ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠣᠨᠴᠠᠯᠢᠭᠲᠤ᠌ ᠳᠠᠪᠴᠠᠩ
ᠢᠯᠡ ᠵᠠᠰᠠᠭ   -   ᠠᠯᠪᠠᠨ ᠮᠡᠳᠡᠭᠡ
2024 ᠣᠨ᠎ᠤ ᠥᠪᠡᠷᠲᠡᠭᠡᠨ ᠵᠠᠰᠠᠬᠤ ᠣᠷᠣᠨ᠎ᠤ ᠤᠰᠤᠨ ᠠᠰᠢᠭᠯᠠᠯᠲᠠ ᠵᠢᠨ ᠢᠨᠵᠧᠨᠧᠷᠢᠩ᠎ᠤᠨ ᠰᠢᠷᠢᠰ ᠲᠤᠰᠬᠠᠶ ᠮᠡᠷᠭᠡᠵᠢᠯ᠎ᠤᠨ ᠬᠢᠷᠢ ᠬᠡᠮ᠎ᠢ ᠬᠢᠨᠠᠨ ᠲᠣᠭᠲᠠᠭ᠋ᠠᠵᠤ ᠪᠠᠲᠤᠯᠠᠬᠤ᠎ᠪᠠᠷ ᠪᠠᠶ᠋ᠢᠭ᠎ᠠ ᠬᠥᠮᠦᠰ᠎ᠤᠨ ᠨᠡᠷᠡᠰ᠎ᠤᠨ ᠲᠤᠬᠠᠢ ᠵᠠᠷᠯᠠᠯ
ᠨᠡᠶ᠋ᠢᠲᠡᠯᠡᠭᠰᠡᠨ ᠴᠠᠭ᠄ 2024-10-07

   ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠬᠥᠮᠦᠨ᠎ᠤ ᠬᠦᠴᠦᠨ᠎ᠤ ᠡᠬᠢ ᠪᠠᠶᠠᠯᠢᠭ ᠪᠠ ᠨᠡᠶ᠋ᠢᠭᠡᠮ᠎ᠤᠨ ᠪᠠᠲᠤᠯᠠᠭ᠎ᠠ ᠵᠢᠨ ᠲᠢᠩᠬᠢᠮ᠎ᠤᠨ 《2024 ᠣᠨ᠎ᠤ ᠪᠥᠬᠦ ᠣᠷᠣᠨ᠎ᠤ ᠮᠡᠷᠭᠡᠵᠢᠯ᠎ᠤᠨ ᠴᠣᠯᠠ ᠵᠢ ᠬᠢᠨᠠᠨ ᠲᠣᠭᠲᠠᠭ᠋ᠠᠬᠤ ᠠᠵᠢᠯ᠎ᠢ ᠰᠠᠶ᠋ᠢᠲᠤᠷ ᠬᠢᠬᠦ ᠲᠤᠬᠠᠶ ᠮᠡᠳᠡᠭᠳᠡᠯ》 (ᠥᠪᠥᠷ ᠬᠥᠮᠦᠨ᠎ᠤ ᠬᠦᠴᠦᠨ᠎ᠤ ᠡᠬᠢ ᠪᠠᠶᠠᠯᠢᠭ ᠪᠠ ᠨᠡᠶ᠋ᠢᠭᠡᠮ᠎ᠤᠨ ᠪᠠᠲᠤᠯᠠᠭ᠎ᠠ ᠠᠯᠪᠠᠨ ᠲᠠᠷᠬᠠᠭ᠋ᠠᠭᠰᠠᠨ [2024] 85 ᠳ᠋ᠤᠭ᠋ᠠᠷ ᠲᠣᠭ᠋ᠠᠲᠤ) ᠪᠠ ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠤᠰᠤᠨ ᠠᠰᠢᠭᠯᠠᠯᠲᠠ ᠵᠢᠨ ᠲᠢᠩᠬᠢᠮ᠎ᠤᠨ 《2024 ᠣᠨ᠎ᠤ ᠤᠰᠤᠨ ᠠᠰᠢᠭᠯᠠᠯᠲᠠ ᠵᠢᠨ ᠪᠠᠷᠢᠯᠭ᠎ᠠ ᠵᠢᠨ ᠰᠢᠷᠢᠰ ᠲᠤᠰᠬᠠᠶ ᠮᠡᠷᠭᠡᠵᠢᠯ᠎ᠤᠨ ᠴᠣᠯᠠ ᠵᠢ ᠬᠢᠨᠠᠨ ᠲᠣᠭᠲᠠᠭ᠋ᠠᠬᠤ ᠠᠵᠢᠯ᠎ᠢ ᠥᠷᠨᠢᠭᠦᠯᠬᠦ ᠲᠤᠬᠠᠶ ᠮᠡᠳᠡᠭᠳᠡᠯ》 (ᠥᠪᠥᠷ ᠤᠰᠤ ᠬᠥᠮᠦᠨ [2024] 10 ᠳ᠋ᠤᠭ᠋ᠠᠷ ᠲᠣᠭ᠋ᠠᠲᠤ) ᠵᠡᠷᠭᠡ ᠪᠢᠴᠢᠭ ᠮᠠᠲ᠋ᠧᠷᠢᠶᠠᠯ᠎ᠤᠨ ᠱᠠᠭ᠋ᠠᠷᠳᠠᠯᠭ᠎ᠠ ᠵᠢ ᠦᠨᠳᠦᠰᠦᠯᠡᠨ᠂ 2024 ᠣᠨ᠎ᠤ ᠥᠪᠡᠷᠲᠡᠭᠡᠨ ᠵᠠᠰᠠᠬᠤ ᠣᠷᠣᠨ᠎ᠤ ᠤᠰᠤᠨ ᠠᠰᠢᠭᠯᠠᠯᠲᠠ ᠵᠢᠨ ᠪᠠᠷᠢᠯᠭ᠎ᠠ ᠵᠢᠨ ᠰᠢᠷᠢᠰ ᠲᠤᠰᠬᠠᠶ ᠮᠡᠷᠭᠡᠵᠢᠯ᠎ᠤᠨ ᠬᠢᠷᠢ ᠬᠡᠮ᠎ᠢ ᠬᠢᠨᠠᠨ ᠲᠣᠭᠲᠠᠭ᠋ᠠᠬᠤ ᠠᠵᠢᠯ᠎ᠢ ᠨᠢᠭᠡᠨᠲᠡ ᠳᠠᠭᠤᠰᠬᠠᠵᠤ᠂ ᠡᠳᠦᠭᠡ ᠪᠠᠲᠤᠯᠠᠬᠤ᠎ᠪᠠᠷ ᠪᠠᠶ᠋ᠢᠭ᠎ᠠ ᠬᠥᠮᠦᠰ᠎ᠤᠨ ᠨᠡᠷᠡᠰ᠎ᠢ ᠢᠯᠡ ᠨᠡᠶ᠋ᠢᠲᠡᠯᠡᠪᠡ᠃

   ᠵᠠᠷᠯᠠᠨ ᠨᠡᠶ᠋ᠢᠲᠡᠯᠡᠬᠦ ᠬᠤᠭᠤᠴᠠᠭ᠎ᠠ ᠪᠣᠯ 2024 ᠣᠨ᠎ᠤ 10 ᠳ᠋ᠤᠭ᠋ᠠᠷ ᠰᠠᠷ᠎ᠠ ᠵᠢᠨ 8᠎ᠤ ᠡᠳᠦᠷ᠎ᠠᠴᠠ 2024 ᠣᠨ᠎ᠤ 10 ᠳ᠋ᠤᠭ᠋ᠠᠷ ᠰᠠᠷ᠎ᠠ ᠵᠢᠨ 12᠎ᠤᠨ ᠡᠳᠦᠷ ᠪᠣᠯᠤᠨ᠎ᠠ᠃

