ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠣᠨᠴᠠᠯᠢᠭᠲᠤ᠌ ᠳᠠᠪᠴᠠᠩ
ᠢᠯᠡ ᠵᠠᠰᠠᠭ   -   ᠠᠯᠪᠠᠨ ᠮᠡᠳᠡᠭᠡ
ᠬᠥᠳᠡᠭᠡ ᠲᠣᠰᠬᠣᠨ᠎ᠤ ᠤᠰᠤ ᠬᠠᠩᠭ᠋ᠠᠬᠤ ᠪᠠᠲᠤᠯᠠᠭ᠎ᠠ ᠵᠢᠨ ᠠᠵᠢᠯ᠎ᠢ ᠰᠠᠶ᠋ᠢᠲᠤᠷ ᠬᠢᠬᠦ ᠲᠤᠬᠠᠶ ᠤᠰᠤᠨ ᠠᠰᠢᠭᠯᠠᠯᠲᠠ ᠵᠢᠨ ᠶᠠᠮᠤᠨ᠂ ᠬᠥᠭᠵᠢᠭᠦᠯᠦᠯᠲᠡ ᠪᠠ ᠥᠭᠡᠷᠡᠴᠢᠯᠡᠯᠲᠡ ᠵᠢᠨ ᠵᠦᠪᠯᠡᠯ᠂ ᠡᠳ᠋᠎ᠤᠨ ᠵᠠᠰᠠᠭ᠎ᠤᠨ ᠶᠠᠮᠤᠨ᠂ ᠬᠥᠮᠦᠨ᠎ᠤ ᠬᠦᠴᠦᠨ᠎ᠤ ᠡᠬᠢ ᠪᠠᠶᠠᠯᠢᠭ ᠪᠠ ᠨᠡᠶ᠋ᠢᠭᠡᠮ᠎ᠤᠨ ᠪᠠᠲᠤᠯᠠᠭ᠎ᠠ ᠵᠢᠨ ᠶᠠᠮᠤᠨ᠂ ᠠᠮᠢ ᠠᠬᠤᠶ ᠣᠷᠴᠢᠨ ᠲᠤᠭᠤᠷᠢᠨ᠎ᠤ ᠶᠠᠮᠤᠨ᠂ ᠣᠷᠣᠨ ᠰᠠᠭᠤᠴᠠ ᠪᠠ ᠬᠣᠲᠠ ᠬᠥᠳᠡᠭᠡ ᠵᠢᠨ ᠪᠥᠲᠥᠭᠡᠨ ᠪᠠᠶ᠋ᠢᠭᠤᠯᠤᠯᠲᠠ ᠵᠢᠨ ᠶᠠᠮᠤᠨ᠂ ᠲᠠᠷᠢᠶᠠᠯᠠᠩ ᠬᠥᠳᠡᠭᠡ ᠲᠣᠰᠬᠣᠨ᠎ᠤ ᠶᠠᠮᠤᠨ᠂ ᠡᠷᠡᠭᠦᠯ ᠬᠠᠮᠠᠭ᠋ᠠᠯᠠᠯ ᠡᠷᠡᠭᠦᠯ ᠮᠡᠨᠳᠦ ᠵᠢᠨ ᠵᠦᠪᠯᠡᠯ᠎ᠤᠨ ᠵᠢᠯᠤᠭᠤᠳᠬᠤ ᠰᠠᠨᠠᠯ
ᠨᠡᠶ᠋ᠢᠲᠡᠯᠡᠭᠰᠡᠨ ᠴᠠᠭ᠄ 2021-11-26

    ᠡᠯ᠎ᠡ ᠮᠤᠵᠢ᠂ ᠥᠪᠡᠷᠲᠡᠭᠡᠨ ᠵᠠᠰᠠᠬᠤ ᠣᠷᠣᠨ᠂ ᠰᠢᠭᠤᠳ ᠬᠠᠷᠢᠶ᠎ᠠ ᠬᠣᠲᠠ᠂ ᠰᠢᠨᠵᠢᠶᠠᠩ᠎ᠤᠨ ᠦᠢ᠍ᠯᠡᠳᠪᠤᠷᠢᠯᠡᠯ ᠪᠥᠲᠥᠭᠡᠨ ᠪᠠᠶ᠋ᠢᠭᠤᠯᠤᠯᠲᠠ ᠵᠢᠨ ᠪᠢᠩᠲ᠋ᠤᠸᠠᠨ᠎ᠤ ᠤᠰᠤᠨ ᠠᠰᠢᠭᠯᠠᠯᠲᠠ (ᠤᠰᠤᠨ᠎ᠤ ᠶᠠᠪᠤᠳᠠᠯ) ᠵᠢᠨ ᠲᠢᠩᠬᠢᠮ (ᠲᠣᠪᠴᠢᠶ᠎ᠠ)᠂ ᠬᠥᠭᠵᠢᠭᠦᠯᠦᠯᠲᠡ ᠪᠠ ᠥᠭᠡᠷᠡᠴᠢᠯᠡᠯᠲᠡ ᠵᠢᠨ ᠵᠥᠪᠯᠡᠯ᠂ ᠡᠳ᠋᠎ᠤᠨ ᠵᠠᠰᠠᠭ᠎ᠤᠨ ᠲᠢᠩᠬᠢᠮ (ᠲᠣᠪᠴᠢᠶ᠎ᠠ)᠂ ᠬᠥᠮᠦᠨ᠎ᠤ ᠬᠦᠴᠦᠨ᠎ᠤ ᠡᠬᠢ ᠪᠠᠶᠠᠯᠢᠭ ᠪᠠ ᠨᠡᠶ᠋ᠢᠭᠡᠮ᠎ᠤᠨ ᠪᠠᠲᠤᠯᠠᠭ᠎ᠠ ᠵᠢᠨ ᠲᠢᠩᠬᠢᠮ (ᠲᠣᠪᠴᠢᠶ᠎ᠠ)᠂ ᠠᠮᠢ ᠠᠬᠤᠶ ᠣᠷᠴᠢᠨ ᠲᠣᠭᠣᠷᠢᠨ᠎ᠤ ᠲᠢᠩᠬᠢᠮ (ᠲᠣᠪᠴᠢᠶ᠎ᠠ)᠂ ᠣᠷᠣᠨ ᠰᠠᠭᠤᠴᠠ ᠪᠠ ᠬᠣᠲᠠ ᠬᠥᠳᠡᠭᠡ ᠵᠢᠨ ᠪᠥᠲᠥᠭᠡᠨ ᠪᠠᠶ᠋ᠢᠭᠤᠯᠤᠯᠲᠠ ᠵᠢᠨ ᠲᠢᠩᠬᠢᠮ (ᠲᠣᠪᠴᠢᠶ᠎ᠠ)᠂ ᠲᠠᠷᠢᠶᠠᠯᠠᠩ ᠬᠥᠳᠡᠭᠡ ᠲᠣᠰᠬᠣᠨ᠎ᠤ ᠲᠢᠩᠬᠢᠮ (ᠲᠣᠪᠴᠢᠶ᠎ᠠ)᠂ ᠡᠷᠡᠭᠦᠯ ᠬᠠᠮᠠᠭ᠋ᠠᠯᠠᠯ ᠡᠷᠡᠭᠦᠯ ᠮᠡᠨᠳᠦ ᠵᠢᠨ ᠵᠥᠪᠯᠡᠯ (ᠲᠣᠪᠴᠢᠶ᠎ᠠ)᠂ ᠬᠥᠳᠡᠭᠡ ᠲᠣᠰᠬᠣᠨ᠎ᠢ ᠬᠥᠭᠵᠢᠭᠦᠯᠦᠨ ᠮᠠᠨᠳᠤᠭᠤᠯᠬᠤ ᠲᠣᠪᠴᠢᠶ᠎ᠠ᠎ᠳᠤ᠄
   
    ᠬᠥᠳᠡᠭᠡ ᠲᠣᠰᠬᠣᠨ᠎ᠤ ᠤᠰᠤ ᠬᠠᠩᠭ᠋ᠠᠬᠤ ᠢᠨᠵᠧᠨᠧᠷᠢᠩ ᠪᠣᠯ ᠠᠷᠠᠳ᠎ᠤᠨ ᠠᠮᠢᠳᠤᠷᠠᠯ᠎ᠢ ᠪᠠᠲᠤᠯᠠᠬᠤ᠂ ᠠᠷᠠᠳ᠎ᠤᠨ ᠰᠡᠳᠬᠢᠯ᠎ᠢ ᠤᠯᠬᠤ᠂ ᠲᠣᠭᠲᠠᠭᠤᠨ ᠵᠶ᠋ᠠᠷ ᠨᠡᠮᠡᠭᠳᠡᠭᠦᠯᠬᠦ ᠠᠷᠠᠳ᠎ᠲᠤ ᠠᠰᠢᠭ ᠬᠦᠷᠲᠡᠭᠡᠬᠦ ᠢᠨᠵᠧᠨᠧᠷᠢᠩ ᠪᠣᠯᠤᠨ᠎ᠠ᠂ ᠬᠥᠳᠡᠭᠡ ᠲᠣᠰᠬᠣᠨ᠎ᠢ ᠬᠥᠭᠵᠢᠭᠦᠯᠦᠨ ᠮᠠᠨᠳᠤᠭᠤᠯᠬᠤ ᠵᠢ ᠪᠦᠬᠦ ᠲᠠᠯ᠎ᠠ᠎ᠪᠠᠷ ᠠᠬᠢᠭᠤᠯᠬᠤ ᠴᠢᠬᠤᠯᠠ ᠠᠭᠤᠯᠭ᠎ᠠ ᠪᠣᠯᠤᠨ᠎ᠠ᠃ 《ᠶᠠᠳᠠᠭᠤ᠎ᠠᠴᠠ ᠠᠩᠭᠢᠵᠢᠷᠠᠭᠤᠯᠬᠤ ᠪᠣᠭᠣᠮᠲᠠ ᠰᠢᠪᠲᠤᠯᠬᠤ ᠦᠷ᠎ᠡ ᠪᠦᠲᠦᠭᠡᠯ᠎ᠢ ᠪᠡᠬᠢᠵᠢᠭᠦᠯᠦᠨ ᠥᠷᠭᠡᠳᠬᠡᠬᠦ ᠵᠢ ᠬᠥᠳᠡᠭᠡ ᠲᠣᠰᠬᠣᠨ᠎ᠢ ᠬᠥᠭᠵᠢᠭᠦᠯᠦᠨ ᠮᠠᠨᠳᠤᠭᠤᠯᠬᠤ᠎ᠲᠠᠢ ᠪᠦᠲᠦᠮᠵᠢᠲᠡᠢ ᠵᠣᠯᠭ᠋ᠠᠭᠤᠯᠬᠤ ᠲᠤᠬᠠᠢ ᠨᠠᠮ᠎ᠤᠨ ᠲᠥᠪ ᠬᠤᠷᠢᠶ᠎ᠠ ᠲᠦᠷᠦ ᠵᠢᠨ ᠶᠠᠪᠤᠳᠠᠯ᠎ᠤᠨ ᠬᠣᠷᠢᠶᠠᠨ᠎ᠤ ᠰᠠᠨᠠᠯ》 ᠪᠠ 《ᠬᠥᠳᠡᠭᠡ ᠲᠣᠰᠬᠣᠨ᠎ᠢ ᠬᠥᠭᠵᠢᠭᠦᠯᠦᠨ ᠮᠠᠨᠳᠤᠭᠤᠯᠬᠤ ᠵᠢ ᠪᠦᠬᠦ ᠲᠠᠯ᠎ᠠ᠎ᠪᠠᠷ ᠠᠬᠢᠭᠤᠯᠵᠤ ᠬᠥᠳᠡᠭᠡ ᠠᠵᠤ ᠠᠬᠤᠢ ᠬᠥᠳᠡᠭᠡ ᠲᠣᠰᠬᠣᠨ᠎ᠤ ᠣᠳᠣᠬᠢᠴᠢᠯᠠᠯᠲᠠ ᠵᠢ ᠲᠦᠷᠭᠡᠳᠬᠡᠬᠦ ᠲᠤᠬᠠᠢ ᠨᠠᠮ᠎ᠤᠨ ᠲᠥᠪ ᠬᠤᠷᠢᠶ᠎ᠠ ᠲᠦᠷᠦ ᠵᠢᠨ ᠶᠠᠪᠤᠳᠠᠯ᠎ᠤᠨ ᠬᠣᠷᠢᠶᠠᠨ᠎ᠤ ᠰᠠᠨᠠᠯ》᠎ᠢ ᠲᠤᠭᠤᠰᠢᠯᠠᠭᠤᠯᠤᠨ ᠨᠠᠢ᠌ᠳᠠᠪᠤᠷᠢᠵᠢᠭᠤᠯᠵᠤ᠂ ᠬᠥᠳᠡᠭᠡ ᠲᠣᠰᠬᠣᠨ᠎ᠤ ᠤᠰᠤ ᠬᠠᠩᠭ᠋ᠠᠬᠤ ᠢᠨᠵᠧᠨᠧᠷᠢᠩ᠎ᠤᠨ ᠪᠥᠲᠥᠭᠡᠨ ᠪᠠᠶ᠋ᠢᠭᠤᠯᠤᠯᠲᠠ ᠪᠠ ᠬᠠᠮᠢᠶᠠᠷᠤᠯᠲᠠ ᠵᠢᠨ ᠬᠢᠷᠢ ᠲᠦᠪᠰᠢᠨ᠎ᠢ ᠳᠡᠭᠡᠭᠰᠢᠯᠡᠭᠦᠯᠵᠦ᠂ ᠥᠷᠭᠡᠨ ᠣᠯᠠᠨ ᠬᠥᠳᠡᠭᠡ ᠲᠣᠰᠬᠣᠨ᠎ᠤ ᠰᠠᠭᠤᠭ᠋ᠠᠯᠢ ᠠᠷᠠᠳ᠎ᠤᠨ ᠰᠠᠶ᠋ᠢᠨ ᠰᠠᠶ᠋ᠢᠬᠠᠨ ᠠᠮᠢᠳᠤᠷᠠᠯ᠎ᠤᠨ ᠬᠦᠰᠡᠯ ᠡᠷᠡᠮᠡᠯᠵᠡᠯ᠎ᠳᠤ ᠵᠣᠬᠢᠴᠠᠭᠤᠯᠤᠨ᠂ ᠬᠥᠳᠡᠭᠡ ᠲᠣᠰᠬᠣᠨ᠎ᠢ ᠬᠥᠭᠵᠢᠭᠦᠯᠦᠨ ᠮᠠᠨᠳᠤᠭᠤᠯᠬᠤ ᠵᠢ ᠪᠥᠬᠥ ᠲᠠᠯ᠎ᠠ᠎ᠪᠠᠷ ᠳᠥᠯᠭᠢᠨ ᠠᠬᠢᠭᠤᠯᠬᠤ ᠵᠢᠨ ᠲᠤᠰᠠᠳᠠ ᠳᠣᠤᠷᠠᠬᠢ ᠮᠡᠲᠦ ᠰᠠᠨᠠᠯ᠎ᠢ ᠳᠤᠷᠠᠳᠤᠶ᠎ᠠ᠃
   
    ᠨᠢᠭᠡ᠂ ᠶᠡᠷᠦᠩᠬᠡᠶ ᠱᠠᠭ᠋ᠠᠷᠳᠠᠯᠭ᠎ᠠ
   
   (ᠨᠢᠭᠡ) ᠵᠢᠯᠣᠭᠣᠳᠬᠤ ᠦᠵᠡᠯ ᠰᠠᠨᠠᠭ᠎ᠠ
   
    ᠰᠢ ᠵᠢᠨ ᠫᠢᠩ᠎ᠤᠨ ᠰᠢᠨ᠎ᠡ ᠴᠠᠭ ᠦᠶ᠎ᠡ ᠵᠢᠨ ᠳᠤᠮᠳᠠᠳᠤ ᠤᠯᠤᠰ᠎ᠤᠨ ᠣᠨᠴᠠᠯᠢᠭ ᠪᠦᠬᠦᠢ ᠨᠡᠶ᠋ᠢᠭᠡᠮ ᠵᠢᠷᠤᠮ᠎ᠤᠨ ᠦᠵᠡᠯ ᠰᠠᠨᠠᠭ᠎ᠠ᠎ᠪᠠᠷ ᠵᠢᠯᠣᠭᠣᠳᠣᠯᠭ᠎ᠠ ᠪᠣᠯᠭ᠋ᠠᠵᠤ᠂ ᠨᠠᠮ᠎ᠤᠨ ᠠᠷᠪᠠ ᠶᠢᠰᠦᠳᠦᠭᠡᠷ ᠶᠡᠬᠡ ᠬᠤᠷᠠᠯ ᠪᠣᠯᠤᠨ ᠠᠷᠪᠠ ᠶᠢᠰᠦᠳᠦᠭᠡᠷ ᠬᠤᠭᠤᠴᠠᠭ᠋ᠠᠨ᠎ᠤ ᠲᠥᠪ ᠬᠣᠷᠢᠶᠠᠨ᠎ᠤ ᠬᠣᠶᠠᠳᠤᠭ᠋ᠠᠷ᠂ ᠭᠤᠷᠪᠠᠳᠤᠭ᠋ᠠᠷ᠂ ᠳᠥᠷᠪᠡᠳᠦᠭᠡᠷ᠂ ᠲᠠᠪᠤᠳᠤᠭ᠋ᠠᠷ ᠪᠦᠭᠦᠳᠡ ᠬᠤᠷᠠᠯ᠎ᠤᠨ ᠵᠣᠷᠢᠭ ᠰᠠᠨᠠᠭ᠎ᠠ ᠵᠢ ᠪᠦᠬᠦ ᠲᠠᠯ᠎ᠠ᠎ᠪᠠᠷ ᠲᠤᠭᠤᠰᠢᠯᠠᠭᠤᠯᠵᠤ᠂ ᠬᠥᠳᠡᠭᠡ ᠲᠣᠰᠬᠣᠨ᠎ᠢ ᠬᠥᠭᠵᠢᠭᠦᠯᠦᠨ ᠮᠠᠨᠳᠤᠭᠤᠯᠬᠤ ᠵᠢ ᠪᠥᠬᠥ ᠲᠠᠯ᠎ᠠ᠎ᠪᠠᠷ ᠠᠬᠢᠭᠤᠯᠬᠤ ᠲᠤᠬᠠᠶ ᠨᠠᠮ᠎ᠤᠨ ᠲᠥᠪ ᠬᠣᠷᠢᠶ᠎ᠠ᠂ ᠲᠥᠷᠥ ᠵᠢᠨ ᠶᠠᠪᠤᠳᠠᠯ᠎ᠤᠨ ᠬᠣᠷᠢᠶᠠᠨ᠎ᠤ ᠰᠢᠢ᠍ᠳᠪᠤᠷᠢᠳᠦ ᠪᠣᠳᠣᠯᠭ᠎ᠠ ᠵᠢᠨ ᠪᠠᠶ᠋ᠢᠷᠢᠯᠠᠭᠤᠯᠤᠯᠲᠠ ᠵᠢ ᠭᠦᠨᠵᠡᠭᠡᠶ ᠲᠤᠭᠤᠰᠢᠯᠠᠭᠤᠯᠤᠨ ᠨᠠᠶ᠋ᠢᠳᠠᠪᠤᠷᠢᠵᠢᠭᠤᠯᠵᠤ᠂ ᠰᠢᠨ᠎ᠡ ᠬᠥᠭᠵᠢᠯᠲᠡ ᠵᠢᠨ ᠱᠠᠲᠤᠨ᠎ᠳᠤ ᠰᠠᠭᠤᠷᠢᠯᠠᠨ᠂ ᠰᠢᠨ᠎ᠡ ᠬᠥᠭᠵᠢᠯᠲᠡ ᠵᠢᠨ ᠣᠨᠣᠯᠵᠢᠬᠤᠨ᠎ᠢ ᠲᠤᠭᠤᠰᠢᠯᠠᠭᠤᠯᠤᠨ᠂ ᠰᠢᠨ᠎ᠡ ᠬᠥᠭᠵᠢᠯᠲᠡ ᠵᠢᠨ ᠪᠠᠶ᠋ᠢᠷᠢᠰᠢᠯ᠎ᠢ ᠪᠠᠶ᠋ᠢᠭᠤᠯᠵᠤ᠂ ᠠᠷᠠᠳ ᠲᠦᠮᠡᠨ ᠵᠶ᠋ᠠᠷ ᠭᠣᠤᠯ ᠪᠣᠯᠭ᠋ᠠᠬᠤ ᠵᠢ ᠪᠠᠷᠢᠮᠲᠠᠯᠠᠨ᠂ ᠬᠥᠳᠡᠭᠡ ᠲᠣᠰᠬᠣᠨ᠎ᠤ ᠤᠤᠭᠤᠬᠤ ᠤᠰᠤᠨ᠎ᠤ ᠠᠮᠤᠷ ᠲᠦᠪᠰᠢᠨ᠎ᠢ ᠬᠥᠳᠡᠭᠡ ᠲᠣᠰᠬᠣᠨ᠎ᠤ ᠤᠰᠤ ᠬᠠᠩᠭ᠋ᠠᠬᠤ ᠵᠢ ᠪᠠᠲᠤᠯᠠᠬᠤ ᠲᠡᠢ᠌ᠰᠢ ᠬᠤᠪᠢᠷᠠᠭᠤᠯᠬᠤ ᠵᠢ ᠯᠠᠪᠳᠠᠭᠤᠨ ᠵᠶ᠋ᠠᠷ ᠠᠬᠢᠭᠤᠯᠵᠤ᠂ ᠶᠠᠳᠠᠭᠤ᠎ᠠᠴᠠ ᠠᠩᠭᠢᠵᠢᠷᠠᠭᠤᠯᠬᠤ ᠰᠢᠪᠲᠤᠯᠤᠯᠲᠠ ᠵᠢᠨ ᠦᠷ᠎ᠡ ᠪᠦᠲᠦᠭᠡᠯ᠎ᠢ ᠪᠡᠬᠢᠵᠢᠭᠦᠯᠦᠨ ᠥᠷᠭᠡᠳᠬᠡᠬᠦ ᠪᠠ ᠬᠥᠳᠡᠭᠡ ᠲᠣᠰᠬᠣᠨ᠎ᠢ ᠬᠥᠭᠵᠢᠭᠦᠯᠦᠨ ᠮᠠᠨᠳᠤᠭᠤᠯᠬᠤ ᠵᠢ ᠪᠦᠲᠦᠮᠵᠢᠲᠡᠶ ᠵᠣᠯᠭ᠋ᠠᠭᠤᠯᠬᠤ ᠵᠢ ᠪᠡᠶᠡᠯᠡᠭᠦᠯᠦᠨ᠎ᠡ᠃ ᠠᠰᠠᠭᠤᠳᠠᠯ ᠵᠶ᠋ᠠᠷ ᠤᠳᠤᠷᠢᠳᠤᠮᠵᠢ ᠪᠣᠯᠭ᠋ᠠᠬᠤ ᠪᠠ ᠬᠠᠷᠠᠯᠲᠠ᠎ᠪᠠᠷ ᠤᠳᠤᠷᠢᠳᠤᠮᠵᠢ ᠪᠣᠯᠭ᠋ᠠᠬᠤ ᠵᠢ ᠬᠠᠷᠢᠯᠴᠠᠨ ᠨᠢᠭᠡᠳᠬᠡᠬᠦ ᠵᠢ ᠪᠠᠷᠢᠮᠲᠠᠯᠠᠵᠤ᠂ ᠤᠰᠤᠨ᠎ᠤ ᠰᠤᠷᠪᠤᠯᠵᠢ ᠵᠢ ᠲᠣᠭᠲᠠᠪᠤᠷᠢᠵᠢᠭᠤᠯᠬᠤ᠎ᠪᠠᠷ ᠰᠠᠭᠤᠷᠢ ᠪᠣᠯᠭ᠋ᠠᠵᠤ᠂ ᠬᠡᠪᠴᠢᠶᠡᠵᠢᠭᠦᠯᠦᠭᠰᠡᠨ ᠤᠰᠤ ᠬᠠᠩᠭ᠋ᠠᠬᠤ ᠢᠨᠵᠧᠨᠧᠷᠢᠩ᠎ᠤᠨ ᠪᠦᠳᠦᠭᠡᠨ ᠪᠠᠶ᠋ᠢᠭᠤᠯᠤᠯᠲᠠ ᠪᠠ ᠵᠢᠵᠢᠭ ᠬᠡᠯᠪᠡᠷᠢ ᠵᠢᠨ ᠢᠨᠵᠧᠨᠧᠷᠢᠩ᠎ᠤᠨ ᠪᠠᠷᠢᠮᠵᠢᠶᠠᠵᠢᠭᠤᠯᠤᠭᠰᠠᠨ ᠥᠭᠡᠷᠡᠴᠢᠯᠡᠯᠲᠡ ᠵᠢ ᠬᠡᠷᠡᠭᠵᠢᠭᠦᠯᠵᠦ᠂ ᠬᠥᠳᠡᠭᠡ ᠲᠣᠰᠬᠣᠨ᠎ᠤ ᠤᠰᠤ ᠬᠠᠩᠭ᠋ᠠᠬᠤ ᠪᠠᠲᠤᠯᠠᠭ᠎ᠠ ᠵᠢᠨ ᠴᠢᠳᠠᠪᠤᠷᠢ ᠵᠢ ᠲᠠᠰᠤᠷᠠᠯᠳᠠ ᠦᠭᠡᠢ ᠳᠡᠭᠡᠭᠰᠢᠯᠡᠭᠦᠯᠵᠦ᠂ ᠬᠥᠳᠡᠭᠡ ᠲᠣᠰᠬᠣᠨ᠎ᠤ ᠰᠠᠭᠤᠭ᠋ᠠᠯᠢ ᠠᠷᠠᠳ᠎ᠤᠨ ᠵᠣᠷᠯᠣᠩ᠎ᠢ ᠥᠭᠡᠷᠡᠴᠢᠯᠡᠬᠦ᠂ ᠤᠬᠢᠶᠠᠵᠤ ᠴᠡᠪᠡᠷᠯᠡᠬᠦ᠂ ᠣᠷᠴᠢᠨ ᠲᠤᠭᠤᠷᠢᠨ᠎ᠤ ᠡᠷᠡᠭᠦᠯ ᠬᠠᠮᠠᠭ᠋ᠠᠯᠠᠯ ᠵᠡᠷᠭᠡ ᠤᠰᠤ ᠬᠡᠷᠡᠭᠯᠡᠬᠦ ᠬᠡᠷᠡᠭᠴᠡᠭᠡ ᠵᠢ ᠨᠡᠩ ᠰᠠᠢ᠍ᠢ᠍ᠨ ᠬᠠᠩᠭ᠋ᠠᠨ᠎ᠠ᠃ ᠪᠠᠶ᠋ᠢᠭᠤᠯᠬᠤ ᠪᠠ ᠬᠠᠮᠢᠶᠠᠷᠬᠤ ᠵᠢ ᠵᠡᠷᠭᠡ᠎ᠪᠠᠷ ᠴᠢᠬᠤᠯᠠᠴᠢᠯᠠᠬᠤ ᠵᠢ ᠪᠠᠷᠢᠮᠲᠠᠯᠠᠵᠤ᠂ ᠬᠠᠮᠢᠶᠠᠷᠤᠯᠲᠠ ᠵᠢ ᠨᠡᠩ ᠴᠢᠬᠤᠯᠠᠴᠢᠯᠠᠵᠤ᠂ ᠤᠰᠤᠨ᠎ᠤ ᠴᠢᠨᠠᠷ᠎ᠤᠨ ᠪᠠᠲᠤᠯᠠᠭ᠎ᠠ ᠪᠠ ᠤᠰᠤᠨ᠎ᠤ ᠰᠦᠢ᠍ᠳᠬᠡᠯ ᠬᠤᠷᠢᠶᠠᠬᠤ ᠵᠢ ᠴᠢᠩᠭ᠋ᠠᠳᠬᠠᠵᠤ᠂ ᠠᠵᠢᠯᠯᠠᠭ᠋ᠠᠨ᠎ᠤ ᠬᠠᠮᠢᠶᠠᠷᠤᠯᠲᠠ ᠪᠠ ᠦᠢ᠍ᠯᠡᠴᠢᠯᠡᠭᠡᠨ᠎ᠤ ᠬᠢᠷᠢ ᠲᠦᠪᠰᠢᠨ᠎ᠢ ᠳᠡᠭᠡᠭᠰᠢᠯᠡᠭᠦᠯᠵᠦ᠂ ᠬᠥᠳᠡᠭᠡ ᠲᠣᠰᠬᠣᠨ᠎ᠤ ᠰᠠᠭᠤᠭ᠋ᠠᠯᠢ ᠠᠷᠠᠳ᠎ᠤᠨ ᠬᠠᠮᠲᠤ᠎ᠪᠠᠷ ᠪᠠᠶ᠋ᠢᠭᠤᠯᠵᠤ ᠬᠠᠮᠲᠤ᠎ᠪᠠᠷ ᠡᠳ᠋ᠯᠡᠬᠦ ᠬᠥᠭᠵᠢᠯᠲᠡ ᠵᠢᠨ ᠳᠤᠮᠳᠠ ᠨᠡᠩ ᠤᠯᠠᠨ ᠬᠦᠷᠲᠡᠮᠵᠢ ᠵᠢᠨ ᠲᠦᠷᠦᠭᠳᠡᠯ᠂ ᠵᠣᠯ ᠵᠢᠷᠭ᠋ᠠᠯᠲᠤ ᠲᠦᠷᠦᠭᠳᠡᠯ ᠪᠠ ᠠᠮᠤᠷ ᠲᠦᠪᠰᠢᠨ᠎ᠤ ᠲᠦᠷᠦᠭᠳᠡᠯ᠎ᠲᠠᠢ ᠪᠠᠶ᠋ᠢᠬᠤ ᠵᠢ ᠪᠠᠲᠤᠯᠠᠨ᠎ᠠ᠃
   
