ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠠᠯᠪᠠᠨ ᠲᠢᠩᠬᠢᠮ᠎ᠤᠨ ᠪᠢᠴᠢᠭ ᠮᠠᠲ᠋ᠧᠷᠢᠶᠠᠯ
ᠥᠪᠥᠷ ᠵᠠᠰᠠᠭ ᠠᠯᠪᠠᠨ ᠲᠠᠷᠬᠠᠭ᠋ᠠᠭᠰᠠᠨ [2021] 59 ᠳ᠋ᠦ᠍ᠭᠡᠷ ᠲᠣᠭ᠋ᠠᠲᠤ
ᠥᠪᠡᠷᠲᠡᠭᠡᠨ ᠵᠠᠰᠠᠬᠤ ᠣᠷᠣᠨ᠎ᠤ 《ᠢᠳᠡᠰᠢᠨ ᠨᠣᠭᠣᠭ᠎ᠠ》 ᠵᠢᠨ ᠬᠤᠲᠠ ᠵᠢᠨ ᠳᠠᠷᠤᠭ᠎ᠠ ᠵᠢᠨ ᠬᠠᠷᠢᠭᠤᠴᠠᠯᠭ᠎ᠠ ᠵᠢᠨ ᠳᠦᠷᠢᠮ᠎ᠤᠨ ᠰᠢᠯᠭ᠋ᠠᠨ ᠬᠢᠨᠠᠬᠤ ᠠᠷᠭ᠎ᠠ ᠵᠢ ᠳᠠᠷᠤᠮᠠᠯᠯᠠᠨ ᠶᠠᠪᠤᠭᠤᠯᠬᠤ ᠲᠤᠬᠠᠢ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠠᠯᠪᠠᠨ ᠲᠢᠩᠬᠢᠮ᠎ᠤᠨ ᠮᠡᠳᠡᠭᠳᠡᠯ
ᠡᠯ᠎ᠡ ᠠᠢ᠌ᠮᠠᠭ᠎ᠤᠨ ᠵᠠᠬᠢᠷᠭ᠎ᠠ᠂ ᠬᠤᠲᠠ ᠵᠢᠨ ᠠᠷᠠᠳ᠎ᠤᠨ ᠵᠠᠰᠠᠭ᠎ᠤᠨ ᠣᠷᠳᠣᠨ᠂ ᠥᠪᠡᠷᠲᠡᠭᠡᠨ ᠵᠠᠰᠠᠬᠤ ᠣᠷᠣᠨ᠎ᠤ ᠡᠯ᠎ᠡ ᠵᠥᠪᠯᠡᠯ᠂ ᠠᠯᠪᠠᠨ ᠭᠡᠷ᠂ ᠲᠢᠩᠬᠢᠮ᠂ ᠲᠣᠪᠴᠢᠶ᠎ᠠ᠂ ᠡᠯ᠎ᠡ ᠲᠣᠮᠣ ᠠᠵᠤ ᠠᠬᠤᠢ᠌ᠯᠠᠯ᠂ ᠠᠵᠢᠯ ᠦᠢ᠍ᠯᠡᠰ᠎ᠤᠨ ᠨᠢᠭᠡᠴᠢ᠎ᠳᠤ᠄
ᠡᠳᠦᠭᠡ 《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ 〈ᠢᠳᠡᠰᠢᠨ ᠨᠣᠭᠣᠭ᠎ᠠ〉 ᠵᠢᠨ ᠬᠤᠲᠠ ᠵᠢᠨ ᠳᠠᠷᠤᠭ᠎ᠠ ᠵᠢᠨ ᠬᠠᠷᠢᠭᠤᠴᠠᠯᠭ᠎ᠠ ᠵᠢᠨ ᠳᠦᠷᠢᠮ᠎ᠤᠨ ᠰᠢᠯᠭ᠋ᠠᠨ ᠬᠢᠨᠠᠬᠤ ᠠᠷᠭ᠎ᠠ》 ᠵᠢ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ ᠵᠶ᠋ᠠᠷ ᠵᠥᠪᠰᠢᠶᠡᠷᠡᠭᠦᠯᠦᠭᠡᠳ ᠲᠠ ᠨᠠᠷ᠎ᠲᠤ ᠳᠠᠷᠤᠮᠠᠯᠯᠠᠨ ᠶᠠᠪᠤᠭᠤᠯᠤᠯ᠎ᠠ᠂ ᠪᠣᠳᠠᠲᠠᠢ᠎ᠲᠠᠢ᠎ᠪᠠᠨ ᠤᠶᠠᠯᠳᠤᠭᠤᠯᠤᠨ᠂ ᠬᠢᠨᠠᠮᠠᠭ᠋ᠠᠢ ᠲᠤᠭᠤᠰᠢᠯᠠᠭᠤᠯᠤᠨ ᠨᠠᠢ᠌ᠳᠠᠪᠤᠷᠢᠵᠢᠭᠤᠯᠲᠤᠭ᠋ᠠᠢ᠃
2021 ᠣᠨ᠎ᠤ 9 ᠳ᠋ᠦ᠍ᠭᠡᠷ ᠰᠠᠷ᠎ᠠ ᠵᠢᠨ 30 ᠤ ᠡᠳᠦᠷ (ᠲᠤᠰ ᠪᠢᠴᠢᠭ ᠮᠠᠲ᠋ᠧᠷᠢᠶᠠᠯ᠎ᠢ ᠢᠯᠡ ᠨᠡᠢ᠌ᠲᠡᠯᠡᠨ᠎ᠡ)
ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ 《ᠢᠳᠡᠰᠢᠨ ᠨᠣᠭᠣᠭ᠎ᠠ》 ᠵᠢᠨ ᠬᠤᠲᠠ ᠵᠢᠨ ᠳᠠᠷᠤᠭ᠎ᠠ ᠵᠢᠨ ᠬᠠᠷᠢᠭᠤᠴᠠᠯᠭ᠎ᠠ ᠵᠢᠨ ᠳᠦᠷᠢᠮ᠎ᠤᠨ ᠰᠢᠯᠭ᠋ᠠᠨ ᠬᠢᠨᠠᠬᠤ ᠠᠷᠭ᠎ᠠ
《ᠢᠳᠡᠰᠢᠨ ᠨᠣᠭᠣᠭ᠎ᠠ》 ᠵᠢᠨ ᠬᠤᠲᠠ ᠵᠢᠨ ᠳᠠᠷᠤᠭ᠎ᠠ ᠵᠢᠨ ᠬᠠᠷᠢᠭᠤᠴᠠᠯᠭ᠎ᠠ ᠵᠢᠨ ᠳᠦᠷᠢᠮ᠎ᠢ ᠤᠯᠠᠮ ᠨᠢᠭᠡ ᠠᠯᠬᠤᠮ ᠴᠢᠩᠭ᠎ᠠ ᠪᠣᠳᠠᠲᠠᠢ᠌ᠵᠢᠭᠤᠯᠤᠨ᠂ ᠲᠠᠷᠢᠶᠠᠯᠠᠩ ᠮᠠᠯ᠎ᠤᠨ ᠠᠰᠢᠭ ᠰᠢᠮ᠎ᠡ ᠵᠢᠨ ᠪᠦᠲᠦᠭᠡᠭᠳᠡᠬᠦᠨ᠎ᠤ ᠦᠢ᠍ᠯᠡᠳᠪᠦᠷᠢᠯᠡᠯ᠎ᠢ᠎ᠨᠢ ᠲᠣᠭᠲᠠᠪᠤᠷᠢᠵᠢᠭᠤᠯᠵᠤ ᠪᠠᠲᠤᠯᠠᠨ ᠬᠠᠩᠭ᠋ᠠᠬᠤ ᠠᠵᠢᠯ ᠵᠶ᠋ᠠᠨ ᠦᠨᠡᠨ ᠬᠦ᠌ ᠰᠠᠢ᠌ᠲᠤᠷ ᠬᠢᠵᠦ᠂ ᠠᠷᠠᠳ ᠣᠯᠠᠨ᠎ᠤ ᠠᠮᠢᠳᠤᠷᠠᠯ᠎ᠤᠨ ᠬᠡᠷᠡᠭᠴᠡᠭᠡ ᠵᠢ ᠨᠠᠩ ᠰᠠᠢ᠌ᠨ ᠬᠠᠩᠭ᠋ᠠᠬᠤ ᠵᠢᠨ ᠲᠤᠰᠠᠳᠠ᠂ 《〈ᠢᠳᠡᠰᠢᠨ ᠨᠣᠭᠣᠭ᠎ᠠ〉 ᠵᠢᠨ ᠬᠤᠲᠠ ᠵᠢᠨ ᠳᠠᠷᠤᠭ᠎ᠠ ᠵᠢᠨ ᠬᠠᠷᠢᠭᠤᠴᠠᠯᠭ᠎ᠠ ᠵᠢᠨ ᠳᠦᠷᠢᠮ᠎ᠤᠨ ᠰᠢᠯᠭ᠋ᠠᠨ ᠬᠢᠨᠠᠬᠤ ᠠᠷᠭ᠎ᠠ ᠵᠢ ᠳᠠᠷᠤᠮᠠᠯᠯᠠᠨ ᠶᠠᠪᠤᠭᠤᠯᠬᠤ ᠲᠤᠬᠠᠢ ᠲᠥᠷᠥ ᠵᠢᠨ ᠶᠠᠪᠤᠳᠠᠯ᠎ᠤᠨ ᠬᠣᠷᠢᠶᠠᠨ᠎ᠤ ᠠᠯᠪᠠᠨ ᠲᠢᠩᠬᠢᠮ᠎ᠤᠨ ᠮᠡᠳᠡᠭᠳᠡᠯ》 (ᠲᠥᠷᠥ ᠠᠯᠪᠠᠨ ᠲᠠᠷᠬᠠᠭ᠋ᠠᠭᠰᠠᠨ [2017] 1 ᠳ᠋ᠦ᠍ᠭᠡᠷ ᠲᠣᠭ᠋ᠠᠲᠤ)᠎ᠤᠨ ᠱᠠᠭ᠋ᠠᠷᠳᠠᠯᠭ᠎ᠠ ᠶᠣᠰᠣᠭ᠋ᠠᠷ᠂ ᠰᠢᠨ᠎ᠡ ᠪᠠᠢ᠌ᠳᠠᠯ ᠳᠤᠤᠷᠠᠬᠢ ᠮᠠᠨ᠎ᠤ ᠣᠷᠣᠨ᠎ᠤ ᠪᠣᠳᠠᠲᠤ ᠪᠠᠢ᠌ᠳᠠᠯ᠎ᠲᠠᠢ ᠤᠶᠠᠯᠳᠤᠭᠤᠯᠤᠨ᠂ ᠲᠣᠰ ᠠᠷᠭ᠎ᠠ ᠵᠢ ᠲᠣᠭᠲᠠᠭ᠋ᠠᠪᠠ᠃
ᠨᠢᠭᠡ᠂ ᠰᠢᠯᠭ᠋ᠠᠨ ᠬᠢᠨᠠᠭᠳᠠᠬᠤ ᠡᠲᠡᠭᠡᠳ
ᠪᠤᠭᠤᠲᠤ ᠬᠤᠲᠠ᠂ ᠬᠥᠯᠥᠨ ᠪᠣᠶ᠋ᠢᠷ ᠬᠤᠲᠠ᠂ ᠬᠢᠩᠭ᠋ᠠᠨ ᠠᠢ᠌ᠮᠠᠭ᠂ ᠲᠦᠩᠯᠢᠶᠣᠣ ᠬᠤᠲᠠ᠂ ᠤᠯᠠᠭ᠋ᠠᠨᠬᠠᠳᠠ ᠬᠤᠲᠠ᠂ ᠰᠢᠯᠢ ᠵᠢᠨ ᠭᠣᠣᠯ ᠠᠢ᠌ᠮᠠᠭ᠂ ᠤᠯᠠᠭ᠋ᠠᠨᠴᠠᠪ ᠬᠤᠳᠠ᠂ ᠣᠷᠳᠣᠰ ᠬᠤᠳᠠ᠂ ᠪᠠᠶᠠᠨᠨᠠᠭᠤᠷ ᠬᠤᠲᠠ᠂ ᠦᠬᠠᠢ ᠬᠤᠳᠠ᠂ ᠠᠯᠠᠱ᠌ᠠ ᠠᠢ᠌ᠮᠠᠭ ᠵᠡᠷᠭᠡ 11 ᠠᠢ᠌ᠮᠠᠭ ᠬᠤᠲᠠ ᠪᠣᠯᠣᠨ᠎ᠠ᠃ ᠲᠥᠷᠥ ᠠᠯᠪᠠᠨ ᠲᠠᠷᠬᠠᠭ᠋ᠠᠭᠰᠠᠨ [2017] 1 ᠳ᠋ᠦ᠍ᠭᠡᠷ ᠲᠣᠭ᠋ᠠᠲᠤ ᠪᠢᠴᠢᠭ ᠮᠠᠲ᠋ᠧᠷᠢᠶᠠᠯ᠎ᠤᠨ ᠬᠣᠯᠪᠣᠭᠳᠠᠯ ᠪᠦᠬᠦᠢ ᠲᠣᠭᠲᠠᠭ᠋ᠠᠯ ᠶᠣᠰᠣᠭ᠋ᠠᠷ᠂ ᠬᠥᠬᠡᠬᠤᠲᠠ ᠵᠢᠨ 《ᠢᠳᠡᠰᠢᠨ ᠨᠣᠭᠣᠭ᠎ᠠ》 ᠵᠢᠨ ᠬᠤᠲᠠ ᠵᠢᠨ ᠳᠠᠷᠤᠭ᠎ᠠ ᠵᠢᠨ ᠬᠠᠷᠢᠭᠤᠴᠠᠯᠭ᠎ᠠ ᠵᠢᠨ ᠳᠦᠷᠢᠮ᠎ᠢ ᠨᠠᠢ᠌ᠳᠠᠪᠤᠷᠢᠵᠢᠭᠤᠯᠤᠭᠰᠠᠨ ᠪᠠᠢ᠌ᠳᠠᠯ᠎ᠳᠤ ᠲᠠᠷᠢᠶᠠᠯᠠᠩ ᠬᠥᠳᠡᠭᠡ ᠲᠣᠰᠬᠤᠨ᠎ᠤ ᠶᠠᠮᠤᠨ᠎ᠠᠴᠠ ᠲᠦᠷᠦᠭᠦᠯᠡᠵᠦ ᠪᠠᠢ᠌ᠭ᠎ᠠ 《ᠢᠳᠡᠰᠢᠨ ᠨᠣᠭᠣᠭ᠎ᠠ》 ᠵᠢᠨ ᠢᠳᠡᠭᠡᠨ᠎ᠤ ᠬᠠᠮᠢᠶᠠᠷᠤᠯᠲᠠ ᠵᠢᠨ ᠶᠠᠮᠤᠨ᠎ᠤ ᠬᠤᠭᠤᠷᠣᠨᠳᠣᠬᠢ ᠬᠠᠮᠲᠤᠷᠠᠭᠰᠠᠨ ᠬᠤᠷᠠᠯ᠎ᠠᠴᠠ ᠰᠢᠯᠭ᠋ᠠᠨ ᠬᠢᠨᠠᠬᠤ ᠵᠢ ᠬᠠᠷᠢᠭᠤᠴᠠᠨ᠎ᠠ᠃
ᠬᠣᠶᠠᠷ᠂ ᠰᠢᠯᠭ᠋ᠠᠨ ᠬᠢᠨᠠᠬᠤ ᠵᠣᠬᠢᠶᠠᠨ ᠪᠠᠢ᠌ᠭᠤᠯᠤᠯᠲᠠ ᠵᠢᠴᠢ ᠦᠶᠡᠯᠡᠯ
(ᠨᠢᠭᠡ) ᠰᠢᠯᠭ᠋ᠠᠨ ᠬᠢᠨᠠᠬᠤ ᠵᠣᠬᠢᠶᠠᠨ ᠪᠠᠢ᠌ᠭᠤᠯᠤᠯᠲᠠ᠃ ᠥᠪᠡᠷᠲᠡᠭᠡᠨ ᠵᠠᠰᠠᠬᠤ ᠣᠷᠣᠨ᠎ᠤ ᠲᠠᠷᠢᠶᠠᠯᠠᠩ ᠮᠠᠯ ᠠᠵᠤ ᠠᠬᠤᠢ ᠪᠠ ᠬᠥᠳᠡᠭᠡ ᠲᠣᠰᠬᠤᠨ ᠮᠠᠯᠵᠢᠬᠤ ᠣᠷᠣᠨ᠎ᠤ ᠲᠢᠩᠬᠢᠮ ᠲᠦᠷᠦᠭᠦᠯᠡᠵᠦ᠂ ᠥᠪᠡᠷᠲᠡᠭᠡᠨ ᠵᠠᠰᠠᠬᠤ ᠣᠷᠣᠨ᠎ᠤ ᠬᠥᠭᠵᠢᠭᠦᠯᠦᠯᠲᠡ ᠪᠠ ᠥᠭᠡᠷᠡᠴᠢᠯᠡᠯᠲᠡ ᠵᠢᠨ ᠵᠥᠪᠯᠡᠯ᠂ ᠡᠳ᠋᠎ᠤᠨ ᠵᠠᠰᠠᠭ᠎ᠤᠨ ᠲᠢᠩᠬᠢᠮ᠂ ᠪᠠᠢ᠌ᠭ᠋ᠠᠯᠢ ᠵᠢᠨ ᠡᠬᠢ ᠪᠠᠶᠠᠯᠢᠭ᠎ᠤᠨ ᠲᠢᠩᠬᠢᠮ᠂ ᠠᠮᠢ ᠠᠬᠤᠢ ᠣᠷᠴᠢᠨ ᠲᠣᠭᠣᠷᠢᠨ᠎ᠤ ᠲᠢᠩᠬᠢᠮ᠂ ᠵᠠᠮ ᠬᠠᠷᠢᠯᠴᠠᠭ᠎ᠠ ᠲᠡᠭᠡᠭᠡᠪᠦᠷᠢ ᠵᠢᠨ ᠲᠢᠩᠬᠢᠮ᠂ ᠬᠤᠳᠠᠯᠳᠤᠭ᠋ᠠᠨ᠎ᠤ ᠶᠠᠪᠤᠳᠠᠯ᠎ᠤᠨ ᠲᠢᠩᠬᠢᠮ᠂ ᠵᠠᠬ᠎ᠠ ᠳᠡᠯᠭᠡᠭᠦᠷ᠎ᠤᠨ ᠬᠢᠨᠠᠯᠲᠠ ᠬᠠᠮᠢᠶᠠᠷᠤᠯᠲᠠ ᠵᠢᠨ ᠲᠣᠪᠴᠢᠶ᠎ᠠ᠂ ᠡᠷᠡᠭᠦᠯ ᠬᠠᠮᠠᠭ᠋ᠠᠯᠠᠯ ᠡᠷᠡᠭᠦᠯ ᠮᠡᠨᠳᠦ ᠵᠢᠨ ᠵᠥᠪᠯᠡᠯ᠂ ᠲᠣᠭ᠎ᠠ ᠪᠦᠷᠢᠳᠬᠡᠯ᠎ᠤᠨ ᠲᠣᠪᠴᠢᠶ᠎ᠠ᠂ ᠥᠪᠥᠷ ᠮᠣᠩᠭᠣᠯ᠎ᠤᠨ ᠪᠠᠩᠬᠢ ᠳᠠᠭ᠋ᠠᠳᠬᠠᠯ᠎ᠤᠨ ᠬᠢᠨᠠᠯᠲᠠ ᠬᠠᠮᠢᠶᠠᠷᠤᠯᠲᠠ ᠵᠢᠨ ᠲᠣᠪᠴᠢᠶ᠎ᠠ ᠵᠡᠷᠭᠡ ᠥᠪᠡᠷᠲᠡᠭᠡᠨ ᠵᠠᠰᠠᠬᠤ ᠣᠷᠣᠨ᠎ᠤ 《ᠢᠳᠡᠰᠢᠨ ᠨᠣᠭᠣᠭ᠎ᠠ》 ᠵᠢᠨ ᠢᠳᠡᠭᠡᠨ᠎ᠤ ᠬᠠᠮᠢᠶᠠᠷᠤᠯᠲᠠ ᠵᠢᠨ ᠲᠢᠩᠬᠢᠮ᠎ᠤᠨ ᠬᠤᠭᠤᠷᠣᠨᠳᠣᠬᠢ ᠬᠠᠮᠲᠤᠷᠠᠭᠰᠠᠨ ᠬᠤᠷᠠᠯ᠎ᠤᠨ ᠪᠦᠷᠢᠯᠳᠦᠭᠦᠨ ᠨᠢᠭᠡᠴᠢ᠎ᠲᠠᠢ ᠬᠠᠮᠲᠤᠷᠠᠯᠴᠠᠨ᠂ 11 ᠠᠢ᠌ᠮᠠᠭ ᠬᠤᠲᠠ ᠵᠢᠨ ᠬᠤᠲᠠ ᠵᠢᠨ ᠳᠠᠷᠤᠭ᠎ᠠ ᠵᠢᠨ 《ᠢᠳᠡᠰᠢᠨ ᠨᠣᠭᠣᠭ᠎ᠠ》 ᠵᠢᠨ ᠬᠠᠷᠢᠭᠤᠴᠠᠯᠭ᠎ᠠ ᠵᠢᠨ ᠳᠦᠷᠢᠮ᠎ᠢ ᠨᠠᠢ᠌ᠳᠠᠪᠤᠷᠢᠵᠢᠭᠤᠯᠤᠭᠰᠠᠨ ᠪᠠᠢ᠌ᠳᠠᠯ᠎ᠳᠤ ᠰᠢᠯᠭ᠋ᠠᠨ ᠬᠢᠨᠠᠬᠤ ᠵᠢ ᠬᠠᠷᠢᠭᠤᠴᠠᠨ᠎ᠠ᠃ ᠥᠪᠡᠷᠲᠡᠭᠡᠨ ᠵᠠᠰᠠᠬᠤ ᠣᠷᠣᠨ᠎ᠤ 《ᠢᠳᠡᠰᠢᠨ ᠨᠣᠭᠣᠭ᠎ᠠ》 ᠵᠢᠨ ᠢᠳᠡᠭᠡᠨ᠎ᠤ ᠬᠠᠮᠢᠶᠠᠷᠤᠯᠲᠠ ᠵᠢᠨ ᠲᠢᠩᠬᠢᠮ᠎ᠤᠨ ᠬᠤᠭᠤᠷᠣᠨᠳᠣᠬᠢ ᠬᠠᠮᠲᠤᠷᠠᠭᠰᠠᠨ ᠬᠤᠷᠠᠯ᠎ᠤᠨ ᠠᠯᠪᠠᠨ ᠭᠡᠷ᠎ᠢ ᠥᠪᠡᠷᠲᠡᠭᠡᠨ ᠵᠠᠰᠠᠬᠤ ᠣᠷᠣᠨ᠎ᠤ ᠲᠠᠷᠢᠶᠠᠯᠠᠩ ᠮᠠᠯ ᠠᠵᠤ ᠠᠬᠤᠢ ᠪᠠ ᠬᠥᠳᠡᠭᠡ ᠲᠣᠰᠬᠤᠨ ᠮᠠᠯᠵᠢᠬᠤ ᠣᠷᠣᠨ᠎ᠤ ᠲᠢᠩᠬᠢᠮ᠎ᠳᠤ ᠪᠠᠢ᠌ᠷᠢᠯᠠᠭᠤᠯᠤᠨ᠎ᠠ᠃
(ᠬᠣᠶᠠᠷ) ᠰᠢᠯᠭ᠋ᠠᠨ ᠬᠢᠨᠠᠬᠤ ᠦᠶᠡᠯᠡᠯ᠃ 《ᠢᠳᠡᠰᠢᠨ ᠨᠣᠭᠣᠭ᠎ᠠ》 ᠵᠢᠨ ᠬᠤᠲᠠ ᠵᠢᠨ ᠳᠠᠷᠤᠭ᠎ᠠ ᠵᠢᠨ ᠬᠠᠷᠢᠭᠤᠴᠠᠯᠭ᠎ᠠ ᠵᠢᠨ ᠳᠦᠷᠢᠮ᠎ᠤᠨ ᠰᠢᠯᠭ᠋ᠠᠨ ᠬᠢᠨᠠᠬᠤ ᠠᠵᠢᠯ᠎ᠢ ᠬᠣᠶᠠᠷ ᠵᠢᠯ᠎ᠳᠤ ᠨᠢᠭᠡ ᠤᠳᠠᠭ᠎ᠠ ᠥᠷᠨᠢᠭᠦᠯᠦᠨ᠎ᠡ᠃
ᠭᠤᠷᠪᠠ᠂ ᠰᠢᠯᠭ᠋ᠠᠨ ᠬᠢᠨᠠᠬᠤ ᠠᠭᠤᠯᠭ᠎ᠠ
