ᠥᠪᠥᠷ ᠵᠠᠰᠠᠭ ᠠᠯᠪᠠᠨ ᠲᠠᠷᠬᠠᠭ᠋ᠠᠭᠰᠠᠨ [2021] 2 ᠳ᠋ᠤᠭ᠋ᠠᠷ ᠲᠣᠭ᠋ᠠᠲᠤ
2021 ᠣᠨ᠎ᠤ 6 ᠳ᠋ᠤᠭ᠋ᠠᠷ ᠰᠠᠷ᠎ᠠ ᠵᠢᠨ 11᠎ᠤ ᠡᠳᠦᠷ ᠡᠯ᠎ᠡ ᠠᠢ᠌ᠮᠠᠭ᠎ᠤᠨ ᠵᠠᠬᠢᠷᠭ᠎ᠠ᠂ ᠬᠤᠲᠠ ᠵᠢᠨ ᠠᠷᠠᠳ᠎ᠤᠨ ᠵᠠᠰᠠᠭ᠎ᠤᠨ ᠣᠷᠳᠣᠨ᠂ ᠥᠪᠡᠷᠲᠡᠭᠡᠨ ᠵᠠᠰᠠᠬᠤ ᠣᠷᠣᠨ᠎ᠤ ᠡᠯ᠎ᠡ ᠵᠥᠪᠯᠡᠯ᠂ ᠠᠯᠪᠠᠨ ᠭᠡᠷ᠂ ᠲᠢᠩᠬᠢᠮ᠂ ᠲᠣᠪᠴᠢᠶ᠎ᠠ᠂ ᠡᠯ᠎ᠡ ᠲᠣᠮᠣ ᠠᠵᠤ ᠠᠬᠤᠢ᠌ᠯᠠᠯ᠂ ᠠᠵᠢᠯ ᠦᠢ᠍ᠯᠡᠰ᠎ᠤᠨ ᠨᠢᠭᠡᠴᠢ᠎ᠳᠤ᠄ ᠡᠳᠦᠭᠡ 《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠰᠲ᠋ᠣᠺ᠎ᠤᠨ ᠵᠠᠬ᠎ᠠ ᠳᠡᠯᠭᠡᠭᠦᠷ᠎ᠲᠤ ᠭᠠᠷᠤᠭᠰᠠᠨ ᠺᠣᠮᠫᠠᠨᠢ ᠵᠢᠨ ᠶᠠᠰᠤ ᠴᠢᠨᠠᠷ᠎ᠢ ᠤᠯᠠᠮ ᠨᠢᠭᠡ ᠠᠯᠬᠤᠮ ᠳᠡᠭᠡᠭᠰᠢᠯᠡᠭᠦᠯᠬᠦ ᠵᠢᠨ ᠬᠡᠷᠡᠭᠵᠢᠭᠦᠯᠬᠦ ᠲᠥᠰᠥᠯ》᠎ᠢ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ ᠵᠶ᠋ᠠᠷ ᠵᠥᠪᠰᠢᠶᠡᠷᠡᠭᠦᠯᠦᠭᠡᠳ᠂ ᠲᠠ ᠨᠠᠷ᠎ᠲᠤ ᠳᠠᠷᠤᠮᠠᠯᠯᠠᠨ ᠶᠠᠪᠤᠭᠤᠯᠤᠯ᠎ᠠ᠂ ᠪᠣᠳᠠᠲᠠᠢ᠎ᠲᠠᠢ᠎ᠪᠠᠨ ᠤᠶᠠᠯᠳᠤᠭᠤᠯᠤᠨ᠂ ᠬᠢᠨᠠᠮᠠᠭ᠋ᠠᠢ ᠲᠤᠭᠤᠰᠢᠯᠠᠭᠤᠯᠤᠨ ᠨᠠᠢ᠌ᠳᠠᠪᠤᠷᠢᠵᠢᠭᠤᠯᠲᠤᠭ᠋ᠠᠢ᠃
ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠰᠲ᠋ᠣᠺ᠎ᠤᠨ ᠵᠠᠬ᠎ᠠ ᠳᠡᠯᠭᠡᠭᠦᠷ᠎ᠲᠤ ᠭᠠᠷᠤᠭᠰᠠᠨ ᠺᠣᠮᠫᠠᠨᠢ ᠵᠢᠨ ᠶᠠᠰᠤ ᠴᠢᠨᠠᠷ᠎ᠢ ᠤᠯᠠᠮ ᠨᠢᠭᠡ ᠠᠯᠬᠤᠮ ᠳᠡᠭᠡᠭᠰᠢᠯᠡᠭᠦᠯᠬᠦ ᠵᠢᠨ ᠬᠡᠷᠡᠭᠵᠢᠭᠦᠯᠬᠦ ᠲᠥᠰᠥᠯ 《ᠰᠲ᠋ᠣᠺ᠎ᠤᠨ ᠵᠠᠬ᠎ᠠ ᠳᠡᠯᠭᠡᠭᠦᠷ᠎ᠲᠤ ᠭᠠᠷᠤᠭᠰᠠᠨ ᠺᠣᠮᠫᠠᠨᠢ ᠵᠢᠨ ᠶᠠᠰᠤ ᠴᠢᠨᠠᠷ᠎ᠢ ᠤᠯᠠᠮ ᠨᠢᠭᠡ ᠠᠯᠬᠤᠮ ᠳᠡᠭᠡᠭᠰᠢᠯᠡᠭᠦᠯᠬᠦ ᠲᠤᠬᠠᠢ ᠲᠥᠷᠥ ᠵᠢᠨ ᠶᠠᠪᠤᠳᠠᠯ᠎ᠤᠨ ᠬᠣᠷᠢᠶᠠᠨ᠎ᠤ ᠰᠠᠨᠠᠯ》 (ᠲᠥᠷᠥ ᠲᠠᠷᠬᠠᠭ᠋ᠠᠭᠰᠠᠨ [2020] 14 ᠳ᠋ᠦ᠍ᠭᠡᠷ ᠲᠣᠭ᠋ᠠᠲᠤ)᠎ᠤᠨ ᠵᠣᠷᠢᠭ ᠰᠠᠨᠠᠭ᠎ᠠ ᠵᠢ ᠲᠤᠭᠤᠰᠢᠯᠠᠭᠤᠯᠤᠨ ᠨᠠᠢ᠌ᠳᠠᠪᠤᠷᠢᠵᠢᠭᠤᠯᠵᠤ᠂ ᠬᠥᠷᠥᠩᠭᠡ ᠵᠢᠨ ᠵᠠᠬ᠎ᠠ ᠳᠡᠯᠭᠡᠭᠦᠷ᠎ᠤᠨ ᠬᠦᠢ᠍ᠰᠦ ᠵᠠᠩᠭᠢᠯᠠᠭ᠎ᠠ ᠵᠢᠨ ᠦᠢ᠍ᠯᠡᠳᠦᠯ᠎ᠢ ᠰᠠᠢ᠌ᠲᠤᠷ ᠪᠠᠳᠠᠷᠠᠭᠤᠯᠤᠨ᠂ ᠮᠠᠨ᠎ᠤ ᠣᠷᠣᠨ᠎ᠤ ᠬᠥᠷᠥᠩᠭᠡ ᠵᠢᠨ ᠵᠠᠬ᠎ᠠ ᠳᠡᠯᠭᠡᠭᠦᠷ᠎ᠤᠨ ᠬᠥᠭᠵᠢᠯᠲᠡ ᠵᠢᠨ ᠰᠠᠭᠤᠷᠢ ᠵᠢ ᠪᠡᠬᠢᠵᠢᠭᠦᠯᠵᠦ᠂ ᠠᠵᠤ ᠠᠬᠤᠢ᠌ᠯᠠᠯ᠎ᠤᠨ ᠰᠲ᠋ᠣᠺ᠎ᠤᠨ ᠵᠠᠬ᠎ᠠ ᠳᠡᠯᠭᠡᠭᠦᠷ᠎ᠲᠤ ᠭᠠᠷᠬᠤ ᠵᠢ ᠤᠯᠠᠮ ᠨᠢᠭᠡ ᠠᠯᠬᠤᠮ ᠠᠬᠢᠭᠤᠯᠤᠨ᠂ ᠰᠲ᠋ᠣᠺ᠎ᠤᠨ ᠵᠠᠬ᠎ᠠ ᠳᠡᠯᠭᠡᠭᠦᠷ᠎ᠲᠤ ᠭᠠᠷᠤᠭᠰᠠᠨ ᠺᠣᠮᠫᠠᠨᠢ ᠵᠢᠨ ᠶᠠᠰᠤ ᠴᠢᠨᠠᠷ᠎ᠢ ᠳᠡᠭᠡᠭᠰᠢᠯᠡᠭᠦᠯᠬᠦ ᠵᠢᠨ ᠲᠤᠰᠠᠳᠠ᠂ ᠥᠪᠡᠷᠲᠡᠭᠡᠨ ᠵᠠᠰᠠᠬᠤ ᠣᠷᠣᠨ᠎ᠤ ᠪᠣᠳᠠᠲᠠᠢ᠎ᠲᠠᠢ ᠤᠶᠠᠯᠳᠤᠭᠤᠯᠵᠤ᠂ ᠲᠣᠰ ᠲᠥᠰᠥᠯ᠎ᠢ ᠲᠣᠭᠲᠠᠭ᠋ᠠᠪᠠ᠃
ᠨᠢᠭᠡ᠂ ᠶᠡᠷᠦᠩᠬᠡᠢ ᠬᠠᠷᠠᠯᠲᠠ
ᠰᠢ ᠵᠢᠨ ᠫᠢᠩ᠎ᠤᠨ ᠰᠢᠨ᠎ᠡ ᠴᠠᠭ ᠦᠶ᠎ᠡ ᠵᠢᠨ ᠳᠤᠮᠳᠠᠳᠤ ᠤᠯᠤᠰ᠎ᠤᠨ ᠣᠨᠴᠠᠯᠢᠭ᠎ᠲᠠᠢ ᠨᠡᠢ᠌ᠭᠡᠮ ᠵᠢᠷᠤᠮ᠎ᠤᠨ ᠦᠵᠡᠯ ᠰᠠᠨᠠᠭ᠎ᠠ᠎ᠪᠠᠷ ᠵᠢᠯᠣᠭᠣᠳᠤᠯᠭ᠎ᠠ ᠪᠣᠯᠭ᠋ᠠᠵᠤ᠂ ᠨᠠᠮ᠎ᠤᠨ ᠠᠷᠪᠠ ᠶᠢᠰᠦᠳᠦᠭᠡᠷ ᠶᠡᠬᠡ ᠬᠤᠷᠠᠯ ᠪᠠ ᠠᠷᠪᠠ ᠶᠢᠰᠦᠳᠦᠭᠡᠷ ᠬᠤᠭᠤᠴᠠᠭ᠋ᠠᠨ᠎ᠤ ᠲᠥᠪ ᠬᠣᠷᠢᠶᠠᠨ᠎ᠤ ᠬᠣᠶᠠᠳᠤᠭ᠋ᠠᠷ᠂ ᠭᠤᠷᠪᠠᠳᠤᠭ᠋ᠠᠷ᠂ ᠳᠥᠷᠪᠡᠳᠦᠭᠡᠷ᠂ ᠲᠠᠪᠤᠳᠤᠭ᠋ᠠᠷ ᠪᠦᠭᠦᠳᠡ ᠬᠤᠷᠠᠯ᠎ᠤᠨ ᠵᠣᠷᠢᠭ ᠰᠠᠨᠠᠭ᠎ᠠ ᠵᠢ ᠪᠥᠬᠦ ᠲᠠᠯ᠎ᠠ᠎ᠪᠠᠷ ᠲᠤᠭᠤᠰᠢᠯᠠᠭᠤᠯᠤᠨ᠂ ᠨᠠᠮ᠎ᠤᠨ ᠲᠥᠪ ᠬᠣᠷᠢᠶ᠎ᠠ᠂ ᠲᠥᠷᠥ ᠵᠢᠨ ᠶᠠᠪᠤᠳᠠᠯ᠎ᠤᠨ ᠬᠣᠷᠢᠶᠠᠨ᠎ᠤ ᠰᠢᠢ᠍ᠳᠪᠦᠷᠢᠲᠦ ᠪᠣᠳᠣᠯᠭ᠎ᠠ ᠵᠢᠨ ᠪᠠᠢ᠌ᠷᠢᠯᠠᠭᠤᠯᠤᠯᠲᠠ ᠵᠢᠴᠢ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ ᠪᠠ ᠵᠠᠰᠠᠭ᠎ᠤᠨ ᠣᠷᠳᠣᠨ᠎ᠤ ᠠᠵᠢᠯ᠎ᠤᠨ ᠱᠠᠭ᠋ᠠᠷᠳᠠᠯᠭ᠎ᠠ ᠵᠢ ᠬᠢᠨᠠᠮᠠᠭ᠋ᠠᠢ ᠨᠠᠢ᠌ᠳᠠᠪᠤᠷᠢᠵᠢᠭᠤᠯᠵᠤ᠂ ᠡᠯ᠎ᠡ ᠲᠠᠯ᠎ᠠ ᠵᠢᠨ ᠬᠦᠴᠦᠨ᠎ᠢ ᠨᠢᠭᠲᠠᠷᠠᠭᠤᠯᠤᠨ᠂ ᠪᠦᠲᠦᠮᠵᠢᠲᠡᠶ ᠠᠷᠭ᠎ᠠ ᠬᠡᠮᠵᠢᠶ᠎ᠡ ᠠᠪᠴᠤ᠂ ᠲᠣᠪᠣᠢ᠌ᠮ᠎ᠠ ᠠᠰᠠᠭᠤᠳᠠᠯ᠎ᠢ ᠰᠢᠢ᠍ᠳᠪᠦᠷᠢᠯᠡᠨ᠂ ᠬᠥᠭᠵᠢᠯᠲᠡ ᠵᠢᠨ ᠣᠷᠴᠢᠨ ᠨᠥᠬᠥᠴᠡᠯ᠎ᠢ ᠰᠢᠯᠢᠳᠡᠭᠵᠢᠭᠦᠯᠵᠦ᠂ ᠰᠲ᠋ᠣᠺ᠎ᠤᠨ ᠵᠠᠬ᠎ᠠ ᠳᠡᠯᠭᠡᠭᠦᠷ᠎ᠲᠤ ᠭᠠᠷᠤᠭᠰᠠᠨ ᠺᠣᠮᠫᠠᠨᠢ ᠵᠢᠨ ᠶᠠᠰᠤ ᠴᠢᠨᠠᠷ᠎ᠢ ᠪᠦᠲᠦᠮᠵᠢᠲᠡᠶ ᠳᠡᠭᠡᠭᠰᠢᠯᠡᠭᠦᠯᠦᠨ᠂ ᠬᠥᠷᠥᠩᠭᠡ ᠵᠢᠨ ᠵᠠᠬ᠎ᠠ ᠳᠡᠯᠭᠡᠭᠦᠷ᠎ᠤᠨ ᠬᠥᠭᠵᠢᠯᠲᠡ ᠵᠢᠨ ᠰᠠᠭᠤᠷᠢ ᠵᠢ ᠪᠡᠬᠢᠵᠢᠭᠦᠯᠦᠨ᠎ᠡ᠃ ᠣᠯᠠᠨ ᠲᠠᠰ ᠳᠠᠪᠬᠤᠷᠭ᠋ᠠᠨ᠎ᠤ ᠬᠥᠷᠥᠩᠭᠡ ᠵᠢᠨ ᠵᠠᠬ᠎ᠠ ᠳᠡᠯᠭᠡᠭᠦᠷ᠎ᠤᠨ ᠲᠣᠭᠲᠠᠯᠴᠠᠭ᠎ᠠ ᠵᠢ ᠤᠯᠠᠮ ᠨᠢᠭᠡ ᠠᠯᠬᠤᠮ ᠲᠡᠭᠦᠯᠳᠡᠷᠵᠢᠭᠦᠯᠵᠦ᠂ ᠰᠢᠭᠤᠳ ᠪᠡᠯᠡ ᠲᠣᠬᠢᠷᠠᠭᠤᠯᠬᠤ ᠬᠤᠪᠢ ᠵᠢᠨ ᠵᠢᠩ᠎ᠢ ᠳᠡᠭᠡᠭᠰᠢᠯᠡᠭᠦᠯᠦᠨ᠂ ᠰᠲ᠋ᠣᠺ᠎ᠤᠨ ᠵᠠᠬ᠎ᠠ ᠳᠡᠯᠭᠡᠭᠦᠷ᠎ᠲᠤ ᠭᠠᠷᠤᠭᠰᠠᠨ ᠺᠣᠮᠫᠠᠨᠢ ᠵᠢᠨ ᠬᠥᠲᠥᠯᠥᠨ ᠳᠠᠭ᠋ᠠᠭᠤᠯᠬᠤ ᠦᠢ᠍ᠯᠡᠳᠦᠯ᠎ᠢ ᠴᠢᠩᠭ᠋ᠠᠷᠠᠭᠤᠯᠵᠤ᠂ ᠠᠵᠤ ᠦᠢ᠍ᠯᠡᠰ ᠪᠠ ᠮᠥᠩᠭᠥᠨ ᠭᠦᠢ᠍ᠯᠭᠡᠭᠡᠨ᠎ᠤ ᠤᠶᠠᠯᠳᠤᠯ᠎ᠢ ᠠᠬᠢᠭᠤᠯᠤᠨ᠂ ᠥᠪᠡᠷᠲᠡᠭᠡᠨ ᠵᠠᠰᠠᠬᠤ ᠣᠷᠣᠨ᠎ᠤ ᠠᠮᠢ ᠠᠬᠤᠢ ᠵᠢ ᠤᠷᠢᠳ ᠵᠶ᠋ᠠᠷ ᠪᠣᠳᠣᠯᠬᠢᠯᠠᠵᠤ᠂ ᠪᠣᠬᠢᠷᠳᠤᠯ ᠦᠭᠡᠢ ᠬᠥᠭᠵᠢᠭᠦᠯᠬᠦ᠎ᠪᠠᠷ ᠤᠳᠤᠷᠢᠳᠤᠮᠵᠢ ᠪᠣᠯᠭ᠋ᠠᠭᠰᠠᠨ ᠴᠢᠨᠠᠷ ᠰᠠᠢ᠌ᠲᠠᠢ ᠬᠥᠭᠵᠢᠯᠲᠡ ᠵᠢᠨ ᠰᠢᠨ᠎ᠡ ᠵᠠᠮ ᠵᠶ᠋ᠠᠷ ᠵᠠᠮᠨᠠᠬᠤ᠎ᠳᠤ ᠬᠦᠴᠦᠨ ᠨᠡᠮᠡᠷᠢᠯᠡᠨ᠎ᠡ᠃
ᠬᠣᠶᠠᠷ᠂ ᠰᠲ᠋ᠣᠺ᠎ᠤᠨ ᠵᠠᠬ᠎ᠠ ᠳᠡᠯᠭᠡᠭᠦᠷ᠎ᠲᠤ ᠭᠠᠷᠤᠭᠰᠠᠨ ᠺᠣᠮᠫᠠᠨᠢ ᠵᠢᠨ ᠵᠢᠷᠤᠮᠵᠢᠭᠤᠨ ᠬᠥᠭᠵᠢᠯᠲᠡ ᠵᠢ ᠤᠯᠠᠮ ᠨᠢᠭᠡ ᠠᠯᠬᠤᠮ ᠠᠬᠢᠭᠤᠯᠤᠨ᠎ᠠ
(ᠨᠢᠭᠡ) ᠺᠣᠮᠫᠠᠨᠢ ᠵᠢᠨ ᠵᠠᠰᠠᠯᠲᠠ ᠪᠠ ᠳᠣᠲᠣᠭ᠋ᠠᠳᠤ ᠡᠵᠡᠮᠰᠢᠯ᠎ᠢ ᠵᠢᠷᠤᠮᠵᠢᠭᠤᠯᠤᠨ᠎ᠠ᠃ 《ᠰᠲ᠋ᠣᠺ᠎ᠤᠨ ᠵᠠᠬ᠎ᠠ ᠳᠡᠯᠭᠡᠭᠦᠷ᠎ᠲᠤ ᠭᠠᠷᠤᠭᠰᠠᠨ ᠺᠣᠮᠫᠠᠨᠢ ᠵᠢ ᠵᠠᠰᠠᠬᠤ ᠳᠦᠷᠢᠮ》 (ᠲᠡᠮᠳᠡᠭᠲᠦ ᠬᠢᠨᠠᠯᠲᠠ ᠲᠠᠷᠬᠠᠭ᠋ᠠᠭᠰᠠᠨ [2020] 1 ᠳ᠋ᠦ᠍ᠭᠡᠷ ᠲᠣᠭ᠋ᠠᠲᠤ)᠎ᠤᠨ ᠱᠠᠭ᠋ᠠᠷᠳᠠᠯᠭ᠎ᠠ ᠶᠣᠰᠣᠭ᠋ᠠᠷ᠂ ᠰᠲ᠋ᠣᠺ᠎ᠤᠨ ᠵᠠᠬ᠎ᠠ ᠳᠡᠯᠭᠡᠭᠦᠷ᠎ᠲᠤ ᠭᠠᠷᠤᠭᠰᠠᠨ ᠺᠣᠮᠫᠠᠨᠢ ᠵᠢᠨ ᠲᠤᠰᠠᠭ᠋ᠠᠷ ᠴᠢᠨᠠᠷ᠎ᠢ ᠬᠠᠮᠠᠭ᠋ᠠᠯᠠᠵᠤ᠂ ᠬᠤᠪᠢᠴᠠᠭ᠋ᠠᠳᠠᠨᠤ ᠵᠥᠪᠯᠡᠯ᠂ ᠬᠡᠷᠡᠭ ᠮᠡᠳᠡᠭᠴᠢᠳ᠎ᠤᠨ ᠵᠥᠪᠯᠡᠯ᠂ ᠬᠢᠨᠠᠭᠴᠢᠳ᠎ᠤᠨ ᠵᠥᠪᠯᠡᠯ᠎ᠤᠨ ᠠᠵᠢᠯᠯᠠᠭ᠋ᠠᠨ᠎ᠢ ᠤᠯᠠᠮ ᠨᠢᠭᠡ ᠠᠯᠬᠤᠮ ᠵᠢᠷᠤᠮᠵᠢᠭᠤᠯᠵᠤ᠂ ᠵᠥᠪ ᠲᠠᠯ᠎ᠠ᠎ᠠᠴᠠ ᠬᠥᠲᠥᠯᠥᠨ ᠵᠢᠯᠤᠭᠣᠳᠬᠤ ᠪᠠ ᠡᠰᠡᠷᠭᠦ ᠲᠠᠯ᠎ᠠ᠎ᠠᠴᠠ᠎ᠨᠢ ᠰᠡᠷᠡᠮᠵᠢᠯᠡᠭᠦᠯᠬᠦ᠎ᠪᠠᠷ ᠳᠠᠮᠵᠢᠭᠤᠯᠤᠨ᠂ ᠬᠤᠪᠢ ᠡᠵᠡᠮᠰᠢᠭᠰᠡᠨ ᠬᠤᠪᠢᠴᠠᠭ᠋ᠠᠳᠠᠨ᠂ ᠪᠣᠳᠠᠲᠠᠢ ᠡᠵᠡᠮᠰᠢᠭᠴᠢ᠂ ᠬᠡᠷᠡᠭ ᠮᠡᠳᠡᠭᠴᠢ᠂ ᠬᠢᠨᠠᠭᠴᠢ ᠪᠠ ᠳᠡᠭᠡᠳᠦ ᠲᠡᠰ᠎ᠤᠨ ᠬᠠᠮᠢᠶᠠᠷᠤᠯᠲᠠ ᠵᠢᠨ ᠠᠵᠢᠯᠲᠠᠨ ᠵᠡᠷᠭᠡ 《ᠵᠠᠩᠭᠢᠯᠠᠭ᠎ᠠ ᠵᠢᠨ ᠴᠥᠭᠡᠨ ᠲᠣᠭ᠋ᠠᠲᠠᠨ》᠎ᠤ ᠬᠠᠤᠯᠢ ᠰᠠᠬᠢᠵᠤ ᠦᠨᠡᠨᠴᠢ ᠢᠲᠡᠭᠡᠮᠵᠢᠲᠡᠢ ᠪᠠᠢ᠌ᠬᠤ ᠪᠠ ᠡᠭᠦᠷᠭᠡ ᠬᠠᠷᠢᠭᠤᠴᠠᠯᠭ᠎ᠠ᠎ᠪᠠᠨ ᠵᠢᠷᠤᠮᠵᠢᠭᠤᠨ ᠭᠦᠢ᠍ᠴᠡᠳᠬᠡᠬᠦ ᠦᠵᠡᠯ ᠤᠬᠠᠮᠰᠠᠷ᠎ᠢ᠎ᠨᠢ ᠳᠡᠭᠡᠭᠰᠢᠯᠡᠭᠦᠯᠦᠨ᠎ᠡ᠃ ᠺᠣᠮᠫᠠᠨᠢ ᠵᠢ ᠵᠠᠰᠠᠬᠤ ᠲᠤᠰᠬᠠᠢ ᠠᠵᠢᠯᠯᠠᠭ᠋ᠠᠨ᠎ᠢ ᠥᠷᠨᠢᠭᠦᠯᠵᠦ᠂ ᠤᠯᠤᠰ᠎ᠤᠨ ᠥᠮᠴᠢᠯᠡᠯᠲᠦ ᠠᠵᠤ ᠠᠬᠤᠢ᠌ᠯᠠᠯ᠎ᠤᠨ ᠥᠭᠡᠷᠡᠴᠢᠯᠡᠯᠲᠡ ᠵᠢᠨ ᠭᠤᠷᠪᠠᠨ ᠵᠢᠯ᠎ᠤᠨ ᠠᠵᠢᠯᠯᠠᠭ᠋ᠠᠨ᠎ᠳᠤ᠂ ᠤᠯᠤᠰ᠎ᠤᠨ ᠥᠮᠴᠢᠯᠡᠯᠲᠦ ᠬᠤᠪᠢᠴᠠᠭ᠎ᠠ ᠵᠢ ᠡᠵᠡᠮᠰᠢᠵᠦ ᠪᠦᠬᠦᠢ ᠰᠲ᠋ᠣᠺ᠎ᠤᠨ ᠵᠠᠬ᠎ᠠ ᠳᠡᠯᠭᠡᠭᠦᠷ᠎ᠲᠤ ᠭᠠᠷᠤᠭᠰᠠᠨ ᠺᠣᠮᠫᠠᠨᠢ ᠵᠢᠨ ᠴᠢᠨᠠᠷ ᠴᠢᠨᠰᠠᠭ᠎ᠠ ᠵᠢ ᠳᠡᠭᠡᠭᠰᠢᠯᠡᠭᠦᠯᠬᠦ᠎ᠪᠠᠷ ᠴᠢᠬᠤᠯᠠ ᠠᠭᠤᠯᠭ᠎ᠠ ᠪᠣᠯᠭ᠋ᠠᠵᠤ᠂ ᠪᠣᠳᠠᠲᠠᠢ ᠡᠵᠡᠮᠰᠢᠭᠴᠢ ᠦᠭᠡᠢ᠎ᠪᠠᠷ ᠰᠲ᠋ᠣᠺ᠎ᠤᠨ ᠵᠠᠬ᠎ᠠ ᠳᠡᠯᠭᠡᠭᠦᠷ᠎ᠲᠤ ᠭᠠᠷᠤᠭᠰᠠᠨ ᠺᠣᠮᠫᠠᠨᠢ᠎ᠳᠠᠬᠢ ᠬᠢᠨᠠᠯᠲᠠ ᠬᠠᠮᠢᠶᠠᠷᠤᠯᠲᠠ ᠵᠢ ᠴᠢᠩᠭ᠋ᠠᠷᠠᠭᠤᠯᠤᠨ᠎ᠠ᠃ ᠰᠲ᠋ᠣᠺ᠎ᠤᠨ ᠵᠠᠬ᠎ᠠ ᠳᠡᠯᠭᠡᠭᠦᠷ᠎ᠲᠤ ᠭᠠᠷᠤᠭᠰᠠᠨ ᠺᠣᠮᠫᠠᠨᠢ ᠵᠢᠨ ᠳᠣᠲᠣᠭ᠋ᠠᠳᠤ ᠡᠵᠡᠮᠰᠢᠯ᠎ᠢ ᠵᠢᠷᠤᠮᠵᠢᠭᠤᠯᠬᠤ ᠲᠣᠭᠲᠠᠯᠴᠠᠭ᠋ᠠᠨ᠎ᠤ ᠪᠠᠢ᠌ᠭᠤᠯᠤᠯᠲᠠ ᠵᠢ ᠤᠯᠠᠮ ᠨᠢᠭᠡ ᠠᠯᠬᠤᠮ ᠲᠡᠭᠦᠯᠳᠡᠷᠵᠢᠭᠦᠯᠵᠦ᠂ ᠰᠲ᠋ᠣᠺ᠎ᠤᠨ ᠵᠠᠬ᠎ᠠ ᠳᠡᠯᠭᠡᠭᠦᠷ᠎ᠲᠤ ᠭᠠᠷᠤᠭᠰᠠᠨ ᠺᠣᠮᠫᠠᠨᠢ ᠠᠵᠤ ᠠᠬᠤᠢ᠌ᠯᠠᠯ᠎ᠤᠨ ᠨᠢᠭᠲᠠᠯᠠᠨ ᠪᠣᠳᠣᠬᠤ ᠳᠦᠷᠢᠮ᠎ᠢ ᠭᠦᠢ᠍ᠴᠡᠳᠬᠡᠬᠦ᠎ᠳᠤ ᠬᠢᠨᠠᠯᠲᠠ ᠲᠠᠯᠪᠢᠬᠤ᠎ᠪᠠᠨ ᠴᠢᠩᠭ᠋ᠠᠷᠠᠭᠤᠯᠤᠨ᠂ ᠡᠳ᠋᠎ᠤᠨ ᠶᠠᠪᠤᠳᠠᠯ᠎ᠤᠨ ᠮᠡᠳᠡᠭᠡ ᠵᠠᠩᠭᠢ ᠵᠢᠨ ᠶᠠᠰᠤ ᠴᠢᠨᠠᠷ᠎ᠢ ᠳᠡᠭᠡᠭᠰᠢᠯᠡᠭᠦᠯᠬᠦ᠎ᠪᠠᠷ ᠳᠠᠮᠵᠢᠭᠤᠯᠤᠨ ᠵᠠᠰᠠᠯᠲᠠ ᠵᠢᠨ ᠬᠢᠷᠢ ᠬᠡᠮᠵᠢᠶ᠎ᠡ ᠵᠢ᠎ᠨᠢ ᠳᠠᠭ᠋ᠠᠭᠤᠯᠤᠨ ᠲᠡᠬᠡᠭᠰᠢᠯᠡᠬᠦᠯᠦᠨ᠎ᠡ᠃ ᠺᠣᠮᠫᠠᠨᠢ ᠵᠢᠨ ᠵᠠᠰᠠᠯᠲᠠ᠎ᠳᠤ ᠪᠡᠯᠡ ᠣᠷᠣᠭᠤᠯᠤᠭᠴᠢ ᠵᠢᠨ ᠬᠠᠮᠠᠭ᠋ᠠᠯᠠᠯᠲᠠ ᠵᠢᠨ ᠪᠠᠢ᠌ᠭᠤᠯᠤᠮᠵᠢ᠂ ᠪᠠᠢ᠌ᠯᠳᠤᠬᠤ ᠪᠣᠳᠣᠯᠭ᠎ᠠ ᠵᠢᠨ ᠪᠡᠯᠡ ᠣᠷᠣᠭᠤᠯᠤᠭᠴᠢ᠂ ᠪᠠᠢ᠌ᠭᠤᠯᠤᠮᠵᠢ ᠵᠢᠨ ᠪᠡᠯᠡ ᠣᠷᠣᠭᠤᠯᠤᠭᠴᠢ ᠪᠠ ᠳᠤᠮᠳᠠ ᠵᠢᠵᠢᠭ ᠪᠡᠯᠡ ᠣᠷᠣᠭᠤᠯᠤᠭᠴᠢᠨᠤᠭᠤᠳᠤᠨ ᠣᠷᠤᠯᠴᠠᠬᠤ ᠵᠢ ᠳᠡᠮᠵᠢᠨ᠎ᠡ᠃ ᠰᠲ᠋ᠣᠺ᠎ᠤᠨ ᠵᠠᠬ᠎ᠠ ᠳᠡᠯᠭᠡᠭᠦᠷ᠎ᠲᠤ ᠭᠠᠷᠤᠭᠰᠠᠨ ᠺᠤᠮᠫᠠᠨᠢ ᠵᠢᠨ ᠠᠮᠠᠯᠠᠯᠲᠠ᠎ᠪᠠᠨ ᠭᠦᠢ᠍ᠴᠡᠳᠬᠡᠬᠦ ᠪᠠ ᠬᠣᠯᠪᠣᠭᠳᠠᠬᠤ ᠠᠷᠠᠯᠵᠢᠶ᠎ᠠ ᠵᠢ ᠵᠢᠷᠤᠮᠵᠢᠭᠤᠯᠤᠨ᠂ ᠥᠩᠭᠡᠷᠡᠭᠰᠡᠨ᠎ᠤ ᠦᠯᠡᠳᠡᠭᠳᠡᠯ ᠠᠰᠠᠭᠤᠳᠠᠯ᠂ ᠠᠵᠢᠯ ᠲᠥᠷᠥᠯ ᠨᠢᠭᠡᠲᠡᠳ᠎ᠤᠨ ᠥᠷᠢᠰᠦᠯᠳᠦᠭᠡᠨ ᠬᠢᠬᠦ ᠵᠡᠷᠭᠡ ᠠᠰᠠᠭᠤᠳᠠᠯ᠎ᠢ ᠰᠢᠢ᠍ᠳᠪᠦᠷᠢᠯᠡᠬᠦ᠎ᠪᠠᠨ ᠠᠬᠢᠭᠤᠯᠤᠨ᠎ᠠ᠃
(ᠬᠠᠷᠢᠭᠤᠴᠠᠬᠤ ᠨᠢᠭᠡᠴᠢ᠄ ᠥᠪᠥᠷ ᠮᠣᠩᠭᠣᠯ᠎ᠤᠨ ᠲᠡᠮᠳᠡᠭᠲᠦ ᠵᠢᠨ ᠬᠢᠨᠠᠯᠲᠠ ᠬᠠᠮᠢᠶᠠᠷᠤᠯᠲᠠ ᠵᠢᠨ ᠲᠣᠪᠴᠢᠶ᠎ᠠ᠂ ᠥᠪᠡᠷᠲᠡᠭᠡᠨ ᠵᠠᠰᠠᠬᠤ ᠣᠷᠣᠨ᠎ᠤ ᠤᠯᠤᠰ᠎ᠤᠨ ᠥᠮᠴᠢᠯᠡᠯᠲᠦ ᠡᠳ᠋ ᠬᠥᠷᠥᠩᠭᠡ ᠵᠢᠨ ᠬᠢᠨᠠᠯᠲᠠ ᠬᠠᠮᠢᠶᠠᠷᠤᠯᠲᠠ ᠵᠢᠨ ᠵᠥᠪᠯᠡᠯ)
(ᠬᠣᠶᠠᠷ) ᠮᠡᠳᠡᠭᠡ ᠵᠠᠩᠭᠢ ᠨᠡᠢ᠌ᠲᠡᠯᠡᠬᠦ ᠶᠠᠰᠤ ᠴᠢᠨᠠᠷ᠎ᠢ ᠳᠡᠭᠡᠭᠰᠢᠯᠡᠭᠦᠯᠦᠨ᠎ᠡ᠃ ᠦᠨᠡᠨ ᠪᠣᠳᠠᠲᠠᠢ᠂ ᠣᠨᠣᠪᠴᠢᠲᠠᠶ᠂ ᠪᠦᠷᠢᠨ ᠪᠦᠲᠦᠨ᠂ ᠴᠠᠭ ᠲᠤᠬᠠᠢ᠌ᠴᠢ᠂ ᠲᠥᠪ ᠭᠤᠤᠯᠴᠢ ᠪᠠᠢ᠌ᠬᠤ ᠮᠡᠳᠡᠭᠡ ᠵᠠᠩᠭᠢ ᠨᠡᠢ᠌ᠲᠡᠯᠡᠬᠦ ᠱᠠᠭ᠋ᠠᠷᠳᠠᠯᠭ᠎ᠠ ᠵᠢ ᠨᠠᠢ᠌ᠳᠠᠪᠤᠷᠢᠵᠢᠭᠤᠯᠵᠤ᠂ ᠪᠡᠯᠡ ᠣᠷᠣᠭᠤᠯᠤᠭᠴᠢᠳ᠎ᠤᠨ ᠬᠡᠷᠡᠭᠴᠡᠭᠡ ᠱᠠᠭ᠋ᠠᠷᠳᠠᠯᠭ᠎ᠠ᠎ᠪᠠᠷ ᠤᠳᠤᠷᠢᠳᠤᠮᠵᠢ ᠪᠣᠯᠭ᠋ᠠᠨ᠂ ᠠᠯᠪᠠᠲᠠᠨ ᠨᠡᠢ᠌ᠲᠡᠯᠡᠭᠦᠯᠬᠦ ᠪᠠ ᠰᠠᠨᠠᠭ᠋ᠠᠴᠢᠯᠠᠭ᠎ᠠ᠎ᠠᠴᠠ᠎ᠪᠠᠨ ᠨᠡᠢ᠌ᠲᠡᠯᠡᠬᠦ ᠵᠢ ᠬᠠᠷᠢᠯᠴᠠᠨ ᠤᠶᠠᠯᠳᠤᠭᠤᠯᠬᠤ᠎ᠪᠠᠷ ᠳᠠᠮᠵᠢᠭᠤᠯᠵᠤ᠂ ᠰᠲ᠋ᠣᠺ᠎ᠤᠨ ᠵᠠᠬ᠎ᠠ ᠳᠡᠯᠭᠡᠭᠦᠷ᠎ᠲᠤ ᠭᠠᠷᠤᠭᠰᠠᠨ ᠺᠣᠮᠫᠠᠨᠢ ᠵᠢᠨ ᠢᠯᠡ ᠲᠣᠳᠣᠴᠠ ᠵᠢᠨ ᠬᠡᠮᠵᠢᠶ᠎ᠡ ᠵᠢ ᠳᠡᠭᠡᠭᠰᠢᠯᠡᠭᠦᠯᠦᠨ᠎ᠡ᠃ ᠠᠮᠢ ᠠᠬᠤᠢ ᠵᠢ ᠤᠷᠢᠳ ᠵᠶ᠋ᠠᠷ ᠪᠣᠳᠣᠯᠬᠢᠯᠠᠵᠤ᠂ ᠪᠣᠬᠢᠷᠳᠤᠯ ᠦᠭᠡᠢ᠎ᠪᠠᠷ ᠬᠥᠭᠵᠢᠭᠦᠯᠬᠦ ᠣᠨᠣᠯᠵᠢᠬᠤᠨ᠎ᠢ ᠲᠤᠭᠤᠰᠢᠯᠠᠭᠤᠯᠵᠤ᠂ ᠰᠲ᠋ᠣᠺ᠎ᠤᠨ ᠵᠠᠬ᠎ᠠ ᠳᠡᠯᠭᠡᠭᠦᠷ᠎ᠲᠤ ᠭᠠᠷᠤᠭᠰᠠᠨ ᠺᠣᠮᠫᠠᠨᠢ ᠵᠢᠨ ᠣᠷᠴᠢᠨ ᠨᠥᠬᠥᠴᠡᠯ᠎ᠤᠨ ᠲᠠᠯ᠎ᠠ᠎ᠪᠠᠷ᠎ᠬᠢ ᠮᠡᠳᠡᠭᠡ ᠵᠠᠩᠭᠢ ᠨᠡᠢ᠌ᠲᠡᠯᠡᠬᠦ ᠵᠢ᠎ᠨᠢ ᠴᠢᠩᠭ᠋ᠠᠷᠠᠭᠤᠯᠤᠨ᠎ᠠ᠃ ᠬᠠᠮᠢᠶ᠎ᠠ ᠪᠦᠬᠦᠢ ᠰᠠᠯᠠᠭ᠎ᠠ ᠮᠥᠴᠢᠷ᠎ᠤᠳ᠎ᠨᠢ ᠬᠥᠷᠥᠩᠭᠡ ᠵᠢᠨ ᠵᠠᠬ᠎ᠠ ᠳᠡᠯᠭᠡᠭᠦᠷ᠎ᠤᠨ ᠳᠦᠷᠢᠮ ᠶᠣᠰᠣᠭ᠋ᠠᠷ᠂ ᠰᠲ᠋ᠣᠺ᠎ᠤᠨ ᠵᠠᠬ᠎ᠠ ᠳᠡᠯᠭᠡᠭᠦᠷ᠎ᠲᠤ ᠭᠠᠷᠤᠭᠰᠠᠨ ᠺᠣᠮᠫᠠᠨᠢ ᠵᠢ ᠲᠡᠮᠵᠢᠬᠦ ᠪᠠ ᠲᠡᠳᠡᠭᠡᠷ᠎ᠲᠠᠢ ᠬᠠᠮᠵᠢᠯᠴᠠᠵᠤ ᠪᠠᠢ᠌ᠭ᠋ᠠᠳ ᠮᠡᠳᠡᠭᠡ ᠵᠠᠩᠭᠢ ᠨᠡᠢ᠌ᠲᠡᠯᠡᠬᠦ ᠡᠭᠦᠷᠭᠡ ᠵᠢ᠎ᠨᠢ ᠬᠠᠤᠯᠢ ᠲᠣᠭᠲᠠᠭ᠋ᠠᠯ ᠶᠣᠰᠣᠭ᠋ᠠᠷ ᠭᠦᠢ᠍ᠴᠡᠳᠬᠡᠯᠭᠡᠬᠦ ᠬᠡᠷᠡᠭᠲᠡᠢ᠃ ᠰᠲ᠋ᠣᠺ᠎ᠤᠨ ᠵᠠᠬ᠎ᠠ ᠳᠡᠯᠭᠡᠭᠦᠷ᠎ᠲᠤ ᠭᠠᠷᠤᠭᠰᠠᠨ ᠺᠣᠮᠫᠠᠨᠢ ᠵᠢᠨ ᠮᠡᠳᠡᠭᠡ ᠵᠠᠩᠭᠢ ᠨᠡᠢ᠌ᠲᠡᠯᠡᠬᠦ᠎ᠳᠤ ᠬᠢᠨᠠᠯᠲᠠ ᠬᠠᠮᠢᠶᠠᠷᠤᠯᠲᠠ ᠬᠢᠬᠦ᠎ᠪᠠᠨ ᠴᠢᠩᠭ᠋ᠠᠳᠬᠠᠵᠤ᠂ 《ᠬᠠᠯᠠᠮᠰᠢᠯ ᠠᠰᠠᠭᠤᠳᠠᠯ᠎ᠢ ᠳᠠᠯᠢᠮᠳᠠᠭᠤᠯᠬᠤ》 ᠵᠡᠷᠭᠡ ᠲᠥᠭᠡᠷᠢᠭᠳᠡᠭᠦᠯᠬᠦ ᠴᠢᠨᠠᠷᠲᠠᠢ ᠮᠡᠳᠡᠭᠡ ᠵᠠᠩᠭᠢ ᠨᠡᠢ᠌ᠲᠡᠯᠡᠬᠦ᠎ᠳᠤ ᠴᠢᠩᠭ᠎ᠠ ᠴᠣᠬᠢᠯᠲᠠ ᠥᠭᠴᠦ᠂ ᠳᠣᠲᠣᠭ᠋ᠠᠳᠤ ᠵᠢᠨ ᠮᠡᠳᠡᠭᠡ ᠵᠠᠩᠭᠢ᠎ᠳᠠᠬᠢ ᠬᠠᠮᠢᠶᠠᠷᠤᠯᠲᠠ ᠵᠢ ᠴᠢᠩᠭ᠎ᠠ ᠵᠢᠷᠤᠮᠵᠢᠭᠤᠯᠤᠨ᠂ ᠮᠡᠳᠡᠭᠡ ᠵᠠᠩᠭᠢ ᠨᠡᠢ᠌ᠲᠡᠯᠡᠬᠦ ᠵᠢᠨ ᠵᠢᠷᠤᠮᠵᠢᠯᠳᠤ ᠴᠢᠨᠠᠷ᠎ᠢ ᠳᠡᠬᠡᠭᠰᠢᠯᠡᠬᠦᠯᠬᠦ᠎ᠪᠠᠷ ᠳᠠᠮᠵᠢᠭᠤᠯᠤᠨ ᠰᠲ᠋ᠣᠺ᠎ᠤᠨ ᠵᠠᠬ᠎ᠠ ᠳᠡᠯᠭᠡᠭᠦᠷ᠎ᠲᠤ ᠭᠠᠷᠤᠭᠰᠠᠨ ᠺᠣᠮᠫᠠᠨᠢ ᠵᠢᠨ ᠶᠠᠰᠤ ᠴᠢᠨᠠᠷ᠎ᠢ ᠳᠠᠭ᠋ᠠᠭᠤᠯᠤᠨ ᠲᠡᠬᠡᠭᠰᠢᠯᠡᠬᠦᠯᠦᠨ᠎ᠡ᠃ ᠰᠲ᠋ᠣᠺ᠎ᠤᠨ ᠵᠠᠬ᠎ᠠ ᠳᠡᠯᠭᠡᠭᠦᠷ᠎ᠲᠤ ᠭᠠᠷᠤᠭᠰᠠᠨ ᠺᠣᠮᠫᠠᠨᠢ ᠵᠢᠨ ᠣᠷᠴᠢᠨ ᠨᠥᠬᠥᠴᠡᠯ᠂ ᠨᠡᠢ᠌ᠭᠡᠮ ᠪᠠ ᠺᠣᠮᠫᠠᠨᠢ ᠵᠢᠨ ᠵᠠᠰᠠᠯᠲᠠ (ESG ) ᠵᠢᠨ ᠮᠡᠳᠡᠭᠡ ᠵᠠᠩᠭᠢ ᠨᠡᠢ᠌ᠲᠡᠯᠡᠬᠦ ᠳᠦᠷᠢᠮ᠎ᠢ ᠪᠠᠢ᠌ᠭᠤᠯᠤᠨ ᠪᠦᠷᠢᠨᠰᠢᠭᠦᠯᠬᠦ ᠵᠢ ᠠᠬᠢᠭᠤᠯᠤᠨ᠎ᠠ᠃ (ᠬᠠᠷᠢᠭᠤᠴᠠᠬᠤ ᠨᠢᠭᠡᠴᠢ᠄ ᠥᠪᠥᠷ ᠮᠣᠩᠭᠣᠯ᠎ᠤᠨ ᠲᠡᠮᠳᠡᠭᠲᠦ ᠵᠢᠨ ᠬᠢᠨᠠᠯᠲᠠ ᠬᠠᠮᠢᠶᠠᠷᠤᠯᠲᠠ ᠵᠢᠨ ᠲᠣᠪᠴᠢᠶ᠎ᠠ᠂ ᠥᠪᠡᠷᠲᠡᠭᠡᠨ ᠵᠠᠰᠠᠬᠤ ᠣᠷᠣᠨ᠎ᠤ ᠠᠵᠤ ᠦᠢ᠍ᠯᠡᠳᠪᠦᠷᠢ ᠪᠠ ᠮᠡᠳᠡᠭᠡ ᠵᠠᠩᠭᠢᠴᠢᠯᠠᠯᠲᠠ ᠵᠢᠨ ᠲᠢᠩᠬᠢᠮ᠂ ᠡᠳ᠋᠎ᠤᠨ ᠵᠠᠰᠠᠭ᠎ᠤᠨ ᠲᠢᠩᠬᠢᠮ᠂ ᠤᠯᠤᠰ᠎ᠤᠨ ᠥᠮᠴᠢᠯᠡᠯᠲᠦ ᠡᠳ᠋ ᠬᠥᠷᠥᠩᠭᠡ ᠵᠢᠨ ᠬᠢᠨᠠᠯᠲᠠ ᠬᠠᠮᠢᠶᠠᠷᠤᠯᠲᠠ ᠵᠢᠨ ᠵᠥᠪᠯᠡᠯ)
(ᠭᠤᠷᠪᠠ) ᠰᠲ᠋ᠣᠺ᠎ᠤᠨ ᠵᠠᠬ᠎ᠠ ᠳᠡᠯᠭᠡᠭᠦᠷ᠎ᠲᠤ ᠭᠠᠷᠤᠭᠰᠠᠨ ᠺᠣᠮᠫᠠᠨᠢ ᠵᠢᠨ ᠠᠰᠢᠭ ᠲᠤᠰᠠ ᠵᠢ ᠬᠠᠮᠠᠭ᠋ᠠᠯᠠᠨ᠎ᠠ᠃ ᠬᠤᠪᠢᠴᠠᠭ᠎ᠠ ᠡᠵᠡᠮᠰᠢᠭᠰᠡᠨ ᠬᠤᠪᠢᠴᠠᠭ᠋ᠠᠳᠠᠨ᠂ ᠪᠣᠳᠠᠲᠠᠢ ᠡᠵᠡᠮᠰᠢᠭᠴᠢ ᠵᠢᠴᠢ ᠪᠤᠰᠤᠳ ᠬᠣᠯᠪᠣᠭᠳᠠᠬᠤ ᠲᠠᠯ᠎ᠠ᠎ᠨᠢ ᠶᠠᠮᠠᠷ ᠠᠷᠭ᠎ᠠ ᠮᠠᠶᠢᠭ ᠵᠶ᠋ᠠᠷ ᠴᠤ᠌ ᠭᠡᠰᠡᠨ ᠰᠲ᠋ᠣᠺ᠎ᠤᠨ ᠵᠠᠬ᠎ᠠ ᠳᠡᠯᠭᠡᠭᠦᠷ᠎ᠲᠤ ᠭᠠᠷᠤᠭᠰᠠᠨ ᠺᠣᠮᠫᠠᠨᠢ ᠵᠢᠨ ᠠᠰᠢᠭ ᠲᠤᠰᠠ ᠵᠢ ᠥᠪᠡᠷᠴᠢᠯᠡᠵᠦ ᠪᠣᠯᠬᠤ ᠦᠭᠡᠢ᠃ ᠪᠡᠯᠡ ᠮᠥᠩᠭᠥ ᠵᠢ ᠥᠪᠡᠷᠴᠢᠯᠡᠨ ᠬᠡᠷᠡᠭᠯᠡᠭᠰᠡᠨ ᠪᠠ ᠲᠣᠭᠲᠠᠭ᠋ᠠᠯ᠎ᠠᠴᠠ ᠵᠥᠷᠢᠴᠡᠨ ᠳᠠᠭ᠋ᠠᠭ᠋ᠠᠯᠲᠠ ᠬᠢᠭᠰᠡᠨ ᠺᠤᠮᠫᠠᠨᠢ ᠵᠢ ᠵᠠᠬ᠎ᠠ ᠳᠠᠷᠠᠭ᠋ᠠᠯᠠᠨ ᠬᠤᠭᠤᠴᠠᠭ᠎ᠠ ᠬᠢᠵᠠᠭ᠋ᠠᠷᠯᠠᠨ ᠪᠠᠢ᠌ᠵᠤ ᠲᠥᠯᠥᠵᠦ ᠳᠠᠭᠤᠰᠭ᠋ᠠᠯᠭ᠋ᠠᠬᠤ ᠪᠤᠶᠤ ᠠᠷᠢᠯᠭ᠋ᠠᠭᠤᠯᠬᠤ ᠬᠡᠷᠡᠭᠲᠡᠢ᠃ ᠲᠣᠭᠲᠠᠭᠰᠠᠨ ᠬᠤᠭᠤᠴᠠᠭ᠋ᠠᠨ᠎ᠳᠤ ᠲᠥᠯᠥᠵᠦ ᠳᠠᠭᠤᠰᠬᠠᠭᠰᠠᠨ ᠦᠭᠡᠢ᠂ ᠴᠡᠭᠴᠡᠯᠡᠨ ᠰᠠᠢ᠌ᠵᠢᠷᠠᠭᠤᠯᠤᠭᠰᠠᠨ ᠦᠭᠡᠢ ᠪᠤᠶᠤ ᠰᠢᠨ᠎ᠡ᠎ᠪᠠᠷ ᠡᠭᠦᠰᠦᠭᠰᠡᠨ ᠪᠡᠯᠡ ᠮᠥᠩᠭᠥ ᠵᠢ ᠥᠪᠡᠷᠴᠢᠯᠡᠨ ᠬᠡᠷᠡᠭᠯᠡᠬᠦ ᠪᠠ ᠲᠣᠭᠲᠠᠭ᠋ᠠᠯ᠎ᠠᠴᠠ ᠵᠥᠷᠢᠴᠡᠨ ᠳᠠᠭ᠋ᠠᠭ᠋ᠠᠯᠲᠠ ᠬᠢᠭᠰᠡᠨ ᠦᠢ᠍ᠯᠡ ᠠᠵᠢᠯᠯᠠᠭ᠎ᠠ᠎ᠳᠤ ᠴᠢᠩᠭ᠎ᠠ ᠴᠣᠬᠢᠯᠲᠠ ᠥᠭᠴᠦ᠂ ᠵᠠᠰᠠᠭ ᠵᠠᠬᠢᠷᠭ᠋ᠠᠨ᠎ᠤ ᠬᠠᠷᠢᠭᠤᠴᠠᠯᠭ᠎ᠠ ᠵᠢ ᠴᠢᠩᠭ᠋ᠠᠷᠠᠭᠤᠯᠤᠨ᠂ ᠶᠠᠯ᠎ᠠ ᠬᠢᠭᠰᠡᠨ ᠵᠶ᠋ᠠᠷ ᠰᠡᠵᠢᠭᠯᠡᠭᠳᠡᠭᠰᠡᠨ ᠬᠠᠷᠢᠭᠤᠴᠠᠯᠭ᠎ᠠ᠎ᠲᠠᠢ ᠬᠥᠮᠥᠨ᠎ᠢ ᠴᠠᠭ ᠲᠤᠬᠠᠢᠳᠤᠨᠢ ᠳᠣᠲᠣᠭ᠋ᠠᠳᠤ ᠵᠢ ᠬᠠᠮᠠᠭ᠋ᠠᠯᠠᠬᠤ᠂ ᠬᠠᠤᠯᠢ ᠴᠠᠭ᠋ᠠᠵᠠ ᠵᠢᠨ ᠪᠠᠢ᠌ᠭᠤᠯᠭ᠎ᠠ᠎ᠳᠤ ᠰᠢᠯᠵᠢᠭᠦᠯᠦᠨ ᠬᠦᠷᠭᠡᠵᠦ᠂ ᠡᠷᠡᠭᠦᠦ ᠵᠢᠨ ᠬᠠᠷᠢᠭᠤᠴᠠᠯᠭ᠎ᠠ ᠨᠡᠬᠡᠮᠵᠢᠯᠡᠬᠦ ᠬᠡᠷᠡᠭᠲᠡᠢ᠃ ᠰᠲ᠋ᠣᠺ᠎ᠤᠨ ᠵᠠᠬ᠎ᠠ ᠳᠡᠯᠭᠡᠭᠦᠷ᠎ᠲᠤ ᠭᠠᠷᠤᠭᠰᠠᠨ ᠺᠣᠮᠫᠠᠨᠢ ᠵᠢ ᠰᠢᠮᠳᠠᠭᠤᠯᠵᠤ ᠪᠠᠢ᠌ᠭ᠋ᠠᠳ ᠬᠤᠪᠢᠴᠠᠭ᠋ᠠᠳᠠᠨᠤ ᠥᠪᠡᠷᠴᠢᠯᠡᠭᠰᠡᠨ ᠵᠣᠭᠣᠰ᠎ᠢ ᠢᠳᠡᠪᠬᠢᠲᠡᠢ᠎ᠪᠠᠷ ᠰᠢᠪᠠᠳᠠᠨ ᠬᠤᠷᠢᠶᠠᠯᠭ᠋ᠠᠵᠤ᠂ ᠵᠠᠷᠭᠤᠯᠳᠤᠬᠤ᠂ ᠬᠥᠨᠳᠡᠯᠡᠨ᠎ᠠᠴᠠ ᠲᠠᠰᠤᠯᠬᠤ ᠵᠡᠷᠭᠡ ᠠᠷᠭ᠎ᠠ ᠮᠠᠶᠢᠭ ᠵᠶ᠋ᠠᠷ ᠳᠠᠮᠵᠢᠭᠤᠯᠤᠨ ᠺᠣᠮᠫᠠᠨᠢ ᠵᠢᠨ ᠠᠰᠢᠭ ᠲᠤᠰᠠ᠎ᠪᠠᠨ ᠬᠠᠮᠠᠭ᠋ᠠᠯᠠᠨ᠎ᠠ᠃ ᠰᠲ᠋ᠣᠺ᠎ᠤᠨ ᠵᠠᠬ᠎ᠠ ᠳᠡᠯᠭᠡᠭᠦᠷ᠎ᠲᠤ ᠭᠠᠷᠤᠭᠰᠠᠨ ᠺᠣᠮᠫᠠᠨᠢ ᠳᠠᠮᠫᠤᠷᠠᠯ᠎ᠢ ᠵᠠᠷᠯᠠᠵᠤ ᠳᠠᠬᠢᠨ ᠴᠡᠭᠴᠡᠯᠡᠬᠦ ᠵᠢ ᠬᠡᠷᠡᠭᠵᠢᠭᠦᠯᠬᠦ᠎ᠳᠤ᠎ᠪᠠᠨ ᠪᠡᠯᠡ ᠮᠥᠩᠭᠥ ᠥᠪᠡᠷᠴᠢᠯᠡᠨ ᠬᠡᠷᠡᠭᠯᠡᠬᠦ ᠪᠠ ᠲᠣᠭᠲᠠᠭ᠋ᠠᠯ᠎ᠠᠴᠠ ᠵᠥᠷᠢᠴᠡᠨ ᠳᠠᠭ᠋ᠠᠭ᠋ᠠᠯᠲᠠ ᠬᠢᠬᠦ ᠠᠰᠠᠭᠤᠳᠠᠯ᠎ᠢ ᠰᠢᠢ᠍ᠳᠪᠦᠷᠢᠯᠡᠬᠦ ᠦᠨᠡᠨ ᠬᠦ᠌ ᠶᠠᠪᠤᠭᠳᠠᠭᠤᠰᠢᠲᠠᠢ ᠲᠥᠰᠥᠯ᠎ᠢ ᠳᠤᠷᠠᠳᠤᠨ ᠭᠠᠷᠭ᠋ᠠᠬᠤ ᠴᠢᠬᠤᠯᠠᠲᠠᠢ᠃ ᠰᠲ᠋ᠣᠺ᠎ᠤᠨ ᠵᠠᠬ᠎ᠠ ᠳᠡᠯᠭᠡᠭᠦᠷ᠎ᠲᠤ ᠭᠠᠷᠤᠭᠰᠠᠨ ᠺᠣᠮᠫᠠᠨᠢ ᠵᠢᠨ ᠭᠠᠳᠠᠭᠰᠢ ᠳᠠᠭ᠋ᠠᠭ᠋ᠠᠯᠲᠠ ᠬᠢᠬᠦ ᠠᠵᠢᠯᠯᠠᠭ᠎ᠠ ᠵᠢᠨ ᠲᠠᠯ᠎ᠠ᠎ᠪᠠᠷ᠎ᠬᠢ ᠮᠡᠳᠡᠭᠡ ᠵᠠᠩᠭᠢ ᠵᠢ ᠬᠠᠮᠲᠤ᠎ᠳᠤ᠎ᠪᠠᠨ ᠭᠦᠷᠲᠡᠬᠦ᠂ ᠵᠣᠬᠢᠴᠠᠭᠤᠯᠤᠨ ᠬᠠᠮᠵᠢᠯᠴᠠᠬᠤ ᠲᠣᠭᠲᠠᠴᠠ ᠵᠢ ᠪᠠᠶ᠋ᠢᠭᠤᠯᠬᠤ ᠬᠡᠷᠡᠭᠲᠡᠢ᠃ (ᠬᠠᠷᠢᠭᠤᠴᠠᠬᠤ ᠨᠢᠭᠡᠴᠢ᠄ ᠥᠪᠥᠷ ᠮᠣᠩᠭᠣᠯ᠎ᠤᠨ ᠲᠡᠮᠳᠡᠭᠲᠦ ᠵᠢᠨ ᠬᠢᠨᠠᠯᠲᠠ ᠬᠠᠮᠢᠶᠠᠷᠤᠯᠲᠠ ᠵᠢᠨ ᠲᠣᠪᠴᠢᠶ᠎ᠠ᠂ ᠥᠪᠡᠷᠲᠡᠭᠡᠨ ᠵᠠᠰᠠᠬᠤ ᠣᠷᠣᠨ᠎ᠤ ᠣᠷᠣᠨ ᠨᠤᠲᠤᠭ᠎ᠤᠨ ᠮᠥᠩᠭᠥᠨ ᠭᠦᠢ᠍ᠯᠭᠡᠭᠡᠨ᠎ᠤ ᠬᠢᠨᠠᠯᠲᠠ ᠬᠠᠮᠢᠶᠠᠷᠤᠯᠲᠠ ᠵᠢᠨ ᠲᠣᠪᠴᠢᠶ᠎ᠠ᠂ ᠳᠣᠲᠣᠭ᠋ᠠᠳᠤ ᠵᠢ ᠬᠠᠮᠠᠭ᠋ᠠᠯᠠᠬᠤ ᠲᠢᠩᠬᠢᠮ᠂ ᠠᠷᠠᠳ᠎ᠤᠨ ᠥᠨᠳᠥᠷ ᠵᠡᠷᠭᠡ ᠵᠢᠨ ᠰᠢᠭᠦᠬᠦ ᠬᠣᠷᠢᠶ᠎ᠠ᠂ ᠠᠷᠠᠳ᠎ᠤᠨ ᠪᠠᠩᠬᠢ ᠵᠢᠨ ᠬᠥᠬᠡᠬᠤᠲᠠ ᠲᠥᠪ ᠰᠠᠯᠪᠤᠷᠢ ᠪᠠᠩᠬᠢ)