   (ᠬᠣᠶᠠᠷ) ᠠᠵᠢᠯ᠎ᠤᠨ ᠵᠠᠷᠴᠢᠮ
   
  ᠨᠢᠭᠡᠳᠦᠯᠲᠡᠶ ᠲᠥᠯᠥᠪᠵᠢᠭᠦᠯᠵᠦ᠂ ᠦᠷᠭᠦᠯᠵᠢᠯᠡᠨ ᠳᠡᠭᠡᠭᠰᠢᠯᠡᠭᠦᠯᠦᠨ᠎ᠡ᠃ ᠰᠢᠶᠠᠨ᠎ᠤ ᠬᠡᠪᠴᠢᠶ᠎ᠡ᠎ᠪᠠᠷ ᠨᠢᠭᠡᠴᠢ ᠪᠣᠯᠭ᠋ᠠᠵᠤ᠂ ᠬᠥᠳᠡᠭᠡ ᠲᠣᠰᠬᠣᠨ᠎ᠢ ᠬᠥᠭᠵᠢᠭᠦᠯᠦᠨ ᠮᠠᠨᠳᠤᠭᠤᠯᠬᠤ ᠪᠠᠶ᠋ᠢᠯᠳᠤᠬᠤ ᠪᠤᠳᠤᠯᠭ᠎ᠠ ᠵᠢ ᠪᠦᠬᠦ ᠲᠠᠯ᠎ᠠ᠎ᠪᠠᠷ ᠠᠬᠢᠭᠤᠯᠬᠤ ᠱᠠᠭ᠋ᠠᠷᠳᠠᠯᠭ᠎ᠠ ᠶᠣᠰᠣᠭ᠋ᠠᠷ᠂ ᠬᠥᠳᠡᠭᠡ ᠲᠣᠰᠬᠣᠨ᠎ᠤ ᠤᠰᠤ ᠬᠠᠩᠭ᠋ᠠᠬᠤ ᠢᠨᠵᠧᠨᠧᠷᠢᠩ᠎ᠤᠨ ᠪᠠᠶ᠋ᠢᠷᠢᠰᠢᠭᠤᠯᠤᠯᠲᠠ ᠵᠢ ᠰᠢᠯᠢᠳᠡᠭᠵᠢᠭᠦᠯᠵᠦ᠂ ᠬᠥᠳᠡᠭᠡ ᠲᠣᠰᠬᠣᠨ᠎ᠤ ᠤᠰᠤ ᠬᠠᠩᠭ᠋ᠠᠬᠤ ᠰᠠᠭᠤᠷᠢ ᠲᠥᠬᠥᠭᠡᠷᠦᠮᠵᠢ ᠵᠢ ᠲᠡᠭᠦᠯᠳᠡᠷᠵᠢᠭᠦᠯᠦᠨ᠎ᠡ᠃ ᠬᠡᠪᠴᠢᠶᠡᠵᠢᠭᠦᠯᠦᠨ ᠤᠰᠤ ᠬᠠᠩᠭ᠋ᠠᠬᠤ ᠢᠨᠵᠧᠨᠧᠷᠢᠩ᠎ᠤᠨ ᠪᠥᠲᠥᠭᠡᠨ ᠪᠠᠶ᠋ᠢᠭᠤᠯᠤᠯᠲᠠ ᠵᠢ ᠲᠣᠭᠲᠠᠭᠤᠨ ᠵᠶ᠋ᠠᠷ ᠬᠡᠷᠡᠭᠵᠢᠭᠦᠯᠵᠦ᠂ ᠴᠢᠨᠠᠷ ᠰᠠᠶ᠋ᠢᠲᠠᠶ ᠬᠥᠭᠵᠢᠯᠲᠡ ᠵᠢ ᠪᠡᠶᠡᠯᠡᠭᠦᠯᠦᠨ᠎ᠡ᠃ ᠥᠭᠡᠷᠡᠴᠢᠯᠡᠬᠦ᠂ ᠰᠢᠨ᠎ᠡ᠎ᠪᠠᠷ ᠪᠠᠶ᠋ᠢᠭᠤᠯᠬᠤ᠂ ᠰᠦᠯᠵᠢᠶᠡᠨ᠎ᠳᠤ ᠬᠣᠯᠪᠣᠬᠤ᠂ ᠰᠦᠯᠵᠢᠶᠡᠨ᠎ᠳᠤ ᠨᠡᠶ᠋ᠢᠯᠡᠭᠦᠯᠬᠦ ᠪᠠ ᠰᠡᠯᠪᠢᠨ ᠵᠠᠰᠠᠵᠤ ᠠᠷᠠᠴᠢᠯᠠᠨ ᠬᠠᠮᠠᠭ᠋ᠠᠯᠠᠬᠤ ᠵᠡᠷᠭᠡ ᠠᠷᠭ᠎ᠠ ᠬᠡᠮᠵᠢᠶ᠎ᠡ᠎ᠪᠠᠷ ᠳᠠᠮᠵᠢᠭᠤᠯᠤᠨ᠂ ᠬᠥᠳᠡᠭᠡ ᠲᠣᠰᠬᠣᠨ᠎ᠤ ᠤᠰᠤ ᠬᠠᠩᠭ᠋ᠠᠵᠤ ᠶᠠᠳᠠᠭᠤ᠎ᠠᠴᠠ ᠠᠩᠭᠢᠵᠢᠷᠠᠭᠤᠯᠬᠤ ᠪᠡᠷᠬᠡ ᠰᠡᠳᠦᠪ᠎ᠢ ᠰᠢᠢ᠍ᠳᠪᠤᠷᠢᠯᠡᠬᠦ ᠠᠵᠢᠯ᠎ᠤᠨ ᠦᠷ᠎ᠡ ᠪᠦᠲᠦᠭᠡᠯ᠎ᠢ ᠪᠡᠬᠢᠵᠢᠭᠦᠯᠦᠨ ᠥᠷᠭᠡᠳᠬᠡᠨ᠎ᠡ᠃
   
    ᠬᠠᠮᠢᠶᠠᠷᠤᠯᠲᠠ ᠵᠢ ᠲᠤᠪᠤᠢ᠍ᠢ᠍ᠯᠭ᠋ᠠᠵᠤ᠂ ᠲᠣᠭᠲᠠᠴᠠ ᠵᠢ ᠲᠡᠭᠦᠯᠳᠡᠷᠵᠢᠭᠦᠯᠦᠨ᠎ᠡ᠃ ᠬᠥᠳᠡᠭᠡ ᠲᠣᠰᠬᠣᠨ᠎ᠤ ᠤᠰᠤ ᠬᠠᠩᠭ᠋ᠠᠬᠤ ᠤᠷᠳᠤ ᠬᠤᠭᠤᠴᠠᠭ᠋ᠠᠨ᠎ᠤ ᠪᠦᠲᠦᠮᠵᠢᠲᠡᠶ ᠠᠵᠢᠯᠯᠠᠭ᠋ᠠᠨ᠎ᠤ ᠬᠠᠮᠢᠶᠠᠷᠤᠯᠲᠠ ᠵᠢᠨ ᠪᠠᠶ᠋ᠢᠭᠤᠯᠤᠯ ᠲᠣᠭᠲᠠᠴᠠ ᠵᠢ ᠲᠡᠭᠦᠯᠳᠡᠷᠵᠢᠭᠦᠯᠵᠦ᠂ ᠲᠤᠰᠬᠠᠶ᠋ᠢᠵᠢᠭᠰᠠᠨ ᠬᠠᠮᠢᠶᠠᠷᠤᠯᠲᠠ ᠵᠢ ᠢᠳᠡᠪᠬᠢᠲᠡᠶ ᠠᠬᠢᠭᠤᠯᠤᠨ᠎ᠠ᠃ ᠢᠨᠵᠧᠨᠧᠷᠢᠩ᠎ᠤᠨ ᠥᠮᠴᠢᠯᠡᠬᠦ ᠡᠷᠬᠡ ᠵᠢ ᠲᠣᠳᠣᠷᠬᠠᠶ ᠪᠣᠯᠭ᠋ᠠᠵᠤ᠂ ᠢᠨᠵᠧᠨᠧᠷᠢᠩ᠎ᠤᠨ ᠬᠠᠮᠢᠶᠠᠷᠴᠤ ᠬᠠᠮᠠᠭ᠋ᠠᠯᠠᠬᠤ ᠭᠣᠤᠯ ᠴᠣᠭᠴᠠ ᠵᠢ ᠨᠠᠶ᠋ᠢᠳᠠᠪᠤᠷᠢᠵᠢᠭᠤᠯᠤᠨ᠂ ᠬᠥᠳᠡᠭᠡ ᠲᠣᠰᠬᠣᠨ᠎ᠤ ᠤᠰᠤ ᠬᠠᠩᠭ᠋ᠠᠬᠤ ᠤᠰᠤ ᠬᠠᠮᠢᠶᠠᠷᠤᠭᠴᠢ ᠵᠢᠨ ᠡᠩᠨᠡᠭᠡ ᠵᠢ ᠪᠦᠷᠢᠨᠰᠢᠬᠦᠯᠦᠨ ᠲᠡᠭᠦᠯᠳᠡᠷᠵᠢᠭᠦᠯᠵᠦ᠂ ᠮᠡᠳᠡᠭᠡ ᠵᠠᠩᠭᠢᠵᠢᠯᠲᠠ ᠵᠢᠨ ᠬᠠᠮᠢᠶᠠᠷᠤᠯᠲᠠ ᠵᠢᠨ ᠬᠢᠷᠢ ᠬᠡᠮᠵᠢᠶ᠎ᠡ ᠵᠢ ᠳᠡᠭᠡᠭᠰᠢᠯᠡᠭᠦᠯᠦᠨ᠎ᠡ᠃ ᠤᠰᠤᠨ᠎ᠤ ᠡᠬᠢ ᠰᠤᠷᠪᠤᠯᠵᠢ ᠵᠢᠨ ᠬᠠᠮᠠᠭ᠋ᠠᠯᠠᠯᠲᠠ ᠪᠠ ᠤᠰᠤᠨ᠎ᠤ ᠴᠢᠨᠠᠷ᠎ᠤᠨ ᠪᠠᠲᠤᠯᠠᠭ᠎ᠠ ᠵᠢ ᠴᠢᠩᠭ᠋ᠠᠷᠠᠭᠤᠯᠵᠤ᠂ ᠵᠦᠢ ᠵᠣᠬᠢᠰᠲᠠᠶ ᠤᠰᠤᠨ᠎ᠤ ᠦᠨ᠎ᠡ ᠵᠢᠨ ᠲᠣᠭᠲᠠᠴᠠ ᠵᠢ ᠪᠠᠶ᠋ᠢᠭᠤᠯᠤᠨ᠂ ᠤᠰᠤᠨ᠎ᠤ ᠰᠦᠢ᠍ᠳᠬᠡᠯ᠎ᠢ ᠬᠤᠷᠢᠶᠠᠨ ᠲᠤᠰᠢᠶᠠᠯᠭ᠋ᠠᠬᠤ ᠵᠢ ᠴᠢᠩᠭ᠋ᠠᠳᠬᠠᠵᠤ᠂ ᠴᠢᠬᠤᠯᠠ ᠪᠦᠬᠦᠢ ᠡᠳ᠋᠎ᠤᠨ ᠵᠠᠰᠠᠭ᠎ᠤᠨ ᠨᠥᠬᠥᠪᠥᠷᠢ᠎ᠪᠠᠷ ᠬᠠᠪᠰᠤᠷᠤᠮᠵᠢ ᠪᠣᠯᠭ᠋ᠠᠵᠤ᠂ ᠢᠨᠵᠧᠨᠧᠷᠢᠩ᠎ᠤᠨ ᠦᠷ᠎ᠡ ᠠᠰᠢᠭ᠎ᠢ ᠪᠠᠳᠠᠷᠠᠭᠤᠯᠬᠤ ᠵᠢ ᠦᠨᠡᠨ ᠬᠦ᠌ ᠪᠠᠲᠤᠯᠠᠨ᠎ᠠ᠃
   
    ᠵᠠᠰᠠᠭ᠎ᠤᠨ ᠣᠷᠳᠣᠨ ᠵᠶ᠋ᠠᠷ ᠭᠣᠣᠯᠯᠠᠭᠤᠯᠵᠤ᠂ ᠬᠣᠶᠠᠷ ᠲᠠᠯ᠎ᠠ᠎ᠪᠠᠷ ᠬᠦᠴᠦᠯᠡᠨ᠎ᠡ᠃ ᠬᠥᠳᠡᠭᠡ ᠲᠣᠰᠬᠣᠨ᠎ᠤ ᠤᠰᠤ ᠬᠠᠩᠭ᠋ᠠᠬᠤ ᠪᠠᠲᠤᠯᠠᠭ᠎ᠠ᠎ᠳᠤ ᠣᠷᠣᠨ ᠨᠤᠲᠤᠭ᠎ᠤᠨ ᠵᠠᠰᠠᠭ ᠵᠠᠬᠢᠷᠭ᠋ᠠᠨ᠎ᠤ ᠳᠠᠷᠤᠭ᠎ᠠ ᠵᠢᠨ ᠬᠠᠷᠢᠭᠤᠴᠠᠬᠤ ᠲᠦᠷᠢᠮ᠎ᠢ ᠬᠡᠷᠡᠭᠵᠢᠭᠦᠯᠵᠦ᠂ ᠣᠷᠣᠨ ᠨᠤᠲᠤᠭ᠎ᠤᠨ ᠠᠷᠠᠳ᠎ᠤᠨ ᠵᠠᠰᠠᠭ᠎ᠤᠨ ᠣᠷᠳᠣᠨ ᠪᠣᠯ ᠬᠥᠳᠡᠭᠡ ᠲᠣᠰᠬᠣᠨ᠎ᠤ ᠤᠰᠤ ᠬᠠᠩᠭ᠋ᠠᠬᠤ ᠪᠠᠲᠤᠯᠠᠭ᠎ᠠ ᠵᠢᠨ ᠬᠠᠷᠢᠭᠤᠴᠠᠯᠭ᠎ᠠ ᠵᠢᠨ ᠭᠣᠤᠯ ᠴᠣᠭᠴᠠ ᠮᠥᠨ᠂ ᠪᠠᠷᠢᠯᠭ᠎ᠠ ᠵᠢᠨ ᠪᠥᠲᠥᠭᠡᠨ ᠪᠠᠶ᠋ᠢᠭᠤᠯᠤᠯᠲᠠ᠂ ᠰᠡᠯᠪᠢᠨ ᠵᠠᠰᠠᠵᠤ ᠠᠷᠠᠴᠢᠯᠠᠨ ᠬᠠᠮᠠᠭ᠋ᠠᠯᠠᠬᠤ ᠪᠠ ᠤᠰᠤᠨ᠎ᠤ ᠰᠤᠷᠪᠤᠯᠵᠢ ᠵᠢ ᠬᠠᠮᠠᠭ᠋ᠠᠯᠠᠬᠤ ᠪᠠᠯᠠ ᠮᠥᠩᠭᠥ ᠵᠢᠨ ᠢᠷᠡᠯᠲᠡ ᠵᠢ ᠣᠷᠣᠨ ᠨᠤᠲᠤᠭ᠎ᠤᠨ ᠡᠯ᠎ᠡ ᠱᠠᠲᠤᠨ᠎ᠤ ᠠᠷᠠᠳ᠎ᠤᠨ ᠵᠠᠰᠠᠭ᠎ᠤᠨ ᠣᠷᠳᠣᠨ᠎ᠠᠴᠠ ᠬᠠᠷᠢᠭᠤᠴᠠᠨ ᠨᠠᠶ᠋ᠢᠳᠠᠪᠤᠷᠢᠵᠢᠭᠤᠯᠵᠤ᠂ ᠤᠯᠤᠰ᠎ᠤᠨ ᠬᠥᠳᠡᠭᠡ ᠲᠣᠰᠬᠣᠨ᠎ᠢ ᠬᠥᠭᠵᠢᠭᠦᠯᠦᠨ ᠮᠠᠨᠳᠤᠭᠤᠯᠬᠤ ᠭᠣᠤᠯᠳᠠᠯᠭ᠎ᠠ᠎ᠲᠠᠢ ᠬᠠᠪᠰᠤᠷᠤᠨ ᠲᠡᠳᠬᠦᠬᠦ ᠰᠢᠶᠠᠨ᠎ᠳᠤ ᠬᠦᠩᠭᠡᠯᠡᠯᠳᠡ᠎ᠲᠠᠢ ᠲᠡᠮᠵᠢᠯᠭᠡ ᠦᠭᠬᠦᠨ᠎ᠡ᠃ ᠨᠥᠬᠥᠴᠡᠯ᠎ᠲᠠᠢ ᠭᠠᠵᠠᠷ ᠣᠷᠣᠨ᠎ᠨᠤᠭᠤᠳ ᠡᠳ᠋᠎ᠤᠨ ᠵᠠᠰᠠᠭ᠎ᠤᠨ ᠪᠡᠯᠡ ᠮᠥᠩᠭᠥ ᠵᠢᠨ ᠬᠥᠲᠥᠯᠥᠨ ᠵᠢᠯᠣᠭᠣᠳᠬᠤ ᠦᠢ᠍ᠯᠡᠳᠦᠯ᠎ᠢ ᠭᠦᠢ᠍ᠴᠡᠳ ᠪᠠᠳᠠᠷᠠᠭᠤᠯᠵᠤ᠂ ᠪᠠᠩᠬᠢ ᠵᠢᠨ ᠵᠢᠭᠡᠯᠡᠯᠭᠡ ᠪᠠ ᠨᠡᠶ᠋ᠢᠭᠡᠮ᠎ᠤᠨ ᠪᠡᠯᠡ ᠮᠥᠩᠭᠥ ᠵᠢᠨ ᠣᠷᠣᠭᠤᠯᠤᠯᠲᠠ ᠵᠢ ᠲᠠᠳᠠᠨ ᠠᠪᠴᠢᠷᠠᠵᠤ᠂ ᠪᠠᠷᠢᠯᠭ᠎ᠠ ᠵᠢᠨ ᠪᠦᠳᠦᠭᠡᠨ ᠪᠠᠶ᠋ᠢᠭᠤᠯᠤᠯᠲᠠ ᠪᠠ ᠬᠠᠮᠢᠶᠠᠷᠤᠯᠲᠠ ᠵᠢ ᠥᠷᠨᠢᠭᠦᠯᠬᠦ ᠬᠡᠷᠡᠭᠲᠡᠶ᠃
   
    ᠥᠷᠭᠡᠨ ᠵᠶ᠋ᠠᠷ ᠣᠷᠣᠯᠴᠠᠵᠤ᠂ ᠨᠡᠶ᠋ᠢᠭᠡᠮ᠎ᠠᠴᠠ ᠬᠢᠨᠠᠯᠲᠠ ᠲᠠᠯᠪᠢᠨ᠎ᠠ᠃ ᠰᠢᠶᠠᠩ ᠪᠠᠯᠭ᠋ᠠᠰᠤᠨ᠎ᠤ ᠠᠷᠠᠳ᠎ᠤᠨ ᠵᠠᠰᠠᠭ᠎ᠤᠨ ᠣᠷᠳᠣᠨ᠂ ᠭᠠᠴᠠᠭ᠋ᠠᠨ᠎ᠤ ᠬᠠᠮᠲᠤ ᠨᠡᠢ᠍ᠢ᠍ᠳᠡ᠂ ᠦᠨᠳᠦᠰᠦᠨ ᠱᠠᠲᠤᠨ᠎ᠤ ᠨᠠᠮ᠎ᠤᠨ ᠵᠣᠬᠢᠶᠠᠨ ᠪᠠᠶ᠋ᠢᠭᠤᠯᠤᠯᠲᠠ ᠪᠠ ᠭᠠᠴᠠᠭ᠋ᠠᠨ᠎ᠤ ᠠᠷᠠᠳ᠎ᠤᠨ ᠦᠢ᠍ᠯᠡᠳᠦᠯ᠎ᠢ ᠭᠦᠢ᠍ᠴᠡᠳ ᠪᠠᠳᠠᠷᠠᠭᠤᠯᠵᠤ᠂ ᠬᠥᠳᠡᠭᠡ ᠲᠣᠰᠬᠣᠨ᠎ᠤ ᠤᠰᠤ ᠬᠠᠩᠭ᠋ᠠᠬᠤ ᠢᠨᠵᠧᠨᠧᠷᠢᠩ᠎ᠤᠨ ᠵᠦᠢ᠍ᠯᠡᠰ᠎ᠤᠨ ᠲᠥᠯᠥᠪᠵᠢᠭᠦᠯᠭᠡ᠂ ᠪᠦᠳᠦᠭᠡᠨ ᠪᠠᠶ᠋ᠢᠭᠤᠯᠤᠯᠲᠠ᠂ ᠠᠵᠢᠯᠯᠠᠭ᠋ᠠᠨ᠎ᠤ ᠬᠠᠮᠠᠭ᠋ᠠᠯᠠᠯᠲᠠ ᠪᠠ ᠤᠰᠤᠨ᠎ᠤ ᠰᠤᠷᠪᠤᠯᠵᠢ ᠵᠢᠨ ᠬᠠᠮᠠᠭ᠋ᠠᠯᠠᠯᠲᠠ᠎ᠳᠤ ᠣᠷᠣᠯᠴᠠᠵᠤ᠂ ᠤᠰᠤ ᠬᠠᠩᠭ᠋ᠠᠬᠤ ᠲᠥᠬᠥᠭᠡᠷᠦᠮᠵᠢ ᠵᠢᠨ ᠪᠦᠳᠦᠭᠡᠨ ᠪᠠᠶ᠋ᠢᠭᠤᠯᠤᠯᠲᠠ ᠪᠠ ᠠᠵᠢᠯᠯᠠᠭ᠋ᠠᠨ᠎ᠤ ᠬᠠᠮᠠᠭ᠋ᠠᠯᠠᠯᠲᠠ ᠵᠢᠨ ᠵᠠᠷᠤᠳᠠᠯ᠎ᠢ ᠵᠦᠢ ᠵᠣᠬᠢᠰᠲᠠᠶ ᠬᠤᠪᠢᠶᠠᠨ ᠡᠭᠦᠷᠭᠡᠯᠡᠨ᠎ᠡ᠃ ᠲᠠᠷᠢᠶᠠᠴᠢᠳ᠎ᠤᠨ ᠬᠦᠰᠡᠯ ᠰᠠᠨᠠᠭ᠎ᠠ ᠵᠢ ᠭᠦᠢ᠍ᠴᠡᠳ ᠬᠦᠨᠳᠦᠳᠬᠡᠵᠦ᠂ ᠬᠡᠷᠡᠭᠴᠡᠭᠡ ᠵᠢ ᠠᠷᠠᠳ᠎ᠠᠴᠠ ᠠᠰᠠᠭᠤᠬᠤ᠂ ᠠᠷᠭ᠎ᠠ ᠪᠤᠳᠤᠯᠭ᠎ᠠ ᠵᠢ ᠠᠷᠠᠳ᠎ᠠᠴᠠ ᠠᠰᠠᠭᠤᠬᠤ ᠵᠢ ᠦᠨᠡᠨ ᠬᠦ᠌ ᠪᠡᠶᠡᠯᠡᠭᠦᠯᠦᠨ᠎ᠡ᠃ ᠡᠯ᠎ᠡ ᠱᠠᠲᠤᠨ᠎ᠤ ᠢᠯᠡᠴᠢᠯᠡᠨ ᠮᠡᠳᠡᠭᠦᠯᠬᠦ᠎ᠳᠤ ᠬᠢᠨᠠᠯᠲᠠ ᠲᠠᠯᠪᠢᠬᠤ ᠤᠳᠠᠰᠤ ᠵᠢ ᠰᠠᠭ᠋ᠠᠳ ᠦᠭᠡᠢ ᠨᠡᠪᠲᠡᠷᠡᠭᠦᠯᠵᠦ᠂ ᠨᠡᠶ᠋ᠢᠭᠡᠮ᠎ᠤᠨ ᠬᠢᠨᠠᠯᠲᠠ ᠲᠠᠯᠪᠢᠬᠤ ᠦᠢ᠍ᠯᠡᠳᠦᠯ᠎ᠢ ᠪᠠᠳᠠᠷᠠᠭᠤᠯᠤᠨ᠎ᠠ᠃
   