   ᠬᠦᠯᠢᠶᠡᠨ ᠠᠪᠴᠤ ᠰᠢᠢ᠍ᠳᠪᠦᠷᠢᠯᠡᠬᠦ ᠴᠠᠭ᠄ ᠦᠳᠡ ᠵᠢᠨ ᠡᠮᠦᠨ᠎ᠡ 9᠄ 00 — 12᠄ 00 ᠦᠳᠡ ᠵᠢᠨ ᠬᠤᠶ᠋ᠢᠨ᠎ᠠ 13᠄ 30 — 17᠄ 00  ᠴᠠᠭ

   ᠵᠠᠷᠯᠠᠨ ᠨᠡᠶ᠋ᠢᠲᠡᠯᠡᠬᠦ ᠬᠤᠭᠤᠴᠠᠭ᠋ᠠᠨ᠎ᠳᠤ᠂ ᠰᠢᠯᠭ᠋ᠠᠷᠠᠭᠤᠯᠤᠨ ᠲᠣᠭᠲᠠᠭ᠋ᠠᠬᠤ ᠠᠵᠢᠯᠲᠠᠨ᠎ᠳᠤ ᠰᠡᠵᠢᠭᠲᠡᠶ ᠪᠠᠶ᠋ᠢᠪᠠᠯ᠂ ᠤᠲᠠᠰᠤ ᠢᠷᠡᠭᠦᠯᠬᠦ᠂ ᠵᠠᠬᠢᠳᠠᠯ ᠢᠷᠡᠭᠦᠯᠬᠦ᠂ ᠰᠣᠷᠪᠤᠯᠵᠢᠯᠠᠭ᠎ᠠ ᠬᠢᠬᠦ ᠵᠡᠷᠭᠡ ᠠᠷᠭ᠎ᠠ ᠮᠠᠶᠢᠭ ᠵᠶ᠋ᠠᠷ ᠳᠠᠮᠵᠢᠭᠤᠯᠤᠨ᠂ ᠥᠪᠡᠷᠲᠡᠭᠡᠨ ᠵᠠᠰᠠᠬᠤ ᠣᠷᠣᠨ᠎ᠤ ᠤᠰᠤᠨ ᠠᠰᠢᠭᠯᠠᠯᠲᠠ ᠵᠢᠨ ᠲᠤᠰᠬᠠᠶ ᠮᠡᠷᠭᠡᠵᠢᠯ᠎ᠤᠨ ᠳᠡᠭᠡᠳᠦ ᠵᠡᠷᠭᠡ ᠵᠢᠨ ᠮᠡᠷᠭᠡᠵᠢᠯ᠎ᠤᠨ ᠴᠣᠯᠠ ᠰᠢᠯᠭ᠋ᠠᠷᠠᠭᠤᠯᠬᠤ ᠺᠣᠮᠢᠰ᠎ᠲᠤ ᠠᠰᠠᠭᠤᠳᠠᠯ ᠵᠶ᠋ᠠᠨ ᠲᠤᠰᠬᠠᠵᠤ ᠪᠣᠯᠤᠨ᠎ᠠ᠃ ᠠᠰᠠᠭᠤᠳᠠᠯ᠎ᠢ ᠲᠤᠰᠬᠠᠬᠤ᠎ᠳᠤ ᠡᠷᠬᠡᠪᠰᠢ ᠦᠨᠡᠨ ᠪᠣᠳᠠᠲᠠᠶ ᠦᠨᠳᠦᠰᠦ ᠪᠠᠷᠢᠮᠲᠠ᠎ᠲᠠᠢ ᠪᠠᠶ᠋ᠢᠬᠤ ᠬᠡᠷᠡᠭᠲᠡᠶ ᠪᠥᠭᠡᠳ ᠪᠢᠴᠢᠭᠯᠡᠭᠰᠡᠨ ᠮᠠᠲ᠋ᠧᠷᠢᠶᠠᠯ᠂ ᠦᠨᠡᠨ ᠪᠣᠳᠠᠲᠠᠶ ᠣᠪᠣᠭ ᠨᠡᠷ᠎ᠡ᠂ ᠬᠠᠷᠢᠯᠴᠠᠬᠤ ᠤᠲᠠᠰᠤ ᠵᠢ ᠳᠠᠭ᠋ᠠᠯᠳᠤᠭᠤᠯᠬᠤ ᠬᠡᠷᠡᠭᠲᠡᠶ᠃ ᠢᠯᠡ ᠨᠡᠶ᠋ᠢᠲᠡᠯᠡᠭᠰᠡᠨ ᠬᠤᠪᠢ ᠬᠥᠮᠦᠨ᠎ᠤ ᠮᠡᠳᠡᠭᠡ ᠵᠠᠩᠭᠢ᠎ᠨᠢ ᠪᠤᠷᠤᠭᠤ᠎ᠲᠠᠢ ᠪᠣᠯ ᠥᠪᠡᠷᠲᠡᠭᠡᠨ ᠵᠠᠰᠠᠬᠤ ᠣᠷᠣᠨ᠎ᠤ ᠤᠰᠤᠨ ᠠᠰᠢᠭᠯᠠᠯᠲᠠ ᠵᠢᠨ ᠲᠤᠰᠬᠠᠶ ᠮᠡᠷᠭᠡᠵᠢᠯ᠎ᠤᠨ ᠳᠡᠭᠡᠳᠦ ᠵᠡᠷᠭᠡ ᠵᠢᠨ ᠮᠡᠷᠭᠡᠵᠢᠯ᠎ᠤᠨ ᠴᠣᠯᠠ ᠰᠢᠯᠭ᠋ᠠᠷᠠᠭᠤᠯᠬᠤ ᠺᠣᠮᠢᠰ᠎ᠲᠠᠢ ᠬᠠᠷᠢᠯᠴᠠᠵᠤ ᠵᠠᠰᠠᠪᠤᠷᠢ ᠣᠷᠣᠭᠤᠯᠬᠤ ᠬᠡᠷᠡᠭᠲᠡᠶ᠃