ᠭᠤᠷᠪᠠ᠂ ᠬᠥᠷᠥᠩᠭᠡ ᠵᠢᠨ ᠵᠠᠬ᠎ᠠ ᠳᠡᠯᠭᠡᠭᠦᠷ᠎ᠤᠨ ᠮᠠᠨ᠎ᠤ ᠣᠷᠣᠨ᠎ᠤ ᠪᠣᠳᠠᠲᠤ ᠴᠣᠭᠴᠠ ᠵᠢᠨ ᠠᠵᠤ ᠠᠬᠤᠢ᠎ᠳᠤ ᠳᠡᠮᠵᠢᠯᠭᠡ ᠦᠵᠡᠬᠦᠯᠬᠦ ᠵᠢ᠎ᠨᠢ ᠳᠡᠭᠡᠭᠰᠢᠯᠡᠭᠦᠯᠦᠨ᠎ᠡ
(ᠳᠥᠷᠪᠡ) ᠰᠲ᠋ᠣᠺ᠎ᠤᠨ ᠵᠠᠬ᠎ᠠ ᠳᠡᠯᠭᠡᠭᠦᠷ᠎ᠲᠤ ᠭᠠᠷᠴᠤ ᠫᠠᠢ᠌ᠰᠠ ᠡᠯᠭᠦᠬᠦ᠎ᠪᠠᠷ ᠪᠠᠢ᠌ᠭ᠎ᠠ ᠪᠡᠯᠡᠳᠬᠡᠯ ᠡᠬᠢ ᠪᠠᠶᠠᠯᠢᠭ᠎ᠢ ᠪᠤᠢ ᠪᠤᠯᠭ᠋ᠠᠬᠤ ᠡᠷᠴᠢᠮ ᠵᠶ᠋ᠠᠨ ᠴᠢᠩᠭ᠋ᠠᠷᠠᠭᠤᠯᠤᠨ᠎ᠠ᠃ ᠰᠲ᠋ᠣᠺ᠎ᠤᠨ ᠵᠠᠬ᠎ᠠ ᠳᠡᠯᠭᠡᠭᠦᠷ᠎ᠲᠤ ᠨᠢᠭᠡᠨ ᠠᠵᠤ ᠠᠬᠤᠢ᠌ᠯᠠᠯ᠎ᠢ ᠭᠠᠷᠭ᠋ᠠᠪᠠᠯ ᠨᠢᠭᠡ ᠠᠵᠤ ᠦᠢ᠍ᠯᠡᠰ᠎ᠤᠨ ᠬᠡᠯᠬᠢᠶ᠎ᠡ ᠵᠢ ᠳᠠᠶ᠋ᠢᠴᠢᠯᠠᠨ ᠳᠠᠭ᠋ᠠᠭᠤᠯᠵᠤ ᠠᠵᠤ ᠦᠢ᠍ᠯᠡᠰ᠎ᠤᠨ ᠨᠢᠭᠡ ᠪᠦᠯᠦᠭᠵᠢᠯ᠎ᠢ ᠠᠯᠬᠤᠮ ᠠᠯᠬᠤᠮ ᠵᠶ᠋ᠠᠷ ᠪᠦᠷᠢᠯᠳᠦᠭᠦᠯᠬᠦ ᠴᠢᠭᠯᠡᠯ ᠶᠣᠰᠣᠭ᠋ᠠᠷ᠂ ᠰᠲ᠋ᠣᠺ᠎ᠤᠨ ᠵᠠᠬ᠎ᠠ ᠳᠡᠯᠭᠡᠭᠦᠷ᠎ᠲᠤ ᠭᠠᠷᠴᠤ ᠫᠠᠢ᠌ᠰᠠ ᠡᠯᠭᠦᠬᠦ ᠲᠠᠯ᠎ᠠ᠎ᠪᠠᠷ᠎ᠬᠢ ᠱᠠᠩᠨᠠᠨ ᠲᠡᠳᠬᠦᠬᠦ ᠲᠥᠷᠥ ᠵᠢᠨ ᠪᠣᠳᠣᠯᠭ᠎ᠠ ᠵᠢᠨ ᠠᠷᠭ᠎ᠠ ᠬᠡᠮᠵᠢᠶ᠎ᠡ ᠵᠢ ᠲᠡᠭᠦᠯᠳᠡᠷᠵᠢᠭᠦᠯᠵᠦ᠂ ᠠᠵᠤ ᠠᠬᠤᠢ᠌ᠯᠠᠯ᠎ᠤᠨ ᠳᠦᠷᠢᠮ᠎ᠤᠨ ᠥᠭᠡᠷᠡᠴᠢᠯᠡᠯᠲᠡ ᠬᠢᠬᠦ ᠪᠠ ᠰᠲ᠋ᠣᠺ ᠵᠶ᠋ᠠᠨ ᠵᠠᠬ᠎ᠠ ᠳᠡᠯᠭᠡᠭᠦᠷ᠎ᠲᠤ ᠭᠠᠷᠭ᠋ᠠᠵᠤ᠂ ᠫᠠᠢ᠌ᠰᠠ ᠡᠯᠭᠦᠬᠦ ᠥᠪᠡᠷ᠎ᠤᠨ ᠥᠷᠲᠡᠭ᠎ᠢ᠎ᠨᠢ ᠪᠠᠭᠤᠷᠠᠭᠤᠯᠤᠨ᠎ᠠ᠃ ᠰᠲ᠋ᠣᠺ᠎ᠤᠨ ᠵᠠᠬ᠎ᠠ ᠳᠡᠯᠭᠡᠭᠦᠷ᠎ᠲᠤ ᠭᠠᠷᠴᠤ ᠫᠠᠢ᠌ᠰᠠ ᠡᠯᠭᠦᠬᠦ᠎ᠪᠠᠷ ᠪᠠᠢ᠌ᠭ᠎ᠠ ᠠᠵᠤ ᠠᠬᠤᠢ᠌ᠯᠠᠯ᠎ᠤᠨ ᠪᠡᠯᠡᠳᠬᠡᠯ ᠡᠬᠢ ᠪᠠᠶᠠᠯᠢᠭ᠎ᠤᠨ ᠬᠥᠮᠥᠷᠭᠡ ᠵᠢ ᠬᠥᠳᠡᠯᠦᠩᠭᠦᠢ᠎ᠪᠠᠷ ᠲᠡᠭᠦᠯᠳᠡᠷᠵᠢᠭᠦᠯᠦᠨ᠂ ᠡᠯ᠎ᠡ ᠱᠠᠲᠤᠯᠵᠢᠨ ᠡᠩᠨᠡᠭᠡᠨ᠎ᠤ ᠠᠵᠤ ᠠᠬᠤᠢ᠌ᠯᠠᠯ᠎ᠢ ᠬᠠᠪᠰᠤᠷᠤᠨ ᠵᠢᠯᠤᠭᠣᠳᠴᠤ ᠪᠤᠢ ᠪᠤᠯᠭ᠋ᠠᠬᠤ ᠠᠵᠢᠯ᠎ᠢ ᠰᠠᠢ᠌ᠲᠤᠷ ᠠᠳᠬᠤᠵᠤ᠂ ᠰᠲ᠋ᠣᠺ᠎ᠤᠨ ᠵᠠᠬ᠎ᠠ ᠳᠡᠯᠭᠡᠭᠦᠷ᠎ᠲᠤ ᠭᠠᠷᠴᠤ ᠫᠠᠢ᠌ᠰᠠ ᠡᠯᠭᠦᠬᠦ ᠪᠡᠯᠡᠳᠬᠡᠯ ᠠᠵᠤ ᠠᠬᠤᠢ᠌ᠯᠠᠯ᠎ᠤᠨ ᠵᠠᠯᠭ᠋ᠠᠭᠰᠠᠨ ᠬᠥᠭᠵᠢᠯᠲᠡ ᠵᠢᠨ ᠪᠠᠢ᠌ᠳᠠᠯ᠎ᠢ ᠪᠦᠷᠢᠯᠳᠦᠭᠦᠯᠦᠨ᠎ᠡ᠃ ᠣᠳᠣ ᠵᠢᠨ ᠪᠠᠢ᠌ᠭ᠎ᠠ ᠡᠯ᠎ᠡ ᠲᠥᠷᠥᠯ᠎ᠤᠨ ᠤᠷᠮᠠᠰᠢᠭᠤᠯᠬᠤ ᠲᠥᠷᠥ ᠵᠢᠨ ᠪᠣᠳᠣᠯᠭ᠎ᠠ ᠵᠢ ᠪᠦᠷᠢᠨᠰᠢᠭᠦᠯᠵᠦ᠂ ᠠᠵᠤ ᠠᠬᠤᠢ᠌ᠯᠠᠯ᠎ᠤᠨ ᠳᠦᠷᠢᠮ᠎ᠤᠨ ᠥᠭᠡᠷᠡᠴᠢᠯᠡᠯᠲᠡ ᠪᠠ ᠰᠲ᠋ᠣᠺ᠎ᠤᠨ ᠵᠠᠬ᠎ᠠ ᠳᠡᠯᠭᠡᠭᠦᠷ᠎ᠲᠤ ᠭᠠᠷᠴᠤ ᠫᠠᠢ᠌ᠰᠠ ᠡᠯᠭᠦᠬᠦ ᠵᠢ ᠳᠡᠮᠵᠢᠬᠦ ᠡᠷᠴᠢᠮ ᠵᠶ᠋ᠠᠨ ᠤᠯᠠᠮ ᠨᠢᠭᠡ ᠠᠯᠬᠤᠮ ᠴᠢᠩᠭ᠋ᠠᠷᠠᠭᠤᠯᠤᠨ᠎ᠠ᠃ ᠱᠠᠩᠬᠠᠢ ᠱᠧᠨᠵᠧᠨ᠎ᠤ ᠲᠡᠮᠳᠡᠭᠲᠦ ᠵᠢᠨ ᠠᠷᠠᠯᠵᠢᠶᠠᠨ᠎ᠤ ᠭᠠᠵᠠᠷ᠎ᠲᠠᠢ ᠠᠵᠢᠯ᠎ᠤᠨ ᠬᠤᠯᠪᠣᠭ᠎ᠠ ᠠᠪᠬᠤ ᠪᠠᠢ᠌ᠩᠭᠤᠵᠢᠭᠰᠠᠨ ᠲᠣᠭᠲᠠᠴᠠ ᠵᠢ ᠪᠠᠢ᠌ᠭᠤᠯᠵᠤ᠂ ᠡᠯ᠎ᠡ ᠲᠥᠷᠥᠯ᠎ᠤᠨ ᠪᠣᠯᠪᠠᠰᠤᠷᠠᠯ᠎ᠢ ᠦᠷᠭᠦᠯᠵᠢᠯᠡᠨ ᠭᠦᠨᠵᠡᠭᠡᠢ ᠥᠷᠨᠢᠭᠦᠯᠵᠦ᠂ ᠬᠥᠷᠥᠩᠭᠡ ᠵᠢᠨ ᠵᠠᠬ᠎ᠠ ᠳᠡᠯᠭᠡᠭᠦᠷ᠎ᠤᠨ ᠲᠤᠬᠠᠢ ᠲᠠᠨᠢᠯᠲᠠ᠎ᠪᠠᠨ ᠳᠡᠬᠡᠭᠰᠢᠯᠡᠬᠦᠯᠦᠨ᠎ᠡ᠃ ᠠᠵᠤ ᠠᠬᠤᠢ᠌ᠯᠠᠯ ᠨᠡᠪᠴᠢᠭᠦᠯᠬᠦ ᠪᠠ ᠪᠤᠢ ᠪᠤᠯᠭ᠋ᠠᠬᠤ ᠲᠠᠯ᠎ᠠ᠎ᠪᠠᠷ᠎ᠬᠢ ᠥᠪᠥᠷ ᠮᠣᠩᠭᠣᠯ᠎ᠤᠨ ᠰᠲ᠋ᠣᠺ᠎ᠤᠨ ᠡᠷᠬᠡ ᠵᠢᠨ ᠠᠷᠠᠯᠵᠢᠶᠠᠨ᠎ᠤ ᠲᠥᠪ᠎ᠤᠨ ᠦᠢ᠍ᠯᠡᠳᠦᠯ᠎ᠢ ᠪᠠᠳᠠᠷᠠᠭᠤᠯᠤᠨ᠎ᠠ᠃ (ᠬᠠᠷᠢᠭᠤᠴᠠᠬᠤ ᠨᠢᠭᠡᠴᠢ᠄ ᠥᠪᠡᠷᠲᠡᠭᠡᠨ ᠵᠠᠰᠠᠬᠤ ᠣᠷᠣᠨ᠎ᠤ ᠣᠷᠣᠨ ᠨᠤᠲᠤᠭ᠎ᠤᠨ ᠮᠥᠩᠭᠥᠨ ᠭᠦᠢ᠍ᠯᠭᠡᠭᠡᠨ᠎ᠤ ᠬᠢᠨᠠᠯᠲᠠ ᠬᠠᠮᠢᠶᠠᠷᠤᠯᠲᠠ ᠵᠢᠨ ᠲᠣᠪᠴᠢᠶ᠎ᠠ᠂ ᠬᠥᠭᠵᠢᠭᠦᠯᠦᠯᠲᠡ ᠪᠠ ᠥᠭᠡᠷᠡᠴᠢᠯᠡᠯᠲᠡ ᠵᠢᠨ ᠵᠥᠪᠯᠡᠯ᠂ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠲᠢᠩᠬᠢᠮ᠂ ᠠᠵᠤ ᠦᠢ᠍ᠯᠡᠳᠪᠦᠷᠢ ᠪᠠ ᠮᠡᠳᠡᠭᠡ ᠵᠠᠩᠭᠢᠴᠢᠯᠠᠯᠲᠠ ᠵᠢᠨ ᠲᠢᠩᠬᠢᠮ᠂ ᠡᠳ᠋᠎ᠤᠨ ᠵᠠᠰᠠᠭ᠎ᠤᠨ ᠲᠢᠩᠬᠢᠮ᠂ ᠤᠯᠤᠰ᠎ᠤᠨ ᠥᠮᠴᠢᠯᠡᠯᠲᠦ ᠡᠳ᠋ ᠬᠥᠷᠥᠩᠭᠡ ᠵᠢᠨ ᠬᠢᠨᠠᠯᠲᠠ ᠬᠠᠮᠢᠶᠠᠷᠤᠯᠲᠠ ᠵᠢᠨ ᠵᠥᠪᠯᠡᠯ᠂ ᠥᠪᠥᠷ ᠮᠣᠩᠭᠣᠯ᠎ᠤᠨ ᠲᠡᠮᠳᠡᠭᠲᠦ ᠵᠢᠨ ᠬᠢᠨᠠᠯᠲᠠ ᠬᠠᠮᠢᠶᠠᠷᠤᠯᠲᠠ ᠵᠢᠨ ᠲᠣᠪᠴᠢᠶ᠎ᠠ᠂ ᠡᠯ᠎ᠡ ᠠᠢ᠌ᠮᠠᠭ᠎ᠤᠨ ᠵᠠᠬᠢᠷᠭ᠎ᠠ᠂ ᠬᠤᠲᠠ ᠵᠢᠨ ᠠᠷᠠᠳ᠎ᠤᠨ ᠵᠠᠰᠠᠭ᠎ᠤᠨ ᠣᠷᠳᠣᠨ)
(ᠲᠠᠪᠤ) ᠰᠢᠯᠢᠳᠡᠭ ᠰᠠᠢ᠌ᠨ ᠠᠵᠤ ᠠᠬᠤᠢ᠌ᠯᠠᠯ᠎ᠤᠨ ᠰᠲ᠋ᠣᠺ᠎ᠤᠨ ᠵᠠᠬ᠎ᠠ ᠳᠡᠯᠭᠡᠭᠦᠷ᠎ᠲᠤ ᠭᠠᠷᠴᠤ ᠫᠠᠢ᠌ᠰᠠ ᠡᠯᠭᠦᠬᠦ᠎ᠳᠤᠨᠢ ᠳᠡᠮᠵᠢᠯᠭᠡ ᠦᠵᠡᠭᠦᠯᠦᠨ᠎ᠡ᠃ ᠳᠠᠩᠰᠠᠯᠠᠭᠤᠯᠬᠤ ᠳᠦᠷᠢᠮ ᠳᠤᠤᠷᠠᠬᠢ ᠠᠵᠤ ᠠᠬᠤᠢ᠌ᠯᠠᠯ᠎ᠤᠨ ᠰᠲ᠋ᠣᠺ ᠵᠶ᠋ᠠᠨ ᠲᠠᠷᠬᠠᠭ᠋ᠠᠵᠤ ᠵᠠᠬ᠎ᠠ ᠳᠡᠯᠭᠡᠭᠦᠷ᠎ᠲᠤ ᠭᠠᠷᠭ᠋ᠠᠬᠤ ᠱᠠᠭ᠋ᠠᠷᠳᠠᠯᠭ᠎ᠠ᠎ᠪᠠᠷ ᠪᠠᠷᠢᠮᠵᠢᠶᠠᠯᠠᠨ᠂ ᠬᠥᠷᠥᠩᠭᠡ ᠵᠡᠷᠭᠡ ᠡᠯ᠎ᠡ ᠲᠥᠷᠥᠯ᠎ᠤᠨ ᠰᠢᠨ᠎ᠡ ᠵᠢ ᠡᠭᠦᠳᠬᠦ ᠬᠦᠴᠦᠨ ᠵᠦᠢ᠍ᠯ᠎ᠤᠳ᠎ᠢ ᠲᠥᠪᠯᠡᠷᠡᠭᠦᠯᠬᠦ᠎ᠪᠠᠷ ᠬᠥᠲᠥᠯᠥᠨ ᠵᠢᠯᠤᠭᠣᠳᠴᠤ᠂ ᠭᠣᠣᠯᠳᠠᠯᠭ᠎ᠠ᠎ᠲᠠᠢ ᠬᠦᠷᠢᠶᠡᠨ᠎ᠳᠠᠬᠢ ᠠᠵᠤ ᠠᠬᠤᠢ᠌ᠯᠠᠯ᠂ ᠰᠢᠨ᠎ᠡ ᠠᠵᠤ ᠠᠬᠤᠢ ᠵᠢᠨ ᠲᠥᠯᠥᠭᠡᠯᠡᠬᠦ ᠴᠢᠨᠠᠷᠲᠠᠢ ᠠᠵᠤ ᠠᠬᠤᠢ᠌ᠯᠠᠯ᠂ ᠲᠣᠭ᠋ᠠᠵᠢᠭᠤᠯᠤᠭᠰᠠᠨ ᠬᠡᠯᠪᠡᠷᠢ ᠲᠡᠢ᠌ᠰᠢ ᠬᠤᠪᠢᠷᠠᠭᠤᠯᠤᠭᠰᠠᠨ ᠤᠯᠠᠮᠵᠢᠯᠠᠯᠲᠤ ᠠᠵᠤ ᠠᠬᠤᠢ᠌ᠯᠠᠯ ᠵᠡᠷᠭᠡ ᠵᠢ ᠰᠲ᠋ᠣᠺ᠎ᠤᠨ ᠵᠠᠬ᠎ᠠ ᠳᠡᠯᠭᠡᠭᠦᠷ᠎ᠲᠤ ᠭᠠᠷᠭ᠋ᠠᠵᠤ ᠬᠥᠭᠵᠢᠯᠲᠡ ᠵᠢ᠎ᠨᠢ ᠠᠬᠢᠭᠤᠯᠬᠤ᠎ᠪᠠᠷ ᠳᠠᠮᠵᠢᠭᠤᠯᠵᠤ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠂ ᠬᠥᠷᠥᠩᠭᠡ ᠵᠢᠨ ᠭᠦᠢ᠍ᠯᠭᠡᠭᠡᠨ᠎ᠤ ᠰᠢᠨ᠎ᠡ ᠡᠭᠦᠳᠦᠯᠲᠡ ᠵᠢ ᠳᠠᠭ᠋ᠠᠭᠤᠯᠤᠨ ᠪᠡᠶᠡᠯᠡᠭᠦᠯᠦᠨ᠎ᠡ᠃ ᠵᠠᠰᠠᠭ᠎ᠤᠨ ᠣᠷᠳᠣᠨ᠎ᠤ ᠬᠥᠲᠥᠯᠥᠨ ᠵᠢᠯᠤᠭᠣᠳᠬᠤ ᠰᠠᠭᠤᠷᠢ ᠮᠥᠩᠭᠥ᠂ ᠲᠦᠭᠰᠢᠭᠦᠷᠢᠲᠦ ᠪᠡᠯᠡ ᠣᠷᠣᠭᠤᠯᠤᠯᠲᠠ ᠵᠢᠨ ᠰᠠᠭᠤᠷᠢ ᠮᠥᠩᠭᠥ᠂ ᠦᠢ᠍ᠯᠡᠰ ᠴᠣᠭᠴᠠᠯᠠᠬᠤ ᠪᠡᠯᠡ ᠣᠷᠣᠭᠤᠯᠤᠯᠲᠠ ᠵᠢᠨ ᠰᠠᠭᠤᠷᠢ ᠮᠥᠩᠭᠥ᠂ ᠬᠤᠪᠢ᠎ᠪᠠᠷ ᠵᠶ᠋ᠠᠨ ᠴᠤᠭᠯᠠᠭᠤᠯᠬᠤ ᠰᠲ᠋ᠣᠺ᠎ᠤᠨ ᠡᠷᠬᠡ ᠵᠢᠨ ᠪᠡᠯᠡ ᠣᠷᠣᠭᠤᠯᠤᠯᠲᠠ ᠵᠢᠨ ᠰᠠᠭᠤᠷᠢ ᠮᠥᠩᠭᠥ᠂ ᠠᠵᠤ ᠦᠢ᠍ᠯᠡᠰ᠎ᠤᠨ ᠪᠡᠯᠡ ᠣᠷᠣᠭᠤᠯᠤᠯᠲᠠ ᠵᠢᠨ ᠰᠠᠭᠤᠷᠢ ᠮᠥᠩᠭᠥ᠂ ᠤᠯᠤᠰ᠎ᠤᠨ ᠥᠮᠴᠢᠯᠡᠯᠲᠦ ᠬᠥᠷᠥᠩᠭᠡ ᠵᠢᠨ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠰᠢᠨ᠎ᠡ ᠵᠢ ᠡᠭᠦᠳᠬᠦ ᠠᠵᠤ ᠦᠢ᠍ᠯᠡᠰ᠎ᠲᠤ ᠪᠡᠯᠡ ᠣᠷᠣᠭᠤᠯᠵᠤ ᠪᠠᠢ᠌ᠷᠢᠰᠢᠭᠤᠯᠤᠯᠲᠠ ᠬᠢᠬᠦ ᠵᠢ᠎ᠨᠢ ᠲᠡᠮᠵᠢᠨ᠎ᠡ᠃ ᠤᠯᠤᠰ᠎ᠤᠨ ᠳᠣᠲᠣᠭ᠋ᠠᠳᠤ ᠭᠠᠳᠠᠭ᠋ᠠᠳᠤ ᠵᠢᠨ ᠰᠢᠯᠢᠳᠡᠭ ᠰᠠᠢ᠌ᠨ ᠰᠲ᠋ᠣᠺ᠎ᠤᠨ ᠡᠷᠬᠡ ᠵᠢᠨ ᠪᠡᠯᠡ ᠣᠷᠣᠭᠤᠯᠤᠯᠲᠠ ᠵᠢᠨ ᠪᠠᠢ᠌ᠭᠤᠯᠤᠮᠵᠢᠨᠤᠭᠤᠳᠢ ᠥᠪᠡᠷᠲᠡᠭᠡᠨ ᠵᠠᠰᠠᠬᠤ ᠣᠷᠣᠨ᠎ᠤ ᠳᠣᠲᠣᠷᠠᠬᠢ ᠰᠢᠨ᠎ᠡ᠎ᠪᠠᠷ ᠪᠤᠢ ᠪᠣᠯᠤᠭᠰᠠᠨ ᠪᠠᠢ᠌ᠯᠳᠤᠬᠤ ᠪᠣᠳᠣᠯᠭ᠎ᠠ ᠵᠢᠨ ᠠᠵᠤ ᠦᠢ᠍ᠯᠡᠰ᠎ᠲᠤ ᠪᠡᠯᠡ ᠣᠷᠣᠭᠤᠯᠤᠯᠲᠠ ᠬᠢᠯᠬᠡᠬᠦ᠎ᠪᠠᠷ ᠬᠥᠲᠥᠯᠥᠨ ᠵᠢᠯᠤᠭᠣᠳᠬᠤ ᠪᠠ ᠲᠡᠳᠡᠨᠡᠷ᠎ᠲᠤ ᠳᠡᠮᠵᠢᠯᠭᠡ ᠦᠵᠡᠭᠦᠯᠦᠨ᠂ ᠥᠪᠡᠷᠲᠡᠭᠡᠨ ᠵᠠᠰᠠᠬᠤ ᠣᠷᠣᠨ᠎ᠤ ᠤᠯᠠᠮᠵᠢᠯᠠᠯᠲᠤ ᠳᠠᠪᠠᠭᠤᠯᠢᠭ ᠠᠵᠤ ᠠᠬᠤᠢ᠌ᠯᠠᠯ᠎ᠢ ᠥᠭᠡᠷᠡᠴᠢᠯᠡᠨ ᠰᠢᠨᠡᠳᠬᠡᠵᠦ ᠳᠡᠰ ᠳᠡᠪᠰᠢᠭᠦᠯᠦᠨ ᠰᠲ᠋ᠣᠺ᠎ᠤᠨ ᠵᠠᠬ᠎ᠠ ᠳᠡᠯᠭᠡᠭᠦᠷ᠎ᠲᠤ ᠭᠠᠷᠬᠤ᠎ᠳᠤᠨᠢ ᠬᠦᠴᠦᠨ ᠨᠡᠮᠡᠷᠢᠯᠡᠵᠦ᠂ ᠦᠢ᠍ᠯᠡᠳᠬᠦ ᠦᠢ᠍ᠯᠡᠰ᠎ᠤᠨ ᠭᠠᠭᠴᠠ ᠵᠦᠢ᠍ᠯ ᠵᠶ᠋ᠠᠷ ᠮᠠᠩᠯᠠᠢ᠌ᠯᠠᠭᠴᠢ ᠠᠵᠤ ᠠᠬᠤᠢ᠌ᠯᠠᠯ᠂ ᠲᠤᠰᠬᠠᠢ ᠨᠠᠷᠢᠯᠢᠭ ᠣᠨᠴᠠ ᠰᠢᠨ᠎ᠡ 《ᠵᠢᠵᠢᠭ ᠠᠲᠠᠯ᠎ᠠ ᠠᠪᠤᠷᠭᠤ》 ᠵᠡᠷᠭᠡ ᠠᠵᠤ ᠠᠬᠤᠢ᠌ᠯᠠᠯ ᠵᠢᠴᠢ ᠬᠣᠯᠢᠮᠠᠭ ᠥᠮᠴᠢᠯᠡᠯᠲᠦ ᠥᠭᠡᠷᠡᠴᠢᠯᠡᠯᠲᠡ ᠵᠢᠨ ᠲᠤᠷᠰᠢᠯᠲᠠ ᠵᠢᠨ ᠴᠡᠭ᠎ᠤᠨ ᠠᠵᠤ ᠠᠬᠤᠢ᠌ᠯᠠᠯ᠎ᠤᠳ᠎ᠢ ᠭᠣᠣᠯᠳᠠᠯᠭ᠎ᠠ᠎ᠲᠠᠢ ᠲᠡᠳᠬᠦᠨ᠎ᠡ᠃ ᠰᠲ᠋ᠣᠺ᠎ᠤᠨ ᠵᠠᠬ᠎ᠠ ᠳᠡᠯᠭᠡᠭᠦᠷ᠎ᠲᠤ ᠭᠠᠷᠤᠭᠰᠠᠨ ᠺᠣᠮᠫᠠᠨᠢ ᠵᠢ ᠬᠢᠯᠢ ᠵᠢᠨ ᠳᠣᠲᠣᠷ᠎ᠠ ᠰᠲ᠋ᠣᠺ᠎ᠢ᠎ᠨᠢ ᠰᠠᠯᠭ᠋ᠠᠵᠤ ᠵᠠᠬ᠎ᠠ ᠳᠡᠯᠭᠡᠭᠦᠷ᠎ᠲᠤ ᠭᠠᠷᠭ᠋ᠠᠬᠤ ᠲᠤᠷᠰᠢᠯᠲᠠ ᠵᠢᠨ ᠴᠡᠭ᠎ᠤᠨ ᠲᠥᠷᠥ ᠵᠢᠨ ᠪᠣᠳᠣᠯᠭ᠎ᠠ ᠵᠢ ᠰᠠᠢ᠌ᠲᠤᠷ ᠬᠡᠷᠡᠭᠯᠡᠵᠦ᠂ ᠨᠥᠬᠥᠴᠡᠯ᠎ᠳᠤ ᠨᠡᠶ᠋ᠢᠴᠡᠬᠦ ᠰᠲ᠋ᠣᠺ᠎ᠤᠨ ᠵᠠᠬ᠎ᠠ ᠳᠡᠯᠭᠡᠭᠦᠷ᠎ᠲᠤ ᠭᠠᠷᠤᠭᠰᠠᠨ ᠺᠣᠮᠫᠠᠨᠢ ᠵᠢᠨ ᠰᠢᠯᠢᠳᠡᠭ ᠰᠠᠢ᠌ᠨ ᠬᠥᠷᠥᠩᠭᠡ᠎ᠪᠠᠨ ᠰᠠᠯᠭ᠋ᠠᠵᠤ ᠰᠲ᠋ᠣᠺ᠎ᠤᠨ ᠵᠠᠬ᠎ᠠ ᠳᠡᠯᠭᠡᠭᠦᠷ᠎ᠲᠤ ᠭᠠᠷᠬᠤ᠎ᠳᠤᠨᠢ ᠳᠡᠮᠵᠢᠯᠭᠡ ᠦᠵᠡᠭᠦᠯᠦᠨ᠎ᠡ᠃ ᠠᠵᠤ ᠠᠬᠤᠢ᠌ᠯᠠᠯ᠎ᠤᠨ ᠰᠲ᠋ᠣᠺ᠎ᠤᠨ ᠵᠠᠬ᠎ᠠ ᠳᠡᠯᠭᠡᠭᠦᠷ᠎ᠲᠤ ᠭᠠᠷᠬᠤ ᠵᠢ ᠠᠬᠢᠭᠤᠯᠬᠤ ᠥᠪᠡᠷᠲᠡᠭᠡᠨ ᠵᠠᠰᠠᠬᠤ ᠣᠷᠣᠨ᠎ᠤ ᠲᠢᠩᠬᠢᠮ᠎ᠤᠨ ᠬᠤᠭᠤᠷᠣᠨᠳᠣᠬᠢ ᠬᠠᠮᠲᠤᠷᠠᠭᠰᠠᠨ ᠬᠤᠷᠠᠯ᠎ᠤᠨ ᠨᠡᠪᠲᠡᠷᠡᠯᠴᠡᠨ ᠵᠣᠬᠢᠴᠠᠭᠤᠯᠬᠤ ᠦᠢ᠍ᠯᠡᠳᠦᠯ᠎ᠢ ᠪᠠᠳᠠᠷᠠᠭᠤᠯᠵᠤ᠂ ᠣᠷᠣᠨ ᠨᠤᠲᠤᠭ᠎ᠤᠨ ᠡᠯ᠎ᠡ ᠱᠠᠲᠤᠨ᠎ᠤ ᠠᠷᠠᠳ᠎ᠤᠨ ᠵᠠᠰᠠᠭ᠎ᠤᠨ ᠣᠷᠳᠣᠨ᠎ᠤ ᠬᠠᠷᠢᠶ᠎ᠠ ᠭᠠᠵᠠᠷ᠎ᠤᠨ ᠬᠠᠷᠢᠭᠤᠴᠠᠯᠭ᠎ᠠ ᠵᠢ ᠨᠠᠢ᠌ᠳᠠᠪᠤᠷᠢᠵᠢᠭᠤᠯᠤᠨ᠂ ᠠᠵᠤ ᠠᠬᠤᠢ᠌ᠯᠠᠯ᠎ᠢ ᠵᠢᠯᠣᠭᠣᠳᠤᠨ ᠬᠠᠪᠰᠤᠷᠴᠤ ᠪᠠᠢ᠌ᠭ᠋ᠠᠳ ᠬᠤᠪᠢᠴᠠᠭ᠋ᠠᠳᠣ ᠳᠦᠷᠢᠮ᠎ᠤᠨ ᠥᠭᠡᠷᠡᠴᠢᠯᠡᠯᠲᠡ ᠪᠠ ᠰᠲ᠋ᠣᠺ᠎ᠤᠨ ᠵᠠᠬ᠎ᠠ ᠳᠡᠯᠭᠡᠭᠦᠷ᠎ᠲᠤ ᠭᠠᠷᠴᠤ ᠫᠠᠢ᠌ᠰᠠ ᠡᠯᠬᠦᠬᠦ ᠠᠵᠢᠯ᠎ᠢ ᠥᠷᠨᠢᠭᠦᠯᠵᠦ᠂ ᠠᠵᠤ ᠠᠬᠤᠢ᠌ᠯᠠᠯ᠎ᠤᠨ ᠰᠲ᠋ᠣᠺ᠎ᠤᠨ ᠵᠠᠬ᠎ᠠ ᠳᠡᠯᠭᠡᠭᠦᠷ᠎ᠲᠤ ᠭᠠᠷᠴᠤ᠂ ᠫᠠᠢ᠌ᠰᠠ ᠡᠯᠭᠦᠬᠦ ᠶᠠᠪᠤᠴᠠ᠎ᠳᠠᠬᠢ ᠡᠯ᠎ᠡ ᠵᠦᠢ᠍ᠯ᠎ᠤᠨ ᠬᠠᠷᠰᠢ ᠰᠠᠭ᠋ᠠᠳ᠎ᠢ ᠨᠢᠭᠡᠳᠦᠯᠲᠡᠢ ᠲᠥᠯᠥᠪᠯᠡᠨ ᠰᠢᠢ᠍ᠳᠪᠦᠷᠢᠯᠡᠨ᠎ᠡ᠃ ᠪᠦᠷᠢᠳᠬᠡᠨ ᠳᠠᠩᠰᠠᠯᠠᠭᠤᠯᠤᠭᠰᠠᠨ ᠠᠵᠤ ᠠᠬᠤᠢ᠌ᠯᠠᠯ᠎ᠢ ᠬᠠᠪᠰᠤᠷᠤᠨ ᠵᠢᠯᠤᠭᠣᠳᠬᠤ ᠠᠵᠢᠯ᠎ᠳᠠᠬᠢ ᠬᠢᠨᠠᠯᠲᠠ ᠬᠠᠮᠢᠶᠠᠷᠤᠯᠲᠠ ᠵᠢ ᠤᠯᠠᠮ ᠨᠢᠭᠡ ᠠᠯᠬᠤᠮ ᠰᠢᠯᠢᠳᠡᠭᠵᠢᠭᠦᠯᠵᠦ᠂ ᠲᠡᠮᠳᠡᠭᠲᠦ ᠵᠢᠨ ᠬᠤᠳᠠᠯᠳᠤᠭ᠋ᠠᠴᠢᠨ᠎ᠤ ᠬᠠᠪᠰᠤᠷᠤᠨ ᠵᠢᠯᠤᠭᠣᠳᠬᠤ ᠭᠣᠣᠯ ᠴᠣᠭᠴᠠ ᠵᠢᠨ ᠬᠠᠷᠢᠭᠤᠴᠠᠯᠭ᠎ᠠ ᠵᠢ ᠴᠢᠩᠭ᠎ᠠ ᠨᠠᠢ᠌ᠳᠠᠪᠤᠷᠢᠵᠢᠭᠤᠯᠤᠨ᠂ ᠰᠲ᠋ᠣᠺ᠎ᠤᠨ ᠵᠠᠬ᠎ᠠ ᠳᠡᠯᠭᠡᠭᠦᠷ᠎ᠲᠤ ᠭᠠᠷᠬᠤ᠎ᠪᠠᠷ ᠪᠠᠢ᠌ᠭ᠎ᠠ ᠺᠣᠮᠫᠠᠨᠢ ᠵᠢᠨ ᠵᠢᠷᠤᠮᠵᠢᠨᠨᠰᠠᠨ ᠬᠢᠷᠢ ᠬᠡᠮᠵᠢᠶ᠎ᠡ ᠵᠢ ᠳᠡᠭᠡᠭᠰᠢᠯᠡᠭᠦᠯᠦᠨ᠎ᠡ᠃ (ᠬᠠᠷᠢᠭᠤᠴᠠᠬᠤ ᠨᠢᠭᠡᠴᠢ᠄ ᠥᠪᠡᠷᠲᠡᠭᠡᠨ ᠵᠠᠰᠠᠬᠤ ᠣᠷᠣᠨ᠎ᠤ ᠣᠷᠣᠨ ᠨᠤᠲᠤᠭ᠎ᠤᠨ ᠮᠥᠩᠭᠥᠨ ᠭᠦᠢ᠍ᠯᠭᠡᠭᠡᠨ᠎ᠤ ᠬᠢᠨᠠᠯᠲᠠ ᠬᠠᠮᠢᠶᠠᠷᠤᠯᠲᠠ ᠵᠢᠨ ᠲᠣᠪᠴᠢᠶ᠎ᠠ᠂ ᠬᠥᠭᠵᠢᠭᠦᠯᠦᠯᠲᠡ ᠪᠠ ᠥᠭᠡᠷᠡᠴᠢᠯᠡᠯᠲᠡ ᠵᠢᠨ ᠵᠥᠪᠯᠡᠯ᠂ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠲᠢᠩᠬᠢᠮ᠂ ᠠᠵᠤ ᠦᠢ᠍ᠯᠡᠳᠪᠦᠷᠢ ᠪᠠ ᠮᠡᠳᠡᠭᠡ ᠵᠠᠩᠭᠢᠴᠢᠯᠠᠯᠲᠠ ᠵᠢᠨ ᠲᠢᠩᠬᠢᠮ᠂ ᠡᠳ᠋᠎ᠤᠨ ᠵᠠᠰᠠᠭ᠎ᠤᠨ ᠲᠢᠩᠬᠢᠮ᠂ ᠤᠯᠤᠰ᠎ᠤᠨ ᠥᠮᠴᠢᠯᠡᠯᠲᠦ ᠡᠳ᠋ ᠬᠥᠷᠥᠩᠭᠡ ᠵᠢᠨ ᠬᠢᠨᠠᠯᠲᠠ ᠬᠠᠮᠢᠶᠠᠷᠤᠯᠲᠠ ᠵᠢᠨ ᠵᠥᠪᠯᠡᠯ᠂ ᠥᠪᠥᠷ ᠮᠣᠩᠭᠣᠯ᠎ᠤᠨ ᠲᠡᠮᠳᠡᠭᠲᠦ ᠵᠢᠨ ᠬᠢᠨᠠᠯᠲᠠ ᠬᠠᠮᠢᠶᠠᠷᠤᠯᠲᠠ ᠵᠢᠨ ᠲᠣᠪᠴᠢᠶ᠎ᠠ᠂ ᠡᠯ᠎ᠡ ᠠᠢ᠌ᠮᠠᠭ᠎ᠤᠨ ᠵᠠᠬᠢᠷᠭ᠎ᠠ᠂ ᠬᠤᠲᠠ ᠵᠢᠨ ᠠᠷᠠᠳ᠎ᠤᠨ ᠵᠠᠰᠠᠭ᠎ᠤᠨ ᠣᠷᠳᠣᠨ)
(ᠵᠢᠷᠭᠤᠭ᠎ᠠ) ᠵᠠᠬ᠎ᠠ ᠳᠡᠯᠭᠡᠭᠦᠷᠴᠢᠯᠡᠵᠦ ᠬᠤᠳᠠᠯᠳᠤᠨ ᠠᠪᠴᠤ ᠳᠠᠬᠢᠨ ᠵᠣᠬᠢᠶᠠᠨ ᠪᠠᠶ᠋ᠢᠭᠤᠯᠬᠤ ᠵᠢ ᠠᠬᠢᠭᠤᠯᠤᠨ᠎ᠠ᠃ ᠤᠯᠤᠰ᠎ᠤᠨ ᠠᠵᠤ ᠦᠢ᠍ᠯᠡᠰ᠎ᠤᠨ ᠪᠦᠲᠦᠴᠡ ᠵᠢᠨ ᠲᠣᠬᠢᠷᠠᠭᠤᠯᠤᠯᠲᠠ ᠵᠢᠨ ᠬᠠᠨᠳᠤᠰᠢ ᠵᠢ ᠣᠨᠣᠪᠴᠢᠲᠠᠶ ᠡᠵᠡᠮᠰᠢᠵᠦ᠂ ᠵᠦᠢ ᠪᠤᠰᠤ ᠡᠳ᠋ ᠬᠥᠷᠥᠩᠭᠡ ᠵᠢ ᠲᠤᠰᠠᠭ᠋ᠠᠷᠯᠠᠨ ᠰᠠᠯᠭ᠋ᠠᠬᠤ᠂ ᠴᠢᠨᠠᠷ ᠰᠠᠢ᠌ᠲᠠᠢ ᠡᠳ᠋ ᠬᠥᠷᠥᠩᠭᠡ ᠣᠷᠣᠭᠤᠯᠬᠤ ᠵᠡᠷᠭᠡ ᠠᠷᠭ᠎ᠠ ᠮᠠᠶᠢᠭ ᠵᠶ᠋ᠠᠷ ᠳᠠᠮᠵᠢᠭᠤᠯᠤᠨ᠂ ᠰᠲ᠋ᠣᠺ᠎ᠤᠨ ᠵᠠᠬ᠎ᠠ ᠳᠡᠯᠭᠡᠭᠦᠷ᠎ᠲᠤ ᠭᠠᠷᠤᠭᠰᠠᠨ ᠺᠣᠮᠫᠠᠨᠢ ᠵᠢᠨ ᠶᠠᠰᠤ ᠴᠢᠨᠠᠷ᠎ᠢ ᠳᠡᠭᠡᠭᠰᠢᠯᠡᠭᠦᠯᠬᠦ ᠪᠠ ᠭᠣᠣᠯ ᠪᠣᠯᠬᠤ ᠠᠵᠢᠯ ᠦᠢ᠍ᠯᠡᠰ᠎ᠤᠨ ᠬᠡᠯᠪᠡᠷᠢ᠎ᠪᠠᠨ ᠬᠤᠪᠢᠷᠠᠭᠤᠯᠬᠤ ᠵᠢ ᠪᠡᠶᠡᠯᠡᠭᠦᠯᠦᠨ᠎ᠡ᠃ ᠰᠲ᠋ᠣᠺ᠎ᠤᠨ ᠵᠠᠬ᠎ᠠ ᠳᠡᠯᠭᠡᠭᠦᠷ᠎ᠲᠤ ᠭᠠᠷᠤᠭᠰᠠᠨ ᠺᠣᠮᠫᠠᠨᠢ ᠵᠢ ᠬᠥᠲᠥᠯᠥᠨ ᠵᠢᠯᠤᠭᠣᠳᠬᠤ ᠪᠠ ᠲᠦᠯᠬᠢᠨ ᠠᠬᠢᠭᠤᠯᠵᠤ ᠪᠠᠢ᠌ᠭ᠋ᠠᠳ ᠭᠣᠣᠯ ᠪᠣᠯᠬᠤ ᠠᠵᠢᠯ ᠦᠢ᠍ᠯᠡᠰ ᠵᠢᠴᠢ ᠠᠵᠤ ᠦᠢ᠍ᠯᠡᠰ᠎ᠤᠨ ᠬᠡᠯᠬᠢᠶ᠎ᠡ ᠵᠢᠨ ᠳᠡᠭᠡᠳᠦ ᠳᠣᠣᠷᠠᠳᠤ ᠬᠡᠯᠬᠢᠶᠡᠨ᠎ᠤ ᠲᠣᠭᠣᠷᠢᠨ᠎ᠳᠤ ᠨᠡᠢ᠌ᠯᠡᠭᠦᠯᠦᠨ ᠬᠤᠳᠠᠯᠳᠤᠨ ᠠᠪᠴᠤ ᠳᠠᠬᠢᠨ ᠵᠣᠬᠢᠶᠠᠨ ᠪᠠᠶ᠋ᠢᠭᠤᠯᠬᠤ ᠵᠢ ᠬᠡᠷᠡᠭᠵᠢᠭᠦᠯᠵᠦ᠂ ᠪᠠᠢ᠌ᠯᠳᠤᠬᠤ ᠪᠣᠳᠣᠯᠭ᠎ᠠ ᠵᠢᠨ ᠴᠢᠨᠠᠷᠲᠠᠢ ᠲᠤᠯᠭ᠋ᠠᠭᠤᠷᠢ ᠠᠵᠤ ᠦᠢ᠍ᠯᠡᠰ᠎ᠤᠨ ᠪᠥᠭᠡᠮᠨᠡᠷᠡᠯ ᠪᠠ ᠪᠠᠢ᠌ᠯᠳᠤᠬᠤ ᠪᠣᠳᠣᠯᠭ᠎ᠠ ᠵᠢᠨ ᠴᠢᠨᠠᠷᠲᠠᠢ ᠰᠢᠨ᠎ᠡ᠎ᠪᠠᠷ ᠬᠥᠭᠵᠢᠭᠰᠡᠨ ᠠᠵᠤ ᠦᠢ᠍ᠯᠡᠰ᠎ᠤᠨ ᠪᠥᠭᠡᠮᠨᠡᠷᠡᠯ᠎ᠢ ᠪᠤᠢ ᠪᠤᠯᠭ᠋ᠠᠵᠦ ᠬᠥᠭᠵᠢᠭᠦᠯᠬᠦ ᠶᠠᠪᠤᠴᠠ᠎ᠳᠠᠬᠢ ᠰᠲ᠋ᠣᠺ᠎ᠤᠨ ᠵᠠᠬ᠎ᠠ ᠳᠡᠯᠭᠡᠭᠦᠷ᠎ᠲᠤ ᠭᠠᠷᠤᠭᠰᠠᠨ ᠺᠣᠮᠫᠠᠨᠢ ᠵᠢᠨ ᠬᠥᠲᠥᠯᠥᠨ ᠳᠠᠭ᠋ᠠᠭᠤᠯᠵᠤ ᠳᠠᠢ᠌ᠴᠢᠯᠠᠬᠤ ᠦᠢ᠍ᠯᠡᠳᠦᠯ᠎ᠢ ᠭᠦᠢ᠍ᠴᠡᠳ ᠪᠠᠳᠠᠷᠠᠭᠤᠯᠤᠨ᠎ᠠ᠃ ᠬᠢᠯᠢ ᠵᠢᠨ ᠳᠣᠲᠣᠷ᠎ᠠ ᠭᠠᠳᠠᠨᠠᠬᠢ ᠬᠢᠷᠢ ᠲᠡᠩᠴᠡᠭᠰᠡᠨ ᠪᠠᠢ᠌ᠯᠳᠤᠬᠤ ᠪᠣᠳᠣᠯᠭ᠎ᠠ ᠵᠢᠨ ᠪᠡᠯᠡ ᠣᠷᠣᠭᠤᠯᠤᠭᠴᠢᠳᠢ ᠲᠡᠳᠡᠨ ᠣᠷᠣᠭᠤᠯᠵᠤ᠂ ᠳᠣᠣᠷ᠎ᠠ ᠥᠪᠡᠷ᠎ᠤᠨ ᠥᠷᠲᠡᠭ ᠵᠶ᠋ᠠᠷ ᠥᠷᠭᠡᠳᠬᠡᠬᠦ ᠪᠠ ᠠᠵᠤ ᠦᠢ᠍ᠯᠡᠰ᠎ᠢ ᠡᠮᠬᠢᠯᠡᠨ ᠨᠡᠶ᠋ᠢᠯᠡᠭᠦᠯᠬᠦ ᠵᠢ ᠪᠡᠶᠡᠯᠡᠭᠦᠯᠦᠨ᠎ᠡ᠃ ᠪᠣᠳᠠᠲᠤ ᠬᠦᠴᠦᠨ᠎ᠲᠠᠢ ᠤᠯᠤᠰ᠎ᠤᠨ ᠥᠮᠴᠢᠯᠡᠯᠲᠦ ᠠᠵᠤ ᠠᠬᠤᠢ᠌ᠯᠠᠯ᠎ᠤᠨ ᠪᠦᠯᠦᠭᠯᠡᠯᠤᠳᠤᠨ ᠬᠣᠯᠢᠮᠠᠭ ᠥᠮᠴᠢᠯᠡᠯ᠎ᠤᠨ ᠳᠦᠷᠢᠮᠲᠦ ᠥᠭᠡᠷᠡᠴᠢᠯᠡᠯᠲᠡ ᠬᠢᠬᠦ ᠵᠢ ᠳᠡᠮᠵᠢᠵᠦ᠂ ᠰᠲ᠋ᠣᠺ᠎ᠤᠨ ᠵᠠᠬ᠎ᠠ ᠳᠡᠯᠭᠡᠭᠦᠷ᠎ᠲᠤ ᠭᠠᠷᠬᠤ ᠲᠠᠪᠴᠠᠩ᠎ᠳᠤ ᠲᠦᠰᠢᠭᠯᠡᠨ ᠬᠤᠪᠢᠴᠠᠭ᠎ᠠ ᠲᠠᠷᠬᠠᠭ᠋ᠠᠨ ᠡᠳ᠋ ᠬᠥᠷᠥᠩᠭᠡ ᠬᠤᠳᠠᠯᠳᠤᠨ ᠠᠪᠬᠤ᠂ ᠰᠢᠩᠭᠡᠬᠡᠨ ᠠᠪᠴᠤ ᠨᠡᠶ᠋ᠢᠯᠡᠭᠦᠯᠬᠦ ᠵᠡᠷᠭᠡ ᠠᠷᠭ᠎ᠠ ᠮᠠᠶᠢᠭ ᠵᠶ᠋ᠠᠷ ᠳᠠᠮᠵᠢᠭᠤᠯᠤᠨ ᠪᠦᠬᠦᠯᠢ ᠴᠣᠭᠴᠠ᠎ᠪᠠᠷ᠎ᠨᠢ ᠵᠠᠬ᠎ᠠ ᠳᠡᠯᠭᠡᠭᠦᠷ᠎ᠲᠤ ᠭᠠᠷᠭ᠋ᠠᠬᠤ ᠵᠢ ᠪᠡᠶᠡᠯᠡᠭᠦᠯᠵᠦ᠂ ᠲᠡᠮᠳᠡᠭᠲᠦᠴᠢᠯᠡᠬᠦ ᠬᠢᠷᠢ ᠬᠡᠮᠵᠢᠶ᠎ᠡ ᠵᠢ᠎ᠨᠢ ᠪᠦᠲᠦᠮᠵᠢᠲᠡᠶ ᠳᠡᠭᠡᠭᠰᠢᠯᠡᠭᠦᠯᠦᠨ᠎ᠡ᠃ (ᠬᠠᠷᠢᠭᠤᠴᠠᠬᠤ ᠨᠢᠭᠡᠴᠢ᠄ ᠥᠪᠥᠷ ᠮᠣᠩᠭᠣᠯ᠎ᠤᠨ ᠲᠡᠮᠳᠡᠭᠲᠦ ᠵᠢᠨ ᠬᠢᠨᠠᠯᠲᠠ ᠬᠠᠮᠢᠶᠠᠷᠤᠯᠲᠠ ᠵᠢᠨ ᠲᠣᠪᠴᠢᠶ᠎ᠠ᠂ ᠥᠪᠡᠷᠲᠡᠭᠡᠨ ᠵᠠᠰᠠᠬᠤ ᠣᠷᠣᠨ᠎ᠤ ᠣᠷᠣᠨ ᠨᠤᠲᠤᠭ᠎ᠤᠨ ᠮᠥᠩᠭᠥᠨ ᠭᠦᠢ᠍ᠯᠭᠡᠭᠡᠨ᠎ᠤ ᠬᠢᠨᠠᠯᠲᠠ ᠬᠠᠮᠢᠶᠠᠷᠤᠯᠲᠠ ᠵᠢᠨ ᠲᠣᠪᠴᠢᠶ᠎ᠠ᠂ ᠠᠵᠤ ᠦᠢ᠍ᠯᠡᠳᠪᠦᠷᠢ ᠪᠠ ᠮᠡᠳᠡᠭᠡ ᠵᠠᠩᠭᠢᠴᠢᠯᠠᠯᠲᠠ ᠵᠢᠨ ᠲᠢᠩᠬᠢᠮ᠂ ᠡᠳ᠋᠎ᠤᠨ ᠵᠠᠰᠠᠭ᠎ᠤᠨ ᠲᠢᠩᠬᠢᠮ᠂ ᠬᠤᠳᠠᠯᠳᠤᠭ᠋ᠠᠨ᠎ᠤ ᠶᠠᠪᠤᠳᠠᠯ᠎ᠤᠨ ᠲᠢᠩᠬᠢᠮ᠂ ᠤᠯᠤᠰ᠎ᠤᠨ ᠥᠮᠴᠢᠯᠡᠯᠲᠦ ᠡᠳ᠋ ᠬᠥᠷᠥᠩᠭᠡ ᠵᠢᠨ ᠬᠢᠨᠠᠯᠲᠠ ᠬᠠᠮᠢᠶᠠᠷᠤᠯᠲᠠ ᠵᠢᠨ ᠵᠥᠪᠯᠡᠯ᠂ ᠵᠠᠬ᠎ᠠ ᠳᠡᠯᠭᠡᠭᠦᠷ᠎ᠤᠨ ᠬᠢᠨᠠᠯᠲᠠ ᠬᠠᠮᠢᠶᠠᠷᠤᠯᠲᠠ ᠵᠢᠨ ᠲᠣᠪᠴᠢᠶ᠎ᠠ᠂ ᠠᠷᠠᠳ᠎ᠤᠨ ᠪᠠᠩᠬᠢ ᠵᠢᠨ ᠬᠥᠬᠡᠬᠤᠲᠠ ᠲᠥᠪ ᠰᠠᠯᠪᠤᠷᠢ ᠪᠠᠩᠬᠢ᠂ ᠡᠯ᠎ᠡ ᠠᠢ᠌ᠮᠠᠭ᠎ᠤᠨ ᠵᠠᠬᠢᠷᠭ᠎ᠠ᠂ ᠬᠤᠲᠠ ᠵᠢᠨ ᠠᠷᠠᠳ᠎ᠤᠨ ᠵᠠᠰᠠᠭ᠎ᠤᠨ ᠣᠷᠳᠣᠨ)
(ᠳᠣᠯᠤᠭ᠎ᠠ) ᠰᠢᠭᠤᠳ ᠪᠡᠯᠡ ᠲᠣᠬᠢᠷᠠᠭᠤᠯᠬᠤ ᠠᠷᠭ᠎ᠠ ᠵᠠᠮ᠎ᠢ ᠥᠷᠭᠡᠳᠬᠡᠨ᠎ᠡ᠃ ᠰᠲ᠋ᠣᠺ᠎ᠤᠨ ᠵᠠᠬ᠎ᠠ ᠳᠡᠯᠭᠡᠭᠦᠷ᠎ᠲᠤ ᠭᠠᠷᠤᠭᠰᠠᠨ ᠺᠣᠮᠫᠠᠨᠢ ᠵᠢ ᠬᠥᠲᠥᠯᠥᠨ ᠵᠢᠯᠤᠭᠣᠳᠴᠤ ᠪᠠᠢ᠌ᠭ᠋ᠠᠳ ᠬᠥᠭᠵᠢᠯᠲᠡ ᠵᠢᠨ ᠬᠡᠷᠡᠭᠴᠡᠭᠡ ᠪᠠ ᠵᠠᠬ᠎ᠠ ᠳᠡᠯᠭᠡᠭᠦᠷ᠎ᠤᠨ ᠪᠠᠢ᠌ᠳᠠᠯ᠎ᠢ ᠬᠠᠮᠲᠤᠳᠤᠨᠢ ᠬᠠᠷᠠᠭ᠋ᠠᠯᠵᠠᠨ ᠪᠠᠢ᠌ᠵᠤ ᠪᠡᠯᠡ ᠲᠣᠬᠢᠷᠠᠭᠤᠯᠭ᠎ᠠ ᠵᠢᠨ ᠲᠣᠬᠢᠷᠠᠭᠤᠯᠤᠯᠲᠠ ᠵᠢ ᠰᠢᠯᠢᠳᠡᠭᠵᠢᠭᠦᠯᠵᠦ᠂ ᠰᠲ᠋ᠣᠺ᠎ᠤᠨ ᠵᠠᠬ᠎ᠠ ᠳᠡᠯᠭᠡᠭᠦᠷ᠎ᠲᠤ ᠭᠠᠷᠤᠭᠰᠠᠨ ᠺᠣᠮᠫᠠᠨᠢ ᠵᠢᠨ ᠬᠥᠷᠥᠩᠭᠡ ᠵᠢᠨ ᠵᠠᠬ᠎ᠠ ᠳᠡᠯᠭᠡᠭᠦᠷ᠎ᠤᠨ ᠬᠡᠷᠡᠭᠯᠡᠭᠦᠷᠢ ᠭᠦᠢ᠍ᠴᠡᠳ ᠠᠰᠢᠭᠯᠠᠬᠤ ᠵᠢ ᠠᠬᠢᠭᠤᠯᠤᠨ᠂ ᠲᠦᠭᠰᠢᠭᠦᠷᠢ ᠵᠢ ᠳᠠᠭ᠋ᠠᠭ᠋ᠠᠬᠤ ᠴᠢᠳᠠᠪᠤᠷᠢ ᠵᠢ᠎ᠨᠢ ᠳᠡᠭᠡᠭᠰᠢᠯᠡᠭᠦᠯᠦᠨ᠎ᠡ᠃ ᠪᠠᠭ᠎ᠠ ᠲᠣᠭ᠋ᠠᠨ᠎ᠤ ᠲᠦᠷᠭᠡᠨ ᠪᠥᠭᠡᠳ ᠲᠥᠷᠥᠯ ᠬᠤᠪᠢᠶᠠᠨ ᠬᠢᠨᠠᠨ ᠬᠠᠷᠭᠤᠭᠤᠯᠬᠤ ᠵᠡᠷᠭᠡ ᠪᠡᠯᠡ ᠲᠣᠬᠢᠷᠠᠭᠤᠯᠭ᠎ᠠ ᠵᠢᠨ ᠲᠣᠭᠲᠠᠴᠠ ᠵᠢ ᠰᠠᠢ᠌ᠲᠤᠷ ᠬᠡᠷᠡᠭᠯᠡᠵᠦ᠂ ᠴᠢᠨᠠᠷ ᠰᠠᠢ᠌ᠲᠠᠢ ᠺᠣᠮᠫᠠᠨᠢ ᠵᠢᠨ ᠰᠲ᠋ᠣᠺ᠎ᠤᠨ ᠡᠷᠬᠡ᠎ᠪᠠᠷ ᠵᠶ᠋ᠠᠨ ᠪᠡᠯᠡ ᠲᠣᠬᠢᠷᠠᠭᠤᠯᠬᠤ ᠠᠵᠢᠯᠯᠠᠭ᠎ᠠ ᠥᠷᠨᠢᠭᠦᠯᠬᠦ ᠵᠢ ᠵᠣᠷᠢᠭᠵᠢᠭᠤᠯᠤᠨ᠎ᠠ᠃ ᠵᠠᠰᠠᠭ᠎ᠤᠨ ᠣᠷᠳᠣᠨ᠎ᠤ ᠪᠤᠰᠤ ᠴᠢᠨᠠᠷᠲᠠᠢ ᠪᠡᠯᠡ ᠲᠣᠬᠢᠷᠠᠭᠤᠯᠭ᠎ᠠ ᠵᠢᠨ ᠳᠠᠭ᠋ᠠᠭ᠋ᠠᠯᠲᠠ ᠵᠢᠨ ᠪᠠᠢ᠌ᠭᠤᠯᠤᠮᠵᠢ ᠵᠢᠨ ᠬᠥᠭᠵᠢᠯᠲᠡ ᠵᠢ ᠲᠡᠳᠬᠦᠨ ᠳᠠᠮᠵᠢᠵᠤ᠂ ᠰᠲ᠋ᠣᠺ᠎ᠤᠨ ᠵᠠᠬ᠎ᠠ ᠳᠡᠯᠭᠡᠭᠦᠷ᠎ᠲᠤ ᠭᠠᠷᠤᠭᠰᠠᠨ ᠺᠣᠮᠫᠠᠨᠢ ᠵᠢᠨ ᠣᠯᠠᠨ ᠡᠰᠢᠵᠢᠭᠰᠡᠨ ᠵᠢᠭᠡᠯᠡᠯᠭᠡ ᠵᠢᠨ ᠲᠡᠮᠳᠡᠭᠲᠦ ᠪᠠ ᠡᠳ᠋ ᠬᠥᠷᠥᠩᠭᠡ᠎ᠪᠠᠷ ᠲᠡᠮᠳᠡᠭᠲᠦ ᠵᠢᠨ ᠪᠡᠯᠡ ᠲᠣᠬᠢᠷᠠᠭᠤᠯᠭ᠎ᠠ ᠬᠢᠬᠦ ᠵᠢ ᠳᠠᠮᠵᠢᠵᠤ᠂ ᠨᠥᠬᠥᠴᠡᠯ᠎ᠳᠤ ᠨᠡᠢ᠌ᠴᠡᠭᠰᠡᠨ ᠠᠵᠤ ᠠᠬᠤᠢ᠌ᠯᠠᠯ᠎ᠤᠨ ᠤᠷᠢᠳᠡᠯ ᠡᠷᠬᠡᠲᠦ ᠰᠲ᠋ᠣᠺ᠂ ᠡᠭᠦᠷᠢᠳᠡ ᠵᠢᠨ ᠵᠢᠭᠡᠯᠡᠯᠭᠡ ᠵᠢᠨ ᠲᠡᠮᠳᠡᠭᠲᠦ᠂ ᠰᠣᠯᠢᠵᠤ ᠪᠣᠯᠬᠤ ᠵᠢᠭᠡᠯᠡᠯᠭᠡ ᠵᠢᠨ ᠲᠡᠮᠳᠡᠭᠲᠦ᠂ REITs ᠵᠡᠷᠭᠡ ᠰᠢᠨ᠎ᠡ ᠵᠢ ᠡᠭᠦᠳᠦᠭᠰᠡᠨ ᠪᠡᠯᠡ ᠲᠣᠬᠢᠷᠠᠭᠤᠯᠭ᠎ᠠ ᠵᠢᠨ ᠬᠡᠷᠡᠭᠯᠡᠭᠦᠷ ᠵᠶ᠋ᠠᠷ ᠳᠠᠮᠵᠢᠭᠤᠯᠤᠨ ᠪᠡᠯᠡ ᠲᠣᠬᠢᠷᠠᠭᠤᠯᠭ᠎ᠠ ᠵᠢᠨ ᠠᠷᠭ᠎ᠠ ᠪᠠᠷᠢᠯ ᠵᠶ᠋ᠠᠨ ᠪᠠᠶᠠᠯᠢᠭᠵᠢᠭᠤᠯᠵᠤ᠂ ᠬᠥᠷᠥᠩᠭᠡ ᠵᠢᠨ ᠪᠦᠲᠦᠴᠡ᠎ᠪᠠᠨ ᠰᠢᠯᠢᠳᠡᠭᠵᠢᠭᠦᠯᠬᠦ ᠵᠢ᠎ᠨᠢ ᠵᠣᠷᠢᠭᠵᠢᠭᠤᠯᠤᠨ᠎ᠠ᠃ ᠰᠲ᠋ᠣᠺ᠎ᠤᠨ ᠵᠠᠬ᠎ᠠ ᠳᠡᠯᠭᠡᠭᠦᠷ᠎ᠲᠤ ᠭᠠᠷᠤᠭᠰᠠᠨ ᠺᠣᠮᠫᠠᠨᠢ ᠵᠢ ᠳᠡᠮᠵᠢᠬᠦ ᠡᠯ᠎ᠡ ᠲᠥᠷᠥᠯ᠎ᠤᠨ ᠵᠠᠰᠠᠭ᠎ᠤᠨ ᠣᠷᠳᠣᠨ᠎ᠤ ᠴᠢᠨᠠᠷᠲᠠᠢ ᠰᠠᠭᠤᠷᠢ ᠮᠥᠩᠭᠥᠨ᠎ᠤ ᠦᠢ᠍ᠯᠡᠳᠦᠯ᠎ᠢ ᠰᠠᠢ᠌ᠲᠤᠷ ᠪᠠᠳᠠᠷᠠᠭᠤᠯᠵᠤ᠂ ᠢᠲᠡᠭᠡᠮᠵᠢ᠎ᠪᠠᠨ ᠨᠡᠮᠡᠭᠳᠡᠭᠦᠯᠬᠦ ᠣᠳᠣ ᠵᠢᠨ ᠪᠠᠢ᠌ᠭ᠎ᠠ ᠡᠯ᠎ᠡ ᠲᠥᠷᠥᠯ᠎ᠤᠨ ᠢᠲᠡᠭᠡᠮᠵᠢ ᠵᠢᠨ ᠠᠷᠭ᠎ᠠ ᠬᠡᠮᠵᠢᠶ᠎ᠡ ᠵᠢ ᠰᠠᠢ᠌ᠲᠤᠷ ᠬᠡᠷᠡᠭᠯᠡᠵᠦ᠂ ᠠᠵᠤ ᠠᠬᠤᠢ᠌ᠯᠠᠯ᠎ᠤᠨ ᠪᠡᠯᠡ ᠲᠣᠬᠢᠷᠠᠭᠤᠯᠭ᠎ᠠ ᠵᠢ ᠲᠡᠮᠵᠢᠨ᠎ᠡ᠃ ᠪᠠᠩᠬᠢ ᠵᠢᠨ ᠪᠤᠰᠤ ᠮᠥᠩᠭᠥᠨ ᠭᠦᠢ᠍ᠯᠭᠡᠭᠡᠨ᠎ᠤ ᠪᠠᠢ᠌ᠭᠤᠯᠤᠮᠵᠢ ᠵᠢᠨ ᠦᠢ᠍ᠯᠡᠳᠦᠯ᠎ᠢ ᠭᠦᠢ᠍ᠴᠡᠳ ᠪᠠᠳᠠᠷᠠᠭᠤᠯᠵᠤ᠂ ᠪᠡᠯᠡ ᠲᠣᠬᠢᠷᠠᠭᠤᠯᠭ᠎ᠠ ᠵᠢᠨ ᠠᠷᠭ᠎ᠠ ᠵᠠᠮ᠎ᠢ ᠥᠷᠭᠡᠵᠢᠭᠦᠯᠦᠨ᠎ᠡ᠃ (ᠬᠠᠷᠢᠭᠤᠴᠠᠬᠤ ᠨᠢᠭᠡᠴᠢ᠄ ᠥᠪᠥᠷ ᠮᠣᠩᠭᠣᠯ᠎ᠤᠨ ᠲᠡᠮᠳᠡᠭᠲᠦ ᠵᠢᠨ ᠬᠢᠨᠠᠯᠲᠠ ᠬᠠᠮᠢᠶᠠᠷᠤᠯᠲᠠ ᠵᠢᠨ ᠲᠣᠪᠴᠢᠶ᠎ᠠ᠂ ᠥᠪᠡᠷᠲᠡᠭᠡᠨ ᠵᠠᠰᠠᠬᠤ ᠣᠷᠣᠨ᠎ᠤ ᠣᠷᠣᠨ ᠨᠤᠲᠤᠭ᠎ᠤᠨ ᠮᠥᠩᠭᠥᠨ ᠭᠦᠢ᠍ᠯᠭᠡᠭᠡᠨ᠎ᠤ ᠬᠢᠨᠠᠯᠲᠠ ᠬᠠᠮᠢᠶᠠᠷᠤᠯᠲᠠ ᠵᠢᠨ ᠲᠣᠪᠴᠢᠶ᠎ᠠ᠂ ᠬᠥᠭᠵᠢᠭᠦᠯᠦᠯᠲᠡ ᠪᠠ ᠥᠭᠡᠷᠡᠴᠢᠯᠡᠯᠲᠡ ᠵᠢᠨ ᠵᠥᠪᠯᠡᠯ᠂ ᠡᠳ᠋᠎ᠤᠨ ᠵᠠᠰᠠᠭ᠎ᠤᠨ ᠲᠢᠩᠬᠢᠮ᠂ ᠠᠷᠠᠳ᠎ᠤᠨ ᠪᠠᠩᠬᠢ ᠵᠢᠨ ᠬᠥᠬᠡᠬᠤᠲᠠ ᠲᠥᠪ ᠰᠠᠯᠪᠤᠷᠢ ᠪᠠᠩᠬᠢ)
ᠳᠥᠷᠪᠡ᠂ ᠰᠲ᠋ᠣᠺ᠎ᠤᠨ ᠵᠠᠬ᠎ᠠ ᠳᠡᠯᠭᠡᠭᠦᠷ᠎ᠲᠤ ᠭᠠᠷᠤᠭᠰᠠᠨ ᠺᠣᠮᠫᠠᠨᠢ ᠵᠢᠨ ᠦᠯᠡᠳᠡᠭᠡᠯ ᠲᠦᠭᠰᠢᠭᠦᠷᠢ ᠵᠢ ᠰᠢᠢ᠍ᠳᠪᠦᠷᠢᠯᠡᠬᠦ᠎ᠪᠠᠨ ᠲᠦᠷᠭᠡᠳᠬᠡᠨ᠎ᠡ
(ᠨᠠᠢ᠍ᠮᠠ) ᠰᠲ᠋ᠣᠺ᠎ᠤᠨ ᠳᠠᠨᠵᠢᠯᠠᠭ᠎ᠠ ᠵᠢᠨ ᠲᠦᠭᠰᠢᠭᠦᠷᠢ ᠵᠢ ᠠᠷᠢᠯᠭ᠋ᠠᠬᠤ᠎ᠪᠠᠨ ᠦᠷᠭᠦᠯᠵᠢᠯᠡᠨ ᠠᠬᠢᠭᠤᠯᠤᠨ᠎ᠠ᠃ ᠰᠲ᠋ᠣᠺ᠎ᠤᠨ ᠵᠠᠬ᠎ᠠ ᠳᠡᠯᠭᠡᠭᠦᠷ᠎ᠲᠤ ᠭᠠᠷᠤᠭᠰᠠᠨ ᠺᠣᠮᠫᠠᠨᠢ ᠵᠢᠨ ᠰᠲ᠋ᠣᠺ᠎ᠤᠨ ᠳᠠᠨᠵᠢᠯᠠᠭ᠎ᠠ ᠵᠢᠨ ᠲᠦᠭᠰᠢᠭᠦᠷᠢ ᠵᠢ ᠠᠷᠢᠯᠭ᠋ᠠᠬᠤ ᠭᠣᠣᠯ ᠴᠣᠭᠴᠠ ᠵᠢᠨ ᠬᠠᠷᠢᠭᠤᠴᠠᠯᠭ᠎ᠠ ᠵᠢ ᠤᠯᠠᠮ ᠨᠢᠭᠡ ᠠᠯᠬᠤᠮ ᠪᠣᠳᠠᠲᠠᠢ᠌ᠵᠢᠭᠤᠯᠤᠨ ᠴᠢᠩᠭ᠋ᠠᠳᠬᠠᠵᠤ᠂ ᠰᠲ᠋ᠣᠺ᠎ᠤᠨ ᠵᠠᠬ᠎ᠠ ᠳᠡᠯᠭᠡᠭᠦᠷ᠎ᠲᠤ ᠭᠠᠷᠤᠭᠰᠠᠨ ᠺᠣᠮᠫᠠᠨᠢ ᠵᠢ ᠦᠷᠭᠦᠯᠵᠢᠯᠡᠨ ᠬᠥᠲᠥᠯᠥᠨ ᠵᠢᠯᠤᠭᠣᠳᠴᠤ ᠪᠠᠢ᠌ᠭ᠋ᠠᠳ ᠬᠥᠰᠢᠭᠦᠷᠭᠡ ᠵᠢᠨ ᠲᠦᠪᠰᠢᠨ᠎ᠢ᠎ᠨᠢ ᠪᠠᠭᠤᠷᠠᠭᠤᠯᠵᠤ᠂ ᠠᠵᠤ ᠠᠬᠤᠢ᠌ᠯᠠᠯ᠎ᠤᠨ ᠡᠵᠡᠩᠨᠡᠯᠲᠡ ᠵᠢᠨ ᠲᠦᠭᠰᠢᠭᠦᠷᠢ ᠵᠢ᠎ᠨᠢ ᠦᠨᠡᠨ ᠬᠦ᠌ ᠪᠠᠭᠤᠷᠠᠭᠤᠯᠤᠨ᠎ᠠ᠃ ᠥᠪᠡᠷᠲᠡᠭᠡᠨ ᠵᠠᠰᠠᠬᠤ ᠣᠷᠣᠨ᠎ᠤ ᠠᠵᠤ ᠠᠬᠤᠢ᠌ᠯᠠᠯ᠎ᠤᠨ ᠬᠦᠴᠢᠷᠳᠡᠯ᠎ᠢ ᠲᠠᠶ᠋ᠢᠯᠵᠦ ᠬᠥᠭᠵᠢᠭᠦᠯᠬᠦ ᠰᠠᠭᠤᠷᠢ ᠮᠥᠩᠭᠥᠨ᠎ᠤ ᠪᠠᠴᠢᠮ ᠪᠠᠢ᠌ᠳᠠᠯ᠎ᠢ ᠠᠪᠤᠷᠠᠬᠤ ᠦᠢ᠍ᠯᠡᠳᠦᠯ᠎ᠢ ᠤᠯᠠᠮ ᠨᠢᠭᠡ ᠠᠯᠬᠤᠮ ᠪᠠᠳᠠᠷᠠᠭᠤᠯᠵᠤ᠂ ᠠᠵᠤ ᠠᠬᠤᠢ᠌ᠯᠠᠯ᠎ᠤᠨ ᠬᠦᠴᠢᠷᠳᠡᠯ᠎ᠢ ᠲᠠᠢ᠌ᠯᠬᠤ ᠥᠪᠡᠷ᠎ᠤᠨ ᠥᠷᠲᠡᠭ᠎ᠢ᠎ᠨᠢ ᠪᠠᠭᠤᠷᠠᠭᠤᠯᠤᠨ᠎ᠠ᠃ ᠬᠦᠴᠢᠷᠳᠡᠯ᠎ᠢ ᠲᠠᠢ᠌ᠯᠬᠤ ᠬᠠᠷᠠᠯᠲᠠ᠎ᠨᠢ ᠲᠣᠳᠣᠷᠬᠠᠢ᠂ ᠰᠢᠢ᠍ᠳᠪᠦᠷᠢᠲᠦ ᠪᠣᠳᠣᠯᠭ᠎ᠠ ᠲᠣᠭᠲᠠᠭ᠋ᠠᠬᠤ ᠲᠠᠰ ᠳᠠᠷᠠᠭ᠋ᠠᠯᠠᠯ᠎ᠨᠢ ᠲᠣᠭᠲᠠᠭ᠋ᠠᠯ᠎ᠳᠤ ᠨᠡᠢ᠌ᠴᠡᠭᠰᠡᠨ᠂ ᠣᠷᠣᠨ ᠨᠤᠲᠤᠭ᠎ᠤᠨ ᠠᠷᠠᠳ᠎ᠤᠨ ᠵᠠᠰᠠᠭ᠎ᠤᠨ ᠣᠷᠳᠣᠨ᠎ᠤ ᠳᠡᠮᠵᠢᠭᠰᠡᠨ ᠤᠯᠤᠰ᠎ᠤᠨ ᠥᠮᠴᠢᠯᠡᠯᠲᠦ ᠬᠥᠷᠥᠩᠭᠡ ᠵᠢᠨ ᠪᠡᠯᠡ ᠣᠷᠣᠭᠤᠯᠤᠯᠲᠠ ᠵᠢᠨ ᠲᠥᠷᠥᠯ ᠵᠦᠢ᠍ᠯ ᠪᠤᠶᠤ ᠰᠠᠭᠤᠷᠢ ᠮᠥᠩᠭᠥᠨ᠎ᠳᠤ ᠠᠯᠳᠠᠰᠢ ᠵᠢ ᠠᠭᠤᠴᠢᠯᠠᠬᠤ ᠲᠣᠭᠲᠠᠴᠠ ᠵᠢ ᠪᠠᠢ᠌ᠭᠤᠯᠵᠤ᠂ ᠪᠡᠯᠡ ᠣᠷᠣᠭᠤᠯᠤᠯᠲᠠ ᠵᠢᠨ ᠲᠦᠭᠰᠢᠭᠦᠷᠢ ᠵᠢ ᠨᠡᠬᠡᠮᠵᠢᠯᠡᠬᠦ ᠪᠠ ᠠᠵᠤ ᠠᠬᠤᠢ᠌ᠯᠠᠯ᠎ᠤᠨ ᠭᠦᠢ᠍ᠴᠡᠳᠬᠡᠯ ᠲᠣᠭ᠎ᠠ ᠵᠢ ᠰᠢᠯᠭ᠋ᠠᠨ ᠬᠢᠨᠠᠬᠤ᠎ᠪᠠᠨ ᠵᠣᠬᠢᠬᠤ ᠬᠡᠮᠵᠢᠶ᠎ᠡ᠎ᠪᠠᠷ ᠬᠡᠯᠲᠦᠷᠢᠭᠦᠯᠦᠨ᠎ᠡ᠃ ᠪᠠᠩᠬᠢ᠂ ᠲᠡᠮᠳᠡᠭᠲᠦ᠂ ᠳᠠᠭ᠋ᠠᠳᠬᠠᠯ᠂ ᠬᠤᠪᠢ᠎ᠪᠠᠷ ᠵᠶ᠋ᠠᠨ ᠴᠤᠭᠯᠠᠭᠤᠯᠬᠤ ᠰᠲ᠋ᠣᠺ᠎ᠤᠨ ᠡᠷᠬᠡ ᠵᠢᠨ ᠰᠠᠭᠤᠷᠢ ᠮᠥᠩᠭᠥ ᠵᠡᠷᠭᠡ ᠪᠠᠢ᠌ᠭᠤᠯᠤᠮᠵᠢ ᠵᠢᠨ ᠰᠲ᠋ᠣᠺ᠎ᠤᠨ ᠵᠠᠬ᠎ᠠ ᠳᠡᠯᠭᠡᠭᠦᠷ᠎ᠲᠤ ᠭᠠᠷᠤᠭᠰᠠᠨ ᠺᠣᠮᠫᠠᠨᠢ ᠵᠢᠨ ᠰᠲ᠋ᠣᠺ᠎ᠤᠨ ᠳᠠᠨᠵᠢᠯᠠᠭ᠎ᠠ ᠵᠢᠨ ᠲᠦᠭᠰᠢᠭᠦᠷᠢ ᠵᠢ ᠠᠷᠢᠯᠭ᠋ᠠᠬᠤ᠎ᠳᠤ ᠣᠷᠤᠯᠴᠠᠬᠤ ᠵᠢ᠎ᠨᠢ ᠳᠡᠮᠵᠢᠨ᠎ᠡ᠃ ᠥᠪᠡᠷᠲᠡᠭᠡᠨ ᠵᠠᠰᠠᠬᠤ ᠣᠷᠣᠨ᠎ᠤ ᠳᠣᠲᠣᠷᠠᠬᠢ ᠬᠤᠳᠠᠯᠳᠤᠭ᠋ᠠᠨ᠎ᠤ ᠪᠠᠩᠬᠢ ᠵᠡᠷᠭᠡ ᠮᠥᠩᠭᠥᠨ ᠭᠦᠢ᠍ᠯᠭᠡᠭᠡᠨ᠎ᠤ ᠪᠠᠢ᠌ᠭᠤᠯᠤᠮᠵᠢ ᠵᠢ ᠵᠣᠬᠢᠴᠠᠭᠤᠯᠵᠤ ᠪᠠᠢ᠌ᠭ᠋ᠠᠳ ᠲᠠᠯᠠᠪᠤᠷ᠎ᠲᠠᠬᠢ ᠰᠲ᠋ᠣᠺ᠎ᠢ ᠳᠠᠨᠵᠢᠯᠠᠵᠤ ᠪᠡᠯᠡ ᠲᠣᠬᠢᠷᠠᠭᠤᠯᠬᠤ ᠵᠢᠨ ᠲᠦᠭᠰᠢᠭᠦᠷᠢ ᠵᠢ ᠡᠵᠡᠮᠳᠡᠬᠦ ᠪᠠᠷᠢᠮᠵᠢᠶ᠎ᠠ ᠵᠢ ᠬᠡᠷᠡᠭᠵᠢᠭᠦᠯᠵᠦ᠂ ᠬᠤᠳᠠᠯᠳᠤᠬᠤ ᠵᠢ ᠬᠢᠵᠠᠭ᠋ᠠᠷᠯᠠᠭᠰᠠᠨ ᠰᠲ᠋ᠣᠺ᠎ᠤᠨ ᠳᠠᠨᠵᠢᠯᠠᠭ᠎ᠠ ᠵᠢ ᠴᠢᠩᠭ᠎ᠠ ᠬᠢᠵᠠᠭ᠋ᠠᠷᠯᠠᠨ᠎ᠠ᠃ (ᠬᠠᠷᠢᠭᠤᠴᠠᠬᠤ ᠨᠢᠭᠡᠴᠢ᠄ ᠥᠪᠥᠷ ᠮᠣᠩᠭᠣᠯ᠎ᠤᠨ ᠲᠡᠮᠳᠡᠭᠲᠦ ᠵᠢᠨ ᠬᠢᠨᠠᠯᠲᠠ ᠬᠠᠮᠢᠶᠠᠷᠤᠯᠲᠠ ᠵᠢᠨ ᠲᠣᠪᠴᠢᠶ᠎ᠠ᠂ ᠥᠪᠡᠷᠲᠡᠭᠡᠨ ᠵᠠᠰᠠᠬᠤ ᠣᠷᠣᠨ᠎ᠤ ᠣᠷᠣᠨ ᠨᠤᠲᠤᠭ᠎ᠤᠨ ᠮᠥᠩᠭᠥᠨ ᠭᠦᠢ᠍ᠯᠭᠡᠭᠡᠨ᠎ᠤ ᠬᠢᠨᠠᠯᠲᠠ ᠬᠠᠮᠢᠶᠠᠷᠤᠯᠲᠠ ᠵᠢᠨ ᠲᠣᠪᠴᠢᠶ᠎ᠠ᠂ ᠡᠳ᠋᠎ᠤᠨ ᠵᠠᠰᠠᠭ᠎ᠤᠨ ᠲᠢᠩᠬᠢᠮ᠂ ᠤᠯᠤᠰ᠎ᠤᠨ ᠥᠮᠴᠢᠯᠡᠯᠲᠦ ᠡᠳ᠋ ᠬᠥᠷᠥᠩᠭᠡ ᠵᠢᠨ ᠬᠢᠨᠠᠯᠲᠠ ᠬᠠᠮᠢᠶᠠᠷᠤᠯᠲᠠ ᠵᠢᠨ ᠵᠥᠪᠯᠡᠯ᠂ ᠠᠷᠠᠳ᠎ᠤᠨ ᠥᠨᠳᠥᠷ ᠵᠡᠷᠭᠡ ᠵᠢᠨ ᠰᠢᠭᠦᠬᠦ ᠬᠣᠷᠢᠶ᠎ᠠ᠂ ᠠᠷᠠᠳ᠎ᠤᠨ ᠪᠠᠩᠬᠢ ᠵᠢᠨ ᠬᠥᠬᠡᠬᠤᠲᠠ ᠲᠥᠪ ᠰᠠᠯᠪᠤᠷᠢ ᠪᠠᠩᠬᠢ᠂ ᠥᠪᠥᠷ ᠮᠣᠩᠭᠣᠯ᠎ᠤᠨ ᠪᠠᠩᠬᠢ ᠳᠠᠭ᠋ᠠᠳᠬᠠᠯ᠎ᠤᠨ ᠬᠢᠨᠠᠯᠲᠠ ᠬᠠᠮᠢᠶᠠᠷᠤᠯᠲᠠ ᠵᠢᠨ ᠲᠣᠪᠴᠢᠶ᠎ᠠ᠂ ᠡᠯ᠎ᠡ ᠠᠢ᠌ᠮᠠᠭ᠎ᠤᠨ ᠵᠠᠬᠢᠷᠭ᠎ᠠ᠂ ᠬᠤᠲᠠ ᠵᠢᠨ ᠠᠷᠠᠳ᠎ᠤᠨ ᠵᠠᠰᠠᠭ᠎ᠤᠨ ᠣᠷᠳᠣᠨ)
