ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠠᠯᠪᠠᠨ ᠲᠢᠩᠬᠢᠮ᠎ᠤᠨ ᠪᠢᠴᠢᠭ ᠮᠠᠲ᠋ᠧᠷᠢᠶᠠᠯ
ᠥᠪᠥᠷ ᠵᠠᠰᠠᠭ ᠠᠯᠪᠠᠨ ᠲᠠᠷᠬᠠᠭ᠋ᠠᠭᠰᠠᠨ [2021] 21 ᠳ᠋ᠦ᠍ᠭᠡᠷ ᠲᠣᠭ᠋ᠠᠲᠤ
ᠪᠠᠷᠢᠯᠭ᠎ᠠ ᠵᠢᠨ ᠡᠨᠧᠷᠭᠢ ᠠᠷᠪᠢᠯᠠᠬᠤ ᠪᠠ ᠪᠣᠬᠢᠷᠳᠤᠯ ᠦᠭᠡᠢ ᠪᠠᠷᠢᠯᠭ᠎ᠠ ᠵᠢᠨ ᠬᠥᠭᠵᠢᠯᠲᠡ ᠵᠢ ᠴᠢᠩᠭ᠋ᠠᠳᠬᠠᠬᠤ ᠲᠤᠬᠠᠢ ᠥᠪᠥᠷ
ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣ᠋ᠨᠤ ᠠ᠋ᠯᠪᠠᠨ ᠲᠢᠩᠬᠢᠮ᠎ᠤᠨ ᠬᠡᠷᠡᠭᠵᠢᠭᠦᠯᠬᠦ ᠰᠠᠨᠠᠯ
ᠡᠯ᠎ᠡ ᠠᠢ᠌ᠮᠠᠭ᠎ᠤᠨ ᠵᠠᠬᠢᠷᠭ᠎ᠠ᠂ ᠬᠤᠲᠠ ᠵᠢᠨ ᠠᠷᠠᠳ᠎ᠤᠨ ᠵᠠᠰᠠᠭ᠎ᠤᠨ ᠣᠷᠳᠣᠨ᠂ ᠥᠪᠡᠷᠲᠡᠭᠡᠨ ᠵᠠᠰᠠᠬᠤ ᠣᠷᠣᠨ᠎ᠤ ᠡᠯ᠎ᠡ ᠵᠥᠪᠯᠡᠯ᠂ ᠠᠯᠪᠠᠨ ᠭᠡᠷ᠂ ᠲᠢᠩᠬᠢᠮ᠂
ᠲᠣᠪᠴᠢᠶ᠎ᠠ᠂ ᠡᠯ᠎ᠡ ᠲᠣᠮᠣ ᠠᠵᠤ ᠠᠬᠤᠢ᠌ᠯᠠᠯ᠂ ᠠᠵᠢᠯ ᠦᠢ᠍ᠯᠡᠰ᠎ᠤᠨ ᠨᠢᠭᠡᠴᠢ᠎ᠳᠤ᠄
《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠬᠡᠷᠡᠭᠴᠡᠭᠡᠨ᠎ᠤ ᠪᠠᠷᠢᠯᠭ᠎ᠠ ᠵᠢᠨ ᠡᠨᠧᠷᠭᠢ ᠠᠷᠪᠢᠯᠠᠬᠤ ᠪᠠ ᠪᠣᠬᠢᠷᠳᠤᠯ ᠦᠭᠡᠢ ᠪᠠᠷᠢᠯᠭ᠎ᠠ ᠵᠢᠨ ᠬᠥᠭᠵᠢᠯᠲᠡ ᠵᠢᠨ ᠳᠦᠷᠢᠮ》᠎ᠢ ᠲᠤᠭᠤᠰᠢᠯᠠᠭᠤᠯᠤᠨ ᠬᠡᠷᠡᠭᠵᠢᠭᠦᠯᠵᠦ᠂ ᠪᠥᠬᠦ ᠣᠷᠣᠨ᠎ᠤ ᠪᠠᠷᠢᠯᠭ᠎ᠠ ᠵᠢᠨ ᠡᠨᠧᠷᠭᠢ ᠠᠷᠪᠢᠯᠠᠬᠤ ᠬᠠᠮᠢᠶᠠᠷᠤᠯᠲᠠ ᠵᠢ ᠤᠯᠠᠮ ᠨᠢᠭᠡ ᠠᠯᠬᠤᠮ ᠴᠢᠩᠭ᠋ᠠᠳᠬᠠᠨ᠂ ᠪᠣᠬᠢᠷᠳᠤᠯ ᠦᠭᠡᠢ ᠪᠠᠷᠢᠯᠭ᠎ᠠ ᠵᠢᠨ ᠴᠢᠨᠠᠷ ᠰᠠᠢ᠌ᠲᠠᠢ ᠬᠥᠭᠵᠢᠯᠲᠡ ᠵᠢ ᠠᠬᠢᠭᠤᠯᠬᠤ ᠵᠢᠨ ᠲᠤᠰᠠᠳᠠ᠂ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ ᠵᠶ᠋ᠠᠷ ᠵᠥᠪᠰᠢᠶᠡᠷᠡᠭᠦᠯᠦᠭᠡᠳ᠂ ᠡᠳᠦᠭᠡ ᠳᠤᠤᠷᠠᠬᠢ ᠮᠡᠲᠦ ᠰᠠᠨᠠᠯ᠎ᠢ ᠳᠤᠷᠠᠳᠪᠠ᠃
ᠨᠢᠭᠡ᠂ ᠶᠡᠷᠦᠩᠬᠡᠢ ᠱᠠᠭ᠋ᠠᠷᠳᠠᠯᠭ᠎ᠠ
(ᠨᠢᠭᠡ) ᠵᠢᠯᠤᠭᠣᠳᠬᠤ ᠦᠵᠡᠯ ᠰᠠᠨᠠᠭ᠎ᠠ᠃ ᠰᠢ ᠵᠢᠨ ᠫᠢᠩ᠎ᠤᠨ ᠰᠢᠨ᠎ᠡ ᠴᠠᠭ ᠦᠶ᠎ᠡ ᠵᠢᠨ ᠳᠤᠮᠳᠠᠳᠤ ᠤᠯᠤᠰ᠎ᠤᠨ ᠣᠨᠴᠠᠯᠢᠭ᠎ᠲᠠᠢ ᠨᠡᠢ᠌ᠭᠡᠮ ᠵᠢᠷᠤᠮ᠎ᠤᠨ ᠦᠵᠡᠯ ᠰᠠᠨᠠᠭ᠎ᠠ᠎ᠪᠠᠷ ᠵᠢᠯᠣᠭᠣᠳᠤᠯᠭ᠎ᠠ ᠪᠣᠯᠭ᠋ᠠᠨ᠂ ᠨᠠᠮ᠎ᠤᠨ ᠠᠷᠪᠠ ᠶᠢᠰᠦᠳᠦᠭᠡᠷ ᠶᠡᠬᠡ ᠬᠤᠷᠠᠯ ᠪᠠ ᠠᠷᠪᠠ ᠶᠢᠰᠦᠳᠦᠭᠡᠷ ᠬᠤᠭᠤᠴᠠᠭ᠋ᠠᠨ᠎ᠤ ᠲᠥᠪ ᠬᠣᠷᠢᠶᠠᠨ᠎ᠤ ᠬᠣᠶᠠᠳᠤᠭ᠋ᠠᠷ᠂ ᠭᠤᠷᠪᠠᠳᠤᠭ᠋ᠠᠷ᠂ ᠳᠥᠷᠪᠡᠳᠦᠭᠡᠷ᠂ ᠲᠠᠪᠤᠳᠤᠭ᠋ᠠᠷ ᠪᠦᠬᠦᠳᠠ ᠬᠤᠷᠠᠯ᠎ᠤᠨ ᠵᠣᠷᠢᠭ ᠰᠠᠨᠠᠭ᠎ᠠ ᠵᠢ ᠪᠥᠬᠦ ᠲᠠᠯ᠎ᠠ᠎ᠪᠠᠷ ᠲᠤᠭᠤᠰᠢᠯᠠᠭᠤᠯᠵᠤ᠂ ᠶᠡᠷᠦᠩᠬᠡᠢ ᠱᠦᠵᠢ ᠰᠢ ᠵᠢᠨ ᠫᠢᠩ᠎ᠤᠨ ᠥᠪᠥᠷ ᠮᠣᠩᠭᠣᠯ᠎ᠤᠨ ᠲᠤᠬᠠᠢ ᠴᠢᠬᠤᠯᠠ ᠶᠠᠷᠢᠶ᠎ᠠ ᠴᠢᠬᠤᠯᠠ ᠵᠢᠭ᠋ᠠᠪᠤᠷᠢ ᠴᠣᠬᠣᠯᠠᠪᠤᠷᠢ ᠵᠢᠨ ᠵᠣᠷᠢᠭ ᠰᠠᠨᠠᠭ᠎ᠠ ᠵᠢ ᠬᠢᠨᠠᠮᠠᠭ᠋ᠠᠢ ᠨᠠᠢ᠌ᠳᠠᠪᠤᠷᠢᠵᠢᠭᠤᠯᠤᠨ᠂ ᠪᠣᠬᠢᠷᠳᠤᠯ ᠦᠭᠡᠢ᠎ᠪᠠᠷ᠂ ᠨᠡᠭᠦᠷᠡᠰᠦᠲᠥ᠋ᠷᠥᠭᠴᠢ ᠪᠠᠭ᠋ᠠᠲᠠᠢ ᠪᠠ ᠦᠷᠭᠦᠯᠵᠢᠯᠡᠬᠦ ᠬᠥᠭᠵᠢᠯᠲᠡ᠎ᠪᠠᠷ ᠭᠣᠣᠯ ᠱᠤᠭᠤᠮ ᠪᠣᠯᠭ᠋ᠠᠵᠤ᠂ ᠲᠥᠷᠥ ᠵᠢᠨ ᠪᠣᠳᠣᠯᠭ᠎ᠠ ᠵᠢᠨ ᠲᠣᠭᠲᠠᠯᠴᠠᠭ᠎ᠠ ᠵᠢ ᠲᠡᠭᠦᠯᠳᠡᠷᠵᠢᠭᠦᠯᠬᠦ᠂ ᠵᠠᠬ᠎ᠠ ᠳᠡᠯᠭᠡᠭᠦᠷ᠎ᠤᠨ ᠠᠵᠢᠯᠯᠠᠭ᠎ᠠ ᠵᠢ ᠵᠢᠷᠤᠮᠵᠢᠭᠤᠯᠬᠤ᠂ ᠮᠡᠷᠭᠡᠵᠢᠯ ᠵᠶ᠋ᠠᠷ ᠲᠤᠯᠭ᠋ᠠᠭᠤᠷᠢᠯᠠᠬᠤ ᠵᠢ ᠴᠢᠩᠭ᠋ᠠᠳᠬᠠᠬᠤ᠎ᠪᠠᠷ ᠠᠷᠭ᠎ᠠ ᠪᠠᠷᠢᠯ ᠪᠣᠯᠭ᠋ᠠᠨ᠂ ᠪᠠᠷᠢᠯᠭ᠎ᠠ ᠵᠢᠨ ᠡᠨᠧᠷᠭᠢ ᠠᠷᠪᠢᠯᠠᠬᠤ ᠪᠠ ᠪᠣᠬᠢᠷᠳᠤᠯ ᠦᠭᠡᠢ ᠪᠠᠷᠢᠯᠭ᠎ᠠ ᠵᠢᠨ ᠬᠥᠭᠵᠢᠯᠲᠡ ᠵᠢᠨ ᠬᠠᠷᠠᠯᠲᠠ ᠵᠢ ᠪᠦᠬᠦ ᠲᠠᠯ᠎ᠠ᠎ᠪᠠᠷ ᠨᠠᠢ᠌ᠳᠠᠪᠤᠷᠢᠵᠢᠭᠤᠯᠵᠤ᠂ ᠪᠦᠬᠦ ᠣᠷᠣᠨ᠎ᠤ ᠣᠷᠣᠨ ᠰᠠᠭᠤᠴᠠ ᠪᠠ ᠬᠤᠲᠠ ᠬᠥᠳᠡᠭᠡ ᠵᠢᠨ ᠪᠦᠲᠦᠭᠡᠨ ᠪᠠᠢ᠌ᠭᠤᠯᠤᠯᠲᠠ ᠵᠢᠨ ᠬᠦᠷᠢᠶᠡᠨ᠎ᠤ ᠡᠨᠧᠷᠭᠢ ᠵᠢᠨ ᠬᠣᠷᠣᠭᠳᠠᠯ᠎ᠳᠤ 《ᠬᠣᠶᠠᠷ᠎ᠢ ᠬᠢᠵᠠᠭ᠋ᠠᠷᠯᠠᠬᠤ》 ᠠᠵᠢᠯ᠎ᠢ ᠤᠯᠠᠮ ᠨᠢᠭᠡ ᠠᠯᠬᠤᠮ ᠰᠠᠢ᠌ᠲᠤᠷ ᠬᠢᠵᠦ᠂ ᠡᠬᠢ ᠪᠠᠶᠠᠯᠢᠭ ᠡᠨᠧᠷᠭᠢ ᠵᠢᠨ ᠬᠣᠷᠣᠭᠳᠠᠯ᠎ᠢ ᠪᠠᠭ᠋ᠠᠰᠬᠠᠨ᠂ ᠣᠷᠣᠰᠢᠨ ᠰᠠᠭᠤᠬᠤ ᠣᠷᠴᠢᠨ ᠲᠣᠭᠣᠷᠢᠨ᠎ᠤ ᠴᠢᠨᠠᠷ ᠴᠢᠨᠰᠠᠭ᠎ᠠ ᠵᠢ ᠳᠡᠭᠡᠭᠰᠢᠯᠡᠭᠦᠯᠵᠦ᠂ ᠥᠪᠡᠷᠲᠡᠭᠡᠨ ᠵᠠᠰᠠᠬᠤ ᠣᠷᠣᠨ᠎ᠤ ᠠᠮᠢ ᠠᠬᠤᠢ ᠵᠢᠨ ᠪᠣᠯᠪᠠᠰᠤᠨ᠎ᠤ ᠪᠠᠢ᠌ᠭᠤᠯᠤᠯᠲᠠ᠎ᠳᠤ ᠬᠦᠴᠦᠲᠡᠢ ᠲᠤᠯᠭ᠋ᠠᠭᠤᠷᠢᠯᠠᠯ ᠬᠠᠩᠭ᠋ᠠᠨ᠎ᠠ᠃
(ᠬᠣᠶᠠᠷ) ᠦᠨᠳᠦᠰᠦᠨ ᠵᠠᠷᠴᠢᠮ
--- ᠬᠠᠤᠯᠢ ᠶᠣᠰᠣᠭ᠋ᠠᠷ ᠠᠬᠢᠭᠤᠯᠵᠤ᠂ ᠵᠢᠷᠤᠮᠵᠢᠭᠤᠯᠤᠨ ᠬᠠᠮᠢᠶᠠᠷᠤᠨ᠎ᠠ᠃ 《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ
ᠬᠡᠷᠡᠭᠴᠡᠭᠡᠨ᠎ᠤ ᠪᠠᠷᠢᠯᠭ᠎ᠠ ᠵᠢᠨ ᠡᠨᠧᠷᠭᠢ ᠠᠷᠪᠢᠯᠠᠬᠤ ᠪᠠ ᠪᠣᠬᠢᠷᠳᠤᠯ ᠦᠭᠡᠢ ᠪᠠᠷᠢᠯᠭ᠎ᠠ ᠵᠢᠨ ᠬᠥᠭᠵᠢᠯᠲᠡ ᠵᠢᠨ ᠳᠦᠷᠢᠮ》᠎ᠤᠨ ᠱᠠᠭ᠋ᠠᠷᠳᠠᠯᠭ᠎ᠠ ᠶᠣᠰᠣᠭ᠋ᠠᠷ᠂ ᠲᠥᠷᠥ ᠵᠢᠨ ᠪᠣᠳᠣᠯᠭ᠎ᠠ ᠵᠢᠨ ᠲᠣᠭᠲᠠᠯᠴᠠᠭ᠎ᠠ᠂ ᠬᠠᠮᠢᠶᠠᠷᠤᠯᠲᠠ ᠵᠢᠨ ᠲᠣᠭᠲᠠᠯᠴᠠᠭ᠎ᠠ᠂ ᠮᠡᠷᠭᠡᠵᠢᠯ᠎ᠤᠨ ᠲᠣᠭᠲᠠᠯᠴᠠᠭ᠎ᠠ ᠵᠢ ᠪᠦᠷᠢᠨᠰᠢᠭᠦᠯᠵᠦ᠂ ᠡᠯ᠎ᠡ ᠰᠠᠯᠠᠭ᠎ᠠ ᠮᠥᠴᠢᠷ᠎ᠤᠨ ᠵᠣᠬᠢᠴᠠᠭᠤᠯᠤᠨ ᠠᠬᠢᠭᠤᠯᠬᠤ ᠲᠣᠭᠲᠠᠴᠠ ᠵᠢ ᠪᠠᠳᠠᠷᠠᠭᠤᠯᠤᠨ᠂ ᠪᠠᠷᠢᠯᠭ᠎ᠠ ᠵᠢᠨ ᠡᠨᠧᠷᠭᠢ ᠠᠷᠪᠢᠯᠠᠬᠤ ᠪᠠ ᠪᠣᠬᠢᠷᠳᠤᠯ ᠦᠭᠡᠢ ᠪᠠᠷᠢᠯᠭ᠎ᠠ ᠵᠢ ᠰᠢᠨᠵᠢᠯᠡᠬᠦ ᠤᠬᠠᠭ᠋ᠠᠨᠴᠢ᠎ᠪᠠᠷ ᠬᠠᠮᠢᠶᠠᠷᠬᠤ ᠬᠢᠷᠢ ᠲᠦᠪᠰᠢᠨ᠎ᠢ᠎ᠨᠢ ᠳᠡᠭᠡᠭᠰᠢᠯᠡᠭᠦᠯᠦᠨ᠎ᠡ᠃
--- ᠭᠣᠣᠯᠳᠠᠯᠭ᠎ᠠ᠎ᠪᠠᠨ ᠲᠣᠪᠤᠶ᠋ᠢᠯᠭ᠋ᠠᠵᠤ᠂ ᠪᠦᠬᠦ ᠲᠠᠯ᠎ᠠ᠎ᠪᠠᠷ ᠠᠬᠢᠭᠤᠯᠤᠨ᠎ᠠ᠃ ᠪᠣᠬᠢᠷᠳᠤᠯ ᠦᠭᠡᠢ ᠪᠠᠷᠢᠯᠭ᠎ᠠ ᠵᠢ ᠬᠥᠭᠵᠢᠭᠦᠯᠬᠦ᠎ᠪᠠᠷ ᠭᠣᠣᠯ ᠱᠤᠭᠤᠮ ᠪᠣᠯᠭ᠋ᠠᠨ᠂ ᠪᠠᠷᠢᠯᠭ᠎ᠠ ᠵᠢᠨ ᠡᠨᠧᠷᠭᠢ ᠵᠢᠨ ᠠᠰᠢᠭᠯᠠᠮᠵᠢ ᠵᠢ ᠳᠡᠭᠡᠭᠰᠢᠯᠡᠭᠦᠯᠬᠦ᠂ ᠪᠣᠬᠢᠷᠳᠤᠯ ᠦᠭᠡᠢ ᠪᠠᠷᠢᠯᠭ᠎ᠠ ᠵᠢᠨ ᠮᠠᠲ᠋ᠧᠷᠢᠶᠠᠯ᠎ᠢ ᠳᠡᠯᠭᠡᠷᠡᠭᠦᠯᠬᠦ᠂ ᠤᠭᠰᠠᠷᠠᠮᠠᠯ ᠬᠡᠯᠪᠡᠷᠢ ᠪᠦᠬᠦᠢ ᠪᠠᠷᠢᠯᠭ᠎ᠠ ᠵᠢ ᠬᠥᠭᠵᠢᠭᠦᠯᠬᠦ᠂ ᠣᠳᠣ ᠵᠢᠨ ᠪᠠᠢ᠌ᠭ᠎ᠠ ᠪᠠᠷᠢᠯᠭ᠎ᠠ ᠵᠢᠨ ᠡᠨᠧᠷᠭᠢ ᠠᠷᠪᠢᠯᠠᠬᠤ ᠵᠢ ᠥᠭᠡᠷᠡᠴᠢᠯᠡᠨ ᠰᠠᠢ᠌ᠵᠢᠷᠠᠭᠤᠯᠬᠤ᠂ ᠳᠠᠬᠢᠨ ᠡᠭᠦᠰᠴᠦ ᠪᠣᠯᠬᠤ ᠡᠨᠧᠷᠭᠢ ᠵᠢ ᠬᠡᠷᠡᠭᠯᠡᠬᠦ᠂ ᠪᠠᠷᠢᠯᠭ᠎ᠠ ᠵᠢᠨ ᠳᠤᠯᠠᠭ᠋ᠠᠨ ᠪᠠᠢ᠌ᠯᠭ᠋ᠠᠬᠤ ᠵᠢ ᠪᠠᠲᠤᠯᠠᠬᠤ ᠪᠦᠲᠦᠴᠡ ᠵᠢ ᠨᠢᠭᠡ ᠴᠣᠭᠴᠠᠵᠢᠭᠤᠯᠤᠨ ᠬᠡᠷᠡᠭᠯᠡᠬᠦ᠂ ᠢᠳᠡᠪᠬᠢ ᠪᠤᠰᠤ ᠬᠡᠯᠪᠡᠷᠢ ᠪᠦᠬᠦᠢ ᠬᠡᠳᠦ ᠪᠠᠭ᠎ᠠ ᠡᠨᠧᠷᠭᠢ ᠵᠢᠨ ᠬᠣᠷᠣᠭᠳᠠᠯ᠎ᠲᠠᠢ ᠪᠠᠷᠢᠯᠭ᠎ᠠ ᠵᠢ ᠬᠥᠭᠵᠢᠭᠦᠯᠬᠦ ᠪᠠ ᠪᠣᠬᠢᠷᠳᠤᠯ ᠦᠭᠡᠢ᠎ᠪᠠᠷ ᠪᠠᠷᠢᠯᠭ᠎ᠠ ᠪᠠᠷᠢᠬᠤ ᠵᠡᠷᠭᠡ ᠠᠵᠢᠯ᠎ᠢ ᠭᠣᠣᠯᠳᠠᠯᠭ᠎ᠠ᠎ᠲᠠᠢ ᠰᠠᠢ᠌ᠲᠤᠷ ᠠᠳᠬᠤᠨ᠎ᠠ᠃
--- ᠭᠠᠵᠠᠷ ᠣᠷᠣᠨ᠎ᠤ ᠪᠠᠢ᠌ᠳᠠᠯᠳᠤᠨᠢ ᠲᠣᠬᠢᠷᠠᠭᠤᠯᠤᠨ᠂ ᠲᠥᠷᠥᠯ ᠬᠤᠪᠢᠶᠠᠵᠤ ᠵᠢᠭ᠋ᠠᠨ ᠵᠢᠯᠣᠭᠣᠳᠤᠨ᠎ᠠ᠃ ᠥᠪᠡᠷᠲᠡᠭᠡᠨ ᠵᠠᠰᠠᠬᠤ ᠣᠷᠣᠨ᠎ᠤ ᠠᠵᠤ ᠠᠬᠤᠢ ᠨᠡᠢ᠌ᠭᠡᠮ᠎ᠤᠨ ᠬᠥᠭᠵᠢᠯᠲᠡ ᠵᠢᠨ ᠲᠦᠪᠰᠢᠨ᠂ ᠡᠬᠢ ᠪᠠᠶᠠᠯᠢᠭ ᠠᠭᠤᠷ ᠠᠮᠢᠰᠬᠤᠯ᠎ᠤᠨ ᠨᠥᠬᠥᠴᠡᠯ ᠪᠠ ᠦᠢ᠍ᠯᠡᠳᠪᠦᠷᠢᠯᠡᠯ ᠠᠮᠢᠳᠤᠷᠠᠯ᠎ᠤᠨ ᠠᠷᠭ᠎ᠠ ᠮᠠᠶᠢᠭᠲᠠᠢ ᠤᠶᠠᠯᠳᠤᠭᠤᠯᠤᠨ᠂ ᠪᠠᠷᠢᠯᠭ᠎ᠠ ᠵᠢᠨ ᠡᠨᠧᠷᠭᠢ ᠠᠷᠪᠢᠯᠠᠬᠤ ᠪᠠ ᠪᠣᠬᠢᠷᠳᠤᠯ ᠦᠭᠡᠢ ᠪᠠᠷᠢᠯᠭ᠎ᠠ ᠵᠢ ᠬᠥᠭᠵᠢᠭᠦᠯᠬᠦ ᠬᠠᠷᠠᠯᠲᠠ ᠪᠣᠯᠣᠨ ᠠᠷᠭ᠎ᠠ ᠪᠣᠳᠣᠯᠭ᠎ᠠ ᠵᠢ ᠡᠮᠬᠢ ᠵᠢᠷᠤᠮ᠎ᠲᠠᠢ ᠨᠠᠢ᠌ᠳᠠᠪᠤᠷᠢᠵᠢᠭᠤᠯᠵᠤ᠂ ᠠᠷᠠᠳ ᠣᠯᠠᠨ᠎ᠤ ᠣᠷᠣᠰᠢᠨ ᠰᠠᠭᠤᠬᠤ ᠰᠠᠢ᠌ᠨ ᠰᠠᠢ᠌ᠬᠠᠨ ᠣᠷᠴᠢᠨ ᠲᠣᠭᠣᠷᠢᠨ᠎ᠤ ᠬᠡᠷᠡᠭᠴᠡᠭᠡ ᠵᠢ ᠬᠠᠩᠭ᠋ᠠᠨ᠎ᠠ᠃
--- ᠮᠡᠷᠭᠡᠵᠢᠯ ᠵᠶ᠋ᠠᠷ ᠬᠥᠲᠥᠯᠥᠨ ᠳᠠᠭ᠋ᠠᠭᠤᠯᠵᠤ᠂ ᠰᠢᠨ᠎ᠡ ᠵᠢ ᠡᠭᠦᠳᠬᠦ᠎ᠪᠠᠷ ᠬᠥᠳᠡᠯᠭᠡᠭᠦᠷ ᠪᠣᠯᠭ᠋ᠠᠨ᠎ᠠ᠃ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠰᠢᠨ᠎ᠡ ᠵᠢ ᠡᠭᠦᠳᠬᠦ ᠴᠢᠳᠠᠪᠤᠷᠢ ᠵᠢ ᠳᠡᠭᠡᠭᠰᠢᠯᠡᠭᠦᠯᠵᠦ᠂ 《ᠳᠥᠷᠪᠡᠨ ᠰᠢᠨ᠎ᠡ ᠮᠡᠷᠭᠡᠵᠢᠯ》 (ᠰᠢᠨ᠎ᠡ ᠮᠡᠷᠭᠡᠵᠢᠯ᠂ ᠰᠢᠨ᠎ᠡ ᠤᠷᠠᠯᠠᠯ᠂ ᠰᠢᠨ᠎ᠡ ᠮᠠᠲ᠋ᠧᠷᠢᠶᠠᠯ᠂ ᠰᠢᠨ᠎ᠡ ᠦᠢ᠍ᠯᠡᠳᠬᠦᠨ) ᠤᠨ ᠬᠡᠷᠡᠭᠯᠡᠭᠡᠨ᠎ᠢ ᠠᠬᠢᠭᠤᠯᠤᠨ᠂ ᠬᠣᠴᠤᠷᠤᠩᠭᠤᠢ ᠮᠡᠷᠭᠡᠵᠢᠯ ᠪᠠ ᠦᠢ᠍ᠯᠡᠳᠬᠦᠨ᠎ᠢ ᠲᠦᠷᠭᠡᠳᠬᠡᠨ ᠰᠢᠭᠰᠢᠭᠳᠡᠭᠦᠯᠵᠦ᠂ ᠪᠥᠬᠦ ᠣᠷᠣᠨ᠎ᠤ ᠣᠷᠣᠨ ᠰᠠᠭᠤᠴᠠ ᠪᠠ ᠬᠤᠲᠠ ᠬᠥᠳᠡᠭᠡ ᠵᠢᠨ ᠪᠦᠲᠦᠭᠡᠨ ᠪᠠᠢ᠌ᠭᠤᠯᠤᠯᠲᠠ ᠵᠢᠨ ᠬᠦᠷᠢᠶᠡᠨ᠎ᠤ ᠡᠨᠧᠷᠭᠢ ᠵᠢᠨ ᠬᠣᠷᠣᠭᠳᠠᠯ᠎ᠤᠨ 《ᠬᠣᠶᠠᠷ᠎ᠢ ᠬᠢᠵᠠᠭ᠋ᠠᠷᠯᠠᠬᠤ》 ᠬᠠᠷᠠᠯᠲᠠ ᠵᠢ ᠪᠡᠶᠡᠯᠡᠭᠦᠯᠦᠨ᠎ᠡ᠃
(ᠭᠤᠷᠪᠠ) ᠭᠣᠣᠯ ᠬᠠᠷᠠᠯᠲᠠ᠃ 2022 ᠣᠨ᠎ᠳᠤ᠂ ᠪᠥᠬᠦ ᠣᠷᠣᠨ᠎ᠤ ᠬᠤᠲᠠ ᠪᠠᠯᠭ᠋ᠠᠰᠤᠨ᠎ᠤ ᠰᠢᠨ᠎ᠡ᠎ᠪᠠᠷ ᠪᠠᠢ᠌ᠭᠤᠯᠤᠭᠳᠠᠭᠰᠠᠨ ᠪᠠᠷᠢᠯᠭ᠎ᠠ᠎ᠳᠠᠬᠢ ᠪᠣᠬᠢᠷᠳᠤᠯ ᠦᠭᠡᠢ ᠪᠠᠷᠢᠯᠭ᠎ᠠ ᠵᠢᠨ ᠡᠵᠡᠯᠡᠬᠦ ᠬᠠᠷᠢᠴᠠᠯ᠎ᠢ 60% ᠪᠣᠯᠭ᠋ᠠᠨ᠎ᠠ; ᠤᠭᠰᠠᠷᠠᠮᠠᠯ ᠬᠡᠯᠪᠡᠷᠢ ᠪᠦᠬᠦᠢ ᠪᠠᠷᠢᠯᠭ᠎ᠠ ᠵᠢᠨ ᠡᠵᠡᠯᠡᠬᠦ ᠬᠠᠷᠢᠴᠠᠯ᠎ᠢ 15% ᠪᠣᠯᠭ᠋ᠠᠬᠤ᠎ᠪᠠᠷ ᠴᠢᠷᠮᠠᠢ᠌ᠨ᠎ᠠ; ᠡᠯ᠎ᠡ ᠠᠢ᠌ᠮᠠᠭ ᠬᠤᠲᠠ᠎ᠨᠢ ᠢᠳᠡᠪᠬᠢ ᠪᠤᠰᠤ ᠬᠡᠯᠪᠡᠷᠢ ᠪᠦᠬᠦᠢ ᠬᠡᠲᠦ ᠪᠠᠭ᠎ᠠ ᠡᠨᠧᠷᠭᠢ ᠵᠢᠨ ᠬᠣᠷᠣᠭᠳᠠᠯ᠎ᠲᠠᠢ ᠪᠠᠷᠢᠯᠭ᠎ᠠ ᠵᠢᠨ ᠲᠤᠷᠰᠢᠯᠲᠠ ᠵᠢᠨ ᠴᠡᠭ᠎ᠤᠨ ᠠᠵᠢᠯ᠎ᠢ ᠥᠷᠨᠢᠭᠦᠯᠬᠦ ᠬᠡᠷᠡᠭᠲᠡᠢ; ᠣᠳᠣ ᠵᠢᠨ ᠪᠠᠢ᠌ᠭ᠎ᠠ ᠣᠷᠣᠨ ᠰᠠᠭᠤᠴᠠ ᠵᠢᠨ ᠪᠠᠷᠢᠯᠭ᠎ᠠ ᠵᠢᠨ ᠡᠨᠧᠷᠭᠢ ᠠᠷᠪᠢᠯᠠᠬᠤ ᠵᠢ ᠥᠭᠡᠷᠡᠴᠢᠯᠡᠨ ᠰᠠᠢ᠌ᠵᠢᠷᠠᠭᠤᠯᠬᠤ ᠠᠵᠢᠯ᠎ᠢ 500 ᠲᠦᠮᠡᠨ ᠲᠡᠭᠰᠢ ᠳᠥᠷᠪᠡᠯᠵᠢᠨ ᠮᠧᠲᠷ ᠪᠡᠶᠡᠯᠡᠭᠦᠯᠵᠦ᠂ ᠪᠣᠬᠢᠷᠳᠤᠯ ᠦᠭᠡᠢ ᠪᠠᠷᠢᠯᠭ᠎ᠠ ᠵᠢᠨ ᠮᠠᠲ᠋ᠧᠷᠢᠶᠠᠯ ᠬᠡᠷᠡᠭᠯᠡᠬᠦ ᠲᠠᠯᠠᠪᠠᠶ ᠵᠢ 700 ᠲᠦᠮᠡᠨ ᠲᠡᠭᠰᠢ ᠳᠥᠷᠪᠡᠯᠵᠢᠨ ᠮᠧᠲᠷ ᠪᠣᠯᠭ᠋ᠠᠨ᠎ᠠ; ᠰᠢᠨ᠎ᠡ᠎ᠪᠠᠷ ᠪᠠᠢ᠌ᠭᠤᠯᠤᠭᠳᠠᠭᠰᠠᠨ ᠪᠠᠷᠢᠯᠭ᠎ᠠ᠎ᠳᠠᠬᠢ ᠪᠠᠷᠢᠯᠭ᠎ᠠ ᠵᠢᠨ ᠳᠤᠯᠠᠭ᠋ᠠᠨ ᠪᠠᠢ᠌ᠯᠭ᠋ᠠᠬᠤ ᠵᠢ ᠪᠠᠲᠤᠯᠠᠬᠤ ᠪᠦᠲᠦᠴᠡ ᠵᠢᠨ ᠨᠢᠭᠡ ᠴᠣᠭᠴᠠᠵᠢᠭᠤᠯᠤᠭᠰᠠᠨ ᠲᠥᠷᠥᠯ ᠵᠦᠢ᠍ᠯ᠎ᠤᠨ ᠡᠵᠡᠯᠡᠬᠦ ᠬᠠᠷᠢᠴᠠᠯ᠎ᠢ 10% ᠪᠣᠯᠭ᠋ᠠᠨ᠎ᠠ; ᠠᠷᠠᠳ᠎ᠤᠨ ᠬᠡᠷᠡᠭᠴᠡᠭᠡᠨ᠎ᠤ ᠪᠠᠷᠢᠯᠭ᠎ᠠ᠎ᠳᠤ ᠬᠡᠷᠡᠭᠯᠡᠬᠦ ᠳᠠᠬᠢᠨ ᠡᠭᠦᠰᠴᠦ ᠪᠣᠯᠬᠤ ᠡᠨᠧᠷᠭᠢ ᠵᠢᠨ ᠬᠠᠷᠢᠴᠠᠯ᠎ᠢ 10% ᠪᠣᠯᠭ᠋ᠠᠨ᠎ᠠ᠃ 2025 ᠣᠨ ᠪᠣᠯᠬᠤ᠎ᠳᠤ᠂ ᠪᠥᠬᠦ ᠣᠷᠣᠨ᠎ᠤ ᠬᠤᠲᠠ ᠪᠠᠯᠭ᠋ᠠᠰᠤᠨ᠎ᠤ ᠰᠢᠨ᠎ᠡ᠎ᠪᠠᠷ ᠪᠠᠶ᠋ᠢᠭᠤᠯᠬᠤ ᠪᠠᠷᠢᠯᠭ᠎ᠠ᠎ᠳᠤ ᠪᠣᠬᠢᠷᠳᠤᠯ ᠦᠭᠡᠢ ᠪᠠᠷᠢᠯᠭ᠎ᠠ ᠵᠢᠨ ᠪᠠᠷᠢᠮᠵᠢᠶ᠎ᠠ ᠵᠢ ᠪᠥᠬᠦ ᠲᠠᠯ᠎ᠠ᠎ᠪᠠᠷ ᠬᠡᠷᠡᠭᠵᠢᠭᠦᠯᠵᠦ᠂ ᠪᠣᠬᠢᠷᠳᠤᠯ ᠦᠭᠡᠢ ᠠᠮᠢ ᠠᠬᠤᠢ ᠵᠢᠨ ᠬᠤᠲᠠ ᠲᠣᠭᠣᠷᠢᠭ ᠪᠠ ᠪᠣᠬᠢᠷᠳᠤᠯ ᠦᠭᠡᠢ