   ᠬᠠᠷᠢᠯᠴᠠᠬᠤ ᠬᠠᠶ᠋ᠢᠭ᠄ ᠬᠥᠬᠡᠬᠣᠲᠠ ᠵᠢᠨ ᠬᠥᠯᠥᠨ ᠪᠤᠶ᠋ᠢᠷ ᠡᠮᠦᠨ᠎ᠡ ᠵᠠᠮ᠎ᠤᠨ 119 ᠳ᠋ᠦ᠍ᠭᠡᠷ ᠲᠣᠭ᠋ᠠᠲᠤ ᠥᠪᠡᠷᠲᠡᠭᠡᠨ ᠵᠠᠰᠠᠬᠤ ᠣᠷᠣᠨ᠎ᠤ ᠤᠰᠤᠨ ᠠᠰᠢᠭᠯᠠᠯᠲᠠ ᠵᠢᠨ ᠲᠢᠩᠬᠢᠮ᠎ᠤᠨ ᠠᠵᠢᠯᠲᠠᠨ᠎ᠤ ᠭᠠᠵᠠᠷ (ᠰᠢᠤᠳᠠᠨ ᠨᠣᠮᠧᠷ᠄ 010000)

   ᠬᠠᠷᠢᠯᠴᠠᠬᠤ ᠤᠲᠠᠰᠤ᠄ 0471 — 5259607  0471 – 5259546

   ᠳᠠᠭ᠋ᠠᠯᠳᠤᠭᠤᠯᠤᠯ᠄ 2024 ᠣᠨ᠎ᠤ ᠥᠪᠡᠷᠲᠡᠭᠡᠨ ᠵᠠᠰᠠᠬᠤ ᠣᠷᠣᠨ᠎ᠤ ᠤᠰᠤᠨ ᠠᠰᠢᠭᠯᠠᠯᠲᠠ ᠵᠢᠨ ᠢᠨᠵᠧᠨᠧᠷᠢᠩ᠎ᠤᠨ ᠰᠢᠷᠢᠰ ᠲᠤᠰᠬᠠᠶ ᠮᠡᠷᠭᠡᠵᠢᠯ᠎ᠤᠨ ᠬᠢᠷᠢ ᠬᠡᠮ᠎ᠢ ᠬᠢᠨᠠᠨ ᠲᠣᠭᠲᠠᠭ᠋ᠠᠬᠤ᠎ᠪᠠᠷ ᠪᠠᠶ᠋ᠢᠭ᠎ᠠ ᠬᠥᠮᠦᠰ᠎ᠤᠨ ᠨᠡᠷᠡᠰ

