ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠣᠨᠴᠠᠯᠢᠭᠲᠤ᠌ ᠳᠠᠪᠴᠠᠩ
ᠢᠯᠡ ᠵᠠᠰᠠᠭ   -   ᠠᠯᠪᠠᠨ ᠮᠡᠳᠡᠭᠡ
《ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠡᠵᠡᠩᠨᠡᠨ ᠬᠤᠳᠠᠯᠳᠤᠭ᠋ᠠᠯᠠᠬᠤ ᠣᠷᠴᠢᠨ ᠨᠥᠬᠦᠴᠡᠯ᠎ᠢ ᠦᠨᠡᠯᠡᠨ ᠵᠢᠱ᠌ᠢᠬᠦ ᠵᠢᠨ ᠬᠡᠷᠡᠭᠵᠢᠭᠦᠯᠬᠦ ᠠᠷᠭ᠎ᠠ (ᠲᠤᠷᠰᠢᠨ ᠬᠡᠷᠡᠭᠵᠢᠭᠦᠯᠬᠦ)》 ᠵᠢ ᠳᠠᠷᠤᠮᠠᠯᠯᠠᠨ ᠶᠠᠪᠤᠭᠤᠯᠬᠤ ᠲᠤᠬᠠᠶ ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠠᠯᠪᠠᠨ ᠲᠢᠩᠬᠢᠮ᠎ᠤᠨ ᠮᠡᠳᠡᠭᠳᠡᠯ
ᠨᠡᠶ᠋ᠢᠲᠡᠯᠡᠭᠰᠡᠨ ᠴᠠᠭ᠄ 2021-12-20


            ᠥᠪᠥᠷ ᠵᠠᠰᠠᠭ ᠠᠯᠪᠠᠨ [2021] 30 ᠳ᠋ᠤᠭ᠋ᠠᠷ ᠲᠣᠭ᠋ᠠᠲᠤ
            2021 ᠣᠨ᠎ᠤ 7 ᠳ᠋ᠤᠭ᠋ᠠᠷ ᠰᠠᠷ᠎ᠠ ᠵᠢᠨ 1᠎ᠤ ᠡᠳᠦᠷ

ᠡᠯ᠎ᠡ ᠠᠶ᠋ᠢᠮᠠᠭ᠎ᠤᠨ ᠵᠠᠬᠢᠷᠭ᠎ᠠ᠂ ᠬᠤᠲᠠ ᠵᠢᠨ ᠠᠷᠠᠳ᠎ᠤᠨ ᠵᠠᠰᠠᠭ᠎ᠤᠨ ᠣᠷᠳᠣᠨ᠂ ᠥᠪᠡᠷᠲᠡᠭᠡᠨ ᠵᠠᠰᠠᠬᠤ ᠣᠷᠣᠨ᠎ᠤ ᠡᠯ᠎ᠡ ᠵᠥᠪᠯᠡᠯ᠂ ᠠᠯᠪᠠᠨ ᠭᠡᠷ᠂ ᠲᠢᠩᠬᠢᠮ᠂ ᠲᠣᠪᠴᠢᠶ᠎ᠠ᠂ ᠡᠯ᠎ᠡ ᠲᠤᠮᠦ ᠠᠵᠤ ᠠᠬᠤᠶ᠋ᠢᠯᠠᠯ᠂ ᠠᠵᠢᠯ ᠦᠢ᠍ᠯᠡᠰ᠎ᠤᠨ ᠨᠢᠭᠡᠴᠢ᠎ᠳᠤ᠄
      ᠡᠳᠦᠭᠡ 《ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠡᠵᠡᠩᠨᠡᠨ ᠬᠤᠳᠠᠯᠳᠤᠭ᠋ᠠᠯᠠᠬᠤ ᠣᠷᠴᠢᠨ ᠨᠥᠬᠦᠴᠡᠯ᠎ᠢ ᠦᠨᠡᠯᠡᠨ ᠵᠢᠱ᠌ᠢᠬᠦ ᠵᠢᠨ ᠬᠡᠷᠡᠭᠵᠢᠭᠦᠯᠬᠦ ᠠᠷᠭ᠎ᠠ (ᠲᠤᠷᠰᠢᠨ ᠬᠡᠷᠡᠭᠵᠢᠭᠦᠯᠬᠦ)》 ᠵᠢ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ ᠵᠶ᠋ᠠᠷ ᠵᠥᠪᠰᠢᠶᠡᠷᠡᠭᠦᠯᠦᠭᠡᠳ᠂ ᠲᠠ ᠨᠠᠷ᠎ᠲᠤ ᠳᠠᠷᠤᠮᠠᠯᠯᠠᠨ ᠶᠠᠪᠤᠭᠤᠯᠤᠯ᠎ᠠ᠂ ᠪᠣᠳᠠᠲᠠᠶ᠎ᠲᠠᠢ᠎ᠪᠠᠨ ᠤᠶᠠᠯᠳᠤᠭᠤᠯᠤᠨ᠂ ᠬᠢᠨᠠᠮᠠᠭ᠋ᠠᠶ ᠲᠤᠭᠤᠰᠢᠯᠠᠭᠤᠯᠤᠨ ᠬᠡᠷᠡᠭᠵᠢᠭᠦᠯᠲᠦᠭᠡᠶ᠃
          ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠡᠵᠡᠩᠨᠡᠨ ᠬᠤᠳᠠᠯᠳᠤᠭ᠋ᠠᠯᠠᠬᠤ
          ᠣᠷᠴᠢᠨ ᠨᠥᠬᠦᠴᠡᠯ᠎ᠢ ᠦᠨᠡᠯᠡᠨ ᠵᠢᠱ᠌ᠢᠬᠦ ᠵᠢᠨ ᠬᠡᠷᠡᠭᠵᠢᠭᠦᠯᠬᠦ ᠠᠷᠭ᠎ᠠ (ᠲᠤᠷᠰᠢᠨ ᠬᠡᠷᠡᠭᠵᠢᠭᠦᠯᠬᠦ)

      ᠨᠢᠭᠡᠳᠦᠭᠡᠷ ᠪᠦᠯᠦᠭ   ᠶᠡᠷᠦᠩᠬᠡᠢ ᠳᠦᠷᠢᠮ
      ᠨᠢᠭᠡᠳᠦᠭᠡᠷ ᠵᠦᠢ᠍ᠯ   ᠰᠢ ᠵᠢᠨ ᠫᠢᠩ᠎ᠤᠨ ᠰᠢᠨ᠎ᠡ ᠴᠠᠭ ᠦᠶ᠎ᠡ ᠵᠢᠨ ᠳᠤᠮᠳᠠᠳᠤ ᠤᠯᠤᠰ᠎ᠤᠨ ᠣᠨᠴᠠᠯᠢᠭ᠎ᠲᠠᠢ ᠨᠡᠶ᠋ᠢᠭᠡᠮ ᠵᠢᠷᠤᠮ᠎ᠤᠨ ᠦᠵᠡᠯ ᠰᠠᠨᠠᠭ᠎ᠠ ᠵᠢ ᠪᠥᠬᠦ ᠲᠠᠯ᠎ᠠ᠎ᠪᠠᠷ ᠲᠤᠭᠤᠰᠢᠯᠠᠭᠤᠯᠤᠨ᠂ ᠨᠠᠮ᠎ᠤᠨ ᠲᠥᠪ ᠬᠤᠷᠢᠶ᠎ᠠ᠂ ᠲᠥᠷᠥ ᠵᠢᠨ ᠶᠠᠪᠤᠳᠠᠯ᠎ᠤᠨ ᠬᠤᠷᠢᠶᠠᠨ᠎ᠤ 《ᠲᠠᠯᠪᠢᠬᠤ ᠬᠠᠮᠢᠶᠠᠷᠬᠤ ᠦᠢ᠍ᠯᠡᠴᠢᠯᠡᠬᠦ》 ᠥᠭᠡᠷᠡᠴᠢᠯᠡᠯᠲᠡ ᠵᠢ ᠭᠦᠨᠵᠡᠭᠡᠶ᠋ᠢᠷᠡᠭᠦᠯᠵᠦ᠂ ᠡᠵᠡᠩᠨᠡᠨ ᠬᠤᠳᠠᠯᠳᠤᠭ᠋ᠠᠯᠠᠬᠤ ᠣᠷᠴᠢᠨ ᠨᠥᠬᠦᠴᠡᠯ᠎ᠢ ᠰᠢᠯᠢᠳᠡᠭᠵᠢᠭᠦᠯᠬᠦ ᠲᠤᠬᠠᠶ ᠰᠢᠢ᠍ᠳᠪᠦᠷᠢᠲᠦ ᠪᠣᠳᠣᠯᠭ᠎ᠠ ᠵᠢᠨ ᠪᠠᠶ᠋ᠢᠷᠢᠯᠠᠭᠤᠯᠤᠯᠲᠠ ᠵᠢ ᠬᠢᠨᠠᠮᠠᠭ᠋ᠠᠶ ᠨᠠᠶ᠋ᠢᠳᠠᠪᠤᠷᠢᠵᠢᠭᠤᠯᠵᠤ᠂ 《ᠡᠵᠡᠩᠨᠡᠨ ᠬᠤᠳᠠᠯᠳᠤᠭ᠋ᠠᠯᠠᠬᠤ ᠣᠷᠴᠢᠨ ᠨᠥᠬᠦᠴᠡᠯ᠎ᠢ ᠰᠢᠯᠢᠳᠡᠭᠵᠢᠭᠦᠯᠬᠦ ᠲᠦᠷᠢᠮ》᠎ᠢ ᠭᠦᠨᠵᠡᠭᠡᠶ ᠬᠡᠷᠡᠭᠵᠢᠭᠦᠯᠦᠨ᠂ ᠡᠵᠡᠩᠨᠡᠨ ᠬᠤᠳᠠᠯᠳᠤᠭ᠋ᠠᠯᠠᠬᠤ ᠣᠷᠴᠢᠨ ᠨᠥᠬᠦᠴᠡᠯ᠎ᠢ ᠬᠠᠤᠯᠢ ᠶᠣᠰᠣᠭ᠋ᠠᠷ ᠲᠣᠭᠲᠠᠭ᠋ᠠᠯ᠎ᠳᠤ ᠨᠡᠶ᠋ᠢᠴᠡᠭᠦᠯᠦᠨ ᠰᠢᠨᠵᠢᠯᠡᠬᠦ ᠤᠬᠠᠭ᠋ᠠᠨᠴᠢ᠎ᠪᠠᠷ ᠵᠢᠷᠤᠮᠵᠢᠯ᠎ᠲᠠᠢ ᠦᠨᠡᠯᠡᠨ ᠵᠢᠱ᠌ᠢᠵᠦ᠂ ᠡᠵᠡᠩᠨᠡᠨ ᠬᠤᠳᠠᠯᠳᠤᠭ᠋ᠠᠯᠠᠬᠤ ᠲᠡᠷᠢᠭᠦᠨ᠎ᠤ ᠣᠷᠴᠢᠨ ᠨᠥᠬᠦᠴᠡᠯ᠎ᠢ ᠪᠠᠶ᠋ᠢᠭᠤᠯᠬᠤ ᠠᠯᠬᠤᠴᠠ᠎ᠪᠠᠨ ᠲᠦᠷᠭᠡᠳᠬᠡᠨ᠂ ᠲᠣᠭᠲᠠᠭᠤᠨ᠂ ᠡᠷᠬᠡ ᠲᠡᠭᠰᠢ᠂ ᠢᠯᠡ ᠲᠣᠳᠣ᠂ ᠵᠢᠱ᠌ᠢᠵᠦ ᠪᠣᠯᠬᠤᠶ᠋ᠢᠴᠠ ᠡᠵᠡᠩᠨᠡᠨ ᠬᠤᠳᠠᠯᠳᠤᠭ᠋ᠠᠯᠠᠬᠤ ᠣᠷᠴᠢᠨ ᠨᠥᠬᠦᠴᠡᠯ᠎ᠢ ᠪᠣᠶ ᠪᠣᠯᠭ᠋ᠠᠵᠤ᠂ ᠵᠠᠬ᠎ᠠ ᠳᠡᠯᠭᠡᠭᠦᠷ᠎ᠤᠨ ᠭᠤᠣᠯ ᠴᠣᠭᠴᠠ ᠵᠢᠨ ᠠᠮᠢᠵᠢᠷᠠᠯ᠎ᠤᠨ ᠬᠦᠴᠦᠨ᠎ᠢ ᠲᠠᠰᠤᠷᠠᠯᠲᠠ ᠥᠬᠡᠶ ᠬᠥᠭᠵᠢᠭᠡᠬᠦ ᠵᠢᠨ ᠲᠤᠰᠠᠳᠠ᠂ ᠥᠪᠡᠷᠲᠡᠭᠡᠨ ᠵᠠᠰᠠᠬᠤ ᠣᠷᠣᠨ᠎ᠤ ᠪᠣᠳᠠᠲᠠᠶ᠎ᠲᠠᠢ ᠤᠶᠠᠯᠳᠤᠭᠤᠯᠤᠨ᠂
ᠲᠣᠰ ᠠᠷᠭ᠎ᠠ ᠵᠢ ᠲᠣᠭᠲᠠᠭ᠋ᠠᠪᠠ᠃