(ᠶᠢᠰᠦ) ᠲᠦᠭᠰᠢᠭᠦᠷᠢ ᠶᠡᠬᠡᠲᠠᠢ ᠺᠣᠮᠫᠠᠨᠢ ᠵᠢᠨ ᠲᠦᠭᠰᠢᠭᠦᠷᠢ ᠵᠢ ᠠᠷᠢᠯᠭ᠋ᠠᠬᠤ᠎ᠪᠠᠨ ᠠᠬᠢᠭᠤᠯᠤᠨ᠎ᠠ᠃ ᠰᠲ᠋ᠣᠺ᠎ᠤᠨ ᠵᠠᠬ᠎ᠠ ᠳᠡᠯᠭᠡᠭᠦᠷ᠎ᠲᠤ ᠭᠠᠷᠤᠭᠰᠠᠨ ᠲᠦᠭᠰᠢᠭᠦᠷᠢ ᠶᠡᠬᠡᠲᠠᠢ ᠺᠣᠮᠫᠠᠨᠢ ᠵᠢᠨ ᠲᠦᠭᠰᠢᠭᠦᠷᠢ ᠵᠢ ᠠᠷᠢᠯᠭ᠋ᠠᠬᠤ᠎ᠳᠤ ᠬᠠᠷᠢᠶ᠎ᠠ ᠭᠠᠵᠠᠷ᠎ᠤᠨ ᠬᠠᠷᠢᠭᠤᠴᠠᠯᠭ᠎ᠠ ᠵᠢ ᠪᠣᠳᠠᠲᠠᠢ᠌ᠵᠢᠭᠤᠯᠵᠤ᠂ ᠰᠲ᠋ᠣᠺ᠎ᠤᠨ ᠵᠠᠬ᠎ᠠ ᠳᠡᠯᠭᠡᠭᠦᠷ᠎ᠲᠤ ᠭᠠᠷᠤᠭᠰᠠᠨ ᠲᠦᠭᠰᠢᠭᠦᠷᠢ ᠶᠡᠬᠡᠲᠠᠢ ᠺᠣᠮᠫᠠᠨᠢ ᠵᠢᠨ ᠣᠷᠣᠰᠢᠵᠤ ᠪᠠᠢ᠌ᠭ᠎ᠠ ᠲᠦᠭᠰᠢᠭᠦᠷᠢ ᠵᠢ ᠠᠷᠢᠯᠭ᠋ᠠᠬᠤ ᠬᠠᠷᠢᠶ᠎ᠠ ᠭᠠᠵᠠᠷ᠎ᠤᠨ ᠵᠠᠰᠠᠭ᠎ᠤᠨ ᠣᠷᠳᠣᠨ᠎ᠤ ᠤᠳᠤᠷᠢᠳᠤᠯᠭ᠎ᠠ ᠵᠢᠨ ᠴᠡᠭ ᠲᠣᠭᠲᠠᠭ᠋ᠠᠨ ᠬᠠᠷᠢᠯᠴᠠᠬᠤ ᠲᠣᠭᠲᠠᠴᠠ ᠵᠢ ᠪᠠᠢ᠌ᠭᠤᠯᠤᠨ᠎ᠠ᠃ ᠬᠠᠮᠢᠶ᠎ᠠ ᠪᠦᠬᠦᠢ ᠮᠥᠩᠭᠥᠨ ᠭᠦᠢ᠍ᠯᠭᠡᠭᠡᠨ᠎ᠤ ᠪᠠᠢ᠌ᠭᠤᠯᠤᠮᠵᠢ᠎ᠨᠢ ᠰᠲ᠋ᠣᠺ᠎ᠤᠨ ᠵᠠᠬ᠎ᠠ ᠳᠡᠯᠭᠡᠭᠦᠷ᠎ᠲᠤ ᠭᠠᠷᠤᠭᠰᠠᠨ ᠺᠣᠮᠫᠠᠨᠢ ᠵᠢᠨ ᠲᠦᠭᠰᠢᠭᠦᠷᠢ ᠵᠢ ᠠᠷᠢᠯᠭ᠋ᠠᠬᠤ᠎ᠳᠤ ᠳᠡᠮᠵᠢᠯᠭᠡ ᠦᠵᠡᠭᠦᠯᠬᠦ᠎ᠪᠠᠨ ᠴᠢᠩᠭ᠋ᠠᠳᠬᠠᠵᠤ᠂ ᠰᠣᠬᠣᠷ ᠪᠠᠯᠠᠢ᠎ᠪᠠᠷ ᠵᠢᠭᠡᠯᠡᠯᠭᠡ᠎ᠪᠠᠨ ᠪᠤᠴᠠᠭ᠋ᠠᠬᠤ ᠦᠭᠡᠢ᠂ ᠵᠢᠭᠡᠯᠡᠯᠭᠡ᠎ᠪᠠᠨ ᠵᠣᠭᠰᠤᠭ᠋ᠠᠬᠤ ᠦᠭᠡᠢ ᠪᠠᠢ᠌ᠵᠤ᠂ ᠵᠠᠬ᠎ᠠ ᠳᠡᠯᠭᠡᠭᠦᠷ᠎ᠤᠨ ᠵᠢᠮ᠎ᠡ ᠶᠣᠰᠣ ᠵᠢ ᠭᠦᠢ᠍ᠴᠡᠳ ᠬᠦᠨᠳᠦᠳᠬᠡᠬᠦ ᠵᠢᠨ ᠵᠡᠷᠭᠡ᠎ᠪᠠᠷ᠂ ᠰᠲ᠋ᠣᠺ᠎ᠤᠨ ᠵᠠᠬ᠎ᠠ ᠳᠡᠯᠭᠡᠭᠦᠷ᠎ᠲᠤ ᠭᠠᠷᠤᠭᠰᠠᠨ ᠺᠣᠮᠫᠠᠨᠢ ᠵᠢᠨ ᠲᠦᠭᠰᠢᠭᠦᠷᠢ ᠵᠢ ᠠᠷᠢᠯᠭ᠋ᠠᠬᠤ ᠠᠵᠢᠯ᠎ᠳᠠᠬᠢ ᠵᠠᠰᠠᠭ᠎ᠤᠨ ᠣᠷᠳᠣᠨ᠎ᠤ ᠵᠣᠬᠢᠴᠠᠭᠤᠯᠭ᠎ᠠ ᠵᠢ ᠴᠢᠩᠭ᠋ᠠᠷᠠᠭᠤᠯᠤᠨ᠂ ᠲᠦᠭᠰᠢᠭᠦᠷᠢ ᠵᠢ ᠠᠷᠢᠯᠭ᠋ᠠᠬᠤ ᠲᠥᠰᠥᠯ ᠪᠤᠶᠤ ᠰᠢᠢ᠍ᠳᠪᠦᠷᠢᠯᠡᠬᠦ ᠪᠡᠯᠡᠳᠬᠡᠯ ᠲᠥᠰᠥᠯ᠎ᠢ ᠲᠣᠭᠲᠠᠭ᠋ᠠᠵᠤ᠂ ᠲᠦᠭᠰᠢᠭᠦᠷᠢ ᠵᠢ ᠭᠠᠳᠠᠭᠰᠢ ᠲᠦᠭᠡᠭᠡᠬᠦ ᠪᠤᠶᠤ ᠮᠥᠩᠭᠥᠨ ᠭᠦᠢ᠍ᠯᠭᠡᠭᠡᠨ᠎ᠤ ᠪᠠᠢ᠌ᠭᠤᠯᠤᠮᠵᠢ ᠵᠢᠨ ᠢᠲᠡᠭᠡᠮᠵᠢ ᠵᠢᠨ ᠲᠦᠭᠰᠢᠭᠦᠷᠢ ᠪᠣᠯᠵᠤ ᠰᠢᠯᠵᠢᠭᠦᠯᠦᠨ ᠲᠣᠬᠣᠭᠳᠠᠬᠤᠠᠴᠠ ᠵᠠᠢ᠌ᠯᠠᠰᠬᠢᠨ᠎ᠡ᠃ ᠳᠠᠮᠫᠤᠷᠠᠯ᠎ᠢ ᠵᠠᠷᠯᠠᠵᠤ ᠳᠠᠬᠢᠨ ᠴᠡᠭᠴᠡᠯᠡᠬᠦ ᠵᠡᠷᠭᠡ ᠠᠷᠭ᠎ᠠ ᠮᠠᠶᠢᠭ ᠵᠶ᠋ᠠᠷ ᠳᠠᠮᠵᠢᠭᠤᠯᠤᠨ ᠬᠤᠪᠢᠴᠠᠭ᠎ᠠ ᠡᠵᠡᠮᠰᠢᠭᠰᠡᠨ ᠬᠤᠪᠢᠴᠠᠭ᠋ᠠᠳᠠᠨᠤ ᠡᠵᠡᠩᠨᠡᠯᠲᠡ ᠵᠢᠨ ᠲᠦᠭᠰᠢᠭᠦᠷᠢ ᠵᠢ ᠰᠢᠢ᠍ᠳᠪᠦᠷᠢᠯᠡᠵᠦ᠂ ᠲᠦᠭᠰᠢᠭᠦᠷᠢ ᠵᠢ ᠳᠠᠮᠵᠢᠭᠤᠯᠬᠤ ᠬᠡᠯᠬᠢᠶᠡᠰᠦ ᠵᠢ ᠬᠣᠷᠢᠭᠯᠠᠨ ᠵᠣᠭᠰᠣᠭ᠋ᠠᠨ᠎ᠠ᠃ ᠰᠲ᠋ᠣᠺ᠎ᠤᠨ ᠵᠠᠬ᠎ᠠ ᠳᠡᠯᠭᠡᠭᠦᠷ᠎ᠲᠤ ᠭᠠᠷᠤᠭᠰᠠᠨ ᠲᠦᠭᠰᠢᠭᠦᠷᠢ ᠶᠡᠬᠡᠲᠠᠢ ᠺᠣᠮᠫᠠᠨᠢ ᠵᠢ ᠳᠠᠬᠢᠨ ᠵᠣᠬᠢᠶᠠᠨ ᠪᠠᠶ᠋ᠢᠭᠤᠯᠬᠤ ᠵᠢ ᠠᠬᠢᠭᠤᠯᠵᠤ᠂ ᠥᠪᠡᠷᠲᠡᠭᠡᠨ ᠵᠠᠰᠠᠬᠤ ᠣᠷᠣᠨ᠎ᠤ ᠬᠡᠪᠴᠢᠶᠡᠨ᠎ᠳᠠᠬᠢ ᠴᠢᠨᠠᠷ ᠰᠠᠢ᠌ᠲᠠᠢ ᠡᠳ᠋ ᠬᠥᠷᠥᠩᠭᠡ ᠵᠢ ᠳᠠᠬᠢᠨ ᠵᠣᠬᠢᠶᠠᠨ ᠪᠠᠶ᠋ᠢᠭᠤᠯᠬᠤ ᠠᠷᠭ᠎ᠠ ᠮᠠᠶᠢᠭ ᠵᠶ᠋ᠠᠷ ᠳᠠᠮᠵᠢᠭᠤᠯᠤᠨ ᠰᠲ᠋ᠣᠺ᠎ᠤᠨ ᠵᠠᠬ᠎ᠠ ᠳᠡᠯᠭᠡᠭᠦᠷ᠎ᠲᠤ ᠭᠠᠷᠤᠭᠰᠠᠨ ᠺᠣᠮᠫᠠᠨᠢ᠎ᠳᠤ ᠣᠷᠣᠬᠤ᠎ᠳᠤᠨᠢ ᠶᠡᠬᠡᠬᠡᠨ ᠳᠡᠮᠵᠢᠯᠭᠡ ᠦᠵᠡᠭᠦᠯᠵᠦ᠂ ᠵᠠᠬ᠎ᠠ ᠳᠡᠯᠭᠡᠭᠦᠷ᠎ᠲᠤ ᠭᠠᠷᠬᠤ ᠦᠯᠡᠳᠡᠭᠡᠯ ᠡᠬᠢ ᠪᠠᠶᠠᠯᠢᠭ᠎ᠢ ᠭᠦᠢ᠍ᠯᠭᠡᠭᠡᠨ᠎ᠲᠠᠢ ᠪᠣᠯᠭ᠋ᠠᠨ᠎ᠠ᠃ (ᠬᠠᠷᠢᠭᠤᠴᠠᠬᠤ ᠨᠢᠭᠡᠴᠢ᠄ ᠥᠪᠥᠷ ᠮᠣᠩᠭᠣᠯ᠎ᠤᠨ ᠲᠡᠮᠳᠡᠭᠲᠦ ᠵᠢᠨ ᠬᠢᠨᠠᠯᠲᠠ ᠬᠠᠮᠢᠶᠠᠷᠤᠯᠲᠠ ᠵᠢᠨ ᠲᠣᠪᠴᠢᠶ᠎ᠠ᠂ ᠥᠪᠡᠷᠲᠡᠭᠡᠨ ᠵᠠᠰᠠᠬᠤ ᠣᠷᠣᠨ᠎ᠤ ᠣᠷᠣᠨ ᠨᠤᠲᠤᠭ᠎ᠤᠨ ᠮᠥᠩᠭᠥᠨ ᠭᠦᠢ᠍ᠯᠭᠡᠭᠡᠨ᠎ᠤ ᠬᠢᠨᠠᠯᠲᠠ ᠬᠠᠮᠢᠶᠠᠷᠤᠯᠲᠠ ᠵᠢᠨ ᠲᠣᠪᠴᠢᠶ᠎ᠠ᠂ ᠠᠷᠠᠳ᠎ᠤᠨ ᠪᠠᠩᠬᠢ ᠵᠢᠨ ᠬᠥᠬᠡᠬᠤᠲᠠ ᠲᠥᠪ ᠰᠠᠯᠪᠤᠷᠢ ᠪᠠᠩᠬᠢ᠂ ᠥᠪᠥᠷ ᠮᠣᠩᠭᠣᠯ᠎ᠤᠨ ᠪᠠᠩᠬᠢ ᠳᠠᠭ᠋ᠠᠳᠬᠠᠯ᠎ᠤᠨ ᠬᠢᠨᠠᠯᠲᠠ ᠬᠠᠮᠢᠶᠠᠷᠤᠯᠲᠠ ᠵᠢᠨ ᠲᠣᠪᠴᠢᠶ᠎ᠠ᠂ ᠡᠯ᠎ᠡ ᠠᠢ᠌ᠮᠠᠭ᠎ᠤᠨ ᠵᠠᠬᠢᠷᠭ᠎ᠠ᠂ ᠬᠤᠲᠠ ᠵᠢᠨ ᠠᠷᠠᠳ᠎ᠤᠨ ᠵᠠᠰᠠᠭ᠎ᠤᠨ ᠣᠷᠳᠣᠨ)
(ᠠᠷᠪᠠ) ᠵᠠᠬ᠎ᠠ ᠳᠡᠯᠭᠡᠭᠦᠷ᠎ᠤᠨ ᠲᠦᠭᠰᠢᠭᠦᠷᠢ ᠵᠢ ᠢᠯᠭ᠋ᠠᠷᠠᠭᠤᠯᠤᠨ ᠭᠠᠷᠭ᠋ᠠᠬᠤ ᠵᠢ ᠲᠦᠷᠭᠡᠳᠬᠡᠨ᠎ᠡ᠃ ᠵᠠᠬ᠎ᠠ ᠳᠡᠯᠭᠡᠭᠦᠷᠴᠢᠯᠡᠬᠦ᠂ ᠬᠠᠤᠯᠢ᠎ᠪᠠᠷ ᠵᠠᠰᠠᠬᠤ ᠵᠠᠷᠴᠢᠮ᠎ᠢ ᠪᠠᠷᠢᠮᠲᠠᠯᠠᠨ᠂ ᠰᠠᠨᠠᠭ᠋ᠠᠴᠢᠯᠠᠭ᠎ᠠ᠎ᠠᠴᠠ᠎ᠪᠠᠨ ᠵᠠᠬ᠎ᠠ ᠳᠡᠯᠭᠡᠭᠦᠷ᠎ᠠᠴᠠ ᠪᠤᠴᠠᠨ ᠭᠠᠷᠬᠤ᠂ ᠨᠡᠢ᠌ᠯᠡᠭᠦᠯᠦᠨ ᠬᠤᠳᠠᠯᠳᠤᠨ ᠠᠪᠴᠤ ᠲᠠᠬᠢᠨ ᠵᠣᠬᠢᠶᠠᠨ ᠪᠠᠶ᠋ᠢᠭᠤᠯᠬᠤ᠂ ᠳᠠᠮᠫᠤᠷᠠᠯ᠎ᠢ ᠵᠠᠷᠯᠠᠵᠤ ᠳᠠᠬᠢᠨ ᠴᠡᠭᠴᠡᠯᠡᠬᠦ ᠵᠡᠷᠭᠡ ᠰᠲ᠋ᠣᠺ᠎ᠤᠨ ᠵᠠᠬ᠎ᠠ ᠳᠡᠯᠭᠡᠭᠦᠷ᠎ᠲᠤ ᠭᠠᠷᠤᠭᠰᠠᠨ ᠺᠣᠮᠫᠠᠨᠢ ᠵᠢᠨ ᠣᠯᠠᠨ ᠡᠰᠢᠵᠢᠭᠰᠡᠨ ᠪᠤᠴᠠᠨ ᠭᠠᠷᠬᠤ ᠠᠷᠭ᠎ᠠ ᠵᠠᠮ᠎ᠢ ᠤᠯᠠᠮ ᠨᠢᠭᠡ ᠠᠯᠬᠤᠮ ᠰᠢᠯᠤᠭᠤᠳᠬᠠᠨ᠎ᠠ᠃ ᠠᠵᠤ ᠠᠬᠤᠢ᠌ᠯᠠᠯ᠎ᠤᠨ ᠦᠷᠭᠦᠯᠵᠢᠯᠡᠨ ᠡᠵᠡᠩᠨᠡᠬᠦ ᠴᠢᠳᠠᠪᠤᠷᠢ ᠵᠢ ᠣᠨᠴᠠᠭ᠋ᠠᠢ᠌ᠯᠠᠨ ᠴᠢᠬᠤᠯᠠᠴᠢᠯᠠᠵᠤ᠂ ᠰᠲ᠋ᠣᠺ᠎ᠤᠨ ᠵᠠᠬ᠎ᠠ ᠳᠡᠯᠭᠡᠭᠦᠷ᠎ᠠᠴᠠ ᠪᠤᠴᠠᠨ ᠭᠠᠷᠬᠤ ᠪᠠᠷᠢᠮᠵᠢᠶ᠎ᠠ᠎ᠳᠤ ᠬᠦᠷᠦᠭᠰᠡᠨ ᠠᠵᠤ ᠠᠬᠤᠢ᠌ᠯᠠᠯ᠎ᠤᠨ ᠪᠤᠴᠠᠨ ᠭᠠᠷᠬᠤ ᠶᠣᠰᠣᠲᠠᠢ ᠵᠢ᠎ᠨᠢ ᠪᠦᠬᠦᠨ᠎ᠢ ᠪᠤᠴᠠᠭ᠋ᠠᠨ ᠭᠠᠷᠭ᠋ᠠᠵᠤ᠂ ᠵᠠᠬ᠎ᠠ ᠳᠡᠯᠭᠡᠭᠦᠷ᠎ᠲᠤ ᠰᠢᠯᠢᠳᠡᠭ᠎ᠨᠢ ᠦᠯᠡᠳᠡᠵᠦ ᠰᠢᠭ᠋ᠠᠷᠤ᠎ᠨᠢ ᠰᠢᠭᠰᠢᠭᠳᠡᠬᠦ᠂ ᠰᠢᠨ᠎ᠡ ᠬᠠᠭᠤᠴᠢᠨ᠎ᠤ ᠰᠣᠯᠢᠭᠳᠠᠯ᠎ᠢ ᠪᠡᠶᠡᠯᠡᠭᠦᠯᠦᠨ᠎ᠡ᠃ ᠳᠠᠮᠫᠤᠷᠠᠭᠰᠠᠨ ᠠᠵᠤ ᠠᠬᠤᠢ᠌ᠯᠠᠯ᠎ᠤᠨ ᠥᠷᠢ ᠥᠭᠴᠡᠭᠡ᠎ᠠᠴᠠ ᠬᠡᠯᠲᠦᠷᠢᠭᠦᠯᠬᠦ᠂ ᠡᠳ᠋ ᠬᠥᠷᠥᠩᠭᠡ ᠵᠢ ᠰᠢᠢ᠍ᠳᠪᠦᠷᠢᠯᠡᠬᠦ ᠵᠡᠷᠭᠡ ᠭᠣᠭᠴᠣᠭ᠎ᠠ᠎ᠳᠤ ᠬᠠᠨᠳᠤᠭᠤᠯᠤᠭᠰᠠᠨ ᠭᠠᠢ᠌ᠯᠢ ᠲᠠᠲᠠᠪᠤᠷᠢ ᠵᠢᠨ ᠬᠠᠷᠠᠭ᠋ᠠᠯᠵᠠᠯ᠎ᠤᠨ ᠲᠥᠷᠥ ᠵᠢᠨ ᠪᠣᠳᠣᠯᠭ᠎ᠠ ᠲᠣᠭᠲᠠᠭ᠋ᠠᠬᠤ ᠵᠢ ᠠᠬᠢᠭᠤᠯᠵᠤ᠂ ᠳᠠᠮᠫᠤᠷᠠᠭᠰᠠᠨ ᠠᠵᠤ ᠠᠬᠤᠢ᠌ᠯᠠᠯ᠎ᠤᠨ ᠭᠠᠢ᠌ᠯᠢ ᠰᠦᠢ᠍ᠳᠬᠡᠯ᠎ᠤᠨ ᠳᠠᠷᠤᠭ᠋ᠠᠰᠤ ᠵᠢ ᠦᠨᠡᠨ ᠬᠦ᠌ ᠬᠥᠩᠭᠡᠷᠡᠭᠦᠯᠦᠨ᠎ᠡ᠃ ᠳᠠᠬᠢᠨ ᠴᠡᠭᠴᠡᠯᠡᠭᠰᠡᠨ ᠪᠤᠶᠤ ᠡᠪᠰᠡᠭᠦᠯᠦᠭᠡᠳ ᠠᠮᠵᠢᠯᠲᠠ ᠣᠯᠣᠭᠰᠠᠨ ᠠᠵᠤ ᠠᠬᠤᠢ᠌ᠯᠠᠯ᠎ᠤᠨ ᠢᠲᠡᠭᠡᠮᠵᠢ᠎ᠪᠠᠨ ᠰᠡᠷᠭᠦᠭᠡᠬᠦ ᠠᠰᠠᠭᠤᠳᠠᠯ᠎ᠢ ᠵᠣᠬᠢᠴᠠᠭᠤᠯᠤᠨ ᠰᠢᠢ᠍ᠳᠪᠦᠷᠢᠯᠡᠵᠦ᠂ ᠠᠵᠤ ᠠᠬᠤᠢ᠌ᠯᠠᠯ᠎ᠤᠨ ᠵᠠᠬ᠎ᠠ ᠳᠡᠯᠭᠡᠭᠦᠷ᠎ᠲᠤ ᠳᠠᠬᠢᠨ ᠪᠤᠴᠠᠬᠤ ᠵᠢ ᠠᠬᠢᠭᠤᠯᠤᠨ᠎ᠠ᠃ ᠪᠡᠯᠡ ᠣᠷᠣᠭᠤᠯᠤᠭᠴᠢ ᠵᠢᠨ ᠬᠠᠤᠯᠢ ᠶᠣᠰᠣᠭ᠋ᠠᠷ ᠡᠷᠬᠡ᠎ᠪᠠᠨ ᠬᠠᠮᠠᠭ᠋ᠠᠯᠠᠬᠤ ᠵᠢ ᠳᠡᠮᠵᠢᠵᠦ᠂ ᠪᠡᠯᠡ ᠣᠷᠣᠭᠤᠯᠤᠭᠴᠢ ᠵᠢᠨ ᠬᠠᠤᠯᠢ ᠶᠣᠰᠣᠨ᠎ᠤ ᠡᠷᠬᠡ ᠠᠰᠢᠭ᠎ᠢ ᠬᠠᠮᠠᠭ᠋ᠠᠯᠠᠨ᠎ᠠ᠃ (ᠬᠠᠷᠢᠭᠤᠴᠠᠬᠤ ᠨᠢᠭᠡᠴᠢ᠄ ᠥᠪᠥᠷ ᠮᠣᠩᠭᠣᠯ᠎ᠤᠨ ᠲᠡᠮᠳᠡᠭᠲᠦ ᠵᠢᠨ ᠬᠢᠨᠠᠯᠲᠠ ᠬᠠᠮᠢᠶᠠᠷᠤᠯᠲᠠ ᠵᠢᠨ ᠲᠣᠪᠴᠢᠶ᠎ᠠ᠂ ᠥᠪᠡᠷᠲᠡᠭᠡᠨ ᠵᠠᠰᠠᠬᠤ ᠣᠷᠣᠨ᠎ᠤ ᠣᠷᠣᠨ ᠨᠤᠲᠤᠭ᠎ᠤᠨ ᠮᠥᠩᠭᠥᠨ ᠭᠦᠢ᠍ᠯᠭᠡᠭᠡᠨ᠎ᠤ ᠬᠢᠨᠠᠯᠲᠠ ᠬᠠᠮᠢᠶᠠᠷᠤᠯᠲᠠ ᠵᠢᠨ ᠲᠣᠪᠴᠢᠶ᠎ᠠ᠂ ᠬᠠᠤᠯᠢ ᠴᠠᠭ᠋ᠠᠵᠠ ᠵᠢᠨ ᠲᠢᠩᠬᠢᠮ᠂ ᠡᠳ᠋᠎ᠤᠨ ᠵᠠᠰᠠᠭ᠎ᠤᠨ ᠲᠢᠩᠬᠢᠮ᠂ ᠤᠯᠤᠰ᠎ᠤᠨ ᠥᠮᠴᠢᠯᠡᠯᠲᠦ ᠡᠳ᠋ ᠬᠥᠷᠥᠩᠭᠡ ᠵᠢᠨ ᠬᠢᠨᠠᠯᠲᠠ ᠬᠠᠮᠢᠶᠠᠷᠤᠯᠲᠠ ᠵᠢᠨ ᠵᠥᠪᠯᠡᠯ᠂ ᠵᠠᠬ᠎ᠠ ᠳᠡᠯᠭᠡᠭᠦᠷ᠎ᠤᠨ ᠬᠢᠨᠠᠯᠲᠠ ᠬᠠᠮᠢᠶᠠᠷᠤᠯᠲᠠ ᠵᠢᠨ ᠲᠣᠪᠴᠢᠶ᠎ᠠ᠂ ᠠᠷᠠᠳ᠎ᠤᠨ ᠥᠨᠳᠥᠷ ᠵᠡᠷᠭᠡ ᠵᠢᠨ ᠰᠢᠭᠦᠬᠦ ᠬᠣᠷᠢᠶ᠎ᠠ᠂ ᠥᠪᠥᠷ ᠮᠣᠩᠭᠣᠯ᠎ᠤᠨ ᠭᠠᠢ᠌ᠯᠢ ᠵᠢᠨ ᠶᠠᠪᠤᠳᠠᠯ᠎ᠤᠨ ᠲᠣᠪᠴᠢᠶ᠎ᠠ)
ᠲᠠᠪᠤ᠂ ᠰᠲ᠋ᠣᠺ᠎ᠤᠨ ᠵᠠᠬ᠎ᠠ ᠳᠡᠯᠭᠡᠭᠦᠷ᠎ᠲᠤ ᠭᠠᠷᠤᠭᠰᠠᠨ ᠺᠣᠮᠫᠠᠨᠢ ᠵᠢᠨ ᠶᠠᠰᠤ ᠴᠢᠨᠠᠷ᠎ᠢ ᠳᠡᠭᠡᠭᠰᠢᠯᠡᠭᠦᠯᠬᠦ ᠨᠡᠢ᠌ᠯᠡᠮᠡᠯ ᠬᠦᠴᠦᠨ᠎ᠢ ᠪᠦᠷᠢᠯᠳᠦᠭᠦᠯᠦᠨ᠎ᠡ
(ᠠᠷᠪᠠᠨ ᠨᠢᠭᠡ) ᠰᠲ᠋ᠣᠺ᠎ᠤᠨ ᠵᠠᠬ᠎ᠠ ᠳᠡᠯᠭᠡᠭᠦᠷ᠎ᠲᠤ ᠭᠠᠷᠤᠭᠰᠠᠨ ᠺᠣᠮᠫᠠᠨᠢ ᠵᠢᠨ ᠴᠢᠨᠠᠷ ᠰᠠᠢ᠌ᠲᠠᠢ ᠬᠥᠭᠵᠢᠯᠲᠡ ᠵᠢᠨ ᠭᠣᠣᠯ ᠴᠣᠭᠴᠠ ᠵᠢᠨ ᠬᠠᠷᠢᠭᠤᠴᠠᠯᠭ᠎ᠠ ᠵᠢ ᠪᠣᠳᠠᠲᠠᠢ᠌ᠵᠢᠭᠤᠯᠤᠨ ᠴᠢᠩᠭ᠋ᠠᠳᠬᠠᠨ᠎ᠠ᠃ ᠰᠲ᠋ᠣᠺ᠎ᠤᠨ ᠵᠠᠬ᠎ᠠ ᠳᠡᠯᠭᠡᠭᠦᠷ᠎ᠲᠤ ᠭᠠᠷᠤᠭᠰᠠᠨ ᠺᠣᠮᠫᠠᠨᠢ᠎ᠨᠢ ᠠᠵᠢᠯᠯᠠᠭ᠋ᠠᠨ ᠵᠶ᠋ᠠᠨ ᠵᠢᠷᠤᠮᠵᠢᠭᠤᠯᠤᠨ᠂ ᠭᠣᠣᠯ ᠦᠢ᠍ᠯᠡᠰ ᠵᠶ᠋ᠠᠨ ᠲᠤᠪᠤᠶ᠋ᠢᠯᠭ᠋ᠠᠵᠦ᠂ ᠲᠤᠰᠬᠠᠢ ᠮᠡᠷᠭᠡᠵᠢᠯ ᠵᠶ᠋ᠠᠨ ᠨᠠᠷᠢᠯᠢᠭ ᠬᠢᠵᠦ᠂ ᠠᠵᠤ ᠠᠬᠤᠢ᠌ᠯᠠᠯᠲᠠᠨ᠎ᠤ ᠵᠣᠷᠢᠭ ᠰᠠᠨᠠᠭ᠎ᠠ ᠪᠠ ᠤᠷᠠᠨ ᠳᠠᠷᠬᠠᠨ᠎ᠤ ᠵᠣᠷᠢᠭ ᠰᠠᠨᠠᠭ᠎ᠠ ᠵᠢ ᠪᠠᠳᠠᠷᠠᠭᠤᠯᠬᠤ ᠬᠡᠷᠡᠭᠲᠡᠢ᠃ ᠨᠡᠢ᠌ᠭᠡᠮ᠎ᠤᠨ ᠬᠠᠷᠢᠭᠤᠴᠠᠯᠭ᠎ᠠ᠎ᠪᠠᠨ ᠭᠦᠢ᠍ᠴᠡᠳᠬᠡᠬᠦ ᠦᠵᠡᠯ ᠤᠬᠠᠮᠰᠠᠷ ᠵᠶ᠋ᠠᠨ ᠴᠢᠩᠭ᠋ᠠᠳᠬᠠᠵᠤ᠂ ᠪᠡᠯᠡᠨ ᠵᠣᠭᠣᠰ ᠵᠶ᠋ᠠᠷ ᠨᠣᠭᠳᠠᠯ ᠠᠰᠢᠭ ᠬᠤᠪᠢᠶᠠᠬᠤ ᠬᠠᠷᠢᠴᠠᠯ᠎ᠢ ᠳᠡᠭᠡᠭᠰᠢᠯᠡᠭᠦᠯᠬᠦ ᠵᠡᠷᠭᠡ ᠠᠷᠭ᠎ᠠ ᠬᠡᠯᠪᠡᠷᠢ᠎ᠪᠠᠷ ᠪᠡᠯᠡ ᠣᠷᠣᠭᠤᠯᠤᠭᠴᠢ᠎ᠳᠤ ᠬᠠᠷᠢᠭᠤ ᠪᠡᠯᠡᠭᠯᠡᠵᠦ᠂ ᠶᠠᠳᠠᠭᠤ᠎ᠠᠴᠠ ᠠᠩᠭᠢᠵᠢᠷᠠᠭᠤᠯᠬᠤ ᠰᠢᠪᠲᠤᠯᠤᠯᠲᠠ᠂ ᠠᠮᠢ ᠠᠬᠤᠢ ᠵᠢᠨ ᠬᠠᠮᠠᠭ᠋ᠠᠯᠠᠯᠲᠠ᠂ ᠦᠢ᠍ᠯᠡᠰ ᠪᠣᠰᠬᠠᠵᠤ ᠠᠵᠢᠯ ᠣᠯᠭᠣᠬᠤ ᠵᠡᠷᠭᠡ ᠲᠠᠯ᠎ᠠ᠎ᠪᠠᠷ᠎ᠬᠢ ᠰᠲ᠋ᠣᠺ᠎ᠤᠨ ᠵᠠᠬ᠎ᠠ ᠳᠡᠯᠭᠡᠭᠦᠷ᠎ᠲᠤ ᠭᠠᠷᠤᠭᠰᠠᠨ ᠺᠣᠮᠫᠠᠨᠢ ᠵᠢᠨ ᠬᠥᠲᠥᠯᠥᠨ ᠳᠠᠭ᠋ᠠᠭᠤᠯᠬᠤ ᠪᠠ ᠳᠠᠢ᠌ᠴᠢᠯᠠᠬᠤ ᠦᠢ᠍ᠯᠡᠳᠦᠯ᠎ᠢ ᠤᠯᠠᠮ ᠨᠢᠭᠡ ᠠᠯᠬᠤᠮ ᠪᠠᠳᠠᠷᠠᠭᠤᠯᠤᠨ᠎ᠠ᠃ ᠰᠲ᠋ᠣᠺ᠎ᠤᠨ ᠵᠠᠬ᠎ᠠ ᠳᠡᠯᠭᠡᠭᠦᠷ᠎ᠲᠤ ᠭᠠᠷᠤᠭᠰᠠᠨ ᠺᠣᠮᠫᠠᠨᠢ ᠵᠢᠨ ᠬᠤᠪᠢᠴᠠᠭ᠎ᠠ ᠡᠵᠡᠮᠰᠢᠭᠰᠡᠨ ᠬᠤᠪᠢᠴᠠᠭ᠋ᠠᠳᠠᠨ᠂ ᠪᠣᠳᠠᠲᠠᠢ ᠡᠵᠡᠮᠰᠢᠭᠴᠢ᠂ ᠬᠡᠷᠡᠭ ᠮᠡᠳᠡᠭᠴᠢ᠂ ᠬᠡᠷᠡᠭ ᠬᠢᠨᠠᠭᠴᠢ ᠪᠠ ᠳᠡᠭᠡᠳᠦ ᠵᠡᠷᠭᠡ ᠵᠢᠨ ᠬᠠᠮᠢᠶᠠᠷᠤᠯᠲᠠ ᠵᠢᠨ ᠠᠵᠢᠯᠲᠠᠨ ᠵᠡᠷᠭᠡ᠎ᠨᠢ ᠦᠨᠡᠨᠴᠢ ᠬᠢᠴᠢᠶᠡᠩᠭᠦᠢ᠎ᠪᠠᠷ ᠡᠭᠦᠷᠭᠡ ᠬᠠᠷᠢᠭᠤᠴᠠᠯᠭ᠎ᠠ᠎ᠪᠠᠨ ᠭᠦᠢ᠍ᠴᠡᠳᠬᠡᠵᠦ᠂ ᠵᠠᠬ᠎ᠠ ᠳᠡᠯᠭᠡᠭᠦᠷ᠎ᠢ ᠬᠦᠨᠳᠦᠳᠬᠡᠬᠦ᠂ ᠬᠠᠤᠯᠢ᠎ᠪᠠᠷ ᠵᠠᠰᠠᠬᠤ ᠵᠢ ᠬᠦᠨᠳᠦᠳᠬᠡᠬᠦ᠂ ᠲᠤᠰᠬᠠᠢ ᠮᠡᠷᠭᠡᠵᠢᠯ᠎ᠢ ᠬᠦᠨᠳᠦᠳᠬᠡᠬᠦ᠂ ᠪᠡᠯᠡ ᠣᠷᠣᠭᠤᠯᠤᠭᠴᠢᠳᠢ ᠭᠦᠨᠳᠦᠳᠬᠡᠵᠦ᠂ ᠬᠥᠭᠵᠢᠭᠦᠯᠦᠯᠲᠡ ᠬᠢᠭᠡᠳ ᠲᠦᠭᠰᠢᠭᠦᠷᠢ ᠵᠢ ᠡᠵᠡᠮᠰᠢᠬᠦ ᠴᠢᠳᠠᠪᠤᠷᠢ ᠵᠢᠨ ᠬᠠᠷᠢᠯᠴᠠᠨ ᠵᠣᠬᠢᠴᠠᠯᠳᠤᠬᠤ ᠵᠢ ᠪᠡᠶᠡᠯᠡᠭᠦᠯᠦᠨ᠎ᠡ᠃ (ᠬᠠᠷᠢᠭᠤᠴᠠᠬᠤ ᠨᠢᠭᠡᠴᠢ᠄ ᠥᠪᠥᠷ ᠮᠣᠩᠭᠣᠯ᠎ᠤᠨ ᠲᠡᠮᠳᠡᠭᠲᠦ ᠵᠢᠨ ᠬᠢᠨᠠᠯᠲᠠ ᠬᠠᠮᠢᠶᠠᠷᠤᠯᠲᠠ ᠵᠢᠨ ᠲᠣᠪᠴᠢᠶ᠎ᠠ᠂ ᠥᠪᠡᠷᠲᠡᠭᠡᠨ ᠵᠠᠰᠠᠬᠤ ᠣᠷᠣᠨ᠎ᠤ ᠡᠳ᠋᠎ᠤᠨ ᠵᠠᠰᠠᠭ᠎ᠤᠨ ᠲᠢᠩᠬᠢᠮ᠂ ᠤᠯᠤᠰ᠎ᠤᠨ ᠥᠮᠴᠢᠯᠡᠯᠲᠦ ᠡᠳ᠋ ᠬᠥᠷᠥᠩᠭᠡ ᠵᠢᠨ ᠬᠢᠨᠠᠯᠲᠠ ᠬᠠᠮᠢᠶᠠᠷᠤᠯᠲᠠ ᠵᠢᠨ ᠵᠥᠪᠯᠡᠯ᠂ ᠠᠵᠤ ᠦᠢ᠍ᠯᠡᠳᠪᠦᠷᠢ ᠬᠤᠳᠠᠯᠳᠤᠭ᠋ᠠᠨ᠎ᠤ ᠬᠤᠯᠪᠣᠭ᠎ᠠ)
(ᠠᠷᠪᠠᠨ ᠬᠣᠶᠠᠷ) ᠵᠠᠭᠤᠴᠢ ᠪᠠᠢ᠌ᠭᠤᠯᠤᠮᠵᠢ ᠵᠢᠨ ᠦᠢ᠍ᠯᠡᠴᠢᠯᠡᠭᠡᠨ᠎ᠤ ᠴᠢᠳᠠᠪᠤᠷᠢ ᠵᠢ ᠳᠡᠭᠡᠭᠰᠢᠯᠡᠭᠦᠯᠦᠨ᠎ᠡ᠃ ᠲᠡᠮᠳᠡᠭᠲᠦ ᠵᠢᠨ ᠬᠤᠳᠠᠯᠳᠤᠭ᠋ᠠᠴᠢᠨ᠎ᠤ ᠦᠢ᠍ᠯᠡᠴᠢᠯᠡᠭᠡᠨ᠎ᠤ ᠴᠢᠳᠠᠪᠤᠷᠢ᠎ᠪᠠᠨ ᠳᠡᠭᠡᠭᠰᠢᠯᠡᠭᠦᠯᠬᠦ ᠵᠢ᠎ᠨᠢ ᠤᠯᠠᠮ ᠨᠢᠭᠡ ᠠᠯᠬᠤᠮ ᠳᠠᠮᠵᠢᠵᠤ᠂ ᠬᠥᠷᠥᠩᠭᠡ ᠵᠢᠨ ᠪᠣᠳᠠᠲᠤ ᠬᠦᠴᠦᠨ᠎ᠢ ᠨᠡᠮᠡᠭᠳᠡᠭᠦᠯᠦᠨ᠂ ᠲᠡᠷᠢᠭᠦᠨ᠎ᠤ ᠺᠣᠮᠫᠠᠨᠢ ᠵᠢᠨ ᠵᠠᠰᠠᠯᠲᠠ ᠬᠢᠭᠰᠡᠨ ᠲᠤᠷᠰᠢᠯᠭ᠎ᠠ ᠵᠢ ᠣᠷᠣᠭᠤᠯᠤᠨ ᠠᠪᠴᠢᠷᠠᠵᠤ᠂ ᠺᠣᠮᠫᠠᠨᠢ ᠵᠢ ᠬᠠᠪᠰᠤᠷᠤᠨ ᠪᠠᠢ᠌ᠯᠳᠤᠬᠤ ᠪᠣᠳᠣᠯᠭ᠎ᠠ ᠵᠢᠨ ᠪᠡᠯᠡ ᠣᠷᠣᠭᠤᠯᠤᠭᠴᠢ ᠵᠢ ᠣᠷᠣᠭᠤᠯᠤᠨ ᠠᠪᠴᠢᠷᠠᠵᠤ᠂ ᠥᠪᠡᠷᠲᠡᠭᠡᠨ ᠵᠠᠰᠠᠬᠤ ᠣᠷᠣᠨ᠎ᠳᠤ ᠰᠢᠯᠢᠳᠡᠭ ᠠᠵᠤ ᠠᠬᠤᠢ᠌ᠯᠠᠯ᠎ᠤᠨ ᠡᠬᠢ ᠪᠠᠶᠠᠯᠢᠭ᠎ᠢ ᠣᠷᠣᠭᠤᠯᠤᠨ ᠠᠪᠴᠢᠷᠠᠬᠤ᠎ᠳᠤ ᠬᠠᠪᠰᠤᠷᠤᠯᠭ᠎ᠠ ᠦᠵᠡᠭᠦᠯᠦᠨ᠎ᠡ᠃ ᠲᠣᠰ ᠭᠠᠵᠠᠷ᠎ᠤᠨ ᠲᠡᠮᠳᠡᠭᠲᠦ ᠵᠢᠨ ᠬᠤᠳᠠᠯᠳᠤᠭ᠋ᠠᠴᠢᠨ᠎ᠤ ᠶᠡᠷᠦᠩᠬᠡᠢ᠌ᠯᠡᠭᠰᠡᠨ ᠪᠣᠳᠠᠲᠤ ᠬᠦᠴᠦᠨ ᠵᠶ᠋ᠠᠨ ᠳᠡᠭᠡᠭᠰᠢᠯᠡᠭᠦᠯᠬᠦ ᠵᠢ ᠳᠠᠮᠵᠢᠵᠤ᠂ ᠰᠲ᠋ᠣᠺ᠎ᠤᠨ ᠵᠠᠬ᠎ᠠ ᠳᠡᠯᠭᠡᠭᠦᠷ᠎ᠲᠤ ᠭᠠᠷᠤᠭᠰᠠᠨ ᠺᠣᠮᠫᠠᠨᠢ ᠵᠢ ᠪᠤᠢ ᠪᠤᠯᠭ᠋ᠠᠬᠤ ᠪᠠ ᠲᠡᠳᠡᠭᠡᠷ ᠺᠤᠮᠫᠠᠨᠢ᠎ᠳᠤ ᠦᠢ᠍ᠯᠡᠴᠢᠯᠡᠬᠦ ᠴᠢᠳᠠᠪᠤᠷᠢ ᠪᠠ ᠬᠢᠷᠢ ᠬᠡᠮᠵᠢᠶ᠎ᠡ᠎ᠪᠠᠨ ᠴᠢᠩᠭ᠋ᠠᠷᠠᠭᠤᠯᠤᠨ᠎ᠠ᠃ ᠬᠢᠨᠠᠨ ᠪᠤᠳᠤᠬᠤ᠂ ᠬᠠᠤᠯᠢ ᠴᠠᠭ᠋ᠠᠵᠠ ᠵᠢᠨ ᠦᠢ᠍ᠯᠡᠴᠢᠯᠡᠭᠡ᠂ ᠦᠨᠡᠯᠡᠨ ᠵᠢᠱ᠌ᠢᠬᠦ ᠵᠡᠷᠭᠡ ᠵᠠᠭᠤᠴᠢ ᠪᠠᠢ᠌ᠭᠤᠯᠤᠮᠵᠢ ᠵᠢᠨ ᠲᠤᠰᠢᠶᠠᠯ ᠬᠠᠷᠢᠭᠤᠴᠠᠯᠭ᠎ᠠ ᠵᠢ᠎ᠨᠢ ᠭᠦᠢ᠍ᠴᠡᠳᠬᠡᠯᠭᠡᠬᠦ᠎ᠪᠠᠷ ᠤᠯᠠᠮ ᠨᠢᠭᠡ ᠠᠯᠬᠤᠮ ᠰᠢᠪᠠᠳᠠᠨ ᠱᠠᠭ᠋ᠠᠷᠳᠠᠨ᠎ᠠ᠃ ᠬᠠᠮᠢᠶ᠎ᠠ ᠪᠦᠬᠦᠢ ᠰᠠᠯᠠᠭ᠎ᠠ ᠮᠥᠴᠢᠷ ᠪᠠ ᠪᠠᠢ᠌ᠭᠤᠯᠤᠮᠵᠢ᠎ᠨᠤᠭᠤᠳ ᠵᠠᠭᠤᠴᠢ ᠪᠠᠢ᠌ᠭᠤᠯᠤᠮᠵᠢ᠎ᠯᠤᠭ᠎ᠠ ᠬᠠᠮᠵᠢᠯᠴᠠᠨ ᠬᠠᠤᠯᠢ ᠲᠣᠭᠲᠠᠭ᠋ᠠᠯ ᠶᠣᠰᠣᠭ᠋ᠠᠷ ᠡᠭᠦᠷᠭᠡ ᠬᠠᠷᠢᠭᠤᠴᠠᠯᠭ᠎ᠠ᠎ᠪᠠᠨ ᠭᠦᠢ᠍ᠴᠡᠳᠬᠡᠵᠦ᠂ ᠬᠠᠮᠢᠶ᠎ᠠ ᠪᠦᠬᠦᠢ ᠮᠡᠳᠡᠭᠡ ᠵᠠᠩᠭᠢ ᠵᠢ ᠴᠠᠭ ᠲᠤᠬᠠᠢᠳᠤᠨᠢ᠂ ᠣᠨᠣᠪᠴᠢᠲᠠᠶ᠎ᠪᠠᠷ᠂ ᠪᠦᠷᠢᠨ ᠭᠦᠢ᠍ᠴᠡᠳ ᠬᠠᠩᠭ᠋ᠠᠬᠤ ᠬᠡᠷᠡᠭᠲᠡᠢ᠃ (ᠬᠠᠷᠢᠭᠤᠴᠠᠬᠤ ᠨᠢᠭᠡᠴᠢ᠄ ᠥᠪᠥᠷ ᠮᠣᠩᠭᠣᠯ᠎ᠤᠨ ᠲᠡᠮᠳᠡᠭᠲᠦ ᠵᠢᠨ ᠬᠢᠨᠠᠯᠲᠠ ᠬᠠᠮᠢᠶᠠᠷᠤᠯᠲᠠ ᠵᠢᠨ ᠲᠣᠪᠴᠢᠶ᠎ᠠ᠂ ᠥᠪᠡᠷᠲᠡᠭᠡᠨ ᠵᠠᠰᠠᠬᠤ ᠣᠷᠣᠨ᠎ᠤ ᠬᠠᠤᠯᠢ ᠴᠠᠭ᠋ᠠᠵᠠ ᠵᠢᠨ ᠲᠢᠩᠬᠢᠮ᠂ ᠡᠳ᠋᠎ᠤᠨ ᠵᠠᠰᠠᠭ᠎ᠤᠨ ᠲᠢᠩᠬᠢᠮ)
( ᠠᠷᠪᠠᠨ ᠭᠤᠷᠪᠠ) ᠬᠦᠨᠳᠦ ᠶᠡᠬᠡ ᠭᠡᠨᠡᠳᠲᠡ ᠵᠢᠨ ᠬᠡᠷᠡᠭ᠎ᠢ ᠠᠷᠭ᠋ᠠᠴᠠᠭ᠋ᠠᠬᠤ ᠴᠢᠳᠠᠪᠤᠷᠢ ᠵᠢ ᠴᠢᠩᠭ᠋ᠠᠷᠠᠭᠤᠯᠤᠨ᠎ᠠ᠃ ᠠᠶᠤᠯ ᠦᠭᠡᠢ ᠦᠢ᠍ᠯᠡᠳᠪᠦᠷᠢᠯᠡᠯ᠂ ᠪᠠᠢ᠌ᠭ᠋ᠠᠯᠢ ᠵᠢᠨ ᠭᠠᠮᠰᠢᠭ᠂ ᠣᠯᠠᠨ ᠨᠡᠶ᠋ᠢᠲᠡ ᠵᠢᠨ ᠡᠷᠡᠭᠦᠯ ᠬᠠᠮᠠᠭ᠋ᠠᠯᠠᠯ ᠵᠡᠷᠭᠡ ᠬᠦᠨᠳᠦ ᠨᠣᠴᠢᠲᠠᠢ ᠭᠡᠨᠡᠳᠲᠡ ᠵᠢᠨ ᠬᠡᠷᠡᠭ ᠭᠠᠷᠪᠠᠯ᠂ ᠭᠡᠨᠡᠳᠲᠡ ᠵᠢᠨ ᠬᠡᠷᠡᠭ᠎ᠤᠨ ᠪᠠᠴᠢᠮ ᠪᠠᠢ᠌ᠳᠠᠯ᠎ᠢ ᠠᠷᠭ᠋ᠠᠴᠠᠭ᠋ᠠᠵᠤ ᠠᠪᠤᠷᠠᠨ ᠲᠤᠰᠠᠯᠠᠬᠤ ᠠᠵᠢᠯ᠎ᠢ ᠰᠠᠢ᠌ᠲᠤᠷ ᠬᠢᠨ᠎ᠡ; ᠰᠲ᠋ᠣᠺ᠎ᠤᠨ ᠵᠠᠬ᠎ᠠ ᠳᠡᠯᠭᠡᠭᠦᠷ᠎ᠲᠤ ᠭᠠᠷᠤᠭᠰᠠᠨ ᠺᠣᠮᠫᠠᠨᠢ ᠵᠢᠨ ᠬᠡᠪ᠎ᠤᠨ ᠦᠢ᠍ᠯᠡᠳᠪᠦᠷᠢᠯᠡᠯ ᠡᠵᠡᠩᠨᠡᠯᠲᠡ᠎ᠳᠤ ᠬᠦᠨᠳᠦ ᠨᠣᠴᠢᠲᠠᠢ ᠨᠥᠯᠥᠭᠡ ᠭᠠᠷᠭ᠋ᠠᠭᠰᠠᠨ ᠪᠠᠢ᠌ᠪᠠᠯ ᠬᠣᠯᠪᠣᠭᠳᠠᠯ ᠪᠦᠬᠦᠢ ᠰᠠᠯᠠᠭ᠎ᠠ ᠮᠥᠴᠢᠷ᠎ᠤᠳ ᠲᠥᠪ᠎ᠤᠨ ᠬᠣᠷᠸ᠎ᠠ ᠲᠥᠷᠥ ᠵᠢᠨ ᠪᠣᠳᠣᠯᠭ᠎ᠠ᠂ ᠮᠥᠩᠭᠥᠨ ᠭᠦᠢ᠍ᠯᠭᠡᠭᠡᠨ ᠵᠶ᠋ᠠᠷ ᠲᠣᠭᠲᠠᠪᠤᠷᠢᠵᠢᠭᠤᠯᠬᠤ ᠵᠡᠷᠭᠡ ᠵᠣᠬᠢᠴᠠᠭᠤᠯᠬᠤ ᠲᠣᠭᠲᠠᠴᠠ᠎ᠳᠤ ᠲᠦᠰᠢᠭᠯᠡᠨ᠂ ᠬᠠᠮᠵᠢᠯᠴᠠᠵᠤ ᠬᠣᠯᠪᠤᠭ᠋ᠠᠯᠠᠨ ᠬᠥᠳᠡᠯᠦᠯᠴᠡᠬᠦ᠎ᠪᠠᠨ ᠴᠢᠩᠭ᠋ᠠᠳᠬᠠᠨ᠂ ᠠᠵᠤ ᠦᠢ᠍ᠯᠡᠰ᠂ ᠮᠥᠩᠭᠥᠨ ᠭᠦᠢ᠍ᠯᠭᠡᠭᠡᠨ᠂ ᠡᠳ᠋᠎ᠤᠨ ᠵᠠᠰᠠᠭ ᠭᠠᠢ᠌ᠯᠢ ᠵᠡᠷᠭᠡ ᠲᠠᠯ᠎ᠠ ᠵᠢᠨ ᠲᠥᠷᠥ ᠵᠢᠨ ᠪᠣᠳᠣᠯᠭ᠎ᠠ ᠵᠢ ᠨᠠᠢ᠌ᠳᠠᠪᠤᠷᠢᠵᠢᠭᠤᠯᠤᠨ᠎ᠠ; ᠴᠠᠭ ᠲᠤᠬᠠᠢᠳᠤᠨᠢ ᠠᠷᠭ᠎ᠠ ᠬᠡᠮᠵᠢᠶ᠎ᠡ ᠠᠪᠴᠤ᠂ ᠬᠥᠳᠡᠯᠮᠦᠷᠢ ᠦᠢ᠍ᠯᠡᠴᠢᠯᠡᠭᠡᠨ᠎ᠤ ᠠᠵᠢᠯᠴᠢᠨ ᠬᠡᠷᠡᠭᠯᠡᠬᠦ᠂ ᠦᠢ᠍ᠯᠡᠳᠪᠦᠷᠢᠯᠡᠯ᠎ᠤᠨ ᠬᠡᠷᠡᠭᠰᠡᠯ᠂ ᠨᠡᠶ᠋ᠢᠲᠡ ᠵᠢᠨ ᠦᠢ᠍ᠯᠡᠰ᠎ᠤᠨ ᠦᠢ᠍ᠯᠡᠳᠬᠦᠨ᠎ᠤ ᠬᠠᠩᠭ᠋ᠠᠯᠭ᠎ᠠ ᠪᠠ ᠪᠠᠷᠠᠭ᠋ᠠᠨ᠎ᠤ ᠭᠦᠢ᠍ᠯᠭᠡᠭᠡᠨ᠎ᠤ ᠲᠡᠭᠡᠭᠡᠪᠦᠷᠢ ᠵᠢᠨ ᠠᠷᠭ᠎ᠠ ᠵᠠᠮ᠎ᠢ ᠬᠠᠮᠠᠭ᠋ᠠᠯᠠᠵᠤ᠂ ᠰᠲ᠋ᠣᠺ᠎ᠤᠨ ᠵᠠᠬ᠎ᠠ ᠳᠡᠯᠭᠡᠭᠦᠷ᠎ᠲᠤ ᠭᠠᠷᠤᠭᠰᠠᠨ ᠺᠣᠮᠫᠠᠨᠢ ᠵᠢᠨ ᠬᠡᠪ᠎ᠤᠨ ᠠᠵᠢᠯᠯᠠᠭ᠎ᠠ᠎ᠪᠠᠨ ᠲᠦᠷᠭᠡᠬᠡᠨ ᠰᠡᠷᠭᠦᠭᠡᠬᠦ ᠵᠢ᠎ᠨᠢ ᠲᠡᠮᠵᠢᠨ᠎ᠡ᠃ ᠰᠲ᠋ᠣᠺ᠎ᠤᠨ ᠵᠠᠬ᠎ᠠ ᠳᠡᠯᠭᠡᠭᠦᠷ᠎ᠲᠤ ᠭᠠᠷᠤᠭᠰᠠᠨ ᠺᠣᠮᠫᠠᠨᠢ ᠵᠢᠨ ᠭᠡᠨᠡᠳᠲᠡ ᠡᠭᠦᠰᠬᠦ ᠦᠢ᠍ᠯᠡᠳᠪᠦᠷᠢᠯᠡᠯ ᠡᠵᠡᠩᠨᠡᠯᠲᠡ ᠵᠢᠨ ᠬᠡᠷᠡᠭ᠂ ᠲᠣᠭᠲᠠᠪᠤᠷᠢ ᠦᠭᠡᠢ ᠴᠢᠨᠠᠷᠲᠠᠢ ᠲᠦᠭᠰᠢᠭᠦᠷᠢ᠂ ᠶᠠᠷᠢᠶ᠎ᠠ ᠬᠡᠯᠡᠯᠴᠡᠭᠡᠨ᠎ᠤ ᠪᠠᠢ᠌ᠳᠠᠯ᠎ᠤᠨ ᠲᠦᠭᠰᠢᠭᠦᠷᠢ ᠵᠡᠷᠭᠡ᠎ᠳᠤ ᠬᠠᠷᠢᠶ᠎ᠠ ᠭᠠᠵᠠᠷ᠎ᠤᠨ ᠬᠠᠷᠢᠭᠤᠴᠠᠯᠭ᠎ᠠ ᠵᠢ ᠨᠠᠢ᠌ᠳᠠᠪᠤᠷᠢᠵᠢᠭᠤᠯᠤᠨ᠂ ᠵᠣᠬᠢᠶᠠᠨ ᠪᠠᠢ᠌ᠭᠤᠯᠵᠤ ᠵᠣᠬᠢᠴᠠᠭᠤᠯᠬᠤ᠎ᠪᠠᠨ ᠴᠢᠩᠭ᠋ᠠᠳᠬᠠᠵᠤ᠂ ᠰᠲ᠋ᠣᠺ᠎ᠤᠨ ᠵᠠᠬ᠎ᠠ ᠳᠡᠯᠭᠡᠭᠦᠷ᠎ᠲᠤ ᠭᠠᠷᠤᠭᠰᠠᠨ ᠺᠣᠮᠫᠠᠨᠢ ᠵᠢᠨ ᠠᠯᠢ ᠲᠦᠷᠭᠡᠨ ᠵᠶ᠋ᠠᠷ ᠠᠵᠢᠯ ᠵᠶ᠋ᠠᠨ ᠰᠡᠷᠭᠦᠭᠡᠵᠦ ᠦᠢ᠍ᠯᠡᠳᠪᠦᠷᠢᠯᠡᠯ ᠵᠶ᠋ᠠᠨ ᠰᠡᠷᠭᠦᠭᠡᠬᠦ᠎ᠳᠤᠨᠢ ᠳᠡᠮᠵᠢᠯᠭᠡ ᠦᠵᠡᠭᠦᠯᠦᠨ᠎ᠡ᠃ (ᠬᠠᠷᠢᠭᠤᠴᠠᠬᠤ ᠨᠢᠭᠡᠴᠢ᠄ ᠥᠪᠡᠷᠲᠡᠭᠡᠨ ᠵᠠᠰᠠᠬᠤ ᠣᠷᠣᠨ᠎ᠤ ᠪᠠᠴᠢᠮ ᠪᠠᠢ᠌ᠳᠠᠯ᠎ᠢ ᠠᠷᠭ᠋ᠠᠴᠠᠭ᠋ᠠᠬᠤ ᠲᠢᠩᠬᠢᠮ᠂ ᠡᠷᠡᠭᠦᠯ ᠬᠠᠮᠠᠭ᠋ᠠᠯᠠᠯ ᠡᠷᠡᠭᠦᠯ ᠮᠡᠨᠳᠦ ᠵᠢᠨ ᠵᠥᠪᠯᠡᠯ᠂ ᠠᠵᠤ ᠦᠢ᠍ᠯᠡᠳᠪᠦᠷᠢ ᠪᠠ ᠮᠡᠳᠡᠭᠡ ᠵᠠᠩᠭᠢᠴᠢᠯᠠᠯᠲᠠ ᠵᠢᠨ ᠲᠢᠩᠬᠢᠮ᠂ ᠡᠳ᠋᠎ᠤᠨ ᠵᠠᠰᠠᠭ᠎ᠤᠨ ᠲᠢᠩᠬᠢᠮ᠂ ᠬᠤᠳᠠᠯᠳᠤᠭ᠋ᠠᠨ᠎ᠤ ᠶᠠᠪᠤᠳᠠᠯ᠎ᠤᠨ ᠲᠢᠩᠬᠢᠮ᠂ ᠣᠷᠣᠨ ᠨᠤᠲᠤᠭ᠎ᠤᠨ ᠮᠥᠩᠭᠥᠨ ᠭᠦᠢ᠍ᠯᠭᠡᠭᠡᠨ᠎ᠤ ᠬᠢᠨᠠᠯᠲᠠ ᠬᠠᠮᠢᠶᠠᠷᠤᠯᠲᠠ ᠵᠢᠨ ᠲᠣᠪᠴᠢᠶ᠎ᠠ᠂ ᠵᠠᠬ᠎ᠠ ᠳᠡᠯᠭᠡᠭᠦᠷ᠎ᠤᠨ ᠬᠢᠨᠠᠯᠲᠠ ᠬᠠᠮᠢᠶᠠᠷᠤᠯᠲᠠ ᠵᠢᠨ ᠲᠣᠪᠴᠢᠶ᠎ᠠ᠂ ᠥᠪᠥᠷ ᠮᠣᠩᠭᠣᠯ᠎ᠤᠨ ᠭᠠᠢ᠌ᠯᠢ ᠵᠢᠨ ᠶᠠᠪᠤᠳᠠᠯ᠎ᠤᠨ ᠲᠣᠪᠴᠢᠶ᠎ᠠ᠂ ᠠᠷᠠᠳ᠎ᠤᠨ ᠪᠠᠩᠬᠢ ᠵᠢᠨ ᠬᠥᠬᠡᠬᠤᠲᠠ ᠲᠥᠪ ᠰᠠᠯᠪᠤᠷᠢ ᠪᠠᠩᠬᠢ᠂ ᠥᠪᠥᠷ ᠮᠣᠩᠭᠣᠯ᠎ᠤᠨ ᠪᠠᠩᠬᠢ ᠳᠠᠭ᠋ᠠᠳᠬᠠᠯ᠎ᠤᠨ ᠬᠢᠨᠠᠯᠲᠠ ᠬᠠᠮᠢᠶᠠᠷᠤᠯᠲᠠ ᠵᠢᠨ ᠲᠣᠪᠴᠢᠶ᠎ᠠ᠂ ᠥᠪᠥᠷ ᠮᠣᠩᠭᠣᠯ᠎ᠤᠨ ᠲᠡᠮᠳᠡᠭᠲᠦ ᠵᠢᠨ ᠬᠢᠨᠠᠯᠲᠠ ᠬᠠᠮᠢᠶᠠᠷᠤᠯᠲᠠ ᠵᠢᠨ ᠲᠣᠪᠴᠢᠶ᠎ᠠ᠂ ᠡᠯ᠎ᠡ ᠠᠢ᠌ᠮᠠᠭ᠎ᠤᠨ ᠵᠠᠬᠢᠷᠭ᠎ᠠ᠂ ᠬᠤᠲᠠ ᠵᠢᠨ ᠠᠷᠠᠳ᠎ᠤᠨ ᠵᠠᠰᠠᠭ᠎ᠤᠨ ᠣᠷᠳᠣᠨ)