   (ᠭᠤᠷᠪᠠ) ᠭᠣᠤᠯ ᠬᠠᠷᠠᠯᠲᠠ

  ᠬᠥᠳᠡᠭᠡ ᠲᠣᠰᠬᠣᠨ᠎ᠢ ᠬᠥᠭᠵᠢᠭᠦᠯᠦᠨ ᠮᠠᠨᠳᠤᠭᠤᠯᠬᠤ ᠵᠢ ᠪᠦᠬᠦ ᠲᠠᠯ᠎ᠠ᠎ᠪᠠᠷ ᠠᠬᠢᠭᠤᠯᠬᠤ ᠱᠠᠭ᠋ᠠᠷᠳᠠᠯᠭ᠎ᠠ ᠶᠣᠰᠣᠭ᠋ᠠᠷ᠂ ᠬᠥᠳᠡᠭᠡ ᠲᠣᠰᠬᠣᠨ᠎ᠤ ᠤᠰᠤ ᠬᠠᠩᠭ᠋ᠠᠬᠤ ᠪᠠᠷᠢᠮᠵᠢᠶ᠎ᠠ ᠵᠢ ᠵᠣᠬᠢᠰᠲᠠᠢ ᠳᠡᠭᠡᠭᠰᠢᠯᠡᠭᠦᠯᠵᠦ᠂ ᠬᠥᠳᠡᠭᠡ ᠲᠣᠰᠬᠣᠨ᠎ᠤ ᠤᠰᠤ ᠬᠠᠩᠭ᠋ᠠᠬᠤ ᠢᠨᠵᠧᠨᠧᠷᠢᠩ᠎ᠤᠨ ᠲᠥᠬᠥᠭᠡᠷᠦᠮᠵᠢ ᠵᠢ ᠲᠡᠭᠦᠯᠳᠡᠷᠵᠢᠭᠦᠯᠵᠦ᠂ ᠬᠥᠳᠡᠭᠡ ᠲᠣᠰᠬᠣᠨ᠎ᠤ ᠤᠰᠤ ᠬᠠᠩᠭ᠋ᠠᠬᠤ ᠪᠠᠲᠤᠯᠠᠪᠤᠷᠢ ᠵᠢᠨ ᠲᠦᠪᠰᠢᠨ᠎ᠢ ᠲᠣᠭᠲᠠᠭᠤᠨ ᠵᠶ᠋ᠠᠷ ᠳᠡᠭᠡᠭᠰᠢᠯᠡᠭᠦᠯᠦᠨ᠎ᠡ᠃ 2025 ᠣᠨ ᠪᠣᠯᠬᠤ᠎ᠳᠤ᠂ ᠪᠥᠬᠥ ᠤᠯᠤᠰ᠎ᠤᠨ ᠬᠥᠳᠡᠭᠡ ᠲᠣᠰᠬᠣᠨ᠎ᠤ ᠲᠦᠭᠡᠭᠡᠯ ᠤᠰᠤᠨ᠎ᠤ ᠲᠦᠭᠡᠮᠡᠯᠵᠢᠯᠲᠡ ᠵᠢᠨ ᠨᠣᠷᠮ᠎ᠠ ᠵᠢ 88%᠎ᠳᠤ ᠬᠦᠷᠦᠭᠦᠯᠵᠦ᠂ ᠬᠡᠪᠴᠢᠶᠡᠵᠢᠭᠦᠯᠦᠨ ᠤᠰᠤ ᠬᠠᠩᠭ᠋ᠠᠬᠤ ᠢᠨᠵᠧᠨᠧᠷᠢᠩ᠎ᠤᠨ ᠬᠥᠳᠡᠭᠡ ᠲᠣᠰᠬᠣᠨ᠎ᠤ ᠬᠥᠮᠦᠨ ᠠᠮᠠ ᠵᠢ ᠬᠠᠮᠤᠷᠬᠤ ᠬᠠᠷᠢᠴᠠᠯ᠎ᠢ ᠳᠡᠭᠡᠭᠰᠢᠯᠡᠭᠦᠯᠦᠨ᠎ᠡ; ᠬᠥᠳᠡᠭᠡ ᠲᠣᠰᠬᠣᠨ᠎ᠤ ᠤᠰᠤ ᠬᠠᠩᠭ᠋ᠠᠬᠤ ᠣᠷᠳᠣ ᠬᠤᠭᠤᠴᠠᠭ᠋ᠠᠨ᠎ᠤ ᠪᠦᠲᠦᠮᠵᠢᠲᠡᠶ ᠠᠵᠢᠯᠯᠠᠭ᠋ᠠᠨ᠎ᠤ ᠬᠠᠮᠢᠶᠠᠷᠤᠯᠲᠠ ᠵᠢᠨ ᠪᠠᠶ᠋ᠢᠭᠤᠯᠤᠯ ᠲᠣᠭᠲᠠᠴᠠ ᠵᠢ ᠲᠡᠭᠦᠯᠳᠡᠷᠵᠢᠭᠦᠯᠵᠦ᠂ ᠢᠨᠵᠧᠨᠧᠷᠢᠩ᠎ᠤᠨ ᠠᠵᠢᠯᠯᠠᠭ᠋ᠠᠨ᠎ᠤ ᠬᠠᠮᠢᠶᠠᠷᠴᠤ ᠬᠠᠮᠠᠭ᠋ᠠᠯᠠᠬᠤ ᠬᠢᠷᠢ ᠲᠦᠪᠰᠢᠨ᠎ᠢ ᠲᠡᠭᠡᠭᠰᠢᠯᠡᠬᠦᠯᠦᠨ᠎ᠡ; ᠤᠰᠤᠨ᠎ᠤ ᠡᠬᠢ ᠰᠤᠷᠪᠤᠯᠵᠢ ᠵᠢᠨ ᠬᠠᠮᠠᠭ᠋ᠠᠯᠠᠯᠲᠠ ᠵᠢ ᠴᠢᠩᠭ᠋ᠠᠳᠬᠠᠵᠤ᠂ ᠤᠰᠤᠨ᠎ᠤ ᠴᠢᠨᠠᠷ᠎ᠢ ᠴᠡᠪᠡᠷᠰᠢᠭᠦᠯᠦᠨ ᠠᠷᠢᠭᠤᠳᠬᠠᠬᠤ ᠪᠡᠯᠡᠳᠬᠡᠮᠵᠢ ᠲᠥᠬᠥᠭᠡᠷᠦᠮᠵᠢ ᠵᠢ ᠲᠡᠭᠦᠯᠳᠡᠷᠵᠢᠭᠦᠯᠦᠨ᠂ ᠤᠰᠤᠨ᠎ᠤ ᠴᠢᠨᠠᠷ᠎ᠤᠨ ᠪᠠᠷᠢᠮᠵᠢᠶ᠎ᠠ᠎ᠳᠤ ᠬᠥᠷᠬᠥ ᠨᠣᠷᠮ᠎ᠠ ᠵᠢ ᠲᠠᠰᠤᠷᠠᠯᠲᠠ ᠥᠬᠡᠶ ᠲᠡᠭᠡᠭᠰᠢᠯᠡᠬᠦᠯᠦᠨ᠎ᠡ᠃ 2035 ᠣᠨ ᠪᠣᠯᠬᠤ᠎ᠳᠤ᠂ ᠬᠥᠳᠡᠭᠡ ᠲᠣᠰᠬᠣᠨ᠎ᠤ ᠤᠰᠤ ᠬᠠᠩᠭ᠋ᠠᠬᠤ ᠲᠥᠬᠥᠭᠡᠷᠦᠮᠵᠢ ᠵᠢ ᠦᠷᠭᠦᠯᠵᠢᠯᠡᠨ ᠲᠡᠭᠦᠯᠳᠡᠷᠵᠢᠭᠦᠯᠵᠦ᠂ ᠠᠵᠢᠯᠯᠠᠭ᠋ᠠᠨ᠎ᠤ ᠬᠠᠮᠢᠶᠠᠷᠤᠯᠲᠠ ᠬᠠᠮᠠᠭ᠋ᠠᠯᠠᠯᠲᠠ ᠵᠢᠨ ᠲᠦᠪᠰᠢᠨ᠎ᠢ ᠳᠡᠭᠡᠭᠰᠢᠯᠡᠭᠦᠯᠵᠦ᠂ ᠬᠥᠳᠡᠭᠡ ᠲᠣᠰᠬᠣᠨ᠎ᠤ ᠤᠰᠤ ᠬᠠᠩᠭ᠋ᠠᠬᠤ ᠣᠳᠣᠬᠢᠴᠢᠯᠠᠯᠲᠠ ᠵᠢ ᠦᠨᠳᠦᠰᠦᠨ᠎ᠳᠡᠭᠡᠨ ᠪᠡᠶᠡᠯᠡᠭᠦᠯᠦᠨ᠎ᠡ᠃

    ᠬᠣᠶᠠᠷ᠂ ᠬᠥᠳᠡᠭᠡ ᠲᠣᠰᠬᠣᠨ᠎ᠤ ᠤᠰᠤ ᠬᠠᠩᠭ᠋ᠠᠵᠤ ᠶᠠᠳᠠᠭᠤ᠎ᠠᠴᠠ ᠠᠩᠭᠢᠵᠢᠷᠠᠭᠤᠯᠬᠤ ᠪᠣᠭᠣᠮᠲᠠ ᠰᠢᠪᠲᠤᠯᠬᠤ ᠠᠵᠢᠯ᠎ᠢ ᠰᠠᠶ᠋ᠢᠲᠤᠷ ᠬᠢᠬᠦ ᠪᠠ ᠬᠥᠳᠡᠭᠡ ᠲᠣᠰᠬᠣᠨ᠎ᠢ ᠬᠥᠭᠵᠢᠭᠦᠯᠦᠨ ᠮᠠᠨᠳᠤᠭᠤᠯᠬᠤ ᠵᠢ ᠪᠦᠲᠦᠮᠵᠢᠲᠡᠢ ᠵᠤᠯᠭ᠋ᠠᠭᠤᠯᠤᠨ᠎ᠠ
   
   (ᠳᠥᠷᠪᠡ) ᠬᠥᠳᠡᠭᠡ ᠲᠣᠰᠬᠣᠨ᠎ᠤ ᠤᠰᠤ ᠬᠠᠩᠭ᠋ᠠᠭᠰᠠᠨ ᠦᠷ᠎ᠡ ᠪᠦᠲᠦᠭᠡᠯ᠎ᠢ ᠪᠡᠬᠢᠵᠢᠭᠦᠯᠦᠨ ᠥᠷᠭᠡᠳᠬᠡᠨ᠎ᠡ᠃ ᠣᠷᠣᠨ ᠨᠤᠲᠤᠭ᠎ᠤᠨ ᠤᠰᠤᠨ᠎ᠤ ᠶᠠᠪᠤᠳᠠᠯ᠎ᠤᠨ ᠵᠠᠰᠠᠭ ᠵᠠᠬᠢᠷᠭ᠋ᠠᠨ᠎ᠤ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ᠎ᠨᠢ ᠬᠣᠯᠪᠣᠭᠳᠠᠯ ᠪᠥᠬᠥᠶ ᠰᠠᠯᠠᠭ᠎ᠠ ᠮᠥᠴᠢᠷ᠎ᠲᠠᠢ ᠬᠠᠮᠲᠤᠷᠠᠨ ᠤᠰᠤ ᠬᠠᠩᠭ᠋ᠠᠬᠤ᠎ᠪᠠᠷ ᠪᠠᠭᠤᠷᠠᠶ ᠭᠠᠵᠠᠷ ᠣᠷᠣᠨ᠂ ᠶᠠᠳᠠᠭᠤ᠎ᠠᠴᠠ ᠠᠩᠭᠢᠵᠢᠷᠠᠭᠰᠠᠨ ᠭᠠᠵᠠᠷ ᠣᠷᠣᠨ᠂ ᠶᠠᠳᠠᠭᠤ᠎ᠠᠴᠠ ᠠᠩᠭᠢᠵᠢᠷᠠᠭᠰᠠᠨ ᠬᠥᠮᠦᠨ ᠠᠮᠠ ᠪᠠ ᠤᠰᠤ ᠬᠠᠩᠭ᠋ᠠᠬᠤ᠎ᠳᠤ ᠠᠮᠠᠷᠬᠠᠨ ᠳᠠᠬᠢᠨ ᠳᠠᠪᠲᠠᠬᠤ ᠬᠥᠮᠦᠰ᠎ᠤᠨ ᠤᠤᠭᠤᠬᠤ ᠤᠰᠤᠨ᠎ᠤ ᠪᠠᠶ᠋ᠢᠳᠠᠯ᠎ᠢ ᠬᠥᠳᠡᠯᠦᠩᠭᠦᠶ᠎ᠪᠠᠷ ᠬᠢᠨᠠᠨ ᠬᠡᠮᠵᠢᠬᠦ ᠵᠢ ᠰᠠᠶ᠋ᠢᠲᠤᠷ ᠬᠢᠵᠦ᠂ ᠵᠢᠭᠰᠠᠭ᠋ᠠᠨ ᠪᠠᠢ᠌ᠴᠠᠭ᠋ᠠᠵᠤ ᠡᠵᠡᠮᠰᠢᠬᠦ ᠵᠢ ᠴᠢᠩᠭ᠋ᠠᠳᠬᠠᠨ᠂ ᠬᠥᠳᠡᠭᠡ ᠲᠣᠰᠬᠣᠨ᠎ᠤ ᠤᠰᠤ ᠬᠠᠩᠭ᠋ᠠᠬᠤ᠎ᠳᠤ ᠣᠷᠣᠰᠢᠵᠤ ᠪᠠᠶ᠋ᠢᠭ᠎ᠠ ᠠᠰᠠᠭᠤᠳᠠᠯ ᠪᠠ ᠠᠶᠤᠯ ᠲᠦᠭᠰᠢᠭᠦᠷᠢ ᠵᠢᠨ ᠳᠠᠯᠳᠠ ᠬᠡᠮ᠎ᠢ ᠣᠨᠣᠪᠴᠢᠲᠠᠶ ᠡᠷᠢᠵᠦ᠂ ᠠᠰᠠᠭᠤᠳᠠᠯ᠎ᠤᠨ ᠡᠬᠡ ᠲᠠᠩᠰᠠ ᠵᠢ ᠪᠠᠶ᠋ᠢᠭᠤᠯᠬᠤ ᠬᠡᠷᠡᠭᠲᠡᠶ᠃ ᠤᠰᠤ ᠬᠠᠩᠭ᠋ᠠᠬᠤ ᠨᠢᠭᠡᠴᠢ ᠵᠢᠨ ᠦᠢ᠍ᠯᠡᠴᠢᠯᠡᠭᠡᠨ᠎ᠤ   ᠬᠠᠷᠢᠯᠴᠠᠬᠤ ᠤᠳᠠᠰᠤ ᠵᠢ ᠨᠡᠶ᠋ᠢᠲᠡᠯᠡᠵᠦ᠂ ᠣᠯᠠᠨ ᠲᠦᠮᠡᠨ᠎ᠤ ᠲᠤᠰᠬᠠᠭᠰᠠᠨ ᠠᠰᠠᠭᠤᠳᠠᠯ ᠪᠠ ᠢᠯᠡᠴᠢᠯᠡᠨ ᠮᠡᠳᠡᠭᠦᠯᠬᠦ᠎ᠳᠤ ᠬᠢᠨᠠᠯᠲᠠ ᠲᠠᠯᠪᠢᠬᠤ ᠵᠠᠮ᠎ᠢ ᠰᠠᠭ᠋ᠠᠳ ᠥᠬᠡᠶ ᠨᠡᠪᠲᠡᠷᠡᠭᠦᠯᠵᠦ᠂ ᠠᠰᠠᠭᠤᠳᠠᠯ᠎ᠢ ᠲᠦᠷᠭᠡᠨ ᠢᠯᠡᠷᠡᠭᠦᠯᠬᠦ ᠪᠠ ᠳᠠᠭ᠋ᠠᠬᠤ ᠲᠣᠭᠲᠠᠴᠠ ᠵᠢ ᠪᠠᠶ᠋ᠢᠭᠤᠯᠤᠨ ᠪᠦᠷᠢᠨᠰᠢᠬᠦᠯᠵᠦ᠂ ᠬᠥᠳᠡᠭᠡ ᠲᠣᠰᠬᠣᠨ᠎ᠤ ᠤᠰᠤ ᠬᠠᠩᠭ᠋ᠠᠬᠤ ᠠᠰᠠᠭᠤᠳᠠᠯ᠎ᠢ ᠰᠢᠢ᠍ᠳᠪᠤᠷᠢᠯᠡᠬᠦ ᠵᠢ ᠣᠷᠣᠨ ᠨᠤᠲᠤᠭ᠎ᠤᠨ ᠠᠷᠠᠳ᠎ᠤᠨ ᠵᠠᠰᠠᠭ᠎ᠤᠨ ᠣᠷᠳᠣᠨ᠎ᠤ ᠬᠠᠪᠰᠤᠷᠤᠨ ᠲᠡᠳᠬᠦᠬᠦ ᠲᠥᠷᠥ ᠵᠢᠨ ᠪᠣᠳᠣᠯᠭ᠎ᠠ ᠵᠢᠨ ᠬᠡᠪᠴᠢᠶᠡᠨ᠎ᠳᠤ ᠣᠷᠣᠭᠤᠯᠵᠤ᠂ ᠬᠥᠳᠡᠭᠡ ᠲᠣᠰᠬᠣᠨ᠎ᠤ ᠤᠰᠤ ᠬᠠᠩᠭ᠋ᠠᠬᠤ ᠲᠦᠭᠰᠢᠭᠦᠷᠢ ᠪᠠ ᠳᠠᠯᠳᠠ ᠬᠡᠮ᠎ᠢ ᠴᠠᠭ ᠲᠤᠬᠠᠶ᠎ᠳᠤᠨᠢ ᠠᠷᠢᠯᠭ᠋ᠠᠵᠤ᠂ ᠬᠥᠳᠡᠯᠦᠩᠭᠦᠶ᠎ᠪᠠᠷ ᠬᠠᠮᠢᠶᠠᠷᠬᠤ ᠵᠢ ᠪᠠᠲᠤᠯᠠᠨ᠎ᠠ᠃ ᠢᠨᠵᠧᠨᠧᠷᠢᠩ᠎ᠤᠨ ᠬᠠᠮᠢᠶᠠᠷᠤᠯᠲᠠ ᠬᠠᠮᠠᠭ᠋ᠠᠯᠠᠯᠲᠠ ᠵᠢ ᠴᠢᠩᠭ᠋ᠠᠳᠬᠠᠵᠤ᠂ ᠨᠢᠭᠡᠨᠲᠡ ᠪᠠᠶ᠋ᠢᠭᠤᠯᠤᠭᠰᠠᠨ ᠬᠥᠳᠡᠭᠡ ᠲᠣᠰᠬᠣᠨ᠎ᠤ ᠤᠰᠤ ᠬᠠᠩᠭ᠋ᠠᠬᠤ ᠢᠨᠵᠧᠨᠧᠷᠢᠩ᠎ᠤᠨ ᠦᠷ᠎ᠡ ᠪᠦᠲᠦᠭᠡᠯ᠎ᠢ ᠪᠡᠬᠢᠵᠢᠭᠦᠯᠦᠨ ᠰᠠᠶ᠋ᠢᠲᠤᠷ ᠬᠠᠮᠠᠭ᠋ᠠᠯᠠᠨ᠎ᠠ᠃ ᠴᠠᠭ ᠠᠭᠤᠷ᠂ ᠤᠰᠤᠨ ᠵᠦᠶ ᠵᠡᠷᠭᠡ ᠰᠠᠯᠠᠭ᠎ᠠ ᠮᠥᠴᠢᠷ᠎ᠯᠦᠭᠡ ᠵᠣᠯᠭ᠋ᠠᠭᠤᠯᠬᠤ ᠵᠢ ᠴᠢᠩᠭ᠋ᠠᠳᠬᠠᠵᠤ᠂ ᠪᠠᠴᠢᠮ ᠪᠠᠶ᠋ᠢᠳᠠᠯ᠎ᠢ ᠠᠷᠭ᠋ᠠᠴᠠᠬᠤ ᠤᠰᠤ ᠬᠠᠩᠭ᠋ᠠᠬᠤ ᠲᠥᠰᠦᠯ᠎ᠢ ᠪᠣᠳᠠᠲᠠᠶ᠋ᠢᠵᠢᠭᠤᠯᠤᠨ᠂ ᠰᠣᠷᠢᠯᠲᠠ ᠵᠢ ᠴᠢᠩᠭ᠋ᠠᠳᠬᠠᠵᠤ᠂ ᠴᠢᠬᠤᠯᠠ᠎ᠲᠠᠢ ᠦᠶ᠎ᠡ᠎ᠳᠤ ᠪᠠᠴᠢᠮ ᠪᠠᠶ᠋ᠢᠳᠠᠯ᠎ᠢ ᠠᠷᠭ᠋ᠠᠴᠠᠬᠤ ᠪᠡᠯᠡᠳᠬᠡᠯ ᠤᠰᠤᠨ᠎ᠤ ᠡᠬᠢ ᠰᠤᠷᠪᠤᠯᠵᠢ ᠵᠢ ᠡᠬᠢᠯᠡᠭᠦᠯᠬᠦ᠂ ᠬᠤᠳᠳᠤᠭ ᠥᠷᠥᠮᠳᠡᠵᠦ ᠤᠰᠤ ᠲᠠᠲᠠᠬᠤ᠂ ᠪᠠᠴᠢᠮ ᠪᠠᠶ᠋ᠢᠳᠠᠯ᠎ᠢ ᠠᠷᠭ᠋ᠠᠴᠠᠨ ᠤᠰᠤ ᠲᠠᠲᠠᠬᠤ᠂ ᠤᠰᠤ ᠲᠠᠲᠠᠵᠤ ᠤᠰᠤ ᠬᠦᠷᠭᠡᠬᠦ ᠵᠡᠷᠭᠡ ᠠᠷᠭ᠎ᠠ ᠬᠡᠮᠵᠢᠶ᠎ᠡ ᠵᠢ ᠠᠪᠴᠤ᠂ ᠬᠡᠪᠴᠢᠶᠡᠵᠢᠭᠰᠡᠨ ᠴᠢᠨᠠᠷᠲᠠᠶ ᠤᠤᠭᠤᠬᠤ ᠤᠰᠤᠨ᠎ᠤ ᠠᠶᠤᠯᠬᠦᠢ ᠵᠢᠨ ᠠᠰᠠᠭᠤᠳᠠᠯ ᠭᠠᠷᠬᠤ ᠵᠢ ᠰᠡᠷᠭᠡᠶ᠋ᠢᠯᠡᠬᠦ ᠬᠡᠷᠡᠭᠲᠡᠶ᠃
   
   (ᠲᠠᠪᠤ) ᠬᠥᠳᠡᠭᠡ ᠲᠣᠰᠬᠣᠨ᠎ᠤ ᠤᠰᠤ ᠬᠠᠩᠭ᠋ᠠᠬᠤ ᠬᠥᠭᠵᠢᠯᠲᠡ ᠵᠢ ᠲᠥᠷᠥᠯ ᠬᠤᠪᠢᠶᠠᠨ ᠠᠬᠢᠭᠤᠯᠤᠨ᠎ᠠ᠃ ᠬᠥᠳᠡᠭᠡ ᠲᠣᠰᠬᠣᠨ᠎ᠢ ᠬᠥᠭᠵᠢᠭᠦᠯᠦᠨ ᠮᠠᠨᠳᠤᠭᠤᠯᠬᠤ᠂ ᠤᠰᠤ ᠬᠡᠷᠡᠭᠯᠡᠬᠦ ᠪᠣᠳᠠᠲᠠᠢ ᠬᠡᠷᠡᠭᠴᠡᠭᠡ᠂ ᠣᠷᠣᠨ ᠨᠤᠲᠤᠭ᠎ᠤᠨ ᠡᠳ᠋᠎ᠤᠨ ᠬᠦᠴᠦᠨ᠎ᠤ ᠲᠦᠪᠰᠢᠨ ᠵᠡᠷᠭᠡ ᠡᠯᠧᠮᠧᠨ᠋ᠲ᠎ᠢ ᠨᠢᠭᠡᠳᠦᠯᠲᠡᠢ ᠲᠥᠯᠥᠪᠵᠢᠭᠦᠯᠦᠨ ᠪᠣᠳᠣᠯᠬᠢᠯᠠᠵᠤ᠂ ᠬᠤᠳᠠ ᠵᠢᠨ ᠲᠡᠭᠦᠷᠭᠡ ᠵᠢᠨ ᠠᠭᠤᠰᠤᠯᠴᠠᠭᠰᠠᠨ ᠲᠦᠷᠦᠯ᠎ᠤᠨ ᠠᠶ᠋ᠢᠯ ᠲᠣᠰᠬᠣᠨ ᠪᠠ ᠲᠥᠪᠯᠡᠷᠡᠭᠦᠯᠦᠨ ᠳᠡᠭᠡᠭᠰᠢᠯᠡᠭᠦᠯᠬᠦ ᠲᠦᠷᠦᠯ᠎ᠤᠨ ᠠᠶ᠋ᠢᠯ ᠲᠣᠰᠬᠣᠨ᠎ᠳᠤ᠂ ᠬᠡᠪᠴᠢᠶᠡᠵᠢᠭᠰᠡᠨ ᠤᠰᠤ ᠬᠠᠩᠭ᠋ᠠᠬᠤ ᠢᠨᠵᠧᠨᠧᠷᠢᠩ᠎ᠤᠨ ᠪᠦᠳᠦᠭᠡᠨ ᠪᠠᠶ᠋ᠢᠭᠤᠯᠤᠯᠲᠠ ᠵᠢ ᠤᠷᠢᠳᠠᠪᠠᠷ ᠬᠡᠷᠡᠭᠵᠢᠭᠦᠯᠵᠦ᠂ ᠤᠰᠤ ᠬᠠᠩᠭ᠋ᠠᠬᠤ ᠴᠢᠨᠠᠷ ᠰᠠᠶ᠋ᠢᠲᠠᠢ ᠬᠥᠭᠵᠢᠯᠲᠡ ᠵᠢ ᠪᠡᠶᠡᠯᠡᠭᠦᠯᠦᠨ᠎ᠡ; ᠤᠨᠴᠠᠯᠢᠭᠳᠤ ᠬᠠᠮᠠᠭ᠋ᠠᠯᠠᠯᠲᠠ ᠵᠢᠨ ᠲᠥᠷᠥᠯ᠎ᠤᠨ ᠠᠶ᠋ᠢᠯ ᠲᠣᠰᠬᠣᠨ ᠪᠠ ᠬᠡᠪᠴᠢᠶᠡᠵᠢᠭᠦᠯᠦᠭᠰᠡᠨ ᠤᠰᠤ ᠬᠠᠩᠭ᠋ᠠᠬᠤ ᠢᠨᠵᠧᠨᠧᠷᠢᠩ᠎ᠢ ᠬᠠᠮᠤᠷᠴᠤ ᠳᠡᠶ᠋ᠢᠯᠬᠦ ᠥᠬᠡᠶ ᠣᠷᠣᠨ ᠪᠦᠰᠡ᠎ᠳᠤ᠂ ᠤᠰᠤᠨ᠎ᠤ ᠡᠬᠢ ᠰᠤᠷᠪᠤᠯᠵᠢ ᠵᠢᠨ ᠬᠠᠮᠠᠭ᠋ᠠᠯᠠᠯᠲᠠ᠂ ᠵᠢᠵᠢᠭ ᠬᠡᠯᠪᠡᠷᠢ ᠵᠢᠨ ᠢᠨᠵᠧᠨᠧᠷᠢᠩ᠎ᠤᠨ ᠵᠢᠷᠤᠮᠵᠢᠭᠰᠠᠨ ᠪᠥᠲᠥᠭᠡᠨ ᠪᠠᠶ᠋ᠢᠭᠤᠯᠤᠯᠲᠠ ᠪᠠ ᠥᠭᠡᠷᠡᠴᠢᠯᠡᠯᠲᠡ ᠵᠢ ᠴᠢᠩᠭ᠋ᠠᠳᠬᠠᠬᠤ᠎ᠪᠠᠷ ᠳᠠᠮᠵᠢᠭᠤᠯᠤᠨ᠂ ᠤᠰᠤ ᠬᠠᠩᠭ᠋ᠠᠬᠤ ᠪᠠᠲᠤᠯᠠᠭ᠎ᠠ ᠵᠢᠨ ᠬᠢᠷᠢ ᠬᠡᠮᠵᠢᠶ᠎ᠡ ᠵᠢ ᠳᠡᠭᠡᠭᠰᠢᠯᠡᠭᠦᠯᠦᠨ᠎ᠡ; ᠨᠡᠭᠦᠯᠭᠡᠵᠦ ᠬᠠᠰᠤᠵᠤ ᠨᠡᠶ᠋ᠢᠯᠡᠭᠦᠯᠬᠦ ᠲᠥᠷᠥᠯ᠎ᠤᠨ ᠠᠶ᠋ᠢᠯ ᠲᠣᠰᠬᠣᠨ ᠪᠣᠯᠤᠨ ᠥᠭᠡᠷᠡᠴᠢᠯᠡᠬᠦ ᠨᠥᠬᠥᠴᠡᠯ᠎ᠢ ᠲᠦᠷ ᠪᠦᠷᠢᠯᠳᠦᠭᠦᠯᠦᠭᠡᠳᠦᠶ ᠲᠠᠷᠠᠬᠠᠶ ᠪᠤᠲᠠᠷᠬᠠᠶ ᠤᠰᠤ ᠬᠠᠩᠭ᠋ᠠᠬᠤ ᠪᠠᠷᠢᠯᠭ᠎ᠠ᠎ᠳᠤ ᠪᠣᠯ ᠤᠰᠤᠨ᠎ᠤ ᠡᠬᠢ ᠰᠤᠷᠪᠤᠯᠵᠢ ᠵᠢ ᠬᠠᠮᠠᠭ᠋ᠠᠯᠠᠬᠤ ᠪᠠ ᠰᠡᠯᠪᠢᠨ ᠵᠠᠰᠠᠵᠤ ᠠᠷᠠᠴᠢᠯᠠᠨ ᠬᠠᠮᠠᠭ᠋ᠠᠯᠠᠬᠤ᠎ᠪᠠᠷ ᠳᠠᠮᠵᠢᠭᠤᠯᠤᠨ᠂ ᠴᠢᠬᠤᠯᠠ ᠪᠥᠬᠥᠢ ᠪᠠᠷᠢᠯᠭ᠎ᠠ ᠵᠢᠨ ᠪᠥᠳᠥᠭᠡᠨ ᠪᠠᠶ᠋ᠢᠭᠤᠯᠤᠯᠲᠠ ᠵᠢ ᠬᠠᠪᠰᠤᠷᠭ᠋ᠠᠨ᠂ ᠤᠤᠭᠤᠬᠤ ᠤᠰᠤᠨ᠎ᠤ ᠠᠮᠤᠷ ᠲᠦᠪᠰᠢᠨ᠎ᠢ ᠪᠠᠲᠤᠯᠠᠬᠤ ᠬᠡᠷᠡᠭᠲᠡᠶ᠃
   
    ᠭᠤᠷᠪᠠ᠂ ᠬᠥᠳᠡᠭᠡ ᠲᠣᠰᠬᠣᠨ᠎ᠤ ᠤᠰᠤ ᠬᠠᠩᠭ᠋ᠠᠬᠤ ᠢᠨᠵᠧᠨᠧᠷᠢᠩ᠎ᠤᠨ ᠪᠥᠳᠥᠭᠡᠨ ᠪᠠᠶ᠋ᠢᠭᠤᠯᠤᠯᠲᠠ ᠵᠢ ᠲᠤᠭᠳᠠᠭᠤᠨ ᠵᠶ᠋ᠡᠷ ᠲᠦᠯᠬᠢᠨ ᠠᠬᠢᠭᠤᠯᠤᠨ᠎ᠠ
   