      ᠬᠤᠶᠠᠳᠤᠭ᠋ᠠᠷ ᠵᠦᠢ᠍ᠯ   ᠡᠵᠡᠩᠨᠡᠨ ᠬᠤᠳᠠᠯᠳᠤᠭ᠋ᠠᠯᠠᠬᠤ ᠣᠷᠴᠢᠨ ᠨᠥᠬᠦᠴᠡᠯ᠎ᠢ ᠦᠨᠡᠯᠡᠨ ᠵᠢᠱ᠌ᠢᠬᠦ ᠠᠵᠢᠯ᠎ᠢ ᠥᠷᠨᠢᠭᠦᠯᠬᠦ᠎ᠳᠤ᠂ ᠵᠠᠬ᠎ᠠ ᠳᠡᠯᠭᠡᠭᠦᠷᠴᠢᠯᠡᠬᠦ᠂ ᠬᠠᠤᠯᠢᠵᠢᠭᠤᠯᠬᠤ᠂ ᠳᠡᠯᠡᠬᠡᠶ᠋ᠢᠴᠢᠯᠡᠬᠦ ᠵᠠᠷᠴᠢᠮ᠎ᠢ ᠪᠠᠷᠢᠮᠲᠠᠯᠠᠨ᠂ ᠵᠠᠬ᠎ᠠ ᠳᠡᠯᠭᠡᠭᠦᠷ᠎ᠤᠨ ᠭᠤᠣᠯ ᠴᠣᠭᠴᠠ ᠵᠢᠨ ᠬᠡᠷᠡᠭᠴᠡᠭᠡ ᠱᠠᠭ᠋ᠠᠷᠳᠠᠯᠭ᠎ᠠ ᠪᠠ ᠪᠣᠳᠠᠲᠠᠢ ᠣᠶ᠋ᠢᠯᠠᠭ᠋ᠠᠯᠲᠠ᠎ᠪᠠᠷ ᠤᠳᠤᠷᠢᠳᠤᠮᠵᠢ ᠪᠣᠯᠭ᠋ᠠᠵᠤ᠂ ᠵᠠᠰᠠᠭ᠎ᠤᠨ ᠣᠷᠳᠣᠨ᠎ᠤ ᠡᠭᠦᠷᠭᠡ ᠴᠢᠳᠠᠪᠤᠷᠢ ᠵᠢ ᠭᠦᠨᠵᠡᠭᠡᠢ ᠬᠤᠪᠢᠷᠠᠭᠤᠯᠬᠤ᠎ᠪᠠᠷ ᠭᠤᠣᠯ ᠪᠣᠯᠭ᠋ᠠᠨ᠂ ᠳᠡᠯᠡᠬᠡᠢ ᠵᠢᠨ ᠪᠠ ᠤᠯᠤᠰ᠎ᠤᠨ ᠳᠣᠲᠣᠭ᠋ᠠᠳᠤ ᠵᠢᠨ ᠲᠡᠷᠢᠭᠦᠨ᠎ᠤ ᠲᠤᠷᠰᠢᠯᠭ᠎ᠠ᠎ᠪᠠᠷ ᠯᠠᠪᠯᠠᠯᠲᠠ ᠪᠣᠯᠭ᠋ᠠᠵᠤ᠂ ᠥᠪᠥᠷ ᠮᠣᠩᠭᠤᠯ᠎ᠤᠨ ᠣᠨᠴᠠᠯᠢᠭ᠎ᠲᠠᠢ ᠡᠵᠡᠩᠨᠡᠨ ᠬᠤᠳᠠᠯᠳᠤᠭ᠋ᠠᠯᠠᠬᠤ ᠣᠷᠴᠢᠨ ᠨᠥᠬᠦᠴᠡᠯ᠎ᠢ ᠦᠨᠡᠯᠡᠨ ᠵᠢᠱ᠌ᠢᠬᠦ ᠭᠦᠢ᠍ᠴᠡᠳᠬᠡᠯ ᠲᠣᠭ᠋ᠠᠨ᠎ᠤ ᠲᠣᠭᠲᠠᠯᠴᠠᠭ᠎ᠠ ᠪᠠ ᠦᠨᠡᠯᠡᠨ ᠵᠢᠱ᠌ᠢᠬᠦ ᠲᠣᠭᠲᠠᠴᠠ ᠵᠢ ᠪᠠᠶ᠋ᠢᠭᠤᠯᠵᠤ᠂ ᠦᠨᠡᠯᠡᠨ ᠵᠢᠱ᠌ᠢᠬᠦ᠎ᠪᠠᠷ ᠥᠭᠡᠷᠡᠴᠢᠯᠡᠨ ᠰᠠᠶ᠋ᠢᠵᠢᠷᠠᠭᠤᠯᠬᠤ ᠵᠢ ᠠᠬᠢᠭᠤᠯᠬᠤ᠂ ᠦᠨᠡᠯᠡᠨ ᠵᠢᠱ᠌ᠢᠬᠦ᠎ᠪᠠᠷ ᠰᠢᠯᠢᠳᠡᠭᠵᠢᠭᠦᠯᠬᠦ ᠵᠢ ᠠᠬᠢᠭᠤᠯᠬᠤ ᠪᠣᠯᠭ᠋ᠠᠨ᠂ ᠥᠪᠡᠷᠲᠡᠭᠡᠨ ᠵᠠᠰᠠᠬᠤ ᠣᠷᠣᠨ᠎ᠤ ᠡᠵᠡᠩᠨᠡᠨ ᠬᠤᠳᠠᠯᠳᠤᠭ᠋ᠠᠯᠠᠬᠤ ᠣᠷᠴᠢᠨ ᠨᠥᠬᠦᠴᠡᠯ᠎ᠢ ᠲᠦᠷᠭᠡᠳᠬᠡᠨ ᠰᠠᠶ᠋ᠢᠵᠢᠷᠠᠭᠤᠯᠬᠤ ᠵᠢ ᠠᠬᠢᠭᠤᠯᠵᠤ᠂ ᠠᠵᠤ ᠠᠬᠤᠶ᠋ᠢᠯᠠᠯ ᠪᠠ ᠤᠯᠠᠨ ᠲ᠋ᠦᠮᠡᠨ᠎ᠳᠤ ᠲᠠᠭ᠋ᠠᠰᠢᠶᠠᠭᠳᠠᠬᠤ ᠲᠡᠷᠢᠭᠦᠨ᠎ᠤ ᠣᠷᠴᠢᠨ ᠨᠥᠬᠦᠴᠡᠯ᠎ᠢ ᠪᠤᠢ ᠪᠣᠯᠭ᠋ᠠᠬᠤ ᠬᠡᠷᠡᠭᠲᠡᠢ᠃

      ᠬᠤᠶᠠᠳᠤᠭ᠋ᠠᠷ ᠪᠦᠯᠦᠭ   ᠦᠨᠡᠯᠡᠨ ᠵᠢᠱ᠌ᠢᠭᠦᠯᠦᠭᠴᠢ ᠪᠠ ᠠᠭᠤᠯᠭ᠎ᠠ
      ᠭᠤᠷᠪᠠᠳᠤᠭ᠋ᠠᠷ ᠵᠦᠢ᠍ᠯ   ᠡᠵᠡᠩᠨᠡᠨ ᠬᠤᠳᠠᠯᠳᠤᠭ᠋ᠠᠯᠠᠬᠤ ᠣᠷᠴᠢᠨ ᠨᠥᠬᠦᠴᠡᠯ᠎ᠢ ᠦᠨᠡᠯᠡᠨ ᠵᠢᠱ᠌ᠢᠬᠦ ᠠᠵᠢᠯ᠎ᠢ ᠪᠣᠯ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠤᠷᠢᠶ᠎ᠠ ᠪᠠ ᠵᠠᠰᠠᠭ᠎ᠤᠨ ᠣᠷᠳᠣᠨ᠎ᠤ ᠤᠳᠤᠷᠢᠳᠤᠯᠭ᠎ᠠ ᠳᠤᠤᠷ᠎ᠠ᠂ ᠥᠪᠡᠷᠲᠡᠭᠡᠨ ᠵᠠᠰᠠᠬᠤ ᠣᠷᠣᠨ᠎ᠤ ᠵᠠᠰᠠᠭ᠎ᠤᠨ ᠣᠷᠳᠣᠨ᠎ᠤ ᠡᠭᠦᠷᠭᠡ ᠴᠢᠳᠠᠪᠤᠷᠢ ᠵᠢ ᠬᠤᠪᠢᠷᠠᠭᠤᠯᠬᠤ ᠪᠠ 《ᠲᠠᠯᠪᠢᠬᠤ ᠬᠠᠮᠢᠶᠠᠷᠬᠤ ᠦᠢ᠍ᠯᠡᠴᠢᠯᠡᠬᠦ》 ᠥᠭᠡᠷᠡᠴᠢᠯᠡᠯᠲᠡ ᠵᠢ ᠠᠬᠢᠭᠤᠯᠬᠤ ᠠᠵᠢᠯ᠎ᠤᠨ ᠵᠣᠬᠢᠴᠠᠭᠤᠯᠬᠤ ᠳᠤᠭᠤᠶ᠋ᠢᠯᠠᠩ᠎ᠤᠨ ᠡᠵᠡᠩᠨᠡᠨ ᠬᠤᠳᠠᠯᠳᠤᠭ᠋ᠠᠯᠠᠬᠤ ᠣᠷᠴᠢᠨ ᠨᠥᠬᠦᠴᠡᠯ᠎ᠤᠨ ᠳᠤᠭᠤᠶ᠋ᠢᠯᠠᠩ᠎ᠤᠨ ᠪᠦᠷᠢᠯᠳᠦᠬᠦᠨ ᠨᠢᠭᠡᠴᠢ ᠪᠣᠯᠣᠨ ᠬᠠᠮᠢᠶ᠎ᠠ ᠪᠥᠬᠦᠶ ᠭᠦᠢ᠍ᠴᠡᠳᠬᠡᠯ ᠲᠤᠭ᠎ᠠ᠎ᠳᠤ ᠬᠤᠯᠪᠣᠭᠳᠠᠭᠰᠠᠨ ᠰᠠᠯᠠᠭ᠎ᠠ ᠮᠥᠴᠢᠷ᠂ ᠠᠵᠤ ᠠᠬᠤᠶ᠋ᠢᠯᠠᠯ ᠬᠠᠮᠲᠤ᠎ᠪᠠᠷ ᠬᠠᠷᠢᠭᠤᠴᠠᠵᠤ᠂ ᠥᠪᠡᠷᠲᠡᠭᠡᠨ ᠵᠠᠰᠠᠬᠤ ᠣᠷᠣᠨ᠎ᠤ ᠬᠥᠭᠵᠢᠭᠦᠯᠦᠯᠲᠡ ᠪᠠ ᠥᠭᠡᠷᠡᠴᠢᠯᠡᠯᠲᠡ ᠵᠢᠨ ᠵᠥᠪᠯᠡᠯ᠎ᠨᠢ ᠪᠣᠳᠠᠲᠠᠶ ᠵᠣᠬᠢᠶᠠᠨ ᠪᠠᠶ᠋ᠢᠭᠤᠯᠵᠤ ᠬᠡᠷᠡᠭᠵᠢᠭᠦᠯᠬᠦ ᠬᠡᠷᠡᠭᠲᠡᠢ᠃ ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ᠎ᠨᠢ ᠤᠯᠤᠰ᠎ᠤᠨ ᠠᠵᠢᠯ ᠲᠥᠷᠥᠯ ᠨᠢᠭᠡᠲᠡᠢ ᠶᠠᠮᠤᠨ ᠵᠥᠪᠯᠡᠯ᠎ᠯᠦᠭᠡ ᠵᠣᠯᠭ᠋ᠠᠭᠤᠯᠬᠤ ᠵᠢ ᠴᠢᠩᠭ᠋ᠠᠳᠬᠠᠵᠤ᠂ ᠦᠨᠡᠯᠡᠨ ᠵᠢᠱ᠌ᠢᠵᠦ ᠲᠠᠶ᠋ᠢᠯᠪᠤᠷᠢᠯᠠᠨ ᠣᠶ᠋ᠢᠯᠠᠭ᠋ᠠᠭᠤᠯᠬᠤ ᠪᠠ ᠲᠤᠰᠬᠠᠶ ᠮᠡᠷᠭᠡᠵᠢᠯ᠎ᠤᠨ ᠵᠢᠭ᠋ᠠᠨ ᠵᠢᠯᠣᠭᠤᠳᠬᠤ ᠠᠵᠢᠯ᠎ᠢ ᠦᠨᠡᠨ ᠬᠦ᠌ ᠰᠠᠶ᠋ᠢᠲᠤᠷ ᠬᠢᠬᠦ ᠬᠡᠷᠡᠭᠲᠡᠶ᠃
      ᠳᠥᠷᠪᠡᠳᠦᠭᠡᠷ ᠵᠦᠢ᠍ᠯ   ᠡᠵᠡᠩᠨᠡᠨ ᠬᠤᠳᠠᠯᠳᠤᠭ᠋ᠠᠯᠠᠬᠤ ᠣᠷᠴᠢᠨ ᠨᠥᠬᠦᠴᠡᠯ ᠵᠶ᠋ᠠᠨ ᠦᠨᠡᠯᠡᠨ ᠵᠢᠱ᠌ᠢᠭᠦᠯᠦᠭᠴᠢ ᠪᠣᠯ ᠡᠯ᠎ᠡ ᠠᠶ᠋ᠢᠮᠠᠭ᠎ᠤᠨ ᠵᠠᠬᠢᠷᠭ᠎ᠠ᠂ ᠲᠣᠭᠤᠷᠢᠭ ᠪᠠᠶ᠋ᠢᠭᠤᠯᠤᠭᠰᠠᠨ ᠬᠤᠲᠠ ᠵᠢᠨ ᠠᠷᠠᠳ᠎ᠤᠨ ᠵᠠᠰᠠᠭ᠎ᠤᠨ ᠣᠷᠳᠣᠨ ᠪᠣᠯᠤᠨ᠎ᠠ᠃ ᠠᠵᠢᠯ᠎ᠤᠨ ᠬᠡᠷᠡᠭᠴᠡᠭᠡ᠎ᠪᠠᠨ ᠦᠨᠳᠦᠰᠦᠯᠡᠨ᠂ ᠬᠡᠰᠡᠭ ᠬᠤᠰᠢᠭᠤ ᠰᠢᠶᠠᠨ (ᠬᠤᠲᠠ᠂ ᠲᠣᠭᠤᠷᠢᠭ)᠂ ᠨᠡᠭᠡᠭᠡᠯᠲᠡ ᠬᠢᠬᠦ ᠲᠣᠭᠤᠷᠢᠭ᠂ ᠲᠤᠷᠰᠢᠯᠲᠠ ᠵᠢᠨ ᠲᠣᠭᠤᠷᠢᠭ᠎ᠢ ᠰᠣᠩᠭᠤᠵᠤ ᠦᠨᠡᠯᠡᠨ ᠵᠢᠱ᠌ᠢᠯᠲᠡ ᠬᠢᠵᠦ ᠪᠣᠯᠤᠨ᠎ᠠ᠃
      ᠲᠠᠪᠤᠳᠤᠭ᠋ᠠᠷ ᠵᠦᠢ᠍ᠯ   ᠡᠵᠡᠩᠨᠡᠨ ᠬᠤᠳᠠᠯᠳᠤᠭ᠋ᠠᠯᠠᠬᠤ ᠣᠷᠴᠢᠨ ᠨᠥᠬᠦᠴᠡᠯ᠎ᠤᠨ ᠦᠨᠡᠯᠡᠨ ᠵᠢᠱ᠌ᠢᠬᠦ ᠭᠦᠢ᠍ᠴᠡᠳᠬᠡᠯ ᠲᠣᠭ᠋ᠠᠨ᠎ᠤ ᠲᠣᠭᠲᠠᠯᠴᠠᠭ᠎ᠠ ᠵᠢ ᠪᠣᠯ ᠳᠡᠯᠡᠬᠡᠶ ᠵᠢᠨ ᠪᠠᠩᠬᠢ ᠪᠠ ᠳᠤᠮᠳᠠᠳᠤ ᠤᠯᠤᠰ᠎ᠤᠨ ᠡᠵᠡᠩᠨᠡᠨ ᠬᠤᠳᠠᠯᠳᠤᠭ᠋ᠠᠯᠠᠬᠤ ᠣᠷᠴᠢᠨ ᠨᠥᠬᠦᠴᠡᠯ᠎ᠳᠤ ᠦᠨᠡᠯᠡᠯᠲᠡ ᠬᠢᠬᠦ ᠭᠦᠢ᠍ᠴᠡᠳᠬᠡᠯ ᠲᠣᠭ᠋ᠠᠨ᠎ᠤ ᠲᠣᠭᠲᠠᠯᠴᠠᠭ᠎ᠠ ᠵᠢ᠎ᠨᠢ ᠦᠨᠳᠦᠰᠦᠯᠡᠨ ᠥᠪᠡᠷᠲᠡᠭᠡᠨ ᠵᠠᠰᠠᠬᠤ ᠣᠷᠣᠨ᠎ᠤ ᠪᠣᠳᠠᠲᠠᠶ᠎ᠲᠠᠢ ᠤᠶᠠᠯᠳᠤᠭᠤᠯᠤᠨ ᠪᠠᠶ᠋ᠢᠭᠤᠯᠵᠤ᠂ 4 ᠬᠡᠮᠵᠢᠯ᠂ 20 ᠵᠦᠢ᠍ᠯ᠎ᠤᠨ ᠨᠢᠭᠡᠳᠦᠭᠡᠷ ᠳᠡᠰ᠎ᠤᠨ ᠭᠦᠢ᠍ᠴᠡᠳᠬᠡᠯ ᠲᠤᠭ᠎ᠠ᠂ 92 ᠵᠦᠢ᠍ᠯ᠎ᠤᠨ ᠬᠤᠶᠠᠳᠤᠭ᠋ᠠᠷ ᠳᠡᠰ᠎ᠤᠨ ᠭᠦᠢ᠍ᠴᠡᠳᠬᠡᠯ ᠲᠤᠭ᠎ᠠ ᠭᠡᠵᠦ ᠬᠤᠪᠢᠶᠠᠨ᠎ᠠ᠃

