦ ᠬᠡᠷᠡᠭᠲᠡᠶ᠃
   
  (ᠭᠤᠷᠪᠠ) ᠤᠰᠤ ᠠᠷᠪᠢᠯᠠᠬᠤ ᠬᠠᠷᠠᠯᠲᠠᠲᠤ ᠬᠠᠷᠢᠭᠤᠴᠠᠯᠭ᠎ᠠ ᠵᠢᠨ ᠬᠢᠨᠠᠨ ᠰᠢᠯᠭ᠋ᠠᠬᠤ ᠵᠢ ᠥᠷᠨᠢᠭᠦᠯᠦᠨ᠎ᠡ
  ᠤᠰᠤ ᠠᠷᠪᠢᠯᠠᠬᠤ ᠬᠠᠷᠠᠯᠲᠠᠲᠤ ᠬᠠᠷᠢᠭᠤᠴᠠᠯᠭ᠎ᠠ ᠵᠢᠨ ᠲᠦᠷᠢᠮ᠎ᠢ ᠪᠠᠶ᠋ᠢᠭᠤᠯᠤᠨ ᠲᠡᠭᠦᠯᠳᠡᠷᠵᠢᠭᠦᠯᠵᠦ᠂ ᠬᠢᠨᠠᠯᠲᠠ ᠲᠠᠯᠪᠢᠵᠤ ᠬᠢᠨᠠᠨ ᠰᠢᠯᠭ᠋ᠠᠬᠤ ᠠᠵᠢᠯ᠎ᠤᠨ ᠲᠣᠭᠲᠠᠴᠠ ᠵᠢ ᠲᠡᠭᠦᠯᠳᠡᠷᠵᠢᠭᠦᠯᠦᠨ᠎ᠡ᠃ ᠤᠰᠤ ᠵᠢ ᠬᠦᠨᠵᠡᠭᠡᠢ ᠠᠷᠪᠢᠯᠠᠵᠤ ᠡᠵᠡᠮᠳᠡᠬᠦ ᠠᠵᠢᠯᠯᠠᠭ᠎ᠠ ᠵᠢᠨ ᠣᠨ᠎ᠤ ᠠᠵᠢᠯ᠎ᠤᠨ ᠲᠥᠯᠥᠪᠯᠡᠭᠡ ᠵᠢ ᠲᠣᠭᠲᠠᠭ᠋ᠠᠬᠤ ᠵᠢᠨ ᠬᠠᠮᠲᠤ᠂ ᠪᠣᠳᠠᠲᠠᠶ ᠠᠵᠢᠯ᠎ᠢ ᠤᠰᠤᠨ᠎ᠤ ᠡᠬᠢ ᠪᠠᠶᠠᠯᠢᠭ᠎ᠤᠨ ᠬᠠᠮᠢᠶᠠᠷᠤᠯᠲᠠ ᠵᠢᠨ ᠬᠠᠮᠤᠭ᠎ᠤᠨ ᠴᠢᠩᠭ᠎ᠠ ᠲᠦᠷᠢᠮ᠎ᠤᠨ ᠰᠢᠯᠭ᠋ᠠᠨ ᠬᠢᠨᠠᠬᠤ ᠵᠢ ᠬᠡᠷᠡᠭᠵᠢᠭᠦᠯᠬᠦ᠎ᠳᠤ ᠣᠷᠣᠭᠤᠯᠤᠨ᠎ᠠ᠃ ᠬᠠᠮᠢᠶ᠎ᠠ ᠪᠥᠬᠥᠢ ᠰᠠᠯᠠᠭ᠎ᠠ ᠮᠥᠴᠢᠷ᠎ᠢ ᠢᠳᠡᠪᠬᠢᠲᠡᠶ᠎ᠪᠠᠷ ᠵᠣᠬᠢᠴᠠᠭᠤᠯᠤᠨ ᠤᠰᠤ ᠵᠢ ᠠᠷᠪᠢᠯᠠᠵᠤ ᠬᠡᠷᠡᠭᠯᠡᠬᠦ ᠵᠢ ᠲᠤᠬᠠᠶ ᠵᠢᠨ ᠭᠠᠵᠠᠷ᠎ᠤᠨ ᠤᠯᠤᠰ ᠠᠷᠠᠳ᠎ᠤᠨ ᠠᠵᠤ ᠠᠬᠤᠶ ᠪᠣᠯᠤᠨ ᠨᠡᠶ᠋ᠢᠭᠡᠮ᠎ᠤᠨ ᠬᠥᠭᠵᠢᠯᠲᠡ ᠵᠢᠨ ᠲᠥᠯᠥᠪᠵᠢᠭᠦᠯᠭᠡ᠎ᠳᠤ ᠣᠷᠣᠭᠤᠯᠵᠤ᠂ ᠤᠰᠤ ᠠᠷᠪᠢᠯᠠᠬᠤ ᠵᠢ ᠬᠢᠵᠠᠭ᠋ᠠᠷᠯᠠᠬᠤ ᠴᠢᠨᠠᠷᠲᠠᠶ ᠭᠦᠢ᠍ᠴᠡᠳᠬᠡᠬᠦ ᠲᠣᠭ᠎ᠠ ᠪᠣᠯᠭ᠋ᠠᠨ ᠲᠤᠬᠠᠶ ᠵᠢᠨ ᠭᠠᠵᠠᠷ᠎ᠤᠨ ᠨᠠᠮ ᠵᠠᠰᠠᠭ᠎ᠤᠨ ᠤᠳᠤᠷᠢᠳᠬᠤ ᠪᠠᠭ ᠪᠣᠯᠤᠨ ᠤᠳᠤᠷᠢᠳᠬᠤ ᠺᠠᠳ᠋ᠷ᠎ᠤᠨ ᠵᠠᠰᠠᠭ᠎ᠤᠨ ᠠᠵᠢᠯ᠎ᠤᠨ ᠠᠮᠵᠢᠯᠲᠠ ᠵᠢ ᠬᠢᠨᠠᠨ ᠰᠢᠯᠭ᠋ᠠᠬᠤ ᠬᠡᠪᠴᠢᠶᠡᠨ  ᠎ᠳᠤ ᠣᠷᠣᠭᠤᠯᠬᠤ ᠬᠡᠷᠡᠭᠲᠡᠶ᠃ ᠤᠰᠤ ᠠᠷᠪᠢᠯᠠᠬᠤ ᠵᠢ ᠰᠢᠯᠭ᠋ᠠᠨ ᠬᠢᠨᠠᠭᠰᠠᠨ ᠦᠷ᠎ᠡ ᠳ᠋ᠦᠩ᠎ᠢ ᠲᠥᠷᠥ ᠵᠢᠨ ᠶᠠᠪᠤᠳᠠᠯ᠎ᠤᠨ ᠬᠣᠷᠢᠶ᠎ᠠ ᠵᠢᠨ ᠰᠢᠪᠠᠳᠠᠨ ᠪᠠᠶ᠋ᠢᠴᠠᠭ᠋ᠠᠵᠤ ᠤᠷᠮᠠᠰᠢᠭᠤᠯᠬᠤ ᠠᠵᠢᠯ᠎ᠯᠤᠭ᠎ᠠ ᠬᠣᠯᠪᠣᠭᠳᠠᠭᠤᠯᠵᠤ᠂ ᠰᠢᠯᠭ᠋ᠠᠨ ᠬᠢᠨᠠᠭ᠋ᠠᠳ ᠬᠢᠷᠢ ᠲᠡᠩᠴᠡᠭᠰᠡᠨ ᠥᠬᠡᠶ ᠭᠠᠵᠠᠷ ᠣᠷᠣᠨ᠎ᠢ ᠤᠰᠤᠨ ᠠᠰᠢᠭᠯᠠᠯᠲᠠ ᠵᠢᠨ ᠶᠠᠮᠤᠨ᠎ᠤ ᠵᠣᠷᠢᠭᠵᠢᠭᠤᠯᠬᠤ᠎ᠪᠠᠷ ᠪᠠᠶ᠋ᠢᠭ᠎ᠠ ᠣᠷᠣᠨ ᠨᠤᠲᠤᠭ᠎ᠤᠨ ᠨᠡᠷᠡᠰ᠎ᠲᠤ ᠵᠢᠭᠰᠠᠭ᠋ᠠᠨ ᠣᠷᠣᠭᠤᠯᠵᠤ ᠪᠣᠯᠬᠤ ᠥᠬᠡᠶ᠃
   
  (ᠲᠥᠷᠪᠡ) ᠪᠥᠳᠥᠭᠡᠨ ᠪᠠᠶ᠋ᠢᠭᠤᠯᠤᠯᠲᠠ ᠵᠢᠨ ᠲᠥᠷᠥᠯ ᠵᠦᠢ᠍ᠯ᠎ᠤᠨ ᠤᠰᠤ ᠠᠷᠪᠢᠯᠠᠬᠤ ᠪᠣᠭᠣᠮᠲᠠ ᠵᠢ ᠴᠢᠩᠭ᠎ᠠ ᠠᠳᠬᠤᠨ᠎ᠠ
    ᠤᠰᠤ ᠲᠠᠲᠠᠬᠤ ᠲᠥᠷᠥᠯ ᠵᠦᠢ᠍ᠯ᠎ᠤᠨ ᠤᠰᠤ ᠲᠠᠲᠠᠬᠤ ᠵᠥᠪᠰᠢᠶᠡᠷᠡᠯ᠎ᠤᠨ ᠱᠠᠳᠤ ᠦᠶ᠎ᠡ  ᠎ᠳᠤ᠂ ᠤᠰᠤ ᠠᠷᠪᠢᠯᠠᠬᠤ ᠦᠨᠡᠯᠡᠯᠲᠡ ᠵᠢ ᠤᠰᠤᠨ᠎ᠤ ᠡᠬᠢ ᠪᠠᠶᠠᠯᠢᠭ᠎ᠢ ᠨᠤᠳᠠᠯᠠᠬᠤ ᠴᠢᠬᠤᠯᠠ ᠠᠭᠤᠯᠭ᠎ᠠ ᠪᠣᠯᠭ᠋ᠠᠨ᠂ ᠲᠥᠷᠥᠯ ᠵᠦᠢ᠍ᠯ᠎ᠤᠨ ᠤᠰᠤ ᠠᠷᠪᠢᠯᠠᠬᠤ ᠬᠢᠷᠢ ᠬᠡᠮᠵᠢᠶ᠎ᠡ ᠵᠢ ᠴᠢᠩᠭ᠎ᠠ ᠬᠢᠨᠠᠨ ᠬᠠᠷᠭᠤᠭᠤᠯᠵᠤ᠂ ᠤᠰᠤ ᠶᠡᠬᠡ ᠬᠣᠷᠣᠭᠳᠠᠭᠤᠯᠬᠤ ᠲᠥᠷᠥᠯ ᠵᠦᠢ᠍ᠯ᠎ᠤᠨ ᠪᠥᠳᠥᠭᠡᠨ ᠪᠠᠶ᠋ᠢᠭᠤᠯᠤᠯᠲᠠ ᠵᠢ ᠴᠢᠩᠭ᠎ᠠ ᠬᠢᠵᠠᠭ᠋ᠠᠷᠯᠠᠬᠤ ᠬᠡᠷᠡᠭᠲᠡᠶ᠃ ᠤᠰᠤ ᠲᠠᠲᠠᠬᠤ ᠵᠥᠪᠰᠢᠶᠡᠷᠡᠯ᠎ᠢ ᠨᠢᠭᠡᠨᠲᠡ ᠵᠥᠪᠰᠢᠶᠡᠷᠡᠭᠰᠡᠨ ᠲᠥᠷᠥᠯ ᠵᠦᠢ᠍ᠯ᠎ᠳᠤ᠂ ᠤᠰᠤ ᠬᠡᠷᠡᠭᠯᠡᠬᠦ ᠤᠷ᠎ᠠ ᠮᠡᠷᠭᠡᠰᠢᠯ᠂ ᠮᠡᠷᠭᠡᠵᠢᠯ᠂ ᠲᠥᠬᠥᠭᠡᠷᠦᠮᠵᠢ ᠬᠣᠴᠣᠷᠤᠩᠭᠤᠶ᠎ᠠᠴᠠ ᠪᠣᠯᠣᠭ᠋ᠠᠳ ᠤᠳᠤ ᠵᠢᠨ ᠬᠡᠷᠡᠭᠵᠢᠭᠦᠯᠵᠦ ᠪᠠᠶ᠋ᠢᠭ᠎ᠠ ᠤᠰᠤ ᠠᠷᠪᠢᠯᠠᠬᠤ ᠪᠠᠷᠢᠮᠵᠢᠶ᠎ᠠ᠎ᠳᠤ ᠬᠥᠷᠥᠭᠰᠡᠨ ᠥᠭᠡᠢ ᠪᠣᠯ ᠬᠠᠮᠢᠶ᠎ᠠ ᠪᠥᠬᠥᠢ   ᠨᠢᠭᠡᠴᠢ ᠵᠢ ᠱᠠᠭ᠋ᠠᠷᠳᠠᠵᠤ ᠪᠠᠶ᠋ᠢᠭ᠋ᠠᠳ ᠬᠤᠭᠤᠴᠠᠭ᠎ᠠ ᠬᠢᠵᠠᠭ᠋ᠠᠷᠯᠠᠨ ᠤᠰᠤ ᠠᠷᠪᠢᠯᠠᠬᠤ ᠥᠭᠡᠷᠡᠴᠢᠯᠡᠯᠲᠡ ᠬᠢᠯᠭᠡᠬᠦ ᠬᠡᠷᠡᠭᠲᠡᠶ᠂ ᠥᠭᠡᠷᠡᠴᠢᠯᠡᠭᠰᠡᠨ᠎ᠤ ᠲᠠᠷᠠᠭ᠎ᠠ ᠮᠦᠨ ᠬᠦ᠌ ᠤᠳᠤ ᠵᠢᠨ ᠬᠡᠷᠡᠭᠵᠢᠭᠦᠯᠵᠦ ᠪᠠᠶ᠋ᠢᠭ᠎ᠠ ᠤᠰᠤ ᠠᠷᠪᠢᠯᠠᠬᠤ ᠪᠠᠷᠢᠮᠵᠢᠶ᠎ᠠ᠎ᠳᠤ ᠬᠥᠷᠥᠭᠰᠡᠨ ᠥᠭᠡᠢ ᠪᠣᠯ ᠤᠰᠤ ᠲᠠᠲᠠᠬᠤ ᠵᠥᠪᠰᠢᠶᠡᠷᠡᠯ᠎ᠢ ᠤᠷᠳᠤᠳᠬᠠᠬᠤ ᠦᠶ᠎ᠡ᠎ᠳᠤ ᠬᠢᠨᠠᠨ ᠵᠦᠪᠰᠢᠶᠡᠷᠡᠵᠦ ᠪᠤᠯᠬᠤ ᠦᠭᠡᠢ᠃ ᠤᠰᠤ ᠠᠷᠪᠢᠯᠠᠬᠤ ᠦᠨᠡᠯᠡᠯᠲᠡ ᠵᠢᠨ ᠵᠠᠯᠭ᠋ᠠᠮᠵᠢ ᠬᠢᠨᠠᠯᠲᠠ ᠬᠠᠮᠢᠶᠠᠷᠤᠯᠲᠠ ᠵᠢ ᠴᠢᠩᠭ᠋ᠠᠳᠬᠠᠵᠤ᠂ ᠤᠰᠤ ᠠᠷᠪᠢᠯᠠᠬᠤ ᠠᠷᠭ᠎ᠠ ᠬᠡᠮᠵᠢᠶ᠎ᠡ ᠵᠢᠨ ᠲᠥᠰᠦᠯ᠎ᠢ ᠮᠥᠷᠳᠡᠨ ᠨᠠᠶ᠋ᠢᠳᠠᠪᠤᠷᠢᠵᠢᠭᠤᠯᠤᠨ᠎ᠠ᠃ ᠰᠢᠨ᠎ᠡ᠎ᠪᠠᠷ ᠪᠠᠶ᠋ᠢᠭᠤᠯᠤᠭᠰᠠᠨ᠂ ᠥᠭᠡᠷᠡᠴᠢᠯᠡᠨ ᠪᠠᠶ᠋ᠢᠭᠤᠯᠤᠭᠰᠠᠨ᠂ ᠥᠷᠭᠡᠳᠬᠡᠨ ᠪᠠᠶ᠋ᠢᠭᠤᠯᠤᠭᠰᠠᠨ ᠤᠰᠤ ᠲᠠᠲᠠᠬᠤ ᠲᠥᠷᠥᠯ ᠵᠤᠢ᠌ᠯ᠎ᠳᠤ ᠤᠰᠤ ᠠᠷᠪᠢᠯᠠᠬᠤ ᠪᠡᠯᠡᠳᠬᠡᠮᠵᠢ ᠵᠢᠨ 《ᠭᠤᠷᠪᠠ ᠵᠢ ᠬᠠᠮᠲᠤ᠎ᠳᠤᠨᠢ ᠬᠢᠬᠦ》 ᠲᠦᠷᠢᠮ᠎ᠢ ᠴᠢᠩᠭ᠎ᠠ ᠨᠠᠶ᠋ᠢᠳᠠᠪᠤᠷᠢᠵᠢᠭᠤᠯᠤᠨ᠎ᠠ᠃

    ᠭᠤᠷᠪᠠ᠂ ᠲᠠᠷᠢᠶᠠᠯᠠᠩ᠎ᠤᠨ ᠤᠰᠤ ᠠᠷᠪᠢᠯᠠᠵᠤ ᠦᠷ᠎ᠡ ᠠᠰᠢᠭ᠎ᠢ ᠨᠡᠮᠡᠭᠳᠡᠭᠦᠯᠬᠦ ᠵᠢ ᠭᠦᠨᠵᠡᠭᠡᠶ ᠬᠡᠷᠡᠭᠵᠢᠭᠦᠯᠦᠨ᠎ᠡ
 
