ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠣᠨᠴᠠᠯᠢᠭᠲᠤ᠌ ᠳᠠᠪᠴᠠᠩ
ᠢᠯᠡ ᠵᠠᠰᠠᠭ   -   ᠠᠯᠪᠠᠨ ᠮᠡᠳᠡᠭᠡ
ᠤᠯᠠᠭ᠋ᠠᠨᠬᠤᠸᠠ ᠪᠠᠯᠭ᠋ᠠᠰᠤ ᠵᠢ ᠳᠥᠷᠪᠡᠳ ᠬᠣᠰᠢᠭᠤᠨ᠎ᠤ ᠴᠡᠭᠲᠦ ᠬᠡᠯᠪᠡᠷᠢ᠎ᠪᠠᠷ ᠨᠡᠭᠡᠭᠡᠨ ᠬᠥᠭᠵᠢᠭᠦᠯᠬᠦ ᠬᠤᠲᠠ ᠪᠠᠯᠭ᠋ᠠᠰᠤᠨ᠎ᠤ ᠨᠡᠷᠡᠰ᠎ᠲᠤ ᠣᠷᠣᠭᠤᠯᠬᠤ ᠵᠢ ᠵᠥᠪᠰᠢᠶᠡᠷᠡᠬᠦ ᠲᠤᠬᠠᠢ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠬᠠᠷᠢᠭᠤ ᠴᠣᠬᠣᠯᠲᠠ
ᠨᠡᠶ᠋ᠢᠲᠡᠯᠡᠭᠰᠡᠨ ᠴᠠᠭ᠄ 2021-11-30

      ᠥᠪᠥᠷ ᠵᠠᠰᠠᠭ ᠥᠰᠥᠭ [2020] 89 ᠳ᠋ᠦ᠍ᠭᠡᠷ ᠲᠣᠭ᠋ᠠᠲᠤ     2020 ᠣᠨ᠎ᠤ 11 ᠳ᠋ᠦ᠍ᠭᠡᠷ ᠰᠠᠷ᠎ᠠ ᠵᠢᠨ 3᠎ᠤ ᠡᠳᠦᠷ  
ᠤᠯᠠᠭ᠋ᠠᠨᠴᠠᠪ ᠬᠤᠲᠠ ᠵᠢᠨ ᠠᠷᠠᠳ᠎ᠤᠨ ᠵᠠᠰᠠᠭ᠎ᠤᠨ ᠣᠷᠳᠣᠨ᠎ᠳᠤ᠄      
      ᠲᠠᠨ᠎ᠤ ᠬᠤᠲᠠ ᠵᠢᠨ 《ᠤᠯᠠᠭ᠋ᠠᠨᠬᠤᠸᠠ ᠪᠠᠯᠭ᠋ᠠᠰᠤ ᠵᠢ ᠳᠥᠷᠪᠡᠳ ᠬᠣᠰᠢᠭᠤᠨ᠎ᠤ ᠤᠯᠤᠰ᠎ᠤᠨ ᠭᠣᠣᠯᠳᠠᠯᠭ᠎ᠠ᠎ᠲᠠᠢ ᠭᠣᠣᠯ ᠴᠣᠭᠴᠠ ᠵᠢᠨ ᠴᠢᠳᠠᠮᠵᠢᠲᠤ ᠣᠷᠣᠨ᠎ᠤ ᠴᠡᠭᠲᠦ ᠬᠡᠯᠪᠡᠷᠢ᠎ᠪᠠᠷ ᠨᠡᠭᠡᠭᠡᠨ ᠬᠥᠭᠵᠢᠭᠦᠯᠬᠦ ᠬᠤᠲᠠ ᠪᠠᠯᠭ᠋ᠠᠰᠤ ᠪᠣᠯᠭ᠋ᠠᠬᠤ ᠲᠤᠬᠠᠢ ᠵᠢᠭ᠋ᠠᠪᠤᠷᠢ ᠠᠪᠬᠤ ᠮᠡᠳᠡᠭᠦᠯᠦᠯᠲᠡ》 (ᠤᠯᠠᠭ᠋ᠠᠨᠴᠠᠪ ᠵᠠᠰᠠᠭ ᠲᠠᠷᠬᠠᠭ᠋ᠠᠭᠰᠠᠨ [2020] 88 ᠳ᠋ᠤᠭ᠋ᠠᠷ ᠲᠣᠭ᠋ᠠᠲᠤ) ᠵᠢ ᠭᠠᠷᠳᠠᠪᠠ᠃ ᠰᠤᠳᠤᠯᠤᠭ᠋ᠠᠳ᠂ ᠡᠳᠦᠭᠡ ᠳᠣᠤᠷᠠᠬᠢ ᠮᠡᠲᠦ ᠬᠠᠷᠢᠭᠤ ᠴᠣᠬᠣᠯᠠᠪᠤᠷᠢᠯᠠᠪᠠ᠄      