      ᠭᠤᠷᠪᠠᠳᠤᠭ᠋ᠠᠷ ᠪᠦᠯᠦᠭ   ᠦᠨᠡᠯᠡᠨ ᠵᠢᠱ᠌ᠢᠬᠦ ᠠᠷᠭ᠎ᠠ
      ᠵᠢᠷᠭᠤᠳᠤᠭ᠋ᠠᠷ ᠵᠦᠢ᠍ᠯ   ᠡᠵᠡᠩᠨᠡᠨ ᠬᠤᠳᠠᠯᠳᠤᠭ᠋ᠠᠯᠠᠬᠤ ᠣᠷᠴᠢᠨ ᠨᠥᠬᠦᠴᠡᠯ᠎ᠢ ᠦᠨᠡᠯᠡᠨ ᠵᠢᠱ᠌ᠢᠬᠦ᠎ᠳᠤ ᠤᠯᠤᠰ᠎ᠤᠨ ᠬᠥᠭᠵᠢᠭᠦᠯᠦᠯᠲᠡ ᠪᠠ ᠥᠭᠡᠷᠡᠴᠢᠯᠡᠯᠲᠡ ᠵᠢᠨ ᠵᠥᠪᠯᠡᠯ᠎ᠤᠨ ᠵᠣᠬᠢᠶᠠᠨ ᠪᠠᠶ᠋ᠢᠭᠤᠯᠵᠤ ᠬᠡᠷᠡᠭᠵᠢᠭᠦᠯᠦᠭᠰᠡᠨ ᠳᠤᠮᠳᠠᠳᠤ ᠤᠯᠤᠰ᠎ᠤᠨ ᠡᠵᠡᠩᠨᠡᠨ ᠬᠤᠳᠠᠯᠳᠤᠭ᠋ᠠᠯᠠᠬᠤ ᠣᠷᠴᠢᠨ ᠨᠥᠬᠦᠴᠡᠯ᠎ᠢ ᠦᠨᠡᠯᠡᠬᠦ ᠠᠷᠭ᠎ᠠ᠎ᠪᠠᠷ ᠰᠠᠭᠤᠷᠢ ᠪᠣᠯᠭ᠋ᠠᠵᠤ᠂ ᠭᠤᠷᠪᠠᠳᠠᠬᠢ ᠡᠲᠡᠭᠡᠳ᠎ᠤᠨ ᠲᠤᠰᠬᠠᠶ ᠪᠠᠶ᠋ᠢᠭᠤᠯᠤᠮᠵᠢ᠎ᠳᠤ ᠨᠠᠶ᠋ᠢᠳᠠᠵᠤ ᠲᠤᠰᠠᠭ᠋ᠠᠷ ᠥᠷᠨᠢᠭᠦᠯᠦᠨ᠂ ᠢᠷᠡᠬᠦ ᠵᠢᠯ᠎ᠤᠨ ᠬᠢᠨᠢ 1 ᠳ᠋ᠣᠬᠡᠷ ᠰᠠᠷ᠎ᠠ ᠵᠢᠨ ᠰᠡᠭᠦᠯᠴᠢ᠎ᠠᠴᠠ ᠡᠮᠦᠨ᠎ᠡ ᠪᠡᠶᠡᠯᠡᠭᠦᠯᠬᠦ ᠵᠢᠨ ᠬᠠᠮᠲᠤ᠂ ᠪᠥᠬᠦ ᠣᠷᠣᠨ᠎ᠤ ᠡᠵᠡᠩᠨᠡᠨ ᠬᠤᠳᠠᠯᠳᠤᠭ᠋ᠠᠯᠠᠬᠤ ᠣᠷᠴᠢᠨ ᠨᠥᠬᠦᠴᠡᠯ᠎ᠢ ᠦᠨᠡᠯᠡᠵᠦ ᠵᠢᠱ᠌ᠢᠭᠰᠡᠨ ᠮᠡᠳᠡᠭᠦᠯᠦᠯᠲᠡ ᠵᠢ ᠨᠠᠶ᠋ᠢᠷᠠᠭᠤᠯᠤᠨ ᠵᠣᠬᠢᠶᠠᠬᠤ ᠬᠡᠷᠡᠭᠲᠡᠶ᠃
      ᠳᠣᠯᠣᠳᠤᠭ᠋ᠠᠷ ᠵᠦᠢ᠍ᠯ   ᠡᠵᠡᠩᠨᠡᠨ ᠬᠤᠳᠠᠯᠳᠤᠭ᠋ᠠᠯᠠᠬᠤ ᠣᠷᠴᠢᠨ ᠨᠥᠬᠦᠴᠡᠯ᠎ᠢ ᠦᠨᠡᠯᠡᠵᠦ ᠵᠢᠱ᠌ᠢᠭᠰᠡᠨ ᠳ᠋ᠠᠶ᠋ᠢᠲ᠋ᠠ᠎ᠳᠤ ᠠᠶ᠋ᠢᠮᠠᠭ᠎ᠤᠨ ᠵᠠᠬᠢᠷᠭ᠎ᠠ᠂ ᠲᠣᠭᠤᠷᠢᠭ ᠪᠠᠶ᠋ᠢᠭᠤᠯᠤᠭᠰᠠᠨ ᠬᠤᠲᠠ ᠵᠢᠨ ᠠᠷᠠᠳ᠎ᠤᠨ ᠵᠠᠰᠠᠭ᠎ᠤᠨ ᠣᠷᠳᠣᠨ ᠵᠢᠴᠢ ᠲᠡᠳᠡᠭᠡᠷ᠎ᠤᠨ ᠰᠠᠯᠠᠭ᠎ᠠ ᠮᠥᠴᠢᠷ᠎ᠤᠨ ᠳ᠋ᠠᠶ᠋ᠢᠲ᠋ᠠ ᠪᠠ ᠵᠠᠬ᠎ᠠ ᠳᠡᠯᠭᠡᠭᠦᠷ᠎ᠤᠨ ᠭᠤᠤᠯ ᠴᠣᠭᠴᠠ ᠵᠢᠨ ᠲᠠᠭ᠋ᠠᠰᠢᠶᠠᠯ᠎ᠤᠨ ᠪᠠᠶ᠋ᠢᠳᠠᠯ᠎ᠤᠨ ᠪᠠᠶ᠋ᠢᠴᠠᠭ᠋ᠠᠯᠲᠠ ᠵᠢᠨ ᠳ᠋ᠠᠶ᠋ᠢᠲ᠋ᠠ ᠵᠢ ᠪᠠᠭᠲᠠᠭ᠋ᠠᠬᠤ ᠬᠡᠷᠡᠭᠲᠡᠶ᠃
      ᠠᠶ᠋ᠢᠮᠠᠭ᠎ᠤᠨ ᠵᠠᠬᠢᠷᠭ᠎ᠠ᠂ ᠲᠣᠭᠤᠷᠢᠭ ᠪᠠᠶ᠋ᠢᠭᠤᠯᠤᠭᠰᠠᠨ ᠬᠤᠲᠠ ᠵᠢᠨ ᠠᠷᠠᠳ᠎ᠤᠨ ᠵᠠᠰᠠᠭ᠎ᠤᠨ ᠣᠷᠳᠣᠨ ᠵᠢᠴᠢ ᠲᠡᠳᠡᠭᠡᠷ᠎ᠤᠨ ᠰᠠᠯᠠᠭ᠎ᠠ ᠮᠥᠴᠢᠷ᠎ᠤᠨ ᠳ᠋ᠠᠶ᠋ᠢᠲ᠋ᠠ᠎ᠳᠤ ᠢᠯᠡ ᠪᠣᠯᠭ᠋ᠠᠭᠰᠠᠨ ᠳ᠋ᠠᠶ᠋ᠢᠲ᠋ᠠ ᠵᠢ᠎ᠨᠢ ᠵᠠᠳᠠᠯᠬᠤ᠂ ᠰᠢᠰᠲ᠋ᠧᠮ᠎ᠤᠨ ᠳ᠋ᠠᠶ᠋ᠢᠲ᠋ᠠ ᠵᠢ᠎ᠨᠢ ᠭᠠᠷᠭ᠋ᠠᠨ ᠠᠪᠬᠤ᠂ ᠪᠣᠳᠠᠲᠠᠶ ᠠᠵᠢᠯ ᠶᠠᠪᠤᠳᠠᠯ᠎ᠤᠨ ᠵᠢᠱ᠌ᠢᠶ᠎ᠡ᠂ ᠵᠢᠱ᠌ᠢᠶᠡᠯᠡᠭᠰᠡᠨ ᠠᠵᠢᠯ ᠶᠠᠪᠤᠳᠠᠯ᠎ᠤᠨ ᠵᠢᠱ᠌ᠢᠶ᠎ᠡ᠂ ᠥᠯᠢᠭᠡᠷ ᠪᠣᠯᠬᠤ ᠠᠵᠤ ᠠᠬᠤᠶ᠋ᠢᠯᠠᠯ᠂ ᠰᠦᠯᠵᠢᠶ᠎ᠡ᠎ᠪᠠᠷ ᠮᠠᠲ᠋ᠧᠷᠢᠶᠠᠯ ᠲᠤᠰᠢᠶᠠᠬᠤ ᠵᠡᠷᠭᠡ ᠠᠷᠭ᠎ᠠ ᠬᠡᠯᠪᠡᠷᠢ ᠵᠢ ᠬᠡᠷᠡᠭᠯᠡᠵᠦ ᠣᠯᠬᠤ ᠬᠡᠷᠡᠭᠲᠡᠶ᠃
      ᠵᠠᠬ᠎ᠠ ᠳᠡᠯᠭᠡᠭᠦᠷ᠎ᠤᠨ ᠭᠤᠤᠯ ᠴᠣᠭᠴᠠ ᠵᠢᠨ ᠲᠠᠭ᠋ᠠᠰᠢᠶᠠᠯ᠎ᠤᠨ ᠪᠠᠶ᠋ᠢᠳᠠᠯ᠎ᠤᠨ ᠪᠠᠶ᠋ᠢᠴᠠᠭ᠋ᠠᠯᠲᠠ ᠵᠢᠨ ᠳ᠋ᠠᠶ᠋ᠢᠲ᠋ᠠ ᠵᠢ ᠠᠰᠠᠭᠤᠯᠲᠠ ᠵᠢᠨ ᠬᠠᠭᠤᠳᠠᠰᠤ᠎ᠪᠠᠷ ᠪᠠᠶ᠋ᠢᠴᠠᠭ᠋ᠠᠬᠤ᠂ ᠲᠤᠬᠠᠶ ᠵᠢᠨ ᠭᠠᠵᠠᠷ᠎ᠲᠤ᠎ᠨᠢ ᠰᠤᠷᠪᠤᠯᠵᠢᠯᠠᠬᠤ᠂ ᠳᠠᠯᠳᠠᠭᠤᠷ ᠰᠤᠷᠪᠤᠯᠵᠢᠯᠠᠬᠤ ᠵᠡᠷᠭᠡ ᠠᠷᠭ᠎ᠠ ᠬᠡᠯᠪᠡᠷᠢ ᠵᠢ ᠬᠡᠷᠡᠭᠯᠡᠵᠦ ᠤᠯᠬᠤ ᠬᠡᠷᠡᠭᠲᠡᠶ᠃
      ᠡᠵᠡᠩᠨᠡᠨ ᠬᠤᠳᠠᠯᠳᠤᠭ᠋ᠠᠯᠠᠬᠤ ᠣᠷᠴᠢᠨ ᠨᠥᠬᠦᠴᠡᠯ᠎ᠢ ᠦᠨᠡᠯᠡᠨ ᠵᠢᠱ᠌ᠢᠬᠦ ᠭᠦᠢ᠍ᠴᠡᠳᠬᠡᠯ ᠲᠤᠭ᠎ᠠ᠂ ᠲᠦᠷᠢᠮ᠂ ᠪᠠᠷᠢᠮᠵᠢᠶ᠎ᠠ᠂ ᠠᠰᠠᠭᠤᠯᠲᠠ ᠵᠢᠨ ᠬᠠᠭᠤᠳᠠᠰᠤ ᠵᠡᠷᠭᠡ᠎ᠪᠠᠨ ᠤᠷᠢᠳᠴᠢᠯᠠᠨ ᠨᠡᠶ᠋ᠢᠭᠡᠮ᠎ᠳᠤ ᠢᠯᠡ ᠪᠣᠯᠭ᠋ᠠᠬᠤ ᠬᠡᠷᠡᠭᠲᠡᠶ᠃
      ᠨᠠᠢ᠌ᠮᠠᠳᠤᠭ᠋ᠠᠷ ᠵᠦᠢ᠍ᠯ   ᠵᠠᠬ᠎ᠠ ᠳᠡᠯᠭᠡᠭᠦᠷ᠎ᠤᠨ ᠭᠤᠤᠯ ᠴᠣᠭᠴᠠ᠎ᠨᠢ ᠦᠨᠡᠯᠡᠨ ᠵᠢᠱ᠌ᠢᠬᠦ ᠪᠠᠶ᠋ᠢᠴᠠᠭ᠋ᠠᠯᠲᠠ᠎ᠳᠤ ᠪᠡᠶ᠎ᠡ᠎ᠪᠠᠨ ᠳᠠᠭ᠋ᠠᠭ᠋ᠠᠨ ᠣᠷᠣᠯᠴᠠᠬᠤ ᠪᠠ ᠪᠠᠶ᠋ᠢᠳᠠᠯ ᠵᠶ᠋ᠠᠨ ᠲᠤᠰᠬᠠᠵᠤ ᠪᠣᠯᠤᠨ᠎ᠠ᠂ ᠦᠨᠡᠯᠡᠨ ᠵᠢᠱ᠌ᠢᠬᠦ᠎ᠳᠤ ᠣᠷᠣᠯᠴᠠᠭᠰᠠᠨ ᠣᠷᠣᠨ ᠨᠤᠲᠤᠭ᠎ᠨᠢ ᠭᠠᠷ ᠳᠦᠷᠦᠨ ᠬᠠᠮᠢᠶᠠᠷᠴᠤ ᠪᠣᠯᠬᠤ ᠥᠬᠡᠶ᠂ ᠵᠠᠬ᠎ᠠ ᠳᠡᠯᠭᠡᠭᠦᠷ᠎ᠤᠨ ᠭᠤᠤᠯ ᠴᠣᠭᠴᠠ ᠵᠢᠨ ᠬᠡᠪ᠎ᠤᠨ ᠦᠢ᠍ᠯᠡᠳᠪᠦᠷᠢᠯᠡᠯ ᠡᠵᠡᠩᠨᠡᠯᠲᠡ ᠵᠢ ᠨᠥᠯᠥᠭᠡᠯᠡᠵᠦ ᠪᠣᠯᠬᠤ ᠥᠬᠡᠶ᠃
      ᠶᠢᠰᠦᠳᠦᠭᠡᠷ ᠵᠦᠢ᠍ᠯ   ᠡᠵᠡᠩᠨᠡᠨ ᠬᠤᠳᠠᠯᠳᠤᠭ᠋ᠠᠯᠠᠬᠤ ᠣᠷᠴᠢᠨ ᠨᠥᠬᠦᠴᠡᠯ᠎ᠢ ᠦᠨᠡᠯᠡᠨ ᠵᠢᠱ᠌ᠢᠭᠡᠳ ᠣᠯᠤᠭᠰᠠᠨ ᠳ᠋ᠠᠶ᠋ᠢᠲ᠋ᠠ ᠵᠢ ᠭᠤᠷᠪᠠᠳᠠᠬᠢ ᠡᠲᠡᠭᠡᠳ᠎ᠤᠨ ᠲᠤᠰᠬᠠᠶ ᠪᠠᠶ᠋ᠢᠭᠤᠯᠤᠮᠵᠢ᠎ᠨᠢ ᠵᠠᠳᠠᠯᠤᠯᠲᠠ ᠵᠢᠨ ᠰᠢᠰᠲ᠋ᠧᠮ᠎ᠢ ᠬᠡᠷᠡᠭᠯᠡᠵᠦ ᠬᠠᠷᠭᠤᠭᠤᠯᠤᠨ ᠰᠢᠯᠭ᠋ᠠᠵᠤ᠂ ᠭᠦᠢ᠍ᠴᠡᠳᠬᠡᠬᠦ ᠭᠤᠭᠴᠤᠭ᠎ᠠ᠂ ᠴᠠᠭ ᠬᠤᠭᠤᠴᠠᠭ᠎ᠠ᠂ ᠥᠪᠡᠷ᠎ᠤᠨ ᠥᠷᠲᠡᠭ ᠵᠡᠷᠭᠡ ᠪᠠᠶ᠋ᠢᠳᠠᠯ᠎ᠳᠤ ᠪᠥᠬᠦ ᠬᠡᠯᠬᠢᠶᠡᠰᠦ᠎ᠪᠠᠷ ᠳᠠᠬᠢᠨᠲᠠ ᠬᠠᠷᠭᠤᠭᠤᠯᠤᠨ᠂ ᠰᠠᠯᠠᠭ᠎ᠠ ᠮᠥᠴᠢᠷ ᠪᠠ ᠠᠵᠤ ᠠᠬᠤᠶ᠋ᠢᠯᠠᠯ᠎ᠤᠨ ᠲᠠᠭᠯᠠᠵᠤ ᠮᠡᠳᠡᠭᠦᠯᠦᠭᠰᠡᠨ ᠳ᠋ᠠᠶ᠋ᠢᠲ᠋ᠠ ᠵᠢ ᠰᠣᠯᠪᠢᠴᠠᠨ ᠭᠡᠷᠡᠴᠢᠯᠡᠵᠦ᠂ ᠬᠡᠪ᠎ᠤᠨ ᠪᠤᠰᠤ ᠳ᠋ᠠᠶ᠋ᠢᠲ᠋ᠠ ᠵᠢ ᠠᠷᠢᠯᠭ᠋ᠠᠨ᠂ ᠳᠤᠲᠠᠭᠳᠠᠵᠤ ᠪᠠᠶ᠋ᠢᠭ᠎ᠠ ᠳ᠋ᠠᠶ᠋ᠢᠲ᠋ᠠ ᠵᠢ ᠨᠥᠬᠦᠪᠥᠷᠢᠯᠡᠵᠦ᠂ ᠪᠠᠶ᠋ᠢᠴᠠᠭ᠋ᠠᠯᠲᠠ ᠵᠢᠨ ᠳ᠋ᠠᠶ᠋ᠢᠲ᠋ᠠ ᠵᠢᠨ ᠦᠨᠡᠨ ᠪᠣᠳᠠᠲᠠᠶ ᠪᠥᠭᠡᠳ ᠪᠦᠷᠢᠨ ᠪᠦᠲᠦᠨ ᠪᠤᠰᠤᠳᠴᠢ ᠪᠠᠶ᠋ᠢᠬᠤ ᠪᠠ ᠦᠨᠡᠯᠡᠵᠦ ᠵᠢᠱ᠌ᠢᠭᠰᠡᠨ ᠦᠷ᠎ᠡ ᠳ᠋ᠦᠩ᠎ᠨᠢ ᠦᠨᠡᠨ᠎ᠢ ᠪᠠᠷᠢᠮᠲᠠᠯᠠᠭᠰᠠᠨ ᠪᠠᠶ᠋ᠢᠬᠤ ᠵᠢ ᠦᠨᠡᠨ ᠬᠦ᠌ ᠪᠠᠲᠤᠯᠠᠬᠤ ᠬᠡᠷᠡᠭᠲᠡᠢ᠃
      ᠠᠷᠪᠠᠳᠤᠭ᠋ᠠᠷ ᠵᠦᠢ᠍ᠯ   ᠡᠵᠡᠩᠨᠡᠨ ᠬᠤᠳᠠᠯᠳᠤᠭ᠋ᠠᠯᠠᠬᠤ ᠣᠷᠴᠢᠨ ᠨᠥᠬᠦᠴᠡᠯ᠎ᠢ ᠦᠨᠡᠯᠡᠨ ᠵᠢᠱ᠌ᠢᠵᠦ ᠬᠤᠪᠢ ᠲᠣᠭᠲᠠᠭ᠋ᠠᠬᠤ᠎ᠳᠤ ᠳᠡᠯᠡᠬᠡᠶ ᠵᠢᠨ ᠪᠠᠩᠬᠢ ᠵᠢᠨ ᠦᠨᠡᠯᠡᠯᠲᠡ ᠪᠠ ᠳᠤᠮᠳᠠᠳᠤ ᠤᠯᠤᠰ᠎ᠤᠨ ᠡᠵᠡᠩᠨᠡᠨ ᠬᠤᠳᠠᠯᠳᠤᠭ᠋ᠠᠯᠠᠬᠤ ᠣᠷᠴᠢᠨ ᠨᠥᠬᠦᠴᠡᠯ᠎ᠤᠨ ᠦᠨᠡᠯᠡᠯᠲᠡ ᠵᠢᠨ ᠲᠡᠷᠢᠭᠦᠨ ᠪᠠᠶ᠋ᠢᠷᠢ ᠵᠢᠨ ᠵᠠᠶ᠎ᠪᠠᠷ ᠬᠤᠪᠢ ᠣᠯᠭᠤᠬᠤ ᠠᠷᠭ᠎ᠠ ᠵᠢ ᠬᠡᠷᠡᠭᠯᠡᠨ᠎ᠡ᠂ ᠬᠤᠪᠢ ᠤᠯᠬᠤ ᠬᠡᠪᠴᠢᠶ᠎ᠡ᠎ᠨᠢ 0 — 100 ᠬᠤᠪᠢ ᠪᠣᠯᠤᠨ᠎ᠠ᠃ ᠵᠦᠢ᠍ᠯ ᠪᠦᠷᠢ ᠵᠢᠨ ᠬᠤᠶᠠᠳᠤᠭ᠋ᠠᠷ ᠳᠡᠰ᠎ᠤᠨ ᠭᠦᠢ᠍ᠴᠡᠳᠬᠡᠯ ᠲᠣᠭ᠋ᠠᠨ᠎ᠤ ᠢᠯᠡᠷᠡᠯ᠎ᠨᠢ ᠬᠠᠮᠤᠭ᠎ᠤᠨ ᠰᠢᠯᠢᠳᠡᠭ ᠪᠣᠯᠬᠤ ᠲᠡᠷᠢᠭᠦᠨ ᠪᠠᠶ᠋ᠢᠷᠢ ᠵᠢᠨ ᠠᠶ᠋ᠢᠮᠠᠭ ᠬᠤᠲᠠ᠎ᠨᠢ 100 ᠬᠤᠪᠢ ᠣᠯᠵᠤ᠂ ᠪᠤᠰᠤᠳ ᠠᠶ᠋ᠢᠮᠠᠭ ᠬᠤᠲᠠ ᠵᠢᠨ ᠣᠯᠬᠤ ᠬᠤᠪᠢ ᠵᠢ᠎ᠨᠢ ᠣᠯᠬᠤ ᠬᠤᠪᠢ ᠬᠢᠭᠡᠳ ᠲᠡᠷᠢᠭᠦᠨ ᠪᠠᠶ᠋ᠢᠷᠢ ᠵᠢᠨ ᠬᠡᠮᠵᠢᠭᠳᠡᠯ᠎ᠤᠨ ᠵᠥᠷᠢᠶ᠎ᠡ ᠵᠢ ᠦᠨᠳᠦᠰᠦᠯᠡᠨ ᠪᠣᠳᠣᠵᠤ ᠣᠯᠭᠤᠨ᠎ᠠ᠃ ᠬᠤᠶᠠᠳᠤᠭ᠋ᠠᠷ ᠳᠡᠰ᠎ᠤᠨ ᠪᠥᠬᠦ ᠭᠦᠢ᠍ᠴᠡᠳᠬᠡᠯ ᠲᠣᠭ᠋ᠠᠨ᠎ᠤ ᠣᠯᠬᠤ ᠬᠤᠪᠢ᠎ᠳᠤ ᠨᠢᠭᠡᠳᠦᠭᠡᠷ ᠳᠡᠰ᠎ᠤᠨ ᠭᠦᠢ᠍ᠴᠡᠳᠬᠡᠯ ᠲᠣᠭ᠋ᠠᠨ᠎ᠤ ᠣᠯᠬᠤ ᠬᠤᠪᠢ ᠵᠢ ᠲᠤᠤᠬᠠᠶ᠋ᠢᠯᠠᠨ ᠪᠤᠳᠤᠵᠤ᠂ ᠨᠢᠭᠡᠳᠦᠭᠡᠷ ᠳᠡᠰ᠎ᠤᠨ ᠪᠥᠬᠦ ᠭᠦᠢ᠍ᠴᠡᠳᠬᠡᠯ ᠲᠣᠭ᠋ᠠᠨ᠎ᠤ ᠣᠯᠬᠤ ᠬᠤᠪᠢ ᠵᠢ ᠳᠤᠤᠬᠠᠶ᠋ᠢᠯᠠᠨ ᠪᠣᠳᠣᠭ᠋ᠠᠳ ᠠᠶ᠋ᠢᠮᠠᠭ ᠬᠤᠲᠠ ᠵᠢᠨ ᠡᠵᠡᠩᠨᠡᠨ ᠬᠤᠳᠠᠯᠳᠤᠭ᠋ᠠᠯᠠᠬᠤ ᠣᠷᠴᠢᠨ ᠨᠥᠬᠦᠴᠡᠯ᠎ᠢ ᠦᠨᠡᠯᠡᠵᠦ ᠵᠢᠱ᠌ᠢᠭᠰᠡᠨ ᠶᠡᠷᠦᠩᠬᠡᠶ ᠬᠤᠪᠢ ᠪᠣᠯᠭ᠋ᠠᠵᠤ᠂ ᠡᠵᠡᠩᠨᠡᠨ ᠬᠤᠳᠠᠯᠳᠤᠭ᠋ᠠᠯᠠᠬᠤ ᠣᠷᠴᠢᠨ ᠨᠥᠬᠦᠴᠡᠯ᠎ᠤᠨ ᠨᠡᠷᠡᠰ᠎ᠢ ᠵᠢᠭᠰᠠᠭ᠋ᠠᠬᠤ ᠦᠨᠳᠦᠰᠦᠯᠡᠯ ᠪᠣᠯᠭ᠋ᠠᠨ᠎ᠠ᠃

      ᠳᠥᠷᠪᠡᠳᠦᠭᠡᠷ ᠪᠦᠯᠦᠭ   ᠦᠷ᠎ᠡ ᠳ᠋ᠦᠩ᠎ᠢ ᠬᠡᠷᠡᠭᠯᠡᠬᠦ
      ᠠᠷᠪᠠᠨ ᠨᠢᠭᠡᠳᠦᠭᠡᠷ ᠵᠦᠢ᠍ᠯ   ᠡᠵᠡᠩᠨᠡᠨ ᠬᠤᠳᠠᠯᠳᠤᠭ᠋ᠠᠯᠠᠬᠤ ᠣᠷᠴᠢᠨ ᠨᠥᠬᠦᠴᠡᠯ᠎ᠢ ᠦᠨᠡᠯᠡᠨ ᠵᠢᠱ᠌ᠢᠬᠦ ᠠᠵᠢᠯ᠎ᠢ ᠥᠪᠡᠷᠲᠡᠭᠡᠨ ᠵᠠᠰᠠᠬᠤ ᠣᠷᠣᠨ᠎ᠠᠴᠠ ᠠᠶ᠋ᠢᠮᠠᠭ ᠬᠤᠲᠠ ᠵᠢᠨ ᠠᠮᠵᠢᠯᠲᠠ ᠪᠦᠲᠦᠮᠵᠢ ᠵᠢ ᠰᠢᠯᠭ᠋ᠠᠨ ᠬᠢᠨᠠᠬᠤ ᠭᠦᠢ᠍ᠴᠡᠳᠬᠡᠯ ᠲᠣᠭ᠋ᠠᠨ᠎ᠤ ᠲᠣᠭᠲᠠᠯᠴᠠᠭ᠎ᠠ᠎ᠳᠤ ᠣᠷᠣᠭᠤᠯᠵᠤ᠂ ᠦᠷ᠎ᠡ ᠳ᠋ᠦᠩ᠎ᠢ᠎ᠨᠢ ᠠᠶ᠋ᠢᠮᠠᠭ ᠬᠤᠲᠠ ᠵᠢᠨ ᠡᠵᠡᠩᠨᠡᠨ ᠬᠤᠳᠠᠯᠳᠤᠭ᠋ᠠᠯᠠᠬᠤ ᠠᠵᠢᠯ᠎ᠤᠨ ᠲᠥᠬᠦᠮ ᠦᠵᠡᠭᠦᠯᠬᠦ ᠪᠠᠷᠢᠮᠵᠢᠶᠠᠯᠠᠯ ᠪᠣᠯᠭ᠋ᠠᠨ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠤᠷᠢᠶᠠᠨ᠎ᠤ ᠺᠠᠳ᠋ᠷ᠎ᠢ ᠰᠢᠯᠭ᠋ᠠᠨ ᠬᠢᠨᠠᠬᠤ ᠠᠵᠢᠯ᠎ᠤᠨ ᠤᠳᠤᠷᠢᠳᠬᠤ ᠳᠤᠭᠤᠶ᠋ᠢᠯᠠᠩ᠎ᠠᠴᠠ ᠨᠢᠭᠡᠳᠦᠯᠲᠡᠶ ᠳᠣᠭᠢᠷᠠᠭᠤᠯᠵᠤ᠂ ᠪᠣᠳᠠᠲᠠᠶ ᠠᠵᠢᠯ᠎ᠢ ᠥᠪᠡᠷᠲᠡᠭᠡᠨ ᠵᠠᠰᠠᠬᠤ ᠣᠷᠣᠨ᠎ᠤ ᠬᠥᠭᠵᠢᠭᠦᠯᠦᠯᠲᠡ ᠪᠠ ᠥᠭᠡᠷᠡᠴᠢᠯᠡᠯᠲᠡ ᠵᠢᠨ ᠵᠥᠪᠯᠡᠯ ᠲᠦᠷᠦᠭᠦᠯᠡᠨ ᠵᠣᠬᠢᠶᠠᠨ ᠪᠠᠶ᠋ᠢᠭᠤᠯᠵᠤ ᠬᠡᠷᠡᠭᠵᠢᠭᠦᠯᠬᠦ ᠬᠡᠷᠡᠭᠲᠡᠢ᠃ ᠬᠤᠰᠢᠭᠤ ᠰᠢᠶᠠᠨ (ᠬᠤᠲᠠ᠂ ᠲᠣᠭᠤᠷᠢᠭ)᠂ ᠨᠡᠭᠡᠭᠡᠯᠲᠡ ᠬᠢᠬᠦ ᠲᠣᠭᠤᠷᠢᠭ᠂ ᠲᠤᠷᠰᠢᠯᠲᠠ ᠵᠢᠨ ᠲᠣᠭᠤᠷᠢᠭ᠎ᠤᠨ ᠦᠨᠡᠯᠡᠨ ᠵᠢᠱ᠌ᠢᠭᠰᠡᠨ ᠦᠷ᠎ᠡ ᠳ᠋ᠦᠩ᠎ᠢ᠎ᠨᠢ ᠡᠵᠡᠩᠨᠡᠨ ᠬᠤᠳᠠᠯᠳᠤᠭ᠋ᠠᠯᠠᠬᠤ ᠣᠷᠴᠢᠨ ᠨᠥᠬᠦᠴᠡᠯ᠎ᠢ ᠰᠢᠯᠢᠳᠡᠭᠵᠢᠭᠦᠯᠬᠦ᠎ᠳᠤ ᠰᠠᠨᠠᠭᠤᠯᠭ᠎ᠠ ᠥᠭᠬᠦ ᠵᠢᠨ ᠯᠠᠪᠯᠠᠯᠲᠠ ᠪᠣᠯᠭ᠋ᠠᠨ᠎ᠠ᠂ ᠠᠮᠵᠢᠯᠲᠠ ᠪᠦᠲᠦᠮᠵᠢ ᠵᠢ᠎ᠨᠢ ᠰᠢᠯᠭ᠋ᠠᠨ ᠬᠢᠨᠠᠬᠤ ᠠᠵᠢᠯ ᠪᠣᠯᠭ᠋ᠠᠬᠤ ᠬᠡᠷᠡᠭ ᠥᠬᠡᠶ᠃ ᠦᠨᠡᠯᠡᠵᠦ ᠵᠢᠱ᠌ᠢᠭᠰᠡᠨ ᠦᠷ᠎ᠡ ᠳ᠋ᠦᠩ᠎ᠢ᠎ᠨᠢ ᠵᠣᠬᠢᠰᠲᠠᠶ ᠠᠷᠭ᠎ᠠ ᠬᠡᠯᠪᠡᠷᠢ᠎ᠪᠠᠷ ᠨᠡᠶ᠋ᠢᠲᠡᠯᠡᠬᠦ ᠪᠤᠶᠤ ᠨᠡᠪᠲᠡᠷᠡᠭᠦᠯᠬᠦ ᠬᠡᠷᠡᠭᠲᠡᠶ᠃