ᠠᠮᠢ ᠠᠬᠤᠢ ᠵᠢᠨ ᠰᠠᠭᠤᠭ᠋ᠠᠯᠢ ᠲᠣᠭᠣᠷᠢᠭ᠎ᠤᠨ ᠪᠦᠲᠦᠭᠡᠨ ᠪᠠᠢ᠌ᠭᠤᠯᠤᠯᠲᠠ ᠵᠢ ᠲᠠᠰᠤᠷᠠᠯᠲᠠ ᠦᠭᠡᠢ ᠠᠬᠢᠭᠤᠯᠤᠨ᠂ ᠰᠢᠨ᠎ᠡ᠎ᠪᠠᠷ ᠪᠠᠢ᠌ᠭᠤᠯᠤᠭᠳᠠᠭᠰᠠᠨ ᠪᠠᠷᠢᠯᠭ᠎ᠠ᠎ᠳᠠᠬᠢ ᠣᠳᠣᠨ ᠲᠠᠰ᠎ᠲᠠᠢ ᠪᠣᠬᠢᠷᠳᠤᠯ ᠦᠭᠡᠢ ᠪᠠᠷᠢᠯᠭ᠎ᠠ ᠵᠢᠨ ᠡᠵᠡᠯᠡᠬᠦ ᠬᠠᠷᠢᠴᠠᠯ᠎ᠢ 30%᠎ᠠᠴᠠ ᠳᠠᠪᠠᠭᠤᠯᠤᠨ᠎ᠠ; ᠤᠭᠰᠠᠷᠠᠮᠠᠯ ᠬᠡᠯᠪᠡᠷᠢ ᠪᠦᠬᠦᠢ ᠪᠠᠷᠢᠯᠭ᠎ᠠ ᠵᠢᠨ ᠲᠠᠯᠠᠪᠠᠢ ᠪᠦᠷᠢ᠎ᠳᠠᠬᠢ ᠡᠵᠡᠯᠡᠬᠦ ᠬᠠᠷᠢᠴᠠᠯ᠎ᠢ 30% ᠪᠣᠯᠭ᠋ᠠᠬᠤ᠎ᠪᠠᠷ ᠴᠢᠷᠮᠠᠢ᠌ᠨ᠎ᠠ; ᠣᠳᠣ ᠵᠢᠨ ᠪᠠᠢ᠌ᠭ᠎ᠠ ᠣᠷᠣᠨ ᠰᠠᠭᠤᠴᠠ ᠵᠢᠨ ᠪᠠᠷᠢᠯᠭ᠎ᠠ ᠵᠢᠨ ᠡᠨᠧᠷᠭᠢ ᠠᠷᠪᠢᠯᠠᠬᠤ᠎ᠳᠤ 1000 ᠲᠦᠮᠡᠨ ᠲᠡᠭᠰᠢ ᠳᠥᠷᠪᠡᠯᠵᠢᠨ ᠮᠧᠲᠷ ᠥᠭᠡᠷᠡᠴᠢᠯᠡᠨ ᠰᠠᠢ᠌ᠵᠢᠷᠠᠭᠤᠯᠵᠤ᠂ ᠣᠯᠠᠨ ᠨᠡᠶ᠋ᠢᠲᠡ ᠵᠢᠨ ᠪᠠᠷᠢᠯᠭ᠎ᠠ ᠵᠢᠨ ᠡᠨᠧᠷᠭᠢ ᠵᠢᠨ ᠠᠰᠢᠭᠯᠠᠮᠵᠢ᠎ᠪᠠᠨ ᠳᠡᠭᠡᠭᠰᠢᠯᠡᠭᠦᠯᠬᠦ ᠵᠢ ᠲᠠᠰᠤᠷᠠᠯᠲᠠ ᠦᠭᠡᠢ ᠭᠦᠨᠵᠡᠭᠡᠢ᠌ᠷᠡᠭᠦᠯᠦᠨ᠎ᠡ; ᠪᠣᠬᠢᠷᠳᠤᠯ ᠦᠭᠡᠢ ᠪᠠᠷᠢᠯᠭ᠎ᠠ ᠵᠢᠨ ᠮᠠᠲ᠋ᠧᠷᠢᠶᠠᠯ᠎ᠢ ᠳᠡᠯᠭᠡᠷᠡᠭᠦᠯᠬᠦ ᠲᠠᠯᠠᠪᠠᠶ᠎ᠪᠠᠨ 1000 ᠲᠦᠮᠡᠨ ᠲᠡᠭᠰᠢ ᠳᠥᠷᠪᠡᠯᠵᠢᠨ ᠮᠧᠲᠷ᠎ᠲᠤ ᠬᠦᠷᠭᠡᠵᠦ᠂ ᠪᠠᠷᠢᠯᠭ᠎ᠠ ᠵᠢᠨ ᠳᠤᠯᠠᠭ᠋ᠠᠨ ᠪᠠᠢ᠌ᠯᠭ᠋ᠠᠬᠤ ᠵᠢ ᠪᠠᠲᠤᠯᠠᠬᠤ ᠪᠦᠲᠦᠴᠡ ᠵᠢ ᠨᠢᠭᠡ ᠴᠣᠭᠴᠠᠵᠢᠭᠤᠯᠤᠭᠰᠠᠨ ᠲᠥᠷᠥᠯ ᠵᠦᠢ᠍ᠯ᠎ᠤᠨ ᠡᠵᠡᠯᠡᠬᠦ ᠬᠠᠷᠢᠴᠠᠯ᠎ᠢ᠎ᠨᠢ 30%᠎ᠠᠴᠠ ᠳᠡᠭᠡᠭᠰᠢ ᠪᠣᠯᠭ᠋ᠠᠨ᠂ ᠠᠷᠠᠳ᠎ᠤᠨ ᠬᠡᠷᠡᠭᠴᠡᠭᠡᠨ᠎ᠤ ᠪᠠᠷᠢᠯᠭ᠎ᠠ᠎ᠳᠤ ᠳᠠᠬᠢᠨ ᠡᠭᠦᠰᠴᠦ ᠪᠣᠯᠬᠤ ᠡᠨᠧᠷᠭᠢ ᠵᠢᠨ ᠬᠡᠷᠡᠭᠯᠡᠬᠦ ᠬᠠᠷᠢᠴᠠᠯ᠎ᠢ 30% ᠪᠣᠯᠭ᠋ᠠᠨ᠎ᠠ᠃
ᠬᠣᠶᠠᠷ᠂ ᠭᠣᠣᠯᠳᠠᠯᠭ᠎ᠠ᠎ᠲᠠᠢ ᠡᠭᠦᠷᠭᠡ
(ᠨᠢᠭᠡ) ᠰᠢᠨ᠎ᠡ᠎ᠪᠠᠷ ᠪᠠᠶ᠋ᠢᠭᠤᠯᠬᠤ ᠪᠠᠷᠢᠯᠭ᠎ᠠ ᠵᠢᠨ ᠡᠨᠧᠷᠭᠢ ᠵᠢᠨ ᠠᠰᠢᠭᠯᠠᠮᠵᠢ ᠵᠢ ᠳᠡᠭᠡᠭᠰᠢᠯᠡᠭᠦᠯᠬᠦ᠎ᠪᠠᠨ ᠴᠢᠩᠭ᠋ᠠᠳᠬᠠᠨ᠎ᠠ᠃
1 . ᠪᠠᠷᠢᠯᠭ᠎ᠠ ᠵᠢᠨ ᠡᠨᠧᠷᠭᠢ ᠠᠷᠪᠢᠯᠠᠬᠤ ᠠᠯᠪᠠᠳᠠᠯᠭ᠎ᠠ ᠵᠢᠨ ᠴᠢᠨᠠᠷᠲᠠᠢ ᠪᠠᠷᠢᠮᠵᠢᠶ᠎ᠠ ᠵᠢ ᠴᠢᠩᠭ᠎ᠠ ᠬᠡᠷᠡᠭᠵᠢᠭᠦᠯᠦᠨ᠎ᠡ᠃ ᠬᠤᠲᠠ ᠪᠠᠯᠭ᠋ᠠᠰᠤᠨ᠎ᠤ ᠰᠢᠨ᠎ᠡ᠎ᠪᠠᠷ ᠪᠠᠶ᠋ᠢᠭᠤᠯᠬᠤ ᠪᠠᠷᠢᠯᠭ᠎ᠠ᠎ᠳᠤ 《ᠣᠷᠣᠨ ᠰᠠᠭᠤᠴᠠ ᠵᠢᠨ ᠪᠠᠷᠢᠯᠭ᠎ᠠ ᠵᠢᠨ ᠡᠨᠧᠷᠭᠢ ᠠᠷᠪᠢᠯᠠᠬᠤ ᠵᠢᠷᠤᠭ ᠲᠥᠯᠥᠪᠯᠡᠭᠡ ᠵᠢᠨ ᠪᠠᠷᠢᠮᠵᠢᠶ᠎ᠠ》 (DBJ03-35-2019) ᠪᠠ 《ᠣᠯᠠᠨ ᠨᠡᠶ᠋ᠢᠲᠡ ᠵᠢᠨ ᠪᠠᠷᠢᠯᠭ᠎ᠠ ᠵᠢᠨ ᠡᠨᠧᠷᠭᠢ ᠠᠷᠪᠢᠯᠠᠬᠤ ᠵᠢᠷᠤᠭ ᠲᠥᠯᠥᠪᠯᠡᠭᠡ ᠵᠢᠨ ᠪᠠᠷᠢᠮᠵᠢᠶ᠎ᠠ》 (DBJ03-27-2017) ᠵᠢ ᠪᠦᠬᠦ ᠲᠠᠯ᠎ᠠ᠎ᠪᠠᠷ ᠬᠡᠷᠡᠭᠵᠢᠭᠦᠯᠵᠦ᠂ ᠪᠠᠷᠢᠯᠭ᠎ᠠ ᠵᠢᠨ ᠡᠭᠦᠳᠡ ᠴᠣᠩᠬᠣ᠂ ᠭᠠᠳᠠᠷ ᠬᠡᠷᠡᠮ᠎ᠤᠨ ᠳᠤᠯᠠᠭ᠋ᠠᠨ ᠪᠠᠢ᠌ᠯᠭ᠋ᠠᠬᠤ ᠵᠢ ᠪᠠᠲᠤᠯᠠᠬᠤ ᠵᠡᠷᠭᠡ ᠵᠠᠩᠭᠢᠯᠠᠭ᠎ᠠ ᠵᠢᠨ ᠬᠡᠰᠡᠭ ᠪᠣᠯᠬᠤ ᠤᠭᠰᠠᠷᠠᠮᠠᠯ ᠪᠡᠯᠡᠨ ᠦᠢ᠍ᠯᠡᠳᠬᠦᠨ᠎ᠤ ᠡᠨᠧᠷᠭᠢ ᠠᠷᠪᠢᠯᠠᠬᠤ ᠴᠢᠳᠠᠮᠵᠢ ᠵᠢ ᠭᠣᠣᠯᠳᠠᠯᠭ᠎ᠠ᠎ᠲᠠᠢ ᠳᠡᠭᠡᠭᠰᠢᠯᠡᠭᠦᠯᠦᠨ᠂ ᠵᠢᠷᠤᠭ ᠲᠥᠯᠥᠪᠯᠡᠭᠡ᠂ ᠵᠢᠷᠤᠭ ᠬᠢᠨᠠᠬᠤ᠂ ᠪᠠᠷᠢᠯᠭ᠎ᠠ ᠪᠠᠷᠢᠬᠤ᠂ ᠪᠠᠢ᠌ᠴᠠᠭ᠋ᠠᠨ ᠰᠢᠯᠭ᠋ᠠᠬᠤ᠂ ᠬᠢᠨᠠᠨ ᠬᠠᠮᠢᠶᠠᠷᠬᠤ᠂ ᠪᠠᠷᠢᠯᠭ᠎ᠠ ᠳᠠᠭᠤᠰᠤᠭᠰᠠᠨ᠎ᠢ ᠰᠢᠯᠭ᠋ᠠᠨ ᠠᠪᠬᠤ ᠵᠡᠷᠭᠡ ᠭᠣᠭᠴᠣᠭ᠋ᠠᠨ᠎ᠳᠠᠬᠢ ᠡᠨᠧᠷᠭᠢ ᠠᠷᠪᠢᠯᠠᠬᠤ ᠶᠠᠰᠤ ᠴᠢᠨᠠᠷ᠎ᠤᠨ ᠬᠠᠮᠢᠶᠠᠷᠤᠯᠲᠠ ᠵᠢ ᠴᠢᠩᠭ᠋ᠠᠳᠬᠠᠵᠤ᠂ ᠨᠡᠩ ᠥᠨᠳᠥᠷ ᠪᠠᠷᠢᠮᠵᠢᠶ᠎ᠠ᠎ᠪᠠᠷ ᠱᠠᠭ᠋ᠠᠷᠳᠠᠵᠤ ᠡᠨᠧᠷᠭᠢ ᠵᠢᠨ ᠬᠣᠷᠣᠭᠳᠠᠯ ᠪᠠᠷᠤᠭ ᠯᠡ ᠦᠭᠡᠢ᠂ ᠡᠨᠧᠷᠭᠢ ᠵᠢᠨ ᠬᠣᠷᠣᠭᠳᠠᠯ ᠥᠴᠥᠬᠡᠨ ᠴᠦ᠍ ᠦᠭᠡᠢ ᠪᠠᠷᠢᠯᠭ᠎ᠠ ᠵᠢᠨ ᠪᠠᠷᠢᠮᠵᠢᠶ᠎ᠠ ᠵᠢ ᠬᠡᠷᠡᠭᠵᠢᠭᠦᠯᠬᠦ ᠵᠢ᠎ᠨᠢ ᠵᠣᠷᠢᠭᠵᠢᠭᠤᠯᠤᠨ᠎ᠠ᠃ (ᠥᠪᠡᠷᠲᠡᠭᠡᠨ ᠵᠠᠰᠠᠬᠤ ᠣᠷᠣᠨ᠎ᠤ ᠣᠷᠣᠨ ᠰᠠᠭᠤᠴᠠ ᠪᠠ ᠬᠤᠲᠠ ᠬᠥᠳᠡᠭᠡ ᠵᠢᠨ ᠪᠦᠲᠦᠭᠡᠨ ᠪᠠᠢ᠌ᠭᠤᠯᠤᠯᠲᠠ ᠵᠢᠨ ᠲᠢᠩᠬᠢᠮ᠂ ᠡᠯ᠎ᠡ ᠠᠢ᠌ᠮᠠᠭ᠎ᠤᠨ ᠵᠠᠬᠢᠷᠭ᠎ᠠ᠂ ᠬᠤᠲᠠ ᠵᠢᠨ ᠠᠷᠠᠳ᠎ᠤᠨ ᠵᠠᠰᠠᠭ᠎ᠤᠨ ᠣᠷᠳᠣᠨ ᠬᠠᠷᠢᠭᠤᠴᠠᠨ᠎ᠠ᠃ ᠳᠣᠷᠣᠭᠰᠢ ᠴᠥᠮ ᠡᠯ᠎ᠡ ᠠᠢ᠌ᠮᠠᠭ᠎ᠤᠨ ᠵᠠᠬᠢᠷᠭ᠎ᠠ᠂ ᠬᠤᠲᠠ ᠵᠢᠨ ᠠᠷᠠᠳ᠎ᠤᠨ ᠵᠠᠰᠠᠭ᠎ᠤᠨ ᠣᠷᠳᠣᠨ ᠬᠠᠷᠢᠭᠤᠴᠠᠬᠤ ᠴᠢᠬᠤᠯᠠᠲᠠᠢ ᠪᠣᠯᠬᠣᠷ ᠳᠠᠭᠢᠵᠤ ᠵᠢᠭᠰᠠᠭ᠋ᠠᠵᠤ ᠲᠣᠳᠣᠷᠬᠠᠢ᠌ᠯᠠᠬᠤ ᠦᠭᠡᠢ)
2 . ᠢᠳᠡᠪᠬᠢ ᠪᠤᠰᠤ ᠬᠡᠯᠪᠡᠷᠢ ᠪᠦᠬᠦᠢ ᠬᠡᠲᠦ ᠪᠠᠭ᠎ᠠ ᠡᠨᠧᠷᠭᠢ ᠵᠢᠨ ᠬᠣᠷᠣᠭᠳᠠᠯ᠎ᠲᠠᠢ ᠪᠠᠷᠢᠯᠭ᠎ᠠ ᠵᠢᠨ ᠬᠥᠭᠵᠢᠯᠲᠡ ᠵᠢ ᠯᠠᠪᠳᠠᠭᠤᠨ ᠵᠶ᠋ᠠᠷ ᠠᠬᠢᠭᠤᠯᠤᠨ᠎ᠠ᠃ ᠢᠳᠡᠪᠬᠢ ᠪᠤᠰᠤ ᠬᠡᠯᠪᠡᠷᠢ ᠪᠦᠬᠦᠢ ᠬᠡᠲᠦ ᠪᠠᠭ᠎ᠠ ᠡᠨᠧᠷᠭᠢ ᠵᠢᠨ ᠬᠣᠷᠣᠭᠳᠠᠯ᠂ ᠡᠨᠧᠷᠭᠢ ᠵᠢᠨ ᠬᠣᠷᠣᠭᠳᠠᠯ ᠪᠠᠷᠤᠭ ᠯᠡ ᠦᠭᠡᠢ ᠬᠠᠮᠢᠶ᠎ᠠ ᠪᠦᠬᠦᠢ ᠵᠢᠷᠤᠭ ᠲᠥᠯᠥᠪᠯᠡᠭᠡ᠂ ᠮᠠᠲ᠋ᠧᠷᠢᠶᠠᠯ᠎ᠤᠨ ᠬᠡᠷᠡᠭᠯᠡᠭᠡᠨ᠎ᠤ ᠮᠡᠷᠭᠡᠵᠢᠯ᠎ᠤᠨ ᠵᠦᠭᠯᠡᠭᠦᠷ ᠪᠠ ᠪᠠᠷᠢᠯᠭ᠎ᠠ ᠪᠠᠷᠢᠬᠤ ᠮᠡᠷᠭᠡᠵᠢᠯ᠎ᠤᠨ ᠳᠦᠷᠢᠮᠯᠡᠯ᠎ᠢ ᠨᠠᠢ᠌ᠷᠠᠭᠤᠯᠤᠨ ᠵᠣᠬᠢᠶᠠᠵᠤ᠂ ᠮᠡᠷᠭᠡᠵᠢᠯ᠎ᠤᠨ ᠪᠠᠷᠢᠮᠵᠢᠶ᠎ᠠ ᠵᠢᠨ ᠲᠣᠭᠲᠠᠯᠴᠠᠭ᠎ᠠ ᠵᠢ ᠲᠡᠭᠦᠯᠳᠡᠷᠵᠢᠭᠦᠯᠦᠨ᠎ᠡ᠃ ᠢᠳᠡᠪᠬᠢ ᠪᠤᠰᠤ ᠬᠡᠯᠪᠡᠷᠢ ᠪᠦᠬᠦᠢ ᠬᠡᠳᠦ ᠪᠠᠭ᠎ᠠ ᠡᠨᠧᠷᠭᠢ ᠵᠢᠨ ᠬᠣᠷᠣᠭᠳᠠᠯ᠂ ᠡᠨᠧᠷᠭᠢ ᠵᠢᠨ ᠬᠣᠷᠣᠭᠳᠠᠯ ᠪᠠᠷᠤᠭ ᠯᠡ ᠦᠭᠡᠢ ᠮᠡᠷᠭᠡᠵᠢᠯ᠎ᠤᠨ ᠰᠤᠳᠤᠯᠤᠯ ᠪᠠ ᠬᠤᠷᠠᠭᠤᠯᠵᠤ ᠰᠢᠨ᠎ᠡ ᠵᠢ ᠡᠭᠦᠳᠬᠦ ᠵᠢ ᠰᠠᠢ᠌ᠲᠤᠷ ᠬᠢᠵᠦ᠂ ᠠᠵᠤ ᠦᠢ᠍ᠯᠡᠰ᠎ᠤᠨ ᠬᠠᠩᠭ᠋ᠠᠯᠭ᠎ᠠ ᠪᠠ ᠮᠡᠷᠭᠡᠵᠢᠯ᠎ᠤᠨ ᠬᠢᠷᠢ ᠲᠦᠪᠰᠢᠨ᠎ᠢ ᠳᠡᠭᠡᠭᠰᠢᠯᠡᠭᠦᠯᠦᠨ᠎ᠡ᠃ ᠢᠳᠡᠪᠬᠢ ᠪᠤᠰᠤ ᠬᠡᠯᠪᠡᠷᠢ ᠪᠦᠬᠦᠢ ᠬᠡᠲᠦ ᠪᠠᠭ᠎ᠠ ᠡᠨᠧᠷᠭᠢ ᠵᠢᠨ ᠬᠣᠷᠣᠭᠳᠠᠯ᠎ᠲᠠᠢ ᠪᠠᠷᠢᠯᠭ᠎ᠠ᠂ ᠡᠨᠧᠷᠭᠢ ᠵᠢᠨ ᠬᠣᠷᠣᠭᠳᠠᠯ ᠪᠠᠷᠤᠭ ᠯᠡ ᠦᠭᠡᠢ ᠪᠠᠷᠢᠯᠭ᠎ᠠ ᠵᠢᠨ ᠲᠤᠷᠰᠢᠯᠲᠠ ᠵᠢᠨ ᠴᠡᠭ᠎ᠤᠨ ᠵᠢᠱ᠌ᠢᠶ᠎ᠡ ᠦᠵᠡᠭᠦᠯᠬᠦ ᠠᠵᠢᠯ᠎ᠢ ᠥᠷᠨᠢᠭᠦᠯᠵᠦ᠂ ᠢᠳᠡᠪᠬᠢ ᠪᠤᠰᠤ ᠬᠡᠯᠪᠡᠷᠢ ᠪᠦᠬᠦᠢ ᠬᠡᠲᠦ ᠪᠠᠭ᠎ᠠ ᠡᠨᠧᠷᠭᠢ ᠵᠢᠨ ᠬᠣᠷᠣᠭᠳᠠᠯ᠎ᠲᠠᠢ᠂ ᠡᠨᠧᠷᠭᠢ ᠵᠢᠨ ᠬᠣᠷᠣᠭᠳᠠᠯ ᠪᠠᠷᠤᠭ ᠯᠡ ᠦᠭᠡᠢ ᠪᠠᠷᠢᠯᠭ᠎ᠠ ᠵᠢᠨ ᠬᠥᠭᠵᠢᠯᠲᠡ ᠵᠢ ᠲᠠᠰᠤᠷᠠᠯᠲᠠ ᠦᠭᠡᠢ ᠠᠬᠢᠭᠤᠯᠤᠨ᠎ᠠ᠃ (ᠥᠪᠡᠷᠲᠡᠭᠡᠨ ᠵᠠᠰᠠᠬᠤ ᠣᠷᠣᠨ᠎ᠤ ᠣᠷᠣᠨ ᠰᠠᠭᠤᠴᠠ ᠪᠠ ᠬᠤᠲᠠ ᠬᠥᠳᠡᠭᠡ ᠵᠢᠨ ᠪᠦᠲᠦᠭᠡᠨ ᠪᠠᠢ᠌ᠭᠤᠯᠤᠯᠲᠠ ᠵᠢᠨ ᠲᠢᠩᠬᠢᠮ᠂ ᠬᠥᠭᠵᠢᠭᠦᠯᠦᠯᠲᠡ ᠪᠠ ᠥᠭᠡᠷᠡᠴᠢᠯᠡᠯᠲᠡ ᠵᠢᠨ ᠵᠥᠪᠯᠡᠯ᠂ ᠪᠠᠢ᠌ᠭ᠋ᠠᠯᠢ ᠵᠢᠨ ᠡᠬᠢ ᠪᠠᠶᠠᠯᠢᠭ᠎ᠤᠨ ᠲᠢᠩᠬᠢᠮ ᠬᠠᠷᠢᠭᠤᠴᠠᠨ᠎ᠠ)
3 . ᠪᠠᠷᠢᠯᠭ᠎ᠠ ᠵᠢᠨ ᠡᠨᠧᠷᠭᠢ ᠠᠷᠪᠢᠯᠠᠬᠤ ᠬᠢᠨᠠᠯᠲᠠ ᠬᠠᠮᠢᠶᠠᠷᠤᠯᠲᠠ ᠵᠢᠨ ᠲᠣᠭᠲᠠᠯᠴᠠᠭ᠎ᠠ ᠵᠢ ᠪᠦᠷᠢᠨᠰᠢᠭᠦᠯᠦᠨ᠎ᠡ᠃ ᠡᠨᠧᠷᠭᠢ ᠵᠢᠨ ᠠᠰᠢᠭᠯᠠᠮᠵᠢ ᠵᠢ ᠰᠢᠯᠭ᠋ᠠᠨ ᠲᠣᠭᠲᠠᠭ᠋ᠠᠬᠤ ᠬᠠᠮᠢᠶᠠᠷᠤᠯᠲᠠ ᠵᠢᠨ ᠳᠦᠷᠢᠮ᠎ᠢ ᠲᠡᠭᠦᠯᠳᠡᠷᠵᠢᠭᠦᠯᠵᠦ᠂ ᠡᠨᠧᠷᠭᠢ ᠵᠢᠨ ᠠᠰᠢᠭᠯᠠᠮᠵᠢ ᠵᠢ ᠰᠢᠯᠭ᠋ᠠᠨ ᠲᠣᠭᠲᠠᠭ᠋ᠠᠬᠤ ᠪᠠᠢ᠌ᠭᠤᠯᠤᠮᠵᠢ ᠵᠢᠨ ᠴᠢᠳᠠᠪᠤᠷᠢ ᠵᠢᠨ ᠪᠠᠢ᠌ᠭᠤᠯᠤᠯᠲᠠ ᠵᠢ ᠴᠢᠩᠭ᠋ᠠᠳᠬᠠᠨ᠂ ᠢᠯᠡᠳᠬᠡᠬᠦ ᠲᠡᠮᠳᠡᠭ᠎ᠤᠨ ᠮᠡᠳᠡᠭᠡ ᠵᠠᠩᠭᠢ ᠵᠢ ᠢᠯᠡ ᠪᠣᠯᠭ᠋ᠠᠬᠤ᠎ᠪᠠᠨ ᠠᠬᠢᠭᠤᠯᠤᠨ᠎ᠠ᠃ ᠣᠯᠠᠨ ᠨᠡᠶ᠋ᠢᠲᠡ ᠵᠢᠨ ᠪᠠᠷᠢᠯᠭ᠎ᠠ ᠵᠢᠨ ᠡᠨᠧᠷᠭᠢ ᠵᠢᠨ ᠠᠰᠢᠭᠯᠠᠮᠵᠢ ᠵᠢᠨ ᠬᠠᠮᠢᠶᠠᠷᠤᠯᠲᠠ ᠵᠢ ᠴᠢᠩᠭ᠋ᠠᠷᠠᠭᠤᠯᠵᠤ᠂ ᠠᠯᠪᠠᠨ ᠪᠠᠢ᠌ᠭᠤᠯᠭ᠎ᠠ ᠵᠢᠨ ᠠᠯᠪᠠᠯᠠᠬᠤ ᠭᠠᠵᠠᠷ᠎ᠤᠨ ᠪᠠᠷᠢᠯᠭ᠎ᠠ ᠪᠠ ᠣᠯᠠᠨ ᠨᠡᠶ᠋ᠢᠲᠡ ᠵᠢᠨ ᠲᠣᠮᠣ ᠬᠡᠯᠪᠡᠷᠢ ᠵᠢᠨ ᠪᠠᠷᠢᠯᠭ᠎ᠠ᠎ᠳᠤ ᠡᠨᠧᠷᠭᠢ ᠠᠷᠪᠢᠯᠠᠬᠤ ᠵᠢ ᠬᠢᠨᠠᠨ ᠰᠢᠨᠵᠢᠬᠦ ᠰᠢᠰᠲ᠋ᠧᠮ ᠤᠭᠰᠠᠷᠠᠬᠤ ᠵᠢ ᠠᠬᠢᠭᠤᠯᠤᠨ᠎ᠠ᠂ ᠨᠥᠬᠥᠴᠡᠯ᠎ᠲᠠᠢ ᠭᠠᠵᠠᠷ ᠣᠷᠣᠨ᠎ᠨᠢ ᠣᠯᠠᠨ ᠨᠡᠶ᠋ᠢᠲᠡ ᠵᠢᠨ ᠪᠤᠰᠤᠳ ᠪᠠᠷᠢᠯᠭ᠎ᠠ᠂ ᠣᠷᠣᠨ ᠰᠠᠭᠤᠴᠠ ᠵᠢᠨ ᠪᠠᠷᠢᠯᠭ᠎ᠠ ᠬᠦᠷᠲᠡᠯ᠎ᠡ ᠤᠭᠰᠠᠷᠠᠵᠤ᠂ ᠪᠠᠷᠢᠯᠭ᠎ᠠ ᠵᠢᠨ ᠡᠨᠧᠷᠭᠢ ᠬᠡᠷᠡᠭᠯᠡᠬᠦ ᠵᠢ ᠲᠥᠷᠥᠯ ᠬᠤᠪᠢᠶᠠᠬᠤ ᠪᠠ ᠵᠦᠢ᠍ᠯ ᠬᠤᠪᠢᠶᠠᠨ ᠬᠡᠮᠵᠢᠬᠦ ᠪᠣᠯᠭ᠋ᠠᠨ᠎ᠠ᠃ ᠣᠯᠠᠨ ᠨᠡᠶ᠋ᠢᠲᠡ ᠵᠢᠨ ᠪᠠᠷᠢᠯᠭ᠎ᠠ᠎ᠳᠠᠬᠢ ᠡᠨᠧᠷᠭᠢ ᠵᠣᠬᠢᠰᠲᠠᠢ ᠬᠡᠷᠡᠭᠯᠡᠬᠦ᠂ ᠡᠨᠧᠷᠭᠢ ᠵᠢᠨ ᠬᠣᠷᠣᠭᠳᠠᠯ᠎ᠢ ᠬᠢᠵᠠᠭ᠋ᠠᠷᠯᠠᠬᠤ᠂ ᠪᠠᠷᠢᠯᠭ᠎ᠠ ᠵᠢᠨ ᠲᠥᠷᠥᠯ ᠬᠤᠪᠢᠶᠠᠨ ᠡᠨᠧᠷᠭᠢ ᠬᠡᠷᠡᠭᠯᠡᠬᠦ ᠵᠢᠨ ᠵᠢᠱ᠌ᠢᠶᠡᠯᠡᠪᠦᠷᠢ ᠵᠡᠷᠭᠡ ᠳᠦᠷᠢᠮ᠎ᠢ ᠪᠠᠢ᠌ᠭᠤᠯᠤᠨ᠎ᠠ᠃ ᠡᠨᠧᠷᠭᠢ ᠵᠢᠨ ᠬᠣᠷᠣᠭᠳᠠᠯ᠎ᠢ ᠪᠦᠷᠢᠳᠬᠡᠬᠦ᠂ ᠡᠨᠧᠷᠭᠢ ᠵᠢ ᠬᠢᠨᠠᠨ