   (ᠵᠢᠷᠭᠤᠭ᠎ᠠ) ᠤᠰᠤᠨ᠎ᠤ ᠡᠬᠢ ᠰᠤᠷᠪᠤᠯᠵᠢ ᠵᠢ ᠲᠣᠭᠲᠠᠪᠤᠷᠢᠵᠢᠭᠤᠯᠬᠤ ᠢᠨᠵᠧᠨᠧᠷᠢᠩ᠎ᠢ ᠬᠡᠷᠡᠭᠵᠢᠭᠦᠯᠦᠨ᠎ᠡ᠃ ᠬᠥᠳᠡᠭᠡ ᠲᠣᠰᠬᠣᠨ᠎ᠤ ᠤᠰᠤ ᠬᠠᠩᠭ᠋ᠠᠬᠤ ᠢᠨᠵᠧᠨᠧᠷᠢᠩ᠎ᠤᠨ ᠬᠡᠪᠴᠢᠶ᠎ᠡ᠂ ᠠᠶ᠋ᠢᠯ ᠲᠣᠰᠬᠣᠨ ᠬᠢᠭᠡᠳ ᠬᠥᠮᠦᠨ ᠠᠮᠠ ᠵᠢᠨ ᠬᠤᠪᠢᠷᠠᠯᠲᠠ᠂ ᠤᠰᠤ ᠬᠠᠩᠭ᠋ᠠᠬᠤ ᠴᠢᠳᠠᠪᠤᠷᠢ ᠵᠡᠷᠭᠡ ᠬᠦᠴᠦᠨ ᠵᠦᠢ᠍ᠯ᠎ᠢ ᠶᠡᠷᠦᠩᠬᠡᠶ᠋ᠢᠯᠡᠨ ᠪᠣᠳᠣᠯᠬᠢᠯᠠᠵᠤ᠂ ᠤᠰᠤ ᠬᠡᠷᠡᠭᠯᠡᠬᠦ ᠬᠠᠩᠭ᠋ᠠᠯᠭ᠎ᠠ ᠬᠡᠷᠡᠭᠴᠡᠭᠡ ᠵᠢ ᠲᠡᠩᠴᠡᠭᠦᠷᠢ᠎ᠲᠠᠢ ᠪᠠᠶ᠋ᠢᠯᠭ᠋ᠠᠬᠤ ᠵᠠᠳᠠᠯᠤᠯᠲᠠ ᠵᠢ ᠰᠠᠶ᠋ᠢᠲᠤᠷ ᠬᠢᠵᠦ᠂ ᠨᠢᠭᠡᠨᠲᠡ ᠪᠠᠶ᠋ᠢᠭᠤᠯᠤᠭᠰᠠᠨ ᠤᠰᠤᠨ ᠴᠥᠭᠥᠷᠥᠮ᠂ ᠤᠰᠤ ᠲᠠᠲᠠᠵᠤ ᠲᠤᠬᠢᠷᠠᠭᠤᠯᠬᠤ ᠵᠡᠷᠭᠡ ᠭᠣᠣᠯ ᠪᠣᠯᠬᠤ ᠤᠰᠤᠨ ᠰᠤᠷᠪᠤᠯᠵᠢ ᠵᠢᠨ ᠢᠨᠵᠧᠨᠧᠷᠢᠩ᠎ᠢ ᠬᠥᠳᠡᠭᠡ ᠲᠣᠰᠬᠣᠨ᠎ᠤ ᠤᠰᠤ ᠬᠠᠩᠭ᠋ᠠᠬᠤ ᠢᠨᠵᠧᠨᠧᠷᠢᠩ᠎ᠤᠨ ᠤᠰᠤᠨ ᠰᠤᠷᠪᠤᠯᠵᠢ ᠪᠣᠯᠭ᠋ᠠᠵᠤ᠂ ᠭᠠᠵᠠᠷ ᠣᠷᠣᠨ᠎ᠤ ᠪᠠᠶ᠋ᠢᠳᠠᠯ᠎ᠳᠤᠨᠢ ᠲᠣᠬᠢᠷᠠᠭᠤᠯᠤᠨ ᠨᠢᠭᠡ ᠪᠦᠯᠦᠭ ᠳᠤᠮᠳᠠ ᠵᠢᠵᠢᠭ ᠬᠡᠯᠪᠡᠷᠢ ᠵᠢᠨ ᠤᠰᠤᠨ ᠴᠥᠭᠥᠷᠥᠮ ᠵᠡᠷᠭᠡ ᠤᠰᠤᠨ ᠰᠤᠷᠪᠤᠯᠵᠢ ᠵᠢᠨ ᠢᠨᠵᠧᠨᠧᠷᠢᠩ᠎ᠢ ᠪᠠᠶ᠋ᠢᠭᠤᠯᠵᠤ᠂ ᠤᠰᠤᠨ ᠰᠤᠷᠪᠤᠯᠵᠢ ᠵᠢ ᠲᠣᠬᠢᠷᠠᠭᠤᠯᠬᠤ ᠪᠠ ᠰᠢᠯᠢᠳᠡᠭᠵᠢᠭᠦᠯᠦᠨ ᠲᠣᠬᠢᠷᠠᠭᠤᠯᠬᠤ ᠵᠢ ᠴᠢᠩᠭ᠋ᠠᠳᠬᠠᠵᠤ᠂ ᠤᠰᠤᠨ ᠰᠤᠷᠪᠤᠯᠵᠢ ᠵᠢᠨ ᠲᠣᠭᠲᠠᠭᠤᠨ ᠪᠤᠰᠤ ᠪᠠᠶ᠋ᠢᠬᠤ ᠠᠰᠠᠭᠤᠳᠠᠯ᠎ᠢ ᠰᠢᠢ᠍ᠳᠪᠤᠷᠢᠯᠡᠨ᠎ᠡ᠃ ᠤᠰᠤ ᠬᠠᠩᠭ᠋ᠠᠬᠤ ᠢᠨᠵᠧᠨᠧᠷᠢᠩ᠎ᠢ ᠰᠢᠨ᠎ᠡ᠎ᠪᠠᠷ ᠪᠠᠶ᠋ᠢᠭᠤᠯᠵᠤ᠂ ᠤᠰᠤᠨ ᠰᠤᠷᠪᠤᠯᠵᠢ ᠵᠢᠨ ᠨᠤᠲᠠᠯᠠᠯᠲᠠ ᠵᠢ ᠴᠢᠩᠭ᠋ᠠᠳᠬᠠᠵᠤ᠂ ᠤᠰᠤᠨ ᠰᠤᠷᠪᠤᠯᠵᠢ ᠵᠢᠨ ᠲᠣᠭᠲᠠᠪᠤᠷᠢᠲᠤ ᠴᠢᠨᠠᠷ᠎ᠢ ᠳᠡᠭᠡᠭᠰᠢᠯᠡᠭᠦᠯᠦᠨ᠎ᠡ᠃ ᠬᠥᠮᠦᠨ ᠠᠮᠠ ᠲᠠᠷᠠᠬᠠᠶ ᠪᠤᠲᠠᠷᠬᠠᠶ ᠪᠠᠶ᠋ᠢᠭ᠎ᠠ ᠭᠠᠵᠠᠷ ᠣᠷᠣᠨ᠎ᠳᠤ ᠤᠰᠤᠨ᠎ᠤ ᠡᠬᠢ ᠰᠤᠷᠪᠤᠯᠵᠢ ᠪᠠᠭ᠎ᠠ ᠪᠠᠶ᠋ᠢᠬᠤ ᠪᠠ ᠤᠰᠤ ᠬᠠᠳᠠᠭ᠋ᠠᠯᠠᠵᠤ ᠤᠰᠤ ᠬᠠᠩᠭ᠋ᠠᠬᠤ ᠲᠥᠬᠥᠭᠡᠷᠦᠮᠵᠢ ᠵᠢᠨ ᠪᠦᠳᠦᠭᠡᠨ ᠪᠠᠶ᠋ᠢᠭᠤᠯᠤᠯᠲᠠ ᠵᠢ ᠴᠢᠩᠭ᠋ᠠᠳᠬᠠᠵᠤ᠂ ᠪᠠᠴᠢᠮ ᠪᠠᠶ᠋ᠢᠳᠠᠯ᠎ᠢ ᠠᠷᠭ᠋ᠠᠴᠠᠬᠤ ᠤᠰᠤ ᠬᠠᠩᠭ᠋ᠠᠬᠤ ᠠᠷᠭ᠎ᠠ ᠬᠡᠮᠵᠢᠶ᠎ᠡ ᠵᠢ ᠬᠠᠪᠰᠤᠷᠭ᠋ᠠᠨ᠂ ᠤᠯᠠᠷᠢᠯ᠎ᠤᠨ ᠴᠢᠨᠠᠷᠲᠠᠶ ᠤᠰᠤ ᠳᠤᠲᠠᠭᠳᠠᠬᠤ ᠠᠰᠠᠭᠤᠳᠠᠯ᠎ᠢ ᠰᠢᠢ᠍ᠳᠪᠤᠷᠢᠯᠡᠨ᠎ᠡ᠃
   
   (ᠳᠣᠯᠣᠭ᠎ᠠ) ᠬᠥᠳᠡᠭᠡ ᠲᠣᠰᠬᠣᠨ᠎ᠤ ᠤᠰᠤ ᠬᠠᠩᠭ᠋ᠠᠬᠤ ᠢᠨᠵᠧᠨᠧᠷᠢᠩ᠎ᠤᠨ ᠪᠥᠲᠥᠭᠡᠨ ᠪᠠᠶ᠋ᠢᠭᠤᠯᠤᠯᠲᠠ ᠵᠢ ᠯᠠᠪᠳᠠᠭᠤᠨ ᠪᠠᠲᠤᠲᠠᠶ ᠠᠬᠢᠭᠤᠯᠤᠨ᠎ᠠ᠃ ᠰᠢᠶᠠᠨ᠎ᠤ ᠬᠡᠪᠴᠢᠶ᠎ᠡ᠎ᠪᠠᠷ ᠨᠢᠭᠡᠴᠢ ᠪᠣᠯᠭ᠋ᠠᠵᠤ᠂ ᠬᠥᠳᠡᠭᠡ ᠲᠣᠰᠬᠣᠨ᠎ᠤ ᠤᠰᠤ ᠬᠠᠩᠭ᠋ᠠᠬᠤ ᠬᠥᠭᠵᠢᠯᠲᠡ ᠵᠢ ᠨᠢᠭᠡᠳᠦᠯᠲᠡᠶ ᠲᠥᠯᠥᠪᠯᠡᠨ᠎ᠡ᠃ ᠨᠥᠬᠥᠴᠡᠯ᠎ᠲᠠᠢ ᠭᠠᠵᠠᠷ ᠣᠷᠣᠨ᠎ᠳᠤ ᠬᠡᠪᠴᠢᠶᠡᠵᠢᠭᠦᠯᠦᠨ ᠤᠰᠤ ᠬᠠᠩᠭ᠋ᠠᠬᠤ ᠢᠨᠵᠧᠨᠧᠷᠢᠩ᠎ᠤᠨ ᠪᠦᠳᠦᠭᠡᠨ ᠪᠠᠶ᠋ᠢᠭᠤᠯᠤᠯᠲᠠ ᠵᠢ ᠬᠡᠷᠡᠭᠵᠢᠭᠦᠯᠦᠨ᠎ᠡ᠃ ᠪᠤᠰᠤᠳ ᠭᠠᠵᠠᠷ ᠣᠷᠣᠨ᠎ᠳᠤ ᠤᠰᠤ ᠬᠠᠩᠭ᠋ᠠᠬᠤ ᠬᠠᠭᠤᠴᠢᠨ ᠬᠣᠭᠣᠯᠠᠶ ᠵᠢᠨ ᠲᠣᠣᠷ ᠪᠠ ᠲᠥᠬᠥᠭᠡᠷᠦᠮᠵᠢ ᠵᠢ ᠰᠢᠨᠡᠳᠬᠡᠨ ᠥᠭᠡᠷᠡᠴᠢᠯᠡᠵᠦ᠂ ᠬᠥᠳᠡᠭᠡ ᠲᠣᠰᠬᠣᠨ᠎ᠤ ᠤᠰᠤ ᠬᠠᠩᠭ᠋ᠠᠬᠤ ᠵᠢᠨ 《  ᠪᠤᠭᠤᠮᠢ》 ᠵᠢᠨ ᠠᠰᠠᠭᠤᠳᠠᠯ᠎ᠢ ᠰᠢᠢ᠍ᠳᠪᠤᠷᠢᠯᠡᠨ᠎ᠡ; ᠵᠢᠵᠢᠭ ᠬᠡᠯᠪᠡᠷᠢ ᠵᠢᠨ ᠪᠠᠷᠢᠯᠭ᠎ᠠ ᠵᠢ ᠪᠠᠷᠢᠮᠵᠢᠶᠠᠵᠢᠭᠤᠯᠤᠨ ᠪᠦᠳᠦᠭᠡᠨ ᠪᠠᠶ᠋ᠢᠭᠤᠯᠬᠤ ᠪᠠ ᠥᠭᠡᠷᠡᠴᠢᠯᠡᠬᠦ ᠵᠢ ᠬᠡᠷᠡᠭᠵᠢᠭᠦᠯᠵᠦ᠂ ᠭᠠᠵᠠᠷ ᠣᠷᠣᠨ᠎ᠤ ᠪᠠᠶ᠋ᠢᠳᠠᠯ᠎ᠳᠤᠨᠢ ᠲᠣᠬᠢᠷᠠᠭᠤᠯᠤᠨ᠂ ᠲᠠᠩ ᠭᠠᠭᠴᠠ ᠤᠰᠤᠨ ᠬᠣᠷᠭᠣ ᠤᠰᠤᠨ ᠵᠣᠭᠣᠷᠢ ᠵᠢᠨ ᠠᠷᠭ᠎ᠠ ᠮᠠᠶᠢᠭ᠎ᠲᠤ ᠲᠦᠰᠢᠭᠯᠡᠨ ᠤᠰᠤ ᠬᠠᠩᠭ᠋ᠠᠬᠤ ᠬᠥᠮᠦᠨ ᠠᠮᠠ ᠵᠢᠨ ᠲᠣᠭ᠎ᠠ ᠬᠡᠮᠵᠢᠶ᠎ᠡ ᠵᠢ ᠰᠢᠨᠵᠢᠯᠡᠬᠦ ᠤᠬᠠᠭ᠋ᠠᠨᠴᠢ᠎ᠪᠠᠷ ᠪᠦᠲᠦᠮᠵᠢᠲᠡᠶ᠎ᠪᠠᠷ ᠪᠠᠭ᠋ᠠᠰᠬᠠᠵᠤ᠂ ᠬᠥᠳᠡᠭᠡ ᠲᠣᠰᠬᠣᠨ᠎ᠤ ᠤᠰᠤ ᠬᠠᠩᠭ᠋ᠠᠬᠤ ᠪᠠᠲᠤᠯᠠᠭ᠎ᠠ ᠵᠢᠨ ᠬᠢᠷᠢ ᠬᠡᠮᠵᠢᠶ᠎ᠡ ᠵᠢ ᠳᠡᠭᠡᠭᠰᠢᠯᠡᠭᠦᠯᠦᠨ᠎ᠡ᠃ ᠤᠰᠤᠨ᠎ᠤ ᠬᠠᠩᠭ᠋ᠠᠯᠭ᠎ᠠ ᠵᠢ ᠡᠷᠦᠬᠡ᠎ᠳᠤ ᠣᠷᠣᠭᠤᠯᠬᠤ ᠵᠢ ᠠᠬᠢᠭᠤᠯᠵᠤ᠂ ᠬᠥᠳᠡᠭᠡ ᠲᠣᠰᠬᠣᠨ᠎ᠤ ᠲᠦᠭᠡᠭᠡᠯ ᠤᠰᠤᠨ᠎ᠤ ᠲᠦᠭᠡᠮᠡᠯᠵᠢᠯᠲᠡ ᠵᠢᠨ ᠨᠤᠷᠮ᠎ᠠ ᠵᠢ ᠲᠡᠭᠡᠭᠰᠢᠯᠡᠬᠦᠯᠦᠨ᠎ᠡ᠃
   
   (  ᠨᠠᠢ᠍ᠮᠠ) ᠤᠰᠤᠨ᠎ᠤ ᠴᠢᠨᠠᠷ᠎ᠤᠨ ᠪᠠᠲᠤᠯᠠᠭ᠎ᠠ ᠵᠢ ᠴᠢᠩᠭ᠋ᠠᠷᠠᠭᠤᠯᠤᠨ᠎ᠠ᠃ ᠮᠢᠩᠭ᠋ᠠᠨ ᠲᠣᠨ ᠲᠦᠮᠡᠨ ᠬᠥᠮᠦᠨ᠎ᠤ ᠤᠰᠤ ᠬᠠᠩᠭ᠋ᠠᠬᠤ ᠢᠨᠵᠸᠨ᠋ᠸᠷᠢᠩ (ᠡᠳᠦᠷ᠎ᠤᠨ ᠤᠰᠤ ᠬᠠᠩᠭ᠋ᠠᠬᠤ ᠬᠥᠮᠦᠨ ᠠᠮᠠ 10000᠎ᠠᠴᠠ ᠬᠡᠲᠦᠷᠡᠭᠰᠡᠨ ᠪᠤᠶᠤ ᠡᠳᠦᠷ᠎ᠤᠨ ᠤᠰᠤ ᠬᠠᠩᠭ᠋ᠠᠬᠤ ᠬᠡᠪᠴᠢᠶ᠎ᠡ 1000 ᠲᠣᠨ᠎ᠠᠴᠠ ᠬᠡᠲᠦᠷᠡᠭᠰᠡᠨ᠂ ᠲᠣᠪᠴᠢᠯᠠᠭ᠋ᠠᠳ ᠮᠢᠩᠭ᠋ᠠᠨ ᠲᠣᠨ ᠲᠦᠮᠡᠨ ᠬᠥᠮᠦᠨ᠎ᠤ ᠤᠰᠤ ᠬᠠᠩᠭ᠋ᠠᠬᠤ ᠢᠨᠵᠸᠨ᠋ᠸᠷᠢᠩ ᠭᠡᠨ᠎ᠡ) ᠟᠎ᠤᠨ ᠤᠰᠤᠨ ᠰᠤᠷᠪᠤᠯᠵᠢ ᠵᠢᠨ ᠬᠠᠮᠠᠭ᠋ᠠᠯᠠᠯᠲᠠ ᠵᠢ ᠰᠠᠶ᠋ᠢᠲᠤᠷ ᠬᠢᠭᠰᠡᠨ ᠰᠠᠭᠤᠷᠢᠨ ᠳᠡᠭᠡᠷ᠎ᠡ᠂ ᠮᠢᠩᠭ᠋ᠠᠨ ᠬᠥᠮᠦᠨ᠎ᠤ ᠤᠰᠤ ᠬᠠᠩᠭ᠋ᠠᠬᠤ ᠢᠨᠵᠸᠨ᠋ᠸᠷᠢᠩ (ᠡᠳᠦᠷ᠎ᠤᠨ ᠤᠰᠤ ᠬᠠᠩᠭ᠋ᠠᠬᠤ ᠬᠥᠮᠦᠨ ᠠᠮᠠ 1000᠎ᠠᠴᠠ 9999 ᠬᠥᠮᠦᠨ᠂ ᠲᠣᠪᠴᠢᠯᠠᠭ᠋ᠠᠳ ᠮᠢᠩᠭ᠋ᠠᠨ ᠬᠥᠮᠦᠨ᠎ᠤ ᠤᠰᠤ ᠬᠠᠩᠭ᠋ᠠᠬᠤ ᠢᠨᠵᠸᠨ᠋ᠸᠷᠢᠩ ᠭᠡᠨ᠎ᠡ) ᠟᠎ᠤᠨ ᠤᠰᠤᠨ ᠰᠤᠷᠪᠤᠯᠵᠢ ᠵᠢᠨ ᠬᠠᠮᠠᠭ᠋ᠠᠯᠠᠯᠲᠠ ᠵᠢ ᠲᠥᠯᠬᠢᠨ ᠠᠬᠢᠭᠤᠯᠤᠨ᠎ᠠ᠃ ᠮᠢᠩᠭ᠋ᠠᠨ ᠲᠣᠨ ᠲᠦᠮᠡᠨ ᠬᠥᠮᠦᠨ᠎ᠤ ᠤᠰᠤ ᠬᠠᠩᠭ᠋ᠠᠬᠤ ᠢᠨᠵᠧᠨᠧᠷᠢᠩ᠎ᠳᠤ ᠴᠡᠪᠡᠷᠰᠢᠭᠦᠯᠦᠨ ᠠᠷᠢᠭᠤᠳᠬᠠᠬᠤ ᠪᠡᠯᠡᠳᠬᠡᠮᠵᠢ ᠲᠥᠬᠥᠭᠡᠷᠦᠮᠵᠢ ᠵᠢ ᠪᠥᠬᠥ ᠲᠠᠯ᠎ᠠ᠎ᠪᠠᠷ ᠳᠣᠭᠢᠷᠠᠭᠤᠯᠵᠤ᠂ ᠭᠠᠵᠠᠷ ᠳᠡᠭᠡᠷᠡᠬᠢ ᠤᠰᠤ ᠪᠤᠶᠤ ᠤᠰᠤᠨ᠎ᠤ ᠴᠢᠨᠠᠷ᠎ᠨᠢ ᠲᠣᠭᠲᠠᠭᠤᠨ ᠪᠤᠰᠤ ᠭᠠᠵᠠᠷ ᠳᠣᠤᠷᠠᠬᠢ ᠤᠰᠤ᠎ᠪᠠᠷ ᠤᠰᠤᠨ᠎ᠤ ᠡᠬᠢ ᠰᠤᠷᠪᠤᠯᠵᠢ ᠪᠣᠯᠭ᠋ᠠᠭᠰᠠᠨ ᠮᠢᠩᠭ᠋ᠠᠨ ᠬᠥᠮᠦᠨ᠎ᠤ ᠤᠰᠤ ᠬᠠᠩᠭ᠋ᠠᠬᠤ ᠢᠨᠵᠧᠨᠧᠷᠢᠩ᠎ᠳᠤ ᠴᠡᠪᠡᠷᠰᠢᠭᠦᠯᠦᠨ ᠠᠷᠢᠭᠤᠳᠬᠠᠬᠤ ᠪᠡᠯᠡᠳᠬᠡᠮᠵᠢ ᠲᠥᠬᠥᠭᠡᠷᠦᠮᠵᠢ ᠵᠢ ᠳᠣᠭᠢᠷᠠᠭᠤᠯᠤᠨ᠎ᠠ; ᠮᠢᠩᠭ᠋ᠠᠨ ᠬᠥᠮᠦᠨ᠎ᠤ ᠤᠰᠤ ᠬᠠᠩᠭ᠋ᠠᠬᠤ ᠢᠨᠵᠸᠨ᠋ᠸᠷᠢᠩ᠎ᠳᠤ ᠠᠷᠢᠭᠤᠳᠬᠠᠬᠤ ᠲᠥᠬᠥᠭᠡᠷᠦᠮᠵᠢ ᠲᠣᠬᠢᠷᠠᠭᠤᠯᠤᠨ᠎ᠠ᠃ ᠤᠰᠤᠨ᠎ᠤ ᠴᠢᠨᠠᠷ᠎ᠢ ᠪᠠᠶ᠋ᠢᠴᠠᠭ᠋ᠠᠨ ᠰᠢᠨᠵᠢᠵᠦ ᠬᠢᠨᠠᠨ ᠬᠡᠮᠵᠢᠬᠦ ᠵᠢ ᠴᠢᠩᠭ᠋ᠠᠳᠬᠠᠵᠤ᠂ ᠤᠰᠤᠨ᠎ᠤ ᠴᠢᠨᠠᠷ᠎ᠢ ᠪᠠᠲᠤᠯᠠᠬᠤ ᠬᠢᠷᠢ ᠬᠡᠮᠵᠢᠶ᠎ᠡ ᠵᠢ ᠲᠠᠰᠤᠷᠠᠯᠲᠠ ᠦᠭᠡᠢ ᠲᠡᠭᠡᠭᠰᠢᠯᠡᠬᠦᠯᠦᠨ᠎ᠡ᠃
   
    ᠳᠥᠷᠪᠡ᠂ ᠬᠥᠳᠡᠭᠡ ᠲᠣᠰᠬᠣᠨ᠎ᠤ ᠤᠰᠤ ᠬᠠᠩᠭ᠋ᠠᠬᠤ ᠬᠠᠮᠢᠶᠠᠷᠤᠯᠲᠠ ᠵᠢᠨ ᠪᠠᠶ᠋ᠢᠭᠤᠯᠤᠯ ᠲᠣᠭᠲᠠᠴᠠ ᠵᠢ ᠪᠦᠷᠢᠨᠰᠢᠭᠦᠯᠦᠨ ᠲᠡᠬᠦᠯᠳᠡᠷᠵᠢᠬᠦᠯᠦᠨ᠎ᠡ
   