      ᠠᠷᠪᠠᠨ ᠬᠤᠶᠠᠳᠤᠭ᠋ᠠᠷ ᠵᠦᠢ᠍ᠯ   ᠡᠵᠡᠩᠨᠡᠨ ᠬᠤᠳᠠᠯᠳᠤᠭ᠋ᠠᠯᠠᠬᠤ ᠣᠷᠴᠢᠨ ᠨᠥᠬᠦᠴᠡᠯ᠎ᠢ ᠦᠨᠡᠯᠡᠨ ᠵᠢᠱ᠌ᠢᠬᠦ᠎ᠳᠤ ᠲᠤᠰᠬᠠᠭᠰᠠᠨ ᠠᠰᠠᠭᠤᠳᠠᠯ᠎ᠢ ᠪᠥᠬᠦ ᠲᠠᠯ᠎ᠠ᠎ᠪᠠᠷ ᠡᠮᠬᠢᠯᠡᠨ ᠲᠢᠭᠯᠡᠵᠦ᠂ ᠥᠪᠡᠷᠮᠢᠴᠡ ᠴᠢᠨᠠᠷᠲᠠᠶ ᠠᠰᠠᠭᠤᠳᠠᠯ᠎ᠢ ᠴᠠᠭ ᠲᠤᠬᠠᠶ᠎ᠳᠤ᠎ᠨᠢ ᠡᠯ᠎ᠡ ᠭᠠᠵᠠᠷ ᠣᠷᠣᠨ᠎ᠳᠤ ᠬᠠᠷᠢᠭᠤ ᠲᠤᠰᠬᠠᠵᠤ ᠴᠡᠭᠴᠡᠯᠡᠨ ᠰᠠᠶ᠋ᠢᠵᠢᠷᠠᠭᠤᠯᠵᠤ᠂ ᠨᠡᠶ᠋ᠢᠲᠡᠯᠢᠭ ᠴᠢᠨᠠᠷᠲᠠᠶ ᠠᠰᠠᠭᠤᠳᠠᠯ᠎ᠢ ᠥᠪᠡᠷᠲᠡᠭᠡᠨ ᠵᠠᠰᠠᠬᠤ ᠣᠷᠣᠨ᠎ᠤ ᠬᠤᠯᠪᠣᠭᠳᠠᠯ ᠪᠥᠬᠦᠶ ᠰᠠᠯᠠᠭ᠎ᠠ ᠮᠥᠴᠢᠷ᠎ᠲᠠᠢ ᠬᠠᠮᠵᠢᠯᠴᠠᠨ ᠪᠠᠶ᠋ᠢᠵᠤ ᠰᠢᠯᠢᠳᠡᠭᠵᠢᠭᠦᠯᠬᠦ ᠰᠠᠨᠠᠭᠤᠯᠭ᠎ᠠ ᠳᠤᠷᠠᠳᠴᠤ᠂ ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ᠎ᠤᠨ ᠦᠨᠡᠯᠡᠨ ᠵᠢᠱ᠌ᠢᠬᠦ᠎ᠪᠠᠷ ᠥᠭᠡᠷᠡᠴᠢᠯᠡᠨ ᠰᠠᠶ᠋ᠢᠵᠢᠷᠠᠭᠤᠯᠬᠤ ᠵᠢ ᠠᠬᠢᠭᠤᠯᠬᠤ ᠪᠠ ᠳᠤᠲᠠᠭᠤᠳᠠᠯ ᠵᠶ᠋ᠠᠨ ᠭᠦᠢ᠍ᠴᠡᠳ ᠨᠥᠬᠦᠪᠦᠷᠢᠯᠡᠬᠦ ᠵᠢ᠎ᠨᠢ ᠠᠬᠢᠭᠤᠯᠬᠤ ᠬᠡᠷᠡᠭᠲᠡᠶ᠃
      ᠠᠷᠪᠠᠨ ᠭᠤᠷᠪᠠᠳᠤᠭ᠋ᠠᠷ ᠵᠦᠢ᠍ᠯ   ᠡᠵᠡᠩᠨᠡᠨ ᠬᠤᠳᠠᠯᠳᠤᠭ᠋ᠠᠯᠠᠬᠤ ᠣᠷᠴᠢᠨ ᠨᠥᠬᠦᠴᠡᠯ᠎ᠢ ᠦᠨᠡᠯᠡᠨ ᠵᠢᠱ᠌ᠢᠬᠦ᠎ᠳᠤ ᠡᠯ᠎ᠡ ᠭᠠᠵᠠᠷ ᠣᠷᠣᠨ᠎ᠤ ᠡᠵᠡᠩᠨᠡᠨ ᠬᠤᠳᠠᠯᠳᠤᠭ᠋ᠠᠯᠠᠬᠤ ᠣᠷᠴᠢᠨ ᠨᠥᠬᠦᠴᠡᠯ ᠵᠶ᠋ᠠᠨ ᠰᠢᠯᠢᠳᠡᠭᠵᠢᠭᠦᠯᠦᠭᠰᠡᠨ ᠲᠡᠷᠢᠭᠦᠨ᠎ᠤ ᠲᠤᠷᠰᠢᠯᠭ᠎ᠠ ᠪᠠ ᠰᠢᠨ᠎ᠡ ᠵᠢ ᠡᠭᠦᠳᠦᠭᠰᠡᠨ ᠦᠢ᠍ᠯᠡᠳᠦᠯᠭᠡ᠎ᠳᠤ ᠳ᠋ᠦᠩᠨᠡᠯᠲᠡ ᠬᠢᠬᠦ ᠵᠢ᠎ᠨᠢ ᠠᠩᠬᠠᠷᠤᠨ ᠴᠢᠬᠤᠯᠠᠴᠢᠯᠠᠵᠤ᠂ ᠡᠵᠡᠩᠨᠡᠨ ᠬᠤᠳᠠᠯᠳᠤᠭ᠋ᠠᠯᠠᠬᠤ ᠣᠷᠴᠢᠨ ᠨᠥᠬᠦᠴᠡᠯ᠎ᠤᠨ ᠰᠢᠯᠢᠳᠡᠭ ᠨᠡᠶ᠋ᠢᠲᠡᠯᠢᠭ ᠵᠢᠱ᠌ᠢᠶ᠎ᠡ ᠪᠣᠯᠭ᠋ᠠᠵᠤ ᠵᠢᠷᠤᠮᠯᠠᠨ ᠳᠠᠭ᠋ᠠᠵᠤ ᠳᠡᠯᠭᠡᠷᠡᠭᠦᠯᠦᠨ᠂ ᠨᠠᠩ ᠣᠯᠠᠨ ᠭᠠᠵᠠᠷ ᠣᠷᠣᠨ᠎ᠤ ᠦᠨᠡᠯᠡᠨ ᠵᠢᠱ᠌ᠢᠬᠦ᠎ᠪᠠᠷ ᠰᠢᠯᠢᠳᠡᠭᠵᠢᠭᠦᠯᠬᠦ ᠵᠢ ᠠᠬᠢᠭᠤᠯᠬᠤ ᠪᠠ ᠥᠭᠡᠷᠡᠴᠢᠯᠡᠯᠲᠡ ᠬᠢᠵᠦ ᠰᠢᠨ᠎ᠡ ᠵᠢ ᠡᠭᠦᠳᠬᠦ ᠵᠢ᠎ᠨᠢ ᠵᠦᠢ ᠵᠣᠬᠢᠰᠲᠠᠶ ᠬᠥᠲᠥᠯᠥᠨ ᠵᠢᠯᠣᠭᠤᠳᠬᠤ ᠬᠡᠷᠡᠭᠲᠡᠶ᠃ ᠦᠨᠡᠯᠡᠨ ᠵᠢᠱ᠌ᠢᠬᠦ ᠠᠵᠢᠯ᠎ᠤᠨ ᠬᠥᠲᠥᠯᠥᠨ ᠵᠢᠯᠣᠭᠤᠳᠬᠤ ᠪᠠ ᠰᠢᠮᠳᠠᠭᠤᠯᠤᠨ ᠠᠬᠢᠭᠤᠯᠬᠤ ᠦᠢ᠍ᠯᠡᠳᠦᠯ᠎ᠢ ᠴᠢᠬᠤᠯᠠᠴᠢᠯᠠᠨ ᠪᠠᠳᠠᠷᠠᠭᠤᠯᠵᠤ᠂ ᠪᠣᠳᠠᠲᠤ ᠦᠷ᠎ᠡ ᠪᠦᠲᠦᠮᠵᠢ᠎ᠲᠠᠢ ᠪᠣᠯᠬᠤ ᠵᠢ ᠡᠷᠬᠢᠮᠯᠡᠨ᠂ 《ᠨᠡᠷᠡᠰ᠎ᠲᠤ ᠵᠢᠭᠰᠠᠭ᠋ᠠᠭᠳᠠᠬᠤ ᠵᠢ ᠯᠠ ᠬᠥᠭᠡᠭᠡᠴᠡᠯᠳᠦᠬᠦ ᠣᠨᠣᠯ》᠎ᠢ ᠡᠷᠡᠰ ᠠᠷᠢᠯᠭ᠋ᠠᠬᠤ ᠬᠡᠷᠡᠭᠲᠡᠶ᠃
      ᠠᠷᠪᠠᠨ ᠳᠥᠷᠪᠡᠳᠦᠭᠡᠷ ᠵᠦᠢ᠍ᠯ   ᠡᠵᠡᠩᠨᠡᠨ ᠬᠤᠳᠠᠯᠳᠤᠭ᠋ᠠᠯᠠᠬᠤ ᠣᠷᠴᠢᠨ ᠨᠥᠬᠦᠴᠡᠯ᠎ᠢ ᠦᠨᠡᠯᠡᠨ ᠵᠢᠱ᠌ᠢᠬᠦ᠎ᠳᠤ ᠳᠤᠮᠳᠠᠳᠤ ᠤᠯᠤᠰ᠎ᠤᠨ ᠡᠵᠡᠩᠨᠡᠨ ᠬᠤᠳᠠᠯᠳᠤᠭ᠋ᠠᠯᠠᠬᠤ ᠣᠷᠴᠢᠨ ᠨᠥᠬᠦᠴᠡᠯ᠎ᠤᠨ ᠦᠨᠡᠯᠡᠯᠲᠡ ᠵᠢᠨ ᠬᠠᠮᠤᠭ᠎ᠤᠨ ᠰᠠᠶ᠋ᠢᠨ ᠵᠢᠱ᠌ᠢᠶ᠎ᠡ᠂ ᠬᠠᠮᠤᠭ᠎ᠤᠨ ᠰᠢᠯᠢᠳᠡᠭ ᠭᠦᠢ᠍ᠴᠡᠳᠬᠡᠯ ᠲᠤᠭ᠎ᠠ᠎ᠪᠠᠷ ᠲᠡᠷᠢᠭᠦᠨ ᠪᠠᠶ᠋ᠢᠷᠢ ᠵᠢᠨ ᠬᠡᠪ ᠳᠠᠭᠤᠷᠢᠶᠠᠯ ᠪᠣᠯᠭ᠋ᠠᠵᠤ᠂ ᠥᠪᠡᠷᠲᠡᠭᠡᠨ ᠵᠠᠰᠠᠬᠤ ᠣᠷᠣᠨ᠎ᠤ ᠵᠥᠷᠢᠶ᠎ᠡ ᠪᠠ ᠬᠦᠷᠦᠯᠴᠡᠬᠦ ᠥᠬᠡᠶ ᠲᠠᠯ᠎ᠠ ᠵᠢ ᠭᠦᠨᠵᠡᠭᠡᠶ ᠵᠠᠳᠠᠯᠵᠤ᠂ ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ᠎ᠢ ᠵᠢᠭ᠋ᠠᠨ ᠵᠢᠯᠣᠭᠤᠳᠴᠤ ᠪᠠᠶ᠋ᠢᠭ᠋ᠠᠳ ᠲᠡᠷᠢᠭᠦᠨ᠎ᠤ ᠬᠢᠷᠢ ᠲᠦᠪᠰᠢᠨ᠎ᠲᠠᠢ ᠪᠠᠷᠢᠮᠵᠢᠶᠠᠯᠠᠨ ᠬᠠᠷᠢᠴᠠᠭᠤᠯᠵᠤ᠂ ᠳᠠᠪᠠᠯᠲᠠ᠎ᠲᠠᠢ ᠲ᠋ᠡᠭᠡᠭᠰᠢᠯᠡᠬᠦ ᠵᠢ ᠪᠡᠶᠡᠯᠡᠭᠦᠯᠬᠦ᠎ᠪᠠᠷ ᠰᠤᠳᠤᠯᠵᠤ ᠰᠦᠪᠡᠭᠴᠢᠯᠡᠬᠦ ᠬᠡᠷᠡᠭᠲᠡᠶ᠃
      ᠲᠠᠪᠤᠳᠤᠭ᠋ᠠᠷ ᠪᠦᠯᠦᠭ   ᠬᠡᠷᠡᠭᠵᠢᠭᠦᠯᠬᠦ ᠪᠠᠲᠤᠯᠠᠭ᠎ᠠ
      ᠠᠷᠪᠠᠨ ᠲᠠᠪᠤᠳᠤᠭ᠋ᠠᠷ ᠵᠦᠢ᠍ᠯ   ᠠᠶ᠋ᠢᠮᠠᠭ᠎ᠤᠨ ᠵᠠᠬᠢᠷᠭ᠎ᠠ᠂ ᠲᠣᠭᠤᠷᠢᠭ ᠪᠠᠶ᠋ᠢᠭᠤᠯᠤᠭᠰᠠᠨ ᠬᠤᠲᠠ ᠵᠢᠨ ᠠᠷᠠᠳ᠎ᠤᠨ ᠵᠠᠰᠠᠭ᠎ᠤᠨ ᠣᠷᠳᠣᠨ᠎ᠨᠢ ᠲᠣᠰ ᠭᠠᠵᠠᠷ ᠣᠷᠣᠨ᠎ᠤ᠎ᠪᠠᠨ ᠡᠵᠡᠩᠨᠡᠨ ᠬᠤᠳᠠᠯᠳᠤᠭ᠋ᠠᠯᠠᠬᠤ ᠣᠷᠴᠢᠨ ᠨᠥᠬᠦᠴᠡᠯ᠎ᠢ ᠰᠢᠯᠢᠳᠡᠭᠵᠢᠭᠦᠯᠬᠦ ᠭᠤᠤᠯ ᠴᠣᠭᠴᠠ ᠵᠢᠨ ᠬᠠᠷᠢᠭᠤᠴᠠᠯᠭ᠎ᠠ ᠵᠢ ᠡᠭᠦᠷᠭᠡᠯᠡᠵᠦ᠂ ᠦᠨᠡᠯᠡᠨ ᠵᠢᠱ᠌ᠢᠬᠦ᠎ᠳᠤ ᠣᠷᠣᠯᠴᠠᠬᠤ ᠠᠵᠢᠯ᠎ᠤᠨ ᠲᠣᠭᠲᠠᠴᠠ ᠵᠢ ᠪᠠᠶ᠋ᠢᠭᠤᠯᠤᠨ ᠪᠦᠷᠢᠨᠰᠢᠭᠦᠯᠵᠦ᠂ ᠥᠪᠡᠷᠲᠡᠭᠡᠨ ᠵᠠᠰᠠᠬᠤ ᠣᠷᠣᠨ᠎ᠤ ᠡᠵᠡᠩᠨᠡᠨ ᠬᠤᠳᠠᠯᠳᠤᠭ᠋ᠠᠯᠠᠬᠤ ᠣᠷᠴᠢᠨ
ᠨᠥᠬᠦᠴᠡᠯ᠎ᠢ ᠦᠨᠡᠯᠡᠨ ᠵᠢᠱ᠌ᠢᠬᠦ ᠠᠵᠢᠯ᠎ᠢ ᠬᠠᠮᠲᠤ᠎ᠪᠠᠷ ᠰᠠᠶ᠋ᠢᠲᠤᠷ ᠬᠢᠬᠦ ᠬᠡᠷᠡᠭᠲᠡᠶ᠃ ᠠᠶ᠋ᠢᠮᠠᠭ ᠬᠤᠲᠠ ᠵᠢᠴᠢ ᠲᠡᠳᠡᠭᠡᠷ᠎ᠠᠴᠠ ᠳᠣᠷᠣᠭᠰᠢᠬᠢ ᠠᠷᠠᠳ᠎ᠤᠨ ᠵᠠᠰᠠᠭ᠎ᠤᠨ ᠣᠷᠳᠣᠨ᠎ᠨᠢ ᠡᠵᠡᠩᠨᠡᠨ ᠬᠤᠳᠠᠯᠳᠤᠭ᠋ᠠᠯᠠᠬᠤ ᠣᠷᠴᠢᠨ ᠨᠥᠬᠦᠴᠡᠯ᠎ᠢ ᠦᠨᠡᠯᠡᠨ ᠵᠢᠱ᠌ᠢᠬᠦ (ᠦᠨᠡᠯᠡᠯᠲᠡ ᠬᠢᠬᠦ) ᠠᠵᠢᠯ᠎ᠢ ᠳᠠᠭᠢᠵᠤ ᠥᠷᠨᠢᠭᠦᠯᠬᠦ ᠥᠬᠡᠶ᠃