(ᠨᠢᠭᠡ) 《ᠢᠳᠡᠰᠢᠨ ᠨᠣᠭᠣᠭ᠎ᠠ》 ᠵᠢᠨ ᠪᠦᠲᠦᠭᠡᠭᠳᠡᠬᠦᠨ᠎ᠤ ᠦᠢ᠍ᠯᠡᠳᠪᠦᠷᠢᠯᠡᠯ᠎ᠤᠨ ᠴᠢᠳᠠᠪᠤᠷᠢ᠃ ᠢᠳᠡᠰᠢᠨ ᠨᠣᠭᠣᠭ᠎ᠠ ᠵᠢᠨ ᠵᠢᠯ᠎ᠤᠨ ᠲᠠᠷᠢᠬᠤ ᠲᠠᠯᠠᠪᠠᠶ᠂ ᠤᠨᠠᠯᠲᠠ ᠪᠠ ᠮᠢᠬᠠᠨ᠎ᠤ ᠲᠥᠷᠥᠯ᠎ᠤᠨ ᠭᠠᠷᠤᠯᠲᠠ ᠵᠡᠷᠭᠡ ᠪᠠᠢ᠌ᠳᠠᠯ᠎ᠢ ᠬᠢᠨᠠᠨ ᠰᠢᠯᠭ᠋ᠠᠬᠤ ᠬᠡᠷᠡᠭᠲᠡᠢ᠃ (ᠲᠦᠷᠦᠭᠦᠯᠡᠬᠦ ᠰᠠᠯᠠᠭ᠎ᠠ ᠮᠥᠴᠢᠷ᠄ ᠥᠪᠡᠷᠲᠡᠭᠡᠨ ᠵᠠᠰᠠᠬᠤ ᠣᠷᠣᠨ᠎ᠤ ᠲᠣᠭ᠎ᠠ ᠪᠦᠷᠢᠳᠬᠡᠯ᠎ᠤᠨ ᠲᠣᠪᠴᠢᠶ᠎ᠠ᠂ ᠲᠠᠷᠢᠶᠠᠯᠠᠩ ᠮᠠᠯ ᠠᠵᠤ ᠠᠬᠤᠢ ᠪᠠ ᠬᠥᠳᠡᠭᠡ ᠲᠣᠰᠬᠤᠨ ᠮᠠᠯᠵᠢᠬᠤ ᠣᠷᠣᠨ᠎ᠤ ᠲᠢᠩᠬᠢᠮ᠂ ᠬᠠᠮᠵᠢᠯᠴᠠᠬᠤ ᠰᠠᠯᠠᠭ᠎ᠠ ᠮᠥᠴᠢᠷ᠄ ᠥᠪᠡᠷᠲᠡᠭᠡᠨ ᠵᠠᠰᠠᠬᠤ ᠣᠷᠣᠨ᠎ᠤ ᠬᠥᠭᠵᠢᠭᠦᠯᠦᠯᠲᠡ ᠪᠠ ᠥᠭᠡᠷᠡᠴᠢᠯᠡᠯᠲᠡ ᠵᠢᠨ ᠵᠥᠪᠯᠡᠯ᠂ ᠡᠳ᠋᠎ᠤᠨ ᠵᠠᠰᠠᠭ᠎ᠤᠨ ᠲᠢᠩᠬᠢᠮ᠂ ᠪᠠᠢ᠌ᠭ᠋ᠠᠯᠢ ᠵᠢᠨ ᠡᠬᠢ ᠪᠠᠶᠠᠯᠢᠭ᠎ᠤᠨ ᠲᠢᠩᠬᠢᠮ᠂ ᠠᠮᠢ ᠠᠬᠤᠢ ᠣᠷᠴᠢᠨ ᠲᠣᠭᠣᠷᠢᠨ᠎ᠤ ᠲᠢᠩᠬᠢᠮ)
(ᠬᠣᠶᠠᠷ) 《ᠢᠳᠡᠰᠢᠨ ᠨᠣᠭᠣᠭ᠎ᠠ》 ᠵᠢᠨ ᠪᠦᠲᠦᠭᠡᠭᠳᠡᠬᠦᠨ᠎ᠤ ᠵᠠᠬ᠎ᠠ ᠳᠡᠯᠭᠡᠭᠦᠷ᠎ᠤᠨ ᠭᠦᠢ᠍ᠯᠭᠡᠭᠡᠨ᠎ᠤ ᠴᠢᠳᠠᠪᠤᠷᠢ᠃ ᠲᠠᠷᠢᠶᠠᠯᠠᠩ ᠮᠠᠯ᠎ᠤᠨ ᠠᠰᠢᠭ ᠰᠢᠮ᠎ᠡ ᠵᠢᠨ ᠪᠦᠲᠦᠭᠡᠭᠳᠡᠬᠦᠨ᠎ᠤ ᠪᠥᠭᠡᠮ ᠵᠶ᠋ᠠᠷ ᠬᠤᠳᠠᠯᠳᠤᠬᠤ ᠵᠠᠬ᠎ᠠ ᠳᠡᠯᠭᠡᠭᠦᠷ᠎ᠤᠨ ᠲᠥᠯᠦᠪᠵᠢᠭᠦᠯᠭᠡ ᠵᠢᠨ ᠪᠠᠢ᠌ᠷᠢᠰᠢᠭᠤᠯᠤᠯᠲᠠ᠂ ᠪᠦᠲᠦᠭᠡᠨ ᠪᠠᠢ᠌ᠭᠤᠯᠤᠯᠲᠠ᠂ ᠠᠵᠢᠯᠯᠠᠭ᠋ᠠᠨ᠂ ᠵᠢᠵᠢᠭᠯᠡᠨ ᠬᠤᠳᠠᠯᠳᠤᠬᠤ ᠲᠣᠣᠷ ᠴᠡᠭ᠎ᠤᠨ ᠪᠦᠲᠦᠭᠡᠨ ᠪᠠᠢ᠌ᠭᠤᠯᠤᠯᠲᠠ ᠵᠡᠷᠭᠡ ᠪᠠᠢ᠌ᠳᠠᠯ᠎ᠢ ᠬᠢᠨᠠᠨ ᠰᠢᠯᠭ᠋ᠠᠬᠤ ᠬᠡᠷᠡᠭᠲᠡᠢ᠃ (ᠲᠦᠷᠦᠭᠦᠯᠡᠬᠦ ᠰᠠᠯᠠᠭ᠎ᠠ ᠮᠥᠴᠢᠷ᠄ ᠥᠪᠡᠷᠲᠡᠭᠡᠨ ᠵᠠᠰᠠᠬᠤ ᠣᠷᠣᠨ᠎ᠤ ᠬᠤᠳᠠᠯᠳᠤᠭ᠋ᠠᠨ᠎ᠤ ᠶᠠᠪᠤᠳᠠᠯ᠎ᠤᠨ ᠲᠢᠩᠬᠢᠮ᠂ ᠬᠠᠮᠵᠢᠯᠴᠠᠬᠤ ᠰᠠᠯᠠᠭ᠎ᠠ ᠮᠥᠴᠢᠷ᠄ ᠥᠪᠡᠷᠲᠡᠭᠡᠨ ᠵᠠᠰᠠᠬᠤ ᠣᠷᠣᠨ᠎ᠤ ᠬᠥᠭᠵᠢᠭᠦᠯᠦᠯᠲᠡ ᠪᠠ ᠥᠭᠡᠷᠡᠴᠢᠯᠡᠯᠲᠡ ᠵᠢᠨ ᠵᠥᠪᠯᠡᠯ᠂ ᠡᠳ᠋᠎ᠤᠨ ᠵᠠᠰᠠᠭ᠎ᠤᠨ ᠲᠢᠩᠬᠢᠮ᠂ ᠲᠠᠷᠢᠶᠠᠯᠠᠩ ᠮᠠᠯ ᠠᠵᠤ ᠠᠬᠤᠢ ᠪᠠ ᠬᠥᠳᠡᠭᠡ ᠲᠣᠰᠬᠤᠨ ᠮᠠᠯᠵᠢᠬᠤ ᠣᠷᠣᠨ᠎ᠤ ᠲᠢᠩᠬᠢᠮ᠂ ᠪᠠᠢ᠌ᠭ᠋ᠠᠯᠢ ᠵᠢᠨ ᠡᠬᠢ ᠪᠠᠶᠠᠯᠢᠭ᠎ᠤᠨ ᠲᠢᠩᠬᠢᠮ᠂ ᠵᠠᠮ ᠬᠠᠷᠢᠯᠴᠠᠭ᠎ᠠ ᠲᠡᠭᠡᠭᠡᠪᠦᠷᠢ ᠵᠢᠨ ᠲᠢᠩᠬᠢᠮ᠂ ᠵᠠᠬ᠎ᠠ ᠳᠡᠯᠭᠡᠭᠦᠷ᠎ᠤᠨ ᠬᠢᠨᠠᠯᠲᠠ ᠬᠠᠮᠢᠶᠠᠷᠤᠯᠲᠠ ᠵᠢᠨ ᠲᠣᠪᠴᠢᠶ᠎ᠠ᠂ ᠡᠷᠡᠭᠦᠯ ᠬᠠᠮᠠᠭ᠋ᠠᠯᠠᠯ ᠡᠷᠡᠭᠦᠯ ᠮᠡᠨᠳᠦ ᠵᠢᠨ ᠵᠥᠪᠯᠡᠯ)
(ᠭᠤᠷᠪᠠ) 《ᠢᠳᠡᠰᠢᠨ ᠨᠣᠭᠣᠭ᠎ᠠ》 ᠵᠢᠨ ᠪᠦᠲᠦᠭᠡᠭᠳᠡᠬᠦᠨ᠎ᠤ ᠶᠠᠰᠤ ᠴᠢᠨᠠᠷ ᠠᠮᠤᠷ ᠲᠦᠪᠰᠢᠨ᠎ᠤ ᠬᠢᠨᠠᠯᠲᠠ ᠬᠠᠮᠢᠶᠠᠷᠤᠯᠲᠠ ᠵᠢᠨ ᠴᠢᠳᠠᠪᠤᠷᠢ᠃
1. ᠲᠠᠷᠢᠶᠠᠯᠠᠩ ᠮᠠᠯ᠎ᠤᠨ ᠠᠰᠢᠭ ᠰᠢᠮ᠎ᠡ ᠵᠢᠨ ᠪᠦᠲᠦᠭᠡᠭᠳᠡᠬᠦᠨ᠎ᠤ ᠶᠠᠰᠤ ᠴᠢᠨᠠᠷ ᠠᠮᠤᠷ ᠲᠦᠪᠰᠢᠨ᠎ᠤ ᠬᠠᠷᠢᠶᠠᠯᠠᠭᠳᠠᠬᠤ ᠭᠠᠵᠠᠷ᠎ᠤᠨ ᠬᠠᠷᠢᠭᠤᠴᠠᠯᠭ᠎ᠠ᠎ᠪᠠᠨ ᠨᠠᠢ᠌ᠳᠠᠪᠤᠷᠢᠵᠢᠭᠤᠯᠤᠭᠰᠠᠨ᠂ ᠪᠠᠷᠢᠮᠵᠢᠶᠠᠵᠢᠭᠰᠠᠨ ᠦᠢ᠍ᠯᠡᠳᠪᠦᠷᠢᠯᠡᠯ᠂ 《ᠢᠳᠡᠰᠢᠨ ᠨᠣᠭᠣᠭ᠎ᠠ》 ᠵᠢᠨ ᠪᠦᠲᠦᠭᠡᠭᠳᠡᠬᠦᠨ᠎ᠤ ᠶᠠᠰᠤ ᠴᠢᠨᠠᠷ ᠠᠮᠤᠷ ᠲᠦᠪᠰᠢᠨ᠎ᠤ ᠬᠢᠨᠠᠯᠲᠠ ᠬᠠᠮᠢᠶᠠᠷᠤᠯᠲᠠ ᠵᠢᠨ ᠲᠣᠭᠲᠠᠯᠴᠠᠭ᠋ᠠᠨ᠎ᠤ ᠴᠢᠳᠠᠪᠤᠷᠢ ᠵᠢᠨ ᠪᠠᠢ᠌ᠭᠤᠯᠤᠯᠲᠠ ᠪᠠ ᠶᠠᠰᠤ ᠴᠢᠨᠠᠷ ᠠᠮᠤᠷ ᠲᠦᠪᠰᠢᠨ᠎ᠤ ᠬᠢᠷᠢ ᠲᠦᠪᠰᠢᠨ ᠵᠶ᠋ᠠᠨ ᠠᠬᠢᠭᠤᠯᠤᠭᠰᠠᠨ ᠵᠡᠷᠭᠡ ᠪᠠᠢ᠌ᠳᠠᠯ᠎ᠢ ᠰᠢᠯᠭ᠋ᠠᠨ ᠬᠢᠨᠠᠬᠤ ᠬᠡᠷᠡᠭᠲᠡᠢ᠃ (ᠲᠦᠷᠦᠭᠦᠯᠡᠬᠦ ᠰᠠᠯᠠᠭ᠎ᠠ ᠮᠥᠴᠢᠷ᠄ ᠥᠪᠡᠷᠲᠡᠭᠡᠨ ᠵᠠᠰᠠᠬᠤ ᠣᠷᠣᠨ᠎ᠤ ᠲᠠᠷᠢᠶᠠᠯᠠᠩ ᠮᠠᠯ ᠠᠵᠤ ᠠᠬᠤᠢ ᠪᠠ ᠬᠥᠳᠡᠭᠡ ᠲᠣᠰᠬᠤᠨ ᠮᠠᠯᠵᠢᠬᠤ ᠣᠷᠣᠨ᠎ᠤ ᠲᠢᠩᠬᠢᠮ᠂ ᠵᠠᠬ᠎ᠠ ᠳᠡᠯᠭᠡᠭᠦᠷ᠎ᠤᠨ ᠬᠢᠨᠠᠯᠲᠠ ᠬᠠᠮᠢᠶᠠᠷᠤᠯᠲᠠ ᠵᠢᠨ ᠲᠣᠪᠴᠢᠶ᠎ᠠ᠂ ᠬᠠᠮᠵᠢᠯᠴᠠᠬᠤ ᠰᠠᠯᠠᠭ᠎ᠠ ᠮᠥᠴᠢᠷ᠄ ᠥᠪᠡᠷᠲᠡᠭᠡᠨ ᠵᠠᠰᠠᠬᠤ ᠣᠷᠣᠨ᠎ᠤ ᠠᠮᠢ ᠠᠬᠤᠢ ᠣᠷᠴᠢᠨ ᠲᠣᠭᠣᠷᠢᠨ᠎ᠤ ᠲᠢᠩᠬᠢᠮ᠂ ᠡᠷᠡᠭᠦᠯ ᠬᠠᠮᠠᠭ᠋ᠠᠯᠠᠯ ᠡᠷᠡᠭᠦᠯ ᠮᠡᠨᠳᠦ ᠵᠢᠨ ᠵᠥᠪᠯᠡᠯ)