   (ᠶᠢᠰᠦ) ᠢᠨᠵᠧᠨᠧᠷᠢᠩ᠎ᠤᠨ ᠬᠠᠮᠢᠶᠠᠷᠴᠤ ᠬᠠᠮᠠᠭ᠋ᠠᠯᠠᠬᠤ ᠲᠣᠭᠲᠠᠴᠠ ᠵᠢᠨ ᠰᠢᠨ᠎ᠡ ᠵᠢ ᠡᠭᠦᠳᠦᠨ᠎ᠡ᠃ ᠰᠢᠶᠠᠨ᠎ᠤ ᠬᠡᠪᠴᠢᠶ᠎ᠡ᠎ᠪᠠᠷ ᠨᠢᠭᠡᠴᠢ ᠪᠣᠯᠭ᠋ᠠᠨ᠂ ᠬᠥᠳᠡᠭᠡ ᠲᠣᠰᠬᠣᠨ᠎ᠤ ᠤᠰᠤ ᠬᠠᠩᠭ᠋ᠠᠬᠤ ᠢᠨᠵᠧᠨᠧᠷᠢᠩ᠎ᠤᠨ ᠨᠢᠭᠡᠳᠦᠯᠲᠡᠶ ᠬᠢᠨᠠᠯᠲᠠ ᠬᠠᠮᠢᠶᠠᠷᠤᠯᠲᠠ ᠵᠢ ᠯᠠᠪᠳᠠᠭᠤᠨ ᠵᠶ᠋ᠠᠷ ᠲᠦᠯᠬᠢᠨ ᠠᠬᠢᠭᠤᠯᠵᠤ᠂ ᠠᠵᠢᠯᠯᠠᠭ᠋ᠠᠨ᠎ᠤ ᠬᠠᠮᠢᠶᠠᠷᠤᠯᠲᠠ ᠪᠠ ᠮᠡᠷᠭᠡᠵᠢᠯ᠎ᠤᠨ ᠦᠢ᠍ᠯᠡᠴᠢᠯᠡᠭᠡᠨ᠎ᠤ ᠴᠢᠳᠠᠪᠤᠷᠢ ᠵᠢ ᠳᠡᠭᠡᠭᠰᠢᠯᠡᠭᠦᠯᠦᠨ᠎ᠡ᠃ ᠢᠨᠵᠧᠨᠧᠷᠢᠩ᠎ᠤᠨ ᠥᠮᠴᠢᠯᠡᠬᠦ ᠡᠷᠬᠡ ᠵᠢ ᠲᠣᠳᠣᠷᠬᠠᠶ᠋ᠢᠯᠠᠵᠤ᠂ ᠢᠨᠵᠧᠨᠧᠷᠢᠩ᠎ᠤᠨ ᠬᠠᠮᠢᠶᠠᠷᠴᠤ ᠬᠠᠮᠠᠭ᠋ᠠᠯᠠᠬᠤ ᠬᠠᠷᠢᠭᠤᠴᠠᠯᠭ᠎ᠠ ᠵᠢᠨ ᠭᠣᠤᠯ ᠴᠣᠭᠴᠠ ᠵᠢ ᠲᠣᠳᠣᠷᠬᠠᠶ᠋ᠢᠯᠠᠬᠤ ᠵᠢᠨ ᠬᠠᠮᠲᠤ ᠨᠠᠶ᠋ᠢᠳᠠᠪᠤᠷᠢᠵᠢᠭᠤᠯᠤᠨ᠎ᠠ᠃ ᠮᠢᠩᠭ᠋ᠠᠨ ᠲᠣᠨ ᠲᠦᠮᠡᠨ ᠬᠥᠮᠦᠨ᠎ᠤ ᠤᠰᠤ ᠬᠠᠩᠭ᠋ᠠᠬᠤ ᠢᠨᠵᠧᠨᠧᠷᠢᠩ᠎ᠳᠤ ᠠᠵᠤ ᠠᠬᠤᠢ᠍ᠢ᠍ᠯᠠᠯᠴᠢᠯᠠᠭᠰᠠᠨ ᠡᠵᠡᠩᠨᠡᠯᠲᠡ᠂ ᠲᠤᠰᠬᠠᠶ᠋ᠢᠵᠢᠭᠰᠠᠨ ᠬᠠᠮᠢᠶᠠᠷᠤᠯᠲᠠ ᠪᠠ ᠮᠡᠳᠡᠭᠡ ᠵᠠᠩᠭᠢᠵᠢᠯᠲᠠ ᠵᠢᠨ ᠬᠢᠨᠠᠯᠲᠠ ᠬᠠᠮᠢᠶᠠᠷᠤᠯᠲᠠ ᠵᠢ ᠬᠡᠷᠡᠭᠵᠢᠭᠦᠯᠦᠨ᠎ᠡ᠃ ᠵᠢᠵᠢᠭ ᠬᠡᠯᠪᠡᠷᠢ ᠵᠢᠨ ᠤᠰᠤ ᠬᠠᠩᠭ᠋ᠠᠬᠤ ᠢᠨᠵᠧᠨᠧᠷᠢᠩ᠎ᠨᠢ ᠵᠠᠰᠠᠭ᠎ᠤᠨ ᠣᠷᠳᠣᠨ ᠦᠢ᠍ᠯᠡᠴᠢᠯᠡᠭᠡ ᠬᠤᠳᠠᠯᠳᠤᠨ ᠠᠪᠬᠤ᠂ ᠡᠵᠡᠩᠨᠡᠬᠦ ᠡᠷᠬᠡ ᠵᠢ ᠳᠠᠭ᠋ᠠᠭ᠋ᠠᠴᠢᠯᠠᠬᠤ᠂ ᠵᠠᠰᠠᠭ᠎ᠤᠨ ᠣᠷᠳᠣᠨ ᠬᠢᠭᠡᠳ ᠨᠡᠶ᠋ᠢᠭᠡᠮ᠎ᠤᠨ ᠬᠥᠷᠥᠩᠭᠡ ᠬᠠᠮᠲᠤᠷᠠᠯᠴᠠᠬᠤ ᠵᠡᠷᠭᠡ ᠠᠷᠭ᠎ᠠ ᠮᠠᠶᠢᠭ ᠵᠶ᠋ᠠᠷ ᠳᠠᠮᠵᠢᠭᠤᠯᠤᠨ᠂ ᠲᠤᠰᠬᠠᠶ᠋ᠢᠵᠢᠭᠰᠠᠨ ᠬᠠᠮᠢᠶᠠᠷᠴᠤ ᠬᠠᠮᠠᠭ᠋ᠠᠯᠠᠬᠤ ᠵᠢ ᠬᠠᠶ᠋ᠢᠨ ᠰᠦᠪᠡᠭᠴᠢᠯᠡᠵᠦ᠂ ᠬᠠᠮᠢᠶᠠᠷᠤᠯᠲᠠ ᠦᠢ᠍ᠯᠡᠴᠢᠯᠡᠭᠡᠨ᠎ᠤ ᠬᠢᠷᠢ ᠬᠡᠮᠵᠢᠶ᠎ᠡ ᠵᠢ ᠳᠡᠭᠡᠭᠰᠢᠯᠡᠭᠦᠯᠦᠨ᠎ᠡ᠃
   
   (ᠠᠷᠪᠠ) ᠬᠥᠳᠡᠭᠡ ᠲᠣᠰᠬᠣᠨ᠎ᠤ ᠤᠰᠤᠨ᠎ᠤ ᠦᠨ᠎ᠡ ᠬᠠᠩᠰᠢ ᠵᠢᠨ ᠪᠦᠷᠢᠯᠳᠦᠬᠦ ᠲᠣᠭᠲᠠᠴᠠ ᠵᠢ ᠲᠡᠭᠦᠯᠳᠡᠷᠵᠢᠭᠦᠯᠦᠨ᠎ᠡ᠃ ᠬᠥᠳᠡᠭᠡ ᠲᠣᠰᠬᠣᠨ᠎ᠤ ᠲᠥᠪᠯᠡᠷᠡᠭᠦᠯᠦᠨ ᠬᠠᠩᠭ᠋ᠠᠬᠤ ᠤᠰᠤᠨ᠎ᠤ ᠦᠨ᠎ᠡ ᠵᠢ ᠲᠣᠭᠲᠠᠭ᠋ᠠᠬᠤ ᠪᠤᠶᠤ ᠲᠣᠬᠢᠷᠠᠭᠤᠯᠬᠤ᠎ᠳᠠᠭᠠᠨ 《ᠥᠪᠡᠷ᠎ᠤᠨ ᠦᠷᠳᠡᠭ᠎ᠢ ᠨᠥᠬᠥᠪᠥᠷᠢᠯᠡᠬᠦ᠂ ᠭᠣᠣᠯᠴᠢ᠎ᠪᠠᠷ ᠡᠭᠦᠷᠭᠡᠯᠡᠬᠦ》 ᠵᠠᠷᠴᠢᠮ᠎ᠢ ᠵᠢᠷᠤᠮᠯᠠᠬᠤ ᠬᠡᠷᠡᠭᠲᠡᠶ ᠪᠥᠭᠡᠳ ᠬᠥᠳᠡᠭᠡ ᠲᠣᠰᠬᠣᠨ᠎ᠤ ᠰᠠᠭᠤᠭ᠋ᠠᠯᠢ ᠠᠷᠠᠳ᠎ᠤᠨ ᠳᠠᠭ᠋ᠠᠭ᠋ᠠᠬᠤ ᠴᠢᠳᠠᠪᠤᠷᠢ ᠵᠢ ᠭᠦᠢ᠍ᠴᠡᠳ ᠪᠣᠳᠣᠯᠬᠢᠯᠠᠬᠤ ᠬᠡᠷᠡᠭᠲᠡᠶ᠃ ᠲᠠᠩ ᠭᠠᠭᠴᠠ ᠭᠠᠴᠠᠭ᠋ᠠᠨ᠎ᠤ ᠤᠰᠤ ᠬᠠᠩᠭ᠋ᠠᠬᠤ ᠢᠨᠵᠧᠨᠧᠷᠢᠩ᠎ᠤᠨ ᠤᠰᠤᠨ᠎ᠤ ᠦᠨ᠎ᠡ ᠵᠢᠴᠢ ᠰᠦᠢ᠍ᠳᠬᠡᠯ ᠬᠤᠷᠢᠶᠠᠬᠤ ᠠᠷᠭ᠎ᠠ ᠮᠠᠶᠢᠭ᠎ᠢ ᠭᠠᠴᠠᠭ᠋ᠠᠨ᠎ᠤ ᠠᠷᠠᠳ᠎ᠤᠨ ᠵᠥᠪᠯᠡᠯ᠎ᠠᠴᠠ ᠨᠢᠭᠡ ᠤᠴᠢᠷ ᠶᠠᠪᠤᠳᠠᠯ᠎ᠢ ᠨᠢᠭᠡ ᠵᠦᠪᠯᠡᠵᠦ ᠠᠷᠠᠳᠴᠢᠯᠠᠯ ᠵᠶ᠋ᠠᠷ ᠬᠡᠷᠡᠭ ᠵᠥᠪᠯᠡᠬᠦ ᠲᠣᠭᠲᠠᠴᠠ ᠶᠣᠰᠣᠭ᠋ᠠᠷ ᠲᠣᠭᠲᠠᠭ᠋ᠠᠨ᠎ᠠ᠃ ᠤᠰᠤ ᠬᠠᠩᠭ᠋ᠠᠬᠤ ᠬᠡᠪᠴᠢᠶ᠎ᠡ ᠵᠢᠨ ᠠᠰᠢᠭᠯᠠᠯᠲᠠ ᠵᠢᠨ ᠨᠣᠷᠮ᠎ᠠ᠎ᠪᠠᠷ ᠨᠡᠯᠢᠶᠡᠳ ᠳᠣᠤᠷ᠎ᠠ ᠪᠠᠷᠢᠯᠭ᠎ᠠ᠎ᠳᠤ 《ᠦᠨᠳᠦᠰᠦᠨ ᠤᠰᠤᠨ᠎ᠤ ᠦᠨ᠎ᠡ + ᠬᠡᠮᠵᠢᠯᠲᠡ ᠵᠢᠨ ᠤᠰᠤᠨ᠎ᠤ ᠦᠨ᠎ᠡ》 ᠭᠡᠬᠦ ᠬᠣᠶᠠᠷ ᠢᠵᠢ ᠳᠦᠷᠢᠮᠲᠦ ᠤᠰᠤᠨ᠎ᠤ ᠦᠨ᠎ᠡ ᠵᠢ ᠬᠡᠷᠡᠭᠵᠢᠭᠦᠯᠬᠦ ᠵᠢᠨ ᠬᠠᠮᠲᠤ ᠬᠥᠳᠡᠭᠡ ᠲᠣᠰᠬᠣᠨ᠎ᠤ ᠰᠠᠭᠤᠭ᠋ᠠᠯᠢ ᠠᠷᠠᠳ᠎ᠤᠨ ᠰᠠᠨᠠᠯ᠎ᠢ ᠬᠦᠢ᠍ᠴᠡᠳ ᠬᠤᠷᠢᠶᠠᠵᠤ ᠪᠣᠯᠤᠨ᠎ᠠ᠃ ᠤᠰᠤᠨ᠎ᠤ ᠰᠦᠢ᠍ᠳᠭᠡᠯ ᠬᠤᠷᠢᠶᠠᠬᠤ ᠠᠷᠭ᠎ᠠ ᠮᠠᠶᠢᠭ᠎ᠤᠨ ᠰᠢᠨ᠎ᠡ ᠵᠢ ᠡᠭᠦᠳᠴᠦ᠂ ᠤᠰᠤ ᠬᠡᠷᠡᠭᠯᠡᠬᠦ ᠡᠷᠦᠬᠡ ᠵᠢᠨ   ᠰᠦᠢ᠍ᠳᠭᠡᠯ ᠲᠤᠰᠢᠶᠠᠬᠤ᠎ᠳᠤ ᠲᠥᠬᠥᠮ ᠦᠵᠡᠭᠦᠯᠦᠨ᠂ ᠤᠰᠤᠨ᠎ᠤ ᠰᠦᠢ᠍ᠳᠭᠡᠯ ᠬᠤᠷᠢᠶᠠᠬᠤ ᠨᠣᠷᠮ᠎ᠠ ᠵᠢ ᠳᠡᠭᠡᠭᠰᠢᠯᠡᠭᠦᠯᠦᠨ᠎ᠡ᠃ ᠨᠥᠬᠥᠴᠡᠯ᠎ᠲᠠᠢ ᠭᠠᠵᠠᠷ ᠣᠷᠣᠨ᠎ᠨᠢ ᠵᠣᠬᠢᠬᠤ ᠬᠡᠮᠵᠢᠶᠡᠨ᠎ᠤ ᠡᠳ᠋᠎ᠤᠨ ᠵᠠᠰᠠᠭ᠎ᠤᠨ ᠨᠥᠬᠥᠪᠥᠷᠢ ᠵᠢᠨ ᠪᠠᠯᠠ ᠮᠥᠩᠭᠥ ᠳᠣᠭᠢᠷᠠᠭᠤᠯᠵᠤ᠂ ᠪᠠᠷᠢᠯᠭ᠎ᠠ ᠵᠢᠨ ᠰᠡᠯᠪᠢᠨ ᠵᠠᠰᠠᠵᠤ ᠠᠷᠠᠴᠢᠯᠠᠨ ᠬᠠᠮᠠᠭ᠋ᠠᠯᠠᠬᠤ ᠵᠢ ᠳᠡᠮᠵᠢᠵᠦ᠂ ᠪᠠᠷᠢᠯᠭ᠎ᠠ ᠵᠢᠨ ᠬᠡᠪ᠎ᠤᠨ ᠠᠵᠢᠯᠯᠠᠭ᠋ᠠᠨ᠎ᠢ ᠠᠬᠢᠭᠤᠯᠬᠤ ᠬᠡᠷᠡᠭᠲᠡᠶ᠃
   
   (ᠠᠷᠪᠠᠨ ᠨᠢᠭᠡ) ᠮᠡᠳᠡᠭᠡ ᠵᠠᠩᠭᠢᠵᠢᠯᠲᠠ ᠵᠢᠨ ᠬᠠᠮᠢᠶᠠᠷᠤᠯᠲᠠ ᠵᠢᠨ ᠬᠢᠷᠢ ᠲᠦᠪᠰᠢᠨ᠎ᠢ ᠳᠡᠭᠡᠭᠰᠢᠯᠡᠭᠦᠯᠦᠨ᠎ᠡ᠃ ᠰᠢᠶᠠᠨ᠎ᠤ ᠬᠡᠪᠴᠢᠶᠡᠨ᠎ᠤ ᠬᠥᠳᠡᠭᠡ ᠲᠣᠰᠬᠣᠨ᠎ᠤ ᠲᠥᠪᠯᠡᠷᠡᠭᠦᠯᠦᠨ ᠤᠰᠤ ᠬᠠᠩᠭ᠋ᠠᠬᠤ ᠢᠨᠵᠧᠨᠧᠷᠢᠩ ᠵᠶ᠋ᠠᠷ ᠡᠳᠡᠭᠡᠳ ᠪᠣᠯᠭ᠋ᠠᠵᠤ᠂ ᠬᠥᠳᠡᠭᠡ ᠲᠣᠰᠬᠣᠨ᠎ᠤ ᠤᠰᠤ ᠬᠠᠩᠭ᠋ᠠᠬᠤ ᠬᠠᠮᠢᠶᠠᠷᠤᠯᠲᠠ ᠵᠢᠨ ᠮᠡᠳᠡᠭᠡ ᠵᠠᠩᠭᠢ ᠵᠢᠨ ᠰᠢᠰᠲ᠋ᠧᠮ᠎ᠢ ᠪᠦᠷᠢᠨᠰᠢᠭᠦᠯᠦᠨ ᠲᠡᠭᠦᠯᠳᠡᠷᠵᠢᠭᠦᠯᠵᠦ᠂ ᠮᠡᠳᠡᠭᠡ ᠵᠠᠩᠭᠢᠵᠢᠯᠲᠠ ᠵᠢᠨ ᠬᠠᠮᠢᠶᠠᠷᠤᠯᠲᠠ ᠵᠢᠨ ᠬᠢᠷᠢ ᠬᠡᠮᠵᠢᠶ᠎ᠡ ᠵᠢ ᠮᠢᠩᠭ᠋ᠠᠨ ᠲᠣᠨ ᠲᠦᠮᠡᠨ ᠬᠥᠮᠦᠨ᠎ᠤ ᠤᠰᠤ ᠬᠠᠩᠭ᠋ᠠᠬᠤ ᠢᠨᠵᠸᠨ᠋ᠸᠷᠢᠩ᠎ᠤᠨ ᠤᠰᠤ ᠲᠠᠲᠠᠵᠤ ᠬᠡᠷᠡᠭᠯᠡᠬᠦ ᠤᠰᠤᠨ᠎ᠤ ᠬᠡᠮᠵᠢᠶ᠎ᠡ᠂ ᠦᠢ᠍ᠯᠡᠳᠪᠦᠷᠢ᠎ᠠᠴᠠ ᠣᠷᠣᠭᠤᠯᠵᠤ ᠭᠠᠷᠭ᠋ᠠᠬᠤ ᠤᠰᠤᠨ᠎ᠤ ᠴᠢᠨᠠᠷ᠂ ᠭᠣᠣᠯ ᠪᠣᠯᠬᠤ ᠤᠰᠤ ᠬᠠᠩᠭ᠋ᠠᠬᠤ ᠪᠡᠯᠡᠳᠬᠡᠮᠵᠢ ᠲᠥᠬᠥᠭᠡᠷᠦᠮᠵᠢ ᠵᠢᠨ ᠠᠵᠢᠯᠯᠠᠭ᠋ᠠᠨ᠎ᠤ ᠪᠠᠶ᠋ᠢᠳᠠᠯ᠎ᠤᠨ ᠠᠦ᠋ᠲ᠋ᠣᠴᠢᠯᠠᠭᠰᠠᠨ ᠬᠢᠨᠠᠨ ᠡᠵᠡᠮᠳᠡᠬᠦ ᠰᠢᠰᠲᠸᠮ᠎ᠤᠨ ᠪᠠᠶ᠋ᠢᠭᠤᠯᠤᠯᠲᠠ ᠵᠢ ᠴᠢᠩᠭ᠋ᠠᠳᠬᠠᠨ᠂ ᠤᠷᠢᠳᠴᠢᠯᠠᠨ ᠮᠡᠳᠡᠭᠡᠯᠡᠬᠦ᠂ ᠤᠷᠢᠳᠴᠢᠯᠠᠨ ᠰᠡᠷᠡᠮᠵᠢᠯᠡᠭᠦᠯᠬᠦ᠂ ᠤᠷᠢᠳᠴᠢᠯᠠᠨ ᠰᠣᠷᠢᠬᠤ᠂ ᠪᠡᠯᠡᠳᠬᠡᠯ ᠲᠥᠰᠦᠯ᠎ᠤᠨ ᠴᠢᠳᠠᠪᠤᠷᠢ ᠵᠢ ᠨᠡᠮᠡᠭᠳᠡᠭᠦᠯᠦᠨ᠎ᠡ᠃ ᠤᠰᠤᠨ᠎ᠤ ᠡᠬᠢ ᠰᠤᠷᠪᠤᠯᠵᠢ ᠵᠢᠨ ᠤᠰᠤ ᠲᠠᠲᠠᠬᠤ ᠠᠮᠠ ᠪᠠ ᠳᠠᠷᠤᠯᠲᠠᠲᠤ ᠬᠥᠭᠡᠷᠭᠡ ᠵᠢᠨ ᠥᠷᠲᠡᠭᠡ ᠵᠢ ᠠᠯᠤᠰ᠎ᠠᠴᠠ ᠡᠵᠡᠮᠳᠡᠬᠦ ᠵᠢ ᠴᠢᠩᠭ᠋ᠠᠳᠬᠠᠵᠤ᠂ ᠠᠵᠢᠯ᠎ᠤᠨ ᠦᠷ᠎ᠡ ᠪᠦᠲᠦᠮᠵᠢ ᠵᠢ ᠳᠡᠭᠡᠭᠰᠢᠯᠡᠭᠦᠯᠦᠨ᠂ ᠤᠰᠤ ᠬᠠᠩᠭ᠋ᠠᠬᠤ ᠥᠪᠡᠷ᠎ᠤᠨ ᠥᠷᠲᠡᠭ᠎ᠢ ᠪᠠᠭᠤᠷᠠᠭᠤᠯᠤᠨ᠎ᠠ᠃ ᠠᠳᠠᠯᠢ ᠪᠤᠰᠤ ᠲᠡᠰ ᠳᠠᠪᠬᠤᠷᠭ᠎ᠠ ᠵᠢᠨ ᠰᠢᠰᠲ᠋ᠧᠮ᠎ᠤᠨ ᠬᠣᠭᠣᠷᠣᠨᠳᠣᠬᠢ ᠮᠡᠳᠡᠭᠡ ᠵᠠᠩᠭᠢ ᠵᠢ ᠬᠠᠮᠲᠤ᠎ᠪᠠᠷ ᠡᠳ᠋ᠯᠡᠬᠦ ᠵᠢ ᠠᠬᠢᠭᠤᠯᠵᠤ᠂ ᠬᠣᠯᠪᠣᠯᠳᠤᠨ ᠨᠡᠪᠲᠡᠷᠡᠯᠴᠡᠬᠦ ᠵᠢ ᠠᠬᠢᠭᠤᠯᠤᠨ᠎ᠠ᠃
   
   (ᠠᠷᠪᠠᠨ ᠬᠣᠶᠠᠷ) ᠬᠥᠳᠡᠭᠡ ᠲᠣᠰᠬᠣᠨ᠎ᠤ ᠤᠰᠤ ᠬᠠᠩᠭ᠋ᠠᠭᠴᠢ ᠤᠰᠤ ᠬᠠᠮᠢᠶᠠᠷᠤᠭᠴᠢ ᠵᠢᠨ ᠲᠦᠷᠢᠮ᠎ᠢ ᠪᠦᠷᠢᠨᠰᠢᠬᠦᠯᠦᠨ ᠲᠡᠭᠦᠯᠳᠡᠷᠵᠢᠭᠦᠯᠬᠦ ᠬᠡᠷᠡᠭᠲᠡᠶ᠃ ᠦᠨᠡᠨ ᠬᠦ᠌ ᠴᠢᠬᠤᠯᠠ᠎ᠲᠠᠢ ᠪᠠᠶ᠋ᠢᠬᠤ᠂ ᠬᠡᠷᠡᠭᠴᠡᠭᠡ᠎ᠪᠠᠷ᠎ᠨᠢ ᠲᠣᠬᠢᠷᠠᠭᠤᠯᠬᠤ᠂ ᠠᠵᠢᠯᠳᠠᠨ᠎ᠤ ᠶᠠᠪᠤᠳᠠᠯ᠎ᠢ ᠬᠠᠷᠢᠯᠴᠠᠨ ᠵᠣᠬᠢᠴᠠᠭᠤᠯᠬᠤ ᠵᠠᠷᠴᠢᠮ ᠶᠣᠰᠣᠭ᠋ᠠᠷ ᠬᠥᠳᠡᠭᠡ ᠲᠣᠰᠬᠣᠨ᠎ᠤ ᠤᠰᠤ ᠬᠠᠩᠭ᠋ᠠᠬᠤ ᠢᠨᠵᠸᠨ᠋ᠸᠷᠢᠩ᠎ᠤᠨ ᠤᠰᠤ ᠬᠠᠮᠢᠶᠠᠷᠤᠭᠴᠢ ᠵᠢᠨ ᠲᠦᠷᠢᠮ᠎ᠢ ᠪᠦᠷᠢᠨᠰᠢᠬᠦᠯᠦᠨ ᠲᠡᠭᠦᠯᠳᠡᠷᠵᠢᠭᠦᠯᠦᠨ᠎ᠡ᠃ ᠨᠥᠬᠥᠴᠡᠯ᠎ᠲᠠᠢ ᠭᠠᠵᠠᠷ ᠣᠷᠣᠨ᠎ᠨᠢ ᠣᠲᠣ ᠵᠢᠨ ᠪᠠᠶ᠋ᠢᠭ᠎ᠠ ᠨᠡᠶ᠋ᠢᠲᠡ ᠵᠢᠨ ᠠᠰᠠᠷᠠᠮᠵᠢ ᠵᠢᠨ ᠴᠢᠨᠠᠷᠲᠠᠶ ᠠᠵᠢᠯ᠎ᠤᠨ ᠪᠠᠶ᠋ᠢᠷᠢ ᠵᠢ ᠨᠢᠭᠡᠳᠦᠯᠲᠡᠶ ᠲᠥᠯᠥᠪᠯᠡᠨ ᠠᠰᠢᠭᠯᠠᠵᠤ᠂ ᠲᠣᠭᠲᠠᠭ᠋ᠠᠯ ᠶᠣᠰᠣᠭ᠋ᠠᠷ ᠨᠡᠶ᠋ᠢᠲᠡ ᠵᠢᠨ ᠠᠰᠠᠷᠠᠮᠵᠢ ᠵᠢᠨ ᠴᠢᠨᠠᠷᠲᠠᠶ ᠠᠵᠢᠯ᠎ᠤᠨ ᠪᠠᠶ᠋ᠢᠷᠢ ᠵᠢᠨ ᠨᠥᠬᠥᠴᠡᠯ᠎ᠳᠤ ᠨᠡᠶ᠋ᠢᠴᠡᠬᠦ ᠠᠵᠢᠯᠲᠠᠨ᠎ᠢ ᠤᠷᠢᠨ ᠬᠡᠷᠡᠭᠯᠡᠵᠦ ᠬᠥᠳᠡᠭᠡ ᠲᠣᠰᠬᠣᠨ᠎ᠤ ᠤᠰᠤ ᠬᠠᠩᠭ᠋ᠠᠭᠴᠢ ᠤᠰᠤ ᠬᠠᠮᠢᠶᠠᠷᠤᠭᠴᠢ ᠠᠵᠢᠯᠲᠠᠨ ᠪᠣᠯᠭ᠋ᠠᠵᠤ ᠪᠣᠯᠤᠨ᠎ᠠ᠃ ᠤᠰᠤᠨ᠎ᠤ ᠰᠦᠢ᠍ᠳᠭᠡᠯ᠎ᠢ ᠬᠣᠷᠢᠶᠠᠨ ᠲᠤᠰᠢᠶᠠᠭᠰᠠᠨ ᠤᠷᠢᠲᠠᠯ ᠳᠣᠤᠷ᠎ᠠ᠂ ᠲᠣᠰᠬᠣᠨ᠎ᠤ ᠬᠠᠮᠲᠤ ᠵᠢᠨ ᠡᠵᠡᠩᠨᠡᠯᠲᠡ ᠵᠢᠨ ᠠᠰᠢᠭ ᠣᠷᠣᠯᠭ᠎ᠠ᠂ ᠬᠡᠷᠡᠯ ᠴᠡᠨᠡᠭ ᠵᠶ᠋ᠠᠷ ᠴᠠᠬᠢᠯᠭ᠋ᠠᠨ ᠭᠠᠷᠭ᠋ᠠᠭᠰᠠᠨ ᠣᠷᠣᠯᠭ᠎ᠠ ᠵᠢᠨ ᠨᠥᠬᠥᠪᠥᠷᠢ ᠵᠡᠷᠭᠡ ᠠᠷᠭ᠎ᠠ ᠮᠠᠶᠢᠭ ᠵᠶ᠋ᠠᠷ ᠳᠠᠮᠵᠢᠭᠤᠯᠤᠨ᠂ ᠬᠥᠳᠡᠭᠡ ᠲᠣᠰᠬᠣᠨ᠎ᠤ ᠤᠰᠤ ᠬᠠᠩᠭ᠋ᠠᠭᠴᠢ ᠪᠠ ᠬᠠᠮᠢᠶᠠᠷᠤᠭᠴᠢ᠎ᠳᠤ ᠵᠤᠬᠢᠬᠤ ᠨᠥᠬᠥᠪᠥᠷᠢ ᠣᠯᠭᠣᠵᠤ ᠪᠣᠯᠤᠨ᠎ᠠ᠃ ᠣᠷᠣᠨ ᠨᠤᠲᠤᠭ᠎ᠤᠨ ᠤᠰᠤᠨ᠎ᠤ ᠵᠠᠰᠠᠭ ᠵᠠᠬᠢᠷᠭ᠋ᠠᠨ᠎ᠤ ᠭᠣᠣᠯᠴᠢᠯᠠᠨ ᠬᠠᠮᠢᠶᠠᠷᠬᠤ ᠰᠠᠯᠠᠭ᠎ᠠ ᠮᠥᠴᠢᠷ᠎ᠨᠢ ᠬᠥᠮᠦᠨ᠎ᠤ ᠬᠦᠴᠦᠨ᠎ᠤ ᠡᠬᠢ ᠪᠠᠶᠠᠯᠢᠭ ᠪᠠ ᠨᠡᠶ᠋ᠢᠭᠡᠮ᠎ᠤᠨ ᠪᠠᠲᠤᠯᠠᠭ᠎ᠠ ᠵᠢᠨ ᠰᠠᠯᠠᠭ᠎ᠠ ᠮᠥᠴᠢᠷ᠎ᠲᠠᠢ ᠬᠠᠮᠲᠤᠷᠠᠨ ᠬᠥᠳᠡᠭᠡ ᠲᠣᠰᠬᠣᠨ᠎ᠤ ᠤᠰᠤ ᠬᠠᠩᠭ᠋ᠠᠭᠴᠢ ᠪᠠ ᠬᠠᠮᠢᠶᠠᠷᠤᠭᠴᠢ ᠵᠢᠨ ᠠᠵᠢᠯ᠎ᠤᠨ ᠪᠠᠶ᠋ᠢᠷᠢ ᠵᠢᠨ ᠡᠭᠦᠷᠭᠡ ᠬᠠᠷᠢᠭᠤᠴᠠᠯᠭ᠎ᠠ ᠵᠢ ᠲᠣᠳᠣᠷᠬᠠᠶ᠋ᠢᠯᠠᠵᠤ᠂ 《ᠬᠥᠳᠡᠭᠡ ᠲᠣᠰᠬᠣᠨ᠎ᠤ ᠤᠰᠤ ᠬᠠᠩᠭ᠋ᠠᠭᠴᠢ ᠪᠠ ᠬᠠᠮᠢᠶᠠᠷᠤᠭᠴᠢ ᠵᠢᠨ ᠮᠡᠳᠡᠯᠭᠡ ᠵᠢᠨ ᠠᠰᠠᠭᠤᠯᠲᠠ ᠬᠠᠷᠢᠭᠤᠯᠲᠠ》 ᠵᠡᠷᠭᠡ ᠪᠣᠯᠪᠠᠰᠤᠷᠠᠭᠤᠯᠤᠯ᠎ᠤᠨ ᠵᠢᠭ᠋ᠠᠬᠤ ᠮᠠᠲᠸᠷᠢᠶᠠᠯ᠎ᠢ ᠠᠰᠢᠭᠯᠠᠨ᠂ ᠲᠣᠬᠢᠷᠠᠮᠵᠢᠲᠠᠶ ᠪᠣᠯᠪᠠᠰᠤᠷᠠᠭᠤᠯᠤᠯ᠎ᠤᠨ ᠠᠷᠭ᠎ᠠ ᠮᠠᠶᠢᠭ᠎ᠢ ᠠᠪᠴᠤ᠂ ᠬᠥᠳᠡᠭᠡ ᠲᠣᠰᠬᠣᠨ᠎ᠤ ᠤᠰᠤ ᠬᠠᠩᠭ᠋ᠠᠭᠴᠢ ᠪᠠ ᠬᠠᠮᠢᠶᠠᠷᠤᠭᠴᠢ ᠵᠢᠨ ᠡᠭᠦᠷᠭᠡ ᠬᠠᠷᠢᠭᠤᠴᠠᠯᠭ᠎ᠠ᠎ᠪᠠᠨ ᠭᠦᠢ᠍ᠴᠡᠳᠬᠡᠬᠦ ᠴᠢᠳᠠᠪᠤᠷᠢ ᠵᠢ ᠳᠡᠭᠡᠭᠰᠢᠯᠡᠭᠦᠯᠬᠦ ᠬᠡᠷᠡᠭᠲᠡᠶ᠃ ᠲᠤᠰᠢᠶᠠᠯ ᠬᠠᠷᠢᠭᠤᠴᠠᠯᠭ᠎ᠠ᠎ᠪᠠᠨ ᠭᠦᠢ᠍ᠴᠡᠳᠬᠡᠭᠰᠡᠨ ᠵᠶ᠋ᠠᠷ ᠬᠦᠷᠦᠯᠴᠡᠬᠦ ᠦᠭᠡᠢ᠂ ᠪᠠᠷᠢᠯᠭ᠎ᠠ ᠵᠢᠨ ᠬᠠᠮᠢᠶᠠᠷᠤᠯᠲᠠ ᠮᠠᠭᠤ᠂ ᠤᠯᠠᠨ ᠲᠦᠮᠡᠨ᠎ᠤ ᠰᠡᠳᠬᠢᠯ ᠬᠠᠨᠤᠮᠵᠢᠲᠠᠶ ᠪᠠᠶ᠋ᠢᠬᠤ ᠬᠡᠮᠵᠢᠶ᠎ᠡ᠎ᠪᠠᠷ ᠳᠣᠣᠷ᠎ᠠ ᠪᠠᠶ᠋ᠢᠭ᠎ᠠ ᠤᠰᠤ ᠬᠠᠮᠢᠶᠠᠷᠤᠭᠴᠢ ᠵᠢ ᠠᠵᠢᠯ᠎ᠤᠨ ᠪᠠᠶ᠋ᠢᠷᠢ ᠵᠢ᠎ᠨᠢ ᠡᠭᠡᠯᠵᠢᠯᠡᠨ ᠰᠣᠯᠢᠬᠤ ᠪᠤᠶᠤ ᠰᠢᠭᠰᠢᠵᠦ᠂ ᠬᠥᠳᠡᠭᠡ ᠲᠣᠰᠬᠣᠨ᠎ᠤ ᠤᠰᠤ ᠬᠠᠩᠭ᠋ᠠᠭᠴᠢ ᠪᠠ ᠬᠠᠮᠢᠶᠠᠷᠤᠭᠴᠢ ᠵᠢᠨ ᠦᠢ᠍ᠯᠡᠳᠦᠯ᠎ᠢ ᠦᠨᠡᠨ ᠬᠦ᠌ ᠪᠠᠳᠠᠷᠠᠭᠤᠯᠤᠨ᠎ᠠ᠃
   