      ᠠᠷᠪᠠᠨ ᠵᠢᠷᠭᠤᠳᠤᠭ᠋ᠠᠷ ᠵᠦᠢ᠍ᠯ   ᠥᠪᠡᠷᠲᠡᠭᠡᠨ ᠵᠠᠰᠠᠬᠤ ᠣᠷᠣᠨ᠎ᠤ ᠡᠳ᠋᠎ᠤᠨ ᠵᠠᠰᠠᠭ᠎ᠨᠢ ᠭᠤᠷᠪᠠᠳᠠᠬᠢ ᠡᠲᠡᠭᠡᠳ᠎ᠤᠨ ᠲᠤᠰᠬᠠᠶ ᠪᠠᠶ᠋ᠢᠭᠤᠯᠤᠮᠵᠢ᠎ᠳᠤ ᠨᠠᠶ᠋ᠢᠳᠠᠵᠤ ᠡᠵᠡᠩᠨᠡᠨ ᠬᠤᠳᠠᠯᠳᠤᠭ᠋ᠠᠯᠠᠬᠤ ᠣᠷᠴᠢᠨ ᠨᠦᠭᠦᠴᠡᠯ᠎ᠢ ᠦᠨᠡᠯᠡᠨ ᠵᠢᠱ᠌ᠢᠬᠦ ᠬᠠᠮᠢᠶ᠎ᠠ ᠪᠥᠬᠦᠶ ᠵᠠᠷᠤᠳᠠᠯ ᠵᠶ᠋ᠠᠨ ᠡᠳ᠋᠎ᠤᠨ ᠵᠠᠰᠠᠭ᠎ᠤᠨ ᠰᠠᠯᠠᠭ᠎ᠠ ᠮᠥᠴᠢᠷ᠎ᠤᠨ ᠣᠨ᠎ᠤ ᠲᠥᠰᠦᠪ᠎ᠲᠤ ᠣᠷᠣᠭᠤᠯᠬᠤ ᠬᠡᠷᠡᠭᠲᠡᠶ᠃
      ᠠᠷᠪᠠᠨ ᠳᠣᠯᠣᠳᠤᠭ᠋ᠠᠷ ᠵᠦᠢ᠍ᠯ   ᠭᠤᠷᠪᠠᠳᠠᠬᠢ ᠡᠲᠡᠭᠡᠳ᠎ᠤᠨ ᠲᠤᠰᠬᠠᠢ ᠪᠠᠶ᠋ᠢᠭᠤᠯᠤᠮᠵᠢ᠎ᠳᠤ ᠨᠠᠶ᠋ᠢᠳᠠᠬᠤ᠎ᠳᠤ᠎ᠪᠠᠨ ᠵᠠᠰᠠᠭ᠎ᠤᠨ ᠣᠷᠳᠣᠨ᠎ᠤ ᠬᠤᠳᠠᠯᠳᠤᠨ ᠠᠪᠬᠤ ᠵᠡᠷᠭᠡ ᠬᠤᠯᠪᠣᠭᠳᠠᠯ ᠪᠦᠬᠦᠢ ᠲᠣᠭᠲᠠᠭ᠋ᠠᠯ᠎ᠢ ᠴᠢᠩᠭ᠎ᠠ ᠵᠢᠷᠤᠮᠯᠠᠵᠤ᠂ ᠢᠯᠡ᠎ᠪᠠᠷ ᠳᠠᠭ᠋ᠠᠭ᠋ᠠᠴᠢᠯᠠᠯᠲᠠ ᠵᠠᠷᠯᠠᠬᠤ ᠬᠡᠯᠪᠡᠷᠢ ᠵᠢ ᠬᠡᠷᠡᠭᠯᠡᠵᠦ ᠶᠠᠪᠤᠭᠳᠠᠭᠤᠯᠬᠤ ᠬᠡᠷᠡᠭᠲᠡᠢ᠃
      ᠠᠷᠪᠠᠨ ᠨᠠᠢ᠌ᠮᠠᠳᠤᠭ᠋ᠠᠷ ᠵᠦᠢ᠍ᠯ   ᠭᠤᠷᠪᠠᠳᠠᠬᠢ ᠡᠲᠡᠭᠡᠳ᠎ᠤᠨ ᠲᠤᠰᠬᠠᠶ ᠪᠠᠶ᠋ᠢᠭᠤᠯᠤᠮᠵᠢ᠎ᠨᠢ ᠬᠠᠮᠢᠶ᠎ᠠ ᠪᠦᠬᠦᠢ ᠬᠦᠷᠢᠶ᠎ᠡ ᠴᠠᠷᠠᠭ᠋ᠠᠨ᠎ᠤ ᠲᠠᠯ᠎ᠠ᠎ᠪᠠᠷ᠎ᠬᠢ ᠠᠵᠢᠯ᠎ᠤᠨ ᠲ᠋ᠤᠷᠰᠢᠯᠭ᠎ᠠ᠎ᠲᠠᠢ᠂ ᠨᠡᠯᠢᠶᠡᠳ ᠴᠢᠩᠭ᠎ᠠ ᠲᠤᠰᠬᠠᠶ ᠮᠡᠷᠭᠡᠵᠢᠯ᠎ᠤᠨ ᠪᠦᠯᠬᠦᠮ ᠪᠠ ᠵᠣᠬᠢᠶᠠᠨ ᠪᠠᠶ᠋ᠢᠭᠤᠯᠵᠤ ᠬᠡᠷᠡᠭᠵᠢᠭᠦᠯᠬᠦ ᠴᠢᠳᠠᠪᠤᠷᠢ᠎ᠲᠠᠢ ᠪᠠᠶ᠋ᠢᠵᠤ᠂ ᠦᠨᠡᠯᠡᠨ ᠵᠢᠱ᠌ᠢᠬᠦ᠎ᠳᠤ ᠪᠤᠰᠤᠳᠴᠢ ᠴᠢᠨᠠᠷ ᠪᠠ ᠦᠨᠡᠨ ᠪᠣᠳᠠᠲᠤ ᠴᠢᠨᠠᠷ᠎ᠲᠠᠢ ᠪᠠᠶ᠋ᠢᠬᠤ ᠵᠢ ᠦᠨᠡᠨ ᠬᠦ᠌ ᠪᠠᠲᠤᠯᠠᠵᠤ ᠴᠢᠳᠠᠬᠤ ᠬᠡᠷᠡᠭᠲᠡᠶ᠃
      ᠠᠷᠪᠠ ᠶᠢᠰᠦᠳᠦᠭᠡᠷ ᠵᠦᠢ᠍ᠯ   ᠶᠠᠮᠠᠷᠪᠠ ᠨᠢᠭᠡᠴᠢ ᠪᠠ ᠬᠤᠪᠢ ᠬᠥᠮᠦᠨ ᠭᠡᠳ ᠦᠨᠡᠯᠡᠵᠦ ᠵᠢᠱ᠌ᠢᠭᠰᠡᠨ ᠳ᠋ᠠᠶ᠋ᠢᠲ᠋ᠠ ᠵᠢ ᠠᠰᠢᠭᠯᠠᠨ ᠠᠰᠢᠭ ᠣᠯᠬᠤ ᠵᠢ ᠴᠢᠩᠭ᠎ᠠ ᠬᠤᠷᠢᠭᠯᠠᠬᠤ ᠬᠡᠷᠡᠭᠲᠡᠶ᠃ ᠭᠤᠷᠪᠠᠳᠠᠬᠢ ᠡᠲᠡᠭᠡᠳ᠎ᠤᠨ ᠲᠤᠰᠬᠠᠶ ᠪᠠᠶ᠋ᠢᠭᠤᠯᠤᠮᠵᠢ᠎ᠨᠢ ᠵᠠᠶ᠋ᠢᠯᠠᠬᠤ ᠳᠦᠷᠢᠮ᠎ᠢ ᠴᠢᠩᠭ᠎ᠠ ᠬᠡᠷᠡᠭᠵᠢᠭᠦᠯᠵᠦ᠂ ᠦᠨᠡᠯᠡᠨ ᠵᠢᠱ᠌ᠢᠬᠦ᠎ᠳᠤ ᠣᠷᠣᠯᠴᠠᠭᠰᠠᠨ ᠠᠶ᠋ᠢᠮᠠᠭ ᠬᠤᠲᠠ᠎ᠳᠤ ᠦᠨᠡᠯᠡᠯᠲᠡ ᠬᠢᠬᠦ ᠯᠠᠪᠯᠠᠭ᠎ᠠ᠂ ᠪᠣᠯᠪᠠᠰᠤᠷᠠᠯ᠂ ᠰᠡᠳᠦᠪ᠎ᠤᠨ ᠰᠤᠳᠤᠯᠤᠯ᠂ ᠮᠡᠳᠡᠭᠡ ᠵᠠᠩᠭᠢ ᠵᠢᠨ ᠰᠢᠰᠲ᠋ᠧᠮ᠎ᠤᠨ ᠪᠠᠶ᠋ᠢᠭᠤᠯᠤᠯᠲᠠ ᠵᠡᠷᠭᠡ ᠵᠠᠰᠠᠭ᠎ᠤᠨ ᠣᠷᠳᠣᠨ᠎ᠤ ᠡᠯ᠎ᠡ ᠲᠥᠷᠥᠯ᠎ᠤᠨ ᠬᠤᠳᠠᠯᠳᠤᠨ ᠠᠪᠬᠤ ᠲᠥᠷᠥᠯ ᠵᠦᠢ᠍ᠯ᠎ᠢ ᠶᠠᠮᠠᠷᠪᠠ ᠨᠡᠷ᠎ᠡ᠎ᠪᠠᠷ ᠳᠠᠭ᠋ᠠᠭ᠋ᠠᠨ ᠠᠪᠴᠤ ᠪᠣᠯᠬᠤ ᠦᠭᠡᠶ᠃ ᠦᠨᠡᠯᠡᠨ ᠵᠢᠱ᠌ᠢᠬᠦ᠎ᠳᠤ ᠣᠷᠣᠯᠴᠠᠭᠰᠠᠨ ᠠᠶ᠋ᠢᠮᠠᠭ ᠬᠤᠲᠠ᠎ᠨᠢ ᠭᠤᠷᠪᠠᠳᠠᠬᠢ ᠡᠲᠡᠭᠡᠳ᠎ᠤᠨ ᠲᠤᠰᠬᠠᠶ ᠪᠠᠶ᠋ᠢᠭᠤᠯᠤᠮᠵᠢ᠎ᠳᠤ ᠶᠠᠮᠠᠷᠪᠠ ᠬᠡᠯᠪᠡᠷᠢ᠎ᠪᠠᠷ ᠠᠰᠢᠭ ᠲᠤᠰᠠ ᠬᠦᠷᠭᠡᠵᠦ ᠪᠣᠯᠬᠤ
ᠥᠬᠡᠶ᠃
      ᠬᠤᠷᠢᠳᠤᠭ᠋ᠠᠷ ᠵᠦᠢ᠍ᠯ   ᠥᠪᠡᠷᠲᠡᠭᠡᠨ ᠵᠠᠰᠠᠬᠤ ᠣᠷᠣᠨ᠎ᠤ ᠬᠥᠭᠵᠢᠭᠦᠯᠦᠯᠲᠡ ᠪᠠ ᠥᠭᠡᠷᠡᠴᠢᠯᠡᠯᠲᠡ ᠵᠢᠨ ᠵᠥᠪᠯᠡᠯ᠎ᠨᠢ ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ᠎ᠲᠠᠢ ᠬᠠᠮᠵᠢᠯᠴᠠᠨ ᠥᠪᠡᠷᠲᠡᠭᠡᠨ ᠵᠠᠰᠠᠬᠤ ᠣᠷᠣᠨ᠎ᠤ ᠡᠵᠡᠩᠨᠡᠨ ᠬᠤᠳᠠᠯᠳᠤᠭ᠋ᠠᠯᠠᠬᠤ ᠣᠷᠴᠢᠨ ᠨᠥᠬᠦᠴᠡᠯ᠎ᠢ ᠦᠨᠡᠯᠡᠨ ᠵᠢᠱ᠌ᠢᠬᠦ ᠭᠦᠢ᠍ᠴᠡᠳᠬᠡᠯ ᠲᠣᠭ᠋ᠠᠨ᠎ᠤ ᠲᠣᠭᠲᠠᠯᠴᠠᠭ᠎ᠠ᠂ ᠠᠷᠭ᠎ᠠ ᠬᠡᠯᠪᠡᠷᠢ ᠪᠠ ᠠᠷᠭ᠎ᠠ ᠪᠠᠷᠢᠯ᠂ ᠲᠥᠷᠥ ᠵᠢᠨ ᠪᠣᠳᠣᠯᠭ᠎ᠠ ᠲᠦᠷᠢᠮ ᠵᠢᠴᠢ ᠰᠠᠬᠢᠯᠭ᠎ᠠ ᠪᠠᠲᠤ ᠵᠢᠨ ᠱᠠᠭ᠋ᠠᠷᠳᠠᠯᠭ᠎ᠠ ᠵᠢ ᠲᠠᠰᠤᠷᠠᠯᠲᠠ ᠥᠬᠡᠶ ᠲᠡᠭᠦᠯᠳᠡᠷᠵᠢᠭᠦᠯᠵᠦ᠂ ᠦᠨᠡᠯᠡᠨ ᠵᠢᠱ᠌ᠢᠬᠦ᠎ᠨᠢ ᠰᠢᠨᠵᠢᠯᠡᠬᠦ ᠤᠬᠠᠭ᠋ᠠᠨᠴᠢ ᠵᠦᠶ ᠵᠣᠬᠢᠰᠲᠠᠶ᠂ ᠠᠷᠭ᠎ᠠ ᠪᠠᠷᠢᠯ᠎ᠨᠢ ᠪᠠᠷᠢᠮᠵᠢᠶ᠎ᠠ ᠵᠢᠷᠤᠮᠵᠢᠯ᠎ᠲᠠᠢ᠂ ᠦᠷ᠎ᠡ ᠳ᠋ᠦᠩ᠎ᠨᠢ ᠪᠤᠰᠤᠳᠴᠢ ᠪᠥᠭᠡᠳ ᠲᠥᠪ ᠭᠤᠤᠯᠴᠢ ᠪᠠᠶ᠋ᠢᠬᠤ ᠵᠢ ᠦᠨᠡᠨ ᠬᠦ᠌ ᠪᠠᠲᠤᠯᠠᠬᠤ ᠬᠡᠷᠡᠭᠲᠡᠶ᠃ ᠦᠨᠡᠯᠡᠨ ᠵᠢᠱ᠌ᠢᠬᠦ ᠭᠦᠢ᠍ᠴᠡᠳᠬᠡᠯ ᠲᠣᠭ᠋ᠠᠨ᠎ᠤ ᠲᠣᠭᠲᠠᠯᠴᠠᠭ᠎ᠠ ᠵᠢ ᠳᠡᠯᠡᠬᠡᠶ ᠵᠢᠨ ᠪᠠᠩᠬᠢ ᠪᠠ ᠳᠤᠮᠳᠠᠳᠤ ᠤᠯᠤᠰ᠎ᠤᠨ ᠡᠵᠡᠩᠨᠡᠨ ᠬᠤᠳᠠᠯᠳᠤᠭ᠋ᠠᠯᠠᠬᠤ ᠣᠷᠴᠢᠨ ᠨᠥᠬᠦᠴᠡᠯ᠎ᠤᠨ ᠦᠨᠡᠯᠡᠯᠲᠡ ᠵᠢᠨ ᠭᠦᠢ᠍ᠴᠡᠳᠬᠡᠯ ᠲᠣᠭ᠋ᠠᠨ᠎ᠤ ᠲᠣᠭᠲᠠᠯᠴᠠᠭ᠎ᠠ ᠵᠢᠨ ᠬᠤᠪᠢᠷᠠᠯᠲᠠ ᠵᠢᠨ ᠪᠠᠶ᠋ᠢᠳᠠᠯ᠎ᠢ ᠦᠨᠳᠦᠰᠦᠯᠡᠨ ᠬᠥᠳᠡᠯᠦᠩᠭᠦᠶ᠎ᠪᠠᠷ ᠲᠣᠬᠢᠷᠠᠭᠤᠯᠬᠤ ᠬᠡᠷᠡᠭᠲᠡᠶ᠃
      ᠬᠤᠷᠢᠨ ᠨᠢᠭᠡᠳᠦᠭᠡᠷ ᠵᠦᠢ᠍ᠯ   ᠥᠪᠡᠷᠲᠡᠭᠡᠨ ᠵᠠᠰᠠᠬᠤ ᠣᠷᠣᠨ᠎ᠤ ᠬᠥᠭᠵᠢᠭᠦᠯᠦᠯᠲᠡ ᠪᠠ ᠥᠭᠡᠷᠡᠴᠢᠯᠡᠯᠲᠡ ᠵᠢᠨ ᠵᠥᠪᠯᠡᠯ᠎ᠨᠢ ᠡᠯ᠎ᠡ ᠵᠦᠢ᠍ᠯ᠎ᠤᠨ ᠭᠦᠢ᠍ᠴᠡᠳᠬᠡᠯ ᠲ᠋ᠣᠭ᠋ᠠᠨ᠎ᠤ ᠬᠠᠷᠢᠭᠤᠴᠠᠯᠭ᠎ᠠ᠎ᠲᠠᠢ ᠰᠠᠯᠠᠭ᠎ᠠ ᠮᠥᠴᠢᠷ᠎ᠯᠦᠭᠡ ᠬᠠᠮᠲᠤᠷᠠᠯᠴᠠᠨ᠂ ᠡᠵᠡᠩᠨᠡᠨ ᠬᠤᠳᠠᠯᠳᠤᠭ᠋ᠠᠯᠠᠬᠤ ᠣᠷᠴᠢᠨ ᠨᠥᠬᠦᠴᠡᠯ᠎ᠢ ᠦᠨᠡᠯᠡᠨ ᠵᠢᠱ᠌ᠢᠬᠦ᠎ᠳᠤ ᠪᠣᠯᠪᠠᠰᠤᠷᠠᠭᠤᠯᠵᠤ ᠵᠢᠭ᠋ᠠᠨ ᠵᠢᠯᠣᠭᠤᠳᠬᠤ ᠠᠵᠢᠯ᠎ᠢ ᠬᠠᠮᠲᠤ᠎ᠪᠠᠷ ᠰᠠᠶ᠋ᠢᠲᠤᠷ ᠬᠢᠵᠦ᠂ ᠡᠵᠡᠩᠨᠡᠨ ᠬᠤᠳᠠᠯᠳᠤᠭ᠋ᠠᠯᠠᠬᠤ ᠣᠷᠴᠢᠨ ᠨᠥᠬᠦᠴᠡᠯ᠎ᠤᠨ ᠦᠨᠡᠯᠡᠨ ᠵᠢᠱ᠌ᠢᠬᠦ ᠲᠣᠭ᠋ᠠᠵᠢᠭᠤᠯᠤᠭᠰᠠᠨ ᠲᠠᠪᠴᠠᠩ᠎ᠢ ᠰᠤᠳᠤᠯᠤᠨ ᠪᠠᠶ᠋ᠢᠭᠤᠯᠵᠤ᠂ ᠦᠨᠡᠯᠡᠨ ᠵᠢᠱ᠌ᠢᠵᠦ ᠵᠠᠳᠠᠯᠤᠯᠲᠠ ᠬᠢᠬᠦ ᠦᠷ᠎ᠡ ᠪᠦᠲᠦᠮᠵᠢ ᠪᠠ ᠶᠠᠰᠤ ᠴᠢᠨᠠᠷ᠎ᠢ ᠳᠡᠭᠡᠭᠰᠢᠯᠡᠭᠦᠯᠬᠦ ᠬᠡᠷᠡᠭᠲᠡᠶ᠃
      ᠬᠤᠷᠢᠨ ᠬᠤᠶᠠᠳᠤᠭ᠋ᠠᠷ ᠵᠦᠢ᠍ᠯ   ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ᠎ᠨᠢ ᠨᠡᠪᠲᠡᠷᠡᠯᠴᠡᠨ ᠣᠶ᠋ᠢᠯᠠᠭ᠋ᠠᠯᠴᠠᠵᠤ ᠬᠠᠷᠢᠭᠤ ᠲᠤᠰᠬᠠᠬᠤ ᠲᠣᠭᠲᠠᠴᠠ ᠵᠢ ᠪᠠᠶ᠋ᠢᠭᠤᠯᠵᠤ᠂ ᠦᠨᠡᠯᠡᠨ ᠵᠢᠱ᠌ᠢᠵᠦ ᠢᠯᠡᠷᠡᠭᠦᠯᠦᠭᠰᠡᠨ ᠠᠰᠠᠭᠤᠳᠠᠯ᠎ᠢ ᠬᠠᠮᠲᠤ᠎ᠪᠠᠷ ᠰᠤᠳᠤᠯᠤᠨ ᠰᠢᠢ᠍ᠳᠪᠦᠷᠢᠯᠡᠵᠦ᠂ ᠡᠯ᠎ᠡ ᠭᠠᠵᠠᠷ ᠣᠷᠣᠨ᠎ᠤ ᠡᠵᠡᠩᠨᠡᠨ ᠬᠤᠳᠠᠯᠳᠤᠭ᠋ᠠᠯᠠᠬᠤ ᠣᠷᠴᠢᠨ ᠨᠥᠬᠦᠴᠡᠯ ᠵᠶ᠋ᠠᠨ ᠰᠢᠯᠢᠳᠡᠭᠵᠢᠭᠦᠯᠦᠭᠰᠡᠨ ᠰᠢᠨ᠎ᠡ ᠡᠭᠦᠳᠦᠯᠲᠡ᠎ᠲᠠᠢ ᠦᠢ᠍ᠯᠡᠳᠦᠯᠭᠡ ᠵᠢ ᠳ᠋ᠦᠩᠨᠡᠨ ᠳᠡᠯᠭᠡᠷᠡᠭᠦᠯᠵᠦ᠂ ᠪᠥᠬᠦ ᠣᠷᠣᠨ᠎ᠤ ᠡᠵᠡᠩᠨᠡᠨ ᠬᠤᠳᠠᠯᠳᠤᠭ᠋ᠠᠯᠠᠬᠤ ᠣᠷᠴᠢᠨ ᠨᠥᠬᠦᠴᠡᠯ ᠵᠶ᠋ᠠᠨ ᠲᠠᠰᠤᠷᠠᠯᠲᠠ ᠥᠬᠡᠶ ᠰᠢᠯᠢᠳᠡᠭᠵᠢᠭᠦᠯᠬᠦ ᠵᠢ ᠠᠬᠢᠭᠤᠯᠬᠤ ᠬᠡᠷᠡᠭᠲᠡᠶ᠃
      ᠬᠤᠷᠢᠨ ᠭᠤᠷᠪᠠᠳᠤᠭ᠋ᠠᠷ ᠵᠦᠢ᠍ᠯ   ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ᠎ᠨᠢ ᠰᠣᠨᠢᠨ ᠮᠡᠳᠡᠭᠡ ᠨᠡᠶ᠋ᠢᠲᠡᠯᠡᠬᠦ ᠬᠤᠷᠠᠯ ᠬᠢᠬᠦ᠂ ᠵᠠᠭᠤᠴᠢᠯᠠᠭᠤᠷ᠎ᠤᠨ ᠲᠤᠰᠬᠠᠶ ᠪᠤᠯᠤᠩ ᠭᠠᠷᠭ᠋ᠠᠬᠤ ᠵᠡᠷᠭᠡ ᠬᠡᠯᠪᠡᠷᠢ ᠵᠢ ᠬᠡᠷᠡᠭᠯᠡᠨ᠂ ᠡᠵᠡᠩᠨᠡᠨ ᠬᠤᠳᠠᠯᠳᠤᠭ᠋ᠠᠯᠠᠬᠤ ᠣᠷᠴᠢᠨ ᠨᠥᠬᠦᠴᠡᠯ᠎ᠤᠨ ᠪᠠᠶ᠋ᠢᠭᠤᠯᠤᠯᠲᠠ ᠵᠢᠨ ᠨᠡᠶ᠋ᠢᠲᠡᠯᠢᠭ ᠲᠤᠷᠰᠢᠯᠭ᠎ᠠ ᠪᠠ ᠠᠵᠢᠯ᠎ᠤᠨ ᠠᠮᠵᠢᠯᠲᠠ ᠪᠦᠲᠦᠮᠵᠢ ᠵᠢ ᠶᠡᠭᠡ᠎ᠪᠠᠷ ᠤᠬᠠᠭᠤᠯᠵᠤ᠂ ᠡᠵᠡᠩᠨᠡᠨ ᠬᠤᠳᠠᠯᠳᠤᠭ᠋ᠠᠯᠠᠬᠤ ᠣᠷᠴᠢᠨ ᠨᠥᠬᠦᠴᠡᠯ᠎ᠢ ᠰᠢᠯᠢᠳᠡᠭᠵᠢᠭᠦᠯᠬᠦ ᠠᠵᠢᠯ᠎ᠳᠤ ᠪᠥᠬᠦ ᠨᠡᠶ᠋ᠢᠭᠡᠮ ᠵᠶ᠋ᠠᠷ ᠵᠶ᠋ᠠᠨ ᠠᠩᠬᠠᠷᠤᠯ ᠲᠠᠯᠪᠢᠬᠤ᠂ ᠣᠷᠣᠯᠴᠠᠬᠤ ᠪᠠ ᠳᠡᠮᠵᠢᠬᠦ ᠰᠠᠶ᠋ᠢᠨ ᠰᠠᠶ᠋ᠢᠬᠠᠨ ᠠᠭᠤᠷ ᠠᠮᠢᠰᠬᠤᠯ᠎ᠢ ᠪᠣᠶ ᠪᠣᠯᠭ᠋ᠠᠬᠤ ᠬᠡᠷᠡᠭᠲᠡᠶ᠃
      ᠬᠤᠷᠢᠨ ᠳᠥᠷᠪᠡᠳᠦᠭᠡᠷ ᠵᠦᠢ᠍ᠯ   ᠨᠡᠶ᠋ᠢᠭᠡᠮ᠎ᠤᠨ ᠪᠤᠰᠤᠳ ᠪᠠᠶ᠋ᠢᠭᠤᠯᠤᠮᠵᠢ ᠵᠢᠨ ᠥᠪᠡᠰᠦᠪᠡᠨ ᠦᠨᠡᠯᠡᠨ ᠵᠢᠱ᠌ᠢᠬᠦ (ᠦᠨᠡᠯᠡᠯᠲᠡ ᠬᠢᠬᠦ) ᠠᠵᠢᠯ᠎ᠢ ᠥᠷᠨᠢᠭᠦᠯᠦᠭᠡᠳ ᠵᠢᠭᠰᠠᠭ᠋ᠠᠭᠰᠠᠨ ᠨᠡᠷᠡᠰ᠎ᠤᠨ ᠬᠤᠯᠪᠣᠭᠳᠠᠯ ᠪᠥᠬᠦᠶ ᠮᠡᠳᠡᠭᠡ ᠵᠠᠩᠭᠢ᠎ᠪᠠᠨ ᠳᠤᠷ᠎ᠠ᠎ᠪᠠᠷ ᠨᠡᠶ᠋ᠢᠲᠡᠯᠡᠵᠦ ᠪᠣᠯᠬᠤ ᠥᠬᠡᠶ᠃

      ᠵᠢᠷᠭᠤᠳᠤᠭ᠋ᠠᠷ ᠪᠦᠯᠦᠭ   ᠳᠠᠭ᠋ᠠᠯᠳᠤᠭᠤᠯᠤᠯ ᠳᠦᠷᠢᠮ
      ᠬᠤᠷᠢᠨ ᠲᠠᠪᠤᠳᠤᠭ᠋ᠠᠷ ᠵᠦᠢ᠍ᠯ   ᠲᠤᠰ ᠠᠷᠭ᠎ᠠ ᠵᠢ ᠳᠠᠷᠤᠮᠠᠯᠯᠠᠨ ᠶᠠᠪᠤᠭᠤᠯᠤᠭᠰᠠᠨ ᠡᠳᠦᠷ᠎ᠠᠴᠠ ᠡᠬᠢᠯᠡᠨ ᠬᠡᠷᠡᠭᠵᠢᠭᠦᠯᠦᠨ᠎ᠡ᠃

      ᠳᠠᠭ᠋ᠠᠯᠳᠤᠭᠤᠯᠤᠯ᠄ 1. ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠡᠵᠡᠩᠨᠡᠨ ᠬᠤᠳᠠᠯᠳᠤᠭ᠋ᠠᠯᠠᠬᠤ ᠣᠷᠴᠢᠨ ᠨᠥᠬᠦᠴᠡᠯ᠎ᠢ ᠦᠨᠡᠯᠡᠨ ᠵᠢᠱ᠌ᠢᠬᠦ ᠭᠦᠢ᠍ᠴᠡᠳᠬᠡᠯ ᠲᠣᠭ᠋ᠠᠨ᠎ᠤ ᠲᠣᠭᠲᠠᠯᠴᠠᠭ᠎ᠠ 2. ᠡᠵᠡᠩᠨᠡᠨ ᠬᠤᠳᠠᠯᠳᠤᠭ᠋ᠠᠯᠠᠬᠤ ᠣᠷᠴᠢᠨ ᠨᠥᠬᠦᠴᠡᠯ᠎ᠢ ᠦᠨᠡᠯᠡᠨ ᠵᠢᠱ᠌ᠢᠵᠦ ᠬᠤᠪᠢ ᠲᠣᠭᠲᠠᠭ᠋ᠠᠨ ᠪᠤᠳᠤᠬᠤ ᠲᠣᠮᠢᠶ᠎ᠠ
      ᠲᠠᠭ᠋ᠠᠯᠳᠤᠭᠤᠯᠤᠯ 2
      ᠡᠵᠡᠩᠨᠡᠨ ᠬᠤᠳᠠᠯᠳᠤᠭ᠋ᠠᠯᠠᠬᠤ ᠤᠷᠴᠢᠨ ᠨᠦᠬᠦᠴᠡᠯ᠎ᠢ ᠦᠨᠡᠯᠡᠨ ᠵᠢᠱ᠌ᠢᠵᠦ ᠬᠤᠪᠢ ᠲᠤᠭᠳᠠᠭ᠋ᠠᠬᠤ ᠪᠤᠳᠤᠬᠤ ᠲᠤᠮᠢᠶ᠎ᠠ
      ᠡᠶᠡᠷᠬᠦ ᠴᠢᠭᠯᠡᠯ᠎ᠤᠨ ᠬᠦᠢ᠍ᠴᠡᠳᠬᠡᠯ ᠲᠤᠭ᠋ᠠᠨ᠎ᠤ ᠲᠡᠷᠢᠬᠦᠨ ᠪᠠᠶ᠋ᠢᠷᠢ ᠵᠢᠨ ᠵᠠᠢ ᠵᠢᠨ ᠠᠷᠭ᠎ᠠ ᠵᠢᠨ ᠲᠤᠮᠢᠶ᠎ᠠ᠄ Rij=R-RminRmax-Rmin ×100
      ᠰᠦᠬᠡᠷᠬᠦ ᠴᠢᠭᠯᠡᠯ᠎ᠤᠨ ᠬᠦᠢ᠍ᠴᠡᠳᠬᠡᠯ ᠲᠤᠭ᠋ᠠᠨ᠎ᠤ ᠲᠡᠷᠢᠬᠦᠨ ᠪᠠᠶ᠋ᠢᠷᠢ ᠵᠢᠨ ᠵᠠᠢ ᠵᠢᠨ ᠠᠷᠭ᠎ᠠ ᠵᠢᠨ ᠲᠤᠮᠢᠶ᠎ᠠ᠄ Rij=Rmax-RRmax-Rmin ×100