2. 《ᠢᠳᠡᠰᠢᠨ ᠨᠣᠭᠣᠭ᠎ᠠ》 ᠵᠢᠨ ᠪᠦᠲᠦᠭᠡᠭᠳᠡᠬᠦᠨ᠎ᠤ ᠮᠥᠷᠳᠡᠨ ᠤᠬᠤᠴᠢᠯᠠᠬᠤ ᠲᠣᠭᠲᠠᠯᠴᠠᠭ᠋ᠠᠨ᠎ᠤ ᠪᠠᠢ᠌ᠭᠤᠯᠤᠯᠲᠠ ᠵᠡᠷᠭᠡ ᠪᠠᠢ᠌ᠳᠠᠯ᠎ᠢ ᠰᠢᠯᠭ᠋ᠠᠨ ᠬᠢᠨᠠᠬᠤ ᠬᠡᠷᠡᠭᠲᠡᠢ᠃ (ᠲᠦᠷᠦᠭᠦᠯᠡᠬᠦ ᠰᠠᠯᠠᠭ᠎ᠠ ᠮᠥᠴᠢᠷ᠄ ᠥᠪᠡᠷᠲᠡᠭᠡᠨ ᠵᠠᠰᠠᠬᠤ ᠣᠷᠣᠨ᠎ᠤ ᠬᠤᠳᠠᠯᠳᠤᠭ᠋ᠠᠨ᠎ᠤ ᠶᠠᠪᠤᠳᠠᠯ᠎ᠤᠨ ᠲᠢᠩᠬᠢᠮ᠂ ᠬᠠᠮᠵᠢᠯᠴᠠᠬᠤ ᠰᠠᠯᠠᠭ᠎ᠠ ᠮᠥᠴᠢᠷ᠄ ᠥᠪᠡᠷᠲᠡᠭᠡᠨ ᠵᠠᠰᠠᠬᠤ ᠣᠷᠣᠨ᠎ᠤ ᠠᠮᠢ ᠠᠬᠤᠢ ᠣᠷᠴᠢᠨ ᠲᠣᠭᠣᠷᠢᠨ᠎ᠤ ᠲᠢᠩᠬᠢᠮ᠂ ᠲᠠᠷᠢᠶᠠᠯᠠᠩ ᠮᠠᠯ ᠠᠵᠤ ᠠᠬᠤᠢ ᠪᠠ ᠬᠥᠳᠡᠭᠡ ᠲᠣᠰᠬᠤᠨ ᠮᠠᠯᠵᠢᠬᠤ ᠣᠷᠣᠨ᠎ᠤ ᠲᠢᠩᠬᠢᠮ᠂ ᠵᠠᠬ᠎ᠠ ᠳᠡᠯᠭᠡᠭᠦᠷ᠎ᠤᠨ ᠬᠢᠨᠠᠯᠲᠠ ᠬᠠᠮᠢᠶᠠᠷᠤᠯᠲᠠ ᠵᠢᠨ ᠲᠣᠪᠴᠢᠶ᠎ᠠ᠂ ᠡᠷᠡᠭᠦᠯ ᠬᠠᠮᠠᠭ᠋ᠠᠯᠠᠯ ᠡᠷᠡᠭᠦᠯ ᠮᠡᠨᠳᠦ ᠵᠢᠨ ᠵᠥᠪᠯᠡᠯ)
(ᠳᠥᠷᠪᠡ) 《ᠢᠳᠡᠰᠢᠨ ᠨᠣᠭᠣᠭ᠎ᠠ》 ᠵᠢᠨ ᠪᠦᠲᠦᠭᠡᠭᠳᠡᠬᠦᠨ᠎ᠤ ᠲᠣᠬᠢᠷᠠᠭᠤᠯᠤᠨ ᠡᠵᠡᠮᠳᠡᠬᠦ ᠪᠠᠲᠤᠯᠠᠭ᠎ᠠ ᠵᠢᠨ ᠴᠢᠳᠠᠪᠤᠷᠢ᠃
1. ᠦᠢ᠍ᠯᠡᠳᠪᠦᠷᠢᠯᠡᠯ᠎ᠢ ᠲᠡᠳᠬᠦᠨ ᠳᠡᠮᠵᠢᠵᠦ ᠲᠣᠬᠢᠷᠠᠭᠤᠯᠤᠨ ᠡᠵᠡᠮᠳᠡᠬᠦ ᠲᠥᠷᠥ ᠵᠢᠨ ᠪᠣᠳᠣᠯᠭ᠎ᠠ ᠵᠢᠨ ᠪᠠᠢ᠌ᠭᠤᠯᠤᠯᠲᠠ᠂ 《ᠬᠣᠯᠢᠰᠢᠨ ᠢᠳᠡᠭᠡᠨ》᠎ᠤ ᠪᠦᠲᠦᠭᠡᠭᠳᠡᠬᠦᠨ᠎ᠤ ᠦᠢ᠍ᠯᠡᠳᠪᠦᠷᠢᠯᠡᠯ᠎ᠤᠨ ᠰᠠᠭᠤᠷᠢ ᠪᠡᠯᠡᠳᠬᠡᠮᠵᠢ ᠵᠢᠨ ᠪᠦᠲᠦᠭᠡᠨ ᠪᠠᠢ᠌ᠭᠤᠯᠤᠯᠲᠠ᠂ ᠮᠡᠷᠭᠡᠵᠢᠯ ᠳᠡᠯᠭᠡᠷᠡᠭᠦᠯᠬᠦ᠂ ᠥᠨᠳᠥᠷ ᠬᠡᠪ ᠴᠢᠨᠠᠷ ᠪᠦᠬᠦᠢ ᠮᠠᠯᠴᠢᠨ ᠲᠠᠷᠢᠶᠠᠴᠢᠨ᠎ᠢ ᠬᠥᠮᠥᠵᠢᠭᠦᠯᠬᠦ ᠵᠡᠷᠭᠡ ᠪᠠᠢ᠌ᠳᠠᠯ᠎ᠢ ᠰᠢᠯᠭ᠋ᠠᠨ ᠬᠢᠨᠠᠬᠤ ᠬᠡᠷᠡᠭᠲᠡᠢ᠃ (ᠲᠦᠷᠦᠭᠦᠯᠡᠬᠦ ᠰᠠᠯᠠᠭ᠎ᠠ ᠮᠥᠴᠢᠷ᠄ ᠥᠪᠡᠷᠲᠡᠭᠡᠨ ᠵᠠᠰᠠᠬᠤ ᠣᠷᠣᠨ᠎ᠤ ᠲᠠᠷᠢᠶᠠᠯᠠᠩ ᠮᠠᠯ ᠠᠵᠤ ᠠᠬᠤᠢ ᠪᠠ ᠬᠥᠳᠡᠭᠡ ᠲᠣᠰᠬᠤᠨ ᠮᠠᠯᠵᠢᠬᠤ ᠣᠷᠣᠨ᠎ᠤ ᠲᠢᠩᠬᠢᠮ᠂ ᠬᠠᠮᠵᠢᠯᠴᠠᠬᠤ ᠰᠠᠯᠠᠭ᠎ᠠ ᠮᠥᠴᠢᠷ᠄ ᠥᠪᠡᠷᠲᠡᠭᠡᠨ ᠵᠠᠰᠠᠬᠤ ᠣᠷᠣᠨ᠎ᠤ ᠡᠳ᠋᠎ᠤᠨ ᠵᠠᠰᠠᠭ᠎ᠤᠨ ᠲᠢᠩᠬᠢᠮ᠂ ᠬᠥᠭᠵᠢᠭᠦᠯᠦᠯᠲᠡ ᠪᠠ ᠥᠭᠡᠷᠡᠴᠢᠯᠡᠯᠲᠡ ᠵᠢᠨ ᠵᠥᠪᠯᠡᠯ᠂ ᠪᠠᠢ᠌ᠭ᠋ᠠᠯᠢ ᠵᠢᠨ ᠡᠬᠢ ᠪᠠᠶᠠᠯᠢᠭ᠎ᠤᠨ ᠲᠢᠩᠬᠢᠮ᠂ ᠠᠮᠢ ᠠᠬᠤᠢ ᠣᠷᠴᠢᠨ ᠲᠣᠭᠣᠷᠢᠨ᠎ᠤ ᠲᠢᠩᠬᠢᠮ᠂ ᠬᠤᠳᠠᠯᠳᠤᠭ᠋ᠠᠨ᠎ᠤ ᠶᠠᠪᠤᠳᠠᠯ᠎ᠤᠨ ᠲᠢᠩᠬᠢᠮ᠂ ᠥᠪᠥᠷ ᠮᠣᠩᠭᠣᠯ᠎ᠤᠨ ᠪᠠᠩᠬᠢ ᠳᠠᠭ᠋ᠠᠳᠬᠠᠯ᠎ᠤᠨ ᠬᠢᠨᠠᠯᠲᠠ ᠬᠠᠮᠢᠶᠠᠷᠤᠯᠲᠠ ᠵᠢᠨ ᠲᠣᠪᠴᠢᠶ᠎ᠠ)
2. 《ᠢᠳᠡᠰᠢᠨ ᠨᠣᠭᠣᠭ᠎ᠠ》 ᠵᠢᠨ ᠪᠦᠲᠦᠭᠡᠭᠳᠡᠬᠦᠨ᠎ᠤ ᠵᠠᠬ᠎ᠠ ᠳᠡᠯᠭᠡᠭᠦᠷ᠎ᠤᠨ ᠭᠦᠢ᠍ᠯᠭᠡᠭᠡᠨ᠎ᠤ ᠲᠥᠷᠥ ᠵᠢᠨ ᠪᠣᠳᠣᠯᠭ᠎ᠠ ᠵᠢᠨ ᠪᠠᠢ᠌ᠭᠤᠯᠤᠯᠲᠠ᠂ ᠪᠠᠴᠢᠮ ᠪᠠᠢ᠌ᠳᠠᠯ᠎ᠢ ᠠᠷᠭ᠋ᠠᠴᠠᠭ᠋ᠠᠵᠤ ᠲᠣᠬᠢᠷᠠᠭᠤᠯᠤᠨ ᠡᠵᠡᠮᠳᠡᠬᠦ ᠪᠡᠯᠡᠳᠬᠡᠯ ᠲᠥᠰᠥᠯ ᠲᠣᠭᠲᠠᠭ᠋ᠠᠭᠰᠠᠨ ᠵᠡᠷᠭᠡ ᠪᠠᠢ᠌ᠳᠠᠯ᠎ᠢ ᠰᠢᠯᠭ᠋ᠠᠨ ᠬᠢᠨᠠᠬᠤ ᠬᠡᠷᠡᠭᠲᠡᠢ᠃ (ᠲᠦᠷᠦᠭᠦᠯᠡᠬᠦ ᠰᠠᠯᠠᠭ᠎ᠠ ᠮᠥᠴᠢᠷ᠄ ᠥᠪᠡᠷᠲᠡᠭᠡᠨ ᠵᠠᠰᠠᠬᠤ ᠣᠷᠣᠨ᠎ᠤ ᠬᠤᠳᠠᠯᠳᠤᠭ᠋ᠠᠨ᠎ᠤ ᠶᠠᠪᠤᠳᠠᠯ᠎ᠤᠨ ᠲᠢᠩᠬᠢᠮ᠂ ᠬᠥᠭᠵᠢᠭᠦᠯᠦᠯᠲᠡ ᠪᠠ ᠥᠭᠡᠷᠡᠴᠢᠯᠡᠯᠲᠡ ᠵᠢᠨ ᠵᠥᠪᠯᠡᠯ᠂ ᠬᠠᠮᠵᠢᠯᠴᠠᠬᠤ ᠰᠠᠯᠠᠭ᠎ᠠ ᠮᠥᠴᠢᠷ᠄ ᠥᠪᠡᠷᠲᠡᠭᠡᠨ ᠵᠠᠰᠠᠬᠤ ᠣᠷᠣᠨ᠎ᠤ ᠡᠳ᠋᠎ᠤᠨ ᠵᠠᠰᠠᠭ᠎ᠤᠨ ᠲᠢᠩᠬᠢᠮ᠂ ᠵᠠᠮ ᠬᠠᠷᠢᠯᠴᠠᠭ᠎ᠠ ᠲᠡᠭᠡᠭᠡᠪᠦᠷᠢ ᠵᠢᠨ ᠲᠢᠩᠬᠢᠮ᠂ ᠲᠠᠷᠢᠶᠠᠯᠠᠩ ᠮᠠᠯ ᠠᠵᠤ ᠠᠬᠤᠢ ᠪᠠ ᠬᠥᠳᠡᠭᠡ ᠲᠣᠰᠬᠤᠨ ᠮᠠᠯᠵᠢᠬᠤ ᠣᠷᠣᠨ᠎ᠤ ᠲᠢᠩᠬᠢᠮ)