ᠪᠣᠳᠣᠬᠤ᠂ ᠡᠨᠧᠷᠭᠢ ᠵᠢᠨ ᠬᠣᠷᠣᠭᠳᠠᠯ᠎ᠢ ᠰᠦᠯᠵᠢᠶ᠎ᠡ᠎ᠪᠠᠷ ᠬᠢᠨᠠᠨ ᠰᠢᠨᠵᠢᠬᠦ᠂ ᠡᠨᠧᠷᠭᠢ ᠵᠢᠨ ᠠᠰᠢᠭᠯᠠᠮᠵᠢ ᠵᠢ ᠢᠯᠡ ᠨᠡᠢ᠌ᠲᠡᠯᠡᠬᠦ ᠵᠡᠷᠭᠡ ᠠᠵᠢᠯ ᠵᠶ᠋ᠠᠨ ᠠᠬᠢᠭᠤᠯᠵᠤ᠂ ᠪᠠᠷᠢᠯᠭ᠎ᠠ ᠵᠢᠨ ᠠᠵᠢᠯᠯᠠᠭ᠋ᠠᠨ᠎ᠤ ᠱᠠᠲᠤᠨ᠎ᠳᠠᠬᠢ ᠡᠨᠧᠷᠭᠢ ᠵᠢᠨ ᠠᠰᠢᠭᠯᠠᠮᠵᠢ ᠵᠢᠨ ᠬᠠᠮᠢᠶᠠᠷᠤᠯᠲᠠ ᠵᠢ ᠴᠢᠩᠭ᠋ᠠᠷᠠᠭᠤᠯᠤᠨ᠎ᠠ᠃ (ᠥᠪᠡᠷᠲᠡᠭᠡᠨ ᠵᠠᠰᠠᠬᠤ ᠣᠷᠣᠨ᠎ᠤ ᠬᠥᠭᠵᠢᠭᠦᠯᠦᠯᠲᠡ ᠪᠠ ᠥᠭᠡᠷᠡᠴᠢᠯᠡᠯᠲᠡ ᠵᠢᠨ ᠵᠥᠪᠯᠡᠯ᠂ ᠣᠷᠣᠨ ᠰᠠᠭᠤᠴᠠ ᠪᠠ ᠬᠤᠲᠠ ᠬᠥᠳᠡᠭᠡ ᠵᠢᠨ ᠪᠦᠲᠦᠭᠡᠨ ᠪᠠᠢ᠌ᠭᠤᠯᠤᠯᠲᠠ ᠵᠢᠨ ᠲᠢᠩᠬᠢᠮ᠂ ᠰᠤᠷᠭ᠋ᠠᠨ ᠬᠥᠮᠦᠵᠢᠯ᠎ᠤᠨ ᠲᠢᠩᠬᠢᠮ᠂ ᠡᠷᠡᠭᠦᠯ ᠬᠠᠮᠠᠭ᠋ᠠᠯᠠᠯ ᠡᠷᠡᠭᠦᠯ ᠮᠡᠨᠳᠦ ᠵᠢᠨ ᠵᠥᠪᠯᠡᠯ᠂ ᠬᠤᠳᠠᠯᠳᠤᠭ᠋ᠠᠨ᠎ᠤ ᠶᠠᠪᠤᠳᠠᠯ᠎ᠤᠨ ᠲᠢᠩᠬᠢᠮ᠂ ᠪᠠᠢ᠌ᠭᠤᠯᠭ᠎ᠠ ᠵᠢᠨ ᠶᠠᠪᠤᠳᠠᠯ᠎ᠤᠨ ᠬᠠᠮᠢᠶᠠᠷᠤᠯᠲᠠ ᠵᠢᠨ ᠲᠣᠪᠴᠢᠶ᠎ᠠ ᠬᠠᠷᠢᠭᠤᠴᠠᠨ᠎ᠠ)
4 . ᠮᠠᠯᠵᠢᠬᠤ ᠲᠠᠷᠢᠶᠠᠯᠠᠬᠤ ᠣᠷᠣᠨ᠎ᠤ ᠣᠷᠣᠨ ᠰᠠᠭᠤᠴᠠ ᠵᠢ ᠬᠥᠲᠥᠯᠥᠨ ᠵᠢᠯᠤᠭᠣᠳᠴᠤ ᠪᠠᠢ᠌ᠭ᠋ᠠᠳ ᠪᠠᠷᠢᠯᠭ᠎ᠠ ᠵᠢᠨ ᠡᠨᠧᠷᠭᠢ ᠠᠷᠪᠢᠯᠠᠬᠤ ᠪᠠᠷᠢᠮᠵᠢᠶ᠎ᠠ ᠵᠢ ᠬᠡᠷᠡᠭᠵᠢᠭᠦᠯᠦᠨ᠎ᠡ᠃ ᠵᠠᠰᠠᠭ᠎ᠤᠨ ᠣᠷᠳᠣᠨ᠎ᠠᠴᠠ ᠪᠡᠯᠡ ᠣᠷᠣᠭᠤᠯᠤᠭᠰᠠᠨ ᠮᠠᠯᠵᠢᠬᠤ ᠲᠠᠷᠢᠶᠠᠯᠠᠬᠤ ᠣᠷᠣᠨ᠎ᠤ ᠣᠯᠠᠨ ᠨᠡᠶ᠋ᠢᠲᠡ ᠵᠢᠨ ᠪᠠᠷᠢᠯᠭ᠎ᠠ᠂ ᠮᠠᠯᠵᠢᠬᠤ ᠲᠠᠷᠢᠶᠠᠯᠠᠬᠤ ᠣᠷᠣᠨ᠎ᠤ ᠡᠯ᠎ᠡ ᠲᠥᠷᠥᠯ᠎ᠤᠨ ᠭᠡᠷ ᠪᠠᠢ᠌ᠰᠢᠩ᠎ᠤᠨ ᠪᠦᠲᠦᠭᠡᠨ ᠪᠠᠢ᠌ᠭᠤᠯᠤᠯᠲᠠ ᠵᠢᠨ ᠵᠢᠱ᠌ᠢᠶ᠎ᠡ ᠦᠵᠡᠭᠦᠯᠬᠦ ᠲᠥᠷᠥᠯ ᠵᠦᠢ᠍ᠯ᠎ᠳᠤ ᠪᠣᠬᠢᠷᠳᠤᠯ ᠦᠭᠡᠢ ᠡᠨᠧᠷᠭᠢ ᠠᠷᠪᠢᠯᠠᠬᠤ ᠮᠡᠷᠭᠡᠵᠢᠯ᠎ᠢ ᠰᠣᠩᠭᠣᠨ ᠬᠡᠷᠡᠭᠯᠡᠬᠦ ᠵᠢ᠎ᠨᠢ ᠵᠣᠷᠢᠭᠵᠢᠭᠤᠯᠵᠤ᠂ ᠮᠠᠯᠵᠢᠬᠤ ᠲᠠᠷᠢᠶᠠᠯᠠᠬᠤ ᠣᠷᠣᠨ᠎ᠤ ᠣᠷᠣᠨ ᠰᠠᠭᠤᠴᠠ ᠵᠢᠨ ᠪᠠᠷᠢᠯᠭ᠎ᠠ ᠵᠢ 《ᠮᠠᠯᠵᠢᠬᠤ ᠲᠠᠷᠢᠶᠠᠯᠠᠬᠤ ᠣᠷᠣᠨ᠎ᠤ ᠣᠷᠣᠨ ᠰᠠᠭᠤᠴᠠ ᠵᠢᠨ ᠪᠠᠷᠢᠯᠭ᠎ᠠ ᠵᠢᠨ ᠡᠨᠧᠷᠭᠢ ᠠᠷᠪᠢᠯᠠᠬᠤ ᠵᠢᠷᠤᠭ ᠲᠥᠯᠥᠪᠯᠡᠭᠡ ᠵᠢᠨ ᠪᠠᠷᠢᠮᠵᠢᠶ᠎ᠠ》 (DBJ03-78-2017) ᠶᠣᠰᠣᠭ᠋ᠠᠷ ᠵᠢᠷᠤᠭᠯᠠᠨ ᠲᠥᠯᠥᠪᠯᠡᠬᠦ ᠪᠠ ᠪᠠᠶ᠋ᠢᠭᠤᠯᠬᠤ ᠵᠢ ᠠᠬᠢᠭᠤᠯᠤᠨ᠎ᠠ᠃ ᠬᠤᠳᠠ ᠬᠥᠳᠡᠭᠡ ᠵᠢᠨ ᠠᠭᠤᠯᠵᠠᠷ ᠬᠡᠰᠡᠭ᠎ᠲᠠᠬᠢ ᠤᠤᠯ᠎ᠤᠨ ᠪᠠᠢ᠌ᠭᠰᠠᠨ ᠪᠠᠷᠢᠯᠭ᠎ᠠ ᠵᠢᠨ ᠡᠨᠧᠷᠭᠢ ᠠᠷᠪᠢᠯᠠᠬᠤ ᠵᠢ ᠥᠭᠡᠷᠡᠴᠢᠯᠡᠨ ᠰᠠᠢ᠌ᠵᠢᠷᠠᠭᠤᠯᠬᠤ ᠪᠠ ᠰᠢᠨ᠎ᠡ᠎ᠪᠠᠷ ᠪᠠᠶ᠋ᠢᠭᠤᠯᠬᠤ ᠪᠠᠷᠢᠯᠭ᠎ᠠ ᠵᠢᠨ ᠡᠨᠧᠷᠭᠢ ᠵᠢᠨ ᠠᠰᠢᠭᠯᠠᠮᠵᠢ ᠵᠢ ᠳᠡᠭᠡᠭᠰᠢᠯᠡᠭᠦᠯᠬᠦ᠎ᠪᠠᠨ ᠴᠢᠩᠭ᠋ᠠᠳᠬᠠᠨ᠎ᠠ᠃
ᠲᠠᠷᠢᠶᠠᠴᠢᠨ᠎ᠤ ᠭᠡᠷ ᠪᠠᠢ᠌ᠰᠢᠩ᠎ᠤᠨ ᠪᠣᠬᠢᠷᠳᠤᠯ ᠦᠭᠡᠢ ᠪᠦᠲᠦᠭᠡᠨ ᠪᠠᠢ᠌ᠭᠤᠯᠤᠯᠲᠠ ᠵᠢ ᠥᠷᠨᠢᠭᠦᠯᠦᠨ᠎ᠡ᠃ ᠴᠡᠪᠡᠷ ᠳᠤᠯᠠᠭ᠋ᠠᠯᠠᠭ᠎ᠠ ᠵᠢ ᠳᠡᠯᠭᠡᠷᠡᠭᠦᠯᠵᠦ᠂ ᠮᠠᠯᠵᠢᠬᠤ ᠲᠠᠷᠢᠶᠠᠯᠠᠬᠤ ᠣᠷᠣᠨ᠎ᠤ ᠪᠠᠷᠢᠯᠭ᠎ᠠ ᠵᠢᠨ ᠡᠨᠧᠷᠭᠢ ᠬᠡᠷᠡᠭᠯᠡᠬᠦ ᠵᠢ ᠴᠡᠪᠡᠷᠰᠢᠭᠦᠯᠬᠦ᠂ ᠨᠡᠭᠦᠷᠡᠰᠦ ᠦᠭᠡᠢ ᠪᠣᠯᠭ᠋ᠠᠬᠤ ᠵᠢ᠎ᠨᠢ ᠬᠥᠲᠥᠯᠥᠨ ᠵᠢᠯᠤᠭᠣᠳᠴᠤ᠂ ᠣᠷᠣᠨ ᠰᠠᠭᠤᠴᠠ ᠵᠢᠨ ᠣᠷᠴᠢᠨ ᠨᠥᠬᠥᠴᠡᠯ᠎ᠢ ᠰᠠᠢ᠌ᠵᠢᠷᠠᠭᠤᠯᠤᠨ᠂ ᠡᠩ᠎ᠤᠨ ᠡᠨᠧᠷᠭᠢ ᠵᠢᠨ ᠬᠣᠷᠣᠭᠳᠠᠯ᠎ᠢ ᠪᠠᠭᠤᠷᠠᠭᠤᠯᠤᠨ᠎ᠠ᠃ (ᠥᠪᠡᠷᠲᠡᠭᠡᠨ ᠵᠠᠰᠠᠬᠤ ᠣᠷᠣᠨ᠎ᠤ ᠣᠷᠣᠨ ᠰᠠᠭᠤᠴᠠ ᠪᠠ ᠬᠤᠲᠠ ᠬᠥᠳᠡᠭᠡ ᠵᠢᠨ ᠪᠦᠲᠦᠭᠡᠨ ᠪᠠᠢ᠌ᠭᠤᠯᠤᠯᠲᠠ ᠵᠢᠨ ᠲᠢᠩᠬᠢᠮ᠂ ᠠᠮᠢ ᠠᠬᠤᠢ ᠣᠷᠴᠢᠨ ᠲᠣᠭᠣᠷᠢᠨ᠎ᠤ ᠲᠢᠩᠬᠢᠮ ᠬᠠᠷᠢᠭᠤᠴᠠᠨ᠎ᠠ)
(ᠬᠣᠶᠠᠷ) ᠪᠣᠬᠢᠷᠳᠤᠯ ᠦᠭᠡᠢ ᠪᠠᠷᠢᠯᠭ᠎ᠠ ᠵᠢᠨ ᠬᠡᠪᠴᠢᠶᠡᠵᠢᠨ ᠬᠥᠭᠵᠢᠬᠦ ᠵᠢ ᠠᠬᠢᠭᠤᠯᠤᠨ᠎ᠠ᠃
1 . ᠪᠣᠬᠢᠷᠳᠤᠯ ᠦᠭᠡᠢ ᠪᠠᠷᠢᠯᠭ᠎ᠠ ᠵᠢᠨ ᠪᠠᠷᠢᠮᠵᠢᠶ᠎ᠠ ᠵᠢ ᠬᠡᠷᠡᠭᠵᠢᠭᠦᠯᠬᠦ ᠬᠡᠪᠴᠢᠶ᠎ᠡ᠎ᠪᠠᠨ ᠥᠷᠭᠡᠳᠬᠡᠨ᠎ᠡ᠃ ᠪᠣᠬᠢᠷᠳᠤᠯ ᠦᠭᠡᠢ ᠪᠠᠷᠢᠯᠭ᠎ᠠ ᠵᠢ ᠠᠬᠢᠭᠤᠯᠬᠤ᠎ᠳᠤ ᠳᠠᠩ ᠴᠣᠭᠴᠠ᠂ ᠪᠦᠯᠬᠦᠮ᠎ᠲᠠᠢ ᠬᠥᠭᠵᠢᠵᠦ ᠪᠠᠢ᠌ᠭᠰᠠᠨ᠎ᠠᠴᠠ ᠰᠠᠭᠤᠭ᠋ᠠᠯᠢ ᠲᠣᠭᠣᠷᠢᠭ ᠲᠡᠢ᠌ᠰᠢ᠂ ᠣᠷᠣᠨ ᠪᠦᠰᠡ ᠲᠡᠢ᠌ᠰᠢ ᠬᠥᠭᠵᠢᠭᠦᠯᠬᠦ ᠪᠣᠯᠭ᠋ᠠᠵᠤ᠂ ᠪᠣᠬᠢᠷᠳᠤᠯ ᠦᠭᠡᠢ ᠠᠮᠢ ᠠᠬᠤᠢ ᠵᠢᠨ ᠰᠠᠭᠤᠭ᠋ᠠᠯᠢ ᠲᠣᠭᠣᠷᠢᠭ᠎ᠤᠨ ᠪᠦᠲᠦᠭᠡᠨ ᠪᠠᠢ᠌ᠭᠤᠯᠤᠯᠲᠠ ᠵᠢ ᠴᠢᠩᠭ᠋ᠠᠳᠬᠠᠨ᠂ ᠬᠥᠬᠡᠬᠤᠲᠠ᠂ ᠪᠤᠭᠤᠲᠤ ᠬᠤᠲᠠ ᠵᠢᠨ ᠰᠢᠨ᠎ᠡ᠎ᠪᠠᠷ ᠪᠠᠶ᠋ᠢᠭᠤᠯᠬᠤ ᠪᠠᠷᠢᠯᠭ᠎ᠠ᠎ᠳᠤ ᠪᠣᠬᠢᠷᠳᠤᠯ ᠦᠭᠡᠢ ᠪᠠᠷᠢᠯᠭ᠎ᠠ ᠵᠢᠨ ᠪᠠᠷᠢᠮᠵᠢᠶ᠎ᠠ ᠵᠢ ᠪᠦᠬᠦ ᠲᠠᠯ᠎ᠠ᠎ᠪᠠᠷ ᠬᠡᠷᠡᠭᠵᠢᠭᠦᠯᠵᠦ᠂ ᠪᠤᠰᠤᠳ ᠭᠠᠵᠠᠷ ᠣᠷᠣᠨ᠎ᠢ ᠵᠣᠷᠢᠭᠵᠢᠭᠤᠯᠤᠨ ᠪᠣᠬᠢᠷᠳᠤᠯ ᠦᠭᠡᠢ ᠪᠠᠷᠢᠯᠭ᠎ᠠ ᠵᠢᠨ ᠬᠡᠷᠡᠭᠵᠢᠭᠦᠯᠬᠦ ᠬᠡᠪᠴᠢᠶ᠎ᠡ ᠵᠢ ᠥᠷᠭᠡᠳᠬᠡᠨ᠎ᠡ᠃ ᠡᠯ᠎ᠡ ᠭᠠᠵᠠᠷ ᠣᠷᠣᠨ᠎ᠤ ᠪᠣᠬᠢᠷᠳᠤᠯ ᠦᠭᠡᠢ ᠠᠮᠢ ᠠᠬᠤᠢ ᠵᠢᠨ ᠬᠤᠲᠠ ᠲᠣᠭᠣᠷᠢᠭ᠎ᠤᠨ ᠬᠥᠭᠵᠢᠯᠲᠡ ᠵᠢᠨ ᠲᠥᠯᠦᠪᠵᠢᠭᠦᠯᠭᠡ ᠲᠣᠭᠲᠠᠭ᠋ᠠᠬᠤ ᠵᠢ ᠠᠬᠢᠭᠤᠯᠵᠤ᠂ ᠲᠥᠷᠥ ᠵᠢᠨ ᠪᠣᠳᠣᠯᠭ᠎ᠠ ᠵᠢᠨ ᠲᠣᠭᠲᠠᠯᠴᠠᠭ᠎ᠠ ᠵᠢ ᠲᠡᠭᠦᠯᠳᠡᠷᠵᠢᠭᠦᠯᠦᠨ᠂ ᠪᠠᠢ᠌ᠭᠤᠯᠤᠯ ᠲᠣᠭᠲᠠᠴᠠ᠎ᠳᠤ ᠰᠢᠨ᠎ᠡ ᠵᠢ ᠡᠭᠦᠳᠦᠨ᠂ ᠪᠣᠬᠢᠷᠳᠤᠯ ᠦᠭᠡᠢ ᠠᠮᠢ ᠠᠬᠤᠢ ᠵᠢᠨ ᠬᠤᠲᠠ ᠲᠣᠭᠣᠷᠢᠭ᠎ᠢ ᠢᠳᠡᠪᠬᠢᠲᠡᠢ ᠡᠭᠦᠳᠦᠨ ᠪᠠᠢ᠌ᠭᠤᠯᠤᠨ᠎ᠠ᠃ (ᠥᠪᠡᠷᠲᠡᠭᠡᠨ ᠵᠠᠰᠠᠬᠤ ᠣᠷᠣᠨ᠎ᠤ ᠣᠷᠣᠨ ᠰᠠᠭᠤᠴᠠ ᠪᠠ ᠬᠤᠲᠠ ᠬᠥᠳᠡᠭᠡ ᠵᠢᠨ ᠪᠦᠲᠦᠭᠡᠨ ᠪᠠᠢ᠌ᠭᠤᠯᠤᠯᠲᠠ ᠵᠢᠨ ᠲᠢᠩᠬᠢᠮ᠂ ᠬᠥᠭᠵᠢᠭᠦᠯᠦᠯᠲᠡ ᠪᠠ ᠥᠭᠡᠷᠡᠴᠢᠯᠡᠯᠲᠡ ᠵᠢᠨ ᠵᠥᠪᠯᠡᠯ᠂ ᠪᠠᠢ᠌ᠭ᠋ᠠᠯᠢ ᠵᠢᠨ ᠡᠬᠢ ᠪᠠᠶᠠᠯᠢᠭ᠎ᠤᠨ ᠲᠢᠩᠬᠢᠮ᠂ ᠠᠮᠢ ᠠᠬᠤᠢ ᠣᠷᠴᠢᠨ ᠲᠣᠭᠣᠷᠢᠨ᠎ᠤ ᠲᠢᠩᠬᠢᠮ᠂ ᠵᠠᠮ ᠬᠠᠷᠢᠯᠴᠠᠭ᠎ᠠ ᠲᠡᠭᠡᠭᠡᠪᠦᠷᠢ ᠵᠢᠨ ᠲᠢᠩᠬᠢᠮ ᠬᠠᠷᠢᠭᠤᠴᠠᠨ᠎ᠠ)
2 . ᠥᠨᠳᠥᠷ ᠣᠳᠣᠨ ᠲᠠᠰ᠎ᠤᠨ ᠪᠣᠬᠢᠷᠳᠤᠯ ᠦᠭᠡᠢ ᠪᠠᠷᠢᠯᠭ᠎ᠠ ᠵᠢ ᠬᠥᠭᠵᠢᠭᠦᠯᠦᠨ᠎ᠡ᠃ 《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠬᠡᠷᠡᠭᠴᠡᠭᠡᠨ᠎ᠤ ᠪᠠᠷᠢᠯᠭ᠎ᠠ ᠵᠢᠨ ᠡᠨᠧᠷᠭᠢ ᠠᠷᠪᠢᠯᠠᠬᠤ ᠪᠠ ᠪᠣᠬᠢᠷᠳᠤᠯ ᠦᠭᠡᠢ ᠪᠠᠷᠢᠯᠭ᠎ᠠ ᠵᠢᠨ ᠬᠥᠭᠵᠢᠯᠲᠡ ᠵᠢᠨ ᠳᠦᠷᠢᠮ》᠎ᠳᠤ ᠲᠣᠭᠲᠠᠭ᠋ᠠᠭᠰᠠᠨ 《ᠳᠥᠷᠪᠡᠨ ᠲᠥᠷᠥᠯ》᠎ᠤᠨ ᠠᠷᠠᠳ᠎ᠤᠨ ᠬᠡᠷᠡᠭᠴᠡᠭᠡᠨ᠎ᠤ ᠪᠠᠷᠢᠯᠭ᠎ᠠ ᠵᠢ ᠨᠢᠭᠡ ᠣᠳᠣᠨ ᠳᠡᠰ᠎ᠠᠴᠠ ᠳᠡᠭᠡᠭᠰᠢᠬᠢ ᠪᠣᠬᠢᠷᠳᠤᠯ ᠦᠭᠡᠢ ᠪᠠᠷᠢᠯᠭ᠎ᠠ ᠵᠢᠨ ᠪᠠᠷᠢᠮᠵᠢᠶ᠎ᠠ᠎ᠪᠠᠷ ᠵᠢᠷᠤᠭᠯᠠᠨ ᠲᠥᠯᠥᠪᠯᠡᠵᠦ ᠪᠠᠢ᠌ᠭᠤᠯᠤᠨ᠎ᠠ᠃ ᠪᠠᠷᠢᠯᠭ᠎ᠠ᠂ ᠪᠦᠲᠦᠴᠡ᠂ ᠮᠠᠰᠢᠨ ᠴᠠᠬᠢᠯᠭ᠋ᠠᠨ᠂ ᠵᠠᠰᠠᠵᠤ ᠴᠢᠮᠡᠭᠯᠡᠬᠦ ᠵᠡᠷᠭᠡ ᠲᠤᠰᠬᠠᠢ ᠮᠡᠷᠭᠡᠵᠢᠯ ᠵᠶ᠋ᠠᠷ ᠬᠠᠮᠵᠢᠯᠴᠠᠬᠤ ᠵᠢᠴᠢ ᠵᠢᠷᠤᠭᠯᠠᠨ ᠲᠥᠯᠥᠪᠯᠡᠬᠦ᠂ ᠦᠢ᠍ᠯᠡᠳᠪᠦᠷᠢᠯᠡᠬᠦ᠂ ᠬᠤᠳᠠᠯᠳᠤᠨ ᠠᠪᠬᠤ ᠪᠦᠬᠦ ᠶᠠᠪᠤᠴᠠ ᠵᠢ᠎ᠨᠢ ᠨᠢᠭᠡᠳᠦᠯᠲᠡᠢ ᠲᠥᠯᠥᠪᠯᠡᠭᠰᠡᠨ ᠪᠣᠬᠢᠷᠳᠤᠯ ᠦᠭᠡᠢ ᠪᠠᠷᠢᠯᠭ᠎ᠠ ᠵᠢᠨ ᠮᠡᠷᠭᠡᠵᠢᠯ᠎ᠤᠨ ᠬᠤᠷᠠᠮᠠᠯ ᠬᠡᠷᠡᠭᠯᠡᠭᠡᠨ᠎ᠢ ᠳᠡᠯᠭᠡᠷᠡᠭᠦᠯᠵᠦ᠂ ᠪᠤᠰᠤᠳ ᠭᠡᠷ ᠪᠠᠢ᠌ᠰᠢᠩ ᠭᠠᠵᠠᠷ ᠬᠥᠷᠥᠩᠭᠡ ᠵᠢᠨ ᠨᠡᠭᠡᠭᠡᠨ ᠬᠥᠭᠵᠢᠭᠦᠯᠬᠦ ᠲᠥᠷᠥᠯ ᠵᠦᠢ᠍ᠯ᠎ᠳᠤ ᠥᠨᠳᠥᠷ ᠣᠳᠣᠨ ᠲᠠᠰ᠎ᠤᠨ ᠪᠣᠬᠢᠷᠳᠤᠯ ᠦᠭᠡᠢ ᠪᠠᠷᠢᠯᠭ᠎ᠠ ᠪᠦᠲᠦᠭᠡᠨ ᠪᠠᠶ᠋ᠢᠭᠤᠯᠬᠤ ᠵᠢ ᠵᠣᠷᠢᠭᠵᠢᠭᠤᠯᠤᠨ᠂ ᠨᠢᠭᠡ ᠪᠦᠯᠦᠭ ᠣᠳᠣᠨ ᠲᠠᠰ᠎ᠲᠠᠢ ᠪᠣᠬᠢᠷᠳᠤᠯ ᠦᠭᠡᠢ ᠪᠠᠷᠢᠯᠭ᠎ᠠ᠂ ᠪᠣᠬᠢᠷᠳᠤᠯ ᠦᠭᠡᠢ ᠠᠮᠢ ᠠᠬᠤᠢ ᠵᠢᠨ ᠰᠠᠭᠤᠭ᠋ᠠᠯᠢ ᠲᠣᠭᠣᠷᠢᠭ᠎ᠢ ᠲᠥᠪᠯᠡᠷᠡᠭᠦᠯᠦᠨ ᠵᠠᠯᠭ᠋ᠠᠯᠳᠤᠭᠤᠯᠵᠤ ᠪᠦᠲᠦᠭᠡᠨ ᠪᠠᠢ᠌ᠭᠤᠯᠤᠨ᠎ᠠ᠃ ᠪᠣᠬᠢᠷᠳᠤᠯ ᠦᠭᠡᠢ ᠪᠠᠷᠢᠯᠭ᠎ᠠ ᠵᠢᠨ ᠲᠡᠮᠳᠡᠭ᠎ᠢ ᠱᠠᠲᠤ ᠬᠤᠪᠢᠶᠠᠨ ᠬᠠᠮᠢᠶᠠᠷᠬᠤ ᠵᠢ ᠬᠡᠷᠡᠭᠵᠢᠭᠦᠯᠵᠦ᠂ ᠣᠷᠣᠨ ᠰᠠᠭᠤᠴᠠ ᠪᠠ ᠬᠤᠲᠠ ᠬᠥᠳᠡᠭᠡ ᠵᠢᠨ ᠪᠦᠲᠦᠭᠡᠨ ᠪᠠᠢ᠌ᠭᠤᠯᠤᠯᠲᠠ ᠵᠢᠨ ᠶᠠᠮᠤᠨ᠂ ᠥᠪᠡᠷᠲᠡᠭᠡᠨ ᠵᠠᠰᠠᠬᠤ ᠣᠷᠣᠨ᠎ᠤ ᠣᠷᠣᠨ
ᠰᠠᠭᠤᠴᠠ ᠪᠠ ᠬᠤᠲᠠ ᠬᠥᠳᠡᠭᠡ ᠵᠢᠨ ᠪᠦᠲᠦᠭᠡᠨ ᠪᠠᠢ᠌ᠭᠤᠯᠤᠯᠲᠠ ᠵᠢᠨ ᠲᠢᠩᠬᠢᠮ᠂ ᠡᠯ᠎ᠡ ᠠᠢ᠌ᠮᠠᠭ ᠬᠤᠲᠠ ᠵᠢᠨ ᠣᠷᠣᠨ ᠰᠠᠭᠤᠴᠠ ᠪᠠ ᠬᠤᠲᠠ ᠬᠥᠳᠡᠭᠡ ᠵᠢᠨ ᠪᠦᠲᠦᠭᠡᠨ ᠪᠠᠢ᠌ᠭᠤᠯᠤᠯᠲᠠ ᠵᠢᠨ ᠲᠣᠪᠴᠢᠶ᠎ᠠ᠎ᠳᠤ ᠲᠤᠰ ᠲᠤᠰ ᠭᠤᠷᠪᠠᠨ ᠣᠳᠣᠨ᠂ ᠬᠣᠶᠠᠷ ᠣᠳᠣᠨ᠂ ᠨᠢᠭᠡ ᠣᠳᠣᠨ ᠲᠡᠰ᠎ᠤᠨ ᠪᠣᠬᠢᠷᠳᠤᠯ ᠦᠭᠡᠢ ᠪᠠᠷᠢᠯᠭ᠎ᠠ ᠵᠢᠨ ᠲ᠋ᠡᠮᠳᠡᠭ ᠣᠯᠭᠣᠨ᠎ᠠ᠃ (ᠥᠪᠡᠷᠲᠡᠭᠡᠨ ᠵᠠᠰᠠᠬᠤ ᠣᠷᠣᠨ᠎ᠤ ᠬᠥᠭᠵᠢᠭᠦᠯᠦᠯᠲᠡ ᠪᠠ ᠥᠭᠡᠷᠡᠴᠢᠯᠡᠯᠲᠡ ᠵᠢᠨ ᠵᠥᠪᠯᠡᠯ᠂ ᠪᠠᠢ᠌ᠭ᠋ᠠᠯᠢ ᠵᠢᠨ ᠡᠬᠢ ᠪᠠᠶᠠᠯᠢᠭ᠎ᠤᠨ ᠲᠢᠩᠬᠢᠮ᠂ ᠣᠷᠣᠨ ᠰᠠᠭᠤᠴᠠ ᠪᠠ ᠬᠤᠲᠠ ᠬᠥᠳᠡᠭᠡ ᠵᠢᠨ ᠪᠦᠲᠦᠭᠡᠨ ᠪᠠᠢ᠌ᠭᠤᠯᠤᠯᠲᠠ ᠵᠢᠨ ᠲᠢᠩᠬᠢᠮ ᠬᠠᠷᠢᠭᠤᠴᠠᠨ᠎ᠠ)
3 . ᠪᠣᠬᠢᠷᠳᠤᠯ ᠦᠭᠡᠢ ᠣᠷᠣᠨ ᠰᠠᠭᠤᠴᠠ ᠵᠢᠨ ᠬᠡᠷᠡᠭᠯᠡᠭᠴᠢ᠎ᠳᠤ ᠬᠢᠨᠠᠯᠲᠠ ᠲᠠᠯᠪᠢᠬᠤ ᠲᠣᠭᠲᠠᠴᠠ ᠵᠢ ᠪᠠᠢ᠌ᠭᠤᠯᠤᠨ᠎ᠠ᠃ ᠣᠷᠣᠨ ᠰᠠᠭᠤᠴᠠ ᠪᠠ ᠬᠤᠲᠠ ᠬ᠋ᠥᠳᠡᠭᠡ ᠵᠢᠨ ᠪᠦᠲᠦᠭᠡᠨ ᠪᠠᠢ᠌ᠭᠤᠯᠤᠯᠲᠠ ᠵᠢᠨ ᠶᠠᠮᠤᠨ᠎ᠤ 《ᠪᠣᠬᠢᠷᠳᠤᠯ ᠦᠭᠡᠢ ᠣᠷᠣᠨ ᠰᠠᠭᠤᠴᠠ ᠬᠤᠳᠠᠯᠳᠤᠨ ᠠᠪᠤᠭᠴᠢ ᠵᠢᠨ ᠭᠡᠷ ᠪᠠᠢ᠌ᠰᠢᠩ᠎ᠢ ᠰᠢᠯᠭ᠋ᠠᠬᠤ ᠵᠦᠭᠯᠡᠭᠦᠷ》 ᠪᠠ ᠪᠣᠬᠢᠷᠳᠤᠯ ᠦᠭᠡᠢ ᠣᠷᠣᠨ ᠰᠠᠭᠤᠴᠠ ᠵᠢᠨ ᠬᠡᠷᠡᠭᠯᠡᠭᠴᠢ᠎ᠳᠤ ᠬᠢᠨᠠᠯᠲᠠ ᠲᠠᠯᠪᠢᠬᠤ ᠠᠵᠢᠯ᠎ᠤᠨ ᠱᠠᠭ᠋ᠠᠷᠳᠠᠯᠭ᠎ᠠ ᠵᠢ ᠬᠢᠨᠠᠮᠠᠭ᠋ᠠᠢ ᠨᠠᠢ᠌ᠳᠠᠪᠤᠷᠢᠵᠢᠭᠤᠯᠵᠤ᠂ ᠪᠣᠬᠢᠷᠳᠤᠯ ᠦᠭᠡᠢ ᠣᠷᠣᠨ ᠰᠠᠭᠤᠴᠠ ᠵᠢᠨ ᠨᠡᠭᠡᠭᠡᠨ ᠬᠥᠭᠵᠢᠭᠦᠯᠵᠦ ᠪᠦᠲᠦᠭᠡᠨ ᠪᠠᠶ᠋ᠢᠭᠤᠯᠬᠤ ᠨᠢᠭᠡᠴᠢ ᠵᠢ ᠬᠥᠲᠥᠯᠥᠨ ᠵᠢᠯᠤᠭᠣᠳᠴᠤ ᠪᠠᠢ᠌ᠭ᠋ᠠᠳ ᠭᠡᠷ ᠪᠠᠢ᠌ᠰᠢᠩ ᠬᠤᠳᠠᠯᠳᠤᠨ ᠠᠪᠤᠭᠴᠢ᠎ᠲᠠᠢ ᠬᠠᠮᠵᠢᠯᠴᠠᠨ ᠭᠡᠷ ᠪᠠᠢ᠌ᠰᠢᠩ᠎ᠢ᠎ᠨᠢ ᠰᠢᠯᠭ᠋ᠠᠬᠤ ᠠᠵᠢᠯ᠎ᠢ ᠰᠠᠢ᠌ᠲᠤᠷ ᠬᠢᠯᠭᠡᠨ᠎ᠡ᠃ ᠡᠯ᠎ᠡ ᠭᠠᠵᠠᠷ ᠣᠷᠣᠨ᠎ᠢ ᠵᠣᠷᠢᠭᠵᠢᠭᠤᠯᠵᠤ ᠪᠠᠢ᠌ᠭ᠋ᠠᠳ ᠣᠷᠣᠨ ᠰᠠᠭᠤᠴᠠ ᠵᠢᠨ ᠪᠣᠬᠢᠷᠳᠤᠯ ᠦᠭᠡᠢ ᠴᠢᠳᠠᠮᠵᠢ ᠪᠠ ᠪᠦᠷᠢᠨ ᠵᠠᠰᠠᠵᠤ ᠴᠢᠮᠡᠭᠯᠡᠬᠦ ᠶᠠᠰᠤ ᠴᠢᠨᠠᠷ᠎ᠤᠨ ᠬᠠᠮᠢᠶ᠎ᠠ ᠪᠦᠬᠦᠢ ᠭᠦᠢ᠍ᠴᠡᠳᠬᠡᠯ ᠲᠣᠭ᠎ᠠ ᠵᠢ ᠲᠠᠸᠠᠷ᠎ᠤᠨ ᠭᠡᠷ ᠪᠠᠢ᠌ᠰᠢᠩ ᠬᠤᠳᠠᠯᠳᠤᠭ᠋ᠠᠯᠠᠬᠤ ᠭᠡᠷ᠎ᠡ᠂ ᠣᠷᠣᠨ ᠰᠠᠭᠤᠴᠠ ᠵᠢᠨ ᠶᠠᠰᠤ ᠴᠢᠨᠠᠷ᠎ᠤᠨ ᠪᠠᠲᠤᠯᠠᠭ᠎ᠠ ᠵᠢᠨ ᠪᠢᠴᠢᠭ ᠪᠠ ᠣᠷᠣᠨ ᠰᠠᠭᠤᠴᠠ ᠬᠡᠷᠡᠭᠯᠡᠬᠦ ᠲᠣᠳᠣᠷᠬᠠᠢ᠌ᠯᠠᠯᠲᠠ ᠵᠢᠨ ᠪᠢᠴᠢᠭ᠎ᠲᠤ ᠣᠷᠣᠭᠤᠯᠵᠤ᠂ ᠶᠠᠰᠤ ᠴᠢᠨᠠᠷ᠎ᠤᠨ ᠵᠠᠰᠠᠵᠤ ᠪᠠᠲᠤᠯᠠᠬᠤ ᠬᠠᠷᠢᠭᠤᠴᠠᠯᠭ᠎ᠠ ᠪᠠ ᠵᠢᠭᠤᠷᠠᠯᠳᠤᠭ᠋ᠠᠨ᠎ᠢ ᠰᠢᠢ᠍ᠳᠪᠦᠷᠢᠡᠯᠬᠦ ᠠᠷᠭ᠎ᠠ ᠮᠠᠶᠢᠭ᠎ᠢ᠎ᠨᠢ ᠲᠣᠳᠣᠷᠬᠠᠢ ᠲᠣᠭᠲᠠᠭ᠋ᠠᠨ᠎ᠠ᠃
ᠨᠢᠭᠡ ᠪᠦᠯᠦᠭ ᠣᠷᠣᠨ ᠰᠠᠭᠤᠴᠠ᠎ᠳᠤ ᠡᠷᠡᠭᠦᠯ ᠡᠩᠬᠡ ᠵᠢᠨ ᠵᠢᠱ᠌ᠢᠶ᠎ᠡ ᠦᠵᠡᠭᠦᠯᠬᠦ ᠲᠥᠷᠥᠯ ᠵᠦᠢ᠍ᠯ᠎ᠢ ᠠᠬᠢᠭᠤᠯᠵᠤ᠂ ᠣᠷᠣᠨ ᠰᠠᠭᠤᠴᠠ ᠵᠢᠨ ᠡᠷᠡᠭᠦᠯ ᠡᠩᠬᠡ ᠵᠢᠨ ᠴᠢᠳᠠᠮᠵᠢ ᠵᠢᠨ ᠵᠢᠷᠤᠭ ᠲᠥᠯᠥᠪᠯᠡᠭᠡ ᠵᠢᠨ ᠱᠠᠭ᠋ᠠᠷᠳᠠᠯᠭ᠎ᠠ ᠵᠢ ᠴᠢᠩᠭ᠋ᠠᠷᠠᠭᠤᠯᠤᠨ᠂ ᠪᠠᠷᠢᠯᠭ᠎ᠠ ᠳᠠᠭᠤᠰᠴᠤ ᠰᠢᠯᠭ᠋ᠠᠨ ᠠᠪᠬᠤ ᠬᠠᠮᠢᠶᠠᠷᠤᠯᠲᠠ ᠵᠢ ᠴᠢᠩᠳᠠᠯᠠᠵᠤ᠂ ᠪᠣᠬᠢᠷᠳᠤᠯ ᠦᠭᠡᠢ ᠡᠷᠡᠭᠦᠯ ᠡᠩᠬᠡ ᠵᠢᠨ ᠣᠷᠣᠨ ᠰᠠᠭᠤᠴᠠ ᠵᠢᠨ ᠴᠢᠨᠠᠷ ᠴᠢᠨᠰᠠᠭ᠎ᠠ ᠵᠢ ᠪᠠᠲᠤᠯᠠᠨ᠎ᠠ᠃ (ᠥᠪᠡᠷᠲᠡᠭᠡᠨ ᠵᠠᠰᠠᠬᠤ ᠣᠷᠣᠨ᠎ᠤ ᠣᠷᠣᠨ ᠰᠠᠭᠤᠴᠠ ᠪᠠ ᠬᠤᠲᠠ ᠬᠥᠳᠡᠭᠡ ᠵᠢᠨ ᠪᠦᠲᠦᠭᠡᠨ ᠪᠠᠢ᠌ᠭᠤᠯᠤᠯᠲᠠ ᠵᠢᠨ ᠲᠢᠩᠬᠢᠮ ᠬᠠᠷᠢᠭᠤᠴᠠᠨ᠎ᠠ)
(ᠭᠤᠷᠪᠠ) ᠪᠠᠷᠢᠯᠭ᠎ᠠ ᠵᠢᠨ ᠠᠵᠤ ᠦᠢ᠍ᠯᠡᠳᠪᠦᠷᠢᠵᠢᠭᠰᠡᠨ ᠬᠥᠭᠵᠢᠯᠲᠡ ᠵᠢ ᠠᠬᠢᠭᠤᠯᠤᠨ᠎ᠠ᠃
1 . ᠤᠭᠰᠠᠷᠠᠮᠠᠯ ᠬᠡᠯᠪᠡᠷᠢ ᠪᠦᠬᠦᠢ ᠪᠠᠷᠢᠯᠭ᠎ᠠ ᠵᠢ ᠦᠷᠭᠦᠯᠵᠢᠯᠡᠨ ᠬᠥᠭᠵᠢᠭᠦᠯᠦᠨ᠎ᠡ᠃ ᠪᠠᠷᠢᠮᠵᠢᠶᠠᠲᠤ ᠪᠡᠯᠡᠨ ᠤᠭᠰᠠᠷᠠᠮᠠᠯ ᠦᠢ᠍ᠯᠡᠳᠬᠦᠨ ᠵᠶ᠋ᠠᠷ ᠰᠠᠭᠤᠷᠢ
ᠪᠣᠯᠭ᠋ᠠᠭᠰᠠᠨ ᠲᠤᠰᠬᠠᠢ᠌ᠵᠢᠭᠰᠠᠨ᠂ ᠬᠡᠪᠴᠢᠶᠡᠵᠢᠭᠰᠡᠨ᠂ ᠮᠡᠳᠡᠭᠡ ᠵᠠᠩᠭᠢᠵᠢᠭᠰᠠᠨ ᠦᠢ᠍ᠯᠡᠳᠪᠦᠷᠢᠯᠡᠯ᠎ᠤᠨ ᠲᠣᠭᠲᠠᠯᠴᠠᠭ᠎ᠠ ᠵᠢ ᠪᠠᠢ᠌ᠭᠤᠯᠵᠤ᠂ ᠤᠭᠰᠠᠷᠠᠮᠠᠯ ᠬᠡᠯᠪᠡᠷᠢ ᠪᠦᠬᠦᠢ ᠪᠠᠷᠢᠯᠭ᠎ᠠ ᠵᠢᠨ ᠠᠵᠤ ᠦᠢ᠍ᠯᠡᠰ᠎ᠢ ᠬᠥᠲᠥᠯᠥᠨ ᠵᠢᠯᠤᠭᠣᠳᠴᠤ ᠪᠠᠢ᠌ᠭ᠋ᠠᠳ ᠰᠢᠨᠵᠢᠯᠡᠬᠦ ᠤᠬᠠᠭ᠋ᠠᠨᠴᠢ᠎ᠪᠠᠷ ᠵᠣᠬᠢᠰᠲᠠᠢ ᠪᠠᠢ᠌ᠷᠢᠰᠢᠭᠤᠯᠤᠨ᠂ ᠤᠭᠰᠠᠷᠠᠮᠠᠯ ᠬᠡᠯᠪᠡᠷᠢ ᠪᠦᠬᠦᠢ ᠪᠠᠷᠢᠯᠭ᠎ᠠ ᠵᠢᠨ ᠠᠵᠤ ᠦᠢ᠍ᠯᠡᠰ᠎ᠤᠨ ᠰᠠᠭᠤᠷᠢᠨ ᠭᠠᠵᠠᠷ ᠪᠠ ᠲᠥᠷᠥᠯ ᠵᠦᠢ᠍ᠯ᠎ᠤᠨ ᠪᠦᠲᠦᠭᠡᠨ ᠪᠠᠢ᠌ᠭᠤᠯᠤᠯᠲᠠ ᠵᠢ ᠲᠦᠷᠭᠡᠳᠬᠡᠨ᠎ᠡ᠃ ᠤᠭᠰᠠᠷᠠᠮᠠᠯ ᠬᠡᠯᠪᠡᠷᠢ ᠪᠦᠬᠦᠢ ᠪᠧᠲ᠋ᠤᠨ᠎ᠤ ᠪᠦᠲᠦᠴᠡ ᠵᠢᠨ ᠲᠥᠷᠥᠯ ᠵᠦᠢ᠍ᠯ᠎ᠳᠤ ᠳᠣᠲᠣᠷ᠎ᠠ ᠭᠠᠳᠠᠨᠠᠬᠢ ᠬᠡᠷᠡᠮ᠎ᠤᠨ ᠬᠠᠪᠲᠠᠰᠤ᠂ ᠠᠰᠠᠷ᠎ᠤᠨ ᠬᠠᠪᠲᠠᠰᠤ᠂ ᠠᠰᠠᠷ᠎ᠤᠨ ᠱᠠᠲᠤ ᠵᠡᠷᠭᠡ ᠪᠡᠯᠡᠨ ᠤᠭᠰᠠᠷᠠᠮᠠᠯ ᠲᠣᠨᠤᠭ᠎ᠢ ᠤᠷᠢᠳ ᠵᠶ᠋ᠠᠷ ᠬᠡᠷᠡᠭᠯᠡᠨ᠂ ᠳᠠᠬᠢᠭ᠋ᠠᠳ ᠠᠯᠬᠤᠮ ᠠᠯᠬᠤᠮ ᠵᠶ᠋ᠠᠷ ᠪᠣᠰᠣᠭ᠎ᠠ ᠲᠣᠨᠣᠭᠯᠠᠭ᠋ᠠᠰᠤ ᠵᠢ ᠬᠡᠷᠡᠭᠯᠡᠬᠦ ᠪᠣᠯᠭ᠋ᠠᠨ ᠬᠥᠭᠵᠢᠭᠦᠯᠵᠦ᠂ ᠤᠭᠰᠠᠷᠠᠬᠤ ᠨᠣᠷᠮ᠎ᠠ ᠵᠢᠨ ᠬᠢᠷᠢ ᠲᠦᠪᠰᠢᠨ᠎ᠢ ᠲᠠᠰᠤᠷᠠᠯᠲᠠ ᠦᠭᠡᠢ ᠳᠡᠭᠡᠭᠰᠢᠯᠡᠭᠦᠯᠦᠨ᠎ᠡ᠃ ᠪᠠᠲᠤᠯᠠᠭ᠎ᠠ ᠵᠢᠨ ᠴᠢᠨᠠᠷᠲᠠᠢ ᠣᠷᠣᠨ ᠰᠠᠭᠤᠴᠠ᠂ ᠠᠯᠪᠠᠯᠠᠬᠤ ᠠᠰᠠᠷ᠂ ᠡᠮᠨᠡᠯᠭᠡ ᠵᠢᠨ ᠬᠣᠷᠢᠶ᠎ᠠ᠂ ᠰᠤᠷᠭ᠋ᠠᠭᠤᠯᠢ᠂ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠣᠷᠳᠣᠨ᠂ ᠪᠡᠶ᠎ᠡ ᠵᠢᠨ ᠲᠠᠮᠢᠷ᠎ᠤᠨ ᠣᠷᠳᠣᠨ ᠵᠡᠷᠭᠡ ᠡᠯ᠎ᠡ ᠲᠥᠷᠥᠯ᠎ᠤᠨ ᠠᠷᠠᠳ᠎ᠤᠨ ᠬᠡᠷᠡᠭᠴᠡᠭᠡᠨ᠎ᠤ ᠪᠠᠷᠢᠯᠭ᠎ᠠ᠎ᠳᠤ ᠤᠭᠰᠠᠷᠠᠮᠠᠯ ᠬᠡᠯᠪᠡᠷᠢ ᠪᠦᠬᠦᠢ ᠪᠣᠯᠣᠳ ᠪᠦᠲᠦᠴᠡ ᠬᠡᠷᠡᠭᠯᠡᠬᠦ ᠵᠢ ᠠᠬᠢᠭᠤᠯᠵᠤ᠂ ᠨᠡᠭᠡᠭᠡᠨ ᠬᠥᠭᠵᠢᠭᠦᠯᠵᠦ ᠪᠠᠢ᠌ᠭ᠎ᠠ ᠬᠤᠳᠠᠯᠳᠤᠭ᠋ᠠᠴᠢᠨ᠎ᠢ ᠬᠥᠲᠥᠯᠥᠨ ᠵᠢᠯᠤᠭᠣᠳᠴᠤ ᠪᠠᠢ᠌ᠭ᠋ᠠᠳ ᠤᠭᠰᠠᠷᠠᠮᠠᠯ ᠬᠡᠯᠪᠡᠷᠢ ᠪᠦᠬᠦᠢ ᠪᠣᠯᠣᠳ ᠪᠦᠲᠦᠴᠡ᠎ᠲᠠᠢ ᠣᠷᠣᠨ ᠰᠠᠭᠤᠴᠠ ᠵᠢ ᠪᠦᠲᠦᠭᠡᠨ ᠪᠠᠢ᠌ᠭᠤᠯᠤᠨ᠎ᠠ᠃ ᠵᠢᠭᠤᠯᠴᠢᠯᠠᠯ᠎ᠤᠨ ᠦᠵᠡᠮᠵᠢ ᠵᠢᠨ ᠣᠷᠣᠨ᠂ ᠴᠡᠴᠡᠷᠯᠢᠭ᠎ᠤᠨ ᠦᠵᠡᠮᠵᠢ᠂ ᠥᠪᠡᠰᠦᠪᠡᠨ ᠲᠡᠷᠭᠡ ᠵᠢᠯᠤᠭᠣᠳᠴᠤ ᠵᠤᠭ᠋ᠠᠴᠠᠭᠰᠠᠳ᠎ᠤᠨ ᠪᠠᠭᠤᠳᠠᠯ ᠵᠢᠴᠢ ᠠᠮᠠᠷᠠᠯᠲᠠ ᠵᠢᠨ ᠣᠷᠣᠨ ᠵᠡᠷᠭᠡ ᠣᠷᠣᠨ ᠪᠦᠰᠡ᠎ᠳᠠᠬᠢ ᠰᠢᠨ᠎ᠡ ᠪᠠᠷᠢᠯᠭ᠎ᠠ᠎ᠳᠤ᠂ ᠭᠠᠵᠠᠷ ᠣᠷᠣᠨ᠎ᠤ ᠪᠠᠢ᠌ᠳᠠᠯ᠎ᠳᠤ᠎ᠪᠠᠨ ᠲᠣᠬᠢᠷᠠᠭᠤᠯᠤᠨ ᠤᠳᠤ ᠦᠶ᠎ᠡ ᠵᠢᠨ ᠤᠭᠰᠠᠷᠠᠮᠠᠯ ᠬᠡᠯᠪᠡᠷᠢ ᠪᠦᠬᠦᠢ ᠮᠣᠳᠣᠨ ᠪᠦᠲᠦᠴᠡ ᠵᠢ ᠬᠥᠭᠵᠢᠭᠦᠯᠦᠨ᠎ᠡ᠃ (ᠥᠪᠡᠷᠲᠡᠭᠡᠨ ᠵᠠᠰᠠᠬᠤ ᠣᠷᠣᠨ᠎ᠤ ᠣᠷᠣᠨ ᠰᠠᠭᠤᠴᠠ ᠪᠠ ᠬᠤᠲᠠ ᠬᠥᠳᠡᠭᠡ ᠵᠢᠨ ᠪᠦᠲᠦᠭᠡᠨ ᠪᠠᠢ᠌ᠭᠤᠯᠤᠯᠲᠠ ᠵᠢᠨ ᠲᠢᠩᠬᠢᠮ᠂ ᠬᠥᠭᠵᠢᠭᠦᠯᠦᠯᠲᠡ ᠪᠠ ᠥᠭᠡᠷᠡᠴᠢᠯᠡᠯᠲᠡ ᠵᠢᠨ ᠵᠥᠪᠯᠡᠯ᠂ ᠠᠵᠤ ᠦᠢ᠍ᠯᠡᠳᠪᠦᠷᠢ ᠪᠠ ᠮᠡᠳᠡᠭᠡ ᠵᠠᠩᠭᠢᠴᠢᠯᠠᠯᠲᠠ ᠵᠢᠨ ᠲᠢᠩᠬᠢᠮ᠂ ᠪᠠᠢ᠌ᠭ᠋ᠠᠯᠢ ᠵᠢᠨ ᠡᠬᠢ ᠪᠠᠶᠠᠯᠢᠭ᠎ᠤᠨ ᠲᠢᠩᠬᠢᠮ᠂ ᠰᠣᠶᠣᠯ ᠪᠠ ᠵᠢᠭᠤᠯᠴᠢᠯᠠᠯ᠎ᠤᠨ ᠲᠢᠩᠬᠢᠮ ᠬᠠᠷᠢᠭᠤᠴᠠᠨ᠎ᠠ)
2 . ᠣᠷᠣᠨ ᠰᠠᠭᠤᠴᠠ᠎ᠳᠤ ᠪᠦᠷᠢᠨ ᠵᠠᠰᠠᠵᠤ ᠴᠢᠮᠡᠭᠯᠡᠬᠦ ᠵᠢ ᠢᠳᠡᠪᠬᠢᠲᠡᠢ ᠬᠡᠷᠡᠭᠵᠢᠭᠦᠯᠦᠨ᠎ᠡ᠃ ᠣᠷᠣᠨ ᠰᠠᠭᠤᠴᠠ ᠵᠢᠨ ᠪᠦᠷᠢᠨ ᠵᠠᠰᠠᠵᠤ ᠴᠢᠮᠡᠭᠯᠡᠬᠦ ᠲᠥᠷᠥᠯ ᠵᠦᠢ᠍ᠯ᠎ᠢ ᠠᠬᠢᠭᠤᠯᠬᠤ᠎ᠳᠤ ᠪᠠᠷᠢᠯᠭ᠎ᠠ᠎ᠪᠠᠨ ᠶᠡᠷᠦᠩᠬᠡᠢ᠌ᠯᠡᠨ ᠳᠠᠭ᠋ᠠᠭ᠋ᠠᠴᠢᠯᠠᠭᠤᠯᠬᠤ ᠠᠷᠭ᠎ᠠ ᠮᠠᠶᠢᠭ᠎ᠢ ᠬᠡᠷᠡᠭᠵᠢᠭᠦᠯᠵᠦ᠂ ᠵᠢᠷᠤᠭᠯᠠᠨ ᠲᠥᠯᠥᠪᠯᠡᠬᠦ᠂ ᠬᠤᠳᠠᠯᠳᠤᠨ ᠠᠪᠬᠤ᠂ ᠪᠠᠷᠢᠯᠭ᠎ᠠ ᠪᠠᠷᠢᠬᠤ᠎ᠪᠠᠨ ᠨᠢᠭᠡ ᠴᠣᠭᠴᠠᠵᠢᠭᠤᠯᠬᠤ ᠵᠢ ᠪᠡᠶᠡᠯᠡᠭᠦᠯᠦᠨ᠎ᠡ᠃ ᠲᠣᠪᠶᠣᠭ ᠮᠠᠶᠢᠭ᠎ᠤᠨ ᠰᠣᠩᠭᠣᠯᠲᠠ᠎ᠲᠠᠢ ᠵᠠᠰᠠᠵᠤ ᠴᠢᠮᠡᠭᠯᠡᠬᠦ ᠵᠢ ᠬᠡᠷᠡᠭᠵᠢᠭᠦᠯᠵᠦ᠂ ᠥᠪᠡᠷᠮᠢᠴᠡ ᠣᠨᠴᠠᠯᠢᠭ᠎ᠲᠠᠢ ᠬᠡᠷᠡᠭᠴᠡᠭᠡ ᠱᠠᠭ᠋ᠠᠷᠳᠠᠯᠭ᠎ᠠ ᠵᠢ᠎ᠨᠢ ᠬᠠᠩᠭ᠋ᠠᠨ᠎ᠠ᠃ ᠬᠠᠭᠤᠷᠠᠢ᠎ᠪᠠᠷ ᠤᠭᠰᠠᠷᠠᠭᠰᠠᠨ ᠠᠰᠠᠷ (ᠱᠠᠯᠠ)᠎ᠤᠨ ᠥᠩᠭᠡᠨ ᠲᠠᠯ᠎ᠠ᠂ ᠨᠢᠭᠡᠳᠬᠡᠯ ᠴᠢᠳᠠᠮᠵᠢ᠎ᠲᠠᠢ ᠲᠣᠭᠣᠭ᠋ᠠᠨ ᠭᠡᠷ᠂ ᠨᠢᠭᠡᠳᠬᠡᠯ ᠴᠢᠳᠠᠮᠵᠢ᠎ᠲᠠᠢ ᠠᠷᠢᠭᠤᠨ ᠴᠡᠪᠡᠷ᠎ᠤᠨ ᠲᠠᠰᠤᠯᠭ᠎ᠠ᠂ ᠬᠣᠭᠣᠯᠠᠢ ᠭᠤᠤᠷᠰᠤ ᠤᠲᠠᠰᠤ ᠵᠡᠷᠭᠡ ᠵᠢ ᠤᠭᠰᠠᠷᠠᠮᠠᠯ ᠠᠷᠭ᠎ᠠ᠎ᠪᠠᠷ ᠵᠠᠰᠠᠵᠤ ᠴᠢᠮᠡᠭᠯᠡᠨ ᠤᠭᠰᠠᠷᠠᠵᠤ ᠪᠠᠶ᠋ᠢᠭᠤᠯᠬᠤ ᠵᠢ᠎ᠨᠢ ᠠᠬᠢᠭᠤᠯᠤᠨ᠎ᠠ᠃ ᠣᠷᠣᠨ ᠰᠠᠭᠤᠴᠠ ᠵᠢᠨ ᠪᠦᠷᠢᠨ ᠵᠠᠰᠠᠵᠤ ᠴᠢᠮᠡᠭᠯᠡᠬᠦ᠎ᠳᠤ ᠬᠢᠨᠠᠨ ᠪᠠᠢ᠌ᠴᠠᠭ᠋ᠠᠬᠤ ᠡᠷᠴᠢᠮ᠎ᠢ ᠴᠢᠩᠭ᠋ᠠᠷᠠᠭᠤᠯᠵᠤ᠂ ᠪᠣᠷᠣᠯᠠᠭᠤᠯᠤᠨ ᠬᠤᠳᠠᠯᠳᠤᠬᠤ᠎ᠳᠤ ᠬᠠᠮᠢᠶᠠᠷᠤᠨ ᠡᠵᠡᠮᠳᠡᠬᠦ ᠵᠢ ᠴᠢᠩᠭ᠋ᠠᠳᠬᠠᠨ᠂ ᠪᠡᠯᠡᠨ ᠣᠷᠣᠨ ᠰᠠᠭᠤᠴᠠ ᠵᠢ ᠵᠠᠰᠠᠵᠤ ᠴᠢᠮᠡᠭᠯᠡᠬᠦ᠂ ᠣᠷᠴᠢᠨ ᠲᠣᠭᠣᠷᠢᠨ᠎ᠢ ᠬᠠᠮᠠᠭ᠋ᠠᠯᠠᠬᠤ ᠪᠠ ᠭᠡᠷ ᠳᠣᠲᠣᠷᠠᠬᠢ ᠣᠷᠴᠢᠨ᠎ᠤ ᠴᠢᠨᠠᠷ ᠴᠢᠨᠰᠠᠭ᠎ᠠ ᠵᠢ ᠳᠡᠭᠡᠭᠰᠢᠯᠡᠭᠦᠯᠦᠨ᠎ᠡ᠃ ᠡᠯ᠎ᠡ ᠭᠠᠵᠠᠷ ᠣᠷᠣᠨ᠎ᠤ ᠲᠥᠪ ᠪᠣᠯᠬᠤ ᠬᠤᠲᠠ ᠵᠢᠨ ᠲᠣᠭᠣᠷᠢᠭ᠎ᠤᠨ ᠬᠡᠪᠴᠢᠶᠡᠨ᠎ᠳᠠᠬᠢ ᠰᠢᠨ᠎ᠡ ᠪᠠᠢ᠌ᠭᠤᠯᠤᠭᠰᠠᠨ ᠣᠷᠣᠨ ᠰᠠᠭᠤᠴᠠ᠎ᠳᠤ ᠪᠠᠷᠢᠯᠭ᠎ᠠ ᠵᠢᠨ ᠪᠦᠷᠢᠨ ᠵᠠᠰᠠᠵᠤ ᠴᠢᠮᠡᠭᠯᠡᠬᠦ ᠵᠢ ᠬᠡᠷᠡᠭᠵᠢᠭᠦᠯᠵᠦ᠂ ᠪᠡᠯᠡᠨ ᠭᠡᠷ ᠪᠠᠢ᠌ᠰᠢᠩ᠎ᠤᠨ ᠠᠷᠠᠯᠵᠢᠶ᠎ᠠ ᠵᠢ ᠪᠡᠶᠡᠯᠡᠭᠦᠯᠦᠨ᠎ᠡ; ᠪᠤᠰᠤᠳ ᠣᠷᠣᠨ ᠪᠦᠰᠡ᠎ᠳᠠᠬᠢ ᠰᠢᠨ᠎ᠡ ᠪᠠᠢ᠌ᠭᠤᠯᠤᠭᠰᠠᠨ ᠣᠷᠣᠨ ᠰᠠᠭᠤᠴᠠ᠎ᠳᠤ ᠪᠦᠷᠢᠨ ᠵᠠᠰᠠᠵᠤ ᠴᠢᠮᠡᠭᠯᠡᠬᠦ ᠪᠠ ᠪᠡᠯᠡᠨ ᠭᠡᠷ ᠪᠠᠢ᠌ᠰᠢᠩ ᠵᠶ᠋ᠠᠨ ᠲ᠋ᠤᠰᠢᠶᠠᠬᠤᠳᠤ ᠬᠡᠷᠡᠭᠵᠢᠭᠦᠯᠬᠦ ᠬᠡᠪᠴᠢᠶ᠎ᠡ ᠪᠠ ᠴᠠᠭ ᠬᠤᠭᠤᠴᠠᠭ᠎ᠠ ᠵᠢ ᠲᠣᠳᠣᠷᠬᠠᠢ ᠲᠣᠭᠲᠠᠭ᠋ᠠᠵᠤ᠂ ᠣᠷᠣᠨ ᠰᠠᠭᠤᠴᠠ ᠵᠢᠨ ᠪᠦᠷᠢᠨ ᠵᠠᠰᠠᠵᠤ ᠴᠢᠮᠡᠭᠯᠡᠬᠦ ᠵᠢ ᠨᠡᠢ᠌ᠳᠡᠮ ᠪᠦᠷᠬᠦᠭᠦᠯᠬᠦ᠎ᠪᠠᠷ ᠠᠬᠢᠭᠤᠯᠤᠨ᠎ᠠ᠃ (ᠥᠪᠡᠷᠲᠡᠭᠡᠨ ᠵᠠᠰᠠᠬᠤ ᠣᠷᠣᠨ᠎ᠤ ᠣᠷᠣᠨ ᠰᠠᠭᠤᠴᠠ ᠪᠠ ᠬᠤᠲᠠ ᠬᠥᠳᠡᠭᠡ ᠵᠢᠨ ᠪᠦᠲᠦᠭᠡᠨ ᠪᠠᠢ᠌ᠭᠤᠯᠤᠯᠲᠠ ᠵᠢᠨ ᠲᠢᠩᠬᠢᠮ ᠬᠠᠷᠢᠭᠤᠴᠠᠨ᠎ᠠ)
(ᠳᠥᠷᠪᠡ) ᠤᠤᠯ᠎ᠤᠨ ᠪᠠᠢ᠌ᠭᠰᠠᠨ ᠪᠠᠷᠢᠯᠭ᠎ᠠ ᠵᠢᠨ ᠡᠨᠧᠷᠭᠢ ᠠᠷᠪᠢᠯᠠᠬᠤ ᠪᠣᠯᠭ᠋ᠠᠨ ᠥᠭᠡᠷᠡᠴᠢᠯᠡᠨ ᠰᠠᠢ᠌ᠵᠢᠷᠠᠭᠤᠯᠬᠤ ᠠᠵᠢᠯ᠎ᠢ ᠯᠠᠪᠳᠠᠭᠤᠨ ᠵᠶ᠋ᠠᠷ ᠠᠬᠢᠭᠤᠯᠤᠨ᠎ᠠ᠃
1 . ᠤᠤᠯ᠎ᠤᠨ ᠪᠠᠢ᠌ᠭᠰᠠᠨ ᠣᠷᠣᠨ ᠰᠠᠭᠤᠴᠠ ᠵᠢᠨ ᠪᠠᠷᠢᠯᠭ᠎ᠠ ᠵᠢᠨ ᠡᠨᠧᠷᠭᠢ ᠠᠷᠪᠢᠯᠠᠬᠤ ᠪᠣᠯᠭ᠋ᠠᠨ ᠥᠭᠡᠷᠡᠴᠢᠯᠡᠨ ᠰᠠᠢ᠌ᠵᠢᠷᠠᠭᠤᠯᠬᠤ ᠠᠵᠢᠯ᠎ᠢ ᠦᠷᠭᠦᠯᠵᠢᠯᠡᠨ ᠠᠬᠢᠭᠤᠯᠤᠨ᠎ᠠ᠃ ᠬᠤᠲᠠ ᠵᠢᠨ ᠬᠣᠣᠰ ᠵᠠᠰᠠᠯᠲᠠ᠂ ᠴᠡᠪᠡᠷ ᠳᠤᠯᠠᠭ᠋ᠠᠯᠠᠯᠭ᠎ᠠ᠂ ᠬᠤᠲᠠ ᠪᠠᠯᠭ᠋ᠠᠰᠤᠨ᠎ᠤ ᠬᠠᠭᠤᠴᠢᠨ ᠰᠠᠭᠤᠭ᠋ᠠᠯᠢ ᠲᠣᠭᠣᠷᠢᠭ᠎ᠢ ᠥᠭᠡᠷᠡᠴᠢᠯᠡᠨ ᠰᠢᠨᠡᠳᠬᠡᠬᠦ ᠵᠡᠷᠭᠡ᠎ᠲᠠᠢ ᠤᠶᠠᠯᠳᠤᠭᠤᠯᠤᠨ᠂ ᠡᠳ᠋᠎ᠤᠨ ᠵᠠᠰᠠᠭ᠎ᠤᠨ ᠴᠢᠨᠠᠷᠲᠠᠢ ᠪᠡᠯᠡ ᠮᠥᠩᠭᠥ᠎ᠪᠠᠷ ᠬᠥᠲᠥᠯᠥᠨ ᠵᠢᠯᠤᠭᠣᠳᠬᠤ᠂ ᠥᠮᠴᠢᠲᠡᠨ᠎ᠤ ᠪᠠᠢ᠌ᠭ᠎ᠠ ᠨᠢᠭᠡᠴᠢ ᠪᠠ ᠢᠯᠴᠢ ᠬᠠᠩᠭ᠋ᠠᠬᠤ ᠠᠵᠤ ᠠᠬᠤᠢ᠌ᠯᠠᠯ ᠵᠶ᠋ᠠᠷ ᠭᠣᠣᠯ ᠴᠣᠭᠴᠠ ᠪᠣᠯᠭ᠋ᠠᠭᠰᠠᠨ᠂ ᠬᠣᠭᠣᠯᠠᠢ ᠭᠤᠤᠷᠰᠤ ᠤᠲᠠᠰᠤᠨ᠎ᠤ ᠠᠵᠢᠯ᠎ᠤᠨ ᠨᠢᠭᠡᠴᠢ᠎ᠲᠠᠢ ᠬᠠᠮᠲᠤᠷᠠᠵᠤ ᠪᠠᠢ᠌ᠭᠤᠯᠤᠭᠰᠠᠨ᠂ ᠣᠷᠣᠨ ᠰᠠᠭᠤᠴᠠ ᠵᠢᠨ ᠰᠡᠯᠪᠢᠨ ᠵᠠᠰᠠᠬᠤ ᠰᠠᠭᠤᠷᠢ ᠮᠥᠩᠭᠥ᠎ᠪᠠᠷ ᠨᠥᠬᠥᠪᠦᠷᠢᠯᠡᠬᠦ᠂ ᠠᠰᠢᠭ ᠭᠥᠷᠳᠡᠭᠰᠡᠨ ᠰᠠᠭᠤᠭ᠋ᠠᠯᠢ ᠠᠷᠠᠳ᠎ᠤᠨ ᠣᠷᠣᠯᠴᠠᠭᠰᠠᠨ ᠣᠯᠠᠨ ᠡᠰᠢᠵᠢᠯ᠎ᠤᠨ ᠪᠡᠯᠡ ᠬᠤᠷᠠᠮᠳᠤᠭᠤᠯᠭ᠎ᠠ ᠵᠢᠨ ᠤᠤᠯ᠎ᠤᠨ ᠪᠠᠢ᠌ᠭᠰᠠᠨ ᠣᠷᠣᠨ ᠰᠠᠭᠤᠴᠠ ᠵᠢᠨ ᠪᠠᠷᠢᠯᠭ᠎ᠠ ᠵᠢᠨ ᠡᠨᠧᠷᠭᠢ ᠠᠷᠪᠢᠯᠠᠬᠤ ᠵᠢ᠎ᠨᠢ ᠥᠭᠡᠷᠡᠴᠢᠯᠡᠨ ᠰᠠᠢ᠌ᠵᠢᠷᠠᠭᠤᠯᠬᠤ ᠵᠠᠭᠪᠤᠷ᠎ᠢ ᠢᠳᠡᠪᠬᠢᠲᠡᠢ ᠳᠡᠯᠭᠡᠷᠡᠭᠦᠯᠦᠨ᠎ᠡ᠃ ᠤᠤᠯ᠎ᠤᠨ ᠪᠠᠢ᠌ᠭᠰᠠᠨ ᠣᠷᠣᠨ ᠰᠠᠭᠤᠴᠠ ᠵᠢᠨ ᠪᠠᠷᠢᠯᠭ᠎ᠠ᠎ᠳᠤ ᠪᠣᠬᠢᠷᠳᠤᠯ ᠦᠭᠡᠢ ᠪᠣᠯᠭ᠋ᠠᠨ ᠥᠭᠡᠷᠡᠴᠢᠯᠡᠵᠦ ᠰᠠᠢ᠌ᠵᠢᠷᠠᠭᠤᠯᠬᠤ ᠵᠢ ᠵᠣᠷᠢᠭᠵᠢᠭᠤᠯᠤᠨ᠎ᠠ᠃ (ᠥᠪᠡᠷᠲᠡᠭᠡᠨ ᠵᠠᠰᠠᠬᠤ ᠣᠷᠣᠨ᠎ᠤ ᠣᠷᠣᠨ ᠰᠠᠭᠤᠴᠠ ᠪᠠ ᠬᠤᠲᠠ ᠬᠥᠳᠡᠭᠡ ᠵᠢᠨ ᠪᠦᠲᠦᠭᠡᠨ ᠪᠠᠢ᠌ᠭᠤᠯᠤᠯᠲᠠ ᠵᠢᠨ ᠲᠢᠩᠬᠢᠮ᠂ ᠡᠳ᠋᠎ᠤᠨ ᠵᠠᠰᠠᠭ᠎ᠤᠨ ᠲᠢᠩᠬᠢᠮ ᠬᠠᠷᠢᠭᠤᠴᠠᠨ᠎ᠠ)