  

   ᠥᠪᠥᠷ ᠮᠤᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠤᠰᠤᠨ ᠠᠰᠢᠭᠯᠠᠯᠲᠠ ᠵᠢᠨ ᠲᠤᠰᠬᠠᠢ ᠮᠡᠷᠭᠡᠵᠢᠯ᠎ᠤᠨ ᠴᠤᠯᠠ ᠰᠢᠯᠭ᠋ᠠᠷᠠᠭᠤᠯᠬᠤ ᠺᠣᠮᠢᠰ

  2024 ᠣᠨ᠎ᠤ 10 ᠳ᠋ᠤᠭ᠋ᠠᠷ ᠰᠠᠷ᠎ᠠ ᠵᠢᠨ 7᠎ᠤ ᠡᠳᠦᠷ

 

 

ᠢᠷᠡᠯᠲᠡ᠄ ᠦᠪᠤᠷ ᠮᠣᠩᠭᠤᠯ᠎ᠤᠨ ᠦᠪᠡᠷᠳᠡᠭᠡᠨ ᠵᠠᠰᠠᠬᠤ ᠣᠷᠣᠨ᠎ᠤ ᠣᠰᠣᠨ ᠠᠰᠢᠠᠠᠯᠠᠯᠳᠡ ᠵᠢᠨ ᠳᠢᠩᠬᠢᠮ
          
ᠬᠠᠮᠢᠶ᠎ᠡ ᠪᠦᠬᠦᠢ ᠰᠣᠨᠢᠨ
2024 ᠣᠨ᠎ᠤ ᠳᠡᠭᠡᠳᠦ ᠵᠡᠷᠭᠡ ᠵᠢᠨ ᠠᠵᠤ ᠠᠬᠤᠶ᠋ᠢᠴᠢ ᠵᠢᠨ ᠲᠤᠰᠬᠠᠢ ᠮᠡᠷᠭᠡᠵᠢᠯ᠎ᠤᠨ ᠬᠢᠷᠢ ᠬᠡᠮ ᠭᠤᠶᠤᠴᠢᠯᠠᠨ ᠮᠡᠳᠡᠭᠦᠯᠦᠭᠰᠡᠨ ᠬᠥᠮᠥᠰ᠎ᠢ ᠵᠠᠷᠯᠠᠨ ᠨᠡᠶ᠋ᠢᠲᠡᠯᠡᠬᠦ ᠲᠤᠬᠠᠶ
2024 ᠣᠨ᠎ᠤ ᠳᠣᠤᠷ᠎ᠠ ᠬᠠᠭ᠋ᠠᠰ ᠵᠢᠯ᠎ᠤᠨ ᠰᠠᠭ᠋ᠠᠳ ᠥᠬᠡᠶ ᠨᠡᠪᠲᠡᠷᠡᠬᠦ ᠵᠠᠮ ᠵᠶ᠋ᠠᠷ ᠮᠡᠷᠭᠡᠵᠢᠯ᠎ᠤᠨ ᠴᠣᠯᠠ ᠬᠢᠨᠠᠨ ᠲᠣᠭᠲᠠᠭ᠋ᠠᠬᠤ᠎ᠪᠠᠷ ᠮᠡᠳᠡᠭᠦᠯᠦᠭᠰᠡᠨ ᠬᠥᠮᠦᠰ᠎ᠤᠨ ᠲᠤᠬᠠᠶ ᠵᠠᠷᠯᠠᠯ
2024 ᠣᠨ᠎ᠳᠤ ᠨᠢᠭᠲᠠᠯᠠᠨ ᠪᠣᠳᠣᠭᠴᠢ ᠵᠢ ᠭᠤᠶᠤᠴᠢᠯᠠᠨ ᠮᠡᠳᠡᠭᠦᠯᠬᠦ ᠨᠢᠭᠲᠠᠯᠠᠨ ᠪᠣᠳᠣᠭᠴᠢ ᠵᠢᠨ ᠲᠤᠰᠬᠠᠢ ᠮᠡᠷᠭᠡᠵᠢᠯ᠎ᠤᠨ ᠬᠢᠷᠢ ᠬᠡᠮ᠎ᠢ ᠮᠡᠳᠡᠭᠦᠯᠬᠦ ᠬᠥᠮᠥᠰ᠎ᠤᠨ ᠲᠤᠬᠠᠢ ᠵᠠᠷᠯᠠᠯ