  (ᠨᠢᠭᠡ) ᠲᠠᠷᠢᠶᠠᠯᠠᠩ᠎ᠳᠤ ᠬᠡᠷᠡᠭᠯᠡᠬᠦ ᠤᠰᠤᠨ᠎ᠤ ᠳᠠᠷᠤᠯᠲᠠ ᠵᠢ ᠪᠠᠭ᠋ᠠᠰᠬᠠᠬᠤ ᠵᠢ ᠠᠬᠢᠭᠤᠯᠤᠨ᠎ᠠ
    ᠤᠰᠤ᠎ᠪᠠᠷ ᠭᠠᠵᠠᠷ᠎ᠢ ᠲᠣᠭᠲᠠᠭ᠋ᠠᠬᠤ᠂ ᠤᠰᠤ᠎ᠪᠠᠷ ᠤᠨᠠᠯᠲᠠ ᠵᠢ ᠲᠣᠭᠲᠠᠭ᠋ᠠᠬᠤ ᠵᠢ ᠪᠠᠷᠢᠮᠲᠠᠯᠠᠵᠤ᠂ ᠲᠠᠷᠢᠶᠠᠯᠠᠩ᠎ᠳᠤ ᠬᠡᠷᠡᠭᠯᠡᠬᠦ ᠤᠰᠤᠨ᠎ᠤ ᠶᠡᠷᠦᠩᠬᠡᠶ ᠬᠡᠮᠵᠢᠶ᠎ᠡ ᠵᠢ ᠴᠢᠩᠭ᠎ᠠ ᠬᠢᠵᠠᠭ᠋ᠠᠷᠯᠠᠵᠤ᠂ ᠲᠠᠷᠢᠮᠠᠯ᠎ᠤᠨ ᠦᠷᠡᠵᠢᠯ᠎ᠤᠨ ᠪᠤᠰᠤ ᠬᠤᠭᠤᠴᠠᠭ᠋ᠠᠨ᠎ᠤ ᠤᠰᠤᠯᠠᠯᠲᠠ ᠵᠢᠨ ᠤᠰᠤᠨ᠎ᠤ ᠬᠡᠮᠵᠢᠶ᠎ᠡ ᠵᠢ ᠵᠦᠢ ᠵᠣᠬᠢᠰᠲᠠᠶ᠎ᠪᠠᠷ ᠪᠠᠭ᠋ᠠᠰᠬᠠᠨ᠎ᠠ᠃ ᠬᠣᠯᠪᠣᠭᠳᠠᠯ ᠪᠥᠬᠥᠶ ᠰᠠᠯᠠᠭ᠎ᠠ ᠮᠥᠴᠢᠷ᠎ᠲᠠᠢ ᠬᠠᠮᠲᠤᠷᠠᠨ ᠨᠢᠩᠰᠢᠶᠠ ᠥᠪᠥᠷ ᠮᠣᠩᠭᠣᠯ᠎ᠤᠨ ᠬᠠᠲᠤᠨ ᠭᠣᠤᠯ᠎ᠤᠨ ᠤᠰᠤᠯᠠᠯᠲᠠ ᠵᠢᠨ ᠣᠷᠣᠨ᠎ᠳᠤ ᠲᠠᠷᠢᠶᠠᠯᠠᠩ᠎ᠤᠨ ᠤᠰᠤᠯᠠᠯᠲᠠ ᠵᠢᠨ ᠲᠠᠯᠠᠪᠠᠶ ᠵᠢᠨ ᠨᠡᠮᠡᠭᠳᠡᠯ᠎ᠢ ᠴᠢᠩᠭ᠎ᠠ ᠬᠢᠵᠠᠭ᠋ᠠᠷᠯᠠᠵᠤ᠂ ᠲᠠᠷᠢᠮᠠᠯ᠎ᠤᠨ ᠪᠦᠲᠦᠴᠡ ᠵᠢ ᠰᠢᠯᠢᠳᠡᠭᠵᠢᠭᠦᠯᠦᠨ᠂ ᠤᠰᠤ ᠶᠡᠬᠡ ᠬᠣᠷᠣᠭᠳᠠᠭᠤᠯᠬᠤ ᠲᠠᠷᠢᠮᠠᠯ᠎ᠤᠨ ᠲᠠᠯᠠᠪᠠᠶ ᠵᠢ ᠪᠠᠭ᠋ᠠᠰᠬᠠᠨ᠎ᠠ; ᠹᠸᠨ ᠸᠧᠶ ᠵᠢᠨ ᠲᠠᠯ᠎ᠠ ᠭᠠᠵᠠᠷ᠎ᠤᠨ ᠭᠠᠵᠠᠷ ᠳᠣᠤᠷᠠᠬᠢ ᠤᠰᠤ ᠵᠢ ᠬᠡᠲᠦ ᠮᠠᠯᠲᠠᠭᠰᠠᠨ ᠤᠰᠤᠯᠠᠯᠲᠠ ᠵᠢᠨ ᠣᠷᠣᠨ᠎ᠳᠤ ᠬᠠᠮᠠᠭ᠋ᠠᠯᠠᠯᠲᠠ ᠵᠢᠨ ᠴᠢᠨᠠᠷᠲᠠᠶ ᠲᠠᠷᠢᠶᠠᠯᠠᠭ᠎ᠠ ᠵᠢ ᠬᠡᠷᠡᠭᠵᠢᠭᠦᠯᠵᠦ᠂ ᠡᠭᠡᠯᠵᠢᠯᠡᠨ ᠳᠠᠷᠢᠬᠤ ᠮᠡᠷᠭᠡᠵᠢᠯ᠎ᠤᠨ ᠵᠠᠭᠪᠤᠷ᠎ᠢ ᠳᠡᠯᠭᠡᠷᠡᠭᠦᠯᠦᠨ᠂ ᠭᠠᠵᠠᠷ ᠳᠣᠤᠷᠠᠬᠢ ᠤᠰᠤ ᠵᠢ ᠲᠠᠲᠠᠵᠤ ᠬᠡᠷᠡᠭᠯᠡᠬᠦ ᠵᠢ ᠴᠢᠩᠭ᠎ᠠ ᠬᠢᠵᠠᠭ᠋ᠠᠷᠯᠠᠵᠤ᠂ ᠭᠠᠵᠠᠷ ᠳᠣᠤᠷᠠᠬᠢ ᠤᠰᠤ ᠵᠢ ᠨᠡᠭᠡᠭᠡᠨ ᠮᠠᠯᠲᠠᠬᠤ ᠵᠢ ᠪᠠᠭ᠋ᠠᠰᠬᠠᠨ᠎ᠠ; ᠱᠠᠨᠳᠦ᠋ᠩ ᠡᠾᠧᠨᠠᠨ᠎ᠤ ᠬᠠᠳᠤᠨ ᠭᠣᠣᠯ᠎ᠤᠨ ᠤᠰᠤ ᠵᠢ ᠲᠠᠲᠠᠬᠤ ᠤᠰᠤᠯᠤᠯᠲᠠ ᠵᠢᠨ ᠣᠷᠣᠨ᠎ᠳᠤ ᠬᠠᠳᠤᠨ ᠭᠣᠣᠯ᠎ᠤᠨ ᠤᠰᠤ ᠵᠢ ᠲᠠᠲᠠᠬᠤ ᠬᠡᠪᠴᠢᠶ᠎ᠡ ᠵᠢ ᠬᠢᠵᠠᠭ᠋ᠠᠷᠯᠠᠵᠤ᠂ ᠤᠰᠤ ᠠᠷᠪᠢᠯᠠᠬᠤ ᠤᠰᠤᠯᠠᠯᠲᠠ ᠵᠢ ᠶᠡᠬᠡᠪᠡᠷ ᠬᠥᠭᠵᠢᠭᠦᠯᠦᠨ᠎ᠡ᠃ ᠬᠠᠲᠤᠨ ᠭᠣᠣᠯ᠎ᠤᠨ ᠳᠡᠭᠡᠳᠦ ᠳᠤᠮᠳᠠᠳᠤ ᠤᠷᠤᠰᠬᠠᠯ᠎ᠳᠤ ᠤᠰᠤᠨ᠎ᠤ ᠪᠠᠶ᠋ᠢᠳᠠᠯ᠎ᠳᠤᠨᠢ ᠲᠣᠬᠢᠷᠠᠭᠤᠯᠤᠨ ᠬᠠᠭᠤᠷᠠᠶ ᠲᠠᠷᠢᠶᠠᠯᠠᠭ᠎ᠠ ᠵᠢᠨ ᠤᠰᠤ ᠠᠷᠪᠢᠯᠠᠬᠤ ᠮᠡᠷᠭᠡᠵᠢᠯ᠎ᠢ ᠳᠡᠯᠭᠡᠷᠡᠭᠦᠯᠵᠦ᠂ ᠬᠠᠭᠤᠷᠠᠶ ᠲᠠᠷᠢᠶᠠᠯᠠᠭ᠎ᠠ ᠵᠢᠨ ᠤᠰᠤ ᠠᠷᠪᠢᠯᠠᠬᠤ ᠲᠠᠷᠢᠶᠠᠯᠠᠩ᠎ᠢ ᠬᠥᠭᠵᠢᠭᠦᠯᠦᠨ᠎ᠡ᠃
   
 (ᠬᠣᠶᠠᠷ) ᠲᠤᠮᠤ ᠳᠤᠮᠳᠠ ᠬᠡᠯᠪᠡᠷᠢ ᠵᠢᠨ ᠤᠰᠤᠯᠠᠯᠲᠠ ᠵᠢᠨ ᠣᠷᠣᠨ᠎ᠤ ᠦᠷᠭᠦᠯᠵᠢᠯᠡᠨ ᠪᠠᠶ᠋ᠢᠭᠤᠯᠵᠤ ᠢᠵᠢ ᠪᠦᠷᠢᠳᠦᠭᠦᠯᠬᠦ ᠪᠠ ᠣᠳᠣᠬᠢᠴᠢᠯᠠᠭᠰᠠᠨ ᠥᠭᠡᠷᠡᠴᠢᠯᠡᠯᠲᠡ ᠵᠢ ᠲᠥᠯᠬᠢᠨ ᠠᠬᠢᠭᠤᠯᠤᠨ᠎ᠠ
    ᠬᠠᠲᠤᠨ ᠭᠣᠣᠯ᠎ᠤᠨ ᠳᠡᠭᠡᠳᠦ ᠤᠷᠤᠰᠬᠠᠯ ᠪᠣᠯᠬᠤ ᠭᠠᠨᠰᠦ ᠵᠢᠨ ᠬᠠᠳᠤᠨ ᠭᠣᠣᠯ᠎ᠤᠨ ᠥᠨᠳᠥᠷ ᠲᠠᠲᠠᠬᠤ ᠤᠰᠤᠯᠠᠯᠲᠠ ᠵᠢᠨ ᠣᠷᠣᠨ ᠪᠣᠯᠤᠨ ᠨᠢᠩᠰᠢᠶᠠ ᠥᠪᠥᠷ ᠮᠣᠩᠭᠣᠯ᠎ᠤᠨ ᠬᠠᠳᠤᠨ ᠭᠣᠣᠯ  ᠎ᠤᠨ ᠤᠰᠤ ᠵᠢ ᠲᠠᠲᠠᠬᠤ ᠤᠰᠤᠯᠠᠯᠲᠠ ᠵᠢᠨ ᠣᠷᠣᠨ᠂ ᠳᠤᠮᠳᠠᠳᠤ ᠤᠷᠤᠰᠬᠠᠯ᠎ᠤᠨ ᠹᠸᠨ   ᠸᠧᠶ ᠭᠣᠣᠯ᠎ᠤᠨ ᠤᠰᠤᠯᠠᠯᠲᠠ ᠵᠢᠨ ᠣᠷᠣᠨ᠂ ᠲᠤᠤᠷᠠᠳᠤ ᠤᠷᠤᠰᠬᠠᠯ᠎ᠤᠨ ᠬᠠᠳᠤᠨ ᠭᠣᠣᠯ᠎ᠤᠨ ᠤᠰᠤ ᠵᠢ ᠲᠠᠲᠠᠬᠤ ᠤᠰᠤᠯᠠᠯᠲᠠ ᠵᠢᠨ ᠣᠷᠣᠨ ᠵᠡᠷᠭᠡ ᠭᠣᠣᠯᠳᠠᠯᠭ᠎ᠠ᠎ᠲᠠᠢ ᠤᠰᠤᠯᠠᠯᠲᠠ ᠵᠢᠨ ᠣᠷᠣᠨ᠎ᠢ ᠦᠷᠭᠦᠯᠵᠢᠯᠡᠨ ᠪᠠᠶ᠋ᠢᠭᠤᠯᠵᠤ ᠢᠵᠢ ᠪᠦᠷᠢᠳᠦᠭᠦᠯᠬᠦ ᠪᠠ ᠣᠳᠣᠬᠢᠴᠢᠯᠠᠭᠰᠠᠨ   ᠦᠭᠡᠷᠡᠴᠢᠯᠡᠯᠳᠡ ᠵᠢ ᠢᠳᠡᠪᠬᠢᠲᠡᠶ᠎ᠪᠠᠷ ᠲᠥᠯᠬᠢᠨ ᠠᠬᠢᠭᠤᠯᠵᠤ᠂ ᠤᠰᠤᠯᠠᠯᠲᠠ ᠵᠢᠨ ᠣᠷᠣᠨ᠎ᠤ ᠤᠰᠤ ᠬᠡᠷᠡᠭᠯᠡᠬᠦ ᠬᠡᠮᠵᠢᠶ᠎ᠡ ᠵᠢ ᠬᠡᠮᠵᠢᠬᠦ ᠪᠡᠯᠡᠳᠬᠡᠮᠵᠢ ᠵᠢᠨ ᠢᠵᠢ ᠪᠦᠷᠢᠳᠦᠭᠦᠯᠬᠦ ᠪᠥᠳᠥᠭᠡᠨ ᠪᠠᠶ᠋ᠢᠭᠤᠯᠤᠯᠲᠠ ᠵᠢ ᠲᠥᠯᠬᠢᠨ ᠠᠬᠢᠭᠤᠯᠵᠤ᠂ ᠤᠰᠤᠯᠠᠯᠲᠠ ᠵᠢᠨ ᠣᠷᠣᠨ᠎ᠤ ᠤᠰᠤ ᠬᠡᠷᠡᠭᠯᠡᠬᠦ ᠬᠠᠮᠢᠶᠠᠷᠤᠯᠲᠠ ᠵᠢ ᠴᠢᠩᠭ᠋ᠠᠳᠬᠠᠨ᠂ ᠤᠰᠤ ᠳᠠᠮᠵᠢᠭᠤᠯᠬᠤ ᠪᠠ ᠤᠰᠤ ᠲᠣᠬᠢᠷᠠᠭᠤᠯᠬᠤ ᠦᠷ᠎ᠡ ᠪᠦᠲᠦᠮᠵᠢ ᠵᠢ ᠳᠡᠭᠡᠭᠰᠢᠯᠡᠭᠦᠯᠦᠨ᠎ᠡ᠃ 《ᠨᠢᠭᠡ ᠪᠦᠯᠦᠭ᠎ᠨᠢ ᠪᠣᠯᠪᠠᠰᠤᠷᠠᠩᠭᠤᠶ ᠪᠣᠯᠪᠠᠯ ᠨᠢᠭᠡ ᠪᠦᠯᠦᠭ᠎ᠢ ᠪᠥᠳᠥᠭᠡᠨ ᠪᠠᠶ᠋ᠢᠭᠤᠯᠬᠤ》 ᠵᠠᠷᠴᠢᠮ᠎ᠤᠨ ᠶᠣᠰᠣᠭ᠋ᠠᠷ᠂ ᠲᠤᠮᠤ ᠳᠤᠮᠳᠠ ᠬᠡᠯᠪᠡᠷᠢ ᠵᠢᠨ ᠤᠰᠤᠯᠠᠯᠲᠠ ᠵᠢᠨ ᠣᠷᠣᠨ᠎ᠤ ᠣᠳᠣᠬᠢᠴᠢᠯᠠᠬᠤ ᠪᠥᠳᠥᠭᠡᠨ ᠪᠠᠶ᠋ᠢᠭᠤᠯᠤᠯᠲᠠ ᠵᠢ ᠬᠡᠷᠡᠭᠵᠢᠭᠦᠯᠦᠨ᠎ᠡ᠃ ᠥᠨᠳᠥᠷ ᠪᠠᠷᠢᠮᠵᠢᠶᠠᠲᠤ ᠲᠠᠷᠢᠶᠠᠨ ᠭᠠᠵᠠᠷ᠎ᠤᠨ ᠪᠥᠳᠥᠭᠡᠨ ᠪᠠᠶ᠋ᠢᠭᠤᠯᠤᠯᠲᠠ᠎ᠲᠠᠢ ᠤᠶᠠᠯᠳᠤᠭᠤᠯᠤᠨ᠂ ᠪᠢᠴᠢᠯ ᠤᠰᠤᠯᠠᠯᠲᠠ᠂ ᠬᠣᠭᠣᠯᠠᠶ᠎ᠪᠠᠷ ᠤᠰᠤᠯᠠᠬᠤ᠂ ᠰᠦᠷᠴᠢᠨ ᠤᠰᠤᠯᠠᠬᠤ ᠵᠡᠷᠭᠡ ᠥᠨᠳᠥᠷ ᠦᠷ᠎ᠡ ᠪᠦᠲᠦᠮᠵᠢᠲᠡᠶ ᠤᠰᠤ ᠠᠷᠪᠢᠯᠠᠬᠤ ᠤᠰᠤᠯᠠᠯᠲᠠ ᠵᠢᠨ ᠮᠡᠷᠭᠡᠵᠢᠯ᠎ᠢ ᠢᠳᠡᠪᠬᠢᠲᠡᠶ᠎ᠪᠠᠷ ᠳᠡᠯᠭᠡᠷᠡᠭᠦᠯᠦᠨ᠎ᠡ᠃ ᠤᠰᠤᠯᠠᠯᠲᠠ ᠵᠢᠨ ᠲᠤᠷᠰᠢᠯᠲᠠ ᠵᠢᠨ ᠥᠷᠲᠡᠭᠡᠨ᠎ᠤ ᠲᠣᠣᠷ᠎ᠤᠨ ᠰᠢᠰᠲᠸᠮ᠎ᠢ ᠲᠡᠭᠦᠯᠳᠡᠷᠵᠢᠭᠦᠯᠦᠨ᠂ ᠤᠰᠤᠯᠠᠯᠲᠠ ᠵᠢᠨ ᠰᠠᠭᠤᠷᠢ ᠲᠣᠭ᠎ᠠ ᠪᠠᠷᠢᠮᠲᠠ ᠵᠢ ᠰᠢᠨᠵᠢᠯᠡᠬᠦ ᠤᠬᠠᠭ᠋ᠠᠨᠴᠢ᠎ᠪᠠᠷ ᠴᠤᠭᠯᠠᠭᠤᠯᠵᠤ᠂ ᠲᠣᠬᠢᠷᠠᠮᠵᠢᠲᠠᠶ ᠤᠰᠤ ᠠᠷᠪᠢᠯᠠᠬᠤ ᠤᠰᠤᠯᠠᠯᠲᠠ ᠵᠢᠨ ᠲᠥᠷᠢᠮ ᠪᠣᠯᠤᠨ ᠮᠡᠷᠭᠡᠵᠢᠯ᠎ᠢ ᠳᠡᠯᠭᠡᠷᠡᠭᠦᠯᠬᠦ᠎ᠳᠤ ᠲᠤᠯᠭ᠋ᠠᠭᠤᠷᠢᠯᠠᠯ ᠬᠠᠩᠭ᠋ᠠᠨ᠎ᠠ᠃

   (ᠭᠤᠷᠪᠠ) ᠲᠠᠷᠢᠶᠠᠯᠠᠩ᠎ᠤᠨ ᠤᠰᠤᠨ᠎ᠤ ᠦᠨ᠎ᠡ ᠵᠢᠨ ᠶᠡᠷᠦᠩᠬᠡᠶ᠋ᠢᠯᠡᠭᠰᠡᠨ ᠥᠭᠡᠷᠡᠴᠢᠯᠡᠯᠲᠡ ᠵᠢ ᠭᠦᠨᠵᠡᠭᠡᠶ᠋ᠢᠷᠡᠭᠦᠯᠦᠨ᠎ᠡ
  ᠲᠠᠷᠢᠶᠠᠯᠠᠩ᠎ᠤᠨ ᠤᠰᠤᠨ᠎ᠤ ᠦᠨ᠎ᠡ ᠬᠠᠩᠰᠢ ᠵᠢᠨ ᠪᠦᠷᠢᠯᠳᠦᠬᠦ ᠲᠣᠭᠲᠠᠴᠠ ᠵᠢ ᠲᠡᠭᠦᠯᠳᠡᠷᠵᠢᠭᠦᠯᠬᠦ ᠵᠢ ᠲᠦᠷᠭᠡᠳᠬᠡᠨ ᠠᠬᠢᠭᠤᠯᠵᠤ᠂ ᠤᠰᠤᠯᠠᠯᠲᠠ ᠵᠢᠨ ᠣᠷᠣᠨ᠎ᠤ ᠤᠰᠤ ᠬᠠᠩᠭ᠋ᠠᠬᠤ ᠥᠪᠡᠷ᠎ᠤᠨ ᠥᠷᠲᠡᠭ᠎ᠤᠨ ᠲᠣᠭ᠋ᠠᠴᠠᠭ᠎ᠠ ᠪᠠ ᠦᠨ᠎ᠡ ᠬᠠᠩᠰᠢ ᠵᠢᠨ ᠲᠣᠬᠢᠷᠠᠭᠤᠯᠤᠯᠲᠠ ᠵᠢ ᠠᠬᠢᠭᠤᠯᠤᠨ᠂ ᠲᠠᠷᠢᠶᠠᠯᠠᠩ᠎ᠤᠨ ᠤᠰᠤ ᠬᠡᠷᠡᠭᠯᠡᠬᠦ᠎ᠳᠤ ᠨᠠᠷᠢᠯᠢᠭ ᠣᠨᠣᠴᠠᠲᠠᠶ᠎ᠪᠠᠷ ᠨᠥᠬᠥᠪᠥᠷᠢ ᠥᠭᠬᠦ ᠪᠠ ᠤᠰᠤ ᠠᠷᠪᠢᠯᠠᠬᠤ ᠵᠢ ᠱᠠᠩᠨᠠᠬᠤ ᠲᠣᠭᠲᠠᠴᠠ ᠵᠢ ᠪᠠᠶ᠋ᠢᠭᠤᠯᠵᠤ᠂ ᠨᠡᠶ᠋ᠢᠭᠡᠮ᠎ᠤᠨ ᠬᠥᠷᠥᠩᠭᠡ ᠵᠢ ᠬᠥᠲᠥᠯᠦᠨ ᠵᠢᠯᠣᠭᠣᠳᠴᠤ ᠪᠠᠶ᠋ᠢᠭ᠋ᠠᠳ ᠤᠰᠤᠯᠠᠯᠲᠠ ᠵᠢᠨ ᠣᠷᠣᠨ᠎ᠤ ᠪᠥᠲᠥᠭᠡᠨ ᠪᠠᠶ᠋ᠢᠭᠤᠯᠤᠯᠲᠠ ᠪᠠ ᠡᠵᠡᠩᠨᠡᠯᠲᠡ ᠬᠠᠮᠢᠶᠠᠷᠤᠯᠲᠠ᠎ᠳᠤ ᠣᠷᠣᠯᠴᠠᠭᠤᠯᠵᠤ᠂ ᠲᠠᠷᠢᠶᠠᠯᠠᠩ᠎ᠤᠨ ᠤᠰᠤᠨ᠎ᠤ ᠦᠨ᠎ᠡ ᠬᠠᠩᠰᠢ ᠵᠢᠨ ᠶᠡᠷᠦᠩᠬᠡᠶ᠋ᠢᠯᠡᠭᠰᠡᠨ ᠥᠭᠡᠷᠡᠴᠢᠯᠡᠯᠲᠡ ᠵᠢᠨ ᠲᠠᠯᠠᠪᠠᠶ ᠵᠢ ᠠᠯᠬᠤᠮ ᠠᠯᠬᠤᠮ ᠵᠶ᠋ᠠᠷ ᠥᠷᠭᠡᠳᠬᠡᠨ᠎ᠡ᠃ 2025 ᠣᠨ ᠪᠣᠯᠬᠤ᠎ᠳᠤ᠂ ᠲᠠᠷᠢᠶᠠᠯᠠᠩ᠎ᠤᠨ ᠤᠰᠤᠨ᠎ᠤ ᠦᠨ᠎ᠡ ᠵᠢᠨ ᠶᠡᠷᠦᠩᠬᠡᠶ᠋ᠢᠯᠡᠭᠰᠡᠨ ᠥᠭᠡᠷᠡᠴᠢᠯᠡᠯᠲᠡ ᠵᠢᠨ ᠡᠭᠦᠷᠭᠡ ᠵᠢ ᠪᠥᠬᠥ ᠲᠠᠯ᠎ᠠ᠎ᠪᠠᠷ ᠪᠡᠶᠡᠯᠡᠭᠦᠯᠦᠨ᠎ᠡ᠃
   