     ( Rij᠄ ᠬᠦᠢ᠍ᠴᠡᠳᠬᠡᠯ ᠲᠤᠭ᠋ᠠᠨ᠎ᠤ ᠲᠡᠷᠢᠬᠦᠨ ᠪᠠᠶ᠋ᠢᠷᠢ ᠵᠢᠨ ᠵᠠᠢ᠎ᠳᠤ ᠤᠯᠭᠤᠭᠰᠠᠨ ᠬᠤᠪᠢ; R᠄ ᠦᠨᠡᠯᠡᠨ ᠵᠢᠱ᠌ᠢᠬᠦ ᠬᠦᠢ᠍ᠴᠡᠳᠬᠡᠯ ᠲᠤᠭ᠋ᠠᠨ᠎ᠤ ᠳ᠋ᠠᠶ᠋ᠢᠲ᠋ᠠ;Rmin᠄ ᠦᠨᠡᠯᠡᠨ ᠵᠢᠱ᠌ᠢᠬᠦ ᠬᠦᠢ᠍ᠴᠡᠳᠬᠡᠯ ᠲᠤᠭ᠋ᠠᠨ᠎ᠤ ᠳ᠋ᠠᠶ᠋ᠢᠲ᠋ᠠ᠎ᠳᠠᠬᠢ ᠬᠠᠮᠤᠭ᠎ᠤᠨ ᠪᠠᠭ᠎ᠠ ᠬᠡᠮᠵᠢᠭᠳᠡᠯ; Rmax᠄ ᠦᠨᠡᠯᠡᠨ ᠵᠢᠱ᠌ᠢᠬᠦ ᠬᠦᠢ᠍ᠴᠡᠳᠬᠡᠯ ᠲᠤᠭ᠋ᠠᠨ᠎ᠤ ᠳ᠋ᠠᠶ᠋ᠢᠲ᠋ᠠ᠎ᠳᠠᠬᠢ ᠬᠠᠮᠤᠭ᠎ᠤᠨ ᠶᠡᠭᠡ ᠬᠡᠮᠵᠢᠭᠳᠡᠯ)
      ᠡᠶᠡᠷᠬᠦ ᠴᠢᠭᠯᠡᠯ᠎ᠤᠨ ᠬᠦᠢ᠍ᠴᠡᠳᠬᠡᠯ ᠲᠤᠭ᠎ᠠ᠄ ᠲᠦᠬᠦᠮ ᠦᠵᠡᠬᠦᠯᠬᠦ ᠪᠠᠷᠢᠮᠵᠢᠶᠠᠯᠠᠯ᠂ ᠢᠯᠡ ᠲᠤᠳᠤ ᠵᠢᠨ ᠪᠠᠶ᠋ᠢᠳᠠᠯ᠂ ᠶᠠᠰᠤ ᠴᠢᠨᠠᠷ᠎ᠤᠨ ᠬᠦᠢ᠍ᠴᠡᠳᠬᠡᠯ ᠲᠤᠭ᠎ᠠ ᠵᠡᠷᠬᠡ ᠲᠤᠭ᠎ᠠ ᠬᠡᠮᠵᠢᠭᠳᠡᠯ᠎ᠨᠢ ᠶᠡᠭᠡ ᠪᠤᠯᠬᠤ ᠲᠤᠳᠤᠮ ᠵᠶ᠋ᠠᠨ ᠢᠯᠡᠷᠡᠯ᠎ᠨᠢ ᠤᠯᠠᠮ ᠰᠠᠶ᠋ᠢᠨ ᠪᠤᠯᠬᠤ ᠬᠦᠢ᠍ᠴᠡᠳᠬᠡᠯ ᠲᠤᠭ᠎ᠠ᠃
      ᠰᠦᠬᠡᠷᠬᠦ ᠴᠢᠭᠯᠡᠯ᠎ᠤᠨ ᠬᠦᠢ᠍ᠴᠡᠳᠬᠡᠯ ᠲᠤᠭ᠎ᠠ᠄ ᠬᠡᠷᠡᠭᠰᠡᠬᠦ ᠴᠠᠭ᠂ ᠭᠤᠬ᠍ᠴᠤᠭ᠎ᠠ᠂ ᠦᠪᠡᠷ᠎ᠤᠨ ᠦᠷᠳᠡᠭ᠂ ᠰᠦᠢ᠍ᠳᠬᠡᠯ ᠵᠡᠷᠬᠡ ᠲᠤᠭ᠎ᠠ ᠬᠡᠮᠵᠢᠭᠳᠡᠯ᠎ᠨᠢ ᠶᠡᠭᠡ ᠪᠤᠯᠬᠤ ᠲᠤᠳᠤᠮ ᠵᠶ᠋ᠠᠨ ᠢᠯᠡᠷᠡᠯ᠎ᠨᠢ ᠤᠯᠠᠮ ᠠᠨᠠᠢ ᠪᠤᠯᠬᠤ ᠬᠦᠢ᠍ᠴᠡᠳᠬᠡᠯ ᠲᠤᠭ᠎ᠠ᠃
      ᠤᠯᠤᠬᠰᠠᠨ ᠬᠤᠪᠢ᠄ 100 ᠬᠤᠪᠢ ᠪᠤᠯ ᠦᠨᠡᠯᠡᠨ ᠵᠢᠱ᠌ᠢᠬᠦ᠎ᠳᠤ ᠤᠷᠤᠯᠴᠠᠬᠰᠠᠨ ᠭᠠᠵᠠᠷ ᠤᠷᠤᠨ᠎ᠤ ᠬᠠᠮᠤᠭ᠎ᠤᠨ ᠰᠠᠶ᠋ᠢᠨ ᠬᠢᠷᠢ ᠲᠦᠪᠰᠢᠨ (ᠲᠡᠷᠢᠬᠦᠨ ᠪᠠᠶ᠋ᠢᠷᠢ)᠎ᠳᠤ ᠪᠠᠶ᠋ᠢᠬᠤ ᠵᠢ ᠢᠯᠡᠳᠬᠡᠨ᠎ᠠ; 0 ᠬᠤᠪᠢ ᠪᠤᠯ ᠦᠨᠡᠯᠡᠨ ᠵᠢᠱ᠌ᠢᠬᠦ᠎ᠳᠤ ᠤᠷᠤᠯᠴᠠᠬᠰᠠᠨ ᠭᠠᠵᠠᠷ ᠤᠷᠤᠨ᠎ᠤ ᠬᠠᠮᠤᠭ᠎ᠤᠨ ᠠᠨᠠᠢ ᠬᠢᠷᠢ ᠲᠦᠪᠰᠢᠨ᠎ᠳᠤ ᠪᠠᠶ᠋ᠢᠬᠤ ᠵᠢ ᠢᠯᠡᠳᠬᠡᠨ᠎ᠠ᠂ ᠡᠨᠡ᠎ᠨᠢ ᠦᠨᠡᠯᠡᠨ ᠵᠢᠱ᠌ᠢᠬᠦ ᠠᠵᠢᠯ ᠦᠷᠨᠢᠬᠦᠯᠦᠭᠰᠡᠨ ᠦᠬᠡᠢ ᠬᠡᠰᠡᠨ ᠶᠠᠪᠤᠳᠠᠯ ᠪᠢᠰᠢ; ᠬᠤᠪᠢ ᠵᠢᠨ ᠬᠡᠮᠵᠢᠭᠳᠡᠯ᠎ᠨᠢ ᠶᠡᠭᠡ ᠪᠤᠯᠬᠤ ᠲᠤᠳᠤᠮ ᠵᠶ᠋ᠠᠨ ᠲᠤᠰ ᠭᠠᠵᠠᠷ ᠤᠷᠤᠨ ᠬᠢᠬᠡᠳ ᠬᠠᠮᠤᠭ᠎ᠤᠨ ᠰᠢᠯᠢᠳᠡᠭ ᠬᠢᠷᠢ ᠲᠦᠪᠰᠢᠨ᠎ᠤ ᠬᠤᠭᠤᠷᠤᠨᠳᠤᠬᠢ ᠵᠦᠷᠢᠶ᠎ᠠ᠎ᠨᠢ ᠤᠯᠠᠮ ᠪᠠᠭ᠎ᠠ ᠪᠤᠯᠤᠨ᠎ᠠ᠃

ᠢᠷᠡᠯᠲᠡ᠄
          
ᠬᠠᠮᠢᠶ᠎ᠡ ᠪᠦᠬᠦᠢ ᠰᠣᠨᠢᠨ
ᠤᠯᠠᠭ᠋ᠠᠨᠬᠤᠸᠠ ᠪᠠᠯᠭ᠋ᠠᠰᠤ ᠵᠢ ᠳᠥᠷᠪᠡᠳ ᠬᠣᠰᠢᠭᠤᠨ᠎ᠤ ᠴᠡᠭᠲᠦ ᠬᠡᠯᠪᠡᠷᠢ᠎ᠪᠠᠷ ᠨᠡᠭᠡᠭᠡᠨ ᠬᠥᠭᠵᠢᠭᠦᠯᠬᠦ ᠬᠤᠲᠠ ᠪᠠᠯᠭ᠋ᠠᠰᠤᠨ᠎ᠤ ᠨᠡᠷᠡᠰ᠎ᠲᠤ ᠣᠷᠣᠭᠤᠯᠬᠤ ᠵᠢ ᠵᠥᠪᠰᠢᠶᠡᠷᠡᠬᠦ ᠲᠤᠬᠠᠢ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠬᠠᠷᠢᠭᠤ ᠴᠣᠬᠣᠯᠲᠠ
ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠤᠰᠤᠨ ᠱᠢᠨᠵᠢᠯᠡᠭᠡᠨ ᠤᠰᠤᠨ᠎ᠤ ᠡᠬᠢ ᠰᠤᠷᠪᠤᠯᠵᠢ᠎ᠶ᠋ᠢᠨ ᠲᠥᠪ᠎ᠦᠨ ᠳᠠᠭᠠᠭᠠᠴᠢᠯᠠᠯᠲᠠ ᠵᠠᠷᠯᠠᠬᠤ᠎ᠶ᠋ᠢ ᠣᠷᠣᠯᠠᠬᠤ ᠪᠠᠢᠭᠤᠯᠤᠮᠵᠢ᠎ᠶ᠋ᠢᠨ ᠢᠯᠡ᠎ᠪᠡᠷ ᠠᠳᠠᠯᠢᠳᠭᠠᠨ ᠰᠣᠩᠭᠣᠬᠤ ᠠᠯᠪᠠᠨ ᠵᠠᠷ
《2024 ᠣᠨ᠎ᠤ ᠮᠤᠵᠢ ᠵᠢᠨ ᠱᠠᠲᠤᠨ᠎ᠤ ᠬᠢᠨᠠᠨ ᠬᠡᠮᠵᠢᠯᠲᠡ ᠵᠢᠨ ᠣᠷᠣᠨ ᠪᠦᠰᠡ ᠵᠢᠨ ᠤᠰᠤ ᠰᠢᠷᠤᠢ ᠵᠢᠨ ᠢᠳᠡᠭᠳᠡᠯ᠎ᠢ ᠬᠥᠳᠡᠯᠦᠩᠭᠦᠶ᠎ᠪᠠᠷ ᠬᠢᠨᠠᠨ ᠬᠡᠮᠵᠢᠬᠦ ᠠᠯᠤᠰ ᠮᠡᠳᠡᠷᠡᠮᠵᠢ ᠵᠢ ᠵᠠᠳᠠᠯᠤᠨ ᠣᠷᠴᠢᠭᠤᠯᠬᠤ ᠪᠠ ᠳ᠋ᠦᠩᠨᠡᠨ ᠵᠠᠳᠠᠯᠬᠤ》 ᠵᠢᠨ ᠳᠠᠭ᠋ᠠᠭ᠋ᠠᠴᠢᠯᠠᠯᠲᠠ ᠵᠠᠷᠯᠠᠬᠤ ᠵᠢ ᠣᠷᠣᠯᠠᠬᠤ ᠪᠠᠶ᠋ᠢᠭᠤᠯᠤᠮᠵᠢ ᠵᠢᠨ ᠢᠯᠡ᠎ᠪᠠᠷ ᠬᠠᠷᠢᠴᠠᠭᠤᠯᠤᠨ ᠰᠣᠩᠭᠤᠬᠤ ᠠᠯᠪᠠᠨ ᠵᠠᠷ
ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠤᠰᠤ ᠭᠠᠩ᠎ᠤᠨ ᠭᠠᠮᠰᠢᠭ᠎ᠢ ᠰᠡᠷᠭᠡᠶ᠋ᠢᠯᠡᠬᠦ ᠮᠡᠷᠭᠡᠵᠢᠯ᠎ᠤᠨ ᠲᠥᠪ᠎ᠤᠨ ᠳᠠᠭ᠋ᠠᠭ᠋ᠠᠴᠢᠯᠠᠯᠲᠠ ᠵᠠᠷᠯᠠᠬᠤ ᠵᠢ ᠣᠷᠣᠯᠠᠬᠤ ᠪᠠᠶ᠋ᠢᠭᠤᠯᠤᠮᠵᠢ ᠵᠢᠨ ᠢᠯᠡ᠎ᠪᠠᠷ ᠠᠳᠠᠯᠢᠳᠬᠠᠨ ᠰᠣᠩᠭᠣᠬᠤ ᠠᠯᠪᠠᠨ ᠵᠠᠷ
2024 ᠣᠨ᠎ᠤ ᠠᠩᠬᠠᠳᠤᠭ᠋ᠠᠷ ᠪᠦᠯᠦᠭ ᠤᠰᠤᠨ ᠠᠰᠢᠭᠯᠠᠯᠲᠠ ᠤᠰᠤᠨ ᠴᠠᠬᠢᠯᠭ᠋ᠠᠨ᠎ᠤ ᠢᠨᠵᠧᠨᠧᠷᠢᠩ᠎ᠤᠨ ᠪᠠᠷᠢᠯᠭ᠎ᠠ ᠵᠢᠨ ᠠᠵᠤ ᠠᠬᠤᠶ᠋ᠢᠯᠠᠯ᠎ᠤᠨ ᠭᠤᠤᠯ ᠬᠠᠷᠢᠭᠤᠴᠠᠯᠭ᠋ᠠᠲᠠᠨ᠂ ᠲᠦᠰᠦᠯ᠎ᠤᠨ ᠬᠠᠷᠢᠭᠤᠴᠠᠯᠭ᠋ᠠᠲᠠᠨ ᠪᠠ ᠲᠤᠰᠬᠠᠶ ᠲᠤᠰᠢᠶᠠᠯᠲᠤ ᠠᠶᠤᠯᠭᠦᠶ ᠦᠢ᠍ᠯᠡᠳᠪᠦᠷᠢᠯᠡᠯ᠎ᠤᠨ ᠬᠠᠮᠢᠶᠠᠷᠤᠯᠲᠠ ᠵᠢᠨ ᠠᠵᠢᠯᠲᠠᠨ᠎ᠤ ᠠᠶᠤᠯᠭᠦᠶ ᠦᠢ᠍ᠯᠡᠳᠪᠦᠷᠢᠯᠡᠯ᠎ᠤᠨ ᠰᠢᠯᠭ᠋ᠠᠯᠲᠠ ᠵᠢᠴᠢ ᠨᠡᠷ᠎ᠡ ᠮᠡᠳᠡᠭᠦᠯᠬᠦ ᠲᠤᠬᠠᠶ ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠤᠰᠤᠨ ᠠᠰᠢᠭᠯᠠᠯᠲᠠ ᠵᠢᠨ ᠲᠢᠩᠬᠢᠮ᠎ᠤᠨ ᠮᠡᠳᠡᠭᠳᠡᠯ
 
            