2024 ᠤᠨ᠎ᠤ ᠬᠤᠶᠠᠳᠤᠭ᠋ᠠᠷ ᠪᠦᠯᠦᠭ 《ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠤᠰᠤᠨ ᠠᠰᠢᠭᠯᠠᠯᠲᠠ ᠤᠰᠤᠨ ᠴᠠᠬᠢᠯᠭ᠋ᠠᠨ᠎ᠤ ᠢᠨᠵᠧᠨᠧᠷᠢᠩ᠎ᠤᠨ ᠪᠠᠷᠢᠯᠭ᠎ᠠ ᠵᠢᠨ ᠠᠵᠤ ᠠᠬᠤᠶ᠋ᠢᠯᠠᠯ᠎ᠤᠨ ᠭᠤᠤᠯ ᠬᠠᠷᠢᠭᠤᠴᠠᠯᠭ᠋ᠠᠲᠠᠨ᠂ ᠲᠥᠷᠥᠯ ᠵᠦᠢ᠍ᠯ᠎ᠤᠨ ᠬᠠᠷᠢᠭᠤᠴᠠᠯᠭ᠋ᠠᠲᠠᠨ ᠪᠠ ᠲᠤᠰᠬᠠᠶ ᠲᠤᠰᠢᠶᠠᠯᠲᠤ ᠠᠶᠤᠯ ᠦᠭᠡᠢ ᠦᠢ᠍ᠯᠡᠳᠪᠦᠷᠢᠯᠡᠯ᠎ᠤᠨ ᠬᠠᠮᠢᠶᠠᠷᠤᠯᠲᠠ ᠵᠢᠨ ᠠᠵᠢᠯᠲᠠᠨ᠎ᠤ ᠠᠶᠤᠯ ᠦᠭᠡᠢ ᠦᠢ᠍ᠯᠡᠳᠪᠦᠷᠢᠯᠡᠯ᠎ᠤᠨ ᠰᠢᠯᠭ᠋ᠠᠯᠲᠠ》 ᠵᠢᠨ ᠬᠢᠷᠢ ᠲᠡᠩᠴᠡᠭᠰᠡᠨ ᠬᠥᠮᠦᠰ᠎ᠤᠨ ᠨᠡᠷᠡᠰ᠎ᠤᠨ ᠲᠤᠬᠠᠢ ᠨᠡᠢ᠌ᠲᠡᠯᠡᠯ
ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠤᠰᠤᠨ ᠰᠢᠨᠵᠢᠯᠡᠭᠡᠨ ᠤᠰᠤᠨ᠎ᠤ ᠡᠬᠢ ᠰᠤᠷᠪᠤᠯᠵᠢ ᠵᠢᠨ ᠲᠥᠪ᠎ᠤᠨ ᠳᠠᠭ᠋ᠠᠭ᠋ᠠᠴᠢᠯᠠᠯᠲᠠ ᠵᠠᠷᠯᠠᠬᠤ ᠵᠢ ᠣᠷᠣᠯᠠᠬᠤ ᠪᠠᠶ᠋ᠢᠭᠤᠯᠤᠮᠵᠢ ᠵᠢᠨ ᠢᠯᠡ᠎ᠪᠠᠷ ᠠᠳᠠᠯᠢᠳᠬᠠᠨ ᠰᠣᠩᠭᠣᠬᠤ ᠠᠯᠪᠠᠨ ᠨᠡᠢ᠌ᠲᠡᠯᠡᠯ
 
            