  ᠳᠥᠷᠪᠡ᠂ ᠠᠵᠤ ᠦᠢ᠍ᠯᠡᠳᠪᠤᠷᠢ ᠵᠢᠨ ᠤᠰᠤ ᠠᠷᠪᠢᠯᠠᠵᠤ ᠪᠣᠬᠢᠷᠲᠤᠯ ᠪᠣᠳᠠᠰ ᠭᠠᠳᠠᠭᠰᠢᠯᠠᠭᠤᠯᠬᠤ ᠬᠡᠮᠵᠢᠶ᠎ᠡ ᠵᠢ ᠪᠠᠭ᠋ᠠᠰᠬᠠᠬᠤ ᠵᠢ ᠭᠦᠨᠵᠡᠭᠡᠶ ᠬᠡᠷᠡᠭᠵᠢᠭᠦᠯᠦᠨ᠎ᠡ
 
   (ᠨᠢᠭᠡ) ᠤᠰᠤ ᠠᠷᠪᠢᠯᠠᠬᠤ ᠬᠡᠯᠪᠡᠷᠢ ᠵᠢᠨ ᠠᠵᠤ ᠠᠬᠤᠶ᠋ᠢᠯᠠᠯ ᠪᠣᠯᠤᠨ ᠬᠦᠷᠢᠶᠡᠯᠡᠩ ᠲᠣᠭᠣᠷᠢᠭ᠎ᠤᠨ ᠪᠥᠳᠥᠭᠡᠨ ᠪᠠᠶ᠋ᠢᠭᠤᠯᠤᠯᠲᠠ ᠵᠢ ᠲᠥᠯᠬᠢᠨ ᠠᠬᠢᠭᠤᠯᠤᠨ᠎ᠠ
    ᠤᠰᠤ ᠠᠷᠪᠢᠯᠠᠬᠤ ᠬᠡᠯᠪᠡᠷᠢ ᠵᠢᠨ ᠠᠵᠤ ᠠᠬᠤᠶ᠋ᠢᠯᠠᠯ᠂ ᠤᠰᠤ ᠠᠷᠪᠢᠯᠠᠬᠤ ᠬᠡᠯᠪᠡᠷᠢ ᠵᠢᠨ ᠠᠵᠤ ᠦᠢ᠍ᠯᠡᠳᠪᠦᠷᠢ ᠵᠢᠨ ᠬᠦᠷᠢᠶᠡᠯᠡᠩ ᠲᠣᠭᠣᠷᠢᠭ᠎ᠤᠨ ᠪᠦᠲᠦᠭᠡᠨ ᠪᠠᠶ᠋ᠢᠭᠤᠯᠤᠯᠲᠠ ᠵᠢ ᠠᠬᠢᠭᠤᠯᠬᠤ ᠤᠷᠮᠠᠰᠢᠭᠤᠯᠬᠤ ᠲᠥᠷᠥ ᠵᠢᠨ ᠪᠣᠳᠣᠯᠭ᠎ᠠ ᠵᠢ ᠪᠠᠶ᠋ᠢᠭᠤᠯᠵᠤ᠂ ᠤᠰᠤ ᠠᠷᠪᠢᠯᠠᠬᠤ ᠬᠡᠯᠪᠡᠷᠢ ᠵᠢᠨ ᠠᠵᠤ ᠠᠬᠤᠶ᠋ᠢᠯᠠᠯ ᠪᠣᠯᠤᠨ ᠤᠰᠤ ᠠᠷᠪᠢᠯᠠᠬᠤ ᠬᠡᠯᠪᠡᠷᠢ ᠵᠢᠨ ᠠᠵᠤ ᠦᠢ᠍ᠯᠡᠳᠪᠦᠷᠢ ᠵᠢᠨ ᠬᠦᠷᠢᠶᠡᠯᠡᠩ ᠲᠣᠭᠣᠷᠢᠭ᠎ᠤᠨ ᠪᠥᠳᠥᠭᠡᠨ ᠪᠠᠶ᠋ᠢᠭᠤᠯᠤᠯᠲᠠ ᠵᠢ ᠶᠡᠬᠡᠪᠡᠷ ᠲᠥᠯᠬᠢᠨ ᠠᠬᠢᠭᠤᠯᠵᠤ᠂ ᠤᠯᠤᠰ᠎ᠤᠨ ᠪᠠᠷᠢᠮᠵᠢᠶ᠎ᠠ᠎ᠲᠠᠢ ᠬᠠᠷᠢᠴᠠᠭᠤᠯᠵᠤ᠂ ᠠᠵᠤ ᠦᠢ᠍ᠯᠡᠳᠪᠦᠷᠢ ᠵᠢᠨ ᠠᠵᠤ ᠠᠬᠤᠶ᠋ᠢᠯᠠᠯ᠎ᠢ ᠬᠥᠲᠥᠯᠥᠨ ᠵᠢᠯᠣᠭᠣᠳᠴᠤ ᠪᠠᠶ᠋ᠢᠭ᠋ᠠᠳ ᠤᠰᠤ ᠠᠷᠪᠢᠯᠠᠬᠤ ᠮᠡᠷᠭᠡᠵᠢᠯ᠎ᠤᠨ ᠥᠭᠡᠷᠡᠴᠢᠯᠡᠯᠲᠡ ᠬᠢᠯᠭᠡᠵᠦ᠂ ᠠᠵᠤ ᠦᠢ᠍ᠯᠡᠳᠪᠦᠷᠢ ᠵᠢᠨ ᠬᠦᠷᠢᠶᠡᠯᠡᠩ ᠲᠣᠭᠣᠷᠢᠭ᠎ᠲᠤ ᠠᠵᠤ ᠠᠬᠤᠶ᠋ᠢᠯᠠᠯ᠎ᠤᠨ ᠬᠣᠭᠣᠷᠣᠨᠳᠣ᠎ᠪᠠᠨ ᠬᠣᠯᠪᠣᠯᠳᠤᠨ ᠤᠰᠤ ᠬᠡᠷᠡᠭᠯᠡᠬᠦ᠂ ᠱᠠᠲᠤᠯᠠᠨ ᠤᠰᠤ ᠬᠡᠷᠡᠭᠯᠡᠬᠦ᠂ ᠤᠷᠴᠢᠯᠳᠤᠭᠤᠯᠤᠨ ᠤᠰᠤ ᠬᠡᠷᠡᠭᠯᠡᠬᠦ ᠵᠢ ᠬᠡᠷᠡᠭᠵᠢᠭᠦᠯᠦᠨ᠂ ᠠᠵᠤ ᠦᠢ᠍ᠯᠡᠳᠪᠦᠷᠢ ᠵᠢᠨ ᠬᠠᠶᠠᠭᠳᠠᠮᠠᠯ ᠤᠰᠤ ᠵᠢ 《ᠪᠠᠷᠤᠭ ᠭᠠᠳᠠᠭᠰᠢᠯᠠᠭᠤᠯᠬᠤ ᠥᠭᠡᠢ ᠪᠠᠶ᠋ᠢᠬᠤ》 ᠵᠢ ᠠᠬᠢᠭᠤᠯᠵᠤ᠂ ᠪᠠᠷᠢᠮᠵᠢᠶ᠎ᠠ᠎ᠳᠤ ᠬᠥᠷᠥᠭᠰᠡᠨ ᠠᠵᠤ ᠠᠬᠤᠶ᠋ᠢᠯᠠᠯ᠂ ᠬᠦᠷᠢᠶᠡᠯᠡᠩ ᠲᠣᠭᠣᠷᠢᠭ᠎ᠲᠤ ᠰᠤᠭᠤᠴᠢᠨ ᠪᠠᠶ᠋ᠢᠴᠠᠭ᠋ᠠᠬᠤ ᠪᠠ ᠲᠠᠬᠢᠨ ᠦᠨᠡᠯᠡᠬᠦ ᠠᠵᠢᠯ᠎ᠢ ᠵᠣᠬᠢᠶᠠᠨ ᠪᠠᠶ᠋ᠢᠭᠤᠯᠤᠨ ᠥᠷᠨᠢᠭᠦᠯᠦᠨ᠎ᠡ᠃ 2025 ᠣᠨ ᠪᠣᠯᠬᠤ᠎ᠳᠤ᠂ ᠢᠯᠴᠢ ᠵᠢᠨ ᠴᠠᠬᠢᠯᠭ᠋ᠠᠨ᠂ ᠪᠣᠯᠣᠳ ᠲᠡᠮᠦᠷ᠂ ᠬᠢᠮᠢ ᠵᠢᠨ ᠠᠵᠤ ᠦᠢ᠍ᠯᠡᠳᠪᠤᠷᠢ ᠵᠢᠨ ᠠᠵᠢᠯ ᠲᠥᠷᠥᠯ᠎ᠤᠨ ᠬᠡᠪᠴᠢᠶᠡᠵᠢᠯ᠎ᠠᠴᠠ ᠳᠡᠭᠡᠭᠰᠢᠬᠢ ᠠᠵᠤ ᠠᠬᠤᠶ᠋ᠢᠯᠠᠯ᠎ᠢ ᠪᠦᠬᠦᠨ᠎ᠢ ᠤᠰᠤ ᠠᠷᠪᠢᠯᠠᠬᠤ ᠬᠡᠯᠪᠡᠷᠢ ᠵᠢᠨ ᠠᠵᠤ ᠠᠬᠤᠶ᠋ᠢᠯᠠᠯ ᠪᠣᠯᠭ᠋ᠠᠨ ᠪᠠᠶ᠋ᠢᠭᠤᠯᠵᠤ᠂ ᠨᠢᠭᠡ ᠪᠦᠯᠦᠭ ᠤᠰᠤ ᠠᠷᠪᠢᠯᠠᠬᠤ ᠬᠡᠯᠪᠡᠷᠢ ᠵᠢᠨ ᠬᠦᠷᠢᠶᠡᠯᠡᠩ ᠲᠣᠭᠣᠷᠢᠭ᠎ᠢ ᠪᠠᠶ᠋ᠢᠭᠤᠯᠤᠨ᠎ᠠ᠃
   
  (ᠬᠣᠶᠠᠷ) ᠲᠡᠷᠢᠭᠦᠨ᠎ᠤ ᠠᠵᠤ ᠦᠢ᠍ᠯᠡᠳᠪᠦᠷᠢ ᠵᠢᠨ ᠤᠰᠤ ᠠᠷᠪᠢᠯᠠᠬᠤ ᠮᠡᠷᠭᠡᠵᠢᠯ᠎ᠤᠨ ᠲᠤᠨᠤᠭ ᠲᠥᠬᠥᠭᠡᠷᠦᠮᠵᠢ ᠵᠢ ᠳᠡᠯᠭᠡᠷᠡᠭᠦᠯᠦᠨ᠎ᠡ
    ᠤᠯᠤᠰ᠎ᠠᠴᠠ ᠨᠡᠶ᠋ᠢᠲᠡᠯᠡᠭᠰᠡᠨ ᠤᠰᠤ ᠶᠡᠬᠡ ᠬᠣᠷᠣᠭᠳᠠᠭᠤᠯᠬᠤ ᠤᠷ᠎ᠠ ᠮᠡᠷᠭᠡᠰᠢᠯ᠂ ᠮᠡᠷᠭᠡᠵᠢᠯ᠂ ᠲᠣᠨᠣᠭ ᠲᠥᠬᠥᠭᠡᠷᠦᠮᠵᠢ ᠵᠢᠨ ᠵᠣᠷᠢᠭᠵᠢᠭᠤᠯᠬᠤ ᠭᠠᠷᠴᠠᠭ ᠪᠠ ᠰᠢᠭᠰᠢᠭᠳᠡᠭᠦᠯᠬᠦ ᠭᠠᠷᠴᠠᠭ ᠶᠣᠰᠣᠭ᠋ᠠᠷ᠂ ᠠᠵᠤ ᠦᠢ᠍ᠯᠡᠳᠪᠤᠷᠢ ᠵᠢᠨ ᠠᠵᠤ ᠠᠬᠤᠶ᠋ᠢᠯᠠᠯ᠎ᠤᠨ ᠥᠨᠳᠥᠷ ᠦᠷ᠎ᠡ ᠪᠦᠲᠦᠮᠵᠢᠲᠡᠶ ᠬᠦᠷᠭᠡᠬᠦ᠂ ᠤᠰᠤ ᠥᠬᠡᠶ᠎ᠪᠠᠷ ᠤᠬᠢᠶᠠᠨ ᠴᠡᠪᠡᠷᠯᠡᠬᠦ᠂ ᠤᠰᠤ ᠵᠢ ᠤᠷᠴᠢᠯᠳᠤᠭᠤᠯᠤᠨ ᠬᠡᠷᠡᠭᠯᠡᠬᠦ᠂ ᠬᠠᠶᠠᠭᠳᠠᠮᠠᠯ ᠪᠣᠬᠢᠷ ᠤᠰᠤ ᠵᠢ ᠳᠠᠬᠢᠨ ᠠᠰᠢᠭᠯᠠᠬᠤ᠂ ᠤᠰᠤ ᠶᠡᠬᠡ ᠬᠣᠷᠣᠭᠳᠠᠭᠤᠯᠬᠤ   ᠦᠢ᠍ᠯᠡᠳᠪᠤᠷᠢᠯᠡᠯ᠎ᠤᠨ ᠤᠷ᠎ᠠ ᠮᠡᠷᠭᠡᠰᠢᠯ᠎ᠢ ᠣᠷᠣᠯᠠᠭᠤᠯᠬᠤ ᠵᠡᠷᠭᠡ ᠤᠰᠤ ᠠᠷᠪᠢᠯᠠᠬᠤ ᠤᠷ᠎ᠠ ᠮᠡᠷᠭᠡᠰᠢᠯ ᠪᠠ ᠮᠡᠷᠭᠡᠵᠢᠯ᠎ᠢ ᠬᠡᠷᠡᠭᠯᠡᠬᠦ ᠵᠢ ᠠᠬᠢᠭᠤᠯᠵᠤ᠂ ᠬᠣᠴᠣᠷᠤᠩᠭᠤᠶ ᠮᠡᠷᠭᠡᠵᠢᠯ᠎ᠤᠨ ᠲᠣᠨᠣᠭ ᠲᠥᠬᠥᠭᠡᠷᠦᠮᠵᠢ ᠵᠢ ᠰᠢᠭᠰᠢᠭᠳᠡᠭᠦᠯᠦᠨ᠎ᠡ᠃ ᠤᠰᠤ ᠠᠷᠪᠢᠯᠠᠬᠤ ᠲᠤᠨᠤᠭ ᠲᠥᠬᠥᠭᠡᠷᠦᠮᠵᠢ ᠵᠢᠴᠢ ᠦᠢ᠍ᠯᠡᠳᠬᠦᠨ᠎ᠤ ᠶᠠᠰᠤ ᠴᠢᠨᠠᠷ᠎ᠤᠨ ᠲᠡᠰ᠎ᠢ ᠦᠨᠡᠯᠡᠬᠦ ᠪᠠ ᠵᠠᠬ᠎ᠠ ᠳᠡᠯᠭᠡᠭᠦᠷ᠎ᠲᠤ ᠣᠷᠣᠬᠤ ᠵᠢ ᠵᠥᠪᠰᠢᠶᠡᠷᠡᠬᠦ ᠲᠦᠷᠢᠮ᠎ᠢ ᠪᠠᠶ᠋ᠢᠭᠤᠯᠤᠨ ᠲᠡᠭᠦᠯᠳᠡᠷᠵᠢᠭᠦᠯᠦᠨ᠎ᠡ᠃ ᠢᠯᠴᠢ ᠵᠢᠨ ᠴᠠᠬᠢᠯᠭ᠋ᠠᠨ᠂ ᠪᠤᠯᠤᠳ ᠲᠡᠮᠤᠷ᠂ ᠬᠢᠮᠢ ᠵᠢᠨ ᠠᠵᠤ ᠦᠢ᠍ᠯᠡᠳᠪᠦᠷᠢ ᠵᠡᠷᠭᠡ ᠠᠵᠢᠯ ᠲᠦᠷᠦᠯ᠎ᠳᠤ ᠤᠰᠤ ᠵᠢ   ᠤᠷᠴᠢᠯᠳᠤᠭᠤᠯᠤᠨ ᠬᠡᠷᠡᠭᠯᠡᠬᠦ ᠮᠡᠷᠭᠡᠵᠢᠯ᠎ᠢ ᠶᠡᠬᠡᠪᠡᠷ ᠳᠡᠯᠭᠡᠷᠡᠭᠦᠯᠵᠦ᠂ 2025 ᠣᠨ ᠪᠣᠯᠬᠤ᠎ᠳᠤ ᠠᠵᠤ ᠦᠢ᠍ᠯᠡᠳᠪᠦᠷᠢ ᠵᠢᠨ ᠤᠰᠤ ᠵᠢ ᠳᠠᠪᠲᠠᠨ ᠠᠰᠢᠭᠯᠠᠬᠤ ᠨᠤᠷᠮ᠎ᠠ ᠵᠢ 98%᠎ᠠᠴᠠ ᠳᠡᠭᠡᠭᠰᠢ᠎ᠳᠤ ᠬᠦᠷᠭᠡᠨ᠎ᠡ᠃ ᠬᠠᠲᠤᠨ ᠭᠣᠣᠯ᠎ᠤᠨ ᠳᠡᠭᠡᠳᠦ ᠤᠷᠤᠰᠬᠠᠯ᠎ᠤᠨ ᠰᠢᠨ᠎ᠡ᠎ᠪᠠᠷ ᠪᠠᠶ᠋ᠢᠭᠤᠯᠤᠭᠰᠠᠨ ᠢᠯᠴᠢ ᠵᠢᠨ ᠴᠠᠬᠢᠯᠭ᠋ᠠᠨ᠎ᠤ ᠮᠠᠰᠢᠨ ᠴᠣᠭᠴᠠᠯᠠᠪᠤᠷᠢ᠎ᠳᠤ ᠠᠭ᠋ᠠᠷ ᠵᠶ᠋ᠠᠷ ᠬᠦᠷᠦᠭᠡᠬᠦ ᠮᠡᠷᠭᠡᠵᠢᠯ᠎ᠢ ᠪᠦᠬᠦ ᠲᠠᠯ᠎ᠠ᠎ᠪᠠᠷ ᠬᠡᠷᠡᠭᠯᠡᠨ᠎ᠡ᠃
 