2 . ᠣᠯᠠᠨ ᠨᠡᠶ᠋ᠢᠲᠡ ᠵᠢᠨ ᠪᠠᠷᠢᠯᠭ᠎ᠠ ᠵᠢ ᠡᠨᠧᠷᠭᠢ ᠠᠷᠪᠢᠯᠠᠬᠤ ᠪᠣᠯᠭ᠋ᠠᠨ ᠥᠭᠡᠷᠡᠴᠢᠯᠡᠨ ᠰᠠᠢ᠌ᠵᠢᠷᠠᠭᠤᠯᠬᠤ ᠠᠵᠢᠯ᠎ᠢ ᠯᠠᠪᠳᠠᠭᠤᠨ ᠪᠠᠲᠤᠲᠠᠢ ᠥᠷᠨᠢᠭᠦᠯᠦᠨ᠎ᠡ᠃ ᠣᠯᠠᠨ ᠨᠡᠶ᠋ᠢᠲᠡ ᠵᠢᠨ ᠪᠠᠷᠢᠯᠭ᠎ᠠ ᠵᠢᠨ ᠡᠨᠧᠷᠭᠢ ᠬᠡᠷᠡᠭᠯᠡᠬᠦ ᠬᠠᠮᠢᠶᠠᠷᠤᠯᠲᠠ ᠵᠢ ᠴᠢᠩᠭ᠋ᠠᠷᠠᠭᠤᠯᠵᠤ᠂ ᠠᠵᠤ ᠦᠢ᠍ᠯᠡᠰ ᠬᠢᠭᠡᠳ ᠮᠥᠩᠭᠥᠨ ᠭᠦᠢ᠍ᠯᠭᠡᠭᠡ ᠵᠢᠨ ᠤᠶᠠᠯᠳᠤᠬᠤ ᠪᠠ ᠮᠥᠩᠭᠥᠨ ᠭᠦᠢ᠍ᠯᠭᠡᠭᠡᠨ᠎ᠤ ᠰᠢᠨ᠎ᠡ ᠵᠢ ᠡᠭᠦᠳᠴᠦ ᠦᠢ᠍ᠯᠡᠴᠢᠯᠡᠬᠦ ᠵᠢ᠎ᠨᠢ ᠠᠬᠢᠭᠤᠯᠤᠨ᠎ᠠ᠃ ᠠᠯᠪᠠᠨ ᠪᠠᠢ᠌ᠭᠤᠯᠭ᠎ᠠ ᠵᠢᠨ ᠠᠯᠪᠠᠯᠠᠬᠤ ᠪᠠᠷᠢᠯᠭ᠎ᠠ᠂ ᠵᠠᠰᠠᠭ᠎ᠤᠨ ᠣᠷᠳᠣᠨ᠎ᠠᠴᠠ ᠪᠡᠯᠡ ᠣᠷᠣᠭᠤᠯᠤᠭᠰᠠᠨ ᠣᠯᠠᠨ ᠨᠡᠶ᠋ᠢᠲᠡ ᠵᠢᠨ ᠪᠠᠷᠢᠯᠭ᠎ᠠ ᠪᠠ ᠨᠡᠶ᠋ᠢᠲᠡ ᠵᠢᠨ ᠠᠰᠠᠷᠠᠮᠵᠢ ᠵᠢᠨ ᠴᠢᠨᠠᠷᠲᠠᠢ ᠪᠠᠷᠢᠯᠭ᠎ᠠ ᠵᠢ ᠤᠷᠢᠳ ᠵᠶ᠋ᠠᠷ ᠡᠨᠧᠷᠭᠢ ᠠᠷᠪᠢᠯᠠᠬᠤ ᠪᠣᠯᠭ᠋ᠠᠨ ᠥᠭᠡᠷᠡᠴᠢᠯᠡᠨ ᠰᠠᠢ᠌ᠵᠢᠷᠠᠭᠤᠯᠵᠤ᠂ ᠦᠢ᠍ᠯᠡᠴᠢᠯᠡᠭᠡ ᠬᠤᠳᠠᠯᠳᠤᠨ ᠠᠪᠬᠤ ᠠᠷᠭ᠎ᠠ ᠬᠡᠯᠪᠡᠷᠢ ᠵᠢ ᠬᠡᠷᠡᠭᠯᠡᠨ ᠡᠨᠧᠷᠭᠢ ᠠᠷᠪᠢᠯᠠᠬᠤ ᠠᠵᠢᠯᠯᠠᠭ᠋ᠠᠨ᠎ᠤ ᠬᠠᠮᠢᠶᠠᠷᠤᠯᠲᠠ ᠵᠢ ᠬᠡᠷᠡᠭᠵᠢᠭᠦᠯᠬᠦ ᠵᠢ᠎ᠨᠢ ᠵᠣᠷᠢᠭᠵᠢᠭᠤᠯᠤᠨ᠂ ᠭᠡᠷ᠎ᠡ᠎ᠲᠠᠢ ᠡᠨᠧᠷᠭᠢ ᠵᠢᠨ ᠬᠠᠮᠢᠶᠠᠷᠤᠯᠲᠠ ᠵᠢᠨ ᠵᠠᠭᠪᠤᠷ ᠶᠣᠰᠣᠭ᠋ᠠᠷ ᠡᠨᠧᠷᠭᠢ ᠠᠷᠪᠢᠯᠠᠬᠤ ᠦᠢ᠍ᠯᠡᠴᠢᠯᠡᠭᠡᠨ᠎ᠤ ᠺᠣᠮᠫᠠᠨᠢ᠎ᠳᠤ ᠥᠭᠭᠦᠭᠰᠡᠨ ᠵᠠᠷᠤᠯᠭ᠎ᠠ ᠵᠢ᠎ᠨᠢ ᠡᠨᠧᠷᠭᠢ ᠵᠢᠨ ᠵᠠᠷᠤᠳᠠᠯ᠎ᠤᠨ ᠵᠠᠷᠤᠯᠭ᠎ᠠ᠎ᠲᠠᠢ ᠠᠳᠠᠯᠢ᠎ᠪᠠᠷ ᠦᠵᠡᠨ᠎ᠡ᠃ ᠣᠯᠠᠨ ᠨᠡᠶ᠋ᠢᠲᠡ ᠵᠢᠨ ᠪᠠᠷᠢᠯᠭ᠎ᠠ ᠵᠢᠨ ᠡᠨᠧᠷᠭᠢ ᠵᠢᠨ ᠠᠰᠢᠭᠯᠠᠮᠵᠢ ᠵᠢ ᠳᠡᠭᠡᠭᠰᠢᠯᠡᠭᠦᠯᠬᠦ ᠭᠣᠣᠯᠳᠠᠯᠭ᠎ᠠ᠎ᠲᠠᠢ ᠬᠤᠲᠠ ᠵᠢᠨ ᠪᠦᠲᠦᠭᠡᠨ ᠪᠠᠢ᠌ᠭᠤᠯᠤᠯᠲᠠ ᠵᠢ ᠥᠷᠨᠢᠭᠦᠯᠵᠦ᠂ ᠬᠥᠬᠡᠬᠤᠲᠠ᠂ ᠪᠤᠭᠤᠲᠤ ᠬᠤᠲᠠ᠎ᠨᠢ ᠣᠯᠠᠨ ᠨᠡᠶ᠋ᠢᠲᠡ ᠵᠢᠨ ᠪᠠᠷᠢᠯᠭ᠎ᠠ ᠵᠢᠨ ᠡᠨᠧᠷᠭᠢ ᠠᠷᠪᠢᠯᠠᠬᠤ᠎ᠪᠠᠷ ᠥᠭᠡᠷᠡᠴᠢᠯᠡᠨ ᠰᠠᠢ᠌ᠵᠢᠷᠠᠭᠤᠯᠬᠤ ᠡᠷᠴᠢᠮ ᠵᠶ᠋ᠠᠨ ᠴᠢᠩᠭ᠋ᠠᠷᠠᠭᠤᠯᠤᠨ᠂ ᠠᠵᠢᠯᠯᠠᠭ᠋ᠠᠨ᠎ᠤ ᠬᠠᠮᠢᠶᠠᠷᠤᠯᠲᠠ ᠵᠢᠨ ᠳᠦᠷᠢᠮ ᠵᠶ᠋ᠠᠨ ᠲᠡᠭᠦᠯᠳᠡᠷᠵᠢᠭᠦᠯᠵᠦ᠂ ᠭᠡᠷ᠎ᠡ᠎ᠲᠠᠢ ᠡᠨᠧᠷᠭᠢ ᠵᠢᠨ ᠬᠠᠮᠢᠶᠠᠷᠤᠯᠲᠠ ᠬᠢᠭᠡᠳ ᠭᠡᠷ᠎ᠡ᠎ᠲᠠᠢ ᠤᠰᠤ ᠠᠷᠪᠢᠯᠠᠬᠤ ᠬᠠᠮᠢᠶᠠᠷᠤᠯᠲᠠ ᠵᠢ ᠳᠡᠯᠭᠡᠷᠡᠭᠦᠯᠦᠨ᠂ ᠪᠤᠰᠤᠳ ᠠᠢ᠌ᠮᠠᠭ ᠬᠤᠲᠠ᠎ᠨᠢ ᠣᠯᠠᠨ ᠨᠡᠶ᠋ᠢᠲᠡ ᠵᠢᠨ ᠪᠠᠷᠢᠯᠭ᠎ᠠ ᠵᠢ ᠡᠨᠧᠷᠭᠢ ᠠᠷᠪᠢᠯᠠᠬᠤ ᠪᠣᠯᠭ᠋ᠠᠨ ᠥᠭᠡᠷᠡᠴᠢᠯᠡᠨ ᠰᠠᠢ᠌ᠵᠢᠷᠠᠭᠤᠯᠬᠤ ᠠᠵᠢᠯ ᠵᠶ᠋ᠠᠨ ᠢᠳᠡᠪᠬᠢᠲᠡᠢ ᠠᠬᠢᠭᠤᠯᠬᠤ ᠬᠡᠷᠡᠭᠲᠡᠢ᠃
(ᠥᠪᠡᠷᠲᠡᠭᠡᠨ ᠵᠠᠰᠠᠬᠤ ᠣᠷᠣᠨ᠎ᠤ ᠣᠷᠣᠨ ᠰᠠᠭᠤᠴᠠ ᠪᠠ ᠬᠤᠲᠠ ᠬᠥᠳᠡᠭᠡ ᠵᠢᠨ ᠪᠦᠲᠦᠭᠡᠨ ᠪᠠᠢ᠌ᠭᠤᠯᠤᠯᠲᠠ ᠵᠢᠨ ᠲᠢᠩᠬᠢᠮ᠂ ᠡᠳ᠋᠎ᠤᠨ ᠵᠠᠰᠠᠭ᠎ᠤᠨ ᠲᠢᠩᠬᠢᠮ᠂ ᠰᠤᠷᠭ᠋ᠠᠨ ᠬᠥᠮᠦᠵᠢᠯ᠎ᠤᠨ ᠲᠢᠩᠬᠢᠮ᠂ ᠡᠷᠡᠭᠦᠯ ᠬᠠᠮᠠᠭ᠋ᠠᠯᠠᠯ ᠡᠷᠡᠭᠦᠯ ᠮᠡᠨᠳᠦ ᠵᠢᠨ ᠵᠥᠪᠯᠡᠯ᠂ ᠬᠤᠳᠠᠯᠳᠤᠭ᠋ᠠᠨ᠎ᠤ ᠶᠠᠪᠤᠳᠠᠯ᠎ᠤᠨ ᠲᠢᠩᠬᠢᠮ᠂ ᠰᠣᠶᠣᠯ ᠪᠠ ᠵᠢᠭᠤᠯᠴᠢᠯᠠᠯ᠎ᠤᠨ ᠲᠢᠩᠬᠢᠮ᠂ ᠪᠠᠢ᠌ᠭᠤᠯᠭ᠎ᠠ ᠵᠢᠨ ᠶᠠᠪᠤᠳᠠᠯ᠎ᠤᠨ ᠬᠠᠮᠢᠶᠠᠷᠤᠯᠲᠠ ᠵᠢᠨ ᠲᠣᠪᠴᠢᠶ᠎ᠠ᠂ ᠥᠪᠥᠷ ᠮᠣᠩᠭᠣᠯ᠎ᠤᠨ ᠪᠠᠩᠬᠢ ᠳᠠᠭ᠋ᠠᠳᠬᠠᠯ᠎ᠤᠨ ᠬᠢᠨᠠᠯᠲᠠ ᠬᠠᠮᠢᠶᠠᠷᠤᠯᠲᠠ ᠵᠢᠨ ᠲᠣᠪᠴᠢᠶ᠎ᠠ ᠬᠠᠷᠢᠭᠤᠴᠠᠨ᠎ᠠ)
(ᠲᠠᠪᠤ) ᠪᠣᠬᠢᠷᠳᠤᠯ ᠦᠭᠡᠢ ᠪᠠᠷᠢᠯᠭ᠎ᠠ ᠵᠢᠨ ᠮᠠᠲ᠋ᠧᠷᠢᠶᠠᠯ᠎ᠢ ᠳᠡᠯᠭᠡᠷᠡᠭᠦᠯᠦᠨ ᠬᠡᠷᠡᠭᠯᠡᠬᠦ ᠵᠢ ᠴᠢᠩᠭ᠋ᠠᠳᠬᠠᠨ᠎ᠠ᠃
1 . ᠪᠣᠬᠢᠷᠳᠤᠯ ᠦᠭᠡᠢ ᠪᠠᠷᠢᠯᠭ᠎ᠠ ᠵᠢᠨ ᠮᠠᠲ᠋ᠧᠷᠢᠶᠠᠯ᠎ᠢ ᠳᠡᠯᠭᠡᠷᠡᠭᠦᠯᠦᠨ ᠬᠡᠷᠡᠭᠯᠡᠬᠦ ᠵᠢ ᠴᠢᠩᠭ᠋ᠠᠷᠠᠭᠤᠯᠤᠨ᠎ᠠ᠃ ᠨᠢᠭᠲᠠ ᠴᠢᠩᠭ᠋ᠠᠯᠢᠭ ᠰᠢᠷᠪᠦᠰᠦ ᠪᠣᠯᠣᠳ᠂ ᠴᠢᠳᠠᠮᠵᠢ ᠰᠠᠢ᠌ᠲᠠᠢ ᠪᠧᠲ᠋ᠤᠨ᠂ ᠴᠢᠳᠠᠮᠵᠢ ᠰᠠᠢ᠌ᠲᠠᠢ ᠥᠷᠥᠮᠡᠯ ᠮᠠᠲ᠋ᠧᠷᠢᠶᠠᠯ᠂ ᠳᠤᠯᠠᠭ᠋ᠠᠨ ᠪᠠᠢ᠌ᠯᠭ᠋ᠠᠬᠤ ᠪᠦᠲᠦᠴᠡ ᠵᠢ ᠨᠢᠭᠡ ᠴᠣᠭᠴᠠᠵᠢᠭᠤᠯᠤᠭᠰᠠᠨ ᠬᠡᠷᠡᠮ᠎ᠤᠨ ᠬᠠᠪᠲᠠᠰᠤ ᠵᠡᠷᠭᠡ ᠪᠣᠬᠢᠷᠳᠤᠯ ᠦᠭᠡᠢ ᠪᠠᠷᠢᠯᠭ᠎ᠠ ᠵᠢᠨ ᠮᠠᠲ᠋ᠧᠷᠢᠶᠠᠯ᠎ᠢ ᠶᠡᠬᠡ᠎ᠪᠠᠷ ᠬᠥᠭᠵᠢᠭᠦᠯᠵᠦ᠂ ᠪᠣᠬᠢᠷᠳᠤᠯ ᠦᠭᠡᠢ ᠪᠠᠷᠢᠯᠭ᠎ᠠ ᠵᠢᠨ ᠮᠠᠲ᠋ᠧᠷᠢᠶᠠᠯ᠎ᠤᠨ ᠵᠢᠱ᠌ᠢᠶ᠎ᠡ ᠦᠵᠡᠭᠦᠯᠬᠦ ᠦᠢ᠍ᠯᠡᠳᠬᠦᠨ ᠪᠠ ᠵᠢᠱ᠌ᠢᠶ᠎ᠡ ᠦᠵᠡᠭᠦᠯᠬᠦ ᠠᠵᠤ ᠠᠬᠤᠢ᠌ᠯᠠᠯ᠎ᠢ ᠪᠣᠶ ᠪᠣᠯᠭ᠋ᠠᠨ᠎ᠠ᠃ ᠪᠣᠬᠢᠷᠳᠤᠯ ᠦᠭᠡᠢ ᠪᠠᠷᠢᠯᠭ᠎ᠠ ᠵᠢᠨ ᠮᠠᠲ᠋ᠧᠷᠢᠶᠠᠯ᠎ᠤᠨ ᠦᠢ᠍ᠯᠡᠳᠬᠦᠨ᠎ᠤ ᠭᠡᠷᠡᠴᠢᠯᠡᠯ᠎ᠤᠨ ᠳᠦᠷᠢᠮ᠎ᠢ ᠬᠡᠷᠡᠭᠵᠢᠭᠦᠯᠬᠦ ᠵᠢ᠎ᠨᠢ ᠠᠬᠢᠭᠤᠯᠵᠤ᠂ ᠪᠣᠬᠢᠷᠳᠤᠯ ᠦᠭᠡᠢ ᠪᠠᠷᠢᠯᠭ᠎ᠠ ᠵᠢᠨ ᠮᠠᠲ᠋ᠧᠷᠢᠶᠠᠯ᠎ᠤᠨ ᠦᠢ᠍ᠯᠡᠳᠬᠦᠨ ᠦᠢ᠍ᠯᠡᠳᠪᠦᠷᠢᠯᠡᠬᠦ᠂ ᠭᠡᠷᠡᠴᠢᠯᠡᠬᠦ᠂ ᠮᠡᠳᠡᠭᠡ ᠵᠠᠩᠭᠢ ᠴᠤᠭᠯᠠᠭᠤᠯᠵᠤ ᠬᠡᠷᠡᠭᠯᠡᠬᠦ ᠵᠡᠷᠭᠡ᠎ᠳᠤ ᠬᠢᠨᠠᠯᠲᠠ ᠲᠠᠯᠪᠢᠵᠤ ᠬᠠᠮᠢᠶᠠᠷᠬᠤ ᠵᠢ ᠴᠢᠩᠭ᠋ᠠᠳᠬᠠᠨ᠎ᠠ᠃ ᠪᠣᠬᠢᠷᠳᠤᠯ ᠦᠭᠡᠢ ᠪᠠᠷᠢᠯᠭ᠎ᠠ ᠵᠢᠨ ᠮᠠᠲ᠋ᠧᠷᠢᠶᠠᠯ᠎ᠤᠨ ᠵᠠᠬ᠎ᠠ ᠳᠡᠯᠭᠡᠭᠦᠷ᠎ᠤᠨ
ᠲᠣᠭᠲᠠᠯᠴᠠᠭ᠎ᠠ ᠵᠢ ᠪᠦᠷᠢᠨᠰᠢᠭᠦᠯᠵᠦ᠂ ᠪᠣᠬᠢᠷᠳᠤᠯ ᠦᠭᠡᠢ ᠪᠠᠷᠢᠯᠭ᠎ᠠ ᠵᠢᠨ ᠮᠠᠲ᠋ᠧᠷᠢᠶᠠᠯ᠎ᠤᠨ ᠦᠢ᠍ᠯᠡᠳᠬᠦᠨ᠎ᠤ ᠶᠠᠰᠤ ᠴᠢᠨᠠᠷ᠎ᠢ ᠳᠡᠭᠡᠭᠰᠢᠯᠡᠭᠦᠯᠦᠨ᠂ ᠪᠣᠬᠢᠷᠳᠤᠯ ᠦᠭᠡᠢ ᠪᠠᠷᠢᠯᠭ᠎ᠠ ᠵᠢᠨ ᠮᠠᠲ᠋ᠧᠷᠢᠶᠠᠯ᠎ᠤᠨ ᠦᠢ᠍ᠯᠡᠳᠬᠦᠨ᠎ᠤ ᠬᠠᠩᠭ᠋ᠠᠯᠭ᠎ᠠ ᠵᠢ ᠨᠡᠮᠡᠭᠳᠡᠭᠦᠯᠵᠦ᠂ ᠪᠣᠬᠢᠷᠳᠤᠯ ᠦᠭᠡᠢ ᠦᠢ᠍ᠯᠡᠳᠬᠦᠨ᠎ᠤ ᠬᠡᠷᠡᠭᠯᠡᠭᠡ ᠵᠢ ᠬᠥᠲᠥᠯᠥᠨ ᠵᠢᠯᠤᠭᠣᠳᠴᠤ᠂ ᠪᠠᠷᠢᠯᠭ᠎ᠠ ᠵᠢᠨ ᠮᠠᠲ᠋ᠧᠷᠢᠶᠠᠯ᠎ᠤᠨ ᠠᠵᠤ ᠦᠢ᠍ᠯᠡᠳᠪᠦᠷᠢ ᠪᠠ ᠪᠠᠷᠢᠯᠭ᠎ᠠ ᠵᠢᠨ ᠦᠢ᠍ᠯᠡᠰ᠎ᠤᠨ ᠬᠡᠯᠪᠡᠷᠢ᠎ᠪᠠᠨ ᠬᠤᠪᠢᠷᠠᠭᠤᠯᠤᠨ ᠲᠠᠰ ᠳᠡᠪᠰᠢᠬᠦ ᠵᠢ ᠠᠬᠢᠭᠤᠯᠤᠨ᠎ᠠ᠃ ᠪᠣᠬᠢᠷᠳᠤᠯ ᠦᠭᠡᠢ ᠪᠠᠷᠢᠯᠭ᠎ᠠ᠂ ᠪᠠᠲᠤᠯᠠᠭ᠎ᠠ ᠵᠢᠨ ᠴᠢᠨᠠᠷᠲᠠᠢ ᠣᠷᠣᠨ ᠰᠠᠭᠤᠴᠠ ᠵᠡᠷᠭᠡ ᠵᠠᠰᠠᠭ᠎ᠤᠨ ᠣᠷᠳᠣᠨ᠎ᠤ ᠪᠡᠯᠡ ᠣᠷᠣᠭᠤᠯᠤᠭᠰᠠᠨ ᠪᠤᠶᠤ ᠡᠳ᠋᠎ᠤᠨ ᠵᠠᠰᠠᠭ᠎ᠤᠨ ᠪᠡᠯᠡ ᠮᠥᠩᠭᠥ ᠵᠢ ᠬᠡᠷᠡᠭᠯᠡᠵᠦ ᠪᠦᠲᠦᠭᠡᠨ ᠪᠠᠶ᠋ᠢᠭᠤᠯᠬᠤ ᠲᠥᠷᠥᠯ ᠵᠦᠢ᠍ᠯ ᠵᠢᠴᠢ 2 ᠲᠦᠮᠡᠨ ᠲᠡᠭᠰᠢ ᠳᠥᠷᠪᠡᠯᠵᠢᠨ ᠮᠧᠲᠷ᠎ᠠᠴᠠ ᠢᠯᠡᠭᠦᠦ ᠲᠠᠯᠠᠪᠠᠢ᠎ᠲᠠᠢ ᠣᠯᠠᠨ ᠨᠡᠶ᠋ᠢᠲᠡ ᠵᠢᠨ ᠪᠠᠷᠢᠯᠭ᠎ᠠ᠂ 5 ᠲᠦᠮᠡᠨ ᠲᠡᠭᠰᠢ ᠳᠥᠷᠪᠡᠯᠵᠢᠨ ᠮᠧᠲᠷ᠎ᠠᠴᠠ ᠢᠯᠡᠭᠦᠦ ᠲᠠᠯᠠᠪᠠᠢ᠎ᠲᠠᠢ ᠣᠷᠣᠨ ᠰᠠᠭᠤᠴᠠ ᠵᠢᠨ ᠪᠠᠷᠢᠯᠭ᠎ᠠ ᠵᠢᠨ ᠲᠥᠷᠥᠯ ᠵᠦᠢ᠍ᠯ᠎ᠳᠤ ᠭᠡᠷᠡᠴᠢᠯᠡᠯ ᠣᠯᠣᠭᠰᠠᠨ ᠪᠣᠬᠢᠷᠳᠤᠯ ᠦᠭᠡᠢ ᠪᠠᠷᠢᠯᠭ᠎ᠠ ᠵᠢᠨ ᠮᠠᠲ᠋ᠧᠷᠢᠶᠠᠯ᠎ᠤᠨ ᠦᠢ᠍ᠯᠡᠳᠬᠦᠨ᠎ᠢ ᠡᠩ ᠲᠡᠷᠢᠭᠦᠨ᠎ᠳᠤ ᠬᠡᠷᠡᠭᠯᠡᠬᠦ ᠵᠢ ᠠᠬᠢᠭᠤᠯᠤᠨ᠎ᠠ᠃ (ᠥᠪᠡᠷᠲᠡᠭᠡᠨ ᠵᠠᠰᠠᠬᠤ ᠣᠷᠣᠨ᠎ᠤ ᠵᠠᠬ᠎ᠠ ᠳᠡᠯᠭᠡᠭᠦᠷ᠎ᠤᠨ ᠬᠢᠨᠠᠯᠲᠠ ᠬᠠᠮᠢᠶᠠᠷᠤᠯᠲᠠ ᠵᠢᠨ ᠲᠣᠪᠴᠢᠶ᠎ᠠ᠂ ᠠᠵᠤ ᠦᠢ᠍ᠯᠡᠳᠪᠦᠷᠢ ᠪᠠ ᠮᠡᠳᠡᠭᠡ ᠵᠠᠩᠭᠢᠴᠢᠯᠠᠯᠲᠠ ᠵᠢᠨ ᠲᠢᠩᠬᠢᠮ᠂ ᠣᠷᠣᠨ ᠰᠠᠭᠤᠴᠠ ᠪᠠ ᠬᠤᠲᠠ ᠬᠥᠳᠡᠭᠡ ᠵᠢᠨ ᠪᠦᠲᠦᠭᠡᠨ ᠪᠠᠢ᠌ᠭᠤᠯᠤᠯᠲᠠ ᠵᠢᠨ ᠲᠢᠩᠬᠢᠮ ᠬᠠᠷᠢᠭᠤᠴᠠᠨ᠎ᠠ)
2 . ᠪᠠᠷᠢᠯᠭ᠎ᠠ ᠵᠢᠨ ᠳᠤᠯᠠᠭ᠋ᠠᠨ᠎ᠢ ᠬᠠᠮᠠᠭ᠋ᠠᠯᠠᠬᠤ ᠪᠦᠲᠦᠴᠡ᠎ᠳᠤ ᠨᠢᠭᠡ ᠴᠣᠭᠴᠠᠵᠢᠭᠤᠯᠬᠤ ᠵᠢ ᠬᠡᠷᠡᠭᠵᠢᠭᠦᠯᠦᠨ᠎ᠡ᠃ ᠪᠠᠷᠢᠯᠭ᠎ᠠ ᠵᠢᠨ ᠳᠤᠯᠠᠭ᠋ᠠᠨ᠎ᠢ ᠬᠠᠮᠠᠭ᠋ᠠᠯᠠᠬᠤ ᠪᠦᠲᠦᠴᠡ᠎ᠳᠤ ᠨᠢᠭᠡ ᠴᠣᠭᠴᠠᠵᠢᠭᠤᠯᠬᠤ ᠮᠡᠷᠭᠡᠵᠢᠯ᠎ᠢ ᠳᠡᠯᠭᠡᠷᠡᠭᠦᠯᠬᠦ ᠠᠵᠢᠯ᠎ᠤᠨ ᠲᠥᠰᠥᠯ᠎ᠢ ᠲᠣᠭᠲᠠᠭ᠋ᠠᠵᠤ᠂ ᠨᠢᠭᠡ ᠴᠣᠭᠴᠠᠵᠢᠭᠤᠯᠤᠭᠰᠠᠨ ᠦᠢ᠍ᠯᠡᠳᠪᠦᠷᠢᠯᠡᠯ᠎ᠤᠨ ᠰᠠᠭᠤᠷᠢᠨ ᠭᠠᠵᠠᠷ᠎ᠤᠨ ᠪᠦᠲᠦᠭᠡᠨ ᠪᠠᠢ᠌ᠭᠤᠯᠤᠯᠲᠠ ᠵᠢ ᠰᠠᠢ᠌ᠲᠤᠷ ᠠᠳᠬᠤᠨ᠂ ᠦᠢ᠍ᠯᠡᠳᠪᠦᠷᠢᠯᠡᠬᠦ ᠠᠵᠤ ᠠᠬᠤᠢ᠌ᠯᠠᠯ᠎ᠤᠨ ᠨᠢᠭᠡ ᠴᠣᠭᠴᠠᠵᠢᠭᠤᠯᠤᠭᠰᠠᠨ ᠮᠡᠷᠭᠡᠵᠢᠯ᠎ᠢ ᠰᠤᠳᠤᠯᠤᠨ ᠨᠡᠭᠡᠭᠡᠬᠦ ᠪᠠ ᠣᠷᠣᠭᠤᠯᠤᠨ ᠠᠪᠴᠢᠷᠠᠬᠤ ᠵᠢ ᠬᠥᠲᠥᠯᠥᠨ ᠵᠢᠯᠤᠭᠣᠳᠴᠤ᠂ ᠭᠠᠷ ᠤᠷᠠᠯᠠᠯ ᠲᠣᠨᠤᠭ ᠲᠥᠬᠦᠭᠡᠷᠦᠮᠵᠢ ᠵᠢᠨ ᠬᠢᠷᠢ ᠲᠦᠪᠰᠢᠨ᠎ᠢ ᠳᠡᠭᠡᠭᠰᠢᠯᠡᠭᠦᠯᠦᠨ᠂ ᠶᠠᠰᠤ ᠴᠢᠨᠠᠷ᠎ᠢ᠎ᠨᠢ ᠪᠠᠲᠤᠯᠠᠬᠤ ᠲᠣᠭᠲᠠᠯᠴᠠᠭ᠎ᠠ ᠵᠢ ᠲᠡᠭᠦᠯᠳᠡᠷᠵᠢᠭᠦᠯᠵᠦ᠂ ᠨᠢᠭᠡ ᠴᠣᠭᠴᠠᠵᠢᠭᠤᠯᠤᠭᠰᠠᠨ ᠮᠡᠷᠭᠡᠵᠢᠯ᠎ᠲᠠᠢ ᠦᠢ᠍ᠯᠡᠳᠬᠦᠨ᠎ᠤ ᠶᠠᠰᠤ ᠴᠢᠨᠠᠷ ᠪᠠ ᠵᠠᠬ᠎ᠠ ᠳᠡᠯᠭᠡᠭᠦᠷ᠎ᠤᠨ ᠬᠠᠩᠭ᠋ᠠᠯᠭ᠎ᠠ ᠵᠢ ᠪᠠᠲᠤᠯᠠᠨ᠎ᠠ᠃ ᠨᠢᠭᠡ ᠴᠣᠭᠴᠠᠵᠢᠭᠤᠯᠤᠭᠰᠠᠨ ᠮᠡᠷᠭᠡᠵᠢᠯ᠎ᠳᠤ ᠰᠢᠯᠢᠨ ᠰᠣᠩᠭᠣᠬᠤ ᠠᠵᠢᠯ᠎ᠢ ᠥᠷᠨᠢᠭᠦᠯᠵᠦ᠂ ᠪᠦᠷᠢᠨ