(ᠠᠷᠪᠠᠨ ᠳᠥᠷᠪᠡ) ᠰᠲ᠋ᠣᠺ᠎ᠤᠨ ᠵᠠᠬ᠎ᠠ ᠳᠡᠯᠭᠡᠭᠦᠷ᠎ᠲᠤ ᠭᠠᠷᠤᠭᠰᠠᠨ ᠺᠣᠮᠫᠠᠨᠢ ᠵᠢᠨ ᠬᠥᠭᠵᠢᠯᠲᠡ ᠵᠢᠨ ᠣᠷᠴᠢᠨ ᠨᠥᠬᠥᠴᠡᠯ᠎ᠢ ᠬᠦᠴᠦᠯᠡᠨ ᠰᠢᠯᠢᠳᠡᠭᠵᠢᠭᠦᠯᠦᠨ᠎ᠡ᠃ ᠶᠠᠷᠢᠶ᠎ᠠ ᠬᠡᠯᠡᠯᠴᠡᠭᠡᠨ᠎ᠤ ᠬᠢᠨᠠᠯᠲᠠ ᠲᠠᠯᠪᠢᠬᠤ ᠦᠢ᠍ᠯᠡᠳᠦᠯ᠎ᠢ ᠪᠠᠳᠠᠷᠠᠭᠤᠯᠤᠨ᠂ ᠲᠥᠷᠥ ᠵᠢᠨ ᠪᠣᠳᠣᠯᠭ᠎ᠠ ᠵᠢᠨ ᠲᠠᠢ᠌ᠯᠤᠮᠵᠢ ᠬᠢᠬᠦ ᠪᠠ ᠤᠬᠠᠭᠤᠯᠭ᠎ᠠ ᠬᠢᠬᠦ᠎ᠪᠠᠨ ᠴᠢᠩᠭ᠋ᠠᠳᠬᠠᠵᠤ᠂ ᠨᠡᠢ᠌ᠲᠡᠯᠢᠭ ᠬᠡᠷᠡᠭ᠎ᠤᠨ ᠵᠢᠱ᠌ᠢᠶ᠎ᠡ ᠪᠠ ᠲᠤᠷᠰᠢᠯᠭ᠎ᠠ ᠵᠢᠨ ᠠᠷᠭ᠎ᠠ ᠬᠢᠳᠡᠯ᠎ᠢ ᠳ᠋ᠦᠩᠨᠡᠨ ᠳᠡᠯᠭᠡᠷᠡᠭᠦᠯᠵᠦ᠂ ᠬᠥᠷᠥᠩᠭᠡ ᠵᠢᠨ ᠵᠠᠬ᠎ᠠ ᠳᠡᠯᠭᠡᠭᠦᠷ᠎ᠤᠨ ᠶᠠᠷᠢᠶ᠎ᠠ ᠬᠡᠯᠡᠯᠴᠡᠭᠡᠨ᠎ᠤ ᠰᠠᠢ᠌ᠨ ᠰᠠᠢ᠌ᠬᠠᠨ ᠣᠷᠴᠢᠨ ᠨᠥᠬᠥᠴᠡᠯ᠎ᠢ ᠪᠤᠢ ᠪᠣᠯᠭ᠋ᠠᠨ᠎ᠠ᠃ ᠬᠤᠳᠠᠯ ᠬᠠᠭᠤᠷᠮᠠᠭ ᠮᠡᠳᠡᠭᠡ ᠵᠠᠩᠭᠢ ᠪᠤᠶᠤ ᠲᠥᠭᠡᠷᠢᠭᠳᠡᠭᠦᠯᠬᠦ ᠴᠢᠨᠠᠷᠲᠠᠢ ᠮᠡᠳᠡᠭᠡ ᠵᠠᠩᠭᠢ ᠵᠣᠬᠢᠶᠠᠭᠰᠠᠨ᠂ ᠤᠯᠠᠮᠵᠢᠯᠠᠨ ᠲᠠᠷᠬᠠᠭ᠋ᠠᠭᠰᠠᠨ ᠦᠢ᠍ᠯᠡ ᠠᠵᠢᠯᠯᠠᠭ᠎ᠠ᠎ᠳᠤ ᠴᠣᠬᠢᠯᠲᠠ ᠥᠭᠬᠦ ᠡᠷᠴᠢᠮ ᠵᠶ᠋ᠠᠨ ᠴᠢᠩᠭ᠋ᠠᠳᠬᠠᠵᠤ᠂ ᠮᠡᠳᠡᠭᠡ ᠵᠠᠩᠭᠢ ᠤᠯᠠᠮᠵᠢᠯᠠᠬᠤ ᠡᠮᠬᠢ ᠳᠢᠭᠯᠢᠮ᠎ᠢ ᠵᠢᠷᠤᠮᠵᠢᠭᠤᠯᠤᠨ᠎ᠠ᠃ ᠰᠲ᠋ᠣᠺ᠎ᠤᠨ ᠵᠠᠬ᠎ᠠ ᠳᠡᠯᠭᠡᠭᠦᠷ᠎ᠲᠤ ᠭᠠᠷᠤᠭᠰᠠᠨ ᠺᠣᠮᠫᠠᠨᠢ ᠵᠢᠴᠢ ᠬᠡᠷᠡᠭ ᠮᠡᠳᠡᠭᠴᠢ᠂ ᠬᠢᠨᠠᠯᠲᠠ ᠲᠠᠯᠪᠢᠭᠴᠢ᠂ ᠳᠡᠭᠡᠳᠦ ᠵᠡᠷᠭᠡ ᠵᠢᠨ ᠬᠠᠮᠢᠶᠠᠷᠤᠯᠲᠠ ᠵᠢᠨ ᠠᠵᠢᠯᠲᠠᠨ᠂ ᠪᠣᠳᠠᠲᠠᠢ ᠡᠵᠡᠮᠰᠢᠭᠴᠢ ᠵᠢᠨ ᠨᠡᠢ᠌ᠭᠡᠮ᠎ᠤᠨ ᠬᠠᠷᠢᠭᠤᠴᠠᠯᠭ᠎ᠠ ᠵᠢᠨ ᠦᠵᠡᠯ ᠤᠬᠠᠮᠰᠠᠷ᠎ᠢ ᠴᠢᠩᠭ᠋ᠠᠷᠠᠭᠤᠯᠵᠤ᠂ ᠠᠵᠤ ᠠᠬᠤᠢ᠌ᠯᠠᠯᠲᠠᠨ᠎ᠤ ᠵᠣᠷᠢᠭ ᠰᠠᠨᠠᠭ᠎ᠠ ᠵᠢ ᠪᠠᠳᠠᠷᠠᠭᠤᠯᠤᠨ᠂ ᠦᠨᠡᠨᠴᠢ ᠢᠲᠡᠭᠡᠮᠵᠢᠲᠡᠢ᠎ᠪᠠᠷ ᠡᠵᠡᠩᠨᠡᠬᠦ ᠣᠨᠣᠯᠵᠢᠬᠤᠨ᠎ᠢ ᠪᠠᠷᠢᠮᠲᠠᠯᠠᠵᠤ᠂ ᠦᠨᠡᠨᠴᠢ ᠢᠲᠡᠭᠡᠮᠵᠢ ᠵᠢᠨ ᠪᠠᠢ᠌ᠭᠤᠯᠤᠯᠲᠠ ᠵᠢ ᠴᠢᠩᠭ᠋ᠠᠳᠬᠠᠨ᠂ ᠶᠣᠰᠣ ᠮᠣᠷᠠᠯ᠎ᠤᠨ ᠲᠦᠭᠰᠢᠭᠦᠷᠢ ᠵᠢ ᠡᠷᠡᠰ ᠰᠡᠷᠭᠡᠢ᠌ᠯᠡᠵᠦ᠂ ᠭᠠᠵᠠᠷ ᠣᠷᠣᠨ᠎ᠤ ᠢᠲᠡᠭᠡᠮᠵᠢ ᠵᠢᠨ ᠬᠢᠷᠢ ᠬᠡᠮᠵᠢᠶ᠎ᠡ ᠵᠢ ᠳᠡᠭᠡᠭᠰᠢᠯᠡᠭᠦᠯᠦᠨ᠂ ᠠᠵᠤ ᠠᠬᠤᠢ᠌ᠯᠠᠯ᠎ᠤᠨ ᠪᠡᠯᠡ ᠲᠣᠬᠢᠷᠠᠭᠤᠯᠭ᠎ᠠ ᠬᠢᠬᠦ ᠬᠦᠴᠢᠷᠳᠡᠯ ᠪᠠ ᠥᠪᠡᠷ᠎ᠤᠨ ᠥᠷᠲᠡᠭ᠎ᠢ᠎ᠨᠢ ᠪᠠᠭᠤᠷᠠᠭᠤᠯᠤᠨ᠎ᠠ᠃ ᠰᠲ᠋ᠣᠺ᠎ᠤᠨ ᠵᠠᠬ᠎ᠠ ᠳᠡᠯᠭᠡᠭᠦᠷ᠎ᠲᠤ ᠭᠠᠷᠤᠭᠰᠠᠨ ᠺᠣᠮᠫᠠᠨᠢ ᠵᠢ ᠪᠤᠢ ᠪᠤᠯᠭ᠋ᠠᠬᠤ ᠪᠠ ᠲᠡᠳᠡᠭᠡᠷ᠎ᠲᠤ ᠦᠢ᠍ᠯᠡᠴᠢᠯᠡᠬᠦ᠎ᠳᠤ ᠬᠣᠯᠪᠣᠭᠳᠠᠬᠤ ᠡᠳ᠋᠎ᠤᠨ ᠵᠠᠰᠠᠭ᠂ ᠭᠠᠢ᠌ᠯᠢ ᠵᠢᠨ ᠶᠠᠪᠤᠳᠠᠯ᠂ ᠪᠣᠭᠣᠮᠲᠠ᠂ ᠮᠥᠩᠭᠥᠨ ᠭᠦᠢ᠍ᠯᠭᠡᠭᠡᠨ᠂ ᠵᠠᠬ᠎ᠠ ᠳᠡᠯᠭᠡᠭᠦᠷ᠎ᠤᠨ ᠬᠢᠨᠠᠯᠲᠠ ᠬᠠᠮᠢᠶᠠᠷᠤᠯᠲᠠ᠂ ᠠᠵᠢᠯ ᠲᠥᠷᠥᠯ᠎ᠤᠨ ᠬᠢᠨᠠᠯᠲᠠ ᠬᠠᠮᠢᠶᠠᠷᠤᠯᠲᠠ᠂ ᠬᠠᠤᠯᠢ ᠴᠠᠭ᠋ᠠᠵᠠ ᠵᠢᠨ ᠪᠠᠢ᠌ᠭᠤᠯᠭ᠎ᠠ ᠵᠡᠷᠭᠡ ᠵᠢᠨ ᠮᠡᠳᠡᠭᠡ ᠵᠠᠩᠭᠢ ᠵᠢ ᠬᠠᠢ᠌ᠨ ᠯᠠᠪᠯᠠᠵᠤ ᠬᠠᠮᠲᠤ᠎ᠳᠤ᠎ᠪᠠᠨ ᠭᠥᠷᠳᠡᠬᠦ ᠲᠣᠭᠲᠠᠴᠠ ᠵᠢ ᠰᠢᠯᠢᠳᠡᠭᠵᠢᠭᠦᠯᠵᠦ᠂ ᠬᠢᠨᠠᠯᠲᠠ ᠬᠠᠮᠢᠶᠠᠷᠤᠯᠲᠠ ᠵᠢᠨ ᠬᠠᠤᠯᠢ ᠬᠡᠷᠡᠭᠵᠢᠭᠦᠯᠬᠦ ᠬᠦᠴᠦᠨ ᠴᠢᠳᠠᠪᠤᠷᠢ ᠵᠢ᠎ᠨᠢ ᠳᠡᠭᠡᠭᠰᠢᠯᠡᠭᠦᠯᠦᠨ᠎ᠡ᠃ ᠳᠤᠮᠳᠠ ᠵᠢᠵᠢᠭ ᠠᠵᠤ ᠠᠬᠤᠢ᠌ᠯᠠᠯ᠎ᠤᠨ ᠵᠣᠭᠣᠰ ᠮᠥᠩᠭᠥ ᠥᠭᠬᠦ ᠵᠢ ᠪᠠᠲᠤᠯᠠᠬᠤ ᠬᠠᠮᠢᠶ᠎ᠠ ᠪᠦᠬᠦᠢ ᠲᠣᠭᠲᠠᠭ᠋ᠠᠯ᠎ᠢ ᠴᠢᠩᠭ᠎ᠠ ᠨᠠᠢ᠌ᠳᠠᠪᠤᠷᠢᠵᠢᠭᠤᠯᠵᠤ᠂ ᠰᠲ᠋ᠣᠺ᠎ᠤᠨ ᠵᠠᠬ᠎ᠠ ᠳᠡᠯᠭᠡᠭᠦᠷ᠎ᠲᠤ ᠭᠠᠷᠤᠭᠰᠠᠨ᠂ ᠫᠠᠢ᠌ᠰᠠ ᠡᠯᠭᠦᠭᠰᠡᠨ ᠺᠣᠮᠫᠠᠨᠢ ᠵᠢᠨ ᠬᠤᠷᠢᠶᠠᠪᠠᠰᠤ ᠵᠣᠬᠢᠬᠤ ᠳᠠᠩᠰᠠᠨ᠎ᠳᠠᠬᠢ ᠵᠣᠭᠣᠰ ᠮᠥᠩᠭᠥ ᠵᠢ ᠥᠷᠢᠲᠦᠵᠦ ᠪᠠᠢ᠌ᠭ᠎ᠠ ᠠᠰᠠᠭᠤᠳᠠᠯ᠎ᠢ ᠰᠢᠢ᠍ᠳᠪᠦᠷᠢᠯᠡᠬᠦ ᠡᠷᠴᠢᠮ ᠵᠶ᠋ᠠᠨ ᠴᠢᠩᠭ᠋ᠠᠷᠠᠭᠤᠯᠤᠨ᠎ᠠ᠃ 《ᠲᠠᠯᠪᠢᠬᠤ ᠬᠠᠮᠢᠶᠠᠷᠬᠤ ᠦᠢ᠍ᠯᠡᠴᠢᠯᠡᠬᠦ》 ᠥᠭᠡᠷᠡᠴᠢᠯᠡᠯᠲᠡ ᠵᠢ ᠤᠯᠠᠮ ᠨᠢᠭᠡ ᠠᠯᠬᠤᠮ ᠠᠬᠢᠭᠤᠯᠵᠤ᠂ ᠡᠷᠬᠡ ᠲᠡᠭᠰᠢ᠎ᠪᠠᠷ ᠥᠷᠢᠰᠦᠯᠳᠦᠬᠦ ᠵᠠᠬ᠎ᠠ ᠳᠡᠯᠭᠡᠭᠦᠷ᠎ᠤᠨ ᠣᠷᠴᠢᠨ ᠨᠥᠬᠥᠴᠡᠯ᠎ᠢ ᠪᠤᠢ ᠪᠣᠯᠭ᠋ᠠᠨ᠎ᠠ᠃ (ᠬᠠᠷᠢᠭᠤᠴᠠᠬᠤ ᠨᠢᠭᠡᠴᠢ᠄ ᠥᠪᠡᠷᠲᠡᠭᠡᠨ ᠵᠠᠰᠠᠬᠤ ᠣᠷᠣᠨ᠎ᠤ ᠣᠷᠣᠨ ᠨᠤᠲᠤᠭ᠎ᠤᠨ ᠮᠥᠩᠭᠥᠨ ᠭᠦᠢ᠍ᠯᠭᠡᠭᠡᠨ᠎ᠤ ᠬᠢᠨᠠᠯᠲᠠ ᠬᠠᠮᠢᠶᠠᠷᠤᠯᠲᠠ ᠵᠢᠨ ᠲᠣᠪᠴᠢᠶ᠎ᠠ᠂ ᠳᠣᠲᠣᠭ᠋ᠠᠳᠤ ᠵᠢ ᠬᠠᠮᠠᠭ᠋ᠠᠯᠠᠬᠤ ᠲᠢᠩᠬᠢᠮ᠂ ᠡᠳ᠋᠎ᠤᠨ ᠵᠠᠰᠠᠭ᠎ᠤᠨ ᠲᠢᠩᠬᠢᠮ᠂ ᠵᠠᠬ᠎ᠠ ᠳᠡᠯᠭᠡᠭᠦᠷ᠎ᠤᠨ ᠬᠢᠨᠠᠯᠲᠠ ᠬᠠᠮᠢᠶᠠᠷᠤᠯᠲᠠ ᠵᠢᠨ ᠲᠣᠪᠴᠢᠶ᠎ᠠ᠂ ᠥᠪᠥᠷ ᠮᠣᠩᠭᠣᠯ᠎ᠤᠨ ᠭᠠᠢ᠌ᠯᠢ ᠵᠢᠨ ᠶᠠᠪᠤᠳᠠᠯ᠎ᠤᠨ ᠲᠣᠪᠴᠢᠶ᠎ᠠ᠂ ᠬᠥᠬᠡᠬᠤᠲᠠ ᠪᠣᠭᠣᠮᠲᠠ᠂ ᠮᠠᠨᠵᠤᠤᠷ ᠪᠣᠭᠣᠮᠲᠠ᠂ ᠥᠪᠥᠷ ᠮᠣᠩᠭᠣᠯ᠎ᠤᠨ ᠲᠡᠮᠳᠡᠭᠲᠦ ᠵᠢᠨ ᠬᠢᠨᠠᠯᠲᠠ ᠬᠠᠮᠢᠶᠠᠷᠤᠯᠲᠠ ᠵᠢᠨ ᠲᠣᠪᠴᠢᠶ᠎ᠠ᠂ ᠡᠯ᠎ᠡ ᠠᠢ᠌ᠮᠠᠭ᠎ᠤᠨ ᠵᠠᠬᠢᠷᠭ᠎ᠠ᠂ ᠬᠤᠲᠠ ᠵᠢᠨ ᠠᠷᠠᠳ᠎ᠤᠨ ᠵᠠᠰᠠᠭ᠎ᠤᠨ ᠣᠷᠳᠣᠨ)
(ᠠᠷᠪᠠᠨ ᠲᠠᠪᠤ) ᠬᠠᠤᠯᠢ ᠲᠣᠭᠲᠠᠭ᠋ᠠᠯ᠎ᠠᠴᠠ ᠵᠥᠷᠢᠴᠡᠭᠰᠡᠨ ᠦᠢ᠍ᠯᠡ ᠠᠵᠢᠯᠯᠠᠭ᠎ᠠ ᠵᠢ ᠪᠠᠢ᠌ᠴᠠᠭ᠋ᠠᠨ ᠰᠢᠢ᠍ᠳᠪᠦᠷᠢᠯᠡᠬᠦ᠎ᠪᠠᠨ ᠴᠢᠩᠭ᠋ᠠᠳᠬᠠᠨ᠎ᠠ᠃ ᠡᠳ᠋᠎ᠤᠨ ᠶᠠᠪᠤᠳᠠᠯ᠎ᠤᠨ ᠲᠠᠯ᠎ᠠ᠎ᠳᠤ ᠬᠠᠭᠤᠷᠮᠠᠭᠯᠠᠨ ᠵᠣᠬᠢᠶᠠᠬᠤ᠂ ᠰᠲ᠋ᠣᠺ᠎ᠤᠨ ᠵᠠᠬ᠎ᠠ ᠳᠡᠯᠭᠡᠭᠦᠷ᠎ᠲᠤ ᠭᠠᠷᠤᠭᠰᠠᠨ ᠺᠣᠮᠫᠠᠨᠢ ᠵᠢᠨ ᠪᠡᠯᠡ ᠮᠥᠩᠭᠥ ᠵᠢ ᠥᠪᠡᠷᠴᠢᠯᠡᠬᠦ᠂ ᠲᠣᠭᠲᠠᠭ᠋ᠠᠯ᠎ᠠᠴᠠ ᠵᠥᠷᠢᠴᠡᠨ ᠳᠠᠭ᠋ᠠᠭ᠋ᠠᠯᠲᠠ ᠬᠢᠬᠦ᠂ ᠳᠠᠯᠳᠠᠭᠤᠷ ᠠᠷᠠᠯᠵᠢᠶᠠᠯᠠᠬᠤ᠂ ᠵᠠᠬ᠎ᠠ ᠳᠡᠯᠭᠡᠭᠦᠷ᠎ᠢ ᠡᠵᠡᠮᠰᠢᠬᠦ ᠵᠡᠷᠭᠡ ᠬᠠᠤᠯᠢ ᠲᠣᠭᠲᠠᠭ᠋ᠠᠯ᠎ᠠᠴᠠ ᠵᠥᠷᠢᠴᠡᠭᠰᠡᠨ ᠦᠢ᠍ᠯᠡ ᠠᠵᠢᠯᠯᠠᠭ᠎ᠠ᠎ᠳᠤ ᠴᠢᠩᠭ᠎ᠠ ᠴᠣᠬᠢᠯᠲᠠ ᠥᠭᠴᠦ᠂ ᠥᠪᠡᠷ᠎ᠢ᠎ᠪᠠᠨ ᠵᠣᠬᠢᠴᠠᠭᠤᠯᠬᠤ ᠬᠢᠨᠠᠯᠲᠠ ᠬᠠᠮᠢᠶᠠᠷᠤᠯᠲᠠ᠂ ᠵᠠᠰᠠᠭ ᠵᠠᠬᠢᠷᠭ᠋ᠠᠨ᠎ᠤ ᠵᠣᠭᠣᠰ ᠵᠶ᠋ᠠᠷ ᠲᠣᠷᠭ᠋ᠠᠬᠤ᠂ ᠵᠠᠬ᠎ᠠ ᠳᠡᠯᠭᠡᠭᠦᠷ᠎ᠲᠤ ᠣᠷᠣᠬᠤ ᠵᠢ ᠴᠠᠭ᠋ᠠᠵᠠᠯᠠᠬᠤ ᠵᠡᠷᠭᠡ ᠡᠯ᠎ᠡ ᠲᠥᠷᠥᠯ᠎ᠤᠨ ᠥᠪᠡᠷ᠎ᠢ᠎ᠪᠠᠨ ᠵᠣᠬᠢᠴᠠᠭᠤᠯᠬᠤ ᠵᠢᠴᠢ ᠵᠠᠰᠠᠭ ᠵᠠᠬᠢᠷᠭ᠋ᠠᠨ᠎ᠤ ᠵᠠᠯᠬᠠᠭ᠋ᠠᠨ ᠴᠡᠭᠡᠷᠯᠡᠭᠦᠯᠬᠦ ᠠᠷᠭ᠎ᠠ ᠬᠡᠮᠵᠢᠶ᠎ᠡ ᠵᠢ ᠭᠦᠢ᠍ᠴᠡᠳ ᠰᠠᠢ᠌ᠲᠤᠷ ᠬᠡᠷᠡᠭᠯᠡᠵᠦ᠂ ᠰᠦᠪᠡᠭᠴᠢ ᠵᠢ ᠢᠯᠡᠷᠡᠭᠦᠯᠬᠦ ᠪᠠ ᠡᠷᠡᠭᠦᠦ ᠵᠢᠨ ᠬᠡᠷᠡᠭ᠎ᠢ ᠰᠢᠯᠵᠢᠭᠦᠯᠦᠨ ᠬᠦᠷᠭᠡᠬᠦ ᠡᠷᠴᠢᠮ ᠵᠶ᠋ᠠᠨ ᠤᠯᠠᠮ ᠨᠢᠭᠡ ᠠᠯᠬᠤᠮ ᠴᠢᠩᠭ᠋ᠠᠷᠠᠭᠤᠯᠤᠨ᠂ ᠡᠷᠡᠭᠦᠦ ᠵᠢᠨ ᠬᠡᠷᠡᠭ᠎ᠤᠨ ᠨᠡᠬᠡᠮᠵᠢᠯᠡᠨ ᠵᠠᠭ᠋ᠠᠯᠳᠤᠬᠤ ᠪᠠᠷᠢᠮᠵᠢᠶ᠎ᠠ᠎ᠳᠤ ᠬᠦᠷᠦᠭᠰᠡᠨ ᠪᠠᠢ᠌ᠪᠠᠯ᠂ ᠰᠢᠯᠵᠢᠬᠦᠯᠬᠦ ᠶᠣᠰᠣᠲᠠᠢ ᠵᠢ᠎ᠨᠢ ᠠᠯᠢ ᠴᠢᠳᠠᠬᠤ᠎ᠪᠠᠷ ᠰᠢᠯᠵᠢᠭᠦᠯᠦᠨ᠎ᠡ᠃ ᠰᠲ᠋ᠣᠺ᠎ᠤᠨ ᠵᠠᠬ᠎ᠠ ᠳᠡᠯᠭᠡᠭᠦᠷ᠎ᠲᠤ ᠭᠠᠷᠤᠭᠰᠠᠨ ᠺᠣᠮᠫᠠᠨᠢ ᠬᠢᠭᠡᠳ ᠬᠤᠪᠢᠴᠠᠭ᠎ᠠ ᠡᠵᠡᠮᠰᠢᠭᠰᠡᠨ ᠬᠤᠪᠢᠴᠠᠭ᠋ᠠᠳᠠᠨ᠂ ᠪᠣᠳᠠᠲᠠᠢ ᠡᠵᠡᠮᠰᠢᠭᠴᠢ ᠵᠢᠨ ᠬᠠᠷᠢᠭᠤᠴᠠᠯᠭ᠎ᠠ ᠵᠢ ᠵᠦᠷᠢᠶᠡᠴᠢᠯᠡᠨ ᠰᠢᠢ᠍ᠳᠪᠦᠷᠢᠯᠡᠬᠦ ᠵᠢ ᠠᠬᠢᠭᠤᠯᠵᠤ᠂ 《ᠵᠠᠩᠭᠢᠯᠠᠭ᠎ᠠ ᠵᠢᠨ ᠴᠥᠭᠡᠨ ᠲᠣᠭ᠋ᠠᠲᠠᠨ》᠎ᠠᠴᠠ ᠬᠠᠷᠢᠭᠤᠴᠠᠯᠭ᠎ᠠ ᠨᠡᠬᠡᠮᠵᠢᠯᠡᠬᠦ ᠵᠢ ᠳᠣᠪᠤᠶ᠋ᠢᠯᠭ᠋ᠠᠨ᠎ᠠ᠃ ᠣᠲᠣ ᠵᠢᠨ ᠪᠠᠢ᠌ᠭ᠎ᠠ ᠦᠨᠡᠨᠴᠢ ᠢᠲᠡᠭᠡᠮᠵᠢ ᠵᠢᠨ ᠲᠣᠭᠲᠠᠯᠴᠠᠭ᠋ᠠᠨ᠎ᠤ ᠪᠠᠢ᠌ᠭᠤᠯᠤᠯᠲᠠ ᠵᠢᠨ ᠲᠣᠭᠲᠠᠴᠠ᠎ᠳᠤ ᠲᠦᠰᠢᠭᠯᠡᠨ᠂ ᠰᠲ᠋ᠣᠺ᠎ᠤᠨ ᠵᠠᠬ᠎ᠠ ᠳᠡᠯᠭᠡᠭᠦᠷ᠎ᠲᠤ ᠭᠠᠷᠤᠭᠰᠠᠨ ᠺᠣᠮᠫᠠᠨᠢ ᠵᠢᠨ ᠬᠠᠤᠯᠢ᠎ᠠᠴᠠ ᠵᠥᠷᠢᠴᠡᠭᠰᠡᠨ ᠦᠢ᠍ᠯᠡ ᠠᠵᠢᠯᠯᠠᠭ᠎ᠠ᠎ᠳᠤ ᠬᠠᠷᠢᠭᠤᠴᠠᠯᠭ᠎ᠠ᠎ᠲᠠᠢ ᠬᠠᠮᠢᠶ᠎ᠠ ᠪᠦᠬᠦᠢ ᠢᠲᠡᠭᠡᠮᠵᠢ ᠠᠯᠳᠠᠭᠰᠠᠨ ᠭᠣᠣᠯ ᠴᠣᠭᠴᠠ ᠵᠢ ᠠᠵᠢᠯ ᠲᠥᠷᠥᠯ᠎ᠳᠤ ᠵᠥᠪᠰᠢᠶᠡᠷᠡᠨ ᠣᠷᠣᠭᠤᠯᠬᠤ᠂ ᠮᠥᠩᠭᠥᠨ ᠭᠦᠢ᠍ᠯᠭᠡᠭᠡᠨ᠎ᠤ ᠦᠢ᠍ᠯᠡᠴᠢᠯᠡᠭᠡ᠂ ᠬᠢᠯᠢ᠎ᠠᠴᠠ ᠭᠠᠷᠴᠤ ᠶᠠᠪᠤᠵᠤ ᠰᠠᠭᠤᠬᠤ ᠵᠡᠷᠭᠡ ᠲᠠᠯ᠎ᠠ᠎ᠪᠠᠷ ᠬᠠᠤᠯᠢ ᠶᠣᠰᠣᠭ᠋ᠠᠷ ᠬᠢᠵᠠᠭ᠋ᠠᠷᠯᠠᠨ᠎ᠠ᠃ (ᠬᠠᠷᠢᠭᠤᠴᠠᠬᠤ ᠨᠢᠭᠡᠴᠢ᠄ ᠥᠪᠥᠷ ᠮᠣᠩᠭᠣᠯ᠎ᠤᠨ ᠲᠡᠮᠳᠡᠭᠲᠦ ᠵᠢᠨ ᠬᠢᠨᠠᠯᠲᠠ ᠬᠠᠮᠢᠶᠠᠷᠤᠯᠲᠠ ᠵᠢᠨ ᠲᠣᠪᠴᠢᠶ᠎ᠠ᠂ ᠥᠪᠡᠷᠲᠡᠭᠡᠨ ᠵᠠᠰᠠᠬᠤ ᠣᠷᠣᠨ᠎ᠤ ᠳᠣᠲᠣᠭ᠋ᠠᠳᠤ ᠵᠢ ᠬᠠᠮᠠᠭ᠋ᠠᠯᠠᠬᠤ ᠲᠢᠩᠬᠢᠮ᠂ ᠬᠠᠤᠯᠢ ᠴᠠᠭ᠋ᠠᠵᠠ ᠵᠢᠨ ᠲᠢᠩᠬᠢᠮ᠂ ᠡᠳ᠋᠎ᠤᠨ ᠵᠠᠰᠠᠭ᠎ᠤᠨ ᠲᠢᠩᠬᠢᠮ᠂ ᠠᠷᠠᠳ᠎ᠤᠨ ᠥᠨᠳᠥᠷ ᠵᠡᠷᠭᠡ ᠵᠢᠨ ᠰᠢᠭᠦᠬᠦ ᠬᠣᠷᠢᠶ᠎ᠠ)
ᠢᠷᠡᠯᠲᠡ᠄ ᠥᠪᠥᠷ ᠮᠣᠩᠭᠣᠯ᠎ᠤᠨ ᠵᠠᠰᠠᠭ᠎ᠤᠨ ᠣᠷᠳᠣᠨ