    ᠲᠠᠪᠤ᠂ ᠬᠤᠳᠠ ᠬᠥᠳᠡᠭᠡ ᠵᠢᠨ ᠠᠮᠢᠳᠤᠷᠠᠯ᠎ᠤᠨ ᠤᠰᠤ ᠠᠷᠪᠢᠯᠠᠬᠤ ᠵᠢ ᠭᠦᠨᠵᠡᠭᠡᠶ ᠬᠡᠷᠡᠭᠵᠢᠭᠦᠯᠦᠨ᠎ᠡ
 
  (ᠨᠢᠭᠡ) ᠬᠤᠳᠠ ᠬᠥᠳᠡᠭᠡ ᠵᠢᠨ ᠰᠠᠭᠤᠭ᠋ᠠᠯᠢ ᠠᠷᠠᠳ᠎ᠤᠨ ᠠᠮᠢᠳᠤᠷᠠᠯ᠎ᠤᠨ ᠤᠰᠤ ᠠᠷᠪᠢᠯᠠᠬᠤ ᠵᠢ ᠲᠥᠯᠬᠢᠨ ᠠᠬᠢᠭᠤᠯᠤᠨ᠎ᠠ
    ᠤᠰᠤ ᠠᠷᠪᠢᠯᠠᠬᠤ ᠪᠠᠭ᠋ᠠᠵᠢ ᠬᠡᠷᠡᠭᠰᠡᠯ᠎ᠢ ᠳᠡᠯᠭᠡᠷᠡᠭᠦᠯᠬᠦ᠎ᠳᠤ ᠨᠥᠬᠥᠪᠥᠷᠢ ᠥᠭᠬᠦ ᠲᠥᠷᠥ ᠵᠢᠨ ᠪᠤᠳᠤᠯᠭ᠎ᠠ ᠵᠢ ᠰᠤᠳᠤᠯᠤᠨ ᠲᠣᠭᠲᠠᠭ᠋ᠠᠵᠤ᠂ ᠬᠡᠷᠡᠭᠯᠡᠭᠴᠢᠳ᠎ᠢ ᠬᠥᠲᠥᠯᠥᠨ ᠵᠢᠯᠣᠭᠣᠳᠴᠤ ᠪᠠᠶ᠋ᠢᠭ᠋ᠠᠳ ᠤᠰᠤ ᠠᠷᠪᠢᠯᠠᠬᠤ ᠪᠠᠭ᠋ᠠᠵᠢ ᠬᠡᠷᠡᠭᠰᠡᠯ᠎ᠢ ᠰᠠᠨᠠᠭ᠋ᠠᠴᠢᠯᠠᠭ᠎ᠠ᠎ᠠᠴᠠ᠎ᠪᠠᠨ ᠰᠣᠩᠭᠣᠨ ᠬᠤᠳᠠᠯᠳᠤᠨ ᠠᠪᠤᠭᠤᠯᠵᠤ᠂ ᠤᠰᠤ ᠠᠷᠪᠢᠯᠠᠬᠤ ᠪᠠᠭ᠋ᠠᠵᠢ ᠬᠡᠷᠡᠭᠰᠡᠯ᠎ᠤᠨ ᠲᠦᠭᠡᠮᠡᠯᠵᠢᠭᠦᠯᠦᠯᠲᠡ ᠵᠢᠨ ᠨᠤᠷᠮ᠎ᠠ ᠵᠢ ᠳᠡᠭᠡᠭᠰᠢᠯᠡᠭᠦᠯᠦᠨ᠎ᠡ᠃ ᠬᠥᠳᠡᠭᠡ ᠲᠣᠰᠬᠣᠨ᠎ᠤ ᠲᠥᠪᠯᠡᠷᠡᠭᠦᠯᠦᠨ ᠤᠰᠤ ᠬᠠᠩᠭ᠋ᠠᠬᠤ ᠪᠠ ᠤᠰᠤ ᠠᠷᠪᠢᠯᠠᠬᠤ ᠢᠵᠢ ᠪᠦᠷᠢᠳᠦᠭᠦᠯᠬᠦ ᠲᠥᠬᠥᠭᠡᠷᠦᠮᠵᠢ ᠵᠢᠨ ᠪᠦᠳᠦᠭᠡᠨ ᠪᠠᠶ᠋ᠢᠭᠤᠯᠤᠯᠲᠠ ᠵᠢ ᠲᠡᠭᠦᠯᠳᠡᠷᠵᠢᠭᠦᠯᠵᠦ᠂ ᠬᠡᠮᠵᠢᠯᠲᠡ᠎ᠪᠠᠷ ᠰᠦᠢ᠍ᠳᠬᠡᠯ ᠬᠤᠷᠢᠶᠠᠬᠤ ᠵᠢ ᠠᠯᠬᠤᠮ ᠠᠯᠬᠤᠮ ᠵᠶ᠋ᠠᠷ ᠬᠡᠷᠡᠭᠵᠢᠭᠦᠯᠦᠨ᠎ᠡ᠃ ᠤᠰᠤ ᠠᠷᠪᠢᠯᠠᠬᠤ ᠬᠡᠯᠪᠡᠷᠢ ᠵᠢᠨ ᠨᠡᠶ᠋ᠢᠭᠡᠮ ᠲᠣᠭᠣᠷᠢᠭ᠂ ᠤᠰᠤ ᠠᠷᠪᠢᠯᠠᠬᠤ ᠬᠡᠯᠪᠡᠷᠢ ᠵᠢᠨ ᠬᠥᠳᠡᠭᠡ ᠲᠣᠰᠬᠣᠨ᠎ᠢ ᠪᠦᠳᠦᠭᠡᠨ ᠪᠠᠶ᠋ᠢᠭᠤᠯᠬᠤ ᠪᠠᠷᠢᠮᠵᠢᠶ᠎ᠠ ᠵᠢ ᠲᠣᠭᠲᠠᠭ᠋ᠠᠵᠤ᠂ ᠬᠤᠳᠠ ᠬᠥᠳᠡᠭᠡ ᠵᠢᠨ ᠰᠠᠭᠤᠭ᠋ᠠᠯᠢ ᠠᠷᠠᠳ᠎ᠢ ᠬᠥᠲᠥᠯᠥᠨ ᠵᠢᠯᠣᠭᠣᠳᠴᠤ ᠪᠠᠶ᠋ᠢᠭ᠋ᠠᠳ ᠤᠰᠤ ᠠᠷᠪᠢᠯᠠᠬᠤ ᠬᠡᠯᠪᠡᠷᠢ ᠵᠢᠨ ᠠᠮᠢᠳᠤᠷᠠᠯ᠎ᠤᠨ ᠠᠷᠭ᠎ᠠ ᠮᠠᠶᠢᠭ᠎ᠢ ᠪᠤᠢ ᠪᠣᠯᠭ᠋ᠠᠨ᠎ᠠ᠃
   
  (ᠬᠣᠶᠠᠷ) ᠦᠢ᠍ᠯᠡᠴᠢᠯᠡᠭᠡᠨ᠎ᠤ ᠦᠢ᠍ᠯᠡᠰ᠎ᠤᠨ ᠤᠰᠤ ᠠᠷᠪᠢᠯᠠᠬᠤ ᠬᠠᠮᠢᠶᠠᠷᠤᠯᠲᠠ ᠵᠢ   ᠴᠢᠩᠭ᠋ᠠᠷᠠᠭᠤᠯᠤᠨ᠎ᠠ
    ᠤᠰᠤ ᠠᠷᠪᠢᠯᠠᠬᠤ ᠬᠡᠯᠪᠡᠷᠢ ᠵᠢᠨ ᠣᠯᠠᠨ ᠨᠡᠶ᠋ᠢᠲᠡ ᠵᠢᠨ ᠪᠠᠶ᠋ᠢᠭᠤᠯᠤᠮᠵᠢ ᠵᠢᠨ ᠪᠠᠷᠢᠮᠵᠢᠶ᠎ᠠ᠎ᠲᠠᠢ ᠬᠠᠷᠢᠴᠠᠭᠤᠯᠵᠤ᠂ ᠵᠠᠰᠠᠭ᠎ᠤᠨ ᠣᠷᠳᠣᠨ᠎ᠤ ᠪᠠᠶ᠋ᠢᠭᠤᠯᠭ᠎ᠠ᠂ ᠰᠤᠷᠭ᠋ᠠᠭᠤᠯᠢ᠂ ᠡᠮᠨᠡᠯᠭᠡ ᠵᠢᠨ ᠬᠣᠷᠢᠶ᠎ᠠ ᠵᠡᠷᠭᠡ ᠨᠢᠭᠡᠴᠢ ᠵᠢᠨ ᠪᠠᠷᠢᠮᠵᠢᠶ᠎ᠠ᠎ᠳᠤ ᠬᠦᠷᠦᠭᠦᠯᠬᠦ ᠪᠥᠲᠥᠭᠡᠨ ᠪᠠᠶ᠋ᠢᠭᠤᠯᠤᠯᠲᠠ ᠵᠢ ᠠᠬᠢᠭᠤᠯᠤᠨ᠂ ᠪᠥᠬᠥ ᠨᠡᠶ᠋ᠢᠭᠡᠮ᠎ᠤᠨ ᠤᠰᠤ ᠠᠷᠪᠢᠯᠠᠬᠤ ᠵᠢ ᠵᠢᠱ᠌ᠢᠶ᠎ᠡ ᠦᠵᠡᠭᠦᠯᠦᠨ ᠬᠥᠲᠥᠯᠦᠨ ᠳᠠᠭ᠋ᠠᠭᠤᠯᠤᠨ᠎ᠠ᠃ 2025 ᠣᠨ ᠪᠣᠯᠬᠤ᠎ᠳᠤ᠂ ᠲᠤᠰᠬᠠᠶ ᠣᠷᠣᠨ᠎ᠤ ᠲᠠᠰ᠎ᠠᠴᠠ ᠳᠡᠭᠡᠭᠰᠢᠬᠢ ᠬᠣᠲᠠ ᠵᠢᠨ ᠵᠠᠰᠠᠭ᠎ᠤᠨ ᠣᠷᠳᠣᠨ᠎ᠤ ᠪᠠᠶ᠋ᠢᠭᠤᠯᠤᠮᠵᠢ᠎ᠨᠢ ᠤᠷᠢᠳᠠᠪᠠᠷ ᠤᠰᠤ ᠠᠷᠪᠢᠯᠠᠬᠤ ᠪᠠᠶ᠋ᠢᠭᠤᠯᠭ᠎ᠠ ᠵᠢ ᠪᠠᠶ᠋ᠢᠭᠤᠯᠵᠤ᠂ ᠡᠩ᠎ᠤᠨ ᠳᠡᠭᠡᠳᠦ ᠰᠤᠷᠭ᠋ᠠᠭᠤᠯᠢ᠎ᠨᠤᠭᠤᠳ ᠤᠰᠤ ᠠᠷᠪᠢᠯᠠᠬᠤ ᠳᠡᠭᠡᠳᠦ ᠰᠤᠷᠭ᠋ᠠᠭᠤᠯᠢ ᠵᠢ ᠪᠥᠬᠥ ᠲᠠᠯ᠎ᠠ᠎ᠪᠠᠷ ᠪᠠᠶ᠋ᠢᠭᠤᠯᠬᠤ᠎ᠪᠠᠷ ᠴᠢᠷᠮᠠᠶ᠋ᠢᠨ᠎ᠠ᠃ ᠤᠰᠤ ᠶᠡᠬᠡ ᠬᠣᠷᠣᠭᠳᠠᠭᠤᠯᠬᠤ ᠦᠢ᠍ᠯᠡᠴᠢᠯᠡᠭᠡᠨ᠎ᠤ ᠦᠢ᠍ᠯᠡᠰ᠎ᠤᠨ ᠤᠰᠤ ᠬᠡᠷᠡᠭᠯᠡᠬᠦ᠂ ᠪᠡᠶ᠎ᠡ ᠤᠬᠢᠶᠠᠬᠤ᠂ ᠲᠡᠷᠭᠡ ᠤᠬᠢᠶᠠᠬᠤ᠂ ᠵᠣᠴᠢᠳ᠎ᠤᠨ ᠪᠠᠭᠤᠳᠠᠯ ᠵᠡᠷᠭᠡ ᠠᠵᠢᠯ ᠲᠦᠷᠦᠯ᠎ᠳᠤ ᠤᠰᠤ ᠠᠷᠪᠢᠯᠠᠬᠤ ᠪᠠᠭ᠋ᠠᠵᠢ ᠬᠡᠷᠡᠭᠰᠡᠯ ᠲᠥᠬᠥᠭᠡᠷᠦᠮᠵᠢ ᠵᠢ ᠠᠯᠪᠠᠳᠠᠯᠭ᠎ᠠ᠎ᠪᠠᠷ ᠤᠭᠰᠠᠷᠠᠭᠤᠯᠬᠤ ᠵᠢ ᠴᠢᠩᠭ᠎ᠠ ᠬᠢᠵᠠᠭ᠋ᠠᠷᠯᠠᠵᠤ᠂ ᠤᠰᠤᠨ᠎ᠤ ᠡᠷᠭᠢᠯᠲᠡ ᠵᠢᠨ ᠠᠰᠢᠭᠯᠠᠯᠲᠠ ᠵᠢᠨ ᠨᠤᠷᠮ᠎ᠠ ᠵᠢ ᠳᠡᠭᠡᠭᠰᠢᠯᠡᠭᠦᠯᠦᠨ᠎ᠡ᠃ ᠨᠢᠰᠬᠡᠯ᠎ᠤᠨ ᠪᠠᠭᠤᠳᠠᠯ᠂ ᠲᠡᠷᠭᠡᠨ ᠦᠷᠳᠡᠭᠡ᠂ ᠳᠡᠭᠡᠳᠦ ᠬᠤᠷᠳᠤ ᠵᠢᠨ ᠵᠠᠰᠠᠮᠠᠯ ᠵᠠᠮ᠎ᠤᠨ ᠦᠢ᠍ᠯᠡᠴᠢᠯᠡᠭᠡᠨ᠎ᠤ ᠲᠣᠭᠣᠷᠢᠭ ᠵᠡᠷᠭᠡ ᠤᠯᠠᠨ ᠨᠡᠶ᠋ᠢᠲᠡ ᠵᠢᠨ ᠪᠠᠷᠢᠯᠭ᠎ᠠ ᠵᠢᠨ ᠤᠰᠤ ᠠᠷᠪᠢᠯᠠᠬᠤ ᠪᠤᠰᠤ ᠬᠡᠯᠪᠡᠷᠢ ᠵᠢᠨ ᠤᠰᠤ ᠬᠡᠷᠡᠭᠯᠡᠬᠦ ᠪᠠᠭ᠋ᠠᠵᠢ ᠬᠡᠷᠡᠭᠰᠡᠯ᠎ᠢ ᠬᠤᠭᠤᠴᠠᠭ᠎ᠠ ᠲᠣᠭᠲᠠᠭ᠋ᠠᠨ ᠰᠣᠯᠢᠭᠤᠯᠬᠤ ᠬᠡᠷᠡᠭᠲᠡᠶ᠃
 
    ᠵᠢᠷᠭᠤᠭ᠎ᠠ᠂ ᠬᠡᠪ᠎ᠤᠨ ᠪᠤᠰᠤ ᠤᠰᠤᠨ ᠰᠤᠷᠪᠤᠯᠵᠢ ᠵᠢᠨ ᠠᠰᠢᠭᠯᠠᠯᠲᠠ ᠵᠢ ᠲᠦᠷᠭᠡᠳᠭᠡᠨ᠎ᠡ
 
   (ᠨᠢᠭᠡ) ᠳᠠᠬᠢᠯᠲᠠ ᠤᠰᠤ ᠵᠢ ᠢᠳᠡᠪᠬᠢᠲᠡᠶ᠎ᠪᠠᠷ ᠨᠡᠭᠡᠭᠡᠨ ᠠᠰᠢᠭᠯᠠᠨ᠎ᠠ
    ᠳᠠᠬᠢᠯᠲᠠ ᠤᠰᠤ ᠵᠢ ᠤᠰᠤᠨ᠎ᠤ ᠡᠬᠢ ᠪᠠᠶᠠᠯᠢᠭ᠎ᠤᠨ ᠨᠢᠭᠡᠳᠦᠯᠲᠡᠶ ᠲᠣᠬᠢᠷᠠᠭᠤᠯᠤᠯᠲᠠ᠎ᠳᠤ ᠣᠷᠣᠭᠤᠯᠵᠤ᠂ ᠳᠠᠬᠢᠯᠲᠠ ᠤᠰᠤᠨ᠎ᠤ ᠬᠢᠵᠠᠭ᠋ᠠᠷᠲᠤ ᠲᠣᠭ᠎ᠠ ᠵᠢᠨ ᠬᠠᠮᠢᠶᠠᠷᠤᠯᠲᠠ ᠵᠢ ᠬᠡᠷᠡᠭᠵᠢᠭᠦᠯᠦᠨ᠂ ᠰᠢᠶᠠᠨ᠎ᠤ ᠱᠠᠲᠤᠨ᠎ᠠᠴᠠ ᠳᠡᠭᠡᠭᠰᠢᠬᠢ ᠤᠰᠤᠨ᠎ᠤ ᠶᠠᠪᠤᠳᠠᠯ᠎ᠤᠨ ᠵᠠᠰᠠᠭ ᠵᠠᠬᠢᠷᠭ᠋ᠠᠨ᠎ᠤ ᠭᠣᠤᠯᠴᠢᠯᠠᠨ ᠬᠠᠮᠢᠶᠠᠷᠬᠤ ᠰᠠᠯᠠᠭ᠎ᠠ ᠮᠥᠴᠢᠷ᠎ᠤᠳ ᠣᠨ᠎ᠤ ᠳᠠᠬᠢᠯᠲᠠ ᠤᠰᠤᠨ᠎ᠤ ᠬᠠᠮᠤᠭ᠎ᠤᠨ ᠳᠣᠤᠷ᠎ᠠ ᠠᠰᠢᠭᠯᠠᠯᠲᠠ ᠵᠢᠨ ᠳᠠᠬᠢᠯᠲᠠ ᠤᠰᠤᠨ ᠬᠣᠭᠣᠯᠠᠶ ᠵᠢᠨ ᠲᠣᠤᠷ᠎ᠤᠨ ᠬᠠᠮᠤᠷᠬᠤ ᠬᠡᠪᠴᠢᠶᠡᠨ ᠳᠣᠲᠣᠷᠠᠬᠢ᠂ ᠤᠰᠤᠨ᠎ᠤ ᠬᠡᠮᠵᠢᠶ᠎ᠡ ᠤᠰᠤᠨ᠎ᠤ ᠴᠢᠨᠠᠷ᠎ᠨᠢ ᠱᠠᠭ᠋ᠠᠷᠳᠠᠯᠭ᠎ᠠ᠎ᠳᠤ ᠨᠡᠶ᠋ᠢᠴᠡᠭᠰᠡᠨ ᠠᠵᠤ ᠦᠢ᠍ᠯᠡᠳᠪᠤᠷᠢ ᠪᠠ ᠦᠢ᠍ᠯᠡᠴᠢᠯᠡᠭᠡᠨ᠎ᠤ ᠦᠢ᠍ᠯᠡᠰ᠎ᠤᠨ ᠲᠥᠷᠥᠯ ᠵᠤᠢ᠌ᠯ᠎ᠳᠤ᠂ ᠰᠢᠨ᠎ᠡ᠎ᠪᠠᠷ ᠪᠠᠶ᠋ᠢᠭᠤᠯᠤᠭᠰᠠᠨ᠎ᠨᠢ ᠰᠢᠨ᠎ᠡ᠎ᠪᠠᠷ ᠨᠡᠮᠡᠭᠳᠡᠭᠰᠡᠨ ᠤᠰᠤ ᠲᠠᠲᠠᠬᠤ ᠵᠥᠪᠰᠢᠶᠡᠷᠡᠯ᠎ᠢ ᠴᠢᠩᠭ᠎ᠠ ᠬᠢᠨᠠᠨ ᠵᠥᠪᠰᠢᠶᠡᠷᠡᠵᠦ᠂ ᠨᠢᠭᠡᠨᠲᠡ ᠪᠠᠶ᠋ᠢᠭᠤᠯᠤᠭᠰᠠᠨ᠎ᠨᠢ ᠤᠰᠤ ᠬᠡᠷᠡᠭᠯᠡᠬᠦ ᠲᠥᠯᠥᠪᠯᠡᠭᠡ ᠵᠢ ᠬᠢᠨᠠᠨ ᠬᠠᠰᠤᠬᠤ ᠬᠡᠷᠡᠭᠲᠡᠶ᠃ ᠠᠵᠤ ᠦᠢ᠍ᠯᠡᠳᠪᠦᠷᠢ ᠵᠢᠨ ᠬᠥᠷᠥᠭᠡᠬᠦ᠂ ᠦᠢ᠍ᠯᠡᠴᠢᠯᠡᠭᠡᠨ᠎ᠤ ᠦᠢ᠍ᠯᠡᠰ᠎ᠤᠨ ᠥᠯᠥ ᠬᠦᠷᠦᠯᠴᠡᠬᠦ ᠴᠢᠨᠠᠷᠲᠠᠶ ᠤᠰᠤ ᠬᠡᠷᠡᠭᠯᠡᠬᠦ᠂ ᠬᠤᠳᠠ ᠵᠢᠨ ᠶᠠᠪᠤᠳᠠᠯ᠎ᠤᠨ ᠰᠤᠯᠠ ᠬᠡᠷᠡᠭᠯᠡᠬᠦ ᠪᠠ ᠦᠵᠡᠮᠵᠢ ᠵᠢᠨ ᠬᠡᠷᠡᠭᠯᠡᠬᠦ ᠤᠰᠤ᠎ᠳᠤ ᠳᠠᠬᠢᠯᠲᠠ ᠤᠰᠤ ᠵᠢ ᠡᠩ ᠲᠡᠷᠢᠭᠦᠨ᠎ᠳᠤ ᠬᠡᠷᠡᠭᠯᠡᠵᠦ᠂ ᠲᠠᠷᠢᠶᠠᠯᠠᠩ᠎ᠤᠨ ᠤᠰᠤᠯᠠᠯᠲᠠ᠎ᠳᠤ ᠤᠰᠤᠨ᠎ᠤ ᠴᠢᠨᠠᠷ᠎ᠤᠨ ᠨᠥᠬᠥᠴᠡᠯ᠎ᠳᠤ ᠨᠡᠶ᠋ᠢᠴᠡᠬᠦ ᠳᠠᠬᠢᠯᠲᠠ ᠤᠰᠤ ᠬᠡᠷᠡᠭᠯᠡᠬᠦ ᠵᠢ ᠵᠣᠷᠢᠭᠵᠢᠭᠤᠯᠤᠨ᠎ᠠ᠃
 