3. 《ᠢᠳᠡᠰᠢᠨ ᠨᠣᠭᠣᠭ᠎ᠠ》 ᠵᠢᠨ ᠢᠨᠵᠧᠨᠧᠷᠢᠩ᠎ᠤᠨ ᠲᠣᠬᠢᠷᠠᠭᠤᠯᠤᠨ ᠡᠵᠡᠮᠳᠡᠬᠦ ᠲᠥᠷᠥ ᠵᠢᠨ ᠪᠣᠳᠣᠯᠭ᠎ᠠ ᠵᠢᠨ ᠪᠠᠢ᠌ᠭᠤᠯᠤᠯᠲᠠ᠂ ᠬᠡᠷᠡᠭᠯᠡᠭᠡ ᠵᠢᠨ ᠨᠡᠮᠡᠭᠦᠷᠢ ᠵᠢᠨ ᠲᠥᠷᠥ ᠵᠢᠨ ᠪᠣᠳᠣᠯᠭ᠎ᠠ᠂ ᠦᠨ᠎ᠡ ᠬᠠᠩᠰᠢ ᠵᠢᠨ ᠲᠣᠬᠢᠷᠠᠭᠤᠯᠤᠨ ᠡᠵᠡᠮᠳᠡᠬᠦ᠂ ᠴᠢᠬᠤᠯᠠ 《ᠢᠳᠡᠰᠢᠨ ᠨᠣᠭᠣᠭ᠎ᠠ》 ᠵᠢᠨ ᠪᠦᠲᠦᠭᠡᠭᠳᠡᠬᠦᠨ ᠨᠥᠭᠡᠴᠡᠯᠡᠬᠦ ᠳᠦᠷᠢᠮ᠎ᠢ ᠨᠠᠢ᠌ᠳᠠᠪᠤᠷᠢᠵᠢᠭᠤᠯᠤᠭᠰᠠᠨ ᠪᠠᠢ᠌ᠳᠠᠯ᠂ ᠬᠠᠮᠢᠶᠠᠷᠤᠯᠲᠠ ᠵᠢᠨ ᠲᠣᠭᠲᠠᠯᠴᠠᠭ᠋ᠠᠨ᠎ᠤ ᠪᠠᠢ᠌ᠭᠤᠯᠤᠯᠲᠠ᠂ ᠮᠡᠳᠡᠭᠡ ᠵᠠᠩᠭᠢ ᠵᠢᠨ ᠬᠢᠨᠠᠨ ᠰᠢᠨᠵᠢᠵᠦ ᠰᠡᠷᠡᠮᠵᠢᠯᠡᠭᠦᠯᠬᠦ ᠬᠢᠭᠡᠳ ᠨᠡᠢ᠌ᠲᠡᠯᠡᠬᠦ ᠲᠠᠪᠴᠠᠩ᠎ᠤᠨ ᠪᠠᠢ᠌ᠭᠤᠯᠤᠯᠲᠠ ᠵᠡᠷᠭᠡ ᠵᠢ ᠰᠢᠯᠭ᠋ᠠᠨ ᠬᠢᠨᠠᠬᠤ ᠬᠡᠷᠡᠭᠲᠡᠢ᠃ (ᠲᠦᠷᠦᠭᠦᠯᠡᠬᠦ ᠰᠠᠯᠠᠭ᠎ᠠ ᠮᠥᠴᠢᠷ᠄ ᠥᠪᠡᠷᠲᠡᠭᠡᠨ ᠵᠠᠰᠠᠬᠤ ᠣᠷᠣᠨ᠎ᠤ ᠬᠥᠭᠵᠢᠭᠦᠯᠦᠯᠲᠡ ᠪᠠ ᠥᠭᠡᠷᠡᠴᠢᠯᠡᠯᠲᠡ ᠵᠢᠨ ᠵᠥᠪᠯᠡᠯ᠂ ᠬᠤᠳᠠᠯᠳᠤᠭ᠋ᠠᠨ᠎ᠤ ᠶᠠᠪᠤᠳᠠᠯ᠎ᠤᠨ ᠲᠢᠩᠬᠢᠮ᠂ ᠬᠠᠮᠵᠢᠯᠴᠠᠬᠤ ᠰᠠᠯᠠᠭ᠎ᠠ ᠮᠥᠴᠢᠷ᠄ ᠥᠪᠡᠷᠲᠡᠭᠡᠨ ᠵᠠᠰᠠᠬᠤ ᠣᠷᠣᠨ᠎ᠤ ᠡᠳ᠋᠎ᠤᠨ ᠵᠠᠰᠠᠭ᠎ᠤᠨ ᠲᠢᠩᠬᠢᠮ᠂ ᠲᠠᠷᠢᠶᠠᠯᠠᠩ ᠮᠠᠯ ᠠᠵᠤ ᠠᠬᠤᠢ ᠪᠠ ᠬᠥᠳᠡᠭᠡ ᠲᠣᠰᠬᠤᠨ ᠮᠠᠯᠵᠢᠬᠤ ᠣᠷᠣᠨ᠎ᠤ ᠲᠢᠩᠬᠢᠮ᠂ ᠥᠪᠥᠷ ᠮᠣᠩᠭᠣᠯ᠎ᠤᠨ ᠪᠠᠩᠬᠢ ᠳᠠᠭ᠋ᠠᠳᠬᠠᠯ᠎ᠤᠨ ᠬᠢᠨᠠᠯᠲᠠ ᠬᠠᠮᠢᠶᠠᠷᠤᠯᠲᠠ ᠵᠢᠨ ᠲᠣᠪᠴᠢᠶ᠎ᠠ)
(ᠲᠠᠪᠤ) 《ᠢᠳᠡᠰᠢᠨ ᠨᠣᠭᠣᠭ᠎ᠠ》 ᠵᠢᠨ ᠢᠨᠵᠧᠨᠧᠷᠢᠩ᠎ᠤᠨ ᠪᠦᠲᠦᠭᠡᠨ ᠪᠠᠢ᠌ᠭᠤᠯᠤᠯᠲᠠ᠎ᠳᠤ ᠬᠤᠲᠠ ᠵᠢᠨ ᠠᠷᠠᠳ᠎ᠤᠨ ᠰᠡᠳᠬᠢᠯ ᠬᠠᠨᠤᠮᠵᠢᠲᠠᠶ ᠪᠠᠢ᠌ᠬᠤ ᠬᠡᠮᠵᠢᠶ᠎ᠡ᠃ (ᠲᠦᠷᠦᠭᠦᠯᠡᠬᠦ ᠰᠠᠯᠠᠭ᠎ᠠ ᠮᠥᠴᠢᠷ᠄ ᠥᠪᠡᠷᠲᠡᠭᠡᠨ ᠵᠠᠰᠠᠬᠤ ᠣᠷᠣᠨ᠎ᠤ ᠲᠠᠷᠢᠶᠠᠯᠠᠩ ᠮᠠᠯ ᠠᠵᠤ ᠠᠬᠤᠢ ᠪᠠ ᠬᠥᠳᠡᠭᠡ ᠲᠣᠰᠬᠤᠨ ᠮᠠᠯᠵᠢᠬᠤ ᠣᠷᠣᠨ᠎ᠤ ᠲᠢᠩᠬᠢᠮ᠂ ᠬᠠᠮᠵᠢᠯᠴᠠᠬᠤ ᠰᠠᠯᠠᠭ᠎ᠠ ᠮᠥᠴᠢᠷ᠄ ᠥᠪᠡᠷᠲᠡᠭᠡᠨ ᠵᠠᠰᠠᠬᠤ ᠣᠷᠣᠨ᠎ᠤ 《ᠢᠳᠡᠰᠢᠨ ᠨᠣᠭᠣᠭ᠎ᠠ》 ᠵᠢᠨ ᠢᠳᠡᠭᠡᠨ᠎ᠤ ᠬᠠᠮᠢᠶᠠᠷᠤᠯᠲᠠ ᠵᠢᠨ ᠲᠢᠩᠬᠢᠮ᠎ᠤᠨ ᠬᠤᠭᠤᠷᠣᠨᠳᠣᠬᠢ ᠬᠠᠮᠲᠤᠷᠠᠭᠰᠠᠨ ᠬᠤᠷᠠᠯ᠎ᠤᠨ ᠡᠯ᠎ᠡ ᠪᠦᠷᠢᠯᠳᠦᠭᠦᠨ ᠨᠢᠭᠡᠴᠢ) ᠰᠢᠯᠭ᠋ᠠᠨ ᠬᠢᠨᠠᠬᠤ᠎ᠳᠤ ᠬᠣᠯᠪᠣᠭᠳᠠᠭᠰᠠᠨ ᠬᠣᠯᠪᠣᠭᠳᠠᠯ ᠪᠦᠬᠦᠢ ᠲᠣᠭ᠎ᠠ ᠪᠠᠷᠢᠮᠲᠠ ᠵᠢ ᠲᠣᠭ᠎ᠠ ᠪᠦᠷᠢᠳᠬᠡᠯ᠎ᠤᠨ ᠰᠠᠯᠠᠭ᠎ᠠ ᠮᠥᠴᠢᠷ᠎ᠤᠨ ᠨᠡᠢ᠌ᠲᠡᠯᠡᠭᠰᠡᠨ ᠲᠣᠭ᠎ᠠ ᠪᠠᠷᠢᠮᠲᠠ᠎ᠪᠠᠷ ᠪᠠᠷᠢᠮᠵᠢᠶ᠎ᠠ ᠪᠣᠯᠭ᠋ᠠᠨ᠎ᠠ᠂ ᠪᠦᠷᠢᠳᠬᠡᠭᠰᠡᠨ ᠦᠭᠡᠢ ᠲᠣᠭ᠎ᠠ ᠪᠠᠷᠢᠮᠲᠠ ᠵᠢ ᠪᠣᠯ᠂ ᠡᠯ᠎ᠡ ᠬᠠᠮᠢᠶ᠎ᠠ ᠪᠦᠬᠦᠢ ᠭᠣᠣᠯᠴᠢᠯᠠᠨ ᠬᠠᠮᠢᠶᠠᠷᠬᠤ ᠰᠠᠯᠠᠭ᠎ᠠ ᠮᠥᠴᠢᠷ᠎ᠤᠨ ᠮᠠᠭ᠋ᠠᠳᠯᠠᠨ ᠲᠣᠭᠲᠠᠭ᠋ᠠᠭᠰᠠᠨ ᠲᠣᠭ᠎ᠠ ᠪᠠᠷᠢᠮᠲᠠ ᠪᠠᠷ ᠪᠠᠷᠢᠮᠵᠢᠶ᠎ᠠ ᠪᠣᠯᠭ᠋ᠠᠨ᠎ᠠ᠃
ᠳᠥᠷᠪᠡ᠂ ᠰᠢᠯᠭ᠋ᠠᠵᠤ ᠬᠢᠨᠠᠭᠰᠠᠨ ᠦᠷ᠎ᠡ ᠳ᠋ᠦᠩ᠎ᠤᠨ ᠦᠨᠡᠯᠡᠨ ᠲᠣᠭᠲᠠᠭ᠋ᠠᠯᠲᠠ ᠰᠢᠯᠭ᠋ᠠᠨ ᠬᠢᠨᠠᠬᠤ᠎ᠳᠤ ᠬᠤᠪᠢ ᠲᠣᠭᠲᠠᠭ᠋ᠠᠬᠤ ᠳᠦᠷᠢᠮ᠎ᠢ ᠬᠡᠷᠡᠭᠯᠡᠵᠦ᠂ ᠪᠦᠷᠢᠨ ᠬᠤᠪᠢ᠎ᠨᠢ 100 ᠬᠤᠪᠢ ᠪᠣᠯᠣᠨ᠎ᠠ᠃ ᠰᠢᠯᠭ᠋ᠠᠵᠤ ᠬᠢᠨᠠᠭᠰᠠᠨ ᠦᠷ᠎ᠡ ᠳ᠋ᠦᠩ᠎ᠢ ᠰᠢᠯᠢᠳᠡᠭ᠂ ᠰᠠᠢ᠌ᠨ᠂ ᠬᠢᠷᠢ ᠲᠡᠩᠴᠡᠭᠰᠡᠨ᠂ ᠬᠢᠷᠢ ᠲᠡᠩᠴᠡᠭᠰᠡᠨ ᠦᠭᠡᠢ ᠭᠡᠵᠦ ᠳᠥᠷᠪᠡᠨ ᠵᠡᠷᠭᠡ ᠳᠡᠰ᠎ᠲᠤ ᠬᠤᠪᠢᠶᠠᠨ᠎ᠠ᠃
(ᠨᠢᠭᠡ) ᠰᠢᠯᠭ᠋ᠠᠨ ᠬᠢᠨᠠᠬᠤ᠎ᠳᠤ ᠣᠯᠣᠭᠰᠠᠨ ᠬᠤᠪᠢ᠎ᠨᠢ 90 ᠬᠤᠪᠢ᠎ᠠᠴᠠ ᠳᠡᠭᠡᠭᠰᠢ ᠪᠣᠯ ᠰᠢᠯᠢᠳᠡᠭ᠃
(ᠬᠣᠶᠠᠷ) ᠰᠢᠯᠭ᠋ᠠᠨ ᠬᠢᠨᠠᠬᠤ᠎ᠳᠤ ᠣᠯᠣᠭᠰᠠᠨ ᠬᠤᠪᠢ᠎ᠨᠢ 75 ᠬᠤᠪᠢ᠎ᠠᠴᠠ ᠳᠡᠭᠡᠭᠰᠢ 90 ᠬᠤᠪᠢ᠎ᠠᠴᠠ ᠳᠣᠷᠣᠭᠰᠢ ᠪᠣᠯ ᠰᠠᠢ᠌ᠨ᠃ (ᠭᠤᠷᠪᠠ) ᠰᠢᠯᠭ᠋ᠠᠨ ᠬᠢᠨᠠᠬᠤ᠎ᠳᠤ ᠣᠯᠣᠭᠰᠠᠨ ᠬᠤᠪᠢ᠎ᠨᠢ 60 ᠬᠤᠪᠢ᠎ᠠᠴᠠ ᠳᠡᠭᠡᠭᠰᠢ 75 ᠬᠤᠪᠢ᠎ᠠᠴᠠ ᠳᠣᠷᠣᠭᠰᠢ ᠪᠣᠯ ᠬᠢᠷᠢ ᠲᠡᠩᠴᠡᠭᠰᠡᠨ᠎ᠳᠤ ᠲᠣᠭ᠋ᠠᠴᠠᠭᠳᠠᠨ᠎ᠠ᠃