      ᠨᠢᠭᠡ᠂ ᠳᠥᠷᠪᠡᠳ ᠬᠣᠰᠢᠭᠤᠨ᠎ᠤ ᠤᠯᠠᠭ᠋ᠠᠨᠬᠤᠸᠠ ᠪᠠᠯᠭ᠋ᠠᠰᠤ ᠵᠢ 《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠭᠣᠣᠯ ᠴᠣᠭᠴᠠ ᠵᠢᠨ ᠴᠢᠳᠠᠮᠵᠢᠲᠤ ᠣᠷᠣᠨ᠎ᠤ ᠲᠥᠯᠦᠪᠵᠢᠭᠦᠯᠭᠡ》᠎ᠳᠠᠬᠢ ᠴᠡᠭᠲᠦ ᠬᠡᠯᠪᠡᠷᠢ᠎ᠪᠠᠷ ᠨᠡᠭᠡᠭᠡᠨ ᠬᠥᠭᠵᠢᠭᠦᠯᠬᠦ ᠬᠤᠲᠠ ᠪᠠᠯᠭ᠋ᠠᠰᠤᠨ᠎ᠤ ᠨᠡᠷᠡᠰ᠎ᠲᠤ ᠣᠷᠣᠭᠤᠯᠬᠤ ᠵᠢ ᠵᠥᠪᠰᠢᠶᠡᠷᠡᠨ᠎ᠡ; ᠴᠡᠭᠲᠦ ᠬᠡᠯᠪᠡᠷᠢ᠎ᠪᠠᠷ ᠨᠡᠭᠡᠭᠡᠨ ᠬᠥᠭᠵᠢᠭᠦᠯᠬᠦ ᠬᠤᠲᠠ ᠪᠠᠯᠭ᠋ᠠᠰᠤᠨ᠎ᠳᠤ ᠲᠣᠬᠢᠷᠠᠭᠤᠯᠤᠯᠲᠠ ᠬᠢᠭᠰᠡᠨ᠎ᠤ ᠳᠠᠷᠠᠭ᠋ᠠᠬᠢ ᠠᠮᠢ ᠠᠬᠤᠢ ᠵᠢᠨ ᠴᠢᠳᠠᠮᠵᠢᠲᠤ ᠣᠷᠣᠨ᠎ᠤ ᠲᠠᠯᠠᠪᠠᠢ ᠵᠢ᠎ᠨᠢ ᠪᠠᠭ᠋ᠠᠰᠬᠠᠬᠤ ᠦᠭᠡᠢ ᠪᠠᠢ᠌ᠬᠤ ᠵᠢ ᠦᠨᠡᠨ ᠬᠦ᠌ ᠪᠠᠲᠤᠯᠠᠨ᠂ ᠴᠡᠭᠲᠦ ᠬᠡᠯᠪᠡᠷᠢ᠎ᠪᠠᠷ ᠨᠡᠭᠡᠭᠡᠨ ᠬᠥᠭᠵᠢᠭᠦᠯᠬᠦ ᠬᠤᠲᠠ ᠪᠠᠯᠭ᠋ᠠᠰᠤᠨ᠎ᠤ 《ᠨᠡᠷᠡᠰ᠎ᠲᠤ ᠨᠢᠭᠡ ᠵᠢ ᠣᠷᠣᠭᠤᠯᠪᠠᠯ ᠨᠢᠭᠡ ᠵᠢ᠎ᠨᠢ ᠭᠠᠷᠭ᠋ᠠᠬᠤ》 ᠵᠢ ᠦᠨᠳᠦᠰᠦᠨ᠎ᠳᠤ᠎ᠪᠠᠨ ᠲᠡᠩᠴᠡᠭᠦᠷᠢᠲᠡᠢ ᠪᠠᠢ᠌ᠯᠭ᠋ᠠᠬᠤ ᠵᠢ ᠪᠡᠶᠡᠯᠡᠭᠦᠯᠬᠦ ᠵᠢᠨ ᠲᠤᠰᠠᠳᠠ᠂ ᠳᠥᠷᠪᠡᠳ ᠬᠣᠰᠢᠭᠤᠨ᠎ᠤ ᠵᠠᠩᠭ᠋ᠠᠨ ᠰᠤᠮᠤ ᠵᠢ 《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠭᠣᠣᠯ ᠴᠣᠭᠴᠠ ᠵᠢᠨ ᠴᠢᠳᠠᠮᠵᠢᠲᠤ ᠣᠷᠣᠨ᠎ᠤ ᠲᠥᠯᠦᠪᠵᠢᠭᠦᠯᠭᠡ》᠎ᠳᠠᠬᠢ ᠴᠡᠭᠲᠦ ᠬᠡᠯᠪᠡᠷᠢ᠎ᠪᠠᠷ ᠨᠡᠭᠡᠭᠡᠨ ᠬᠥᠭᠵᠢᠭᠦᠯᠬᠦ ᠬᠤᠲᠠ ᠪᠠᠯᠭ᠋ᠠᠰᠤᠨ᠎ᠤ ᠨᠡᠷᠡᠰ᠎ᠠᠴᠠ ᠭᠠᠷᠭ᠋ᠠᠬᠤ ᠵᠢ ᠵᠥᠪᠰᠢᠶᠡᠷᠡᠪᠡ᠃      
      ᠬᠣᠶᠠᠷ᠂ ᠲᠠᠨ᠎ᠤ ᠬᠤᠲᠠ ᠴᠡᠭᠲᠦ ᠬᠡᠯᠪᠡᠷᠢ᠎ᠪᠠᠷ ᠨᠡᠭᠡᠭᠡᠨ ᠬᠥᠭᠵᠢᠭᠦᠯᠬᠦ ᠬᠤᠲᠠ ᠪᠠᠯᠭ᠋ᠠᠰᠤ ᠵᠢ ᠲᠣᠬᠢᠷᠠᠭᠤᠯᠬᠤ᠎ᠳᠤ᠎ᠪᠠᠨ᠂ ᠤᠯᠤᠰ᠎ᠤᠨ ᠭᠣᠣᠯ ᠴᠣᠭᠴᠠ ᠵᠢᠨ ᠴᠢᠳᠠᠮᠵᠢᠲᠤ ᠣᠷᠣᠨ᠎ᠤ ᠪᠠᠢ᠌ᠯᠳᠤᠬᠤ ᠪᠣᠳᠣᠯᠭ᠎ᠠ ᠵᠢ ᠪᠦᠬᠦ ᠲᠠᠯ᠎ᠠ᠎ᠪᠠᠷ ᠨᠠᠢ᠌ᠳᠠᠪᠤᠷᠢᠵᠢᠭᠤᠯᠬᠤ ᠬᠡᠷᠡᠭᠲᠡᠢ᠃ ᠠᠮᠢ ᠠᠬᠤᠢ ᠣᠷᠴᠢᠨ ᠲᠣᠭᠣᠷᠢᠨ᠎ᠢ ᠬᠠᠮᠠᠭ᠋ᠠᠯᠠᠬᠤ ᠪᠠ ᠦᠩᠵᠢᠭᠦᠯᠦᠨ ᠰᠡᠷᠭᠦᠭᠡᠬᠦ᠂ ᠠᠮᠢ ᠠᠬᠤᠢ ᠵᠢᠨ ᠪᠦᠲᠦᠭᠡᠭᠳᠡᠬᠦᠨ ᠬᠠᠩᠭ᠋ᠠᠬᠤ ᠴᠢᠳᠠᠪᠤᠷᠢ᠎ᠪᠠᠨ ᠴᠢᠩᠭ᠋ᠠᠷᠠᠭᠤᠯᠬᠤ ᠵᠢ ᠲᠡᠷᠢᠭᠦᠨ ᠴᠢᠬᠤᠯᠠ ᠡᠭᠦᠷᠭᠡ ᠪᠣᠯᠭ᠋ᠠᠵᠤ᠂ ᠠᠮᠢ ᠠᠬᠤᠢ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢ ᠴᠢᠩᠭ᠋ᠠᠳᠬᠠᠬᠤ ᠲᠤᠬᠠᠢ ᠲᠥᠪ ᠬᠣᠷᠢᠶ᠎ᠠ ᠪᠠ ᠥᠪᠡᠷᠲᠡᠭᠡᠨ ᠵᠠᠰᠠᠬᠤ ᠣᠷᠣᠨ᠎ᠤ ᠡᠯ᠎ᠡ ᠵᠦᠢ᠍ᠯ᠎ᠤᠨ ᠰᠢᠢ᠍ᠳᠪᠦᠷᠢᠲᠦ ᠪᠣᠳᠣᠯᠭ᠎ᠠ ᠵᠢᠨ ᠪᠠᠢ᠌ᠷᠢᠯᠠᠭᠤᠯᠤᠯᠲᠠ ᠵᠢ ᠬᠢᠨᠠᠮᠠᠭ᠋ᠠᠢ ᠨᠠᠢ᠌ᠳᠠᠪᠤᠷᠢᠵᠢᠭᠤᠯᠬᠤ ᠬᠡᠷᠡᠭᠲᠡᠢ᠃ ᠴᠡᠭᠲᠦ ᠬᠡᠯᠪᠡᠷᠢ᠎ᠪᠠᠷ ᠨᠡᠭᠡᠭᠡᠨ ᠬᠥᠭᠵᠢᠭᠦᠯᠬᠦ ᠬᠤᠲᠠ ᠪᠠᠯᠭ᠋ᠠᠰᠤ ᠪᠣᠯᠤᠭᠰᠠᠨ᠎ᠤ ᠬᠤᠪᠢ᠎ᠳᠤ ᠴᠢᠬᠤᠯᠠ ᠪᠦᠬᠦᠢ ᠠᠵᠤ ᠦᠢ᠍ᠯᠡᠳᠪᠦᠷᠢᠵᠢᠬᠦ᠂ ᠬᠤᠲᠠ ᠪᠠᠯᠭ᠋ᠠᠰᠤᠴᠢᠯᠠᠬᠤ ᠪᠦᠲᠦᠭᠡᠨ ᠪᠠᠢ᠌ᠭᠤᠯᠤᠯᠲᠠ ᠬᠢᠬᠦ᠎ᠳᠤ᠎ᠪᠠᠨ᠂ ᠠᠮᠢ ᠠᠬᠤᠢ ᠵᠢᠨ ᠣᠷᠴᠢᠨ ᠲᠣᠭᠣᠷᠢᠨ᠎ᠢ ᠬᠠᠮᠠᠭ᠋ᠠᠯᠠᠬᠤ ᠬᠠᠮᠤᠭ᠎ᠤᠨ ᠴᠢᠩᠭ᠎ᠠ ᠳᠦᠷᠢᠮ᠂ ᠲᠠᠷᠢᠶᠠᠨ ᠭᠠᠵᠠᠷ᠎ᠢ ᠬᠠᠮᠠᠭ᠋ᠠᠯᠠᠬᠤ ᠳᠦᠷᠢᠮ ᠪᠠ ᠭᠠᠵᠠᠷ ᠰᠢᠷᠣᠢ ᠵᠢ ᠠᠷᠪᠢᠲᠠᠢ ᠪᠥᠭᠡᠳ ᠡᠷᠴᠢᠮᠯᠢᠭ ᠬᠡᠷᠡᠭᠯᠡᠬᠦ ᠳᠦᠷᠢᠮ᠎ᠤᠳ᠎ᠢ ᠪᠠᠷᠢᠮᠲᠠᠯᠠᠨ᠂ ᠠᠮᠢ ᠠᠬᠤᠢ ᠣᠷᠴᠢᠨ ᠲᠣᠭᠣᠷᠢᠨ᠎ᠢ ᠬᠠᠮᠤᠭ᠎ᠤᠨ ᠶᠡᠬᠡ ᠬᠡᠮᠵᠢᠶ᠎ᠡ᠎ᠪᠠᠷ ᠬᠠᠮᠠᠭ᠋ᠠᠯᠠᠨ ᠰᠠᠢ᠌ᠵᠢᠷᠠᠭᠤᠯᠵᠤ᠂ ᠠᠮᠢ ᠠᠬᠤᠢ ᠵᠢᠨ ᠬᠠᠮᠠᠭ᠋ᠠᠯᠠᠯᠲᠠ ᠵᠢᠨ ᠤᠯᠠᠭ᠋ᠠᠨ ᠱᠤᠭᠤᠮ᠂ ᠥᠨᠢᠳᠡ ᠵᠢᠨ ᠦᠨᠳᠦᠰᠦᠨ ᠲᠠᠷᠢᠶᠠᠨ ᠭᠠᠵᠠᠷ᠎ᠤᠨ ᠬᠠᠮᠠᠭ᠋ᠠᠯᠠᠯᠲᠠ ᠵᠢᠨ ᠤᠯᠠᠭ᠋ᠠᠨ ᠱᠤᠭᠤᠮ᠂ ᠬᠤᠲᠠ ᠪᠠᠯᠭ᠋ᠠᠰᠤᠨ᠎ᠤ ᠨᠡᠭᠡᠭᠡᠨ ᠬᠥᠭᠵᠢᠭᠦᠯᠬᠦ ᠵᠠᠭ᠋ᠠᠭ ᠱᠤᠭᠤᠮ᠎ᠢ ᠵᠠᠪᠠᠯ ᠬᠠᠮᠢᠶᠠᠷᠤᠨ ᠡᠵᠡᠮᠳᠡᠵᠦ ᠬᠢᠵᠠᠭ᠋ᠠᠷᠯᠠᠬᠤ᠎ᠪᠠᠨ ᠴᠢᠩᠭ᠎ᠠ ᠨᠠᠢ᠌ᠳᠠᠪᠤᠷᠢᠵᠢᠭᠤᠯᠬᠤ ᠬᠡᠷᠡᠭᠲᠡᠢ᠃ ᠡᠬᠢ ᠪᠠᠶᠠᠯᠢᠭ ᠣᠷᠴᠢᠨ ᠲᠣᠭᠣᠷᠢᠨ᠎ᠤ ᠳᠠᠭ᠋ᠠᠭ᠋ᠠᠴᠠ ᠵᠢᠨ ᠴᠢᠳᠠᠪᠤᠷᠢ ᠪᠠ ᠤᠯᠤᠰ᠎ᠤᠨ ᠨᠤᠲᠤᠭ ᠳᠡᠪᠢᠰᠬᠡᠷ᠎ᠤᠨ ᠣᠷᠣᠨ ᠵᠠᠢ ᠵᠢ ᠨᠡᠭᠡᠭᠡᠨ ᠬᠥᠭᠵᠢᠭᠦᠯᠬᠦ᠎ᠳᠤ ᠲᠣᠬᠢᠷᠠᠬᠤ ᠴᠢᠨᠠᠷ᠎ᠢ᠎ᠨᠢ ᠦᠨᠳᠦᠰᠦᠯᠡᠨ᠂ ᠨᠡᠭᠡᠭᠡᠨ ᠬᠥᠭᠵᠢᠭᠦᠯᠬᠦ ᠡᠷᠴᠢᠮ ᠵᠶ᠋ᠠᠨ ᠵᠣᠬᠢᠰᠲᠠᠢ ᠬᠢᠵᠠᠭ᠋ᠠᠷᠯᠠᠵᠤ᠂ ᠬᠤᠲᠠ ᠪᠠᠯᠭ᠋ᠠᠰᠤᠨ᠎ᠤ ᠪᠦᠲᠦᠭᠡᠨ ᠪᠠᠢ᠌ᠭᠤᠯᠤᠯᠲᠠ ᠬᠢᠭᠡᠳ ᠠᠵᠤ ᠦᠢ᠍ᠯᠡᠳᠪᠦᠷᠢ ᠵᠢᠨ ᠨᠡᠭᠡᠭᠡᠯᠲᠡ ᠬᠥᠭᠵᠢᠯᠲᠡ ᠵᠢ ᠰᠢᠶᠠᠩ ᠪᠠᠯᠭ᠋ᠠᠰᠤᠨ᠎ᠤ ᠲᠥᠯᠥᠪᠵᠢᠭᠦᠯᠦᠭᠰᠡᠨ ᠪᠦᠲᠦᠭᠡᠨ ᠪᠠᠶ᠋ᠢᠭᠤᠯᠬᠤ᠎ᠪᠠᠷ ᠬᠡᠷᠡᠭᠯᠡᠬᠦ ᠭᠠᠵᠠᠷ᠎ᠲᠤ ᠲᠥᠪᠯᠡᠷᠡᠭᠦᠯᠦᠨ ᠴᠤᠭᠯᠠᠷᠠᠭᠤᠯᠵᠤ ᠡᠷᠴᠢᠮᠵᠢᠭᠦᠯᠦᠨ ᠨᠡᠭᠡᠭᠡᠨ ᠬᠥᠭᠵᠢᠭᠦᠯᠬᠦ᠎ᠪᠠᠷ ᠬᠥᠲᠥᠯᠥᠨ ᠵᠢᠯᠤᠭᠣᠳᠬᠤ ᠬᠡᠷᠡᠭᠲᠡᠢ᠃ ᠠᠵᠤ ᠦᠢ᠍ᠯᠡᠰ᠎ᠤᠨ ᠵᠥᠪᠰᠢᠶᠡᠷᠡᠨ ᠣᠷᠣᠭᠤᠯᠬᠤ ᠪᠠᠷᠢᠮᠵᠢᠶ᠎ᠠ ᠵᠢ ᠴᠢᠩᠭ᠎ᠠ       ᠲᠣᠭᠲᠠᠭ᠋ᠠᠵᠤ᠂ 《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠤᠯᠤᠰ᠎ᠤᠨ ᠭᠣᠣᠯᠳᠠᠯᠭ᠎ᠠ᠎ᠲᠠᠢ ᠠᠮᠢ ᠠᠬᠤᠢ ᠵᠢᠨ ᠴᠢᠳᠠᠮᠵᠢᠲᠤ ᠣᠷᠣᠨ᠎ᠤ ᠠᠵᠤ ᠦᠢ᠍ᠯᠡᠰ᠎ᠤᠨ ᠵᠥᠪᠰᠢᠶᠡᠷᠡᠨ ᠣᠷᠣᠭᠤᠯᠬᠤ᠎ᠳᠤ ᠬᠣᠷᠢᠭ᠎ᠠ᠎ᠲᠠᠢ ᠵᠦᠢ᠍ᠯᠡᠰ᠎ᠤᠨ ᠨᠠᠷᠢᠨ ᠳᠠᠩᠰᠠ》 ᠵᠢ ᠪᠦᠬᠦ ᠲᠠᠯ᠎ᠠ᠎ᠪᠠᠷ ᠨᠠᠢ᠌ᠳᠠᠪᠤᠷᠢᠵᠢᠭᠤᠯᠬᠤ ᠬᠡᠷᠡᠭᠲᠡᠢ᠃ ᠴᠡᠭᠲᠦ ᠬᠡᠯᠪᠡᠷᠢ᠎ᠪᠠᠷ ᠨᠡᠭᠡᠭᠡᠨ ᠬᠥᠭᠵᠢᠭᠦᠯᠬᠦ ᠬᠤᠳᠠ ᠪᠠᠯᠭ᠋ᠠᠰᠤᠨ᠎ᠤ ᠠᠵᠤ ᠦᠢ᠍ᠯᠡᠰ᠎ᠤᠨ ᠪᠠᠢ᠌ᠷᠢᠰᠢᠯ᠎ᠢ ᠰᠢᠨᠵᠢᠯᠡᠬᠦ ᠤᠬᠠᠭ᠋ᠠᠨᠴᠢ᠎ᠪᠠᠷ ᠵᠣᠬᠢᠰᠲᠠᠢ ᠲᠥᠯᠥᠪᠵᠢᠭᠦᠯᠵᠦ᠂ ᠠᠵᠤ ᠠᠬᠤᠢ ᠵᠢᠨ ᠪᠦᠲᠦᠴᠡ ᠵᠢ ᠲᠦᠷᠭᠡᠪᠴᠢᠯᠡᠨ ᠰᠢᠯᠢᠳᠡᠭᠵᠢᠭᠦᠯᠵᠦ ᠲᠣᠬᠢᠷᠠᠭᠤᠯᠤᠨ᠂ ᠣᠷᠣᠨ ᠪᠦᠰᠡ ᠵᠢᠨ ᠠᠵᠤ ᠠᠬᠤᠢ ᠨᠡᠢ᠌ᠭᠡᠮ᠎ᠤᠨ ᠴᠢᠨᠠᠷ ᠰᠠᠢ᠌ᠲᠠᠢ ᠬᠥᠭᠵᠢᠯᠲᠡ ᠵᠢ ᠠᠬᠢᠭᠤᠯᠬᠤ ᠬᠡᠷᠡᠭᠲᠡᠢ᠃      
      ᠭᠤᠷᠪᠠ᠂ ᠥᠪᠡᠷᠲᠡᠭᠡᠨ ᠵᠠᠰᠠᠬᠤ ᠣᠷᠣᠨ᠎ᠤ ᠪᠠᠢ᠌ᠭ᠋ᠠᠯᠢ ᠵᠢᠨ ᠡᠬᠢ ᠪᠠᠶᠠᠯᠢᠭ᠎ᠤᠨ ᠲᠢᠩᠬᠢᠮ᠎ᠨᠢ ᠤᠯᠤᠰ ᠪᠠ ᠥᠪᠡᠷᠲᠡᠭᠡᠨ ᠵᠠᠰᠠᠬᠤ ᠣᠷᠣᠨ᠎ᠤ ᠬᠣᠯᠪᠣᠭᠳᠠᠯ ᠪᠦᠬᠦᠢ ᠲᠣᠭᠲᠠᠭ᠋ᠠᠯ ᠪᠠ ᠬᠠᠮᠢᠶ᠎ᠠ ᠪᠦᠬᠦᠢ ᠳᠡᠰ ᠳᠠᠷᠠᠭ᠋ᠠᠯᠠᠯ᠎ᠢ ᠦᠨᠳᠦᠰᠦᠯᠡᠨ᠂ ᠥᠪᠡᠷᠲᠡᠭᠡᠨ ᠵᠠᠰᠠᠬᠤ ᠣᠷᠣᠨ᠎ᠤ ᠠᠮᠢ ᠠᠬᠤᠢ ᠣᠷᠴᠢᠨ ᠲᠣᠭᠣᠷᠢᠨ᠎ᠤ ᠲᠢᠩᠬᠢᠮ᠂ ᠣᠶ ᠰᠢᠭᠤᠢ ᠨᠤᠲᠤᠭ ᠪᠡᠯᠴᠢᠭᠡᠷ᠎ᠤᠨ ᠲᠣᠪᠴᠢᠶ᠎ᠠ ᠵᠡᠷᠭᠡ ᠬᠣᠯᠪᠣᠭᠳᠠᠯ ᠪᠦᠬᠦᠢ ᠰᠠᠯᠠᠭ᠎ᠠ ᠮᠥᠴᠢᠷ᠎ᠲᠠᠢ ᠬᠠᠮᠲᠤᠷᠠᠯᠴᠠᠨ ᠤᠯᠠᠭ᠋ᠠᠨᠴᠠᠪ ᠬᠤᠲᠠ ᠵᠢᠨ ᠳᠥᠷᠪᠡᠳ ᠬᠣᠰᠢᠭᠤᠨ᠎ᠤ ᠭᠣᠣᠯᠳᠠᠯᠭ᠎ᠠ᠎ᠲᠠᠢ ᠠᠮᠢ ᠠᠬᠤᠢ ᠵᠢᠨ ᠴᠢᠳᠠᠮᠵᠢᠲᠤ ᠣᠷᠣᠨ᠎ᠤ ᠴᠡᠭᠲᠦ ᠬᠡᠯᠪᠡᠷᠢ᠎ᠪᠠᠷ ᠨᠡᠭᠡᠭᠡᠨ ᠬᠥᠭᠵᠢᠭᠦᠯᠬᠦ ᠬᠤᠲᠠ ᠪᠠᠯᠭ᠋ᠠᠰᠤ᠎ᠪᠠᠨ ᠲᠣᠬᠢᠷᠠᠭᠤᠯᠬᠤ ᠠᠵᠢᠯ᠎ᠳᠤ ᠬᠢᠨᠠᠯᠲᠠ ᠲᠠᠯᠪᠢᠬᠤ ᠪᠠ ᠵᠢᠭ᠋ᠠᠨ ᠵᠢᠯᠤᠭᠣᠳᠬᠤ ᠵᠢᠨ ᠬᠠᠮᠲᠤ᠂ ᠲᠣᠬᠢᠷᠠᠭᠤᠯᠤᠯᠲᠠ ᠬᠢᠭᠰᠡᠨ᠎ᠤ ᠳᠠᠷᠠᠭ᠋ᠠᠬᠢ ᠦᠷ᠎ᠡ ᠳ᠋ᠦᠩ ᠵᠶ᠋ᠠᠨ ᠥᠪᠡᠷᠲᠡᠭᠡᠨ ᠵᠠᠰᠠᠬᠤ ᠣᠷᠣᠨ᠎ᠤ ᠤᠯᠤᠰ᠎ᠤᠨ ᠨᠤᠲᠤᠭ ᠳᠡᠪᠢᠰᠬᠡᠷ᠎ᠤᠨ ᠣᠷᠣᠨ ᠵᠠᠢ ᠵᠢᠨ ᠲᠥᠯᠦᠪᠵᠢᠭᠦᠯᠭᠡ᠎ᠳᠤ ᠴᠠᠭ ᠲᠤᠬᠠᠢ᠎ᠳᠤ᠎ᠨᠢ ᠣᠷᠣᠭᠤᠯᠵᠤ᠂ ᠭᠣᠣᠯᠳᠠᠯᠭ᠎ᠠ᠎ᠲᠠᠢ ᠠᠮᠢ ᠠᠬᠤᠢ ᠵᠢᠨ ᠴᠢᠳᠠᠮᠵᠢᠲᠤ ᠣᠷᠣᠨ᠎ᠤ ᠴᠡᠭᠲᠦ ᠬᠡᠯᠪᠡᠷᠢ᠎ᠪᠠᠷ ᠨᠡᠭᠡᠭᠡᠨ ᠬᠥᠭᠵᠢᠭᠦᠯᠬᠦ ᠬᠤᠲᠠ ᠪᠠᠯᠭ᠋ᠠᠰᠤᠨ᠎ᠳᠤ ᠲᠣᠬᠢᠷᠠᠭᠤᠯᠤᠯᠲᠠ ᠬᠢᠬᠦ ᠠᠵᠢᠯ᠎ᠢ ᠰᠠᠢ᠌ᠲᠤᠷ ᠬᠢᠬᠦ ᠬᠡᠷᠡᠭᠲᠡᠢ ᠲᠤᠰᠬᠠᠢ᠌ᠯᠠᠨ ᠬᠠᠷᠢᠭᠤ ᠴᠣᠬᠣᠯᠠᠪᠤᠷᠢᠯᠠᠪᠠ᠃  

ᠢᠷᠡᠯᠲᠡ᠄
          
ᠬᠠᠮᠢᠶ᠎ᠡ ᠪᠦᠬᠦᠢ ᠰᠣᠨᠢᠨ
ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠤᠰᠤᠨ ᠱᠢᠨᠵᠢᠯᠡᠭᠡᠨ ᠤᠰᠤᠨ᠎ᠤ ᠡᠬᠢ ᠰᠤᠷᠪᠤᠯᠵᠢ᠎ᠶ᠋ᠢᠨ ᠲᠥᠪ᠎ᠦᠨ ᠳᠠᠭᠠᠭᠠᠴᠢᠯᠠᠯᠲᠠ ᠵᠠᠷᠯᠠᠬᠤ᠎ᠶ᠋ᠢ ᠣᠷᠣᠯᠠᠬᠤ ᠪᠠᠢᠭᠤᠯᠤᠮᠵᠢ᠎ᠶ᠋ᠢᠨ ᠢᠯᠡ᠎ᠪᠡᠷ ᠠᠳᠠᠯᠢᠳᠭᠠᠨ ᠰᠣᠩᠭᠣᠬᠤ ᠠᠯᠪᠠᠨ ᠵᠠᠷ
《2024 ᠣᠨ᠎ᠤ ᠮᠤᠵᠢ ᠵᠢᠨ ᠱᠠᠲᠤᠨ᠎ᠤ ᠬᠢᠨᠠᠨ ᠬᠡᠮᠵᠢᠯᠲᠡ ᠵᠢᠨ ᠣᠷᠣᠨ ᠪᠦᠰᠡ ᠵᠢᠨ ᠤᠰᠤ ᠰᠢᠷᠤᠢ ᠵᠢᠨ ᠢᠳᠡᠭᠳᠡᠯ᠎ᠢ ᠬᠥᠳᠡᠯᠦᠩᠭᠦᠶ᠎ᠪᠠᠷ ᠬᠢᠨᠠᠨ ᠬᠡᠮᠵᠢᠬᠦ ᠠᠯᠤᠰ ᠮᠡᠳᠡᠷᠡᠮᠵᠢ ᠵᠢ ᠵᠠᠳᠠᠯᠤᠨ ᠣᠷᠴᠢᠭᠤᠯᠬᠤ ᠪᠠ ᠳ᠋ᠦᠩᠨᠡᠨ ᠵᠠᠳᠠᠯᠬᠤ》 ᠵᠢᠨ ᠳᠠᠭ᠋ᠠᠭ᠋ᠠᠴᠢᠯᠠᠯᠲᠠ ᠵᠠᠷᠯᠠᠬᠤ ᠵᠢ ᠣᠷᠣᠯᠠᠬᠤ ᠪᠠᠶ᠋ᠢᠭᠤᠯᠤᠮᠵᠢ ᠵᠢᠨ ᠢᠯᠡ᠎ᠪᠠᠷ ᠬᠠᠷᠢᠴᠠᠭᠤᠯᠤᠨ ᠰᠣᠩᠭᠤᠬᠤ ᠠᠯᠪᠠᠨ ᠵᠠᠷ
ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠤᠰᠤ ᠭᠠᠩ᠎ᠤᠨ ᠭᠠᠮᠰᠢᠭ᠎ᠢ ᠰᠡᠷᠭᠡᠶ᠋ᠢᠯᠡᠬᠦ ᠮᠡᠷᠭᠡᠵᠢᠯ᠎ᠤᠨ ᠲᠥᠪ᠎ᠤᠨ ᠳᠠᠭ᠋ᠠᠭ᠋ᠠᠴᠢᠯᠠᠯᠲᠠ ᠵᠠᠷᠯᠠᠬᠤ ᠵᠢ ᠣᠷᠣᠯᠠᠬᠤ ᠪᠠᠶ᠋ᠢᠭᠤᠯᠤᠮᠵᠢ ᠵᠢᠨ ᠢᠯᠡ᠎ᠪᠠᠷ ᠠᠳᠠᠯᠢᠳᠬᠠᠨ ᠰᠣᠩᠭᠣᠬᠤ ᠠᠯᠪᠠᠨ ᠵᠠᠷ
2024 ᠣᠨ᠎ᠤ ᠠᠩᠬᠠᠳᠤᠭ᠋ᠠᠷ ᠪᠦᠯᠦᠭ ᠤᠰᠤᠨ ᠠᠰᠢᠭᠯᠠᠯᠲᠠ ᠤᠰᠤᠨ ᠴᠠᠬᠢᠯᠭ᠋ᠠᠨ᠎ᠤ ᠢᠨᠵᠧᠨᠧᠷᠢᠩ᠎ᠤᠨ ᠪᠠᠷᠢᠯᠭ᠎ᠠ ᠵᠢᠨ ᠠᠵᠤ ᠠᠬᠤᠶ᠋ᠢᠯᠠᠯ᠎ᠤᠨ ᠭᠤᠤᠯ ᠬᠠᠷᠢᠭᠤᠴᠠᠯᠭ᠋ᠠᠲᠠᠨ᠂ ᠲᠦᠰᠦᠯ᠎ᠤᠨ ᠬᠠᠷᠢᠭᠤᠴᠠᠯᠭ᠋ᠠᠲᠠᠨ ᠪᠠ ᠲᠤᠰᠬᠠᠶ ᠲᠤᠰᠢᠶᠠᠯᠲᠤ ᠠᠶᠤᠯᠭᠦᠶ ᠦᠢ᠍ᠯᠡᠳᠪᠦᠷᠢᠯᠡᠯ᠎ᠤᠨ ᠬᠠᠮᠢᠶᠠᠷᠤᠯᠲᠠ ᠵᠢᠨ ᠠᠵᠢᠯᠲᠠᠨ᠎ᠤ ᠠᠶᠤᠯᠭᠦᠶ ᠦᠢ᠍ᠯᠡᠳᠪᠦᠷᠢᠯᠡᠯ᠎ᠤᠨ ᠰᠢᠯᠭ᠋ᠠᠯᠲᠠ ᠵᠢᠴᠢ ᠨᠡᠷ᠎ᠡ ᠮᠡᠳᠡᠭᠦᠯᠬᠦ ᠲᠤᠬᠠᠶ ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠤᠰᠤᠨ ᠠᠰᠢᠭᠯᠠᠯᠲᠠ ᠵᠢᠨ ᠲᠢᠩᠬᠢᠮ᠎ᠤᠨ ᠮᠡᠳᠡᠭᠳᠡᠯ
2024 ᠣᠨ᠎ᠤ ᠪᠥᠬᠦ ᠣᠷᠣᠨ᠎ᠤ ᠤᠰᠤᠨ ᠠᠰᠢᠭᠯᠠᠯᠲᠠ ᠵᠢᠨ 《ᠠᠶᠤᠯᠭᠦᠢ ᠦᠢ᠍ᠯᠡᠳᠪᠦᠷᠢᠯᠡᠯ᠎ᠤᠨ ᠰᠠᠷ᠎ᠠ》 ᠵᠢᠨ ᠠᠵᠢᠯᠯᠠᠭ᠎ᠠ ᠵᠢ ᠥᠷᠨᠢᠭᠦᠯᠬᠦ ᠲᠤᠬᠠᠶ ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠤᠰᠤᠨ ᠠᠰᠢᠭᠯᠠᠯᠲᠠ ᠵᠢᠨ ᠲᠢᠩᠬᠢᠮ᠎ᠤᠨ ᠮᠡᠳᠡᠭᠳᠡᠯ
 
            