ᠲᠡᠭᠦᠯᠳᠡᠷ ᠮᠡᠷᠭᠡᠵᠢᠯ᠎ᠤᠨ ᠲᠤᠯᠭ᠋ᠠᠭᠤᠷᠢᠯᠠᠯ᠎ᠲᠠᠢ ᠲᠣᠭᠲᠠᠯᠴᠠᠭ᠎ᠠ ᠵᠢ ᠪᠠᠢ᠌ᠭᠤᠯᠤᠨ᠎ᠠ᠃ ᠪᠦᠬᠦ ᠣᠷᠣᠨ᠎ᠤ ᠪᠠᠲᠤᠯᠠᠭ᠎ᠠ ᠵᠢᠨ ᠴᠢᠨᠠᠷᠲᠠᠢ ᠣᠷᠣᠨ ᠰᠠᠭᠤᠴᠠ᠂ ᠪᠣᠬᠢᠷᠳᠤᠯ ᠦᠭᠡᠢ ᠪᠠᠷᠢᠯᠭ᠎ᠠ᠂ ᠵᠠᠰᠠᠭ᠎ᠤᠨ ᠣᠷᠳᠣᠨ᠎ᠤ ᠪᠡᠯᠡ ᠣᠷᠣᠭᠤᠯᠤᠭᠰᠠᠨ ᠣᠯᠠᠨ ᠨᠡᠶ᠋ᠢᠲᠡ ᠵᠢᠨ ᠪᠠᠷᠢᠯᠭ᠎ᠠ ᠪᠠ ᠨᠡᠶ᠋ᠢᠲᠡ ᠵᠢᠨ ᠠᠰᠠᠷᠠᠮᠵᠢ ᠵᠢᠨ ᠴᠢᠨᠠᠷᠲᠠᠢ ᠪᠠᠷᠢᠯᠭ᠎ᠠ᠎ᠳᠤ ᠨᠢᠭᠡ ᠴᠣᠭᠴᠠᠵᠢᠭᠤᠯᠤᠭᠰᠠᠨ ᠮᠡᠷᠭᠡᠵᠢᠯ ᠬᠡᠷᠡᠭᠯᠡᠬᠦ ᠵᠢ ᠠᠬᠢᠭᠤᠯᠤᠨ᠎ᠠ᠃ ᠬᠥᠬᠡᠬᠤᠲᠠ᠂ ᠪᠤᠭᠤᠲᠤ ᠬᠤᠲᠠ᠂ ᠬᠢᠩᠭ᠋ᠠᠨ ᠠᠢ᠌ᠮᠠᠭ᠎ᠤᠨ ᠰᠢᠨ᠎ᠡ ᠪᠠᠶ᠋ᠢᠭᠤᠯᠬᠤ ᠪᠠᠷᠢᠯᠭ᠎ᠠ᠎ᠳᠤ ᠤᠷᠢᠳ ᠵᠶ᠋ᠠᠷ ᠨᠢᠭᠡ ᠴᠣᠭᠴᠠᠵᠢᠭᠤᠯᠤᠭᠰᠠᠨ ᠮᠡᠷᠭᠡᠵᠢᠯ᠎ᠢ ᠬᠡᠷᠡᠭᠯᠡᠵᠦ᠂ ᠪᠤᠰᠤᠳ ᠠᠢ᠌ᠮᠠᠭ ᠬᠤᠲᠠ᠎ᠳᠤ ᠠᠯᠬᠤᠮ ᠠᠯᠬᠤᠮ ᠵᠶ᠋ᠠᠷ ᠳᠡᠯᠭᠡᠷᠡᠭᠦᠯᠦᠨ᠎ᠡ᠃ (ᠥᠪᠡᠷᠲᠡᠭᠡᠨ ᠵᠠᠰᠠᠬᠤ ᠣᠷᠣᠨ᠎ᠤ ᠣᠷᠣᠨ ᠰᠠᠭᠤᠴᠠ ᠪᠠ ᠬᠤᠲᠠ ᠬᠥᠳᠡᠭᠡ ᠵᠢᠨ ᠪᠦᠲᠦᠭᠡᠨ ᠪᠠᠢ᠌ᠭᠤᠯᠤᠯᠲᠠ ᠵᠢᠨ ᠲᠢᠩᠬᠢᠮ᠂ ᠠᠵᠤ ᠦᠢ᠍ᠯᠡᠳᠪᠦᠷᠢ ᠪᠠ ᠮᠡᠳᠡᠭᠡ ᠵᠠᠩᠭᠢᠴᠢᠯᠠᠯᠲᠠ ᠵᠢᠨ ᠲᠢᠩᠬᠢᠮ᠂ ᠪᠠᠢ᠌ᠭ᠋ᠠᠯᠢ ᠵᠢᠨ ᠡᠬᠢ ᠪᠠᠶᠠᠯᠢᠭ᠎ᠤᠨ ᠲᠢᠩᠬᠢᠮ ᠬᠠᠷᠢᠭᠤᠴᠠᠨ᠎ᠠ)
3 . 《ᠳᠥᠷᠪᠡᠨ ᠰᠢᠨ᠎ᠡ》 ᠮᠡᠷᠭᠡᠵᠢᠯ᠎ᠢ ᠳᠡᠯᠭᠡᠷᠡᠭᠦᠯᠦᠨ ᠬᠡᠷᠡᠭᠯᠡᠬᠦ᠎ᠪᠠᠨ ᠴᠢᠩᠭ᠋ᠠᠳᠬᠠᠨ᠎ᠠ᠃ ᠪᠠᠷᠢᠯᠭ᠎ᠠ ᠵᠢᠨ ᠡᠨᠧᠷᠭᠢ ᠠᠷᠪᠢᠯᠠᠬᠤ ᠪᠠ ᠪᠣᠬᠢᠷᠳᠤᠯ ᠦᠭᠡᠢ ᠪᠠᠷᠢᠯᠭ᠎ᠠ ᠵᠢᠨ ᠰᠢᠨ᠎ᠡ ᠮᠡᠷᠭᠡᠵᠢᠯ᠂ ᠰᠢᠨ᠎ᠡ ᠤᠷᠠᠯᠠᠯ᠂ ᠰᠢᠨ᠎ᠡ ᠮᠠᠲ᠋ᠧᠷᠢᠶᠠᠯ᠂ ᠰᠢᠨ᠎ᠡ ᠦᠢ᠍ᠯᠡᠳᠬᠦᠨ᠎ᠢ ᠳᠡᠯᠭᠡᠷᠡᠭᠦᠯᠦᠨ ᠬᠡᠷᠡᠭᠯᠡᠵᠦ᠂ ᠳᠡᠯᠭᠡᠷᠡᠭᠦᠯᠦᠨ ᠬᠡᠷᠡᠭᠯᠡᠬᠦ ᠵᠢ᠎ᠨᠢ ᠬᠢᠵᠠᠭ᠋ᠠᠷᠯᠠᠨ ᠬᠣᠷᠢᠭᠯᠠᠬᠤ ᠮᠡᠷᠭᠡᠵᠢᠯ᠎ᠤᠨ ᠭᠠᠷᠴᠠᠭ᠎ᠢ ᠴᠠᠭ ᠲᠤᠬᠠᠢᠳᠤᠨᠢ ᠰᠢᠨᠡᠳᠬᠡᠨ ᠨᠡᠢ᠌ᠲᠡᠯᠡᠨ᠎ᠡ᠃ ᠠᠶᠠᠨᠳᠠᠭ᠋ᠠᠨ ᠨᠠᠷᠠᠨ᠎ᠤ ᠬᠡᠷᠡᠯ ᠲᠤᠰᠬᠤ᠂ ᠰᠠᠯᠬᠢ ᠨᠡᠪᠲᠡᠷᠡᠬᠦ᠂ ᠪᠣᠷᠣᠭ᠋ᠠᠨ᠎ᠤ ᠤᠰᠤ ᠴᠤᠭᠯᠠᠭᠤᠯᠬᠤ᠂ ᠴᠡᠪᠡᠷᠵᠢᠭᠦᠨ ᠤᠰᠤ ᠵᠢ ᠠᠰᠢᠭᠯᠠᠬᠤ᠂ ᠤᠰᠤ ᠠᠷᠪᠢᠯᠠᠬᠤ᠂ ᠲᠠᠭᠤ ᠬᠥᠨᠳᠡᠢ᠌ᠷᠡᠭᠦᠯᠬᠦ ᠵᠡᠷᠭᠡ ᠪᠣᠯᠪᠠᠰᠤᠷᠠᠩᠭᠤᠢ ᠪᠣᠯᠤᠭᠰᠠᠨ ᠮᠡᠷᠭᠡᠵᠢᠯ᠎ᠤᠨ ᠦᠢ᠍ᠯᠡᠳᠬᠦᠨ᠎ᠢ ᠭᠠᠵᠠᠷ ᠣᠷᠣᠨ᠎ᠤ ᠪᠠᠢ᠌ᠳᠠᠯ᠎ᠳᠤ᠎ᠪᠠᠨ ᠲᠣᠬᠢᠷᠠᠭᠤᠯᠤᠨ ᠳᠡᠯᠭᠡᠷᠡᠭᠦᠯᠵᠦ᠂ ᠪᠠᠷᠢᠯᠭ᠎ᠠ ᠵᠢᠨ ᠬᠣᠭ ᠨᠣᠪᠰᠢ᠂ ᠨᠡᠭᠦᠷᠡᠰᠦᠨ ᠴᠢᠯᠠᠭᠤ᠂ ᠨᠤᠨᠳᠠᠭ ᠨᠡᠭᠦᠷᠡᠰᠦᠨ᠎ᠤ ᠦᠨᠡᠰᠦ᠂ ᠵᠤᠤᠬ᠎ᠠ ᠵᠢᠨ ᠰᠢᠭ᠋ᠠᠷᠤ᠂ ᠦᠯᠡᠳᠡᠭᠳᠡᠯ ᠬᠦᠳᠡᠷ ᠵᠡᠷᠭᠡ ᠬᠠᠲᠠᠭᠤ ᠪᠡᠶᠡᠲᠦ ᠬᠠᠶᠠᠭᠳᠠᠮᠠᠯ ᠪᠣᠳᠠᠰ᠎ᠢ ᠠᠰᠢᠭᠯᠠᠨ ᠲᠦᠭᠦᠬᠡᠢ ᠮᠠᠲ᠋ᠧᠷᠢᠶᠠᠯ ᠪᠣᠯᠭ᠋ᠠᠵᠤ ᠬᠡᠷᠡᠮ᠎ᠤᠨ ᠮᠠᠲ᠋ᠧᠷᠢᠶᠠᠯ ᠦᠢ᠍ᠯᠡᠳᠪᠦᠷᠢᠯᠡᠬᠦ ᠵᠢ ᠵᠣᠷᠢᠭᠵᠢᠭᠤᠯᠤᠨ᠎ᠠ᠃ (ᠥᠪᠡᠷᠲᠡᠭᠡᠨ ᠵᠠᠰᠠᠬᠤ ᠣᠷᠣᠨ᠎ᠤ ᠣᠷᠣᠨ ᠰᠠᠭᠤᠴᠠ ᠪᠠ ᠬᠤᠲᠠ ᠬᠥᠳᠡᠭᠡ ᠵᠢᠨ
ᠪᠦᠲᠦᠭᠡᠨ ᠪᠠᠢ᠌ᠭᠤᠯᠤᠯᠲᠠ ᠵᠢᠨ ᠲᠢᠩᠬᠢᠮ᠂ ᠬᠥᠭᠵᠢᠭᠦᠯᠦᠯᠲᠡ ᠪᠠ ᠥᠭᠡᠷᠡᠴᠢᠯᠡᠯᠲᠡ ᠵᠢᠨ ᠵᠥᠪᠯᠡᠯ᠂ ᠠᠵᠤ ᠦᠢ᠍ᠯᠡᠳᠪᠦᠷᠢ ᠪᠠ ᠮᠡᠳᠡᠭᠡ ᠵᠠᠩᠭᠢᠴᠢᠯᠠᠯᠲᠠ ᠵᠢᠨ ᠲᠢᠩᠬᠢᠮ ᠬᠠᠷᠢᠭᠤᠴᠠᠨ᠎ᠠ)
(ᠵᠢᠷᠭᠤᠭ᠎ᠠ) ᠲᠠᠬᠢᠨ ᠡᠭᠦᠰᠴᠦ ᠪᠣᠯᠬᠤ ᠡᠨᠧᠷᠬᠢ ᠵᠢᠨ ᠪᠠᠷᠢᠯᠭ᠎ᠠ᠎ᠳᠤ ᠬᠡᠷᠡᠭᠯᠡᠬᠦ ᠬᠡᠪᠴᠢᠶ᠎ᠡ ᠵᠢ ᠥᠷᠭᠡᠳᠬᠡᠨ᠎ᠡ᠃ ᠪᠠᠷᠢᠯᠭ᠎ᠠ᠎ᠳᠤ ᠳᠠᠬᠢᠨ ᠡᠭᠦᠰᠴᠦ ᠪᠣᠯᠬᠤ ᠡᠨᠧᠷᠭᠢ ᠵᠢ ᠬᠡᠷᠡᠭᠯᠡᠬᠦ᠎ᠪᠠᠨ ᠴᠢᠩᠭ᠋ᠠᠳᠬᠠᠨ᠎ᠠ᠃ ᠨᠡᠷᠡᠨ᠎ᠤ ᠡᠨᠧᠷᠭᠢ᠂ ᠭᠦᠢ᠍ᠬᠡᠨ ᠳᠠᠪᠬᠤᠷᠭ᠎ᠠ᠎ᠳᠠᠬᠢ ᠭᠠᠵᠠᠷ᠎ᠤᠨ ᠢᠯᠴᠢ ᠵᠢᠨ ᠡᠨᠧᠷᠭᠢ᠂ ᠠᠭ᠋ᠠᠷ᠎ᠤᠨ ᠡᠨᠧᠷᠭᠢ ᠵᠡᠷᠭᠡ ᠰᠢᠨ᠎ᠡ ᠡᠨᠧᠷᠭᠢ ᠵᠢ ᠭᠠᠵᠠᠷ ᠣᠷᠣᠨ᠎ᠤ ᠪᠠᠢ᠌ᠳᠠᠯ᠎ᠳᠤ᠎ᠪᠠᠨ ᠲᠣᠬᠢᠷᠠᠭᠤᠯᠤᠨ ᠪᠠᠷᠢᠯᠭ᠎ᠠ᠎ᠳᠤ ᠬᠡᠷᠡᠭᠯᠡᠬᠦ ᠵᠢ ᠠᠬᠢᠭᠤᠯᠵᠤ᠂ ᠠᠷᠠᠳ᠎ᠤᠨ ᠬᠡᠷᠡᠭᠴᠡᠭᠡᠨ᠎ᠤ ᠪᠠᠷᠢᠯᠭ᠎ᠠ ᠵᠢᠨ ᠡᠩ᠎ᠤᠨ ᠡᠨᠧᠷᠭᠢ ᠵᠢᠨ ᠬᠡᠷᠡᠭᠯᠡᠯᠲᠡ ᠵᠢ ᠪᠠᠭ᠋ᠠᠰᠬᠠᠨ᠎ᠠ᠃ ᠳᠠᠬᠢᠨ ᠡᠭᠦᠰᠴᠦ ᠪᠣᠯᠬᠤ ᠡᠨᠧᠷᠭᠢ ᠵᠢ ᠪᠠᠷᠢᠯᠭ᠎ᠠ᠎ᠳᠤ ᠬᠡᠷᠡᠭᠯᠡᠬᠦ ᠢᠨᠵᠧᠨᠧᠷᠢᠩ᠎ᠤᠨ ᠲᠥᠯᠦᠪᠵᠢᠭᠦᠯᠭᠡ᠂ ᠵᠢᠷᠤᠭ ᠲᠥᠯᠥᠪᠯᠡᠭᠡ᠂ ᠪᠠᠷᠢᠯᠭ᠎ᠠ ᠪᠠᠷᠢᠬᠤ᠂ ᠰᠢᠯᠭ᠋ᠠᠨ ᠠᠪᠬᠤ᠂ ᠠᠵᠢᠯᠯᠠᠭᠤᠯᠬᠤ ᠵᠡᠷᠭᠡ ᠲᠠᠯ᠎ᠠ ᠵᠢᠨ ᠬᠠᠮᠢᠶᠠᠷᠤᠯᠲᠠ ᠵᠢ ᠴᠢᠩᠭ᠋ᠠᠳᠬᠠᠨ᠎ᠠ᠃ ᠨᠡᠷᠡᠨ᠎ᠤ ᠡᠨᠧᠷᠭᠢ᠎ᠪᠠᠷ ᠤᠰᠤ ᠬᠠᠯᠠᠭ᠋ᠠᠬᠤ ᠪᠠᠷᠢᠯᠭ᠎ᠠ ᠵᠢᠨ ᠨᠢᠭᠡ ᠴᠣᠭᠴᠠᠵᠢᠭᠤᠯᠬᠤ ᠰᠢᠰᠲ᠋ᠧᠮ᠎ᠢ ᠶᠡᠬᠡ᠎ᠪᠠᠷ ᠬᠥᠭᠵᠢᠭᠦᠯᠵᠦ᠂ 12 ᠳᠠᠪᠬᠤᠷᠯᠢᠭ ᠬᠦᠷᠬᠦ ᠦᠭᠡᠢ ᠣᠷᠣᠨ ᠰᠠᠭᠤᠴᠠ ᠵᠢᠨ ᠪᠠᠷᠢᠯᠭ᠎ᠠ ᠪᠠ
ᠡᠮᠨᠡᠯᠭᠡ ᠵᠢᠨ ᠬᠣᠷᠢᠶ᠎ᠠ᠂ ᠰᠤᠷᠭ᠋ᠠᠭᠤᠯᠢ᠂ ᠵᠣᠴᠢᠳ᠎ᠤᠨ ᠪᠠᠭᠤᠳᠠᠯ᠂ ᠤᠮᠪᠠᠯᠲᠠ ᠵᠢᠨ ᠲᠠᠲᠠᠭ᠋ᠠᠯ᠂ ᠣᠯᠠᠨ ᠨᠡᠶ᠋ᠢᠲᠡ ᠵᠢᠨ ᠤᠬᠢᠶᠠᠯᠭ᠎ᠠ ᠵᠢᠨ ᠥᠷᠥᠭᠡ ᠵᠡᠷᠭᠡ ᠣᠯᠠᠨ ᠨᠡᠶ᠋ᠢᠲᠡ ᠵᠢᠨ ᠪᠠᠷᠢᠯᠭ᠎ᠠ᠎ᠳᠤ ᠨᠡᠷᠡᠨ᠎ᠤ ᠡᠨᠧᠷᠭᠢ ᠵᠢᠨ ᠭᠡᠷᠡᠯ ᠢᠯᠴᠢ ᠬᠡᠷᠡᠭᠯᠡᠬᠦ ᠪᠠᠷᠢᠯᠭ᠎ᠠ ᠵᠢᠨ ᠨᠢᠭᠡ ᠴᠣᠭᠴᠠᠵᠢᠭᠤᠯᠤᠭᠰᠠᠨ ᠮᠡᠷᠭᠡᠵᠢᠯ᠎ᠢ ᠠᠬᠢᠭᠤᠯᠤᠨ᠎ᠠ᠃ ᠬᠤᠲᠠ ᠪᠠᠯᠭ᠋ᠠᠰᠤᠨ᠎ᠤ ᠪᠠᠷᠢᠯᠭ᠎ᠠ᠎ᠳᠤ ᠨᠡᠷᠡᠨ᠎ᠤ ᠡᠨᠧᠷᠭᠢ ᠵᠢᠨ ᠭᠡᠷᠡᠯ ᠴᠡᠨᠡᠭ᠎ᠤᠨ ᠲᠠᠷᠬᠠᠯᠲᠠ ᠵᠢᠨ ᠬᠡᠯᠪᠡᠷᠢ᠎ᠲᠠᠢ᠂ ᠨᠢᠭᠡ ᠴᠣᠭᠴᠠᠵᠢᠭᠤᠯᠤᠨ ᠬᠡᠷᠡᠭᠯᠡᠬᠦ ᠵᠢ ᠳᠡᠯᠭᠡᠷᠡᠭᠦᠯᠵᠦ᠂ ᠲᠤᠬᠠᠢ ᠵᠢᠨ ᠭᠠᠵᠠᠷ᠎ᠲᠤᠨᠢ ᠦᠢ᠍ᠯᠡᠳᠪᠦᠷᠢᠯᠡᠬᠦ ᠪᠠ ᠠᠪᠴᠤ ᠬᠡᠷᠡᠭᠯᠡᠬᠦ ᠪᠣᠯᠭ᠋ᠠᠨ᠎ᠠ᠃ (ᠥᠪᠡᠷᠲᠡᠭᠡᠨ ᠵᠠᠰᠠᠬᠤ ᠣᠷᠣᠨ᠎ᠤ ᠣᠷᠣᠨ ᠰᠠᠭᠤᠴᠠ ᠪᠠ ᠬᠤᠲᠠ ᠬᠥᠳᠡᠭᠡ ᠵᠢᠨ ᠪᠦᠲᠦᠭᠡᠨ ᠪᠠᠢ᠌ᠭᠤᠯᠤᠯᠲᠠ ᠵᠢᠨ ᠲᠢᠩᠬᠢᠮ᠂ ᠬᠥᠭᠵᠢᠭᠦᠯᠦᠯᠲᠡ ᠪᠠ ᠥᠭᠡᠷᠡᠴᠢᠯᠡᠯᠲᠡ ᠵᠢᠨ ᠵᠥᠪᠯᠡᠯ᠂ ᠪᠠᠢ᠌ᠭ᠋ᠠᠯᠢ ᠵᠢᠨ ᠡᠬᠢ ᠪᠠᠶᠠᠯᠢᠭ᠎ᠤᠨ ᠲᠢᠩᠬᠢᠮ᠂ ᠡᠨᠧᠷᠭᠢ ᠵᠢᠨ ᠲᠣᠪᠴᠢᠶ᠎ᠠ ᠬᠠᠷᠢᠭᠤᠴᠠᠨ᠎ᠠ)
(ᠳᠣᠯᠤᠭ᠎ᠠ) ᠪᠣᠬᠢᠷᠳᠤᠯ ᠦᠭᠡᠢ ᠪᠠᠷᠢᠯᠭ᠎ᠠ ᠪᠠᠷᠢᠬᠤ ᠠᠵᠢᠯ᠎ᠢ ᠠᠬᠢᠭᠤᠯᠤᠨ᠎ᠠ᠃ ᠪᠣᠬᠢᠷᠳᠤᠯ ᠦᠭᠡᠢ᠎ᠪᠠᠷ ᠪᠠᠷᠢᠯᠭ᠎ᠠ ᠪᠠᠷᠢᠬᠤ ᠪᠠ ᠠᠮᠤᠷ ᠲᠦᠪᠰᠢᠨ ᠪᠣᠯᠪᠠᠰᠤᠨ ᠵᠶ᠋ᠠᠷ ᠪᠠᠷᠢᠯᠭ᠎ᠠ ᠪᠠᠷᠢᠬᠤ ᠵᠢ ᠠᠬᠢᠭᠤᠯᠤᠨ᠎ᠠ᠃ ᠪᠣᠬᠢᠷᠳᠤᠯ ᠦᠭᠡᠢ ᠪᠠᠷᠢᠯᠭ᠎ᠠ ᠪᠠᠷᠢᠬᠤ ᠢᠨᠵᠧᠨᠧᠷᠢᠩ᠎ᠤᠨ ᠵᠢᠱ᠌ᠢᠶ᠎ᠡ ᠦᠵᠡᠭᠦᠯᠬᠦ ᠠᠵᠢᠯ᠎ᠢ ᠥᠷᠨᠢᠭᠦᠯᠵᠦ᠂ ᠰᠢᠨᠵᠢᠯᠡᠬᠦ ᠤᠬᠠᠭ᠋ᠠᠨᠴᠢ᠎ᠪᠠᠷ ᠬᠠᠮᠢᠶᠠᠷᠬᠤ ᠪᠠ ᠲᠡᠷᠢᠭᠦᠨ᠎ᠤ ᠮᠡᠷᠭᠡᠵᠢᠯ᠎ᠢ ᠬᠡᠷᠡᠭᠯᠡᠬᠦ᠎ᠪᠠᠷ ᠳᠠᠮᠵᠢᠭᠤᠯᠤᠨ᠂ ᠪᠠᠷᠢᠯᠭ᠎ᠠ ᠵᠢᠨ ᠬᠣᠭ ᠲᠣᠭᠣᠰᠣ ᠵᠢ ᠵᠠᠰᠠᠬᠤ᠂ ᠤᠰᠤ ᠠᠷᠪᠢᠯᠠᠵᠤ ᠬᠣᠷᠣᠭᠳᠠᠯ᠎ᠢ ᠪᠠᠭ᠋ᠠᠰᠬᠠᠬᠤ᠂ ᠰᠢᠭ᠋ᠠᠷᠤ ᠰᠢᠷᠣᠢ ᠵᠢᠨ ᠲᠡᠭᠡᠭᠡᠪᠦᠷᠢ᠂ ᠱᠤᠤᠭᠢᠶᠠᠨ᠎ᠤ ᠪᠣᠬᠢᠷᠳᠤᠯ᠂ ᠵᠠᠳᠠᠯᠤᠨ ᠰᠠᠯᠭ᠋ᠠᠵᠤ ᠡᠷᠭᠢᠯᠳᠦᠭᠦᠯᠦᠨ ᠠᠰᠢᠭᠯᠠᠬᠤ ᠵᠡᠷᠭᠡ ᠲᠠᠯ᠎ᠠ ᠵᠢᠨ ᠬᠠᠮᠢᠶᠠᠷᠤᠨ ᠡᠵᠡᠮᠳᠡᠬᠦ ᠵᠢ ᠴᠢᠩᠭ᠋ᠠᠳᠬᠠᠵᠤ᠂ 《ᠳᠥᠷᠪᠡ ᠵᠢ ᠠᠷᠪᠢᠯᠠᠵᠤ ᠣᠷᠴᠢᠨ ᠲᠣᠭᠣᠷᠢᠨ᠎ᠢ ᠬᠠᠮᠠᠭ᠋ᠠᠯᠠᠬᠤ》 (ᠡᠨᠧᠷᠭᠢ ᠠᠷᠪᠢᠯᠠᠬᠤ᠂ ᠭᠠᠵᠠᠷ ᠰᠢᠷᠣᠢ ᠠᠷᠪᠢᠯᠠᠬᠤ᠂ ᠤᠰᠤ ᠠᠷᠪᠢᠯᠠᠬᠤ᠂ ᠮᠠᠲ᠋ᠧᠷᠢᠶᠠᠯ ᠠᠷᠪᠢᠯᠠᠬᠤ ᠪᠠ ᠣᠷᠴᠢᠨ ᠲᠣᠭᠣᠷᠢᠨ᠎ᠢ ᠬᠠᠮᠠᠭ᠋ᠠᠯᠠᠬᠤ) ᠱᠠᠭ᠋ᠠᠷᠳᠠᠯᠭ᠎ᠠ ᠵᠢ ᠨᠠᠢ᠌ᠳᠠᠪᠤᠷᠢᠵᠢᠭᠤᠯᠤᠨ᠂ ᠬᠠᠮᠤᠭ᠎ᠤᠨ ᠶᠡᠬᠡ
ᠬᠡᠮᠵᠢᠶ᠎ᠡ᠎ᠪᠠᠷ ᠡᠨᠧᠷᠭᠢ ᠠᠷᠪᠢᠯᠠᠵᠤ ᠬᠣᠷᠣᠭᠳᠠᠯ᠎ᠢ ᠪᠠᠭᠤᠷᠠᠭᠤᠯᠤᠨ᠂ ᠪᠠᠷᠢᠯᠭ᠎ᠠ ᠵᠢᠨ ᠭᠠᠵᠠᠷ᠎ᠤᠨ ᠪᠣᠬᠢᠷᠳᠤᠯ ᠦᠭᠡᠢ ᠪᠠᠷᠢᠯᠭ᠎ᠠ ᠪᠠᠷᠢᠬᠤ ᠪᠠ ᠣᠷᠴᠢᠨ ᠲᠣᠭᠣᠷᠢᠨ᠎ᠢ ᠬᠠᠮᠠᠭ᠋ᠠᠯᠠᠵᠤ ᠵᠠᠰᠠᠬᠤ ᠬᠢᠷᠢ ᠬᠡᠮᠵᠢᠶ᠎ᠡ ᠵᠢ ᠳᠡᠭᠡᠭᠰᠢᠯᠡᠭᠦᠯᠦᠨ᠎ᠡ᠃ (ᠥᠪᠡᠷᠲᠡᠭᠡᠨ ᠵᠠᠰᠠᠬᠤ ᠣᠷᠣᠨ᠎ᠤ ᠣᠷᠣᠨ ᠰᠠᠭᠤᠴᠠ ᠪᠠ ᠬᠤᠲᠠ ᠬᠥᠳᠡᠭᠡ ᠵᠢᠨ ᠪᠦᠲᠦᠭᠡᠨ ᠪᠠᠢ᠌ᠭᠤᠯᠤᠯᠲᠠ ᠵᠢᠨ ᠲᠢᠩᠬᠢᠮ᠂ ᠠᠮᠢ ᠠᠬᠤᠢ ᠣᠷᠴᠢᠨ ᠲᠣᠭᠣᠷᠢᠨ᠎ᠤ ᠲᠢᠩᠬᠢᠮ ᠬᠠᠷᠢᠭᠤᠴᠠᠨ᠎ᠠ)
(ᠨᠠᠢ᠍ᠮᠠ) ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠰᠢᠨ᠎ᠡ ᠡᠭᠦᠳᠦᠯᠲᠡ ᠵᠢ ᠴᠢᠩᠭ᠋ᠠᠳᠬᠠᠨ᠎ᠠ᠃ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠰᠢᠨ᠎ᠡ ᠵᠢ ᠡᠭᠦᠳᠬᠦ ᠪᠠ ᠠᠵᠤ ᠦᠢ᠍ᠯᠡᠰᠵᠢᠭᠦᠯᠦᠨ ᠬᠥᠭᠵᠢᠭᠦᠯᠬᠦ ᠵᠢ ᠠᠬᠢᠭᠤᠯᠤᠨ᠎ᠠ᠃ ᠠᠵᠤ ᠠᠬᠤᠢ᠌ᠯᠠᠯ ᠵᠶ᠋ᠠᠷ ᠭᠣᠣᠯ ᠴᠣᠭᠴᠠ ᠪᠣᠯᠭ᠋ᠠᠭᠰᠠᠨ᠂ ᠵᠠᠬ᠎ᠠ ᠳᠡᠯᠭᠡᠭᠦᠷ ᠵᠶ᠋ᠠᠷ ᠤᠳᠤᠷᠢᠳᠤᠮᠵᠢ ᠪᠣᠯᠭ᠋ᠠᠭᠰᠠᠨ᠂ ᠦᠢ᠍ᠯᠡᠳᠪᠦᠷᠢᠯᠡᠬᠦ ᠵᠢᠭ᠋ᠠᠬᠤ ᠰᠤᠳᠤᠯᠬᠤ ᠬᠡᠷᠡᠭᠯᠡᠬᠦ ᠵᠢ ᠨᠢᠭᠡ ᠴᠣᠭᠴᠠᠵᠢᠭᠤᠯᠤᠭᠰᠠᠨ ᠮᠡᠷᠭᠡᠵᠢᠯ᠎ᠤᠨ ᠰᠢᠨ᠎ᠡ ᠡᠭᠦᠳᠦᠯᠲᠡ ᠵᠢᠨ ᠲ᠋ᠣᠭᠲᠠᠯᠴᠠᠭᠠ ᠵᠢ ᠪᠠᠢ᠌ᠭᠤᠯᠤᠨ᠎ᠠ᠃ ᠪᠠᠷᠢᠯᠭ᠎ᠠ ᠵᠢᠨ ᠡᠨᠧᠷᠭᠢ ᠠᠷᠪᠢᠯᠠᠬᠤ ᠪᠠ ᠪᠣᠬᠢᠷᠳᠤᠯ ᠦᠭᠡᠢ ᠪᠠᠷᠢᠯᠭ᠎ᠠ ᠵᠢᠨ ᠨᠡᠢ᠌ᠲᠡᠯᠢᠭ ᠴᠢᠨᠠᠷ ᠪᠠ ᠵᠠᠩᠭᠢᠯᠠᠭ᠎ᠠ ᠵᠢᠨ ᠮᠡᠷᠭᠡᠵᠢᠯ᠎ᠤᠨ ᠰᠤᠳᠤᠯᠤᠨ ᠨᠡᠭᠡᠭᠡᠬᠦ ᠵᠢᠴᠢ ᠬᠡᠷᠡᠭᠯᠡᠬᠦ ᠵᠢ ᠴᠢᠩᠭ᠋ᠠᠷᠠᠭᠤᠯᠵᠤ᠂ ᠨᠥᠬᠥᠴᠡᠯ᠎ᠳᠤ ᠨᠡᠢ᠌ᠴᠡᠭᠰᠡᠨ ᠭᠠᠵᠠᠷ ᠣᠷᠣᠨ ᠪᠠ ᠠᠵᠤ ᠠᠬᠤᠢ᠌ᠯᠠᠯ᠎ᠤᠨ ᠮᠡᠷᠭᠡᠵᠢᠯ᠎ᠤᠨ ᠰᠢᠨ᠎ᠡ ᠵᠢ ᠡᠭᠦᠳᠬᠦ ᠲᠥᠪ᠂ ᠪᠠᠷᠢᠯᠭ᠎ᠠ ᠵᠢᠨ ᠪᠦᠲᠦᠭᠡᠨ ᠪᠠᠢ᠌ᠭᠤᠯᠤᠯᠲᠠ ᠵᠢᠨ ᠰᠤᠳᠤᠯᠬᠤ ᠲᠥᠪ᠂ ᠭᠣᠣᠯᠳᠠᠯᠭ᠎ᠠ᠎ᠲᠠᠢ ᠲᠤᠷᠰᠢᠯᠲᠠ ᠵᠢᠨ ᠲᠠᠰᠤᠭ ᠪᠠᠶ᠋ᠢᠭᠤᠯᠬᠤ ᠵᠢ ᠳᠡᠮᠵᠢᠵᠦ᠂