    ᠲᠠᠪᠤ᠂ ᠪᠠᠲᠤᠯᠠᠭ᠎ᠠ ᠵᠢᠨ ᠠᠷᠭ᠎ᠠ ᠬᠡᠮᠵᠢᠶ᠎ᠡ
   
   (ᠠᠷᠪᠠᠨ ᠭᠤᠷᠪᠠ) ᠣᠷᠣᠨ ᠨᠤᠲᠤᠭ᠎ᠤᠨ ᠠᠷᠠᠳ᠎ᠤᠨ ᠵᠠᠰᠠᠭ᠎ᠤᠨ ᠣᠷᠳᠣᠨ᠎ᠤ ᠭᠣᠣᠯ ᠴᠣᠭᠴᠠ ᠵᠢᠨ ᠬᠠᠷᠢᠭᠤᠴᠠᠯᠭ᠎ᠠ ᠵᠢ ᠪᠣᠳᠠᠲᠠᠶ᠋ᠢᠵᠢᠭᠤᠯᠤᠨ᠎ᠠ᠃ ᠬᠥᠳᠡᠭᠡ ᠲᠣᠰᠬᠣᠨ᠎ᠤ ᠤᠰᠤ ᠬᠠᠩᠭ᠋ᠠᠬᠤ ᠪᠠᠲᠤᠯᠠᠭ᠎ᠠ᠎ᠳᠤ ᠲᠥᠪ᠎ᠠᠴᠠ ᠨᠢᠭᠡᠳᠦᠯᠲᠡᠶ ᠲᠥᠯᠥᠪᠯᠡᠬᠦ᠂ ᠮᠤᠵᠢ᠎ᠠᠴᠠ ᠶᠡᠷᠦᠩᠬᠡᠶ ᠬᠠᠷᠢᠭᠤᠴᠠᠯᠭ᠎ᠠ ᠵᠢ ᠡᠭᠦᠷᠭᠡᠯᠡᠬᠦ᠂ ᠬᠣᠲᠠ ᠰᠢᠶᠠᠨ ᠰᠢᠶᠠᠩ ᠨᠠᠶ᠋ᠢᠳᠠᠪᠤᠷᠢᠵᠢᠭᠤᠯᠤᠯᠲᠠ ᠵᠢ ᠠᠳᠬᠤᠬᠤ ᠠᠵᠢᠯ᠎ᠤᠨ ᠲᠣᠭᠲᠠᠴᠠ ᠵᠢ ᠬᠡᠷᠡᠭᠵᠢᠭᠦᠯᠦᠨ᠎ᠡ᠂ ᠣᠷᠣᠨ ᠨᠤᠲᠤᠭ᠎ᠤᠨ ᠡᠯ᠎ᠡ ᠱᠠᠲᠤᠨ᠎ᠤ ᠠᠷᠠᠳ᠎ᠤᠨ ᠵᠠᠰᠠᠭ᠎ᠤᠨ ᠣᠷᠳᠣᠨ ᠪᠣᠯ ᠬᠥᠳᠡᠭᠡ ᠲᠣᠰᠬᠣᠨ᠎ᠤ ᠤᠰᠤ ᠬᠠᠩᠭ᠋ᠠᠬᠤ ᠪᠠᠲᠤᠯᠠᠭ᠎ᠠ ᠵᠢᠨ ᠬᠠᠷᠢᠭᠤᠴᠠᠯᠭ᠎ᠠ ᠵᠢᠨ ᠭᠤᠤᠯ ᠴᠣᠭᠴᠠ ᠮᠥᠨ᠃ ᠬᠥᠳᠡᠭᠡ ᠲᠣᠰᠬᠣᠨ᠎ᠤ ᠤᠰᠤ ᠬᠠᠩᠭ᠋ᠠᠬᠤ ᠪᠠᠲᠤᠯᠠᠭ᠎ᠠ ᠵᠢ ᠬᠥᠳᠡᠭᠡ ᠲᠣᠰᠬᠣᠨ᠎ᠢ ᠬᠥᠭᠵᠢᠭᠦᠯᠦᠨ ᠮᠠᠨᠳᠤᠭᠤᠯᠬᠤ ᠵᠢ ᠪᠥᠬᠥ ᠲᠠᠯ᠎ᠠ᠎ᠪᠠᠷ ᠳᠥᠯᠭᠢᠨ ᠠᠬᠢᠭᠤᠯᠬᠤ ᠵᠢᠨ ᠴᠢᠬᠤᠯᠠ ᠡᠭᠦᠷᠭᠡ ᠪᠣᠯᠭ᠋ᠠᠵᠤ᠂ ᠬᠣᠲᠠ ᠰᠢᠶᠠᠨ᠎ᠤ ᠨᠠᠮ ᠵᠠᠰᠠᠭ᠎ᠤᠨ ᠤᠳᠤᠷᠢᠳᠬᠤ ᠪᠠᠭ ᠪᠣᠯᠤᠨ ᠤᠳᠤᠷᠢᠳᠬᠤ ᠺᠠᠳ᠋ᠷᠴᠤᠳ᠎ᠤᠨ ᠬᠥᠳᠡᠭᠡ ᠲᠣᠰᠬᠣᠨ᠎ᠢ ᠬᠥᠭᠵᠢᠭᠦᠯᠦᠨ ᠮᠠᠨᠳᠤᠭᠤᠯᠬᠤ ᠵᠢ ᠳᠥᠯᠭᠢᠨ ᠠᠬᠢᠭᠤᠯᠤᠭᠰᠠᠨ ᠪᠣᠳᠠᠲᠤ ᠠᠮᠵᠢᠯᠲᠠ ᠵᠢ ᠬᠢᠨᠠᠨ ᠰᠢᠯᠭ᠋ᠠᠬᠤ ᠬᠡᠪᠴᠢᠶᠡᠨ᠎ᠳᠤ ᠣᠷᠣᠭᠤᠯᠬᠤ ᠬᠡᠷᠡᠭᠲᠡᠶ᠃ ᠤᠰᠤᠨ᠎ᠤ ᠡᠬᠢ ᠪᠠᠶᠠᠯᠢᠭ᠎ᠤᠨ ᠬᠠᠮᠢᠶᠠᠷᠤᠯᠲᠠ ᠵᠢᠨ ᠬᠠᠮᠤᠭ᠎ᠤᠨ ᠴᠢᠩᠭ᠎ᠠ ᠳᠦᠷᠢᠮ᠎ᠳᠠᠬᠢ ᠬᠥᠳᠡᠭᠡ ᠲᠣᠰᠬᠣᠨ᠎ᠤ ᠤᠰᠤ ᠬᠠᠩᠭ᠋ᠠᠬᠤ ᠵᠢ ᠬᠢᠨᠠᠨ ᠰᠢᠯᠭ᠋ᠠᠬᠤ ᠠᠵᠢᠯ᠎ᠢ ᠰᠠᠶ᠋ᠢᠲᠤᠷ ᠬᠢᠬᠦ ᠬᠡᠷᠡᠭᠲᠡᠢ᠃ ᠮᠤᠵᠢ ᠵᠢᠨ ᠱᠠᠲᠤᠨ᠎ᠤ ᠤᠰᠤᠨ᠎ᠤ ᠶᠠᠪᠤᠳᠠᠯ᠎ᠤᠨ ᠵᠠᠰᠠᠭ ᠵᠠᠬᠢᠷᠭ᠋ᠠᠨ᠎ᠤ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ᠎ᠨᠢ ᠬᠣᠯᠪᠣᠭᠳᠠᠯ ᠪᠦᠬᠦᠢ ᠰᠠᠯᠠᠭ᠎ᠠ ᠮᠥᠴᠢᠷ᠎ᠲᠠᠢ ᠬᠠᠮᠲᠤᠷᠠᠨ 《ᠠᠷᠪᠠᠨ ᠳᠥᠷᠪᠡᠳᠦᠭᠡᠷ ᠲᠠᠪᠤᠨ ᠵᠢᠯ》᠎ᠤᠨ ᠬᠥᠳᠡᠭᠡ ᠲᠣᠰᠬᠣᠨ᠎ᠤ ᠤᠰᠤ ᠬᠠᠩᠭ᠋ᠠᠬᠤ ᠪᠠᠲᠤᠯᠠᠭ᠎ᠠ ᠵᠢᠨ ᠲᠥᠯᠥᠪᠵᠢᠭᠦᠯᠭᠡ ᠵᠢ ᠵᠣᠬᠢᠶᠠᠨ ᠪᠠᠶ᠋ᠢᠭᠤᠯᠤᠨ ᠨᠠᠶ᠋ᠢᠷᠠᠭᠤᠯᠤᠨ ᠵᠣᠬᠢᠶᠠᠵᠤ᠂ ᠬᠥᠳᠡᠭᠡ ᠲᠣᠰᠬᠣᠨ᠎ᠤ ᠤᠰᠤ ᠬᠠᠩᠭ᠋ᠠᠬᠤ ᠪᠠᠲᠤᠯᠠᠭ᠎ᠠ ᠵᠢᠨ ᠡᠭᠦᠷᠭᠡ ᠵᠢ ᠱᠠᠳᠤ ᠳᠠᠷᠠᠭ᠋ᠠᠯᠠᠨ ᠵᠠᠳᠠᠯᠵᠤ᠂ ᠬᠠᠷᠢᠭᠤᠴᠠᠯᠭ᠎ᠠ ᠵᠢᠨ ᠠᠵᠢᠯ᠎ᠤᠨ ᠬᠤᠪᠢᠶᠠᠷᠢᠯᠠᠯ᠎ᠢ ᠨᠠᠶ᠋ᠢᠳᠠᠪᠤᠷᠢᠵᠢᠭᠤᠯᠤᠨ᠂ ᠱᠠᠳᠤ ᠱᠠᠳᠤ᠎ᠪᠠᠷ ᠳᠠᠷᠤᠯᠲᠠ ᠥᠭᠴᠦ᠂ ᠰᠢᠶᠠᠨ᠎ᠤ ᠱᠠᠲᠤᠨ᠎ᠤ ᠠᠷᠠᠳ᠎ᠤᠨ ᠵᠠᠰᠠᠭ᠎ᠤᠨ ᠣᠷᠳᠣᠨ᠎ᠢ ᠵᠢᠯᠣᠭᠣᠳᠤᠨ ᠰᠢᠪᠠᠳᠠᠵᠤ ᠪᠠᠶ᠋ᠢᠭ᠋ᠠᠳ ᠭᠤᠤᠯ ᠴᠣᠭᠴᠠ ᠵᠢᠨ ᠬᠠᠷᠢᠭᠤᠴᠠᠯᠭ᠎ᠠ ᠵᠢ ᠨᠠᠶ᠋ᠢᠳᠠᠪᠤᠷᠢᠵᠢᠭᠤᠯᠬᠤ ᠵᠢᠨ ᠬᠠᠮᠲᠤ ᠵᠢᠵᠢᠭ ᠬᠡᠯᠪᠡᠷᠢ ᠵᠢᠨ ᠤᠰᠤ ᠬᠠᠩᠭ᠋ᠠᠬᠤ ᠢᠨᠵᠧᠨᠧᠷᠢᠩ᠎ᠤᠨ ᠬᠠᠮᠢᠶᠠᠷᠴᠤ ᠬᠠᠮᠠᠭ᠋ᠠᠯᠠᠬᠤ ᠬᠠᠷᠢᠭᠤᠴᠠᠯᠭ᠎ᠠ ᠵᠢ ᠱᠠᠳᠤ ᠱᠠᠳᠤ᠎ᠪᠠᠷ ᠰᠤᠮᠤ ᠪᠠᠯᠭ᠋ᠠᠰᠤᠨ᠎ᠤ ᠠᠷᠠᠳ᠎ᠤᠨ ᠵᠠᠰᠠᠭ᠎ᠤᠨ ᠣᠷᠳᠣᠨ᠎ᠳᠤ ᠬᠦᠷᠲᠡᠯ᠎ᠡ ᠪᠣᠳᠠᠲᠠᠶ᠋ᠢᠵᠢᠭᠤᠯᠬᠤ ᠬᠡᠷᠡᠭᠲᠡᠶ᠃ ᠲᠠᠩ ᠭᠠᠭᠴᠠ ᠲᠣᠰᠬᠣᠨ᠎ᠤ ᠤᠰᠤ ᠬᠠᠩᠭ᠋ᠠᠬᠤ ᠢᠨᠵᠧᠨᠧᠷᠢᠩ ᠪᠣᠯᠤᠨ ᠲᠣᠰᠬᠣᠨ᠎ᠤ ᠳᠣᠲᠣᠷᠠᠬᠢ ᠤᠰᠤ ᠬᠠᠩᠭ᠋ᠠᠬᠤ ᠪᠡᠯᠡᠳᠬᠡᠮᠵᠢ᠎ᠨᠢ ᠲᠣᠰᠬᠣᠨ᠎ᠤ ᠱᠠᠲᠤᠨ᠎ᠤ ᠨᠠᠮ᠎ᠤᠨ ᠵᠣᠬᠢᠶᠠᠨ ᠪᠠᠶ᠋ᠢᠭᠤᠯᠤᠯᠲᠠ ᠪᠣᠯᠤᠨ ᠲᠣᠰᠬᠣᠨ᠎ᠤ ᠠᠷᠠᠳ᠎ᠤᠨ ᠵᠥᠪᠯᠡᠯ ᠵᠢᠴᠢ ᠲᠣᠰᠬᠣᠨ᠎ᠤ ᠱᠠᠲᠤᠨ᠎ᠤ ᠤᠰᠤ ᠬᠠᠮᠢᠶᠠᠷᠬᠤ ᠵᠣᠬᠢᠶᠠᠨ ᠪᠠᠶ᠋ᠢᠭᠤᠯᠤᠯᠲᠠ ᠵᠢᠨ ᠦᠢ᠍ᠯᠡᠳᠦᠯ᠎ᠢ ᠰᠠᠶ᠋ᠢᠲᠤᠷ ᠪᠠᠳᠠᠷᠠᠭᠤᠯᠵᠤ᠂ ᠪᠠᠷᠢᠯᠭ᠎ᠠ ᠪᠣᠯᠭ᠋ᠠᠨ᠎ᠳᠤ ᠴᠥᠮ ᠬᠠᠮᠢᠶᠠᠷᠴᠤ ᠬᠠᠮᠠᠭ᠋ᠠᠯᠠᠬᠤ ᠨᠢᠭᠡᠴᠢ ᠪᠣᠯᠤᠨ ᠠᠵᠢᠯᠲᠠᠨ᠎ᠲᠠᠢ ᠪᠠᠶ᠋ᠢᠬᠤ ᠵᠢ ᠦᠨᠡᠨ ᠬᠦ᠌ ᠪᠠᠲᠤᠯᠠᠵᠤ᠂ ᠢᠨᠵᠧᠨᠧᠷᠢᠩ᠎ᠤᠨ ᠬᠡᠪ᠎ᠤᠨ ᠠᠵᠢᠯᠯᠠᠭ᠋ᠠᠨ᠎ᠢ ᠪᠠᠲᠤᠯᠠᠬᠤ ᠬᠡᠷᠡᠭᠲᠡᠶ᠃ ᠶᠠᠳᠠᠭᠤ᠎ᠠᠴᠠ ᠠᠩᠭᠢᠵᠢᠷᠠᠭᠰᠠᠨ ᠭᠠᠵᠠᠷ ᠣᠷᠣᠨ᠂ ᠶᠠᠳᠠᠭᠤ᠎ᠠᠴᠠ ᠠᠩᠭᠢᠵᠢᠷᠠᠭᠰᠠᠨ ᠬᠥᠮᠦᠨ ᠠᠮᠠ ᠵᠢᠨ ᠤᠤᠭᠤᠬᠤ ᠤᠰᠤᠨ᠎ᠤ ᠠᠮᠤᠷ ᠲᠦᠪᠰᠢᠨ᠎ᠤ ᠪᠠᠶ᠋ᠢᠳᠠᠯ᠎ᠢ ᠰᠠᠶ᠋ᠢᠲᠤᠷ ᠬᠢᠨᠠᠨ ᠬᠡᠮᠵᠢᠭᠰᠡᠨ ᠥᠬᠡᠶ᠂ ᠠᠰᠠᠭᠤᠳᠠᠯ᠎ᠢ ᠲᠤᠶ᠋ᠢᠯᠪᠤᠷᠢᠲᠠᠶ ᠴᠡᠭᠴᠡᠯᠡᠨ ᠰᠠᠶ᠋ᠢᠵᠢᠷᠠᠭᠤᠯᠤᠭᠰᠠᠨ ᠥᠬᠡᠶ᠂ ᠢᠨᠵᠧᠨᠧᠷᠢᠩ᠎ᠤᠨ ᠬᠠᠮᠢᠶᠠᠷᠤᠯᠲᠠ ᠵᠢ ᠪᠣᠳᠠᠲᠠᠶ᠋ᠢᠵᠢᠭᠤᠯᠤᠭᠰᠠᠨ ᠥᠬᠡᠶ᠂ ᠣᠯᠠᠨ ᠲᠦᠮᠡᠨ᠎ᠤ ᠠᠰᠢᠭ ᠲᠤᠰᠠ ᠵᠢ ᠥᠯᠥ ᠬᠠᠶ᠋ᠢᠬᠤᠷᠤᠭᠰᠠᠨ ᠵᠡᠷᠭᠡ ᠠᠵᠢᠯ᠎ᠤᠨ ᠰᠤᠷᠲᠠᠯ᠎ᠨᠢ ᠴᠢᠩᠭ᠎ᠠ ᠪᠣᠳᠠᠲᠠᠶ ᠪᠢᠰᠢ ᠪᠠᠢ᠌ᠵᠤ᠂ ᠪᠥᠬᠥ ᠲᠣᠰᠬᠣᠨ ᠵᠶ᠋ᠠᠷ ᠵᠶ᠋ᠠᠨ ᠤᠰᠤ ᠵᠤᠭᠰᠤᠬᠤ ᠪᠤᠶᠤ ᠤᠰᠤ ᠵᠢ ᠲᠠᠰᠤᠯᠤᠭᠰᠠᠨ᠂ ᠡᠰᠡᠬᠦᠯ᠎ᠡ ᠤᠰᠤᠨ᠎ᠤ ᠴᠢᠨᠠᠷ᠎ᠨᠢ ᠪᠠᠷᠢᠮᠵᠢᠶ᠎ᠠ᠎ᠠᠴᠠ ᠬᠦᠨᠳᠦ ᠨᠣᠴᠢᠲᠠᠶ ᠬᠡᠲᠦᠷᠡᠭᠰᠡᠨ ᠵᠡᠷᠭᠡ ᠤᠰᠤᠨ᠎ᠤ ᠬᠠᠩᠭ᠋ᠠᠯᠭ᠎ᠠ ᠵᠢᠨ ᠲᠣᠪᠣᠶ᠋ᠢᠮ᠎ᠠ ᠠᠰᠠᠭᠤᠳᠠᠯ ᠡᠬᠦᠰᠦᠭᠰᠡᠨ ᠪᠠᠢ᠌ᠪᠠᠯ᠂ ᠬᠣᠯᠪᠣᠭᠳᠠᠯ ᠪᠥᠬᠥᠶ ᠬᠠᠷᠢᠭᠤᠴᠠᠯᠭ᠋ᠠᠲᠤ ᠨᠢᠭᠡᠴᠢ ᠪᠠ ᠠᠵᠢᠯᠲᠠᠨ᠎ᠠᠴᠠ ᠬᠠᠷᠢᠭᠤᠴᠠᠯᠭ᠎ᠠ ᠨᠡᠬᠡᠮᠵᠢᠯᠡᠨ᠎ᠡ᠃
   