  (ᠬᠣᠶᠠᠷ) ᠠᠭᠤᠷᠬᠠᠶ ᠵᠢᠨ ᠬᠤᠳᠳᠤᠭ᠎ᠤᠨ ᠤᠰᠤ ᠵᠢ ᠰᠢᠯᠢᠳᠡᠭᠵᠢᠭᠦᠯᠦᠨ ᠠᠰᠢᠭᠯᠠᠨ᠎ᠠ
    ᠠᠭᠤᠷᠬᠠᠶ ᠮᠠᠯᠲᠠᠬᠤ ᠴᠢᠬᠤᠯᠠ ᠣᠷᠣᠨ᠂ ᠤᠰᠤ ᠣᠷᠭᠢᠯᠬᠤ ᠴᠢᠬᠤᠯᠠ ᠶᠡᠬᠡ ᠠᠭᠤᠷᠬᠠᠶ ᠵᠢᠨ ᠣᠷᠣᠨ᠎ᠨᠢ ᠠᠭᠤᠷᠬᠠᠶ ᠵᠢᠨ ᠬᠤᠳᠳᠤᠭ᠎ᠤᠨ ᠤᠰᠤ ᠵᠢ ᠰᠢᠢ᠍ᠳᠪᠤᠷᠢᠯᠡᠵᠦ ᠠᠰᠢᠭᠯᠠᠬᠤ ᠪᠡᠯᠡᠳᠬᠡᠮᠵᠢ ᠵᠢ ᠪᠥᠳᠥᠭᠡᠨ ᠪᠠᠶ᠋ᠢᠭᠤᠯᠵᠤ᠂ ᠠᠭᠤᠷᠬᠠᠶ ᠵᠢᠨ ᠣᠷᠣᠨ᠎ᠤ ᠦᠢ᠍ᠯᠡᠳᠪᠦᠷᠢᠯᠡᠯ᠎ᠳᠤ ᠡᠷᠬᠡᠪᠰᠢ ᠠᠭᠤᠷᠬᠠᠶ ᠵᠢᠨ ᠬᠤᠳᠳᠤᠭ᠎ᠤᠨ ᠤᠰᠤ ᠵᠢ ᠭᠦᠢ᠍ᠴᠡᠳ ᠬᠡᠷᠡᠭᠯᠡᠵᠦ᠂ ᠠᠭᠤᠷᠬᠠᠶ ᠵᠢᠨ ᠣᠷᠣᠨ᠎ᠤ ᠠᠮᠢᠳᠤᠷᠠᠯ᠎ᠳᠤ ᠠᠭᠤᠷᠬᠠᠶ ᠵᠢᠨ ᠬᠤᠳᠳᠤᠭ᠎ᠤᠨ ᠤᠰᠤ ᠵᠢ ᠡᠩ ᠲᠡᠷᠢᠭᠦᠨ᠎ᠳᠤ ᠬᠡᠷᠡᠭᠯᠡᠬᠦ ᠬᠡᠷᠡᠭᠲᠡᠶ᠃ ᠬᠣᠲᠠ ᠵᠢᠨ ᠲᠥᠯᠥᠪᠵᠢᠭᠦᠯᠭᠡ᠎ᠳᠤ ᠠᠭᠤᠷᠬᠠᠶ ᠵᠢᠨ ᠬᠤᠳᠳᠤᠭ᠎ᠤᠨ ᠤᠰᠤ ᠵᠢ ᠣᠷᠣᠨ ᠨᠤᠲᠤᠭ᠎ᠤᠨ ᠤᠰᠤ ᠬᠠᠩᠭ᠋ᠠᠬᠤ ᠲᠥᠯᠥᠪᠵᠢᠭᠦᠯᠭᠡ᠎ᠳᠤ ᠣᠷᠣᠭᠤᠯᠵᠤ᠂ ᠡᠷᠬᠢᠨ ᠲᠣᠭᠣᠷᠢᠨ᠎ᠤ ᠬᠣᠲᠠ ᠪᠠᠯᠭ᠋ᠠᠰᠤ ᠵᠢᠨ ᠰᠠᠭᠤᠭ᠋ᠠᠯᠢ ᠠᠷᠠᠳ ᠪᠣᠯᠤᠨ ᠠᠵᠤ ᠦᠢ᠍ᠯᠡᠳᠪᠤᠷᠢ ᠵᠢᠨ ᠠᠵᠤ ᠠᠬᠤᠶ᠋ᠢᠯᠠᠯ᠎ᠳᠤ ᠤᠰᠤ ᠬᠠᠩᠭ᠋ᠠᠬᠤ ᠵᠢ ᠠᠬᠢᠭᠤᠯᠤᠨ᠎ᠠ᠃ ᠤᠰᠤ ᠲᠠᠲᠠᠬᠤ ᠵᠥᠪᠰᠢᠶᠡᠷᠡᠯ᠎ᠢ ᠭᠦᠢ᠍ᠴᠡᠳᠬᠡᠬᠦ᠎ᠳᠡᠭᠡᠨ ᠠᠭᠤᠷᠬᠠᠶ ᠵᠢᠨ ᠬᠤᠳᠳᠤᠭ᠎ᠤᠨ ᠤᠰᠤ ᠲᠣᠬᠢᠷᠠᠭᠤᠯᠬᠤ ᠵᠢ ᠤᠷᠢᠳᠠᠪᠠᠷ ᠪᠣᠳᠣᠯᠬᠢᠯᠠᠵᠤ᠂ ᠠᠭᠤᠷᠬᠠᠶ ᠵᠢᠨ ᠬᠤᠳᠳᠤᠭ᠎ᠤᠨ ᠤᠰᠤ ᠵᠢ ᠵᠦᠢ ᠵᠣᠬᠢᠰᠲᠠᠶ ᠠᠰᠢᠭᠯᠠᠭᠰᠠᠨ ᠦᠭᠡᠢ ᠠᠵᠤ ᠠᠬᠤᠶ᠋ᠢᠯᠠᠯ᠎ᠢ ᠰᠢᠪᠠᠳᠠᠵᠤ ᠪᠠᠶ᠋ᠢᠭ᠋ᠠᠳ ᠬᠤᠭᠤᠴᠠᠭ᠎ᠠ ᠲᠣᠭᠲᠠᠭ᠋ᠠᠨ ᠵᠠᠯᠠᠷᠠᠭᠤᠯᠤᠭᠤᠯᠬᠤ ᠬᠡᠷᠡᠭᠲᠡᠶ᠃
   
  (ᠭᠤᠷᠪᠠ) ᠪᠣᠷᠣᠭ᠋ᠠᠨ᠎ᠤ ᠤᠰᠤ ᠵᠢ ᠬᠤᠷᠠᠮᠳᠤᠭᠤᠯᠤᠨ ᠠᠰᠢᠭᠯᠠᠬᠤ ᠵᠢ ᠲᠥᠯᠬᠢᠨ ᠠᠬᠢᠭᠤᠯᠤᠨ᠎ᠠ
    ᠬᠠᠲᠤᠨ ᠭᠣᠤᠯ᠎ᠤᠨ ᠰᠠᠪᠠ ᠭᠠᠵᠠᠷ᠎ᠤᠨ ᠰᠢᠨ᠎ᠡ᠎ᠪᠠᠷ ᠪᠠᠶ᠋ᠢᠭᠤᠯᠤᠭᠰᠠᠨ ᠵᠢᠵᠢᠭ ᠲᠣᠭᠣᠷᠢᠭ᠂ ᠬᠣᠲᠠ ᠵᠢᠨ ᠵᠠᠮ᠂ ᠣᠯᠠᠨ ᠨᠡᠶ᠋ᠢᠲᠡ ᠵᠢᠨ ᠵᠦᠯᠭᠡ ᠭᠠᠵᠠᠷ ᠵᠡᠷᠭᠡ᠎ᠨᠢ ᠲᠤᠬᠠᠶ ᠵᠢᠨ ᠭᠠᠵᠠᠷ ᠣᠷᠣᠨ᠎ᠤ ᠪᠠᠶ᠋ᠢᠳᠠᠯ᠎ᠳᠠᠭᠠᠨ ᠳᠣᠭᠢᠷᠠᠭᠤᠯᠤᠨ ᠪᠣᠷᠣᠭ᠋ᠠᠨ᠎ᠤ ᠤᠰᠤ ᠵᠢ ᠬᠤᠷᠠᠮᠳᠤᠭᠤᠯᠤᠨ ᠬᠠᠳᠠᠭ᠋ᠠᠯᠠᠵᠤ ᠠᠰᠢᠭᠯᠠᠬᠤ ᠪᠡᠯᠡᠳᠬᠡᠮᠵᠢ ᠵᠢ ᠢᠵᠢ ᠪᠥᠷᠢᠳᠦᠭᠦᠯᠦᠨ ᠪᠥᠲᠥᠭᠡᠨ ᠪᠠᠶ᠋ᠢᠭᠤᠯᠵᠤ᠂ ᠪᠣᠷᠣᠭ᠋ᠠᠨ᠎ᠤ ᠤᠰᠤ ᠵᠢ ᠬᠠᠭᠤᠷᠠᠶ᠎ᠪᠠᠷ ᠳᠠᠷᠢᠬᠤ ᠲᠠᠷᠢᠶᠠᠯᠠᠩ᠂ ᠠᠵᠤ ᠦᠢ᠍ᠯᠡᠳᠪᠤᠷᠢ ᠵᠢᠨ ᠦᠢ᠍ᠯᠡᠳᠪᠤᠷᠢᠯᠡᠯ᠂ ᠬᠣᠲᠠ ᠵᠢᠨ ᠡᠯᠳᠡᠪ ᠬᠡᠷᠡᠭᠯᠡᠭᠡᠨ᠂ ᠠᠮᠢ ᠠᠬᠤᠶ ᠵᠢᠨ ᠦᠵᠡᠮᠵᠢ ᠵᠡᠷᠭᠡ ᠲᠠᠯ᠎ᠠ᠎ᠳᠤ ᠬᠡᠷᠡᠭᠯᠡᠬᠦ ᠵᠢ ᠴᠢᠩᠭ᠋ᠠᠳᠬᠠᠬᠤ ᠬᠡᠷᠡᠭᠲᠡᠶ᠃ ᠪᠣᠷᠣᠭ᠋ᠠᠨ᠎ᠤ ᠤᠰᠤ ᠵᠢ ᠥᠨᠳᠥᠷ ᠪᠦᠲᠦᠮᠵᠢᠲᠡᠶ᠎ᠪᠠᠷ ᠴᠤᠭᠯᠠᠭᠤᠯᠬᠤ ᠪᠠ ᠠᠰᠢᠭᠯᠠᠬᠤ ᠵᠠᠭᠪᠤᠷ᠎ᠢ ᠳ᠋ᠦᠩᠨᠡᠵᠦ᠂ ᠪᠣᠷᠣᠭ᠋ᠠᠨ᠎ᠤ ᠤᠰᠤ ᠵᠢ ᠬᠤᠷᠠᠮᠳᠤᠭᠤᠯᠤᠨ ᠬᠠᠳᠠᠭ᠋ᠠᠯᠠᠵᠤ ᠠᠰᠢᠭᠯᠠᠬᠤ ᠮᠡᠷᠭᠡᠵᠢᠯ᠎ᠤᠨ ᠰᠢᠨ᠎ᠡ ᠵᠢ ᠡᠭᠦᠳᠬᠦ ᠪᠠ ᠵᠢᠱ᠌ᠢᠶ᠎ᠡ ᠦᠵᠡᠭᠦᠯᠦᠨ ᠳᠡᠯᠭᠡᠷᠡᠭᠦᠯᠬᠦ ᠵᠢ ᠴᠢᠩᠭ᠋ᠠᠳᠬᠠᠨ᠎ᠠ᠃

    ᠳᠣᠯᠣᠭ᠎ᠠ᠂ ᠤᠰᠤ ᠬᠡᠷᠡᠭᠯᠡᠬᠦ ᠨᠢᠭᠡᠴᠢ ᠵᠢᠨ ᠬᠢᠨᠠᠯᠲᠠ ᠬᠠᠮᠢᠶᠠᠷᠤᠯᠲᠠ ᠵᠢ ᠴᠢᠩᠳᠠᠯᠠᠨ᠎ᠠ
 
   (ᠨᠢᠭᠡ) ᠲᠥᠯᠥᠪᠯᠡᠭᠡ᠎ᠲᠠᠢ᠎ᠪᠠᠷ ᠤᠰᠤ ᠬᠡᠷᠡᠭᠯᠡᠬᠦ ᠬᠠᠮᠢᠶᠠᠷᠤᠯᠲᠠ ᠵᠢ ᠪᠥᠬᠥ ᠲᠠᠯ᠎ᠠ᠎ᠪᠠᠷ ᠬᠡᠷᠡᠭᠵᠢᠭᠦᠯᠦᠨ᠎ᠡ
    ᠬᠡᠪᠴᠢᠶ᠎ᠡ᠎ᠠᠴᠠ ᠳᠡᠭᠡᠭᠰᠢᠬᠢ ᠨᠢᠭᠡᠴᠢ ᠵᠢᠨ ᠤᠰᠤ ᠬᠡᠷᠡᠭᠯᠡᠬᠦ ᠶᠡᠷᠦᠩᠬᠡᠶ ᠬᠡᠮᠵᠢᠶ᠎ᠡ ᠵᠢᠨ   ᠬᠦᠢ᠍ᠴᠡᠳᠭᠡᠯ ᠲᠣᠭ᠎ᠠ ᠵᠢ ᠬᠢᠵᠠᠭ᠋ᠠᠷᠯᠠᠬᠤ ᠵᠢ ᠴᠢᠩᠭ᠋ᠠᠳᠬᠠᠵᠤ᠂ ᠣᠷᠣᠨ ᠪᠦᠰᠡ ᠵᠢᠨ ᠤᠰᠤ ᠬᠡᠷᠡᠭᠯᠡᠬᠦ ᠲᠥᠯᠥᠪᠯᠡᠭᠡ ᠵᠢ ᠤᠰᠤ ᠬᠡᠷᠡᠭᠯᠡᠬᠦ ᠨᠢᠭᠡᠴᠢ᠎ᠳᠤ ᠬᠤᠪᠢᠶᠠᠷᠢᠯᠠᠨ ᠪᠠᠭᠤᠯᠭ᠋ᠠᠵᠤ᠂ ᠵᠢᠯ᠎ᠤᠨ ᠤᠰᠤ ᠬᠡᠷᠡᠭᠯᠡᠬᠦ ᠬᠡᠮᠵᠢᠶ᠎ᠡ᠎ᠨᠢ 1 ᠲᠦᠮᠡᠨ ᠪᠣᠰᠣᠭ᠎ᠠ ᠳᠥᠷᠪᠡᠯᠵᠢᠨ ᠮᠧᠲᠷ᠎ᠠᠴᠠ ᠳᠡᠭᠡᠭᠰᠢᠬᠢ ᠠᠵᠤ ᠦᠢ᠍ᠯᠡᠳᠪᠤᠷᠢ ᠪᠠ ᠦᠢ᠍ᠯᠡᠴᠢᠯᠡᠭᠡᠨ᠎ᠤ ᠦᠢ᠍ᠯᠡᠰ᠎ᠤᠨ ᠨᠢᠭᠡᠴᠢ ᠵᠢᠨ ᠤᠰᠤ ᠬᠡᠷᠡᠭᠯᠡᠬᠦ᠎ᠪᠠᠷ ᠲᠥᠯᠥᠪᠯᠡᠭᠰᠡᠨ ᠬᠠᠮᠢᠶᠠᠷᠤᠯᠲᠠ ᠵᠢ ᠪᠦᠬᠦᠨ᠎ᠢ ᠬᠠᠮᠤᠷᠬᠤ ᠵᠢ ᠪᠡᠶᠡᠯᠡᠭᠦᠯᠦᠨ᠎ᠡ᠃ ᠰᠠᠪᠠ ᠭᠠᠵᠠᠷ᠎ᠤᠨ ᠳᠣᠲᠣᠷᠠᠬᠢ ᠲᠠᠷᠢᠶᠠᠯᠠᠩ᠎ᠤᠨ ᠲᠥᠯᠥᠪᠯᠡᠭᠡ᠎ᠲᠠᠢ᠎ᠪᠠᠷ ᠤᠰᠤ ᠬᠡᠷᠡᠭᠯᠡᠬᠦ ᠬᠠᠮᠢᠶᠠᠷᠤᠯᠲᠠ ᠵᠢᠨ ᠠᠵᠢᠯ᠎ᠢ ᠢᠳᠡᠪᠬᠢᠲᠡᠶ᠎ᠪᠠᠷ ᠰᠦᠪᠡᠭᠴᠢᠯᠡᠨ ᠲᠥᠯᠬᠢᠨ ᠠᠬᠢᠭᠤᠯᠵᠤ᠂ ᠤᠰᠤᠯᠠᠯᠲᠠ ᠵᠢᠨ ᠣᠷᠣᠨ  ᠎ᠤ ᠣᠨ᠎ᠤ ᠲᠥᠯᠥᠪᠯᠡᠭᠡ᠎ᠪᠠᠷ ᠬᠡᠷᠡᠭᠯᠡᠬᠦ ᠤᠰᠤᠨ᠎ᠤ ᠬᠡᠮᠵᠢᠶ᠎ᠡ ᠵᠢ ᠠᠯᠬᠤᠮ ᠠᠯᠬᠤᠮ ᠵᠶ᠋ᠠᠷ ᠲᠣᠳᠣᠷᠬᠠᠶ᠋ᠢᠯᠠᠬᠤ ᠵᠢᠨ ᠬᠠᠮᠲᠤ ᠭᠠᠵᠠᠷ᠎ᠲᠤ ᠬᠦᠷᠲᠡᠯ᠎ᠡ ᠵᠠᠳᠠᠯᠬᠤ ᠬᠡᠷᠡᠭᠲᠡᠶ᠃ ᠲᠥᠯᠥᠪᠯᠡᠭᠡ᠎ᠲᠠᠢ᠎ᠪᠠᠷ ᠤᠰᠤ ᠬᠡᠷᠡᠭᠯᠡᠬᠦ᠎ᠳᠤ ᠬᠢᠨᠠᠯᠲᠠ ᠲᠠᠯᠪᠢᠵᠤ ᠪᠠᠶ᠋ᠢᠴᠠᠭ᠋ᠠᠬᠤ ᠵᠢ ᠬᠡᠷᠡᠭᠵᠢᠭᠦᠯᠵᠦ᠂ ᠲᠥᠯᠥᠪᠯᠡᠭᠡ᠎ᠲᠠᠢ᠎ᠪᠠᠷ ᠤᠰᠤ ᠬᠡᠷᠡᠭᠯᠡᠬᠦ ᠵᠢ ᠬᠢᠨᠠᠨ ᠲᠣᠭᠲᠠᠭ᠋ᠠᠬᠤ᠂ ᠪᠠᠭᠤᠯᠭ᠋ᠠᠬᠤ ᠪᠠ ᠦᠨ᠎ᠡ ᠨᠡᠮᠡᠵᠦ ᠰᠦᠢ᠍ᠳᠭᠡᠯ ᠬᠤᠷᠢᠶᠠᠬᠤ ᠬᠠᠮᠢᠶᠠᠷᠤᠯᠲᠠ ᠵᠢ ᠵᠢᠷᠤᠮᠵᠢᠭᠤᠯᠤᠨ᠂ ᠲᠣᠭᠲᠠᠭᠰᠠᠨ ᠨᠣᠷᠮ᠎ᠠ ᠵᠢ ᠦᠨᠳᠦᠰᠦᠯᠡᠨ ᠬᠢᠨᠠᠨ ᠲᠣᠭᠲᠠᠭ᠋ᠠᠭᠰᠠᠨ ᠥᠬᠡᠶ ᠪᠤᠶᠤ ᠲᠣᠭᠲᠠᠭ᠋ᠠᠯ ᠶᠣᠰᠣᠭ᠋ᠠᠷ ᠤᠰᠤ ᠬᠡᠷᠡᠭᠯᠡᠬᠦ ᠲᠥᠯᠥᠪᠯᠡᠭᠡ ᠵᠢ ᠪᠠᠭᠤᠯᠭ᠋ᠠᠭᠰᠠᠨ ᠥᠬᠡᠶ ᠬᠣᠯᠪᠣᠭᠳᠠᠯ ᠪᠥᠬᠥᠶ ᠰᠠᠯᠠᠭ᠎ᠠ ᠮᠥᠴᠢᠷ᠎ᠤᠨ ᠬᠠᠤᠯᠢ ᠶᠣᠰᠣᠭ᠋ᠠᠷ ᠴᠢᠩᠭ᠎ᠠ ᠴᠡᠭᠴᠡᠯᠡᠨ ᠰᠠᠶ᠋ᠢᠵᠢᠷᠠᠭᠤᠯᠬᠤ ᠵᠢ ᠰᠢᠮᠳᠠᠭᠤᠯᠵᠤ᠂ ᠲᠥᠯᠥᠪᠯᠡᠭᠡ᠎ᠠᠴᠠ ᠳᠠᠪᠠᠭᠤᠯᠤᠨ ᠤᠰᠤ ᠬᠡᠷᠡᠭᠯᠡᠬᠦ ᠵᠢ ᠠᠬᠢᠭᠤᠯᠤᠨ ᠪᠤᠳᠤᠵᠤ ᠦᠨ᠎ᠡ ᠨᠡᠮᠡᠬᠦ ᠲᠦᠷᠢᠮ᠎ᠢ ᠨᠠᠶ᠋ᠢᠳᠠᠪᠤᠷᠢᠵᠢᠭᠤᠯᠬᠤ ᠵᠢ ᠠᠬᠢᠭᠤᠯᠤᠨ᠎ᠠ᠃
   