(ᠳᠥᠷᠪᠡ) ᠰᠢᠯᠭ᠋ᠠᠨ ᠬᠢᠨᠠᠬᠤ᠎ᠳᠤ ᠣᠯᠣᠭᠰᠠᠨ ᠬᠤᠪᠢ᠎ᠨᠢ 60 ᠬᠤᠪᠢ᠎ᠠᠴᠠ ᠳᠣᠷᠣᠭᠰᠢ ᠪᠣᠯ ᠬᠢᠷᠢ ᠲᠡᠩᠴᠡᠭᠰᠡᠨ ᠦᠭᠡᠢ᠎ᠳᠤ ᠲᠣᠭ᠋ᠠᠴᠠᠭᠳᠠᠨ᠎ᠠ᠃ ᠰᠢᠯᠭ᠋ᠠᠨ ᠬᠢᠨᠠᠬᠤ᠎ᠳᠤ ᠣᠯᠣᠭᠰᠠᠨ ᠬᠤᠪᠢ᠎ᠨᠢ 《ᠬᠡᠳᠦᠢ ᠬᠡᠳᠦᠢ ᠬᠤᠪᠢ᠎ᠠᠴᠠ ᠳᠡᠭᠡᠭᠰᠢ》 ᠭᠡᠳᠡᠭ᠎ᠨᠢ ᠲᠡᠷᠡ ᠬᠦ᠌ ᠬᠤᠪᠢ ᠵᠢᠨ ᠲᠣᠭ᠎ᠠ ᠵᠢ ᠪᠠᠭᠲᠠᠭ᠋ᠠᠨ᠎ᠠ᠂ 《ᠬᠡᠳᠦᠢ ᠬᠡᠳᠦᠢ ᠬᠤᠪᠢ᠎ᠠᠴᠠ ᠳᠣᠷᠣᠭᠰᠢ》 ᠭᠡᠪᠡᠯ ᠲᠡᠷᠡ ᠬᠦ᠌ ᠬᠤᠪᠢ ᠵᠢᠨ ᠲᠣᠭ᠎ᠠ᠎ᠨᠢ ᠪᠠᠭᠲᠠᠬᠤ ᠦᠭᠡᠢ᠃
(ᠲᠠᠪᠤ) ᠰᠢᠯᠭ᠋ᠠᠨ ᠬᠢᠨᠠᠬᠤ ᠬᠤᠭᠤᠴᠠᠭ᠋ᠠᠨ᠎ᠳᠤ 《ᠢᠳᠡᠰᠢᠨ ᠨᠣᠭᠣᠭ᠎ᠠ》 ᠵᠢᠨ ᠪᠦᠲᠦᠭᠡᠭᠳᠡᠬᠦᠨ᠎ᠤ ᠶᠠᠰᠤ ᠴᠢᠨᠠᠷ᠎ᠤᠨ ᠠᠮᠤᠷ ᠲᠦᠪᠰᠢᠨ᠎ᠤ ᠭᠡᠨᠡᠳᠲᠡ ᠵᠢᠨ ᠬᠡᠷᠡᠭ ᠭᠠᠷᠪᠠᠯ᠂ ᠬᠢᠷᠢ ᠲᠡᠩᠴᠡᠭᠰᠡᠨ ᠦᠭᠡᠢ ᠭᠡᠬᠦ ᠰᠢᠯᠭ᠋ᠠᠵᠤ ᠬᠢᠨᠠᠭᠰᠠᠨ ᠦᠷ᠎ᠡ ᠳ᠋ᠦᠩ᠎ᠲᠠᠢ ᠪᠣᠯᠣᠨ᠎ᠠ
ᠲᠠᠪᠤ᠂ ᠰᠢᠯᠭ᠋ᠠᠨ ᠬᠢᠨᠠᠬᠤ ᠠᠯᠬᠤᠮ ᠳᠠᠷᠠᠭ᠎ᠠ
(ᠨᠢᠭᠡ) ᠥᠪᠡᠰᠦᠪᠡᠨ ᠦᠨᠡᠯᠡᠬᠦ᠃ ᠡᠯ᠎ᠡ ᠠᠢ᠌ᠮᠠᠭ᠎ᠤᠨ ᠵᠠᠬᠢᠷᠭ᠎ᠠ᠂ ᠬᠤᠲᠠ ᠵᠢᠨ ᠠᠷᠠᠳ᠎ᠤᠨ ᠵᠠᠰᠠᠭ᠎ᠤᠨ ᠣᠷᠳᠣᠨ᠎ᠨᠢ ᠲᠣᠰ ᠠᠷᠭ᠎ᠠ ᠪᠠ ᠬᠣᠯᠪᠣᠭᠳᠠᠯ ᠪᠦᠬᠦᠢ ᠱᠠᠭ᠋ᠠᠷᠳᠠᠯᠭ᠎ᠠ ᠶᠣᠰᠣᠭ᠋ᠠᠷ᠂ ᠲᠣᠰ ᠠᠢ᠌ᠮᠠᠭ ᠬᠤᠲᠠ ᠵᠢᠨ ᠰᠢᠯᠭ᠋ᠠᠨ ᠬᠢᠨᠠᠬᠤ ᠬᠤᠭᠤᠴᠠᠭ᠋ᠠᠨᠲᠠᠬᠢ 《ᠢᠳᠡᠰᠢᠨ ᠨᠣᠭᠣᠭ᠎ᠠ》 ᠵᠢᠨ ᠬᠤᠲᠠ ᠵᠢᠨ ᠳᠠᠷᠤᠭ᠎ᠠ ᠵᠢᠨ ᠬᠠᠷᠢᠭᠤᠴᠠᠯᠭ᠎ᠠ ᠵᠢᠨ ᠳᠦᠷᠢᠮ᠎ᠢ ᠨᠠᠢ᠌ᠳᠠᠪᠤᠷᠢᠵᠢᠭᠤᠯᠤᠭᠰᠠᠨ ᠪᠠᠢ᠌ᠳᠠᠯ᠎ᠳᠤ ᠪᠥᠬᠦ ᠲᠠᠯ᠎ᠠ᠎ᠪᠠᠷ ᠳ᠋ᠦᠩᠨᠡᠯᠲᠡ ᠬᠢᠬᠦ ᠪᠠ ᠥᠪᠡᠰᠦᠪᠡᠨ ᠦᠨᠡᠯᠡᠵᠦ ᠬᠤᠪᠢ ᠲᠣᠭᠲᠠᠭ᠋ᠠᠨ᠂ ᠥᠪᠡᠰᠦᠪᠡᠨ ᠪᠠᠢ᠌ᠴᠠᠭ᠋ᠠᠭᠰᠠᠨ ᠮᠡᠳᠡᠭᠦᠯᠦᠯᠲᠡ ᠵᠢ ᠪᠢᠴᠢᠵᠦ᠂ ᠳᠠᠷᠠᠭ᠎ᠠ ᠵᠢᠯ᠎ᠤᠨ 5 ᠳ᠋ᠤᠭ᠋ᠠᠷ ᠰᠠᠷ᠎ᠠ ᠵᠢᠨ ᠰᠡᠭᠦᠯᠴᠢ᠎ᠠᠴᠠ ᠡᠮᠦᠨ᠎ᠡ ᠮᠡᠳᠡᠭᠦᠯᠦᠯᠲᠡ ᠪᠠ ᠭᠡᠷᠡᠴᠢ ᠪᠣᠯᠭ᠋ᠠᠬᠤ ᠮᠠᠲ᠋ᠧᠷᠢᠶᠠᠯ ᠵᠶ᠋ᠠᠨ ᠥᠪᠡᠷᠲᠡᠭᠡᠨ ᠵᠠᠰᠠᠬᠤ ᠣᠷᠣᠨ᠎ᠤ 《ᠢᠳᠡᠰᠢᠨ ᠨᠣᠭᠣᠭ᠎ᠠ》 ᠵᠢᠨ ᠢᠳᠡᠭᠡᠨ᠎ᠤ ᠬᠠᠮᠢᠶᠠᠷᠤᠯᠲᠠ ᠵᠢᠨ ᠲᠢᠩᠬᠢᠮ᠎ᠤᠨ ᠬᠤᠭᠤᠷᠣᠨᠳᠣᠬᠢ ᠬᠠᠮᠲᠤᠷᠠᠭᠰᠠᠨ ᠬᠤᠷᠠᠯ᠎ᠤᠨ ᠠᠯᠪᠠᠨ ᠭᠡᠷ᠎ᠲᠤ ᠮᠡᠳᠡᠭᠦᠯᠦᠨ ᠬᠦᠷᠭᠡᠬᠦ ᠵᠢᠨ ᠬᠠᠮᠲᠤ᠂ ᠥᠪᠡᠷᠲᠡᠭᠡᠨ ᠵᠠᠰᠠᠬᠤ ᠣᠷᠣᠨ᠎ᠤ 《ᠢᠳᠡᠰᠢᠨ ᠨᠣᠭᠣᠭ᠎ᠠ》 ᠵᠢᠨ ᠢᠳᠡᠭᠡᠨ᠎ᠤ ᠬᠠᠮᠢᠶᠠᠷᠤᠯᠲᠠ ᠵᠢᠨ ᠲᠢᠩᠬᠢᠮ᠎ᠤᠨ ᠬᠤᠭᠤᠷᠣᠨᠳᠣᠬᠢ ᠬᠠᠮᠲᠤᠷᠠᠭᠰᠠᠨ ᠬᠤᠷᠠᠯ᠎ᠤᠨ ᠪᠤᠰᠤᠳ ᠪᠦᠷᠢᠯᠳᠦᠭᠦᠨ ᠨᠢᠭᠡᠴᠢ᠎ᠳᠤ ᠬᠠᠭᠤᠯᠤᠨ ᠢᠯᠡᠭᠡᠬᠦ ᠬᠡᠷᠡᠭᠲᠡᠢ᠃
(ᠬᠣᠶᠠᠷ) ᠰᠠᠯᠠᠭ᠎ᠠ ᠮᠥᠴᠢᠷ᠎ᠠᠴᠠ ᠰᠢᠯᠭ᠋ᠠᠷᠠᠭᠤᠯᠤᠨ ᠬᠢᠨᠠᠬᠤ᠃ ᠡᠯ᠎ᠡ ᠲᠦᠷᠦᠭᠦᠯᠡᠬᠦ ᠰᠠᠯᠠᠭ᠎ᠠ ᠮᠥᠴᠢᠷ᠎ᠨᠢ ᠬᠠᠮᠵᠢᠯᠴᠠᠬᠤ ᠰᠠᠯᠠᠭ᠎ᠠ ᠮᠥᠴᠢᠷ ᠪᠠ ᠨᠢᠭᠡᠴᠢ᠎ᠲᠠᠢ ᠬᠠᠮᠲᠤᠷᠠᠯᠴᠠᠨ᠂ ᠲᠣᠰ ᠠᠷᠭ᠎ᠠ ᠪᠠ ᠬᠣᠯᠪᠣᠭᠳᠠᠯ ᠪᠦᠬᠦᠢ ᠱᠠᠭ᠋ᠠᠷᠳᠠᠯᠭ᠎ᠠ ᠶᠣᠰᠣᠭ᠋ᠠᠷ᠂ ᠡᠳᠦᠷ ᠲᠤᠲᠤᠮ᠎ᠤᠨ ᠬᠢᠨᠠᠯᠲᠠ ᠲᠠᠯᠪᠢᠵᠤ ᠪᠠᠢ᠌ᠴᠠᠭ᠋ᠠᠭᠰᠠᠨ ᠪᠠᠢ᠌ᠳᠠᠯ᠎ᠲᠠᠢ ᠤᠶᠠᠯᠳᠤᠭᠤᠯᠵᠤ᠂ ᠰᠢᠯᠭ᠋ᠠᠨ ᠬᠢᠨᠠᠬᠤ ᠬᠤᠭᠤᠴᠠᠭ᠋ᠠᠨᠲᠠᠬᠢ ᠡᠯ᠎ᠡ ᠠᠢ᠌ᠮᠠᠭ ᠬᠤᠲᠠ ᠵᠢᠨ 《ᠢᠳᠡᠰᠢᠨ ᠨᠣᠭᠣᠭ᠎ᠠ》 ᠵᠢᠨ ᠬᠤᠲᠠ ᠵᠢᠨ ᠳᠠᠷᠤᠭ᠎ᠠ ᠵᠢᠨ ᠬᠠᠷᠢᠭᠤᠴᠠᠯᠭ᠎ᠠ ᠵᠢᠨ ᠳᠦᠷᠢᠮ᠎ᠢ ᠨᠠᠢ᠌ᠳᠠᠪᠤᠷᠢᠵᠢᠭᠤᠯᠤᠭᠰᠠᠨ ᠪᠠᠢ᠌ᠳᠠᠯ ᠵᠢᠴᠢ ᠥᠪᠡᠰᠦᠪᠡᠨ ᠪᠠᠢ᠌ᠴᠠᠭ᠋ᠠᠭᠰᠠᠨ ᠮᠡᠳᠡᠭᠦᠯᠦᠯᠲᠡ ᠵᠢᠨ ᠬᠣᠯᠪᠣᠭᠳᠠᠯ ᠪᠦᠬᠦᠢ ᠠᠭᠤᠯᠭ᠎ᠠ ᠵᠢ᠎ᠨᠢ ᠰᠢᠯᠭ᠋ᠠᠨ ᠬᠢᠨᠠᠵᠤ ᠦᠨᠡᠯᠡᠨ᠂ ᠪᠢᠴᠢᠭᠰᠡᠨ ᠰᠠᠨᠠᠯ ᠵᠶ᠋ᠠᠨ ᠥᠪᠡᠷᠲᠡᠭᠡᠨ ᠵᠠᠰᠠᠬᠤ ᠣᠷᠣᠨ᠎ᠤ 《ᠢᠳᠡᠰᠢᠨ ᠨᠣᠭᠣᠭ᠎ᠠ》 ᠵᠢᠨ ᠢᠳᠡᠭᠡᠨ᠎ᠤ ᠬᠠᠮᠢᠶᠠᠷᠤᠯᠲᠠ ᠵᠢᠨ ᠲᠢᠩᠬᠢᠮ᠎ᠤᠨ ᠬᠤᠭᠤᠷᠣᠨᠳᠣᠬᠢ ᠬᠠᠮᠲᠤᠷᠠᠭᠰᠠᠨ ᠬᠤᠷᠠᠯ᠎ᠤᠨ ᠠᠯᠪᠠᠨ ᠭᠡᠷ᠎ᠲᠤ ᠮᠡᠳᠡᠭᠦᠯᠦᠨ ᠬᠦᠷᠭᠡᠬᠦ ᠬᠡᠷᠡᠭᠲᠡᠢ᠃