   (ᠠᠷᠪᠠᠨ ᠳᠥᠷᠪᠡ) ᠵᠠᠰᠠᠭ᠎ᠤᠨ ᠣᠷᠳᠣᠨ᠎ᠤ ᠣᠷᠣᠭᠤᠯᠤᠯᠲᠠ ᠵᠢᠨ ᠬᠥᠲᠥᠯᠦᠨ ᠵᠢᠯᠣᠭᠣᠳᠬᠤ ᠦᠢ᠍ᠯᠡᠳᠦᠯ᠎ᠢ ᠪᠠᠳᠠᠷᠠᠭᠤᠯᠤᠨ᠎ᠠ᠃ ᠬᠥᠳᠡᠭᠡ ᠲᠣᠰᠬᠣᠨ᠎ᠤ ᠲᠥᠪᠯᠡᠷᠡᠭᠦᠯᠦᠨ ᠤᠰᠤ ᠬᠠᠩᠭ᠋ᠠᠬᠤ ᠢᠨᠵᠸᠨ᠋ᠸᠷᠢᠩ᠎ᠤᠨ ᠪᠦᠳᠦᠭᠡᠨ ᠪᠠᠶ᠋ᠢᠭᠤᠯᠤᠯᠲᠠ ᠵᠢᠨ ᠪᠡᠯᠡ ᠣᠷᠣᠭᠤᠯᠤᠯᠲᠠ ᠵᠢ ᠣᠷᠣᠨ ᠨᠤᠲᠤᠭ᠎ᠤᠨ ᠡᠯ᠎ᠡ ᠱᠠᠲᠤᠨ᠎ᠤ ᠠᠷᠠᠳ᠎ᠤᠨ ᠵᠠᠰᠠᠭ᠎ᠤᠨ ᠣᠷᠳᠣᠨ᠎ᠠᠴᠠ ᠬᠠᠷᠢᠭᠤᠴᠠᠨ ᠨᠠᠢ᠌ᠳᠠᠪᠤᠷᠢᠵᠢᠭᠤᠯᠤᠨ᠎ᠠ᠃ ᠳᠤᠮᠳᠠ ᠬᠡᠯᠪᠡᠷᠢ ᠵᠢᠨ ᠴᠥᠭᠥᠷᠥᠮ ᠵᠡᠷᠭᠡ ᠤᠰᠤᠨ ᠰᠤᠷᠪᠤᠯᠵᠢ ᠵᠢᠨ ᠢᠨᠵᠸᠨ᠋ᠸᠷᠢᠩ᠎ᠤᠨ ᠪᠦᠳᠦᠭᠡᠨ ᠪᠠᠶ᠋ᠢᠭᠤᠯᠤᠯᠲᠠ᠎ᠳᠤ ᠤᠳᠤ ᠪᠠᠶ᠋ᠢᠭ᠎ᠠ ᠪᠡᠯᠡ ᠣᠷᠣᠭᠤᠯᠤᠯᠲᠠ ᠵᠢᠨ ᠠᠷᠭ᠎ᠠ ᠵᠠᠮ᠎ᠲᠠᠢ ᠤᠶᠠᠯᠳᠤᠭᠤᠯᠤᠨ᠂ ᠲᠥᠪ᠎ᠤᠨ ᠲᠥᠰᠦᠪ᠎ᠤᠨ ᠳᠣᠲᠣᠷᠠᠬᠢ ᠪᠡᠯᠡ ᠣᠷᠣᠭᠤᠯᠤᠯᠲᠠ ᠵᠢᠨ ᠵᠣᠬᠢᠰᠲᠠᠶ ᠨᠥᠬᠥᠪᠥᠷᠢ ᠵᠢ ᠤᠯᠬᠤ᠎ᠪᠠᠷ ᠴᠢᠷᠮᠠᠶ᠋ᠢᠵᠤ ᠪᠣᠯᠤᠨ᠎ᠠ᠃ ᠬᠥᠳᠡᠭᠡ ᠲᠣᠰᠬᠣᠨ᠎ᠤ ᠤᠰᠤ ᠬᠠᠩᠭ᠋ᠠᠬᠤ ᠢᠨᠵᠸᠨ᠋ᠸᠷᠢᠩ᠎ᠢ ᠰᠡᠯᠪᠢᠨ ᠵᠠᠰᠠᠵᠤ ᠠᠷᠠᠴᠢᠯᠠᠨ ᠬᠠᠮᠠᠭ᠋ᠠᠯᠠᠬᠤ ᠪᠠ ᠵᠢᠵᠢᠭ ᠬᠡᠯᠪᠡᠷᠢ ᠵᠢᠨ ᠴᠥᠭᠥᠷᠥᠮ᠎ᠤᠨ ᠪᠦᠳᠦᠭᠡᠨ ᠪᠠᠶ᠋ᠢᠭᠤᠯᠤᠯᠲᠠ᠎ᠳᠤ ᠲᠥᠪ᠎ᠤᠨ ᠡᠳ᠋᠎ᠤᠨ ᠵᠠᠰᠠᠭ᠎ᠠᠴᠠ ᠤᠳᠤ ᠵᠢᠨ ᠪᠠᠶ᠋ᠢᠭ᠎ᠠ ᠰᠢᠯᠵᠢᠭᠦᠯᠦᠨ ᠥᠭᠬᠦ ᠠᠷᠭ᠎ᠠ ᠵᠠᠮ ᠵᠶ᠋ᠠᠷ ᠳᠠᠮᠵᠢᠭᠤᠯᠤᠨ ᠵᠣᠬᠢᠰᠲᠠᠶ ᠨᠥᠬᠥᠪᠥᠷᠢ ᠥᠭᠭᠦᠨ᠎ᠡ᠃ ᠣᠷᠣᠨ ᠨᠤᠲᠤᠭ᠎ᠤᠨ᠎ᠬᠢᠨ ᠤᠯᠠᠨ ᠠᠷᠭ᠎ᠠ ᠵᠠᠮ ᠵᠶ᠋ᠠᠷ ᠢᠨᠵᠸᠨ᠋ᠸᠷᠢᠩ᠎ᠤᠨ ᠪᠦᠳᠦᠭᠡᠨ ᠪᠠᠶ᠋ᠢᠭᠤᠯᠤᠯᠲᠠ ᠵᠢᠨ ᠪᠡᠯᠡ ᠮᠥᠩᠭᠥ ᠵᠢ ᠴᠤᠭᠯᠠᠭᠤᠯᠵᠤ᠂ ᠵᠠᠰᠠᠭ᠎ᠤᠨ ᠣᠷᠳᠣᠨ᠎ᠤ ᠣᠷᠣᠭᠤᠯᠤᠯᠲᠠ ᠵᠢ ᠵᠦᠢ ᠵᠣᠬᠢᠰᠲᠠᠶ ᠲᠣᠬᠢᠷᠠᠭᠤᠯᠵᠤ᠂ ᠬᠥᠳᠡᠭᠡ ᠲᠣᠰᠬᠣᠨ᠎ᠤ ᠤᠰᠤ ᠬᠠᠩᠭ᠋ᠠᠬᠤ   ᠢᠨᠵᠸᠨ᠋ᠸᠷᠢᠩ᠎ᠤᠨ ᠪᠦᠳᠦᠭᠡᠨ ᠪᠠᠶ᠋ᠢᠭᠤᠯᠤᠯᠲᠠ ᠪᠠ ᠥᠭᠡᠷᠡᠴᠢᠯᠡᠯᠲᠡ᠎ᠳᠤ ᠬᠡᠷᠡᠭᠯᠡᠬᠦ ᠬᠡᠷᠡᠭᠲᠡᠶ᠃ ᠨᠥᠬᠥᠴᠡᠯ᠎ᠳᠤ ᠨᠡᠶ᠋ᠢᠴᠡᠬᠦ ᠬᠥᠳᠡᠭᠡ ᠲᠣᠰᠬᠣᠨ᠎ᠤ ᠤᠰᠤ ᠬᠠᠩᠭ᠋ᠠᠬᠤ ᠢᠨᠵᠧᠨᠧᠷᠢᠩ᠎ᠤᠨ ᠪᠦᠲᠦᠭᠡᠨ ᠪᠠᠶ᠋ᠢᠭᠤᠯᠤᠯᠲᠠ ᠪᠠ ᠥᠭᠡᠷᠡᠴᠢᠯᠡᠯᠲᠡ ᠵᠢᠨ ᠲᠦᠷᠦᠯ ᠵᠦᠢ᠍ᠯᠡᠰ᠎ᠢ ᠣᠷᠣᠨ ᠨᠤᠲᠤᠭ᠎ᠤᠨ ᠵᠠᠰᠠᠭ᠎ᠤᠨ ᠣᠷᠳᠣᠨ᠎ᠤ ᠲᠤᠰᠬᠠᠶ ᠵᠦᠢ᠍ᠯ᠎ᠤᠨ ᠵᠢᠭᠡᠯᠡᠯᠭᠡ ᠵᠢᠨ ᠬᠦᠷᠢᠶ᠎ᠡ ᠬᠡᠪᠴᠢᠶᠡᠨ᠎ᠳᠤ ᠤᠷᠤᠭᠤᠯᠤᠨ᠎ᠠ᠃ ᠶᠠᠳᠠᠭᠤ᠎ᠠᠴᠠ ᠠᠩᠭᠢᠵᠢᠷᠠᠭᠤᠯᠬᠤ ᠭᠠᠵᠠᠷ ᠣᠷᠣᠨ᠎ᠨᠢ ᠡᠳ᠋᠎ᠤᠨ ᠵᠠᠰᠠᠭ᠎ᠤᠨ ᠲᠠᠷᠢᠶᠠᠯᠠᠩ᠎ᠳᠤ ᠬᠣᠯᠪᠣᠭᠳᠠᠬᠤ ᠪᠠᠯᠠ ᠮᠥᠩᠭᠥ ᠵᠢ ᠨᠢᠭᠡᠳᠦᠯᠲᠡᠶ ᠲᠥᠯᠥᠪᠯᠡᠨ ᠡᠮᠬᠢᠯᠡᠨ ᠨᠡᠶ᠋ᠢᠯᠡᠭᠦᠯᠵᠦ᠂ ᠬᠥᠳᠡᠭᠡ ᠲᠣᠰᠬᠣᠨ᠎ᠤ ᠤᠰᠤ ᠬᠠᠩᠭ᠋ᠠᠬᠤ ᠢᠨᠵᠧᠨᠧᠷᠢᠩ᠎ᠤᠨ ᠪᠥᠲᠥᠭᠡᠨ ᠪᠠᠶ᠋ᠢᠭᠤᠯᠤᠯᠲᠠ ᠵᠢ ᠳᠡᠮᠵᠢᠬᠦ ᠵᠢᠨ ᠬᠠᠮᠲᠤ ᠬᠥᠳᠡᠭᠡ ᠲᠣᠰᠬᠣᠨ᠎ᠤ ᠤᠰᠤ ᠬᠠᠩᠭ᠋ᠠᠬᠤ ᠢᠨᠵᠧᠨᠧᠷᠢᠩ᠎ᠤᠨ ᠪᠥᠲᠥᠭᠡᠨ ᠪᠠᠶ᠋ᠢᠭᠤᠯᠤᠯᠲᠠ ᠵᠢ ᠶᠠᠳᠠᠭᠤ᠎ᠠᠴᠠ ᠠᠩᠭᠢᠵᠢᠷᠠᠭᠤᠯᠬᠤ ᠰᠢᠪᠲᠤᠯᠤᠯᠲᠠ ᠵᠢᠨ ᠦᠷ᠎ᠡ ᠪᠦᠲᠦᠭᠡᠯ᠎ᠢ ᠪᠡᠬᠢᠵᠢᠭᠦᠯᠦᠨ ᠥᠷᠭᠡᠳᠬᠡᠬᠦ ᠪᠠ ᠬᠥᠳᠡᠭᠡ ᠲᠣᠰᠬᠣᠨ᠎ᠢ ᠬᠥᠭᠵᠢᠭᠦᠯᠦᠨ ᠮᠠᠨᠳᠤᠭᠤᠯᠬᠤ ᠲᠥᠷᠥᠯ ᠵᠤᠢ᠌ᠯ᠎ᠤᠨ ᠬᠥᠮᠥᠷᠭᠡ᠎ᠳᠤ ᠣᠷᠣᠭᠤᠯᠵᠤ᠂ ᠡᠮᠬᠢ ᠵᠢᠷᠤᠮ᠎ᠲᠠᠢ᠎ᠪᠠᠷ ᠳᠣᠭᠢᠷᠠᠭᠤᠯᠤᠨ ᠬᠡᠷᠡᠭᠵᠢᠭᠦᠯᠬᠦ ᠬᠡᠷᠡᠭᠲᠡᠶ᠃

   (ᠠᠷᠪᠠᠨ ᠲᠠᠪᠤ) ᠵᠠᠬ᠎ᠠ ᠳᠡᠯᠭᠡᠭᠦᠷ᠎ᠤᠨ ᠦᠢ᠍ᠯᠡᠳᠦᠯ᠎ᠢ ᠢᠳᠡᠪᠬᠢᠲᠡᠶ ᠪᠠᠳᠠᠷᠠᠭᠤᠯᠤᠨ᠎ᠠ᠃ ᠣᠷᠣᠨ ᠨᠤᠲᠤᠭ᠎ᠤᠨ ᠠᠷᠠᠳ᠎ᠤᠨ ᠵᠠᠰᠠᠭ᠎ᠤᠨ ᠣᠷᠳᠣᠨ᠎ᠤ ᠪᠡᠯᠡ ᠣᠷᠣᠭᠤᠯᠤᠯᠲᠠ ᠵᠢ ᠨᠡᠮᠡᠭᠳᠡᠭᠦᠯᠬᠦ ᠵᠢᠨ ᠵᠡᠷᠭᠡᠴᠡᠭᠡᠪᠡᠷ ᠵᠠᠰᠠᠭ᠎ᠤᠨ ᠣᠷᠳᠣᠨ᠎ᠤ ᠪᠡᠯᠡ ᠮᠥᠩᠭᠥ ᠵᠢᠨ ᠬᠥᠲᠥᠯᠥᠨ ᠵᠢᠯᠣᠭᠣᠳᠬᠤ ᠦᠢ᠍ᠯᠡᠳᠦᠯ᠎ᠢ ᠰᠠᠶ᠋ᠢᠲᠤᠷ ᠪᠠᠳᠠᠷᠠᠭᠤᠯᠵᠤ᠂ ᠵᠠᠬ᠎ᠠ ᠳᠡᠯᠭᠡᠭᠦᠷᠴᠢᠯᠡᠬᠦ ᠠᠷᠭ᠎ᠠ ᠮᠠᠶᠢᠭ᠎ᠢ ᠢᠳᠡᠪᠬᠢᠲᠡᠶ᠎ᠪᠠᠷ ᠰᠦᠪᠡᠭᠴᠢᠯᠡᠨ ᠠᠰᠢᠭᠯᠠᠵᠤ᠂ ᠪᠠᠩᠬᠢ ᠵᠢᠨ ᠢᠲᠡᠭᠡᠮᠵᠢᠲᠦ ᠵᠢᠭᠡᠯᠡᠯᠭᠡ ᠵᠢᠨ ᠪᠡᠯᠡ ᠮᠥᠩᠭᠥ ᠪᠠ ᠨᠡᠶ᠋ᠢᠭᠡᠮ᠎ᠤᠨ ᠪᠤᠰᠤᠳ ᠬᠦᠷᠦᠨᠭᠭᠡ ᠵᠢ ᠲᠠᠲᠠᠵᠤ᠂ ᠬᠥᠳᠡᠭᠡ ᠲᠣᠰᠬᠣᠨ᠎ᠤ ᠤᠰᠤ ᠬᠠᠩᠭ᠋ᠠᠬᠤ ᠢᠨᠵᠧᠨᠧᠷᠢᠩ᠎ᠤᠨ ᠪᠦᠳᠦᠭᠡᠨ ᠪᠠᠶ᠋ᠢᠭᠤᠯᠤᠯᠲᠠ ᠵᠢ ᠥᠷᠨᠢᠭᠦᠯᠬᠦ ᠬᠡᠷᠡᠭᠲᠡᠶ᠃ ᠤᠰᠤᠨ᠎ᠤ ᠶᠠᠪᠤᠳᠠᠯ᠎ᠤᠨ ᠵᠠᠰᠠᠭ ᠵᠠᠬᠢᠷᠭ᠋ᠠᠨ᠎ᠤ ᠭᠣᠤᠯᠴᠢᠯᠠᠨ ᠬᠠᠮᠢᠶᠠᠷᠬᠤ ᠰᠠᠯᠠᠭ᠎ᠠ ᠮᠥᠴᠢᠷ᠎ᠤᠳ ᠬᠥᠳᠡᠭᠡ ᠲᠣᠰᠬᠣᠨ᠎ᠤ ᠤᠰᠤ ᠬᠠᠩᠭ᠋ᠠᠬᠤ ᠢᠨᠵᠧᠨᠧᠷᠢᠩ᠎ᠤᠨ ᠲᠥᠷᠥᠯ ᠵᠤᠢ᠌ᠯ᠎ᠤᠨ ᠡᠮᠦᠨᠡᠬᠢ ᠬᠤᠭᠤᠴᠠᠭ᠋ᠠᠨ᠎ᠤ ᠠᠵᠢᠯ᠎ᠢ ᠢᠳᠡᠪᠬᠢᠲᠡᠶ ᠰᠠᠶ᠋ᠢᠲᠤᠷ ᠬᠢᠵᠦ᠂ ᠬᠥᠭᠵᠢᠭᠦᠯᠦᠯᠲᠡ ᠪᠠ ᠥᠭᠡᠷᠡᠴᠢᠯᠡᠯᠲᠡ᠂ ᠡᠳ᠋᠎ᠤᠨ ᠵᠠᠰᠠᠭ᠎ᠤᠨ ᠰᠠᠯᠠᠭ᠎ᠠ ᠮᠥᠴᠢᠷ᠎ᠤᠳ ᠡᠳ᠋᠎ᠤᠨ ᠵᠠᠰᠠᠭ᠎ᠤᠨ ᠪᠠᠯᠠ ᠮᠥᠩᠭᠥ ᠵᠢᠨ ᠬᠥᠲᠥᠯᠦᠨ ᠵᠢᠯᠣᠭᠣᠳᠬᠤ ᠦᠢ᠍ᠯᠡᠳᠦᠯ ᠵᠶ᠋ᠡᠨ ᠪᠠᠳᠠᠷᠠᠭᠤᠯᠬᠤ ᠵᠢ ᠳᠡᠮᠵᠢᠵᠦ᠂ ᠨᠡᠶ᠋ᠢᠭᠡᠮ᠎ᠤᠨ ᠬᠥᠷᠥᠩᠭᠡ ᠵᠢ ᠬᠠᠤᠯᠢ ᠲᠣᠭᠲᠠᠭ᠋ᠠᠯ ᠶᠣᠰᠣᠭ᠋ᠠᠷ ᠲᠡᠳᠡᠨ ᠬᠥᠳᠡᠭᠡ ᠲᠣᠰᠬᠣᠨ᠎ᠤ ᠤᠰᠤ ᠬᠠᠩᠭ᠋ᠠᠬᠤ ᠢᠨᠵᠧᠨᠧᠷᠢᠩ᠎ᠤᠨ ᠪᠥᠲᠥᠭᠡᠨ ᠪᠠᠶ᠋ᠢᠭᠤᠯᠤᠯᠲᠠ ᠪᠠ ᠬᠠᠮᠢᠶᠠᠷᠤᠯᠲᠠ᠎ᠳᠤ ᠣᠷᠣᠯᠴᠠᠭᠤᠯᠬᠤ ᠬᠡᠷᠡᠭᠲᠡᠶ᠃ ᠡᠯ᠎ᠡ ᠭᠠᠵᠠᠷ᠎ᠤᠨ᠎ᠬᠢᠨ ᠴᠠᠬᠢᠯᠭ᠋ᠠᠨ ᠬᠡᠷᠡᠭᠯᠡᠬᠦ᠂ ᠭᠠᠵᠠᠷ ᠬᠡᠷᠡᠭᠯᠡᠬᠦ᠂ ᠭᠠᠶ᠋ᠢᠯᠢ ᠲᠠᠲᠠᠪᠤᠷᠢᠯᠠᠬᠤ ᠵᠡᠷᠭᠡ ᠲᠠᠯ᠎ᠠ ᠵᠢᠨ ᠬᠠᠷᠠᠭ᠋ᠠᠯᠵᠠᠯᠳᠤ ᠲᠦᠷᠦ ᠵᠢᠨ ᠪᠤᠳᠤᠯᠭ᠎ᠠ ᠵᠢ ᠦᠷᠭᠦᠯᠵᠢᠯᠡᠨ ᠰᠠᠶ᠋ᠢᠲᠤᠷ ᠨᠠᠶ᠋ᠢᠳᠠᠪᠤᠷᠢᠵᠢᠭᠤᠯᠵᠤ᠂ ᠬᠥᠳᠡᠭᠡ ᠲᠣᠰᠬᠣᠨ᠎ᠤ ᠤᠰᠤ ᠬᠠᠩᠭ᠋ᠠᠬᠤ ᠦᠢ᠍ᠯᠡᠰ᠎ᠤᠨ ᠬᠥᠭᠵᠢᠯᠲᠡ ᠵᠢ ᠳᠡᠮᠵᠢᠬᠦ ᠬᠡᠷᠡᠭᠲᠡᠶ᠃
   
   (ᠠᠷᠪᠠᠨ ᠵᠢᠷᠭᠤᠭ᠎ᠠ) ᠰᠠᠯᠠᠭ᠎ᠠ ᠮᠥᠴᠢᠷ᠎ᠤᠨ ᠨᠡᠶ᠋ᠢᠯᠡᠮᠡᠯ ᠬᠦᠴᠦᠨ᠎ᠢ ᠪᠠᠳᠠᠷᠠᠭᠤᠯᠤᠨ᠎ᠠ᠃ ᠤᠰᠤᠨ᠎ᠤ ᠵᠠᠰᠠᠭ ᠵᠠᠬᠢᠷᠭ᠋ᠠᠨ᠎ᠤ ᠭᠣᠣᠯᠴᠢᠯᠠᠨ ᠬᠠᠮᠢᠶᠠᠷᠬᠤ ᠰᠠᠯᠠᠭ᠎ᠠ ᠮᠥᠴᠢᠷ᠎ᠨᠢ ᠬᠥᠳᠡᠭᠡ ᠲᠣᠰᠬᠣᠨ᠎ᠤ ᠤᠰᠤ ᠬᠠᠩᠭ᠋ᠠᠬᠤ ᠲᠥᠷᠥᠯ ᠵᠦᠢ᠍ᠯ᠎ᠤᠨ ᠡᠮᠦᠨᠡᠬᠢ ᠬᠤᠭᠤᠴᠠᠭ᠋ᠠᠨ᠎ᠤ ᠠᠵᠢᠯ᠂   ᠢᠨᠵᠸᠨ᠋ᠸᠷᠢᠩ᠎ᠤᠨ ᠪᠥᠳᠥᠭᠡᠨ ᠪᠠᠶ᠋ᠢᠭᠤᠯᠤᠯᠲᠠ ᠪᠣᠯᠤᠨ ᠠᠵᠢᠯᠯᠠᠭ᠋ᠠᠨ᠎ᠤ ᠬᠠᠮᠢᠶᠠᠷᠤᠯᠲᠠ ᠬᠠᠮᠠᠭ᠋ᠠᠯᠠᠯᠲᠠ ᠵᠢ ᠵᠣᠬᠢᠶᠠᠨ ᠪᠠᠶ᠋ᠢᠭᠤᠯᠤᠨ ᠰᠠᠶ᠋ᠢᠲᠤᠷ ᠬᠢᠬᠦ ᠵᠢ ᠬᠠᠷᠢᠭᠤᠴᠠᠵᠤ᠂ ᠠᠮᠵᠢᠯᠲᠠ ᠪᠦᠲᠦᠮᠵᠢ ᠵᠢᠨ ᠬᠠᠮᠢᠶᠠᠷᠤᠯᠲᠠ ᠪᠣᠯᠤᠨ ᠲᠥᠷᠥᠯ ᠵᠦᠢ᠍ᠯ᠎ᠳᠤ ᠬᠢᠨᠠᠯᠲᠠ ᠲᠠᠯᠪᠢᠵᠤ ᠪᠠᠶ᠋ᠢᠴᠠᠭ᠋ᠠᠬᠤ ᠵᠢ ᠴᠢᠩᠭ᠋ᠠᠳᠬᠠᠬᠤ ᠬᠡᠷᠡᠭᠲᠡᠶ᠃ ᠬᠥᠭᠵᠢᠭᠦᠯᠦᠯᠲᠡ ᠪᠠ ᠥᠭᠡᠷᠡᠴᠢᠯᠡᠯᠲᠡ ᠵᠢᠨ ᠰᠠᠯᠠᠭ᠎ᠠ ᠮᠥᠴᠢᠷ᠎ᠤᠳ ᠬᠥᠳᠡᠭᠡ ᠲᠣᠰᠬᠣᠨ᠎ᠤ ᠤᠰᠤ ᠬᠠᠩᠭ᠋ᠠᠬᠤ ᠪᠠᠷᠢᠯᠭ᠎ᠠ ᠵᠢᠨ ᠪᠦᠳᠦᠭᠡᠨ ᠪᠠᠶ᠋ᠢᠭᠤᠯᠤᠯᠲᠠ ᠵᠢᠨ ᠲᠥᠯᠥᠪᠵᠢᠭᠦᠯᠭᠡ ᠵᠢ ᠨᠢᠭᠡᠳᠦᠯᠲᠡᠶ ᠲᠦᠯᠦᠪᠯᠡᠨ ᠲᠤᠬᠢᠷᠠᠭᠤᠯᠤᠨ᠎ᠠ᠃ ᠡᠳ᠋᠎ᠤᠨ ᠵᠠᠰᠠᠭ᠎ᠤᠨ ᠰᠠᠯᠠᠭ᠎ᠠ ᠮᠥᠴᠢᠷ᠎ᠤᠳ ᠡᠳ᠋᠎ᠤᠨ ᠬᠦᠴᠦᠨ ᠪᠠ ᠪᠣᠳᠠᠲᠤ ᠬᠡᠷᠡᠭᠴᠡᠭᠡ᠎ᠲᠠᠢ᠎ᠪᠠᠨ ᠤᠶᠠᠯᠳᠤᠭᠤᠯᠤᠨ ᠡᠳ᠋᠎ᠤᠨ ᠵᠠᠰᠠᠭ᠎ᠤᠨ ᠪᠡᠯᠡ ᠮᠥᠩᠭᠥ ᠵᠢ ᠨᠢᠭᠡᠳᠦᠯᠲᠡᠶ ᠲᠥᠯᠥᠪᠯᠡᠨ ᠲᠣᠬᠢᠷᠠᠭᠤᠯᠵᠤ᠂ ᠬᠣᠯᠪᠣᠭᠳᠠᠯ ᠪᠦᠬᠦᠢ ᠰᠠᠯᠠᠭ᠎ᠠ ᠮᠥᠴᠢᠷ᠎ᠲᠠᠢ ᠬᠠᠮᠲᠤᠷᠠᠨ ᠪᠡᠯᠡ ᠮᠥᠩᠭᠥ ᠵᠢᠨ ᠬᠢᠨᠠᠯᠲᠠ ᠬᠠᠮᠢᠶᠠᠷᠤᠯᠲᠠ᠎ᠪᠠᠨ ᠴᠢᠩᠭ᠋ᠠᠳᠬᠠᠨ᠎ᠠ᠃ ᠠᠮᠢ ᠠᠬᠤᠶ ᠤᠷᠴᠢᠨ ᠲᠤᠭᠤᠷᠢᠨ᠎ᠤ ᠰᠠᠯᠠᠭ᠎ᠠ ᠮᠥᠴᠢᠷ ᠬᠣᠯᠪᠣᠭᠳᠠᠯ ᠪᠦᠬᠦᠢ ᠰᠠᠯᠠᠭ᠎ᠠ ᠮᠥᠴᠢᠷ᠎ᠲᠠᠢ ᠬᠠᠮᠲᠤᠷᠠᠨ ᠤᠤᠭᠤᠬᠤ ᠤᠰᠤᠨ᠎ᠤ ᠡᠬᠢ ᠰᠤᠷᠪᠤᠯᠵᠢ ᠵᠢᠨ ᠠᠮᠢ ᠠᠬᠤᠶ ᠤᠷᠴᠢᠨ ᠲᠤᠭᠤᠷᠢᠨ᠎ᠤ ᠬᠠᠮᠠᠭ᠋ᠠᠯᠠᠯᠲᠠ ᠵᠢᠨ ᠠᠵᠢᠯ᠎ᠤᠨ ᠬᠢᠨᠠᠯᠳᠠ ᠬᠠᠮᠢᠶᠠᠷᠤᠯᠳᠠ ᠬᠢᠨ᠎ᠡ᠃ ᠡᠷᠡᠭᠦᠯ ᠬᠠᠮᠠᠭ᠋ᠠᠯᠠᠯ ᠡᠷᠡᠭᠦᠯ ᠮᠡᠨᠳᠦ ᠵᠢᠨ ᠰᠠᠯᠠᠭ᠎ᠠ ᠮᠥᠴᠢᠷ᠎ᠤᠳ ᠤᠤᠭᠤᠬᠤ ᠤᠰᠤᠨ᠎ᠤ ᠤᠰᠤᠨ᠎ᠤ ᠴᠢᠨᠠᠷ᠎ᠢ ᠬᠢᠨᠠᠨ ᠬᠡᠮᠵᠢᠬᠦ ᠪᠠ ᠡᠷᠡᠭᠦᠯ ᠬᠠᠮᠠᠭ᠋ᠠᠯᠠᠯ᠎ᠳᠤ ᠬᠢᠨᠠᠯᠲᠠ ᠲᠠᠯᠪᠢᠬᠤ ᠵᠢ ᠵᠢᠯᠤᠭᠤᠳᠬᠤ ᠵᠢ ᠬᠠᠷᠢᠭᠤᠴᠠᠨ᠎ᠠ᠃ ᠣᠷᠣᠨ ᠰᠠᠭᠤᠴᠠ ᠪᠠ ᠬᠣᠲᠠ ᠬᠥᠳᠡᠭᠡ ᠵᠢᠨ ᠪᠥᠲᠥᠭᠡᠨ ᠪᠠᠶ᠋ᠢᠭᠤᠯᠤᠯᠲᠠ ᠵᠢᠨ ᠰᠠᠯᠠᠭ᠎ᠠ ᠮᠥᠴᠢᠷ᠎ᠨᠢ ᠤᠰᠤᠨ᠎ᠤ ᠶᠠᠪᠤᠳᠠᠯ᠎ᠤᠨ ᠵᠠᠰᠠᠭ ᠵᠠᠬᠢᠷᠭ᠋ᠠᠨ᠎ᠤ ᠭᠣᠤᠯᠴᠢᠯᠠᠨ ᠬᠠᠮᠢᠶᠠᠷᠬᠤ ᠰᠠᠯᠠᠭ᠎ᠠ ᠮᠥᠴᠢᠷ᠎ᠲᠠᠢ ᠬᠠᠮᠲᠤᠷᠠᠨ ᠣᠷᠣᠨ ᠨᠤᠲᠤᠭ᠎ᠢ ᠵᠢᠯᠤᠭᠤᠳᠤᠨ ᠤᠰᠤᠨ᠎ᠤ ᠬᠠᠩᠭ᠋ᠠᠯᠭ᠎ᠠ ᠵᠢ ᠡᠷᠦᠬᠡ᠎ᠳᠤ ᠤᠷᠤᠭᠤᠯᠬᠤ ᠵᠢ ᠬᠠᠷᠢᠭᠤᠴᠠᠨ᠎ᠠ᠃ ᠬᠥᠳᠡᠭᠡ ᠠᠵᠤ ᠠᠬᠤᠢ ᠬᠥᠳᠡᠭᠡ ᠲᠣᠰᠬᠣᠨ᠂ ᠬᠥᠳᠡᠭᠡ ᠲᠣᠰᠬᠣᠨ᠎ᠢ ᠬᠥᠭᠵᠢᠭᠦᠯᠦᠨ ᠮᠠᠨᠳᠤᠭᠤᠯᠬᠤ ᠰᠠᠯᠠᠭ᠎ᠠ ᠮᠥᠴᠢᠷ᠎ᠨᠢ ᠤᠰᠤᠨ᠎ᠤ ᠶᠠᠪᠤᠳᠠᠯ᠎ᠤᠨ ᠵᠠᠰᠠᠭ ᠵᠠᠬᠢᠷᠭ᠋ᠠᠨ᠎ᠤ ᠭᠣᠣᠯᠯᠠᠨ ᠬᠠᠮᠢᠶᠠᠷᠬᠤ ᠰᠠᠯᠠᠭ᠎ᠠ ᠮᠥᠴᠢᠷ᠎ᠲᠠᠢ ᠬᠠᠮᠵᠢᠯᠴᠠᠨ ᠬᠥᠳᠡᠭᠡ ᠲᠣᠰᠬᠣᠨ᠎ᠢ ᠬᠥᠭᠵᠢᠭᠦᠯᠦᠨ ᠮᠠᠨᠳᠤᠭᠤᠯᠬᠤ ᠪᠠᠶ᠋ᠢᠯᠳᠤᠬᠤ ᠪᠤᠳᠤᠯᠭ᠎ᠠ ᠵᠢ ᠪᠦᠬᠦ ᠲᠠᠯ᠎ᠠ᠎ᠪᠠᠷ ᠬᠡᠷᠡᠭᠵᠢᠭᠦᠯᠬᠦ ᠪᠠ ᠶᠠᠳᠠᠭᠤ᠎ᠠᠴᠠ ᠠᠩᠭᠢᠵᠢᠷᠠᠭᠤᠯᠬᠤ ᠪᠣᠭᠣᠮᠲᠠ ᠰᠢᠪᠲᠤᠯᠬᠤ ᠬᠥᠳᠡᠭᠡ ᠲᠣᠰᠬᠣᠨ᠎ᠤ ᠤᠰᠤ ᠬᠠᠩᠭ᠋ᠠᠬᠤ ᠦᠷ᠎ᠡ ᠪᠦᠲᠦᠭᠡᠯ᠎ᠢ ᠪᠡᠬᠢᠵᠢᠭᠦᠯᠦᠨ ᠥᠷᠭᠡᠳᠬᠡᠬᠦ   ᠲᠤᠮᠳᠠᠬᠢ ᠬᠥᠳᠡᠭᠡ ᠲᠣᠰᠬᠣᠨ᠎ᠤ ᠤᠰᠤ ᠬᠠᠩᠭ᠋ᠠᠬᠤ ᠬᠣᠯᠪᠣᠭᠳᠠᠯ ᠪᠦᠬᠦᠢ ᠲᠦᠷᠦ ᠵᠢᠨ ᠪᠤᠳᠤᠯᠭ᠎ᠠ ᠵᠢ ᠲᠤᠭᠤᠰᠢᠯᠠᠭᠤᠯᠤᠨ ᠨᠠᠢ᠌ᠳᠠᠪᠤᠷᠢᠵᠢᠭᠤᠯᠬᠤ ᠵᠢ ᠲᠦᠯᠬᠢᠨ ᠠᠬᠢᠭᠤᠯᠤᠨ᠎ᠠ᠃
   