ᠪᠦᠲᠦᠭᠡᠨ ᠪᠠᠢ᠌ᠭᠤᠯᠤᠯᠲᠠ ᠵᠢᠨ ᠬᠦᠷᠢᠶᠡᠨ᠎ᠳᠠᠬᠢ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠰᠢᠨ᠎ᠡ ᠵᠢ ᠡᠭᠦᠳᠬᠦ ᠲᠥᠷᠥᠯ ᠵᠦᠢ᠍ᠯ᠂ ᠮᠡᠷᠭᠡᠵᠢᠯ᠂ ᠮᠠᠲ᠋ᠧᠷᠢᠶᠠᠯ᠂ ᠲᠥᠬᠦᠭᠡᠷᠦᠮᠵᠢ ᠵᠡᠷᠭᠡ᠎ᠪᠠᠨ ᠪᠥᠬᠦ ᠣᠷᠣᠨ᠎ᠤ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠲᠥᠯᠥᠪᠯᠡᠭᠡ ᠵᠢᠨ ᠳᠡᠮᠵᠢᠬᠦ ᠬᠦᠷᠢᠶᠡᠨ᠎ᠳᠤ ᠵᠢᠭᠰᠠᠭ᠋ᠠᠨ ᠣᠷᠣᠭᠤᠯᠬᠤ ᠵᠢ ᠠᠬᠢᠭᠤᠯᠤᠨ᠎ᠠ᠃ ᠪᠠᠷᠢᠯᠭ᠎ᠠ ᠵᠢᠨ ᠡᠨᠧᠷᠭᠢ ᠠᠷᠪᠢᠯᠠᠬᠤ ᠪᠠ ᠪᠣᠬᠢᠷᠳᠤᠯ ᠦᠭᠡᠢ ᠪᠠᠷᠢᠯᠭ᠎ᠠ ᠵᠢᠨ ᠲᠡᠷᠢᠭᠦᠨ᠎ᠤ ᠮᠡᠷᠭᠡᠵᠢᠯ᠎ᠢ ᠢᠳᠡᠪᠬᠢᠲᠡᠢ᠎ᠪᠠᠷ ᠣᠷᠣᠭᠤᠯᠵᠤ ᠠᠪᠴᠢᠷᠠᠬᠤ᠂ ᠬᠡᠷᠡᠭᠯᠡᠬᠦ ᠪᠠ ᠰᠢᠩᠭᠡᠬᠡᠨ ᠠᠪᠴᠤ᠂ ᠲᠤᠰ ᠭᠠᠵᠠᠷ ᠣᠷᠣᠨ᠎ᠤ᠎ᠪᠠᠨ ᠪᠣᠳᠠᠲᠠᠢ᠎ᠳᠤ ᠨᠡᠢ᠌ᠴᠡᠭᠰᠡᠨ ᠲᠥᠬᠥᠷ ᠦᠢ᠍ᠯᠡᠳᠬᠦᠨ ᠪᠠ ᠰᠢᠨ᠎ᠡ ᠮᠡᠷᠭᠡᠵᠢᠯ᠎ᠢ ᠬᠥᠭᠵᠢᠭᠦᠯᠦᠨ᠂ ᠲᠡᠷᠢᠭᠦᠨ᠎ᠤ ᠪᠣᠯᠪᠠᠰᠤᠷᠠᠩᠭᠤᠢ ᠮᠡᠷᠭᠡᠵᠢᠯ᠎ᠤᠨ ᠦᠢ᠍ᠯᠡᠳᠬᠦᠨ᠎ᠢ ᠠᠵᠤ ᠦᠢ᠍ᠯᠡᠰᠵᠢᠭᠦᠯᠬᠦ ᠠᠬᠢᠴᠠ ᠵᠢ ᠠᠬᠢᠭᠤᠯᠤᠨ᠎ᠠ᠃ (ᠥᠪᠡᠷᠲᠡᠭᠡᠨ ᠵᠠᠰᠠᠬᠤ ᠣᠷᠣᠨ᠎ᠤ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠲᠢᠩᠬᠢᠮ᠂ ᠬᠥᠭᠵᠢᠭᠦᠯᠦᠯᠲᠡ ᠪᠠ ᠥᠭᠡᠷᠡᠴᠢᠯᠡᠯᠲᠡ ᠵᠢᠨ ᠵᠥᠪᠯᠡᠯ᠂ ᠡᠳ᠋᠎ᠤᠨ ᠵᠠᠰᠠᠭ᠎ᠤᠨ ᠲᠢᠩᠬᠢᠮ᠂ ᠣᠷᠣᠨ ᠰᠠᠭᠤᠴᠠ ᠪᠠ
ᠬᠤᠲᠠ ᠬᠥᠳᠡᠭᠡ ᠵᠢᠨ ᠪᠦᠲᠦᠭᠡᠨ ᠪᠠᠢ᠌ᠭᠤᠯᠤᠯᠲᠠ ᠵᠢᠨ ᠲᠢᠩᠬᠢᠮ᠂ ᠥᠪᠥᠷ ᠮᠣᠩᠭᠣᠯ᠎ᠤᠨ ᠭᠠᠢ᠌ᠯᠢ ᠵᠢᠨ ᠶᠠᠪᠤᠳᠠᠯ᠎ᠤᠨ ᠲᠣᠪᠴᠢᠶ᠎ᠠ ᠬᠠᠷᠢᠭᠤᠴᠠᠨ᠎ᠠ)
ᠭᠤᠷᠪᠠ᠂ ᠪᠠᠲᠤᠯᠠᠭ᠎ᠠ ᠵᠢᠨ ᠠᠷᠭ᠎ᠠ ᠬᠡᠮᠵᠢᠶ᠎ᠡ
(ᠨᠢᠭᠡ) ᠵᠣᠬᠢᠶᠠᠨ ᠪᠠᠢ᠌ᠭᠤᠯᠵᠤ ᠤᠳᠤᠷᠢᠳᠬᠤ ᠵᠢ ᠴᠢᠩᠭ᠋ᠠᠳᠬᠠᠨ᠎ᠠ᠃ ᠥᠪᠡᠷᠲᠡᠭᠡᠨ ᠵᠠᠰᠠᠬᠤ ᠣᠷᠣᠨ᠎ᠤ ᠪᠠᠷᠢᠯᠭ᠎ᠠ ᠵᠢᠨ ᠡᠨᠧᠷᠭᠢ ᠠᠷᠪᠢᠯᠠᠬᠤ ᠪᠠ ᠪᠣᠬᠢᠷᠳᠤᠯ ᠦᠭᠡᠢ ᠪᠠᠷᠢᠯᠭ᠎ᠠ ᠵᠢᠨ ᠬᠥᠭᠵᠢᠯᠲᠡ ᠵᠢᠨ ᠲᠢᠩᠬᠢᠮ᠎ᠤᠨ ᠬᠤᠭᠤᠷᠣᠨᠳᠣᠬᠢ ᠬᠠᠮᠲᠤᠷᠠᠭᠰᠠᠨ ᠬᠤᠷᠠᠯ᠎ᠤᠨ ᠳᠦᠷᠢᠮ᠎ᠢ ᠪᠠᠢ᠌ᠭᠤᠯᠤᠨ᠂ ᠬᠠᠮᠲᠤᠷᠠᠭᠰᠠᠨ ᠬᠤᠷᠠᠯ᠎ᠤᠨ ᠠᠯᠪᠠᠨ ᠭᠡᠷ᠎ᠢ ᠥᠪᠡᠷᠲᠡᠭᠡᠨ ᠵᠠᠰᠠᠬᠤ ᠣᠷᠣᠨ᠎ᠤ ᠣᠷᠣᠨ ᠰᠠᠭᠤᠴᠠ ᠪᠠ ᠬᠤᠲᠠ ᠬᠥᠳᠡᠭᠡ ᠵᠢᠨ ᠪᠦᠲᠦᠭᠡᠨ ᠪᠠᠢ᠌ᠭᠤᠯᠤᠯᠲᠠ ᠵᠢᠨ ᠲᠢᠩᠬᠢᠮ᠎ᠳᠤ ᠲᠣᠬᠢᠷᠠᠭᠤᠯᠵᠤ᠂ ᠪᠠᠷᠢᠯᠭ᠎ᠠ ᠵᠢᠨ ᠡᠨᠧᠷᠭᠢ ᠠᠷᠪᠢᠯᠠᠬᠤ ᠪᠠ ᠪᠣᠬᠢᠷᠳᠤᠯ ᠦᠭᠡᠢ ᠪᠠᠷᠢᠯᠭ᠎ᠠ ᠵᠢᠨ ᠬᠥᠭᠵᠢᠯᠲᠡ ᠵᠢᠨ ᠠᠵᠢᠯ᠎ᠢ ᠨᠢᠭᠡᠳᠦᠯᠲᠡᠢ ᠲᠥᠯᠥᠪᠯᠡᠨ ᠠᠬᠢᠭᠤᠯᠤᠨ᠎ᠠ᠃ ᠡᠯ᠎ᠡ ᠠᠢ᠌ᠮᠠᠭ ᠬᠤᠲᠠ᠎ᠨᠢ ᠲᠤᠰ ᠰᠠᠨᠠᠯ᠎ᠢ ᠪᠠᠭᠤᠯᠭ᠋ᠠᠭᠰᠠᠨ᠎ᠤ ᠳᠠᠷᠠᠭ᠋ᠠᠬᠢ 6 ᠰᠠᠷ᠎ᠠ ᠵᠢᠨ ᠳᠣᠲᠣᠷ᠎ᠠ᠂ ᠲᠥᠬᠥᠷ ᠲᠥᠷᠥ ᠵᠢᠨ ᠪᠣᠳᠣᠯᠭ᠎ᠠ ᠵᠢᠨ ᠠᠷᠭ᠎ᠠ ᠬᠡᠮᠵᠢᠶ᠎ᠡ ᠵᠢ ᠲᠣᠭᠲᠠᠭ᠋ᠠᠵᠤ᠂ ᠬᠠᠷᠠᠯᠲᠠ ᠡᠭᠦᠷᠭᠡ᠎ᠪᠠᠨ
ᠨᠠᠷᠢᠯᠢᠭᠵᠢᠭᠤᠯᠤᠨ᠂ ᠬᠠᠷᠢᠭᠤᠴᠠᠬᠤ ᠨᠢᠭᠡᠴᠢ ᠵᠢ ᠲᠣᠳᠣᠷᠬᠠᠢ᠌ᠯᠠᠵᠤ᠂ ᠳᠡᠮᠵᠢᠬᠦ ᠲᠥᠷᠥ ᠵᠢᠨ ᠪᠣᠳᠣᠯᠭ᠎ᠠ ᠵᠢ ᠨᠠᠢ᠌ᠳᠠᠪᠤᠷᠢᠵᠢᠭᠤᠯᠤᠨ᠂ ᠬᠠᠷᠢᠶ᠎ᠠ ᠪᠦᠬᠦᠢ ᠬᠣᠰᠢᠭᠤ ᠰᠢᠶᠠᠨ (ᠬᠤᠲᠠ᠂ ᠲᠣᠭᠣᠷᠢᠭ)᠎ᠢ ᠵᠢᠭ᠋ᠠᠨ ᠵᠢᠯᠤᠭᠣᠳᠴᠤ ᠪᠠᠢ᠌ᠭ᠋ᠠᠳ ᠬᠠᠷᠢᠭᠤᠴᠠᠯᠭ᠎ᠠ ᠵᠢᠨ ᠲᠣᠭᠲᠠᠴᠠ ᠵᠢ᠎ᠨᠢ ᠪᠦᠷᠢᠨᠰᠢᠭᠦᠯᠵᠦ᠂ ᠵᠡᠷᠭᠡ᠎ᠪᠠᠷ ᠠᠳᠬᠤᠨ ᠬᠠᠮᠲᠤ᠎ᠪᠠᠷ ᠬᠠᠮᠢᠶᠠᠷᠬᠤ ᠠᠵᠢᠯ᠎ᠤᠨ ᠪᠠᠢ᠌ᠷᠢᠰᠢᠯ᠎ᠢ ᠪᠣᠶ ᠪᠣᠯᠭ᠋ᠠᠨ᠎ᠠ᠃ (ᠥᠪᠡᠷᠲᠡᠭᠡᠨ ᠵᠠᠰᠠᠬᠤ ᠣᠷᠣᠨ᠎ᠤ ᠣᠷᠣᠨ ᠰᠠᠭᠤᠴᠠ ᠪᠠ ᠬᠤᠲᠠ ᠬᠥᠳᠡᠭᠡ ᠵᠢᠨ ᠪᠦᠲᠦᠭᠡᠨ ᠪᠠᠢ᠌ᠭᠤᠯᠤᠯᠲᠠ ᠵᠢᠨ ᠲᠢᠩᠬᠢᠮ ᠵᠡᠷᠭᠡ ᠡᠯ᠎ᠡ ᠬᠣᠯᠪᠣᠭᠳᠠᠯ ᠪᠦᠬᠦᠢ ᠰᠠᠯᠠᠭ᠎ᠠ ᠮᠥᠴᠢᠷ ᠬᠠᠷᠢᠭᠤᠴᠠᠨ᠎ᠠ)
(ᠬᠣᠶᠠᠷ) ᠪᠦᠲᠦᠭᠡᠨ ᠪᠠᠶ᠋ᠢᠭᠤᠯᠬᠤ ᠪᠠᠷᠢᠯᠭ᠎ᠠ ᠵᠢᠨ ᠪᠦᠬᠦ ᠶᠠᠪᠤᠴᠠ᠎ᠳᠠᠬᠢ ᠬᠢᠨᠠᠯᠲᠠ ᠬᠠᠮᠢᠶᠠᠷᠤᠯᠲᠠ ᠵᠢ ᠴᠢᠩᠭ᠋ᠠᠳᠬᠠᠨ᠎ᠠ᠃ 《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠬᠡᠷᠡᠭᠴᠡᠭᠡᠨ᠎ᠤ ᠪᠠᠷᠢᠯᠭ᠎ᠠ ᠵᠢᠨ ᠡᠨᠧᠷᠭᠢ ᠠᠷᠪᠢᠯᠠᠬᠤ ᠪᠠ ᠪᠣᠬᠢᠷᠳᠤᠯ ᠦᠭᠡᠢ ᠪᠠᠷᠢᠯᠭ᠎ᠠ ᠵᠢᠨ ᠬᠥᠭᠵᠢᠯᠲᠡ ᠵᠢᠨ ᠳᠦᠷᠢᠮ》 ᠵᠡᠷᠭᠡ ᠵᠢᠨ ᠬᠣᠯᠪᠣᠭᠳᠠᠯ ᠪᠦᠬᠦᠢ ᠱᠠᠭ᠋ᠠᠷᠳᠠᠯᠭ᠎ᠠ ᠶᠣᠰᠣᠭ᠋ᠠᠷ᠂ ᠠᠷᠠᠳ᠎ᠤᠨ ᠬᠡᠷᠡᠭᠴᠡᠭᠡᠨ᠎ᠤ ᠪᠠᠷᠢᠯᠭ᠎ᠠ ᠵᠢᠨ ᠲᠥᠷᠥᠯ ᠵᠦᠢ᠍ᠯ ᠲᠣᠭᠲᠠᠭ᠋ᠠᠬᠤ᠂ ᠲᠥᠯᠥᠪᠵᠢᠭᠦᠯᠬᠦ᠂ ᠭᠠᠵᠠᠷ ᠬᠡᠷᠡᠭᠯᠡᠬᠦ᠂ ᠵᠢᠷᠤᠭᠯᠠᠨ ᠲᠥᠯᠥᠪᠯᠡᠬᠦ᠂ ᠵᠢᠷᠤᠭ᠎ᠢ ᠬᠢᠨᠠᠬᠤ᠂ ᠪᠠᠷᠢᠯᠭ᠎ᠠ ᠪᠠᠷᠢᠬᠤ᠂ ᠪᠠᠢ᠌ᠴᠠᠭ᠋ᠠᠨ ᠰᠢᠯᠭ᠋ᠠᠬᠤ᠂ ᠰᠢᠯᠭ᠋ᠠᠨ ᠠᠪᠬᠤ᠂ ᠦᠨᠡᠯᠡᠬᠦ ᠵᠡᠷᠭᠡ ᠪᠥᠬᠦ ᠶᠠᠪᠤᠴᠠ᠎ᠳᠤ ᠬᠢᠨᠠᠨ ᠬᠠᠮᠢᠶᠠᠷᠬᠤ ᠲᠣᠭᠲᠠᠴᠠ ᠵᠢ ᠲᠡᠭᠦᠯᠳᠡᠷᠵᠢᠭᠦᠯᠵᠦ᠂ ᠪᠠᠷᠢᠯᠭ᠎ᠠ ᠵᠢᠨ ᠡᠨᠧᠷᠭᠢ ᠠᠷᠪᠢᠯᠠᠬᠤ ᠪᠠ ᠪᠣᠬᠢᠷᠳᠤᠯ ᠦᠭᠡᠢ ᠪᠠᠷᠢᠯᠭ᠎ᠠ ᠵᠢᠨ ᠬᠠᠮᠢᠶ᠎ᠠ ᠪᠦᠬᠦᠢ ᠬᠠᠤᠯᠢ ᠲᠣᠭᠲᠠᠭ᠋ᠠᠯ ᠲᠥᠷᠥ ᠵᠢᠨ ᠪᠣᠳᠣᠯᠭ᠎ᠠ᠂ ᠪᠠᠷᠢᠮᠵᠢᠶ᠎ᠠ ᠵᠢᠷᠤᠮᠵᠢᠯ᠎ᠢ ᠬᠡᠷᠡᠭᠵᠢᠭᠦᠯᠬᠦ᠎ᠳᠤ ᠨᠡᠭᠡᠭᠡᠨ ᠬᠥᠭᠵᠢᠭᠦᠯᠵᠦ ᠪᠦᠲᠦᠭᠡᠨ ᠪᠠᠶ᠋ᠢᠭᠤᠯᠬᠤ᠂ ᠬᠠᠢ᠌ᠨ ᠪᠠᠢ᠌ᠴᠠᠭ᠋ᠠᠵᠤ ᠵᠢᠷᠤᠭᠯᠠᠨ ᠲᠥᠯᠥᠪᠯᠡᠬᠦ᠂ ᠪᠠᠷᠢᠯᠭ᠎ᠠ ᠵᠢᠨ ᠵᠢᠷᠤᠭ᠎ᠢ ᠬᠢᠨᠠᠨ ᠪᠠᠢ᠌ᠴᠠᠭ᠋ᠠᠬᠤ᠂ ᠪᠠᠷᠢᠯᠭ᠎ᠠ ᠪᠠᠷᠢᠬᠤ᠂ ᠬᠢᠨᠠᠨ ᠬᠠᠮᠢᠶᠠᠷᠬᠤ ᠵᠡᠷᠭᠡ ᠪᠠᠷᠢᠯᠭ᠎ᠠ ᠵᠢᠨ ᠪᠦᠲᠦᠭᠡᠨ ᠪᠠᠶ᠋ᠢᠭᠤᠯᠬᠤ ᠡᠯ᠎ᠡ
ᠲᠠᠯ᠎ᠠ ᠵᠢᠨ᠎ᠬᠢᠨ᠎ᠤ ᠭᠣᠣᠯ ᠴᠣᠭᠴᠠ ᠵᠢᠨ ᠬᠠᠷᠢᠭᠤᠴᠠᠯᠭ᠎ᠠ ᠵᠢ ᠨᠠᠢ᠌ᠳᠠᠪᠤᠷᠢᠵᠢᠭᠤᠯᠤᠨ᠎ᠠ᠃ ᠡᠯ᠎ᠡ ᠱᠠᠲᠤᠨ᠎ᠤ ᠣᠷᠣᠨ ᠰᠠᠭᠤᠴᠠ ᠪᠠ ᠬᠤᠲᠠ ᠬᠥᠳᠡᠭᠡ ᠵᠢᠨ ᠪᠦᠲᠦᠭᠡᠨ ᠪᠠᠢ᠌ᠭᠤᠯᠤᠯᠲᠠ ᠵᠢᠨ ᠭᠣᠣᠯᠴᠢᠯᠠᠨ ᠬᠠᠮᠢᠶᠠᠷᠬᠤ ᠰᠠᠯᠠᠭ᠎ᠠ ᠮᠥᠴᠢᠷ᠎ᠨᠢ ᠪᠠᠷᠢᠯᠭ᠎ᠠ ᠵᠢᠨ ᠪᠦᠲᠦᠭᠡᠨ ᠪᠠᠢ᠌ᠭᠤᠯᠤᠯᠲᠠ ᠵᠢ ᠬᠡᠷᠡᠭᠵᠢᠭᠦᠯᠬᠦ ᠱᠠᠲᠤᠨ᠎ᠳᠤ ᠪᠠᠷᠢᠯᠭ᠎ᠠ ᠵᠢᠨ ᠡᠨᠧᠷᠭᠢ ᠠᠷᠪᠢᠯᠠᠬᠤ ᠪᠠ ᠪᠣᠬᠢᠷᠳᠤᠯ ᠦᠭᠡᠢ ᠪᠠᠷᠢᠯᠭ᠎ᠠ ᠵᠢᠨ ᠬᠥᠭᠵᠢᠯᠲᠡ ᠵᠢᠨ ᠱᠠᠭ᠋ᠠᠷᠳᠠᠯᠭ᠎ᠠ ᠵᠢ ᠪᠠᠷᠢᠯᠭ᠎ᠠ ᠵᠢᠨ ᠪᠦᠲᠦᠭᠡᠨ ᠪᠠᠢ᠌ᠭᠤᠯᠤᠯᠲᠠ ᠵᠢᠨ ᠬᠠᠮᠢᠶᠠᠷᠤᠯᠲᠠ ᠵᠢᠨ ᠳᠡᠰ ᠲ᠋ᠠᠷᠠᠭ᠋ᠠᠯᠠᠯᠳᠤ ᠣᠷᠣᠭᠤᠯᠵᠤ᠂ ᠪᠠᠷᠢᠯᠭ᠎ᠠ ᠵᠢᠨ ᠵᠢᠷᠤᠭ᠎ᠤᠨ ᠬᠢᠨᠠᠨ ᠪᠠᠢ᠌ᠴᠠᠭ᠋ᠠᠯᠲᠠ᠂ ᠪᠠᠷᠢᠯᠭ᠎ᠠ ᠪᠠᠷᠢᠬᠤ ᠵᠥᠪᠰᠢᠶᠡᠷᠡᠯ᠂ ᠪᠠᠷᠢᠯᠭ᠎ᠠ ᠳᠠᠭᠤᠰᠤᠭᠰᠠᠨ᠎ᠢ ᠰᠢᠯᠭ᠋ᠠᠨ ᠠᠪᠴᠤ ᠪᠦᠷᠢᠳᠬᠡᠨ ᠳᠠᠩᠰᠠᠯᠠᠬᠤ ᠵᠡᠷᠭᠡ ᠵᠠᠩᠭᠢᠯᠠᠭ᠎ᠠ ᠵᠢᠨ ᠭᠣᠭᠴᠣᠭ᠎ᠠ ᠵᠢ ᠴᠢᠩᠭ᠎ᠠ ᠠᠳᠬᠤᠨ᠂ 《ᠬᠣᠶᠠᠷ᠎ᠢ ᠰᠤᠭᠤᠴᠢᠨ ᠪᠠᠢ᠌ᠴᠠᠭ᠋ᠠᠵᠤ᠂ ᠨᠢᠭᠡ ᠵᠢ ᠢᠯᠡ ᠪᠣᠯᠭ᠋ᠠᠬᠤ》 ᠪᠠ 《ᠢᠨᠲ᠋ᠧᠷ ᠰᠦᠯᠵᠢᠶ᠎ᠡ + ᠬᠢᠨᠠᠯᠲᠠ ᠬᠠᠮᠢᠶᠠᠷᠤᠯᠲᠠ》 ᠵᠢᠨ ᠵᠠᠭᠪᠤᠷ ᠶᠣᠰᠣᠭ᠋ᠠᠷ᠂ ᠡᠳᠦᠷ ᠲᠤᠲᠤᠮ᠎ᠤᠨ ᠪᠠᠢ᠌ᠴᠠᠭ᠋ᠠᠬᠤ ᠪᠠ ᠰᠤᠭᠤᠴᠢᠨ ᠪᠠᠢ᠌ᠴᠠᠭ᠋ᠠᠵᠤ ᠰᠢᠯᠭ᠋ᠠᠬᠤ ᠵᠢ ᠤᠶᠠᠯᠳᠤᠭᠤᠯᠤᠭᠰᠠᠨ ᠪᠠᠢ᠌ᠴᠠᠭ᠋ᠠᠬᠤ ᠠᠷᠭ᠎ᠠ ᠬᠡᠯᠪᠡᠷᠢ ᠵᠢ ᠬᠡᠷᠡᠭᠯᠡᠵᠦ᠂ ᠡᠯ᠎ᠡ ᠲᠠᠯ᠎ᠠ ᠵᠢᠨ᠎ᠬᠢᠨ᠎ᠤ ᠭᠣᠣᠯ ᠴᠣᠭᠴᠠ ᠵᠢᠨ ᠬᠡᠷᠡᠭᠵᠢᠭᠦᠯᠵᠦ ᠪᠠᠢ᠌ᠭ᠎ᠠ ᠪᠠᠷᠢᠯᠭ᠎ᠠ ᠵᠢᠨ ᠡᠨᠧᠷᠭᠢ ᠠᠷᠪᠢᠯᠠᠬᠤ ᠪᠠ ᠪᠣᠬᠢᠷᠳᠤᠯ ᠦᠭᠡᠢ ᠪᠠᠷᠢᠯᠭ᠎ᠠ ᠵᠢᠨ ᠬᠠᠮᠢᠶ᠎ᠠ ᠪᠦᠬᠦᠢ ᠪᠠᠷᠢᠮᠵᠢᠶ᠎ᠠ᠂ ᠪᠠᠷᠢᠯᠭ᠎ᠠ ᠵᠢᠨ ᠡᠨᠧᠷᠭᠢ ᠠᠷᠪᠢᠯᠠᠬᠤ ᠪᠠ ᠪᠣᠬᠢᠷᠳᠤᠯ ᠦᠭᠡᠢ ᠪᠠᠷᠢᠯᠭ᠎ᠠ ᠵᠢᠨ ᠵᠢᠷᠤᠭ ᠲᠥᠯᠥᠪᠯᠡᠭᠡᠨ᠎ᠤ ᠲᠤᠰᠬᠠᠢ ᠬᠠᠭᠤᠳᠠᠰᠤ᠂ ᠪᠠᠷᠢᠯᠭ᠎ᠠ ᠵᠢᠨ ᠵᠢᠷᠤᠭ ᠲᠥᠯᠥᠪᠯᠡᠭᠡᠨ᠎ᠤ ᠪᠢᠴᠢᠭ ᠮᠠᠲ᠋ᠧᠷᠢᠶᠠᠯ᠎ᠤᠨ ᠶᠠᠰᠤ ᠴᠢᠨᠠᠷ᠎ᠤᠨ ᠬᠢᠨᠠᠨ ᠪᠠᠢ᠌ᠴᠠᠭ᠋ᠠᠯᠲᠠ᠂ ᠲᠤᠰᠬᠠᠢ ᠪᠠᠷᠢᠯᠭ᠎ᠠ ᠵᠢᠨ ᠮᠡᠷᠭᠡᠵᠢᠯ᠎ᠤᠨ ᠲᠥᠰᠥᠯ᠂ ᠲᠤᠰᠬᠠᠢ ᠬᠢᠨᠠᠨ ᠬᠠᠮᠢᠶᠠᠷᠬᠤ ᠨᠠᠷᠢᠨ ᠳᠦᠷᠢᠮ ᠵᠡᠷᠭᠡ ᠵᠢ ᠨᠠᠢ᠌ᠷᠠᠭᠤᠯᠤᠨ ᠬᠢᠨᠠᠬᠤ ᠪᠠ ᠬᠡᠷᠡᠭᠵᠢᠭᠦᠯᠦᠭᠰᠡᠨ ᠪᠠᠢ᠌ᠳᠠᠯ᠎ᠳᠤ ᠭᠣᠣᠯᠳᠠᠯᠭ᠎ᠠ᠎ᠲᠠᠢ ᠪᠠᠢ᠌ᠴᠠᠭ᠋ᠠᠯᠲᠠ ᠬᠢᠵᠦ᠂ ᠪᠠᠷᠢᠯᠭ᠎ᠠ ᠵᠢᠨ ᠡᠨᠧᠷᠭᠢ ᠠᠷᠪᠢᠯᠠᠬᠤ ᠪᠠ ᠪᠣᠬᠢᠷᠳᠤᠯ ᠦᠭᠡᠢ ᠪᠠᠷᠢᠯᠭ᠎ᠠ ᠵᠢᠨ ᠶᠠᠰᠤ ᠴᠢᠨᠠᠷ᠎ᠤᠨ ᠠᠵᠢᠯᠯᠠᠭ᠎ᠠ᠎ᠳᠤ ᠡᠯ᠎ᠡ ᠲᠠᠯ᠎ᠠ ᠵᠢᠨ᠎ᠬᠢᠨ᠎ᠤ ᠭᠣᠣᠯ ᠴᠣᠭᠴᠠ ᠵᠢᠨ ᠬᠢᠨᠠᠯᠲᠠ ᠲᠠᠯᠪᠢᠵᠤ ᠬᠠᠮᠢᠶᠠᠷᠬᠤ ᠵᠢ ᠴᠢᠩᠭ᠋ᠠᠳᠬᠠᠨ᠂ ᠡᠯ᠎ᠡ ᠵᠦᠢ᠍ᠯ᠎ᠤᠨ ᠱᠠᠭ᠋ᠠᠷᠳᠠᠯᠭ᠎ᠠ᠎ᠪᠠᠨ ᠪᠣᠳᠠᠲᠠᠢ᠌ᠵᠢᠭᠤᠯᠤᠨ ᠨᠠᠢ᠌ᠳᠠᠪᠤᠷᠢᠵᠢᠭᠤᠯᠬᠤ ᠵᠢ ᠦᠨᠡᠨ ᠬᠦ᠌ ᠪᠠᠲᠤᠯᠠᠨ᠎ᠠ᠃ (ᠥᠪᠡᠷᠲᠡᠭᠡᠨ ᠵᠠᠰᠠᠬᠤ ᠣᠷᠣᠨ᠎ᠤ ᠣᠷᠣᠨ ᠰᠠᠭᠤᠴᠠ ᠪᠠ ᠬᠤᠲᠠ ᠬᠥᠳᠡᠭᠡ ᠵᠢᠨ ᠪᠦᠲᠦᠭᠡᠨ ᠪᠠᠢ᠌ᠭᠤᠯᠤᠯᠲᠠ ᠵᠢᠨ ᠲᠢᠩᠬᠢᠮ᠂ ᠬᠥᠭᠵᠢᠭᠦᠯᠦᠯᠲᠡ ᠪᠠ ᠥᠭᠡᠷᠡᠴᠢᠯᠡᠯᠲᠡ ᠵᠢᠨ ᠵᠥᠪᠯᠡᠯ᠂ ᠪᠠᠢ᠌ᠭ᠋ᠠᠯᠢ ᠵᠢᠨ ᠡᠬᠢ ᠪᠠᠶᠠᠯᠢᠭ᠎ᠤᠨ ᠲᠢᠩᠬᠢᠮ᠂ ᠵᠠᠬ᠎ᠠ ᠳᠡᠯᠭᠡᠭᠦᠷ᠎ᠤᠨ ᠬᠢᠨᠠᠯᠲᠠ ᠬᠠᠮᠢᠶᠠᠷᠤᠯᠲᠠ ᠵᠢᠨ ᠲᠣᠪᠴᠢᠶ᠎ᠠ ᠬᠠᠷᠢᠭᠤᠴᠠᠨ᠎ᠠ)