(ᠭᠤᠷᠪᠠ) ᠰᠤᠭᠤᠴᠢᠨ ᠪᠠᠢ᠌ᠴᠠᠭ᠋ᠠᠬᠤ ᠵᠢ ᠵᠣᠬᠢᠶᠠᠨ ᠪᠠᠶ᠋ᠢᠭᠤᠯᠬᠤ᠃ ᠥᠪᠡᠷᠲᠡᠭᠡᠨ ᠵᠠᠰᠠᠬᠤ ᠣᠷᠣᠨ᠎ᠤ 《ᠢᠳᠡᠰᠢᠨ ᠨᠣᠭᠣᠭ᠎ᠠ》 ᠵᠢᠨ ᠢᠳᠡᠭᠡᠨ᠎ᠤ ᠬᠠᠮᠢᠶᠠᠷᠤᠯᠲᠠ ᠵᠢᠨ ᠲᠢᠩᠬᠢᠮ᠎ᠤᠨ ᠬᠤᠭᠤᠷᠣᠨᠳᠣᠬᠢ ᠬᠠᠮᠲᠤᠷᠠᠭᠰᠠᠨ ᠬᠤᠷᠠᠯ᠎ᠤᠨ ᠡᠯ᠎ᠡ ᠪᠦᠷᠢᠯᠳᠦᠭᠦᠨ ᠨᠢᠭᠡᠴᠢ᠎ᠨᠢ ᠡᠯ᠎ᠡ ᠠᠢ᠌ᠮᠠᠭ ᠬᠤᠲᠠ ᠵᠢᠨ ᠥᠪᠡᠰᠦᠪᠡᠨ ᠪᠠᠢ᠌ᠴᠠᠭ᠋ᠠᠭᠰᠠᠨ ᠮᠡᠳᠡᠭᠦᠯᠦᠯᠲᠡ ᠪᠠ ᠡᠯ᠎ᠡ ᠲᠦᠷᠦᠭᠦᠯᠡᠬᠦ ᠰᠠᠯᠠᠭ᠎ᠠ ᠮᠥᠴᠢᠷ᠎ᠤᠨ ᠪᠢᠴᠢᠭᠰᠡᠨ ᠰᠠᠨᠠᠯ᠎ᠢ ᠦᠨᠳᠦᠰᠦᠯᠡᠨ᠂ 20% ᠠᠴᠠ ᠪᠠᠭ᠎ᠠ ᠪᠠᠢ᠌ᠯᠭ᠋ᠠᠬᠤ ᠦᠭᠡᠢ ᠬᠠᠷᠢᠴᠠᠯ ᠵᠶ᠋ᠠᠷ ᠰᠤᠭᠤᠴᠢᠨ ᠪᠠᠢ᠌ᠴᠠᠭ᠋ᠠᠯᠭ᠋ᠠᠬᠤ ᠠᠢ᠌ᠮᠠᠭ ᠬᠤᠲᠠ ᠵᠢ ᠲᠣᠭᠲᠠᠭ᠋ᠠᠵᠤ᠂ ᠬᠣᠯᠪᠣᠭ᠋ᠠᠯᠠᠵᠤ ᠰᠤᠭᠤᠴᠢᠨ ᠪᠠᠢ᠌ᠴᠠᠭ᠋ᠠᠬᠤ ᠳᠤᠭᠤᠢ᠌ᠯᠠᠩ᠎ᠢ ᠪᠦᠷᠢᠯᠳᠦᠭᠦᠯᠵᠦ ᠪᠣᠳᠠᠲᠤ ᠭᠠᠵᠠᠷ᠎ᠲᠤᠨᠢ ᠬᠦᠷᠴᠦ ᠰᠢᠯᠭ᠋ᠠᠨ ᠬᠢᠨᠠᠬᠤ ᠬᠡᠷᠡᠭᠲᠡᠢ᠃
(ᠳᠥᠷᠪᠡ) ᠶᠡᠷᠦᠩᠬᠡᠢ᠎ᠳᠤ᠎ᠨᠢ ᠦᠨᠡᠯᠡᠨ ᠲᠣᠭᠲᠠᠭ᠋ᠠᠬᠤ᠃ ᠥᠪᠡᠷᠲᠡᠭᠡᠨ ᠵᠠᠰᠠᠬᠤ ᠣᠷᠣᠨ᠎ᠤ 《ᠢᠳᠡᠰᠢᠨ ᠨᠣᠭᠣᠭ᠎ᠠ》 ᠵᠢᠨ ᠢᠳᠡᠭᠡᠨ᠎ᠤ ᠬᠠᠮᠢᠶᠠᠷᠤᠯᠲᠠ ᠵᠢᠨ ᠲᠢᠩᠬᠢᠮ᠎ᠤᠨ ᠬᠤᠭᠤᠷᠣᠨᠳᠣᠬᠢ ᠬᠠᠮᠲᠤᠷᠠᠭᠰᠠᠨ ᠬᠤᠷᠠᠯ᠎ᠤᠨ ᠠᠯᠪᠠᠨ ᠭᠡᠷ᠎ᠨᠢ ᠬᠣᠯᠪᠣᠭᠳᠠᠯ ᠪᠦᠬᠦᠢ ᠨᠢᠭᠡᠴᠢ ᠵᠢᠨ ᠰᠢᠯᠭ᠋ᠠᠷᠠᠭᠤᠯᠵᠤ ᠬᠢᠨᠠᠭᠰᠠᠨ ᠪᠠ ᠰᠤᠭᠤᠴᠢᠵᠤ ᠪᠠᠢ᠌ᠴᠠᠭ᠋ᠠᠭᠰᠠᠨ ᠪᠠᠢ᠌ᠳᠠᠯ᠎ᠢ ᠬᠤᠷᠢᠶᠠᠩᠭᠤᠢ᠌ᠯᠠᠨ᠂ ᠬᠠᠮᠲᠤᠷᠠᠭᠰᠠᠨ ᠬᠤᠷᠠᠯ᠎ᠳᠤ ᠮᠡᠳᠡᠭᠦᠯᠦᠨ ᠶᠡᠷᠦᠩᠬᠡᠢ᠎ᠳᠤ᠎ᠨᠢ ᠦᠨᠡᠯᠡᠯᠲᠡ ᠬᠢᠵᠦ᠂ ᠰᠢᠯᠭ᠋ᠠᠵᠤ ᠬᠢᠨᠠᠭᠰᠠᠨ ᠦᠷ᠎ᠡ ᠳ᠋ᠦᠩ᠎ᠤᠨ ᠵᠡᠷᠭᠡ ᠳᠡᠰ᠎ᠢ ᠲᠣᠭᠲᠠᠭ᠋ᠠᠭ᠋ᠠᠳ ᠰᠢᠯᠭ᠋ᠠᠵᠤ ᠬᠢᠨᠠᠭᠰᠠᠨ ᠲᠣᠰ ᠵᠢᠯ᠎ᠤᠨ 9 ᠳ᠋ᠦ᠍ᠭᠡᠷ ᠰᠠᠷ᠎ᠠ ᠵᠢᠨ ᠰᠡᠭᠦᠯᠴᠢ᠎ᠠᠴᠠ ᠡᠮᠦᠨ᠎ᠡ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠳᠤ ᠮᠡᠳᠡᠭᠦᠯᠵᠦ ᠬᠢᠨᠠᠨ ᠲᠣᠭᠲᠠᠭ᠋ᠠᠯᠭ᠋ᠠᠬᠤ ᠬᠡᠷᠡᠭᠲᠡᠢ᠃
(ᠲᠠᠪᠤ) ᠦᠷ᠎ᠡ ᠳ᠋ᠦᠩ᠎ᠢ᠎ᠨᠢ ᠬᠠᠷᠢᠭᠤ ᠲᠤᠰᠬᠠᠬᠤ᠃ ᠰᠢᠯᠭ᠋ᠠᠵᠤ ᠬᠢᠨᠠᠭᠰᠠᠨ ᠦᠷ᠎ᠡ ᠳ᠋ᠦᠩ᠎ᠢ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ ᠤᠨ ᠣᠷᠳᠣᠨ ᠵᠶ᠋ᠠᠷ ᠵᠥᠪᠰᠢᠶᠡᠷᠡᠭᠦᠯᠦᠭᠰᠡᠨ᠎ᠤ ᠳᠠᠷᠠᠭ᠎ᠠ᠂ ᠬᠠᠮᠲᠤᠷᠠᠭᠰᠠᠨ ᠬᠤᠷᠠᠯ᠎ᠠᠴᠠ ᠡᠯ᠎ᠡ ᠬᠣᠯᠪᠣᠭᠳᠠᠯ ᠪᠦᠬᠦᠢ ᠠᠢ᠌ᠮᠠᠭ᠎ᠤᠨ ᠵᠠᠬᠢᠷᠭ᠎ᠠ᠂ ᠬᠤᠲᠠ ᠵᠢᠨ ᠠᠷᠠᠳ᠎ᠤᠨ ᠵᠠᠰᠠᠭ ᠤᠨ ᠣᠷᠳᠣᠨ᠎ᠳᠤ ᠬᠠᠷᠢᠭᠤ ᠲᠤᠰᠬᠠᠬᠤ ᠬᠡᠷᠡᠭᠲᠡᠢ᠃
ᠵᠢᠷᠭᠤᠭ᠎ᠠ᠂ ᠰᠢᠯᠭ᠋ᠠᠵᠤ ᠬᠢᠨᠠᠭᠰᠠᠨ ᠦᠷ᠎ᠡ ᠳ᠋ᠦᠩ᠎ᠤᠨ ᠬᠡᠷᠡᠭᠯᠡᠯᠲᠡ
(ᠨᠢᠭᠡ) 《ᠰᠢᠯᠢᠳᠡᠭ》 ᠵᠶ᠋ᠠᠷ ᠦᠨᠡᠯᠡᠨ ᠲᠣᠭᠲᠠᠭ᠋ᠠᠭᠳᠠᠭᠰᠠᠨ ᠠᠢ᠌ᠮᠠᠭ ᠬᠤᠲᠠ ᠵᠢ ᠰᠠᠢ᠌ᠰᠢᠶᠠᠨ ᠬᠥᠬᠢᠭᠦᠯᠵᠦ᠂ ᠡᠯ᠎ᠡ ᠬᠣᠯᠪᠣᠭᠳᠠᠯ ᠪᠦᠬᠦᠢ ᠰᠠᠯᠠᠭ᠎ᠠ ᠮᠥᠴᠢᠷ ᠪᠠ ᠨᠢᠭᠡᠴᠢ᠎ᠨᠢ 《ᠢᠳᠡᠰᠢᠨ ᠨᠣᠭᠣᠭ᠎ᠠ》 ᠵᠢᠨ ᠲᠥᠷᠥᠯ ᠵᠦᠢ᠍ᠯ᠎ᠤᠨ ᠪᠡᠯᠡ ᠮᠥᠩᠭᠥᠨ᠎ᠤ ᠲᠣᠬᠢᠷᠠᠭᠤᠯᠤᠯᠲᠠ ᠪᠠ ᠲᠤᠰᠬᠠᠢ ᠲᠡᠳᠬᠦᠨ ᠳᠡᠮᠵᠢᠬᠦ ᠲᠥᠷᠥ ᠵᠢᠨ ᠪᠣᠳᠣᠯᠭ᠎ᠠ ᠵᠢᠨ ᠲᠠᠯ᠎ᠠ᠎ᠪᠠᠷ ᠤᠷᠢᠳ ᠵᠶ᠋ᠠᠷ ᠪᠣᠳᠣᠯᠬᠢᠯᠠᠬᠤ ᠬᠡᠷᠡᠭᠲᠡᠢ᠃