 (ᠬᠣᠶᠠᠷ) ᠡᠯ᠎ᠡ ᠠᠵᠢᠯ ᠲᠥᠷᠥᠯ᠎ᠤᠨ ᠬᠡᠷᠡᠭᠯᠡᠬᠦ ᠤᠰᠤᠨ᠎ᠤ ᠬᠡᠮᠵᠢᠯᠲᠡ ᠵᠢᠨ ᠬᠢᠨᠠᠨ ᠡᠵᠡᠮᠳᠡᠬᠦ ᠵᠢ ᠴᠢᠩᠭ᠋ᠠᠳᠬᠠᠨ᠎ᠠ
    ᠲᠠᠷᠢᠶᠠᠯᠠᠩ᠎ᠤᠨ ᠬᠡᠷᠡᠭᠯᠡᠬᠦ ᠤᠰᠤᠨ᠎ᠤ ᠬᠡᠮᠵᠢᠯᠲᠡ ᠵᠢᠨ ᠪᠡᠯᠡᠳᠬᠡᠮᠵᠢ ᠵᠢᠨ ᠪᠥᠲᠥᠭᠡᠨ ᠪᠠᠶ᠋ᠢᠭᠤᠯᠤᠯᠲᠠ ᠵᠢ ᠲᠦᠷᠭᠡᠳᠬᠡᠵᠦ᠂ 2023 ᠣᠨ ᠪᠣᠯᠬᠤ᠎ᠳᠤ ᠲᠣᠮᠣ ᠳᠤᠮᠳᠠ ᠬᠡᠯᠪᠡᠷᠢ ᠵᠢᠨ ᠤᠰᠤᠯᠠᠯᠲᠠ ᠵᠢᠨ ᠣᠷᠣᠨ᠎ᠤ ᠰᠤᠪᠠᠭ᠎ᠤᠨ ᠡᠬᠢᠨ᠎ᠤ ᠤᠰᠤ ᠲᠠᠲᠠᠬᠤ ᠠᠮᠠ ᠵᠢᠨ ᠬᠡᠮᠵᠢᠯᠲᠡ ᠵᠢ ᠪᠦᠬᠦᠨ᠎ᠢ ᠬᠠᠮᠤᠷᠬᠤ ᠵᠢ ᠪᠡᠶᠡᠯᠡᠭᠦᠯᠵᠦ᠂ ᠨᠥᠬᠥᠴᠡᠯ᠎ᠲᠠᠢ ᠴᠢᠬᠤᠯᠠ ᠤᠰᠤ ᠲᠠᠲᠠᠬᠤ᠂ ᠤᠰᠤ ᠲᠠᠲᠠᠷᠠᠭᠤᠯᠬᠤ ᠠᠮᠠ ᠵᠢᠨ ᠰᠦᠯᠵᠢᠶᠡᠨ ᠳᠡᠭᠡᠷᠡᠬᠢ ᠬᠡᠮᠵᠢᠯᠲᠡ ᠵᠢᠨ ᠬᠢᠨᠠᠨ ᠬᠡᠮᠵᠢᠯᠲᠡ ᠵᠢ ᠪᠡᠶᠡᠯᠡᠭᠦᠯᠵᠦ᠂ ᠵᠢᠵᠢᠭ ᠬᠡᠯᠪᠡᠷᠢ ᠵᠢᠨ ᠤᠰᠤᠯᠠᠯᠲᠠ ᠵᠢᠨ ᠣᠷᠣᠨ᠎ᠤ ᠰᠤᠪᠠᠭ᠎ᠤᠨ ᠡᠬᠢᠨ᠎ᠤ ᠬᠡᠷᠡᠭᠯᠡᠬᠦ ᠤᠰᠤᠨ᠎ᠤ ᠬᠡᠮᠵᠢᠯᠲᠡ ᠵᠢᠨ ᠨᠣᠷᠮ᠎ᠠ ᠵᠢ ᠢᠯᠡᠳᠲᠡ ᠳᠡᠭᠡᠭᠰᠢᠯᠡᠭᠦᠯᠦᠨ᠎ᠡ᠃ ᠲᠠᠷᠢᠶᠠᠯᠠᠩ᠎ᠤᠨ ᠤᠰᠤᠯᠠᠯᠲᠠ ᠵᠢᠨ ᠮᠠᠰᠢᠨ ᠬᠤᠳᠳᠤᠭ᠎ᠲᠤ IC ᠺᠠᠷᠲ᠂ ᠴᠠᠬᠢᠯᠭ᠋ᠠᠨ ᠵᠶ᠋ᠠᠷ ᠤᠰᠤ ᠵᠢ ᠨᠤᠭᠤᠯᠬᠤ ᠵᠡᠷᠭᠡ ᠤᠯᠠᠨ ᠵᠦᠢ᠍ᠯ᠎ᠤᠨ ᠠᠷᠭ᠎ᠠ ᠮᠠᠶᠢᠭ᠎ᠢ ᠢᠳᠡᠪᠬᠢᠲᠡᠶ᠎ᠪᠠᠷ ᠬᠡᠷᠡᠭᠯᠡᠨ ᠤᠰᠤ ᠬᠡᠷᠡᠭᠯᠡᠬᠦ ᠬᠡᠮᠵᠢᠶ᠎ᠡ ᠵᠢ ᠲᠡᠭᠦᠯᠳᠡᠷᠵᠢᠭᠦᠯᠬᠦ ᠬᠡᠷᠡᠭᠲᠡᠶ᠃ ᠬᠣᠯᠪᠣᠭᠳᠠᠯ ᠪᠥᠬᠥᠶ ᠰᠠᠯᠠᠭ᠎ᠠ ᠮᠥᠴᠢᠷ᠎ᠢ ᠵᠣᠬᠢᠴᠠᠭᠤᠯᠵᠤ ᠪᠠᠶ᠋ᠢᠭ᠋ᠠᠳ ᠠᠵᠤ ᠦᠢ᠍ᠯᠡᠳᠪᠤᠷᠢ ᠪᠠ ᠦᠢ᠍ᠯᠡᠴᠢᠯᠡᠭᠡᠨ᠎ᠤ ᠦᠢ᠍ᠯᠡᠰ᠎ᠤᠨ ᠤᠰᠤ ᠬᠡᠷᠡᠭᠯᠡᠬᠦ ᠵᠢ ᠣᠶᠤᠨᠴᠢ᠎ᠪᠠᠷ ᠬᠡᠮᠵᠢᠬᠦ ᠵᠢ ᠠᠯᠬᠤᠮ ᠠᠯᠬᠤᠮ ᠵᠶ᠋ᠡᠷ ᠲᠦᠯᠬᠢᠨ ᠠᠬᠢᠭᠤᠯᠤᠨ᠎ᠠ᠃ ᠬᠠᠲᠤᠨ ᠭᠣᠤᠯ᠎ᠤᠨ ᠰᠠᠪᠠ ᠭᠠᠵᠠᠷ᠎ᠤᠨ ᠤᠰᠤ ᠠᠷᠪᠢᠯᠠᠬᠤ ᠮᠡᠳᠡᠭᠡ ᠵᠠᠩᠭᠢᠵᠢᠯᠲᠠ ᠵᠢᠨ ᠲᠠᠪᠴᠠᠩ᠎ᠢ ᠪᠠᠶ᠋ᠢᠭᠤᠯᠵᠤ᠂ ᠡᠯ᠎ᠡ ᠲᠥᠷᠥᠯ᠎ᠤᠨ ᠤᠰᠤ ᠬᠡᠷᠡᠭᠯᠡᠬᠦ   ᠨᠢᠭᠡᠴᠢ ᠵᠢᠨ ᠤᠰᠤᠨ᠎ᠤ ᠬᠡᠮᠵᠢᠶ᠎ᠡ ᠵᠡᠷᠭᠡ ᠮᠡᠳᠡᠭᠡ ᠵᠠᠩᠭᠢ ᠵᠢ ᠴᠤᠭᠯᠠᠭᠤᠯᠤᠨ ᠵᠠᠳᠠᠯᠵᠤ᠂ ᠤᠯᠤᠰ᠂ ᠮᠤᠵᠢ᠂ ᠬᠣᠲᠠ ᠭᠤᠷᠪᠠᠨ ᠱᠠᠲᠤᠨ᠎ᠤ ᠨᠡᠷᠡᠰ᠎ᠤᠨ ᠵᠢᠭᠰᠠᠭ᠋ᠠᠯᠲᠠ᠎ᠳᠤ ᠣᠷᠣᠭᠤᠯᠤᠭᠰᠠᠨ ᠭᠣᠤᠯᠳᠠᠯᠭ᠎ᠠ᠎ᠲᠠᠢ ᠬᠢᠨᠠᠨ ᠡᠵᠡᠮᠳᠡᠬᠦ ᠤᠰᠤ ᠬᠡᠷᠡᠭᠯᠡᠬᠦ ᠨᠢᠭᠡᠴᠢ᠎ᠳᠤ ᠰᠦᠯᠵᠢᠶᠡᠨ ᠳᠡᠭᠡᠷ᠎ᠡ ᠬᠢᠨᠠᠨ ᠡᠵᠡᠮᠳᠡᠬᠦ ᠵᠢ ᠠᠯᠬᠤᠮ ᠠᠯᠬᠤᠮ ᠵᠶ᠋ᠠᠷ ᠪᠡᠶᠡᠯᠡᠭᠦᠯᠵᠦ᠂ ᠣᠶᠤᠨᠴᠢ᠎ᠪᠠᠷ ᠰᠢᠢ᠍ᠳᠪᠤᠷᠢᠳᠦ ᠪᠣᠳᠣᠯᠭ᠎ᠠ ᠲᠣᠭᠲᠠᠭ᠋ᠠᠬᠤ ᠬᠢᠷᠢ ᠬᠡᠮᠵᠢᠶ᠎ᠡ ᠵᠢ ᠳᠡᠭᠡᠭᠰᠢᠯᠡᠭᠦᠯᠦᠨ᠎ᠡ᠃
   
  (ᠭᠤᠷᠪᠠ) ᠤᠰᠤ ᠬᠡᠷᠡᠭᠯᠡᠬᠦ ᠵᠢᠨ ᠬᠢᠨᠠᠨ ᠪᠤᠳᠤᠯᠳᠠ ᠵᠢ ᠢᠳᠡᠪᠬᠢᠲᠡᠶ᠎ᠪᠠᠷ ᠦᠷᠨᠢᠬᠦᠯᠦᠨ᠎ᠡ
  ᠵᠢᠯ᠎ᠤᠨ ᠤᠰᠤ ᠬᠡᠷᠡᠭᠯᠡᠬᠦ ᠬᠡᠮᠵᠢᠶ᠎ᠡ᠎ᠨᠢ 10 ᠲᠦᠮᠡᠨ ᠪᠣᠰᠣᠭ᠎ᠠ ᠳᠥᠷᠪᠡᠯᠵᠢᠨ ᠮᠧᠲᠷ᠎ᠠᠴᠠ ᠳᠡᠭᠡᠭᠰᠢ ᠪᠥᠭᠡᠳ ᠵᠢᠯ᠎ᠤᠨ ᠲᠥᠯᠥᠪᠯᠡᠭᠡ᠎ᠠᠴᠠ ᠳᠠᠪᠠᠭᠰᠠᠨ ᠤᠰᠤ ᠬᠡᠷᠡᠭᠯᠡᠬᠦ ᠬᠡᠮᠵᠢᠶ᠎ᠡ᠎ᠨᠢ 10%᠎ᠠᠴᠠ ᠳᠡᠭᠡᠭᠰᠢᠬᠢ ᠠᠵᠤ ᠠᠬᠤᠶ᠋ᠢᠯᠠᠯ ᠠᠵᠢᠯ ᠦᠢ᠍ᠯᠡᠰ᠎ᠤᠨ ᠨᠢᠭᠡᠴᠢ᠎ᠳᠤ ᠤᠰᠤ ᠬᠡᠷᠡᠭᠯᠡᠬᠦ ᠬᠢᠨᠠᠨ ᠪᠣᠳᠣᠯᠲᠠ ᠬᠢᠵᠦ᠂ ᠤᠰᠤ ᠬᠡᠷᠡᠭᠯᠡᠬᠦ ᠲᠣᠭᠲᠠᠭᠰᠠᠨ ᠨᠣᠷᠮ᠎ᠠ ᠵᠢᠨ ᠬᠦᠢ᠍ᠴᠡᠳᠭᠡᠯ ᠲᠣᠭ᠎ᠠ ᠪᠠ ᠬᠣᠯᠪᠣᠭᠳᠠᠯ ᠪᠥᠬᠥᠶ ᠪᠠᠷᠢᠮᠵᠢᠶ᠎ᠠ᠎ᠲᠠᠢ ᠬᠠᠷᠢᠴᠠᠭᠤᠯᠤᠨ ᠤᠰᠤ ᠬᠡᠷᠡᠭᠯᠡᠬᠦ ᠡᠯ᠎ᠡ ᠭᠣᠭᠴᠣᠭ᠎ᠠ᠎ᠳᠤ ᠵᠠᠳᠠᠯᠤᠯᠲᠠ ᠪᠠ ᠬᠢᠨᠠᠨ ᠬᠠᠷᠭᠤᠭᠤᠯᠤᠯᠲᠠ ᠬᠢᠵᠦ᠂ ᠤᠰᠤᠨ᠎ᠤ ᠲᠡᠩᠴᠡᠭᠦᠷᠢ ᠵᠢᠨ ᠬᠡᠮᠵᠢᠯᠲᠡ ᠵᠢ ᠥᠷᠨᠢᠭᠦᠯᠦᠨ᠂ ᠤᠰᠤᠨ᠎ᠤ ᠬᠡᠮᠵᠢᠶ᠎ᠡ ᠵᠢᠨ ᠲᠡᠩᠴᠡᠭᠦᠷᠢ ᠵᠢᠨ ᠬᠠᠷᠢᠴᠠᠭ᠎ᠠ ᠪᠠ ᠤᠰᠤ ᠬᠡᠷᠡᠭᠯᠡᠬᠦ ᠠᠰᠢᠭᠯᠠᠮᠵᠢ ᠵᠢᠨ ᠪᠠᠶ᠋ᠢᠳᠠᠯ᠎ᠢ ᠵᠠᠳᠠᠯᠵᠤ᠂ ᠠᠰᠠᠭᠤᠳᠠᠯ ᠣᠷᠣᠰᠢᠵᠤ ᠪᠠᠶ᠋ᠢᠭ᠎ᠠ ᠨᠢᠭᠡᠴᠢ ᠵᠢ ᠰᠢᠮᠳᠠᠭᠤᠯᠵᠤ ᠪᠠᠶ᠋ᠢᠭ᠋ᠠᠳ ᠠᠷᠭ᠎ᠠ ᠬᠡᠮᠵᠢᠶ᠎ᠡ ᠠᠪᠴᠤ ᠤᠰᠤ ᠠᠷᠪᠢᠯᠠᠬᠤ ᠳᠠᠯᠳᠠ ᠬᠦᠴᠦᠨ᠎ᠢ ᠠᠭᠤᠳᠠᠯᠤᠭᠤᠯᠵᠤ᠂ ᠤᠰᠤ ᠬᠡᠷᠡᠭᠯᠡᠬᠦ ᠨᠢᠭᠡᠴᠢ ᠵᠢᠨ ᠤᠰᠤᠨ᠎ᠤ ᠠᠰᠢᠭᠯᠠᠮᠵᠢ ᠵᠢ ᠲᠣᠭᠲᠠᠭᠰᠠᠨ ᠨᠣᠷᠮ᠎ᠠ ᠵᠢᠨ ᠪᠠᠷᠢᠮᠵᠢᠶ᠎ᠠ᠎ᠳᠤ ᠬᠦᠷᠦᠭᠦᠯᠦᠨ᠎ᠡ᠃
   
  ᠨᠠᠢ᠍ᠮᠠ᠂ ᠤᠰᠤ ᠠᠷᠪᠢᠯᠠᠬᠤ ᠤᠬᠠᠭᠤᠯᠭ᠎ᠠ ᠬᠥᠮᠦᠵᠢᠯ᠎ᠢ ᠥᠷᠭᠡᠨ ᠵᠶ᠋ᠡᠷ ᠦᠷᠨᠢᠬᠦᠯᠦᠨ᠎ᠡ
 
   (ᠨᠢᠭᠡ) ᠤᠰᠤ ᠠᠷᠪᠢᠯᠠᠬᠤ ᠤᠬᠠᠭᠤᠯᠭ᠎ᠠ ᠵᠢᠨ ᠡᠷᠴᠢᠮ᠎ᠢ ᠨᠡᠮᠡᠭᠳᠡᠭᠦᠯᠦᠨ᠎ᠡ
    ᠰᠠᠪᠠ ᠭᠠᠵᠠᠷ᠎ᠤᠨ ᠤᠰᠤᠨ᠎ᠤ ᠪᠠᠶ᠋ᠢᠳᠠᠯ᠎ᠤᠨ ᠬᠥᠮᠦᠵᠢᠯ᠎ᠢ ᠴᠢᠩᠭ᠋ᠠᠳᠬᠠᠨ᠂ 《ᠳᠡᠯᠡᠬᠡᠶ ᠵᠢᠨ ᠤᠰᠤᠨ᠎ᠤ ᠡᠳᠦᠷ》 ᠪᠣᠯᠤᠨ 《ᠳᠤᠮᠳᠠᠳᠤ ᠤᠯᠤᠰ᠎ᠤᠨ ᠤᠰᠤᠨ᠎ᠤ ᠭᠠᠷᠠᠭ》 ᠵᠡᠷᠭᠡ᠎ᠲᠠᠢ ᠤᠶᠠᠯᠳᠤᠭᠤᠯᠤᠨ ᠤᠯᠠᠨ ᠬᠡᠯᠪᠡᠷᠢ ᠮᠠᠶᠢᠭ ᠪᠥᠬᠥᠢ ᠤᠰᠤ ᠠᠷᠪᠢᠯᠠᠬᠤ ᠤᠬᠠᠭᠤᠯᠭ᠎ᠠ ᠵᠢᠨ ᠠᠵᠢᠯᠯᠠᠭ᠎ᠠ ᠵᠢ ᠥᠷᠨᠢᠭᠦᠯᠵᠦ᠂ ᠤᠯᠠᠨ ᠨᠡᠢ᠍ᠢ᠍ᠳᠡ᠎ᠳᠤ ᠤᠰᠤᠨ᠎ᠤ ᠬᠠᠤᠯᠢ ᠲᠣᠭᠲᠠᠭ᠋ᠠᠯ᠎ᠢ ᠤᠬᠠᠭᠤᠯᠤᠨ᠂ ᠤᠰᠤ ᠠᠷᠪᠢᠯᠠᠬᠤ ᠲᠥᠷᠥ ᠵᠢᠨ ᠪᠤᠳᠤᠯᠭ᠎ᠠ ᠵᠢ ᠲᠠᠶ᠋ᠢᠯᠪᠤᠷᠢᠯᠠᠵᠤ᠂ ᠤᠰᠤ ᠠᠷᠪᠢᠯᠠᠬᠤ ᠮᠡᠳᠡᠯᠭᠡ ᠵᠢ ᠲᠦᠭᠡᠮᠡᠯᠵᠢᠭᠦᠯᠦᠨ᠂ ᠤᠯᠠᠨ ᠨᠡᠶ᠋ᠢᠲᠡ ᠵᠢᠨ ᠤᠰᠤ ᠵᠢ ᠠᠷᠪᠢᠯᠠᠵᠤ ᠬᠡᠷᠡᠭᠯᠡᠬᠦ ᠵᠢ   ᠮᠡᠳᠡᠷᠡᠮᠵᠢ ᠵᠢ ᠳᠡᠭᠡᠭᠰᠢᠯᠡᠭᠦᠯᠦᠨ᠎ᠡ᠃ ᠤᠯᠠᠨ ᠨᠡᠶ᠋ᠢᠲᠡ᠎ᠪᠠᠷ ᠵᠶ᠋ᠡᠨ ᠣᠷᠣᠯᠴᠠᠬᠤ ᠲᠣᠭᠲᠠᠴᠠ ᠵᠢ ᠲᠡᠭᠦᠯᠳᠡᠷᠵᠢᠭᠦᠯᠦᠨ᠂ ᠤᠯᠠᠨ ᠨᠡᠶ᠋ᠢᠲᠡ ᠵᠢᠨ ᠤᠰᠤ ᠠᠷᠪᠢᠯᠠᠬᠤ ᠠᠵᠢᠯᠯᠠᠭ᠎ᠠ᠎ᠳᠤ ᠤᠬᠠᠮᠰᠠᠷ᠎ᠠᠴᠠ᠎ᠪᠠᠨ ᠣᠷᠣᠯᠴᠠᠬᠤ ᠵᠢ ᠵᠣᠷᠢᠭᠵᠢᠭᠤᠯᠵᠤ᠂ ᠤᠰᠤ ᠠᠷᠪᠢᠯᠠᠬᠤ ᠵᠢ ᠠᠵᠤ ᠠᠬᠤᠶ᠋ᠢᠯᠠᠯ᠎ᠳᠤ ᠣᠷᠣᠭᠤᠯᠬᠤ᠂ ᠰᠤᠷᠭ᠋ᠠᠭᠤᠯᠢ ᠵᠢᠨ ᠬᠦᠷᠢᠶᠡᠨ᠎ᠳᠤ ᠣᠷᠣᠭᠤᠯᠬᠤ᠂ ᠪᠠᠶ᠋ᠢᠭᠤᠯᠭ᠎ᠠ᠎ᠳᠤ ᠣᠷᠣᠭᠤᠯᠬᠤ᠂ ᠨᠡᠶ᠋ᠢᠭᠡᠮ ᠲᠣᠭᠣᠷᠢᠭ᠎ᠲᠤ ᠣᠷᠣᠭᠤᠯᠬᠤ᠂ ᠭᠡᠷ ᠪᠦᠯᠢ᠎ᠳᠤ ᠣᠷᠣᠭᠤᠯᠬᠤ ᠵᠢ ᠲᠦᠯᠬᠢᠨ ᠠᠬᠢᠭᠤᠯᠵᠤ᠂ ᠪᠦᠬᠦ ᠨᠡᠶ᠋ᠢᠭᠡᠮ᠎ᠢ ᠬᠥᠲᠥᠯᠥᠨ ᠵᠢᠯᠣᠭᠣᠳᠴᠤ ᠪᠠᠶ᠋ᠢᠭ᠋ᠠᠳ ᠤᠰᠤ ᠵᠢ ᠨᠠᠨᠳᠢᠩᠨᠠᠬᠤ᠂ ᠤᠰᠤ ᠵᠢ ᠠᠷᠪᠢᠯᠠᠬᠤ ᠪᠠ ᠤᠰᠤ ᠵᠢ ᠬᠠᠶ᠋ᠢᠷᠠᠯᠠᠬᠤ ᠰᠠᠢ᠍ᠢ᠍ᠨ ᠰᠠᠶ᠋ᠢᠬᠠᠨ ᠬᠡᠪ ᠰᠤᠷᠲᠠᠯ᠎ᠢ ᠪᠤᠢ ᠪᠣᠯᠭ᠋ᠠᠨ᠎ᠠ᠃
   