   (ᠠᠷᠪᠠᠨ ᠳᠣᠯᠣᠭ᠎ᠠ) ᠮᠡᠷᠭᠡᠵᠢᠯ᠎ᠤᠨ ᠵᠢᠯᠣᠭᠣᠳᠣᠯᠭ᠎ᠠ ᠵᠢ ᠴᠢᠩᠭ᠋ᠠᠷᠠᠭᠤᠯᠤᠨ᠎ᠠ᠃ ᠣᠷᠣᠨ ᠨᠤᠲᠤᠭ᠎ᠤᠨ ᠤᠰᠤᠨ᠎ᠤ ᠵᠠᠰᠠᠭ ᠵᠠᠬᠢᠷᠭ᠋ᠠᠨ᠎ᠤ ᠭᠣᠣᠯᠴᠢᠯᠠᠨ ᠬᠠᠮᠢᠶᠠᠷᠬᠤ ᠰᠠᠯᠠᠭ᠎ᠠ ᠮᠥᠴᠢᠷ᠎ᠤᠳ ᠠᠮᠢ ᠠᠬᠤᠶ ᠣᠷᠴᠢᠨ ᠲᠣᠭᠣᠷᠢᠨ᠂ ᠡᠷᠡᠭᠦᠯ ᠬᠠᠮᠠᠭ᠋ᠠᠯᠠᠯ ᠡᠷᠡᠭᠦᠯ ᠮᠡᠨᠳᠤ ᠵᠡᠷᠭᠡ ᠰᠠᠯᠠᠭ᠎ᠠ ᠮᠥᠴᠢᠷ᠎ᠲᠠᠢ ᠬᠠᠮᠲᠤᠷᠠᠨ᠂ ᠤᠰᠤᠨ᠎ᠤ ᠡᠬᠢ ᠰᠤᠷᠪᠤᠯᠵᠢ ᠵᠢ ᠬᠠᠮᠠᠭ᠋ᠠᠯᠠᠬᠤ᠂ ᠴᠡᠪᠡᠷᠰᠢᠭᠦᠯᠦᠨ ᠠᠷᠢᠭᠤᠳᠬᠠᠬᠤ᠂ ᠤᠰᠤᠨ᠎ᠤ ᠴᠢᠨᠠᠷ᠎ᠢ ᠪᠠᠶ᠋ᠢᠴᠠᠭ᠋ᠠᠨ ᠬᠡᠮᠵᠢᠵᠦ ᠬᠢᠨᠠᠨ ᠬᠡᠮᠵᠢᠬᠦ ᠵᠡᠷᠭᠡ ᠮᠡᠷᠭᠡᠵᠢᠯ ᠟  ᠎ᠤᠨ ᠲᠣᠭᠣᠷᠢᠨ᠎ᠳᠤ᠂ ᠳᠥᠭᠥᠮ ᠣᠶ᠋ᠢᠯᠠᠭ᠋ᠠᠮᠵᠢᠲᠠᠶ᠂ ᠵᠢᠷᠤᠭ ᠪᠢᠴᠢᠭ᠎ᠢ ᠬᠣᠣᠰᠯᠠᠭᠤᠯᠤᠭᠰᠠᠨ ᠵᠢᠭ᠋ᠠᠬᠤ   ᠮᠠᠲᠸᠷᠢᠶᠠᠯ ᠨᠠᠶ᠋ᠢᠷᠠᠭᠤᠯᠤᠨ ᠪᠢᠴᠢᠵᠦ᠂ ᠠᠵᠢᠯᠯᠠᠬᠤ ᠠᠷᠭ᠎ᠠ ᠵᠢᠨ ᠰᠢᠨ᠎ᠡ ᠵᠢ ᠡᠭᠦᠳᠴᠦ᠂ ᠲᠤᠰᠬᠠᠶ ᠮᠡᠷᠭᠡᠵᠢᠯ᠎ᠤᠨ ᠴᠢᠳᠠᠪᠤᠷᠢ ᠵᠢᠨ ᠪᠣᠯᠪᠠᠰᠤᠷᠠᠭᠤᠯᠤᠯ᠎ᠢ ᠴᠢᠩᠭ᠋ᠠᠳᠬᠠᠨ᠂ ᠪᠣᠯᠪᠠᠰᠤᠷᠠᠭᠤᠯᠤᠯ ᠬᠢᠭᠰᠡᠨ  ᠎ᠤ ᠲᠠᠷᠠᠭ᠎ᠠ ᠦᠨᠡᠮᠯᠡᠯ᠎ᠲᠠᠢ᠎ᠪᠠᠷ ᠠᠵᠢᠯ᠎ᠤᠨ ᠪᠠᠶ᠋ᠢᠷᠢ᠎ᠳᠤ ᠭᠠᠷᠬᠤ ᠵᠢ ᠠᠯᠬᠤᠮ ᠠᠯᠬᠤᠮ ᠵᠶ᠋ᠡᠷ ᠬᠡᠷᠡᠭᠵᠢᠭᠦᠯᠵᠦ᠂ ᠪᠠᠷᠢᠯᠭ᠎ᠠ ᠵᠢᠨ ᠤᠰᠤ ᠬᠠᠮᠢᠶᠠᠷᠬᠤ ᠠᠵᠢᠯᠳᠠᠨ᠎ᠤ ᠴᠢᠳᠠᠪᠤᠷᠢ ᠵᠢᠨ ᠬᠢᠷᠢ ᠬᠡᠮᠵᠢᠶ᠎ᠡ ᠵᠢ ᠳᠡᠭᠡᠭᠰᠢᠯᠡᠭᠦᠯᠬᠦ ᠬᠡᠷᠡᠭᠲᠡᠶ᠃ ᠬᠥᠳᠡᠭᠡ ᠲᠣᠰᠬᠣᠨ᠎ᠤ ᠬᠠᠩᠭ᠋ᠠᠬᠤ ᠤᠰᠤᠨ᠎ᠤ ᠴᠢᠨᠠᠷ᠎ᠤᠨ ᠪᠠᠲᠤᠯᠠᠭ᠎ᠠ᠂ ᠵᠢᠵᠢᠭ ᠬᠡᠯᠪᠡᠷᠢ ᠵᠢᠨ ᠲᠠᠷᠠᠬᠠᠶ ᠪᠤᠲᠠᠷᠬᠠᠶ ᠢᠨᠵᠧᠨᠧᠷᠢᠩ᠎ᠤᠨ ᠬᠠᠩᠭ᠋ᠠᠬᠤ ᠤᠰᠤᠨ᠎ᠤ ᠪᠠᠲᠤᠯᠠᠭ᠎ᠠ᠂ ᠡᠪᠦᠯ᠎ᠤᠨ ᠤᠯᠠᠷᠢᠯ᠎ᠤᠨ ᠬᠥᠯᠳᠡᠬᠦ᠎ᠠᠴᠠ ᠰᠡᠷᠭᠡᠶ᠋ᠢᠯᠡᠬᠦ ᠵᠡᠷᠭᠡ ᠮᠡᠷᠭᠡᠵᠢᠯ᠎ᠢ ᠰᠤᠳᠤᠯᠤᠨ ᠳᠡᠯᠭᠡᠷᠡᠭᠦᠯᠦᠨ᠎ᠡ᠃
   
   (ᠠᠷᠪᠠᠨ ᠨᠠᠢ᠍ᠮᠠ) ᠵᠢᠱ᠌ᠢᠶ᠎ᠡ ᠦᠵᠡᠭᠦᠯᠬᠦ ᠪᠠ ᠤᠬᠠᠭᠤᠯᠵᠤ ᠬᠥᠲᠥᠯᠦᠨ ᠵᠢᠯᠣᠭᠣᠳᠬᠤ ᠵᠢ ᠴᠢᠬᠤᠯᠠᠴᠢᠯᠠᠨ᠎ᠠ᠃ ᠣᠷᠣᠨ ᠨᠤᠲᠤᠭ᠎ᠤᠨ ᠤᠰᠤᠨ᠎ᠤ ᠶᠠᠪᠤᠳᠠᠯ᠎ᠤᠨ ᠵᠠᠰᠠᠭ ᠵᠠᠬᠢᠷᠭ᠋ᠠᠨ᠎ᠤ ᠭᠣᠣᠯᠯᠠᠨ ᠬᠠᠮᠢᠶᠠᠷᠬᠤ ᠰᠠᠯᠠᠭ᠎ᠠ ᠮᠥᠴᠢᠷ ᠬᠣᠯᠪᠣᠭᠳᠠᠯ ᠪᠦᠬᠦᠢ ᠰᠠᠯᠠᠭ᠎ᠠ ᠮᠥᠴᠢᠷ᠎ᠲᠠᠢ ᠬᠠᠮᠲᠤᠷᠠᠨ ᠭᠠᠵᠠᠷ ᠣᠷᠣᠨ᠎ᠤ ᠪᠠᠶ᠋ᠢᠳᠠᠯ᠎ᠳᠠᠭᠠᠨ ᠲᠣᠬᠢᠷᠠᠭᠤᠯᠵᠤ᠂ ᠨᠢᠭᠡ ᠪᠦᠯᠦᠭ ᠬᠡᠪᠴᠢᠶᠡᠵᠢᠭᠦᠯᠦᠨ ᠤᠰᠤ ᠬᠠᠩᠭ᠋ᠠᠬᠤ᠂ ᠵᠢᠵᠢᠭ ᠬᠡᠯᠪᠡᠷᠢ ᠵᠢᠨ ᠪᠠᠷᠢᠯᠭ᠎ᠠ ᠵᠢ ᠪᠠᠷᠢᠮᠵᠢᠶᠠᠵᠢᠭᠤᠯᠤᠨ ᠪᠥᠳᠥᠭᠡᠨ ᠪᠠᠶ᠋ᠢᠭᠤᠯᠬᠤ ᠪᠠ ᠥᠭᠡᠷᠡᠴᠢᠯᠡᠬᠦ᠂ ᠠᠵᠤ ᠠᠬᠤᠢ᠍ᠢ᠍ᠯᠠᠯᠵᠢᠭᠤᠯᠤᠨ ᠡᠵᠡᠩᠨᠡᠬᠦ᠂ ᠤᠰᠤᠨ᠎ᠤ ᠴᠢᠨᠠᠷ᠎ᠢ ᠪᠠᠲᠤᠯᠠᠬᠤ᠂ ᠬᠡᠮᠵᠢᠯᠲᠡ᠎ᠪᠠᠷ ᠰᠦᠢ᠍ᠳᠬᠡᠯ ᠬᠤᠷᠢᠶᠠᠬᠤ᠂ ᠮᠡᠳᠡᠭᠡ ᠵᠠᠩᠭᠢᠵᠢᠭᠤᠯᠤᠨ ᠬᠠᠮᠢᠶᠠᠷᠬᠤ ᠵᠡᠷᠭᠡ ᠲᠠᠯ᠎ᠠ ᠵᠢᠨ ᠬᠥᠳᠡᠭᠡ ᠲᠣᠰᠬᠣᠨ᠎ᠤ ᠤᠰᠤ ᠬᠠᠩᠭ᠋ᠠᠬᠤ ᠪᠠᠷᠢᠯᠭ᠎ᠠ ᠵᠢᠨ ᠵᠢᠱ᠌ᠢᠶ᠎ᠡ ᠦᠵᠡᠭᠦᠯᠬᠦ ᠦᠯᠢᠭᠡᠷ ᠳᠠᠭᠤᠷᠢᠶᠠᠯ᠎ᠢ ᠪᠣᠢ ᠪᠣᠯᠭ᠋ᠠᠵᠤ᠂ ᠠᠪᠰᠠᠷᠬᠠᠨ ᠳ᠋ᠦᠩᠨᠡᠯᠲᠡ ᠬᠢᠬᠦ ᠵᠢ ᠴᠢᠩᠭ᠋ᠠᠳᠬᠠᠨ᠂ ᠳᠠᠭᠤᠷᠢᠶᠠᠵᠤ ᠪᠣᠯᠬᠤ ᠲᠤᠷᠰᠢᠯᠭ᠎ᠠ ᠪᠠ ᠠᠷᠭ᠎ᠠ ᠬᠢᠳᠡᠯ᠎ᠢ ᠳᠡᠯᠭᠡᠷᠡᠭᠦᠯᠵᠦ᠂ ᠵᠢᠱ᠌ᠢᠶ᠎ᠡ ᠦᠵᠡᠭᠦᠯᠬᠦ ᠦᠢ᠍ᠯᠡᠳᠦᠯ᠎ᠢ ᠪᠠᠳᠠᠷᠠᠭᠤᠯᠤᠨ᠂ ᠪᠠᠷᠢᠮᠵᠢᠶ᠎ᠠ᠎ᠳᠤ ᠲᠤᠯᠭ᠋ᠠᠵᠤ ᠪᠠᠷᠢᠮᠵᠢᠶ᠎ᠠ᠎ᠳᠤ ᠬᠦᠷᠦᠭᠦᠯᠬᠦ ᠵᠢ ᠠᠬᠢᠭᠤᠯᠤᠨ᠎ᠠ᠃ ᠬᠥᠳᠡᠭᠡ ᠲᠣᠰᠬᠣᠨ᠎ᠤ ᠤᠰᠤ ᠬᠠᠩᠭ᠋ᠠᠬᠤ ᠲᠥᠷᠥ ᠵᠢᠨ ᠪᠣᠳᠣᠯᠭ᠎ᠠ ᠵᠢᠨ ᠲᠠᠶ᠋ᠢᠯᠤᠮᠵᠢ ᠪᠠ ᠤᠤᠭᠤᠬᠤ ᠤᠰᠤᠨ᠎ᠤ ᠠᠮᠤᠷ ᠲᠦᠪᠰᠢᠨ᠎ᠤ ᠮᠡᠳᠡᠯᠭᠡ ᠵᠢᠨ ᠤᠬᠠᠭᠤᠯᠭ᠎ᠠ ᠵᠢ ᠴᠢᠩᠭ᠋ᠠᠳᠬᠠᠵᠤ᠂ ᠲᠣᠰᠬᠣᠨ᠎ᠤ ᠲᠣᠭᠲᠠᠭ᠋ᠠᠯ ᠠᠷᠠᠳ᠎ᠤᠨ ᠭᠡᠷ᠎ᠡ ᠵᠢᠴᠢ ᠤᠰᠤ ᠬᠡᠷᠡᠭᠯᠡᠬᠦ ᠡᠷᠦᠬᠡ ᠵᠢᠨ ᠨᠡᠶ᠋ᠢᠭᠡᠮᠯᠢᠭ᠎ᠤᠨ ᠦᠢ᠍ᠯᠡᠳᠦᠯ᠎ᠢ ᠢᠳᠡᠪᠬᠢᠲᠡᠶ ᠪᠠᠳᠠᠷᠠᠭᠤᠯᠤᠨ᠂ ᠬᠥᠲᠥᠯᠦᠨ ᠵᠢᠯᠣᠭᠣᠳᠬᠤ ᠵᠢ ᠴᠢᠩᠭ᠋ᠠᠳᠬᠠᠵᠤ᠂ ᠤᠰᠤ ᠬᠡᠷᠡᠭᠯᠡᠬᠦ ᠡᠷᠦᠬᠡ ᠵᠢᠨ ᠠᠮᠤᠷ ᠲᠦᠪᠰᠢᠨ ᠵᠶ᠋ᠠᠷ ᠤᠰᠤ ᠬᠡᠷᠡᠭᠯᠡᠬᠦ᠂ ᠤᠰᠤ ᠵᠢ ᠠᠷᠪᠢᠯᠠᠨ ᠬᠡᠷᠡᠭᠯᠡᠬᠦ ᠪᠠ ᠦᠨ᠎ᠡ ᠲᠥᠯᠥᠪᠦᠷᠢ᠎ᠲᠠᠢ᠎ᠪᠠᠷ ᠤᠰᠤ ᠬᠡᠷᠡᠭᠯᠡᠬᠦ ᠦᠵᠡᠯ ᠤᠬᠠᠮᠰᠠᠷ᠎ᠢ ᠳᠡᠭᠡᠭᠰᠢᠯᠡᠭᠦᠯᠦᠨ᠂ ᠨᠡᠶ᠋ᠢᠭᠡᠮ᠎ᠤᠨ   ᠤᠷᠤᠯᠴᠠᠯᠭ᠎ᠠ ᠪᠠ ᠬᠢᠨᠠᠯᠲᠠ ᠲᠠᠯᠪᠢᠬᠤ ᠦᠢ᠍ᠯᠡᠳᠦᠯ᠎ᠢ ᠪᠠᠳᠠᠷᠠᠭᠤᠯᠵᠤ᠂ ᠨᠡᠶ᠋ᠢᠭᠡᠮ᠎ᠤᠨ ᠶᠠᠷᠢᠶ᠎ᠠ ᠬᠡᠯᠡᠯᠴᠡᠭᠡᠨ᠎ᠤ ᠬᠥᠭᠵᠢᠯᠲᠡ ᠵᠢᠨ ᠰᠠᠶ᠋ᠢᠨ ᠰᠠᠶ᠋ᠢᠬᠠᠨ ᠠᠭᠤᠷ ᠠᠮᠢᠰᠬᠤᠯ᠎ᠢ ᠪᠣᠶ ᠪᠣᠯᠭ᠋ᠠᠬᠤ ᠬᠡᠷᠡᠭᠲᠡᠶ᠃
   
   
    ᠤᠰᠤᠨ ᠠᠰᠢᠭᠯᠠᠯᠲᠠ ᠵᠢᠨ ᠶᠠᠮᠤᠨ
    ᠬᠥᠭᠵᠢᠭᠦᠯᠦᠯᠲᠡ ᠪᠠ ᠥᠭᠡᠷᠡᠴᠢᠯᠡᠯᠲᠡ ᠵᠢᠨ ᠵᠥᠪᠯᠡᠯ
    ᠡᠳ᠋᠎ᠤᠨ ᠵᠠᠰᠠᠭ᠎ᠤᠨ ᠶᠠᠮᠤᠨ
    ᠬᠥᠮᠦᠨ᠎ᠤ ᠬᠦᠴᠦᠨ᠎ᠤ ᠡᠬᠢ ᠪᠠᠶᠠᠯᠢᠭ ᠪᠠ ᠨᠡᠢ᠌ᠭᠡᠮ᠎ᠤᠨ ᠪᠠᠳᠤᠯᠠᠭ᠎ᠠ ᠵᠢᠨ ᠶᠠᠮᠤᠨ
    ᠠᠮᠢ ᠠᠬᠤᠶ ᠣᠷᠴᠢᠨ ᠲᠣᠭᠣᠷᠢᠨ᠎ᠤ ᠶᠠᠮᠤᠨ
    ᠣᠷᠣᠨ ᠰᠠᠭᠤᠴᠠ ᠪᠠ ᠬᠤᠳᠠ ᠬᠥᠳᠡᠭᠡ ᠵᠢᠨ ᠪᠦᠳᠦᠭᠡᠨ ᠪᠠᠶ᠋ᠢᠭᠤᠯᠤᠯᠲᠠ ᠵᠢᠨ ᠶᠠᠮᠤᠨ
    ᠲᠠᠷᠢᠶᠠᠯᠠᠩ ᠬᠥᠳᠡᠭᠡ ᠲᠣᠰᠬᠣᠨ᠎ᠤ ᠶᠠᠮᠤᠨ
    ᠡᠷᠡᠭᠦᠯ ᠬᠠᠮᠠᠭ᠋ᠠᠯᠠᠯ ᠡᠷᠡᠭᠦᠯ ᠮᠡᠨᠳᠦ ᠵᠢᠨ ᠵᠥᠪᠯᠡᠯ
    ᠬᠥᠳᠡᠭᠡ ᠲᠣᠰᠬᠣᠨ᠎ᠢ ᠬᠥᠭᠵᠢᠭᠦᠯᠦᠨ ᠮᠠᠨᠳᠤᠭᠤᠯᠬᠤ ᠲᠣᠪᠴᠢᠶ᠎ᠠ
   
     2021 ᠣᠨ᠎ᠤ 8 ᠰᠠᠷ᠎ᠠ ᠵᠢᠨ 10

ᠢᠷᠡᠯᠲᠡ᠄
          
ᠬᠠᠮᠢᠶ᠎ᠡ ᠪᠦᠬᠦᠢ ᠰᠣᠨᠢᠨ
ᠬᠠᠲᠤᠨ ᠭᠣᠤᠯ᠎ᠤᠨ ᠰᠠᠪᠠ ᠭᠠᠵᠠᠷ᠎ᠲᠤ ᠤᠰᠤ ᠵᠢ ᠬᠦᠨᠵᠡᠭᠡᠢ ᠠᠷᠪᠢᠯᠠᠵᠤ ᠡᠵᠡᠮᠳᠡᠬᠦ ᠠᠵᠢᠯᠯᠠᠭ᠎ᠠ ᠵᠢ ᠬᠡᠷᠡᠭᠵᠢᠭᠦᠯᠬᠦ ᠲᠤᠬᠠᠶ ᠤᠰᠤᠨ ᠠᠰᠢᠭᠯᠠᠯᠲᠠ ᠵᠢᠨ ᠶᠠᠮᠤᠨ᠎ᠤ ᠰᠠᠨᠠᠯ
ᠪᠠᠷᠢᠯᠭ᠎ᠠ ᠵᠢᠨ ᠡᠨᠧᠷᠭᠢ ᠠᠷᠪᠢᠯᠠᠬᠤ ᠪᠠ ᠪᠣᠬᠢᠷᠳᠤᠯ ᠦᠭᠡᠢ ᠪᠠᠷᠢᠯᠭ᠎ᠠ ᠵᠢᠨ ᠬᠥᠭᠵᠢᠯᠲᠡ ᠵᠢ ᠴᠢᠩᠭ᠋ᠠᠳᠬᠠᠬᠤ ᠲᠤᠬᠠᠢ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠠᠯᠪᠠᠨ ᠲᠢᠩᠬᠢᠮ᠎ᠤᠨ ᠬᠡᠷᠡᠭᠵᠢᠭᠦᠯᠬᠦ ᠰᠠᠨᠠᠯ
ᠥᠪᠡᠷᠲᠡᠭᠡᠨ ᠵᠠᠰᠠᠬᠤ ᠣᠷᠣᠨ᠎ᠤ 《ᠢᠳᠡᠰᠢᠨ ᠨᠣᠭᠣᠭ᠎ᠠ》 ᠵᠢᠨ ᠬᠤᠲᠠ ᠵᠢᠨ ᠳᠠᠷᠤᠭ᠎ᠠ ᠵᠢᠨ ᠬᠠᠷᠢᠭᠤᠴᠠᠯᠭ᠎ᠠ ᠵᠢᠨ ᠳᠦᠷᠢᠮ᠎ᠤᠨ ᠰᠢᠯᠭ᠋ᠠᠨ ᠬᠢᠨᠠᠬᠤ ᠠᠷᠭ᠎ᠠ ᠵᠢ ᠳᠠᠷᠤᠮᠠᠯᠯᠠᠨ ᠶᠠᠪᠤᠭᠤᠯᠬᠤ ᠲᠤᠬᠠᠢ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠠᠯᠪᠠᠨ ᠲᠢᠩᠬᠢᠮ᠎ᠤᠨ ᠮᠡᠳᠡᠭᠳᠡᠯ
ᠥᠪᠡᠷᠲᠡᠭᠡᠨ ᠵᠠᠰᠠᠬᠤ ᠣᠷᠣᠨ᠎ᠤ ᠬᠠᠮᠤᠭ ᠳᠣᠣᠷ᠎ᠠ ᠴᠠᠯᠢᠩ᠎ᠤᠨ ᠪᠠᠷᠢᠮᠵᠢᠶ᠎ᠠ ᠬᠢᠭᠡᠳ ᠪᠦᠬᠦᠯᠢ ᠡᠳᠦᠷ᠎ᠤᠨ ᠪᠤᠰᠤ ᠳᠦᠷᠢᠮᠲᠦ ᠠᠵᠢᠯᠯᠠᠬᠤ ᠴᠠᠭ᠎ᠤᠨ ᠳᠣᠣᠷ᠎ᠠ ᠴᠠᠯᠢᠩ᠎ᠤᠨ ᠪᠠᠷᠢᠮᠵᠢᠶ᠎ᠠ᠎ᠳᠤ ᠲᠣᠬᠢᠷᠠᠭᠤᠯᠤᠯᠲᠠ ᠬᠢᠬᠦ ᠲᠤᠬᠠᠢ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠠᠯᠪᠠᠨ ᠲᠢᠩᠬᠢᠮ᠎ᠤᠨ ᠮᠡᠳᠡᠭᠳᠡᠯ
ᠨᠡᠶ᠋ᠢᠭᠡᠮ᠎ᠤᠨ ᠲᠡᠩᠬᠡᠷᠡᠭᠦᠯᠦᠨ ᠲᠤᠰᠠᠯᠠᠬᠤ ᠪᠠ ᠪᠠᠲᠤᠯᠠᠭ᠎ᠠ ᠵᠢᠨ ᠪᠠᠷᠢᠮᠵᠢᠶ᠎ᠠ᠎ᠪᠠᠨ ᠪᠠᠷᠠᠭ᠋ᠠᠨ᠎ᠤ ᠦᠨ᠎ᠡ ᠵᠢᠨ ᠥᠰᠥᠯᠲᠡ᠎ᠯᠦᠭᠡ ᠬᠤᠯᠪᠣᠵᠤ ᠬᠠᠮᠲᠤᠷᠠᠨ ᠬᠦᠳᠡᠯᠦᠯᠴᠡᠬᠦ ᠲᠣᠭᠲᠠᠴᠠ ᠵᠢ ᠤᠯᠠᠮ ᠨᠢᠭᠡ ᠠᠯᠬᠤᠮ ᠲᠡᠭᠦᠯᠳᠡᠷᠵᠢᠭᠦᠯᠬᠦ ᠲᠤᠬᠠᠶ ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠠᠯᠪᠠᠨ ᠲᠢᠩᠬᠢᠮ᠎ᠤᠨ ᠮᠡᠳᠡᠭᠳᠡᠯ
 
            