(ᠬᠣᠶᠠᠷ) 《ᠬᠢᠷᠢ ᠲᠡᠩᠴᠡᠭᠰᠡᠨ ᠦᠭᠡᠢ》᠎ᠪᠠᠷ ᠦᠨᠡᠯᠡᠨ ᠲᠣᠭᠲᠠᠭ᠋ᠠᠭᠳᠠᠭᠰᠠᠨ ᠠᠢ᠌ᠮᠠᠭ ᠬᠤᠲᠠ᠎ᠨᠢ ᠰᠢᠯᠭ᠋ᠠᠵᠤ ᠬᠢᠨᠠᠭᠰᠠᠨ ᠦᠷ᠎ᠡ ᠳ᠋ᠦᠩ᠎ᠢ ᠨᠡᠪᠲᠡᠷᠡᠭᠦᠯᠦᠨ ᠮᠡᠳᠡᠭᠡᠯᠡᠭᠰᠡᠨ᠎ᠤ ᠳᠠᠷᠠᠭ᠋ᠠᠬᠢ 30 ᠠᠵᠢᠯᠯᠠᠬᠤ ᠡᠳᠦᠷ᠎ᠤᠨ ᠳᠣᠲᠣᠷ᠎ᠠ᠂ ᠴᠡᠭᠴᠡᠯᠡᠨ ᠰᠠᠶᠢᠵᠢᠷᠠᠭᠤᠯᠬᠤ ᠲᠥᠰᠥᠯ ᠵᠶ᠋ᠠᠨ ᠳᠤᠷᠠᠳᠴᠤ ᠥᠪᠡᠷᠲᠡᠭᠡᠨ ᠵᠠᠰᠠᠬᠤ ᠣᠷᠣᠨ᠎ᠤ 《ᠢᠳᠡᠰᠢᠨ ᠨᠣᠭᠣᠭ᠎ᠠ》 ᠵᠢᠨ ᠢᠳᠡᠭᠡᠨ᠎ᠤ ᠬᠠᠮᠢᠶᠠᠷᠤᠯᠲᠠ ᠵᠢᠨ ᠲᠢᠩᠬᠢᠮ᠎ᠤᠨ ᠬᠤᠭᠤᠷᠣᠨᠳᠣᠬᠢ ᠬᠠᠮᠲᠤᠷᠠᠭᠰᠠᠨ ᠬᠤᠷᠠᠯ᠎ᠤᠨ ᠠᠯᠪᠠᠨ ᠭᠡᠷ᠎ᠲᠤ ᠮᠡᠳᠡᠭᠦᠯᠦᠨ᠂ 3 ᠰᠠᠷ᠎ᠠ ᠵᠢᠨ ᠳᠣᠲᠣᠷ᠎ᠠ ᠴᠡᠭᠴᠡᠯᠡᠵᠦ ᠰᠠᠢ᠌ᠵᠢᠷᠠᠭᠤᠯᠤᠭᠰᠠᠨ ᠦᠷ᠎ᠡ ᠳ᠋ᠦᠩ ᠵᠶ᠋ᠠᠨ ᠥᠪᠡᠷᠲᠡᠭᠡᠨ ᠵᠠᠰᠠᠬᠤ ᠣᠷᠣᠨ᠎ᠤ 《ᠢᠳᠡᠰᠢᠨ ᠨᠣᠭᠣᠭ᠎ᠠ》 ᠵᠢᠨ ᠢᠳᠡᠭᠡᠨ᠎ᠤ ᠬᠠᠮᠢᠶᠠᠷᠤᠯᠲᠠ ᠵᠢᠨ ᠲᠢᠩᠬᠢᠮ᠎ᠤᠨ ᠬᠤᠭᠤᠷᠣᠨᠳᠣᠬᠢ ᠬᠠᠮᠲᠤᠷᠠᠭᠰᠠᠨ ᠬᠤᠷᠠᠯ᠎ᠤᠨ ᠠᠯᠪᠠᠨ ᠭᠡᠷ᠎ᠲᠤ ᠮᠡᠳᠡᠭᠦᠯᠬᠦ ᠬᠡᠷᠡᠭᠲᠡᠢ᠃
(ᠭᠤᠷᠪᠠ) ᠥᠪᠡᠷᠲᠡᠭᠡᠨ ᠵᠠᠰᠠᠬᠤ ᠣᠷᠣᠨ᠎ᠤ ᠲᠠᠷᠢᠶᠠᠯᠠᠩ ᠮᠠᠯ ᠠᠵᠤ ᠠᠬᠤᠢ ᠪᠠ ᠬᠥᠳᠡᠭᠡ ᠲᠣᠰᠬᠤᠨ ᠮᠠᠯᠵᠢᠬᠤ ᠣᠷᠣᠨ᠎ᠤ ᠲᠢᠩᠬᠢᠮ᠎ᠨᠢ ᠥᠪᠡᠷᠲᠡᠭᠡᠨ ᠵᠠᠰᠠᠬᠤ ᠣᠷᠣᠨ᠎ᠤ 《ᠢᠳᠡᠰᠢᠨ ᠨᠣᠭᠣᠭ᠎ᠠ》 ᠵᠢᠨ ᠢᠳᠡᠭᠡᠨ᠎ᠤ ᠬᠠᠮᠢᠶᠠᠷᠤᠯᠲᠠ ᠵᠢᠨ ᠲᠢᠩᠬᠢᠮ᠎ᠤᠨ ᠬᠤᠭᠤᠷᠣᠨᠳᠣᠬᠢ ᠬᠠᠮᠲᠤᠷᠠᠭᠰᠠᠨ ᠬᠤᠷᠠᠯ᠎ᠤᠨ ᠪᠤᠰᠤᠳ ᠪᠦᠷᠢᠯᠳᠦᠭᠦᠨ ᠨᠢᠭᠡᠴᠢ᠎ᠲᠠᠢ ᠬᠠᠮᠲᠤᠷᠠᠯᠴᠠᠨ ᠪᠠᠢ᠌ᠵᠤ ᠲᠣᠰ ᠠᠷᠭ᠎ᠠ ᠵᠢ ᠦᠨᠳᠦᠰᠦᠯᠡᠨ᠂ ᠥᠪᠡᠷᠲᠡᠭᠡᠨ ᠵᠠᠰᠠᠬᠤ ᠣᠷᠣᠨ᠎ᠤ ᠪᠣᠳᠠᠲᠠᠢ᠎ᠲᠠᠢ ᠤᠶᠠᠯᠳᠤᠭᠤᠯᠵᠤ᠂ ᠲᠠᠷᠢᠶᠠᠯᠠᠩ ᠬᠥᠳᠡᠭᠡ ᠲᠣᠰᠬᠤᠨ᠎ᠤ ᠶᠠᠮᠤᠨ ᠵᠡᠷᠭᠡ 11 ᠶᠠᠮᠤᠨ ᠵᠥᠪᠯᠡᠯ᠎ᠤᠨ ᠲᠣᠭᠲᠠᠭ᠋ᠠᠭᠰᠠᠨ 《〈ᠢᠳᠡᠰᠢᠨ ᠨᠣᠭᠣᠭ᠎ᠠ〉 ᠵᠢᠨ ᠬᠤᠲᠠ ᠵᠢᠨ ᠳᠠᠷᠤᠭ᠎ᠠ ᠵᠢᠨ ᠬᠠᠷᠢᠭᠤᠴᠠᠯᠭ᠎ᠠ ᠵᠢᠨ ᠳᠦᠷᠢᠮ᠎ᠤᠨ ᠰᠢᠯᠭ᠋ᠠᠨ ᠬᠢᠨᠠᠬᠤ ᠠᠷᠭ᠎ᠠ ᠵᠢᠨ ᠬᠡᠷᠡᠭᠵᠢᠭᠦᠯᠬᠦ ᠨᠠᠷᠢᠨ ᠳᠦᠷᠢᠮ〉 ᠳᠤ ᠵᠠᠰᠠᠪᠤᠷᠢ ᠣᠷᠣᠭᠤᠯᠬᠤ ᠲᠤᠬᠠᠢ ᠮᠡᠳᠡᠭᠳᠡᠯ》 (ᠲᠠᠷᠢᠶᠠᠯᠠᠩ ᠬᠤᠲᠠ ᠲᠠᠷᠬᠠᠭ᠋ᠠᠭᠰᠠᠨ] [2021] 1 ᠳ᠋ᠦ᠍ᠭᠡᠷ ᠲᠣᠭ᠋ᠠᠲᠤ)᠎ᠤᠨ ᠲᠣᠭᠲᠠᠭ᠋ᠠᠯ ᠵᠶ᠋ᠠᠷ ᠯᠠᠪᠯᠠᠯᠲᠠ ᠪᠣᠯᠭ᠋ᠠᠨ᠂ ᠰᠢᠯᠭ᠋ᠠᠨ ᠬᠢᠨᠠᠬᠤ ᠴᠤᠪᠤᠷᠠᠯ ᠪᠠ ᠱᠠᠭ᠋ᠠᠷᠳᠠᠯᠭ᠎ᠠ ᠵᠢ ᠨᠠᠷᠢᠯᠢᠭᠵᠢᠭᠤᠯᠤᠨ᠂ ᠰᠢᠯᠭ᠋ᠠᠨ ᠬᠢᠨᠠᠬᠤ ᠠᠵᠢᠯ᠎ᠤᠨ ᠡᠷᠬᠡ ᠲᠡᠭᠰᠢ ᠲᠥᠪ ᠭᠤᠤᠯᠴᠢ ᠪᠠᠢ᠌ᠬᠤ ᠵᠢ ᠦᠨᠡᠨ ᠬᠦ᠌ ᠪᠠᠲᠤᠯᠠᠬᠤ ᠬᠡᠷᠡᠭᠲᠡᠢ᠃
(ᠳᠥᠷᠪᠡ) ᠰᠢᠯᠭ᠋ᠠᠨ ᠬᠢᠨᠠᠵᠤ ᠦᠨᠡᠯᠡᠬᠦ ᠶᠠᠪᠤᠴᠠ᠎ᠳᠤ ᠬᠤᠳᠠᠯ ᠬᠡᠯᠡᠵᠦ ᠬᠠᠭᠤᠷᠮᠠᠭ ᠵᠶ᠋ᠠᠷ ᠵᠣᠬᠢᠶᠠᠭᠰᠠᠨ᠂ ᠲᠣᠭᠲᠠᠭ᠋ᠠᠯ᠎ᠠᠴᠠ ᠵᠥᠷᠢᠴᠡᠵᠦ ᠠᠵᠢᠯᠯᠠᠭᠰᠠᠨ ᠵᠡᠷᠭᠡ ᠰᠢᠯᠭ᠋ᠠᠨ ᠬᠢᠨᠠᠵᠤ ᠦᠨᠡᠯᠡᠬᠦ ᠠᠵᠢᠯ᠎ᠢ ᠨᠥᠯᠥᠭᠡᠯᠡᠭᠰᠡᠨ ᠦᠢ᠍ᠯᠡ ᠠᠵᠢᠯᠯᠠᠭ᠎ᠠ ᠣᠷᠣᠰᠢᠵᠤ ᠪᠠᠢ᠌ᠪᠠᠯ᠂ ᠨᠡᠪᠲᠡᠷᠡᠭᠦᠯᠦᠨ ᠰᠢᠭᠦᠮᠵᠢᠯᠡᠬᠦ ᠬᠡᠷᠡᠭᠲᠡᠢ᠃
ᠳᠣᠯᠤᠭ᠎ᠠ᠂ ᠪᠤᠰᠤᠳ ᠵᠦᠢ᠍ᠯ
ᠲᠣᠰ ᠠᠷᠭ᠎ᠠ ᠵᠢ ᠨᠡᠢ᠌ᠲᠡᠯᠡᠭᠰᠡᠨ ᠡᠳᠦᠷ᠎ᠠᠴᠠ ᠡᠬᠢᠯᠡᠨ 30 ᠡᠳᠦᠷ᠎ᠤᠨ ᠳᠠᠷᠠᠭ᠎ᠠ ᠬᠡᠷᠡᠭᠵᠢᠭᠦᠯᠦᠨ᠎ᠡ᠂ ᠤᠤᠯ᠎ᠤᠨ 《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ 〈ᠢᠳᠡᠰᠢᠨ ᠨᠣᠭᠣᠭ᠎ᠠ〉 ᠵᠢᠨ ᠬᠤᠲᠠ ᠵᠢᠨ ᠳᠠᠷᠤᠭ᠎ᠠ ᠵᠢᠨ ᠬᠠᠷᠢᠭᠤᠴᠠᠯᠭ᠎ᠠ ᠵᠢᠨ ᠳᠦᠷᠢᠮ᠎ᠤᠨ ᠰᠢᠯᠭ᠋ᠠᠨ ᠬᠢᠨᠠᠬᠤ ᠠᠷᠭ᠎ᠠ》 (ᠥᠪᠥᠷ ᠵᠠᠰᠠᠭ ᠠᠯᠪᠠᠨ ᠲᠠᠷᠬᠠᠭ᠋ᠠᠭᠰᠠᠨ [2017] 162 ᠳ᠋ᠤᠭ᠋ᠠᠷ ᠲᠣᠭ᠋ᠠᠲᠤ) ᠵᠢ ᠬᠠᠮᠲᠤᠳᠤᠨᠢ ᠬᠦᠴᠦᠨ ᠦᠭᠡᠢ ᠪᠣᠯᠭ᠋ᠠᠨ᠎ᠠ᠃
ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠠᠯᠪᠠᠨ ᠲᠢᠩᠬᠢᠮ
2021 ᠣᠨ᠎ᠤ 9 ᠳ᠋ᠦ᠍ᠭᠡᠷ ᠰᠠᠷ᠎ᠠ ᠵᠢᠨ 30᠎ᠤ ᠡᠳᠦᠷ ᠳᠠᠷᠤᠮᠠᠯᠯᠠᠨ ᠲᠠᠷᠬᠠᠭ᠋ᠠᠪᠠ