  (ᠬᠣᠶᠠᠷ) ᠤᠰᠤ ᠠᠷᠪᠢᠯᠠᠬᠤ ᠤᠬᠠᠭᠤᠯᠭ᠎ᠠ ᠵᠢᠨ ᠬᠡᠯᠪᠡᠷᠢ ᠮᠠᠶᠢᠭ᠎ᠤᠨ ᠰᠢᠨ᠎ᠡ ᠵᠢ ᠡᠬᠦᠳᠦᠨ᠎ᠡ
    ᠤᠬᠠᠭᠤᠯᠭ᠎ᠠ ᠵᠢᠨ ᠰᠢᠨ᠎ᠡ ᠵᠠᠭᠪᠤᠷ᠎ᠢ ᠢᠳᠡᠪᠬᠢᠲᠡᠶ᠎ᠪᠠᠷ ᠬᠠᠶ᠋ᠢᠨ ᠰᠦᠪᠡᠭᠴᠢᠯᠡᠵᠦ᠂ ᠤᠯᠠᠮᠵᠢᠯᠠᠯᠲᠤ ᠵᠠᠭᠤᠴᠢᠯᠠᠭᠤᠷ᠎ᠤᠨ ᠭᠣᠤᠯ ᠠᠷᠭ᠎ᠠ ᠵᠠᠮ ᠪᠠ ᠰᠢᠨ᠎ᠡ ᠵᠠᠭᠤᠴᠢᠯᠠᠭᠤᠷ᠎ᠤᠨ ᠰᠢᠨ᠎ᠡ ᠬᠦᠴᠦᠨ᠎ᠤ ᠦᠢ᠍ᠯᠡᠳᠦᠯ᠎ᠢ ᠬᠦᠢ᠍ᠴᠡᠳ ᠪᠠᠳᠠᠷᠠᠭᠤᠯᠤᠨ᠂ ᠤᠰᠤ ᠠᠷᠪᠢᠯᠠᠬᠤ ᠤᠬᠠᠭᠤᠯᠭ᠎ᠠ ᠵᠢᠨ ᠲᠠᠲᠠᠬᠤ ᠬᠦᠴᠦᠨ ᠪᠠ ᠤᠯᠠᠮᠵᠢᠯᠠᠬᠤ ᠬᠦᠴᠦᠨ᠎ᠢ ᠳᠡᠭᠡᠭᠰᠢᠯᠡᠭᠦᠯᠦᠨ᠎ᠡ᠃ ᠤᠬᠠᠭᠤᠯᠭ᠎ᠠ ᠬᠥᠮᠦᠵᠢᠯ᠎ᠤᠨ ᠡᠬᠢ ᠪᠠᠶᠠᠯᠢᠭ᠎ᠢ ᠡᠮᠬᠢᠯᠡᠨ ᠨᠡᠶ᠋ᠢᠯᠡᠭᠦᠯᠬᠦ ᠵᠢ ᠴᠢᠬᠤᠯᠠᠴᠢᠯᠠᠨ᠂ ᠪᠣᠯᠪᠠᠰᠤᠨ᠎ᠤ ᠪᠠᠶ᠋ᠢᠭᠤᠯᠤᠯᠲᠠ ᠵᠢᠨ ᠠᠯᠪᠠᠨ ᠭᠡᠷ᠂ ᠬᠠᠤᠯᠢ ᠴᠠᠭ᠋ᠠᠵᠠ ᠵᠢᠨ ᠮᠡᠳᠡᠯᠭᠡ ᠵᠢ ᠲᠦᠭᠡᠮᠡᠯᠵᠢᠭᠦᠯᠬᠦ ᠠᠯᠪᠠᠨ ᠭᠡᠷ᠂ ᠡᠪ ᠬᠠᠮᠲᠤ ᠵᠠᠯᠠᠭᠤᠴᠤᠳ᠎ᠤᠨ ᠡᠪᠯᠡᠯ᠂ ᠡᠮᠡᠭᠲᠡᠶ᠋ᠢᠴᠦᠳ᠎ᠤᠨ ᠬᠣᠯᠪᠣᠭ᠎ᠠ᠂ ᠠᠵᠢᠯᠴᠢᠨ᠎ᠤ ᠡᠪᠯᠡᠯ ᠵᠡᠷᠭᠡ᠎ᠯᠦᠭᠡ ᠬᠤᠷᠰᠢᠯᠴᠠᠬᠤ ᠲᠣᠭᠲᠠᠴᠠ ᠵᠢ ᠪᠠᠶ᠋ᠢᠭᠤᠯᠵᠤ᠂ ᠤᠰᠤ ᠠᠷᠪᠢᠯᠠᠬᠤ ᠤᠬᠠᠭᠤᠯᠭ᠎ᠠ ᠵᠢᠨ ᠨᠥᠯᠥᠭᠡᠯᠡᠬᠦ ᠬᠦᠴᠦᠨ ᠪᠣᠯᠤᠨ ᠬᠠᠮᠤᠷᠬᠤ ᠬᠡᠪᠴᠢᠶ᠎ᠡ ᠵᠢ ᠥᠷᠭᠡᠳᠬᠡᠨ᠂ ᠤᠰᠤ ᠠᠷᠪᠢᠯᠠᠬᠤ ᠤᠬᠠᠭᠤᠯᠭ᠎ᠠ ᠵᠢᠨ ᠴᠢᠭᠯᠡᠭᠦᠯᠦᠯᠲᠦ ᠴᠢᠨᠠᠷ ᠪᠣᠯᠤᠨ ᠪᠦᠲᠦᠮᠵᠢᠲᠦ ᠴᠢᠨᠠᠷ᠎ᠢ ᠦᠨᠡᠨ ᠬᠦ᠌ ᠳᠡᠭᠡᠭᠰᠢᠯᠡᠭᠦᠯᠬᠦ ᠬᠡᠷᠡᠭᠲᠡᠶ᠃
 
   (ᠭᠤᠷᠪᠠ) ᠤᠰᠤ ᠠᠷᠪᠢᠯᠠᠬᠤ ᠬᠥᠮᠦᠵᠢᠯ᠎ᠤᠨ ᠪᠣᠯᠪᠠᠰᠤᠷᠠᠭᠤᠯᠤᠯ᠎ᠢ ᠭᠦᠨᠵᠡᠭᠡᠶ᠋ᠢᠷᠡᠭᠦᠯᠦᠨ᠎ᠡ
    ᠭᠣᠤᠯᠳᠠᠯᠭ᠎ᠠ᠎ᠲᠠᠢ ᠤᠰᠤᠨ ᠠᠰᠢᠭᠯᠠᠯᠲᠠ ᠵᠢᠨ ᠢᠨᠵᠧᠨᠧᠷᠢᠩ᠂ ᠤᠰᠤᠨ᠎ᠤ ᠪᠠᠶ᠋ᠢᠳᠠᠯ᠎ᠤᠨ ᠬᠥᠮᠦᠵᠢᠯ᠎ᠤᠨ ᠰᠠᠭᠤᠷᠢᠨ ᠭᠠᠵᠠᠷ᠂ ᠤᠰᠤᠨ᠎ᠤ ᠰᠣᠶᠣᠯ᠎ᠤᠨ ᠣᠷᠳᠣᠨ ᠵᠡᠷᠭᠡ ᠲᠠᠪᠴᠠᠩ᠎ᠤᠨ   ᠦᠢ᠍ᠯᠡᠳᠦᠯ᠎ᠢ ᠬᠦᠢ᠍ᠴᠡᠳ ᠪᠠᠳᠠᠷᠠᠭᠤᠯᠵᠤ᠂ ᠬᠠᠮᠢᠶ᠎ᠠ ᠪᠥᠬᠥᠶ ᠲᠤᠰᠬᠠᠶ ᠰᠡᠳᠦᠪᠲᠦ ᠤᠬᠠᠭᠤᠯᠭ᠎ᠠ ᠵᠢᠨ ᠹᠢᠯᠢᠮ᠎ᠢ ᠦᠢ᠍ᠯᠡᠳᠬᠦ ᠵᠢᠨ ᠬᠠᠮᠲᠤ ᠨᠡᠶ᠋ᠢᠭᠡᠮ ᠨᠡᠶ᠋ᠢᠲᠡ᠎ᠳᠤ ᠲᠠᠨᠢᠯᠴᠠᠭᠤᠯᠵᠤ᠂ ᠲᠣᠰ ᠲᠣᠰ᠎ᠤᠨ ᠣᠨᠴᠠᠯᠢᠭ᠎ᠲᠠᠢ ᠤᠰᠤ ᠠᠷᠪᠢᠯᠠᠬᠤ ᠬᠥᠮᠦᠵᠢᠯ᠎ᠤᠨ ᠦᠢ᠍ᠯᠡᠳᠦᠯᠭᠡ ᠵᠢᠨ ᠠᠵᠢᠯᠯᠠᠭ᠎ᠠ ᠵᠢ ᠵᠣᠬᠢᠶᠠᠨ ᠪᠠᠶ᠋ᠢᠭᠤᠯᠤᠨ ᠥᠷᠨᠢᠭᠦᠯᠵᠦ᠂ ᠣᠯᠠᠨ ᠨᠡᠶ᠋ᠢᠲᠡ ᠢᠯᠠᠩᠭᠤᠶ᠎ᠠ ᠰᠤᠷᠭ᠋ᠠᠭᠤᠯᠢ᠎ᠳᠤ ᠪᠠᠶ᠋ᠢᠭ᠎ᠠ ᠰᠤᠷᠤᠭᠴᠢᠳ᠎ᠢ ᠬᠥᠲᠥᠯᠦᠨ ᠵᠢᠯᠣᠭᠣᠳᠴᠤ ᠪᠠᠶ᠋ᠢᠭ᠋ᠠᠳ ᠤᠰᠤ ᠠᠷᠪᠢᠯᠠᠬᠤ ᠣᠨᠣᠯᠵᠢᠬᠤᠨ᠎ᠢ ᠪᠣᠶ ᠪᠣᠯᠭ᠋ᠠᠵᠤ᠂ ᠤᠰᠤ ᠠᠷᠪᠢᠯᠠᠬᠤ ᠳᠠᠳᠬᠠᠯ᠎ᠲᠠᠢ ᠪᠣᠯᠭ᠋ᠠᠨ᠎ᠠ᠃ ᠠᠳᠠᠯᠢ ᠪᠤᠰᠤ ᠲᠥᠷᠥᠯ ᠬᠡᠯᠪᠡᠷᠢ ᠵᠢᠨ ᠤᠰᠤ ᠬᠡᠷᠡᠭᠯᠡᠬᠦ ᠭᠣᠤᠯ ᠴᠣᠭᠴᠠ ᠪᠣᠯᠤᠨ ᠤᠰᠤ ᠠᠷᠪᠢᠯᠠᠬᠤ ᠠᠵᠢᠯ᠎ᠢ ᠡᠷᠭᠢᠯᠡᠵᠦ ᠪᠠᠶ᠋ᠢᠭ᠎ᠠ ᠦᠨᠳᠦᠰᠦᠨ ᠱᠠᠲᠤᠨ᠎ᠤ ᠠᠵᠢᠯᠲᠠᠳ᠎ᠲᠤ ᠴᠢᠭᠯᠡᠭᠦᠯᠦᠨ᠂ ᠤᠰᠤ ᠠᠷᠪᠢᠯᠠᠬᠤ ᠪᠣᠯᠪᠠᠰᠤᠷᠠᠭᠤᠯᠤᠯ ᠪᠣᠯᠤᠨ ᠲᠠᠶ᠋ᠢᠯᠤᠮᠵᠢ ᠵᠢ ᠵᠣᠬᠢᠶᠠᠨ ᠪᠠᠶ᠋ᠢᠭᠤᠯᠤᠨ ᠥᠷᠨᠢᠭᠦᠯᠵᠦ᠂ ᠤᠰᠤ ᠬᠡᠷᠡᠭᠯᠡᠬᠦ ᠬᠠᠮᠢᠶᠠᠷᠤᠯᠲᠠ ᠵᠢᠨ ᠬᠢᠷᠢ ᠬᠡᠮᠵᠢᠶ᠎ᠡ ᠵᠢ ᠳᠡᠭᠡᠭᠰᠢᠯᠡᠭᠦᠯᠦᠨ᠎ᠡ᠃
   
    ᠶᠢᠰᠦ᠂ ᠪᠠᠲᠤᠯᠠᠭ᠎ᠠ ᠵᠢᠨ ᠠᠷᠭ᠎ᠠ ᠬᠡᠮᠵᠢᠶ᠎ᠡ
 
  (ᠨᠢᠭᠡ) ᠵᠣᠬᠢᠶᠠᠨ ᠪᠠᠶ᠋ᠢᠭᠤᠯᠤᠯᠲᠠ ᠵᠢᠨ ᠤᠳᠤᠷᠢᠳᠤᠯᠭ᠎ᠠ᠎ᠪᠠᠨ ᠴᠢᠩᠭ᠋ᠠᠳᠬᠠᠬᠤ ᠬᠡᠷᠡᠭᠲᠡᠶ
   《ᠬᠠᠲᠤᠨ ᠭᠣᠤᠯ᠎ᠤᠨ ᠰᠠᠪᠠ ᠭᠠᠵᠠᠷ᠎ᠤᠨ ᠠᠮᠢ ᠠᠬᠤᠶ ᠵᠢᠨ ᠬᠠᠮᠠᠭ᠋ᠠᠯᠠᠯᠲᠠ ᠪᠠ ᠴᠢᠨᠠᠷ ᠰᠠᠶ᠋ᠢᠲᠠᠶ ᠬᠥᠭᠵᠢᠯᠲᠡ ᠵᠢᠨ ᠲᠥᠯᠥᠪᠵᠢᠭᠦᠯᠭᠡ ᠵᠢᠨ ᠬᠥᠲᠥᠯᠪᠦᠷᠢ》 ᠵᠢᠨ ᠲᠥᠯᠥᠪᠵᠢᠭᠦᠯᠭᠡ ᠵᠢᠨ ᠬᠡᠪᠴᠢᠶᠡᠨ᠎ᠳᠠᠬᠢ ᠡᠯ᠎ᠡ ᠰᠢᠶᠠᠨ᠎ᠤ ᠱᠠᠲᠤᠨ᠎ᠠᠴᠠ ᠳᠡᠭᠡᠭᠰᠢᠬᠢ ᠣᠷᠣᠨ ᠨᠤᠲᠤᠭ᠎ᠤᠨ ᠤᠰᠤᠨ᠎ᠤ ᠶᠠᠪᠤᠳᠠᠯ᠎ᠤᠨ ᠵᠠᠰᠠᠭ ᠵᠠᠬᠢᠷᠭ᠋ᠠᠨ᠎ᠤ ᠭᠣᠤᠯᠴᠢᠯᠠᠨ ᠬᠠᠮᠢᠶᠠᠷᠬᠤ ᠰᠠᠯᠠᠭ᠎ᠠ ᠮᠥᠴᠢᠷ᠎ᠤᠳ ᠤᠰᠤ ᠵᠢ ᠬᠦᠨᠵᠡᠭᠡᠢ ᠠᠷᠪᠢᠯᠠᠵᠤ ᠡᠵᠡᠮᠳᠡᠬᠦ ᠠᠵᠢᠯ᠎ᠤᠨ ᠵᠣᠬᠢᠶᠠᠨ ᠪᠠᠶ᠋ᠢᠭᠤᠯᠤᠯᠲᠠ ᠵᠢᠨ ᠤᠳᠤᠷᠢᠳᠤᠯᠭ᠎ᠠ᠎ᠪᠠᠨ ᠴᠢᠩᠭ᠋ᠠᠳᠬᠠᠬᠤ ᠬᠡᠷᠡᠭᠲᠡᠶ᠃ 《ᠤᠯᠤᠰ᠎ᠤᠨ ᠤᠰᠤ ᠠᠷᠪᠢᠯᠠᠬᠤ ᠠᠵᠢᠯᠯᠠᠭ᠎ᠠ ᠵᠢᠨ ᠲᠥᠰᠦᠯ》 ᠟᠎ᠤᠨ ᠱᠠᠭ᠋ᠠᠷᠳᠠᠯᠭ᠎ᠠ ᠶᠣᠰᠣᠭ᠋ᠠᠷ᠂ ᠬᠣᠯᠪᠣᠭᠳᠠᠯ ᠪᠥᠬᠥᠢ ᠰᠠᠯᠠᠭ᠎ᠠ ᠮᠥᠴᠢᠷ  ᠎ᠢ ᠢᠳᠡᠪᠬᠢᠲᠡᠶ᠎ᠪᠠᠷ ᠵᠣᠬᠢᠴᠠᠭᠤᠯᠤᠨ ᠤᠰᠤ ᠠᠷᠪᠢᠯᠠᠵᠤ ᠬᠡᠷᠡᠭᠯᠡᠬᠦ ᠠᠵᠢᠯ᠎ᠤᠨ ᠰᠠᠯᠠᠭ᠎ᠠ ᠮᠥᠴᠢᠷ᠎ᠤᠨ ᠵᠣᠬᠢᠴᠠᠭᠤᠯᠬᠤ ᠲᠣᠭᠲᠠᠴᠠ ᠪᠠᠶ᠋ᠢᠭᠤᠯᠬᠤ ᠵᠢ ᠲᠥᠯᠬᠢᠨ ᠠᠬᠢᠭᠤᠯᠵᠤ᠂ ᠤᠰᠤ ᠠᠷᠪᠢᠯᠠᠬᠤ ᠠᠵᠢᠯ᠎ᠤᠨ ᠳᠤᠮᠳᠠᠬᠢ ᠭᠣᠣᠯᠳᠠᠯᠭ᠎ᠠ᠎ᠲᠠᠢ ᠬᠦᠴᠢᠷ ᠠᠰᠠᠭᠤᠳᠠᠯ᠎ᠢ ᠵᠣᠬᠢᠴᠠᠭᠤᠯᠤᠨ ᠰᠢᠢ᠍ᠳᠪᠤᠷᠢᠯᠡᠵᠦ᠂ ᠣᠷᠣᠨ ᠪᠦᠰᠡ ᠵᠢᠨ ᠤᠰᠤ ᠠᠷᠪᠢᠯᠠᠬᠤ ᠠᠵᠢᠯ᠎ᠢ ᠨᠢᠭᠡᠳᠦᠯᠲᠡᠶ ᠲᠥᠯᠥᠪᠯᠡᠨ ᠲᠥᠯᠬᠢᠨ ᠠᠬᠢᠭᠤᠯᠤᠨ᠎ᠠ᠃ ᠡᠯ᠎ᠡ ᠮᠤᠵᠢ ᠵᠢᠨ ᠱᠠᠲᠤᠨ᠎ᠤ ᠤᠰᠤᠨ᠎ᠤ ᠶᠠᠪᠤᠳᠠᠯ᠎ᠤᠨ ᠵᠠᠰᠠᠭ ᠵᠠᠬᠢᠷᠭ᠋ᠠᠨ᠎ᠤ ᠭᠣᠤᠯᠴᠢᠯᠠᠨ ᠬᠠᠮᠢᠶᠠᠷᠬᠤ ᠰᠠᠯᠠᠭ᠎ᠠ ᠮᠥᠴᠢᠷ᠎ᠤᠳ ᠣᠷᠣᠨ ᠪᠦᠰᠡ ᠵᠢᠨ ᠣᠨ᠎ᠤ ᠤᠰᠤ ᠠᠷᠪᠢᠯᠠᠵᠤ ᠤᠰᠤ ᠡᠵᠡᠮᠳᠡᠬᠦ ᠠᠵᠢᠯ᠎ᠤᠨ ᠡᠭᠦᠷᠭᠡ ᠵᠢᠨ ᠨᠠᠷᠢᠨ ᠬᠠᠭᠤᠳᠠᠰᠤ ᠵᠢ ᠲᠣᠭᠲᠠᠭ᠋ᠠᠵᠤ᠂ ᠵᠢᠯᠣᠭᠣᠳᠣᠯᠭ᠎ᠠ᠎ᠪᠠᠨ ᠴᠢᠩᠭ᠋ᠠᠳᠬᠠᠨ᠂ ᠠᠵᠢᠯ᠎ᠤᠨ ᠡᠭᠦᠷᠭᠡ ᠵᠢᠨ ᠨᠠᠶ᠋ᠢᠳᠠᠪᠤᠷᠢᠵᠢᠭᠤᠯᠤᠯᠲᠠ ᠵᠢ ᠴᠢᠩᠭ᠎ᠠ ᠠᠳᠬᠤᠬᠤ ᠬᠡᠷᠡᠭᠲᠡᠶ᠃ ᠤᠰᠤᠨ ᠠᠰᠢᠭᠯᠠᠯᠲᠠ ᠵᠢᠨ ᠶᠠᠮᠤᠨ ᠬᠢᠨᠠᠯᠲᠠ ᠪᠠᠶ᠋ᠢᠴᠠᠭ᠋ᠠᠯᠲᠠ᠎ᠪᠠᠨ ᠴᠢᠩᠭ᠋ᠠᠳᠬᠠᠵᠤ᠂ ᠠᠵᠢᠯ ᠵᠶ᠋ᠠᠨ ᠰᠠᠶ᠋ᠢᠲᠤᠷ ᠨᠠᠶ᠋ᠢᠳᠠᠪᠤᠷᠢᠵᠢᠭᠤᠯᠤᠭᠰᠠᠨ ᠥᠬᠡᠶ ᠪᠠᠢ᠌ᠪᠠᠯ ᠬᠠᠤᠯᠢ ᠲᠣᠭᠲᠠᠭ᠋ᠠᠯ ᠶᠣᠰᠣᠭ᠋ᠠᠷ ᠴᠢᠩᠭ᠎ᠠ ᠬᠠᠷᠢᠭᠤᠴᠠᠯᠭ᠎ᠠ ᠨᠡᠬᠡᠮᠵᠢᠯᠡᠵᠦ᠂ ᠤᠰᠤ ᠠᠷᠪᠢᠯᠠᠵᠤ ᠤᠰᠤ ᠵᠢ ᠡᠵᠡᠮᠳᠡᠨ ᠪᠣᠳᠠᠲᠠᠶ᠎ᠳᠤ ᠨᠠᠶ᠋ᠢᠳᠠᠪᠤᠷᠢᠵᠢᠭᠤᠯᠵᠤ ᠦᠷ᠎ᠡ ᠪᠦᠲᠦᠮᠵᠢ ᠤᠯᠬᠤ ᠵᠢ ᠦᠨᠡᠨ ᠬᠦ᠌ ᠪᠠᠲᠤᠯᠠᠨ᠎ᠠ᠃
 