(ᠭᠤᠷᠪᠠ) ᠤᠷᠮᠠᠰᠢᠭᠤᠯᠬᠤ ᠲᠣᠭᠲᠠᠴᠠ ᠵᠢ ᠲᠡᠭᠦᠯᠳᠡᠷᠵᠢᠭᠦᠯᠦᠨ᠎ᠡ᠃ ᠡᠨᠧᠷᠭᠢ ᠠᠷᠪᠢᠯᠠᠨ ᠪᠣᠬᠢᠷ ᠪᠣᠳᠠᠰ ᠭᠠᠳᠠᠭᠰᠢᠯᠠᠭᠤᠯᠬᠤ ᠵᠢ ᠪᠠᠭ᠋ᠠᠰᠬᠠᠬᠤ᠂ ᠠᠵᠤ ᠦᠢ᠍ᠯᠡᠰ᠎ᠢ ᠬᠥᠭᠵᠢᠭᠦᠯᠬᠦ᠂ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠰᠢᠨ᠎ᠡ ᠵᠢ ᠡᠭᠦᠳᠬᠦ᠂ ᠪᠣᠬᠢᠷᠳᠤᠯ᠎ᠢ ᠰᠡᠷᠭᠡᠢ᠌ᠯᠡᠨ ᠵᠠᠰᠠᠬᠤ ᠵᠡᠷᠭᠡ ᠲᠠᠯ᠎ᠠ ᠵᠢᠨ ᠲᠥᠷᠥ ᠵᠢᠨ ᠪᠣᠳᠣᠯᠭ᠎ᠠ᠎ᠲᠠᠢ ᠤᠶᠠᠯᠳᠤᠭᠤᠯᠤᠨ᠂ ᠢᠳᠡᠪᠬᠢ ᠪᠤᠰᠤ ᠬᠡᠯᠪᠡᠷᠢ ᠪᠦᠬᠦᠢ ᠬᠡᠲᠦ ᠪᠠᠭ᠎ᠠ ᠡᠨᠧᠷᠭᠢ ᠵᠢᠨ ᠬᠣᠷᠣᠭᠳᠠᠯ᠎ᠲᠠᠢ ᠪᠠ ᠡᠨᠧᠷᠭᠢ ᠵᠢᠨ ᠬᠣᠷᠣᠭᠳᠠᠯ ᠪᠠᠷᠤᠭ ᠯᠡ ᠦᠭᠡᠢ ᠪᠠᠷᠢᠯᠭ᠎ᠠ᠂ ᠪᠣᠬᠢᠷᠳᠤᠯ ᠦᠭᠡᠢ ᠠᠮᠢ ᠠᠬᠤᠢ ᠵᠢᠨ ᠬᠤᠲᠠ ᠲᠣᠭᠣᠷᠢᠭ᠂ ᠣᠳᠣᠨ ᠲᠠᠰ᠎ᠲᠠᠢ ᠪᠣᠬᠢᠷᠳᠤᠯ ᠦᠭᠡᠢ ᠪᠠᠷᠢᠯᠭ᠎ᠠ᠂ ᠤᠭᠰᠠᠷᠠᠮᠠᠯ ᠬᠡᠯᠪᠡᠷᠢ ᠪᠦᠬᠦᠢ ᠪᠠᠷᠢᠯᠭ᠎ᠠ᠂ ᠳᠠᠬᠢᠨ ᠡᠭᠦᠰᠴᠦ ᠪᠣᠯᠬᠤ ᠡᠨᠧᠷᠭᠢ ᠵᠢᠨ ᠬᠡᠷᠡᠭᠯᠡᠯᠲᠡ᠂ ᠣᠳᠣ ᠵᠢᠨ ᠪᠠᠢ᠌ᠭ᠎ᠠ ᠪᠠᠷᠢᠯᠭ᠎ᠠ ᠵᠢᠨ ᠡᠨᠧᠷᠭᠢ ᠠᠷᠪᠢᠯᠠᠬᠤ ᠵᠢ ᠥᠭᠡᠷᠡᠴᠢᠯᠡᠨ ᠰᠠᠢ᠌ᠵᠢᠷᠠᠭᠤᠯᠬᠤ᠂ ᠬᠠᠲᠠᠭᠤ ᠪᠡᠶᠡᠲᠦ ᠬᠠᠶᠠᠭᠳᠠᠮᠠᠯ ᠪᠣᠳᠠᠰ᠎ᠢ ᠡᠬᠢ ᠪᠠᠶᠠᠯᠢᠭᠵᠢᠭᠤᠯᠤᠨ ᠠᠰᠢᠭᠯᠠᠬᠤ᠂ ᠡᠨᠧᠷᠭᠢ ᠵᠢᠨ ᠭᠡᠷ᠎ᠡ᠎ᠲᠠᠢ ᠬᠠᠮᠢᠶᠠᠷᠤᠯᠲᠠ ᠵᠢᠨ ᠲᠥᠷᠥᠯ ᠵᠦᠢ᠍ᠯ᠂ ᠰᠢᠨᠵᠢᠯᠡᠬᠦ ᠤᠬᠠᠭ᠋ᠠᠨ᠎ᠤ ᠰᠤᠳᠤᠯᠤᠯ᠎ᠤᠨ ᠲᠥᠷᠥᠯ ᠵᠦᠢ᠍ᠯ᠂ ᠰᠠᠭᠤᠷᠢ ᠴᠢᠳᠠᠪᠤᠷᠢ ᠵᠢᠨ ᠪᠦᠲᠦᠭᠡᠨ ᠪᠠᠢ᠌ᠭᠤᠯᠤᠯᠲᠠ ᠵᠡᠷᠭᠡ ᠵᠢ ᠳᠡᠮᠵᠢᠬᠦ ᠡᠷᠴᠢᠮ ᠵᠶ᠋ᠠᠨ ᠭᠣᠣᠯᠳᠠᠯᠭ᠎ᠠ᠎ᠲᠠᠢ ᠴᠢᠩᠭ᠋ᠠᠷᠠᠭᠤᠯᠤᠨ᠎ᠠ᠃ ᠭᠠᠢ᠌ᠯᠢ ᠰᠦᠢ᠍ᠳᠬᠡᠯ᠎ᠤᠨ ᠬᠠᠷᠠᠭ᠋ᠠᠯᠵᠠᠯ᠎ᠤᠨ ᠲᠥᠷᠥ ᠵᠢᠨ ᠪᠣᠳᠣᠯᠭ᠎ᠠ ᠵᠢ ᠨᠠᠢ᠌ᠳᠠᠪᠤᠷᠢᠵᠢᠭᠤᠯᠵᠤ᠂ ᠳᠡᠭᠡᠳᠦ ᠰᠢᠨ᠎ᠡ ᠮᠡᠷᠭᠡᠵᠢᠯ᠎ᠤᠨ ᠠᠵᠤ ᠠᠬᠤᠢ᠌ᠯᠠᠯ ᠪᠤᠶᠤ ᠡᠬᠢ ᠪᠠᠶᠠᠯᠢᠭ᠎ᠢ ᠶᠡᠷᠦᠩᠬᠡᠢ᠌ᠯᠡᠨ ᠠᠰᠢᠭᠯᠠᠭᠰᠠᠨ ᠤᠭᠰᠠᠷᠠᠮᠠᠯ ᠬᠡᠯᠪᠡᠷᠢ ᠪᠦᠬᠦᠢ᠂ ᠪᠣᠬᠢᠷᠳᠤᠯ ᠦᠭᠡᠢ ᠪᠠᠷᠢᠯᠭ᠎ᠠ ᠵᠢᠨ ᠮᠠᠲ᠋ᠧᠷᠢᠶᠠᠯ᠂ ᠪᠠᠷᠢᠯᠭ᠎ᠠ ᠵᠢᠨ ᠳᠤᠯᠠᠭ᠋ᠠᠨ᠎ᠢ ᠬᠠᠮᠠᠭ᠋ᠠᠯᠠᠬᠤ ᠪᠦᠲᠦᠴᠡ ᠵᠢ ᠨᠢᠭᠡ ᠴᠣᠭᠴᠠᠵᠢᠭᠤᠯᠬᠤ ᠵᠡᠷᠭᠡ ᠦᠢ᠍ᠯᠡᠳᠪᠦᠷᠢᠯᠡᠯ᠎ᠤᠨ ᠠᠵᠤ ᠠᠬᠤᠢ᠌ᠯᠠᠯ᠎ᠳᠤ ᠤᠯᠤᠰ ᠪᠠ ᠥᠪᠡᠷᠲᠡᠭᠡᠨ ᠵᠠᠰᠠᠬᠤ ᠣᠷᠣᠨ᠎ᠤ ᠬᠣᠯᠪᠣᠭᠳᠠᠯ ᠪᠦᠬᠦᠢ ᠲᠣᠭᠲᠠᠭ᠋ᠠᠯ ᠶᠣᠰᠣᠭ᠋ᠠᠷ ᠭᠠᠢ᠌ᠯᠢ ᠰᠦᠢ᠍ᠳᠬᠡᠯ᠎ᠢ᠎ᠨᠢ ᠬᠠᠰᠤᠵᠤ ᠬᠡᠯᠲᠦᠷᠢᠭᠦᠯᠬᠦ ᠪᠣᠳᠣᠯᠭ᠎ᠠ ᠵᠢ ᠬᠦᠷᠲᠡᠭᠡᠨ᠎ᠡ; ᠪᠣᠬᠢᠷᠳᠤᠯ ᠦᠭᠡᠢ ᠪᠠᠷᠢᠯᠭ᠎ᠠ ᠵᠢ ᠦᠨᠡᠯᠡᠬᠦ ᠲᠡᠮᠳᠡᠭ᠎ᠲᠠᠢ ᠲᠥᠷᠥᠯ ᠵᠦᠢ᠍ᠯ᠎ᠳᠤ ᠭᠠᠢ᠌ᠯᠢ ᠰᠦᠢ᠍ᠳᠬᠡᠯ᠎ᠢ᠎ᠨᠢ ᠬᠠᠰᠤᠵᠤ ᠬᠡᠯᠲᠦᠷᠢᠭᠦᠯᠬᠦ ᠪᠠ ᠰᠢᠯᠢᠳᠡᠭ᠎ᠢ᠎ᠨᠢ ᠰᠢᠯᠭ᠋ᠠᠷᠠᠭᠤᠯᠵᠤ ᠲᠡᠷᠢᠭᠦᠨ᠎ᠤ᠎ᠬᠢ ᠵᠢ ᠡᠭᠦᠳᠬᠦ ᠲᠥᠷᠥ ᠵᠢᠨ ᠪᠣᠳᠣᠯᠭ᠎ᠠ ᠵᠢ ᠬᠦᠷᠲᠡᠭᠡᠬᠦ ᠠᠵᠢᠯ ᠵᠶ᠋ᠠᠨ ᠦᠷᠭᠦᠯᠵᠢᠯᠡᠨ ᠨᠠᠢ᠌ᠳᠠᠪᠤᠷᠢᠵᠢᠭᠤᠯᠤᠨ᠎ᠠ᠃ ᠪᠣᠬᠢᠷᠳᠤᠯ ᠦᠭᠡᠢ ᠪᠠᠷᠢᠯᠭ᠎ᠠ᠂ ᠤᠭᠰᠠᠷᠠᠮᠠᠯ ᠬᠡᠯᠪᠡᠷᠢ ᠪᠦᠬᠦᠢ ᠪᠠᠷᠢᠯᠭ᠎ᠠ᠂ᠢᠳᠡᠪᠬᠢ ᠪᠤᠰᠤ ᠬᠡᠯᠪᠡᠷᠢ ᠪᠦᠬᠦᠢ ᠬᠡᠲᠦ ᠪᠠᠭ᠎ᠠ ᠡᠨᠧᠷᠭᠢ ᠵᠢᠨ ᠬᠣᠷᠣᠭᠳᠠᠯ᠎ᠲᠠᠢ ᠪᠠᠷᠢᠯᠭ᠎ᠠ᠎ᠳᠤ ᠮᠥᠩᠭᠥᠨ ᠭᠦᠢ᠍ᠯᠭᠡᠭᠡᠨ᠎ᠤ ᠦᠢ᠍ᠯᠡᠴᠢᠯᠡᠭᠡ ᠵᠢ ᠲᠡᠭᠦᠯᠳᠡᠷᠵᠢᠭᠦᠯᠵᠦ᠂ ᠮᠥᠩᠭᠥᠨ ᠭᠦᠢ᠍ᠯᠭᠡᠭᠡᠨ᠎ᠤ ᠪᠠᠢ᠌ᠭᠤᠯᠤᠮᠵᠢ ᠵᠢ ᠳᠠᠮᠵᠢᠵᠤ ᠪᠠᠢ᠌ᠭ᠋ᠠᠳ ᠭᠡᠷ ᠪᠠᠢ᠌ᠰᠢᠩ ᠭᠠᠵᠠᠷ ᠬᠥᠷᠥᠩᠭᠡ ᠵᠢᠨ ᠲᠣᠬᠢᠷᠠᠭᠤᠯᠭ᠎ᠠ ᠡᠵᠡᠮᠰᠢᠯ᠎ᠤᠨ ᠲᠥᠷᠥ ᠵᠢᠨ ᠪᠣᠳᠣᠯᠭ᠎ᠠ᠎ᠳᠤ ᠨᠡᠢ᠌ᠴᠡᠭᠦᠯᠦᠭᠰᠡᠨ ᠤᠷᠢᠲᠠᠯ ᠳᠣᠣᠷ᠎ᠠ᠂ ᠬᠤᠳᠠᠯᠳᠤᠨ ᠠᠪᠤᠭᠴᠢ᠎ᠳᠤ ᠵᠢᠭᠡᠯᠡᠯᠭᠡ ᠵᠢᠨ ᠵᠣᠭᠣᠰᠤᠨ᠎ᠤ ᠲᠣᠭ᠎ᠠ ᠪᠤᠶᠤ ᠬᠦᠦ ᠵᠢᠨ ᠨᠣᠷᠮ᠎ᠠ ᠵᠢᠨ ᠬᠠᠷᠠᠭ᠋ᠠᠯᠵᠠᠯ ᠦᠵᠡᠭᠦᠯᠵᠦ᠂ ᠨᠣᠭᠣᠭ᠋ᠠᠨ ᠮᠥᠩᠭᠥᠨ ᠭᠦᠢ᠍ᠯᠭᠡᠭᠡᠨ ᠵᠶ᠋ᠠᠷ ᠪᠠᠷᠢᠯᠭ᠎ᠠ ᠵᠢᠨ ᠡᠨᠧᠷᠭᠢ ᠠᠷᠪᠢᠯᠠᠬᠤ ᠪᠠ ᠪᠣᠬᠢᠷᠳᠤᠯ ᠦᠭᠡᠢ ᠪᠠᠷᠢᠯᠭ᠎ᠠ ᠵᠢᠨ ᠬᠥᠭᠵᠢᠯᠲᠡ ᠵᠢ᠎ᠨᠢ ᠳᠡᠮᠵᠢᠬᠦ ᠵᠢ ᠠᠬᠢᠭᠤᠯᠤᠨ᠂ ᠤᠯᠤᠰ᠎ᠤᠨ ᠪᠣᠬᠢᠷᠳᠤᠯ ᠦᠭᠡᠢ ᠬᠥᠭᠵᠢᠯᠲᠡ ᠵᠢᠨ ᠰᠠᠭᠤᠷᠢ ᠮᠥᠩᠭᠥ ᠵᠢ ᠰᠠᠢ᠌ᠲᠤᠷ ᠬᠡᠷᠡᠭᠯᠡᠵᠦ᠂ ᠣᠯᠠᠨ ᠨᠡᠶ᠋ᠢᠲᠡ ᠵᠢᠨ ᠦᠢ᠍ᠯᠡᠴᠢᠯᠡᠭᠡᠨ᠎ᠤ ᠬᠦᠷᠢᠶᠡᠨ᠎ᠳᠤ ᠵᠠᠰᠠᠭ᠎ᠤᠨ ᠣᠷᠳᠣᠨ ᠪᠠ ᠨᠡᠢ᠌ᠭᠡᠮ᠎ᠤᠨ ᠬᠥᠷᠥᠩᠭᠡ ᠵᠢᠨ ᠬᠠᠮᠲᠤᠷᠠᠯᠴᠠᠭ᠎ᠠ (PPP) ᠵᠢᠨ ᠠᠷᠭ᠎ᠠ ᠬᠡᠯᠪᠡᠷᠢ ᠵᠢ ᠬᠡᠷᠡᠭᠯᠡᠬᠦ ᠵᠢ᠎ᠨᠢ ᠵᠣᠷᠢᠭᠵᠢᠭᠤᠯᠵᠤ ᠪᠠᠢ᠌ᠭ᠋ᠠᠳ ᠠᠵᠢᠯ ᠵᠶ᠋ᠠᠨ ᠠᠬᠢᠭᠤᠯᠤᠨ᠎ᠠ᠃ (ᠥᠪᠡᠷᠲᠡᠭᠡᠨ ᠵᠠᠰᠠᠬᠤ ᠣᠷᠣᠨ᠎ᠤ ᠬᠥᠭᠵᠢᠭᠦᠯᠦᠯᠲᠡ ᠪᠠ ᠥᠭᠡᠷᠡᠴᠢᠯᠡᠯᠲᠡ ᠵᠢᠨ ᠵᠥᠪᠯᠡᠯ᠂ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠲᠢᠩᠬᠢᠮ᠂ ᠠᠵᠤ ᠦᠢ᠍ᠯᠡᠳᠪᠦᠷᠢ ᠪᠠ ᠮᠡᠳᠡᠭᠡ ᠵᠠᠩᠭᠢᠴᠢᠯᠠᠯᠲᠠ ᠵᠢᠨ ᠲᠢᠩᠬᠢᠮ᠂ ᠡᠳ᠋᠎ᠤᠨ ᠵᠠᠰᠠᠭ᠎ᠤᠨ ᠲᠢᠩᠬᠢᠮ᠂ ᠣᠷᠣᠨ ᠰᠠᠭᠤᠴᠠ ᠪᠠ ᠬᠤᠲᠠ ᠬᠥᠳᠡᠭᠡ ᠵᠢᠨ ᠪᠦᠲᠦᠭᠡᠨ ᠪᠠᠢ᠌ᠭᠤᠯᠤᠯᠲᠠ ᠵᠢᠨ ᠲᠢᠩᠬᠢᠮ᠂ ᠡᠨᠧᠷᠭᠢ ᠵᠢᠨ ᠲᠣᠪᠴᠢᠶ᠎ᠠ᠂ ᠥᠪᠥᠷ ᠮᠣᠩᠭᠣᠯ᠎ᠤᠨ ᠭᠠᠢ᠌ᠯᠢ ᠵᠢᠨ ᠶᠠᠪᠤᠳᠠᠯ᠎ᠤᠨ ᠲᠣᠪᠴᠢᠶ᠎ᠠ᠂ ᠠᠷᠠᠳ᠎ᠤᠨ ᠪᠠᠩᠬᠢ ᠵᠢᠨ ᠬᠥᠬᠡᠬᠤᠲᠠ ᠲᠥᠪ ᠰᠠᠯᠪᠤᠷᠢ ᠪᠠᠩᠬᠢ᠂ ᠥᠪᠥᠷ ᠮᠣᠩᠭᠣᠯ᠎ᠤᠨ ᠪᠠᠩᠬᠢ ᠳᠠᠭ᠋ᠠᠳᠬᠠᠯ᠎ᠤᠨ ᠬᠢᠨᠠᠯᠲᠠ ᠬᠠᠮᠢᠶᠠᠷᠤᠯᠲᠠ ᠵᠢᠨ ᠲᠣᠪᠴᠢᠶ᠎ᠠ ᠬᠠᠷᠢᠭᠤᠴᠠᠨ᠎ᠠ)
(ᠳᠥᠷᠪᠡ) ᠠᠮᠵᠢᠯᠲᠠ ᠪᠦᠲᠦᠮᠵᠢ ᠵᠢ ᠰᠢᠯᠭ᠋ᠠᠨ ᠬᠢᠨᠠᠬᠤ ᠠᠵᠢᠯ ᠵᠶ᠋ᠠᠨ ᠴᠢᠩᠭ᠋ᠠᠷᠠᠭᠤᠯᠤᠨ᠎ᠠ᠃ ᠡᠯ᠎ᠡ ᠠᠢ᠌ᠮᠠᠭ᠎ᠤᠨ ᠵᠠᠬᠢᠷᠭ᠎ᠠ᠂ ᠬᠤᠲᠠ ᠵᠢᠨ ᠠᠷᠠᠳ᠎ᠤᠨ ᠵᠠᠰᠠᠭ᠎ᠤᠨ ᠣᠷᠳᠣᠨ ᠪᠣᠯ ᠲᠤᠰ ᠭᠠᠵᠠᠷ ᠣᠷᠣᠨ᠎ᠤ ᠪᠠᠷᠢᠯᠭ᠎ᠠ ᠵᠢᠨ ᠡᠨᠧᠷᠭᠢ ᠠᠷᠪᠢᠯᠠᠬᠤ ᠪᠠ ᠪᠣᠬᠢᠷᠳᠤᠯ ᠦᠭᠡᠢ ᠪᠠᠷᠢᠯᠭ᠎ᠠ ᠵᠢᠨ ᠬᠥᠭᠵᠢᠯᠲᠡ ᠵᠢ ᠠᠬᠢᠭᠤᠯᠬᠤ ᠠᠵᠢᠯ᠎ᠤᠨ ᠨᠢᠭᠡᠳᠦᠭᠡᠷ ᠬᠠᠷᠢᠭᠤᠴᠠᠯᠭ᠎ᠠ ᠵᠢᠨ ᠭᠣᠣᠯ ᠴᠣᠭᠴᠠ ᠪᠣᠯᠣᠨ᠎ᠠ᠂ ᠡᠯ᠎ᠡ ᠠᠢ᠌ᠮᠠᠭ ᠬᠤᠲᠠ ᠵᠢᠨ ᠣᠷᠣᠨ ᠰᠠᠭᠤᠴᠠ ᠪᠠ ᠬᠤᠲᠠ ᠬᠥᠳᠡᠭᠡ ᠵᠢᠨ ᠪᠦᠲᠦᠭᠡᠨ ᠪᠠᠢ᠌ᠭᠤᠯᠤᠯᠲᠠ ᠵᠢᠨ ᠲᠣᠪᠴᠢᠶ᠎ᠠ ᠪᠣᠯ ᠭᠣᠣᠯ ᠴᠣᠭᠴᠠ ᠵᠢᠨ ᠬᠠᠷᠢᠭᠤᠴᠠᠯᠭ᠎ᠠ ᠵᠢ ᠨᠠᠢ᠌ᠳᠠᠪᠤᠷᠢᠵᠢᠭᠤᠯᠬᠤ ᠠᠵᠢᠯ᠎ᠤᠨ ᠨᠢᠭᠡᠳᠦᠭᠡᠷ ᠳᠠᠭ᠋ᠠᠭ᠋ᠠᠨ ᠡᠭᠦᠷᠭᠡᠯᠡᠬᠦ ᠰᠠᠯᠠᠭ᠎ᠠ ᠮᠥᠴᠢᠷ ᠪᠣᠯᠬᠣᠷ ᠠᠭ᠋ᠠᠷ ᠮᠠᠨᠳᠠᠯ᠎ᠤᠨ ᠪᠣᠬᠢᠷᠳᠤᠯ᠎ᠢ ᠰᠡᠷᠭᠡᠢ᠌ᠯᠡᠨ ᠵᠠᠰᠠᠬᠤ᠂ ᠡᠨᠧᠷᠭᠢ ᠵᠢᠨ ᠬᠣᠷᠣᠭᠳᠠᠯ᠎ᠤᠨ 《ᠬᠣᠶᠠᠷ᠎ᠢ ᠬᠢᠵᠠᠭ᠋ᠠᠷᠯᠠᠬᠤ》᠂ ᠠᠮᠢ ᠠᠬᠤᠢ ᠵᠢᠨ ᠪᠣᠯᠪᠠᠰᠤᠨ᠎ᠤ ᠪᠠᠢ᠌ᠭᠤᠯᠤᠯᠲᠠ ᠵᠢᠨ ᠬᠠᠷᠢᠭᠤᠴᠠᠯᠭ᠎ᠠ ᠵᠢᠨ ᠬᠠᠷᠠᠯᠲᠠ ᠵᠢ ᠰᠢᠯᠭ᠋ᠠᠨ ᠬᠢᠨᠠᠬᠤ ᠵᠡᠷᠭᠡ ᠪᠠᠷᠢᠯᠭ᠎ᠠ ᠵᠢᠨ ᠡᠨᠧᠷᠭᠢ ᠠᠷᠪᠢᠯᠠᠬᠤ ᠪᠠ ᠪᠣᠬᠢᠷᠳᠤᠯ ᠦᠭᠡᠢ
ᠪᠠᠷᠢᠯᠭ᠎ᠠ ᠵᠢᠨ ᠬᠥᠭᠵᠢᠯᠲᠡ ᠵᠢᠨ ᠱᠠᠭ᠋ᠠᠷᠳᠠᠯᠭ᠎ᠠ ᠶᠣᠰᠣᠭ᠋ᠠᠷ᠂ ᠠᠵᠢᠯ᠎ᠤᠨ ᠲᠣᠭᠲᠠᠴᠠ ᠵᠢ ᠪᠦᠷᠢᠨᠰᠢᠭᠦᠯᠵᠦ᠂ ᠲᠥᠷᠥ ᠵᠢᠨ ᠪᠣᠳᠣᠯᠭ᠎ᠠ ᠵᠢᠨ ᠠᠷᠭ᠎ᠠ ᠬᠡᠮᠵᠢᠶ᠎ᠡ ᠵᠢ ᠲᠡᠭᠦᠯᠳᠡᠷᠵᠢᠭᠦᠯᠦᠨ᠂ ᠬᠠᠷᠢᠭᠤᠴᠠᠯᠭ᠎ᠠ ᠠᠵᠢᠯ᠎ᠤᠨ ᠬᠤᠪᠢᠶᠠᠷᠢᠯᠠᠯ᠎ᠢ ᠲᠣᠳᠣᠷᠬᠠᠢ ᠲᠣᠭᠲᠠᠭ᠋ᠠᠵᠤ᠂ ᠠᠬᠢᠭᠤᠯᠬᠤ ᠡᠷᠴᠢᠮ ᠵᠶ᠋ᠠᠨ ᠴᠢᠩᠭ᠋ᠠᠷᠠᠭᠤᠯᠤᠨ᠂ ᠬᠢᠨᠠᠯᠲᠠ ᠲᠠᠯᠪᠢᠵᠤ ᠪᠠᠢ᠌ᠴᠠᠭ᠋ᠠᠬᠤ ᠵᠢ ᠴᠢᠩᠭ᠋ᠠᠳᠬᠠᠵᠤ᠂ ᠤᠬᠠᠭᠤᠯᠭ᠎ᠠ ᠬᠥᠮᠦᠵᠢᠯ᠎ᠢ ᠰᠠᠢ᠌ᠲᠤᠷ ᠬᠢᠵᠦ᠂ ᠡᠯ᠎ᠡ ᠵᠦᠢ᠍ᠯ᠎ᠤᠨ ᠬᠠᠷᠠᠯᠲᠠ ᠡᠭᠦᠷᠭᠡ ᠵᠢ ᠨᠠᠢ᠌ᠳᠠᠪᠤᠷᠢᠵᠢᠭᠤᠯᠤᠨ ᠨᠠᠷᠢᠯᠢᠭᠵᠢᠭᠤᠯᠬᠤ ᠵᠢ ᠦᠨᠡᠨ ᠬᠦ᠌ ᠪᠠᠲᠤᠯᠠᠬᠤ ᠬᠡᠷᠡᠭᠲᠡᠢ; ᠠᠵᠢᠯ᠎ᠤᠨ ᠠᠬᠢᠴᠠ ᠪᠠ ᠦᠷ᠎ᠡ ᠪᠦᠲᠦᠮᠵᠢ ᠵᠢ ᠴᠠᠭ ᠲᠤᠬᠠᠢᠳᠤᠨᠢ ᠳ᠋ᠦᠩᠨᠡᠨ᠂ ᠣᠨ᠎ᠤ ᠮᠡᠳᠡᠭᠦᠯᠦᠯᠲᠡ ᠵᠢ ᠪᠢᠴᠢᠵᠦ᠂ ᠵᠢᠯ ᠪᠦᠷᠢ ᠵᠢᠨ ᠰᠡᠭᠦᠯᠴᠢ᠎ᠠᠴᠠ ᠡᠮᠦᠨ᠎ᠡ ᠥᠪᠡᠷᠲᠡᠭᠡᠨ ᠵᠠᠰᠠᠬᠤ ᠣᠷᠣᠨ᠎ᠤ ᠣᠷᠣᠨ ᠰᠠᠭᠤᠴᠠ ᠪᠠ ᠬᠤᠲᠠ ᠬᠥᠳᠡᠭᠡ ᠵᠢᠨ ᠪᠦᠲᠦᠭᠡᠨ ᠪᠠᠢ᠌ᠭᠤᠯᠤᠯᠲᠠ ᠵᠢᠨ ᠲᠢᠩᠬᠢᠮ᠎ᠳᠤ ᠮᠡᠳᠡᠭᠦᠯᠬᠦ ᠬᠡᠷᠡᠭᠲᠡᠢ᠃ ᠥᠪᠡᠷᠲᠡᠭᠡᠨ ᠵᠠᠰᠠᠬᠤ ᠣᠷᠣᠨ᠎ᠤ ᠣᠷᠣᠨ ᠰᠠᠭᠤᠴᠠ ᠪᠠ ᠬᠤᠲᠠ ᠬᠥᠳᠡᠭᠡ ᠵᠢᠨ ᠪᠦᠲᠦᠭᠡᠨ ᠪᠠᠢ᠌ᠭᠤᠯᠤᠯᠲᠠ ᠵᠢᠨ ᠲᠢᠩᠬᠢᠮ᠎ᠨᠢ ᠬᠣᠯᠪᠣᠭᠳᠠᠯ ᠪᠦᠬᠦᠢ ᠰᠠᠯᠠᠭ᠎ᠠ ᠮᠥᠴᠢᠷ᠎ᠲᠠᠢ ᠬᠠᠮᠲᠤᠷᠠᠨ᠂ ᠴᠠᠭᠲᠤᠨᠢ ᠲᠣᠬᠢᠷᠠᠭᠤᠯᠤᠨ ᠡᠯ᠎ᠡ ᠭᠠᠵᠠᠷ ᠣᠷᠣᠨ᠎ᠢ ᠬᠥᠳᠡᠯᠦᠩᠭᠦᠢ ᠵᠢᠭ᠋ᠠᠨ ᠵᠢᠯᠤᠭᠣᠳᠬᠤ᠂ ᠬᠢᠨᠠᠯᠲᠠ ᠲᠠᠯᠪᠢᠵᠤ ᠰᠢᠯᠭ᠋ᠠᠨ ᠬᠢᠨᠠᠬᠤ ᠪᠠ ᠦᠷ᠎ᠡ ᠪᠦᠲᠦᠮᠵᠢ ᠵᠢ᠎ᠨᠢ ᠦᠨᠡᠯᠡᠨ ᠵᠢᠱ᠌ᠢᠨ᠎ᠡ᠃ (ᠥᠪᠡᠷᠲᠡᠭᠡᠨ ᠵᠠᠰᠠᠬᠤ ᠣᠷᠣᠨ᠎ᠤ ᠣᠷᠣᠨ ᠰᠠᠭᠤᠴᠠ ᠪᠠ ᠬᠤᠲᠠ ᠬᠥᠳᠡᠭᠡ ᠵᠢᠨ ᠪᠦᠲᠦᠭᠡᠨ ᠪᠠᠢ᠌ᠭᠤᠯᠤᠯᠲᠠ ᠵᠢᠨ ᠲᠢᠩᠬᠢᠮ᠂ ᠬᠥᠭᠵᠢᠭᠦᠯᠦᠯᠲᠡ ᠪᠠ ᠥᠭᠡᠷᠡᠴᠢᠯᠡᠯᠲᠡ ᠵᠢᠨ ᠵᠥᠪᠯᠡᠯ᠂ ᠠᠵᠤ ᠦᠢ᠍ᠯᠡᠳᠪᠦᠷᠢ ᠪᠠ ᠮᠡᠳᠡᠭᠡ ᠵᠠᠩᠭᠢᠴᠢᠯᠠᠯᠲᠠ ᠵᠢᠨ ᠲᠢᠩᠬᠢᠮ᠂ ᠡᠳ᠋᠎ᠤᠨ ᠵᠠᠰᠠᠭ᠎ᠤᠨ ᠲᠢᠩᠬᠢᠮ᠂ ᠠᠮᠢ ᠠᠬᠤᠢ ᠣᠷᠴᠢᠨ ᠲᠣᠭᠣᠷᠢᠨ᠎ᠤ ᠲᠢᠩᠬᠢᠮ᠂ ᠪᠠᠢ᠌ᠭ᠋ᠠᠯᠢ ᠵᠢᠨ ᠡᠬᠢ ᠪᠠᠶᠠᠯᠢᠭ᠎ᠤᠨ ᠲᠢᠩᠬᠢᠮ ᠵᠡᠷᠭᠡ ᠰᠠᠯᠠᠭ᠎ᠠ ᠮᠥᠴᠢᠷ ᠬᠠᠷᠢᠭᠤᠴᠠᠨ᠎ᠠ)
2021 ᠣᠨ᠎ᠤ 4 ᠳ᠋ᠦ᠍ᠭᠡᠷ ᠰᠠᠷ᠎ᠠ ᠵᠢᠨ 15᠎ᠤ ᠡᠳᠦᠷ
(ᠲᠤᠰ ᠪᠢᠴᠢᠭ ᠮᠠᠲ᠋ᠧᠷᠢᠶᠠᠯ᠎ᠢ ᠢᠯᠡ ᠨᠡᠢ᠌ᠲᠡᠯᠡᠨ᠎ᠡ)
ᠬᠠᠭᠤᠯᠤᠨ ᠢᠯᠡᠭᠡᠬᠦ᠎ᠨᠢ᠄ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶᠠᠨ᠎ᠤ ᠡᠯ᠎ᠡ ᠰᠠᠯᠠᠭ᠎ᠠ ᠮᠥᠴᠢᠷ᠂ ᠥᠪᠥᠷ ᠮᠣᠩᠭᠣᠯ᠎ᠤᠨ ᠴᠡᠷᠢᠭ᠎ᠤᠨ ᠲᠣᠭᠣᠷᠢᠭ᠂ ᠵᠡᠪᠰᠡᠭᠲᠦ ᠴᠠᠭᠳᠠᠭ᠎ᠠ ᠵᠢᠨ ᠥᠪᠥᠷ ᠮᠣᠩᠭᠣᠯ᠎ᠤᠨ ᠶᠡᠷᠦᠩᠬᠡᠢ ᠠᠩᠭᠢ᠃ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠪᠠᠢ᠌ᠩᠭᠤ ᠬᠣᠷᠢᠶᠠᠨ᠎ᠤ ᠠᠯᠪᠠᠨ ᠲᠢᠩᠬᠢᠮ᠂ ᠤᠯᠤᠰ ᠲᠥᠷᠥ ᠵᠢᠨ ᠵᠥᠪᠯᠡᠯᠭᠡᠨ᠎ᠤ ᠠᠯᠪᠠᠨ ᠲᠢᠩᠬᠢᠮ᠂ ᠥᠪᠡᠷᠲᠡᠭᠡᠨ ᠵᠠᠰᠠᠬᠤ ᠣᠷᠣᠨ᠎ᠤ ᠬᠢᠨᠠᠨ ᠪᠠᠢ᠌ᠴᠠᠭ᠋ᠠᠬᠤ ᠵᠥᠪᠯᠡᠯ᠂ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠥᠨᠳᠥᠷ ᠵᠡᠷᠭᠡ ᠵᠢᠨ ᠰᠢᠭᠦᠬᠦ ᠬᠣᠷᠢᠶ᠎ᠠ᠂ ᠪᠠᠢ᠌ᠴᠠᠭ᠋ᠠᠬᠤ ᠬᠣᠷᠢᠶ᠎ᠠ᠃
ᠡᠯ᠎ᠡ ᠠᠷᠠᠳ᠎ᠤᠨ ᠪᠦᠯᠬᠦᠮ᠂ ᠰᠣᠨᠢᠨ ᠮᠡᠳᠡᠭᠡᠨ᠎ᠤ ᠨᠢᠭᠡᠴᠢ᠃
ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠠᠯᠪᠠᠨ ᠲᠢᠩᠬᠢᠮ
2021 ᠣᠨ᠎ᠤ 4 ᠳ᠋ᠦ᠍ᠭᠡᠷ ᠰᠠᠷ᠎ᠠ ᠵᠢᠨ 15᠎ᠤ ᠡᠳᠦᠷ ᠳᠠᠷᠤᠮᠠᠯᠯᠠᠨ ᠲᠠᠷᠬᠠᠭ᠋ᠠᠪᠠ