   (ᠬᠣᠶᠠᠷ) ᠤᠷᠮᠠᠰᠢᠭᠤᠯᠬᠤ ᠲᠣᠭᠲᠠᠴᠠ ᠵᠢ ᠪᠥᠷᠢᠨᠰᠢᠬᠥᠯᠥᠨ᠎ᠡ
    ᠤᠰᠤ ᠠᠷᠪᠢᠯᠠᠬᠤ ᠪᠡᠯᠡ ᠣᠷᠣᠭᠤᠯᠤᠯᠲᠠ ᠵᠢᠨ ᠠᠷᠭ᠎ᠠ ᠵᠠᠮ᠎ᠢ ᠰᠤᠳᠤᠯᠤᠨ ᠥᠷᠭᠡᠳᠬᠡᠵᠦ᠂ ᠤᠰᠤ ᠠᠷᠪᠢᠯᠠᠬᠤ ᠵᠢ ᠳᠡᠮᠵᠢᠬᠦ ᠲᠥᠷᠥ ᠵᠢᠨ ᠪᠤᠳᠤᠯᠭ᠎ᠠ ᠵᠢ ᠪᠠᠶ᠋ᠢᠭᠤᠯᠤᠨ᠂ ᠤᠯᠤᠰ᠎ᠤᠨ ᠤᠰᠤ ᠠᠷᠪᠢᠯᠠᠬᠤ ᠭᠠᠶ᠋ᠢᠯᠢ ᠲᠠᠲᠠᠪᠤᠷᠢ ᠵᠢᠨ ᠬᠠᠷᠠᠭ᠋ᠠᠯᠵᠠᠯ᠎ᠤᠨ ᠠᠷᠭ᠎ᠠ ᠬᠡᠮᠵᠢᠶ᠎ᠡ ᠵᠢ ᠨᠠᠶ᠋ᠢᠳᠠᠪᠤᠷᠢᠵᠢᠭᠤᠯᠤᠨ᠎ᠠ᠃ ᠬᠠᠲᠤᠨ ᠭᠣᠤᠯ᠎ᠤᠨ ᠰᠠᠪᠠ ᠭᠠᠵᠠᠷ᠎ᠤᠨ ᠬᠦᠨᠵᠡᠭᠡᠢ ᠤᠰᠤ ᠠᠷᠪᠢᠯᠠᠵᠤ ᠡᠵᠡᠮᠳᠡᠬᠦ ᠠᠵᠢᠯ᠎ᠢ ᠳᠥᠯᠭᠢᠨ ᠠᠬᠢᠭᠤᠯᠬᠤ᠎ᠳᠤ ᠢᠯᠡᠷᠡᠯ ᠰᠠᠶ᠋ᠢᠲᠠᠶ ᠨᠢᠭᠡᠴᠢ ᠪᠠ ᠬᠤᠪᠢ ᠬᠥᠮᠦᠨ᠎ᠢ ᠬᠣᠯᠪᠣᠭᠳᠠᠯ ᠪᠥᠬᠥᠶ ᠲᠣᠭᠲᠠᠭ᠋ᠠᠯ ᠶᠣᠰᠣᠭ᠋ᠠᠷ ᠰᠠᠶ᠋ᠢᠰᠢᠶᠠᠨ ᠬᠥᠬᠢᠭᠦᠯᠵᠦ ᠪᠣᠯᠤᠨ᠎ᠠ᠃ ᠤᠰᠤ ᠠᠷᠪᠢᠯᠠᠬᠤ ᠬᠡᠯᠪᠡᠷᠢ ᠵᠢᠨ ᠨᠢᠭᠡᠴᠢ ᠵᠢᠨ ᠳᠣᠲᠣᠷ᠎ᠠ᠎ᠠᠴᠠ ᠤᠰᠤᠨ᠎ᠤ ᠠᠰᠢᠭᠯᠠᠮᠵᠢ ᠵᠢᠨ ᠳᠠᠭ᠋ᠠᠭᠤᠯᠤᠭᠴᠢ ᠵᠢ ᠰᠣᠩᠭᠣᠨ ᠨᠡᠶ᠋ᠢᠲᠡᠯᠡᠵᠦ᠂ ᠤᠰᠤ ᠠᠷᠪᠢᠯᠠᠬᠤ ᠲᠡᠷᠢᠭᠦᠨ᠎ᠤ ᠬᠡᠪ ᠳᠠᠭᠤᠷᠢᠶᠠᠯ᠎ᠤᠨ ᠵᠢᠱ᠌ᠢᠶ᠎ᠡ ᠦᠵᠡᠭᠦᠯᠦᠨ ᠬᠥᠲᠥᠯᠦᠨ ᠳᠠᠭ᠋ᠠᠭᠤᠯᠬᠤ ᠦᠢ᠍ᠯᠡᠳᠦᠯ᠎ᠢ ᠪᠠᠳᠠᠷᠠᠭᠤᠯᠤᠨ᠎ᠠ᠃
 
  (ᠭᠤᠷᠪᠠ) ᠵᠠᠬ᠎ᠠ ᠳᠡᠯᠭᠡᠭᠦᠷ᠎ᠤᠨ ᠲᠣᠭᠲᠠᠴᠠ ᠵᠢ ᠲᠡᠭᠦᠯᠳᠡᠷᠵᠢᠭᠦᠯᠦᠨ᠎ᠡ
    ᠤᠯᠠᠨ ᠨᠡᠶ᠋ᠢᠲᠡ ᠵᠢᠨ ᠪᠠᠶ᠋ᠢᠭᠤᠯᠤᠮᠵᠢ᠂ ᠤᠯᠠᠨ ᠨᠡᠶ᠋ᠢᠲᠡ ᠵᠢᠨ ᠬᠦᠷᠢᠶ᠎ᠡ᠂ ᠤᠰᠤ ᠶᠡᠬᠡ ᠬᠣᠷᠣᠭᠳᠠᠭᠤᠯᠬᠤ ᠠᠵᠤ ᠦᠢ᠍ᠯᠡᠳᠪᠦᠷᠢ᠂ ᠤᠰᠤ ᠶᠡᠬᠡ ᠬᠣᠷᠣᠭᠳᠠᠭᠤᠯᠬᠤ ᠦᠢ᠍ᠯᠡᠴᠢᠯᠡᠭᠡᠨ᠎ᠤ ᠦᠢ᠍ᠯᠡᠰ᠂ ᠲᠠᠷᠢᠶᠠᠯᠠᠩ᠎ᠤᠨ ᠤᠰᠤᠯᠠᠯᠲᠠ ᠵᠡᠷᠭᠡ ᠬᠦᠷᠢᠶᠡᠨ᠎ᠳᠤ ᠤᠰᠤ ᠠᠷᠪᠢᠯᠠᠬᠤ ᠭᠡᠷ᠎ᠡ ᠵᠢᠨ ᠬᠠᠮᠢᠶᠠᠷᠤᠯᠲᠠ ᠵᠢ ᠤᠯᠠᠮ ᠨᠢᠭᠡ ᠠᠯᠬᠤᠮ ᠬᠡᠷᠡᠭᠵᠢᠭᠦᠯᠵᠦ᠂ ᠤᠰᠤ ᠠᠷᠪᠢᠯᠠᠬᠤ ᠦᠢ᠍ᠯᠡᠴᠢᠯᠡᠭᠡᠨ᠎ᠤ ᠠᠵᠤ ᠦᠢ᠍ᠯᠡᠰ᠎ᠢ ᠬᠥᠭᠵᠢᠭᠦᠯᠦᠨ᠎ᠡ᠃ ᠬᠣᠯᠪᠣᠭᠳᠠᠯ ᠪᠥᠬᠥᠢ ᠰᠠᠯᠠᠭ᠎ᠠ ᠮᠥᠴᠢᠷ  ᠎ᠢ ᠵᠣᠬᠢᠴᠠᠭᠤᠯᠤᠨ ᠤᠰᠤᠨ᠎ᠤ ᠠᠰᠢᠭᠯᠠᠮᠵᠢ ᠵᠢᠨ ᠲᠡᠮᠳᠡᠭ᠎ᠤᠨ ᠵᠠᠬ᠎ᠠ ᠳᠡᠯᠭᠡᠭᠦᠷ᠎ᠤᠨ ᠬᠢᠨᠠᠯᠲᠠ ᠬᠠᠮᠢᠶᠠᠷᠤᠯᠲᠠ ᠵᠢ ᠴᠢᠩᠳᠠᠯᠠᠵᠤ᠂ ᠤᠰᠤ ᠠᠷᠪᠢᠯᠠᠬᠤ ᠦᠢ᠍ᠯᠡᠳᠬᠦᠨ᠎ᠤ ᠦᠢ᠍ᠯᠡᠳᠪᠦᠷᠢᠯᠡᠯ ᠪᠣᠯᠤᠨ ᠭᠦᠢ᠍ᠯᠭᠡᠭᠡᠨ᠎ᠢ ᠵᠢᠷᠤᠮᠵᠢᠭᠤᠯᠬᠤ ᠬᠡᠷᠡᠭᠲᠡᠶ᠃ ᠤᠰᠤᠨ᠎ᠤ ᠡᠬᠢ ᠪᠠᠶᠠᠯᠢᠭ᠎ᠤᠨ ᠭᠠᠶ᠋ᠢᠯᠢ ᠵᠢᠨ ᠥᠭᠡᠷᠡᠴᠢᠯᠡᠯᠲᠡ ᠵᠢ ᠲᠦᠷᠭᠡᠳᠬᠡᠨ ᠠᠬᠢᠭᠤᠯᠵᠤ᠂ ᠤᠰᠤᠨ᠎ᠤ ᠡᠬᠢ ᠪᠠᠶᠠᠯᠢᠭ᠎ᠤᠨ ᠭᠠᠶ᠋ᠢᠯᠢ ᠵᠢᠨ ᠤᠰᠤ ᠬᠡᠷᠡᠭᠯᠡᠬᠦ ᠬᠡᠷᠡᠭᠴᠡᠭᠡ ᠱᠠᠭ᠋ᠠᠷᠳᠠᠯᠭ᠎ᠠ ᠵᠢ ᠲᠣᠬᠢᠷᠠᠭᠤᠯᠬᠤ ᠦᠢ᠍ᠯᠡᠳᠦᠯ᠎ᠢ ᠪᠠᠳᠠᠷᠠᠭᠤᠯᠤᠨ᠎ᠠ᠃ ᠤᠰᠤᠨ᠎ᠤ ᠡᠷᠬᠡ ᠵᠢᠨ ᠠᠷᠠᠯᠵᠢᠶ᠎ᠠ ᠪᠠ ᠤᠰᠤᠨ᠎ᠤ ᠵᠠᠬ᠎ᠠ ᠳᠡᠯᠭᠡᠭᠦᠷ᠎ᠤᠨ ᠪᠥᠲᠥᠭᠡᠨ ᠪᠠᠶ᠋ᠢᠭᠤᠯᠤᠯᠲᠠ ᠵᠢ ᠢᠳᠡᠪᠬᠢᠲᠡᠶ ᠥᠷᠨᠢᠭᠦᠯᠵᠦ᠂ ᠬᠠᠮᠢᠶ᠎ᠠ ᠪᠥᠬᠥᠶ ᠭᠣᠤᠯ ᠴᠣᠭᠴᠠ ᠵᠢᠨ ᠤᠯᠤᠰ᠎ᠤᠨ ᠲᠠᠰ᠎ᠤᠨ ᠤᠰᠤᠨ᠎ᠤ ᠡᠷᠬᠡ ᠵᠢᠨ ᠠᠷᠠᠯᠵᠢᠶ᠎ᠠ ᠵᠢᠨ ᠲᠠᠪᠴᠠᠩ ᠵᠶ᠋ᠠᠷ ᠳᠡᠮᠵᠢᠨ ᠤᠰᠤ ᠠᠷᠪᠢᠯᠠᠬᠤ ᠬᠡᠮᠵᠢᠶ᠎ᠡ᠎ᠪᠠᠨ ᠰᠢᠯᠵᠢᠭᠦᠯᠦᠨ ᠥᠭᠬᠦ ᠵᠢ ᠵᠣᠷᠢᠭᠵᠢᠭᠤᠯᠬᠤ ᠪᠠ ᠬᠥᠲᠥᠯᠦᠨ ᠵᠢᠯᠣᠭᠣᠳᠤᠨ᠎ᠠ᠃
                                      ᠤᠰᠤᠨ ᠠᠰᠢᠭᠯᠠᠯᠲᠠ ᠵᠢᠨ ᠶᠠᠮᠤᠨ          
                                     2021 ᠣᠨ᠎ᠤ 8 ᠰᠠᠷ᠎ᠠ ᠵᠢᠨ 30

ᠢᠷᠡᠯᠲᠡ᠄
          
ᠬᠠᠮᠢᠶ᠎ᠡ ᠪᠦᠬᠦᠢ ᠰᠣᠨᠢᠨ
ᠪᠠᠷᠢᠯᠭ᠎ᠠ ᠵᠢᠨ ᠡᠨᠧᠷᠭᠢ ᠠᠷᠪᠢᠯᠠᠬᠤ ᠪᠠ ᠪᠣᠬᠢᠷᠳᠤᠯ ᠦᠭᠡᠢ ᠪᠠᠷᠢᠯᠭ᠎ᠠ ᠵᠢᠨ ᠬᠥᠭᠵᠢᠯᠲᠡ ᠵᠢ ᠴᠢᠩᠭ᠋ᠠᠳᠬᠠᠬᠤ ᠲᠤᠬᠠᠢ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠠᠯᠪᠠᠨ ᠲᠢᠩᠬᠢᠮ᠎ᠤᠨ ᠬᠡᠷᠡᠭᠵᠢᠭᠦᠯᠬᠦ ᠰᠠᠨᠠᠯ
ᠥᠪᠡᠷᠲᠡᠭᠡᠨ ᠵᠠᠰᠠᠬᠤ ᠣᠷᠣᠨ᠎ᠤ 《ᠢᠳᠡᠰᠢᠨ ᠨᠣᠭᠣᠭ᠎ᠠ》 ᠵᠢᠨ ᠬᠤᠲᠠ ᠵᠢᠨ ᠳᠠᠷᠤᠭ᠎ᠠ ᠵᠢᠨ ᠬᠠᠷᠢᠭᠤᠴᠠᠯᠭ᠎ᠠ ᠵᠢᠨ ᠳᠦᠷᠢᠮ᠎ᠤᠨ ᠰᠢᠯᠭ᠋ᠠᠨ ᠬᠢᠨᠠᠬᠤ ᠠᠷᠭ᠎ᠠ ᠵᠢ ᠳᠠᠷᠤᠮᠠᠯᠯᠠᠨ ᠶᠠᠪᠤᠭᠤᠯᠬᠤ ᠲᠤᠬᠠᠢ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠠᠯᠪᠠᠨ ᠲᠢᠩᠬᠢᠮ᠎ᠤᠨ ᠮᠡᠳᠡᠭᠳᠡᠯ
ᠥᠪᠡᠷᠲᠡᠭᠡᠨ ᠵᠠᠰᠠᠬᠤ ᠣᠷᠣᠨ᠎ᠤ ᠬᠠᠮᠤᠭ ᠳᠣᠣᠷ᠎ᠠ ᠴᠠᠯᠢᠩ᠎ᠤᠨ ᠪᠠᠷᠢᠮᠵᠢᠶ᠎ᠠ ᠬᠢᠭᠡᠳ ᠪᠦᠬᠦᠯᠢ ᠡᠳᠦᠷ᠎ᠤᠨ ᠪᠤᠰᠤ ᠳᠦᠷᠢᠮᠲᠦ ᠠᠵᠢᠯᠯᠠᠬᠤ ᠴᠠᠭ᠎ᠤᠨ ᠳᠣᠣᠷ᠎ᠠ ᠴᠠᠯᠢᠩ᠎ᠤᠨ ᠪᠠᠷᠢᠮᠵᠢᠶ᠎ᠠ᠎ᠳᠤ ᠲᠣᠬᠢᠷᠠᠭᠤᠯᠤᠯᠲᠠ ᠬᠢᠬᠦ ᠲᠤᠬᠠᠢ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠠᠯᠪᠠᠨ ᠲᠢᠩᠬᠢᠮ᠎ᠤᠨ ᠮᠡᠳᠡᠭᠳᠡᠯ
ᠨᠡᠶ᠋ᠢᠭᠡᠮ᠎ᠤᠨ ᠲᠡᠩᠬᠡᠷᠡᠭᠦᠯᠦᠨ ᠲᠤᠰᠠᠯᠠᠬᠤ ᠪᠠ ᠪᠠᠲᠤᠯᠠᠭ᠎ᠠ ᠵᠢᠨ ᠪᠠᠷᠢᠮᠵᠢᠶ᠎ᠠ᠎ᠪᠠᠨ ᠪᠠᠷᠠᠭ᠋ᠠᠨ᠎ᠤ ᠦᠨ᠎ᠡ ᠵᠢᠨ ᠥᠰᠥᠯᠲᠡ᠎ᠯᠦᠭᠡ ᠬᠤᠯᠪᠣᠵᠤ ᠬᠠᠮᠲᠤᠷᠠᠨ ᠬᠦᠳᠡᠯᠦᠯᠴᠡᠬᠦ ᠲᠣᠭᠲᠠᠴᠠ ᠵᠢ ᠤᠯᠠᠮ ᠨᠢᠭᠡ ᠠᠯᠬᠤᠮ ᠲᠡᠭᠦᠯᠳᠡᠷᠵᠢᠭᠦᠯᠬᠦ ᠲᠤᠬᠠᠶ ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠠᠯᠪᠠᠨ ᠲᠢᠩᠬᠢᠮ᠎ᠤᠨ ᠮᠡᠳᠡᠭᠳᠡᠯ
ᠰᠲ᠋ᠣᠺ᠎ᠤᠨ ᠵᠠᠬ᠎ᠠ ᠳᠡᠯᠭᠡᠭᠦᠷ᠎ᠲᠤ ᠭᠠᠷᠤᠭᠰᠠᠨ ᠺᠣᠮᠫᠠᠨᠢ ᠵᠢᠨ ᠶᠠᠰᠤ ᠴᠢᠨᠠᠷ᠎ᠢ ᠤᠯᠠᠮ ᠨᠢᠭᠡ ᠠᠯᠬᠤᠮ ᠳᠡᠭᠡᠭᠰᠢᠯᠡᠭᠦᠯᠬᠦ ᠵᠢᠨ ᠬᠡᠷᠡᠭᠵᠢᠭᠦᠯᠬᠦ ᠲᠥᠰᠥᠯ᠎ᠢ ᠳᠠᠷᠤᠮᠠᠯᠯᠠᠨ ᠶᠠᠪᠤᠭᠤᠯᠬᠤ ᠲᠤᠬᠠᠢ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠠᠯᠪᠠᠨ ᠲᠢᠩᠬᠢᠮ᠎ᠤᠨ ᠮᠡᠳᠡᠭᠳᠡᠯ
 
            